ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠬᠥᠬᠡᠬᠣᠲᠠ᠄ ᠪᠡᠭᠡᠵᠢᠩ ᠥᠪᠥᠷ ᠮᠣᠩᠭᠣᠯ ᠬᠠᠮᠵᠢᠯᠴᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠴᠢᠳᠠᠪᠤᠷᠢᠲᠠᠨ᠎ᠢ ᠬᠠᠮᠲᠤᠪᠠᠷ ᠬᠥᠮᠥᠵᠢᠭᠦᠯᠦᠨ᠎ᠡ
ᠨᠡᠶ᠋ᠢᠲᠡᠯᠡᠭᠰᠡᠨ ᠴᠠᠭ᠄ 2022-12-01

       ᠣᠢ᠌ᠷ᠎ᠠ ᠵᠢᠨ ᠵᠢᠯ᠎ᠠᠴᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠰᠢᠨ᠎ᠡ ᠴᠠᠭ ᠦᠶ᠎ᠡ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠠᠰᠢᠭᠲᠠᠢ ᠠᠵᠠ ᠲᠣᠬᠢᠶᠠᠯ᠎ᠢ ᠠᠮᠵᠢᠵᠤ᠂ ᠬᠣᠣᠰ ᠴᠢᠭᠯᠡᠯ᠎ᠤᠨ ᠴᠢᠳᠠᠪᠤᠷᠢᠲᠠᠨ᠎ᠤ ᠰᠣᠯᠢᠯᠴᠠᠭ᠋ᠠᠨ᠎ᠤ 《ᠬᠣᠩᠭᠢᠯ ᠵᠠᠮ》 ᠎ᠢ ᠢᠳᠡᠪᠬᠢᠲᠡᠢ ᠨᠠᠪᠲᠠᠷᠡᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ᠎ᠳᠤ ᠬᠦᠴᠦᠲᠦ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠪᠠᠲᠤ ᠪᠡᠬᠢ ᠴᠢᠳᠠᠪᠤᠷᠢᠲᠠᠨ᠎ᠤ ᠰᠠᠭᠤᠷᠢ ᠵᠢ ᠲᠠᠯᠪᠢᠭᠰᠠᠨ ᠪᠠᠢ᠌ᠨ᠎ᠠ᠃

       ᠨᠠᠮ ᠵᠠᠰᠠᠭ᠎ᠤᠨ ᠺᠠᠳ᠋ᠷ᠎ᠤᠨ ᠬᠣᠣᠰ ᠴᠢᠭᠯᠡᠯ᠎ᠤᠨ ᠰᠣᠯᠢᠯᠴᠠᠭ᠎ᠠ ᠵᠣᠯᠭ᠋ᠠᠯᠴᠠᠭ᠎ᠠ ᠵᠢ ᠴᠢᠩᠭ᠋ᠠᠳᠬᠠᠵᠤ᠂ ᠬᠠᠮᠲᠤᠷᠠᠯᠴᠠᠭ᠋ᠠᠨ᠎ᠤ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠤᠨ᠎ᠠ

       ᠬᠥᠬᠡᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠰᠢᠨ᠎ᠡ ᠴᠠᠭ ᠦᠶ᠎ᠡ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠡᠯ᠎ᠡ ᠵᠦᠢ᠍ᠯ᠎ᠤᠨ ᠠᠵᠢᠯ᠎ᠤᠨ ᠡᠭᠦᠷᠭᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠣᠶᠠᠷ ᠭᠠᠵᠠᠷ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠲᠠᠰᠤᠷᠠᠯᠲᠠ ᠦᠭᠡᠢ ᠰᠣᠯᠢᠯᠴᠠᠭ᠎ᠠ ᠰᠣᠯᠢᠯᠴᠠᠭ᠎ᠠ ᠬᠢᠵᠦ᠂ ᠤᠯᠠᠨ ᠳᠡᠰ ᠳᠠᠪᠬᠤᠷᠭ᠎ᠠ᠎ᠪᠠᠷ ᠬᠠᠷᠢᠯᠴᠠᠨ ᠠᠶ᠋ᠢᠯᠴᠢᠯᠠᠯᠲᠠ ᠬᠢᠵᠦ ᠬᠠᠷᠢᠯᠴᠠᠨ ᠬᠥᠳᠡᠯᠦᠯᠴᠡᠵᠦ᠂ ᠶᠡᠬᠡ ᠬᠡᠮᠵᠢᠶᠡᠨ᠎ᠤ ᠬᠠᠪᠰᠤᠷᠤᠨ ᠲᠡᠳᠬᠦᠬᠦ ᠲᠦᠷᠦᠯ ᠵᠦᠢ᠍ᠯ᠎ᠢ ᠨᠠᠢ᠌ᠳᠠᠪᠤᠷᠢᠵᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠤᠭᠰᠠᠨ ᠪᠠᠢ᠌ᠨ᠎ᠠ᠃

      2022 ᠣᠨ᠎ᠳᠤ᠂ ᠪᠡᠭᠡᠵᠢᠩ ᠬᠤᠳᠠ ᠵᠢᠨ ᠮᠧᠨ ᠲᠧᠦ ᠭᠧᠦ ᠲᠣᠭᠣᠷᠢᠭ᠎ᠠᠴᠠ 3 ᠰᠢᠯᠢᠳᠡᠭ ᠺᠠᠳ᠋ᠷ᠎ᠢ ᠦᠴᠦᠸᠠᠨ ᠰᠢᠶᠠᠨ᠎ᠳᠤ ᠲᠣᠮᠢᠯᠠᠨ ᠰᠢᠶᠠᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠵᠠᠰᠠᠭ᠎ᠤᠨ ᠣᠷᠳᠣᠨ᠎ᠤ ᠳᠡᠳ᠋ ᠰᠢᠶᠠᠨ᠎ᠤ ᠳᠠᠷᠤᠭ᠎ᠠ ᠪᠣᠯᠣᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠳᠡᠳ᠋ ᠳᠠᠷᠤᠭ᠎ᠠ ᠵᠢᠨ ᠲᠤᠰᠢᠶᠠᠯ᠎ᠳᠤ ᠲᠣᠮᠢᠯᠠᠵᠤ᠂ ᠦᠴᠦᠸᠠᠨ ᠰᠢᠶᠠᠨ᠎ᠢ ᠬᠠᠪᠰᠤᠷᠤᠨ ᠠᠵᠢᠯ᠎ᠤᠨ ᠦᠵᠡᠯᠲᠡ ᠵᠢ᠎ᠨᠢ ᠰᠢᠨᠡᠳᠬᠡᠵᠦ᠂ ᠠᠵᠢᠯ᠎ᠤᠨ ᠰᠡᠳᠬᠢᠴᠡ ᠵᠢ᠎ᠨᠢ ᠲᠣᠳᠣᠷᠬᠠᠢ᠌ᠯᠠᠭᠰᠠᠨ᠎ᠤ ᠬᠠᠮᠲᠤ᠂ ᠦᠴᠦᠸᠠᠨ ᠰᠢᠶᠠᠨ᠎ᠤ 2 ᠺᠠᠳ᠋ᠷ᠎ᠢ ᠪᠡᠭᠡᠵᠢᠩ ᠬᠤᠳᠠ ᠵᠢᠨ ᠮᠸᠨ  ᠲᠧᠦ ᠭᠧᠦ ᠲᠣᠭᠣᠷᠢᠭ᠎ᠲᠤ ᠲᠣᠮᠢᠯᠠᠨ ᠲᠦᠷ ᠴᠠᠭ ᠲᠤᠰᠢᠶᠠᠯ ᠡᠭᠦᠷᠭᠡᠯᠡᠭᠦᠯᠵᠡᠢ᠃

       ᠡᠨᠡ ᠬᠤᠭᠤᠴᠠᠭ᠋ᠠᠨ᠎ᠳᠤ᠂ ᠪᠡᠭᠡᠵᠢᠩ ᠬᠤᠳᠠ ᠵᠢᠴᠢ ᠮᠧᠨ ᠲᠧᠦ ᠭᠧᠦ ᠲᠣᠭᠣᠷᠢᠭ᠎ᠤᠨ᠎ᠬᠢᠨ ᠲᠤᠰᠠᠯᠠᠮᠵᠢ ᠵᠢᠨ ᠪᠡᠯᠡ ᠮᠥᠩᠭᠥ ᠵᠢᠨ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ ᠪᠡᠯᠡ ᠮᠥᠩᠭᠥ ᠵᠢᠨ ᠳᠡᠮᠵᠢᠯᠭᠡ ᠵᠢᠨ ᠰᠢᠰᠲ᠋ᠧᠮ ᠲᠣᠭᠲᠠᠭᠤᠨ ᠵᠶ᠋ᠠᠷ ᠲᠡᠭᠦᠯᠳᠡᠷᠵᠢᠵᠦ᠂ ᠬᠤᠳᠠ᠂ ᠲᠣᠭᠣᠷᠢᠭ᠂ ᠪᠠᠯᠭ᠋ᠠᠰᠤ ᠭᠤᠷᠪᠠᠨ ᠱᠠᠲᠤᠨ᠎ᠤ ᠪᠣᠰᠣᠭ᠎ᠠ ᠴᠣᠭᠴᠠᠲᠤ ᠬᠡᠯᠪᠡᠷᠢ ᠵᠢᠨ ᠡᠳ᠋᠎ᠤᠨ ᠵᠠᠰᠠᠭ᠎ᠤᠨ ᠲᠤᠰᠠᠯᠠᠮᠵᠢ ᠵᠢᠨ ᠪᠡᠯᠡ ᠮᠥᠩᠭᠥ ᠵᠢᠨ ᠳᠡᠮᠵᠢᠯᠭᠡ ᠵᠢᠨ ᠰᠢᠰᠲ᠋ᠧᠮ᠎ᠢ ᠪᠦᠷᠢᠯᠳᠦᠭᠦᠯᠵᠡᠢ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠦᠪᠵᠢᠭᠦᠯᠭᠡ᠎ᠠᠴᠠ ᠨᠠᠰᠢ᠂ ᠪᠡᠭᠡᠵᠢᠩ ᠬᠤᠳᠠ᠂ ᠮᠧᠨ ᠲᠧᠦ ᠭᠧᠦ ᠲᠣᠭᠣᠷᠢᠭ᠎ᠠᠴᠠ ᠬᠥᠬᠡᠬᠣᠲᠠ᠎ᠳᠤ ᠨᠡᠢ᠍ᠢ᠍ᠳᠡ 8640.54 ᠲᠦᠮᠡᠨ ᠲᠥᠭᠥᠷᠢᠭ᠎ᠤᠨ ᠲᠤᠰᠠᠯᠠᠮᠵᠢ ᠵᠢᠨ ᠪᠡᠯᠡ ᠮᠥᠩᠭᠥ ᠣᠷᠣᠭᠤᠯᠵᠤ᠂ ᠠᠵᠤ ᠦᠢ᠍ᠯᠡᠰ᠎ᠤᠨ ᠠᠵᠢᠯ ᠣᠯᠭᠣᠯᠲᠠ᠂ ᠤᠶᠤᠨ᠎ᠤ ᠳᠡᠮᠵᠢᠯᠭᠡ᠂ ᠡᠮ ᠡᠮᠨᠡᠯᠭᠡ ᠵᠢᠨ ᠰᠤᠷᠭ᠋ᠠᠨ ᠬᠥᠮᠦᠵᠢᠯ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠵᠡᠷᠭᠡ ᠭᠣᠣᠯᠳᠠᠯᠭ᠎ᠠ᠎ᠲᠠᠢ ᠠᠵᠢᠯ᠎ᠤᠨ ᠲᠣᠭᠣᠷᠢᠨ᠎ᠳᠤ 64 ᠲᠦᠷᠦᠯ ᠵᠦᠢ᠍ᠯ᠎ᠢ ᠬᠡᠷᠡᠭᠵᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠰᠢᠢ᠍ᠳᠪᠦᠷᠢᠲᠦ ᠢᠯᠠᠯᠲᠠ ᠵᠢ ᠣᠯᠬᠤ᠎ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠪᠡ᠃

       ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠰᠣᠯᠢᠯᠴᠠᠭ᠎ᠠ ᠪᠣᠯᠪᠠᠰᠤᠷᠠᠭᠤᠯᠤᠯ᠎ᠢ ᠴᠢᠩᠭ᠋ᠠᠳᠬᠠᠵᠤ  ᠂ ᠡᠬᠢ ᠪᠠᠶᠠᠯᠢᠭ᠎ᠢ ᠬᠠᠮᠲᠤᠪᠠᠷ ᠭᠥᠷᠳᠡᠬᠦ ᠲᠠᠪᠴᠠᠩ᠎ᠢ ᠪᠠᠢ᠌ᠭᠤᠯᠤᠨ᠎ᠠ

       ᠬᠥᠬᠡᠬᠣᠲᠠ ᠬᠢᠭᠡᠳ ᠪᠡᠭᠡᠵᠢᠩ ᠬᠣᠲᠠ 《ᠭᠠᠳᠠᠭᠰᠢ ᠭᠠᠷᠬᠤ》 《  ᠤᠷᠢᠵᠤ ᠠᠪᠴᠢᠷᠠᠬᠤ》 ᠠᠷᠭ᠎ᠠ ᠮᠠᠶᠢᠭ᠎ᠢ ᠠᠪᠴᠤ ᠂ ᠮᠡᠷᠭᠡᠵᠢᠯ᠎ᠤᠨ ᠰᠣᠯᠢᠯᠴᠠᠭ᠎ᠠ ᠂ ᠲᠤᠬᠠᠢ᠌ᠯᠠᠭᠰᠠᠨ ᠠᠵᠢᠯ᠎ᠤᠨ ᠬᠠᠮᠵᠢᠯᠴᠠᠭ᠋ᠠᠨ᠎ᠤ ᠲᠠᠪᠴᠠᠩ᠎ᠢ ᠪᠠᠢ᠌ᠭᠤᠯᠵᠤ᠂ ᠡᠮᠴᠢᠯᠡᠭᠡ ᠂ ᠰᠤᠷᠭ᠋ᠠᠨ ᠬᠥᠮᠦᠵᠢᠯ ᠵᠡᠷᠭᠡ ᠬᠦᠷᠢᠶᠡᠨ᠎ᠳᠠᠬᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠭᠦᠨᠵᠡᠭᠡᠢ ᠥᠷᠨᠢᠭᠦᠯᠪᠡ᠃ ᠪᠡᠭᠡᠵᠢᠩ ᠬᠤᠳᠠ ᠵᠢᠨ᠎ᠬᠢᠨ 21 ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠰᠣᠩᠭᠣᠨ ᠲᠣᠮᠢᠯᠠᠵᠤ᠂ ᠦᠴᠦᠸᠠᠨ ᠰᠢᠶᠠᠨ᠎ᠤ ᠰᠤᠷᠭ᠋ᠠᠨ ᠬᠥᠮᠦᠵᠢᠯ᠂ ᠡᠮ ᠡᠮᠨᠡᠯᠭᠡ᠂ ᠲᠠᠷᠢᠶᠠᠯᠠᠩ᠎ᠤᠨ ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ᠎ᠳᠤ ᠤᠶᠤᠨ᠎ᠤ ᠲᠤᠰᠠᠯᠠᠮᠵᠢ ᠬᠠᠩᠭ᠋ᠠᠵᠠᠢ᠃ 21 ᠨᠥᠬᠥᠷ ᠠᠳᠠᠯᠢ ᠪᠤᠰᠤ ᠠᠵᠢᠯ᠎ᠤᠨ ᠪᠠᠢ᠌ᠷᠢᠨ᠎ᠳᠤ ᠪᠠᠢ᠌ᠵᠤ᠂ 《  ᠤᠯᠠᠮᠵᠢᠯᠠᠬᠤ᠂ ᠬᠠᠪᠰᠤᠷᠬᠤ᠂ ᠳᠠᠭ᠋ᠠᠭᠤᠯᠬᠤ᠂ ᠬᠥᠮᠥᠵᠢᠭᠦᠯᠬᠦ 》 ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠴᠢᠳᠠᠪᠤᠷᠢ᠎ᠪᠠᠨ ᠬᠠᠷᠢᠯᠴᠠᠨ ᠠᠬᠢᠭᠤᠯᠬᠤ᠂ ᠰᠤᠷᠲᠠᠯ ᠵᠶ᠋ᠠᠨ ᠬᠠᠷᠢᠯᠴᠠᠨ ᠲᠣᠯᠢᠯᠠᠬᠤ ᠰᠠᠢ᠌ᠨ ᠰᠠᠢ᠌ᠬᠠᠨ ᠪᠠᠢ᠌ᠳᠠᠯ᠎ᠢ ᠪᠣᠶ ᠪᠣᠯᠭ᠋ᠠᠬᠤ ᠵᠢ ᠠᠬᠢᠭᠤᠯᠪᠠ᠃ ᠡᠭᠦᠨ᠎ᠤ ᠬᠠᠮᠲᠤ᠂ ᠪᠡᠭᠡᠵᠢᠩ ᠬᠤᠳᠠ ᠵᠢᠨ ᠰᠤᠷᠭ᠋ᠠᠨ ᠬᠥᠮᠦᠵᠢᠯ᠂ ᠡᠮ ᠡᠮᠨᠡᠯᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠨ᠂ ᠤᠯᠠᠨ ᠲᠦᠷᠦᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠢ ᠥᠷᠨᠢᠭᠦᠯᠵᠦ᠂ 300 ᠭᠠᠷᠤᠢ ᠺᠠᠳ᠋ᠷ᠎ᠢ ᠪᠣᠯᠪᠠᠰᠤᠷᠠᠭᠤᠯᠪᠠ᠃

       ᠠᠵᠢᠯ ᠲᠥᠷᠥᠯ᠎ᠤᠨ ᠬᠠᠮᠵᠢᠯᠴᠠᠭ᠎ᠠ ᠵᠢᠨ ᠲᠠᠯ᠎ᠠ᠎ᠪᠠᠷ᠂ ᠬᠥᠬᠡᠬᠣᠲᠠ ᠵᠢᠨ ᠵᠠᠰᠠᠭ᠎ᠤᠨ ᠣᠷᠳᠣᠨ ᠪᠣᠯᠣᠨ ᠪᠡᠭᠡᠵᠢᠩ ᠬᠣᠲᠠ ᠵᠢᠨ ᠬᠢᠲᠠᠳ ᠡᠮᠨᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ 《  ᠬᠣᠣᠰ  ᠲᠡᠷᠢᠭᠦᠨ᠎ᠤ》 ᠡᠷᠡᠭᠦᠯ ᠮᠡᠨᠳᠦ ᠵᠢᠨ ᠠᠵᠢᠯᠯᠠᠭ᠎ᠠ ᠥᠷᠨᠢᠭᠦᠯᠵᠦ ᠂ ᠬᠢᠲᠠᠳ (ᠮᠣᠩᠭᠣᠯ) ᠡᠮ ᠡᠮᠨᠡᠯᠭᠡ ᠵᠢᠨ 《5 + N》᠎ᠤᠨ ᠦᠢ᠍ᠯᠡᠰ᠎ᠤᠨ ᠬᠥᠭᠵᠢᠯᠲᠡ ᠵᠢ ᠬᠠᠮᠲᠤ᠎ᠪᠠᠷ ᠠᠬᠢᠭᠤᠯᠪᠠ᠃ ᠪᠡᠭᠡᠵᠢᠩ᠎ᠤᠨ ᠬᠡᠦᠬᠡᠳ᠎ᠤᠨ ᠡᠮᠨᠡᠯᠭᠡ ᠵᠢᠨ ᠬᠣᠷᠢᠶᠠᠨ᠎ᠤ ᠬᠢᠲᠠᠳ ᠡᠮᠨᠡᠯᠭᠡ ᠵᠢᠨ ᠬᠡᠦᠬᠡᠳ᠎ᠤᠨ ᠰᠠᠯᠠᠭ᠋ᠠᠨ᠎ᠤ ᠠᠵᠢᠯᠯᠠᠬᠤ ᠲᠠᠰᠤᠭ  ᠂ ᠳᠤᠮᠳᠠᠳᠤ ᠤᠯᠤᠰ᠎ᠤᠨ ᠬᠢᠲᠠᠳ ᠡᠮᠨᠡᠯᠭᠡ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠢᠳᠦᠨ᠎ᠤ ᠰᠠᠯᠠᠭ᠋ᠠᠨ᠎ᠤ ᠡᠮᠨᠡᠯᠭᠡ ᠵᠢᠨ ᠬᠣᠷᠢᠶᠠᠨ᠎ᠤ ᠬᠢᠲᠠᠳ ᠡᠮᠨᠡᠯᠭᠡ ᠵᠢᠨ ᠨᠢᠳᠦᠨ᠎ᠤ ᠰᠠᠯᠠᠭ᠋ᠠᠨ᠎ᠤ ᠠᠵᠢᠯᠯᠠᠬᠤ ᠲᠠᠰᠤᠭ᠎ᠨᠢ ᠲᠤᠰ ᠲᠤᠰ ᠬᠣᠲᠠ ᠵᠢᠨ ᠡᠬᠡ ᠨᠢᠯᠬᠠᠰ᠎ᠤᠨ ᠡᠷᠡᠭᠦᠯᠵᠢᠯ᠎ᠤᠨ ᠬᠦᠷᠢᠶᠡᠯᠡᠩ  ᠂ ᠥᠪᠥᠷ ᠮᠣᠩᠭᠣᠯ᠎ᠤᠨ ᠴᠤᠤ ᠡᠯ᠎ᠡ ᠲᠤᠰᠠᠯᠠᠮᠵᠢ ᠭᠥᠷᠳᠡᠬᠦ ᠡᠮᠨᠡᠯᠭᠡ ᠵᠢᠨ ᠬᠣᠷᠢᠶ᠎ᠠ ᠬᠢᠭᠡᠳ ᠬᠠᠮᠢᠶ᠎ᠠ ᠪᠦᠬᠦᠢ ᠲᠤᠰᠠᠯᠠᠬᠤ ᠡᠮᠨᠡᠯᠭᠡ ᠵᠢᠨ ᠬᠣᠷᠢᠶ᠎ᠠ᠎ᠨᠢ ᠡᠯ᠎ᠡ ᠲᠥᠷᠥᠯ᠎ᠤᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ᠂ ᠬᠠᠮᠲᠤᠷᠠᠨ ᠣᠨᠣᠰᠢᠯᠠᠬᠤ᠂ ᠵᠢᠭ᠋ᠠᠨ ᠰᠤᠷᠭ᠋ᠠᠯᠲᠠ ᠵᠢᠨ ᠭᠡᠷ ᠪᠠᠢ᠌ᠴᠠᠭ᠋ᠠᠬᠤ᠂ ᠡᠪᠡᠳᠴᠢᠨ᠎ᠤ ᠥᠩᠭᠡᠷᠡᠯᠲᠡ ᠵᠢ ᠶᠠᠷᠢᠯᠴᠠᠬᠤ᠂ ᠡᠷᠳᠡᠮ ᠰᠢᠨᠵᠢᠯᠡᠭᠡᠨ᠎ᠤ ᠲᠠᠢ᠌ᠯᠤᠮᠵᠢ ᠵᠢᠴᠢ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠣᠷᠣᠨ᠎ᠤ ᠲᠥᠪ ᠬᠣᠲᠠ ᠬᠥᠳᠡᠭᠡ ᠵᠢᠨ ᠡᠮᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠬᠦ ᠪᠠ ᠡᠮᠴᠢᠯᠡᠭᠡᠨ᠎ᠤ ᠬᠢᠷᠢ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠬᠦ᠎ᠳᠤ ᠪᠦᠲᠦᠮᠵᠢᠲᠡᠶ ᠬᠦᠴᠦᠨ ᠨᠡᠮᠡᠷᠢᠯᠡᠨ᠎ᠡ  ᠃

       ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠤᠨ ᠬᠠᠮᠵᠢᠯᠴᠠᠭ᠎ᠠ ᠵᠢ ᠴᠢᠩᠭ᠋ᠠᠳᠬᠠᠵᠤ  ᠂ ᠬᠥᠭᠵᠢᠯᠲᠡ ᠵᠢᠨ ᠬᠠᠨᠳᠤᠰᠢ ᠵᠢᠨ ᠡᠨᠧᠷᠭᠢ ᠵᠢ ᠦᠷᠭᠦᠯᠵᠢᠯᠡᠨ ᠬᠤᠷᠠᠮᠳᠤᠭᠤᠯᠤᠨ᠎ᠠ

       ᠬᠥᠬᠡᠬᠣᠲᠠ ᠵᠢᠨ᠎ᠬᠢᠨ ᠣᠨᠴᠠᠯᠢᠭᠲᠤ ᠳᠠᠪᠠᠭᠤᠯᠢᠭ ᠠᠵᠤ ᠦᠢ᠍ᠯᠡᠰ ᠵᠶ᠋ᠡᠷ ᠴᠢᠳᠠᠪᠤᠷᠢᠲᠠᠨ᠎ᠢ ᠬᠤᠷᠠᠮᠳᠤᠭᠤᠯᠵᠤ  ᠂ ᠴᠢᠳᠠᠪᠤᠷᠢᠲᠠᠨ ᠵᠶ᠋ᠠᠷ ᠳᠠᠪᠠᠭᠤᠯᠢᠭ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠢ ᠪᠠᠷᠢᠮᠲᠠᠯᠠᠵᠤ᠂ ᠤᠷᠢᠳ ᠬᠣᠵᠢᠳ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠪᠣᠶ ᠪᠣᠯᠭ᠋ᠠᠬᠤ》 ᠵᠢᠨ ᠲᠠᠰ ᠳᠡᠪᠰᠢᠭᠰᠡᠨ 《ᠪᠡᠭᠡᠵᠢᠩ ᠬᠥᠬᠡᠬᠣᠲᠠ ᠵᠢᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯ᠎ᠤᠨ ᠲᠥᠰᠥᠯ》 《ᠬᠥᠬᠡᠬᠣᠲᠠ ᠵᠢᠨ 2022 ᠣᠨ᠎ᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ ᠠᠬᠢᠭᠤᠯᠬᠤ ᠪᠠᠢ᠌ᠯᠳᠤᠬᠤ ᠪᠣᠳᠣᠯᠭ᠎ᠠ ᠵᠢᠨ ᠬᠡᠷᠡᠭᠵᠢᠭᠦᠯᠬᠦ ᠲᠥᠰᠥᠯ》 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠪᠡᠯᠡ ᠮᠥᠩᠭᠥ ᠪᠠ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》 ᠵᠡᠷᠭᠡ ᠠᠯᠢ ᠣᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠡᠢ᠌ᠲᠡᠯᠡᠪᠡ᠃ ᠪᠡᠭᠡᠵᠢᠩ᠎ᠤᠨ ᠠᠵᠤ ᠠᠬᠤᠢ᠌ᠯᠠᠯ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ ᠬᠥᠬᠡᠬᠣᠲᠠ᠎ᠳᠤ ᠨᠠᠢ᠌ᠳᠠᠪᠤᠷᠢᠵᠢᠭᠤᠯᠤᠨ᠎ᠠ  ᠃

