ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠪᠡᠭᠡᠵᠢᠩ ᠥᠪᠥᠷ ᠮᠣᠩᠭᠣᠯ᠎ᠤᠨ ᠰᠤᠷᠭ᠋ᠠᠨ ᠬᠥᠮᠦᠵᠢᠯ ᠭᠠᠷ ᠭᠠᠷ ᠵᠶ᠋ᠠᠨ ᠬᠣᠯᠪᠣᠯᠴᠠᠨ ᠬᠦᠰᠡᠯ ᠵᠡᠭᠦᠳᠦ᠎ᠪᠠᠨ ᠲᠡᠷᠭᠡᠯᠰᠢᠭᠦᠯᠵᠦ ᠢᠷᠡᠭᠡᠳᠦᠢ᠎ᠳᠤ ᠰᠡᠳᠬᠢᠯ ᠵᠢᠷᠦᠬᠡ᠎ᠪᠠᠨ ᠬᠣᠯᠪᠣᠵᠤ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ 《ᠪᠦᠯᠬᠦᠮ ᠮᠠᠶᠢᠭ》᠎ᠤᠨ ᠬᠠᠪᠰᠤᠷᠤᠨ ᠲᠡᠳᠬᠦᠬᠦ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯᠲᠡᠨ ᠥᠪᠡᠷᠲᠡᠭᠡᠨ ᠵᠠᠰᠠᠬᠤ ᠣᠷᠣᠨ᠎ᠳᠤ ᠭᠦᠨᠵᠡᠭᠡᠢ᠌ᠷᠡᠨ ᠠᠵᠢᠯ ᠥᠷᠨᠢᠭᠦᠯᠦᠨ᠎ᠡ
ᠨᠡᠶ᠋ᠢᠲᠡᠯᠡᠭᠰᠡᠨ ᠴᠠᠭ᠄ 2022-09-28

      2022 ᠣᠨ᠎ᠠᠴᠠ ᠡᠬᠢᠯᠡᠨ᠂ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠂ ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠨᠠᠢ᠍ᠮᠠᠨ ᠶᠠᠮᠤᠨ ᠵᠥᠪᠯᠡᠯ ᠬᠠᠮᠲᠤᠷᠠᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠤ 《ᠪᠦᠯᠬᠦᠮ ᠮᠠᠶᠢᠭ》 ᠎ᠤᠨ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠵᠦ᠂ 《ᠤᠨᠢᠨ ᠳᠡᠭᠡᠷ᠎ᠡ᠎ᠨᠢ ᠪᠡᠶᠡᠯᠡᠭᠦᠯᠬᠦ᠂ ᠦᠷᠭᠦᠯᠵᠢᠯᠡᠬᠦ᠂ ᠦᠷ᠎ᠡ ᠪᠦᠲᠦᠮᠵᠢ᠎ᠲᠠᠢ ᠪᠠᠢ᠌ᠬᠤ》 ᠵᠠᠷᠴᠢᠮ ᠶᠣᠰᠣᠭ᠋ᠠᠷ᠂ ᠬᠦᠴᠦᠨ ᠵᠶ᠋ᠡᠨ ᠲᠥᠪᠯᠡᠷᠡᠭᠦᠯᠦᠨ ᠪᠠᠷᠠᠭᠤᠨ ᠣᠷᠣᠨ᠎ᠤ 10 ᠮᠤᠵᠢ ᠣᠷᠣᠨ ᠬᠤᠳᠠ ᠵᠢᠨ 160 ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠳᠤ 