ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠷᠤᠭᠰᠢᠯᠠᠯᠲᠠ ᠵᠢᠨ ᠠᠶᠠᠰ᠎ᠢ ᠬᠠᠮᠲᠤᠪᠠᠷ ᠬᠥᠭᠵᠢᠮᠳᠡᠪᠡ
ᠨᠡᠶ᠋ᠢᠲᠡᠯᠡᠭᠰᠡᠨ ᠴᠠᠭ᠄ 2022-11-16

       ᠣᠢ᠌ᠷ᠎ᠠ ᠵᠢᠨ ᠵᠢᠯ᠎ᠠᠴᠠ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠨᠢ ᠥᠪᠥᠷ ᠮᠣᠩᠭᠣᠯ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ᠎ᠳᠤ ᠬᠦᠴᠦ ᠨᠡᠮᠡᠷᠢᠯᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠠᠢ᠃

       ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠥᠷᠨᠢᠭᠦᠯᠦᠭᠰᠡᠨ᠎ᠠᠴᠠ ᠨᠠᠰᠢ᠂ ᠥᠪᠥᠷ ᠮᠣᠩᠭᠣᠯ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠢᠮᠠᠭᠲᠠ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠥᠪᠡᠷ᠎ᠢ᠎ᠪᠠᠨ ᠬᠥᠭᠵᠢᠭᠦᠯᠬᠦ ᠴᠢᠳᠠᠪᠤᠷᠢ ᠵᠢ ᠴᠢᠩᠭ᠋ᠠᠳᠬᠠᠬᠤ ᠵᠢ ᠶᠠᠳᠠᠭᠤ᠎ᠠᠴᠠ ᠠᠩᠭᠢᠵᠢᠷᠠᠭᠤᠯᠬᠤ ᠦᠨᠳᠦᠰᠦᠨ ᠪᠣᠳᠣᠯᠭ᠎ᠠ ᠪᠣᠯᠭ᠋ᠠᠵᠤ᠂ ᠪᠡᠭᠡᠵᠢᠩ ᠬᠤᠳᠠ ᠵᠢᠨ ᠠᠵᠤ ᠠᠬᠤᠢ᠌ᠯᠠᠯ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠤᠮᠳᠠᠬᠢ ᠴᠢᠬᠤᠯᠠ ᠦᠢ᠍ᠯᠡᠳᠦᠯ᠎ᠢ ᠪᠠᠳᠠᠷᠠᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠢᠳᠡᠪᠬᠢᠲᠡᠢ᠎ᠪᠠᠷ ᠵᠣᠯᠭ᠋ᠠᠭᠤᠯᠵᠤ᠂ ᠨᠢᠭᠡ ᠪᠦᠯᠦᠭ ᠶᠠᠳᠠᠭᠤ ᠵᠢ ᠳᠠᠭ᠋ᠠᠭᠤᠯᠵᠤ ᠦᠷ᠎ᠡ ᠪᠦᠲᠦᠮᠵᠢ᠎ᠪᠠᠷ ᠰᠠᠢ᠌ᠨ ᠠᠵᠤ ᠠᠬᠤᠢ᠌ᠯᠠᠯ᠎ᠢ ᠥᠪᠥᠷ ᠮᠣᠩᠭᠣᠯ᠎ᠳᠤ ᠦᠨᠳᠦᠰᠦᠯᠡᠭᠦᠯᠵᠡᠢ᠃

      2021 ᠣᠨ᠎ᠠᠴᠠ ᠨᠠᠰᠢ᠂ ᠥᠪᠥᠷ ᠮᠣᠩᠭᠣᠯ ᠨᠢᠭᠡᠨᠲᠡ 170 ᠭᠠᠷᠤᠢ ᠳ᠋ᠦᠩᠰᠢᠭᠤᠷ ᠲᠥᠭᠥᠷᠢᠭ᠎ᠤᠨ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠡᠭᠡᠵᠢᠩ᠎ᠳᠤ ᠪᠣᠷᠣᠯᠠᠭᠤᠯᠵᠤ ᠪᠤᠢ᠃ 2022 ᠣᠨ᠎ᠤ 9 ᠰᠠᠷ᠎ᠠ ᠪᠣᠯᠲᠠᠯ᠎ᠠ  ᠂ ᠪᠡᠭᠡᠵᠢᠩ᠎ᠠᠴᠠ ᠢᠷᠡᠭᠰᠡᠨ 117 ᠠᠵᠤ ᠠᠬᠤᠢ᠌ᠯᠠᠯ ᠥᠪᠥᠷ ᠮᠣᠩᠭᠣᠯ᠎ᠳᠤ ᠨᠢᠭᠡᠨᠲᠡ 53.3 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ  ᠂ ᠬᠥᠳᠡᠭᠡ ᠲᠣᠰᠬᠣᠨ᠎ᠤ 5119 ᠬᠥᠳᠡᠯᠮᠦᠷᠢ ᠵᠢᠨ ᠬᠦᠴᠦᠨ᠎ᠳᠤ ᠠᠵᠢᠯ ᠣᠯᠭᠣᠪᠠ  ᠂ ᠡᠭᠦᠨ᠎ᠳᠤ ᠶᠠᠳᠠᠭᠤ᠎ᠠᠴᠠ ᠠᠩᠭᠢᠵᠢᠷᠠᠭᠰᠠᠨ ᠬᠥᠳᠡᠯᠮᠦᠷᠢ ᠵᠢᠨ ᠬᠦᠴᠦᠨ 1143 ᠬᠥᠮᠥᠨ ᠪᠣᠶ  ; ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ 55 ᠪᠠᠢ᠌ᠭᠤᠯᠵᠤ  ᠂ ᠬᠥᠳᠡᠭᠡ ᠲᠣᠰᠬᠣᠨ᠎ᠤ 3756 ᠬᠥᠳᠡᠯᠮᠦᠷᠢ ᠵᠢᠨ ᠬᠦᠴᠦᠨ᠎ᠳᠤ ᠠᠵᠢᠯ ᠣᠯᠭᠣᠪᠠ  ᠂ ᠡᠭᠦᠨ᠎ᠳᠤ 801 ᠶᠠᠳᠠᠭᠤ ᠎ᠠᠴᠠ ᠠᠩᠭᠢᠵᠢᠷᠠᠭᠰᠠᠨ ᠡᠷᠦᠬᠡ ᠪᠣᠶ  ᠃

       ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠠᠭᠤᠰᠤᠯᠴᠠᠨ ᠬᠥᠭᠵᠢᠬᠦ ᠵᠢ ᠠᠬᠢᠭᠤᠯᠤᠨ᠎ᠠ

