ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
《ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠰᠢᠯᠵᠢᠯᠲᠡ ᠵᠢᠨ ᠬᠤᠭᠤᠴᠠᠭ᠋ᠠᠨ᠎ᠳᠠᠬᠢ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠦᠯᠡᠳᠡᠪᠦᠷᠢ ᠭᠦᠢ᠍ᠴᠡᠳᠬᠡᠯ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ ᠬᠠᠮᠢᠶᠠᠷᠤᠯᠲᠠ ᠵᠢᠨ ᠠᠷᠭ᠎ᠠ 》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠡᠳ᠋᠎ᠤᠨ ᠵᠠᠰᠠᠭ᠎ᠤᠨ ᠶᠠᠮᠤᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠮᠡᠳᠡᠭᠳᠡᠯ
ᠨᠡᠶ᠋ᠢᠲᠡᠯᠡᠭᠰᠡᠨ ᠴᠠᠭ᠄ 2022-11-22

ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠶᠠᠮᠤᠨ ᠬᠣᠷᠢᠶ᠎ᠠ᠂ ᠰᠢᠭᠤᠳ ᠬᠠᠷᠢᠶ᠎ᠠ ᠪᠠᠢ᠌ᠭᠤᠯᠤᠮᠵᠢ᠎ᠳᠤ᠄

      《  ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠰᠢᠯᠵᠢᠯᠲᠡ ᠵᠢᠨ ᠬᠤᠭᠤᠴᠠᠭ᠋ᠠᠨ᠎ᠳᠠᠬᠢ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠠᠷᠪᠢᠯᠠᠨ ᠭᠠᠷᠭ᠋ᠠᠬᠤ ᠭᠦᠢ᠍ᠴᠡᠳᠬᠡᠯ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ ᠬᠠᠮᠢᠶᠠᠷᠤᠯᠲᠠ ᠵᠢᠨ ᠠᠷᠭ᠎ᠠ 》 ᠵᠢ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ  ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ  ᠂ ᠬᠢᠨᠠᠮᠠᠭ᠋ᠠᠢ  ᠲᠤᠤᠱᠯᠠᠭᠤᠯᠤᠨ  ᠬᠡᠷᠡᠭᠵᠢᠭᠦᠯᠲᠦᠭᠡᠢ  ᠃

       ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ

       ᠡᠳ᠋᠎ᠤᠨ ᠵᠠᠰᠠᠭ᠎ᠤᠨ ᠶᠠᠮᠤᠨ

       ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ

      2021 ᠣᠨ᠎ᠤ 12 ᠰᠠᠷ᠎ᠠ ᠵᠢᠨ 21

      

       ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠰᠢᠯᠵᠢᠯᠲᠡ ᠵᠢᠨ ᠬᠤᠭᠤᠴᠠᠭ᠋ᠠᠨ᠎ᠳᠠᠬᠢ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ ᠬᠠᠮᠢᠶᠠᠷᠤᠯᠲᠠ ᠵᠢᠨ ᠠᠷᠭ᠎ᠠ

      

       ᠨᠢᠭᠡᠳᠦᠭᠡᠷ ᠵᠦᠢ᠍ᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ  ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《  ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭ᠋ᠠᠭᠤᠯᠬᠤ ᠲᠤᠬᠠᠢ ᠰᠠᠨᠠᠯ  》᠎ᠢ ᠦᠨᠳᠦᠰᠦᠯᠡᠨ  ᠂ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠬᠠᠷᠠᠯᠲᠠ ᠵᠢᠨ ᠡᠭᠦᠷᠭᠡ ᠵᠢ ᠪᠡᠶᠡᠯᠡᠭᠦᠯᠦᠭᠰᠡᠨ᠎ᠤ ᠳᠠᠷᠠᠭ᠎ᠠ  ᠂ 5 ᠵᠢᠯ᠎ᠤᠨ ᠰᠢᠯᠵᠢᠯᠲᠡ ᠵᠢᠨ ᠬᠤᠭᠤᠴᠠᠭ᠎ᠠ ᠲᠣᠭᠲᠠᠭ᠋ᠠᠵᠤ  ᠂ ᠰᠢᠯᠵᠢᠯᠲᠡ ᠵᠢᠨ ᠬᠤᠭᠤᠴᠠᠭ᠋ᠠᠨ᠎ᠳᠤ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ ᠵᠢ ᠦᠷᠭᠦᠯᠵᠢᠯᠡᠨ ᠥᠷᠨᠢᠭᠦᠯᠦᠨ᠎ᠡ  ᠃ ᠡᠨᠡᠬᠦ ᠠᠵᠢᠯ᠎ᠢ ᠵᠢᠷᠤᠮᠵᠢᠭᠤᠯᠤᠨ ᠥᠷᠨᠢᠭᠦᠯᠬᠦ ᠵᠢᠨ ᠲᠤᠰᠠᠳᠠ᠂ ᠲᠤᠰ ᠠᠷᠭ᠎ᠠ ᠵᠢ ᠲᠣᠭᠲᠠᠭ᠋ᠠᠪᠠ᠃

       ᠬᠣᠶᠠᠳᠤᠭ᠋ᠠᠷ ᠵᠦᠢ᠍ᠯ ᠲᠤᠰ ᠠᠷᠭ᠎ᠠ᠎ᠳᠤ ᠬᠡᠯᠡᠵᠦ ᠪᠠᠢ᠌ᠭ᠎ᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠤᠨ ᠠᠷᠪᠢᠯᠠᠭᠰᠠᠨ ᠭᠦᠢ᠍ᠴᠡᠳᠬᠡᠬᠦ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠵᠤ  ᠂ ᠤᠤᠯ᠎ᠤᠨ 《ᠭᠤᠷᠪᠠᠨ ᠣᠷᠣᠨ ᠭᠤᠷᠪᠠᠨ ᠵᠧᠦ》 ᠵᠢᠴᠢ ᠪᠤᠰᠤᠳ ᠣᠨᠴᠠ ᠶᠠᠳᠠᠭᠤ ᠬᠦᠴᠢᠷᠳᠡᠯᠲᠡᠢ ᠰᠢᠶᠠᠨ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ᠂ ᠬᠠᠭᠤᠴᠢᠨ᠎ᠢ ᠨᠤᠷᠠᠭ᠋ᠠᠵᠤ ᠲᠠᠬᠢᠨ ᠬᠠᠭ᠋ᠠᠯᠪᠤᠷᠢᠯᠠᠵᠤ ᠲᠥᠪᠬᠢᠨᠡᠭᠦᠯᠬᠦ᠎ᠳᠤ ᠠᠷᠪᠢᠯᠠᠭᠰᠠᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠦᠢ᠍ᠴᠡᠳᠬᠡᠯ ᠲᠣᠭ᠎ᠠ (ᠳᠣᠷᠣᠭᠰᠢ ᠠᠷᠪᠢᠯᠠᠭᠰᠠᠨ ᠭᠦᠢ᠍ᠴᠡᠳᠬᠡᠯ ᠲᠣᠭ᠎ᠠ ᠭᠡᠵᠦ ᠳᠥᠭᠥᠮᠴᠢᠯᠡᠨ᠎ᠡ)  ᠵᠢ ᠮᠤᠵᠢ ᠵᠢᠨ ᠬᠣᠭᠣᠷᠣᠨᠳᠤ ᠵᠥᠪᠳᠡᠯᠴᠡᠭᠰᠡᠨ ᠰᠠᠭᠤᠷᠢᠨ ᠳᠡᠭᠡᠷ᠎ᠡ ᠤᠯᠤᠰ᠎ᠠᠴᠠ ᠨᠢᠭᠡᠳᠦᠯᠲᠡᠢ ᠲᠥᠯᠥᠪᠵᠢᠭᠦᠯᠵᠦ ᠮᠤᠵᠢ ᠣᠷᠣᠨ ᠠᠯᠤᠰᠯᠠᠨ ᠲᠣᠬᠢᠷᠠᠭᠤᠯᠤᠨ ᠬᠡᠷᠡᠭᠯᠡᠬᠦ ᠵᠢ ᠵᠢᠭ᠋ᠠᠵᠤ ᠪᠠᠢ᠌ᠨ᠎ᠠ᠃

       ᠭᠤᠷᠪᠠᠳᠤᠭ᠋ᠠᠷ ᠵᠦᠢ᠍ᠯ ᠦᠯᠡᠳᠡᠪᠦᠷᠢ ᠵᠢᠨ ᠭᠦᠢ᠍ᠴᠡᠳᠬᠡᠬᠦ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ᠎ᠳᠤ ᠳᠣᠣᠷᠠᠬᠢ ᠵᠠᠷᠴᠢᠮ᠎ᠤᠳ᠎ᠢ ᠵᠢᠷᠤᠮᠯᠠᠬᠤ ᠬᠡᠷᠡᠭᠲᠡᠢ᠄

      (  ᠨᠢᠭᠡ  ) ᠬᠣᠷᠢᠭ᠎ᠠ ᠱᠤᠭᠤᠮ᠎ᠢ ᠴᠢᠩᠭ᠎ᠠ ᠰᠠᠬᠢᠵᠤ ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠬᠡᠷᠡᠭᠲᠡᠢ  ᠃ ᠲᠠᠷᠢᠶᠠᠨ ᠭᠠᠵᠠᠷ᠎ᠢ ᠬᠠᠮᠠᠭ᠋ᠠᠯᠠᠬᠤ ᠬᠠᠮᠤᠭ᠎ᠤᠨ ᠴᠢᠩᠭ᠎ᠠ ᠳᠦᠷᠢᠮ  ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠳᠦᠷᠢᠮ ᠪᠠ ᠭᠠᠵᠠᠷ ᠰᠢᠷᠣᠢ ᠵᠢ ᠠᠷᠪᠢᠲᠠᠢ ᠡᠷᠴᠢᠮᠯᠢᠭ ᠬᠡᠷᠡᠭᠯᠡᠬᠦ ᠳᠦᠷᠢᠮ᠎ᠢ ᠨᠠᠢ᠌ᠳᠠᠪᠤᠷᠢᠵᠢᠭᠤᠯᠵᠤ  ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠲᠡᠢ ᠪᠠᠢ᠌ᠯᠭ᠋ᠠᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠪᠠ ᠭᠠᠵᠠᠷ ᠰᠢᠷᠣᠢ ᠵᠢᠨ ᠠᠰᠢᠭᠯᠠᠯᠲᠠ ᠵᠢᠨ ᠣᠨ᠎ᠤ ᠲᠥᠯᠥᠪᠯᠡᠭᠡ ᠵᠢ ᠨᠢᠭᠡᠳᠦᠯᠲᠡᠢ ᠲᠥᠯᠥᠪᠯᠡᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠶᠡᠷᠦᠩᠬᠡᠢ ᠬᠡᠮᠵᠢᠶ᠎ᠡ᠂ ᠬᠦᠴᠦᠯᠡᠴᠡ ᠵᠢᠨ ᠬᠣᠣᠰ ᠡᠵᠡᠮᠳᠡᠯ᠎ᠢ ᠬᠡᠷᠡᠭᠵᠢᠭᠦᠯᠵᠦ᠂ ᠣᠷᠣᠨ ᠪᠦᠰᠡ ᠵᠢᠨ ᠬᠤᠳᠠ ᠬᠥᠳᠡᠭᠡ ᠵᠢᠨ ᠭᠠᠵᠠᠷ ᠰᠢᠷᠣᠢ ᠵᠢᠨ ᠡᠬᠢ ᠪᠠᠶᠠᠯᠢᠭ᠎ᠢ ᠰᠢᠯᠢᠳᠡᠭᠵᠢᠭᠦᠯᠦᠨ ᠲᠣᠬᠢᠷᠠᠭᠤᠯᠵᠤ᠂ ᠭᠠᠵᠠᠷ ᠰᠢᠷᠣᠢ ᠵᠢᠨ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠬᠠᠮᠠᠭ᠋ᠠᠯᠠᠨ᠂ ᠭᠠᠵᠠᠷ ᠰᠢᠷᠣᠢ ᠵᠢᠨ ᠥᠮᠴᠢᠯᠡᠯ᠎ᠤᠨ ᠡᠷᠬᠡ ᠵᠢᠨ ᠬᠠᠷᠢᠴᠠᠭ᠎ᠠ ᠵᠢᠨ ᠲᠣᠭᠲᠠᠭᠤᠨ ᠪᠠᠢ᠌ᠬᠤ ᠵᠢ ᠪᠠᠲᠤᠯᠠᠨ᠎ᠠ᠃

      (ᠬᠣᠶᠠᠷ) ᠬᠦᠰᠡᠯ ᠰᠠᠨᠠᠭ᠎ᠠ ᠵᠢ᠎ᠨᠢ ᠬᠦᠨᠳᠦᠳᠬᠡᠵᠦ᠂ ᠡᠷᠬᠡ ᠠᠰᠢᠭ᠎ᠢ᠎ᠨᠢ ᠪᠠᠲᠤᠯᠠᠨ᠎ᠠ᠃ ᠬᠠᠭᠤᠴᠢᠨ᠎ᠢ ᠨᠤᠷᠠᠭ᠋ᠠᠵᠤ ᠰᠡᠷᠭᠦᠭᠡᠨ ᠬᠠᠭ᠋ᠠᠯᠪᠤᠷᠢᠯᠠᠵᠤ ᠲᠥᠪᠬᠢᠨᠡᠭᠦᠯᠬᠦ ᠠᠵᠢᠯ᠎ᠢ ᠥᠷᠨᠢᠭᠦᠯᠬᠦ᠎ᠳᠤ ᠡᠷᠬᠡᠪᠰᠢ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠪᠠ ᠲᠠᠷᠢᠶᠠᠴᠢᠳ᠎ᠤᠨ ᠰᠠᠨᠠᠯ᠎ᠢ ᠭᠦᠢ᠍ᠴᠡᠳ ᠬᠤᠷᠢᠶᠠᠵᠤ᠂ ᠠᠷᠠᠳᠴᠢᠯᠠᠯ ᠵᠶ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢᠷᠤᠮ᠎ᠢ ᠦᠨᠡᠨ ᠬᠦ᠌ ᠭᠦᠢ᠍ᠴᠡᠳᠬᠡᠵᠦ᠂ ᠲᠠᠷᠢᠶᠠᠴᠢᠳ᠎ᠤᠨ ᠭᠠᠵᠠᠷ ᠰᠢᠷᠣᠢ ᠵᠢᠨ ᠬᠠᠤᠯᠢ ᠶᠣᠰᠣᠨ᠎ᠤ ᠡᠷᠬᠡ ᠠᠰᠢᠭ ᠪᠠ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠷᠡᠭᠴᠡᠭᠡ ᠵᠢ ᠬᠠᠤᠯᠢ ᠶᠣᠰᠣᠭ᠋ᠠᠷ ᠪᠠᠲᠤᠯᠠᠬᠤ ᠬᠡᠷᠡᠭᠲᠡᠢ᠃ ᠬᠢᠨᠠᠨ ᠵᠥᠪᠰᠢᠶᠡᠷᠡᠬᠦ ᠲᠠᠰ ᠳᠠᠷᠠᠭ᠋ᠠᠯᠠᠯ᠎ᠢ ᠴᠢᠩᠭ᠎ᠠ ᠬᠡᠷᠡᠭᠵᠢᠭᠦᠯᠵᠦ  ᠂ ᠤᠷᠢᠳᠠᠪᠠᠷ ᠵᠥᠪᠰᠢᠶᠡᠷᠡᠵᠦ ᠳᠠᠷᠠᠭ᠎ᠠ᠎ᠨᠢ ᠬᠡᠷᠡᠭᠵᠢᠭᠦᠯᠬᠦ ᠬᠡᠷᠡᠭᠲᠡᠢ  ᠂ ᠤᠷᠢᠳᠠᠪᠠᠷ ᠬᠠᠭᠤᠴᠢᠨ᠎ᠢ ᠨᠤᠷᠠᠭ᠋ᠠᠵᠤ ᠳᠠᠬᠢᠨ ᠬᠠᠭ᠋ᠠᠯᠪᠤᠷᠢᠯᠠᠭᠰᠠᠨ᠎ᠤ ᠳᠠᠷᠠᠭ᠎ᠠ ᠳᠠᠬᠢᠨ ᠨᠡᠬᠡᠮᠵᠢᠯᠡᠨ ᠵᠥᠪᠰᠢᠶᠡᠷᠡᠵᠦ ᠪᠣᠯᠬᠤ ᠦᠭᠡᠢ  ᠂ ᠳᠤᠷ᠎ᠠ᠎ᠪᠠᠷ ᠵᠶ᠋ᠠᠨ ᠬᠡᠪᠴᠢᠶ᠎ᠡ ᠵᠢ ᠥᠷᠭᠡᠳᠬᠡᠵᠦ ᠪᠣᠯᠬᠤ ᠦᠭᠡᠢ  ᠃

