ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠨᠢᠭᠲᠠᠷᠠᠭᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2023-05-26

      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠴᠢᠳᠠᠪᠤᠷᠢᠲᠠᠨ ᠪᠣᠯ ᠵᠠᠩᠭᠢᠯᠠᠭ᠎ᠠ ᠪᠣᠯᠣᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ᠂ ᠨᠢᠭᠡ ᠪᠦᠯᠦᠭ ᠬᠥᠳᠡᠭᠡ ᠲᠣᠰᠬᠣᠨ᠎ᠳᠤ ᠬᠠᠢ᠌ᠷᠠᠲᠠᠢ᠂ ᠮᠡᠷᠭᠡᠵᠢᠯ᠎ᠲᠠᠢ᠂ ᠬᠠᠮᠢᠶᠠᠷᠤᠯᠲᠠ᠎ᠳᠤ ᠴᠢᠳᠠᠮᠠᠭ᠋ᠠᠢ ᠬᠥᠳᠡᠭᠡ ᠲᠣᠰᠬᠣᠨ᠎ᠤ ᠴᠢᠳᠠᠪᠤᠷᠢᠲᠠᠨ᠎ᠤ ᠡᠩᠨᠡᠭᠡ ᠵᠢ ᠬᠥᠮᠥᠵᠢᠭᠦᠯᠬᠦ ᠴᠢᠬᠤᠯᠠᠲᠠᠢ᠃ ᠨᠡᠩ ᠶᠡᠬᠡ ᠪᠠᠢ᠌ᠷᠢᠰᠢᠯ ᠵᠶ᠋ᠠᠷ ᠴᠢᠳᠠᠪᠤᠷᠢᠲᠠᠨ᠎ᠢ ᠲᠠᠲᠠᠵᠤ᠂ ᠨᠡᠩ ᠰᠠᠢ᠌ᠨ ᠲᠠᠪᠴᠠᠩ ᠵᠶ᠋ᠠᠷ ᠴᠢᠳᠠᠪᠤᠷᠢᠲᠠᠨ᠎ᠢ ᠬᠥᠮᠥᠵᠢᠭᠦᠯᠵᠦ᠂ ᠨᠡᠩ ᠠᠮᠢᠳᠤᠯᠢᠭ ᠲᠣᠭᠲᠠᠴᠠ᠎ᠪᠠᠷ ᠴᠢᠳᠠᠪᠤᠷᠢᠲᠠᠨ᠎ᠢ ᠰᠠᠢ᠌ᠲᠤᠷ ᠬᠡᠷᠡᠭᠯᠡᠵᠦ᠂ ᠨᠡᠩ ᠰᠢᠯᠢᠳᠡᠭ ᠦᠢ᠍ᠯᠡᠴᠢᠯᠡᠭᠡ᠎ᠪᠠᠷ ᠴᠢᠳᠠᠪᠤᠷᠢᠲᠠᠨ᠎ᠢ ᠪᠠᠲᠤᠯᠠᠪᠠᠯ ᠰᠠᠶᠢ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠨᠢᠭᠲᠠᠷᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠵᠢ ᠣᠯᠭᠣᠵᠤ ᠴᠢᠳᠠᠨ᠎ᠠ᠃

      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ᠂ ᠡᠷᠬᠡᠪᠰᠢ ᠴᠢᠳᠠᠪᠤᠷᠢᠲᠠᠨ᠎ᠤ ᠦᠢ᠍ᠯᠡᠳᠦᠯ᠎ᠢ ᠴᠢᠬᠤᠯᠠᠴᠢᠯᠠᠵᠤ᠂ ᠡᠷᠳᠡᠮᠲᠡᠨ ᠮᠡᠷᠭᠡᠳ᠎ᠢ ᠣᠷᠣᠭᠤᠯᠬᠤ ᠵᠠᠮ᠎ᠢ ᠥᠷᠭᠡᠨ ᠵᠶ᠋ᠡᠷ ᠨᠡᠭᠡᠭᠡᠵᠦ᠂ ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠥᠷᠭᠡᠨ ᠵᠶ᠋ᠡᠷ ᠴᠤᠭᠯᠠᠭᠤᠯᠵᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠡᠷᠡᠭᠲᠡᠢ᠃ ᠰᠢᠨ᠎ᠡ ᠮᠠᠯᠵᠢᠬᠤ ᠲᠠᠷᠢᠶᠠᠯᠠᠬᠤ ᠣᠷᠣᠨ᠎ᠤ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠤᠨ ᠲᠤᠬᠠᠢ ᠤᠬᠠᠭᠤᠯᠭ᠎ᠠ ᠵᠢ ᠴᠢᠩᠭ᠋ᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠶᠠᠳᠠᠭᠤ ᠬᠣᠴᠤᠷᠤᠩᠭᠤᠢ ᠪᠠᠢ᠌ᠳᠠᠯ᠎ᠤᠨ ᠲᠤᠬᠠᠢ ᠣᠯᠠᠨ ᠲᠦᠮᠡᠨ᠎ᠤ ᠬᠡᠪᠰᠢᠮᠡᠯ ᠰᠠᠭᠤᠭᠳᠠᠯ᠎ᠢ ᠬᠤᠪᠢᠷᠠᠭᠤᠯᠤᠨ᠎ᠠ᠃ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠨᠤᠲᠤᠭ᠎ᠤᠨ ᠬᠠᠢ᠌ᠷ᠎ᠠ ᠰᠡᠳᠬᠢᠯᠭᠡ᠎ᠪᠠᠷ ᠬᠣᠯᠪᠣᠭ᠋ᠠᠰᠤ ᠪᠣᠯᠭ᠋ᠠᠵᠤ᠂ ᠣᠶᠤᠲᠠᠨ᠂ ᠬᠣᠲᠠ ᠣᠷᠣᠵᠤ ᠬᠥᠯᠥᠰᠦᠨ ᠠᠵᠢᠯ ᠬᠢᠭᠰᠡᠳ᠂ ᠴᠡᠷᠢᠭ᠎ᠠᠴᠠ ᠪᠠᠭᠤᠭᠰᠠᠳ ᠵᠡᠷᠭᠡ ᠬᠠᠮᠲᠤᠯᠢᠭ ᠵᠶ᠋ᠠᠷ ᠭᠣᠣᠯᠳᠠᠯᠭ᠎ᠠ ᠪᠣᠯᠭ᠋ᠠᠨ᠂ ᠨᠠᠩ ᠣᠯᠠᠨ ᠴᠢᠳᠠᠪᠤᠷᠢᠲᠠᠨ᠎ᠢ ᠲᠡᠳᠡᠨ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ᠎ᠳᠤ ᠣᠷᠣᠯᠴᠠᠭᠤᠯᠵᠤ᠂ ᠲᠠᠷᠢᠶᠠᠯᠠᠩ ᠮᠠᠯ ᠠᠵᠤ ᠠᠬᠤᠢ ᠵᠢ ᠰᠡᠳᠬᠢᠯ᠎ᠳᠡᠭᠡᠨ ᠪᠤᠳᠤᠵᠤ᠂ ᠮᠠᠯᠵᠢᠬᠤ ᠲᠠᠷᠢᠶᠠᠯᠠᠬᠤ ᠣᠷᠣᠨ᠎ᠲᠠᠢ ᠰᠡᠳᠬᠢᠯᠭᠡ᠎ᠪᠠᠨ ᠬᠣᠯᠪᠣᠭᠰᠠᠨ᠂ ᠬᠠᠷᠠᠭ᠎ᠠ ᠥᠷᠭᠡᠨ᠂ ᠣᠢ᠌ᠯᠠᠭ᠋ᠠᠭᠳᠠᠬᠤᠨ ᠲᠡᠷᠢᠭᠦᠨ᠎ᠤ 《ᠰᠢᠨ᠎ᠡ ᠲᠠᠷᠢᠶᠠᠴᠢᠨ》 《ᠰᠢᠨ᠎ᠡ ᠮᠠᠯᠴᠢᠨ》᠎ᠢ ᠬᠥᠮᠥᠵᠢᠭᠦᠯᠦᠨ ᠪᠣᠢ᠌ᠵᠢᠭᠤᠯᠤᠨ᠎ᠠ᠃ ᠴᠢᠳᠠᠪᠤᠷᠢᠲᠠᠨ᠎ᠢ ᠲᠠᠨᠢᠬᠤ ᠪᠢᠯᠢᠭ᠎ᠤᠨ ᠨᠢᠳᠦ᠂ ᠴᠢᠳᠠᠪᠤᠷᠢᠲᠠᠨ᠎ᠢ ᠬᠠᠢ᠌ᠷᠠᠯᠠᠬᠤ ᠦᠨᠡᠨᠴᠢ ᠰᠡᠳᠬᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠢ᠍ᠯᠡᠰ᠎ᠲᠤ ᠵᠠᠩᠭᠢᠯᠠᠭ᠎ᠠ ᠵᠢᠨ ᠬᠦᠷᠢᠶ᠎ᠡ᠂ ᠭᠣᠣᠯᠳᠠᠯᠭ᠎ᠠ᠎ᠲᠠᠢ ᠭᠣᠭᠴᠣᠭ᠎ᠠ᠂ ᠴᠢᠬᠤᠯᠠ ᠠᠵᠢᠯ᠎ᠤᠨ ᠪᠠᠢ᠌ᠷᠢ ᠵᠢᠨ ᠬᠡᠷᠡᠭᠴᠡᠭᠡ᠎ᠳᠤ ᠵᠣᠬᠢᠴᠠᠬᠤ᠂ ᠵᠣᠬᠢᠴᠠᠩᠭᠤᠢ ᠵᠠᠩ ᠮᠣᠷᠠᠯ ᠪᠠ ᠴᠢᠳᠠᠪᠤᠷᠢ ᠵᠢ ᠪᠦᠷᠢᠳᠦᠭᠦᠯᠬᠦ᠂ ᠵᠣᠷᠢᠭᠲᠠᠢ᠎ᠪᠠᠷ ᠲᠦᠷᠦᠭᠦᠯᠡᠨ ᠠᠵᠢᠯ ᠬᠢᠵᠦ ᠦᠢ᠍ᠯᠡᠰ ᠪᠣᠰᠬᠠᠬᠤ ᠴᠢᠳᠠᠪᠤᠷᠢᠲᠠᠨ᠎ᠢ ᠰᠣᠩᠭᠣᠨ ᠬᠡᠷᠡᠭᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ 《ᠡᠬᠢ ᠪᠤᠯᠠᠭ》 ᠬᠠᠩᠭ᠋ᠠᠬᠤ ᠬᠡᠷᠡᠭᠲᠡᠢ᠃

      ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠵᠢᠨ ᠲᠣᠭᠣᠷᠢᠨ᠎ᠳᠤ᠂ ᠨᠤᠲᠤᠭ᠎ᠤᠨ ᠴᠢᠳᠠᠪᠤᠷᠢᠲᠠᠨ᠎ᠢ ᠲᠥᠷᠥᠯ ᠬᠤᠪᠢᠶᠠᠨ ᠬᠠᠮᠢᠶᠠᠷᠬᠤ᠂ ᠬᠠᠨᠳᠤᠯᠭ᠋ᠠᠲᠤ ᠬᠥᠮᠥᠵᠢᠭᠦᠯᠦᠯ ᠬᠢᠵᠦ᠂ ᠬᠡᠷᠡᠭᠯᠡᠭᠡᠨ᠎ᠤ ᠮᠡᠷᠭᠡᠵᠢᠯ᠎ᠤᠨ ᠲᠠᠢ᠌ᠯᠤᠮᠵᠢ ᠬᠢᠬᠦ᠂ 《ᠨᠠᠷᠠᠲᠤ ᠪᠠᠭᠰᠢ ᠱᠠᠪᠢ ᠳᠠᠭ᠋ᠠᠭᠤᠯᠬᠤ》᠂ ᠵᠠᠬᠢᠶᠠᠯᠠᠭ᠎ᠠ ᠵᠢᠨ ᠪᠣᠯᠪᠠᠰᠤᠷᠠᠭᠤᠯᠤᠯ ᠵᠡᠷᠭᠡ ᠠᠷᠭ᠎ᠠ ᠮᠠᠶᠢᠭ ᠵᠶ᠋ᠠᠷ ᠲᠥᠷᠥᠯ ᠬᠤᠪᠢᠶᠠᠨ ᠪᠣᠯᠪᠠᠰᠤᠷᠠᠭᠤᠯᠤᠯ ᠥᠷᠨᠢᠭᠦᠯᠵᠦ᠂ ᠨᠢᠭᠡ ᠪᠦᠯᠦᠭ 《ᠨᠤᠲᠤᠭ᠎ᠤᠨ ᠮᠡᠷᠭᠡᠵᠢᠯᠲᠡᠨ》 《ᠲᠢᠶᠠᠨ ᠰᠢᠸ᠋ ᠼᠠᠢ》 ᠵᠢ ᠬᠥᠮᠥᠵᠢᠭᠦᠯᠦᠨ᠎ᠡ᠃ ᠬᠣᠲᠠ ᠵᠢᠨ ᠰᠢᠯᠢᠳᠡᠭ ᠴᠢᠳᠠᠪᠤᠷᠢᠲᠠᠨ᠎ᠢ ᠤᠷᠠᠨ ᠵᠶ᠋ᠠᠷ ᠤᠷᠢᠨ ᠬᠡᠷᠡᠭᠯᠡᠵᠦ᠂ ᠰᠠᠢ᠌ᠨ ᠳᠤᠷ᠎ᠠ ᠵᠢᠨ ᠦᠢ᠍ᠯᠡᠴᠢᠯᠡᠭᠡ᠂ ᠵᠢᠭ᠋ᠠᠨ ᠰᠤᠷᠭ᠋ᠠᠯᠲᠠ ᠵᠢᠨ ᠪᠣᠯᠪᠠᠰᠤᠷᠠᠭᠤᠯᠤᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ᠂ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠬᠦᠷᠢᠶ᠎ᠡ ᠴᠠᠷᠠᠭ᠎ᠠ᠎ᠳᠤ ᠰᠢᠯᠢᠳᠡᠭ ᠴᠢᠳᠠᠪᠤᠷᠢᠲᠠᠨ᠎ᠢ ᠰᠣᠩᠭᠣᠨ ᠲᠣᠮᠢᠯᠠᠵᠤ 《ᠴᠢᠳᠠᠪᠤᠷᠢᠲᠠᠨ᠎ᠤ ᠦᠢ᠍ᠯᠡᠴᠢᠯᠡᠭᠡᠨ᠎ᠤ ᠠᠩᠭᠢ》 ᠵᠢ ᠪᠦᠷᠢᠯᠳᠦᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠨᠢᠭᠡᠳᠦᠭᠡᠷ ᠹᠷᠣᠨᠲ᠎ᠲᠤ ᠬᠦᠷᠴᠦ ᠮᠡᠷᠭᠡᠵᠢᠯ ᠴᠢᠳᠠᠪᠤᠷᠢ ᠵᠢᠨ ᠦᠢ᠍ᠯᠡᠴᠢᠯᠡᠭᠡ ᠥᠷᠨᠢᠭᠦᠯᠦᠨ᠎ᠡ᠃ ᠢᠯᠠᠩᠭᠤᠶ᠎ᠠ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠵᠢᠨ ᠠᠵᠢᠯ ᠮᠡᠷᠭᠡᠵᠢᠯ᠎ᠤᠨ ᠡᠵᠡᠩᠨᠡᠨ ᠬᠠᠮᠢᠶᠠᠷᠤᠭᠴᠢ᠂ ᠵᠠᠭᠤᠴᠢᠯᠠᠭᠴᠢ᠂ ᠬᠥᠳᠡᠭᠡ ᠲᠣᠰᠬᠣᠨ᠎ᠤ ᠤᠷᠠᠨ ᠳᠠᠷᠬᠠᠳ᠂ ᠰᠣᠶᠣᠯ᠎ᠤᠨ ᠴᠢᠳᠠᠪᠤᠷᠢᠲᠠᠨ ᠪᠠ ᠤᠳᠤᠮᠰᠢᠯ᠎ᠤᠨ ᠪᠤᠰᠤ ᠵᠠᠯᠭ᠋ᠠᠮᠵᠢᠯᠠᠭᠴᠢ ᠵᠡᠷᠭᠡ ᠵᠢ ᠳᠡᠮᠵᠢᠨ ᠬᠥᠮᠥᠵᠢᠭᠦᠯᠬᠦ ᠬᠡᠷᠡᠭᠲᠡᠢ᠃ ᠴᠢᠳᠠᠪᠤᠷᠢᠲᠠᠨ ᠪᠣᠯᠬᠤ ᠰᠠᠢ᠌ᠨ ᠰᠠᠨᠠᠭ᠎ᠠ᠂ ᠴᠢᠳᠠᠪᠤᠷᠢᠲᠠᠨ᠎ᠢ ᠬᠥᠮᠥᠵᠢᠭᠦᠯᠬᠦ ᠰᠠᠢ᠌ᠨ ᠠᠷᠭ᠎ᠠ ᠪᠣᠳᠣᠯᠭ᠎ᠠ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠢ᠍ᠯᠡᠰ᠎ᠲᠤ ᠴᠢᠳᠠᠪᠤᠷᠢᠲᠠᠨ᠎ᠢ ᠬᠥᠮᠥᠵᠢᠭᠦᠯᠵᠦ᠂ ᠴᠢᠳᠠᠪᠤᠷᠢᠲᠠᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠴᠢᠳᠠᠪᠤᠷᠢᠲᠠᠨ᠎ᠤ ᠴᠢᠨᠠᠷ ᠴᠢᠨᠰᠠᠭ᠎ᠠ ᠵᠢ ᠬᠠᠳᠠᠭ᠋ᠠᠯᠠᠬᠤ ᠬᠡᠷᠡᠭᠲᠡᠢ᠃

      ᠲᠠᠷᠢᠶᠠᠨ ᠭᠠᠵᠠᠷ ᠪᠣᠯ ᠡᠯ᠎ᠡ ᠲᠦᠷᠦᠯ᠎ᠤᠨ ᠴᠢᠳᠠᠪᠤᠷᠢᠲᠠᠨ᠎ᠤ 《ᠴᠡᠷᠢᠭ᠎ᠤᠨ ᠪᠣᠯᠪᠠᠰᠤᠷᠠᠯ᠎ᠤᠨ ᠲᠠᠯᠠᠪᠠᠢ》 ᠮᠥᠨ᠂ ᠥᠷᠭᠡᠨ ᠠᠭᠤᠳᠠᠮ ᠬᠥᠳᠡᠭᠡ ᠲᠣᠰᠬᠣᠨ᠎ᠳᠤ ᠲᠣᠭ᠎ᠠ ᠲᠣᠮᠰᠢ ᠦᠭᠡᠢ ᠤᠯᠠᠨ ᠨᠠᠯᠠᠷᠬᠠᠢ ᠴᠢᠨᠠᠷ᠎ᠲᠠᠢ ᠴᠢᠳᠠᠪᠤᠷᠢᠲᠠᠨ ᠨᠢᠭᠤᠭᠳᠠᠵᠤ ᠪᠠᠢ᠌ᠳᠠᠭ᠃ ᠴᠢᠳᠠᠪᠤᠷᠢᠲᠠᠨ᠎ᠢ ᠢᠯᠡᠷᠡᠭᠦᠯᠬᠦ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠰᠠᠭᠤᠷᠢ ᠲᠠᠯᠪᠢᠬᠤ ᠢᠨᠵᠧᠨᠧᠷᠢᠩ᠂ ᠬᠥᠳᠡᠯᠭᠡᠬᠦ ᠬᠦᠴᠦᠨ᠎ᠤ ᠬᠥᠳᠡᠯᠭᠡᠭᠦᠷ ᠪᠣᠯᠭ᠋ᠠᠨ ᠠᠳᠬᠤᠵᠤ᠂ ᠠᠳᠠᠯᠢ ᠪᠤᠰᠤ ᠴᠢᠳᠠᠪᠤᠷᠢᠲᠠᠨ᠎ᠤ ᠲᠤᠰᠬᠠᠢ ᠮᠡᠷᠭᠡᠵᠢᠯ᠎ᠤᠨ ᠣᠨᠴᠠ ᠴᠢᠳᠠᠪᠤᠷᠢ᠂ ᠳᠤᠷ᠎ᠠ ᠰᠣᠨᠢᠷᠬᠠᠯ ᠵᠡᠷᠭᠡ᠎ᠪᠠᠷ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠡᠯ᠎ᠡ ᠲᠦᠷᠦᠯ᠎ᠤᠨ ᠠᠵᠢᠯᠯᠠᠭᠴᠢ ᠵᠢᠨ ᠲᠠᠪᠴᠠᠩ᠎ᠢ ᠢᠳᠡᠪᠬᠢᠲᠡᠢ ᠪᠠᠢ᠌ᠭᠤᠯᠵᠤ᠂ ᠦᠨᠳᠦᠰᠦᠨ ᠱᠠᠲᠤᠨ᠎ᠤ ᠬᠥᠭᠵᠢᠯᠲᠡ᠎ᠳᠤ ᠬᠠᠮᠤᠭ᠎ᠤᠨ ᠬᠡᠷᠡᠭᠴᠡᠭᠡ᠎ᠲᠠᠢ ᠴᠢᠳᠠᠪᠤᠷᠢᠲᠠᠨ᠎ᠢ ᠣᠯᠭᠣᠵᠤ᠂ ᠴᠢᠳᠠᠪᠤᠷᠢᠲᠠᠨ᠎ᠳᠤ ᠬᠠᠮᠤᠭ᠎ᠤᠨ ᠲᠣᠬᠢᠷᠠᠮᠵᠢᠲᠠᠢ ᠲᠠᠪᠴᠠᠩ᠎ᠢ ᠣᠯᠭᠣᠬᠤ ᠬᠡᠷᠡᠭᠲᠡᠢ᠃ ᠠᠳᠠᠯᠢ ᠪᠤᠰᠤ ᠰᠠᠯᠠᠭ᠎ᠠ ᠮᠥᠴᠢᠷ᠂ ᠠᠳᠠᠯᠢ ᠪᠤᠰᠤ ᠠᠵᠢᠯ ᠲᠦᠷᠦᠯ᠎ᠳᠤ ᠲᠠᠷᠬᠠᠵᠤ ᠪᠠᠢ᠌ᠭ᠎ᠠ ᠬᠥᠳᠡᠭᠡ ᠲᠣᠰᠬᠣᠨ᠎ᠤ ᠴᠢᠳᠠᠪᠤᠷᠢᠲᠠᠨ᠎ᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠪᠠᠢ᠌ᠷᠢᠯᠠᠭᠤᠯᠵᠤ᠂ ᠵᠣᠬᠢᠶᠠᠨ ᠪᠠᠢ᠌ᠭᠤᠯᠵᠤ ᠤᠳᠤᠷᠢᠳᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠬᠦᠴᠦ᠎ᠪᠠᠨ ᠬᠠᠮᠲᠤᠳᠬᠠᠨ ᠠᠬᠢᠭᠤᠯᠬᠤ ᠠᠵᠢᠯ᠎ᠤᠨ ᠲᠣᠭᠲᠠᠴᠠ ᠵᠢ ᠴᠢᠨᠠᠭᠰᠢᠳᠠ ᠲᠡᠭᠦᠯᠳᠡᠷᠵᠢᠭᠦᠯᠵᠦ᠂ ᠨᠡᠩ ᠶᠡᠬᠡ ᠡᠷᠴᠢᠮ ᠵᠶ᠋ᠡᠷ ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ᠃ ᠴᠢᠳᠠᠪᠤᠷᠢᠲᠠᠨ᠎ᠢ ᠥᠨᠳᠥᠷ ᠪᠦᠲᠦᠮᠵᠢᠲᠡᠢ᠎ᠪᠠᠷ ᠬᠡᠷᠡᠭᠯᠡᠵᠦ᠂ ᠴᠢᠳᠠᠪᠤᠷᠢᠲᠠᠨ᠎ᠢ ᠠᠮᠢᠳᠤᠯᠢᠭ ᠵᠶ᠋ᠠᠷ ᠬᠡᠷᠡᠭᠯᠡᠵᠦ᠂ ᠴᠢᠳᠠᠪᠤᠷᠢᠲᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠣᠨᠴᠠ ᠴᠢᠳᠠᠪᠤᠷᠢ ᠪᠣᠯᠣᠨ ᠳᠠᠪᠠᠭᠤᠯᠢᠭ᠎ᠢ ᠪᠠᠳᠠᠷᠠᠭᠤᠯᠵᠤ᠂ ᠳᠤᠲᠠᠭᠤᠳᠠᠯ᠎ᠢ᠎ᠨᠢ ᠨᠥᠬᠥᠪᠦᠷᠢᠯᠡᠬᠦ ᠪᠤᠶᠤ ᠵᠠᠢ᠌ᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠢ᠍ᠯᠡᠰ᠎ᠤᠨ ᠬᠥᠭᠵᠢᠯᠲᠡ ᠪᠣᠯᠣᠨ ᠴᠢᠳᠠᠪᠤᠷᠢᠲᠠᠨ᠎ᠤ ᠡᠩᠨᠡᠭᠡ ᠵᠢᠨ ᠪᠣᠶ᠋ᠢᠵᠢᠯᠲᠠ ᠵᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃

      ᠤᠷᠳᠤ ᠬᠤᠭᠤᠴᠠᠭ᠋ᠠᠨ᠎ᠤ ᠲᠤᠷᠰᠢ᠂ ᠦᠨᠳᠦᠰᠦᠨ ᠱᠠᠲᠤᠨ᠎ᠳᠤ 《ᠴᠢᠳᠠᠪᠤᠷᠢᠲᠠᠨ᠎ᠢ ᠲᠠᠲᠠᠬᠤ᠎ᠳᠤ ᠠᠮᠠᠷᠬᠠᠨ᠂ ᠴᠢᠳᠠᠪᠤᠷᠢᠲᠠᠨ᠎ᠢ ᠦᠯᠡᠳᠡᠭᠡᠬᠦ᠎ᠳᠤ ᠬᠦᠴᠢᠷᠲᠡᠢ》 ᠪᠠᠢ᠌ᠬᠤ ᠡᠪ ᠦᠭᠡᠢ ᠪᠠᠢ᠌ᠳᠠᠯ᠎ᠳᠤ ᠲᠤᠯᠭ᠋ᠠᠷᠠᠭᠰᠠᠭ᠋ᠠᠷ ᠢᠷᠡᠪᠡ᠃ ᠤᠶᠠᠩᠭ᠋ᠠᠲᠤ ᠮᠣᠳᠣ ᠵᠢ ᠵᠠᠢ᠌ᠯᠠᠪᠠᠯ ᠭᠠᠷᠤᠳᠢ ᠵᠢ ᠲᠠᠲᠠᠵᠤ ᠠᠪᠴᠢᠷᠠᠨ᠎ᠠ᠃ ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠠᠬᠢᠭᠤᠯᠬᠤ ᠶᠠᠪᠤᠴᠠ᠎ᠳᠤ᠂ ᠲᠦᠷᠦ ᠵᠢᠨ ᠪᠣᠳᠣᠯᠭ᠎ᠠ᠂ ᠳᠡᠮᠵᠢᠯᠭᠡ᠂ ᠢᠷᠠᠭᠤ ᠠᠯᠳᠠᠷ᠂ ᠢᠲᠡᠭᠡᠯ᠎ᠢ ᠣᠯᠭᠣᠵᠤ᠂ ᠰᠡᠳᠬᠢᠯ ᠲᠠᠯᠪᠢᠨ ᠰᠡᠳᠬᠢᠯᠭᠡ᠎ᠪᠠᠷ ᠵᠶ᠋ᠡᠨ ᠰᠠᠢ᠌ᠲᠤᠷ ᠦᠢ᠍ᠯᠡᠴᠢᠯᠡᠵᠦ᠂ ᠬᠥᠳᠡᠭᠡ ᠲᠣᠰᠬᠣᠨ᠎ᠤ ᠴᠢᠳᠠᠪᠤᠷᠢᠲᠠᠨ᠎ᠳᠤ 《ᠬᠠᠪᠤᠷ᠎ᠤᠨ ᠤᠰᠤ》 ᠵᠢ ᠠᠮᠢᠯᠠᠭᠤᠯᠬᠤ ᠬᠡᠷᠡᠭᠲᠡᠢ᠃ ᠠᠵᠢᠯ᠎ᠤᠨ ᠪᠠᠢ᠌ᠷᠢ ᠳᠡᠪᠰᠢᠬᠦ᠂ ᠴᠠᠯᠢᠩ ᠠᠰᠠᠷᠠᠮᠵᠢ ᠵᠡᠷᠭᠡ ᠤᠷᠮᠠᠰᠢᠭᠤᠯᠬᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠂ ᠴᠢᠳᠠᠪᠤᠷᠢᠲᠠᠨ᠎ᠢ ᠮᠠᠯᠵᠢᠬᠤ ᠲᠠᠷᠢᠶᠠᠯᠠᠬᠤ ᠣᠷᠣᠨ᠎ᠳᠤ ᠬᠥᠳᠡᠯᠮᠦᠷᠢᠯᠡᠪᠡᠯ ᠣᠷᠣᠯᠭ᠎ᠠ᠎ᠲᠠᠢ ᠪᠣᠯᠭ᠋ᠠᠵᠤ᠂ ᠴᠢᠳᠠᠪᠤᠷᠢᠲᠠᠨ᠎ᠤ ᠮᠠᠯᠵᠢᠬᠤ ᠲᠠᠷᠢᠶᠠᠯᠠᠬᠤ ᠣᠷᠣᠨ᠎ᠳᠤ ᠦᠨᠳᠦᠰᠦ ᠬᠠᠳᠬᠤᠬᠤ᠎ᠳᠤ ᠬᠣᠢ᠌ᠰᠢᠳᠠ ᠵᠢᠨ ᠵᠣᠪᠠᠨᠢᠯ᠎ᠢ᠎ᠨᠢ ᠰᠢᠢ᠍ᠳᠪᠦᠷᠢᠯᠡᠨ ᠥᠭᠴᠦ᠂ ᠲᠡᠳᠡᠨ᠎ᠢ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ 《ᠴᠢᠳᠠᠪᠤᠷᠢᠲᠠᠨ᠎ᠢ ᠦᠯᠡᠳᠡᠭᠡᠬᠦ 》 ᠎ᠨᠢ 《  ᠠᠩᠬᠠᠷᠬᠤ 》᠎ᠳᠤ ᠪᠠᠢ᠌ᠵᠤ ᠂ ᠴᠢᠳᠠᠪᠤᠷᠢᠲᠠᠨ᠎ᠢ ᠲᠠᠨᠢᠵᠤ ᠴᠢᠳᠠᠪᠤᠷᠢᠲᠠᠨ᠎ᠢ ᠬᠠᠢ᠌ᠷᠠᠯᠠᠬᠤ᠂ ᠴᠢᠳᠠᠪᠤᠷᠢᠲᠠᠨ᠎ᠢ ᠬᠦᠨᠳᠦᠳᠬᠡᠵᠦ ᠴᠢᠳᠠᠪᠤᠷᠢᠲᠠᠨ᠎ᠢ ᠬᠡᠷᠡᠭᠯᠡᠬᠦ ᠠᠵᠢᠯ᠎ᠤᠨ ᠣᠷᠴᠢᠨ ᠲᠣᠭᠣᠷᠢᠨ ᠪᠠ ᠠᠭᠤᠷ ᠠᠮᠢᠰᠬᠤᠯ᠎ᠢ ᠪᠤᠢ ᠪᠣᠯᠭ᠋ᠠᠵᠤ᠂ ᠰᠢᠨ᠎ᠡ ᠵᠢ ᠡᠭᠦᠳᠬᠦ ᠵᠢ ᠵᠣᠷᠢᠭᠵᠢᠭᠤᠯᠬᠤ᠂ ᠢᠯᠠᠭᠳᠠᠯ᠎ᠢ ᠠᠭᠤᠴᠢᠯᠠᠨ ᠪᠠᠭᠲᠠᠭ᠋ᠠᠬᠤ ᠬᠥᠮᠥᠨᠴᠢ ᠴᠢᠨᠠᠷᠲᠠᠢ ᠬᠠᠮᠢᠶᠠᠷᠤᠯᠲᠠ᠎ᠪᠠᠷ ᠴᠢᠳᠠᠪᠤᠷᠢᠲᠠᠨ᠎ᠤ ᠳᠠᠯᠳᠠ ᠴᠢᠳᠠᠪᠤᠷᠢ ᠵᠢ ᠬᠠᠮᠤᠭ᠎ᠤᠨ ᠶᠡᠬᠡ᠎ᠪᠠᠷ ᠪᠠᠳᠠᠷᠠᠭᠤᠯᠵᠤ᠂ ᠦᠨ᠎ᠡ ᠦᠷᠳᠡᠭ᠎ᠢ ᠬᠠᠮᠤᠭ᠎ᠤᠨ ᠰᠠᠢ᠌ᠨ ᠢᠯᠡᠷᠡᠭᠦᠯᠵᠦ᠂ ᠲᠡᠳᠡᠨ᠎ᠢ ᠵᠣᠷᠢᠭᠵᠢᠭᠤᠯᠤᠨ ᠮᠠᠯᠵᠢᠬᠤ ᠲᠠᠷᠢᠶᠠᠯᠠᠬᠤ ᠣᠷᠣᠨ᠎ᠤ ᠥᠷᠭᠡᠨ ᠠᠭᠤᠳᠠᠮ ᠣᠷᠣᠨ ᠵᠠᠢ᠎ᠳᠤ ᠴᠢᠳᠠᠯ ᠵᠶ᠋ᠠᠨ ᠶᠡᠬᠡ᠎ᠪᠠᠷ ᠪᠠᠳᠠᠷᠠᠭᠤᠯᠵᠤ᠂ ᠠᠪᠢᠶᠠᠰ ᠴᠢᠳᠠᠪᠤᠷᠢ᠎ᠪᠠᠨ ᠶᠡᠬᠡ᠎ᠪᠠᠷ ᠪᠠᠳᠠᠷᠠᠭᠤᠯᠵᠤ᠂ ᠡᠷᠳᠡᠮ ᠴᠢᠳᠠᠪᠤᠷᠢ᠎ᠪᠠᠨ ᠶᠡᠬᠡ᠎ᠪᠠᠷ ᠪᠠᠳᠠᠷᠠᠭᠤᠯᠬᠤ ᠬᠡᠷᠡᠭᠲᠡᠢ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
 
            