5 ᠳ᠋ᠤᠭ᠋ᠠᠷ ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠰᠢ ᠵᠢᠨ ᠫᠢᠩ ᠬᠣᠲᠠ ᠵᠢᠨ ᠳᠠᠯᠠᠳ ᠬᠣᠰᠢᠭᠤᠨ᠎ᠳᠤ ᠥᠪᠥᠷ ᠮᠣᠩᠭᠣᠯ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠥᠬᠥᠶ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠤᠯ ᠰᠡᠳᠦᠪᠲᠦ ᠬᠥᠮᠦᠵᠢᠯ᠎ᠤᠨ ᠬᠣᠶᠠᠳᠤᠭ᠋ᠠᠷ ᠬᠤᠭᠤᠴᠠᠭ᠋ᠠᠨ᠎ᠤ ᠨᠣᠮ ᠤᠩᠰᠢᠬᠤ ᠠᠩᠭᠢ ᠵᠢᠨ ᠲᠤᠬᠠᠶ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠵᠢ ᠥᠷᠨᠢᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠦᠭᠰᠡᠨ ᠨᠡᠶ᠋ᠢᠲᠡᠯᠢᠭ ᠵᠢᠱ᠌ᠢᠶ᠎ᠡ ᠵᠢ ᠲᠣᠭᠣᠷᠢᠨ ᠦᠵᠡᠵᠦ ᠰᠤᠷᠤᠯᠴᠠᠭᠤᠯᠤᠨ᠂ ᠶᠡᠷᠦᠩᠬᠡᠶ ᠱᠦᠵᠢ ᠰᠢ ᠵᠢᠨ ᠫᠢᠩ ᠵᠢᠨ 《ᠬᠥᠳᠡᠭᠡ ᠠᠵᠤ ᠠᠬᠤᠶ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠰᠠᠶ᠋ᠢᠲᠤᠷ ᠬᠡᠷᠡᠭᠯᠡᠪᠡ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠢᠤᠸᠠᠢ ᠶᠦᠩ ᠳᠠᠭ᠋ᠠᠭᠤᠯᠵᠤ᠂ ᠠᠯᠪᠠᠨ ᠪᠠᠶ᠋ᠢᠭᠤᠯᠤᠯᠭ᠎ᠠ᠂ ᠠᠵᠢᠯ ᠦᠢ᠍ᠯᠡᠰ᠎ᠤᠨ ᠨᠢᠭᠡᠴᠡ ᠵᠢᠨ 30 ᠭᠠᠷᠤᠢ ᠨᠠᠮ᠎ᠤᠨ ᠭᠡᠰᠢᠭᠦᠨ ᠺᠠᠳ᠋ᠷ ᠰᠤᠷᠤᠯᠴᠠᠯᠭ᠎ᠠ᠎ᠳᠤ ᠣᠷᠣᠯᠴᠠᠪᠠ᠃
ᠨᠣᠮ ᠤᠩᠰᠢᠬᠤ ᠠᠩᠭᠢ ᠵᠢᠨ ᠰᠤᠷᠤᠭᠴᠢᠳ ᠤᠷᠢᠳ ᠬᠣᠵᠢᠳ ᠳᠠᠯᠠᠳ ᠬᠣᠰᠢᠭᠤᠨ᠎ᠤ ᠲᠦᠮᠡᠨ ᠮᠦ᠍ ᠵᠢᠨ ᠪᠤᠭᠤᠳᠠᠢ ᠵᠢᠨ ᠲᠠᠷᠢᠮᠠᠯ᠎ᠤᠨ ᠬᠦᠷᠢᠶᠡᠯᠡᠩ᠂ ᠰᠢᠨ᠎ᠡ ᠰᠣᠷᠭᠣᠭ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠤᠰᠤ ᠠᠷᠪᠢᠯᠠᠬᠤ ᠤᠰᠤᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠂ ᠠᠵᠤ ᠠᠬᠤᠶ᠋ᠢᠯᠠᠯ ᠭᠠᠵᠠᠷ ᠣᠷᠣᠨ ᠬᠦᠴᠦ᠎ᠪᠠᠨ ᠬᠠᠮᠲᠤᠳᠬᠠᠨ ᠬᠡᠷᠡᠭᠯᠡᠭᠡ ᠬᠢᠵᠦ ᠲᠠᠷᠢᠶᠠᠯᠠᠩ ᠮᠠᠯ ᠠᠵᠤ ᠠᠬᠤᠢ ᠵᠢᠨ ᠰᠢᠯᠢᠳᠡᠭ ᠪᠦᠲᠦᠭᠡᠭᠳᠡᠬᠦᠨ᠎ᠢ ᠳᠡᠯᠭᠡᠨ ᠪᠣᠷᠣᠯᠠᠭᠤᠯᠬᠤ ᠦᠢ᠍ᠯᠡᠴᠢᠯᠡᠭᠡᠨ᠎ᠤ ᠲᠥᠪ ᠵᠡᠷᠭᠡ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠠᠮᠵᠢᠯᠲᠠ᠎ᠲᠠᠢ ᠵᠢᠱ᠌ᠢᠶ᠎ᠡ ᠵᠢ ᠲᠣᠭᠣᠷᠢᠨ ᠦᠵᠡᠪᠡ᠃ ᠾᠧᠦ ᠵᠢᠶᠠ ᠶᠢᠩᠽᠢ ᠲᠣᠰᠬᠣᠨ᠎ᠤ 《ᠨᠢᠭᠡᠳᠦᠯᠲᠡᠢ ᠲᠠᠷᠢᠵᠤ ᠬᠠᠮᠲᠤ᠎ᠪᠠᠷ ᠪᠠᠶᠠᠵᠢᠭᠤᠯᠬᠤ》 ᠵᠠᠭᠪᠤᠷ᠂ ᠱᠤ᠌ ᠯᠢᠨ ᠵᠤᠤ ᠪᠠᠯᠭ᠋ᠠᠰᠤ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠭᠪᠤᠷ ᠵᠡᠷᠭᠡ ᠵᠢᠱ᠌ᠢᠶ᠎ᠡ ᠦᠵᠡᠭᠦᠯᠬᠦ ᠨᠡᠶ᠋ᠢᠲᠡᠯᠢᠭ ᠵᠢᠱ᠌ᠢᠶ᠎ᠡ ᠵᠢ ᠪᠣᠳᠠᠲᠠᠢ ᠭᠠᠵᠠᠷ᠎ᠲᠤᠨᠢ ᠰᠤᠷᠤᠯᠴᠠᠵᠤ᠂ ᠲᠣᠰᠬᠣᠨ᠎ᠳᠤ 5 ᠵᠢᠯ ᠦᠷᠭᠦᠯᠵᠢᠯᠡᠨ ᠰᠠᠭᠤᠭᠰᠠᠨ ᠳ᠋ᠠ ᠱᠤ᠌ ᠸᠠᠨ ᠲᠣᠰᠬᠣᠨ᠎ᠤ ᠲᠣᠰᠬᠣᠨ᠎ᠳᠤ ᠰᠠᠭᠤᠭ᠎ᠠ ᠺᠠᠳ᠋ᠷᠴᠤᠳ᠎ᠠᠴᠠ ᠨᠢᠭᠡᠳᠦᠭᠡᠷ ᠹᠷᠣᠨᠲ᠎ᠤᠨ ᠠᠵᠢᠯ᠎ᠤᠨ ᠲᠤᠷᠰᠢᠯᠭ᠎ᠠ ᠵᠢ ᠰᠤᠷᠴᠤ᠂ ᠰᠤᠷᠤᠯᠴᠠᠬᠤ ᠵᠢᠨ ᠳᠠᠭ᠋ᠠᠤ ᠰᠡᠳᠬᠢᠵᠦ᠂ ᠣᠶ᠋ᠢᠯᠠᠭ᠋ᠠᠬᠤ ᠵᠢᠨ ᠳᠠᠭ᠋ᠠᠤ ᠣᠶ᠋ᠢᠯᠠᠭ᠋ᠠᠵᠤ᠂ ᠦᠨᠡᠨᠬᠦ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠵᠦ᠂ ᠦᠢ᠍ᠯᠡᠳᠦᠯᠭᠡ᠎ᠪᠠᠨ ᠵᠢᠯᠤᠭᠤᠳᠤᠭᠤᠯᠵᠤ᠂ ᠠᠵᠢᠯ ᠵᠶ᠋ᠠᠨ ᠠᠬᠢᠭᠤᠯᠬᠤ ᠬᠡᠷᠡᠭᠲᠡᠢ᠃
ᠲᠤᠬᠠᠶ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ᠎ᠨᠢ ᠣᠨᠣᠯ᠎ᠤᠨ ᠰᠤᠷᠤᠯᠴᠠᠯᠭ᠎ᠠ ᠵᠢ 《ᠲᠠᠷᠢᠶᠠᠨ ᠭᠠᠵᠠᠷ᠎ᠤᠨ ᠬᠢᠴᠢᠶᠡᠯ᠎ᠤᠨ ᠲᠠᠩᠬᠢᠮ》᠎ᠳᠤ ᠨᠡᠶ᠋ᠢᠲᠡᠯᠢᠭ ᠵᠢᠱ᠌ᠢᠶ᠎ᠡ᠎ᠪᠠᠷ ᠦᠭᠡ ᠶᠠᠷᠢᠭᠤᠯᠤᠶᠠ᠃ ᠬᠡᠷᠡᠭ᠎ᠤᠨ ᠵᠢᠱ᠌ᠢᠶ᠎ᠡ᠎ᠪᠠᠷ ᠬᠢᠴᠢᠶᠡᠯᠯᠡᠵᠦ᠂ ᠥᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠨ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠴᠢᠳᠠᠪᠤᠷᠢ᠂ ᠤᠯᠠᠨ ᠲᠦᠮᠡᠨ᠎ᠳᠤ ᠦᠢ᠍ᠯᠡᠴᠢᠯᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠠᠵᠢᠯ᠎ᠢ ᠰᠠᠶ᠋ᠢᠲᠤᠷ ᠬᠢᠵᠦ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠴᠢᠷᠮᠠᠶ᠋ᠢᠨ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