ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠦᠬᠦ ᠲᠠᠯ᠎ᠠ ᠵᠢᠨ ᠢᠯᠠᠯᠲᠠ ᠣᠯᠣᠭᠰᠠᠨ᠎ᠤ ᠳᠠᠷᠠᠭ᠎ᠠ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠨᠢ 《ᠴᠢᠰᠤ ᠶᠡᠭᠦᠯᠡᠬᠦ ᠮᠠᠶᠢᠭ᠎ᠤᠨ ᠬᠠᠪᠰᠤᠷᠤᠨ ᠲᠡᠳᠬᠦᠬᠦ》᠎ᠠᠴᠠ 《ᠴᠢᠰᠤ ᠪᠦᠲᠦᠭᠡᠬᠦ ᠮᠠᠶᠢᠭ᠎ᠤᠨ ᠬᠠᠮᠵᠢᠯᠴᠠᠭ᠎ᠠ》 ᠵᠢᠨ ᠴᠠᠭ ᠦᠶ᠎ᠡ᠎ᠳᠤ ᠣᠷᠣᠵᠤ᠂ ᠠᠵᠤ ᠦᠢ᠍ᠯᠡᠰ᠎ᠤᠨ ᠬᠠᠮᠵᠢᠯᠴᠠᠭ᠎ᠠ ᠬᠠᠮᠲᠤ᠎ᠪᠠᠷ ᠠᠰᠢᠭ ᠬᠦᠷᠳᠡᠬᠦ᠎ᠨᠢ ᠰᠢᠨ᠎ᠡ ᠭᠣᠣᠯ ᠰᠡᠳᠦᠪ ᠪᠣᠯᠪᠠ᠃
2022 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠡᠭᠡᠵᠢᠩ ᠬᠤᠳᠠ᠎ᠯᠤᠭ᠎ᠠ ᠠᠵᠤ ᠦᠢ᠍ᠯᠡᠰ᠎ᠤᠨ ᠬᠡᠯᠬᠢᠶ᠎ᠡ ᠵᠢᠨ ᠬᠠᠩᠭ᠋ᠠᠯᠭ᠎ᠠ ᠵᠢᠨ ᠬᠡᠯᠬᠢᠶ᠎ᠡ ᠵᠢᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ᠂ ᠠᠵᠤ ᠦᠢ᠍ᠯᠡᠰ᠎ᠤᠨ ᠪᠣᠶ᠋ᠢᠵᠢᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠨᠢᠨ ᠳᠡᠭᠡᠷ᠎ᠡ᠎ᠨᠢ ᠵᠣᠯᠭ᠋ᠠᠭᠤᠯᠬᠤ ᠵᠢ ᠬᠡᠷᠡᠭᠵᠢᠭᠦᠯᠵᠦ᠂ ᠲᠤᠰ ᠭᠠᠵᠠᠷ ᠣᠷᠣᠨ᠎ᠤ ᠣᠨᠴᠠᠯᠢᠭᠲᠤ ᠠᠵᠤ ᠦᠢ᠍ᠯᠡᠰ᠎ᠢ ᠲᠡᠳᠬᠦᠵᠦ᠂ ᠪᠡᠭᠡᠵᠢᠩ ᠬᠤᠳᠠ ᠵᠢᠨ ᠠᠵᠤ ᠦᠢ᠍ᠯᠡᠰ᠎ᠤᠨ ᠱᠠᠲᠤᠯᠢᠭ ᠰᠢᠯᠵᠢᠯᠲᠡ ᠪᠣᠯᠣᠨ ᠥᠪᠥᠷ ᠮᠣᠩᠭᠣᠯ᠎ᠤᠨ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠡᠰ ᠳᠡᠪᠰᠢᠭᠦᠯᠬᠦ ᠵᠢ ᠠᠬᠢᠭᠤᠯᠵᠤ᠂ ᠥᠷᠭᠡᠨ ᠤᠯᠠᠨ ᠬᠥᠳᠡᠭᠡ ᠲᠣᠰᠬᠣᠨ᠎ᠤ ᠤᠯᠠᠨ ᠲᠦᠮᠡᠨ᠎ᠢ ᠪᠡᠭᠡᠵᠢᠩ ᠥᠪᠥᠷ ᠮᠣᠩᠭᠣᠯ᠎ᠢ ᠬᠠᠪᠰᠤᠷᠤᠨ ᠲᠡᠳᠬᠦᠬᠦ《ᠲᠣᠳᠣᠷᠠᠭᠤᠯᠤᠯᠲᠠ ᠬᠥᠭᠵᠢᠮ》 ᠳᠤᠮᠳᠠ 《ᠬᠠᠮᠲᠤ᠎ᠪᠠᠷ ᠴᠢᠨᠡᠭᠡᠯᠢᠭᠵᠢᠬᠦ》 ᠵᠢ ᠪᠡᠶᠡᠯᠡᠭᠦᠯᠵᠡᠢ᠃
2022 ᠣᠨ᠎ᠳᠤ᠂ ᠪᠡᠭᠡᠵᠢᠩ ᠥᠪᠥᠷ ᠮᠣᠩᠭᠣᠯ ᠬᠣᠶᠠᠷ ᠲᠠᠯ᠎ᠠ᠎ᠪᠠᠷ ᠵᠶ᠋ᠠᠨ 56 ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠬᠠᠮᠲᠤ᠎ᠪᠠᠷ ᠪᠠᠢ᠌ᠭᠤᠯᠵᠤ ᠂ ᠡᠭᠦᠨ᠎ᠳᠤ 2᠎ᠨᠢ ᠤᠯᠤᠰ᠎ᠤᠨ ᠲᠠᠰ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠵᠶ᠋ᠠᠷ ᠦᠨᠡᠯᠡᠭᠳᠡᠪᠡ ᠃ ᠰᠢᠨ᠎ᠡ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠬᠦᠷᠢᠶᠡᠯᠡᠩ ᠲᠣᠭᠣᠷᠢᠭ᠎ᠲᠤ ᠣᠷᠣᠵᠤ ᠰᠠᠭᠤᠭᠰᠠᠨ ᠠᠵᠤ ᠠᠬᠤᠢ᠌ᠯᠠᠯ 52 ᠪᠣᠯᠵᠤ᠂ 9.87 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠨᠠᠢ᠌ᠳᠠᠪᠤᠷᠢᠵᠢᠭᠤᠯᠵᠤ᠂ ᠬᠥᠳᠡᠭᠡ ᠲᠣᠰᠬᠣᠨ᠎ᠤ 1412 ᠬᠥᠳᠡᠯᠮᠦᠷᠢ ᠵᠢᠨ ᠬᠦᠴᠦᠨ᠎ᠳᠤ ᠠᠵᠢᠯ ᠣᠯᠭᠣᠪᠠ᠃
