8 ᠳ᠋ᠤᠭ᠋ᠠᠷ ᠰᠠᠷ᠎ᠠ ᠵᠢᠨ 16᠎ᠤ ᠡᠳᠦᠷ ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ ᠂ ᠲᠠᠷᠢᠶᠠᠯᠠᠩ᠎ᠤᠨ ᠪᠠᠩᠬᠢ ᠵᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ ᠬᠠᠷᠠᠭ᠋ᠠᠨ ᠳᠠᠪᠲᠠᠮᠵᠢ ᠵᠢᠨ ᠠᠷᠭ᠎ᠠ ᠮᠠᠶᠢᠭ ᠵᠶ᠋ᠠᠷ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠢᠨ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠠᠩᠭᠢ ᠵᠢ ᠬᠠᠮᠲᠤᠷᠠᠨ ᠡᠷᠭᠢᠯᠡᠵᠦ ᠂ ᠪᠥᠬᠥ ᠣᠷᠣᠨ᠎ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠢᠨ ᠪᠠᠭ᠎ᠠ ᠲᠣᠭ᠋ᠠᠨ᠎ᠤ ᠢᠲᠡᠭᠡᠮᠵᠢᠲᠦ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠳᠡᠳ᠋ ᠳᠠᠷᠤᠭ᠎ᠠ ᠬᠠᠨ ᠵᠢᠶᠠᠨ ᠭᠠᠩ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠦ᠋ ᠵᠦᠩ ᠶᠠᠨ᠂ ᠲᠠᠷᠢᠶᠠᠯᠠᠩ᠎ᠤᠨ ᠪᠠᠩᠬᠢ ᠵᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ ᠵᠢᠨ ᠳᠡᠳ᠋ ᠳᠠᠷᠤᠭ᠎ᠠ ᠯᠢ ᠬᠤᠸᠠ ᠪᠣᠯᠪᠠᠰᠤᠷᠠᠯ᠎ᠳᠤ ᠣᠷᠤᠯᠴᠠᠬᠤ ᠵᠢᠨ ᠬᠠᠮᠲᠤ ᠶᠠᠷᠢᠶ᠎ᠠ ᠲᠠᠯᠪᠢᠵᠤ᠂ ᠪᠣᠯᠪᠠᠰᠤᠷᠠᠯ᠎ᠢ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ᠂ ᠲᠥᠯᠦᠪᠵᠢᠭᠦᠯᠭᠡ ᠵᠢᠨ ᠡᠳ᠋᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠵᠠᠩ ᠭᠦᠸᠧ ᠡᠷᠬᠢᠯᠡᠪᠡ᠃
ᠪᠣᠯᠪᠠᠰᠤᠷᠠᠯ᠎ᠤᠨ ᠠᠩᠭᠢ᠎ᠳᠤ ᠂ ᠬᠥᠬᠡᠬᠣᠲᠠ ᠵᠢᠨ ᠴᠢᠩ ᠱᠦᠢ ᠾᠧ ᠰᠢᠶᠠᠨ᠎ᠤ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠰᠢᠯᠢ ᠵᠢᠨ ᠭᠣᠣᠯ ᠠᠢ᠌ᠮᠠᠭ᠎ᠤᠨ ᠲᠤᠯᠤᠨ ᠨᠠᠭᠤᠷ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ᠎ᠤᠨ ᠪᠠᠩᠬᠢ ᠵᠢᠨ ᠤᠯᠠᠭ᠋ᠠᠨᠴᠠᠪ᠎ᠤᠨ ᠬᠤᠪᠢᠶᠠᠷᠢ ᠪᠠᠩᠬᠢ᠂ ᠲᠠᠷᠢᠶᠠᠯᠠᠩ᠎ᠤᠨ ᠪᠠᠩᠬᠢ ᠵᠢᠨ ᠬᠢᠩᠭ᠋ᠠᠨ ᠠᠢ᠌ᠮᠠᠭ᠎ᠤᠨ ᠵᠠᠯᠠᠢ᠌ᠳ ᠬᠣᠰᠢᠭᠤᠨ᠎ᠤ ᠰᠠᠯᠪᠤᠷᠢ ᠪᠠᠩᠬᠢ ᠲᠤᠰ ᠲᠤᠰ ᠣᠪᠣᠷ ᠵᠶ᠋ᠠᠨ ᠢᠯᠡᠳᠬᠡᠬᠦ ᠶᠠᠷᠢᠶ᠎ᠠ ᠲᠠᠯᠪᠢᠪᠠ᠃ ᠲᠣᠰ ᠭᠠᠵᠠᠷ ᠣᠷᠣᠨ᠎ᠤ ᠶᠠᠳᠠᠭᠤ ᠠᠴᠠ ᠠᠩᠭᠢᠵᠢᠷᠠᠭᠤᠯᠤᠭᠰᠠᠨ ᠬᠥᠮᠥᠨ ᠠᠮᠠ ᠵᠢᠨ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠭᠦᠨᠵᠡᠭᠡᠢ ᠵᠠᠳᠠᠯᠤᠨ ᠰᠢᠨᠵᠢᠯᠡᠵᠦ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠪᠠ ᠰᠢᠢ᠍ᠳᠪᠦᠷᠢᠯᠡᠬᠦ ᠠᠷᠭ᠎ᠠ ᠵᠢ ᠬᠠᠨᠳᠤᠯᠭ᠋ᠠᠲᠤ ᠴᠢᠨᠠᠷᠲᠠᠢ᠎ᠪᠠᠷ ᠳᠤᠷᠠᠳᠤᠨ ᠭᠠᠷᠭ᠋ᠠᠵᠤ᠂ ᠲᠠᠷᠠᠭ᠋ᠠᠴᠢ ᠵᠢᠨ ᠱᠠᠲᠤᠨ᠎ᠤ ᠠᠵᠢᠯ᠎ᠤᠨ ᠡᠭᠦᠷᠭᠡ ᠪᠠ ᠬᠠᠷᠠᠯᠲᠠ ᠵᠢ ᠤᠯᠠᠮ ᠨᠢᠭᠡ ᠠᠯᠬᠤᠮ ᠲᠣᠳᠣᠷᠬᠠᠢ᠌ᠯᠠᠪᠠ᠃ ᠲᠠᠷᠢᠶᠠᠯᠠᠩ᠎ᠤᠨ ᠪᠠᠩᠬᠢ ᠵᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ ᠵᠢᠨ ᠲᠠᠷᠢᠶᠠᠴᠢᠨ ᠡᠷᠦᠬᠡ ᠵᠢᠨ ᠮᠥᠩᠭᠥᠨ ᠭᠦᠢ᠍ᠯᠭᠡᠭᠡᠨ᠎ᠤ ᠶᠠᠮᠤᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠢᠨ ᠪᠠᠭ᠎ᠠ ᠲᠣᠭ᠋ᠠᠨ᠎ᠤ ᠢᠲᠡᠭᠡᠮᠵᠢᠲᠦ
ᠪᠣᠯᠪᠠᠰᠤᠷᠠᠭᠤᠯᠬᠤ ᠱᠠᠭ᠋ᠠᠷᠳᠠᠯᠭ᠎ᠠ᠂ ᠡᠯ᠎ᠡ ᠠᠢ᠌ᠮᠠᠭ ᠬᠣᠲᠠ ᠬᠣᠰᠢᠭᠤ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠂ ᠲᠠᠷᠢᠶᠠᠯᠠᠩ᠎ᠤᠨ ᠪᠠᠩᠬᠢ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠶᠠᠳᠠᠭᠤ᠎ᠠᠴᠠ ᠠᠩᠭᠢᠵᠢᠷᠠᠭᠤᠯᠬᠤ ᠬᠥᠮᠥᠨ ᠠᠮᠠ ᠵᠢᠨ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠡᠭᠦᠨ᠎ᠢ ᠶᠠᠳᠠᠭᠤ᠎ᠠᠴᠠ ᠠᠩᠭᠢᠵᠢᠷᠠᠭᠤᠯᠬᠤ ᠬᠥᠮᠥᠨ ᠠᠮᠠ ᠵᠢᠨ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠬᠤᠷᠠᠯ᠎ᠠᠴᠠ ᠵᠢᠭ᠋ᠠᠵᠤ ᠭᠠᠷᠭ᠋ᠠᠭᠰᠠᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠤᠨ ᠳᠠᠷᠠᠭ᠋ᠠᠬᠢ ᠦᠨᠡᠯᠡᠯᠲᠡ ᠵᠢᠨ ᠴᠢᠬᠤᠯᠠ ᠠᠭᠤᠯᠭ᠎ᠠ ᠵᠢ ᠪᠡᠬᠢᠵᠢᠭᠦᠯᠦᠨ ᠥᠷᠭᠡᠳᠬᠡᠵᠦ᠂ ᠣᠳᠣᠬᠠᠨ᠎ᠳᠤ ᠳᠤᠲᠠᠭᠤᠳᠠᠯ᠎ᠢ ᠨᠥᠬᠥᠪᠦᠷᠢᠯᠡᠬᠦ ᠬᠦᠴᠦᠷᠬᠡᠭ ᠪᠠᠭᠤᠷᠠᠢ ᠵᠦᠢ᠍ᠯ᠎ᠤᠨ ᠰᠠᠭᠤᠷᠢ ᠠᠵᠢᠯ᠎ᠢ ᠪᠠᠴᠢᠮ ᠱᠠᠭ᠋ᠠᠷᠳᠠᠵᠤ ᠪᠠᠢ᠌ᠨ᠎ᠠ᠃ ᠪᠣᠳᠠᠲᠠᠢ ᠠᠳᠬᠤᠵᠤ ᠨᠠᠷᠢᠯᠢᠭ ᠠᠳᠬᠤᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠰᠢᠨ᠎ᠡ᠎ᠪᠠᠷ ᠨᠡᠮᠡᠭᠳᠡᠭᠰᠡᠨ ᠵᠢᠭᠡᠯᠡᠯᠭᠡ᠂ ᠵᠢᠭᠡᠯᠡᠯᠭᠡ ᠵᠢᠨ ᠦᠯᠡᠳᠡᠪᠦᠷᠢ ᠦᠷᠭᠦᠯᠵᠢᠯᠡᠨ 《ᠬᠣᠣᠰ ᠪᠠᠭᠤᠷᠠᠯᠲᠠ》 ᠵᠢᠨ ᠬᠠᠨᠳᠤᠰᠢ ᠵᠢ ᠦᠨᠳᠦᠰᠦᠨ᠎ᠠᠴᠠ᠎ᠨᠢ ᠬᠤᠪᠢᠷᠠᠭᠤᠯᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠪᠠᠭ᠎ᠠ ᠲᠣᠭ᠋ᠠᠨ᠎ᠤ ᠢᠲᠡᠭᠡᠮᠵᠢᠲᠦ ᠵᠢᠭᠡᠯᠡᠯᠭᠡ ᠵᠢᠨ ᠠᠵᠢᠯ᠎ᠢ ᠦᠷᠭᠦᠯᠵᠢᠯᠡᠨ ᠰᠠᠢ᠌ᠲᠤᠷ ᠬᠢᠨ᠎ᠡ᠃
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠎ᠤᠨ ᠲᠤᠬᠠᠢ᠌ᠯᠠᠭᠰᠠᠨ ᠠᠵᠢᠯ᠎ᠤᠨ ᠭᠠᠵᠠᠷ᠎ᠤᠨ ᠳᠠᠷᠤᠭ᠎ᠠ ᠪᠠ ᠪᠣᠳᠠᠲᠠᠢ ᠠᠵᠢᠯᠲᠠᠨ ᠂ ᠲᠠᠷᠢᠶᠠᠯᠠᠩ᠎ᠤᠨ ᠪᠠᠩᠬᠢ ᠵᠢᠨ ᠥᠪᠥᠷ ᠮᠣᠩᠭᠣᠯ᠎ᠳᠠᠬᠢ ᠬᠤᠪᠢᠶᠠᠷᠢ ᠪᠠᠩᠬᠢ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠮᠥᠩᠭᠥᠨ ᠭᠦᠢ᠍ᠯᠭᠡᠭᠡᠨ᠎ᠤ ᠶᠠᠮᠤᠨ ᠂ ᠲᠠᠷᠢᠶᠠᠴᠢᠨ ᠡᠷᠦᠬᠡ ᠵᠢᠨ ᠮᠥᠩᠭᠥᠨ ᠭᠦᠢ᠍ᠯᠭᠡᠭᠡᠨ᠎ᠤ ᠶᠠᠮᠤᠨ᠎ᠤ ᠪᠥᠬᠥ ᠠᠵᠢᠯᠲᠠᠨ᠂ 11 ᠠᠢ᠌ᠮᠠᠭ ᠬᠣᠲᠠ ᠪᠠ 66 ᠬᠣᠰᠢᠭᠤ ᠰᠢᠶᠠᠨ᠎ᠤ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠂ ᠲᠠᠷᠢᠶᠠᠯᠠᠩ᠎ᠤᠨ ᠪᠠᠩᠬᠢ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠤᠬᠠᠢ᠌ᠯᠠᠭᠰᠠᠨ ᠠᠵᠢᠯ᠎ᠤᠨ ᠰᠠᠯᠠᠭ᠋ᠠᠨ ᠳᠠᠷᠤᠭ᠎ᠠ ᠪᠠ ᠪᠣᠳᠠᠲᠠᠢ ᠠᠵᠢᠯᠲᠠᠨ ᠨᠡᠶ᠋ᠢᠲᠡ 340 ᠭᠠᠷᠤᠢ ᠬᠥᠮᠥᠨ ᠪᠣᠯᠪᠠᠰᠤᠷᠠᠭᠤᠯᠤᠯ᠎ᠳᠤ ᠣᠷᠣᠯᠴᠠᠵᠠᠢ ᠃