ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠵᠢ ᠦᠨᠡᠨᠬᠦ ᠴᠢᠩᠭ᠋ᠠᠳᠬᠠᠵᠤ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠤᠬᠠᠢ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2022-11-22

       ᠡᠯ᠎ᠡ ᠠᠢ᠌ᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ  ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ  ᠂ ᠡᠳ᠋᠎ᠤᠨ ᠵᠠᠰᠠᠭ᠎ᠤᠨ ᠲᠣᠪᠴᠢᠶ᠎ᠠ  ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠂ ᠮᠠᠨᠵᠤᠤᠷ ᠬᠣᠲᠠ  ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ  ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ  ᠂ ᠡᠳ᠋᠎ᠤᠨ ᠵᠠᠰᠠᠭ᠎ᠤᠨ ᠲᠣᠪᠴᠢᠶ᠎ᠠ  ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠎ᠳᠤ  ᠄

       ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢᠨ ᠲᠥᠯᠥᠭᠡ  ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠠᠵᠢᠯ᠎ᠢ ᠦᠷᠭᠦᠯᠵᠢᠯᠡᠨ ᠰᠠᠢ᠌ᠲᠤᠷ ᠬᠢᠵᠦ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ ᠎ᠪᠠᠷ ᠠᠬᠢᠭᠤᠯᠬᠤ ᠵᠢ ᠳᠡᠮᠵᠢᠵᠦ  ᠂ 《  ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠡᠳ᠋᠎ᠤᠨ ᠵᠠᠰᠠᠭ᠎ᠤᠨ ᠶᠠᠮᠤᠨ᠎ᠤ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠵᠢ ᠦᠨᠡᠨᠬᠦ ᠴᠢᠩᠭ᠋ᠠᠳᠬᠠᠵᠤ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠤᠬᠠᠢ ᠵᠢᠯᠤᠭᠣᠳᠬᠤ ᠰᠠᠨᠠᠯ  》 (  ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠭᠰᠠᠨ [2021] 26 ᠳ᠋ᠤᠭ᠋ᠠᠷ ᠲᠣᠭ᠋ᠠᠲᠤ  )᠎ᠢ ᠦᠨᠳᠦᠰᠦᠯᠡᠨ  ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ  ᠂ ᠡᠳᠦᠭᠡ ᠲᠤᠤᠷᠠᠬᠢ ᠮᠡᠲᠦ  ᠲᠤᠭᠤᠰᠢᠯᠠᠭᠤᠯᠤᠨ ᠬᠡᠷᠡᠭᠵᠢᠭᠦᠯᠬᠦ ᠰᠠᠨᠠᠯ᠎ᠢ ᠳᠤᠷᠠᠳᠪᠠ  ᠃

       ᠨᠢᠭᠡ᠂ ᠵᠢᠯᠤᠭᠣᠳᠬᠤ ᠦᠵᠡᠯ ᠰᠠᠨᠠᠭ᠎ᠠ

       ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ  ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ  ᠂ ᠭᠤᠷᠪᠠᠳᠤᠭ᠋ᠠᠷ  ᠂ ᠳᠥᠷᠪᠡᠳᠦᠭᠡᠷ  ᠂ ᠲᠠᠪᠤᠳᠤᠭ᠋ᠠᠷ ᠪᠦᠭᠦᠳᠡ ᠬᠤᠷᠠᠯ  ᠂ ᠪᠦᠬᠦ ᠤᠯᠤᠰ᠎ᠤᠨ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠳ᠋ᠦᠩᠨᠡᠵᠦ ᠬᠥᠬᠢᠭᠦᠯᠦᠨ ᠰᠠᠢ᠌ᠰᠢᠶᠠᠬᠤ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ  ᠂ ᠵᠠᠰᠠᠭ᠎ᠤᠨ ᠣᠷᠳᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ  ᠂ 《  ᠳᠥᠷᠪᠡ ᠵᠢ ᠥᠯᠥ ᠰᠠᠯᠭ᠋ᠠᠬᠤ  》 ᠶᠡᠷᠦᠩᠬᠡᠢ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ  ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠤᠳᠤᠷᠢᠳᠬᠤ ᠪᠠᠢ᠌ᠭᠤᠯᠤᠯ ᠪᠠ ᠠᠵᠢᠯ᠎ᠤᠨ ᠰᠢᠰᠲ᠋ᠧᠮᠵᠢ ᠵᠢ ᠪᠦᠷᠢᠨᠰᠢᠭᠦᠯᠵᠦ  ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ  ᠂ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢᠨ ᠲᠣᠭᠲᠠᠭᠤᠨ ᠵᠶ᠋ᠠᠷ ᠠᠵᠢᠯ ᠣᠯᠬᠤ ᠵᠢ ᠠᠬᠢᠭᠤᠯᠤᠨ  ᠂ ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ  ᠃

       ᠬᠣᠶᠠᠷ  ᠂ ᠬᠠᠷᠠᠯᠲᠠ ᠵᠢᠨ ᠡᠭᠦᠷᠭᠡ

       ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠵᠢ ᠴᠢᠩᠭ᠋ᠠᠷᠠᠭᠤᠯᠵᠤ  ᠂ ᠠᠵᠢᠯ ᠣᠯᠬᠤ ᠬᠦᠰᠡᠯ᠎ᠲᠠᠢ ᠠᠵᠢᠯ ᠣᠯᠣᠭ᠋ᠠᠳᠤᠢ ᠬᠥᠮᠥᠰ᠎ᠢ ᠬᠠᠪᠰᠤᠷᠤᠨ ᠠᠵᠢᠯ ᠣᠯᠭᠣᠬᠤ ᠵᠢ ᠪᠡᠶᠡᠯᠡᠭᠦᠯᠵᠦ  ᠂ ᠨᠢᠭᠡᠨᠲᠡ ᠠᠵᠢᠯ ᠣᠯᠣᠭᠰᠠᠳ᠎ᠢ ᠬᠠᠪᠰᠤᠷᠤᠨ ᠲᠣᠭᠲᠠᠪᠤᠷᠢᠲᠠᠢ ᠠᠵᠢᠯ ᠣᠯᠭᠣᠵᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠣᠯᠬᠤ ᠬᠡᠪᠴᠢᠶ᠎ᠡ ᠵᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠬᠤ ᠵᠢ ᠪᠠᠲᠤᠯᠠᠨ᠎ᠠ  ᠃ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠵᠦ ᠠᠵᠢᠯ ᠣᠯᠭᠣᠬᠤ ᠵᠢ ᠬᠠᠪᠰᠤᠷᠤᠨ ᠲᠡᠳᠬᠦᠬᠦ ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ ᠬᠥᠳᠡᠯᠮᠦᠷᠢᠯᠡᠬᠦ ᠴᠢᠳᠠᠪᠤᠷᠢ᠎ᠲᠠᠢ ᠮᠥᠷᠲᠡᠭᠡᠨ ᠠᠵᠢᠯ ᠣᠯᠬᠤ ᠬᠦᠰᠡᠯ᠎ᠲᠠᠢ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠎ᠳᠤ ᠪᠦᠬᠦᠨ᠎ᠢ ᠠᠵᠢᠯ ᠣᠯᠭᠣᠬᠤ ᠵᠢ ᠠᠬᠢᠭᠤᠯᠵᠤ᠂ ᠲᠥᠪᠯᠡᠷᠡᠭᠦᠯᠦᠨ ᠲᠥᠪᠬᠢᠨᠡᠭᠦᠯᠬᠦ ᠴᠡᠭ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠯᠠᠪᠳᠠᠭᠤᠨ ᠪᠠᠲᠤᠲᠠᠢ ᠥᠷᠨᠢᠭᠦᠯᠵᠦ  ᠂ ᠪᠣᠯᠪᠠᠰᠤᠷᠠᠭᠤᠯᠤᠯ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠨᠢᠭᠡᠪᠦᠷᠢ᠎ᠳᠤ ᠴᠥᠮ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠭᠥᠷᠳᠡᠬᠦ ᠲᠣᠬᠢᠶᠠᠯ ᠣᠯᠭᠣᠨ᠎ᠠ  ᠃ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠨᠠᠩ ᠪᠦᠷᠢᠨᠰᠢᠭᠦᠯᠦᠨ᠎ᠡ  ᠃

       ᠭᠤᠷᠪᠠ  ᠂ ᠠᠵᠢᠯ᠎ᠤᠨ ᠠᠷᠭ᠎ᠠ ᠬᠡᠮᠵᠢᠶ᠎ᠡ

      (  ᠨᠢᠭᠡ  ) ᠠᠵᠤ ᠠᠬᠤᠢ᠌ᠯᠠᠯ᠎ᠤᠨ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠰᠢᠩᠭᠡᠬᠡᠨ ᠠᠪᠬᠤ ᠪᠠ ᠲᠣᠭᠲᠠᠪᠤᠷᠢᠵᠢᠭᠤᠯᠬᠤ ᠵᠢ ᠵᠣᠷᠢᠭᠵᠢᠭᠤᠯᠤᠨ᠎ᠠ  ᠃ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢ ᠣᠷᠣᠭᠤᠯᠤᠨ ᠠᠪᠴᠤ ᠠᠵᠢᠯ ᠣᠯᠭᠣᠬᠤ ᠵᠢ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢ ᠣᠷᠣᠭᠤᠯᠤᠨ ᠠᠪᠴᠤ ᠠᠵᠢᠯ ᠣᠯᠭᠣᠬᠤ ᠬᠡᠪᠴᠢᠶ᠎ᠡ᠎ᠪᠠᠷ ᠶᠡᠬᠡ ᠠᠵᠤ ᠠᠬᠤᠢ᠌ᠯᠠᠯ᠎ᠳᠤ ᠡᠳ᠋᠎ᠤᠨ ᠵᠠᠰᠠᠭ᠎ᠤᠨ ᠵᠣᠯᠭ᠋ᠠᠭᠤᠯᠬᠤ ᠪᠡᠯᠡ ᠮᠥᠩᠭᠥ᠎ᠪᠠᠷ ᠳᠠᠮᠵᠢᠭᠤᠯᠤᠨ ᠨᠢᠭᠡ ᠤᠳᠠᠭ᠎ᠠ ᠵᠢᠨ ᠴᠢᠨᠠᠷᠲᠠᠢ ᠱᠠᠩᠨᠠᠯ ᠨᠥᠬᠥᠪᠦᠷᠢ ᠣᠯᠭᠣᠵᠤ ᠪᠣᠯᠣᠨ᠎ᠠ  ; ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢ ᠡᠯᠰᠡᠨ ᠬᠡᠷᠡᠭᠯᠡᠬᠦ ᠵᠢᠨ ᠬᠠᠮᠲᠤ ᠨᠡᠢ᠌ᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠲᠤᠰᠢᠶᠠᠭᠰᠠᠨ ᠠᠵᠤ ᠠᠬᠤᠢ᠌ᠯᠠᠯ ᠪᠠ ᠨᠢᠭᠡᠴᠡ᠎ᠳᠤ ᠠᠵᠢᠯ ᠣᠯᠬᠤ᠎ᠳᠤ ᠬᠦᠴᠢᠷᠲᠡᠢ ᠬᠥᠮᠥᠰ᠎ᠢ ᠡᠯᠰᠡᠨ ᠬᠡᠷᠡᠭᠯᠡᠬᠦ᠎ᠳᠤ ᠨᠡᠢ᠌ᠭᠡᠮ᠎ᠤᠨ ᠳᠠᠭ᠋ᠠᠳᠬᠠᠯ᠎ᠤᠨ ᠨᠥᠬᠥᠪᠦᠷᠢ ᠵᠢᠨ ᠲᠥᠷᠥ ᠵᠢᠨ ᠪᠣᠳᠣᠯᠭ᠎ᠠ᠎ᠪᠠᠷ ᠯᠠᠪᠯᠠᠯᠲᠠ ᠪᠣᠯᠭ᠋ᠠᠵᠤ  ᠂ ᠲᠣᠭᠲᠠᠭ᠋ᠠᠯ ᠶᠣᠰᠣᠭ᠋ᠠᠷ ᠨᠡᠢ᠌ᠭᠡᠮ᠎ᠤᠨ ᠳᠠᠭ᠋ᠠᠳᠬᠠᠯ᠎ᠤᠨ ᠨᠥᠬᠥᠪᠦᠷᠢ ᠣᠯᠭᠣᠨ᠎ᠠ  ; ᠨᠥᠬᠥᠴᠡᠯ᠎ᠳᠤ ᠨᠡᠶ᠋ᠢᠴᠡᠬᠦ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢ ᠣᠷᠣᠭᠤᠯᠤᠨ ᠠᠵᠢᠯ ᠣᠯᠭᠣᠭᠰᠠᠨ ᠠᠵᠤ ᠠᠬᠤᠢ᠌ᠯᠠᠯ᠎ᠳᠤ  ᠂ ᠠᠳᠠᠯ ᠦᠢ᠍ᠯᠡᠰ ᠴᠣᠭᠴᠠᠯᠠᠬᠤ ᠳᠠᠭ᠋ᠠᠭ᠋ᠠᠯᠲᠠ ᠵᠢᠨ ᠵᠢᠭᠡᠯᠡᠯᠭᠡ ᠵᠢᠴᠢ ᠳᠠᠮ ᠬᠦᠦ ᠵᠡᠷᠭᠡ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠤᠨ᠎ᠠ  ᠃ ᠠᠵᠤ ᠠᠬᠤᠢ᠌ᠯᠠᠯ᠎ᠤᠨ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠬᠤ ᠵᠢ ᠲᠡᠮᠵᠢᠵᠤ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠨ ᠪᠤᠴᠠᠭ᠋ᠠᠬᠤ᠂ ᠪᠣᠯᠪᠠᠰᠤᠷᠠᠭᠤᠯᠤᠯ᠎ᠤᠨ ᠨᠥᠬᠥᠪᠦᠷᠢ ᠥᠭᠬᠦ ᠵᠡᠷᠭᠡ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢ ᠤᠷᠢᠳᠠᠪᠠᠷ ᠦᠯᠡᠳᠡᠭᠡᠨ ᠬᠡᠷᠡᠭᠯᠡᠬᠦ ᠵᠢ ᠬᠥᠲᠥᠯᠥᠨ ᠵᠢᠯᠤᠭᠣᠳᠴᠤ ᠴᠡᠭ ᠲᠣᠭᠲᠠᠭ᠋ᠠᠨ ᠬᠠᠨᠳᠤᠯᠭ᠎ᠠ᠎ᠲᠠᠢ᠎ᠪᠠᠷ ᠦᠢ᠍ᠯᠡᠴᠢᠯᠡᠬᠦ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠳᠤ ᠬᠡᠷᠡᠭᠯᠡᠬᠦ ᠠᠵᠢᠯᠴᠢᠨ᠎ᠤ ᠬᠤᠷᠰᠢᠶ᠎ᠠ ᠵᠢᠨ ᠦᠢ᠍ᠯᠡᠴᠢᠯᠡᠭᠡᠨ᠎ᠤ ᠲᠤᠰᠬᠠᠢ ᠲᠤᠰᠢᠶᠠᠯᠲᠠᠨ ᠭᠠᠷᠭ᠋ᠠᠵᠤ᠂ ᠠᠵᠤ ᠠᠬᠤᠢ᠌ᠯᠠᠯ᠎ᠢ ᠵᠢᠯᠣᠭᠣᠳᠤᠨ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠎ᠯᠤᠭ᠎ᠠ ᠬᠠᠤᠯᠢ ᠶᠣᠰᠣᠭ᠋ᠠᠷ ᠬᠥᠳᠡᠯᠮᠦᠷᠢ ᠵᠢᠨ ᠭᠡᠷ᠎ᠡ ᠲᠣᠭᠲᠠᠭ᠋ᠠᠬᠤ ᠵᠢᠨ ᠬᠠᠮᠲᠤ ᠲᠡᠭᠦᠨ᠎ᠢ ᠭᠦᠢ᠍ᠴᠡᠳᠬᠡᠵᠦ᠂ ᠨᠡᠢ᠌ᠭᠡᠮ᠎ᠤᠨ ᠳᠠᠭ᠋ᠠᠳᠬᠠᠯ᠎ᠳᠤ ᠣᠷᠣᠯᠴᠠᠭᠤᠯᠤᠨ᠂ ᠬᠥᠳᠡᠯᠮᠦᠷᠢ ᠵᠢᠨ ᠬᠥᠯᠥᠰᠦ ᠣᠯᠭᠣᠮᠵᠢ ᠵᠢ ᠴᠠᠭ ᠲᠤᠬᠠᠢ᠎ᠳᠤᠨᠢ ᠭᠦᠢ᠍ᠴᠡᠳ ᠲᠣᠭ᠎ᠠ᠎ᠪᠠᠷ ᠣᠯᠭᠣᠵᠤ᠂ ᠬᠥᠳᠡᠯᠮᠦᠷᠢ ᠵᠢᠨ ᠨᠥᠬᠥᠴᠡᠯ᠎ᠢ ᠢᠳᠡᠪᠬᠢᠲᠡᠢ᠎ᠪᠠᠷ ᠰᠠᠢ᠌ᠵᠢᠷᠠᠭᠤᠯᠤᠨ᠎ᠠ᠃