ᠬᠠᠮᠵᠢᠯᠴᠠᠨ ᠬᠥᠭᠵᠢᠭᠦᠯᠵᠦ᠂ ᠬᠥᠳᠡᠭᠡ ᠲᠣᠰᠬᠣᠨ᠎ᠤ ᠰᠢᠨ᠎ᠡ ᠣᠷᠣᠨ ᠵᠠᠢ ᠵᠢ ᠨᠡᠭᠡᠭᠡᠶ᠎ᠡ
ᠥᠪᠥᠷ ᠮᠣᠩᠭᠣᠯ ᠲᠠᠷᠢᠶᠠᠯᠠᠩ ᠮᠠᠯ ᠠᠵᠤ ᠠᠬᠤᠢ ᠵᠢᠨ ᠳᠠᠭ᠋ᠠᠭᠤᠯᠤᠭᠴᠢ ᠠᠵᠤ ᠠᠬᠤᠢ᠌ᠯᠠᠯ᠎ᠳᠤ ᠲᠦᠰᠢᠭᠯᠡᠨ᠂ ᠠᠵᠤ ᠦᠢ᠍ᠯᠡᠰ᠎ᠤᠨ ᠬᠡᠯᠬᠢᠶ᠎ᠡ ᠵᠢ ᠲᠠᠰᠤᠷᠠᠯᠲᠠ ᠦᠭᠡᠢ ᠪᠠᠶᠠᠯᠢᠭᠵᠢᠭᠤᠯᠬᠤ ᠪᠠ ᠤᠷᠲᠤᠳᠬᠠᠵᠤ᠂ ᠲᠠᠷᠢᠶᠠᠯᠠᠩ ᠠᠵᠤ ᠠᠬᠤᠢ᠌ᠯᠠᠯ᠎ᠤᠨ ᠠᠰᠢᠭ ᠲᠤᠰᠠ ᠵᠢ ᠬᠣᠯᠪᠣᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠵᠤ ᠂ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠬᠦ ᠦᠢ᠍ᠯᠡᠰ᠂ ᠬᠥᠮᠥᠷᠭᠡᠯᠡᠨ ᠬᠠᠳᠠᠭ᠋ᠠᠯᠠᠵᠤ ᠰᠢᠨ᠎ᠡ ᠰᠣᠷᠭᠣᠭ ᠪᠠᠢ᠌ᠯᠭ᠋ᠠᠬᠤ᠂ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡ ᠵᠢᠴᠢ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠡᠷᠭᠡ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠢ ᠬᠠᠮᠲᠤ᠎ᠪᠠᠷ ᠪᠠᠶ᠋ᠢᠭᠤᠯᠬᠤ ᠵᠢ ᠠᠬᠢᠭᠤᠯᠵᠤ ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠭᠦᠨᠵᠡᠭᠡᠢ᠌ᠷᠡᠭᠦᠯᠦᠨ ᠂ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠬᠥᠲᠥᠯᠥᠨ ᠳᠠᠭ᠋ᠠᠭᠤᠯᠵᠤ ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠂ ᠠᠵᠤ ᠠᠬᠤᠢ᠌ᠯᠠᠯ᠎ᠤᠨ ᠦᠷ᠎ᠡ ᠠᠰᠢᠭ᠎ᠢ ᠨᠡᠮᠡᠭᠳᠡᠭᠦᠯᠬᠦ ᠂ ᠠᠵᠤ ᠦᠢ᠍ᠯᠡᠰ᠎ᠤᠨ ᠥᠷᠲᠡᠭ᠎ᠢ ᠨᠡᠮᠡᠭᠳᠡᠭᠦᠯᠬᠦ ᠵᠢ ᠪᠡᠶᠡᠯᠡᠭᠦᠯᠦᠨ᠎ᠡ ᠃
ᠤᠯᠠᠭ᠋ᠠᠨᠴᠠᠪ᠎ᠤᠨ ᠬᠣᠩ ᠹᠦ᠋ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ 30 ᠲᠦᠮᠡᠨ ᠲᠡᠭᠰᠢ ᠳᠥᠷᠪᠡᠯᠵᠢᠨ ᠮᠸᠲᠷ᠎ᠤᠨ ᠣᠶᠤᠨᠲᠤ ᠬᠦᠯᠡᠮᠵᠢ᠎ᠳᠤ᠂ ᠤᠯᠠᠭ᠋ᠠᠨ ᠢᠩᠲᠣᠣᠷ ᠲᠥᠪᠡᠳ ᠬᠠᠰᠢ᠂ ᠰᠢᠷ᠎ᠠ ᠢᠩᠲᠣᠣᠷ ᠲᠥᠪᠡᠳ ᠬᠠᠰᠢ᠂ ᠬᠤᠪᠠ ᠲᠥᠪᠡᠳ ᠬᠠᠰᠢ᠂ ᠨᠤᠨᠳᠠᠭ ᠬᠠᠰᠢ ᠶᠠᠭ ᠰᠠᠢ᠌ᠬᠠᠨ ᠬᠤᠷᠢᠶᠠᠯᠲᠠ ᠵᠢᠨ ᠬᠤᠭᠤᠴᠠᠭ᠋ᠠᠨ᠎ᠳᠠᠭᠠᠨ ᠪᠤᠢ᠃
2020 ᠣᠨ᠎ᠳᠤ᠂ ᠥᠪᠥᠷ ᠮᠣᠩᠭᠣᠯ᠎ᠤᠨ ᠤᠯᠠᠭ᠋ᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ ᠪᠣᠯᠣᠨ ᠪᠡᠭᠡᠵᠢᠩ ᠬᠤᠳᠠ ᠵᠢᠨ ᠳ᠋ᠠᠰᠢᠩ ᠲᠣᠭᠣᠷᠢᠭ᠎ᠤᠨ ᠬᠣᠶᠠᠷ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠭᠠᠷ ᠬᠣᠯᠪᠣᠯᠴᠠᠨ᠂ 《ᠵᠢᠵᠢᠭ ᠲᠥᠪᠡᠳ ᠬᠠᠰᠢ》 ᠵᠢᠨ ᠲᠣᠭᠣᠷᠢᠨ᠎ᠳᠤ 《ᠲᠣᠮᠣ ᠦᠢ᠍ᠯᠡᠰ》᠎ᠢ ᠰᠠᠢ᠌ᠲᠤᠷ ᠪᠦᠲᠦᠭᠡᠵᠦ᠂ ᠢᠳᠡᠪᠬᠢᠲᠡᠢ᠎ᠪᠠᠷ ᠣᠯᠣᠯᠴᠠᠨ ᠵᠣᠯᠭ᠋ᠠᠭᠤᠯᠵᠤ᠂ ᠤᠳᠤ ᠦᠶ᠎ᠡ ᠵᠢᠨ ᠠᠵᠤ ᠦᠢ᠍ᠯᠡᠳᠪᠦᠷᠢ ᠵᠢᠨ ᠮᠡᠷᠭᠡᠵᠢᠯ ᠪᠣᠯᠣᠨ ᠲᠠᠷᠢᠶᠠᠯᠠᠩ᠎ᠤᠨ ᠠᠵᠤ ᠦᠢ᠍ᠯᠡᠰᠵᠢᠯᠲᠡ ᠵᠢ ᠤᠶᠠᠯᠳᠤᠭᠤᠯᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠡᠷᠢᠭᠦᠨ᠎ᠤ ᠲᠦᠷᠦᠯ ᠵᠦᠢ᠍ᠯ — ᠬᠣᠩ ᠹᠦ᠋ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠣᠷᠣᠭᠤᠯᠤᠨ ᠠᠪᠴᠢᠷᠠᠵᠠᠢ᠃
ᠥᠨᠥᠳᠥᠷ ᠂ ᠥᠪᠥᠷ ᠮᠣᠩᠭᠣᠯ᠎ᠤᠨ ᠤᠯᠠᠭ᠋ᠠᠨᠴᠠᠪ᠎ᠤᠨ ᠬᠣᠩ ᠹᠦ᠋ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠨᠢ ᠤᠯᠤᠰ᠎ᠤᠨ ᠳᠣᠲᠣᠭ᠋ᠠᠳᠤ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠂ ᠠᠵᠤ ᠦᠢ᠍ᠯᠡᠳᠪᠦᠷᠢ ᠵᠢᠨ ᠲᠣᠨᠣᠭ ᠲᠥᠬᠦᠭᠡᠷᠦᠮᠵᠢ ᠂ ᠬᠠᠮᠢᠶᠠᠷᠤᠯᠲᠠ ᠡᠵᠡᠩᠨᠡᠯᠲᠡ᠂ ᠲᠠᠷᠢᠮᠠᠯ᠎ᠤᠨ ᠮᠡᠷᠭᠡᠵᠢᠯ᠎ᠤᠨ ᠲᠡᠷᠢᠭᠦᠨ᠎ᠤ᠂ ᠬᠡᠪᠴᠢᠶ᠎ᠡ᠎ᠪᠠᠷ ᠨᠡᠯᠢᠶᠡᠳ ᠶᠡᠬᠡ᠂ ᠨᠥᠯᠥᠭᠡᠯᠡᠬᠦ ᠬᠦᠴᠦᠨ ᠵᠶ᠋ᠡᠷ ᠴᠢᠩᠭ᠎ᠠ ᠂ ᠬᠠᠩᠭ᠋ᠠᠯᠭ᠎ᠠ ᠵᠢᠨ ᠬᠡᠯᠬᠢᠶ᠎ᠡ᠎ᠪᠠᠷ ᠪᠦᠷᠢᠨ ᠲᠡᠭᠦᠯᠳᠡᠷ ᠣᠲᠣ ᠦᠶ᠎ᠡ ᠵᠢᠨ ᠲᠠᠷᠢᠶᠠᠯᠠᠩ᠎ᠤᠨ ᠦᠢ᠍ᠯᠡᠳᠪᠦᠷᠢᠯᠡᠯ ᠬᠠᠩᠭ᠋ᠠᠯᠭ᠎ᠠ ᠪᠣᠷᠤᠯᠠᠭᠤᠯᠭ᠎ᠠ ᠵᠢᠨ ᠶᠡᠷᠦᠩᠬᠡᠢ᠌ᠯᠡᠭᠰᠡᠨ ᠴᠣᠭᠴᠠ ᠪᠣᠯᠤᠭᠰᠠᠨ ᠪᠠᠢ᠌ᠨ᠎ᠠ᠃ ᠵᠢᠮᠢᠰ ᠢᠳᠡᠰᠢᠨ ᠨᠣᠭᠣᠭ᠎ᠠ ᠵᠢᠨ ᠵᠢᠯ᠎ᠤᠨ ᠭᠠᠷᠤᠯᠲᠠ 1.2 ᠲᠦᠮᠡᠨ ᠲᠣᠨ᠎ᠳᠤ ᠬᠦᠷᠴᠦ᠂ ᠵᠠᠬ᠎ᠠ ᠳᠡᠯᠭᠡᠭᠦᠷ᠎ᠤᠨ ᠭᠥᠯᠢᠶᠡᠨ ᠠᠪᠬᠤ ᠬᠡᠮᠵᠢᠶ᠎ᠡ ᠥᠨᠳᠥᠷ᠂ ᠬᠡᠷᠡᠭᠴᠡᠭᠡ ᠱᠠᠭ᠋ᠠᠷᠳᠠᠯᠭ᠎ᠠ ᠶᠡᠬᠡ ᠪᠠᠢ᠌ᠵᠤ ᠂ ᠪᠡᠭᠡᠵᠢᠩ ᠲᠢᠶᠠᠨᠵᠢᠨ ᠾᠧᠪᠧᠢ ᠣᠷᠣᠨ᠎ᠤ ᠢᠳᠡᠰᠢᠨ ᠨᠣᠭᠣᠭ᠎ᠠ ᠵᠢᠨ ᠪᠠᠲᠤᠯᠠᠭ᠎ᠠ ᠵᠢᠨ ᠰᠠᠭᠤᠷᠢᠨ ᠭᠠᠵᠠᠷ᠎ᠤᠨ ᠨᠢᠭᠡ ᠪᠣᠯᠣᠨ᠎ᠠ ᠃
《 ᠤᠯᠠᠭ᠋ᠠᠨᠴᠠᠪ᠎ᠤᠨ ᠬᠣᠩ ᠹᠦ᠋ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠨᠢ ᠤᠯᠤᠰ᠎ᠤᠨ ᠳᠣᠲᠣᠭ᠋ᠠᠳᠤ ᠵᠢᠨ ᠣᠲᠣ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠢᠨᠵᠧᠨᠧᠷᠢᠩ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠣᠷᠣᠨ᠎ᠢ ᠬᠥᠲᠥᠯᠥᠨ ᠳᠠᠭ᠋ᠠᠭᠤᠯᠵᠤ ᠪᠠᠢ᠌ᠭ᠋ᠠᠳ ᠲᠠᠷᠢᠶᠠᠯᠠᠩ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠪᠡᠶᠡᠯᠡᠭᠦᠯᠬᠦ ᠪᠣᠯᠣᠨ᠎ᠠ᠂ ᠢᠷᠡᠭᠡᠳᠦᠢ᠎ᠳᠤ ᠬᠣᠩ ᠹᠦ᠋ ᠲᠠᠷᠢᠶᠠᠯᠠᠩ᠎ᠨᠢ ᠨᠡᠭᠦᠷᠡᠰᠦᠲᠥ᠋ᠷᠥᠭᠴᠢ ᠪᠠᠭ᠎ᠠ᠂ ᠪᠣᠬᠢᠷᠳᠤᠯ ᠦᠭᠡᠢ᠂ ᠡᠷᠡᠭᠦᠯ ᠴᠢᠭᠢᠷᠠᠭ᠂ ᠠᠵᠤ ᠠᠬᠤᠢ ᠵᠢᠨ ᠦᠷ᠎ᠡ ᠠᠰᠢᠭ ᠵᠶ᠋ᠠᠷ ᠰᠠᠢ᠌ᠨ ᠣᠲᠣ ᠦᠶ᠎ᠡ ᠵᠢᠨ ᠲᠠᠷᠢᠶᠠᠯᠠᠩ᠎ᠤᠨ ᠪᠦᠯᠦᠭᠯᠡᠯ ᠬᠢᠭᠡᠳ ᠪᠣᠬᠢᠷᠳᠤᠯ ᠦᠭᠡᠢ᠎ᠪᠠᠷ ᠲᠠᠷᠢᠶᠠᠯᠠᠩ᠎ᠢ ᠲᠤᠰᠠᠯᠠᠬᠤ ᠰᠢᠨ᠎ᠡ ᠲᠡᠮᠳᠡᠭᠯᠡᠯ᠎ᠢ ᠲᠠᠰᠤᠷᠠᠯᠲᠠ ᠦᠭᠡᠢ ᠡᠭᠦᠳᠬᠦ ᠪᠣᠯᠣᠨ᠎ᠠ 》 ᠭᠡᠵᠡᠢ᠃ ᠭᠡᠵᠦ ᠬᠣᠩ ᠹᠦ᠋ ᠪᠦᠯᠦᠭᠯᠡᠯ᠎ᠤᠨ ᠬᠡᠷᠡᠭ ᠮᠡᠳᠡᠭᠴᠢᠳ᠎ᠤᠨ ᠲᠣᠪᠴᠢᠶᠠᠨ᠎ᠤ ᠲᠡᠷᠢᠭᠦᠯᠡᠭᠴᠢ ᠬᠤᠸᠠᠩ ᠹᠦ᠋ ᠱᠦᠢ ᠬᠤᠸᠠᠩ ᠹᠦ᠋ ᠱᠦᠢ ᠬᠡᠯᠡᠪᠡ᠃