      《ᠤᠶᠠᠩᠭ᠋ᠠᠲᠤ ᠮᠣᠳᠣ ᠵᠢ ᠵᠠᠢ᠌ᠯᠠᠵᠤ᠂ ᠠᠯᠳᠠᠨ ᠭᠠᠷᠤᠳᠢ ᠵᠢ ᠲᠠᠲᠠᠵᠤ ᠠᠪᠴᠢᠷᠠᠪᠠ》᠃ ᠥᠪᠥᠷ ᠮᠣᠩᠭᠣᠯ ᠠᠵᠤ ᠠᠬᠤᠢ᠌ᠯᠠᠯ᠎ᠤᠨ ᠪᠡᠯᠡ ᠣᠷᠣᠭᠤᠯᠤᠨ ᠦᠢ᠍ᠯᠡᠳᠪᠦᠷᠢᠯᠡᠵᠦ ᠡᠵᠡᠩᠨᠡᠬᠦ ᠵᠡᠷᠭᠡ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠲᠣᠭᠣᠷᠢᠨ᠎ᠳᠤ  ᠂ ᠠᠵᠤ ᠠᠬᠤᠢ᠌ᠯᠠᠯ ᠡᠷᠭᠢᠯᠡᠬᠦ  ᠂ ᠪᠠᠷᠢᠯᠭ᠎ᠠ ᠵᠢᠨ ᠵᠥᠪᠰᠢᠶᠡᠷᠡᠯ ᠣᠯᠭᠣᠬᠤ  ᠂ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠡᠷᠭᠡ 20 ᠲᠠᠯ᠎ᠠ᠎ᠪᠠᠷ   ᠭᠣᠣᠯᠳᠠᠯᠭ᠎ᠠ ᠪᠣᠯᠭ᠋ᠠᠨ  ᠂ 《  ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ  》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ  ᠂ ᠪᠡᠭᠡᠵᠢᠩ ᠬᠣᠲᠠ ᠵᠢᠨ ᠠᠵᠤ ᠠᠬᠤᠢ᠌ᠯᠠᠯ᠎ᠤᠨ ᠥᠪᠥᠷ ᠮᠣᠩᠭᠣᠯ᠎ᠳᠤ ᠢᠷᠡᠵᠦ ᠪᠡᠯᠡ ᠣᠷᠣᠭᠤᠯᠬᠤ ᠲᠥᠷᠥ ᠵᠢᠨ ᠪᠣᠳᠣᠯᠭ᠎ᠠ ᠪᠠ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠵᠢ ᠪᠡᠶ᠎ᠡ ᠵᠢᠨ ᠪᠠᠢ᠌ᠳᠠᠯ᠎ᠳᠤᠨᠢ ᠲᠣᠬᠢᠷᠠᠭᠤᠯᠤᠨ ᠪᠣᠶ ᠪᠣᠯᠭ᠋ᠠᠵᠤ  ᠂ 《  ᠭᠡᠷ᠎ᠲᠡᠭᠡᠨ ᠰᠠᠭᠤᠬᠤ ᠬᠡᠯᠪᠡᠷᠢ  》 ᠵᠢᠨ ᠣᠷᠴᠢᠨ ᠲᠣᠭᠣᠷᠢᠨ᠎ᠢ ᠪᠣᠶ ᠪᠣᠯᠭ᠋ᠠᠵᠤ  ᠂ 《  ᠠᠰᠠᠷᠠᠭᠴᠢ ᠬᠡᠯᠪᠡᠷᠢ  》 ᠵᠢᠨ ᠦᠢ᠍ᠯᠡᠴᠢᠯᠡᠭᠡ ᠬᠠᠩᠭ᠋ᠠᠵᠤ  ᠂ 《  ᠨᠡᠭᠡᠭᠡᠯᠲᠡᠲᠤ ᠬᠡᠯᠪᠡᠷᠢ  》 ᠵᠢᠨ ᠲᠠᠪᠴᠠᠩ᠎ᠢ ᠪᠠᠢ᠌ᠭᠤᠯᠵᠤ ᠪᠠᠢ᠌ᠨ᠎ᠠ  ᠃

       ᠬᠣᠩ ᠹᠦ᠋ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠬᠦᠷᠴᠦ  ᠂ 《  ᠬᠣᠩ ᠹᠦ᠋ ᠱᠠᠪᠲᠠᠯ᠎ᠠ  》   《  ᠬᠤᠪᠠ ᠵᠢᠮᠢᠰ  》 ᠵᠡᠷᠭᠡ ᠡᠯ᠎ᠡ ᠵᠦᠢ᠍ᠯ᠎ᠤᠨ ᠠᠮᠤᠷ ᠲᠦᠪᠰᠢᠨ ᠵᠢᠮᠢᠰ ᠢᠳᠡᠰᠢᠨ ᠨᠣᠭᠣᠭ᠎ᠠ ᠵᠢᠨ ᠢᠳᠡᠭᠡᠨ᠎ᠤ ᠵᠦᠢ᠍ᠯ ᠨᠢᠭᠡᠨᠲᠡ ᠬᠤᠷᠢᠶᠠᠯᠲᠠ ᠵᠢᠨ ᠬᠤᠭᠤᠴᠠᠭ᠋ᠠᠨ᠎ᠳᠠᠭᠠᠨ ᠣᠷᠣᠵᠤ  ᠂ ᠪᠡᠭᠡᠵᠢᠩ᠎ᠤᠨ ᠬᠤᠳᠠᠯᠳᠤᠭ᠋ᠠᠨ᠎ᠤ ᠬᠡᠲᠦ ᠳᠡᠯᠭᠡᠭᠦᠷ᠎ᠲᠤ ᠰᠢᠭᠤᠳ ᠬᠠᠩᠭ᠋ᠠᠬᠤ 《  ᠵᠢᠦᠢ ᠦ᠋ ᠪᠠ  》 ᠢᠳᠡᠰᠢᠨ ᠨᠣᠭᠣᠭ᠎ᠠ ᠵᠢᠨ ᠰᠠᠭᠰᠤ ᠪᠣᠯᠤᠭᠰᠠᠨ᠎ᠤ ᠬᠤᠪᠢ᠎ᠳᠤ  ᠂ ᠪᠡᠯᠡᠳᠭᠡᠮᠵᠢᠳᠤ ᠲᠠᠷᠢᠶᠠᠯᠠᠩ᠎ᠢ ᠭᠣᠣᠯᠯᠠᠨ ᠡᠷᠭᠢᠯᠡᠬᠦ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠣᠩ ᠹᠦ᠋ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠨᠢ ᠣᠶᠤᠨᠲᠤ ᠬᠦᠯᠡᠮᠵᠢ᠎ᠪᠠᠷ ᠳᠡᠮᠵᠢᠨ ᠬᠡᠲᠦ ᠶᠡᠬᠡ ᠬᠡᠪᠴᠢᠶ᠎ᠡ᠎ᠲᠠᠢ  ᠂ ᠬᠡᠲᠦ ᠶᠡᠬᠡ ᠭᠠᠷᠤᠯᠲᠠ᠎ᠲᠠᠢ ᠬᠠᠩᠭ᠋ᠠᠯᠭ᠎ᠠ ᠵᠢ ᠪᠡᠶᠡᠯᠡᠭᠦᠯᠵᠦ  ᠂ ᠵᠢᠯ᠎ᠤᠨ ᠦᠢ᠍ᠯᠡᠳᠬᠦᠨ᠎ᠤ ᠥᠷᠲᠡᠭ᠎ᠨᠢ ᠵᠢᠱ᠌ᠢᠯᠲᠡ᠎ᠪᠠᠷ 12.6 ᠳ᠋ᠦᠩᠰᠢᠭᠤᠷ ᠲᠥᠭᠥᠷᠢᠭ᠎ᠲᠤ ᠬᠦᠷᠴᠦ  ᠂ 6800 ᠬᠥᠮᠥᠨ᠎ᠢ ᠳᠠᠶ᠋ᠢᠴᠢᠯᠠᠨ ᠣᠷᠣᠯᠭ᠎ᠠ ᠵᠢ᠎ᠨᠢ ᠲᠣᠭᠲᠠᠭᠤᠨ ᠵᠶ᠋ᠠᠷ ᠨᠡᠮᠡᠭᠳᠡᠭᠦᠯᠬᠦ ᠪᠣᠯᠣᠨ᠎ᠠ  ᠃

       ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠠᠪᠴᠠᠩ᠎ᠢ ᠠᠰᠢᠭᠯᠠᠨ᠂ ᠪᠡᠭᠡᠵᠢᠩ ᠬᠤᠳᠠ ᠵᠢᠨ ᠹᠠᠩᠱ᠌ᠠᠨ ᠲᠣᠭᠣᠷᠢᠭ ᠪᠣᠯᠣᠨ ᠥᠪᠥᠷ ᠮᠣᠩᠭᠣᠯ᠎ᠤᠨ ᠬᠢᠩᠭ᠋ᠠᠨ ᠠᠢ᠌ᠮᠠᠭ᠎ᠤᠨ ᠲᠦᠴᠢᠦᠸᠠᠨ ᠰᠢᠶᠠᠨ ᠬᠠᠮᠲᠤᠪᠠᠷ ᠬᠥᠳᠡᠭᠡ ᠠᠵᠤ ᠠᠬᠤᠢ ᠵᠤᠭ᠋ᠠᠴᠠᠯ᠎ᠢ ᠠᠭᠤᠰᠤᠯᠴᠠᠭᠤᠯᠤᠭᠰᠠᠨ ᠱᠣ᠋ ᠭᠤᠸᠠᠩ ᠤᠳᠤ ᠦᠶ᠎ᠡ ᠵᠢᠨ ᠲᠠᠷᠢᠶᠠᠯᠠᠩ᠎ᠤᠨ ᠣᠷᠴᠢᠯ ᠠᠵᠤ ᠠᠬᠤᠢ ᠵᠢᠨ ᠬᠦᠷᠢᠶᠡᠯᠡᠩ ᠲᠣᠭᠣᠷᠢᠭ᠎ᠢ ᠪᠠᠢ᠌ᠭᠤᠯᠵᠤ᠂ 《ᠵᠤᠭ᠋ᠠᠴᠠᠯ +》《ᠲᠠᠷᠢᠶᠠᠯᠠᠩ +》《  ᠢᠨᠲᠸᠷ ᠰᠦᠯᠵᠢᠶ᠎ᠡ +》 ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠬᠥᠭᠵᠢᠯᠲᠡ ᠵᠢᠨ ᠵᠠᠭᠪᠤᠷ᠎ᠢ ᠰᠦᠪᠡᠭᠴᠢᠯᠡᠬᠦ᠎ᠪᠠᠷ ᠳᠠᠮᠵᠢᠭᠤᠯᠵᠤ᠂ ᠬᠥᠳᠡᠭᠡ ᠲᠣᠰᠬᠣᠨ᠎ᠢ ᠴᠡᠴᠡᠷᠯᠢᠭ᠂ ᠪᠦᠲᠦᠭᠡᠭᠳᠡᠬᠦᠨ᠎ᠢ ᠲᠠᠸᠠᠷ᠂ ᠭᠠᠷᠤᠯᠲᠠ ᠵᠢᠨ ᠣᠷᠣᠨ᠎ᠢ ᠦᠵᠡᠮᠵᠢ ᠵᠢᠨ ᠣᠷᠣᠨ ᠪᠣᠯᠭ᠋ᠠᠨ ᠬᠤᠪᠢᠷᠠᠭᠤᠯᠵᠠᠢ᠃ 2020 ᠣᠨ᠎ᠳᠤ ᠲᠣᠰ ᠬᠦᠷᠢᠶᠡᠯᠡᠩ ᠲᠣᠭᠣᠷᠢᠭ᠎ᠨᠢ ᠤᠯᠤᠰ᠎ᠤᠨ ᠲᠠᠰ᠎ᠤᠨ ᠠᠵᠤ ᠦᠢ᠍ᠯᠡᠰ᠎ᠤᠨ ᠠᠭᠤᠰᠤᠯᠴᠠᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ ᠪᠠ ᠤᠯᠤᠰ᠎ᠤᠨ ᠲᠠᠰ᠎ᠤᠨ ᠣᠲᠣ ᠦᠶ᠎ᠡ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ᠃

       ᠠᠵᠤ ᠦᠢ᠍ᠯᠡᠰ᠎ᠢ ᠣᠷᠣᠭᠤᠯᠤᠨ ᠠᠪᠴᠢᠷᠠᠬᠤ ᠵᠢᠨ ᠬᠠᠮᠲᠤ᠂ ᠪᠡᠭᠡᠵᠢᠩ᠎ᠤᠨ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠰᠣᠶᠣᠯ ᠡᠷᠡᠭᠦᠯ ᠬᠠᠮᠠᠭ᠋ᠠᠯᠠᠯ᠎ᠤᠨ ᠰᠢᠯᠢᠳᠡᠭ ᠡᠬᠢ ᠪᠠᠶᠠᠯᠢᠭ ᠴᠤ᠌ ᠥᠪᠥᠷ ᠮᠣᠩᠭᠣᠯ᠎ᠤᠨ ᠡᠬᠡ ᠭᠠᠵᠠᠷ᠎ᠲᠤ ᠲᠠᠰᠤᠷᠠᠯᠲᠠ ᠦᠭᠡᠢ ᠣᠷᠣᠵᠤ ᠢᠷᠡᠪᠡ᠃

       ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠵᠢ ᠥᠷᠨᠢᠭᠦᠯᠦᠭᠰᠡᠨ᠎ᠠᠴᠠ ᠨᠠᠰᠢ  ᠂ ᠪᠡᠭᠡᠵᠢᠩ ᠬᠣᠲᠠ ᠪᠣᠯᠣᠨ ᠥᠪᠥᠷ ᠮᠣᠩᠭᠣᠯ ᠶᠠᠪᠤᠯᠴᠠᠭ᠎ᠠ  ᠂ ᠰᠣᠯᠢᠯᠴᠠᠭ᠎ᠠ  ᠂ ᠠᠭᠤᠰᠤᠯᠴᠠᠭ᠎ᠠ᠎ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ  ᠂ ᠲᠤᠰᠠᠯᠠᠮᠵᠢ ᠬᠦᠷᠳᠡᠬᠦ ᠭᠠᠵᠠᠷ ᠣᠷᠣᠨ᠎ᠤ ᠳᠤᠲᠠᠭᠤᠳᠠᠯ ᠪᠠᠭᠤᠷᠠᠢ ᠵᠦᠢ᠍ᠯ ᠵᠢᠴᠢ ᠤᠯᠠᠨ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠮᠵᠢᠯᠴᠠᠬᠤ ᠬᠦᠷᠢᠶ᠎ᠡ᠎ᠪᠠᠨ ᠢᠳᠡᠪᠬᠢᠲᠡᠢ ᠥᠷᠭᠡᠳᠬᠡᠵᠦ᠂ 《ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ᠎ᠤᠨ ᠠᠵᠢᠯ ᠲᠦᠷᠦᠯ ᠵᠶ᠋ᠡᠷ ᠵᠶ᠋ᠡᠨ ᠬᠠᠮᠵᠢᠯᠴᠠᠬᠤ ᠪᠦᠳᠦᠭᠦᠪᠴᠢ ᠵᠥᠪᠯᠡᠯᠴᠡᠭᠡᠷ (2021 — 2025 ᠣᠨ)》᠎ᠲᠤ ᠭᠠᠷ᠎ᠤᠨ ᠦᠰᠦᠭ ᠵᠢᠷᠤᠬᠤ᠎ᠪᠠᠷ ᠳᠠᠮᠵᠢᠭᠤᠯᠵᠤ᠂ ᠬᠣᠶᠠᠷ ᠭᠠᠵᠠᠷ᠎ᠤᠨ᠎ᠬᠢᠨ ᠪᠠᠭᠰᠢ ᠵᠢᠨ ᠰᠣᠯᠢᠯᠴᠠᠭ᠎ᠠ ᠪᠣᠯᠪᠠᠰᠤᠷᠠᠯ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠡᠮᠵᠢᠯᠭᠡ᠂ ᠲᠣᠭ᠋ᠠᠴᠢᠯᠠᠭᠰᠠᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠬᠠᠮᠲᠤᠪᠠᠷ ᠡᠳ᠋ᠯᠡᠬᠦ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ 8 ᠲᠠᠯ᠎ᠠ᠎ᠪᠠᠷ ᠰᠠᠨᠠᠯ ᠨᠢᠭᠡᠳᠴᠡᠢ᠃

