ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ᠎ᠠᠴᠠ ᠣᠶ᠋ᠢᠯᠠᠭ᠋ᠠᠭᠰᠠᠨ ᠵᠶ᠋ᠠᠷ᠂ ᠨᠢᠳᠤᠨᠤᠨ ᠵᠢᠯ᠎ᠤᠨ ᠰᠡᠭᠦᠯᠴᠢ ᠪᠣᠯᠲᠠᠯ᠎ᠠ᠂ ᠮᠠᠨ᠎ᠤ ᠣᠷᠣᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢᠨ ᠢᠲᠡᠭᠡᠮᠵᠢ ᠵᠢᠨ ᠪᠠᠲᠤᠯᠠᠭ᠎ᠠ ᠵᠢᠨ ᠰᠠᠭᠤᠷᠢ ᠮᠥᠩᠭᠦ᠎ᠪᠠᠷ ᠳᠠᠮᠵᠢᠭᠤᠯᠤᠨ ᠨᠡᠶ᠋ᠢᠲᠡ 150.5 ᠳ᠋ᠦᠩᠰᠢᠭᠤᠷ ᠲᠥᠭᠦᠷᠢᠭ᠎ᠤᠨ ᠵᠢᠭᠡᠯᠡᠯᠭᠡ ᠲᠠᠯᠪᠢᠵᠤ᠂ ᠪᠦᠬᠦ ᠣᠷᠣᠨ᠎ᠤ ᠨᠠᠮᠤᠷ᠎ᠤᠨ ᠠᠮᠤ ᠪᠤᠳᠠᠭ᠎ᠠ ᠬᠤᠳᠠᠯᠳᠤᠨ ᠠᠪᠬᠤ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠦᠲᠦᠮᠵᠢᠲᠡᠢ ᠪᠠᠲᠤᠯᠠᠪᠠ᠃ 2016 ᠣᠨ᠎ᠳᠤ᠂ ᠮᠠᠨ᠎ᠤ ᠣᠷᠣᠨ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠵᠢᠨ ᠢᠲᠡᠭᠡᠮᠵᠢ ᠵᠢᠨ ᠪᠠᠲᠤᠯᠠᠭ᠎ᠠ ᠵᠢᠨ ᠰᠠᠭᠤᠷᠢ ᠮᠥᠩᠭᠦ ᠵᠢ ᠪᠠᠶ᠋ᠢᠭᠤᠯᠪᠠ᠃ 4 ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠬᠤᠯᠪᠣᠭ᠋ᠠᠲᠤ ᠬᠤᠷᠠᠯ᠎ᠤᠨ ᠪᠦᠷᠢᠯᠳᠦᠬᠦᠨ ᠨᠢᠭᠡᠴᠢ᠎ᠨᠦᠭᠦᠳ ᠬᠠᠮᠲᠤ᠎ᠪᠠᠷ ᠴᠢᠷᠮᠠᠶ᠋ᠢᠵᠤ᠂ ᠠᠷᠭ᠎ᠠ ᠬᠡᠮᠵᠢᠶ᠎ᠡ᠎ᠪᠠᠨ ᠴᠢᠩᠭ᠋ᠠᠳᠬᠠᠨ᠂ ᠳᠦᠷᠢᠮ ᠵᠶ᠋ᠠᠨ ᠪᠦᠷᠢᠨᠰᠢᠭᠦᠯᠵᠦ᠂ ᠰᠠᠭᠤᠷᠢ ᠮᠥᠩᠭᠦ ᠵᠢᠨ ᠠᠵᠢᠯᠯᠠᠭ᠋ᠠᠨ ᠶᠡᠷᠦᠩᠬᠡᠢ᠎ᠳᠤ᠎ᠪᠠᠨ ᠬᠡᠪ᠎ᠤᠨ ᠲᠣᠭᠲᠠᠭᠤᠨ ᠪᠠᠶ᠋ᠢᠳᠠᠯ᠎ᠢ ᠪᠠᠲᠤᠯᠠᠵᠤ᠂ ᠤᠯᠤᠰ᠎ᠤᠨ ᠠᠮᠤ ᠪᠤᠳᠠᠭ᠋ᠠᠨ᠎ᠤ ᠬᠤᠷᠸ᠎ᠠ ᠲᠣᠬᠢᠷᠠᠭᠤᠯᠭ᠎ᠠ ᠡᠵᠡᠮᠳᠡᠯ᠎ᠤᠨ ᠲᠥᠷᠥ ᠵᠢᠨ ᠪᠣᠳᠣᠯᠭ᠎ᠠ ᠪᠠ ᠠᠮᠤ ᠪᠤᠳᠠᠭ᠋ᠠᠨ᠎ᠤ ᠠᠮᠤᠷ ᠲᠦᠪᠰᠢᠨ᠎ᠤ ᠮᠤᠵᠢ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠪᠦᠲᠦᠮᠵᠢᠲᠡᠢ ᠨᠠᠶ᠋ᠢᠳᠠᠪᠤᠷᠢᠵᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠂ ᠠᠮᠤ ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠶᠠᠪᠤᠴᠠ᠎ᠳᠤ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠪᠠ᠃ 2016 ᠣᠨ᠎ᠳᠤ ᠰᠠᠭᠤᠷᠢ ᠮᠥᠩᠭᠦ ᠪᠠᠶ᠋ᠢᠭᠤᠯᠤᠭᠰᠠᠨ᠎ᠠᠴᠠ 2020 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠬᠦᠷᠲᠡᠯ᠎ᠡ᠂ ᠰᠠᠭᠤᠷᠢ ᠮᠥᠩᠭᠦ ᠵᠢᠨ ᠵᠥᠪᠰᠢᠶᠡᠷᠡᠨ ᠲᠤᠰᠢᠶᠠᠭᠰᠠᠨ ᠵᠣᠭᠤᠰ᠎ᠤᠨ ᠲᠤᠭ᠎ᠠ 3.6 ᠳ᠋ᠦᠩᠰᠢᠭᠤᠷ ᠲᠥᠭᠦᠷᠢᠭ ᠪᠠᠶ᠋ᠢᠭᠰᠠᠨ᠎ᠠᠴᠠ 8.08 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠨᠡᠶ᠋ᠢᠲᠡ 379 ᠡᠷᠦᠬᠡ (ᠤᠳᠠᠭ᠎ᠠ)᠎ᠳᠤ ᠵᠢᠭᠡᠯᠡᠯᠭᠡ ᠲᠠᠯᠪᠢᠨ᠂ ᠨᠡᠶ᠋ᠢᠲᠡ 150.5 ᠳ᠋ᠦᠩᠰᠢᠭᠤᠷ ᠲᠥᠭᠦᠷᠢᠭ᠎ᠤᠨ ᠵᠢᠭᠡᠯᠡᠯᠭᠡ ᠲᠠᠯᠪᠢᠵᠤ᠂ ᠠᠮᠤ ᠪᠤᠳᠠᠭ᠎ᠠ ᠬᠤᠳᠠᠯᠳᠤᠨ ᠠᠪᠬᠤ ᠵᠢ ᠳᠡᠮᠵᠢᠭᠰᠡᠨ ᠲᠤᠭ᠎ᠠ 1256 ᠲᠦᠮᠡᠨ ᠲᠣᠨ ᠬᠦᠷᠪᠡ᠃ 2020 ᠣᠨ᠎ᠳᠤ᠂ ᠵᠢᠭᠡᠯᠡᠯᠭᠡ ᠲᠠᠯᠪᠢᠭᠰᠠᠨ ᠲᠤᠭ᠎ᠠ ᠬᠢᠭᠡᠳ ᠠᠮᠤ ᠪᠤᠳᠠᠭ᠎ᠠ ᠬᠤᠳᠠᠯᠳᠤᠨ ᠠᠪᠬᠤ ᠵᠢ ᠳᠡᠮᠵᠢᠭᠰᠡᠨ ᠲᠤᠭ᠎ᠠ᠎ᠨᠢ 2016 ᠣᠨ᠎ᠤ᠎ᠬᠢ᠎ᠲᠠᠢ ᠬᠠᠷᠢᠴᠠᠭᠤᠯᠪᠠᠯ ᠲᠤᠰ ᠲᠤᠰ 3.49 ᠳᠠᠬᠢᠨ ᠪᠠ 2.94 ᠳᠠᠬᠢᠨ ᠵᠶ᠋ᠠᠷ ᠨᠡᠮᠡᠭᠳᠡᠪᠡ᠃