      (  ᠬᠣᠶᠠᠷ  ) ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠵᠦ ᠠᠵᠢᠯ ᠣᠯᠭᠣᠬᠤ ᠠᠵᠢᠯ᠎ᠤᠨ ᠪᠠᠢ᠌ᠷᠢ ᠵᠢ ᠨᠡᠮᠡᠭᠳᠡᠭᠦᠯᠦᠨ᠎ᠡ  ᠃ ᠣᠳᠣ ᠦᠶ᠎ᠡ ᠵᠢᠨ ᠲᠡᠵᠢᠭᠡᠨ ᠦᠷᠡᠵᠢᠭᠦᠯᠬᠦ ᠦᠢ᠍ᠯᠡᠰ  ᠂ ᠣᠷᠣᠨ ᠨᠤᠲᠤᠭ᠎ᠤᠨ ᠣᠨᠴᠠᠯᠢᠭᠲᠤ ᠠᠵᠤ ᠦᠢ᠍ᠯᠡᠰ  ᠂ ᠰᠡᠯᠡᠭᠦᠴᠡᠯ ᠵᠤᠭ᠋ᠠᠴᠠᠯ᠎ᠤᠨ ᠦᠢ᠍ᠯᠡᠰ  ᠂ ᠰᠢᠨ᠎ᠡ ᠬᠡᠯᠪᠡᠷᠢ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠬᠥᠳᠡᠭᠡ ᠲᠣᠰᠬᠣᠨ᠎ᠤ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ  ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 ᠠᠷᠭ᠎ᠠ ᠮᠠᠶᠢᠭ ᠵᠶ᠋ᠠᠷ ᠳᠠᠮᠵᠢᠭᠤᠯᠤᠨ ᠲᠠᠷᠢᠶᠠᠯᠠᠩ᠎ᠤᠨ ᠤᠰᠤᠨ ᠠᠰᠢᠭᠯᠠᠯᠲᠠ᠂ ᠠᠢ᠌ᠯ ᠲᠣᠰᠬᠣᠨ᠎ᠤ ᠵᠠᠮ᠂ ᠬᠥᠮᠥᠰ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠢ ᠴᠡᠭᠴᠡᠯᠡᠨ ᠵᠠᠰᠠᠬᠤ᠂ ᠬᠥᠳᠡᠭᠡ ᠲᠣᠰᠬᠣᠨ᠎ᠢ ᠨᠣᠭᠣᠭ᠋ᠠᠷᠠᠭᠤᠯᠬᠤ ᠵᠡᠷᠭᠡ ᠪᠦᠲᠦᠭᠡᠨ ᠪᠠᠢ᠌ᠭᠤᠯᠤᠯᠲᠠ᠎ᠳᠤ ᠣᠷᠣᠯᠴᠠᠭᠤᠯᠬᠤ ᠵᠢ ᠤᠷᠢᠳ ᠵᠶ᠋ᠠᠷ ᠲᠣᠬᠢᠷᠠᠭᠤᠯᠵᠤ᠂ ᠬᠥᠳᠡᠭᠡ ᠲᠣᠰᠬᠣᠨ᠎ᠤ ᠤᠯᠠᠨ ᠨᠡᠶ᠋ᠢᠲᠡ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠶᠠᠳᠠᠭᠤ᠎ᠠᠴᠠ ᠠᠩᠭᠢᠵᠢᠷᠠᠭᠰᠠᠨ ᠭᠠᠵᠠᠷ ᠣᠷᠣᠨ᠎ᠳᠤ ᠨᠢᠭᠡ ᠪᠦᠯᠦᠭ ᠣᠷᠣᠨ ᠪᠦᠰᠡ ᠵᠢᠨ ᠴᠢᠨᠠᠷᠲᠠᠢ ᠪᠠ ᠣᠷᠣᠨ ᠪᠦᠰᠡ ᠠᠯᠤᠰᠯᠠᠭᠰᠠᠨ ᠴᠢᠬᠤᠯᠠ ᠶᠡᠬᠡ ᠰᠠᠭᠤᠷᠢ ᠲᠥᠬᠦᠭᠡᠷᠦᠮᠵᠢ ᠵᠢᠨ ᠢᠨᠵᠧᠨᠧᠷᠢᠩ᠎ᠢ ᠭᠣᠣᠯᠳᠠᠯᠭ᠎ᠠ᠎ᠲᠠᠢ ᠪᠦᠲᠦᠭᠡᠨ ᠪᠠᠢ᠌ᠭᠤᠯᠵᠤ᠂ ᠠᠵᠢᠯ ᠣᠯᠭᠣᠬᠤ ᠠᠵᠢᠯ᠎ᠤᠨ ᠪᠠᠢ᠌ᠷᠢ ᠵᠢ ᠨᠡᠮᠡᠭᠳᠡᠭᠦᠯᠦᠨ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢ ᠬᠠᠪᠰᠤᠷᠤᠨ ᠠᠵᠢᠯ ᠣᠯᠭᠣᠨ᠎ᠠ᠃ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ᠎ᠤᠨ ᠠᠵᠢᠯᠯᠠᠭ᠎ᠠ ᠪᠠ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠶᠠᠪᠤᠴᠠ᠎ᠳᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠣᠯᠭᠣᠯᠲᠠ ᠵᠢ ᠤᠷᠢᠳᠠᠪᠠᠷ ᠲᠣᠬᠢᠷᠠᠭᠤᠯᠤᠨ᠎ᠠ  ᠃ ᠠᠵᠢᠯ ᠣᠯᠭᠣᠯᠲᠠ ᠵᠢ ᠳᠠᠢ᠌ᠴᠢᠯᠠᠬᠤ᠎ᠪᠠᠷ ᠢᠯᠡᠷᠬᠡᠢ  ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠯᠲᠡ ᠵᠢᠨ   ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠳᠤ ᠨᠡᠶ᠋ᠢᠴᠡᠬᠦ ᠲᠥᠷᠥᠯ ᠵᠦᠢ᠍ᠯ᠎ᠢ ᠤᠷᠢᠳᠠᠪᠠᠷ ᠮᠠᠭ᠋ᠠᠳᠯᠠᠨ ᠲᠣᠭᠲᠠᠭ᠋ᠠᠬᠤ ᠵᠢᠨ ᠬᠠᠮᠲᠤ  ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠠᠵᠤ ᠦᠶ᠋ᠢᠯᠡᠰᠵᠢᠯᠲᠡ ᠵᠢᠨ   ᠭᠣᠣᠯᠳᠠᠯᠭ᠎ᠠ᠎ᠲᠠᠢ ᠬᠥᠲᠥᠴᠢ ᠠᠵᠤ ᠠᠬᠤᠢ᠌ᠯᠠᠯ᠎ᠳᠤ ᠬᠠᠮᠢᠶ᠎ᠠ ᠪᠦᠬᠦᠢ ᠲᠥᠷᠥ ᠵᠢᠨ

      (  ᠭᠤᠷᠪᠠ  ) ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠠᠴᠢᠶᠠᠯᠠᠪᠤᠷᠢ ᠵᠢ ᠪᠡᠬᠢᠵᠢᠭᠦᠯᠵᠦ ᠠᠵᠢᠯ ᠣᠯᠭᠣᠯᠲᠠ ᠵᠢ ᠠᠬᠢᠭᠤᠯᠤᠨ᠎ᠠ  ᠃ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ ᠵᠡᠷᠭᠡ ᠡᠯ᠎ᠡ ᠲᠦᠷᠦᠯ᠎ᠤᠨ ᠠᠵᠢᠯ ᠣᠯᠭᠣᠯᠲᠠ ᠵᠢᠨ ᠠᠴᠢᠶᠠᠯᠠᠪᠤᠷᠢ ᠵᠢᠨ ᠵᠠᠷᠤᠳᠠᠯ᠎ᠢ ᠬᠠᠰᠤᠵᠤ ᠬᠡᠯᠲᠦᠷᠢᠭᠦᠯᠬᠦ᠂ ᠨᠢᠭᠡ ᠯᠡ ᠤᠳᠠᠭ᠎ᠠ ᠵᠢᠨ ᠴᠢᠨᠠᠷᠲᠠᠢ ᠱᠠᠩᠨᠠᠵᠤ ᠨᠥᠬᠥᠪᠦᠷᠢᠯᠡᠬᠦ ᠵᠢᠴᠢ ᠣᠷᠣᠨ ᠨᠤᠲᠤᠭ᠎ᠤᠨ ᠬᠡᠷᠡᠭᠵᠢᠭᠦᠯᠦᠭᠰᠡᠨ ᠡᠯ᠎ᠡ ᠵᠦᠢ᠍ᠯ᠎ᠤᠨ ᠬᠠᠷᠠᠭ᠋ᠠᠯᠵᠠᠯ᠎ᠤᠨ ᠲᠦᠷᠦ ᠵᠢᠨ ᠪᠣᠳᠣᠯᠭ᠎ᠠ ᠵᠢ ᠦᠷᠭᠦᠯᠵᠢᠯᠡᠭᠦᠯᠵᠦ᠂ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ᠂ ᠨᠡᠢ᠌ᠭᠡᠮ ᠲᠣᠭᠣᠷᠢᠭ᠎ᠤᠨ ᠦᠢ᠍ᠯᠡᠳᠪᠦᠷᠢ᠂ ᠳᠠᠭ᠋ᠠᠭᠤᠯᠢ ᠤᠳᠤᠨ᠎ᠤ ᠦᠢ᠍ᠯᠡᠳᠪᠦᠷᠢ ᠵᠡᠷᠭᠡ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠠᠴᠢᠶᠠᠯᠠᠪᠤᠷᠢ ᠵᠢᠨ ᠴᠢᠳᠠᠮᠵᠢ ᠵᠢ ᠪᠡᠬᠢᠵᠢᠭᠦᠯᠦᠨ ᠥᠷᠭᠡᠳᠬᠡᠵᠦ᠂ ᠠᠵᠢᠯ ᠣᠯᠭᠣᠯᠲᠠ ᠵᠢ ᠰᠢᠩᠭᠡᠬᠡᠨ ᠠᠪᠬᠤ ᠴᠢᠳᠠᠪᠤᠷᠢ ᠪᠠ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠨᠡᠮᠡᠭᠳᠡᠭᠦᠯᠵᠦ᠂ ᠲᠤᠬᠠᠢ ᠵᠢᠨ ᠭᠠᠵᠠᠷ ᠪᠠ ᠣᠢ᠌ᠷ᠎ᠠ ᠬᠠᠪᠢ ᠵᠢᠨ ᠠᠵᠢᠯ ᠣᠯᠭᠣᠯᠲᠠ ᠵᠢᠨ ᠨᠡᠩ ᠤᠯᠠᠨ ᠠᠵᠠ ᠲᠣᠬᠢᠶᠠᠯ᠎ᠢ ᠡᠭᠦᠳᠦᠨ᠎ᠡ᠃ ᠠᠵᠤ ᠠᠬᠤᠢ᠌ᠯᠠᠯ  ᠂ ᠮᠠᠯᠴᠢᠨ ᠲᠠᠷᠢᠶᠠᠴᠢᠨ᠎ᠤ ᠲᠤᠰᠬᠠᠢ ᠠᠵᠢᠯ᠎ᠤᠨ ᠬᠣᠷᠰᠢᠶ᠎ᠠ ᠪᠠ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠦᠢ᠍ᠯᠡᠳᠪᠦᠷᠢ ᠵᠢᠨ ᠲᠠᠰᠤᠭ ᠵᠡᠷᠭᠡ ᠡᠯ᠎ᠡ ᠲᠥᠷᠥᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠭᠣᠣᠯ ᠴᠣᠭᠴᠠ ᠵᠢᠨ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ (  ᠨᠢᠭᠡᠨᠲᠡ ᠠᠵᠢᠯᠴᠢᠨ ᠵᠶ᠋ᠠᠷ ᠪᠣᠯᠪᠠᠰᠤᠷᠠᠭᠤᠯᠤᠯ᠎ᠢ ᠣᠷᠣᠯᠠᠭᠤᠯᠬᠤ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠬᠦᠷᠲᠡᠵᠦ ᠥᠩᠭᠡᠷᠡᠭᠰᠡᠨ ᠬᠥᠮᠥᠰ᠎ᠠᠴᠠ ᠪᠤᠰᠤᠳ  ) ᠵᠢ ᠣᠷᠣᠭᠤᠯᠤᠨ ᠠᠪᠴᠤ ᠠᠵᠢᠯ ᠣᠯᠭᠣᠬᠤ ᠵᠢᠨ ᠬᠠᠮᠲᠤ ᠠᠵᠢᠯᠴᠢᠨ ᠵᠶ᠋ᠠᠷ ᠪᠣᠯᠪᠠᠰᠤᠷᠠᠭᠤᠯᠤᠯ᠎ᠢ ᠣᠷᠣᠯᠠᠭᠤᠯᠬᠤ ᠵᠢ ᠥᠷᠨᠢᠭᠦᠯᠦᠭᠰᠡᠨ ᠪᠠᠢ᠌ᠪᠠᠯ  ᠂ ᠣᠷᠣᠭᠤᠯᠤᠨ ᠠᠪᠤᠭᠰᠠᠨ ᠬᠥᠮᠥᠨ᠎ᠤ ᠲᠣᠭ᠎ᠠ ᠵᠢ ᠦᠨᠳᠦᠰᠦᠯᠡᠨ ᠬᠠᠮᠤᠭ ᠣᠷᠳᠣ᠎ᠳᠠᠭᠠᠨ 6 ᠰᠠᠷ᠎ᠠ ᠎ᠠᠴᠠ ᠥᠯᠥ ᠬᠡᠲᠦᠷᠡᠬᠦ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠨᠥᠬᠥᠪᠦᠷᠢ ᠣᠯᠭᠣᠵᠤ  ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠴᠠᠭ᠎ᠢ 2021 ᠣᠨ᠎ᠤ ᠡᠴᠦᠰ ᠪᠣᠯᠲᠠᠯ᠎ᠠ ᠬᠡᠷᠡᠭᠵᠢᠭᠦᠯᠦᠨ᠎ᠡ  ᠃

