ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠡᠳᠦᠨ ᠬᠠᠷᠢᠴᠠᠭ᠎ᠠ ᠵᠢ ᠰᠠᠢ᠌ᠲᠤᠷ ᠡᠵᠡᠮᠳᠡᠬᠦ ᠴᠢᠬᠤᠯᠠᠲᠠᠢ
ᠨᠡᠶ᠋ᠢᠲᠡᠯᠡᠭᠰᠡᠨ ᠴᠠᠭ᠄ 2022-08-18

      2019 ᠣᠨ᠎ᠤ 3 ᠰᠠᠷ᠎ᠠ ᠵᠢᠨ 5᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠤᠯᠴᠠᠬᠤ᠎ᠳᠠᠭᠠᠨ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠤᠱᠯᠠᠭᠤᠯᠵᠤ᠂ ᠠᠵᠤ ᠠᠬᠤᠢ ᠵᠢᠨ ᠬᠥᠭᠵᠢᠯᠲᠡ ᠪᠣᠯᠣᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠦᠲᠦᠭᠡᠨ ᠪᠠᠢ᠌ᠭᠤᠯᠤᠯᠲᠠ ᠵᠢᠨ ᠬᠠᠷᠢᠴᠠᠭ᠎ᠠ ᠵᠢ ᠨᠢᠭᠡᠳᠦᠯᠲᠡᠢ ᠲᠥᠯᠥᠪᠵᠢᠭᠦᠯᠵᠦ᠂ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠨᠡᠢ᠌ᠴᠡᠭᠰᠡᠨ᠂ ᠥᠪᠥᠷ ᠮᠣᠩᠭᠣᠯ᠎ᠤᠨ ᠣᠨᠴᠠᠯᠢᠭ᠎ᠢ ᠢᠯᠡᠷᠡᠭᠦᠯᠦᠭᠰᠡᠨ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠎ᠢ ᠴᠢᠷᠮᠠᠢ᠌ᠨ ᠰᠦᠪᠡᠭᠴᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠢ᠌ᠲᠤᠷ ᠵᠠᠮᠨᠠᠬᠤ ᠵᠢ ᠪᠠᠷᠢᠮᠲᠠᠯᠠᠬᠤ᠎ᠳᠤ ᠳᠣᠣᠷᠠᠬᠢ ᠬᠡᠳᠦᠨ ᠬᠠᠷᠢᠴᠠᠭ᠎ᠠ ᠵᠢ ᠰᠠᠢ᠌ᠲᠤᠷ ᠡᠵᠡᠮᠳᠡᠬᠦ ᠴᠢᠬᠤᠯᠠᠲᠠᠢ᠃
      ᠬᠥᠭᠵᠢᠭᠦᠯᠬᠦ ᠪᠠ ᠬᠠᠮᠠᠭ᠋ᠠᠯᠠᠬᠤ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ
      ᠴᠢᠨᠠᠷ ᠰᠠᠢ᠌ᠲᠠᠢ ᠬᠥᠭᠵᠢᠯᠲᠡ ᠵᠢᠨ ᠬᠡᠮᠵᠢᠭᠦᠷ ᠪᠣᠯ ᠳᠠᠷᠤᠢ ᠬᠥᠭᠵᠢᠯᠲᠡ ᠪᠣᠯᠣᠨ ᠬᠠᠮᠠᠭ᠋ᠠᠯᠠᠯᠲᠠ ᠵᠢᠨ ᠬᠤᠪᠢᠰᠤᠩᠭᠤᠢ ᠨᠢᠭᠡᠳᠦᠯ᠎ᠤᠨ ᠬᠠᠷᠢᠴᠠᠭ᠎ᠠ ᠵᠢ ᠰᠠᠢ᠌ᠲᠤᠷ ᠡᠵᠡᠮᠳᠡᠨ ᠰᠢᠢ᠍ᠳᠪᠦᠷᠢᠯᠡᠵᠦ᠂ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠠᠵᠤ ᠠᠬᠤᠢ ᠵᠢᠨ ᠬᠥᠭᠵᠢᠯᠲᠡ ᠵᠢ ᠰᠠᠯᠭ᠋ᠠᠵᠤ ᠪᠣᠯᠬᠤ ᠦᠭᠡᠢ᠂ ᠴᠢᠨᠠᠭᠰᠢᠯᠠᠪᠠᠯ ᠡᠰᠡᠷᠭᠦᠴᠡᠯᠳᠦᠭᠦᠯᠵᠦ ᠪᠣᠯᠬᠤ ᠦᠭᠡᠢ᠂ ᠬᠥᠭᠵᠢᠭᠦᠯᠬᠦ ᠵᠢᠨ ᠳᠤᠮᠳᠠ ᠬᠠᠮᠠᠭ᠋ᠠᠯᠠᠵᠤ᠂ ᠬᠠᠮᠠᠭ᠋ᠠᠯᠠᠬᠤ ᠵᠢᠨ ᠳᠤᠮᠳᠠ ᠬᠥᠭᠵᠢᠭᠦᠯᠬᠦ ᠵᠢ ᠪᠠᠷᠢᠮᠲᠠᠯᠠᠬᠤ ᠬᠡᠷᠡᠭᠲᠡᠢ᠃
      ᠪᠣᠬᠢᠷᠳᠤᠯ ᠦᠭᠡᠢ ᠬᠥᠭᠵᠢᠯᠲᠡ ᠵᠢ ᠴᠢᠬᠤᠯᠠᠴᠢᠯᠠᠬᠤ ᠬᠡᠷᠡᠭᠲᠡᠢ᠃ ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ᠎ᠪᠠᠷ ᠨᠢᠭᠡᠳᠦᠯᠲᠡᠢ ᠵᠢᠯᠣᠭᠣᠳᠤᠯᠭ᠎ᠠ ᠪᠣᠯᠭ᠋ᠠᠵᠤ᠂ ᠪᠣᠬᠢᠷᠳᠤᠯ ᠦᠭᠡᠢ ᠬᠥᠭᠵᠢᠯᠲᠡ ᠵᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠳᠤ ᠲᠤᠤᠱᠯᠠᠭᠤᠯᠵᠤ᠂ ᠪᠦᠬᠦ ᠲᠠᠯ᠎ᠠ᠎ᠪᠠᠷ ᠪᠣᠬᠢᠷᠳᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠪᠡᠶᠡᠯᠡᠭᠦᠯᠵᠦ᠂ ᠬᠡᠯᠪᠡᠷᠢ᠎ᠪᠠᠨ ᠬᠤᠪᠢᠷᠠᠭᠤᠯᠬᠤ ᠳᠤᠮᠳᠠ ᠨᠡᠩ ᠶᠡᠬᠡ ᠬᠥᠭᠵᠢᠯᠲᠡ᠎ᠲᠠᠢ ᠪᠣᠯᠬᠤ ᠬᠡᠷᠡᠭᠲᠡᠢ᠃
      ᠠᠮᠢ ᠠᠬᠤᠢ ᠵᠢ ᠤᠷᠢᠳᠠᠪᠠᠷ ᠪᠣᠳᠣᠯᠬᠢᠯᠠᠬᠤ ᠵᠢ ᠴᠢᠬᠤᠯᠠᠴᠢᠯᠠᠬᠤ ᠬᠡᠷᠡᠭᠲᠡᠢ᠃ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠎ᠳᠤ《ᠬᠥᠬᠡᠮᠳᠦᠭ ᠨᠣᠭᠣᠭ᠋ᠠᠨ ᠠᠭᠤᠯᠠ ᠤᠰᠤ》ᠪᠠᠢ᠌ᠬᠤ ᠮᠥᠷᠲᠡᠭᠡᠨ ᠪᠠᠰᠠ《ᠠᠯᠳᠠᠨ ᠠᠭᠤᠯᠠ ᠮᠥᠩᠭᠥᠨ ᠠᠭᠤᠯᠠ》ᠪᠠᠢ᠌ᠬᠤ ᠬᠡᠷᠡᠭᠲᠡᠢ᠂ ᠬᠣᠶᠠᠭᠤᠯᠠ᠎ᠪᠠᠨ ᠮᠥᠷᠭᠥᠯᠳᠦᠭᠡᠨ ᠭᠠᠷᠬᠤ ᠦᠶ᠎ᠡ᠎ᠳᠤ《ᠬᠥᠬᠡᠮᠳᠦᠭ ᠨᠣᠭᠣᠭ᠋ᠠᠨ ᠠᠭᠤᠯᠠ ᠤᠰᠤ》ᠪᠠᠢ᠌ᠬᠤ᠎ᠠᠴᠠ ᠪᠢᠰᠢ 《ᠠᠯᠳᠠᠨ ᠠᠭᠤᠯᠠ ᠮᠥᠩᠭᠥᠨ ᠠᠭᠤᠯᠠ》ᠪᠠᠢ᠌ᠬᠤ ᠦᠭᠡᠢ ᠪᠣᠯ ᠣᠷᠴᠢᠨ ᠲᠣᠭᠣᠷᠢᠨ᠎ᠢ ᠦᠷᠡᠭᠳᠡᠭᠦᠯᠬᠦ᠎ᠪᠠᠷ ᠨᠢᠭᠡ ᠴᠠᠭ᠎ᠤᠨ ᠬᠥᠭᠵᠢᠯᠲᠡ ᠵᠢ ᠣᠯᠵᠤ ᠪᠣᠯᠬᠤ ᠦᠭᠡᠢ᠃ ᠡᠨᠡ ᠪᠣᠯ ᠴᠢᠬᠤᠯᠠ ᠶᠡᠬᠡ ᠠᠵᠤ ᠠᠬᠤᠢ ᠵᠢᠨ ᠠᠰᠠᠭᠤᠳᠠᠯ᠂ ᠠᠮᠢ ᠠᠬᠤᠢ ᠵᠢᠨ ᠠᠰᠠᠭᠤᠳᠠᠯ ᠪᠣᠯᠬᠤ ᠮᠥᠷᠲᠡᠭᠡᠨ ᠪᠠᠰᠠ ᠴᠤ᠌ ᠴᠢᠬᠤᠯᠠ ᠶᠡᠬᠡ ᠤᠯᠤᠰ ᠲᠦᠷᠦ ᠵᠢᠨ ᠠᠰᠠᠭᠤᠳᠠᠯ ᠪᠣᠯᠬᠤ ᠶᠤᠮ᠃ ᠪᠢᠳᠡ ᠪᠣᠬᠢᠷᠳᠤᠯ ᠦᠭᠡᠢ ᠬᠥᠭᠵᠢᠯᠲᠡ ᠵᠢᠨ ᠦᠵᠡᠯᠲᠡ᠂ ᠠᠵᠢᠯ᠎ᠤᠨ ᠪᠦᠲᠦᠮᠵᠢ ᠵᠢᠨ ᠦᠵᠡᠯᠲᠡ᠂ ᠡᠳ᠋ ᠪᠠᠶᠠᠯᠢᠭ᠎ᠤᠨ ᠦᠵᠡᠯᠲᠡ᠂ ᠦᠷᠳᠡᠭ᠎ᠤᠨ ᠦᠵᠡᠯᠲᠡ ᠵᠢ ᠦᠨᠡᠨ ᠬᠦ᠌ ᠪᠤᠢ ᠪᠣᠯᠭ᠋ᠠᠵᠤ᠂ ᠠᠮᠢ ᠠᠬᠤᠢ ᠵᠢ ᠡᠩ ᠲᠡᠷᠢᠭᠦᠨ᠎ᠳᠤ ᠲᠣᠪᠣᠢ᠌ᠮ᠎ᠠ ᠪᠠᠢ᠌ᠷᠢᠨ᠎ᠳᠤ ᠲᠠᠯᠪᠢᠬᠤ ᠬᠡᠷᠡᠭᠲᠡᠢ᠃
      ᠠᠮᠢ ᠠᠬᠤᠢ ᠵᠢ ᠲᠡᠷᠢᠭᠦᠨ᠎ᠳᠤ ᠲᠠᠯᠪᠢᠬᠤ᠎ᠨᠢ ᠬᠥᠭᠵᠢᠭᠦᠯᠬᠦ ᠦᠭᠡᠢ ᠭᠡᠰᠡᠨ ᠶᠠᠪᠤᠳᠠᠯ ᠪᠢᠰᠢ ᠭᠡᠳᠡᠭ᠎ᠢ ᠴᠢᠬᠤᠯᠠᠴᠢᠯᠠᠬᠤ ᠬᠡᠷᠡᠭᠲᠡᠢ᠃ ᠬᠥᠭᠵᠢᠭᠦᠯᠦᠯᠲᠡ ᠪᠣᠯ ᠠᠮᠢ ᠠᠬᠤᠢ ᠵᠢᠨ ᠣᠷᠴᠢᠨ ᠨᠥᠬᠥᠴᠡᠯ᠎ᠤᠨ ᠠᠰᠠᠭᠤᠳᠠᠯ᠎ᠢ ᠰᠢᠢ᠍ᠳᠪᠦᠷᠢᠯᠡᠬᠦ ᠦᠨᠳᠦᠰᠦᠨ ᠠᠷᠭ᠎ᠠ ᠬᠡᠮᠵᠢᠶ᠎ᠡ ᠮᠥᠨ᠂ ᠬᠥᠭᠵᠢᠯᠲᠡ ᠵᠢ ᠠᠳᠬᠤᠬᠤ ᠦᠭᠡᠢ ᠪᠣᠯ ᠡᠴᠦᠰ᠎ᠲᠡᠭᠡᠨ ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠴᠤ᠌ ᠰᠠᠢ᠌ᠲᠤᠷ ᠬᠢᠵᠦ ᠴᠢᠳᠠᠬᠤ ᠦᠭᠡᠢ ᠶᠤᠮ᠃ ᠰᠢ ᠵᠢᠨ ᠫᠢᠩ ᠶᠡᠷᠦᠩᠬᠡᠢ ᠱᠦᠵᠢ ᠴᠢᠬᠤᠯᠠᠴᠢᠯᠠᠬᠤ᠎ᠳᠠᠭᠠᠨ ᠂ 《  ᠥᠪᠥᠷ ᠮᠣᠩᠭᠣᠯ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠳᠤ ᠲᠤᠬᠠᠢ ᠵᠢᠨ ᠭᠠᠵᠠᠷ᠎ᠤᠨ ᠡᠬᠢ ᠪᠠᠶᠠᠯᠢᠭ᠎ᠤᠨ ᠲᠥᠷᠥᠯᠬᠢ ᠣᠨᠴᠠᠯᠢᠭ᠎ᠲᠠᠭᠠᠨ ᠰᠠᠭᠤᠷᠢᠯᠠᠬᠤ ᠬᠡᠷᠡᠭᠲᠡᠢ ᠂ ᠳᠥᠭᠥᠮᠬᠡᠨ ᠵᠶ᠋ᠡᠷ ᠵᠡᠭᠦᠨ ᠬᠡᠰᠡᠭ᠎ᠤᠨ ᠬᠥᠭᠵᠢᠭᠰᠡᠨ ᠭᠠᠵᠠᠷ ᠣᠷᠣᠨ᠎ᠲᠠᠢ ᠠᠵᠤ ᠦᠢ᠍ᠯᠡᠰ᠎ᠤᠨ ᠲᠠᠯ᠎ᠠ᠎ᠪᠠᠷ ᠠᠪᠠᠷᠢᠵᠤ ᠂ ᠪᠦᠲᠦᠴᠡ ᠵᠢᠨ ᠲᠠᠯ᠎ᠠ᠎ᠪᠠᠷ ᠠᠳᠠᠯᠢᠳᠬᠠᠨ ᠂ ᠬᠤᠷᠳᠤᠴᠠ ᠵᠢᠨ ᠲᠠᠯ᠎ᠠ᠎ᠪᠠᠷ ᠤᠷᠤᠯᠳᠤᠵᠤ ᠪᠣᠯᠬᠤ ᠦᠭᠡᠢ 》 ᠭᠡᠵᠡᠢ ᠃ ᠥᠪᠥᠷ ᠮᠣᠩᠭᠣᠯ ᠠᠮᠢ ᠠᠬᠤᠢ ᠵᠢᠨ ᠣᠷᠴᠢᠨ ᠲᠣᠭᠣᠷᠢᠨ᠎ᠤ ᠳᠠᠪᠠᠭᠤᠯᠢᠭ ᠵᠶ᠋ᠠᠨ ᠠᠮᠢ ᠠᠬᠤᠢ ᠵᠢᠨ ᠲᠠᠷᠢᠶᠠᠯᠠᠩ᠂ ᠠᠮᠢ ᠠᠬᠤᠢ ᠵᠢᠨ ᠠᠵᠤ ᠦᠢ᠍ᠯᠡᠳᠪᠦᠷᠢ᠂ ᠠᠮᠢ ᠠᠬᠤᠢ ᠵᠢᠨ ᠵᠤᠭ᠋ᠠᠴᠠᠯ ᠵᠡᠷᠭᠡ ᠠᠮᠢ ᠠᠬᠤᠢ ᠵᠢᠨ ᠠᠵᠤ ᠠᠬᠤᠢ ᠵᠢᠨ ᠳᠠᠪᠠᠭᠤᠯᠢᠭ᠂ ᠠᠮᠢ ᠠᠬᠤᠢ ᠵᠢᠨ ᠨᠡᠢ᠌ᠭᠡᠮ᠎ᠤᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠠᠵᠤ ᠠᠬᠤᠢ ᠵᠢᠨ ᠬᠥᠭᠵᠢᠯᠲᠡ ᠪᠣᠯᠣᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠵᠡᠷᠭᠡᠪᠡᠷ ᠠᠬᠢᠭᠤᠯᠬᠤ᠂ ᠠᠵᠤ ᠦᠢ᠍ᠯᠡᠰ᠎ᠤᠨ ᠥᠷᠢᠰᠦᠯᠳᠦᠬᠦ ᠬᠦᠴᠦᠨ ᠪᠣᠯᠣᠨ ᠣᠷᠴᠢᠨ ᠲᠣᠭᠣᠷᠢᠨ᠎ᠤ ᠥᠷᠢᠰᠦᠯᠳᠦᠬᠦ ᠬᠦᠴᠦᠨ᠎ᠢ ᠬᠠᠮᠲᠤᠪᠠᠷ ᠳᠡᠭᠡᠭᠰᠢᠯᠡᠭᠦᠯᠬᠦ ᠦᠷᠭᠦᠯᠵᠢᠯᠡᠬᠦ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠲᠡᠢ᠃
      ᠰᠢᠰᠲ᠋ᠧᠮ ᠪᠠ ᠬᠡᠰᠡᠭ ᠲᠠᠯ᠎ᠠ ᠵᠢᠨ ᠬᠠᠷᠢᠴᠠᠭ᠎ᠠ ᠵᠢ ᠨᠢᠭᠡᠳᠦᠯᠲᠡᠢ ᠲᠥᠯᠥᠪᠯᠡᠬᠦ ᠬᠡᠷᠡᠭᠲᠡᠢ
      ᠰᠢᠰᠲ᠋ᠧᠮ ᠪᠣᠯᠣᠨ ᠬᠡᠰᠡᠭ ᠲᠠᠯ᠎ᠠ ᠵᠢᠨ ᠬᠠᠷᠢᠴᠠᠭ᠎ᠠ᠎ᠳᠤ ᠴᠢᠨᠠᠷ ᠰᠠᠢ᠌ᠲᠠᠢ ᠬᠥᠭᠵᠢᠯᠲᠡ ᠵᠢᠨ ᠦᠷᠳᠡᠭ᠎ᠤᠨ ᠦᠵᠡᠯᠲᠡ ᠠᠭᠤᠯᠤᠭᠳᠠᠵᠤ ᠪᠠᠢ᠌ᠬᠤ᠎ᠪᠠᠷ ᠪᠠᠷᠠᠬᠤ ᠦᠭᠡᠢ ᠪᠠᠰᠠ ᠠᠷᠭ᠎ᠠ ᠵᠢᠨ ᠤᠨᠤᠯ᠎ᠢ ᠢᠯᠡᠷᠡᠭᠦᠯᠵᠦ ᠪᠠᠢ᠌ᠳᠠᠭ᠃ ᠰᠢ ᠵᠢᠨ ᠫᠢᠩ ᠶᠡᠷᠦᠩᠬᠡᠢ ᠱᠦᠵᠢ ᠵᠢᠭ᠋ᠠᠵᠤ ᠭᠠᠷᠭ᠋ᠠᠭᠰᠠᠨ᠎ᠨᠢ ᠂ 《  ᠴᠢᠨᠠᠷ ᠰᠠᠢ᠌ᠲᠠᠢ ᠬᠥᠭᠵᠢᠯᠲᠡ᠎ᠨᠢ ᠵᠥᠪᠬᠡᠨ ᠠᠵᠤ ᠠᠬᠤᠢ ᠵᠢᠨ ᠱᠠᠭ᠋ᠠᠷᠳᠠᠯᠭ᠎ᠠ ᠲᠡᠳᠦᠢ ᠪᠢᠰᠢ ᠂ ᠬᠠᠷᠢᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠲᠠᠯ᠎ᠠ ᠵᠢᠨ ᠶᠡᠷᠦᠩᠬᠡᠢ ᠱᠠᠭ᠋ᠠᠷᠳᠠᠯᠭ᠎ᠠ ᠮᠥᠨ ; ᠵᠥᠪᠬᠡᠨ ᠠᠵᠤ ᠠᠬᠤᠢ ᠬᠥᠭᠵᠢᠭᠰᠡᠨ ᠭᠠᠵᠠᠷ ᠣᠷᠣᠨ᠎ᠳᠤ ᠲᠠᠯᠪᠢᠬᠤ ᠱᠠᠭ᠋ᠠᠷᠳᠠᠯᠭ᠎ᠠ ᠪᠢᠰᠢ᠂ ᠬᠠᠷᠢᠨ ᠪᠤᠢ ᠪᠦᠬᠦᠢ ᠭᠠᠵᠠᠷ ᠣᠷᠣᠨ᠎ᠤ ᠬᠥᠭᠵᠢᠯᠲᠡ᠎ᠳᠤ ᠴᠥᠮ ᠡᠷᠬᠡᠪᠰᠢ ᠲᠤᠤᠱᠯᠠᠭᠤᠯᠬᠤ ᠬᠡᠷᠡᠭᠲᠡᠢ ᠱᠠᠭ᠋ᠠᠷᠳᠠᠯᠭ᠎ᠠ ᠮᠥᠨ; ᠨᠢᠭᠡ ᠴᠠᠭ᠎ᠤᠨ ᠨᠢᠭᠡ ᠶᠠᠪᠤᠳᠠᠯ᠎ᠤᠨ ᠱᠠᠭ᠋ᠠᠷᠳᠠᠯᠭ᠎ᠠ ᠪᠢᠰᠢ᠂ ᠬᠠᠷᠢᠨ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ ᠱᠠᠭ᠋ᠠᠷᠳᠠᠯᠭ᠎ᠠ ᠪᠣᠯᠣᠨ᠎ᠠ》᠃ ᠰᠢᠰᠲ᠋ᠧᠮ ᠪᠠ ᠬᠡᠰᠡᠭ ᠲᠠᠯ᠎ᠠ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠬᠦ ᠵᠢᠨ ᠵᠠᠩᠭᠢᠯᠠᠭ᠎ᠠ᠎ᠨᠢ ᠡᠷᠬᠡᠪᠰᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠬᠤ ᠶᠠᠪᠤᠳᠠᠯ ᠪᠣᠯᠣᠨ᠎ᠠ᠃
      ᠨᠡᠭᠦᠷᠡᠰᠦᠲᠥ᠋ᠷᠥᠭᠴᠢ ᠵᠢᠨ ᠥᠨᠳᠥᠷ ᠤᠷᠬᠢᠯ᠎ᠳᠤ ᠬᠦᠷᠬᠦ ᠨᠡᠭᠦᠷᠡᠰᠦᠲᠥ᠋ᠷᠥᠭᠴᠢ ᠵᠢᠨ ᠳᠤᠮᠳᠠ ᠪᠠ ᠪᠣᠷᠣ ᠲᠥᠯᠥᠪ᠎ᠤᠨ ᠳᠣᠣᠷ᠎ᠠ᠂ ᠮᠠᠨ᠎ᠤ ᠣᠷᠣᠨ᠎ᠤ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠵᠢ ᠪᠦᠬᠦ ᠲᠠᠯ᠎ᠠ᠎ᠪᠠᠷ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠠᠯᠬᠤᠮ ᠠᠯᠬᠤᠮ ᠵᠶ᠋ᠠᠷ ᠡᠮᠬᠢ ᠳᠢᠭᠯᠢᠮ᠎ᠲᠠᠢ ᠪᠡᠶᠡᠯᠡᠭᠦᠯᠬᠦ ᠬᠡᠷᠡᠭᠲᠡᠢ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠲᠦᠯᠬᠢᠨ ᠠᠬᠢᠭᠤᠯᠬᠤ ᠶᠠᠪᠤᠴᠠ᠎ᠳᠤ ᠠᠮᠢ ᠠᠬᠤᠢ ᠵᠢᠨ ᠣᠷᠴᠢᠨ ᠨᠥᠬᠥᠴᠡᠯ᠎ᠤᠨ ᠠᠰᠠᠭᠤᠳᠠᠯ᠎ᠢ ᠰᠢᠢ᠍ᠳᠪᠦᠷᠢᠯᠡᠵᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠎ᠤᠨ ᠴᠢᠬᠤᠯᠠ ᠶᠡᠬᠡ ᠰᠢᠪᠲᠤᠯᠤᠯᠲᠠ᠎ᠲᠠᠢ ᠪᠣᠯᠬᠤ ᠵᠢ ᠲᠦᠯᠬᠢᠨ ᠠᠬᠢᠭᠤᠯᠵᠤ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠠᠬᠤᠢ ᠵᠢ ᠬᠠᠮᠠᠭ᠋ᠠᠯᠠᠬᠤ ᠠᠵᠤ ᠦᠢ᠍ᠯᠡᠰ᠎ᠤᠨ ᠪᠦᠲᠦᠴᠡ᠂ ᠦᠢ᠍ᠯᠡᠳᠪᠦᠷᠢᠯᠡᠯ᠎ᠤᠨ ᠠᠷᠭ᠎ᠠ ᠮᠠᠶᠢᠭ᠂ ᠠᠮᠢᠳᠤᠷᠠᠯ᠎ᠤᠨ ᠠᠷᠭ᠎ᠠ ᠮᠠᠶᠢᠭ᠂ ᠣᠷᠣᠨ ᠵᠠᠢ ᠵᠢᠨ ᠪᠠᠢ᠌ᠷᠢᠰᠢᠯ᠎ᠢ ᠲᠦᠷᠭᠡᠪᠴᠢᠯᠡᠨ ᠪᠤᠢ ᠪᠣᠯᠭ᠋ᠠᠵᠤ᠂ ᠰᠠᠢ᠌ᠨ ᠰᠠᠢ᠌ᠬᠠᠨ ᠠᠮᠢ ᠠᠬᠤᠢ ᠵᠢᠨ ᠣᠷᠴᠢᠨ ᠨᠥᠬᠥᠴᠡᠯ᠎ᠢ ᠠᠷᠠᠳ᠎ᠤᠨ ᠠᠮᠢᠳᠤᠷᠠᠯ᠎ᠤᠨ ᠨᠡᠮᠡᠭᠳᠡᠯ᠎ᠤᠨ ᠴᠡᠭ ᠪᠣᠯᠭ᠋ᠠᠨ᠎ᠠ᠃ ᠡᠭᠦᠨ᠎ᠠᠴᠠ ᠭᠠᠳᠠᠨ᠎ᠠ᠂ ᠬᠦᠯᠡᠮᠵᠢ ᠵᠢᠨ ᠬᠡᠢ ᠪᠡᠶᠡᠲᠦ ᠵᠢᠨ ᠴᠡᠪᠡᠷ ᠭᠠᠳᠠᠭᠰᠢᠯᠠᠭᠤᠯᠤᠯᠲᠠ᠎ᠪᠠᠷ ᠴᠢᠭᠯᠡᠯ ᠪᠣᠯᠭ᠋ᠠᠭᠰᠠᠨ ᠪᠣᠬᠢᠷᠳᠤᠯ ᠦᠭᠡᠢ ᠠᠵᠤ ᠦᠢ᠍ᠯᠡᠰ᠎ᠤᠨ ᠬᠤᠪᠢᠰᠬᠠᠯ᠎ᠤᠨ ᠲᠣᠮᠣ ᠬᠥᠰᠢᠭᠡ ᠨᠢᠭᠡᠨᠲᠡ ᠳᠡᠯᠡᠬᠡᠢ ᠵᠢᠨ ᠬᠡᠪᠴᠢᠶᠡᠨ᠎ᠳᠤ ᠨᠡᠭᠡᠭᠡᠭᠳᠡᠪᠡ᠂ ᠡᠨᠡ᠎ᠨᠢ ᠣᠷᠣᠨ ᠪᠦᠰᠡ ᠵᠢᠨ ᠥᠷᠢᠰᠦᠯᠳᠦᠭᠡᠨ᠎ᠤ ᠪᠠᠢ᠌ᠷᠢᠰᠢᠯ᠎ᠢ ᠲᠠᠬᠢᠨ ᠪᠤᠢ ᠪᠣᠯᠭ᠋ᠠᠵᠤ᠂ ᠤᠯᠠᠨ ᠤᠯᠤᠰ᠎ᠤᠨ ᠠᠵᠤ ᠠᠬᠤᠢ ᠵᠢᠨ ᠳᠦᠷᠢᠮ ᠪᠣᠯᠣᠨ ᠠᠵᠤ ᠦᠢ᠍ᠯᠡᠰ᠎ᠤᠨ ᠬᠥᠭᠵᠢᠯᠲᠡ ᠵᠢᠨ ᠡᠵᠡᠩᠨᠡᠯᠲᠡ ᠵᠢᠨ ᠬᠡᠯᠪᠡᠷᠢ ᠵᠢ ᠬᠤᠪᠢᠷᠠᠭᠤᠯᠬᠤ ᠪᠣᠯᠣᠨ᠎ᠠ᠃ ᠪᠦᠬᠦ ᠪᠥᠮᠪᠥᠷᠴᠡᠭ᠎ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ᠎ᠳᠤ ᠢᠳᠡᠪᠬᠢᠲᠡᠢ ᠣᠷᠤᠯᠴᠠᠬᠤ ᠪᠠ ᠬᠥᠲᠥᠯᠥᠨ ᠳᠠᠭ᠋ᠠᠭᠤᠯᠵᠤ ᠂ ᠮᠠᠨ᠎ᠤ ᠤᠯᠤᠰ᠎ᠤᠨ ᠡᠬᠢ ᠪᠠᠶᠠᠯᠢᠭ ᠣᠷᠴᠢᠨ ᠠᠬᠤᠢ ᠵᠢᠨ ᠬᠢᠵᠠᠭ᠋ᠠᠷᠯᠠᠯ ᠪᠣᠯᠣᠨ ᠠᠭᠤᠷ ᠠᠮᠢᠰᠬᠤᠯ᠎ᠤᠨ ᠪᠠᠭᠲᠠᠭ᠋ᠠᠮᠵᠢ ᠵᠢᠨ ᠬᠢᠵᠠᠭ᠋ᠠᠷᠯᠠᠯ ᠎ᠢ ᠨᠠᠮᠳᠠᠭᠤᠯᠵᠤ ᠂ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ ᠵᠢ ᠪᠡᠶᠡᠯᠡᠭᠦᠯᠬᠦ ᠵᠢᠨ ᠳᠣᠲᠣᠭ᠋ᠠᠳᠤ ᠬᠡᠷᠡᠭᠴᠡᠭᠡ ᠪᠣᠯ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠂ ᠥᠷᠢᠰᠦᠯᠳᠦᠬᠦ ᠬᠦᠴᠦᠨ ᠪᠣᠯᠣᠨ ᠤᠳᠤᠷᠢᠳᠬᠤ ᠬᠦᠴᠦᠨ ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ ᠃ ᠡᠷᠬᠡᠪᠰᠢ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠂ ᠠᠵᠤ ᠦᠢ᠍ᠯᠡᠰ ᠪᠠ ᠡᠨᠧᠷᠭᠢ ᠵᠢᠨ ᠰᠤᠷᠪᠤᠯᠵᠢ ᠵᠢᠨ ᠰᠢᠰᠲ᠋ᠧᠮ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠢᠳᠡᠪᠬᠢᠲᠡᠢ᠎ᠪᠠᠷ ᠪᠠᠭᠤᠷᠠᠭᠤᠯᠬᠤ ᠪᠠ ᠪᠤᠰᠤᠳ ᠪᠣᠬᠢᠷᠳᠤᠯ ᠪᠣᠳᠠᠰ᠎ᠤᠨ ᠠᠰᠠᠭᠤᠳᠠᠯ᠂ ᠠᠮᠢ ᠠᠬᠤᠢ ᠵᠢ ᠰᠡᠷᠭᠦᠭᠡᠬᠦ ᠠᠰᠠᠭᠤᠳᠠᠯ ᠵᠡᠷᠭᠡ ᠵᠢ ᠰᠢᠢ᠍ᠳᠪᠦᠷᠢᠯᠡᠬᠦ ᠬᠡᠷᠡᠭᠲᠡᠢ᠃
      ᠪᠦᠬᠦ ᠤᠯᠤᠰ ᠵᠶ᠋ᠠᠷ ᠵᠶ᠋ᠠᠨ ᠨᠢᠭᠡ ᠬᠥᠯᠭᠡ ᠰᠢᠲᠠᠷ᠎ᠠ ᠮᠡᠲᠦ ᠪᠠᠢ᠌ᠬᠤ ᠪᠦᠬᠦ ᠲᠠᠯ᠎ᠠ ᠵᠢᠨ ᠦᠵᠡᠯ ᠤᠬᠠᠮᠰᠠᠷ᠎ᠢ ᠪᠤᠢ ᠪᠣᠯᠭ᠋ᠠᠬᠤ ᠬᠡᠷᠡᠭᠲᠡᠢ᠃ ᠰᠢ ᠵᠢᠨ ᠫᠢᠩ ᠶᠡᠷᠦᠩᠬᠡᠢ ᠱᠦᠵᠢ᠄《ᠥᠪᠥᠷ ᠮᠣᠩᠭᠣᠯ᠎ᠤᠨ ᠠᠮᠢ ᠠᠬᠤᠢ ᠵᠢᠨ ᠪᠠᠢ᠌ᠳᠠᠯ ᠬᠢᠷᠢ ᠵᠡᠷᠭᠡ ᠪᠠᠢ᠌ᠬᠤ᠎ᠨᠢ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠣᠷᠣᠰᠢᠨ ᠲᠣᠭᠲᠠᠨᠢᠬᠤ ᠪᠠ ᠬᠥᠭᠵᠢᠬᠦ᠎ᠳᠤ ᠬᠣᠯᠪᠣᠭᠳᠠᠬᠤ᠎ᠪᠠᠷ ᠪᠠᠷᠠᠬᠤ ᠦᠭᠡᠢ ᠪᠠᠰᠠ ᠤᠮᠠᠷᠠᠲᠤ ᠣᠷᠣᠨ᠂ ᠵᠡᠭᠦᠨ ᠬᠣᠢ᠌ᠲᠤ ᠣᠷᠣᠨ᠂ ᠪᠠᠷᠠᠭᠤᠨ ᠬᠣᠢ᠌ᠲᠤ ᠣᠷᠣᠨ ᠴᠢᠨᠠᠭᠰᠢᠯᠠᠪᠠᠯ ᠪᠦᠬᠦ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠳᠤ ᠬᠣᠯᠪᠣᠭᠳᠠᠨ᠎ᠠ᠃ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠭ᠋ᠠᠨ ᠪᠦᠲᠦᠭᠡᠨ ᠪᠠᠶ᠋ᠢᠭᠤᠯᠬᠤ ᠪᠣᠯ ᠪᠦᠬᠦ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠰᠠᠭᠤᠷᠢᠯᠠᠵᠤ ᠲᠣᠭᠲᠠᠭ᠋ᠠᠭᠰᠠᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠪᠣᠯᠣᠨ᠎ᠠ᠂ ᠮᠥᠨᠴᠦ ᠥᠪᠥᠷ ᠮᠣᠩᠭᠣᠯ᠎ᠤᠨ ᠡᠷᠬᠡᠪᠰᠢ ᠤᠬᠠᠮᠰᠠᠷ᠎ᠠᠴᠠ᠎ᠪᠠᠨ ᠡᠭᠦᠷᠭᠡᠯᠡᠬᠦ ᠴᠢᠬᠤᠯᠠ ᠶᠡᠬᠡ ᠬᠠᠷᠢᠭᠤᠴᠠᠯᠭ᠎ᠠ ᠪᠣᠯᠣᠨ᠎ᠠ᠃ ᠡᠨᠡ᠎ᠨᠢ ᠥᠪᠥᠷ ᠮᠣᠩᠭᠣᠯ᠎ᠢ ᠬᠥᠭᠵᠢᠯᠲᠡ ᠵᠢᠨ ᠬᠠᠷᠠᠯᠲᠠ᠎ᠪᠠᠨ ᠲᠣᠳᠣᠷᠬᠠᠢ᠌ᠯᠠᠵᠤ᠂ ᠬᠥᠭᠵᠢᠯᠲᠡ ᠵᠢᠨ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠠᠨ ᠴᠢᠩᠭ᠋ᠠᠳᠬᠠᠵᠤ᠂ ᠥᠪᠡᠷ᠎ᠢ᠎ᠪᠠᠨ ᠰᠠᠢ᠌ᠲᠤᠷ ᠬᠥᠭᠵᠢᠭᠦᠯᠬᠦ ᠵᠢᠨ ᠬᠠᠮᠲᠤ ᠪᠦᠬᠦ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠥᠪᠡᠷ᠎ᠤᠨ ᠪᠠᠢ᠌ᠪᠠᠰᠤ ᠵᠣᠬᠢᠬᠤ ᠬᠦᠴᠦᠨ ᠴᠢᠳᠠᠯ ᠵᠶ᠋ᠠᠨ ᠡᠷᠭᠦᠬᠦ ᠵᠢ ᠱᠠᠭ᠋ᠠᠷᠳᠠᠵᠤ ᠪᠠᠢ᠌ᠨ᠎ᠠ᠃
      ᠣᠳᠣᠬᠠᠨ᠎ᠤ ᠪᠠ ᠠᠯᠤᠰ ᠬᠡᠲᠦ ᠵᠢᠨ ᠬᠠᠷᠢᠴᠠᠭ᠎ᠠ ᠵᠢ ᠰᠠᠢ᠌ᠲᠤᠷ ᠵᠣᠬᠢᠴᠠᠭᠤᠯᠬᠤ ᠬᠡᠷᠡᠭᠲᠡᠢ
      ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠳᠤᠯ ᠦᠭᠡᠢ᠎ᠪᠠᠷ ᠬᠥᠭᠵᠢᠭᠦᠯᠬᠦ ᠪᠣᠯ ᠠᠵᠤ ᠠᠬᠤᠢ ᠨᠡᠢ᠌ᠭᠡᠮ᠎ᠤᠨ ᠪᠦᠬᠦ ᠲᠠᠯ᠎ᠠ᠎ᠪᠠᠷ ᠪᠣᠬᠢᠷᠳᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠨᠢᠭᠡᠨ ᠤᠳᠠᠭ᠋ᠠᠨ᠎ᠤ ᠬᠤᠪᠢᠰᠤᠯᠲᠠ ᠮᠥᠨ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ ᠵᠢ ᠪᠣᠳᠣᠯᠬᠢᠯᠠᠬᠤ ᠶᠡᠬᠡ ᠪᠣᠳᠣᠯᠭ᠎ᠠ ᠮᠥᠨ᠂ ᠬᠥᠮᠥᠨ ᠬᠢᠭᠡᠳ ᠪᠠᠢ᠌ᠭ᠋ᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢᠨ ᠳᠣᠲᠣᠭ᠋ᠠᠳᠤ ᠱᠠᠭ᠋ᠠᠷᠳᠠᠯᠭ᠎ᠠ ᠮᠥᠨ᠂ ᠡᠯ᠎ᠡ ᠭᠠᠵᠠᠷ ᠣᠷᠣᠨ᠎ᠤ᠎ᠬᠢᠨ ᠲᠡᠦᠬᠡ ᠵᠢᠨ ᠬᠦᠯᠢᠴᠡᠩᠭᠦᠢ ᠪᠠᠢ᠌ᠵᠤ᠂ ᠠᠯᠤᠰ ᠢᠷᠡᠭᠡᠳᠦᠢ ᠵᠢ ᠲᠥᠯᠥᠪᠯᠡᠨ᠂ ᠣᠳᠣᠬᠠᠨ᠎ᠳᠠᠭᠠᠨ ᠠᠵᠢᠯᠯᠠᠬᠤ ᠬᠡᠷᠡᠭᠲᠡᠢ᠃
      ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ ᠂ ᠳᠠᠷᠤᠯᠲᠠ ᠵᠢ ᠲᠤᠯᠵᠤ ᠡᠪᠡᠷᠰᠢᠶᠡᠯ᠎ᠢ ᠲᠡᠰᠪᠦᠷᠢᠯᠡᠨ ᠂ ᠠᠮᠢ ᠠᠬᠤᠢ ᠵᠢᠨ ᠣᠷᠴᠢᠨ ᠲᠣᠭᠣᠷᠢᠨ᠎ᠢ ᠦᠷᠡᠭᠳᠡᠭᠦᠯᠵᠦ ᠪᠠᠢ᠌ᠭ᠋ᠠᠳ ᠲᠦᠷ ᠴᠠᠭ᠎ᠤᠨ ᠨᠢᠭᠡ ᠭᠠᠵᠠᠷ᠎ᠤᠨ ᠠᠵᠤ ᠠᠬᠤᠢ ᠵᠢᠨ ᠨᠡᠮᠡᠭᠳᠡᠯ᠎ᠢ ᠰᠣᠯᠢᠵᠤ ᠠᠪᠴᠢᠷᠠᠬᠤ ᠣᠬᠣᠷ ᠬᠠᠷᠠᠭ᠋ᠠᠲᠤ ᠠᠷᠭ᠎ᠠ ᠬᠢᠳᠡᠯ᠎ᠢ ᠡᠷᠡᠰ ᠲᠠᠶᠠᠭᠳᠠᠵᠤ ᠂ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠳᠤ ᠬᠡᠲᠦᠷᠬᠡᠢ ᠲᠦᠰᠢᠭᠯᠡᠬᠦ᠂ ᠡᠬᠢ ᠪᠠᠶᠠᠯᠢᠭ᠎ᠤᠨ ᠬᠣᠷᠣᠭᠳᠠᠯ ᠵᠶ᠋ᠠᠷ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠬᠤ ᠵᠣᠬᠢᠰ ᠦᠭᠡᠢ ᠠᠷᠭ᠎ᠠ ᠬᠢᠳᠡᠯ᠎ᠢ ᠡᠷᠡᠰ ᠲᠠᠶᠠᠭᠳᠠᠵᠤ᠂ ᠡᠨᠧᠷᠭᠢ ᠵᠢᠨ ᠬᠣᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠵᠦᠢ᠍ᠯᠡᠰ᠎ᠢ ᠡᠷᠡᠰ ᠴᠢᠩᠭ᠎ᠠ ᠬᠢᠵᠠᠭ᠋ᠠᠷᠯᠠᠵᠤ᠂ ᠬᠣᠴᠤᠷᠤᠩᠭᠤᠢ ᠪᠠ ᠦᠯᠡᠭᠦᠳᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠡᠷᠡᠰ ᠭᠡᠭᠡᠭᠳᠡᠭᠦᠯᠵᠦ᠂ ᠬᠡᠷᠡᠭᠯᠡᠵᠦ ᠪᠣᠯᠬᠤ ᠡᠳ᠋᠎ᠤᠨ ᠬᠦᠴᠦᠨ᠎ᠢ ᠬᠠᠢ᠌ᠬᠤᠷᠬᠤ ᠦᠭᠡᠢ᠎ᠪᠠᠷ ᠬᠡᠲᠦᠷᠬᠡᠢ ᠵᠢᠭᠡᠯᠡᠯᠭᠡ ᠠᠪᠴᠤ ᠪᠦᠲᠦᠭᠡᠨ ᠪᠠᠢ᠌ᠭᠤᠯᠤᠯᠲᠠ ᠬᠢᠬᠦ᠂ ᠠᠵᠤ ᠦᠢ᠍ᠯᠡᠰ᠎ᠤᠨ ᠰᠠᠭᠤᠷᠢ ᠵᠢ ᠬᠠᠢ᠌ᠬᠤᠷᠬᠤ ᠦᠭᠡᠢ᠎ᠪᠠᠷ ᠰᠣᠬᠣᠷ ᠪᠠᠯᠠᠢ᠎ᠪᠠᠷ ᠪᠡᠯᠡ ᠣᠷᠣᠭᠤᠯᠬᠤ ᠪᠠ ᠳᠠᠪᠬᠤᠷᠳᠠᠭᠤᠯᠤᠨ ᠪᠦᠲᠦᠭᠡᠨ ᠪᠠᠶ᠋ᠢᠭᠤᠯᠬᠤ ᠦᠢ᠍ᠯᠡ ᠠᠵᠢᠯᠯᠠᠭ᠎ᠠ ᠵᠢ ᠡᠷᠡᠰ ᠬᠣᠷᠢᠭᠯᠠᠨ᠎ᠠ᠃
      ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠳᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠭᠦᠯᠬᠦ ᠵᠢ ᠬᠠᠮᠵᠢᠯᠴᠠᠨ ᠠᠬᠢᠭᠤᠯᠵᠤ᠂ ᠥᠨᠳᠥᠷ ᠲᠦᠪᠰᠢᠨ᠎ᠤ ᠬᠠᠮᠠᠭ᠋ᠠᠯᠠᠯᠲᠠ ᠵᠢ ᠪᠡᠶᠡᠯᠡᠭᠦᠯᠬᠦ ᠬᠡᠷᠡᠭᠲᠡᠢ᠃ ᠨᠣᠭᠣᠭ᠋ᠠᠷᠠᠭᠤᠯᠬᠤ ᠲᠠᠯᠠᠪᠠᠢ ᠵᠢ ᠥᠷᠭᠡᠳᠬᠡᠬᠦ ᠱᠠᠭ᠋ᠠᠷᠳᠠᠯᠭ᠎ᠠ ᠶᠣᠰᠣᠭ᠋ᠠᠷ᠂ ᠨᠣᠭᠣᠭ᠋ᠠᠷᠠᠭᠤᠯᠬᠤ ᠪᠠ ᠠᠷᠠᠴᠢᠯᠠᠨ ᠬᠠᠮᠠᠭ᠋ᠠᠯᠠᠬᠤ ᠣᠷᠣᠭᠤᠯᠤᠯᠲᠠ ᠵᠢ ᠨᠡᠮᠡᠭᠳᠡᠭᠦᠯᠦᠨ᠂ ᠠᠭᠤᠯᠠ ᠤᠰᠤ ᠤᠢ ᠲᠠᠷᠢᠶ᠎ᠠ ᠨᠠᠭᠤᠷ ᠨᠠᠭᠤᠷ ᠡᠪᠡᠰᠦ ᠡᠯᠡᠰᠦ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠯᠤᠰ᠎ᠤᠨ ᠨᠤᠲᠤᠭ ᠳᠡᠪᠢᠰᠬᠡᠷ᠎ᠤᠨ ᠨᠣᠭᠣᠭ᠋ᠠᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠦᠯᠬᠢᠨ ᠠᠬᠢᠭᠤᠯᠵᠤ᠂ ᠦᠷᠭᠦᠯᠵᠢᠯᠡᠬᠦ ᠬᠥᠭᠵᠢᠯᠲᠡ᠎ᠳᠤ ᠪᠠᠲᠤ ᠪᠡᠬᠢ ᠠᠮᠢ ᠠᠬᠤᠢ ᠵᠢᠨ ᠰᠠᠭᠤᠷᠢ ᠵᠢ ᠰᠠᠢ᠌ᠲᠤᠷ ᠲᠠᠯᠪᠢᠵᠤ᠂ ᠠᠵᠤ ᠠᠬᠤᠢ ᠨᠡᠢ᠌ᠭᠡᠮ᠎ᠤᠨ ᠠᠯᠤᠰ ᠬᠡᠳᠤ ᠵᠢᠨ ᠬᠥᠭᠵᠢᠯᠲᠡ᠎ᠳᠤ ᠵᠠᠮ ᠳᠡᠪᠢᠰᠴᠦ ᠥᠭᠭᠦᠨ᠎ᠡ᠃
      ᠴᠢᠨᠠᠷ ᠰᠠᠢ᠌ᠲᠠᠢ ᠬᠥᠭᠵᠢᠯᠲᠡ ᠪᠣᠯᠣᠨ ᠬᠠᠮᠲᠤ᠎ᠪᠠᠷ ᠴᠢᠨᠡᠭᠡᠯᠢᠭᠵᠢᠬᠦ ᠵᠢᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠬᠦ ᠬᠡᠷᠡᠭᠲᠡᠢ
      ᠠᠷᠠᠳ ᠲᠦᠮᠡᠨ᠎ᠢ ᠲᠠᠢ᠍ᠢ᠍ᠴᠢᠯᠠᠨ ᠰᠠᠢ᠌ᠨ ᠰᠠᠢ᠌ᠬᠠᠨ ᠠᠮᠢᠳᠤᠷᠠᠯ᠎ᠢ ᠲᠠᠰᠤᠷᠠᠯᠳᠠ ᠦᠭᠡᠢ ᠴᠣᠭᠴᠠᠯᠠᠬᠤ ᠪᠣᠯ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠤᠪᠢᠷᠠᠰᠢ ᠦᠭᠡᠢ ᠬᠥᠭᠡᠭᠡᠴᠡᠯᠳᠦᠯ ᠮᠥᠨ᠃ ᠮᠠᠨ᠎ᠤ ᠤᠯᠤᠰ᠎ᠤᠨ ᠨᠡᠢ᠌ᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠤ ᠲᠡᠰᠦᠷᠡᠯᠳᠠ ᠤᠢ᠌ᠭᠡᠢ ᠲᠡᠪᠰᠢᠬᠤ ᠵᠢ ᠳᠠᠭ᠋ᠠᠯᠳᠤᠨ᠂ ᠠᠷᠠᠳ ᠤᠯᠡᠠ᠎ᠤ ᠬᠠᠮᠲᠤ᠎ᠪᠠᠷ ᠴᠢᠨᠡᠭᠡᠯᠢᠭᠵᠢᠬᠦ ᠱᠠᠭ᠋ᠠᠷᠳᠠᠯᠭ᠎ᠠ ᠤᠯᠠᠮ᠎ᠠᠴᠠ ᠤᠯᠠᠮ ᠴᠢᠩᠭ᠎ᠠ ᠪᠣᠯᠵᠤ ᠪᠠᠢ᠌ᠨ᠎ᠠ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠪᠦᠬᠥ ᠠᠷᠠᠳ ᠲᠦᠮᠡᠨ᠎ᠤ ᠬᠠᠮᠲᠤ᠎ᠪᠠᠷ ᠴᠢᠨᠡᠭᠡᠯᠢᠭᠵᠢᠬᠦ ᠵᠢ ᠪᠡᠶᠡᠯᠡᠭᠦᠯᠬᠦ ᠵᠢ ᠠᠯᠬᠤᠮ ᠠᠯᠬᠤᠮ ᠵᠶ᠋ᠠᠷ ᠨᠡᠩ ᠲᠣᠪᠣᠢ᠌ᠮ᠎ᠠ ᠪᠠᠢ᠌ᠷᠢᠨ᠎ᠳᠤ ᠲᠠᠯᠪᠢᠵᠤ᠂ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠲᠦᠯᠬᠢᠨ ᠠᠬᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠵᠤ᠂ ᠬᠥᠭᠵᠢᠯᠲᠡ ᠵᠢᠨ ᠦᠷ᠎ᠡ ᠪᠦᠲᠦᠭᠡᠯ᠎ᠢ ᠪᠦᠬᠥ ᠠᠷᠠᠳ ᠲᠦᠮᠡᠨ᠎ᠳᠤ ᠨᠡᠩ ᠰᠢᠭᠤᠳ ᠨᠡᠩ ᠭᠣᠣᠯᠴᠢ᠎ᠪᠠᠷ ᠬᠦᠷᠲᠡᠭᠡᠬᠦ᠎ᠪᠠᠷ ᠴᠢᠷᠮᠠᠢ᠌ᠬᠤ ᠵᠢ ᠱᠠᠭ᠋ᠠᠷᠳᠠᠪᠠ᠃ 《ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠵᠠᠮᠨᠠᠬᠤ᠎ᠳᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠬᠤ ᠬᠡᠷᠡᠭᠲᠡᠢ》 《ᠴᠢᠨᠠᠷ ᠰᠠᠢ᠌ᠲᠠᠢ ᠬᠥᠭᠵᠢᠯᠲᠡ ᠵᠢ ᠠᠷᠠᠳ ᠲᠦᠮᠡᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠲᠠᠢ ᠨᠢᠭᠲᠠ ᠤᠶᠠᠯᠳᠤᠭᠤᠯᠬᠤ ᠬᠡᠷᠡᠭᠲᠡᠢ》᠂ ᠶᠡᠷᠦᠩᠬᠡᠢ ᠱᠦᠵᠢ ᠰᠢ ᠵᠢᠨ ᠫᠢᠩ᠎ᠤᠨ ᠶᠠᠷᠢᠶ᠎ᠠ᠎ᠨᠢ ᠴᠢᠨᠠᠷ ᠰᠠᠢ᠌ᠲᠠᠢ ᠬᠥᠭᠵᠢᠯᠲᠡ ᠵᠢᠨ ᠠᠩᠬᠠᠷᠤᠯ᠎ᠤᠨ ᠴᠡᠭ᠂ ᠡᠬᠢᠯᠡᠯᠲᠡ ᠵᠢᠨ ᠴᠡᠭ᠂ ᠲᠤᠰᠤᠯᠲᠠ ᠵᠢᠨ ᠴᠡᠭ᠂ ᠳᠠᠷᠤᠢ ᠬᠠᠮᠲᠤ᠎ᠪᠠᠷ ᠴᠢᠨᠡᠭᠡᠯᠢᠭᠵᠢᠬᠦ ᠪᠣᠯ ᠴᠢᠨᠠᠷ ᠰᠠᠢ᠌ᠲᠠᠢ ᠬᠥᠭᠵᠢᠯᠲᠡ ᠵᠢᠨ ᠰᠡᠳᠦᠪ᠎ᠲᠠᠬᠢ ᠪᠠᠢ᠌ᠪᠠᠰᠤ ᠵᠣᠬᠢᠬᠤ ᠠᠭᠤᠯᠭ᠎ᠠ ᠵᠢ ᠲᠣᠳᠣᠷᠬᠠᠢ ᠬᠠᠷᠠᠭᠤᠯᠵᠠᠢ᠃ ᠭᠠᠭᠴᠠᠬᠦ ᠠᠷᠠᠳ ᠤᠯᠠᠨ᠎ᠳᠤ ᠬᠥᠭᠵᠢᠯᠲᠡ ᠵᠢᠨ ᠦᠷ᠎ᠡ ᠪᠦᠲᠦᠭᠡᠯ᠎ᠢ ᠬᠠᠮᠲᠤᠪᠠᠷ ᠡᠳ᠋ᠯᠡᠭᠦᠯᠪᠡᠯ ᠰᠠᠢ᠍ᠢ ᠲᠡᠳᠡᠨ᠎ᠤ ᠢᠳᠡᠪᠬᠢᠵᠢᠯ ᠪᠣᠯᠣᠨ ᠪᠦᠲᠦᠭᠡᠯᠴᠢ ᠴᠢᠳᠠᠪᠤᠷᠢ ᠵᠢ ᠨᠡᠩ ᠥᠷᠭᠡᠨ ᠳᠡᠯᠭᠡᠷᠡᠩᠭᠦᠢ᠎ᠪᠠᠷ ᠬᠥᠭᠵᠢᠭᠡᠵᠦ᠂ ᠡᠭᠦᠨ᠎ᠤ ᠤᠯᠠᠮ᠎ᠠᠴᠠ ᠴᠢᠨᠠᠷ ᠰᠠᠢ᠌ᠲᠠᠢ ᠬᠥᠭᠵᠢᠯᠲᠡ ᠵᠢ ᠦᠷᠭᠦᠯᠵᠢᠯᠡᠨ ᠠᠬᠢᠭᠤᠯᠵᠤ ᠴᠢᠳᠠᠨ᠎ᠠ᠃

ᠢᠷᠡᠯᠲᠡ᠄ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
          
ᠬᠠᠮᠢᠶ᠎ᠡ ᠪᠦᠬᠦᠢ ᠰᠣᠨᠢᠨ
2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠹᠢᠯᠢᠮ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠳᠠᠭᠤᠰᠬᠠᠭᠰᠠᠨ ᠪᠠᠢ᠌ᠳᠠᠯ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷ
 
            