ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠰᠢ ᠵᠢᠨ ᠫᠢᠩ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠴᠢᠬᠤᠯᠠ ᠶᠡᠬᠡ ᠡᠭᠦᠷᠭᠡ ᠮᠥᠨ
ᠨᠡᠶ᠋ᠢᠲᠡᠯᠡᠭᠰᠡᠨ ᠴᠠᠭ᠄ 2023-05-24

      《ᠲᠠᠷᠢᠶᠠᠯᠠᠩ᠎ᠤᠨ ᠠᠵᠢᠯ᠎ᠢ ᠬᠢᠬᠦ᠎ᠳᠤ ᠦᠨᠳᠦᠰᠦ ᠰᠤᠷᠪᠤᠯᠵᠢ ᠵᠢ ᠴᠢᠬᠤᠯᠠᠴᠢᠯᠠᠵᠤ᠂ ᠤᠯᠤᠰ᠎ᠤᠨ ᠶᠡᠷᠦᠩᠬᠡᠢ ᠬᠥᠲᠥᠯᠪᠦᠷᠢ ᠵᠢ ᠴᠢᠬᠤᠯᠠᠴᠢᠯᠠᠨ᠎ᠠ》᠃ 5 ᠰᠠᠷ᠎ᠠ ᠵᠢᠨ 17᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠱᠠᠨᠰᠢ ᠮᠤᠵᠢ ᠵᠢᠨ ᠨᠠᠮ᠎ᠤᠨ ᠬᠣᠷᠢᠶ᠎ᠠ ᠪᠠ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ᠎ᠳᠠᠭᠠᠨ᠄ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ᠂ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠵᠶ᠋ᠠᠷ ᠲᠦᠯᠬᠢᠨ ᠠᠬᠢᠭᠤᠯᠬᠤ᠎ᠳᠤ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠣᠨ᠎ᠳᠤ ᠪᠠᠢ᠌ᠨ᠎ᠠ᠂ ᠡᠷᠬᠡᠪᠰᠢ ᠬᠤᠳᠠ ᠬᠥᠳᠡᠭᠡ ᠵᠢᠨ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠶᠡᠷᠦᠩᠬᠡᠢ ᠱᠦᠵᠢ ᠰᠢ ᠵᠢᠨ ᠫᠢᠩ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠭᠰᠡᠨ ᠪᠥᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠵᠢᠭ᠋ᠠᠪᠤᠷᠢ ᠪᠠ ᠪᠠᠢ᠌ᠷᠢᠯᠠᠭᠤᠯᠤᠯᠲᠠ ᠬᠢᠵᠡᠢ᠃ ᠥᠨᠥᠳᠥᠷ᠂ ᠪᠠᠭ᠎ᠠ ᠨᠠᠢ᠌ᠷᠠᠭᠤᠯᠤᠯᠲᠠ᠎ᠳᠤ ᠰᠢ ᠵᠢᠨ ᠫᠢᠩ ᠶᠡᠷᠦᠩᠬᠡᠢ ᠱᠦᠵᠢ ᠵᠢᠨ ᠬᠣᠯᠪᠣᠭᠳᠠᠯ ᠪᠦᠬᠦᠢ ᠬᠡᠰᠡᠭ ᠴᠢᠬᠤᠯᠠ ᠥᠭᠦᠯᠡᠯᠲᠡ ᠵᠢ ᠡᠮᠬᠢᠯᠡᠨ ᠳᠢᠭᠯᠡᠵᠦ᠂ ᠲᠠᠨ᠎ᠢ ᠤᠷᠢᠵᠤ ᠬᠠᠮᠲᠤ᠎ᠪᠠᠷ ᠰᠤᠷᠤᠯᠴᠠᠨ ᠤᠬᠠᠪᠤᠷᠢᠯᠠᠭᠤᠯᠤᠨ᠎ᠠ᠃

      ᠭᠠᠭᠴᠠ ᠬᠦ᠌ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠠᠰᠠᠭᠤᠳᠠᠯ᠎ᠢ ᠭᠦᠨᠵᠡᠭᠡᠢ ᠣᠢ᠌ᠯᠠᠭ᠋ᠠᠪᠠᠯ ᠰᠠᠶᠢ ᠮᠠᠨ᠎ᠤ ᠡᠨᠡ ᠬᠦ᠌ ᠨᠠᠮ᠂ ᠡᠨᠡ ᠬᠦ᠌ ᠤᠯᠤᠰ᠂ ᠡᠨᠡ ᠬᠦ᠌ ᠦᠨᠳᠦᠰᠦᠲᠡᠨ᠎ᠢ ᠨᠡᠩ ᠰᠠᠢ᠌ᠲᠤᠷ ᠣᠢ᠌ᠯᠠᠭ᠋ᠠᠵᠤ ᠴᠢᠳᠠᠨ᠎ᠠ

