ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤ ᠄ ᠪᠡᠭᠡᠵᠢᠩ ᠥᠪᠥᠷ ᠮᠣᠩᠭᠣᠯ ᠬᠠᠮᠵᠢᠯᠴᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠪᠣᠶ
ᠨᠡᠶ᠋ᠢᠲᠡᠯᠡᠭᠰᠡᠨ ᠴᠠᠭ᠄ 2022-11-16

       ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ᠎ᠬᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠨ ᠲᠡᠳᠬᠦᠬᠦ ᠲᠥᠷᠥ ᠵᠢᠨ ᠪᠣᠳᠣᠯᠭ᠎ᠠ ᠵᠢᠨ ᠠᠵᠠ ᠲᠣᠬᠢᠶᠠᠯ᠎ᠢ ᠭᠦᠨᠵᠡᠭᠡᠢ ᠡᠵᠡᠮᠳᠡᠵᠦ  ᠂ ᠪᠡᠭᠡᠵᠢᠩ ᠬᠣᠲᠠ ᠵᠢᠨ ᠴᠠᠩᠫᠢᠩ ᠲᠣᠭᠣᠷᠢᠭ᠎ᠯᠤᠭ᠎ᠠ ᠪᠥᠬᠥ ᠲᠠᠯ᠎ᠠ ᠵᠢᠨ  ᠂ ᠣᠯᠠᠨ ᠬᠦᠷᠢᠶ᠎ᠡ ᠴᠠᠷᠠᠭ᠎ᠠ ᠵᠢᠨ  ᠂ ᠭᠦᠨ ᠲᠠᠰ ᠳᠠᠪᠬᠤᠷᠭ᠎ᠠ ᠵᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ  ᠂ ᠺᠠᠳ᠋ᠷ᠎ᠤᠨ ᠲᠤᠰᠢᠶᠠᠯ ᠡᠭᠦᠷᠭᠡᠯᠡᠬᠦ  ᠂ ᠴᠢᠳᠠᠪᠤᠷᠢᠲᠠᠨ᠎ᠤ ᠰᠣᠯᠢᠯᠴᠠᠭ᠎ᠠ  ᠂ ᠬᠥᠮᠦᠵᠢᠯ ᠪᠣᠯᠪᠠᠰᠤᠷᠠᠭᠤᠯᠤᠯ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ  ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠨᠠᠮ ᠵᠠᠰᠠᠭ᠎ᠤᠨ ᠴᠢᠳᠠᠪᠤᠷᠢᠲᠠᠨ  ᠂ ᠤᠷ᠎ᠠ ᠴᠢᠳᠠᠪᠤᠷᠢ ᠵᠢᠨ ᠴᠢᠳᠠᠪᠤᠷᠢᠲᠠᠨ ᠪᠠ ᠨᠤᠲᠤᠭ᠎ᠤᠨ ᠴᠢᠳᠠᠪᠤᠷᠢᠲᠠᠨ᠎ᠢ ᠬᠥᠮᠥᠵᠢᠭᠦᠯᠬᠦ ᠭᠦᠨ ᠲᠠᠰ ᠳᠠᠪᠬᠤᠷᠭ᠎ᠠ ᠵᠢᠨ ᠬᠠᠮᠲᠤᠷᠠᠯᠴᠠᠭ᠎ᠠ ᠵᠢ ᠴᠢᠩᠭ᠋ᠠᠳᠬᠠᠨ᠎ᠠ  ᠃

       ᠨᠠᠮ ᠵᠠᠰᠠᠭ᠎ᠤᠨ ᠺᠠᠳ᠋ᠷ᠎ᠤᠨ ᠰᠣᠯᠢᠯᠴᠠᠭ᠎ᠠ ᠵᠢ ᠴᠢᠩᠭ᠋ᠠᠳᠬᠠᠨ᠎ᠠ

       ᠪᠡᠭᠡᠵᠢᠩ ᠬᠣᠲᠠ ᠵᠢᠨ ᠴᠠᠩᠫᠢᠩ ᠲᠣᠭᠣᠷᠢᠭ ᠬᠢᠭᠡᠳ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ᠎ᠬᠢᠨ ᠨᠠᠮ ᠵᠠᠰᠠᠭ᠎ᠤᠨ ᠺᠠᠳ᠋ᠷ ᠴᠢᠳᠠᠪᠤᠷᠢᠲᠠᠨ᠎ᠢ ᠬᠣᠶᠠᠷ ᠭᠠᠵᠠᠷ᠎ᠲᠤ ᠲᠣᠮᠢᠯᠠᠨ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠵᠦ  ᠂ ᠶᠠᠷᠢᠯᠴᠠᠨ ᠨᠡᠪᠲᠡᠷᠡᠯᠴᠡᠵᠦ  ᠂ ᠲᠡᠷᠢᠭᠦᠨ᠎ᠤ ᠲᠤᠷᠰᠢᠯᠭ᠎ᠠ ᠪᠠ ᠠᠷᠭ᠎ᠠ ᠬᠢᠳᠡᠯ ᠵᠶ᠋ᠡᠨ ᠰᠣᠯᠢᠯᠴᠠᠬᠤ᠎ᠪᠠᠷ ᠳᠠᠮᠵᠢᠭᠤᠯᠤᠨ  ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠪᠣᠷᠣ ᠲᠥᠯᠥᠪ᠎ᠤᠨ ᠲᠤᠤᠷᠠᠬᠢ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠬᠥᠭᠵᠢᠯᠲᠡ ᠵᠢᠨ ᠠᠷᠭ᠎ᠠ ᠮᠠᠶᠢᠭ᠎ᠢ ᠭᠦᠨᠵᠡᠭᠡᠢ ᠰᠤᠳᠤᠯᠤᠨ ᠶᠠᠷᠢᠯᠴᠠᠪᠠ  ᠃ ᠣᠢ᠌ᠷ᠎ᠠ ᠵᠢᠨ ᠵᠢᠯ᠎ᠠᠴᠠ᠂ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠺᠠᠳ᠋ᠷ ᠴᠢᠳᠠᠪᠤᠷᠢᠲᠠᠨ᠎ᠢ ᠵᠣᠯᠭ᠋ᠠᠭᠤᠯᠬᠤ ᠠᠵᠢᠯ᠎ᠢ 200 ᠭᠠᠷᠤᠢ ᠪᠦᠯᠦᠭ ᠤᠳᠠᠭ᠎ᠠ ᠲᠣᠮᠢᠯᠠᠵᠤ᠂ 1637 ᠬᠥᠮᠥᠨ ᠤᠳᠠᠭ᠎ᠠ ᠵᠢ ᠬᠠᠷᠢᠯᠴᠠᠨ ᠰᠤᠷᠪᠤᠯᠵᠢᠯᠠᠨ ᠰᠣᠯᠢᠯᠴᠠᠪᠠ᠃ ᠬᠣᠶᠠᠷ ᠭᠠᠵᠠᠷ᠎ᠤᠨ ᠨᠠᠮ ᠵᠠᠰᠠᠭ᠎ᠤᠨ ᠺᠠᠳ᠋ᠷᠴᠤᠳ᠎ᠤᠨ ᠰᠣᠯᠢᠯᠴᠠᠭ᠎ᠠ ᠵᠢ ᠪᠦᠲᠦᠮᠵᠢᠲᠡᠶ ᠠᠬᠢᠭᠤᠯᠬᠤ ᠵᠢᠨ ᠲᠥᠯᠥᠭᠡ  ᠂ ᠪᠡᠭᠡᠵᠢᠩ ᠬᠣᠲᠠ ᠵᠢᠨ ᠴᠠᠩᠫᠢᠩ ᠲᠣᠭᠣᠷᠢᠭ᠎ᠤᠨ᠎ᠬᠢᠨ ᠤᠷᠢᠳ ᠬᠣᠵᠢᠳ 9 ᠨᠠᠮ ᠵᠠᠰᠠᠭ᠎ᠤᠨ ᠺᠠᠳ᠋ᠷ᠎ᠢ ᠰᠣᠩᠭᠣᠨ ᠲᠣᠮᠢᠯᠠᠵᠤ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠳᠤ ᠲᠤᠰᠢᠶᠠᠯ ᠡᠭᠦᠷᠭᠡᠯᠡᠭᠦᠯᠦᠨ  ᠂ ᠲᠣᠭᠲᠠᠪᠤᠷᠢᠲᠠᠢ ᠲᠤᠰᠢᠶᠠᠯ ᠡᠭᠦᠷᠭᠡᠯᠡᠭᠦᠯᠬᠦ᠎ᠪᠠᠷ ᠳᠠᠮᠵᠢᠭᠤᠯᠤᠨ  ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠲᠥᠷᠥᠯ ᠵᠦᠢ᠍ᠯ᠎ᠢ ᠨᠠᠢ᠌ᠳᠠᠪᠤᠷᠢᠵᠢᠭᠤᠯᠬᠤ ᠵᠢ ᠪᠦᠲᠦᠮᠵᠢᠲᠡᠶ ᠠᠬᠢᠭᠤᠯᠪᠠ; ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ 8 ᠺᠠᠳ᠋ᠷ᠎ᠢ ᠪᠡᠭᠡᠵᠢᠩ ᠬᠣᠲᠠ ᠵᠢᠨ ᠴᠠᠩᠫᠢᠩ ᠲᠣᠭᠣᠷᠢᠭ᠎ᠤᠨ ᠡᠪᠯᠡᠯ᠎ᠤᠨ ᠬᠣᠷᠢᠶ᠎ᠠ  ᠂ ᠰᠣᠶᠣᠯ ᠵᠢᠭᠤᠯᠴᠢᠯᠠᠯ᠎ᠤᠨ ᠲᠣᠪᠴᠢᠶ᠎ᠠ ᠵᠡᠷᠭᠡ ᠨᠢᠭᠡᠴᠡ᠎ᠳᠤ ᠲᠣᠮᠢᠯᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ  ᠂ ᠬᠠᠷᠠᠭ᠎ᠠ᠎ᠪᠠᠨ ᠪᠦᠲᠦᠮᠵᠢᠲᠡᠶ᠎ᠪᠠᠷ ᠥᠷᠭᠡᠳᠬᠡᠨ  ᠂ ᠮᠡᠳᠡᠯᠭᠡ᠎ᠪᠠᠨ ᠨᠡᠮᠡᠭᠳᠡᠭᠦᠯᠵᠦ  ᠂ ᠴᠢᠳᠠᠪᠤᠷᠢ᠎ᠪᠠᠨ ᠳᠡᠭᠡᠭᠰᠢᠯᠡᠭᠦᠯᠪᠡ  ᠃

       ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠬᠥᠭᠵᠢᠯᠲᠡ᠎ᠳᠤ ᠬᠦᠴᠦ᠎ᠪᠠᠨ ᠲᠥᠪᠯᠡᠷᠡᠭᠦᠯᠦᠨ᠎ᠡ

       ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠪᠥᠭᠡᠳ ᠲᠡᠩᠴᠡᠭᠦᠷᠢᠲᠡᠢ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ ᠪᠠ ᠡᠮ ᠡᠮᠨᠡᠯᠭᠡ ᠵᠢᠨ ᠬᠥᠭᠵᠢᠯᠲᠡ ᠵᠢᠨ ᠠᠵᠢᠯ᠎ᠤᠨ 《ᠬᠣᠣᠰ ᠬᠦᠷᠳᠦ᠎ᠪᠠᠷ ᠬᠥᠳᠡᠯᠭᠡᠭᠦᠷ ᠪᠣᠯᠭ᠋ᠠᠬᠤ》 ᠵᠢ ᠲᠦᠯᠬᠢᠨ ᠠᠬᠢᠭᠤᠯᠤᠨ᠎ᠠ᠃ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤ ᠰᠤᠷᠭ᠋ᠠᠨ ᠬᠥᠮᠦᠵᠢᠯ ᠡᠷᠡᠭᠦᠯ ᠬᠠᠮᠠᠭ᠋ᠠᠯᠠᠯ ᠵᠡᠷᠭᠡ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠵᠣᠬᠢᠶᠠᠨ ᠪᠠᠢ᠌ᠭᠤᠯᠤᠨ ᠪᠡᠭᠡᠵᠢᠩ ᠬᠣᠲᠠ ᠵᠢᠨ ᠴᠠᠩᠫᠢᠩ ᠲᠣᠭᠣᠷᠢᠭ᠎ᠲᠤ ᠣᠴᠢᠭᠤᠯᠤᠨ ᠠᠵᠢᠯ᠎ᠤᠨ ᠪᠠᠢ᠌ᠷᠢ ᠳᠠᠭ᠋ᠠᠵᠤ ᠰᠤᠷᠤᠯᠴᠠᠭᠤᠯᠵᠤ  ᠂ ᠲᠣᠭᠣᠷᠢᠨ ᠦᠵᠡᠬᠦ  ᠂ ᠰᠣᠯᠢᠯᠴᠠᠬᠤ  ᠂ ᠰᠤᠳᠤᠯᠤᠨ ᠶᠠᠷᠢᠯᠴᠠᠬᠤ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠡᠮᠵᠢᠨ  ᠂ ᠲᠡᠷᠢᠭᠦᠨ᠎ᠤ ᠵᠢᠭ᠋ᠠᠨ ᠰᠤᠷᠭ᠋ᠠᠯᠲᠠ ᠵᠢᠨ ᠠᠷᠭ᠎ᠠ ᠪᠠ ᠠᠨᠠᠭ᠋ᠠᠬᠤ ᠤᠬᠠᠭ᠋ᠠᠨ᠎ᠤ ᠮᠡᠷᠭᠡᠵᠢᠯ᠎ᠢ ᠲᠠᠰᠤᠷᠠᠯᠲᠠ ᠦᠭᠡᠢ ᠰᠤᠷᠤᠯᠴᠠᠵᠤ  ᠂ ᠲᠤᠬᠠᠢ᠌ᠯᠠᠭᠰᠠᠨ ᠠᠵᠢᠯ᠎ᠤᠨ ᠳᠡᠭᠡᠭᠰᠢᠯᠡᠯᠲᠡ᠎ᠪᠠᠨ ᠴᠢᠩᠭ᠋ᠠᠳᠬᠠᠨ  ᠂ ᠲᠤᠰᠬᠠᠢ ᠮᠡᠷᠭᠡᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠦᠨ᠎ᠡ  ᠃ ᠡᠭᠦᠨ᠎ᠠᠴᠠ ᠭᠠᠳᠠᠨ᠎ᠠ  ᠂ ᠪᠡᠭᠡᠵᠢᠩ ᠬᠣᠲᠠ ᠵᠢᠨ ᠴᠠᠩᠫᠢᠩ ᠲᠣᠭᠣᠷᠢᠭ᠎ᠤᠨ᠎ᠬᠢᠨ ᠤᠷᠢᠳ ᠬᠣᠵᠢᠳ 181 ᠰᠢᠯᠢᠳᠡᠭ ᠪᠠᠭᠰᠢ ᠵᠢ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠳᠤ ᠲᠣᠮᠢᠯᠠᠨ ᠰᠤᠷᠭ᠋ᠠᠨ ᠬᠥᠮᠦᠵᠢᠯ ᠎ᠢ ᠬᠦᠷᠭᠡᠵᠦ ᠰᠤᠷᠭ᠋ᠠᠨ ᠬᠥᠮᠦᠵᠢᠯ ᠎ᠢ ᠳᠡᠮᠵᠢᠭᠦᠯᠵᠦ  ᠂ 29 ᠡᠮᠴᠢᠯᠡᠭᠡᠨ᠎ᠤ ᠲᠤᠰᠬᠠᠢ ᠮᠡᠷᠭᠡᠵᠢᠯᠲᠡᠨ ᠎ᠢ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠳᠤ ᠪᠠᠢ᠌ᠩᠭᠤ ᠣᠴᠢᠭᠤᠯᠤᠨ ᠡᠮᠴᠢᠯᠡᠭᠡᠨ᠎ᠤ ᠵᠢᠯᠣᠭᠣᠳᠤᠮᠵᠢ  ᠂ ᠡᠷᠳᠡᠮ ᠰᠢᠨᠵᠢᠯᠡᠭᠡᠨ᠎ᠤ ᠲᠠᠢ᠌ᠯᠤᠮᠵᠢ ᠬᠢᠯᠭᠡᠵᠦ  ᠂ ᠰᠤᠷᠭ᠋ᠠᠨ ᠬᠥᠮᠦᠵᠢᠯ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ ᠎ᠢ 5640 ᠬᠥᠮᠥᠨ ᠤᠳᠠᠭ᠎ᠠ ᠪᠣᠯᠪᠠᠰᠤᠷᠠᠭᠤᠯᠵᠠᠢ᠃

       ᠣᠷᠣᠨ ᠨᠤᠲᠤᠭ᠎ᠤᠨ ᠴᠢᠳᠠᠪᠤᠷᠢᠲᠠᠨ᠎ᠢ ᠢᠯᠡᠷᠡᠭᠦᠯᠬᠦ ᠠᠵᠢᠯ᠎ᠢ ᠭᠦᠨᠵᠡᠭᠡᠢ᠌ᠷᠡᠭᠦᠯᠦᠨ᠎ᠡ

       ᠣᠷᠣᠨ ᠨᠤᠲᠤᠭ᠎ᠤᠨ ᠴᠢᠳᠠᠪᠤᠷᠢᠲᠠᠨ᠎ᠢ ᠬᠥᠮᠥᠵᠢᠭᠦᠯᠬᠦ ᠪᠠ ᠲᠠᠷᠢᠶᠠᠯᠠᠩ ᠮᠠᠯ ᠠᠵᠤ ᠠᠬᠤᠢ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠣᠷᠭ᠋ᠠᠨᠢᠭ ᠵᠶ᠋ᠠᠷ ᠤᠶᠠᠯᠳᠤᠭᠤᠯᠵᠤ  ᠂ ᠦᠢ᠍ᠯᠡᠳᠪᠦᠷᠢᠯᠡᠯ ᠵᠶ᠋ᠡᠷ ᠴᠢᠳᠠᠪᠤᠷᠢᠲᠠᠨ᠎ᠢ ᠬᠤᠷᠠᠮᠳᠤᠭᠤᠯᠤᠨ  ᠂ ᠴᠢᠳᠠᠪᠤᠷᠢᠲᠠᠨ ᠵᠶ᠋ᠠᠷ ᠦᠢ᠍ᠯᠡᠳᠪᠦᠷᠢᠯᠡᠯ᠎ᠢ ᠠᠬᠢᠭᠤᠯᠬᠤ ᠵᠢ ᠪᠡᠶᠡᠯᠡᠭᠦᠯᠦᠨ᠎ᠡ  ᠃ ᠪᠡᠭᠡᠵᠢᠩ ᠬᠣᠲᠠ ᠵᠢᠨ ᠴᠠᠩᠫᠢᠩ ᠲᠣᠭᠣᠷᠢᠭ ᠤᠷᠢᠳ ᠬᠣᠵᠢᠳ 2.332 ᠳ᠋ᠦᠩᠰᠢᠭᠤᠷ ᠲᠥᠭᠥᠷᠢᠭ᠎ᠤᠨ ᠬᠠᠪᠰᠤᠷᠤᠨ ᠲᠡᠳᠬᠦᠬᠦ ᠪᠡᠯᠡ ᠮᠥᠩᠭᠥ ᠣᠷᠣᠭᠤᠯᠵᠤ  ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ 153 ᠲᠥᠷᠥᠯ ᠵᠦᠢ᠍ᠯ᠎ᠢ ᠬᠡᠷᠡᠭᠵᠢᠭᠦᠯᠦᠨ  ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠲᠠᠷᠢᠶᠠᠯᠠᠩ  ᠂ ᠮᠠᠯ ᠠᠵᠤ ᠠᠬᠤᠢ  ᠂ ᠡᠯᠳᠡᠪ ᠠᠮᠤ  ᠂ ᠣᠨᠴᠠᠯᠢᠭᠲᠤ ᠵᠢᠮᠢᠰ ᠨᠣᠭᠣᠭ᠎ᠠ ᠵᠡᠷᠭᠡ ᠠᠵᠤ ᠦᠢ᠍ᠯᠡᠰ᠎ᠤᠨ ᠣᠯᠠᠨ ᠲᠠᠯ᠎ᠠ᠎ᠳᠤ ᠬᠦᠴᠦ ᠨᠡᠮᠡᠷᠢᠯᠡᠵᠦ  ᠂ ᠨᠤᠲᠤᠭ᠎ᠤᠨ ᠴᠢᠳᠠᠪᠤᠷᠢᠲᠠᠨ᠎ᠢ ᠨᠡᠪᠴᠢᠭᠦᠯᠬᠦ᠎ᠳᠤ ᠦᠢ᠍ᠯᠡᠳᠦᠯᠭᠡ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠲᠠᠪᠴᠠᠩ ᠪᠠᠢ᠌ᠭᠤᠯᠤᠨ ᠥᠭᠴᠦ  ᠂ ᠲᠥᠷᠥᠯ ᠵᠦᠢ᠍ᠯ᠎ᠤᠨ 《  ᠪᠠᠢ᠌ᠭ᠋ᠠᠯᠢ ᠵᠢᠨ ᠬᠢᠴᠢᠶᠡᠯ᠎ᠤᠨ ᠲᠠᠩᠬᠢᠮ  》 ᠵᠶ᠋ᠠᠷ ᠳᠠᠮᠵᠢᠭᠤᠯᠤᠨ 《  ᠨᠤᠲᠤᠭ᠎ᠤᠨ ᠮᠡᠷᠭᠡᠵᠢᠯᠲᠡᠨ  》 《  ᠲᠠᠷᠢᠶᠠᠨ ᠡᠷᠳᠡᠮᠲᠡᠨ  》 1820 ᠬᠥᠮᠥᠨ᠎ᠢ ᠬᠥᠮᠥᠵᠢᠭᠦᠯᠵᠡᠢ  ᠃ ᠡᠭᠦᠨ᠎ᠠᠴᠠ ᠭᠠᠳᠠᠨ᠎ᠠ  ᠂ ᠪᠡᠭᠡᠵᠢᠩ ᠬᠣᠲᠠ ᠵᠢᠨ ᠴᠠᠩᠫᠢᠩ ᠲᠣᠭᠣᠷᠢᠭ᠎ᠤᠨ᠎ᠬᠢᠨ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠨᠤᠲᠤᠭ᠎ᠤᠨ ᠴᠢᠳᠠᠪᠤᠷᠢᠲᠠᠨ᠎ᠢ ᠬᠥᠮᠥᠵᠢᠭᠦᠯᠦᠨ ᠨᠡᠪᠴᠢᠭᠦᠯᠬᠦ ᠲᠥᠪ᠎ᠲᠤ 150 ᠲᠦᠮᠡᠨ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠵᠤ  ᠂ ᠮᠠᠯ ᠠᠵᠤ ᠠᠬᠤᠢ ᠮᠠᠯ ᠡᠮᠨᠡᠯᠭᠡ  ᠂ ᠡᠯᠧᠺᠲᠷᠣᠨ ᠬᠤᠳᠠᠯᠳᠤᠭ᠎ᠠ᠎ᠪᠠᠷ ᠦᠢ᠍ᠯᠡᠰ ᠴᠣᠭᠴᠠᠯᠠᠬᠤ  ᠂ ᠡᠸᠦ᠋ᠷᠦᠫᠡ ᠮᠠᠶᠢᠭ᠎ᠤᠨ ᠭᠤᠯᠢᠷ ᠵᠡᠷᠭᠡ ᠪᠣᠯᠪᠠᠰᠤᠷᠠᠯ᠎ᠤᠨ ᠠᠩᠭᠢ ᠡᠷᠭᠢᠯᠡᠵᠦ  ᠂ ᠡᠯ᠎ᠡ ᠲᠥᠷᠥᠯ᠎ᠤᠨ 5100 ᠭᠠᠷᠤᠢ ᠴᠢᠳᠠᠪᠤᠷᠢᠲᠠᠨ᠎ᠢ ᠦᠢ᠍ᠯᠡᠳᠦᠯᠭᠡ ᠵᠢᠨ ᠪᠣᠳᠠᠲᠠᠢ ᠪᠣᠯᠪᠠᠰᠤᠷᠠᠭᠤᠯᠤᠯ  ᠂ ᠮᠥᠷᠳᠡᠨ ᠬᠥᠮᠥᠵᠢᠭᠦᠯᠬᠦ ᠪᠠ ᠪᠣᠯᠪᠠᠰᠤᠷᠠᠭᠤᠯᠬᠤ᠎ᠪᠠᠷ ᠳᠡᠮᠵᠢᠨ  ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠡᠷᠭᠢᠯᠡᠬᠦ ᠬᠢᠷᠢ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠪᠡ  ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ 《ᠬᠣᠶᠠᠷ ᠰᠠᠭᠤᠷᠢᠨ ᠭᠠᠵᠠᠷ》᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠵᠦ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠳᠤ ᠰᠣᠩᠭᠣᠭᠳᠠᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠲᠠᠨᠢᠯᠴᠠᠭᠤᠯᠪᠠ
ᠲᠦᠩᠯᠢᠶᠣᠣ ᠬᠣᠲᠠ ᠵᠢᠨ ᠬᠦᠷᠢᠶ᠎ᠡ ᠬᠣᠰᠢᠭᠤ ᠄ 《1357》 ᠠᠵᠢᠯ᠎ᠤᠨ ᠠᠷᠭ᠎ᠠ ᠵᠢ ᠬᠡᠷᠡᠭᠵᠢᠭᠦᠯᠵᠦ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠪᠡᠯᠡ ᠮᠥᠩᠭᠥ ᠡᠳ᠋ ᠬᠥᠷᠥᠩᠭᠡ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠨ᠎ᠠ
ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠋ᠠᠨ᠎ᠤ ᠠᠵᠤ ᠦᠢ᠍ᠯᠡᠰ᠎ᠤᠨ ᠬᠦᠷᠢᠶᠡᠯᠡᠩ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠡᠨ᠋ᠸᠷᠭᠢ ᠬᠠᠩᠭ᠋ᠠᠨ᠎ᠠ
《ᠪᠡᠭᠡᠵᠢᠩ》 ᠴᠢᠩ ᠰᠡᠳᠬᠢᠯ᠎ᠠᠴᠠ᠎ᠪᠠᠨ 《ᠤᠯᠠᠭ᠋ᠠᠨᠬᠠᠳᠠ》 ᠵᠢ ᠦᠷᠭᠦᠯᠵᠢᠯᠡᠨ ᠳᠡᠮᠵᠢᠵᠦ 《ᠬᠣᠶᠠᠷ ᠲᠠᠪᠴᠠᠩ 》᠎ᠢ ᠬᠠᠮᠲᠤᠪᠠᠷ ᠪᠠᠢ᠌ᠭᠤᠯᠵᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠪᠡᠭᠡᠵᠢᠩ᠎ᠳᠤ ᠣᠷᠣᠭᠤᠯᠵᠤ ᠣᠷᠣᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠤᠨ᠎ᠠ
ᠬᠦᠷᠢᠶ᠎ᠡ ᠬᠣᠰᠢᠭᠤ ᠪᠡᠯᠡ ᠮᠥᠩᠭᠥ ᠵᠢ ᠵᠣᠯᠭ᠋ᠠᠭᠤᠯᠬᠤ (ᠪᠡᠭᠡᠵᠢᠩ ᠥᠪᠥᠷ ᠮᠣᠩᠭᠣᠯ ) ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠤᠷᠠᠯ ᠬᠤᠷᠠᠯᠳᠤᠭᠤᠯᠪᠠ
 
            