ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
《ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢ ᠬᠡᠷᠡᠭᠵᠢᠭᠦᠯᠬᠦ ᠲᠥᠰᠥᠯ (2021 — 2025 ᠣᠨ ) 》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2022-11-22

ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ᠎ᠳᠤ  ᠄

      《  ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ ( 2021 — 2025 ᠣᠨ  )  》᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ  ᠂ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ  ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ  ᠂ ᠪᠣᠳᠠᠲᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ  ᠃

      

      

       ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠰᠢᠭᠦᠳ᠎ᠤᠨ ᠵᠥᠪᠯᠡᠯ᠎ᠤᠨ ᠠᠯᠪᠠᠨ ᠲᠢᠩᠬᠢᠮ

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ

      2022 ᠣᠨ᠎ᠤ 3 ᠰᠠᠷ᠎ᠠ ᠵᠢᠨ 4

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ ( 2021 — 2025 ᠣᠨ  )

       ᠨᠠᠮ᠎ᠤᠨ ᠲᠥᠪ ᠬᠣᠷᠢᠶ᠎ᠠ  ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠠᠬᠢᠭᠤᠯᠵᠤ  ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ  ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠯᠪᠠᠨ ᠲᠢᠩᠬᠢᠮ  ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《  ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠵᠢᠨ ᠲᠥᠰᠥᠯ ( 2021 — 2025 ᠣᠨ  )  》᠎ᠤᠨ ᠵᠣᠷᠢᠭ ᠰᠠᠨᠠᠭ᠎ᠠ ᠵᠢ ᠦᠨᠳᠦᠰᠦᠯᠡᠨ  ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ  ᠂ ᠲᠤᠤᠷᠠᠬᠢ ᠮᠡᠲᠦ ᠬᠡᠷᠡᠭᠵᠢᠭᠦᠯᠬᠦ ᠲᠥᠰᠥᠯ᠎ᠢ ᠲᠣᠭᠲᠠᠭ᠋ᠠᠨ᠎ᠠ  ᠃

       ᠨᠢᠭᠡ  ᠂ ᠶᠡᠷᠦᠩᠬᠡᠢ ᠱᠠᠭ᠋ᠠᠷᠳᠠᠯᠭ᠎ᠠ

      (ᠨᠢᠭᠡ) ᠵᠢᠯᠤᠭᠣᠳᠬᠤ ᠦᠵᠡᠯ ᠰᠠᠨᠠᠭ᠎ᠠ

       ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ  ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ  ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠵᠤ  ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ  ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠵᠢᠨ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ  ᠂ ᠵᠧᠵᠢᠶᠠᠩ᠎ᠤᠨ 《ᠮᠢᠩᠭ᠋ᠠᠨ ᠲᠣᠰᠬᠣᠨ ᠵᠶ᠋ᠠᠷ ᠵᠢᠱ᠌ᠢᠶ᠎ᠡ ᠦᠵᠡᠭᠦᠯᠵᠦ  ᠂ ᠲᠦᠮᠡᠨ ᠲᠣᠰᠬᠣᠨ᠎ᠢ ᠴᠡᠭᠴᠡᠯᠡᠨ ᠵᠠᠰᠠᠬᠤ》 ᠢᠨᠵᠧᠨᠧᠷᠢᠩ᠎ᠤᠨ ᠲᠤᠷᠰᠢᠯᠭ᠎ᠠ ᠵᠢ ᠰᠤᠷᠤᠯᠴᠠᠨ ᠳᠡᠯᠭᠡᠷᠡᠭᠦᠯᠵᠦ  ᠂ ᠮᠠᠯᠵᠢᠬᠤ ᠲᠠᠷᠢᠶᠠᠯᠠᠬᠤ ᠣᠷᠣᠨ᠎ᠤ ᠵᠣᠷᠯᠣᠩ᠎ᠤᠨ ᠬᠤᠪᠢᠰᠬᠠᠯ  ᠂ ᠠᠮᠢᠳᠤᠷᠠᠯ᠎ᠤᠨ ᠪᠣᠬᠢᠷ ᠤᠰᠤ ᠬᠣᠭ ᠨᠣᠪᠰᠢ ᠵᠢ ᠵᠠᠰᠠᠬᠤ  ᠂ ᠲᠣᠰᠬᠣᠨ᠎ᠤ ᠳᠦᠷᠰᠦ ᠪᠠᠢ᠌ᠳᠠᠯ᠎ᠢ ᠳᠡᠭᠡᠭᠰᠢᠯᠡᠭᠦᠯᠬᠦ ᠵᠡᠷᠭᠡ᠎ᠪᠠᠷ ᠭᠣᠣᠯᠳᠠᠯᠭ᠎ᠠ ᠪᠣᠯᠭ᠋ᠠᠵᠤ  ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ  ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ  ᠂ ᠥᠷᠭᠡᠨ ᠣᠯᠠᠨ ᠮᠠᠯᠴᠢᠨ ᠲᠠᠷᠢᠶᠠᠴᠢᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠨᠠᠩ ᠰᠠᠢ᠌ᠲᠤᠷ ᠬᠠᠩᠭ᠋ᠠᠵᠤ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ  ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠯᠲᠠ ᠵᠢ ᠲᠦᠷᠭᠡᠳᠬᠡᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ  ᠃

      (ᠬᠣᠶᠠᠷ) ᠦᠨᠳᠦᠰᠦᠨ ᠵᠠᠷᠴᠢᠮ

       ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ  ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ  ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ  ᠂ ᠲᠥᠷᠥᠯ ᠬᠤᠪᠢᠶᠠᠨ ᠬᠡᠮᠵᠢᠬᠦ ᠵᠢ ᠪᠠᠷᠢᠮᠲᠠᠯᠠᠨ  ᠂ ᠵᠡᠭᠦᠨ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠠᠳᠠᠯᠢ ᠪᠤᠰᠤ ᠪᠠᠢ᠌ᠭ᠋ᠠᠯᠢ ᠵᠢᠨ ᠣᠷᠴᠢᠨ ᠲᠣᠭᠣᠷᠢᠨ  ᠂ ᠠᠵᠤ ᠠᠬᠤᠢ ᠵᠢᠨ ᠬᠥᠭᠵᠢᠯᠲᠡ ᠵᠢᠨ ᠬᠢᠷᠢ ᠬᠡᠮᠵᠢᠶ᠎ᠡ  ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠣᠳᠣᠬᠢ ᠪᠠᠢ᠌ᠳᠠᠯ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ  ᠂ ᠵᠠᠰᠠᠬᠤ ᠪᠠᠷᠢᠮᠵᠢᠶ᠎ᠠ ᠪᠠ ᠬᠠᠷᠠᠯᠲᠠ ᠡᠭᠦᠷᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ  ᠂ ᠴᠢᠳᠠᠯ᠎ᠤᠨ ᠵᠶ᠋ᠠᠨ ᠬᠢᠷᠢ᠎ᠪᠠᠷ ᠬᠢᠬᠦ ᠬᠡᠷᠡᠭᠲᠡᠢ  ᠃ ᠤᠷᠢᠳᠠᠪᠠᠷ ᠲᠥᠯᠥᠪᠵᠢᠭᠦᠯᠬᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠤᠷᠢᠳᠠᠪᠠᠷ ᠲᠥᠯᠥᠪᠵᠢᠭᠦᠯᠵᠦ ᠳᠠᠷᠠᠭ᠎ᠠ᠎ᠨᠢ ᠪᠦᠲᠦᠭᠡᠨ ᠪᠠᠶ᠋ᠢᠭᠤᠯᠬᠤ ᠵᠢ ᠪᠠᠷᠢᠮᠲᠠᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠥᠯᠦᠪᠵᠢᠭᠦᠯᠭᠡ᠎ᠲᠠᠢ ᠵᠣᠯᠭ᠋ᠠᠭᠤᠯᠬᠤ ᠵᠢ ᠴᠢᠩᠭ᠋ᠠᠳᠬᠠᠵᠤ᠂ ᠡᠯ᠎ᠡ ᠲᠦᠷᠦᠯ᠎ᠤᠨ ᠡᠬᠢ ᠪᠠᠶᠠᠯᠢᠭ᠎ᠢ ᠨᠡᠢ᠌ᠳᠬᠡᠵᠦ᠂ ᠡᠯ᠎ᠡ ᠵᠦᠢ᠍ᠯ᠎ᠤᠨ ᠡᠭᠦᠷᠭᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠬᠥᠳᠡᠭᠡ ᠲᠣᠰᠬᠣᠨ᠎ᠳᠤ ᠰᠠᠭᠤᠷᠢᠯᠠᠵᠤ᠂ ᠣᠨᠴᠠᠯᠢᠭ ᠵᠶ᠋ᠠᠨ ᠲᠤᠪᠤᠢ᠍ᠢ᠍ᠯᠭ᠋ᠠᠬᠤ ᠵᠢ ᠪᠠᠷᠢᠮᠲᠠᠯᠠᠵᠤ᠂ ᠬᠥᠳᠡᠭᠡ ᠲᠣᠰᠬᠣᠨ᠎ᠤ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠵᠤ᠂ ᠬᠥᠳᠡᠭᠡ ᠲᠣᠰᠬᠣᠨ᠎ᠤ ᠣᠨᠴᠠᠯᠢᠭ᠎ᠢ ᠢᠯᠡᠷᠡᠭᠦᠯᠵᠦ᠂ ᠨᠤᠲᠤᠭ᠎ᠤᠨ ᠣᠨᠴᠠᠯᠢᠭ᠎ᠢ ᠴᠢᠬᠤᠯᠠᠴᠢᠯᠠᠵᠤ᠂ ᠬᠥᠳᠡᠭᠡ ᠲᠣᠰᠬᠣᠨ᠎ᠤ ᠳᠦᠷᠰᠦ ᠪᠠᠢ᠌ᠳᠠᠯ᠎ᠢ ᠬᠠᠳᠠᠭ᠋ᠠᠯᠠᠵᠤ᠂ ᠮᠢᠩᠭ᠋ᠠᠨ ᠲᠣᠰᠬᠣᠨ᠎ᠳᠤ ᠨᠢᠭᠡ ᠯᠡ ᠲᠠᠯ᠎ᠠ᠎ᠲᠠᠢ ᠪᠠᠢ᠌ᠬᠤ᠎ᠠᠴᠠ ᠵᠠᠢ᠌ᠯᠠᠰᠬᠢᠬᠦ ᠬᠡᠷᠡᠭᠲᠡᠢ᠃ ᠠᠷᠠᠳ ᠲᠦᠮᠡᠨ᠎ᠠᠴᠠ ᠬᠡᠷᠡᠭᠴᠡᠭᠡ ᠠᠰᠠᠭᠤᠬᠤ ᠵᠢ ᠪᠠᠷᠢᠮᠲᠠᠯᠠᠨ  ᠂ ᠬᠠᠮᠵᠢᠯᠴᠠᠨ ᠬᠦᠴᠦᠯᠡᠵᠦ  ᠂ ᠮᠠᠯᠴᠢᠨ ᠲᠠᠷᠢᠶᠠᠴᠢᠨ᠎ᠤ ᠭᠣᠣᠯ ᠴᠣᠭᠴᠠ ᠵᠢ ᠲᠣᠪᠤᠢ᠌ᠯᠭ᠋ᠠᠨ  ᠂ ᠮᠠᠯᠴᠢᠨ ᠲᠠᠷᠢᠶᠠᠴᠢᠨ᠎ᠤ ᠬᠦᠰᠡᠯ ᠰᠠᠨᠠᠭ᠎ᠠ ᠵᠢ ᠬᠦᠨᠳᠦᠳᠬᠡᠵᠦ  ᠂ ᠳᠣᠲᠣᠭ᠋ᠠᠳᠤ ᠵᠢᠨ ᠬᠥᠳᠡᠯᠭᠡᠭᠦ ᠬᠦᠴᠦᠨ᠎ᠢ ᠬᠥᠭᠵᠢᠭᠡᠨ  ᠂ ᠨᠡᠢ᠌ᠭᠡᠮ᠎ᠤᠨ ᠬᠦᠴᠦᠨ᠎ᠤ ᠢᠳᠡᠪᠬᠢᠲᠡᠢ ᠣᠷᠤᠯᠴᠠᠬᠤ ᠵᠢ ᠵᠣᠷᠢᠭᠵᠢᠭᠤᠯᠵᠤ  ᠂ ᠵᠠᠰᠠᠭ᠎ᠤᠨ ᠣᠷᠳᠣᠨ  ᠂ ᠵᠠᠬ᠎ᠠ ᠳᠡᠯᠭᠡᠭᠦᠷ᠎ᠤᠨ ᠭᠣᠣᠯ ᠴᠣᠭᠴᠠ  ᠂ ᠭᠠᠴᠠᠭ᠎ᠠ ᠲᠣᠰᠬᠣᠨ᠎ᠤ ᠬᠠᠮᠲᠤ ᠨᠡᠶ᠋ᠢᠲᠡ  ᠂ ᠲᠣᠰᠬᠣᠨ᠎ᠤ ᠠᠷᠠᠳ᠎ᠢ ᠪᠠᠢ᠌ᠴᠠᠭ᠋ᠠᠨ ᠪᠠᠢ᠌ᠴᠠᠭ᠋ᠠᠬᠤ ᠵᠡᠷᠭᠡ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠬᠠᠮᠢᠶᠠᠷᠬᠤ ᠪᠠᠢ᠌ᠷᠢᠰᠢᠯ᠎ᠢ ᠪᠠᠢ᠌ᠭᠤᠯᠤᠨ᠎ᠠ  ᠃ ᠪᠠᠶ᠋ᠢᠭᠤᠯᠬᠤ ᠪᠠ ᠬᠠᠮᠢᠶᠠᠷᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠨ  ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠪᠠᠢ᠌ᠬᠤ ᠵᠢ ᠴᠢᠬᠤᠯᠠᠴᠢᠯᠠᠵᠤ  ᠂ ᠰᠢᠰᠲ᠋ᠧᠮᠵᠢᠭᠦᠯᠦᠭᠰᠡᠨ  ᠂ ᠵᠢᠷᠤᠮᠵᠢᠭᠤᠯᠤᠭᠰᠠᠨ  ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠥᠷᠥ ᠵᠢᠨ ᠪᠣᠳᠣᠯᠭ᠎ᠠ ᠵᠢᠨ ᠳᠦᠷᠢᠮ ᠪᠠ ᠠᠵᠢᠯ᠎ᠤᠨ ᠲᠣᠭᠲᠠᠴᠠ ᠵᠢ ᠬᠦᠴᠦᠯᠡᠨ ᠪᠠᠢ᠌ᠭᠤᠯᠵᠤ  ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠳᠡᠭᠡᠭᠰᠢᠯᠡᠭᠦᠯᠵᠦ ᠡᠯ᠎ᠡ ᠵᠦᠢ᠍ᠯ᠎ᠤᠨ ᠡᠭᠦᠷᠭᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠬᠤ ᠬᠡᠷᠡᠭᠲᠡᠢ  ᠃

      (  ᠭᠤᠷᠪᠠ  ) ᠠᠵᠢᠯᠯᠠᠭ᠋ᠠᠨ᠎ᠤ ᠬᠠᠷᠠᠯᠲᠠ

      2023 ᠣᠨ ᠪᠣᠯᠬᠤ᠎ᠳᠤ  ᠂ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠳᠤ 30 ᠲᠦᠮᠡᠨ ᠡᠷᠦᠬᠡ ᠵᠢᠨ ᠠᠷᠢᠭᠤᠨ ᠴᠡᠪᠡᠷ ᠵᠣᠷᠯᠣᠩ᠎ᠢ ᠰᠢᠨ᠎ᠡ᠎ᠪᠠᠷ ᠪᠠᠢ᠌ᠭᠤᠯᠵᠤ  ᠂ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠨᠣᠷᠮ᠎ᠠ ᠵᠢ 26%᠎ᠳᠤ ᠬᠦᠷᠦᠭᠦᠯᠵᠦ  ᠂ ᠠᠮᠢᠳᠤᠷᠠᠯ᠎ᠤᠨ ᠬᠣᠭ ᠨᠣᠪᠰᠢ ᠵᠢ ᠬᠣᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠰᠢᠰᠲ᠋ᠧᠮᠵᠢ ᠵᠢ 50% ᠵᠢᠨ ᠵᠠᠰᠠᠭ ᠵᠠᠬᠢᠷᠭ᠋ᠠᠨ᠎ᠤ ᠲᠣᠰᠬᠣᠨ᠎ᠳᠤ ᠪᠦᠷᠬᠦᠭᠦᠯᠬᠦ᠎ᠪᠠᠷ ᠴᠢᠷᠮᠠᠢ᠌ᠨ᠎ᠠ  ᠃ 2025 ᠣᠨ ᠪᠣᠯᠬᠤ᠎ᠳᠤ  ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠢᠯᠡᠳᠲᠡ ᠰᠠᠢ᠌ᠵᠢᠷᠠᠭᠤᠯᠵᠤ  ᠂ ᠠᠮᠢ ᠠᠬᠤᠢ ᠵᠢᠨ ᠣᠷᠣᠰᠢᠨ ᠰᠠᠭᠤᠬᠤ᠎ᠳᠤ ᠲᠣᠬᠢᠷᠠᠮᠵᠢᠲᠠᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠰᠢᠨ᠎ᠡ ᠳᠠᠪᠰᠢᠯᠲᠠ᠎ᠲᠠᠢ ᠪᠣᠯᠭ᠋ᠠᠵᠤ  ᠂ ᠮᠠᠯᠵᠢᠬᠤ ᠲᠠᠷᠢᠶᠠᠯᠠᠬᠤ ᠣᠷᠣᠨ᠎ᠤ ᠠᠷᠢᠭᠤᠨ ᠴᠡᠪᠡᠷ ᠵᠣᠷᠯᠣᠩ᠎ᠢ 45 ᠲᠦᠮᠡ ᠣᠷᠴᠢᠮ ᠰᠢᠨ᠎ᠡ᠎ᠪᠠᠷ ᠪᠠᠢ᠌ᠭᠤᠯᠵᠤ  ᠂ ᠠᠷᠢᠭᠤᠨ ᠴᠡᠪᠡᠷ ᠵᠣᠷᠯᠣᠩ᠎ᠤᠨ ᠲᠦᠭᠡᠮᠡᠯᠵᠢᠯᠲᠡ ᠵᠢᠨ ᠨᠣᠷᠮ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ  ; ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠨᠣᠷᠮ᠎ᠠ 32% ᠣᠷᠴᠢᠮ᠎ᠳᠤ ᠬᠦᠷᠴᠦ  ᠂ ᠬᠠᠲᠤᠨ ᠭᠣᠣᠯ ᠳᠠᠭ᠋ᠠᠤ ᠵᠢᠨ ᠰᠠᠪᠠ ᠭᠠᠵᠠᠷ ᠵᠢᠴᠢ 《  ᠨᠢᠭᠡ ᠨᠠᠭᠤᠷ ᠬᠣᠶᠠᠷ ᠲᠡᠯᠡᠶ  》 ᠵᠢᠨ ᠡᠷᠬᠢᠨ ᠲᠣᠭᠣᠷᠢᠨ᠎ᠤ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠨᠣᠷᠮ᠎ᠠ ᠵᠢ 60%᠎ᠳᠤ ᠬᠦᠷᠦᠭᠦᠯᠵᠦ  ᠂ ᠪᠤᠰᠤᠳ ᠭᠠᠵᠠᠷ ᠣᠷᠣᠨ᠎ᠤ ᠵᠠᠰᠠᠬᠤ ᠨᠣᠷᠮ᠎ᠠ ᠵᠢ 30%᠎ᠳᠤ ᠬᠦᠷᠦᠭᠦᠯᠵᠦ  ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢ ᠬᠣᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠰᠢᠰᠲ᠋ᠧᠮᠵᠢ ᠵᠢ 60% ᠎ᠠᠴᠠ ᠳᠡᠭᠡᠭᠰᠢᠬᠢ ᠵᠠᠰᠠᠭ ᠵᠠᠬᠢᠷᠭ᠋ᠠᠨ᠎ᠤ ᠲᠣᠰᠬᠣᠨ᠎ᠳᠤ ᠪᠦᠷᠬᠦᠭᠦᠯᠵᠦ  ᠂ ᠨᠥᠬᠥᠴᠡᠯ᠎ᠲᠠᠢ ᠠᠢ᠌ᠯ ᠲᠣᠰᠬᠣᠨ᠎ᠳᠤ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ  ᠂ ᠡᠬᠢ ᠡᠭᠦᠰᠦᠯ᠎ᠠᠴᠠ᠎ᠨᠢ ᠬᠡᠮᠵᠢᠶ᠎ᠡ ᠵᠢ ᠪᠠᠭ᠋ᠠᠰᠬᠠᠬᠤ ᠵᠢ ᠪᠡᠶᠡᠯᠡᠭᠦᠯᠵᠦ  ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ; ᠮᠠᠯᠵᠢᠬᠤ ᠲᠠᠷᠢᠶᠠᠯᠠᠬᠤ ᠣᠷᠣᠨ᠎ᠤ ᠵᠠᠮ᠎ᠢ ᠬᠠᠲᠠᠭᠤᠷᠠᠭᠤᠯᠬᠤ  ᠂ ᠨᠣᠭᠣᠭ᠋ᠠᠷᠠᠭᠤᠯᠬᠤ  ᠂ ᠭᠣᠶᠣᠵᠢᠭᠤᠯᠬᠤ ᠠᠵᠢᠯ ᠦᠷᠭᠦᠯᠵᠢᠯᠡᠨ ᠰᠠᠢ᠌ᠵᠢᠷᠠᠪᠠ  ; ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠤ ᠵᠠᠰᠠᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠦᠨᠳᠦᠰᠦᠨ᠎ᠳᠡᠭᠡᠨ ᠪᠠᠢ᠌ᠭᠤᠯᠤᠨ᠎ᠠ  ᠃

       ᠬᠣᠲᠠ ᠪᠠᠯᠭ᠋ᠠᠰᠤ ᠵᠢᠨ ᠣᠢ᠌ᠷ᠎ᠠ ᠲᠡᠭᠦᠷᠭᠡ ᠵᠡᠷᠭᠡ ᠰᠠᠭᠤᠷᠢ᠎ᠲᠠᠢ  ᠂ ᠨᠥᠬᠥᠴᠡᠯ᠎ᠲᠠᠢ ᠭᠠᠵᠠᠷ ᠣᠷᠣᠨ᠎ᠳᠤ  ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠵᠦ  ᠂ ᠠᠷᠢᠭᠤᠨ ᠴᠡᠪᠡᠷ ᠵᠣᠷᠯᠣᠩ᠎ᠢ ᠦᠨᠳᠦᠰᠦᠨ᠎ᠳᠡᠭᠡᠨ ᠲᠦᠭᠡᠮᠡᠯᠵᠢᠭᠦᠯᠦᠨ  ᠂ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠨᠣᠷᠮ᠎ᠠ ᠵᠢ ᠢᠯᠡᠳᠲᠡ ᠳᠡᠭᠡᠭᠰᠢᠯᠡᠭᠦᠯᠵᠦ  ᠂ ᠠᠮᠢᠳᠤᠷᠠᠯ᠎ᠤᠨ ᠬᠣᠭ ᠨᠣᠪᠰᠢ ᠵᠢ ᠪᠥᠬᠥ ᠲᠠᠯ᠎ᠠ᠎ᠪᠠᠷ ᠪᠦᠲᠦᠮᠵᠢᠲᠡᠶ ᠰᠢᠢ᠍ᠳᠪᠦᠷᠢᠯᠡᠬᠦ ᠵᠢᠨ ᠬᠠᠮᠲᠤ ᠲᠥᠷᠥᠯ ᠬᠤᠪᠢᠶᠠᠨ ᠰᠢᠢ᠍ᠳᠪᠦᠷᠢᠯᠡᠬᠦ ᠲᠤᠷᠰᠢᠯᠲᠠ ᠵᠢᠨ ᠴᠢᠭ᠋᠎ᠤᠨ ᠵᠢᠱ᠌ᠢᠶ᠎ᠡ ᠦᠵᠡᠭᠦᠯᠬᠦ ᠵᠢ ᠲᠦᠯᠬᠢᠨ ᠠᠬᠢᠭᠤᠯᠵᠤ  ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠥᠬᠥ ᠲᠠᠯ᠎ᠠ᠎ᠪᠠᠷ ᠪᠠᠢ᠌ᠭᠤᠯᠤᠨ᠎ᠠ  ᠃

       ᠨᠡᠯᠢᠶᠡᠳ ᠰᠠᠢ᠌ᠨ ᠰᠠᠭᠤᠷᠢ᠎ᠲᠠᠢ  ᠂ ᠦᠨᠳᠦᠰᠦᠨ᠎ᠳᠡᠭᠡᠨ ᠨᠥᠬᠥᠴᠡᠯ᠎ᠲᠠᠢ ᠭᠠᠵᠠᠷ ᠣᠷᠣᠨ᠎ᠳᠤ  ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢ ᠦᠷᠭᠦᠯᠵᠢᠯᠡᠨ ᠲᠡᠭᠦᠯᠳᠡᠷᠵᠢᠭᠦᠯᠵᠦ  ᠂ ᠡᠷᠦᠬᠡ᠎ᠳᠤ ᠬᠡᠷᠡᠭᠯᠡᠬᠦ ᠵᠣᠷᠯᠣᠩ᠎ᠢ ᠥᠭᠡᠷᠡᠴᠢᠯᠡᠬᠦ ᠳᠤᠷᠠᠲᠠᠢ ᠪᠦᠬᠦᠨ᠎ᠢ ᠥᠭᠡᠷᠡᠴᠢᠯᠡᠵᠦ  ᠂ ᠥᠭᠡᠷᠡᠴᠢᠯᠡᠬᠦ ᠶᠣᠰᠣᠲᠠᠢ ᠪᠦᠬᠦᠨ᠎ᠢ ᠥᠭᠡᠷᠡᠴᠢᠯᠡᠵᠦ  ᠂ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠨᠣᠷᠮ᠎ᠠ ᠵᠢ ᠪᠦᠲᠦᠮᠵᠢᠲᠡᠶ ᠳᠡᠭᠡᠭᠰᠢᠯᠡᠭᠦᠯᠦᠨ  ᠂ ᠠᠮᠢᠳᠤᠷᠠᠯ᠎ᠤᠨ ᠬᠣᠭ ᠨᠣᠪᠰᠢ ᠵᠢ ᠬᠣᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠰᠢᠰᠲ᠋ᠧᠮᠵᠢ ᠵᠢ ᠦᠨᠳᠦᠰᠦᠨ᠎ᠳᠡᠭᠡᠨ ᠪᠦᠷᠢᠨᠰᠢᠭᠦᠯᠵᠦ  ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠦᠨᠳᠦᠰᠦᠨ᠎ᠳᠡᠭᠡᠨ ᠪᠠᠢ᠌ᠭᠤᠯᠤᠨ᠎ᠠ  ᠃

       ᠪᠣᠶ᠋ᠢᠳᠠ ᠪᠥᠭᠯᠡᠭᠦᠦ  ᠂ ᠲᠠᠷᠠᠬᠠᠢ ᠪᠤᠲᠠᠷᠬᠠᠢ ᠰᠠᠭᠤᠷᠢᠰᠢᠭᠰᠠᠨ  ᠂ ᠰᠠᠭᠤᠷᠢ ᠨᠥᠬᠥᠴᠡᠯ ᠵᠶ᠋ᠡᠷ ᠪᠠᠭᠤᠷᠠᠢ ᠭᠠᠵᠠᠷ ᠣᠷᠣᠨ᠎ᠳᠤ ᠪᠠᠢ᠌ᠷᠢᠰᠢᠵᠤ  ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢ ᠢᠯᠡᠳᠲᠡ ᠰᠠᠢ᠌ᠵᠢᠷᠠᠭᠤᠯᠵᠤ᠂ ᠠᠷᠢᠭᠤᠨ ᠴᠡᠪᠡᠷ ᠵᠣᠷᠯᠣᠩ᠎ᠤᠨ ᠲᠦᠭᠡᠮᠡᠯᠵᠢᠭᠦᠯᠦᠯᠲᠡ ᠵᠢᠨ ᠨᠣᠷᠮ᠎ᠠ ᠵᠢ ᠲᠣᠭᠲᠠᠭᠤᠨ ᠵᠶ᠋ᠠᠷ ᠳᠡᠭᠡᠭᠰᠢᠯᠡᠭᠦᠯᠦᠨ  ᠂ ᠠᠮᠢᠳᠤᠷᠠᠯ᠎ᠤᠨ ᠪᠣᠬᠢᠷ ᠤᠰᠤ ᠬᠣᠭ ᠨᠣᠪᠰᠢ ᠵᠢ ᠵᠠᠰᠠᠬᠤ ᠬᠢᠷᠢ ᠬᠡᠮᠵᠢᠶ᠎ᠡ ᠵᠢ ᠢᠳᠡᠪᠬᠢᠲᠡᠢ ᠠᠬᠢᠭᠤᠯᠵᠤ  ᠂ ᠲᠣᠰᠬᠣᠨ᠎ᠤ ᠳᠦᠷᠰᠦ ᠪᠠᠢ᠌ᠳᠠᠯ᠎ᠢ ᠦᠷᠭᠦᠯᠵᠢᠯᠡᠨ ᠰᠠᠢ᠌ᠵᠢᠷᠠᠭᠤᠯᠤᠨ᠎ᠠ  ᠃

       ᠬᠣᠶᠠᠷ  ᠂ ᠮᠠᠯᠵᠢᠬᠤ ᠲᠠᠷᠢᠶᠠᠯᠠᠬᠤ ᠣᠷᠣᠨ᠎ᠤ ᠵᠣᠷᠯᠣᠩ᠎ᠤᠨ ᠬᠤᠪᠢᠰᠬᠠᠯ᠎ᠢ ᠯᠠᠪᠳᠠᠭᠤᠨ ᠵᠶ᠋ᠠᠷ ᠠᠬᠢᠭᠤᠯᠤᠨ᠎ᠠ

      (  ᠳᠥᠷᠪᠡ  ) ᠮᠠᠯᠵᠢᠬᠤ ᠲᠠᠷᠢᠶᠠᠯᠠᠬᠤ ᠣᠷᠣᠨ᠎ᠤ ᠠᠷᠢᠭᠤᠨ ᠴᠡᠪᠡᠷ ᠵᠣᠷᠯᠣᠩ᠎ᠢ ᠠᠯᠬᠤᠮ ᠠᠯᠬᠤᠮ ᠵᠶ᠋ᠠᠷ ᠲᠦᠭᠡᠮᠡᠯᠵᠢᠭᠦᠯᠦᠨ᠎ᠡ  ᠃ ᠮᠠᠯᠵᠢᠬᠤ ᠲᠠᠷᠢᠶᠠᠯᠠᠬᠤ ᠣᠷᠣᠨ᠎ᠤ ᠰᠢᠨ᠎ᠡ᠎ᠪᠠᠷ ᠥᠭᠡᠷᠡᠴᠢᠯᠡᠨ ᠪᠠᠢ᠌ᠭᠤᠯᠤᠭᠰᠠᠨ ᠡᠷᠦᠬᠡ᠎ᠳᠤ ᠬᠡᠷᠡᠭᠯᠡᠬᠦ ᠵᠣᠷᠯᠣᠩ᠎ᠢ ᠦᠨᠳᠦᠰᠦᠨ᠎ᠳᠡᠭᠡᠨ ᠡᠮᠨᠡᠯᠭᠡ᠎ᠳᠤ ᠣᠷᠣᠭᠤᠯᠬᠤ  ᠂ ᠨᠥᠬᠥᠴᠡᠯ᠎ᠲᠠᠢ ᠭᠠᠵᠠᠷ ᠣᠷᠣᠨ᠎ᠤ ᠵᠣᠷᠯᠣᠩ᠎ᠢ ᠭᠡᠷ᠎ᠲᠤ ᠣᠷᠣᠭᠤᠯᠬᠤ  ᠂ ᠰᠢᠨ᠎ᠡ᠎ᠪᠠᠷ ᠪᠠᠢ᠌ᠭᠤᠯᠤᠭᠰᠠᠨ ᠣᠷᠣᠨ ᠰᠠᠭᠤᠴᠠ᠎ᠳᠤ ᠠᠷᠢᠭᠤᠨ ᠴᠡᠪᠡᠷ ᠵᠣᠷᠯᠣᠩ ᠵᠢᠴᠢ ᠪᠠᠭ᠋ᠠᠰᠤᠨ ᠪᠣᠬᠢᠷᠳᠤᠯ᠎ᠢ ᠰᠢᠢ᠍ᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠵᠢ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠬᠤ ᠵᠢ ᠢᠳᠡᠪᠬᠢᠲᠡᠢ᠎ᠪᠠᠷ ᠲᠦᠯᠬᠢᠨ ᠠᠬᠢᠭᠤᠯᠤᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠣᠯᠠᠨ ᠨᠡᠶ᠋ᠢᠲᠡ ᠵᠢᠨ ᠵᠣᠷᠯᠣᠩ᠎ᠢ ᠵᠦᠢ ᠵᠣᠬᠢᠰᠲᠠᠢ ᠲᠥᠯᠥᠪᠵᠢᠭᠦᠯᠦᠨ ᠪᠠᠢ᠌ᠷᠢᠰᠢᠭᠤᠯᠵᠤ  ᠂ ᠮᠠᠯᠵᠢᠬᠤ ᠲᠠᠷᠢᠶᠠᠯᠠᠬᠤ ᠣᠷᠣᠨ᠎ᠤ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ  ᠂ ᠰᠣᠶᠣᠯ᠎ᠤᠨ ᠠᠵᠢᠯᠯᠠᠭ᠋ᠠᠨ᠎ᠤ ᠲᠥᠪ  ᠂ ᠳᠤᠮᠳᠠᠳᠤ ᠪᠠᠭ᠎ᠠ ᠰᠤᠷᠭ᠋ᠠᠭᠤᠯᠢ  ᠂ ᠴᠤᠭᠯᠠᠭ᠎ᠠ ᠮᠠᠢ᠌ᠮᠠᠢ ᠵᠢᠨ ᠵᠠᠬ᠎ᠠ ᠳᠡᠯᠭᠡᠭᠦᠷ ᠵᠡᠷᠭᠡ ᠣᠯᠠᠨ ᠨᠡᠶ᠋ᠢᠲᠡ ᠵᠢᠨ ᠲᠠᠯᠠᠪᠤᠷ ᠵᠢᠴᠢ ᠲᠥᠪ ᠲᠣᠰᠬᠣᠨ  ᠂ ᠵᠢᠭᠤᠯᠴᠢᠯᠠᠯ᠎ᠤᠨ ᠦᠵᠡᠮᠵᠢ ᠵᠢᠨ ᠣᠷᠣᠨ ᠵᠡᠷᠭᠡ ᠬᠥᠮᠥᠰ᠎ᠤᠨ ᠴᠤᠪᠤᠷᠠᠯᠲᠠ ᠵᠢᠨ ᠬᠡᠮᠵᠢᠶ᠎ᠡ᠎ᠪᠠᠷ ᠨᠡᠯᠢᠶᠡᠳ ᠶᠡᠬᠡ ᠣᠷᠣᠨ ᠪᠦᠰᠡ᠎ᠳᠤ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠵᠣᠷᠯᠣᠩ᠎ᠢ ᠪᠦᠲᠦᠭᠡᠨ ᠪᠠᠶ᠋ᠢᠭᠤᠯᠬᠤ ᠡᠷᠴᠢᠮ᠎ᠢ ᠴᠢᠩᠭ᠋ᠠᠷᠠᠭᠤᠯᠤᠨ᠎ᠠ  ᠃ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ  ᠂ ᠬᠥᠮᠥᠵᠢᠭᠦᠯᠦᠨ ᠪᠣᠯᠪᠠᠰᠤᠷᠠᠭᠤᠯᠬᠤ ᠡᠷᠴᠢᠮ᠎ᠢ ᠴᠢᠩᠭ᠋ᠠᠳᠬᠠᠵᠤ  ᠂ ᠮᠠᠯᠴᠢᠨ ᠲᠠᠷᠢᠶᠠᠴᠢᠳ᠎ᠤᠨ ᠵᠣᠷᠯᠣᠩ᠎ᠢ ᠥᠭᠡᠷᠡᠴᠢᠯᠡᠬᠦ ᠢᠳᠡᠪᠬᠢᠵᠢᠯ ᠪᠠ ᠠᠷᠢᠭᠤᠨ ᠴᠡᠪᠡᠷ ᠵᠣᠷᠯᠣᠩ᠎ᠢ ᠬᠡᠷᠡᠭᠯᠡᠬᠦ ᠨᠣᠷᠮ᠎ᠠ ᠵᠢ ᠳᠡᠭᠡᠭᠰᠢᠯᠡᠭᠦᠯᠦᠨ᠎ᠡ  ᠃

      (  ᠲᠠᠪᠤ  ) ᠵᠣᠷᠯᠣᠩ᠎ᠢ ᠥᠭᠡᠷᠡᠴᠢᠯᠡᠬᠦ ᠶᠠᠰᠤ ᠴᠢᠨᠠᠷ᠎ᠢ ᠦᠨᠡᠨᠬᠦ ᠳᠡᠭᠡᠭᠰᠢᠯᠡᠭᠦᠯᠦᠨ᠎ᠡ  ᠃ ᠵᠣᠷᠯᠣᠩ᠎ᠤᠨ ᠮᠡᠷᠭᠡᠵᠢᠯ᠎ᠤᠨ ᠥᠭᠡᠷᠡᠴᠢᠯᠡᠯᠲᠡ ᠵᠢᠨ ᠵᠠᠭᠪᠤᠷ᠎ᠢ ᠰᠢᠨᠵᠢᠯᠡᠬᠦ ᠤᠬᠠᠭ᠋ᠠᠨᠴᠢ᠎ᠪᠠᠷ ᠰᠣᠩᠭᠣᠵᠤ  ᠂ ᠤᠰᠤᠨ᠎ᠳᠤ ᠲᠣᠬᠢᠷᠠᠪᠠᠯ ᠤᠰᠤ  ᠂ ᠭᠠᠩᠳᠠᠬᠤ᠎ᠳᠤ ᠲᠣᠬᠢᠷᠠᠪᠠᠯ ᠭᠠᠩᠳᠠᠨ᠎ᠠ  ᠃ ᠵᠣᠷᠯᠣᠩ᠎ᠢ ᠥᠭᠡᠷᠡᠴᠢᠯᠡᠬᠦ ᠮᠡᠷᠭᠡᠵᠢᠯ ᠪᠠ ᠦᠢ᠍ᠯᠡᠳᠬᠦᠨ᠎ᠢ ᠲᠥᠬᠥᠮ ᠪᠥᠭᠡᠳ ᠲᠣᠬᠢᠷᠠᠭᠤᠯᠤᠨ ᠬᠡᠷᠡᠭᠯᠡᠵᠦ  ᠂ ᠥᠪᠡᠷ᠎ᠤᠨ ᠥᠷᠲᠡᠭ᠎ᠨᠢ ᠲᠣᠬᠢᠷᠠᠮᠵᠢᠲᠠᠢ  ᠂ ᠮᠡᠷᠭᠡᠵᠢᠯ ᠪᠣᠯᠪᠠᠰᠤᠷᠠᠩᠭᠤᠢ  ᠂ ᠣᠯᠠᠨ ᠲᠦᠮᠡᠨ ᠳᠤᠷᠠᠲᠠᠶ᠎ᠠ ᠭᠥᠯᠢᠶᠡᠨ ᠠᠪᠴᠤ  ᠂ ᠮᠡᠷᠭᠡᠵᠢᠯ᠎ᠤᠨ ᠵᠠᠭᠪᠤᠷ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠵᠢᠷᠤᠮᠵᠢᠯ᠎ᠳᠤ ᠨᠡᠶ᠋ᠢᠴᠡᠬᠦ ᠵᠢᠨ ᠬᠠᠮᠲᠤ ᠠᠳᠠᠭ᠎ᠲᠠᠭᠠᠨ ᠨᠢᠭᠡ ᠦᠶᠡᠯᠡᠯ᠎ᠤᠨ ᠬᠤᠭᠤᠴᠠᠭ᠋ᠠᠨ᠎ᠤ ᠲᠤᠷᠰᠢᠯᠲᠠ ᠵᠢ ᠥᠩᠭᠡᠷᠡᠭᠦᠯᠵᠦ  ᠂ ᠪᠣᠯᠪᠠᠰᠤᠷᠠᠭᠰᠠᠨ᠎ᠤ ᠳᠠᠷᠠᠭ᠎ᠠ ᠳᠠᠬᠢᠨ ᠠᠯᠬᠤᠮ ᠠᠯᠬᠤᠮ ᠵᠶ᠋ᠠᠷ ᠳᠡᠯᠭᠡᠷᠡᠭᠦᠯᠬᠦ ᠬᠡᠷᠡᠭᠲᠡᠢ  ᠃ ᠵᠣᠷᠯᠣᠩ᠎ᠢ ᠥᠭᠡᠷᠡᠴᠢᠯᠡᠨ ᠮᠠᠲ᠋ᠧᠷᠢᠶᠠᠯ ᠰᠣᠩᠭᠣᠬᠤ ᠶᠠᠰᠤ ᠴᠢᠨᠠᠷ᠎ᠤᠨ ᠪᠠᠷᠢᠮᠵᠢᠶ᠎ᠠ ᠪᠠ ᠮᠡᠷᠭᠡᠵᠢᠯ᠎ᠤᠨ ᠪᠣᠯᠵᠣᠯᠲᠤ ᠲᠣᠭ᠎ᠠ ᠵᠢ ᠴᠢᠩᠭ᠎ᠠ ᠬᠡᠷᠡᠭᠵᠢᠭᠦᠯᠵᠦ  ᠂ ᠦᠢ᠍ᠯᠡᠳᠬᠦᠨ᠎ᠤ ᠶᠠᠰᠤ ᠴᠢᠨᠠᠷ᠎ᠤᠨ ᠪᠣᠭᠣᠮᠲᠠ ᠵᠢ ᠴᠢᠩᠭ᠎ᠠ ᠠᠳᠬᠤᠨ᠎ᠠ  ᠃ ᠪᠠᠷᠢᠯᠭ᠎ᠠ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠠᠷᠢᠯᠭ᠎ᠠ ᠵᠢᠨ ᠠᠵᠢᠯ ᠳᠠᠭᠤᠰᠤᠭᠰᠠᠨ᠎ᠢ ᠰᠢᠯᠭ᠋ᠠᠨ ᠠᠪᠬᠤ ᠪᠣᠭᠣᠮᠲᠠ ᠵᠢ ᠴᠢᠩᠭ᠎ᠠ ᠠᠳᠬᠤᠨ᠎ᠠ᠃

      (  ᠵᠢᠷᠭᠤᠭ᠎ᠠ  ) ᠵᠣᠷᠯᠣᠩ᠎ᠤᠨ ᠪᠠᠭ᠋ᠠᠰᠤᠨ ᠪᠣᠬᠢᠷᠳᠤᠯ᠎ᠢ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠠᠬᠢᠭᠤᠯᠤᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠵᠣᠷᠯᠣᠩ᠎ᠤᠨ ᠬᠤᠪᠢᠰᠬᠠᠯ ᠬᠢᠭᠡᠳ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠵᠢ ᠪᠦᠲᠦᠮᠵᠢᠲᠡᠶ ᠵᠣᠯᠭ᠋ᠠᠭᠤᠯᠬᠤ ᠵᠢ ᠴᠢᠩᠭ᠋ᠠᠳᠬᠠᠵᠤ  ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠵᠣᠷᠯᠣᠩ᠎ᠤᠨ ᠪᠠᠭ᠋ᠠᠰᠤᠨ ᠪᠣᠬᠢᠷᠳᠤᠯ᠎ᠢ ᠲᠠᠷᠠᠬᠠᠢ ᠪᠤᠲᠠᠷᠬᠠᠢ ᠰᠢᠢ᠍ᠳᠪᠦᠷᠢᠯᠡᠬᠦ ᠵᠢ ᠠᠬᠢᠭᠤᠯᠤᠨ᠎ᠠ  ᠃ ᠲᠥᠪᠯᠡᠷᠡᠭᠦᠯᠦᠨ ᠰᠢᠢ᠍ᠳᠪᠦᠷᠢᠯᠡᠬᠦ ᠪᠤᠶᠤ ᠪᠣᠬᠢᠷ ᠤᠰᠤᠨ᠎ᠤ ᠬᠣᠭᠣᠯᠠᠢ ᠵᠢᠨ ᠲᠣᠣᠷ᠎ᠤᠨ ᠨᠥᠬᠥᠴᠡᠯ᠎ᠳᠤ ᠣᠷᠣᠭᠤᠯᠤᠭᠰᠠᠨ ᠡᠷᠦᠬᠡ ᠵᠢᠨ ᠵᠣᠷᠯᠣᠩ᠎ᠢ ᠪᠣᠬᠢᠷ ᠤᠰᠤ ᠵᠢ ᠰᠢᠢ᠍ᠳᠪᠦᠷᠢᠯᠡᠬᠦ ᠰᠢᠰᠲ᠋ᠧᠮ᠎ᠳᠤ ᠣᠷᠣᠭᠤᠯᠤᠨ ᠨᠢᠭᠡᠳᠦᠯᠲᠡᠢ ᠰᠢᠢ᠍ᠳᠪᠦᠷᠢᠯᠡᠨ᠎ᠡ  ; ᠪᠣᠬᠢᠷ ᠤᠰᠤᠨ᠎ᠤ ᠬᠣᠭᠣᠯᠠᠢ ᠵᠢᠨ ᠲᠣᠣᠷ᠎ᠲᠤ ᠣᠷᠣᠭᠤᠯᠤᠭᠰᠠᠨ ᠦᠭᠡᠢ ᠪᠣᠯᠪᠠᠴᠤ ᠬᠠᠷᠢᠴᠠᠩᠭᠤᠢ᠎ᠪᠠᠷ ᠲᠥᠪᠯᠡᠷᠡᠭᠰᠡᠨ ᠡᠷᠦᠬᠡ ᠵᠢᠨ ᠵᠣᠷᠯᠣᠩ᠎ᠳᠤ ᠪᠣᠯ  ᠂ ᠪᠠᠭ᠋ᠠᠰᠤ ᠪᠣᠬᠢᠷᠳᠤᠯ᠎ᠢ ᠲᠥᠪᠯᠡᠷᠡᠭᠦᠯᠦᠨ ᠰᠢᠢ᠍ᠳᠪᠦᠷᠢᠯᠡᠬᠦ ᠪᠡᠯᠡᠳᠬᠡᠮᠵᠢ ᠪᠠᠢ᠌ᠭᠤᠯᠵᠤ  ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠭᠤᠳᠠᠯᠤᠨ ᠲᠡᠭᠡᠭᠡᠪᠦᠷᠢᠯᠡᠵᠦ᠂ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠪᠤᠶᠤ ᠡᠬᠢ ᠪᠠᠶᠠᠯᠢᠭᠵᠢᠭᠤᠯᠤᠨ ᠠᠰᠢᠭᠯᠠᠬᠤ ᠵᠢ ᠲᠥᠪᠯᠡᠷᠡᠭᠦᠯᠦᠨ ᠶᠠᠪᠤᠭᠳᠠᠭᠤᠯᠤᠨ᠎ᠠ  ; ᠪᠣᠶ᠋ᠢᠳᠠ ᠪᠥᠭᠯᠡᠭᠦᠦ ᠭᠠᠵᠠᠷ ᠣᠷᠣᠨ᠎ᠳᠤ ᠲᠠᠷᠠᠬᠠᠢ ᠪᠤᠲᠠᠷᠬᠠᠢ ᠪᠠᠢ᠌ᠭ᠎ᠠ ᠡᠷᠦᠬᠡ ᠵᠢᠨ ᠵᠣᠷᠯᠣᠩ᠎ᠤᠨ ᠪᠠᠭ᠋ᠠᠰᠤ ᠰᠢᠭᠡᠰᠦ ᠵᠢ ᠲᠤᠬᠠᠢ ᠵᠢᠨ ᠭᠠᠵᠠᠷ᠎ᠲᠤᠨᠢ ᠣᠢ᠌ᠷ᠎ᠠ ᠬᠠᠪᠢ᠎ᠳᠤᠨᠢ ᠬᠣᠣᠷ ᠦᠭᠡᠢ᠌ᠳᠡᠭᠦᠯᠦᠨ ᠰᠢᠩᠭᠡᠭᠡᠵᠦ  ᠂ ᠶᠡᠷᠦᠩᠬᠡᠢ᠌ᠯᠡᠨ ᠠᠰᠢᠭᠯᠠᠨ᠎ᠠ  ᠃ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ  ᠂ ᠮᠠᠯᠴᠢᠨ ᠲᠠᠷᠢᠶᠠᠴᠢᠨ᠎ᠤ ᠬᠣᠷᠰᠢᠶ᠎ᠠ ᠵᠡᠷᠭᠡ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠵᠣᠬᠢᠶᠠᠨ ᠪᠠᠢ᠌ᠭᠤᠯᠤᠯᠲᠠ ᠵᠢᠨ ᠵᠣᠷᠯᠣᠩ᠎ᠤᠨ ᠪᠠᠭ᠋ᠠᠰᠤᠨ ᠪᠣᠬᠢᠷᠳᠤᠯ᠎ᠢ ᠬᠣᠷᠢᠶᠠᠨ ᠴᠤᠭᠯᠠᠭᠤᠯᠵᠤ ᠰᠢᠢ᠍ᠳᠪᠦᠷᠢᠯᠡᠬᠦ ᠪᠠ ᠠᠰᠢᠭᠯᠠᠬᠤ ᠵᠢ ᠥᠷᠨᠢᠭᠦᠯᠬᠦ ᠵᠢ ᠵᠣᠷᠢᠭᠵᠢᠭᠤᠯᠵᠤ  ᠂ ᠵᠣᠷᠯᠣᠩ᠎ᠤᠨ ᠪᠠᠭ᠋ᠠᠰᠤᠨ ᠪᠣᠬᠢᠷᠳᠤᠯ ᠬᠢᠭᠡᠳ ᠮᠠᠯ᠎ᠤᠨ ᠪᠠᠭ᠋ᠠᠰᠤᠨ ᠪᠣᠬᠢᠷᠳᠤᠯ᠎ᠢ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠢᠳᠡᠪᠬᠢᠲᠡᠢ ᠠᠬᠢᠭᠤᠯᠵᠤ  ᠂ 2025 ᠣᠨ ᠪᠣᠯᠬᠤ᠎ᠳᠤ ᠮᠠᠯ ᠵᠢᠭᠦᠷᠲᠡᠨ᠎ᠤ ᠪᠠᠭ᠋ᠠᠰᠤᠨ ᠪᠣᠬᠢᠷᠳᠤᠯ᠎ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠵᠢ 83% ᠎ᠠᠴᠠ ᠳᠡᠭᠡᠭᠰᠢ᠎ᠳᠤ ᠬᠦᠷᠦᠭᠦᠯᠦᠨ᠎ᠡ  ᠃

