ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
《ᠪᠡᠭᠡᠵᠢᠩ》 ᠴᠢᠩ ᠰᠡᠳᠬᠢᠯ᠎ᠠᠴᠠ᠎ᠪᠠᠨ 《ᠤᠯᠠᠭ᠋ᠠᠨᠬᠠᠳᠠ》 ᠵᠢ ᠦᠷᠭᠦᠯᠵᠢᠯᠡᠨ ᠳᠡᠮᠵᠢᠵᠦ 《ᠬᠣᠶᠠᠷ ᠲᠠᠪᠴᠠᠩ 》᠎ᠢ ᠬᠠᠮᠲᠤᠪᠠᠷ ᠪᠠᠢ᠌ᠭᠤᠯᠵᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠪᠡᠭᠡᠵᠢᠩ᠎ᠳᠤ ᠣᠷᠣᠭᠤᠯᠵᠤ ᠣᠷᠣᠯᠭ᠎ᠠ ᠵᠢ᠎ᠨᠢ ᠨᠡᠮᠡᠭᠳᠡᠭᠦᠯᠬᠦ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2022-11-30

       ᠪᠡᠭᠡᠵᠢᠩ ᠬᠤᠳᠠ ᠵᠢᠨ ᠨᠠᠮ᠎ᠤᠨ ᠬᠣᠷᠢᠶ᠎ᠠ᠂ ᠬᠤᠳᠠ ᠵᠢᠨ ᠵᠠᠰᠠᠭ᠎ᠤᠨ ᠣᠷᠳᠣᠨ᠎ᠤ ᠢᠳᠡᠪᠬᠢᠲᠡᠢ ᠠᠬᠢᠭᠤᠯᠤᠯ ᠳᠣᠣᠷ᠎ᠠ᠂ ᠡᠭᠦᠷᠭᠡ ᠴᠢᠳᠠᠪᠬᠢᠲᠤ ᠰᠠᠯᠠᠭ᠎ᠠ ᠮᠥᠴᠢᠷ ᠢᠳᠡᠪᠬᠢᠲᠡᠢ ᠠᠵᠢᠯᠯᠠᠵᠤ᠂ ᠬᠠᠮᠢᠶ᠎ᠠ ᠪᠦᠬᠦᠢ ᠪᠠᠢ᠌ᠭᠤᠯᠤᠯᠭ᠎ᠠ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠯᠴᠠᠵᠤ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠬᠠᠷᠢᠭᠤᠴᠠᠯᠭ᠎ᠠ᠎ᠪᠠᠨ ᠭᠦᠢ᠍ᠴᠡᠳ ᠡᠭᠦᠷᠭᠡᠯᠡᠵᠦ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠦᠷᠭᠡᠨ ᠲᠡᠷᠭᠡᠨ᠎ᠳᠤ ᠰᠠᠭᠤᠵᠤ ᠰᠠᠢ᠌ᠨ ᠴᠢᠮᠡᠭᠡ ᠳᠠᠮᠵᠢᠭᠤᠯᠵᠤ᠂ ᠪᠡᠭᠡᠵᠢᠩ ᠤᠯᠠᠭ᠋ᠠᠨᠬᠠᠳᠠ ᠬᠣᠶᠠᠷ ᠭᠠᠵᠠᠷ᠎ᠤᠨ ᠬᠠᠮᠲᠤᠪᠠᠷ ᠪᠠᠢ᠌ᠭᠤᠯᠤᠭᠰᠠᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠨᠣᠭᠣᠭ᠋ᠠᠨ ᠥᠩᠭᠡ ᠵᠢ ᠨᠡᠪᠲᠡᠷᠡᠭᠦᠯᠬᠦ ᠲᠠᠪᠴᠠᠩ ᠪᠣᠯᠣᠨ ᠬᠢᠵᠢᠭ ᠪᠠᠢ᠌ᠴᠠᠭ᠋ᠠᠵᠤ ᠪᠠᠢ᠌ᠴᠠᠭ᠋ᠠᠨ ᠬᠡᠮᠵᠢᠬᠦ ᠲᠠᠪᠴᠠᠩ (ᠳᠣᠷᠣᠭᠰᠢ 《ᠬᠣᠶᠠᠷ ᠲᠠᠪᠴᠠᠩ》 ᠭᠡᠵᠦ ᠳᠥᠭᠥᠮᠴᠢᠯᠡᠨ᠎ᠡ)  ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠡᠨᠡ ᠪᠣᠯ ᠪᠡᠭᠡᠵᠢᠩ ᠬᠣᠲᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠳᠠᠪᠬᠤᠷᠭ᠎ᠠ ᠵᠢᠨ ᠬᠠᠷᠢᠯᠴᠠᠨ ᠠᠢ᠌ᠯᠴᠢᠯᠠᠬᠤ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠠᠮᠢᠳᠤᠯᠢᠭ ᠦᠢ᠍ᠯᠡᠳᠦᠯᠭᠡ ᠪᠠᠢ᠌ᠵᠤ  ᠂ ᠤᠯᠠᠭ᠋ᠠᠨᠬᠠᠳᠠ ᠵᠢᠨ ᠴᠢᠨᠠᠷ ᠰᠠᠢ᠌ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠡᠭᠡᠵᠢᠩ᠎ᠳᠤ ᠣᠷᠣᠭᠤᠯᠵᠤ ᠪᠣᠷᠣᠯᠠᠭᠤᠯᠬᠤ ᠠᠷᠭ᠎ᠠ ᠵᠠᠮ᠎ᠢ ᠥᠷᠭᠡᠳᠬᠡᠬᠦ᠎ᠳᠤ ᠪᠠᠲᠤ ᠪᠠᠬᠢ ᠰᠠᠭᠤᠷᠢ ᠲᠠᠯᠪᠢᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠡᠭᠡᠵᠢᠩ᠎ᠳᠤ ᠣᠷᠣᠭᠤᠯᠬᠤ ᠵᠢ ᠠᠬᠢᠭᠤᠯᠵᠤ  ᠂ ᠣᠯᠠᠨ ᠲᠦᠮᠡᠨ᠎ᠤ ᠣᠷᠣᠯᠭ᠎ᠠ ᠵᠢᠨ ᠨᠡᠮᠡᠭᠳᠡᠯ᠎ᠢ ᠠᠬᠢᠭᠤᠯᠵᠤ ᠪᠠᠢ᠌ᠭ᠎ᠠ ᠶᠠᠪᠤᠳᠠᠯ ᠪᠣᠯᠣᠨ᠎ᠠ  ᠃ ᠡᠭᠦᠨ᠎ᠤ ᠬᠠᠮᠲᠤ᠂ ᠪᠡᠭᠡᠵᠢᠩ ᠤᠯᠠᠭ᠋ᠠᠨᠬᠠᠳᠠ ᠬᠣᠶᠠᠷ ᠲᠠᠯ᠎ᠠ᠎ᠪᠠᠷ ᠵᠶ᠋ᠠᠨ ᠪᠠᠰᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠥ ᠵᠢ ᠬᠠᠮᠲᠤᠷᠠᠨ ᠪᠠᠶ᠋ᠢᠭᠤᠯᠬᠤ᠂ ᠢᠳᠡᠰᠢᠨ ᠨᠣᠭᠣᠭ᠎ᠠ ᠵᠢᠨ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ᠎ᠢ ᠪᠠᠶ᠋ᠢᠭᠤᠯᠬᠤ ᠵᠡᠷᠭᠡ ᠤᠯᠠᠨ ᠬᠦᠷᠢᠶᠡᠨ᠎ᠳᠤ ᠬᠠᠮ ᠬᠠᠮᠲᠤᠷᠠᠯᠴᠠᠭ᠋ᠠᠨ᠎ᠤ ᠬᠠᠮᠲᠤ ᠵᠢᠨ ᠲᠠᠨᠢᠯᠲᠠ᠎ᠲᠠᠢ ᠪᠣᠯᠵᠤ᠂ ᠬᠣᠶᠠᠷ ᠭᠠᠵᠠᠷ᠎ᠤᠨ ᠬᠠᠮᠲᠤᠷᠠᠯᠴᠠᠭ᠎ᠠ ᠵᠢᠨ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶ᠎ᠡ ᠲᠡᠰᠢ ᠬᠥᠭᠵᠢᠬᠦ ᠵᠢ ᠠᠬᠢᠭᠤᠯᠪᠠ᠃

