ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠵᠶ᠋ᠡᠷ ᠶᠠᠳᠠᠭᠤ ᠵᠢ ᠲᠡᠳᠬᠦᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠣᠯᠠᠨ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢᠨ ᠬᠡᠷᠡᠭᠵᠢᠭᠦᠯᠬᠦ ᠲᠥᠰᠥᠯ 》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2022-11-22

       ᠡᠯ᠎ᠡ ᠠᠢ᠌ᠮᠠᠭ ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ  ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ  ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ  ᠂ ᠠᠷᠠᠳ᠎ᠤᠨ ᠶᠠᠪᠤᠳᠠᠯ᠎ᠤᠨ ᠲᠣᠪᠴᠢᠶ᠎ᠠ  ᠂ ᠡᠳ᠋᠎ᠤᠨ ᠵᠠᠰᠠᠭ᠎ᠤᠨ ᠲᠣᠪᠴᠢᠶ᠎ᠠ  ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ  ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ  ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ  ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ  ᠂ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ ᠵᠢᠨ ᠡᠮᠨᠡᠯᠭᠡ ᠵᠢᠨ ᠬᠣᠷᠢᠶ᠎ᠠ᠎ᠳᠤ  ᠄

       ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠢ ᠵᠣᠯᠭ᠋ᠠᠭᠤᠯᠬᠤ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠰᠠᠢ᠌ᠲᠤᠷ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠢ ᠦᠨᠳᠦᠰᠦᠯᠡᠪᠡᠯ  ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ  ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ  ᠂ ᠠᠷᠠᠳ᠎ᠤᠨ ᠶᠠᠪᠤᠳᠠᠯ᠎ᠤᠨ ᠶᠠᠮᠤᠨ  ᠂ ᠡᠳ᠋᠎ᠤᠨ ᠵᠠᠰᠠᠭ᠎ᠤᠨ ᠶᠠᠮᠤᠨ  ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ  ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ  ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ  ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ  ᠂ ᠤᠯᠤᠰ᠎ᠤᠨ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ  ᠂ ᠤᠯᠤᠰ᠎ᠤᠨ ᠬᠢᠲᠠᠳ ᠡᠮ ᠡᠮᠨᠡᠯᠭᠡ ᠵᠢᠨ ᠬᠠᠮᠢᠶᠠᠷᠤᠯᠲᠠ ᠵᠢᠨ ᠲᠣᠪᠴᠢᠶ᠎ᠠ  ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠠᠷᠤ ᠲᠠᠯ᠎ᠠ ᠵᠢᠨ ᠪᠠᠲᠤᠯᠠᠭ᠎ᠠ ᠵᠢᠨ ᠶᠠᠮᠤᠨ᠎ᠤ 《  ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠵᠢ ᠬᠡᠷᠡᠭᠵᠢᠭᠦᠯᠬᠦ ᠰᠠᠨᠠᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ  》 (  ᠤᠯᠤᠰ᠎ᠤᠨ ᠡᠷᠡᠭᠦᠯ ᠬᠠᠮᠠᠭ᠋ᠠᠯᠠᠯ ᠶᠠᠳᠠᠭᠤ ᠵᠢ ᠲᠡᠳᠬᠦᠬᠦ ᠲᠠᠷᠬᠠᠭ᠋ᠠᠭᠰᠠᠨ [2021] 6 ᠳ᠋ᠤᠭ᠋ᠠᠷ ᠲᠣᠭ᠋ᠠᠲᠤ  )  ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ  ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ  ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ  ᠂ ᠠᠷᠠᠳ᠎ᠤᠨ ᠶᠠᠪᠤᠳᠠᠯ᠎ᠤᠨ ᠲᠢᠩᠬᠢᠮ  ᠂ ᠡᠳ᠋᠎ᠤᠨ ᠵᠠᠰᠠᠭ᠎ᠤᠨ ᠲᠢᠩᠬᠢᠮ  ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ  ᠂ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ  ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ  ᠂ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ  ᠂ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ᠎ᠤᠨ ᠪᠠᠲᠤᠯᠠᠭ᠎ᠠ ᠵᠢᠨ ᠲᠣᠪᠴᠢᠶ᠎ᠠ  ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠳᠠᠬᠢ ᠶᠡᠷᠦᠩᠬᠡᠢ ᠠᠩᠭᠢ ᠵᠢᠨ ᠪᠠᠲᠤᠯᠠᠭ᠎ᠠ ᠵᠢᠨ ᠬᠡᠯᠲᠡᠰ ᠬᠠᠮᠲᠤᠷᠠᠨ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠬᠡᠷᠡᠭᠵᠢᠭᠦᠯᠬᠦ ᠲᠥᠰᠥᠯ  》᠎ᠢ ᠲᠣᠭᠲᠠᠭ᠋ᠠᠪᠠ  ᠃ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠤᠱᠯᠠᠭᠤᠯᠤᠨ ᠨᠠᠢ᠌ᠳᠠᠪᠤᠷᠢᠵᠢᠭᠤᠯᠲᠤᠭ᠋ᠠᠢ᠃

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠬᠡᠷᠡᠭᠵᠢᠭᠦᠯᠬᠦ ᠲᠥᠰᠥᠯ

       ᠡᠷᠡᠭᠦᠯ ᠡᠩᠬᠡ᠎ᠪᠠᠷ ᠶᠠᠳᠠᠭᠤ ᠵᠢ ᠲᠡᠳᠬᠦᠬᠦ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠪᠡᠬᠢᠵᠢᠭᠦᠯᠦᠨ ᠥᠷᠭᠡᠳᠬᠡᠬᠦ ᠪᠣᠯ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠬᠦ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠬᠤ ᠴᠢᠬᠤᠯᠠ ᠠᠷᠭ᠎ᠠ ᠬᠡᠮᠵᠢᠶ᠎ᠡ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠦᠷᠭᠦᠯᠵᠢᠯᠡᠨ ᠠᠬᠢᠭᠤᠯᠬᠤ ᠵᠢ ᠳᠡᠮᠵᠢᠬᠦ ᠭᠣᠣᠯᠳᠠᠯᠭ᠎ᠠ᠎ᠲᠠᠢ ᠠᠵᠢᠯ᠂ ᠡᠷᠡᠭᠦᠯ ᠡᠩᠬᠡ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠵᠢᠨ ᠦᠨᠳᠦᠰᠦᠨ ᠱᠠᠭ᠋ᠠᠷᠳᠠᠯᠭ᠎ᠠ ᠪᠣᠯᠣᠨ᠎ᠠ᠃ ᠨᠠᠮ᠎ᠤᠨ ᠲᠥᠪ ᠬᠣᠷᠢᠶ᠎ᠠ  ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ  ᠂ ᠵᠠᠰᠠᠭ᠎ᠤᠨ ᠣᠷᠳᠣᠨ᠎ᠤ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ  ᠂ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠲᠠᠢ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠡᠬᠢᠵᠢᠭᠦᠯᠵᠦ  ᠂ ᠡᠷᠡᠭᠦᠯ ᠡᠩᠬᠡ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠤᠨ  ᠂ ᠡᠪᠡᠳᠴᠢᠨ᠎ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠵᠢᠨ ᠲᠤᠰᠠᠳᠠ  ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ  ᠂ ᠲᠣᠰ ᠬᠡᠷᠡᠭᠵᠢᠭᠦᠯᠬᠦ ᠲᠥᠰᠥᠯ᠎ᠢ ᠲᠣᠭᠲᠠᠭ᠋ᠠᠪᠠ  ᠃

       ᠨᠢᠭᠡ  ᠂ ᠶᠡᠷᠦᠩᠬᠡᠢ ᠱᠠᠭ᠋ᠠᠷᠳᠠᠯᠭ᠎ᠠ

      (  ᠨᠢᠭᠡ  ) ᠭᠣᠣᠯ ᠰᠡᠳᠬᠢᠴᠡ  ᠃ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ  ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ  ᠂ ᠭᠤᠷᠪᠠᠳᠤᠭ᠋ᠠᠷ  ᠂ ᠳᠥᠷᠪᠡᠳᠦᠭᠡᠷ  ᠂ ᠲᠠᠪᠤᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ  ᠲᠤᠭᠤᠰᠢᠯᠠᠭᠤᠯᠵᠤ  ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠭᠤᠢ᠌ᠪᠢᠰᠢ ᠦᠭᠡᠢ ᠲᠤᠤᠱᠯᠠᠭᠤᠯᠵᠤ  ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ  ᠂ ᠰᠢᠨ᠎ᠡ ᠴᠠᠭ ᠦᠶ᠎ᠡ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠠᠵᠢᠯ᠎ᠤᠨ ᠴᠢᠭᠯᠡᠯᠲᠡ ᠵᠢ ᠪᠠᠷᠢᠮᠲᠠᠯᠠᠵᠤ  ᠂ 5 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠳᠤ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠬᠦ ᠭᠣᠣᠯ ᠲᠥᠷᠥ ᠵᠢᠨ ᠪᠣᠳᠣᠯᠭ᠎ᠠ ᠵᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠵᠤ  ᠂ ᠳᠡᠮᠵᠢᠬᠦ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠰᠢᠯᠢᠳᠡᠭᠵᠢᠭᠦᠯᠵᠦ  ᠂ ᠡᠷᠡᠭᠦᠯ ᠮᠡᠨᠳᠦ ᠵᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ  ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠳᠤᠲᠠᠭᠤᠳᠠᠯ ᠪᠠ ᠪᠠᠭᠤᠷᠠᠢ ᠲᠠᠯ᠎ᠠ ᠵᠢ ᠤᠯᠠᠮ ᠨᠢᠭᠡ ᠠᠯᠬᠤᠮ ᠨᠥᠬᠥᠪᠦᠷᠢᠯᠡᠵᠦ  ᠂ ᠰᠢᠶᠠᠨ᠎ᠤ ᠬᠡᠪᠴᠢᠶᠡᠨ᠎ᠤ ᠶᠡᠷᠦᠩᠬᠡᠢ᠌ᠯᠡᠭᠰᠡᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠡᠷᠡᠭᠦᠯ ᠡᠩᠬᠡ ᠬᠥᠳᠡᠭᠡ ᠲᠣᠰᠬᠣᠨ᠎ᠤ ᠪᠠᠢ᠌ᠭᠤᠯᠤᠯᠲᠠ ᠵᠢ ᠭᠦᠨᠵᠡᠭᠡᠢ ᠠᠬᠢᠭᠤᠯᠵᠤ᠂ ᠭᠣᠣᠯᠳᠠᠯᠭ᠎ᠠ᠎ᠲᠠᠢ ᠭᠠᠵᠠᠷ ᠣᠷᠣᠨ᠂ ᠭᠣᠣᠯᠳᠠᠯᠭ᠎ᠠ᠎ᠲᠠᠢ ᠬᠥᠮᠥᠰ᠂ ᠭᠣᠣᠯᠳᠠᠯᠭ᠎ᠠ᠎ᠲᠠᠢ ᠡᠪᠡᠳᠴᠢᠨ ᠡᠮᠭᠡᠭ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ ᠢᠷᠭᠡᠳ᠎ᠤᠨ ᠡᠷᠡᠭᠦᠯ ᠮᠡᠨᠳᠦ ᠵᠢ ᠠᠬᠢᠭᠤᠯᠬᠤ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠴᠢᠳᠠᠪᠤᠷᠢ ᠪᠣᠯᠣᠨ ᠤᠯᠠᠨ ᠲᠦᠮᠡᠨ᠎ᠤ ᠡᠷᠡᠭᠦᠯ ᠮᠡᠨᠳᠦ ᠵᠢᠨ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠵᠦ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠦᠷᠭᠦᠯᠵᠢᠯᠡᠨ ᠠᠬᠢᠭᠤᠯᠬᠤ᠎ᠳᠤ ᠨᠡᠩ ᠪᠠᠲᠤ ᠪᠡᠬᠢ ᠡᠷᠡᠭᠦᠯ ᠮᠡᠨᠳᠦ ᠵᠢᠨ ᠪᠠᠲᠤᠯᠠᠭ᠎ᠠ ᠬᠠᠩᠭ᠋ᠠᠨ᠎ᠠ᠃

      (  ᠬᠣᠶᠠᠷ  ) ᠭᠣᠣᠯ ᠬᠠᠷᠠᠯᠲᠠ  ᠃ 2025 ᠣᠨ ᠪᠣᠯᠬᠤ᠎ᠳᠤ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠦᠨᠳᠦᠰᠦᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠵᠦ  ᠂ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠳᠠᠬᠢ ᠡᠷᠡᠭᠦᠯ ᠮᠡᠨᠳᠦ ᠵᠢᠨ ᠦᠢ᠍ᠯᠡᠴᠢᠯᠡᠭᠡ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠎ᠡ  ; ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ  ᠂ ᠪᠡᠯᠡᠳᠬᠡᠮᠵᠢ ᠵᠢᠨ ᠨᠥᠬᠥᠴᠡᠯ᠎ᠢ ᠤᠯᠠᠮ ᠨᠢᠭᠡ ᠠᠯᠬᠤᠮ ᠰᠠᠢ᠌ᠵᠢᠷᠠᠭᠤᠯᠤᠨ  ᠂ ᠦᠢ᠍ᠯᠡᠴᠢᠯᠡᠭᠡᠨ᠎ᠤ ᠴᠢᠳᠠᠪᠤᠷᠢ ᠪᠠ ᠪᠣᠯᠣᠮᠵᠢᠲᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ  ; ᠬᠦᠨᠳᠦ ᠶᠡᠬᠡ ᠡᠪᠡᠳᠴᠢᠨ ᠡᠮᠭᠡᠭ᠎ᠤᠨ ᠬᠣᠣᠷ ᠬᠥᠨᠥᠭᠡᠯ᠎ᠢ ᠬᠢᠵᠠᠭ᠋ᠠᠷᠯᠠᠨ ᠠᠷᠢᠯᠭ᠋ᠠᠵᠤ  ᠂ ᠡᠷᠡᠭᠦᠯ ᠬᠠᠮᠠᠭ᠋ᠠᠯᠠᠯ᠎ᠤᠨ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠠᠢ᠌ᠵᠢᠷᠠᠭᠤᠯᠤᠨ  ᠂ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠬᠡᠪ ᠪᠣᠯᠪᠠᠰᠤᠷᠠᠯ᠎ᠢ ᠢᠯᠡᠳᠲᠡ ᠳᠡᠭᠡᠭᠰᠢᠯᠡᠭᠦᠯᠦᠨ᠎ᠡ  ; ᠬᠣᠲᠠ ᠬᠥᠳᠡᠭᠡ  ᠂ ᠣᠷᠣᠨ ᠪᠦᠰᠡ ᠵᠢᠨ ᠬᠣᠭᠣᠷᠣᠨᠳᠣᠬᠢ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠠᠯᠬᠤᠮ ᠠᠯᠬᠤᠮ ᠵᠶ᠋ᠠᠷ ᠲᠡᠩᠴᠡᠭᠦᠷᠢᠲᠡᠢ ᠪᠠᠢ᠌ᠯᠭ᠋ᠠᠵᠤ  ᠂ ᠰᠠᠭᠤᠭ᠋ᠠᠯᠢ ᠠᠷᠠᠳ᠎ᠤᠨ ᠡᠷᠡᠭᠦᠯ ᠮᠡᠨᠳᠦ ᠵᠢᠨ ᠬᠢᠷᠢ ᠬᠡᠮᠵᠢᠶ᠎ᠡ ᠵᠢᠨ ᠵᠥᠷᠢᠶ᠎ᠡ ᠵᠢ ᠤᠯᠠᠮ ᠦᠨᠳᠦᠰᠦᠨ ᠡᠮ ᠡᠮᠨᠡᠯᠭᠡ ᠵᠢᠨ ᠪᠠᠲᠤᠯᠠᠭ᠎ᠠ᠎ᠲᠠᠢ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ  ᠂ ᠡᠪᠡᠳᠴᠢᠨ᠎ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ  ᠂ ᠦᠨᠳᠦᠰᠦᠨ ᠱᠠᠲᠤᠨ᠎ᠤ ᠬᠥᠳᠡᠭᠡ ᠲᠣᠰᠬᠣᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠪᠠ ᠠᠵᠢᠯᠲᠠᠨ᠎ᠤ 《  ᠬᠣᠭᠣᠰᠤᠨ ᠴᠡᠭ  》᠎ᠢ ᠬᠥᠳᠡᠯᠦᠩᠭᠦᠢ᠎ᠪᠠᠷ ᠴᠡᠪᠡᠷᠯᠡᠬᠦ ᠵᠢ ᠦᠷᠭᠦᠯᠵᠢᠯᠡᠨ ᠪᠡᠶᠡᠯᠡᠭᠦᠯᠵᠦ  ᠂ ᠡᠷᠡᠭᠦᠯ ᠡᠩᠬᠡ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠢᠯᠡᠳᠲᠡ ᠦᠷ᠎ᠡ ᠪᠦᠲᠦᠮᠵᠢ ᠣᠯᠪᠠ  ᠃

       ᠬᠣᠶᠠᠷ  ᠂ ᠲᠥᠷᠥ ᠵᠢᠨ ᠪᠣᠳᠣᠯᠭ᠎ᠠ ᠵᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠬᠤ ᠵᠢ ᠪᠠᠲᠤᠯᠠᠵᠤ  ᠂ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠲᠠᠢ ᠦᠷ᠎ᠡ ᠪᠦᠲᠦᠭᠡᠯ᠎ᠢ ᠪᠠᠲᠤᠳᠬᠠᠨ᠎ᠠ

      (  ᠭᠤᠷᠪᠠ  ) ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠲᠠᠢ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠨ᠎ᠡ  ᠃ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠬᠦᠴᠢᠷᠳᠡᠯᠲᠡᠢ ᠬᠥᠮᠥᠨ ᠠᠮᠠ ᠵᠢᠨ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠲᠠᠢ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ  》 (  ᠳᠣᠲᠣᠭ᠋ᠠᠳᠤ ᠡᠷᠡᠭᠦᠯ ᠬᠠᠮᠠᠭ᠋ᠠᠯᠠᠯ ᠶᠠᠳᠠᠭᠤ ᠵᠢ ᠲᠡᠳᠬᠦᠬᠦ ᠲᠠᠷᠬᠠᠭ᠋ᠠᠭᠰᠠᠨ [2019] 84 ᠳ᠋ᠦᠭᠡᠷ ᠲᠣᠭ᠋ᠠᠲᠤ  )᠎ᠳᠤ ᠲᠣᠳᠣᠷᠬᠠᠢ᠌ᠯᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ 《  ᠭᠤᠷᠪᠠᠨ ᠨᠢᠭᠡ  》  ᠂ ᠡᠮᠴᠢᠯᠡᠭᠡᠨ᠎ᠤ ᠮᠡᠷᠭᠡᠵᠢᠯ᠎ᠤᠨ ᠠᠵᠢᠯᠲᠠᠨ᠎ᠤ 《  ᠭᠤᠷᠪᠠᠨ ᠬᠢᠷᠢ ᠲᠡᠩᠴᠡᠭᠰᠡᠨ  》  ᠂ ᠡᠮᠴᠢᠯᠡᠭᠡᠨ᠎ᠤ ᠦᠢ᠍ᠯᠡᠴᠢᠯᠡᠭᠡᠨ᠎ᠤ ᠴᠢᠳᠠᠪᠤᠷᠢ ᠵᠢᠨ 《  ᠭᠤᠷᠪᠠᠨ ᠱᠤᠭᠤᠮ  》  ᠂ ᠡᠮᠴᠢᠯᠡᠭᠡᠨ᠎ᠤ ᠪᠠᠲᠤᠯᠠᠭ᠎ᠠ ᠵᠢᠨ ᠳᠦᠷᠢᠮ᠎ᠢ ᠨᠡᠢ᠌ᠳᠡᠮ ᠬᠡᠷᠡᠭᠵᠢᠭᠦᠯᠬᠦ ᠵᠡᠷᠭᠡ ᠠᠷᠪᠠᠨ ᠵᠤᠷᠪᠤᠰ ᠪᠣᠳᠠᠲᠠᠢ ᠠᠵᠢᠯ᠎ᠤᠨ ᠪᠠᠷᠢᠮᠵᠢᠶ᠎ᠠ ᠵᠢᠨ ᠱᠠᠭ᠋ᠠᠷᠳᠠᠯᠭ᠎ᠠ ᠶᠣᠰᠣᠭ᠋ᠠᠷ  ᠂ ᠪᠦᠬᠦ ᠤᠯᠤᠰ᠎ᠤᠨ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠬᠦ ᠬᠥᠳᠡᠯᠦᠩᠭᠦᠢ ᠰᠢᠰᠲ᠋ᠧᠮ᠎ᠤᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠦᠨᠡᠯᠡᠬᠦ ᠠᠷᠭ᠎ᠠ ᠵᠢᠨ ᠶᠣᠰᠣᠭ᠋ᠠᠷ  ᠂ ᠬᠥᠳᠡᠭᠡ ᠲᠣᠰᠬᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠪᠠ ᠠᠵᠢᠯᠲᠠᠨ᠎ᠤ ᠬᠤᠪᠢᠷᠠᠯᠲᠠ ᠵᠢᠨ ᠪᠠᠢ᠌ᠳᠠᠯ᠎ᠢ ᠬᠥᠳᠡᠯᠦᠩᠭᠦᠢ᠎ᠪᠠᠷ ᠬᠢᠨᠠᠨ ᠬᠡᠮᠵᠢᠵᠦ  ᠂ ᠶᠡᠷᠦᠩᠬᠡᠢ᠌ᠯᠡᠭᠰᠡᠨ ᠦᠨᠡᠯᠡᠯᠲᠡ᠎ᠨᠢ ᠤᠷᠢᠳᠴᠢᠯᠠᠨ ᠰᠡᠷᠡᠮᠵᠢᠯᠡᠭᠦᠯᠬᠦ ᠬᠡᠮᠵᠢᠭᠳᠡᠯ᠎ᠳᠤ ᠬᠦᠷᠦᠭᠰᠡᠨ ᠪᠠᠢ᠌ᠪᠠᠯ ᠬᠠᠷᠢᠭᠤ ᠲᠤᠰᠬᠠᠵᠤ ᠰᠢᠮᠳᠠᠭᠤᠯᠤᠨ ᠭᠦᠢ᠍ᠴᠡᠳᠬᠡᠭᠦᠯᠵᠦ  ᠂ ᠴᠢᠭᠯᠡᠭᠦᠯᠬᠦ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠰᠢᠢ᠍ᠳᠪᠦᠷᠢᠯᠡᠨ  ᠂ ᠮᠥᠷᠳᠡᠨ ᠳ᠋ᠤᠭ᠋ᠠᠷ᠎ᠢ᠎ᠨᠢ ᠬᠠᠰᠤᠵᠤ  ᠂ ᠲᠦᠭᠰᠢᠭᠦᠷᠢ ᠵᠢᠨ ᠳᠠᠯᠳᠠ ᠬᠡᠮ᠎ᠢ ᠴᠠᠭ ᠲᠤᠬᠠᠢ᠎ᠳᠤᠨᠢ ᠠᠷᠢᠯᠭ᠋ᠠᠵᠤ  ᠂ ᠬᠥᠳᠡᠭᠡ ᠲᠣᠰᠬᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠪᠠ ᠠᠵᠢᠯᠲᠠᠨ᠎ᠤ 《  ᠬᠣᠭᠣᠰᠤᠨ ᠭᠠᠵᠠᠷ  》᠎ᠢ ᠬᠥᠳᠡᠯᠦᠩᠭᠦᠢ᠎ᠪᠠᠷ ᠴᠡᠪᠡᠷᠯᠡᠨ ᠠᠷᠢᠯᠭ᠋ᠠᠵᠤ  ᠂ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠲᠠᠢ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠨ᠎ᠡ  ᠃

      (  ᠳᠥᠷᠪᠡ  ) ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠪᠦᠷᠬᠦᠴᠡ ᠵᠢ ᠰᠢᠯᠢᠳᠡᠭᠵᠢᠭᠦᠯᠦᠨ᠎ᠡ  ᠃ ᠠᠵᠤ ᠠᠬᠤᠢ ᠨᠡᠢ᠌ᠭᠡᠮ᠎ᠤᠨ ᠬᠥᠭᠵᠢᠯᠲᠡ᠂ ᠬᠥᠳᠡᠭᠡ ᠲᠣᠰᠬᠣᠨ᠎ᠤ ᠲᠥᠯᠦᠪᠵᠢᠭᠦᠯᠭᠡ ᠵᠢᠨ ᠲᠣᠬᠢᠷᠠᠭᠤᠯᠤᠯᠲᠠ ᠪᠣᠯᠣᠨ ᠠᠷᠠᠳ᠎ᠢ ᠨᠡᠭᠦᠯᠭᠡᠬᠦ ᠪᠠᠢ᠌ᠷᠢᠰᠢᠭᠤᠯᠤᠯ᠎ᠤᠨ ᠪᠠᠢ᠌ᠳᠠᠯ᠎ᠲᠠᠢ ᠤᠶᠠᠯᠳᠤᠭᠤᠯᠤᠨ᠂ ᠦᠢ᠍ᠯᠡᠴᠢᠯᠡᠭᠡᠨ᠎ᠤ ᠬᠥᠮᠥᠨ ᠠᠮᠠ ᠵᠢ ᠦᠨᠳᠦᠰᠦᠯᠡᠨ᠂ ᠮᠠᠨ᠎ᠤ ᠣᠷᠣᠨ᠎ᠤ ᠦᠨᠳᠦᠰᠦᠨ ᠡᠮᠨᠡᠯᠭᠡ ᠵᠢᠨ ᠪᠠᠲᠤᠯᠠᠭ᠎ᠠ᠎ᠲᠠᠢ ᠪᠣᠳᠠᠲᠠᠢ ᠠᠵᠢᠯ᠎ᠤᠨ ᠪᠠᠷᠢᠮᠵᠢᠶ᠎ᠠ ᠵᠢ ᠦᠨᠳᠦᠰᠦᠯᠡᠨ᠂ ᠰᠤᠮᠤ ᠰᠢᠶᠠᠩ ᠪᠠᠯᠭ᠋ᠠᠰᠤ᠂ ᠵᠠᠰᠠᠭ ᠵᠠᠬᠢᠷᠭ᠋ᠠᠨ ᠎ᠤ ᠭᠠᠴᠠᠭ᠎ᠠ ᠲᠣᠰᠬᠣᠨ ᠪᠣᠯᠣᠨ ᠣᠨᠳᠣᠣ ᠭᠠᠵᠠᠷ ᠨᠡᠭᠦᠯᠭᠡᠨ ᠶᠠᠳᠠᠭᠤ ᠵᠢ ᠲᠡᠳᠬᠦᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ᠎ᠤ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ ᠵᠢ ᠰᠢᠯᠢᠳᠡᠭᠵᠢᠭᠦᠯᠵᠦ᠂ ᠪᠡᠯᠡᠳᠬᠡᠮᠵᠢ ᠵᠢᠨ ᠨᠥᠬᠥᠴᠡᠯ᠎ᠢ ᠤᠯᠠᠮ ᠨᠢᠭᠡ ᠠᠯᠬᠤᠮ ᠰᠠᠢ᠌ᠵᠢᠷᠠᠭᠤᠯᠵᠤ᠂ ᠬᠢᠷᠢ ᠲᠡᠩᠴᠡᠭᠰᠡᠨ ᠡᠮᠨᠡᠯᠭᠡ ᠵᠢᠨ ᠠᠵᠢᠯᠲᠠᠨ᠎ᠤ ᠲᠣᠬᠢᠷᠠᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠲᠣᠭᠲᠠᠮᠠᠯ ᠪᠠ ᠰᠢᠯᠵᠢᠬᠦ ᠵᠢ ᠬᠠᠷᠢᠯᠴᠠᠨ ᠤᠶᠠᠯᠳᠤᠭᠤᠯᠤᠭᠰᠠᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠵᠠᠭᠪᠤᠷ᠎ᠢ ᠬᠥᠭᠵᠢᠭᠦᠯᠵᠦ  ᠂ ᠣᠷᠣᠨ ᠨᠤᠲᠤᠭ᠎ᠤᠨ ᠲᠣᠭᠣᠷᠢᠨ ᠡᠮᠴᠢᠯᠡᠬᠦ  ᠂ ᠲᠣᠮᠢᠯᠠᠨ ᠰᠠᠭᠤᠯᠭ᠋ᠠᠬᠤ ᠵᠡᠷᠭᠡ ᠠᠮᠢᠳᠤᠯᠢᠭ ᠣᠯᠠᠨ ᠶᠠᠩᠵᠤ ᠵᠢᠨ ᠠᠷᠭ᠎ᠠ ᠮᠠᠶᠢᠭ᠎ᠢ ᠬᠡᠷᠡᠭᠯᠡᠬᠦ ᠵᠢ ᠳᠡᠮᠵᠢᠵᠦ  ᠂ ᠮᠠᠯᠵᠢᠬᠤ ᠲᠠᠷᠢᠶᠠᠯᠠᠬᠤ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠢ ᠪᠦᠬᠦᠨ᠎ᠢ ᠬᠠᠮᠤᠷᠬᠤ ᠵᠢ ᠦᠨᠡᠨᠬᠦ ᠪᠠᠲᠤᠯᠠᠨ᠎ᠠ  ᠃ ᠲᠣᠭᠣᠷᠢᠨ ᠡᠮᠴᠢᠯᠡᠬᠦ  ᠂ ᠰᠤᠮᠤ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠠ ᠭᠠᠴᠠᠭ᠎ᠠ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠲᠤ ᠲᠣᠮᠢᠯᠠᠨ ᠰᠠᠭᠤᠯᠭ᠋ᠠᠵᠤ ᠠᠵᠢᠯᠯᠠᠭᠤᠯᠬᠤ ᠡᠮᠨᠡᠯᠭᠡ ᠵᠢᠨ ᠠᠵᠢᠯᠲᠠᠨ᠎ᠤ ᠬᠠᠮᠢᠶᠠᠷᠤᠯᠲᠠ ᠵᠢ ᠴᠢᠩᠭ᠋ᠠᠳᠬᠠᠵᠤ  ᠂ ᠠᠵᠢᠯ᠎ᠤᠨ ᠡᠭᠦᠷᠭᠡ ᠬᠠᠷᠢᠭᠤᠴᠠᠯᠭ᠎ᠠ ᠪᠠ ᠦᠢ᠍ᠯᠡᠴᠢᠯᠡᠭᠡᠨ᠎ᠤ ᠱᠠᠭ᠋ᠠᠷᠳᠠᠯᠭ᠎ᠠ ᠵᠢ ᠲᠣᠳᠣᠷᠬᠠᠢ᠌ᠯᠠᠬᠤ ᠬᠡᠷᠡᠭᠲᠡᠢ  ᠃

