ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ[2016]77 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-01-17

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

                ᠥᠪᠥᠷ ᠵᠠᠰᠠᠭ ᠠᠯᠪᠠᠨ ᠲᠠᠷᠬᠠᠭ᠋ᠠᠭᠰᠠᠨ[2022]75 ᠳ᠋ᠤᠭ᠋ᠠᠷ ᠲᠣᠭ᠋ᠠᠲᠤ

      ᠥᠪᠥᠷ ᠵᠠᠰᠠᠭ ᠠᠯᠪᠠᠨ ᠲᠠᠷᠬᠠᠭ᠋ᠠᠭᠰᠠᠨ[2016]77 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

      ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢ᠍ᠯᠡᠰ᠎ᠤᠨ ᠨᠢᠭᠡᠴᠢ᠎ᠳᠤ᠄

      ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠵᠠᠷᠤᠳᠠᠯ᠎ᠤᠨ ᠲᠠᠲᠠᠪᠤᠷᠢᠯᠠᠵᠤ ᠲᠤᠰᠢᠶᠠᠬᠤ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠵᠤ᠂ ᠲᠠᠲᠠᠪᠤᠷᠢᠯᠠᠵᠤ ᠲᠤᠰᠢᠶᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠤᠷᠢᠶᠠᠪᠠᠰᠤ ᠵᠣᠬᠢᠬᠤ ᠪᠦᠬᠦᠨ᠎ᠢ ᠬᠤᠷᠢᠶᠠᠬᠤ ᠵᠢ ᠪᠡᠶᠡᠯᠡᠭᠦᠯᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠨᠠᠮᠠᠭ᠋ᠠᠢ ᠰᠤᠳᠤᠯᠤᠭ᠋ᠠᠳ᠂ 《ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠵᠠᠷᠤᠳᠠᠯ᠎ᠤᠨ ᠲᠠᠲᠠᠪᠤᠷᠢᠯᠠᠵᠤ ᠲᠤᠰᠢᠶᠠᠬᠤ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ[2016] 77 ᠳ᠋ᠤᠭ᠋ᠠᠷ ᠲᠣᠭ᠋ᠠᠲᠤ)᠎ᠤᠨ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠬᠤ᠎ᠪᠠᠷ ᠲᠣᠭᠲᠠᠪᠠ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠪᠡ᠃

      ᠨᠢᠭᠡ᠂ ᠥᠪᠥᠷ ᠵᠠᠰᠠᠭ ᠠᠯᠪᠠᠨ ᠲᠠᠷᠬᠠᠭ᠋ᠠᠭᠰᠠᠨ[2016] 77 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ 《ᠬᠣᠶᠠᠷ᠂ ᠲᠠᠲᠠᠪᠤᠷᠢᠯᠠᠵᠤ ᠲᠤᠰᠢᠶᠠᠬᠤ ᠵᠠᠭᠪᠤᠷ》᠎ᠤᠨ ᠬᠡᠰᠡᠭ᠎ᠲᠠᠬᠢ ᠠᠭᠤᠯᠭ᠎ᠠ᠎ᠳᠤ 《ᠪᠥᠬᠥ ᠣᠷᠣᠨ᠎ᠤ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠵᠠᠷᠤᠳᠠᠯ᠎ᠢ ᠭᠠᠢ᠌ᠯᠢ ᠵᠢᠨ ᠶᠠᠪᠤᠳᠠᠯ᠎ᠤᠨ ᠪᠠᠢ᠌ᠭᠤᠯᠭ᠎ᠠ᠎ᠠᠴᠠ ᠲᠥᠷᠥ ᠲᠠᠷᠬᠠᠭ᠋ᠠᠭᠰᠠᠨ[2015]2 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠶᠣᠰᠣᠭ᠋ᠠᠷ᠂ 2014 ᠣᠨ᠎ᠤ 10 ᠳ᠋ᠤᠭ᠋ᠠᠷ ᠰᠠᠷ᠎ᠠ᠎ᠠᠴᠠ ᠡᠬᠢᠯᠡᠨ ᠬᠠᠤᠯᠢ ᠶᠣᠰᠣᠭ᠋ᠠᠷ ᠪᠥᠬᠥ ᠲᠣᠭ᠎ᠠ᠎ᠪᠠᠷ ᠲᠠᠲᠠᠪᠤᠷᠢᠯᠠᠵᠤ ᠲᠤᠰᠢᠶᠠᠬᠤ ᠬᠡᠷᠡᠭᠲᠡᠢ》 ᠭᠡᠵᠦ ᠵᠠᠰᠠᠪᠤᠷᠢ ᠣᠷᠣᠭᠤᠯᠪᠠ᠃

      ᠬᠣᠶᠠᠷ᠂ ᠥᠪᠥᠷ ᠵᠠᠰᠠᠭ ᠠᠯᠪᠠᠨ ᠲᠠᠷᠬᠠᠭ᠋ᠠᠭᠰᠠᠨ[2016] 77 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ 《ᠭᠤᠷᠪᠠ᠂ ᠲᠠᠲᠠᠪᠤᠷᠢᠯᠠᠵᠤ ᠲᠤᠰᠢᠶᠠᠬᠤ ᠬᠠᠮᠢᠶᠠᠷᠤᠯᠲᠠ》 ᠵᠢᠨ ᠬᠡᠰᠡᠭ᠎ᠲᠠᠬᠢ 《ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠯᠴᠠᠨ ᠪᠥᠬᠥ ᠣᠷᠣᠨ᠎ᠤ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠵᠠᠷᠤᠳᠠᠯ᠎ᠤᠨ ᠲᠠᠲᠠᠪᠤᠷᠢᠯᠠᠵᠤ ᠲᠤᠰᠢᠶᠠᠬᠤ ᠲᠠᠯ᠎ᠠ᠎ᠪᠠᠷ᠎ᠬᠢ ᠪᠣᠳᠠᠲᠠᠢ ᠠᠵᠢᠯᠯᠠᠭ᠋ᠠᠨ᠎ᠤ ᠠᠷᠭ᠎ᠠ ᠪᠠ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠬᠤ ᠵᠢᠨ ᠬᠠᠮᠲᠤ᠂ ᠡᠯ᠎ᠡ ᠭᠠᠵᠠᠷ ᠣᠷᠣᠨ᠎ᠤ ᠲᠠᠲᠠᠪᠤᠷᠢᠯᠠᠵᠤ ᠲᠤᠰᠢᠶᠠᠬᠤ ᠠᠵᠢᠯ᠎ᠢ ᠥᠷᠨᠢᠭᠦᠯᠵᠦ ᠪᠠᠢ᠌ᠭ᠎ᠠ ᠪᠠᠢ᠌ᠳᠠᠯ᠎ᠳᠤ ᠵᠢᠭ᠋ᠠᠨ ᠵᠢᠯᠣᠭᠣᠳᠤᠯᠭ᠎ᠠ ᠬᠢᠨᠠᠯᠲᠠ ᠲᠠᠯᠪᠢᠯᠲᠠ ᠬᠢᠨ᠎ᠡ᠃》 ᠭᠡᠳᠡᠭ᠎ᠲᠤ 《ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠯᠴᠠᠨ 2022 ᠣᠨ᠎ᠤ 9 ᠳ᠋ᠦ᠍ᠭᠡᠷ ᠰᠠᠷ᠎ᠠ ᠵᠢᠨ 21᠎ᠤ ᠡᠳᠦᠷ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠤᠰᠬᠠᠢ ᠰᠡᠳᠦᠪᠲᠦ ᠬᠤᠷᠠᠯ᠎ᠤᠨ ᠱᠠᠭ᠋ᠠᠷᠳᠠᠯᠭ᠎ᠠ ᠶᠣᠰᠣᠭ᠋ᠠᠷ᠂ ᠪᠥᠬᠥ ᠣᠷᠣᠨ᠎ᠤ ᠠᠯᠪᠠᠨ ᠪᠠᠢ᠌ᠭᠤᠯᠭ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠵᠠᠷᠤᠳᠠᠯ᠎ᠤᠨ ᠲᠠᠲᠠᠪᠤᠷᠢᠯᠠᠵᠤ ᠲᠤᠰᠢᠶᠠᠬᠤ ᠪᠣᠳᠠᠲᠠᠢ ᠲᠤᠬᠠᠢ᠌ᠯᠠᠭᠰᠠᠨ ᠠᠵᠢᠯ᠎ᠤᠨ ᠳᠦᠷᠢᠮ᠎ᠢ ᠲᠣᠳᠣᠷᠬᠠᠢ᠌ᠯᠠᠬᠤ ᠵᠢᠨ ᠬᠠᠮᠲᠤ᠂ ᠡᠯ᠎ᠡ ᠭᠠᠵᠠᠷ ᠣᠷᠣᠨ᠎ᠤ ᠲᠠᠲᠠᠪᠤᠷᠢᠯᠠᠵᠤ ᠲᠤᠰᠢᠶᠠᠬᠤ ᠠᠵᠢᠯ᠎ᠢ ᠥᠷᠨᠢᠭᠦᠯᠵᠦ ᠪᠠᠢ᠌ᠭ᠎ᠠ ᠪᠠᠢ᠌ᠳᠠᠯ᠎ᠳᠤ ᠵᠢᠭ᠋ᠠᠨ ᠵᠢᠯᠣᠭᠣᠳᠤᠯᠭ᠎ᠠ ᠬᠢᠨᠠᠯᠲᠠ ᠲᠠᠯᠪᠢᠯᠲᠠ ᠬᠢᠨ᠎ᠡ᠃》 ᠭᠡᠵᠦ ᠵᠠᠰᠠᠪᠤᠷᠢ ᠣᠷᠣᠭᠤᠯᠪᠠ᠃

      ᠭᠤᠷᠪᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠎ᠨᠢ ᠳᠡᠭᠡᠷ᠎ᠡ ᠳᠤᠷᠠᠳᠤᠭᠰᠠᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ᠎ᠳᠤ ᠠᠰᠠᠭᠤᠳᠠᠯ ᠲᠤᠯᠭ᠋ᠠᠷᠠᠪᠠᠯ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠪᠣᠯᠣᠨ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠬᠠᠷᠢᠭᠤᠴᠠᠨ ᠲᠠᠢ᠌ᠯᠪᠤᠷᠢᠯᠠᠨ᠎ᠠ᠃

      2022 ᠣᠨ᠎ᠤ 10 ᠳ᠋ᠤᠭ᠋ᠠᠷ ᠰᠠᠷ᠎ᠠ ᠵᠢᠨ 12᠎ᠤᠨ ᠡᠳᠦᠷ

      (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

 

                           ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                          2022 ᠣᠨ᠎ᠤ 10 ᠳ᠋ᠤᠭ᠋ᠠᠷ ᠰᠠᠷ᠎ᠠ ᠵᠢᠨ 29᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            