ᠦᠨᠡᠨᠴᠢ᠎ᠪᠠᠷ ᠠᠵᠢᠯᠯᠠᠵᠤ ᠬᠠᠪᠤᠷ ᠡᠷᠲᠡ ᠵᠢ ᠲᠡᠮᠡᠴᠡᠨ᠂ ᠢᠷᠡᠭᠡᠳᠦᠢ ᠵᠢᠨ ᠵᠠᠮ ᠵᠶ᠋ᠠᠷ ᠤᠷᠤᠭᠰᠢᠯᠠᠨ᠎ᠠ᠃ ᠰᠢ ᠵᠢᠨ ᠫᠢᠩ ᠤ ᠶᠡᠷᠦᠩᠬᠡᠢ ᠱᠦᠵᠢ ᠵᠢᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ ᠵᠢ ᠭᠦᠨᠵᠡᠭᠡᠢ᠌ᠷᠡᠭᠦᠯᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠬᠤᠳᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠠᠴᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠳᠤ ᠢᠳᠡᠪᠬᠢᠲᠡᠢ ᠠᠭᠤᠰᠤᠯᠴᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠪᠠᠶᠠᠨᠨᠠᠭᠤᠷ ᠬᠤᠳᠠ ᠵᠢᠨ ᠴᠢᠨᠠᠷ ᠰᠠᠢ᠌ᠲᠠᠢ ᠬᠥᠭᠵᠢᠯᠲᠡ᠎ᠳᠤ 《ᠰᠢᠨ᠎ᠡ ᠠᠮᠢᠵᠢᠷᠠᠯ᠎ᠤᠨ ᠬᠦᠴᠦᠨ》 ᠨᠡᠮᠡᠷᠢᠯᠡᠵᠡᠢ᠃
ᠨᠢᠭᠡ᠂ ᠴᠢᠳᠠᠪᠤᠷᠢᠲᠠᠨ᠎ᠢ ᠬᠥᠮᠥᠵᠢᠭᠦᠯᠵᠦ᠂ ᠠᠵᠤ ᠦᠢ᠍ᠯᠡᠰ᠎ᠢ ᠬᠥᠭᠵᠢᠭᠦᠯᠵᠦ᠂ 《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ》 ᠵᠢᠨ ᠰᠢᠨ᠎ᠡ ᠬᠥᠭᠥᠷᠭᠡ ᠵᠢ ᠪᠠᠢ᠌ᠭᠤᠯᠤᠨ᠎ᠠ
ᠪᠠᠶᠠᠨᠨᠠᠭᠤᠷ ᠬᠤᠳᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠴᠢᠳᠠᠪᠤᠷᠢᠲᠠᠨ᠂ ᠠᠵᠤ ᠦᠢ᠍ᠯᠡᠰ᠎ᠤᠨ ᠬᠣᠣᠰ ᠬᠦᠷᠳᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠵᠤ᠂ ᠲᠤᠰᠬᠠᠢ ᠮᠡᠷᠭᠡᠵᠢᠯ᠎ᠤᠨ ᠠᠵᠢᠯᠲᠠᠨ᠎ᠢ 《ᠭᠠᠳᠠᠭᠰᠢ ᠭᠠᠷᠭ᠋ᠠᠵᠤ》᠂ ᠲᠡᠷᠢᠭᠦᠨ᠎ᠤ ᠮᠡᠷᠭᠡᠵᠢᠯ᠎ᠢ 《ᠡᠭᠡᠭᠦᠯᠦᠨ ᠠᠪᠴᠢᠷᠠᠬᠤ》 ᠬᠡᠷᠡᠭᠲᠡᠢ᠃
2 ᠳ᠋ᠤᠭ᠋ᠠᠷ ᠰᠠᠷ᠎ᠠ ᠵᠢᠨ 5᠎ᠤ ᠡᠳᠦᠷ᠎ᠤᠨ ᠦᠳᠡ ᠵᠢᠨ ᠬᠣᠢ᠌ᠨ᠎ᠠ᠂ ᠪᠠᠶᠠᠨᠨᠠᠭᠤᠷ ᠬᠣᠲᠠ ᠵᠢᠨ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠲᠤᠰᠬᠠᠢ ᠮᠡᠷᠭᠡᠵᠢᠯ᠎ᠤᠨ ᠠᠵᠢᠯᠲᠠᠨ᠎ᠤ ᠪᠡᠭᠡᠵᠢᠩ᠎ᠳᠤ ᠣᠷᠣᠵᠤ ᠠᠵᠢᠯ᠎ᠤᠨ ᠪᠠᠢ᠌ᠷᠢ ᠳᠠᠭ᠋ᠠᠵᠤ ᠪᠣᠯᠪᠠᠰᠤᠷᠠᠯ ᠬᠦᠷᠲᠡᠭᠡᠬᠦ ᠡᠬᠢᠯᠡᠯᠲᠡ ᠵᠢᠨ ᠶᠣᠰᠣᠯᠠᠯ᠎ᠢ ᠠᠮᠵᠢᠯᠲᠠ᠎ᠲᠠᠢ ᠡᠷᠭᠢᠯᠡᠵᠦ᠂ 180 ᠡᠮᠴᠢ ᠰᠤᠪᠢᠯᠠᠭᠴᠢ᠂ 10 ᠪᠠᠭᠰᠢ᠂ 50 ᠳᠠᠭᠤᠷᠢᠶᠠᠮᠠᠯ ᠬᠡᠭᠡᠷ᠎ᠡ ᠵᠢᠨ ᠮᠣᠩᠭᠣᠯ ᠬᠢᠲᠠᠳ ᠡᠮ᠎ᠤᠨ ᠮᠠᠲ᠋ᠧᠷᠢᠶᠠᠯ᠎ᠤᠨ ᠲᠤᠰᠬᠠᠢ ᠮᠡᠷᠭᠡᠵᠢᠯ᠎ᠤᠨ ᠠᠵᠢᠯᠲᠠᠨ ᠪᠡᠭᠡᠵᠢᠩ᠎ᠳᠤ ᠬᠦᠷᠴᠦ ᠠᠵᠢᠯ᠎ᠤᠨ ᠪᠠᠢ᠌ᠷᠢ ᠳᠠᠭ᠋ᠠᠵᠤ ᠪᠣᠯᠪᠠᠰᠤᠷᠠᠯ ᠬᠦᠷᠲᠡᠭᠡᠪᠡ᠃ ᠨᠡᠢ᠌ᠰᠯᠡᠯ᠎ᠤᠨ ᠤᠯᠤᠰ ᠲᠦᠷᠦ᠂ ᠠᠵᠤ ᠠᠬᠤᠢ᠂ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠠᠵᠤ ᠦᠢ᠍ᠯᠡᠰ᠎ᠤᠨ ᠳᠠᠪᠠᠭᠤᠯᠢᠭ᠎ᠢ ᠥᠷᠭᠡᠳᠬᠡᠵᠦ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠲᠦᠯᠬᠢᠨ ᠠᠬᠢᠭᠤᠯᠤᠨ᠎ᠠ᠃ ᠠᠵᠢᠯ᠎ᠤᠨ ᠪᠠᠢ᠌ᠷᠢ ᠳᠠᠭ᠋ᠠᠵᠤ ᠣᠨᠣᠯ ᠰᠤᠷᠤᠯᠴᠠᠬᠤ᠂ ᠦᠢ᠍ᠯᠡᠳᠦᠯᠭᠡ᠎ᠪᠠᠷ ᠰᠤᠷᠤᠯᠴᠠᠬᠤ ᠠᠷᠭ᠎ᠠ ᠮᠠᠶᠢᠭ ᠵᠶ᠋ᠠᠷ ᠡᠮᠴᠢ᠂ ᠪᠠᠭᠰᠢ᠂ ᠮᠣᠩᠭᠣᠯ ᠬᠢᠲᠠᠳ ᠡᠮ᠎ᠤᠨ ᠮᠠᠲ᠋ᠧᠷᠢᠶᠠᠯ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠬᠠᠮᠲᠤᠷᠠᠯᠴᠠᠭ᠎ᠠ ᠵᠢ ᠵᠣᠯᠭ᠋ᠠᠭᠤᠯᠬᠤ ᠵᠢ ᠴᠢᠩᠭ᠋ᠠᠳᠬᠠᠨ᠂ ᠣᠯᠠᠨ ᠲᠠᠯ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠪᠥᠬᠥ ᠬᠣᠲᠠ ᠵᠢᠨ ᠡᠮᠴᠢᠯᠡᠭᠡ᠂ ᠰᠤᠷᠭ᠋ᠠᠨ ᠬᠥᠮᠦᠵᠢᠯ᠂ ᠮᠡᠷᠭᠡᠵᠢᠯ᠂ ᠠᠵᠤ ᠦᠢ᠍ᠯᠡᠰ᠂ ᠴᠢᠳᠠᠪᠤᠷᠢᠲᠠᠨ᠎ᠤ ᠡᠩᠨᠡᠭᠡ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃
ᠬᠣᠶᠠᠷ᠂ 《ᠨᠢᠭᠡ ᠵᠢ ᠭᠦᠨᠵᠡᠭᠡᠢ᠌ᠷᠡᠭᠦᠯᠬᠦ》᠎ᠪᠠᠷ ᠭᠣᠣᠯ ᠪᠣᠯᠭ᠋ᠠᠵᠤ᠂ ᠬᠤᠳᠠᠯᠳᠤᠭ᠋ᠠᠴᠢᠨ ᠤᠷᠢᠬᠤ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠤᠨ᠎ᠠ
ᠠᠵᠤ ᠦᠢ᠍ᠯᠡᠰ᠎ᠤᠨ ᠵᠣᠯᠭ᠋ᠠᠯᠴᠠᠭ᠎ᠠ ᠵᠢ ᠭᠦᠨᠵᠡᠭᠡᠢ᠌ᠷᠡᠭᠦᠯᠵᠦ᠂ ᠪᠠᠶᠠᠨᠨᠠᠭᠤᠷ ᠬᠣᠲᠠ ᠵᠢᠨ ᠴᠢᠨᠠᠷ ᠰᠠᠢ᠌ᠲᠠᠢ ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠡᠭᠡᠵᠢᠩ᠎ᠳᠤ ᠣᠷᠣᠭᠤᠯᠬᠤ ᠵᠠᠮ ᠮᠥᠷ᠎ᠢ ᠤᠯᠠᠮ ᠨᠢᠭᠡ ᠠᠯᠬᠤᠮ ᠰᠠᠭ᠋ᠠᠳ ᠦᠭᠡᠢ ᠨᠡᠪᠲᠡᠷᠡᠭᠦᠯᠦᠨ᠎ᠡ᠃ ᠪᠠᠶᠠᠨᠨᠠᠭᠤᠷ ᠬᠤᠳᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠤᠰᠬᠠᠢ ᠬᠥᠮᠥᠨ ᠲᠣᠮᠢᠯᠠᠨ ᠴᠠᠭ ᠮᠥᠴᠡ ᠵᠢ ᠠᠯᠳᠠᠯ ᠦᠭᠡᠢ ᠪᠡᠭᠡᠵᠢᠩ ᠬᠤᠳᠠ ᠵᠢᠨ ᠡᠯ᠎ᠡ ᠲᠣᠭᠣᠷᠢᠭ᠎ᠲᠤ ᠬᠦᠷᠴᠦ ᠠᠵᠤ ᠠᠬᠤᠢ᠌ᠯᠠᠯ᠎ᠳᠤ ᠠᠢ᠌ᠯᠴᠢᠯᠠᠵᠤ᠂ ᠱᠦᠨ ᠰᠢᠨ ᠲᠠᠷᠢᠶᠠᠯᠠᠩ᠂ ᠶᠠᠨᠵᠢᠩ ᠫᠢᠸᠤ᠋ ᠵᠢᠨ ᠺᠣᠮᠫᠠᠨᠢ᠂ ᠠᠩᠬᠠᠳᠠᠭᠴᠢ ᠠᠭ᠋ᠠᠷ᠎ᠤᠨ ᠠᠶᠠᠯᠠᠯ᠎ᠤᠨ ᠺᠣᠮᠫᠠᠨᠢ ᠵᠢᠨ ᠬᠡᠳᠦ ᠳᠡᠯᠭᠡᠭᠦᠷ ᠵᠡᠷᠭᠡ 7 ᠠᠵᠤ ᠠᠬᠤᠢ᠌ᠯᠠᠯ᠎ᠲᠠᠢ ᠬᠠᠮᠲᠤᠷᠠᠯᠴᠠᠭ᠋ᠠᠨ᠎ᠤ ᠤᠴᠢᠷ ᠶᠠᠪᠤᠳᠠᠯ᠎ᠢ ᠵᠥᠪᠳᠡᠯᠴᠡᠪᠡ᠃ ᠣᠲᠣ ᠪᠣᠯᠲᠠᠯ᠎ᠠ᠂ ᠱᠦᠨ ᠰᠢᠨ ᠺᠣᠮᠫᠠᠨᠢ᠂ ᠱᠧᠦ ᠬᠠᠩ ᠬᠡᠲᠦ ᠳᠡᠯᠭᠡᠭᠦᠷ᠂ ᠤᠯᠤᠰ᠎ᠤᠨ ᠡᠮ᠎ᠤᠨ ᠪᠦᠯᠦᠭᠯᠡᠯ᠎ᠤᠨ ᠪᠡᠭᠡᠵᠢᠩ᠎ᠤᠨ ᠬᠤᠸᠠ ᠮᠢᠶᠣᠣ ᠡᠮ᠎ᠤᠨ ᠦᠢ᠍ᠯᠡᠰ᠎ᠤᠨ ᠬᠢᠵᠠᠭ᠋ᠠᠷᠲᠤ ᠺᠣᠮᠫᠠᠨᠢ᠂ ᠵᠧᠦ ᠣᠪᠣᠭᠲᠤ ᠵᠢᠨ ᠱ᠌ᠢ ᠵᠧᠨ ᠲᠠᠩ ᠡᠮ᠎ᠤᠨ ᠦᠢ᠍ᠯᠡᠰ᠎ᠤᠨ ᠺᠣᠮᠫᠠᠨᠢ᠂ ᠪᠡᠭᠡᠵᠢᠩ᠎ᠤᠨ ᠲᠦᠩ ᠷᠧᠨ ᠲᠠᠩ ᠵᠡᠷᠭᠡ 5 ᠺᠣᠮᠫᠠᠨᠢ᠎ᠲᠠᠢ ᠠᠩᠬ᠎ᠠ ᠠᠯᠬᠤᠮ᠎ᠤᠨ ᠬᠠᠮᠲᠤᠷᠠᠯᠴᠠᠭ᠋ᠠᠨ᠎ᠤ ᠰᠠᠨᠠᠮᠵᠢ ᠲᠣᠬᠢᠷᠠᠯᠴᠠᠪᠠ; ᠱᠧᠦ ᠨᠦᠩ ᠶᠤᠸᠠᠢ ᠱᠧᠩ ᠵᠠᠢ ᠲᠠᠢ ᠤᠤᠯ᠎ᠤᠨ ᠬᠡᠯᠡᠯᠴᠡᠭᠡᠷ ᠵᠶ᠋ᠡᠨ ᠦᠯᠡᠳᠡᠭᠡᠬᠦ ᠵᠢᠨ ᠵᠡᠷᠭᠡ᠎ᠳᠤ ᠪᠠᠰᠠ 《ᠨᠡᠮᠡᠭᠳᠡᠯ᠎ᠤᠨ ᠬᠡᠮᠵᠢᠶ᠎ᠡ》 ᠨᠡᠮᠡᠨ᠎ᠡ᠃ ᠪᠣᠷᠣᠳᠣᠬᠣᠢ ᠵᠢᠨ ᠴᠢᠨᠠᠷ ᠰᠠᠢ᠌ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ 《ᠭᠠᠳᠠᠭᠰᠢ ᠭᠠᠷᠬᠤ》᠎ᠳᠤ ᠪᠣᠷᠤᠯᠠᠭᠤᠯᠭ᠎ᠠ ᠵᠢᠨ ᠵᠠᠮ ᠨᠡᠭᠡᠭᠡᠨ ᠥᠭᠴᠦ᠂ ᠪᠠᠶᠠᠨ ᠴᠢᠨᠡᠭᠡᠯᠢᠭ ᠵᠠᠮ ᠨᠡᠭᠡᠭᠡᠨ ᠥᠭᠴᠦ᠂ ᠠᠵᠢᠯ ᠲᠥᠷᠥᠯ᠎ᠤᠨ ᠬᠥᠭᠵᠢᠯᠲᠡ ᠵᠢ ᠠᠬᠢᠭᠤᠯᠬᠤ᠎ᠳᠤ ᠰᠠᠭᠤᠷᠢ ᠲᠠᠯᠪᠢᠨ᠎ᠠ᠃
ᠭᠤᠷᠪᠠ᠂ 《ᠲᠡᠷᠢᠭᠦᠨ᠎ᠤ ᠨᠡᠢ᠌ᠲᠡᠯᠢᠭ ᠵᠢᠱ᠌ᠢᠶ᠎ᠡ》᠎ᠪᠠᠷ ᠬᠡᠪ ᠳᠠᠭᠤᠷᠢᠶᠠᠯ ᠪᠣᠯᠭ᠋ᠠᠵᠤ᠂ ᠪᠡᠭᠡᠵᠢᠩ ᠥᠪᠥᠷ ᠮᠣᠩᠭᠣᠯ᠎ᠤᠨ ᠢᠳᠡᠪᠬᠢ ᠬᠦᠴᠦᠨ᠎ᠢ ᠢᠯᠡᠷᠡᠭᠦᠯᠬᠦ ᠬᠡᠷᠡᠭᠲᠡᠢ
ᠨᠡᠢ᠌ᠲᠡᠯᠢᠭ ᠵᠢᠱ᠌ᠢᠶ᠎ᠡ ᠳᠠᠭᠤᠷᠢᠶᠠᠯ᠎ᠢ ᠪᠤᠢ ᠪᠣᠯᠭ᠋ᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠵᠤ ᠤᠷᠤᠭᠰᠢᠯᠠᠭᠤᠯᠤᠨ᠎ᠠ᠃ ᠮᠠᠨ᠎ᠤ ᠬᠣᠲᠠ ᠵᠢᠨ ᠤᠷᠠᠳ᠎ᠤᠨ ᠳᠤᠮᠳᠠᠳᠤ ᠬᠣᠰᠢᠭᠤᠨ᠎ᠤ ᠠᠷᠠᠳ᠎ᠤᠨ ᠡᠮᠨᠡᠯᠭᠡ ᠵᠢᠨ ᠬᠣᠷᠢᠶᠠᠨ᠎ᠤ ᠬᠦᠨᠳᠦ ᠡᠪᠡᠳᠴᠢᠨ᠎ᠤ ᠠᠨᠠᠭ᠋ᠠᠬᠤ ᠤᠬᠠᠭ᠋ᠠᠨ᠎ᠤ ᠰᠠᠯᠠᠭ᠋ᠠᠨ᠎ᠤ ᠳᠡᠳ᠋ ᠡᠷᠬᠢᠯᠡᠭᠴᠢ ᠴᠧᠨ ᠭᠠᠩ ᠡᠮᠴᠢ᠂ ᠲᠦᠷᠭᠡᠨ ᠡᠮᠨᠡᠯᠭᠡ ᠵᠢᠨ ᠰᠠᠯᠠᠭ᠋ᠠᠨ᠎ᠤ ᠳᠡᠳ᠋ ᠡᠷᠬᠢᠯᠡᠭᠴᠢ ᠯᠢ ᠹᠦ᠋ ᠷᠦᠩ ᠡᠮᠴᠢ ᠰᠥᠨᠢ ᠳᠦᠯᠢ ᠵᠢᠨ ᠭᠠᠵᠠᠷ ᠳᠣᠥᠷᠠᠬᠢ ᠲᠡᠮᠦᠷ ᠵᠠᠮ ᠳᠡᠭᠡᠷ᠎ᠡ ᠡᠮᠡᠭᠲᠡᠢ᠌ᠴᠦᠳ᠎ᠤᠨ ᠠᠮᠢ ᠨᠠᠰᠤ ᠵᠢ ᠠᠪᠤᠷᠠᠬᠤ ᠵᠢᠨ ᠲᠥᠯᠥᠭᠡ 《ᠵᠢᠷᠦᠬᠡᠨ ᠰᠤᠷᠪᠤᠯᠵᠢᠲᠤ ᠭᠡᠨᠡᠳᠲᠡ ᠵᠣᠭᠰᠣᠭᠰᠠᠨ》 ᠪᠠᠢ᠌ᠳᠠᠯ ᠢ ᠠᠪᠤᠷᠠᠬᠤ ᠵᠢᠨ ᠲᠥᠯᠥᠭᠡ ᠬᠥᠮᠥᠨ᠎ᠤ ᠰᠡᠳᠬᠢᠯ ᠢ ᠬᠥᠳᠡᠯᠭᠡᠮ᠎ᠡ ᠦᠢᠯᠡ ᠶᠠᠪᠤᠳᠠᠯ ᠴᠣᠯᠭᠣᠷᠠᠨ ᠭᠠᠷᠴᠠᠢ᠃ ᠪᠡᠭᠡᠵᠢᠩ᠎ᠤᠨ ᠹᠦ᠋ ᠰᠢᠩ ᠡᠮᠨᠡᠯᠭᠡ ᠵᠢᠨ ᠬᠣᠷᠢᠶ᠎ᠠ᠂ ᠠᠷᠠᠳ᠎ᠤᠨ ᠰᠦᠯᠵᠢᠶ᠎ᠡ ᠵᠢᠨ ᠥᠪᠥᠷ ᠮᠣᠩᠭᠣᠯ᠂ ᠠᠯᠠᠭ᠋ᠠᠨ ᠳᠡᠭᠡᠷᠡᠬᠢ ᠪᠠᠶᠠᠨᠨᠠᠭᠤᠷ ᠵᠡᠷᠭᠡ ᠣᠯᠠᠨ ᠨᠡᠶ᠋ᠢᠲᠡ ᠵᠢᠨ ᠵᠠᠭᠤᠴᠢᠯᠠᠭᠤᠷ᠎ᠤᠨ᠎ᠬᠢᠨ ᠴᠥᠮ ᠲᠣᠰ ᠬᠡᠷᠡᠭ᠎ᠤᠨ ᠵᠢᠱ᠌ᠢᠶ᠎ᠡ ᠵᠢ ᠮᠡᠳᠡᠭᠡᠯᠡᠪᠡ᠃ ᠮᠠᠨ᠎ᠤ ᠬᠣᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠤᠳᠤᠷᠢᠳᠤᠯᠭ᠎ᠠ ᠪᠣᠯᠣᠨ ᠪᠡᠭᠡᠵᠢᠩ᠎ᠤᠨ ᠹᠦ᠋ ᠰᠢᠩ ᠡᠮᠨᠡᠯᠭᠡ ᠵᠢᠨ ᠬᠣᠷᠢᠶ᠎ᠠ ᠵᠢᠨ ᠤᠳᠤᠷᠢᠳᠤᠯᠭ᠎ᠠ ᠬᠠᠮᠲᠤ᠎ᠪᠠᠷ ᠬᠣᠶᠠᠷ ᠡᠮᠴᠢ᠎ᠳᠤ ᠬᠡᠮᠡᠷᠯᠢᠭ ᠲᠤᠭ ᠣᠯᠭᠣᠵᠤ᠂ ᠲᠡᠳᠡᠨ᠎ᠤ ᠠᠶᠤᠯ ᠲᠦᠭᠰᠢᠭᠦᠷᠢᠲᠡᠢ ᠦᠶ᠎ᠡ᠎ᠳᠤ ᠬᠣᠲᠠ ᠵᠢᠨ ᠠᠷᠠᠳ᠎ᠢ ᠠᠪᠤᠷᠠᠬᠤ᠎ᠳᠠᠭᠠᠨ 《ᠦᠬᠦᠯ᠎ᠠᠴᠠ ᠠᠪᠤᠷᠠᠨ ᠰᠢᠷᠬᠠᠲᠤᠭᠰᠠᠳ᠎ᠢ ᠲᠡᠩᠬᠡᠷᠡᠭᠦᠯᠬᠦ᠂ ᠡᠮᠴᠢ ᠡᠨᠡᠷᠢᠩᠭᠦᠢ ᠰᠡᠳᠬᠢᠯ᠎ᠲᠠᠢ᠂ ᠶᠡᠬᠡ ᠬᠠᠢ᠌ᠷᠠᠲᠠᠢ》 ᠪᠠᠢ᠌ᠬᠤ ᠵᠣᠷᠢᠭ ᠰᠠᠨᠠᠭ᠎ᠠ ᠵᠢ ᠢᠯᠡᠷᠡᠭᠦᠯᠵᠦ᠂ ᠪᠠᠶᠠᠨᠨᠠᠭᠤᠷᠴᠤᠳ᠎ᠤᠨ ᠪᠡᠭᠡᠵᠢᠩ᠎ᠳᠠᠬᠢ 《ᠰᠠᠢ᠌ᠨ ᠳᠦᠷᠢ ᠲᠥᠷᠬᠦ》 ᠵᠢ ᠪᠣᠶ ᠪᠣᠯᠭ᠋ᠠᠭᠰᠠᠨ ᠪᠠᠢ᠌ᠨ᠎ᠠ᠃
ᠳᠥᠷᠪᠡ ᠂ 《ᠭᠤᠷᠪᠠ ᠵᠢ ᠴᠢᠩᠭ᠎ᠠ ᠠᠳᠬᠤᠬᠤ》᠎ᠪᠠᠷ ᠭᠣᠣᠯ ᠰᠢᠵᠢᠮ ᠪᠣᠯᠭ᠋ᠠᠵᠤ᠂ ᠶᠠᠰᠤ ᠴᠢᠨᠠᠷ ᠲᠣᠭ᠎ᠠ ᠬᠡᠮᠵᠢᠶ᠎ᠡ ᠵᠢ ᠪᠠᠲᠤᠯᠠᠨ ᠬᠠᠮᠢᠶᠠᠷᠤᠯᠲᠠ ᠵᠢ ᠠᠳᠬᠤᠬᠤ ᠬᠡᠷᠡᠭᠲᠡᠢ
ᠨᠢᠭᠡ᠎ᠳᠤ᠂ ᠰᠤᠷᠤᠭᠴᠢᠳ᠎ᠤᠨ ᠬᠠᠨᠤᠮᠵᠢ ᠵᠢᠨ ᠬᠡᠮᠵᠢᠶ᠎ᠡ ᠵᠢ 240 ᠰᠤᠷᠤᠬ᠍ᠴᠢ ᠵᠢᠨ ᠬᠣᠨᠣᠵᠤ ᠪᠠᠢ᠌ᠭ᠎ᠠ 10 ᠪᠠᠭᠤᠳᠠᠯ ᠵᠢᠴᠢ ᠪᠡᠭᠡᠵᠢᠩ ᠬᠤᠳᠠ ᠵᠢᠨ ᠤᠨᠵᠢᠭᠢᠷ ᠤᠳᠠ ᠡᠮᠨᠡᠯᠭᠡ ᠵᠢᠨ ᠬᠣᠷᠢᠶ᠎ᠠ ᠂ ᠲᠦᠩ ᠷᠧᠨ ᠲᠠᠩ ᠂ ᠴᠣᠣᠶᠠᠩ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠰᠤᠳᠤᠯᠭ᠋ᠠᠨ᠎ᠤ ᠲᠥᠪ᠎ᠤᠨ ᠬᠠᠷᠢᠶᠠᠲᠤ ᠰᠤᠷᠭ᠋ᠠᠭᠤᠯᠢ ᠵᠡᠷᠭᠡ 20 ᠭᠠᠷᠤᠢ ᠤᠨᠤᠯ᠂ ᠦᠢ᠍ᠯᠡᠳᠦᠯᠭᠡ ᠵᠢᠨ ᠠᠵᠢᠯ᠎ᠤᠨ ᠪᠠᠢ᠌ᠷᠢ᠎ᠲᠠᠭᠠᠨ ᠪᠣᠯᠪᠠᠰᠤᠷᠠᠯ ᠬᠦᠷᠲᠡᠭᠡᠬᠦ ᠭᠠᠵᠠᠷ ᠵᠶ᠋ᠠᠷ ᠪᠠᠢ᠌ᠴᠠᠭ᠋ᠠᠨ ᠰᠤᠷᠪᠤᠯᠵᠢᠯᠠᠵᠤ᠂ ᠢᠳᠡᠵᠦ ᠤᠤᠭᠤᠬᠤ ᠬᠣᠨᠣᠵᠤ ᠬᠡᠪᠲᠡᠬᠦ ᠪᠠ ᠪᠣᠯᠪᠠᠰᠤᠷᠠᠯ ᠰᠤᠷᠤᠯᠴᠠᠯᠭ᠎ᠠ ᠵᠢᠨ ᠪᠠᠢ᠌ᠳᠠᠯ᠎ᠢ ᠪᠠᠢ᠌ᠴᠠᠭ᠋ᠠᠨ ᠣᠢ᠌ᠯᠠᠭ᠋ᠠᠵᠤ᠂ 《ᠬᠡᠷᠡᠭ᠎ᠢ ᠰᠥᠨᠢ ᠥᠩᠭᠡᠷᠡᠭᠦᠯᠬᠦ ᠦᠭᠡᠢ》ᠵᠠᠷᠴᠢᠮ᠎ᠢ ᠪᠠᠷᠢᠮᠲᠠᠯᠠᠵᠤ᠂ ᠭᠤᠷᠪᠠᠨ ᠲᠠᠯ᠎ᠠ ᠵᠢᠨ᠎ᠬᠢᠨ᠎ᠢ ᠴᠠᠭ ᠲᠤᠬᠠᠢᠳᠤᠨᠢ ᠵᠣᠬᠢᠴᠠᠭᠤᠯᠤᠨ ᠰᠢᠢ᠍ᠳᠪᠦᠷᠢᠯᠡᠵᠦ᠂ ᠤᠳᠤ ᠪᠣᠯᠲᠠᠯ᠎ᠠ᠂ ᠨᠠᠢ᠍ᠢ᠍ᠳᠠ 30 ᠭᠠᠷᠤᠢ ᠰᠤᠷᠤᠬ᠍ᠴᠢ ᠵᠢᠨ ᠬᠠᠷᠢᠭᠤ ᠲᠤᠰᠬᠠᠭᠰᠠᠨ ᠠᠰᠠᠭᠤᠳᠠᠯ᠎ᠢ ᠰᠢᠢ᠍ᠳᠪᠦᠷᠢᠯᠡᠪᠡ᠃ ᠬᠣᠶᠠᠷ᠎ᠲᠤ ᠪᠣᠯᠪᠠᠰᠤᠷᠠᠭᠤᠯᠤᠯ᠎ᠤᠨ ᠰᠠᠬᠢᠯᠭ᠎ᠠ ᠪᠠᠲᠤ ᠵᠢ ᠴᠢᠩᠭ᠎ᠠ ᠠᠳᠬᠤᠨ᠎ᠠ᠃ ᠬᠣᠵᠢᠭᠳᠠᠭᠰᠠᠨ᠂ ᠡᠷᠲᠡ ᠪᠠᠭᠤᠭᠰᠠᠨ᠂ ᠰᠢᠯᠲᠠᠭ᠋ᠠᠨ ᠦᠭᠡᠢ᠎ᠪᠠᠷ ᠬᠢᠴᠢᠶᠡᠯ᠎ᠠᠴᠠ ᠰᠠᠭ᠋ᠠᠲᠠᠭᠰᠠᠨ ᠵᠡᠷᠭᠡ ᠪᠣᠯᠪᠠᠰᠤᠷᠠᠭᠤᠯᠤᠯ᠎ᠤᠨ ᠲᠣᠭᠲᠠᠭ᠋ᠠᠯ ᠠᠴᠠ ᠵᠥᠷᠢᠴᠡᠭᠰᠡᠨ 4 ᠪᠣᠯᠪᠠᠰᠤᠷᠠᠭᠤᠯᠤᠯ᠎ᠤᠨ ᠠᠵᠢᠯᠲᠠᠨ ᠢ ᠴᠠᠭ ᠲᠤᠬᠠᠢᠳᠤᠨᠢ ᠵᠠᠷᠯᠠᠨ ᠮᠡᠳᠡᠭᠳᠡᠵᠦ᠂ ᠰᠠᠨᠠᠭᠤᠯᠤᠨ ᠶᠠᠷᠢᠯᠴᠠᠵᠤ᠂ ᠰᠠᠬᠢᠯᠭ᠎ᠠ ᠪᠠᠲᠤ ᠵᠢᠨ ᠦᠵᠡᠯ ᠤᠬᠠᠮᠰᠠᠷ ᠢ ᠴᠢᠩᠭ᠋ᠠᠷᠠᠭᠤᠯᠪᠠ᠃ ᠭᠤᠷᠪᠠ᠎ᠳᠤ ᠪᠣᠯᠪᠠᠰᠤᠷᠠᠭᠤᠯᠤᠯ᠎ᠤᠨ ᠶᠠᠰᠤ ᠴᠢᠨᠠᠷ᠎ᠢ ᠴᠢᠩᠭ᠎ᠠ ᠠᠩᠬᠠᠷᠬᠤ ᠬᠡᠷᠡᠭᠲᠡᠢ᠃ ᠪᠠᠶᠠᠨᠨᠠᠭᠤᠷ ᠬᠣᠲᠠ ᠵᠢᠨ ᠬᠥᠭᠵᠢᠯᠲᠡ ᠵᠢᠨ ᠣᠳᠣᠬᠢ ᠪᠠᠢ᠌ᠳᠠᠯ᠂ ᠪᠣᠯᠪᠠᠰᠤᠷᠠᠭᠤᠯᠤᠯ᠎ᠳᠤ ᠣᠷᠣᠯᠴᠠᠭᠰᠠᠳ᠎ᠤᠨ ᠲᠤᠰᠬᠠᠢ ᠮᠡᠷᠭᠡᠵᠢᠯ᠎ᠲᠠᠢ ᠤᠶᠠᠯᠳᠤᠭᠤᠯᠤᠨ᠂ ᠪᠣᠯᠪᠠᠰᠤᠷᠠᠭᠤᠯᠤᠯ᠎ᠤᠨ ᠲᠠᠯ᠎ᠠ ᠵᠢᠨ᠎ᠬᠢᠨ᠎ᠲᠠᠢ ᠵᠣᠬᠢᠴᠠᠭᠤᠯᠤᠨ ᠨᠠᠷᠢᠯᠢᠭ ᠣᠨᠣᠴᠠᠲᠠᠢ᠎ᠪᠠᠷ ᠬᠢᠴᠢᠶᠡᠯ ᠲᠣᠬᠢᠷᠠᠭᠤᠯᠵᠤ᠂ ᠥᠪᠡᠷᠮᠢᠴᠡ ᠪᠣᠯᠪᠠᠰᠤᠷᠠᠭᠤᠯᠤᠯ᠎ᠤᠨ ᠲᠥᠰᠥᠯ ᠲᠣᠭᠲᠠᠭ᠋ᠠᠨ᠂ ᠪᠥᠬᠥ ᠶᠠᠪᠤᠴᠠ᠎ᠳᠤ ᠰᠢᠮᠳᠠᠭᠤᠯᠤᠨ ᠵᠢᠯᠤᠭᠣᠳᠴᠤ ᠪᠠᠢ᠌ᠭ᠋ᠠᠳ ᠪᠣᠯᠪᠠᠰᠤᠷᠠᠭᠤᠯᠤᠯ᠎ᠤᠨ ᠦᠷ᠎ᠡ ᠪᠦᠲᠦᠮᠵᠢ ᠵᠢ ᠲᠣᠬᠢᠷᠠᠭᠤᠯᠤᠨ᠎ᠠ᠃
ᠲᠠᠪᠤ ᠂ 《ᠳᠥᠷᠪᠡ ᠵᠢ ᠵᠣᠯᠭ᠋ᠠᠭᠤᠯᠬᠤ》᠎ᠪᠠᠷ ᠭᠣᠣᠯᠳᠠᠯᠭ᠎ᠠ ᠪᠣᠯᠭ᠋ᠠᠵᠤ ᠂ ᠭᠠᠯ᠎ᠤᠨ ᠬᠦᠴᠦᠨ ᠵᠶ᠋ᠡᠷ ᠬᠠᠮᠲᠤᠷᠠᠯᠴᠠᠭ᠎ᠠ ᠵᠢᠨ ᠲᠤᠬᠠᠢ ᠪᠦᠬᠦ ᠲᠠᠯ᠎ᠠ᠎ᠪᠠᠷ ᠶᠠᠷᠢᠯᠴᠠᠨ᠎ᠠ
ᠨᠢᠭᠡ᠎ᠳᠤ ᠂ ᠬᠠᠮᠲᠤᠷᠠᠯᠴᠠᠭ᠎ᠠ ᠵᠢ ᠳᠡᠮᠵᠢᠬᠦ ᠪᠠᠢ᠌ᠭᠤᠯᠤᠯᠭ᠎ᠠ ᠵᠢ ᠵᠣᠯᠭ᠋ᠠᠭᠤᠯᠬᠤ ᠵᠢ ᠪᠡᠭᠡᠵᠢᠩ᠎ᠤᠨ ᠲᠤᠰᠠᠯᠠᠬᠤ ᠬᠣᠷᠰᠢᠶᠠᠨ᠎ᠤ ᠬᠠᠮᠲᠤᠷᠠᠨ ᠡᠷᠬᠢᠯᠡᠬᠦ ᠭᠠᠵᠠᠷ᠎ᠲᠤ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠬᠤ ᠵᠦᠢ᠍ᠯᠡᠰ᠎ᠤᠨ ᠠᠵᠢᠯ᠎ᠤᠨ ᠠᠬᠢᠴᠠ ᠵᠢ ᠬᠠᠷᠢᠭᠤ ᠮᠡᠳᠡᠭᠦᠯᠵᠦ᠂ ᠵᠦᠢ᠍ᠯᠡᠰ᠎ᠤᠨ ᠵᠣᠬᠢᠴᠠᠭᠤᠯᠭ᠎ᠠ ᠳᠡᠮᠵᠢᠯᠭᠡ ᠵᠢ ᠣᠯᠬᠤ᠎ᠪᠠᠷ ᠴᠢᠷᠮᠠᠢ᠌ᠬᠤ ᠵᠢ ᠪᠡᠭᠡᠵᠢᠩ᠎ᠤᠨ ᠲᠤᠰᠠᠯᠠᠬᠤ ᠬᠣᠷᠰᠢᠶᠠᠨ᠎ᠤ ᠬᠠᠮᠲᠤᠷᠠᠨ ᠡᠷᠬᠢᠯᠡᠬᠦ ᠭᠠᠵᠠᠷ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠭᠤᠷᠪᠠᠳᠤᠭ᠋ᠠᠷ ᠰᠠᠷ᠎ᠠ ᠵᠢᠨ ᠰᠢᠨᠡᠳ ᠵᠶ᠋ᠡᠷ ᠪᠡᠭᠡᠵᠢᠩ᠎ᠤᠨ ᠲᠠᠷᠢᠶᠠᠯᠠᠩ ᠮᠠᠯ ᠠᠵᠤ ᠠᠬᠤᠢ᠎ᠳᠤ ᠬᠣᠯᠪᠣᠭᠳᠠᠬᠤ ᠬᠣᠯᠪᠣᠭᠳᠠᠯ ᠪᠦᠬᠦᠢ ᠠᠵᠤ ᠠᠬᠤᠢ᠌ᠯᠠᠯ᠎ᠢ ᠳᠠᠭ᠋ᠠᠭᠤᠯᠤᠨ ᠮᠠᠨ᠎ᠤ ᠬᠤᠳᠠ᠎ᠳᠤ ᠢᠷᠡᠵᠦ ᠲᠣᠭᠣᠷᠢᠨ ᠪᠠᠢ᠌ᠴᠠᠭ᠋ᠠᠬᠤ᠎ᠪᠠᠷ ᠲᠥᠯᠥᠪᠯᠡᠵᠦ ᠪᠠᠢ᠌ᠨ᠎ᠠ ᠃
ᠬᠣᠶᠠᠷ᠎ᠲᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠢ ᠵᠣᠯᠭ᠋ᠠᠭᠤᠯᠬᠤ ᠵᠢ ᠴᠢᠩᠭ᠋ᠠᠳᠬᠠᠨ᠎ᠠ᠃ ᠳᠤᠮᠳᠠᠳᠤ ᠤᠯᠤᠰ᠎ᠤᠨ ᠡᠮᠨᠡᠯᠭᠡ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠡᠮ᠎ᠳᠤ ᠣᠷᠣᠬᠤ ᠤᠷᠭᠤᠮᠠᠯ᠎ᠤᠨ ᠰᠤᠳᠤᠯᠭ᠋ᠠᠨ᠎ᠤ ᠭᠠᠵᠠᠷ᠂ ᠤᠯᠤᠰ᠎ᠤᠨ ᠬᠠᠯᠠᠭᠤᠨ ᠪᠦᠰᠡᠨ᠎ᠤ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ ᠲᠥᠪ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠡᠷᠭᠡ 5 ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠠᠢ ᠮᠡᠷᠭᠡᠵᠢᠯ᠎ᠤᠨ ᠳᠡᠮᠵᠢᠯᠭᠡ᠂ ᠪᠦᠲᠦᠭᠡᠭᠳᠡᠬᠦᠨ᠎ᠢ ᠰᠤᠳᠤᠯᠤᠨ ᠨᠡᠭᠡᠭᠡᠬᠦ ᠬᠠᠮᠲᠤᠷᠠᠯᠴᠠᠭ᠋ᠠᠨ᠎ᠤ ᠰᠠᠨᠠᠮᠵᠢ᠎ᠲᠠᠢ ᠪᠣᠯᠪᠠ; ᠳᠤᠮᠳᠠᠳᠤ ᠤᠯᠤᠰ᠎ᠤᠨ ᠬᠢᠲᠠᠳ ᠡᠮᠨᠡᠯᠭᠡ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠢᠲᠠᠳ ᠡᠮ᠎ᠤᠨ ᠰᠤᠳᠤᠯᠭ᠋ᠠᠨ᠎ᠤ ᠭᠠᠵᠠᠷ᠎ᠯᠤᠭ᠎ᠠ ᠮᠠᠨ᠎ᠤ ᠬᠣᠲᠠ᠎ᠳᠤ ᠬᠦᠷᠴᠦ ᠮᠡᠷᠭᠡᠵᠢᠯ᠎ᠤᠨ ᠪᠣᠯᠪᠠᠰᠤᠷᠠᠭᠤᠯᠤᠯ ᠬᠢᠬᠦ ᠪᠠ ᠬᠢᠲᠠᠳ (ᠮᠣᠩᠭᠣᠯ) ᠡᠮ᠎ᠤᠨ ᠮᠠᠲ᠋ᠧᠷᠢᠶᠠᠯ᠎ᠤᠨ ᠲᠤᠷᠰᠢᠯᠲᠠ ᠵᠢᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠠᠮᠲᠤᠷᠠᠯᠴᠠᠭ᠋ᠠᠨ᠎ᠤ ᠰᠠᠨᠠᠮᠵᠢ ᠵᠢ ᠬᠡᠯᠡᠯᠴᠡᠨ ᠲᠣᠬᠢᠷᠠᠵᠤ᠂ ᠭᠠᠵᠠᠷ ᠣᠷᠣᠨ᠎ᠤ ᠴᠢᠳᠠᠪᠤᠷᠢᠲᠠᠨ᠂ ᠮᠡᠷᠭᠡᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠪᠡ᠃