1 ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠪᠠ 1 ᠠᠵᠢᠯ ᠮᠡᠷᠭᠡᠵᠢᠯ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢ ᠰᠠᠢ᠌ᠲᠤᠷ ᠪᠠᠶ᠋ᠢᠭᠤᠯᠬᠤ ᠵᠢ ᠬᠠᠪᠰᠤᠷᠪᠠ᠃
      ᠪᠦᠯᠬᠦᠮ ᠬᠡᠯᠪᠡᠷᠢ ᠵᠢᠨ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠬᠤ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠂ ᠬᠠᠮᠲᠤᠪᠠᠷ ᠴᠢᠨᠡᠭᠡᠯᠢᠭᠵᠢᠬᠦ ᠵᠢ ᠠᠬᠢᠭᠤᠯᠬᠤ ᠪᠦᠲᠦᠮᠵᠢᠲᠡᠢ ᠭᠠᠷᠳᠠᠴᠠ ᠮᠥᠨ᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠃ ᠬᠣᠣᠰᠯᠠᠯ ᠪᠠᠢ᠌ᠭᠤᠯᠤᠨ ᠬᠠᠮᠲᠤᠪᠠᠷ ᠪᠠᠢ᠌ᠭᠤᠯᠵᠤ ᠬᠠᠪᠰᠤᠷᠤᠨ ᠲᠡᠳᠬᠦᠬᠦ ᠠᠵᠢᠯᠯᠠᠭ᠎ᠠ ᠵᠢ ᠥᠷᠨᠢᠭᠦᠯᠬᠦ᠎ᠨᠢ ᠮᠠᠯᠵᠢᠬᠤ ᠲᠠᠷᠢᠶᠠᠯᠠᠬᠤ ᠣᠷᠣᠨ᠎ᠤ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠪᠠᠢ᠌ᠬᠤ ᠵᠢ ᠠᠬᠢᠭᠤᠯᠬᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠃
      ᠣᠷᠴᠣᠨ᠎ᠤ ᠥᠪᠡᠷᠲᠡᠭᠡᠨ ᠵᠠᠰᠠᠬᠤ ᠬᠣᠰᠢᠭᠤ
      ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠠᠴᠠ ᠰᠣᠩᠭᠣᠨ ᠲᠣᠮᠢᠯᠠᠭᠰᠠᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ 《ᠪᠦᠯᠬᠦᠮ ᠮᠠᠶᠢᠭ》᠎ᠤᠨ ᠬᠠᠪᠰᠤᠷᠤᠨ ᠲᠡᠳᠬᠦᠬᠦ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯᠲᠡᠨ ᠲᠢᠶᠠᠨ ᠶᠠ ᠯᠢ᠂ ᠵᠠᠩ ᠸᠸᠨ ᠱᠧᠩ ᠨᠠᠷ ᠤᠳᠤ ᠨᠢᠭᠡᠨᠲᠡ ᠣᠷᠴᠣᠨ᠎ᠤ ᠥᠪᠡᠷᠲᠡᠭᠡᠨ ᠵᠠᠰᠠᠬᠤ ᠬᠣᠰᠢᠭᠤᠨ᠎ᠳᠤ ᠭᠦᠨᠵᠡᠭᠡᠢ᠌ᠷᠡᠨ ᠭᠤᠷᠪᠠᠨ ᠵᠢᠯ᠎ᠤᠨ ᠬᠤᠭᠤᠴᠠᠭ᠎ᠠ᠎ᠲᠠᠢ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠵᠡᠢ᠃
      ᠣᠷᠴᠣᠨ᠎ᠤ ᠥᠪᠡᠷᠲᠡᠭᠡᠨ ᠵᠠᠰᠠᠬᠤ ᠬᠣᠰᠢᠭᠤ ᠪᠣᠯ ᠵᠠᠬ᠎ᠠ ᠬᠢᠵᠠᠭ᠋ᠠᠷ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤ ᠪᠣᠯᠣᠨ᠎ᠠ ᠂ ᠮᠥᠨ ᠴᠦ᠍ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠪᠣᠯᠣᠨ᠎ᠠ ᠂ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠦᠷᠲᠡᠯ᠎ᠡ ᠂ 《  ᠪᠡᠭᠡᠵᠢᠩ ᠥᠪᠥᠷ ᠮᠣᠩᠭᠣᠯ᠎ᠤᠨ ᠬᠠᠪᠰᠤᠷᠤᠨ ᠲᠡᠳᠬᠦᠬᠦ 》 《  ᠭᠤᠷᠪᠠ᠎ᠳᠤ ᠦᠢ᠍ᠯᠡᠴᠢᠯᠡᠵᠦ ᠨᠢᠭᠡ ᠵᠢ ᠠᠬᠢᠭᠤᠯᠬᠤ 》 ᠲᠥᠯᠥᠪᠯᠡᠭᠡ ᠵᠡᠷᠭᠡ ᠬᠠᠪᠰᠤᠷᠤᠨ ᠲᠡᠳᠬᠦᠬᠦ ᠠᠷᠭ᠎ᠠ ᠬᠡᠯᠪᠡᠷᠢ᠎ᠪᠠᠷ ᠳᠡᠮᠵᠢᠨ ᠂ ᠪᠥᠬᠥ ᠬᠣᠰᠢᠭᠤᠨ᠎ᠤ ᠰᠤᠷᠭ᠋ᠠᠨ ᠬᠥᠮᠦᠵᠢᠯ᠎ᠤᠨ ᠦᠢ᠍ᠯᠡᠰ ᠲᠦᠷᠭᠡᠨ ᠬᠥᠭᠵᠢᠵᠦ᠂ ᠡᠯ᠎ᠡ ᠲᠠᠯ᠎ᠠ ᠵᠢᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯᠲᠡᠨ᠎ᠤ ᠬᠠᠪᠰᠤᠷᠤᠨ ᠲᠡᠳᠬᠦᠬᠦ ᠵᠢᠯᠣᠭᠣᠳᠤᠯᠭ᠎ᠠ ᠲᠤᠤᠷ᠎ᠠ᠂ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ ᠴᠦ᠍ ᠨᠡᠯᠢᠶᠡᠳ ᠶᠡᠬᠡ ᠳᠡᠭᠡᠭᠰᠢᠯᠡᠯᠲᠡ᠎ᠲᠠᠢ ᠪᠣᠯᠤᠭᠰᠠᠨ ᠪᠠᠢ᠌ᠨ᠎ᠠ ᠃
