ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ ᠡᠳ᠋᠎ᠤᠨ ᠵᠠᠰᠠᠭ᠎ᠤᠨ ᠪᠠᠯᠠ ᠮᠥᠩᠭᠦ ᠵᠢ ᠰᠢᠭᠤᠳ ᠬᠦᠷᠭᠡᠬᠦ ᠪᠠᠶ᠋ᠢᠩᠭᠤᠵᠢᠭᠰᠠᠨ ᠲᠣᠭᠲᠠᠴᠠ ᠵᠢ ᠤᠯᠠᠮ ᠨᠢᠭᠡ ᠠᠯᠬᠤᠮ ᠰᠠᠶ᠋ᠢᠲᠤᠷ ᠬᠡᠷᠡᠭᠵᠢᠭᠦᠯᠬᠦ ᠲᠤᠬᠠᠶ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2021-04-23

    ᠯᠢ ᠺᠧ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠪᠠ

    ᠡᠳ᠋᠎ᠤᠨ ᠵᠠᠰᠠᠭ᠎ᠤᠨ ᠪᠠᠯᠠ ᠮᠥᠩᠭᠦ ᠵᠢ ᠰᠢᠭᠤᠳ ᠬᠦᠷᠭᠡᠬᠦ ᠪᠠᠶ᠋ᠢᠩᠭᠤᠵᠢᠭᠰᠠᠨ ᠲᠣᠭᠲᠠᠴᠠ ᠵᠢ ᠤᠯᠠᠮ ᠨᠢᠭᠡ ᠠᠯᠬᠤᠮ ᠰᠠᠶ᠋ᠢᠲᠤᠷ ᠬᠡᠷᠡᠭᠵᠢᠭᠦᠯᠬᠦ ᠲᠤᠬᠠᠶ ᠪᠠᠶ᠋ᠢᠷᠢᠯᠠᠭᠤᠯᠵᠤ ᠡᠳ᠋᠎ᠤᠨ ᠵᠠᠰᠠᠭ᠎ᠤᠨ ᠪᠠᠯᠠ ᠮᠥᠩᠭᠦ ᠵᠢᠨ ᠠᠵᠤ ᠠᠬᠤᠶ᠋ᠢᠯᠠᠯ ᠪᠠ ᠠᠷᠠᠳ᠎ᠲᠤ ᠠᠰᠢᠭ ᠬᠦᠷᠲᠡᠭᠡᠬᠦ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠪᠠ

    《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠲᠦᠷᠢᠮ (ᠵᠠᠰᠠᠪᠤᠷᠢ ᠣᠷᠣᠭᠤᠯᠬᠤ ᠲᠥᠰᠦᠯ)》᠎ᠢ ᠪᠠᠲᠤᠯᠠᠪᠠ

    ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ ᠯᠢ ᠺᠧ ᠴᠢᠶᠠᠩ 4 ᠳ᠋ᠦ᠍ᠭᠡᠷ ᠰᠠᠷ᠎ᠠ ᠵᠢᠨ 21᠎ᠤ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠡᠳ᠋᠎ᠤᠨ ᠵᠠᠰᠠᠭ᠎ᠤᠨ ᠪᠠᠯᠠ ᠮᠥᠩᠭᠦ ᠵᠢ ᠰᠢᠭᠤᠳ ᠬᠦᠷᠭᠡᠬᠦ ᠪᠠᠶ᠋ᠢᠩᠭᠤᠵᠢᠭᠰᠠᠨ ᠲᠣᠭᠲᠠᠴᠠ ᠵᠢ ᠤᠯᠠᠮ ᠨᠢᠭᠡ ᠠᠯᠬᠤᠮ ᠰᠠᠶ᠋ᠢᠲᠤᠷ ᠬᠡᠷᠡᠭᠵᠢᠭᠦᠯᠵᠦ᠂ ᠡᠳ᠋᠎ᠤᠨ ᠵᠠᠰᠠᠭ᠎ᠤᠨ ᠪᠠᠯᠠ ᠮᠥᠩᠭᠦ ᠵᠢᠨ ᠠᠵᠤ ᠠᠬᠤᠶ᠋ᠢᠯᠠᠯ ᠪᠠ ᠠᠷᠠᠳ᠎ᠲᠤ ᠠᠰᠢᠭ ᠬᠦᠷᠲᠡᠭᠡᠬᠦ ᠦᠶᠯᠡᠳᠦᠯ᠎ᠢ ᠨᠠᠩ ᠰᠠᠶ᠋ᠢᠲᠤᠷ ᠪᠠᠳᠠᠷᠠᠭᠤᠯᠬᠤ ᠲᠤᠬᠠᠶ ᠪᠠᠶ᠋ᠢᠷᠢᠯᠠᠭᠤᠯᠪᠠ; 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠲᠦᠷᠢᠮ (ᠵᠠᠰᠠᠪᠤᠷᠢ ᠣᠷᠣᠭᠤᠯᠬᠤ ᠲᠥᠰᠦᠯ)》᠎ᠢ ᠪᠠᠲᠤᠯᠠᠵᠠᠢ᠃
    ᠬᠤᠷᠠᠯ᠎ᠳᠤ ᠵᠢᠭ᠋ᠠᠨ ᠭᠠᠷᠭ᠋ᠠᠬᠤ᠎ᠳᠤ᠎ᠪᠠᠨ᠂ ᠡᠳ᠋᠎ᠤᠨ ᠵᠠᠰᠠᠭ᠎ᠤᠨ ᠪᠡᠯᠡ ᠮᠥᠩᠭᠦ ᠵᠢ ᠰᠢᠭᠤᠳ ᠬᠦᠷᠭᠡᠬᠦ ᠲᠣᠭᠲᠠᠴᠠ ᠵᠢ ᠬᠡᠷᠡᠭᠵᠢᠭᠦᠯᠬᠦ ᠪᠣᠯ ᠬᠤᠷᠸ᠎ᠠ ᠡᠵᠡᠮᠰᠢᠯ ᠲᠤᠬᠢᠷᠠᠭᠤᠯᠭ᠎ᠠ ᠵᠢᠨ ᠰᠢᠨ᠎ᠡ ᠵᠢ ᠡᠭᠦᠳᠬᠦ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠨᠢᠳᠤᠨᠤᠨ ᠲᠥᠪ᠎ᠤᠨ ᠡᠳ᠋᠎ᠤᠨ ᠵᠠᠰᠠᠭ ᠰᠢᠭᠤᠳ ᠬᠦᠷᠭᠡᠬᠦ ᠪᠠᠯᠠ ᠮᠥᠩᠭᠦ 1.7 ᠲᠦᠮᠡᠨ ᠳ᠋ᠦᠩᠰᠢᠭᠤᠷ ᠲᠥᠭᠦᠷᠢᠭ ᠪᠠᠭᠤᠯᠭ᠋ᠠᠵᠤ᠂ ᠬᠤᠲᠠ ᠰᠢᠶᠠᠨ᠎ᠤ ᠦᠨᠳᠦᠰᠦᠨ ᠱᠠᠲᠤᠨ᠎ᠤ ᠭᠠᠶ᠋ᠢᠯᠢ ᠵᠢ ᠬᠥᠩᠭᠡᠯᠡᠵᠦ ᠰᠦᠶᠳᠬᠡᠯ᠎ᠢ ᠪᠠᠭᠤᠷᠠᠭᠤᠯᠬᠤ᠎ᠳᠤ 《ᠳᠠᠭ᠋ᠠᠷᠠᠭᠰᠠᠨ ᠬᠥᠮᠦᠨ᠎ᠳᠤ ᠳᠠᠬᠤ ᠬᠦᠷᠭᠡᠬᠦ》 ᠦᠶᠯᠡᠳᠦᠯ ᠪᠠᠳᠠᠷᠠᠭᠤᠯᠵᠤ᠂ ᠠᠵᠤ ᠠᠬᠤᠶ ᠵᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠬᠤ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠡᠨᠡ ᠵᠢᠯ ᠰᠢᠭᠤᠳ ᠬᠦᠷᠭᠡᠬᠦ ᠲᠣᠭᠲᠠᠴᠠ ᠵᠢ ᠪᠠᠶ᠋ᠢᠩᠭᠤᠵᠢᠭᠤᠯᠬᠤ᠎ᠨᠢ ᠨᠢᠳᠤᠨᠤᠨ᠎ᠤ ᠰᠢᠭᠤᠳ ᠬᠦᠷᠭᠡᠬᠦ ᠪᠡᠯᠡ ᠮᠥᠩᠭᠦ ᠵᠢ ᠪᠦᠬᠦᠨ᠎ᠢ ᠨᠡᠮᠡᠭᠳᠡᠯ ᠪᠡᠯᠡ ᠮᠥᠩᠭᠦ ᠪᠣᠯᠭ᠋ᠠᠭᠰᠠᠨ᠎ᠲᠠᠢ ᠠᠳᠠᠯᠢ ᠦᠭᠡᠢ᠂ ᠡᠨᠡ ᠵᠢᠯ ᠭᠤᠣᠯᠳᠠᠭᠤ ᠦᠯᠡᠳᠡᠭᠡᠯ ᠪᠡᠯᠡ ᠮᠥᠩᠭᠦ ᠪᠣᠯᠭ᠋ᠠᠨ᠎ᠠ᠂ ᠪᠡᠯᠡ ᠮᠥᠩᠭᠦ ᠵᠢᠨ ᠬᠤᠪᠢᠶᠠᠷᠢᠯᠠᠯᠲᠠ ᠵᠢᠨ ᠠᠰᠢᠭ ᠲᠤᠰᠠ ᠵᠢᠨ ᠪᠠᠶ᠋ᠢᠷᠢᠰᠢᠯ᠎ᠢ ᠥᠭᠡᠷᠡᠴᠢᠯᠡᠨ ᠲᠣᠬᠢᠷᠠᠭᠤᠯᠬᠤ᠎ᠪᠠᠷ ᠳᠠᠮᠵᠢᠭᠤᠯᠤᠨ᠂ ᠲᠥᠪ᠎ᠤᠨ ᠡᠳ᠋᠎ᠤᠨ ᠵᠠᠰᠠᠭ᠎ᠤᠨ ᠠᠷᠠᠳ᠎ᠤᠨ ᠠᠮᠢᠳᠤᠷᠠᠯ᠎ᠤᠨ ᠨᠥᠬᠦᠪᠥᠷᠢ ᠵᠢᠨ ᠡᠯ᠎ᠡ ᠵᠦᠢ᠍ᠯ᠎ᠤᠨ ᠪᠡᠯᠡ ᠮᠥᠩᠭᠦ ᠵᠢ ᠪᠦᠬᠦᠨ᠎ᠢ᠎ᠨᠢ ᠰᠢᠭᠤᠳ ᠬᠦᠷᠭᠡᠬᠦ ᠬᠡᠪᠴᠢᠶᠡᠨ᠎ᠳᠤ ᠣᠷᠣᠭᠤᠯᠵᠤ᠂ ᠪᠡᠯᠡ ᠮᠥᠩᠭᠦ ᠵᠢᠨ ᠶᠡᠷᠦᠩᠬᠡᠶ ᠬᠡᠮᠵᠢᠶ᠎ᠡ ᠵᠢ 2.8 ᠲᠦᠮᠡᠨ ᠳ᠋ᠦᠩᠰᠢᠭᠤᠷ ᠲᠥᠭᠦᠷᠢᠭ᠎ᠲᠤ ᠬᠦᠷᠦᠭᠦᠯᠦᠨ᠎ᠡ᠃ ᠣᠳᠣᠬᠠᠨ᠎ᠳᠤ ᠲᠥᠪ᠎ᠤᠨ ᠡᠳ᠋᠎ᠤᠨ ᠵᠠᠰᠠᠭ᠎ᠠᠴᠠ ᠰᠢᠭᠤᠳ ᠪᠠᠭᠤᠯᠭ᠋ᠠᠭᠰᠠᠨ ᠪᠠᠯᠠ ᠮᠥᠩᠭᠦ 2.6 ᠲᠦᠮᠡᠨ ᠳ᠋ᠦᠩᠰᠢᠭᠤᠷ ᠲᠥᠭᠦᠷᠢᠭ ᠪᠠᠶ᠋ᠢᠵᠤ᠂ ᠡᠭᠦᠨ᠎ᠳᠤ 2.2 ᠲᠦᠮᠡᠨ ᠳ᠋ᠦᠩᠰᠢᠭᠤᠷ ᠭᠠᠷᠤᠢ ᠲᠥᠭᠦᠷᠢᠭ᠎ᠢ ᠨᠢᠭᠡᠨᠲᠡ ᠪᠠᠯᠠ ᠮᠥᠩᠭᠦ ᠬᠡᠷᠡᠭᠯᠡᠬᠦ ᠨᠢᠭᠡᠴᠢ᠎ᠳᠤ ᠪᠠᠭᠤᠯᠭ᠋ᠠᠭᠰᠠᠨ ᠪᠠᠶ᠋ᠢᠨ᠎ᠠ᠃ ᠲᠠᠷᠠᠭ᠋ᠠᠴᠢ ᠵᠢᠨ ᠠᠯᠬᠤᠮ᠎ᠳᠤ᠂ ᠨᠢᠭᠡ᠎ᠳᠤ᠂ ᠰᠢᠭᠤᠳ ᠬᠦᠷᠭᠡᠬᠦ ᠪᠠᠯᠠ ᠮᠥᠩᠭᠦ ᠵᠢᠨ ᠬᠡᠷᠡᠭᠯᠡᠯᠲᠡ ᠵᠢᠨ ᠭᠤᠤᠯᠳᠠᠯᠭ᠎ᠠ ᠵᠢ ᠳᠣᠪᠣᠶ᠋ᠢᠯᠭ᠋ᠠᠨ᠎ᠠ᠃ ᠠᠵᠤ ᠠᠬᠤᠶ ᠵᠢ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠪᠠᠬᠢᠵᠢᠭᠦᠯᠬᠦ ᠵᠢ ᠠᠬᠢᠭᠤᠯᠬᠤ ᠲᠠᠯ᠎ᠠ᠎ᠠᠴᠠ ᠪᠣᠳᠣᠯᠬᠢᠯᠠᠨ᠂ ᠰᠢᠭᠤᠳ ᠬᠦᠷᠭᠡᠬᠦ ᠪᠠᠯᠠ ᠮᠥᠩᠭᠦ ᠵᠢ ᠬᠡᠰᠡᠭ ᠱᠠᠲᠤ ᠦᠶᠡᠴᠢ ᠴᠢᠨᠠᠷᠲᠠᠶ ᠲᠥᠷᠥ ᠵᠢᠨ ᠪᠣᠳᠣᠯᠭ᠎ᠠ ᠵᠢᠨ 《ᠪᠠᠭᠤᠷᠠᠯᠲᠠ》 ᠵᠢᠨ ᠨᠥᠯᠥᠭᠡ ᠵᠢ ᠠᠷᠢᠯᠭ᠋ᠠᠬᠤ ᠴᠢᠬᠤᠯᠠ ᠠᠷᠭ᠎ᠠ ᠪᠠᠷᠢᠯ᠎ᠤᠨ ᠨᠢᠭᠡ᠎ᠨᠢ ᠪᠣᠯᠭ᠋ᠠᠵᠤ᠂ ᠲᠠᠭᠦᠨ᠎ᠢ ᠭᠤᠤᠯᠳᠠᠭᠤ ᠠᠵᠢᠯ ᠣᠯᠭᠤᠯᠲᠠ ᠵᠢ ᠪᠠᠲᠤᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠪᠠᠲᠤᠯᠠᠬᠤ ᠵᠢ ᠳᠡᠮᠵᠢᠬᠦ᠎ᠳᠤ ᠦᠷᠭᠦᠯᠵᠢᠯᠡᠨ ᠬᠡᠷᠡᠭᠯᠡᠵᠦ᠂ ᠪᠠᠯᠠ ᠮᠥᠩᠭᠦ ᠵᠢ ᠣᠯᠠᠨ ᠲᠦᠮᠡᠨ᠎ᠤ ᠬᠦᠰᠡᠯ ᠡᠷᠡᠮᠡᠯᠵᠡᠯ᠂ ᠠᠵᠤ ᠠᠬᠤᠶ᠋ᠢᠯᠠᠯ᠎ᠤᠨ ᠬᠦᠰᠡᠵᠦ ᠪᠠᠶ᠋ᠢᠭ᠎ᠠ ᠴᠢᠭᠯᠡᠯ ᠪᠠ ᠬᠦᠷᠢᠶ᠎ᠡ ᠵᠢᠴᠢ ᠦᠨᠳᠦᠰᠦᠨ ᠱᠠᠲᠤᠨ᠎ᠤ ᠴᠠᠯᠢᠩ᠎ᠢ ᠪᠠᠲᠤᠯᠠᠬᠤ ᠪᠠ ᠡᠷᠭᠢᠯᠲᠡ ᠵᠢ ᠪᠠᠲᠤᠯᠠᠬᠤ᠎ᠳᠤ ᠬᠡᠷᠡᠭᠯᠡᠨ᠂ ᠨᠠᠩ ᠣᠯᠠᠨ ᠡᠳ᠋᠎ᠤᠨ ᠬᠦᠴᠦᠨ᠎ᠢ ᠲᠥᠪᠯᠡᠷᠡᠭᠦᠯᠦᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ ᠵᠡᠷᠭᠡ ᠠᠷᠠᠳ᠎ᠤᠨ ᠦᠨᠳᠦᠰᠦᠨ ᠠᠮᠢᠳᠤᠷᠠᠯ᠎ᠤᠨ ᠣᠷᠣᠭᠤᠯᠤᠯᠲᠠ ᠵᠢ ᠨᠡᠮᠡᠭᠳᠡᠭᠦᠯᠵᠦ᠂ ᠲᠠᠷᠢᠶᠠᠯᠠᠩ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠳᠡᠮᠵᠢᠨ᠎ᠡ᠃ ᠬᠤᠶᠠᠷ᠎ᠲᠤ᠂ ᠣᠷᠣᠨ ᠨᠤᠲᠤᠭ᠎ᠢ ᠰᠢᠪᠠᠳᠠᠵᠤ ᠪᠠᠶ᠋ᠢᠭ᠋ᠠᠳ ᠦᠯᠡᠳᠡᠭᠳᠡᠯ ᠰᠢᠭᠤᠳ ᠬᠦᠷᠭᠡᠬᠦ ᠪᠡᠯᠡ ᠮᠥᠩᠭᠦ ᠵᠢ ᠪᠠᠭᠤᠯᠭ᠋ᠠᠬᠤ ᠪᠠ ᠬᠡᠷᠡᠭᠯᠡᠬᠦ ᠠᠵᠢᠯ᠎ᠢ ᠰᠠᠶ᠋ᠢᠲᠤᠷ ᠬᠢᠯᠭᠡᠵᠦ᠂ ᠬᠤᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢ ᠴᠠᠭ ᠲᠤᠬᠠᠢ᠎ᠳᠤ᠎ᠨᠢ ᠨᠠᠶ᠋ᠢᠳᠠᠪᠤᠷᠢᠵᠢᠭᠤᠯᠤᠨ ᠪᠣᠲᠠᠲᠠᠶ᠋ᠢᠵᠢᠭᠤᠯᠬᠤ ᠵᠢ ᠪᠠᠲᠤᠯᠠᠨ᠎ᠠ᠃ ᠣᠷᠣᠨ ᠨᠤᠲᠤᠭ᠎ᠢ ᠵᠢᠯᠣᠭᠤᠳᠴᠤ ᠪᠠᠶ᠋ᠢᠭ᠋ᠠᠳ ᠲᠥᠪ᠎ᠤᠨ ᠰᠢᠭᠤᠳ ᠬᠦᠷᠭᠡᠬᠦ ᠪᠡᠯᠡ ᠮᠥᠩᠭᠦ ᠵᠢᠨ ᠰᠠᠭᠤᠷᠢᠨ ᠳᠡᠭᠡᠷ᠎ᠡ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ ᠲᠣᠬᠢᠷᠠᠭᠤᠯᠤᠨ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠪᠡᠯᠡ ᠮᠥᠩᠭᠦ ᠵᠢᠨ ᠰᠢᠭᠤᠳ ᠬᠦᠷᠬᠦ ᠬᠡᠪᠴᠢᠶ᠎ᠡ ᠵᠢ ᠥᠷᠭᠡᠳᠬᠡᠨ᠎ᠡ᠃ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ ᠦᠷᠭᠦᠯᠵᠢᠯᠡᠨ 《ᠵᠠᠮ᠎ᠤᠨ ᠨᠠᠮᠰᠠᠷᠠᠢ ᠪᠤᠷᠬᠠᠨ》 ᠪᠣᠯᠬᠤ᠎ᠠᠴᠠ ᠪᠢᠰᠢ 《ᠨᠢᠷᠤᠭᠤ᠎ᠪᠠᠨ ᠡᠭᠦᠷᠦᠭᠰᠡᠨ ᠨᠣᠶᠠᠨ》 ᠪᠣᠯᠵᠤ ᠪᠣᠯᠬᠤ ᠦᠭᠡᠢ᠂ ᠨᠠᠩ ᠣᠯᠠᠨ ᠡᠳ᠋᠎ᠤᠨ ᠬᠦᠴᠦᠨ ᠵᠶ᠋ᠠᠨ ᠳᠣᠷᠣᠭᠰᠢ ᠪᠠᠭᠤᠯᠭ᠋ᠠᠵᠤ᠂ ᠦᠨᠳᠦᠰᠦᠨ ᠱᠠᠲᠤᠨ᠎ᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠠᠳᠬᠤᠬᠤ ᠴᠢᠳᠠᠪᠤᠷᠢ ᠵᠢ᠎ᠨᠢ ᠴᠢᠩᠭ᠋ᠠᠷᠠᠭᠤᠯᠬᠤ ᠬᠡᠷᠡᠭᠲᠡᠶ᠃ ᠭᠤᠷᠪᠠ᠎ᠳᠤ᠂ ᠰᠢᠭᠤᠳ ᠬᠦᠷᠭᠡᠬᠦ ᠪᠡᠯᠡ ᠮᠥᠩᠭᠦᠨ᠎ᠤ ᠬᠢᠨᠠᠯᠲᠠ ᠬᠠᠮᠢᠶᠠᠷᠤᠯᠲᠠ᠎ᠪᠠᠨ ᠴᠢᠩᠳᠠᠯᠠᠨ᠎ᠠ᠃ ᠡᠳ᠋᠎ᠤᠨ ᠵᠠᠰᠠᠭ᠂ ᠬᠢᠨᠠᠨ ᠪᠤᠳᠤᠯᠲᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠴᠥᠮ ᠬᠢᠨᠠᠯᠲᠠ᠎ᠪᠠᠨ ᠴᠢᠩᠭ᠋ᠠᠳᠬᠠᠵᠤ᠂ ᠣᠷᠣᠨ ᠨᠤᠲᠤᠭ᠎ᠤᠨ ᠪᠠᠯᠠ ᠮᠥᠩᠭᠦ ᠬᠤᠪᠢᠶᠠᠷᠢᠯᠠᠭᠰᠠᠨ᠂ ᠰᠠᠯᠭ᠋ᠠᠨ ᠥᠭᠭᠦᠭᠰᠡᠨ ᠪᠠ ᠬᠡᠷᠡᠭᠯᠡᠭᠰᠡᠨ ᠪᠠᠶ᠋ᠢᠳᠠᠯ᠎ᠢ ᠬᠥᠳᠡᠯᠦᠩᠭᠦᠶ᠎ᠪᠠᠷ ᠮᠥᠷᠳᠡᠵᠦ᠂ ᠣᠷᠣᠰᠢᠵᠤ ᠪᠠᠶ᠋ᠢᠭ᠎ᠠ ᠠᠰᠠᠭᠤᠳᠠᠯ᠎ᠢ ᠴᠠᠭ ᠲᠤᠬᠠᠶ᠎ᠳᠤ᠎ᠨᠢ ᠢᠯᠡᠷᠡᠭᠦᠯᠬᠦ ᠪᠠ ᠵᠠᠯᠠᠷᠠᠭᠤᠯᠵᠤ᠂ ᠬᠠᠮᠢᠶ᠎ᠠ ᠪᠥᠬᠦᠶ ᠣᠷᠣᠨ ᠨᠤᠲᠤᠭ ᠵᠢᠴᠢ ᠬᠠᠷᠢᠭᠤᠴᠠᠯᠭ᠋ᠠᠲᠠᠳ᠎ᠲᠠᠢ ᠪᠠᠶ᠋ᠢᠳᠠᠯ᠎ᠢ᠎ᠨᠢ ᠦᠵᠡᠵᠦ ᠨᠡᠪᠲᠡᠷᠡᠭᠦᠯᠬᠦ ᠪᠠ ᠪᠣᠯᠵᠣᠨ ᠶᠠᠷᠢᠯᠴᠠᠵᠤ᠂ ᠬᠤᠳᠠᠯ ᠵᠶ᠋ᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ ᠳᠤᠮᠳᠠ᠎ᠠᠴᠠ᠎ᠨᠢ ᠦᠯᠡᠳᠡᠭᠡᠵᠦ ᠨᠡᠭᠦᠯᠭᠡᠨ ᠬᠡᠷᠡᠭᠯᠡᠭᠰᠡᠨ ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠶᠯᠡ ᠠᠵᠢᠯᠯᠠᠭ᠎ᠠ᠎ᠨᠤᠭᠤᠳ᠎ᠢ ᠨᠢᠭᠡ ᠵᠢ ᠣᠯᠵᠤ ᠮᠡᠳᠡᠪᠡᠯ ᠨᠢᠭᠡ ᠵᠢ ᠲᠤᠶ᠋ᠢᠯᠪᠤᠷᠢᠲᠠᠶ ᠪᠠᠶ᠋ᠢᠴᠠᠭ᠋ᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭ᠋ᠠᠵᠤ᠂ ᠰᠢᠭᠤᠳ ᠪᠠᠯᠠ ᠮᠥᠩᠭᠦ ᠵᠢ ᠣᠨᠢᠨ ᠳᠡᠭᠡᠷ᠎ᠡ᠎ᠨᠢ ᠬᠡᠷᠡᠭᠯᠡᠬᠦ ᠵᠢ ᠦᠨᠡᠨ ᠬᠦ᠌ ᠪᠠᠲᠤᠯᠠᠵᠤ᠂ ᠠᠵᠤ ᠠᠬᠤᠶ᠋ᠢᠯᠠᠯ ᠪᠠ ᠠᠷᠠᠳ᠎ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠵᠢ ᠨᠠᠩ ᠰᠠᠶ᠋ᠢᠨ ᠪᠠᠳᠠᠷᠠᠭᠤᠯᠬᠤ ᠬᠡᠷᠡᠭᠲᠡᠶ ᠭᠡᠵᠡᠢ᠃
    ᠬᠤᠷᠠᠯ᠎ᠳᠤ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠵᠠᠷ ᠰᠢᠷᠣᠶ ᠵᠢᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠭᠦᠯᠬᠦ ᠲᠦᠷᠢᠮ (ᠵᠠᠰᠠᠪᠤᠷᠢ ᠣᠷᠣᠭᠤᠯᠬᠤ ᠲᠥᠰᠦᠯ)》᠎ᠢ ᠪᠠᠲᠤᠯᠠᠪᠠ᠃ ᠲᠥᠰᠦᠯ᠎ᠳᠤ ᠲᠠᠷᠢᠶᠠᠨ ᠭᠠᠵᠠᠷ ᠢᠯᠠᠩᠭᠤᠶ᠎ᠠ ᠦᠨᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠵᠤ᠂ ᠲᠠᠷᠢᠶᠠᠯᠠᠩ᠎ᠳᠤ ᠬᠡᠷᠡᠭᠯᠡᠬᠦ ᠭᠠᠵᠠᠷ ᠢᠯᠠᠩᠭᠤᠶ᠎ᠠ ᠲᠠᠷᠢᠶᠠᠨ ᠭᠠᠵᠠᠷ᠎ᠢ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠴᠢᠩᠭ᠎ᠠ ᠬᠢᠵᠠᠭ᠋ᠠᠷᠯᠠᠬᠤ ᠵᠢᠨ ᠬᠠᠮᠲᠤ᠂ ᠲᠠᠷᠢᠶᠠᠨ ᠭᠠᠵᠠᠷ᠎ᠢ ᠣᠶ᠋ᠢᠲᠤ ᠭᠠᠵᠠᠷ᠂ ᠡᠪᠡᠰᠦᠲᠦ ᠭᠠᠵᠠᠷ ᠵᠡᠷᠭᠡ ᠪᠤᠰᠤᠳ ᠲᠠᠷᠢᠶᠠᠯᠠᠩ᠎ᠳᠤ ᠬᠡᠷᠡᠭᠯᠡᠬᠦ ᠭᠠᠵᠠᠷ ᠪᠣᠯᠭ᠋ᠠᠨ ᠬᠤᠪᠢᠷᠠᠭᠤᠯᠬᠤ ᠵᠢ ᠤᠯᠠᠮ ᠨᠢᠭᠡ ᠠᠯᠬᠤᠮ ᠲᠣᠳᠣᠷᠬᠠᠶ ᠬᠢᠵᠠᠭ᠋ᠠᠷᠯᠠᠵᠤ᠂ ᠲᠠᠷᠢᠶᠠᠨ ᠭᠠᠵᠠᠷ᠎ᠤᠨ 《ᠡᠵᠡᠯᠡᠬᠦ ᠨᠥᠬᠦᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ》 ᠲᠦᠷᠢᠮ᠎ᠢ ᠴᠢᠩᠭ᠎ᠠ ᠬᠡᠷᠡᠭᠵᠢᠭᠦᠯᠪᠡ᠃ ᠲᠥᠰᠦᠯ᠎ᠨᠢ ᠭᠠᠵᠠᠷ ᠰᠢᠷᠣᠶ ᠲᠠᠲᠠᠪᠤᠷᠢᠯᠠᠬᠤ ᠳᠡᠰ ᠳᠠᠷᠠᠭ᠋ᠠᠯᠠᠯ᠎ᠢ ᠨᠠᠷᠢᠯᠢᠭᠵᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠵᠢ ᠤᠷᠢᠳᠴᠢᠯᠠᠨ ᠵᠠᠷᠯᠠᠬᠤ ᠳᠦᠷᠢᠮ᠎ᠢ ᠲᠣᠭᠲᠠᠭ᠋ᠠᠵᠤ᠂ ᠲᠠᠲᠠᠪᠤᠷᠢᠯᠠᠯᠲᠠ ᠵᠢᠨ ᠨᠥᠬᠦᠪᠥᠷᠢ ᠵᠢ ᠵᠢᠷᠤᠮᠵᠢᠭᠤᠯᠵᠤ᠂ ᠬᠤᠯᠪᠣᠭᠳᠠᠯ ᠪᠦᠬᠦᠢ ᠵᠠᠷᠤᠳᠠᠯ᠎ᠢ ᠭᠦᠢ᠍ᠴᠡᠳ ᠲᠤᠭ᠎ᠠ᠎ᠪᠠᠷ ᠪᠣᠳᠠᠲᠠᠶ᠋ᠢᠵᠢᠭᠤᠯᠤᠭᠰᠠᠨ ᠦᠭᠡᠶ ᠪᠣᠯ ᠭᠠᠵᠠᠷ ᠰᠢᠷᠣᠶ ᠲᠠᠲᠠᠪᠤᠷᠢᠯᠠᠬᠤ ᠵᠢ ᠵᠥᠪᠰᠢᠶᠡᠷᠡᠵᠦ ᠪᠣᠯᠬᠤ ᠦᠭᠡᠶ ᠭᠡᠵᠦ ᠲᠣᠭᠲᠠᠭ᠋ᠠᠨ᠂ ᠭᠠᠵᠠᠷ ᠵᠶ᠋ᠠᠨ ᠲᠠᠲᠠᠪᠤᠷᠢᠯᠠᠭᠤᠯᠤᠭᠰᠠᠨ ᠲᠠᠷᠢᠶᠠᠴᠢᠳ᠎ᠤᠨ ᠪᠠᠶ᠋ᠢᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠵᠢ ᠪᠠᠲᠤᠯᠠᠵᠠᠢ᠃ ᠲᠥᠰᠦᠯ᠎ᠳᠤ ᠲᠠᠷᠢᠶᠠᠴᠢᠳ᠎ᠤᠨ ᠵᠦᠢ ᠵᠣᠬᠢᠰᠲᠠᠢ ᠣᠷᠣᠨ ᠰᠠᠭᠤᠴᠠ ᠵᠢᠨ ᠭᠠᠵᠠᠷ᠎ᠤᠨ ᠬᠡᠷᠡᠭᠴᠡᠭᠡ ᠵᠢ ᠪᠠᠲᠤᠯᠠᠵᠤ᠂ ᠣᠷᠣᠨ ᠰᠠᠭᠤᠴᠠ ᠵᠢᠨ ᠭᠠᠵᠠᠷ᠎ᠤᠨ ᠬᠠᠮᠢᠶᠠᠷᠤᠯᠲᠠ ᠵᠢ ᠵᠢᠷᠤᠮᠵᠢᠭᠤᠯᠤᠨ᠂ ᠲᠠᠷᠢᠶᠠᠴᠢᠳ᠎ᠤᠨ ᠬᠠᠤᠯᠢ ᠶᠣᠰᠣᠭ᠋ᠠᠷ ᠣᠯᠤᠭᠰᠠᠨ ᠣᠷᠣᠨ ᠰᠠᠭᠤᠴᠠ ᠵᠢᠨ ᠭᠠᠵᠠᠷ᠎ᠤᠨ ᠡᠷᠬᠡ ᠠᠰᠢᠭ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠰᠦᠯ᠎ᠳᠤ ᠪᠠᠰᠠ ᠭᠠᠵᠠᠷ ᠰᠢᠷᠣᠶ ᠵᠢ ᠰᠢᠪᠠᠳᠠᠨ ᠪᠠᠶ᠋ᠢᠴᠠᠭ᠋ᠠᠬᠤ ᠲᠦᠷᠢᠮ᠎ᠢ ᠨᠠᠷᠢᠯᠢᠬ᠍ᠵᠢᠭᠤᠯᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ ᠬᠡᠮᠵᠢᠶ᠎ᠡ ᠵᠢ ᠴᠢᠩᠭ᠋ᠠᠳᠬᠠᠨ᠂ ᠬᠥᠳᠡᠯᠦᠩᠭᠦᠶ ᠲᠣᠭᠤᠷᠢᠨ ᠪᠠᠶ᠋ᠢᠴᠠᠭ᠋ᠠᠬᠤ ᠵᠡᠷᠭᠡ ᠲᠣᠭᠲᠠᠴᠠ ᠵᠢ ᠪᠠᠶ᠋ᠢᠭᠤᠯᠬᠤ ᠵᠢᠨ ᠵᠡᠷᠭᠡᠴᠡᠭᠡ ᠲᠠᠷᠢᠶᠠᠨ ᠭᠠᠵᠠᠷ᠎ᠢ ᠡᠪᠳᠡᠬᠦ᠂ ᠭᠠᠵᠠᠷ ᠰᠢᠷᠣᠶ ᠵᠢ ᠬᠠᠤᠯᠢ ᠪᠤᠰᠤ᠎ᠪᠠᠷ ᠡᠵᠡᠯᠡᠬᠦ᠂ ᠭᠠᠵᠠᠷ ᠰᠢᠷᠣᠶ ᠵᠢ ᠳᠠᠬᠢᠨ ᠬᠠᠭ᠋ᠠᠯᠪᠤᠷᠢᠯᠠᠬᠤ ᠡᠭᠦᠷᠭᠡ᠎ᠪᠠᠨ ᠭᠦᠶᠴᠡᠳᠬᠡᠬᠦ ᠵᠢ ᠲᠡᠪᠴᠢᠬᠦ ᠵᠡᠷᠭᠡ ᠬᠠᠤᠯᠢ ᠵᠢ ᠵᠥᠷᠢᠴᠡᠭᠰᠡᠨ ᠦᠶᠯᠡ ᠠᠵᠢᠯᠯᠠᠭ᠎ᠠ᠎ᠨᠤᠭᠤᠳ᠎ᠢ ᠰᠢᠢ᠍ᠳᠭᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠢᠢ᠍ᠳᠭᠡᠬᠦ ᠲᠤᠬᠠᠶ ᠲᠣᠭᠲᠠᠭ᠋ᠠᠯ ᠨᠡᠮᠡᠭᠰᠡᠨ ᠪᠠᠶ᠋ᠢᠨ᠎ᠠ᠃


ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠠᠯᠪᠠᠨ ᠨᠡᠢ᠌ᠳᠡᠯᠡᠯ! ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢ ᠬᠣᠲᠠ ᠬᠥᠳᠡᠭᠡ ᠭᠡᠵᠦ ᠢᠯᠭ᠋ᠠᠬᠤ ᠦᠭᠡᠢ ᠪᠤᠯᠵᠠᠢ
ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠡᠳᠦᠨ ᠬᠠᠷᠢᠴᠠᠭ᠎ᠠ ᠵᠢ ᠰᠠᠢ᠌ᠲᠤᠷ ᠡᠵᠡᠮᠳᠡᠬᠦ ᠴᠢᠬᠤᠯᠠᠲᠠᠢ
2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠹᠢᠯᠢᠮ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠳᠠᠭᠤᠰᠬᠠᠭᠰᠠᠨ ᠪᠠᠢ᠌ᠳᠠᠯ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷ
 
            