ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠠᠯᠪᠠᠨ ᠬᠡᠷ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠨᠢᠭᠡᠳᠦᠭᠡᠷ ᠬᠤᠭᠤᠴᠠᠭ᠋ᠠᠨ᠎ᠤ ᠨᠣᠮ ᠤᠩᠰᠢᠬᠤ ᠠᠩᠭᠢ ᠡᠷᠭᠢᠯᠡᠪᠡ
ᠨᠡᠶ᠋ᠢᠲᠡᠯᠡᠭᠰᠡᠨ ᠴᠠᠭ᠄ 2021-03-31

     

   

    3 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ ᠡᠬᠢᠯᠡᠨ᠂ 3 ᠡᠳᠦᠷ ᠬᠠᠭ᠋ᠠᠰ᠎ᠤᠨ ᠴᠠᠭ᠎ᠢ ᠠᠰᠢᠭᠯᠠᠨ᠂ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠠᠯᠪᠠᠨ ᠬᠡᠷ ᠨᠠᠮ᠎ᠤᠨ ᠲᠡᠤᠬᠡ ᠵᠢᠨ ᠰᠤᠷᠤᠯᠴᠠᠯᠭ᠎ᠠ ᠬᠥᠮᠦᠵᠢᠯ᠎ᠤᠨ ᠨᠢᠭᠡᠳᠦᠭᠡᠷ ᠬᠤᠭᠤᠴᠠᠭ᠋ᠠᠨ᠎ᠤ ᠨᠣᠮ ᠤᠩᠰᠢᠬᠤ ᠠᠩᠭᠢ ᠵᠢ ᠡᠷᠭᠢᠯᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠲᠡᠤᠬᠡ ᠵᠢ ᠲᠥᠪᠯᠡᠷᠡᠭᠦᠯᠦᠨ ᠲᠤᠰᠬᠠᠶ ᠰᠡᠳᠦᠪ ᠵᠶ᠋ᠠᠷ ᠰᠤᠷᠤᠯᠴᠠᠪᠠ᠃ ᠭᠡᠷ᠎ᠲᠡᠭᠡᠨ ᠪᠠᠶ᠋ᠢᠭ᠎ᠠ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠡᠷᠬᠢᠯᠡᠬᠦ ᠭᠣᠣᠯ ᠳᠤᠭᠤᠶ᠋ᠢᠯᠠᠩ᠎ᠤᠨ ᠪᠦᠷᠢᠯᠳᠦᠬᠦᠨ ᠪᠣᠯᠤᠨ ᠪᠠᠶ᠋ᠢᠭᠤᠯᠤᠯᠭ᠎ᠠ᠂ ᠠᠵᠢᠯ ᠦᠢ᠍ᠯᠡᠰ᠎ᠤᠨ ᠨᠢᠭᠡᠴᠡ ᠵᠢᠨ ᠪᠦᠬᠦ ᠠᠵᠢᠯᠲᠠᠳ ᠣᠷᠣᠯᠴᠠᠵᠠᠢ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠤᠨ ᠪᠦᠷᠢᠯᠳᠦᠬᠦᠨ᠂ ᠳᠡᠳ᠋ ᠡᠷᠬᠢᠯᠡᠭᠴᠢ ᠰᠢᠤᠸᠠᠢ ᠶᠦᠩ ᠨᠣᠮ ᠤᠩᠰᠢᠬᠤ ᠠᠩᠭᠢ ᠵᠢᠨ ᠡᠬᠢᠯᠡᠯᠲᠡ ᠵᠢ ᠡᠷᠭᠢᠯᠡᠵᠦ᠂ 30᠎ᠤ ᠡᠳᠦᠷ᠎ᠤᠨ ᠦᠳᠡ ᠵᠢᠨ ᠡᠮᠦᠨ᠎ᠡ ᠲᠥᠪᠯᠡᠷᠡᠭᠦᠯᠦᠨ ᠰᠤᠷᠤᠯᠴᠠᠵᠤ ᠰᠤᠷᠤᠯᠭ᠎ᠠ ᠲᠡᠭᠦᠰᠬᠦ ᠳ᠋ᠦᠩᠨᠡᠯᠲᠡ ᠬᠢᠪᠠ᠃
   
    ᠲᠥᠪᠯᠡᠷᠡᠭᠦᠯᠦᠨ ᠰᠤᠷᠤᠯᠴᠠᠬᠤ ᠬᠤᠭᠤᠴᠠᠭ᠋ᠠᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠨᠠᠮ᠎ᠤᠨ ᠰᠤᠷᠭ᠋ᠠᠭᠤᠯᠢ ᠵᠢᠨ ᠳᠤᠮᠳᠠᠳᠤ ᠤᠯᠤᠰ᠎ᠤᠨ ᠨᠠᠮ᠎ᠤᠨ ᠲᠡᠦᠬᠡ ᠵᠢᠨ ᠲᠤᠰᠬᠠᠶ ᠰᠡᠳᠦᠪᠲᠦ ᠶᠠᠷᠢᠶ᠎ᠠ ᠵᠢ 《ᠳᠤᠮᠳᠠᠳᠤ ᠤᠯᠤᠰ᠎ᠤᠨ ᠡᠪ ᠬᠠᠮᠲᠤ ᠨᠠᠮ ᠶᠠᠭ᠋ᠠᠬᠢᠭ᠋ᠠᠳ 〈ᠴᠢᠳᠠᠭᠰᠠᠨ〉 ᠪᠤᠢ》 《ᠵᠦ᠍ ᠳ᠋ᠸ ᠮᠠᠤ ᠽᠤ᠌ ᠳ᠋ᠦᠩ᠎ᠤᠨ ᠤᠯᠠᠭ᠋ᠠᠨ ᠴᠡᠷᠢᠭ ᠬᠢᠭᠡᠳ ᠭᠦᠲ᠋ᠢᠶᠠᠨ᠎ᠤ ᠬᠤᠷᠠᠯᠳᠤᠭ᠋ᠠᠨ》  《ᠽᠦᠨ ᠢ ᠵᠢᠨ ᠬᠤᠷᠠᠯᠳᠤᠭ᠋ᠠᠨ ᠬᠢᠭᠡᠳ ᠤᠷᠳᠤ ᠵᠠᠮ᠎ᠤᠨ ᠠᠶᠠᠨ ᠲᠠᠢ᠍ᠢ᠍ᠨ᠎ᠤ ᠢᠯᠠᠯᠲᠠ》  《ᠭᠣᠮᠢᠨᠳᠠᠩ ᠡᠪ ᠬᠠᠮᠲᠤ ᠨᠠᠮ ᠬᠣᠶᠠᠷ ᠨᠠᠮ ᠬᠢᠭᠡᠳ ᠶᠠᠫᠣᠨ᠎ᠢ ᠡᠰᠡᠷᠭᠦᠴᠡᠬᠦ ᠲᠠᠢ᠍ᠢ᠍ᠨ》  《ᠶᠠᠨ ᠠᠨ᠎ᠤ ᠰᠤᠷᠲᠠᠯ ᠴᠡᠭᠴᠡᠯᠡᠯᠲᠡ ᠬᠢᠭᠡᠳ ᠨᠠᠮ᠎ᠤᠨ ᠪᠦᠯᠬᠦᠮᠳᠡᠯ ᠨᠢᠭᠡᠳᠦᠯ》  《ᠨᠠᠮ᠎ᠤᠨ ᠪᠦᠬᠦ ᠤᠯᠤᠰ᠎ᠤᠨ ᠵᠠᠰᠠᠭ᠎ᠤᠨ ᠡᠷᠬᠡ ᠵᠢ ᠪᠤᠯᠢᠶᠠᠨ ᠠᠪᠤᠭᠰᠠᠨ ᠲᠡᠦᠬᠡᠨ ᠲᠤᠷᠰᠢᠯᠭ᠎ᠠ》  《ᠰᠢᠨ᠎ᠡ ᠳᠤᠮᠳᠠᠳᠤ ᠤᠯᠤᠰ᠎ᠢ ᠪᠠᠶ᠋ᠢᠭᠤᠯᠬᠤ ᠲᠥᠰᠦᠪᠯᠡᠯ ᠵᠢᠴᠢ ᠦᠢ᠍ᠯᠡᠳᠦᠯᠭᠡ》 ᠭᠡᠬᠦ 7 ᠲᠤᠰᠬᠠᠶ ᠰᠡᠳᠦᠪ ᠵᠶ᠋ᠠᠷ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠨᠠᠮ᠎ᠤᠨ ᠲᠡᠦᠬᠡ ᠵᠢ ᠭᠦᠨᠵᠡᠭᠡᠶ ᠰᠤᠷᠤᠯᠴᠠᠪᠠ᠃
   
    ᠰᠤᠷᠤᠯᠴᠠᠯᠭ᠎ᠠ᠎ᠪᠠᠷ ᠳᠡᠮᠵᠢᠨ᠂ ᠪᠦᠬᠦ ᠠᠯᠪᠠᠨ ᠭᠡᠷ᠎ᠤᠨ ᠨᠠᠮ᠎ᠤᠨ ᠭᠡᠰᠢᠭᠦᠨ ᠺᠠᠳ᠋ᠷᠴᠤᠳ ᠤᠯᠠᠭ᠋ᠠᠨ ᠵᠠᠰᠠᠭ ᠬᠢᠯᠪᠠᠷ ᠪᠤᠰᠤ᠎ᠪᠠᠷ ᠢᠷᠡᠭᠰᠡᠨ᠂ ᠰᠢᠨ᠎ᠡ ᠳᠤᠮᠳᠠᠳᠤ ᠤᠯᠤᠰ ᠬᠦᠴᠢᠷ ᠲᠠᠪᠠᠨ ᠪᠠᠢ᠌ᠭᠤᠯᠤᠭᠳᠠᠭᠰᠠᠨ ᠲᠤᠬᠠᠶ ᠨᠡᠩ ᠰᠢᠭᠤᠳ ᠲᠠᠨᠢᠯᠲᠠ᠎ᠲᠠᠢ ᠪᠣᠯᠵᠤ᠂ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠢᠯᠠᠯᠲᠠ᠎ᠨᠢ ᠮᠠᠷᠺᠰ᠎ᠤᠨ ᠦᠵᠡᠯ᠎ᠤᠨ ᠲᠦᠭᠡᠮᠡᠯ ᠦᠨᠡᠨ ᠶᠣᠰᠣ ᠵᠢ ᠳᠤᠮᠳᠠᠳᠤ ᠤᠯᠤᠰ᠎ᠤᠨ ᠬᠤᠪᠢᠰᠬᠠᠯ᠎ᠤᠨ ᠪᠣᠳᠠᠲᠤ ᠦᠢ᠍ᠯᠡᠳᠦᠯᠭᠡ᠎ᠲᠠᠢ ᠤᠶᠠᠯᠳᠤᠭᠤᠯᠤᠭᠰᠠᠨ ᠰᠢᠨᠵᠢᠯᠡᠬᠦ ᠤᠬᠠᠭ᠋ᠠᠨᠴᠢ ᠣᠨᠣᠯ᠎ᠤᠨ ᠵᠢᠯᠣᠭᠣᠳᠣᠯᠭ᠎ᠠ᠎ᠠᠴᠠ ᠢᠷᠡᠯᠲᠡ᠎ᠲᠠᠢ ᠭᠡᠳᠡᠭ᠎ᠢ ᠤᠯᠠᠮ ᠨᠢᠭᠡ ᠠᠯᠬᠤᠮ ᠭᠦᠨᠵᠡᠭᠡᠶ ᠣᠶ᠋ᠢᠯᠠᠭ᠋ᠠᠵᠤ᠂ ᠬᠤᠪᠢᠰᠬᠠᠯ᠎ᠤᠨ ᠦᠢ᠍ᠯᠡᠳᠦᠯᠭᠡ ᠵᠢᠨ ᠳᠤᠮᠳᠠ᠎ᠠᠴᠠ ᠭᠠᠷᠴᠤ ᠢᠷᠡᠭᠰᠡᠨ ᠮᠠᠤ ᠽᠤ᠌ ᠳ᠋ᠦᠩ ᠨᠥᠬᠥᠷ ᠵᠶ᠋ᠠᠷ ᠭᠣᠣᠯᠯᠠᠭᠤᠯᠤᠭᠰᠠᠨ ᠨᠢᠭᠡᠳᠦᠭᠡᠷ ᠦᠶ᠎ᠡ ᠵᠢᠨ ᠲᠥᠪ ᠬᠣᠷᠢᠶᠠᠨ᠎ᠤ ᠤᠳᠤᠷᠢᠳᠬᠤ ᠪᠠᠭ᠎ᠤᠨ ᠬᠤᠯᠠ ᠵᠢᠨ ᠬᠠᠷᠠᠴᠠ ᠬᠤᠷᠴᠠ ᠲᠠᠨᠢᠯᠲᠠ ᠪᠠ ᠭᠠᠷᠮᠠᠭ᠋ᠠᠶ ᠤᠳᠤᠷᠢᠳᠤᠯᠭ᠎ᠠ᠎ᠠᠴᠠ ᠡᠭᠦᠰᠴᠦ᠂ ᠨᠠᠮ᠎ᠤᠨ ᠲᠡᠮᠡᠴᠡᠯ᠎ᠤᠨ ᠦᠢ᠍ᠯᠡᠳᠦᠯᠭᠡ ᠵᠢᠨ ᠳᠤᠮᠳᠠ ᠪᠦᠷᠢᠯᠳᠦᠭᠦᠯᠦᠭᠰᠡᠨ ᠠᠯᠢ ᠤᠯᠠᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ᠎ᠤᠨ ᠴᠠᠭ ᠦᠶ᠎ᠡ ᠵᠢᠨ ᠦᠨ᠎ᠡ ᠦᠷᠳᠡᠭ᠎ᠢ ᠭᠦᠨᠵᠡᠭᠡᠶ ᠲᠠᠨᠢᠭᠰᠠᠨ᠎ᠠᠴᠠ ᠢᠷᠡᠯᠳᠡ᠎ᠲᠠᠢ ᠶᠤᠮ᠃
   
    ᠰᠤᠷᠤᠯᠴᠠᠯᠭ᠎ᠠ᠎ᠪᠠᠷ ᠳᠠᠮᠵᠢᠨ᠂ ᠪᠦᠬᠦ ᠠᠯᠪᠠᠨ ᠲᠢᠩᠬᠢᠮ᠎ᠤᠨ ᠨᠠᠮ᠎ᠤᠨ ᠭᠡᠰᠢᠭᠦᠨ ᠺᠠᠳ᠋ᠷᠴᠤᠳ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠴᠠᠭ ᠦᠶ᠎ᠡ ᠵᠢᠨ ᠲᠡᠦᠬᠡ᠎ᠨᠢ ᠬᠦᠰᠡᠯᠡᠩ ᠢᠲᠡᠭᠡᠯ ᠪᠢᠰᠢᠷᠡᠯ᠎ᠤᠨ ᠠᠤᠭ᠎ᠠ ᠬᠦᠴᠦᠨ᠂ ᠬᠠᠶ᠋ᠢᠨ ᠰᠦᠪᠡᠭᠴᠢᠯᠡᠯᠲᠡ ᠵᠢᠨ ᠦᠨᠡᠨ᠎ᠢ ᠡᠷᠢᠯᠬᠢᠯᠡᠬᠦ ᠠᠤᠭ᠎ᠠ ᠬᠦᠴᠦᠨ᠂ ᠤᠯᠠᠨ ᠲᠦᠮᠡᠨᠴᠢ ᠱᠤᠭᠤᠮ᠎ᠤᠨ ᠠᠤᠭ᠎ᠠ ᠬᠦᠴᠦᠨ᠂ ᠬᠤᠪᠢᠰᠬᠠᠯ᠎ᠤᠨ ᠵᠣᠷᠢᠭ ᠰᠠᠨᠠᠭ᠋ᠠᠨ᠎ᠤ ᠠᠤᠭ᠎ᠠ ᠬᠦᠴᠦᠨ᠂ ᠥᠪᠡᠷ᠎ᠤᠨ ᠪᠡᠶ᠎ᠡ᠎ᠳᠡᠭᠡᠨ ᠬᠤᠪᠢᠰᠬᠠᠯ ᠬᠢᠬᠦ ᠠᠤᠭ᠎ᠠ ᠬᠦᠴᠦᠨ᠎ᠢ ᠢᠯᠡᠷᠡᠭᠦᠯᠦᠭᠰᠡᠨ᠎ᠢ ᠭᠦᠨᠵᠡᠭᠡᠢ ᠣᠶ᠋ᠢᠯᠠᠭ᠋ᠠᠪᠠ᠃ ᠠᠯᠪᠠᠨ ᠭᠡᠷ᠎ᠤᠨ ᠨᠠᠮ᠎ᠤᠨ ᠭᠡᠰᠢᠭᠦᠨ ᠺᠠᠳ᠋ᠷᠴᠤᠳ ᠰᠤᠷᠤᠯᠴᠠᠨ ᠣᠶ᠋ᠢᠯᠠᠭ᠋ᠠᠵᠤ ᠪᠦᠷᠢᠨ ᠨᠡᠪᠲᠡᠷᠡᠲᠡᠯ᠎ᠡ ᠣᠶ᠋ᠢᠯᠠᠭ᠋ᠠᠵᠤ᠂ ᠬᠤᠪᠢᠰᠬᠠᠯ᠎ᠤᠨ ᠤᠯᠠᠮᠵᠢᠯᠠᠯ᠎ᠢ ᠦᠨᠡᠨᠬᠦ ᠪᠠᠳᠠᠷᠠᠭᠤᠯᠤᠨ᠂ ᠬᠤᠪᠢᠰᠬᠠᠯ᠎ᠤᠨ ᠭ᠋ᠸᠨ᠎ᠢ ᠵᠠᠯᠭ᠋ᠠᠮᠵᠢᠯᠠᠵᠤ᠂ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠦᠶ᠎ᠡ ᠵᠢᠨ ᠲᠡᠦᠬᠡ᠎ᠠᠴᠠ ᠬᠦᠴᠦᠨ ᠴᠢᠳᠠᠯ ᠣᠯᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠵᠢ ᠪᠡᠶᠡᠯᠡᠭᠦᠯᠵᠦ᠂ ᠨᠡᠩ ᠴᠤᠭ ᠪᠠᠳᠠᠷᠠᠩᠭᠤᠢ ᠤᠶᠤᠨ ᠰᠠᠨᠠᠭ᠋ᠠᠨ᠎ᠤ ᠳᠥᠷᠬᠦ ᠪᠠᠶ᠋ᠢᠳᠠᠯ ᠪᠣᠯᠤᠨ ᠲᠡᠮᠡᠴᠡᠯ᠎ᠤᠨ ᠲᠥᠷᠬᠦ ᠪᠠᠶ᠋ᠢᠳᠠᠯ ᠵᠶ᠋ᠠᠷ ᠰᠢᠨ᠎ᠡ ᠴᠠᠭ ᠦᠶ᠎ᠡ᠎ᠳᠤ ᠭᠠᠪᠢᠶ᠎ᠠ ᠪᠠᠶ᠋ᠢᠭᠤᠯᠵᠤ᠂ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
   
    ᠨᠣᠮ ᠤᠩᠰᠢᠬᠤ ᠠᠩᠬᠢ᠎ᠳᠤ ᠪᠠᠰᠠ ᠳᠠᠷᠠᠭ᠋ᠠᠴᠢ ᠵᠢᠨ ᠱᠠᠲᠤᠨ᠎ᠤ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠭᠣᠣᠯᠳᠠᠯᠭ᠎ᠠ᠎ᠲᠠᠢ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠠᠢ᠃ ᠡᠯ᠎ᠡ ᠭᠠᠵᠠᠷ᠂ ᠡᠯ᠎ᠡ ᠨᠠᠮ᠎ᠤᠨ ᠡᠭᠦᠷ᠎ᠤᠨ᠎ᠬᠢᠨ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ᠎ᠲᠠᠢ ᠤᠶᠠᠯᠳᠤᠭᠤᠯᠵᠤ᠂ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠪᠦᠲᠦᠮᠵᠢᠲᠡᠢ ᠵᠣᠯᠭ᠋ᠠᠭᠤᠯᠵᠤ᠂ ᠪᠣᠳᠠᠲᠠᠢ ᠶᠠᠪᠤᠳᠠᠯ ᠬᠢᠬᠦ ᠨᠠᠷᠢᠨ ᠳᠠᠩᠰᠠ᠂ ᠲᠥᠯᠥᠪᠯᠡᠭᠡ ᠵᠢ ᠡᠮᠬᠢᠯᠡᠨ ᠭᠠᠷᠭ᠋ᠠᠵᠤ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠦᠢ᠍ᠯᠡᠳᠦᠯᠭᠡ ᠵᠢᠨ ᠠᠵᠢᠯᠯᠠᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ 22 ᠠᠵᠤ ᠠᠬᠤᠶ᠋ᠢᠯᠠᠯ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠬᠡᠷᠡᠭᠯᠡᠭᠡ ᠵᠢᠨ ᠵᠦᠢ᠍ᠯᠡᠰ᠎ᠤᠨ ᠦᠵᠡᠭᠦᠯᠭᠡ ᠵᠢᠨ ᠴᠤᠭᠯᠠᠭ᠋ᠠᠨ᠎ᠳᠤ ᠣᠷᠣᠯᠴᠠᠪᠠ