       ᠥᠨᠳᠥᠷ ᠪᠠᠢ᠌ᠷᠢᠨ᠎ᠳᠤ ᠠᠬᠢᠭᠤᠯᠵᠤ  ᠂ ᠬᠠᠮᠲᠤ᠎ᠪᠠᠷ ᠠᠰᠢᠭ ᠭᠥᠷᠳᠡᠬᠦ ᠰᠢᠨ᠎ᠡ ᠲᠠᠪᠴᠠᠩ᠎ᠢ ᠪᠠᠢ᠌ᠭᠤᠯᠤᠨ᠎ᠠ

       ᠨᠢᠭᠡ᠎ᠨᠢ ᠠᠵᠤ ᠠᠬᠤᠢ ᠴᠡᠴᠡᠭᠯᠡᠨ ᠬᠥᠭᠵᠢᠭᠰᠡᠨ ᠨᠡᠢ᠌ᠰᠯᠡᠯ ᠪᠡᠭᠡᠵᠢᠩ ᠪᠣᠯᠣᠨ᠎ᠠ᠂ ᠮᠤᠨᠳᠠᠭ ᠶᠡᠬᠡ ᠬᠡᠷᠡᠭᠯᠡᠭᠡᠨ᠎ᠤ ᠵᠠᠬ᠎ᠠ ᠳᠡᠯᠭᠡᠭᠦᠷ᠎ᠲᠠᠢ; ᠨᠢᠭᠡ᠎ᠨᠢ ᠡᠳ᠋ ᠭᠠᠷᠤᠯᠲᠠ᠎ᠪᠠᠷ ᠡᠯᠪᠡᠭ ᠤᠯᠠᠭ᠋ᠠᠨᠬᠠᠳᠠ᠎ᠳᠤ  ᠂ ᠴᠢᠨᠠᠷ ᠰᠠᠢ᠌ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠡᠬᠢ ᠪᠠᠶᠠᠯᠢᠭ ᠡᠯᠪᠡᠭ ᠳᠡᠯᠪᠡᠭ ᠪᠠᠢ᠌ᠳᠠᠭ᠃ ᠦᠢ᠍ᠯᠡᠳᠪᠦᠷᠢᠯᠡᠯ ᠪᠣᠷᠤᠯᠠᠭᠤᠯᠭ᠎ᠠ ᠵᠢ ᠤᠨᠢᠨ ᠳᠡᠭᠡᠷ᠎ᠡ᠎ᠨᠢ ᠵᠣᠯᠭ᠋ᠠᠭᠤᠯᠬᠤ ᠵᠢ ᠪᠡᠶᠡᠯᠡᠭᠦᠯᠵᠦ᠂ ᠳᠤᠮᠳᠠᠬᠢ ᠭᠦᠢ᠍ᠯᠭᠡᠭᠡᠨ᠎ᠤ ᠭᠣᠭᠴᠣᠭ᠎ᠠ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠲᠠᠷᠢᠶᠠᠨ ᠭᠠᠵᠠᠷ᠎ᠠᠴᠠ ᠬᠣᠭᠣᠯᠠᠨ ᠰᠢᠷᠡᠭᠡ ᠬᠦᠷᠲᠡᠯᠡᠬᠢ 《ᠬᠠᠮᠤᠭ᠎ᠤᠨ ᠰᠡᠭᠦᠯᠴᠢ ᠵᠢᠨ  ᠨᠢᠭᠡ  ᠺᠢᠯᠣᠮᠧᠲᠷ 》 ᠎ᠢ ᠨᠡᠪᠲᠡᠷᠡᠭᠦᠯᠬᠦ ᠵᠢᠨ ᠲᠥᠯᠥᠭᠡ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠲᠣᠭᠲᠠᠴᠠ ᠵᠢᠨ ᠳᠣᠣᠷ᠎ᠠ᠂《ᠬᠣᠶᠠᠷ ᠲᠠᠪᠴᠠᠩ》 ᠎ᠤᠨ ᠪᠠᠢ᠌ᠭᠤᠯᠤᠯᠲᠠ ᠪᠠᠢ᠌ᠳᠠᠯ᠎ᠢ ᠦᠨᠳᠦᠰᠦᠯᠡᠨ ᠪᠤᠢ ᠪᠣᠯᠪᠠ᠃

       ᠪᠡᠭᠡᠵᠢᠩ ᠬᠤᠳᠠ ᠵᠢᠨ ᠭᠣᠣᠯ ᠤᠳᠤᠷᠢᠳᠤᠯᠭ᠎ᠠ 《ᠬᠣᠶᠠᠷ ᠲᠠᠪᠴᠠᠩ》 ᠎ᠤᠨ ᠪᠠᠢ᠌ᠭᠤᠯᠤᠯᠲᠠ᠎ᠳᠤ ᠴᠢᠬᠤᠯᠠ ᠴᠣᠬᠣᠯᠠᠪᠤᠷᠢ ᠥᠭᠴᠦ᠂ ᠪᠡᠭᠡᠵᠢᠩ ᠬᠤᠳᠠ ᠵᠢᠨ ᠳᠡᠮᠵᠢᠯᠭᠡ ᠦᠵᠡᠭᠦᠯᠬᠦ ᠬᠠᠮᠲᠤᠷᠠᠯᠴᠠᠭ᠋ᠠᠨ᠎ᠤ ᠠᠯᠪᠠᠨ ᠭᠡᠷ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠲᠣᠪᠴᠢᠶ᠎ᠠ ᠵᠡᠷᠭᠡ ᠭᠣᠣᠯᠯᠠᠨ ᠬᠠᠮᠢᠶᠠᠷᠬᠤ ᠡᠭᠦᠷᠭᠡ ᠴᠢᠳᠠᠪᠬᠢᠲᠤ ᠰᠠᠯᠠᠭ᠎ᠠ ᠮᠥᠴᠢᠷ ᠢᠳᠡᠪᠬᠢᠲᠡᠢ ᠠᠵᠢᠯᠯᠠᠵᠤ᠂ ᠪᠧᠢ ᠼᠠᠢ ᠪᠦᠯᠦᠭᠯᠡᠯ ᠵᠡᠷᠭᠡ ᠠᠵᠤ ᠠᠬᠤᠢ᠌ᠯᠠᠯ ᠨᠡᠢ᠌ᠭᠡᠮ᠎ᠤᠨ ᠬᠠᠷᠢᠭᠤᠴᠠᠯᠭ᠎ᠠ ᠵᠢ ᠵᠣᠷᠢᠭᠲᠠᠢ᠎ᠪᠠᠷ ᠡᠭᠦᠷᠭᠡᠯᠡᠵᠦ᠂ 《ᠬᠣᠶᠠᠷ ᠲᠠᠪᠴᠠᠩ》 ᠎ᠤᠨ ᠪᠠᠢ᠌ᠭᠤᠯᠤᠯᠲᠠ ᠵᠢ ᠨᠠᠢ᠌ᠳᠠᠪᠤᠷᠢᠵᠢᠭᠤᠯᠬᠤ ᠵᠢ ᠢᠳᠡᠪᠬᠢᠲᠡᠢ ᠠᠬᠢᠭᠤᠯᠪᠠ᠃ ᠡᠨᠡ᠎ᠨᠢ ᠤᠯᠠᠭ᠋ᠠᠨᠬᠠᠳᠠ ᠵᠢᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠭᠰᠡᠨ ᠪᠠᠢ᠌ᠨ᠎ᠠ᠃ ᠥᠪᠡᠷᠲᠡᠭᠡᠨ ᠵᠠᠰᠠᠬᠤ ᠣᠷᠣᠨ  ᠂ ᠪᠡᠭᠡᠵᠢᠩ ᠬᠣᠲᠠ  ᠂ ᠤᠯᠠᠭ᠋ᠠᠨᠬᠠᠳᠠ ᠬᠣᠲᠠ ᠵᠢᠨ ᠤᠳᠤᠷᠢᠳᠤᠯᠭ᠎ᠠ ᠵᠢᠨ 《ᠬᠣᠶᠠᠷ ᠲᠠᠪᠴᠠᠩ》᠎ᠢ ᠬᠠᠮᠲᠤ᠎ᠪᠠᠷ ᠪᠠᠶ᠋ᠢᠭᠤᠯᠬᠤ ᠲᠤᠬᠠᠢ ᠭᠠᠷᠭ᠋ᠠᠭᠰᠠᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠱᠠᠭ᠋ᠠᠷᠳᠠᠯᠭ᠎ᠠ ᠶᠣᠰᠣᠭ᠋ᠠᠷ  ᠂ ᠤᠯᠠᠭ᠋ᠠᠨᠬᠠᠳᠠ ᠬᠣᠲᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ  ᠂ ᠬᠣᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠂ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ  ᠂ ᠬᠣᠲᠠ ᠵᠢᠨ ᠵᠠᠮ ᠬᠠᠷᠢᠯᠴᠠᠭ᠋ᠠᠨ᠎ᠤ ᠲᠣᠪᠴᠢᠶ᠎ᠠ  ᠂ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ  ᠂ ᠬᠣᠲᠠ ᠵᠢᠨ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ ᠵᠢᠨ ᠬᠠᠮᠲᠤ ᠵᠢᠨ ᠲᠣᠭᠲᠠᠮᠠᠯ ᠬᠤᠷᠠᠯ᠎ᠳᠤ ᠬᠣᠶᠠᠷ ᠲᠠᠪᠴᠠᠩ᠎ᠤᠨ ᠬᠠᠮᠢᠶ᠎ᠠ ᠪᠦᠬᠦᠢ ᠤᠴᠢᠷ ᠶᠠᠪᠤᠳᠠᠯ᠎ᠢ ᠰᠤᠳᠤᠯᠵᠤ  ᠂ ᠬᠣᠲᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠎ᠤᠨ ᠲᠥᠷᠥ ᠵᠢᠨ ᠪᠣᠳᠣᠯᠭ᠎ᠠ ᠵᠢᠨ ᠪᠦᠲᠦᠮᠵᠢᠲᠡᠶ ᠵᠣᠯᠭ᠋ᠠᠯᠳᠤᠯ᠎ᠢ ᠰᠢᠢ᠍ᠳᠪᠦᠷᠢᠯᠡᠵᠦ  ᠂ ᠰᠢᠢ᠍ᠳᠪᠦᠷᠢᠯᠡᠬᠦ ᠠᠭᠤᠯᠭ᠎ᠠ ᠵᠢ ᠲᠣᠭᠲᠠᠭ᠋ᠠᠪᠠ  ᠃

      《ᠬᠣᠶᠠᠷ ᠲᠠᠪᠴᠠᠩ》᠎ᠨᠢ 《ᠨᠢᠭᠡ ᠨᠢᠰᠢᠩᠭᠦ ᠵᠢᠨ ᠬᠣᠶᠠᠷ ᠦᠵᠦᠭᠦᠷ᠎ᠲᠤ ᠰᠢᠬᠢᠷᠯᠢᠭ》 ᠪᠣᠯᠬᠤ ᠦᠷ᠎ᠡ ᠳ᠋ᠦᠩ ᠎ᠢ ᠠᠪᠴᠢᠷᠠᠵᠤ  ᠂ ᠦᠢ᠍ᠯᠡᠳᠬᠦᠨ᠎ᠤ ᠦᠢ᠍ᠯᠡᠳᠪᠦᠷᠢᠯᠡᠭᠴᠢ ᠪᠣᠯᠣᠨ ᠬᠡᠷᠡᠭᠯᠡᠭᠴᠢᠳ᠎ᠲᠤ ᠴᠥᠮ ᠠᠰᠢᠭ ᠬᠦᠷᠲᠡᠭᠡᠬᠦ ᠪᠣᠯᠣᠨ᠎ᠠ  ᠃ ᠨᠢᠭᠡ ᠲᠠᠯ᠎ᠠ᠎ᠪᠠᠷ ᠤᠯᠠᠭ᠋ᠠᠨᠬᠠᠳᠠ ᠵᠢᠨ ᠨᠡᠩ ᠤᠯᠠᠨ ᠪᠣᠬᠢᠷᠳᠤᠯ ᠦᠭᠡᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠡᠭᠡᠵᠢᠩ᠎ᠤᠨ ᠲᠣᠮᠣ ᠵᠠᠬ᠎ᠠ ᠳᠡᠯᠭᠡᠭᠦᠷ᠎ᠲᠤ ᠰᠢᠭᠤᠳ ᠬᠦᠷᠭᠡᠵᠦ᠂ ᠨᠡᠢ᠌ᠰᠯᠡᠯ᠎ᠤᠨ ᠬᠤᠳᠠ ᠵᠢᠨ ᠠᠷᠠᠳ ᠡᠳ᠋᠎ᠨᠢ ᠰᠠᠢ᠌ᠨ ᠦᠨ᠎ᠡ᠎ᠨᠢ ᠬᠢᠮᠳᠠ ᠲᠠᠯ᠎ᠠ ᠨᠤᠲᠤᠭ᠎ᠤᠨ ᠣᠨᠴᠠ ᠭᠠᠷᠤᠯᠲᠠ ᠵᠢ ᠢᠳᠡᠵᠦ᠂ ᠨᠦᠬᠦᠬᠡ ᠲᠠᠯ᠎ᠠ᠎ᠪᠠᠷ ᠵᠠᠪᠰᠠᠷ᠎ᠤᠨ ᠬᠤᠳᠠᠯᠳᠤᠭ᠋ᠠᠴᠢᠨ᠎ᠤ ᠣᠯᠬᠤ ᠠᠰᠢᠭ ᠬᠣᠨᠵᠢᠪᠤᠷᠢ ᠵᠢ ᠪᠠᠭ᠋ᠠᠰᠬᠠᠵᠤ᠂ ᠥᠷᠭᠡᠨ ᠤᠯᠠᠨ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠵᠡᠢ᠃

       ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠭᠠᠷ ᠬᠣᠯᠪᠣᠯᠴᠠᠨ ᠰᠢᠨ᠎ᠡ ᠵᠢᠷᠤᠭ ᠲᠥᠰᠥᠪ᠎ᠢ ᠬᠠᠮᠲᠤᠪᠠᠷ ᠵᠢᠷᠤᠭᠯᠠᠰᠤᠭ᠋ᠠᠢ

       ᠨᠡᠢ᠌ᠰᠯᠡᠯ᠎ᠲᠠᠢ ᠬᠥᠷᠰᠢᠯᠡᠵᠦ᠂ ᠤᠯᠠᠭ᠋ᠠᠨᠬᠠᠳᠠ᠎ᠨᠢ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠳᠤᠮᠳᠠ ᠤᠰᠤᠨ᠎ᠠᠴᠠ ᠣᠶ᠋ᠢᠷᠠᠯᠴᠠᠭ᠎ᠠ ᠠᠰᠠᠷ ᠲᠠᠭᠲᠤ ᠵᠢᠨ ᠭᠠᠵᠠᠷ᠎ᠤᠨ ᠠᠰᠢᠭ᠎ᠤᠨ ᠳᠠᠪᠠᠭᠤᠯᠢᠭ᠎ᠲᠠᠢ᠃ ᠣᠳᠣᠬᠠᠨ᠎ᠳᠤ᠂ ᠪᠡᠭᠡᠵᠢᠩ᠎ᠤᠨ ᠪᠦᠬᠦ ᠬᠦᠴᠦᠨ᠎ᠤ ᠳᠡᠮᠵᠢᠯᠭᠡ ᠳᠣᠣᠷ᠎ᠠ᠂ ᠤᠯᠠᠭ᠋ᠠᠨᠬᠠᠳᠠ ᠵᠢᠨ ᠣᠷᠣᠨ ᠪᠠᠢ᠌ᠷᠢ ᠵᠢᠨ ᠳᠠᠪᠠᠭᠤᠯᠢᠭ᠎ᠨᠢ ᠣᠷᠣᠨ ᠨᠤᠲᠤᠭ᠎ᠤᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠴᠢᠳᠠᠪᠤᠷᠢ ᠣᠯᠭᠣᠵᠤ ᠪᠠᠢ᠌ᠨ᠎ᠠ᠃

       ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠎ᠠ ᠵᠢᠨ ᠭᠦᠨᠵᠡᠭᠡᠢ᠌ᠷᠡᠨ ᠥᠷᠨᠢᠬᠦ ᠵᠢ ᠳᠠᠭ᠋ᠠᠯᠳᠤᠨ᠂ ᠤᠯᠠᠭ᠋ᠠᠨᠬᠠᠳᠠ ᠵᠢᠨ ᠨᠡᠢ᠌ᠭᠡᠮ᠎ᠤᠨ ᠦᠢ᠍ᠯᠡᠰ ᠬᠥᠭᠵᠢᠯᠲᠡ ᠵᠢᠨ ᠠᠵᠠ ᠲᠣᠬᠢᠶᠠᠯ᠎ᠢ ᠤᠭᠲᠤᠨ ᠠᠪᠴᠢᠷᠠᠪᠠ᠃ ᠪᠡᠭᠡᠵᠢᠩ ᠤᠯᠠᠭ᠋ᠠᠨᠬᠠᠳᠠ ᠬᠣᠶᠠᠷ ᠭᠠᠵᠠᠷ 《ᠬᠣᠶᠠᠷ ᠲᠠᠪᠴᠠᠩ》 ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠵᠢᠨ ᠬᠠᠮᠲᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠥ ᠵᠢ ᠬᠠᠮᠲᠤᠷᠠᠨ ᠪᠠᠶ᠋ᠢᠭᠤᠯᠬᠤ᠂ FUDI ᠬᠥᠮᠥᠷᠭᠡ ᠵᠢᠨ ᠭᠡᠰᠢᠭᠦᠨ᠎ᠤ ᠳᠡᠯᠭᠡᠭᠦᠷ᠎ᠤᠨ ᠤᠯᠠᠭ᠋ᠠᠨᠬᠠᠳᠠ ᠵᠢᠨ ᠬᠤᠪᠢᠶᠠᠷᠢ ᠳᠡᠯᠭᠡᠭᠦᠷ᠎ᠢ ᠬᠥᠭᠵᠢᠭᠦᠯᠬᠦ᠂ ᠤᠮᠠᠷᠠᠲᠤ ᠵᠢᠨ ᠢᠳᠡᠰᠢᠨ ᠨᠣᠭᠣᠭ᠎ᠠ ᠵᠢᠨ ᠨᠢᠭᠡᠳᠦᠭᠡᠷ ᠳᠡᠰ᠎ᠤᠨ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ᠎ᠢ ᠭᠥᠯᠢᠶᠡᠨ ᠠᠪᠴᠤ ᠪᠦᠲᠦᠭᠡᠨ ᠪᠠᠶ᠋ᠢᠭᠤᠯᠬᠤ ᠵᠡᠷᠭᠡ ᠬᠦᠷᠢᠶᠡᠨ᠎ᠳᠤ ᠤᠯᠠᠨ ᠵᠦᠢ᠍ᠯ᠎ᠤᠨ ᠬᠠᠮᠲᠤᠷᠠᠯᠴᠠᠭ᠋ᠠᠨ᠎ᠤ ᠬᠠᠮᠲᠤ ᠵᠢᠨ ᠲᠠᠨᠢᠯᠲᠠ᠎ᠲᠠᠢ ᠪᠣᠯᠵᠠᠢ᠃ ᠪᠡᠭᠡᠵᠢᠩ ᠬᠤᠳᠠ ᠵᠢᠨ ᠳᠡᠮᠵᠢᠯᠭᠡ ᠦᠵᠡᠭᠦᠯᠬᠦ ᠬᠠᠮᠲᠤᠷᠠᠯᠴᠠᠭ᠋ᠠᠨ᠎ᠤ ᠠᠯᠪᠠᠨ ᠭᠡᠷ ᠬᠣᠶᠠᠷ ᠭᠠᠵᠠᠷ᠎ᠤᠨ ᠰᠠᠯᠠᠭ᠎ᠠ ᠮᠥᠴᠢᠷ᠎ᠤᠨ ᠬᠣᠭᠣᠷᠣᠨᠳᠤ᠎ᠪᠠᠨ ᠵᠣᠯᠭ᠋ᠠᠭᠤᠯᠬᠤ᠎ᠳᠤ ᠢᠳᠡᠪᠬᠢᠲᠡᠢ᠎ᠪᠠᠷ ᠨᠥᠬᠥᠴᠡᠯ ᠪᠦᠷᠢᠯᠳᠦᠭᠦᠯᠵᠦ ᠥᠭᠬᠦ ᠵᠢᠨ ᠬᠠᠮᠲᠤ ᠰᠢᠨ᠎ᠡ ᠵᠢ ᠡᠭᠦᠳᠬᠦ ᠪᠦᠯᠦᠭᠯᠡᠯ᠎ᠤᠨ ᠬᠠᠷᠢᠶᠠᠨ᠎ᠳᠠᠬᠢ ᠯᠢᠦ ᠾᠧ ᠰᠠᠭᠤᠷᠢ ᠮᠥᠩᠭᠥᠨ᠎ᠤ ᠺᠣᠮᠫᠠᠨᠢ ᠪᠣᠯᠣᠨ ᠤᠯᠠᠭ᠋ᠠᠨᠬᠠᠳᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠥ ᠵᠢ ᠬᠠᠮᠲᠤᠷᠠᠨ ᠪᠠᠶ᠋ᠢᠭᠤᠯᠬᠤ ᠶᠠᠪᠤᠳᠠᠯ᠎ᠢ ᠠᠬᠢᠭᠤᠯᠪᠠ; ᠪᠡᠭᠡᠵᠢᠩ ᠬᠤᠳᠠ ᠵᠢᠨ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ ᠢᠳᠡᠪᠬᠢᠲᠡᠢ ᠬᠥᠳᠡᠯᠦᠯᠴᠡᠵᠦ᠂ ᠣᠢ᠌ᠷ᠎ᠠ ᠵᠢᠨ ᠬᠤᠭᠤᠴᠠᠭ᠋ᠠᠨ᠎ᠳᠤ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠤᠯᠠᠭ᠋ᠠᠨᠬᠠᠳᠠ᠎ᠳᠤ ᠢᠷᠡᠵᠤ ᠵᠣᠯᠭ᠋ᠠᠭᠤᠯᠬᠤ᠂ ᠡᠮ ᠡᠮᠨᠡᠯᠭᠡ ᠵᠢᠨ ᠡᠳ᠋ ᠪᠣᠳᠠᠰ ᠬᠠᠨᠳᠢᠪᠯᠡᠬᠤ᠂ ᠶᠠᠳᠠᠭᠤ ᠬᠦᠴᠢᠷᠳᠡᠯᠲᠡᠢ ᠰᠤᠷᠤᠭᠴᠢᠳ᠎ᠲᠤ ᠪᠡᠯᠡ ᠮᠥᠩᠭᠥ ᠬᠠᠨᠳᠢᠪᠯᠡᠬᠤ᠂ ᠰᠤᠷᠭ᠋ᠠᠭᠤᠯᠢ ᠵᠢᠨ ᠪᠦᠲᠦᠭᠡᠨ ᠪᠠᠢ᠌ᠭᠤᠯᠤᠯᠲᠠ᠎ᠳᠤ ᠪᠡᠯᠡ ᠮᠥᠩᠭᠥ ᠬᠠᠨᠳᠢᠪᠯᠡᠬᠤ ᠵᠢ ᠵᠣᠬᠢᠶᠠᠨ ᠪᠠᠢ᠌ᠭᠤᠯᠵᠤ᠂ ᠨᠢᠭᠡ ᠪᠦᠯᠦᠭ ᠲᠦᠷᠦᠯ ᠵᠦᠢ᠍ᠯ᠎ᠤᠨ ᠭᠡᠷ᠎ᠡ ᠤᠯᠠᠭ᠋ᠠᠨᠬᠠᠳᠠ᠂ ᠪᠡᠭᠡᠵᠢᠩ ᠬᠤᠳᠠ ᠵᠢᠨ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠢ ᠲᠤᠰᠠᠯᠠᠨ ᠡᠭᠦᠷᠭᠡ ᠬᠠᠷᠢᠭᠤᠴᠠᠯᠭ᠎ᠠ ᠵᠢ᠎ᠨᠢ ᠱᠧᠦ ᠨᠦᠩ ᠪᠦᠯᠦᠭᠯᠡᠯ᠎ᠤᠨ᠎ᠬᠢᠨ ᠬᠣᠰᠢᠭᠤᠨ ᠳᠣᠣᠷᠠᠬᠢ ᠠᠵᠤ ᠠᠬᠤᠢ᠌ᠯᠠᠯ ᠵᠶ᠋ᠠᠨ ᠲᠠᠢ᠍ᠢ᠍ᠴᠢᠯᠠᠨ ᠪᠦᠯᠬᠦᠮ ᠵᠣᠬᠢᠶᠠᠨ ᠪᠠᠢ᠌ᠭᠤᠯᠵᠤ ᠤᠯᠠᠭ᠋ᠠᠨᠬᠠᠳᠠ᠎ᠳᠤ ᠢᠷᠡᠵᠤ ᠲᠠᠷᠢᠶᠠᠯᠠᠩ᠎ᠤᠨ ᠪᠦᠲᠦᠭᠡᠭᠳᠡᠬᠦᠨ᠎ᠤ ᠪᠡᠭᠡᠵᠢᠩ᠎ᠳᠤ ᠣᠷᠣᠬᠤ ᠶᠠᠪᠤᠳᠠᠯ᠎ᠢ ᠵᠣᠯᠭ᠋ᠠᠭᠤᠯᠵᠠᠢ᠃ ᠤᠮᠠᠷᠠᠲᠤ ᠵᠢᠨ ᠢᠳᠡᠰᠢᠨ ᠨᠣᠭᠣᠭ᠋ᠠᠨ᠎ᠤ ᠪᠦᠯᠦᠭᠯᠡᠯ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠤᠯᠠᠭ᠋ᠠᠨᠬᠠᠳᠠ ᠬᠤᠳᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠲᠠᠢ ᠲᠠᠷᠢᠶᠠᠯᠠᠩ᠎ᠤᠨ ᠪᠦᠲᠦᠭᠡᠭᠳᠡᠬᠦᠨ᠎ᠢ ᠪᠡᠭᠡᠵᠢᠩ᠎ᠳᠤ ᠣᠷᠣᠭᠤᠯᠬᠤ ᠶᠠᠪᠤᠳᠠᠯ᠎ᠤᠨ ᠲᠣᠭᠣᠷᠢᠨ᠎ᠳᠤ ᠤᠯᠠᠨ ᠵᠦᠢ᠍ᠯ᠎ᠤᠨ ᠬᠠᠮᠲᠤᠷᠠᠯᠴᠠᠭ᠋ᠠᠨ᠎ᠤ ᠦᠷ᠎ᠡ ᠪᠦᠲᠦᠭᠡᠯ ᠣᠯᠪᠠ᠄ ᠤᠮᠠᠷᠠᠲᠤ ᠵᠢᠨ ᠢᠳᠡᠰᠢᠨ ᠨᠣᠭᠣᠭ᠋ᠠᠨ᠎ᠤ ᠪᠦᠯᠦᠭᠯᠡᠯ᠎ᠤᠨ ᠲᠣᠮᠣ ᠳ᠋ᠠᠢ᠌ᠲ᠋ᠠ ᠵᠢᠨ ᠰᠢᠰᠲ᠋ᠧᠮ᠎ᠢ ᠠᠰᠢᠭᠯᠠᠨ ᠤᠯᠠᠭ᠋ᠠᠨᠬᠠᠳᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠳᠤ ᠡᠨᠧᠷᠭᠢ ᠣᠯᠭᠣᠵᠤ᠂ ᠤᠯᠠᠭ᠋ᠠᠨᠬᠠᠳᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠭ᠋ᠠᠴᠢᠯᠠᠭᠰᠠᠨ ᠠᠷᠠᠯᠵᠢᠶᠠᠨ᠎ᠤ ᠲᠠᠪᠴᠠᠩ᠎ᠢ ᠬᠠᠮᠲᠤᠷᠠᠯᠴᠠᠨ ᠪᠠᠢ᠌ᠭᠤᠯᠵᠤ᠂ ᠳᠠᠪᠠᠭᠤᠯᠢᠭ ᠲᠠᠩ ᠪᠦᠲᠦᠭᠡᠭᠳᠡᠬᠦᠨ ᠵᠶ᠋ᠡᠷ ᠵᠠᠬᠢᠶᠠᠯᠠᠭ᠎ᠠ᠎ᠪᠠᠷ ᠬᠥᠳᠡᠯᠭᠡᠭᠦᠷ ᠪᠣᠯᠭ᠋ᠠᠬᠤ᠂ ᠣᠬᠣᠷ ᠬᠡᠯᠬᠢᠶ᠎ᠡ᠎ᠪᠠᠷ ᠰᠢᠭᠤᠳ ᠬᠠᠩᠭ᠋ᠠᠬᠤ᠂ ᠪᠦᠬᠦ ᠶᠠᠪᠤᠴᠠ᠎ᠪᠠᠷ ᠡᠬᠢ ᠡᠭᠦᠰᠦᠯ᠎ᠢ᠎ᠨᠢ ᠡᠷᠢᠬᠦ ᠵᠢ ᠪᠡᠶᠡᠯᠡᠭᠦᠯᠪᠡ; ᠲᠥᠪᠡᠳ ᠬᠠᠰᠢ᠂ ᠯᠠᠵᠤᠤ᠂ ᠬᠠᠰᠢ᠂ ᠥᠷᠭᠡᠰᠦᠲᠦ ᠬᠡᠮᠬᠡ ᠵᠡᠷᠭᠡ 4 ᠳᠠᠪᠠᠭᠤᠯᠢᠭ ᠲᠦᠷᠦᠯ ᠵᠦᠢ᠍ᠯ᠎ᠤᠨ ᠲᠣᠭᠣᠷᠢᠨ᠎ᠳᠤ᠂ 30 ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠪᠡᠭᠡᠵᠢᠩ᠎ᠤᠨ ᠢᠳᠡᠰᠢᠨ ᠨᠣᠭᠣᠭ᠎ᠠ ᠵᠢᠨ ᠰᠢᠨ᠎ᠡ ᠰᠣᠷᠭᠣᠭ ᠢᠳᠡᠭᠡᠨ᠎ᠤ ᠪᠥᠭᠡᠮ᠎ᠤᠨ ᠵᠠᠬ᠎ᠠ ᠳᠡᠯᠭᠡᠭᠦᠷ᠎ᠲᠤ ᠦᠨ᠎ᠡ ᠲᠥᠯᠥᠪᠦᠷᠢ ᠦᠭᠡᠢ᠎ᠪᠠᠷ ᠣᠷᠣᠭᠤᠯᠬᠤ ᠵᠢᠨ ᠬᠠᠮᠲᠤ᠂ ᠪᠡᠭᠡᠵᠢᠩ᠎ᠤᠨ ᠢᠳᠡᠰᠢᠨ ᠨᠣᠭᠣᠭ᠎ᠠ ᠵᠢᠨ ᠰᠢᠨ᠎ᠡ ᠰᠣᠷᠭᠣᠭ ᠢᠳᠡᠭᠡᠨ᠎ᠤ ᠪᠥᠭᠡᠮ᠎ᠤᠨ ᠵᠠᠬ᠎ᠠ ᠳᠡᠯᠭᠡᠭᠦᠷ᠎ᠲᠤ ᡂᠢ ᠴᠧᠩ ᠹᠸᠩ᠎ᠤᠨ ᠢᠳᠡᠭᠡᠨ᠎ᠤ ᠲᠤᠰᠬᠠᠢ ᠡᠵᠡᠩᠨᠡᠯᠲᠡ ᠵᠢᠨ ᠳᠡᠯᠭᠡᠭᠦᠷ ᠪᠠᠢ᠌ᠭᠤᠯᠵᠤ᠂ ᠴᠢᠨᠠᠷ ᠰᠠᠢ᠌ᠲᠠᠢ ᠲᠠᠷᠢᠶᠠᠯᠠᠩ᠎ᠤᠨ ᠪᠦᠲᠦᠭᠡᠭᠳᠡᠬᠦᠨ᠎ᠤ ᠰᠢᠭᠤᠳ ᠬᠠᠩᠭ᠋ᠠᠯᠭ᠎ᠠ ᠵᠢ ᠪᠡᠶᠡᠯᠡᠭᠦᠯᠦᠨ᠎ᠡ; ᠨᠢᠩᠴᠧᠩ ᠰᠢᠶᠠᠨ  ᠂ ᠰᠦᠩᠱ᠌ᠠᠨ ᠲᠣᠭᠣᠷᠢᠭ  ᠂ ᠬᠠᠷᠠᠴᠢᠨ ᠬᠣᠰᠢᠭᠤᠨ᠎ᠳᠤ ᠢᠳᠡᠰᠢᠨ ᠨᠣᠭᠣᠭ᠎ᠠ ᠢᠯᠭ᠋ᠠᠬᠤ  ᠂ ᠴᠡᠪᠡᠷ ᠨᠣᠭᠣᠭ᠎ᠠ ᠡᠳ᠋ᠰᠢᠭᠦᠯᠬᠦ  ᠂ ᠬᠥᠮᠥᠷᠭᠡᠯᠡᠨ ᠬᠠᠳᠠᠭ᠋ᠠᠯᠠᠵᠤ ᠰᠢᠨ᠎ᠡ ᠰᠣᠷᠭᠣᠭ ᠪᠠᠢ᠌ᠯᠭ᠋ᠠᠬᠤ  ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠵᠢ ᠨᠢᠭᠡ ᠴᠣᠭᠴᠠᠵᠢᠭᠤᠯᠤᠭᠰᠠᠨ ᠭᠠᠷᠤᠯᠲᠠ ᠵᠢᠨ ᠣᠷᠣᠨ᠎ᠤ ᠬᠥᠮᠥᠷᠭᠡ ᠵᠢ 3 ᠪᠠᠢ᠌ᠭᠤᠯᠵᠤ  ᠂ ᠤᠮᠠᠷᠠᠲᠤ ᠵᠢᠨ ᠢᠳᠡᠰᠢᠨ ᠨᠣᠭᠣᠭ᠎ᠠ ᠵᠢᠨ ᠰᠢᠨ᠎ᠡ ᠰᠣᠷᠭᠣᠭ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ ᠪᠠ ᠰᠢᠨ᠎ᠡ᠎ᠪᠠᠷ ᠲᠠᠷᠬᠠᠭ᠋ᠠᠬᠤ ᠭᠠᠵᠠᠷ᠎ᠤᠨ ᠵᠠᠬ᠎ᠠ ᠳᠡᠯᠭᠡᠭᠦᠷ᠎ᠲᠤ ᠰᠢᠭᠤᠳ ᠬᠠᠩᠭ᠋ᠠᠨ᠎ᠠ  ; ᠤᠯᠠᠭ᠋ᠠᠨᠬᠠᠳᠠ ᠵᠢᠨ ᠢᠦᠢ ᠷᠦᠨ ᠵᠠᠬ᠎ᠠ ᠳᠡᠯᠭᠡᠭᠦᠷ᠎ᠲᠤ ᠪᠡᠭᠡᠵᠢᠩ᠎ᠤᠨ ᠲᠠᠷᠢᠶᠠᠯᠠᠩ᠎ᠤᠨ ᠪᠦᠲᠦᠭᠡᠭᠳᠡᠬᠦᠨ ᠵᠢᠴᠢ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠪᠠᠭᠤᠷᠠᠯᠲᠠ ᠵᠢᠨ ᠪᠣᠷᠣᠯᠠᠭᠤᠯᠬᠤ ᠭᠠᠵᠠᠷ᠎ᠤᠨ ᠬᠥᠮᠥᠷᠭᠡ ᠵᠢ ᠪᠠᠢ᠌ᠭᠤᠯᠵᠤ  ᠂ ᠤᠯᠠᠭ᠋ᠠᠨᠬᠠᠳᠠ᠎ᠳᠤ ᠤᠮᠠᠷᠠᠲᠤ ᠵᠢᠨ ᠢᠳᠡᠰᠢᠨ ᠨᠣᠭᠣᠭ᠎ᠠ ᠵᠢᠨ ᠪᠦᠯᠦᠭᠯᠡᠯ᠎ᠤᠨ ᠭᠠᠳᠠᠷ ᠹᠦ᠋ ᠵᠢᠨ ᠬᠥᠯᠳᠡᠭᠡᠭᠰᠡᠨ ᠲᠡᠯᠡᠶ ᠵᠢᠨ ᠢᠳᠡᠭᠡᠨ  ᠂ ᠮᠢᠬᠠᠨ᠎ᠤ ᠵᠦᠢ᠍ᠯ᠎ᠤᠨ ᠢᠳᠡᠭᠡᠨ᠎ᠤ ᠨᠢᠭᠡᠳᠦᠭᠡᠷ ᠳᠡᠰ᠎ᠤᠨ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ᠎ᠢ ᠵᠡᠷᠭᠡ᠎ᠳᠤᠨᠢ ᠪᠣᠢ᠌ᠵᠢᠭᠤᠯᠤᠨ ᠪᠠᠢ᠌ᠭᠤᠯᠤᠨ᠎ᠠ  ᠃

       ᠣᠯᠠᠨ ᠲᠠᠯ᠎ᠠ ᠵᠢᠨ᠎ᠬᠢᠨ ᠬᠣᠯᠪᠤᠭ᠋ᠠᠯᠠᠨ ᠬᠥᠳᠡᠯᠦᠯᠴᠡᠵᠦ  ᠂ ᠬᠠᠮᠲᠤᠷᠠᠯᠴᠠᠭ᠋ᠠᠨ᠎ᠤ ᠰᠢᠨ᠎ᠡ ᠪᠠᠢ᠌ᠷᠢᠰᠢᠯ᠎ᠢ ᠪᠦᠲᠦᠭᠡᠨ᠎ᠡ

       ᠪᠡᠭᠡᠵᠢᠩ ᠬᠤᠳᠠ ᠵᠢᠨ ᠬᠠᠮᠢᠶ᠎ᠠ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠤᠨ᠎ᠬᠢᠨ ᠤᠯᠠᠨ ᠲᠠᠯ᠎ᠠ᠎ᠪᠠᠷ ᠬᠣᠯᠪᠤᠭ᠋ᠠᠯᠠᠨ ᠬᠥᠳᠡᠯᠦᠯᠴᠡᠵᠦ᠂ ᠬᠠᠮᠲᠤᠪᠠᠷ ᠬᠦᠴᠦᠯᠡᠵᠦ᠂ ᠤᠯᠠᠭ᠋ᠠᠨᠬᠠᠳᠠ ᠵᠢᠨ ᠬᠥᠭᠵᠢᠯᠲᠡ ᠵᠢ ᠳᠡᠮᠵᠢᠬᠦ ᠰᠢᠨ᠎ᠡ ᠪᠠᠢ᠌ᠷᠢᠰᠢᠯ᠎ᠢ ᠬᠦᠴᠦᠯᠡᠨ ᠪᠠᠢ᠌ᠭᠤᠯᠵᠠᠢ᠃ ᠪᠡᠭᠡᠵᠢᠩ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠤᠯᠠᠭ᠋ᠠᠨᠬᠠᠳᠠ ᠵᠢᠨ ᠵᠠᠬ᠎ᠠ ᠳᠡᠯᠭᠡᠭᠦᠷ᠎ᠤᠨ   ᠭᠣᠣᠯ ᠴᠣᠭᠴᠠ ᠵᠢᠨ ᠪᠡᠭᠡᠵᠢᠩ᠎ᠤᠨ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠵᠦᠢ᠍ᠯᠡᠰ ᠪᠠ ᠭᠡᠷᠡᠴᠢ ᠦᠨᠡᠮᠯᠡᠯ᠎ᠢ ᠭᠦᠢ᠍ᠴᠡᠳᠬᠡᠬᠦ ᠲᠠᠯ᠎ᠠ᠎ᠪᠠᠷ ᠲᠠᠰ ᠳᠠᠷᠠᠭ᠋ᠠᠯᠠᠯ᠎ᠢ ᠳᠥᠭᠥᠮᠴᠢᠯᠡᠵᠦ  ᠂ ᠲᠥᠬᠥᠮ ᠦᠵᠡᠭᠦᠯᠪᠡ  ᠃ ᠪᠡᠭᠡᠵᠢᠩ ᠬᠣᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠨᠢᠭᠡᠳᠦᠯᠲᠡᠢ ᠲᠥᠯᠥᠪᠯᠡᠨ ᠵᠣᠬᠢᠴᠠᠭᠤᠯᠵᠤ  ᠂ ᠤᠯᠠᠭ᠋ᠠᠨᠬᠠᠳᠠ ᠵᠢᠨ ᠭᠠᠬᠠᠢ ᠨᠢᠲᠤᠯᠵᠤ ᠡᠳ᠋ᠰᠢᠭᠦᠯᠬᠦ ᠭᠣᠣᠯ  ᠠᠵᠤ ᠠᠬᠤᠢ᠌ᠯᠠᠯ᠎ᠳᠤ ᠪᠠᠢ᠌ᠴᠠᠭ᠋ᠠᠨ ᠭᠡᠷᠡᠴᠢᠯᠡᠯ ᠬᠢᠵᠦ  ᠂ ᠤᠯᠠᠭ᠋ᠠᠨᠬᠠᠳᠠ ᠵᠢᠨ ᠲᠦᠭᠦᠬᠡᠢ ᠭᠠᠬᠠᠢ ᠵᠢᠨ ᠮᠢᠬ᠎ᠠ ᠵᠢᠨ ᠪᠡᠭᠡᠵᠢᠩ᠎ᠳᠤ ᠭᠦᠢ᠍ᠯᠭᠡᠭᠡᠨ᠎ᠳᠤ ᠣᠷᠣᠬᠤ ᠵᠢ ᠲᠦᠯᠬᠢᠨ ᠠᠬᠢᠭᠤᠯᠤᠨ᠎ᠠ  ᠃ ᠪᠡᠭᠡᠵᠢᠩ ᠬᠤᠳᠠ ᠵᠢᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠲᠣᠪᠴᠢᠶ᠎ᠠ ᠪᠡᠭᠡᠵᠢᠩ ᠬᠤᠳᠠ ᠵᠢᠨ ᠡᠷᠬᠢᠨ ᠲᠣᠭᠣᠷᠢᠨ᠎ᠤ ᠴᠢᠨᠠᠷ ᠰᠠᠢ᠌ᠲᠠᠢ ᠭᠠᠬᠠᠢ ᠨᠢᠲᠤᠯᠬᠤ ᠠᠵᠤ ᠠᠬᠤᠢ᠌ᠯᠠᠯ᠎ᠲᠠᠢ ᠵᠣᠬᠢᠴᠠᠭᠤᠯᠤᠨ ᠬᠠᠷᠢᠯᠴᠠᠵᠤ᠂ ᠤᠯᠠᠭ᠋ᠠᠨᠬᠠᠳᠠ ᠬᠤᠳᠠ ᠵᠢᠨ ᠬᠢᠯᠢ ᠳᠣᠲᠣᠷᠠᠬᠢ ᠭᠠᠬᠠᠢ ᠨᠢᠲᠤᠯᠬᠤ ᠠᠵᠤ ᠠᠬᠤᠢ᠌ᠯᠠᠯ᠎ᠯᠤᠭ᠎ᠠ ᠨᠢᠲᠤᠯᠬᠤ᠂ ᠬᠢᠵᠢᠭ ᠪᠠᠢ᠌ᠴᠠᠭ᠋ᠠᠬᠤ᠂ ᠬᠡᠰᠡᠭᠯᠡᠨ ᠬᠤᠪᠢᠶᠠᠬᠤ ᠲᠠᠯ᠎ᠠ᠎ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠪᠡ; ᠤᠯᠠᠭ᠋ᠠᠨᠬᠠᠳᠠ ᠵᠢᠨ ᠬᠣᠣᠰᠯᠠᠯ ᠪᠠᠢ᠌ᠭᠤᠯᠤᠭᠰᠠᠨ 8 ᠬᠣᠰᠢᠭᠤ ᠰᠢᠶᠠᠨ᠎ᠳᠤ ᠪᠡᠭᠡᠵᠢᠩ ᠬᠤᠳᠠ ᠵᠢᠨ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠲᠣᠪᠴᠢᠶ᠎ᠠ᠎ᠠᠴᠠ ᠦᠨᠡᠮᠰᠢᠵᠦ ᠫᠠᠢ᠌ᠰᠠ ᠡᠯᠭᠦᠭᠰᠡᠨ ᠨᠢᠭᠡ ᠪᠦᠯᠦᠭ ᠲᠠᠷᠢᠶᠠᠯᠠᠩ᠎ᠤᠨ ᠪᠦᠲᠦᠭᠡᠭᠳᠡᠬᠦᠨ᠎ᠤ ᠰᠢᠭᠤᠳ ᠬᠠᠩᠭ᠋ᠠᠯᠭ᠎ᠠ ᠵᠢᠨ ᠰᠠᠭᠤᠷᠢᠨ᠎ᠢ ᠪᠠᠶ᠋ᠢᠭᠤᠯᠬᠤ ᠵᠢ ᠠᠬᠢᠭᠤᠯᠤᠨ᠎ᠠ; ᠤᠯᠠᠭ᠋ᠠᠨᠬᠠᠳᠠ ᠬᠣᠲᠠ ᠵᠢᠨ ᠪᠡᠭᠡᠵᠢᠩ᠎ᠳᠠᠬᠢ ᠵᠣᠬᠢᠶᠠᠨ ᠪᠠᠢ᠌ᠭᠤᠯᠤᠯᠲᠠ ᠵᠢᠨ ᠣᠷᠣᠨ ᠪᠦᠰᠡ ᠵᠢᠨ ᠣᠯᠠᠨ ᠨᠡᠶ᠋ᠢᠲᠡ ᠵᠢᠨ ᠨᠠᠷᠠᠲᠤ ᠲᠥᠷᠥᠯ ᠲᠡᠮᠳᠡᠭᠲᠦ ᠵᠢᠨ ᠤᠬᠠᠭᠤᠯᠭ᠎ᠠ ᠲᠠᠨᠢᠯᠴᠠᠭᠤᠯᠭ᠎ᠠ ᠵᠢᠨ ᠰᠢᠷᠢᠰ ᠠᠵᠢᠯᠯᠠᠭ᠎ᠠ᠎ᠳᠤ ᠬᠠᠮᠵᠢᠯᠴᠠᠨ᠎ᠠ ; ᠪᠡᠭᠡᠵᠢᠩ᠎ᠤᠨ 8 ᠲᠣᠮᠣ ᠪᠥᠭᠡᠮ ᠵᠶ᠋ᠡᠷ ᠬᠤᠳᠠᠯᠳᠤᠬᠤ ᠵᠠᠬ᠎ᠠ ᠳᠡᠯᠭᠡᠭᠦᠷ  ᠂ 18 ᠭᠣᠣᠯᠳᠠᠯᠭ᠎ᠠ᠎ᠲᠠᠢ ᠬᠡᠲᠦ ᠳᠡᠯᠭᠡᠭᠦᠷ᠎ᠢ ᠢᠳᠡᠪᠬᠢᠲᠡᠢ᠎ᠪᠠᠷ ᠲᠠᠨᠢᠯᠴᠠᠭᠤᠯᠵᠤ  ᠂ ᠤᠯᠠᠭ᠋ᠠᠨᠬᠠᠳᠠ ᠬᠣᠲᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠢ ᠵᠠᠬ᠎ᠠ ᠳᠡᠯᠭᠡᠭᠦᠷ᠎ᠲᠤ ᠣᠷᠣᠭᠤᠯᠬᠤ  ᠂ ᠬᠤᠳᠠᠯᠳᠤᠭ᠋ᠠᠨ᠎ᠤ ᠬᠡᠲᠦ ᠳᠡᠯᠭᠡᠭᠦᠷ᠎ᠲᠤ ᠣᠷᠣᠭᠤᠯᠬᠤ ᠶᠠᠪᠤᠳᠠᠯ᠎ᠢ ᠬᠠᠪᠰᠤᠷᠤᠨ ᠠᠬᠢᠭᠤᠯᠤᠨ᠎ᠠ  ᠃ ᠡᠭᠦᠨ᠎ᠠᠴᠠ ᠭᠠᠳᠠᠨ᠎ᠠ  ᠂ ᠪᠡᠭᠡᠵᠢᠩ ᠬᠣᠲᠠ ᠵᠢᠨ ᠰᠢᠨ᠎ᠡ᠎ᠪᠠᠷ ᠲᠠᠷᠬᠠᠭ᠋ᠠᠭᠰᠠᠨ ᠭᠠᠵᠠᠷ᠎ᠤᠨ ᠵᠠᠬ᠎ᠠ ᠳᠡᠯᠭᠡᠭᠦᠷ᠎ᠨᠢ ᠢᠳᠡᠰᠢᠨ ᠨᠣᠭᠣᠭ᠎ᠠ  ᠂ ᠵᠢᠮᠢᠰ ᠵᠡᠷᠭᠡ ᠬᠣᠶᠠᠷ ᠲᠠᠯ᠎ᠠ᠎ᠪᠠᠷ ᠤᠯᠠᠭ᠋ᠠᠨᠬᠠᠳᠠ ᠬᠣᠲᠠ᠎ᠳᠤ 4 ᠲᠠᠩ ᠪᠦᠲᠦᠭᠡᠭᠳᠡᠬᠦᠨ᠎ᠤ ᠲᠤᠰᠬᠠᠢ ᠣᠷᠣᠨ ᠭᠠᠷᠭ᠋ᠠᠵᠤ  ᠂ ᠤᠯᠠᠭ᠋ᠠᠨᠬᠠᠳᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠢ ᠰᠢᠨ᠎ᠡ᠎ᠪᠠᠷ ᠲᠠᠷᠬᠠᠭ᠋ᠠᠭᠰᠠᠨ ᠭᠠᠵᠠᠷ᠎ᠤᠨ ᠵᠠᠬ᠎ᠠ ᠳᠡᠯᠭᠡᠭᠦᠷ᠎ᠲᠤ ᠰᠢᠭᠤᠳ ᠬᠠᠩᠭ᠋ᠠᠬᠤ ᠵᠢ ᠲᠦᠯᠬᠢᠨ ᠠᠬᠢᠭᠤᠯᠤᠨ᠎ᠠ  ᠃ ᠡᠭᠦᠨ᠎ᠤ ᠬᠠᠮᠲᠤ᠂ ᠤᠯᠠᠭ᠋ᠠᠨᠬᠠᠳᠠ᠎ᠳᠤ ᠲᠠᠯᠠᠪᠤᠷ ᠬᠠᠩᠭ᠋ᠠᠬᠤ ᠵᠢᠨ ᠬᠠᠮᠲᠤ ᠬᠤᠳᠠᠯᠳᠤᠨ ᠠᠪᠬᠤ ᠲᠠᠯ᠎ᠠ ᠵᠢ ᠵᠣᠬᠢᠶᠠᠨ ᠪᠠᠢ᠌ᠭᠤᠯᠵᠤ ᠲᠠᠷᠢᠶᠠᠯᠠᠩ᠎ᠤᠨ ᠪᠦᠲᠦᠭᠡᠭᠳᠡᠬᠦᠨ᠎ᠢ ᠲᠠᠨᠢᠯᠴᠠᠭᠤᠯᠬᠤ ᠬᠤᠷᠠᠯ᠎ᠢ ᠥᠷᠨᠢᠭᠦᠯᠦᠨ᠎ᠡ᠃

       ᠢᠳᠡᠪᠬᠢᠲᠡᠢ᠎ᠪᠠᠷ ᠮᠥᠷᠳᠡᠨ ᠳᠠᠭ᠋ᠠᠵᠤ  ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠵᠢ ᠨᠢᠭᠲᠠᠷᠠᠭᠤᠯᠤᠨ᠎ᠠ

       ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ ᠰᠦᠷ ᠳᠠᠯᠠᠢ᠌ᠴᠠᠲᠠᠢ ᠲᠤᠷᠤᠨ᠎ᠠ ᠵᠢᠨ ᠰᠠᠯᠬᠢᠨ᠎ᠤ ᠡᠷᠴᠢᠨ ᠳᠡᠭᠡᠷ᠎ᠡ᠂ ᠤᠯᠠᠭ᠋ᠠᠨᠬᠠᠳᠠ ᠰᠠᠨᠠᠭ᠋ᠠᠴᠢᠯᠠᠭ᠎ᠠ᠎ᠠᠴᠠ᠎ᠪᠠᠨ ᠪᠡᠭᠡᠵᠢᠩ᠎ᠲᠠᠢ ᠵᠣᠯᠭ᠋ᠠᠯᠴᠠᠵᠤ᠂ ᠪᠦᠬᠦ ᠬᠤᠳᠠ ᠵᠢᠨ ᠠᠵᠤ ᠠᠬᠤᠢ ᠵᠢᠨ ᠬᠥᠭᠵᠢᠯᠲᠡ᠎ᠳᠤ ᠰᠢᠨ᠎ᠡ ᠬᠥᠳᠡᠯᠭᠡᠭᠦ ᠬᠦᠴᠦᠨ᠎ᠢ ᠬᠤᠷᠠᠮᠳᠤᠭᠤᠯᠵᠠᠢ᠃ ᠤᠯᠠᠭ᠋ᠠᠨᠬᠠᠳᠠ ᠬᠤᠳᠠ ᠵᠢᠨ ᠵᠠᠰᠠᠭ᠎ᠤᠨ ᠣᠷᠳᠣᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠎ᠪᠠᠷ ᠳᠤᠭᠤᠢ᠌ᠯᠠᠩ᠎ᠤᠨ ᠳᠠᠷᠤᠭ᠎ᠠ ᠪᠣᠯᠭ᠋ᠠᠭᠰᠠᠨ ᠠᠬᠢᠭᠤᠯᠬᠤ ᠲᠤᠰᠬᠠᠢ ᠠᠩᠬᠢ ᠪᠠᠢ᠌ᠭᠤᠯᠵᠤ᠂ 《ᠬᠣᠶᠠᠷ ᠲᠠᠪᠴᠠᠩ》 ᠎ᠢ ᠡᠷᠲᠡᠬᠡᠨ ᠨᠠᠢ᠌ᠳᠠᠪᠤᠷᠢᠵᠢᠭᠤᠯᠬᠤ ᠵᠢ ᠬᠦᠴᠦᠯᠡᠨ ᠠᠬᠢᠭᠤᠯᠪᠠ᠃ ᠤᠯᠠᠭ᠋ᠠᠨᠬᠠᠳᠠ ᠬᠣᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠢᠳᠡᠪᠬᠢᠲᠡᠢ᠎ᠪᠠᠷ ᠳᠠᠭ᠋ᠠᠵᠤ  ᠂ ᠰᠠᠨᠠᠭ᠋ᠠᠴᠢᠯᠠᠭ᠎ᠠ᠎ᠲᠠᠢ᠎ᠪᠠᠷ ᠳᠠᠭ᠋ᠠᠷᠢᠬᠤ ᠪᠡᠭᠡᠵᠢᠩ᠎ᠤᠨ ᠪᠧᠢ ᠼᠠᠢ ᠪᠦᠯᠦᠭᠯᠡᠯ  ᠂ ᠰᠢᠨ ᠹᠠ ᠳ᠋ᠢ ᠵᠠᠬ᠎ᠠ ᠳᠡᠯᠭᠡᠭᠦᠷ  ᠂ FUDI ᠬᠥᠮᠥᠷᠭᠡ ᠵᠢᠨ ᠭᠡᠰᠢᠭᠦᠳ᠎ᠤᠨ ᠳᠡᠯᠭᠡᠭᠦᠷ᠎ᠲᠤ ᠣᠯᠠᠨᠲᠠ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠬᠢᠵᠦ  ᠂ ᠪᠡᠭᠡᠵᠢᠩ ᠪᠣᠯᠣᠨ ᠤᠯᠠᠭ᠋ᠠᠨᠬᠠᠳᠠ ᠬᠣᠶᠠᠷ ᠭᠠᠵᠠᠷ᠎ᠤᠨ ᠢᠳᠡᠰᠢᠨ ᠨᠣᠭᠣᠭ᠎ᠠ ᠡᠵᠡᠩᠨᠡᠨ ᠪᠣᠷᠣᠯᠠᠭᠤᠯᠬᠤ ᠬᠤᠳᠠᠯᠳᠤᠭ᠋ᠠᠴᠢᠨ᠂ ᠤᠯᠠᠭ᠋ᠠᠨᠬᠠᠳᠠ ᠵᠢᠨ ᠬᠡᠷᠡᠭᠯᠡᠭᠡᠨ᠎ᠤ ᠬᠠᠪᠰᠤᠷᠤᠨ ᠲᠡᠳᠬᠦᠬᠦ ᠨᠡᠢ᠌ᠭᠡᠮᠯᠢᠭ᠎ᠤᠨ ᠭᠡᠰᠢᠭᠦᠨ᠂ ᠤᠯᠠᠭ᠋ᠠᠨᠬᠠᠳᠠ ᠵᠢᠨ ᠭᠠᠬᠠᠢ ᠨᠢᠲᠤᠯᠵᠤ ᠡᠳ᠋ᠰᠢᠭᠦᠯᠬᠦ ᠠᠵᠤ ᠠᠬᠤᠢ᠌ᠯᠠᠯ᠎ᠲᠠᠢ ᠶᠠᠷᠢᠯᠴᠠᠨ ᠪᠠᠢ᠌ᠴᠠᠭ᠋ᠠᠨ ᠰᠤᠳᠤᠯᠤᠯᠲᠠ ᠬᠢᠭᠰᠡᠨ ᠵᠢᠴᠢ ᠬᠣᠶᠠᠷ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠵᠥᠪᠳᠡᠯᠴᠡᠨ ᠰᠠᠨᠠᠯ ᠵᠶ᠋ᠠᠨ ᠰᠣᠯᠢᠯᠴᠠᠵᠤ᠂ ᠤᠯᠠᠭ᠋ᠠᠨᠬᠠᠳᠠ ᠬᠤᠳᠠ ᠵᠢᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠡᠭᠡᠵᠢᠩ᠎ᠳᠤ ᠣᠷᠣᠭᠤᠯᠵᠤ ᠪᠣᠷᠣᠯᠠᠭᠤᠯᠤᠭᠰᠠᠨ ᠣᠳᠣᠬᠢ ᠪᠠᠢ᠌ᠳᠠᠯ᠎ᠤᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠪᠦᠷᠢᠯᠳᠦᠭᠦᠯᠦᠭᠰᠡᠨ ᠪᠥᠭᠡᠳ ᠪᠡᠭᠡᠵᠢᠩ ᠬᠤᠳᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ ᠬᠠᠮᠲᠤᠪᠠᠷ ᠡᠳ᠋ᠯᠡᠵᠦ ᠰᠣᠯᠢᠯᠴᠠᠪᠠ᠃ ᠤᠯᠠᠭ᠋ᠠᠨᠬᠠᠳᠠ ᠬᠤᠳᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠰᠠ ᠪᠡᠭᠡᠵᠢᠩ ᠤᠯᠠᠭ᠋ᠠᠨ ᠴᠡᠷᠢᠭ᠎ᠤᠨ ᠬᠠᠮᠵᠢᠯᠴᠠᠨ ᠬᠥᠭᠵᠢᠬᠦ ᠲᠠᠪᠴᠠᠩ᠎ᠢ ᠪᠠᠢ᠌ᠭᠤᠯᠵᠤ᠂ ᠪᠠᠢ᠌ᠩᠭᠤᠵᠢᠭᠰᠠᠨ ᠣᠯᠣᠯᠴᠠᠬᠤ ᠲᠣᠭᠲᠠᠴᠠ ᠵᠢ ᠪᠦᠷᠢᠯᠳᠦᠭᠦᠯᠵᠦ᠂ 《ᠬᠣᠶᠠᠷ ᠲᠠᠪᠴᠠᠩ》 ᠎ᠤᠨ ᠪᠦᠲᠦᠭᠡᠨ ᠪᠠᠢ᠌ᠭᠤᠯᠤᠯᠲᠠ ᠵᠢ ᠪᠦᠲᠦᠮᠵᠢᠲᠡᠢ ᠠᠬᠢᠭᠤᠯᠬᠤ ᠵᠢᠨ ᠬᠠᠮᠲᠤ᠂ ᠪᠡᠭᠡᠵᠢᠩ ᠤᠯᠠᠭ᠋ᠠᠨ ᠴᠡᠷᠢᠭ᠎ᠤᠨ ᠬᠣᠶᠠᠷ ᠭᠠᠵᠠᠷ᠎ᠤᠨ ᠬᠠᠮᠵᠢᠯᠴᠠᠭ᠎ᠠ ᠵᠢᠨ ᠤᠯᠠᠨ ᠴᠡᠭ᠎ᠲᠤ ᠴᠡᠴᠡᠭᠯᠡᠬᠦ᠂ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠤᠭᠰᠠᠨ ᠪᠠᠢ᠌ᠨ᠎ᠠ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠦᠷᠢᠶ᠎ᠡ ᠬᠣᠰᠢᠭᠤ ᠪᠡᠯᠡ ᠮᠥᠩᠭᠥ ᠵᠢ ᠵᠣᠯᠭ᠋ᠠᠭᠤᠯᠬᠤ (ᠪᠡᠭᠡᠵᠢᠩ ᠥᠪᠥᠷ ᠮᠣᠩᠭᠣᠯ ) ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠤᠷᠠᠯ ᠬᠤᠷᠠᠯᠳᠤᠭᠤᠯᠪᠠ
ᠬᠥᠬᠡᠬᠣᠲᠠ᠄ ᠪᠡᠭᠡᠵᠢᠩ ᠥᠪᠥᠷ ᠮᠣᠩᠭᠣᠯ ᠬᠠᠮᠵᠢᠯᠴᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠴᠢᠳᠠᠪᠤᠷᠢᠲᠠᠨ᠎ᠢ ᠬᠠᠮᠲᠤᠪᠠᠷ ᠬᠥᠮᠥᠵᠢᠭᠦᠯᠦᠨ᠎ᠡ
ᠥᠪᠥᠷ ᠮᠣᠩᠭᠣᠯ᠎ᠤᠨ ᠠᠷᠤ ᠬᠣᠷᠴᠢᠨ ᠬᠣᠰᠢᠭᠤ᠄ ᠪᠡᠭᠡᠵᠢᠩ ᠥᠪᠥᠷ ᠮᠣᠩᠭᠣᠯ ᠬᠠᠮᠵᠢᠯᠴᠠᠨ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠵᠢ ᠪᠢᠴᠢᠭᠯᠡᠨ᠎ᠡ
ᠴᠠᠭ ᠲᠣᠬᠢᠶᠠᠯ᠎ᠢ ᠠᠮᠵᠢᠨ ᠬᠥᠭᠵᠢᠭᠦᠯᠬᠦ ᠲᠤᠬᠠᠢ ᠪᠡᠭᠡᠵᠢᠩ ᠥᠪᠦᠷ ᠮᠣᠩᠭᠣᠯ᠎ᠤᠨ ᠬᠠᠮᠵᠢᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠪᠡ
ᠲᠠᠯ᠎ᠠ ᠨᠤᠲᠤᠭ᠎ᠤᠨ ᠦᠨᠦᠷ ᠠᠮᠲᠠ ᠨᠡᠩ ᠣᠢ᠌ᠷ᠎ᠠ
 
            