       ᠡᠭᠦᠨ᠎ᠤ ᠬᠠᠮᠲᠤ᠂ ᠬᠥᠬᠡᠬᠣᠲᠠ ᠣᠲᠣ ᠵᠢᠨ ᠪᠠᠢ᠌ᠭ᠎ᠠ ᠠᠵᠤ ᠦᠢ᠍ᠯᠡᠰ᠎ᠤᠨ ᠰᠠᠭᠤᠷᠢ ᠪᠠ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠲᠦᠰᠢᠭᠯᠡᠨ ᠂ ᠵᠡᠭᠦᠨ ᠪᠠᠷᠠᠭᠤᠨ ᠣᠷᠣᠨ᠎ᠤ ᠬᠠᠮᠵᠢᠯᠴᠠᠬᠤ ᠠᠵᠠ ᠲᠣᠬᠢᠶᠠᠯ᠎ᠢ ᠠᠮᠵᠢᠵᠤ᠂ ᠨᠣᠬᠠᠢ ᠵᠢᠨ ᠬᠣᠰᠢᠭᠤ᠂ ᠲᠥᠮᠥᠰᠥ ᠂ ᠰᠠᠷᠢᠮᠰᠠᠭ᠂ ᠴᠠᠰᠤᠲᠤ ᠤᠳᠪᠠᠯᠠ᠂ ᠥᠨᠳᠡᠭᠡᠨ ᠲᠠᠬᠢᠶ᠎ᠠ᠂ ᠬᠢᠲᠠᠳ ᠡᠪᠡᠰᠦᠨ ᠡᠮ ᠵᠡᠷᠭᠡ ᠣᠨᠴᠠᠯᠢᠭᠲᠤ ᠳᠠᠪᠠᠭᠤᠯᠢᠭ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢ ᠲᠠᠰᠤᠷᠠᠯᠲᠠ ᠦᠭᠡᠢ ᠤᠷᠲᠤᠳᠬᠠᠨ ᠨᠥᠬᠥᠪᠦᠷᠢᠯᠡᠨ᠎ᠡ᠃ 2022 ᠣᠨ᠎ᠳᠤ᠂ ᠬᠥᠬᠡᠬᠣᠲᠠ᠎ᠨᠢ ᠪᠡᠭᠡᠵᠢᠩ ᠬᠤᠳᠠ ᠵᠢᠨ 28 ᠠᠵᠤ ᠠᠬᠤᠢ᠌ᠯᠠᠯ᠎ᠲᠠᠢ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠲᠠᠷᠢᠮᠠᠯ ᠲᠡᠵᠢᠭᠡᠪᠦᠷᠢ ᠵᠢᠨ ᠦᠢ᠍ᠯᠡᠰ᠂ ᠲᠡᠵᠢᠭᠡᠯ ᠪᠣᠷᠳᠣᠭ᠎ᠠ ᠡᠳ᠋ᠰᠢᠭᠦᠯᠬᠦ᠂ ᠰᠢᠨ᠎ᠡ ᠡᠨᠧᠷᠭᠢ ᠵᠢᠨ ᠰᠠᠭᠤᠷᠢᠨ ᠭᠠᠵᠠᠷ᠂ ᠭᠡᠷᠡᠯ ᠴᠡᠨᠡᠭ᠎ᠤᠨ ᠠᠵᠤ ᠦᠢ᠍ᠯᠡᠰ᠂ ᠭᠣᠣᠯ ᠡᠰ᠎ᠤᠨ ᠠᠵᠤ ᠦᠢ᠍ᠯᠡᠰ ᠵᠡᠷᠭᠡ ᠬᠦᠷᠢᠶᠡᠨ᠎ᠤ ᠬᠥᠭᠵᠢᠯᠲᠡ ᠵᠢ ᠬᠠᠮᠲᠤᠪᠠᠷ ᠠᠬᠢᠭᠤᠯᠪᠠ᠃ ᠡᠭᠦᠨ᠎ᠤ ᠬᠠᠮᠲᠤ ᠥᠪᠥᠷ ᠮᠣᠩᠭᠣᠯ᠎ᠤᠨ ᠰᠢᠦᠢ ᠹᠧᠩ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠵᠢᠶᠠᠩᠰᠤ ᠵᠢᠨ ᠵᠢᠶᠠ ᠱ᠌ᠢ ᠣᠷᠭ᠋ᠠᠨᠢᠭ ᠲᠠᠷᠢᠶᠠᠯᠠᠩ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠡᠷᠭᠡ 2 ᠲᠠᠷᠢᠶᠠᠯᠠᠩ᠎ᠤᠨ ᠠᠵᠤ ᠠᠬᠤᠢ᠌ᠯᠠᠯ᠎ᠤᠨ ᠦᠴᠦᠸᠠᠨ᠎ᠳᠤ ᠰᠠᠭᠤᠷᠢᠰᠢᠬᠤ ᠵᠢ ᠠᠬᠢᠭᠤᠯᠵᠤ᠂ ᠦᠴᠦᠸᠠᠨ ᠰᠢᠶᠠᠨ᠎ᠤ ᠲᠥᠮᠥᠰᠥ ᠵᠢᠨ ᠠᠵᠤ ᠦᠢ᠍ᠯᠡᠰ᠎ᠤᠨ ᠬᠦᠷᠢᠶᠡᠯᠡᠩ᠂ ᠦᠴᠦᠸᠠᠨ ᠰᠢᠶᠠᠨ᠎ᠤ  ᠬᠤᠤ ᠯᠠᠢ ᠱᠠᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠢ ᠪᠠᠢ᠌ᠭᠤᠯᠵᠤ᠂ ᠬᠠᠷᠢᠯᠴᠠᠨ ᠡᠨᠧᠷᠭᠢ ᠣᠯᠭᠣᠬᠤ ᠵᠢ ᠠᠬᠢᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠪᠠ᠃