      (  ᠭᠤᠷᠪᠠ  ) ᠵᠥᠪᠳᠡᠯᠴᠡᠵᠦ ᠪᠠᠢ᠌ᠭ᠋ᠠᠳ ᠨᠢᠭᠡᠳᠦᠯᠲᠡᠢ ᠲᠥᠯᠥᠪᠯᠡᠵᠦ  ᠂ ᠬᠠᠩᠭ᠋ᠠᠯᠭ᠎ᠠ ᠬᠡᠷᠡᠭᠴᠡᠭᠡ ᠵᠢ ᠲᠡᠩᠴᠡᠭᠦᠷᠢᠲᠡᠢ ᠪᠠᠢ᠌ᠯᠭ᠋ᠠᠨ᠎ᠠ ᠃ ᠮᠤᠵᠢ ᠵᠢᠨ ᠬᠣᠭᠣᠷᠣᠨᠳᠤ᠎ᠪᠠᠨ ᠭᠦᠢ᠍ᠴᠡᠳ ᠵᠥᠪᠳᠡᠯᠴᠡᠨ ᠵᠣᠯᠭ᠋ᠠᠯᠳᠤᠭᠤᠯᠵᠤ᠂ ᠡᠬᠢ ᠪᠠᠶᠠᠯᠢᠭ᠎ᠤᠨ ᠪᠡᠯᠡ ᠮᠥᠩᠭᠥ ᠵᠢᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠨ᠂ ᠲᠣᠬᠢᠷᠠᠭᠤᠯᠤᠯᠲᠠ ᠵᠢᠨ ᠭᠦᠢ᠍ᠴᠡᠳᠬᠡᠬᠦ ᠲᠣᠭ᠎ᠠ ᠪᠠ ᠲᠣᠬᠢᠷᠠᠭᠤᠯᠤᠯᠲᠠ ᠵᠢᠨ ᠪᠡᠯᠡ ᠮᠥᠩᠭᠥ ᠵᠢᠨ ᠬᠠᠩᠭ᠋ᠠᠯᠭ᠎ᠠ ᠬᠡᠷᠡᠭᠴᠡᠭᠡ ᠵᠢ ᠲᠡᠩᠴᠡᠭᠦᠷᠢᠲᠡᠢ ᠪᠠᠢ᠌ᠯᠭ᠋ᠠᠬᠤ ᠵᠢ ᠪᠡᠶᠡᠯᠡᠭᠦᠯᠦᠨ᠎ᠡ᠃ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢ ᠰᠢᠯᠵᠢᠭᠦᠯᠦᠨ ᠣᠷᠣᠭᠤᠯᠤᠭᠰᠠᠨ ᠭᠠᠵᠠᠷ ᠣᠷᠣᠨ᠎ᠨᠢ ᠬᠠᠪᠰᠤᠷᠤᠨ ᠲᠡᠳᠬᠦᠬᠦ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ ᠂ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢ ᠰᠢᠯᠵᠢᠭᠦᠯᠦᠨ ᠭᠠᠷᠭ᠋ᠠᠭᠰᠠᠨ ᠭᠠᠵᠠᠷ ᠣᠷᠣᠨ᠎ᠨᠢ ᠡᠬᠢ ᠪᠠᠶᠠᠯᠢᠭ ᠣᠷᠴᠢᠨ ᠲᠣᠭᠣᠷᠢᠨ᠎ᠤ ᠨᠥᠬᠥᠴᠡᠯ᠎ᠳᠤ ᠰᠠᠭᠤᠷᠢᠯᠠᠨ ᠬᠠᠭᠤᠴᠢᠨ᠎ᠢ ᠨᠤᠷᠠᠭ᠋ᠠᠵᠤ ᠳᠠᠬᠢᠨ ᠬᠠᠭ᠋ᠠᠯᠪᠤᠷᠢᠯᠠᠬᠤ ᠵᠢ ᠬᠡᠷᠡᠭᠵᠢᠭᠦᠯᠬᠦ ᠬᠡᠷᠡᠭᠲᠡᠢ  ᠃ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠵᠡᠷᠭᠡ ᠰᠠᠯᠠᠭ᠎ᠠ ᠮᠥᠴᠢᠷ ᠨᠢᠭᠡᠳᠦᠯᠲᠡᠢ ᠲᠥᠯᠥᠪᠯᠡᠨ ᠵᠢᠯᠤᠭᠣᠳᠬᠤ᠎ᠪᠠᠨ ᠴᠢᠩᠭ᠋ᠠᠳᠬᠠᠨ᠎ᠠ᠃

       ᠳᠥᠷᠪᠡᠳᠦᠭᠡᠷ ᠵᠦᠢ᠍ᠯ ᠬᠣᠯᠪᠣᠭᠳᠠᠯ ᠪᠦᠬᠦᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠦᠯᠡᠳᠡᠪᠦᠷᠢ ᠵᠢᠨ ᠭᠦᠢ᠍ᠴᠡᠳᠬᠡᠬᠦ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ ᠵᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠪᠠ ᠲᠣᠬᠢᠷᠠᠭᠤᠯᠬᠤ ᠪᠡᠯᠡ ᠮᠥᠩᠭᠥ ᠵᠢᠨ ᠮᠤᠵᠢ ᠣᠷᠣᠨ ᠠᠯᠤᠰᠯᠠᠭᠰᠠᠨ ᠣᠷᠣᠯᠭ᠎ᠠ ᠵᠠᠷᠤᠯᠭ᠎ᠠ ᠵᠢ ᠬᠠᠷᠢᠭᠤᠴᠠᠵᠤ᠂ ᠬᠣᠲᠠ᠂ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠳᠠᠲᠠᠢ ᠬᠡᠷᠡᠭᠵᠢᠭᠦᠯᠬᠦ ᠵᠢ ᠬᠠᠷᠢᠭᠤᠴᠠᠨ᠎ᠠ᠃ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠠᠷᠪᠢᠯᠠᠭᠰᠠᠨ ᠭᠦᠢ᠍ᠴᠡᠳᠬᠡᠬᠦ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ ᠵᠢ ᠬᠢᠨᠠᠨ ᠬᠠᠮᠢᠶᠠᠷᠴᠤ᠂ ᠡᠳ᠋᠎ᠤᠨ ᠵᠠᠰᠠᠭ᠎ᠤᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠬᠢᠷᠠᠭᠤᠯᠤᠯᠲᠠ ᠵᠢᠨ ᠪᠡᠯᠡ ᠮᠥᠩᠭᠥ ᠵᠢᠨ ᠮᠤᠵᠢ ᠣᠷᠣᠨ ᠠᠯᠤᠰᠯᠠᠭᠰᠠᠨ ᠣᠷᠣᠯᠭ᠎ᠠ ᠵᠠᠷᠤᠯᠭ᠎ᠠ ᠵᠢ ᠬᠢᠨᠠᠨ ᠬᠠᠮᠢᠶᠠᠷᠤᠨ᠎ᠠ᠃

