5 ᠰᠠᠷ᠎ᠠ ᠵᠢᠨ 13᠎ᠤ ᠡᠳᠦᠷ᠎ᠠᠴᠠ 5 ᠰᠠᠷ᠎ᠠ ᠵᠢᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠵᠢᠶᠠ ᠶᠤᠸᠠᠢ ᠹᠤᠩ ᠨᠡᠷ᠂ 《ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠢ ᠠᠬᠢᠭᠤᠯᠵᠤ᠂ ᠬᠡᠪᠴᠢᠶᠡᠵᠢᠯ᠎ᠤᠨ ᠴᠢᠨᠠᠷᠲᠠᠶ ᠳᠠᠬᠢᠨ ᠶᠠᠳᠠᠭᠤᠷᠠᠬᠤ ᠬᠢᠵᠠᠭ᠋ᠠᠷ ᠱᠤᠭᠤᠮ᠎ᠢ ᠪᠠᠲᠤ ᠰᠠᠬᠢᠬᠤ》 ᠭᠣᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠶᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠂ ᠶᠠᠳᠠᠭᠤ᠎ᠠᠴᠠ ᠠᠩᠭᠢᠵᠢᠷᠠᠭᠤᠯᠤᠭᠰᠠᠨ ᠬᠥᠮᠦᠨ ᠠᠮᠠ ᠪᠣᠯᠤᠨ ᠬᠢᠨᠠᠨ ᠰᠢᠯᠭ᠋ᠠᠬᠤ ᠡᠲᠡᠭᠡᠳ᠎ᠤᠨ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠭᠵᠢᠯᠲᠡ ᠵᠢ ᠠᠬᠢᠭᠤᠯᠬᠤ᠂ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠪᠡᠷᠬᠡ ᠠᠰᠠᠭᠤᠳᠠᠯ᠂ ᠵᠣᠬᠢᠴᠠᠭᠤᠯᠤᠨ ᠠᠬᠢᠭᠤᠯᠬᠤ ᠴᠢᠬᠤᠯᠠᠲᠠᠶ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠵᠡᠷᠭᠡ ᠪᠠᠶ᠋ᠢᠳᠠᠯ᠎ᠤᠨ ᠲᠣᠭᠣᠷᠢᠨ᠎ᠳᠤ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠂ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤ᠂ ᠬᠦᠷᠢᠶ᠎ᠡ ᠬᠣᠰᠢᠭᠤᠨ᠎ᠳᠤ ᠭᠦᠨᠵᠡᠭᠡᠶ᠋ᠢᠷᠡᠨ ᠲᠤᠰᠬᠠᠶ ᠰᠡᠳᠦᠪᠲᠦ ᠪᠠᠶ᠋ᠢᠴᠠᠭ᠋ᠠᠨ ᠰᠤᠳᠤᠯᠤᠯᠲᠠ ᠬᠢᠵᠡᠶ᠃ 23 ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠂ ᠠᠵᠤ ᠦᠢ᠍ᠯᠡᠰ᠎ᠤᠨ ᠰᠠᠭᠤᠷᠢᠨ ᠭᠠᠵᠠᠷ᠂ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠂ ᠬᠥᠳᠡᠭᠡ ᠠᠵᠤ ᠠᠬᠤᠢ᠎ᠲᠠᠢ ᠬᠣᠯᠪᠣᠭ᠋ᠠᠯᠠᠨ ᠬᠥᠳᠡᠭᠡ ᠠᠵᠤ ᠠᠬᠤᠢ ᠵᠢ ᠳᠠᠶ᠋ᠢᠴᠢᠯᠠᠬᠤ ᠠᠵᠤ ᠠᠬᠤᠶ᠋ᠢᠯᠠᠯ᠎ᠢ ᠲᠤᠬᠠᠢ ᠵᠢᠨ ᠭᠠᠵᠠᠷ᠎ᠲᠤᠨᠢ ᠰᠤᠷᠪᠤᠯᠵᠢᠯᠠᠪᠠ; 9 ᠰᠤᠮᠤ ᠰᠢᠶᠠᠩ ᠪᠠᠯᠭ᠋ᠠᠰᠤ᠂ 11 ᠭᠠᠴᠠᠭ᠎ᠠ ᠲᠣᠰᠬᠣᠨ᠎ᠳᠤ ᠭᠦᠨᠵᠡᠭᠡᠶ᠋ᠢᠷᠡᠵᠦ᠂ 26 ᠡᠷᠦᠬᠡ ᠶᠠᠳᠠᠭᠤ᠎ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠰᠢᠯᠭ᠋ᠠᠬᠤ ᠡᠷᠦᠬᠡ ᠵᠢ ᠰᠤᠷᠪᠤᠯᠵᠢᠯᠠᠪᠠ᠃
ᠵᠢᠶᠠ ᠶᠤᠸᠠᠢ ᠹᠸᠩ ᠨᠠᠷ ᠤᠷᠢᠳ ᠬᠣᠵᠢᠳ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠤᠯᠤᠰ᠎ᠤᠨ ᠳᠡᠰ᠎ᠤᠨ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠂ ᠣᠪᠣᠭ᠋ᠠᠨ ᠰᠤᠮᠤ ᠵᠢᠨ ᠪᠠᠶᠠᠨᠤᠪᠤᠭ᠎ᠠ ᠭᠠᠴᠠᠭ᠎ᠠ ᠵᠢᠨ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠂ ᠰᠢᠪᠬᠤᠸᠠ ᠪᠠᠯᠭ᠋ᠠᠰᠤ ᠵᠢᠨ ᠲᠦᠮᠡᠨ ᠮᠦ᠍ ᠵᠢᠨ ᠬᠡᠮᠡᠷᠯᠢᠭ ᠬᠠᠶ᠋ᠢᠲᠠᠩᠤᠨ ᠰᠠᠭᠤᠷᠢᠨ ᠭᠠᠵᠠᠷ᠂ ᠵᠢᠷᠦᠬᠡ ᠭᠣᠣᠯ᠎ᠤᠨ ᠲᠦᠮᠡᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠎ᠲᠤ ᠬᠦᠷᠴᠡᠢ᠃ ᠬᠣᠷᠴᠢᠨ ᠵᠡᠭᠦᠨ ᠭᠠᠷᠤᠨ ᠬᠣᠶ᠋ᠢᠲᠤ ᠬᠣᠰᠢᠭᠤᠨ᠎ᠤ ᠬᠣᠷᠴᠢᠨ᠎ᠤ ᠡᠯᠡᠰᠦᠷᠬᠡᠭ ᠭᠠᠵᠠᠷ᠎ᠤᠨ 《ᠬᠣᠣᠰ ᠮᠢᠩᠭ᠋ᠠᠨ ᠲᠦᠮᠡᠨ ᠮᠥ᠍》 ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠲᠣᠭᠣᠷᠢᠭ᠂ ᠴᠠᠶ᠋ᠢᠳᠠᠮ ᠭᠠᠴᠠᠭ᠋ᠠᠨ᠎ᠤ ᠤᠰᠤ ᠠᠷᠪᠢᠯᠠᠬᠤ ᠥᠨᠳᠥᠷ ᠲᠣᠭᠲᠠᠭᠤᠨ ᠤᠨᠠᠯᠲᠠ᠎ᠲᠠᠢ ᠲᠡᠵᠢᠭᠡᠯ ᠡᠪᠡᠰᠦ ᠪᠣᠷᠳᠣᠭ᠋ᠠᠨ᠎ᠤ ᠰᠠᠭᠤᠷᠢᠨ ᠭᠠᠵᠠᠷ᠂ ᠲᠢᠶᠠᠨ ᠶᠠᠩ ᠰᠢᠨ᠎ᠡ ᠮᠠᠲ᠋ᠧᠷᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠬᠦᠷᠢᠶ᠎ᠡ ᠬᠣᠰᠢᠭᠤᠨ᠎ᠤ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ ᠵᠢᠨ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠬᠦ ᠲᠥᠷᠥᠯ ᠵᠦᠶᠯ᠂ ᠬᠦᠷᠢᠶ᠎ᠡ ᠪᠠᠯᠭ᠋ᠠᠰᠤᠨ᠎ᠤ ᠡᠮᠦᠨ᠎ᠡ ᠬᠡᠰᠡᠭ᠎ᠤᠨ ᠶᠤᠸᠠᠨ ᠪᠦᠦ ᠱᠠᠨ ᠰᠠᠭ᠋ᠠᠭ᠎ᠤᠨ ᠬᠠᠯᠢᠰᠤ ᠳᠡᠷᠡ ᠵᠢᠨ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠦᠶᠯᠡᠳᠪᠦᠷᠢ ᠵᠢᠨ ᠲᠠᠰᠤᠭ᠂ ᠥᠪᠥᠷ ᠮᠣᠩᠭᠣᠯ᠎ᠤᠨ ᠨᠣᠭᠣᠭ᠋ᠠᠨ ᠪᠦᠷᠢᠳᠦ ᠢᠳᠡᠭᠡᠨ᠎ᠤ ᠬᠢᠵᠠᠭ᠋ᠠᠷᠲᠤ ᠺᠣᠮᠫᠠᠨᠢ᠂ ᠯᠤᠤ ᠬᠤ᠌ ᠳ᠋ᠦᠩ ᠭᠠᠴᠠᠭ᠎ᠠ ᠵᠢᠨ ᠠᠯᠠᠰᠢᠨ ᠦᠬᠡᠷ᠎ᠤᠨ ᠡᠭᠦᠯᠳᠡᠷ᠎ᠢ ᠰᠠᠶ᠋ᠢᠵᠢᠷᠠᠭᠤᠯᠬᠤ ᠵᠢᠴᠢ ᠣᠶᠤᠨᠴᠢᠯᠠᠭᠰᠠᠨ ᠲᠡᠵᠢᠭᠡᠨ ᠦᠷᠡᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ 23 ᠪᠠᠶ᠋ᠢᠴᠠᠭ᠋ᠠᠨ ᠰᠤᠳᠤᠯᠬᠤ ᠴᠡᠭ᠎ᠲᠤ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠬᠢᠪᠠ᠃ ᠠᠵᠤ ᠠᠬᠤᠶ᠋ᠢᠯᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠲᠤᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠵᠠᠬ᠎ᠠ ᠳᠡᠯᠭᠡᠭᠦᠷ᠎ᠤᠨ ᠬᠡᠷᠡᠭᠴᠡᠭᠡ ᠵᠢ ᠤᠨᠢᠨ ᠳᠡᠭᠡᠷ᠎ᠡ᠎ᠨᠢ ᠵᠣᠯᠭ᠋ᠠᠭᠤᠯᠵᠤ᠂ ᠤᠨᠴᠠᠯᠢᠬᠳᠤ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ᠎ᠲᠠᠢ ᠨᠢᠭᠲᠠ ᠬᠣᠯᠪᠣᠭ᠋ᠠᠯᠠᠵᠤ ᠲᠠᠷᠢᠶᠠᠯᠠᠩ᠎ᠢ ᠳᠠᠶ᠋ᠢᠴᠢᠯᠠᠬᠤ ᠲᠣᠭᠲᠠᠴᠠ ᠵᠢ ᠪᠠᠶ᠋ᠢᠭᠤᠯᠵᠤ᠂ ᠠᠵᠢᠯ ᠬᠤᠪᠢᠶᠠᠷᠢᠯᠠᠨ ᠬᠠᠮᠵᠢᠯᠴᠠᠭᠰᠠᠨ᠂ ᠳᠠᠪᠠᠭᠤᠯᠢᠭ ᠵᠶ᠋ᠠᠨ ᠬᠠᠷᠢᠯᠴᠠᠨ ᠨᠥᠬᠥᠪᠥᠷᠢᠯᠡᠭᠰᠡᠨ᠂ ᠨᠢᠭᠲᠠ ᠬᠠᠷᠢᠯᠴᠠᠭ᠎ᠠ᠎ᠲᠠᠢ ᠲᠠᠷᠢᠶᠠᠴᠢᠨ᠎ᠤ ᠠᠰᠢᠭ ᠲᠤᠰᠠ ᠵᠢᠨ ᠬᠠᠮᠲᠤ ᠵᠢᠨ ᠴᠣᠭᠴᠠ ᠵᠢ ᠪᠠᠶ᠋ᠢᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠰᠢᠨ᠎ᠡ ᠳᠠᠪᠠᠭᠤᠯᠢᠭ᠎ᠢ ᠪᠦᠷᠢᠯᠳᠦᠭᠦᠯᠬᠦ ᠵᠢ ᠠᠬᠢᠭᠤᠯᠤᠨ᠎ᠠ᠃
ᠵᠢᠶᠠ ᠶᠤᠸᠠᠢ ᠹᠤᠩ ᠴᠢᠬᠤᠯᠠᠴᠢᠯᠠᠬᠤ᠎ᠳᠠᠭᠠᠨ᠂ ᠪᠠᠯᠠ ᠮᠥᠩᠭᠥ ᠵᠢ ᠵᠣᠯᠭ᠋ᠠᠭᠤᠯᠬᠤ᠎ᠳᠤ ᠵᠠᠷᠢᠮ ᠲᠣᠮᠣ ᠲᠥᠷᠥᠯ ᠵᠦᠶᠯ᠂ ᠰᠠᠶ᠋ᠢᠨ ᠲᠥᠷᠥᠯ ᠵᠦᠶᠯ᠎ᠢ ᠴᠢᠬᠤᠯᠠᠴᠢᠯᠠᠵᠤ᠂ ᠬᠡᠯᠬᠢᠶᠡᠰᠦ ᠵᠢ ᠤᠷᠲᠤᠳᠬᠠᠨ ᠬᠡᠯᠬᠢᠶᠡᠰᠦ ᠵᠢ ᠨᠥᠬᠥᠪᠥᠷᠢᠯᠡᠵᠦ ᠬᠡᠯᠬᠢᠶᠡᠰᠦ ᠵᠢ ᠴᠢᠩᠭ᠋ᠠᠳᠬᠠᠬᠤ ᠳᠡᠭᠡᠷ᠎ᠡ ᠬᠦᠴᠦ ᠲᠠᠯᠪᠢᠵᠤ᠂ ᠬᠥᠮᠦᠨ ᠪᠠ ᠡᠷᠦᠬᠡ᠎ᠳᠤ ᠬᠦᠷᠲᠡᠯ᠎ᠡ ᠲᠥᠷᠥᠯ ᠵᠦᠶᠯ᠎ᠢ ᠦᠷᠭᠦᠯᠵᠢᠯᠡᠨ ᠳᠡᠮᠵᠢᠵᠦ᠂ ᠡᠯ᠎ᠡ ᠵᠦᠶᠯ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠣᠯᠠᠨ ᠲᠦᠮᠡᠨ᠎ᠤ ᠳᠣᠲᠣᠭ᠋ᠠᠳᠤ ᠵᠢᠨ ᠬᠥᠳᠡᠯᠭᠡᠬᠦ ᠬᠦᠴᠦᠨ᠎ᠢ ᠭᠦᠶᠴᠡᠳ ᠬᠥᠭᠵᠢᠭᠡᠵᠦ᠂ ᠣᠯᠠᠨ ᠲᠦᠮᠡᠨ᠎ᠤ ᠣᠷᠣᠯᠭ᠎ᠠ ᠵᠢᠨ ᠨᠡᠮᠡᠭᠳᠡᠯ᠎ᠢ ᠨᠠᠩ ᠲᠣᠭᠲᠠᠭᠤᠨ᠂ ᠨᠠᠩ ᠦᠷᠭᠦᠯᠵᠢᠯᠡᠬᠦ ᠪᠣᠯᠭ᠋ᠠᠬᠤ ᠬᠡᠷᠡᠭᠲᠡᠶ ᠭᠡᠵᠡᠶ᠃