      ᠵᠠᠯᠠᠢ᠌ᠳ ᠬᠣᠰᠢᠭᠤ
      ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠠᠴᠠ ᠰᠣᠩᠭᠣᠨ ᠲᠣᠮᠢᠯᠠᠭᠰᠠᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ《ᠪᠦᠯᠬᠦᠮ ᠮᠠᠶᠢᠭ》》᠎ᠤᠨ ᠬᠠᠪᠰᠤᠷᠤᠨ ᠲᠡᠳᠬᠦᠬᠦ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯᠲᠡᠨ ᠯᠧᠦ ᠪᠢᠨ᠂ ᠬᠸ ᠰᠢᠶᠣᠣ ᠮᠸᠩ ᠨᠠᠷ ᠣᠳᠣᠬᠠᠨ᠎ᠳᠤ ᠵᠠᠯᠠᠢ᠌ᠳ ᠬᠣᠰᠢᠭᠤᠨ᠎ᠳᠤ ᠬᠦᠷᠴᠦ ᠭᠤᠷᠪᠠᠨ ᠵᠢᠯ᠎ᠤᠨ ᠬᠤᠭᠤᠴᠠᠭ᠎ᠠ᠎ᠲᠠᠢ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠵᠦ ᠪᠤᠢ᠃
      ᠵᠠᠯᠠᠢ᠌ᠳ ᠬᠣᠰᠢᠭᠤᠨ᠎ᠤ ᠬᠣᠯᠪᠣᠭᠳᠠᠯ ᠪᠦᠬᠦᠢ ᠤᠳᠤᠷᠢᠳᠤᠯᠭ᠎ᠠ ᠢᠯᠡᠷᠬᠡᠢ᠌ᠯᠡᠬᠦ᠎ᠳᠡᠭᠡᠨ ᠂ ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠ ᠪᠡᠭᠡᠵᠢᠩ᠎ᠤᠨ ᠬᠣᠶᠠᠷ ᠰᠤᠷᠭ᠋ᠠᠭᠤᠯᠢ ᠵᠢᠨ 《  ᠪᠦᠯᠬᠦᠮ ᠪᠠᠢ᠌ᠭᠤᠯᠵᠤ 》 ᠬᠠᠪᠰᠤᠷᠤᠨ ᠲᠡᠳᠬᠦᠭᠰᠡᠨ᠎ᠳᠤ ᠲᠤᠢ᠌ᠯ ᠵᠶ᠋ᠠᠷ ᠲᠠᠯᠠᠷᠬᠠᠵᠤ ᠪᠠᠢ᠌ᠨ᠎ᠠ ᠭᠡᠵᠡᠢ ᠃ ᠲᠤᠰᠠᠯᠠᠮᠵᠢ ᠬᠦᠷᠳᠡᠬᠦ ᠰᠤᠷᠭ᠋ᠠᠭᠤᠯᠢ ᠵᠢᠨ᠎ᠬᠢᠨ ᠬᠠᠪᠰᠤᠷᠤᠨ ᠲᠡᠳᠬᠦᠬᠦ ᠠᠵᠠ ᠲᠣᠬᠢᠶᠠᠯ᠎ᠢ ᠠᠮᠵᠢᠵᠤ᠂ ᠬᠠᠪᠰᠤᠷᠤᠨ ᠲᠡᠳᠬᠦᠬᠦ ᠰᠤᠷᠭ᠋ᠠᠭᠤᠯᠢ᠎ᠠᠴᠠ ᠢᠯᠡᠭᠦᠬᠡᠨ ᠲᠤᠷᠰᠢᠯᠭ᠎ᠠ ᠬᠤᠷᠠᠮᠳᠤᠭᠤᠯᠵᠤ᠂ ᠡᠬᠢ ᠪᠠᠶᠠᠯᠢᠭ᠎ᠢ ᠬᠠᠮᠲᠤᠪᠠᠷ ᠡᠳ᠋ᠯᠡᠵᠦ᠂ ᠥᠪᠡᠷ᠎ᠢ᠎ᠪᠠᠨ ᠬᠦᠴᠦᠷᠬᠡᠭᠵᠢᠭᠦᠯᠵᠦ᠂ ᠲᠤᠰ ᠰᠤᠷᠭ᠋ᠠᠭᠤᠯᠢ ᠵᠢᠨ ᠵᠶ᠋ᠠᠨ ᠤᠯᠠᠮᠵᠢᠯᠠᠯᠲᠤ ᠳᠠᠪᠠᠭᠤᠯᠢᠭ᠎ᠢ ᠪᠠᠳᠠᠷᠠᠭᠤᠯᠵᠤ᠂ ᠵᠣᠷᠢᠭᠲᠠᠢ᠎ᠪᠠᠷ ᠰᠢᠨ᠎ᠡ ᠵᠢ ᠡᠭᠦᠳᠴᠦ᠂ 《ᠴᠢᠰᠤ ᠶᠡᠭᠦᠯᠡᠬᠦ》᠎ᠠᠴᠠ 《ᠴᠢᠰᠤ ᠪᠦᠲᠦᠭᠡᠬᠦ》 ᠦᠨᠳᠦᠰᠦᠨ ᠬᠤᠪᠢᠷᠠᠯᠲᠠ ᠵᠢ ᠲᠦᠷᠭᠡᠨ ᠪᠡᠶᠡᠯᠡᠭᠦᠯᠵᠦ᠂ ᠨᠢᠭᠡ ᠲᠠᠯ᠎ᠠ ᠵᠢᠨ ᠰᠤᠷᠭ᠋ᠠᠨ ᠬᠥᠮᠦᠵᠢᠯ᠎ᠳᠤ ᠪᠤᠶᠠᠨ ᠦᠢ᠍ᠯᠡᠳᠬᠦ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
      ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ
      ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠠᠴᠠ ᠰᠣᠩᠭᠣᠨ ᠲᠣᠮᠢᠯᠠᠭᠰᠠᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ《ᠪᠦᠯᠬᠦᠮ ᠮᠠᠶᠢᠭ》》᠎ᠤᠨ ᠬᠠᠪᠰᠤᠷᠤᠨ ᠲᠡᠳᠬᠦᠬᠦ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯᠲᠡᠨ ᠮᠠ ᠸᠧᠢ ᠰᠢᠶᠦ᠋ᠨ᠂ ᠴᠠᠢ ᠪᠢᠨ ᠨᠠᠷ ᠤᠳᠤ ᠨᠢᠭᠡᠨᠲᠡ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠬᠦᠷᠴᠦ ᠭᠤᠷᠪᠠᠨ ᠵᠢᠯ᠎ᠤᠨ ᠬᠤᠭᠤᠴᠠᠭ᠎ᠠ᠎ᠲᠠᠢ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠵᠦ ᠪᠤᠢ᠃
      ᠬᠢᠩᠭ᠋ᠠᠨ ᠠᠢ᠌ᠮᠠᠭ᠎ᠤᠨ ᠬᠣᠯᠪᠣᠭᠳᠠᠯ ᠪᠦᠬᠦᠢ ᠤᠳᠤᠷᠢᠳᠤᠯᠭ᠎ᠠ ᠢᠯᠡᠷᠬᠡᠢ᠌ᠯᠡᠬᠦ᠎ᠳᠡᠭᠡᠨ ᠂ ᠬᠣᠶᠠᠷ ᠲᠠᠯ᠎ᠠ᠎ᠪᠠᠷ ᠵᠶ᠋ᠠᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠭᠡᠬᠦ ᠡᠨᠡ ᠬᠦ᠌ ᠵᠠᠩᠭᠢᠯᠠᠭ᠎ᠠ ᠵᠢᠨ ᠲᠥᠯᠥᠭᠡ ᠬᠠᠮᠲᠤ᠎ᠪᠠᠷ ᠴᠢᠷᠮᠠᠢ᠌ᠵᠤ ᠂ 《  ᠪᠦᠯᠬᠦᠮ᠎ᠨᠢ ᠪᠦᠯᠬᠦᠮ ᠨᠡᠶ᠋ᠢᠲᠡ᠎ᠪᠠᠨ ᠳᠠᠭ᠋ᠠᠭᠤᠯᠬᠤ 》 《  ᠲᠤᠰᠬᠠᠢ ᠮᠡᠷᠭᠡᠵᠢᠯᠲᠡᠨ᠎ᠨᠢ ᠭᠣᠣᠯᠯᠠᠭᠴᠢ ᠬᠦᠴᠦᠨ ᠵᠶ᠋ᠡᠨ ᠳᠠᠭ᠋ᠠᠭᠤᠯᠬᠤ 》 《  ᠪᠠᠭᠰᠢ᠎ᠨᠢ ᠱᠠᠪᠢ᠎ᠪᠠᠨ ᠳᠠᠭ᠋ᠠᠭᠤᠯᠬᠤ 》 ᠲᠣᠭᠲᠠᠴᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠬᠢᠩᠭ᠋ᠠᠨ ᠠᠢ᠌ᠮᠠᠭ᠎ᠲᠤ ᠨᠢᠭᠡ ᠪᠦᠯᠦᠭ 《  ᠳᠠᠭ᠋ᠠᠭᠤᠯᠵᠤ ᠳᠡᠶ᠋ᠢᠯᠬᠦ ᠦᠭᠡᠢ ᠂ ᠦᠯᠡᠳᠡᠭᠡᠵᠦ ᠳᠡᠶ᠋ᠢᠯᠬᠦ 》 ᠭᠣᠣᠯᠯᠠᠭᠴᠢ ᠰᠤᠷᠭ᠋ᠠᠨ ᠬᠥᠮᠦᠵᠢᠯ᠎ᠤᠨ ᠴᠢᠳᠠᠪᠤᠷᠢᠲᠠᠨ᠎ᠢ ᠬᠥᠮᠥᠵᠢᠭᠦᠯᠦᠨ ᠥᠭᠴᠦ ᠂ 《  ᠴᠢᠰᠤ ᠶᠡᠭᠦᠯᠡᠵᠦ 》 ᠬᠠᠪᠰᠤᠷᠤᠨ ᠰᠤᠷᠭ᠋ᠠᠬᠤ ᠎ᠠᠴᠠ 《  ᠴᠢᠰᠤ ᠪᠦᠲᠦᠭᠡᠵᠦ 》 ᠰᠤᠷᠭ᠋ᠠᠨ ᠬᠥᠮᠦᠵᠢᠯ᠎ᠢ ᠬᠥᠭᠵᠢᠭᠦᠯᠬᠦ ᠵᠢ ᠦᠨᠡᠨ ᠬᠦ᠌ ᠪᠡᠶᠡᠯᠡᠭᠦᠯᠬᠦ ᠵᠢ ᠬᠦᠰᠡᠵᠦ ᠪᠠᠢ᠌ᠨ᠎ᠠ ᠭᠡᠵᠡᠢ ᠃
      ᠰᠢᠯᠢ ᠵᠢᠨ ᠭᠣᠣᠯ ᠠᠢ᠌ᠮᠠᠭ
      ᠲᠥᠪ᠎ᠤᠨ ᠵᠣᠬᠢᠶᠠᠨ ᠪᠠᠶ᠋ᠢᠭᠤᠯᠬᠤ ᠬᠡᠯᠲᠡᠰ᠎ᠠᠴᠠ ᠰᠣᠩᠭᠣᠨ ᠲᠣᠮᠢᠯᠠᠭᠰᠠᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ 《ᠪᠦᠯᠬᠦᠮ ᠮᠠᠶᠢᠭ》᠎ᠤᠨ ᠬᠠᠪᠰᠤᠷᠤᠨ ᠲᠡᠳᠬᠦᠬᠦ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯᠲᠡᠨ ᠵᠠᠩ ᠨᠠᠨ᠂ ᠯᠢ ᠯᠢ ᠫᠢᠩ ᠨᠠᠷ ᠤᠳᠤ ᠨᠢᠭᠡᠨᠲᠡ ᠰᠢᠯᠤᠭᠤᠨ ᠬᠥᠪᠡᠭᠡᠲᠦ ᠴᠠᠭ᠋ᠠᠨ ᠬᠣᠰᠢᠭᠤᠨ᠎ᠳᠤ ᠬᠦᠷᠴᠦ ᠭᠤᠷᠪᠠᠨ ᠵᠢᠯ᠎ᠤᠨ ᠬᠤᠭᠤᠴᠠᠭ᠎ᠠ᠎ᠲᠠᠢ ᠬᠠᠪᠰᠤᠷᠤᠨ ᠲᠡᠳᠬᠦᠬᠦ ᠠᠵᠢᠯ᠎ᠢ ᠥᠷᠨᠢᠭᠦᠯᠵᠦ ᠪᠤᠢ᠃