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠲᠠᠷᠢᠶᠠᠯᠠᠩ᠎ᠤᠨ ᠪᠠᠩᠬᠢ ᠵᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ ᠬᠠᠮᠲᠤᠷᠠᠨ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢᠨ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠠᠵᠢᠯ᠎ᠤᠨ ᠪᠣᠯᠪᠠᠰᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ 2022 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢ᠌ᠴᠠᠭ᠋ᠠᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠬᠠᠮᠲᠤ ᠵᠢᠨ ᠰᠤᠷᠤᠯᠴᠠᠯᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠠᠵᠢᠯ᠎ᠤᠨ ᠵᠥᠪᠯᠡᠯ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠣᠷᠣᠨ᠎ᠤ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠲᠣᠰᠬᠣᠨ᠎ᠳᠤ ᠰᠠᠭᠤᠭ᠎ᠠ ᠺᠠᠳ᠋ᠷᠴᠤᠳ᠎ᠲᠤ 《ᠬᠠᠢ᠌ᠷ᠎ᠠ ᠬᠠᠯᠠᠮᠵᠢ ᠬᠦᠷᠭᠡᠬᠦ》 ᠠᠵᠢᠯᠯᠠᠭ᠎ᠠ ᠥᠷᠨᠢᠭᠦᠯᠪᠡ
 
            