     《ᠲᠠᠷᠢᠶᠠᠯᠠᠩ ᠪᠣᠯ ᠳᠡᠯᠡᠬᠡᠢ ᠳ᠋ᠠᠬᠢᠨ᠎ᠤ ᠦᠨᠳᠦᠰᠦ ᠮᠥᠨ᠂ ᠶᠠᠭᠤᠨ᠎ᠠᠴᠠ ᠴᠤ᠌ ᠶᠡᠬᠡ ᠶᠠᠪᠤᠳᠠᠯ ᠮᠥᠨ》᠃ 《ᠲᠠᠷᠢᠶᠠᠯᠠᠩ᠎ᠤᠨ ᠠᠵᠢᠯ᠎ᠢ ᠬᠢᠬᠦ᠎ᠳᠤ ᠦᠨᠳᠦᠰᠦ ᠰᠤᠷᠪᠤᠯᠵᠢ ᠵᠢ ᠴᠢᠬᠤᠯᠠᠴᠢᠯᠠᠵᠤ᠂ ᠤᠯᠤᠰ᠎ᠤᠨ ᠶᠡᠷᠦᠩᠬᠡᠢ ᠬᠥᠲᠥᠯᠪᠦᠷᠢ ᠵᠢ ᠴᠢᠬᠤᠯᠠᠴᠢᠯᠠᠨ᠎ᠠ᠃》 ᠲᠠᠷᠢᠶᠠᠯᠠᠩ ᠪᠣᠯ ᠤᠯᠤᠰ ᠬᠦᠷᠦᠨ᠎ᠤ ᠦᠨᠳᠦᠰᠦ ᠮᠥᠨ᠂ ᠦᠨᠳᠦᠰᠦ ᠪᠡᠬᠢᠵᠢᠵᠦ ᠤᠯᠤᠰ ᠬᠦᠷᠦᠨ᠎ᠤ ᠠᠮᠤᠷ ᠠᠮᠤᠭᠤᠯᠠᠩ ᠪᠣᠯᠬᠤ ᠵᠢ ᠲᠡᠦᠬᠡ ᠪᠠ ᠪᠣᠳᠠᠲᠤ ᠪᠠᠢ᠌ᠳᠠᠯ ᠴᠥᠮ ᠪᠢᠳᠡᠨ᠎ᠳᠤ ᠬᠡᠯᠡᠵᠦ ᠥᠭᠭᠦᠭᠰᠡᠨ ᠶᠤᠮ᠃ ᠪᠢᠳᠡ ᠶᠡᠬᠡ ᠲᠡᠦᠬᠡ ᠵᠢᠨ ᠦᠵᠡᠯᠲᠡ᠎ᠪᠠᠷ ᠲᠠᠷᠢᠶᠠᠯᠠᠩ᠂ ᠬᠥᠳᠡᠭᠡ ᠲᠣᠰᠬᠣᠨ᠂ ᠲᠠᠷᠢᠶᠠᠴᠢᠨ᠎ᠤ ᠠᠰᠠᠭᠤᠳᠠᠯ᠎ᠳᠤ ᠬᠠᠨᠳᠤᠬᠤ ᠵᠢ ᠪᠠᠷᠢᠮᠲᠠᠯᠠᠬᠤ ᠬᠡᠷᠡᠭᠲᠡᠢ᠂ ᠭᠠᠭᠴᠠ ᠬᠦ᠌ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠠᠰᠠᠭᠤᠳᠠᠯ᠎ᠢ ᠭᠦᠨᠵᠡᠭᠡᠢ ᠣᠢ᠌ᠯᠠᠭ᠋ᠠᠪᠠᠯ ᠰᠠᠶᠢ ᠮᠠᠨ᠎ᠤ ᠡᠨᠡ ᠬᠦ᠌ ᠨᠠᠮ᠂ ᠡᠨᠡ ᠬᠦ᠌ ᠤᠯᠤᠰ᠂ ᠡᠨᠡ ᠬᠦ᠌ ᠦᠨᠳᠦᠰᠦᠲᠡᠨ᠎ᠢ ᠨᠡᠩ ᠰᠠᠢ᠌ᠲᠤᠷ ᠣᠢ᠌ᠯᠠᠭ᠋ᠠᠵᠤ ᠴᠢᠳᠠᠨ᠎ᠠ᠃ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠣᠨ᠎ᠳᠤ ᠪᠠᠢ᠌ᠵᠤ᠂ ᠬᠠᠮᠤᠭ᠎ᠤᠨ ᠥᠷᠭᠡᠨ ᠳᠡᠯᠭᠡᠷ ᠬᠠᠮᠤᠭ᠎ᠤᠨ ᠭᠦᠨ ᠵᠤᠵᠠᠭ᠋ᠠᠨ ᠰᠠᠭᠤᠷᠢ ᠮᠥᠨ ᠯᠡ ᠬᠥᠳᠡᠭᠡ ᠲᠣᠰᠬᠣᠨ᠎ᠳᠤ ᠪᠠᠢ᠌ᠬᠤ ᠵᠢ ᠡᠷᠬᠡᠪᠰᠢ ᠣᠯᠵᠤ ᠬᠠᠷᠠᠬᠤ ᠬᠡᠷᠡᠭᠲᠡᠢ᠃

     —— 2020 ᠣᠨ᠎ᠤ 12 ᠰᠠᠷ᠎ᠠ ᠵᠢᠨ 28᠎ᠤ ᠡᠳᠦᠷ᠂ ᠰᠢ ᠵᠢᠨ ᠫᠢᠩ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯᠳᠤᠭ᠋ᠠᠨ ᠳᠡᠭᠡᠷ᠎ᠡ ᠬᠡᠯᠡᠭᠰᠡᠨ ᠦᠭᠡ

      ᠲᠠᠷᠢᠶᠠᠴᠢᠳ᠎ᠤᠨ ᠬᠥᠳᠡᠭᠡ ᠲᠣᠰᠬᠣᠨ᠎ᠤ ᠬᠠᠮᠲᠤᠪᠠᠷ ᠪᠠᠶᠠᠵᠢᠬᠤ ᠵᠢ ᠠᠬᠢᠭᠤᠯᠤᠨ᠎ᠠ᠃ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠵᠢᠨ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠣᠨ᠎ᠳᠤ ᠪᠠᠢ᠌ᠨ᠎ᠠ᠃ ᠬᠥᠳᠡᠭᠡ ᠲᠣᠰᠬᠣᠨ᠎ᠤ ᠬᠠᠮᠲᠤ᠎ᠪᠠᠷ ᠴᠢᠨᠡᠭᠡᠯᠢᠭᠵᠢᠬᠦ ᠠᠵᠢᠯ᠎ᠢ ᠴᠢᠩᠭ᠎ᠠ ᠠᠳᠬᠤᠬᠤ ᠬᠡᠷᠡᠭᠲᠡᠢ᠂ ᠭᠡᠪᠡᠴᠦ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠰᠢᠭ ᠵᠶ᠋ᠡᠷ ᠨᠢᠭᠡᠳᠦᠯᠲᠡᠢ ᠬᠡᠮᠵᠢᠶᠡᠵᠢᠭᠦᠯᠦᠭᠰᠡᠨ ᠭᠦᠢ᠍ᠴᠡᠳᠬᠡᠬᠦ ᠲᠣᠭ᠎ᠠ ᠵᠢ ᠳᠤᠷᠠᠳᠴᠤ ᠪᠣᠯᠬᠤ ᠦᠭᠡᠢ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ᠎ᠠᠴᠠ ᠪᠣᠯᠵᠤ ᠶᠠᠳᠠᠭᠤᠷᠠᠬᠤ ᠬᠥᠮᠥᠨ ᠠᠮᠠ ᠵᠢ ᠬᠢᠨᠠᠨ ᠬᠡᠮᠵᠢᠬᠦ ᠵᠢ ᠴᠢᠩᠭ᠋ᠠᠳᠬᠠᠵᠤ᠂ ᠡᠷᠲᠡ᠎ᠠᠴᠠ ᠭᠠᠷ ᠲᠦᠷᠦᠵᠤ᠂ ᠶᠠᠳᠠᠭᠤ᠎ᠠᠴᠠ ᠠᠩᠭᠢᠵᠢᠷᠠᠭᠰᠠᠨ ᠰᠢᠶᠠᠨ᠎ᠢ ᠲᠡᠳᠬᠦᠵᠦ ᠪᠠᠢ᠌ᠭ᠋ᠠᠳ ᠨᠢᠭᠡ ᠵᠠᠮ ᠬᠦᠷᠭᠡᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠ ᠰᠢᠨ᠎ᠡ᠎ᠪᠠᠷ ᠶᠠᠳᠠᠭᠤᠷᠠᠬᠤ ᠪᠠᠢ᠌ᠳᠠᠯ ᠭᠠᠷᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠬᠥᠳᠡᠭᠡ ᠠᠵᠤ ᠠᠬᠤᠢ ᠵᠢᠨ ᠠᠵᠤ ᠦᠢ᠍ᠯᠡᠰᠵᠢᠯᠲᠡ ᠵᠢ ᠲᠦᠷᠭᠡᠳᠬᠡᠵᠦ᠂ ᠬᠥᠳᠡᠭᠡ ᠲᠣᠰᠬᠣᠨ᠎ᠤ ᠡᠳ᠋ ᠬᠥᠷᠥᠩᠭᠡ ᠵᠢ ᠠᠮᠢᠳᠤᠯᠢᠭ ᠪᠣᠯᠭ᠋ᠠᠵᠤ᠂ ᠲᠠᠷᠢᠶᠠᠴᠢᠳ᠎ᠤᠨ ᠡᠳ᠋ ᠬᠥᠷᠥᠩᠭᠡ ᠵᠢᠨ ᠴᠢᠨᠠᠷᠲᠠᠢ ᠣᠷᠣᠯᠭ᠎ᠠ ᠵᠢ ᠨᠡᠮᠡᠭᠳᠡᠭᠦᠯᠵᠦ᠂ ᠨᠡᠩ ᠤᠯᠠᠨ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠢ ᠠᠵᠢᠯᠴᠢ ᠬᠥᠳᠡᠯᠮᠦᠷᠢᠴᠢ᠎ᠪᠠᠷ ᠪᠠᠶᠠᠵᠢᠭᠤᠯᠬᠤ ᠬᠡᠷᠡᠭᠲᠡᠢ᠃ ᠬᠥᠳᠡᠭᠡ ᠲᠣᠰᠬᠣᠨ᠎ᠤ ᠰᠠᠭᠤᠷᠢ ᠲᠥᠬᠦᠭᠡᠷᠦᠮᠵᠢ ᠪᠠ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠢ ᠰᠠᠢ᠌ᠵᠢᠷᠠᠭᠤᠯᠬᠤ ᠬᠡᠷᠡᠭᠲᠡᠢ᠃

     —— 2021 ᠣᠨ᠎ᠤ 8 ᠰᠠᠷ᠎ᠠ ᠵᠢᠨ 17᠎ᠤ ᠡᠳᠦᠷ᠂ ᠰᠢ ᠵᠢᠨ ᠫᠢᠩ ᠲᠥᠪ᠎ᠤᠨ ᠡᠳ᠋᠎ᠤᠨ ᠵᠠᠰᠠᠭ ᠠᠵᠤ ᠠᠬᠤᠢ ᠵᠢᠨ ᠵᠥᠪᠯᠡᠯ᠎ᠤᠨ ᠠᠷᠪᠠᠳᠤᠭ᠋ᠠᠷ ᠬᠤᠷᠠᠯᠳᠤᠭ᠋ᠠᠨ ᠳᠡᠭᠡᠷ᠎ᠡ ᠬᠡᠯᠡᠭᠰᠡᠨ ᠦᠭᠡ

ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ᠂ ᠬᠠᠮᠲᠤ᠎ᠪᠠᠷ ᠴᠢᠨᠡᠭᠡᠯᠢᠭᠵᠢᠬᠦ ᠵᠢ ᠯᠠᠪᠳᠠᠭᠤᠨ ᠵᠶ᠋ᠠᠷ ᠲᠦᠯᠬᠢᠨ ᠠᠬᠢᠭᠤᠯᠬᠤ ᠵᠢᠨ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠣᠨ᠎ᠳᠤ ᠪᠠᠢ᠌ᠬᠤ ᠪᠣᠯᠬᠣᠷ ᠡᠷᠬᠡᠪᠰᠢ ᠬᠤᠲᠠ ᠬᠥᠳᠡᠭᠡ ᠵᠢᠨ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠬᠤ ᠬᠡᠷᠡᠭᠲᠡᠢ᠃ ᠰᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭ᠋ᠠᠭᠰᠠᠨ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ᠎ᠪᠠᠷ ᠠᠬᠢᠭᠤᠯᠵᠤ᠂ ᠰᠢᠶᠠᠨ᠎ᠤ ᠬᠣᠲᠠ ᠵᠢᠨ ᠬᠣᠲᠠ ᠵᠢᠨ ᠶᠠᠪᠤᠳᠠᠯ᠎ᠤᠨ ᠨᠡᠶ᠋ᠢᠲᠡ ᠵᠢᠨ ᠬᠡᠷᠡᠭᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠢᠷᠢ ᠬᠡᠮᠵᠢᠶ᠎ᠡ ᠪᠠ ᠰᠠᠭᠤᠷᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠂ ᠠᠵᠤ ᠦᠢ᠍ᠯᠡᠰ᠎ᠤᠨ ᠢᠵᠢ ᠪᠦᠷᠢᠳᠦᠭᠦᠯᠬᠦ ᠴᠢᠳᠠᠮᠵᠢ ᠵᠢ ᠳᠡᠭᠡᠭᠰᠢᠯᠡᠭᠦᠯᠦᠨ᠂ ᠶᠡᠷᠦᠩᠬᠡᠢ᠌ᠯᠡᠭᠰᠡᠨ ᠳᠠᠭ᠋ᠠᠭ᠋ᠠᠬᠤ ᠴᠢᠳᠠᠪᠤᠷᠢ ᠪᠠ ᠵᠠᠰᠠᠬᠤ ᠴᠢᠳᠠᠪᠤᠷᠢ ᠵᠢ ᠴᠢᠩᠭ᠋ᠠᠷᠠᠭᠤᠯᠵᠤ᠂ ᠰᠢᠶᠠᠨ᠎ᠤ ᠬᠣᠲᠠ ᠵᠢᠨ ᠰᠢᠶᠠᠨ᠎ᠤ ᠬᠡᠪᠴᠢᠶᠡᠨ᠎ᠤ ᠠᠵᠤ ᠠᠬᠤᠢ ᠵᠢᠨ ᠬᠥᠭᠵᠢᠯᠲᠡ᠎ᠳᠤ ᠦᠵᠡᠭᠦᠯᠬᠦ ᠨᠥᠯᠥᠭᠡᠯᠡᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃

      ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠣᠨᠴᠠᠯᠢᠭᠲᠤ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠳᠤᠨ ᠬᠥᠭᠵᠢᠬᠦ ᠵᠢ ᠲᠦᠯᠬᠢᠨ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠠᠷᠭ᠎ᠠ ᠵᠠᠮ᠎ᠢ ᠥᠷᠭᠡᠳᠬᠡᠨ᠎ᠡ᠃ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠤᠯᠠᠮᠵᠢᠯᠠᠯᠲᠤ ᠠᠢ᠌ᠯ ᠲᠣᠰᠬᠣᠨ ᠪᠠ ᠬᠥᠳᠡᠭᠡ ᠲᠣᠰᠬᠣᠨ᠎ᠤ ᠣᠨᠴᠠᠯᠢᠭᠲᠤ ᠳᠦᠷᠰᠦ ᠪᠠᠢ᠌ᠳᠠᠯ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠤᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠪᠣᠯᠪᠠᠰᠤᠨ ᠰᠤᠷᠲᠠᠯ᠎ᠢ ᠪᠣᠢ᠌ᠵᠢᠭᠤᠯᠤᠨ᠎ᠠ᠃ ᠬᠥᠳᠡᠯᠦᠩᠭᠦᠢ᠎ᠪᠠᠷ ᠬᠢᠨᠠᠨ ᠬᠡᠮᠵᠢᠬᠦ ᠵᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠳᠣᠲᠣᠭ᠋ᠠᠳᠤ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠬᠡᠪᠴᠢᠶᠡᠵᠢᠭᠰᠡᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠢ᠌ᠬᠤ ᠬᠢᠵᠠᠭ᠋ᠠᠷ ᠱᠤᠭᠤᠮ᠎ᠢ ᠡᠷᠡᠰ ᠪᠠᠲᠤ ᠰᠠᠬᠢᠨ᠎ᠠ᠃

     —— 2023 ᠣᠨ᠎ᠤ 5 ᠰᠠᠷ᠎ᠠ ᠵᠢᠨ 17᠎ᠤ ᠡᠳᠦᠷ᠂ ᠰᠢ ᠵᠢᠨ ᠫᠢᠩ ᠱᠠᠨᠰᠢ ᠮᠤᠵᠢ ᠵᠢᠨ ᠨᠠᠮ᠎ᠤᠨ ᠬᠣᠷᠢᠶ᠎ᠠ ᠪᠣᠯᠣᠨ ᠮᠤᠵᠢ ᠵᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠬᠤ᠎ᠳᠠᠭᠠᠨ ᠢᠩᠭᠢᠵᠦ ᠴᠢᠬᠤᠯᠠᠴᠢᠯᠠᠪᠠ

ᠲᠠᠷᠢᠶᠠᠯᠠᠩ ᠬᠥᠳᠡᠭᠡ ᠲᠣᠰᠬᠣᠨ᠎ᠢ ᠤᠷᠢᠳᠠᠪᠠᠷ ᠬᠥᠭᠵᠢᠭᠦᠯᠬᠦ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠵᠠᠮᠨᠠᠨ᠎ᠠ

      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠴᠢᠬᠤᠯᠠ ᠶᠡᠬᠡ ᠡᠭᠦᠷᠭᠡ ᠪᠣᠯᠣᠨ᠎ᠠ᠃ ᠰᠢᠨ᠎ᠡ ᠬᠥᠭᠵᠢᠯᠲᠡ ᠵᠢᠨ ᠱᠠᠲᠤᠨ᠎ᠳᠤ ᠰᠠᠭᠤᠷᠢᠯᠠᠨ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ ᠎ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ ᠎ᠢ ᠪᠤᠶ ᠪᠣᠯᠭ᠋ᠠᠭᠰᠠᠨ ᠎ᠠᠴᠠ ᠪᠣᠯᠤᠭᠰᠠᠨ ᠰᠢᠨ᠎ᠡ ᠪᠠᠢ᠌ᠳᠠᠯ᠎ᠤᠨ ᠲᠣᠭᠣᠷᠢᠨ᠎ᠳᠤ ᠳᠤᠷᠠᠳᠤᠭᠰᠠᠨ ᠰᠢᠨ᠎ᠡ ᠱᠠᠭ᠋ᠠᠷᠳᠠᠯᠭ᠎ᠠ ᠵᠢᠨ ᠲᠣᠭᠣᠷᠢᠨ᠎ᠳᠤ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠎ᠤ ᠠᠰᠠᠭᠤᠳᠠᠯ᠎ᠢ ᠰᠠᠢ᠌ᠲᠤᠷ ᠰᠢᠢ᠍ᠳᠪᠦᠷᠢᠯᠡᠬᠦ ᠵᠢ ᠪᠦᠬᠦ ᠨᠠᠮ᠎ᠤᠨ ᠠᠵᠢᠯ᠎ᠤᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠢ ᠤᠷᠢᠳᠠᠪᠠᠷ ᠬᠥᠭᠵᠢᠭᠦᠯᠬᠦ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠵᠠᠮᠨᠠᠵᠤ᠂ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠥᠷᠢᠶ᠎ᠡ ᠵᠢ ᠦᠷᠭᠦᠯᠵᠢᠯᠡᠨ ᠪᠠᠭ᠋ᠠᠰᠬᠠᠵᠤ᠂ ᠳᠣᠣᠷ᠎ᠠ ᠣᠷᠣᠯᠭ᠎ᠠ᠎ᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ᠎ᠳᠤ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤᠪᠠᠷ ᠡᠳ᠋ᠯᠡᠭᠦᠯᠵᠦ᠂ ᠣᠳᠣᠬᠢᠴᠢᠯᠠᠯᠲᠠ ᠵᠢᠨ ᠶᠠᠪᠤᠴᠠ᠎ᠳᠤ ᠡᠩᠨᠡᠭᠡ᠎ᠠᠴᠠ᠎ᠪᠠᠨ ᠬᠣᠴᠣᠷᠤᠭᠤᠯᠬᠤ ᠦᠭᠡᠢ ᠪᠠᠢ᠌ᠬᠤ ᠬᠡᠷᠡᠭᠲᠡᠢ᠃

     —— 2021 ᠣᠨ᠎ᠤ 2 ᠰᠠᠷ᠎ᠠ ᠵᠢᠨ 25᠎ᠤ ᠡᠳᠦᠷ᠂ ᠰᠢ ᠵᠢᠨ ᠫᠢᠩ ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳ᠋ᠦᠩᠨᠡᠯᠲᠡ ᠬᠢᠵᠦ ᠬᠥᠬᠢᠭᠦᠯᠦᠨ ᠰᠠᠢ᠌ᠰᠢᠶᠠᠬᠤ ᠶᠡᠬᠡ ᠬᠤᠷᠠᠯ ᠳᠡᠭᠡᠷ᠎ᠡ ᠬᠡᠯᠡᠭᠰᠡᠨ ᠦᠭᠡ

