ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠣᠨᠢᠨ ᠮᠡᠳᠡᠭᠡ
ᠯᠢᠦ ᠭᠦᠸᠧ ᠵᠦᠩ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠦᠨᠡᠨᠬᠦ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠨᠡᠶ᠋ᠢᠲᠡᠯᠡᠭᠰᠡᠨ ᠴᠠᠭ᠄ 2023-05-29

      ᠰᠢᠨᠬᠤᠸᠠ ᠬᠣᠷᠢᠶᠠᠨ᠎ᠤ ᠪᠡᠭᠡᠵᠢᠩ᠎ᠤᠨ 5 ᠰᠠᠷ᠎ᠠ ᠵᠢᠨ 26 ᠎ᠤ ᠴᠠᠬᠢᠯᠭ᠋ᠠᠨ ᠮᠡᠳᠡᠭᠡ

      ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢ᠌ᠳ ᠯᠢᠦ ᠭᠦᠸᠧ ᠵᠦᠩ 26 ᠎ᠤ ᠡᠳᠦᠷ ᠪᠡᠭᠡᠵᠢᠩ᠎ᠳᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠠᠵᠢᠯ᠎ᠤᠨ ᠲᠧᠯᠸᠢᠰ ᠤᠲᠠᠰᠤ ᠬᠤᠷᠠᠯ᠎ᠳᠤ ᠣᠷᠣᠯᠴᠠᠪᠠ᠃ ᠲᠡᠷᠡ ᠴᠢᠬᠤᠯᠠᠴᠢᠯᠠᠭᠰᠠᠨ᠎ᠨᠢ᠂ ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠭᠣᠣᠯ ᠰᠡᠳᠦᠪᠲᠦ ᠬᠥᠮᠦᠵᠢᠯ᠎ᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠤᠨ᠂ ᠰᠢ ᠵᠢᠨ ᠫᠢᠩ ᠎ᠤ ᠶᠡᠷᠦᠩᠬᠡᠢ ᠱᠦᠵᠢ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠩᠭ᠎ᠠ ᠬᠦᠴᠦᠲᠡᠢ ᠵᠣᠬᠢᠶᠠᠨ ᠪᠠᠢ᠌ᠭᠤᠯᠵᠤ ᠤᠳᠤᠷᠢᠳᠬᠤ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠠᠵᠢᠯ᠎ᠤᠨ ᠰᠤᠷᠲᠠᠯ ᠵᠶ᠋ᠠᠷ ᠵᠣᠯᠭ᠋ᠠᠭᠤᠯᠬᠤ ᠠᠵᠢᠯ᠎ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃

      ᠯᠢᠦ ᠭᠦᠸᠧ ᠵᠦᠩ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠦᠷ᠎ᠡ ᠪᠦᠲᠦᠭᠡᠯ ᠬᠢᠯᠪᠠᠷ ᠪᠤᠰᠤ᠎ᠪᠠᠷ ᠢᠷᠡᠭᠰᠡᠨ ᠶᠤᠮ᠂ ᠬᠠᠪᠰᠤᠷᠤᠨ ᠲᠡᠳᠬᠦᠬᠦ ᠠᠵᠢᠯ ᠪᠣᠯᠣᠨ ᠲᠦᠷᠦ ᠵᠢᠨ ᠪᠣᠳᠣᠯᠭ᠎ᠠ ᠵᠢᠨ ᠲᠣᠭᠲᠠᠭᠤᠨ ᠪᠥᠭᠡᠳ ᠦᠷᠭᠦᠯᠵᠢᠯᠡᠨ ᠶᠠᠪᠤᠭᠳᠠᠬᠤ ᠵᠢ ᠪᠠᠲᠤᠯᠠᠵᠤ᠂ ᠡᠷᠴᠢᠮ ᠵᠶ᠋ᠡᠨ ᠰᠤᠯᠠᠷᠠᠭᠤᠯᠬᠤ ᠦᠭᠡᠢ᠂ ᠡᠷᠴᠢ ᠵᠣᠷᠢᠭ ᠵᠶ᠋ᠠᠨ ᠰᠤᠯᠠᠷᠠᠭᠤᠯᠬᠤ ᠦᠭᠡᠢ ᠪᠠᠢ᠌ᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠪᠠᠢ᠌ᠳᠠᠯ ᠭᠠᠷᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠭᠣᠣᠯᠳᠠᠯᠭ᠎ᠠ᠎ᠲᠠᠢ ᠬᠠᠮᠲᠤᠯᠢᠭ᠎ᠲᠤ ᠠᠩᠬᠠᠷᠤᠯ ᠵᠶ᠋ᠠᠨ ᠲᠥᠪᠯᠡᠷᠡᠭᠦᠯᠦᠨ ᠲᠠᠬᠢᠨ ᠶᠠᠳᠠᠭᠤᠷᠠᠬᠤ ᠵᠢ ᠰᠡᠷᠭᠡᠢ᠌ᠯᠡᠨ ᠬᠣᠷᠢᠭᠯᠠᠬᠤ ᠵᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠭᠠᠵᠠᠷ ᠣᠷᠣᠨ᠎ᠤ ᠬᠡᠯᠪᠡᠢ᠌ᠭᠦᠦ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠠᠶᠤᠯ ᠲᠦᠭᠰᠢᠭᠦᠷᠢ ᠵᠢᠨ ᠭᠡᠮ ᠰᠣᠭᠣᠭ᠎ᠢ ᠴᠠᠭ ᠲᠤᠬᠠᠢ᠎ᠳᠤᠨᠢ ᠰᠡᠷᠭᠡᠢ᠌ᠯᠡᠨ ᠠᠷᠢᠯᠭ᠋ᠠᠬᠤ ᠬᠡᠷᠡᠭᠲᠡᠢ᠃ ᠠᠵᠤ ᠦᠢ᠍ᠯᠡᠰ ᠪᠣᠯᠣᠨ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠰᠠᠨ ᠤᠯᠠᠨ ᠲᠦᠮᠡᠨ᠎ᠤ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠬᠤ ᠰᠠᠭᠤᠷᠢ ᠵᠢ ᠪᠠᠲᠤᠳᠬᠠᠬᠤ ᠬᠡᠷᠡᠭᠲᠡᠢ᠃ ᠬᠠᠲᠠᠭᠤ ᠠᠰᠠᠭᠤᠳᠠᠯ᠎ᠲᠠᠢ ᠬᠠᠯᠳᠠᠵᠤ᠂ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠵᠦ᠂ ᠬᠢᠨᠠᠨ ᠰᠢᠯᠭ᠋ᠠᠵᠤ ᠦᠨᠡᠯᠡᠨ ᠵᠢᠱ᠌ᠢᠬᠦ ᠵᠡᠷᠭᠡ ᠠᠰᠠᠭᠤᠳᠠᠯ᠎ᠢ ᠢᠯᠡᠷᠡᠭᠦᠯᠦᠭᠰᠡᠨ ᠴᠡᠭᠴᠡᠯᠡᠨ ᠰᠠᠢ᠌ᠵᠢᠷᠠᠭᠤᠯᠬᠤ ᠵᠢ ᠪᠦᠬᠦ ᠲᠠᠯ᠎ᠠ᠎ᠪᠠᠷ ᠰᠠᠢ᠌ᠲᠤᠷ ᠠᠳᠬᠤᠬᠤ ᠬᠡᠷᠡᠭᠲᠡᠢ᠃ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠪᠠ ᠲᠥᠪ᠎ᠤᠨ ᠨᠢᠭᠡᠴᠡ ᠵᠢᠨ ᠴᠡᠭ ᠲᠣᠭᠲᠠᠭ᠋ᠠᠨ ᠬᠠᠪᠰᠤᠷᠤᠨ ᠲᠡᠳᠬᠦᠬᠦ ᠵᠢ ᠭᠦᠨᠵᠡᠭᠡᠢ᠌ᠷᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠭᠵᠢᠯᠲᠡ ᠵᠢ ᠨᠡᠩ ᠰᠠᠢ᠌ᠲᠤᠷ ᠳᠡᠮᠵᠢᠬᠦ ᠬᠡᠷᠡᠭᠲᠡᠢ᠃

      ᠯᠢᠦ ᠭᠦᠸᠧ ᠵᠦᠩ᠂ 《ᠲᠠᠪᠤ ᠵᠢ ᠬᠥᠭᠵᠢᠭᠦᠯᠦᠨ ᠮᠠᠨᠳᠤᠭᠤᠯᠬᠤ》ᠶᠡᠷᠦᠩᠬᠡᠢ ᠱᠠᠭ᠋ᠠᠷᠳᠠᠯᠭ᠎ᠠ ᠶᠣᠰᠣᠭ᠋ᠠᠷ᠂ ᠵᠧᠵᠢᠶᠠᠩ᠎ᠤᠨ《ᠮᠢᠩᠭ᠋ᠠᠨ ᠲᠦᠮᠡᠨ ᠢᠨᠵᠧᠨᠧᠷᠢᠩ》 ᠎ᠳᠤ ᠠᠭᠤᠯᠤᠭᠳᠠᠵᠤ ᠪᠠᠢ᠌ᠭ᠎ᠠ ᠣᠢ᠌ᠯᠠᠭ᠋ᠠᠭᠳᠠᠬᠤᠨ ᠠᠷᠭ᠎ᠠ ᠵᠢ ᠰᠤᠷᠤᠯᠴᠠᠨ ᠬᠡᠷᠡᠭᠯᠡᠵᠦ᠂ ᠨᠢᠭᠡᠳᠦᠯᠲᠡᠢ ᠲᠥᠯᠥᠪᠵᠢᠭᠦᠯᠦᠨ ᠲᠥᠯᠥᠪᠵᠢᠭᠦᠯᠵᠦ᠂ ᠲᠦᠷᠦᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ᠎ᠨᠢ ᠪᠣᠳᠠᠲᠠᠢ ᠵᠢ ᠡᠷᠬᠢᠮᠯᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ᠃ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠵᠦ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠣᠨ᠎ᠤ ᠵᠠᠰᠠᠯᠲᠠ ᠵᠢ ᠴᠢᠩᠭ᠋ᠠᠳᠬᠠᠨ ᠰᠠᠢ᠌ᠵᠢᠷᠠᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠦᠢ᠍ᠯᠡᠰ ᠪᠣᠰᠬᠠᠬᠤ᠎ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ᠃

      ᠵᠡᠭᠦᠨ ᠬᠡᠰᠡᠭ᠎ᠤᠨ 8 ᠮᠤᠵᠢ (ᠬᠣᠲᠠ) ᠪᠣᠯᠣᠨ ᠪᠠᠷᠠᠭᠤᠨ ᠬᠡᠰᠡᠭ᠎ᠤᠨ 10 ᠮᠤᠵᠢ (ᠣᠷᠣᠨ᠂ ᠬᠣᠲᠠ) ᠬᠤᠷᠠᠯ ᠳᠡᠭᠡᠷ᠎ᠡ 2023 ᠣᠨ᠎ᠤ ᠬᠠᠮᠵᠢᠯᠴᠠᠬᠤ ᠬᠡᠯᠡᠯᠴᠡᠭᠡᠷ᠎ᠲᠤ ᠭᠠᠷ᠎ᠤᠨ ᠥᠰᠥᠭ ᠵᠢᠷᠤᠪᠠ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠤᠰ ᠎ᠠᠴᠠ 6150 ᠬᠥᠮᠥᠨ ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠥᠮᠥᠵᠢᠭᠦᠯᠦᠨ᠎ᠡ᠂ ᠭᠡᠬᠦ᠎ᠳᠤ᠎ᠪᠠᠨ ᠵᠥᠪᠬᠡᠨ ᠬᠥᠳᠡᠭᠡ ᠵᠢᠨ ᠰᠤᠷᠤᠭᠴᠢ᠎ᠪᠠᠷ ᠬᠢᠵᠠᠭ᠋ᠠᠷᠯᠠᠨ᠎ᠠ
ᠯᠢᠦ ᠭᠦᠸᠧ ᠵᠦᠩ᠄ ᠬᠠᠷᠢᠭᠤᠴᠠᠯᠭ᠎ᠠ ᠪᠠ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠥᠴᠥᠬᠡᠨ ᠴᠦ᠍ ᠰᠤᠯᠠᠷᠠᠭᠤᠯᠤᠯ ᠦᠭᠡᠢ᠎ᠪᠠᠷ ᠴᠢᠩᠭ᠋ᠠᠳᠬᠠᠵᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠡᠷᠡᠰ ᠪᠡᠬᠢᠵᠢᠭᠦᠯᠦᠨ ᠰᠠᠢ᠌ᠲᠤᠷ ᠥᠷᠭᠡᠳᠬᠡᠬᠦ ᠬᠡᠷᠡᠭᠲᠡᠢ
ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠨᠢᠭᠲᠠᠷᠠᠭᠤᠯᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦ ᠨᠡᠮᠡᠷᠢᠯᠡᠨ᠎ᠡ
ᠲᠠᠩ ᠷᠧᠨ ᠵᠢᠶᠠᠨ ᠵᠧᠵᠢᠶᠠᠩ᠎ᠳᠤ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ ᠴᠢᠬᠤᠯᠠᠴᠢᠯᠠᠭᠰᠠᠨ᠎ᠨᠢ᠄ 《ᠮᠢᠩᠭ᠋ᠠᠨ ᠲᠦᠮᠡᠨ ᠢᠨᠵᠧᠨᠧᠷᠢᠩ》᠎ᠤᠨ ᠲᠤᠷᠰᠢᠯᠭ᠎ᠠ ᠵᠢ ᠭᠦᠨᠵᠡᠭᠡᠢ ᠳ᠋ᠦᠩᠨᠡᠨ ᠶᠡᠬᠡᠪᠡᠷ ᠳᠡᠯᠭᠡᠷᠡᠭᠦᠯᠵᠦ ᠰᠢᠨ᠎ᠡ ᠴᠠᠭ ᠦᠶ᠎ᠡ ᠵᠢᠨ ᠰᠢᠨ᠎ᠡ ᠠᠶᠠᠨ ᠵᠠᠮ ᠬᠥᠳᠡᠭᠡ ᠲᠣᠰᠬᠣᠨ ᠲᠠᠷᠢᠶᠠᠴᠢᠨ᠎ᠤ ᠠᠵᠢᠯ᠎ᠢ ᠬᠥᠲᠥᠯᠥᠨ ᠳᠠᠭ᠋ᠠᠭᠤᠯᠵᠤ ᠵᠢᠯᠤᠭᠣᠳᠬᠤ ᠬᠡᠷᠡᠭᠲᠡᠢ
ᠰᠢ ᠵᠢᠨ ᠫᠢᠩ᠄ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠢᠨ ᠴᠢᠬᠤᠯᠠ ᠶᠡᠬᠡ ᠡᠭᠦᠷᠭᠡ ᠮᠥᠨ
 
            