       ᠭᠤᠷᠪᠠ  ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ

      (  ᠳᠣᠯᠣᠭ᠎ᠠ  ) ᠵᠠᠰᠠᠯᠲᠠ ᠵᠢ ᠲᠥᠷᠥᠯ ᠬᠤᠪᠢᠶᠠᠨ ᠠᠬᠢᠭᠤᠯᠤᠨ᠎ᠠ  ᠃ ᠬᠣᠯᠪᠣᠭᠳᠠᠯ ᠪᠦᠬᠦᠢ ᠬᠣᠰᠢᠭᠤ ᠰᠢᠶᠠᠨ᠎ᠢ ᠵᠢᠯᠣᠭᠣᠳᠤᠨ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠲᠥᠯᠦᠪᠵᠢᠭᠦᠯᠭᠡ ᠵᠢ ᠲᠣᠬᠢᠷᠠᠭᠤᠯᠤᠨ ᠲᠡᠭᠦᠯᠳᠡᠷᠵᠢᠭᠦᠯᠵᠦ  ᠂ ᠬᠠᠲᠤᠨ ᠭᠣᠣᠯ ᠳᠠᠭ᠋ᠠᠤ ᠵᠢᠨ ᠰᠠᠪᠠ ᠭᠠᠵᠠᠷ  ᠂ ᠭᠣᠣᠯᠳᠠᠯᠭ᠎ᠠ᠎ᠲᠠᠢ ᠤᠰᠤᠨ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ  ᠂ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠤ ᠪᠠᠢ᠌ᠭ᠎ᠠ ᠭᠠᠵᠠᠷ  ᠂ ᠭᠣᠣᠯ ᠲᠣᠰᠬᠣᠨ  ᠂ ᠬᠣᠲᠠ ᠬᠥᠳᠡᠭᠡ ᠵᠢᠨ ᠠᠭᠤᠯᠵᠠᠷ ᠭᠠᠵᠠᠷ  ᠂ ᠵᠤᠭ᠋ᠠᠴᠠᠯ᠎ᠤᠨ ᠦᠵᠡᠮᠵᠢ ᠵᠢᠨ ᠣᠷᠣᠨ ᠵᠡᠷᠭᠡ ᠭᠠᠵᠠᠷ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠠᠵᠢᠯ᠎ᠢ ᠭᠣᠣᠯᠳᠠᠯᠭ᠎ᠠ ᠎ᠲᠠᠢ ᠰᠠᠢ᠌ᠲᠤᠷ ᠬᠢᠵᠦ  ᠂ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠪᠠ ᠰᠡᠭᠦᠯᠴᠢ ᠵᠢᠨ ᠬᠤᠭᠤᠴᠠᠭ᠋ᠠᠨ᠎ᠤ ᠠᠵᠢᠯᠯᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ  ᠂ ᠬᠣᠲᠠ ᠵᠢᠨ ᠣᠢ᠌ᠷ᠎ᠠ ᠲᠡᠭᠦᠷᠭᠡ ᠵᠢᠨ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠬᠣᠲᠠ ᠪᠠᠯᠭ᠋ᠠᠰᠤᠨ᠎ᠤ ᠪᠣᠬᠢᠷ ᠤᠰᠤᠨ᠎ᠤ ᠬᠣᠭᠣᠯᠠᠢ ᠵᠢᠨ ᠲᠣᠣᠷ᠎ᠲᠤ ᠣᠷᠣᠭᠤᠯᠤᠨ ᠲᠥᠪᠯᠡᠷᠡᠭᠦᠯᠦᠨ ᠰᠢᠢ᠍ᠳᠪᠦᠷᠢᠯᠡᠵᠦ  ᠂ ᠪᠠᠢ᠌ᠩᠭᠤ ᠰᠠᠭᠤᠭ᠎ᠠ ᠬᠥᠮᠥᠨ ᠠᠮᠠ᠎ᠨᠢ 1000 ᠬᠥᠮᠥᠨ᠎ᠠᠴᠠ ᠳᠡᠭᠡᠭᠰᠢ  ᠂ ᠲᠥᠪᠯᠡᠷᠡᠨ ᠰᠠᠭᠤᠷᠢᠰᠢᠭᠰᠠᠨ ᠲᠤᠰᠠᠭ᠋ᠠᠷ ᠪᠤᠶᠤ ᠵᠠᠯᠭ᠋ᠠᠯᠳᠤᠭᠰᠠᠨ ᠠᠢ᠌ᠯ ᠲᠣᠰᠬᠣᠨ᠎ᠳᠤ ᠡᠳᠦᠷ᠎ᠤᠨ ᠰᠢᠢ᠍ᠳᠪᠦᠷᠢᠯᠡᠬᠦ ᠴᠢᠳᠠᠪᠤᠷᠢ᠎ᠨᠢ 20 ᠲᠣᠨ᠎ᠠᠴᠠ ᠳᠡᠭᠡᠭᠰᠢᠬᠢ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠲᠥᠬᠦᠭᠡᠷᠦᠮᠵᠢ ᠵᠢ ᠪᠠᠢ᠌ᠭᠤᠯᠵᠤ ᠪᠣᠯᠣᠨ᠎ᠠ  ᠃ ᠪᠠᠢ᠌ᠩᠭᠤ ᠰᠠᠭᠤᠭ᠎ᠠ ᠬᠥᠮᠥᠨ ᠠᠮᠠ 300᠎ᠠᠴᠠ 1000 ᠬᠥᠮᠥᠨ᠂ ᠲᠠᠷᠠᠬᠠᠢ ᠪᠤᠲᠠᠷᠬᠠᠢ ᠰᠠᠭᠤᠷᠢᠰᠢᠵᠤ ᠪᠠᠢ᠌ᠭ᠎ᠠ ᠲᠤᠰᠠᠭ᠋ᠠᠷ ᠪᠤᠶᠤ ᠵᠠᠯᠭ᠋ᠠᠯᠳᠤᠭᠰᠠᠨ ᠠᠢ᠌ᠯ ᠲᠣᠰᠬᠣᠨ᠎ᠨᠢ ᠲᠠᠷᠠᠬᠠᠢ ᠰᠢᠢ᠍ᠳᠪᠦᠷᠢᠯᠡᠬᠦ ᠲᠥᠬᠦᠭᠡᠷᠦᠮᠵᠢ ᠪᠤᠶᠤ ᠲᠥᠪᠯᠡᠷᠡᠭᠦᠯᠦᠨ ᠪᠠᠶ᠋ᠢᠭᠤᠯᠬᠤ ᠡᠳᠦᠷ᠎ᠤᠨ ᠰᠢᠢ᠍ᠳᠪᠦᠷᠢᠯᠡᠬᠦ ᠴᠢᠳᠠᠪᠤᠷᠢ᠎ᠪᠠᠷ 5 ᠲᠣᠨ ᠣᠷᠴᠢᠮ ᠪᠠᠢ᠌ᠬᠤ ᠪᠣᠬᠢᠷ ᠤᠰᠤ ᠰᠢᠢ᠍ᠳᠪᠦᠷᠢᠯᠡᠬᠦ ᠪᠠᠭ᠎ᠠ ᠬᠡᠯᠪᠡᠷᠢ ᠵᠢᠨ ᠪᠡᠯᠡᠳᠬᠡᠮᠵᠢ ᠵᠢ ᠠᠰᠢᠭᠯᠠᠵᠤ᠂ ᠪᠠᠢ᠌ᠩᠭᠤ ᠰᠠᠭᠤᠭ᠎ᠠ ᠬᠥᠮᠥᠨ ᠠᠮᠠ᠎ᠨᠢ 300᠎ᠠᠴᠠ ᠳᠣᠷᠣᠭᠰᠢ ᠪᠠᠢ᠌ᠬᠤ ᠲᠠᠷᠠᠬᠠᠢ ᠪᠤᠲᠠᠷᠬᠠᠢ᠂ ᠪᠤᠢ᠍ᠢ᠍ᠳᠠ ᠪᠥᠭᠯᠡᠭᠦᠦ ᠠᠢ᠌ᠯ ᠲᠣᠰᠬᠣᠨ᠎ᠨᠢ ᠪᠠᠭ᠋ᠠᠰᠤ ᠪᠣᠬᠢᠷ᠎ᠢ ᠴᠤᠭᠯᠠᠭᠤᠯᠬᠤ᠎ᠪᠠᠷ ᠭᠣᠣᠯ ᠪᠣᠯᠭ᠋ᠠᠭᠰᠠᠨ ᠠᠮᠢᠳᠤᠷᠠᠯ᠎ᠤᠨ ᠪᠣᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠠᠷᠭ᠎ᠠ ᠮᠠᠶᠢᠭ ᠵᠶ᠋ᠡᠷ ᠳᠠᠮᠵᠢᠭᠤᠯᠤᠨ ᠪᠣᠬᠢᠷ ᠤᠰᠤ ᠵᠢ ᠰᠢᠢ᠍ᠳᠪᠦᠷᠢᠯᠡᠵᠦ ᠪᠣᠯᠣᠨ᠎ᠠ᠃ ᠪᠣᠬᠢᠷ ᠤᠰᠤ ᠵᠢ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠠᠭᠪᠤᠷ᠎ᠢ ᠰᠢᠨᠵᠢᠯᠡᠬᠦ ᠤᠬᠠᠭ᠋ᠠᠨᠴᠢ᠎ᠪᠠᠷ ᠰᠣᠩᠭᠣᠵᠤ  ᠂ ᠬᠠᠷ᠎ᠠ ᠦᠨᠡᠰᠦᠨ ᠤᠰᠤ ᠵᠢ ᠲᠥᠷᠥᠯ ᠬᠤᠪᠢᠶᠠᠨ ᠬᠣᠷᠢᠶᠠᠨ ᠴᠤᠭᠯᠠᠭᠤᠯᠵᠤ ᠰᠢᠢ᠍ᠳᠪᠦᠷᠢᠯᠡᠬᠦ  ᠂ ᠮᠠᠯ ᠵᠢᠭᠦᠷᠲᠡᠨ᠎ᠤ ᠪᠠᠭ᠋ᠠᠰᠤᠨ ᠪᠣᠬᠢᠷᠳᠤᠯ᠎ᠢ ᠬᠠᠮᠵᠢᠯᠴᠠᠨ ᠵᠠᠰᠠᠬᠤ  ᠂ ᠠᠮᠢ ᠠᠬᠤᠢ ᠵᠢᠨ ᠭᠣᠸ᠋ ᠰᠤᠪᠠᠭ  ᠂ ᠴᠢᠭᠢᠭᠯᠢᠭ ᠭᠠᠵᠠᠷ᠎ᠢ ᠪᠦᠲᠦᠭᠡᠨ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ  ᠂ ᠠᠮᠢᠳᠤᠷᠠᠯ᠎ᠤᠨ ᠪᠣᠬᠢᠷ ᠤᠰᠤ ᠵᠢ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠯᠡᠭᠰᠡᠨ᠎ᠤ ᠳᠠᠷᠠᠭ᠎ᠠ ᠠᠰᠢᠭᠯᠠᠬᠤ ᠱᠠᠭ᠋ᠠᠷᠳᠠᠯᠭ᠎ᠠ᠎ᠳᠤ ᠬᠦᠷᠦᠭᠦᠯᠵᠦ  ᠂ ᠬᠦᠷᠢᠶ᠎ᠡ ᠬᠠᠰᠢᠶ᠎ᠠ ᠵᠢ ᠭᠣᠶᠣᠵᠢᠭᠤᠯᠬᠤ  ᠂ ᠠᠢ᠌ᠯ ᠲᠣᠰᠬᠣᠨ᠎ᠢ ᠨᠣᠭᠣᠭ᠋ᠠᠷᠠᠭᠤᠯᠬᠤ ᠪᠠ ᠲᠠᠷᠢᠶᠠᠨ ᠭᠠᠵᠠᠷ᠎ᠢ ᠤᠰᠤᠯᠠᠬᠤ ᠵᠡᠷᠭᠡ᠎ᠳᠤ ᠬᠡᠷᠡᠭᠯᠡᠬᠦ ᠵᠢ ᠰᠦᠪᠡᠭᠴᠢᠯᠡᠨ᠎ᠡ  ᠃

      (  ᠨᠠᠢ᠍ᠮᠠ  ) ᠮᠠᠯᠵᠢᠬᠤ ᠲᠠᠷᠢᠶᠠᠯᠠᠬᠤ ᠣᠷᠣᠨ᠎ᠤ ᠬᠠᠷ᠎ᠠ ᠦᠮᠡᠬᠡᠢ ᠤᠰᠤᠨ ᠴᠣᠭᠴᠠ ᠵᠢ ᠵᠠᠰᠠᠬᠤ ᠵᠢ ᠴᠢᠩᠭ᠋ᠠᠳᠬᠠᠨ᠎ᠠ  ᠃ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠪᠣᠬᠢᠷ ᠦᠮᠡᠬᠡᠢ ᠤᠰᠤᠨ ᠴᠣᠭᠴᠠ ᠵᠢᠨ ᠰᠠᠭᠤᠷᠢ ᠲᠣᠭ᠎ᠠ ᠵᠢᠨ ᠪᠠᠢ᠌ᠴᠠᠭ᠋ᠠᠯᠲᠠ ᠵᠢ ᠥᠷᠨᠢᠭᠦᠯᠵᠦ  ᠂ ᠰᠠᠭᠤᠷᠢ ᠲᠣᠭ᠎ᠠ ᠵᠢ ᠪᠥᠬᠥ ᠲᠠᠯ᠎ᠠ᠎ᠪᠠᠷ ᠣᠢ᠌ᠯᠠᠭ᠋ᠠᠨ  ᠂ ᠵᠠᠰᠠᠬᠤ ᠡᠬᠡ ᠲᠠᠩᠰᠠ ᠪᠠᠢ᠌ᠭᠤᠯᠵᠤ  ᠂ ᠵᠠᠰᠠᠬᠤ ᠴᠠᠭ᠎ᠤᠨ ᠬᠢᠵᠠᠭ᠋ᠠᠷ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠪᠣᠬᠢᠷ ᠦᠮᠡᠬᠡᠢ ᠤᠰᠤᠨ ᠴᠣᠭᠴᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠢᠭᠰᠠᠭ᠋ᠠᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠵᠤ  ᠂ ᠭᠣᠣᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠰᠢᠰᠲ᠋ᠧᠮ᠎ᠢ ᠶᠡᠷᠦᠩᠬᠡᠢ᠌ᠯᠡᠨ ᠵᠠᠰᠠᠬᠤ᠎ᠲᠠᠢ ᠤᠶᠠᠯᠳᠤᠭᠤᠯᠤᠨ  ᠂ ᠤᠰᠤᠨ᠎ᠤ ᠰᠢᠰᠲ᠋ᠧᠮ᠎ᠢ ᠬᠣᠯᠪᠣᠯᠳᠤᠭᠤᠯᠬᠤ ᠵᠢᠴᠢ ᠤᠰᠤ ᠰᠠᠢ᠌ᠬᠠᠨ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠬᠤ ᠲᠤᠷᠰᠢᠯᠲᠠ ᠵᠢᠨ ᠴᠢᠭ᠋᠎ᠢ ᠲᠦᠯᠬᠢᠨ ᠠᠬᠢᠭᠤᠯᠤᠨ᠎ᠠ  ᠃   ᠭᠣᠣᠯ ᠮᠥᠷᠡᠨ ᠨᠠᠭᠤᠷ ᠴᠥᠭᠥᠷᠥᠮ᠎ᠤᠨ ᠳᠠᠷᠤᠭ᠎ᠠ ᠵᠢᠨ ᠦᠢ᠍ᠯᠡᠳᠴᠦ ᠬᠡᠷᠡᠭᠯᠡᠬᠦ ᠵᠢ ᠭᠦᠢ᠍ᠴᠡᠳ ᠪᠠᠳᠠᠷᠠᠭᠤᠯᠵᠤ  ᠂ ᠮᠠᠯᠵᠢᠬᠤ ᠲᠠᠷᠢᠶᠠᠯᠠᠬᠤ ᠣᠷᠣᠨ᠎ᠤ ᠭᠣᠣᠯ ᠮᠥᠷᠡᠨ ᠨᠠᠭᠤᠷ ᠴᠥᠭᠥᠷᠥᠮ᠎ᠤᠨ ᠲᠣᠪᠣᠢ᠌ᠮ᠎ᠠ ᠠᠮᠢ ᠠᠬᠤᠢ ᠵᠢᠨ ᠣᠷᠴᠢᠨ ᠲᠣᠭᠣᠷᠢᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠤᠨ᠎ᠠ  ᠃

       ᠳᠥᠷᠪᠡ᠂ ᠲᠠᠷᠢᠶᠠᠯᠠᠬᠤ ᠮᠠᠯᠵᠢᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢ ᠵᠠᠰᠠᠬᠤ ᠬᠢᠷᠢ ᠬᠡᠮᠵᠢᠶ᠎ᠡ  ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ

      (  ᠶᠢᠰᠦ  ) ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢ ᠬᠣᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠰᠢᠰᠲ᠋ᠧᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ  ᠃ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠬᠣᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ  ᠂ ᠬᠣᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠪᠡᠯᠡᠳᠬᠡᠮᠵᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠎ᠡ  ᠃ ᠠᠢ᠌ᠯ ᠲᠣᠰᠬᠣᠨ᠎ᠤ ᠲᠠᠷᠬᠠᠯᠲᠠ  ᠂ ᠬᠣᠭ ᠨᠣᠪᠰᠢ ᠵᠢᠨ ᠭᠠᠷᠤᠯᠲᠠ  ᠂ ᠳᠠᠮᠵᠢᠭᠤᠯᠤᠨ ᠲᠡᠭᠡᠭᠡᠪᠦᠷᠢᠯᠡᠬᠦ ᠵᠠᠢ  ᠂ ᠠᠵᠤ ᠠᠬᠤᠢ ᠵᠢᠨ ᠨᠥᠬᠥᠴᠡᠯ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ  ᠂ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠠᠮᠢᠳᠤᠷᠠᠯ᠎ᠤᠨ ᠬᠣᠭ ᠨᠣᠪᠰᠢ ᠵᠢ ᠬᠣᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠠᠵᠢᠯ᠎ᠢ ᠥᠷᠨᠢᠭᠦᠯᠵᠦ  ᠂ ᠬᠣᠲᠠ ᠪᠠᠯᠭ᠋ᠠᠰᠤ ᠵᠢᠨ ᠡᠷᠭᠢᠨ ᠲᠣᠭᠣᠷᠢᠨ᠎ᠳᠤ 《ᠲᠠᠷᠢᠶᠠᠯᠠᠬᠤ ᠮᠠᠯᠵᠢᠬᠤ ᠡᠷᠦᠬᠡ ᠴᠤᠭᠯᠠᠭᠤᠯᠬᠤ  ᠂ ᠭᠠᠴᠠᠭ᠎ᠠ ᠲᠣᠰᠬᠣᠨ᠎ᠳᠤ ᠬᠤᠷᠢᠶᠠᠬᠤ  ᠂ ᠰᠤᠮᠤ ᠰᠢᠶᠠᠩ ᠪᠠᠯᠭ᠋ᠠᠰᠤ ᠳᠠᠮᠵᠢᠭᠤᠯᠤᠨ ᠲᠡᠭᠡᠭᠡᠪᠦᠷᠢᠯᠡᠬᠦ  ᠂ ᠬᠣᠰᠢᠭᠤ ᠰᠢᠶᠠᠨ ᠰᠢᠢ᠍ᠳᠪᠦᠷᠢᠯᠡᠬᠦ》 ᠬᠣᠲᠠ ᠬᠥᠳᠡᠭᠡ ᠵᠢ ᠨᠢᠭᠡ ᠴᠣᠭᠴᠠᠵᠢᠭᠤᠯᠤᠨ ᠵᠠᠰᠠᠬᠤ ᠵᠠᠭᠪᠤᠷ᠎ᠢ ᠬᠡᠷᠡᠭᠯᠡᠵᠦ  ᠂ ᠬᠥᠮᠥᠨ ᠠᠮᠠ ᠨᠡᠯᠢᠶᠡᠳ ᠨᠢᠭᠲᠠᠷᠠᠭᠰᠠᠨ ᠭᠠᠵᠠᠷ ᠣᠷᠣᠨ᠎ᠳᠤ《ᠲᠠᠷᠢᠶᠠᠯᠠᠬᠤ ᠮᠠᠯᠵᠢᠬᠤ ᠡᠷᠦᠬᠡ ᠴᠤᠭᠯᠠᠷᠠᠬᠤ᠂ ᠭᠠᠴᠠᠭ᠎ᠠ ᠲᠣᠰᠬᠣᠨ ᠵᠢᠡᠷ ᠬᠤᠷᠢᠶᠠᠬᠤ᠂ ᠰᠤᠮᠤ ᠰᠢᠶᠠᠩ ᠪᠠᠯᠭ᠋ᠠᠰᠤ᠎ᠪᠠᠷ ᠰᠢᠢ᠍ᠳᠪᠦᠷᠢᠯᠡᠬᠦ》 ᠰᠤᠮᠤ ᠰᠢᠶᠠᠩ ᠪᠠᠯᠭ᠋ᠠᠰᠤ ᠵᠢ ᠲᠥᠪᠯᠡᠷᠡᠭᠦᠯᠦᠨ ᠵᠠᠰᠠᠬᠤ ᠵᠠᠭᠪᠤᠷ᠎ᠢ ᠠᠪᠴᠤ᠂ ᠪᠤᠢ᠍ᠢ᠍ᠳᠠ ᠪᠥᠭᠯᠡᠭᠦᠦ ᠭᠠᠵᠠᠷ ᠪᠠᠢ᠌ᠷᠢᠯᠠᠵᠤ᠂ ᠬᠥᠮᠥᠨ ᠠᠮᠠ ᠲᠠᠷᠠᠬᠠᠢ ᠪᠤᠲᠠᠷᠬᠠᠢ ᠭᠠᠴᠠᠭ᠎ᠠ ᠲᠣᠰᠬᠣᠨ᠎ᠳᠤ《ᠲᠠᠷᠢᠶᠠᠯᠠᠬᠤ ᠮᠠᠯᠵᠢᠬᠤ ᠡᠷᠦᠬᠡ ᠴᠤᠭᠯᠠᠷᠠᠬᠤ᠂ ᠭᠠᠴᠠᠭ᠎ᠠ ᠲᠣᠰᠬᠣᠨ ᠵᠢᠡᠷ ᠬᠤᠷᠢᠶᠠᠬᠤ᠂ ᠭᠠᠴᠠᠭ᠎ᠠ ᠲᠣᠰᠬᠣᠨ ᠵᠢᠡᠷ ᠰᠢᠢ᠍ᠳᠪᠦᠷᠢᠯᠡᠬᠦ》 ᠠᠢ᠌ᠯ ᠲᠣᠰᠬᠣᠨ᠎ᠢ ᠰᠠᠯᠭ᠋ᠠᠨ ᠵᠠᠰᠠᠬᠤ ᠵᠠᠭᠪᠤᠷ᠎ᠢ ᠠᠪᠴᠤ ᠪᠣᠯᠣᠨ᠎ᠠ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠵᠢᠵᠢᠭ ᠬᠡᠯᠪᠡᠷᠢ ᠵᠢᠨ  ᠂ ᠲᠠᠷᠠᠬᠠᠢ ᠪᠤᠲᠠᠷᠬᠠᠢ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠠᠷᠭ᠎ᠠ ᠮᠠᠶᠢᠭ᠎ᠢ ᠬᠡᠷᠡᠭᠯᠡᠵᠦ  ᠂ ᠠᠮᠢᠳᠤᠷᠠᠯ᠎ᠤᠨ ᠬᠣᠭ ᠨᠣᠪᠰᠢ ᠵᠢ ᠬᠣᠷᠢᠶᠠᠨ ᠴᠤᠭᠯᠠᠭᠤᠯᠬᠤ  ᠂ ᠳᠠᠮᠵᠢᠭᠤᠯᠤᠨ ᠲᠡᠭᠡᠭᠡᠪᠦᠷᠢᠯᠡᠬᠦ  ᠂ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠪᠠ ᠠᠵᠢᠯᠯᠠᠭ᠋ᠠᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠂ ᠲᠣᠭᠲᠠᠭᠤᠨ ᠵᠶ᠋ᠠᠷ ᠠᠵᠢᠯᠯᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠵᠤ  ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ  ᠃

      (  ᠠᠷᠪᠠ  ) ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢᠨ ᠲᠥᠷᠥᠯ ᠬᠤᠪᠢᠶᠠᠨ ᠬᠡᠮᠵᠢᠶ᠎ᠡ ᠵᠢ ᠪᠠᠭ᠋ᠠᠰᠬᠠᠬᠤ ᠪᠠ ᠠᠰᠢᠭᠯᠠᠬᠤ ᠵᠢ ᠠᠬᠢᠭᠤᠯᠤᠨ᠎ᠠ  ᠃ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠵᠢᠨ ᠴᠢᠭ᠋᠎ᠤᠨ ᠦᠷ᠎ᠡ ᠪᠦᠲᠦᠭᠡᠯ᠎ᠢ ᠪᠡᠬᠢᠵᠢᠭᠦᠯᠵᠦ  ᠂ ᠮᠠᠯᠵᠢᠬᠤ ᠲᠠᠷᠢᠶᠠᠯᠠᠬᠤ ᠣᠷᠣᠨ᠎ᠤ ᠣᠨᠴᠠᠯᠢᠭ ᠪᠠ ᠮᠠᠯᠴᠢᠨ ᠲᠠᠷᠢᠶᠠᠴᠢᠨ᠎ᠤ ᠵᠠᠩ ᠳᠠᠳᠬᠠᠯ᠎ᠳᠤ ᠨᠡᠶ᠋ᠢᠴᠡᠬᠦ  ᠂ ᠳᠥᠭᠥᠮ ᠳᠥᠲᠡ ᠪᠥᠭᠡᠳ ᠶᠠᠪᠤᠭᠳᠠᠭᠤᠰᠢᠲᠠᠢ ᠲᠥᠷᠥᠯ ᠬᠤᠪᠢᠶᠠᠨ ᠰᠢᠢ᠍ᠳᠪᠦᠷᠢᠯᠡᠬᠦ ᠵᠠᠭᠪᠤᠷ᠎ᠢ ᠢᠳᠡᠪᠬᠢᠲᠡᠢ᠎ᠪᠠᠷ ᠳᠡᠯᠭᠡᠷᠡᠭᠦᠯᠦᠨ᠎ᠡ  ᠃ ᠪᠠᠷᠢᠯᠭ᠎ᠠ ᠵᠢᠨ ᠬᠣᠭ ᠨᠣᠪᠰᠢ  ᠂ ᠨᠡᠭᠦᠷᠡᠰᠦᠨ ᠰᠢᠭ᠋ᠠᠷᠤ ᠵᠢᠨ ᠦᠨᠡᠰᠦᠨ ᠰᠢᠷᠣᠢ ᠵᠡᠷᠭᠡ ᠵᠢ ᠲᠤᠬᠠᠢ ᠵᠢᠨ ᠭᠠᠵᠠᠷ᠎ᠲᠤᠨᠢ ᠣᠢ᠌ᠷ᠎ᠠ ᠬᠠᠪᠢ᠎ᠳᠤᠨᠢ ᠰᠢᠩᠭᠡᠭᠡᠬᠦ ᠠᠷᠭ᠎ᠠ ᠮᠠᠶᠢᠭ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ  ᠂ ᠲᠣᠰᠬᠣᠨ᠎ᠤ ᠳᠣᠲᠣᠷᠠᠬᠢ ᠵᠠᠮ  ᠂ ᠦᠵᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠵᠢ ᠵᠣᠷᠢᠭᠵᠢᠭᠤᠯᠤᠨ᠎ᠠ  ᠃ ᠲᠣᠰᠬᠣᠨ᠎ᠠᠴᠠ ᠬᠣᠭ ᠨᠣᠪᠰᠢ ᠵᠢ ᠭᠠᠷᠭ᠋ᠠᠬᠤ ᠬᠡᠮᠵᠢᠶ᠎ᠡ ᠵᠢ ᠪᠠᠭ᠋ᠠᠰᠬᠠᠵᠤ᠂ ᠡᠭᠡᠭᠦᠯᠦᠨ ᠬᠤᠷᠢᠶᠠᠵᠤ ᠪᠣᠯᠬᠤ ᠬᠣᠭ ᠨᠣᠪᠰᠢ ᠵᠢ ᠡᠬᠢ ᠪᠠᠶᠠᠯᠢᠭᠵᠢᠭᠤᠯᠤᠨ ᠠᠰᠢᠭᠯᠠᠬᠤ ᠨᠤᠷᠮ᠎ᠠ ᠵᠢ ᠳᠡᠭᠡᠭᠰᠢᠯᠡᠭᠦᠯᠦᠨ᠎ᠡ᠃ ᠨᠥᠬᠥᠴᠡᠯ᠎ᠲᠠᠢ ᠭᠠᠵᠠᠷ ᠣᠷᠣᠨ᠎ᠳᠤ ᠠᠮᠠᠷᠬᠠᠨ ᠢᠯᠵᠢᠷᠡᠬᠦ ᠬᠣᠭ ᠨᠣᠪᠰᠢ ᠵᠢ ᠲᠤᠬᠠᠢ ᠵᠢᠨ ᠭᠠᠵᠠᠷ᠎ᠲᠤᠨᠢ ᠣᠶ᠋ᠢᠷᠠᠯᠴᠠᠭ᠎ᠠ ᠭᠠᠵᠠᠷ᠎ᠲᠤᠨᠢ ᠰᠢᠩᠭᠡᠭᠡᠬᠦ᠂ ᠬᠣᠣᠷ ᠬᠥᠨᠥᠭᠡᠯ᠎ᠲᠠᠢ ᠬᠣᠭ ᠨᠣᠪᠰᠢ ᠵᠢ ᠠᠰ᠎ᠲᠤᠨᠢ ᠴᠤᠭᠯᠠᠭᠤᠯᠤᠨ ᠬᠠᠳᠠᠭ᠋ᠠᠯᠠᠬᠤ ᠪᠠ ᠰᠢᠢ᠍ᠳᠪᠦᠷᠢᠯᠡᠬᠦ᠂ ᠪᠤᠰᠤᠳ ᠬᠣᠭ ᠨᠣᠪᠰᠢ ᠵᠢ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢᠱ᠌ᠢᠶ᠎ᠡ ᠦᠵᠡᠭᠦᠯᠬᠦ ᠰᠢᠶᠠᠨ᠎ᠢ ᠡᠭᠦᠳᠦᠨ ᠪᠠᠶ᠋ᠢᠭᠤᠯᠬᠤ ᠵᠢ ᠡᠮᠬᠢ ᠵᠢᠷᠤᠮ᠎ᠲᠠᠢ ᠥᠷᠨᠢᠭᠦᠯᠦᠨ᠎ᠡ  ᠃ ᠰᠤᠮᠤ ᠰᠢᠶᠠᠩ ᠪᠠᠯᠭ᠋ᠠᠰᠤ ᠪᠤᠶᠤ ᠵᠠᠰᠠᠭ ᠵᠠᠬᠢᠷᠭ᠋ᠠᠨ᠎ᠤ ᠲᠣᠰᠬᠣᠨ ᠵᠶ᠋ᠠᠷ ᠨᠢᠭᠡᠴᠢ ᠪᠣᠯᠭ᠋ᠠᠨ  ᠂ ᠨᠢᠭᠡ ᠪᠦᠯᠦᠭ ᠣᠷᠣᠨ ᠪᠦᠰᠡ ᠵᠢᠨ ᠮᠠᠯᠵᠢᠬᠤ ᠲᠠᠷᠢᠶᠠᠯᠠᠬᠤ ᠣᠷᠣᠨ᠎ᠤ ᠣᠷᠭ᠋ᠠᠨᠢᠭ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠰᠢᠢ᠍ᠳᠪᠦᠷᠢᠯᠡᠵᠦ ᠠᠰᠢᠭᠯᠠᠬᠤ ᠲᠥᠪ᠎ᠢ ᠪᠠᠢ᠌ᠭᠤᠯᠵᠤ  ᠂ ᠣᠷᠭ᠋ᠠᠨᠢᠭ ᠠᠮᠢᠳᠤᠷᠠᠯ᠎ᠤᠨ ᠬᠣᠭ ᠨᠣᠪᠰᠢ  ᠂ ᠵᠣᠷᠯᠣᠩ᠎ᠤᠨ ᠪᠠᠭ᠋ᠠᠰᠤᠨ ᠪᠣᠬᠢᠷᠳᠤᠯ ᠪᠠ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠣᠷᠭ᠋ᠠᠨᠢᠭ ᠬᠠᠶᠠᠭᠳᠠᠮᠠᠯ ᠪᠣᠳᠠᠰ᠎ᠢ ᠬᠣᠷᠢᠶᠠᠨ ᠠᠪᠴᠤ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠬᠠᠮᠵᠢᠯᠴᠠᠨ ᠠᠬᠢᠭᠤᠯᠤᠨ᠎ᠠ  ᠃ ᠬᠢᠮᠢ ᠵᠢᠨ ᠪᠣᠷᠳᠣᠭᠤᠷ ᠲᠠᠷᠢᠶᠠᠨ ᠡᠮ᠎ᠤᠨ ᠬᠡᠮᠵᠢᠶ᠎ᠡ ᠵᠢ ᠪᠠᠭ᠋ᠠᠰᠬᠠᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠰᠠᠢ᠌ᠲᠤᠷ ᠠᠳᠬᠤᠵᠤ  ᠂ ᠪᠣᠬᠢᠷᠳᠤᠯ ᠦᠭᠡᠢ ᠰᠡᠷᠭᠡᠢ᠌ᠯᠡᠨ ᠡᠵᠡᠮᠳᠡᠬᠦ ᠦᠢ᠍ᠯᠡᠳᠬᠦᠨ ᠪᠠ ᠮᠡᠷᠭᠡᠵᠢᠯ᠎ᠢ ᠶᠡᠬᠡᠪᠡᠷ ᠳᠡᠯᠭᠡᠷᠡᠭᠦᠯᠦᠨ  ᠂ 2025 ᠣᠨ ᠪᠣᠯᠬᠤ᠎ᠳᠤ ᠬᠢᠮᠢ ᠵᠢᠨ ᠪᠣᠷᠳᠣᠭᠤᠷ ᠲᠠᠷᠢᠶᠠᠨ ᠡᠮ᠎ᠤᠨ ᠬᠡᠷᠡᠭᠯᠡᠯᠲᠡ ᠵᠢᠨ ᠬᠡᠮᠵᠢᠶ᠎ᠡ ᠵᠢ ᠦᠷᠭᠦᠯᠵᠢᠯᠡᠨ ᠰᠥᠭᠡᠷᠭᠦ ᠨᠡᠮᠡᠭᠳᠡᠯ᠎ᠲᠠᠢ ᠪᠠᠢ᠌ᠯᠭ᠋ᠠᠵᠤ  ᠂ ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ 90% ᠎ᠠᠴᠠ ᠳᠡᠭᠡᠭᠰᠢ᠎ᠳᠤ ᠬᠦᠷᠦᠭᠦᠯᠦᠨ᠎ᠡ  ᠃ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠰᠦᠯᠢᠶᠥᠦ ᠵᠢᠨ ᠪᠣᠬᠢᠷᠳᠤᠯ᠎ᠢ ᠵᠠᠰᠠᠬᠤ ᠪᠠ ᠳᠠᠬᠢᠯᠲᠠ ᠡᠬᠢ ᠪᠠᠶᠠᠯᠢᠭ᠎ᠢ ᠡᠭᠡᠭᠦᠯᠦᠨ ᠬᠤᠷᠢᠶᠠᠵᠤ ᠠᠰᠢᠭᠯᠠᠬᠤ᠎ᠳᠤ ᠢᠳᠡᠪᠬᠢᠲᠡᠢ ᠣᠷᠤᠯᠴᠠᠬᠤ ᠵᠢ ᠳᠡᠮᠵᠢᠨ᠎ᠡ  ᠃

       ᠲᠠᠪᠤ᠂ ᠲᠣᠰᠬᠣᠨ᠎ᠤ ᠳᠦᠷᠰᠦ ᠪᠠᠢ᠌ᠳᠠᠯ᠎ᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠬᠦ ᠵᠢ ᠠᠬᠢᠭᠤᠯᠤᠨ᠎ᠠ

      (  ᠠᠷᠪᠠᠨ ᠨᠢᠭᠡ  ) ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠲᠠᠩᠰᠠ ᠡᠪᠬᠡᠮᠡᠯ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ 《  ᠵᠠᠮ᠎ᠤᠨ ᠳᠠᠷᠤᠭ᠎ᠠ ᠵᠢᠨ ᠳᠦᠷᠢᠮ  》᠎ᠢ ᠪᠥᠬᠥ ᠲᠠᠯ᠎ᠠ᠎ᠪᠠᠷ ᠬᠡᠷᠡᠭᠵᠢᠭᠦᠯᠵᠦ  ᠂ 《  ᠳᠥᠷᠪᠡᠨ ᠰᠠᠢ᠌ᠨᠲᠠᠢ ᠬᠥᠳᠡᠭᠡ ᠲᠣᠰᠬᠣᠨ᠎ᠤ ᠵᠠᠮ  》 ᠪᠠ 《  ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠤ ᠵᠠᠮ  》᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠤᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠵᠢᠭᠤᠯᠴᠢᠯᠠᠯ᠎ᠤᠨ ᠵᠠᠮ  ᠂ ᠠᠵᠤ ᠦᠢ᠍ᠯᠡᠰ᠎ᠤᠨ ᠵᠠᠮ  ᠂ ᠲᠣᠣᠷ ᠬᠣᠯᠪᠣᠭᠰᠠᠨ ᠵᠠᠮ᠎ᠢ ᠡᠮᠬᠢ ᠵᠢᠷᠤᠮ᠎ᠲᠠᠢ᠎ᠪᠠᠷ ᠪᠦᠲᠦᠭᠡᠨ ᠪᠠᠢ᠌ᠭᠤᠯᠵᠤ  ᠂ ᠰᠤᠮᠤ ᠰᠢᠶᠠᠩ ᠪᠠᠯᠭ᠋ᠠᠰᠤ᠎ᠳᠤ ᠭᠤᠷᠪᠠᠳᠤᠭ᠋ᠠᠷ ᠳᠡᠰ᠎ᠤᠨ ᠵᠠᠰᠠᠮᠠᠯ ᠵᠠᠮ ᠨᠡᠪᠲᠡᠷᠡᠭᠦᠯᠬᠦ  ᠂ ᠨᠡᠯᠢᠶᠡᠳ ᠶᠡᠬᠡ ᠬᠥᠮᠥᠨ ᠠᠮᠠ ᠵᠢᠨ ᠬᠡᠪᠴᠢᠶᠡᠲᠦ ᠠᠢ᠌ᠯ ᠲᠣᠰᠬᠣᠨ᠎ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠨᠣᠷᠮ᠎ᠠ ᠵᠢ ᠳᠡᠭᠡᠭᠰᠢᠯᠡᠭᠦᠯᠦᠨ  ᠂ 2023 ᠣᠨ ᠪᠣᠯᠬᠤ᠎ᠳᠤ ᠨᠡᠯᠢᠶᠡᠳ ᠶᠡᠬᠡ ᠬᠥᠮᠥᠨ ᠠᠮᠠ ᠵᠢᠨ ᠬᠡᠪᠴᠢᠶᠡᠲᠦ ᠠᠢ᠌ᠯ ᠲᠣᠰᠬᠣᠨ᠎ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠨᠣᠷᠮ᠎ᠠ ᠵᠢ 83.5% ᠎ᠠᠴᠠ ᠳᠡᠭᠡᠭᠰᠢ᠎ᠳᠤ ᠬᠦᠷᠦᠭᠦᠯᠵᠦ  ᠂ 2025 ᠣᠨ᠎ᠳᠤ 85% ᠎ᠠᠴᠠ ᠳᠡᠭᠡᠭᠰᠢ᠎ᠳᠤ ᠬᠦᠷᠦᠭᠦᠯᠬᠦ᠎ᠪᠠᠷ ᠴᠢᠷᠮᠠᠢ᠌ᠨ᠎ᠠ  ᠃ ᠵᠠᠮ ᠬᠠᠷᠢᠯᠴᠠᠭ᠋ᠠᠨ᠎ᠤ ᠲᠥᠷᠥᠯ ᠵᠦᠢ᠍ᠯ᠎ᠢ ᠠᠢ᠌ᠯ ᠲᠣᠰᠬᠣᠨ᠎ᠳᠤ ᠣᠷᠣᠭᠤᠯᠬᠤ ᠪᠠ ᠡᠷᠦᠬᠡ᠎ᠳᠤ ᠣᠷᠣᠭᠤᠯᠬᠤ ᠳᠠᠰᠢ ᠨᠠᠩ ᠢᠯᠡᠭᠦᠦ ᠬᠡᠯᠪᠡᠢ᠌ᠯᠭᠡᠬᠦ ᠵᠢ ᠠᠬᠢᠭᠤᠯᠵᠤ  ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠲᠣᠣᠷ᠎ᠢ ᠤᠯᠠᠮ ᠨᠢᠭᠡ ᠠᠯᠬᠤᠮ ᠤᠷᠲᠤᠳᠬᠠᠵᠤ  ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠬᠠᠮᠤᠷᠬᠤ ᠬᠡᠪᠴᠢᠶ᠎ᠡ ᠪᠠ ᠨᠡᠪᠲᠡᠷᠡᠬᠦ ᠭᠦᠨᠴᠡ ᠵᠢ ᠳᠡᠭᠡᠭᠰᠢᠯᠡᠭᠦᠯᠦᠨ᠎ᠡ  ᠃ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠬᠠᠮᠢᠶᠠᠷᠴᠤ ᠠᠷᠠᠴᠢᠯᠠᠨ ᠬᠠᠮᠠᠭ᠋ᠠᠯᠠᠬᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ  ᠂ ᠬᠣᠰᠢᠭᠤ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠤ   ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ  ᠂ ᠮᠠᠯᠵᠢᠬᠤ ᠲᠠᠷᠢᠶᠠᠯᠠᠬᠤ ᠣᠷᠣᠨ᠎ᠤ ᠵᠠᠰᠠᠮᠠᠯ ᠵᠠᠮ᠎ᠤᠨ ᠠᠷᠠᠴᠢᠯᠠᠨ ᠬᠠᠮᠠᠭ᠋ᠠᠯᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ

      (  ᠠᠷᠪᠠᠨ ᠬᠣᠶᠠᠷ  ) ᠠᠢ᠌ᠯ ᠲᠣᠰᠬᠣᠨ᠎ᠤ ᠣᠯᠠᠨ ᠨᠡᠶ᠋ᠢᠲᠡ ᠵᠢᠨ ᠣᠷᠴᠢᠨ ᠲᠣᠭᠣᠷᠢᠨ᠎ᠢ ᠰᠠᠢ᠌ᠵᠢᠷᠠᠭᠤᠯᠬᠤ ᠬᠡᠷᠡᠭᠲᠡᠢ  ᠃ ᠳᠤᠷ᠎ᠠ᠎ᠪᠠᠷ ᠵᠶ᠋ᠠᠨ ᠪᠠᠷᠢᠵᠤ ᠳᠤᠷ᠎ᠠ᠎ᠪᠠᠷ ᠵᠶ᠋ᠠᠨ ᠪᠠᠷᠢᠬᠤ᠂ ᠳᠤᠷ᠎ᠠ᠎ᠪᠠᠷ ᠵᠶ᠋ᠠᠨ ᠣᠪᠣᠭ᠋ᠠᠯᠠᠵᠤ ᠳᠤᠷ᠎ᠠ᠎ᠪᠠᠷ ᠵᠶ᠋ᠠᠨ ᠲᠠᠯᠪᠢᠬᠤ ᠵᠢ ᠪᠦᠬᠦ ᠲᠠᠯ᠎ᠠ᠎ᠪᠠᠷ ᠴᠡᠪᠡᠷᠯᠡᠵᠦ᠂ ᠡᠪᠳᠡᠷᠬᠡᠢ ᠬᠡᠷᠡᠮ ᠡᠪᠳᠡᠷᠬᠡᠢ ᠬᠡᠷᠡᠮ᠎ᠢ ᠴᠡᠭᠴᠡᠯᠡᠨ ᠵᠠᠰᠠᠵᠤ᠂ ᠰᠤᠯᠠ ᠲᠠᠯᠪᠢᠵᠤ ᠪᠠᠢ᠌ᠭ᠎ᠠ ᠣᠷᠣᠨ ᠰᠠᠭᠤᠴᠠ ᠵᠢᠨ ᠭᠠᠵᠠᠷ᠎ᠢ ᠲᠠᠬᠢᠨ ᠬᠠᠭ᠋ᠠᠯᠪᠤᠷᠢᠯᠠᠬᠤ᠂ ᠤᠷᠳᠤ ᠬᠤᠭᠤᠴᠠᠭ᠎ᠠ᠎ᠪᠠᠷ ᠬᠣᠭᠣᠰᠤᠨ ᠲᠠᠯᠪᠢᠵᠤ ᠪᠠᠢ᠌ᠭ᠎ᠠ ᠭᠡᠷ ᠪᠠᠢ᠌ᠰᠢᠩ᠎ᠢ 《ᠬᠠᠭᠤᠴᠢᠨ᠎ᠢ ᠨᠤᠷᠠᠭ᠋ᠠᠵᠤ ᠬᠠᠶᠠᠭᠳᠠᠯ᠎ᠢ ᠨᠤᠷᠠᠭ᠋ᠠᠬᠤ》 ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠠᠢ᠌ᠯ ᠲᠣᠰᠬᠣᠨ᠎ᠤ ᠳᠣᠲᠣᠭ᠋ᠠᠳᠤ ᠵᠢᠨ ᠰᠤᠯᠠ ᠲᠠᠯᠪᠢᠵᠤ ᠪᠠᠢ᠌ᠭ᠎ᠠ ᠭᠠᠵᠠᠷ ᠰᠢᠷᠣᠢ ᠵᠢ ᠡᠷᠴᠢᠮᠵᠢᠭᠦᠯᠦᠨ ᠠᠰᠢᠭᠯᠠᠵᠤ᠂ ᠠᠢ᠌ᠯ ᠲᠣᠰᠬᠣᠨ᠎ᠤ ᠤᠯᠠᠨ ᠨᠡᠶ᠋ᠢᠲᠡ ᠵᠢᠨ ᠣᠷᠣᠨ ᠵᠠᠢ ᠵᠢ ᠥᠷᠭᠡᠳᠬᠡᠨ᠎ᠡ᠃ ᠠᠢ᠌ᠯ ᠲᠣᠰᠬᠣᠨ᠎ᠤ ᠤᠯᠠᠨ ᠨᠡᠶ᠋ᠢᠲᠡ ᠵᠢᠨ ᠭᠡᠷᠡᠯᠲᠦᠭᠦᠯᠭᠡ ᠵᠢᠨ ᠲᠥᠬᠦᠭᠡᠷᠦᠮᠵᠢ ᠵᠢ ᠲᠡᠭᠦᠯᠳᠡᠷᠵᠢᠭᠦᠯᠵᠦ᠂ ᠨᠥᠬᠥᠴᠡᠯ᠎ᠲᠠᠢ ᠲᠣᠰᠬᠣᠨ᠎ᠤ ᠳᠣᠲᠣᠷᠠᠬᠢ ᠭᠣᠣᠯ ᠵᠠᠮ ᠪᠠ ᠤᠯᠠᠨ ᠨᠡᠶ᠋ᠢᠲᠡ ᠵᠢᠨ ᠲᠠᠯᠠᠪᠤᠷ᠎ᠲᠤ ᠪᠦᠬᠦᠨ᠎ᠢ ᠬᠠᠮᠤᠷᠬᠤ ᠵᠢ ᠦᠨᠳᠦᠰᠦᠨ᠎ᠳᠡᠭᠡᠨ ᠪᠡᠶᠡᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ᠎ᠤ ᠴᠠᠬᠢᠯᠭ᠋ᠠᠨ ᠬᠦᠴᠦᠨ᠎ᠤ ᠱᠤᠭᠤᠮ  ᠂ ᠴᠢᠮᠡᠭᠡ ᠬᠣᠯᠪᠣᠭ᠋ᠠᠨ᠎ᠤ ᠱᠤᠭᠤᠮ  ᠂ ᠷᠠᠳᠢᠣ᠋ ᠲᠧᠯᠸᠢᠰ᠎ᠤᠨ ᠱᠤᠭᠤᠮ 《  ᠭᠤᠷᠪᠠᠨ ᠱᠤᠭᠤᠮ  》᠎ᠢ ᠬᠠᠮᠠᠭ᠋ᠠᠯᠠᠨ ᠡᠮᠬᠢᠯᠡᠬᠦ ᠠᠵᠢᠯ᠎ᠢ ᠴᠢᠩᠭ᠋ᠠᠳᠬᠠᠵᠤ  ᠂ ᠨᠥᠬᠥᠴᠡᠯ᠎ᠲᠠᠢ ᠭᠠᠵᠠᠷ ᠣᠷᠣᠨ᠎ᠨᠢ ᠵᠠᠮ ᠱᠤᠭᠤᠮ᠎ᠢ ᠲᠣᠭᠲᠠᠭ᠋ᠠᠯ ᠎ᠠᠴᠠ ᠵᠥᠷᠢᠴᠡᠨ ᠡᠯᠭᠦᠵᠦ ᠰᠢᠢ᠍ᠳᠪᠦᠷᠢᠯᠡᠬᠦ ᠵᠢ ᠠᠬᠢᠭᠤᠯᠤᠨ᠎ᠠ  ᠃ ᠠᠢ᠌ᠯ ᠲᠣᠰᠬᠣᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠵᠤ ᠠᠶᠤᠯ᠎ᠠᠴᠠ ᠵᠠᠢ᠌ᠯᠠᠬᠤ ᠭᠠᠵᠠᠷ ᠪᠠ ᠦᠶᠡᠷ᠎ᠢ ᠰᠡᠷᠭᠡᠢ᠌ᠯᠡᠬᠦ᠂ ᠭᠠᠯ ᠤᠨᠲᠠᠷᠠᠭ᠋ᠠᠬᠤ ᠵᠡᠷᠭᠡ ᠭᠠᠮᠰᠢᠭ᠎ᠠᠴᠠ ᠠᠪᠤᠷᠠᠬᠤ ᠲᠥᠬᠦᠭᠡᠷᠦᠮᠵᠢ ᠲᠥᠬᠦᠭᠡᠷᠦᠮᠵᠢ ᠵᠢ ᠵᠦᠢ ᠵᠣᠬᠢᠰᠲᠠᠢ ᠪᠠᠢ᠌ᠷᠢᠰᠢᠭᠤᠯᠵᠤ᠂ ᠠᠶᠤᠯᠭᠦᠢ ᠵᠢᠨ ᠵᠠᠮ᠎ᠢ ᠰᠠᠭ᠋ᠠᠳ ᠦᠭᠡᠢ ᠨᠡᠪᠲᠡᠷᠡᠭᠦᠯᠦᠨ᠎ᠡ᠃ ᠣᠨᠴᠣᠭᠤᠢ ᠬᠥᠮᠥᠰ᠎ᠤᠨ ᠬᠡᠷᠡᠭᠴᠡᠭᠡ ᠱᠠᠭ᠋ᠠᠷᠳᠠᠯᠭ᠎ᠠ ᠵᠢ ᠠᠩᠬᠠᠷᠴᠤ  ᠂ ᠮᠠᠯᠵᠢᠬᠤ ᠲᠠᠷᠢᠶᠠᠯᠠᠬᠤ ᠣᠷᠣᠨ᠎ᠤ ᠬᠠᠷᠰᠢ ᠰᠠᠭ᠋ᠠᠳ ᠦᠭᠡᠢ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢ ᠥᠷᠨᠢᠭᠦᠯᠦᠨ᠎ᠡ  ᠃

      (  ᠠᠷᠪᠠᠨ ᠭᠤᠷᠪᠠ  ) ᠬᠥᠳᠡᠭᠡ ᠲᠣᠰᠬᠣᠨ᠎ᠤ ᠨᠣᠭᠣᠭ᠋ᠠᠷᠠᠭᠤᠯᠤᠯᠲᠠ ᠭᠣᠶᠣᠵᠢᠭᠤᠯᠤᠯᠲᠠ ᠵᠢ ᠠᠬᠢᠭᠤᠯᠤᠨ᠎ᠠ  ᠃ ᠬᠥᠳᠡᠭᠡ ᠲᠣᠰᠬᠣᠨ᠎ᠤ ᠨᠣᠭᠣᠭ᠋ᠠᠷᠠᠭᠤᠯᠵᠤ ᠭᠣᠶᠣᠵᠢᠭᠤᠯᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ  ᠂ ᠬᠥᠳᠡᠭᠡ ᠲᠣᠰᠬᠣᠨ᠎ᠤ ᠠᠭᠤᠯᠠᠨ ᠴᠣᠭᠴᠠ ᠵᠢᠨ ᠲᠠᠷᠢᠶᠠᠨ ᠭᠠᠵᠠᠷ  ᠂ ᠭᠣᠣᠯ ᠨᠠᠭᠤᠷ ᠨᠤᠭᠤ ᠭᠠᠵᠠᠷ  ᠂ ᠠᠩᠬᠠᠨ᠎ᠤ ᠤᠷᠭᠤᠮᠠᠯ᠎ᠤᠨ ᠬᠤᠴᠢᠯᠭ᠎ᠠ᠂ ᠡᠷᠲᠡᠨ᠎ᠤ ᠮᠣᠳᠣ ᠨᠠᠷᠠᠲᠤ ᠮᠣᠳᠣ ᠵᠡᠷᠭᠡ ᠵᠢ   ᠭᠣᠣᠯᠳᠠᠯᠭ᠎ᠠ᠎ᠲᠠᠢ ᠬᠠᠮᠠᠭ᠋ᠠᠯᠠᠵᠤ  ᠂ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠠᠭᠯᠠᠭ ᠠᠭᠤᠯᠠ ᠠᠲᠠᠷ ᠭᠠᠵᠠᠷ ᠡᠵᠡᠭᠦᠢ ᠲᠠᠩ ᠡᠵᠡᠭᠦᠢ ᠡᠯᠡᠰᠦ ᠵᠢᠨ ᠨᠣᠭᠣᠭ᠋ᠠᠷᠠᠭᠤᠯᠤᠯᠲᠠ ᠵᠢ ᠥᠷᠨᠢᠭᠦᠯᠵᠦ  ᠂ ᠵᠢᠯ ᠪᠦᠷᠢ 100 ᠲᠦᠮᠡᠨ ᠮᠦ᠍ ᠵᠢ ᠪᠡᠶᠡᠯᠡᠭᠦᠯᠦᠨ᠎ᠡ  ᠃ ᠲᠠᠷᠢᠶᠠᠨ ᠭᠠᠵᠠᠷ (  ᠮᠠᠯᠵᠢᠯ᠎ᠤᠨ ᠲᠠᠯᠠᠪᠠᠶ  )᠎ᠤᠨ ᠬᠠᠯᠬᠠᠪᠴᠢ ᠣᠶ ᠵᠢᠨ ᠪᠦᠲᠦᠭᠡᠨ ᠪᠠᠢ᠌ᠭᠤᠯᠤᠯᠲᠠ ᠪᠠ ᠵᠠᠰᠠᠨ ᠰᠡᠷᠭᠦᠭᠡᠬᠦ ᠵᠢ ᠴᠢᠩᠭ᠋ᠠᠳᠬᠠᠵᠤ  ᠂ ᠰᠡᠷᠭᠡᠢ᠌ᠯᠡᠨ ᠬᠠᠮᠠᠭ᠋ᠠᠯᠠᠬᠤ ᠴᠢᠳᠠᠮᠵᠢ ᠵᠢ ᠳᠡᠭᠡᠭᠰᠢᠯᠡᠭᠦᠯᠦᠨ᠎ᠡ  ᠃ ᠮᠠᠯᠴᠢᠨ ᠲᠠᠷᠢᠶᠠᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠵᠢᠮᠢᠰ ᠨᠣᠭᠣᠭ᠎ᠠ  ᠂ ᠴᠡᠴᠡᠭ ᠮᠣᠳᠣ ᠵᠡᠷᠭᠡ᠎ᠪᠠᠷ ᠳᠠᠮᠵᠢᠭᠤᠯᠤᠨ ᠬᠦᠷᠢᠶ᠎ᠡ ᠬᠠᠰᠢᠶ᠎ᠠ᠎ᠪᠠᠨ ᠨᠣᠭᠣᠭ᠋ᠠᠷᠠᠭᠤᠯᠬᠤ ᠵᠢ ᠥᠷᠨᠢᠭᠦᠯᠵᠦ  ᠂ ᠬᠥᠳᠡᠭᠡ ᠲᠣᠰᠬᠣᠨ᠎ᠤ 《  ᠳᠥᠷᠪᠡᠨ ᠬᠠᠵᠠᠭᠤ  》 (  ᠤᠰᠤᠨ᠎ᠤ ᠬᠠᠵᠠᠭᠤ  ᠂ ᠵᠠᠮ᠎ᠤᠨ ᠬᠠᠵᠠᠭᠤ  ᠂ ᠲᠣᠰᠬᠣᠨ᠎ᠤ ᠬᠠᠵᠠᠭᠤ  ᠂ ᠣᠷᠣᠨ ᠰᠠᠭᠤᠴᠠ ᠵᠢᠨ ᠬᠠᠵᠠᠭᠤ  )᠎ᠪᠠᠷ ᠳᠠᠮᠵᠢᠭᠤᠯᠤᠨ ᠮᠣᠳᠣ ᠳᠠᠷᠢᠬᠤ᠎ᠪᠠᠷ ᠳᠠᠮᠵᠢᠭᠤᠯᠤᠨ ᠠᠢ᠌ᠯ ᠲᠣᠰᠬᠣᠨ᠎ᠤ ᠨᠣᠭᠣᠭ᠋ᠠᠷᠠᠭᠤᠯᠤᠯᠲᠠ ᠵᠢ ᠠᠬᠢᠭᠤᠯᠵᠤ  ᠂ ᠠᠢ᠌ᠯ ᠲᠣᠰᠬᠣᠨ᠎ᠤ ᠬᠦᠷᠢᠶ᠎ᠡ ᠬᠠᠰᠢᠶ᠎ᠠ  ᠂ ᠥᠨᠴᠥᠭ ᠪᠤᠯᠤᠩ  ᠂ ᠰᠤᠯᠠ ᠭᠠᠵᠠᠷ  ᠂ ᠠᠲᠠᠷᠰᠢᠭᠤᠯᠤᠭᠰᠠᠨ ᠭᠠᠵᠠᠷ  ᠂ ᠨᠤᠷᠠᠭ᠋ᠠᠭᠰᠠᠨ ᠭᠠᠵᠠᠷ ᠵᠡᠷᠭᠡ ᠰᠤᠯᠠ ᠭᠠᠵᠠᠷ ᠰᠢᠷᠣᠢ ᠵᠢ ᠭᠦᠢ᠍ᠴᠡᠳ ᠠᠰᠢᠭᠯᠠᠨ  ᠂ ᠴᠡᠴᠡᠭ ᠡᠪᠡᠰᠦ ᠣᠶ ᠮᠣᠳᠣ ᠳᠠᠷᠢᠵᠤ᠂ ᠠᠢ᠌ᠯ ᠲᠣᠰᠬᠣᠨ᠎ᠤ ᠣᠯᠠᠨ ᠨᠡᠶ᠋ᠢᠲᠡ ᠵᠢᠨ ᠨᠣᠭᠣᠭ᠋ᠠᠷᠠᠭᠤᠯᠤᠭᠰᠠᠨ ᠭᠠᠵᠠᠷ ᠪᠠ ᠵᠢᠵᠢᠭ ᠪᠢᠴᠢᠯ ᠴᠡᠴᠡᠷᠯᠢᠭ᠎ᠢ ᠪᠠᠶ᠋ᠢᠭᠤᠯᠬᠤ ᠬᠡᠷᠡᠭᠲᠡᠢ  ᠃ ᠨᠥᠬᠥᠴᠡᠯ᠎ᠳᠤ ᠲᠣᠬᠢᠷᠠᠬᠤ ᠭᠠᠵᠠᠷ ᠣᠷᠣᠨ᠎ᠤ ᠣᠶ ᠰᠢᠭᠤᠢ᠌ᠲᠤ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠳᠡᠮᠵᠢᠵᠦ  ᠂ 45 ᠣᠶ ᠰᠢᠭᠤᠢ᠌ᠲᠤ ᠬᠥᠳᠡᠭᠡ ᠲᠣᠰᠬᠣᠨ᠎ᠢ ᠪᠣᠶ ᠪᠣᠯᠭ᠋ᠠᠨ᠎ᠠ  ᠃ ᠨᠣᠭᠣᠭ᠋ᠠᠷᠠᠭᠤᠯᠤᠯᠲᠠ ᠭᠣᠶᠣᠵᠢᠭᠤᠯᠤᠯᠲᠠ ᠵᠢᠨ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠥᠷᠨᠢᠭᠦᠯᠵᠦ  ᠂ 2025 ᠣᠨ ᠪᠣᠯᠬᠤ᠎ᠳᠤ ᠵᠢᠱ᠌ᠢᠶ᠎ᠡ ᠦᠵᠡᠭᠦᠯᠬᠦ ᠬᠣᠰᠢᠭᠤ ᠰᠢᠶᠠᠨ 20  ᠂ ᠵᠢᠱ᠌ᠢᠶ᠎ᠡ ᠦᠵᠡᠭᠦᠯᠬᠦ ᠭᠠᠴᠠᠭ᠎ᠠ ᠲᠣᠰᠬᠣᠨ 2500 ᠵᠢ ᠡᠭᠦᠳᠦᠨ ᠪᠠᠢ᠌ᠭᠤᠯᠤᠨ᠎ᠠ  ᠃

      (  ᠠᠷᠪᠠᠨ ᠳᠥᠷᠪᠡ  ) ᠬᠥᠳᠡᠭᠡ ᠲᠣᠰᠬᠣᠨ᠎ᠤ ᠳᠦᠷᠰᠦ ᠪᠠᠢ᠌ᠳᠠᠯ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ  ᠃ ᠠᠢ᠌ᠯ ᠲᠣᠰᠬᠣᠨ᠎ᠢ ᠴᠡᠭᠴᠡᠯᠡᠨ ᠵᠠᠰᠠᠬᠤ ᠪᠠ ᠬᠦᠷᠢᠶ᠎ᠡ ᠬᠠᠰᠢᠶ᠎ᠠ ᠵᠢ ᠴᠡᠭᠴᠡᠯᠡᠨ ᠵᠠᠰᠠᠬᠤ ᠵᠢ ᠶᠡᠬᠡᠪᠡᠷ ᠠᠬᠢᠭᠤᠯᠵᠤ  ᠂ ᠲᠣᠰᠬᠣᠨ᠎ᠤ ᠳᠦᠷᠰᠦ ᠪᠠᠢ᠌ᠳᠠᠯ᠎ᠢ ᠳᠡᠭᠡᠭᠰᠢᠯᠡᠭᠦᠯᠬᠦ ᠵᠢᠯᠤᠭᠣᠳᠬᠤ ᠳᠦᠷᠢᠮ᠎ᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠵᠤ  ᠂ ᠲᠣᠰᠬᠣᠨ᠎ᠤ ᠳᠦᠷᠰᠦ ᠪᠠᠢ᠌ᠳᠠᠯ᠎ᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠬᠦ ᠵᠢ ᠠᠬᠢᠭᠤᠯᠤᠨ᠎ᠠ  ᠃ ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠴᠡᠭᠴᠡᠯᠡᠨ ᠵᠠᠰᠠᠬᠤ ᠵᠢ ᠦᠷᠭᠦᠯᠵᠢᠯᠡᠨ ᠥᠷᠨᠢᠭᠦᠯᠵᠦ  ᠂ ᠮᠠᠯᠴᠢᠨ ᠲᠠᠷᠢᠶᠠᠴᠢᠳ᠎ᠢ ᠬᠥᠲᠥᠯᠥᠨ ᠵᠢᠯᠤᠭᠣᠳᠴᠤ ᠵᠣᠷᠢᠭᠵᠢᠭᠤᠯᠵᠤ ᠪᠠᠢ᠌ᠭ᠋ᠠᠳ ᠬᠥᠮᠥᠨ ᠮᠠᠯ᠎ᠢ ᠰᠠᠯᠭ᠋ᠠᠬᠤ ᠵᠢ ᠬᠡᠷᠡᠭᠵᠢᠭᠦᠯᠦᠨ  ᠂ ᠬᠦᠷᠢᠶ᠎ᠡ ᠬᠠᠰᠢᠶ᠎ᠠ ᠵᠢᠨ ᠠᠵᠤ ᠠᠬᠤᠢ ᠵᠢ ᠬᠥᠭᠵᠢᠭᠦᠯᠵᠦ  ᠂ ᠲᠣᠰᠬᠣᠨ᠎ᠤ ᠳᠦᠷᠰᠦ ᠪᠠᠢ᠌ᠳᠠᠯ ᠪᠠ ᠮᠠᠯᠴᠢᠨ ᠲᠠᠷᠢᠶᠠᠴᠢᠳ᠎ᠤᠨ ᠣᠷᠣᠯᠭ᠎ᠠ ᠵᠢᠨ 《   ᠬᠣᠣᠰ ᠳᠡᠭᠡᠭᠰᠢᠯᠡᠯᠲᠡ  》 ᠵᠢ ᠪᠡᠶᠡᠯᠡᠭᠦᠯᠦᠨ᠎ᠡ  ᠃ ᠠᠢ᠌ᠯ ᠲᠣᠰᠬᠣᠨ᠎ᠤ ᠪᠠᠷᠢᠯᠭ᠎ᠠ ᠵᠢᠨ ᠣᠨᠴᠠᠯᠢᠭ  ᠂ ᠬᠡᠪ ᠨᠠᠮᠪᠠ  ᠂ ᠥᠩᠭᠡ ᠠᠶᠠᠰ ᠵᠶ᠋ᠠᠷ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ  ᠂ ᠬᠥᠳᠡᠭᠡ ᠲᠣᠰᠬᠣᠨ᠎ᠤ ᠣᠨᠴᠠᠯᠢᠭ ᠪᠠ ᠭᠠᠵᠠᠷ ᠣᠷᠣᠨ᠎ᠤ ᠣᠨᠴᠠᠯᠢᠭ᠎ᠢ ᠲᠣᠪᠤᠢ᠌ᠯᠭ᠋ᠠᠨ  ᠂ ᠶᠡᠬᠡ᠎ᠪᠠᠷ ᠨᠤᠷᠠᠭ᠋ᠠᠵᠤ ᠶᠡᠬᠡ᠎ᠪᠠᠷ ᠪᠠᠶ᠋ᠢᠭᠤᠯᠬᠤ ᠦᠭᠡᠢ  ᠃ ᠤᠯᠠᠮᠵᠢᠯᠠᠯᠲᠤ ᠠᠢ᠌ᠯ ᠲᠣᠰᠬᠣᠨ᠎ᠤ ᠠᠷᠠᠳ᠎ᠤᠨ ᠣᠷᠣᠨ ᠰᠠᠭᠤᠴᠠ ᠪᠠ ᠲᠡᠤᠬᠡ ᠰᠣᠶᠣᠯ᠎ᠤᠨ ᠨᠠᠷᠠᠲᠤ ᠲᠣᠰᠬᠣᠨ ᠨᠠᠷᠠᠲᠤ ᠪᠠᠯᠭ᠋ᠠᠰᠤ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ  ᠂ ᠤᠯᠠᠮᠵᠢᠯᠠᠯᠲᠤ ᠠᠢ᠌ᠯ ᠲᠣᠰᠬᠣᠨ᠎ᠤ ᠫᠠᠢ᠌ᠰᠠ ᠡᠯᠭᠦᠨ ᠬᠠᠮᠠᠭ᠋ᠠᠯᠠᠬᠤ ᠵᠢ ᠢᠳᠡᠪᠬᠢᠲᠡᠢ ᠠᠬᠢᠭᠤᠯᠵᠤ  ᠂ ᠬᠥᠳᠡᠯᠦᠩᠭᠦᠢ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠤᠨ᠎ᠠ  ᠃

       ᠵᠢᠷᠭᠤᠭ᠎ᠠ᠂ ᠤᠷᠳᠤ ᠬᠤᠭᠤᠴᠠᠭ᠋ᠠᠨ᠎ᠤ ᠦᠷ᠎ᠡ ᠪᠦᠲᠦᠮᠵᠢᠲᠡᠶ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ

      (  ᠠᠷᠪᠠᠨ ᠲᠠᠪᠤ  ) ᠠᠢ᠌ᠯ ᠲᠣᠰᠬᠣᠨ᠎ᠢ ᠠᠷᠢᠭᠤᠨ ᠴᠡᠪᠡᠷ ᠪᠠᠢ᠌ᠯᠭ᠋ᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ  ᠃ 《ᠭᠤᠷᠪᠠ ᠵᠢ ᠴᠡᠪᠡᠷᠯᠡᠵᠦ ᠨᠢᠭᠡ ᠵᠢ ᠥᠭᠡᠷᠡᠴᠢᠯᠡᠬᠦ》 (ᠲᠠᠷᠢᠶᠠᠯᠠᠬᠤ ᠮᠠᠯᠵᠢᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢ ᠴᠡᠪᠡᠷᠯᠡᠬᠦ  ᠂ ᠲᠣᠰᠬᠣᠨ᠎ᠤ ᠳᠣᠲᠣᠷᠠᠬᠢ ᠨᠠᠭᠤᠷ ᠎ᠢ ᠴᠡᠪᠡᠷᠯᠡᠬᠦ  ᠂ ᠮᠠᠯ ᠵᠢᠭᠦᠷᠲᠡᠨ ᠎ᠢ ᠲᠡᠵᠢᠭᠡᠨ ᠦᠷᠡᠵᠢᠭᠦᠯᠬᠦ ᠪᠠᠭ᠋ᠠᠰᠤᠨ ᠪᠣᠬᠢᠷᠳᠤᠯ ᠵᠡᠷᠭᠡ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠠᠶᠠᠭᠳᠠᠮᠠᠯ ᠪᠣᠳᠠᠰ ᠎ᠢ ᠴᠡᠪᠡᠷᠯᠡᠬᠦ  ᠂ ᠲᠠᠷᠢᠶᠠᠯᠠᠬᠤ ᠮᠠᠯᠵᠢᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ ᠎ᠢ ᠨᠥᠯᠥᠭᠡᠯᠡᠬᠦ ᠮᠠᠭᠤ ᠳᠠᠳᠬᠠᠯ ᠎ᠢ ᠥᠭᠡᠷᠡᠴᠢᠯᠡᠬᠦ)᠎ᠪᠠᠷ ᠭᠣᠣᠯᠳᠠᠯᠭ᠎ᠠ ᠪᠣᠯᠭ᠋ᠠᠭᠰᠠᠨ ᠠᠢ᠌ᠯ ᠲᠣᠰᠬᠣᠨ ᠎ᠢ ᠴᠡᠪᠡᠷᠯᠡᠬᠦ ᠠᠵᠢᠯᠯᠠᠭ᠎ᠠ ᠵᠢ ᠶᠡᠬᠡ᠎ᠪᠠᠷ ᠬᠡᠷᠡᠭᠵᠢᠭᠦᠯᠦᠨ᠎ᠡ  ᠃ 《  ᠳᠥᠷᠪᠡᠨ ᠣᠪᠣᠭ᠎ᠠ  》 (  ᠬᠣᠭ ᠨᠣᠪᠰᠢ ᠵᠢᠨ ᠣᠪᠣᠭ᠎ᠠ  ᠂ ᠬᠠᠶᠠᠭᠳᠠᠮᠠᠯ ᠪᠣᠳᠠᠰ᠎ᠤᠨ ᠣᠪᠣᠭ᠎ᠠ  ᠂ ᠪᠠᠭ᠋ᠠᠰᠤᠨ ᠰᠢᠷᠣᠢ ᠵᠢᠨ ᠣᠪᠣᠭ᠎ᠠ  ᠂ ᠲᠦᠯᠡᠭᠡ ᠡᠪᠡᠰᠦᠨ᠎ᠤ ᠣᠪᠣᠭ᠎ᠠ  ) ᠵᠢ ᠴᠡᠪᠡᠷᠯᠡᠬᠦ  ᠂ 《  ᠳᠥᠷᠪᠡᠨ ᠳᠤᠷ᠎ᠠ᠎ᠪᠠᠷ ᠵᠶ᠋ᠠᠨ  》 (  ᠲᠦᠯᠡᠭᠡ ᠡᠪᠡᠰᠦ ᠵᠢ ᠳᠤᠷ᠎ᠠ᠎ᠪᠠᠷ ᠵᠶ᠋ᠠᠨ ᠲᠠᠯᠪᠢᠬᠤ  ᠂ ᠬᠣᠭ ᠨᠣᠪᠰᠢ ᠵᠢ ᠳᠤᠷ᠎ᠠ᠎ᠪᠠᠷ ᠵᠶ᠋ᠠᠨ ᠬᠠᠶᠠᠬᠤ  ᠂ ᠪᠣᠬᠢᠷ ᠤᠰᠤ ᠵᠢ ᠳᠤᠷ᠎ᠠ᠎ᠪᠠᠷ ᠵᠶ᠋ᠠᠨ ᠰᠠᠴᠤᠬᠤ  ᠂ ᠮᠠᠯ ᠵᠢᠭᠦᠷᠲᠡᠨ᠎ᠢ ᠳᠤᠷ᠎ᠠ᠎ᠪᠠᠷ ᠵᠶ᠋ᠠᠨ ᠭᠦᠶᠦᠯᠭᠡᠬᠦ  ) ᠵᠢ ᠵᠠᠰᠠᠬᠤ ᠲᠤᠰᠬᠠᠢ ᠠᠵᠢᠯᠯᠠᠭ᠎ᠠ ᠵᠢ ᠥᠷᠨᠢᠭᠦᠯᠵᠦ  ᠂ 《  ᠪᠣᠬᠢᠷ ᠪᠣᠳᠠᠰ᠎ᠢ ᠴᠡᠪᠡᠷᠯᠡᠬᠦ  》 ᠎ᠠᠴᠠ 《  ᠵᠠᠮᠪᠠᠷᠠᠭ᠎ᠠ ᠦᠭᠡᠢ ᠵᠦᠢ᠍ᠯ᠎ᠢ ᠵᠠᠰᠠᠬᠤ  》 ᠳᠠᠰᠢ ᠥᠷᠭᠡᠳᠬᠡᠨ  ᠂ ᠠᠢ᠌ᠯ ᠲᠣᠰᠬᠣᠨ᠎ᠤ ᠠᠷᠢᠭᠤᠨ ᠴᠡᠪᠡᠷ᠎ᠢ ᠭᠡᠷ ᠳᠣᠲᠣᠷᠠᠬᠢ ᠬᠦᠷᠢᠶ᠎ᠡ ᠬᠠᠰᠢᠶ᠎ᠠ  ᠂ ᠠᠢ᠌ᠯ ᠲᠣᠰᠬᠣᠨ᠎ᠤ ᠡᠷᠬᠢᠨ ᠲᠣᠭᠣᠷᠢᠨ ᠳᠠᠰᠢ ᠥᠷᠭᠡᠳᠬᠡᠵᠦ  ᠂ ᠮᠠᠯᠴᠢᠨ ᠲᠠᠷᠢᠶᠠᠴᠢᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠠᠯᠬᠤᠮ ᠠᠯᠬᠤᠮ ᠵᠶ᠋ᠠᠷ ᠡᠷᠡᠭᠦᠯ ᠬᠠᠮᠠᠭ᠋ᠠᠯᠠᠯ᠎ᠤᠨ ᠰᠠᠢ᠌ᠨ ᠰᠠᠢ᠌ᠬᠠᠨ ᠳᠠᠳᠬᠠᠯ᠎ᠲᠠᠢ ᠪᠣᠯᠭ᠋ᠠᠨ᠎ᠠ  ᠃ ᠨᠥᠬᠥᠴᠡᠯ᠎ᠲᠠᠢ ᠭᠠᠵᠠᠷ ᠣᠷᠣᠨ᠎ᠨᠢ 《  ᠠᠢ᠌ᠯ ᠲᠣᠰᠬᠣᠨ᠎ᠤ ᠠᠷᠢᠭᠤᠨ ᠴᠡᠪᠡᠷ᠎ᠤᠨ ᠡᠳᠦᠷ  》᠎ᠢ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ  ᠂ ᠣᠯᠠᠨ ᠬᠡᠯᠪᠡᠷᠢ ᠵᠢᠨ ᠠᠢ᠌ᠯ ᠲᠣᠰᠬᠣᠨ᠎ᠤ ᠠᠷᠢᠭᠤᠨ ᠴᠡᠪᠡᠷ᠎ᠤᠨ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ ᠪᠣᠯᠣᠨ᠎ᠠ  ᠃

      (  ᠠᠷᠪᠠᠨ ᠵᠢᠷᠭᠤᠭ᠎ᠠ  ) ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠦᠷᠢᠨᠰᠢᠭᠦᠯᠦᠨ᠎ᠡ  ᠃ ᠣᠷᠣᠨ ᠨᠤᠲᠤᠭ᠎ᠤᠨ ᠵᠠᠰᠠᠭ᠎ᠤᠨ ᠣᠷᠳᠣᠨ ᠪᠠ ᠡᠭᠦᠷᠭᠡ ᠬᠠᠷᠢᠭᠤᠴᠠᠯᠭ᠎ᠠ ᠵᠢᠨ ᠰᠠᠯᠠᠭ᠎ᠠ ᠮᠥᠴᠢᠷ  ᠂ ᠠᠵᠢᠯᠯᠠᠭ᠋ᠠᠨ᠎ᠤ ᠬᠠᠮᠢᠶᠠᠷᠤᠯᠲᠠ ᠵᠢᠨ ᠨᠢᠭᠡᠴᠡ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠵᠤ  ᠂ ᠳᠦᠷᠢᠮ᠎ᠲᠠᠢ  ᠂ ᠪᠠᠷᠢᠮᠵᠢᠶ᠎ᠠ᠎ᠲᠠᠢ  ᠂ ᠡᠩᠨᠡᠭᠡ᠎ᠲᠠᠢ  ᠂ ᠵᠠᠷᠤᠳᠠᠯ᠎ᠲᠠᠢ  ᠂ ᠬᠢᠨᠠᠯᠲᠠ ᠲᠠᠯᠪᠢᠯᠲᠠ᠎ᠲᠠᠢ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠦᠨᠳᠦᠰᠦᠨ᠎ᠳᠡᠭᠡᠨ ᠪᠠᠢ᠌ᠭᠤᠯᠤᠨ᠎ᠠ  ᠃ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠵᠢ ᠰᠠᠢ᠌ᠲᠤᠷ ᠠᠰᠢᠭᠯᠠᠨ  ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠬᠠᠮᠢᠶᠠᠷᠤᠨ ᠬᠠᠮᠠᠭ᠋ᠠᠯᠠᠬᠤ ᠡᠩᠨᠡᠭᠡ ᠵᠢ ᠵᠦᠢ ᠵᠣᠬᠢᠰᠲᠠᠢ ᠲᠣᠬᠢᠷᠠᠭᠤᠯᠵᠤ  ᠂ ᠤᠷᠢᠳᠠᠪᠠᠷ ᠨᠥᠬᠥᠴᠡᠯ᠎ᠳᠤ ᠨᠡᠶ᠋ᠢᠴᠡᠬᠦ ᠣᠷᠣᠯᠭ᠎ᠠ ᠪᠠᠭ᠋ᠠᠲᠠᠢ ᠬᠥᠮᠥᠰ᠎ᠤᠨ ᠳᠤᠮᠳᠠ ᠎ᠠᠴᠠ ᠬᠠᠮᠢᠶᠠᠷᠤᠨ ᠬᠠᠮᠠᠭ᠋ᠠᠯᠠᠭᠴᠢ ᠵᠢ ᠤᠷᠢᠬᠤ ᠬᠡᠷᠡᠭᠲᠡᠢ  ᠃ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠤ ᠰᠠᠭᠤᠷᠢ ᠲᠥᠬᠦᠭᠡᠷᠦᠮᠵᠢ ᠵᠢᠨ ᠥᠮᠴᠢᠯᠡᠯ᠎ᠤᠨ ᠡᠷᠬᠡ ᠵᠢᠨ ᠬᠠᠷᠢᠶᠠᠯᠠᠯ ᠪᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠵᠤ  ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠴᠤ ᠬᠠᠮᠠᠭ᠋ᠠᠯᠠᠬᠤ ᠪᠠᠷᠢᠮᠵᠢᠶ᠎ᠠ ᠪᠠ ᠵᠢᠷᠤᠮᠵᠢᠯ ᠵᠡᠷᠭᠡ ᠳᠦᠷᠢᠮ᠎ᠢ ᠪᠠᠢ᠌ᠭᠤᠯᠤᠨ ᠪᠦᠷᠢᠨᠰᠢᠭᠦᠯᠵᠦ  ᠂ ᠮᠠᠯᠵᠢᠬᠤ ᠲᠠᠷᠢᠶᠠᠯᠠᠬᠤ ᠣᠷᠣᠨ᠎ᠤ ᠠᠷᠢᠭᠤᠨ ᠴᠡᠪᠡᠷ ᠵᠣᠷᠯᠣᠩ  ᠂ ᠠᠮᠢᠳᠤᠷᠠᠯ᠎ᠤᠨ ᠬᠣᠭ ᠨᠣᠪᠰᠢ ᠪᠣᠬᠢᠷ ᠤᠰᠤᠨ᠎ᠤ ᠪᠡᠯᠡᠳᠬᠡᠮᠵᠢ ᠲᠥᠬᠦᠭᠡᠷᠦᠮᠵᠢ ᠪᠠ ᠠᠢ᠌ᠯ ᠲᠣᠰᠬᠣᠨ᠎ᠤ ᠠᠷᠢᠭᠤᠨ ᠴᠡᠪᠡᠷ ᠵᠡᠷᠭᠡ ᠵᠢ ᠨᠢᠭᠡ ᠴᠣᠭᠴᠠᠵᠢᠭᠤᠯᠤᠨ ᠬᠠᠮᠢᠶᠠᠷᠴᠤ ᠬᠠᠮᠠᠭ᠋ᠠᠯᠠᠬᠤ ᠵᠢ ᠠᠬᠢᠭᠤᠯᠵᠤ  ᠂ ᠨᠥᠬᠥᠴᠡᠯ᠎ᠲᠠᠢ ᠭᠠᠵᠠᠷ ᠣᠷᠣᠨ᠎ᠤ ᠰᠢᠰᠲ᠋ᠧᠮᠵᠢᠭᠰᠡᠨ  ᠂ ᠲᠤᠰᠬᠠᠢ᠌ᠵᠢᠭᠰᠠᠨ  ᠂ ᠨᠡᠢ᠌ᠭᠡᠮᠴᠢᠯᠡᠭᠰᠡᠨ ᠠᠵᠢᠯᠯᠠᠭ᠋ᠠᠨ᠎ᠤ ᠬᠠᠮᠢᠶᠠᠷᠴᠤ ᠬᠠᠮᠠᠭ᠋ᠠᠯᠠᠬᠤ ᠵᠢ ᠬᠡᠷᠡᠭᠵᠢᠭᠦᠯᠬᠦ ᠵᠢ ᠵᠣᠷᠢᠭᠵᠢᠭᠤᠯᠤᠨ᠎ᠠ  ᠃ ᠨᠥᠬᠥᠴᠡᠯ᠎ᠲᠠᠢ ᠭᠠᠵᠠᠷ ᠣᠷᠣᠨ᠎ᠨᠢ ᠮᠠᠯᠵᠢᠬᠤ ᠲᠠᠷᠢᠶᠠᠯᠠᠬᠤ ᠣᠷᠣᠨ᠎ᠤ ᠠᠷᠢᠭᠤᠨ ᠴᠡᠪᠡᠷ ᠵᠣᠷᠯᠣᠩ᠎ᠢ ᠴᠡᠪᠡᠷᠯᠡᠨ ᠭᠠᠷᠭ᠋ᠠᠬᠤ  ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠪᠣᠬᠢᠷ ᠤᠰᠤ ᠵᠢ ᠰᠢᠢ᠍ᠳᠪᠦᠷᠢᠯᠡᠬᠦ ᠮᠠᠯᠵᠢᠬᠤ ᠲᠠᠷᠢᠶᠠᠯᠠᠬᠤ ᠡᠷᠦᠬᠡ᠎ᠳᠤ ᠰᠦᠢ᠍ᠳᠬᠡᠯ ᠲᠤᠰᠢᠶᠠᠬᠤ ᠳᠦᠷᠢᠮ᠎ᠢ   ᠬᠠᠤᠯᠢ ᠶᠣᠰᠣᠭ᠋ᠠᠷ ᠰᠦᠪᠡᠭᠴᠢᠯᠡᠨ ᠪᠠᠢ᠌ᠭᠤᠯᠵᠤ ᠪᠣᠯᠣᠨ᠎ᠠ  ᠃ ᠵᠢᠴᠢ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠠᠵᠢᠯᠯᠠᠭ᠋ᠠᠨ᠎ᠤ ᠬᠠᠮᠢᠶᠠᠷᠴᠤ ᠬᠠᠮᠠᠭ᠋ᠠᠯᠠᠬᠤ ᠨᠡᠢ᠌ᠭᠡᠮᠴᠢᠯᠡᠭᠰᠡᠨ ᠦᠢ᠍ᠯᠡᠴᠢᠯᠡᠭᠡᠨ᠎ᠤ ᠰᠢᠰᠲ᠋ᠧᠮᠵᠢ ᠪᠣᠯᠣᠨ ᠦᠢ᠍ᠯᠡᠴᠢᠯᠡᠭᠡᠨ᠎ᠤ ᠵᠠᠷᠤᠳᠠᠯ᠎ᠢ ᠵᠠᠬ᠎ᠠ ᠳᠡᠯᠭᠡᠭᠦᠷᠴᠢᠯᠡᠨ ᠪᠦᠷᠢᠯᠳᠦᠭᠦᠯᠬᠦ ᠲᠣᠭᠲᠠᠴᠠ ᠵᠢ ᠠᠯᠬᠤᠮ ᠠᠯᠬᠤᠮ ᠵᠶ᠋ᠠᠷ ᠪᠠᠢ᠌ᠭᠤᠯᠵᠤ  ᠂ ᠮᠠᠯᠵᠢᠬᠤ ᠲᠠᠷᠢᠶᠠᠯᠠᠬᠤ ᠡᠷᠦᠬᠡ ᠵᠢᠨ ᠵᠦᠢ ᠵᠣᠬᠢᠰᠲᠠᠢ᠎ᠪᠠᠷ ᠵᠠᠷᠤᠳᠠᠯ ᠲᠤᠰᠢᠶᠠᠬᠤ  ᠂ ᠭᠠᠴᠠᠭ᠎ᠠ ᠲᠣᠰᠬᠣᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ ᠎ᠠᠴᠠ ᠨᠢᠭᠡᠳᠦᠯᠲᠡᠢ ᠲᠥᠯᠥᠪᠯᠡᠬᠦ  ᠂ ᠵᠠᠰᠠᠭ᠎ᠤᠨ ᠣᠷᠳᠣᠨ ᠎ᠠᠴᠠ ᠵᠣᠬᠢᠰᠲᠠᠢ ᠨᠥᠬᠥᠪᠦᠷᠢ ᠥᠭᠬᠦ ᠠᠵᠢᠯᠯᠠᠭ᠋ᠠᠨ᠎ᠤ ᠬᠠᠮᠢᠶᠠᠷᠴᠤ ᠬᠠᠮᠠᠭ᠋ᠠᠯᠠᠬᠤ ᠵᠠᠷᠤᠳᠠᠯ᠎ᠤᠨ ᠪᠠᠲᠤᠯᠠᠭ᠎ᠠ ᠵᠢᠨ ᠳᠦᠷᠢᠮ᠎ᠢ ᠠᠯᠬᠤᠮ ᠠᠯᠬᠤᠮ ᠵᠶ᠋ᠠᠷ ᠪᠠᠢ᠌ᠭᠤᠯᠵᠤ  ᠂ ᠮᠠᠯᠵᠢᠬᠤ ᠲᠠᠷᠢᠶᠠᠯᠠᠬᠤ ᠡᠷᠦᠬᠡ ᠵᠢᠨ ᠵᠠᠷᠤᠳᠠᠯ ᠲᠤᠰᠢᠶᠠᠬᠤ ᠵᠢ ᠬᠤᠪᠢᠶᠠᠨ ᠡᠭᠦᠷᠭᠡᠯᠡᠬᠦ ᠬᠠᠷᠢᠴᠠᠯ᠎ᠢ ᠵᠦᠢ ᠵᠣᠬᠢᠰᠲᠠᠢ ᠲᠣᠭᠲᠠᠭ᠋ᠠᠨ᠎ᠠ  ᠃

       ᠳᠣᠯᠣᠭ᠎ᠠ  ᠂ ᠮᠠᠯᠴᠢᠨ ᠲᠠᠷᠢᠶᠠᠴᠢᠨ᠎ᠤ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠤᠨ᠎ᠠ