       ᠲᠠᠪᠤᠳᠤᠭ᠋ᠠᠷ ᠵᠦᠢ᠍ᠯ ᠰᠢᠯᠵᠢᠭᠦᠯᠦᠨ ᠣᠷᠣᠭᠤᠯᠬᠤ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢ ᠮᠤᠵᠢ ᠣᠷᠣᠨ ᠲᠣᠰ ᠭᠠᠵᠠᠷ ᠣᠷᠣᠨ᠎ᠤ᠎ᠪᠠᠨ ᠬᠣᠲᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠦᠯᠬᠦ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠂ ᠡᠳ᠋᠎ᠤᠨ ᠵᠠᠰᠠᠭ᠎ᠤᠨ ᠣᠷᠣᠯᠭ᠎ᠠ ᠪᠠ ᠭᠠᠵᠠᠷ ᠰᠢᠷᠣᠢ ᠵᠢ ᠰᠢᠯᠵᠢᠭᠦᠯᠦᠨ ᠥᠭᠭᠦᠭᠰᠡᠨ ᠠᠰᠢᠭ ᠣᠷᠣᠯᠭ᠎ᠠ ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠡᠷᠭᠡ ᠵᠢ ᠦᠨᠳᠦᠰᠦᠯᠡᠨ  ᠂ ᠰᠢᠯᠵᠢᠭᠦᠯᠦᠨ ᠣᠷᠣᠭᠤᠯᠬᠤ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢᠨ ᠬᠡᠷᠡᠭᠴᠡᠭᠡ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ; ᠠᠷᠪᠢᠯᠠᠨ ᠭᠠᠮᠨᠠᠬᠤ ᠭᠦᠢ᠍ᠴᠡᠳᠬᠡᠯ ᠲᠣᠭ᠎ᠠ ᠵᠢ ᠰᠢᠯᠵᠢᠭᠦᠯᠦᠨ ᠭᠠᠷᠭ᠋ᠠᠬᠤ ᠮᠤᠵᠢ ᠣᠷᠣᠨ ᠲᠣᠰ ᠭᠠᠵᠠᠷ ᠣᠷᠣᠨ᠎ᠤ᠎ᠪᠠᠨ ᠭᠤᠷᠪᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠤᠯᠤᠰ᠎ᠤᠨ ᠨᠤᠲᠤᠭ ᠳᠡᠪᠢᠰᠬᠡᠷ᠎ᠤᠨ ᠪᠠᠢ᠌ᠴᠠᠭ᠋ᠠᠯᠲᠠ ᠵᠢᠨ ᠦᠷ᠎ᠡ ᠪᠦᠲᠦᠭᠡᠯ  ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ  ᠂ ᠬᠠᠭᠤᠴᠢᠨ᠎ᠢ ᠨᠤᠷᠠᠭ᠋ᠠᠵᠤ ᠳᠠᠬᠢᠨ ᠬᠠᠭ᠋ᠠᠯᠪᠤᠷᠢᠯᠠᠬᠤ ᠳᠠᠯᠳᠠ ᠬᠦᠴᠦᠨ ᠂ ᠪᠡᠯᠡ ᠮᠥᠩᠭᠥ ᠵᠢᠨ ᠬᠡᠷᠡᠭᠴᠡᠭᠡ ᠵᠡᠷᠭᠡ ᠵᠢ ᠦᠨᠳᠦᠰᠦᠯᠡᠨ᠂ ᠰᠢᠯᠵᠢᠭᠦᠯᠦᠨ ᠭᠠᠷᠭ᠋ᠠᠬᠤ ᠠᠷᠪᠢᠯᠠᠨ ᠭᠠᠮᠨᠠᠬᠤ ᠭᠦᠢ᠍ᠴᠡᠳᠬᠡᠯ ᠲᠣᠭ᠎ᠠ ᠵᠢᠨ ᠬᠡᠷᠡᠭᠴᠡᠭᠡ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ  ᠃

       ᠰᠢᠯᠵᠢᠭᠦᠯᠦᠨ ᠭᠠᠷᠭ᠋ᠠᠬᠤ ᠦᠯᠡᠳᠡᠪᠦᠷᠢ ᠵᠢᠨ ᠭᠦᠢ᠍ᠴᠡᠳᠬᠡᠬᠦ ᠲᠣᠭ᠎ᠠ᠎ᠨᠢ ᠡᠷᠬᠡᠪᠰᠢ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠤᠨ ᠬᠠᠭᠤᠴᠢᠨ᠎ᠢ ᠨᠤᠷᠠᠭ᠋ᠠᠵᠤ ᠰᠡᠷᠭᠦᠭᠡᠨ ᠬᠠᠭ᠋ᠠᠯᠪᠤᠷᠢᠯᠠᠭᠰᠠᠨ᠎ᠠᠴᠠ ᠪᠤᠢ ᠪᠣᠯᠤᠭᠰᠠᠨ᠂ ᠤᠷᠳᠤ ᠬᠤᠭᠤᠴᠠᠭ᠎ᠠ᠎ᠪᠠᠷ ᠲᠣᠭᠲᠠᠭᠤᠨ ᠵᠶ᠋ᠠᠷ ᠠᠰᠢᠭᠯᠠᠵᠤ ᠪᠣᠯᠬᠤ ᠲᠠᠷᠢᠶᠠᠨ ᠭᠠᠵᠠᠷ᠎ᠠᠴᠠ ᠢᠷᠡᠯᠲᠡ᠎ᠲᠠᠢ ᠪᠠᠢ᠌ᠬᠤ ᠬᠡᠷᠡᠭᠲᠡᠢ᠃ ᠬᠠᠭᠤᠴᠢᠨ᠎ᠢ ᠨᠤᠷᠠᠭ᠋ᠠᠵᠤ ᠰᠡᠷᠭᠦᠭᠡᠨ ᠬᠠᠭ᠋ᠠᠯᠪᠤᠷᠢᠯᠠᠬᠤ᠎ᠳᠤ ᠠᠮᠢ ᠠᠬᠤᠢ ᠵᠢᠨ ᠣᠷᠴᠢᠨ ᠲᠣᠭᠣᠷᠢᠨ ᠪᠠ ᠲᠡᠦᠬᠡ ᠰᠣᠶᠣᠯ᠎ᠤᠨ ᠳᠦᠷᠰᠦ ᠪᠠᠢ᠌ᠳᠠᠯ᠎ᠢ ᠦᠯᠦ ᠡᠪᠳᠡᠬᠦ᠎ᠪᠠᠷ ᠤᠷᠢᠲᠠᠯ ᠪᠣᠯᠭ᠋ᠠᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠡᠪᠴᠢᠶᠡᠨ ᠳᠣᠲᠣᠷ᠎ᠠ ᠪᠤᠶᠤ 25 ᠭ᠋ᠷᠡᠳᠦ᠋ᠰ᠎ᠠᠴᠠ ᠳᠡᠭᠡᠭᠰᠢᠬᠢ ᠡᠭᠴᠡ ᠬᠥᠲᠥᠯ᠎ᠢ ᠵᠠᠷᠴᠢᠮ ᠳᠡᠭᠡᠷ᠎ᠡ᠎ᠪᠠᠨ ᠲᠠᠷᠢᠶᠠᠨ ᠭᠠᠵᠠᠷ ᠪᠣᠯᠭ᠋ᠠᠨ ᠰᠡᠷᠭᠦᠭᠡᠨ ᠬᠠᠭ᠋ᠠᠯᠪᠤᠷᠢᠯᠠᠵᠤ ᠪᠣᠯᠬᠤ ᠦᠭᠡᠢ ᠃ ᠠᠷᠪᠢᠯᠠᠭᠰᠠᠨ ᠭᠦᠢ᠍ᠴᠡᠳᠬᠡᠯ ᠲᠣᠭ᠎ᠠ ᠵᠢ ᠤᠷᠢᠳ ᠵᠶ᠋ᠠᠷ ᠲᠤᠬᠠᠢ ᠵᠢᠨ ᠭᠠᠵᠠᠷ᠎ᠤᠨ ᠬᠡᠷᠡᠭᠯᠡᠬᠦ ᠭᠠᠵᠠᠷ᠎ᠤᠨ ᠬᠡᠷᠡᠭᠴᠡᠭᠡ ᠵᠢ ᠬᠠᠩᠭ᠋ᠠᠭᠰᠠᠨ᠎ᠤ ᠳᠠᠷᠠᠭ᠎ᠠ ᠰᠠᠶᠢ ᠮᠤᠵᠢ ᠣᠷᠣᠨ ᠠᠯᠤᠰᠯᠠᠨ ᠲᠣᠬᠢᠷᠠᠭᠤᠯᠤᠯᠲᠠ ᠬᠢᠬᠦ᠎ᠳᠤ ᠬᠡᠷᠡᠭᠯᠡᠵᠦ ᠪᠣᠯᠣᠨ᠎ᠠ  ᠃