ᠲᠠᠷᠢᠶᠠᠯᠠᠩ ᠬᠥᠳᠡᠭᠡ ᠲᠣᠰᠬᠣᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠬᠤᠳᠠ ᠬᠥᠳᠡᠭᠡ ᠵᠢᠨ ᠡᠯᠧᠮᠧᠨ᠋ᠲ᠎ᠤᠨ ᠰᠢᠯᠵᠢᠯᠲᠡ ᠵᠢ ᠰᠢᠯᠤᠭᠤᠳᠬᠠᠨ᠎ᠠ᠃ ᠲᠠᠷᠢᠶᠠᠯᠠᠩ᠎ᠤᠨ ᠬᠦᠴᠦᠷᠬᠡᠭ ᠤᠯᠤᠰ᠎ᠢ ᠲᠦᠷᠭᠡᠪᠴᠢᠯᠡᠨ ᠪᠦᠲᠦᠭᠡᠨ ᠪᠠᠢ᠌ᠭᠤᠯᠵᠤ᠂ ᠬᠥᠳᠡᠭᠡ ᠲᠣᠰᠬᠣᠨ᠎ᠤ ᠠᠵᠤ ᠦᠢ᠍ᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠢ᠌ᠭᠤᠯᠤᠯᠲᠠ ᠵᠢᠨ ᠬᠥᠭᠵᠢᠯ ᠮᠠᠨᠳᠤᠯ᠎ᠢ ᠯᠠᠪᠳᠠᠭᠤᠨ ᠵᠶ᠋ᠠᠷ ᠲᠦᠯᠬᠢᠨ ᠠᠬᠢᠭᠤᠯᠤᠨ᠎ᠠ᠃ ᠠᠮᠤ ᠪᠤᠳᠠᠭ᠋ᠠᠨ᠎ᠤ ᠠᠮᠤᠷ ᠲᠦᠪᠰᠢᠨ᠎ᠤ ᠰᠠᠭᠤᠷᠢ ᠵᠢ ᠪᠦᠬᠦ ᠲᠠᠯ᠎ᠠ ᠎ᠪᠠᠷ ᠪᠡᠬᠢᠵᠢᠭᠦᠯᠵᠦ ᠠᠮᠤ ᠪᠤᠳᠠᠭ᠋ᠠᠨ᠎ᠤ ᠠᠮᠤᠷ ᠲᠦᠪᠰᠢᠨ᠎ᠤ ᠨᠠᠮ ᠵᠠᠰᠠᠭ ᠠᠳᠠᠯᠢ ᠬᠠᠷᠢᠭᠤᠴᠠᠯᠭ᠎ᠠ ᠵᠢ ᠪᠦᠬᠦ ᠲᠠᠯ᠎ᠠ ᠎ᠪᠠᠷ ᠨᠠᠢ᠌ᠳᠠᠪᠤᠷᠢᠵᠢᠭᠤᠯᠵᠤ᠂ ᠠᠷᠪᠠᠨ ᠨᠠᠢ᠍ᠮᠠᠨ ᠳ᠋ᠦᠩᠰᠢᠭᠤᠷ ᠮᠦ᠍ ᠲᠠᠷᠢᠶᠠᠨ ᠭᠠᠵᠠᠷ᠎ᠤᠨ ᠤᠯᠠᠭ᠋ᠠᠨ ᠱᠤᠭᠤᠮ᠎ᠢ ᠪᠠᠲᠤ ᠰᠠᠬᠢᠵᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠢ ᠪᠦᠬᠦᠨ᠎ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠠᠯᠬᠤᠮ ᠠᠯᠬᠤᠮ ᠵᠶ᠋ᠠᠷ ᠪᠠᠢ᠌ᠭᠤᠯᠵᠤ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ ᠪᠠ ᠲᠤᠨᠤᠭ ᠲᠥᠬᠦᠭᠡᠷᠦᠮᠵᠢ ᠵᠢᠨ ᠲᠤᠯᠭ᠋ᠠᠭᠤᠷᠢᠯᠠᠯ᠎ᠢ ᠴᠢᠩᠭ᠋ᠠᠳᠬᠠᠵᠤ᠂ ᠠᠮᠤ ᠪᠤᠳᠠᠭ᠎ᠠ ᠲᠠᠷᠢᠬᠤ ᠲᠠᠷᠢᠶᠠᠴᠢᠳ᠎ᠤᠨ ᠠᠰᠢᠭ ᠣᠷᠣᠯᠭ᠎ᠠ ᠵᠢ ᠪᠠᠲᠤᠯᠠᠬᠤ ᠲᠣᠭᠲᠠᠴᠠ ᠪᠠ ᠭᠣᠣᠯ ᠭᠠᠷᠤᠯᠲᠠ ᠵᠢᠨ ᠣᠷᠣᠨ᠎ᠤ ᠠᠰᠢᠭ ᠲᠤᠰᠠ ᠵᠢ ᠨᠥᠬᠥᠪᠦᠷᠢᠯᠡᠬᠦ ᠲᠣᠭᠲᠠᠴᠠ ᠵᠢ ᠪᠦᠷᠢᠨᠰᠢᠭᠦᠯᠵᠦ᠂ ᠳᠤᠮᠳᠠᠳᠤᠴᠤᠳ᠎ᠤᠨ ᠪᠤᠳᠠᠭ᠋ᠠᠨ ᠠᠶᠠᠭ᠎ᠠ ᠵᠢ ᠥᠪᠡᠷ᠎ᠤᠨ ᠭᠠᠷ᠎ᠲᠠᠭᠠᠨ ᠪᠠᠲᠤ ᠡᠵᠡᠮᠳᠡᠬᠦ ᠵᠢ ᠪᠠᠲᠤᠯᠠᠬᠤ ᠬᠡᠷᠡᠭᠲᠡᠢ᠃

     —— 2022 ᠣᠨ᠎ᠤ 10 ᠰᠠᠷ᠎ᠠ ᠵᠢᠨ 16᠎ᠤ ᠡᠳᠦᠷ᠂ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠳᠡᠭᠡᠷ᠎ᠡ ᠬᠢᠭᠰᠡᠨ ᠢᠯᠡᠳᠬᠡᠯ

