ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠰᠤᠷᠪᠤᠯᠵᠢᠯᠠᠭ᠎ᠠ
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠷᠴᠢᠮ ᠭᠦᠭ ᠵᠢᠡᠷ ᠤᠳᠤ ᠦᠶ᠎ᠡ ᠵᠢᠨ ᠬᠥᠳᠡᠭᠡ ᠠᠵᠤ ᠠᠬᠤᠢ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠪᠠᠶᠠᠵᠢᠯ᠎ᠤᠨ ᠲᠠᠭᠤ》 ᠵᠢ ᠬᠠᠩᠭᠢᠨᠠᠭᠤᠯᠵᠤ ᠪᠣᠢ
ᠨᠡᠶ᠋ᠢᠲᠡᠯᠡᠭᠰᠡᠨ ᠴᠠᠭ᠄ 2022-08-18

      ᠨᠠᠮᠤᠷ᠎ᠤᠨ ᠡᠬᠢᠨ᠎ᠤ ᠦᠶ᠎ᠡ᠎ᠳᠤ᠂  ᠤᠯᠠᠭ᠋ᠠᠨᠬᠠᠳᠠ ᠬᠤᠳᠠ ᠵᠢᠨ ᠨᠢᠩᠴᠧᠩ ᠰᠢᠶᠠᠨ᠎ᠤ ᠪᠠ ᠯᠢ ᠬᠠᠨ ᠪᠠᠯᠭ᠋ᠠᠰᠤᠨ᠎ᠤ ᠪᠠ ᠯᠢ ᠬᠠᠨ ᠲᠣᠰᠬᠣᠨ᠎ᠳᠤ᠂ ᠬᠡᠭᠡᠷ᠎ᠡ ᠲᠠᠯ᠎ᠠ᠎ᠪᠠᠷ ᠠᠮᠢᠵᠢᠷᠠᠯ᠎ᠤᠨ ᠬᠦᠴᠦᠨ ᠵᠶ᠋ᠡᠷ ᠪᠢᠯᠬᠠᠵᠤ᠂ ᠬᠦᠯᠡᠮᠵᠢ᠎ᠪᠠᠨ ᠲᠡᠷᠢ ᠲᠡᠭᠰᠢ ᠵᠢᠭᠰᠠᠭ᠋ᠠᠵᠤ᠂ ᠪᠣᠷᠣᠭ᠋ᠠᠨ᠎ᠤ ᠳᠠᠷᠠᠭ᠋ᠠᠬᠢ ᠨᠡᠷᠡᠨ᠎ᠤ ᠭᠡᠷᠡᠯ᠎ᠳᠤ ᠰᠡᠳᠬᠢᠯ ᠵᠢᠷᠦᠬᠡ ᠵᠢ ᠪᠠᠶᠠᠰᠬᠠᠬᠤ ᠦᠵᠡᠮᠵᠢ ᠵᠢᠷᠤᠭ ᠰᠢᠭ᠋ ᠬᠠᠷᠠᠭᠳᠠᠨ᠎ᠠ᠃ ᠣᠢ᠌ᠷ᠎ᠠ ᠵᠢᠨ ᠵᠢᠯ᠎ᠤᠨ ᠲᠤᠷᠰᠢ ᠪᠠ ᠯᠢ ᠬᠠᠨ ᠪᠠᠯᠭ᠋ᠠᠰᠤ ᠪᠦᠬᠦ ᠰᠢᠶᠠᠨ ᠵᠶ᠋ᠠᠷ ᠵᠶ᠋ᠠᠨ ᠲᠥᠬᠥᠭᠡᠷᠦᠮᠵᠢᠲᠦ ᠲᠠᠷᠢᠶᠠᠯᠠᠩ᠎ᠢ ᠬᠥᠭᠵᠢᠭᠦᠯᠬᠦ ᠲᠤᠷᠤᠨ᠎ᠠ ᠵᠢᠨ ᠰᠠᠯᠬᠢ ᠵᠢ ᠠᠰᠢᠭᠯᠠᠵᠤ᠂ ᠠᠵᠤ ᠦᠢ᠍ᠯᠡᠰᠵᠢᠭᠰᠡᠨ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠥᠬᠥᠭᠡᠷᠦᠮᠵᠢᠲᠦ ᠲᠠᠷᠢᠶᠠᠯᠠᠩ᠎ᠢ ᠶᠡᠬᠡᠪᠡᠷ ᠬᠥᠭᠵᠢᠭᠦᠯᠵᠦ᠂ ᠲᠥᠬᠥᠭᠡᠷᠦᠮᠵᠢᠲᠦ ᠲᠠᠷᠢᠶᠠᠯᠠᠩ᠎ᠤᠨ ᠠᠵᠤ ᠠᠬᠤᠢ ᠵᠢ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠴᠢᠨᠡᠭᠡᠯᠢᠭᠵᠢᠭᠦᠯᠬᠦ 《ᠰᠢᠨ᠎ᠡ ᠬᠥᠳᠡᠯᠭᠡᠭᠦᠷ》 ᠪᠣᠯᠭ᠋ᠠᠭᠰᠠᠨ᠎ᠠᠴᠠ ᠡᠨᠡᠬᠦ ᠦᠵᠡᠰᠬᠦᠯᠡᠩᠲᠦ ᠰᠠᠢ᠌ᠬᠠᠨ ᠵᠢᠷᠤᠭ᠎ᠢ ᠵᠢᠷᠤᠭᠰᠠᠨ ᠪᠠᠢ᠌ᠨ᠎ᠠ᠃ ᠡᠨᠡ᠎ᠨᠢ ᠲᠥᠬᠥᠭᠡᠷᠦᠮᠵᠢᠲᠦ ᠲᠠᠷᠢᠶᠠᠯᠠᠩ᠎ᠤᠨ ᠠᠵᠤ ᠠᠬᠤᠢ ᠵᠢ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠦᠨ ᠴᠢᠨᠡᠭᠡᠯᠢᠭᠵᠢᠭᠦᠯᠬᠦ  ᠵᠢᠨ 《ᠰᠢᠨ᠎ᠡ ᠬᠥᠳᠡᠯᠭᠡᠭᠦᠷ》ᠪᠣᠯᠭ᠋ᠠᠭᠰᠠᠨ᠎ᠠᠴᠠ ᠢᠷᠡᠯᠲᠡ᠎ᠲᠠᠢ ᠶᠤᠮ᠃
      ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠠᠵᠤ ᠦᠢ᠍ᠯᠡᠰ᠎ᠢ ᠪᠠ ᠯᠢ ᠬᠠᠨ ᠲᠣᠰᠬᠣᠨ ᠡᠯᠪᠡᠭ ᠳᠡᠯᠪᠡᠭ ᠭᠠᠵᠠᠷ ᠰᠢᠷᠣᠢ ᠵᠢᠨ ᠡᠬᠢ ᠪᠠᠶᠠᠯᠢᠭ ᠪᠠ ᠳᠠᠪᠠᠭᠤᠯᠢᠭ ᠭᠠᠵᠠᠷ ᠵᠦᠢ ᠵᠢᠨ ᠪᠠᠢ᠌ᠷᠢᠰᠢᠯ᠎ᠳᠤ ᠲᠦᠰᠢᠭᠯᠡᠨ ᠂ ᠲᠠᠷᠢᠶᠠᠴᠢᠳ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠲᠠᠷᠢᠮᠠᠯ᠎ᠤᠨ ᠪᠦᠲᠦᠴᠡ ᠵᠢ᠎ᠨᠢ ᠲᠣᠬᠢᠷᠠᠭᠤᠯᠵᠤ ᠂ ᠪᠡᠯᠡᠳᠭᠡᠮᠵᠢᠳᠤ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠪᠦᠲᠦᠭᠡᠨ ᠪᠠᠢ᠌ᠭᠤᠯᠵᠤ ᠂ ᠦᠨᠳᠦᠰᠦᠨ ᠱᠠᠲᠤᠨ᠎ᠳᠤ ᠲᠤᠯᠭ᠋ᠠᠭᠤᠷᠢᠯᠠᠭᠰᠠᠨ ᠣᠨᠴᠠᠯᠢᠭᠲᠤ ᠣᠳᠣᠬᠢᠴᠢᠯᠠᠭᠰᠠᠨ ᠲᠠᠷᠢᠶᠠᠯᠠᠩ᠎ᠤᠨ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠬᠦᠴᠦᠯᠡᠨ ᠪᠣᠶ ᠪᠣᠯᠭ᠋ᠠᠨ᠎ᠠ ᠃ ᠪᠠ ᠯᠢ ᠬᠠᠨ ᠲᠣᠰᠬᠣᠨ᠎ᠤ ᠠᠵᠤ ᠦᠢ᠍ᠯᠡᠰ ᠵᠶ᠋ᠡᠷ ᠶᠠᠳᠠᠭᠤ ᠵᠢ ᠲᠡᠳᠬᠦᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠲᠤ ᠬᠦᠷᠴᠦ᠂ ᠠᠭᠤᠯᠠ ᠵᠢ ᠲᠦᠰᠢᠨ ᠪᠠᠢ᠌ᠭᠤᠯᠤᠭᠰᠠᠨ ᠲᠥᠬᠥᠭᠡᠷᠦᠮᠵᠢᠲᠦ ᠲᠠᠷᠢᠶᠠᠯᠠᠩ᠎ᠤᠨ ᠬᠦᠯᠡᠮᠵᠢ ᠵᠢ ᠪᠦᠬᠦᠨ᠎ᠢ ᠣᠯᠵᠤ ᠬᠠᠷᠠᠪᠠ᠃ ᠰᠠᠷᠠᠪᠴᠢᠨ᠎ᠳᠤ ᠣᠷᠣᠬᠤ᠎ᠳᠤ᠂ ᠣᠷᠢᠶᠠᠩᠭᠤ ᠵᠢᠨ ᠮᠥᠴᠢᠷ ᠳᠦᠭᠦᠷᠡᠩ ᠡᠯᠭᠦᠭᠰᠡᠨ ᠥᠷᠭᠡᠰᠦᠲᠦ ᠬᠡᠮᠬᠡ ᠵᠢᠨ ᠨᠣᠭᠣᠭ᠋ᠠᠨ ᠥᠩᠭᠡ ᠬᠥᠮᠥᠰ᠎ᠤᠨ ᠪᠠᠬᠠᠷᠬᠠᠯ᠎ᠢ ᠲᠠᠲᠠᠵᠤ᠂ ᠠᠩᠬᠢᠯᠤᠮ᠎ᠠ ᠰᠠᠢ᠌ᠬᠠᠨ ᠠᠮᠲᠠᠲᠤ ᠬᠡᠮᠬᠡ ᠵᠢᠨ ᠦᠨᠦᠷ ᠬᠠᠮᠠᠷ ᠴᠣᠷᠭᠢᠨ᠎ᠠ᠂ ᠰᠠᠷᠠᠪᠴᠢᠨ᠎ᠤ᠎ᠬᠢᠨ ᠲᠡᠭᠦᠬᠦ᠂ ᠢᠯᠭ᠋ᠠᠬᠤ᠂ ᠬᠠᠢ᠌ᠷᠴᠠᠭ᠎ᠲᠤ ᠰᠠᠪᠠᠯᠠᠬᠤ᠎ᠪᠠᠷ ᠶᠠᠭ᠋ᠠᠷᠠᠯᠳᠤᠵᠤ ᠪᠠᠢ᠌ᠬᠤ᠎ᠳᠤ ᠪᠠᠶᠠᠷ ᠬᠦᠷ᠎ᠲᠠᠢ ᠪᠢᠰᠢ ᠦᠸ᠋᠃
      ᠪᠠ ᠯᠢ ᠬᠠᠨ ᠲᠣᠰᠬᠣᠨ᠎ᠤ ᠠᠵᠤ ᠦᠢ᠍ᠯᠡᠰ ᠵᠶ᠋ᠡᠷ ᠶᠠᠳᠠᠭᠤ ᠵᠢ ᠲᠡᠳᠬᠦᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠲᠤ 《ᠬᠤᠷᠰᠢᠶ᠎ᠠ + ᠲᠠᠷᠢᠶᠠᠴᠢᠨ ᠡᠷᠦᠬᠡ》 ᠵᠢᠨ ᠵᠠᠭᠪᠤᠷ᠎ᠢ ᠬᠡᠷᠡᠭᠯᠡᠵᠦ᠂ ᠲᠤᠰ ᠲᠣᠰᠬᠣᠨ᠎ᠤ ᠠᠷᠠᠳ ᠨᠠᠨ ᠯᠢ ᡁᠢ ᠵᠢᠨ ᠡᠭᠦᠰᠬᠡᠨ ᠪᠠᠢ᠌ᠭᠤᠯᠤᠭᠰᠠᠨ ᠨᠢᠩᠴᠧᠩ ᠰᠢᠶᠠᠨ᠎ᠤ ᠯᠢ ᡁᠢ ᠵᠢᠮᠢᠰ ᠢᠳᠡᠰᠢᠨ ᠨᠣᠭᠣᠭ᠋ᠠᠨ᠎ᠤ ᠬᠤᠷᠰᠢᠶ᠎ᠠ᠎ᠠᠴᠠ ᠨᠢᠭᠡᠳᠦᠯᠲᠡᠢ ᠡᠵᠡᠩᠨᠡᠨ ᠬᠠᠮᠢᠶᠠᠷᠤᠨ᠎ᠠ᠃ ᠬᠤᠷᠰᠢᠶ᠎ᠠ᠎ᠨᠢ ᠵᠢᠯ ᠪᠦᠷᠢ ᠵᠦᠢ᠍ᠯᠡᠰ᠎ᠤᠨ ᠶᠡᠷᠦᠩᠬᠡᠢ ᠪᠡᠯᠡ ᠣᠷᠣᠭᠤᠯᠤᠯᠲᠠ ᠵᠢᠨ 5%᠎ᠠᠴᠠ ᠳᠣᠣᠷ᠎ᠠ ᠦᠭᠡᠢ᠎ᠪᠠᠷ ᠠᠰᠢᠭ ᠣᠷᠣᠯᠭ᠎ᠠ ᠵᠢᠨ ᠮᠥᠩᠭᠥ ᠲᠤᠰᠢᠶᠠᠵᠤ᠂ ᠭᠠᠴᠠᠭ᠋ᠠᠨ᠎ᠤ ᠱᠠᠲᠤᠨ᠎ᠤ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠲᠤ ᠬᠡᠷᠡᠭᠯᠡᠨ᠎ᠡ᠃ ᠣᠢ᠌ᠷ᠎ᠠ ᠵᠢᠨ ᠵᠢᠯ᠎ᠠᠴᠠ᠂ ᠨᠢᠩᠴᠧᠩ ᠰᠢᠶᠠᠨ᠎ᠤ ᠯᠢ ᡁᠢ ᠵᠢᠮᠢᠰ ᠢᠳᠡᠰᠢᠨ ᠨᠣᠭᠣᠭ᠎ᠠ ᠵᠢᠨ ᠬᠤᠷᠰᠢᠶ᠎ᠠ ᠠᠵᠢᠯ ᠲᠦᠷᠦᠯ᠎ᠤᠨ ᠳᠣᠲᠣᠨ᠎ᠠ ᠭᠠᠳᠠᠨ᠎ᠠ ᠥᠷᠭᠡᠨ ᠵᠶ᠋ᠡᠷ ᠮᠡᠳᠡᠷᠡᠭᠳᠡᠪᠡ᠃ 2009 ᠣᠨ᠎ᠤ 9 ᠰᠠᠷ᠎ᠠ᠎ᠳᠤ ᠲᠣᠰ ᠬᠣᠷᠰᠢᠶ᠎ᠠ᠎ᠨᠢ 《  ᠥᠪᠡᠷᠲᠡᠭᠡᠨ ᠵᠠᠰᠠᠬᠤ ᠣᠷᠣᠨ᠎ᠤ ᠮᠠᠯᠴᠢᠨ ᠲᠠᠷᠢᠶᠠᠴᠢᠨ᠎ᠤ ᠲᠤᠰᠬᠠᠢ ᠠᠵᠢᠯ᠎ᠤᠨ ᠬᠣᠷᠰᠢᠶ᠎ᠠ ᠵᠢᠨ ᠵᠢᠱ᠌ᠢᠶ᠎ᠡ ᠦᠵᠡᠭᠦᠯᠬᠦ ᠬᠣᠷᠰᠢᠶ᠎ᠠ 》 ᠵᠢᠨ ᠴᠣᠯᠠ ᠬᠦᠷᠲᠡᠵᠦ ᠂ 2011 ᠣᠨ᠎ᠳᠤ 《  ᠤᠯᠤᠰ᠎ᠤᠨ ᠮᠠᠯᠴᠢᠨ ᠲᠠᠷᠢᠶᠠᠴᠢᠨ᠎ᠤ ᠲᠤᠰᠬᠠᠢ ᠠᠵᠢᠯ᠎ᠤᠨ ᠬᠣᠷᠰᠢᠶ᠎ᠠ ᠵᠢᠨ ᠵᠢᠱ᠌ᠢᠶ᠎ᠡ ᠦᠵᠡᠭᠦᠯᠬᠦ ᠬᠣᠷᠰᠢᠶ᠎ᠠ 》᠎ᠪᠠᠷ ᠦᠨᠡᠯᠡᠭᠳᠡᠵᠦ ᠂ 2015 ᠣᠨ᠎ᠳᠤ 《  ᠤᠯᠠᠭ᠋ᠠᠨᠬᠠᠳᠠ ᠬᠣᠲᠠ ᠵᠢᠨ ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ 》 ᠵᠶ᠋ᠠᠷ ᠦᠨᠡᠯᠡᠭᠳᠡᠪᠡ ᠃
      ᠠᠵᠤ ᠦᠢ᠍ᠯᠡᠰ᠎ᠤᠨ ᠬᠥᠭᠵᠢᠯᠲᠡ ᠬᠡᠷᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠡᠮᠵᠢᠬᠦ ᠲᠤᠬᠠᠢ ᠶᠠᠷᠢᠬᠤ᠎ᠳᠠᠭᠠᠨ ᠂ ᠯᠢ ᡁᠢ ᠵᠢᠮᠢᠰ ᠢᠳᠡᠰᠢᠨ ᠨᠣᠭᠣᠭ᠎ᠠ ᠵᠢᠨ ᠬᠣᠷᠰᠢᠶ᠎ᠠ ᠵᠢᠨ ᠨᠠᠮ᠎ᠤᠨ ᠡᠭᠦᠷ᠎ᠤᠨ ᠱᠦᠵᠢ ᠂ ᠬᠡᠷᠡᠭ ᠡᠷᠬᠢᠯᠡᠭᠴᠢᠳ᠎ᠤᠨ ᠳᠠᠷᠤᠭ᠎ᠠ ᠨᠠᠨ ᠯᠢ ᡁᠢ ᠲᠠᠨᠢᠯᠴᠠᠭᠤᠯᠬᠤ᠎ᠳᠠᠭᠠᠨ ᠂ ᠤᠯᠠᠨ ᠵᠢᠯ᠎ᠤᠨ ᠬᠥᠭᠵᠢᠯᠲᠡ᠎ᠪᠠᠷ ᠲᠠᠮᠵᠢᠨ᠂ ᠬᠤᠷᠰᠢᠶ᠎ᠠ᠎ᠳᠤ ᠤᠳᠤ 316 ᠡᠷᠦᠬᠡ ᠵᠢᠨ ᠭᠡᠰᠢᠭᠦᠨ᠎ᠲᠠᠢ᠂ ᠪᠡᠯᠡᠳᠭᠡᠮᠵᠢᠳᠤ ᠲᠠᠷᠢᠶᠠᠯᠠᠩ᠎ᠤᠨ ᠶᠡᠷᠦᠩᠬᠡᠢ᠌ᠯᠡᠭᠰᠡᠨ ᠡᠵᠡᠯᠡᠬᠦ ᠭᠠᠵᠠᠷ 5000 ᠭᠠᠷᠤᠢ ᠮᠦ᠍᠂ 600 ᠭᠠᠷᠤᠢ ᠬᠦᠯᠡᠮᠵᠢ ᠵᠢᠨ ᠬᠦᠯᠡᠮᠵᠢ᠎ᠲᠠᠢ ᠪᠥᠭᠡᠳ ᠰᠢᠨ᠎ᠡ ᠰᠣᠷᠭᠣᠭ ᠪᠠᠢ᠌ᠯᠭ᠋ᠠᠬᠤ ᠬᠥᠮᠥᠷᠭᠡ᠂ ᠬᠤᠪᠢᠶᠠᠨ ᠳᠠᠭ᠋ᠠᠭ᠋ᠠᠴᠢᠯᠠᠬᠤ ᠦᠢ᠍ᠯᠡᠳᠪᠦᠷᠢ ᠵᠢᠨ ᠲᠠᠰᠤᠭ᠂ ᠮᠡᠷᠭᠡᠵᠢᠯ᠎ᠤᠨ ᠵᠢᠯᠣᠭᠣᠳᠤᠯᠭ᠎ᠠ ᠵᠢᠨ ᠲᠥᠪ ᠵᠡᠷᠭᠡ ᠵᠢ ᠪᠠᠢ᠌ᠭᠤᠯᠵᠤ᠂ ᠭᠣᠣᠯᠳᠠᠭᠤ ᠥᠷᠭᠡᠰᠦᠲᠦ ᠬᠡᠮᠬᠡ᠂ ᠲᠥᠪᠡᠳ ᠬᠠᠰᠢ᠂ ᠯᠠᠵᠤᠤ᠂ ᠲᠥᠭᠥᠷᠢᠭ ᠬᠠᠰᠢ ᠵᠡᠷᠭᠡ ᠢᠳᠡᠰᠢᠨ ᠨᠣᠭᠣᠭ᠎ᠠ ᠲᠠᠷᠢᠵᠤ᠂ ᠵᠢᠯ᠎ᠳᠤ 9600 ᠭᠠᠷᠤᠢ ᠲᠣᠨ ᠢᠳᠡᠰᠢᠨ ᠨᠣᠭᠣᠭ᠎ᠠ ᠦᠢ᠍ᠯᠡᠳᠪᠦᠷᠢᠯᠡᠵᠦ᠂ ᠪᠦᠲᠦᠭᠡᠭᠳᠡᠬᠦᠨ ᠵᠶ᠋ᠡᠨ ᠭᠣᠣᠯᠳᠠᠭᠤ ᠪᠡᠭᠡᠵᠢᠩ ᠲᠢᠶᠠᠨᠵᠢᠨ ᠾᠧᠪᠧᠢ᠂ ᠵᠦᠵᠢᠶᠠᠩ ᠮᠥᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ ᠵᠡᠷᠭᠡ ᠭᠠᠵᠠᠷ᠎ᠲᠤ ᠪᠣᠷᠣᠯᠠᠭᠤᠯᠵᠤ᠂ ᠪᠣᠷᠤᠯᠠᠭᠤᠯᠭ᠎ᠠ ᠵᠢᠨ ᠣᠷᠣᠯᠭ᠎ᠠ ᠵᠢ 5000 ᠲᠦᠮᠡᠨ ᠲᠥᠭᠥᠷᠢᠭ ᠵᠶ᠋ᠡᠷ ᠪᠡᠶᠡᠯᠡᠭᠦᠯᠵᠦ᠂ 600 ᠭᠠᠷᠤᠢ ᠲᠠᠷᠢᠶᠠᠴᠢᠨ ᠡᠷᠦᠬᠡ᠎ᠳᠤ ᠠᠰᠢᠭ ᠬᠦᠷᠲᠡᠭᠡᠪᠡ᠃