ᠭᠤᠷᠪᠠ᠎ᠳᠤ᠂ ᠡᠮᠴᠢᠯᠡᠭᠡᠨ᠎ᠤ ᠡᠬᠢ ᠪᠠᠶᠠᠯᠢᠭ᠎ᠢ ᠵᠣᠯᠭ᠋ᠠᠭᠤᠯᠬᠤ ᠵᠢ ᠴᠢᠩᠭ᠋ᠠᠳᠬᠠᠨ᠎ᠠ᠃ ᠮᠠᠨ᠎ᠤ ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠤᠳᠤᠷᠢᠳᠤᠯᠭ᠎ᠠ ᠵᠢᠴᠢ ᠵᠠᠩᠭᠢᠯᠠᠭ᠎ᠠ ᠵᠢᠨ ᠺᠠᠳ᠋ᠷ᠎ᠲᠠᠢ ᠬᠠᠮᠲᠤ᠎ᠪᠠᠷ ᠳ᠋ᠦᠩ ᠴᠧᠩ ᠲᠣᠭᠣᠷᠢᠭ᠂ ᠰᠢ ᠴᠧᠩ ᠲᠣᠭᠣᠷᠢᠭ᠂ ᠴᠣᠣᠶᠠᠩ ᠲᠣᠭᠣᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ ᠬᠦᠷᠴᠦ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠤᠳᠤᠷᠢᠳᠤᠯᠭ᠎ᠠ ᠵᠢᠴᠢ ᠵᠠᠩᠭᠢᠯᠠᠭ᠎ᠠ ᠵᠢᠨ ᠺᠠᠳ᠋ᠷ᠎ᠲᠠᠢ ᠶᠠᠷᠢᠯᠴᠠᠨ ᠰᠣᠯᠢᠯᠴᠠᠵᠤ᠂ ᠲᠠᠷᠠᠭ᠋ᠠᠴᠢ ᠵᠢᠨ ᠠᠯᠬᠤᠮ᠎ᠤᠨ ᠬᠠᠮᠲᠤᠷᠠᠯᠴᠠᠭ᠋ᠠᠨ᠎ᠤ ᠲᠥᠯᠥᠪᠯᠡᠭᠡ ᠵᠢ ᠭᠣᠣᠯᠳᠠᠯᠭ᠎ᠠ᠎ᠲᠠᠢ ᠶᠠᠷᠢᠯᠴᠠᠵᠤ᠂ ᠪᠡᠭᠡᠵᠢᠩ᠎ᠤᠨ ᠰᠢᠯᠢᠳᠡᠭ ᠡᠮᠨᠡᠯᠭᠡ ᠵᠢᠨ ᠬᠣᠷᠢᠶ᠎ᠠ᠎ᠲᠠᠢ ᠬᠣᠣᠰᠯᠠᠯ ᠪᠠᠢ᠌ᠭᠤᠯᠤᠨ ᠬᠠᠮᠲᠤ᠎ᠪᠠᠷ ᠪᠠᠢ᠌ᠭᠤᠯᠵᠤ᠂ ᠭᠣᠣᠯᠯᠠᠭᠴᠢ ᠡᠮᠴᠢ ᠵᠢ ᠰᠣᠩᠭᠣᠨ ᠲᠣᠮᠢᠯᠠᠵᠤ ᠮᠠᠨ᠎ᠤ ᠬᠣᠲᠠ᠎ᠳᠤ ᠡᠮᠨᠡᠯᠭᠡ ᠵᠢᠨ ᠬᠣᠷᠢᠶ᠎ᠠ ᠵᠢ ᠳᠡᠮᠵᠢᠭᠦᠯᠵᠦ᠂ ᠭᠠᠵᠠᠷ ᠣᠷᠣᠨ᠎ᠤ ᠡᠮᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠪᠡ᠃
ᠳᠥᠷᠪᠡ᠎ᠳᠤ ᠂ ᠵᠣᠯᠭ᠋ᠠᠭᠤᠯᠬᠤ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠴᠢᠩᠭ᠋ᠠᠳᠬᠠᠨ᠎ᠠ᠃ ᠵᠢᠭ᠋ᠠᠨ ᠰᠤᠳᠤᠯᠤᠭᠴᠢ ᠵᠢᠨ ᠪᠣᠯᠪᠠᠰᠤᠷᠠᠯ + ᠠᠵᠢᠯ᠎ᠤᠨ ᠪᠠᠢ᠌ᠷᠢ ᠳᠠᠭ᠋ᠠᠬᠤ᠂ ᠰᠤᠷᠭ᠋ᠠᠭᠤᠯᠢ ᠵᠢᠨ ᠵᠠᠬᠢᠷᠤᠯ (ᠴᠡᠴᠡᠷᠯᠢᠭ᠎ᠤᠨ ᠳᠠᠷᠤᠭ᠎ᠠ)᠎ᠤᠨ ᠤᠳᠤᠷᠢᠳᠬᠤ ᠴᠢᠳᠠᠪᠤᠷᠢ ᠵᠢ ᠳᠡᠭᠡᠭᠰᠢᠯᠡᠭᠦᠯᠬᠦ᠂ ᠰᠤᠷᠤᠭᠴᠢᠳ᠎ᠤᠨ ᠰᠤᠳᠤᠯᠤᠨ ᠰᠤᠷᠤᠯᠴᠠᠬᠤ ᠠᠵᠢᠯᠯᠠᠭ᠎ᠠ ᠵᠡᠷᠭᠡ 11 ᠰᠤᠷᠭ᠋ᠠᠨ ᠬᠥᠮᠦᠵᠢᠯ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠵᠢ ᠠᠬᠢᠭᠤᠯᠵᠤ᠂ ᠪᠡᠭᠡᠵᠢᠩ ᠬᠣᠲᠠ ᠵᠢᠨ ᠬᠡᠰᠡᠭ ᠰᠤᠷᠭ᠋ᠠᠭᠤᠯᠢ ᠪᠣᠯᠣᠨ ᠮᠠᠨ᠎ᠤ ᠬᠣᠲᠠ ᠵᠢᠨ ᠰᠤᠷᠭ᠋ᠠᠭᠤᠯᠢ ᠵᠢᠨ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠬᠠᠪᠰᠤᠷᠤᠨ ᠲᠡᠳᠬᠦᠬᠦ ᠵᠢ ᠲᠦᠷᠭᠡᠳᠬᠡᠵᠦ᠂ ᠬᠣᠣᠰᠯᠠᠯ ᠪᠠᠢ᠌ᠭᠤᠯᠵᠤ ᠬᠠᠮᠲᠤ᠎ᠪᠠᠷ ᠪᠠᠶ᠋ᠢᠭᠤᠯᠬᠤ ᠲᠥᠷᠥᠯ ᠵᠦᠢ᠍ᠯ᠎ᠢ ᠨᠠᠢ᠌ᠳᠠᠪᠤᠷᠢᠵᠢᠭᠤᠯᠵᠤ᠂ ᠲᠦᠷᠦᠭᠦᠦ ᠪᠦᠯᠦᠭ᠎ᠤᠨ ᠲᠦᠷ ᠲᠣᠭᠲᠠᠭ᠋ᠠᠭᠰᠠᠨ ᠪᠣᠷᠣᠳᠣᠬᠣᠢ ᠳᠡᠭᠡᠳᠦ ᠰᠤᠷᠭ᠋ᠠᠭᠤᠯᠢ ᠪᠣᠯᠣᠨ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠬᠠᠪᠰᠤᠷᠤᠨ ᠲᠡᠳᠬᠦᠵᠦ᠂ ᠯᠢᠨ ᠾᠧ ᠨᠢᠭᠡᠳᠦᠭᠡᠷ ᠳᠤᠮᠳᠠᠳᠤ ᠰᠤᠷᠭ᠋ᠠᠭᠤᠯᠢ ᠵᠢ ᠪᠡᠭᠡᠵᠢᠩ᠎ᠤᠨ ᠪᠠᠭᠰᠢ ᠵᠢᠨ ᠶᠡᠬᠡ ᠰᠤᠷᠭ᠋ᠠᠭᠤᠯᠢ᠎ᠲᠠᠢ ᠬᠣᠣᠰᠯᠠᠨ ᠪᠠᠢ᠌ᠭᠤᠯᠵᠤ᠂ ᠬᠣᠲᠠ ᠵᠢᠨ ᠪᠠᠭᠰᠢ ᠵᠢᠨ ᠬᠥᠭᠵᠢᠯᠲᠡ ᠵᠢᠨ ᠲᠥᠪ ᠪᠣᠯᠣᠨ ᠪᠡᠭᠡᠵᠢᠩ ᠬᠣᠲᠠ ᠵᠢᠨ ᠰᠢᠴᠸᠩ ᠲᠣᠭᠣᠷᠢᠭ᠎ᠤᠨ ᠰᠤᠷᠭ᠋ᠠᠨ ᠬᠥᠮᠦᠵᠢᠯ᠎ᠤᠨ ᠰᠤᠳᠤᠯᠤᠨ ᠰᠤᠷᠤᠯᠴᠠᠬᠤ ᠳᠡᠭᠡᠳᠦ ᠰᠤᠷᠭ᠋ᠠᠭᠤᠯᠢ ᠵᠢ ᠬᠣᠣᠰᠯᠠᠨ ᠪᠠᠢ᠌ᠭᠤᠯᠵᠤ᠂ ᠬᠣᠲᠠ ᠵᠢᠨ ᠬᠠᠩᠭᠢᠨ ᠬᠣᠢ᠌ᠲᠤ ᠬᠣᠰᠢᠭᠤᠨ᠎ᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠥᠪ ᠪᠣᠯᠣᠨ ᠪᠡᠭᠡᠵᠢᠩ ᠬᠣᠲᠠ ᠵᠢᠨ ᠴᠠᠩᠫᠢᠩ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠢ ᠬᠠᠮᠲᠤ᠎ᠪᠠᠷ ᠪᠠᠢ᠌ᠭᠤᠯᠵᠤ᠂ ᠬᠣᠲᠠ ᠵᠢᠨ ᠲᠤᠷᠰᠢᠯᠲᠠ ᠵᠢᠨ ᠪᠠᠭ᠎ᠠ ᠰᠤᠷᠭ᠋ᠠᠭᠤᠯᠢ ᠪᠣᠯᠣᠨ ᠵᠥᠩ ᠭᠤᠸᠠᠨ ᠼᠦᠨ᠎ᠤ ᠬᠣᠶᠠᠳᠤᠭ᠋ᠠᠷ ᠪᠠᠭ᠎ᠠ ᠰᠤᠷᠭ᠋ᠠᠭᠤᠯᠢ ᠵᠢᠨ ᠪᠠᠭᠰᠢ ᠬᠠᠷᠢᠯᠴᠠᠨ ᠲᠣᠮᠢᠯᠠᠵᠤ ᠰᠣᠯᠢᠯᠴᠠᠭ᠎ᠠ ᠬᠠᠮᠲᠤᠷᠠᠯᠴᠠᠭ᠎ᠠ ᠬᠢᠵᠦ᠂ ᠭᠠᠵᠠᠷ ᠣᠷᠣᠨ᠎ᠤ ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠪᠡ᠃
ᠵᠠᠭᠤᠨ ᠣᠩᠭᠣᠴᠠ ᠤᠷᠤᠰᠬᠠᠯ᠎ᠢ ᠥᠷᠢᠰᠦᠯᠳᠦᠬᠦ᠎ᠳᠤ᠂ ᠡᠷᠡᠮᠡᠬᠡᠢ᠌ᠯᠡᠨ ᠤᠷᠤᠭᠰᠢᠯᠠᠭᠰᠠᠳ ᠤᠷᠢᠲᠠᠪᠠᠷ ᠤᠷᠤᠭᠰᠢᠯᠠᠨ᠎ᠠ᠃ ᠬᠣᠲᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ᠎ᠬᠢᠨ ᠡᠭᠦᠨ ᠵᠶ᠋ᠡᠷ ᠠᠵᠠ ᠲᠣᠬᠢᠶᠠᠯ ᠪᠣᠯᠭ᠋ᠠᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠠᠢ ᠠᠵᠢᠯᠯᠠᠬᠤ ᠡᠷᠴᠢ ᠵᠣᠷᠢᠭ ᠵᠶ᠋ᠠᠨ ᠬᠥᠪᠴᠢᠯᠡᠵᠦ᠂ 《ᠲᠥᠷᠥᠯ ᠵᠦᠢ᠍ᠯ᠎ᠤᠨ ᠬᠡᠯᠬᠢᠶ᠎ᠡ》᠎ᠳᠤ ᠲᠦᠰᠢᠭᠯᠡᠨ᠂ 《ᠴᠢᠳᠠᠪᠤᠷᠢᠲᠠᠨ᠎ᠤ ᠬᠡᠯᠬᠢᠶ᠎ᠡ》 ᠵᠢ ᠬᠥᠮᠥᠵᠢᠭᠦᠯᠵᠦ᠂ 《ᠮᠡᠷᠭᠡᠵᠢᠯ᠎ᠤᠨ ᠬᠡᠯᠬᠢᠶ᠎ᠡ》 ᠵᠢ ᠤᠷᠲᠤᠳᠬᠠᠨ᠂ 《ᠠᠵᠤ ᠦᠢ᠍ᠯᠡᠰ᠎ᠤᠨ ᠬᠡᠯᠬᠢᠶ᠎ᠡ》 ᠵᠢ ᠬᠥᠭᠵᠢᠭᠦᠯᠵᠦ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠢ ᠰᠠᠢ᠌ᠨ ᠡᠬᠢᠯᠡᠯᠲᠡ᠎ᠲᠠᠢ ᠪᠣᠯᠭ᠋ᠠᠵᠤ᠂ ᠪᠥᠬᠥ ᠵᠢᠯ᠎ᠳᠤ ᠬᠥᠭᠵᠢᠯᠲᠡ᠎ᠲᠠᠢ ᠪᠣᠯᠭ᠋ᠠᠬᠤ᠎ᠪᠠᠷ ᠲᠣᠭᠲᠠᠪᠠ᠃