      (  ᠠᠷᠪᠠᠨ ᠳᠣᠯᠣᠭ᠎ᠠ  ) ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠴᠢᠩᠭ᠋ᠠᠷᠠᠭᠤᠯᠤᠨ᠎ᠠ  ᠃ ᠭᠠᠴᠠᠭ᠎ᠠ ᠲᠣᠰᠬᠣᠨ᠎ᠤ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠳᠠᠶ᠋ᠢᠴᠢᠨ ᠪᠡᠬᠢᠯᠡᠯᠲᠡ ᠵᠢᠨ ᠦᠢ᠍ᠯᠡᠳᠦᠯ ᠪᠠ ᠨᠠᠮ᠎ᠤᠨ ᠭᠡᠰᠢᠭᠦᠨ ᠺᠠᠳ᠋ᠷᠴᠤᠳ᠎ᠤᠨ ᠵᠢᠱ᠌ᠢᠶᠡᠴᠢ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ  ᠂ ᠡᠪ ᠬᠠᠮᠲᠤ ᠵᠠᠯᠠᠭᠤᠴᠤᠳ᠎ᠤᠨ ᠡᠪᠯᠡᠯ  ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ ᠵᠡᠷᠭᠡ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠤᠨ  ᠂ ᠲᠠᠷᠢᠶᠠᠴᠢᠨ ᠮᠠᠯᠴᠢᠨ ᠲᠦᠮᠡᠨ᠎ᠢ ᠵᠣᠬᠢᠶᠠᠨ ᠪᠠᠢ᠌ᠭᠤᠯᠤᠨ ᠳᠠᠶ᠋ᠢᠴᠢᠯᠠᠵᠤ ᠪᠠᠢ᠌ᠭ᠋ᠠᠳ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠤᠬᠠᠮᠰᠠᠷ ᠎ᠠᠴᠠ᠎ᠪᠠᠨ ᠰᠠᠢ᠌ᠵᠢᠷᠠᠭᠤᠯᠬᠤ ᠬᠡᠷᠡᠭᠲᠡᠢ  ᠃ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ ᠲᠣᠰᠬᠣᠨ᠎ᠤ ᠠᠷᠠᠳ᠎ᠤᠨ ᠥᠪᠡᠷᠲᠡᠭᠡᠨ ᠵᠠᠰᠠᠬᠤ ᠲᠣᠭᠲᠠᠴᠠ ᠵᠢ ᠪᠦᠷᠢᠨᠰᠢᠭᠦᠯᠵᠦ  ᠂ ᠭᠠᠴᠠᠭ᠎ᠠ ᠲᠣᠰᠬᠣᠨ᠎ᠤ ᠱᠠᠲᠤᠨ᠎ᠤ ᠴᠢᠬᠤᠯᠠ ᠶᠡᠬᠡ ᠵᠦᠢ᠍ᠯᠡᠰ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ 《  ᠳᠥᠷᠪᠡ ᠵᠢ ᠵᠥᠪᠯᠡᠵᠦ ᠬᠣᠶᠠᠷ᠎ᠢ ᠢᠯᠡ ᠪᠣᠯᠭ᠋ᠠᠬᠤ  》 ᠵᠢ ᠬᠡᠷᠡᠭᠵᠢᠭᠦᠯᠦᠨ  ᠂ 《  ᠨᠢᠭᠡ ᠬᠡᠷᠡᠭ᠎ᠢ ᠨᠢᠭᠡ ᠵᠥᠪᠯᠡᠬᠦ  》 ᠵᠢᠨ ᠪᠡᠯᠡ ᠮᠥᠩᠭᠥ ᠬᠥᠳᠡᠯᠮᠦᠷᠢ ᠬᠦᠴᠦ ᠴᠤᠭᠯᠠᠭᠤᠯᠬᠤ ᠵᠡᠷᠭᠡ ᠳᠦᠷᠢᠮ᠎ᠢ ᠭᠦᠢ᠍ᠴᠡᠳ ᠠᠰᠢᠭᠯᠠᠵᠤ  ᠂ ᠭᠠᠴᠠᠭ᠎ᠠ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ  ᠂ ᠮᠠᠯᠴᠢᠨ ᠲᠠᠷᠢᠶᠠᠴᠢᠨ ᠵᠡᠷᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠬᠠᠮᠢᠶ᠎ᠠ ᠪᠦᠬᠦᠢ ᠲᠥᠯᠦᠪᠵᠢᠭᠦᠯᠭᠡ  ᠂ ᠪᠦᠲᠦᠭᠡᠨ ᠪᠠᠢ᠌ᠭᠤᠯᠤᠯᠲᠠ  ᠂ ᠡᠵᠡᠩᠨᠡᠯᠲᠡ ᠪᠠ ᠬᠠᠮᠢᠶᠠᠷᠤᠯᠲᠠ᠎ᠳᠤ ᠢᠳᠡᠪᠬᠢᠲᠡᠢ ᠣᠷᠣᠯᠴᠠᠭᠤᠯᠤᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠥᠷᠥᠯ ᠵᠦᠢ᠍ᠯ ᠵᠡᠷᠭᠡ ᠵᠢ ᠢᠯᠡ ᠨᠡᠢ᠌ᠲᠡᠯᠡᠬᠦ ᠳᠦᠷᠢᠮ᠎ᠢ ᠬᠡᠷᠡᠭᠵᠢᠭᠦᠯᠦᠨ᠎ᠡ  ᠃ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ  ᠂ ᠨᠥᠬᠥᠴᠡᠯ᠎ᠲᠠᠢ ᠮᠠᠯᠵᠢᠬᠤ ᠲᠠᠷᠢᠶᠠᠯᠠᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠡᠷᠭᠡ ᠵᠢᠨ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠲᠥᠷᠥᠯ ᠵᠦᠢ᠍ᠯ᠎ᠢ ᠰᠠᠢ᠌ᠵᠢᠷᠠᠭᠤᠯᠬᠤ᠎ᠳᠤ ᠣᠷᠤᠯᠴᠠᠬᠤ ᠵᠢ ᠳᠡᠮᠵᠢᠬᠦ ᠵᠢ ᠵᠣᠷᠢᠭᠵᠢᠭᠤᠯᠤᠨ᠎ᠠ  ᠃ ᠨᠤᠲᠤᠭ᠎ᠤᠨ ᠬᠠᠢ᠌ᠷ᠎ᠠ ᠰᠡᠳᠬᠢᠯᠭᠡ ᠨᠤᠲᠤᠭ᠎ᠤᠨ ᠬᠠᠢ᠌ᠷ᠎ᠠ ᠰᠡᠳᠬᠢᠯᠭᠡ᠎ᠪᠠᠷ ᠬᠣᠯᠪᠣᠭ᠋ᠠᠰᠤ ᠪᠣᠯᠭ᠋ᠠᠨ ᠬᠤᠪᠢ ᠬᠥᠮᠥᠨ  ᠂ ᠠᠵᠤ ᠠᠬᠤᠢ᠌ᠯᠠᠯ  ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠵᠢ ᠲᠡᠳᠡᠨ ᠠᠪᠴᠢᠷᠠᠵᠤ  ᠂ ᠪᠡᠯᠡ ᠮᠥᠩᠭᠥ ᠡᠳ᠋ ᠪᠣᠳᠠᠰ ᠬᠠᠨᠳᠢᠪᠯᠡᠬᠤ  ᠂ ᠬᠣᠣᠰᠯᠠᠨ ᠬᠠᠪᠰᠤᠷᠴᠤ ᠲᠡᠳᠬᠦᠬᠦ ᠵᠡᠷᠭᠡ ᠬᠡᠯᠪᠡᠷᠢ᠎ᠪᠠᠷ ᠳᠡᠮᠵᠢᠨ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ ᠵᠢ ᠳᠡᠮᠵᠢᠨ᠎ᠡ  ᠃

      (  ᠠᠷᠪᠠᠨ ᠨᠠᠢ᠍ᠮᠠ  ) ᠪᠣᠯᠪᠠᠰᠤᠨ ᠡᠷᠡᠭᠦᠯ ᠮᠡᠨᠳᠦ ᠵᠢᠨ ᠣᠨᠣᠯᠵᠢᠬᠤᠨ᠎ᠢ ᠲᠦᠭᠡᠮᠡᠯᠵᠢᠭᠦᠯᠦᠨ᠎ᠡ  ᠃ ᠤᠯᠤᠰ ᠵᠶ᠋ᠠᠨ ᠬᠠᠢ᠌ᠷᠠᠯᠠᠬᠤ ᠡᠷᠡᠭᠦᠯ ᠬᠠᠮᠠᠭ᠋ᠠᠯᠠᠯ᠎ᠤᠨ ᠬᠥᠳᠡᠯᠭᠡᠭᠡᠨ᠎ᠤ ᠣᠯᠠᠨ ᠲᠦᠮᠡᠨ᠎ᠤ ᠳᠠᠢ᠌ᠴᠢᠯᠠᠯᠲᠠ ᠵᠢᠨ ᠳᠠᠪᠠᠭᠤᠯᠢᠭ᠎ᠢ ᠪᠠᠳᠠᠷᠠᠭᠤᠯᠵᠤ  ᠂ ᠡᠷᠡᠭᠦᠯ ᠮᠡᠨᠳᠦ ᠵᠢᠨ ᠤᠬᠠᠭᠤᠯᠭ᠎ᠠ ᠬᠥᠮᠦᠵᠢᠯ᠎ᠤᠨ ᠡᠷᠴᠢᠮ᠎ᠢ ᠴᠢᠩᠭ᠋ᠠᠷᠠᠭᠤᠯᠤᠨ  ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠪᠠ ᠬᠢᠵᠢᠭ ᠡᠪᠡᠳᠴᠢᠨ᠎ᠢ ᠰᠡᠷᠭᠡᠢ᠌ᠯᠡᠨ ᠡᠵᠡᠮᠳᠡᠬᠦ ᠮᠡᠳᠡᠯᠭᠡ ᠵᠢ ᠲᠦᠭᠡᠮᠡᠯᠵᠢᠭᠦᠯᠵᠦ  ᠂ ᠪᠣᠯᠪᠠᠰᠤᠨ ᠡᠷᠡᠭᠦᠯ ᠴᠢᠭᠢᠷᠠᠭ  ᠂ ᠪᠣᠬᠢᠷᠳᠤᠯ ᠦᠭᠡᠢ ᠣᠷᠴᠢᠨ ᠲᠣᠭᠣᠷᠢᠨ᠎ᠢ ᠬᠠᠮᠠᠭ᠋ᠠᠯᠠᠬᠤ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠵᠤ  ᠂ ᠣᠯᠠᠨ ᠲᠦᠮᠡᠨ᠎ᠤ ᠡᠷᠡᠭᠦᠯ ᠮᠡᠨᠳᠦ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠎ᠡ  ᠃ ᠮᠠᠯᠴᠢᠨ ᠲᠠᠷᠢᠶᠠᠴᠢᠨ ᠲᠦᠮᠡᠨ᠎ᠤ ᠦᠵᠡᠯ ᠰᠠᠨᠠᠭ᠎ᠠ ᠣᠢ᠌ᠯᠠᠭ᠋ᠠᠭᠳᠠᠬᠤᠨ᠎ᠢ ᠬᠤᠪᠢᠷᠠᠭᠤᠯᠬᠤ  ᠂ ᠪᠣᠯᠪᠠᠰᠤᠨ ᠡᠷᠡᠭᠦᠯ ᠠᠮᠢᠳᠤᠷᠠᠯ᠎ᠤᠨ ᠠᠷᠭ᠎ᠠ ᠮᠠᠶᠢᠭ᠎ᠢ ᠬᠡᠷᠡᠭᠵᠢᠭᠦᠯᠬᠦ ᠵᠢ ᠮᠠᠯᠵᠢᠬᠤ ᠲᠠᠷᠢᠶᠠᠯᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠴᠢᠬᠤᠯᠠ ᠠᠭᠤᠯᠭ᠎ᠠ ᠪᠣᠯᠭ᠋ᠠᠵᠤ  ᠂ ᠠᠷᠢᠭᠤᠨ ᠴᠡᠪᠡᠷ ᠵᠣᠷᠯᠣᠩ᠎ᠢ ᠬᠡᠷᠡᠭᠯᠡᠬᠦ  ᠂ ᠬᠣᠭ ᠨᠣᠪᠰᠢ ᠵᠢ ᠲᠥᠷᠥᠯ ᠬᠤᠪᠢᠶᠠᠬᠤ ᠵᠢ ᠰᠠᠢ᠌ᠲᠤᠷ ᠬᠢᠬᠦ  ᠂ ᠪᠣᠯᠪᠠᠰᠤᠨ ᠵᠠᠩ ᠳᠠᠳᠬᠠᠯ᠎ᠲᠠᠢ ᠪᠣᠯᠬᠤ ᠵᠡᠷᠭᠡ ᠵᠢ ᠰᠤᠷᠭ᠋ᠠᠭᠤᠯᠢ  ᠂ ᠭᠡᠷ ᠪᠦᠯᠢ  ᠂ ᠨᠡᠢ᠌ᠭᠡᠮ᠎ᠤᠨ ᠰᠤᠷᠭ᠋ᠠᠨ ᠬᠥᠮᠦᠵᠢᠯ᠎ᠤᠨ ᠬᠦᠷᠢᠶ᠎ᠡ ᠬᠡᠪᠴᠢᠶᠡᠨ᠎ᠳᠤ ᠣᠷᠣᠭᠤᠯᠤᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ ᠵᠢ ᠡᠯ᠎ᠡ ᠱᠠᠲᠤᠨ᠎ᠤ ᠮᠠᠯᠴᠢᠨ ᠲᠠᠷᠢᠶᠠᠴᠢᠳ᠎ᠤᠨ ᠬᠥᠮᠦᠵᠢᠯ ᠪᠣᠯᠪᠠᠰᠤᠷᠠᠭᠤᠯᠤᠯ᠎ᠤᠨ ᠴᠢᠬᠤᠯᠠ ᠠᠭᠤᠯᠭ᠎ᠠ᠎ᠳᠤ ᠣᠷᠣᠭᠤᠯᠬᠤ ᠬᠡᠷᠡᠭᠲᠡᠢ  ᠃ ᠬᠣᠲᠠ ᠬᠥᠳᠡᠭᠡ ᠵᠢᠨ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠦᠷᠭᠦᠯᠵᠢᠯᠡᠨ ᠠᠬᠢᠭᠤᠯᠵᠤ  ᠂ ᠡᠷᠡᠭᠦᠯ ᠬᠠᠮᠠᠭ᠋ᠠᠯᠠᠯ᠎ᠤᠨ ᠰᠢᠶᠠᠨ᠎ᠤ ᠬᠣᠲᠠ (  ᠰᠤᠮᠤ ᠰᠢᠶᠠᠩ ᠪᠠᠯᠭ᠋ᠠᠰᠤ  ) ᠵᠢ ᠡᠭᠦᠳᠦᠨ ᠪᠠᠶ᠋ᠢᠭᠤᠯᠬᠤ ᠵᠢ ᠭᠦᠨᠵᠡᠭᠡᠢ ᠥᠷᠨᠢᠭᠦᠯᠵᠦ  ᠂ ᠡᠷᠡᠭᠦᠯ ᠡᠩᠬᠡ ᠲᠣᠰᠬᠣᠨ ᠪᠠᠯᠭ᠋ᠠᠰᠤ ᠵᠢᠨ ᠪᠦᠲᠦᠭᠡᠨ ᠪᠠᠢ᠌ᠭᠤᠯᠤᠯᠲᠠ ᠵᠢ ᠶᠡᠬᠡᠪᠡᠷ ᠠᠬᠢᠭᠤᠯᠤᠨ᠎ᠠ  ᠃

      (  ᠠᠷᠪᠠ ᠶᠢᠰᠦ  ) ᠭᠠᠴᠠᠭ᠋ᠠᠨ᠎ᠤ ᠲᠣᠭᠲᠠᠭ᠋ᠠᠯ ᠠᠷᠠᠳ᠎ᠤᠨ ᠭᠡᠷ᠎ᠡ ᠵᠢ ᠲᠡᠭᠦᠯᠳᠡᠷᠵᠢᠭᠦᠯᠬᠦ ᠬᠡᠷᠡᠭᠲᠡᠢ  ᠃ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ  ᠂ ᠣᠯᠠᠨ ᠨᠡᠶ᠋ᠢᠲᠡ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠬᠠᠮᠠᠭ᠋ᠠᠯᠠᠯᠲᠠ ᠵᠡᠷᠭᠡ ᠵᠢ ᠲᠣᠰᠬᠣᠨ᠎ᠤ ᠲᠣᠭᠲᠠᠭ᠋ᠠᠯ ᠠᠷᠠᠳ᠎ᠤᠨ ᠭᠡᠷ᠎ᠡ᠎ᠳᠤ ᠣᠷᠣᠭᠤᠯᠬᠤ ᠵᠢ ᠵᠣᠷᠢᠭᠵᠢᠭᠤᠯᠵᠤ  ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯᠭᠡᠨ᠎ᠤ ᠬᠤᠷᠠᠯ  ᠂ ᠬᠡᠷᠡᠭ ᠡᠷᠬᠢᠯᠡᠭᠴᠢᠳ᠎ᠤᠨ ᠬᠤᠷᠠᠯ ᠵᠡᠷᠭᠡ ᠣᠯᠠᠨ ᠲᠦᠮᠡᠨ᠎ᠤ ᠵᠣᠬᠢᠶᠠᠨ ᠪᠠᠢ᠌ᠭᠤᠯᠤᠯᠲᠠ ᠵᠢ ᠪᠠᠳᠠᠷᠠᠭᠤᠯᠤᠨ  ᠂ ᠮᠠᠯᠴᠢᠨ ᠲᠠᠷᠢᠶᠠᠴᠢᠨ᠎ᠤ ᠥᠪᠡᠷ᠎ᠢ᠎ᠪᠠᠨ ᠬᠥᠮᠥᠵᠢᠭᠦᠯᠬᠦ  ᠂ ᠥᠪᠡᠷ᠎ᠢ᠎ᠪᠠᠨ ᠬᠠᠮᠢᠶᠠᠷᠬᠤ  ᠂ ᠥᠪᠡᠷ᠎ᠤᠨ ᠪᠡᠶ᠎ᠡ᠎ᠳᠡᠭᠡᠨ ᠦᠢ᠍ᠯᠡᠴᠢᠯᠡᠬᠦ  ᠂ ᠥᠪᠡᠷ᠎ᠤᠨ ᠪᠡᠶ᠎ᠡ᠎ᠳᠡᠭᠡᠨ ᠬᠢᠨᠠᠯᠲᠠ ᠲᠠᠯᠪᠢᠬᠤ ᠵᠢ ᠬᠥᠲᠥᠯᠥᠨ ᠵᠢᠯᠣᠭᠣᠳᠤᠨ᠎ᠠ  ᠃ ᠦᠵᠡᠰᠬᠦᠯᠡᠩᠲᠦ ᠰᠠᠢ᠌ᠬᠠᠨ ᠬᠦᠷᠢᠶ᠎ᠡ ᠬᠠᠰᠢᠶ᠎ᠠ ᠵᠢ ᠰᠢᠯᠭ᠋ᠠᠷᠠᠭᠤᠯᠬᠤ  ᠂ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠤᠨ ᠤᠯᠠᠭ᠋ᠠᠨ ᠬᠠᠷ᠎ᠠ ᠰᠠᠮᠪᠠᠷ᠎ᠠ  ᠂ ᠬᠤᠪᠢ ᠬᠤᠷᠠᠮᠳᠤᠭᠤᠯᠵᠤ ᠰᠣᠯᠢᠬᠤ ᠵᠡᠷᠭᠡ ᠠᠵᠢᠯᠯᠠᠭ᠎ᠠ ᠵᠢ ᠭᠦᠨᠵᠡᠭᠡᠢ ᠥᠷᠨᠢᠭᠦᠯᠵᠦ  ᠂ ᠮᠠᠯᠴᠢᠨ ᠲᠠᠷᠢᠶᠠᠴᠢᠨ᠎ᠤ ᠠᠢ᠌ᠯ ᠲᠣᠰᠬᠣᠨ᠎ᠤ ᠣᠷᠴᠢᠨ ᠲᠣᠭᠣᠷᠢᠨ᠎ᠤ ᠡᠷᠡᠭᠦᠯ ᠬᠠᠮᠠᠭ᠋ᠠᠯᠠᠯ᠎ᠢ ᠬᠠᠮᠠᠭ᠋ᠠᠯᠠᠬᠤ ᠡᠵᠡᠨ ᠬᠥᠮᠥᠨ᠎ᠤ ᠦᠵᠡᠯ ᠤᠬᠠᠮᠰᠠᠷ᠎ᠢ ᠳᠡᠭᠡᠭᠰᠢᠯᠡᠭᠦᠯᠦᠨ᠎ᠡ  ᠃ ᠵᠠᠩ ᠳᠠᠳᠬᠠᠯ᠎ᠢ ᠥᠭᠡᠷᠡᠴᠢᠯᠡᠬᠦ ᠠᠵᠢᠯ᠎ᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂ ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠤᠨ᠎ᠠ᠃

       ᠨᠠᠢ᠍ᠮᠠ᠂ ᠲᠦᠷᠦ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠨᠡᠮᠡᠭᠳᠡᠭᠦᠯᠬᠦ ᠬᠡᠷᠡᠭᠲᠡᠢ

      (  ᠬᠣᠷᠢ  ) ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠪᠠᠲᠤᠯᠠᠭ᠎ᠠ ᠵᠢ ᠴᠢᠩᠭ᠋ᠠᠷᠠᠭᠤᠯᠤᠨ᠎ᠠ  ᠃ ᠠᠢ᠌ᠮᠠᠭ ᠬᠣᠲᠠ ᠪᠣᠯᠣᠨ ᠬᠣᠰᠢᠭᠤ ᠰᠢᠶᠠᠨ ᠵᠶ᠋ᠠᠷ ᠭᠣᠣᠯ ᠪᠣᠯᠭ᠋ᠠᠭᠰᠠᠨ  ᠂ ᠥᠪᠡᠷᠲᠡᠭᠡᠨ ᠵᠠᠰᠠᠬᠤ ᠣᠷᠣᠨ ᠎ᠠᠴᠠ ᠱᠠᠩᠨᠠᠵᠤ ᠲᠤᠰᠠᠯᠠᠬᠤ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠲᠣᠭᠲᠠᠴᠠ ᠵᠢ ᠪᠠᠢ᠌ᠭᠤᠯᠵᠤ  ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠪᠣᠯᠣᠨ ᠠᠵᠢᠯᠯᠠᠭ᠋ᠠᠨ᠎ᠤ ᠪᠡᠯᠡ ᠮᠥᠩᠭᠥ ᠵᠢ ᠪᠠᠲᠤᠯᠠᠨ᠎ᠠ  ᠃ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢ᠍ᠴᠡᠳᠬᠡᠯ ᠲᠣᠭ᠎ᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠤᠨ ᠡᠯᠭᠦᠭᠡ ᠦᠯᠡᠳᠡᠪᠦᠷᠢ ᠵᠢᠨ ᠭᠦᠢ᠍ᠴᠡᠳᠬᠡᠯ ᠲᠣᠭ᠎ᠠ ᠵᠢ ᠣᠷᠣᠨ ᠪᠦᠰᠡ ᠠᠯᠤᠰᠯᠠᠨ ᠲᠣᠬᠢᠷᠠᠭᠤᠯᠤᠨ ᠬᠡᠷᠡᠭᠯᠡᠬᠦ ᠵᠢ ᠬᠡᠷᠡᠭᠵᠢᠭᠦᠯᠵᠦ  ᠂ ᠭᠠᠵᠠᠷ ᠰᠢᠷᠣᠢ ᠵᠢ ᠰᠢᠯᠵᠢᠭᠦᠯᠦᠨ ᠥᠭᠭᠦᠭᠰᠡᠨ ᠣᠷᠣᠯᠭ᠎ᠠ ᠵᠢᠨ ᠬᠡᠷᠡᠭᠯᠡᠬᠦ ᠬᠡᠪᠴᠢᠶ᠎ᠡ ᠵᠢ ᠲᠣᠬᠢᠷᠠᠭᠤᠯᠤᠨ ᠲᠡᠭᠦᠯᠳᠡᠷᠵᠢᠭᠦᠯᠵᠦ  ᠂ ᠵᠣᠬᠢᠬᠤ ᠬᠠᠷᠢᠴᠠᠯ᠎ᠤᠨ ᠲᠣᠬᠢᠷᠠᠭᠤᠯᠤᠭᠰᠠᠨ ᠠᠰᠢᠭ ᠣᠯᠵᠠᠪᠤᠷᠢ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ  ᠂ ᠭᠠᠵᠠᠷ ᠰᠢᠷᠣᠢ ᠵᠢ ᠰᠢᠯᠵᠢᠭᠦᠯᠦᠨ ᠥᠭᠭᠦᠭᠰᠡᠨ ᠣᠷᠣᠯᠭ᠎ᠠ ᠵᠢ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠎ᠳᠤ ᠬᠡᠷᠡᠭᠯᠡᠨ᠎ᠡ  ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠡᠩ᠎ᠤᠨ ᠵᠢᠭᠡᠯᠡᠯᠭᠡ ᠵᠢᠨ ᠲᠡᠮᠳᠡᠭᠲᠦ ᠵᠢᠨ ᠵᠠᠷᠤᠯᠭ᠎ᠠ᠎ᠳᠤ ᠵᠣᠬᠢᠬᠤ ᠬᠡᠪᠴᠢᠶ᠎ᠡ᠎ᠪᠠᠷ ᠨᠥᠬᠥᠴᠡᠯ᠎ᠳᠤ ᠨᠡᠶ᠋ᠢᠴᠡᠬᠦ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠬᠣᠰᠢᠭᠤ ᠰᠢᠶᠠᠨ᠎ᠤ ᠱᠠᠲᠤᠨ᠎ᠠᠴᠠ ᠬᠥᠳᠡᠭᠡ ᠲᠣᠰᠬᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ ᠬᠠᠮᠢᠶ᠎ᠠ ᠪᠦᠬᠦᠢ ᠪᠡᠯᠡ ᠮᠥᠩᠭᠥ ᠪᠣᠯᠣᠨ ᠲᠥᠷᠥᠯ ᠵᠦᠢ᠍ᠯ᠎ᠢ ᠲᠣᠭᠲᠠᠭ᠋ᠠᠯ ᠶᠣᠰᠣᠭ᠋ᠠᠷ ᠨᠢᠭᠡᠳᠦᠯᠲᠡᠢ ᠲᠥᠯᠥᠪᠯᠡᠨ ᠡᠮᠬᠢᠯᠡᠨ ᠨᠡᠢ᠌ᠯᠡᠭᠦᠯᠵᠦ᠂ ᠲᠣᠰᠬᠣᠨ ᠳᠠᠷᠠᠭ᠋ᠠᠯᠠᠨ ᠲᠥᠪᠯᠡᠷᠡᠭᠦᠯᠦᠨ ᠪᠦᠲᠦᠭᠡᠨ ᠪᠠᠢ᠌ᠭᠤᠯᠵᠤ ᠪᠣᠯᠣᠨ᠎ᠠ᠃ ᠵᠠᠰᠠᠭ᠎ᠤᠨ ᠣᠷᠳᠣᠨ ᠪᠠ ᠨᠡᠢ᠌ᠭᠡᠮ᠎ᠤᠨ ᠬᠥᠷᠥᠩᠭᠡ ᠬᠠᠮᠲᠤᠷᠠᠯᠴᠠᠬᠤ ᠵᠡᠷᠭᠡ ᠵᠠᠭᠪᠤᠷ ᠵᠶ᠋ᠠᠷ ᠳᠠᠮᠵᠢᠭᠤᠯᠤᠨ᠂ ᠨᠡᠢ᠌ᠭᠡᠮ᠎ᠤᠨ ᠬᠦᠴᠦᠨ᠎ᠢ ᠳᠠᠶ᠋ᠢᠴᠢᠯᠠᠨ ᠪᠡᠯᠡ ᠣᠷᠣᠭᠤᠯᠤᠯᠲᠠ ᠵᠢᠨ ᠠᠰᠢᠭ ᠣᠯᠵᠠᠪᠤᠷᠢ᠎ᠪᠠᠷ ᠨᠡᠯᠢᠶᠡᠳ ᠰᠠᠢ᠌ᠨ  ᠂ ᠵᠠᠬ᠎ᠠ ᠳᠡᠯᠭᠡᠭᠦᠷᠴᠢᠯᠡᠭᠰᠡᠨ ᠬᠢᠷᠢ ᠬᠡᠮᠵᠢᠶ᠎ᠡ᠎ᠪᠠᠷ ᠨᠡᠯᠢᠶᠡᠳ ᠥᠨᠳᠥᠷ ᠲᠠᠷᠢᠶᠠᠯᠠᠬᠤ ᠮᠠᠯᠵᠢᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠪᠠ ᠠᠵᠢᠯᠯᠠᠭ᠋ᠠᠨ᠎ᠤ ᠬᠠᠮᠢᠶᠠᠷᠴᠤ ᠬᠠᠮᠠᠭ᠋ᠠᠯᠠᠬᠤ ᠲᠥᠷᠥᠯ ᠵᠦᠢ᠍ᠯ᠎ᠳᠤ ᠢᠳᠡᠪᠬᠢᠲᠡᠢ ᠣᠷᠣᠯᠴᠠᠭᠤᠯᠤᠨ᠎ᠠ  ᠃

      (  ᠬᠣᠷᠢᠨ ᠨᠢᠭᠡ  ) ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢᠨ ᠰᠢᠨ᠎ᠡ ᠵᠢ ᠡᠭᠦᠳᠦᠨ ᠲᠡᠭᠦᠯᠳᠡᠷᠵᠢᠭᠦᠯᠦᠨ᠎ᠡ  ᠃ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠤᠨ ᠥᠭᠡᠷᠡᠴᠢᠯᠡᠯᠲᠡ ᠵᠢᠨ ᠲᠤᠷᠰᠢᠯᠲᠠ  ᠂ ᠬᠥᠳᠡᠭᠡ ᠲᠣᠰᠬᠣᠨ᠎ᠤ ᠲᠠᠷᠢᠶᠠᠨ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠨ ᠭᠡᠷ ᠪᠠᠢ᠌ᠰᠢᠩ ᠪᠠᠷᠢᠬᠤ ᠵᠢ ᠲᠤᠰᠬᠠᠢ᠌ᠯᠠᠨ ᠴᠡᠭᠴᠡᠯᠡᠨ ᠵᠠᠰᠠᠬᠤ ᠵᠡᠷᠭᠡ ᠲᠥᠷᠥ ᠵᠢᠨ ᠪᠣᠳᠣᠯᠭ᠎ᠠ ᠵᠢᠨ ᠵᠣᠯᠭ᠋ᠠᠭᠤᠯᠤᠯᠲᠠ ᠵᠢ ᠰᠠᠢ᠌ᠲᠤᠷ ᠬᠢᠵᠦ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠤ ᠬᠠᠮᠢᠶ᠎ᠠ ᠪᠦᠬᠦᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ  ᠂ ᠤᠰᠤ ᠴᠠᠬᠢᠯᠭ᠋ᠠᠨ ᠬᠡᠷᠡᠭᠯᠡᠬᠦ ᠵᠢ ᠪᠠᠲᠤᠯᠠᠬᠤ ᠪᠠ ᠭᠠᠢ᠌ᠯᠢ ᠲᠠᠲᠠᠪᠤᠷᠢ ᠵᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ  ᠃ ᠲᠠᠷᠢᠶᠠᠨ ᠭᠠᠵᠠᠷ ᠪᠠ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠴᠢᠩᠭ᠎ᠠ ᠰᠠᠬᠢᠭᠰᠠᠨ ᠤᠷᠢᠲᠠᠯ ᠲᠤᠤᠷ᠎ᠠ᠂ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠤᠷᠢᠳᠠᠪᠠᠷ ᠪᠠᠲᠤᠯᠠᠵᠤ  ᠂ ᠠᠭᠯᠠᠭ ᠠᠭᠤᠯᠠ  ᠂ ᠲᠠᠴᠢᠷ ᠭᠣᠸ᠋  ᠂ ᠬᠠᠯᠴᠠᠭ᠋ᠠᠢ ᠲᠣᠪᠣ  ᠂ ᠡᠵᠡᠭᠦᠢ ᠲᠠᠩ᠎ᠢ ᠤᠷᠢᠳᠠᠪᠠᠷ ᠠᠰᠢᠭᠯᠠᠨ ᠬᠥᠳᠡᠭᠡ ᠲᠣᠰᠬᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠦᠨ᠎ᠡ  ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠬᠠᠮᠢᠶ᠎ᠠ ᠪᠦᠬᠦᠢ ᠪᠡᠯᠡᠳᠬᠡᠮᠵᠢ ᠵᠢᠨ ᠴᠠᠬᠢᠯᠭ᠋ᠠᠨ ᠬᠡᠷᠡᠭᠯᠡᠬᠦ ᠤᠰᠤ ᠵᠢ ᠲᠠᠷᠢᠶᠠᠯᠠᠩ ᠮᠠᠯ ᠠᠵᠤ ᠠᠬᠤᠢ ᠵᠢᠨ ᠴᠠᠬᠢᠯᠭ᠋ᠠᠨ ᠬᠡᠷᠡᠭᠯᠡᠬᠦ ᠤᠰᠤ᠎ᠲᠠᠢ ᠬᠠᠷᠢᠴᠠᠭᠤᠯᠤᠨ ᠬᠡᠷᠡᠭᠵᠢᠭᠦᠯᠦᠨ᠎ᠡ  ᠃ ᠡᠯ᠎ᠡ ᠲᠥᠷᠥᠯ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ   ᠬᠠᠤᠯᠢ ᠲᠣᠭᠲᠠᠭ᠋ᠠᠯ᠎ᠳᠤ ᠨᠡᠢ᠌ᠴᠡᠭᠦᠯᠦᠨ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ᠎ᠳᠤ ᠳᠡᠮᠵᠢᠯᠭᠡ ᠬᠠᠩᠭ᠋ᠠᠨ᠎ᠠ  ᠃ ᠠᠢ᠌ᠯ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠤᠨ ᠳᠦᠭᠦᠮ ᠬᠢᠨᠠᠨ ᠵᠥᠪᠰᠢᠶᠡᠷᠡᠬᠦ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠭᠠᠴᠠᠭ᠎ᠠ ᠲᠣᠰᠬᠣᠨ᠎ᠤ ᠱᠠᠲᠤᠨ᠎ᠤ ᠵᠣᠬᠢᠶᠠᠨ ᠪᠠᠢ᠌ᠭᠤᠯᠤᠯᠲᠠ ᠪᠣᠯᠣᠨ ᠲᠠᠷᠢᠶᠠᠯᠠᠬᠤ ᠮᠠᠯᠵᠢᠬᠤ ᠣᠷᠣᠨ᠎ᠤ ᠤᠷᠠᠨ ᠳᠠᠷᠬᠠᠨ᠎ᠤ ᠳᠠᠭ᠋ᠠᠭᠤᠯᠤᠭᠴᠢ ᠵᠡᠷᠭᠡ ᠵᠢᠨ ᠲᠠᠷᠢᠶᠠᠯᠠᠬᠤ ᠮᠠᠯᠵᠢᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠤ ᠵᠢᠵᠢᠭ ᠬᠡᠯᠪᠡᠷᠢ ᠵᠢᠨ ᠢᠨᠵᠧᠨᠧᠷᠢᠩ᠎ᠤᠨ ᠲᠥᠷᠥᠯ ᠵᠦᠢ᠍ᠯ᠎ᠢ ᠳᠠᠭ᠋ᠠᠭ᠋ᠠᠨ ᠠᠪᠬᠤ ᠵᠢ ᠵᠣᠷᠢᠭᠵᠢᠭᠤᠯᠤᠨ᠎ᠠ  ᠃

      (  ᠬᠣᠷᠢᠨ ᠬᠣᠶᠠᠷ  ) ᠳᠦᠷᠢᠮ ᠲᠣᠭᠲᠠᠭ᠋ᠠᠯ ᠬᠢᠭᠡᠳ ᠪᠠᠷᠢᠮᠵᠢᠶ᠎ᠠ ᠵᠢᠨ ᠵᠢᠷᠤᠮᠵᠢᠯ᠎ᠢ ᠪᠦᠷᠢᠨᠰᠢᠭᠦᠯᠬᠦ ᠬᠡᠷᠡᠭᠲᠡᠢ  ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠬᠠᠮᠢᠶᠠᠷᠤᠯᠲᠠ ᠵᠢᠨ ᠳᠦᠷᠢᠮ᠎ᠢ ᠰᠤᠳᠤᠯᠤᠨ ᠲᠣᠭᠲᠠᠭ᠋ᠠᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠵᠣᠷᠯᠣᠩ᠎ᠤᠨ ᠬᠠᠮᠢᠶᠠᠷᠤᠯᠲᠠ  ᠂ ᠠᠮᠢᠳᠤᠷᠠᠯ᠎ᠤᠨ ᠬᠣᠭ ᠨᠣᠪᠰᠢ ᠪᠣᠬᠢᠷ ᠤᠰᠤ ᠵᠢ ᠵᠠᠰᠠᠬᠤ  ᠂ ᠲᠣᠰᠬᠣᠨ᠎ᠤ ᠳᠦᠷᠰᠦ ᠪᠠᠢ᠌ᠳᠠᠯ᠎ᠢ ᠳᠡᠭᠡᠭᠰᠢᠯᠡᠭᠦᠯᠬᠦ ᠵᠡᠷᠭᠡ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠦᠨ᠎ᠡ  ᠃ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠬᠦᠷᠢᠶᠡᠨ᠎ᠳᠠᠬᠢ ᠪᠡᠯᠡᠳᠬᠡᠮᠵᠢ ᠲᠥᠬᠦᠭᠡᠷᠦᠮᠵᠢ ᠵᠢ ᠲᠦᠷᠭᠡᠳᠬᠡᠨ ᠪᠠᠢ᠌ᠭᠤᠯᠵᠤ  ᠂ ᠪᠦᠲᠦᠭᠡᠨ ᠪᠠᠢ᠌ᠭᠤᠯᠤᠯᠲᠠ ᠵᠢᠨ ᠰᠢᠯᠭ᠋ᠠᠨ ᠠᠪᠬᠤ  ᠂ ᠠᠵᠢᠯᠯᠠᠭ᠋ᠠᠨ᠎ᠤ ᠬᠠᠮᠠᠭ᠋ᠠᠯᠠᠯᠲᠠ  ᠂ ᠬᠢᠨᠠᠨ ᠬᠡᠮᠵᠢᠵᠦ ᠦᠨᠡᠯᠡᠨ ᠵᠢᠱ᠌ᠢᠬᠦ  ᠂ ᠬᠠᠮᠢᠶᠠᠷᠤᠯᠲᠠ ᠦᠢ᠍ᠯᠡᠴᠢᠯᠡᠭᠡ ᠵᠡᠷᠭᠡ ᠵᠢᠨ ᠵᠢᠷᠤᠮᠵᠢᠯ᠎ᠢ ᠲᠦᠷᠭᠡᠳᠬᠡᠨ  ᠂ ᠬᠠᠮᠢᠶ᠎ᠠ ᠪᠦᠬᠦᠢ ᠪᠠᠷᠢᠮᠵᠢᠶ᠎ᠠ ᠵᠢ ᠱᠠᠯᠠᠪᠳᠠᠨ ᠲᠣᠭᠲᠠᠭ᠋ᠠᠵᠤ ᠵᠠᠰᠠᠪᠤᠷᠢ ᠣᠷᠣᠭᠤᠯᠤᠨ᠎ᠠ  ᠃ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠬᠠᠮᠢᠶ᠎ᠠ ᠪᠦᠬᠦᠢ ᠪᠦᠲᠦᠭᠡᠭᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠴᠦ᠂ ᠴᠠᠭ᠎ᠲᠤᠨᠢ ᠲᠣᠬᠢᠷᠠᠭᠤᠯᠤᠨ ᠰᠤᠭᠤᠴᠢᠨ ᠪᠠᠢ᠌ᠴᠠᠭ᠋ᠠᠬᠤ ᠵᠢ ᠥᠷᠨᠢᠭᠦᠯᠵᠦ᠂ ᠶᠠᠰᠤ ᠴᠢᠨᠠᠷ᠎ᠤᠨ ᠠᠮᠤᠷ ᠲᠦᠪᠰᠢᠨ᠎ᠤ ᠬᠣᠷᠢᠭ᠎ᠠ ᠵᠢ ᠪᠠᠲᠤ ᠰᠠᠬᠢᠨ᠎ᠠ᠃

      (  ᠬᠣᠷᠢᠨ ᠭᠤᠷᠪᠠ  ) ᠰᠢᠨᠵᠢᠯᠡᠬᠦ ᠤᠬᠠᠭ᠋ᠠᠨ ᠮᠡᠷᠭᠡᠵᠢᠯ ᠪᠠ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ  ᠃ ᠳᠡᠭᠡᠳᠦ ᠰᠤᠷᠭ᠋ᠠᠭᠤᠯᠢ  ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ  ᠂ ᠠᠵᠤ ᠠᠬᠤᠢ᠌ᠯᠠᠯ ᠵᠡᠷᠭᠡ ᠵᠢᠨ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠵᠠᠩᠭᠢᠯᠠᠭ᠎ᠠ ᠵᠢᠨ ᠮᠡᠷᠭᠡᠵᠢᠯ  ᠂ ᠤᠷᠠᠯᠠᠯ ᠪᠠ ᠲᠥᠬᠦᠭᠡᠷᠦᠮᠵᠢ ᠵᠢ ᠰᠤᠳᠤᠯᠤᠨ ᠨᠡᠭᠡᠭᠡᠬᠦ ᠵᠢ ᠥᠷᠨᠢᠭᠦᠯᠬᠦ ᠵᠢ ᠵᠣᠷᠢᠭᠵᠢᠭᠤᠯᠤᠨ᠎ᠠ  ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠣᠭᠣᠷᠢᠨ᠎ᠳᠤ᠂ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠬᠦᠷᠢᠶᠡᠨ᠎ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠬᠣᠷᠣᠭᠳᠠᠯ᠎ᠢ ᠪᠠᠭ᠋ᠠᠰᠬᠠᠬᠤ᠂ ᠡᠬᠢ ᠪᠠᠶᠠᠯᠢᠭ᠎ᠢ ᠣᠷᠴᠢᠯᠳᠤᠭᠤᠯᠤᠨ ᠠᠰᠢᠭᠯᠠᠬᠤ ᠵᠡᠷᠭᠡ ᠮᠡᠷᠭᠡᠵᠢᠯ᠎ᠤᠨ ᠦᠢ᠍ᠯᠡᠳᠬᠦᠨ᠎ᠢ ᠰᠤᠳᠤᠯᠤᠨ ᠨᠡᠭᠡᠭᠡᠵᠦ ᠳᠡᠯᠭᠡᠷᠡᠭᠦᠯᠬᠦ ᠵᠢ ᠴᠢᠩᠭ᠋ᠠᠳᠬᠠᠨ᠎ᠠ᠃ ᠭᠠᠩ ᠬᠠᠭᠤᠷᠠᠢ  ᠂ ᠬᠠᠬᠢᠷ ᠬᠦᠢ᠍ᠲᠡᠨ ᠭᠠᠵᠠᠷ ᠣᠷᠣᠨ᠎ᠳᠤ ᠲᠣᠬᠢᠷᠠᠬᠤ ᠵᠣᠷᠯᠣᠩ᠎ᠢ ᠥᠭᠡᠷᠡᠴᠢᠯᠡᠬᠦ ᠮᠡᠷᠭᠡᠵᠢᠯ᠎ᠤᠨ ᠵᠠᠭᠪᠤᠷ ᠪᠠ ᠦᠢ᠍ᠯᠡᠳᠬᠦᠨ᠎ᠢ ᠵᠣᠬᠢᠶᠠᠨ ᠪᠠᠢ᠌ᠭᠤᠯᠤᠨ ᠰᠤᠳᠤᠯᠤᠨ ᠨᠡᠭᠡᠭᠡᠨ᠎ᠡ  ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠴᠤ ᠬᠠᠮᠠᠭ᠋ᠠᠯᠠᠬᠤ ᠮᠡᠷᠭᠡᠵᠢᠯ᠎ᠤᠨ ᠪᠦᠲᠦᠭᠡᠭᠳᠡᠬᠦᠨ᠎ᠤ ᠳᠡᠯᠭᠡᠨ ᠦᠵᠡᠭᠦᠯᠦᠯᠭᠡ ᠵᠢ ᠡᠷᠭᠢᠯᠡᠨ᠎ᠡ  ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠬᠠᠮᠢᠶ᠎ᠠ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠴᠢᠳᠠᠪᠤᠷᠢᠲᠠᠨ᠎ᠤ ᠪᠣᠯᠪᠠᠰᠤᠷᠠᠭᠤᠯᠤᠯ᠎ᠤᠨ ᠡᠷᠴᠢᠮ᠎ᠢ ᠴᠢᠩᠭ᠋ᠠᠷᠠᠭᠤᠯᠵᠤ  ᠂ ᠴᠢᠭᠯᠡᠭᠦᠯᠬᠦ ᠴᠢᠨᠠᠷᠲᠠᠢ ᠠᠵᠢᠯ᠎ᠤᠨ ᠪᠠᠢ᠌ᠷᠢ ᠵᠢᠨ ᠬᠥᠮᠥᠵᠢᠭᠦᠯᠬᠦ ᠲᠣᠭᠲᠠᠴᠠ ᠵᠢ ᠪᠠᠢ᠌ᠭᠤᠯᠤᠨ᠎ᠠ  ᠃ ᠲᠠᠷᠢᠶᠠᠯᠠᠩ ᠢᠲᠡᠭᠡᠮᠵᠢ ᠵᠢᠨ ᠮᠠᠯᠵᠢᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠬᠦᠷᠢᠶ᠎ᠡ ᠴᠠᠷᠠᠭ᠎ᠠ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠴᠢᠩᠭ᠋ᠠᠳᠬᠠᠵᠤ  ᠂ ᠬᠠᠮᠢᠶ᠎ᠠ ᠪᠦᠬᠦᠢ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠪᠠ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠷᠠᠭᠤᠯᠤᠨ  ᠂ ᠦᠨᠳᠦᠰᠦᠨ ᠱᠠᠲᠤᠨ᠎ᠳᠤ ᠪᠠᠴᠢᠮ ᠬᠡᠷᠡᠭᠰᠡᠬᠦ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠲᠦᠷᠭᠡᠳᠬᠡᠨ ᠬᠥᠮᠥᠵᠢᠭᠦᠯᠦᠨ᠎ᠡ  ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠵᠢᠨ ᠮᠡᠷᠭᠡᠵᠢᠯ᠎ᠤᠨ ᠠᠵᠢᠯᠲᠠᠨ᠎ᠤ ᠲᠣᠰᠬᠣᠨ᠎ᠳᠤ ᠬᠥᠳᠡᠭᠡ ᠲᠣᠰᠬᠣᠨ᠎ᠢ ᠰᠠᠢ᠌ᠨ ᠮᠡᠳᠡᠳᠡᠭ ᠲᠥᠯᠥᠪᠵᠢᠭᠦᠯᠦᠭᠴᠢ  ᠂ ᠪᠠᠷᠢᠯᠭ᠋ᠠᠴᠢᠨ  ᠂ ᠲᠥᠯᠥᠪᠯᠡᠭᠴᠢ ᠵᠢᠨ ᠠᠢ᠌ᠯ ᠲᠣᠰᠬᠣᠨ᠎ᠤ ᠲᠥᠯᠦᠪᠵᠢᠭᠦᠯᠭᠡ ᠵᠢᠨ ᠵᠢᠷᠤᠭ ᠲᠥᠯᠥᠪᠯᠡᠭᠡ  ᠂ ᠣᠨᠴᠠᠯᠢᠭᠲᠤ ᠦᠵᠡᠮᠵᠢ ᠵᠢ ᠦᠢᠯᠡᠳᠬᠦ  ᠂ ᠬᠥᠮᠥᠨ ᠨᠡᠢ᠌ᠭᠡᠮ᠎ᠤᠨ ᠥᠩᠭᠡ ᠦᠵᠡᠮᠵᠢ ᠵᠢ ᠬᠥᠲᠥᠯᠥᠨ ᠵᠢᠯᠤᠭᠣᠳᠬᠤ᠎ᠳᠤ ᠣᠷᠤᠯᠴᠠᠬᠤ ᠵᠢ ᠳᠡᠮᠵᠢᠨ᠎ᠡ  ᠃ ᠮᠠᠯᠵᠢᠬᠤ ᠲᠠᠷᠢᠶᠠᠯᠠᠬᠤ ᠣᠷᠣᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠤ ᠪᠠᠢ᠌ᠴᠠᠭ᠋ᠠᠨ ᠬᠡᠮᠵᠢᠯᠲᠡ ᠵᠢ ᠴᠢᠩᠭ᠋ᠠᠳᠬᠠᠵᠤ  ᠂ ᠪᠠᠢ᠌ᠴᠠᠭ᠋ᠠᠨ ᠬᠡᠮᠵᠢᠭᠰᠡᠨ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠨ᠎ᠡ  ᠃

       ᠶᠢᠰᠦ  ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠵᠢ ᠴᠢᠩᠭ᠋ᠠᠷᠠᠭᠤᠯᠬᠤ ᠬᠡᠷᠡᠭᠲᠡᠢ

      (  ᠬᠣᠷᠢᠨ ᠳᠥᠷᠪᠡ  ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ  ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ ᠵᠢ ᠴᠢᠬᠤᠯᠠ ᠡᠭᠦᠷᠭᠡ ᠬᠠᠷᠢᠭᠤᠴᠠᠯᠭ᠎ᠠ᠎ᠪᠠᠨ ᠪᠣᠯᠭ᠋ᠠᠵᠤ᠂ ᠡᠳᠦᠷ ᠳᠤᠳᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠬᠦᠯᠢ ᠴᠣᠭᠴᠠ᠎ᠲᠠᠢ ᠤᠶᠠᠯᠳᠤᠭᠤᠯᠤᠨ ᠪᠦᠬᠦᠯᠢ ᠴᠣᠭᠴᠠ ᠵᠢᠨ ᠠᠵᠢᠯ᠎ᠤᠨ ᠪᠠᠢ᠌ᠷᠢᠯᠠᠭᠤᠯᠤᠯᠲᠠ ᠬᠢᠵᠦ᠂ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤᠨᠢ ᠰᠤᠳᠤᠯᠤᠨ ᠰᠢᠢ᠍ᠳᠪᠦᠷᠢᠯᠡᠬᠦ ᠬᠡᠷᠡᠭᠲᠡᠢ᠃ ᠠᠢ᠌ᠮᠠᠭ ᠬᠣᠲᠠ ᠵᠢᠨ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠲᠡᠭᠡᠷ᠎ᠡ ᠲᠤᠤᠷ᠎ᠠ ᠱᠠᠲᠤ ᠵᠢ ᠵᠣᠯᠭ᠋ᠠᠭᠤᠯᠬᠤ  ᠂ ᠣᠷᠣᠨ ᠪᠦᠰᠡ ᠵᠢᠨ ᠳᠣᠲᠣᠷ᠎ᠠ᠎ᠪᠠᠨ ᠵᠣᠬᠢᠴᠠᠭᠤᠯᠬᠤ  ᠂ ᠰᠢᠮᠳᠠᠭᠤᠯᠤᠨ ᠪᠠᠢ᠌ᠴᠠᠭ᠋ᠠᠬᠤ ᠵᠡᠷᠭᠡ ᠠᠵᠢᠯ᠎ᠢ ᠰᠠᠢ᠌ᠲᠤᠷ ᠬᠢᠬᠦ ᠬᠡᠷᠡᠭᠲᠡᠢ  ᠃ ᠬᠣᠰᠢᠭᠤ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠨᠤᠭᠤᠳ ᠲᠣᠰ ᠭᠠᠵᠠᠷ ᠣᠷᠣᠨ᠎ᠤ᠎ᠪᠠᠨ ᠲᠠᠷᠢᠶᠠᠯᠠᠬᠤ ᠮᠠᠯᠵᠢᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠵᠤ  ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠰᠠᠢ᠌ᠲᠤᠷ ᠬᠢᠵᠦ  ᠂ ᠭᠣᠣᠯ ᠬᠠᠷᠢᠭᠤᠴᠠᠯᠭ᠋ᠠᠲᠠᠨ ᠨᠥᠬᠥᠳ ᠨᠢᠭᠡᠳᠦᠭᠡᠷ ᠹᠷᠣᠨᠲ᠎ᠤᠨ ᠵᠢᠯᠣᠭᠣᠳᠤᠯᠭ᠎ᠠ ᠵᠢᠨ ᠠᠵᠢᠯ᠎ᠢ ᠰᠠᠢ᠌ᠲᠤᠷ ᠬᠢᠵᠦ  ᠂ ᠨᠢᠭᠡᠳᠦᠭᠡᠷ ᠹᠷᠣᠨᠲ᠎ᠤᠨ ᠺᠠᠳ᠋ᠷ᠎ᠤᠨ ᠡᠩᠨᠡᠭᠡ ᠵᠢ ᠰᠢᠯᠢᠳᠡᠭ᠎ᠢ᠎ᠨᠢ ᠰᠣᠩᠭᠣᠨ ᠲᠣᠬᠢᠷᠠᠭᠤᠯᠤᠨ᠎ᠠ  ᠃ ᠥᠪᠡᠷᠲᠡᠭᠡᠨ ᠵᠠᠰᠠᠬᠤ ᠣᠷᠣᠨ ᠎ᠠᠴᠠ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠵᠦ  ᠂ ᠠᠢ᠌ᠮᠠᠭ ᠬᠣᠲᠠ  ᠂ ᠬᠣᠰᠢᠭᠤ ᠰᠢᠶᠠᠨ  ᠂ ᠰᠤᠮᠤ ᠰᠢᠶᠠᠩ ᠪᠠᠯᠭ᠋ᠠᠰᠤ ᠎ᠠᠴᠠ ᠨᠠᠢ᠌ᠳᠠᠪᠤᠷᠢᠵᠢᠭᠤᠯᠤᠯᠲᠠ ᠵᠢ ᠠᠳᠬᠤᠬᠤ ᠠᠵᠢᠯ᠎ᠤᠨ ᠲᠣᠭᠲᠠᠴᠠ ᠵᠢ ᠪᠦᠷᠢᠨᠰᠢᠭᠦᠯᠦᠨ᠎ᠡ  ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠤᠳᠤᠷᠢᠳᠬᠤ ᠳᠤᠭᠤᠢ᠌ᠯᠠᠩ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠤᠳᠤᠷᠢᠳᠬᠤ ᠳᠤᠭᠤᠢ᠌ᠯᠠᠩ᠎ᠨᠢ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ ᠠᠵᠢᠯ᠎ᠢ ᠨᠢᠭᠡᠳᠦᠯᠲᠡᠢ ᠲᠥᠯᠥᠪᠯᠡᠨ ᠰᠠᠢ᠌ᠵᠢᠷᠠᠭᠤᠯᠵᠤ  ᠂ ᠪᠡᠯᠡ ᠮᠥᠩᠭᠥ  ᠂ ᠡᠬᠢ ᠪᠠᠶᠠᠯᠢᠭ  ᠂ ᠴᠢᠳᠠᠪᠤᠷᠢᠲᠠᠨ᠎ᠤ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠵᠣᠬᠢᠴᠠᠭᠤᠯᠤᠨ  ᠂ ᠠᠵᠢᠯ᠎ᠤᠨ ᠠᠬᠢᠴᠠ ᠵᠢᠨ ᠪᠠᠢ᠌ᠳᠠᠯ᠎ᠢ ᠲᠣᠬᠢᠷᠠᠭᠤᠯᠵᠤ  ᠂ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠰᠢᠮᠳᠠᠭᠤᠯᠤᠨ ᠠᠬᠢᠭᠤᠯᠤᠨ᠎ᠠ  ᠃ ᠲᠠᠷᠢᠶᠠᠯᠠᠩ ᠮᠠᠯ ᠠᠵᠤ ᠠᠬᠤᠢ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠤᠳ ᠠᠵᠢᠯ᠎ᠢ ᠵᠣᠬᠢᠴᠠᠭᠤᠯᠬᠤ  ᠂ ᠵᠣᠬᠢᠶᠠᠨ ᠪᠠᠢ᠌ᠭᠤᠯᠤᠨ ᠠᠬᠢᠭᠤᠯᠬᠤ ᠪᠠ ᠬᠢᠨᠠᠨ ᠵᠢᠯᠤᠭᠣᠳᠴᠤ ᠰᠢᠯᠭ᠋ᠠᠨ ᠬᠢᠨᠠᠬᠤ ᠵᠡᠷᠭᠡ ᠠᠵᠢᠯ᠎ᠢ ᠰᠠᠢ᠌ᠲᠤᠷ ᠬᠢᠬᠦ ᠬᠡᠷᠡᠭᠲᠡᠢ  ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠡᠭᠦᠷᠭᠡ ᠵᠢᠨ ᠪᠡᠯᠡ ᠮᠥᠩᠭᠥ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ  ᠂ ᠪᠡᠯᠡ ᠮᠥᠩᠭᠥ ᠪᠠᠵᠠᠭ᠋ᠠᠬᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ  ᠃ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ  ᠂ ᠲᠣᠰ ᠲᠣᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ  ᠂ ᠢᠵᠢ ᠪᠦᠷᠢᠳᠦᠭᠦᠯᠦᠨ ᠳᠡᠮᠵᠢᠬᠦ ᠲᠥᠷᠥ ᠵᠢᠨ ᠪᠣᠳᠣᠯᠭ᠎ᠠ ᠵᠢ ᠴᠠᠭ ᠲᠤᠬᠠᠢ᠎ᠳᠤᠨᠢ ᠨᠡᠢ᠌ᠲᠡᠯᠡᠬᠦ ᠬᠡᠷᠡᠭᠲᠡᠢ  ᠃ ᠤᠯᠤᠰ᠎ᠤᠨ ᠥᠮᠴᠢᠯᠡᠯᠲᠦ ᠪᠠ ᠰᠢᠶᠠᠩ ᠪᠠᠯᠭ᠋ᠠᠰᠤ ᠵᠢᠨ ᠲᠠᠷᠢᠶᠠᠯᠠᠩ ᠮᠠᠯ ᠠᠵᠤ ᠠᠬᠤᠢ (  ᠣᠶ ᠰᠢᠭᠤᠢ  ) ᠵᠢᠨ ᠲᠠᠯᠠᠪᠠᠶ ᠵᠢᠨ ᠣᠷᠣᠰᠢᠨ ᠰᠠᠭᠤᠬᠤ ᠴᠢᠭ᠋᠎ᠢ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠬᠡᠪᠴᠢᠶᠡᠨ᠎ᠳᠤ ᠣᠷᠣᠭᠤᠯᠤᠨ ᠨᠢᠭᠡᠳᠦᠯᠲᠡᠢ ᠲᠥᠯᠥᠪᠯᠡᠨ ᠪᠣᠳᠣᠯᠬᠢᠯᠠᠵᠤ  ᠂ ᠵᠡᠷᠭᠡ᠎ᠪᠠᠷ ᠠᠬᠢᠭᠤᠯᠤᠨ᠎ᠠ  ᠃

