ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠥᠪᠥᠷ ᠮᠣᠩᠭᠣᠯ᠎ᠤᠨ ᠠᠷᠤ ᠬᠣᠷᠴᠢᠨ ᠬᠣᠰᠢᠭᠤ᠄ ᠪᠡᠭᠡᠵᠢᠩ ᠥᠪᠥᠷ ᠮᠣᠩᠭᠣᠯ ᠬᠠᠮᠵᠢᠯᠴᠠᠨ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠵᠢ ᠪᠢᠴᠢᠭᠯᠡᠨ᠎ᠡ
ᠨᠡᠶ᠋ᠢᠲᠡᠯᠡᠭᠰᠡᠨ ᠴᠠᠭ᠄ 2022-12-30

       ᠣᠢ᠌ᠷ᠎ᠠ ᠵᠢᠨ ᠵᠢᠯ᠎ᠤᠳ᠎ᠲᠤ᠂ ᠥᠪᠥᠷ ᠮᠣᠩᠭᠣᠯ᠎ᠤᠨ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢᠨ ᠠᠵᠠ ᠲᠣᠬᠢᠶᠠᠯ᠎ᠢ ᠭᠦᠨᠵᠡᠭᠡᠢ ᠡᠵᠡᠮᠳᠡᠵᠦ᠂ ᠣᠶᠤᠨ ᠵᠶ᠋ᠠᠷ ᠬᠠᠪᠰᠤᠷᠤᠨ ᠲᠡᠳᠬᠦᠬᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠬᠠᠪᠰᠤᠷᠤᠨ ᠲᠡᠳᠬᠦᠬᠦ᠂ ᠪᠡᠯᠡ ᠮᠥᠩᠭᠥ᠎ᠪᠠᠷ ᠳᠡᠮᠵᠢᠬᠦ ᠵᠡᠷᠭᠡ ᠣᠯᠠᠨ ᠵᠦᠢ᠍ᠯ᠎ᠤᠨ ᠬᠠᠮᠵᠢᠯᠴᠠᠨ ᠬᠠᠪᠰᠤᠷᠤᠨ ᠲᠡᠳᠬᠦᠬᠦ ᠬᠡᠯᠪᠡᠷᠢ᠎ᠪᠠᠷ ᠳᠠᠮᠵᠢᠭᠤᠯᠤᠨ ᠴᠢᠳᠠᠪᠤᠷᠢᠲᠠᠨ᠎ᠤ ᠰᠣᠯᠢᠯᠴᠠᠭ᠎ᠠ ᠬᠠᠮᠲᠤᠷᠠᠯᠴᠠᠭ᠎ᠠ ᠵᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ ᠪᠡᠯᠡ ᠮᠥᠩᠭᠥ ᠵᠢ 1181.5 ᠲᠦᠮᠡᠨ ᠲᠥᠭᠥᠷᠢᠭ ᠲᠡᠮᠡᠴᠡᠨ ᠣᠯᠵᠤ᠂ ᠴᠢᠳᠠᠪᠤᠷᠢᠲᠠᠨ᠎ᠤ ᠰᠣᠯᠢᠯᠴᠠᠭ᠎ᠠ ᠵᠢ 1637 ᠬᠥᠮᠥᠨ ᠤᠳᠠᠭ᠎ᠠ ᠥᠷᠨᠢᠭᠦᠯᠵᠦ᠂ ᠠᠷᠤ ᠬᠣᠷᠴᠢᠨ ᠬᠣᠰᠢᠭᠤᠨ᠎ᠤ ᠡᠯ᠎ᠡ ᠬᠦᠷᠢᠶ᠎ᠡ ᠡᠯ᠎ᠡ ᠠᠵᠢᠯ ᠲᠥᠷᠥᠯ᠎ᠤᠨ ᠴᠢᠳᠠᠪᠤᠷᠢᠲᠠᠨ᠎ᠤ ᠶᠡᠷᠦᠩᠬᠡᠢ ᠬᠡᠪ ᠴᠢᠨᠠᠷ ᠪᠠ ᠴᠢᠳᠠᠪᠤᠷᠢ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠪᠠᠲᠤ ᠪᠡᠬᠢ ᠴᠢᠳᠠᠪᠤᠷᠢᠲᠠᠨ᠎ᠤ ᠰᠠᠭᠤᠷᠢ ᠵᠢ ᠲᠠᠯᠪᠢᠭᠰᠠᠨ ᠪᠠᠢ᠌ᠨ᠎ᠠ᠃

       ᠳᠡᠭᠡᠳᠦ ᠪᠠᠢ᠌ᠷᠢᠨ᠎ᠳᠤ ᠨᠢᠭᠡᠳᠦᠯᠲᠡᠢ ᠲᠥᠯᠥᠪᠵᠢᠭᠦᠯᠵᠦ᠂ ᠺᠠᠳ᠋ᠷ᠎ᠢ ᠰᠣᠯᠢᠯᠴᠠᠭᠤᠯᠤᠨ ᠬᠥᠮᠥᠵᠢᠭᠦᠯᠬᠦ ᠵᠢ ᠴᠢᠩᠭ᠋ᠠᠳᠬᠠᠨ᠎ᠠ

       ᠰᠣᠯᠢᠯᠴᠠᠨ ᠬᠠᠷᠢᠯᠴᠠᠨ ᠰᠤᠷᠪᠤᠯᠵᠢᠯᠠᠬᠤ ᠵᠢ ᠡᠮᠬᠢ ᠵᠢᠷᠤᠮ᠎ᠲᠠᠢ ᠥᠷᠨᠢᠭᠦᠯᠵᠦ᠂ ᠬᠣᠶᠠᠷ ᠭᠠᠵᠠᠷ᠎ᠤᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠣᠯᠠᠨ ᠤᠳᠠᠭ᠎ᠠ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠬᠦ᠂ ᠤᠲᠠᠰᠤ᠎ᠪᠠᠷ ᠨᠡᠪᠲᠡᠷᠡᠯᠴᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠷᠰᠢᠯᠭ᠎ᠠ ᠠᠷᠭ᠎ᠠ ᠪᠠᠷᠢᠯ᠂ ᠠᠵᠢᠯ᠎ᠤᠨ ᠰᠡᠳᠬᠢᠮᠵᠢ᠎ᠪᠠᠨ ᠰᠣᠯᠢᠯᠴᠠᠵᠤ᠂ ᠠᠷᠤ ᠬᠣᠷᠴᠢᠨ ᠬᠣᠰᠢᠭᠤᠨ᠎ᠤ ᠭᠣᠣᠯ ᠬᠠᠷᠢᠭᠤᠴᠠᠯᠭ᠋ᠠᠲᠠᠨ ᠣᠯᠠᠨ ᠤᠳᠠᠭ᠎ᠠ ᠪᠦᠯᠬᠦᠮ ᠳᠠᠭ᠋ᠠᠭᠤᠯᠤᠨ ᠪᠡᠭᠡᠵᠢᠩ᠎ᠳᠤ ᠬᠦᠷᠴᠦ ᠰᠢᠭᠤᠳ ᠨᠡᠪᠲᠡᠷᠡᠭᠦᠯᠦᠨ ᠪᠠᠷᠠᠭ᠎ᠠ ᠠᠪᠴᠤ ᠶᠠᠪᠤᠬᠤ᠂ ᠪᠡᠭᠡᠵᠢᠩ ᠮᠣᠩᠭᠣᠯ᠎ᠲᠠᠢ ᠵᠣᠯᠭ᠋ᠠᠭᠤᠯᠬᠤ ᠬᠠᠮᠵᠢᠯᠴᠠᠭ᠋ᠠᠨ᠎ᠤ ᠠᠵᠢᠯ᠎ᠢ ᠥᠷᠨᠢᠭᠦᠯᠪᠡ᠃ ᠬᠣᠶᠠᠷ ᠲᠠᠯ᠎ᠠ᠎ᠪᠠᠷ ᠵᠶ᠋ᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠵᠢ ᠪᠠᠷᠢᠮᠲᠠᠯᠠᠵᠤ᠂ ᠲᠠᠪᠤᠨ ᠵᠢᠯ᠎ᠤᠨ ᠲᠤᠷᠰᠢ ᠪᠡᠭᠡᠵᠢᠩ ᠬᠣᠲᠠ ᠵᠢᠨ ᠴᠠᠩᠫᠢᠩ ᠲᠣᠭᠣᠷᠢᠭ᠎ᠤᠨ᠎ᠬᠢᠨ ᠤᠷᠢᠳ ᠬᠣᠵᠢᠳ 9 ᠨᠠᠮ ᠵᠠᠰᠠᠭ᠎ᠤᠨ ᠺᠠᠳ᠋ᠷ᠎ᠢ ᠠᠷᠤ ᠬᠣᠷᠴᠢᠨ ᠬᠣᠰᠢᠭᠤᠨ᠎ᠳᠤ ᠲᠣᠮᠢᠯᠠᠨ ᠲᠤᠰᠢᠶᠠᠯ ᠡᠭᠦᠷᠭᠡᠯᠡᠭᠦᠯᠵᠦ᠂ ᠭᠠᠵᠠᠷ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ; ᠠᠷᠤ ᠬᠣᠷᠴᠢᠨ ᠬᠣᠰᠢᠭᠤᠨ᠎ᠤ 8 ᠺᠠᠳ᠋ᠷ ᠎ᠢ ᠴᠠᠩᠫᠢᠩ ᠲᠣᠭᠣᠷᠢᠭ᠎ᠤᠨ ᠰᠠᠯᠠᠭ᠎ᠠ ᠮᠥᠴᠢᠷ ᠨᠢᠭᠡᠴᠡ᠎ᠳᠤ ᠲᠣᠮᠢᠯᠠᠨ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠵᠤ᠂ ᠬᠠᠷᠠᠭ᠎ᠠ᠎ᠪᠠᠨ ᠥᠷᠭᠡᠳᠬᠡᠨ ᠴᠢᠳᠠᠪᠤᠷᠢ᠎ᠪᠠᠨ ᠳᠡᠭᠡᠭᠰᠢᠯᠡᠭᠦᠯᠪᠡ᠃ ᠺᠠᠳ᠋ᠷ᠎ᠤᠨ ᠪᠣᠯᠪᠠᠰᠤᠷᠠᠯ᠎ᠢ ᠦᠷᠭᠦᠯᠵᠢᠯᠡᠨ ᠴᠢᠩᠭ᠋ᠠᠳᠬᠠᠵᠤ᠂ ᠴᠠᠩᠫᠢᠩ ᠲᠣᠭᠣᠷᠢᠭ᠎ᠤᠨ᠎ᠬᠢᠨ ᠲᠦᠷᠦᠯ ᠵᠦᠢ᠍ᠯ᠎ᠤᠨ ᠪᠡᠯᠡ ᠮᠥᠩᠭᠥ ᠵᠢ 154 ᠲᠦᠮᠡᠨ ᠲᠥᠭᠥᠷᠢᠭ ᠵᠣᠬᠢᠴᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠬᠢᠵᠦ ᠪᠠᠢ᠌ᠭ᠎ᠠ ᠺᠠᠳ᠋ᠷ᠂ ᠲᠣᠰᠬᠣᠨ᠎ᠳᠤ ᠰᠠᠭᠤᠭ᠎ᠠ ᠺᠠᠳ᠋ᠷ᠎ᠤᠨ ᠬᠥᠮᠦᠵᠢᠯ ᠪᠣᠯᠪᠠᠰᠤᠷᠠᠯ᠎ᠳᠤ ᠲᠤᠰᠬᠠᠢ ᠬᠡᠷᠡᠭᠯᠡᠵᠦ᠂ ᠤᠷᠢᠳ ᠬᠣᠵᠢᠳ 7 ᠬᠤᠭᠤᠴᠠᠭ᠋ᠠᠨ᠎ᠤ ᠪᠣᠯᠪᠠᠰᠤᠷᠠᠯ᠎ᠤᠨ ᠠᠩᠬᠢ ᠵᠢ ᠵᠣᠬᠢᠶᠠᠨ ᠪᠠᠢ᠌ᠭᠤᠯᠵᠤ᠂ 350 ᠬᠥᠮᠥᠨ᠎ᠢ ᠲᠡᠷᠢᠭᠦᠨ᠎ᠤ ᠭᠠᠵᠠᠷ ᠣᠷᠣᠨ᠎ᠳᠤ ᠰᠤᠷᠤᠯᠴᠠᠭᠤᠯᠤᠨ ᠲᠣᠭᠣᠷᠢᠨ ᠦᠵᠡᠵᠦ᠂ ᠨᠠᠮ ᠵᠠᠰᠠᠭ᠎ᠤᠨ ᠺᠠᠳ᠋ᠷ᠎ᠤᠨ ᠬᠥᠳᠡᠭᠡ ᠲᠣᠰᠬᠣᠨ᠎ᠢ ᠵᠠᠰᠠᠬᠤ ᠴᠢᠳᠠᠪᠤᠷᠢ ᠪᠣᠯᠣᠨ ᠠᠷᠠᠳ ᠲᠦᠮᠡᠨ᠎ᠳᠤ ᠦᠢ᠍ᠯᠡᠴᠢᠯᠡᠬᠦ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠪᠡ᠃

       ᠵᠢᠭ᠋ᠠᠰᠤ ᠠᠩᠨᠠᠨ ᠤᠶᠤᠨ ᠤᠬᠠᠭ᠋ᠠᠨ᠎ᠢ ᠲᠡᠳᠬᠦᠵᠦ᠂ ᠬᠦᠴᠦᠨ ᠵᠶ᠋ᠡᠨ ᠲᠥᠪᠯᠡᠷᠡᠭᠦᠯᠦᠨ ᠰᠠᠭᠤᠷᠢ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠤᠨ᠎ᠠ

       ᠲᠠᠪᠤᠨ ᠵᠢᠯ᠎ᠤᠨ ᠲᠤᠷᠰᠢ᠂ ᠪᠡᠭᠡᠵᠢᠩ ᠬᠣᠲᠠ ᠵᠢᠨ ᠴᠠᠩᠫᠢᠩ ᠲᠣᠭᠣᠷᠢᠭ᠎ᠤᠨ᠎ᠬᠢᠨ ᠨᠡᠶ᠋ᠢᠲᠡ 170 ᠲᠦᠮᠡᠨ ᠲᠥᠭᠥᠷᠢᠭ᠎ᠤᠨ ᠪᠡᠯᠡ ᠮᠥᠩᠭᠥ ᠣᠷᠣᠭᠤᠯᠵᠤ᠂ ᠠᠷᠤ ᠬᠣᠷᠴᠢᠨ ᠬᠣᠰᠢᠭᠤᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠵᠠᠬᠢᠷᠤᠯ᠂ ᠬᠠᠮᠢᠶᠠᠷᠤᠯᠲᠠ ᠵᠢᠨ ᠺᠠᠳ᠋ᠷ᠂   ᠭᠣᠣᠯᠯᠠᠭᠴᠢ ᠪᠠᠭᠰᠢ ᠵᠢᠨ ᠲᠠᠪᠤᠨ ᠪᠦᠯᠦᠭ ᠤᠳᠠᠭ᠎ᠠ ᠵᠢᠨ 382 ᠬᠥᠮᠥᠨ᠎ᠢ ᠴᠠᠩᠫᠢᠩ ᠲᠣᠭᠣᠷᠢᠭ᠎ᠲᠤ ᠣᠴᠢᠭᠤᠯᠤᠨ ᠠᠵᠢᠯ᠎ᠤᠨ ᠪᠠᠢ᠌ᠷᠢ ᠳᠠᠭ᠋ᠠᠵᠤ ᠰᠤᠷᠤᠯᠴᠠᠭᠤᠯᠵᠤ᠂ ᠠᠷᠤ ᠬᠣᠷᠴᠢᠨ ᠬᠣᠰᠢᠭᠤᠨ᠎ᠤ ᠪᠠᠭᠰᠢ ᠠᠵᠢᠯᠲᠠᠨ᠎ᠤ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠰᠤᠳᠤᠯᠭ᠋ᠠᠨ ᠪᠠ ᠠᠩᠭᠢ ᠵᠢᠨ ᠬᠠᠮᠢᠶᠠᠷᠤᠯᠲᠠ ᠵᠢᠨ ᠶᠡᠷᠦᠩᠬᠡᠢ᠌ᠯᠡᠭᠰᠡᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃ ᠴᠠᠩᠫᠢᠩ ᠲᠣᠭᠣᠷᠢᠭ᠎ᠤᠨ᠎ᠬᠢᠨ 146 ᠲᠤᠰᠬᠠᠢ ᠮᠡᠷᠭᠡᠵᠢᠯᠲᠡᠨ ᠪᠠᠭᠰᠢ᠂ 35 ᠰᠢᠯᠢᠳᠡᠭ ᠪᠠᠭᠰᠢ ᠵᠢ ᠠᠷᠤ ᠬᠣᠷᠴᠢᠨ ᠬᠣᠰᠢᠭᠤᠨ᠎ᠳᠤ ᠲᠣᠮᠢᠯᠠᠨ ᠣᠴᠢᠭᠤᠯᠵᠤ ᠰᠤᠷᠭ᠋ᠠᠨ ᠬᠥᠮᠦᠵᠢᠯ᠎ᠢ ᠳᠡᠮᠵᠢᠭᠦᠯᠵᠦ᠂ ᠲᠡᠷᠢᠭᠦᠨ᠎ᠤ ᠵᠢᠭ᠋ᠠᠨ ᠰᠤᠷᠭ᠋ᠠᠯᠲᠠ ᠵᠢᠨ ᠣᠢ᠌ᠯᠠᠭ᠋ᠠᠭᠳᠠᠬᠤᠨ ᠂ ᠰᠢᠨ᠎ᠡ ᠰᠡᠪᠡᠭᠦᠨ ᠵᠢᠭ᠋ᠠᠨ ᠰᠤᠷᠭ᠋ᠠᠯᠲᠠ ᠵᠢᠨ ᠠᠷᠭ᠎ᠠ ᠪᠠ ᠣᠲᠣ ᠦᠶ᠎ᠡ ᠵᠢᠨ ᠵᠢᠭ᠋ᠠᠨ ᠰᠤᠷᠭ᠋ᠠᠯᠲᠠ ᠵᠢᠨ ᠠᠷᠭ᠎ᠠ ᠪᠠᠷᠢᠯ᠎ᠢ ᠠᠷᠤ ᠬᠣᠷᠴᠢᠨ ᠬᠣᠰᠢᠭᠤᠨ᠎ᠤ ᠬᠢᠴᠢᠶᠡᠯ᠎ᠤᠨ ᠲᠠᠩᠬᠢᠮ᠎ᠳᠤ ᠣᠷᠣᠭᠤᠯᠵᠤ᠂ ᠠᠷᠤ ᠬᠣᠷᠴᠢᠨ ᠬᠣᠰᠢᠭᠤᠨ᠎ᠤ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ᠎ᠢ ᠪᠦᠲᠦᠮᠵᠢᠲᠡᠶ᠎ᠪᠠᠷ ᠳᠡᠭᠡᠭᠰᠢᠯᠡᠭᠦᠯᠪᠡ᠃ ᠠᠷᠤ ᠬᠣᠷᠴᠢᠨ ᠬᠣᠰᠢᠭᠤᠨ᠎ᠳᠤ ᠨᠡᠶ᠋ᠢᠲᠡ 18 ᠰᠤᠷᠭ᠋ᠠᠭᠤᠯᠢ ᠴᠠᠩᠫᠢᠩ ᠲᠣᠭᠣᠷᠢᠭ᠎ᠤᠨ ᠰᠤᠷᠭ᠋ᠠᠭᠤᠯᠢ᠎ᠲᠠᠢ  ᠬᠣᠣᠰᠯᠠᠯ  ᠪᠠᠢ᠌ᠭᠤᠯᠵᠤ ᠬᠠᠮᠲᠤ᠎ᠪᠠᠷ ᠪᠠᠶ᠋ᠢᠭᠤᠯᠬᠤ ᠠᠵᠢᠯᠯᠠᠭ᠎ᠠ ᠥᠷᠨᠢᠭᠦᠯᠵᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠤᠨ ᠰᠢᠨ᠎ᠡ ᠬᠡᠪ ᠵᠠᠭᠪᠤᠷ᠂ ᠰᠢᠨ᠎ᠡ ᠰᠡᠳᠬᠢᠮᠵᠢ ᠵᠢ ᠰᠦᠪᠡᠭᠴᠢᠯᠡᠨ᠂ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ 《ᠬᠣᠣᠰ ᠬᠦᠷᠳᠦ᠎ᠪᠠᠷ ᠬᠥᠳᠡᠯᠭᠡᠭᠦᠷ ᠪᠣᠯᠭ᠋ᠠᠬᠤ》 ᠵᠢ ᠲᠦᠯᠬᠢᠨ ᠠᠬᠢᠭᠤᠯᠪᠠ᠃

       ᠣᠷᠣᠨ ᠪᠠᠢ᠌ᠷᠢ᠎ᠪᠠᠨ ᠣᠨᠣᠪᠴᠢᠲᠠᠶ ᠲᠣᠭᠲᠠᠭ᠋ᠠᠵᠤ᠂ ᠡᠮᠴᠢᠯᠡᠭᠡᠨ᠎ᠤ ᠰᠢᠯᠢᠳᠡᠭ ᠴᠢᠳᠠᠪᠤᠷᠢᠲᠠᠨ᠎ᠢ ᠬᠥᠮᠥᠵᠢᠭᠦᠯᠦᠨ᠎ᠡ

      《ᠭᠠᠳᠠᠭᠰᠢ ᠭᠠᠷᠴᠤ》 ᠪᠡᠭᠡᠵᠢᠩ᠎ᠳᠤ ᠬᠦᠷᠴᠦ ᠪᠣᠯᠪᠠᠰᠤᠷᠠᠭᠤᠯᠤᠯ᠎ᠳᠤ ᠣᠷᠣᠯᠴᠠᠵᠤ  ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ ᠪᠣᠯᠣᠨ ᠡᠮᠨᠡᠯᠭᠡ ᠵᠢᠨ ᠬᠣᠷᠢᠶ᠎ᠠ ᠬᠠᠪᠰᠤᠷᠤᠨ ᠲᠡᠳᠬᠦᠬᠦ ᠪᠣᠷᠣ ᠲᠥᠯᠥᠪ᠎ᠤᠨ ᠵᠥᠪᠯᠡᠯᠴᠡᠭᠡᠷ ᠲᠣᠭᠲᠠᠵᠤ᠂ ᠡᠮᠴᠢ ᠵᠢᠨ 《ᠨᠢᠭᠡ᠎ᠳᠤ ᠨᠢᠭᠡ᠎ᠲᠠᠢ 》 ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠬᠠᠪᠰᠤᠷᠤᠨ ᠲᠡᠳᠬᠦᠬᠦ ᠠᠵᠢᠯᠯᠠᠭ᠎ᠠ ᠵᠢ ᠥᠷᠨᠢᠭᠦᠯᠪᠡ᠃ 140.4 ᠲᠦᠮᠡᠨ ᠲᠥᠭᠥᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠲᠠᠯ᠎ᠠ ᠵᠢᠨ ᠪᠣᠯᠪᠠᠰᠤᠷᠠᠭᠤᠯᠤᠯ᠎ᠤᠨ ᠨᠥᠬᠥᠪᠦᠷᠢ ᠮᠥᠩᠭᠥ ᠵᠢ ᠵᠣᠬᠢᠴᠠᠭᠤᠯᠵᠤ᠂ 76 ᠨᠡᠷᠡᠰ ᠬᠢᠲᠠᠳ ᠡᠸᠦ᠋ᠷᠦᠫᠡ ᠡᠮᠨᠡᠯᠭᠡ  ᠂ ᠰᠤᠪᠢᠯᠠᠭᠴᠢ ᠵᠢ ᠵᠣᠬᠢᠶᠠᠨ ᠪᠠᠢ᠌ᠭᠤᠯᠤᠨ ᠪᠡᠭᠡᠵᠢᠩ᠎ᠳᠤ ᠢᠷᠡᠭᠦᠯᠵᠦ ᠳᠠᠪᠲᠠᠨ ᠰᠤᠷᠤᠯᠴᠠᠭᠤᠯᠵᠤ᠂ ᠳᠠᠮ ᠵᠶ᠋ᠠᠷ ᠠᠰᠢᠭ ᠭᠥᠷᠳᠡᠭᠰᠡᠨ ᠬᠥᠮᠥᠨ ᠤᠳᠠᠭ᠎ᠠ 2.5 ᠲᠦᠮᠡᠨ ᠬᠥᠮᠥᠨ ᠤᠳᠠᠭ᠎ᠠ᠎ᠳᠤ ᠬᠥᠷᠪᠡ᠃ 《ᠭᠡᠷ᠎ᠲᠤᠨᠢ ᠬᠦᠷᠭᠡᠵᠦ》 ᠠᠹᠭ᠋ᠠᠨᠢᠰᠲ᠋ᠠᠨ᠎ᠳᠤ ᠬᠦᠷᠴᠦ ᠵᠢᠭ᠋ᠠᠨ ᠵᠢᠯᠣᠭᠣᠳᠪᠠ᠂ ᠴᠠᠩᠫᠢᠩ ᠲᠣᠭᠣᠷᠢᠭ᠎ᠤᠨ᠎ᠬᠢᠨ ᠪᠡᠭᠡᠵᠢᠩ᠎ᠤᠨ ᠠᠨ ᠵᠧᠨ ᠡᠮᠨᠡᠯᠭᠡ ᠵᠢᠨ ᠬᠣᠷᠢᠶ᠎ᠠ ᠪᠣᠯᠣᠨ ᠠᠷᠤ ᠬᠣᠷᠴᠢᠨ ᠬᠣᠰᠢᠭᠤᠨ᠎ᠤ ᠡᠮᠨᠡᠯᠭᠡ ᠵᠢᠨ ᠬᠣᠷᠢᠶ᠎ᠠ᠎ᠲᠠᠢ ᠢᠳᠡᠪᠬᠢᠲᠡᠢ᠎ᠪᠠᠷ ᠵᠣᠬᠢᠴᠠᠭᠤᠯᠤᠨ ᠡᠮᠨᠡᠯᠭᠡ ᠵᠢᠨ ᠬᠠᠮᠲᠤ ᠵᠢᠨ ᠴᠣᠭᠴᠠ ᠪᠠᠢ᠌ᠭᠤᠯᠵᠤ᠂ ᠪᠡᠭᠡᠵᠢᠩ᠎ᠤᠨ ᠲᠤᠰᠬᠠᠢ ᠮᠡᠷᠭᠡᠵᠢᠯᠲᠡᠨ ᠡᠮᠴᠢ ᠵᠢ ᠠᠷᠤ ᠬᠣᠷᠴᠢᠨ ᠬᠣᠰᠢᠭᠤᠨ᠎ᠳᠤ ᠣᠴᠢᠭᠤᠯᠤᠨ ᠠᠵᠢᠯᠯᠠᠬᠤ ᠲᠠᠪᠴᠠᠩ ᠪᠠᠢ᠌ᠭᠤᠯᠵᠤ᠂ ᠤᠷᠢᠳ ᠬᠣᠵᠢᠳ 29 ᠲᠤᠰᠬᠠᠢ ᠮᠡᠷᠭᠡᠵᠢᠯᠲᠡᠨ᠎ᠢ ᠰᠣᠩᠭᠣᠨ ᠲᠣᠮᠢᠯᠠᠵᠤ ᠠᠹᠭ᠋ᠠᠨᠢᠰᠲ᠋ᠠᠨ᠎ᠳᠤ ᠣᠴᠢᠭᠤᠯᠤᠨ ᠵᠢᠭ᠋ᠠᠨ ᠵᠢᠯᠤᠭᠣᠳᠬᠤ᠂ ᠡᠷᠳᠡᠮ ᠰᠢᠨᠵᠢᠯᠡᠭᠡᠨ᠎ᠤ ᠲᠠᠢ᠌ᠯᠤᠮᠵᠢ ᠬᠢᠯᠭᠡᠬᠦ᠂ ᠠᠯᠪᠠᠨ ᠵᠢᠷᠤᠮ᠎ᠤᠨ ᠡᠮᠴᠢᠯᠡᠭᠡ ᠬᠢᠯᠭᠡᠬᠦ᠂ ᠡᠯ᠎ᠡ ᠱᠠᠲᠤᠨ᠎ᠤ ᠡᠮᠨᠡᠯᠭᠡ ᠵᠢᠨ ᠠᠵᠢᠯᠲᠠᠨ᠎ᠢ 1220 ᠬᠥᠮᠥᠨ ᠤᠳᠠᠭ᠎ᠠ ᠪᠣᠯᠪᠠᠰᠤᠷᠠᠭᠤᠯᠵᠤ ᠂ 16 ᠲᠠᠯᠠᠪᠤᠷ ᠲᠠᠢ᠌ᠯᠤᠮᠵᠢ ᠥᠷᠨᠢᠭᠦᠯᠵᠦ᠂ 3500 ᠬᠥᠮᠥᠨ᠎ᠳᠤ ᠪᠣᠯᠪᠠᠰᠤᠷᠠᠯ ᠬᠦᠷᠲᠡᠭᠡᠪᠡ᠃ 《ᠪᠡᠯᠡ ᠮᠥᠩᠭᠥ ᠥᠭᠬᠦ》᠎ᠪᠠᠷ ᠲᠣᠨᠣᠭ ᠲᠥᠬᠦᠭᠡᠷᠦᠮᠵᠢ ᠵᠢ ᠲᠠᠰ ᠳᠡᠪᠰᠢᠭᠦᠯᠵᠦ᠂ ᠨᠡᠶ᠋ᠢᠲᠡ 310 ᠲᠦᠮᠡᠨ ᠲᠥᠭᠥᠷᠢᠭ ᠣᠷᠣᠭᠤᠯᠤᠨ᠂ ᠰᠠᠢ᠌ᠬᠠᠨ ᠲᠠᠯ᠎ᠠ ᠡᠷᠡᠭᠦᠯ ᠬᠠᠮᠠᠭ᠋ᠠᠯᠠᠯ᠎ᠤᠨ ᠬᠣᠷᠢᠶ᠎ᠠ᠂ ᠮᠣᠩᠭᠣᠯ ᠡᠮᠨᠡᠯᠭᠡ ᠵᠢᠨ ᠬᠣᠷᠢᠶ᠎ᠠ ᠵᠢᠨ ᠡᠮ ᠨᠠᠢ᠌ᠷᠠᠭᠤᠯᠬᠤ ᠲᠠᠰᠤᠭ᠂ ᠡᠷᠡᠭᠦᠯᠵᠢᠯ᠎ᠤᠨ ᠭᠠᠵᠠᠷ᠎ᠤᠨ ᠶᠡᠷᠦᠩᠬᠡᠢ᠌ᠯᠡᠭᠰᠡᠨ ᠠᠰᠠᠷ ᠪᠠ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠥᠬᠦᠭᠡᠷᠦᠮᠵᠢ ᠬᠤᠳᠠᠯᠳᠤᠨ ᠠᠪᠬᠤ ᠵᠢ ᠳᠡᠮᠵᠢᠵᠦ᠂ ᠡᠮ ᠡᠮᠨᠡᠯᠭᠡ ᠵᠢᠨ ᠰᠠᠭᠤᠷᠢ ᠲᠥᠬᠦᠭᠡᠷᠦᠮᠵᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠂ ᠡᠮ ᠡᠮᠨᠡᠯᠭᠡ ᠵᠢᠨ ᠴᠢᠳᠠᠪᠤᠷᠢᠲᠠᠨ᠎ᠤ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠬᠤ᠎ᠳᠤ ᠬᠦᠴᠦ ᠨᠡᠮᠡᠷᠢᠯᠡᠵᠦ  ᠂ ᠪᠥᠬᠥ ᠬᠣᠰᠢᠭᠤᠨ᠎ᠤ ᠡᠮ ᠡᠮᠨᠡᠯᠭᠡ ᠵᠢᠨ ᠣᠨᠣᠰᠢᠯᠠᠨ ᠵᠠᠰᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ ᠃

       ᠬᠠᠮᠲᠤᠷᠠᠯ᠎ᠤᠨ ᠬᠦᠴᠦᠨ᠎ᠢ ᠨᠢᠭᠲᠠᠷᠠᠭᠤᠯᠵᠤ᠂ ᠣᠷᠣᠨ ᠨᠤᠲᠤᠭ᠎ᠤᠨ ᠴᠢᠳᠠᠪᠤᠷᠢᠲᠠᠨ᠎ᠢ ᠬᠥᠮᠥᠵᠢᠭᠦᠯᠦᠨ᠎ᠡ

       ᠲᠥᠷᠥᠯ ᠵᠦᠢ᠍ᠯ᠎ᠢ ᠨᠠᠢ᠌ᠳᠠᠪᠤᠷᠢᠵᠢᠭᠤᠯᠬᠤ ᠵᠢ ᠠᠳᠬᠤᠵᠤ᠂ ᠴᠢᠳᠠᠪᠤᠷᠢᠲᠠᠨ᠎ᠢ ᠨᠡᠪᠴᠢᠭᠦᠯᠬᠦ ᠲᠠᠪᠴᠠᠩ᠎ᠢ ᠪᠠᠢ᠌ᠭᠤᠯᠵᠤ᠂ ᠴᠠᠩ ᠫᠢᠩ ᠲᠣᠭᠣᠷᠢᠭ᠎ᠤᠨ᠎ᠬᠢᠨ ᠨᠡᠶ᠋ᠢᠲᠡ 2.332 ᠳ᠋ᠦᠩᠰᠢᠭᠤᠷ ᠲᠥᠭᠥᠷᠢᠭ᠎ᠤᠨ ᠬᠠᠪᠰᠤᠷᠤᠨ ᠲᠡᠳᠬᠦᠬᠦ ᠪᠡᠯᠡ ᠮᠥᠩᠭᠥ ᠣᠷᠣᠭᠤᠯᠵᠤ ᠂ ᠪᠡᠭᠡᠵᠢᠩ ᠬᠣᠲᠠ ᠵᠢᠨ ᠲᠠᠰ᠎ᠤᠨ ᠪᠠ ᠴᠠᠩᠫᠢᠩ ᠲᠣᠭᠣᠷᠢᠭ᠎ᠤᠨ ᠲᠠᠰ᠎ᠤᠨ ᠪᠡᠯᠡ ᠮᠥᠩᠭᠥ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ 153 ᠲᠥᠷᠥᠯ ᠵᠦᠢ᠍ᠯ᠎ᠢ ᠬᠡᠷᠡᠭᠵᠢᠭᠦᠯᠵᠦ᠂ ᠭᠦᠵᠡᠯᠵᠡᠭᠡᠨ᠎ᠡ ᠵᠢᠨ ᠴᠢᠬᠢ ᠪᠣᠢ᠌ᠵᠢᠭᠤᠯᠬᠤ᠂ ᠠᠯᠠᠰᠢᠨ ᠦᠬᠡᠷ᠂ ᠲᠠᠷᠢᠶᠠᠯᠠᠩ᠎ᠤᠨ ᠪᠦᠲᠦᠭᠡᠭᠳᠡᠬᠦᠨ᠂ ᠡᠷᠳᠡᠨᠢ ᠰᠢᠰᠢ ᠵᠡᠷᠭᠡ 4 ᠰᠢᠯᠢᠳᠡᠭ ᠬᠠᠩᠭ᠋ᠠᠯᠭ᠎ᠠ ᠵᠢᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠵᠤ᠂ ᠠᠷᠤ ᠬᠣᠷᠴᠢᠨ ᠬᠣᠰᠢᠭᠤᠨ᠎ᠤ ᠲᠠᠷᠢᠶᠠᠯᠠᠩ ᠂ ᠮᠠᠯ ᠠᠵᠤ ᠠᠬᠤᠢ᠂ ᠡᠯᠳᠡᠪ ᠠᠮᠤ᠂ ᠣᠨᠴᠠᠯᠢᠭᠲᠤ ᠵᠢᠮᠢᠰ ᠢᠳᠡᠰᠢᠨ ᠨᠣᠭᠣᠭ᠋ᠠᠨ᠎ᠤ ᠠᠵᠤ ᠦᠢ᠍ᠯᠡᠰ᠎ᠤᠨ ᠣᠯᠠᠨ ᠴᠡᠭ᠎ᠲᠤ ᠴᠡᠴᠡᠭᠯᠡᠬᠦ ᠵᠢ ᠪᠡᠶᠡᠯᠡᠭᠦᠯᠵᠦ᠂ ᠨᠤᠲᠤᠭ᠎ᠤᠨ ᠴᠢᠳᠠᠪᠤᠷᠢᠲᠠᠨ᠎ᠢ ᠨᠡᠪᠴᠢᠭᠦᠯᠬᠦ᠎ᠳᠤ ᠦᠢ᠍ᠯᠡᠳᠦᠯᠭᠡ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠲᠠᠪᠴᠠᠩ ᠪᠠᠢ᠌ᠭᠤᠯᠤᠨ ᠂ ᠲᠥᠷᠥᠯ ᠵᠦᠢ᠍ᠯ᠎ᠤᠨ 《ᠪᠠᠢ᠌ᠭ᠋ᠠᠯᠢ ᠵᠢᠨ ᠬᠢᠴᠢᠶᠡᠯ᠎ᠤᠨ ᠲᠠᠩᠬᠢᠮ》 ᠵᠶ᠋ᠠᠷ ᠳᠠᠮᠵᠢᠭᠤᠯᠤᠨ 《ᠨᠤᠲᠤᠭ᠎ᠤᠨ ᠮᠡᠷᠭᠡᠵᠢᠯᠲᠡᠨ》 《ᠲᠠᠷᠢᠶᠠᠨ ᠪᠢᠴᠢᠭ᠎ᠤᠨ ᠴᠢᠳᠠᠪᠤᠷᠢᠲᠠᠨ》᠎ᠢ 1820 ᠬᠥᠮᠥᠵᠢᠭᠦᠯᠦᠨ᠎ᠡ᠃ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠢ ᠠᠳᠬᠤᠵᠤ᠂ ᠴᠢᠳᠠᠪᠤᠷᠢᠲᠠᠨ᠎ᠤ ᠤᠷ᠎ᠠ ᠮᠡᠷᠭᠡᠵᠢᠯ᠎ᠤᠨ ᠲᠦᠪᠰᠢᠨ᠎ᠢ ᠳᠡᠭᠡᠭᠰᠢᠯᠡᠭᠦᠯᠵᠦ᠂ ᠴᠠᠩᠫᠢᠩ ᠲᠣᠭᠣᠷᠢᠭ᠎ᠤᠨ᠎ᠬᠢᠨ ᠵᠢᠯ ᠳᠤᠮᠳᠠᠴᠢ᠎ᠪᠠᠷ 150 ᠲᠦᠮᠡᠨ ᠲᠥᠭᠥᠷᠢᠭ᠎ᠤᠨ ᠪᠡᠯᠡ ᠮᠥᠩᠭᠥ ᠵᠢ ᠵᠣᠬᠢᠴᠠᠭᠤᠯᠵᠤ᠂ ᠠᠷᠤ ᠬᠣᠷᠴᠢᠨ ᠬᠣᠰᠢᠭᠤᠨ᠎ᠤ ᠨᠤᠲᠤᠭ᠎ᠤᠨ ᠴᠢᠳᠠᠪᠤᠷᠢᠲᠠᠨ᠎ᠢ ᠬᠥᠮᠥᠵᠢᠭᠦᠯᠬᠦ ᠨᠡᠪᠴᠢᠭᠦᠯᠬᠦ ᠲᠥᠪ᠎ᠤᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ᠎ᠳᠤ ᠬᠡᠷᠡᠭᠯᠡᠵᠦ᠂ ᠮᠠᠯ ᠠᠵᠤ ᠠᠬᠤᠢ ᠮᠠᠯ ᠡᠮᠨᠡᠯᠭᠡ᠂ ᠦᠨᠳᠦᠰᠦᠲᠡᠨ᠎ᠤ ᠬᠠᠳᠬᠤᠮᠠᠯ᠂ ᠡᠯᠧᠺᠲᠷᠣᠨ ᠬᠤᠳᠠᠯᠳᠤᠭ᠎ᠠ᠎ᠪᠠᠷ ᠦᠢ᠍ᠯᠡᠰ ᠪᠣᠰᠬᠠᠬᠤ᠂ ᠡᠸᠦ᠋ᠷᠦᠫᠡ ᠮᠠᠶᠢᠭ᠎ᠤᠨ ᠮᠢᠶᠠᠨᠲ᠋ᠢᠶᠣᠤᠷ᠂ ᠭᠡᠷ᠎ᠤᠨ ᠶᠠᠪᠤᠳᠠᠯ᠎ᠤᠨ ᠰᠠᠷ᠎ᠠ ᠵᠢᠨ ᠪᠡᠷᠭᠡᠨ ᠵᠡᠷᠭᠡ ᠡᠯ᠎ᠡ ᠲᠦᠷᠦᠯ᠎ᠤᠨ ᠪᠣᠯᠪᠠᠰᠤᠷᠠᠯ᠎ᠤᠨ ᠠᠩᠬᠢ ᠵᠢ ᠪᠠᠢ᠌ᠭᠤᠯᠵᠤ᠂ ᠵᠢᠯ ᠳᠤᠮᠳᠠᠴᠢ᠎ᠪᠠᠷ 5100 ᠭᠠᠷᠤᠢ ᠡᠯ᠎ᠡ ᠲᠦᠷᠦᠯ᠎ᠤᠨ ᠴᠢᠳᠠᠪᠤᠷᠢᠲᠠᠨ᠎ᠢ ᠪᠣᠯᠪᠠᠰᠤᠷᠠᠭᠤᠯᠵᠤ᠂ ᠡᠯ᠎ᠡ ᠲᠦᠷᠦᠯ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠡᠷᠬᠢᠯᠡᠬᠦ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠵᠢ ᠠᠳᠬᠤᠵᠤ  ᠂ ᠴᠢᠳᠠᠪᠤᠷᠢᠲᠠᠨ᠎ᠤ ᠦᠷ᠎ᠡ ᠠᠰᠢᠭ᠎ᠢ ᠳᠡᠭᠡᠭᠰᠢᠯᠡᠭᠦᠯᠬᠦ᠎ᠳᠤ ᠬᠦᠴᠦ ᠨᠡᠮᠡᠷᠢᠯᠡᠵᠦ᠂ ᠴᠠᠩᠫᠢᠩ ᠲᠣᠭᠣᠷᠢᠭ᠎ᠤᠨ᠎ᠬᠢᠨ ᠵᠠᠬ᠎ᠠ ᠳᠡᠯᠭᠡᠭᠦᠷ᠎ᠤᠨ ᠳᠠᠪᠠᠭᠤᠯᠢᠭ ᠵᠶ᠋ᠠᠨ ᠠᠰᠢᠭᠯᠠᠨ᠂ ᠡᠯ᠎ᠡ ᠲᠥᠷᠥᠯ᠎ᠤᠨ ᠬᠡᠷᠡᠭᠯᠡᠭᠡ ᠵᠢ ᠬᠠᠪᠰᠤᠷᠤᠨ ᠲᠡᠳᠬᠦᠬᠦ ᠠᠵᠢᠯᠯᠠᠭ᠎ᠠ ᠵᠢ ᠠᠰᠢᠭᠯᠠᠨ᠂ ᠪᠡᠭᠡᠵᠢᠩ ᠪᠣᠯᠣᠨ ᠠᠷᠤ ᠬᠣᠷᠴᠢᠨ ᠬᠣᠰᠢᠭᠤᠨ᠎ᠤ ᠣᠨᠴᠠᠯᠢᠭᠲᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠲᠠᠪᠴᠠᠩ᠎ᠢ ᠪᠠᠢ᠌ᠭᠤᠯᠵᠤ᠂ ᠠᠷᠤ ᠬᠣᠷᠴᠢᠨ ᠬᠣᠰᠢᠭᠤᠨ᠎ᠤ ᠰᠢᠯᠢᠳᠡᠭ ᠲᠠᠷᠢᠶᠠᠯᠠᠩ᠎ᠤᠨ ᠣᠨᠴᠠ ᠭᠠᠷᠤᠯᠲᠠ ᠵᠢ ᠪᠡᠭᠡᠵᠢᠩ ᠬᠣᠲᠠ ᠵᠢᠨ ᠠᠷᠠᠳ᠎ᠤᠨ ᠠᠮᠢᠳᠤᠷᠠᠯ᠎ᠳᠤ ᠣᠷᠣᠭᠤᠯᠵᠤ᠂ ᠠᠵᠤ ᠦᠢ᠍ᠯᠡᠰ᠎ᠤᠨ ᠲᠥᠷᠥᠯ ᠵᠦᠢ᠍ᠯ᠎ᠤᠨ ᠠᠰᠢᠭ ᠣᠷᠣᠯᠭ᠎ᠠ ᠵᠢ ᠨᠠᠩ ᠰᠠᠢ᠌ᠨ ᠪᠣᠯᠭ᠋ᠠᠵᠤ᠂ ᠣᠷᠣᠨ ᠨᠤᠲᠤᠭ᠎ᠤᠨ ᠴᠢᠳᠠᠪᠤᠷᠢᠲᠠᠨ᠎ᠤ ᠬᠥᠳᠡᠯᠮᠦᠷᠢ ᠵᠢ ᠨᠠᠩ ᠦᠨ᠎ᠡ ᠥᠷᠲᠡᠭ᠎ᠲᠠᠢ ᠪᠣᠯᠭ᠋ᠠᠵᠤ᠂ ᠣᠷᠣᠨ ᠨᠤᠲᠤᠭ᠎ᠤᠨ ᠴᠢᠳᠠᠪᠤᠷᠢᠲᠠᠨ᠎ᠤ ᠠᠵᠢᠯ ᠬᠢᠵᠦ ᠦᠢ᠍ᠯᠡᠰ ᠴᠣᠭᠴᠠᠯᠠᠬᠤ ᠠᠮᠢᠵᠢᠷᠠᠯ᠎ᠤᠨ ᠬᠦᠴᠦᠨ ᠪᠠ ᠬᠠᠯᠠᠭᠤᠨ ᠰᠡᠳᠬᠢᠯᠭᠡ ᠵᠢ ᠪᠦᠲᠦᠮᠵᠢᠲᠡᠶ ᠬᠥᠭᠵᠢᠭᠡᠨ᠎ᠡ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠴᠠᠭ ᠲᠣᠬᠢᠶᠠᠯ᠎ᠢ ᠠᠮᠵᠢᠨ ᠬᠥᠭᠵᠢᠭᠦᠯᠬᠦ ᠲᠤᠬᠠᠢ ᠪᠡᠭᠡᠵᠢᠩ ᠥᠪᠦᠷ ᠮᠣᠩᠭᠣᠯ᠎ᠤᠨ ᠬᠠᠮᠵᠢᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠪᠡ
ᠲᠠᠯ᠎ᠠ ᠨᠤᠲᠤᠭ᠎ᠤᠨ ᠦᠨᠦᠷ ᠠᠮᠲᠠ ᠨᠡᠩ ᠣᠢ᠌ᠷ᠎ᠠ
ᠪᠣᠷᠣᠳᠣᠬᠣᠢ ᠵᠢᠨ ᠲᠠᠷᠢᠶᠠᠯᠠᠩ᠎ᠤᠨ ᠪᠦᠲᠦᠭᠡᠭᠳᠡᠬᠦᠨ 《ᠳᠡᠯᠡᠬᠡᠢ ᠵᠢᠨ ᠬᠡᠪ ᠨᠠᠮᠪᠠ》 ᠎ᠪᠠᠨ ᠬᠠᠷᠠᠭᠤᠯᠪᠠ
ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ 14 ᠵᠦᠢ᠍ᠯ᠎ᠤᠨ ᠦᠷ᠎ᠡ ᠪᠦᠲᠦᠭᠡᠯ᠎ᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠭᠣᠣᠯ ᠳᠡᠯᠭᠡᠷᠡᠭᠦᠯᠬᠦ ᠮᠡᠷᠭᠡᠵᠢᠯ᠎ᠳᠤ ᠣᠷᠣᠪᠠ
ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠬᠥᠳᠡᠭᠡ ᠲᠣᠰᠬᠣᠨ᠎ᠤ ᠵᠠᠰᠠᠯᠲᠠ ᠵᠢᠨ ᠭᠣᠣᠯᠯᠠᠭᠴᠢ ᠪᠣᠯᠪᠠᠰᠤᠷᠠᠯ᠎ᠤᠨ ᠠᠩᠭᠢ ᠵᠡᠭᠦᠨᠭ᠋ᠠᠷ ᠬᠣᠰᠢᠭᠤᠨ᠎ᠳᠤ ᠣᠷᠣᠪᠠ
 
            