ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢ᠌ᠳ ᠯᠢᠦ ᠭᠦᠸᠧ ᠵᠥᠩ 22᠎ᠤᠨ ᠡᠳᠦᠷ᠎ᠠᠴᠠ 24᠎ᠤ ᠡᠳᠦᠷ ᠪᠣᠯᠲᠠᠯ᠎ᠠ ᠬᠥᠬᠡᠨᠠᠭᠤᠷ᠂ ᠭᠠᠨᠰᠤ᠎ᠳᠤ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ᠎ᠲᠠᠢ ᠤᠶᠠᠯᠳᠤᠭᠤᠯᠵᠤ᠂ ᠬᠠᠷᠢᠭᠤᠴᠠᠯᠭ᠎ᠠ ᠪᠠ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠥᠴᠥᠬᠡᠨ ᠴᠦ᠍ ᠰᠤᠯᠠᠷᠠᠭᠤᠯᠤᠯ ᠦᠭᠡᠢ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠡᠷᠡᠰ ᠪᠠᠲᠤ᠎ᠪᠠᠷ ᠪᠡᠬᠢᠵᠢᠭᠦᠯᠦᠨ ᠥᠷᠭᠡᠳᠬᠡᠵᠦ᠂ ᠶᠠᠳᠠᠭᠤ᠎ᠠᠴᠠ ᠠᠩᠭᠢᠵᠢᠷᠠᠭᠤᠯᠬᠤ ᠰᠠᠭᠤᠷᠢ ᠵᠢ ᠨᠡᠩ ᠪᠡᠬᠢᠵᠢᠭᠦᠯᠵᠦ᠂ ᠦᠷ᠎ᠡ ᠪᠦᠲᠦᠮᠵᠢ ᠵᠢ ᠨᠡᠩ ᠦᠷᠭᠦᠯᠵᠢᠯᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠨᠡᠬᠦ ᠲᠣᠮᠣ ᠶᠠᠪᠤᠳᠠᠯ᠎ᠢ ᠦᠷᠭᠦᠯᠵᠢᠯᠡᠨ ᠰᠠᠢ᠌ᠲᠤᠷ ᠬᠢᠬᠦ᠎ᠳᠤ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠯᠢᠦ ᠭᠦᠸᠧ ᠵᠦᠩ ᠤᠷᠢᠳ ᠬᠣᠵᠢᠳ ᠬᠥᠬᠡᠨᠠᠭᠤᠷ ᠮᠤᠵᠢ ᠵᠢᠨ ᠬᠤᠸᠠᠩᠨᠠᠨ ᠵᠧᠦ᠂ ᠬᠠᠢ᠍ᠢ᠍ᠳᠦ᠋ᠩ ᠬᠤᠲᠠ ᠪᠣᠯᠣᠨ ᠭᠠᠨᠰᠤ ᠮᠤᠵᠢ ᠵᠢᠨ ᠯᠢᠨᠰᠢᠶᠠ ᠵᠧᠦ᠂ ᠳ᠋ᠢᠩᠰᠢ ᠬᠤᠲᠠ ᠵᠡᠷᠭᠡ ᠭᠠᠵᠠᠷ ᠵᠶ᠋ᠠᠷ ᠬᠦᠷᠴᠦ᠂ ᠶᠠᠳᠠᠭᠤ᠎ᠠᠴᠠ ᠠᠩᠭᠢᠵᠢᠷᠠᠭᠤᠯᠬᠤ ᠠᠵᠤ ᠦᠢ᠍ᠯᠡᠰ᠎ᠤᠨ ᠲᠦᠷᠦᠯ ᠵᠦᠢ᠍ᠯ᠂ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠂ ᠣᠨᠳᠣᠣ ᠭᠠᠵᠠᠷ᠎ᠲᠤ ᠨᠡᠭᠦᠯᠭᠡᠵᠦ ᠲᠥᠪᠬᠢᠨᠡᠭᠦᠯᠬᠦ ᠣᠷᠣᠨ ᠵᠡᠷᠭᠡ ᠵᠢ ᠰᠢᠨᠵᠢᠯᠡᠨ ᠪᠠᠢ᠌ᠴᠠᠭ᠋ᠠᠵᠤ᠂ ᠶᠠᠳᠠᠭᠤ᠎ᠠᠴᠠ ᠠᠩᠭᠢᠵᠢᠷᠠᠭᠤᠯᠬᠤ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠪᠠᠢ᠌ᠳᠠᠯ᠎ᠢ ᠭᠦᠨᠵᠡᠭᠡᠢ ᠣᠢ᠌ᠯᠠᠭ᠋ᠠᠵᠤ᠂ 《 ᠭᠤᠷᠪᠠ ᠵᠢ ᠪᠠᠲᠤᠯᠠᠬᠤ 》 ᠪᠠ ᠤᠰᠤ ᠤᠮᠳᠠ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠪᠠᠢ᠌ᠳᠠᠯ ᠵᠢᠴᠢ ᠬᠠᠪᠰᠤᠷᠤᠨ ᠲᠡᠳᠬᠦᠬᠦ ᠲᠦᠷᠦᠯ ᠵᠦᠢ᠍ᠯ᠎ᠤᠨ ᠠᠵᠢᠯᠯᠠᠭ᠋ᠠᠨ᠎ᠤ ᠦᠷ᠎ᠡ ᠪᠦᠲᠦᠮᠵᠢ ᠵᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠪᠡ᠃ ᠲᠡᠷᠡ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠠᠲᠤᠳᠬᠠᠨ ᠥᠷᠭᠡᠳᠬᠡᠬᠦ ᠵᠢ ᠥᠴᠥᠬᠡᠨ ᠴᠦ᠍ ᠰᠤᠯᠠᠷᠠᠭᠤᠯᠤᠯ ᠦᠭᠡᠢ ᠪᠠᠷᠢᠮᠲᠠᠯᠠᠵᠤ᠂ ᠲᠠᠪᠤᠨ ᠱᠠᠲᠤᠨ᠎ᠤ ᠱᠦᠵᠢ ᠬᠠᠮᠲᠤ᠎ᠪᠠᠷ ᠠᠳᠬᠤᠬᠤ ᠵᠢ ᠪᠠᠷᠢᠮᠲᠠᠯᠠᠵᠤ᠂ 《ᠳᠥᠷᠪᠡ ᠵᠢ ᠰᠠᠯᠭ᠋ᠠᠬᠤ ᠦᠭᠡᠢ》 ᠵᠢ ᠭᠤᠢ᠌ᠪᠢᠰᠢ ᠦᠭᠡᠢ ᠪᠠᠷᠢᠮᠲᠠᠯᠠᠵᠤ᠂ ᠰᠢᠯᠵᠢᠯᠲᠡ ᠵᠢᠨ ᠬᠤᠭᠤᠴᠠᠭ᠋ᠠᠨ᠎ᠳᠠᠬᠢ ᠭᠣᠣᠯ ᠪᠣᠯᠬᠤ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠬᠤ ᠵᠢ ᠦᠨᠡᠨᠬᠦ ᠪᠠᠲᠤᠯᠠᠵᠤ᠂ ᠡᠯ᠎ᠡ ᠵᠦᠢ᠍ᠯ᠎ᠤᠨ ᠬᠠᠪᠰᠤᠷᠤᠨ ᠲᠡᠳᠬᠦᠬᠦ ᠠᠵᠢᠯ᠎ᠢ ᠤᠷᠳᠤ ᠬᠤᠭᠤᠴᠠᠭ᠎ᠠ᠎ᠪᠠᠷ ᠰᠠᠢ᠌ᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃ ᠤᠯᠠᠨ ᠵᠦᠢ᠍ᠯ᠎ᠤᠨ ᠠᠷᠭ᠎ᠠ ᠪᠠᠷᠢᠯ᠎ᠢ ᠶᠡᠷᠦᠩᠬᠡᠢ᠌ᠯᠡᠨ ᠬᠡᠷᠡᠭᠯᠡᠵᠦ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ ᠬᠢᠨᠠᠨ ᠬᠡᠮᠵᠢᠯᠲᠡ ᠵᠢ ᠴᠢᠩᠭ᠋ᠠᠳᠬᠠᠵᠤ᠂ ᠲᠦᠷᠭᠡᠨ ᠢᠯᠡᠷᠡᠭᠦᠯᠬᠦ ᠪᠠ ᠠᠷᠭ᠋ᠠᠴᠠᠬᠤ ᠲᠣᠭᠲᠠᠴᠠ ᠵᠢ ᠪᠦᠷᠢᠨᠰᠢᠭᠦᠯᠵᠦ᠂ ᠴᠠᠭ ᠲᠤᠬᠠᠢᠳᠤᠨᠢ ᠬᠠᠨᠳᠤᠯᠭ᠋ᠠᠲᠤ ᠴᠢᠨᠠᠷᠲᠠᠢ᠎ᠪᠠᠷ ᠬᠠᠪᠰᠤᠷᠤᠨ ᠲᠡᠳᠬᠦᠵᠦ᠂ ᠠᠶᠤᠯ ᠲᠦᠭᠰᠢᠭᠦᠷᠢ ᠵᠢᠨ ᠭᠡᠮ ᠰᠣᠭᠣᠭ᠎ᠢ ᠤᠨᠢᠨ ᠳᠡᠭᠡᠷ᠎ᠡ᠎ᠨᠢ ᠰᠡᠷᠭᠡᠢ᠌ᠯᠡᠨ ᠠᠷᠢᠯᠭ᠋ᠠᠬᠤ ᠬᠡᠷᠡᠭᠲᠡᠢ᠃ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠢ ᠬᠡᠯᠪᠡᠢ᠌ᠯᠭᠡᠵᠦ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠣᠨᠳᠣᠣ ᠭᠠᠵᠠᠷ᠎ᠲᠤ ᠨᠡᠭᠦᠯᠭᠡᠭᠰᠡᠨ᠎ᠤ ᠳᠠᠷᠠᠭ᠋ᠠᠬᠢ ᠲᠡᠳᠬᠦᠮᠵᠢ ᠵᠢ ᠦᠷᠭᠦᠯᠵᠢᠯᠡᠨ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠨᠡᠩ ᠰᠠᠢ᠌ᠨ ᠬᠥᠭᠵᠢᠯᠲᠡ ᠵᠢ ᠠᠬᠢᠭᠤᠯᠬᠤ ᠬᠡᠷᠡᠭᠲᠡᠢ ᠃
ᠯᠢᠦ ᠭᠦᠸᠧ ᠵᠦᠩ᠂ ᠠᠵᠤ ᠦᠢ᠍ᠯᠡᠰ ᠪᠣᠯᠣᠨ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠵᠢ ᠶᠡᠬᠡᠪᠡᠷ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ ᠵᠢ ᠠᠬᠢᠭᠤᠯᠵᠤ᠂ ᠳᠣᠲᠣᠭ᠋ᠠᠳᠤ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠨᠡᠮᠡᠭᠳᠡᠭᠦᠯᠬᠦ ᠬᠡᠷᠡᠭᠲᠡᠢ ᠃ ᠨᠡᠩ ᠶᠡᠬᠡ ᠬᠦᠴᠦ ᠣᠷᠣᠭᠤᠯᠵᠤ ᠪᠠᠢ᠌ᠭ᠋ᠠᠳ 《 ᠨᠤᠲᠤᠭ᠎ᠤᠨ ᠣᠨᠴᠠ ᠭᠠᠷᠤᠯᠲᠠ 》 ᠵᠢᠨ ᠠᠵᠢᠯ᠎ᠢ ᠰᠠᠢ᠌ᠲᠤᠷ ᠬᠢᠵᠦ᠂ ᠬᠠᠪᠰᠤᠷᠤᠨ ᠲᠡᠳᠬᠦᠬᠦ ᠠᠵᠤ ᠦᠢ᠍ᠯᠡᠰ᠎ᠤᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠳᠤᠲᠠᠭᠤᠳᠠᠯ ᠪᠠᠭᠤᠷᠠᠢ ᠲᠠᠯ᠎ᠠ ᠵᠢ ᠨᠠᠷᠢᠨ ᠬᠢᠨᠠᠮᠠᠭ᠋ᠠᠢ ᠡᠮᠬᠢᠯᠡᠵᠦ᠂ ᠬᠠᠪᠰᠤᠷᠤᠨ ᠲᠡᠳᠬᠦᠬᠦ ᠲᠦᠷᠦ ᠵᠢᠨ ᠪᠣᠳᠣᠯᠭ᠎ᠠ ᠵᠢ ᠲᠦᠷᠦᠯ ᠬᠤᠪᠢᠶᠠᠨ ᠨᠠᠢ᠌ᠳᠠᠪᠤᠷᠢᠵᠢᠭᠤᠯᠵᠤ᠂ ᠠᠰᠢᠭ ᠲᠤᠰᠠ ᠵᠢᠨ ᠬᠣᠯᠪᠣᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠵᠢ ᠳᠠᠢ᠌ᠴᠢᠯᠠᠬᠤ ᠴᠢᠳᠠᠪᠤᠷᠢ ᠵᠢ ᠴᠢᠩᠭ᠋ᠠᠳᠬᠠᠬᠤ ᠬᠡᠷᠡᠭᠲᠡᠢ᠃ ᠠᠵᠢᠯ ᠣᠯᠭᠣᠯᠲᠠ ᠵᠢ ᠲᠡᠳᠬᠦᠨ ᠳᠡᠮᠵᠢᠬᠦ ᠵᠡᠷᠭᠡ ᠲᠦᠷᠦ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠵᠢᠨ ᠬᠦᠴᠦᠨ᠎ᠤ ᠭᠠᠳᠠᠭᠰᠢ ᠭᠠᠷᠴᠤ ᠲᠣᠭᠲᠠᠭᠤᠨ ᠵᠶ᠋ᠠᠷ ᠠᠵᠢᠯ ᠣᠯᠬᠤ ᠵᠢ ᠦᠷᠭᠦᠯᠵᠢᠯᠡᠨ ᠲᠡᠮᠵᠢᠵᠤ ᠂ ᠰᠢᠶᠠᠨ᠎ᠤ ᠬᠡᠪᠴᠢᠶᠡᠨ᠎ᠤ ᠠᠷᠠᠳ᠎ᠢ ᠪᠠᠶᠠᠵᠢᠭᠤᠯᠬᠤ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠬᠦ᠎ᠪᠠᠷ ᠳᠠᠮᠵᠢᠭᠤᠯᠤᠨ ᠲᠤᠬᠠᠢ ᠵᠢᠨ ᠭᠠᠵᠠᠷ᠎ᠤᠨ ᠠᠵᠢᠯ᠎ᠤᠨ ᠪᠠᠢ᠌ᠷᠢ ᠵᠢ ᠠᠭᠤᠳᠠᠯᠵᠤ᠂ ᠣᠢ᠌ᠷ᠎ᠠ ᠬᠠᠪᠢ᠎ᠳᠠᠭᠠᠨ ᠠᠵᠢᠯ ᠣᠯᠬᠤ ᠲᠣᠬᠢᠶᠠᠯ᠎ᠢ ᠨᠡᠮᠡᠭᠳᠡᠭᠦᠯᠬᠦ ᠬᠡᠷᠡᠭᠲᠡᠢ ᠃
ᠯᠢᠦ ᠭᠦᠸᠧ ᠵᠦᠩ ᠪᠠᠰᠠ ᠮᠤᠵᠢ᠂ ᠰᠢᠶᠠᠨ ᠬᠣᠶᠠᠷ ᠱᠠᠲᠤᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠭᠤᠯᠤᠮᠵᠢ᠎ᠳᠤ ᠪᠠᠢ᠌ᠴᠠᠭ᠋ᠠᠨ ᠰᠤᠳᠤᠯᠤᠯᠲᠠ ᠬᠢᠵᠦ᠂ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠭᠡᠰᠢᠭᠦᠳ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃ ᠲᠡᠷᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠰᠲ᠋ᠥᠮ᠎ᠨᠢ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠳᠤᠮᠳᠠ᠂ ᠰᠢᠯᠢᠳᠡᠭ ᠤᠯᠠᠮᠵᠢᠯᠠᠯᠲᠤ ᠰᠤᠷᠲᠠᠯ᠎ᠢ ᠦᠷᠭᠦᠯᠵᠢᠯᠡᠨ ᠪᠠᠳᠠᠷᠠᠭᠤᠯᠵᠤ᠂ ᠡᠷᠴᠢᠮ ᠵᠶ᠋ᠡᠨ ᠰᠤᠯᠠᠷᠠᠭᠤᠯᠬᠤ ᠦᠭᠡᠢ᠂ ᠬᠠᠷᠢᠭᠤᠴᠠᠯᠭ᠎ᠠ᠎ᠪᠠᠨ ᠬᠤᠪᠢᠷᠠᠭᠤᠯᠬᠤ ᠦᠭᠡᠢ᠂ ᠥᠩᠭᠡᠷᠡᠭᠰᠡᠨ᠎ᠲᠠᠢ᠎ᠪᠠᠨ ᠠᠳᠠᠯᠢ᠎ᠪᠠᠷ ᠡᠯ᠎ᠡ ᠵᠦᠢ᠍ᠯ᠎ᠤᠨ ᠠᠵᠢᠯ ᠵᠶ᠋ᠠᠨ ᠯᠠᠪᠳᠠᠭᠤᠨ ᠪᠠᠲᠤᠲᠠᠢ ᠰᠠᠢ᠌ᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠲᠣᠰᠬᠣᠨ᠎ᠳᠤ ᠰᠠᠭᠤᠬᠤ ᠠᠵᠢᠯᠯᠠᠬᠤ ᠠᠩᠭᠢ ᠵᠢᠨ ᠡᠭᠦᠷᠭᠡ ᠴᠢᠳᠠᠪᠬᠢ ᠵᠢᠨ ᠦᠢ᠍ᠯᠡᠳᠦᠯ᠎ᠢ ᠪᠠᠳᠠᠷᠠᠭᠤᠯᠵᠤ ᠂ ᠺᠠᠳ᠋ᠷ᠎ᠤᠨ ᠬᠤᠭᠤᠴᠠᠭ᠎ᠠ ᠲᠤᠯᠪᠠᠯ ᠲᠣᠬᠢᠷᠠᠭᠤᠯᠤᠯᠲᠠ ᠬᠢᠵᠦ ᠡᠭᠡᠯᠵᠢᠯᠡᠨ ᠰᠣᠯᠢᠬᠤ ᠠᠵᠢᠯ᠎ᠢ ᠰᠠᠢ᠌ᠲᠤᠷ ᠬᠢᠵᠦ᠂ ᠪᠣᠯᠪᠠᠰᠤᠷᠠᠯ ᠪᠣᠯᠣᠨ ᠡᠳᠦᠷ ᠳᠤᠳᠤᠮ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠲᠡᠳᠡᠨ᠎ᠤ ᠨᠠᠢ᠌ᠳᠠᠪᠤᠷᠢᠵᠢᠭᠤᠯᠤᠯᠲᠠ ᠵᠢ ᠠᠳᠬᠤᠬᠤ᠂ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠂ ᠬᠥᠭᠵᠢᠯᠲᠡ ᠵᠢ ᠠᠬᠢᠭᠤᠯᠬᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠃