ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠎ᠤᠨ 2020 ᠣᠨ᠎ᠤ ᠠᠵᠢᠯ᠎ᠤᠨ ᠭᠣᠤᠯᠳᠠᠯᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2020-12-24

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠎ᠤᠨ 2020 ᠣᠨ᠎ᠤ ᠠᠵᠢᠯ᠎ᠤᠨ ᠭᠣᠣᠯᠳᠠᠯᠭ᠎ᠠ》 ᠵᠢ ᠨᠢᠭᠡᠨᠲᠡ ᠠᠯᠪᠠᠨ ᠭᠡᠷ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠤᠳᠤ ᠳᠠᠷᠤᠮᠠᠯᠯᠠᠨ ᠲᠠᠷᠬᠠᠭ᠋ᠠᠪᠠ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠢᠨᠠᠮᠠᠭ᠋ᠠᠶ ᠰᠠᠶ᠋ᠢᠲᠤᠷ ᠠᠳᠬᠤᠬᠤ ᠭᠡᠷᠡᠭᠳᠡᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ
2020 ᠣᠨ᠎ᠤ 2 ᠰᠠᠷ᠎ᠠ ᠵᠢᠨ 18᠎ᠤ ᠡᠳᠦᠷ

ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠎ᠤᠨ 2020᠎ᠤ ᠠᠵᠢᠯ᠎ᠤᠨ ᠭᠣᠤᠯᠳᠠᠯᠭ᠎ᠠ

     2020 ᠣᠨ ᠪᠣᠯ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ ᠡᠴᠦᠰ᠎ᠤᠨ ᠵᠢᠯ ᠪᠣᠯᠤᠨ᠎ᠠ᠃ ᠶᠡᠷᠦᠩᠬᠡᠶ ᠠᠵᠢᠯ᠎ᠤᠨ ᠰᠡᠳᠬᠢᠴᠡ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠶᠠᠳᠠᠭᠤ ᠵᠢ ᠲᠡᠳᠬᠦᠬᠦ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠬᠢᠨᠠᠮᠠᠭ᠋ᠠᠶ ᠲᠤᠭᠤᠰᠢᠯᠠᠭᠤᠯᠤᠨ ᠨᠠᠢ᠍ᠳᠠᠪᠤᠷᠢᠵᠢᠭᠤᠯᠬᠤ᠂ ᠨᠠᠷᠢᠯᠢᠭ ᠣᠨᠣᠴᠠᠲᠠᠶ᠎ᠪᠠᠷ ᠶᠠᠳᠠᠭᠤ ᠵᠢ ᠲᠡᠳᠬᠦᠵᠦ᠂ ᠨᠠᠷᠢᠯᠢᠭ ᠣᠨᠣᠴᠠᠲᠠᠶ᠎ᠪᠠᠷ ᠶᠠᠳᠠᠭᠤ᠎ᠠᠴᠠ ᠠᠩᠭᠢᠵᠢᠷᠠᠭᠤᠯᠬᠤ ᠵᠢ ᠪᠠᠷᠢᠮᠲᠠᠯᠠᠵᠤ᠂ ᠬᠠᠷᠠᠯᠲᠠ᠎ᠪᠠᠨ ᠪᠠᠲᠤ ᠡᠵᠡᠮᠳᠡᠨ᠂ ᠪᠠᠷᠢᠮᠵᠢᠶ᠎ᠠ ᠵᠢ ᠪᠠᠷᠢᠮᠲᠠᠯᠠᠵᠤ᠂ ᠨᠢᠭᠡ ᠯᠡ ᠠᠮᠢᠰᠬᠤᠭ᠎ᠠ᠎ᠪᠠᠷ ᠴᠢᠷᠮᠠᠶ᠋ᠢᠵᠤ᠂ ᠢᠯᠠᠯᠲᠠ ᠵᠢᠨ ᠡᠷᠴᠢᠨ ᠳᠡᠭᠡᠷ᠎ᠡ᠎ᠪᠠᠨ ᠤᠷᠤᠭᠰᠢᠯᠠᠵᠤ᠂ ᠪᠣᠭᠣᠮᠲᠠ ᠰᠢᠪᠲᠤᠯᠬᠤ ᠡᠷᠴᠢᠮ ᠵᠶ᠋ᠠᠨ ᠪᠠᠲᠤᠯᠠᠵᠤ᠂ ᠪᠣᠭᠣᠮᠲᠠ ᠰᠢᠪᠲᠤᠯᠬᠤ ᠬᠠᠷᠢᠭᠤᠴᠠᠯᠭ᠎ᠠ ᠵᠢ ᠨᠠᠢ᠍ᠢ᠍ᠳᠠᠪᠤᠷᠢᠵᠢᠭᠤᠯᠬᠤ᠂ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠪᠠ ᠣᠨᠴᠠᠭ᠋ᠠᠢ ᠶᠠᠳᠠᠭᠤ ᠬᠦᠴᠢᠷᠳᠡᠯᠲᠡᠶ ᠣᠯᠠᠨ ᠲᠦᠮᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠬᠣᠶᠠᠷ᠎ᠲᠤ ᠵᠣᠪᠠᠬᠤ ᠦᠭᠡᠢ ᠭᠤᠷᠪᠠ ᠵᠢ ᠪᠠᠲᠤᠯᠠᠬᠤ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠰᠢᠵᠤ ᠪᠠᠶ᠋ᠢᠭ᠎ᠠ ᠠᠰᠠᠭᠤᠳᠠᠯ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠭᠣᠤᠯᠳᠠᠯᠭ᠎ᠠ᠎ᠲᠠᠢ ᠠᠵᠢᠯ ᠪᠣᠯᠤᠨ ᠳᠤᠲᠠᠭᠤᠳᠠᠯ᠎ᠤᠨ ᠠᠰᠠᠭᠤᠳᠠᠯ᠎ᠳᠤ ᠫᠠᠶ᠋ᠢᠰᠠ ᠡᠯᠭᠦᠵᠤ ᠬᠢᠨᠠᠨ ᠪᠠᠶ᠋ᠢᠴᠠᠭ᠋ᠠᠵᠤ᠂ ᠠᠵᠢᠯ᠎ᠤᠨ ᠠᠷᠭ᠎ᠠ ᠪᠠᠷᠢᠯ ᠵᠶ᠋ᠠᠨ ᠲᠡᠭᠦᠯᠳᠡᠷᠵᠢᠭᠦᠯᠤᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠦᠷ᠎ᠡ ᠪᠦᠲᠦᠭᠡᠯ᠎ᠢ ᠪᠡᠬᠢᠵᠢᠭᠦᠯᠵᠦ᠂ ᠳ᠋ᠦᠩᠨᠡᠯᠲᠡ ᠬᠢᠵᠤ ᠤᠬᠠᠭᠤᠯᠬᠤ ᠵᠢ ᠴᠢᠩᠭ᠋ᠠᠳᠬᠠᠵᠤ᠂ ᠬᠠᠷᠢᠴᠠᠩᠭᠤᠶ ᠶᠠᠳᠠᠭᠤ ᠬᠦᠴᠢᠷᠳᠡᠯᠲᠡᠶ ᠵᠢ ᠰᠢᠶᠳᠪᠦᠷᠢᠯᠡᠬᠦ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠵᠤ᠂ ᠲᠥᠪ᠎ᠤᠨ ᠲᠤᠰᠬᠠᠶ ᠲᠣᠭᠣᠷᠢᠨ ᠪᠠᠶ᠋ᠢᠴᠠᠭ᠋ᠠᠯᠲᠠ ᠵᠢᠨ ᠡᠷᠭᠢᠨ ᠬᠠᠷᠠᠬᠤ ᠪᠠ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠦᠭᠰᠡᠨ ᠦᠷ᠎ᠡ ᠪᠦᠲᠦᠮᠵᠢ ᠵᠢ ᠬᠢᠨᠠᠨ ᠰᠢᠯᠭ᠋ᠠᠵᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠪᠦᠬᠦ ᠲᠠᠯ᠎ᠠ᠎ᠪᠠᠷ ᠪᠡᠶᠡᠯᠡᠭᠦᠯᠤᠨ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠪᠦᠬᠦ ᠲᠠᠯ᠎ᠠ᠎ᠪᠠᠷ ᠢᠯᠠᠯᠲᠠ ᠣᠯᠵᠤ᠂ ᠲᠡᠭᠦᠰ ᠠᠮᠵᠢᠯᠲᠠ᠎ᠲᠠᠢ ᠦᠨᠳᠤᠷᠯᠠᠬᠦ ᠵᠢ ᠠᠬᠢᠭᠤᠯᠤᠨ᠎ᠠ᠃
ᠨᠢᠭᠡ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠦᠨ᠎ᠡ
     (ᠨᠢᠭᠡ) ᠶᠠᠳᠠᠭᠤ᠎ᠠᠴᠠ ᠠᠩᠭᠢᠵᠢᠷᠠᠭᠤᠯᠬᠤ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠬᠠᠷᠠᠯᠲᠠ ᠪᠠᠷᠢᠮᠵᠢᠶ᠎ᠠ ᠵᠢ ᠪᠠᠷᠢᠮᠲᠠᠯᠠᠵᠤ᠂ ᠬᠤᠸᠠᠷ ᠬᠠᠳᠬᠤᠬᠤ ᠬᠦᠴᠦ ᠣᠷᠣᠭᠤᠯᠵᠤ᠂ ᠬᠥᠮᠦᠨ ᠡᠷᠦᠬᠡ ᠳᠠᠷᠠᠭ᠋ᠠᠯᠠᠨ ᠨᠠᠷᠢᠨ ᠬᠢᠨᠠᠮᠠᠭ᠋ᠠᠶ ᠰᠤᠳᠤᠯᠤᠨ ᠵᠠᠳᠠᠯᠵᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠣᠨᠣᠪᠴᠢᠲᠠᠶ ᠨᠠᠢ᠍ᠢ᠍ᠳᠠᠪᠤᠷᠢᠵᠢᠭᠤᠯᠬᠤ᠂ 1.6 ᠲᠦᠮᠡᠨ ᠶᠠᠳᠠᠭᠤ᠎ᠠᠴᠠ ᠠᠩᠭᠢᠵᠢᠷᠠᠭᠤᠯᠤᠭ᠋ᠠᠳᠤᠶ ᠶᠠᠳᠠᠭᠤ ᠬᠦᠴᠢᠷᠳᠡᠯᠲᠡᠶ ᠬᠥᠮᠦᠨ ᠠᠮᠠ ᠪᠠ ᠰᠢᠨ᠎ᠡ᠎ᠪᠠᠷ ᠶᠠᠳᠠᠭᠤᠷᠠᠭᠰᠠᠨ ᠳᠠᠬᠢᠨ ᠶᠠᠳᠠᠭᠤᠷᠠᠭᠰᠠᠨ ᠬᠥᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠬᠤ ᠡᠭᠦᠷᠭᠡ ᠵᠢ ᠪᠡᠶᠡᠯᠡᠭᠦᠯᠵᠦ᠂ ᠤᠯᠤᠰ᠎ᠠᠴᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠠᠴᠠ ᠤᠬᠤᠷᠢᠨ ᠭᠠᠷᠴᠤ ᠰᠤᠭᠤᠴᠢᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠨ᠎ᠡ᠃ (ᠲᠥᠯᠥᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠂ ᠰᠢᠯᠭ᠋ᠠᠨ ᠦᠨᠡᠯᠡᠬᠦ ᠭᠠᠵᠠᠷ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ ᠦᠢ᠍ᠯᠡᠰ᠎ᠤᠨ ᠨᠢᠭᠡᠴᠢ ᠬᠠᠮᠵᠢᠯᠴᠠᠨ᠎ᠠ)
     (ᠬᠣᠶᠠᠷ) ᠶᠠᠳᠠᠭᠤ᠎ᠠᠴᠠ ᠠᠩᠭᠢᠵᠢᠷᠠᠭᠤᠯᠬᠤ ᠭᠣᠤᠯᠳᠠᠯᠭ᠎ᠠ᠎ᠲᠠᠢ ᠠᠵᠢᠯ᠎ᠳᠤ ᠫᠠᠶ᠋ᠢᠰᠠ ᠡᠯᠭᠦᠨ ᠱᠠᠯᠠᠪᠳᠠᠭᠤᠯᠤᠨ᠎ᠠ᠃ 57 ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ 《ᠬᠣᠶᠠᠷ᠎ᠲᠤ ᠵᠣᠪᠠᠬᠤ ᠥᠬᠡᠶ ᠭᠤᠷᠪᠠ ᠵᠢ ᠪᠠᠲᠤᠯᠠᠬᠤ》 ᠪᠠ ᠤᠤᠭᠤᠬᠤ ᠤᠰᠤᠨ᠎ᠤ ᠠᠮᠤᠷ ᠲᠦᠪᠰᠢᠨ᠂ ᠠᠵᠤ   ᠦᠢ᠍ᠯᠡᠰ ᠵᠶ᠋ᠠᠷ ᠶᠠᠳᠠᠭᠤ ᠵᠢ ᠲᠡᠳᠬᠦᠬᠦ᠂ ᠠᠵᠢᠯ ᠣᠯᠭᠣᠯᠲᠠ᠎ᠪᠠᠷ ᠶᠠᠳᠠᠭᠤ ᠵᠢ ᠲᠡᠳᠬᠦᠬᠦ᠂ ᠣᠨᠳᠣᠤ ᠭᠠᠵᠠᠷ᠎ᠲᠤ ᠨᠡᠭᠦᠯᠭᠡᠨ ᠰᠠᠭᠤᠷᠢᠰᠢᠬᠤ ᠪᠠ ᠵᠠᠯᠭ᠋ᠠᠪᠡᠷ ᠬᠠᠪᠰᠤᠷᠤᠨ ᠲᠡᠳᠬᠦᠬᠦ᠂ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ᠂ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭ᠋ᠠᠳᠤᠢ ᠡᠷᠦᠬᠡ ᠪᠠ ᠶᠠᠳᠠᠭᠤ ᠬᠦᠴᠢᠷᠳᠠᠯᠳᠠᠢ ᠡᠷᠤᠭᠡ᠎ᠳᠤ ᠬᠠᠪᠢᠳᠠᠭᠰᠠᠨ ᠡᠷᠤᠭᠡ ᠵᠢᠨ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠂ ᠲᠣᠰᠬᠣᠨ᠎ᠳᠤ ᠰᠠᠭᠤᠭ᠎ᠠ ᠠᠵᠢᠯᠯᠠᠬᠤ ᠠᠩᠭᠢ ᠵᠢᠨ ᠬᠠᠮᠢᠶᠠᠷᠤᠯᠲᠠ᠂ ᠬᠠᠷᠢᠭᠤ ᠲᠤᠰᠬᠠᠭᠰᠠᠨ ᠡᠯ᠎ᠠ ᠵᠦᠢ᠍ᠯ᠎ᠤᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠡᠷᠭᠡ 8 ᠲᠠᠯ᠎ᠠ ᠵᠢᠨ ᠭᠣᠤᠯᠳᠠᠯᠭ᠎ᠠ᠎ᠲᠠᠢ ᠠᠵᠢᠯ᠎ᠢ ᠫᠠᠶ᠋ᠢᠰᠠ ᠡᠯᠭᠦᠨ ᠱᠠᠯᠠᠪᠳᠠᠭᠤᠯᠤᠨ᠎ᠠ᠃ ᠭᠣᠣᠯᠳᠠᠯᠭ᠎ᠠ᠎ᠲᠠᠢ ᠲᠤᠭᠤᠷᠢᠨ ᠱᠠᠯᠠᠪᠳᠠᠭᠤᠯᠤᠨ ᠪᠠᠶ᠋ᠢᠴᠠᠭ᠋ᠠᠬᠤ ᠪᠠ ᠰᠠᠯᠠᠭ᠎ᠠ ᠮᠥᠴᠢᠷ ᠲᠦᠷᠦᠭᠦᠯᠡᠨ ᠱᠠᠯᠠᠪᠳᠠᠭᠤᠯᠤᠨ ᠪᠠᠢ᠍ᠢ᠍ᠴᠠᠭ᠋ᠠᠬᠤ ᠵᠢ ᠤᠶᠠᠯᠳᠤᠭᠤᠯᠬᠤ ᠠᠷᠭ᠎ᠠ ᠵᠢ ᠠᠪᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠎ᠠ᠂ ᠲᠥᠷᠥ ᠵᠢᠨ ᠪᠣᠳᠣᠯᠭ᠎ᠠ ᠪᠣᠯᠤᠨ ᠠᠵᠢᠯ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠱᠠᠯᠠᠪᠳᠠᠭᠤᠯᠤᠨ ᠵᠢᠯᠤᠭᠤᠳᠴᠤ᠂ ᠰᠠᠭᠤᠷᠢ ᠲᠣᠭ᠎ᠠ᠎ᠨᠢ ᠲᠣᠳᠣᠷᠬᠠᠶ᠂ ᠠᠷᠭ᠎ᠠ ᠬᠡᠮᠵᠢᠶ᠎ᠡ᠎ᠨᠢ ᠪᠣᠳᠠᠲᠠᠶ᠂ ᠦᠷ᠎ᠡ ᠪᠦᠲᠦᠮᠵᠢ᠎ᠨᠢ ᠰᠠᠶ᠋ᠢᠨ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ (ᠶᠡᠷᠦᠩᠬᠡᠶ᠋ᠢᠯᠡᠭᠰᠡᠨ ᠠᠵᠢᠯ᠎ᠤᠨ ᠭᠠᠵᠠᠷ ᠲᠦᠷᠦᠭᠦᠯᠡᠨ᠂ ᠡᠯ᠎ᠡ ᠭᠠᠵᠠᠷ ᠲᠠᠰᠤᠭ᠂ ᠠᠵᠢᠯ ᠦᠢ᠍ᠯᠡᠰ᠎ᠤᠨ ᠨᠢᠭᠡᠴᠢ ᠬᠠᠮᠵᠢᠯᠴᠠᠨ᠎ᠠ)
     (ᠭᠤᠷᠪᠠ) 《ᠭᠤᠷᠪᠠ ᠵᠢ ᠪᠠᠲᠤᠯᠠᠬᠤ》 ᠪᠠ ᠤᠤᠭᠤᠬᠤ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠪᠥᠬᠥ ᠲᠠᠯ᠎ᠠ᠎ᠪᠠᠷ   ᠰᠢᠢ᠍ᠳᠪᠦᠷᠢᠯᠡᠨ᠎ᠠ᠃ 《ᠭᠤᠷᠪᠠ ᠵᠢ ᠪᠠᠲᠤᠯᠠᠬᠤ》 ᠪᠠ ᠤᠰᠤ ᠤᠮᠳᠠ ᠵᠢᠨ ᠠᠮᠤᠷ ᠲᠦᠪᠰᠢᠨ᠎ᠤ ᠬᠦᠷᠢᠶᠡᠨ᠎ᠳᠤ ᠣᠷᠣᠰᠢᠵᠤ ᠪᠠᠶ᠋ᠢᠭ᠎ᠠ ᠳᠣᠪᠣᠢ᠍ᠢ᠍ᠮ᠎ᠠ ᠠᠰᠠᠭᠤᠳᠠᠯ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠪᠠᠶ᠋ᠢᠳᠠᠯ᠎ᠢ ᠣᠶ᠋ᠢᠯᠠᠭ᠋ᠠᠬᠤ ᠠᠵᠢᠯ᠎ᠢ ᠥᠷᠨᠢᠭᠦᠯᠵᠦ᠂ ᠰᠠᠭᠤᠷᠢ ᠲᠣᠭ᠎ᠠ ᠵᠢ ᠬᠢᠨᠠᠨ ᠵᠥᠪᠰᠢᠶᠡᠷᠡᠵᠦ᠂ ᠠᠰᠠᠭᠤᠳᠠᠯ ᠪᠠ ᠳᠤᠲᠠᠭᠤᠳᠠᠯ᠎ᠢ ᠣᠨᠣᠪᠴᠢᠲᠠᠶ ᠡᠷᠢᠵᠦ᠂ ᠠᠵᠢᠯ᠎ᠤᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠂ ᠪᠠᠷᠢᠮᠵᠢᠶ᠎ᠠ ᠶᠣᠰᠣᠭ᠋ᠠᠷ ᠪᠣᠳᠠᠲᠠᠶ᠋ᠢᠵᠢᠭᠤᠯᠤᠨ ᠳᠤᠲᠠᠭᠤᠳᠠᠯ᠎ᠢ ᠨᠥᠬᠥᠪᠥᠷᠢᠯᠡᠨ᠎ᠡ᠃ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠡᠮ ᠡᠮᠨᠡᠯᠭᠡ ᠵᠢᠨ ᠪᠠᠲᠤᠯᠠᠭ᠎ᠠ᠂ ᠨᠤᠷᠠᠬᠤ ᠠᠶᠤᠯᠲᠠᠶ ᠭᠡᠷ ᠪᠠᠶ᠋ᠢᠰᠢᠩ᠎ᠢ ᠥᠭᠡᠷᠡᠴᠢᠯᠡᠨ ᠵᠠᠰᠠᠬᠤ᠂ ᠤᠤᠭᠤᠬᠤ ᠤᠰᠤᠨ᠎ᠤ ᠠᠮᠤᠷ ᠲᠦᠪᠰᠢᠨ ᠵᠶ᠋ᠠᠷ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ᠎ᠡ᠃ (ᠨᠡᠶ᠋ᠢᠭᠡᠮ᠎ᠤᠨ ᠶᠠᠳᠠᠭᠤ ᠵᠢ ᠲᠡᠳᠬᠦᠬᠦ ᠨᠡᠭᠡᠭᠡᠯᠳᠠ ᠵᠢᠨ ᠭᠠᠵᠠᠷ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ   ᠦᠢ᠍ᠯᠡᠰ᠎ᠤᠨ ᠨᠢᠭᠡᠴᠢ ᠬᠠᠮᠵᠢᠯᠴᠠᠨ᠎ᠠ)
     (ᠳᠥᠷᠪᠡ) ᠪᠡᠯᠡ ᠣᠷᠣᠭᠤᠯᠤᠯᠲᠠ ᠵᠢᠨ ᠡᠷᠴᠢᠮ᠎ᠢ ᠰᠤᠯᠠᠷᠠᠭᠤᠯᠬᠤ ᠥᠬᠡᠶ ᠪᠠᠶ᠋ᠢᠬᠤ ᠵᠢ ᠪᠠᠲᠤᠯᠠᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠡᠯ᠎ᠡ ᠱᠠᠲᠤᠨ᠎ᠤ ᠡᠳ᠋᠎ᠤᠨ ᠵᠠᠰᠠᠭ᠎ᠤᠨ ᠶᠠᠳᠠᠭᠤ ᠵᠢ ᠲᠡᠳᠬᠦᠬᠦ ᠲᠤᠰᠬᠠᠶ ᠪᠡᠯᠡ ᠣᠷᠣᠭᠤᠯᠤᠯᠲᠠ ᠵᠢ ᠨᠡᠮᠡᠭᠳᠡᠭᠦᠯᠵᠦ᠂ ᠶᠠᠳᠠᠭᠤ ᠵᠢ ᠲᠡᠳᠬᠦᠬᠦ ᠪᠡᠯᠡ ᠣᠷᠣᠭᠤᠯᠤᠯᠲᠠ ᠬᠢᠭᠡᠳ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠠᠷᠠᠯᠲᠠ ᠡᠭᠦᠷᠭᠡ ᠬᠠᠷᠢᠯᠴᠠᠨ ᠵᠣᠬᠢᠴᠠᠯᠳᠤᠬᠤ ᠵᠢ ᠦᠨᠡᠨ ᠬᠦ᠌ ᠪᠠᠲᠤᠯᠠᠵᠤ᠂ ᠶᠠᠳᠠᠭᠤ ᠵᠢ ᠲᠡᠳᠬᠦᠬᠦ ᠪᠡᠯᠡ ᠮᠥᠩᠭᠥ ᠵᠢᠨ ᠬᠡᠷᠡᠭᠯᠡᠬᠦ ᠬᠦᠷᠢᠶ᠎ᠡ ᠬᠡᠪᠴᠢᠶ᠎ᠡ ᠵᠢ ᠴᠠᠭ ᠲᠤᠬᠠᠶ᠎ᠳᠤᠨᠢ ᠲᠣᠬᠢᠷᠠᠭᠤᠯᠵᠤ᠂ ᠶᠠᠳᠠᠭᠤ ᠵᠢ ᠲᠡᠳᠬᠦᠬᠦ ᠠᠵᠢᠯ᠎ᠤᠨ ᠬᠡᠷᠡᠭᠴᠡᠭᠡ᠎ᠳᠤ ᠵᠣᠬᠢᠴᠠᠭᠤᠯᠤᠨ᠎ᠠ᠃ ᠡᠳ᠋᠎ᠤᠨ ᠵᠠᠰᠠᠭ᠎ᠤᠨ ᠲᠠᠷᠢᠶᠠᠯᠠᠩ ᠮᠠᠯ ᠠᠵᠤ ᠠᠬᠤᠶ᠎ᠳᠤ ᠬᠣᠯᠪᠣᠭᠳᠠᠭᠰᠠᠨ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠨ ᠨᠡᠶ᠋ᠢᠯᠡᠭᠦᠯᠵᠦ᠂ ᠡᠮᠬᠢᠯᠡᠨ ᠨᠡᠶ᠋ᠢᠯᠡᠭᠦᠯᠬᠦ ᠠᠬᠢᠴᠠ᠂ ᠵᠠᠷᠤᠯᠭ᠎ᠠ ᠵᠢᠨ ᠠᠬᠢᠴᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠵᠤ᠂ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠶ ᠪᠤᠰᠤ ᠬᠣᠰᠢᠭᠤ ᠰᠢᠶᠠᠨ᠂ ᠶᠠᠳᠠᠭᠤ ᠬᠦᠴᠢᠷᠳᠡᠯᠲᠡᠶ ᠪᠤᠰᠤ ᠭᠠᠴᠠᠭ᠎ᠠ ᠲᠣᠰᠬᠣᠨ᠎ᠤ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠶᠠᠳᠠᠭᠤ ᠬᠦᠴᠢᠷᠳᠡᠯᠲᠡᠶ ᠪᠤᠰᠤ ᠬᠣᠰᠢᠭᠤ ᠰᠢᠶᠠᠨ᠂ ᠶᠠᠳᠠᠭᠤ ᠬᠦᠴᠢᠷᠳᠡᠯᠲᠡᠶ ᠪᠤᠰᠤ ᠭᠠᠴᠠᠭ᠎ᠠ ᠲᠣᠰᠬᠣᠨ᠎ᠢ ᠵᠢᠯᠣᠭᠣᠳᠤᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠬᠤ᠎ᠳᠤ ᠦᠬᠦᠮᠡᠯ ᠭᠠᠵᠠᠷ ᠦᠯᠡᠳᠡᠭᠡᠬᠦ ᠵᠢ ᠰᠡᠷᠭᠡᠶ᠋ᠢᠯᠡᠨ ᠬᠣᠷᠢᠭᠯᠠᠬᠤ ᠬᠡᠷᠡᠭᠲᠡᠶ᠃ (ᠲᠥᠯᠥᠪᠵᠢᠭᠦᠯᠭᠡ᠎ᠤᠨ ᠶᠠᠪᠤᠳᠠᠯ᠎ᠤᠨ ᠭᠠᠵᠠᠷ ᠲᠦᠷᠦᠭᠦᠯᠡᠵᠦ᠂ ᠰᠢᠯᠭ᠋ᠠᠨ ᠦᠨᠡᠯᠡᠬᠦ ᠭᠠᠵᠠᠷ᠂ ᠨᠡᠶ᠋ᠢᠭᠡᠮ᠎ᠤᠨ ᠶᠠᠳᠠᠭᠤ ᠵᠢ ᠲᠡᠳᠬᠦᠬᠦ ᠭᠠᠵᠠᠷ ᠬᠠᠮᠵᠢᠯᠴᠠᠨ᠎ᠠ)
ᠬᠣᠶᠠᠷ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠲᠠᠬᠢᠨ ᠶᠠᠳᠠᠭᠤᠷᠠᠬᠤ ᠵᠢ ᠰᠡᠷᠭᠡᠶ᠋ᠢᠯᠡᠨ᠎ᠡ
     (ᠲᠠᠪᠤ) ᠲᠥᠷᠥ ᠵᠢᠨ ᠪᠣᠳᠣᠯᠭ᠎ᠠ ᠵᠢᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠨ᠎ᠠ᠃ ᠨᠢᠭᠡᠨᠲᠡ ᠶᠠᠳᠠᠭᠤ᠎ᠠᠴᠠ ᠠᠡᠭᠬᠢᠵᠢᠷᠠᠭᠰᠠᠨ ᠬᠣᠰᠢᠭᠤ ᠰᠢᠶᠠᠨ᠂ ᠭᠠᠴᠠᠭ᠎ᠠ ᠲᠣᠰᠬᠣᠨ ᠪᠣᠯᠤᠨ ᠬᠥᠮᠦᠨ ᠠᠮᠠ᠎ᠳᠤ ᠣᠳᠣ ᠵᠢᠨ ᠪᠠᠢ᠍ᠶᠭ᠎ᠠ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠶᠡᠷᠦᠩᠬᠡᠶ᠎ᠳᠡᠭᠡᠨ ᠲᠣᠭᠲᠠᠭᠤᠨ ᠪᠠᠶ᠋ᠢᠯᠭ᠋ᠠᠬᠤ ᠵᠢ ᠪᠠᠲᠤᠯᠠᠨ᠎ᠠ᠃ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠢ ᠱᠠᠯᠠᠪᠳᠠᠭᠤᠯᠤᠨ ᠬᠠᠷᠢᠭᠤᠴᠠᠯᠭ᠎ᠠ᠎ᠪᠠᠨ ᠬᠠᠶᠠᠬᠤ ᠦᠭᠡᠢ᠂ ᠲᠥᠷᠥ ᠵᠢᠨ ᠪᠣᠳᠣᠯᠭ᠎ᠠ᠎ᠪᠠᠨ ᠲᠠᠰᠤᠯᠳᠠᠭᠤᠯᠬᠤ ᠦᠭᠡᠢ᠂ ᠬᠠᠪᠰᠤᠷᠤᠨ ᠲᠡᠳᠬᠦᠬᠦ᠎ᠪᠠᠨ ᠪᠤᠯᠢᠬᠤ ᠦᠭᠡᠢ᠂ ᠬᠢᠨᠠᠯᠲᠠ ᠬᠠᠮᠢᠶᠠᠷᠤᠯᠲᠠ᠎ᠪᠠᠨ ᠰᠤᠯᠠᠷᠠᠭᠤᠯᠬᠤ ᠦᠭᠡᠢ ᠪᠠᠢ᠍ᠢ᠍ᠬᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ (ᠰᠢᠯᠭ᠋ᠠᠨ ᠦᠨᠡᠯᠡᠬᠦ ᠭᠠᠵᠠᠷ ᠲᠦᠷᠦᠭᠦᠯᠡᠨ ᠬᠠᠷᠢᠭᠤᠴᠠᠨ᠎ᠠ)
     (ᠵᠢᠷᠭᠤᠭ᠎ᠠ) ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠢᠨᠠᠨ ᠭᠡᠮᠵᠢᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠳᠠᠬᠢᠨ ᠶᠠᠳᠠᠭᠤᠷᠠᠬᠤ ᠵᠢ ᠰᠡᠷᠭᠡᠶ᠋ᠢᠯᠡᠬᠦ ᠬᠢᠨᠠᠨ ᠬᠡᠮᠵᠢᠬᠦ ᠠᠵᠢᠯ᠎ᠤᠨ ᠰᠠᠨᠠᠯ᠎ᠢ ᠲᠣᠭᠲᠠᠭ᠋ᠠᠬᠤ ᠬᠡᠷᠡᠭᠲᠡᠶ᠃ ᠳᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠶ᠋ᠢᠭ᠎ᠠ 1.3 ᠲᠦᠮᠡᠨ ᠨᠢᠭᠡᠨᠲᠡ ᠶᠠᠳᠠᠭᠤ᠎ᠠᠴᠠ ᠠᠩᠭᠢᠵᠢᠷᠠᠭᠰᠠᠨ ᠬᠥᠮᠦᠨ ᠠᠮᠠ ᠪᠠ ᠶᠠᠳᠠᠭᠤᠷᠠᠬᠤ ᠲᠦᠭᠰᠢᠭᠦᠷᠢ ᠣᠷᠣᠰᠢᠵᠤ   ᠪᠠᠢ᠌ᠭ᠎ᠠ 2.9 ᠲᠦᠮᠡᠨ ᠵᠠᠬ᠎ᠠ ᠵᠢᠨ ᠬᠥᠮᠦᠨ ᠠᠮᠠ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠳᠠᠬᠢᠨ ᠶᠠᠳᠠᠭᠤᠷᠠᠭᠰᠠᠨ ᠬᠥᠮᠦᠨ ᠠᠮᠠ ᠪᠣᠯᠤᠨ ᠰᠢᠨ᠎ᠡ᠎ᠪᠠᠷ ᠡᠭᠦᠰᠦᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠵᠢ ᠬᠠᠪᠰᠤᠷᠤᠨ ᠲᠡᠳᠬᠦᠬᠦ ᠬᠡᠪᠴᠢᠶᠡᠨ᠎ᠳᠤ ᠴᠠᠭ ᠲᠤᠬᠠᠶ᠎ᠳᠤᠨᠢ ᠣᠷᠣᠭᠤᠯᠬᠤ ᠬᠡᠷᠡᠭᠲᠡᠶ᠃ 《ᠶᠠᠳᠠᠭᠤ ᠬᠦᠴᠢᠷᠳᠡᠯᠲᠡᠶ ᠬᠥᠮᠦᠨ ᠠᠮᠠ ᠵᠢ ᠰᠡᠷᠭᠡᠶ᠋ᠢᠯᠡᠨ ᠬᠠᠮᠠᠭ᠋ᠠᠯᠠᠬᠤ》 ᠵᠢ ᠬᠡᠷᠡᠭᠵᠢᠭᠦᠯᠵᠦ᠂ ᠳᠠᠭ᠋ᠠᠳᠬᠠᠯ᠎ᠤᠨ ᠠᠵᠢᠯ ᠲᠥᠷᠥᠯ᠎ᠤᠨ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ᠎ᠢ ᠬᠡᠷᠡᠭᠯᠡᠨ ᠰᠢᠨ᠎ᠡ᠎ᠪᠠᠷ ᠶᠠᠳᠠᠭᠤᠷᠠᠬᠤ ᠳᠠᠬᠢᠨ ᠶᠠᠳᠠᠭᠤᠷᠠᠬᠤ ᠲᠦᠭᠰᠢᠭᠦᠷᠢ ᠵᠢ ᠰᠡᠷᠭᠡᠶ᠋ᠢᠯᠡᠨ᠎ᠡ᠃ (ᠲᠥᠯᠥᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠂ ᠮᠡᠳᠡᠭᠡ ᠵᠠᠩᠭᠢ ᠵᠢ ᠬᠢᠨᠠᠨ ᠭᠡᠮᠵᠢᠬᠦ ᠲᠥᠪ ᠲᠦᠷᠦᠭᠦᠯᠡᠨ ᠬᠠᠷᠢᠭᠤᠴᠠᠨ᠎ᠠ)
     (ᠳᠣᠯᠣᠭ᠎ᠠ) ᠣᠨᠳᠣᠤ ᠭᠠᠵᠠᠷ ᠨᠡᠭᠦᠯᠭᠡᠨ ᠶᠠᠳᠠᠭᠤ ᠵᠢ ᠠᠡᠭᠬᠢᠵᠢᠷᠠᠭᠤᠯᠬᠤ ᠠᠬᠢᠴᠠ᠎ᠳᠠᠬᠢ ᠬᠠᠪᠰᠤᠷᠤᠨ ᠲᠠᠳᠬᠦᠬᠦ ᠠᠵᠢᠯ᠎ᠢ ᠰᠠᠶ᠋ᠢᠲᠤᠷ ᠬᠢᠨ᠎ᠡ᠃ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠣᠨᠳᠣᠤ ᠭᠠᠵᠠᠷ ᠨᠡᠭᠦᠯᠭᠡᠨ ᠶᠠᠳᠠᠭᠤ᠎ᠠᠴᠠ ᠠᠡᠭᠬᠢᠵᠢᠷᠠᠭᠤᠯᠬᠤ ᠠᠵᠢᠯ᠎ᠢ ᠰᠠᠶ᠋ᠢᠲᠤᠷ ᠬᠢᠵᠦ ᠨᠡᠭᠦᠯᠭᠡᠬᠦ ᠣᠯᠠᠨ ᠲᠦᠮᠡᠨ᠎ᠤ ᠠᠵᠤ   ᠦᠢ᠍ᠯᠡᠰ᠂ ᠠᠵᠢᠯ ᠣᠯᠭᠣᠯᠲᠠ᠂ ᠣᠯᠠᠨ ᠨᠡᠢ᠍ᠢ᠍ᠲᠡ ᠵᠢᠨ   ᠦᠢ᠍ᠯᠡᠴᠢᠯᠡᠭᠡ᠂ ᠨᠡᠶ᠋ᠢᠭᠡᠮ ᠨᠡᠶ᠋ᠢᠭᠡᠮ᠎ᠤᠨ ᠠᠭᠤᠰᠤᠯᠴᠠᠯ᠂ ᠨᠡᠶ᠋ᠢᠭᠡᠮ ᠲᠣᠭᠣᠷᠢᠭ᠎ᠤᠨ ᠵᠠᠰᠠᠯᠲᠠ᠂ ᠬᠠᠭᠤᠴᠢᠨ ᠭᠠᠵᠠᠷ᠎ᠢ ᠳᠠᠬᠢᠨ ᠬᠠᠭ᠋ᠠᠯᠪᠤᠷᠢᠯᠠᠬᠤ ᠵᠡᠷᠭᠡ ᠪᠣᠳᠠᠲᠠᠶ ᠠᠰᠠᠭᠤᠳᠠᠯ᠎ᠢ ᠦᠨᠡᠨ ᠬᠦ᠌ ᠰᠠᠶ᠋ᠢᠲᠤᠷ   ᠰᠢᠢ᠍ᠳᠪᠦᠷᠢᠯᠡᠵᠤ᠂ ᠨᠡᠭᠦᠯᠭᠡᠵᠦ ᠳᠡᠶ᠋ᠢᠯᠬᠦ᠂ ᠦᠯᠡᠳᠡᠭᠡᠵᠦ ᠳᠡᠶ᠋ᠢᠯᠬᠦ᠂ ᠪᠠᠶᠠᠵᠢᠵᠤ ᠳᠡᠶ᠋ᠢᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ (ᠶᠠᠳᠠᠭᠤ ᠵᠢ ᠲᠡᠳᠬᠦᠬᠦ ᠨᠡᠭᠡᠭᠡᠯᠳᠠ ᠵᠢᠨ ᠬᠠᠮᠵᠢᠯᠴᠠᠭ᠋ᠠᠨ᠎ᠤ ᠭᠠᠵᠠᠷ ᠲᠦᠷᠦᠭᠦᠯᠡᠨ ᠬᠠᠷᠢᠭᠤᠴᠠᠨ᠎ᠠ)
     (ᠨᠠᠶᠮᠠ) ᠶᠡᠷᠦᠩᠬᠡᠶ᠋ᠢᠯᠡᠭᠰᠡᠨ ᠴᠢᠨᠠᠷᠲᠠᠶ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠨ᠎ᠠ᠃ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ ᠵᠢᠨ ᠳᠠᠭ᠋ᠠᠳᠬᠠᠯ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠢ᠂ ᠠᠪᠤᠷᠠᠨ ᠲᠤᠰᠠᠯᠠᠬᠤ ᠵᠡᠷᠭᠡ ᠨᠡᠶ᠋ᠢᠭᠡᠮ᠎ᠤᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠢᠭᠡᠳᠦᠯᠲᠡᠶ ᠲᠥᠯᠥᠪᠯᠡᠨ ᠰᠠᠶ᠋ᠢᠲᠤᠷ ᠨᠠᠢ᠍ᠳᠠᠪᠤᠷᠢᠵᠢᠭᠤᠯᠬᠤ᠂ ᠬᠥᠳᠡᠯᠮᠦᠷᠢᠯᠡᠬᠦ ᠴᠢᠳᠠᠪᠤᠷᠢ᠎ᠪᠠᠨ ᠪᠦᠷᠢᠮᠦᠰᠦᠨ ᠠᠯᠳᠠᠭᠰᠠᠨ ᠪᠠ ᠬᠥᠳᠡᠯᠮᠦᠷᠢᠯᠡᠬᠦ ᠴᠢᠳᠠᠪᠤᠷᠢ᠎ᠪᠠᠨ ᠬᠡᠰᠡᠭ ᠲᠠᠯ᠎ᠠ᠎ᠪᠠᠷ ᠠᠯᠳᠠᠭᠰᠠᠨ ᠪᠥᠭᠡᠳ ᠠᠵᠤ ᠦᠶᠯᠡᠰ᠎ᠤᠨ ᠠᠵᠢᠯ ᠣᠯᠭᠣᠯᠲᠠ᠎ᠳᠤ ᠲᠦᠰᠢᠭᠯᠡᠨ ᠬᠠᠪᠰᠤᠷᠤᠨ ᠲᠡᠳᠬᠦᠵᠦ ᠶᠠᠳᠠᠭᠤ᠎ᠠᠴᠠ ᠠᠩᠭᠢᠵᠢᠷᠠᠭᠤᠯᠬᠤ ᠵᠢᠨ ᠠᠷᠭ᠎ᠠ ᠦᠭᠡᠢ ᠣᠨᠴᠠᠭ᠋ᠠᠶ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠦᠨᠳᠦᠰᠦᠨ ᠵᠦᠶᠯ᠎ᠢ ᠪᠠᠲᠤᠯᠠᠬᠤ ᠬᠡᠷᠡᠭᠲᠡᠶ᠃ ᠶᠠᠳᠠᠭᠤ ᠬᠦᠴᠢᠷᠳᠡᠯᠲᠡᠶ ᠪᠠ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠪᠤᠢ ᠣᠯᠭᠣᠬᠤ ᠬᠣᠶᠠᠷ ᠵᠦᠶᠯ᠎ᠤᠨ ᠨᠥᠬᠥᠴᠡᠯ᠎ᠳᠤ ᠨᠡᠶ᠋ᠢᠴᠡᠭᠰᠡᠨ     《ᠬᠣᠶᠠᠷ᠎ᠢ ᠣᠷᠣᠭᠤᠯᠬᠤ》᠂ 《ᠪᠠᠲᠤᠯᠠᠬᠤ ᠶᠣᠰᠣᠲᠠᠶ ᠵᠢ᠎ᠨᠢ ᠪᠦᠬᠦᠨ᠎ᠢ ᠪᠠᠲᠤᠯᠠᠵᠤ᠂ ᠲᠡᠳᠬᠦᠬᠦ ᠶᠣᠰᠣᠲᠠᠶ ᠵᠢ᠎ᠨᠢ ᠪᠦᠬᠦᠨ᠎ᠢ ᠲᠡᠳᠬᠦᠬᠦ》 ᠵᠢ ᠪᠡᠶᠡᠯᠡᠭᠦᠯᠦᠨ᠎ᠡ᠃ (ᠨᠡᠶ᠋ᠢᠭᠡᠮ᠎ᠤᠨ ᠶᠠᠳᠠᠭᠤ ᠵᠢ ᠲᠡᠳᠬᠦᠬᠦ ᠨᠡᠭᠡᠭᠡᠯᠳᠠ ᠵᠢᠨ ᠭᠠᠵᠠᠷ᠂ ᠲᠥᠯᠥᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠂ ᠮᠡᠳᠡᠭᠡ ᠵᠠᠩᠭᠢ ᠵᠢᠨ ᠬᠢᠨᠠᠨ ᠭᠡᠮᠵᠢᠯᠳᠠ ᠵᠢᠨ ᠲᠥᠪ ᠲᠦᠷᠦᠭᠦᠯᠡᠨ ᠬᠠᠷᠢᠭᠤᠴᠠᠨ᠎ᠠ)
ᠭᠤᠷᠪᠠ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠤᠨᠤᠴᠠᠳᠠᠢ᠎ᠪᠠᠷ ᠬᠠᠪᠰᠤᠷᠤᠨ ᠲᠡᠳᠬᠦᠬᠦ ᠵᠢ ᠴᠢᠩᠭ᠋ᠠᠳᠬᠠᠨ᠎ᠠ
     (ᠶᠢᠰᠦ) ᠠᠵᠤ ᠦᠶᠯᠡᠰ ᠵᠶ᠋ᠠᠷ ᠶᠠᠳᠠᠭᠤ ᠵᠢ ᠲᠡᠳᠬᠦᠬᠦ ᠡᠷᠴᠢᠮ᠎ᠢ ᠴᠢᠩᠭ᠋ᠠᠷᠠᠭᠤᠯᠤᠨ᠎ᠠ᠃ ᠠᠶ᠋ᠢᠮᠠᠭ ᠬᠣᠲᠠ ᠵᠢ ᠵᠣᠬᠢᠶᠠᠨ ᠪᠠᠶ᠋ᠢᠭᠤᠯᠤᠨ ᠵᠢᠯᠣᠭᠣᠳᠴᠤ ᠪᠠᠶ᠋ᠢᠭ᠋ᠠᠳ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠵᠢᠭᠰᠠᠭ᠋ᠠᠨ ᠪᠠᠶ᠋ᠢᠴᠠᠭ᠋ᠠᠯᠲᠠ ᠵᠢ ᠪᠦᠬᠦ ᠲᠠᠯ᠎ᠠ᠎ᠪᠠᠷ ᠥᠷᠨᠢᠭᠦᠯᠵᠦ᠂ ᠠᠵᠤ ᠦᠶᠯᠡᠰ ᠵᠶ᠋ᠠᠷ ᠶᠠᠳᠠᠭᠤ ᠵᠢ ᠲᠡᠳᠬᠦᠬᠦ ᠰᠠᠭᠤᠷᠢ ᠲᠣᠭ᠎ᠠ ᠵᠢ ᠲᠣᠳᠣᠷᠬᠠᠶ ᠣᠶ᠋ᠢᠯᠠᠭ᠋ᠠᠵᠤ᠂ ᠠᠵᠤ   ᠦᠢ᠍ᠯᠡᠰ ᠵᠶ᠋ᠠᠷ ᠦᠷᠭᠦᠯᠵᠢᠯᠡᠵᠦ ᠳᠡᠶ᠋ᠢᠯᠬᠦ ᠥᠬᠡᠶ᠂ ᠳᠠᠶ᠋ᠢᠴᠢᠯᠠᠬᠤ ᠴᠢᠳᠠᠪᠤᠷᠢ ᠠᠨᠠᠢ᠂ ᠶᠠᠳᠠᠭᠤ ᠬᠦᠴᠢᠷᠳᠡᠯᠲᠡᠶ ᠡᠷᠦᠬᠡ ᠵᠢᠨ ᠣᠷᠣᠯᠴᠠᠬᠤ ᠬᠡᠮᠵᠢᠶ᠎ᠡ᠎ᠪᠠᠷ ᠳᠣᠤᠷ᠎ᠠ᠂ ᠠᠰᠢᠭ ᠲᠤᠰᠠ ᠵᠢᠨ ᠬᠣᠯᠪᠣᠭ᠎ᠠ ᠨᠢᠭᠲᠠ ᠪᠢᠰᠢ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠲᠡᠭᠦᠯᠳᠡᠷ ᠪᠤᠰᠤ᠂ ᠬᠡᠪᠴᠢᠶᠡᠵᠢᠯᠲᠡ ᠵᠢᠨ ᠬᠡᠮᠵᠢᠶ᠎ᠡ ᠥᠨᠳᠥᠷ ᠪᠤᠰᠤ ᠪᠠᠶ᠋ᠢᠬᠤ ᠠᠰᠠᠭᠤᠳᠠᠯ᠎ᠢ ᠬᠦᠴᠦᠯᠡᠨ   ᠰᠢᠢ᠍ᠳᠪᠦᠷᠢᠯᠡᠨ᠎ᠠ᠃ ᠠᠵᠤ ᠦᠢ᠍ᠯᠡᠰ᠎ᠤᠨ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠨᠥᠬᠥᠴᠡᠯ᠎ᠢ ᠰᠠᠶ᠋ᠢᠵᠢᠷᠠᠭᠤᠯᠵᠤ᠂ ᠬᠦᠷᠢᠶ᠎ᠠ ᠬᠠᠰᠢᠶᠠᠨ᠎ᠤ ᠠᠵᠤ ᠠᠬᠤᠶ ᠵᠡᠷᠭᠡ ᠣᠷᠣᠯᠭ᠎ᠠ ᠵᠢ ᠲᠦᠷᠭᠡᠨ ᠨᠡᠮᠡᠭᠳᠡᠭᠦᠯᠬᠦ ᠲᠥᠷᠥᠯ   ᠵᠤᠢ᠌ᠯ᠎ᠢ ᠳᠡᠮᠵᠢᠵᠦ᠂ ᠲᠠᠷᠢᠶᠠᠯᠠᠩ ᠮᠠᠯ ᠠᠵᠤ ᠠᠬᠤᠶ ᠵᠢᠨ ᠡᠭᠦᠯᠳᠡᠷ ᠰᠠᠶ᠋ᠢᠵᠢᠷᠠᠭᠤᠯᠬᠤ᠎ᠪᠠᠷ ᠭᠣᠤᠯ ᠪᠣᠯᠭ᠋ᠠᠭᠰᠠᠨ ᠦᠷ᠎ᠡ ᠵᠢᠨ ᠢᠨᠵᠧᠨᠧᠷᠢᠩ᠎ᠤᠨ ᠣᠷᠣᠭᠤᠯᠤᠯᠲᠠ ᠵᠢ ᠨᠡᠮᠡᠭᠳᠡᠭᠦᠯᠵᠦ᠂ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠶ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ᠎ᠲᠠᠢ ᠠᠰᠢᠭ ᠲᠤᠰᠠ ᠵᠢᠨ ᠬᠤᠯᠪᠤᠭ᠋ᠠᠨ᠎ᠤ ᠲᠣᠭᠲᠠᠴᠠ ᠵᠢᠨ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠤᠯ ᠴᠣᠭᠴᠠ ᠵᠢ ᠲᠡᠳᠬᠦᠵᠤ ᠣᠷᠣᠯᠭ᠎ᠠ ᠵᠢ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠨ᠎ᠠ᠃ ᠶᠠᠳᠠᠭᠤ ᠵᠢ ᠲᠡᠳᠬᠦᠬᠦ ᠠᠵᠤ ᠦᠢ᠍ᠯᠡᠰ᠎ᠤᠨ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠪᠠ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠢ ᠥᠷᠨᠢᠭᠦᠯᠵᠦ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠠᠶᠤᠯ ᠲᠦᠭᠰᠢᠭᠦᠷᠢ ᠵᠢ ᠠᠷᠢᠯᠭ᠋ᠠᠬᠤ ᠴᠢᠳᠠᠪᠤᠷᠢ ᠵᠢ ᠳᠡᠭᠡᠭᠰᠢᠯᠡᠭᠦᠯᠵᠦ᠂ ᠠᠵᠤ   ᠦᠢ᠍ᠯᠡᠰ ᠵᠶ᠋ᠠᠷ ᠶᠠᠳᠠᠭᠤ ᠵᠢ ᠲᠡᠳᠬᠦᠬᠦ ᠲᠥᠷᠥᠯ ᠵᠦᠶᠯ᠎ᠤᠨ ᠴᠢᠨᠠᠷ ᠰᠠᠶ᠋ᠢᠲᠠᠶ ᠦᠷᠭᠦᠯᠵᠢᠯᠡᠨ ᠬᠥᠭᠵᠢᠬᠦ ᠵᠢ ᠪᠡᠶᠡᠯᠡᠭᠦᠯᠦᠨ᠎ᠡ᠃ (ᠨᠡᠭᠡᠭᠡᠯᠳᠠ ᠵᠢᠨ ᠵᠢᠭ᠋ᠠᠨ ᠵᠢᠯᠣᠭᠣᠳᠬᠤ ᠭᠠᠵᠠᠷ ᠲᠦᠷᠦᠭᠦᠯᠡᠨ ᠬᠠᠷᠢᠭᠤᠴᠠᠵᠤ᠂ ᠲᠦᠯᠦᠪᠵᠢᠬᠦᠯᠭᠡ ᠡᠳ᠋᠎ᠤᠨ ᠶᠠᠪᠤᠳᠠᠯ᠎ᠤᠨ ᠭᠠᠵᠠᠷ᠂ ᠲᠥᠷᠥᠯ   ᠵᠦᠢ᠍ᠯ᠎ᠤᠨ ᠬᠠᠮᠢᠶᠠᠷᠤᠯᠲᠠ ᠵᠢᠨ ᠥᠷᠲᠡᠭᠡ ᠬᠠᠮᠵᠢᠯᠴᠠᠨ᠎ᠠ)
     (ᠠᠷᠪᠠ) ᠠᠵᠢᠯ ᠣᠯᠭᠣᠯᠲᠠ᠎ᠪᠠᠷ ᠶᠠᠳᠠᠭᠤ ᠵᠢ ᠲᠡᠳᠬᠦᠬᠦ ᠠᠵᠢᠯ᠎ᠢ ᠠᠬᠢᠭᠤᠯᠤᠨ᠎ᠠ᠃ ᠡᠯ᠎ᠡ ᠠᠶ᠋ᠢᠮᠠᠭ ᠬᠣᠲᠠ ᠵᠢ ᠵᠢᠭ᠋ᠠᠨ ᠵᠢᠯᠤᠭᠤᠳᠴᠤ᠂ ᠲᠤᠬᠠᠢ ᠵᠢᠨ ᠭᠠᠵᠠᠷ᠎ᠤᠨ ᠪᠠᠶ᠋ᠢᠳᠠᠯ᠎ᠳᠠᠭᠠᠨ ᠲᠤᠬᠢᠷᠠᠭᠤᠯᠵᠤ᠂ ᠨᠢᠭᠡ ᠪᠦᠯᠦᠭ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠪᠠ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠤᠨ ᠲᠠᠪᠴᠠᠩ ᠪᠠᠶ᠋ᠢᠭᠤᠯᠵᠤ᠂ ᠠᠵᠢᠯ ᠣᠯᠭᠣᠬᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ ᠪᠣᠯᠤᠨ ᠬᠡᠪ ᠪᠤᠯᠪᠠᠰᠤᠷᠠᠯ᠎ᠢ ᠳᠡᠭᠡᠭᠰᠢᠯᠡᠭᠦᠯᠬᠦ ᠪᠣᠯᠪᠠᠰᠤᠷᠠᠯ᠎ᠢ ᠬᠠᠨᠳᠤᠯᠭ᠋ᠠᠲᠤ ᠴᠢᠨᠠᠷᠲᠠᠶ᠎ᠪᠠᠷ ᠥᠷᠨᠢᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠠᠵᠢᠯ ᠣᠯᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠠᠷᠢᠵᠤ ᠲᠡᠵᠢᠭᠡᠨ ᠦᠷᠠᠵᠢᠬᠦᠯᠬᠦ ᠰᠠᠭᠤᠷᠢᠨ᠂ ᠶᠠᠳᠠᠭᠤ ᠵᠢ ᠲᠡᠳᠬᠦᠬᠦ   ᠦᠢ᠍ᠯᠡᠳᠪᠦᠷᠢ ᠵᠢᠨ ᠲᠠᠰᠤᠭ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠂ ᠬᠥᠳᠡᠭᠡ ᠲᠣᠰᠬᠣᠨ᠎ᠤ ᠵᠢᠭᠤᠯᠴᠢᠯᠠᠯ᠎ᠳᠤ ᠲᠦᠰᠢᠭᠯᠡᠨ᠂ ᠶᠠᠳᠠᠭᠤ ᠬᠦᠴᠢᠷᠳᠡᠯᠲᠡᠶ ᠬᠥᠳᠡᠯᠮᠦᠷᠢ ᠵᠢᠨ ᠬᠦᠴᠦᠨ᠎ᠢ ᠤᠢ᠍ᠢ᠍ᠷ᠎ᠠ ᠬᠠᠪᠢ᠎ᠳᠤᠨᠢ ᠠᠵᠢᠯ ᠣᠯᠭᠤᠬᠤ ᠵᠢᠨ ᠬᠠᠪᠰᠤᠷᠤᠨ ᠲᠠᠳᠬᠦᠨ᠎ᠠ᠃ ᠬᠥᠳᠡᠯᠮᠦᠷᠢ ᠦᠢ᠍ᠯᠡᠴᠢᠯᠡᠭᠡ ᠵᠢ ᠵᠣᠯᠭ᠋ᠠᠭᠤᠯᠬᠤ᠂ ᠠᠵᠢᠯ ᠣᠯᠭᠣᠬᠤ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠤᠨ ᠲᠡᠭᠦᠯᠳᠡᠷᠵᠢᠭᠦᠯᠬᠦ ᠵᠢ ᠠᠬᠢᠭᠤᠯᠤᠨ᠂ ᠪᠠᠢ᠍ᠢ᠍ᠡᠭᠭᠤᠵᠢᠭᠰᠠᠨ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠨᠡᠶ᠋ᠢᠲᠡᠯᠡᠬᠦ ᠲᠣᠭᠲᠠᠴᠠ ᠵᠢ ᠬᠡᠷᠡᠭᠵᠢᠭᠦᠯᠵᠦ᠂ ᠠᠵᠢᠯ ᠣᠯᠭᠣᠯᠲᠠ ᠵᠢᠨ ᠬᠠᠩᠭ᠋ᠠᠯᠭ᠎ᠠ ᠬᠡᠷᠡᠭᠴᠡᠭᠡ ᠵᠢ ᠰᠠᠢ᠍ᠢ᠍ᠳᠤᠷ ᠵᠣᠯᠭ᠋ᠠᠭᠤᠯᠬᠤ ᠵᠢ ᠪᠡᠶᠡᠯᠡᠭᠦᠯᠦᠨ᠎ᠡ᠃ ᠶᠠᠳᠠᠭᠤ ᠵᠢ ᠲᠡᠳᠬᠦᠬᠦ   ᠦᠢ᠍ᠯᠡᠳᠪᠦᠷᠢ ᠵᠢᠨ ᠲᠠᠰᠤᠭ᠎ᠤᠨ ᠪᠦᠲᠦᠭᠡᠨ ᠪᠠᠶ᠋ᠢᠭᠤᠯᠤᠯᠲᠠ ᠪᠠ ᠶᠠᠳᠠᠭᠤ ᠵᠢ ᠲᠡᠳᠬᠦᠬᠦ ᠴᠢᠳᠠᠪᠤᠷᠢ ᠵᠢᠨ ᠳᠡᠭᠡᠭᠰᠢᠯᠡᠯᠲᠡ ᠵᠢ ᠴᠢᠩᠭ᠋ᠠᠳᠬᠠᠵᠤ᠂ ᠶᠠᠳᠠᠭᠤ ᠵᠢ ᠲᠡᠳᠬᠦᠬᠦ   ᠦᠢ᠍ᠯᠡᠳᠪᠦᠷᠢ ᠵᠢᠨ ᠲᠠᠰᠤᠭ ᠪᠠ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠵᠢᠨ ᠲᠣᠬᠢᠷᠠᠭᠤᠯᠤᠯᠲᠠ ᠪᠠ ᠬᠠᠮᠢᠶᠠᠷᠤᠯᠲᠠ ᠵᠢ ᠵᠢᠷᠤᠮᠵᠢᠭᠤᠯᠤᠨ᠎ᠠ᠃ (ᠨᠡᠭᠡᠭᠡᠨ ᠬᠦᠭᠵᠢᠬᠦᠯᠬᠦ ᠵᠢᠭ᠋ᠠᠨ ᠵᠢᠯᠤᠭᠤᠳᠬᠤ ᠭᠠᠵᠠᠷ᠂ ᠨᠡᠢ᠍ᠢ᠍ᠭᠡᠮ᠎ᠤᠨ ᠶᠠᠳᠠᠭᠤ ᠵᠢᠨ ᠲᠠᠳᠬᠦᠬᠦ ᠨᠡᠭᠡᠭᠡᠯᠳᠠ ᠵᠢᠨ ᠭᠠᠵᠠᠷ᠂ ᠲᠦᠷᠦᠯ ᠵᠦᠢ᠍ᠯ᠎ᠤᠨ ᠬᠠᠮᠢᠶᠠᠷᠤᠯᠳᠠ ᠵᠢᠨ ᠦᠷᠳᠡᠭᠡ ᠲᠦᠷᠦᠬᠦᠯᠡᠨ ᠬᠠᠷᠢᠭᠤᠴᠠᠵᠤ᠂ ᠡᠯ᠎ᠠ ᠭᠠᠵᠠᠷ ᠲᠠᠰᠤᠭ᠂ ᠠᠵᠢᠯ ᠦᠢ᠍ᠯᠡᠰ᠎ᠤᠨ ᠨᠢᠭᠡᠴᠢ ᠬᠠᠮᠵᠢᠯᠴᠠᠨ᠎ᠠ)
     (ᠠᠷᠪᠠᠨ ᠨᠢᠭᠡ) ᠬᠡᠷᠡᠯ ᠴᠡᠨᠡᠭ ᠵᠶ᠋ᠠᠷ ᠶᠠᠳᠠᠭᠤ ᠵᠢ ᠲᠡᠳᠬᠦᠬᠦ ᠵᠢ ᠵᠢᠷᠤᠮᠵᠢᠭᠤᠯᠤᠨ᠎ᠠ᠃ ᠭᠡᠷᠡᠯ ᠴᠡᠨᠡᠭ ᠵᠶ᠋ᠠᠷ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠠᠰᠢᠭ ᠬᠦᠷᠲᠡᠬᠦ ᠶᠠᠳᠠᠭᠤ ᠬᠦᠴᠢᠷᠳᠡᠯᠲᠡᠢ ᠬᠥᠮᠦᠨ ᠠᠮᠠ ᠵᠢᠨ ᠬᠥᠳᠡᠯᠦᠩᠭᠦᠢ ᠲᠣᠬᠢᠷᠠᠭᠤᠯᠤᠯᠲᠠ ᠵᠢ ᠰᠠᠶ᠋ᠢᠲᠤᠷ ᠬᠢᠵᠦ᠂ ᠬᠡᠷᠡᠯ ᠴᠡᠨᠡᠭ ᠵᠶ᠋ᠠᠷ ᠶᠠᠳᠠᠭᠤ ᠵᠢ ᠲᠡᠳᠬᠦᠬᠦ ᠮᠡᠳᠡᠭᠡ ᠵᠠᠩᠭᠢ ᠵᠢ ᠬᠢᠨᠠᠨ ᠬᠡᠮᠵᠢᠬᠦ ᠰᠢᠰᠲ᠋ᠧᠮ᠎ᠤᠨ ᠮᠡᠳᠡᠭᠡ ᠵᠠᠩᠭᠢ ᠪᠣᠯᠤᠨ ᠲᠣᠭ᠎ᠠ ᠪᠠᠷᠢᠮᠲᠠ ᠵᠢ ᠴᠠᠭ ᠲᠤᠬᠠᠶ᠎ᠳᠤᠨᠢ ᠵᠣᠬᠢᠶᠠᠨ ᠪᠠᠶ᠋ᠢᠭᠤᠯᠵᠤ ᠰᠢᠨᠡᠳᠬᠡᠵᠦ᠂ ᠡᠯ᠎ᠡ ᠭᠠᠵᠠᠷ᠎ᠢ ᠵᠢᠯᠣᠭᠣᠳᠤᠨ ᠬᠡᠷᠡᠯ ᠴᠡᠨᠡᠭ ᠵᠶ᠋ᠠᠷ ᠶᠠᠳᠠᠭᠤ ᠵᠢ ᠲᠡᠳᠬᠦᠬᠦ ᠲᠥᠷᠥᠯ ᠵᠦᠶᠯ᠎ᠤᠨ ᠠᠵᠢᠯᠯᠠᠭ᠋ᠠᠨ ᠬᠠᠮᠠᠭ᠋ᠠᠯᠠᠯᠳᠠ ᠬᠠᠮᠢᠶᠠᠷᠤᠯᠳᠠ ᠵᠢ ᠪᠠᠳᠤᠯᠠᠬᠤ ᠪᠣᠯᠤᠨ ᠠᠰᠢᠭ ᠣᠷᠣᠯᠭ᠎ᠠ ᠵᠢ ᠬᠤᠪᠢᠶᠠᠷᠢᠯᠠᠬᠤ ᠠᠵᠢᠯ᠎ᠢ ᠰᠠᠶ᠋ᠢᠲᠤᠷ ᠬᠢᠨ᠎ᠠ᠃ (ᠶᠠᠳᠠᠭᠤ ᠵᠢ ᠲᠡᠳᠬᠦᠬᠦ ᠨᠡᠭᠡᠭᠡᠯᠳᠠ ᠵᠢᠨ ᠲᠥᠪ ᠲᠦᠷᠦᠭᠦᠯᠡᠵᠦ᠂ ᠮᠡᠳᠡᠭᠡ ᠵᠠᠩᠭᠢ ᠵᠢᠨ ᠬᠢᠨᠠᠨ ᠭᠡᠮᠵᠢᠯᠳᠠ ᠵᠢᠨ ᠲᠥᠪ ᠬᠠᠮᠵᠢᠯᠴᠠᠨ᠎ᠠ)
     (ᠠᠷᠪᠠᠨ ᠬᠣᠶᠠᠷ) ᠶᠠᠳᠠᠭᠤ ᠵᠢ ᠲᠡᠳᠬᠦᠬᠦ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠠᠵᠢᠯ᠎ᠢ ᠰᠠᠶ᠋ᠢᠲᠤᠷ ᠬᠢᠨ᠎ᠠ᠃ ᠶᠠᠳᠠᠭᠤ ᠵᠢ ᠲᠡᠳᠬᠦᠬᠦ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠠᠳᠠᠭᠤ ᠵᠢ ᠲᠡᠳᠬᠦᠬᠦ ᠨᠡᠭᠡᠭᠡᠯᠳᠠ ᠵᠢᠨ ᠠᠯᠪᠠᠨ ᠭᠡᠷ᠂ ᠳᠤᠮᠳᠠᠳᠤ ᠤᠯᠤᠰ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ 《ᠰᠢᠨ᠎ᠠ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠢᠳᠡᠪᠬᠢᠲᠡᠶ ᠠᠷᠭ᠋ᠠᠴᠠᠭ᠋ᠠᠵᠤ ᠶᠠᠳᠠᠭᠤ ᠵᠢ ᠲᠡᠳᠬᠦᠬᠦ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠠᠵᠢᠯ᠎ᠢ ᠦᠨᠡᠨ ᠬᠦ᠌ ᠰᠠᠶ᠋ᠢᠲᠤᠷ ᠬᠢᠬᠦ ᠲᠤᠬᠠᠶ ᠮᠡᠳᠡᠭᠳᠡᠯ》᠎ᠤᠨ ᠵᠣᠷᠢᠭ ᠰᠠᠨᠠᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠬᠢᠵᠢᠭ᠎ᠤᠨ ᠪᠠᠶ᠋ᠢᠳᠠᠯ᠎ᠤᠨ ᠨᠥᠯᠥᠭᠡ ᠵᠢ ᠴᠢᠷᠮᠠᠶ᠋ᠢᠨ ᠠᠷᠢᠯᠭ᠋ᠠᠨ᠎ᠠ᠃ ᠶᠠᠳᠠᠭᠤ ᠵᠢ ᠲᠡᠳᠬᠦᠬᠦ ᠪᠠᠭ᠎ᠠ ᠲᠣᠭ᠋ᠠᠨ᠎ᠤ ᠵᠢᠭᠡᠯᠡᠯᠭᠡ ᠲᠠᠯᠪᠢᠬᠤ ᠠᠵᠢᠯ᠎ᠢ ᠲᠦᠷᠭᠡᠳᠬᠡᠨ᠂ ᠵᠢᠭᠡᠯᠡᠯᠭᠡ ᠵᠢᠨ ᠨᠥᠬᠥᠴᠡᠯ᠎ᠳᠤ ᠨᠡᠶ᠋ᠢᠴᠡᠬᠦ᠂ ᠵᠢᠭᠡᠯᠡᠯᠭᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠵᠢᠨ ᠵᠢᠭᠡᠯᠡᠯᠭᠡ ᠵᠢᠭᠡᠯᠡᠬᠦ ᠴᠢᠬᠤᠯᠠᠳᠠᠢ ᠪᠠᠢ᠍ᠢ᠍ᠪᠠᠯ ᠵᠠᠪᠠᠯ ᠵᠢᠭᠡᠯᠡᠬᠦᠯᠬᠦ ᠵᠢ ᠪᠠᠳᠤᠯᠠᠨ᠎ᠠ᠃ ᠶᠠᠳᠠᠭᠤ ᠵᠢ ᠲᠡᠳᠬᠦᠬᠦ ᠪᠠᠭ᠎ᠠ ᠲᠣᠭ᠋ᠠᠨ᠎ᠤ ᠵᠢᠭᠡᠯᠡᠯᠭᠡ ᠵᠢᠨ ᠳᠠᠷᠠᠭ᠋ᠠᠬᠢ ᠬᠠᠮᠢᠶᠠᠷᠤᠯᠲᠠ ᠵᠢᠨ ᠠᠵᠢᠯ᠎ᠢ ᠰᠠᠶ᠋ᠢᠲᠤᠷ ᠬᠢᠵᠦ᠂ ᠶᠠᠳᠠᠭᠤ ᠵᠢ ᠲᠡᠳᠬᠦᠬᠦ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠨ᠎ᠠ᠃ (ᠲᠥᠯᠥᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ ᠲᠦᠷᠦᠭᠦᠯᠡᠨ ᠬᠠᠷᠢᠭᠤᠴᠠᠨ᠎ᠠ)
