ᠵᠢᠯ᠎ᠤᠨ ᠡᠬᠢᠨ᠎ᠠᠴᠠ ᠨᠠᠰᠢ᠂ ᠲᠦᠩᠯᠢᠶᠣᠣ ᠬᠣᠲᠠ ᠵᠢᠨ ᠬᠦᠷᠢᠶ᠎ᠡ ᠬᠣᠰᠢᠭᠤ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ ᠪᠣᠯᠤᠭᠰᠠᠨ᠎ᠤ ᠬᠤᠪᠢ᠎ᠳᠤ᠂ ᠪᠡᠯᠡ ᠮᠥᠩᠭᠥ ᠵᠢ ᠵᠣᠯᠭ᠋ᠠᠭᠤᠯᠬᠤ ᠂ ᠪᠡᠭᠡᠵᠢᠩ ᠥᠪᠥᠷ ᠮᠣᠩᠭᠣᠯ᠎ᠤᠨ ᠪᠡᠯᠡ ᠮᠥᠩᠭᠥ ᠵᠢᠨ ᠲᠥᠷᠥ ᠵᠢᠨ ᠪᠣᠳᠣᠯᠭ᠎ᠠ ᠵᠢᠨ ᠬᠡᠯᠪᠡᠶ᠋ᠢᠯᠲᠡ ᠵᠢᠨ ᠳᠠᠪᠠᠭᠤᠯᠢᠭ᠎ᠢ ᠭᠦᠢ᠍ᠴᠡᠳ ᠠᠰᠢᠭᠯᠠᠨ᠂ 《1357》 ᠪᠡᠯᠡ ᠮᠥᠩᠭᠥ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠠᠵᠢᠯ᠎ᠤᠨ ᠠᠷᠭ᠎ᠠ ᠵᠢ ᠰᠢᠨ᠎ᠡ᠎ᠪᠠᠷ ᠡᠭᠦᠳᠦᠨ ᠬᠡᠷᠡᠭᠵᠢᠭᠦᠯᠵᠦ ᠂ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠪᠡᠯᠡ ᠮᠥᠩᠭᠥ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠭᠦᠨᠵᠡᠭᠡᠢ᠌ᠷᠡᠭᠦᠯᠦᠨ ᠥᠷᠭᠡᠳᠬᠡᠵᠦ᠂ ᠪᠡᠯᠡ ᠮᠥᠩᠭᠥ ᠡᠳ᠋ ᠬᠥᠷᠥᠩᠭᠡ ᠵᠢᠨ ᠲᠣᠭᠲᠠᠭᠤᠨ ᠪᠥᠭᠡᠳ ᠰᠠᠢ᠌ᠨ ᠠᠵᠢᠯᠯᠠᠭ᠋ᠠᠨ᠎ᠢ ᠬᠦᠴᠦᠯᠡᠨ ᠠᠬᠢᠭᠤᠯᠪᠠ ᠃
《1》᠎ᠨᠢ ᠳᠠᠷᠤᠢ ᠨᠢᠭᠡ ᠲᠥᠷᠥᠯ ᠵᠦᠢ᠍ᠯ᠎ᠤᠨ ᠬᠥᠮᠥᠷᠭᠡ ᠵᠢ ᠰᠠᠢ᠌ᠲᠤᠷ ᠪᠠᠶ᠋ᠢᠭᠤᠯᠬᠤ ᠶᠠᠪᠤᠳᠠᠯ ᠪᠣᠯᠣᠨ᠎ᠠ᠃ ᠪᠦᠬᠦ ᠬᠣᠰᠢᠭᠤᠨ᠎ᠤ 2022 — 2025 ᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠲᠥᠰᠥᠯ᠎ᠢ ᠨᠠᠢ᠌ᠷᠠᠭᠤᠯᠤᠨ ᠵᠣᠬᠢᠶᠠᠬᠤ ᠠᠵᠢᠯ᠎ᠲᠠᠢ ᠤᠶᠠᠯᠳᠤᠭᠤᠯᠵᠤ᠂ 2022 — 2025 ᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠬᠥᠮᠥᠷᠭᠡ ᠵᠢ ᠪᠠᠢ᠌ᠭᠤᠯᠵᠤ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠨᠢᠭᠡᠴᠡ ᠵᠢ ᠵᠣᠬᠢᠶᠠᠨ ᠪᠠᠢ᠌ᠭᠤᠯᠤᠨ 《ᠲᠣᠰᠬᠣᠨ ᠵᠶ᠋ᠠᠷ ᠭᠤᠶᠤᠴᠢᠯᠠᠨ ᠮᠡᠳᠡᠭᠦᠯᠬᠦ ᠂ ᠪᠠᠯᠭ᠋ᠠᠰᠤ᠎ᠪᠠᠷ ᠬᠢᠨᠠᠨ ᠬᠠᠷᠭᠤᠭᠤᠯᠬᠤ᠂ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠨᠤᠲᠠᠯᠠᠭᠤᠯᠬᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠵᠶ᠋ᠡᠷ ᠬᠢᠨᠠᠨ ᠬᠠᠷᠭᠤᠭᠤᠯᠬᠤ᠂ ᠬᠣᠰᠢᠭᠤᠨ ᠱᠠᠲᠤᠨ᠎ᠤ ᠤᠳᠤᠷᠢᠳᠬᠤ ᠳᠤᠭᠤᠢ᠌ᠯᠠᠩ ᠵᠶ᠋ᠠᠷ ᠬᠢᠨᠠᠨ ᠲᠣᠭᠲᠠᠭ᠋ᠠᠬᠤ》 ᠬᠥᠮᠥᠷᠭᠡ᠎ᠳᠤ ᠣᠷᠣᠭᠤᠯᠬᠤ ᠲᠠᠰ ᠳᠠᠷᠠᠭ᠋ᠠᠯᠠᠯ ᠶᠣᠰᠣᠭ᠋ᠠᠷ᠂ ᠪᠥᠬᠥ ᠬᠣᠰᠢᠭᠤᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠲᠥᠷᠥᠯ ᠵᠦᠢ᠍ᠯ᠎ᠳᠤ 374 ᠵᠢᠭᠰᠠᠭ᠋ᠠᠨ ᠣᠷᠣᠭᠤᠯᠵᠤ᠂ 63.5 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ᠎ᠳᠤ ᠬᠣᠯᠪᠣᠭᠳᠠᠨ᠎ᠠ ᠃
【3】 ᠭᠤᠷᠪᠠᠨ ᠱᠠᠲᠤᠨ᠎ᠤ ᠬᠠᠷᠢᠭᠤᠴᠠᠯᠭ᠎ᠠ ᠵᠢ ᠲᠣᠳᠣᠷᠬᠠᠢ᠌ᠯᠠᠨ᠎ᠠ᠃《ᠬᠦᠷᠢᠶ᠎ᠡ ᠬᠣᠰᠢᠭᠤᠨ᠎ᠤ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠪᠡᠯᠡ ᠬᠥᠷᠥᠩᠭᠡ ᠵᠢᠨ ᠵᠠᠯᠭ᠋ᠠᠮᠵᠢ ᠬᠠᠮᠢᠶᠠᠷᠤᠯᠲᠠ ᠵᠢᠨ ᠬᠡᠷᠡᠭᠵᠢᠭᠦᠯᠬᠦ ᠲᠥᠰᠥᠯ》᠎ᠢ ᠲᠣᠭᠲᠠᠭ᠋ᠠᠵᠤ᠂ ᠵᠢᠯ ᠬᠤᠪᠢᠶᠠᠨ ᠬᠣᠰᠢᠭᠤ ᠂ ᠰᠢᠶᠠᠩ ᠂ ᠲᠣᠰᠬᠣᠨ᠎ᠤ ᠶᠠᠳᠠᠭᠤ ᠵᠢ ᠲᠡᠳᠬᠦᠬᠦ ᠪᠡᠯᠡ ᠮᠥᠩᠭᠥ ᠵᠢᠨ ᠣᠷᠣᠭᠤᠯᠤᠯᠲᠠ ᠵᠢᠨ ᠬᠠᠨᠳᠤᠰᠢ ᠪᠠ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ᠎ᠤᠨ ᠡᠬᠡ ᠲᠠᠩᠰᠠ ᠵᠢ ᠪᠠᠢ᠌ᠭᠤᠯᠵᠤ᠂ ᠬᠣᠰᠢᠭᠤᠨ ᠱᠠᠲᠤᠨ᠎ᠤ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠂ ᠪᠠᠯᠭ᠋ᠠᠰᠤᠨ᠎ᠤ ᠱᠠᠲᠤᠨ᠎ᠤ ᠡᠳ᠋ ᠬᠥᠷᠥᠩᠭᠡ ᠵᠢᠨ ᠦᠷᠭᠦᠯᠵᠢᠯᠡᠨ ᠬᠠᠮᠢᠶᠠᠷᠴᠤ ᠬᠠᠮᠠᠭ᠋ᠠᠯᠠᠨ ᠡᠵᠡᠩᠨᠡᠬᠦ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠂ ᠲᠣᠰᠬᠣᠨ᠎ᠤ ᠱᠠᠲᠤᠨ᠎ᠤ ᠡᠳ᠋ ᠬᠥᠷᠥᠩᠭᠡ ᠵᠢᠨ ᠰᠢᠭᠤᠳ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠭᠤᠷᠪᠠᠨ ᠱᠠᠲᠤᠨ᠎ᠤ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠵᠤ ᠂ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠡᠳ᠋ ᠬᠥᠷᠥᠩᠭᠡ ᠵᠢᠨ ᠥᠷᠲᠡᠭ᠎ᠢ ᠪᠠᠲᠤᠯᠠᠵᠤ ᠨᠡᠮᠡᠭᠳᠡᠭᠦᠯᠬᠦ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠨ᠎ᠠ ᠃
《5》 ᠭᠡᠳᠡᠭ᠎ᠨᠢ ᠳᠠᠷᠤᠢ ᠲᠠᠪᠤᠨ ᠵᠦᠢ᠍ᠯ᠎ᠤᠨ ᠲᠣᠬᠢᠷᠠᠭᠤᠯᠤᠯᠲᠠ ᠵᠢ ᠨᠠᠢ᠌ᠳᠠᠪᠤᠷᠢᠵᠢᠭᠤᠯᠬᠤ ᠵᠢ ᠬᠡᠯᠡᠵᠦ ᠪᠠᠢ᠌ᠨ᠎ᠠ᠃ ᠪᠡᠯᠡ ᠮᠥᠩᠭᠥ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢ ᠦᠷᠭᠦᠯᠵᠢᠯᠡᠨ ᠴᠢᠩᠭ᠋ᠠᠳᠬᠠᠬᠤ ᠵᠢ ᠪᠣᠳᠣᠯᠬᠢᠯᠠᠵᠤ᠂ 《 ᠭᠠᠷᠠᠭ ᠵᠶ᠋ᠠᠷ ᠲᠣᠬᠢᠷᠠᠭᠤᠯᠬᠤ᠂ ᠰᠠᠷ᠎ᠠ᠎ᠪᠠᠷ ᠬᠠᠷᠢᠭᠤ ᠮᠡᠳᠡᠭᠦᠯᠬᠦ᠂ ᠤᠯᠠᠷᠢᠯ ᠵᠶ᠋ᠠᠷ ᠳᠠᠪᠲᠠᠨ ᠪᠣᠯᠪᠠᠰᠤᠷᠠᠭᠤᠯᠬᠤ᠂ ᠬᠠᠭ᠋ᠠᠰ ᠵᠢᠯ᠎ᠤᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠂ ᠣᠨ᠎ᠤ ᠠᠮᠵᠢᠯᠲᠠ ᠪᠦᠲᠦᠮᠵᠢ ᠵᠢ ᠥᠪᠡᠰᠦᠪᠡᠨ ᠦᠨᠡᠯᠡᠬᠦ 》 ᠲᠠᠪᠤᠨ ᠵᠦᠢ᠍ᠯ᠎ᠤᠨ ᠲᠣᠬᠢᠷᠠᠭᠤᠯᠬᠤ ᠠᠷᠭ᠎ᠠ ᠬᠡᠮᠵᠢᠶ᠎ᠡ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ ᠂ 《 ᠴᠠᠭ ᠵᠶ᠋ᠠᠷ ᠲᠡᠩᠭᠡᠯᠢᠭ ᠪᠣᠯᠭ᠋ᠠᠬᠤ 》 ᠨᠢᠭᠡ ᠢᠵᠢ ᠲᠥᠷᠥᠯ ᠵᠦᠢ᠍ᠯ᠎ᠢ ᠲᠦᠯᠬᠢᠨ ᠠᠬᠢᠭᠤᠯᠬᠤ ᠲᠣᠭᠲᠠᠴᠠ ᠵᠢ ᠪᠠᠢ᠌ᠭᠤᠯᠵᠤ ᠂ ᠪᠡᠯᠡ ᠮᠥᠩᠭᠥ ᠵᠢ ᠥᠨᠳᠥᠷ ᠪᠦᠲᠦᠮᠵᠢᠲᠡᠶ ᠵᠠᠷᠤᠵᠤ ᠂ ᠠᠮᠤᠷ ᠲᠦᠪᠰᠢᠨ ᠬᠡᠷᠡᠭᠯᠡᠬᠦ ᠵᠢ ᠦᠨᠡᠨ ᠬᠦ᠌ ᠪᠠᠲᠤᠯᠠᠨ᠎ᠠ ᠃ ᠵᠢᠯ᠎ᠤᠨ ᠳᠣᠲᠣᠷ᠎ᠠ ᠭᠠᠷᠠᠭ᠎ᠲᠤ ᠨᠡᠶ᠋ᠢᠲᠡ 30 ᠭᠠᠷᠤᠢ ᠲᠠᠯᠠᠪᠤᠷ ᠤᠳᠠᠭ᠎ᠠ ᠲᠣᠬᠢᠷᠠᠭᠤᠯᠵᠤ᠂ ᠰᠠᠷ᠎ᠠ᠎ᠳᠤ 6 ᠤᠳᠠᠭ᠎ᠠ ᠬᠠᠷᠢᠭᠤ ᠮᠡᠳᠡᠭᠦᠯᠵᠦ ᠂ ᠤᠯᠠᠷᠢᠯ᠎ᠤᠨ ᠪᠣᠯᠪᠠᠰᠤᠷᠠᠯ ᠢ 3 ᠤᠳᠠᠭ᠎ᠠ ᠬᠢᠵᠦ᠂ 32 ᠭᠣᠣᠯᠳᠠᠯᠭ᠎ᠠ᠎ᠲᠠᠢ ᠲᠥᠷᠥᠯ ᠵᠦᠢ᠍ᠯ ᠢ ᠲᠤᠬᠠᠢ ᠵᠢᠨ ᠲᠠᠯᠠᠪᠠᠶ᠎ᠳᠤ ᠲᠣᠭᠣᠷᠢᠨ ᠦᠵᠡᠵᠦ ᠂ 5 ᠠᠶᠤᠯ ᠲᠦᠭᠰᠢᠭᠦᠷᠢ ᠵᠢᠨ ᠪᠠᠢ᠌ᠴᠠᠭ᠋ᠠᠯᠲᠠ᠎ᠳᠤ ᠴᠡᠭᠴᠡᠯᠡᠨ ᠰᠠᠢ᠌ᠵᠢᠷᠠᠭᠤᠯᠤᠭᠰᠠᠨ ᠠᠰᠠᠭᠤᠳᠠᠯ ᠢ ᠢᠯᠡᠷᠡᠭᠦᠯᠪᠡ ᠃
《7》 ᠨᠢ ᠳᠠᠷᠤᠢ ᠲᠤᠯᠤᠭ᠋ᠠᠨ ᠲᠦᠷᠦᠯ᠎ᠤᠨ ᠱᠠᠯᠠᠪᠳᠠᠭᠤᠯᠤᠨ ᠪᠠᠢ᠌ᠴᠠᠭ᠋ᠠᠬᠤ᠎ᠪᠠᠷ ᠭᠠᠷᠳᠠᠴᠠ ᠪᠣᠯᠭ᠋ᠠᠨ᠎ᠠ᠃ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠷᠢᠶ᠎ᠡ ᠬᠣᠰᠢᠭᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠰᠬᠠᠢ ᠠᠩᠭᠢ ᠵᠢᠨ ᠬᠢᠨᠠᠨ ᠵᠢᠯᠤᠭᠣᠳᠬᠤ ᠂ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠬᠢᠨᠠᠨ ᠪᠠᠢ᠌ᠴᠠᠭ᠋ᠠᠬᠤ ᠂ ᠬᠣᠶᠠᠷ ᠠᠯᠪᠠᠨ ᠭᠡᠷ᠎ᠤᠨ ᠬᠢᠨᠠᠨ ᠪᠠᠢ᠌ᠴᠠᠭ᠋ᠠᠬᠤ᠂ 《ᠪᠠᠢ᠌ᠳᠠᠯ᠎ᠢ ᠳᠡᠭᠡᠭᠰᠢᠯᠡᠭᠦᠯᠦᠨ ᠪᠣᠳᠠᠲᠠᠢ ᠠᠵᠢᠯᠯᠠᠵᠤ ᠡᠷᠡᠯᠬᠡᠭᠯᠡᠨ ᠤᠷᠤᠭᠰᠢᠯᠠᠬᠤ 》 ᠲᠤᠰᠬᠠᠢ ᠠᠵᠢᠯᠯᠠᠭ᠎ᠠ ᠵᠢᠨ ᠬᠢᠨᠠᠨ ᠪᠠᠢ᠌ᠴᠠᠭ᠋ᠠᠬᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠨ ᠬᠢᠨᠠᠨ ᠵᠢᠯᠤᠭᠣᠳᠬᠤ ᠵᠢᠴᠢ ᠲᠦᠩᠯᠢᠶᠣᠣ ᠬᠣᠲᠠ ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠵᠢᠯᠤᠭᠣᠳᠬᠤ ᠵᠡᠷᠭᠡ 7 ᠲᠥᠷᠥᠯ᠎ᠤᠨ ᠬᠢᠨᠠᠨ ᠪᠠᠢ᠌ᠴᠠᠭ᠋ᠠᠬᠤ ᠬᠢᠨᠠᠨ ᠵᠢᠯᠤᠭᠣᠳᠬᠤ᠎ᠪᠠᠷ ᠭᠠᠷᠳᠠᠴᠠ ᠪᠣᠯᠭ᠋ᠠᠵᠤ᠂ ᠶᠠᠳᠠᠭᠤ ᠵᠢ ᠲᠡᠳᠬᠦᠬᠦ (ᠵᠣᠯᠭ᠋ᠠᠭᠤᠯᠬᠤ) ᠡᠳ᠋ ᠬᠥᠷᠥᠩᠭᠡ ᠵᠢᠨ ᠬᠠᠮᠢᠶᠠᠷᠤᠯᠲᠠ ᠂ ᠵᠣᠯᠭ᠋ᠠᠭᠤᠯᠬᠤ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠭᠰᠡᠨ ᠪᠠᠢ᠌ᠳᠠᠯ᠎ᠳᠤ ᠤᠷᠢᠳ ᠬᠣᠵᠢᠳ 10 ᠭᠠᠷᠤᠢ ᠤᠳᠠᠭ᠎ᠠ ᠰᠢᠪᠠᠳᠠᠨ ᠪᠠᠢ᠌ᠴᠠᠭ᠋ᠠᠯᠲᠠ ᠬᠢᠵᠦ ᠂ ᠢᠯᠡᠷᠡᠭᠦᠯᠦᠭᠰᠡᠨ ᠠᠰᠠᠭᠤᠳᠠᠯ᠎ᠤᠨ ᠰᠢᠯᠲᠠᠭ᠋ᠠᠨ᠎ᠢ ᠨᠠᠷᠢᠨ ᠬᠢᠨᠠᠮᠠᠭ᠋ᠠᠢ ᠵᠠᠳᠠᠯᠤᠨ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠲᠣᠭᠲᠠᠭ᠋ᠠᠵᠤ ᠂ ᠪᠡᠯᠡ ᠮᠥᠩᠭᠥ ᠡᠳ᠋ ᠬᠥᠷᠥᠩᠭᠡ ᠵᠢᠨ ᠵᠢᠷᠤᠮᠵᠢᠭᠰᠠᠨ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠠᠵᠤ ᠦᠢ᠍ᠯᠡᠰ᠎ᠤᠨ ᠬᠥᠭᠵᠢᠯᠲᠡ᠎ᠳᠤ ᠦᠨᠡᠨ ᠬᠦ᠌ 《ᠲᠦᠯᠬᠢᠭᠴᠢ》 ᠤᠭᠰᠠᠷᠠᠵᠤ᠂ ᠲᠣᠰᠬᠣᠨ᠎ᠤ ᠬᠠᠮᠲᠤ ᠵᠢᠨ ᠣᠷᠣᠯᠭ᠎ᠠ ᠵᠢᠨ ᠨᠡᠮᠡᠭᠳᠡᠯ᠎ᠳᠤ 《ᠡᠷᠳᠡᠨᠢ ᠵᠢᠨ ᠰᠠᠪᠠ 》 ᠪᠠᠢ᠌ᠭᠤᠯᠤᠨ ᠥᠭᠴᠦ ᠂ ᠥᠷᠭᠡᠨ ᠣᠯᠠᠨ ᠲᠦᠮᠡᠨ᠎ᠳᠤ 《ᠵᠣᠭᠣᠰ᠎ᠤᠨ ᠮᠣᠳᠣ》 ᠵᠢ ᠠᠮᠢᠯᠠᠭᠤᠯᠤᠭᠰᠠᠨ ᠪᠠᠢ᠌ᠨ᠎ᠠ ᠃