      ᠰᠢᠯᠢ ᠵᠢᠨ ᠭᠣᠣᠯ ᠠᠢ᠌ᠮᠠᠭ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ 《  ᠪᠦᠯᠬᠦᠮ ᠪᠠᠶ᠋ᠢᠭᠤᠯᠬᠤ ᠮᠠᠶᠢᠭ 》᠎ᠤᠨ ᠬᠠᠪᠰᠤᠷᠤᠨ ᠲᠡᠳᠬᠦᠬᠦ ᠠᠵᠢᠯ᠎ᠨᠢ ᠪᠥᠬᠥ ᠠᠢ᠌ᠮᠠᠭ᠎ᠤᠨ 4 ᠵᠢᠱ᠌ᠢᠶ᠎ᠡ ᠦᠵᠡᠭᠦᠯᠬᠦ ᠴᠢᠨᠠᠷᠲᠠᠢ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠴᠢ ᠰᠢᠯᠢᠩᠬᠣᠲᠠ ᠵᠢᠨ ᠭᠠᠵᠠᠷ ᠣᠷᠣᠨ ᠪᠣᠯᠣᠨ ᠲᠤᠯᠤᠨᠨᠠᠭᠤᠷ ᠰᠢᠶᠠᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ 9 ᠰᠢᠯᠢᠳᠡᠭ ᠰᠤᠷᠭ᠋ᠠᠭᠤᠯᠢ ᠵᠢ ᠵᠣᠬᠢᠴᠠᠭᠤᠯᠤᠨ ᠵᠣᠯᠭ᠋ᠠᠭᠤᠯᠵᠤ᠂ ᠰᠤᠷᠭ᠋ᠠᠨ ᠬᠥᠮᠦᠵᠢᠯ᠎ᠢ ᠳᠡᠮᠵᠢᠬᠦ ᠪᠠᠭᠰᠢ ᠵᠢ ᠰᠣᠩᠭᠣᠨ ᠲᠣᠮᠢᠯᠠᠬᠤ ᠪᠠ ᠰᠤᠷᠭ᠋ᠠᠨ ᠬᠥᠮᠦᠵᠢᠯ᠎ᠢ ᠳᠡᠮᠵᠢᠬᠦ ᠪᠦᠯᠬᠦᠮ ᠨᠡᠶ᠋ᠢᠲᠡ ᠵᠢ ᠵᠣᠬᠢᠶᠠᠨ ᠪᠠᠶ᠋ᠢᠭᠤᠯᠬᠤ ᠠᠵᠢᠯ᠎ᠢ ᠥᠷᠨᠢᠭᠦᠯᠪᠡ᠃ ᠡᠭᠦᠨ᠎ᠠᠴᠠ ᠭᠠᠳᠠᠨ᠎ᠠ ᠂ ᠪᠥᠬᠥ ᠠᠢ᠌ᠮᠠᠭ᠎ᠠᠴᠠ ᠰᠤᠷᠭ᠋ᠠᠨ ᠬᠥᠮᠦᠵᠢᠯ᠎ᠢ ᠳᠡᠮᠵᠢᠬᠦ ᠪᠠᠭᠰᠢ ᠵᠢ ᠨᠡᠶ᠋ᠢᠲᠡ 30 ᠰᠣᠩᠭᠣᠨ ᠲᠣᠮᠢᠯᠠᠵᠤ ᠂ ᠬᠠᠪᠰᠤᠷᠤᠨ ᠲᠡᠳᠬᠦᠬᠦ ᠪᠦᠯᠬᠦᠮ᠎ᠢ 13 ᠵᠣᠬᠢᠶᠠᠨ ᠪᠠᠢ᠌ᠭᠤᠯᠵᠤ ᠂ ᠰᠢᠯᠤᠭᠤᠨ ᠬᠥᠪᠡᠭᠡᠲᠦ ᠴᠠᠭ᠋ᠠᠨ ᠬᠣᠰᠢᠭᠤ ᠂ ᠰᠢᠯᠤᠭᠤᠨ ᠬᠥᠬᠡ ᠬᠣᠰᠢᠭᠤ ᠪᠠ ᠰᠥᠨᠢᠳ ᠵᠡᠭᠦᠨ ᠬᠣᠰᠢᠭᠤᠨ᠎ᠤ 7 ᠳᠤᠮᠳᠠᠳᠤ ᠪᠠᠭ᠎ᠠ ᠰᠤᠷᠭ᠋ᠠᠭᠤᠯᠢ ᠵᠢ ᠭᠣᠣᠯᠳᠠᠯᠭ᠎ᠠ᠎ᠲᠠᠢ ᠬᠠᠪᠰᠤᠷᠤᠨ ᠲᠡᠳᠬᠦᠵᠦ᠂ ᠪᠣᠶ ᠪᠦᠬᠦᠢ ᠰᠣᠩᠭᠣᠨ ᠲᠣᠮᠢᠯᠠᠭᠰᠠᠨ ᠪᠠᠭᠰᠢ ᠵᠢ ᠴᠥᠮ ᠪᠣᠳᠠᠲᠠᠢ᠌ᠵᠢᠭᠤᠯᠤᠭᠰᠠᠨ ᠪᠠᠢ᠌ᠨ᠎ᠠ ᠃

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠡᠭᠡᠵᠢᠩ ᠥᠪᠥᠷ ᠮᠣᠩᠭᠣᠯ᠎ᠤᠨ ᠬᠠᠮᠵᠢᠯᠴᠠᠨ ᠬᠥᠳᠡᠯᠮᠦᠷᠢ ᠦᠢ᠍ᠯᠡᠴᠢᠯᠡᠭᠡᠨ᠎ᠤ ᠲᠠᠪᠴᠠᠩ᠎ᠢ ᠰᠠᠢ᠌ᠲᠤᠷ ᠪᠠᠢ᠌ᠭᠤᠯᠵᠤ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ 《ᠬᠠᠢ ᠳ᠋ᠢᠶᠠᠨ᠎ᠤ ᠵᠠᠭᠪᠤᠷ 》᠎ᠢ ᠪᠣᠶ ᠪᠣᠯᠭ᠋ᠠᠨ᠎ᠠ
ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠷᠤᠭᠰᠢᠯᠠᠯᠲᠠ ᠵᠢᠨ ᠠᠶᠠᠰ᠎ᠢ ᠬᠠᠮᠲᠤᠪᠠᠷ ᠬᠥᠭᠵᠢᠮᠳᠡᠪᠡ
ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤ ᠄ ᠪᠡᠭᠡᠵᠢᠩ ᠥᠪᠥᠷ ᠮᠣᠩᠭᠣᠯ ᠬᠠᠮᠵᠢᠯᠴᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠪᠣᠶ
ᠪᠡᠭᠡᠵᠢᠩ ᠥᠪᠥᠷ ᠮᠣᠩᠭᠣᠯ ᠭᠠᠷ ᠬᠣᠯᠪᠣᠯᠴᠠᠨ 《ᠬᠣᠶᠠᠷ ᠰᠠᠭᠤᠷᠢᠨ ᠭᠠᠵᠠᠷ》᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ ᠰᠢᠨ᠎ᠡ ᠬᠠᠭᠤᠳᠠᠰᠤ ᠵᠢ ᠪᠢᠴᠢᠭᠯᠡᠵᠦ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠳᠤ ᠰᠣᠩᠭᠣᠭᠳᠠᠭᠰᠠᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠲᠠᠨᠢᠯᠴᠠᠭᠤᠯᠪᠠ
ᠲᠦᠩᠯᠢᠶᠣᠣ ᠬᠣᠲᠠ ᠵᠢᠨ ᠬᠦᠷᠢᠶ᠎ᠡ ᠬᠣᠰᠢᠭᠤ ᠄ 《1357》 ᠠᠵᠢᠯ᠎ᠤᠨ ᠠᠷᠭ᠎ᠠ ᠵᠢ ᠬᠡᠷᠡᠭᠵᠢᠭᠦᠯᠵᠦ ᠶᠠᠳᠠᠭᠤ ᠵᠢ ᠲᠡᠳᠬᠦᠬᠦ ᠲᠥᠷᠥᠯ ᠵᠦᠢ᠍ᠯ᠎ᠤᠨ ᠪᠡᠯᠡ ᠮᠥᠩᠭᠥ ᠡᠳ᠋ ᠬᠥᠷᠥᠩᠭᠡ ᠵᠢᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠨ᠎ᠠ
 
            