       ᠵᠢᠷᠭᠤᠳᠤᠭ᠋ᠠᠷ ᠵᠦᠢ᠍ᠯ ᠰᠢᠯᠵᠢᠭᠦᠯᠦᠨ ᠣᠷᠣᠭᠤᠯᠬᠤ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢ ᠮᠤᠵᠢ ᠣᠷᠣᠨ ᠡᠩ ᠲᠡᠷᠢᠭᠦᠨ᠎ᠳᠤ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠠᠮᠵᠢᠯᠴᠠᠭ᠎ᠠ ᠪᠠ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠳᠡᠮᠵᠢᠬᠦ ᠬᠠᠷᠢᠴᠠᠭ᠎ᠠ ᠶᠣᠰᠣᠭ᠋ᠠᠷ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢ ᠬᠤᠳᠠᠯᠳᠤᠨ ᠠᠪᠴᠤ  ᠂ ᠪᠤᠰᠤᠳ ᠮᠤᠵᠢ ᠣᠷᠣᠨ᠎ᠤ ᠰᠢᠯᠵᠢᠭᠦᠯᠦᠨ ᠭᠠᠷᠭ᠋ᠠᠬᠤ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢ ᠤᠯᠠᠮ ᠨᠢᠭᠡ ᠠᠯᠬᠤᠮ ᠬᠤᠳᠠᠯᠳᠤᠨ ᠠᠪᠬᠤ ᠵᠢ ᠵᠣᠷᠢᠭᠵᠢᠭᠤᠯᠤᠨ᠎ᠠ  ᠃ ᠲᠣᠬᠢᠷᠠᠭᠤᠯᠤᠯᠲᠠ ᠬᠢᠬᠦ ᠬᠣᠶᠠᠷ ᠲᠠᠯ᠎ᠠ ᠵᠢᠨ ᠮᠤᠵᠢ ᠣᠷᠣᠨ ᠭᠦᠢ᠍ᠴᠡᠳ ᠵᠥᠪᠳᠡᠯᠴᠡᠭᠰᠡᠨ ᠰᠠᠭᠤᠷᠢᠨ ᠳᠡᠭᠡᠷ᠎ᠡ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠎ᠠᠴᠠ ᠲᠣᠰ ᠲᠣᠰ ᠰᠢᠯᠵᠢᠭᠦᠯᠦᠨ ᠭᠠᠷᠭ᠋ᠠᠬᠤ᠂ ᠰᠢᠯᠵᠢᠭᠦᠯᠦᠨ ᠣᠷᠣᠭᠤᠯᠬᠤ ᠵᠢᠨ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢᠨ ᠬᠡᠷᠡᠭᠴᠡᠭᠡ ᠵᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠳᠤ ᠮᠡᠳᠡᠭᠦᠯᠵᠦ᠂ ᠵᠠᠷᠴᠢᠮ ᠳᠡᠭᠡᠷ᠎ᠡ᠎ᠪᠠᠨ ᠵᠢᠯ ᠪᠦᠷᠢ ᠬᠣᠶᠠᠷ ᠤᠳᠠᠭ᠎ᠠ᠎ᠠᠴᠠ ᠬᠡᠲᠦᠷᠡᠭᠦᠯᠵᠦ ᠪᠣᠯᠬᠤ ᠦᠭᠡᠢ ᠭᠡᠵᠦ ᠳᠤᠷᠠᠳᠤᠨ ᠭᠠᠷᠭ᠋ᠠᠪᠠ  ᠃ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠨᠢ ᠡᠳ᠋᠎ᠤᠨ ᠵᠠᠰᠠᠭ᠎ᠤᠨ ᠶᠠᠮᠤᠨ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠵᠥᠪᠳᠡᠯᠴᠡᠵᠦ ᠪᠠᠢ᠌ᠭ᠋ᠠᠳ ᠨᠢᠭᠡᠳᠦᠯᠲᠡᠢ ᠲᠥᠯᠥᠪᠵᠢᠭᠦᠯᠦᠨ ᠲᠡᠩᠴᠡᠭᠦᠯᠵᠦ  ᠂ ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠦᠨ ᠵᠥᠪᠰᠢᠶᠡᠷᠡᠭᠦᠯᠦᠭᠰᠡᠨ᠎ᠤ ᠳᠠᠷᠠᠭ᠎ᠠ ᠲᠣᠬᠢᠷᠠᠭᠤᠯᠬᠤ ᠡᠭᠦᠷᠭᠡ ᠪᠠᠭᠤᠯᠭ᠋ᠠᠨ᠎ᠠ  ᠃

       ᠳᠣᠯᠣᠳᠤᠭ᠋ᠠᠷ ᠵᠦᠢ᠍ᠯ ᠊ᠤᠯᠤᠰ᠎ᠠᠴᠠ ᠮᠤᠵᠢ ᠣᠷᠣᠨ ᠠᠯᠤᠰᠯᠠᠨ ᠲᠣᠬᠢᠷᠠᠭᠤᠯᠤᠯᠲᠠ ᠬᠢᠭᠰᠡᠨ ᠦᠯᠡᠳᠡᠪᠦᠷᠢ ᠵᠢᠨ ᠭᠦᠢ᠍ᠴᠡᠳᠬᠡᠬᠦ ᠲᠣᠭ᠎ᠠ ᠵᠢᠨ ᠦᠨ᠎ᠡ ᠵᠢᠨ ᠪᠠᠷᠢᠮᠵᠢᠶ᠎ᠠ ᠵᠢ ᠨᠢᠭᠡᠳᠦᠯᠲᠡᠢ ᠲᠣᠭᠲᠠᠭ᠋ᠠᠨ᠎ᠠ᠃ ᠠᠷᠪᠢᠯᠠᠭᠰᠠᠨ ᠭᠦᠢ᠍ᠴᠡᠳᠬᠡᠯ ᠲᠣᠭ᠎ᠠ ᠵᠢ ᠰᠢᠯᠵᠢᠭᠦᠯᠦᠨ ᠭᠠᠷᠭ᠋ᠠᠬᠤ ᠦᠨ᠎ᠡ ᠵᠢ ᠰᠡᠷᠭᠦᠭᠡᠨ ᠬᠠᠭ᠋ᠠᠯᠪᠤᠷᠢᠯᠠᠬᠤ ᠭᠠᠵᠠᠷ ᠰᠢᠷᠣᠢ ᠵᠢᠨ ᠲᠥᠷᠥᠯ ᠬᠡᠯᠪᠡᠷᠢ ᠪᠠ ᠶᠠᠰᠤ ᠴᠢᠨᠠᠷ᠎ᠢ ᠦᠨᠳᠦᠰᠦᠯᠡᠨ ᠲᠣᠭᠲᠠᠭ᠋ᠠᠵᠤ  ᠂ ᠡᠩ᠎ᠤᠨ ᠲᠠᠷᠢᠶᠠᠨ ᠭᠠᠵᠠᠷ ᠵᠶ᠋ᠠᠷ ᠰᠡᠷᠭᠦᠭᠡᠨ ᠬᠠᠭ᠋ᠠᠯᠪᠤᠷᠢᠯᠠᠭᠰᠠᠨ ᠮᠦ᠍ ᠪᠦᠷᠢ 30 ᠲᠦᠮᠡᠨ ᠲᠥᠭᠥᠷᠢᠭ  ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠶ᠋ᠠᠷ ᠰᠡᠷᠭᠦᠭᠡᠨ ᠬᠠᠭ᠋ᠠᠯᠪᠤᠷᠢᠯᠠᠭᠰᠠᠨ ᠮᠦ᠍ ᠪᠦᠷᠢ 40 ᠲᠦᠮᠡᠨ ᠲᠥᠭᠥᠷᠢᠭ ᠪᠣᠯᠭ᠋ᠠᠨ᠎ᠠ  ᠃ ᠠᠷᠪᠢᠯᠠᠭᠰᠠᠨ ᠭᠦᠢ᠍ᠴᠡᠳᠬᠡᠯ ᠲᠣᠭ᠎ᠠ ᠵᠢ ᠰᠢᠯᠵᠢᠭᠦᠯᠦᠨ ᠣᠷᠣᠭᠤᠯᠬᠤ ᠦᠨ᠎ᠡ ᠵᠢ ᠭᠠᠵᠠᠷ ᠣᠷᠣᠨ᠎ᠤ ᠵᠥᠷᠢᠶ᠎ᠡ ᠵᠢ ᠦᠨᠳᠦᠰᠦᠯᠡᠨ ᠵᠣᠬᠢᠴᠠᠩᠭᠤᠢ᠎ᠪᠠᠷ ᠲᠣᠭᠲᠠᠭ᠋ᠠᠵᠤ  ᠂ ᠪᠡᠭᠡᠵᠢᠩ  ᠂ ᠱᠠᠩᠬᠠᠢ ᠵᠢᠨ ᠮᠦ᠍ ᠪᠦᠷᠢ᠎ᠳᠤ 70 ᠲᠦᠮᠡᠨ ᠲᠥᠭᠥᠷᠢᠭ  ᠂ ᠲᠢᠶᠠᠨᠵᠢᠨ  ᠂ ᠵᠢᠶᠠᠩᠰᠤ  ᠂ ᠵᠧᠵᠢᠶᠠᠩ  ᠂ ᠭᠤᠸᠠᠩᠳᠦ᠋ᠩ᠎ᠤᠨ ᠮᠦ᠍ ᠪᠦᠷᠢ᠎ᠳᠤ 50 ᠲᠦᠮᠡᠨ ᠲᠥᠭᠥᠷᠢᠭ  ᠂ ᠹᠦᠵᠢᠶᠠᠨ  ᠂ ᠱᠠᠨᠳᠦ᠋ᠩ ᠵᠡᠷᠭᠡ ᠪᠤᠰᠤᠳ ᠮᠤᠵᠢ ᠣᠷᠣᠨ᠎ᠤ ᠮᠦ᠍ ᠪᠦᠷᠢ᠎ᠳᠤ 30 ᠲᠦᠮᠡᠨ ᠲᠥᠭᠥᠷᠢᠭ (  ᠲᠣᠬᠢᠷᠠᠭᠤᠯᠬᠤ ᠭᠦᠢ᠍ᠴᠡᠳᠬᠡᠯ ᠲᠣᠭ᠎ᠠ᠎ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠳᠠᠬᠢᠨ ᠬᠠᠭ᠋ᠠᠯᠪᠤᠷᠢᠯᠠᠭᠰᠠᠨ᠎ᠠᠴᠠ ᠢᠷᠡᠯᠲᠡ᠎ᠲᠠᠢ ᠪᠣᠯ ᠮᠦ᠍ ᠪᠦᠷᠢ᠎ᠳᠤ 40 ᠲᠦᠮᠡᠨ ᠲᠥᠭᠥᠷᠢᠭ) ᠪᠣᠯᠣᠨ᠎ᠠ  ᠃