      (  ᠲᠠᠪᠤ  ) ᠡᠪᠡᠳᠴᠢᠨ ᠡᠮᠭᠡᠭ᠎ᠢ ᠲᠥᠷᠥᠯ ᠬᠤᠪᠢᠶᠠᠨ ᠡᠮᠨᠡᠨ ᠵᠠᠰᠠᠬᠤ ᠠᠷᠭ᠎ᠠ ᠬᠡᠮᠵᠢᠶ᠎ᠡ ᠵᠢ ᠰᠢᠯᠢᠳᠡᠭᠵᠢᠭᠦᠯᠦᠨ᠎ᠡ  ᠃ ᠨᠢᠭᠡᠨᠲᠡ ᠬᠦᠨᠳᠦ ᠡᠪᠡᠳᠴᠢᠨ᠎ᠤ ᠲᠤᠰᠬᠠᠢ ᠡᠮᠨᠡᠨ ᠵᠠᠰᠠᠬᠤ ᠬᠡᠪᠴᠢᠶᠡᠨ᠎ᠳᠤ ᠣᠷᠣᠭᠤᠯᠤᠭᠰᠠᠨ 30 ᠵᠦᠢ᠍ᠯ᠎ᠤᠨ ᠡᠪᠡᠳᠴᠢᠨ᠎ᠤ ᠲᠥᠷᠥᠯ᠎ᠢ ᠲᠣᠭᠲᠠᠮᠠᠯ ᠴᠡᠭ᠎ᠤᠨ ᠡᠮᠨᠡᠯᠭᠡ ᠵᠢᠨ ᠬᠣᠷᠢᠶ᠎ᠠ᠎ᠳᠤ ᠵᠠᠷᠴᠢᠮ ᠳᠡᠭᠡᠷ᠎ᠡ᠎ᠪᠠᠨ ᠬᠤᠪᠢᠷᠠᠭᠤᠯᠬᠤ ᠦᠭᠡᠢ ᠪᠠᠢ᠌ᠯᠭ᠋ᠠᠨ᠎ᠠ  ᠃ 《  ᠲᠣᠭᠲᠠᠭᠰᠠᠨ ᠴᠡᠭ᠎ᠤᠨ ᠡᠮᠨᠡᠯᠭᠡ ᠵᠢᠨ ᠬᠣᠷᠢᠶ᠎ᠠ  ᠂ ᠣᠨᠣᠰᠢᠯᠠᠨ ᠡᠮᠨᠡᠬᠦ ᠲᠥᠰᠥᠯ᠎ᠢ ᠲᠣᠭᠲᠠᠭ᠋ᠠᠵᠤ  ᠂ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠬᠤ  》 ᠵᠠᠷᠴᠢᠮ ᠶᠣᠰᠣᠭ᠋ᠠᠷ  ᠂ ᠬᠦᠨᠳᠦ ᠡᠪᠡᠳᠴᠢᠨ᠎ᠤ ᠲᠤᠰᠬᠠᠢ ᠵᠦᠢ᠍ᠯ᠎ᠤᠨ ᠠᠪᠤᠷᠠᠨ ᠵᠠᠰᠠᠬᠤ ᠵᠠᠭᠪᠤᠷ᠎ᠢ ᠳᠡᠯᠭᠡᠷᠡᠭᠦᠯᠬᠦ ᠵᠢ ᠪᠣᠶ ᠪᠦᠬᠦᠢ 30 ᠵᠦᠢ᠍ᠯ᠎ᠤᠨ ᠬᠦᠨᠳᠦ ᠡᠪᠡᠳᠴᠢᠲᠡᠨ᠎ᠤ ᠡᠮᠨᠡᠯᠭᠡ᠎ᠳᠤ ᠰᠠᠭᠤᠵᠤ ᠡᠮᠨᠡᠭᠦᠯᠬᠦ᠎ᠳᠤ ᠴᠢᠭᠯᠡᠭᠦᠯᠦᠭᠰᠡᠨ ᠵᠢᠷᠤᠮᠵᠢᠭᠰᠠᠨ ᠠᠷᠭ᠎ᠠ ᠬᠡᠮᠵᠢᠶ᠎ᠡ ᠪᠣᠯᠭ᠋ᠠᠨ᠎ᠠ  ᠃ ᠲᠤᠬᠠᠢ ᠵᠢᠨ ᠭᠠᠵᠠᠷ᠎ᠤᠨ ᠣᠨᠣᠰᠢᠯᠠᠨ ᠡᠮᠨᠡᠬᠦ ᠴᠢᠳᠠᠪᠤᠷᠢ ᠪᠠ ᠡᠪᠡᠳᠴᠢᠨ ᠦᠵᠡᠭᠦᠯᠬᠦ ᠬᠡᠷᠡᠭᠴᠡᠭᠡ ᠱᠠᠭ᠋ᠠᠷᠳᠠᠯᠭ᠎ᠠ᠎ᠲᠠᠢ᠎ᠪᠠᠨ ᠤᠶᠠᠯᠳᠤᠭᠤᠯᠤᠨ  ᠂ ᠨᠥᠬᠥᠴᠡᠯ᠎ᠲᠠᠢ ᠠᠢ᠌ᠮᠠᠭ ᠬᠣᠲᠠ ᠵᠢᠨ ᠠᠪᠤᠷᠠᠨ ᠵᠠᠰᠠᠬᠤ ᠡᠪᠡᠳᠴᠢᠨ᠎ᠤ ᠲᠥᠷᠥᠯ᠎ᠤᠨ ᠬᠡᠪᠴᠢᠶ᠎ᠡ᠎ᠪᠠᠨ ᠤᠯᠠᠮ ᠨᠢᠭᠡ ᠠᠯᠬᠤᠮ ᠥᠷᠭᠡᠳᠬᠡᠬᠦ ᠵᠢ ᠵᠣᠷᠢᠭᠵᠢᠭᠤᠯᠬᠤ ᠵᠢᠨ ᠬᠠᠮᠲᠤ  ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠮᠴᠢᠯᠡᠭᠡᠨ᠎ᠤ ᠪᠠᠢ᠌ᠭᠤᠯᠤᠮᠵᠢ᠎ᠳᠤ ᠠᠯᠬᠤᠮ ᠠᠯᠬᠤᠮ ᠵᠶ᠋ᠠᠷ ᠳᠡᠯᠭᠡᠷᠡᠭᠦᠯᠦᠨ᠎ᠡ  ᠃ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠭᠡᠷ ᠪᠦᠯᠢ ᠵᠢᠨ ᠡᠮᠴᠢ ᠵᠢᠨ ᠭᠡᠷ᠎ᠡ ᠲᠣᠭᠲᠠᠬᠤ ᠦᠢ᠍ᠯᠡᠴᠢᠯᠡᠭᠡ ᠵᠢ ᠦᠷᠭᠦᠯᠵᠢᠯᠡᠨ ᠰᠠᠢ᠌ᠲᠤᠷ ᠬᠢᠵᠦ  ᠂ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠪᠣᠳᠠᠲᠤ ᠪᠠᠢ᠌ᠳᠠᠯ ᠎ᠲᠠᠢ ᠤᠶᠠᠯᠳᠤᠭᠤᠯᠤᠨ  ᠂ ᠭᠡᠷ᠎ᠡ ᠲᠣᠭᠲᠠᠨ ᠦᠢ᠍ᠯᠡᠴᠢᠯᠡᠬᠦ ᠭᠣᠣᠯᠳᠠᠯᠭ᠎ᠠ᠎ᠲᠠᠢ ᠬᠥᠮᠥᠰ᠎ᠤᠨ ᠬᠦᠷᠢᠶ᠎ᠡ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ  ᠂ ᠮᠠᠯᠵᠢᠬᠤ ᠲᠠᠷᠢᠶᠠᠯᠠᠬᠤ ᠣᠷᠣᠨ᠎ᠤ 65 ᠨᠠᠰᠤᠨ ᠎ᠠᠴᠠ ᠳᠡᠭᠡᠭᠰᠢᠬᠢ ᠨᠠᠰᠤᠲᠠᠢ᠌ᠴᠤᠳ  ᠂ 0 — 6 ᠨᠠᠰᠤᠨ᠎ᠤ ᠬᠡᠤᠬᠡᠳ  ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ  ᠂ ᠵᠡᠮᠳᠡᠭᠴᠦᠳ  ᠂ ᠤᠳᠠᠭ᠋ᠠᠨ ᠴᠢᠨᠠᠷᠲᠠᠢ ᠡᠪᠡᠳᠴᠢᠨ (  ᠴᠢᠰᠤᠨ ᠳᠠᠷᠤᠯᠲᠠ ᠥᠨᠳᠥᠷ ᠡᠪᠡᠳᠴᠢᠨ  ᠂ ᠰᠢᠬᠢᠷ ᠰᠢᠵᠢᠩ ᠡᠪᠡᠳᠴᠢᠨ  ᠂ ᠰᠦᠷᠢᠶ᠎ᠡ ᠡᠪᠡᠳᠴᠢᠨ  ᠂ ᠬᠦᠨᠳᠦ ᠨᠣᠴᠢᠲᠠᠢ ᠣᠶᠤᠨ ᠮᠡᠳᠡᠷᠡᠯ᠎ᠤᠨ ᠰᠠᠭ᠋ᠠᠳ᠎ᠲᠠᠢ  ) ᠡᠪᠡᠳᠴᠢᠲᠡᠨ ᠵᠡᠷᠭᠡ   ᠭᠣᠣᠯᠳᠠᠯᠭ᠎ᠠ᠎ᠲᠠᠢ ᠬᠥᠮᠥᠰ᠎ᠲᠤ ᠤᠷᠢᠳᠠᠪᠠᠷ ᠭᠡᠷ᠎ᠡ ᠲᠣᠭᠲᠠᠵᠤ  ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ  ᠂ ᠤᠳᠠᠭ᠋ᠠᠨ ᠴᠢᠨᠠᠷᠲᠠᠢ ᠡᠪᠡᠳᠴᠢᠨ᠎ᠤ ᠬᠠᠮᠢᠶᠠᠷᠤᠯᠲᠠ  ᠂ ᠡᠷᠡᠭᠦᠯ ᠮᠡᠨᠳᠦ ᠵᠢᠨ ᠯᠠᠪᠯᠠᠭ᠎ᠠ ᠪᠠ ᠬᠢᠲᠠᠳ ᠡᠮᠨᠡᠯᠭᠡ᠎ᠳᠤ ᠭᠠᠷ ᠲᠦᠷᠦᠭᠦ ᠵᠡᠷᠭᠡ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠢ ᠬᠠᠩᠭ᠋ᠠᠵᠤ  ᠂ 《  ᠨᠢᠭᠡ ᠬᠥᠮᠥᠨ ᠭᠡᠷ᠎ᠡ ᠲᠣᠭᠲᠠᠪᠠᠯ  ᠂ ᠨᠢᠭᠡ ᠬᠥᠮᠥᠨ᠎ᠢ ᠪᠣᠳᠠᠲᠠᠢ᠌ᠵᠢᠭᠤᠯᠬᠤ  》 ᠵᠢ ᠪᠡᠶᠡᠯᠡᠭᠦᠯᠦᠨ᠎ᠡ  ; ᠬᠥᠳᠡᠭᠡ ᠲᠣᠰᠬᠣᠨ᠎ᠤ ᠪᠠᠢ᠌ᠩᠭᠤ ᠰᠠᠭᠤᠭ᠎ᠠ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠴᠢᠰᠤᠨ ᠳᠠᠷᠤᠯᠲᠠ ᠥᠨᠳᠥᠷ  ᠂ ᠰᠢᠬᠢᠷ ᠰᠢᠵᠢᠩ ᠡᠪᠡᠳᠴᠢᠨ  ᠂ ᠰᠦᠷᠢᠶ᠎ᠡ ᠡᠪᠡᠳᠴᠢᠨ  ᠂ ᠬᠦᠨᠳᠦ ᠨᠣᠴᠢᠲᠠᠢ ᠣᠶᠤᠨ ᠮᠡᠳᠡᠷᠡᠯ᠎ᠤᠨ ᠰᠠᠭ᠋ᠠᠳ᠎ᠲᠠᠢ 4 ᠵᠦᠢ᠍ᠯ᠎ᠤᠨ ᠤᠳᠠᠭ᠋ᠠᠨ ᠴᠢᠨᠠᠷᠲᠠᠢ ᠡᠪᠡᠳᠴᠢᠲᠡᠨ᠎ᠳᠤ 《  ᠭᠠᠷ᠎ᠤᠨ ᠥᠰᠥᠭ ᠵᠢᠷᠤᠬᠤ ᠶᠣᠰᠣᠲᠠᠢ ᠵᠢ᠎ᠨᠢ ᠴᠥᠮ ᠭᠠᠷ᠎ᠤᠨ ᠥᠰᠥᠭ ᠵᠢᠷᠤᠵᠤ  》  ᠂ ᠵᠢᠷᠤᠮᠵᠢᠭᠰᠠᠨ ᠬᠠᠮᠢᠶᠠᠷᠤᠯᠲᠠ ᠪᠠ ᠡᠷᠡᠭᠦᠯ ᠮᠡᠨᠳᠦ ᠵᠢᠨ ᠦᠢ᠍ᠯᠡᠴᠢᠯᠡᠭᠡ ᠵᠢ ᠰᠠᠢ᠌ᠲᠤᠷ ᠬᠢᠵᠦ  ᠂ ᠵᠢᠷᠤᠮᠵᠢᠭᠰᠠᠨ ᠬᠠᠮᠢᠶᠠᠷᠤᠯᠲᠠ ᠵᠢᠨ ᠨᠣᠷᠮ᠎ᠠ ᠵᠢ 90% ᠎ᠠᠴᠠ ᠳᠡᠭᠡᠭᠰᠢ᠎ᠳᠤ ᠬᠦᠷᠦᠭᠦᠯᠦᠨ᠎ᠡ  ᠃

      (  ᠵᠢᠷᠭᠤᠭ᠎ᠠ  ) ᠡᠮᠨᠡᠯᠭᠡ᠎ᠳᠤ ᠰᠠᠭᠤᠬᠤ᠎ᠳᠤ ᠤᠷᠢᠳᠠᠪᠠᠷ ᠡᠮᠴᠢᠯᠡᠭᠦᠯᠵᠦ ᠳᠠᠷᠠᠭ᠎ᠠ᠎ᠨᠢ ᠵᠠᠷᠤᠳᠠᠯ ᠲᠤᠰᠢᠶᠠᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ  ᠃ ᠳᠦᠷᠢᠮ᠎ᠤᠨ ᠠᠶᠤᠯ ᠲᠦᠭᠰᠢᠭᠦᠷᠢ ᠵᠢ ᠪᠦᠲᠦᠮᠵᠢᠲᠡᠶ ᠰᠡᠷᠭᠡᠢ᠌ᠯᠡᠬᠦ ᠤᠷᠢᠲᠠᠯ ᠳᠣᠣᠷ᠎ᠠ  ᠂ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠬᠦ ᠠᠵᠢᠯ᠎ᠤᠨ ᠲᠤᠷᠰᠢᠯᠭ᠎ᠠ ᠬᠢᠳᠡᠯ᠎ᠢ ᠬᠢᠨᠠᠮᠠᠭ᠋ᠠᠢ ᠳ᠋ᠦᠩᠨᠡᠵᠦ  ᠂ ᠪᠣᠳᠠᠲᠠᠢ᠎ᠲᠠᠢ᠎ᠪᠠᠨ ᠤᠶᠠᠯᠳᠤᠭᠤᠯᠤᠨ ᠰᠢᠶᠠᠨ᠎ᠤ ᠬᠡᠪᠴᠢᠶᠡᠨ᠎ᠳᠠᠬᠢ ᠡᠮᠨᠡᠯᠭᠡ᠎ᠳᠤ ᠰᠠᠭᠤᠬᠤ᠎ᠳᠤ ᠤᠷᠢᠳᠠᠪᠠᠷ ᠡᠮᠴᠢᠯᠡᠭᠦᠯᠵᠦ ᠳᠠᠷᠠᠭ᠎ᠠ᠎ᠨᠢ ᠰᠦᠢ᠍ᠳᠬᠡᠯ ᠲᠤᠰᠢᠶᠠᠬᠤ ᠲᠥᠷᠥ ᠵᠢᠨ ᠪᠣᠳᠣᠯᠭ᠎ᠠ ᠵᠢᠨ ᠡᠲᠡᠭᠡᠳ᠎ᠢ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ  ᠂ ᠣᠨᠴᠠ ᠬᠦᠴᠢᠷᠳᠡᠯᠲᠡᠢ ᠬᠥᠮᠥᠰ ᠪᠠ ᠳᠠᠬᠢᠨ ᠶᠠᠳᠠᠭᠤᠷᠠᠬᠤ ᠎ᠠᠴᠠ ᠪᠣᠯᠵᠤ ᠶᠠᠳᠠᠭᠤᠷᠠᠬᠤ ᠬᠥᠮᠥᠨ ᠠᠮᠠ ᠪᠣᠯᠭ᠋ᠠᠨ ᠲᠣᠬᠢᠷᠠᠭᠤᠯᠵᠤ  ᠂ ᠡᠪᠡᠳᠴᠢᠲᠡᠨ ᠡᠮᠨᠡᠯᠭᠡ᠎ᠳᠤ ᠣᠷᠣᠬᠤ᠎ᠳᠤ ᠡᠮᠨᠡᠯᠭᠡ᠎ᠳᠤ ᠰᠠᠭᠤᠬᠤ ᠪᠡᠷᠢᠴᠠᠭ᠋ᠠᠨ᠎ᠤ ᠮᠥᠩᠭᠥ ᠲᠤᠰᠢᠶᠠᠬᠤ ᠴᠢᠬᠤᠯᠠ ᠦᠭᠡᠢ  ᠂ ᠵᠥᠪᠬᠡᠨ ᠡᠮᠨᠡᠯᠭᠡ᠎ᠠᠴᠠ ᠭᠠᠷᠬᠤ ᠦᠶ᠎ᠡ᠎ᠳᠤ ᠡᠮᠴᠢᠯᠡᠭᠡᠨ᠎ᠤ ᠳᠠᠭ᠋ᠠᠳᠬᠠᠯ᠎ᠤᠨ ᠲᠠᠩᠰᠠ ᠲᠠᠢ᠌ᠯᠤᠭᠰᠠᠨ᠎ᠤ ᠳᠠᠷᠠᠭ᠋ᠠᠬᠢ ᠥᠪᠡᠷᠲᠡᠭᠡᠨ ᠬᠠᠷᠢᠭᠤᠴᠠᠬᠤ ᠡᠮᠴᠢᠯᠡᠭᠡᠨ᠎ᠤ ᠵᠠᠷᠤᠳᠠᠯ᠎ᠢ ᠲᠤᠰᠢᠶᠠᠪᠠᠯ ᠪᠣᠯᠴᠢᠬᠠᠨ᠎ᠠ  ᠃ ᠡᠮᠴᠢᠯᠡᠭᠡᠨ᠎ᠤ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ ᠬᠢᠭᠡᠳ ᠴᠢᠭ᠋ ᠲᠣᠭᠲᠠᠭ᠋ᠠᠭᠰᠠᠨ ᠡᠮᠴᠢᠯᠡᠭᠡᠨ᠎ᠤ ᠪᠠᠢ᠌ᠭᠤᠯᠤᠮᠵᠢ ᠵᠢᠨ ᠮᠡᠳᠡᠭᠡ ᠵᠠᠩᠭᠢ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠴᠢᠩᠭ᠋ᠠᠳᠬᠠᠵᠤ  ᠂ ᠡᠮᠴᠢᠯᠡᠭᠡᠨ᠎ᠤ ᠪᠠᠲᠤᠯᠠᠭ᠎ᠠ ᠵᠢᠨ 《  ᠨᠢᠭᠡ ᠯᠡ ᠥᠷᠲᠡᠭᠡᠨ᠎ᠤ ᠮᠠᠶᠢᠭ  》 ᠵᠶ᠋ᠠᠷ ᠳ᠋ᠦᠩᠨᠡᠨ ᠪᠤᠳᠤᠬᠤ ᠵᠢ ᠠᠬᠢᠭᠤᠯᠤᠨ᠎ᠠ  ᠃

      (  ᠳᠣᠯᠣᠭ᠎ᠠ  ) ᠡᠪᠡᠳᠴᠢᠨ᠎ᠠᠴᠠ ᠪᠣᠯᠵᠤ ᠳᠠᠬᠢᠨ ᠶᠠᠳᠠᠭᠤᠷᠠᠭᠰᠠᠨ ᠎ᠠᠴᠠ ᠪᠣᠯᠵᠤ ᠶᠠᠳᠠᠭᠤᠷᠠᠭᠰᠠᠨ ᠪᠠᠢ᠌ᠳᠠᠯ᠎ᠢ ᠬᠥᠳᠡᠯᠦᠩᠭᠦᠢ᠎ᠪᠠᠷ ᠬᠢᠨᠠᠨ ᠬᠡᠮᠵᠢᠬᠦ ᠪᠠ ᠨᠠᠷᠢᠯᠢᠭ ᠣᠨᠣᠴᠠᠲᠠᠢ᠎ᠪᠠᠷ ᠬᠠᠪᠰᠤᠷᠤᠨ ᠲᠡᠳᠬᠦᠬᠦ ᠲᠣᠭᠲᠠᠴᠠ ᠵᠢ ᠲᠡᠭᠦᠯᠳᠡᠷᠵᠢᠭᠦᠯᠦᠨ᠎ᠡ  ᠃ 《ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠳᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠢ ᠵᠢᠯᠤᠭᠣᠳᠬᠤ ᠰᠠᠨᠠᠯ》᠎ᠤᠨ ᠵᠣᠷᠢᠭ ᠰᠠᠨᠠᠭ᠎ᠠ ᠶᠣᠰᠣᠭ᠋ᠠᠷ  ᠂ ᠭᠠᠴᠢᠭᠳᠠᠯᠲᠤ ᠠᠷᠠᠳ᠎ᠤᠨ ᠵᠠᠰᠠᠭ  ᠂ ᠡᠮ ᠡᠮᠨᠡᠯᠭᠡ ᠵᠢᠨ ᠳᠠᠭ᠋ᠠᠳᠬᠠᠯ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ (  ᠶᠠᠳᠠᠭᠤ ᠵᠢ ᠲᠡᠳᠬᠦᠬᠦ  ) ᠵᠡᠷᠭᠡ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢ ᠬᠠᠷᠢᠴᠠᠭᠤᠯᠬᠤ ᠪᠠ ᠬᠠᠮᠲᠤᠪᠠᠷ ᠡᠳ᠋ᠯᠡᠬᠦ ᠵᠢ ᠴᠢᠩᠭ᠋ᠠᠳᠬᠠᠵᠤ  ᠂ ᠮᠡᠳᠡᠭᠡ ᠵᠠᠩᠭᠢ ᠵᠢᠨ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ  ᠂ ᠬᠣᠰᠢᠭᠤ ᠰᠢᠶᠠᠨ᠎ᠤ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠠᠢ ᠬᠠᠮᠲᠤᠷᠠᠨ ᠬᠠᠮᠲᠤᠷᠠᠨ ᠠᠵᠢᠯᠯᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ  ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠣᠯᠠᠨ ᠲᠦᠮᠡᠨ᠎ᠳᠤ ᠦᠢ᠍ᠯᠡᠴᠢᠯᠡᠬᠦ ᠳᠠᠪᠠᠭᠤᠯᠢᠭ᠎ᠢ ᠪᠠᠳᠠᠷᠠᠭᠤᠯᠵᠤ  ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠪᠠ ᠵᠠᠬ᠎ᠠ ᠬᠢᠵᠠᠭ᠋ᠠᠷ᠎ᠤᠨ ᠠᠮᠠᠷᠬᠠᠨ ᠶᠠᠳᠠᠭᠤᠷᠠᠬᠤ ᠬᠥᠮᠥᠨ ᠠᠮᠠ ᠵᠢᠨ ᠬᠦᠨᠳᠦ ᠡᠪᠡᠳᠴᠢᠨ  ᠂ ᠬᠦᠨᠳᠦ ᠡᠪᠡᠳᠴᠢᠨ᠎ᠢ ᠠᠪᠤᠷᠠᠨ ᠵᠠᠰᠠᠵᠤ ᠪᠠᠢ᠌ᠭ᠎ᠠ ᠪᠠᠢ᠌ᠳᠠᠯ᠎ᠢ ᠬᠥᠳᠡᠯᠦᠩᠭᠦᠢ᠎ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ  ᠂ ᠴᠠᠭ ᠲᠤᠬᠠᠢ᠎ᠳᠤᠨᠢ ᠬᠢᠨᠠᠨ ᠬᠠᠷᠭᠤᠭᠤᠯᠵᠤ  ᠂ ᠡᠷᠡᠭᠦᠯ ᠮᠡᠨᠳᠦ᠎ᠪᠠᠷ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠎ᠳᠤ ᠨᠠᠷᠢᠯᠢᠭ ᠣᠨᠣᠴᠠᠲᠠᠢ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠵᠤ  ᠂ ᠡᠪᠡᠳᠴᠢᠨ᠎ᠠᠴᠠ ᠪᠣᠯᠵᠤ ᠳᠠᠬᠢᠨ ᠶᠠᠳᠠᠭᠤᠷᠠᠭᠰᠠᠨ ᠎ᠠᠴᠠ ᠪᠣᠯᠵᠤ ᠶᠠᠳᠠᠭᠤᠷᠠᠬᠤ ᠲᠦᠭᠰᠢᠭᠦᠷᠢ᠎ᠲᠠᠢ ᠬᠥᠮᠥᠰ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠨᠠᠷᠢᠯᠢᠭ ᠣᠨᠣᠴᠠᠲᠠᠢ᠎ᠪᠠᠷ ᠬᠠᠪᠰᠤᠷᠤᠨ ᠲᠡᠳᠬᠦᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ  ᠂ ᠰᠠᠨᠠᠭ᠋ᠠᠴᠢᠯᠠᠭ᠎ᠠ ᠎ᠠᠴᠠ᠎ᠪᠠᠨ ᠢᠯᠡᠷᠡᠭᠦᠯᠵᠦ  ᠂ ᠴᠠᠭ ᠲᠤᠬᠠᠢ᠎ᠳᠤᠨᠢ ᠳᠠᠭ᠋ᠠᠵᠤ  ᠂ ᠠᠪᠤᠷᠠᠨ ᠡᠮᠨᠡᠬᠦ  ᠂ ᠡᠷᠡᠭᠦᠯᠵᠢᠭᠦᠯᠬᠦ ᠵᠡᠷᠭᠡ ᠡᠷᠡᠭᠦᠯ ᠮᠡᠨᠳᠦ ᠵᠢᠨ ᠦᠢ᠍ᠯᠡᠴᠢᠯᠡᠭᠡ ᠵᠢ ᠰᠠᠢ᠌ᠲᠤᠷ ᠬᠢᠵᠦ  ᠂ ᠦᠨᠳᠦᠰᠦᠨ ᠡᠮᠴᠢᠯᠡᠭᠡᠨ᠎ᠤ ᠳᠠᠭ᠋ᠠᠳᠬᠠᠯ  ᠂ ᠬᠦᠨᠳᠦ ᠡᠪᠡᠳᠴᠢᠨ᠎ᠤ ᠳᠠᠭ᠋ᠠᠳᠬᠠᠯ  ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠪᠠ ᠨᠡᠢ᠌ᠭᠡᠮ᠎ᠤᠨ ᠠᠪᠤᠷᠠᠨ ᠲᠤᠰᠠᠯᠠᠯᠲᠠ  ᠂ ᠨᠢᠭᠦᠯᠡᠰᠦᠩᠭᠦᠢ ᠵᠢᠨ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠵᠢ ᠬᠠᠮᠵᠢᠯᠴᠠᠨ ᠨᠠᠢ᠌ᠳᠠᠪᠤᠷᠢᠵᠢᠭᠤᠯᠤᠨ᠎ᠠ  ᠃