       ᠣᠲᠣ ᠪᠣᠯᠲᠠᠯ᠎ᠠ  ᠂ ᠪᠡᠭᠡᠵᠢᠩ ᠬᠣᠲᠠ ᠨᠡᠶ᠋ᠢᠲᠡ 6.66 ᠳ᠋ᠦᠩᠰᠢᠭᠤᠷ ᠲᠥᠭᠥᠷᠢᠭ᠎ᠤᠨ ᠰᠤᠷᠭ᠋ᠠᠨ ᠬᠥᠮᠦᠵᠢᠯ ᠡᠮ ᠡᠮᠨᠡᠯᠭᠡ ᠵᠢᠨ ᠬᠠᠪᠰᠤᠷᠤᠨ ᠲᠡᠳᠬᠦᠬᠦ ᠪᠡᠯᠡ ᠮᠥᠩᠭᠥ ᠣᠷᠣᠭᠤᠯᠵᠤ  ᠂ ᠰᠤᠷᠭ᠋ᠠᠭᠤᠯᠢ  ᠂ ᠬᠡᠤᠬᠡᠳ᠎ᠤᠨ ᠴᠡᠴᠡᠷᠯᠢᠭ 171  ᠂ ᠡᠮᠨᠡᠯᠭᠡ ᠵᠢᠨ ᠬᠣᠷᠢᠶ᠎ᠠ  ᠂ ᠡᠷᠡᠭᠦᠯ ᠬᠠᠮᠠᠭ᠋ᠠᠯᠠᠯ᠎ᠤᠨ ᠲᠠᠰᠤᠭ  ᠂ ᠨᠠᠰᠤᠲᠠᠨ᠎ᠢ ᠠᠰᠠᠷᠠᠬᠤ ᠬᠦᠷᠢᠶᠡᠯᠡᠩ 493  ᠂ ᠥᠪᠥᠷ ᠮᠣᠩᠭᠣᠯ᠎ᠤᠨ 424 ᠰᠤᠷᠭ᠋ᠠᠭᠤᠯᠢ  ᠂ 290 ᠡᠮᠨᠡᠯᠭᠡ ᠵᠢᠨ ᠬᠣᠷᠢᠶ᠎ᠠ᠎ᠨᠢ ᠪᠡᠭᠡᠵᠢᠩ ᠬᠣᠲᠠ ᠵᠢᠨ 335 ᠰᠤᠷᠭ᠋ᠠᠭᠤᠯᠢ  ᠂ 255 ᠡᠮᠨᠡᠯᠭᠡ ᠵᠢᠨ ᠬᠣᠷᠢᠶ᠎ᠠ᠎ᠲᠠᠢ ᠬᠠᠮᠵᠢᠯᠴᠠᠬᠤ ᠬᠠᠷᠢᠴᠠᠭ᠎ᠠ ᠪᠠᠢ᠌ᠭᠤᠯᠤᠭᠰᠠᠨ ᠪᠠᠢ᠌ᠨ᠎ᠠ  ᠃

       ᠲᠡᠷᠢᠭᠦᠨ᠎ᠤ ᠣᠢ᠌ᠯᠠᠭ᠋ᠠᠭᠳᠠᠬᠤᠨ᠎ᠢ ᠰᠤᠷᠤᠯᠴᠠᠨ ᠣᠷᠣᠭᠤᠯᠵᠤ ᠵᠢᠱ᠌ᠢᠶ᠎ᠡ ᠦᠵᠡᠭᠦᠯᠬᠦ ᠬᠡᠪ ᠵᠠᠭᠪᠤᠷ᠎ᠢ ᠪᠣᠶ ᠪᠣᠯᠭ᠋ᠠᠨ᠎ᠠ

       ᠭᠠᠴᠠᠭ᠎ᠠ ᠲᠣᠰᠬᠣᠨ ᠦᠨᠳᠦᠰᠦᠨ ᠱᠠᠲᠤᠨ᠎ᠤ ᠣᠯᠠᠨ ᠲᠦᠮᠡᠨ᠎ᠤ ᠥᠪᠡᠷᠲᠡᠭᠡᠨ ᠵᠠᠰᠠᠬᠤ ᠭᠣᠣᠯ ᠴᠣᠭᠴᠠ ᠪᠣᠯᠤᠭᠰᠠᠨ᠎ᠤ ᠬᠤᠪᠢ᠎ᠳᠤ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠨᠳᠦᠰᠦᠨ ᠡᠯᠧᠮᠧᠨ᠋ᠲ ᠪᠣᠯᠣᠨ ᠭᠣᠣᠯᠯᠠᠭᠴᠢ ᠴᠢᠳᠠᠪᠬᠢ ᠵᠢ ᠠᠴᠢᠶᠠᠯᠠᠵᠤ᠂ 2021 ᠣᠨ᠎ᠠᠴᠠ ᠨᠠᠰᠢ᠂ ᠥᠪᠥᠷ ᠮᠣᠩᠭᠣᠯ ᠪᠡᠭᠡᠵᠢᠩ ᠬᠤᠳᠠ ᠵᠢᠨ ᠲᠡᠷᠢᠭᠦᠨ᠎ᠤ ᠲᠤᠷᠰᠢᠯᠭ᠎ᠠ ᠪᠣᠯᠣᠨ ᠣᠢ᠌ᠯᠠᠭ᠋ᠠᠭᠳᠠᠬᠤᠨ᠎ᠢ ᠢᠳᠡᠪᠬᠢᠲᠡᠢ ᠰᠢᠩᠭᠡᠬᠡᠨ ᠠᠪᠴᠤ ᠲᠣᠯᠢ ᠪᠣᠯᠭ᠋ᠠᠵᠤ᠂ ᠪᠦᠬᠦ ᠲᠣᠰᠬᠣᠨ ᠵᠶ᠋ᠠᠷ ᠪᠦᠲᠦᠭᠡᠨ ᠪᠠᠶ᠋ᠢᠭᠤᠯᠬᠤ᠎ᠪᠠᠷ ᠦᠨᠳᠦᠰᠦᠨ ᠵᠠᠭᠪᠤᠷ ᠪᠣᠯᠭ᠋ᠠᠵᠤ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ᠎ᠪᠠᠷ ᠦᠨᠳᠦᠰᠦᠨ ᠠᠷᠭ᠎ᠠ ᠵᠠᠮ ᠪᠣᠯᠭ᠋ᠠᠵᠤ᠂ ᠤᠯᠠᠨ ᠲᠦᠮᠡᠨ᠎ᠳᠤ ᠦᠢ᠍ᠯᠡᠴᠢᠯᠡᠬᠦ᠎ᠪᠠᠷ ᠦᠨᠳᠦᠰᠦᠨ ᠴᠢᠭᠯᠡᠯ ᠪᠣᠯᠭ᠋ᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠪᠡᠯᠡ ᠮᠥᠩᠭᠥ ᠵᠢ 4.25 ᠳ᠋ᠦᠩᠰᠢᠭᠤᠷ ᠲᠥᠭᠥᠷᠢᠭ ᠣᠷᠣᠭᠤᠯᠵᠤ᠂ 103 ᠲᠦᠷᠦᠯ ᠵᠦᠢ᠍ᠯ᠎ᠢ ᠬᠡᠷᠡᠭᠵᠢᠭᠦᠯᠵᠦ᠂《ᠵᠠᠭᠤᠨ ᠲᠣᠰᠬᠣᠨ᠎ᠤ ᠵᠢᠱ᠌ᠢᠶ᠎ᠡ ᠦᠵᠡᠭᠦᠯᠬᠦ ᠢᠨᠵᠧᠨᠧᠷᠢᠩ》 ᠎ᠢ ᠪᠠᠢ᠌ᠭᠤᠯᠪᠠ᠃