ᠣᠳᠣᠬᠠᠨ᠎ᠳᠤ᠂ ᠤᠯᠠᠭ᠋ᠠᠨᠴᠠᠪ᠎ᠤᠨ ᠬᠣᠩ ᠹᠦ᠋ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠨᠢᠭᠡᠨᠲᠡ 500 ᠭᠠᠷᠤᠢ ᠲᠣᠰᠬᠣᠨ᠎ᠤ ᠠᠷᠠᠳ᠎ᠲᠤ ᠲᠣᠭᠲᠠᠪᠤᠷᠢᠲᠠᠢ ᠠᠵᠢᠯ ᠣᠯᠭᠣᠬᠤ ᠵᠢ ᠪᠡᠶᠡᠯᠡᠭᠦᠯᠵᠡᠢ᠂ ᠡᠭᠦᠨ᠎ᠳᠤ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠵᠢᠨ ᠬᠦᠴᠦᠨ 200 ᠭᠠᠷᠤᠢ ᠪᠠᠢ᠌ᠵᠤ᠂ ᠬᠥᠮᠥᠨ ᠳᠤᠮᠳᠠᠴᠢ ᠵᠢᠨ ᠰᠠᠷ᠎ᠠ ᠵᠢᠨ ᠴᠠᠯᠢᠩ᠎ᠨᠢ 3500 ᠲᠥᠭᠥᠷᠢᠭ᠎ᠠᠴᠠ ᠳᠡᠭᠡᠭᠰᠢ ᠪᠠᠢ᠌ᠵᠤ᠂ ᠣᠷᠳᠣ ᠬᠤᠭᠤᠴᠠᠭ᠋ᠠᠨ᠎ᠳᠤ 6800 ᠣᠷᠴᠢᠮ ᠲᠠᠷᠢᠶᠠᠴᠢᠳ᠎ᠢ ᠳᠠᠶ᠋ᠢᠴᠢᠯᠠᠨ ᠲᠣᠭᠲᠠᠪᠤᠷᠢᠲᠠᠢ ᠠᠵᠢᠯ ᠣᠯᠭᠣᠬᠤ ᠪᠣᠯᠣᠨ᠎ᠠ ᠃
ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠵᠢᠨ ᠭᠦᠨᠵᠡᠭᠡᠢ᠌ᠷᠡᠨ ᠠᠬᠢᠬᠤ ᠵᠢ ᠳᠠᠭ᠋ᠠᠯᠳᠤᠨ᠂ ᠥᠪᠥᠷ ᠮᠣᠩᠭᠣᠯ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠬᠠᠮᠵᠢᠯᠴᠠᠭ᠎ᠠ ᠪᠠ ᠣᠷᠣᠨ ᠪᠦᠰᠡ ᠵᠢᠨ ᠬᠠᠮᠲᠤᠷᠠᠯᠴᠠᠭ᠎ᠠ ᠵᠢᠨ ᠠᠵᠠ ᠲᠣᠬᠢᠶᠠᠯ᠎ᠢ ᠴᠢᠩᠭ᠎ᠠ ᠠᠳᠬᠤᠵᠤ᠂ ᠨᠡᠩ ᠤᠯᠠᠨ ᠲᠠᠷᠢᠶᠠᠴᠢᠳ᠎ᠢ ᠭᠣᠣᠯᠯᠠᠬᠤ ᠠᠵᠤ ᠦᠢ᠍ᠯᠡᠰ᠎ᠤᠨ ᠬᠡᠯᠬᠢᠶ᠎ᠡ᠎ᠳᠤ ᠣᠷᠣᠭᠤᠯᠵᠤ᠂ ᠨᠡᠩ ᠤᠯᠠᠨ ᠠᠵᠤ ᠠᠬᠤᠢ᠌ᠯᠠᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠱᠤᠭᠤᠮ ᠳᠡᠭᠡᠷ᠎ᠡ ᠬᠣᠯᠪᠣᠵᠤ᠂ ᠴᠢᠬᠤᠯᠠ ᠡᠯᠧᠮᠧᠨ᠋ᠲ᠎ᠤᠨ ᠬᠠᠷᠢᠯᠴᠠᠨ ᠨᠡᠪᠲᠡᠷᠡᠯᠴᠡᠬᠦ᠂ ᠤᠷᠳᠤ ᠬᠤᠭᠤᠴᠠᠭ᠎ᠠ᠎ᠪᠠᠷ ᠬᠠᠮᠲᠤᠷᠠᠯᠴᠠᠬᠤ᠂ ᠭᠠᠷ ᠬᠣᠯᠪᠣᠨ ᠬᠠᠮᠲᠤ᠎ᠪᠠᠷ ᠠᠰᠢᠭ ᠬᠦᠷᠳᠡᠬᠦ ᠰᠠᠢ᠌ᠨ ᠰᠠᠢ᠌ᠬᠠᠨ ᠪᠠᠢ᠌ᠳᠠᠯ᠎ᠢ ᠡᠭᠦᠳᠴᠦ᠂ ᠪᠡᠭᠡᠵᠢᠩ ᠥᠪᠥᠷ ᠮᠣᠩᠭᠣᠯ᠎ᠤᠨ 《ᠬᠠᠮᠵᠢᠯᠴᠠᠨ ᠬᠥᠭᠵᠢᠬᠦ᠂ ᠬᠠᠷᠢᠯᠴᠠᠨ ᠬᠠᠷᠠᠭ᠋ᠠᠯᠵᠠᠵᠤ ᠬᠠᠷᠢᠯᠴᠠᠨ ᠠᠰᠢᠭᠲᠠᠢ ᠪᠠᠢ᠌ᠬᠤ》 ᠰᠢᠨ᠎ᠡ ᠪᠠᠢ᠌ᠷᠢᠰᠢᠯ᠎ᠢ ᠲᠠᠰᠤᠷᠠᠯᠳᠡ ᠦᠭᠡᠢ ᠴᠣᠭᠴᠠᠯᠠᠨ ᠪᠠᠢ᠌ᠭᠤᠯᠵᠠᠢ᠃
ᠡᠭᠦᠷ ᠵᠶ᠋ᠡᠨ ᠴᠣᠭᠴᠠᠯᠠᠨ ᠭᠠᠷᠤᠳᠢ ᠭᠠᠯᠪᠢᠩᠭ᠎ᠠ ᠵᠢ ᠲᠠᠲᠠᠵᠤ ᠂ ᠭᠠᠷ ᠬᠣᠯᠪᠣᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠨ᠎ᠠ
ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠤᠭᠤᠴᠠᠭ᠋ᠠᠨ᠎ᠤ ᠪᠡᠭᠡᠵᠢᠩ ᠥᠪᠥᠷ ᠮᠣᠩᠭᠣᠯ᠎ᠢ ᠬᠠᠪᠰᠤᠷᠤᠨ ᠲᠡᠳᠬᠦᠬᠦ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷᠡᠬᠢ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠬᠦᠷᠲᠡᠯ᠎ᠡ᠂ ᠪᠡᠭᠡᠵᠢᠩ ᠬᠤᠳᠠ ᠪᠣᠯᠣᠨ ᠥᠪᠥᠷ ᠮᠣᠩᠭᠣᠯ ᠮᠥᠷᠥ ᠵᠡᠷᠭᠡᠴᠡᠨ ᠭᠠᠷ ᠭᠠᠷ ᠵᠶ᠋ᠠᠨ ᠬᠣᠯᠪᠣᠵᠤ᠂ ᠠᠵᠤ ᠦᠢ᠍ᠯᠡᠰ᠎ᠤᠨ ᠲᠦᠷᠦᠯ ᠵᠦᠢ᠍ᠯ᠎ᠤᠨ ᠲᠠᠢ᠍ᠢ᠍ᠴᠢᠯᠠᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠳᠬᠠᠵᠤ᠂ 《ᠦᠢ᠍ᠯᠡᠳᠪᠦᠷᠢᠯᠡᠬᠦ᠂ ᠪᠣᠷᠣᠯᠠᠭᠤᠯᠬᠤ》 ᠬᠣᠶᠠᠷ ᠭᠣᠣᠯ ᠱᠤᠭᠤᠮ᠎ᠤᠨ ᠲᠣᠭᠣᠷᠢᠨ᠎ᠳᠤ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠶᠠᠰᠤ ᠴᠢᠨᠠᠷ᠎ᠢ ᠪᠠᠲᠤᠳᠬᠠᠪᠠ᠃
2020 ᠣᠨ᠎ᠤ 3 ᠰᠠᠷ᠎ᠠ᠎ᠳᠤ ᠂ ᠪᠡᠭᠡᠵᠢᠩ ᠬᠣᠲᠠ ᠵᠢᠨ ᠲᠦᠩᠵᠸᠦ ᠲᠣᠭᠣᠷᠢᠭ᠎ᠤᠨ ᠬᠠᠪᠰᠤᠷᠤᠯᠭ᠎ᠠ ᠳᠡᠮᠵᠢᠯᠭᠡ ᠲᠤᠤᠷ᠎ᠠ᠂ ᠥᠪᠥᠷ ᠮᠣᠩᠭᠣᠯ᠎ᠤᠨ ᠤᠯᠠᠭ᠋ᠠᠨᠬᠠᠳᠠ ᠬᠣᠲᠠ ᠵᠢᠨ ᠣᠩᠨᠢᠭᠤᠳ ᠬᠣᠰᠢᠭᠤ ᠤᠯᠤᠰ᠎ᠤᠨ ᠲᠠᠰ᠎ᠤᠨ ᠶᠠᠳᠠᠭᠤ ᠬᠦᠴᠢᠷᠳᠡᠯᠲᠡᠢ ᠬᠣᠰᠢᠭᠤ ᠰᠢᠶᠠᠨ᠎ᠤ ᠳᠠᠷᠠᠭ᠋ᠠᠯᠠᠯ ᠠᠴᠠ ᠤᠬᠤᠷᠢᠨ ᠭᠠᠷᠪᠠ ᠃
ᠣᠩᠨᠢᠭᠤᠳ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠪᠠ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠲᠦᠩᠵᠸᠦ ᠲᠣᠭᠣᠷᠢᠭ᠎ᠤᠨ ᠣᠩᠨᠢᠭᠤᠳ ᠬᠣᠰᠢᠭᠤᠨ᠎ᠤ ᠵᠠᠰᠠᠭ᠎ᠤᠨ ᠣᠷᠳᠣᠨ᠎ᠲᠠᠢ ᠭᠠᠷ ᠬᠣᠯᠪᠣᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ ᠵᠶ᠋ᠡᠷ ᠶᠠᠳᠠᠭᠤ ᠵᠢ ᠲᠡᠳᠬᠦᠬᠦ ᠠᠵᠢᠯ᠎ᠢ ᠭᠦᠨᠵᠡᠭᠡᠢ ᠥᠷᠨᠢᠭᠦᠯᠵᠦ ᠂ ᠠᠵᠤ ᠦᠢ᠍ᠯᠡᠰ᠎ᠤᠨ ᠰᠣᠩᠭᠣᠯᠲᠠ᠎ᠠᠴᠠ ᠠᠵᠤ ᠦᠢ᠍ᠯᠡᠰ ᠵᠶ᠋ᠡᠷ ᠲᠡᠳᠬᠦᠬᠦ ᠬᠦᠷᠲᠡᠯ᠎ᠡ ᠂ ᠳᠠᠬᠢᠭ᠋ᠠᠳ ᠵᠠᠬ᠎ᠠ ᠳᠡᠯᠭᠡᠭᠦᠷ ᠵᠶ᠋ᠡᠷ ᠪᠣᠢ᠌ᠵᠢᠭᠤᠯᠬᠤ ᠬᠦᠷᠲᠡᠯ᠎ᠡ᠂ ᠠᠵᠤ ᠦᠢ᠍ᠯᠡᠰ ᠵᠶ᠋ᠡᠷ ᠶᠠᠳᠠᠭᠤ ᠵᠢ ᠲᠡᠳᠬᠦᠬᠦ ᠦᠢ ᠣᠯᠠᠨ ᠲᠥᠷᠥᠯ ᠵᠦᠢ᠍ᠯ᠎ᠢ ᠤᠷᠤᠭᠰᠢᠲᠠᠢ ᠨᠠᠢ᠌ᠳᠠᠪᠤᠷᠢᠵᠢᠭᠤᠯᠵᠠᠢ᠃
ᠣᠩᠨᠢᠭᠤᠳ ᠬᠣᠰᠢᠭᠤᠨ᠎ᠤ ᠶᠠᠩ ᠵᠢᠶᠠ ᠶᠢᠩᠽᠢ ᠵᠢᠨ ᠤᠳᠤ ᠦᠶ᠎ᠡ ᠵᠢᠨ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ ᠪᠣᠯ ᠪᠡᠭᠡᠵᠢᠩ ᠥᠪᠥᠷ ᠮᠣᠩᠭᠣᠯ᠎ᠤᠨ ᠶᠠᠳᠠᠭᠤ ᠵᠢ ᠲᠡᠳᠬᠦᠬᠦ ᠬᠠᠮᠵᠢᠯᠴᠠᠭ᠋ᠠᠨ᠎ᠤ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠪᠣᠯᠬᠤ ᠪᠥᠭᠡᠳ ᠣᠨᠳᠣᠣ ᠭᠠᠵᠠᠷ᠎ᠲᠤ ᠨᠡᠭᠦᠯᠭᠡᠵᠦ ᠶᠠᠳᠠᠭᠤ ᠵᠢ ᠲᠡᠳᠬᠦᠬᠦ ᠤᠯᠠᠨ ᠲᠦᠮᠡᠨ᠎ᠤ ᠵᠠᠯᠭ᠋ᠠᠮᠵᠢ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢᠨ ᠭᠠᠵᠠᠷ ᠪᠣᠯᠣᠨ᠎ᠠ᠂ ᠡᠭᠦᠨ᠎ᠤ ᠬᠠᠮᠲᠤ ᠣᠩᠨᠢᠭᠤᠳ ᠬᠣᠰᠢᠭᠤᠨ᠎ᠤ ᠥᠪᠡᠷᠲᠡᠭᠡᠨ ᠵᠠᠰᠠᠬᠤ ᠣᠷᠣᠨ᠎ᠤ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢᠨ ᠲᠣᠭᠣᠷᠢᠨ᠎ᠳᠤ ᠭᠣᠣᠯᠳᠠᠯᠭ᠎ᠠ᠎ᠲᠠᠢ ᠪᠠᠢ᠌ᠭᠤᠯᠤᠭᠰᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠣᠰᠢᠭᠤᠴᠢ ᠣᠷᠣᠨ ᠪᠣᠯᠣᠨ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠢ ᠠᠭᠤᠰᠤᠯᠴᠠᠭᠤᠯᠬᠤ ᠵᠢᠱ᠌ᠢᠶ᠎ᠡ ᠦᠵᠡᠭᠦᠯᠬᠦ ᠣᠷᠣᠨ ᠪᠣᠯᠣᠨ᠎ᠠ᠃
ᠶᠠᠩ ᠵᠢᠶᠠ ᠶᠢᠩᠽᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠬᠠᠷᠢᠭᠤᠴᠠᠯᠭ᠋ᠠᠲᠠᠨ ᠭᠦᠸᠧ ᠰᠢ ᠹᠧᠩ᠄ 《ᠤᠳᠤ ᠪᠣᠯᠲᠠᠯ᠎ᠠ᠂ ᠶᠠᠩ ᠵᠢᠶᠠ ᠶᠢᠩᠽᠢ᠎ᠠᠴᠠ ᠪᠡᠭᠡᠵᠢᠩ ᠥᠪᠥᠷ ᠮᠣᠩᠭᠣᠯ᠎ᠢ ᠬᠠᠪᠰᠤᠷᠤᠨ ᠲᠡᠳᠬᠦᠬᠦ ᠪᠡᠯᠡ ᠮᠥᠩᠭᠥ ᠵᠢ 1.1 ᠳ᠋ᠦᠩᠰᠢᠭᠤᠷ ᠲᠥᠭᠥᠷᠢᠭ ᠣᠷᠣᠭᠤᠯᠵᠤ᠂ 607 ᠰᠠᠭᠤᠷᠢ ᠨᠡᠷᠡᠨ ᠬᠦᠯᠡᠮᠵᠢ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠵᠢ ᠪᠠᠢ᠌ᠭᠤᠯᠵᠤ᠂ 6 ᠲᠦᠮᠡᠨ ᠲᠡᠭᠰᠢ ᠳᠥᠷᠪᠡᠯᠵᠢᠨ ᠮᠸᠲᠷ ᠥᠨᠳᠥᠷ ᠪᠠᠷᠢᠮᠵᠢᠶᠠᠲᠤ ᠣᠶᠤᠨᠲᠤ ᠬᠦᠯᠡᠮᠵᠢ ᠵᠢ ᠰᠢᠨ᠎ᠡ᠎ᠪᠠᠷ ᠪᠠᠢ᠌ᠭᠤᠯᠵᠤ᠂ ᠪᠦᠬᠦᠨ᠎ᠢ ᠠᠰᠢᠭᠯᠠᠯᠲᠠ᠎ᠳᠤ ᠣᠷᠣᠭᠤᠯᠪᠠ᠃ ᠬᠦᠷᠢᠶᠡᠯᠡᠩ ᠲᠣᠭᠣᠷᠢᠭ᠎ᠲᠤ ᠨᠡᠶ᠋ᠢᠲᠡ ᠵᠢᠨ ᠠᠰᠠᠷᠠᠮᠵᠢ ᠵᠢᠨ ᠠᠵᠢᠯ᠎ᠤᠨ ᠪᠠᠢ᠌ᠷᠢ ᠭᠠᠷᠭ᠋ᠠᠬᠤ ᠵᠢᠴᠢ ᠪᠤᠰᠤᠳ ᠠᠷᠭ᠎ᠠ ᠬᠡᠯᠪᠡᠷᠢ᠎ᠪᠠᠷ ᠳᠠᠮᠵᠢᠭᠤᠯᠤᠨ ᠲᠤᠬᠠᠢ ᠵᠢᠨ ᠭᠠᠵᠠᠷ᠎ᠤᠨ ᠣᠨᠳᠣᠣ ᠭᠠᠵᠠᠷ᠎ᠲᠤ ᠨᠡᠭᠦᠭᠰᠡᠨ 200 ᠭᠠᠷᠤᠢ ᠣᠯᠠᠨ ᠲᠦᠮᠡᠨ ᠪᠠ ᠬᠣᠲᠠ ᠵᠢᠨ ᠲᠣᠭᠣᠷᠢᠭ᠎ᠤᠨ ᠡᠷᠭᠢᠨ ᠲᠣᠭᠣᠷᠢᠨ᠎ᠤ ᠣᠯᠠᠨ ᠲᠦᠮᠡᠨ᠎ᠢ ᠪᠦᠲᠦᠮᠵᠢᠲᠡᠶ᠎ᠪᠠᠷ ᠳᠠᠶ᠋ᠢᠴᠢᠯᠠᠨ ᠡᠵᠡᠩᠨᠡᠯᠲᠡ᠎ᠳᠤ ᠰᠢᠭᠤᠳ ᠣᠷᠣᠯᠴᠠᠭᠤᠯᠬᠤ ᠪᠤᠶᠤ ᠣᠢ᠌ᠷ᠎ᠠ ᠬᠠᠪᠢ᠎ᠳᠠᠭᠠᠨ ᠠᠵᠢᠯ ᠬᠢᠯᠭᠡᠵᠦ᠂ ᠡᠷᠦᠬᠡ ᠪᠦᠷᠢ ᠵᠢᠨ ᠣᠷᠣᠯᠭ᠎ᠠ᠎ᠨᠢ ᠳᠤᠮᠳᠠᠴᠢ᠎ᠪᠠᠷ 3000 ᠲᠥᠭᠥᠷᠢᠭ᠎ᠠᠴᠠ ᠳᠡᠭᠡᠭᠰᠢ ᠨᠡᠮᠡᠭᠳᠡᠭᠰᠡᠨ ᠪᠠᠢ᠌ᠨ᠎ᠠ》 ᠭᠡᠵᠡᠢ ᠃
ᠶᠠᠩ ᠵᠢᠶᠠ ᠶᠢᠩᠽᠢ ᠵᠢᠨ ᠲᠦᠷᠭᠡᠨ ᠬᠥᠭᠵᠢᠯᠲᠡ᠎ᠨᠢ ᠪᠡᠭᠡᠵᠢᠩ ᠥᠪᠥᠷ ᠮᠣᠩᠭᠣᠯ᠎ᠤᠨ ᠤᠯᠠᠨ ᠠᠵᠤ ᠦᠢ᠍ᠯᠡᠰ᠎ᠤᠨ ᠳᠡᠮᠵᠢᠯᠭᠡ ᠵᠢᠨ ᠬᠡᠯᠬᠢᠶ᠎ᠡ ᠵᠢᠨ ᠨᠢᠭᠡ ᠵᠢᠵᠢᠭᠬᠡᠨ ᠬᠤᠷᠢᠶᠠᠩᠭᠤᠢ ᠳᠦᠷᠰᠦ ᠲᠡᠳᠦᠢ ᠶᠤᠮ᠃ ᠬᠡᠳᠦᠨ ᠵᠢᠯ᠎ᠤᠨ ᠲᠤᠷᠰᠢ᠂ ᠪᠡᠭᠡᠵᠢᠩ ᠬᠣᠲᠠ ᠪᠣᠯᠣᠨ ᠥᠪᠥᠷ ᠮᠣᠩᠭᠣᠯ ᠣᠷᠣᠨ ᠦᠨᠡᠨ ᠬᠦ᠌ ᠬᠠᠪᠰᠤᠷᠤᠨ ᠲᠡᠳᠬᠦᠬᠦ ᠬᠠᠮᠵᠢᠯᠴᠠᠭ᠎ᠠ ᠳᠤᠮᠳᠠ ᠡᠯᠪᠡᠭ ᠳᠡᠯᠪᠡᠭ ᠦᠷ᠎ᠡ ᠪᠦᠲᠦᠭᠡᠯ ᠣᠯᠵᠠᠢ ᠃
