ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠤᠯ᠎ᠤᠨ 22 ᠠᠵᠤ ᠠᠬᠤᠶ᠋ᠢᠯᠠᠯ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠬᠡᠷᠡᠭᠯᠡᠭᠡ ᠵᠢᠨ ᠵᠦᠢ᠍ᠯᠡᠰ᠎ᠤᠨ ᠦᠵᠡᠭᠦᠯᠭᠡ ᠵᠢᠨ ᠴᠤᠭᠯᠠᠭ᠋ᠠᠨ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2021-05-11

    5 ᠳ᠋ᠤᠭ᠋ᠠᠷ ᠰᠠᠷ᠎ᠠ ᠵᠢᠨ 9᠎ᠤ ᠡᠳᠦᠷ᠂ ᠳᠤᠮᠳᠠᠳᠤ ᠤᠯᠤᠰ᠎ᠤᠨ ᠤᠯᠠᠨ ᠤᠯᠤᠰ᠎ᠤᠨ ᠬᠡᠷᠡᠭᠯᠡᠭᠡ ᠵᠢᠨ ᠵᠦᠢ᠍ᠯ᠎ᠤᠨ ᠦᠵᠡᠭᠦᠯᠭᠡ ᠵᠢᠨ ᠴᠤᠭᠯᠠᠭ᠋ᠠᠨ᠎ᠤ ᠥᠪᠥᠷ ᠮᠣᠩᠭᠤᠯ᠎ᠤᠨ ᠦᠵᠡᠭᠦᠯᠭᠡ ᠵᠢᠨ ᠲᠣᠭᠤᠷᠢᠭ ᠶᠡᠭᠡ ᠬᠥᠯ ᠬᠥᠭᠵᠢᠶᠡᠨ᠎ᠲᠠᠢ ᠪᠣᠯᠪᠠ᠃ ᠲᠤᠬᠠᠶ ᠵᠢᠨ ᠲᠠᠯᠠᠪᠠᠶ᠎ᠳᠤ᠂ ᠦᠵᠡᠭᠦᠯᠭᠡ ᠵᠢᠨ ᠲᠣᠭᠤᠷᠢᠭ᠎ᠲᠠᠬᠢ ᠴᠠᠪᠠᠤᠯᠢᠭ ᠤᠭᠤᠷᠠᠭ᠂ ᠨᠣᠯᠤᠤᠷ᠎ᠤᠨ ᠬᠠᠨᠲᠠᠭ᠋ᠠᠵᠠ᠂ ᠴᠠᠭ᠋ᠠᠨ ᠮᠥᠭᠦ ᠵᠢᠨ ᠵᠢᠶᠠᠩ ᠵᠡᠷᠭᠡ ᠪᠦᠲᠦᠭᠡᠭᠳᠡᠬᠦᠨ᠎ᠨᠢ ᠬᠥᠮᠦᠰ᠎ᠤᠨ ᠲᠠᠭ᠋ᠠᠰᠢᠶᠠᠯ᠎ᠢ ᠶᠡᠬᠡᠳᠡ ᠣᠯᠪᠠ᠃ ᠣᠶ᠋ᠢᠯᠠᠭ᠋ᠠᠭᠰᠠᠨ ᠵᠶ᠋ᠠᠷ᠂ ᠥᠪᠥᠷ ᠮᠣᠩᠭᠤᠯ 《ᠨᠠᠷᠠᠲᠤ᠂ ᠰᠢᠯᠢᠳᠡᠭ᠂ ᠣᠨᠴᠠᠯᠢᠭᠲᠤ᠂ ᠰᠢᠨ᠎ᠡ》 ᠬᠡᠷᠡᠭᠯᠡᠭᠡ ᠵᠢᠨ ᠰᠣᠳᠣᠨ ᠪᠦᠲᠦᠭᠡᠭᠳᠡᠬᠦᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 22 ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠠᠩᠬᠠᠳᠤᠭ᠋ᠠᠷ ᠬᠤᠭᠤᠴᠠᠭ᠋ᠠᠨ᠎ᠤ ᠬᠡᠷᠡᠭᠯᠡᠭᠴᠢᠳ᠎ᠤᠨ ᠬᠡᠷᠡᠭᠯᠡᠭᠡ ᠵᠢᠨ ᠦᠵᠡᠰᠬᠦᠯᠡᠩ᠎ᠳᠤ ᠣᠷᠣᠯᠴᠠᠭᠤᠯᠵᠤ᠂ ᠦᠵᠡᠰᠬᠦᠯᠡᠩ᠎ᠳᠤ ᠣᠷᠣᠯᠴᠠᠭᠰᠠᠨ ᠠᠵᠤ ᠠᠬᠤᠶ᠋ᠢᠯᠠᠯ᠎ᠨᠢ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠭᠳᠡᠬᠦᠨ᠂ ᠣᠶ ᠵᠢᠨ ᠪᠦᠲᠦᠭᠡᠭᠳᠡᠬᠦᠨ᠂ ᠨᠡᠬᠡᠮᠡᠯ᠎ᠤᠨ ᠪᠦᠲᠦᠭᠡᠭᠳᠡᠬᠦᠨ᠂ ᠭᠠᠷ ᠤᠷᠠᠯᠠᠯ᠎ᠤᠨ ᠪᠦᠲᠦᠭᠡᠭᠳᠡᠬᠦᠨ᠂ ᠰᠤᠪᠤᠳ ᠡᠷᠳᠡᠨᠢ᠂ ᠦᠨᠳᠦᠰᠦᠲᠡᠨ᠎ᠤ ᠰᠣᠶᠣᠯ᠎ᠤᠨ ᠪᠦᠲᠦᠭᠡᠭᠳᠡᠬᠦᠨ ᠵᠡᠷᠭᠡ ᠲᠥᠷᠥᠯ᠎ᠤᠳ᠎ᠢ ᠬᠠᠮᠤᠷᠤᠭᠰᠠᠨ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠵᠠᠰᠠᠭ᠎ᠤᠨ ᠣᠷᠲᠤᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠲᠠᠷᠢᠶᠠᠯᠠᠩ᠎ᠤᠨ ᠪᠠᠩᠬᠢ ᠵᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ ᠬᠠᠮᠲᠤᠷᠠᠨ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢᠨ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠠᠵᠢᠯ᠎ᠤᠨ ᠪᠣᠯᠪᠠᠰᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ 2022 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠵᠢᠴᠢ ᠲᠣᠭᠣᠷᠢᠨ ᠪᠠᠢ᠌ᠴᠠᠭ᠋ᠠᠬᠤ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠬᠠᠮᠲᠤ ᠵᠢᠨ ᠰᠤᠷᠤᠯᠴᠠᠯᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠠᠵᠢᠯ᠎ᠤᠨ ᠵᠥᠪᠯᠡᠯ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠳᠤ ᠣᠷᠣᠨ᠎ᠤ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠲᠣᠰᠬᠣᠨ᠎ᠳᠤ ᠰᠠᠭᠤᠭ᠎ᠠ ᠺᠠᠳ᠋ᠷᠴᠤᠳ᠎ᠲᠤ 《ᠬᠠᠢ᠌ᠷ᠎ᠠ ᠬᠠᠯᠠᠮᠵᠢ ᠬᠦᠷᠭᠡᠬᠦ》 ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠩᠬᠠᠳᠤᠭ᠋ᠠᠷ ᠬᠤᠷᠠᠯ ᠦᠪᠡᠳᠡᠭᠰᠢ ᠶᠡᠬᠡ᠎ᠪᠠᠷ ᠡᠬᠢᠯᠡᠪᠡ
 
            