       ᠥᠪᠥᠷ ᠮᠣᠩᠭᠣᠯ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠲᠤᠰᠬᠠᠢ ᠮᠡᠷᠭᠡᠵᠢᠯ᠎ᠤᠨ ᠪᠦᠯᠬᠦᠮ᠎ᠢ ᠤᠷᠢᠬᠤ᠎ᠪᠠᠷ ᠳᠠᠮᠵᠢᠭᠤᠯᠤᠨ  ᠂ ᠣᠯᠠᠨ ᠲᠥᠯᠦᠪᠵᠢᠭᠦᠯᠭᠡ ᠵᠢ ᠨᠢᠭᠡᠳᠬᠡᠭᠰᠡᠨ ᠬᠡᠷᠡᠭᠯᠡᠭᠡᠨ᠎ᠤ ᠴᠢᠨᠠᠷᠲᠠᠢ ᠠᠢ᠌ᠯ ᠲᠣᠰᠬᠣᠨ᠎ᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠪᠠ  ᠃ ᠲᠦᠩᠯᠢᠶᠣᠣ ᠬᠤᠲᠠ ᠵᠢᠨ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤ ᠪᠡᠭᠡᠵᠢᠩ ᠬᠤᠲᠠ ᠵᠢᠨ ᠴᠣᠣᠶᠠᠩ ᠲᠣᠭᠣᠷᠢᠭ᠎ᠤᠨ ᠬᠠᠪᠰᠤᠷᠤᠯᠭ᠎ᠠ ᠳᠣᠣᠷ᠎ᠠ᠂ ᠪᠦᠬᠦ ᠲᠣᠰᠬᠣᠨ ᠵᠶ᠋ᠠᠷ ᠵᠶ᠋ᠠᠨ ᠬᠥᠮᠥᠨ ᠮᠠᠯ᠎ᠢ ᠰᠠᠯᠭ᠋ᠠᠬᠤ ᠵᠢ ᠠᠬᠢᠭᠤᠯᠵᠤ᠂ ᠲᠠᠷᠢᠶᠠᠴᠢᠨ ᠡᠷᠦᠬᠡ ᠵᠢᠨ ᠨᠢᠭᠡᠳᠦᠯᠲᠡᠢ ᠬᠠᠮᠢᠶᠠᠷᠬᠤ᠂ ᠲᠥᠪᠯᠡᠷᠡᠭᠦᠯᠦᠨ ᠲᠡᠵᠢᠭᠡᠨ ᠦᠷᠡᠵᠢᠭᠦᠯᠬᠦ ᠵᠢ ᠪᠡᠶᠡᠯᠡᠭᠦᠯᠪᠡ; ᠤᠯᠠᠭ᠋ᠠᠨᠴᠠᠪ ᠬᠣᠲᠠ ᠵᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠦᠨ ᠴᠢᠤᠸᠠᠨ ᠲᠣᠰᠬᠣᠨ᠎ᠳᠤ 《  ᠨᠣᠭᠣᠭ᠋ᠠᠨ ᠪᠣᠷᠳᠣᠭ᠎ᠠ ᠳᠠᠷᠢᠬᠤ + ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ + ᠦᠨᠢᠶᠡᠨ ᠰᠦ ᠨᠠᠷᠢᠯᠢᠭ ᠡᠳ᠋ᠰᠢᠭᠦᠯᠬᠦ + ᠭᠦᠢ᠍ᠯᠭᠡᠭᠡᠨ᠎ᠳᠤ ᠪᠣᠷᠣᠯᠠᠭᠤᠯᠬᠤ  》 ᠪᠥᠬᠥ ᠬᠡᠯᠬᠢᠶᠡᠨ᠎ᠤ ᠬᠥᠭᠵᠢᠯᠲᠡ ᠵᠢᠨ ᠪᠠᠢ᠌ᠷᠢᠰᠢᠯ᠎ᠢ ᠪᠣᠶ ᠪᠣᠯᠭ᠋ᠠᠪᠠ  ᠃