       ᠨᠠᠢ᠍ᠮᠠᠳᠤᠭ᠋ᠠᠷ ᠵᠦᠢ᠍ᠯ ᠨᠡᠮᠡᠭᠳᠡᠯ ᠬᠠᠰᠤᠭᠳᠠᠯ᠎ᠢ ᠬᠣᠯᠪᠣᠬᠤ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ᠂ ᠠᠷᠪᠢᠯᠠᠭᠰᠠᠨ ᠭᠦᠢ᠍ᠴᠡᠳᠬᠡᠯ ᠲᠣᠭ᠎ᠠ ᠵᠢ ᠰᠢᠯᠵᠢᠭᠦᠯᠦᠨ ᠭᠠᠷᠭ᠋ᠠᠬᠤ ᠮᠤᠵᠢ ᠣᠷᠣᠨ᠎ᠤ᠎ᠬᠢᠨ ᠬᠠᠭᠤᠴᠢᠨ᠎ᠢ ᠨᠤᠷᠠᠭ᠋ᠠᠵᠤ ᠳᠠᠬᠢᠨ ᠬᠠᠭ᠋ᠠᠯᠪᠤᠷᠢᠯᠠᠬᠤ ᠵᠢ ᠲᠥᠪᠬᠢᠨᠡᠭᠦᠯᠬᠦ ᠲᠥᠰᠥᠯ᠎ᠢ ᠵᠣᠬᠢᠶᠠᠨ ᠪᠠᠢ᠌ᠭᠤᠯᠵᠤ ᠨᠠᠢ᠌ᠷᠠᠭᠤᠯᠤᠨ ᠵᠣᠬᠢᠶᠠᠬᠤ ᠪᠠ ᠬᠢᠨᠠᠨ ᠵᠥᠪᠰᠢᠶᠡᠷᠡᠬᠦ  ᠂ ᠠᠷᠪᠢᠯᠠᠭᠰᠠᠨ ᠭᠦᠢ᠍ᠴᠡᠳᠬᠡᠯ ᠲᠣᠭ᠎ᠠ ᠵᠢ ᠰᠢᠯᠵᠢᠭᠦᠯᠦᠨ ᠣᠷᠣᠭᠤᠯᠬᠤ  ᠂ ᠠᠷᠪᠢᠯᠠᠭᠰᠠᠨ ᠭᠦᠢ᠍ᠴᠡᠳᠬᠡᠯ ᠲᠣᠭ᠎ᠠ ᠵᠢ ᠮᠤᠵᠢ ᠣᠷᠣᠨ᠎ᠤ᠎ᠬᠢᠨ ᠵᠣᠬᠢᠶᠠᠨ ᠪᠠᠢ᠌ᠭᠤᠯᠵᠤ ᠪᠠᠢ᠌ᠭ᠋ᠠᠳ ᠰᠢᠨ᠎ᠡ᠎ᠪᠠᠷ ᠪᠠᠶ᠋ᠢᠭᠤᠯᠬᠤ ᠲᠥᠰᠥᠯ᠎ᠢ ᠨᠠᠢ᠌ᠷᠠᠭᠤᠯᠤᠨ ᠵᠣᠬᠢᠶᠠᠬᠤ ᠪᠠ ᠬᠢᠨᠠᠨ ᠵᠥᠪᠰᠢᠶᠡᠷᠡᠬᠦ  ᠂ ᠬᠡᠷᠡᠭᠯᠡᠬᠦ᠎ᠳᠤ ᠠᠷᠪᠢᠯᠠᠭᠰᠠᠨ ᠭᠦᠢ᠍ᠴᠡᠳᠬᠡᠯ ᠲᠣᠭ᠎ᠠ ᠵᠢ ᠴᠥᠮ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠯᠳᠤᠭᠤᠯᠬᠤ ᠰᠦᠯᠵᠢᠶᠡᠨ ᠳᠡᠭᠡᠷᠡᠬᠢ ᠬᠢᠨᠠᠨ ᠬᠠᠮᠢᠶᠠᠷᠬᠤ ᠰᠢᠰᠲ᠋ᠧᠮ ᠵᠶ᠋ᠡᠷ ᠳᠠᠮᠵᠢᠭᠤᠯᠤᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠳᠤ ᠮᠡᠳᠡᠭᠦᠯᠦᠨ ᠳᠠᠩᠰᠠᠯᠠᠭᠤᠯᠵᠤ᠂ ᠲᠣᠭ᠎ᠠ ᠬᠡᠮᠵᠢᠶ᠎ᠡ᠎ᠨᠢ ᠦᠨᠡᠨ ᠪᠣᠳᠠᠲᠠᠢ  ᠂ ᠶᠠᠰᠤ ᠴᠢᠨᠠᠷ᠎ᠨᠢ ᠨᠠᠢ᠌ᠳᠠᠪᠤᠷᠢᠲᠠᠢ᠂ ᠵᠢᠷᠤᠭ᠂ ᠲᠣᠭ᠎ᠠ ᠂ ᠪᠣᠳᠠᠲᠠᠢ ᠭᠠᠵᠠᠷ᠎ᠲᠤᠨᠢ ᠨᠢᠭᠡᠳᠦᠯᠲᠡᠢ ᠪᠠᠢ᠌ᠯᠭ᠋ᠠᠬᠤ ᠬᠡᠷᠡᠭᠲᠡᠢ  ᠃