      (  ᠳᠥᠷᠪᠡ  ) ᠣᠯᠠᠨ ᠠᠷᠭ᠎ᠠ ᠵᠠᠮ ᠵᠶ᠋ᠠᠷ ᠠᠮᠢᠳᠤᠯᠢᠭ ᠵᠶ᠋ᠠᠷ ᠠᠵᠢᠯ ᠣᠯᠭᠣᠬᠤ ᠵᠢ ᠲᠡᠳᠬᠦᠨ ᠳᠡᠮᠵᠢᠨ᠎ᠡ  ᠃ ᠨᠥᠬᠥᠴᠡᠯ᠎ᠳᠤ ᠨᠡᠶ᠋ᠢᠴᠡᠬᠦ ᠮᠠᠯᠵᠢᠬᠤ ᠲᠠᠷᠢᠶᠠᠯᠠᠬᠤ ᠣᠷᠣᠨ᠎ᠤ ᠡᠷᠦᠬᠡ ᠠᠮᠠ ᠵᠢᠨ ᠬᠠᠷᠢᠶ᠎ᠠ᠎ᠲᠠᠢ ᠬᠥᠳᠡᠯᠮᠦᠷᠢ ᠬᠦᠴᠦᠨ᠎ᠢ ᠠᠮᠢᠳᠤᠯᠢᠭ ᠵᠶ᠋ᠠᠷ ᠠᠵᠢᠯ ᠣᠯᠭᠣᠬᠤ ᠲᠥᠷᠥ ᠵᠢᠨ ᠪᠣᠳᠣᠯᠭ᠎ᠠ ᠵᠢᠨ ᠲᠡᠳᠬᠦᠬᠦ ᠬᠡᠪᠴᠢᠶᠡᠨ᠎ᠳᠤ ᠣᠷᠣᠭᠤᠯᠵᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠲᠦᠷ ᠴᠠᠭ᠎ᠤᠨ ᠴᠢᠨᠠᠷᠲᠠᠢ  ᠂ ᠪᠦᠬᠦᠯᠢ ᠡᠳᠦᠷ᠎ᠤᠨ ᠪᠤᠰᠤ ᠳᠦᠷᠢᠮᠲᠦ  ᠂ ᠤᠯᠠᠷᠢᠯ᠎ᠤᠨ ᠴᠢᠨᠠᠷᠲᠠᠢ  ᠂ ᠬᠠᠷᠢᠮᠠᠬᠠᠢ ᠴᠢᠨᠠᠷᠲᠠᠢ ᠠᠵᠢᠯ ᠵᠡᠷᠭᠡ ᠣᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠤᠨ ᠠᠮᠢᠳᠤᠯᠢᠭ ᠵᠶ᠋ᠠᠷ ᠠᠵᠢᠯ ᠣᠯᠬᠤ ᠵᠢ ᠪᠡᠶᠡᠯᠡᠭᠦᠯᠬᠦ ᠵᠢ ᠳᠡᠮᠵᠢᠨ᠎ᠡ  ᠃ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠬᠤᠪᠢ ᠵᠢᠨ ᠡᠵᠡᠩᠨᠡᠯᠲᠡ ᠡᠷᠭᠢᠯᠡᠬᠦ  ᠂ ᠣᠨᠴᠠᠯᠢᠭᠲᠤ ᠵᠢᠵᠢᠭ ᠳᠡᠯᠭᠡᠭᠦᠷ ᠨᠡᠭᠡᠭᠡᠨ ᠡᠷᠭᠢᠯᠡᠬᠦ ᠵᠢ ᠵᠣᠷᠢᠭᠵᠢᠭᠤᠯᠵᠤ  ᠂ ᠨᠥᠬᠥᠴᠡᠯ᠎ᠳᠤ ᠨᠡᠢ᠌ᠴᠡᠭᠰᠡᠨ ᠪᠠᠢ᠌ᠪᠠᠯ ᠲᠣᠭᠲᠠᠭ᠋ᠠᠯ ᠶᠣᠰᠣᠭ᠋ᠠᠷ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ  ᠂ ᠲᠠᠯᠠᠪᠤᠷ ᠭᠠᠵᠠᠷ᠎ᠤᠨ ᠳᠡᠮᠵᠢᠯᠭᠡ  ᠂ ᠨᠡᠢ᠌ᠭᠡᠮ᠎ᠤᠨ ᠳᠠᠭ᠋ᠠᠳᠬᠠᠯ᠎ᠤᠨ ᠨᠥᠬᠥᠪᠦᠷᠢ ᠵᠡᠷᠭᠡ ᠲᠥᠷᠥ ᠵᠢᠨ ᠪᠣᠳᠣᠯᠭ᠎ᠠ ᠣᠯᠭᠣᠨ᠎ᠠ  ᠃ ᠢᠨᠲ᠋ᠧᠷ ᠰᠦᠯᠵᠢᠶᠡᠨ᠎ᠤ ᠲᠠᠪᠴᠠᠩ᠎ᠤᠨ ᠠᠵᠤ ᠠᠬᠤᠢ᠌ᠯᠠᠯ᠎ᠤᠨ ᠲᠠᠪᠴᠠᠩ᠎ᠤᠨ ᠦᠢ᠍ᠯᠡᠴᠢᠯᠡᠭᠡᠨ᠎ᠤ ᠵᠠᠷᠤᠳᠠᠯ  ᠂ ᠮᠡᠳᠡᠭᠡ ᠵᠠᠩᠭᠢ ᠵᠢᠨ ᠵᠠᠭᠤᠴᠢᠯᠠᠬᠤ ᠵᠠᠷᠤᠳᠠᠯ  ᠂ ᠬᠣᠯᠪᠣᠭ᠋ᠠᠨ᠎ᠳᠤ ᠣᠷᠣᠬᠤ ᠬᠠᠮᠢᠶᠠᠷᠤᠯᠲᠠ ᠵᠢᠨ ᠵᠠᠷᠤᠳᠠᠯ ᠵᠡᠷᠭᠡ ᠵᠠᠷᠤᠳᠠᠯ᠎ᠤᠨ ᠪᠠᠷᠢᠮᠵᠢᠶ᠎ᠠ᠎ᠪᠠᠨ ᠪᠠᠭᠤᠷᠠᠭᠤᠯᠬᠤ ᠵᠢ ᠵᠣᠷᠢᠭᠵᠢᠭᠤᠯᠵᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠰᠢᠭᠤᠳ ᠨᠡᠪᠲᠡᠷᠡᠭᠦᠯᠬᠦ  ᠂ ᠰᠦᠯᠵᠢᠶ᠎ᠡ᠎ᠪᠠᠷ ᠪᠣᠯᠵᠣᠨ ᠲᠣᠬᠢᠷᠠᠭᠤᠯᠤᠨ ᠬᠦᠷᠭᠡᠬᠦ ᠵᠡᠷᠭᠡ ᠠᠵᠢᠯ ᠣᠯᠭᠣᠯᠲᠠ ᠵᠢᠨ ᠰᠢᠨ᠎ᠡ ᠬᠡᠯᠪᠡᠷᠢ ᠪᠠᠢ᠌ᠳᠠᠯ᠎ᠢ ᠳᠡᠮᠵᠢᠵᠦ ᠣᠷᠣᠯᠭ᠎ᠠ᠎ᠪᠠᠨ ᠨᠡᠮᠡᠭᠳᠡᠭᠦᠯᠦᠨ᠎ᠡ  ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠨᠢᠭᠡ ᠪᠦᠯᠦᠭ ᠣᠨᠴᠠᠯᠢᠭᠲᠤ ᠠᠵᠤ ᠦᠢ᠍ᠯᠡᠰ᠎ᠢ ᠣᠷᠣᠭᠤᠯᠤᠨ ᠠᠪᠴᠢᠷᠠᠵᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢᠨ ᠭᠡᠷ᠎ᠲᠡᠭᠡᠨ ᠤᠯᠠᠮᠵᠢᠯᠠᠯᠲᠤ ᠭᠠᠷ ᠤᠷᠠᠯᠠᠯ ᠦᠢᠯᠡᠳᠬᠦ  ᠂ ᠮᠠᠲ᠋ᠧᠷᠢᠶᠠᠯ ᠠᠪᠴᠢᠷᠠᠨ ᠡᠳ᠋ᠰᠢᠭᠦᠯᠬᠦ ᠠᠵᠢᠯ ᠡᠷᠭᠢᠯᠡᠬᠦ ᠵᠢ ᠳᠡᠮᠵᠢᠨ᠎ᠡ  ᠃ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠡᠳᠦᠷ᠎ᠤᠨ ᠬᠦᠴᠦᠨ᠎ᠤ ᠵᠠᠬ᠎ᠠ ᠳᠡᠯᠭᠡᠭᠦᠷ ᠪᠤᠶᠤ ᠬᠥᠳᠡᠯᠮᠦᠷᠢ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠢ ᠬᠥᠭᠵᠢᠭᠦᠯᠵᠦ᠂ ᠤᠯᠤᠰ᠎ᠤᠨ ᠥᠮᠴᠢᠯᠡᠯ᠎ᠤᠨ ᠬᠥᠳᠡᠯᠮᠦᠷᠢ ᠦᠢ᠍ᠯᠡᠴᠢᠯᠡᠭᠡᠨ᠎ᠤ ᠺᠣᠮᠫᠠᠨᠢ ᠪᠠᠶ᠋ᠢᠭᠤᠯᠬᠤ ᠵᠢ ᠬᠠᠢ᠌ᠨ ᠰᠦᠪᠡᠭᠴᠢᠯᠡᠵᠦ᠂ ᠠᠵᠤ ᠠᠬᠤᠢ᠌ᠯᠠᠯ᠎ᠤᠨ ᠠᠵᠢᠯᠴᠢᠨ ᠬᠡᠷᠡᠭᠯᠡᠬᠦ ᠵᠢᠨ ᠢᠯᠡᠭᠦᠦ ᠳᠤᠲᠠᠭᠤ ᠵᠢ ᠲᠣᠬᠢᠷᠠᠭᠤᠯᠬᠤ ᠲᠠᠪᠴᠠᠩ᠎ᠢ ᠪᠠᠢ᠌ᠭᠤᠯᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠎ᠳᠤ ᠨᠡᠩ ᠤᠯᠠᠨ ᠡᠭᠦᠳᠡᠨ᠎ᠳᠤ ᠠᠵᠢᠯ ᠣᠯᠬᠤ ᠲᠣᠬᠢᠶᠠᠯ ᠬᠠᠩᠭ᠋ᠠᠨ᠎ᠠ᠃

      (  ᠲᠠᠪᠤ  ) ᠬᠥᠳᠡᠯᠮᠦᠷᠢ ᠬᠦᠴᠦᠨ᠎ᠤ ᠭᠠᠷᠭ᠋ᠠᠯᠭ᠎ᠠ ᠵᠢ ᠵᠣᠯᠭ᠋ᠠᠭᠤᠯᠬᠤ ᠡᠷᠴᠢᠮ᠎ᠢ ᠴᠢᠩᠭ᠋ᠠᠷᠠᠭᠤᠯᠤᠨ᠎ᠠ  ᠃ ᠡᠯ᠎ᠡ ᠲᠥᠷᠥᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠬᠥᠳᠡᠯᠮᠦᠷᠢ ᠦᠢ᠍ᠯᠡᠴᠢᠯᠡᠭᠡ ᠵᠢ ᠭᠠᠳᠠᠭᠰᠢ ᠭᠠᠷᠭ᠋ᠠᠬᠤ ᠠᠵᠢᠯ᠎ᠳᠤ ᠢᠳᠡᠪᠬᠢᠲᠡᠢ ᠣᠷᠤᠯᠴᠠᠬᠤ ᠵᠢ ᠵᠣᠷᠢᠭᠵᠢᠭᠤᠯᠵᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ᠎ᠳᠤ ᠬᠠᠨᠳᠤᠭᠤᠯᠤᠨ ᠵᠣᠬᠢᠶᠠᠨ ᠪᠠᠢ᠌ᠭᠤᠯᠤᠯᠲᠠ᠎ᠲᠠᠢ᠎ᠪᠠᠷ ᠭᠠᠳᠠᠭᠰᠢ ᠭᠠᠷᠭ᠋ᠠᠬᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ  ᠂ ᠬᠥᠳᠡᠯᠮᠦᠷᠢ ᠦᠢ᠍ᠯᠡᠴᠢᠯᠡᠭᠡᠨ᠎ᠤ ᠵᠠᠭᠤᠴᠢᠯᠠᠭᠴᠢ᠎ᠳᠤ ᠲᠣᠭᠲᠠᠭ᠋ᠠᠯ ᠶᠣᠰᠣᠭ᠋ᠠᠷ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠥᠪᠡᠷᠲᠡᠭᠡᠨ ᠵᠠᠰᠠᠬᠤ ᠣᠷᠣᠨ ᠠᠯᠤᠰᠯᠠᠨ ᠠᠵᠢᠯ ᠣᠯᠣᠭᠰᠠᠨ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ᠎ᠳᠤ ᠨᠢᠭᠡ ᠤᠳᠠᠭ᠎ᠠ ᠵᠢᠨ ᠴᠢᠨᠠᠷᠲᠠᠢ ᠵᠠᠮ ᠬᠠᠷᠢᠯᠴᠠᠭ᠋ᠠᠨ᠎ᠤ ᠨᠥᠬᠥᠪᠦᠷᠢ ᠣᠯᠭᠣᠨ᠎ᠠ  ; ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠭᠠᠳᠠᠭᠰᠢ ᠭᠠᠷᠴᠤ ᠠᠵᠢᠯ ᠬᠥᠳᠡᠯᠮᠦᠷᠢ ᠬᠢᠬᠦ᠎ᠳᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠠᠵᠤ ᠠᠬᠤᠢ᠌ᠯᠠᠯ ᠪᠠ ᠬᠤᠪᠢ ᠬᠥᠮᠥᠨ᠎ᠳᠤ ᠵᠠᠰᠠᠭ᠎ᠤᠨ ᠣᠷᠳᠣᠨ ᠎ᠠᠴᠠ ᠦᠢ᠍ᠯᠡᠴᠢᠯᠡᠭᠡᠨ᠎ᠤ ᠦᠷ᠎ᠡ ᠪᠦᠲᠦᠭᠡᠯ᠎ᠢ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠳᠠᠮᠵᠢᠭᠤᠯᠤᠨ  ᠂ ᠠᠵᠢᠯ ᠣᠯᠵᠤ ᠠᠳᠠᠯ ᠦᠢ᠍ᠯᠡᠰ ᠴᠣᠭᠴᠠᠯᠠᠬᠤ ᠨᠥᠬᠥᠪᠦᠷᠢ ᠣᠯᠭᠣᠨ᠎ᠠ  ; ᠭᠡᠷ ᠠᠬᠤᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ ᠭᠡᠷ ᠠᠬᠤᠢ ᠵᠢᠨ ᠦᠢ᠍ᠯᠡᠴᠢᠯᠡᠭᠡᠨ᠎ᠢ ᠵᠣᠯᠭ᠋ᠠᠭᠤᠯᠬᠤ ᠲᠠᠪᠴᠠᠩ᠎ᠳᠤ ᠲᠦᠰᠢᠭᠯᠡᠨ ᠬᠥᠳᠡᠯᠮᠦᠷᠢ ᠦᠢ᠍ᠯᠡᠴᠢᠯᠡᠭᠡ ᠵᠢ ᠭᠠᠳᠠᠭᠰᠢ ᠭᠠᠷᠭ᠋ᠠᠬᠤ ᠵᠢ ᠠᠵᠢᠯ ᠣᠯᠭᠣᠬᠤ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠨᠥᠬᠥᠪᠦᠷᠢ ᠵᠢ ᠠᠵᠢᠯ ᠣᠯᠭᠣᠬᠤ ᠨᠥᠬᠥᠪᠦᠷᠢ ᠵᠢᠨ ᠪᠡᠯᠡ ᠮᠥᠩᠭᠥ᠎ᠠᠴᠠ ᠭᠠᠷᠭ᠋ᠠᠵᠤ  ᠂ ᠵᠠᠮ ᠬᠠᠷᠢᠯᠴᠠᠭ᠋ᠠᠨ᠎ᠤ ᠨᠥᠬᠥᠪᠦᠷᠢ ᠵᠢ ᠵᠣᠯᠭ᠋ᠠᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠨᠥᠬᠥᠪᠦᠷᠢ ᠵᠢᠨ ᠪᠡᠯᠡ ᠮᠥᠩᠭᠥ᠎ᠠᠴᠠ ᠭᠠᠷᠭ᠋ᠠᠵᠤ  ᠂ ᠡᠯ᠎ᠡ ᠵᠦᠢ᠍ᠯ᠎ᠤᠨ ᠨᠥᠬᠥᠪᠦᠷᠢ ᠵᠢᠨ ᠪᠠᠷᠢᠮᠵᠢᠶ᠎ᠠ ᠵᠢ ᠠᠢ᠌ᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠪᠠ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ  ᠃

      (  ᠵᠢᠷᠭᠤᠭ᠎ᠠ  ) ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠨᠠᠷᠢᠯᠢᠭ ᠣᠨᠣᠴᠠᠲᠠᠢ᠎ᠪᠠᠷ ᠵᠣᠯᠭ᠋ᠠᠭᠤᠯᠬᠤ ᠵᠢ ᠴᠢᠩᠭ᠋ᠠᠷᠠᠭᠤᠯᠤᠨ᠎ᠠ  ᠃ ᠡᠷᠬᠢᠨ ᠲᠣᠭᠣᠷᠢᠨ᠎ᠤ ᠮᠤᠵᠢ ᠬᠣᠲᠠ ᠣᠷᠣᠨ  ᠂ ᠠᠢ᠌ᠮᠠᠭ ᠬᠣᠲᠠ ᠵᠢᠨ ᠬᠣᠭᠣᠷᠣᠨᠳᠣᠬᠢ  ᠂ ᠬᠣᠰᠢᠭᠤ ᠰᠢᠶᠠᠨ᠎ᠤ ᠬᠣᠭᠣᠷᠣᠨᠳᠣᠬᠢ ᠬᠥᠳᠡᠯᠮᠦᠷᠢ ᠦᠢ᠍ᠯᠡᠴᠢᠯᠡᠭᠡ ᠵᠢ ᠵᠣᠯᠭ᠋ᠠᠭᠤᠯᠬᠤ ᠵᠢ ᠴᠢᠩᠭ᠋ᠠᠳᠬᠠᠵᠤ  ᠂ ᠣᠷᠣᠨ ᠪᠦᠰᠡ ᠠᠯᠤᠰᠯᠠᠭᠰᠠᠨ  ᠂ ᠪᠠᠢ᠌ᠩᠭᠤᠵᠢᠭᠰᠠᠨ ᠠᠵᠢᠯ᠎ᠤᠨ ᠪᠠᠢ᠌ᠷᠢ ᠵᠢᠨ ᠮᠡᠳᠡᠭᠡ ᠵᠠᠩᠭᠢ ᠵᠢ ᠬᠠᠮᠲᠤᠪᠠᠷ ᠭᠥᠷᠳᠡᠬᠦ ᠪᠠ ᠨᠡᠢ᠌ᠲᠡᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ  ᠂ ᠣᠷᠣᠭᠤᠯᠵᠤ ᠭᠠᠷᠭ᠋ᠠᠬᠤ ᠭᠠᠵᠠᠷ ᠣᠷᠣᠨ᠎ᠨᠢ ᠲᠣᠰ ᠭᠠᠵᠠᠷ ᠣᠷᠣᠨ᠎ᠤ ᠠᠵᠢᠯ ᠣᠯᠭᠣᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠨᠠᠷᠢᠨ ᠬᠠᠭᠤᠳᠠᠰᠤ ᠪᠠ ᠠᠵᠢᠯ᠎ᠤᠨ ᠪᠠᠢ᠌ᠷᠢ ᠵᠢᠨ ᠬᠠᠩᠭ᠋ᠠᠯᠭ᠎ᠠ ᠵᠢᠨ ᠨᠠᠷᠢᠨ ᠬᠠᠭᠤᠳᠠᠰᠤ ᠵᠢ ᠲᠣᠰ ᠲᠣᠰ ᠪᠣᠶ ᠪᠣᠯᠭ᠋ᠠᠵᠤ  ᠂ ᠬᠥᠮᠥᠨ ᠪᠠ ᠠᠵᠢᠯ᠎ᠤᠨ ᠪᠠᠢ᠌ᠷᠢ ᠵᠢᠨ ᠨᠠᠷᠢᠯᠢᠭ ᠣᠨᠣᠴᠠᠲᠠᠢ᠎ᠪᠠᠷ ᠲᠣᠬᠢᠷᠠᠭᠤᠯᠬᠤ ᠵᠢ ᠪᠡᠶᠡᠯᠡᠭᠦᠯᠬᠦ ᠬᠡᠷᠡᠭᠲᠡᠢ  ᠃ ᠪᠡᠭᠡᠵᠢᠩ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠪᠠᠢ᠌ᠩᠭᠤᠵᠢᠭᠤᠯᠤᠨ ᠬᠠᠷᠢᠯᠴᠠᠨ ᠰᠤᠷᠪᠤᠯᠵᠢᠯᠠᠵᠤ ᠰᠣᠯᠢᠯᠴᠠᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠬᠦ ᠲᠣᠭᠲᠠᠴᠠ ᠵᠢ ᠪᠦᠷᠢᠨᠰᠢᠭᠦᠯᠵᠦ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢ ᠲᠤᠰᠬᠠᠢ ᠲᠠᠯᠠᠪᠤᠷ᠎ᠲᠤ ᠤᠷᠢᠬᠤ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ  ᠂ ᠭᠡᠷ ᠠᠬᠤᠢ ᠵᠢᠨ ᠦᠢ᠍ᠯᠡᠴᠢᠯᠡᠭᠡᠨ᠎ᠤ ᠪᠣᠯᠪᠠᠰᠤᠷᠠᠭᠤᠯᠤᠯ᠎ᠢ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠢ ᠢᠳᠡᠪᠬᠢᠲᠡᠢ ᠪᠣᠢ᠌ᠵᠢᠭᠤᠯᠤᠨ  ᠂ ᠪᠡᠭᠡᠵᠢᠩ ᠥᠪᠥᠷ ᠮᠣᠩᠭᠣᠯ᠎ᠤᠨ ᠭᠡᠷ ᠠᠬᠤᠢ ᠵᠢᠨ ᠦᠢ᠍ᠯᠡᠴᠢᠯᠡᠭᠡᠨ᠎ᠤ ᠪᠦᠲᠦᠮᠵᠢᠲᠡᠶ ᠵᠣᠯᠭ᠋ᠠᠭᠤᠯᠬᠤ ᠵᠢ ᠠᠬᠢᠭᠤᠯᠤᠨ᠎ᠠ  ᠃ ᠪᠡᠭᠡᠵᠢᠩ ᠥᠪᠥᠷ ᠮᠣᠩᠭᠣᠯ ᠬᠣᠶᠠᠷ ᠲᠠᠯ᠎ᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠮᠠᠭ᠋ᠠᠳᠯᠠᠨ ᠲᠣᠭᠲᠠᠭ᠋ᠠᠭᠰᠠᠨ ᠭᠡᠷ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠣᠯᠪᠠᠰᠤᠷᠠᠭᠤᠯᠤᠯ᠎ᠢ ᠭᠠᠳᠠᠭᠰᠢ ᠭᠠᠷᠭ᠋ᠠᠬᠤ ᠰᠠᠭᠤᠷᠢᠨ ᠭᠠᠵᠠᠷ᠎ᠢ ᠠᠳᠠᠯ ᠦᠢ᠍ᠯᠡᠰ ᠴᠣᠭᠴᠠᠯᠠᠵᠤ ᠠᠵᠢᠯ ᠣᠯᠭᠣᠬᠤ 《  ᠱᠠᠩᠨᠠᠬᠤ᠎ᠪᠠᠷ ᠨᠥᠬᠥᠪᠦᠷᠢ ᠵᠢ ᠣᠷᠣᠯᠠᠭᠤᠯᠬᠤ  》 ᠲᠥᠷᠥᠯ ᠵᠦᠢ᠍ᠯ᠎ᠳᠤ ᠣᠷᠣᠭᠤᠯᠵᠤ ᠲᠣᠭᠲᠠᠭ᠋ᠠᠯ ᠶᠣᠰᠣᠭ᠋ᠠᠷ ᠳᠡᠮᠵᠢᠯᠭᠡ ᠦᠵᠡᠭᠦᠯᠦᠨ᠎ᠡ  ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ   ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ  ᠂ ᠣᠨᠳᠣᠣ ᠭᠠᠵᠠᠷ ᠨᠡᠭᠦᠯᠭᠡᠨ ᠶᠠᠳᠠᠭᠤ ᠵᠢ ᠲᠡᠳᠬᠦᠵᠦ ᠲᠥᠪᠬᠢᠨᠡᠭᠦᠯᠬᠦ ᠣᠷᠣᠨ᠎ᠢ ᠭᠣᠣᠯᠳᠠᠯᠭ᠎ᠠ᠎ᠲᠠᠢ ᠳᠡᠮᠵᠢᠬᠦ ᠭᠠᠵᠠᠷ ᠣᠷᠣᠨ ᠪᠣᠯᠭ᠋ᠠᠵᠤ  ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠨ ᠪᠦᠲᠦᠭᠡᠨ ᠪᠠᠶ᠋ᠢᠭᠤᠯᠬᠤ ᠲᠥᠷᠥᠯ ᠵᠦᠢ᠍ᠯ᠎ᠤᠨ ᠭᠣᠣᠯᠳᠠᠯᠭ᠎ᠠ᠎ᠲᠠᠢ ᠭᠠᠵᠠᠷ ᠣᠷᠣᠨ᠎ᠳᠤ ᠡᠷᠦᠬᠡ ᠠᠮᠠ ᠣᠷᠣᠬᠤ ᠵᠢ ᠤᠷᠢᠳᠠᠪᠠᠷ ᠲᠠᠨᠢᠯᠴᠠᠭᠤᠯᠬᠤ ᠵᠢᠨ ᠬᠠᠮᠲᠤ ᠶᠠᠳᠠᠭᠤ ᠵᠢ ᠲᠡᠳᠬᠦᠬᠦ ᠬᠠᠮᠵᠢᠯᠴᠠᠭ᠋ᠠᠨ᠎ᠤ ᠪᠡᠯᠡ ᠮᠥᠩᠭᠥ ᠵᠢᠨ ᠳᠡᠮᠵᠢᠯᠭᠡ ᠣᠯᠭᠣᠨ᠎ᠠ  ᠃ ᠨᠥᠬᠥᠴᠡᠯ᠎ᠲᠠᠢ ᠭᠠᠵᠠᠷ ᠣᠷᠣᠨ᠎ᠨᠢ ᠶᠠᠳᠠᠭᠤ ᠎ᠠᠴᠠ ᠠᠩᠭᠢᠵᠢᠷᠠᠭᠤᠯᠤᠭᠰᠠᠨ ᠬᠥᠮᠥᠨ ᠠᠮᠠ ᠵᠢᠨ ᠠᠵᠢᠯ ᠣᠯᠭᠣᠯᠲᠠ ᠵᠢᠨ ᠲᠣᠭ᠎ᠠ ᠬᠡᠮᠵᠢᠶ᠎ᠡ᠎ᠪᠠᠷ ᠣᠯᠠᠨ  ᠂ ᠦᠷ᠎ᠡ ᠪᠦᠲᠦᠮᠵᠢ᠎ᠪᠠᠷ ᠰᠠᠢ᠌ᠨ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠰᠠᠭᠤᠷᠢᠨ ᠭᠠᠵᠠᠷ᠎ᠲᠤ ᠲᠣᠭᠲᠠᠭ᠋ᠠᠯ ᠶᠣᠰᠣᠭ᠋ᠠᠷ ᠨᠢᠭᠡ ᠤᠳᠠᠭ᠎ᠠ ᠵᠢᠨ ᠴᠢᠨᠠᠷᠲᠠᠢ ᠱᠠᠩᠨᠠᠯ ᠨᠥᠬᠥᠪᠦᠷᠢ ᠣᠯᠭᠣᠵᠤ ᠪᠣᠯᠣᠨ᠎ᠠ  ᠃ ᠡᠯ᠎ᠡ ᠵᠦᠢ᠍ᠯ᠎ᠤᠨ ᠨᠥᠬᠥᠪᠦᠷᠢ ᠵᠢᠨ ᠪᠠᠷᠢᠮᠵᠢᠶ᠎ᠠ ᠵᠢ ᠠᠢ᠌ᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠪᠠ ᠡᠳ᠋᠎ᠤᠨ ᠵᠠᠰᠠᠭ᠎ᠤᠨ ᠰᠠᠯᠠᠭ᠎ᠠ ᠲᠣᠭᠲᠠᠭ᠋ᠠᠨ᠎ᠠ᠃

      (  ᠳᠣᠯᠣᠭ᠎ᠠ  ) ᠨᠤᠲᠤᠭ᠎ᠲᠠᠭᠠᠨ ᠪᠤᠴᠠᠵᠤ ᠬᠥᠳᠡᠭᠡ ᠲᠣᠰᠬᠣᠨ᠎ᠳᠤ ᠦᠯᠡᠳᠡᠵᠦ ᠠᠳᠠᠯ ᠦᠢ᠍ᠯᠡᠰ ᠴᠣᠭᠴᠠᠯᠠᠨ ᠠᠵᠢᠯ ᠣᠯᠬᠤ ᠵᠢ ᠲᠡᠳᠬᠦᠨ ᠳᠡᠮᠵᠢᠨ᠎ᠡ  ᠃ ᠨᠤᠲᠤᠭ᠎ᠲᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ  ᠂ ᠬᠥᠳᠡᠭᠡ ᠲᠣᠰᠬᠣᠨ᠎ᠳᠤ ᠦᠯᠡᠳᠡᠵᠦ ᠪᠠᠢ᠌ᠭ᠎ᠠ ᠬᠥᠮᠥᠰ ᠵᠡᠷᠭᠡ ᠠᠳᠠᠯ ᠦᠢ᠍ᠯᠡᠰ ᠴᠣᠭᠴᠠᠯᠠᠭᠰᠠᠳ᠎ᠤᠨ ᠲᠠᠷᠢᠶᠠᠯᠠᠩ ᠮᠠᠯ ᠠᠵᠤ ᠠᠬᠤᠢ ᠵᠢᠨ ᠪᠦᠲᠦᠭᠡᠭᠳᠡᠬᠦᠨ᠎ᠢ ᠡᠳ᠋ᠰᠢᠭᠦᠯᠬᠦ ᠪᠣᠳᠠᠲᠤ ᠴᠣᠭᠴᠠ  ᠂ ᠮᠠᠯᠴᠢᠨ ᠲᠠᠷᠢᠶᠠᠴᠢᠳ᠎ᠤᠨ ᠬᠣᠷᠰᠢᠶ᠎ᠠ  ᠂ ᠭᠡᠷ ᠪᠦᠯᠢ ᠵᠢᠨ ᠲᠠᠷᠢᠶᠠᠯᠠᠩ ᠮᠠᠯᠵᠢᠯ᠎ᠤᠨ ᠲᠠᠯᠠᠪᠠᠶ  ᠂ ᠪᠦᠲᠦᠭᠡᠯᠴᠢ ᠲᠠᠷᠢᠶᠠᠯᠠᠩ ᠮᠠᠯ ᠠᠵᠤ ᠠᠬᠤᠢ ᠵᠡᠷᠭᠡ ᠰᠢᠨ᠎ᠡ ᠬᠡᠯᠪᠡᠷᠢ ᠵᠢᠨ ᠲᠠᠷᠢᠶᠠᠯᠠᠩ ᠮᠠᠯ ᠠᠵᠤ ᠠᠬᠤᠢ ᠵᠢᠨ ᠡᠵᠡᠩᠨᠡᠯᠲᠡ ᠵᠢᠨ ᠭᠣᠣᠯ ᠴᠣᠭᠴᠠ ᠵᠢ ᠡᠭᠦᠳᠦᠨ ᠪᠠᠶ᠋ᠢᠭᠤᠯᠬᠤ ᠵᠢ ᠵᠣᠷᠢᠭᠵᠢᠭᠤᠯᠤᠨ ᠬᠥᠲᠥᠯᠥᠨ ᠵᠢᠯᠤᠭᠣᠳᠴᠤ  ᠂ ᠨᠠᠩ ᠣᠯᠠᠨ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠠᠵᠢᠯ ᠣᠯᠬᠤ ᠵᠢ ᠳᠠᠢ᠌ᠴᠢᠯᠠᠬᠤ ᠬᠡᠷᠡᠭᠲᠡᠢ  ; ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠪᠡᠶ᠎ᠡ᠎ᠪᠠᠨ ᠳᠠᠭ᠋ᠠᠭ᠋ᠠᠵᠤ ᠠᠳᠠᠯ ᠦᠢ᠍ᠯᠡᠰ ᠴᠣᠭᠴᠠᠯᠠᠬᠤ ᠵᠢ ᠳᠡᠭᠡᠷ᠎ᠡ ᠳᠤᠷᠠᠳᠤᠭᠰᠠᠨ ᠬᠥᠮᠥᠰ ᠪᠡᠶ᠎ᠡ᠎ᠪᠠᠨ ᠳᠠᠭ᠋ᠠᠭ᠋ᠠᠵᠤ ᠠᠳᠠᠯ ᠦᠢ᠍ᠯᠡᠰ ᠴᠣᠭᠴᠠᠯᠠᠭᠰᠠᠨ ᠪᠠᠢ᠌ᠪᠠᠯ  ᠂ ᠭᠠᠢ᠌ᠯᠢ ᠰᠦᠢ᠍ᠳᠬᠡᠯ᠎ᠢ ᠬᠠᠰᠤᠵᠤ ᠬᠡᠯᠲᠦᠷᠢᠭᠦᠯᠬᠦ  ᠂ ᠠᠳᠠᠯ ᠦᠢ᠍ᠯᠡᠰ ᠴᠣᠭᠴᠠᠯᠠᠬᠤ᠎ᠳᠤ ᠬᠡᠷᠡᠭᠯᠡᠬᠦ ᠭᠠᠵᠠᠷ  ᠂ ᠪᠡᠯᠡ ᠲᠣᠬᠢᠷᠠᠭᠤᠯᠭ᠎ᠠ ᠵᠢᠨ ᠦᠢ᠍ᠯᠡᠴᠢᠯᠡᠭᠡ  ᠂ ᠴᠢᠳᠠᠪᠤᠷᠢᠲᠠᠨ᠎ᠤ ᠳᠡᠮᠵᠢᠯᠭᠡ  ᠂ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡ ᠵᠡᠷᠭᠡ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠰᠠᠢ᠌ᠲᠤᠷ ᠨᠠᠢ᠌ᠳᠠᠪᠤᠷᠢᠵᠢᠭᠤᠯᠤᠨ᠎ᠠ  ᠃ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠢ᠌ᠯᠠᠯ᠎ᠢ ᠡᠭᠦᠳᠦᠨ ᠪᠠᠢ᠌ᠭᠤᠯᠤᠭᠰᠠᠨ ᠪᠤᠶᠤ ᠬᠤᠪᠢ ᠵᠢᠨ ᠡᠵᠡᠩᠨᠡᠯᠲᠡ ᠵᠢ ᠡᠷᠭᠢᠯᠡᠭᠰᠡᠨ ᠮᠥᠷᠲᠡᠭᠡᠨ ᠡᠭᠦᠳᠦᠨ ᠪᠠᠢ᠌ᠭᠤᠯᠤᠭᠰᠠᠨ ᠠᠵᠤ ᠠᠬᠤᠢ᠌ᠯᠠᠯ ᠪᠤᠶᠤ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠪᠦᠷᠢᠳᠬᠡᠨ ᠳᠠᠩᠰᠠᠯᠠᠭᠤᠯᠤᠭᠰᠠᠨ ᠡᠳᠦᠷ᠎ᠠᠴᠠ ᠡᠬᠢᠯᠡᠨ 1 ᠵᠢᠯ᠎ᠠᠴᠠ ᠳᠡᠭᠡᠭᠰᠢ ᠬᠡᠪ᠎ᠤᠨ ᠡᠵᠡᠩᠨᠡᠯᠲᠡ᠎ᠲᠠᠢ ᠶᠠᠳᠠᠭᠤ ᠎ᠠᠴᠠ ᠠᠩᠭᠢᠵᠢᠷᠠᠭᠤᠯᠤᠭᠰᠠᠨ ᠬᠥᠳᠡᠯᠮᠦᠷᠢ ᠬᠦᠴᠦᠨ᠎ᠳᠤ ᠨᠢᠭᠡ ᠤᠳᠠᠭ᠎ᠠ ᠵᠢᠨ ᠴᠢᠨᠠᠷᠲᠠᠢ ᠠᠳᠠᠯ ᠦᠢ᠍ᠯᠡᠰ ᠴᠣᠭᠴᠠᠯᠠᠬᠤ ᠨᠥᠬᠥᠪᠦᠷᠢ ᠣᠯᠭᠣᠨ᠎ᠠ  ᠃ ᠨᠥᠬᠥᠪᠦᠷᠢ ᠵᠢᠨ ᠪᠠᠷᠢᠮᠵᠢᠶ᠎ᠠ ᠵᠢ ᠠᠢ᠌ᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠪᠠ ᠡᠳ᠋᠎ᠤᠨ ᠵᠠᠰᠠᠭ᠎ᠤᠨ ᠰᠠᠯᠠᠭ᠎ᠠ ᠲᠣᠭᠲᠠᠭ᠋ᠠᠨ᠎ᠠ᠃