      ᠬᠤᠳᠠ ᠬᠥᠳᠡᠭᠡ ᠵᠢᠨ ᠠᠭᠤᠰᠤᠯᠴᠠᠨ ᠬᠥᠭᠵᠢᠬᠦ ᠶᠡᠬᠡ ᠬᠠᠨᠳᠤᠰᠢ᠎ᠳᠤ ᠵᠣᠬᠢᠴᠠᠵᠤ᠂ ᠬᠤᠳᠠ ᠬᠥᠳᠡᠭᠡ ᠵᠢᠨ ᠡᠯᠧᠮᠧᠨ᠋ᠲ᠎ᠤᠨ ᠡᠷᠬᠡ ᠲᠡᠭᠰᠢ᠎ᠪᠠᠷ ᠰᠣᠯᠢᠯᠴᠠᠬᠤ᠂ ᠬᠣᠣᠰ ᠴᠢᠭᠯᠡᠯ ᠵᠶ᠋ᠡᠷ ᠰᠢᠯᠵᠢᠬᠦ ᠵᠢ ᠬᠠᠷᠰᠢᠯᠠᠵᠤ ᠪᠠᠢ᠌ᠭ᠎ᠠ ᠳᠦᠷᠢᠮ᠎ᠤᠨ ᠬᠣᠷᠢᠭ᠎ᠠ ᠵᠢ ᠡᠪᠳᠡᠵᠦ᠂ ᠬᠥᠭᠵᠢᠯᠲᠡ ᠵᠢᠨ ᠡᠯᠧᠮᠧᠨ᠋ᠲ᠎ᠢ ᠠᠬᠢᠭᠤᠯᠵᠤ᠂ ᠡᠯ᠎ᠡ ᠲᠦᠷᠦᠯ᠎ᠤᠨ ᠦᠢ᠍ᠯᠡᠴᠢᠯᠡᠭᠡ ᠵᠢ ᠨᠡᠩ ᠤᠯᠠᠨ ᠬᠥᠳᠡᠭᠡ ᠪᠠᠭᠤᠯᠭ᠋ᠠᠨ᠂ ᠤᠷᠢᠳᠠᠪᠠᠷ ᠰᠢᠶᠠᠨ᠎ᠤ ᠬᠡᠪᠴᠢᠶᠡᠨ᠎ᠳᠤ ᠬᠤᠳᠠ ᠬᠥᠳᠡᠭᠡ ᠵᠢᠨ ᠬᠣᠶᠠᠷ ᠡᠰᠢᠲᠦ ᠪᠦᠲᠦᠴᠡ ᠵᠢ ᠡᠪᠳᠡᠬᠦ ᠬᠡᠷᠡᠭᠲᠡᠢ᠃ ᠨᠡᠢ᠌ᠭᠡᠮ᠎ᠤᠨ ᠬᠥᠷᠥᠩᠭᠡ ᠵᠢᠨ ᠬᠥᠳᠡᠭᠡ ᠪᠠᠭᠤᠵᠤ ᠲᠠᠷᠢᠶᠠᠯᠠᠩ᠎ᠤᠨ ᠡᠵᠡᠩᠨᠡᠯᠲᠡ ᠵᠢᠨ ᠪᠡᠶᠡᠴᠢ ᠴᠣᠭᠴᠠ ᠪᠣᠯᠬᠤ ᠵᠢ ᠵᠣᠷᠢᠭᠵᠢᠭᠤᠯᠬᠤ ᠬᠡᠷᠡᠭᠲᠡᠢ᠂ ᠭᠡᠪᠡᠴᠦ ᠲᠠᠷᠢᠶᠠᠯᠠᠩ᠎ᠢ ᠡᠵᠡᠩᠨᠡᠬᠦ᠂ ᠲᠠᠷᠢᠶᠠᠴᠢᠳ᠎ᠲᠤ ᠠᠰᠢᠭ ᠬᠦᠷᠲᠡᠭᠡᠬᠦ ᠦᠨᠳᠦᠰᠦᠨ ᠱᠠᠭ᠋ᠠᠷᠳᠠᠯᠭ᠎ᠠ ᠵᠢ ᠡᠷᠬᠡᠪᠰᠢ ᠪᠠᠲᠤ ᠰᠠᠬᠢᠵᠤ᠂ ᠮᠣᠷᠢ ᠳᠠᠪᠬᠢᠵᠤ ᠭᠠᠵᠠᠷ ᠬᠦᠷᠢᠶᠡᠯᠡᠬᠦ ᠵᠢ ᠰᠡᠷᠭᠡᠢ᠌ᠯᠡᠬᠦ ᠬᠡᠷᠡᠭᠲᠡᠢ᠃ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠤᠳᠠ ᠵᠢᠨ ᠠᠷᠠᠳ ᠪᠣᠯᠭ᠋ᠠᠬᠤ ᠵᠢ ᠲᠦᠷᠭᠡᠳᠬᠡᠵᠦ᠂ ᠪᠠᠢ᠌ᠩᠭᠤ ᠰᠠᠭᠤᠭ᠎ᠠ ᠭᠠᠵᠠᠷ᠎ᠤᠨ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡ ᠬᠠᠩᠭ᠋ᠠᠬᠤ ᠳᠦᠷᠢᠮ᠎ᠢ ᠪᠦᠷᠢᠨᠰᠢᠭᠦᠯᠵᠦ᠂ ᠬᠤᠳᠠ᠎ᠳᠤ ᠣᠷᠣᠵᠤ ᠪᠣᠯᠬᠤ ᠬᠤᠳᠠ᠎ᠳᠤ ᠣᠷᠣᠬᠤ ᠳᠤᠷᠠᠲᠠᠢ ᠵᠢ᠎ᠨᠢ ᠬᠤᠳᠠ᠎ᠳᠤ ᠨᠡᠩ ᠲᠦᠷᠭᠡᠨ ᠨᠡᠩ ᠰᠠᠢ᠌ᠨ ᠵᠶ᠋ᠠᠷ ᠠᠭᠤᠰᠤᠯᠴᠠᠭᠤᠯᠬᠤ ᠬᠡᠷᠡᠭᠲᠡᠢ᠃ ᠡᠭᠦᠨ᠎ᠤ ᠬᠠᠮᠲᠤ᠂ ᠬᠣᠲᠠ᠎ᠳᠤ ᠡᠷᠦᠬᠡ ᠠᠮᠠ ᠣᠷᠣᠭᠰᠠᠨ ᠲᠠᠷᠢᠶᠠᠴᠢᠳ᠎ᠤᠨ ᠭᠠᠵᠠᠷ ᠰᠢᠷᠣᠢ ᠵᠡᠷᠭᠡ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ᠂ ᠬᠠᠤᠯᠢ ᠶᠣᠰᠣᠭ᠋ᠠᠷ ᠰᠠᠢ᠌ᠨ ᠳᠤᠷ᠎ᠠ ᠎ᠠᠴᠠ᠎ᠪᠠᠨ ᠲᠥᠯᠥᠪᠦᠷᠢ᠎ᠲᠠᠢ᠎ᠪᠠᠷ ᠤᠬᠤᠷᠢᠨ ᠭᠠᠷᠬᠤ ᠵᠢ ᠵᠣᠷᠢᠭᠵᠢᠭᠤᠯᠬᠤ ᠬᠡᠷᠡᠭᠲᠡᠢ᠃

