ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠲᠠᠩ ᠷᠧᠨ ᠵᠢᠶᠠᠨ ᠵᠧᠵᠢᠶᠠᠩ᠎ᠳᠤ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ ᠴᠢᠬᠤᠯᠠᠴᠢᠯᠠᠭᠰᠠᠨ᠎ᠨᠢ᠄ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠭᠦᠨᠵᠡᠭᠡᠢ ᠳ᠋ᠦᠩᠨᠡᠨ ᠶᠡᠬᠡᠪᠡᠷ ᠳᠡᠯᠭᠡᠷᠡᠭᠦᠯᠵᠦ ᠰᠢᠨ᠎ᠡ ᠴᠠᠭ ᠦᠶ᠎ᠡ ᠵᠢᠨ ᠰᠢᠨ᠎ᠡ ᠠᠶᠠᠨ ᠵᠠᠮ ᠬᠥᠳᠡᠭᠡ ᠲᠣᠰᠬᠣᠨ ᠲᠠᠷᠢᠶᠠᠴᠢᠨ᠎ᠤ ᠠᠵᠢᠯ᠎ᠢ ᠬᠥᠲᠥᠯᠥᠨ ᠳᠠᠭ᠋ᠠᠭᠤᠯᠵᠤ ᠵᠢᠯᠤᠭᠣᠳᠬᠤ ᠬᠡᠷᠡᠭᠲᠡᠢ
ᠨᠡᠶ᠋ᠢᠲᠡᠯᠡᠭᠰᠡᠨ ᠴᠠᠭ᠄ 2023-05-24

      5 ᠰᠠᠷ᠎ᠠ ᠵᠢᠨ 21᠎ᠤ ᠡᠳᠦᠷ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠲᠠᠩ ᠷᠧᠨ ᠵᠢᠶᠠᠨ ᠵᠧᠵᠢᠶᠠᠩ᠎ᠤᠨ ᠬᠠᠩᠵᠧᠦ᠎ᠳᠤ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢᠨ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ ᠴᠢᠬᠤᠯᠠᠴᠢᠯᠠᠭᠰᠠᠨ᠎ᠨᠢ᠂ ᠰᠢ ᠵᠢᠨ ᠫᠢᠩ ᠎ᠤ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ 《ᠮᠢᠩᠭ᠋ᠠᠨ ᠲᠦᠮᠡᠨ ᠢᠨᠵᠧᠨᠧᠷᠢᠩ》᠎ᠳᠤ ᠠᠭᠤᠯᠤᠭᠳᠠᠵᠤ ᠪᠠᠢ᠌ᠭ᠎ᠠ ᠭᠣᠣᠯ ᠴᠢᠮᠦᠭᠡ ᠴᠢᠬᠤᠯᠠ ᠠᠭᠤᠯᠭ᠎ᠠ ᠪᠣᠯᠣᠨ ᠣᠢ᠌ᠯᠠᠭ᠋ᠠᠭᠳᠠᠬᠤᠨ ᠠᠷᠭ᠎ᠠ ᠵᠢ ᠭᠦᠨᠵᠡᠭᠡᠢ ᠳ᠋ᠦᠩᠨᠡᠨ ᠪᠣᠯᠪᠠᠰᠤᠷᠠᠭᠤᠯᠵᠤ᠂ 《ᠮᠢᠩᠭ᠋ᠠᠨ ᠲᠦᠮᠡᠨ ᠢᠨᠵᠧᠨᠧᠷᠢᠩ》 ᠎ᠤᠨ ᠲᠤᠷᠰᠢᠯᠭ᠎ᠠ ᠵᠢ ᠶᠡᠬᠡᠪᠡᠷ ᠤᠬᠠᠭᠤᠯᠤᠨ ᠳᠡᠯᠭᠡᠷᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠲᠠᠷᠢᠶᠠᠯᠠᠩ᠎ᠤᠨ ᠬᠦᠴᠦᠷᠬᠡᠭ ᠤᠯᠤᠰ᠎ᠢ ᠲᠦᠷᠭᠡᠨ ᠪᠦᠲᠦᠭᠡᠨ ᠪᠠᠶ᠋ᠢᠭᠤᠯᠬᠤ ᠵᠢ ᠬᠥᠲᠥᠯᠥᠨ ᠵᠢᠯᠤᠭᠣᠳᠴᠤ ᠵᠢᠯᠤᠭᠣᠳᠬᠤ ᠬᠡᠷᠡᠭᠲᠡᠢ᠃

     《ᠮᠢᠩᠭ᠋ᠠᠨ ᠲᠦᠮᠡᠨ ᠢᠨᠵᠧᠨᠧᠷᠢᠩ᠎ᠤᠨ ᠢᠨᠵᠧᠨᠧᠷᠢᠩ》᠎ᠤᠨ ᠴᠢᠬᠤᠯᠠ ᠡᠭᠦᠰᠦᠯ᠎ᠤᠨ ᠭᠠᠵᠠᠷ ᠪᠣᠯᠬᠤ ᠬᠠᠩᠵᠧᠦ ᠬᠣᠲᠠ ᠵᠢᠨ ᠰᠢᠶᠤᠤᠱ᠌ᠠᠨ ᠲᠣᠭᠣᠷᠢᠭ᠎ᠤᠨ ᠭᠤᠸᠠ ᠯᠢ ᠪᠠᠯᠭ᠋ᠠᠰᠤᠨ᠎ᠤ ᠮᠧᠶ ᠯᠢᠨ ᠲᠣᠰᠬᠣᠨ᠎ᠳᠤ᠂ ᠲᠠᠩ ᠷᠧᠨ ᠵᠢᠶᠠᠨ ᠵᠧᠵᠢᠶᠠᠩ᠎ᠤᠨ《ᠮᠢᠩᠭ᠋ᠠᠨ ᠲᠦᠮᠡᠨ ᠢᠨᠵᠧᠨᠧᠷᠢᠩ》᠎ᠢ ᠬᠡᠷᠡᠭᠵᠢᠭᠦᠯᠦᠭᠰᠡᠨ 20 ᠵᠢᠯ᠎ᠤᠨ ᠤᠢ ᠵᠢᠨ ᠲᠤᠷᠰᠢᠯᠭ᠎ᠠ ᠠᠷᠭ᠎ᠠ ᠬᠢᠳᠡᠯ᠎ᠤᠨ ᠪᠠᠢ᠌ᠴᠠᠭ᠋ᠠᠨ ᠰᠤᠳᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠠᠷᠭ᠎ᠠ ᠬᠢᠳᠡᠯ᠂ ᠤᠨᠤᠯ᠎ᠤᠨ ᠠᠭᠤᠯᠤᠭᠳᠠᠬᠤᠨ ᠪᠣᠯᠣᠨ ᠦᠢ᠍ᠯᠡᠳᠦᠯᠭᠡ ᠵᠢᠨ ᠠᠴᠢ ᠬᠣᠯᠪᠣᠭᠳᠠᠯ᠎ᠤᠨ ᠲᠤᠬᠠᠢ ᠵᠧᠵᠢᠶᠠᠩ ᠮᠤᠵᠢ ᠵᠢᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠲᠢᠩᠬᠢᠮ᠂ ᠰᠢᠶᠤᠤᠱ᠌ᠠᠨ ᠲᠣᠭᠣᠷᠢᠭ᠎ᠤᠨ ᠭᠣᠣᠯ ᠬᠠᠷᠢᠭᠤᠴᠠᠯᠭ᠋ᠠᠲᠠᠨ᠂ ᠭᠤᠷᠪᠠᠨ ᠲᠠᠷᠢᠶᠠᠯᠠᠩ᠎ᠤᠨ ᠠᠰᠠᠭᠤᠳᠠᠯ᠎ᠤᠨ ᠲᠤᠰᠬᠠᠢ ᠮᠡᠷᠭᠡᠵᠢᠯᠲᠡᠨ᠂ ᠲᠣᠰᠬᠣᠨ᠎ᠤ ᠺᠠᠳ᠋ᠷ ᠪᠣᠯᠣᠨ ᠲᠣᠰᠬᠣᠨ᠎ᠤ ᠠᠷᠠᠳ᠎ᠤᠨ ᠲᠥᠯᠥᠭᠡᠯᠡᠭᠴᠢ᠎ᠲᠠᠢ ᠰᠠᠨᠠᠯ ᠵᠶ᠋ᠠᠨ ᠰᠣᠯᠢᠯᠴᠠᠪᠠ᠃

      ᠲᠠᠩ ᠷᠧᠨ ᠵᠢᠶᠠᠨ ᠣᠯᠠᠨ᠎ᠤ ᠶᠠᠷᠢᠶ᠎ᠠ ᠵᠢ ᠰᠣᠨᠣᠰᠤᠭᠰᠠᠨ᠎ᠤ ᠳᠠᠷᠠᠭ᠎ᠠ ᠵᠢᠭ᠋ᠠᠵᠤ ᠭᠠᠷᠭ᠋ᠠᠭᠰᠠᠨ᠎ᠨᠢ᠄ 《ᠮᠢᠩᠭ᠋ᠠᠨ ᠲᠦᠮᠡ ᠵᠢᠨ ᠢᠨᠵᠧᠨᠧᠷᠢᠩ》 ᠪᠣᠯ ᠶᠡᠷᠦᠩᠬᠡᠢ ᠱᠦᠵᠢ ᠰᠢ ᠵᠢᠨ ᠫᠢᠩ ᠵᠧᠵᠢᠶᠠᠩ᠎ᠳᠤ ᠠᠵᠢᠯᠯᠠᠵᠤ ᠪᠠᠢ᠌ᠬᠤ᠎ᠳᠠᠭᠠᠨ ᠪᠡᠶ᠎ᠡ᠎ᠪᠠᠷ ᠵᠶ᠋ᠡᠨ ᠲᠥᠯᠥᠪᠯᠡᠵᠦ᠂ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠠᠬᠢᠭᠤᠯᠤᠭᠰᠠᠨ ᠨᠢᠭᠡᠨ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠣᠯᠣᠨ᠎ᠠ᠃ 20 ᠵᠢᠯ᠎ᠤᠨ ᠲᠤᠷᠰᠢ ᠵᠧᠵᠢᠶᠠᠩ᠎ᠤᠨ᠎ᠬᠢᠨ ᠤᠷᠲᠤ ᠬᠤᠭᠤᠴᠠᠭ᠎ᠠ ᠎ᠪᠠᠷ ᠲᠦᠯᠬᠢᠨ ᠠᠬᠢᠭᠤᠯᠵᠤ᠂ ᠲᠡᠦᠬᠡᠲᠦ ᠴᠢᠨᠠᠷᠲᠠᠢ᠂ ᠨᠡᠭᠡᠭᠡᠯᠲᠡ ᠵᠢᠨ ᠴᠢᠨᠠᠷᠲᠠᠢ᠂ ᠬᠥᠲᠥᠯᠥᠨ ᠳᠠᠭ᠋ᠠᠭᠤᠯᠬᠤ ᠴᠢᠨᠠᠷᠲᠠᠢ ᠯᠤᠲᠤ ᠶᠡᠬᠡ ᠠᠮᠵᠢᠯᠲᠠ ᠪᠦᠲᠦᠮᠵᠢ ᠣᠯᠵᠤ᠂ ᠬᠥᠳᠡᠭᠡ ᠲᠣᠰᠬᠣᠨ᠎ᠤ ᠣᠷᠴᠢᠨ ᠲᠣᠭᠣᠷᠢᠨ᠎ᠢ ᠭᠦᠨᠵᠡᠭᠡᠢ ᠲᠠᠬᠢᠨ ᠴᠣᠭᠴᠠᠯᠠᠵᠤ᠂ ᠬᠤᠳᠠ ᠬᠥᠳᠡᠭᠡ ᠵᠢᠨ ᠠᠭᠤᠰᠤᠯᠴᠠᠯ ᠲᠤᠰ ᠲᠤᠰ᠎ᠲᠠᠭᠠᠨ ᠭᠤᠶᠤ ᠰᠠᠢ᠌ᠬᠠᠨ ᠪᠣᠯᠵᠤ᠂ ᠲᠠᠷᠢᠶᠠᠴᠢᠳ᠎ᠤᠨ ᠳᠦᠷᠰᠦ ᠪᠠᠢ᠌ᠳᠠᠯ᠎ᠢ ᠲᠤᠢ᠌ᠯᠪᠤᠷᠢᠲᠠᠢ ᠬᠤᠪᠢᠷᠠᠭᠤᠯᠵᠤ᠂ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠦᠨᠡᠨ ᠶᠣᠰᠣᠨ᠎ᠤ ᠬᠦᠴᠦᠨ ᠴᠢᠳᠠᠯ ᠪᠣᠯᠣᠨ ᠦᠢ᠍ᠯᠡᠳᠦᠯᠭᠡ ᠵᠢᠨ ᠠᠤᠭ᠎ᠠ ᠬᠦᠴᠦᠨ᠎ᠢ ᠭᠦᠢ᠍ᠴᠡᠳ ᠢᠯᠡᠷᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯᠣᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠪᠠᠢ᠌ᠭᠤᠯᠤᠯ᠎ᠤᠨ ᠬᠢᠵᠠᠭ᠋ᠠᠯᠠᠰᠢ ᠦᠭᠡᠢ ᠳᠠᠪᠠᠭᠤᠯᠢᠭ᠎ᠢ ᠢᠯᠡᠷᠡᠭᠦᠯᠪᠡ᠃ 《ᠮᠢᠩᠭ᠋ᠠᠨ ᠲᠦᠮᠡᠨ ᠢᠨᠵᠧᠨᠧᠷᠢᠩ》᠎ᠢ ᠬᠡᠷᠡᠭᠵᠢᠭᠦᠯᠦᠭᠰᠡᠨ ᠶᠠᠪᠤᠴᠠ᠂ ᠯᠤᠲᠤ ᠶᠡᠬᠡ ᠠᠮᠵᠢᠯᠲᠠ ᠪᠦᠲᠦᠮᠵᠢ ᠵᠢ ᠡᠷᠭᠢᠴᠡᠭᠦᠯᠦᠨ ᠳ᠋ᠦᠩᠨᠡᠬᠦ ᠶᠠᠪᠤᠴᠠ᠎ᠳᠤ᠂ 《ᠬᠣᠶᠠᠷ᠎ᠢ ᠲᠣᠭᠲᠠᠭ᠋ᠠᠬᠤ》ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢ᠌ᠯᠠᠭ᠋ᠠᠵᠤ᠂ 《ᠮᠢᠩᠭ᠋ᠠᠨ ᠲᠦᠮᠡᠨ ᠢᠨᠵᠧᠨᠧᠷᠢᠩ》 ᠎ᠤᠨ ᠴᠢᠬᠤᠯᠠ ᠶᠡᠬᠡ ᠤᠯᠤᠰ ᠲᠦᠷᠦ ᠵᠢᠨ ᠠᠴᠢ ᠬᠣᠯᠪᠣᠭᠳᠠᠯ᠂ ᠤᠨᠤᠯ᠎ᠤᠨ ᠠᠴᠢ ᠬᠣᠯᠪᠣᠭᠳᠠᠯ ᠪᠠ ᠦᠢ᠍ᠯᠡᠳᠦᠯᠭᠡ ᠵᠢᠨ ᠠᠴᠢ ᠬᠣᠯᠪᠣᠭᠳᠠᠯ᠎ᠢ ᠨᠡᠩ ᠭᠦᠨᠵᠡᠭᠡᠢ ᠣᠢ᠌ᠯᠠᠭ᠋ᠠᠵᠤ᠂ 《ᠮᠢᠩᠭ᠋ᠠᠨ ᠲᠦᠮᠡᠨ ᠢᠨᠵᠧᠨᠧᠷᠢᠩ》 ᠎ᠤᠨ ᠲᠤᠷᠰᠢᠯᠭ᠎ᠠ ᠵᠢ ᠰᠠᠢ᠌ᠲᠤᠷ ᠳ᠋ᠦᠩᠨᠡᠨ ᠪᠣᠯᠪᠠᠰᠤᠷᠠᠭᠤᠯᠵᠤ᠂ ᠰᠠᠢ᠌ᠲᠤᠷ ᠤᠬᠠᠭᠤᠯᠤᠨ ᠳᠡᠯᠭᠡᠷᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠰᠢᠰᠲ᠋ᠥᠮ᠎ᠤᠨ ᠭᠣᠣᠯ ᠰᠡᠳᠦᠪᠲᠦ ᠬᠥᠮᠦᠵᠢᠯ᠎ᠢ ᠥᠷᠨᠢᠭᠦᠯᠬᠦ ᠠᠮᠢᠳᠤᠯᠢᠭ ᠵᠢᠭ᠋ᠠᠬᠤ ᠮᠠᠲ᠋ᠧᠷᠢᠶᠠᠯ ᠪᠣᠯᠭ᠋ᠠᠵᠤ᠂ ᠡᠭᠦᠨ ᠵᠶ᠋ᠡᠷ ᠰᠢᠨ᠎ᠡ ᠴᠠᠭ ᠦᠶ᠎ᠡ ᠵᠢᠨ ᠰᠢᠨ᠎ᠡ ᠠᠶᠠᠨ ᠵᠠᠮ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠠᠵᠢᠯ᠎ᠢ ᠬᠥᠲᠥᠯᠥᠨ ᠵᠢᠯᠤᠭᠣᠳᠬᠤ ᠬᠡᠷᠡᠭᠲᠡᠢ᠃

      ᠲᠠᠩ ᠷᠧᠨ ᠵᠢᠶᠠᠨ ᠴᠢᠬᠤᠯᠠᠴᠢᠯᠠᠭᠰᠠᠨ᠎ᠨᠢ᠂ 《ᠮᠢᠩᠭ᠋ᠠᠨ ᠲᠦᠮᠡᠨ ᠎ᠤ ᠢᠨᠵᠧᠨᠧᠷᠢᠩ》 ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠮᠥᠷᠡᠨ ᠎ᠤ ᠡᠬᠡ ᠭᠠᠵᠠᠷ᠎ᠲᠠᠬᠢ ᠠᠮᠢᠳᠤᠯᠢᠭ ᠦᠢ᠍ᠯᠡᠳᠦᠯᠭᠡ ᠪᠣᠯᠣᠨ᠎ᠠ᠃ ᠰᠢ ᠵᠢᠨ ᠫᠢᠩ ᠶᠡᠷᠦᠩᠬᠡᠢ ᠱᠦᠵᠢ ᠵᠢᠨ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢᠨ ᠠᠮᠢᠳᠤᠯᠢᠭ ᠢᠯᠡᠷᠡᠯ ᠮᠥᠨ᠂ ᠲᠡᠭᠦᠨ᠎ᠤ ᠠᠷᠤ᠎ᠳᠤ ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠶᠢᠷᠲᠢᠨᠴᠦ ᠵᠢᠨ ᠦᠵᠡᠯᠲᠡ᠂ ᠠᠷᠭ᠎ᠠ ᠵᠢᠨ ᠣᠨᠣᠯ ᠪᠠ ᠲᠡᠭᠦᠨ᠎ᠳᠤ ᠲᠤᠭᠤᠰᠢᠯᠠᠭᠳᠠᠵᠤ ᠪᠠᠢ᠌ᠭ᠎ᠠ ᠵᠣᠭᠰᠣᠯᠲᠠ᠂ ᠦᠵᠡᠯᠲᠡ᠂ ᠠᠷᠭ᠎ᠠ ᠠᠭᠤᠯᠤᠭᠳᠠᠵᠤ ᠪᠠᠢ᠌ᠳᠠᠭ ᠪᠣᠯᠬᠣᠷ ᠨᠠᠷᠢᠨ ᠨᠢᠮᠪᠠᠢ ᠬᠤᠷᠢᠶᠠᠩᠭᠤᠢ᠌ᠯᠠᠨ ᠪᠣᠯᠪᠠᠰᠤᠷᠠᠭᠤᠯᠵᠤ᠂ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠲᠠᠷᠢᠶᠠᠴᠢᠳ᠎ᠤᠨ ᠬᠡᠷᠡᠭᠴᠡᠭᠡ ᠵᠢ ᠬᠦᠨᠳᠦᠳᠬᠡᠬᠦ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠦᠨᠳᠦᠰᠦᠨ ᠵᠣᠭᠰᠣᠯᠲᠠ ᠵᠢ ᠪᠠᠷᠢᠮᠲᠠᠯᠠᠵᠤ᠂ 《ᠤᠯᠠᠨ ᠲᠦᠮᠡᠨ ᠶᠠᠭᠤ ᠠᠪᠬᠤ ᠭᠡᠪᠡᠯ ᠪᠢᠳᠡ ᠶᠠᠭᠤ ᠬᠢᠬᠦ》 ᠵᠢ ᠦᠨᠳᠦᠰᠦᠨ ᠣᠢ᠌ᠯᠠᠭ᠋ᠠᠭᠳᠠᠬᠤᠨ ᠠᠷᠭ᠎ᠠ ᠪᠣᠯᠭ᠋ᠠᠵᠤ᠂ ᠵᠠᠰᠠᠭ ᠠᠵᠤ ᠠᠬᠤᠢ᠌ᠯᠠᠯ ᠬᠣᠯᠪᠤᠭ᠋ᠠᠯᠠᠨ ᠬᠥᠳᠡᠯᠦᠯᠴᠡᠵᠦ᠂ ᠺᠠᠳ᠋ᠷ ᠤᠯᠠᠨ ᠲᠦᠮᠡᠨ ᠬᠠᠷᠢᠯᠴᠠᠨ ᠬᠥᠳᠡᠯᠦᠯᠴᠡᠵᠦ᠂ ᠵᠠᠰᠠᠭ᠎ᠤᠨ ᠣᠷᠳᠣᠨ᠂ ᠵᠠᠬ᠎ᠠ ᠳᠡᠯᠭᠡᠭᠦᠷ᠂ ᠬᠠᠮᠲᠤ ᠨᠡᠢ᠍ᠢ᠍ᠳᠡ ᠪᠠ ᠲᠠᠷᠢᠶᠠᠴᠢᠨ ᠵᠡᠷᠭᠡ ᠤᠯᠠᠨ ᠲᠠᠯ᠎ᠠ ᠵᠢᠨ ᠬᠦᠴᠦᠨ᠎ᠤ ᠬᠠᠮᠤᠭ᠎ᠤᠨ ᠰᠠᠢ᠌ᠨ ᠨᠡᠢ᠌ᠯᠡᠯ᠎ᠢ ᠪᠡᠶᠡᠯᠡᠭᠦᠯᠵᠦ᠂ ᠳᠣᠣᠷ᠎ᠠ᠎ᠠᠴᠠ ᠳᠡᠭᠡᠭᠰᠢ᠂ ᠲᠠᠷᠢᠶᠠᠴᠢᠳ ᠣᠷᠣᠯᠴᠠᠬᠤ ᠲᠣᠭᠲᠠᠴᠠ ᠵᠢ ᠪᠦᠷᠢᠨᠰᠢᠭᠦᠯᠵᠦ᠂ ᠰᠠᠢ᠌ᠨ ᠶᠠᠪᠤᠳᠠᠯ᠎ᠢ ᠦᠨᠡᠨ ᠬᠦ᠌ ᠰᠠᠢ᠌ᠲᠤᠷ ᠬᠢᠵᠦ᠂ ᠪᠣᠳᠠᠲᠤ ᠶᠠᠪᠤᠳᠠᠯ᠎ᠢ ᠦᠨᠡᠨ ᠬᠦ᠌ ᠪᠣᠳᠠᠲᠠᠢ᠌ᠵᠢᠭᠤᠯᠬᠤ ᠬᠡᠷᠡᠭᠲᠡᠢ᠃ 《ᠵᠥᠭᠡᠯᠡᠨ ᠬᠠᠲᠠᠭᠤ ᠵᠢ ᠤᠶᠠᠯᠳᠤᠭᠤᠯᠬᠤ》᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠰᠢᠨᠵᠢᠯᠡᠬᠦ ᠤᠬᠠᠭ᠋ᠠᠨᠴᠢ ᠠᠷᠭ᠎ᠠ ᠵᠢ ᠪᠠᠲᠤ ᠡᠵᠡᠮᠰᠢᠵᠦ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠢ ᠵᠡᠷᠭᠡᠪᠡᠷ ᠠᠬᠢᠭᠤᠯᠬᠤ ᠵᠢ ᠪᠠᠷᠢᠮᠲᠠᠯᠠᠵᠤ᠂ ᠭᠣᠣᠯᠳᠠᠯᠭ᠎ᠠ ᠵᠢ ᠲᠣᠪᠤᠢ᠌ᠯᠭ᠋ᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠪᠣᠳᠠᠲᠠᠢ ᠠᠳᠬᠤᠵᠤ᠂ ᠭᠠᠷᠳᠠᠴᠠ ᠵᠢ ᠣᠨᠣᠪᠴᠢᠲᠠᠢ ᠡᠷᠢᠨ ᠬᠥᠳᠡᠭᠡ ᠲᠣᠰᠬᠣᠨ᠎ᠤ ᠵᠠᠰᠠᠯᠲᠠ ᠵᠢ ᠨᠠᠷᠢᠨ ᠰᠦᠪᠡᠭᠴᠢᠯᠡᠵᠦ᠂ ᠰᠡᠷᠡᠵᠦ ᠮᠡᠳᠡᠵᠤ ᠪᠣᠯᠬᠤ ᠬᠢᠨᠠᠨ ᠰᠢᠯᠭ᠋ᠠᠵᠤ ᠪᠣᠯᠬᠤ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠯᠠᠪᠳᠠᠭᠤᠨ ᠪᠠᠲᠤᠲᠠᠢ ᠠᠵᠢᠯᠯᠠᠬᠤ᠂ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠬᠤ ᠠᠢ᠌ᠵᠠᠮ᠎ᠤᠨ ᠡᠷᠴᠢᠮ᠎ᠢ ᠰᠠᠢ᠌ᠲᠤᠷ ᠡᠵᠡᠮᠳᠡᠵᠦ᠂ ᠠᠰᠠᠭᠤᠳᠠᠯ᠎ᠤᠨ ᠤᠳᠤᠷᠢᠳᠤᠮᠵᠢ ᠵᠢ ᠪᠤᠢ ᠪᠣᠯᠭ᠋ᠠᠵᠤ᠂ ᠶᠡᠷᠦᠩᠬᠡᠢ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠲᠣᠪᠣᠢ᠌ᠮ᠎ᠠ ᠠᠰᠠᠭᠤᠳᠠᠯ᠎ᠢ ᠱᠠᠲᠤ ᠬᠤᠪᠢᠶᠠᠨ ᠰᠠᠢ᠌ᠲᠤᠷ ᠰᠢᠢ᠍ᠳᠪᠦᠷᠢᠯᠡᠵᠦ᠂ ᠨᠢᠭᠡ ᠵᠢᠷᠤᠭ ᠲᠥᠰᠥᠪ᠎ᠢ ᠡᠴᠦᠰ᠎ᠲᠤᠨᠢ ᠲᠤᠯᠲᠠᠯ᠎ᠠ ᠵᠢᠷᠤᠭᠯᠠᠵᠤ᠂ ᠥᠨᠢ ᠤᠳᠠᠭ᠋ᠠᠨ᠎ᠤ ᠴᠢᠷᠮᠠᠢ᠌ᠯᠭ᠎ᠠ᠎ᠲᠠᠢ᠎ᠪᠠᠷ ᠪᠣᠳᠠᠲᠤ ᠦᠷ᠎ᠡ ᠪᠦᠲᠦᠮᠵᠢ ᠣᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠢ᠌ᠨ ᠰᠠᠢ᠌ᠬᠠᠨ ᠳᠠᠢ᠌ᠯᠠᠯᠳᠤᠭ᠋ᠠᠨ᠎ᠢ ᠳᠠᠬᠢᠨ ᠬᠢᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

      ᠶᠠᠷᠢᠯᠴᠠᠬᠤ ᠬᠤᠷᠠᠯ᠎ᠠᠴᠠ ᠡᠮᠦᠨ᠎ᠡ᠂ ᠲᠠᠩ ᠷᠧᠨ ᠵᠢᠶᠠᠨ ᠤᠷᠢᠳ ᠬᠣᠵᠢᠳ ᠬᠠᠩᠵᠧᠦ ᠬᠤᠲᠠ ᠵᠢᠨ ᠰᠢᠶᠤᠤᠱ᠌ᠠᠨ ᠲᠣᠭᠣᠷᠢᠭ᠎ᠤᠨ ᠶᠠᠮᠤᠨ᠎ᠤ ᠡᠮᠦᠨ᠎ᠡ ᠪᠠᠯᠭ᠋ᠠᠰᠤᠨ᠎ᠤ ᠹᠥ᠋ᠩ ᠬᠤᠸᠠᠩ ᠲᠣᠰᠬᠣᠨ᠂ ᠬᠠᠩ ᠮᠢᠨ ᠲᠣᠰᠬᠣᠨ ᠪᠣᠯᠣᠨ ᠮᠧᠢ ᠯᠢᠨ ᠲᠣᠰᠬᠣᠨ᠎ᠳᠤ ᠬᠦᠷᠴᠦ 《ᠮᠢᠩᠭ᠋ᠠᠨ ᠲᠦᠮᠡᠨ ᠢᠨᠵᠧᠨᠧᠷᠢᠩ》 ᠎ᠢ ᠬᠡᠷᠡᠭᠵᠢᠭᠦᠯᠦᠭᠰᠡᠨ ᠪᠠᠢ᠌ᠳᠠᠯ᠎ᠢ ᠣᠢ᠌ᠯᠠᠭ᠋ᠠᠬᠤ ᠵᠢᠨ ᠬᠠᠮᠲᠤ ᠲᠠᠷᠢᠶᠠᠴᠢᠨ ᠡᠷᠦᠬᠡ᠎ᠳᠤ ᠬᠦᠷᠴᠦ ᠲᠠᠷᠢᠶᠠᠴᠢᠨ ᠲᠦᠮᠡᠨ᠎ᠤ ᠥᠩᠭᠡᠷᠡᠭᠰᠡᠨ ᠵᠶ᠋ᠡᠨ ᠶᠠᠷᠢᠬᠤ᠂ ᠣᠳᠣᠬᠢ᠎ᠪᠠᠨ ᠦᠵᠡᠬᠦ ᠵᠢ ᠰᠣᠨᠣᠰᠴᠤ᠂ ᠲᠥᠷᠥᠭᠳᠡᠯ ᠵᠶ᠋ᠡᠨ ᠶᠠᠷᠢᠵᠤ᠂ ᠺᠠᠳ᠋ᠷ ᠤᠯᠠᠨ ᠲᠦᠮᠡᠨ᠎ᠲᠠᠢ 《ᠮᠢᠩᠭ᠋ᠠᠨ ᠲᠦᠮᠡᠨ ᠢᠨᠵᠧᠨᠧᠷᠢᠩ》 ᠎ᠤᠨ ᠬᠢᠳᠡᠯ ᠲᠤᠷᠰᠢᠯᠭ᠎ᠠ᠎ᠪᠠᠨ ᠭᠦᠨᠵᠡᠭᠡᠢ ᠰᠣᠯᠢᠯᠴᠠᠵᠠᠢ᠃

      ᠵᠧᠵᠢᠶᠠᠩ᠎ᠳᠤ ᠪᠠᠢ᠌ᠬᠤ ᠬᠤᠭᠤᠴᠠᠭ᠋ᠠᠨ᠎ᠳᠠᠭᠠᠨ᠂ ᠲᠠᠩ ᠷᠧᠨ ᠵᠢᠶᠠᠨ ᠪᠠᠰᠠ ᠲᠤᠰᠬᠠᠢ᠌ᠯᠠᠨ ᠬᠤᠷᠠᠯ ᠬᠤᠷᠠᠯᠳᠤᠭᠤᠯᠵᠤ ᠵᠧᠵᠢᠶᠠᠩ᠎ᠤᠨ ᠠᠯᠤᠰ ᠳᠠᠯᠠᠢ ᠵᠢᠨ ᠵᠢᠭ᠋ᠠᠰᠤᠨ ᠠᠵᠤ ᠠᠬᠤᠢ ᠵᠢᠨ ᠠᠶᠤᠯᠭᠦᠢ ᠦᠢ᠍ᠯᠡᠳᠪᠦᠷᠢᠯᠡᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠲᠡᠷᠡ ᠴᠢᠬᠤᠯᠠᠴᠢᠯᠠᠭᠰᠠᠨ᠎ᠨᠢ᠂ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠪᠣᠯᠣᠨ ᠯᠢ ᠴᠢᠶᠠᠩ ᠶᠡᠷᠦᠩᠬᠡᠢ ᠰᠠᠢ᠌ᠳ᠎ᠤᠨ ᠴᠣᠬᠣᠯᠠᠪᠤᠷᠢ ᠵᠢᠨ ᠱᠠᠭ᠋ᠠᠷᠳᠠᠯᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠵᠢᠭ᠋ᠠᠰᠤᠨ ᠠᠵᠤ ᠠᠬᠤᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠳᠠᠯᠳᠠ ᠬᠡᠮ᠎ᠢ ᠠᠯᠢ ᠲᠦᠷᠭᠡᠨ ᠵᠶ᠋ᠡᠷ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠵᠤ᠂ ᠲᠦᠭᠰᠢᠭᠦᠷᠢ ᠵᠢᠨ ᠳᠤᠲᠠᠭᠳᠠᠯ᠎ᠢ ᠴᠢᠭᠯᠡᠭᠦᠯᠬᠦ ᠴᠢᠨᠠᠷᠲᠠᠢ᠎ᠪᠠᠷ ᠨᠥᠬᠥᠪᠦᠷᠢᠯᠡᠵᠦ᠂ ᠲᠣᠭᠲᠠᠴᠠ ᠠᠷᠭ᠎ᠠ ᠵᠢ ᠲᠡᠭᠦᠯᠳᠡᠷᠵᠢᠭᠦᠯᠦᠨ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠢᠯᠠᠩᠭᠤᠶ᠎ᠠ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠨᠡᠢ᠌ᠲᠡᠯᠢᠭ ᠡᠨᠳᠡᠯ᠎ᠤᠨ ᠬᠡᠷᠡᠭ᠎ᠤᠨ ᠵᠢᠱ᠌ᠢᠶ᠎ᠡ ᠵᠢ ᠰᠠᠢ᠌ᠲᠤᠷ ᠬᠡᠷᠡᠭᠯᠡᠨ ᠣᠩᠭᠣᠴᠠᠴᠢᠨ᠎ᠤ ᠠᠮᠤᠷ ᠲᠦᠪᠰᠢᠨ᠎ᠤ ᠬᠥᠮᠦᠵᠢᠯ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠠᠶᠤᠯ ᠦᠭᠡᠢ ᠦᠢ᠍ᠯᠡᠳᠪᠦᠷᠢᠯᠡᠯ᠎ᠤᠨ ᠡᠨᠳᠡᠯ ᠭᠠᠷᠬᠤ ᠵᠢ ᠡᠷᠡᠰ ᠰᠡᠷᠭᠡᠢ᠌ᠯᠡᠬᠦ ᠬᠡᠷᠡᠭᠲᠡᠢ᠃

      ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠶᠡᠷᠦᠩᠬᠡᠢ ᠠᠵᠤ ᠠᠬᠤᠢ᠌ᠴᠢ᠂ ᠠᠯᠪᠠᠨ ᠲᠢᠩᠬᠢᠮ᠎ᠤᠨ ᠡᠷᠬᠢᠯᠡᠭᠴᠢ ᠸᠧᠢ ᠪᠠᠢ ᠭᠠᠩ ᠨᠠᠷ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠨᠢᠭᠲᠠᠷᠠᠭᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠨ᠎ᠡ
ᠯᠢᠦ ᠭᠦᠸᠧ ᠵᠦᠩ᠄ ᠬᠠᠷᠢᠭᠤᠴᠠᠯᠭ᠎ᠠ ᠪᠠ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠥᠴᠥᠬᠡᠨ ᠴᠦ᠍ ᠰᠤᠯᠠᠷᠠᠭᠤᠯᠤᠯ ᠦᠭᠡᠢ᠎ᠪᠠᠷ ᠴᠢᠩᠭ᠋ᠠᠳᠬᠠᠵᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠡᠷᠡᠰ ᠪᠡᠬᠢᠵᠢᠭᠦᠯᠦᠨ ᠰᠠᠢ᠌ᠲᠤᠷ ᠥᠷᠭᠡᠳᠬᠡᠬᠦ ᠬᠡᠷᠡᠭᠲᠡᠢ
ᠤᠯᠤᠰ ᠎ᠠᠴᠠ 6150 ᠬᠥᠮᠥᠨ ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠥᠮᠥᠵᠢᠭᠦᠯᠦᠨ᠎ᠡ᠂ ᠭᠡᠬᠦ᠎ᠳᠤ᠎ᠪᠠᠨ ᠵᠥᠪᠬᠡᠨ ᠬᠥᠳᠡᠭᠡ ᠵᠢᠨ ᠰᠤᠷᠤᠭᠴᠢ᠎ᠪᠠᠷ ᠬᠢᠵᠠᠭ᠋ᠠᠷᠯᠠᠨ᠎ᠠ
ᠯᠢᠦ ᠭᠦᠸᠧ ᠵᠦᠩ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠦᠨᠡᠨᠬᠦ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
 
            