      (  ᠨᠠᠢ᠍ᠮᠠ  ) ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠡᠷᠡᠭᠦᠯ ᠮᠡᠨᠳᠦ ᠵᠢᠨ ᠪᠠᠢ᠌ᠩᠭᠤ ᠵᠢᠨ ᠬᠠᠪᠰᠤᠷᠤᠨ ᠲᠡᠳᠬᠦᠬᠦ ᠲᠣᠭᠲᠠᠴᠠ ᠵᠢ ᠪᠠᠢ᠌ᠭᠤᠯᠤᠨ᠎ᠠ  ᠃ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠡᠷᠡᠭᠦᠯ ᠮᠡᠨᠳᠦ ᠵᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠴᠢᠩᠭ᠋ᠠᠳᠬᠠᠵᠤ  ᠂ ᠬᠦᠨᠳᠦ ᠡᠪᠡᠳᠴᠢᠨ᠎ᠢ ᠲᠤᠰᠬᠠᠢ ᠵᠦᠢ᠍ᠯ ᠵᠶ᠋ᠡᠷ ᠠᠪᠤᠷᠠᠨ ᠵᠠᠰᠠᠬᠤ  ᠂ ᠭᠡᠷ ᠪᠦᠯᠢ ᠵᠢᠨ ᠡᠮᠴᠢ ᠵᠢᠨ ᠭᠡᠷ᠎ᠡ ᠲᠣᠭᠲᠠᠨ ᠦᠢ᠍ᠯᠡᠴᠢᠯᠡᠬᠦ ᠠᠷᠭ᠎ᠠ ᠬᠡᠮᠵᠢᠶ᠎ᠡ ᠵᠢ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ᠎ᠳᠤ ᠭᠣᠣᠯᠳᠠᠯᠭ᠎ᠠ ᠎ᠲᠠᠢ ᠨᠠᠢ᠌ᠳᠠᠪᠤᠷᠢᠵᠢᠭᠤᠯᠵᠤ  ᠂ ᠮᠠᠯᠵᠢᠬᠤ ᠲᠠᠷᠢᠶᠠᠯᠠᠬᠤ ᠣᠷᠣᠨ᠎ᠤ ᠬᠦᠨᠳᠦ ᠨᠣᠴᠢᠲᠠᠢ ᠣᠶᠤᠨ ᠮᠡᠳᠡᠷᠡᠯ᠎ᠤᠨ ᠰᠠᠭ᠋ᠠᠳ᠎ᠲᠠᠢ ᠡᠪᠡᠳᠴᠢᠲᠡᠨ᠎ᠳᠤ ᠦᠢ᠍ᠯᠡᠴᠢᠯᠡᠬᠦ ᠬᠠᠮᠢᠶᠠᠷᠤᠯᠲᠠ ᠪᠠ ᠠᠪᠤᠷᠠᠨ ᠵᠠᠰᠠᠬᠤ ᠪᠠᠲᠤᠯᠠᠭ᠎ᠠ ᠵᠢ ᠴᠢᠩᠭ᠋ᠠᠳᠬᠠᠵᠤ  ᠂ ᠴᠢᠳᠠᠪᠤᠷᠢ᠎ᠪᠠᠨ ᠠᠯᠳᠠᠭᠰᠠᠨ ᠪᠤᠶᠤ ᠬᠠᠭ᠋ᠠᠰ ᠠᠯᠳᠠᠭᠰᠠᠨ ᠨᠠᠰᠤᠲᠠᠢ᠌ᠴᠤᠳ᠎ᠤᠨ ᠡᠮᠴᠢᠯᠡᠭᠡᠨ᠎ᠤ ᠬᠠᠷᠠᠭ᠋ᠠᠯᠵᠠᠨ ᠠᠰᠠᠷᠠᠬᠤ  ᠂ 0 — 3 ᠨᠠᠰᠤᠨ᠎ᠤ ᠨᠢᠯᠬ᠎ᠠ ᠬᠡᠤᠬᠡᠳ᠎ᠢ ᠠᠰᠠᠷᠠᠨ ᠬᠥᠮᠥᠵᠢᠭᠦᠯᠬᠦ ᠵᠢ ᠵᠢᠯᠤᠭᠣᠳᠬᠤ ᠪᠠ ᠡᠮᠡᠭᠲᠡᠢ᠌ᠴᠦᠳ ᠬᠡᠤᠬᠡᠳ᠎ᠤᠨ ᠡᠷᠡᠭᠦᠯᠵᠢᠯ᠎ᠤᠨ ᠦᠢ᠍ᠯᠡᠴᠢᠯᠡᠭᠡ ᠵᠢ ᠰᠠᠢ᠌ᠲᠤᠷ ᠬᠢᠵᠦ᠂ ᠬᠡᠤᠬᠡᠳ ᠪᠠᠭ᠋ᠠᠴᠤᠳ᠎ᠤᠨ ᠣᠢ᠌ᠷ᠎ᠠ ᠬᠠᠷᠠᠭ᠎ᠠ  ᠂ ᠮᠠᠷᠢᠶᠠᠯᠠᠬᠤ ᠵᠢ ᠬᠢᠨᠠᠨ ᠬᠡᠮᠵᠢᠬᠦ ᠠᠵᠢᠯ᠎ᠢ ᠰᠠᠢ᠌ᠲᠤᠷ ᠬᠢᠵᠦ  ᠂ ᠬᠠᠮᠢᠶ᠎ᠠ ᠪᠦᠬᠦᠢ ᠡᠷᠡᠭᠦᠯ ᠮᠡᠨᠳᠦ ᠵᠢᠨ ᠰᠡᠷᠭᠡᠢ᠌ᠯᠡᠯᠲᠡ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ  ᠃

      (  ᠶᠢᠰᠦ  ) ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ ᠵᠢᠨ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠬᠠᠪᠰᠤᠷᠤᠨ ᠲᠡᠳᠬᠦᠬᠦ ᠵᠢ ᠦᠷᠭᠦᠯᠵᠢᠯᠡᠨ ᠥᠷᠨᠢᠭᠦᠯᠦᠨ᠎ᠡ  ᠃ ᠰᠢᠨ᠎ᠡ ᠨᠢᠭᠡ ᠡᠭᠡᠯᠵᠢ ᠵᠢᠨ ᠵᠡᠭᠦᠨ ᠪᠠᠷᠠᠭᠤᠨ ᠣᠷᠣᠨ᠎ᠤ ᠬᠠᠮᠵᠢᠯᠴᠠᠨ ᠬᠣᠣᠰᠯᠠᠬᠤ ᠬᠠᠷᠢᠴᠠᠭ᠎ᠠ ᠪᠠᠶ᠋ᠢᠭᠤᠯᠬᠤ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ ᠬᠣᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢ ᠠᠵᠢᠯ ᠲᠥᠷᠥᠯ ᠵᠶ᠋ᠡᠷ ᠵᠶ᠋ᠡᠨ ᠬᠠᠪᠰᠤᠷᠤᠨ ᠲᠡᠳᠬᠦᠬᠦ ᠪᠡᠭᠡᠵᠢᠩ ᠬᠣᠲᠠ  ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ᠎ᠨᠢ ᠦᠷᠭᠦᠯᠵᠢᠯᠡᠨ ᠪᠥᠬᠥ ᠣᠷᠣᠨ᠎ᠤ ᠬᠣᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢ ᠬᠠᠪᠰᠤᠷᠤᠨ ᠲᠡᠳᠬᠦᠵᠦ  ᠂ ᠵᠠᠷᠴᠢᠮ ᠳᠡᠭᠡᠷ᠎ᠡ᠎ᠪᠠᠨ ᠠᠵᠢᠯ ᠲᠥᠷᠥᠯ ᠵᠶ᠋ᠡᠷ ᠵᠶ᠋ᠡᠨ ᠬᠠᠪᠰᠤᠷᠤᠨ ᠲᠡᠳᠬᠦᠬᠦ ᠬᠠᠷᠢᠴᠠᠭ᠎ᠠ ᠵᠢ ᠬᠤᠪᠢᠷᠠᠭᠤᠯᠬᠤ ᠦᠭᠡᠢ ᠪᠠᠢ᠌ᠬᠤ ᠵᠢ ᠪᠠᠲᠤᠯᠠᠵᠤ  ᠂ ᠪᠥᠬᠥ ᠣᠷᠣᠨ᠎ᠤ ᠬᠣᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢᠨ ᠬᠥᠭᠵᠢᠯᠲᠡ ᠵᠢᠨ ᠣᠳᠣᠬᠢ ᠪᠠᠢ᠌ᠳᠠᠯ ᠪᠣᠯᠣᠨ ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠤᠨ ᠲᠠᠷᠬᠠᠯᠲᠠ ᠵᠢᠨ ᠲᠣᠬᠢᠷᠠᠭᠤᠯᠤᠯᠲᠠ ᠵᠢᠨ ᠪᠠᠢ᠌ᠳᠠᠯ᠎ᠲᠠᠢ ᠤᠶᠠᠯᠳᠤᠭᠤᠯᠤᠨ  ᠂ ᠪᠠᠢ᠌ᠳᠠᠯ᠎ᠢ᠎ᠨᠢ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ ᠪᠣᠯᠣᠨ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠣᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢ ᠵᠢᠯᠤᠭᠣᠳᠴᠤ ᠪᠠᠢ᠌ᠭ᠋ᠠᠳ ᠦᠷᠭᠦᠯᠵᠢᠯᠡᠨ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠬᠠᠪᠰᠤᠷᠤᠨ ᠲᠡᠳᠬᠦᠬᠦ ᠵᠥᠪᠯᠡᠯᠴᠡᠭᠡᠷ ᠲᠣᠭᠲᠠᠵᠤ  ᠂ 《  ᠠᠷᠪᠠᠨ ᠳᠥᠷᠪᠡᠳᠦᠭᠡᠷ ᠲᠠᠪᠤᠨ ᠵᠢᠯ  》᠎ᠤᠨ ᠬᠤᠭᠤᠴᠠᠭ᠋ᠠᠨ᠎ᠳᠠᠬᠢ ᠡᠮᠨᠡᠯᠭᠡ ᠵᠢᠨ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠬᠠᠪᠰᠤᠷᠤᠨ ᠲᠡᠳᠬᠦᠬᠦ ᠠᠵᠢᠯ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠬᠤᠪᠢᠷᠠᠭᠤᠯᠬᠤ ᠦᠭᠡᠢ ᠪᠠᠢ᠌ᠬᠤ ᠵᠢ ᠪᠠᠲᠤᠯᠠᠵᠤ  ᠂ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ᠎ᠨᠢ ᠦᠷᠭᠦᠯᠵᠢᠯᠡᠨ 《  ᠪᠦᠯᠬᠦᠮ ᠪᠠᠶ᠋ᠢᠭᠤᠯᠬᠤ ᠮᠠᠶᠢᠭ  》᠎ᠤᠨ ᠬᠠᠪᠰᠤᠷᠤᠨ ᠲᠡᠳᠬᠦᠬᠦ ᠠᠷᠭ᠎ᠠ ᠮᠠᠶᠢᠭ᠎ᠢ ᠠᠪᠴᠤ  ᠂ ᠴᠡᠭ᠎ᠲᠤ ᠰᠠᠭᠤᠵᠤ ᠬᠠᠪᠰᠤᠷᠤᠨ ᠲᠡᠳᠬᠦᠬᠦ᠎ᠪᠠᠷ   ᠭᠣᠣᠯ  ᠪᠣᠯᠭ᠋ᠠᠵᠤ  ᠂ ᠬᠣᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ᠎ᠳᠤ ᠬᠠᠮᠢᠶᠠᠷᠤᠯᠲᠠ ᠵᠢᠨ ᠠᠵᠢᠯᠲᠠᠨ ᠪᠠ ᠰᠢᠨᠵᠢᠯᠡᠭᠡᠨ᠎ᠤ ᠰᠠᠯᠠᠭ᠎ᠠ ᠵᠢᠨ ᠳᠠᠭ᠋ᠠᠭᠤᠯᠤᠭᠴᠢ  ᠂ ᠰᠤᠪᠢᠯᠠᠭᠴᠢ ᠵᠢ 5 ᠬᠥᠮᠥᠨ᠎ᠠᠴᠠ ᠳᠤᠲᠠᠭᠤ ᠦᠭᠡᠢ (  ᠬᠢᠲᠠᠳ ᠡᠮᠨᠡᠯᠭᠡ ᠵᠢᠨ ᠮᠣᠩᠭᠣᠯ ᠡᠮᠨᠡᠯᠭᠡ ᠵᠢᠨ ᠬᠣᠷᠢᠶ᠎ᠠ᠎ᠨᠢ 3 ᠬᠥᠮᠥᠨ᠎ᠠᠴᠠ ᠳᠤᠲᠠᠭᠤ ᠦᠭᠡᠢ  ) ᠲᠣᠮᠢᠯᠠᠨ ᠰᠠᠭᠤᠯᠭ᠋ᠠᠵᠤ  ᠂ ᠪᠦᠯᠦᠭ ᠪᠦᠷᠢ ᠵᠢᠨ ᠦᠷᠭᠦᠯᠵᠢᠯᠡᠨ ᠠᠵᠢᠯᠯᠠᠬᠤ ᠴᠠᠭ᠎ᠢ 6 ᠰᠠᠷ᠎ᠠ ᠎ᠠᠴᠠ ᠳᠤᠲᠠᠭᠤ ᠦᠭᠡᠢ ᠪᠠᠢ᠌ᠯᠭ᠋ᠠᠵᠤ  ᠂ ᠠᠯᠤᠰ ᠎ᠠᠴᠠ ᠬᠠᠪᠰᠤᠷᠤᠨ ᠲᠡᠳᠬᠦᠬᠦ᠎ᠪᠠᠷ ᠬᠠᠪᠰᠤᠷᠤᠮᠵᠢ ᠪᠣᠯᠭ᠋ᠠᠨ  ᠂ ᠠᠯᠤᠰ ᠎ᠠᠴᠠ ᠡᠮᠴᠢᠯᠡᠭᠡᠨ᠎ᠤ ᠦᠢ᠍ᠯᠡᠴᠢᠯᠡᠭᠡᠨ᠎ᠤ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠴᠢᠬᠤᠯᠠᠴᠢᠯᠠᠨ᠎ᠠ  ᠃ ᠡᠮᠦᠨᠡᠬᠢ ᠬᠤᠭᠤᠴᠠᠭ᠋ᠠᠨ᠎ᠤ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠵᠢᠨ ᠰᠠᠭᠤᠷᠢᠨ ᠳᠡᠭᠡᠷ᠎ᠡ  ᠂ ᠡᠮᠨᠡᠯᠭᠡ ᠵᠢᠨ ᠬᠣᠷᠢᠶ᠎ᠠ ᠵᠢᠨ ᠬᠠᠮᠢᠶᠠᠷᠤᠯᠲᠠ ᠵᠢᠨ ᠬᠢᠷᠢ ᠲᠦᠪᠰᠢᠨ ᠪᠠ ᠡᠮᠴᠢᠯᠡᠭᠡᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ  ᠂ ᠣᠯᠠᠨ ᠲᠦᠮᠡᠨ᠎ᠤ ᠡᠪᠡᠳᠴᠢᠨ ᠦᠵᠡᠭᠦᠯᠬᠦ᠎ᠳᠤ ᠬᠦᠴᠢᠷᠲᠡᠢ  ᠂ ᠡᠪᠡᠳᠴᠢᠨ ᠦᠵᠡᠭᠦᠯᠬᠦ᠎ᠳᠤ ᠦᠨᠡᠲᠡᠢ ᠪᠠᠢ᠌ᠬᠤ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠨ᠎ᠡ  ; ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠴᠢᠬᠤᠯᠠ ᠶᠡᠬᠡ ᠬᠡᠷᠡᠭ᠎ᠢ ᠠᠷᠭ᠋ᠠᠴᠠᠬᠤ ᠴᠢᠳᠠᠪᠤᠷᠢ ᠵᠢ ᠬᠠᠨᠳᠤᠯᠭ᠋ᠠᠲᠤ ᠴᠢᠨᠠᠷᠲᠠᠢ᠎ᠪᠠᠷ ᠳᠡᠭᠡᠭᠰᠢᠯᠡᠭᠦᠯᠵᠦ  ᠂ ᠲᠤᠰᠠᠯᠠᠮᠵᠢ ᠭᠥᠷᠳᠡᠬᠦ ᠬᠣᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢᠨ ᠡᠩ᠎ᠤᠨ ᠦᠶ᠎ᠡ ᠪᠠ ᠪᠠᠴᠢᠮ ᠦᠶ᠎ᠡ ᠵᠢ ᠵᠣᠬᠢᠴᠠᠭᠤᠯᠬᠤ ᠴᠢᠳᠠᠪᠤᠷᠢ ᠵᠢ ᠲᠡᠭᠡᠭᠰᠢᠯᠡᠭᠦᠯᠦᠨ᠎ᠡ᠃

       ᠭᠤᠷᠪᠠ  ᠂ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠴᠢᠩᠭ᠋ᠠᠳᠬᠠᠨ ᠰᠢᠯᠢᠳᠡᠭᠵᠢᠭᠦᠯᠵᠦ  ᠂ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠲᠡᠭᠡᠭᠰᠢᠯᠡᠭᠦᠯᠦᠨ᠎ᠡ

      (ᠠᠷᠪᠠ) ᠰᠢᠶᠠᠨ᠎ᠤ ᠬᠡᠪᠴᠢᠶᠡᠨ᠎ᠤ ᠶᠡᠷᠦᠩᠬᠡᠢ᠌ᠯᠡᠭᠰᠡᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠯ ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠵᠢ ᠭᠦᠨᠵᠡᠭᠡᠢ᠌ᠷᠡᠭᠦᠯᠦᠨ᠎ᠡ᠃ ᠰᠢᠶᠠᠨ᠎ᠤ ᠪᠦᠰᠡ ᠵᠢᠨ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠢᠭ᠋᠎ᠤᠨ ᠲᠤᠷᠰᠢᠯᠭ᠎ᠠ ᠵᠢ ᠭᠦᠢ᠍ᠴᠡᠳ ᠳ᠋ᠦᠩᠨᠡᠭᠰᠡᠨ ᠰᠠᠭᠤᠷᠢᠨ ᠳᠡᠭᠡᠷ᠎ᠡ  ᠂ 《  ᠰᠢᠶᠠᠨ᠎ᠨᠢ ᠬᠦᠴᠦᠷᠬᠡᠭ  ᠂ ᠰᠢᠶᠠᠩ᠎ᠨᠢ ᠠᠮᠢᠳᠤᠯᠢᠭ  ᠂ ᠲᠣᠰᠬᠣᠨ᠎ᠨᠢ ᠲᠣᠭᠲᠠᠭᠤᠨ  ᠂ ᠳᠡᠭᠡᠳᠦ ᠲᠤᠤᠷ᠎ᠠ ᠱᠠᠲᠤ᠎ᠨᠢ ᠬᠣᠯᠪᠣᠭ᠋ᠠᠯᠠᠬᠤ  ᠂ ᠮᠡᠳᠡᠭᠡ ᠵᠠᠩᠭᠢ᠎ᠨᠢ ᠨᠡᠪᠲᠡᠷᠡᠯᠴᠡᠬᠦ  》 ᠱᠠᠭ᠋ᠠᠷᠳᠠᠯᠭ᠎ᠠ ᠶᠣᠰᠣᠭ᠋ᠠᠷ  ᠂ ᠬᠦᠷᠢᠶ᠎ᠡ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ  ᠂ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠨ ᠡᠮᠬᠢᠯᠡᠨ ᠨᠡᠢ᠌ᠯᠡᠭᠦᠯᠵᠦ ᠰᠢᠯᠢᠳᠡᠭᠵᠢᠭᠦᠯᠦᠨ  ᠂ ᠰᠢᠶᠠᠨ᠎ᠤ ᠪᠦᠰᠡ ᠵᠢᠨ ᠬᠠᠮᠢᠶᠠᠷᠤᠯᠲᠠ ᠵᠢᠨ ᠪᠠᠢ᠌ᠭᠤᠯᠤᠯ ᠪᠠ ᠠᠵᠢᠯᠯᠠᠭ᠋ᠠᠨ᠎ᠤ ᠲᠣᠭᠲᠠᠴᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠲᠦᠷᠭᠡᠳᠬᠡᠨ ᠠᠬᠢᠭᠤᠯᠤᠨ᠎ᠠ  ᠃ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠰᠢᠶᠠᠨ᠎ᠤ ᠬᠡᠪᠴᠢᠶᠡᠨ᠎ᠤ ᠶᠡᠷᠦᠩᠬᠡᠢ᠌ᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢ ᠢᠳᠡᠪᠬᠢᠲᠡᠢ ᠲᠦᠯᠬᠢᠨ ᠠᠬᠢᠭᠤᠯᠬᠤ ᠵᠢ ᠵᠣᠷᠢᠭᠵᠢᠭᠤᠯᠤᠨ ᠲᠡᠮᠵᠢᠨ᠎ᠠ᠃ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠰᠢᠶᠠᠨ᠎ᠤ ᠬᠡᠪᠴᠢᠶᠡᠨ᠎ᠤ ᠡᠮᠨᠡᠯᠭᠡ ᠵᠢᠨ ᠬᠠᠮᠲᠤ ᠵᠢᠨ ᠴᠣᠭᠴᠠ ᠵᠢᠨ ᠳᠠᠭ᠋ᠠᠭᠤᠯᠤᠭᠰᠠᠨ ᠡᠮᠨᠡᠯᠭᠡ ᠵᠢᠨ ᠬᠣᠷᠢᠶ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠢ ᠠᠬᠢᠭᠤᠯᠵᠤ  ᠂ 《  ᠣᠶ ᠰᠢᠭᠤᠢ  ᠂ ᠮᠠᠯ ᠠᠵᠤ ᠠᠬᠤᠢ  ᠂ ᠬᠢᠯᠢ ᠬᠢᠵᠠᠭ᠋ᠠᠷ ᠣᠷᠣᠨ  ᠂ ᠰᠡᠢ᠌ᠷᠡᠭ  》᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠭᠣᠣᠯᠳᠠᠯᠭ᠎ᠠ᠎ᠲᠠᠢ ᠪᠠᠲᠤᠯᠠᠵᠤ  ᠂ ᠶᠡᠬᠡ ᠬᠢᠩᠭ᠋ᠠᠨ ᠳᠠᠪᠠᠭ᠎ᠠ ᠵᠢᠨ ᠰᠢᠭᠤᠢ᠌ᠲᠤ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ  ᠃ ᠤᠯᠤᠰ᠎ᠤᠨ 《ᠡᠮᠴᠢᠯᠡᠭᠡᠨ᠎ᠤ ᠬᠣᠯᠪᠣᠭ᠋ᠠᠲᠤ ᠴᠣᠭᠴᠠ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠨᠠᠢ᠌ᠳᠠᠪᠤᠷᠢᠵᠢᠭᠤᠯᠵᠤ  ᠂ ᠰᠢᠶᠠᠨ ᠰᠢᠶᠠᠩ᠎ᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠵᠢᠨ ᠲᠣᠭᠲᠠᠴᠠ ᠵᠢ ᠰᠢᠯᠤᠭᠤᠳᠬᠠᠵᠤ  ᠂ ᠡᠮᠴᠢᠯᠡᠭᠡᠨ᠎ᠤ ᠬᠠᠮᠢᠶᠠᠷᠤᠯᠲᠠ ᠪᠠ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠬᠣᠶᠠᠷ ᠵᠦᠢ᠍ᠯ᠎ᠤᠨ ᠴᠢᠳᠠᠪᠤᠷᠢ ᠵᠢ ᠭᠣᠣᠯᠳᠠᠯᠭ᠎ᠠ᠎ᠲᠠᠢ ᠳᠡᠭᠡᠭᠰᠢᠯᠡᠭᠦᠯᠦᠨ  ᠂ ᠠᠯᠤᠰ ᠡᠵᠡᠮᠰᠢᠯᠲᠦ ᠡᠮᠴᠢᠯᠡᠭᠡᠨ᠎ᠤ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠠᠰᠢᠭᠯᠠᠨ  ᠂ ᠣᠲᠣ ᠵᠢᠨ ᠪᠠᠢ᠌ᠭ᠎ᠠ ᠡᠬᠢ ᠪᠠᠶᠠᠯᠢᠭ᠎ᠲᠠᠭᠠᠨ ᠲᠦᠰᠢᠭᠯᠡᠨ ᠰᠢᠶᠠᠨ᠎ᠤ ᠬᠡᠪᠴᠢᠶᠡᠨ᠎ᠤ ᠵᠢᠷᠤᠭ ᠳᠦᠷᠰᠦ  ᠂ ᠵᠢᠷᠦᠬᠡᠨ᠎ᠤ ᠴᠠᠬᠢᠯᠭ᠋ᠠᠨ  ᠂ ᠡᠪᠡᠳᠴᠢᠨ᠎ᠤ ᠵᠦᠢ ᠵᠢᠨ ᠣᠨᠣᠰᠢᠯᠠᠯᠲᠠ ᠪᠠ ᠠᠨᠠᠭ᠋ᠠᠬᠤ ᠤᠬᠠᠭ᠋ᠠᠨ᠎ᠤ ᠰᠢᠯᠭ᠋ᠠᠨ ᠪᠠᠢ᠌ᠴᠠᠭ᠋ᠠᠯᠲᠠ ᠵᠡᠷᠭᠡ ᠲᠥᠪ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ  ᠂ ᠦᠨᠳᠦᠰᠦᠨ ᠱᠠᠲᠤᠨ᠎ᠤ ᠪᠠᠢ᠌ᠴᠠᠭ᠋ᠠᠯᠲᠠ  ᠂ ᠳᠡᠭᠡᠳᠦ ᠱᠠᠲᠤᠨ᠎ᠤ ᠣᠨᠣᠰᠢᠯᠠᠯᠲᠠ ᠪᠠ ᠣᠷᠣᠨ ᠪᠦᠰᠡ ᠵᠢᠨ ᠳᠣᠲᠣᠷ᠎ᠠ᠎ᠪᠠᠨ ᠬᠠᠷᠢᠯᠴᠠᠨ ᠮᠡᠳᠡᠷᠡᠬᠦ ᠵᠢ ᠪᠡᠶᠡᠯᠡᠭᠦᠯᠦᠨ᠎ᠡ  ᠃ ᠬᠥᠳᠡᠭᠡ ᠲᠣᠰᠬᠣᠨ᠎ᠤ ᠨᠢᠭᠡ ᠴᠣᠭᠴᠠᠵᠢᠭᠰᠠᠨ ᠬᠠᠮᠢᠶᠠᠷᠤᠯᠲᠠ ᠵᠢ ᠠᠬᠢᠭᠤᠯᠵᠤ  ᠂ 《  ᠬᠣᠶᠠᠷ᠎ᠢ ᠵᠥᠪᠰᠢᠶᠡᠷᠡᠬᠦ  》 ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ  ᠂ ᠠᠵᠢᠯᠯᠠᠭ᠋ᠠᠨ᠎ᠤ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠵᠦ  ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠬᠠᠩᠭ᠋ᠠᠬᠤ ᠢᠳᠡᠪᠬᠢᠵᠢᠯ᠎ᠢ ᠳᠠᠶ᠋ᠢᠴᠢᠯᠠᠨ᠎ᠠ  ᠃ ᠡᠮᠴᠢᠯᠡᠭᠡᠨ᠎ᠤ ᠳᠠᠭ᠋ᠠᠳᠬᠠᠯ᠎ᠤᠨ ᠲᠣᠭ᠋ᠠᠴᠠᠭ᠎ᠠ ᠬᠢᠬᠦ ᠠᠷᠭ᠎ᠠ ᠮᠠᠶᠢᠭ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ  ᠂ ᠨᠢᠭᠲᠠ ᠬᠡᠯᠪᠡᠷᠢ ᠵᠢᠨ ᠡᠮᠴᠢᠯᠡᠭᠡᠨ᠎ᠤ ᠬᠣᠯᠪᠣᠭ᠋ᠠᠲᠤ ᠴᠣᠭᠴᠠ᠎ᠳᠤ ᠶᠡᠷᠦᠩᠬᠡᠢ ᠲᠣᠭ᠎ᠠ᠎ᠪᠠᠷ ᠵᠠᠷᠤᠳᠠᠯ ᠲᠤᠰᠢᠶᠠᠬᠤ ᠵᠢ ᠬᠡᠷᠡᠭᠵᠢᠭᠦᠯᠬᠦ ᠵᠢ ᠰᠦᠪᠡᠭᠴᠢᠯᠡᠨ  ᠂ ᠬᠢᠨᠠᠯᠲᠠ ᠲᠠᠯᠪᠢᠵᠤ ᠰᠢᠯᠭ᠋ᠠᠨ ᠬᠢᠨᠠᠬᠤ  ᠂ ᠦᠯᠡᠳᠡᠪᠦᠷᠢ ᠵᠢ ᠦᠯᠡᠳᠡᠭᠡᠨ ᠬᠡᠷᠡᠭᠯᠡᠬᠦ  ᠂ ᠵᠦᠢ ᠵᠣᠬᠢᠰᠲᠠᠢ᠎ᠪᠠᠷ ᠬᠡᠲᠦᠷᠡᠭᠦᠯᠦᠨ ᠵᠠᠷᠤᠬᠤ ᠵᠢ ᠬᠤᠪᠢᠶᠠᠨ ᠡᠭᠦᠷᠭᠡᠯᠡᠬᠦ ᠵᠢ ᠴᠢᠩᠭ᠋ᠠᠳᠬᠠᠨ᠎ᠠ  ᠃ ᠨᠥᠬᠥᠴᠡᠯ᠎ᠲᠠᠢ ᠭᠠᠵᠠᠷ ᠣᠷᠣᠨ᠎ᠨᠢ ᠬᠡᠯᠡᠯᠴᠡᠭᠡᠷ᠎ᠲᠤ ᠪᠣᠯᠵᠣᠨ ᠲᠣᠭᠲᠠᠭᠰᠠᠨ ᠶᠣᠰᠣᠭ᠋ᠠᠷ ᠡᠮᠴᠢᠯᠡᠭᠡᠨ᠎ᠤ ᠪᠠᠢ᠌ᠭᠤᠯᠤᠮᠵᠢ᠎ᠳᠤ ᠬᠡᠰᠡᠭ ᠡᠮᠴᠢᠯᠡᠭᠡᠨ᠎ᠤ ᠳᠠᠭ᠋ᠠᠳᠬᠠᠯ᠎ᠤᠨ ᠪᠡᠯᠡ ᠮᠥᠩᠭᠥ ᠵᠢ ᠤᠷᠢᠳᠴᠢᠯᠠᠨ ᠥᠭᠴᠦ  ᠂ ᠲᠡᠳᠡᠨ᠎ᠤ ᠪᠡᠯᠡ ᠮᠥᠩᠭᠥ ᠵᠢᠨ ᠠᠵᠢᠯᠯᠠᠭ᠋ᠠᠨ᠎ᠤ ᠳᠠᠷᠤᠯᠲᠠ ᠵᠢ ᠬᠥᠩᠭᠡᠷᠡᠭᠦᠯᠵᠦ ᠪᠣᠯᠣᠨ᠎ᠠ  ᠃ ᠭᠡᠷ ᠪᠦᠯᠢ ᠵᠢᠨ ᠡᠮᠴᠢ ᠵᠢᠨ ᠭᠡᠷ᠎ᠡ ᠲᠣᠭᠲᠠᠭᠰᠠᠨ ᠦᠢ᠍ᠯᠡᠴᠢᠯᠡᠭᠡᠨ᠎ᠤ ᠰᠦᠢ᠍ᠳᠬᠡᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ  ᠂ ᠠᠢ᠌ᠮᠠᠭ ᠬᠣᠲᠠ ᠬᠣᠰᠢᠭᠤ ᠰᠢᠶᠠᠨ᠎ᠨᠢ ᠭᠡᠷ᠎ᠡ ᠲᠣᠭᠲᠠᠭᠰᠠᠨ ᠦᠢ᠍ᠯᠡᠴᠢᠯᠡᠭᠡᠨ᠎ᠤ ᠰᠦᠢ᠍ᠳᠬᠡᠯ᠎ᠤᠨ ᠰᠦᠢ᠍ᠳᠬᠡᠯ ᠬᠤᠷᠢᠶᠠᠬᠤ ᠪᠠ ᠬᠤᠪᠢᠶᠠᠷᠢᠯᠠᠬᠤ ᠪᠠᠷᠢᠮᠵᠢᠶ᠎ᠠ ᠵᠢ ᠲᠣᠳᠣᠷᠬᠠᠢ᠌ᠯᠠᠵᠤ  ᠂ ᠭᠡᠷ᠎ᠡ ᠲᠣᠭᠲᠠᠵᠤ ᠭᠡᠷ᠎ᠡ ᠭᠦᠢ᠍ᠴᠡᠳᠬᠡᠬᠦ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ  ᠃ ᠭᠡᠷ᠎ᠡ ᠲᠣᠭᠲᠠᠭᠰᠠᠨ ᠰᠠᠭᠤᠭ᠋ᠠᠯᠢ ᠠᠷᠠᠳ᠎ᠤᠨ ᠡᠮᠨᠡᠭᠦᠯᠬᠦ  ᠂ ᠰᠢᠯᠵᠢᠭᠦᠯᠦᠨ ᠡᠮᠨᠡᠭᠦᠯᠬᠦ  ᠂ ᠡᠮ ᠬᠡᠷᠡᠭᠯᠡᠬᠦ ᠵᠡᠷᠭᠡ ᠲᠠᠯ᠎ᠠ᠎ᠪᠠᠷ᠎ᠬᠢ ᠵᠦᠷᠢᠶᠡᠵᠢᠬᠦᠯᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ  ᠂ ᠭᠡᠷ ᠪᠦᠯᠢ ᠵᠢᠨ ᠡᠮᠴᠢ ᠵᠢᠨ ᠠᠩᠬ᠎ᠠ ᠡᠮᠨᠡᠭᠦᠯᠬᠦ  ᠂ ᠰᠢᠯᠵᠢᠭᠦᠯᠦᠨ ᠡᠮᠨᠡᠭᠦᠯᠬᠦ ᠪᠠ ᠳᠣᠷᠣᠭᠰᠢ ᠰᠢᠯᠵᠢᠭᠦᠯᠦᠨ ᠵᠠᠯᠭ᠋ᠠᠵᠤ ᠡᠮᠨᠡᠭᠦᠯᠬᠦ ᠵᠠᠭᠪᠤᠷ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠨ᠎ᠠ  ᠃

