ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠭᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠶᠠᠪᠤᠳᠠᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠲᠠᠢ ᠪᠦᠲᠦᠮᠵᠢᠲᠡᠶ ᠵᠣᠯᠭ᠋ᠠᠭᠤᠯᠬᠤ ᠲᠤᠬᠠᠢ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠵᠦ ᠂ ᠲᠡᠩᠬᠡᠷᠡᠭᠦᠯᠦᠨ ᠲᠤᠰᠠᠯᠠᠵᠤ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠪᠠ ᠠᠵᠢᠯ᠎ᠤᠨ ᠲᠣᠭᠲᠠᠴᠠ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠵᠤ ᠂ ᠲᠣᠭᠲᠠᠭᠤᠨ ᠵᠶ᠋ᠠᠷ ᠰᠢᠯᠵᠢᠭᠦᠯᠬᠦ ᠵᠢ ᠦᠨᠡᠨᠬᠦ ᠪᠠᠲᠤᠯᠠᠵᠤ ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠂ ᠲᠤᠤᠷᠠᠬᠢ ᠮᠡᠲᠦ ᠬᠡᠷᠡᠭᠵᠢᠭᠦᠯᠬᠦ ᠲᠥᠰᠥᠯ᠎ᠢ ᠲᠣᠭᠲᠠᠭ᠋ᠠᠨ᠎ᠠ᠃
ᠨᠢᠭᠡ ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠂ ᠭᠤᠷᠪᠠᠳᠤᠭ᠋ᠠᠷ ᠂ ᠳᠥᠷᠪᠡᠳᠦᠭᠡᠷ ᠂ ᠲᠠᠪᠤᠳᠤᠭ᠋ᠠᠷ ᠪᠦᠭᠦᠳᠡ ᠬᠤᠷᠠᠯ ᠪᠣᠯᠣᠨ ᠰᠢ ᠵᠢᠨ ᠫᠢᠩ ᠤ ᠶᠡᠷᠦᠩᠬᠡᠢ ᠱᠦᠵᠢ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠤᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠂ ᠨᠡᠢ᠌ᠭᠡᠮ᠎ᠤᠨ ᠠᠪᠤᠷᠠᠨ ᠲᠤᠰᠠᠯᠠᠬᠤ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠶᠣᠰᠣᠭ᠋ᠠᠷ ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ᠎ᠤᠨ ᠠᠪᠤᠷᠠᠨ ᠲᠤᠰᠠᠯᠠᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠲᠥᠷᠥ ᠵᠢᠨ ᠪᠣᠳᠣᠯᠭ᠎ᠠ ᠵᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠬᠤ ᠵᠢ ᠪᠠᠲᠤᠯᠠᠭᠰᠠᠨ ᠰᠠᠭᠤᠷᠢᠨ ᠳᠡᠭᠡᠷ᠎ᠡ ᠂ ᠬᠣᠲᠠ ᠬᠥᠳᠡᠭᠡ ᠵᠢᠨ ᠨᠡᠢ᠌ᠭᠡᠮ᠎ᠤᠨ ᠠᠪᠤᠷᠠᠨ ᠲᠤᠰᠠᠯᠠᠬᠤ ᠳᠦᠷᠢᠮ᠎ᠢ ᠨᠢᠭᠡᠳᠦᠯᠲᠡᠢ ᠲᠥᠯᠥᠪᠯᠡᠨ ᠬᠥᠭᠵᠢᠭᠦᠯᠵᠦ ᠂ ᠣᠷᠣᠯᠭ᠎ᠠ ᠪᠠᠭ᠋ᠠᠲᠠᠢ ᠬᠥᠮᠥᠨ ᠠᠮᠠ ᠵᠢ ᠬᠥᠳᠡᠯᠦᠩᠭᠦᠢ᠎ᠪᠠᠷ ᠬᠢᠨᠠᠨ ᠬᠡᠮᠵᠢᠬᠦ ᠵᠢ ᠴᠢᠩᠭ᠋ᠠᠳᠬᠠᠨ ᠂ ᠲᠠᠰ ᠳᠠᠪᠬᠤᠷᠭ᠎ᠠ ᠲᠥᠷᠥᠯ ᠬᠤᠪᠢᠶᠠᠭᠰᠠᠨ ᠨᠡᠢ᠌ᠭᠡᠮ᠎ᠤᠨ ᠠᠪᠤᠷᠠᠨ ᠲᠤᠰᠠᠯᠠᠬᠤ ᠰᠢᠰᠲ᠋ᠧᠮᠵᠢ ᠵᠢ ᠲᠡᠭᠦᠯᠳᠡᠷᠵᠢᠭᠦᠯᠵᠦ ᠂ ᠨᠡᠢ᠌ᠭᠡᠮ᠎ᠤᠨ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠵᠢ ᠵᠣᠬᠢᠬᠤ ᠬᠡᠮᠵᠢᠶ᠎ᠡ᠎ᠪᠠᠷ ᠥᠷᠭᠡᠳᠬᠡᠨ ᠂ ᠦᠢ᠍ᠯᠡᠴᠢᠯᠡᠭᠡᠨ᠎ᠤ ᠠᠷᠭ᠎ᠠ ᠮᠠᠶᠢᠭ᠎ᠤᠨ ᠰᠢᠨ᠎ᠡ ᠵᠢ ᠡᠭᠦᠳᠴᠦ ᠂ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ ᠂ ᠪᠠᠲᠤᠯᠠᠬᠤ ᠶᠣᠰᠣᠲᠠᠢ ᠵᠢ᠎ᠨᠢ ᠪᠦᠬᠦᠨ᠎ᠢ ᠪᠠᠲᠤᠯᠠᠵᠤ ᠂ ᠠᠪᠤᠷᠠᠪᠠᠰᠤ ᠵᠣᠬᠢᠬᠤ ᠵᠢ᠎ᠨᠢ ᠪᠦᠬᠦᠨ᠎ᠢ ᠠᠪᠤᠷᠠᠵᠤ ᠂ ᠪᠠᠲᠤᠯᠠᠬᠤ ᠶᠣᠰᠣᠲᠠᠢ ᠵᠢ᠎ᠨᠢ ᠪᠦᠬᠦᠨ᠎ᠢ ᠪᠠᠲᠤᠯᠠᠵᠤ ᠂ ᠬᠦᠴᠢᠷᠳᠡᠯᠲᠡᠢ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠂ ᠵᠣᠯ ᠵᠢᠷᠭ᠋ᠠᠯᠲᠤ ᠲᠥᠷᠥᠭᠳᠡᠯ ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ ᠃
ᠬᠣᠶᠠᠷ ᠂ ᠡᠭᠦᠷᠭᠡ ᠵᠢᠨ ᠠᠷᠭ᠎ᠠ ᠬᠡᠮᠵᠢᠶ᠎ᠡ
(ᠨᠢᠭᠡ) ᠰᠢᠯᠵᠢᠯᠲᠡ ᠵᠢᠨ ᠬᠤᠭᠤᠴᠠᠭ᠋ᠠᠨ᠎ᠳᠤ ᠠᠪᠤᠷᠠᠨ ᠲᠤᠰᠠᠯᠠᠵᠤ ᠦᠨᠳᠦᠰᠦᠨ ᠵᠦᠢ᠍ᠯ᠎ᠢ ᠪᠠᠲᠤᠯᠠᠬᠤ ᠲᠦᠷᠦ ᠵᠢᠨ ᠪᠣᠳᠣᠯᠭ᠎ᠠ ᠵᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠬᠤ ᠵᠢ ᠪᠠᠲᠤᠯᠠᠨ᠎ᠠ