       ᠬᠥᠳᠡᠭᠡ ᠲᠣᠰᠬᠣᠨ᠎ᠢ ᠤᠳᠤ ᠦᠶ᠎ᠡ ᠵᠢᠨ ᠠᠮᠢᠳᠤᠷᠠᠯ᠎ᠤᠨ ᠨᠥᠬᠥᠴᠡᠯ᠎ᠲᠠᠢ ᠪᠣᠯᠭ᠋ᠠᠵᠤ᠂ ᠬᠤᠳᠠ ᠵᠢᠨ ᠴᠢᠬᠤᠯᠠ ᠡᠯᠧᠮᠧᠨ᠋ᠲ᠎ᠲᠠᠢ ᠡᠷᠬᠡ ᠲᠡᠭᠰᠢ᠎ᠪᠠᠷ ᠰᠣᠯᠢᠯᠴᠠᠬᠤ ᠵᠢ ᠪᠡᠶᠡᠯᠡᠭᠦᠯᠬᠦ ᠵᠢᠨ ᠲᠥᠯᠥᠭᠡ᠂ ᠪᠡᠭᠡᠵᠢᠩ ᠬᠤᠳᠠ ᠵᠢᠨ 17 ᠲᠣᠭᠣᠷᠢᠭ ᠪᠣᠯᠣᠨ ᠥᠪᠥᠷ ᠮᠣᠩᠭᠣᠯ᠎ᠤᠨ 31 ᠬᠣᠣᠰᠯᠠᠯ ᠪᠠᠢ᠌ᠭᠤᠯᠤᠭᠰᠠᠨ ᠬᠣᠰᠢᠭᠤ ᠰᠢᠶᠠᠨ《ᠬᠤᠳᠠ ᠬᠥᠳᠡᠭᠡ ᠵᠢ ᠠᠭᠤᠰᠤᠯᠴᠠᠭᠤᠯᠬᠤ᠂ ᠬᠤᠳᠠ᠎ᠪᠠᠷ ᠬᠥᠳᠡᠭᠡ ᠲᠣᠰᠬᠣᠨ᠎ᠢ ᠳᠠᠢ᠌ᠴᠢᠯᠠᠬᠤ》ᠵᠠᠷᠴᠢᠮ ᠶᠣᠰᠣᠭ᠋ᠠᠷ᠂ ᠪᠡᠭᠡᠵᠢᠩ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠠᠷᠠᠳ᠎ᠤᠨ ᠠᠮᠢᠳᠤᠷᠠᠯ᠎ᠤᠨ ᠲᠦᠷᠦᠯ ᠵᠦᠢ᠍ᠯ᠎ᠤᠨ ᠬᠠᠮᠢᠶᠠᠷᠤᠯᠲᠠ ᠡᠵᠡᠩᠨᠡᠯᠲᠡ ᠵᠡᠷᠭᠡ ᠲᠠᠯ᠎ᠠ ᠵᠢᠨ ᠲᠡᠷᠢᠭᠦᠨ᠎ᠤ ᠣᠢ᠌ᠯᠠᠭ᠋ᠠᠭᠳᠠᠬᠤᠨ᠎ᠢ ᠣᠷᠣᠭᠤᠯᠤᠨ ᠠᠪᠴᠢᠷᠠᠵᠤ᠂ ᠥᠨᠳᠥᠷ ᠪᠠᠷᠢᠮᠵᠢᠶ᠎ᠠ ᠥᠨᠳᠥᠷ ᠭᠠᠷᠤᠭ᠎ᠠ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ ᠲᠣᠰᠬᠣᠨ᠎ᠢ ᠪᠠᠶ᠋ᠢᠭᠤᠯᠬᠤ ᠵᠢ ᠠᠬᠢᠭᠤᠯᠪᠠ᠃

       ᠬᠡᠷᠡᠭᠯᠡᠭᠡ ᠵᠢ ᠬᠠᠪᠰᠤᠷᠤᠨ ᠲᠡᠳᠬᠦᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ ᠳᠣᠲᠣᠭ᠋ᠠᠳᠤ ᠬᠥᠳᠡᠯᠭᠡᠭᠦ ᠬᠦᠴᠦᠨ᠎ᠢ ᠬᠥᠭᠵᠢᠭᠡᠨ᠎ᠡ

       ᠨᠡᠢ᠌ᠰᠯᠡᠯ᠎ᠤᠨ 《  ᠨᠣᠭᠣᠭ᠎ᠠ ᠵᠢᠨ ᠰᠠᠭᠰᠤ  》  《  ᠬᠦᠨᠡᠰᠦᠨ᠎ᠤ ᠤᠭᠤᠲᠠ  》  《  ᠵᠢᠮᠢᠰ᠎ᠤᠨ ᠫᠢᠯᠠ  》 ᠪᠣᠯᠤᠭᠰᠠᠨ᠎ᠤ ᠬᠤᠪᠢ᠎ᠳᠤ  ᠂ ᠥᠪᠥᠷ ᠮᠣᠩᠭᠣᠯ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠡᠭᠡᠵᠢᠩ᠎ᠳᠤ ᠣᠷᠣᠵᠤ ᠪᠣᠷᠣᠯᠠᠭᠤᠯᠬᠤ ᠰᠠᠭ᠋ᠠᠳ ᠦᠭᠡᠢ ᠵᠠᠮ ᠮᠥᠷ᠎ᠲᠤ ᠲᠦᠰᠢᠭᠯᠡᠨ  ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠪᠠ  ᠃

      2021 ᠣᠨ᠎ᠠᠴᠠ ᠨᠠᠰᠢ᠂ ᠪᠡᠭᠡᠵᠢᠩ ᠪᠣᠯᠣᠨ ᠥᠪᠥᠷ ᠮᠣᠩᠭᠣᠯ ᠬᠠᠮᠲᠤᠪᠠᠷ ᠡᠨᠧᠷᠭᠢ ᠵᠢᠨ ᠬᠠᠩᠭ᠋ᠠᠯᠭ᠎ᠠ ᠵᠢᠨ ᠰᠠᠭᠤᠷᠢᠨ  ᠂ ᠬᠣᠯᠢᠰᠢᠨ ᠢᠳᠡᠭᠡᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠠᠢ᠌ᠭᠤᠯᠵᠤ᠂ ᠪᠡᠭᠡᠵᠢᠩ᠎ᠤᠨ ᠨᠢᠭᠡ ᠪᠦᠯᠦᠭ ᠡᠨᠧᠷᠭᠢ ᠵᠢᠨ ᠠᠵᠤ ᠠᠬᠤᠢ᠌ᠯᠠᠯ᠂ ᠲᠠᠷᠢᠶᠠᠯᠠᠩ᠎ᠳᠤ ᠬᠣᠯᠪᠣᠭᠳᠠᠬᠤ ᠠᠵᠤ ᠠᠬᠤᠢ᠌ᠯᠠᠯ ᠥᠪᠥᠷ ᠮᠣᠩᠭᠣᠯ᠎ᠳᠤ ᠨᠤᠲᠤᠭᠰᠢᠪᠠ᠃ ᠬᠣᠶᠠᠷ ᠲᠠᠯ᠎ᠠ᠎ᠪᠠᠷ ᠵᠶ᠋ᠠᠨ ᠪᠡᠭᠡᠵᠢᠩ᠎ᠤᠨ ᠬᠡᠷᠡᠭᠯᠡᠭᠡ᠎ᠪᠠᠷ ᠶᠠᠳᠠᠭᠤ ᠵᠢ ᠲᠡᠳᠬᠦᠬᠦ ᠠᠵᠤ ᠦᠢ᠍ᠯᠡᠰ᠎ᠤᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ ᠲᠥᠪ᠎ᠤᠨ ᠥᠪᠥᠷ ᠮᠣᠩᠭᠣᠯ᠎ᠤᠨ ᠦᠵᠡᠭᠦᠯᠦᠯᠭᠡ ᠵᠢᠨ ᠲᠢᠩᠬᠢᠮ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠲᠥᠪᠯᠡᠷᠡᠭᠦᠯᠦᠨ ᠬᠤᠳᠠᠯᠳᠤᠨ ᠠᠪᠬᠤ ᠵᠢ ᠲᠠᠨᠢᠯᠴᠠᠭᠤᠯᠬᠤ ᠬᠤᠷᠠᠯ ᠵᠡᠷᠭᠡ ᠲᠠᠪᠴᠠᠩ᠎ᠢ ᠠᠰᠢᠭᠯᠠᠨ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠥᠷᠨᠢᠭᠦᠯᠵᠦ᠂ ᠬᠢᠩᠭ᠋ᠠᠨ ᠠᠢ᠌ᠮᠠᠭ᠎ᠤᠨ ᠲᠤᠲᠤᠷᠭ᠎ᠠ᠂ ᠪᠣᠷᠣᠳᠣᠬᠣᠢ ᠵᠢᠨ ᠨᠡᠷᠡᠨ ᠬᠤᠸᠠᠷ᠂ ᠤᠯᠠᠭ᠋ᠠᠨᠴᠠᠪ᠎ᠤᠨ ᠲᠥᠮᠥᠰᠥ᠂ ᠰᠢᠯᠢ ᠵᠢᠨ ᠭᠣᠣᠯ᠎ᠤᠨ ᠬᠤᠨᠢᠨ ᠮᠢᠬ᠎ᠠ ᠵᠡᠷᠭᠡ 《ᠮᠣᠩᠭᠣᠯ ᠨᠡᠷᠡᠮᠵᠢᠲᠦ》 ᠪᠦᠲᠦᠭᠡᠭᠳᠡᠬᠦᠨ᠎ᠤ ᠦᠢ᠍ᠯᠡᠳᠪᠦᠷᠢᠯᠡᠯ ᠪᠣᠷᠤᠯᠠᠭᠤᠯᠭ᠎ᠠ ᠵᠡᠷᠭᠡᠪᠡᠷ ᠬᠥᠭᠵᠢᠪᠡ᠃