      (  ᠠᠷᠪᠠᠨ ᠨᠢᠭᠡ  ) ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ  ᠃ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ  ᠂ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ ᠵᠢ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢᠨ ᠲᠥᠷᠥ ᠵᠢᠨ ᠪᠣᠳᠣᠯᠭ᠎ᠠ  ᠂ ᠲᠥᠷᠥᠯ ᠵᠦᠢ᠍ᠯ᠎ᠤᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ  ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ  ᠂ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ ᠵᠢ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠬᠤ ᠵᠢ ᠵᠣᠷᠢᠭᠵᠢᠭᠤᠯᠵᠤ  ᠂ ᠬᠥᠳᠡᠭᠡ ᠲᠣᠰᠬᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠪᠠᠷᠢᠮᠵᠢᠶᠠᠵᠢᠭᠤᠯᠬᠤ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ  ᠂ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠨᠡᠶ᠋ᠢᠯᠡᠭᠦᠯᠬᠦ ᠪᠠ ᠴᠤᠭᠯᠠᠭᠤᠯᠬᠤ ᠵᠢ ᠴᠢᠩᠭ᠋ᠠᠳᠬᠠᠨ  ᠂ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ ᠪᠠ ᠣᠨᠳᠣᠣ ᠭᠠᠵᠠᠷ ᠨᠡᠭᠦᠯᠭᠡᠨ ᠶᠠᠳᠠᠭᠤ ᠵᠢ ᠲᠡᠳᠬᠦᠬᠦ ᠵᠢ ᠲᠥᠪᠯᠡᠷᠡᠭᠦᠯᠦᠨ ᠲᠥᠪᠬᠢᠨᠡᠭᠦᠯᠬᠦ ᠣᠷᠣᠨ ᠵᠡᠷᠭᠡ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠰᠠᠭᠤᠷᠢ ᠪᠡᠯᠡᠳᠬᠡᠮᠵᠢ ᠵᠢᠨ ᠨᠥᠬᠥᠴᠡᠯ ᠪᠠ ᠲᠥᠬᠦᠭᠡᠷᠦᠮᠵᠢ ᠵᠢᠨ ᠲᠣᠬᠢᠷᠠᠭᠤᠯᠤᠯᠲᠠ ᠵᠢᠨ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ  ᠃ ᠡᠮᠴᠢᠯᠡᠭᠡᠨ᠎ᠤ ᠭᠣᠣᠯᠳᠠᠯᠭ᠎ᠠ᠎ᠲᠠᠢ ᠲᠤᠰᠬᠠᠢ ᠰᠠᠯᠠᠭ᠎ᠠ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ  ᠂ ᠴᠢᠨᠠᠷ ᠰᠠᠢ᠌ᠲᠠᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠤᠨ ᠪᠠᠭᠲᠠᠭ᠋ᠠᠮᠵᠢ ᠵᠢ ᠥᠷᠭᠡᠳᠬᠡᠨ ᠳᠣᠷᠣᠭᠰᠢ ᠪᠠᠭᠤᠯᠭ᠋ᠠᠬᠤ ᠵᠢ ᠠᠬᠢᠭᠤᠯᠤᠨ  ᠂ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ ᠡᠷᠡᠭᠦᠯ ᠬᠠᠮᠠᠭ᠋ᠠᠯᠠᠯ᠎ᠤᠨ ᠡᠬᠢ ᠪᠠᠶᠠᠯᠢᠭ᠎ᠤᠨ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠦᠨᠳᠦᠰᠦᠨ ᠱᠠᠲᠤᠨ᠎ᠤ ᠬᠢᠲᠠᠳ ᠡᠮ ᠡᠮᠨᠡᠯᠭᠡ (  ᠮᠣᠩᠭᠣᠯ ᠡᠮ ᠡᠮᠨᠡᠯᠭᠡ  ) ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ  ᠂ ᠰᠤᠮᠤ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠠ ᠨᠡᠢ᠌ᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ᠎ᠲᠤ ᠴᠥᠮ ᠬᠢᠲᠠᠳ ᠡᠮᠨᠡᠯᠭᠡ ᠵᠢᠨ ᠣᠷᠳᠣᠨ (  ᠮᠣᠩᠭᠣᠯ ᠡᠮᠨᠡᠯᠭᠡ ᠵᠢᠨ ᠣᠷᠳᠣᠨ  )᠎ᠢ ᠪᠠᠢ᠌ᠭᠤᠯᠵᠤ  ᠂ ᠬᠢᠲᠠᠳ ᠡᠮᠨᠡᠯᠭᠡ (  ᠮᠣᠩᠭᠣᠯ ᠡᠮᠨᠡᠯᠭᠡ  ) ᠵᠢᠨ ᠡᠮᠴᠢ ᠵᠢ ᠲᠣᠬᠢᠷᠠᠭᠤᠯᠤᠨ᠎ᠠ  ; ᠭᠠᠴᠠᠭ᠎ᠠ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠲᠤ ᠬᠢᠲᠠᠳ ᠡᠮ ᠡᠮᠨᠡᠯᠭᠡ (  ᠮᠣᠩᠭᠣᠯ ᠡᠮ ᠡᠮᠨᠡᠯᠭᠡ  ) ᠵᠢᠨ ᠣᠨᠴᠠᠯᠢᠭᠲᠤ ᠣᠨᠣᠰᠢᠯᠠᠨ ᠡᠮᠨᠡᠬᠦ ᠲᠥᠬᠦᠭᠡᠷᠦᠮᠵᠢ ᠲᠣᠬᠢᠷᠠᠭᠤᠯᠵᠤ  ᠂ 4 — 6 ᠲᠥᠷᠥᠯ᠎ᠤᠨ ᠬᠢᠲᠠᠳ ᠡᠮᠨᠡᠯᠭᠡ (  ᠮᠣᠩᠭᠣᠯ ᠡᠮ ᠡᠮᠨᠡᠯᠭᠡ  ) ᠵᠢᠨ ᠣᠨᠴᠠᠯᠢᠭᠲᠤ ᠡᠮᠨᠡᠬᠦ ᠠᠷᠭ᠎ᠠ ᠵᠢ ᠥᠷᠨᠢᠭᠦᠯᠦᠨ᠎ᠡ  ; ᠬᠥᠳᠡᠭᠡ ᠲᠣᠰᠬᠣᠨ᠎ᠤ ᠡᠮᠴᠢ ᠵᠢᠨ ᠬᠢᠲᠠᠳ ᠡᠮ ᠡᠮᠨᠡᠯᠭᠡ (  ᠮᠣᠩᠭᠣᠯ ᠡᠮ ᠡᠮᠨᠡᠯᠭᠡ  ) ᠵᠢᠨ ᠮᠡᠳᠡᠯᠭᠡ ᠪᠠ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ  ᠂ ᠬᠢᠲᠠᠳ ᠡᠮ ᠡᠮᠨᠡᠯᠭᠡ (  ᠮᠣᠩᠭᠣᠯ ᠡᠮ ᠡᠮᠨᠡᠯᠭᠡ  ) ᠵᠢᠨ ᠲᠣᠬᠢᠷᠠᠬᠤ ᠮᠡᠷᠭᠡᠵᠢᠯ᠎ᠢ ᠶᠡᠬᠡᠪᠡᠷ ᠳᠡᠯᠭᠡᠷᠡᠭᠦᠯᠦᠨ᠎ᠡ  ᠃ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ ᠵᠢ ᠠᠪᠤᠷᠠᠨ ᠵᠠᠰᠠᠬᠤ ᠲᠥᠪ ᠪᠠ ᠬᠦᠨᠳᠦ ᠲᠦᠭᠰᠢᠭᠦᠷᠢᠲᠡᠢ ᠨᠢᠷᠠᠢ ᠬᠡᠤᠬᠡᠳ᠎ᠢ ᠠᠪᠤᠷᠠᠨ ᠵᠠᠰᠠᠬᠤ ᠲᠥᠪ  ᠂ ᠬᠥᠩᠭᠡᠵᠢᠬᠦ᠎ᠠᠴᠠ ᠡᠮᠦᠨᠡᠬᠢ ᠰᠢᠭᠰᠢᠨ ᠪᠠᠢ᠌ᠴᠠᠭ᠋ᠠᠯᠲᠠ ᠪᠠ ᠬᠥᠩᠭᠡᠵᠢᠬᠦ᠎ᠠᠴᠠ ᠡᠮᠦᠨᠡᠬᠢ ᠣᠨᠣᠰᠢᠯᠠᠯᠲᠠ ᠵᠢᠨ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ  ᠂ ᠭᠣᠣᠯᠳᠠᠯᠭ᠎ᠠ᠎ᠲᠠᠢ ᠲᠥᠬᠦᠭᠡᠷᠦᠮᠵᠢ ᠵᠢᠨ ᠲᠣᠬᠢᠷᠠᠭᠤᠯᠤᠯᠲᠠ ᠪᠠ   ᠭᠣᠣᠯᠯᠠᠭᠴᠢ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠨ᠎ᠠ  ᠃

      (  ᠠᠷᠪᠠᠨ ᠬᠣᠶᠠᠷ  ) ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠳᠤᠲᠠᠭᠤᠳᠠᠯ᠎ᠢ ᠨᠥᠬᠥᠪᠦᠷᠢᠯᠡᠨ᠎ᠡ  ᠃ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠰᠢᠰᠲ᠋ᠧᠮᠵᠢ  ᠂ ᠬᠣᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢᠨ ᠠᠪᠤᠷᠠᠨ ᠵᠠᠰᠠᠬᠤ ᠴᠢᠳᠠᠪᠤᠷᠢ ᠵᠡᠷᠭᠡ ᠲᠠᠯ᠎ᠠ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ  ᠃ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ  ᠂ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠪᠠᠢ᠌ᠭᠤᠯᠤᠮᠵᠢ ᠵᠢᠨ ᠰᠠᠭᠤᠷᠢ ᠪᠡᠯᠡᠳᠬᠡᠮᠵᠢ ᠵᠢᠨ ᠨᠥᠬᠥᠴᠡᠯ᠎ᠢ ᠰᠠᠢ᠌ᠵᠢᠷᠠᠭᠤᠯᠤᠨ  ᠂ ᠨᠥᠬᠥᠴᠡᠯ᠎ᠲᠠᠢ ᠠᠢ᠌ᠮᠠᠭ ᠬᠣᠲᠠ ᠵᠢᠨ ᠠᠢ᠌ᠮᠠᠭ ᠬᠣᠲᠠ  ᠂ ᠬᠣᠰᠢᠭᠤ ᠰᠢᠶᠠᠨ ᠬᠣᠶᠠᠷ ᠱᠠᠲᠤᠨ᠎ᠤ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠰᠢᠨᠵᠢᠬᠦ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ  ᠂ ᠰᠢᠯᠵᠢᠮᠡᠯ ᠠᠮᠢᠳᠤ ᠪᠣᠳᠠᠰ᠎ᠤᠨ ᠠᠮᠤᠷ ᠲᠦᠪᠰᠢᠨ᠎ᠤ ᠬᠣᠶᠠᠳᠤᠭ᠋ᠠᠷ ᠳᠡᠰ᠎ᠤᠨ ᠲᠤᠷᠰᠢᠯᠲᠠ ᠵᠢᠨ ᠲᠠᠰᠤᠭ᠎ᠢ ᠲᠣᠬᠢᠷᠠᠭᠤᠯᠤᠨ  ᠂ ᠣᠷᠣᠨ ᠪᠦᠰᠡ ᠵᠢᠨ ᠳᠣᠲᠣᠷᠠᠬᠢ ᠲᠦᠷᠭᠡᠨ ᠪᠠᠢ᠌ᠴᠠᠭ᠋ᠠᠨ ᠰᠢᠨᠵᠢᠬᠦ ᠬᠡᠷᠡᠭᠴᠡᠭᠡ ᠵᠢ ᠨᠢᠭᠡᠳᠦᠯᠲᠡᠢ ᠲᠥᠯᠥᠪᠯᠡᠨ ᠬᠠᠩᠭ᠋ᠠᠬᠤ ᠵᠢ ᠵᠣᠷᠢᠭᠵᠢᠭᠤᠯᠤᠨ᠎ᠠ  ᠃ ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ  ᠂ ᠲᠤᠷᠰᠢᠯᠲᠠ ᠵᠢᠨ ᠲᠠᠰᠤᠭ᠎ᠤᠨ ᠲᠥᠬᠦᠭᠡᠷᠦᠮᠵᠢ ᠵᠢᠨ ᠲᠣᠬᠢᠷᠠᠭᠤᠯᠤᠯᠲᠠ ᠪᠠ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠴᠢᠩᠭ᠋ᠠᠷᠠᠭᠤᠯᠤᠨ  ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ  ᠂ ᠲᠤᠬᠠᠢ ᠵᠢᠨ ᠲᠠᠯᠠᠪᠤᠷ᠎ᠤᠨ ᠲᠠᠬᠤᠯ ᠡᠪᠡᠳᠴᠢᠨ᠎ᠤ ᠰᠤᠳᠤᠯᠤᠯ᠎ᠤᠨ ᠪᠠᠢ᠌ᠴᠠᠭ᠋ᠠᠯᠲᠠ ᠵᠢᠨ ᠴᠢᠳᠠᠪᠤᠷᠢ ᠪᠠ ᠲᠤᠷᠰᠢᠯᠲᠠ ᠵᠢᠨ ᠲᠠᠰᠤᠭ᠎ᠤᠨ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠬᠣᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢᠨ ᠬᠠᠯᠠᠭᠤᠷᠠᠯ᠎ᠤᠨ ᠡᠭᠦᠳᠡᠨ ᠡᠮᠨᠡᠯᠭᠡ ᠪᠠ ᠪᠥᠭᠡᠮ ᠬᠦᠴᠢᠯ᠎ᠤᠨ ᠪᠠᠢ᠌ᠴᠠᠭ᠋ᠠᠨ ᠬᠡᠮᠵᠢᠬᠦ ᠲᠤᠷᠰᠢᠯᠲᠠ ᠵᠢᠨ ᠲᠠᠰᠤᠭ᠎ᠤᠨ ᠪᠦᠲᠦᠭᠡᠨ ᠪᠠᠢ᠌ᠭᠤᠯᠤᠯᠲᠠ ᠬᠢᠭᠡᠳ ᠬᠠᠮᠢᠶᠠᠷᠤᠯᠲᠠ ᠵᠢ ᠵᠢᠷᠤᠮᠵᠢᠭᠤᠯᠵᠤ  ᠂ ᠪᠠᠴᠢᠮ ᠪᠠᠢ᠌ᠳᠠᠯ᠎ᠢ ᠠᠷᠭ᠋ᠠᠴᠠᠬᠤ ᠡᠳ᠋ ᠪᠣᠳᠠᠰ᠎ᠤᠨ ᠨᠥᠭᠡᠴᠡᠯᠡᠯᠲᠡ ᠵᠢ ᠴᠢᠩᠭ᠋ᠠᠷᠠᠭᠤᠯᠤᠨ  ᠂ ᠬᠢᠲᠠᠳ (  ᠮᠣᠩᠭᠣᠯ  ) ᠡᠸᠦ᠋ᠷᠦᠫᠡ ᠡᠮᠨᠡᠯᠭᠡ ᠵᠢ ᠤᠶᠠᠯᠳᠤᠭᠤᠯᠤᠭᠰᠠᠨ ᠡᠮᠴᠢᠯᠡᠭᠡᠨ᠎ᠤ ᠠᠪᠤᠷᠠᠨ ᠵᠠᠰᠠᠬᠤ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠵᠠᠰᠠᠬᠤ ᠪᠠ ᠠᠷᠭ᠋ᠠᠴᠠᠬᠤ ᠨᠥᠬᠥᠴᠡᠯ᠎ᠢ ᠰᠠᠢ᠌ᠵᠢᠷᠠᠭᠤᠯᠵᠤ᠂ ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠡᠪᠡᠳᠴᠢᠨ ᠡᠮᠭᠡᠭ᠎ᠢ ᠰᠡᠷᠭᠡᠢ᠌ᠯᠡᠨ ᠬᠢᠵᠠᠭ᠋ᠠᠷᠯᠠᠬᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠬᠣᠰᠢᠭᠤ ᠰᠢᠶᠠᠨ᠎ᠤ ᠱᠠᠲᠤᠨ᠎ᠤ ᠡᠬᠡ ᠨᠢᠯᠬᠠᠰ᠎ᠤᠨ ᠡᠷᠡᠭᠦᠯᠵᠢᠯ᠎ᠤᠨ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ  ᠂ ᠰᠠᠭᠤᠷᠢ ᠪᠡᠯᠡᠳᠬᠡᠮᠵᠢ ᠵᠢᠨ ᠨᠥᠬᠥᠴᠡᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠡᠤᠬᠡᠳ᠎ᠤᠨ ᠡᠷᠡᠭᠦᠯᠵᠢᠯ᠎ᠤᠨ ᠠᠵᠢᠯᠲᠠᠨ ᠪᠠ ᠨᠢᠷᠠᠢ ᠬᠡᠤᠬᠡᠳ᠎ᠤᠨ ᠰᠠᠯᠠᠭ᠋ᠠᠨ᠎ᠤ ᠶᠡᠬᠡ ᠡᠮᠴᠢ ᠵᠢᠨ ᠪᠣᠯᠪᠠᠰᠤᠷᠠᠭᠤᠯᠤᠯ᠎ᠢ ᠦᠷᠭᠦᠯᠵᠢᠯᠡᠨ ᠴᠢᠩᠭ᠋ᠠᠳᠬᠠᠵᠤ  ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠡᠮᠡᠭᠲᠡᠢ᠌ᠴᠦᠳ ᠪᠠ ᠬᠡᠤᠬᠡᠳ᠎ᠤᠨ ᠡᠷᠡᠭᠦᠯᠵᠢᠯ᠎ᠤᠨ ᠶᠡᠬᠡ ᠡᠮᠴᠢ ᠵᠢᠨ ᠲᠣᠬᠢᠷᠠᠭᠤᠯᠤᠯᠲᠠ ᠵᠢ ᠴᠢᠩᠭ᠋ᠠᠳᠬᠠᠨ᠎ᠠ  ᠃ ᠶᠡᠷᠦᠩᠬᠡᠢ᠌ᠯᠡᠭᠰᠡᠨ ᠡᠮᠨᠡᠯᠭᠡ ᠵᠢᠨ ᠬᠣᠷᠢᠶ᠎ᠠ ᠵᠢᠨ ᠣᠶᠤᠨ ᠰᠠᠨᠠᠭ᠋ᠠᠨ᠎ᠤ ᠰᠡᠳᠬᠢᠴᠡ ᠵᠢᠨ ᠰᠠᠯᠠᠭ᠎ᠠ ᠨᠡᠭᠡᠭᠡᠬᠦ ᠵᠢ ᠵᠣᠷᠢᠭᠵᠢᠭᠤᠯᠵᠤ  ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠣᠶᠤᠨ ᠰᠠᠨᠠᠭ᠋ᠠᠨ᠎ᠤ ᠡᠷᠡᠭᠦᠯ ᠬᠠᠮᠠᠭ᠋ᠠᠯᠠᠯ ᠪᠠ ᠰᠡᠳᠬᠢᠴᠡ ᠵᠢᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠠᠵᠢᠯᠲᠠᠨ᠎ᠤ ᠲᠣᠬᠢᠷᠠᠭᠤᠯᠤᠯᠲᠠ ᠵᠢ ᠴᠢᠩᠭ᠋ᠠᠳᠬᠠᠨ  ᠂ ᠦᠨᠳᠦᠰᠦᠨ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠰᠢᠰᠲᠸᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠬᠢᠨᠠᠯᠲᠠ ᠲᠠᠯᠪᠢᠬᠤ ᠪᠠᠢ᠌ᠭᠤᠯᠤᠮᠵᠢ ᠵᠢ ᠵᠢᠷᠤᠮᠵᠢᠭᠤᠯᠬᠤ ᠪᠠᠢ᠌ᠭᠤᠯᠤᠯᠲᠠ ᠵᠢᠨ ᠲᠤᠷᠰᠢᠯᠲᠠ ᠵᠢᠨ ᠴᠡᠭ ᠎ᠢ ᠥᠷᠨᠢᠭᠦᠯᠵᠦ᠂ ᠴᠢᠳᠠᠪᠤᠷᠢᠲᠠᠨ ᠬᠥᠮᠥᠵᠢᠭᠦᠯᠬᠦ ᠵᠢ ᠴᠢᠩᠭ᠋ᠠᠳᠬᠠᠨ᠂ ᠥᠪᠡᠷᠲᠡᠭᠡᠨ ᠵᠠᠰᠠᠬᠤ ᠣᠷᠣᠨ ᠎ᠤ ᠲᠦᠷᠦᠭᠦᠦ ᠬᠢᠨᠠᠯᠲᠠ ᠲᠠᠯᠪᠢᠭᠴᠢ ᠵᠢᠨ ᠳᠦᠷᠢᠮ ᠎ᠢ ᠪᠠᠢ᠌ᠭᠤᠯᠵᠤ᠂ ᠠᠢ᠌ᠮᠠᠭ ᠬᠤᠳᠠ᠂ ᠬᠣᠰᠢᠭᠤ ᠰᠢᠶᠠᠨ ᠎ᠤ  ᠬᠢᠨᠠᠯᠲᠠ ᠲᠠᠯᠪᠢᠬᠤ ᠪᠠᠢ᠌ᠭᠤᠯᠤᠮᠵᠢ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠬᠢᠭᠡᠳ ᠬᠠᠤᠯᠢ ᠬᠡᠷᠡᠭᠵᠢᠭᠦᠯᠬᠦ ᠲᠤᠨᠤᠭ ᠲᠥᠬᠦᠭᠡᠷᠦᠮᠵᠢ ᠵᠢᠨ ᠲᠣᠬᠢᠷᠠᠭᠤᠯᠤᠯᠲᠠ ᠵᠢ ᠲᠡᠮᠵᠢᠵᠥ᠂ 《ᠣᠶᠤᠨᠲᠤ ᠡᠷᠡᠭᠦᠯ ᠬᠠᠮᠠᠭ᠋ᠠᠯᠠᠯ᠎ᠤᠨ ᠬᠢᠨᠠᠯᠲᠠ ᠬᠠᠮᠢᠶᠠᠷᠤᠯᠲᠠ》 ᠵᠢᠨ ᠪᠠᠢ᠌ᠭᠤᠯᠤᠯᠲᠠ ᠵᠢ ᠥᠷᠨᠢᠭᠦᠯᠵᠦ᠂ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠬᠤ ᠮᠡᠳᠡᠭᠡ ᠵᠠᠩᠭᠢᠵᠢᠭᠤᠯᠬᠤ ᠠᠵᠢᠯ ᠎ᠢ ᠲᠦᠯᠬᠢᠨ ᠠᠬᠢᠭᠤᠯᠤᠨ᠎ᠠ᠃