     —— 2022 ᠣᠨ᠎ᠤ 12 ᠰᠠᠷ᠎ᠠ ᠵᠢᠨ 23᠎ᠤ ᠡᠳᠦᠷ᠂ ᠰᠢ ᠵᠢᠨ ᠫᠢᠩ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯᠳᠤᠭ᠋ᠠᠨ ᠳᠡᠭᠡᠷ᠎ᠡ ᠬᠡᠯᠡᠭᠰᠡᠨ ᠦᠭᠡ

ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠰᠠᠢ᠌ᠲᠤᠷ ᠵᠣᠯᠭ᠋ᠠᠭᠤᠯᠵᠤ᠂ ᠬᠥᠳᠡᠭᠡ ᠲᠣᠰᠬᠣᠨ᠎ᠤ ᠠᠮᠢᠳᠤᠷᠠᠯ᠎ᠢ ᠣᠳᠣᠬᠢᠴᠢᠯᠠᠯᠲᠠ ᠵᠢᠨ ᠵᠠᠮ ᠵᠶ᠋ᠠᠷ ᠤᠷᠤᠭᠰᠢᠯᠠᠭᠤᠯᠵᠤ᠂ ᠶᠠᠪᠤᠬᠤ ᠲᠤᠳᠤᠮ ᠥᠭᠡᠳᠡᠯᠡᠬᠦ ᠵᠠᠮ᠎ᠲᠠᠢ ᠪᠣᠯᠭ᠋ᠠᠨ᠎ᠠ

      ᠦᠨᠳᠦᠰᠦᠲᠡᠨ ᠵᠶ᠋ᠡᠨ ᠰᠡᠷᠭᠦᠭᠡᠨ ᠮᠠᠨᠳᠤᠭᠤᠯᠬᠤ᠎ᠳᠤ ᠬᠥᠳᠡᠭᠡ ᠲᠣᠰᠬᠣᠨ᠎ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠰᠢᠨ᠎ᠡ ᠠᠶᠠᠨ ᠵᠠᠮ᠎ᠳᠤ ᠣᠷᠣᠬᠤ᠎ᠳᠤ᠂ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》 ᠎ᠤ ᠠᠵᠢᠯ᠎ᠤᠨ ᠭᠣᠣᠯᠳᠠᠯᠭ᠎ᠠ᠎ᠪᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠲᠡᠰᠢ ᠲᠡᠦᠬᠡᠲᠦ ᠴᠢᠨᠠᠷᠲᠠᠢ ᠰᠢᠯᠵᠢᠭᠦᠯᠪᠡ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠨᠤᠭᠤᠳ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠦᠨᠳᠦᠰᠦᠨ ᠪᠣᠳᠣᠯᠭ᠎ᠠ ᠴᠢᠭᠯᠡᠯᠲᠡ ᠪᠣᠯᠣᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠤᠱᠯᠠᠭᠤᠯᠵᠤ᠂ ᠲᠠᠷᠢᠶᠠᠯᠠᠩ ᠬᠥᠳᠡᠭᠡ ᠲᠣᠰᠬᠣᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ᠂ ᠲᠠᠷᠢᠶᠠᠯᠠᠩ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠨ᠂ ᠥᠷᠭᠡᠨ ᠤᠯᠠᠨ ᠲᠠᠷᠢᠶᠠᠴᠢᠳ᠎ᠤᠨ ᠠᠮᠢᠳᠤᠷᠠᠯ᠎ᠢ ᠡᠳᠦᠷ᠎ᠠᠴᠠ ᠡᠳᠦᠷ ᠥᠭᠡᠳᠡᠯᠡᠨ ᠰᠠᠢ᠌ᠵᠢᠷᠠᠭᠤᠯᠬᠤ ᠬᠡᠷᠡᠭᠲᠡᠢ᠃

     — 2021 ᠣᠨ᠎ᠤ 9 ᠰᠠᠷ᠎ᠠ ᠵᠢᠨ 22᠎ᠤᠨ ᠡᠳᠦᠷ᠂ ᠰᠢ ᠵᠢᠨ ᠫᠢᠩ ᠪᠥᠬᠥ ᠤᠯᠤᠰ᠎ᠤᠨ ᠥᠷᠭᠡᠨ ᠣᠯᠠᠨ ᠲᠠᠷᠢᠶᠠᠴᠢᠨ ᠪᠣᠯᠣᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠤᠨ ᠹᠷᠣᠨᠲ ᠳᠡᠭᠡᠷ᠎ᠡ ᠠᠵᠢᠯᠯᠠᠵᠤ ᠪᠠᠢ᠌ᠭ᠎ᠠ ᠨᠥᠬᠥᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠠ ᠴᠢᠩ ᠰᠡᠳᠬᠢᠯ᠎ᠤᠨ ᠲᠣᠬᠣᠨᠢᠭᠤᠯᠤᠯ ᠳᠡᠪᠰᠢᠭᠦᠯᠪᠡ

ᠪᠢᠳᠡᠨ᠎ᠤ ᠶᠠᠪᠤᠬᠤ ᠵᠠᠮ ᠪᠠᠰᠠ ᠮᠠᠰᠢ ᠤᠷᠳᠤ ᠪᠠᠢ᠌ᠭᠰᠠᠭ᠋ᠠᠷ᠂ ᠨᠢᠭᠡᠳᠦᠭᠡᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠵᠦ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢᠨ ᠰᠢᠨ᠎ᠡ ᠠᠶᠠᠨ ᠨᠢᠭᠡᠨᠲᠡ ᠡᠬᠢᠯᠡᠪᠡ᠂ ᠪᠢᠳᠡ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠡᠷᠡᠭᠲᠡᠢ᠃ ᠣᠳᠣᠬᠢᠴᠢᠯᠠᠯᠲᠠ᠎ᠨᠢ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠠᠴᠠ ᠰᠠᠯᠵᠤ ᠴᠢᠳᠠᠬᠤ ᠦᠭᠡᠢ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠰᠠᠢ᠌ᠲᠤᠷ ᠵᠣᠯᠭ᠋ᠠᠭᠤᠯᠵᠤ᠂ ᠬᠥᠳᠡᠭᠡ ᠲᠣᠰᠬᠣᠨ᠎ᠤ ᠠᠮᠢᠳᠤᠷᠠᠯ᠎ᠢ ᠣᠳᠣᠬᠢᠴᠢᠯᠠᠯᠲᠠ ᠲᠡᠰᠢ ᠤᠷᠤᠭᠰᠢᠯᠠᠭᠤᠯᠵᠤ᠂ ᠶᠠᠪᠤᠬᠤ ᠲᠤᠳᠤᠮ ᠥᠭᠡᠳᠡᠯᠡᠬᠦ ᠵᠠᠮ᠎ᠲᠠᠢ ᠪᠣᠯᠭ᠋ᠠᠬᠤ ᠬᠡᠷᠡᠭᠲᠡᠢ᠃

