ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ ᠵᠢᠨ ᠫᠢᠩ ᠡᠮᠦᠨᠡᠲᠦ ᠠᠹᠷᠢᠺᠠ ᠵᠢᠨ ᠳ᠋ᠸᠷᠪᠠᠨ ᠪᠠᠢ᠌ᠭ᠋ᠠᠯᠢ ᠲᠧᠭᠨᠢᠭ᠎ᠤᠨ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠺᠦᠩᠽᠢ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠪᠡ
ᠨᠡᠶ᠋ᠢᠲᠡᠯᠡᠭᠰᠡᠨ ᠴᠠᠭ᠄ 2023-08-21

 

       ᠰᠢᠨᠬᠤᠸᠠ ᠬᠣᠷᠢᠶ᠎ᠠ ᠵᠢᠨ ᠪᠡᠭᠡᠵᠢᠩ᠎ᠤᠨ 8 ᠰᠠᠷ᠎ᠠ ᠵᠢᠨ 18᠎ᠤ ᠴᠠᠭᠢᠯᠭ᠋ᠠᠨ ᠮᠡᠳᠡᠭᠡ    ᠣᠢ᠌ᠷ᠎ᠠ᠎ᠳᠤ ᠂  ᠤᠯᠤᠰ᠎ᠤᠨ ᠲᠡᠷᠢᠭᠦᠯᠡᠭᠴᠢ ᠰᠢ ᠵᠢᠨ ᠫᠢᠩ ᠡᠮᠦᠨᠡᠲᠦ ᠠᠹᠷᠢᠺᠠ ᠵᠢᠨ ᠳ᠋ᠸᠷᠪᠠᠨ ᠪᠠᠢ᠌ᠭ᠋ᠠᠯᠢ ᠲᠧᠭᠨᠢᠭ᠎ᠤᠨ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠺᠦᠩᠽᠢ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠬ᠍ᠴᠢᠳ᠎ᠲᠤ ᠬᠠᠷᠢᠭᠤ ᠵᠠᠬᠢᠳᠠᠯ ᠢᠯᠡᠭᠡᠵᠦ ᠂  ᠳᠡᠳᠡᠨ᠎ᠢ ᠬᠢᠲᠠᠳ ᠬᠡᠯᠡ ᠵᠢ ᠰᠠᠢ᠌ᠲᠤᠷ ᠰᠤᠷᠴᠤ ᠂  ᠳᠤᠮᠳᠠᠳᠤ ᠡᠮᠦᠨᠡᠲᠦ ᠠᠹᠷᠢᠺᠠ ᠬᠣᠶᠠᠷ ᠤᠯᠤᠰ᠎ᠤᠨ ᠨᠥᠭᠦᠷᠰᠡᠭ ᠦᠢ᠍ᠯᠡᠰ᠎ᠢ ᠤᠯᠠᠮᠵᠢᠯᠠᠨ ᠬᠥᠭᠵᠢᠭᠦᠯᠬᠦ ᠂  ᠳᠤᠮᠳᠠᠳᠤ ᠠᠹᠷᠢᠺᠠ ᠵᠢᠨ ᠨᠥᠭᠦᠷᠰᠡᠭ ᠬᠠᠮᠲᠤᠷᠠᠯᠴᠠᠭ᠎ᠠ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠭᠡᠷᠡᠢ ᠭᠡᠵᠦ ᠵᠣᠷᠢᠭᠵᠢᠭᠤᠯᠪᠠ ᠃

       ᠰᠢ ᠵᠢᠨ ᠫᠢᠩ ᠂  ᠠᠷᠪᠠᠨ ᠵᠢᠯ᠎ᠤᠨ ᠡᠮᠦᠨ᠎ᠡ ᠂  ᠪᠢ ᠳ᠋ᠸᠷᠪᠠᠨ ᠪᠠᠢ᠌ᠭ᠋ᠠᠯᠢ ᠲᠧᠭᠨᠢᠭ᠎ᠤᠨ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠺᠦᠩᠽᠢ ᠳᠡᠭᠡᠳᠦ ᠰᠤᠷᠭ᠋ᠠᠭᠤᠯᠢ ᠵᠢᠨ ᠪᠠᠢ᠌ᠭᠤᠯᠤᠭᠳᠠᠭᠰᠠᠨ᠎ᠢ ᠭᠡᠷᠡᠴᠢᠯᠡᠪᠡ ᠃  ᠬᠣᠶᠠᠷ ᠲᠠᠯ᠎ᠠ ᠵᠢᠨ ᠬᠠᠮᠲᠤ ᠵᠢᠨ ᠴᠢᠷᠮᠠᠢ᠌ᠯᠭ᠎ᠠ᠎ᠪᠠᠷ ᠬᠣᠶᠠᠷ ᠤᠯᠤᠰ᠎ᠤᠨ ᠰᠤᠷᠭ᠋ᠠᠨ ᠬᠥᠮᠦᠵᠢᠯ ᠰᠣᠶᠣᠯ᠎ᠤᠨ ᠰᠣᠯᠢᠯᠴᠠᠭ᠎ᠠ ᠦᠯᠡᠮᠵᠢ ᠦᠷ᠎ᠡ ᠪᠦᠲᠦᠭᠡᠯ ᠣᠯᠵᠤ ᠂  ᠡᠮᠦᠨᠡᠲᠦ ᠠᠹᠷᠢᠺᠠ ᠵᠢᠨ ᠮᠠᠰᠢ ᠤᠯᠠᠨ ᠵᠠᠯᠠᠭᠤᠴᠤᠳ ᠬᠢᠲᠠᠳ ᠬᠡᠯᠡ ᠰᠤᠷᠬᠤ᠎ᠪᠠᠷ ᠲᠠᠮᠵᠢᠨ ᠳᠤᠮᠳᠠᠳᠤ ᠤᠯᠤᠰ᠎ᠤᠨ ᠲᠡᠦᠬᠡ ᠰᠣᠶᠣᠯ᠎ᠢ ᠣᠢ᠌ᠯᠠᠭ᠋ᠠᠵᠤ ᠂  ᠠᠵᠢᠯ ᠮᠡᠷᠭᠡᠵᠢᠯ᠎ᠤᠨ ᠰᠣᠩᠭᠣᠯᠲᠠ ᠵᠢᠨ ᠵᠠᠮ ᠵᠶ᠋ᠠᠨ ᠥᠷᠭᠡᠳᠬᠡᠵᠦ ᠂  ᠬᠥᠮᠥᠨ᠎ᠤ ᠠᠮᠢᠳᠤᠷᠠᠯ᠎ᠤᠨ ᠬᠦᠰᠡᠯ ᠵᠡᠭᠦᠳᠦ᠎ᠪᠠᠨ ᠲᠡᠷᠭᠡᠯᠰᠢᠭᠦᠯᠦᠭᠰᠡᠨ᠎ᠢ ᠣᠯᠵᠤ ᠬᠠᠷᠠᠭ᠋ᠠᠳ ᠪᠢ ᠮᠠᠰᠢ ᠪᠠᠶᠠᠷᠯᠠᠵᠤ ᠪᠠᠢ᠌ᠨ᠎ᠠ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ ᠂  ᠳᠤᠮᠳᠠᠳᠤ ᠤᠯᠤᠰ ᠪᠣᠯᠣᠨ ᠡᠮᠦᠨᠡᠲᠦ ᠠᠹᠷᠢᠺᠠ ᠪᠣᠯ ᠪᠦᠷ ᠴᠢᠬᠤᠯᠠ ᠶᠡᠬᠡ ᠬᠥᠭᠵᠢᠵᠦ ᠪᠠᠢ᠌ᠭ᠎ᠠ ᠲᠣᠮᠣ ᠤᠯᠤᠰ ᠮᠥᠨ ᠂  ᠬᠣᠶᠠᠷ ᠤᠯᠤᠰ ᠬᠣᠭᠣᠷᠣᠨᠳᠤ᠎ᠪᠠᠨ ᠨᠥᠬᠥᠷ ᠪᠥᠭᠡᠳ ᠠᠬ᠎ᠠ ᠳᠡᠭᠦᠦ ᠵᠢᠨ ᠣᠨᠴᠠᠭ᠋ᠠᠢ ᠨᠥᠬᠥᠷᠯᠡᠯ᠎ᠲᠠᠢ ᠶᠤᠮ ᠂  ᠲᠤᠰ ᠲᠤᠰ᠎ᠤᠨ ᠵᠶ᠋ᠡᠨ ᠦᠭᠡ ᠬᠡᠯᠡ ᠰᠣᠶᠣᠯ᠎ᠢ ᠰᠤᠷᠤᠯᠴᠠᠨ ᠣᠢ᠌ᠯᠠᠭ᠋ᠠᠬᠤ᠎ᠨᠢ ᠬᠣᠶᠠᠷ ᠤᠯᠤᠰ᠎ᠤᠨ ᠠᠷᠠᠳ ᠲᠦᠮᠡᠨ᠎ᠤ ᠬᠠᠷᠢᠯᠴᠠᠨ ᠣᠢ᠌ᠯᠠᠭ᠋ᠠᠵᠤ ᠬᠠᠷᠢᠯᠴᠠᠨ ᠳᠣᠲᠣᠨᠣᠴᠢᠯᠠᠬᠤ ᠂  ᠦᠶ᠎ᠡ ᠵᠢᠨ ᠦᠶ᠎ᠡ᠎ᠳᠡᠭᠡᠨ ᠨᠥᠭᠦᠷᠰᠡᠭ ᠪᠠᠢ᠌ᠬᠤ ᠵᠢ ᠠᠬᠢᠭᠤᠯᠬᠤ᠎ᠳᠤ ᠠᠰᠢᠭᠲᠠᠢ ᠶᠤᠮ ᠃  ᠲᠠ ᠨᠠᠷ᠎ᠤᠨ ᠬᠢᠲᠠᠳ ᠬᠡᠯᠡ ᠵᠢ ᠰᠠᠢ᠌ᠲᠤᠷ ᠰᠤᠷᠤᠯᠴᠠᠬᠤ ᠵᠢᠨ ᠬᠠᠮᠲᠤ ᠂  ᠳᠤᠮᠳᠠᠳᠤ ᠤᠯᠤᠰ᠎ᠲᠤ ᠢᠯᠡᠭᠦᠬᠡᠨ ᠢᠷᠡᠵᠥ ᠲᠣᠭᠣᠷᠢᠨ ᠦᠵᠡᠵᠦ ᠂  ᠳᠤᠮᠳᠠᠳᠤ ᠤᠯᠤᠰ᠎ᠢ ᠨᠡᠩ ᠭᠦᠨᠵᠡᠭᠡᠢ ᠲᠠᠨᠢᠨ ᠣᠢ᠌ᠯᠠᠭ᠋ᠠᠵᠤ ᠂  ᠰᠤᠷᠴᠤ ᠰᠡᠳᠬᠢᠭᠰᠡᠨ ᠦᠵᠡᠵᠦ ᠰᠣᠨᠣᠰᠤᠭᠰᠠᠨ ᠵᠶ᠋ᠠᠨ ᠠᠰᠢᠭᠯᠠᠨ ᠂  ᠨᠢᠭᠡᠨ ᠦᠨᠡᠨ ᠪᠣᠳᠠᠲᠠᠢ ᠂  ᠪᠣᠰᠣᠭ᠎ᠠ ᠴᠣᠭᠴᠠᠲᠤ ᠂  ᠪᠦᠭᠦ ᠲᠠᠯ᠎ᠠ ᠵᠢᠨ ᠳᠤᠮᠳᠠᠳᠤ ᠤᠯᠤᠰ᠎ᠢ ᠨᠡᠩ ᠤᠯᠠᠨ ᠨᠠᠢ᠌ᠵᠠ᠎ᠳᠠᠭᠠᠨ ᠲᠠᠨᠢᠯᠴᠠᠭᠤᠯᠵᠤ ᠂  ᠬᠣᠶᠠᠷ ᠤᠯᠤᠰ᠎ᠤᠨ ᠨᠥᠭᠦᠷᠰᠡᠭ ᠦᠢ᠍ᠯᠡᠰ᠎ᠢ ᠤᠯᠠᠮᠵᠢᠯᠠᠨ ᠬᠥᠭᠵᠢᠭᠦᠯᠬᠦ ᠡᠯᠴᠢᠨ ᠪᠤᠯᠬᠤ᠎ᠪᠠᠷ ᠴᠢᠷᠮᠠᠢ᠌ᠵᠤ ᠂  ᠳᠤᠮᠳᠠᠳᠤ ᠠᠹᠷᠢᠺᠠ ᠵᠢᠨ ᠨᠥᠬᠥᠷᠯᠡᠯ᠎ᠤᠨ ᠬᠠᠮᠲᠤᠷᠠᠯᠴᠠᠭ᠎ᠠ ᠵᠢ ᠠᠬᠢᠭᠤᠯᠬᠤ ᠂  ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠬᠦ ᠵᠢ ᠪᠠᠶᠠᠷᠯᠠᠨ ᠤᠭᠲᠤᠵᠤ ᠪᠠᠢ᠌ᠨ᠎ᠠ ᠭᠡᠵᠦ ᠴᠢᠬᠤᠯᠠᠴᠢᠯᠠᠪᠠ ᠃

      2013 ᠣᠨ᠎ᠤ 3 ᠰᠠᠷ᠎ᠠ᠎ᠳᠤ ᠂  ᠲᠡᠷᠢᠭᠦᠯᠡᠭᠴᠢ ᠰᠢ ᠵᠢᠨ ᠫᠢᠩ ᠡᠮᠦᠨᠡᠲᠦ ᠠᠹᠷᠢᠺᠠ᠎ᠳᠤ ᠠᠢ᠌ᠯᠴᠢᠯᠠᠬᠤ ᠬᠤᠭᠤᠴᠠᠭ᠋ᠠᠨ᠎ᠳᠠᠭᠠᠨ ᠂  ᠳᠤᠮᠳᠠᠳᠤ ᠡᠮᠦᠨᠡᠲᠦ ᠠᠹᠷᠢᠺᠠ ᠬᠣᠶᠠᠷ ᠲᠠᠯ᠎ᠠ ᠵᠢᠨ ᠳ᠋ᠸᠷᠪᠠᠨ ᠪᠠᠢ᠌ᠭ᠋ᠠᠯᠢ ᠲᠧᠭᠨᠢᠭ᠎ᠤᠨ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠺᠦᠩᠽᠢ ᠳᠡᠭᠡᠳᠦ ᠰᠤᠷᠭ᠋ᠠᠭᠤᠯᠢ ᠵᠢ ᠬᠠᠮᠲᠤ᠎ᠪᠠᠷ ᠪᠠᠢ᠌ᠭᠤᠯᠬᠤ ᠵᠥᠪᠯᠡᠯᠴᠡᠭᠡᠷ᠎ᠲᠤ ᠭᠠᠷ᠎ᠤᠨ ᠦᠰᠦᠭ ᠵᠢᠷᠤᠬᠤ ᠵᠢ ᠭᠡᠷᠡᠴᠢᠯᠡᠪᠡ ᠃  ᠡᠮᠦᠨᠡᠲᠦ ᠠᠹᠷᠢᠺᠠ ᠵᠢᠨ ᠳ᠋ᠧᠷᠪᠠᠨ ᠪᠠᠢ᠌ᠭ᠋ᠠᠯᠢ ᠲᠧᠭᠨᠢᠭ᠎ᠤᠨ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠺᠦᠩᠽᠢ ᠳᠡᠭᠡᠳᠦ ᠰᠤᠷᠭ᠋ᠠᠭᠤᠯᠢ ᠪᠠᠢ᠌ᠭᠤᠯᠤᠭᠳᠠᠭᠰᠠᠨ ᠠᠷᠪᠠᠨ ᠵᠢᠯ᠎ᠤᠨ ᠲᠤᠷᠰᠢ ᠨᠡᠢ᠌ᠲᠡ ᠲᠦᠮᠡ ᠰᠢᠬᠠᠮ ᠰᠤᠷᠤᠬ᠍ᠴᠢ ᠵᠢ ᠬᠥᠮᠥᠵᠢᠭᠦᠯᠪᠡ ᠃  ᠣᠢ᠌ᠷ᠎ᠠ᠎ᠳᠤ ᠂  ᠲᠤᠰ ᠳᠡᠭᠡᠳᠦ ᠰᠤᠷᠭ᠋ᠠᠭᠤᠯᠢ ᠵᠢᠨ 50 ᠪᠠᠭᠰᠢ ᠰᠤᠷᠤᠬ᠍ᠴᠢ ᠨᠡᠷ᠎ᠡ ᠬᠣᠯᠪᠤᠭ᠋ᠠᠯᠠᠨ ᠲᠡᠷᠢᠭᠦᠯᠡᠭᠴᠢ ᠰᠢ ᠵᠢᠨ ᠫᠢᠩ᠎ᠳᠤ ᠵᠠᠬᠢᠳᠠᠯ ᠢᠯᠡᠭᠡᠵᠦ ᠂  ᠬᠢᠲᠠᠳ ᠬᠡᠯᠡ ᠰᠤᠷᠤᠯᠴᠠᠬᠰᠠᠨ ᠥᠩᠭᠡᠷᠡᠯᠲᠡ ᠂  ᠣᠯᠣᠯᠲᠠ ᠲᠥᠷᠥᠭᠳᠡᠯ ᠵᠶ᠋ᠡᠨ ᠶᠠᠷᠢᠵᠤ ᠂  ᠲᠡᠷᠢᠭᠦᠯᠡᠭᠴᠢ ᠰᠢ ᠵᠢᠨ ᠫᠢᠩ ᠪᠣᠯᠣᠨ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠠᠹᠷᠢᠺᠠ ᠲᠢᠪ᠎ᠤᠨ ᠵᠠᠯᠠᠭᠤᠴᠤᠳ᠎ᠤᠨ ᠬᠦᠰᠡᠯ ᠵᠡᠭᠦᠳᠦ᠎ᠪᠠᠨ ᠪᠡᠶᠡᠯᠡᠭᠦᠯᠬᠦ᠎ᠳᠤ ᠨᠡᠩ ᠤᠯᠠᠨ ᠲᠣᠭᠢᠶᠠᠯ ᠬᠠᠩᠭ᠋ᠠᠭᠰᠠᠨ᠎ᠳᠤ ᠲᠠᠯᠠᠷᠬᠠᠵᠤ ᠂  ᠲᠡᠷᠢᠭᠦᠯᠡᠭᠴᠢ ᠰᠢ ᠵᠢᠨ ᠫᠢᠩ᠎ᠤᠨ ᠡᠮᠦᠨᠡᠲᠦ ᠠᠹᠷᠢᠺᠠ᠎ᠳᠤ ᠳᠠᠬᠢᠨᠲᠠ ᠠᠢ᠌ᠯᠴᠢᠯᠠᠬᠤ ᠵᠢ ᠬᠠᠯᠠᠭᠤᠨ ᠵᠶ᠋ᠠᠷ ᠬᠦᠰᠡᠭᠰᠡᠨ ᠪᠠᠢ᠌ᠨ᠎ᠠ ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠠᠮᠧᠷᠢᠺᠠ ᠵᠢᠨ ᠸᠠᠰᠢᠩᠲ᠋ᠤᠨ ᠵᠧᠦ ᠵᠢᠨ 《ᠠᠮᠧᠷᠢᠺᠠ ᠳᠤᠮᠳᠠᠳᠤ ᠵᠢᠨ ᠵᠠᠯᠠᠭᠤᠴᠤᠳ ᠪᠠᠭ᠋ᠠᠴᠤᠳ ᠰᠣᠷᠣᠭᠴᠢᠳ᠎ᠤᠨ ᠰᠣᠯᠢᠯᠴᠠᠭ᠋ᠠᠨ᠎ᠤ ᠨᠡᠢ᠌ᠭᠡᠮᠯᠢᠭ》 ᠪᠣᠯᠣᠨ ᠡᠯ᠎ᠡ ᠡᠲᠡᠭᠡᠳ᠎ᠤᠨ ᠨᠥᠬᠥᠷᠰᠡᠭ ᠬᠥᠮᠥᠰ᠎ᠲᠤ ᠬᠠᠷᠢᠭᠤ ᠵᠠᠬᠢᠳᠠᠯ ᠢᠯᠡᠭᠡᠪᠡ
ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠦᠶᠡᠷ᠎ᠢ ᠰᠡᠷᠭᠡᠢ᠌ᠯᠡᠵᠦ ᠦᠶᠡᠷ᠎ᠲᠠᠢ ᠲᠡᠮᠡᠴᠡᠨ ᠭᠠᠮᠰᠢᠭ᠎ᠠᠴᠠ ᠠᠪᠤᠷᠠᠬᠤ ᠪᠠ ᠭᠠᠮᠰᠢᠭ᠎ᠤᠨ ᠳᠠᠷᠠᠭ᠋ᠠᠬᠢ ᠰᠡᠷᠭᠦᠭᠡᠵᠦ ᠳᠠᠭᠢᠨ ᠪᠦᠲᠦᠭᠡᠨ ᠪᠠᠢ᠌ᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠰᠢ ᠵᠢᠨ ᠫᠢᠩ ᠬᠤᠷᠠᠯ᠎ᠢ ᠡᠷᠭᠢᠯᠡᠵᠡᠢ
ᠯᠢ ᠴᠢᠶᠠᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠪᠦᠬᠦᠳᠡ ᠬᠤᠷᠠᠯ᠎ᠢ ᠡᠷᠬᠢᠯᠡᠨ ᠬᠤᠷᠠᠯᠳᠤᠭᠤᠯᠪᠠ
《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠤᠯᠤᠰ ᠵᠢᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠠᠷᠠᠭᠤᠯ ᠳᠠᠷᠳᠠᠩ ᠵᠠᠮ ᠮᠥᠨ》
ᠰᠢ ᠵᠢᠨ ᠫᠢᠩ ᠠᠩᠬᠠᠳᠠᠭᠴᠢ ᠪᠦᠭᠦ ᠤᠯᠤᠰ᠎ᠤᠨ ᠠᠮᠢ ᠠᠬᠤᠢ ᠵᠢᠨ ᠡᠳᠦᠷ᠎ᠤᠨ ᠲᠠᠰᠢᠷᠠᠮ ᠵᠶ᠋ᠠᠷ ᠴᠢᠬᠤᠯᠠ ᠵᠢᠭ᠋ᠠᠪᠤᠷᠢ ᠥᠭᠴᠦ ᠴᠢᠬᠤᠯᠠᠴᠢᠯᠠᠭᠰᠠᠨ᠎ᠨᠢ ᠪᠦᠭᠦ ᠨᠡᠢ᠌ᠭᠡᠮ ᠵᠶ᠋ᠡᠷ ᠵᠶ᠋ᠡᠨ ᠬᠥᠳᠡᠯᠦᠯᠴᠡᠵᠦ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠤ ᠢᠳᠡᠪᠬᠢᠲᠡᠢ ᠳᠠᠮᠵᠢᠭᠤᠯᠤᠭᠴᠢ ᠪᠠ ᠵᠢᠱ᠌ᠢᠶᠡᠴᠢ ᠦᠢ᠍ᠯᠡᠳᠦᠯᠭᠡᠵᠢᠭᠦᠯᠦᠭᠴᠢ ᠪᠤᠯᠬᠤ ᠬᠡᠷᠡᠭᠲᠡᠢ
 
            