5 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠳᠤ ᠂ ᠡᠯ᠎ᠡ ᠭᠠᠵᠠᠷ᠎ᠤᠨ᠎ᠬᠢᠨ 《 ᠳᠥᠷᠪᠡ ᠵᠢ ᠰᠠᠯᠭ᠋ᠠᠬᠤ ᠦᠭᠡᠢ 》 ᠪᠠᠢ᠌ᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠂ ᠣᠨᠴᠠ ᠬᠦᠴᠢᠷᠳᠡᠯ᠎ᠲᠠᠢ ᠬᠥᠮᠥᠰ᠎ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠂ ᠲᠦᠷ ᠴᠠᠭ ᠠᠪᠤᠷᠠᠨ ᠲᠤᠰᠠᠯᠠᠬᠤ ᠵᠡᠷᠭᠡ ᠲᠥᠷᠥ ᠵᠢᠨ ᠪᠣᠳᠣᠯᠭ᠎ᠠ ᠵᠢᠨ ᠲᠣᠭᠲᠠᠭᠤᠨ ᠪᠠᠢ᠌ᠬᠤ ᠵᠢ ᠦᠷᠭᠦᠯᠵᠢᠯᠡᠨ ᠪᠠᠲᠤᠯᠠᠬᠤ ᠬᠡᠷᠡᠭᠲᠡᠢ ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠢᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ᠎ᠪᠠᠨ ᠠᠯᠳᠠᠭᠰᠠᠨ ᠮᠥᠷᠲᠡᠭᠡᠨ ᠠᠵᠤ ᠦᠢ᠍ᠯᠡᠰ᠎ᠤᠨ ᠠᠵᠢᠯ ᠣᠯᠭᠣᠯᠲᠠ᠎ᠪᠠᠷ ᠳᠡᠮᠵᠢᠨ ᠲᠣᠭᠲᠠᠪᠤᠷᠢᠲᠠᠢ ᠣᠷᠣᠯᠭ᠎ᠠ ᠣᠯᠬᠤ ᠵᠢᠨ ᠠᠷᠭ᠎ᠠ ᠦᠭᠡᠢ ᠬᠥᠮᠥᠨ ᠠᠮᠠ ᠵᠢ ᠲᠣᠭᠲᠠᠭ᠋ᠠᠯ ᠶᠣᠰᠣᠭ᠋ᠠᠷ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠬᠦ ᠪᠤᠶᠤ ᠣᠨᠴᠠ ᠬᠦᠴᠢᠷᠳᠡᠯᠲᠡᠢ ᠬᠥᠮᠥᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ᠎ᠳᠤ ᠣᠷᠣᠭᠤᠯᠬᠤ ᠵᠢᠨ ᠬᠠᠮᠲᠤ ᠬᠦᠴᠢᠷᠳᠡᠯᠲᠡᠢ ᠲᠥᠷᠥᠯ ᠬᠡᠯᠪᠡᠷᠢ ᠵᠢ᠎ᠨᠢ ᠦᠨᠳᠦᠰᠦᠯᠡᠨ ᠵᠣᠬᠢᠬᠤ ᠲᠤᠰᠬᠠᠢ ᠵᠦᠢ᠍ᠯ᠎ᠤᠨ ᠲᠡᠩᠬᠡᠷᠡᠭᠦᠯᠦᠨ ᠲᠤᠰᠠᠯᠠᠬᠤ ᠂ ᠲᠦᠷ ᠴᠠᠭ᠎ᠤᠨ ᠲᠡᠩᠬᠡᠷᠡᠭᠦᠯᠦᠨ ᠲᠤᠰᠠᠯᠠᠬᠤ ᠵᠡᠷᠭᠡ ᠵᠢ ᠣᠯᠭᠣᠨ᠎ᠠ ᠃ ᠡᠪᠡᠳᠴᠢᠨ᠎ᠤ ᠰᠢᠯᠲᠠᠭ᠋ᠠᠨ ᠪᠠ ᠦᠯᠡᠳᠡᠭᠳᠡᠯ ᠰᠢᠯᠲᠠᠭ᠋ᠠᠨ᠎ᠤ ᠰᠤᠷᠭ᠋ᠠᠭᠤᠯᠢ ᠵᠡᠷᠭᠡ᠎ᠠᠴᠠ ᠪᠣᠯᠵᠤ ᠨᠡᠮᠡᠭᠳᠡᠭᠰᠡᠨ ᠵᠠᠢ᠌ᠯᠠᠰᠢ ᠦᠭᠡᠢ ᠵᠠᠷᠤᠯᠭ᠎ᠠ ᠪᠠ ᠠᠵᠢᠯ ᠣᠯᠭᠣᠯᠲᠠ ᠠᠴᠠ ᠪᠣᠶ ᠪᠣᠯᠤᠭᠰᠠᠨ ᠴᠢᠬᠤᠯᠠ ᠪᠦᠬᠦᠢ ᠥᠪᠡᠷ᠎ᠤᠨ ᠥᠷᠲᠡᠭ᠎ᠢ ᠭᠡᠷ ᠪᠦᠯᠢ ᠵᠢᠨ ᠣᠷᠣᠯᠭ᠎ᠠ ᠵᠢ ᠲᠣᠭ᠋ᠠᠴᠠᠭ᠎ᠠ ᠬᠢᠬᠦ᠎ᠳᠡᠭᠡᠨ ᠵᠣᠬᠢᠬᠤ ᠬᠡᠮᠵᠢᠶ᠎ᠡ᠎ᠪᠠᠷ ᠬᠠᠰᠤᠨ᠎ᠠ ᠃ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠲᠣᠭ᠋ᠠᠴᠠᠭ᠎ᠠ ᠬᠢᠬᠦ ᠠᠷᠭ᠎ᠠ ᠵᠢ ᠲᠡᠭᠦᠯᠳᠡᠷᠵᠢᠭᠦᠯᠵᠦ ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠲᠥᠪ ᠪᠠ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠠᠭᠤᠷᠢ ᠨᠠᠰᠤᠵᠢᠯ᠎ᠤᠨ ᠮᠥᠩᠭᠥ ᠵᠢ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠭᠡᠷ ᠪᠦᠯᠢ ᠂ ᠣᠨᠴᠠ ᠬᠦᠴᠢᠷᠳᠡᠯᠲᠡᠢ ᠬᠥᠮᠥᠰ᠎ᠤᠨ ᠣᠷᠣᠯᠭ᠎ᠠ᠎ᠳᠤ ᠪᠤᠳᠤᠵᠤ ᠣᠷᠣᠭᠤᠯᠬᠤ ᠦᠭᠡᠢ ᠃
( ᠬᠣᠶᠠᠷ ) ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠬᠦ ᠡᠲᠡᠭᠡᠳ᠎ᠤᠨ ᠬᠥᠳᠡᠯᠦᠩᠭᠦᠢ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ
ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠬᠥᠳᠡᠯᠦᠩᠭᠦᠢ ᠬᠠᠮᠢᠶᠠᠷᠤᠯᠲᠠ ᠵᠢ ᠴᠢᠩᠭ᠋ᠠᠳᠬᠠᠵᠤ ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠢᠳᠡᠭ ᠢᠳᠡᠭ ᠵᠶ᠋ᠡᠷ ᠪᠤᠴᠠᠭ᠋ᠠᠬᠤ ᠲᠥᠷᠥ ᠵᠢᠨ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠢᠳᠡᠭ ᠢᠳᠡᠭ ᠵᠶ᠋ᠡᠷ ᠠᠵᠢᠯ ᠠᠴᠠ᠎ᠪᠠᠨ ᠪᠠᠭᠤᠬᠤ ᠬᠤᠭᠤᠴᠠᠭ᠎ᠠ ᠵᠢ ᠲᠥᠷᠥᠯ ᠪᠠ ᠲᠠᠰ ᠬᠤᠪᠢᠶᠠᠨ ᠲᠣᠭᠲᠠᠭ᠋ᠠᠵᠤ ᠂ ᠭᠡᠷ ᠪᠦᠯᠢ ᠵᠢᠨ ᠪᠦᠷᠢᠯᠳᠦᠭᠦᠨ᠎ᠳᠤ ᠠᠮᠢᠳᠤᠯᠢᠭ ᠵᠶ᠋ᠠᠷ ᠠᠵᠢᠯ ᠣᠯᠬᠤ ᠂ ᠭᠠᠳᠠᠭᠰᠢ ᠭᠠᠷᠴᠤ ᠠᠵᠢᠯ ᠬᠢᠬᠦ ᠂ ᠪᠡᠶ᠎ᠡ᠎ᠪᠠᠨ ᠳᠠᠭ᠋ᠠᠭ᠋ᠠᠵᠤ ᠠᠳᠠᠯ ᠦᠢ᠍ᠯᠡᠰ ᠴᠣᠭᠴᠠᠯᠠᠬᠤ ᠵᠡᠷᠭᠡ ᠠᠷᠭ᠎ᠠ ᠮᠠᠶᠢᠭ ᠵᠶ᠋ᠠᠷ ᠠᠵᠢᠯ ᠣᠯᠬᠤ ᠵᠢ ᠪᠡᠶᠡᠯᠡᠭᠦᠯᠦᠭᠰᠡᠨ ᠮᠥᠷᠲᠡᠭᠡᠨ ᠭᠡᠷ ᠪᠦᠯᠢ ᠵᠢᠨ ᠬᠥᠮᠥᠨ ᠳᠤᠮᠳᠠᠴᠢ ᠵᠢᠨ ᠣᠷᠣᠯᠭ᠎ᠠ᠎ᠨᠢ ᠲᠤᠬᠠᠢ ᠵᠢᠨ ᠭᠠᠵᠠᠷ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠠᠴᠠ ᠬᠡᠲᠦᠷᠡᠭᠰᠡᠨ ᠭᠡᠷ ᠪᠦᠯᠢ᠎ᠳᠤ 6 ᠰᠠᠷ᠎ᠠ ᠠᠴᠠ ᠬᠡᠲᠦᠷᠡᠬᠦ ᠦᠭᠡᠢ ᠢᠳᠡᠭ ᠢᠳᠡᠭ ᠵᠶ᠋ᠡᠷ ᠠᠵᠢᠯ ᠠᠴᠠ᠎ᠪᠠᠨ ᠪᠠᠭᠤᠬᠤ ᠬᠤᠭᠤᠴᠠᠭ᠎ᠠ ᠣᠯᠭᠣᠨ᠎ᠠ ; ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠢᠨ ᠳᠣᠲᠣᠷᠠᠬᠢ ᠠᠵᠤ ᠦᠢ᠍ᠯᠡᠰ ᠵᠶ᠋ᠡᠷ ᠬᠠᠪᠰᠤᠷᠤᠨ ᠲᠡᠳᠬᠦᠬᠦ ᠂ ᠬᠤᠪᠢ ᠣᠷᠣᠭᠤᠯᠤᠯᠲᠠ ᠵᠢᠨ ᠬᠦᠦ ᠮᠥᠩᠭᠥ᠎ᠪᠠᠷ ᠠᠰᠢᠭ ᠬᠤᠪᠢᠶᠠᠬᠤ ᠵᠡᠷᠭᠡ ᠠᠷᠭ᠎ᠠ ᠮᠠᠶᠢᠭ ᠵᠶ᠋ᠠᠷ ᠣᠷᠣᠯᠭ᠎ᠠ᠎ᠪᠠᠨ ᠨᠡᠮᠡᠭᠳᠡᠭᠦᠯᠬᠦ ᠵᠢ ᠪᠡᠶᠡᠯᠡᠭᠦᠯᠦᠭᠰᠡᠨ ᠮᠥᠷᠲᠡᠭᠡᠨ ᠭᠡᠷ ᠪᠦᠯᠢ ᠵᠢᠨ ᠬᠥᠮᠥᠨ ᠳᠤᠮᠳᠠᠴᠢ ᠵᠢᠨ ᠣᠷᠣᠯᠭ᠎ᠠ᠎ᠨᠢ ᠲᠤᠬᠠᠢ ᠵᠢᠨ ᠭᠠᠵᠠᠷ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠠᠴᠠ ᠳᠠᠪᠠᠭᠰᠠᠨ ᠭᠡᠷ ᠪᠦᠯᠢ᠎ᠳᠤ 6 — 12 ᠰᠠᠷ᠎ᠠ ᠵᠢᠨ ᠠᠭ᠋ᠠᠵᠢᠮ ᠵᠶ᠋ᠠᠷ ᠠᠵᠢᠯ ᠠᠴᠠ᠎ᠪᠠᠨ ᠪᠠᠭᠤᠬᠤ ᠬᠤᠭᠤᠴᠠᠭ᠎ᠠ ᠣᠯᠭᠣᠨ᠎ᠠ ; ᠪᠤᠰᠤᠳ ᠪᠠᠢ᠌ᠳᠠᠯ᠎ᠢ ᠠᠢ᠌ᠮᠠᠭ ᠬᠤᠳᠠ᠎ᠨᠤᠭᠤᠳ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠣᠭᠲᠠᠭ᠋ᠠᠵᠤ ᠪᠣᠯᠣᠨ᠎ᠠ᠃ ᠡᠯ᠎ᠡ ᠭᠠᠵᠠᠷ᠎ᠤᠨ᠎ᠬᠢᠨ ᠢᠳᠡᠭ ᠢᠳᠡᠭ ᠵᠶ᠋ᠡᠷ ᠪᠤᠴᠠᠭ᠋ᠠᠬᠤ ᠠᠵᠢᠯ᠎ᠤᠨ ᠴᠤᠪᠤᠷᠠᠯ᠎ᠢ ᠤᠯᠠᠮ ᠨᠢᠭᠡ ᠠᠯᠬᠤᠮ ᠵᠢᠷᠤᠮᠵᠢᠭᠤᠯᠵᠤ ᠂ ᠢᠳᠡᠭ ᠢᠳᠡᠭ ᠵᠶ᠋ᠡᠷ ᠪᠤᠴᠠᠭ᠋ᠠᠬᠤ ᠡᠬᠢᠯᠡᠵᠦ ᠳᠠᠭᠤᠰᠬᠤ ᠴᠠᠭ᠎ᠢ ᠲᠣᠳᠣᠷᠬᠠᠢ ᠲᠣᠭᠲᠠᠭ᠋ᠠᠨ ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠠᠴᠠ ᠬᠢᠨᠠᠨ ᠲᠣᠭᠲᠠᠭ᠋ᠠᠭᠰᠠᠨ ᠡᠲᠡᠭᠡᠳ᠎ᠤᠨ ᠣᠷᠣᠯᠭ᠎ᠠ᠎ᠨᠢ ᠪᠠᠷᠢᠮᠵᠢᠶ᠎ᠠ ᠠᠴᠠ ᠬᠡᠲᠦᠷᠡᠭᠰᠡᠨ ᠳᠠᠷᠠᠭ᠎ᠠ ᠰᠠᠷ᠎ᠠ ᠠᠴᠠ ᠡᠬᠢᠯᠡᠨ ᠢᠳᠡᠭ ᠢᠳᠡᠭ ᠵᠶ᠋ᠡᠷ ᠪᠤᠴᠠᠭ᠋ᠠᠬᠤ ᠬᠤᠭᠤᠴᠠᠭ᠎ᠠ ᠣᠯᠭᠣᠵᠤ ᠂ ᠢᠳᠡᠭ ᠢᠳᠡᠭ ᠵᠶ᠋ᠡᠷ ᠪᠤᠴᠠᠭ᠋ᠠᠬᠤ ᠬᠤᠭᠤᠴᠠᠭ᠎ᠠ ᠳᠠᠭᠤᠰᠬᠤ ᠠᠴᠠ ᠨᠢᠭᠡ ᠰᠠᠷ᠎ᠠ ᠵᠢᠨ ᠳᠣᠲᠣᠷ᠎ᠠ ᠲᠡᠳᠡᠨ᠎ᠤ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠳᠠᠬᠢᠨ ᠬᠢᠨᠠᠵᠤ ᠦᠨᠡᠯᠡᠨ ᠵᠢᠱ᠌ᠢᠵᠦ ᠂ ᠨᠥᠬᠥᠴᠡᠯ᠎ᠳᠤ ᠨᠡᠶ᠋ᠢᠴᠡᠬᠦ ᠦᠭᠡᠢ ᠪᠣᠯ ᠲᠠᠰ ᠳᠠᠷᠠᠭ᠋ᠠᠯᠠᠯ ᠵᠶ᠋ᠠᠷ ᠪᠤᠴᠠᠭ᠋ᠠᠵᠤ ᠭᠠᠷᠭ᠋ᠠᠬᠤ ᠬᠡᠷᠡᠭᠲᠡᠢ ᠃ ᠢᠳᠡᠭ ᠢᠳᠡᠭ ᠵᠶ᠋ᠡᠷ ᠠᠵᠢᠯ ᠠᠴᠠ᠎ᠪᠠᠨ ᠪᠠᠭᠤᠵᠤ ᠬᠡᠷᠡᠭᠵᠢᠭᠦᠯᠦᠭᠰᠡᠨ ᠪᠠᠢ᠌ᠳᠠᠯ᠎ᠢ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠬᠦ ᠡᠲᠡᠭᠡᠳ᠎ᠤᠨ ᠲᠠᠩᠰᠠ ᠲᠡᠩᠬᠡᠷᠡᠭᠦᠯᠦᠨ ᠲᠤᠰᠠᠯᠠᠭᠤᠯᠬᠤ ᠡᠲᠡᠭᠡᠳ᠎ᠤᠨ ᠨᠠᠰᠤ ᠪᠠᠷᠠᠭᠰᠠᠨ ᠂ ᠰᠠᠢ᠌ᠨ ᠳᠤᠷ᠎ᠠ ᠠᠴᠠ᠎ᠪᠠᠨ ᠤᠬᠤᠷᠢᠨ ᠭᠠᠷᠤᠭᠰᠠᠨ ᠂ ᠭᠠᠵᠠᠷ ᠰᠢᠷᠣᠢ ᠵᠢᠨ ᠲᠠᠲᠠᠪᠤᠷᠢᠯᠠᠯᠲᠠ ᠵᠢᠨ ᠲᠥᠯᠥᠪᠦᠷᠢ ᠣᠯᠭᠣᠬᠤ ᠵᠡᠷᠭᠡ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠳᠤ ᠴᠢᠬᠤᠯᠠ ᠶᠡᠬᠡ ᠬᠤᠪᠢᠷᠠᠯᠲᠠ ᠭᠠᠷᠤᠭᠰᠠᠨ ᠮᠥᠷᠲᠡᠭᠡᠨ ᠭᠡᠷ ᠪᠦᠯᠢ ᠵᠢᠨ ᠬᠥᠮᠥᠨ ᠳᠤᠮᠳᠠᠴᠢ ᠵᠢᠨ ᠣᠷᠣᠯᠭ᠎ᠠ᠎ᠨᠢ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠠᠴᠠ ᠬᠡᠲᠦᠷᠡᠭᠰᠡᠨ ᠵᠢᠴᠢ ᠭᠡᠷ ᠪᠦᠯᠢ ᠵᠢᠨ ᠴᠢᠬᠤᠯᠠ ᠡᠳ᠋ ᠬᠥᠷᠥᠩᠭᠡ ᠪᠠ ᠣᠷᠣᠯᠭ᠎ᠠ ᠵᠢᠨ ᠵᠦᠢ᠍ᠯᠡᠰ᠎ᠢ ᠮᠡᠳᠡᠭᠦᠯᠬᠦ ᠦᠭᠡᠢ ᠨᠢᠭᠤᠭᠰᠠᠨ ᠂ ᠬᠤᠳᠠᠯ ᠵᠶ᠋ᠠᠷ ᠮᠡᠳᠡᠭᠦᠯᠦᠭᠰᠡᠨ ᠂ ᠬᠤᠳᠠᠯ ᠵᠶ᠋ᠠᠷ ᠮᠡᠳᠡᠭᠦᠯᠦᠭᠰᠡᠨ ᠪᠠᠢ᠌ᠪᠠᠯ ᠂ ᠢᠳᠡᠭ ᠢᠳᠡᠭ ᠵᠶ᠋ᠡᠷ ᠪᠤᠴᠠᠭ᠋ᠠᠬᠤ ᠬᠤᠭᠤᠴᠠᠭ᠋ᠠᠨ᠎ᠤ ᠬᠠᠮᠢᠶᠠᠷᠤᠯᠲᠠ᠎ᠳᠤ ᠣᠷᠣᠭᠤᠯᠬᠤ ᠦᠭᠡᠢ ᠃
(ᠭᠤᠷᠪᠠ) ᠣᠷᠣᠯᠭ᠎ᠠ ᠪᠠᠭ᠋ᠠᠲᠠᠢ ᠬᠥᠮᠥᠨ ᠠᠮᠠ ᠵᠢ ᠬᠥᠳᠡᠯᠦᠩᠭᠦᠢ᠎ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ
ᠵᠠᠰᠠᠭ᠎ᠤᠨ ᠣᠷᠳᠣᠨ᠎ᠤ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠰᠣᠯᠢᠯᠴᠠᠭ᠋ᠠᠨ᠎ᠤ ᠲᠠᠪᠴᠠᠩ᠎ᠤᠨ ᠰᠤᠷᠭ᠋ᠠᠨ ᠬᠥᠮᠦᠵᠢᠯ ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠂ ᠪᠠᠴᠢᠮ ᠪᠠᠢ᠌ᠳᠠᠯ᠎ᠢ ᠠᠷᠭ᠋ᠠᠴᠠᠬᠤ ᠂ ᠡᠮ ᠡᠮᠨᠡᠯᠭᠡ ᠵᠢᠨ ᠪᠠᠲᠤᠯᠠᠭ᠎ᠠ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ ᠪᠣᠯᠣᠨ ᠨᠢᠭᠡᠴᠡ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠨ᠎ᠡ ᠃ ᠲᠣᠮᠣ ᠳ᠋ᠠᠢ᠌ᠲ᠋ᠠ ᠵᠢᠨ ᠬᠠᠷᠢᠴᠠᠯ᠎ᠢ ᠠᠳᠠᠯᠢ ᠲᠡᠭᠰᠢ ᠪᠠᠢ᠌ᠯᠭ᠋ᠠᠬᠤ ᠠᠷᠭ᠎ᠠ ᠪᠠᠷᠢᠯ ᠵᠶ᠋ᠠᠷ ᠳᠠᠮᠵᠢᠭᠤᠯᠤᠨ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠲᠡᠭᠡᠳ ᠂ ᠣᠨᠴᠠ ᠬᠦᠴᠢᠷᠳᠡᠯᠲᠡᠢ ᠬᠥᠮᠥᠰ ᠂ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠵᠠᠬ᠎ᠠ ᠬᠢᠵᠠᠭ᠋ᠠᠷ᠎ᠤᠨ ᠡᠷᠦᠬᠡ ᠂ ᠬᠥᠳᠡᠭᠡ ᠲᠣᠰᠬᠣᠨ᠎ᠤ ᠳᠠᠬᠢᠨ ᠶᠠᠳᠠᠭᠤᠷᠠᠬᠤ᠎ᠠᠴᠠ ᠪᠣᠯᠵᠤ ᠶᠠᠳᠠᠭᠤᠷᠠᠭᠰᠠᠨ ᠬᠥᠮᠥᠰ ᠂ ᠡᠪᠡᠳᠴᠢᠨ᠎ᠤ ᠰᠢᠯᠲᠠᠭ᠋ᠠᠨ ᠂ ᠭᠠᠮᠰᠢᠭ᠎ᠤᠨ ᠰᠢᠯᠲᠠᠭ᠋ᠠᠨ ᠠᠴᠠ ᠪᠣᠯᠵᠤ ᠰᠠᠨᠠᠭ᠋ᠠᠨ᠎ᠳᠤ ᠦᠭᠡᠢ ᠡᠨᠳᠡᠯ ᠵᠡᠷᠭᠡ ᠵᠠᠢ᠌ᠯᠠᠰᠢ ᠦᠭᠡᠢ ᠵᠠᠷᠤᠯᠭ᠎ᠠ ᠨᠡᠯᠢᠶᠡᠳ ᠶᠡᠬᠡ ᠪᠤᠶᠤ ᠣᠷᠣᠯᠭ᠎ᠠ᠎ᠨᠢ ᠶᠡᠬᠡ᠎ᠪᠠᠷ ᠪᠠᠭ᠋ᠠᠰᠤᠭᠰᠠᠨ ᠠᠴᠠ ᠪᠣᠯᠵᠤ ᠦᠨᠳᠦᠰᠦᠨ ᠠᠮᠢᠳᠤᠷᠠᠯᠳᠤᠨᠢ ᠬᠦᠨᠳᠦ ᠨᠣᠴᠢᠲᠠᠢ ᠬᠦᠴᠢᠷᠳᠡᠯ᠎ᠲᠠᠢ ᠪᠣᠯᠤᠭᠰᠠᠨ ᠬᠥᠮᠥᠨ ᠠᠮᠠ ᠵᠢᠴᠢ ᠪᠤᠰᠤᠳ ᠣᠷᠣᠯᠭ᠎ᠠ ᠪᠠᠭ᠋ᠠᠲᠠᠢ ᠬᠥᠮᠥᠨ ᠠᠮᠠ᠎ᠳᠤ ᠪᠠᠢ᠌ᠩᠭᠤ ᠵᠢᠨ ᠬᠢᠨᠠᠨ ᠬᠡᠮᠵᠢᠯᠲᠡ ᠬᠢᠨ᠎ᠡ ᠃ ᠠᠪᠤᠷᠠᠨ ᠲᠤᠰᠠᠯᠠᠬᠤ ᠴᠢᠬᠤᠯᠠᠲᠠᠢ ᠣᠷᠣᠯᠭ᠎ᠠ ᠪᠠᠭ᠋ᠠᠲᠠᠢ ᠬᠥᠮᠥᠨ ᠠᠮᠠ ᠵᠢ ᠴᠠᠭ ᠲᠤᠬᠠᠢᠳᠤᠨᠢ ᠤᠷᠢᠳᠴᠢᠯᠠᠨ ᠰᠡᠷᠡᠮᠵᠢᠯᠡᠭᠦᠯᠵᠦ ᠪᠠᠢ᠌ᠭ᠋ᠠᠳ ᠣᠯᠵᠤ ᠮᠡᠳᠡᠬᠦ ᠬᠡᠷᠡᠭᠲᠡᠢ ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠤᠶᠠᠯᠳᠤᠭᠤᠯᠤᠭᠰᠠᠨ ᠠᠵᠢᠯ᠎ᠤᠨ ᠲᠣᠭᠲᠠᠴᠠ ᠵᠢ ᠪᠠᠷᠢᠮᠲᠠᠯᠠᠵᠤ ᠂ ᠠᠵᠢᠯᠲᠠᠨ᠎ᠢ ᠵᠣᠬᠢᠶᠠᠨ ᠪᠠᠢ᠌ᠭᠤᠯᠤᠨ ᠲᠤᠬᠠᠢ ᠵᠢᠨ ᠭᠠᠵᠠᠷ᠎ᠲᠤᠨᠢ ᠬᠢᠨᠠᠨ ᠬᠠᠷᠭᠤᠭᠤᠯᠵᠤ ᠂ ᠨᠥᠬᠥᠴᠡᠯ᠎ᠳᠤ ᠨᠡᠶ᠋ᠢᠴᠡᠬᠦ ᠬᠥᠮᠥᠰ᠎ᠢ ᠴᠠᠭ ᠲᠤᠬᠠᠢᠳᠤᠨᠢ ᠲᠡᠩᠬᠡᠷᠡᠭᠦᠯᠦᠨ ᠲᠤᠰᠠᠯᠠᠵᠤ ᠪᠠᠲᠤᠯᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠢ ᠃
( ᠳᠥᠷᠪᠡ ) ᠰᠠᠨᠠᠭ᠋ᠠᠴᠢᠯᠠᠭ᠎ᠠ ᠠᠴᠠ᠎ᠪᠠᠨ ᠢᠯᠡᠷᠡᠭᠦᠯᠦᠨ ᠲᠦᠷᠭᠡᠨ ᠳᠠᠭ᠋ᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ
ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠴᠢ ᠬᠠᠮᠢᠶ᠎ᠠ ᠪᠦᠬᠦᠢ ᠬᠥᠮᠥᠰ᠎ᠤᠨ ᠬᠠᠷᠢᠭᠤᠴᠠᠯᠭ᠎ᠠ ᠵᠢ ᠲᠣᠳᠣᠷᠬᠠᠢ᠌ᠯᠠᠵᠤ ᠂ ᠰᠤᠷᠪᠤᠯᠵᠢᠯᠠᠬᠤ ᠂ ᠢᠯᠡᠷᠡᠭᠦᠯᠬᠦ᠎ᠳᠤ ᠬᠦᠴᠢᠷᠳᠡᠯᠲᠡᠢ ᠣᠯᠠᠨ ᠲᠦᠮᠡᠨ᠎ᠢ ᠠᠪᠤᠷᠠᠨ ᠲᠤᠰᠠᠯᠠᠬᠤ ᠴᠢᠬᠤᠯᠠᠲᠠᠢ ᠪᠠᠢ᠌ᠬᠤ ᠵᠢ ᠭᠠᠴᠠᠭ᠎ᠠ ᠲᠣᠰᠬᠣᠨ ( ᠨᠡᠢ᠌ᠭᠡᠮ ᠲᠣᠭᠣᠷᠢᠭ ) ᠪᠣᠯᠣᠨ ᠦᠨᠳᠦᠰᠦᠨ ᠱᠠᠲᠤᠨ᠎ᠤ ᠠᠵᠢᠯᠲᠠᠨ᠎ᠤ ᠴᠢᠬᠤᠯᠠ ᠠᠵᠢᠯ᠎ᠤᠨ ᠠᠭᠤᠯᠭ᠎ᠠ᠎ᠳᠤ ᠣᠷᠣᠭᠤᠯᠬᠤ ᠬᠡᠷᠡᠭᠲᠡᠢ ᠃ ᠨᠡᠢ᠌ᠭᠡᠮ᠎ᠤᠨ ᠬᠦᠴᠦᠨ᠎ᠤ ᠣᠷᠤᠯᠴᠠᠬᠤ ᠵᠢ ᠳᠡᠮᠵᠢᠬᠦ ᠪᠠ ᠬᠥᠲᠥᠯᠥᠨ ᠵᠢᠯᠤᠭᠣᠳᠴᠤ ᠂ ᠠᠪᠤᠷᠠᠨ ᠲᠤᠰᠠᠯᠠᠬᠤ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ ᠃ 《 12349 》 ᠨᠡᠢ᠌ᠭᠡᠮ᠎ᠤᠨ ᠠᠪᠤᠷᠠᠨ ᠲᠤᠰᠠᠯᠠᠬᠤ ᠦᠢ᠍ᠯᠡᠴᠢᠯᠡᠭᠡᠨ᠎ᠤ ᠬᠠᠯᠠᠮᠰᠢᠯ ᠤᠲᠠᠰᠤ ᠵᠢ ᠪᠥᠬᠥ ᠣᠷᠣᠨ᠎ᠤ 《 12345 》 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ᠎ᠲᠠᠢ ᠨᠡᠢ᠌ᠯᠡᠭᠦᠯᠵᠦ ᠂ ᠠᠵᠢᠯ᠎ᠤᠨ ᠴᠤᠪᠤᠷᠠᠯ᠎ᠢ ᠰᠢᠯᠢᠳᠡᠭᠵᠢᠭᠦᠯᠦᠨ ᠂ ᠣᠯᠠᠨ ᠲᠦᠮᠡᠨ᠎ᠤ ᠲᠤᠰᠬᠠᠭᠰᠠᠨ ᠬᠦᠴᠢᠷᠳᠡᠯ᠎ᠢ ᠴᠠᠭ ᠲᠤᠬᠠᠢᠳᠤᠨᠢ ᠰᠢᠢ᠍ᠳᠪᠦᠷᠢᠯᠡᠬᠦ ᠪᠠ ᠰᠢᠢ᠍ᠳᠪᠦᠷᠢᠯᠡᠬᠦ ᠵᠢ ᠦᠨᠡᠨᠬᠦ ᠪᠠᠲᠤᠯᠠᠨ᠎ᠠ ᠃ ᠨᠡᠢ᠌ᠭᠡᠮ᠎ᠤᠨ ᠠᠪᠤᠷᠠᠨ ᠲᠤᠰᠠᠯᠠᠬᠤ ᠬᠦᠰᠡᠯ ᠱᠠᠭ᠋ᠠᠷᠳᠠᠯᠭ᠎ᠠ ᠵᠢ ᠲᠦᠷᠭᠡᠨ ᠳᠠᠭ᠋ᠠᠬᠤ ᠲᠣᠭᠲᠠᠴᠠ ᠵᠢ ᠲᠡᠭᠦᠯᠳᠡᠷᠵᠢᠭᠦᠯᠵᠦ ᠂ ᠲᠦᠷᠭᠡᠨ ᠳᠠᠭ᠋ᠠᠬᠤ ᠵᠦᠢ᠍ᠯᠡᠰ ᠂ ᠲᠠᠰ ᠳᠠᠷᠠᠭ᠋ᠠᠯᠠᠯ ᠂ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ ᠂ ᠬᠡᠷᠡᠭᠴᠡᠭᠡ᠎ᠲᠠᠢ ᠬᠦᠴᠢᠷᠳᠡᠯᠲᠡᠢ ᠣᠯᠠᠨ ᠲᠦᠮᠡᠨ᠎ᠳᠤ ᠴᠠᠭ ᠲᠤᠬᠠᠢᠳᠤᠨᠢ ᠠᠪᠤᠷᠠᠨ ᠲᠤᠰᠠᠯᠠᠬᠤ ᠦᠢ᠍ᠯᠡᠴᠢᠯᠡᠭᠡ ᠬᠠᠩᠭ᠋ᠠᠨ᠎ᠠ ᠃
(ᠲᠠᠪᠤ) ᠣᠷᠣᠯᠭ᠎ᠠ ᠪᠠᠭ᠋ᠠᠲᠠᠢ ᠬᠥᠮᠥᠨ ᠠᠮᠠ ᠵᠢ ᠱᠠᠲᠤ ᠬᠤᠪᠢᠶᠠᠨ ᠲᠦᠷᠦᠯ ᠬᠤᠪᠢᠶᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠵᠢ ᠪᠦᠷᠢᠨᠰᠢᠭᠦᠯᠦᠨ᠎ᠡ
ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠡᠳ᠋᠎ᠤᠨ ᠵᠠᠰᠠᠭ ᠂ ᠰᠤᠷᠭ᠋ᠠᠨ ᠬᠥᠮᠦᠵᠢᠯ ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠂ ᠡᠮ ᠡᠮᠨᠡᠯᠭᠡ ᠵᠢᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠯᠦᠭᠡ ᠵᠣᠬᠢᠴᠠᠯᠳᠤᠨ ᠨᠡᠪᠲᠡᠷᠡᠯᠴᠡᠬᠦ᠎ᠪᠠᠨ ᠴᠢᠩᠭ᠋ᠠᠳᠬᠠᠵᠤ ᠂ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠵᠢ ᠱᠠᠲᠤᠴᠢᠯᠠᠬᠤ ᠂ ᠣᠯᠠᠨ ᠲᠠᠰ ᠳᠠᠪᠬᠤᠷᠭ᠎ᠠ ᠳᠠᠰᠢ ᠤᠷᠲᠤᠳᠬᠠᠬᠤ ᠵᠢ ᠠᠬᠢᠭᠤᠯᠵᠤ ᠂ ᠣᠷᠣᠯᠭ᠎ᠠ ᠪᠠᠭ᠋ᠠᠲᠠᠢ ᠬᠥᠮᠥᠨ ᠠᠮᠠ ᠵᠢ ᠲᠡᠩᠬᠡᠷᠡᠭᠦᠯᠦᠨ ᠲᠤᠰᠠᠯᠠᠬᠤ ᠡᠷᠴᠢᠮ ᠵᠶ᠋ᠡᠨ ᠲᠠᠰᠤᠷᠠᠯᠲᠠ ᠦᠭᠡᠢ ᠴᠢᠩᠭ᠋ᠠᠷᠠᠭᠤᠯᠬᠤ ᠬᠡᠷᠡᠭᠲᠡᠢ ᠃ ᠣᠷᠣᠯᠭ᠎ᠠ ᠪᠠᠭ᠋ᠠᠲᠠᠢ ᠭᠡᠷ ᠪᠦᠯᠢ ᠵᠢᠨ ᠳᠣᠲᠣᠷᠠᠬᠢ ᠨᠢᠭᠡᠳᠦᠭᠡᠷ ᠳᠡᠰ ᠂ ᠬᠣᠶᠠᠳᠤᠭ᠋ᠠᠷ ᠳᠡᠰ᠎ᠤᠨ ᠬᠦᠨᠳᠦ ᠵᠡᠮᠳᠡᠭ ᠬᠥᠮᠥᠨ ᠪᠠ ᠭᠤᠷᠪᠠᠳᠤᠭ᠋ᠠᠷ ᠳᠡᠰ᠎ᠤᠨ ᠣᠶᠤᠨ ᠮᠡᠳᠡᠷᠡᠯ ᠂ ᠣᠶᠤᠨ᠎ᠤ ᠵᠡᠮᠳᠡᠭ ᠬᠥᠮᠥᠨ ᠵᠢᠴᠢ ᠬᠦᠨᠳᠦ ᠡᠪᠡᠳᠴᠢᠲᠡᠨ ᠵᠡᠷᠭᠡ ᠣᠨᠴᠣᠭᠤᠢ ᠬᠦᠴᠢᠷᠳᠡᠯᠲᠡᠢ ᠬᠥᠮᠥᠰ᠎ᠲᠤ ᠪᠣᠯ ᠂ ᠭᠤᠶᠤᠴᠢᠯᠠᠯ᠎ᠢ᠎ᠨᠢ ᠦᠨᠳᠦᠰᠦᠯᠡᠨ 《 ᠭᠠᠭᠴᠠ ᠬᠥᠮᠥᠨ᠎ᠤ ᠡᠷᠦᠬᠡ 》᠎ᠪᠠᠷ ᠯᠠᠪᠯᠠᠯᠲᠠ ᠪᠣᠯᠭ᠋ᠠᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠲᠤᠯᠠᠭ᠎ᠠ ᠵᠢᠨ ᠬᠡᠪᠴᠢᠶᠡᠨ᠎ᠳᠤ ᠣᠷᠣᠭᠤᠯᠵᠤ ᠪᠣᠯᠣᠨ᠎ᠠ ᠃ ᠨᠥᠬᠥᠴᠡᠯ᠎ᠳᠤ ᠨᠡᠶ᠋ᠢᠴᠡᠬᠦ ᠣᠷᠣᠯᠭ᠎ᠠ ᠪᠠᠭ᠋ᠠᠲᠠᠢ ᠬᠥᠮᠥᠨ ᠠᠮᠠ᠎ᠳᠤ ᠪᠣᠳᠠᠲᠠᠢ ᠬᠡᠷᠡᠭᠴᠡᠭᠡ᠎ᠪᠠᠨ ᠦᠨᠳᠦᠰᠦᠯᠡᠨ ᠵᠣᠬᠢᠴᠠᠩᠭᠤᠢ ᠡᠮ ᠡᠮᠨᠡᠯᠭᠡ᠂ ᠰᠤᠷᠭ᠋ᠠᠨ ᠬᠥᠮᠦᠵᠢᠯ᠂ ᠣᠷᠣᠨ ᠰᠠᠭᠤᠴᠠ᠂ ᠠᠵᠢᠯ ᠣᠯᠭᠣᠯᠲᠠ ᠵᠡᠷᠭᠡ ᠲᠤᠰᠬᠠᠢ ᠵᠦᠢ᠍ᠯ᠎ᠤᠨ ᠲᠤᠰᠠᠯᠠᠮᠵᠢ ᠦᠵᠡᠭᠦᠯᠬᠦ ᠪᠤᠶᠤ ᠪᠤᠰᠤᠳ ᠴᠢᠬᠤᠯᠠ ᠪᠦᠬᠦᠢ ᠠᠪᠤᠷᠠᠨ ᠲᠤᠰᠠᠯᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠃
(ᠵᠢᠷᠭᠤᠭ᠎ᠠ) ᠰᠢᠨ᠎ᠡ ᠵᠢ ᠡᠭᠦᠳᠬᠦ ᠬᠥᠭᠵᠢᠯᠲᠡ ᠵᠢᠨ ᠪᠠᠴᠢᠮ ᠬᠦᠴᠢᠷᠲᠡᠢ ᠨᠡᠢ᠌ᠭᠡᠮ᠎ᠤᠨ ᠠᠪᠤᠷᠠᠨ ᠲᠤᠰᠠᠯᠠᠯᠲᠠ
ᠲᠦᠷ ᠴᠠᠭ᠎ᠤᠨ ᠠᠪᠤᠷᠠᠨ ᠲᠤᠰᠠᠯᠠᠬᠤ ᠳᠦᠷᠢᠮ᠎ᠢ ᠲᠡᠭᠦᠯᠳᠡᠷᠵᠢᠭᠦᠯᠵᠦ ᠂ ᠡᠷᠦᠬᠡ ᠠᠮᠠ ᠵᠢᠨ ᠲᠠᠩᠰᠠ ᠵᠢᠨ ᠪᠠᠢ᠌ᠭ᠎ᠠ ᠭᠠᠵᠠᠷ ᠂ ᠰᠠᠭᠤᠭ᠎ᠠ ᠭᠠᠵᠠᠷ᠎ᠤᠨ ᠭᠤᠶᠤᠴᠢᠯᠠᠯ᠎ᠤᠨ ᠬᠢᠵᠠᠭ᠋ᠠᠷᠯᠠᠯ᠎ᠢ ᠠᠯᠬᠤᠮ ᠠᠯᠬᠤᠮ ᠵᠶ᠋ᠠᠷ ᠬᠦᠴᠦᠨ ᠦᠭᠡᠢ ᠪᠣᠯᠭ᠋ᠠᠵᠤ ᠂ ᠪᠠᠴᠢᠮ ᠪᠡᠷᠬᠡ ᠭᠠᠷᠤᠭᠰᠠᠨ ᠭᠠᠵᠠᠷ ᠵᠶ᠋ᠠᠷ ᠬᠢᠨᠠᠨ ᠬᠠᠷᠭᠤᠭᠤᠯᠬᠤ ᠵᠢᠨ ᠬᠠᠮᠲᠤ ᠲᠦᠷ ᠴᠠᠭ᠎ᠤᠨ ᠠᠪᠤᠷᠠᠨ ᠲᠤᠰᠠᠯᠠᠬᠤ ᠮᠥᠩᠭᠥ ᠣᠯᠭᠣᠨ᠎ᠠ ᠃ ᠪᠠᠴᠢᠮ ᠪᠡᠷᠬᠡ ᠪᠠᠢ᠌ᠳᠠᠯ᠎ᠢ ᠠᠪᠤᠷᠠᠨ ᠲᠤᠰᠠᠯᠠᠬᠤ ᠴᠢᠳᠠᠮᠵᠢ ᠵᠢ ᠴᠢᠩᠭ᠋ᠠᠷᠠᠭᠤᠯᠤᠨ ᠂ 《 ᠪᠠᠭ᠎ᠠ ᠵᠣᠭᠣᠰ᠎ᠤᠨ ᠲᠣᠭ᠎ᠠ᠎ᠪᠠᠷ ᠤᠷᠢᠳᠠᠪᠠᠷ ᠠᠪᠤᠷᠠᠨ ᠲᠤᠰᠠᠯᠠᠬᠤ 》 ᠵᠢ ᠬᠡᠷᠡᠭᠵᠢᠭᠦᠯᠵᠦ ᠂ ᠬᠡᠷᠡᠭ᠎ᠤᠨ ᠳᠠᠷᠠᠭ᠎ᠠ ᠪᠠᠢ᠌ᠳᠠᠯ᠎ᠢ ᠨᠥᠬᠥᠪᠦᠷᠢᠯᠡᠨ ᠲᠣᠳᠣᠷᠬᠠᠢ᠌ᠯᠠᠨ᠎ᠠ ᠃ 《 ᠤᠷᠢᠳᠠᠪᠠᠷ ᠲᠡᠩᠬᠡᠷᠡᠭᠦᠯᠦᠨ ᠲᠤᠰᠠᠯᠠᠬᠤ 》 ᠂ 《 ᠱᠠᠲᠤ ᠬᠤᠪᠢᠶᠠᠨ ᠬᠢᠨᠠᠨ ᠵᠥᠪᠰᠢᠶᠡᠷᠡᠬᠦ 》 ᠵᠡᠷᠭᠡ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ ᠂ 《 ᠳᠠᠭ᠋ᠠᠵᠤ ᠲᠡᠩᠬᠡᠷᠡᠭᠦᠯᠦᠨ ᠲᠤᠰᠠᠯᠠᠬᠤ 》 ᠂ 《 ᠨᠢᠭᠡ ᠯᠡ ᠤᠳᠠᠭ᠎ᠠ᠎ᠳᠤ ᠬᠢᠨᠠᠨ ᠵᠥᠪᠰᠢᠶᠡᠷᠡᠬᠦ ᠂ ᠱᠠᠲᠤ ᠬᠤᠪᠢᠶᠠᠨ ᠲᠡᠩᠬᠡᠷᠡᠭᠦᠯᠦᠨ ᠲᠤᠰᠠᠯᠠᠬᠤ 》 ᠵᠡᠷᠭᠡ ᠠᠷᠭ᠎ᠠ ᠮᠠᠶᠢᠭ᠎ᠢ ᠠᠪᠴᠤ ᠂ ᠲᠡᠩᠬᠡᠷᠡᠭᠦᠯᠦᠨ ᠲᠤᠰᠠᠯᠠᠬᠤ ᠬᠤᠭᠤᠴᠠᠭ᠋ᠠᠲᠤ ᠴᠢᠨᠠᠷ᠎ᠢ ᠴᠢᠩᠭ᠋ᠠᠷᠠᠭᠤᠯᠤᠨ᠎ᠠ ᠃ ᠴᠢᠬᠤᠯᠠᠲᠠᠢ ᠦᠶ᠎ᠡ᠎ᠳᠤ ᠰᠢᠶᠠᠨ᠎ᠤ ᠱᠠᠲᠤᠨ᠎ᠤ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠤᠨ ᠵᠣᠬᠢᠴᠠᠭᠤᠯᠬᠤ ᠲᠣᠭᠲᠠᠴᠠ ᠵᠢ ᠡᠬᠢᠯᠡᠭᠦᠯᠦᠨ 《 ᠨᠢᠭᠡ ᠬᠡᠷᠡᠭ᠎ᠢ ᠨᠢᠭᠡ ᠵᠥᠪᠯᠡᠬᠦ 》 ᠬᠢᠨᠠᠨ ᠵᠥᠪᠰᠢᠶᠡᠷᠡᠯ᠎ᠢ ᠶᠠᠪᠤᠭᠳᠠᠭᠤᠯᠤᠨ᠎ᠠ ᠃ ᠰᠤᠮᠤ ᠰᠢᠶᠠᠩ ᠪᠠᠯᠭ᠋ᠠᠰᠤ ( ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ) ᠵᠢᠨ ᠲᠦᠷ ᠴᠠᠭ᠎ᠤᠨ ᠠᠪᠤᠷᠠᠨ ᠲᠤᠰᠠᠯᠠᠬᠤ ᠪᠡᠯᠡᠳᠬᠡᠯ ᠮᠥᠩᠭᠥ ᠵᠢᠨ ᠬᠢᠨᠠᠨ ᠵᠥᠪᠰᠢᠶᠡᠷᠡᠬᠦ ᠲᠣᠭ᠎ᠠ ᠬᠡᠮᠵᠢᠶ᠎ᠡ ᠵᠢ ᠪᠦᠷᠢᠨᠰᠢᠭᠦᠯᠵᠦ ᠂ ᠵᠢᠯᠣᠭᠣᠳᠤᠨ ᠬᠢᠨᠠᠯᠲᠠ ᠲᠠᠯᠪᠢᠬᠤ ᠵᠢ ᠴᠢᠩᠭ᠋ᠠᠳᠬᠠᠨ ᠂ ᠬᠡᠷᠡᠭᠯᠡᠵᠦ ᠬᠠᠮᠢᠶᠠᠷᠬᠤ ᠵᠢ ᠵᠢᠷᠤᠮᠵᠢᠭᠤᠯᠤᠨ᠎ᠠ ᠃ ᠠᠪᠤᠷᠠᠨ ᠲᠤᠰᠠᠯᠠᠬᠤ ᠮᠥᠩᠭᠥ ᠂ ᠪᠣᠳᠠᠲᠤ ᠪᠣᠳᠠᠰ ᠣᠯᠭᠣᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠦᠷ ᠴᠠᠭ᠎ᠤᠨ ᠠᠪᠤᠷᠠᠨ ᠲᠤᠰᠠᠯᠠᠬᠤ ᠵᠢ ᠬᠡᠷᠡᠭᠵᠢᠭᠦᠯᠬᠦ ᠵᠢ ᠰᠦᠪᠡᠭᠴᠢᠯᠡᠨ᠎ᠡ ᠃
( ᠳᠣᠯᠣᠭ᠎ᠠ ) ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠵᠢ ᠢᠳᠡᠪᠬᠢᠲᠡᠢ ᠥᠷᠨᠢᠭᠦᠯᠦᠨ᠎ᠡ
ᠬᠦᠴᠢᠷᠳᠡᠯᠲᠡᠢ ᠣᠯᠠᠨ ᠲᠦᠮᠡᠨ᠎ᠤ ᠣᠯᠠᠨ ᠶᠠᠩᠵᠤ ᠵᠢᠨ ᠠᠪᠤᠷᠠᠨ ᠲᠤᠰᠠᠯᠠᠬᠤ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ ᠂ 《 ᠡᠳ᠋ ᠪᠣᠳᠠᠰ + ᠦᠢ᠍ᠯᠡᠴᠢᠯᠡᠭᠡ 》 ᠵᠢᠨ ᠠᠪᠤᠷᠠᠨ ᠲᠤᠰᠠᠯᠠᠬᠤ ᠠᠷᠭ᠎ᠠ ᠮᠠᠶᠢᠭ᠎ᠢ ᠪᠣᠶ ᠪᠣᠯᠭ᠋ᠠᠨ᠎ᠠ ᠃ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠂ ᠭᠡᠷ ᠪᠦᠯᠢ ᠵᠢᠨ ᠠᠮᠢᠳᠤᠷᠠᠯ ᠵᠶ᠋ᠠᠨ ᠥᠪᠡᠷ ᠵᠶ᠋ᠡᠨ ᠠᠷᠭ᠋ᠠᠴᠠᠵᠤ ᠳᠡᠶ᠋ᠢᠯᠬᠦ ᠦᠭᠡᠢ ᠨᠠᠰᠤᠲᠠᠢ᠌ᠴᠤᠳ᠎ᠢ ᠨᠡᠢ᠌ᠭᠡᠮ᠎ᠠᠴᠠ ᠠᠪᠤᠷᠠᠨ ᠲᠤᠰᠠᠯᠠᠬᠤ ᠂ ᠨᠠᠰᠤᠨ᠎ᠳᠤ ᠥᠯᠥ ᠭᠦᠷᠦᠭᠰᠡᠳ ᠂ ᠵᠡᠮᠳᠡᠭᠴᠦᠳ ᠵᠡᠷᠭᠡ᠎ᠳᠤ ᠴᠢᠬᠤᠯᠠ ᠪᠦᠬᠦᠢ ᠰᠤᠷᠪᠤᠯᠵᠢᠯᠠᠨ ᠦᠵᠡᠬᠦ ᠂ ᠬᠠᠷᠠᠭ᠋ᠠᠯᠵᠠᠬᠤ ᠦᠢ᠍ᠯᠡᠴᠢᠯᠡᠭᠡ ᠬᠠᠩᠭ᠋ᠠᠬᠤ ᠵᠢ ᠰᠦᠪᠡᠭᠴᠢᠯᠡᠨ᠎ᠡ ᠃ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠪᠠ ᠨᠡᠢ᠌ᠭᠡᠮ᠎ᠤᠨ ᠠᠵᠢᠯᠲᠠᠳ᠎ᠢ ᠵᠣᠷᠢᠭᠵᠢᠭᠤᠯᠤᠨ ᠬᠥᠲᠥᠯᠥᠨ ᠵᠢᠯᠤᠭᠣᠳᠴᠤ ᠪᠠᠢ᠌ᠭ᠋ᠠᠳ ᠣᠷᠣᠯᠭ᠎ᠠ ᠪᠠᠭ᠋ᠠᠲᠠᠢ ᠬᠥᠮᠥᠨ ᠠᠮᠠ᠎ᠳᠤ ᠰᠡᠳᠬᠢᠴᠡ ᠵᠢᠨ ᠲᠠᠯ᠎ᠠ᠎ᠪᠠᠷ ᠬᠥᠲᠥᠯᠥᠨ ᠵᠢᠯᠤᠭᠣᠳᠬᠤ᠂ ᠡᠬᠢ ᠪᠠᠶᠠᠯᠢᠭ᠎ᠢ ᠬᠣᠯᠪᠣᠬᠤ᠂ ᠴᠢᠳᠠᠪᠤᠷᠢ ᠵᠢ ᠳᠡᠭᠡᠭᠰᠢᠯᠡᠭᠦᠯᠬᠦ᠂ ᠨᠡᠢ᠌ᠭᠡᠮ᠎ᠳᠤ ᠠᠭᠤᠰᠤᠯᠴᠠᠬᠤ ᠵᠡᠷᠭᠡ ᠦᠢ᠍ᠯᠡᠴᠢᠯᠡᠭᠡ ᠬᠠᠩᠭ᠋ᠠᠨ᠎ᠠ᠃
(ᠨᠠᠢ᠍ᠮᠠ) ᠬᠤᠳᠠ ᠬᠥᠳᠡᠭᠡ ᠵᠢᠨ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠳᠦᠷᠢᠮ᠎ᠢ ᠨᠢᠭᠡᠳᠦᠯᠲᠡᠢ ᠲᠥᠯᠥᠪᠯᠡᠨ ᠬᠥᠭᠵᠢᠭᠦᠯᠦᠨ᠎ᠡ