      ᠠᠵᠤ ᠦᠢ᠍ᠯᠡᠰ᠎ᠢ ᠤᠷᠳᠤ ᠬᠤᠭᠤᠴᠠᠭ᠎ᠠ᠎ᠪᠠᠷ ᠬᠥᠭᠵᠢᠭᠦᠯᠬᠦ᠎ᠳᠤ ᠵᠠᠩᠭᠢᠯᠠᠭ᠎ᠠ᠎ᠨᠢ ᠵᠠᠬ᠎ᠠ ᠳᠡᠯᠭᠡᠭᠦᠷ᠎ᠢ ᠨᠡᠭᠡᠭᠡᠬᠦ᠎ᠳᠤ ᠪᠠᠢ᠌ᠨ᠎ᠠ᠃ ᠪᠠ ᠯᠢ ᠬᠠᠨ ᠲᠣᠰᠬᠣᠨ᠎ᠤ ᠠᠵᠤ ᠦᠢ᠍ᠯᠡᠰ ᠵᠶ᠋ᠡᠷ ᠶᠠᠳᠠᠭᠤ ᠵᠢ ᠲᠡᠳᠬᠦᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠨᠢ ᠦᠷ᠎ᠡ ᠪᠠ ᠵᠤᠯᠵᠠᠭ᠎ᠠ ᠮᠣᠳᠣᠨ᠎ᠤ ᠬᠠᠩᠭ᠋ᠠᠯᠭ᠎ᠠ ᠂ ᠪᠠᠷᠠᠭ᠋ᠠᠨ᠎ᠤ ᠭᠦᠢ᠍ᠯᠭᠡᠭᠡᠨ᠎ᠤ ᠬᠥᠮᠥᠷᠭᠡᠯᠡᠯᠲᠡ ᠵᠡᠷᠭᠡ ᠭᠣᠭᠴᠣᠭ᠎ᠠ ᠵᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ ᠂ ᠬᠣᠲᠠ ᠬᠥᠳᠡᠭᠡ ᠵᠢᠨ ᠲᠣᠬᠢᠷᠠᠭᠤᠯᠤᠨ ᠬᠦᠷᠭᠡᠬᠦ ᠂ ᠵᠠᠬᠢᠶᠠᠯᠠᠭ᠎ᠠ ᠵᠢᠨ ᠲᠠᠷᠢᠶᠠᠯᠠᠩ ᠵᠡᠷᠭᠡ ᠵᠠᠭᠪᠤᠷ᠎ᠢ ᠶᠡᠬᠡᠪᠡᠷ ᠬᠥᠭᠵᠢᠭᠦᠯᠵᠦ ᠂ ᠪᠣᠷᠤᠯᠠᠭᠤᠯᠭ᠎ᠠ ᠵᠢᠨ ᠲᠣᠭᠲᠠᠭᠤᠨ ᠠᠷᠭ᠎ᠠ ᠵᠠᠮ᠎ᠢ ᠢᠳᠡᠪᠬᠢᠲᠡᠢ᠎ᠪᠠᠷ ᠥᠷᠭᠡᠳᠬᠡᠨ᠎ᠡ ᠃ ᠪᠣᠷᠤᠯᠠᠭᠤᠯᠭ᠎ᠠ ᠵᠢᠨ ᠠᠷᠭ᠎ᠠ ᠵᠠᠮ᠎ᠲᠠᠢ ᠪᠣᠯᠤᠭᠰᠠᠨ᠎ᠠᠴᠠ ᠤᠯᠠᠨ ᠵᠶ᠋ᠠᠷ ᠵᠶ᠋ᠠᠨ ᠠᠵᠢᠯ ᠬᠢᠬᠦ᠎ᠳᠡᠭᠡᠨ ᠳᠣᠲᠣᠷ᠎ᠠ᠎ᠪᠠᠨ ᠲᠣᠭ᠎ᠠ᠎ᠲᠠᠢ ᠪᠣᠯᠵᠤ᠂ ᠠᠵᠤ ᠦᠢ᠍ᠯᠡᠰ ᠵᠶ᠋ᠡᠨ ᠬᠥᠭᠵᠢᠭᠦᠯᠵᠦ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠬᠤ ᠢᠲᠡᠭᠡᠯ ᠵᠣᠷᠢᠭ ᠵᠶ᠋ᠠᠨ ᠨᠡᠮᠡᠭᠳᠡᠭᠦᠯᠪᠡ᠃ ᠡᠭᠦᠨ᠎ᠤ ᠬᠠᠮᠲᠤ ᠂ ᠬᠤᠷᠰᠢᠶ᠎ᠠ ᠎ᠠᠴᠠ ᠲᠣᠰ ᠭᠠᠵᠠᠷ᠎ᠤᠨ ᠲᠠᠷᠢᠶᠠᠴᠢᠨ ᠡᠷᠦᠬᠡ ᠵᠢ ᠲᠡᠳᠡᠨ ᠠᠪᠴᠤ ᠬᠦᠷᠢᠶᠡᠯᠡᠩ ᠲᠣᠭᠣᠷᠢᠭ᠎ᠲᠤ ᠠᠵᠢᠯ ᠬᠥᠳᠡᠯᠮᠦᠷᠢ ᠬᠢᠯᠭᠡᠬᠦ ᠪᠠ ᠤᠷᠢᠳᠠᠪᠠᠷ ᠲᠣᠮᠣ ᠫᠧᠩ ᠵᠶ᠋ᠡᠨ ᠬᠣᠷᠰᠢᠶᠠᠨ᠎ᠤ ᠭᠡᠰᠢᠭᠦᠳ᠎ᠲᠤ ᠲᠦᠷᠢᠶᠡᠰᠦᠯᠡᠭᠦᠯᠦᠨ ᠥᠭᠴᠦ ᠶᠠᠳᠠᠭᠤ ᠎ᠠᠴᠠ ᠠᠩᠭᠢᠵᠢᠷᠠᠭᠰᠠᠨ ᠡᠷᠦᠬᠡ᠎ᠲᠠᠢ ᠨᠢᠭᠡᠳᠦᠯᠲᠡᠢ ᠪᠣᠯᠪᠠᠰᠤᠷᠠᠭᠤᠯᠤᠯ ᠪᠠ ᠮᠡᠷᠭᠡᠵᠢᠯ᠎ᠤᠨ ᠵᠢᠯᠣᠭᠣᠳᠤᠯᠭ᠎ᠠ ᠬᠢᠯᠭᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠂ ᠵᠢᠱ᠌ᠢᠯᠲᠡ᠎ᠪᠠᠷ ᠵᠢᠯ᠎ᠳᠤ 248 ᠬᠥᠮᠥᠨ ᠤᠳᠠᠭ᠎ᠠ ᠪᠡᠯᠡᠳᠬᠡᠮᠵᠢᠲᠦ ᠲᠠᠷᠢᠶᠠᠯᠠᠩ᠎ᠤᠨ ᠦᠢ᠍ᠯᠡᠳᠪᠦᠷᠢᠯᠡᠯ ᠡᠷᠭᠢᠯᠡᠵᠦ ᠂ ᠠᠷᠠᠳ ᠣᠯᠠᠨ᠎ᠤ ᠠᠵᠢᠯ ᠣᠯᠬᠤ ᠠᠰᠠᠭᠤᠳᠠᠯ᠎ᠢ ᠰᠢᠢ᠍ᠳᠪᠦᠷᠢᠯᠡᠭᠰᠡᠨ ᠪᠠᠢ᠌ᠨ᠎ᠠ ᠃
      《ᠪᠢ ᠡᠨᠳᠡ ᠢᠳᠡᠰᠢᠨ ᠨᠣᠭᠣᠭ᠎ᠠ ᠵᠢᠨ ᠬᠦᠯᠡᠮᠵᠢ ᠳᠠᠭ᠋ᠠᠭ᠋ᠠᠴᠢᠯᠠᠬᠤ᠎ᠪᠠᠷ ᠢᠷᠡᠬᠦ᠎ᠠᠴᠠ᠎ᠪᠠᠨ ᠡᠮᠦᠨ᠎ᠡ ᠪᠦᠷ ᠠᠷᠰᠠᠷ ᠠᠵᠢᠯ ᠬᠢᠵᠦ ᠪᠠᠢ᠌ᠵᠠᠢ᠂ ᠡᠳᠦᠷ᠎ᠲᠤ 80 ᠲᠥᠭᠥᠷᠢᠭ ᠣᠯᠳᠠᠭ ᠪᠠᠢ᠌ᠭᠰᠠᠨ᠃ ᠤᠳᠤ ᠪᠢ ᠢᠳᠡᠰᠢᠨ ᠨᠣᠭᠣᠭ᠋ᠠᠨ᠎ᠤ ᠬᠦᠯᠡᠮᠵᠢ ᠵᠢ 3 ᠳᠠᠭ᠋ᠠᠭ᠋ᠠᠴᠢᠯᠠᠪᠠ᠂ ᠨᠢᠳᠤᠨᠤᠨ᠎ᠤ ᠢᠳᠡᠰᠢᠨ ᠨᠣᠭᠣᠭ᠋ᠠᠨ᠎ᠤ ᠦᠨ᠎ᠡ ᠬᠠᠩᠰᠢ ᠵᠢᠨ ᠪᠠᠢ᠌ᠳᠠᠯ ᠵᠦᠭᠡᠷ ᠪᠠᠢ᠌ᠵᠤ᠂ 30 ᠭᠠᠷᠤᠢ ᠲᠦᠮᠡᠨ ᠲᠥᠭᠥᠷᠢᠭ᠎ᠤᠨ ᠣᠷᠣᠯᠭ᠎ᠠ᠎ᠲᠠᠢ᠃ ᠪᠢᠳᠡ ᠥᠪᠡᠷ ᠵᠶ᠋ᠡᠨ ᠵᠣᠭᠣᠰ ᠭᠠᠷᠭ᠋ᠠᠵᠤ ᠢᠳᠡᠰᠢᠨ ᠨᠣᠭᠣᠭ᠋ᠠᠨ᠎ᠤ ᠰᠠᠷᠠᠪᠴᠢ ᠪᠠᠷᠢᠬᠤ ᠬᠡᠷᠡᠭ ᠦᠭᠡᠢ᠂ ᠵᠥᠪᠬᠡᠨ ᠵᠢᠯ ᠵᠶ᠋ᠡᠷ ᠲᠦᠷᠢᠶᠡᠰᠦᠨ ᠮᠥᠩᠭᠥ᠎ᠪᠠᠨ ᠲᠤᠰᠢᠶᠠᠪᠠᠯ ᠪᠣᠯᠴᠢᠬᠠᠨ᠎ᠠ᠃ ᠣᠳᠣᠬᠠᠨ᠎ᠳᠤ ᠭᠠᠳᠠᠭᠰᠢ ᠭᠠᠷᠴᠤ ᠬᠥᠯᠥᠰᠦᠨ ᠠᠵᠢᠯ ᠬᠢᠬᠦ ᠬᠡᠷᠡᠭ ᠦᠭᠡᠢ ᠪᠣᠯᠤᠭᠰᠠᠨ ᠵᠶ᠋ᠠᠷ ᠪᠠᠷᠠᠬᠤ ᠦᠭᠡᠢ ᠪᠠᠰᠠ ᠭᠡᠷ᠎ᠲᠡᠭᠡᠨ ᠨᠠᠰᠤᠲᠠᠨ ᠪᠠ ᠬᠡᠦᠬᠡᠳ ᠵᠶ᠋ᠡᠨ ᠠᠰᠠᠷᠠᠵᠤ ᠪᠠᠢ᠌ᠨ᠎ᠠ᠂ ᠨᠠᠮ᠎ᠤᠨ ᠰᠠᠢ᠌ᠨ ᠲᠦᠷᠦ ᠵᠢᠨ ᠪᠣᠳᠣᠯᠭ᠎ᠠ᠎ᠳᠤ ᠦᠨᠡᠬᠡᠷ ᠲᠠᠯᠠᠷᠬᠠᠵᠤ ᠪᠠᠢ᠌ᠨ᠎ᠠ》 ᠭᠡᠵᠦ ᠪᠠ ᠯᠢ ᠬᠠᠨ ᠲᠣᠰᠬᠣᠨ᠎ᠤ ᠲᠠᠷᠢᠮᠠᠯ᠎ᠤᠨ ᠡᠷᠦᠬᠡ ᠫᠠᠨ ᠭᠦᠸᠧ ᠪᠢᠨ ᠪᠠᠶᠠᠷᠲᠠᠢ᠎ᠪᠠᠷ ᠬᠡᠯᠡᠨ᠎ᠡ᠃
      ᠬᠣᠷᠰᠢᠶᠠᠨ᠎ᠤ ᠨᠢᠭᠡᠳᠦᠯᠲᠡᠢ ᠡᠵᠡᠩᠨᠡᠯᠲᠡ ᠬᠠᠮᠢᠶᠠᠷᠤᠯᠲᠠ ᠵᠢᠨ ᠳᠣᠣᠷ᠎ᠠ᠂ ᠲᠤᠬᠠᠢ ᠵᠢᠨ ᠭᠠᠵᠠᠷ᠎ᠤᠨ ᠲᠠᠷᠢᠶᠠᠴᠢᠨ ᠡᠷᠦᠬᠡ ᠥᠪᠡᠷ᠎ᠤᠨ ᠰᠢᠷᠭ᠋ᠠᠭᠤ ᠬᠥᠳᠡᠯᠮᠦᠷᠢ᠎ᠪᠠᠷ ᠵᠶ᠋ᠡᠨ ᠡᠯᠪᠡᠭ ᠬᠤᠷᠢᠶᠠᠯᠲᠠ ᠵᠢᠨ ᠪᠠᠶᠠᠷ ᠪᠠᠬᠠᠳᠤᠯ᠎ᠢ ᠡᠳ᠋ᠯᠡᠪᠡ᠃ ᠣᠳᠣᠬᠠᠨ᠎ᠳᠤ᠂ ᠪᠡᠯᠡᠳᠭᠡᠮᠵᠢᠳᠤ ᠲᠠᠷᠢᠶᠠᠯᠠᠩ᠎ᠤᠨ ᠬᠦᠯᠡᠮᠵᠢ᠎ᠨᠦᠭᠦᠳ ᠪᠠ ᠯᠢ ᠬᠠᠨ ᠲᠣᠰᠬᠣᠨ᠎ᠳᠤ ᠨᠢᠭᠡᠨᠲᠡ ᠨᠡᠢ᠌ᠳᠡᠮ ᠳᠡᠯᠭᠡᠷᠡᠵᠦ᠂ ᠥᠷᠭᠡᠨ ᠤᠯᠠᠨ ᠲᠠᠷᠢᠶᠠᠴᠢᠨ ᠡᠷᠦᠭᠡ ᠴᠦ᠍ ᠥᠪᠡᠷ᠎ᠤᠨ ᠰᠢᠨ᠎ᠡ ᠬᠦᠰᠡᠯ ᠡᠷᠡᠮᠡᠯᠵᠡᠯ ᠵᠶ᠋ᠡᠨ ᠲᠡᠷᠢᠵᠦ᠂ ᠥᠪᠡᠷ᠎ᠤᠨ ᠬᠣᠶᠠᠷ ᠭᠠᠷ ᠵᠶ᠋ᠠᠷ ᠵᠶ᠋ᠠᠨ ᠣᠷᠣᠯᠭ᠎ᠠ᠎ᠪᠠᠨ ᠨᠡᠮᠡᠭᠳᠡᠭᠦᠯᠦᠨ ᠴᠢᠨᠡᠭᠡᠯᠢᠭᠵᠢᠬᠦ ᠴᠣ᠌ ᠰᠢᠨ᠎ᠡ ᠵᠢᠷᠤᠭ ᠲᠥᠰᠥᠪ᠎ᠢ ᠵᠢᠷᠤᠭᠯᠠᠵᠤ ᠪᠠᠢ᠌ᠨ᠎ᠠ᠃


ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
          
ᠬᠠᠮᠢᠶ᠎ᠡ ᠪᠦᠬᠦᠢ ᠰᠣᠨᠢᠨ
 
            