     (ᠠᠷᠪᠠᠨ ᠭᠤᠷᠪᠠ) ᠢᠲᠡᠭᠡᠯ ᠵᠣᠷᠢᠭ᠎ᠢ ᠲᠡᠳᠬᠦᠬᠦ ᠣᠶᠤᠨ ᠤᠬᠠᠭ᠋ᠠᠨ᠎ᠢ ᠲᠡᠳᠬᠦᠬᠦ ᠠᠵᠢᠯᠯᠠᠭ᠎ᠠ ᠵᠢ ᠥᠷᠨᠢᠭᠦᠯᠦᠨ᠎ᠡ᠃ ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠬᠠᠮᠲᠤ ᠵᠢᠨ ᠠᠵᠤ ᠠᠬᠤᠢ ᠵᠢᠨ ᠠᠰᠢᠭ ᠣᠷᠣᠯᠭ᠎ᠠ ᠪᠣᠯᠤᠨ ᠶᠠᠳᠠᠭᠤ ᠵᠢ ᠲᠡᠳᠬᠦᠬᠦ ᠪᠡᠯᠡ ᠮᠥᠩᠭᠥ ᠵᠢᠨ ᠠᠰᠢᠭ ᠣᠷᠣᠯᠭ᠎ᠠ ᠵᠢ ᠬᠤᠪᠢᠶᠠᠷᠢᠯᠠᠬᠤ ᠠᠷᠭ᠎ᠠ ᠭᠡᠯᠪᠠᠷᠢ᠎ᠪᠠᠨ ᠬᠠᠯᠠᠨ ᠰᠠᠶ᠋ᠢᠵᠢᠷᠠᠭᠤᠯᠵᠤ᠂ ᠵᠣᠭᠣᠰ ᠪᠠ ᠡᠳ᠋ ᠪᠣᠳᠠᠰ᠎ᠢ ᠳᠥᠭᠥᠮᠬᠡᠨ ᠵᠶ᠋ᠠᠷ ᠣᠯᠭᠣᠬᠤ ᠵᠢ ᠡᠷᠡᠰ ᠬᠣᠷᠢᠬᠯᠠᠨ᠎ᠠ᠃ ᠶᠠᠳᠠᠭᠤ ᠬᠦᠴᠢᠷᠳᠡᠯᠲᠡᠶ ᠡᠷᠦᠬᠡ ᠵᠢᠨ ᠦᠨᠡᠨᠴᠢ ᠢᠲᠡᠭᠡᠮᠵᠢ ᠵᠢᠨ ᠰᠢᠰᠲ᠋ᠧᠮ ᠵᠢᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠢ ᠰᠦᠪᠡᠭᠴᠢᠯᠡᠵᠦ᠂ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠶ᠋ᠢᠷᠢ ᠲᠣᠬᠢᠷᠠᠭᠤᠯᠬᠤ᠂ ᠱᠠᠩᠨᠠᠨ ᠬᠥᠬᠢᠭᠦᠯᠬᠦ ᠬᠤᠪᠢ ᠬᠤᠷᠠᠮᠳᠤᠭᠤᠯᠬᠤ ᠵᠡᠷᠭᠡ ᠠᠷᠭ᠎ᠠ ᠬᠡᠯᠪᠡᠷᠢ ᠵᠢ ᠠᠪᠤᠭᠰᠠᠨ ᠰᠠᠭᠤᠷᠢᠨ ᠳᠡᠭᠡᠷ᠎ᠡ᠂ ᠶᠠᠳᠠᠭᠤ ᠬᠦᠴᠢᠷᠳᠡᠯᠲᠡᠶ ᠬᠥᠮᠦᠨ ᠠᠮᠠ᠎ᠳᠤ ᠶᠡᠷᠦᠩᠬᠡᠶ᠋ᠢᠯᠡᠭᠰᠡᠨ ᠦᠨᠡᠨᠴᠢ ᠢᠳᠡᠭᠡᠮᠵᠢ ᠵᠢ ᠦᠨᠡᠯᠡᠨ ᠲᠣᠭᠲᠠᠭ᠋ᠠᠬᠤ ᠠᠵᠢᠯ ᠥᠷᠨᠢᠭᠦᠯᠵᠡᠶ᠃ ᠣᠳᠣᠨ ᠲᠡᠰ᠎ᠤᠨ ᠡᠷᠦᠬᠡ᠎ᠳᠤ ᠲᠥᠷᠥᠯ   ᠵᠦᠢ᠍ᠯ᠂ ᠵᠢᠭᠡᠯᠡᠯᠭᠡ ᠵᠡᠷᠭᠡ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠤ ᠣᠷᠣᠯᠴᠠᠬᠤ ᠢᠳᠡᠪᠬᠢᠵᠢᠯ᠎ᠢ ᠳᠠᠶ᠋ᠢᠴᠢᠯᠠᠨ᠎ᠠ᠃ (ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ   ᠦᠢ᠍ᠯᠡᠰ᠎ᠤᠨ ᠨᠢᠭᠡᠴᠢ ᠬᠠᠮᠵᠢᠯᠴᠠᠨ᠎ᠠ)
ᠳᠥᠷᠪᠡ᠂ ᠨᠡᠶ᠋ᠢᠭᠡᠮ᠎ᠤᠨ ᠶᠠᠳᠠᠭᠤ ᠵᠢ ᠲᠡᠳᠬᠦᠬᠦ ᠡᠯ᠎ᠡ   ᠵᠤᠢ᠌ᠯ᠎ᠤᠨ ᠠᠷᠭ᠎ᠠ ᠬᠡᠮᠵᠢᠶ᠎ᠡ ᠵᠢ ᠭᠦᠨᠵᠡᠭᠡᠶ᠋ᠢᠷᠡᠭᠦᠯᠦᠨ᠎ᠡ
     (ᠠᠷᠪᠠᠨ ᠳᠥᠷᠪᠡ) ᠪᠡᠭᠡᠵᠢᠩ ᠥᠪᠥᠷ ᠮᠣᠩᠭᠣᠯ᠎ᠤᠨ ᠶᠠᠳᠠᠭᠤ ᠵᠢ ᠲᠡᠳᠬᠦᠬᠦ ᠬᠠᠮᠵᠢᠯᠴᠠᠭ᠎ᠠ ᠵᠢ ᠭᠦᠨᠵᠡᠭᠡᠶ᠋ᠢᠷᠡᠭᠦᠯᠦᠨ᠎ᠡ᠃ 《2020 ᠤᠨ᠎ᠤ ᠵᠡᠭᠦᠨ ᠪᠠᠷᠠᠭᠤᠨ ᠣᠷᠣᠨ᠎ᠤ ᠶᠠᠳᠠᠭᠤ ᠵᠢ ᠲᠡᠳᠬᠦᠬᠦ ᠬᠠᠮᠵᠢᠯᠴᠠᠭ᠋ᠠᠨ᠎ᠤ ᠬᠡᠯᠡᠯᠴᠡᠭᠡᠷ》᠎ᠢ ᠨᠠᠶ᠋ᠢᠳᠠᠪᠤᠷᠢᠵᠢᠭᠤᠯᠵᠤ᠂ ᠳᠡᠭᠡᠳᠦ ᠲᠠᠰ᠎ᠤᠨ ᠤᠳᠤᠷᠢᠳᠤᠯᠭ᠎ᠠ ᠬᠠᠷᠢᠯᠴᠠᠨ ᠠᠶ᠋ᠢᠯᠴᠢᠯᠠᠬᠤ ᠵᠢ ᠨᠠᠶ᠋ᠢᠳᠠᠪᠤᠷᠢᠵᠢᠭᠤᠯᠵᠤ᠂ ᠪᠡᠯᠡ ᠮᠥᠩᠭᠥ ᠵᠢᠨ ᠬᠡᠷᠡᠭᠯᠡᠯᠲᠡ᠂ ᠺᠠᠳ᠋ᠷ ᠴᠢᠳᠠᠪᠤᠷᠢᠲᠠᠨ᠎ᠤ ᠰᠣᠯᠢᠯᠴᠠᠭ᠎ᠠ᠂ ᠠᠵᠤ ᠦᠶᠯᠡᠰ᠎ᠤᠨ ᠬᠠᠮᠵᠢᠯᠴᠠᠭ᠎ᠠ᠂ ᠬᠥᠳᠡᠯᠮᠦᠷᠢ   ᠦᠢ᠍ᠯᠡᠴᠢᠯᠡᠭᠡᠨ ᠬᠠᠮᠵᠢᠯᠴᠠᠭ᠎ᠠ᠂ ᠭᠠᠷ ᠬᠣᠯᠪᠣᠨ ᠴᠢᠨᠡᠭᠡᠯᠢᠭᠵᠢᠬᠦ ᠵᠡᠷᠭᠡ ᠲᠠᠯ᠎ᠠ᠎ᠪᠠᠷ ᠭᠣᠤᠯᠳᠠᠭᠤᠯᠤᠨ᠎ᠠ᠃ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠳᠦᠷᠢᠮ᠎ᠢ ᠲᠡᠭᠦᠯᠳᠡᠷᠵᠢᠭᠦᠯᠵᠦ᠂ ᠪᠡᠯᠡ ᠮᠥᠩᠭᠥᠨ᠎ᠤ ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠯ᠎ᠡ ᠵᠦᠶᠯ᠎ᠤᠨ ᠬᠡᠯᠡᠯᠴᠡᠭᠡᠷ᠎ᠤᠨ ᠭᠦᠶᠴᠡᠳᠬᠡᠬᠦ ᠲᠣᠭ᠎ᠠ ᠵᠢᠨ ᠡᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠵᠦ᠂ ᠡᠯ᠎ᠡ ᠵᠤᠢ᠌ᠯ᠎ᠤᠨ ᠠᠵᠢᠯ᠎ᠢ ᠡᠮᠬᠢ ᠵᠢᠷᠤᠮ᠎ᠲᠠᠢ ᠥᠷᠨᠢᠭᠦᠯᠬᠦ ᠵᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ (ᠶᠠᠳᠠᠭᠤ ᠵᠢ ᠲᠡᠳᠬᠦᠬᠦ ᠬᠠᠮᠵᠢᠯᠴᠠᠭ᠋ᠠᠨ᠎ᠤ ᠭᠠᠵᠠᠷ ᠲᠦᠷᠦᠭᠦᠯᠡᠨ ᠬᠠᠷᠢᠭᠤᠴᠠᠨ᠎ᠠ)
     (ᠠᠷᠪᠠᠨ ᠲᠠᠪᠤ) ᠴᠢᠭ ᠲᠣᠭᠲᠠᠭ᠋ᠠᠨ ᠬᠠᠪᠰᠤᠷᠤᠨ ᠲᠡᠳᠬᠦᠬᠦ ᠠᠵᠢᠯ᠎ᠢ ᠭᠦᠨᠵᠡᠭᠡᠶ᠋ᠢᠷᠡᠭᠦᠯᠦᠨ᠎ᠡ᠃ ᠲᠥᠪ᠎ᠤᠨ ᠴᠡᠭ ᠲᠣᠭᠲᠠᠭ᠋ᠠᠨ ᠬᠠᠪᠰᠤᠷᠤᠨ ᠲᠡᠳᠬᠦᠬᠦ ᠨᠢᠭᠡᠴᠡ᠎ᠯᠦᠭᠡ ᠵᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠵᠤ᠂ ᠠᠵᠢᠯ᠎ᠤᠨ ᠲᠣᠬᠢᠷᠠᠭᠤᠯᠤᠯᠲᠠ ᠪᠠ ᠵᠥᠪᠳᠡᠯᠴᠡᠬᠦ ᠲᠣᠭᠲᠠᠴᠠ ᠵᠢ ᠲᠡᠭᠦᠯᠳᠡᠷᠵᠢᠭᠦᠯᠵᠦ᠂ ᠬᠠᠪᠰᠤᠷᠤᠨ ᠲᠡᠳᠬᠦᠬᠦ ᠠᠵᠢᠯ᠎ᠤᠨ ᠣᠨᠣᠪᠴᠢ ᠵᠢᠨ ᠬᠡᠮᠵᠢᠶ᠎ᠡ ᠪᠠ ᠪᠦᠳᠦᠮᠵᠢᠳᠤ ᠴᠢᠨᠠᠷ᠎ᠢ ᠳᠡᠭᠡᠭᠰᠢᠯᠡᠭᠦᠯᠦᠨ᠎ᠡ᠃ (ᠨᠡᠶ᠋ᠢᠭᠡᠮ᠎ᠤᠨ ᠶᠠᠳᠠᠭᠤ ᠵᠢ ᠲᠡᠳᠬᠦᠬᠦ ᠨᠡᠭᠡᠭᠡᠯᠳᠠ ᠵᠢᠨ ᠭᠠᠵᠠᠷ ᠲᠦᠷᠦᠭᠦᠯᠡᠨ ᠬᠠᠷᠢᠭᠤᠴᠠᠨ᠎ᠠ)
(ᠠᠷᠪᠠᠨ ᠵᠢᠷᠭᠤᠭ᠎ᠠ) ᠨᠡᠶ᠋ᠢᠭᠡᠮ᠎ᠤᠨ ᠬᠦᠴᠦᠨ᠎ᠢ ᠥᠷᠭᠡᠨ ᠵᠶ᠋ᠠᠷ ᠳᠠᠶ᠋ᠢᠴᠢᠯᠠᠨ ᠣᠷᠣᠯᠴᠠᠭᠤᠯᠤᠨ᠎ᠠ᠃ 《ᠲᠦᠮᠡᠨ ᠠᠵᠤ ᠠᠬᠤᠶ᠋ᠢᠯᠠᠯ ᠲᠦᠮᠡᠨ ᠲᠣᠰᠬᠣᠨ᠎ᠢ ᠬᠠᠪᠰᠤᠷᠬᠤ》 ᠤᠨᠢᠨ ᠳᠡᠭᠡᠷ᠎ᠡ᠎ᠨᠢ ᠶᠠᠳᠠᠭᠤ ᠵᠢ ᠲᠡᠳᠬᠦᠬᠦ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠠᠷᠠᠳ ᠢᠷᠭᠡᠨ ᠬᠤᠪᠢ ᠬᠥᠮᠦᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠣᠷᠣᠯᠴᠠᠬᠤ ᠵᠢ ᠠᠬᠢᠭᠤᠯᠤᠨ᠎ᠠ᠃ 《ᠳᠤᠮᠳᠠᠳᠤ ᠤᠯᠤᠰ᠎ᠤᠨ ᠨᠡᠶ᠋ᠢᠭᠡᠮ᠎ᠤᠨ ᠶᠠᠳᠠᠭᠤ ᠵᠢ ᠲᠡᠳᠬᠦᠬᠦ ᠰᠦᠯᠵᠢᠶ᠎ᠡ》 ᠵᠢ ᠳᠡᠯᠭᠡᠷᠡᠭᠦᠯᠦᠨ ᠬᠡᠷᠡᠭᠯᠡᠬᠦ ᠠᠵᠢᠯ᠎ᠢ ᠭᠣᠤᠯᠳᠠᠯᠭ᠎ᠠ᠎ᠲᠠᠢ ᠲᠦᠯᠬᠢᠨ ᠠᠬᠢᠭᠤᠯᠵᠤ᠂ ᠮᠡᠳᠡᠭᠡ ᠵᠠᠩᠭᠢ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠤᠨ᠂ ᠬᠡᠷᠡᠭᠴᠡᠭᠡ ᠱᠠᠭ᠋ᠠᠷᠳᠠᠯᠭ᠎ᠠ ᠵᠢ ᠵᠣᠯᠭ᠋ᠠᠭᠤᠯᠬᠤ ᠵᠢ ᠠᠬᠢᠭᠤᠯᠤᠨ᠎ᠠ᠃ ᠶᠠᠳᠠᠭᠤ ᠵᠢ ᠲᠡᠳᠬᠦᠬᠦ ᠨᠡᠶ᠋ᠢᠭᠡᠮ᠎ᠤᠨ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠶᠠᠳᠠᠭᠤ ᠵᠢ ᠲᠡᠳᠬᠦᠬᠦ ᠨᠡᠶ᠋ᠢᠭᠡᠮ᠎ᠤᠨ ᠪᠦᠯᠬᠦᠮ᠎ᠤᠨ ᠵᠣᠬᠢᠶᠠᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠵᠦ ᠳᠠᠭ᠋ᠠᠭᠤᠯᠬᠤ   ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠤᠨ᠎ᠠ᠃ (ᠨᠡᠶ᠋ᠢᠭᠡᠮ᠎ᠤᠨ ᠶᠠᠳᠠᠭᠤ ᠵᠢ ᠲᠡᠳᠬᠦᠬᠦ ᠨᠡᠭᠡᠭᠡᠯᠳᠠ ᠵᠢᠨ ᠭᠠᠵᠠᠷ ᠲᠦᠷᠦᠭᠦᠯᠡᠨ ᠬᠠᠷᠢᠭᠤᠴᠠᠨ᠎ᠠ)
     (ᠠᠷᠪᠠᠨ ᠳᠣᠯᠣᠭ᠎ᠠ) ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠵᠢ ᠭᠦᠨᠵᠡᠭᠡᠶ ᠬᠡᠷᠡᠭᠵᠢᠭᠦᠯᠦᠨ᠎ᠡ᠃ ᠶᠠᠳᠠᠭᠤ ᠵᠢ ᠲᠡᠳᠬᠦᠬᠦ ᠦᠢ᠍ᠯᠡᠳᠬᠦᠨ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠲᠦᠷᠭᠡᠳᠬᠡᠨ ᠠᠬᠢᠭᠤᠯᠵᠤ᠂ ᠶᠠᠳᠠᠭᠤ ᠵᠢ ᠲᠡᠳᠬᠦᠬᠦ   ᠦᠢ᠍ᠯᠡᠳᠭᠦᠨ᠎ᠢ ᠨᠡᠷᠡᠲᠦ ᠲᠥᠷᠥᠯ ᠲᠡᠮᠳᠡᠭᠵᠢᠭᠦᠯᠬᠦ᠂ ᠪᠠᠷᠢᠮᠵᠢᠶᠠᠵᠢᠭᠤᠯᠬᠤ ᠪᠦᠲᠦᠭᠡᠨ ᠪᠠᠶ᠋ᠢᠭᠤᠯᠤᠯᠲᠠ ᠵᠢ ᠰᠠᠶ᠋ᠢᠲᠤᠷ ᠬᠢᠵᠦ᠂ ᠦᠢ᠍ᠯᠡᠳᠬᠦᠨ᠎ᠤ ᠥᠷᠢᠰᠦᠯᠳᠦᠬᠦ ᠬᠦᠴᠦᠨ᠎ᠢ ᠴᠢᠡᠭᠭ᠋ᠠᠳᠬᠠᠨ᠎ᠠ᠃ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠶᠠᠳᠠᠭᠤ ᠵᠢ ᠲᠡᠳᠬᠦᠬᠦ ᠦᠢ᠍ᠯᠡᠳᠬᠦᠨ᠎ᠤ 《ᠲᠠᠪᠤ ᠵᠢ ᠣᠷᠣᠭᠤᠯᠬᠤ》 ᠠᠵᠢᠯᠯᠠᠭ᠎ᠠ ᠵᠢ ᠪᠦᠬᠦ ᠲᠠᠯ᠎ᠠ᠎ᠪᠠᠷ ᠠᠬᠢᠭᠤᠯᠵᠤ᠂ ᠦᠶᠯᠡᠰ ᠪᠤᠰᠬᠠᠨ ᠰᠢᠨ᠎ᠡ ᠵᠢ ᠡᠭᠦᠳᠬᠦ ᠲᠠᠪᠴᠠᠩ᠂ ᠲᠠᠷᠢᠶᠠᠯᠠᠩ ᠪᠠ ᠬᠡᠲᠦ ᠳᠡᠯᠭᠡᠭᠦᠷ᠎ᠢ ᠵᠣᠯᠭ᠋ᠠᠭᠤᠯᠬᠤ᠂ ᠰᠤᠷᠭ᠋ᠠᠭᠤᠯᠢ ᠪᠠ ᠠᠵᠤ ᠠᠬᠤᠶ᠋ᠢᠯᠠᠯ᠎ᠢ ᠵᠣᠯᠭ᠋ᠠᠭᠤᠯᠬᠤ᠂ ᠲᠥᠪ᠎ᠤᠨ ᠨᠢᠭᠡᠴᠢ ᠵᠢᠨ ᠬᠤᠳᠠᠯᠳᠤᠨ ᠠᠪᠬᠤ᠂ ᠣᠶᠤᠨᠴᠢ᠎ᠪᠠᠷ ᠪᠠᠷᠠᠭ᠎ᠠ ᠪᠣᠷᠣᠯᠠᠭᠤᠯᠬᠤ ᠯᠠᠩᠭᠦᠶ᠂ ᠶᠠᠳᠠᠭᠤ ᠵᠢ ᠲᠡᠳᠬᠦᠬᠦ   ᠦᠢ᠍ᠯᠡᠳᠬᠦᠨ᠎ᠤ ᠠᠮᠢᠳᠤᠷᠠᠯ᠎ᠤᠨ ᠣᠷᠳᠣᠨ᠎ᠤ ᠲᠤᠷᠰᠢᠯᠲᠠ ᠬᠢᠵᠦ ᠳᠡᠯᠭᠡᠷᠡᠭᠦᠯᠬᠦ ᠵᠡᠷᠭᠡ ᠰᠦᠯᠵᠢᠶᠡᠨ ᠭᠠᠳᠠᠨ᠎ᠠ ᠪᠣᠷᠣᠯᠠᠭᠤᠯᠬᠤ ᠵᠢ ᠢᠳᠡᠪᠬᠢᠲᠡᠶ᠎ᠪᠠᠷ ᠠᠬᠢᠭᠤᠯᠵᠤ᠂ ᠡᠯᠧᠺᠲᠷᠣᠨ ᠬᠤᠳᠠᠯᠳᠤᠭ᠎ᠠ ᠪᠠ ᠰᠦᠯᠵᠢᠶᠡᠨ᠎ᠤ ᠰᠢᠨ᠎ᠡ ᠵᠠᠭᠤᠴᠢᠯᠠᠭᠤᠷ᠎ᠤᠨ ᠰᠦᠯᠵᠢᠶᠡᠨ ᠳᠡᠭᠡᠷ᠎ᠡ ᠪᠣᠷᠣᠯᠠᠭᠤᠯᠬᠤ ᠦᠢ᠍ᠯᠡᠳᠦᠯ᠎ᠢ ᠭᠦᠶᠴᠡᠳ ᠪᠠᠳᠠᠷᠠᠭᠤᠯᠤᠨ᠎ᠠ᠃ 《ᠢᠨᠲ᠋ᠧᠷ ᠰᠦᠯᠵᠢᠶ᠎ᠡ + ᠰᠢᠨ᠎ᠡ ᠵᠠᠭᠤᠴᠢᠯᠠᠭᠤᠷ + ᠬᠡᠷᠡᠭᠯᠡᠭᠡ᠎ᠪᠠᠷ ᠶᠠᠳᠠᠭᠤ ᠵᠢ ᠲᠡᠳᠬᠦᠬᠦ》 ᠰᠢᠨ᠎ᠡ ᠵᠠᠭᠪᠤᠷ᠎ᠢ ᠰᠠᠶ᠋ᠢᠲᠤᠷ ᠬᠡᠷᠡᠭᠯᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠳᠤ ᠠᠵᠤ ᠦᠶᠯᠡᠰ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠨᠠᠩ ᠣᠯᠠᠨ ᠬᠦᠷᠲᠡᠭᠡᠨ᠎ᠡ᠃ ᠪᠡᠭᠡᠵᠢᠩ ᠥᠪᠥᠷ ᠮᠣᠩᠭᠣᠯ᠎ᠤᠨ ᠶᠠᠳᠠᠭᠤ ᠵᠢ ᠲᠡᠳᠬᠦᠬᠦ ᠪᠦᠬᠦ ᠲᠠᠯ᠎ᠠ ᠵᠢᠨ ᠬᠠᠮᠵᠢᠯᠴᠠᠭ᠎ᠠ ᠪᠣᠯᠤᠨ ᠲᠥᠪ᠎ᠤᠨ ᠨᠢᠭᠡᠴᠢ ᠵᠢᠨ ᠴᠡᠭ ᠲᠣᠭᠲᠠᠭ᠋ᠠᠨ ᠬᠠᠪᠰᠤᠷᠤᠨ ᠲᠡᠳᠬᠦᠵᠦ ᠪᠣᠷᠣᠯᠠᠭᠤᠯᠬᠤ ᠲᠠᠪᠴᠠᠩ᠎ᠢ ᠪᠠᠶ᠋ᠢᠭᠤᠯᠵᠤ᠂ ᠪᠣᠬᠢᠷᠲᠤᠯ ᠦᠭᠡᠢ ᠲᠠᠷᠢᠶᠠᠯᠠᠩ ᠪᠦᠳᠦᠭᠡᠭᠳᠡᠬᠦᠨ ᠮᠠᠯ᠎ᠤᠨ ᠠᠰᠢᠭ ᠰᠢᠮ᠎ᠡ ᠵᠢ ᠪᠡᠭᠡᠵᠢᠩ᠎ᠳᠤ ᠣᠷᠣᠭᠤᠯᠤᠨ ᠪᠣᠷᠣᠯᠠᠭᠤᠯᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃ ᠪᠡᠭᠡᠵᠢᠩ᠎ᠤᠨ ᠵᠠᠬ᠎ᠠ ᠳᠡᠯᠭᠡᠭᠦᠷ ᠪᠠ ᠰᠢᠨ᠎ᠡ ᠵᠢ ᠡᠭᠦᠳᠬᠦ ᠲᠥᠪ᠎ᠤᠨ ᠵᠣᠯᠭ᠋ᠠᠭᠤᠯᠬᠤ ᠠᠵᠢᠯ᠎ᠢ ᠶᠠᠳᠠᠭᠤ ᠵᠢ ᠲᠡᠳᠬᠦᠬᠦ ᠬᠠᠮᠵᠢᠯᠴᠠᠭ᠎ᠠ ᠵᠢᠨ ᠭᠠᠵᠠᠷ ᠬᠠᠷᠢᠭᠤᠴᠠᠵᠤ᠂ ᠣᠷᠣᠨ᠎ᠤ ᠳᠣᠲᠣᠷᠠᠬᠢ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠨᠡᠭᠡᠭᠡᠯᠳᠠ ᠵᠢᠨ ᠵᠢᠯᠣᠭᠣᠳᠬᠤ ᠭᠠᠵᠠᠷ᠎ᠠᠴᠠ ᠬᠠᠷᠢᠭᠤᠴᠠᠨ᠎ᠠ᠃ (ᠶᠠᠳᠠᠭᠤ ᠵᠢ ᠲᠠᠳᠬᠦᠬᠦ ᠨᠡᠭᠡᠭᠡᠯᠳᠠ ᠵᠢᠨ ᠵᠢᠯᠣᠭᠣᠳᠬᠤ ᠭᠠᠵᠠᠷ᠂ ᠶᠠᠳᠠᠭᠤ ᠵᠢ ᠲᠡᠳᠬᠦᠬᠦ ᠬᠠᠮᠵᠢᠯᠴᠠᠭ᠋ᠠᠨ᠎ᠤ ᠭᠠᠵᠠᠷ ᠲᠦᠷᠦᠭᠦᠯᠡᠨ ᠬᠠᠷᠢᠭᠤᠴᠠᠵᠤ᠂ ᠨᠡᠶ᠋ᠢᠭᠡᠮ᠎ᠤᠨ ᠶᠠᠳᠠᠭᠤ ᠵᠢ ᠲᠡᠳᠬᠦᠬᠦ ᠨᠡᠭᠡᠭᠡᠯᠳᠠ ᠵᠢᠨ ᠭᠠᠵᠠᠷ᠂ ᠲᠥᠷᠥᠯ ᠵᠦᠶᠯ᠎ᠤᠨ ᠬᠠᠮᠢᠶᠠᠷᠤᠯᠲᠠ ᠵᠢᠨ ᠥᠷᠲᠡᠭᠡ ᠬᠠᠮᠵᠢᠯᠴᠠᠨ᠎ᠠ)
ᠲᠠᠪᠤ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠬᠢᠨᠡᠨ ᠰᠢᠯᠭ᠋ᠠᠵᠤ ᠰᠢᠯᠭ᠋ᠠᠨ ᠠᠪᠬᠤ ᠵᠢ ᠴᠢᠩᠳᠠᠯᠠᠨ᠎ᠠ
     (ᠠᠷᠪᠠᠨ   ᠨᠠᠢ᠍ᠮᠠ) ᠠᠰᠠᠭᠤᠳᠠᠯ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠨ᠎ᠠ᠃ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠵᠢᠨ       ᠦᠨᠳᠦᠰᠦᠨ ᠮᠡᠳᠡᠭᠡ ᠵᠠᠩᠭᠢ᠂ 《ᠬᠣᠶᠠᠷ᠎ᠲᠤ ᠵᠣᠪᠠᠬᠤ ᠥᠬᠡᠶ ᠭᠤᠷᠪᠠ ᠵᠢ ᠪᠠᠲᠤᠯᠠᠬᠤ》᠂ ᠶᠠᠳᠠᠭᠤ ᠬᠦᠴᠢᠷᠳᠡᠯᠲᠡᠶ ᠬᠡᠷ ᠪᠦᠯᠢ ᠵᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠡᠷᠭᠡ ᠲᠠᠯ᠎ᠠ ᠵᠢᠨ ᠮᠡᠳᠡᠭᠡ ᠵᠠᠩᠭᠢ ᠵᠢᠨ ᠪᠠᠶ᠋ᠢᠳᠠᠯ᠎ᠤᠨ ᠲᠣᠭᠣᠷᠢᠨ᠎ᠳᠤ ᠵᠢᠭᠰᠠᠭ᠋ᠠᠨ ᠪᠠᠶ᠋ᠢᠴᠠᠭ᠋ᠠᠯᠲᠠ ᠬᠢᠨ᠎ᠡ᠃ ᠰᠠᠭᠤᠷᠢ ᠲᠣᠭ᠎ᠠ ᠵᠢ ᠪᠦᠬᠦ ᠲᠠᠯ᠎ᠠ᠎ᠪᠠᠷ ᠲᠣᠳᠣᠷᠬᠠᠶ ᠣᠶ᠋ᠢᠯᠠᠭ᠋ᠠᠵᠤ᠂ ᠣᠷᠣᠰᠢᠵᠤ ᠪᠠᠢ᠍ᠶᠭ᠎ᠠ ᠠᠰᠠᠭᠤᠳᠠᠯ᠎ᠢ ᠪᠦᠬᠦᠨ᠎ᠢ ᠡᠷᠢᠨ ᠭᠠᠷᠭ᠋ᠠᠵᠤ᠂ ᠳᠤᠲᠠᠭᠤᠳᠠᠯ ᠪᠦᠬᠦᠨ᠎ᠢ ᠭᠦᠢ᠍ᠴᠡᠳ ᠨᠥᠬᠥᠪᠥᠷᠢᠯᠡᠵᠦ᠂ ᠶᠠᠳᠠᠭᠤ ᠵᠢ ᠲᠡᠳᠬᠦᠬᠦ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠭᠣᠣᠯᠳᠠᠯᠭ᠎ᠠ᠎ᠲᠠᠢ ᠬᠢᠨᠠᠨ ᠬᠠᠷᠭᠤᠭᠤᠯᠤᠨ᠎ᠠ᠃ 《ᠲᠠᠩᠰᠠ ᠪᠠ ᠲᠠᠩᠰᠠ᠎ᠨᠢ ᠬᠠᠷᠢᠯᠴᠠᠨ ᠨᠡᠶ᠋ᠢᠴᠡᠬᠦ᠂ ᠲᠠᠩᠰᠠ ᠪᠠ ᠪᠣᠳᠠᠲᠤ᠎ᠨᠢ ᠬᠠᠷᠢᠯᠴᠠᠨ ᠨᠡᠶ᠋ᠢᠴᠡᠬᠦ》 ᠵᠢ ᠪᠡᠶᠡᠯᠡᠭᠦᠯᠵᠦ᠂ ᠠᠰᠠᠭᠤᠳᠠᠯ᠎ᠢ ᠨᠢᠭᠡ ᠨᠢᠭᠡ᠎ᠪᠠᠷ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠤᠨ᠎ᠠ᠃ ᠪᠠᠶ᠋ᠢᠳᠠᠯ᠎ᠢ ᠣᠶ᠋ᠢᠯᠠᠭ᠋ᠠᠵᠤ ᠵᠢᠭᠰᠠᠭ᠋ᠠᠨ ᠪᠠᠶ᠋ᠢᠴᠠᠭ᠋ᠠᠬᠤ᠂ ᠰᠢᠰᠲ᠋ᠧᠮ᠎ᠲᠠᠢ ᠡᠮᠬᠢᠯᠡᠬᠦ᠂ ᠪᠥᠬᠥ ᠲᠠᠯ᠎ᠠ᠎ᠪᠠᠷ ᠴᠡᠭᠴᠡᠯᠡᠨ ᠰᠠᠶ᠋ᠢᠵᠢᠷᠠᠭᠤᠯᠬᠤ ᠭᠤᠷᠪᠠᠨ ᠠᠯᠬᠤᠮ ᠳᠠᠷᠠᠭ᠎ᠠ᠎ᠪᠠᠷ ᠶᠠᠪᠤᠭᠳᠠᠭᠤᠯᠵᠤ᠂ ᠡᠨᠡ ᠵᠢᠯ᠎ᠤᠨ 6 ᠰᠠᠷ᠎ᠠ ᠵᠢᠨ ᠰᠡᠭᠦᠯᠴᠢ᠎ᠠᠴᠠ ᠡᠮᠦᠨ᠎ᠡ ᠪᠦᠬᠦᠨ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠨ᠎ᠠ᠃ (ᠲᠥᠯᠥᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ ᠲᠦᠷᠦᠭᠦᠯᠡᠵᠦ᠂ ᠡᠯ᠎ᠡ ᠭᠠᠵᠠᠷ᠂ ᠠᠵᠢᠯ ᠦᠶᠯᠡᠰ᠎ᠤᠨ ᠨᠢᠭᠡᠴᠡ ᠬᠠᠮᠵᠢᠯᠴᠠᠨ᠎ᠠ)
     (ᠠᠷᠪᠠ ᠶᠢᠰᠦ) ᠴᠡᠭᠴᠡᠯᠡᠨ ᠰᠠᠶ᠋ᠢᠵᠢᠷᠠᠭᠤᠯᠬᠤ ᠵᠢ ᠴᠢᠩᠭ᠎ᠠ ᠪᠥᠭᠡᠳ ᠪᠣᠳᠠᠲᠠᠶ ᠪᠡᠶᠡᠯᠡᠭᠦᠯᠦᠨ᠎ᠡ᠃ ᠪᠦᠬᠦ ᠲᠠᠯ᠎ᠠ ᠵᠢᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠭᠰᠠᠨ ᠰᠠᠭᠤᠷᠢᠨ ᠳᠡᠭᠡᠷ᠎ᠡ᠂ ᠴᠡᠭᠴᠡᠯᠡᠨ ᠰᠠᠶ᠋ᠢᠵᠢᠷᠠᠭᠤᠯᠬᠤ ᠲᠥᠰᠦᠯ ᠪᠠ ᠠᠰᠠᠭᠤᠳᠠᠯ᠎ᠤᠨ ᠨᠠᠷᠢᠨ ᠲᠠᠩᠰᠠ᠂ ᠡᠭᠦᠷᠭᠡ ᠵᠢᠨ ᠨᠠᠷᠢᠨ ᠲᠠᠩᠰᠠ ᠵᠢ ᠲᠣᠭᠲᠠᠭ᠋ᠠᠵᠤ᠂ ᠲᠥᠪ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠤᠰᠬᠠᠢ ᠲᠣᠭᠣᠷᠢᠨ ᠪᠠᠶ᠋ᠢᠴᠠᠭ᠋ᠠᠯᠲᠠ ᠵᠢᠨ 《ᠡᠷᠬᠢᠨ ᠬᠠᠷᠠᠬᠤ》 ᠪᠠ ᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠮᠵᠢ ᠵᠢ ᠬᠢᠨᠠᠨ ᠰᠢᠯᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠰᠠᠶ᠋ᠢᠲᠤᠷ ᠠᠳᠬᠤᠨ᠎ᠠ᠃ ᠠᠶ᠋ᠢᠮᠠᠭ ᠬᠣᠲᠠ᠂ ᠬᠣᠰᠢᠭᠤ ᠰᠢᠶᠠᠨ᠎ᠢ ᠱᠠᠯᠠᠪᠳᠠᠭᠤᠯᠤᠨ ᠵᠢᠯᠣᠭᠣᠳᠴᠤ ᠨᠢᠭᠡ᠎ᠠᠴᠠ ᠵᠦᠢ᠍ᠴᠢᠯᠡᠵᠤ ᠭᠤᠷᠪᠠ ᠵᠢ ᠮᠡᠳᠡᠬᠦ ᠵᠢ ᠪᠠᠷᠢᠮᠲᠠᠯᠠᠵᠤ᠂ ᠲᠥᠪ᠎ᠤᠨ ᠲᠤᠰᠬᠠᠶ ᠲᠣᠭᠣᠷᠢᠨ ᠪᠠᠶ᠋ᠢᠴᠠᠭ᠋ᠠᠯᠲᠠ ᠵᠢᠨ 《ᠡᠷᠬᠢᠨ ᠬᠠᠷᠠᠬᠤ》 ᠪᠠ ᠦᠷ᠎ᠡ ᠪᠦᠲᠦᠮᠵᠢ ᠵᠢ ᠬᠢᠨᠠᠨ ᠰᠢᠯᠭ᠋ᠠᠬᠤ᠎ᠳᠤ ᠵᠢᠭ᠋ᠠᠵᠤ ᠭᠠᠷᠭ᠋ᠠᠭᠰᠠᠨ ᠠᠰᠠᠭᠤᠳᠠᠯ ᠪᠣᠯᠤᠨ ᠶᠠᠳᠠᠭᠤ ᠵᠢ ᠲᠡᠳᠬᠦᠬᠦ ᠬᠦᠷᠢᠶᠡᠨ᠎ᠤ ᠡᠯ᠎ᠡ ᠲᠦᠷᠦᠯ᠎ᠤᠨ ᠬᠢᠨᠠᠯᠲᠠ ᠪᠠᠶ᠋ᠢᠴᠠᠭ᠋ᠠᠯᠲᠠ᠎ᠳᠤ ᠵᠢᠭ᠋ᠠᠵᠤ ᠭᠠᠷᠭ᠋ᠠᠭᠰᠠᠨ ᠠᠰᠠᠭᠤᠳᠠᠯ᠎ᠢ ᠨᠢᠭᠲᠠ ᠤᠶᠠᠯᠳᠤᠭᠤᠯᠵᠤ᠂ ᠨᠢᠭᠡ ᠴᠤᠬ᠍ᠴᠠᠵᠢᠭᠤᠯᠤᠨ ᠴᠡᠭᠴᠡᠯᠡᠨ ᠰᠠᠶ᠋ᠢᠵᠢᠷᠠᠭᠤᠯᠵᠤ᠂ ᠨᠢᠭᠡ ᠴᠤᠬ᠍ᠴᠠᠵᠢᠭᠤᠯᠤᠨ ᠰᠢᠢ᠍ᠳᠪᠦᠷᠢᠯᠡᠪᠡ᠃ ᠨᠢᠭᠡ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ᠂ ᠨᠢᠭᠡ ᠪᠦᠯᠦᠭ ᠠᠯᠳᠠᠰᠢ ᠭᠠᠷᠬᠤ ᠵᠢ ᠬᠤᠷᠢᠬᠯᠠᠵᠤ᠂ ᠨᠢᠭᠡ ᠢᠵᠢ ᠳᠦᠷᠢᠮ᠎ᠢ ᠲᠡᠭᠦᠯᠳᠡᠷᠵᠢᠭᠦᠯᠤᠨ᠎ᠠ᠃ (ᠰᠢᠯᠭ᠋ᠠᠨ ᠦᠨᠡᠯᠡᠬᠦ ᠭᠠᠵᠠᠷ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ ᠦᠢ᠍ᠯᠡᠰ᠎ᠤᠨ ᠨᠢᠭᠡᠴᠢ ᠬᠠᠮᠵᠢᠯᠴᠠᠨ᠎ᠠ)
     (ᠬᠣᠷᠢ) ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠠᠵᠢᠯ᠎ᠢ ᠥᠷᠨᠢᠭᠦᠯᠦᠨ᠎ᠡ᠃ 2019 ᠣᠨ᠎ᠤ 12 ᠠᠶ᠋ᠢᠮᠠᠭ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ (ᠵᠠᠬᠢᠷᠭ᠎ᠠ)᠂ 18 ᠲᠤᠰᠬᠠᠶ ᠲᠦᠷᠦᠯ᠎ᠤᠨ ᠠᠬᠢᠭᠤᠯᠬᠤ ᠳᠤᠭᠤᠶ᠋ᠢᠯᠠᠩ᠎ᠤᠨ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠮᠵᠢ ᠵᠢ ᠰᠢᠯᠭ᠋ᠠᠨ ᠬᠢᠨᠠᠪᠠ᠃ (ᠰᠢᠯᠭ᠋ᠠᠨ ᠦᠨᠡᠯᠡᠬᠦ ᠭᠠᠵᠠᠷ ᠲᠦᠷᠦᠭᠦᠯᠡᠨ ᠬᠠᠷᠢᠭᠤᠴᠠᠨ᠎ᠠ)
     (ᠬᠣᠷᠢᠨ ᠨᠢᠭᠡ) ᠪᠠᠢ᠍ᠢ᠍ᠡᠭᠭᠤᠵᠢᠬᠰᠠᠨ ᠱᠠᠯᠠᠪᠳᠠᠭᠤᠯᠤᠨ ᠵᠢᠯᠣᠭᠣᠳᠬᠤ ᠠᠵᠢᠯ᠎ᠢ ᠥᠷᠨᠢᠭᠦᠯᠦᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠬᠡᠪᠴᠢᠶ᠎ᠡ ᠶᠡᠬᠡ᠂ ᠶᠠᠳᠠᠭᠤ᠎ᠠᠴᠠ ᠠᠩᠭᠢᠵᠢᠷᠠᠭᠤᠯᠬᠤ ᠡᠭᠦᠷᠭᠡ ᠴᠢᠬᠤᠯᠠ ᠭᠠᠵᠠᠷ ᠣᠷᠣᠨ᠎ᠢ ᠬᠢᠨᠠᠨ ᠵᠢᠯᠣᠭᠣᠳᠬᠤ᠎ᠪᠠᠨ ᠴᠢᠩᠭ᠋ᠠᠳᠬᠠᠨ᠎ᠠ᠃ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠱᠠᠲᠤ ᠱᠠᠲᠤ᠎ᠪᠠᠷ ᠬᠢᠨᠠᠨ ᠵᠢᠯᠣᠭᠣᠳᠬᠤ᠂ ᠲᠡᠷᠭᠡᠨ᠎ᠳᠤ ᠰᠠᠭᠤᠵᠤ ᠬᠢᠨᠠᠨ ᠵᠢᠯᠣᠭᠣᠳᠬᠤ ᠵᠢ ᠰᠡᠷᠭᠡᠶ᠋ᠢᠯᠡᠵᠦ᠂ ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ ᠠᠷᠭ᠎ᠠ ᠮᠠᠶᠢᠭ᠎ᠢ ᠨᠠᠩ ᠢᠯᠡᠭᠦᠦ ᠠᠪᠴᠤ᠂ ᠬᠠᠷᠢᠭᠤ ᠮᠡᠳᠡᠭᠦᠯᠦᠯᠲᠡ ᠵᠢ ᠰᠣᠨᠣᠰᠬᠤ ᠦᠭᠡᠢ᠂ ᠣᠷᠣᠨ ᠨᠤᠲᠤᠭ᠎ᠤᠨ᠎ᠬᠢᠨ᠎ᠢ ᠪᠠᠷ᠎ᠠ ᠪᠣᠯᠭ᠋ᠠᠬᠤ ᠦᠭᠡᠢ᠂ ᠣᠷᠣᠨ ᠨᠤᠲᠤᠭ᠎ᠤᠨ ᠳᠠᠷᠤᠭ᠋ᠠᠰᠤ ᠵᠢ ᠬᠦᠨᠳᠦᠷᠡᠭᠦᠯᠬᠦ ᠦᠭᠡᠢ᠃ ᠱᠠᠯᠠᠪᠳᠠᠭᠤᠯᠤᠨ ᠵᠢᠯᠣᠭᠣᠳᠬᠤ᠎ᠪᠠᠷ ᠳᠠᠮᠵᠢᠭᠤᠯᠤᠨ ᠠᠰᠠᠭᠤᠳᠠᠯ᠎ᠢ ᠦᠨᠡᠨ ᠬᠦ᠌   ᠰᠢᠢ᠍ᠳᠪᠦᠷᠢᠯᠡᠵᠤ᠂ ᠠᠵᠢᠯ ᠵᠶ᠋ᠠᠨ ᠲᠦᠯᠬᠢᠨ ᠠᠬᠢᠭᠤᠯᠵᠤ᠂ ᠬᠡᠯᠪᠡᠷᠢ ᠵᠢᠨ ᠲᠡᠳᠦᠶ ᠶᠠᠪᠤᠬᠤ ᠵᠢ ᠰᠡᠷᠭᠡᠶ᠋ᠢᠯᠡᠨ ᠬᠣᠷᠢᠬᠯᠠᠨ᠎ᠠ᠃ (ᠰᠢᠯᠭ᠋ᠠᠨ ᠦᠨᠡᠯᠡᠬᠦ ᠭᠠᠵᠠᠷ᠂ ᠶᠠᠳᠠᠭᠤ ᠵᠢ ᠲᠡᠳᠬᠦᠬᠦ ᠱᠠᠯᠠᠪᠳᠠᠭᠤᠯᠤᠨ ᠵᠢᠯᠣᠭᠣᠳᠬᠤ ᠳᠤᠭᠤᠶ᠋ᠢᠯᠠᠩ ᠲᠦᠷᠦᠭᠦᠯᠡᠨ ᠬᠠᠷᠢᠭᠤᠴᠠᠨ᠎ᠠ)
     (ᠬᠣᠷᠢᠨ ᠬᠣᠶᠠᠷ) ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠦᠨ᠎ᠡ᠃ ᠨᠡᠶ᠋ᠢᠳᠡᠮ ᠪᠠᠶ᠋ᠢᠴᠠᠭ᠋ᠠᠭᠴᠢ ᠰᠣᠩᠭᠣᠨ ᠰᠢᠯᠵᠢᠭᠦᠯᠬᠦ ᠵᠢ ᠵᠣᠬᠢᠴᠠᠭᠤᠯᠤᠨ ᠨᠠᠢ᠍ᠳᠠᠪᠤᠷᠢᠵᠢᠭᠤᠯᠬᠤ᠂ ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ᠎ᠤ ᠬᠥᠲᠥᠯᠥᠨ ᠵᠢᠯᠣᠭᠣᠳᠴᠤ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠳᠠᠩᠰᠠᠯᠠᠵᠤ   ᠺᠠᠷᠲᠯᠠᠭᠰᠠᠨ ᠮᠠᠲ᠋ᠧᠷᠢᠶᠠᠯ᠎ᠢ ᠴᠡᠪᠡᠷᠯᠡᠨ ᠬᠢᠨᠠᠨ ᠬᠠᠷᠭᠤᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠬᠠᠮᠢᠶ᠎ᠠ ᠪᠦᠬᠦᠢ ᠪᠡᠯᠡ ᠮᠥᠩᠭᠥ ᠬᠠᠩᠭ᠋ᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠬᠡᠷᠡᠭᠵᠢᠭᠦᠯᠬᠦ ᠲᠥᠰᠦᠯ᠎ᠢ ᠬᠠᠪᠰᠤᠷᠤᠨ ᠲᠣᠭᠲᠠᠭ᠋ᠠᠬᠤ ᠬᠡᠷᠡᠭᠲᠡᠶ᠃ (ᠲᠥᠯᠥᠪᠵᠢᠭᠦᠯᠪᠡ ᠵᠢᠨ ᠡᠳ᠋᠎ᠤᠨ ᠶᠠᠪᠤᠳᠠᠯ᠎ᠤᠨ ᠭᠠᠵᠠᠷ᠂ ᠮᠡᠳᠡᠭᠡ ᠵᠠᠩᠭᠢ ᠵᠢ ᠬᠢᠨᠠᠨ ᠰᠢᠨᠵᠢᠬᠦ ᠲᠥᠪ ᠲᠦᠷᠦᠭᠦᠯᠡᠨ ᠬᠠᠷᠢᠭᠤᠴᠠᠨ᠎ᠠ)
ᠵᠢᠷᠭᠤᠭ᠎ᠠ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ
     (ᠬᠣᠷᠢᠨ ᠭᠤᠷᠪᠠ) ᠶᠠᠳᠠᠭᠤ ᠵᠢ ᠲᠡᠳᠬᠦᠬᠦ ᠪᠡᠯᠡ ᠮᠥᠩᠭᠥ ᠡᠳ᠋ ᠬᠥᠷᠥᠩᠭᠡ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠶᠠᠳᠠᠭᠤ ᠵᠢ ᠲᠡᠳᠬᠦᠬᠦ ᠪᠡᠯᠡ ᠮᠥᠩᠭᠥ ᠵᠢ ᠬᠢᠨᠠᠨ ᠬᠠᠮᠢᠶᠠᠷᠴᠤ ᠵᠢᠯᠣᠭᠣᠳᠬᠤ ᠠᠵᠢᠯ᠎ᠤᠨ ᠳᠤᠭᠤᠶ᠋ᠢᠯᠠᠩ᠎ᠤᠨ ᠦᠶᠯᠡᠳᠦᠯ᠎ᠢ ᠭᠦᠶᠴᠡᠳ ᠪᠠᠳᠠᠷᠠᠭᠤᠯᠵᠤ᠂ ᠬᠢᠨᠠᠨ ᠬᠠᠮᠢᠶᠠᠷᠴᠤ ᠵᠢᠯᠣᠭᠣᠳᠬᠤ ᠡᠷᠴᠢᠮ ᠵᠶ᠋ᠠᠨ ᠴᠢᠡᠭᠭ᠋ᠠᠷᠠᠭᠤᠯᠤᠨ᠎ᠠ᠃ ᠦᠨᠳᠦᠰᠦᠨ ᠱᠠᠲᠤᠨ᠎ᠤ 《ᠬᠡᠷᠡᠭᠯᠡᠵᠦ ᠴᠢᠳᠠᠬᠤ ᠦᠭᠡᠶ᠂ ᠬᠡᠷᠡᠭᠯᠡᠬᠦ ᠵᠣᠷᠢᠭ ᠦᠭᠡᠶ》 ᠠᠰᠠᠭᠤᠳᠠᠯ᠎ᠢ ᠰᠢᠶᠳᠪᠦᠷᠢᠯᠡᠨ᠎ᠡ᠃ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠬᠠᠮᠢᠶᠠᠷᠤᠯᠲᠠ ᠵᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠰᠠᠶ᠋ᠢᠲᠤᠷ ᠬᠢᠵᠦ᠂ ᠨᠡᠶ᠋ᠢᠲᠡ ᠵᠢᠨ ᠠᠰᠠᠷᠠᠮᠵᠢ ᠵᠢᠨ ᠲᠥᠷᠥᠯ᠂ ᠡᠵᠡᠩᠨᠡᠯᠲᠡ ᠵᠢᠨ ᠲᠥᠷᠥᠯ ᠪᠠ ᠡᠷᠦᠬᠡ᠎ᠳᠤ ᠬᠦᠷᠦᠭᠦᠯᠬᠦ ᠲᠥᠷᠥᠯ᠎ᠤᠨ ᠡᠳ᠋ ᠬᠥᠷᠥᠩᠭᠡ ᠵᠢᠨ 《ᠭᠤᠷᠪᠠᠨ ᠳᠠᠩᠰᠠ》 ᠵᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠶᠠᠳᠠᠭᠤ ᠵᠢ ᠲᠡᠳᠬᠦᠬᠦ ᠡᠳ᠋ ᠬᠥᠷᠥᠩᠭᠡ ᠵᠢᠨ ᠦᠷ᠎ᠡ ᠠᠰᠢᠭ᠎ᠢ ᠭᠦᠢ᠍ᠴᠡᠳ ᠪᠠᠳᠠᠷᠠᠭᠤᠯᠤᠨ᠎ᠠ᠃ (ᠲᠥᠯᠥᠪᠵᠢᠭᠦᠯᠪᠡ ᠡᠳ᠋᠎ᠤᠨ ᠶᠠᠪᠤᠳᠠᠯ᠎ᠤᠨ ᠭᠠᠵᠠᠷ ᠲᠦᠷᠦᠭᠦᠯᠡᠨ ᠬᠠᠷᠢᠭᠤᠴᠠᠨ᠎ᠠ)
     (ᠬᠣᠷᠢᠨ ᠳᠥᠷᠪᠡ) ᠲᠠᠩᠰᠠᠯᠠᠵᠤ ᠺᠠᠷᠲᠯᠠᠬᠤ᠂ ᠲᠣᠭ᠎ᠠ ᠪᠠᠷᠢᠮᠲᠠ ᠵᠢ ᠰᠢᠩᠭᠡᠭᠡᠨ ᠣᠷᠣᠭᠤᠯᠬᠤ ᠠᠵᠢᠯ᠎ᠢ ᠰᠢᠨᠠᠴᠢᠯᠠᠨ ᠲᠡᠭᠦᠯᠳᠡᠷᠵᠢᠭᠦᠯᠦᠨ᠎ᠡ᠃ ᠲᠠᠩᠰᠠ ᠪᠠ ᠺᠠᠷᠲ᠎ᠲᠠᠢ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠴᠢᠩᠭ᠋ᠠᠷᠠᠭᠤᠯᠵᠤ᠂ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠦᠨ᠂ ᠲᠣᠭ᠎ᠠ ᠪᠠᠷᠢᠮᠲᠠ ᠵᠢ ᠬᠠᠷᠢᠴᠠᠭᠤᠯᠤᠨ ᠬᠠᠷᠭᠤᠭᠤᠯᠬᠤ ᠪᠠ ᠵᠠᠳᠠᠯᠬᠤ ᠵᠢ ᠴᠢᠩᠭ᠋ᠠᠳᠬᠠᠨ᠎ᠠ᠃ ᠡᠯ᠎ᠡ ᠲᠥᠷᠥᠯ᠎ᠤᠨ ᠲᠣᠭ᠎ᠠ ᠪᠠᠷᠢᠮᠲᠠ ᠵᠢ ᠣᠶ᠋ᠢᠯᠭ᠋ᠠᠨ ᠵᠢᠭᠰᠠᠭ᠋ᠠᠬᠤ ᠠᠵᠢᠯ᠎ᠢ ᠥᠷᠨᠢᠭᠦᠯᠵᠦ᠂ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠶ ᠬᠥᠮᠦᠨ ᠠᠮᠠ ᠵᠢᠨ ᠲᠣᠭ᠎ᠠ ᠪᠦᠷᠢᠳᠬᠡᠯ᠎ᠤᠨ ᠬᠢᠨᠠᠨ ᠬᠡᠮᠵᠢᠬᠦ ᠰᠢᠰᠲ᠋ᠧᠮ ᠵᠢ ᠲᠡᠭᠦᠯᠳᠡᠷᠵᠢᠭᠦᠯᠵᠦ᠂ ᠶᠠᠳᠠᠭᠤ ᠵᠢ ᠲᠡᠳᠬᠦᠬᠦ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠪᠠ ᠳᠠᠩᠰᠠᠯᠠᠵᠤ ᠺᠠᠷᠲᠯᠠᠭᠰᠠᠨ ᠬᠣᠶᠠᠷ ᠢᠵᠢ ᠲᠣᠭ᠎ᠠ ᠪᠠᠷᠢᠮᠲᠠ ᠵᠢ ᠵᠣᠯᠭ᠋ᠠᠭᠤᠯᠬᠤ ᠠᠵᠢᠯ᠎ᠢ ᠰᠢᠨ᠎ᠡ᠎ᠪᠠᠷ ᠥᠷᠨᠢᠭᠦᠯᠤᠨ᠎ᠠ᠃ (ᠲᠥᠯᠥᠪᠵᠢᠭᠦᠯᠪᠡ ᠡᠳ᠋᠎ᠤᠨ ᠶᠠᠪᠤᠳᠠᠯ᠎ᠤᠨ ᠭᠠᠵᠠᠷ᠂ ᠮᠡᠳᠡᠭᠡ ᠵᠠᠩᠭᠢ ᠵᠢ ᠬᠢᠨᠠᠨ ᠰᠢᠨᠵᠢᠬᠦ ᠲᠥᠪ ᠲᠦᠷᠦᠭᠦᠯᠡᠨ ᠬᠠᠷᠢᠭᠤᠴᠠᠵᠤ᠂ ᠬᠣᠯᠪᠣᠭᠳᠠᠯ ᠪᠦᠬᠦᠢ ᠭᠠᠵᠠᠷ ᠲᠠᠰᠤᠭ᠂ ᠠᠵᠢᠯ ᠦᠢ᠍ᠯᠡᠰ᠎ᠤᠨ ᠨᠢᠭᠡᠴᠢ ᠬᠠᠮᠵᠢᠯᠴᠠᠨ᠎ᠠ)
     (ᠬᠣᠷᠢᠨ ᠲᠠᠪᠤ) ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠠᠵᠢᠯ᠎ᠢ ᠰᠠᠶ᠋ᠢᠲᠤᠷ ᠬᠢᠨ᠎ᠠ᠃ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠲᠠᠢ ᠬᠠᠮᠵᠢᠯᠴᠠᠨ ᠲᠣᠰᠬᠣᠨ᠎ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷ᠎ᠢ ᠰᠣᠩᠭᠣᠨ ᠲᠣᠮᠢᠯᠠᠬᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ᠎ᠤᠨ ᠪᠣᠯᠪᠠᠰᠤᠷᠠᠯ᠎ᠢ ᠴᠢᠩᠭ᠋ᠠᠳᠬᠠᠨ᠂ ᠡᠩᠨᠡᠭᠡᠨ᠎ᠤ ᠦᠨᠳᠦᠰᠦᠨ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠵᠤ᠂ ᠲᠣᠰᠬᠣᠨ᠎ᠳᠤ ᠰᠠᠭᠤᠭ᠎ᠠ ᠠᠵᠢᠯᠯᠠᠬᠤ ᠴᠠᠭ᠂ ᠠᠵᠢᠯ᠎ᠤᠨ ᠠᠭᠤᠯᠭ᠎ᠠ ᠵᠡᠷᠭᠡ ᠲᠠᠯ᠎ᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠍ᠳᠠᠪᠤᠷᠢᠵᠢᠭᠤᠯᠬᠤ᠂ ᠦᠶᠯᠡᠳᠦᠯ ᠵᠶ᠋ᠠᠨ ᠦᠨᠡᠨ ᠬᠦ᠌ ᠰᠠᠶ᠋ᠢᠲᠤᠷ ᠪᠠᠳᠠᠷᠠᠭᠤᠯᠤᠨ᠎ᠠ᠃ ᠶᠠᠳᠠᠭᠤ ᠵᠢ ᠲᠡᠳᠬᠦᠬᠦ ᠲᠤᠰᠬᠠᠢ ᠠᠵᠢᠯ᠎ᠤᠨ ᠪᠠᠶ᠋ᠢᠭᠤᠯᠤᠯᠲᠠ ᠵᠢ ᠠᠬᠢᠭᠤᠯᠵᠤ᠂ ᠶᠠᠪᠤᠬᠤ ᠦᠭᠡᠢ ᠠᠵᠢᠯᠯᠠᠬᠤ ᠠᠩᠭᠢ ᠵᠢ ᠪᠠᠶ᠋ᠢᠭᠤᠯᠤᠨ᠎ᠠ᠃ (ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ ᠲᠦᠷᠦᠭᠦᠯᠡᠨ ᠬᠠᠷᠢᠭᠤᠴᠠᠨ᠎ᠠ)
     (ᠬᠣᠷᠢᠨ ᠵᠢᠷᠭᠤᠭ᠎ᠠ) ᠶᠠᠳᠠᠭᠤ ᠵᠢ ᠲᠡᠳᠬᠦᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠎ᠢ ᠶᠡᠬᠡ᠎ᠪᠠᠷ ᠪᠦᠲᠦᠭᠡᠨ ᠪᠠᠶ᠋ᠢᠭᠤᠯᠤᠨ᠎ᠠ᠃ ᠤᠯᠠᠭ᠋ᠠᠨᠬᠠᠳᠠ ᠵᠢᠨ ᠶᠠᠳᠠᠭᠤ ᠵᠢ ᠲᠡᠳᠬᠦᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠳᠠᠮᠵᠢᠵᠤ᠂ ᠴᠢᠨᠠᠷ ᠰᠠᠶ᠋ᠢᠲᠠᠶ ᠲᠣᠭᠲᠠᠭᠤᠨ ᠵᠶ᠋ᠠᠷ ᠶᠠᠳᠠᠭᠤ᠎ᠠᠴᠠ ᠠᠩᠭᠢᠵᠢᠷᠠᠭᠤᠯᠬᠤ ᠲᠣᠭᠲᠠᠴᠠ᠂ ᠶᠠᠳᠠᠭᠤ ᠬᠦᠴᠢᠷᠳᠡᠯ᠎ᠢ ᠤᠷᠢᠳᠴᠢᠯᠠᠨ ᠰᠡᠷᠭᠡᠶ᠋ᠢᠯᠡᠬᠦ ᠲᠣᠭᠲᠠᠴᠠ ᠵᠢ ᠪᠠᠶ᠋ᠢᠭᠤᠯᠬᠤ᠂ ᠬᠣᠲᠠ ᠬᠥᠳᠡᠭᠡ ᠵᠢᠨ ᠶᠠᠳᠠᠭᠤ ᠬᠦᠴᠢᠷᠳᠡᠯᠲᠡᠶ ᠵᠢ ᠨᠢᠭᠡᠳᠦᠯᠲᠡᠶ ᠲᠥᠯᠥᠪᠯᠡᠨ   ᠰᠢᠢ᠍ᠳᠪᠦᠷᠢᠯᠡᠬᠦ᠂ ᠶᠠᠳᠠᠭᠤ ᠵᠢ ᠲᠡᠳᠬᠦᠬᠦ ᠵᠠᠰᠠᠯᠲᠠ ᠵᠢᠨ ᠤᠷᠲᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠡᠷᠭᠡ ᠳᠥᠷᠪᠡᠨ ᠲᠠᠯ᠎ᠠ᠎ᠪᠠᠷ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠬᠦ ᠪᠠ ᠥᠭᠡᠷᠡᠴᠢᠯᠡᠯᠲᠡ ᠬᠢᠬᠦ ᠲᠤᠷᠰᠢᠯᠲᠠ ᠬᠢᠨ᠎ᠡ᠃ ᠡᠭᠦᠨ᠎ᠤ ᠬᠠᠮᠲᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠵᠣᠬᠢᠴᠠᠭᠤᠯᠤᠨ ᠠᠬᠢᠭᠤᠯᠬᠤ ᠲᠣᠭᠲᠠᠴᠠ ᠵᠢ ᠪᠣᠶ ᠪᠣᠯᠭ᠋ᠠᠵᠤ᠂ ᠶᠠᠳᠠᠭᠤ ᠵᠢ ᠲᠡᠳᠬᠦᠬᠦ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠤᠨ ᠲᠤᠬᠠᠶ ᠲᠥᠯᠥᠪᠵᠢᠭᠦᠯᠦᠨ ᠪᠠᠶ᠋ᠢᠷᠢᠯᠠᠭᠤᠯᠬᠤ᠎ᠪᠠᠨ ᠲᠠᠰᠤᠷᠠᠯᠲᠠ ᠥᠬᠡᠶ ᠴᠢᠩᠭ᠋ᠠᠳᠬᠠᠪᠠ᠃ (ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ ᠦᠶᠯᠡᠰ᠎ᠤᠨ ᠨᠢᠭᠡᠴᠢ ᠬᠠᠮᠵᠢᠯᠴᠠᠨ᠎ᠠ)
     (ᠬᠣᠷᠢᠨ ᠳᠣᠯᠣᠭ᠎ᠠ) ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠨ᠎ᠡ᠃ ᠬᠢᠵᠢᠭ᠎ᠤᠨ ᠪᠠᠢ᠍ᠢ᠍ᠳᠠᠯ᠎ᠨᠢ ᠶᠠᠳᠠᠭᠤ ᠵᠢ ᠲᠡᠳᠬᠦᠬᠦ ᠦᠶᠯᠡᠳᠪᠦᠷᠢ ᠵᠢᠨ ᠲᠠᠰᠤᠭ᠎ᠤᠨ ᠠᠵᠢᠯ ᠡᠬᠢᠯᠡᠬᠦ᠂ ᠶᠠᠳᠠᠭᠤ ᠬᠦᠴᠢᠷᠳᠡᠯᠲᠡᠶ ᠡᠷᠦᠬᠡ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠷᠣᠯᠠᠭᠤᠯᠬᠤ ᠪᠠ ᠶᠠᠳᠠᠭᠤ ᠵᠢ ᠲᠡᠳᠬᠦᠬᠦ ᠠᠵᠤ ᠦᠢ᠍ᠯᠡᠰ᠎ᠤᠨ ᠬᠦᠷᠢᠶᠡᠯᠡᠩ᠎ᠢ ᠨᠥᠯᠥᠭᠡᠯᠡᠭᠰᠡᠨ ᠪᠠᠶ᠋ᠢᠳᠠᠯ᠎ᠢ ᠵᠢᠭᠰᠠᠭ᠋ᠠᠨ ᠪᠠᠶ᠋ᠢᠴᠠᠭ᠋ᠠᠵᠤ᠂ ᠬᠢᠨᠠᠨ ᠬᠡᠮᠵᠢᠵᠦ ᠵᠠᠳᠠᠯᠤᠨ ᠰᠢᠨᠵᠢᠯᠡᠵᠦ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠳᠠᠭ᠋ᠠᠵᠤ᠂ ᠵᠠᠯᠭ᠋ᠠᠮᠵᠢ ᠬᠠᠪᠰᠤᠷᠤᠨ ᠲᠡᠳᠬᠦᠬᠦ ᠠᠵᠢᠯ᠎ᠢ ᠰᠠᠶ᠋ᠢᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ᠎ᠳᠤ ᠦᠵᠡᠭᠦᠯᠬᠦ ᠬᠢᠵᠢᠭ᠎ᠤᠨ ᠨᠥᠯᠥᠭᠡ ᠵᠢ ᠴᠢᠷᠮᠠᠶ᠋ᠢᠨ ᠠᠷᠢᠯᠭ᠋ᠠᠵᠤ᠂ ᠬᠢᠵᠢᠭ᠎ᠤᠨ ᠪᠠᠶ᠋ᠢᠳᠠᠯ᠎ᠠᠴᠠ ᠪᠤᠯᠵᠤ ᠶᠠᠳᠠᠭᠤᠷᠠᠬᠤ ᠦᠭᠡᠢ ᠳᠠᠬᠢᠨ ᠶᠠᠳᠠᠭᠤᠷᠠᠬᠤ ᠵᠢ ᠦᠨᠡᠨ ᠬᠦ᠌ ᠪᠠᠲᠤᠯᠠᠨ᠎ᠠ᠃ ᠠᠷᠭ᠋ᠠᠴᠠᠭ᠋ᠠᠨ ᠰᠢᠶᠳᠪᠦᠷᠢᠯᠡᠬᠦ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠵᠦ᠂ ᠭᠡᠨᠡᠳᠲᠡ ᠵᠢᠨ ᠴᠢᠨᠠᠷᠲᠠᠶ ᠬᠡᠷᠡᠭ ᠶᠠᠪᠤᠳᠠᠯ᠎ᠢ ᠪᠦᠲᠦᠮᠵᠢᠲᠡᠶ ᠠᠷᠭ᠋ᠠᠴᠠᠭ᠋ᠠᠨ᠎ᠠ᠃ (ᠨᠡᠭᠡᠭᠡᠯᠳᠠ ᠵᠢᠨ ᠵᠢᠭ᠋ᠠᠨ ᠵᠢᠯᠣᠭᠣᠳᠬᠤ ᠭᠠᠵᠠᠷ᠂ ᠨᠡᠶ᠋ᠢᠭᠡᠮ᠎ᠤᠨ ᠶᠠᠳᠠᠭᠤ ᠵᠢ ᠲᠡᠳᠬᠦᠬᠦ ᠨᠡᠭᠡᠭᠡᠯᠳᠠ ᠵᠢᠨ ᠭᠠᠵᠠᠷ᠂ ᠡᠯᠧᠺᠲᠷᠣᠨ ᠵᠠᠰᠠᠭ᠎ᠤᠨ ᠶᠠᠪᠤᠳᠠᠯ᠎ᠤᠨ ᠲᠥᠪ ᠲᠦᠷᠦᠭᠦᠯᠡᠨ᠂ ᠡᠯ᠎ᠡ ᠭᠠᠵᠠᠷ ᠲᠠᠰᠤᠭ᠂ ᠠᠵᠢᠯ ᠦᠶᠯᠡᠰ᠎ᠤᠨ ᠨᠢᠭᠡᠴᠢ ᠬᠠᠮᠵᠢᠯᠴᠠᠨ᠎ᠠ)
     (ᠬᠣᠷᠢᠨ   ᠨᠠᠢ᠍ᠮᠠ) ᠣᠪᠣᠷ ᠰᠤᠷᠲᠠᠯ ᠪᠠ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠶᠠᠳᠠᠭᠤ ᠵᠢ ᠲᠡᠳᠬᠦᠬᠦ ᠬᠦᠷᠢᠶᠡᠨ᠎ᠳᠠᠬᠢ ᠢᠯᠵᠠᠷᠠᠯ ᠪᠠ ᠰᠤᠷᠲᠠᠯ᠎ᠤᠨ ᠠᠰᠠᠭᠤᠳᠠᠯ᠎ᠤᠨ ᠲᠤᠰᠬᠠᠶ ᠵᠠᠰᠠᠯᠲᠠ ᠵᠢ ᠦᠷᠭᠦᠯᠵᠢᠯᠡᠨ ᠥᠷᠨᠢᠭᠦᠯᠵᠦ᠂ ᠬᠡᠯᠪᠡᠷᠢᠴᠢ ᠦᠵᠡᠯ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠤᠨᠢᠨ ᠳᠡᠭᠡᠷ᠎ᠡ᠎ᠨᠢ ᠶᠠᠳᠠᠭᠤ ᠵᠢ ᠲᠡᠳᠬᠦᠬᠦ ᠲᠣᠮᠣ ᠳ᠋ᠠᠶ᠋ᠢᠲ᠋ᠠ ᠵᠢᠨ ᠲᠠᠪᠴᠠᠩ ᠪᠣᠯᠤᠨ ᠶᠠᠳᠠᠭᠤ ᠵᠢ ᠲᠡᠳᠬᠦᠬᠦ ᠨᠡᠭᠡᠭᠡᠯᠳᠠ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠲᠣᠭ᠎ᠠ ᠪᠠᠷᠢᠮᠲᠠ ᠵᠢ ᠰᠢᠯᠵᠢᠭᠦᠯᠦᠨ ᠠᠪᠬᠤ ᠵᠢ ᠭᠦᠶᠴᠡᠳ ᠠᠰᠢᠬᠯᠠᠨ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠦᠨ᠎ᠡ᠃ 12317 ᠶᠠᠳᠠᠭᠤ ᠵᠢ ᠲᠡᠳᠬᠦᠬᠦ ᠵᠠᠬᠢᠳᠠᠯ ᠰᠤᠷᠪᠤᠯᠵᠢᠯᠠᠯ᠎ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠴᠤ ᠰᠢᠶᠳᠪᠦᠷᠢᠯᠡᠬᠦ᠂ ᠲᠤᠰᠢᠶᠠᠨ ᠰᠢᠢ᠍ᠳᠪᠦᠷᠢᠯᠡᠭᠦᠯᠬᠦ   ᠪᠠ ᠰᠢᠢ᠍ᠳᠪᠦᠷᠢᠯᠡᠬᠦ ᠲᠣᠭᠲᠠᠴᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠯᠠᠨ ᠲᠦᠮᠡᠨ᠎ᠤ ᠲᠤᠰᠬᠠᠭᠰᠠᠨ ᠶᠠᠳᠠᠭᠤ ᠵᠢ ᠲᠡᠳᠬᠦᠬᠦ ᠬᠦᠷᠢᠶᠡᠨ᠎ᠳᠠᠬᠢ ᠠᠰᠠᠭᠤᠳᠠᠯ ᠶᠠᠪᠤᠳᠠᠯ ᠪᠣᠯᠭ᠋ᠠᠨ᠎ᠳᠤ ᠬᠠᠷᠢᠭᠤ ᠥᠭᠴᠦ᠂ ᠶᠠᠪᠤᠳᠠᠯ ᠪᠣᠯᠭ᠋ᠠᠨ᠎ᠳᠤ ᠨᠠᠶ᠋ᠢᠳᠠᠪᠤᠷᠢᠵᠢᠭᠤᠯᠤᠭᠳᠠᠬᠤ ᠵᠢ ᠦᠨᠡᠨ ᠬᠦ᠌ ᠪᠠᠲᠤᠯᠠᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠺᠠᠳ᠋ᠷ᠎ᠢ ᠳᠡᠰ ᠲᠥᠷᠥᠯ ᠬᠤᠪᠢᠶᠠᠨ ᠪᠣᠯᠪᠠᠰᠤᠷᠠᠭᠤᠯᠬᠤ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠶᠠᠳᠠᠭᠤ ᠵᠢ ᠲᠡᠳᠬᠦᠬᠦ ᠺᠠᠳ᠋ᠷ᠎ᠢ ᠪᠦᠬᠦᠨ᠎ᠢ ᠨᠢᠭᠡ ᠤᠳᠠᠭ᠎ᠠ ᠡᠭᠡᠯᠵᠢᠯᠡᠨ ᠪᠣᠯᠪᠠᠰᠤᠷᠠᠭᠤᠯᠵᠤ᠂ ᠤᠯᠠᠮ ᠨᠢᠭᠡ ᠠᠯᠬᠤᠮ ᠣᠪᠣᠷ ᠰᠤᠷᠲᠠᠯ ᠵᠶ᠋ᠠᠨ ᠴᠢᠩᠭ᠋ᠠᠳᠬᠠᠵᠤ᠂ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃ (ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ   ᠦᠢ᠍ᠯᠡᠰ᠎ᠤᠨ ᠨᠢᠭᠡᠴᠢ ᠬᠠᠮᠵᠢᠯᠴᠠᠨ᠎ᠠ)
     (ᠬᠣᠷᠢ ᠶᠢᠰᠦ) ᠮᠤᠵᠢ ᠵᠢᠨ ᠱᠠᠲᠤᠨ᠎ᠤ ᠤᠳᠤᠷᠢᠳᠤᠯᠭ᠎ᠠ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠯᠤᠭ᠎ᠠ ᠬᠠᠷᠢᠯᠴᠠᠨ ᠵᠣᠬᠢᠴᠠᠭᠤᠯᠬᠤ᠂ ᠦᠶᠯᠡᠴᠢᠯᠡᠬᠦ᠂ ᠮᠡᠳᠡᠭᠡ ᠵᠠᠩᠭᠢ ᠵᠢ ᠬᠤᠷᠢᠶᠠᠩᠭᠤᠶ᠋ᠢᠯᠠᠨ ᠮᠡᠳᠡᠭᠦᠯᠦᠨ ᠬᠦᠷᠭᠡᠬᠦ ᠠᠵᠢᠯ᠎ᠢ ᠰᠠᠶ᠋ᠢᠲᠤᠷ ᠬᠢᠨ᠎ᠠ᠃ (ᠨᠡᠶ᠋ᠢᠭᠡᠮ᠎ᠤᠨ ᠶᠠᠳᠠᠭᠤ ᠵᠢ ᠲᠡᠳᠬᠦᠬᠦ ᠨᠡᠭᠡᠭᠡᠯᠳᠠ ᠵᠢᠨ ᠭᠠᠵᠠᠷ ᠲᠦᠷᠦᠭᠦᠯᠡᠨ ᠬᠠᠷᠢᠭᠤᠴᠠᠨ᠎ᠠ)
ᠳᠣᠯᠣᠭ᠎ᠠ᠂ ᠳ᠋ᠦᠩᠨᠡᠬᠦ ᠤᠬᠠᠭᠤᠯᠬᠤ ᠰᠤᠳᠤᠯᠬᠤ ᠡᠷᠴᠢᠮ᠎ᠢ ᠴᠢᠩᠭ᠋ᠠᠷᠠᠭᠤᠯᠤᠨ᠎ᠠ
     (ᠭᠤᠴᠢ) ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠠᠵᠢᠯ᠎ᠤᠨ ᠳ᠋ᠦᠩᠨᠡᠯᠲᠡ ᠵᠢ ᠥᠷᠨᠢᠭᠦᠯᠦᠨ᠎ᠡ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠳ᠋ᠦᠩᠨᠡᠯᠲᠡ ᠵᠢᠨ ᠠᠵᠢᠯ᠎ᠤᠨ ᠲᠥᠰᠦᠯ᠎ᠢ ᠲᠣᠭᠲᠠᠭ᠋ᠠᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ᠂ ᠠᠮᠢᠳᠤᠯᠢᠭ ᠬᠡᠷᠡᠭ᠎ᠤᠨ ᠵᠢᠱ᠌ᠢᠶ᠎ᠡ᠂ ᠠᠭᠤᠤ ᠶᠡᠬᠡ ᠵᠣᠷᠢᠭ ᠰᠠᠨᠠᠭ᠎ᠠ ᠵᠢ ᠰᠢᠰᠲ᠋ᠧᠮ᠎ᠲᠠᠢ ᠳ᠋ᠦᠩᠨᠡᠵᠦ᠂ ᠲᠡᠤᠬᠡ ᠵᠢ ᠪᠠᠲᠤ ᠴᠡᠭᠡᠵᠢᠯᠡᠵᠦ᠂ ᠠᠷᠠᠳ ᠲᠦᠮᠡᠨ᠎ᠢ ᠵᠣᠷᠢᠭᠵᠢᠭᠤᠯᠵᠤ᠂ ᠬᠦᠴᠦᠨ ᠴᠢᠳᠠᠯ᠎ᠢ ᠨᠢᠭᠲᠠᠷᠠᠭᠤᠯᠤᠨ᠎ᠠ᠃ ᠨᠠᠷᠢᠯᠢᠭ ᠣᠨᠣᠴᠠᠲᠠᠶ᠎ᠪᠠᠷ ᠶᠠᠳᠠᠭᠤ ᠵᠢ ᠲᠡᠳᠬᠦᠬᠦ ᠳᠠᠩᠰᠠ ᠡᠪᠬᠡᠮᠡᠯ᠎ᠤᠨ ᠪᠠᠶ᠋ᠢᠭᠤᠯᠤᠯᠲᠠ ᠵᠢᠨ ᠠᠵᠢᠯ᠎ᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ᠃ (ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠂ ᠶᠡᠷᠦᠩᠬᠡᠶ᠋ᠢᠯᠡᠭᠰᠡᠨ ᠭᠠᠵᠠᠷ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ ᠦᠶᠯᠡᠰ᠎ᠤᠨ ᠨᠢᠭᠡᠴᠢ ᠬᠠᠮᠵᠢᠯᠴᠠᠨ᠎ᠠ)
     (ᠭᠤᠴᠢᠨ ᠨᠢᠭᠡ) ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠤᠬᠠᠭᠤᠯᠭ᠎ᠠ ᠵᠢ ᠴᠢᠩᠭ᠋ᠠᠳᠬᠠᠨ᠎ᠠ᠃ ᠤᠬᠠᠭᠤᠯᠬᠤ ᠰᠠᠯᠠᠭ᠎ᠠ ᠮᠥᠴᠢᠷ᠎ᠲᠠᠢ ᠬᠠᠮᠲᠤᠷᠠᠨ ᠤᠬᠠᠭᠤᠯᠭ᠎ᠠ ᠵᠢᠨ ᠠᠵᠢᠯ᠎ᠤᠨ ᠲᠥᠰᠦᠯ᠎ᠢ ᠰᠤᠳᠤᠯᠤᠨ ᠲᠣᠭᠲᠠᠭ᠋ᠠᠵᠤ᠂ ᠰᠢᠷᠢᠰ ᠤᠬᠠᠭᠤᠯᠭ᠎ᠠ ᠮᠡᠳᠡᠭᠡᠯᠡᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠭᠤᠤ ᠶᠡᠬᠡ ᠦᠢ᠍ᠯᠡᠳᠦᠯᠭᠡ ᠵᠢ ᠤᠬᠠᠭᠤᠯᠤᠨ ᠳᠡᠯᠭᠡᠨ ᠦᠵᠡᠭᠦᠯᠦᠨ᠎ᠡ᠃ ᠶᠠᠳᠠᠭᠤ᠎ᠠᠴᠠ ᠠᠩᠭᠢᠵᠢᠷᠠᠭᠤᠯᠬᠤ ᠲᠦᠪᠡᠭᠳᠡᠢ ᠰᠡᠳᠦᠪ᠎ᠢ   ᠰᠢᠢ᠍ᠳᠪᠦᠷᠢᠯᠡᠬᠦ 3D ᠰᠦᠯᠵᠢᠶᠡᠨ ᠳᠡᠭᠡᠷᠡᠬᠢ ᠦᠵᠡᠭᠦᠯᠦᠯᠭᠡ ᠵᠢᠨ ᠲᠢᠩᠬᠢᠮ᠎ᠤᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠪᠡᠶᠡᠯᠡᠭᠦᠯᠪᠡ᠃ ᠪᠦᠬᠦ ᠤᠯᠤᠰ᠎ᠠᠴᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠱᠠᠩᠨᠠᠯ ᠪᠠ ᠪᠦᠬᠦ ᠤᠯᠤᠰ᠎ᠠᠴᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠢᠱ᠌ᠢᠶᠡᠴᠢ ᠵᠢ ᠰᠢᠯᠭ᠋ᠠᠷᠠᠭᠤᠯᠤᠨ ᠬᠥᠬᠢᠭᠦᠯᠬᠦ ᠠᠵᠢᠯᠯᠠᠭ᠎ᠠ ᠵᠢ ᠦᠷᠭᠦᠯᠵᠢᠯᠡᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠶᠠᠳᠠᠭᠤ ᠵᠢ ᠲᠡᠳᠬᠦᠬᠦ ᠡᠳᠦᠷ᠎ᠤᠨ ᠰᠢᠷᠢᠰ ᠠᠵᠢᠯᠯᠠᠭ᠎ᠠ ᠵᠢ ᠥᠷᠨᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠤᠰᠬᠠᠢ ᠰᠡᠳᠦᠪᠲᠦ ᠫᠷᠤᠭ᠌ᠷᠠᠮ᠎ᠢ ᠰᠢᠩᠭᠡᠭᠡᠨ ᠨᠡᠪᠲᠡᠷᠡᠭᠦᠯᠵᠦ᠂ ᠭᠦᠨ ᠵᠤᠵᠠᠭ᠋ᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠢ ᠪᠣᠯᠭ᠋ᠠᠨ᠎ᠠ᠃ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠢᠳᠡᠪᠬᠢᠲᠡᠢ ᠠᠷᠭ᠋ᠠᠴᠠᠭ᠋ᠠᠵᠤ᠂ ᠶᠠᠳᠠᠭᠤ ᠬᠦᠴᠢᠷᠳᠡᠯ᠎ᠲᠠᠢ ᠬᠣᠯᠪᠣᠭᠳᠠᠭᠰᠠᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠬᠡᠮᠵᠢᠵᠦ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠶ᠎ᠳᠤᠨᠢ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠯᠲᠠ ᠥᠭᠴᠦ᠂ ᠠᠷᠭ᠋ᠠᠴᠠᠭ᠋ᠠᠨ ᠰᠢᠢ᠍ᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠶᠡᠬᠡ ᠲᠠᠯ᠎ᠠ ᠵᠢ ᠬᠥᠭᠡᠷᠭᠡᠳᠡᠵᠦ ᠬᠠᠷᠰᠢᠯᠠᠬᠤ ᠵᠢ ᠰᠡᠷᠭᠡᠶ᠋ᠢᠯᠡᠨ᠎ᠡ᠃ (ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ   ᠦᠢ᠍ᠯᠡᠰ᠎ᠤᠨ ᠨᠢᠭᠡᠴᠢ ᠬᠠᠮᠵᠢᠯᠴᠠᠨ᠎ᠠ)
     (ᠭᠤᠴᠢᠨ ᠬᠣᠶᠠᠷ) ᠬᠠᠷᠢᠴᠠᠩᠭᠤᠶ ᠶᠠᠳᠠᠭᠤ ᠬᠦᠴᠢᠷᠳᠡᠯ᠎ᠢ ᠰᠢᠶᠳᠪᠦᠷᠢᠯᠡᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠰᠤᠳᠤᠯᠤᠨ ᠪᠠᠶ᠋ᠢᠭᠤᠯᠤᠨ᠎ᠠ᠃ 2020 ᠣᠨ᠎ᠠᠴᠠ ᠬᠣᠶ᠋ᠢᠰᠢ ᠬᠠᠷᠢᠴᠠᠩᠭᠤᠶ ᠶᠠᠳᠠᠭᠤ ᠬᠦᠴᠢᠷᠳᠡᠯ᠎ᠢ ᠰᠢᠶᠳᠪᠦᠷᠢᠯᠡᠬᠦ ᠬᠠᠷᠠᠯᠲᠠ ᠡᠭᠦᠷᠭᠡ᠂ ᠶᠠᠳᠠᠭᠤ ᠶᠢ ᠲᠡᠳᠬᠦᠬᠦ ᠪᠠᠷᠢᠮᠵᠢᠶ᠎ᠠ᠂ ᠠᠵᠢᠯ᠎ᠤᠨ ᠡᠲᠡᠭᠡᠳ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠡᠷᠭᠡ ᠵᠢᠨ ᠰᠤᠳᠤᠯᠤᠯ᠎ᠢ ᠰᠠᠶ᠋ᠢᠲᠤᠷ ᠬᠢᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠵᠢ ᠠᠬᠢᠭᠤᠯᠤᠨ᠎ᠠ᠃ (ᠲᠥᠯᠥᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ ᠲᠦᠷᠦᠭᠦᠯᠡᠵᠦ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ ᠬᠠᠮᠵᠢᠯᠴᠠᠨ᠎ᠠ)
ᠨᠠᠢ᠍ᠮᠠ᠂ ᠨᠠᠮ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠢᠱ᠌ᠢᠶᠡᠴᠢ ᠪᠠᠶ᠋ᠢᠭᠤᠯᠭ᠎ᠠ ᠵᠢ ᠡᠭᠦᠳᠦᠨ ᠪᠠᠶ᠋ᠢᠭᠤᠯᠤᠨ᠎ᠠ
     (ᠭᠤᠴᠢᠨ ᠭᠤᠷᠪᠠ) ᠶᠡᠷᠦᠩᠬᠡᠢ ᠱᠦᠵᠢ ᠰᠢ ᠵᠢᠨ ᠫᠢᠩ᠎ᠤᠨ ᠶᠠᠳᠠᠭᠤ ᠵᠢ ᠲᠡᠳᠬᠦᠬᠦ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠰᠤᠷᠤᠯᠴᠠᠨ ᠰᠤᠳᠤᠯᠵᠤ ᠤᠬᠠᠭᠤᠯᠬᠤ ᠠᠵᠢᠯ᠎ᠢ ᠭᠦᠨᠵᠡᠭᠡᠢ ᠠᠬᠢᠭᠤᠯᠤᠨ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠶᠠᠳᠠᠭᠤ ᠵᠢ ᠲᠡᠳᠬᠦᠬᠦ ᠴᠢᠬᠤᠯᠠ ᠥᠭᠦᠯᠡᠯᠲᠡ ᠵᠢᠨ ᠣᠨᠣᠯ᠎ᠤᠨ ᠠᠭᠤᠯᠤᠭᠳᠠᠬᠤᠨ᠂ ᠵᠣᠷᠢᠭ ᠰᠠᠨᠠᠭ᠋ᠠᠨ᠎ᠤ ᠮᠥᠨ ᠴᠢᠨᠠᠷ᠂ ᠦᠢ᠍ᠯᠡᠳᠦᠯᠭᠡ ᠵᠢᠨ ᠥᠷᠲᠡᠭ᠂     ᠳᠡᠯᠡᠬᠡᠶ ᠵᠢᠨ ᠠᠴᠢ ᠬᠣᠯᠪᠣᠭᠳᠠᠯ᠎ᠢ ᠤᠬᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠶᠠᠳᠠᠭᠤ ᠵᠢ ᠲᠡᠳᠬᠦᠬᠦ ᠴᠢᠬᠤᠯᠠ ᠥᠭᠦᠯᠡᠯᠲᠡ ᠵᠢᠨ ᠤᠨᠤᠯ᠎ᠤᠨ ᠰᠤᠳᠤᠯᠤᠨ ᠶᠠᠷᠢᠯᠴᠠᠬᠤ ᠠᠵᠢᠯᠯᠠᠭ᠎ᠠ ᠵᠢ ᠡᠷᠬᠢᠯᠡᠵᠦ᠂ ᠤᠨᠤᠯ᠎ᠤᠨ ᠰᠤᠳᠤᠯᠭ᠋ᠠᠨ᠎ᠢ ᠭᠦᠨᠵᠡᠭᠡᠶ᠋ᠢᠷᠡᠭᠦᠯᠦᠨ᠎ᠡ᠃ ᠭᠣᠤᠯ ᠰᠡᠳᠦᠪᠲᠦ ᠡᠬᠡ ᠪᠢᠴᠢᠭ ᠡᠯᠰᠡᠬᠦ ᠪᠠ ᠰᠤᠳᠤᠯᠭ᠋ᠠᠨ᠎ᠤ ᠦᠷ᠎ᠡ ᠪᠦᠲᠦᠭᠡᠯ᠎ᠢ ᠴᠤᠭᠯᠠᠭᠤᠯᠬᠤ ᠠᠵᠢᠯᠯᠠᠭ᠎ᠠ ᠵᠢ ᠥᠷᠨᠢᠭᠦᠯᠵᠦ᠂ ᠰᠤᠳᠤᠯᠭ᠋ᠠᠨ᠎ᠤ ᠦᠷ᠎ᠡ ᠪᠦᠲᠦᠭᠡᠯ᠎ᠤᠨ ᠰᠣᠯᠢᠯᠴᠠᠭ᠎ᠠ ᠵᠢ ᠥᠷᠭᠡᠳᠬᠡᠨ᠎ᠡ᠃ (ᠶᠡᠷᠦᠩᠬᠡᠶ᠋ᠢᠯᠡᠭᠰᠡᠨ ᠭᠠᠵᠠᠷ᠂ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ ᠦᠶᠯᠡᠰ᠎ᠤᠨ ᠨᠢᠭᠡᠴᠢ ᠬᠠᠮᠵᠢᠯᠴᠠᠨ᠎ᠠ)
     (ᠭᠤᠴᠢᠨ ᠳᠥᠷᠪᠡ) 《ᠣᠭ ᠰᠠᠨᠠᠭ᠎ᠠ᠎ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠶ᠋ᠢᠷᠡᠭᠦᠯᠦᠨ᠎ᠡ᠃ ᠭᠣᠣᠯ ᠰᠡᠳᠦᠪᠲᠦ ᠬᠥᠮᠦᠵᠢᠯ᠎ᠤᠨ ᠶᠡᠷᠦᠩᠬᠡᠶ ᠱᠠᠭ᠋ᠠᠷᠳᠠᠯᠭ᠎ᠠ ᠵᠢ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ᠎ᠳᠤ ᠠᠭᠤᠰᠤᠯᠴᠠᠭᠤᠯᠬᠤ ᠵᠢ ᠪᠠᠷᠢᠮᠲᠠᠯᠠᠵᠤ᠂ ᠪᠠᠶ᠋ᠢᠭᠤᠯᠭ᠎ᠠ ᠵᠢᠨ ᠡᠯ᠎ᠡ ᠵᠦᠢ᠍ᠯ᠎ᠤᠨ ᠠᠵᠢᠯ᠎ᠳᠤ ᠨᠠᠢ᠍ᠳᠠᠪᠤᠷᠢᠵᠢᠭᠤᠯᠬᠤ᠂ 《ᠵᠢᠷᠭᠤᠭ᠋ᠠᠨ ᠡᠷᠬᠡᠪᠰᠢ》᠎ᠲᠠᠢ ᠬᠠᠷᠢᠴᠠᠭᠤᠯᠤᠨ ᠵᠦᠷᠢᠶ᠎ᠠ᠎ᠪᠠᠨ ᠡᠷᠢᠵᠦ᠂ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠬᠡᠪ᠎ᠤᠨ ᠤᠷᠲᠤ ᠬᠤᠭᠤᠴᠠᠭ᠋ᠠᠨ᠎ᠤ ᠦᠷ᠎ᠡ ᠪᠦᠲᠦᠮᠵᠢ ᠵᠢ ᠪᠦᠷᠢᠯᠳᠦᠭᠦᠯᠵᠦ᠂ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠤᠨ᠎ᠠ᠃ ᠣᠨᠣᠯ ᠵᠶ᠋ᠠᠷ ᠵᠡᠪᠰᠡᠭᠯᠡᠬᠦ ᠵᠢ ᠭᠦᠨᠵᠡᠭᠡᠶ᠋ᠢᠷᠡᠭᠦᠯᠵᠦ᠂ ᠣᠨᠣᠯ᠎ᠤᠨ ᠰᠤᠷᠤᠯᠴᠠᠯᠭ᠎ᠠ ᠵᠢ ᠪᠣᠳᠠᠲᠠᠶ ᠠᠳᠬᠤᠵᠤ ᠨᠠᠷᠢᠨ ᠠᠳᠬᠤᠵᠤ᠂ ᠤᠬᠠᠮᠰᠠᠷ᠎ᠠᠴᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠰᠤᠷᠤᠯᠴᠠᠬᠤ᠂ ᠴᠠᠭ ᠲᠤᠬᠠᠶ᠎ᠳᠤᠨᠢ ᠳᠠᠭ᠋ᠠᠵᠤ ᠰᠤᠷᠤᠯᠴᠠᠬᠤ᠂ ᠪᠣᠳᠠᠲᠠᠶ᠎ᠲᠠᠢ᠎ᠪᠠᠨ ᠤᠶᠠᠯᠳᠤᠭᠤᠯᠤᠨ ᠰᠤᠷᠤᠯᠴᠠᠬᠤ᠂ ᠪᠠᠲᠤ ᠢᠲᠡᠭᠡᠵᠦ ᠯᠠᠪᠳᠠᠭᠤᠨ ᠪᠠᠲᠤᠲᠠᠶ ᠰᠤᠷᠤᠯᠴᠠᠬᠤ ᠠᠵᠢᠯ᠎ᠢ ᠰᠠᠶ᠋ᠢᠲᠤᠷ ᠬᠢᠵᠦ᠂ ᠰᠤᠷᠤᠯᠴᠠᠯᠭ᠎ᠠ ᠬᠥᠮᠦᠵᠢᠯ᠎ᠤᠨ ᠬᠠᠨᠳᠤᠯᠭ᠋ᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ᠎ᠢ ᠳᠡᠭᠡᠭᠰᠢᠯᠡᠭᠦᠯᠦᠨ᠎ᠡ᠃ (ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ   ᠦᠢ᠍ᠯᠡᠰ᠎ᠤᠨ ᠨᠢᠭᠡᠴᠢ ᠬᠠᠮᠵᠢᠯᠴᠠᠨ᠎ᠠ)
     (ᠭᠤᠴᠢᠨ ᠲᠠᠪᠤ) ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃ ᠨᠠᠮ᠎ᠤᠨ ᠤᠯᠤᠰ ᠲᠥᠷᠥ ᠵᠢᠨ ᠪᠠᠶ᠋ᠢᠭᠤᠯᠤᠯᠲᠠ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ ᠰᠠᠶ᠋ᠢᠵᠢᠷᠠᠭᠤᠯᠬᠤ ᠲᠤᠬᠠᠶ ᠰᠠᠨᠠᠯ》᠎ᠢ   ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠵᠤ᠂ 《ᠬᠣᠶᠠᠷ᠎ᠢ ᠬᠠᠮᠠᠭ᠋ᠠᠯᠠᠬᠤ》 ᠵᠢ ᠪᠠᠶᠠᠯᠠᠬᠦᠯᠵᠤ᠂ 《ᠭᠤᠷᠪᠠᠨ ᠦᠯᠢᠭᠡᠷ ᠳᠠᠭᠤᠷᠢᠶᠠᠯ》᠎ᠢ ᠰᠠᠶ᠋ᠢᠲᠤᠷ ᠬᠢᠨ᠎ᠠ᠃ ᠲᠦᠷᠦᠭᠦᠯᠡᠨ ᠣᠯᠠᠨ ᠲᠦᠮᠡᠨ᠎ᠲᠠᠢ ᠨᠢᠭᠲᠠ ᠬᠠᠷᠢᠯᠴᠠᠨ᠎ᠠ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ     ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠨᠠᠮ᠎ᠤᠨ ᠡᠭᠦᠷ᠎ᠤᠨ ᠪᠠᠷᠢᠮᠵᠢᠶᠠᠵᠢᠭᠤᠯᠵᠤ ᠵᠢᠷᠤᠮᠵᠢᠭᠤᠯᠬᠤ ᠪᠠᠶ᠋ᠢᠭᠤᠯᠤᠯᠲᠠ ᠵᠢ ᠪᠣᠳᠠᠲᠠᠶ ᠠᠳᠬᠤᠵᠤ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠷᠢᠯᠠᠭᠤᠯᠤᠯᠲᠠ ᠵᠢ ᠵᠢᠷᠤᠮᠵᠢᠭᠤᠯᠵᠤ᠂ 《ᠭᠤᠷᠪᠠᠨ ᠬᠤᠷᠠᠯ ᠨᠢᠭᠡ ᠬᠢᠴᠢᠶᠡᠯ》᠎ᠤᠨ ᠲᠦᠷᠢᠮ᠎ᠢ ᠴᠢᠩᠭ᠎ᠠ ᠬᠡᠷᠡᠭᠵᠢᠭᠦᠯᠦᠨ᠎ᠡ᠃ ᠨᠠᠮ᠎ᠤᠨ ᠭᠡᠰᠢᠭᠦᠨ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠡᠷᠴᠢᠮ᠎ᠢ ᠴᠢᠩᠭ᠋ᠠᠷᠠᠭᠤᠯᠵᠤ᠂ ᠨᠠᠮ᠎ᠤᠨ ᠭᠡᠰᠢᠭᠦᠨ᠎ᠤ ᠡᠭᠦᠷᠭᠡ ᠵᠢ ᠭ᠋᠊ ᠭᠦᠢ᠍ᠴᠡᠳᠬᠡᠬᠦ ᠦᠨᠡᠯᠡᠯᠲᠡ ᠵᠢᠨ ᠲᠣᠭᠲᠠᠴᠠ ᠵᠢ ᠨᠠᠶ᠋ᠢᠳᠠᠪᠤᠷᠢᠵᠢᠭᠤᠯᠵᠤ᠂ ᠨᠠᠮ᠎ᠤᠨ ᠭᠡᠰᠢᠭᠦᠨ᠎ᠤ ᠬᠣᠰᠢᠭᠤᠴᠢ ᠵᠢᠱ᠌ᠢᠶᠡᠴᠢ ᠦᠢ᠍ᠯᠡᠳᠦᠯ᠎ᠢ ᠬᠥᠭᠵᠢᠭᠡᠨ᠎ᠡ᠃ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ᠂ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ᠂ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠴᠢᠩᠭ᠎ᠠ ᠪᠣᠳᠠᠲᠠᠶ ᠠᠳᠬᠤᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ ᠪᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ (ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ   ᠦᠢ᠍ᠯᠡᠰ᠎ᠤᠨ   ᠨᠢᠭᠡᠴᠢ ᠬᠠᠮᠵᠢᠯᠴᠠᠨ᠎ᠠ)
     (ᠭᠤᠴᠢᠨ ᠵᠢᠷᠭᠤᠭ᠎ᠠ) ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠵᠢ ᠴᠥᠬᠥᠷᠡᠰᠢ ᠦᠭᠡᠢ ᠪᠠᠷᠢᠮᠲᠠᠯᠠᠨ᠎ᠠ᠃ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠵᠢ ᠬᠡᠷᠡᠭᠵᠢᠭᠦᠯᠬᠦ 《ᠲᠦᠷᠪᠡᠨ ᠵᠦᠢ᠍ᠯ᠎ᠤᠨ ᠬᠡᠯᠪᠡᠷᠢ ᠪᠠᠶ᠋ᠢᠳᠠᠯ》᠎ᠢ ᠭᠦᠨᠵᠡᠭᠡᠶ᠋ᠢᠷᠡᠭᠦᠯᠦᠨ ᠬᠡᠷᠡᠭᠯᠡᠵᠦ᠂ ᠵᠥᠪ ᠲᠠᠯ᠎ᠠ ᠵᠢᠨ ᠨᠡᠶ᠋ᠢᠲᠡᠯᠢᠭ ᠵᠢᠱ᠌ᠢᠶ᠎ᠡ ᠵᠢᠨ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ᠎ᠢ ᠨᠠᠷᠢᠯᠢᠭ ᠣᠨᠣᠪᠴᠢᠲᠠᠶ᠂ ᠪᠠᠶ᠋ᠢᠩᠭᠤᠵᠢᠭᠤᠯᠤᠨ ᠥᠷᠨᠢᠭᠦᠯᠦᠨ᠎ᠡ᠃ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠶᠤᠯ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠲᠣᠭᠲᠠᠴᠠ ᠵᠢ ᠲᠡᠭᠦᠯᠳᠡᠷᠵᠢᠭᠦᠯᠵᠦ᠂ ᠺᠠᠳ᠋ᠷ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠶᠠᠳᠠᠭᠤ ᠵᠢ ᠲᠡᠳᠬᠦᠬᠦ ᠬᠦᠷᠢᠶᠡᠨ᠎ᠳᠠᠬᠢ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠤᠨ ᠲᠤᠪᠤᠢ᠍ᠢ᠍ᠮ᠎ᠠ ᠠᠰᠠᠭᠤᠳᠠᠯ᠎ᠢ ᠡᠷᠡᠰ ᠵᠠᠯᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠰᠠᠢ᠍ᠢ᠍ᠨ ᠰᠠᠶ᠋ᠢᠬᠠᠨ ᠤᠯᠤᠰ ᠲᠦᠷᠦ ᠵᠢᠨ ᠣᠷᠴᠢᠨ ᠨᠥᠬᠥᠴᠡᠯ᠎ᠢ ᠪᠤᠢ ᠪᠣᠯᠭ᠋ᠠᠨ᠎ᠠ᠃ (ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ ᠲᠦᠷᠦᠭᠦᠯᠡᠵᠦ᠂ ᠡᠯ᠎ᠡ ᠭᠠᠵᠠᠷ ᠲᠠᠰᠤᠭ᠂ ᠠᠵᠢᠯ ᠦᠢ᠍ᠯᠡᠰ᠎ᠤᠨ ᠨᠢᠭᠡᠴᠢ ᠬᠠᠮᠵᠢᠯᠴᠠᠨ᠎ᠠ)
     (ᠭᠤᠴᠢᠨ ᠳᠣᠯᠣᠭ᠎ᠠ) ᠶᠠᠳᠠᠭᠤ ᠵᠢ ᠲᠡᠳᠬᠦᠬᠦ ᠺᠠᠳ᠋ᠷ᠎ᠢ ᠬᠠᠯᠠᠮᠵᠢᠯᠠᠨ ᠬᠠᠶ᠋ᠢᠷᠠᠯᠠᠨ᠎ᠠ᠃ ᠵᠣᠬᠢᠶᠠᠨ ᠪᠠᠶ᠋ᠢᠭᠤᠯᠤᠯᠲᠠ᠂ ᠠᠵᠢᠯᠴᠢᠨ᠎ᠤ ᠡᠪᠯᠡᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠠᠷᠠᠳ᠎ᠤᠨ ᠶᠠᠪᠤᠳᠠᠯ᠂ ᠤᠬᠠᠭᠤᠯᠬᠤ ᠰᠠᠯᠠᠭ᠎ᠠ ᠮᠥᠴᠢᠷ᠎ᠲᠠᠢ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠶᠠᠳᠠᠭᠤ ᠵᠢ ᠲᠡᠳᠬᠦᠬᠦ ᠺᠠᠳ᠋ᠷ᠎ᠢ ᠬᠠᠯᠠᠮᠵᠢᠯᠠᠨ ᠬᠠᠶ᠋ᠢᠷᠠᠯᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠠᠶ᠋ᠢᠲᠤᠷ ᠨᠠᠢ᠍ᠢ᠍ᠳᠠᠪᠤᠷᠢᠵᠢᠭᠤᠯᠬᠤ᠂ ᠶᠠᠳᠠᠭᠤ ᠵᠢ ᠲᠡᠳᠬᠦᠬᠦ ᠺᠠᠳ᠋ᠷ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠬᠠᠯᠠᠮᠵᠢᠯᠠᠵᠤ᠂ ᠰᠢᠯᠢᠳᠡᠭ᠎ᠢ᠎ᠨᠢ ᠴᠠᠭ ᠲᠤᠬᠠᠶ᠎ᠳᠤᠨᠢ ᠤᠬᠠᠭᠤᠯᠵᠤ᠂ ᠬᠥᠬᠢᠭᠦᠯᠵᠦ᠂ ᠴᠢᠬᠤᠯᠠᠴᠢᠯᠠᠨ ᠬᠡᠷᠡᠭᠯᠡᠵᠡᠶ᠃ ᠶᠠᠳᠠᠭᠤ ᠵᠢ ᠲᠡᠳᠬᠦᠬᠦ ᠺᠠᠳ᠋ᠷ᠎ᠤᠨ ᠬᠠᠮᠢᠶ᠎ᠠ ᠪᠦᠬᠦᠢ ᠬᠠᠷᠠᠭ᠋ᠠᠯᠵᠠᠯ᠎ᠢ ᠨᠠᠢ᠍ᠳᠠᠪᠤᠷᠢᠵᠢᠭᠤᠯᠬᠤ᠂ ᠶᠠᠳᠠᠭᠤ ᠵᠢ ᠲᠡᠳᠬᠦᠬᠦ ᠺᠠᠳ᠋ᠷᠴᠤᠳ᠎ᠢ ᠬᠦᠨᠳᠦᠳᠬᠡᠬᠦ᠂ ᠬᠠᠯᠠᠮᠵᠢᠯᠠᠬᠤ᠂ ᠬᠠᠶ᠋ᠢᠷᠠᠯᠠᠬᠤ ᠰᠠᠢ᠍ᠢ᠍ᠨ ᠰᠠᠶ᠋ᠢᠬᠠᠨ ᠬᠡᠪ ᠰᠤᠷᠲᠠᠯ᠎ᠢ ᠪᠤᠢ ᠪᠣᠯᠭ᠋ᠠᠵᠤ᠂ ᠥᠷᠭᠡᠨ ᠤᠯᠠᠨ ᠶᠠᠳᠠᠭᠤ ᠵᠢ ᠲᠡᠳᠬᠦᠬᠦ ᠺᠠᠳ᠋ᠷᠴᠤᠳ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠵᠢ ᠵᠣᠷᠢᠭᠵᠢᠭᠤᠯᠤᠨ᠎ᠠ᠃ (ᠶᠡᠷᠦᠩᠬᠡᠶ᠋ᠢᠯᠡᠭᠰᠡᠨ ᠭᠠᠵᠠᠷ᠂ ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ ᠲᠦᠷᠦᠭᠦᠯᠡᠨ ᠬᠠᠷᠢᠭᠤᠴᠠᠵᠤ᠂ ᠡᠯ᠎ᠡ ᠭᠠᠵᠠᠷ ᠲᠠᠰᠤᠭ᠂ ᠠᠵᠢᠯ ᠦᠢ᠍ᠯᠡᠰ᠎ᠤᠨ ᠨᠢᠭᠡᠴᠢ ᠬᠠᠮᠵᠢᠯᠴᠠᠨ᠎ᠠ)

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
ᠲᠥᠪ᠎ᠤᠨ ᠤᠬᠠᠭᠤᠯᠬᠤ ᠬᠡᠯᠲᠡᠰ ᠬᠤᠸᠠᠩ ᠱ᠌ᠢ ᠶᠠᠨ᠂ ᠮᠤᠤ ᠰᠢᠶᠠᠩ ᠯᠢᠨ᠎ᠳᠤ 《ᠴᠠᠭ ᠦᠶ᠎ᠡ ᠵᠢᠨ ᠬᠡᠪ ᠳᠠᠭᠤᠷᠢᠶᠠᠯ 》 ᠴᠤᠯᠠ ᠣᠯᠭᠤᠪᠠ
ᠲᠥᠪ᠎ᠤᠨ ᠤᠬᠠᠭᠤᠯᠬᠤ ᠬᠡᠯᠲᠡᠰ ᠵᠠᠩ ᠬᠦᠢ ᠮᠧᠶ᠎ᠳᠤ 《ᠴᠠᠭ ᠦᠶ᠎ᠡ ᠵᠢᠨ ᠬᠡᠪ ᠲᠤᠭᠤᠷᠢᠶᠠᠯ 》 ᠵᠢᠨ ᠴᠣᠯᠠ ᠵᠢ ᠣᠯᠭᠣᠪᠠ
ᠮᠠᠨ᠎ᠤ ᠣᠷᠣᠨ 150.5 ᠳ᠋ᠦᠩᠰᠢᠭᠤᠷ ᠲᠥᠭᠦᠷᠢᠭ᠎ᠤᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢᠨ ᠢᠲᠡᠭᠡᠮᠵᠢ ᠵᠢᠨ ᠪᠠᠲᠤᠯᠠᠭ᠎ᠠ ᠵᠢᠨ ᠰᠠᠭᠤᠷᠢ ᠮᠥᠩᠭᠦ ᠲᠠᠷᠬᠠᠭ᠋ᠠᠵᠤ ᠠᠮᠤᠷ ᠲᠦᠪᠰᠢᠨ᠎ᠢ ᠪᠠᠲᠤᠯᠠᠪᠠ
《ᠭᠤᠷᠪᠠᠨ ᠠᠰᠠᠭᠤᠯᠲᠠ》 ᠵᠢᠨ ᠠᠵᠢᠯᠯᠠᠭ᠎ᠠ ᠵᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ᠎ᠤᠨ ᠠᠯᠪᠠᠨ ᠵᠠᠷ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠨᠡᠶ᠋ᠢᠭᠡᠮ ᠵᠢᠷᠤᠮ᠎ᠤᠨ ᠰᠣᠶᠣᠯ᠎ᠤᠨ ᠪᠦᠲᠦᠭᠡᠨ ᠪᠠᠢ᠌ᠭᠤᠯᠤᠯᠲᠠ ᠵᠢ ᠬᠠᠤᠯᠢ᠎ᠪᠠᠷ ᠵᠠᠰᠠᠬᠤ ᠵᠢ ᠴᠢᠩᠭ᠋ᠠᠳᠬᠠᠬᠤ ᠲᠤᠬᠠᠢ ᠰᠠᠨᠠᠯ ᠳᠠᠷᠤᠮᠠᠯᠯᠠᠨ ᠲᠠᠷᠬᠠᠭ᠋ᠠᠪᠠ
 
            