ᠬᠠᠪᠤᠷ᠎ᠤᠨ ᠠᠭᠤᠷ ᠠᠮᠢᠰᠬᠤᠯ ᠵᠶ᠋ᠠᠷ ᠪᠢᠯᠬᠠᠮ᠎ᠠ 3 ᠰᠠᠷ᠎ᠠ᠎ᠳᠤ᠂ ᠪᠦᠬᠦ ᠤᠯᠤᠰ᠎ᠤᠨ ᠬᠣᠶᠠᠷ ᠬᠤᠷᠠᠯ ᠰᠠᠶᠢᠬᠠᠨ ᠲᠡᠭᠦᠰᠴᠦ᠂ ᠪᠦᠬᠦ ᠤᠯᠤᠰ ᠵᠶ᠋ᠠᠷ ᠵᠶ᠋ᠠᠨ ᠠᠵᠠ ᠲᠣᠬᠢᠶᠠᠯ᠎ᠢ ᠠᠮᠵᠢᠨ ᠬᠥᠭᠵᠢᠯᠲᠡ ᠵᠢ ᠶᠡᠬᠡᠪᠡᠷ ᠠᠳᠬᠤᠵᠤ᠂ 《ᠰᠠᠢ᠌ᠨ ᠡᠬᠢᠯᠡᠯᠲᠡ》 ᠵᠢ ᠴᠢᠷᠮᠠᠢ᠌ᠨ ᠪᠡᠶᠡᠯᠡᠭᠦᠯᠬᠦ ᠲᠠᠰᠢᠷᠠᠮ ᠵᠶ᠋ᠠᠷ᠂ 《ᠨᠣᠭᠣᠭ᠋ᠠᠨ ᠪᠦᠲᠦᠭᠡᠭᠳᠡᠬᠦᠨ ᠴᠦᠩᠴᠢᠩ᠎ᠠᠴᠠ ᠭᠠᠷᠬᠤ᠎ᠳᠤ ᠪᠣᠯᠵᠣᠭ᠎ᠠ᠎ᠲᠠᠢ》 ᠪᠡᠭᠡᠵᠢᠩ ᠥᠪᠥᠷ ᠮᠣᠩᠭᠣᠯ᠎ᠤᠨ ᠬᠡᠷᠡᠭᠯᠡᠭᠡᠨ᠎ᠤ ᠬᠠᠪᠰᠤᠷᠤᠨ ᠲᠡᠳᠬᠦᠬᠦ ᠲᠥᠪᠯᠡᠷᠡᠭᠦᠯᠦᠨ ᠴᠤᠭᠯᠠᠭᠤᠯᠬᠤ ᠲᠠᠨᠢᠯᠴᠠᠭᠤᠯᠬᠤ ᠬᠤᠷᠠᠯ ᠵᠢᠴᠢ ᠬᠠᠪᠰᠤᠷᠤᠨ ᠲᠡᠳᠬᠦᠬᠦ ᠪᠦᠲᠦᠭᠡᠭᠳᠡᠬᠦᠨ᠎ᠤ 《ᠲᠠᠪᠤ ᠵᠢ ᠣᠷᠣᠭᠤᠯᠬᠤ》 ᠰᠢᠷᠢᠰ ᠠᠵᠢᠯᠯᠠᠭ᠎ᠠ ᠴᠦᠩᠴᠢᠩ᠎ᠳᠤ ᠶᠠᠪᠤᠭᠳᠠᠪᠠ᠃ ᠡᠨᠡ ᠪᠣᠯ ᠥᠪᠥᠷ ᠮᠣᠩᠭᠣᠯ᠎ᠤᠨ ᠴᠢᠨᠠᠷ ᠰᠠᠢ᠌ᠲᠠᠢ ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠥᠬᠥ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠭᠰᠡᠨ ᠪᠠᠰᠠ ᠨᠢᠭᠡ ᠤᠳᠠᠭ᠋ᠠᠨ᠎ᠤ ᠲᠤᠷᠰᠢᠯᠲᠠ ᠮᠥᠨ᠂ ᠪᠡᠭᠡᠵᠢᠩ ᠥᠪᠥᠷ ᠮᠣᠩᠭᠣᠯ ᠴᠦᠩᠴᠢᠩ ᠭᠤᠷᠪᠠᠨ ᠭᠠᠵᠠᠷ᠎ᠤᠨ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠥᠷᠳᠡᠬᠦ ᠰᠢᠨ᠎ᠡ ᠬᠠᠭᠤᠳᠠᠰᠤ ᠵᠢ ᠨᠡᠭᠡᠭᠡᠭᠰᠡᠨ ᠨᠢᠭᠡ ᠤᠳᠠᠭ᠋ᠠᠨ᠎ᠤ ᠴᠢᠷᠮᠠᠢ᠌ᠯᠭ᠎ᠠ ᠮᠥᠨ᠃
3 ᠡᠳᠦᠷ᠎ᠲᠤ᠂ ᠪᠡᠭᠡᠵᠢᠩ ᠥᠪᠥᠷ ᠮᠣᠩᠭᠣᠯ ᠴᠦᠩᠴᠢᠩ 3 ᠭᠠᠵᠠᠷ᠎ᠤᠨ 557 ᠠᠵᠤ ᠠᠬᠤᠢ᠌ᠯᠠᠯ᠎ᠤᠨ 2000 ᠭᠠᠷᠤᠢ ᠵᠦᠢ᠍ᠯ᠎ᠤᠨ ᠪᠣᠬᠢᠷᠳᠤᠯ ᠦᠭᠡᠢ ᠴᠢᠨᠠᠷ ᠰᠠᠢ᠌ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠳᠡᠯᠭᠡᠨ ᠦᠵᠡᠭᠦᠯᠵᠦ᠂ ᠬᠡᠪᠴᠢᠶ᠎ᠡ᠎ᠪᠠᠷ ᠯᠤᠲᠤ ᠶᠡᠬᠡ᠂ ᠦᠨᠡᠨᠴᠢ ᠰᠡᠳᠬᠢᠯ ᠵᠶ᠋ᠡᠷ ᠳᠦᠭᠦᠷᠡᠩ ᠪᠠᠢ᠌ᠨ᠎ᠠ᠃ ᠴᠦᠩᠴᠢᠩ᠎ᠤᠨ ᠤᠯᠠᠨ ᠤᠯᠤᠰ᠎ᠤᠨ ᠦᠵᠡᠰᠬᠦᠯᠡᠩ᠎ᠤᠨ ᠲᠥᠪ᠎ᠤᠨ 8000 ᠭᠠᠷᠤᠢ ᠲᠡᠭᠰᠢ ᠳᠥᠷᠪᠡᠯᠵᠢᠨ ᠮᠥ᠋ᠲᠷ᠎ᠤᠨ ᠦᠵᠡᠭᠦᠯᠦᠯᠭᠡ ᠵᠢᠨ ᠲᠣᠭᠣᠷᠢᠭ᠎ᠲᠤ᠂ ᠬᠥᠮᠥᠰ᠎ᠤᠨ ᠲᠣᠯᠣᠭ᠋ᠠᠢ ᠵᠢ ᠬᠥᠳᠡᠯᠭᠡᠵᠦ᠂ ᠠᠩᠬᠢᠯᠤᠮ᠎ᠠ ᠰᠠᠢ᠌ᠬᠠᠨ ᠦᠨᠦᠷ ᠬᠠᠩᠬᠤᠯᠵᠤ᠂ ᠦᠵᠡᠰᠬᠦᠯᠡᠩ᠎ᠳᠤ ᠣᠷᠣᠯᠴᠠᠭᠰᠠᠨ ᠦᠢ᠍ᠯᠡᠳᠪᠦᠷᠢ ᠬᠤᠳᠠᠯᠳᠤᠭ᠋ᠠᠨ᠎ᠤ᠎ᠬᠢᠨ ᠴᠦᠩᠴᠢᠩ᠎ᠤᠨ ᠬᠤᠳᠠ ᠵᠢᠨ ᠠᠷᠠᠳ᠎ᠲᠤ ᠥᠪᠥᠷ ᠮᠣᠩᠭᠣᠯ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠣᠨᠴᠠᠯᠢᠭ᠎ᠤᠨ ᠳᠠᠪᠠᠭᠤᠯᠢᠭ᠎ᠢ ᠲᠠᠨᠢᠯᠴᠠᠭᠤᠯᠤᠭᠰᠠᠨ ᠵᠶ᠋ᠠᠷ ᠪᠠᠷᠠᠬᠤ ᠦᠭᠡᠢ ᠪᠠᠰᠠ ᠰᠢᠷᠠᠬᠤ ᠵᠢᠶᠠᠰᠠ ᠪᠣᠰᠬᠠᠵᠤ᠂ ᠬᠠᠯᠠᠭᠤᠨ ᠲᠣᠭᠣᠭ᠎ᠠ ᠨᠣᠴᠣᠭ᠋ᠠᠵᠤ᠂ ᠲᠤᠬᠠᠢ ᠵᠢᠨ ᠲᠠᠯᠠᠪᠠᠢ᠎ᠳᠤ ᠲᠠᠯ᠎ᠠ ᠨᠤᠲᠤᠭ᠎ᠤᠨ ᠠᠮᠲᠠᠲᠤ ᠢᠳᠡᠭᠡᠨ᠎ᠢ ᠬᠣᠭᠣᠯᠠ ᠪᠠᠵᠠᠭ᠋ᠠᠪᠠ᠃ ᠦᠬᠡᠷ ᠬᠣᠨᠢᠨ᠎ᠤ ᠮᠢᠬ᠎ᠠ ᠵᠢᠨ ᠠᠩᠬᠢᠯᠤᠮ᠎ᠠ ᠦᠨᠦᠷ᠂ ᠴᠠᠭ᠋ᠠᠨ ᠢᠳᠡᠭᠡᠨ᠎ᠤ ᠥᠳᠬᠡᠨ ᠦᠨᠦᠷ᠂ ᠴᠢᠴᠠᠷᠭ᠋ᠠᠨ᠎ᠠ ᠵᠢᠨ ᠰᠢᠭᠦᠰᠦ ᠵᠢᠨ ᠬᠥᠬᠡ ᠵᠢᠮᠢᠰᠭᠡᠨ᠎ᠡ ᠵᠢᠨ ᠰᠢᠭᠦᠰᠦ ᠵᠢᠨ ᠠᠮᠲᠠᠲᠠᠢ᠂ ᠦᠵᠦᠮ᠎ᠤᠨ ᠠᠷᠢᠬᠢ ᠵᠢᠨ ᠥᠳᠬᠡᠨ ᠵᠤᠵᠠᠭ᠋ᠠᠨ᠎ᠨᠢ ᠬᠣᠯᠢᠯᠳᠤᠭ᠋ᠠᠳ ᠥᠪᠥᠷ ᠮᠣᠩᠭᠣᠯ᠎ᠤᠨ ᠥᠪᠡᠷᠮᠢᠴᠡ ᠣᠨᠴᠠᠯᠢᠭ᠎ᠲᠠᠢ ᠦᠨᠦᠷ ᠠᠮᠲᠠᠲᠠᠢ ᠪᠣᠯᠪᠠ᠃ ᠬᠥᠮᠥᠰ ᠠᠮᠲᠠᠲᠤ ᠢᠳᠡᠭᠡᠨ᠎ᠤ ᠡᠮᠦᠨ᠎ᠡ ᠴᠤᠪᠤᠷᠠᠯᠳᠤᠨ᠂ ᠦᠵᠡᠭᠦᠯᠦᠯᠭᠡ ᠵᠢᠨ ᠡᠳ᠋᠎ᠤᠨ ᠡᠮᠦᠨ᠎ᠡ ᠵᠣᠭᠰᠣᠨ᠎ᠠ᠃ 《ᠤᠤᠯ ᠦᠨᠦᠷ ᠠᠮᠲᠠ ᠲᠠᠢ ᠥᠪᠥᠷ ᠮᠣᠩᠭᠣᠯ᠎ᠤᠨ ᠪᠣᠬᠢᠷᠳᠤᠯ ᠦᠭᠡᠢ ᠣᠷᠭ᠋ᠠᠨᠢᠭ ᠦᠬᠡᠷ ᠬᠣᠨᠢᠨ ᠮᠢᠬ᠎ᠠ᠂ ᠴᠢᠴᠠᠷᠭ᠋ᠠᠨ᠎ᠠ ᠵᠢᠨ ᠰᠢᠭᠦᠰᠦ᠎ᠲᠠᠢ ᠤᠮᠳᠠᠭ᠋ᠠᠨ ᠢ ᠮᠠᠨ᠎ᠤ ᠴᠦᠩᠴᠢᠩ᠎ᠤᠨ ᠬᠠᠯᠠᠭᠤᠨ ᠲᠣᠭᠣᠭ᠎ᠠ᠎ᠲᠠᠢ ᠲᠠᠭ᠋ᠠᠷᠠᠭᠤᠯᠤᠭᠰᠠᠨ᠎ᠨᠢ ᠯᠠᠪᠲᠠᠢ 》 ᠢᠳᠡᠭᠡᠨ ᠤᠮᠳᠠᠭ᠋ᠠᠨ᠎ᠤ ᠦᠢ᠍ᠯᠡᠰ ᠡᠷᠬᠢᠯᠡᠵᠦ ᠪᠠᠢ᠌ᠭ᠎ᠠ ᠴᠦᠩᠴᠢᠩ᠎ᠤᠨ ᠬᠤᠳᠠ ᠵᠢᠨ ᠠᠷᠠᠳ ᠰᠢᠦᠢ ᠽᠦ᠍ ᠪᠢᠨ ᠨᠢᠭᠡᠨᠲᠡ ᠥᠪᠥᠷ ᠮᠣᠩᠭᠣᠯ᠎ᠤᠨ ᠨᠢᠭᠡᠨ ᠠᠵᠤ ᠠᠬᠤᠢ᠌ᠯᠠᠯ᠎ᠲᠠᠢ ᠬᠠᠮᠲᠤᠷᠠᠯᠴᠠᠬᠤ ᠰᠠᠨᠠᠭ᠎ᠠ᠎ᠲᠠᠢ ᠪᠣᠯᠵᠠᠢ᠃
《ᠴᠦᠩᠴᠢᠩ ᠪᠣᠯ ᠳᠤᠮᠳᠠᠳᠤ ᠤᠯᠤᠰ᠎ᠤᠨ ᠠᠮᠲᠠᠲᠤ ᠢᠳᠡᠭᠡᠨ᠎ᠤ ᠬᠣᠲᠠ ᠮᠥᠨ᠂ ᠴᠦᠩᠴᠢᠩ᠎ᠤᠨ ᠬᠠᠯᠠᠭᠤᠨ ᠲᠣᠭᠣᠭ᠎ᠠ ᠳᠡᠯᠡᠬᠡᠢ᠎ᠳᠤ ᠠᠯᠳᠠᠷᠰᠢᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠦᠬᠡᠷ᠎ᠤᠨ ᠮᠢᠬ᠎ᠠ᠂ ᠬᠤᠨᠢᠨ ᠮᠢᠬ᠎ᠠ᠂ ᠲᠥᠮᠥᠰᠥ ᠵᠢᠨ ᠹᠥ᠋ᠨᠲ᠋ᠢᠶᠤᠤᠷ ᠪᠣᠯ ᠬᠠᠯᠠᠭᠤᠨ ᠲᠣᠭᠣᠭ᠋ᠠᠨ᠎ᠤ ᠴᠢᠬᠤᠯᠠ ᠲᠦᠭᠦᠬᠡᠢ ᠮᠠᠲ᠋ᠧᠷᠢᠶᠠᠯ ᠪᠣᠯᠣᠨ᠎ᠠ᠂ ᠥᠪᠥᠷ ᠮᠣᠩᠭᠣᠯ᠎ᠤᠨ ᠣᠷᠭ᠋ᠠᠨᠢᠭ ᠪᠣᠬᠢᠷᠳᠤᠯ ᠦᠭᠡᠢ ᠴᠢᠨᠠᠷ ᠰᠠᠢ᠌ᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠴᠦᠩᠴᠢᠩ᠎ᠳᠤ ᠣᠷᠣᠭᠤᠯᠪᠠᠯ᠂ ᠴᠦᠩᠴᠢᠩ᠎ᠤᠨ ᠬᠤᠳᠠ ᠵᠢᠨ ᠠᠷᠠᠳ᠎ᠤᠨ ᠬᠣᠭᠣᠯᠠᠨ ᠰᠢᠷᠡᠭᠡ ᠵᠢ ᠪᠠᠶᠠᠯᠢᠭᠵᠢᠭᠤᠯᠵᠤ᠂ ᠴᠦᠩᠴᠢᠩ᠎ᠤᠨ ᠬᠤᠳᠠ ᠵᠢᠨ ᠠᠷᠠᠳ᠎ᠲᠤ ᠥᠪᠥᠷ ᠮᠣᠩᠭᠣᠯ᠎ᠤᠨ ᠬᠥᠭᠵᠢᠯᠲᠡ ᠵᠢᠨ ᠦᠷ᠎ᠡ ᠪᠦᠲᠦᠭᠡᠯ᠎ᠢ ᠡᠳ᠋ᠯᠡᠭᠦᠯᠬᠦ᠎ᠪᠠᠷ ᠪᠠᠷᠠᠬᠤ ᠦᠭᠡᠢ ᠪᠠᠰᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠂ ᠬᠣᠶᠠᠷ ᠲᠠᠯ᠎ᠠ ᠵᠢᠨ ᠰᠣᠯᠢᠯᠴᠠᠭ᠎ᠠ ᠵᠢ ᠠᠬᠢᠭᠤᠯᠬᠤ᠎ᠳᠤ ᠵᠢᠱ᠌ᠢᠶ᠎ᠡ ᠦᠵᠡᠭᠦᠯᠬᠦ ᠪᠣᠯᠣᠨ᠎ᠠ》ᠭᠡᠵᠦ ᠬᠡᠯᠡᠪᠡ᠃ ᠭᠡᠵᠦ ᠴᠦᠩᠴᠢᠩ ᠬᠤᠳᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠦ᠋ ᠳ᠋ᠡ ᠴᠦᠨ ᠬᠡᠯᠡᠪᠡ᠃
ᠲᠤᠬᠠᠢ ᠵᠢᠨ ᠲᠠᠯᠠᠪᠠᠢ᠎ᠳᠤ ᠠᠮᠲᠠᠲᠤ ᠢᠳᠡᠭᠡᠨ ᠪᠠᠢ᠌ᠬᠤ᠎ᠪᠠᠷ ᠪᠠᠷᠠᠬᠤ ᠦᠭᠡᠢ᠂ ᠠᠯᠠᠱ᠌ᠠ᠎ᠠᠴᠠ ᠢᠷᠡᠭᠰᠡᠨ ᠲᠡᠮᠡᠭᠡᠨ᠎ᠤ ᠰᠢᠷᠢᠰ ᠪᠦᠲᠦᠭᠡᠭᠳᠡᠬᠦᠨ᠂ ᠴᠠᠭ᠋ᠠᠨ ᠭᠣᠶᠣᠣ ᠰᠢᠷᠢᠰ ᠠᠷᠠᠰᠤ ᠬᠠᠮᠠᠭ᠋ᠠᠯᠠᠬᠤ ᠡᠳ᠋ ᠪᠣᠯᠣᠨ ᠡᠷᠡᠭᠦᠯᠵᠢᠯ᠎ᠤᠨ ᠡᠳ᠋ ᠴᠦ᠍ ᠤᠯᠠᠨ᠎ᠤ ᠲᠠᠭ᠋ᠠᠰᠢᠶᠠᠯ᠎ᠢ ᠣᠯᠵᠤ ᠪᠤᠢ᠃ ᠡᠬᠢᠯᠡᠯᠲᠡ ᠵᠢᠨ ᠡᠳᠦᠷ᠎ᠤᠨ ᠦᠳᠡ ᠵᠢᠨ ᠡᠮᠦᠨᠡᠬᠢ 2 ᠴᠠᠭ ᠭᠠᠷᠤᠢ ᠵᠢᠨ ᠬᠤᠭᠤᠴᠠᠭ᠋ᠠᠨ᠎ᠳᠤ᠂ ᠠᠯᠠᠱ᠌ᠠ ᠵᠢᠨ ᠦᠵᠡᠭᠦᠯᠦᠯᠭᠡ ᠵᠢᠨ ᠲᠣᠭᠣᠷᠢᠭ᠎ᠤᠨ ᠪᠣᠷᠤᠯᠠᠭᠤᠯᠭ᠎ᠠ ᠵᠢᠨ ᠬᠡᠮᠵᠢᠶ᠎ᠡ 100 ᠭᠠᠷᠤᠢ ᠲᠦᠮᠡᠨ ᠲᠥᠭᠥᠷᠢᠭ᠎ᠲᠤ ᠬᠦᠷᠴᠦ᠂ ᠲᠤᠬᠠᠢ ᠵᠢᠨ ᠲᠠᠯᠠᠪᠤᠷ᠎ᠲᠤ ᠭᠡᠷ᠎ᠡ ᠲᠣᠭᠲᠠᠭᠰᠠᠨ ᠵᠣᠭᠣᠰ᠎ᠤᠨ ᠲᠣᠭ᠎ᠠ 6.2 ᠳ᠋ᠦᠩᠰᠢᠭᠤᠷ ᠲᠥᠭᠥᠷᠢᠭ᠎ᠲᠤ ᠬᠦᠷᠴᠡᠢ᠃ 《ᠲᠦᠭᠦᠬᠡᠢ ᠮᠠᠲ᠋ᠧᠷᠢᠶᠠᠯ᠎ᠢ ᠬᠤᠳᠠᠯᠳᠤᠬᠤ᠎ᠠᠴᠠ ᠰᠤᠳᠤᠯᠤᠨ ᠨᠡᠭᠡᠭᠡᠭᠰᠡᠨ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠲᠦᠭᠡᠭᠳᠡᠬᠦᠨ᠎ᠢ ᠬᠤᠳᠠᠯᠳᠤᠬᠤ ᠬᠦᠷᠲᠡᠯ᠎ᠡ᠂ ᠠᠯᠠᠱ᠌ᠠ ᠵᠢᠨ᠎ᠬᠢᠨ ᠴᠢᠬᠤᠯᠠ ᠨᠢᠭᠡ ᠠᠯᠬᠤᠮ᠎ᠢ ᠠᠯᠬᠤᠪᠠ᠂ ᠡᠨᠡ ᠤᠳᠠᠭ᠎ᠠ ᠵᠢᠨ ᠠᠵᠢᠯᠯᠠᠭ᠎ᠠ᠎ᠨᠢ ᠠᠯᠠᠱ᠌ᠠ ᠵᠢᠨ ᠡᠯᠡᠰᠦᠨ ᠴᠦᠯ᠎ᠠᠴᠠ ᠭᠠᠷᠴᠤ᠂ ᠪᠦᠬᠦ ᠤᠯᠤᠰ᠎ᠤᠨ ᠬᠡᠪᠴᠢᠶᠡᠨ᠎ᠳᠤ ᠣᠷᠣᠬᠤ᠎ᠳᠤ ᠮᠠᠰᠢ ᠰᠠᠢ᠌ᠨ ᠲᠠᠪᠴᠠᠩ᠎ᠢ ᠪᠠᠢ᠌ᠭᠤᠯᠵᠤ ᠥᠭᠴᠡᠢ》᠃ ᠭᠡᠵᠦ ᠠᠯᠠᠱ᠌ᠠ ᠠᠢ᠌ᠮᠠᠭ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠳᠡᠳ᠋ ᠳᠠᠷᠤᠭ᠎ᠠ ᠭᠦᠸᠧ ᠭᠤᠸᠠᠩ ᠰᠢᠶᠦ᠋ᠩ ᠬᠡᠯᠡᠪᠡ᠃
3 ᠡᠳᠦᠷ᠎ᠤᠨ ᠳᠣᠲᠣᠷ᠎ᠠ ᠭᠡᠷ᠎ᠡ ᠲᠣᠭᠲᠠᠭᠰᠠᠨ ᠵᠣᠭᠣᠰ᠎ᠤᠨ ᠲᠣᠭ᠎ᠠ 128 ᠳ᠋ᠦᠩᠰᠢᠭᠤᠷ ᠲᠥᠭᠥᠷᠢᠭ᠎ᠲᠤ ᠬᠦᠷᠴᠦ᠂ ᠡᠯᠪᠡᠭ ᠳᠡᠯᠪᠡᠭ ᠦᠷ᠎ᠡ ᠪᠦᠲᠦᠭᠡᠯ ᠣᠯᠵᠤ᠂ ᠡᠯᠪᠡᠭ ᠳᠡᠯᠪᠡᠭ ᠦᠷ᠎ᠡ ᠪᠦᠲᠦᠭᠡᠯ ᠣᠯᠵᠠᠢ᠃ ᠭᠡᠷ᠎ᠡ ᠲᠣᠭᠲᠠᠭᠰᠠᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠲᠥᠷᠥᠯ ᠵᠦᠢ᠍ᠯ ᠡᠯᠪᠡᠭ ᠪᠠᠶᠠᠯᠢᠭ ᠪᠠᠢ᠌ᠵᠤ᠂ ᠭᠡᠷ᠎ᠡ ᠲᠣᠭᠲᠠᠭᠰᠠᠨ ᠡᠲᠡᠭᠡᠳ᠎ᠲᠤ ᠪᠡᠭᠡᠵᠢᠩ᠎ᠤᠨ ᠠᠩᠬᠠᠳᠠᠭᠴᠢ ᠲᠠᠷᠢᠶᠠᠯᠠᠩ᠂ ᠰᠢᠨ ᠹᠠ ᠳ᠋ᠢ᠂ ᠳᠤᠮᠳᠠᠳᠤ ᠤᠯᠤᠰ᠎ᠤᠨ ᠠᠮᠤ ᠪᠤᠳᠠᠭ᠋ᠠᠨ᠎ᠤ ᠪᠦᠯᠦᠭᠯᠡᠯ᠂ ᠴᠦᠩᠴᠢᠩ᠎ᠤᠨ ᠬᠠᠯᠠᠭᠤᠨ ᠲᠣᠭᠣᠭ᠎ᠠ ᠵᠢᠨ ᠨᠡᠢ᠌ᠭᠡᠮᠯᠢᠭ ᠵᠡᠷᠭᠡ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠬᠤᠳᠠᠯᠳᠤᠭ᠋ᠠᠨ᠎ᠤ ᠬᠡᠲᠦ ᠳᠡᠯᠭᠡᠭᠦᠷ ᠪᠠ ᠵᠣᠬᠢᠶᠠᠨ ᠪᠠᠢ᠌ᠭᠤᠯᠤᠯᠲᠠ ᠣᠯᠠᠨ ᠪᠠᠢ᠌ᠨ᠎ᠠ᠃ ᠡᠬᠢᠯᠡᠯᠲᠡ ᠵᠢᠨ ᠶᠣᠰᠣᠯᠠᠯ᠎ᠤᠨ ᠲᠤᠬᠠᠢ ᠵᠢᠨ ᠡᠳᠦᠷ᠂ ᠤᠯᠠᠭ᠋ᠠᠨᠬᠠᠳᠠ ᠬᠣᠲᠠ ᠵᠢᠨ ᠬᠡᠰᠢᠭᠲᠡᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠪᠡᠭᠡᠵᠢᠩ᠎ᠤᠨ ᠰᠣᠩᠭᠣᠬᠤ ᠪᠦᠯᠦᠭᠯᠡᠯ ᠨᠢᠭᠡᠪᠦᠷᠢ ᠬᠤᠳᠠᠯᠳᠤᠨ ᠠᠪᠬᠤ ᠬᠡᠯᠡᠯᠴᠡᠭᠡᠷ᠎ᠲᠤ ᠭᠠᠷᠤᠨ ᠥᠰᠥᠭ ᠵᠢᠷᠤᠵᠤ᠂ ᠭᠡᠷ᠎ᠡ ᠲᠣᠭᠲᠠᠭᠰᠠᠨ ᠵᠣᠭᠣᠰ᠎ᠤᠨ ᠲᠣᠭ᠎ᠠ᠎ᠨᠢ 7 ᠳ᠋ᠦᠩᠰᠢᠭᠤᠷ ᠲᠥᠭᠥᠷᠢᠭ᠎ᠲᠤ ᠬᠦᠷᠴᠡᠢ᠃ 《ᠨᠢᠳᠤᠨᠤᠨ ᠬᠢᠵᠢᠭ᠎ᠤᠨ ᠪᠠᠢ᠌ᠳᠠᠯ ᠭᠠᠷᠤᠭᠰᠠᠨ ᠪᠠᠢ᠌ᠳᠠᠯ᠎ᠳᠤ ᠪᠢᠳᠡ ᠨᠢᠭᠡᠨᠲᠡ 7 ᠳ᠋ᠦᠩᠰᠢᠭᠤᠷ ᠲᠥᠭᠥᠷᠢᠭ᠎ᠤᠨ ᠭᠡᠷ᠎ᠡ ᠲᠣᠭᠲᠠᠵᠤ᠂ ᠡᠨᠡ ᠵᠢᠯ 10 ᠳ᠋ᠦᠩᠰᠢᠭᠤᠷ ᠲᠥᠭᠥᠷᠢᠭ ᠢ ᠳᠠᠪᠠᠬᠤ ᠪᠣᠯᠣᠮᠵᠢ ᠲᠠᠢ ᠪᠠᠢ᠌ᠨ᠎ᠠ᠂ ᠡᠨᠡ ᠤᠳᠠᠭ᠋ᠠᠨ᠎ᠤ ᠠᠵᠢᠯᠯᠠᠭ᠎ᠠ᠎ᠪᠠᠷ ᠳᠠᠮᠵᠢᠭᠤᠯᠤᠨ ᠪᠢᠳᠡᠨ ᠢ ᠴᠦᠩᠴᠢᠩ᠎ᠤᠨ ᠵᠠᠬ᠎ᠠ ᠳᠡᠯᠭᠡᠭᠦᠷ᠎ᠲᠤ ᠣᠷᠣᠭᠤᠯᠵᠤ᠂ ᠨᠡᠩ ᠥᠨᠳᠥᠷ ᠪᠣᠷᠤᠯᠠᠭᠤᠯᠭ᠎ᠠ ᠵᠢᠨ ᠨᠣᠷᠮ᠎ᠠ ᠵᠢ ᠪᠡᠶᠡᠯᠡᠭᠦᠯᠵᠦ ᠴᠢᠳᠠᠬᠤ ᠶᠤᠮ》 ᠭᠡᠵᠦ ᠬᠡᠰᠢᠭᠲᠡᠨ ᠬᠣᠰᠢᠭᠤᠨ᠎ᠤ ᠳᠠᠷᠤᠭ᠎ᠠ ᠬᠠᠷᠢᠶᠠᠴᠠᠢ ᠵᠢᠨ ᠰᠤᠷᠭ᠋ᠠᠭᠤᠯᠢ᠎ᠳᠤ ᠢᠲᠡᠭᠡᠯ ᠳᠦᠭᠦᠷᠡᠩ ᠪᠠᠢ᠌ᠯ᠎ᠠ᠃
《ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢᠨ ᠬᠡᠮᠵᠢᠶ᠎ᠡ᠎ᠨᠢ ᠮᠠᠯᠴᠢᠨ ᠲᠠᠷᠢᠶᠠᠴᠢᠨ᠎ᠤ ᠣᠷᠣᠯᠭ᠎ᠠ᠎ᠲᠠᠢ ᠰᠢᠭᠤᠳ ᠬᠣᠯᠪᠣᠭᠳᠠᠵᠤ ᠪᠠᠢ᠌ᠳᠠᠭ᠂ ᠲᠣᠰ ᠤᠳᠠᠭ᠋ᠠᠨ᠎ᠤ ᠬᠡᠷᠡᠭᠯᠡᠭᠡᠨ᠎ᠤ ᠬᠠᠪᠰᠤᠷᠤᠨ ᠲᠡᠳᠬᠦᠬᠦ ᠠᠵᠢᠯᠯᠠᠭ᠎ᠠ᠎ᠪᠠᠷ ᠳᠡᠮᠵᠢᠨ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦ᠎ᠳᠤ ᠠᠰᠢᠭᠲᠠᠢ ᠶᠤᠮ᠃ ᠡᠭᠦᠨ᠎ᠤ ᠬᠠᠮᠲᠤ ᠪᠢᠳᠡ ᠡᠨᠡ ᠤᠳᠠᠭ᠎ᠠ ᠵᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠨᠡᠩ ᠤᠯᠠᠨ ᠴᠦᠩᠴᠢᠩ ᠬᠤᠳᠠ ᠵᠢᠨ ᠠᠷᠠᠳ᠎ᠲᠤ ᠥᠪᠥᠷ ᠮᠣᠩᠭᠣᠯ᠎ᠤᠨ ᠪᠦᠲᠦᠭᠡᠭᠳᠡᠬᠦᠨ᠎ᠢ ᠮᠡᠳᠡᠷᠡᠭᠦᠯᠵᠦ᠂ ᠥᠪᠥᠷ ᠮᠣᠩᠭᠣᠯ᠎ᠤᠨ ᠲᠦᠷᠦᠯ ᠲᠡᠮᠳᠡᠭ᠎ᠢ ᠲᠠᠨᠢᠭᠤᠯᠵᠤ᠂ ᠥᠪᠥᠷ ᠮᠣᠩᠭᠣᠯ᠎ᠤᠨ ᠶᠠᠰᠤ ᠴᠢᠨᠠᠷ᠎ᠢ ᠲᠠᠨᠢᠭᠤᠯᠵᠤ᠂ ᠥᠪᠥᠷ ᠮᠣᠩᠭᠣᠯ᠎ᠤᠨ ᠤᠯᠤᠰ᠎ᠤᠨ ᠴᠢᠬᠤᠯᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠠᠶ᠋ᠢᠭᠤᠯᠬᠤ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠬᠠᠢ ᠱᠠᠨ ᠬᠡᠯᠡᠪᠡ᠃
《ᠲᠠᠯ᠎ᠠ ᠨᠤᠲᠤᠭ ᠬᠤᠯᠠ ᠪᠢᠰᠢ᠂ ᠦᠨᠦᠷ ᠠᠮᠲᠠ᠎ᠨᠢ ᠨᠡᠩ ᠣᠢ᠌ᠷ᠎ᠠ》᠃ ᠣᠯᠠᠨ ᠵᠢᠯ᠎ᠤᠨ ᠲᠤᠷᠰᠢ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠠᠷ ᠳᠡᠮᠵᠢᠨ᠂ ᠥᠪᠥᠷ ᠮᠣᠩᠭᠣᠯ᠎ᠤᠨ ᠦᠯᠡᠮᠵᠢ ᠣᠯᠠᠨ ᠴᠢᠨᠠᠷ ᠰᠠᠢ᠌ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ ᠨᠡᠢ᠌ᠰᠯᠡᠯ᠎ᠤᠨ ᠬᠣᠲᠠ ᠵᠢᠨ ᠠᠷᠠᠳ᠎ᠤᠨ ᠬᠣᠭᠣᠯᠠᠨ ᠰᠢᠷᠡᠭᠡᠨ᠎ᠳᠤ ᠭᠠᠷᠴᠠᠢ᠃ ᠲᠣᠰ ᠤᠳᠠᠭ᠋ᠠᠨ᠎ᠤ ᠠᠵᠢᠯᠯᠠᠭ᠎ᠠ ᠪᠣᠯ ᠪᠡᠭᠡᠵᠢᠩ ᠥᠪᠥᠷ ᠮᠣᠩᠭᠣᠯ ᠬᠣᠶᠠᠷ ᠲᠠᠯ᠎ᠠ᠎ᠪᠠᠷ ᠵᠶ᠋ᠠᠨ ᠠᠩᠬ᠎ᠠ ᠤᠳᠠᠭ᠎ᠠ ᠬᠠᠮᠵᠢᠯᠴᠠᠬᠤ ᠭᠠᠵᠠᠷ ᠣᠷᠣᠨ ᠠᠴᠠ ᠭᠠᠷᠴᠤ᠂ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠠᠮᠵᠢᠯᠴᠠᠭ᠎ᠠ᠎ᠳᠤ ᠠᠳᠠᠯᠢᠬᠠᠨ ᠣᠷᠣᠯᠴᠠᠭᠰᠠᠨ ᠴᠦᠩᠴᠢᠩ ᠬᠣᠲᠠ᠎ᠳᠤ ᠶᠠᠪᠤᠭᠳᠠᠭᠰᠠᠨ ᠨᠢᠭᠡ ᠤᠳᠠᠭ᠋ᠠᠨ᠎ᠤ ᠬᠡᠷᠡᠭᠯᠡᠭᠡᠨ᠎ᠤ ᠬᠠᠪᠰᠤᠷᠤᠨ ᠲᠡᠳᠬᠦᠬᠦ ᠭᠣᠣᠯ ᠰᠡᠳᠦᠪᠲᠦ ᠠᠵᠢᠯᠯᠠᠭ᠎ᠠ ᠮᠥᠨ᠂ ᠡᠨᠡ᠎ᠨᠢ ᠥᠪᠥᠷ ᠮᠣᠩᠭᠣᠯ᠎ᠤᠨ ᠪᠥᠬᠥ ᠤᠯᠤᠰ᠎ᠲᠤ ᠬᠠᠨᠳᠤᠭᠤᠯᠤᠭᠰᠠᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠣᠷᠤᠯᠠᠭᠤᠯᠭ᠎ᠠ ᠵᠢᠨ ᠲᠣᠮᠣ ᠵᠠᠬ᠎ᠠ ᠳᠡᠯᠭᠡᠭᠦᠷ᠂ ᠲᠣᠮᠣ ᠵᠠᠮ᠎ᠢ ᠪᠠᠶ᠋ᠢᠭᠤᠯᠬᠤ᠂ 〈ᠪᠡᠭᠡᠵᠢᠩ ᠥᠪᠥᠷ ᠮᠣᠩᠭᠣᠯ ᠴᠦᠩᠴᠢᠩ〉᠎ᠤᠨ ᠬᠡᠷᠡᠭᠯᠡᠭᠡᠨ᠎ᠤ ᠬᠠᠮᠵᠢᠯᠴᠠᠭ᠎ᠠ ᠵᠢᠨ ᠰᠢᠨ᠎ᠡ ᠪᠠᠢ᠌ᠷᠢᠰᠢᠯ᠎ᠢ ᠪᠣᠶ ᠪᠣᠯᠭ᠋ᠠᠬᠤ᠎ᠳᠤ ᠴᠢᠬᠤᠯᠠ ᠪᠣᠳᠠᠲᠤ ᠠᠴᠢ ᠬᠣᠯᠪᠣᠭᠳᠠᠯ᠎ᠲᠠᠢ ᠶᠤᠮ》 ᠭᠡᠵᠡᠢ᠃ ᠭᠡᠵᠦ ᠪᠡᠭᠡᠵᠢᠩ ᠬᠤᠳᠠ ᠵᠢᠨ ᠲᠤᠰᠠᠯᠠᠨ ᠳᠡᠮᠵᠢᠬᠦ ᠬᠠᠮᠲᠤᠷᠠᠯᠴᠠᠭ᠋ᠠᠨ᠎ᠤ ᠠᠯᠪᠠᠨ ᠭᠡᠷ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠡᠷᠬᠢᠯᠡᠭᠴᠢ ᠸᠠᠩ ᠵᠤᠤ ᠯᠦᠩ ᠬᠡᠯᠡᠪᠡ᠃
ᠠᠭᠤᠯᠠ ᠳᠠᠯᠠᠢ ᠠᠯᠤᠰ᠎ᠢ ᠵᠣᠷᠢᠬᠤ ᠦᠭᠡᠢ᠂ ᠭᠠᠷ ᠬᠣᠯᠪᠣᠯᠴᠠᠨ ᠬᠥᠭᠵᠢᠯ ᠮᠠᠨᠳᠤᠯ᠎ᠢ ᠠᠬᠢᠭᠤᠯᠤᠶ᠎ᠠ᠃ ᠭᠤᠷᠪᠠᠨ ᠭᠠᠵᠠᠷ᠎ᠤᠨ᠎ᠬᠢᠨ ᠲᠤᠰ ᠤᠳᠠᠭ᠎ᠠ ᠵᠢᠨ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠬᠦᠷᠳᠡᠬᠦ ᠰᠠᠢ᠌ᠨ ᠰᠠᠢ᠌ᠬᠠᠨ ᠬᠠᠭᠤᠳᠠᠰᠤ ᠵᠢ ᠲᠠᠰᠤᠷᠠᠯᠳᠡ ᠦᠭᠡᠢ ᠪᠢᠴᠢᠭᠯᠡᠨ᠎ᠡ᠃