ᠬᠣᠲᠠ ᠬᠥᠳᠡᠭᠡ ᠵᠢᠨ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠦᠢ᠍ᠯᠡᠴᠢᠯᠡᠭᠡᠨ᠎ᠢ ᠠᠳᠠᠯᠢ ᠲᠡᠭᠰᠢ ᠪᠣᠯᠭ᠋ᠠᠬᠤ ᠵᠢ ᠠᠬᠢᠭᠤᠯᠵᠤ ᠂ ᠬᠣᠲᠠ ᠬᠥᠳᠡᠭᠡ ᠵᠢᠨ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠡᠬᠢ ᠪᠠᠶᠠᠯᠢᠭ᠎ᠢ ᠵᠦᠢ ᠵᠣᠬᠢᠰᠲᠠᠢ ᠲᠣᠬᠢᠷᠠᠭᠤᠯᠤᠨ ᠂ ᠮᠠᠯᠵᠢᠬᠤ ᠲᠠᠷᠢᠶᠠᠯᠠᠬᠤ ᠣᠷᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠣᠷᠣᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ ᠂ ᠬᠣᠲᠠ ᠬᠥᠳᠡᠭᠡ ᠵᠢ ᠨᠢᠭᠡ ᠴᠣᠭᠴᠠᠵᠢᠭᠤᠯᠤᠭᠰᠠᠨ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠪᠠ ᠬᠠᠮᠢᠶᠠᠷᠤᠯᠲᠠ ᠵᠢᠨ ᠪᠠᠢ᠌ᠭᠤᠯᠤᠯ᠎ᠢ ᠪᠠᠢ᠌ᠭᠤᠯᠵᠤ ᠂ ᠡᠲᠡᠭᠡᠳ᠎ᠤᠨ ᠨᠥᠬᠥᠴᠡᠯ ᠂ ᠭᠤᠶᠤᠴᠢᠯᠠᠨ ᠭᠦᠢ᠍ᠴᠡᠳᠬᠡᠬᠦ ᠴᠤᠪᠤᠷᠠᠯ ᠂ ᠬᠠᠮᠢᠶᠠᠷᠤᠯᠲᠠ ᠦᠢ᠍ᠯᠡᠴᠢᠯᠡᠭᠡᠨ ᠪᠠ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠡᠷᠭᠡ ᠲᠠᠯ᠎ᠠ᠎ᠪᠠᠷ ᠬᠣᠲᠠ ᠬᠥᠳᠡᠭᠡ ᠵᠢᠨ ᠵᠥᠷᠢᠶ᠎ᠡ ᠵᠢ ᠠᠯᠬᠤᠮ ᠠᠯᠬᠤᠮ ᠵᠶ᠋ᠠᠷ ᠪᠠᠭ᠋ᠠᠰᠬᠠᠬᠤ ᠪᠤᠶᠤ ᠦᠭᠡᠢ᠌ᠰᠬᠡᠨ᠎ᠡ ᠃ ᠨᠥᠬᠥᠴᠡᠯ᠎ᠲᠠᠢ ᠭᠠᠵᠠᠷ ᠣᠷᠣᠨ᠎ᠤ ᠣᠷᠣᠰᠢᠨ ᠰᠠᠭᠤᠬᠤ ᠦᠨᠡᠮᠯᠡᠯ᠎ᠲᠠᠢ ᠬᠥᠮᠥᠰ᠎ᠤᠨ ᠣᠷᠣᠰᠢᠨ ᠰᠠᠭᠤᠵᠤ ᠪᠠᠢ᠌ᠭ᠎ᠠ ᠭᠠᠵᠠᠷ᠎ᠲᠠᠭᠠᠨ ᠨᠡᠢ᠌ᠭᠡᠮ᠎ᠤᠨ ᠠᠪᠤᠷᠠᠨ ᠲᠤᠰᠠᠯᠠᠯᠲᠠ ᠭᠤᠶᠤᠴᠢᠯᠠᠬᠤ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠬᠤ ᠵᠢ ᠵᠣᠷᠢᠭᠵᠢᠭᠤᠯᠤᠨ᠎ᠠ ᠃ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠬᠤᠳᠠ ᠵᠢᠨ ᠠᠷᠠᠳ ᠪᠣᠯᠭ᠋ᠠᠬᠤ ᠠᠬᠢᠴᠠ᠎ᠳᠤ ᠵᠣᠬᠢᠴᠠᠭᠤᠯᠤᠨ᠂ ᠨᠥᠬᠥᠴᠡᠯ᠎ᠳᠤ ᠨᠡᠢ᠌ᠴᠡᠭᠰᠡᠨ ᠲᠠᠷᠢᠶᠠᠯᠠᠩ᠎ᠠᠴᠠ ᠰᠢᠯᠵᠢᠭᠰᠡᠨ ᠬᠥᠮᠥᠨ ᠠᠮᠠ ᠵᠢ ᠴᠠᠭ ᠲᠤᠬᠠᠢᠳᠤᠨᠢ ᠡᠷᠦᠭᠡ ᠠᠮᠠ ᠵᠢᠨ ᠲᠠᠨᠭ᠌ᠰᠠ ᠵᠢᠨ ᠪᠠᠢ᠌ᠭ᠎ᠠ ᠭᠠᠵᠠᠷ᠎ᠤᠨ ᠬᠣᠲᠠ ᠪᠠᠯᠭ᠋ᠠᠰᠤᠨ᠎ᠤ ᠠᠪᠤᠷᠠᠨ ᠲᠤᠰᠠᠯᠠᠬᠤ ᠬᠡᠪᠴᠢᠶᠡᠨ᠎ᠳᠤ ᠣᠷᠣᠭᠤᠯᠵᠤ᠂ ᠵᠣᠬᠢᠴᠠᠩᠭᠤᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠬᠡᠷᠡᠭᠲᠡᠢ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠎ᠢ ᠮᠠᠭ᠋ᠠᠳᠯᠠᠨ ᠲᠣᠭᠲᠠᠭ᠋ᠠᠬᠤ ᠠᠷᠭ᠎ᠠ ᠵᠢ ᠲᠡᠭᠦᠯᠳᠡᠷᠵᠢᠭᠦᠯᠵᠦ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠲᠣᠭᠲᠠᠭ᠋ᠠᠬᠤ ᠪᠠ ᠭᠠᠷᠳᠠᠨ ᠭᠦᠢ᠍ᠴᠡᠳᠬᠡᠬᠦ ᠦᠢ᠍ᠯᠡᠴᠢᠯᠡᠭᠡᠨ᠎ᠤ ᠶᠠᠪᠤᠴᠠ ᠵᠢ ᠵᠢᠷᠤᠮᠵᠢᠭᠤᠯᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠳᠦᠷᠢᠮ᠎ᠤᠨ ᠬᠤᠳᠠ ᠬᠥᠳᠡᠭᠡ ᠵᠢ ᠨᠢᠭᠡ ᠴᠣᠭᠴᠠᠵᠢᠭᠤᠯᠤᠨ ᠠᠵᠢᠯᠯᠠᠭᠤᠯᠬᠤ ᠵᠢ ᠲᠦᠯᠬᠢᠨ ᠠᠬᠢᠭᠤᠯᠵᠤ᠂ ᠬᠤᠳᠠ ᠬᠥᠳᠡᠭᠡ ᠵᠢᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠠᠬᠢᠭᠤᠯᠤᠨ᠎ᠠ᠃
ᠭᠤᠷᠪᠠ ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ
( ᠨᠢᠭᠡ ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ ᠃ ᠡᠯ᠎ᠡ ᠭᠠᠵᠠᠷ᠎ᠤᠨ᠎ᠬᠢᠨ ᠲᠥᠰᠥᠯ᠎ᠤᠨ ᠱᠠᠭ᠋ᠠᠷᠳᠠᠯᠭ᠎ᠠ ᠶᠣᠰᠣᠭ᠋ᠠᠷ ᠂ ᠬᠣᠯᠪᠣᠭᠳᠠᠯ ᠪᠦᠬᠦᠢ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠦᠨᠡᠨ ᠬᠦ᠌ ᠰᠠᠢ᠌ᠲᠤᠷ ᠠᠳᠬᠤᠬᠤ ᠬᠡᠷᠡᠭᠲᠡᠢ ᠃ ᠡᠯ᠎ᠡ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠨᠡᠢ᠌ᠭᠡᠮ᠎ᠤᠨ ᠠᠪᠤᠷᠠᠨ ᠲᠤᠰᠠᠯᠠᠬᠤ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠵᠣᠬᠢᠴᠠᠭᠤᠯᠤᠨ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠬᠦᠴᠢᠷᠳᠡᠯ᠎ᠤᠨ ᠲᠥᠷᠥᠯ ᠬᠡᠯᠪᠡᠷᠢ ᠂ ᠬᠦᠴᠢᠷᠳᠡᠯ᠎ᠤᠨ ᠬᠡᠮᠵᠢᠶ᠎ᠡ ᠵᠢ ᠦᠨᠳᠦᠰᠦᠯᠡᠨ ᠲᠣᠭᠲᠠᠭ᠋ᠠᠯ ᠶᠣᠰᠣᠭ᠋ᠠᠷ ᠡᠮᠴᠢᠯᠡᠭᠡ ᠂ ᠰᠤᠷᠭ᠋ᠠᠨ ᠬᠥᠮᠦᠵᠢᠯ ᠂ ᠣᠷᠣᠨ ᠰᠠᠭᠤᠴᠠ ᠂ ᠠᠵᠢᠯ ᠣᠯᠭᠣᠯᠲᠠ ᠵᠡᠷᠭᠡ᠎ᠳᠤ ᠲᠤᠰᠬᠠᠢ ᠵᠦᠢ᠍ᠯ᠎ᠤᠨ ᠠᠪᠤᠷᠠᠨ ᠲᠤᠰᠠᠯᠠᠯᠲᠠ ᠣᠯᠭᠣᠵᠤ ᠂ ᠲᠥᠷᠥ ᠵᠢᠨ ᠪᠣᠳᠣᠯᠭ᠎ᠠ ᠵᠢ ᠵᠣᠯᠭ᠋ᠠᠭᠤᠯᠬᠤ ᠳᠤᠮᠳᠠᠬᠢ ᠴᠢᠬᠤᠯᠠ ᠶᠡᠬᠡ ᠠᠰᠠᠭᠤᠳᠠᠯ᠎ᠢ ᠬᠠᠮᠲᠤ᠎ᠪᠠᠷ ᠰᠤᠳᠤᠯᠤᠨ ᠰᠢᠢ᠍ᠳᠪᠦᠷᠢᠯᠡᠨ᠎ᠡ ᠃
( ᠬᠣᠶᠠᠷ ) ᠪᠡᠯᠡ ᠮᠥᠩᠭᠥ ᠵᠢᠨ ᠪᠠᠲᠤᠯᠠᠭ᠎ᠠ ᠵᠢ ᠴᠢᠩᠭ᠋ᠠᠳᠬᠠᠨ᠎ᠠ ᠃ ᠡᠯ᠎ᠡ ᠭᠠᠵᠠᠷ᠎ᠤᠨ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠂ ᠡᠳ᠋᠎ᠤᠨ ᠵᠠᠰᠠᠭ᠎ᠤᠨ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠵᠦ ᠂ ᠵᠠᠷᠤᠳᠠᠯ᠎ᠤᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠵᠦ ᠂ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠲᠣᠬᠢᠷᠠᠭᠤᠯᠤᠭᠰᠠᠨ ᠬᠦᠴᠢᠷᠳᠡᠯᠲᠡᠢ ᠤᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠪᠡᠯᠡ ᠮᠥᠩᠭᠥ ᠵᠢ ᠡᠳ᠋᠎ᠤᠨ ᠵᠠᠰᠠᠭ᠎ᠤᠨ ᠬᠦᠴᠢᠷᠳᠡᠯᠲᠡᠢ ᠭᠠᠵᠠᠷ ᠣᠷᠣᠨ ᠲᠡᠰᠢ ᠦᠷᠭᠦᠯᠵᠢᠯᠡᠨ ᠬᠡᠯᠪᠡᠢ᠌ᠯᠭᠡᠨ᠎ᠡ᠃
( ᠭᠤᠷᠪᠠ ) ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ ᠃ ᠡᠯ᠎ᠡ ᠭᠠᠵᠠᠷ᠎ᠨᠢ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠡᠲᠡᠭᠡᠳ᠎ᠤᠨ ᠲᠣᠭ᠎ᠠ ᠬᠡᠮᠵᠢᠶ᠎ᠡ ᠂ ᠠᠵᠢᠯᠲᠠᠨ᠎ᠤ ᠪᠦᠲᠦᠴᠡ ᠵᠡᠷᠭᠡ ᠬᠦᠴᠦᠨ ᠵᠦᠢ᠍ᠯ᠎ᠤᠨ ᠶᠣᠰᠣᠭ᠋ᠠᠷ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠢ᠌ᠭᠤᠯᠤᠮᠵᠢ ᠵᠢ ᠲᠡᠭᠦᠯᠳᠡᠷᠵᠢᠭᠦᠯᠬᠦ ᠂ ᠵᠣᠬᠢᠬᠤ ᠠᠵᠢᠯᠲᠠᠨ᠎ᠢ ᠵᠦᠢ ᠵᠣᠬᠢᠰᠲᠠᠢ ᠲᠣᠬᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠯᠡᠨ ᠰᠤᠳᠤᠯᠤᠨ ᠲᠣᠭᠲᠠᠭ᠋ᠠᠵᠤ ᠂ ᠰᠤᠮᠤ ᠰᠢᠶᠠᠩ ᠪᠠᠯᠭ᠋ᠠᠰᠤ ( ᠵᠡᠭᠡᠯᠢ ᠭᠤᠳᠤᠮᠵᠢ ) ᠵᠢᠨ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ ᠃ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ ᠂ ᠭᠠᠴᠠᠭ᠎ᠠ ᠲᠣᠰᠬᠣᠨ ᠂ ᠨᠡᠢ᠌ᠭᠡᠮ ᠲᠣᠭᠣᠷᠢᠭ᠎ᠲᠤ ᠨᠡᠢ᠌ᠭᠡᠮ᠎ᠤᠨ ᠠᠪᠤᠷᠠᠨ ᠲᠤᠰᠠᠯᠠᠬᠤ ᠲᠤᠰᠠᠯᠠᠭᠴᠢ ᠂ ᠬᠦᠴᠢᠷᠳᠡᠯᠲᠡᠢ ᠣᠯᠠᠨ ᠲᠦᠮᠡᠨ ᠨᠡᠯᠢᠶᠡᠳ ᠣᠯᠠᠨ ᠪᠠᠢ᠌ᠭ᠎ᠠ ᠲᠣᠰᠬᠣᠨ ( ᠨᠡᠢ᠌ᠭᠡᠮ ᠲᠣᠭᠣᠷᠢᠭ )᠎ᠳᠤ ᠨᠡᠢ᠌ᠭᠡᠮ᠎ᠤᠨ ᠠᠪᠤᠷᠠᠨ ᠲᠤᠰᠠᠯᠠᠬᠤ ᠦᠢ᠍ᠯᠡᠴᠢᠯᠡᠭᠡᠨ᠎ᠤ ᠥᠷᠲᠡᠭᠡ ( ᠴᠢᠭ᠋ ) ᠵᠢ ᠪᠥᠬᠥ ᠲᠠᠯ᠎ᠠ᠎ᠪᠠᠷ ᠪᠠᠢ᠌ᠭᠤᠯᠤᠨ ᠂ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠵᠤ ᠂ ᠦᠨᠳᠦᠰᠦᠨ ᠱᠠᠲᠤᠨ᠎ᠤ ᠨᠡᠢ᠌ᠭᠡᠮ᠎ᠤᠨ ᠠᠪᠤᠷᠠᠨ ᠲᠤᠰᠠᠯᠠᠬᠤ ᠠᠵᠢᠯ᠎ᠤᠨ ᠰᠠᠭᠤᠷᠢ ᠪᠠ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠦᠷᠭᠦᠯᠵᠢᠯᠡᠨ ᠪᠠᠲᠤᠳᠬᠠᠬᠤ ᠬᠡᠷᠡᠭᠲᠡᠢ ᠃
( ᠳᠥᠷᠪᠡ ) ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠨ᠎ᠠ ᠃ ᠵᠥᠪ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠪᠠᠷᠢᠮᠲᠠᠯᠠᠵᠤ᠂ ᠲᠦᠷᠦ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠨᠳᠦᠰᠦᠨ ᠵᠦᠢ᠍ᠯ᠎ᠢ ᠪᠠᠲᠤᠯᠠᠬᠤ ᠪᠠᠲᠤᠯᠠᠭ᠎ᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠣᠯᠪᠣᠭᠳᠠᠯ ᠪᠦᠬᠦᠢ ᠲᠦᠷᠦ ᠵᠢᠨ ᠪᠣᠳᠣᠯᠭ᠎ᠠ ᠵᠢᠨ ᠲᠠᠢ᠌ᠯᠤᠮᠵᠢ ᠵᠢ ᠴᠢᠩᠭ᠋ᠠᠳᠬᠠᠵᠤ᠂ ᠬᠦᠴᠢᠷᠳᠡᠯᠲᠡᠢ ᠤᠯᠠᠨ ᠲᠦᠮᠡᠨ᠎ᠤ ᠲᠦᠷᠦ ᠵᠢᠨ ᠪᠣᠳᠣᠯᠭ᠎ᠠ ᠵᠢ ᠣᠢ᠌ᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠳᠤ ᠣᠯᠣᠭᠰᠠᠨ ᠠᠮᠵᠢᠯᠲᠠ᠎ᠲᠠᠢ ᠠᠷᠭ᠎ᠠ ᠬᠢᠳᠡᠯ ᠪᠠ ᠨᠡᠢ᠌ᠲᠡᠯᠢᠭ ᠲᠤᠷᠰᠢᠯᠭ᠎ᠠ ᠵᠢ ᠥᠷᠭᠡᠨ ᠵᠶ᠋ᠡᠷ ᠤᠬᠠᠭᠤᠯᠵᠤ ᠂ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠥᠯᠢᠭᠡᠷ᠎ᠢ ᠰᠠᠢ᠌ᠲᠤᠷ ᠶᠠᠷᠢᠵᠤ ᠂ ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ ᠃