      (  ᠠᠷᠪᠠᠨ ᠭᠤᠷᠪᠠ  ) ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ  ᠃ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠳᠤ ᠣᠷᠣᠨ ᠲᠣᠭ᠎ᠠ ᠵᠢ ᠬᠡᠷᠡᠭᠯᠡᠬᠦ  ᠂ ᠮᠡᠷᠭᠡᠵᠢᠯ᠎ᠤᠨ ᠴᠣᠯᠠ ᠵᠢ ᠳᠡᠪᠰᠢᠭᠦᠯᠬᠦ ᠵᠡᠷᠭᠡ ᠲᠠᠯ᠎ᠠ᠎ᠪᠠᠷ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠦᠨ᠎ᠡ  ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠣᠷᠣᠨ ᠨᠤᠲᠤᠭ᠎ᠤᠨ ᠴᠢᠳᠠᠪᠤᠷᠢᠲᠠᠨ᠎ᠢ ᠬᠥᠮᠥᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ  ᠂ ᠵᠢᠩᠬᠢᠨᠢ ᠠᠩᠭᠢ ᠵᠢᠨ ᠲᠠᠰ ᠳᠠᠪᠬᠤᠷᠭ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠵᠠᠬᠢᠶᠠᠯᠠᠭ᠎ᠠ ᠵᠢᠨ ᠬᠠᠨᠳᠤᠯᠭ᠎ᠠ᠎ᠲᠠᠢ᠎ᠪᠠᠷ ᠰᠦᠢ᠍ᠳᠬᠡᠯ ᠬᠤᠷᠢᠶᠠᠬᠤ ᠦᠭᠡᠢ ᠠᠨᠠᠭ᠋ᠠᠬᠤ ᠤᠬᠠᠭ᠋ᠠᠨ᠎ᠤ ᠰᠣᠷᠣᠭᠴᠢ ᠵᠢ ᠬᠥᠮᠥᠵᠢᠭᠦᠯᠬᠦ ᠲᠥᠷᠥᠯ ᠵᠦᠢ᠍ᠯ᠎ᠢ ᠦᠷᠭᠦᠯᠵᠢᠯᠡᠨ ᠬᠡᠷᠡᠭᠵᠢᠭᠦᠯᠵᠦ  ᠂ ᠠᠵᠢᠯ ᠣᠯᠭᠣᠵᠤ ᠲᠥᠪᠬᠢᠨᠡᠭᠦᠯᠬᠦ ᠪᠠ ᠭᠡᠷ᠎ᠡ ᠵᠢ ᠬᠡᠷᠡᠭᠵᠢᠭᠦᠯᠬᠦ ᠬᠠᠮᠢᠶᠠᠷᠤᠯᠲᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ  ᠂ ᠬᠠᠷᠢᠶᠠᠲᠤ ᠣᠷᠣᠨ᠎ᠤ ᠬᠠᠮᠢᠶᠠᠷᠤᠯᠲᠠ ᠵᠢ ᠴᠢᠩᠭ᠋ᠠᠷᠠᠭᠤᠯᠬᠤ ᠵᠢᠨ ᠬᠠᠮᠲᠤ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠶ᠋ᠠᠨ ᠡᠷᠡᠭᠦᠯ ᠡᠩᠬᠡ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠣᠨ᠎ᠤ ᠠᠵᠢᠯ᠎ᠤᠨ ᠶᠡᠷᠦᠩᠬᠡᠢ᠌ᠯᠡᠭᠰᠡᠨ ᠰᠢᠯᠭ᠋ᠠᠨ ᠬᠢᠨᠠᠬᠤ᠎ᠳᠤ ᠣᠷᠣᠭᠤᠯᠵᠤ  ᠂ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢ ᠪᠠᠢ᠌ᠭᠤᠯᠤᠨ  ᠂ ᠬᠠᠮᠲᠤᠷᠠᠨ ᠭᠡᠷ᠎ᠡ ᠵᠥᠷᠢᠴᠡᠭᠰᠡᠨ᠎ᠢ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠪᠠᠢ᠌ᠭᠤᠯᠤᠨ᠎ᠠ  ᠃ ᠪᠣᠳᠠᠲᠤ ᠬᠡᠷᠡᠭᠴᠡᠭᠡ ᠱᠠᠭ᠋ᠠᠷᠳᠠᠯᠭ᠎ᠠ᠎ᠲᠠᠢ᠎ᠪᠠᠨ ᠤᠶᠠᠯᠳᠤᠭᠤᠯᠤᠨ  ᠂ ᠲᠤᠰᠬᠠᠢ ᠮᠡᠷᠭᠡᠵᠢᠯ᠎ᠤᠨ ᠲᠠᠰ ᠳᠠᠪᠬᠤᠷᠭ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠵᠠᠬᠢᠶᠠᠯᠠᠭ᠎ᠠ ᠵᠢᠨ ᠬᠠᠨᠳᠤᠯᠭ᠎ᠠ᠎ᠲᠠᠢ᠎ᠪᠠᠷ ᠰᠦᠢ᠍ᠳᠬᠡᠯ ᠬᠤᠷᠢᠶᠠᠬᠤ ᠦᠭᠡᠢ᠎ᠪᠠᠷ ᠠᠨᠠᠭ᠋ᠠᠬᠤ ᠤᠬᠠᠭ᠋ᠠᠨ᠎ᠤ ᠰᠣᠷᠣᠭᠴᠢ ᠵᠢ ᠬᠥᠮᠥᠵᠢᠭᠦᠯᠬᠦ ᠲᠥᠷᠥᠯ ᠵᠦᠢ᠍ᠯ᠎ᠢ ᠥᠷᠨᠢᠭᠦᠯᠬᠦ ᠵᠢ ᠠᠬᠢᠭᠤᠯᠵᠤ  ᠂ ᠡᠷᠡᠭᠦᠯ ᠬᠠᠮᠠᠭ᠋ᠠᠯᠠᠯ᠎ᠤᠨ ᠲᠠᠰᠤᠭ ᠪᠠ ᠠᠯᠤᠰ ᠬᠢᠵᠠᠭ᠋ᠠᠷ ᠭᠠᠵᠠᠷ ᠣᠷᠣᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠳᠤ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ᠎ᠳᠤ ᠪᠠᠢ᠌ᠭ᠎ᠠ ᠡᠮᠴᠢᠯᠡᠭᠡᠨ᠎ᠤ ᠠᠵᠢᠯ ᠡᠷᠭᠢᠯᠡᠬᠦ (  ᠲᠤᠰᠠᠯᠠᠭᠴᠢ  ) ᠶᠡᠬᠡ ᠡᠮᠴᠢ ᠵᠢᠨ ᠶᠡᠷᠦᠩᠬᠡᠢ ᠰᠠᠯᠠᠭ᠋ᠠᠨ᠎ᠤ ᠡᠮᠴᠢ ᠵᠢᠨ ᠠᠵᠢᠯ᠎ᠤᠨ ᠪᠠᠢ᠌ᠷᠢ ᠰᠣᠯᠢᠬᠤ ᠪᠣᠯᠪᠠᠰᠤᠷᠠᠭᠤᠯᠤᠯ᠎ᠳᠤ ᠣᠷᠤᠯᠴᠠᠬᠤ ᠵᠢ ᠢᠳᠡᠪᠬᠢᠲᠡᠢ ᠥᠷᠨᠢᠭᠦᠯᠵᠦ  ᠂ ᠦᠨᠳᠦᠰᠦᠨ ᠱᠠᠲᠤᠨ᠎ᠤ ᠡᠮᠴᠢᠯᠡᠭᠡᠨ᠎ᠤ ᠪᠠᠢ᠌ᠭᠤᠯᠤᠮᠵᠢ ᠵᠢᠨ ᠲᠤᠰᠬᠠᠢ ᠰᠠᠯᠠᠭ᠋ᠠᠨ᠎ᠤ ᠶᠡᠬᠡ ᠡᠮᠴᠢ᠎ᠪᠠᠷ ᠭᠣᠣᠯ ᠪᠣᠯᠭ᠋ᠠᠬᠤ ᠵᠢᠨ ᠬᠠᠮᠲᠤ ᠬᠣᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠡᠮᠨᠡᠯᠭᠡ ᠵᠢᠨ ᠬᠣᠷᠢᠶ᠎ᠠ ᠵᠢᠨ ᠬᠣᠯᠪᠣᠭᠳᠠᠯ ᠪᠦᠬᠦᠢ ᠲᠤᠰᠬᠠᠢ ᠰᠠᠯᠠᠭ᠋ᠠᠨ᠎ᠤ ᠶᠡᠬᠡ ᠡᠮᠴᠢ ᠵᠢᠨ ᠶᠡᠷᠦᠩᠬᠡᠢ ᠰᠠᠯᠠᠭ᠋ᠠᠨ᠎ᠤ ᠡᠮᠴᠢ ᠵᠢᠨ ᠠᠵᠢᠯ᠎ᠤᠨ ᠪᠠᠢ᠌ᠷᠢ ᠰᠣᠯᠢᠬᠤ ᠪᠣᠯᠪᠠᠰᠤᠷᠠᠭᠤᠯᠤᠯ᠎ᠳᠤ ᠣᠷᠤᠯᠴᠠᠬᠤ ᠵᠢ ᠵᠣᠷᠢᠭᠵᠢᠭᠤᠯᠤᠨ᠎ᠠ  ᠃ ᠶᠡᠷᠦᠩᠬᠡᠢ ᠰᠠᠯᠠᠭ᠋ᠠᠨ᠎ᠤ ᠡᠮᠴᠢ ᠵᠢᠨ ᠣᠨᠴᠠᠭ᠋ᠠᠶ ᠠᠵᠢᠯ᠎ᠤᠨ ᠪᠠᠢ᠌ᠷᠢ ᠵᠢᠨ ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠦᠨ᠎ᠡ᠃ ᠬᠣᠰᠢᠭᠤ ᠰᠢᠶᠠᠨ ᠰᠤᠮᠤ ᠰᠢᠶᠠᠩ ᠪᠠᠯᠭ᠋ᠠᠰᠤ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠢᠯᠡ᠎ᠪᠠᠷ ᠠᠵᠢᠯᠲᠠᠨ ᠡᠯᠰᠡᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠰᠠᠢ᠌ᠲᠤᠷ ᠨᠠᠢ᠌ᠳᠠᠪᠤᠷᠢᠵᠢᠭᠤᠯᠵᠤ  ᠂ ᠰᠤᠮᠤ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠨᠢ ᠶᠡᠬᠡ ᠰᠤᠷᠭ᠋ᠠᠭᠤᠯᠢ ᠵᠢᠨ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢᠬᠢ ᠲᠡᠭᠦᠰᠦᠭᠰᠡᠳ᠎ᠢ ᠢᠯᠡ᠎ᠪᠠᠷ ᠤᠷᠢᠨ ᠬᠡᠷᠡᠭᠯᠡᠵᠦ  ᠂ ᠬᠣᠰᠢᠭᠤ ᠰᠢᠶᠠᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠨᠢ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠪᠤᠶᠤ ᠮᠠᠰᠲ᠋ᠧᠷ ᠴᠣᠯᠠ ᠎ᠠᠴᠠ ᠳᠡᠭᠡᠭᠰᠢᠬᠢ ᠠᠵᠢᠯᠲᠠᠨ ᠪᠠ ᠬᠢᠲᠠᠳ ᠡᠮᠨᠡᠯᠭᠡ (  ᠮᠣᠩᠭᠣᠯ ᠡᠮᠨᠡᠯᠭᠡ  )  ᠂ ᠶᠡᠷᠦᠩᠬᠡᠢ ᠰᠠᠯᠠᠭ᠋ᠠᠨ᠎ᠤ ᠠᠨᠠᠭ᠋ᠠᠬᠤ ᠤᠬᠠᠭ᠋ᠠᠨ  ᠂ ᠬᠥᠩᠭᠡᠵᠢᠭᠦᠯᠬᠦ ᠰᠠᠯᠠᠭ᠎ᠠ  ᠂   ᠬᠡᠤᠬᠡᠳ᠎ᠤᠨ ᠡᠷᠡᠭᠦᠯ ᠬᠠᠮᠠᠭ᠋ᠠᠯᠠᠯ᠎ᠤᠨ ᠰᠠᠯᠠᠭ᠎ᠠ  ᠂ ᠬᠡᠤᠬᠡᠳ᠎ᠤᠨ ᠡᠮᠨᠡᠯᠭᠡ ᠵᠢᠨ ᠰᠠᠯᠠᠭ᠎ᠠ  ᠂ ᠣᠶᠤᠨ ᠮᠡᠳᠡᠷᠡᠯ᠎ᠤᠨ ᠰᠡᠳᠬᠢᠴᠡ ᠵᠢᠨ ᠰᠠᠯᠠᠭ᠎ᠠ  ᠂ ᠵᠡᠷᠡᠮᠳᠡᠭ ᠲᠦᠷᠦᠭᠦ ᠵᠢ ᠰᠡᠷᠭᠡᠢ᠌ᠯᠡᠨ ᠵᠠᠰᠠᠬᠤ ᠵᠡᠷᠭᠡ ᠪᠠᠴᠢᠮ ᠬᠡᠷᠡᠭᠴᠡᠭᠡ᠎ᠲᠠᠢ ᠲᠤᠲᠠᠭᠳᠠᠵᠤ ᠪᠠᠢ᠌ᠭ᠎ᠠ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠤᠷᠢᠨ ᠬᠡᠷᠡᠭᠯᠡᠨ᠎ᠡ  ᠃ ᠨᠢᠭᠤᠷᠲᠠᠨ ᠰᠢᠯᠭ᠋ᠠᠬᠤ (  ᠦᠢ᠍ᠯᠡᠳᠦᠯᠭᠡ᠎ᠪᠠᠷ ᠠᠵᠢᠯᠯᠠᠭᠤᠯᠬᠤ  )  ᠂ ᠰᠢᠭᠤᠳ ᠰᠢᠯᠭ᠋ᠠᠨ ᠪᠠᠢ᠌ᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠢᠯᠡ᠎ᠪᠠᠷ ᠤᠷᠢᠨ ᠬᠡᠷᠡᠭᠯᠡᠵᠦ ᠪᠣᠯᠣᠨ᠎ᠠ  ; ᠢᠯᠡ᠎ᠪᠠᠷ ᠡᠯᠰᠡᠵᠦ ᠨᠡᠷ᠎ᠡ ᠮᠡᠳᠡᠭᠦᠯᠦᠭᠰᠡᠨ᠎ᠤ ᠳᠠᠷᠠᠭ᠎ᠠ ᠰᠢᠯᠭ᠋ᠠᠯᠲᠠ ᠡᠬᠢᠯᠡᠬᠦ ᠬᠠᠷᠢᠴᠠᠯ᠎ᠳᠤ ᠬᠦᠷᠴᠦ ᠳᠡᠶ᠋ᠢᠯᠬᠦ ᠦᠭᠡᠢ ᠪᠠᠢ᠌ᠪᠠᠯ  ᠂ ᠰᠢᠯᠭ᠋ᠠᠯᠲᠠ ᠡᠬᠢᠯᠡᠬᠦ ᠬᠠᠷᠢᠴᠠᠯ ᠎ᠢ᠎ᠨᠢ ᠵᠣᠬᠢᠰᠲᠠᠢ᠎ᠪᠠᠷ ᠪᠠᠭᠤᠷᠠᠭᠤᠯᠬᠤ ᠪᠤᠶᠤ ᠰᠢᠯᠭ᠋ᠠᠯᠲᠠ ᠡᠬᠢᠯᠡᠬᠦ ᠬᠠᠷᠢᠴᠠᠯ ᠎ᠢ ᠲᠣᠭᠲᠠᠭ᠋ᠠᠬᠤ ᠦᠭᠡᠢ᠎ᠪᠠᠷ ᠬᠢᠷᠢ ᠲᠡᠩᠴᠡᠭᠦ ᠬᠤᠪᠢ ᠵᠢᠨ ᠱᠤᠭᠤᠮ ᠲᠣᠭᠲᠠᠭ᠋ᠠᠵᠤ ᠪᠣᠯᠣᠨ᠎ᠠ  ᠃ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ 《  ᠰᠢᠶᠠᠨ ᠎ᠠᠴᠠ ᠡᠯᠰᠡᠵᠦ ᠰᠢᠶᠠᠩ ᠎ᠠᠴᠠ ᠬᠡᠷᠡᠭᠯᠡᠬᠦ  》 ᠤᠷᠢᠬᠤ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠳᠡᠯᠭᠡᠷᠡᠭᠦᠯᠬᠦ ᠵᠢ ᠦᠨᠳᠦᠰᠦᠨ ᠱᠠᠲᠤᠨ ᠎ᠤ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠴᠣᠯᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠲᠦᠯᠬᠢᠨ ᠠᠬᠢᠭᠤᠯᠵᠤ᠂ ᠬᠠᠲᠠᠭᠤ ᠪᠡᠷᠬᠡᠰᠢᠶᠡᠯᠲᠡᠢ ᠠᠯᠤᠰ ᠬᠢᠵᠠᠭ᠋ᠠᠷ ᠭᠠᠵᠠᠷ ᠣᠷᠣᠨ ᠪᠣᠯᠣᠨ ᠦᠨᠳᠦᠰᠦᠨ ᠱᠠᠲᠤᠨ ᠎ᠤ ᠨᠢᠭᠡᠳᠦᠭᠡᠷ ᠹᠷᠣᠨᠲ᠎ᠲᠤ ᠤᠷᠳᠤ ᠬᠤᠭᠤᠴᠠᠭ᠎ᠠ᠎ᠪᠠᠷ ᠠᠵᠢᠯᠯᠠᠭᠰᠠᠨ ᠡᠷᠡᠭᠦᠯ ᠬᠠᠮᠠᠭ᠋ᠠᠯᠠᠯ᠎ᠤᠨ ᠲᠤᠰᠬᠠᠢ ᠮᠡᠷᠭᠡᠵᠢᠯ᠎ᠤᠨ ᠠᠵᠢᠯᠲᠠᠨ ᠎ᠤ ᠠᠵᠢᠯ᠎ᠤᠨ ᠠᠮᠵᠢᠯᠲᠠ᠎ᠨᠢ ᠲᠣᠪᠣᠢ᠌ᠮ᠎ᠠ᠂ ᠤᠯᠠᠨ ᠲᠦᠮᠡᠨ ᠨᠡᠶ᠋ᠢᠲᠡ᠎ᠪᠠᠷ ᠵᠶ᠋ᠡᠨ ᠮᠡᠳᠡᠷᠡᠭᠰᠡᠨ᠂ ᠢᠯᠡᠷᠡᠯ᠎ᠨᠢ ᠰᠢᠯᠢᠳᠡᠭ ᠪᠣᠯ ᠰᠤᠷᠤᠯᠭ᠎ᠠ ᠵᠢᠨ ᠨᠠᠮᠲᠠᠷ ᠵᠶ᠋ᠠᠨ ᠠᠭᠤᠵᠢᠭᠤ ᠲᠠᠯᠪᠢᠵᠤ ᠪᠣᠯᠬᠤ ᠵᠡᠷᠭᠡ ᠱᠠᠭ᠋ᠠᠷᠳᠠᠯᠭ᠎ᠠ ᠵᠢ ᠠᠳᠠᠯᠢ ᠨᠥᠬᠥᠴᠡᠯ᠎ᠤᠨ ᠳᠣᠣᠷ᠎ᠠ ᠰᠢᠯᠭ᠋ᠠᠷᠠᠭᠤᠯᠤᠯᠲᠠ᠎ᠳᠤ ᠤᠷᠢᠳᠠᠪᠠᠷ ᠣᠷᠣᠯᠴᠠᠵᠤ ᠪᠣᠯᠣᠨ᠎ᠠ᠃ ᠠᠵᠢᠯ᠎ᠤᠨ ᠪᠠᠢ᠌ᠷᠢ ᠵᠢᠨ ᠲᠣᠭ᠎ᠠ ᠬᠡᠮᠵᠢᠶ᠎ᠡ ᠵᠢ ᠵᠥᠪᠰᠢᠶᠡᠷᠡᠬᠦ ᠨᠥᠬᠥᠴᠡᠯ ᠳᠣᠣᠷ᠎ᠠ ᠤᠷᠢᠳᠠᠪᠠᠷ ᠠᠵᠢᠯ᠎ᠤᠨ ᠪᠠᠢ᠌ᠷᠢ ᠵᠢ ᠤᠷᠢᠨ᠎ᠠ᠃ ᠡᠮᠴᠢ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠮᠡᠳᠡᠭᠦᠯᠬᠦ᠎ᠳᠤ  ᠂ ᠨᠡᠶ᠋ᠢᠲᠡ ᠨᠢᠭᠡ ᠵᠢᠯ ᠵᠢᠴᠢ ᠲᠡᠭᠦᠨ᠎ᠠᠴᠠ ᠳᠡᠭᠡᠭᠰᠢ ᠬᠣᠰᠢᠭᠤ ᠰᠢᠶᠠᠨ᠎ᠤ ᠱᠠᠲᠤᠨ ᠎ᠠᠴᠠ ᠳᠣᠷᠣᠭᠰᠢᠬᠢ ᠪᠤᠶᠤ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠲᠤᠰᠠᠯᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ ᠬᠠᠩᠭ᠋ᠠᠭᠰᠠᠨ ᠥᠩᠭᠡᠷᠡᠯᠲᠡ᠎ᠲᠠᠢ ᠪᠠᠢ᠌ᠬᠤ ᠬᠡᠷᠡᠭᠲᠡᠢ ᠃ ᠡᠯ᠎ᠡ ᠲᠥᠷᠥᠯ᠎ᠤᠨ ᠪᠣᠯᠪᠠᠰᠤᠷᠠᠭᠤᠯᠤᠯ᠎ᠤᠨ ᠲᠥᠷᠥᠯ ᠵᠦᠢ᠍ᠯ᠎ᠨᠢ ᠡᠩ ᠲᠡᠷᠢᠭᠦᠨ᠎ᠳᠤ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ  ᠂ ᠪᠣᠯᠪᠠᠰᠤᠷᠠᠭᠤᠯᠤᠯ᠎ᠤᠨ ᠲᠥᠯᠥᠪᠯᠡᠭᠡ ᠵᠢ ᠠᠰ᠎ᠲᠤᠨᠢ ᠵᠢᠭᠰᠠᠭ᠋ᠠᠨ ᠪᠠᠭᠤᠯᠭ᠋ᠠᠵᠤ  ᠂ ᠪᠣᠯᠪᠠᠰᠤᠷᠠᠭᠤᠯᠤᠯ᠎ᠤᠨ ᠡᠲᠡᠭᠡᠳ᠎ᠨᠢ ᠠᠳᠠᠯᠢ ᠨᠥᠬᠥᠴᠡᠯ᠎ᠤᠨ ᠲᠤᠤᠷ᠎ᠠ ᠤᠷᠢᠳᠠᠪᠠᠷ ᠡᠯᠰᠡᠨ᠎ᠡ  ᠃ ᠬᠥᠳᠡᠭᠡ ᠲᠣᠰᠬᠣᠨ᠎ᠤ ᠡᠮᠴᠢ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ  ᠂ ᠬᠥᠳᠡᠭᠡ ᠲᠣᠰᠬᠣᠨ᠎ᠤ ᠡᠮᠴᠢ ᠵᠢᠨ ᠤᠬᠤᠷᠢᠨ ᠭᠠᠷᠬᠤ ᠲᠣᠭᠲᠠᠴᠠ ᠵᠢ ᠠᠯᠬᠤᠮ ᠡᠯ᠎ᠡ ᠭᠠᠵᠠᠷ᠎ᠤᠨ᠎ᠬᠢᠨ ᠨᠥᠬᠥᠴᠡᠯ᠎ᠳᠤ ᠨᠡᠶ᠋ᠢᠴᠡᠬᠦ ᠬᠥᠳᠡᠭᠡ ᠲᠣᠰᠬᠣᠨ᠎ᠤ ᠡᠮᠴᠢ ᠵᠢᠨ ᠲᠣᠭᠲᠠᠭ᠋ᠠᠯ ᠶᠣᠰᠣᠭ᠋ᠠᠷ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠤᠯᠴᠠᠬᠤ ᠵᠢ ᠳᠡᠮᠵᠢᠬᠦ ᠪᠠ ᠬᠥᠲᠥᠯᠥᠨ ᠵᠢᠯᠤᠭᠣᠳᠬᠤ ᠬᠡᠷᠡᠭᠲᠡᠢ  ᠃ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶᠡᠨ᠎ᠳᠤ ᠪᠠᠭᠲᠠᠬᠤ ᠦᠭᠡᠢ ᠬᠥᠳᠡᠭᠡ ᠲᠣᠰᠬᠣᠨ᠎ᠤ ᠡᠮᠴᠢ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠲᠠᠭᠠᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠵᠤ ᠪᠣᠯᠣᠨ᠎ᠠ  ᠃ ᠪᠦᠬᠦᠯᠢ 60 ᠨᠠᠰᠤ ᠬᠦᠷᠦᠭᠰᠡᠨ ᠬᠥᠳᠡᠭᠡ ᠲᠣᠰᠬᠣᠨ᠎ᠤ ᠡᠮᠴᠢ᠎ᠳᠤ ᠡᠯ᠎ᠡ ᠭᠠᠵᠠᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ  ᠂ ᠬᠥᠳᠡᠭᠡ ᠲᠣᠰᠬᠣᠨ᠎ᠤ ᠡᠮᠴᠢ ᠵᠢ ᠭᠠᠷᠭ᠋ᠠᠬᠤ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ  ᠂ ᠨᠥᠬᠥᠪᠦᠷᠢ ᠥᠭᠬᠦ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ᠎ᠢ ᠠᠪᠴᠤ ᠪᠠᠢ᠌ᠭ᠋ᠠᠳ ᠬᠥᠳᠡᠭᠡ ᠲᠣᠰᠬᠣᠨ᠎ᠤ ᠡᠮᠴᠢ ᠵᠢᠨ ᠨᠠᠰᠤᠵᠢᠯ᠎ᠤᠨ ᠠᠰᠠᠷᠠᠮᠵᠢ ᠵᠢᠨ ᠣᠯᠭᠣᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ  ᠃

      (  ᠠᠷᠪᠠᠨ ᠳᠥᠷᠪᠡ  ) 《  ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ  》 ᠵᠢᠨ ᠬᠥᠭᠵᠢᠯᠲᠡ ᠵᠢ ᠳᠡᠮᠵᠢᠨ ᠠᠬᠢᠭᠤᠯᠤᠨ᠎ᠠ  ᠃ ᠬᠠᠪᠰᠤᠷᠤᠨ ᠲᠡᠳᠬᠦᠬᠦ ᠡᠮᠨᠡᠯᠭᠡ ᠵᠢᠨ ᠬᠣᠷᠢᠶ᠎ᠠ ᠪᠠ ᠳᠡᠭᠡᠳᠦ ᠱᠠᠲᠤᠨ᠎ᠤ ᠡᠮᠨᠡᠯᠭᠡ ᠵᠢᠨ ᠬᠣᠷᠢᠶ᠎ᠠ᠎ᠨᠢ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠬᠣᠰᠢᠭᠤ ᠰᠢᠶᠠᠨ᠎ᠤ ᠱᠠᠲᠤᠨ᠎ᠤ ᠡᠮᠨᠡᠯᠭᠡ ᠵᠢᠨ ᠬᠣᠷᠢᠶ᠎ᠠ ᠵᠢᠨ ᠠᠯᠤᠰ ᠡᠵᠡᠮᠰᠢᠯᠲᠦ ᠡᠮᠴᠢᠯᠡᠭᠡᠨ᠎ᠤ ᠦᠢ᠍ᠯᠡᠴᠢᠯᠡᠭᠡ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ  ᠂ ᠨᠠᠩ ᠣᠯᠠᠨ ᠴᠢᠨᠠᠷ ᠰᠠᠢ᠌ᠲᠠᠢ ᠡᠮᠴᠢᠯᠡᠭᠡᠨ᠎ᠤ ᠡᠬᠢ ᠪᠠᠶᠠᠯᠢᠭ᠎ᠢ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠠᠯᠤᠰ ᠡᠮᠴᠢᠯᠡᠭᠡ ᠵᠢ ᠰᠤᠮᠤ ᠰᠢᠶᠠᠩ ᠪᠠᠯᠭ᠋ᠠᠰᠤ ᠵᠢᠨ ᠡᠷᠡᠭᠦᠯ ᠬᠠᠮᠠᠭ᠋ᠠᠯᠠᠯ᠎ᠤᠨ ᠬᠣᠷᠢᠶ᠎ᠠ ᠪᠠ ᠭᠠᠴᠠᠭ᠎ᠠ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ ᠳᠠᠰᠢ ᠤᠷᠲᠤᠳᠬᠠᠬᠤ ᠵᠢ ᠲᠦᠷᠭᠡᠳᠬᠡᠨ ᠠᠬᠢᠭᠤᠯᠤᠨ᠎ᠠ  ᠃ ᠶᠠᠳᠠᠭᠤ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠰᠢᠶᠠᠨ᠎ᠤ ᠬᠡᠪᠴᠢᠶᠡᠨ᠎ᠤ ᠡᠮᠨᠡᠯᠭᠡ ᠵᠢᠨ ᠬᠠᠮᠲᠤ ᠵᠢᠨ ᠴᠣᠭᠴᠠ ᠪᠤᠶᠤ ᠡᠮᠨᠡᠯᠭᠡ ᠵᠢᠨ ᠬᠣᠯᠪᠣᠭ᠋ᠠᠲᠤ ᠴᠣᠭᠴᠠ᠎ᠨᠢ ᠢᠨᠲ᠋ᠧᠷ ᠰᠦᠯᠵᠢᠶᠡᠨ᠎ᠤ ᠮᠡᠷᠭᠡᠵᠢᠯ᠎ᠢ ᠢᠳᠡᠪᠬᠢᠲᠡᠢ ᠬᠡᠷᠡᠭᠯᠡᠨ  ᠂ ᠡᠮᠴᠢᠯᠡᠭᠡᠨ᠎ᠤ ᠡᠬᠢ ᠪᠠᠶᠠᠯᠢᠭ᠎ᠢ ᠳᠡᠭᠡᠭᠰᠢ ᠳᠣᠷᠣᠭᠰᠢ ᠨᠡᠪᠲᠡᠷᠡᠭᠦᠯᠬᠦ  ᠂ ᠮᠡᠳᠡᠭᠡ ᠵᠠᠩᠭᠢ ᠵᠢ ᠬᠠᠷᠢᠯᠴᠠᠨ ᠨᠡᠪᠲᠡᠷᠡᠯᠴᠡᠵᠦ ᠬᠠᠮᠲᠤ᠎ᠪᠠᠷ ᠡᠳ᠋ᠯᠡᠬᠦ  ᠂ ᠲᠤᠬᠠᠢ᠌ᠯᠠᠭᠰᠠᠨ ᠠᠵᠢᠯ᠎ᠢ ᠥᠨᠳᠥᠷ ᠪᠦᠲᠦᠮᠵᠢᠲᠡᠶ᠎ᠪᠠᠷ ᠬᠠᠮᠵᠢᠯᠴᠠᠬᠤ ᠵᠢ ᠲᠦᠷᠭᠡᠳᠬᠡᠨ ᠪᠡᠶᠡᠯᠡᠭᠦᠯᠵᠦ  ᠂ ᠤᠷᠢᠳᠴᠢᠯᠠᠨ ᠪᠣᠯᠵᠣᠵᠤ ᠣᠨᠣᠰᠢᠯᠠᠨ ᠡᠮᠨᠡᠬᠦ  ᠂ ᠬᠣᠣᠰ ᠴᠢᠭᠯᠡᠯ ᠵᠶ᠋ᠡᠷ ᠰᠢᠯᠵᠢᠭᠦᠯᠦᠨ ᠣᠨᠣᠰᠢᠯᠠᠬᠤ  ᠂ ᠠᠯᠤᠰ ᠵᠠᠢ ᠵᠢᠨ ᠡᠮᠴᠢᠯᠡᠭᠡ ᠵᠡᠷᠭᠡ ᠦᠢ᠍ᠯᠡᠴᠢᠯᠡᠭᠡ ᠵᠢ ᠢᠳᠡᠪᠬᠢᠲᠡᠢ ᠥᠷᠨᠢᠭᠦᠯᠬᠦ ᠬᠡᠷᠡᠭᠲᠡᠢ  ᠃ 《  ᠢᠨᠲ᠋ᠧᠷ ᠰᠦᠯᠵᠢᠶ᠎ᠡ +  》 ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡ  ᠂ 《  ᠢᠨᠲ᠋ᠧᠷ ᠰᠦᠯᠵᠢᠶ᠎ᠡ +  》 ᠭᠡᠷ ᠪᠦᠯᠢ ᠵᠢᠨ ᠡᠮᠴᠢ ᠵᠢᠨ ᠭᠡᠷ᠎ᠡ ᠲᠣᠭᠲᠠᠬᠤ ᠦᠢ᠍ᠯᠡᠴᠢᠯᠡᠭᠡ  ᠂ 《  ᠢᠨᠲ᠋ᠧᠷ ᠰᠦᠯᠵᠢᠶ᠎ᠡ +  》 ᠠᠨᠠᠭ᠋ᠠᠬᠤ ᠤᠬᠠᠭ᠋ᠠᠨ᠎ᠤ ᠰᠤᠷᠭ᠋ᠠᠨ ᠬᠥᠮᠦᠵᠢᠯ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠢ᠍ᠯᠡᠴᠢᠯᠡᠭᠡ ᠵᠢ ᠠᠬᠢᠭᠤᠯᠵᠤ  ᠂ ᠮᠡᠳᠡᠭᠡ ᠵᠠᠩᠭᠢᠵᠢᠯᠲᠠ ᠵᠢᠨ ᠮᠡᠷᠭᠡᠵᠢᠯ᠎ᠤᠨ ᠠᠷᠭ᠎ᠠ ᠪᠠᠷᠢᠯ᠎ᠢ ᠠᠰᠢᠭᠯᠠᠨ  ᠂ ᠴᠢᠨᠠᠷ ᠰᠠᠢ᠌ᠲᠠᠢ ᠡᠬᠢ ᠪᠠᠶᠠᠯᠢᠭ᠎ᠢ ᠳᠣᠷᠣᠭᠰᠢ ᠪᠠᠭᠤᠯᠭ᠋ᠠᠬᠤ ᠪᠠ ᠲᠣᠭ᠎ᠠ ᠪᠠᠷᠢᠮᠲᠠ ᠵᠢ ᠬᠠᠮᠲᠤᠪᠠᠷ ᠡᠳ᠋ᠯᠡᠬᠦ ᠵᠢ ᠠᠬᠢᠭᠤᠯᠵᠤ  ᠂ ᠮᠠᠯᠵᠢᠬᠤ ᠲᠠᠷᠢᠶᠠᠯᠠᠬᠤ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠬᠢᠷᠢ ᠬᠡᠮᠵᠢᠶ᠎ᠡ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ  ᠃