ᠵᠠᠰᠠᠭ ᠠᠵᠤ ᠠᠬᠤᠢ᠌ᠯᠠᠯ ᠬᠦᠴᠦ᠎ᠪᠠᠨ ᠬᠠᠮᠲᠤᠳᠬᠠᠨ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠵᠢ ᠬᠥᠲᠥᠯᠥᠨ ᠵᠢᠯᠤᠭᠣᠳᠴᠤ ᠲᠦᠷᠭᠡᠪᠴᠢᠯᠡᠨ ᠤᠷᠤᠭᠰᠢᠯᠠᠨ᠎ᠠ
ᠵᠠᠰᠠᠭ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠴᠢᠬᠤᠯᠠ ᠬᠡᠰᠡᠭ ᠮᠥᠨ᠂ ᠥᠪᠥᠷ ᠮᠣᠩᠭᠣᠯ ᠵᠠᠰᠠᠭ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠰᠢᠨ᠎ᠡ ᠵᠠᠭᠪᠤᠷ᠎ᠢ ᠲᠠᠰᠤᠷᠠᠯᠲᠠ ᠦᠭᠡᠢ ᠬᠠᠢ᠌ᠨ ᠰᠦᠪᠡᠭᠴᠢᠯᠡᠵᠦ ᠂ ᠠᠵᠤ ᠠᠬᠤᠢ᠌ᠯᠠᠯ᠎ᠤᠨ ᠬᠥᠭᠵᠢᠯᠲᠡ᠎ᠳᠤ ᠪᠥᠬᠥ ᠬᠦᠴᠦᠨ ᠵᠶ᠋ᠡᠷ ᠵᠶ᠋ᠡᠨ ᠦᠢ᠍ᠯᠡᠴᠢᠯᠡᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠪᠡᠯᠡ ᠮᠥᠩᠭᠥ᠂ ᠲᠣᠭᠲᠠᠴᠠ᠂ ᠴᠢᠳᠠᠪᠤᠷᠢᠲᠠᠨ ᠪᠠ ᠨᠡᠢ᠌ᠭᠡᠮ᠎ᠤᠨ ᠡᠬᠢ ᠪᠠᠶᠠᠯᠢᠭ ᠵᠡᠷᠭᠡ ᠲᠠᠯ᠎ᠠ᠎ᠪᠠᠷ᠎ᠬᠢ ᠬᠥᠭᠵᠢᠯᠲᠡ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ᠎ᠳᠤ ᠲᠠᠷᠢᠶᠠᠯᠠᠩ᠎ᠤᠨ ᠠᠵᠤ ᠠᠬᠤᠢ᠌ᠯᠠᠯ᠎ᠤᠨ ᠦᠷᠭᠦᠯᠵᠢᠯᠡᠨ ᠴᠢᠬᠤᠯᠠ ᠦᠢ᠍ᠯᠡᠳᠦᠯ ᠪᠠᠳᠠᠷᠠᠭᠤᠯᠬᠤ ᠵᠢ ᠦᠨᠡᠨ ᠬᠦ᠌ ᠪᠠᠲᠤᠯᠠᠵᠤ ᠪᠠᠢ᠌ᠨ᠎ᠠ᠃
ᠬᠠᠪᠤᠷ ᠴᠡᠴᠡᠭ ᠰᠣᠨᠢᠷᠬᠠᠵᠤ᠂ ᠵᠤᠨ ᠰᠡᠷᠢᠭᠦᠴᠡᠵᠦ᠂ ᠨᠠᠮᠤᠷ ᠲᠡᠭᠦᠵᠦ᠂ ᠡᠪᠦᠯ ᠮᠥᠰᠥ ᠴᠠᠰᠤᠨ᠎ᠳᠤ ᠬᠤᠴᠢᠭᠳᠠᠨᠠ ᠁ ᠠᠷᠪᠠᠨ ᠵᠢᠯ᠎ᠤᠨ ᠲᠤᠷᠰᠢ᠂ ᠲᠦᠴᠢᠦᠸᠠᠨ ᠰᠢᠶᠠᠨ᠎ᠤ᠎ᠬᠢᠨ ᠪᠠᠢ᠌ᠭ᠋ᠠᠯᠢ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠪᠠᠢ᠌ᠭ᠋ᠠᠯᠢ᠂ ᠠᠭᠤᠷ ᠠᠮᠢᠰᠬᠤᠯ ᠵᠡᠷᠭᠡ ᠣᠨᠴᠠᠯᠢᠭ ᠵᠶ᠋ᠠᠨ ᠠᠰᠢᠭᠯᠠᠵᠤ᠂ ᠲᠦᠴᠢᠦᠸᠠᠨ᠎ᠤ ᠲᠠᠷᠢᠶᠠᠴᠢᠨ ᠵᠤᠭ᠋ᠠᠴᠠᠭᠰᠠᠳ᠎ᠢ ᠠᠭᠤᠰᠤᠯᠴᠠᠭᠤᠯᠤᠨ ᠵᠤᠭ᠋ᠠᠴᠠᠭᠤᠯᠬᠤ 《ᠲᠦᠷᠪᠡᠨ ᠤᠯᠠᠷᠢᠯ᠎ᠤᠨ ᠳᠠᠭᠤᠤ》 ᠵᠢ ᠳᠠᠭᠤᠯᠠᠵᠤ᠂ ᠬᠥᠳᠡᠭᠡ ᠲᠣᠰᠬᠣᠨ᠎ᠢ ᠴᠡᠴᠡᠷᠯᠢᠭ᠂ ᠪᠦᠲᠦᠭᠡᠭᠳᠡᠬᠦᠨ᠎ᠢ ᠲᠠᠸᠠᠷ᠂ ᠭᠠᠷᠤᠯᠲᠠ ᠵᠢᠨ ᠣᠷᠣᠨ᠎ᠢ ᠦᠵᠡᠮᠵᠢ ᠵᠢᠨ ᠣᠷᠣᠨ ᠪᠣᠯᠭ᠋ᠠᠨ ᠬᠤᠪᠢᠷᠠᠭᠤᠯᠵᠤ᠂ ᠲᠠᠷᠢᠶᠠᠴᠢᠨ ᠵᠤᠭ᠋ᠠᠴᠠᠭᠰᠠᠳ᠎ᠢ ᠠᠭᠤᠰᠤᠯᠴᠠᠭᠤᠯᠤᠨ ᠬᠥᠭᠵᠢᠭᠦᠯᠦᠭᠰᠡᠨ ᠰᠢᠨ᠎ᠡ ᠬᠠᠭᠤᠳᠠᠰᠤ ᠵᠢ ᠵᠢᠷᠤᠭᠯᠠᠵᠠᠢ᠃
ᠲᠦᠴᠢᠦᠸᠠᠨ ᠰᠢᠶᠠᠨ᠎ᠤ ᠱᠤ᠌ ᠭᠤᠸᠠᠩ ᠤᠳᠤ ᠦᠶ᠎ᠡ ᠵᠢᠨ ᠲᠠᠷᠢᠶᠠᠯᠠᠩ᠎ᠤᠨ ᠣᠷᠴᠢᠯ ᠠᠵᠤ ᠠᠬᠤᠢ ᠵᠢᠨ ᠬᠦᠷᠢᠶᠡᠯᠡᠩ ᠪᠣᠯ ᠪᠡᠭᠡᠵᠢᠩ ᠬᠤᠳᠠ ᠵᠢᠨ ᠹᠠᠩᠱ᠌ᠠᠨ ᠲᠣᠭᠣᠷᠢᠭ ᠪᠣᠯᠣᠨ ᠬᠢᠩᠭ᠋ᠠᠨ ᠠᠢ᠌ᠮᠠᠭ᠎ᠤᠨ ᠲᠦᠴᠢᠦᠸᠠᠨ ᠰᠢᠶᠠᠨ᠎ᠤ ᠬᠠᠮᠲᠤ᠎ᠪᠠᠷ ᠪᠠᠢ᠌ᠭᠤᠯᠤᠭᠰᠠᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ ᠲᠥᠯᠥᠭᠡᠯᠡᠭᠴᠢ ᠵᠢᠨ ᠨᠢᠭᠡ ᠪᠣᠯᠣᠨ᠎ᠠ᠂ ᠪᠠᠢ᠌ᠭᠤᠯᠤᠭᠰᠠᠨ ᠲᠠᠯᠠᠪᠠᠢ᠎ᠨᠢ 1.5 ᠲᠦᠮᠡᠨ ᠮᠦ᠍᠎ᠳᠤ ᠬᠦᠷᠴᠦ᠂ ᠡᠮᠦᠨᠡᠲᠦ ᠬᠡᠰᠡᠭ᠎ᠤᠨ ᠲᠠᠷᠢᠮᠠᠯ᠎ᠤᠨ ᠲᠣᠭᠣᠷᠢᠭ᠂ ᠳᠤᠮᠳᠠ ᠬᠡᠰᠡᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠣᠭᠣᠷᠢᠭ ᠪᠣᠯᠣᠨ ᠬᠣᠢ᠌ᠲᠤ ᠬᠡᠰᠡᠭ᠎ᠤᠨ ᠲᠡᠵᠢᠭᠡᠨ ᠦᠷᠡᠵᠢᠭᠦᠯᠬᠦ ᠲᠣᠭᠣᠷᠢᠭ᠎ᠢ ᠪᠦᠷᠢᠯᠳᠦᠭᠦᠯᠵᠦ᠂ 32 ᠠᠵᠤ ᠠᠬᠤᠢ᠌ᠯᠠᠯ ᠵᠢᠴᠢ ᠬᠤᠷᠰᠢᠶ᠎ᠠ᠎ᠳᠤ ᠰᠠᠭᠤᠷᠢᠰᠢᠪᠠ᠃ ᠲᠦᠴᠢᠦᠸᠠᠨ ᠰᠢᠶᠠᠨ 《ᠵᠠᠰᠠᠭ᠎ᠤᠨ ᠣᠷᠳᠣᠨ᠎ᠠᠴᠠ ᠭᠣᠣᠯᠯᠠᠨ ᠤᠳᠤᠷᠢᠳᠬᠤ + ᠠᠵᠤ ᠠᠬᠤᠢ᠌ᠯᠠᠯ᠎ᠤᠨ ᠡᠵᠡᠩᠨᠡᠯᠲᠡ + ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ》 ᠵᠢᠨ ᠵᠠᠭᠪᠤᠷ᠎ᠢ ᠬᠡᠷᠡᠭᠯᠡᠵᠦ᠂ ᠵᠠᠰᠠᠭ᠎ᠤᠨ ᠣᠷᠳᠣᠨ᠎ᠠᠴᠠ ᠠᠵᠤ ᠠᠬᠤᠢ᠌ᠯᠠᠯ᠎ᠳᠤ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠵᠠᠮ ᠵᠡᠷᠭᠡ ᠰᠠᠭᠤᠷᠢ ᠲᠥᠬᠦᠭᠡᠷᠦᠮᠵᠢ ᠵᠢ ᠢᠳᠡᠪᠬᠢᠲᠡᠢ ᠨᠠᠢ᠌ᠳᠠᠪᠤᠷᠢᠵᠢᠭᠤᠯᠵᠤ᠂ ᠬᠠᠮᠵᠢᠯᠴᠠᠬᠤ ᠪᠡᠯᠡ ᠮᠥᠩᠭᠥ ᠵᠢ ᠠᠰᠢᠭᠯᠠᠨ ᠠᠵᠤ ᠠᠬᠤᠢ᠌ᠯᠠᠯ᠎ᠲᠠᠢ ᠬᠠᠮᠵᠢᠯᠴᠠᠬᠤ ᠲᠦᠷᠦᠯ ᠵᠦᠢ᠍ᠯ᠎ᠢ ᠬᠠᠮᠲᠤ᠎ᠪᠠᠷ ᠬᠡᠷᠡᠭᠵᠢᠭᠦᠯᠪᠡ᠃
ᠣᠲᠣ ᠪᠣᠯᠲᠠᠯ᠎ᠠ᠂ ᠨᠡᠶ᠋ᠢᠲᠡ 28 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠵᠡᠢ ᠂ ᠡᠭᠦᠨ᠎ᠳᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠪᠡᠯᠡ ᠮᠥᠩᠭᠥ 7627 ᠲᠦᠮᠡᠨ ᠲᠥᠭᠥᠷᠢᠭ ᠪᠠᠢ᠌ᠨ᠎ᠠ᠃ 20000 ᠭᠠᠷᠤᠢ ᠲᠠᠷᠢᠶᠠᠴᠢᠨ ᠡᠷᠦᠬᠡ ᠵᠢ ᠳᠠᠶ᠋ᠢᠴᠢᠯᠠᠨ ᠣᠷᠣᠯᠭ᠎ᠠ ᠵᠢ᠎ᠨᠢ ᠨᠡᠮᠡᠭᠳᠡᠭᠦᠯᠵᠦ ᠂ ᠬᠦᠷᠢᠶᠡᠯᠡᠩ ᠲᠣᠭᠣᠷᠢᠭ᠎ᠲᠤ ᠨᠡᠶ᠋ᠢᠲᠡ 800 ᠭᠠᠷᠤᠢ ᠬᠥᠯᠥᠰᠦᠨ ᠠᠵᠢᠯᠴᠢᠨ ᠣᠷᠳᠣ ᠬᠤᠭᠤᠴᠠᠭ᠎ᠠ᠎ᠪᠠᠷ ᠠᠵᠢᠯᠯᠠᠵᠤ ᠂ ᠬᠥᠮᠥᠨ ᠳᠤᠮᠳᠠᠴᠢ ᠵᠢᠨ ᠵᠢᠯ᠎ᠤᠨ ᠣᠷᠣᠯᠭ᠎ᠠ᠎ᠨᠢ 3.6 ᠲᠦᠮᠡᠨ ᠲᠥᠭᠥᠷᠢᠭ᠎ᠲᠤ ᠬᠦᠷᠴᠡᠢ ᠃
ᠣᠢ᠌ᠷ᠎ᠠ ᠵᠢᠨ ᠵᠢᠯ᠎ᠠᠴᠠ᠂ ᠲᠦᠴᠢᠦᠸᠠᠨ ᠰᠢᠶᠠᠨ᠎ᠤ᠎ᠬᠢᠨ ᠲᠦᠷᠦ ᠵᠢᠨ ᠪᠣᠳᠣᠯᠭ᠎ᠠ ᠵᠢᠨ ᠲᠣᠭᠲᠠᠴᠠ ᠵᠢᠨ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠴᠢᠩᠭ᠋ᠠᠳᠬᠠᠵᠤ᠂ ᠤᠳᠤ ᠦᠶ᠎ᠡ ᠵᠢᠨ ᠲᠠᠷᠢᠶᠠᠯᠠᠩ ᠵᠶ᠋ᠠᠷ ᠰᠠᠭᠤᠷᠢ ᠪᠣᠯᠭ᠋ᠠᠭᠰᠠᠨ᠂ ᠠᠵᠤ ᠦᠢ᠍ᠯᠡᠳᠪᠦᠷᠢ ᠵᠢᠨ ᠬᠥᠭᠵᠢᠯᠲᠡ᠎ᠪᠠᠷ ᠲᠤᠯᠭ᠋ᠠᠭᠤᠷᠢᠯᠠᠯ ᠪᠣᠯᠭ᠋ᠠᠭᠰᠠᠨ᠂ ᠣᠨᠴᠠᠯᠢᠭᠲᠤ ᠵᠤᠭ᠋ᠠᠴᠠᠯ᠎ᠤᠨ ᠦᠢ᠍ᠯᠡᠰ ᠵᠶ᠋ᠡᠷ ᠵᠢᠭᠦᠷ ᠪᠣᠯᠭ᠋ᠠᠭᠰᠠᠨ ᠭᠤᠷᠪᠠᠨ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠰᠢᠨ᠎ᠡ ᠬᠠᠭᠤᠳᠠᠰᠤ ᠵᠢ ᠪᠦᠬᠦ ᠬᠦᠴᠦᠨ ᠵᠶ᠋ᠡᠷ ᠵᠶ᠋ᠡᠨ ᠴᠣᠭᠴᠠᠯᠠᠪᠠ᠃