ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠤᠷᠪᠤᠯᠵᠢᠯᠠᠭ᠎ᠠ
ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠨᠧᠷᠭᠢ ᠣᠯᠭᠣᠬᠤ᠎ᠠᠴᠠ ᠬᠥᠳᠡᠭᠡ ᠲᠣᠰᠬᠣᠨ᠎ᠤ ᠠᠵᠤ ᠦᠢ᠍ᠯᠡᠰ ᠲᠦᠷᠭᠡᠰᠪᠡ
ᠨᠡᠶ᠋ᠢᠲᠡᠯᠡᠭᠰᠡᠨ ᠴᠠᠭ᠄ 2022-04-01

     ᠠᠭᠤᠷ ᠠᠮᠢᠰᠬᠤᠯ ᠪᠠᠰᠠ ᠭᠦᠢ᠍ᠴᠡᠳ ᠳᠤᠯᠠᠭ᠋ᠠᠷᠠᠬᠤ᠎ᠠᠴᠠ ᠡᠮᠦᠨ᠎ᠡ᠂ ᠬᠦᠯᠡᠮᠵᠢ᠎ᠳᠤ ᠰᠠᠭᠤᠵᠤ ᠪᠠᠢ᠍ᠭᠰᠠᠨ ᠢᠩᠲᠣᠣᠷ ᠬᠠᠷᠢᠨ ᠤᠷᠢᠲᠠ᠎ᠪᠠᠷ ᠤᠯᠠᠢ᠌ᠪᠠ᠃
      ᠪᠤᠭᠤᠲᠤ ᠬᠤᠳᠠ ᠵᠢᠨ ᠬᠥᠨᠳᠡᠯᠡᠨ ᠲᠣᠭᠣᠷᠢᠭ᠎ᠤᠨ ᠪᠤᠷᠬᠠᠨᠲᠤ ᠪᠠᠯᠭ᠋ᠠᠰᠤᠨ᠎ᠤ ᠤᠯᠠᠯᠵᠢ ᠬᠣᠶᠠᠳᠤᠭ᠋ᠠᠷ ᠲᠣᠰᠬᠣᠨ᠎ᠤ ᠴᠡᠴᠡᠭ ᠵᠢᠮᠢᠰ᠎ᠤᠨ ᠠᠩᠬᠢᠯᠤᠮ᠎ᠠ ᠦᠨᠦᠷ ᠵᠶ᠋ᠡᠷ ᠲᠠᠷᠢᠶᠠᠴᠢᠨ᠎ᠤ ᠲᠤᠰᠬᠠᠢ ᠠᠵᠢᠯ᠎ᠤᠨ ᠬᠤᠷᠰᠢᠶ᠎ᠠ ᠵᠢᠨ ᠬᠦᠯᠡᠮᠵᠢ᠎ᠳᠤ ᠬᠦᠷᠬᠦ᠎ᠳᠤ᠂ ᠢᠩᠲᠣᠣᠷ᠎ᠤᠨ ᠣᠨᠴᠠ ᠪᠠᠢ᠌ᠳᠠᠭ ᠠᠩᠬᠢᠯᠤᠮ᠎ᠠ ᠦᠨᠦᠷ ᠬᠠᠩᠬᠤᠯᠤᠨ᠎ᠠ᠃ ᠨᠢᠳᠦ ᠲᠠᠯᠪᠢᠨ ᠬᠠᠷᠠᠪᠠᠯ ᠂ ᠨᠣᠮᠢᠨ ᠨᠣᠭᠣᠭ᠋ᠠᠨ ᠳᠠᠯᠠᠶ ᠵᠢᠨ ᠳᠤᠮᠳᠠ ᠂ ᠨᠢᠭᠡ ᠮᠣᠳᠣ ᠪᠣᠯᠪᠠᠰᠤᠷᠠᠭᠰᠠᠨ ᠢᠩᠲᠣᠣᠷ ᠶᠠᠭ ᠯᠠ ᠨᠢᠭᠡ ᠪᠢᠴᠢᠬᠠᠨ ᠳ᠋ᠧᠩᠯᠦ ᠰᠢᠭ ᠬᠠᠷᠠᠭᠳᠠᠨ᠎ᠠ ᠃ ᠮᠣᠳᠣᠨ᠎ᠤ ᠨᠠᠪᠴᠢ ᠨᠠᠮᠠᠭ᠎ᠠ ᠵᠢᠨ ᠳᠣᠣᠷ᠎ᠠ ᠂ ᠵᠢᠮᠢᠰ᠎ᠤᠨ ᠲᠠᠷᠢᠶᠠᠴᠢᠨ ᠵᠠᠩ ᠱᠣᠣ ᠮᠢᠨ ᠂ ᠯᠢᠦ ᠵᠢᠦᠢ ᠵᠢᠦᠢ ᠡᠷ᠎ᠡ ᠡᠮ᠎ᠡ ᠬᠣᠶᠠᠭᠤᠯᠠ ᠤᠳᠠᠯ ᠦᠭᠡᠢ ᠬᠦᠷᠴᠦ ᠢᠷᠡᠬᠦ ᠢᠩᠲᠣᠣᠷ ᠲᠡᠭᠦᠬᠦ ᠬᠥᠭᠵᠢᠯᠲᠡᠢ ᠤᠯᠠᠷᠢᠯ᠎ᠳᠤ ᠬᠠᠮᠤᠭ ᠡᠴᠦᠰ᠎ᠤᠨ ᠵᠢᠮᠢᠰ᠎ᠤᠨ ᠰᠢᠢ᠍ᠳᠪᠦᠷᠢᠯᠡᠯᠲᠡ ᠬᠢᠵᠦ ᠪᠠᠢ᠌ᠭ᠎ᠠ᠎ᠨᠢ ᠃
       2017 ᠣᠨ᠎ᠳᠤ ᠂ ᠵᠠᠩ ᠱᠣᠸ᠋ ᠮᠢᠨ ᠵᠠᠬ᠎ᠠ ᠳᠡᠯᠭᠡᠭᠦᠷ᠎ᠲᠤ ᠰᠢᠨᠵᠢᠯᠡᠨ ᠪᠠᠢ᠌ᠴᠠᠭ᠋ᠠᠭᠰᠠᠨ᠎ᠤ ᠳᠠᠷᠠᠭ᠎ᠠ ᠳᠠᠭ᠋ᠠᠭ᠋ᠠᠴᠢᠯᠠᠭᠰᠠᠨ 50 ᠮᠦ᠍ ᠭᠠᠵᠠᠷ ᠰᠢᠷᠣᠢ᠎ᠪᠠᠨ ᠠᠰᠢᠭᠯᠠᠨ ᠢᠩᠲᠣᠣᠷ ᠳᠠᠷᠢᠬᠤ᠎ᠪᠠᠷ ᠲᠣᠭᠲᠠᠪᠠ ᠃ ᠶᠡᠬᠡ ᠰᠤᠷᠭ᠋ᠠᠭᠤᠯᠢ᠎ᠳᠤ ᠵᠢᠮᠢᠰ᠎ᠤᠨ ᠮᠣᠳᠣᠨ᠎ᠤ ᠲᠠᠷᠢᠶᠠᠯᠠᠩ᠎ᠤᠨ ᠤᠬᠠᠭ᠋ᠠᠨ᠎ᠤ ᠲᠤᠰᠬᠠᠢ ᠮᠡᠷᠭᠡᠵᠢᠯ᠎ᠳᠤ ᠰᠤᠷᠤᠯᠴᠠᠵᠤ ᠪᠠᠢ᠌ᠭ᠎ᠠ ᠵᠠᠩ ᠱᠤᠤ ᠮᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠨᠧᠷᠭᠢ ᠣᠯᠭᠣᠬᠤ ᠣᠨᠴᠠᠯᠢᠭᠲᠤ ᠲᠠᠷᠢᠶᠠᠯᠠᠩ᠎ᠤᠨ ᠲᠤᠬᠠᠢ ᠥᠪᠡᠷᠮᠢᠴᠡ ᠣᠢ᠌ᠯᠠᠭ᠋ᠠᠭᠳᠠᠬᠤᠨ᠎ᠲᠠᠢ ᠪᠠᠢ᠌ᠵᠤ᠂ ᠲᠦᠷᠦᠯ ᠵᠦᠢ᠍ᠯ᠎ᠢ ᠰᠣᠩᠭᠣᠨ ᠪᠣᠢ᠌ᠵᠢᠭᠤᠯᠬᠤ᠎ᠠᠴᠠ ᠠᠪᠤᠭ᠋ᠠᠳ ᠵᠢᠮᠢᠰ᠎ᠤᠨ ᠴᠢᠬᠢ ᠵᠢ ᠠᠷᠠᠴᠢᠯᠠᠨ ᠬᠠᠮᠠᠭ᠋ᠠᠯᠠᠬᠤ ᠬᠦᠷᠲᠡᠯ᠎ᠡ᠂ ᠳᠠᠬᠢᠭ᠋ᠠᠳ ᠴᠡᠴᠡᠭ ᠰᠡᠢ᠌ᠷᠡᠭᠦᠯᠦᠨ ᠲᠣᠭᠣᠰᠣ ᠬᠦᠷᠲᠡᠭᠡᠬᠦ ᠬᠦᠷᠲᠡᠯ᠎ᠡ ᠁ ᠭᠣᠭᠴᠣᠭ᠎ᠠ ᠪᠣᠯᠭ᠋ᠠᠨ᠎ᠳᠤ ᠴᠥᠮ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠦᠨ ᠵᠤᠵᠠᠭ᠋ᠠᠨ ᠦᠨᠦᠷ ᠠᠮᠲᠠ᠎ᠲᠠᠢ ᠪᠠᠢ᠌ᠳᠠᠭ᠃
    《ᠢᠩᠲᠣᠣᠷ᠎ᠢ ᠰᠠᠢ᠌ᠬᠠᠨ ᠰᠠᠭᠤᠯᠭ᠋ᠠᠶ᠎ᠠ ᠭᠡᠪᠡᠯ ᠵᠢᠮᠢᠰ᠎ᠤᠨ ᠮᠣᠳᠣ ᠵᠢ ᠴᠠᠳᠲᠠᠯ᠎ᠠ ᠢᠳᠡᠭᠦᠯᠦᠨ᠎ᠡ》 ᠵᠠᠩ ᠱᠤᠤ ᠮᠢᠨ ᠲᠡᠭᠦᠨ᠎ᠤ ᠪᠠᠶᠠᠵᠢᠭᠰᠠᠨ ᠨᠣᠮ ᠵᠶ᠋ᠠᠨ ᠤᠩᠰᠢᠪᠠ᠃
      ᠢᠩᠲᠣᠣᠷ᠎ᠤᠨ ᠵᠤᠯᠵᠠᠭ᠎ᠠ ᠮᠣᠳᠣ ᠵᠢ ᠤᠷᠭᠤᠭᠤᠯᠤᠭᠰᠠᠨ ᠠᠩᠬᠠᠨ᠎ᠤ ᠵᠢᠯ᠎ᠳᠤ᠂ ᠵᠠᠩ ᠱᠤᠤ ᠮᠢᠨ ᠡᠷ᠎ᠡ ᠡᠮ᠎ᠡ ᠬᠣᠶᠠᠭᠤᠯᠠ 10 ᠰᠠᠭᠤᠷᠢ ᠢᠩᠲᠣᠣᠷ᠎ᠤᠨ ᠬᠦᠯᠡᠮᠵᠢ᠎ᠳᠤ ᠳᠦᠭᠦᠷᠡᠩ ᠨᠣᠣᠰᠣᠨ ᠪᠤᠷᠴᠠᠭ ᠲᠠᠷᠢᠵᠦ᠂ ᠨᠣᠣᠰᠣᠨ ᠪᠤᠷᠴᠠᠭ ᠪᠣᠯᠪᠠᠰᠤᠷᠠᠮᠠᠭᠴᠠ ᠪᠦᠬᠦᠨ᠎ᠢ ᠬᠥᠷᠥᠰᠥᠨ᠎ᠳᠤ ᠤᠷᠪᠠᠭᠤᠯᠵᠤ᠂ ᠰᠠᠶᠢᠬᠠᠨ ᠬᠦᠯᠡᠮᠵᠢ᠎ᠳᠤ ᠨᠤᠲᠤᠭᠰᠢᠭᠰᠠᠨ ᠢᠩᠲᠣᠣᠷ᠎ᠤᠨ ᠵᠤᠯᠵᠠᠭ᠎ᠠ ᠮᠣᠳᠣ ᠵᠢ ᠴᠠᠳᠲᠠᠯ᠎ᠠ ᠢᠳᠡᠭᠦᠯᠪᠡ᠃ ᠵᠢᠯ ᠪᠦᠷᠢ ᠵᠠᠩ ᠱᠤᠤ ᠮᠢᠨ ᠡᠷ᠎ᠡ ᠡᠮ᠎ᠡ ᠬᠣᠶᠠᠭᠤᠯᠠ ᠢᠩᠲᠣᠣᠷ᠎ᠤᠨ ᠮᠣᠳᠣ ᠪᠦᠷᠢ᠎ᠳᠤ 200 ᠵᠢᠩ ᠣᠷᠭ᠋ᠠᠨᠢᠭ ᠪᠣᠷᠳᠣᠭᠤᠷ ᠨᠡᠮᠡᠵᠦ᠂ ᠢᠩᠲᠣᠣᠷ᠎ᠤᠨ ᠮᠣᠳᠣ ᠪᠦᠷᠢ᠎ᠳᠤ ᠭᠦᠢ᠍ᠴᠡᠳ ᠰᠢᠮ᠎ᠡ ᠲᠡᠵᠢᠭᠡᠯ ᠬᠦᠷᠲᠡᠭᠡᠬᠦ ᠵᠢ ᠪᠠᠲᠤᠯᠠᠨ᠎ᠠ᠃ 《ᠡᠨᠡ᠎ᠨᠢ ᠬᠡᠦᠬᠡᠳ᠎ᠢ ᠥᠰᠬᠡᠬᠦ᠎ᠲᠠᠢ ᠨᠢᠭᠡᠨ ᠶᠣᠰᠣ ᠶᠤᠮ᠂ ᠰᠠᠢ᠌ᠨ ᠢᠳᠡᠪᠡᠯ ᠰᠠᠶᠢ ᠲᠦᠷᠭᠡᠨ ᠥᠰᠴᠦ᠂ ᠥᠨᠳᠥᠷ ᠥᠰᠴᠦ ᠴᠢᠳᠠᠨ᠎ᠠ》 ᠭᠡᠵᠦ ᠰᠠᠯᠠᠭ᠎ᠠ ᠨᠠᠮᠠᠭ᠎ᠠ ᠵᠢ᠎ᠨᠢ ᠲᠦᠭᠦᠷᠡᠲᠡᠯ᠎ᠡ ᠴᠢᠮᠡᠭᠯᠡᠭᠰᠡᠨ ᠢᠩᠲᠣᠣᠷ᠎ᠢ ᠬᠠᠷᠠᠭ᠋ᠠᠳ ᠵᠠᠩ ᠱᠤᠤ ᠮᠢᠨ ᠪᠠᠶᠠᠷᠲᠠᠢ᠎ᠪᠠᠷ ᠬᠡᠯᠡᠪᠡ᠃
      ᠭᠣᠣᠯ ᠦᠳᠡ ᠵᠢᠨ ᠦᠶ᠎ᠡ᠎ᠪᠠᠷ᠂ ᠢᠩᠲᠣᠣᠷ᠎ᠤᠨ ᠬᠦᠯᠡᠮᠵᠢ ᠵᠢᠨ ᠣᠷᠣᠢ ᠵᠢᠨ ᠳᠤᠯᠠᠭ᠋ᠠᠨ᠎ᠢ ᠬᠠᠮᠠᠭ᠋ᠠᠯᠠᠬᠤ ᠳᠠᠪᠬᠤᠷᠭ᠎ᠠ ᠠᠭ᠋ᠠᠵᠢᠮ ᠵᠶ᠋ᠠᠷ ᠨᠡᠭᠡᠭᠡᠭᠳᠡᠨ᠎ᠡ᠃  《ᠡᠨᠡ ᠪᠣᠯ ᠳᠤᠯᠠᠭ᠋ᠠᠨ᠎ᠢ ᠬᠢᠵᠠᠭ᠋ᠠᠷᠯᠠᠬᠤ ᠣᠶᠤᠨᠴᠢ ᠰᠢᠰᠲ᠋ᠧᠮ ᠮᠥᠨ》 ᠭᠡᠵᠦ ᠵᠠᠩ ᠱᠤᠤ ᠮᠢᠨ ᠦᠭᠡ ᠶᠠᠷᠢᠶᠠᠨ᠎ᠳᠠᠭᠠᠨ ᠣᠮᠣᠭᠰᠢᠯ᠎ᠲᠠᠢ ᠪᠠᠢ᠌ᠯ᠎ᠠ᠃ ᠢᠩᠲᠣᠣᠷ᠎ᠢ ᠠᠯᠢ ᠲᠦᠷᠭᠡᠨ ᠵᠶ᠋ᠡᠷ ᠬᠠᠨᠲᠠᠯ᠎ᠠ ᠤᠨᠲᠠᠭᠤᠯᠬᠤ ᠵᠢᠨ ᠲᠥᠯᠥᠭᠡ ᠂ ᠥᠷᠯᠥᠭᠡ ᠬᠣᠲᠠ᠎ᠳᠤ ᠵᠠᠩ ᠱᠣᠸ᠋ ᠮᠢᠨ ᠬᠦᠯᠡᠮᠵᠢ᠎ᠳᠡᠭᠡᠨ ᠣᠶᠤᠨᠴᠢ ᠳᠤᠯᠠᠭ᠋ᠠᠨ ᠲᠣᠬᠢᠷᠠᠭᠤᠯᠬᠤ ᠰᠢᠰᠲ᠋ᠧᠮ ᠤᠭᠰᠠᠷᠠᠵᠤ ᠂ ᠵᠢᠮᠢᠰ᠎ᠤᠨ ᠮᠣᠳᠣᠨ᠎ᠤ ᠢᠴᠡᠭᠡᠯᠡᠯᠲᠡ ᠵᠢ ᠰᠢᠨᠵᠢᠯᠡᠬᠦ ᠤᠬᠠᠭ᠋ᠠᠨᠴᠢ᠎ᠪᠠᠷ ᠬᠠᠮᠢᠶᠠᠷᠴᠠᠢ ᠃ ᠡᠳᠦᠷ ᠪᠦᠷᠢ ᠵᠢᠨ ᠪᠦᠲᠦᠮᠵᠢᠲᠡᠶ ᠢᠴᠡᠭᠡᠯᠡᠬᠦ ᠴᠠᠭ᠎ᠢ ᠨᠡᠮᠡᠭᠳᠡᠭᠦᠯᠵᠦ ᠂ ᠬᠡᠷᠡᠯ᠎ᠤᠨ ᠲᠤᠰᠤᠯᠲᠠ ᠵᠢᠨ ᠴᠠᠭ᠎ᠢ ᠤᠷᠲᠤᠳᠬᠠᠵᠤ ᠂ ᠲᠣᠮᠣ ᠢᠩᠲᠣᠣᠷ᠎ᠤᠨ ᠬᠡᠷᠡᠯ᠎ᠤᠨ ᠨᠡᠢ᠌ᠯᠡᠯᠭᠡ ᠵᠢᠨ ᠬᠤᠷᠳᠤᠴᠠ ᠵᠢ ᠳᠡᠭᠡᠭᠰᠢᠯᠡᠭᠦᠯᠦᠨ ᠂ ᠵᠢᠮᠢᠰ᠎ᠤᠨ ᠪᠣᠶ᠋ᠢᠵᠢᠯᠲᠠ ᠵᠢᠨ ᠠᠬᠢᠴᠠ ᠵᠢ ᠪᠣᠭᠣᠨᠢᠰᠬᠠᠪᠠ ᠁ ᠵᠠᠩ ᠱᠣᠸ᠋ ᠮᠢᠨ᠎ᠤ ᠵᠠᠯᠭ᠋ᠠᠭ᠎ᠠ ᠵᠠᠯᠭ᠋ᠠᠭ᠎ᠠ᠎ᠪᠠᠷ ᠬᠢᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠨᠢ ᠠᠮᠵᠢᠯᠲᠠ᠎ᠲᠠᠢ᠎ᠪᠠᠷ ᠥᠪᠡᠷ᠎ᠤᠨ ᠲᠣᠮᠣ ᠢᠩᠲᠣᠣᠷ᠎ᠤᠨ ᠪᠣᠯᠪᠠᠰᠤᠷᠠᠬᠤ ᠬᠤᠭᠤᠴᠠᠭ᠎ᠠ ᠵᠢ 10 ᠡᠳᠦᠷ ᠣᠷᠴᠢᠮ ᠤᠷᠢᠳᠴᠢᠯᠠᠭᠤᠯᠪᠠ ᠃
      ᠨᠢᠭᠡᠳᠦᠭᠡᠷ ᠵᠢᠯ᠎ᠳᠤ 500 ᠵᠢᠩ ᠭᠠᠷᠳᠠᠬ᠂ ᠬᠣᠶᠠᠳᠤᠭ᠋ᠠᠷ ᠵᠢᠯ᠎ᠳᠤ 2000 ᠵᠢᠩ ᠭᠠᠷᠳᠠᠬ᠂ ᠵᠢᠱ᠌ᠢᠯᠲᠡ᠎ᠪᠠᠷ 2022 ᠣᠨ᠎ᠳᠤ 5000 ᠵᠢᠩ ᠭᠠᠷᠳᠠᠬ᠁ ᠢᠩᠲᠣᠣᠷ᠎ᠤᠨ ᠭᠠᠷᠤᠯᠲᠠ ᠳᠠᠬᠢᠨ ᠵᠶ᠋ᠠᠷ ᠨᠡᠮᠡᠭᠳᠡᠭᠰᠡᠨ ᠪᠠ ᠪᠣᠳᠠᠲᠠᠢ ᠣᠷᠣᠯᠭ᠎ᠠ᠎ᠨᠢ ᠤᠯᠠᠭ᠋ᠠᠨᠬᠦᠦ ᠬᠣᠶᠠᠳᠤᠭ᠋ᠠᠷ ᠲᠣᠰᠬᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢ ᠵᠢᠨ ᠲᠠᠷᠢᠶᠠᠯᠠᠩ᠎ᠤᠨ ᠬᠥᠭᠵᠢᠯᠲᠡ ᠵᠢᠨ ᠬᠤᠷᠢᠶᠠᠩᠭᠤᠢ ᠳᠦᠷᠰᠦ ᠪᠣᠯᠣᠨ᠎ᠠ᠃
      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠠᠵᠤ ᠦᠢ᠍ᠯᠡᠰ᠎ᠲᠤ ᠲᠦᠰᠢᠭᠯᠡᠵᠦ᠂ ᠠᠵᠤ ᠦᠢ᠍ᠯᠡᠰ᠎ᠢ ᠬᠥᠭᠵᠢᠭᠦᠯᠬᠦ᠎ᠳᠤ ᠣᠨᠴᠠᠯᠢᠭ᠎ᠲᠤ ᠲᠦᠰᠢᠭᠯᠡᠵᠦ᠂ ᠣᠨᠴᠠᠯᠢᠭᠲᠤ ᠠᠵᠤ ᠦᠢ᠍ᠯᠡᠰ᠎ᠢ ᠪᠤᠵᠠᠭ᠋ᠠᠢ᠌ᠷᠠᠭᠤᠯᠬᠤ᠎ᠳᠤ ᠣᠢ᠌ᠷ᠎ᠠ ᠵᠢᠨ ᠵᠢᠯ᠎ᠳᠤ ᠂ ᠤᠯᠠᠭ᠋ᠠᠨᠬᠦᠦ ᠬᠣᠶᠠᠳᠤᠭ᠋ᠠᠷ ᠲᠣᠰᠬᠣᠨ᠎ᠤ᠎ᠬᠢᠨ ᠲᠠᠷᠢᠶᠠᠴᠢᠳ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠠᠵᠤ ᠦᠢ᠍ᠯᠡᠰ᠎ᠤᠨ ᠪᠦᠲᠦᠴᠡ᠎ᠪᠠᠨ ᠲᠣᠬᠢᠷᠠᠭᠤᠯᠵᠤ ᠂ 《ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ》ᠶᠡᠷᠦᠩᠬᠡᠢ ᠰᠡᠳᠬᠢᠴᠡ᠎ᠪᠠᠷ ᠲᠠᠷᠢᠮᠠᠯ᠎ᠤᠨ ᠪᠦᠲᠦᠴᠡ ᠵᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠢᠮᠢᠰ ᠨᠣᠭᠣᠭ᠎ᠠ᠂ ᠠᠵᠤ ᠠᠬᠤᠢ ᠵᠢᠨ ᠲᠠᠷᠢᠮᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ᠂ ᠲᠦᠷᠦᠯ ᠰᠠᠳᠤᠨ ᠦᠷ᠎ᠡ ᠬᠡᠦᠬᠡᠳ ᠬᠠᠷᠢᠯᠴᠠᠨ ᠬᠥᠳᠡᠯᠦᠯᠴᠡᠬᠦ᠂ ᠬᠥᠳᠡᠭᠡ ᠲᠣᠰᠬᠣᠨ᠎ᠤ ᠵᠤᠭ᠋ᠠᠴᠠᠯ᠂ ᠲᠠᠷᠢᠶᠠᠯᠠᠩ᠎ᠤᠨ ᠶᠠᠪᠤᠳᠠᠯ᠎ᠢ ᠪᠡᠶᠡᠴᠢᠯᠡᠨ ᠣᠢ᠌ᠯᠠᠭ᠋ᠠᠬᠤ᠂ ᠪᠠᠢ᠌ᠭ᠋ᠠᠯᠢ ᠵᠢᠨ ᠰᠤᠷᠭ᠋ᠠᠨ ᠬᠥᠮᠦᠵᠢᠯ ᠵᠡᠷᠭᠡ ᠵᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠴᠢᠨᠠᠷᠲᠠᠢ ᠬᠥᠳᠡᠭᠡ ᠲᠣᠰᠬᠣᠨ᠎ᠤ ᠰᠣᠶᠣᠯ ᠵᠤᠭ᠋ᠠᠴᠠᠯ᠎ᠤᠨ ᠰᠦᠯᠵᠢᠶᠡᠨ᠎ᠤ ᠰᠢᠨ᠎ᠡ ᠲᠣᠰᠬᠣᠨ᠎ᠢ ᠢᠳᠡᠪᠬᠢᠲᠡᠢ ᠪᠠᠢ᠌ᠭᠤᠯᠵᠤ᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠳᠡᠭᠡ ᠠᠵᠤ ᠠᠬᠤᠢ + ᠬᠥᠳᠡᠭᠡ ᠲᠣᠰᠬᠣᠨ᠎ᠤ ᠵᠤᠭ᠋ᠠᠴᠠᠯ》 ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ᠎ᠢ ᠨᠡᠭᠡᠭᠡᠵᠦ᠂ ᠬᠥᠳᠡᠭᠡ ᠠᠵᠤ ᠠᠬᠤᠢ ᠵᠢᠨ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠎ᠳᠤ ᠬᠦᠴᠦᠨ ᠨᠡᠮᠡᠷᠢᠯᠡᠪᠡ᠃

 

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠥᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠷᠴᠢᠮ ᠭᠦᠭ ᠵᠢᠡᠷ ᠤᠳᠤ ᠦᠶ᠎ᠡ ᠵᠢᠨ ᠬᠥᠳᠡᠭᠡ ᠠᠵᠤ ᠠᠬᠤᠢ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠪᠠᠶᠠᠵᠢᠯ᠎ᠤᠨ ᠲᠠᠭᠤ》 ᠵᠢ ᠬᠠᠩᠭᠢᠨᠠᠭᠤᠯᠵᠤ ᠪᠣᠢ
 
            