10 ᠰᠠᠷ᠎ᠠ ᠵᠢᠨ 24᠎ᠤ ᠡᠳᠦᠷ ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ 《 ᠨᠡᠢ᠌ᠭᠡᠮ᠎ᠤᠨ ᠬᠠᠪᠰᠤᠷᠤᠨ ᠲᠡᠳᠬᠦᠬᠦ ᠬᠦᠴᠦᠨ᠎ᠢ ᠲᠠᠨᠢᠯᠴᠠᠭᠤᠯᠵᠤ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠯᠳᠤᠭᠤᠯᠤᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ ( ᠨᠢᠭᠡᠳᠦᠭᠡᠷ ᠪᠦᠯᠦᠭ ) ᠵᠢ ᠪᠡᠬᠢᠵᠢᠭᠦᠯᠦᠨ ᠥᠷᠭᠡᠳᠬᠡᠬᠦ ᠲᠤᠬᠠᠢ ᠮᠡᠳᠡᠭᠳᠡᠯ 》᠎ᠢ ᠨᠡᠢ᠌ᠲᠡᠯᠡᠪᠡ ᠃
ᠮᠡᠳᠡᠭᠳᠡᠯ᠎ᠳᠤ ᠬᠡᠯᠡᠭᠰᠡᠨ᠎ᠨᠢ ᠂ ᠰᠢ ᠵᠢᠨ ᠫᠢᠩ ᠶᠡᠷᠦᠩᠬᠡᠢ ᠱᠦᠵᠢ ᠵᠢᠨ ᠲᠠᠷᠢᠶᠠᠯᠠᠩ ᠬᠥᠳᠡᠭᠡ ᠲᠣᠰᠬᠣᠨ ᠲᠠᠷᠢᠶᠠᠴᠢᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠲᠥᠯᠥᠭᠡ᠂ ᠪᠦᠬᠦ ᠨᠡᠢ᠌ᠭᠡᠮ᠎ᠤᠨ ᠬᠦᠴᠦᠨ᠎ᠢ ᠳᠠᠢ᠍ᠢ᠍ᠴᠢᠯᠠᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠳᠤ ᠣᠷᠣᠯᠴᠠᠭᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠲᠤᠬᠠᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠵᠤ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠠᠴᠠ ᠨᠡᠢ᠌ᠭᠡᠮ᠎ᠤᠨ ᠬᠦᠴᠦᠨ᠎ᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠳᠤ ᠣᠷᠣᠯᠴᠠᠭᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠤᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠴᠤᠭᠯᠠᠭᠤᠯᠬᠤ ᠠᠵᠢᠯ᠎ᠢ ᠥᠷᠨᠢᠭᠦᠯᠪᠡ᠃ ᠥᠪᠡᠷ᠎ᠢ᠎ᠪᠠᠨ ᠲᠠᠨᠢᠯᠴᠠᠭᠤᠯᠬᠤ᠎ᠪᠠᠷ ᠮᠡᠳᠡᠭᠦᠯᠬᠦ᠂ ᠬᠡᠷᠡᠭ᠎ᠤᠨ ᠵᠢᠱ᠌ᠢᠶ᠎ᠡ ᠵᠢ ᠠᠩᠬ᠎ᠠ ᠰᠣᠩᠭᠣᠬᠤ᠂ ᠲᠤᠰᠬᠠᠢ ᠮᠡᠷᠭᠡᠵᠢᠯᠲᠡᠨ ᠵᠶ᠋ᠡᠷ ᠬᠢᠨᠠᠨ ᠲᠣᠭᠲᠠᠭ᠋ᠠᠯᠭ᠋ᠠᠬᠤ᠂ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠬᠦ ᠵᠡᠷᠭᠡ᠎ᠪᠠᠷ ᠳᠠᠮᠵᠢᠭᠤᠯᠤᠨ᠂ ᠰᠢᠨ᠎ᠡ ᠵᠢ ᠡᠭᠦᠳᠬᠦ ᠴᠢᠨᠠᠷᠲᠠᠢ᠂ ᠲᠥᠯᠥᠭᠡᠯᠡᠬᠦ ᠴᠢᠨᠠᠷᠲᠠᠢ ᠪᠠ ᠳᠡᠯᠭᠡᠷᠡᠭᠦᠯᠬᠦ ᠴᠢᠨᠠᠷᠲᠠᠢ ᠨᠡᠢ᠍ᠢ᠍ᠳᠡ 36 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠰᠢᠯᠢᠨ ᠰᠣᠩᠭᠣᠪᠠ᠃ 36 ᠨᠡᠢ᠌ᠲᠡᠯᠢᠭ ᠬᠡᠷᠡᠭ᠎ᠤᠨ ᠵᠢᠱ᠌ᠢᠶ᠎ᠡ᠎ᠳᠤ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ᠂ ᠲᠥᠪ᠎ᠤᠨ ᠪᠠᠢ᠌ᠭᠤᠯᠤᠯᠭ᠎ᠠ ᠨᠢᠭᠡᠴᠡ ᠴᠡᠭ ᠲᠣᠭᠲᠠᠭ᠋ᠠᠨ ᠬᠠᠪᠰᠤᠷᠤᠨ ᠲᠡᠳᠬᠦᠭᠰᠡᠨ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠠᠴᠠ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠵᠡᠷᠭᠡ ᠠᠵᠢᠯ᠎ᠢ ᠬᠠᠮᠤᠷᠴᠤ᠂ ᠰᠢᠨ᠎ᠡ ᠱᠠᠲᠤᠨ᠎ᠳᠠᠬᠢ ᠮᠠᠨ᠎ᠤ ᠤᠯᠤᠰ᠎ᠤᠨ ᠨᠡᠢ᠌ᠭᠡᠮ᠎ᠤᠨ ᠬᠠᠪᠰᠤᠷᠤᠨ ᠲᠡᠳᠬᠦᠬᠦ ᠠᠵᠢᠯ᠎ᠤᠨ ᠦᠢ᠍ᠯᠡᠳᠦᠯᠭᠡ ᠵᠢᠨ ᠦᠷ᠎ᠡ ᠪᠦᠲᠦᠭᠡᠯ ᠪᠣᠯᠣᠨ ᠨᠡᠢ᠌ᠲᠡᠯᠢᠭ ᠠᠷᠭ᠎ᠠ ᠬᠢᠳᠡᠯ᠎ᠢ ᠢᠯᠡᠷᠡᠭᠦᠯᠪᠡ᠃
ᠡᠭᠦᠨ᠎ᠳᠤ ᠂ 《 ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ 〈 ᠬᠣᠶᠠᠷ ᠰᠠᠭᠤᠷᠢᠨ ᠭᠠᠵᠠᠷ 〉᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠬᠦ 》᠎ᠨᠢ ᠵᠡᠭᠦᠨ ᠪᠠᠷᠠᠭᠤᠨ ᠣᠷᠣᠨ᠎ᠤ ᠬᠠᠮᠵᠢᠯᠴᠠᠭ᠋ᠠᠨ᠎ᠤ ᠬᠡᠷᠡᠭ᠎ᠤᠨ ᠵᠢᠱ᠌ᠢᠶ᠎ᠡ᠎ᠳᠤ ᠰᠣᠩᠭᠣᠭᠳᠠᠪᠠ ᠃ ᠰᠢ ᠵᠢᠨ ᠫᠢᠩ ᠬᠣᠲᠠ ᠪᠣᠯᠣᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠡᠭᠡᠵᠢᠩ᠎ᠤᠨ ᠶᠡᠷᠦᠩᠬᠡᠢ ᠱᠦᠵᠢ ᠵᠢᠨ ᠥᠪᠥᠷ ᠮᠣᠩᠭᠣᠯ᠎ᠤᠨ 《ᠬᠣᠶᠠᠷ ᠬᠠᠯᠬᠠᠪᠴᠢ ᠂ ᠬᠣᠶᠠᠷ ᠰᠠᠭᠤᠷᠢᠨ ᠂ ᠨᠢᠭᠡ ᠪᠡᠬᠢᠯᠡᠯᠲᠡ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠪᠣᠯᠣᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠋ᠠᠨ᠎ᠤ ᠠᠵᠢᠯ᠎ᠢ ᠭᠦᠨᠵᠡᠭᠡᠢ᠌ᠷᠡᠭᠦᠯᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ 《 ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ 》 ᠪᠠ 《 ᠴᠡᠪᠡᠷ ᠡᠨᠧᠷᠭᠢ ᠵᠢᠨ ᠰᠠᠭᠤᠷᠢᠨ ᠭᠠᠵᠠᠷ 》᠎ᠢ ᠬᠠᠮᠲᠤᠷᠠᠨ ᠬᠠᠮᠲᠤ᠎ᠪᠠᠷ ᠪᠠᠢ᠌ᠭᠤᠯᠵᠤ ᠂ ᠥᠪᠥᠷ ᠮᠣᠩᠭᠣᠯ᠎ᠤᠨ ᠦᠬᠡᠷ ᠬᠣᠨᠢᠨ ᠮᠢᠬ᠎ᠠ ᠂ ᠴᠠᠬᠢᠯᠭ᠋ᠠᠨ ᠬᠦᠴᠦ ᠵᠡᠷᠭᠡ ᠵᠢ ᠬᠠᠪᠰᠤᠷᠤᠨ ᠪᠡᠭᠡᠵᠢᠩ᠎ᠤᠨ ᠵᠠᠬ᠎ᠠ ᠳᠡᠯᠭᠡᠭᠦᠷ᠎ᠲᠤ ᠣᠷᠣᠭᠤᠯᠤᠨ᠎ᠠ ᠃ ᠨᠡᠶ᠋ᠢᠲᠡ 89 ᠵᠢᠮᠢᠰ ᠢᠳᠡᠰᠢᠨ ᠨᠣᠭᠣᠭ᠎ᠠ ᠠᠮᠤ ᠲᠣᠰᠣ ᠳᠠᠷᠢᠬᠤ ᠰᠠᠭᠤᠷᠢᠨ ᠭᠠᠵᠠᠷ ᠂ 44 ᠭᠡᠷ᠎ᠤᠨ ᠵᠢᠭᠦᠷᠲᠡᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠠ 25 ᠮᠢᠬ᠎ᠠ ᠰᠦ ᠠᠮᠤ ᠪᠣᠯᠪᠠᠰᠤᠷᠠᠭᠤᠯᠬᠤ ᠰᠠᠭᠤᠷᠢᠨ ᠭᠠᠵᠠᠷ᠎ᠢ ᠪᠠᠢ᠌ᠭᠤᠯᠵᠤ ᠂ ᠰᠢᠯᠢ ᠵᠢᠨ ᠭᠣᠣᠯ᠎ᠤᠨ ᠬᠣᠨᠢᠨ ᠮᠢᠬ᠎ᠠ ᠂ ᠤᠯᠠᠭ᠋ᠠᠨᠬᠠᠳᠠ ᠵᠢᠨ ᠪᠦᠳᠦᠭᠦᠯᠢᠭ ᠠᠮᠤ ᠂ ᠬᠢᠩᠭ᠋ᠠᠨ ᠠᠢ᠌ᠮᠠᠭ᠎ᠤᠨ ᠲᠤᠲᠤᠷᠭ᠎ᠠ ᠵᠡᠷᠭᠡ ᠣᠯᠠᠨ ᠨᠠᠷᠠᠲᠤ ᠰᠢᠯᠢᠳᠡᠭ ᠨᠠᠷᠠᠲᠤ ᠲᠥᠷᠥᠯ ᠲᠡᠮᠳᠡᠭᠲᠦ ᠵᠢ ᠬᠠᠪᠰᠤᠷᠤᠨ ᠪᠣᠶ ᠪᠣᠯᠭ᠋ᠠᠵᠤ ᠂ 2021 ᠣᠨ᠎ᠳᠤ ᠪᠥᠬᠥ ᠬᠣᠲᠠ ᠵᠢᠨ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠥᠪᠥᠷ ᠮᠣᠩᠭᠣᠯ᠎ᠤᠨ ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ 101 ᠳ᠋ᠦᠩᠰᠢᠭᠤᠷ ᠲᠥᠭᠥᠷᠢᠭ᠎ᠢ ᠳᠠᠪᠠᠵᠠᠢ ᠃ ᠤᠯᠤᠰ᠎ᠤᠨ ᠴᠠᠬᠢᠯᠭ᠋ᠠᠨ ᠬᠦᠴᠦᠨ ᠂ ᠪᠡᠭᠡᠵᠢᠩ᠎ᠤᠨ ᠡᠨᠧᠷᠭᠢ ᠵᠢᠨ ᠰᠤᠷᠪᠤᠯᠵᠢ ᠂ ᠹᠦ᠋ ᠱᠧᠩ ᠂ ᠵᠢᠨ ᠹᠧᠩ ᠰᠢᠨᠵᠢᠯᠡᠬᠦ ᠤᠬᠠᠭ᠋ᠠᠨ ᠮᠡᠷᠭᠡᠵᠢᠯ ᠂ ᠪᠡᠭᠡᠵᠢᠩ᠎ᠤᠨ ᠳ᠋ᠦᠩ ᠹᠠᠩ ᠡᠨᠧᠷᠭᠢ ᠵᠢᠨ ᠰᠤᠷᠪᠤᠯᠵᠢ ᠵᠡᠷᠭᠡ ᠨᠢᠭᠡ ᠪᠦᠯᠦᠭ ᠪᠡᠭᠡᠵᠢᠩ ᠨᠤᠲᠤᠭ᠎ᠲᠠᠢ ᠲᠣᠮᠣ ᠬᠡᠯᠪᠡᠷᠢ ᠵᠢᠨ ᠡᠨᠧᠷᠭᠢ ᠵᠢᠨ ᠰᠤᠷᠪᠤᠯᠵᠢ ᠵᠢᠨ ᠠᠵᠤ ᠠᠬᠤᠢ᠌ᠯᠠᠯ ᠥᠪᠥᠷ ᠮᠣᠩᠭᠣᠯ᠎ᠳᠤ ᠰᠠᠭᠤᠷᠢᠰᠢᠵᠤ ᠂ ᠶᠡᠷᠦᠩᠬᠡᠢ ᠪᠡᠯᠡ ᠣᠷᠣᠭᠤᠯᠤᠯᠲᠠ᠎ᠨᠢ 1500 ᠳ᠋ᠦᠩᠰᠢᠭᠤᠷ ᠲᠥᠭᠥᠷᠢᠭ᠎ᠢ ᠳᠠᠪᠠᠵᠤ ᠂ ᠵᠢᠯ᠎ᠤᠨ ᠴᠠᠬᠢᠯᠭ᠋ᠠᠨ ᠭᠠᠷᠭ᠋ᠠᠬᠤ ᠶᠡᠷᠦᠩᠬᠡᠢ ᠬᠡᠮᠵᠢᠶ᠎ᠡ᠎ᠨᠢ ᠪᠠᠷᠤᠭ 7600 ᠲᠦᠮᠡᠨ ᠺᠢᠯᠣᠸᠠᠲ᠎ᠲᠤ ᠬᠦᠷᠴᠦ ᠂ ᠪᠡᠭᠡᠵᠢᠩ ᠬᠣᠲᠠ ᠵᠢᠨ 40%᠎ᠠᠴᠠ ᠳᠡᠭᠡᠭᠰᠢᠬᠢ ᠴᠠᠬᠢᠯᠭ᠋ᠠᠨ ᠬᠦᠴᠦᠨ᠎ᠤ ᠬᠡᠷᠡᠭᠴᠡᠭᠡ ᠵᠢ ᠪᠠᠲᠤᠯᠠᠵᠤ ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠭᠰᠡᠨ ᠪᠠᠢ᠌ᠨ᠎ᠠ ᠃