       ᠶᠢᠰᠦᠳᠦᠭᠡᠷ ᠵᠦᠢ᠍ᠯ ᠰᠢᠯᠵᠢᠭᠦᠯᠦᠨ ᠭᠠᠷᠭ᠋ᠠᠬᠤ᠎ᠳᠤ ᠠᠷᠪᠢᠯᠠᠭᠰᠠᠨ ᠭᠦᠢ᠍ᠴᠡᠳᠬᠡᠬᠦ ᠲᠣᠭ᠎ᠠ ᠵᠢ ᠲᠤᠷᠰᠢᠨ ᠬᠤᠷᠢᠶᠠᠬᠤ ᠵᠢᠨ ᠬᠠᠮᠲᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠬᠢᠨᠠᠨ ᠲᠣᠭᠲᠠᠭ᠋ᠠᠭᠰᠠᠨ᠎ᠤ ᠲᠠᠷᠠᠭ᠎ᠠ᠂ ᠲᠣᠬᠢᠷᠠᠭᠤᠯᠭ᠎ᠠ ᠵᠢᠨ ᠪᠡᠯᠡ ᠮᠥᠩᠭᠥ ᠵᠢᠨ ᠲᠠᠰᠤᠯᠤᠨ ᠪᠣᠳᠣᠯᠲᠠ ᠵᠢ ᠲᠥᠪ᠎ᠤᠨ ᠡᠳ᠋᠎ᠤᠨ ᠵᠠᠰᠠᠭ ᠵᠶ᠋ᠠᠷ ᠳᠠᠮᠵᠢᠭᠤᠯᠬᠤ ᠦᠭᠡᠢ᠂ ᠬᠣᠯᠪᠣᠭᠳᠠᠯ ᠪᠦᠬᠦᠢ ᠮᠤᠵᠢ ᠥᠪᠡᠷᠲᠡᠭᠡᠨ ᠵᠣᠯᠭ᠋ᠠᠭᠤᠯᠵᠤ᠂ ᠡᠩ᠎ᠤᠨ ᠤᠯᠠᠨ ᠨᠡᠶ᠋ᠢᠲᠡ ᠵᠢᠨ ᠲᠥᠰᠥᠪ᠎ᠤᠨ ᠰᠢᠯᠵᠢᠭᠦᠯᠬᠦ ᠴᠢᠨᠠᠷᠲᠠᠢ ᠣᠷᠣᠯᠭ᠎ᠠ ᠪᠠ ᠵᠠᠷᠤᠯᠭ᠎ᠠ ᠵᠢᠨ ᠵᠦᠢ᠍ᠯ ᠢᠯᠭ᠋ᠠᠯ ᠵᠶ᠋ᠠᠷ ᠳᠠᠮᠵᠢᠭᠤᠯᠤᠨ ᠲᠤᠰᠬᠠᠨ᠎ᠠ᠃

       ᠠᠷᠪᠢᠯᠠᠨ ᠭᠠᠮᠨᠠᠬᠤ ᠭᠦᠢ᠍ᠴᠡᠳᠬᠡᠯ ᠲᠣᠭ᠎ᠠ᠎ᠳᠤ ᠰᠢᠯᠵᠢᠭᠦᠯᠦᠨ ᠣᠷᠣᠭᠤᠯᠬᠤ᠎ᠳᠤ ᠮᠤᠵᠢ ᠣᠷᠣᠨ ᠲᠣᠬᠢᠷᠠᠭᠤᠯᠤᠯᠲᠠ ᠵᠢᠨ ᠪᠡᠯᠡ ᠮᠥᠩᠭᠥ ᠵᠢ ᠲᠤᠰᠢᠶᠠᠭᠰᠠᠨ᠎ᠤ ᠳᠠᠷᠠᠭ᠎ᠠ ᠰᠠᠶᠢ ᠤᠯᠤᠰ᠎ᠤᠨ ᠬᠢᠨᠠᠨ ᠲᠣᠭᠲᠠᠭ᠋ᠠᠭᠰᠠᠨ ᠠᠷᠪᠢᠯᠠᠨ ᠭᠠᠮᠨᠠᠬᠤ ᠭᠦᠢ᠍ᠴᠡᠳᠬᠡᠯ ᠲᠣᠭ᠎ᠠ ᠵᠢ ᠦᠨᠳᠦᠰᠦᠯᠡᠨ ᠰᠢᠨ᠎ᠡ᠎ᠪᠠᠷ ᠪᠠᠶ᠋ᠢᠭᠤᠯᠬᠤ ᠲᠥᠰᠥᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ ᠪᠣᠯᠣᠨ᠎ᠠ  ᠃

       ᠦᠯᠡᠳᠡᠪᠦᠷᠢ ᠵᠢᠨ ᠭᠦᠢ᠍ᠴᠡᠳᠬᠡᠬᠦ ᠲᠣᠭ᠎ᠠ ᠵᠢ ᠰᠢᠯᠵᠢᠭᠦᠯᠦᠨ ᠭᠠᠷᠭ᠋ᠠᠬᠤ᠎ᠳᠤ ᠮᠤᠵᠢ ᠣᠷᠣᠨ᠎ᠤ᠎ᠬᠢᠨ ᠣᠯᠣᠭᠰᠠᠨ ᠲᠣᠬᠢᠷᠠᠭᠤᠯᠤᠯᠲᠠ ᠵᠢᠨ ᠪᠡᠯᠡ ᠮᠥᠩᠭᠥ᠎ᠪᠠᠨ ᠪᠦᠬᠦ ᠲᠣᠭ᠎ᠠ᠎ᠪᠠᠷ᠎ᠨᠢ ᠦᠯᠡᠳᠡᠪᠦᠷᠢ ᠵᠢᠨ ᠭᠦᠢ᠍ᠴᠡᠳᠬᠡᠬᠦ ᠲᠣᠭ᠎ᠠ ᠵᠢ ᠪᠤᠶ ᠪᠣᠯᠭ᠋ᠠᠭᠰᠠᠨ ᠭᠠᠵᠠᠷ ᠣᠷᠣᠨ᠎ᠳᠤ ᠪᠠᠭᠤᠯᠭ᠋ᠠᠪᠠᠯ ᠵᠣᠬᠢᠨ᠎ᠠ  ᠂ ᠪᠦᠬᠦᠨ᠎ᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ᠎ᠳᠤ ᠬᠡᠷᠡᠭᠯᠡᠵᠦ᠂ ᠲᠥᠪᠬᠢᠨᠡᠭᠦᠯᠬᠦ ᠨᠥᠬᠥᠪᠦᠷᠢ᠂ ᠬᠠᠭᠤᠴᠢᠨ᠎ᠢ ᠨᠤᠷᠠᠭ᠋ᠠᠵᠤ ᠳᠠᠬᠢᠨ ᠬᠠᠭ᠋ᠠᠯᠪᠤᠷᠢᠯᠠᠬᠤ᠂ ᠰᠠᠭᠤᠷᠢ ᠲᠥᠬᠦᠭᠡᠷᠦᠮᠵᠢ ᠪᠠ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠲᠠᠷᠢᠶᠠᠨ ᠭᠠᠵᠠᠷ᠎ᠤᠨ ᠬᠠᠮᠠᠭ᠋ᠠᠯᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠂ ᠠᠮᠢ ᠠᠬᠤᠢ ᠵᠢ ᠰᠡᠷᠭᠦᠭᠡᠬᠦ ᠵᠢᠴᠢ ᠲᠠᠷᠢᠶᠠᠯᠠᠩ ᠬᠥᠳᠡᠭᠡ ᠲᠣᠰᠬᠣᠨ᠎ᠤ ᠬᠥᠭᠵᠢᠯᠲᠡ ᠪᠦᠲᠦᠭᠡᠨ ᠪᠠᠢ᠌ᠭᠤᠯᠤᠯᠲᠠ ᠵᠡᠷᠭᠡ ᠵᠢ ᠤᠷᠢᠳᠠᠪᠠᠷ ᠪᠠᠲᠤᠯᠠᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》 ᠎ᠤᠨ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ ᠪᠡᠯᠡ ᠲᠣᠬᠢᠷᠠᠭᠤᠯᠭ᠎ᠠ ᠵᠢᠨ ᠪᠡᠯᠡ ᠮᠥᠩᠭᠥ ᠵᠢ ᠲᠦᠯᠦᠬᠦ ᠵᠢ ᠳᠡᠮᠵᠢᠨ᠎ᠡ᠃