       ᠳᠠᠷᠠᠭ᠋ᠠᠴᠢ ᠵᠢᠨ ᠠᠯᠬᠤᠮ᠎ᠳᠤ᠂ ᠬᠥᠬᠡᠬᠣᠲᠠ ᠵᠢᠨ᠎ᠬᠢᠨ ᠪᠡᠭᠡᠵᠢᠩ ᠥᠪᠥᠷ ᠮᠣᠩᠭᠣᠯ᠎ᠤᠨ ᠴᠢᠳᠠᠪᠤᠷᠢᠲᠠᠨ᠎ᠤ ᠰᠣᠯᠢᠯᠴᠠᠭ᠎ᠠ ᠬᠠᠮᠵᠢᠯᠴᠠᠭ᠎ᠠ ᠵᠢᠨ ᠳᠠᠯᠳᠠ ᠬᠦᠴᠦᠨ᠎ᠢ ᠦᠷᠭᠦᠯᠵᠢᠯᠡᠨ ᠭᠦᠨᠵᠡᠭᠡᠢ ᠠᠭᠤᠳᠠᠯᠵᠤ᠂ ᠨᠡᠩ ᠤᠯᠠᠨ ᠨᠡᠩ ᠥᠷᠭᠡᠨ ᠬᠠᠮᠲᠤᠷᠠᠯᠴᠠᠭ᠋ᠠᠨ᠎ᠤ ᠵᠠᠮ᠎ᠢ ᠪᠠᠢ᠌ᠭᠤᠯᠵᠤ᠂ ᠬᠣᠶᠠᠷ ᠭᠠᠵᠠᠷ᠎ᠤᠨ᠎ᠬᠢᠨ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠡᠷᠢᠯᠬᠢᠯᠡᠬᠦ ᠵᠢ ᠠᠬᠢᠭᠤᠯᠵᠤ᠂ ᠣᠷᠣᠨ ᠪᠦᠰᠡ ᠵᠢᠨ ᠬᠠᠮᠵᠢᠯᠴᠠᠭ᠎ᠠ ᠵᠢᠨ ᠭᠦᠨᠵᠡᠭᠡᠢ᠌ᠷᠡᠨ ᠬᠥᠭᠵᠢᠬᠦ ᠵᠢ ᠪᠦᠬᠦ ᠲᠠᠯ᠎ᠠ᠎ᠪᠠᠷ ᠠᠬᠢᠭᠤᠯᠤᠨ᠎ᠠ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠠᠷᠤ ᠬᠣᠷᠴᠢᠨ ᠬᠣᠰᠢᠭᠤ᠄ ᠪᠡᠭᠡᠵᠢᠩ ᠥᠪᠥᠷ ᠮᠣᠩᠭᠣᠯ ᠬᠠᠮᠵᠢᠯᠴᠠᠨ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠵᠢ ᠪᠢᠴᠢᠭᠯᠡᠨ᠎ᠡ
ᠴᠠᠭ ᠲᠣᠬᠢᠶᠠᠯ᠎ᠢ ᠠᠮᠵᠢᠨ ᠬᠥᠭᠵᠢᠭᠦᠯᠬᠦ ᠲᠤᠬᠠᠢ ᠪᠡᠭᠡᠵᠢᠩ ᠥᠪᠦᠷ ᠮᠣᠩᠭᠣᠯ᠎ᠤᠨ ᠬᠠᠮᠵᠢᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠪᠡ
ᠲᠠᠯ᠎ᠠ ᠨᠤᠲᠤᠭ᠎ᠤᠨ ᠦᠨᠦᠷ ᠠᠮᠲᠠ ᠨᠡᠩ ᠣᠢ᠌ᠷ᠎ᠠ
ᠪᠣᠷᠣᠳᠣᠬᠣᠢ ᠵᠢᠨ ᠲᠠᠷᠢᠶᠠᠯᠠᠩ᠎ᠤᠨ ᠪᠦᠲᠦᠭᠡᠭᠳᠡᠬᠦᠨ 《ᠳᠡᠯᠡᠬᠡᠢ ᠵᠢᠨ ᠬᠡᠪ ᠨᠠᠮᠪᠠ》 ᠎ᠪᠠᠨ ᠬᠠᠷᠠᠭᠤᠯᠪᠠ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ 14 ᠵᠦᠢ᠍ᠯ᠎ᠤᠨ ᠦᠷ᠎ᠡ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠭᠣᠣᠯ ᠳᠡᠯᠭᠡᠷᠡᠭᠦᠯᠬᠦ ᠮᠡᠷᠭᠡᠵᠢᠯ᠎ᠳᠤ ᠣᠷᠣᠪᠠ
 
            