      (  ᠨᠠᠢ᠍ᠮᠠ  ) ᠬᠥᠳᠡᠭᠡ ᠲᠣᠰᠬᠣᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠵᠢ ᠰᠢᠨᠵᠢᠯᠡᠬᠦ ᠤᠬᠠᠭ᠋ᠠᠨᠴᠢ᠎ᠪᠠᠷ ᠡᠮᠬᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠡᠷᠭᠡ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠎ᠲᠠᠢ ᠤᠶᠠᠯᠳᠤᠭᠤᠯᠵᠤ᠂ ᠬᠥᠳᠡᠭᠡ ᠲᠣᠰᠬᠣᠨ᠎ᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠷᠦᠯ᠎ᠤᠨ ᠠᠵᠢᠯ᠎ᠤᠨ ᠪᠠᠢ᠌ᠷᠢ ᠵᠢ ᠨᠡᠭᠡᠭᠡᠨ ᠬᠥᠭᠵᠢᠭᠦᠯᠵᠦ᠂ ᠠᠵᠢᠯ᠎ᠤᠨ ᠪᠠᠢ᠌ᠷᠢ ᠵᠢᠨ ᠨᠥᠬᠥᠴᠡᠯ᠎ᠳᠤ ᠨᠡᠶ᠋ᠢᠴᠡᠬᠦ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠢᠯᠠᠩᠭᠤᠶ᠎ᠠ ᠲᠡᠭᠦᠨ᠎ᠤ ᠳᠣᠲᠣᠷᠠᠬᠢ ᠪᠠᠭᠤᠷᠠᠢ ᠬᠥᠳᠡᠯᠮᠦᠷᠢ ᠵᠢᠨ ᠬᠦᠴᠦᠨ᠂ ᠬᠠᠭ᠋ᠠᠰ ᠬᠥᠳᠡᠯᠮᠦᠷᠢ ᠵᠢᠨ ᠬᠦᠴᠦᠨ᠎ᠢ ᠤᠷᠢᠳᠠᠪᠠᠷ ᠲᠥᠪᠬᠢᠨᠡᠭᠦᠯᠵᠦ᠂ ᠲᠤᠬᠠᠢ ᠵᠢᠨ ᠭᠠᠵᠠᠷ᠎ᠤᠨ ᠪᠣᠳᠠᠲᠠᠢ ᠪᠠᠢ᠌ᠳᠠᠯ᠎ᠳᠤ ᠨᠡᠶ᠋ᠢᠴᠡᠬᠦ ᠠᠵᠢᠯ᠎ᠤᠨ ᠪᠠᠢ᠌ᠷᠢ ᠵᠢᠨ ᠤᠷᠢᠨ ᠲᠣᠮᠢᠯᠠᠬᠤ ᠲᠡᠰ ᠳᠠᠷᠠᠭ᠋ᠠᠯᠠᠯ᠎ᠢ ᠲᠣᠳᠣᠷᠬᠠᠢ᠌ᠯᠠᠵᠤ᠂ ᠳ᠋ᠦᠢ᠍ᠰᠢᠶᠠᠩ᠎ᠤᠨ ᠨᠥᠬᠥᠴᠡᠯ᠎ᠢ ᠬᠥᠳᠡᠯᠦᠩᠭᠦᠢ᠎ᠪᠠᠷ ᠲᠣᠬᠢᠷᠠᠭᠤᠯᠤᠨ᠎ᠠ᠃ 《  ᠬᠡᠷᠡᠭᠴᠡᠭᠡ ᠶᠣᠰᠣᠭ᠋ᠠᠷ ᠠᠵᠢᠯ᠎ᠤᠨ ᠪᠠᠢ᠌ᠷᠢ ᠲᠣᠬᠢᠷᠠᠭᠤᠯᠬᠤ  ᠂ ᠠᠵᠢᠯ᠎ᠤᠨ ᠪᠠᠢ᠌ᠷᠢ᠎ᠪᠠᠷ ᠤᠷᠢᠨ ᠲᠣᠮᠢᠯᠠᠬᠤ  ᠂ ᠠᠵᠢᠯ᠎ᠤᠨ ᠪᠠᠢ᠌ᠷᠢ᠎ᠳᠤ ᠭᠠᠷᠭ᠋ᠠᠨ ᠨᠥᠬᠥᠪᠦᠷᠢᠯᠡᠬᠦ  ᠂ ᠡᠮᠬᠢ ᠵᠢᠷᠤᠮ᠎ᠲᠠᠢ᠎ᠪᠠᠷ ᠠᠵᠢᠯ᠎ᠤᠨ ᠪᠠᠢ᠌ᠷᠢ ᠎ᠠᠴᠠ ᠭᠠᠷᠭ᠋ᠠᠬᠤ  》 ᠬᠠᠮᠢᠶᠠᠷᠤᠯᠲᠠ ᠵᠢᠨ ᠲᠣᠭᠲᠠᠴᠠ ᠶᠣᠰᠣᠭ᠋ᠠᠷ  ᠂ ᠬᠥᠳᠡᠭᠡ ᠲᠣᠰᠬᠣᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠵᠢᠨ ᠨᠡᠭᠡᠭᠡᠨ ᠬᠥᠭᠵᠢᠭᠦᠯᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ  ᠂ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠵᠢᠨ ᠨᠡᠭᠡᠭᠡᠨ ᠬᠥᠭᠵᠢᠭᠦᠯᠬᠦ ᠬᠡᠪᠴᠢᠶ᠎ᠡ ᠵᠢ ᠵᠣᠬᠢᠰᠲᠠᠢ ᠲᠣᠭᠲᠠᠭ᠋ᠠᠵᠤ  ᠂ ᠠᠰᠠᠷᠠᠮᠵᠢ ᠵᠢᠨ ᠬᠠᠨᠳᠤᠰᠢ ᠎ᠠᠴᠠ ᠵᠠᠢ᠌ᠯᠠᠰᠬᠢᠬᠦ ᠬᠡᠷᠡᠭᠲᠡᠢ  ᠃ ᠬᠥᠳᠡᠯᠮᠦᠷᠢᠯᠡᠬᠦ ᠴᠠᠭ᠂ ᠬᠥᠳᠡᠯᠮᠦᠷᠢ ᠵᠢᠨ ᠡᠷᠴᠢᠮ ᠵᠡᠷᠭᠡ ᠬᠦᠴᠦᠨ ᠵᠦᠢ᠍ᠯ᠎ᠢ ᠦᠨᠳᠦᠰᠦᠯᠡᠨ ᠠᠵᠢᠯ᠎ᠤᠨ ᠪᠠᠢ᠌ᠷᠢ ᠵᠢᠨ ᠨᠥᠬᠥᠪᠦᠷᠢ ᠵᠢᠨ ᠪᠠᠷᠢᠮᠵᠢᠶ᠎ᠠ ᠵᠢ ᠲᠣᠭᠲᠠᠭ᠋ᠠᠵᠤ᠂ ᠵᠠᠷᠴᠢᠮ ᠳᠡᠭᠡᠷ᠎ᠡ᠎ᠪᠠᠨ ᠲᠤᠬᠠᠢ ᠵᠢᠨ ᠭᠠᠵᠠᠷ᠎ᠤᠨ ᠬᠤᠳᠠ ᠪᠠᠯᠭ᠋ᠠᠰᠤᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠵᠢᠨ ᠨᠥᠬᠥᠪᠦᠷᠢ ᠵᠢᠨ ᠬᠢᠷᠢ ᠬᠡᠮᠵᠢᠶ᠎ᠡ᠎ᠠᠴᠠ ᠥᠨᠳᠥᠷ ᠪᠠᠢ᠌ᠯᠭ᠋ᠠᠵᠤ ᠪᠣᠯᠬᠤ ᠦᠭᠡᠢ᠃ ᠪᠤᠰᠤᠳ ᠬᠥᠳᠡᠭᠡ ᠲᠣᠰᠬᠣᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠵᠢᠨ ᠨᠡᠭᠡᠭᠡᠨ ᠬᠥᠭᠵᠢᠭᠦᠯᠦᠯᠲᠡ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠯᠦᠭᠡ ᠵᠢᠨ ᠬᠥᠨᠳᠡᠯᠡᠨ᠎ᠤ ᠵᠣᠬᠢᠴᠠᠭᠤᠯᠭ᠎ᠠ ᠵᠢ ᠴᠢᠩᠭ᠋ᠠᠳᠬᠠᠵᠤ  ᠂ ᠠᠳᠠᠯᠢ ᠨᠢᠭᠡᠨ ᠣᠷᠣᠨ ᠪᠦᠰᠡ ᠵᠢᠨ ᠳᠣᠲᠣᠷᠠᠬᠢ ᠠᠳᠠᠯᠢᠪᠲᠤᠷ ᠠᠵᠢᠯ᠎ᠤᠨ ᠪᠠᠢ᠌ᠷᠢ ᠵᠢᠨ ᠬᠣᠭᠣᠷᠣᠨᠳᠤ ᠤᠷᠢᠨ ᠲᠣᠮᠢᠯᠠᠬᠤ ᠪᠠᠷᠢᠮᠵᠢᠶ᠎ᠠ  ᠂ ᠣᠯᠭᠣᠮᠵᠢ ᠪᠠᠲᠤᠯᠠᠭ᠎ᠠ ᠵᠢᠨ ᠬᠢᠷᠢ ᠬᠡᠮᠵᠢᠶ᠎ᠡ ᠵᠡᠷᠭᠡ ᠵᠢ ᠦᠨᠳᠦᠰᠦᠨ᠎ᠳᠡᠭᠡᠨ ᠨᠢᠭᠡᠳᠦᠯᠲᠡᠢ ᠪᠠᠢ᠌ᠯᠭ᠋ᠠᠬᠤ ᠵᠢ ᠪᠠᠲᠤᠯᠠᠨ᠎ᠠ  ᠃ ᠬᠥᠳᠡᠭᠡ ᠲᠣᠰᠬᠣᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠵᠢᠨ ᠲᠥᠪᠬᠢᠨᠡᠭᠦᠯᠬᠦ ᠬᠥᠮᠥᠰ᠎ᠲᠤ ᠰᠠᠨᠠᠭ᠋ᠠᠨ᠎ᠳᠤ ᠦᠭᠡᠢ ᠰᠢᠷᠬᠠᠲᠤᠯ᠎ᠤᠨ ᠬᠤᠳᠠᠯᠳᠤᠭ᠋ᠠᠨ᠎ᠤ ᠳᠠᠭ᠋ᠠᠳᠬᠠᠯ᠎ᠢ ᠬᠤᠳᠠᠯᠳᠤᠨ ᠠᠪᠴᠤ  ᠂ ᠬᠠᠤᠯᠢ ᠶᠣᠰᠣᠭ᠋ᠠᠷ ᠬᠥᠳᠡᠯᠮᠦᠷᠢ ᠵᠢᠨ ᠭᠡᠷ᠎ᠡ ᠪᠤᠶᠤ ᠬᠥᠳᠡᠯᠮᠦᠷᠢ ᠦᠢ᠍ᠯᠡᠴᠢᠯᠡᠭᠡᠨ᠎ᠤ ᠬᠡᠯᠡᠯᠴᠡᠭᠡᠷ ᠲᠣᠭᠲᠠᠵᠤ  ᠂ ᠤᠳᠠᠭ᠎ᠠ ᠪᠦᠷᠢ ᠵᠢᠨ ᠭᠠᠷ᠎ᠤᠨ ᠥᠰᠥᠭ ᠵᠢᠷᠤᠬᠤ ᠬᠤᠭᠤᠴᠠᠭ᠎ᠠ ᠵᠢ 1 ᠵᠢᠯ᠎ᠠᠴᠠ ᠬᠡᠲᠦᠷᠡᠭᠦᠯᠵᠦ ᠪᠣᠯᠬᠤ ᠦᠭᠡᠢ  ᠃ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ  ᠂ ᠠᠵᠢᠯ᠎ᠤᠨ ᠪᠠᠢ᠌ᠷᠢ ᠵᠢᠨ ᠠᠵᠢᠯ᠎ᠢ ᠡᠭᠦᠷᠭᠡᠯᠡᠵᠦ ᠳᠡᠶ᠋ᠢᠯᠬᠦ ᠴᠢᠳᠠᠪᠤᠷᠢ᠎ᠲᠠᠢ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢ ᠲᠠᠰ ᠳᠠᠷᠠᠭ᠋ᠠᠯᠠᠯ ᠶᠣᠰᠣᠭ᠋ᠠᠷ ᠦᠷᠭᠦᠯᠵᠢᠯᠡᠨ ᠤᠷᠢᠨ ᠲᠣᠮᠢᠯᠠᠵᠤ ᠪᠣᠯᠣᠨ᠎ᠠ  ᠂ ᠪᠣᠳᠠᠲᠠᠢ᠎ᠪᠠᠷ ᠪᠠᠢ᠌ᠭ᠎ᠠ ᠰᠤᠮᠤ ᠰᠢᠶᠠᠩ ᠪᠠᠯᠭ᠋ᠠᠰᠤ ᠪᠣᠯᠣᠨ ᠭᠠᠴᠠᠭ᠎ᠠ ᠲᠣᠰᠬᠣᠨ᠎ᠤ 《  ᠬᠣᠶᠠᠷ ᠵᠥᠪᠯᠡᠯ  》᠎ᠠᠴᠠ ᠬᠠᠷᠢᠭᠤᠴᠠᠨ ᠲᠣᠭᠲᠠᠭ᠋ᠠᠨ᠎ᠠ  ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠰᠢᠶᠠᠨ᠎ᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠬᠡᠷᠡᠭᠴᠡᠭᠡ ᠵᠢ ᠦᠨᠳᠦᠰᠦᠯᠡᠨ᠂ ᠬᠥᠳᠡᠭᠡ ᠲᠣᠰᠬᠣᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠵᠢ ᠨᠡᠭᠡᠭᠡᠨ ᠬᠥᠭᠵᠢᠭᠦᠯᠬᠦ ᠬᠡᠪᠴᠢᠶ᠎ᠡ ᠵᠢ ᠵᠣᠬᠢᠰᠲᠠᠢ ᠥᠷᠭᠡᠳᠬᠡᠬᠦ ᠵᠢ ᠳᠡᠮᠵᠢᠨ᠎ᠡ᠃