       ᠠᠷᠪᠠᠳᠤᠭ᠋ᠠᠷ ᠵᠦᠢ᠍ᠯ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠡᠯ᠎ᠡ ᠮᠤᠵᠢ ᠣᠷᠣᠨ᠎ᠤ ᠮᠤᠵᠢ ᠣᠷᠣᠨ ᠠᠯᠤᠰᠯᠠᠨ ᠲᠣᠬᠢᠷᠠᠭᠤᠯᠬᠤ ᠭᠦᠢ᠍ᠴᠡᠳᠬᠡᠯ ᠲᠣᠭ᠎ᠠ ᠵᠢ ᠬᠢᠨᠠᠨ ᠲᠣᠭᠲᠠᠭ᠋ᠠᠬᠤ᠎ᠳᠠᠭᠠᠨ  ᠂ ᠬᠣᠯᠪᠣᠭᠳᠠᠬᠤ ᠬᠣᠯᠪᠣᠭᠳᠠᠯ ᠪᠦᠬᠦᠢ ᠮᠤᠵᠢ ᠣᠷᠣᠨ᠎ᠤ ᠲᠥᠯᠥᠪᠵᠢᠭᠦᠯᠦᠭᠰᠡᠨ ᠲᠠᠷᠢᠶᠠᠨ ᠭᠠᠵᠠᠷ᠎ᠤᠨ ᠬᠠᠳᠠᠭ᠋ᠠᠯᠠᠯᠲᠠ ᠵᠢᠨ ᠬᠡᠮᠵᠢᠶ᠎ᠡ ᠵᠡᠷᠭᠡ ᠬᠤᠪᠢᠷᠠᠯᠲᠠ ᠵᠢᠨ ᠪᠠᠢ᠌ᠳᠠᠯ᠎ᠳᠤ ᠡᠬᠡ ᠲᠠᠩᠰᠠ ᠵᠢᠨ ᠬᠠᠮᠢᠶᠠᠷᠤᠯᠲᠠ ᠵᠢ ᠬᠡᠷᠡᠭᠵᠢᠭᠦᠯᠦᠨ᠎ᠡ  ; ᠡᠬᠡ ᠲᠡᠡᠭᠰᠡᠠ᠎ᠳᠤ ᠣᠷᠣᠭᠤᠯᠤᠭᠰᠠᠨ ᠪᠠᠢ᠌ᠪᠠᠯ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢᠨ ᠬᠠᠷᠠᠯᠲᠠ ᠵᠢ ᠬᠢᠨᠠᠨ ᠰᠢᠯᠭ᠋ᠠᠬᠤ ᠵᠡᠷᠭᠡ ᠬᠢᠨᠠᠯᠲᠠ ᠪᠠᠢ᠌ᠴᠠᠭ᠋ᠠᠯᠲᠠ ᠵᠢᠨ ᠳᠤᠮᠳᠠ ᠮᠠᠭ᠋ᠠᠳᠯᠠᠨ ᠲᠣᠭᠲᠠᠭ᠋ᠠᠨ᠎ᠠ᠃

       ᠠᠷᠪᠠᠨ ᠨᠢᠭᠡᠳᠦᠭᠡᠷ ᠵᠦᠢ᠍ᠯ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠣᠬᠢᠷᠠᠭᠤᠯᠤᠯᠲᠠ ᠵᠢᠨ ᠦᠯᠡᠳᠡᠪᠦᠷᠢ ᠵᠢᠨ ᠭᠦᠢ᠍ᠴᠡᠳᠬᠡᠬᠦ ᠲᠣᠭ᠎ᠠ ᠵᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠎ᠲᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠮᠤᠵᠢ ᠵᠢᠨ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠨᠢ ᠲᠠᠷᠢᠶᠠᠯᠠᠩ ᠬᠥᠳᠡᠭᠡ ᠲᠣᠰᠬᠣᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠬᠠᠭᠤᠴᠢᠨ᠎ᠢ ᠨᠤᠷᠠᠭ᠋ᠠᠵᠤ ᠰᠡᠷᠭᠦᠭᠡᠨ ᠬᠠᠭ᠋ᠠᠯᠪᠤᠷᠢᠯᠠᠭᠰᠠᠨ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠪᠠ ᠶᠠᠰᠤ ᠴᠢᠨᠠᠷ᠎ᠢ ᠬᠢᠨᠠᠨ ᠮᠠᠭ᠋ᠠᠳᠯᠠᠨ᠎ᠠ᠃ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ ᠎ᠠᠴᠠ ᠲᠣᠬᠢᠷᠠᠭᠤᠯᠤᠯᠲᠠ ᠵᠢᠨ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠎ᠢ ᠬᠠᠷᠭᠤᠭᠤᠯᠤᠨ ᠪᠠᠢ᠌ᠴᠠᠭ᠋ᠠᠵᠤ  ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ  ᠂ ᠣᠯᠠᠨ ᠲᠦᠮᠡᠨ᠎ᠤ ᠬᠦᠰᠡᠯ ᠰᠠᠨᠠᠭ᠎ᠠ ᠎ᠠᠴᠠ ᠵᠥᠷᠢᠴᠡᠨ ᠠᠯᠪᠠᠳᠠᠯᠭ᠎ᠠ᠎ᠪᠠᠷ ᠬᠡᠷᠡᠭᠵᠢᠭᠦᠯᠬᠦ ᠵᠡᠷᠭᠡ ᠠᠰᠠᠭᠤᠳᠠᠯ᠎ᠢ ᠣᠯᠵᠤ ᠮᠡᠳᠡᠪᠡᠯ  ᠂ ᠲᠣᠭᠲᠠᠭᠰᠠᠨ ᠬᠤᠭᠤᠴᠠᠭ᠋ᠠᠨ᠎ᠳᠤ ᠴᠡᠭᠴᠡᠯᠡᠨ ᠥᠭᠡᠷᠡᠴᠢᠯᠡᠭᠦᠯᠬᠦ᠎ᠪᠠᠷ ᠱᠠᠭ᠋ᠠᠷᠳᠠᠵᠤ  ᠂ ᠠᠰᠠᠭᠤᠳᠠᠯ᠎ᠨᠢ ᠬᠦᠨᠳᠦ ᠨᠣᠴᠢᠲᠠᠢ ᠪᠠᠢ᠌ᠪᠠᠯ  ᠂ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢᠨ ᠲᠣᠬᠢᠷᠠᠭᠤᠯᠤᠯᠲᠠ ᠵᠢ ᠲᠦᠷ ᠵᠣᠭᠰᠣᠭ᠋ᠠᠨ᠎ᠠ  ᠃

       ᠠᠷᠪᠠᠨ ᠬᠣᠶᠠᠳᠤᠭ᠋ᠠᠷ ᠵᠦᠢ᠍ᠯ ᠲᠣᠰ ᠠᠷᠭ᠎ᠠ ᠵᠢ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ  ᠂ ᠡᠳ᠋᠎ᠤᠨ ᠵᠠᠰᠠᠭ᠎ᠤᠨ ᠶᠠᠮᠤᠨ  ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠎ᠠᠴᠠ ᠬᠠᠷᠢᠭᠤᠴᠠᠨ ᠲᠠᠢ᠌ᠯᠪᠤᠷᠢᠯᠠᠨ᠎ᠠ ᠃ ᠲᠣᠰ ᠠᠷᠭ᠎ᠠ ᠵᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ  ᠂ ᠬᠦᠴᠦᠨ᠎ᠲᠠᠢ ᠬᠤᠭᠤᠴᠠᠭ᠎ᠠ᠎ᠨᠢ 2025 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠣᠨ᠎ᠠ  ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠬᠦ ᠲᠥᠰᠥᠯ (2021 — 2025 ᠣᠨ ) 》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠨᠳᠦᠰᠦᠨ ᠵᠦᠢ᠍ᠯ ᠎ᠢ ᠪᠠᠲᠤᠯᠠᠬᠤ ᠪᠠᠲᠤᠯᠠᠭ᠎ᠠ ᠵᠢᠨ ᠦᠷ᠎ᠡ ᠪᠦᠲᠦᠭᠡᠯ ᠎ᠢ ᠪᠡᠬᠢᠵᠢᠭᠦᠯᠦᠨ ᠥᠷᠭᠡᠳᠬᠡᠵᠦ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ ᠎ᠢ ᠤᠯᠠᠮ ᠨᠢᠭᠡ ᠠᠯᠬᠤᠮ ᠰᠠᠢ᠌ᠲᠤᠷ ᠬᠢᠨ᠎ᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠵᠶ᠋ᠡᠷ ᠶᠠᠳᠠᠭᠤ ᠵᠢ ᠲᠡᠳᠬᠦᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠣᠯᠠᠨ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢᠨ ᠬᠡᠷᠡᠭᠵᠢᠭᠦᠯᠬᠦ ᠲᠥᠰᠥᠯ 》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠵᠢ ᠦᠨᠡᠨᠬᠦ ᠴᠢᠩᠭ᠋ᠠᠳᠬᠠᠵᠤ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠤᠬᠠᠢ ᠬᠡᠷᠡᠭᠵᠢᠭᠦᠯᠬᠦ ᠰᠠᠨᠠᠯ
ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠭᠰᠡᠨ᠎ᠤ ᠳᠠᠷᠠᠭ᠋ᠠᠬᠢ ᠲᠡᠳᠬᠦᠨ ᠳᠡᠮᠵᠢᠬᠦ ᠠᠵᠢᠯ᠎ᠢ ᠦᠨᠡᠨ ᠬᠦ᠌ ᠰᠠᠢ᠌ᠲᠤᠷ ᠬᠢᠵᠦ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ
 
            