      (  ᠬᠣᠷᠢᠨ ᠲᠠᠪᠤ  ) ᠲᠥᠷᠥᠯ ᠬᠤᠪᠢᠶᠠᠨ ᠵᠢᠯᠤᠭᠣᠳᠬᠤ ᠵᠢ ᠴᠢᠩᠭ᠋ᠠᠳᠬᠠᠨ᠎ᠠ  ᠃ ᠠᠢ᠌ᠯ ᠲᠣᠰᠬᠣᠨ᠎ᠤ ᠬᠥᠭᠵᠢᠯᠲᠡ ᠵᠢᠨ ᠵᠢᠮ᠎ᠡ ᠶᠣᠰᠣ ᠪᠠ ᠬᠤᠪᠢᠷᠠᠯᠲᠠ ᠵᠢᠨ ᠬᠠᠨᠳᠤᠰᠢ᠎ᠳᠤ ᠵᠣᠬᠢᠴᠠᠭᠤᠯᠤᠨ  ᠂ ᠠᠢ᠌ᠯ ᠲᠣᠰᠬᠣᠨ᠎ᠤ ᠲᠥᠷᠥᠯ ᠠᠩᠭᠢᠯᠠᠯ᠎ᠢ ᠵᠦᠢ ᠵᠣᠬᠢᠰᠲᠠᠢ ᠲᠣᠭᠲᠠᠭ᠋ᠠᠵᠤ  ᠂ ᠴᠡᠭᠴᠡᠯᠡᠨ ᠵᠠᠰᠠᠬᠤ ᠬᠦᠷᠢᠶ᠎ᠡ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠵᠤ  ᠂ ᠭᠣᠣᠯᠯᠠᠬᠤ ᠠᠵᠤ ᠦᠢ᠍ᠯᠡᠰ  ᠂ ᠣᠷᠣᠰᠢᠨ ᠰᠠᠭᠤᠬᠤ ᠣᠷᠴᠢᠨ ᠲᠣᠭᠣᠷᠢᠨ  ᠂ ᠠᠮᠢ ᠠᠬᠤᠢ ᠵᠢᠨ ᠬᠠᠮᠠᠭ᠋ᠠᠯᠠᠯᠲᠠ ᠵᠡᠷᠭᠡ ᠠᠢ᠌ᠯ ᠲᠣᠰᠬᠣᠨ᠎ᠤ ᠬᠥᠭᠵᠢᠯᠲᠡ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ  ᠂ ᠨᠥᠬᠥᠴᠡᠯ᠎ᠲᠠᠢ ᠬᠡᠷᠡᠭᠴᠡᠭᠡ ᠱᠠᠭ᠋ᠠᠷᠳᠠᠯᠭ᠎ᠠ᠎ᠲᠠᠢ ᠠᠢ᠌ᠯ ᠲᠣᠰᠬᠣᠨ᠎ᠤ ᠨᠠᠢ᠌ᠷᠠᠭᠤᠯᠤᠨ ᠵᠣᠬᠢᠶᠠᠬᠤ 《  ᠣᠯᠠᠨ ᠲᠥᠯᠦᠪᠵᠢᠭᠦᠯᠭᠡ ᠵᠢ ᠨᠢᠭᠡᠳᠬᠡᠬᠦ  》 ᠲᠥᠯᠦᠪᠵᠢᠭᠦᠯᠭᠡ ᠵᠢ ᠲᠦᠷᠭᠡᠳᠬᠡᠨ ᠠᠬᠢᠭᠤᠯᠤᠨ᠎ᠠ  ᠃ ᠲᠥᠪᠯᠡᠷᠡᠭᠦᠯᠦᠨ ᠳᠡᠭᠡᠭᠰᠢᠯᠡᠭᠦᠯᠬᠦ ᠲᠥᠷᠥᠯ᠎ᠤᠨ ᠠᠢ᠌ᠯ ᠲᠣᠰᠬᠣᠨ᠎ᠤ   ᠭᠣᠣᠯᠳᠠᠯᠭ᠎ᠠ᠎ᠨᠢ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢ ᠲᠡᠭᠦᠯᠳᠡᠷᠵᠢᠭᠦᠯᠵᠦ  ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ ᠬᠢᠭᠡᠳ ᠠᠵᠤ ᠦᠢ᠍ᠯᠡᠰ᠎ᠤᠨ ᠬᠥᠭᠵᠢᠯᠲᠡ ᠵᠢᠨ ᠬᠠᠷᠢᠯᠴᠠᠨ ᠠᠬᠢᠭᠤᠯᠵᠤ ᠬᠠᠷᠢᠯᠴᠠᠨ ᠤᠷᠤᠭᠰᠢᠯᠠᠬᠤ ᠵᠢ ᠠᠬᠢᠭᠤᠯᠤᠨ  ᠂ ᠪᠦᠲᠦᠭᠡᠨ ᠪᠠᠢ᠌ᠭᠤᠯᠵᠤ ᠬᠠᠮᠢᠶᠠᠷᠤᠨ ᠬᠠᠮᠠᠭ᠋ᠠᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ  ᠂ ᠬᠥᠳᠡᠭᠡ ᠲᠣᠰᠬᠣᠨ᠎ᠤ ᠳᠦᠷᠰᠦ ᠪᠠᠢ᠌ᠳᠠᠯ᠎ᠢ ᠬᠠᠮᠠᠭ᠋ᠠᠯᠠᠨ ᠬᠠᠳᠠᠭ᠋ᠠᠯᠠᠬᠤ᠎ᠳᠤ ᠪᠣᠶ᠃ ᠬᠤᠳᠠ ᠵᠢᠨ ᠲᠡᠭᠦᠷᠭᠡ ᠵᠢᠨ ᠠᠭᠤᠰᠤᠯᠴᠠᠭᠰᠠᠨ ᠲᠦᠷᠦᠯ᠎ᠤᠨ ᠠᠢ᠌ᠯ ᠲᠣᠰᠬᠣᠨ᠎ᠤ ᠭᠣᠣᠯᠳᠠᠯᠭ᠎ᠠ᠎ᠨᠢ ᠬᠤᠳᠠ ᠬᠥᠳᠡᠭᠡ ᠵᠢᠨ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠰᠠᠭᠤᠷᠢ ᠲᠥᠬᠦᠭᠡᠷᠦᠮᠵᠢ ᠵᠢ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ᠂ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠲᠦᠷᠭᠡᠳᠬᠡᠨ ᠪᠡᠶᠡᠯᠡᠭᠦᠯᠬᠦ᠎ᠳᠤ ᠪᠤᠢ᠃ ᠣᠨᠴᠠᠯᠢᠭᠲᠤ ᠬᠠᠮᠠᠭ᠋ᠠᠯᠠᠯᠲᠠ ᠵᠢᠨ ᠲᠦᠷᠦᠯ᠎ᠤᠨ ᠠᠢ᠌ᠯ ᠲᠣᠰᠬᠣᠨ᠎ᠤ ᠭᠣᠣᠯᠳᠠᠯᠭ᠎ᠠ᠎ᠨᠢ ᠪᠠᠢ᠌ᠭ᠋ᠠᠯᠢ ᠲᠡᠦᠬᠡ ᠰᠣᠶᠣᠯ᠎ᠤᠨ ᠣᠨᠴᠠᠯᠢᠭᠲᠤ ᠡᠬᠢ ᠪᠠᠶᠠᠯᠢᠭ᠎ᠢ ᠬᠠᠮᠠᠭ᠋ᠠᠯᠠᠵᠤ᠂ ᠤᠤᠯ᠎ᠤᠨ ᠰᠠᠭᠤᠭ᠎ᠠ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠯᠪᠡᠷᠢ ᠪᠠᠢ᠌ᠳᠠᠯ ᠪᠠ ᠠᠮᠢᠳᠤᠷᠠᠯ᠎ᠤᠨ ᠵᠠᠩ ᠳᠠᠳᠬᠠᠯ᠎ᠢ ᠬᠦᠨᠳᠦᠳᠬᠡᠵᠦ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠲᠦᠷᠭᠡᠨ ᠰᠠᠢ᠌ᠵᠢᠷᠠᠭᠤᠯᠬᠤ᠎ᠳᠤ ᠪᠤᠢ᠃ 《  ᠬᠥᠨᠳᠡᠢ ᠲᠣᠰᠬᠣᠨ  》  ᠂ ᠨᠢᠭᠡᠨᠲᠡ ᠲᠣᠳᠣᠷᠬᠠᠢ᠌ᠯᠠᠭᠰᠠᠨ ᠨᠡᠭᠦᠯᠭᠡᠵᠦ ᠬᠠᠰᠤᠵᠤ ᠨᠡᠶ᠋ᠢᠯᠡᠭᠦᠯᠬᠦ ᠲᠥᠷᠥᠯ᠎ᠤᠨ ᠲᠣᠰᠬᠣᠨ᠎ᠢ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠬᠡᠪᠴᠢᠶᠡᠨ᠎ᠳᠤ ᠣᠷᠣᠭᠤᠯᠬᠤ ᠦᠭᠡᠢ  ᠂ ᠴᠡᠪᠡᠷ ᠲᠡᠭᠰᠢ ᠪᠠᠢ᠌ᠬᠤ ᠵᠢ ᠪᠠᠲᠤᠯᠠᠵᠤ  ᠂ ᠣᠲᠣ ᠵᠢᠨ ᠪᠠᠢ᠌ᠭ᠎ᠠ ᠰᠠᠭᠤᠷᠢ ᠪᠡᠯᠡᠳᠬᠡᠮᠵᠢ ᠵᠢᠨ ᠲᠣᠭᠲᠠᠭᠤᠨ ᠵᠶ᠋ᠠᠷ ᠠᠵᠢᠯᠯᠠᠬᠤ ᠵᠢ ᠪᠠᠲᠤᠯᠠᠬᠤ᠎ᠪᠠᠷ ᠭᠣᠣᠯᠳᠠᠯᠭ᠎ᠠ᠎ᠪᠠᠨ ᠪᠣᠯᠭ᠋ᠠᠨ᠎ᠠ  ᠃ ᠲᠦᠷ ᠴᠠᠭ ᠲᠦᠷᠦᠯ ᠢᠯᠭ᠋ᠠᠯ᠎ᠢ᠎ᠨᠢ ᠲᠣᠭᠲᠠᠭ᠋ᠠᠬᠤ᠎ᠳᠤ ᠪᠡᠷᠬᠡᠲᠡᠢ ᠠᠢ᠌ᠯ ᠲᠣᠰᠬᠣᠨ᠎ᠢ ᠲᠦᠷ ᠲᠦᠷᠦᠯ ᠬᠤᠪᠢᠶᠠᠬᠤ ᠦᠭᠡᠢ ᠪᠠᠢ᠌ᠵᠤ ᠪᠣᠯᠣᠨ᠎ᠠ᠃

      (  ᠬᠣᠷᠢᠨ ᠵᠢᠷᠭᠤᠭ᠎ᠠ  ) ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ  ᠃ ᠶᠠᠰᠤ ᠴᠢᠨᠠᠷ ᠪᠣᠳᠠᠲᠤ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭ᠋ᠠᠵᠤ  ᠂ ᠮᠠᠯᠴᠢᠨ ᠲᠠᠷᠢᠶᠠᠴᠢᠨ᠎ᠤ ᠰᠡᠳᠬᠢᠯ ᠬᠠᠨᠤᠮᠵᠢᠲᠠᠶ ᠪᠠᠢ᠌ᠬᠤ᠎ᠪᠠᠷ ᠪᠠᠷᠢᠮᠵᠢᠶ᠎ᠠ ᠪᠣᠯᠭ᠋ᠠᠭᠰᠠᠨ ᠠᠵᠢᠯ᠎ᠢ ᠠᠬᠢᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ  ᠃ ᠰᠢᠶᠠᠨ᠎ᠤ ᠬᠡᠪᠴᠢᠶᠡᠨ᠎ᠳᠤ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠬᠤ ᠪᠠ ᠣᠷᠣᠰᠢᠨ ᠰᠠᠭᠤᠬᠤ᠎ᠳᠤ ᠲᠣᠬᠢᠷᠠᠮᠵᠢᠲᠠᠢ ᠦᠵᠡᠰᠬᠦᠯᠡᠩᠲᠦ ᠰᠠᠢ᠌ᠬᠠᠨ ᠠᠢ᠌ᠯ ᠲᠣᠰᠬᠣᠨ᠎ᠢ ᠡᠭᠦᠳᠦᠨ ᠪᠠᠢ᠌ᠭᠤᠯᠵᠤ ᠲᠠᠨᠢᠯᠴᠠᠭᠤᠯᠬᠤ ᠠᠵᠢᠯ᠎ᠢ ᠥᠷᠨᠢᠭᠦᠯᠵᠦ  ᠂ ᠨᠡᠢ᠌ᠲᠡᠯᠢᠭ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠵᠦ  ᠂ ᠵᠢᠱ᠌ᠢᠶ᠎ᠡ ᠦᠵᠡᠭᠦᠯᠦᠨ ᠳᠠᠢ᠌ᠴᠢᠯᠠᠬᠤ ᠵᠢ ᠪᠦᠬᠦᠯᠢ ᠴᠣᠭᠴᠠ᠎ᠪᠠᠷ᠎ᠨᠢ ᠳᠡᠭᠡᠭᠰᠢᠯᠡᠭᠦᠯᠦᠨ᠎ᠡ  ᠃ ᠱᠠᠩᠨᠠᠬᠤ᠎ᠪᠠᠷ ᠨᠥᠬᠥᠪᠦᠷᠢᠯᠡᠬᠦ ᠵᠢ ᠣᠷᠣᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ  ᠂ ᠡᠯ᠎ᠡ ᠲᠠᠯ᠎ᠠ ᠵᠢᠨ᠎ᠬᠢᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠳᠤ ᠢᠳᠡᠪᠬᠢᠲᠡᠢ ᠣᠷᠣᠯᠴᠠᠭᠤᠯᠵᠤ  ᠂ ᠵᠠᠰᠠᠭ᠎ᠤᠨ ᠣᠷᠳᠣᠨ᠎ᠤ ᠪᠦᠬᠦᠨ᠎ᠢ ᠳᠠᠭ᠋ᠠᠭ᠋ᠠᠨ ᠬᠠᠮᠤᠷᠬᠤ ᠎ᠠᠴᠠ ᠵᠠᠢ᠌ᠯᠠᠰᠬᠢᠬᠦ ᠬᠡᠷᠡᠭᠲᠡᠢ  ᠃ ᠦᠨᠳᠦᠰᠦᠨ ᠱᠠᠲᠤᠨ᠎ᠤ ᠡᠳ᠋᠎ᠤᠨ ᠬᠦᠴᠦᠨ᠎ᠤ ᠳᠠᠭ᠋ᠠᠭ᠋ᠠᠵᠤ ᠳᠡᠶ᠋ᠢᠯᠬᠦ ᠴᠢᠳᠠᠪᠤᠷᠢ ᠵᠢ ᠭᠦᠢ᠍ᠴᠡᠳ ᠪᠣᠳᠣᠯᠬᠢᠯᠠᠨ  ᠂ ᠴᠡᠭᠴᠡᠯᠡᠨ ᠵᠠᠰᠠᠵᠤ ᠳᠡᠭᠡᠭᠰᠢᠯᠡᠭᠦᠯᠬᠦ   ᠭᠣᠣᠯᠳᠠᠯᠭ᠎ᠠ ᠵᠢ ᠵᠦᠢ ᠵᠣᠬᠢᠰᠲᠠᠢ ᠲᠣᠭᠲᠠᠭ᠋ᠠᠵᠤ  ᠂ ᠭᠠᠴᠠᠭ᠎ᠠ ᠲᠣᠰᠬᠣᠨ᠎ᠤ ᠱᠠᠲᠤᠨ᠎ᠤ ᠥᠷᠢ ᠥᠭᠴᠡᠭᠡ ᠵᠢ ᠬᠦᠨᠳᠦᠷᠡᠭᠦᠯᠬᠦ ᠵᠢ ᠰᠡᠷᠭᠡᠢ᠌ᠯᠡᠬᠦ ᠬᠡᠷᠡᠭᠲᠡᠢ  ᠃

      (  ᠬᠣᠷᠢᠨ ᠳᠣᠯᠣᠭ᠎ᠠ  ) ᠰᠢᠯᠭ᠋ᠠᠨ ᠬᠢᠨᠠᠵᠤ ᠤᠷᠮᠠᠰᠢᠭᠤᠯᠬᠤ ᠵᠢ ᠴᠢᠩᠭ᠋ᠠᠷᠠᠭᠤᠯᠤᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠠᠢ᠌ᠵᠢᠷᠠᠭᠤᠯᠬᠤ ᠵᠢ ᠬᠠᠮᠢᠶ᠎ᠠ ᠪᠦᠬᠦᠢ ᠰᠢᠮᠳᠠᠭᠤᠯᠤᠨ ᠪᠠᠢ᠌ᠴᠠᠭ᠋ᠠᠵᠤ ᠪᠠᠢ᠌ᠴᠠᠭ᠋ᠠᠬᠤ ᠲᠥᠯᠥᠪᠯᠡᠭᠡ᠎ᠳᠤ ᠣᠷᠣᠭᠤᠯᠵᠤ  ᠂ ᠰᠢᠮᠳᠠᠭᠤᠯᠤᠨ ᠪᠠᠢ᠌ᠴᠠᠭ᠋ᠠᠭᠰᠠᠨ ᠦᠷ᠎ᠡ ᠳ᠋ᠦᠩ ᠵᠶ᠋ᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ  ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ᠎ᠢ ᠠᠢ᠌ᠮᠠᠭ ᠬᠣᠲᠠ  ᠂ ᠬᠣᠰᠢᠭᠤ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠦᠭᠰᠡᠨ ᠪᠣᠳᠠᠲᠤ ᠠᠮᠵᠢᠯᠲᠠ ᠵᠢ ᠰᠢᠯᠭ᠋ᠠᠨ ᠬᠢᠨᠠᠬᠤ᠎ᠳᠤ ᠣᠷᠣᠭᠤᠯᠤᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠪᠣᠬᠢᠷᠳᠤᠯ᠎ᠢ ᠵᠠᠰᠠᠬᠤ᠎ᠳᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠬᠡᠪᠴᠢᠶᠡᠨ᠎ᠳᠤ ᠣᠷᠣᠭᠤᠯᠵᠤ  ᠂ ᠪᠣᠬᠢᠷᠳᠤᠯ᠎ᠢ ᠵᠠᠰᠠᠬᠤ᠎ᠳᠤ ᠬᠢᠨᠠᠯᠲᠠ ᠲᠠᠯᠪᠢᠬᠤ ᠵᠢ ᠴᠢᠩᠭ᠋ᠠᠷᠠᠭᠤᠯᠤᠨ᠎ᠠ  ᠃ ᠥᠪᠡᠷᠲᠡᠭᠡᠨ ᠵᠠᠰᠠᠬᠤ ᠣᠷᠣᠨ ᠎ᠠᠴᠠ ᠰᠢᠯᠭ᠋ᠠᠨ ᠠᠪᠬᠤ ᠪᠠᠷᠢᠮᠵᠢᠶ᠎ᠠ ᠪᠠ ᠠᠷᠭ᠎ᠠ ᠵᠢ ᠲᠣᠭᠲᠠᠭ᠋ᠠᠵᠤ  ᠂ 2025 ᠣᠨ᠎ᠤ ᠵᠢᠯ᠎ᠤᠨ ᠡᠴᠦᠰ ᠪᠣᠯᠬᠤ᠎ᠳᠤ ᠬᠣᠰᠢᠭᠤ ᠰᠢᠶᠠᠨ ᠵᠶ᠋ᠠᠷ ᠨᠢᠭᠡᠴᠢ ᠪᠣᠯᠭ᠋ᠠᠨ ᠪᠠᠢ᠌ᠴᠠᠭ᠋ᠠᠨ ᠰᠢᠯᠭ᠋ᠠᠵᠤ  ᠂ ᠪᠠᠢ᠌ᠴᠠᠭ᠋ᠠᠭᠰᠠᠨ ᠦᠷ᠎ᠡ ᠳ᠋ᠦᠩ᠎ᠢ ᠬᠠᠮᠢᠶ᠎ᠠ ᠪᠦᠬᠦᠢ ᠳᠡᠮᠵᠢᠬᠦ ᠲᠥᠷᠥ ᠵᠢᠨ ᠪᠣᠳᠣᠯᠭ᠎ᠠ᠎ᠯᠤᠭ᠎ᠠ ᠰᠢᠭᠤᠳ ᠬᠣᠯᠪᠣᠭᠳᠠᠭᠤᠯᠤᠨ᠎ᠠ  ᠃

      (  ᠬᠣᠷᠢᠨ ᠨᠠᠢ᠍ᠮᠠ  ) ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠨ᠎ᠠ  ᠃ ᠡᠯ᠎ᠡ ᠱᠠᠲᠤᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠥᠪ ᠲᠠᠯ᠎ᠠ ᠵᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ᠎ᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ  ᠂ ᠰᠣᠨᠢᠨ ᠰᠡᠳᠬᠦᠯ  ᠂ ᠷᠠᠳᠢᠣ᠋ ᠨᠡᠪᠲᠡᠷᠡᠭᠦᠯᠭᠡ  ᠂ ᠲᠧᠯᠸᠢᠰ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ ᠸᠢᠴᠠᠲ  ᠂ ᠪᠢᠴᠢᠯ ᠪᠦᠷᠭᠡ ᠵᠡᠷᠭᠡ ᠰᠦᠯᠵᠢᠶᠡᠨ᠎ᠤ ᠰᠢᠨ᠎ᠡ ᠵᠠᠭᠤᠴᠢᠯᠠᠭᠤᠷ᠎ᠢ ᠭᠦᠢ᠍ᠴᠡᠳ ᠠᠰᠢᠭᠯᠠᠨ  ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢ ᠴᠠᠭ ᠲᠤᠬᠠᠢ᠎ᠳᠤᠨᠢ ᠥᠷᠨᠢᠭᠦᠯᠵᠦ  ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠭᠰᠠᠨ ᠰᠠᠢ᠌ᠨ ᠲᠤᠷᠰᠢᠯᠭ᠎ᠠ ᠰᠠᠢ᠌ᠨ ᠠᠷᠭ᠎ᠠ ᠬᠢᠳᠡᠯ᠎ᠢ ᠥᠷᠭᠡᠨ ᠵᠶ᠋ᠡᠷ ᠤᠬᠠᠭᠤᠯᠵᠤ  ᠂ ᠨᠡᠢ᠌ᠭᠡᠮ᠎ᠤᠨ ᠠᠩᠬᠠᠷᠤᠯ᠎ᠳᠤ ᠬᠠᠷᠢᠭᠤ ᠥᠭᠴᠦ  ᠂ ᠨᠡᠢ᠌ᠭᠡᠮ ᠨᠡᠶ᠋ᠢᠲᠡ ᠵᠢᠨ ᠲᠠᠨᠢᠯᠲᠠ ᠵᠢ ᠨᠡᠮᠡᠭᠳᠡᠭᠦᠯᠦᠨ  ᠂ ᠰᠠᠢ᠌ᠨ ᠰᠠᠢ᠌ᠬᠠᠨ ᠠᠭᠤᠷ ᠠᠮᠢᠰᠬᠤᠯ᠎ᠢ ᠴᠢᠷᠮᠠᠢ᠌ᠨ ᠪᠣᠶ ᠪᠣᠯᠭ᠋ᠠᠬᠤ ᠬᠡᠷᠡᠭᠲᠡᠢ  ᠃

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠨᠳᠦᠰᠦᠨ ᠵᠦᠢ᠍ᠯ ᠎ᠢ ᠪᠠᠲᠤᠯᠠᠬᠤ ᠪᠠᠲᠤᠯᠠᠭ᠎ᠠ ᠵᠢᠨ ᠦᠷ᠎ᠡ ᠪᠦᠲᠦᠭᠡᠯ ᠎ᠢ ᠪᠡᠬᠢᠵᠢᠭᠦᠯᠦᠨ ᠥᠷᠭᠡᠳᠬᠡᠵᠦ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ ᠎ᠢ ᠤᠯᠠᠮ ᠨᠢᠭᠡ ᠠᠯᠬᠤᠮ ᠰᠠᠢ᠌ᠲᠤᠷ ᠬᠢᠨ᠎ᠡ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯ ᠵᠶ᠋ᠡᠷ ᠶᠠᠳᠠᠭᠤ ᠵᠢ ᠲᠡᠳᠬᠦᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠣᠯᠠᠨ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ ᠵᠢᠨ ᠬᠡᠷᠡᠭᠵᠢᠭᠦᠯᠬᠦ ᠲᠥᠰᠥᠯ 》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠵᠢ ᠦᠨᠡᠨᠬᠦ ᠴᠢᠩᠭ᠋ᠠᠳᠬᠠᠵᠤ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠤᠬᠠᠢ ᠬᠡᠷᠡᠭᠵᠢᠭᠦᠯᠬᠦ ᠰᠠᠨᠠᠯ
ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠭᠰᠡᠨ᠎ᠤ ᠳᠠᠷᠠᠭ᠋ᠠᠬᠢ ᠲᠡᠳᠬᠦᠨ ᠳᠡᠮᠵᠢᠬᠦ ᠠᠵᠢᠯ᠎ᠢ ᠦᠨᠡᠨ ᠬᠦ᠌ ᠰᠠᠢ᠌ᠲᠤᠷ ᠬᠢᠵᠦ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            