      (  ᠶᠢᠰᠦ  ) ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ ᠠᠵᠢᠯ ᠣᠯᠭᠣᠯᠲᠠ ᠵᠢᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠦᠨ᠎ᠡ  ᠃ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢ ᠨᠠᠰᠤᠨ ᠲᠤᠷᠰᠢᠲᠠ ᠵᠢᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠰᠢᠰᠲ᠋ᠧᠮᠵᠢ᠎ᠳᠤ ᠣᠷᠣᠭᠤᠯᠵᠤ  ᠂ ᠣᠷᠣᠨ ᠪᠦᠰᠡ᠎ᠳᠤ ᠬᠢᠵᠠᠭ᠋ᠠᠷᠯᠠᠭᠳᠠᠬᠤ ᠦᠭᠡᠢ  ᠂ ᠠᠵᠢᠯ ᠣᠯᠣᠭᠰᠠᠨ ᠭᠠᠵᠠᠷ᠎ᠲᠠᠭᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠪᠠ ᠠᠳᠠᠯ ᠦᠢ᠍ᠯᠡᠰ ᠴᠣᠭᠴᠠᠯᠠᠬᠤ ᠪᠣᠯᠪᠠᠰᠤᠷᠠᠭᠤᠯᠤᠯ᠎ᠳᠤ ᠣᠷᠣᠯᠴᠠᠵᠤ  ᠂ ᠪᠣᠯᠪᠠᠰᠤᠷᠠᠭᠤᠯᠤᠯ᠎ᠤᠨ ᠴᠠᠭ᠎ᠢ ᠨᠡᠢ᠌ᠯᠡᠭᠦᠯᠦᠨ ᠪᠤᠳᠤᠵᠤ  ᠂ ᠨᠥᠬᠥᠴᠡᠯ᠎ᠳᠤ ᠨᠡᠢ᠌ᠴᠡᠭᠰᠡᠨ ᠪᠠᠢ᠌ᠪᠠᠯ ᠲᠣᠭᠲᠠᠭ᠋ᠠᠯ ᠶᠣᠰᠣᠭ᠋ᠠᠷ ᠪᠣᠯᠪᠠᠰᠤᠷᠠᠭᠤᠯᠤᠯ᠎ᠤᠨ ᠨᠥᠬᠥᠪᠦᠷᠢ ᠪᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢᠨ ᠨᠥᠬᠥᠪᠦᠷᠢ ᠣᠯᠭᠣᠬᠤ ᠵᠢᠨ ᠬᠠᠮᠲᠤ ᠲᠣᠭᠲᠠᠭ᠋ᠠᠯ ᠶᠣᠰᠣᠭ᠋ᠠᠷ ᠠᠮᠢᠳᠤᠷᠠᠯ᠎ᠤᠨ ᠵᠠᠷᠤᠳᠠᠯ (  ᠵᠠᠮ ᠬᠠᠷᠢᠯᠴᠠᠭ᠋ᠠᠨ᠎ᠤ ᠵᠠᠷᠤᠳᠠᠯ ᠪᠠᠭᠲᠠᠨ᠎ᠠ  )᠎ᠤᠨ ᠨᠥᠬᠥᠪᠦᠷᠢ ᠣᠯᠭᠣᠨ᠎ᠠ  ᠃ ᠶᠠᠳᠠᠭᠤ ᠎ᠠᠴᠠ ᠠᠩᠭᠢᠵᠢᠷᠠᠭᠤᠯᠬᠤ ᠭᠠᠵᠠᠷ ᠣᠷᠣᠨ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ᠎ᠤ ᠠᠵᠢᠯ ᠲᠥᠷᠥᠯ᠎ᠤᠨ ᠰᠢᠰᠲ᠋ᠧᠮ ᠵᠶ᠋ᠡᠷ ᠵᠶ᠋ᠡᠨ ᠳᠡᠮᠵᠢᠬᠦ  ᠂ ᠬᠠᠮᠲᠤᠷᠠᠨ ᠰᠤᠷᠭ᠋ᠠᠭᠤᠯᠢ ᠡᠷᠭᠢᠯᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ  ᠂ ᠨᠢᠭᠡ ᠪᠦᠯᠦᠭ ᠶᠡᠷᠦᠩᠬᠡᠢ᠌ᠯᠡᠭᠰᠡᠨ ᠬᠡᠯᠪᠡᠷᠢ ᠵᠢᠨ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠪᠠ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢ ᠪᠦᠲᠦᠭᠡᠨ ᠪᠠᠶ᠋ᠢᠭᠤᠯᠬᠤ ᠵᠢ ᠳᠡᠮᠵᠢᠵᠦ  ᠂ ᠴᠢᠭᠯᠡᠭᠦᠯᠬᠦ ᠴᠢᠨᠠᠷᠲᠠᠢ᠎ᠪᠠᠷ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ ᠬᠠᠩᠭ᠋ᠠᠨ᠎ᠠ  ᠃ ᠶᠠᠳᠠᠭᠤ ᠎ᠠᠴᠠ ᠠᠩᠭᠢᠵᠢᠷᠠᠭᠰᠠᠨ ᠡᠷᠦᠬᠡ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠭᠡᠷ ᠪᠦᠯᠢ ᠵᠢᠨ 《  ᠬᠣᠶᠠᠷ ᠎ᠠᠴᠠ ᠰᠡᠭᠦᠯᠡᠷᠬᠢ ᠰᠣᠷᠣᠭᠴᠢ  》 ᠵᠢᠨ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠳᠤ ᠰᠤᠷᠤᠯᠴᠠᠬᠤ ᠵᠢ ᠵᠣᠷᠢᠭᠵᠢᠭᠤᠯᠵᠤ  ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠪᠠ ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ ᠵᠡᠷᠭᠡ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ 《ᠬᠤᠷ᠎ᠠ ᠵᠢᠨ ᠰᠢᠭᠦᠳᠡᠷᠢ ᠵᠢᠨ ᠲᠥᠯᠥᠪᠯᠡᠭᠡ》 ᠵᠢ ᠦᠷᠭᠦᠯᠵᠢᠯᠡᠨ ᠬᠡᠷᠡᠭᠵᠢᠭᠦᠯᠵᠦ᠂ ᠲᠣᠭᠲᠠᠭ᠋ᠠᠯ ᠶᠣᠰᠣᠭ᠋ᠠᠷ ᠵᠣᠬᠢᠴᠠᠩᠭᠤᠢ ᠨᠥᠬᠥᠪᠦᠷᠢ ᠣᠯᠭᠣᠨ᠎ᠠ᠃ ᠪᠥᠬᠥ ᠣᠷᠣᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠷᠭᠢᠯᠡᠵᠦ  ᠂ ᠨᠢᠭᠡ ᠪᠦᠯᠦᠭ ᠮᠡᠷᠭᠡᠵᠢᠯ ᠴᠢᠳᠠᠪᠤᠷᠢ᠎ᠳᠤ ᠲᠦᠰᠢᠭᠯᠡᠨ ᠠᠵᠢᠯ ᠣᠯᠣᠭᠰᠠᠨ  ᠂ ᠠᠵᠢᠯ ᠣᠯᠭᠣᠯᠲᠠ᠎ᠳᠤ ᠲᠦᠰᠢᠭᠯᠡᠨ ᠪᠠᠶᠠᠵᠢᠭᠰᠠᠨ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠬᠥᠮᠥᠵᠢᠭᠦᠯᠦᠨ᠎ᠡ᠃

      (  ᠠᠷᠪᠠ  ) ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠵᠤ ᠠᠵᠢᠯ ᠣᠯᠭᠣᠯᠲᠠ ᠵᠢ ᠠᠬᠢᠭᠤᠯᠤᠨ᠎ᠠ  ᠃ ᠲᠤᠰ ᠭᠠᠵᠠᠷ ᠣᠷᠣᠨ᠎ᠤ ᠡᠬᠢ ᠪᠠᠶᠠᠯᠢᠭ᠎ᠤᠨ ᠳᠠᠪᠠᠭᠤᠯᠢᠭ  ᠂ ᠰᠣᠶᠣᠯ᠎ᠤᠨ ᠣᠨᠴᠠᠯᠢᠭ  ᠂ ᠠᠵᠤ ᠦᠢ᠍ᠯᠡᠰ᠎ᠤᠨ ᠰᠠᠭᠤᠷᠢ ᠵᠡᠷᠭᠡ ᠳᠠᠪᠠᠭᠤᠯᠢᠭ᠎ᠲᠠᠭᠠᠨ ᠲᠦᠰᠢᠭᠯᠡᠨ  ᠂ ᠤᠯᠤᠰ  ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠪᠠ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ  ᠂ 《  ᠨᠢᠭᠡ ᠰᠢᠶᠠᠨ ᠨᠢᠭᠡ ᠨᠠᠷᠠᠲᠤ ᠲᠥᠷᠥᠯ ᠲᠡᠮᠳᠡᠭᠲᠦ  》 ᠵᠢᠨ ᠱᠠᠭ᠋ᠠᠷᠳᠠᠯᠭ᠎ᠠ ᠶᠣᠰᠣᠭ᠋ᠠᠷ  ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠵᠶ᠋ᠡᠷ ᠭᠣᠣᠯᠯᠠᠭᠤᠯᠬᠤ  ᠂ ᠵᠠᠬ᠎ᠠ ᠳᠡᠯᠭᠡᠭᠦᠷ᠎ᠤᠨ   ᠭᠣᠣᠯ ᠴᠣᠭᠴᠠ ᠣᠷᠤᠯᠴᠠᠬᠤ  ᠂ ᠮᠡᠷᠭᠡᠵᠢᠯ᠎ᠤᠨ ᠴᠢᠳᠠᠪᠤᠷᠢ ᠵᠢᠨ ᠨᠠᠷᠠᠲᠤ ᠲᠥᠷᠥᠯ ᠲᠡᠮᠳᠡᠭᠲᠦ ᠬᠢᠭᠡᠳ ᠭᠠᠳᠠᠭᠰᠢ ᠭᠠᠷᠭ᠋ᠠᠬᠤ ᠨᠠᠷᠠᠲᠤ ᠲᠥᠷᠥᠯ ᠲᠡᠮᠳᠡᠭᠲᠦ ᠵᠢ ᠬᠠᠷᠢᠯᠴᠠᠨ ᠤᠶᠠᠯᠳᠤᠭᠤᠯᠬᠤ  ᠂ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠬᠢᠭᠡᠳ ᠭᠠᠵᠠᠷ ᠣᠷᠣᠨ᠎ᠤ ᠨᠠᠷᠠᠲᠤ ᠲᠥᠷᠥᠯ ᠲᠡᠮᠳᠡᠭᠲᠦ ᠵᠢ ᠤᠶᠠᠯᠳᠤᠭᠤᠯᠬᠤ ᠵᠢ ᠪᠠᠷᠢᠮᠲᠠᠯᠠᠵᠤ  ᠂ ᠨᠢᠭᠡ ᠪᠦᠯᠦᠭ ᠣᠨᠴᠠᠯᠢᠭ᠎ᠲᠠᠢ  ᠂ ᠮᠠᠭᠲᠠᠭ᠋ᠠᠯ᠎ᠲᠠᠢ  ᠂ ᠬᠡᠪᠴᠢᠶ᠎ᠡ᠎ᠲᠠᠢ ᠰᠢᠨ᠎ᠡ ᠮᠠᠶᠢᠭ᠎ᠤᠨ ᠣᠨᠴᠠᠯᠢᠭᠲᠤ ᠬᠥᠳᠡᠯᠮᠦᠷᠢ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠢᠳᠡᠪᠬᠢᠲᠡᠢ᠎ᠪᠠᠷ ᠪᠣᠢ᠌ᠵᠢᠭᠤᠯᠬᠤ  ᠂ ᠡᠭᠦᠳᠦᠨ ᠪᠠᠶ᠋ᠢᠭᠤᠯᠬᠤ ᠪᠠ ᠬᠥᠭᠵᠢᠭᠦᠯᠬᠦ ᠬᠡᠷᠡᠭᠲᠡᠢ  ᠃ ᠤᠷ᠎ᠠ ᠮᠡᠷᠭᠡᠰᠢᠯ ᠵᠶ᠋ᠡᠷ ᠨᠡᠭᠡᠭᠡᠨ ᠬᠥᠭᠵᠢᠭᠦᠯᠬᠦ  ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ  ᠂ ᠵᠣᠬᠢᠶᠠᠨ ᠪᠠᠢ᠌ᠭᠤᠯᠤᠯᠴᠠᠨ ᠭᠠᠳᠠᠭᠰᠢ ᠭᠠᠷᠭ᠋ᠠᠬᠤ  ᠂ ᠠᠵᠤ ᠦᠶ᠋ᠢᠯᠡᠰᠵᠢᠭᠦᠯᠦᠨ ᠴᠣᠭᠴᠠᠯᠠᠬᠤ ᠵᠢ ᠪᠠᠷᠢᠮᠲᠠᠯᠠᠵᠤ  ᠂ ᠲᠤᠰᠬᠠᠢ ᠠᠵᠢᠯ᠎ᠤᠨ ᠲᠥᠯᠥᠪᠯᠡᠭᠡ ᠲᠣᠭᠲᠠᠭ᠋ᠠᠨ  ᠂ ᠭᠠᠳᠠᠭᠰᠢ ᠭᠠᠷᠭ᠋ᠠᠬᠤ ᠬᠡᠪᠴᠢᠶ᠎ᠡ ᠪᠠ ᠭᠠᠳᠠᠭᠰᠢ ᠭᠠᠷᠭ᠋ᠠᠬᠤ ᠶᠠᠰᠤ ᠴᠢᠨᠠᠷ᠎ᠤᠨ ᠬᠠᠷᠠᠯᠲᠠ ᠵᠢ ᠲᠣᠭᠲᠠᠭ᠋ᠠᠵᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ ᠵᠢ ᠭᠣᠣᠯᠳᠠᠯᠭ᠎ᠠ᠎ᠲᠠᠢ ᠭᠠᠳᠠᠭᠰᠢ ᠭᠠᠷᠭ᠋ᠠᠨ᠎ᠠ  ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠪᠠᠢ᠌ᠷᠢᠯᠠᠭᠤᠯᠤᠯᠲᠠ ᠶᠣᠰᠣᠭ᠋ᠠᠷ ᠨᠢᠭᠡ ᠪᠦᠯᠦᠭ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠢ ᠰᠢᠯᠵᠢᠭᠦᠯᠦᠨ ᠠᠵᠢᠯ ᠣᠯᠭᠣᠬᠤ ᠠᠵᠢᠯ᠎ᠤᠨ ᠵᠢᠱ᠌ᠢᠶ᠎ᠡ ᠦᠵᠡᠭᠦᠯᠬᠦ ᠬᠣᠰᠢᠭᠤ ᠰᠢᠶᠠᠨ᠎ᠢ ᠵᠣᠬᠢᠶᠠᠨ ᠪᠠᠢ᠌ᠭᠤᠯᠤᠨ ᠲᠠᠨᠢᠯᠴᠠᠭᠤᠯᠵᠤ ᠦᠨᠡᠮᠰᠢᠨ ᠲᠣᠭᠲᠠᠭ᠋ᠠᠵᠤ  ᠂ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠤᠨ᠎ᠠ  ᠃