       ᠳᠥᠷᠪᠡ  ᠂ ᠡᠷᠡᠭᠦᠯ ᠡᠩᠬᠡ ᠥᠪᠥᠷ ᠮᠣᠩᠭᠣᠯ᠎ᠤᠨ ᠠᠵᠢᠯᠯᠠᠭ᠎ᠠ ᠵᠢ ᠲᠦᠷᠭᠡᠳᠬᠡᠨ ᠠᠬᠢᠭᠤᠯᠵᠤ  ᠂ ᠡᠷᠡᠭᠦᠯ ᠮᠡᠨᠳᠦ ᠵᠢᠨ ᠠᠶᠤᠯ ᠲᠦᠭᠰᠢᠭᠦᠷᠢ ᠵᠢᠨ ᠬᠦᠴᠦᠨ ᠵᠦᠢ᠍ᠯ᠎ᠢ ᠡᠵᠡᠮᠳᠡᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ

      (  ᠠᠷᠪᠠᠨ ᠲᠠᠪᠤ  ) ᠭᠣᠣᠯᠳᠠᠯᠭ᠎ᠠ᠎ᠲᠠᠢ ᠭᠠᠵᠠᠷ ᠣᠷᠣᠨ᠎ᠤ ᠬᠦᠨᠳᠦ ᠶᠡᠬᠡ ᠡᠪᠡᠳᠴᠢᠨ ᠡᠮᠭᠡᠭ᠎ᠢ ᠶᠡᠷᠦᠩᠬᠡᠢ᠌ᠯᠡᠨ ᠰᠡᠷᠭᠡᠢ᠌ᠯᠡᠨ ᠡᠵᠡᠮᠳᠡᠬᠦ ᠵᠢ ᠦᠷᠭᠦᠯᠵᠢᠯᠡᠨ ᠴᠢᠩᠭ᠋ᠠᠳᠬᠠᠨ᠎ᠠ  ᠃ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠢ ᠵᠢᠯᠣᠭᠣᠳᠤᠨ ᠬᠠᠯᠳᠠᠪᠤᠷᠢᠲᠤ ᠡᠪᠡᠳᠴᠢᠨ᠎ᠢ ᠬᠢᠨᠠᠨ ᠬᠡᠮᠵᠢᠵᠦ ᠮᠡᠳᠡᠭᠦᠯᠬᠦ᠂ ᠵᠠᠳᠠᠯᠤᠨ ᠰᠤᠳᠤᠯᠵᠤ ᠮᠠᠭ᠋ᠠᠳᠯᠠᠬᠤ ᠪᠠ ᠬᠢᠵᠢᠭ᠎ᠤᠨ ᠪᠠᠢ᠌ᠳᠠᠯ᠎ᠢ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠮᠲᠤᠷᠠᠨ ᠰᠡᠷᠭᠡᠢ᠌ᠯᠡᠵᠦ ᠬᠠᠮᠲᠤᠷᠠᠨ ᠬᠢᠵᠠᠭ᠋ᠠᠷᠯᠠᠬᠤ ᠵᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠪᠠ ᠬᠠᠨᠳᠤᠯᠭ᠋ᠠᠲᠤ ᠴᠢᠨᠠᠷᠲᠠᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠤᠨ᠎ᠠ᠃   ᠭᠣᠣᠯᠳᠠᠯᠭ᠎ᠠ᠎ᠲᠠᠢ ᠣᠷᠣᠨ ᠨᠤᠲᠤᠭ᠎ᠤᠨ ᠡᠪᠡᠳᠴᠢᠨ᠎ᠢ ᠬᠢᠨᠠᠨ ᠬᠡᠮᠵᠢᠵᠦ ᠪᠠᠢ᠌ᠴᠠᠭ᠋ᠠᠨ ᠬᠡᠮᠵᠢᠬᠦ ᠠᠵᠢᠯ᠎ᠢ ᠰᠠᠢ᠌ᠲᠤᠷ ᠬᠢᠵᠦ  ᠂ ᠠᠶᠤᠯ ᠶᠡᠬᠡᠲᠡᠢ ᠭᠠᠵᠠᠷ ᠣᠷᠣᠨ᠎ᠤ ᠭᠣᠣᠯᠳᠠᠯᠭ᠎ᠠ᠎ᠲᠠᠢ ᠬᠥᠮᠥᠰ᠎ᠢ ᠤᠷᠢᠳᠴᠢᠯᠠᠨ ᠰᠡᠷᠭᠡᠢ᠌ᠯᠡᠵᠦ ᠬᠠᠮᠢᠶᠠᠷᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠠᠬᠢᠭᠤᠯᠤᠨ  ᠂ ᠣᠲᠣ ᠵᠢᠨ ᠡᠪᠡᠳᠴᠢᠲᠡᠨ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠳᠠᠭ᠋ᠠᠵᠤ ᠰᠤᠷᠪᠤᠯᠵᠢᠯᠠᠬᠤ ᠵᠢ ᠥᠷᠨᠢᠭᠦᠯᠵᠦ  ᠂ ᠣᠲᠣ ᠵᠢᠨ ᠡᠪᠡᠳᠴᠢᠲᠡᠨ᠎ᠢ ᠠᠪᠤᠷᠠᠨ ᠵᠠᠰᠠᠬᠤ ᠠᠵᠢᠯ᠎ᠢ ᠠᠬᠢᠭᠤᠯᠤᠨ᠎ᠠ  ᠃ ᠪᠠᠭᠯᠠᠭᠴᠢ ᠬᠣᠷᠣᠬᠠᠢ ᠵᠢᠨ ᠡᠪᠡᠳᠴᠢᠨ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠵᠢ ᠦᠷᠭᠦᠯᠵᠢᠯᠡᠨ ᠠᠬᠢᠭᠤᠯᠵᠤ  ᠂ 《  ᠬᠠᠯᠳᠠᠪᠤᠷᠢᠯᠠᠯ᠎ᠤᠨ ᠡᠬᠢ ᠰᠤᠷᠪᠤᠯᠵᠢ ᠵᠢ ᠡᠵᠡᠮᠳᠡᠬᠦ᠎ᠪᠠᠷ ᠭᠣᠣᠯ ᠪᠣᠯᠭ᠋ᠠᠵᠤ  ᠂ ᠳᠤᠮᠳᠠᠬᠢ ᠬᠤᠰᠲ᠎ᠤᠨ ᠡᠵᠡᠨ ᠰᠡᠷᠭᠡᠢ᠌ᠯᠡᠨ ᠡᠵᠡᠮᠳᠡᠬᠦ ᠪᠠ ᠡᠪᠡᠳᠴᠢᠲᠡᠨ᠎ᠢ ᠪᠠᠢ᠌ᠴᠠᠭ᠋ᠠᠨ ᠵᠠᠰᠠᠬᠤ ᠵᠢ ᠬᠠᠷᠢᠯᠴᠠᠨ ᠤᠶᠠᠯᠳᠤᠭᠤᠯᠬᠤ  》 ᠠᠷᠭ᠎ᠠ ᠪᠣᠳᠣᠯᠭ᠎ᠠ ᠵᠢ ᠠᠪᠴᠤ  ᠂ ᠲᠥᠷᠥᠯ ᠬᠤᠪᠢᠶᠠᠨ ᠰᠡᠷᠭᠡᠢ᠌ᠯᠡᠨ ᠡᠵᠡᠮᠳᠡᠬᠦ ᠵᠢ ᠬᠡᠷᠡᠭᠵᠢᠭᠦᠯᠦᠨ᠎ᠡ  ᠃ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠢ᠌ᠽ ᠡᠪᠡᠳᠴᠢᠨ ᠬᠠᠯᠳᠠᠪᠤᠷᠢᠯᠠᠬᠤ ᠵᠢ ᠬᠣᠷᠢᠭᠯᠠᠬᠤ ᠵᠢᠨ ᠬᠡᠷᠡᠭᠵᠢᠭᠦᠯᠬᠦ ᠲᠥᠰᠥᠯ ( 2020 — 2022 ᠣᠨ  )  》  ᠂ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠦᠷᠢᠶ᠎ᠡ ᠡᠪᠡᠳᠴᠢᠨ᠎ᠢ ᠬᠣᠷᠢᠭᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ ( 2020 — 2022 ᠣᠨ  )  》  ᠂ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠣᠷᠴᠢᠯᠠᠩ᠎ᠤᠨ ᠪᠷᠦ᠋ᠼᠧᠯ ᠡᠪᠡᠳᠴᠢᠨ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠬᠡᠷᠡᠭᠵᠢᠭᠦᠯᠬᠦ ᠲᠥᠰᠥᠯ ( 2021 — 2023 ᠣᠨ  )  》 ᠪᠠ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠯᠤᠭ᠋ᠠᠨ᠎ᠠ ᠵᠢᠨ ᠬᠢᠵᠢᠭ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠬᠠᠷᠠᠯᠲᠠᠲᠤ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠪᠢᠴᠢᠭ  》᠎ᠢ ᠨᠠᠢ᠌ᠳᠠᠪᠤᠷᠢᠵᠢᠭᠤᠯᠤᠨ᠎ᠠ  ᠃ ᠣᠯᠠᠨ ᠵᠦᠢ᠍ᠯ᠎ᠤᠨ ᠡᠮ᠎ᠳᠤ ᠳᠠᠭ᠋ᠠᠭ᠋ᠠᠮᠠᠭ᠋ᠠᠢ ᠰᠦᠷᠢᠶ᠎ᠡ ᠡᠪᠡᠳᠴᠢᠨ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠲᠤᠰᠬᠠᠢ ᠠᠵᠢᠯᠯᠠᠭ᠎ᠠ ᠵᠢ ᠦᠷᠭᠦᠯᠵᠢᠯᠡᠨ ᠠᠬᠢᠭᠤᠯᠤᠨ᠎ᠠ  ᠃ ᠠᠭᠤᠰᠬᠢ ᠲᠣᠭᠣᠰᠣᠲᠤ ᠡᠪᠡᠳᠴᠢᠨ ᠵᠡᠷᠭᠡ ᠠᠵᠢᠯ᠎ᠤᠨ ᠨᠥᠯᠥᠭᠡᠨ᠎ᠤ ᠡᠪᠡᠳᠴᠢᠨ᠎ᠢ ᠶᠡᠷᠦᠩᠬᠡᠢ᠌ᠯᠡᠨ ᠰᠡᠷᠭᠡᠢ᠌ᠯᠡᠨ ᠡᠵᠡᠮᠳᠡᠬᠦ ᠵᠢ ᠭᠦᠨᠵᠡᠭᠡᠢ ᠬᠡᠷᠡᠭᠵᠢᠭᠦᠯᠵᠦ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠪᠣᠯᠪᠠᠰᠤᠷᠠᠭᠤᠯᠤᠯ ᠬᠥᠮᠦᠵᠢᠯ᠎ᠢ ᠦᠷᠭᠦᠯᠵᠢᠯᠡᠨ ᠥᠷᠨᠢᠭᠦᠯᠵᠦ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠵᠢᠯ᠎ᠤᠨ ᠨᠥᠯᠥᠭᠡᠨ᠎ᠤ ᠡᠪᠡᠳᠴᠢᠨ᠎ᠤ ᠬᠣᠣᠷ ᠬᠥᠨᠥᠭᠡᠯ᠎ᠲᠠᠢ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ᠂ ᠬᠣᠣᠷ ᠬᠥᠨᠥᠭᠡᠯ᠎ᠲᠠᠢ ᠬᠦᠴᠦᠨ ᠵᠦᠢ᠍ᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠨ ᠬᠡᠮᠵᠢᠬᠦ ᠪᠠ ᠬᠥᠳᠡᠯᠮᠦᠷᠢᠯᠡᠭᠴᠢᠳ ᠎ᠤᠨ ᠡᠷᠬᠢᠯᠡᠭᠰᠡᠨ ᠠᠵᠢᠯ᠎ᠤᠨ ᠡᠷᠡᠭᠦᠯ ᠮᠡᠨᠳᠤ ᠵᠢᠨ ᠪᠠᠢ᠌ᠴᠠᠭ᠋ᠠᠯᠲᠠ ᠵᠢ ᠰᠠᠢ᠌ᠲᠤᠷ ᠬᠢᠬᠦ ᠬᠡᠷᠡᠭᠲᠡᠢ᠃ ᠲᠤᠬᠠᠢ᠌ᠯᠠᠭᠰᠠᠨ ᠠᠵᠢᠯ᠎ᠤᠨ ᠴᠢᠨᠠᠷᠲᠠᠢ ᠪᠷᠦ᠋ᠼᠧᠯ ᠡᠪᠡᠳᠴᠢᠨ᠎ᠢ ᠰᠡᠷᠭᠡᠢ᠌ᠯᠡᠨ ᠵᠠᠰᠠᠬᠤ ᠲᠤᠰᠬᠠᠢ ᠠᠵᠢᠯᠯᠠᠭ᠎ᠠ ᠵᠢ ᠥᠷᠨᠢᠭᠦᠯᠦᠨ᠎ᠡ᠃ ᠡᠮᠴᠢᠯᠡᠭᠡᠨ᠎ᠤ ᠪᠠᠢ᠌ᠭᠤᠯᠤᠮᠵᠢ᠎ᠳᠤ ᠲᠣᠭᠣᠰᠣᠲᠤ ᠠᠭᠤᠰᠬᠢ ᠵᠢᠨ ᠡᠪᠡᠳᠴᠢᠨ᠎ᠤ ᠬᠠᠷᠠᠭᠤᠯ᠎ᠤᠨ ᠴᠡᠭ᠎ᠤᠨ ᠬᠢᠨᠠᠨ ᠬᠡᠮᠵᠢᠯᠲᠡ ᠵᠢ ᠥᠷᠨᠢᠭᠦᠯᠵᠦ  ᠂ ᠣᠲᠣ ᠵᠢᠨ ᠪᠠᠢ᠌ᠭ᠎ᠠ ᠲᠤᠬᠠᠢ᠌ᠯᠠᠭᠰᠠᠨ ᠠᠵᠢᠯ᠎ᠤᠨ ᠴᠢᠨᠠᠷᠲᠠᠢ ᠲᠣᠭᠣᠰᠣᠲᠤ ᠠᠭᠤᠰᠬᠢ ᠵᠢᠨ ᠡᠪᠡᠳᠴᠢᠨ᠎ᠲᠠᠢ ᠡᠪᠡᠳᠴᠢᠲᠡᠨ ᠲᠥᠪᠯᠡᠷᠡᠨ ᠰᠠᠭᠤᠵᠤ ᠪᠠᠢ᠌ᠭ᠎ᠠ ᠭᠠᠵᠠᠷ ᠣᠷᠣᠨ᠎ᠳᠤ ᠲᠣᠭᠣᠰᠣᠲᠤ ᠠᠭᠤᠰᠬᠢ ᠵᠢᠨ ᠡᠪᠡᠳᠴᠢᠨ᠎ᠢ ᠡᠷᠡᠭᠦᠯᠵᠢᠭᠦᠯᠬᠦ ᠥᠷᠲᠡᠭᠡ ᠪᠠᠶ᠋ᠢᠭᠤᠯᠬᠤ ᠵᠢᠨ ᠬᠠᠮᠲᠤ ᠰᠦᠢ᠍ᠳᠬᠡᠯ ᠬᠤᠷᠢᠶᠠᠬᠤ ᠦᠭᠡᠢ᠎ᠪᠠᠷ ᠡᠷᠡᠭᠦᠯᠵᠢᠭᠦᠯᠬᠦ ᠪᠣᠯᠪᠠᠰᠤᠷᠠᠯ ᠬᠠᠩᠭ᠋ᠠᠵᠤ  ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠠᠵᠢᠯ᠎ᠤᠨ ᠨᠥᠯᠥᠭᠡᠨ᠎ᠤ ᠡᠪᠡᠳᠴᠢᠨ᠎ᠢ ᠡᠮᠨᠡᠨ ᠵᠠᠰᠠᠵᠤ ᠡᠷᠡᠭᠦᠯᠵᠢᠭᠦᠯᠬᠦ ᠴᠢᠳᠠᠪᠤᠷᠢ ᠪᠠ ᠲᠣᠭᠣᠰᠣᠲᠤ ᠠᠭᠤᠰᠬᠢ ᠵᠢᠨ ᠡᠪᠡᠳᠴᠢᠨ᠎ᠲᠠᠢ ᠡᠪᠡᠳᠴᠢᠲᠡᠨ᠎ᠤ ᠣᠷᠣᠰᠢᠨ ᠠᠮᠢᠳᠤᠷᠠᠬᠤ ᠶᠠᠰᠤ ᠴᠢᠨᠠᠷ᠎ᠢ ᠳᠡᠭᠡᠭᠰᠢᠯᠡᠭᠦᠯᠦᠨ᠎ᠡ  ᠃ ᠭᠣᠣᠯᠳᠠᠯᠭ᠎ᠠ᠎ᠲᠠᠢ ᠠᠵᠢᠯ᠎ᠤᠨ ᠨᠥᠯᠥᠭᠡᠨ᠎ᠤ ᠡᠪᠡᠳᠴᠢᠨ᠎ᠢ ᠬᠢᠨᠠᠨ ᠬᠡᠮᠵᠢᠬᠦ ᠵᠢ ᠥᠷᠨᠢᠭᠦᠯᠵᠦ  ᠂ ᠰᠢᠶᠠᠨ ᠲᠣᠭᠣᠷᠢᠭ (  ᠬᠣᠰᠢᠭᠤ  )᠎ᠤᠨ ᠬᠢᠨᠠᠨ ᠬᠡᠮᠵᠢᠯᠲᠡ ᠵᠢᠨ ᠪᠦᠷᠬᠦᠴᠡ ᠵᠢᠨ ᠨᠣᠷᠮ᠎ᠠ ᠵᠢ 100%᠎ᠳᠤ ᠬᠦᠷᠦᠭᠦᠯᠵᠦ  ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠠᠵᠢᠯ᠎ᠤᠨ ᠨᠥᠯᠥᠭᠡᠨ᠎ᠤ ᠡᠪᠡᠳᠴᠢᠨ᠎ᠢ ᠡᠮᠨᠡᠨ ᠵᠠᠰᠠᠵᠤ ᠡᠷᠡᠭᠦᠯᠵᠢᠭᠦᠯᠬᠦ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ  ᠂ ᠠᠵᠢᠯ᠎ᠤᠨ ᠨᠥᠯᠥᠭᠡᠨ᠎ᠤ ᠡᠪᠡᠳᠴᠢᠨ᠎ᠢ ᠭᠣᠣᠯᠳᠠᠯᠭ᠎ᠠ᠎ᠲᠠᠢ ᠠᠵᠢᠯ ᠲᠥᠷᠥᠯ᠎ᠤᠨ ᠲᠣᠭᠣᠰᠣ ᠲᠤᠰᠬᠤ ᠬᠥᠮᠥᠨ᠎ᠤ ᠲᠣᠭ᠎ᠠ᠎ᠨᠢ 100 ᠬᠥᠮᠥᠨ᠎ᠠᠴᠠ ᠳᠤᠲᠠᠭᠤ ᠪᠠᠢ᠌ᠬᠤ ᠲᠠᠷᠢᠶᠠᠯᠠᠬᠤ ᠮᠠᠯᠵᠢᠬᠤ ᠬᠣᠰᠢᠭᠤ ᠰᠢᠶᠠᠨ ᠲᠣᠭᠣᠷᠢᠭ᠎ᠢ ᠭᠠᠷᠭ᠋ᠠᠪᠠᠯ  ᠂ ᠠᠵᠢᠯ ᠮᠡᠷᠭᠡᠵᠢᠯ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠨ ᠪᠠᠢ᠌ᠭᠤᠯᠤᠮᠵᠢ ᠵᠢ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ  ᠃ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠮᠡᠨ ᠡᠪᠡᠳᠴᠢᠨ᠎ᠢ ᠰᠡᠷᠭᠡᠢ᠌ᠯᠡᠨ ᠵᠠᠰᠠᠬᠤ ᠵᠢᠨ ᠬᠡᠷᠡᠭᠵᠢᠭᠦᠯᠬᠦ ᠲᠥᠰᠥᠯ ( 2020 — 2022 ᠣᠨ  )  》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ  ᠂ ᠭᠣᠣᠯᠳᠠᠯᠭ᠎ᠠ᠎ᠲᠠᠢ ᠥᠮᠡᠨ ᠡᠪᠡᠳᠴᠢᠨ᠎ᠢ ᠰᠢᠭᠰᠢᠨ ᠪᠠᠢ᠌ᠴᠠᠭ᠋ᠠᠬᠤ ᠪᠠ ᠡᠷᠲᠡ ᠣᠨᠣᠰᠢᠯᠠᠵᠤ ᠡᠷᠲᠡ ᠵᠠᠰᠠᠬᠤ ᠵᠢ ᠠᠬᠢᠭᠤᠯᠤᠨ᠎ᠠ  ᠃ ᠵᠢᠷᠦᠬᠡ ᠴᠢᠰᠤᠨ ᠰᠤᠳᠠᠯ᠎ᠤᠨ ᠡᠪᠡᠳᠴᠢᠨ ᠵᠡᠷᠭᠡ ᠵᠢ ᠡᠷᠲᠡ ᠰᠢᠭᠰᠢᠨ ᠪᠠᠢ᠌ᠴᠠᠭ᠋ᠠᠬᠤ ᠪᠠ ᠡᠷᠲᠡ ᠣᠨᠣᠰᠢᠯᠠᠵᠤ ᠡᠷᠲᠡ ᠵᠠᠰᠠᠬᠤ ᠵᠢ ᠴᠢᠩᠭ᠋ᠠᠳᠬᠠᠵᠤ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠪᠠᠢ᠌ᠩᠭᠤ ᠲᠣᠬᠢᠶᠠᠯᠳᠤᠬᠤ ᠤᠳᠠᠭ᠋ᠠᠨ ᠴᠢᠨᠠᠷᠲᠠᠢ ᠡᠪᠡᠳᠴᠢᠨ᠎ᠤ ᠡᠷᠡᠭᠦᠯ ᠮᠡᠨᠳᠦ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃

      (  ᠠᠷᠪᠠᠨ ᠵᠢᠷᠭᠤᠭ᠎ᠠ  ) ᠭᠣᠣᠯᠳᠠᠯᠭ᠎ᠠ᠎ᠲᠠᠢ ᠬᠥᠮᠥᠰ᠎ᠤᠨ ᠡᠷᠡᠭᠦᠯ ᠮᠡᠨᠳᠦ ᠵᠢ ᠰᠠᠢ᠌ᠵᠢᠷᠠᠭᠤᠯᠬᠤ ᠠᠵᠢᠯᠯᠠᠭ᠎ᠠ ᠵᠢ ᠬᠡᠷᠡᠭᠵᠢᠭᠦᠯᠦᠨ᠎ᠡ  ᠃ ᠦᠷᠡᠵᠢᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠬᠦ᠎ᠲᠠᠢ ᠨᠢᠭᠲᠠ ᠤᠶᠠᠯᠳᠤᠭᠤᠯᠵᠤ  ᠂ ᠦᠷᠡᠵᠢᠯ᠎ᠤᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ  ᠂ ᠦᠷᠡᠵᠢᠯ᠎ᠤᠨ ᠲᠥᠷᠥ ᠵᠢᠨ ᠪᠣᠳᠣᠯᠭ᠎ᠠ ᠵᠢᠨ ᠪᠠᠭᠲᠠᠭ᠋ᠠᠮᠵᠢᠲᠤ ᠴᠢᠨᠠᠷ᠎ᠢ ᠴᠢᠩᠭ᠋ᠠᠳᠬᠠᠵᠤ  ᠂ ᠰᠢᠨ᠎ᠡ ᠮᠠᠶᠢᠭ᠎ᠤᠨ ᠤᠷᠤᠭᠯᠠᠵᠤ ᠬᠥᠩᠭᠡᠵᠢᠬᠦ ᠦᠵᠡᠯᠲᠡ ᠵᠢᠨ ᠤᠬᠠᠭᠤᠯᠭ᠎ᠠ ᠰᠠᠨᠠᠭ᠋ᠠᠴᠢᠯᠠᠭ᠎ᠠ ᠵᠢ ᠴᠢᠩᠭ᠋ᠠᠳᠬᠠᠵᠤ  ᠂ ᠦᠢ᠍ᠯᠡᠴᠢᠯᠡᠭᠡ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ  ᠃ ᠮᠠᠯᠵᠢᠬᠤ ᠲᠠᠷᠢᠶᠠᠯᠠᠬᠤ ᠣᠷᠣᠨ᠎ᠤ ᠡᠮᠡᠭᠲᠡᠢ᠌ᠴᠦᠳ᠎ᠤᠨ ᠰᠠᠪᠠ ᠵᠢᠨ ᠬᠦᠵᠦᠭᠦᠨ᠎ᠤ ᠥᠮᠡᠨ  ᠂ ᠬᠥᠬᠥᠨ ᠪᠤᠯᠴᠢᠷᠬᠠᠢ ᠵᠢᠨ ᠥᠮᠡᠨ ᠪᠠ ᠵᠢᠷᠮᠦᠰᠦᠯᠡᠬᠦ᠎ᠠᠴᠠ ᠡᠮᠦᠨᠡᠬᠢ ᠰᠦᠢ᠍ᠳᠬᠡᠯ ᠬᠤᠷᠢᠶᠠᠬᠤ ᠦᠭᠡᠢ᠎ᠪᠠᠷ ᠴᠢᠭᠢᠷᠠᠭ ᠲᠥᠷᠥᠭᠦᠯᠬᠦ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢᠨ ᠲᠥᠷᠥᠯ ᠵᠦᠢ᠍ᠯ᠎ᠢ ᠭᠦᠨᠵᠡᠭᠡᠢ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠳᠤ ᠬᠡᠤᠬᠡᠳ᠎ᠤᠨ ᠰᠢᠮ᠎ᠡ ᠲᠡᠵᠢᠭᠡᠯ᠎ᠢ ᠰᠠᠢ᠌ᠵᠢᠷᠠᠭᠤᠯᠬᠤ ᠲᠥᠷᠥᠯ ᠵᠦᠢ᠍ᠯ ᠪᠠ ᠨᠢᠷᠠᠢ   ᠬᠡᠤᠬᠡᠳ᠎ᠤᠨ ᠡᠪᠡᠳᠴᠢᠨ ᠡᠮᠭᠡᠭ᠎ᠢ ᠰᠢᠭᠰᠢᠨ ᠪᠠᠢ᠌ᠴᠠᠭ᠋ᠠᠬᠤ ᠲᠥᠷᠥᠯ ᠵᠦᠢ᠍ᠯ᠎ᠢ ᠦᠷᠭᠦᠯᠵᠢᠯᠡᠨ ᠬᠡᠷᠡᠭᠵᠢᠭᠦᠯᠵᠦ  ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ ᠵᠢᠨ ᠡᠷᠡᠭᠦᠯ ᠮᠡᠨᠳᠦ ᠵᠢᠨ ᠬᠠᠮᠢᠶᠠᠷᠤᠯᠲᠠ ᠪᠠ 0 — 6 ᠨᠠᠰᠤᠨ᠎ᠤ ᠬᠡᠤᠬᠡᠳ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠵᠢ ᠯᠠᠪᠳᠠᠭᠤᠨ ᠪᠠᠲᠤᠲᠠᠢ ᠰᠠᠢ᠌ᠲᠤᠷ ᠬᠢᠵᠦ  ᠂ ᠵᠡᠷᠡᠮᠳᠡᠭ ᠲᠦᠷᠦᠭᠦ ᠵᠢ ᠰᠡᠷᠭᠡᠢ᠌ᠯᠡᠨ ᠵᠠᠰᠠᠬᠤ ᠵᠢ ᠴᠢᠩᠭ᠋ᠠᠳᠬᠠᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠨᠡᠢ᠌ᠳᠡᠮ ᠬᠠᠷᠠᠭ᠋ᠠᠯᠵᠠᠬᠤ ᠴᠢᠨᠠᠷᠲᠠᠢ ᠨᠢᠯᠬ᠎ᠠ ᠬᠡᠤᠬᠡᠳ᠎ᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠢ ᠴᠢᠩᠭ᠋ᠠᠳᠬᠠᠵᠤ  ᠂ ᠮᠠᠯᠵᠢᠬᠤ ᠲᠠᠷᠢᠶᠠᠯᠠᠬᠤ ᠣᠷᠣᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠨᠢᠯᠬ᠎ᠠ ᠬᠡᠤᠬᠡᠳ᠎ᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠭᠡᠷ ᠪᠦᠯᠢ ᠵᠢᠨ ᠰᠢᠨᠵᠢᠯᠡᠬᠦ ᠤᠬᠠᠭ᠋ᠠᠨᠴᠢ᠎ᠪᠠᠷ ᠬᠡᠤᠬᠡᠳ ᠪᠣᠢ᠌ᠵᠢᠭᠤᠯᠬᠤ ᠵᠢ ᠵᠢᠯᠤᠭᠣᠳᠬᠤ ᠡᠷᠴᠢᠮ ᠵᠶ᠋ᠡᠨ ᠴᠢᠩᠭ᠋ᠠᠷᠠᠭᠤᠯᠤᠨ᠎ᠠ  ᠃ ᠡᠮᠨᠡᠬᠦ ᠰᠤᠪᠢᠯᠠᠬᠤ ᠵᠢ ᠤᠶᠠᠯᠳᠤᠭᠤᠯᠤᠨ ᠬᠥᠭᠵᠢᠭᠦᠯᠬᠦ ᠵᠢ ᠭᠦᠨᠵᠡᠭᠡᠢ ᠠᠬᠢᠭᠤᠯᠵᠤ  ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠬᠢᠭᠡᠳ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠬᠥᠷᠰᠢ ᠵᠡᠷᠭᠡᠯᠡᠳᠡᠭᠡ ᠪᠦᠲᠦᠭᠡᠨ ᠪᠠᠢ᠌ᠭᠤᠯᠤᠯᠲᠠ  ᠂ ᠨᠢᠭᠡ ᠴᠣᠭᠴᠠᠵᠢᠭᠤᠯᠤᠨ ᠦᠢ᠍ᠯᠡᠴᠢᠯᠡᠬᠦ ᠵᠢ ᠠᠬᠢᠭᠤᠯᠤᠨ᠎ᠠ  ᠃ ᠥᠨᠳᠥᠷ ᠨᠠᠰᠤᠲᠠᠢ  ᠂ ᠴᠢᠳᠠᠪᠤᠷᠢ᠎ᠪᠠᠨ ᠠᠯᠳᠠᠭᠰᠠᠨ  ᠂ ᠴᠢᠳᠠᠪᠤᠷᠢ᠎ᠪᠠᠨ ᠬᠠᠭ᠋ᠠᠰ ᠠᠯᠳᠠᠭᠰᠠᠨ ᠬᠥᠮᠥᠰ᠎ᠤᠨ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠤᠷᠢᠳᠠᠪᠠᠷ ᠪᠠᠲᠤᠯᠠᠨ᠎ᠠ  ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ  ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ  ᠂ ᠲᠥᠯᠥᠪᠯᠡᠭᠡᠲᠦ ᠦᠷᠡᠵᠢᠯ᠎ᠤᠨ ᠨᠡᠢ᠌ᠭᠡᠮᠯᠢᠭ ᠵᠡᠷᠭᠡ ᠨᠡᠢ᠌ᠭᠡᠮ᠎ᠤᠨ ᠬᠦᠴᠦᠨ᠎ᠤ ᠮᠠᠯᠵᠢᠬᠤ ᠲᠠᠷᠢᠶᠠᠯᠠᠬᠤ ᠣᠷᠣᠨ᠎ᠤ ᠨᠢᠯᠬ᠎ᠠ ᠬᠡᠤᠬᠡᠳ᠎ᠢ ᠬᠠᠷᠠᠭ᠋ᠠᠯᠵᠠᠨ ᠠᠰᠠᠷᠠᠬᠤ ᠪᠠ ᠨᠠᠰᠤᠲᠠᠢ᠌ᠴᠤᠳ᠎ᠤᠨ ᠡᠷᠡᠭᠦᠯ ᠮᠡᠨᠳᠦ ᠵᠢᠨ ᠦᠢ᠍ᠯᠡᠴᠢᠯᠡᠭᠡᠨ᠎ᠤ ᠬᠥᠭᠵᠢᠯᠲᠡ ᠵᠢᠨ ᠲᠥᠷᠥᠯ ᠵᠦᠢ᠍ᠯ᠎ᠳᠤ ᠣᠷᠤᠯᠴᠠᠬᠤ ᠵᠢ ᠵᠣᠷᠢᠭᠵᠢᠭᠤᠯᠤᠨ᠎ᠠ  ᠃

      (  ᠠᠷᠪᠠᠨ ᠳᠣᠯᠣᠭ᠎ᠠ  ) ᠡᠷᠡᠭᠦᠯ ᠮᠡᠨᠳᠦ ᠵᠢ ᠠᠬᠢᠭᠤᠯᠬᠤ ᠠᠵᠢᠯᠯᠠᠭ᠎ᠠ ᠵᠢ ᠪᠥᠬᠥ ᠲᠠᠯ᠎ᠠ᠎ᠪᠠᠷ ᠠᠬᠢᠭᠤᠯᠤᠨ᠎ᠠ  ᠃ ᠡᠷᠡᠭᠦᠯ ᠮᠡᠨᠳᠦ ᠵᠢ ᠨᠥᠯᠥᠭᠡᠯᠡᠬᠦ ᠦᠢᠯᠡ ᠠᠵᠢᠯᠯᠠᠭ᠎ᠠ ᠬᠢᠭᠡᠳ ᠠᠮᠢᠳᠤᠷᠠᠯ᠎ᠤᠨ ᠠᠷᠭ᠎ᠠ ᠮᠠᠶᠢᠭ  ᠂ ᠣᠷᠴᠢᠨ ᠲᠣᠭᠣᠷᠢᠨ ᠵᠡᠷᠭᠡ ᠬᠦᠴᠦᠨ ᠵᠦᠢ᠍ᠯ᠎ᠳᠤ ᠴᠢᠭᠯᠡᠭᠦᠯᠦᠨ  ᠂ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠳᠤ ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠬᠦ  ᠂ ᠢᠳᠡᠭᠡᠨ ᠤᠮᠳᠠᠭ᠋ᠠᠨ ᠵᠶ᠋ᠠᠨ ᠵᠦᠢ ᠵᠣᠬᠢᠰᠲᠠᠢ ᠪᠠᠢ᠌ᠯᠭ᠋ᠠᠬᠤ  ᠂ ᠪᠥᠬᠥ ᠠᠷᠠᠳ ᠵᠶ᠋ᠠᠷ ᠵᠶ᠋ᠠᠨ ᠪᠡᠶ᠎ᠡ ᠴᠢᠭᠢᠷᠠᠭᠵᠢᠭᠤᠯᠬᠤ  ᠂ ᠲᠠᠮᠠᠬᠢ ᠲᠠᠲᠠᠬᠤ ᠵᠢ ᠬᠢᠵᠠᠭ᠋ᠠᠷᠯᠠᠬᠤ  ᠂ ᠰᠡᠳᠬᠢᠴᠡ  ᠂ ᠣᠷᠴᠢᠨ ᠲᠣᠭᠣᠷᠢᠨ ᠵᠡᠷᠭᠡ ᠡᠷᠡᠭᠦᠯ ᠮᠡᠨᠳᠦ ᠵᠢ ᠠᠬᠢᠭᠤᠯᠬᠤ ᠠᠵᠢᠯᠯᠠᠭ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ  ᠃ ᠶᠠᠳᠠᠭᠤ ᠬᠦᠴᠢᠷᠳᠡᠯᠲᠡᠢ ᠭᠠᠵᠠᠷ ᠣᠷᠣᠨ᠎ᠤ ᠡᠷᠡᠭᠦᠯ ᠮᠡᠨᠳᠦ ᠵᠢ ᠠᠬᠢᠭᠤᠯᠬᠤ ᠪᠠ ᠰᠤᠷᠭ᠋ᠠᠨ ᠬᠥᠮᠦᠵᠢᠯ᠎ᠤᠨ ᠭᠤᠷᠪᠠᠨ ᠵᠢᠯ᠎ᠤᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠡᠬᠢᠵᠢᠭᠦᠯᠵᠦ  ᠂ ᠶᠠᠳᠠᠭᠤ ᠎ᠠᠴᠠ ᠠᠩᠭᠢᠵᠢᠷᠠᠭᠤᠯᠵᠤ ᠶᠠᠳᠠᠭᠤ ᠎ᠠᠴᠠ ᠠᠩᠭᠢᠵᠢᠷᠠᠭᠤᠯᠤᠭᠰᠠᠨ ᠬᠣᠰᠢᠭᠤ ᠰᠢᠶᠠᠨ᠎ᠤ ᠡᠷᠡᠭᠦᠯ ᠮᠡᠨᠳᠦ ᠵᠢ ᠠᠬᠢᠭᠤᠯᠬᠤ ᠪᠠ ᠰᠤᠷᠭ᠋ᠠᠨ ᠬᠥᠮᠥᠵᠢᠭᠦᠯᠬᠦ ᠠᠵᠢᠯ᠎ᠢ ᠦᠷᠭᠦᠯᠵᠢᠯᠡᠨ ᠰᠠᠢ᠌ᠲᠤᠷ ᠬᠢᠵᠦ  ᠂ ᠪᠣᠭᠣᠮᠲᠠ ᠵᠢ ᠤᠷᠤᠭᠰᠢ ᠰᠢᠯᠵᠢᠭᠦᠯᠬᠦ ᠵᠢ ᠠᠬᠢᠭᠤᠯᠤᠨ᠎ᠠ  ᠃ ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ  ᠂ ᠡᠷᠡᠭᠦᠯ ᠮᠡᠨᠳᠦ᠎ᠪᠠᠷ ᠬᠣᠰᠢᠭᠤ ᠰᠢᠶᠠᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠪᠠᠷ ᠭᠠᠷᠳᠠᠴᠠ ᠪᠣᠯᠭ᠋ᠠᠵᠤ  ᠂ ᠡᠷᠡᠭᠦᠯ ᠮᠡᠨᠳᠦ ᠵᠢ ᠠᠬᠢᠭᠤᠯᠬᠤ ᠬᠢᠭᠡᠳ ᠰᠤᠷᠭ᠋ᠠᠨ ᠬᠥᠮᠦᠵᠢᠯ᠎ᠢ ᠨᠡᠢ᠌ᠭᠡᠮ ᠲᠣᠭᠣᠷᠢᠭ᠎ᠲᠤ ᠣᠷᠣᠭᠤᠯᠬᠤ  ᠂ ᠭᠡᠷ ᠪᠦᠯᠢ᠎ᠳᠤ ᠣᠷᠣᠭᠤᠯᠬᠤ  ᠂ ᠰᠤᠷᠭ᠋ᠠᠭᠤᠯᠢ᠎ᠳᠤ ᠣᠷᠣᠭᠤᠯᠬᠤ  ᠂ ᠪᠠᠢ᠌ᠭᠤᠯᠤᠯᠭ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠎ᠳᠤ ᠣᠷᠣᠭᠤᠯᠬᠤ  ᠂ ᠭᠠᠴᠠᠭ᠎ᠠ ᠲᠣᠰᠬᠣᠨ᠎ᠳᠤ ᠣᠷᠣᠭᠤᠯᠬᠤ 《  ᠲᠠᠪᠤ ᠵᠢ ᠣᠷᠣᠭᠤᠯᠬᠤ  》 ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ  ᠃ 《ᠡᠷᠡᠭᠦᠯ ᠮᠡᠨᠳᠤ ᠵᠢᠨ ᠮᠡᠳᠡᠯᠭᠡ ᠵᠢ ᠲᠦᠮᠡᠨ ᠡᠷᠦᠬᠡ᠎ᠳᠤ ᠬᠦᠷᠭᠡᠬᠦ》᠎ᠪᠠᠷ ᠭᠣᠣᠯ ᠰᠡᠳᠦᠪ ᠪᠣᠯᠭ᠋ᠠᠵᠤ᠂ ᠡᠷᠡᠭᠦᠯ ᠮᠡᠨᠳᠤ ᠵᠢᠨ ᠳᠤᠮᠳᠠᠳᠤ ᠤᠯᠤᠰ᠎ᠤᠨ ᠠᠶᠠᠯᠠᠯ᠂ 《ᠨᠢᠭᠡ ᠭᠠᠷᠠᠭ ᠬᠣᠶᠠᠷ ᠰᠠᠷ᠎ᠠ》ᠵᠢᠨ ᠡᠷᠡᠭᠦᠯ ᠮᠡᠨᠳᠤ ᠵᠢᠨ ᠲᠣᠭᠣᠷᠢᠨ ᠲᠠᠢ᠌ᠯᠪᠤᠷᠢᠯᠠᠯᠲᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠤ ᠵᠢᠨ ᠪᠠᠶᠠᠷ᠎ᠤᠨ ᠡᠳᠦᠷ ᠳᠤᠷᠠᠰᠬᠠᠯ᠎ᠤᠨ ᠡᠳᠦᠷ᠂ ᠡᠯ᠎ᠡ ᠭᠠᠵᠠᠷ᠎ᠤᠨ ᠦᠨᠳᠦᠰᠦᠲᠡᠨ᠎ᠤ ᠵᠠᠩ ᠳᠠᠳᠬᠠᠯ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠵᠡᠷᠭᠡ ᠠᠵᠢᠯᠯᠠᠭ᠎ᠠ᠎ᠪᠠᠷ ᠠᠴᠢᠶᠠᠯᠠᠪᠤᠷᠢ ᠪᠣᠯᠭ᠋ᠠᠵᠤ᠂ ᠡᠷᠡᠭᠦᠯ ᠮᠡᠨᠳᠤ ᠵᠢᠨ ᠣᠢ᠌ᠯᠠᠭ᠋ᠠᠭᠳᠠᠬᠤᠨ᠂ ᠡᠷᠡᠭᠦᠯ ᠮᠡᠨᠳᠤ ᠵᠢᠨ ᠮᠡᠳᠡᠯᠭᠡ ᠪᠣᠯᠣᠨ ᠤᠷ᠎ᠠ ᠴᠢᠳᠠᠪᠤᠷᠢ ᠵᠢ ᠥᠷᠭᠡᠨ ᠵᠶ᠋ᠡᠷ ᠤᠯᠠᠮᠵᠢᠯᠠᠪᠠ᠃ ᠷᠠᠳᠢᠣ᠋ ᠲᠧᠯᠸᠢᠰ  ᠂ ᠰᠣᠨᠢᠨ ᠰᠡᠳᠬᠦᠯ  ᠂ ᠰᠢᠨ᠎ᠡ ᠵᠠᠭᠤᠴᠢᠯᠠᠭᠤᠷ  ᠂ ᠡᠷᠡᠭᠦᠯ ᠡᠩᠬᠡ ᠥᠪᠥᠷ ᠮᠣᠩᠭᠣᠯ᠎ᠤᠨ 12320 ᠨᠠᠷᠠᠲᠤ ᠡᠮᠴᠢ ᠵᠢᠨ ᠪᠢᠴᠢᠯ ᠬᠢᠴᠢᠶᠡᠯ᠎ᠤᠨ ᠲᠠᠩᠬᠢᠮ  ᠂ ᠥᠪᠥᠷ ᠮᠣᠩᠭᠣᠯ᠎ᠤᠨ ᠡᠷᠡᠭᠦᠯ ᠮᠡᠨᠳᠦ ᠵᠢᠨ ᠶᠡᠬᠡ ᠰᠤᠷᠭ᠋ᠠᠭᠤᠯᠢ ᠵᠡᠷᠭᠡ ᠲᠠᠪᠴᠠᠩ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ  ᠂ ᠡᠷᠡᠭᠦᠯ ᠮᠡᠨᠳᠦ ᠵᠢᠨ ᠣᠨᠣᠯᠵᠢᠬᠤᠨ  ᠂ ᠡᠷᠡᠭᠦᠯ ᠮᠡᠨᠳᠦ ᠵᠢᠨ ᠮᠡᠳᠡᠯᠭᠡ ᠪᠠ ᠤᠷ᠎ᠠ ᠴᠢᠳᠠᠪᠤᠷᠢ ᠵᠢ ᠥᠷᠭᠡᠨ ᠵᠶ᠋ᠡᠷ ᠤᠯᠠᠮᠵᠢᠯᠠᠨ ᠲᠠᠷᠬᠠᠭ᠋ᠠᠵᠤ  ᠂ ᠣᠯᠠᠨ ᠲᠦᠮᠡᠨ᠎ᠳᠤ ᠨᠠᠩ ᠨᠠᠷᠢᠯᠢᠭ ᠪᠥᠭᠡᠳ ᠵᠢᠷᠤᠮᠵᠢᠭᠰᠠᠨ ᠡᠷᠡᠭᠦᠯ ᠮᠡᠨᠳᠦ ᠵᠢᠨ ᠬᠥᠮᠦᠵᠢᠯ᠎ᠤᠨ ᠦᠢ᠍ᠯᠡᠴᠢᠯᠡᠭᠡ ᠬᠠᠩᠭ᠋ᠠᠨ᠎ᠠ  ᠃ ᠡᠷᠡᠭᠦᠯ ᠡᠩᠬᠡ ᠥᠪᠥᠷ ᠮᠣᠩᠭᠣᠯ᠎ᠤᠨ ᠵᠦᠢ ᠵᠣᠬᠢᠰᠲᠠᠢ ᠢᠳᠡᠭᠡᠨ ᠤᠮᠳᠠᠭ᠋ᠠᠨ᠎ᠤ ᠠᠵᠢᠯᠯᠠᠭ᠎ᠠ ᠵᠢ ᠨᠠᠢ᠌ᠳᠠᠪᠤᠷᠢᠵᠢᠭᠤᠯᠵᠤ  ᠂ ᠰᠠᠭᠤᠭ᠋ᠠᠯᠢ ᠠᠷᠠᠳ᠎ᠤᠨ ᠰᠢᠮ᠎ᠡ ᠲᠡᠵᠢᠭᠡᠯ ᠬᠦᠷᠦᠯᠴᠡᠬᠦ ᠦᠭᠡᠢ ᠪᠠ ᠦᠯᠡᠭᠦᠳᠡᠯ ᠵᠡᠷᠭᠡᠪᠡᠷ ᠣᠷᠣᠰᠢᠵᠤ ᠪᠠᠢ᠌ᠭ᠎ᠠ ᠠᠰᠠᠭᠤᠳᠠᠯ᠎ᠤᠨ ᠲᠣᠭᠣᠷᠢᠨ᠎ᠳᠤ  ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ ᠪᠠ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠭ᠎ᠠ ᠵᠢ ᠴᠢᠩᠭ᠋ᠠᠳᠬᠠᠵᠤ  ᠂ ᠰᠡᠷᠭᠡᠢ᠌ᠯᠡᠬᠦ᠎ᠪᠠᠷ   ᠭᠣᠣᠯ ᠪᠣᠯᠭ᠋ᠠᠬᠤ ᠵᠢ ᠪᠠᠷᠢᠮᠲᠠᠯᠠᠨ  ᠂ ᠭᠣᠣᠯᠳᠠᠯᠭ᠎ᠠ᠎ᠲᠠᠢ ᠬᠥᠮᠥᠰ᠎ᠤᠨ ᠰᠢᠮ᠎ᠡ ᠲᠡᠵᠢᠭᠡᠯ᠎ᠳᠤ ᠭᠠᠷ ᠲᠦᠷᠦᠭᠦ ᠵᠢ ᠬᠡᠷᠡᠭᠵᠢᠭᠦᠯᠵᠦ  ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠢᠳᠡᠭᠡᠨ ᠤᠮᠳᠠᠭ᠋ᠠᠨ᠎ᠤ ᠰᠢᠮ᠎ᠡ ᠲᠡᠵᠢᠭᠡᠯ᠎ᠤᠨ ᠮᠡᠳᠡᠯᠭᠡ ᠵᠢ ᠪᠥᠬᠥ ᠲᠠᠯ᠎ᠠ᠎ᠪᠠᠷ ᠰᠠᠭᠤᠭ᠋ᠠᠯᠢ ᠠᠷᠠᠳ ᠪᠣᠯ ᠲᠣᠰ ᠪᠡᠶ᠎ᠡ ᠵᠢᠨ ᠡᠷᠡᠭᠦᠯ ᠮᠡᠨᠳᠦ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠣᠨᠣᠯᠵᠢᠬᠤᠨ ᠦᠵᠡᠯ ᠤᠬᠠᠮᠰᠠᠷ᠎ᠢ ᠰᠠᠨᠠᠭ᠋ᠠᠴᠢᠯᠠᠬᠤ ᠵᠢᠨ ᠬᠠᠮᠲᠤ ᠠᠯᠬᠤᠮ ᠠᠯᠬᠤᠮ ᠵᠶ᠋ᠠᠷ ᠪᠠᠲᠤ ᠪᠠᠬᠢ ᠪᠣᠶ ᠪᠣᠯᠭ᠋ᠠᠵᠤ  ᠂ ᠨᠢᠭᠡᠴᠡ  ᠂ ᠨᠡᠢ᠌ᠭᠡᠮ ᠲᠣᠭᠣᠷᠢᠭ  ᠂ ᠭᠡᠷ ᠪᠦᠯᠢ  ᠂ ᠰᠠᠭᠤᠭ᠋ᠠᠯᠢ ᠠᠷᠠᠳ  ᠂ ᠬᠤᠪᠢ ᠬᠥᠮᠥᠨ  ᠂ ᠢᠳᠡᠭᠡᠨ ᠦᠢ᠍ᠯᠡᠳᠪᠦᠷᠢᠯᠡᠬᠦ ᠠᠵᠤ ᠠᠬᠤᠢ᠌ᠯᠠᠯ᠎ᠢ ᠵᠣᠷᠢᠭᠵᠢᠭᠤᠯᠤᠨ ᠬᠥᠲᠥᠯᠥᠨ ᠵᠢᠯᠤᠭᠣᠳᠴᠤ ᠪᠠᠢ᠌ᠭ᠋ᠠᠳ ᠬᠥᠳᠡᠯᠦᠯᠴᠡᠵᠦ  ᠂ ᠵᠦᠢ ᠵᠣᠬᠢᠰᠲᠠᠢ ᠢᠳᠡᠰᠢ ᠵᠢᠨ ᠠᠵᠢᠯᠯᠠᠭ᠎ᠠ᠎ᠳᠤ ᠢᠳᠡᠪᠬᠢᠲᠡᠢ ᠠᠭᠤᠰᠤᠯᠴᠠᠭᠤᠯᠤᠨ  ᠂ ᠪᠥᠬᠥ ᠨᠡᠢ᠌ᠭᠡᠮ ᠵᠶ᠋ᠡᠷ ᠵᠶ᠋ᠡᠨ ᠥᠷᠭᠡᠨ ᠵᠶ᠋ᠡᠷ ᠣᠷᠤᠯᠴᠠᠬᠤ  ᠂ ᠬᠠᠮᠲᠤᠪᠠᠷ ᠪᠠᠢ᠌ᠭᠤᠯᠵᠤ ᠬᠠᠮᠲᠤᠪᠠᠷ ᠭᠥᠷᠳᠡᠬᠦ ᠰᠠᠢ᠌ᠨ ᠰᠠᠢ᠌ᠬᠠᠨ ᠪᠠᠢ᠌ᠳᠠᠯ᠎ᠢ ᠪᠣᠶ ᠪᠣᠯᠭ᠋ᠠᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠰᠡᠳᠬᠢᠴᠡ ᠵᠢᠨ ᠡᠷᠡᠭᠦᠯ ᠮᠡᠨᠳᠦ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠵᠦ  ᠂ ᠰᠠᠭᠤᠭ᠋ᠠᠯᠢ ᠠᠷᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠬᠡᠪ ᠦᠨᠳᠦᠰᠦᠨ ᠱᠠᠲᠤᠨ᠎ᠤ ᠶᠡᠷᠦᠩᠬᠡᠢ᠌ᠯᠡᠨ ᠵᠠᠰᠠᠬᠤ ᠲᠥᠪ ᠪᠣᠯᠣᠨ ᠬᠣᠲᠠ ᠬᠥᠳᠡᠭᠡ ᠵᠢᠨ ᠨᠡᠢ᠌ᠭᠡᠮ ᠲᠣᠭᠣᠷᠢᠭ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ ᠵᠡᠷᠭᠡ᠎ᠳᠤ ᠲᠦᠰᠢᠭᠯᠡᠨ  ᠂ ᠰᠤᠮᠤ ᠰᠢᠶᠠᠩ ᠪᠠᠯᠭ᠋ᠠᠰᠤ (  ᠵᠡᠭᠡᠯᠢ ᠭᠤᠳᠤᠮᠵᠢ  ) ᠪᠣᠯᠣᠨ ᠭᠠᠴᠠᠭ᠎ᠠ ᠲᠣᠰᠬᠣᠨ (  ᠨᠡᠢ᠌ᠭᠡᠮ ᠲᠣᠭᠣᠷᠢᠭ  )᠎ᠳᠤ ᠰᠡᠳᠬᠢᠴᠡ ᠵᠢᠨ ᠯᠠᠪᠯᠠᠯᠭ᠎ᠠ ᠵᠢᠨ ᠲᠠᠰᠤᠭ ᠪᠤᠶᠤ ᠨᠡᠢ᠌ᠭᠡᠮ᠎ᠤᠨ ᠠᠵᠢᠯᠯᠠᠬᠤ ᠲᠠᠰᠤᠭ ᠪᠠᠶ᠋ᠢᠭᠤᠯᠬᠤ ᠵᠢ ᠠᠬᠢᠭᠤᠯᠤᠨ᠎ᠠ  ᠃ ᠭᠠᠩᠰᠠᠷᠠᠯ᠎ᠤᠨ ᠭᠡᠮ᠂ ᠥᠲᠡᠭᠦᠰ᠎ᠤᠨ ᠵᠥᠨᠥᠭᠰᠢᠷᠡᠯ᠎ᠢ ᠨᠡᠢ᠌ᠭᠡᠮ ᠲᠣᠭᠣᠷᠢᠭ᠎ᠲᠤ ᠶᠡᠷᠦᠩᠬᠡᠢ᠌ᠯᠡᠨ ᠬᠠᠮᠢᠶᠠᠷᠬᠤ ᠵᠠᠭᠪᠤᠷ᠎ᠢ ᠬᠠᠢ᠌ᠨ ᠰᠦᠪᠡᠭᠴᠢᠯᠡᠨ᠎ᠡ᠃