      2022 ᠣᠨ᠎ᠤ 9 ᠰᠠᠷ᠎ᠠ ᠵᠢᠨ 13᠎ᠤ ᠡᠳᠦᠷ᠂ ᠥᠪᠥᠷ ᠮᠣᠩᠭᠣᠯ ᠪᠣᠯᠣᠨ ᠪᠡᠭᠡᠵᠢᠩ᠎ᠤᠨ ᠵᠡᠷᠭᠡᠴᠡᠭᠡ ᠱᠤᠭᠤᠮ ᠳᠡᠭᠡᠷ᠎ᠡ 《  ᠪᠡᠭᠡᠵᠢᠩ ᠥᠪᠥᠷ ᠮᠣᠩᠭᠣᠯ᠎ᠤᠨ ᠵᠠᠭᠤᠨ ᠠᠵᠤ ᠠᠬᠤᠢ᠌ᠯᠠᠯ᠎ᠤᠨ ᠪᠠᠢ᠌ᠳᠠᠯ  》 ᠵᠢᠴᠢ 2022 ᠣᠨ᠎ᠤ ᠪᠡᠭᠡᠵᠢᠩ ᠥᠪᠥᠷ ᠮᠣᠩᠭᠣᠯ᠎ᠤᠨ ᠠᠵᠤ ᠦᠢ᠍ᠯᠡᠰ᠎ᠢ ᠵᠣᠯᠭ᠋ᠠᠭᠤᠯᠬᠤ ᠡᠬᠢᠯᠡᠯᠲᠡ ᠵᠢᠨ ᠶᠣᠰᠣᠯᠠᠯ ᠶᠠᠪᠤᠭᠤᠯᠪᠠ  ᠃ ᠬᠣᠶᠠᠷ ᠭᠠᠵᠠᠷ᠎ᠤᠨ ᠳᠠᠪᠠᠭᠤᠯᠢᠭ ᠡᠬᠢ ᠪᠠᠶᠠᠯᠢᠭ ᠪᠠ ᠳᠠᠯᠳᠠ ᠬᠡᠷᠡᠭᠴᠡᠭᠡ ᠵᠢ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠵᠤ  ᠂ ᠪᠡᠭᠡᠵᠢᠩ ᠬᠣᠲᠠ ᠵᠢᠨ ᠠᠵᠤ ᠠᠬᠤᠢ᠌ᠯᠠᠯ᠎ᠤᠨ ᠥᠪᠥᠷ ᠮᠣᠩᠭᠣᠯ᠎ᠳᠤ ᠢᠷᠡᠵᠦ ᠪᠡᠯᠡ ᠣᠷᠣᠭᠤᠯᠤᠨ ᠦᠢ᠍ᠯᠡᠰ ᠬᠥᠭᠵᠢᠭᠦᠯᠬᠦ ᠵᠢ ᠬᠥᠲᠥᠯᠥᠨ ᠵᠢᠯᠤᠭᠣᠳᠴᠤ  ᠂ ᠲᠤᠬᠠᠢ ᠵᠢᠨ ᠲᠠᠯᠠᠪᠤᠷ᠎ᠲᠤ 31 ᠲᠥᠷᠥᠯ ᠵᠦᠢ᠍ᠯ᠎ᠤᠨ ᠭᠡᠷ᠎ᠡ ᠲᠣᠭᠲᠠᠵᠤ  ᠂ ᠭᠡᠷ᠎ᠡ ᠲᠣᠭᠲᠠᠭᠰᠠᠨ ᠵᠣᠭᠣᠰ᠎ᠤᠨ ᠲᠣᠭ᠎ᠠ᠎ᠨᠢ 1464 ᠳ᠋ᠦᠩᠰᠢᠭᠤᠷ ᠲᠥᠭᠥᠷᠢᠭ᠎ᠲᠤ ᠬᠦᠷᠴᠦ  ᠂ ᠡᠨᠧᠷᠭᠢ ᠵᠢᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ  ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ ᠪᠣᠯᠪᠠᠰᠤᠷᠠᠭᠤᠯᠤᠯᠲᠠ  ᠂ ᠰᠣᠶᠣᠯ ᠵᠢᠭᠤᠯᠴᠢᠯᠠᠯ  ᠂ ᠬᠡᠷᠡᠭᠯᠡᠭᠡ ᠭᠦᠢ᠍ᠯᠭᠡᠭᠡ ᠵᠡᠷᠭᠡ ᠣᠯᠠᠨ ᠬᠦᠷᠢᠶᠡᠨ᠎ᠳᠤ ᠬᠣᠯᠪᠣᠭᠳᠠᠵᠠᠢ  ᠃