      (  ᠠᠷᠪᠠᠨ ᠨᠢᠭᠡ  ) ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ  ᠃ ᠪᠦᠬᠦ ᠤᠯᠤᠰ᠎ᠤᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠵᠢᠨ ᠰᠢᠰᠲ᠋ᠧᠮ᠎ᠳᠤ ᠲᠦᠰᠢᠭᠯᠡᠨ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠂ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ᠂ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠭᠰᠡᠨ ᠤᠯᠠᠨ ᠲᠦᠮᠡᠨ ᠵᠡᠷᠭᠡ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ ᠵᠢᠨ ᠪᠠᠢ᠌ᠳᠠᠯ᠎ᠳᠤ ᠬᠥᠳᠡᠯᠦᠩᠭᠦᠢ ᠬᠢᠨᠠᠨ ᠬᠡᠮᠵᠢᠯᠲᠡ ᠵᠢ ᠳᠦᠷᠦᠯ ᠬᠤᠪᠢᠶᠠᠨ ᠬᠡᠷᠡᠭᠵᠢᠭᠦᠯᠵᠦ᠂ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠡᠲᠡᠭᠡᠳ᠎ᠢ ᠨᠠᠷᠢᠯᠢᠭ ᠣᠨᠣᠴᠠᠲᠠᠢ᠎ᠪᠠᠷ ᠢᠯᠭ᠋ᠠᠨ ᠲᠠᠨᠢᠬᠤ᠂ ᠨᠠᠷᠢᠯᠢᠭ ᠣᠨᠣᠴᠠᠲᠠᠢ᠎ᠪᠠᠷ ᠬᠠᠪᠰᠤᠷᠤᠨ ᠲᠡᠳᠬᠦᠬᠦ᠂ ᠨᠠᠷᠢᠯᠢᠭ ᠣᠨᠣᠴᠠᠲᠠᠢ᠎ᠪᠠᠷ ᠬᠠᠮᠢᠶᠠᠷᠬᠤ ᠵᠢ ᠪᠡᠶᠡᠯᠡᠭᠦᠯᠦᠨ᠎ᠡ᠃ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠢ ᠬᠥᠳᠡᠭᠡ ᠲᠣᠰᠬᠣᠨ ᠭᠠᠵᠠᠷ ᠣᠷᠣᠨ ᠳᠠᠰᠢ ᠤᠷᠲᠤᠳᠬᠠᠬᠤ ᠵᠢ ᠠᠬᠢᠭᠤᠯᠵᠤ  ᠂ ᠠᠵᠢᠯ ᠣᠯᠭᠣᠬᠤ ᠦᠢ᠍ᠯᠡᠴᠢᠯᠡᠭᠡᠨ᠎ᠤ ᠴᠢᠳᠠᠮᠵᠢ ᠵᠢ ᠭᠠᠴᠠᠭ᠎ᠠ (  ᠲᠣᠰᠬᠣᠨ  ) ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠴᠢᠬᠤᠯᠠ ᠠᠭᠤᠯᠭ᠎ᠠ ᠪᠣᠯᠭ᠋ᠠᠵᠤ  ᠂ ᠣᠯᠠᠨ ᠨᠡᠶ᠋ᠢᠲᠡ ᠵᠢᠨ ᠠᠵᠢᠯ ᠣᠯᠭᠣᠬᠤ ᠦᠢ᠍ᠯᠡᠴᠢᠯᠡᠭᠡᠨ᠎ᠢ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠵᠢᠨ ᠵᠢᠯᠤᠭᠣᠳᠬᠤ ᠴᠢᠨᠠᠷᠲᠠᠢ ᠭᠠᠷᠴᠠᠭ᠎ᠲᠤ ᠣᠷᠣᠭᠤᠯᠵᠤ  ᠂ ᠡᠵᠡᠩᠨᠡᠯᠲᠡ ᠵᠢᠨ ᠴᠢᠨᠠᠷᠲᠠᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ  ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰᠬᠠᠢ᠌ᠵᠢᠭᠰᠠᠨ ᠦᠢ᠍ᠯᠡᠴᠢᠯᠡᠭᠡᠨ ᠬᠠᠩᠭ᠋ᠠᠬᠤ ᠵᠢ ᠳᠡᠮᠵᠢᠨ᠎ᠡ  ᠃ 《  ᠬᠠᠪᠤᠷ᠎ᠤᠨ ᠰᠠᠯᠬᠢᠨ᠎ᠤ ᠠᠵᠢᠯᠯᠠᠭ᠎ᠠ  》  ᠂ 《  ᠠᠵᠢᠯ ᠣᠯᠭᠣᠯᠲᠠ ᠵᠢ ᠲᠤᠰᠠᠯᠠᠬᠤ ᠰᠠᠷ᠎ᠠ  》 ᠵᠡᠷᠭᠡ ᠲᠤᠰᠬᠠᠢ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ  ᠂ ᠠᠵᠢᠯᠴᠢᠨ ᠬᠡᠷᠡᠭᠯᠡᠬᠦ ᠵᠢ ᠵᠣᠯᠭ᠋ᠠᠭᠤᠯᠬᠤ ᠲᠠᠪᠴᠠᠩ᠎ᠢ ᠪᠠᠢ᠌ᠭᠤᠯᠤᠨ  ᠂ ᠣᠯᠠᠨ ᠨᠡᠶ᠋ᠢᠲᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠪᠠ ᠨᠡᠢ᠌ᠭᠡᠮ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ᠎ᠳᠤ ᠴᠢᠭᠯᠡᠭᠦᠯᠦᠨ ᠲᠤᠰᠬᠠᠢ ᠲᠠᠯᠠᠪᠤᠷ᠎ᠲᠤ ᠤᠷᠢᠬᠤ ᠵᠡᠷᠭᠡ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠦᠭᠰᠡᠨ ᠪᠠᠢ᠌ᠪᠠᠯ  ᠂ ᠲᠣᠭᠲᠠᠭ᠋ᠠᠯ ᠶᠣᠰᠣᠭ᠋ᠠᠷ ᠨᠢᠭᠡ ᠤᠳᠠᠭ᠎ᠠ ᠵᠢᠨ ᠴᠢᠨᠠᠷᠲᠠᠢ᠎ᠪᠠᠷ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠦᠢ᠍ᠯᠡᠴᠢᠯᠡᠭᠡᠨ᠎ᠤ ᠨᠥᠬᠥᠪᠦᠷᠢ ᠣᠯᠭᠣᠨ᠎ᠠ  ᠃

      (  ᠠᠷᠪᠠᠨ ᠬᠣᠶᠠᠷ  ) ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠵᠦ ᠠᠵᠢᠯ ᠣᠯᠭᠣᠬᠤ ᠵᠢ ᠬᠠᠪᠰᠤᠷᠤᠨ ᠲᠡᠳᠬᠦᠬᠦ ᠡᠷᠴᠢᠮ᠎ᠢ ᠴᠢᠩᠭ᠋ᠠᠷᠠᠭᠤᠯᠤᠨ᠎ᠠ  ᠃ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠵᠦ ᠲᠥᠪᠬᠢᠨᠡᠭᠦᠯᠬᠦ ᠣᠷᠣᠨ᠎ᠨᠢ ᠲᠤᠬᠠᠢ ᠵᠢᠨ ᠭᠠᠵᠠᠷ᠎ᠤᠨ ᠤᠯᠠᠨ ᠲᠦᠮᠡᠨ᠎ᠤ ᠠᠵᠢᠯ ᠣᠯᠭᠣᠯᠲᠠ ᠵᠢᠨ ᠬᠡᠷᠡᠭᠴᠡᠭᠡ᠎ᠳᠤ ᠲᠣᠬᠢᠷᠠᠬᠤ ᠬᠥᠳᠡᠯᠮᠦᠷᠢ ᠬᠤᠷᠠᠭᠰᠠᠨ ᠬᠡᠯᠪᠡᠷᠢ ᠵᠢᠨ᠂ ᠠᠮᠢ ᠠᠬᠤᠢ ᠨᠥᠬᠥᠷᠰᠡᠭ ᠬᠡᠯᠪᠡᠷᠢ ᠵᠢᠨ ᠲᠦᠷᠦᠯ ᠵᠦᠢ᠍ᠯ ᠪᠤᠶᠤ ᠠᠵᠤ ᠠᠬᠤᠢ᠌ᠯᠠᠯ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ᠂ ᠠᠵᠢᠯ ᠣᠯᠭᠣᠯᠲᠠ ᠵᠢᠨ ᠠᠷᠭ᠎ᠠ ᠵᠠᠮ᠎ᠢ ᠥᠷᠭᠡᠳᠬᠡᠨ᠎ᠡ᠃ ᠡᠯ᠎ᠡ ᠭᠠᠵᠠᠷ᠎ᠤᠨ᠎ᠬᠢᠨ ᠲᠤᠬᠠᠢ ᠵᠢᠨ ᠭᠠᠵᠠᠷ᠎ᠤᠨ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ ᠲᠥᠷᠥᠯ ᠵᠦᠢ᠍ᠯ ᠪᠠ ᠲᠥᠪᠬᠢᠨᠡᠭᠦᠯᠬᠦ ᠠᠵᠢᠯᠲᠠᠨ᠎ᠤ ᠬᠡᠪᠴᠢᠶ᠎ᠡ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ  ᠂ ᠬᠠᠷᠢᠴᠠᠯ ᠶᠣᠰᠣᠭ᠋ᠠᠷ ᠠᠵᠢᠯ ᠣᠯᠭᠣᠬᠤ ᠳᠦᠷᠢᠮ᠎ᠢ ᠰᠠᠢ᠌ᠲᠤᠷ ᠨᠠᠢ᠌ᠳᠠᠪᠤᠷᠢᠵᠢᠭᠤᠯᠤᠨ  ᠂ ᠵᠠᠰᠠᠭ᠎ᠤᠨ ᠣᠷᠳᠣᠨ᠎ᠤ ᠪᠡᠯᠡ ᠣᠷᠣᠭᠤᠯᠵᠤ ᠪᠦᠲᠦᠭᠡᠨ ᠪᠠᠶ᠋ᠢᠭᠤᠯᠬᠤ ᠲᠥᠷᠥᠯ ᠵᠦᠢ᠍ᠯ  ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠲᠥᠷᠥᠯ ᠵᠦᠢ᠍ᠯ  ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠥᠷᠥᠯ ᠵᠦᠢ᠍ᠯ᠎ᠳᠤ 10% ᠎ᠠᠴᠠ ᠳᠤᠲᠠᠭᠤ ᠦᠭᠡᠢ ᠠᠵᠢᠯ᠎ᠤᠨ ᠪᠠᠢ᠌ᠷᠢ ᠲᠣᠬᠢᠷᠠᠭᠤᠯᠵᠤ  ᠂ ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠬᠦ᠎ᠪᠠᠷ ᠨᠡᠭᠦᠯᠭᠡᠭᠰᠡᠨ ᠣᠯᠠᠨ ᠲᠦᠮᠡᠨ᠎ᠤ ᠠᠵᠢᠯ ᠣᠯᠭᠣᠯᠲᠠ᠎ᠳᠤ ᠬᠡᠷᠡᠭᠯᠡᠬᠦ ᠬᠡᠷᠡᠭᠲᠡᠢ  ᠃ ᠲᠥᠪᠬᠢᠨᠡᠭᠦᠯᠬᠦ ᠣᠷᠣᠨ᠎ᠤ ᠠᠵᠢᠯ᠎ᠤᠨ ᠪᠠᠢ᠌ᠷᠢ ᠵᠢᠨ ᠮᠡᠳᠡᠭᠡ ᠵᠠᠩᠭᠢ ᠵᠢ ᠪᠠᠢ᠌ᠩᠭᠤᠵᠢᠭᠤᠯᠤᠨ ᠬᠦᠷᠭᠡᠬᠦ ᠲᠣᠭᠲᠠᠴᠠ ᠵᠢ ᠪᠠᠢ᠌ᠭᠤᠯᠵᠤ  ᠂ ᠪᠢᠴᠢᠯ ᠪᠦᠷᠭᠡ ᠸᠢᠴᠠᠲ᠎ᠤᠨ ᠬᠡᠷᠡᠭᠯᠡᠭᠴᠢ ᠵᠢᠨ ᠦᠵᠦᠭᠦᠷ  ᠂ ᠠᠵᠢᠯ ᠣᠯᠭᠣᠯᠲᠠ ᠵᠢᠨ ᠬᠠᠮ ᠲᠡᠷᠭᠡ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ  ᠂ ᠲᠥᠷᠥ ᠵᠢᠨ ᠪᠣᠳᠣᠯᠭ᠎ᠠ  ᠂ ᠠᠵᠢᠯ᠎ᠤᠨ ᠪᠠᠢ᠌ᠷᠢ  ᠂ ᠦᠢ᠍ᠯᠡᠴᠢᠯᠡᠭᠡ ᠬᠦᠷᠭᠡᠵᠦ  ᠂ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠮᠡᠳᠡᠭᠡ ᠵᠠᠩᠭᠢ ᠵᠢ ᠨᠠᠷᠢᠯᠢᠭ ᠣᠨᠣᠴᠠᠲᠠᠢ᠎ᠪᠠᠷ ᠲᠠᠨᠢᠯᠴᠠᠭᠤᠯᠬᠤ ᠬᠡᠷᠡᠭᠲᠡᠢ  ᠃

       ᠳᠥᠷᠪᠡ  ᠂ ᠠᠵᠢᠯ᠎ᠤᠨ ᠱᠠᠭ᠋ᠠᠷᠳᠠᠯᠭ᠎ᠠ

      (  ᠨᠢᠭᠡ  ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ  ᠃ ᠡᠯ᠎ᠡ ᠠᠢ᠌ᠮᠠᠭ ᠬᠤᠳᠠ᠎ᠨᠤᠭᠤᠳ ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ ᠵᠢ ᠴᠢᠩᠭ᠋ᠠᠳᠬᠠᠬᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠳᠦᠷ ᠳᠤᠳᠤᠮ᠎ᠤᠨ ᠴᠢᠬᠤᠯᠠ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠶᠡᠷᠦᠩᠬᠡᠢ ᠬᠠᠷᠢᠭᠤᠴᠠᠯᠭ᠎ᠠ ᠵᠢ ᠡᠭᠦᠷᠭᠡᠯᠡᠬᠦ᠂ ᠠᠢ᠌ᠮᠠᠭ ᠬᠤᠳᠠ ᠪᠣᠯᠣᠨ ᠬᠣᠰᠢᠭᠤ ᠰᠢᠶᠠᠨ᠎ᠠᠴᠠ ᠨᠠᠢ᠌ᠳᠠᠪᠤᠷᠢᠵᠢᠭᠤᠯᠤᠯᠲᠠ ᠵᠢ ᠠᠳᠬᠤᠬᠤ ᠠᠵᠢᠯ᠎ᠤᠨ ᠲᠣᠭᠲᠠᠴᠠ ᠵᠢ ᠴᠢᠩᠭ᠋ᠠᠳᠬᠠᠵᠤ᠂ ᠠᠵᠢᠯ ᠣᠯᠭᠣᠯᠲᠠ᠎ᠪᠠᠷ ᠶᠠᠳᠠᠭᠤ ᠵᠢ ᠲᠡᠳᠬᠦᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠣᠯᠭᠣᠯᠲᠠ ᠵᠢᠨ ᠬᠦᠷᠢᠶᠡᠨ᠎ᠳᠠᠬᠢ ᠲᠡᠳᠬᠦᠬᠦ ᠲᠦᠷᠦ ᠵᠢᠨ ᠪᠣᠳᠣᠯᠭ᠎ᠠ᠂ ᠪᠡᠯᠡ ᠮᠥᠩᠭᠥ ᠵᠢᠨ ᠳᠡᠮᠵᠢᠯᠭᠡ ᠵᠢ ᠪᠠᠲᠤᠯᠠᠵᠤ᠂ ᠬᠠᠪᠰᠤᠷᠤᠨ ᠲᠡᠳᠬᠦᠬᠦ ᠬᠦᠴᠦᠨ᠎ᠢ ᠶᠡᠷᠦᠩᠬᠡᠢ᠎ᠳᠡᠭᠡᠨ ᠲᠣᠭᠲᠠᠭᠤᠨ ᠪᠠᠢ᠌ᠯᠭ᠋ᠠᠬᠤ ᠬᠡᠷᠡᠭᠲᠡᠢ᠃