      (  ᠠᠷᠪᠠᠨ ᠨᠠᠢ᠍ᠮᠠ  ) ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠢ ᠭᠦᠨᠵᠡᠭᠡᠢ ᠥᠷᠨᠢᠭᠦᠯᠦᠨ᠎ᠡ  ᠃ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠤ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢ᠍ᠯᠡᠳᠦᠯ᠎ᠢ ᠪᠠᠳᠠᠷᠠᠭᠤᠯᠵᠤ  ᠂ ᠶᠠᠳᠠᠭᠤ ᠎ᠠᠴᠠ ᠠᠩᠭᠢᠵᠢᠷᠠᠭᠰᠠᠨ ᠭᠠᠵᠠᠷ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠵᠢ ᠦᠷᠭᠦᠯᠵᠢᠯᠡᠨ ᠠᠬᠢᠭᠤᠯᠤᠨ᠎ᠠ᠃ ᠭᠣᠣᠯᠳᠠᠯᠭ᠎ᠠ᠎ᠲᠠᠢ ᠲᠠᠯᠠᠪᠤᠷ ᠭᠠᠵᠠᠷ  ᠂ ᠪᠠᠭᠤᠷᠠᠢ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ  ᠂ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ  ᠂ ᠪᠣᠬᠢᠷ ᠤᠰᠤ  ᠂ ᠵᠣᠷᠯᠣᠩ ᠵᠡᠷᠭᠡ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ  ᠂ ᠠᠢ᠌ᠯ ᠲᠣᠰᠬᠣᠨ᠎ᠤ ᠠᠷᠢᠭᠤᠨ ᠴᠡᠪᠡᠷ᠎ᠤᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ  ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠠᠢ᠌ᠭᠤᠯᠤᠨ᠎ᠠ  ᠃ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠤ ᠰᠣᠶᠣᠯ᠎ᠤᠨ ᠳᠠᠪᠠᠭᠤᠯᠢᠭ ᠪᠣᠯᠣᠨ ᠣᠯᠠᠨ ᠲᠦᠮᠡᠨ᠎ᠢ ᠳᠠᠢ᠌ᠴᠢᠯᠠᠬᠤ ᠳᠠᠪᠠᠭᠤᠯᠢᠭ᠎ᠢ ᠪᠠᠳᠠᠷᠠᠭᠤᠯᠵᠤ  ᠂ ᠡᠷᠡᠭᠦᠯ ᠡᠩᠬᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯ᠎ᠢ ᠶᠡᠬᠡᠪᠡᠷ ᠥᠷᠨᠢᠭᠦᠯᠵᠦ  ᠂ ᠡᠷᠡᠭᠦᠯ ᠡᠩᠬᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠤᠰᠬᠠᠢ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠦᠨ  ᠂ ᠡᠷᠡᠭᠦᠯ ᠡᠩᠬᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠬᠠᠮᠵᠢᠯᠴᠠᠬᠤ ᠲᠣᠭᠲᠠᠴᠠ  ᠂ ᠮᠡᠳᠡᠭᠡ ᠵᠠᠩᠭᠢ ᠨᠡᠢ᠌ᠲᠡᠯᠡᠬᠦ ᠳᠦᠷᠢᠮ ᠪᠠ ᠡᠷᠡᠭᠦᠯ ᠡᠩᠬᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠤᠰᠬᠠᠢ ᠮᠡᠷᠭᠡᠵᠢᠯᠲᠡᠨ᠎ᠤ ᠬᠥᠮᠥᠷᠭᠡ  ᠂ ᠡᠬᠢ ᠪᠠᠶᠠᠯᠢᠭ᠎ᠤᠨ ᠬᠥᠮᠥᠷᠭᠡ ᠵᠢ ᠪᠠᠢ᠌ᠭᠤᠯᠵᠤ  ᠂ ᠥᠪᠡᠷᠲᠡᠭᠡᠨ ᠵᠠᠰᠠᠬᠤ ᠣᠷᠣᠨ  ᠂ ᠠᠢ᠌ᠮᠠᠭ ᠬᠣᠲᠠ  ᠂ ᠬᠣᠰᠢᠭᠤ ᠰᠢᠶᠠᠨ ᠭᠤᠷᠪᠠᠨ ᠱᠠᠲᠤᠨ᠎ᠤ ᠡᠷᠬᠡ ᠰᠦᠷᠲᠦ ᠡᠷᠡᠭᠦᠯ ᠡᠩᠬᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠲᠠᠪᠴᠠᠩ᠎ᠢ ᠪᠣᠶ ᠪᠣᠯᠭ᠋ᠠᠵᠤ  ᠂ ᠡᠷᠡᠭᠦᠯ ᠡᠩᠬᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠪᠦᠷᠢᠨ ᠲᠡᠭᠦᠯᠳᠡᠷ ᠤᠯᠠᠮᠵᠢᠯᠠᠬᠤ ᠰᠢᠰᠲ᠋ᠧᠮᠵᠢ ᠵᠢ ᠪᠠᠢ᠌ᠭᠤᠯᠤᠨ᠎ᠠ  ᠃ ᠡᠷᠡᠭᠦᠯ ᠮᠡᠨᠳᠦ ᠵᠢᠨ ᠴᠡᠴᠡᠷᠯᠢᠭ  ᠂ ᠡᠷᠡᠭᠦᠯ ᠮᠡᠨᠳᠦ ᠵᠢᠨ ᠶᠠᠪᠠᠭ᠋ᠠᠨ ᠵᠠᠮ  ᠂ ᠭᠡᠷ᠎ᠤᠨ ᠭᠠᠳᠠᠨᠠᠬᠢ ᠡᠷᠡᠭᠦᠯ ᠮᠡᠨᠳᠦ ᠵᠢᠨ ᠤᠬᠠᠭᠤᠯᠭ᠎ᠠ ᠵᠢᠨ ᠪᠤᠯᠤᠩ (  ᠫᠠᠢ᠌ᠰᠠ  ) ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠭᠰᠠᠭ᠋ᠠᠯ᠎ᠤᠨ ᠭᠠᠵᠠᠷ᠎ᠢ ᠪᠡᠬᠢᠵᠢᠭᠦᠯᠦᠨ ᠲᠡᠭᠦᠯᠳᠡᠷᠵᠢᠭᠦᠯᠵᠦ  ᠂ ᠡᠷᠡᠭᠦᠯ ᠮᠡᠨᠳᠦ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠤᠷᠤᠯᠳᠤᠭ᠋ᠠᠨ  ᠂ ᠡᠷᠡᠭᠦᠯ ᠮᠡᠨᠳᠦ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠪᠦᠲᠦᠭᠡᠯ᠎ᠢ ᠰᠢᠯᠭ᠋ᠠᠷᠠᠭᠤᠯᠬᠤ ᠪᠠ ᠳᠡᠯᠭᠡᠷᠡᠭᠦᠯᠬᠦ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ  ᠃ ᠮᠠᠯᠵᠢᠬᠤ ᠲᠠᠷᠢᠶᠠᠯᠠᠬᠤ ᠣᠷᠣᠨ᠎ᠤ ᠣᠯᠠᠨ ᠲᠦᠮᠡᠨ᠎ᠤ ᠪᠣᠯᠪᠠᠰᠤᠨ ᠡᠷᠡᠭᠦᠯ ᠬᠠᠮᠠᠭ᠋ᠠᠯᠠᠯ᠎ᠤᠨ ᠦᠵᠡᠯ ᠤᠬᠠᠮᠰᠠᠷ᠎ᠢ ᠴᠢᠩᠭ᠋ᠠᠷᠠᠭᠤᠯᠵᠤ  ᠂ ᠮᠠᠭᠤ ᠳᠠᠳᠬᠠᠯ᠎ᠢ ᠠᠷᠢᠯᠭ᠋ᠠᠵᠤ  ᠂ ᠡᠷᠡᠭᠦᠯ ᠬᠠᠮᠠᠭ᠋ᠠᠯᠠᠯ᠎ᠤᠨ ᠰᠠᠢ᠌ᠨ ᠰᠠᠢ᠌ᠬᠠᠨ ᠳᠠᠳᠬᠠᠯ ᠪᠠ ᠪᠣᠯᠪᠠᠰᠤᠨ ᠡᠷᠡᠭᠦᠯ ᠴᠢᠭᠢᠷᠠᠭ  ᠂ ᠪᠣᠬᠢᠷᠳᠤᠯ ᠦᠭᠡᠢ ᠣᠷᠴᠢᠨ ᠲᠣᠭᠣᠷᠢᠨ᠎ᠢ ᠬᠠᠮᠠᠭ᠋ᠠᠯᠠᠬᠤ ᠠᠮᠢᠳᠤᠷᠠᠯ᠎ᠤᠨ ᠠᠷᠭ᠎ᠠ ᠮᠠᠶᠢᠭ᠎ᠢ ᠪᠣᠶ ᠪᠣᠯᠭ᠋ᠠᠵᠤ  ᠂ ᠮᠠᠯᠵᠢᠬᠤ ᠲᠠᠷᠢᠶᠠᠯᠠᠬᠤ ᠣᠷᠣᠨ᠎ᠤ ᠣᠯᠠᠨ ᠲᠦᠮᠡᠨ᠎ᠤ ᠠᠮᠢ ᠠᠬᠤᠢ ᠵᠢᠨ ᠣᠷᠴᠢᠨ ᠲᠣᠭᠣᠷᠢᠨ ᠬᠢᠭᠡᠳ ᠡᠷᠡᠭᠦᠯ ᠮᠡᠨᠳᠦ ᠵᠢᠨ ᠬᠡᠪ ᠪᠣᠯᠪᠠᠰᠤᠷᠠᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ  ᠂ ᠮᠠᠯᠵᠢᠬᠤ ᠲᠠᠷᠢᠶᠠᠯᠠᠬᠤ ᠣᠷᠣᠨ᠎ᠤ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠠᠮᠢ ᠠᠬᠤᠢ ᠵᠢᠨ ᠣᠷᠴᠢᠨ ᠲᠣᠭᠣᠷᠢᠨ᠎ᠢ ᠰᠠᠢ᠌ᠵᠢᠷᠠᠭᠤᠯᠬᠤ᠎ᠳᠤ ᠰᠠᠨᠠᠭ᠋ᠠᠴᠢᠯᠠᠭ᠎ᠠ ᠎ᠠᠴᠠ᠎ᠪᠠᠨ ᠣᠷᠣᠯᠴᠠᠭᠤᠯᠵᠤ  ᠂ ᠬᠠᠮᠲᠤᠪᠠᠷ ᠪᠠᠢ᠌ᠭᠤᠯᠵᠤ ᠬᠠᠮᠲᠤᠪᠠᠷ ᠭᠥᠷᠳᠡᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠨ᠎ᠠ  ᠃

       ᠲᠠᠪᠤ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ

      (  ᠠᠷᠪᠠ ᠶᠢᠰᠦ  ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ  ᠃ ᠥᠪᠡᠷᠲᠡᠭᠡᠨ ᠵᠠᠰᠠᠬᠤ ᠣᠷᠣᠨ᠎ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ  ᠂ ᠬᠣᠲᠠ ᠰᠢᠶᠠᠨ ᠰᠢᠶᠠᠩ᠎ᠠᠴᠠ ᠨᠠᠢ᠌ᠳᠠᠪᠤᠷᠢᠵᠢᠭᠤᠯᠤᠯᠲᠠ ᠵᠢ ᠠᠳᠬᠤᠬᠤ ᠠᠵᠢᠯ᠎ᠤᠨ ᠲᠣᠭᠲᠠᠴᠠ ᠵᠢ ᠨᠠᠢ᠌ᠳᠠᠪᠤᠷᠢᠵᠢᠭᠤᠯᠵᠤ  ᠂ ᠡᠷᠡᠭᠦᠯ ᠡᠩᠬᠡ᠎ᠪᠠᠷ ᠶᠠᠳᠠᠭᠤ ᠵᠢ ᠲᠡᠳᠬᠦᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠪᠡᠬᠢᠵᠢᠭᠦᠯᠦᠨ ᠥᠷᠭᠡᠳᠬᠡᠬᠦ ᠵᠢ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠵᠢ ᠪᠡᠶᠡᠯᠡᠭᠦᠯᠬᠦ ᠰᠢᠢ᠍ᠳᠪᠦᠷᠢᠲᠦ ᠪᠣᠳᠣᠯᠭ᠎ᠠ ᠬᠡᠷᠡᠭ ᠵᠥᠪᠯᠡᠵᠦ ᠵᠣᠬᠢᠴᠠᠭᠤᠯᠬᠤ ᠠᠵᠢᠯ᠎ᠤᠨ ᠲᠣᠭᠲᠠᠴᠠ᠎ᠳᠤ ᠣᠷᠣᠭᠤᠯᠤᠨ ᠨᠢᠭᠡᠳᠦᠯᠲᠡᠢ ᠪᠠᠢ᠌ᠷᠢᠯᠠᠭᠤᠯᠤᠨ ᠠᠬᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠢ᠌ᠳᠠᠪᠤᠷᠢᠵᠢᠭᠤᠯᠬᠤ ᠲᠥᠰᠥᠯ᠎ᠢ ᠲᠣᠭᠲᠠᠭ᠋ᠠᠵᠤ᠂ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠎ᠢ ᠲᠣᠳᠣᠷᠬᠠᠢ ᠪᠣᠯᠭ᠋ᠠᠵᠤ᠂ ᠲᠦᠷᠦ ᠵᠢᠨ ᠪᠣᠳᠣᠯᠭ᠎ᠠ ᠵᠢ ᠵᠣᠯᠭ᠋ᠠᠭᠤᠯᠬᠤ᠂ ᠲᠣᠭᠲᠠᠴᠠ ᠵᠢᠨ ᠬᠡᠯᠪᠡᠷᠢ ᠵᠢ ᠬᠤᠪᠢᠷᠠᠭᠤᠯᠬᠤ᠂ ᠡᠭᠦᠷᠭᠡ ᠵᠢ ᠨᠠᠢ᠌ᠳᠠᠪᠤᠷᠢᠵᠢᠭᠤᠯᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠬᠢᠵᠦ᠂ ᠲᠦᠷᠦ ᠵᠢᠨ ᠪᠣᠳᠣᠯᠭ᠎ᠠ ᠵᠢ ᠲᠣᠭᠲᠠᠭᠤᠨ ᠵᠶ᠋ᠠᠷ ᠰᠢᠯᠵᠢᠭᠦᠯᠬᠦ᠂ ᠪᠣᠳᠠᠲᠠᠢ᠎ᠪᠠᠷ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃

      (  ᠬᠣᠷᠢ  ) ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ  ᠃ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ  ᠂ ᠲᠥᠷᠥ ᠵᠢᠨ ᠪᠣᠳᠣᠯᠭ᠎ᠠ ᠪᠠ ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ  ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠠᠴᠠ ᠡᠷᠡᠭᠦᠯ ᠮᠡᠨᠳᠦ᠎ᠪᠠᠷ ᠶᠠᠳᠠᠭᠤ ᠵᠢ ᠲᠡᠳᠬᠦᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ  ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠰᠢᠮᠳᠠᠭᠤᠯᠬᠤ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠨᠢ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠠᠮᠢᠶ᠎ᠠ ᠪᠦᠬᠦᠢ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠬᠦᠷᠢᠶ᠎ᠡ ᠴᠠᠷᠠᠭ᠎ᠠ ᠵᠢᠨ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠷᠪᠠᠨ ᠪᠦᠷᠢᠨ ᠬᠢᠭᠡᠳ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠲᠥᠰᠥᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ  ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠣᠲᠣ ᠵᠢᠨ ᠬᠡᠷᠡᠭᠵᠢᠭᠦᠯᠵᠦ ᠪᠠᠢ᠌ᠭ᠎ᠠ ᠠᠷᠭ᠎ᠠ ᠵᠠᠮ ᠵᠶ᠋ᠠᠷ ᠳᠠᠮᠵᠢᠭᠤᠯᠤᠨ ᠪᠡᠯᠡ ᠮᠥᠩᠭᠥ ᠵᠢᠨ ᠪᠠᠲᠤᠯᠠᠭ᠎ᠠ ᠵᠢ ᠰᠠᠢ᠌ᠲᠤᠷ ᠬᠢᠬᠦ ᠬᠡᠷᠡᠭᠲᠡᠢ  ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ  ᠂ ᠣᠨᠴᠠ ᠬᠦᠴᠢᠷᠳᠡᠯᠲᠡᠢ ᠬᠥᠮᠥᠰ ᠵᠡᠷᠭᠡ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢ ᠮᠠᠭ᠋ᠠᠳᠯᠠᠨ ᠲᠣᠭᠲᠠᠭ᠋ᠠᠬᠤ ᠵᠢ ᠬᠠᠷᠢᠭᠤᠴᠠᠵᠤ  ᠂ ᠬᠥᠳᠡᠭᠡ ᠲᠣᠰᠬᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ  ᠂ ᠣᠨᠴᠠ ᠬᠦᠴᠢᠷᠳᠡᠯᠲᠡᠢ ᠬᠥᠮᠥᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ  ᠂ ᠲᠦᠷ ᠴᠠᠭ ᠲᠡᠩᠬᠡᠷᠡᠭᠦᠯᠦᠨ ᠲᠤᠰᠠᠯᠠᠬᠤ ᠵᠡᠷᠭᠡ ᠠᠵᠢᠯ᠎ᠢ ᠰᠠᠢ᠌ᠲᠤᠷ ᠬᠢᠨ᠎ᠡ  ᠃ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠤᠳ ᠡᠯ᠎ᠡ ᠵᠦᠢ᠍ᠯ᠎ᠤᠨ ᠡᠮᠴᠢᠯᠡᠭᠡᠨ᠎ᠤ ᠪᠠᠲᠤᠯᠠᠭ᠎ᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ (  ᠶᠠᠳᠠᠭᠤ ᠵᠢ ᠲᠡᠳᠬᠦᠬᠦ  ) ᠰᠠᠯᠠᠭ᠎ᠠ ᠮᠥᠴᠢᠷ᠎ᠨᠢ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠳᠠᠬᠢᠨ ᠶᠠᠳᠠᠭᠤᠷᠠᠬᠤ ᠎ᠠᠴᠠ ᠪᠣᠯᠵᠤ ᠶᠠᠳᠠᠭᠤᠷᠠᠭᠰᠠᠨ ᠬᠥᠮᠥᠨ ᠠᠮᠠ ᠵᠢ ᠮᠠᠭ᠋ᠠᠳᠯᠠᠨ ᠲᠣᠭᠲᠠᠭ᠋ᠠᠬᠤ ᠵᠢ ᠬᠠᠷᠢᠭᠤᠴᠠᠵᠤ  ᠂ ᠲᠣᠭ᠎ᠠ ᠪᠠᠷᠢᠮᠲᠠ ᠵᠢ ᠬᠠᠮᠲᠤᠪᠠᠷ ᠭᠥᠷᠳᠡᠬᠦ ᠪᠠ ᠵᠣᠯᠭ᠋ᠠᠭᠤᠯᠬᠤ ᠵᠢ ᠰᠠᠢ᠌ᠲᠤᠷ ᠬᠢᠨ᠎ᠡ  ᠃ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠮᠡᠷᠭᠡᠵᠢᠯ᠎ᠤᠨ ᠴᠣᠯᠠ ᠦᠨᠡᠯᠡᠨ ᠲᠣᠭᠲᠠᠭ᠋ᠠᠬᠤ  ᠂ ᠴᠠᠯᠢᠩ ᠣᠯᠭᠣᠮᠵᠢ  ᠂ ᠬᠥᠳᠡᠭᠡ ᠲᠣᠰᠬᠣᠨ᠎ᠤ ᠡᠮᠴᠢ ᠵᠢᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠤᠯᠴᠠᠬᠤ ᠵᠡᠷᠭᠡ ᠲᠥᠷᠥ ᠵᠢᠨ ᠲᠠᠷᠢᠶᠠᠯᠠᠩ ᠮᠠᠯ ᠠᠵᠤ ᠠᠬᠤᠢ  ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ  ᠂ ᠠᠮᠢ ᠠᠬᠤᠢ ᠵᠢᠨ ᠣᠷᠴᠢᠨ ᠲᠣᠭᠣᠷᠢᠨ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ (  ᠶᠠᠳᠠᠭᠤ ᠵᠢ ᠲᠡᠳᠬᠦᠬᠦ  ) ᠵᠡᠷᠭᠡ ᠰᠠᠯᠠᠭ᠎ᠠ ᠮᠥᠴᠢᠷ᠎ᠤᠳ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠤ ᠬᠠᠮᠢᠶ᠎ᠠ ᠪᠦᠬᠦᠢ ᠠᠵᠢᠯ᠎ᠢ ᠬᠠᠷᠢᠭᠤᠴᠠᠨ᠎ᠠ  ᠃ ᠴᠢᠮᠡᠭᠡ ᠬᠣᠯᠪᠣᠭ᠎ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠯᠤᠰ ᠡᠵᠡᠮᠰᠢᠯᠲᠦ ᠡᠮᠴᠢᠯᠡᠭᠡᠨ᠎ᠤ  ᠲᠣᠣᠷ  ᠰᠦᠯᠵᠢᠶ᠎ᠡ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠡᠷᠢᠭ ᠠᠩᠭᠢ ᠵᠢᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠴᠡᠷᠢᠭ ᠠᠩᠭᠢ ᠵᠢᠨ ᠰᠢᠰᠲ᠋ᠧᠮ᠎ᠤᠨ ᠭᠤᠷᠪᠠᠳᠤᠭ᠋ᠠᠷ ᠳᠡᠰ᠎ᠤᠨ ᠡᠮᠨᠡᠯᠭᠡ ᠵᠢᠨ ᠬᠣᠷᠢᠶ᠎ᠠ ᠵᠢᠨ ᠠᠵᠢᠯ ᠲᠥᠷᠥᠯ ᠵᠶ᠋ᠡᠷ ᠵᠶ᠋ᠡᠨ ᠣᠷᠣᠨ ᠨᠤᠲᠤᠭ᠎ᠢ ᠲᠡᠮᠵᠢᠬᠦ ᠠᠵᠢᠯ᠎ᠢ ᠬᠠᠷᠢᠭᠤᠴᠠᠨ᠎ᠠ᠃

      (  ᠬᠣᠷᠢᠨ ᠨᠢᠭᠡ  ) ᠬᠡᠯᠪᠡᠢ᠌ᠯᠭᠡᠵᠦ ᠳᠡᠮᠵᠢᠬᠦ ᠵᠢ ᠴᠢᠩᠭ᠋ᠠᠳᠬᠠᠨ᠎ᠠ  ᠃ ᠣᠲᠣ ᠵᠢᠨ ᠪᠠᠢ᠌ᠭ᠎ᠠ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ᠎ᠤ ᠡᠯ᠎ᠡ ᠲᠥᠷᠥᠯ᠎ᠤᠨ ᠣᠷᠣᠭᠤᠯᠤᠯᠲᠠ ᠵᠢᠨ ᠲᠥᠷᠥ ᠵᠢᠨ ᠪᠣᠳᠣᠯᠭ᠎ᠠ  ᠂ ᠪᠡᠯᠡ ᠮᠥᠩᠭᠥ ᠪᠠ ᠲᠥᠷᠥᠯ ᠵᠦᠢ᠍ᠯ᠎ᠢ ᠰᠢᠯᠵᠢᠯᠲᠡ ᠵᠢᠨ ᠬᠤᠭᠤᠴᠠᠭ᠋ᠠᠨ᠎ᠳᠤ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠬᠤ ᠵᠢ ᠪᠠᠲᠤᠯᠠᠬᠤ ᠵᠢᠨ ᠬᠠᠮᠲᠤ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ   ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ ᠳᠠᠰᠢ ᠬᠡᠯᠪᠡᠢ᠌ᠯᠭᠡᠨ᠎ᠡ᠃ ᠥᠪᠡᠷᠲᠡᠭᠡᠨ ᠵᠠᠰᠠᠬᠤ ᠣᠷᠣᠨ  ᠂ ᠠᠢ᠌ᠮᠠᠭ ᠬᠣᠲᠠ ᠬᠣᠶᠠᠷ ᠱᠠᠲᠤᠨ᠎ᠤ ᠡᠳ᠋᠎ᠤᠨ ᠵᠠᠰᠠᠭ ᠎ᠠᠴᠠ ᠲᠣᠬᠢᠷᠠᠭᠤᠯᠤᠭᠰᠠᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠲᠥᠷᠥᠯ ᠵᠦᠢ᠍ᠯ᠎ᠤᠨ ᠪᠡᠯᠡ ᠮᠥᠩᠭᠥ ᠵᠢ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ   ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ ᠳᠠᠰᠢ ᠵᠣᠬᠢᠬᠤ ᠬᠡᠮᠵᠢᠶ᠎ᠡ᠎ᠪᠠᠷ ᠬᠡᠯᠪᠡᠢ᠌ᠯᠭᠡᠬᠦ ᠬᠡᠷᠡᠭᠲᠡᠢ᠃ ᠵᠡᠭᠦᠨ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠠᠮᠵᠢᠯᠴᠠᠭ᠎ᠠ᠂ ᠠᠵᠢᠯ ᠲᠦᠷᠦᠯ᠎ᠤᠨ ᠰᠢᠰᠲ᠋ᠧᠮ ᠵᠶ᠋ᠡᠷ ᠵᠶ᠋ᠡᠨ ᠳᠡᠮᠵᠢᠬᠦ ᠪᠠ ᠨᠡᠢ᠌ᠭᠡᠮ᠎ᠤᠨ ᠬᠦᠴᠦᠨ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠦᠷᠢᠶ᠎ᠡ ᠲᠡᠰᠢ ᠤᠯᠠᠮ ᠨᠢᠭᠡ ᠠᠯᠬᠤᠮ ᠬᠡᠯᠪᠡᠢ᠌ᠯᠭᠡᠪᠡ᠃

      (  ᠬᠣᠷᠢᠨ ᠬᠣᠶᠠᠷ  ) ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠬᠤ ᠬᠡᠷᠡᠭᠲᠡᠢ  ᠃ ᠵᠥᠪ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠪᠠᠷᠢᠮᠲᠠᠯᠠᠵᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠲᠤᠷᠰᠢᠯᠭ᠎ᠠ ᠵᠢ ᠪᠦᠬᠦ ᠲᠠᠯ᠎ᠠ᠎ᠪᠠᠷ ᠳ᠋ᠦᠩᠨᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠡᠷᠡᠭᠦᠯ ᠡᠩᠬᠡ᠎ᠪᠠᠷ ᠶᠠᠳᠠᠭᠤ ᠵᠢ ᠲᠡᠳᠬᠦᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠲᠦᠷᠦ ᠵᠢᠨ ᠪᠣᠳᠣᠯᠭ᠎ᠠ ᠵᠢᠨ ᠲᠠᠢ᠌ᠯᠤᠮᠵᠢ ᠵᠢ ᠴᠢᠩᠭ᠋ᠠᠳᠬᠠᠵᠤ᠂ ᠲᠦᠷᠦ ᠵᠢᠨ ᠪᠣᠳᠣᠯᠭ᠎ᠠ ᠵᠢᠨ ᠪᠣᠯᠪᠠᠰᠤᠷᠠᠯ᠎ᠢ ᠴᠢᠩᠭ᠋ᠠᠳᠬᠠᠵᠤ᠂ ᠤᠯᠠᠨ ᠠᠷᠭ᠎ᠠ ᠬᠡᠮᠵᠢᠶ᠎ᠡ᠎ᠪᠠᠷ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠡᠷᠡᠭᠦᠯ ᠬᠠᠮᠠᠭ᠋ᠠᠯᠠᠯ ᠡᠷᠡᠭᠦᠯ ᠡᠩᠬᠡ ᠵᠢᠨ ᠠᠵᠢᠯ ᠲᠦᠷᠦᠯ ᠪᠣᠯᠣᠨ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠤ ᠲᠦᠷᠦ ᠵᠢᠨ ᠪᠣᠳᠣᠯᠭ᠎ᠠ ᠵᠢ ᠣᠢ᠌ᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠵᠦ᠂ ᠨᠡᠢ᠌ᠭᠡᠮ᠎ᠤᠨ ᠵᠢᠱ᠌ᠢᠯᠲᠡ ᠵᠢ ᠬᠥᠲᠥᠯᠥᠨ ᠵᠢᠯᠣᠭᠣᠳᠤᠨ᠎ᠠ᠃ ᠡᠷᠡᠭᠦᠯ ᠡᠩᠬᠡ᠎ᠪᠠᠷ ᠶᠠᠳᠠᠭᠤ ᠵᠢ ᠲᠡᠳᠬᠦᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠭᠡᠳ ᠣᠯᠣᠭᠰᠠᠨ ᠠᠵᠢᠯ᠎ᠤᠨ ᠠᠬᠢᠴᠠ ᠪᠠ ᠦᠷ᠎ᠡ ᠪᠦᠲᠦᠮᠵᠢ ᠵᠢ ᠥᠷᠭᠡᠨ ᠵᠶ᠋ᠡᠷ ᠤᠬᠠᠭᠤᠯᠵᠤ  ᠂ ᠥᠷᠭᠡᠨ ᠣᠯᠠᠨ ᠡᠮᠨᠡᠯᠭᠡ ᠵᠢᠨ ᠠᠵᠢᠯᠲᠠᠳ᠎ᠤᠨ ᠮᠠᠯᠵᠢᠬᠤ ᠲᠠᠷᠢᠶᠠᠯᠠᠬᠤ ᠣᠷᠣᠨ᠎ᠳᠤ ᠭᠦᠨᠵᠡᠭᠡᠢ᠌ᠷᠡᠵᠦ  ᠂ ᠦᠨᠳᠦᠰᠦᠨ ᠱᠠᠲᠤᠨ᠎ᠳᠤ ᠭᠦᠨᠵᠡᠭᠡᠢ᠌ᠷᠡᠵᠦ ᠣᠯᠠᠨ ᠲᠦᠮᠡᠨ᠎ᠤ ᠡᠪᠡᠳᠴᠢᠨ ᠡᠮᠭᠡᠭ᠎ᠢ ᠠᠷᠢᠯᠭ᠋ᠠᠵᠤ ᠥᠭᠭᠦᠭᠰᠡᠨ ᠠᠮᠢᠳᠤᠯᠢᠭ ᠦᠢᠯᠡ ᠠᠵᠢᠯᠯᠠᠭ᠎ᠠ ᠵᠢ ᠥᠷᠭᠡᠨ ᠵᠶ᠋ᠡᠷ ᠤᠬᠠᠭᠤᠯᠵᠤ  ᠂ ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ  ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠵᠢ ᠦᠨᠡᠨᠬᠦ ᠴᠢᠩᠭ᠋ᠠᠳᠬᠠᠵᠤ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠤᠬᠠᠢ ᠬᠡᠷᠡᠭᠵᠢᠭᠦᠯᠬᠦ ᠰᠠᠨᠠᠯ
ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠭᠰᠡᠨ᠎ᠤ ᠳᠠᠷᠠᠭ᠋ᠠᠬᠢ ᠲᠡᠳᠬᠦᠨ ᠳᠡᠮᠵᠢᠬᠦ ᠠᠵᠢᠯ᠎ᠢ ᠦᠨᠡᠨ ᠬᠦ᠌ ᠰᠠᠢ᠌ᠲᠤᠷ ᠬᠢᠵᠦ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠵᠠᠰᠠᠭ ᠠᠯᠪᠠᠨ ᠲᠠᠷᠬᠠᠭ᠋ᠠᠭᠰᠠᠨ[2016]77 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠠᠰᠤᠵᠢᠯ᠎ᠤᠨ ᠠᠵᠤ ᠦᠢ᠍ᠯᠡᠰ᠎ᠤᠨ ᠲᠦᠷᠭᠡᠨ ᠬᠥᠭᠵᠢᠯᠲᠡ ᠵᠢ ᠠᠬᠢᠭᠤᠯᠬᠤ ᠲᠤᠬᠠᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            