     —— 2022 ᠣᠨ᠎ᠤ 1 ᠰᠠᠷ᠎ᠠ ᠵᠢᠨ 26᠎ᠤ ᠡᠳᠦᠷ᠎ᠠᠴᠠ 27᠎ᠤ ᠡᠳᠦᠷ ᠪᠣᠯᠲᠠᠯ᠎ᠠ᠂ ᠰᠢ ᠵᠢᠨ ᠫᠢᠩ ᠱᠠᠨ ᠰᠢ᠎ᠳᠤ ᠬᠦᠷᠴᠦ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠪᠣᠯᠭᠣᠭ᠋ᠠᠨ ᠲᠣᠬᠣᠨᠢᠭᠤᠯᠬᠤ᠎ᠳᠠᠭᠠᠨ ᠬᠡᠯᠡᠭᠰᠡᠨ ᠦᠭᠡ

      ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠬᠠᠮᠤᠭ᠎ᠤᠨ ᠬᠠᠲᠠᠭᠤ ᠪᠡᠷᠬᠡ ᠬᠠᠮᠤᠭ᠎ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠣᠨ᠎ᠳᠤ ᠪᠠᠢ᠌ᠨ᠎ᠠ᠃ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠰᠤᠷᠤᠯᠴᠠᠨ ᠲᠤᠭᠤᠰᠢᠯᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠢ ᠤᠷᠢᠳᠠᠪᠠᠷ ᠬᠥᠭᠵᠢᠭᠦᠯᠬᠦ ᠵᠢ ᠪᠠᠷᠢᠮᠲᠠᠯᠠᠵᠤ᠂ ᠶᠠᠨ ᠠᠨ᠎ᠤ ᠵᠣᠷᠢᠭ ᠰᠠᠨᠠᠭ᠎ᠠ ᠪᠣᠯᠣᠨ ᠤᠯᠠᠭ᠋ᠠᠨ ᠲᠤᠭ ᠰᠤᠪᠠᠭ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠪᠡᠶᠡᠯᠡᠭᠦᠯᠬᠦ ᠵᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ᠃

     —— 2022 ᠣᠨ᠎ᠤ 10 ᠰᠠᠷ᠎ᠠ ᠵᠢᠨ 26᠎ᠤ ᠡᠳᠦᠷ᠎ᠠᠴᠠ 28᠎ᠤ ᠡᠳᠦᠷ ᠪᠣᠯᠲᠠᠯ᠎ᠠ᠂ ᠰᠢ ᠵᠢᠨ ᠫᠢᠩ ᠱᠠᠨᠰᠢ ᠮᠤᠵᠢ ᠵᠢᠨ ᠶᠠᠨ ᠠᠨ ᠬᠤᠳᠠ᠂ ᠾᠧᠨᠠᠨ ᠮᠤᠵᠢ ᠵᠢᠨ ᠠᠨᠶᠠᠩ ᠬᠤᠳᠠ᠎ᠳᠤ ᠠᠵᠢᠯ ᠪᠠᠢ᠌ᠴᠠᠭ᠋ᠠᠬᠤ᠎ᠳᠠᠭᠠᠨ ᠬᠡᠯᠡᠭᠰᠡᠨ ᠦᠭᠡ

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠠᠩ ᠷᠧᠨ ᠵᠢᠶᠠᠨ ᠵᠧᠵᠢᠶᠠᠩ᠎ᠳᠤ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ ᠴᠢᠬᠤᠯᠠᠴᠢᠯᠠᠭᠰᠠᠨ᠎ᠨᠢ᠄ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠭᠦᠨᠵᠡᠭᠡᠢ ᠳ᠋ᠦᠩᠨᠡᠨ ᠶᠡᠬᠡᠪᠡᠷ ᠳᠡᠯᠭᠡᠷᠡᠭᠦᠯᠵᠦ ᠰᠢᠨ᠎ᠡ ᠴᠠᠭ ᠦᠶ᠎ᠡ ᠵᠢᠨ ᠰᠢᠨ᠎ᠡ ᠠᠶᠠᠨ ᠵᠠᠮ ᠬᠥᠳᠡᠭᠡ ᠲᠣᠰᠬᠣᠨ ᠲᠠᠷᠢᠶᠠᠴᠢᠨ᠎ᠤ ᠠᠵᠢᠯ᠎ᠢ ᠬᠥᠲᠥᠯᠥᠨ ᠳᠠᠭ᠋ᠠᠭᠤᠯᠵᠤ ᠵᠢᠯᠤᠭᠣᠳᠬᠤ ᠬᠡᠷᠡᠭᠲᠡᠢ
ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠨᠢᠭᠲᠠᠷᠠᠭᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠨ᠎ᠡ
ᠯᠢᠦ ᠭᠦᠸᠧ ᠵᠦᠩ᠄ ᠬᠠᠷᠢᠭᠤᠴᠠᠯᠭ᠎ᠠ ᠪᠠ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠥᠴᠥᠬᠡᠨ ᠴᠦ᠍ ᠰᠤᠯᠠᠷᠠᠭᠤᠯᠤᠯ ᠦᠭᠡᠢ᠎ᠪᠠᠷ ᠴᠢᠩᠭ᠋ᠠᠳᠬᠠᠵᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠡᠷᠡᠰ ᠪᠡᠬᠢᠵᠢᠭᠦᠯᠦᠨ ᠰᠠᠢ᠌ᠲᠤᠷ ᠥᠷᠭᠡᠳᠬᠡᠬᠦ ᠬᠡᠷᠡᠭᠲᠡᠢ
ᠤᠯᠤᠰ ᠎ᠠᠴᠠ 6150 ᠬᠥᠮᠥᠨ ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠥᠮᠥᠵᠢᠭᠦᠯᠦᠨ᠎ᠡ᠂ ᠭᠡᠬᠦ᠎ᠳᠤ᠎ᠪᠠᠨ ᠵᠥᠪᠬᠡᠨ ᠬᠥᠳᠡᠭᠡ ᠵᠢᠨ ᠰᠤᠷᠤᠭᠴᠢ᠎ᠪᠠᠷ ᠬᠢᠵᠠᠭ᠋ᠠᠷᠯᠠᠨ᠎ᠠ
ᠯᠢᠦ ᠭᠦᠸᠧ ᠵᠦᠩ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠦᠨᠡᠨᠬᠦ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
 
            