ᠵᠢᠶᠠ ᠶᠤᠸᠠᠢ ᠹᠤᠩ ᠲᠠᠷᠢᠶᠠᠴᠢᠨ ᠡᠷᠦᠬᠡ᠎ᠲᠠᠢ ᠳᠣᠲᠣᠨᠣ᠎ᠪᠠᠷ ᠶᠠᠷᠢᠯᠴᠠᠵᠤ᠂ ᠬᠡᠷ ᠪᠦᠯᠢ ᠵᠢᠨ ᠪᠠᠶ᠋ᠢᠳᠠᠯ᠂ ᠠᠵᠤ ᠠᠬᠤᠶ ᠵᠢᠨ ᠣᠷᠣᠯᠭ᠎ᠠ ᠵᠢᠨ ᠪᠠᠶ᠋ᠢᠳᠠᠯ ᠵᠢᠴᠢ ᠣᠷᠣᠯᠭ᠎ᠠ ᠵᠢᠨ ᠨᠡᠮᠡᠭᠳᠡᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ᠎ᠢ ᠨᠠᠷᠢᠨ ᠣᠶ᠋ᠢᠯᠠᠭ᠋ᠠᠪᠠ᠃ ᠡᠯ᠎ᠡ ᠭᠠᠵᠠᠷ᠎ᠤᠨ᠎ᠬᠢᠨ ᠡᠷᠬᠡᠪᠰᠢ ᠲᠠᠬᠢᠨ ᠶᠠᠳᠠᠭᠤᠷᠠᠬᠤ ᠵᠢ ᠰᠡᠷᠭᠡᠶ᠋ᠢᠯᠡᠬᠦ᠎ᠲᠠᠢ ᠤᠶᠠᠯᠳᠤᠭᠤᠯᠤᠨ ᠬᠢᠨᠠᠨ ᠪᠠᠶ᠋ᠢᠴᠠᠭ᠋ᠠᠵᠤ ᠲᠥᠪᠯᠡᠷᠡᠭᠦᠯᠦᠨ ᠪᠠᠶ᠋ᠢᠴᠠᠭ᠋ᠠᠬᠤ ᠵᠢ ᠰᠠᠶ᠋ᠢᠲᠤᠷ ᠬᠢᠵᠦ᠂ ᠡᠷᠦᠭᠡ ᠵᠢᠨ ᠪᠠᠶ᠋ᠢᠳᠠᠯ᠎ᠳᠤᠨᠢ ᠳᠤᠬᠢᠷᠠᠭᠤᠯᠵᠤ᠂ ᠡᠯ᠎ᠡ ᠵᠦᠢ᠍ᠯ᠎ᠤᠨ ᠬᠠᠪᠰᠤᠷᠤᠨ ᠲᠡᠳᠬᠦᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ᠂ ᠨᠠᠷᠢᠯᠢᠭ ᠨᠠᠶ᠋ᠢᠳᠠᠪᠤᠷᠢᠵᠢᠭᠤᠯᠬᠤ᠂ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠵᠤ᠂ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠵᠢᠨ ᠣᠷᠣᠯᠭ᠎ᠠ ᠵᠢ ᠨᠡᠮᠡᠭᠳᠡᠭᠦᠯᠬᠦ᠎ᠳᠤ ᠬᠦᠴᠦᠲᠡᠢ ᠪᠡᠯᠡ ᠮᠥᠩᠭᠥ᠂ ᠲᠦᠷᠦᠯ ᠵᠦᠢ᠍ᠯ᠂ ᠲᠦᠷᠦ ᠵᠢᠨ ᠪᠤᠳᠤᠯᠭ᠎ᠠ ᠵᠡᠷᠭᠡ ᠵᠢᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