      (  ᠬᠣᠶᠠᠷ  ) ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ  ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠵᠤ᠂ ᠬᠠᠮᠲᠤᠷᠠᠯ᠎ᠤᠨ ᠬᠦᠴᠦᠨ ᠵᠶ᠋ᠡᠨ ᠨᠢᠭᠲᠠᠷᠠᠭᠤᠯᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠬᠠᠮᠲᠤᠪᠠᠷ ᠬᠦᠴᠦᠯᠡᠬᠦ ᠬᠡᠷᠡᠭᠲᠡᠢ᠃ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠲᠦᠷᠦᠭᠦᠯᠡᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠰᠤᠳᠤᠯᠤᠨ ᠲᠣᠭᠲᠠᠭ᠋ᠠᠬᠤ ᠠᠵᠢᠯ᠎ᠢ ᠰᠠᠢ᠌ᠲᠤᠷ ᠬᠢᠵᠦ  ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ  ᠂ ᠠᠵᠢᠯ ᠣᠯᠭᠣᠬᠤ ᠦᠢ᠍ᠯᠡᠴᠢᠯᠡᠭᠡ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠢ ᠰᠠᠢ᠌ᠲᠤᠷ ᠠᠳᠬᠤᠵᠤ  ᠂ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢ ᠭᠦᠨᠵᠡᠭᠡᠢ ᠬᠥᠭᠵᠢᠭᠦᠯᠦᠯᠲᠡ ᠥᠭᠡᠷᠡᠴᠢᠯᠡᠯᠲᠡ ᠵᠢᠨ ᠰᠠᠯᠠᠭ᠎ᠠ ᠮᠥᠴᠢᠷ᠎ᠤᠳ ᠣᠨᠳᠣᠣ ᠭᠠᠵᠠᠷ ᠨᠡᠭᠦᠯᠭᠡᠵᠦ ᠶᠠᠳᠠᠭᠤ ᠵᠢ ᠲᠡᠳᠬᠦᠭᠰᠡᠨ᠎ᠤ ᠳᠠᠷᠠᠭ᠋ᠠᠬᠢ ᠲᠡᠳᠬᠦᠮᠵᠢ ᠵᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ  ᠂ ᠲᠣᠮᠣ ᠳᠤᠮᠳᠠ ᠬᠡᠯᠪᠡᠷᠢ ᠵᠢᠨ ᠲᠥᠪᠬᠢᠨᠡᠭᠦᠯᠬᠦ ᠣᠷᠣᠨ ᠪᠠ ᠣᠨᠳᠣᠣ ᠭᠠᠵᠠᠷ ᠨᠡᠭᠦᠯᠭᠡᠭᠰᠡᠨ ᠣᠯᠠᠨ ᠲᠦᠮᠡᠨ᠎ᠳᠤ ᠠᠵᠢᠯ ᠣᠯᠭᠣᠬᠤ ᠵᠢᠨ ᠲᠣᠭᠣᠷᠢᠨ᠎ᠳᠤ  ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠲᠥᠷᠥᠯ ᠵᠦᠢ᠍ᠯ᠎ᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠰ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠠᠷᠭ᠎ᠠ ᠵᠠᠮ᠎ᠢ ᠥᠷᠭᠡᠳᠬᠡᠬᠦ ᠬᠡᠷᠡᠭᠲᠡᠢ  ᠃ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠥᠴᠢᠷ᠎ᠤᠳ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠵᠤ  ᠂ ᠲᠤᠬᠠᠢ ᠵᠢᠨ ᠭᠠᠵᠠᠷ ᠪᠤᠶᠤ ᠣᠢ᠌ᠷ᠎ᠠ ᠬᠠᠪᠢ᠎ᠳᠠᠭᠠᠨ ᠠᠵᠢᠯ ᠣᠯᠬᠤ ᠨᠠᠩ ᠣᠯᠠᠨ ᠠᠵᠠ ᠲᠣᠬᠢᠶᠠᠯ᠎ᠢ ᠡᠭᠦᠳᠬᠦ ᠬᠡᠷᠡᠭᠲᠡᠢ  ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠤᠳ ᠠᠵᠢᠯ ᠣᠯᠭᠣᠯᠲᠠ ᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠶᠡᠷᠦᠩᠬᠡᠢ ᠪᠠᠢ᠌ᠷᠢᠯᠠᠭᠤᠯᠤᠯᠲᠠ᠎ᠳᠤ ᠣᠷᠣᠭᠤᠯᠵᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠳᠡᠩᠰᠡᠯᠡᠨ ᠺᠠᠷᠲᠯᠠᠭᠰᠠᠨ ᠪᠠ ᠠᠵᠢᠯ ᠣᠯᠵᠤ ᠠᠵᠢᠯ ᠠᠯᠳᠠᠭᠰᠠᠨ᠎ᠢ ᠬᠥᠳᠡᠯᠦᠩᠭᠦᠢ᠎ᠪᠠᠷ ᠬᠢᠨᠠᠨ ᠬᠡᠮᠵᠢᠬᠦ ᠵᠢ ᠴᠢᠩᠭ᠋ᠠᠳᠬᠠᠵᠤ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠠᠵᠢᠯ ᠣᠯᠭᠣᠯᠲᠠ ᠵᠢ ᠬᠠᠪᠰᠤᠷᠤᠨ ᠲᠡᠳᠬᠦᠭᠰᠡᠨ ᠪᠠᠢ᠌ᠳᠠᠯ᠎ᠢ ᠠᠢ᠌ᠮᠠᠭ ᠬᠣᠲᠠ  ᠂ ᠬᠣᠰᠢᠭᠤ ᠰᠢᠶᠠᠨ (  ᠬᠣᠲᠠ  ᠂ ᠲᠣᠭᠣᠷᠢᠭ  )᠎ᠤ ᠨᠠᠮ ᠵᠠᠰᠠᠭ᠎ᠤᠨ ᠤᠳᠤᠷᠢᠳᠬᠤ ᠪᠠᠭ ᠪᠠ ᠤᠳᠤᠷᠢᠳᠬᠤ ᠺᠠᠳ᠋ᠷᠴᠤᠳ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠳᠠᠲᠤ ᠠᠮᠵᠢᠯᠲᠠ ᠵᠢ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠢ  ᠃ ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠥᠰᠥᠪ᠎ᠤᠨ ᠬᠠᠤᠯᠢ ᠵᠡᠷᠭᠡ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠵᠢ ᠳᠡᠮᠵᠢᠬᠦ ᠬᠡᠷᠡᠭᠲᠡᠢ  ᠃

      (  ᠭᠤᠷᠪᠠ  ) ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠎ᠠ ᠠᠳᠬᠤᠨ᠎ᠠ  ᠃ ᠡᠯ᠎ᠡ ᠠᠢ᠌ᠮᠠᠭ ᠬᠣᠲᠠ᠎ᠨᠤᠭᠤᠳ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠡᠯ᠎ᠡ ᠵᠦᠢ᠍ᠯ᠎ᠤᠨ ᠡᠭᠦᠷᠭᠡ᠎ᠲᠠᠢ ᠬᠠᠷᠢᠴᠠᠭᠤᠯᠤᠨ  ᠂ ᠪᠣᠳᠠᠲᠠᠢ ᠣᠨ᠎ᠤ ᠡᠭᠦᠷᠭᠡ᠎ᠪᠠᠨ ᠲᠣᠳᠣᠷᠬᠠᠢ᠌ᠯᠠᠵᠤ  ᠂ ᠴᠠᠭ᠎ᠤᠨ ᠬᠦᠰᠦᠨᠦᠭᠲᠦ  ᠂ ᠵᠠᠮ ᠱᠤᠭᠤᠮ᠎ᠤᠨ ᠵᠢᠷᠤᠭ ᠵᠶ᠋ᠠᠨ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ  ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠴᠢᠩᠭ᠎ᠠ ᠠᠳᠬᠤᠨ  ᠂ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠠᠵᠢᠯ᠎ᠤᠨ ᠶᠠᠳᠠᠭᠤ ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠬᠤ ᠬᠡᠷᠡᠭᠲᠡᠢ  ᠃ ᠡᠯ᠎ᠡ ᠭᠠᠵᠠᠷ᠎ᠤᠨ᠎ᠬᠢᠨ ᠬᠠᠮᠢᠶ᠎ᠠ ᠪᠦᠬᠦᠢ ᠰᠢᠯᠵᠢᠭᠦᠯᠦᠨ ᠥᠭᠬᠦ ᠪᠡᠯᠡ ᠮᠥᠩᠭᠥ ᠵᠢ ᠬᠤᠪᠢᠶᠠᠷᠢᠯᠠᠬᠤ᠎ᠳᠠᠭᠠᠨ  ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ   ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ ᠵᠢᠴᠢ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠨᠡᠯᠢᠶᠡᠳ ᠣᠯᠠᠨ ᠭᠠᠵᠠᠷ ᠣᠷᠣᠨ ᠳᠠᠰᠢ ᠬᠡᠯᠪᠡᠢ᠌ᠯᠭᠡᠬᠦ ᠬᠡᠷᠡᠭᠲᠡᠢ  ᠃

      (  ᠳᠥᠷᠪᠡ  ) ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠨ᠎ᠠ  ᠃ ᠡᠯ᠎ᠡ ᠭᠠᠵᠠᠷ᠎ᠤᠨ᠎ᠬᠢᠨ ᠰᠣᠨᠢᠨ ᠮᠡᠳᠡᠭᠡᠨ᠎ᠤ ᠵᠠᠭᠤᠴᠢᠯᠠᠭᠤᠷ ᠪᠣᠯᠣᠨ ᠡᠯ᠎ᠡ ᠲᠥᠷᠥᠯ᠎ᠤᠨ ᠰᠢᠨ᠎ᠡ ᠵᠠᠭᠤᠴᠢᠯᠠᠭᠤᠷ᠎ᠢ ᠭᠦᠢ᠍ᠴᠡᠳ ᠠᠰᠢᠭᠯᠠᠨ  ᠂ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠴᠢᠭᠯᠡᠯᠲᠡ ᠲᠥᠷᠥ ᠵᠢᠨ ᠪᠣᠳᠣᠯᠭ᠎ᠠ ᠵᠢ ᠶᠡᠬᠡᠪᠡᠷ ᠤᠬᠠᠭᠤᠯᠵᠤ  ᠂ ᠠᠭᠤᠯᠭ᠎ᠠ᠎ᠪᠠᠷ ᠪᠠᠶᠠᠯᠢᠭ  ᠂ ᠬᠡᠯᠪᠡᠷᠢ ᠮᠠᠶᠢᠭ ᠵᠶ᠋ᠠᠷ ᠣᠯᠠᠨ ᠶᠠᠩᠵᠤ ᠵᠢᠨ   ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠵᠦ  ᠂ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢᠨ ᠣᠢ᠌ᠯᠠᠭ᠋ᠠᠬᠤ ᠬᠡᠮᠵᠢᠶ᠎ᠡ ᠪᠣᠯᠣᠨ ᠬᠠᠮᠤᠷᠬᠤ ᠬᠡᠪᠴᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ  ᠂ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠬᠦᠷᠲᠡᠮᠵᠢ ᠵᠢᠨ ᠲᠥᠷᠥᠭᠳᠡᠯ  ᠂ ᠵᠣᠯ ᠵᠢᠷᠭ᠋ᠠᠯᠲᠤ ᠲᠥᠷᠥᠭᠳᠡᠯ᠎ᠢ ᠤᠯᠠᠮ ᠨᠢᠭᠡ ᠠᠯᠬᠤᠮ ᠨᠡᠮᠡᠭᠳᠡᠭᠦᠯᠵᠦ  ᠂ ᠶᠠᠷᠢᠶ᠎ᠠ ᠬᠡᠯᠡᠯᠴᠡᠭᠡᠨ᠎ᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠢ  ᠃

       ᠲᠣᠰ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ  ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠎ᠠ ᠵᠢ 2025 ᠣᠨ᠎ᠤ 12 ᠰᠠᠷ᠎ᠠ ᠵᠢᠨ 31᠎ᠤ ᠡᠳᠦᠷ ᠳᠠᠭᠤᠰᠤᠨ᠎ᠠ  ᠃ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠡᠪᠴᠢᠶ᠎ᠡ  ᠄ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠦᠬᠦᠯᠢ 16 ᠨᠠᠰᠤᠨ ᠎ᠠᠴᠠ ᠳᠡᠭᠡᠭᠰᠢᠬᠢ ᠬᠥᠳᠡᠯᠮᠦᠷᠢᠯᠡᠬᠦ ᠴᠢᠳᠠᠪᠤᠷᠢ᠎ᠲᠠᠢ ᠪᠠ ᠠᠵᠢᠯ ᠣᠯᠬᠤ ᠬᠦᠰᠡᠯ᠎ᠲᠠᠢ ᠶᠠᠳᠠᠭᠤ ᠎ᠠᠴᠠ ᠠᠩᠭᠢᠵᠢᠷᠠᠭᠰᠠᠨ ᠬᠥᠮᠥᠨ ᠠᠮᠠ  ᠂ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ  ᠃ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠭᠡᠳᠡᠭ᠎ᠨᠢ ᠶᠠᠳᠠᠭᠤ᠎ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ ᠵᠢ ᠵᠢᠭ᠋ᠠᠵᠤ ᠪᠠᠢ᠌ᠨ᠎ᠠ  ᠂ ᠵᠠᠬ᠎ᠠ ᠬᠢᠵᠠᠭ᠋ᠠᠷ᠎ᠤᠨ ᠠᠮᠠᠷᠬᠠᠨ ᠡᠭᠦᠰᠬᠦ ᠶᠠᠳᠠᠭᠤ ᠬᠦᠴᠢᠷᠳᠡᠯᠲᠡᠢ ᠡᠷᠦᠬᠡ ᠵᠢᠴᠢ ᠡᠪᠡᠳᠴᠢᠨ᠎ᠤ ᠰᠢᠯᠲᠠᠭ᠋ᠠᠨ ᠪᠠ ᠭᠠᠮᠰᠢᠭ᠎ᠤᠨ ᠰᠢᠯᠲᠠᠭ᠋ᠠᠨ ᠎ᠠᠴᠠ ᠪᠣᠯᠵᠤ ᠰᠠᠨᠠᠭ᠋ᠠᠨ᠎ᠳᠤ ᠦᠭᠡᠢ ᠡᠨᠳᠡᠯ ᠵᠡᠷᠭᠡ ᠵᠠᠢ᠌ᠯᠠᠰᠢ ᠦᠭᠡᠢ ᠵᠠᠷᠤᠯᠭ᠎ᠠ ᠨᠡᠯᠢᠶᠡᠳ ᠶᠡᠬᠡ ᠪᠤᠶᠤ ᠣᠷᠣᠯᠭ᠎ᠠ᠎ᠨᠢ ᠶᠡᠬᠡ ᠬᠡᠮᠵᠢᠶ᠎ᠡ᠎ᠪᠠᠷ ᠬᠠᠰᠤᠭᠳᠠᠭᠰᠠᠨ ᠎ᠠᠴᠠ ᠪᠣᠯᠵᠤ ᠦᠨᠳᠦᠰᠦᠨ ᠠᠮᠢᠳᠤᠷᠠᠯ᠎ᠳᠤᠨᠢ ᠬᠦᠨᠳᠦ ᠨᠣᠴᠢᠲᠠᠢ ᠬᠦᠴᠢᠷᠳᠡᠯ᠎ᠲᠠᠢ ᠡᠷᠦᠬᠡ ᠵᠢᠨ ᠣᠷᠣᠯᠭ᠎ᠠ᠎ᠨᠢ ᠶᠠᠳᠠᠭᠤ ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠬᠤᠭᠤᠴᠠᠭ᠋ᠠᠨ᠎ᠤ ᠤᠯᠤᠰ᠎ᠤᠨ ᠶᠠᠳᠠᠭᠤ ᠵᠢ ᠲᠡᠳᠬᠦᠬᠦ ᠪᠠᠷᠢᠮᠵᠢᠶ᠎ᠠ ᠵᠢᠨ 1.5 ᠳᠠᠬᠢᠨ ᠎ᠠᠴᠠ ᠲᠤᠤᠷ᠎ᠠ ᠪᠠᠢ᠌ᠬᠤ ᠲᠤᠤᠷ᠎ᠠ ᠣᠷᠣᠯᠭ᠎ᠠ᠎ᠲᠠᠢ ᠬᠥᠮᠥᠨ ᠠᠮᠠ (ᠲᠤᠤᠷ᠎ᠠ ᠣᠷᠣᠯᠭ᠎ᠠ᠎ᠲᠠᠢ ᠬᠥᠮᠥᠨ ᠠᠮᠠ ᠵᠢᠨ ᠪᠠᠷᠢᠮᠵᠢᠶ᠎ᠠ ᠪᠠ ᠬᠡᠪᠴᠢᠶ᠎ᠡ ᠵᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ ᠬᠥᠳᠡᠯᠦᠩᠭᠦᠢ᠎ᠪᠠᠷ ᠲᠣᠬᠢᠷᠠᠭᠤᠯᠤᠨ᠎ᠠ  )  ᠃

      

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ

       ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ

       ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ

       ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ

      2021 ᠣᠨ᠎ᠤ 7 ᠰᠠᠷ᠎ᠠ ᠵᠢᠨ 16᠎ᠤ ᠡᠳᠦᠷ

 

ᠢᠷᠡᠯᠲᠡ᠄ ᠲᠣᠰ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠨᠳᠣᠣ ᠭᠠᠵᠠᠷ᠎ᠲᠤ ᠨᠡᠭᠦᠯᠭᠡᠨ ᠶᠠᠳᠠᠭᠤ ᠵᠢ ᠲᠡᠳᠬᠦᠭᠰᠡᠨ᠎ᠤ ᠳᠠᠷᠠᠭ᠋ᠠᠬᠢ ᠲᠡᠳᠬᠦᠨ ᠳᠡᠮᠵᠢᠬᠦ ᠠᠵᠢᠯ᠎ᠢ ᠦᠨᠡᠨ ᠬᠦ᠌ ᠰᠠᠢ᠌ᠲᠤᠷ ᠬᠢᠵᠦ ᠶᠠᠳᠠᠭᠤ ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢ᠍ᠳᠪᠦᠷᠢᠯᠡᠬᠦ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠵᠠᠰᠠᠭ ᠠᠯᠪᠠᠨ ᠲᠠᠷᠬᠠᠭ᠋ᠠᠭᠰᠠᠨ[2016]77 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠠᠰᠤᠵᠢᠯ᠎ᠤᠨ ᠠᠵᠤ ᠦᠢ᠍ᠯᠡᠰ᠎ᠤᠨ ᠲᠦᠷᠭᠡᠨ ᠬᠥᠭᠵᠢᠯᠲᠡ ᠵᠢ ᠠᠬᠢᠭᠤᠯᠬᠤ ᠲᠤᠬᠠᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ᠎ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
 
            