ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠰᠣᠨᠢᠨ ᠮᠡᠳᠡᠭᠡ   -   ᠲᠤᠰᠬᠠᠢ ᠮᠡᠳᠡᠭᠡ
ᠪᠣᠷᠣᠳᠣᠬᠣᠢ ᠵᠢᠨ ᠲᠠᠷᠢᠶᠠᠯᠠᠩ᠎ᠤᠨ ᠪᠦᠲᠦᠭᠡᠭᠳᠡᠬᠦᠨ 《ᠳᠡᠯᠡᠬᠡᠢ ᠵᠢᠨ ᠬᠡᠪ ᠨᠠᠮᠪᠠ》 ᠎ᠪᠠᠨ ᠬᠠᠷᠠᠭᠤᠯᠪᠠ
ᠨᠡᠶ᠋ᠢᠲᠡᠯᠡᠭᠰᠡᠨ ᠴᠠᠭ᠄ 2023-03-29

      3 ᠰᠠᠷ᠎ᠠ ᠵᠢᠨ 26᠎ᠤ ᠡᠳᠦᠷ᠂ ᠪᠠᠶᠠᠨᠨᠠᠭᠤᠷ ᠬᠣᠲᠠ ᠵᠢᠨ ᠤᠷᠠᠳ ᠪᠣᠭᠣᠮᠲᠠ ᠵᠢᠨ ᠪᠣᠭᠣᠮᠲᠠ᠎ᠳᠤ ᠮᠡᠳᠡᠭᠦᠯᠬᠦ ᠶᠡᠬᠡ ᠲᠢᠩᠬᠢᠮ᠎ᠳᠤ᠂ ᠲᠤᠬᠠᠢ᠌ᠯᠠᠭᠰᠠᠨ ᠠᠵᠢᠯ᠎ᠤᠨ ᠴᠣᠩᠬᠣᠨ᠎ᠤ ᠠᠵᠢᠯᠲᠠᠨ ᠵᠧᠦ ᠯᠢ ᠯᠢ ᠱᠤᠭᠤᠮ ᠳᠡᠭᠡᠷ᠎ᠡ ᠢᠷᠠᠺ᠎ᠲᠤ ᠭᠠᠷᠬᠤ ᠨᠡᠷᠡᠨ ᠬᠤᠸᠠᠷ᠎ᠤᠨ ᠦᠷ᠎ᠡ ᠵᠢᠨ ᠪᠣᠭᠣᠮᠲᠠ᠎ᠪᠠᠷ ᠥᠩᠭᠡᠷᠡᠬᠦ ᠲᠤᠬᠠᠢ᠌ᠯᠠᠭᠰᠠᠨ ᠠᠵᠢᠯ᠎ᠢ ᠭᠥᠯᠢᠶᠡᠨ ᠠᠪᠴᠤ ᠰᠢᠢ᠍ᠳᠪᠦᠷᠢᠯᠡᠵᠡᠢ᠃ 《ᠣᠳᠣᠬᠠᠨ᠎ᠳᠤ ᠶᠠᠭ ᠲᠠᠷᠢᠶᠠᠯᠠᠩ᠎ᠤᠨ ᠪᠦᠲᠦᠭᠡᠭᠳᠡᠬᠦᠨ ᠎ᠢ ᠭᠠᠳᠠᠭ᠋ᠠᠳᠤ᠎ᠳᠤ ᠭᠠᠷᠭ᠋ᠠᠬᠤ ᠬᠥᠭᠵᠢᠯᠲᠡᠢ ᠤᠯᠠᠷᠢᠯ ᠪᠣᠯᠵᠤ ᠪᠠᠢ᠌ᠭ᠎ᠠ ᠪᠣᠯᠬᠣᠷ ᠪᠢᠳᠡ ᠠᠵᠤ ᠠᠬᠤᠢ᠌ᠯᠠᠯ ᠎ᠠᠴᠠ ᠬᠢᠷᠢ ᠲᠡᠩᠴᠡᠭᠰᠡᠨ ᠎ᠢ ᠦᠨᠡᠯᠡᠨ ᠲᠣᠭᠲᠠᠭ᠋ᠠᠬᠤ᠎ᠪᠠᠷ ᠮᠡᠳᠡᠭᠦᠯᠬᠦ ᠬᠦᠷᠲᠡᠯ᠎ᠡ᠂ ᠳᠠᠬᠢᠭ᠋ᠠᠳ ᠦᠨᠡᠮᠯᠡᠯ ᠣᠯᠭᠣᠬᠤ ᠬᠦᠷᠲᠡᠯ᠎ᠡ᠂ ᠪᠣᠳᠠᠲᠤ ᠪᠠᠷᠠᠭ᠎ᠠ ᠵᠢ ᠲᠠᠯᠪᠢᠵᠤ ᠶᠠᠪᠤᠭᠤᠯᠬᠤ᠂ ᠲᠤᠬᠠᠢ᠌ᠯᠠᠭᠰᠠᠨ ᠠᠵᠢᠯ ᠎ᠢ ᠡᠳᠦᠷ ᠵᠶ᠋ᠡᠷ ᠳ᠋ᠦᠩᠨᠡᠨ ᠡᠳᠦᠷ ᠵᠶ᠋ᠡᠷ ᠳᠠᠭᠤᠰᠬᠠᠬᠤ ᠬᠦᠷᠲᠡᠯ᠎ᠡ᠂ ᠪᠠᠷᠠᠭ᠎ᠠ ᠵᠢ ᠲᠡᠷᠡ ᠳᠠᠷᠤᠢ᠎ᠳᠤᠨᠢ ᠮᠡᠳᠡᠭᠦᠯᠵᠦ ᠲᠡᠷᠡ ᠳᠠᠷᠤᠢ᠎ᠳᠤᠨᠢ ᠲᠠᠯᠪᠢᠵᠤ ᠶᠠᠪᠤᠭᠤᠯᠤᠨ᠎ᠠ》 ᠭᠡᠵᠦ ᠵᠧᠦ ᠯᠢ ᠯᠢ ᠬᠡᠯᠡᠪᠡ᠃

      ᠪᠣᠭᠣᠮᠲᠠ ᠵᠢᠨ ᠪᠦᠷᠢᠳᠬᠡᠯ᠎ᠠᠴᠠ ᠦᠵᠡᠪᠡᠯ᠂ ᠡᠨᠡ ᠵᠢᠯ᠎ᠤᠨ ᠲᠦᠷᠦᠭᠦᠸ᠋ ᠬᠣᠶᠠᠷ ᠰᠠᠷ᠎ᠠ᠎ᠳᠤ᠂ ᠪᠠᠶᠠᠨᠨᠠᠭᠤᠷ ᠬᠣᠲᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠵᠢᠨ ᠠᠷᠠᠯᠵᠢᠶᠠᠨ᠎ᠤ ᠬᠡᠮᠵᠢᠶ᠎ᠡ 11 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 12% ᠨᠡᠮᠡᠭᠳᠡᠨ᠂ ᠠᠳᠠᠯᠢ ᠬᠤᠭᠤᠴᠠᠭ᠋ᠠᠨ᠎ᠤ ᠥᠪᠥᠷ ᠮᠣᠩᠭᠣᠯ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠵᠢᠨ ᠠᠷᠠᠯᠵᠢᠶᠠᠨ᠎ᠤ ᠬᠡᠮᠵᠢᠶ᠎ᠡ ᠵᠢᠨ 75% ᠵᠢ ᠡᠵᠡᠯᠡᠵᠦ᠂ ᠭᠠᠳᠠᠭ᠋ᠠᠳᠤ ᠠᠷᠠᠯᠵᠢᠶᠠᠨ᠎ᠤ ᠰᠠᠢ᠌ᠨ ᠡᠬᠢᠯᠡᠯᠲᠡ᠎ᠲᠠᠢ ᠪᠣᠯᠬᠤ ᠵᠢ ᠪᠠᠶᠠᠷᠯᠠᠨ ᠤᠭᠲᠤᠵᠤ ᠪᠠᠢ᠌ᠨ᠎ᠠ᠃

      ᠰᠢᠨ᠎ᠡ  ᠲᠢᠲᠢᠮᠯᠢᠭ  ᠸᠢᠷᠦ᠋ᠰ᠎ᠤᠨ ᠬᠠᠯᠳᠠᠪᠤᠷᠢᠯᠠᠯ᠎ᠤᠨ 《ᠬᠥᠬᠡᠭᠴᠢᠨ ᠲᠥᠷᠥᠯ᠎ᠤᠨ ᠬᠥᠬᠡᠭᠴᠢᠨ ᠬᠠᠮᠢᠶᠠᠷᠤᠯᠲᠠ》 ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠳᠠᠭ᠋ᠠᠯᠳᠤᠨ᠂ ᠳᠣᠲᠣᠭ᠋ᠠᠳᠤ ᠬᠠᠭᠤᠷᠠᠢ ᠵᠢᠨ ᠡᠳ᠋ ᠪᠠᠷᠠᠭ᠋ᠠᠨ᠎ᠤ ᠭᠦᠢ᠍ᠯᠭᠡᠭᠡ ᠪᠠ ᠲᠡᠯᠡᠶ ᠵᠢᠨ ᠲᠡᠭᠡᠭᠡᠪᠦᠷᠢ ᠵᠢᠨ ᠥᠪᠡᠷ᠎ᠤᠨ ᠥᠷᠲᠡᠭ ᠪᠠᠭᠤᠷᠠᠵᠤ᠂ ᠬᠢᠯᠢ ᠵᠢᠨ ᠭᠠᠳᠠᠨᠠᠬᠢ ᠪᠣᠭᠣᠮᠲᠠ ᠵᠢ ᠴᠡᠪᠡᠷᠯᠡᠬᠦ᠎ᠨᠢ ᠠᠭᠤᠵᠢᠭᠤ ᠪᠣᠯᠵᠤ᠂ ᠭᠤᠪᠢᠭᠤᠯᠭ᠎ᠠ ᠵᠢᠨ ᠨᠣᠷᠮ᠎ᠠ ᠵᠢᠨ ᠬᠡᠯᠪᠡᠯᠵᠡᠯ ᠨᠠᠮᠳᠠᠬᠤ ᠬᠠᠨᠳᠤᠰᠢ᠎ᠲᠠᠢ ᠪᠣᠯᠤᠭᠰᠠᠨ ᠵᠡᠷᠭᠡ ᠠᠰᠢᠭᠲᠠᠢ ᠪᠠᠢ᠌ᠳᠠᠯ ᠳᠠᠪᠬᠤᠴᠠᠵᠤ᠂ ᠪᠠᠶᠠᠨᠨᠠᠭᠤᠷ ᠣᠷᠣᠨ᠎ᠤ ᠡᠯ᠎ᠡ ᠭᠠᠳᠠᠭ᠋ᠠᠳᠤ ᠠᠷᠠᠯᠵᠢᠶᠠᠨ᠎ᠤ ᠠᠵᠤ ᠠᠬᠤᠢ᠌ᠯᠠᠯ ᠡᠷᠴᠢ ᠵᠣᠷᠢᠭ ᠵᠶ᠋ᠠᠨ ᠬᠥᠪᠴᠢᠯᠡᠵᠦ᠂ ᠭᠠᠳᠠᠭ᠋ᠠᠳᠤ ᠠᠷᠠᠯᠵᠢᠶᠠᠨ᠎ᠤ ᠵᠢᠱ᠌ᠢᠯᠲᠡ᠎ᠪᠠᠨ ᠳᠡᠭᠡᠭᠰᠢᠯᠡᠭᠦᠯᠦᠭᠰᠡᠨ ᠪᠠᠢ᠌ᠨ᠎ᠠ᠃ 《ᠪᠢᠳᠡ 〈ᠨᠢᠭᠡ ᠪᠦᠰᠡ ᠨᠢᠭᠡ ᠵᠠᠮ〉᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠲᠤ᠎ᠪᠠᠷ ᠪᠦᠲᠦᠭᠡᠨ ᠪᠠᠶ᠋ᠢᠭᠤᠯᠬᠤ ᠬᠡᠲᠦ ᠵᠢᠨ ᠲᠥᠯᠥᠪ ᠪᠠ RCEP ᠵᠢᠨ ᠬᠡᠯᠡᠯᠴᠡᠭᠡᠷ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠨᠡᠮᠡᠭᠳᠡᠯ᠎ᠢ ᠰᠠᠢ᠌ᠲᠤᠷ ᠦᠵᠡᠵᠦ᠂ ᠡᠸᠦ᠋ᠷᠦᠫᠡ ᠲᠢᠪ ᠪᠠ ᠵᠡᠭᠦᠨ ᠡᠮᠦᠨᠡᠲᠦ ᠠᠽᠢᠶ᠎ᠠ ᠵᠢᠨ ᠵᠠᠬ᠎ᠠ ᠳᠡᠯᠭᠡᠭᠦᠷ᠎ᠢ ᠭᠣᠣᠯᠳᠠᠯᠭ᠎ᠠ᠎ᠲᠠᠢ ᠨᠡᠭᠡᠭᠡᠨ ᠥᠷᠭᠡᠳᠬᠡᠵᠦ᠂ ᠭᠠᠳᠠᠭ᠋ᠠᠳᠤ ᠵᠢᠨ ᠵᠠᠬ᠎ᠠ ᠳᠡᠯᠭᠡᠭᠦᠷ᠎ᠤᠨ ᠬᠤᠪᠢ ᠵᠢᠨ ᠲᠣᠭ᠎ᠠ ᠵᠢ ᠵᠠᠪᠳᠤᠨ ᠡᠵᠡᠯᠡᠵᠦ ᠪᠠᠢ᠌ᠨ᠎ᠠ᠂ ᠵᠢᠱ᠌ᠢᠯᠲᠡ᠎ᠪᠠᠷ ᠡᠨᠡ ᠵᠢᠯ᠎ᠤᠨ ᠭᠠᠳᠠᠭ᠋ᠠᠳᠤ ᠠᠷᠠᠯᠵᠢᠶᠠᠨ᠎ᠤ ᠠᠮᠵᠢᠯᠲᠠ ᠪᠦᠲᠦᠮᠵᠢ ᠲᠣᠭ᠎ᠠ ᠬᠡᠮᠵᠢᠶᠡᠨ᠎ᠤ ᠦᠰᠦᠷᠦᠯᠲᠡ᠎ᠲᠠᠢ ᠪᠣᠯᠬᠤ ᠪᠣᠯᠣᠨ᠎ᠠ》 ᠭᠡᠵᠡᠢ᠃ ᠪᠣᠭᠣᠮᠲᠠ᠎ᠪᠠᠷ ᠥᠩᠭᠡᠷᠡᠭᠦᠯᠬᠦ ᠲᠤᠬᠠᠢ᠌ᠯᠠᠭᠰᠠᠨ ᠠᠵᠢᠯ ᠵᠶ᠋ᠠᠨ ᠰᠠᠶᠢᠬᠠᠨ ᠬᠢᠵᠦ ᠳᠠᠭᠤᠰᠬᠠᠭᠰᠠᠨ ᠨᠢᠭᠡᠨ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠢᠲᠡᠭᠡᠯ ᠳᠦᠭᠦᠷᠡᠩ ᠶᠠᠷᠢᠵᠤ ᠪᠠᠢ᠌ᠯ᠎ᠠ᠃

      ᠪᠠᠶᠠᠨᠨᠠᠭᠤᠷ ᠬᠤᠳᠠ ᠵᠢᠨ ᠯᠸ᠋ ᠡᡁᠸ᠋ ᠲᠠᠷᠢᠶᠠᠯᠠᠩ᠎ᠤᠨ ᠪᠦᠲᠦᠭᠡᠭᠳᠡᠬᠦᠨ᠎ᠢ ᠬᠤᠳᠠᠯᠳᠤᠨ ᠠᠪᠬᠤ ᠪᠠ ᠪᠣᠷᠣᠯᠠᠭᠤᠯᠬᠤ ᠬᠢᠵᠠᠭ᠋ᠠᠷᠲᠤ ᠺᠣᠮᠫᠠᠨᠢ ᠵᠢᠨ ᠦᠢ᠍ᠯᠡᠳᠪᠦᠷᠢᠯᠡᠯ᠎ᠤᠨ ᠲᠠᠰᠤᠭ᠎ᠲᠤ᠂ ᠰᠠᠯᠬᠢ᠎ᠪᠠᠷ ᠰᠢᠯᠢᠬᠦ ᠮᠠᠰᠢᠨ᠂ ᠴᠢᠯᠠᠭᠤ ᠠᠷᠢᠯᠭ᠋ᠠᠬᠤ ᠮᠠᠰᠢᠨ᠂ ᠬᠤᠪᠢ ᠵᠢᠨ ᠵᠢᠩ᠎ᠤᠨ ᠮᠠᠰᠢᠨ᠎ᠤ ᠮᠣᠷᠢᠨ ᠬᠦᠴᠦ᠎ᠨᠢ ᠪᠦᠬᠦᠨ ᠵᠶ᠋ᠡᠷ ᠵᠶ᠋ᠡᠨ ᠨᠡᠭᠡᠭᠡᠭᠳᠡᠵᠦ᠂ ᠪᠣᠯᠪᠠᠰᠤᠷᠠᠩᠭᠤᠢ᠎ᠪᠠᠷ ᠠᠷᠰᠠᠷ ᠠᠵᠢᠯ ᠲᠡᠭᠦᠬᠦ ᠠᠵᠢᠯᠴᠢᠨ᠂ ᠪᠣᠭᠣᠳᠠᠯᠯᠠᠬᠤ ᠠᠵᠢᠯᠴᠢᠨ᠂ ᠲᠣᠩᠭᠣᠷᠤᠤ ᠤᠭᠰᠠᠷᠠᠬᠤ ᠠᠵᠢᠯᠴᠢᠨ ᠬᠦᠷ ᠬᠥᠭᠵᠢᠶᠡᠨ᠎ᠲᠠᠢ ᠠᠵᠢᠯᠯᠠᠵᠤ᠂ ᠨᠡᠷᠡᠨ ᠬᠤᠸᠠᠷ᠎ᠤᠨ ᠦᠷ᠎ᠡ᠎ᠠᠴᠠ ᠬᠥᠮᠥᠰ᠎ᠤᠨ ᠪᠠᠬᠠᠷᠤᠯ᠎ᠢ ᠲᠠᠲᠠᠮ᠎ᠠ ᠠᠩᠬᠢᠯᠤᠮ᠎ᠠ ᠰᠠᠢ᠌ᠬᠠᠨ ᠦᠨᠦᠷ ᠬᠠᠩᠬᠤᠯᠵᠤ᠂ ᠦᠢ᠍ᠯᠡᠳᠪᠦᠷᠢᠯᠡᠯ᠎ᠤᠨ ᠱᠤᠭᠤᠮ ᠳᠡᠭᠡᠷ᠎ᠡ ᠪᠠᠶᠠᠷ ᠬᠦᠷ᠎ᠲᠠᠢ᠎ᠪᠠᠷ ᠪᠢᠯᠬᠠᠨ᠎ᠠ᠃ ᠬᠥᠮᠥᠷᠭᠡ᠎ᠳᠠᠬᠢ ᠨᠢᠭᠡ ᠪᠠᠭᠯᠠᠭ᠎ᠠ ᠪᠦᠲᠦᠭᠡᠭᠳᠡᠬᠦᠨ᠎ᠢ ᠴᠦ᠍ ᠳᠠᠮᠵᠢᠭᠤᠯᠬᠤ ᠪᠦᠰᠡ᠎ᠪᠠᠷ ᠠᠴᠢᠶᠠᠨ᠎ᠤ ᠮᠠᠰᠢᠨ ᠲᠡᠷᠭᠡᠨ᠎ᠳᠤ ᠰᠠᠭᠤᠯᠭ᠋ᠠᠵᠤ᠂ ᠤᠳᠠᠯ ᠦᠭᠡᠢ ᠭᠠᠷᠠᠮ᠎ᠳᠤ ᠰᠢᠯᠵᠢᠭᠦᠯᠵᠦ᠂ 《ᠰᠢᠨ᠎ᠡ ᠰᠣᠷᠭᠣᠭ》᠎ᠢ ᠵᠠᠪᠳᠤᠨ ᠲᠠᠯᠠᠢ᠎ᠳᠤ ᠭᠠᠷᠤᠨ᠎ᠠ᠃

     《ᠭᠠᠷ᠎ᠲᠤ ᠵᠠᠬᠢᠶᠠᠯᠠᠭ᠎ᠠ ᠵᠢᠨ ᠬᠠᠭᠤᠳᠠᠰᠤ᠎ᠲᠠᠢ᠂ ᠡᠳ᠋ ᠪᠠᠷᠠᠭ᠎ᠠ ᠵᠢ ᠪᠣᠷᠣᠯᠠᠭᠤᠯᠬᠤ ᠵᠠᠮ᠎ᠲᠠᠢ᠂ ᠭᠠᠳᠠᠭ᠋ᠠᠳᠤ᠎ᠳᠤ ᠭᠠᠷᠭ᠋ᠠᠬᠤ᠎ᠳᠤ ᠪᠠᠲᠤᠯᠠᠭ᠎ᠠ᠎ᠲᠠᠢ ᠪᠠᠢ᠌ᠳᠠᠭ᠃》 ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠪᠥᠸᠧ ᠯᠧ ᠪᠠᠶᠠᠷᠲᠠᠢ᠎ᠪᠠᠷ᠄ 《ᠡᠮᠦᠨ᠎ᠡ ᠨᠢᠭᠡ ᠬᠤᠭᠤᠴᠠᠭ᠋ᠠᠨ᠎ᠳᠤ ᠪᠢᠳᠡ ᠳ᠋ᠦ᠍ᠪᠠᠢ ᠪᠣᠯᠣᠨ ᠷᠢᠶᠠᠳ᠋᠎ᠤᠨ ᠡᠷᠭᠢᠯᠡᠭᠰᠡᠨ ᠳᠠᠯᠠᠶ ᠵᠢᠨ ᠪᠤᠯᠤᠩ᠎ᠤᠨ ᠢᠳᠡᠭᠡᠨ᠎ᠤ ᠦᠵᠡᠭᠦᠯᠦᠯᠭᠡ ᠵᠢᠨ ᠴᠤᠭᠯᠠᠭ᠋ᠠᠨ ᠳᠡᠭᠡᠷ᠎ᠡ 1800 ᠭᠠᠷᠤᠢ ᠲᠦᠮᠡᠨ ᠳ᠋ᠣᠯᠯᠠᠷ᠎ᠤᠨ ᠭᠠᠳᠠᠭ᠋ᠠᠳᠤ ᠭᠠᠷᠭ᠋ᠠᠯᠲᠠ ᠵᠢᠨ ᠵᠠᠬᠢᠶᠠᠯᠠᠭ᠎ᠠ ᠵᠢᠨ ᠬᠠᠭᠤᠳᠠᠰᠤᠨ᠎ᠳᠤ ᠭᠠᠷ᠎ᠤᠨ ᠦᠰᠦᠭ ᠵᠢᠷᠤᠵᠤ᠂ ᠣᠳᠣ ᠺᠣᠮᠫᠠᠨᠢ ᠵᠢᠨ 7 ᠦᠢ᠍ᠯᠡᠳᠪᠦᠷᠢᠯᠡᠯ᠎ᠤᠨ ᠱᠤᠭᠤᠮ ᠎ᠢ ᠳᠦᠭᠦᠷᠡᠩ ᠠᠴᠢᠶ᠎ᠠ ᠎ᠲᠠᠢ ᠡᠬᠢᠯᠡᠭᠦᠯᠵᠦ᠂ ᠡᠳᠦᠷ᠎ᠤᠨ ᠭᠠᠷᠤᠯᠲᠠ 200 ᠲᠣᠨ᠎ᠠᠴᠠ ᠳᠠᠪᠠᠵᠠᠢ》᠃

      ᠪᠠᠶᠠᠨᠨᠠᠭᠤᠷ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠵᠢᠨ ᠳᠠᠷᠤᠭ᠎ᠠ ᠤᠳᠥᠮᠦ ᠵᠢᠨ ᠲᠠᠨᠢᠯᠴᠠᠭᠤᠯᠤᠭᠰᠠᠨ ᠵᠶ᠋ᠠᠷ᠂ ᠡᠨᠡ ᠵᠢᠯ᠎ᠠᠴᠠ ᠨᠠᠰᠢ᠂ ᠲᠤᠰ ᠬᠤᠲᠠ ᠵᠢᠨ᠎ᠬᠢᠨ ᠲᠦᠷᠦᠭᠦᠦ ᠪᠦᠯᠦᠭ᠎ᠤᠨ ᠭᠠᠳᠠᠭ᠋ᠠᠳᠤ᠎ᠳᠤ ᠭᠠᠷᠭ᠋ᠠᠬᠤ 5 ᠳᠠᠭ᠋ᠠᠭᠤᠯᠤᠭᠴᠢ ᠠᠵᠤ ᠠᠬᠤᠢ᠌ᠯᠠᠯ᠎ᠤᠨ ᠪᠠᠢ᠌ᠭᠤᠯᠤᠭᠰᠠᠨ ᠤᠯᠠᠨ ᠨᠡᠶ᠋ᠢᠲᠡ ᠵᠢᠨ ᠭᠠᠳᠠᠭ᠋ᠠᠳᠤ᠎ᠳᠠᠬᠢ ᠬᠥᠮᠥᠷᠭᠡ ᠵᠢ ᠲᠣᠭᠲᠠᠭ᠋ᠠᠵᠤ᠂ ᠢᠨᠳᠤᠨᠧᠰᠢᠶ᠎ᠠ᠂ ᠲᠦᠷᠺ᠂ ᠺᠠᠮᠪᠤᠵᠠ ᠪᠣᠯᠣᠨ ᠤᠷᠤᠰ᠎ᠲᠤ ᠲᠤᠰ ᠲᠤᠰ ᠭᠠᠵᠠᠷ ᠰᠣᠩᠭᠣᠨ ᠥᠭᠴᠦ᠂ ᠭᠠᠳᠠᠭ᠋ᠠᠳᠤ᠎ᠳᠤ ᠭᠠᠷᠭ᠋ᠠᠬᠤ ᠪᠠᠷᠠᠭ᠎ᠠ᠎ᠳᠤ ᠬᠢᠯᠢ ᠵᠢᠨ ᠭᠠᠳᠠᠨ᠎ᠠ ᠳᠠᠮᠵᠢᠭᠤᠯᠬᠤ ᠬᠦᠢ᠍ᠰᠦ ᠪᠠᠢ᠌ᠭᠤᠯᠵᠤ ᠥᠭᠭᠦᠭᠰᠡᠨ ᠵᠶ᠋ᠡᠷ ᠪᠠᠷᠠᠬᠤ ᠦᠭᠡᠢ ᠪᠠᠰᠠ ᠬᠤᠳᠠᠯᠳᠤᠨ ᠠᠪᠬᠤ ᠪᠠ ᠪᠣᠷᠣᠯᠠᠭᠤᠯᠬᠤ ᠬᠥᠭᠵᠢᠶᠡᠨᠲᠡᠢ ᠤᠯᠠᠷᠢᠯ᠎ᠤᠨ ᠪᠠᠷᠠᠭ᠋ᠠᠨ᠎ᠤ ᠭᠦᠢ᠍ᠯᠭᠡᠭᠡᠨ᠎ᠤ ᠦᠷ᠎ᠡ ᠠᠰᠢᠭ᠎ᠢ ᠳᠡᠭᠡᠭᠰᠢᠯᠡᠭᠦᠯᠦᠭᠰᠡᠨ ᠪᠠᠢ᠌ᠨ᠎ᠠ᠃ 2 ᠳ᠋ᠤᠭ᠋ᠠᠷ ᠰᠠᠷ᠎ᠠ᠎ᠳᠤ᠂ ᠲᠣᠰ ᠬᠣᠲᠠ ᠵᠢᠨ᠎ᠬᠢᠨ ᠪᠠᠰᠠ ᠭᠠᠳᠠᠭ᠋ᠠᠳᠤ᠎ᠳᠤ ᠭᠠᠷᠭ᠋ᠠᠬᠤ ᠲᠣᠯᠣᠭ᠋ᠠᠢ᠌ᠯᠠᠭᠴᠢ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠤᠨ 《ᠮᠣᠩᠭᠣᠯ᠎ᠤᠨ ᠬᠤᠳᠠᠯᠳᠤᠭ᠋ᠠᠴᠢᠨ᠎ᠤ ᠲᠣᠷᠭ᠋ᠠᠨ ᠵᠠᠮ᠎ᠤᠨ ᠠᠶᠠᠯᠠᠯ》᠎ᠤᠨ ᠭᠠᠳᠠᠭ᠋ᠠᠳᠤ᠎ᠳᠠᠬᠢ ᠠᠵᠤ ᠠᠬᠤᠢ ᠠᠷᠠᠯᠵᠢᠶᠠᠨ᠎ᠤ ᠠᠵᠢᠯᠯᠠᠭ᠎ᠠ ᠥᠷᠨᠢᠭᠦᠯᠵᠦ᠂ ᠠᠷᠠᠪ᠎ᠤᠨ ᠬᠣᠯᠪᠣᠭ᠋ᠠᠲᠤ ᠠᠬᠠᠮᠠᠳᠲᠤ ᠤᠯᠤᠰ ᠪᠣᠯᠣᠨ ᠰᠠᠦᠢ᠍ᠳ᠋᠎ᠤᠨ ᠠᠷᠠᠪ᠎ᠲᠤ ᠬᠦᠷᠴᠦ ᠲᠠᠩᠰᠠ ᠵᠢᠨ ᠬᠠᠭᠤᠳᠠᠰᠤ ᠪᠤᠯᠢᠶᠠᠯᠳᠤᠨ ᠠᠪᠴᠤ᠂ ᠣᠬᠣᠷᠬᠠᠨ 6 ᠡᠳᠦᠷ᠎ᠤᠨ ᠬᠤᠭᠤᠴᠠᠭ᠋ᠠᠨ᠎ᠳᠤ ᠲᠡᠯᠡᠶ ᠵᠢᠨ ᠪᠤᠯᠤᠩ᠎ᠤᠨ ᠣᠷᠣᠨ᠎ᠤ 130 ᠭᠠᠷᠤᠢ ᠵᠣᠴᠢᠨ ᠡᠷᠦᠬᠡ᠎ᠲᠠᠢ ᠶᠠᠷᠢᠯᠴᠠᠵᠤ᠂ ᠭᠠᠳᠠᠭ᠋ᠠᠳᠤ᠎ᠳᠤ ᠭᠠᠷᠭ᠋ᠠᠬᠤ ᠵᠠᠬᠢᠶᠠᠯᠠᠭ᠎ᠠ ᠵᠢᠨ ᠬᠠᠭᠤᠳᠠᠰᠤ ᠵᠢᠨ ᠰᠠᠨᠠᠮᠵᠢ ᠵᠢᠨ ᠭᠡᠷ᠎ᠡ ᠵᠢᠨ ᠲᠣᠭ᠎ᠠ᠎ᠨᠢ 1.5 ᠳ᠋ᠦᠩᠰᠢᠭᠤᠷ ᠳ᠋ᠣᠯᠯᠠᠷ᠎ᠢ ᠳᠠᠪᠠᠭᠰᠠᠨ ᠪᠠᠢ᠌ᠨ᠎ᠠ᠃ ᠡᠭᠦᠨ᠎ᠠᠴᠠ ᠭᠠᠳᠠᠨ᠎ᠠ᠂ ᠪᠣᠭᠣᠮᠲᠠ᠎ᠲᠠᠢ ᠭᠡᠷ᠎ᠡ ᠲᠣᠭᠲᠠᠵᠤ ᠪᠥᠬᠥ ᠤᠯᠤᠰ᠎ᠤᠨ ᠠᠩᠬᠠᠳᠠᠭᠴᠢ ᠦᠷ᠎ᠡ ᠵᠢᠨ ᠲᠥᠷᠥᠯ᠎ᠤᠨ ᠮᠡᠷᠭᠡᠵᠢᠯ᠎ᠤᠨ ᠴᠢᠨᠠᠷᠲᠠᠢ ᠠᠷᠠᠯᠵᠢᠶᠠᠨ᠎ᠤ ᠠᠷᠭ᠎ᠠ ᠬᠡᠮᠵᠢᠶ᠎ᠡ ᠵᠢ ᠰᠤᠳᠤᠯᠤᠨ ᠦᠨᠡᠯᠡᠬᠦ ᠰᠠᠭᠤᠷᠢᠨ ᠭᠠᠵᠠᠷ᠎ᠢ ᠬᠠᠮᠲᠤ᠎ᠪᠠᠷ ᠪᠠᠢ᠌ᠭᠤᠯᠪᠠ᠂ ᠡᠭᠦᠨ᠎ᠠᠴᠠ ᠡᠮᠦᠨ᠎ᠡ᠂ ᠲᠣᠰ ᠬᠣᠲᠠ ᠨᠢᠭᠡᠨᠲᠡ ᠪᠣᠭᠣᠮᠲᠠ᠎ᠲᠠᠢ ᠬᠣᠯᠪᠤᠭ᠋ᠠᠯᠠᠨ ᠢᠷᠡᠨ᠂ ᠶᠠᠫᠤᠨ᠂ ᠠᠦ᠋ᠰᠲᠷᠠᠯᠢᠶ᠎ᠠ ᠵᠡᠷᠭᠡ ᠤᠯᠤᠰ᠎ᠤᠨ ᠠᠷᠠᠯᠵᠢᠶᠠᠨ᠎ᠤ ᠪᠡᠬᠢᠯᠡᠯᠲᠡ ᠵᠢ ᠡᠪᠳᠡᠵᠦ᠂ ᠠᠵᠤ ᠠᠬᠤᠢ᠌ᠯᠠᠯ᠎ᠢ ᠬᠠᠪᠰᠤᠷᠤᠨ ᠵᠠᠬ᠎ᠠ ᠳᠡᠯᠭᠡᠭᠦᠷ᠎ᠤᠨ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠪᠠ᠃

      ᠣᠢ᠌ᠯᠠᠭ᠋ᠠᠭᠰᠠᠨ ᠵᠶ᠋ᠠᠷ᠂ ᠪᠠᠶᠠᠨᠨᠠᠭᠤᠷ ᠬᠣᠲᠠ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠯᠲᠡ ᠵᠢᠨ ᠳᠠᠪᠠᠭᠤᠯᠢᠭ᠎ᠲᠠᠭᠠᠨ ᠲᠦᠰᠢᠭᠯᠡᠨ᠂ ᠪᠣᠷᠣᠳᠣᠬᠣᠢ ᠵᠢᠨ ᠪᠥᠬᠥ ᠣᠷᠣᠨ ᠪᠦᠰᠡ ᠵᠢᠨ ᠪᠣᠬᠢᠷᠳᠤᠯ ᠦᠭᠡᠢ ᠣᠷᠭ᠋ᠠᠨᠢᠭ ᠳᠡᠭᠡᠳᠦ ᠲᠠᠰ᠎ᠤᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠦᠢ᠍ᠯᠡᠳᠪᠦᠷᠢᠯᠡᠵᠦ ᠡᠳ᠋ᠰᠢᠭᠦᠯᠬᠦ ᠪᠠ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠢ ᠬᠦᠴᠦᠯᠡᠨ ᠪᠠᠢ᠌ᠭᠤᠯᠵᠤ᠂ ᠲᠠᠷᠢᠶᠠᠯᠠᠩ᠎ᠤᠨ ᠪᠦᠲᠦᠭᠡᠭᠳᠡᠬᠦᠨ᠎ᠢ 《ᠣᠯᠠᠨ ᠤᠯᠤᠰ᠎ᠤᠨ ᠬᠡᠪ ᠳᠠᠭᠤᠷᠢᠶᠠᠯ》᠎ᠠᠴᠠ ᠭᠠᠷᠭ᠋ᠠᠬᠤ᠎ᠳᠤ ᠬᠦᠴᠦ ᠨᠡᠮᠡᠷᠢᠯᠡᠪᠡ᠃ ᠣᠢ᠌ᠷ᠎ᠠ ᠵᠢᠨ ᠵᠢᠯ᠎ᠤᠨ ᠲᠤᠷᠰᠢ᠂ ᠲᠤᠰ ᠬᠤᠳᠠ ᠵᠢᠨ᠎ᠬᠢᠨ 《ᠲᠡᠭᠷᠢ ᠵᠢᠨ ᠣᠶᠣᠳᠠᠯ᠎ᠤᠨ ᠲᠣᠬᠣᠢ》 ᠵᠢᠨ ᠣᠷᠣᠨ ᠪᠦᠰᠡ ᠵᠢᠨ ᠨᠡᠶ᠋ᠢᠲᠡ ᠵᠢᠨ ᠬᠡᠷᠡᠭᠯᠡᠭᠡᠨ᠎ᠤ ᠲᠦᠷᠦᠯ ᠲᠡᠮᠳᠡᠭ ᠵᠶ᠋ᠡᠨ ᠭᠠᠢ᠌ᠬᠠᠭᠤᠯᠵᠤ᠂ ᠭᠠᠳᠠᠭ᠋ᠠᠳᠤ᠎ᠳᠤ ᠭᠠᠷᠭ᠋ᠠᠬᠤ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠵᠢᠨ ᠵᠠᠬ᠎ᠠ ᠳᠡᠯᠭᠡᠭᠦᠷ᠎ᠲᠠᠬᠢ ᠨᠡᠷ᠎ᠡ ᠠᠯᠳᠠᠷ᠎ᠤᠨ ᠬᠡᠮᠵᠢᠶ᠎ᠡ ᠪᠣᠯᠣᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠪᠣᠷᠣᠳᠣᠬᠣᠢ ᠵᠢᠨ ᠨᠡᠷᠡᠨ ᠬᠤᠸᠠᠷ ᠪᠣᠯᠣᠨ ᠲᠠᠯ᠎ᠠ ᠨᠤᠲᠤᠭ᠎ᠤᠨ ᠠᠯᠠᠰᠢᠨ ᠬᠣᠨᠢ ᠭᠡᠬᠦ ᠬᠣᠶᠠᠷ ᠣᠨᠴᠠᠯᠢᠭᠲᠤ ᠠᠵᠤ ᠦᠢ᠍ᠯᠡᠰ᠎ᠤᠨ ᠪᠦᠯᠦᠭᠵᠢᠯ᠎ᠢ ᠴᠣᠭᠴᠠᠯᠠᠵᠤ᠂ ᠭᠠᠳᠠᠭ᠋ᠠᠳᠤ ᠠᠷᠠᠯᠵᠢᠶᠠᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠤ᠂ ᠳᠠᠭ᠋ᠠᠭᠤᠯᠤᠭᠴᠢ ᠠᠵᠤ ᠠᠬᠤᠢ᠌ᠯᠠᠯ᠎ᠠᠴᠠ ᠳᠤᠮᠳᠠ ᠪᠠᠭ᠎ᠠ ᠪᠢᠴᠢᠯ ᠠᠵᠤ ᠠᠬᠤᠢ᠌ᠯᠠᠯ᠎ᠤᠨ ᠴᠤᠭᠯᠠᠷᠠᠨ ᠡᠵᠡᠩᠨᠡᠬᠦ᠂ ᠠᠰᠢᠭ ᠲᠤᠰᠠ ᠵᠢ ᠬᠠᠮᠲᠤᠪᠠᠷ ᠡᠳ᠋ᠯᠡᠬᠦ ᠵᠢ ᠲᠠᠢ᠍ᠢ᠍ᠴᠢᠯᠠᠪᠠ; ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡ 《ᠤᠷᠠᠳ᠎ᠤᠨ ᠬᠣᠢ᠌ᠲᠤ ᠬᠣᠰᠢᠭᠤ ᠨᠡᠷᠡᠮᠵᠢᠲᠦ》 ᠵᠢ ᠪᠠᠢ᠌ᠩᠭᠤᠵᠢᠭᠤᠯᠤᠨ ᠨᠠᠪᠲᠠᠷᠡᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭ᠋ᠠᠳᠤ᠎ᠳᠤ ᠭᠠᠷᠭ᠋ᠠᠬᠤ 《ᠲᠠᠯᠠᠢ ᠲᠡᠮᠦᠷ ᠵᠠᠮ᠎ᠤᠨ ᠬᠠᠮᠲᠤᠷᠠᠭᠰᠠᠨ ᠲᠡᠭᠡᠭᠡᠪᠦᠷᠢ》 ᠵᠢᠨ ᠬᠢᠯᠢ ᠠᠯᠤᠰᠯᠠᠭᠰᠠᠨ ᠲᠡᠭᠡᠭᠡᠪᠦᠷᠢ ᠵᠢᠨ ᠵᠠᠭᠪᠤᠷ᠎ᠢ ᠡᠬᠢᠯᠡᠭᠦᠯᠵᠦ᠂ ᠥᠪᠡᠷ᠎ᠤᠨ ᠦᠷᠳᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠦᠨ᠎ᠡ᠃ ᠨᠢᠳᠤᠨᠤᠨ᠂ ᠪᠦᠬᠦ ᠬᠤᠳᠠ ᠵᠢᠨ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ ᠵᠢᠨ ᠠᠷᠠᠯᠵᠢᠶᠠᠨ᠎ᠤ ᠬᠡᠮᠵᠢᠶ᠎ᠡ 50 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 36.4% ᠨᠡᠮᠡᠭᠳᠡᠵᠦ᠂ 14 ᠵᠢᠯ ᠳᠠᠷᠠᠭ᠋ᠠᠯᠠᠨ ᠥᠪᠥᠷ ᠮᠣᠩᠭᠣᠯ᠎ᠳᠤ 《ᠲᠡᠷᠢᠭᠦᠯᠡᠪᠡ》᠃

     《ᠪᠢᠳᠡ ᠭᠠᠳᠠᠭ᠋ᠠᠳᠤ᠎ᠳᠤ ᠭᠠᠷᠭ᠋ᠠᠬᠤ ᠪᠠᠷᠠᠭ᠋ᠠᠨ᠎ᠤ ᠪᠣᠭᠣᠮᠲᠠ᠎ᠪᠠᠷ ᠥᠩᠭᠡᠷᠡᠬᠦ ᠬᠤᠷᠳᠤᠴᠠ ᠵᠢ ᠲᠦᠷᠭᠡᠳᠬᠡᠬᠦ᠂ ᠬᠢᠯᠢ ᠠᠯᠤᠰᠯᠠᠭᠰᠠᠨ ᠠᠷᠠᠯᠵᠢᠶᠠᠨ᠎ᠤ ᠠᠷᠭ᠎ᠠ ᠮᠠᠶᠢᠭ᠎ᠤᠨ ᠰᠢᠨ᠎ᠡ ᠵᠢ ᠡᠭᠦᠳᠬᠦ᠂ ᠰᠦᠢ᠍ᠳᠬᠡᠯ᠎ᠢ ᠪᠠᠭ᠋ᠠᠰᠬᠠᠵᠤ ᠭᠠᠢ᠌ᠯᠢ ᠵᠢ ᠪᠠᠭᠤᠷᠠᠭᠤᠯᠤᠭᠰᠠᠨ ᠴᠡᠪᠡᠷ ᠠᠰᠢᠭ᠎ᠢ ᠭᠠᠷᠭ᠋ᠠᠬᠤ ᠵᠡᠷᠭᠡ ᠲᠠᠯ᠎ᠠ ᠎ᠠᠴᠠ ᠭᠠᠷᠳᠠᠵᠤ᠂ 〈ᠤᠷᠢᠳᠴᠢᠯᠠᠨ ᠪᠣᠯᠵᠣᠵᠤ ᠭᠤᠶᠤᠴᠢᠯᠠᠨ ᠮᠡᠳᠡᠭᠦᠯᠬᠦ + ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ〉 ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠵᠠᠭᠪᠤᠷ᠎ᠢ ᠬᠡᠷᠡᠭᠯᠡᠨ᠂ ᠠᠵᠤ ᠠᠬᠤᠢ᠌ᠯᠠᠯ᠎ᠢ ᠨᠢᠭᠡ ᠯᠡ ᠤᠳᠠᠭ᠎ᠠ᠎ᠳᠤ ᠶᠠᠪᠤᠬᠤ ᠦᠭᠡᠢ ᠪᠣᠯᠭ᠋ᠠᠵᠤ᠂ ᠪᠠᠷᠠᠭ᠎ᠠ ᠵᠢ ᠪᠣᠭᠣᠮᠲᠠ᠎ᠪᠠᠷ ᠥᠩᠭᠡᠷᠡᠭᠦᠯᠬᠦ᠎ᠳᠤ ᠬᠦᠷᠦᠭᠦᠯᠦᠨ᠎ᠡ》᠃ ᠤᠷᠠᠳ ᠪᠣᠭᠣᠮᠲᠠ ᠵᠢᠨ ᠳᠠᠷᠤᠭ᠎ᠠ ᠱᠠᠩ ᠬᠦᠶ ᠮᠢᠨ᠎ᠤ ᠲᠠᠨᠢᠯᠴᠠᠭᠤᠯᠤᠭᠰᠠᠨ ᠵᠶ᠋ᠠᠷ᠂ 《ᠡᠭᠦᠨ᠎ᠤ ᠬᠠᠮᠲᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ B2B ᠭᠠᠳᠠᠭ᠋ᠠᠳᠤ ᠭᠠᠷᠭ᠋ᠠᠯᠲᠠ ᠪᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠭᠠᠳᠠᠭ᠋ᠠᠳᠤ ᠭᠠᠷᠭ᠋ᠠᠯᠲᠠ ᠵᠢᠨ ᠭᠠᠳᠠᠭ᠋ᠠᠳᠤ ᠬᠥᠮᠥᠷᠭᠡ ᠵᠡᠷᠭᠡ ᠭᠠᠳᠠᠭ᠋ᠠᠳᠤ ᠠᠷᠠᠯᠵᠢᠶᠠᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ᠎ᠢ ᠲᠡᠷᠡ ᠬᠡᠪ ᠵᠶ᠋ᠡᠷ᠎ᠨᠢ ᠳᠡᠯᠭᠡᠷᠡᠭᠦᠯᠵᠦ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠰᠦᠯᠵᠢᠶᠡᠨ ᠳᠡᠭᠡᠷ᠎ᠡ᠎ᠠᠴᠠ ᠬᠠᠭᠤᠳᠠᠰᠤ ᠭᠠᠷᠭ᠋ᠠᠬᠤ᠂ 〈ᠡᠭᠦᠯᠡᠨ〉᠎ᠠᠴᠠ ᠳᠡᠭᠡᠭᠰᠢ ᠭᠠᠳᠠᠭ᠋ᠠᠳᠤ ᠵᠢᠨ ᠰᠢᠨ᠎ᠡ᠎ᠪᠠᠷ ᠬᠥᠭᠵᠢᠭᠰᠡᠨ ᠵᠠᠬ᠎ᠠ ᠳᠡᠯᠭᠡᠭᠦᠷ᠎ᠤᠨ ᠵᠣᠴᠢᠨ ᠡᠷᠦᠬᠡ᠎ᠲᠠᠢ ᠵᠠᠯᠭ᠋ᠠᠯᠳᠤᠭᠤᠯᠵᠤ᠂ RCEP ᠵᠢᠨ ᠬᠡᠯᠡᠯᠴᠡᠭᠡᠷ᠎ᠤᠨ ᠤᠭ ᠭᠠᠷᠤᠯᠲᠠ ᠵᠢᠨ ᠣᠷᠣᠨ᠎ᠤ ᠬᠠᠷᠠᠭ᠋ᠠᠯᠵᠠᠯ᠎ᠤᠨ ᠴᠢᠨᠠᠷᠲᠠᠢ ᠲᠦᠷᠦ ᠵᠢᠨ ᠪᠣᠳᠣᠯᠭ᠎ᠠ ᠵᠢ ᠭᠦᠢ᠍ᠴᠡᠳ ᠬᠡᠷᠡᠭᠯᠡᠵᠦ ᠰᠠᠢ᠌ᠲᠤᠷ ᠬᠡᠷᠡᠭᠯᠡᠨ᠂ ᠠᠵᠤ ᠠᠬᠤᠢ᠌ᠯᠠᠯ᠎ᠢ ᠬᠠᠪᠰᠤᠷᠤᠨ ᠵᠡᠭᠦᠨ ᠡᠮᠦᠨᠡᠲᠦ ᠠᠽᠢᠶ᠎ᠠ ᠪᠠ ᠶᠠᠫᠤᠨ ᠺᠣᠷᠢᠶᠠ ᠵᠡᠷᠭᠡ ᠣᠢ᠌ᠷ᠎ᠠ ᠲᠠᠯᠠᠢ ᠵᠢᠨ ᠵᠠᠬ᠎ᠠ ᠳᠡᠯᠭᠡᠭᠦᠷ᠎ᠢ ᠨᠡᠭᠡᠭᠡᠵᠦ᠂ ᠪᠣᠭᠣᠮᠲᠠ ᠵᠢᠨ ᠭᠠᠢ᠌ᠯᠢ ᠵᠢᠨ ᠬᠥᠩᠭᠡᠯᠡᠯᠲᠡ ᠪᠠ ᠬᠢᠯᠢ ᠵᠢᠨ ᠭᠠᠳᠠᠨ᠎ᠠ ᠪᠣᠭᠣᠮᠲᠠ ᠥᠩᠭᠡᠷᠡᠬᠦ ᠵᠡᠷᠭᠡ ᠲᠦᠷᠦ ᠵᠢᠨ ᠪᠣᠳᠣᠯᠭ᠎ᠠ ᠵᠢᠨ ᠬᠠᠷᠠᠭ᠋ᠠᠯᠵᠠᠯ᠎ᠢ ᠬᠦᠷᠲᠡᠵᠦ᠂ 〈ᠠᠯᠳᠠᠨ ᠰᠢᠷᠭ᠋ᠠᠯ〉 ᠲᠠᠷᠢᠶᠠᠯᠠᠩ᠎ᠤᠨ ᠪᠦᠲᠦᠭᠡᠭᠳᠡᠬᠦᠨ᠎ᠤ ᠭᠠᠳᠠᠭ᠋ᠠᠳᠤ ᠭᠠᠷᠭ᠋ᠠᠯᠲᠠ᠎ᠳᠤ 〈ᠪᠣᠬᠢᠷᠳᠤᠯ ᠦᠭᠡᠢ〉 ᠵᠠᠮ᠎ᠢ ᠨᠡᠭᠡᠭᠡᠵᠦ ᠥᠭᠭᠦᠨ᠎ᠡ》 ᠭᠡᠵᠦ ᠵᠢᠭ᠋ᠠᠵᠤ ᠭᠠᠷᠭ᠋ᠠᠪᠠ᠃

      ᠰᠠᠯᠬᠢ ᠬᠦᠯᠦᠭᠯᠡᠨ ᠳᠠᠪᠠᠯᠭ᠋ᠠᠨ᠎ᠢ ᠵᠦᠰᠦᠨ ᠤᠷᠤᠭᠰᠢᠯᠠᠵᠤ᠂ ᠲᠦᠮᠡᠨ ᠭᠠᠵᠠᠷ᠎ᠤᠨ ᠬᠤᠷᠳᠤᠴᠠ ᠵᠢ ᠥᠷᠢᠰᠦᠯᠳᠦᠵᠦ᠂ ᠪᠠᠶᠠᠨᠨᠠᠭᠤᠷ ᠬᠤᠳᠠ ᠵᠢᠨ ᠭᠠᠳᠠᠭ᠋ᠠᠳᠤ᠎ᠳᠤ ᠭᠠᠷᠭ᠋ᠠᠬᠤ ᠲᠠᠷᠢᠶᠠᠯᠠᠩ᠎ᠤᠨ ᠪᠦᠲᠦᠭᠡᠭᠳᠡᠬᠦᠨ ᠠᠯᠤᠰ ᠳᠠᠯᠠᠢ ᠵᠢᠨ ᠪᠠᠷᠠᠭ᠋ᠠᠨ᠎ᠤ ᠬᠥᠯᠭᠡ ᠣᠩᠭᠣᠴᠠᠨ᠎ᠳᠤ ᠰᠠᠭᠤᠵᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠭᠠᠯᠲᠤ ᠲᠡᠷᠭᠡᠨ᠎ᠳᠤ ᠰᠠᠭᠤᠵᠤ ᠲᠢᠪ ᠠᠯᠤᠰ᠎ᠤᠨ ᠭᠠᠢ᠌ᠬᠠᠮᠰᠢᠭᠲᠤ ᠠᠶᠠᠯᠠᠯ ᠵᠶ᠋ᠠᠨ ᠡᠬᠢᠯᠡᠭᠦᠯᠵᠦ᠂ ᠳᠡᠯᠡᠬᠡᠢ ᠳ᠋ᠠᠬᠢᠨ᠎ᠳᠤ ᠪᠣᠷᠣᠳᠣᠬᠣᠢ ᠵᠢᠨ ᠠᠮᠲᠠ ᠵᠢ ᠠᠮᠲᠠᠯᠠᠭᠤᠯᠵᠠᠢ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
 
            