      《ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ  ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ》 ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠨ  ᠂ ᠪᠦᠬᠦ ᠤᠯᠤᠰ ᠵᠶ᠋ᠠᠷ ᠵᠶ᠋ᠠᠨ ᠨᠢᠭᠡ ᠬᠥᠯᠭᠡ ᠰᠢᠲᠠᠷ᠎ᠠ ᠮᠡᠲᠦ  ᠂ ᠵᠡᠭᠦᠨ ᠪᠠᠷᠠᠭᠤᠨ ᠣᠷᠣᠨ᠎ᠢ ᠨᠢᠭᠡ ᠴᠣᠭᠴᠠᠵᠢᠭᠤᠯᠬᠤ ᠵᠢ ᠪᠠᠷᠢᠮᠲᠠᠯᠠᠵᠤ  ᠂ ᠥᠪᠥᠷ ᠮᠣᠩᠭᠣᠯ᠎ᠤᠨ ᠰᠢᠰᠲ᠋ᠧᠮ᠎ᠤᠨ᠎ᠬᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ  ᠂ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠪᠡᠯᠡ ᠮᠥᠩᠭᠥ ᠪᠠ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ》 ᠵᠢ ᠲᠡᠭᠦᠯᠳᠡᠷᠵᠢᠭᠦᠯᠵᠦ  ᠂ ᠤᠷᠢᠳ ᠬᠣᠵᠢᠳ ᠠᠵᠤ ᠦᠢ᠍ᠯᠡᠰ᠎ᠤᠨ ᠠᠵᠢᠯ ᠣᠯᠭᠣᠯᠲᠠ  ᠂ ᠰᠤᠷᠭ᠋ᠠᠨ ᠬᠥᠮᠦᠵᠢᠯ ᠡᠮ ᠡᠮᠨᠡᠯᠭᠡ  ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠡᠷᠭᠡ ᠠᠯᠢ ᠣᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠢ᠌ᠲᠡᠯᠡᠨ ᠬᠡᠷᠡᠭᠵᠢᠭᠦᠯᠵᠦ  ᠂ ᠶᠠᠳᠠᠭᠤ ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠎ᠢ ᠪᠡᠬᠢᠵᠢᠭᠦᠯᠬᠦ  ᠂ ᠠᠵᠤ ᠦᠢ᠍ᠯᠡᠰ᠎ᠤᠨ ᠶᠠᠰᠤ ᠴᠢᠨᠠᠷ ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ  ᠂ ᠺᠠᠳ᠋ᠷ ᠴᠢᠳᠠᠪᠤᠷᠢᠲᠠᠨ ᠎ᠢ ᠰᠣᠯᠢᠯᠴᠠᠬᠤ  ᠂ ᠬᠥᠳᠡᠯᠮᠦᠷᠢ ᠦᠢ᠍ᠯᠡᠴᠢᠯᠡᠭᠡ᠎ᠪᠠᠷ ᠬᠠᠮᠵᠢᠯᠴᠠᠬᠤ  ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ  ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠡᠷᠭᠡ 《  ᠶᠢᠰᠦᠨ ᠶᠡᠬᠡ ᠢᠨᠵᠧᠨᠧᠷᠢᠩ  》 ᠎ᠢ ᠬᠡᠷᠡᠭᠵᠢᠭᠦᠯᠵᠦ  ᠂ 《  ᠪᠡᠭᠡᠵᠢᠩ᠎ᠤᠨ ᠠᠵᠤ ᠠᠬᠤᠢ᠌ᠯᠠᠯ + ᠥᠪᠥᠷ ᠮᠣᠩᠭᠣᠯ᠎ᠤᠨ ᠡᠬᠢ ᠪᠠᠶᠠᠯᠢᠭ  》  《  ᠪᠡᠭᠡᠵᠢᠩ᠎ᠤᠨ ᠵᠠᠬ᠎ᠠ ᠳᠡᠯᠭᠡᠭᠦᠷ + ᠥᠪᠥᠷ ᠮᠣᠩᠭᠣᠯ᠎ᠤᠨ ᠪᠦᠲᠦᠭᠡᠭᠳᠡᠬᠦᠨ  》  《  ᠪᠡᠭᠡᠵᠢᠩ᠎ᠤᠨ ᠶᠡᠷᠦᠩᠬᠡᠢ ᠬᠡᠯᠲᠡᠰ + ᠥᠪᠥᠷ ᠮᠣᠩᠭᠣᠯ᠎ᠤᠨ ᠰᠠᠭᠤᠷᠢᠨ ᠭᠠᠵᠠᠷ  》 《  ᠪᠡᠭᠡᠵᠢᠩ᠎ᠤᠨ ᠰᠤᠳᠤᠯᠤᠨ ᠨᠡᠭᠡᠭᠡᠬᠦ + ᠥᠪᠥᠷ ᠮᠣᠩᠭᠣᠯ᠎ᠤᠨ ᠦᠢᠯᠡᠳᠬᠦ ᠦᠢ᠍ᠯᠡᠰ  》 ᠵᠡᠷᠭᠡ ᠵᠠᠭᠪᠤᠷ᠎ᠢ ᠯᠠᠪᠳᠠᠭᠤᠨ ᠵᠶ᠋ᠠᠷ ᠠᠬᠢᠭᠤᠯᠵᠤ  ᠂ ᠬᠣᠶᠠᠷ ᠭᠠᠵᠠᠷ᠎ᠤᠨ ᠬᠠᠮᠵᠢᠯᠴᠠᠬᠤ ᠠᠵᠤ ᠦᠢ᠍ᠯᠡᠰ᠎ᠤᠨ ᠬᠦᠷᠢᠶᠡᠯᠡᠩ᠎ᠢ ᠪᠡᠭᠡᠵᠢᠩ ᠥᠪᠥᠷ ᠮᠣᠩᠭᠣᠯ᠎ᠤᠨ ᠠᠵᠤ ᠠᠬᠤᠢ ᠵᠢᠨ ᠬᠥᠭᠵᠢᠯᠲᠡ ᠵᠢᠨ ᠨᠡᠮᠡᠭᠳᠡᠯ᠎ᠤᠨ ᠲᠤᠢ᠌ᠯ ᠪᠣᠯᠭ᠋ᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠢ᠌ᠨ᠎ᠠ  ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤ ᠄ ᠪᠡᠭᠡᠵᠢᠩ ᠥᠪᠥᠷ ᠮᠣᠩᠭᠣᠯ ᠬᠠᠮᠵᠢᠯᠴᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠪᠣᠶ
ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ 《ᠬᠣᠶᠠᠷ ᠰᠠᠭᠤᠷᠢᠨ ᠭᠠᠵᠠᠷ》᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠵᠦ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠳᠤ ᠰᠣᠩᠭᠣᠭᠳᠠᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠲᠠᠨᠢᠯᠴᠠᠭᠤᠯᠪᠠ
ᠲᠦᠩᠯᠢᠶᠣᠣ ᠬᠣᠲᠠ ᠵᠢᠨ ᠬᠦᠷᠢᠶ᠎ᠡ ᠬᠣᠰᠢᠭᠤ ᠄ 《1357》 ᠠᠵᠢᠯ᠎ᠤᠨ ᠠᠷᠭ᠎ᠠ ᠵᠢ ᠬᠡᠷᠡᠭᠵᠢᠭᠦᠯᠵᠦ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠪᠡᠯᠡ ᠮᠥᠩᠭᠥ ᠡᠳ᠋ ᠬᠥᠷᠥᠩᠭᠡ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠨ᠎ᠠ
ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠋ᠠᠨ᠎ᠤ ᠠᠵᠤ ᠦᠢ᠍ᠯᠡᠰ᠎ᠤᠨ ᠬᠦᠷᠢᠶᠡᠯᠡᠩ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠡᠨ᠋ᠸᠷᠭᠢ ᠬᠠᠩᠭ᠋ᠠᠨ᠎ᠠ
《ᠪᠡᠭᠡᠵᠢᠩ》 ᠴᠢᠩ ᠰᠡᠳᠬᠢᠯ᠎ᠠᠴᠠ᠎ᠪᠠᠨ 《ᠤᠯᠠᠭ᠋ᠠᠨᠬᠠᠳᠠ》 ᠵᠢ ᠦᠷᠭᠦᠯᠵᠢᠯᠡᠨ ᠳᠡᠮᠵᠢᠵᠦ 《ᠬᠣᠶᠠᠷ ᠲᠠᠪᠴᠠᠩ 》᠎ᠢ ᠬᠠᠮᠲᠤᠪᠠᠷ ᠪᠠᠢ᠌ᠭᠤᠯᠵᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠪᠡᠭᠡᠵᠢᠩ᠎ᠳᠤ ᠣᠷᠣᠭᠤᠯᠵᠤ ᠣᠷᠣᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠤᠨ᠎ᠠ
 
            