ᠣᠳᠣ᠎ᠳᠤ ᠪᠣᠯᠲᠠᠯ᠎ᠠ᠂ ᠮᠠᠨ᠎ᠤ ᠣᠷᠣᠨ ᠨᠢᠭᠡᠨᠲᠡ ᠳ᠋ᠠ ᠵᠥᠩ ᠠᠭᠤᠷᠬᠠᠢ ᠵᠢᠨ ᠦᠢ᠍ᠯᠡᠰ᠂ ᠧᠦ ᠵᠢᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠶᠠᠨ ᠬᠥ᠋ ᠹᠠᠩ ᠵᠡᠷᠭᠡ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠠᠬᠢᠭᠤᠯᠵᠤ᠂ ᠥᠪᠥᠷ ᠮᠣᠩᠭᠣᠯ᠎ᠤᠨ ᠳ᠋ᠠ ᠵᠥᠩ ᠠᠭᠤᠷᠬᠠᠢ ᠵᠢᠨ ᠦᠢ᠍ᠯᠡᠰ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠪᠣᠯᠣᠨ ᠥᠪᠥᠷ ᠮᠣᠩᠭᠣᠯ᠎ᠤᠨ ᠧᠦ ᠵᠢᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢ ᠱᠧᠨᠵᠧᠨ᠎ᠤ ᠦᠨᠡᠲᠦ ᠲᠡᠮᠳᠡᠭᠲᠦ ᠵᠢᠨ ᠠᠷᠠᠯᠵᠢᠶᠠᠨ᠎ᠤ ᠭᠠᠵᠠᠷ᠎ᠲᠤ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠨ ᠠᠷᠠᠯᠵᠢᠶᠠᠯᠠᠵᠤ᠂ ᠥᠪᠥᠷ ᠮᠣᠩᠭᠣᠯ᠎ᠤᠨ ᠶᠠᠨ ᠬᠥ᠋ ᠹᠠᠩ ᠪᠥᠬᠥ ᠠᠮᠤ ᠵᠢᠨ ᠢᠳᠡᠭᠡᠨ ᠵᠶ᠋ᠡᠷ ᠰᠤᠪᠢᠯᠠᠬᠤ ᠡᠷᠡᠭᠦᠯ ᠮᠡᠨᠳᠦ ᠵᠢᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠺᠣᠮᠫᠠᠨᠢ ᠵᠢ ᠠᠮᠧᠷᠢᠺᠠ ᠵᠢᠨ ᠨᠠᠰᠳᠠᠺ᠎ᠲᠤ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠨ ᠠᠷᠠᠯᠵᠢᠶᠠᠯᠠᠬᠤ ᠵᠢ ᠪᠡᠶᠡᠯᠡᠭᠦᠯᠪᠡ᠃ ᠲᠢᠶᠠᠨ ᠾᠧ ᠰᠣᠷᠢᠨᠵᠢᠨ ᠮᠠᠲ᠋ᠧᠷᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢ ᠱᠠᠩᠬᠠᠢ ᠵᠢᠨ ᠦᠨᠡᠲᠦ ᠲᠡᠮᠳᠡᠭᠲᠦ ᠵᠢᠨ ᠠᠷᠠᠯᠵᠢᠶᠠᠨ᠎ᠤ ᠭᠠᠵᠠᠷ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠬᠢᠨᠠᠨ ᠬᠠᠷᠭᠤᠭᠤᠯᠬᠤ ᠺᠣᠮᠢᠰ ᠵᠶ᠋ᠠᠷ ᠬᠢᠨᠠᠨ ᠵᠥᠪᠯᠡᠭᠦᠯᠵᠦ᠂ ᠲᠠᠷᠬᠠᠭ᠋ᠠᠬᠤ ᠨᠥᠬᠥᠴᠡᠯ᠂ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ ᠨᠥᠬᠥᠴᠡᠯ ᠪᠠ ᠮᠡᠳᠡᠭᠡ ᠵᠠᠩᠭᠢ ᠨᠡᠢ᠌ᠲᠡᠯᠡᠬᠦ ᠱᠠᠭ᠋ᠠᠷᠳᠠᠯᠭ᠎ᠠ᠎ᠳᠤ ᠨᠡᠢ᠌ᠴᠡᠵᠦ᠂ ᠡᠮᠦᠨ᠎ᠡ ᠬᠠᠭ᠋ᠠᠰ ᠵᠢᠯ᠎ᠳᠤ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠪᠡᠶᠡᠯᠡᠭᠦᠯᠬᠦ ᠪᠣᠯᠣᠮᠵᠢ ᠪᠣᠢ᠃
ᠣᠢ᠌ᠷ᠎ᠠ ᠵᠢᠨ ᠵᠢᠯ᠎ᠤᠳ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠠᠬᠢᠭᠤᠯᠬᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠭᠡᠰᠢᠭᠦᠨ ᠨᠢᠭᠡᠴᠢ ᠪᠣᠯᠤᠭᠰᠠᠨ᠎ᠤ ᠬᠤᠪᠢ᠎ᠳᠤ᠂ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ ᠵᠢ ᠠᠬᠢᠭᠤᠯᠬᠤ᠎ᠪᠠᠷ ᠴᠢᠬᠤᠯᠠ ᠭᠠᠷᠳᠠᠴᠠ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ ᠠᠵᠤ ᠠᠬᠤᠢ᠌ᠯᠠᠯ᠎ᠤᠨ ᠪᠡᠯᠡᠳᠬᠡᠯ ᠬᠥᠮᠥᠷᠭᠡ᠎ᠳᠤ ᠣᠷᠣᠭᠤᠯᠬᠤ ᠵᠢ ᠱᠠᠲᠤ ᠱᠠᠲᠤ᠎ᠪᠠᠷ ᠪᠣᠢ᠌ᠵᠢᠭᠤᠯᠵᠤ᠂ 《ᠬᠥᠷᠥᠩᠭᠡ ᠵᠢᠨ ᠬᠥᠳᠡᠯᠭᠡᠭᠦᠷ》᠎ᠤᠨ ᠨᠥᠯᠥᠭᠡ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠲᠡᠳᠬᠦᠵᠡᠢ᠃ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠬᠥᠭᠵᠢᠭᠦᠯᠬᠦ 30 ᠵᠤᠷᠪᠤᠰ》᠎ᠲᠤ᠂ ᠱᠠᠩᠬᠠᠢ ᠵᠢᠨ ᠦᠨᠡᠲᠦ ᠲᠡᠮᠳᠡᠭᠲᠦ ᠵᠢᠨ ᠠᠷᠠᠯᠵᠢᠶᠠᠨ᠎ᠤ ᠭᠠᠵᠠᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠬᠡᠰᠡᠭ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠤᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠳᠤ ᠨᠢᠭᠡ ᠯᠡ ᠤᠳᠠᠭ᠎ᠠ ᠵᠢᠨ ᠴᠢᠨᠠᠷᠲᠠᠢ᠎ᠪᠠᠷ 500 ᠲᠦᠮᠡᠨ ᠲᠥᠭᠥᠷᠢᠭ᠎ᠤᠨ ᠱᠠᠩᠨᠠᠯ ᠨᠥᠬᠥᠪᠦᠷᠢ ᠣᠯᠭᠣᠵᠤ᠂ ᠠᠵᠤ ᠠᠬᠤᠢ᠌ᠯᠠᠯ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠲᠥᠷᠥ ᠵᠢᠨ ᠪᠣᠳᠣᠯᠭ᠎ᠠ ᠵᠢᠨ ᠲᠠᠯ᠎ᠠ᠎ᠪᠠᠷ ᠵᠣᠷᠢᠭᠵᠢᠭᠤᠯᠤᠨ ᠠᠬᠢᠭᠤᠯᠤᠨ᠎ᠠ ᠭᠡᠵᠦ ᠲᠣᠳᠣᠷᠬᠠᠢ ᠳᠤᠷᠠᠳᠤᠨ ᠭᠠᠷᠭ᠋ᠠᠵᠠᠢ᠃ 《ᠨᠢᠭᠡ ᠪᠦᠯᠦᠭ᠎ᠢ ᠰᠢᠭᠰᠢᠨ ᠰᠣᠩᠭᠣᠬᠤ᠂ ᠨᠢᠭᠡ ᠪᠦᠯᠦᠭ᠎ᠢ ᠪᠣᠢ᠌ᠵᠢᠭᠤᠯᠬᠤ᠂ ᠨᠢᠭᠡ ᠪᠦᠯᠦᠭ᠎ᠢ ᠬᠠᠪᠰᠤᠷᠤᠨ ᠵᠢᠯᠤᠭᠣᠳᠬᠤ᠂ ᠨᠢᠭᠡ ᠪᠦᠯᠦᠭ᠎ᠢ ᠮᠡᠳᠡᠭᠦᠯᠦᠨ ᠬᠢᠨᠠᠬᠤ᠂ ᠨᠢᠭᠡ ᠪᠦᠯᠦᠭ᠎ᠢ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ》 ᠱᠠᠲᠤᠯᠠᠨ ᠠᠬᠢᠭᠤᠯᠬᠤ ᠰᠡᠳᠬᠢᠮᠵᠢ ᠵᠢᠨ ᠶᠣᠰᠣᠭ᠋ᠠᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠭᠣᠣᠯᠳᠠᠯᠭ᠎ᠠ᠎ᠲᠠᠢ ᠠᠵᠤ ᠠᠬᠤᠢ᠌ᠯᠠᠯ᠎ᠢ ᠪᠠᠢ᠌ᠩᠭᠤᠵᠢᠭᠤᠯᠤᠨ ᠮᠥᠷᠳᠡᠨ ᠪᠠᠢ᠌ᠴᠠᠭ᠋ᠠᠬᠤ ᠪᠠ ᠰᠢᠭᠰᠢᠨ ᠰᠣᠩᠭᠣᠵᠤ᠂ ᠥᠪᠡᠷᠲᠡᠭᠡᠨ ᠵᠠᠰᠠᠬᠤ ᠣᠷᠣᠨ᠎ᠤ ᠮᠥᠩᠭᠥᠨ ᠭᠦᠢ᠍ᠯᠭᠡᠭᠡᠨ᠎ᠤ ᠲᠣᠪᠴᠢᠶ᠎ᠠ᠎ᠳᠤ ᠬᠦᠷᠭᠡᠨ ᠬᠠᠮᠲᠤᠳᠤᠨᠢ ᠬᠦᠷᠲᠡᠭᠡᠵᠦ᠂ ᠥᠪᠡᠷᠲᠡᠭᠡᠨ ᠵᠠᠰᠠᠬᠤ ᠣᠷᠣᠨ᠎ᠤ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ᠎ᠪᠠᠷ ᠪᠠᠢ᠌ᠭ᠎ᠠ ᠠᠵᠤ ᠠᠬᠤᠢ᠌ᠯᠠᠯ᠎ᠤᠨ ᠪᠡᠯᠡᠳᠬᠡᠯ ᠬᠥᠮᠥᠷᠭᠡ ᠵᠢ ᠦᠷᠭᠦᠯᠵᠢᠯᠡᠨ ᠲᠡᠭᠦᠯᠳᠡᠷᠵᠢᠭᠦᠯᠪᠡ᠃ ᠡᠭᠦᠨ᠎ᠤ ᠬᠠᠮᠲᠤ᠂ ᠠᠵᠤ ᠠᠬᠤᠢ᠌ᠯᠠᠯ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠤᠯᠤᠰ᠎ᠤᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠬᠡᠰᠡᠭ》᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠭᠠᠷᠭ᠋ᠠᠬᠤ᠎ᠪᠠᠷ ᠴᠢᠷᠮᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠰᠲ᠋ᠣᠺ᠎ᠤᠨ ᠡᠷᠬᠡ ᠵᠢᠨ ᠠᠷᠠᠯᠵᠢᠶ᠎ᠠ ᠵᠢᠨ ᠵᠠᠬ᠎ᠠ ᠳᠡᠯᠭᠡᠭᠦᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠬᠡᠰᠡᠭ᠎ᠤᠨ ᠰᠲ᠋ᠣᠺ᠎ᠤᠨ ᠵᠠᠬ᠎ᠠ ᠳᠡᠯᠭᠡᠭᠦᠷ᠎ᠲᠤ ᠠᠩᠬ᠎ᠠ ᠤᠳᠠᠭ᠎ᠠ ᠫᠠᠢ᠌ᠰᠠ ᠡᠯᠭᠦᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠳᠤ ᠨᠢᠭᠡ ᠯᠡ ᠤᠳᠠᠭ᠎ᠠ ᠵᠢᠨ ᠴᠢᠨᠠᠷᠲᠠᠢ᠎ᠪᠠᠷ 20 ᠲᠦᠮᠡᠨ ᠲᠥᠭᠥᠷᠢᠭ᠎ᠤᠨ ᠱᠠᠩᠨᠠᠯ ᠨᠥᠬᠥᠪᠦᠷᠢ ᠣᠯᠭᠣᠵᠤ᠂ ᠨᠡᠶ᠋ᠢᠲᠡ 161 ᠠᠵᠤ ᠠᠬᠤᠢ᠌ᠯᠠᠯ᠎ᠳᠤ 3220 ᠲᠦᠮᠡᠨ ᠲᠥᠭᠥᠷᠢᠭ᠎ᠤᠨ ᠱᠠᠩᠨᠠᠯ ᠨᠥᠬᠥᠪᠦᠷᠢ ᠣᠯᠭᠣᠪᠠ᠃