ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2022] 45 ᠳ᠋ᠤᠭ᠋ᠠᠷ ᠲᠣᠭ᠋ᠠᠲᠤ
ᠨᠠᠰᠤᠵᠢᠯ᠎ᠤᠨ ᠠᠵᠤ ᠦᠢ᠍ᠯᠡᠰ᠎ᠤᠨ ᠲᠦᠷᠭᠡᠨ ᠬᠥᠭᠵᠢᠯᠲᠡ ᠵᠢ ᠠᠬᠢᠭᠤᠯᠬᠤ ᠲᠤᠬᠠᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠳᠠᠷᠤᠮᠠᠯᠯᠠᠨ ᠶᠠᠪᠤᠭᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠨᠠᠰᠤᠵᠢᠯ᠎ᠤᠨ ᠠᠵᠤ ᠦᠢ᠍ᠯᠡᠰ᠎ᠤᠨ ᠲᠦᠷᠭᠡᠨ ᠬᠥᠭᠵᠢᠯᠲᠡ ᠵᠢ ᠠᠬᠢᠭᠤᠯᠬᠤ ᠲᠤᠬᠠᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2022 ᠣᠨ᠎ᠤ 7 ᠳ᠋ᠤᠭ᠋ᠠᠷ ᠰᠠᠷ᠎ᠠ ᠵᠢᠨ 7᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠨᠠᠰᠤᠵᠢᠯ᠎ᠤᠨ ᠠᠵᠤ ᠦᠢ᠍ᠯᠡᠰ᠎ᠤᠨ ᠲᠦᠷᠭᠡᠨ ᠬᠥᠭᠵᠢᠯᠲᠡ ᠵᠢ ᠠᠬᠢᠭᠤᠯᠬᠤ ᠲᠤᠬᠠᠢ
ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ
《ᠰᠢᠨ᠎ᠡ ᠴᠠᠭ ᠦᠶ᠎ᠡ ᠵᠢᠨ ᠨᠠᠰᠤᠵᠢᠯᠲᠠ ᠵᠢᠨ ᠠᠵᠢᠯ᠎ᠢ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》 (ᠲᠥᠪ ᠲᠠᠷᠬᠠᠭ᠋ᠠᠭᠰᠠᠨ [2021]42 ᠳ᠋ᠤᠭ᠋ᠠᠷ ᠲᠣᠭ᠋ᠠᠲᠤ) ᠪᠠ 《ᠨᠠᠰᠤᠵᠢᠯ᠎ᠤᠨ ᠦᠢ᠍ᠯᠡᠴᠢᠯᠡᠭᠡᠨ᠎ᠤ ᠬᠥᠭᠵᠢᠯᠲᠡ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2019]5 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠥᠬᠥ ᠣᠷᠣᠨ᠎ᠤ ᠨᠠᠰᠤᠵᠢᠯ᠎ᠤᠨ ᠠᠵᠤ ᠦᠢ᠍ᠯᠡᠰ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠤᠨ᠂ ᠨᠠᠰᠤᠲᠠᠢ᠌ᠴᠤᠳ᠎ᠤᠨ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠣᠯᠠᠨ ᠲᠠᠰ ᠳᠠᠪᠬᠤᠷᠭ᠎ᠠ ᠵᠢᠨ᠂ ᠣᠯᠠᠨ ᠶᠠᠩᠵᠤ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠩᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠳᠤᠷᠠᠳᠪᠠ᠃
ᠨᠢᠭᠡ᠂ ᠦᠢ᠍ᠯᠡᠳᠬᠦᠨ ᠪᠠ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠬᠦ ᠬᠡᠷᠡᠭᠲᠡᠢ
(ᠨᠢᠭᠡ) ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠶᠠᠰᠤ ᠴᠢᠨᠠᠷ ᠵᠶ᠋ᠡᠨ ᠳᠡᠭᠡᠭᠰᠢᠯᠡᠭᠦᠯᠦᠨ ᠦᠷ᠎ᠡ ᠠᠰᠢᠭ ᠵᠶ᠋ᠡᠨ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠤᠯᠤᠰ᠎ᠤᠨ ᠥᠮᠴᠢᠯᠡᠯᠲᠦ ᠬᠥᠷᠥᠩᠭᠡ᠂ ᠨᠡᠢ᠌ᠭᠡᠮ᠎ᠤᠨ ᠬᠥᠷᠥᠩᠭᠡ ᠵᠢᠨ ᠠᠳᠠᠯᠢ ᠪᠤᠰᠤ ᠣᠷᠣᠯᠭ᠎ᠠ᠎ᠲᠠᠢ ᠬᠥᠮᠥᠰ᠂ ᠠᠳᠠᠯᠢ ᠪᠤᠰᠤ ᠬᠡᠷᠡᠭᠴᠡᠭᠡ ᠱᠠᠭ᠋ᠠᠷᠳᠠᠯᠭ᠎ᠠ᠎ᠲᠠᠢ ᠡᠲᠡᠭᠡᠳ᠎ᠲᠤ ᠬᠠᠨᠳᠤᠭᠤᠯᠤᠭᠰᠠᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠡᠷᠭᠢᠯᠡᠬᠦ ᠵᠢ ᠵᠣᠷᠢᠭᠵᠢᠭᠤᠯᠤᠨ ᠳᠡᠮᠵᠢᠵᠦ᠂ ᠨᠥᠬᠥᠴᠡᠯ᠎ᠳᠤ ᠨᠡᠢ᠌ᠴᠡᠭᠰᠡᠨ ᠨᠠᠰᠤᠵᠢᠯ᠎ᠤᠨ ᠪᠠᠢ᠌ᠭᠤᠯᠤᠮᠵᠢ᠎ᠳᠤ ᠪᠦᠲᠦᠭᠡᠨ ᠪᠠᠢ᠌ᠭᠤᠯᠤᠯᠲᠠ ᠪᠠ ᠡᠵᠡᠩᠨᠡᠯᠲᠡ ᠵᠢᠨ ᠨᠥᠬᠥᠪᠦᠷᠢ ᠥᠭᠴᠦ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠡᠵᠡᠩᠨᠡᠯᠲᠡ ᠵᠢᠨ ᠨᠥᠬᠥᠪᠦᠷᠢ ᠣᠯᠭᠣᠬᠤ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠲᠤᠰᠬᠠᠢ᠌ᠵᠢᠬᠤ᠂ ᠨᠡᠷᠡᠲᠦ ᠲᠡᠮᠳᠡᠭᠵᠢᠬᠦ᠂ ᠬᠡᠯᠬᠢᠶᠡᠵᠢᠬᠦ᠂ ᠬᠡᠪᠴᠢᠶᠡᠵᠢᠨ ᠬᠥᠭᠵᠢᠬᠦ ᠵᠢ ᠵᠣᠷᠢᠭᠵᠢᠭᠤᠯᠬᠤ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠲᠠᠸᠠᠷ᠎ᠤᠨ ᠲᠡᠮᠳᠡᠭ ᠨᠠᠷᠠᠲᠤ ᠲᠡᠮᠳᠡᠭᠲᠦ ᠵᠢ ᠬᠠᠮᠠᠭ᠋ᠠᠯᠠᠬᠤ᠎ᠪᠠᠨ ᠬᠠᠤᠯᠢ ᠶᠣᠰᠣᠭ᠋ᠠᠷ ᠴᠢᠩᠭ᠋ᠠᠳᠬᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ᠎ᠠ᠃ ᠳᠣᠷᠣᠭᠰᠢᠬᠢ ᠵᠢ ᠴᠥᠮ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠨ ᠨᠠᠢ᠌ᠳᠠᠪᠤᠷᠢᠵᠢᠭᠤᠯᠬᠤ ᠪᠣᠯᠬᠣᠷ ᠳᠠᠭᠢᠵᠤ ᠵᠢᠭᠰᠠᠭ᠋ᠠᠨ ᠲᠣᠳᠣᠷᠬᠠᠢ᠌ᠯᠠᠬᠤ ᠦᠭᠡᠢ)
(ᠬᠣᠶᠠᠷ) ᠡᠷᠡᠭᠦᠯᠵᠢᠯ᠎ᠤᠨ ᠬᠠᠪᠰᠤᠷᠤᠮᠵᠢ ᠬᠡᠷᠡᠭᠰᠡᠯ᠎ᠤᠨ ᠠᠵᠤ ᠦᠢ᠍ᠯᠡᠰ᠎ᠢ ᠶᠡᠬᠡ᠎ᠪᠠᠷ ᠬᠥᠭᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠬᠠᠪᠰᠤᠷᠤᠮᠵᠢ ᠬᠡᠷᠡᠭᠰᠡᠯ ᠬᠢᠭᠡᠳ ᠥᠲᠡᠭᠦᠰ᠎ᠲᠤ ᠲᠣᠬᠢᠷᠠᠬᠤ ᠦᠢ᠍ᠯᠡᠳᠬᠦᠨ᠎ᠢ ᠳᠡᠯᠭᠡᠨ ᠦᠵᠡᠭᠦᠯᠬᠦ ᠦᠢ᠍ᠯᠡᠴᠢᠯᠡᠭᠡᠨ᠎ᠤ ᠵᠢᠱ᠌ᠢᠶ᠎ᠡ ᠦᠵᠡᠭᠦᠯᠬᠦ ᠲᠥᠪ ᠪᠠᠢ᠌ᠭᠤᠯᠵᠤ᠂ ᠠᠵᠤ ᠠᠬᠤᠢ᠌ᠯᠠᠯ᠎ᠳᠤ ᠦᠢ᠍ᠯᠡᠳᠬᠦᠨ ᠵᠶ᠋ᠡᠨ ᠳᠡᠯᠭᠡᠨ ᠦᠵᠡᠭᠦᠯᠬᠦ ᠪᠠ ᠪᠡᠶᠡᠴᠢᠯᠡᠨ ᠣᠢ᠌ᠯᠠᠭ᠋ᠠᠬᠤ ᠲᠠᠪᠴᠠᠩ ᠬᠠᠩᠭ᠋ᠠᠨ᠎ᠠ᠃ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠠᠰᠤᠵᠢᠯ᠎ᠤᠨ ᠴᠢᠨᠠᠷᠵᠢᠭᠤᠨ ᠠᠵᠤ ᠠᠬᠤᠢ᠌ᠯᠠᠯ ᠪᠠ ᠬᠠᠪᠰᠤᠷᠤᠮᠵᠢ ᠬᠡᠷᠡᠭᠰᠡᠯ᠎ᠤᠨ ᠠᠵᠤ ᠠᠬᠤᠢ᠌ᠯᠠᠯ᠎ᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ ᠲᠣᠭᠣᠷᠢᠭ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠠ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠲᠤ ᠲᠡᠳᠡᠨ ᠨᠤᠲᠤᠭᠰᠢᠭᠤᠯᠬᠤ ᠵᠢᠨ ᠬᠠᠮᠲᠤ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠬᠦᠷᠲᠡᠭᠡᠬᠦ ᠬᠡᠷᠡᠭᠲᠡᠢ᠃ ᠡᠷᠡᠭᠦᠯᠵᠢᠯ᠎ᠤᠨ ᠬᠠᠪᠰᠤᠷᠤᠮᠵᠢ ᠬᠡᠷᠡᠭᠰᠡᠯ᠎ᠢ ᠨᠡᠢ᠌ᠭᠡᠮ ᠲᠣᠭᠣᠷᠢᠭ᠎ᠲᠤ ᠲᠦᠷᠢᠶᠡᠰᠦᠯᠡᠵᠦ ᠦᠭᠭᠦ ᠵᠢ ᠢᠳᠡᠪᠬᠢᠲᠡᠢ ᠳᠡᠯᠭᠡᠷᠡᠭᠦᠯᠵᠦ᠂ ᠨᠡᠢ᠌ᠭᠡᠮ᠎ᠤᠨ᠎ᠬᠢᠨ᠎ᠤ ᠨᠠᠰᠤᠵᠢᠯ᠎ᠤᠨ ᠪᠠᠢ᠌ᠭᠤᠯᠤᠮᠵᠢ ᠡᠷᠬᠢᠯᠡᠬᠦ ᠪᠠ ᠦᠢ᠍ᠯᠡᠴᠢᠯᠡᠭᠡᠨ᠎ᠤ ᠲᠠᠯᠠᠪᠤᠷ ᠭᠠᠵᠠᠷ᠎ᠲᠤ ᠡᠷᠡᠭᠦᠯᠵᠢᠯ᠎ᠤᠨ ᠬᠠᠪᠰᠤᠷᠤᠮᠵᠢ ᠬᠡᠷᠡᠭᠰᠡᠯ ᠬᠤᠳᠠᠯᠳᠤᠨ ᠠᠪᠴᠤ ᠬᠡᠷᠡᠭᠯᠡᠬᠦ᠎ᠳᠤ ᠨᠥᠬᠥᠪᠦᠷᠢ ᠦᠭᠭᠦ ᠳᠦᠷᠢᠮ᠎ᠢ ᠰᠦᠪᠡᠭᠴᠢᠯᠡᠨ ᠪᠠᠢ᠌ᠭᠤᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠠᠴᠠ ᠬᠠᠷᠢᠭᠤᠴᠠᠨ᠎ᠠ)
(ᠭᠤᠷᠪᠠ) ᠨᠠᠰᠤᠲᠠᠢ᠌ᠴᠤᠳ᠎ᠤᠨ ᠰᠠᠭᠤᠷᠢᠰᠢᠬᠤ᠎ᠳᠤ ᠲᠠᠭ᠋ᠠᠯᠠᠮᠵᠢᠲᠠᠢ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠨᠡᠢ᠌ᠭᠡᠮ᠎ᠤᠨ ᠬᠥᠷᠥᠩᠭᠡ ᠵᠢᠨ ᠨᠠᠰᠤᠲᠠᠢ᠌ᠴᠤᠳ᠎ᠤᠨ ᠣᠷᠣᠰᠢᠨ ᠰᠠᠭᠤᠬᠤ᠎ᠳᠤ ᠲᠣᠬᠢᠷᠠᠬᠤ ᠨᠠᠩ ᠣᠯᠠᠨ ᠬᠤᠳᠠᠯᠳᠤᠭ᠋ᠠᠨ᠎ᠤ ᠣᠷᠣᠨ ᠰᠠᠭᠤᠴᠠ ᠵᠢᠨ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠬᠤ ᠬᠡᠷᠡᠭᠲᠡᠢ᠃ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢ ᠲᠥᠯᠥᠪᠦᠷᠢ ᠦᠭᠡᠢ᠎ᠪᠠᠷ ᠨᠡᠢ᠌ᠭᠡᠮ᠎ᠤᠨ ᠬᠦᠴᠦᠨ᠎ᠳᠤ ᠲᠤᠰᠢᠶᠠᠨ ᠡᠵᠡᠩᠨᠡᠭᠦᠯᠬᠦ ᠵᠢ ᠳᠡᠮᠵᠢᠵᠦ᠂ ᠭᠡᠷ ᠠᠬᠤᠢ ᠵᠢᠨ ᠠᠵᠤ ᠠᠬᠤᠢ᠌ᠯᠠᠯ᠂ ᠠᠳᠠᠯ ᠠᠬᠤᠢ ᠵᠢᠨ ᠺᠣᠮᠫᠠᠨᠢ ᠵᠢᠨ ᠭᠡᠷ᠎ᠲᠤ᠎ᠪᠠᠨ ᠠᠰᠠᠷᠠᠭᠤᠯᠬᠤ᠎ᠳᠤ ᠵᠣᠷᠢᠭᠤᠯᠤᠭᠰᠠᠨ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠳᠤ ᠣᠷᠤᠯᠴᠠᠬᠤ ᠵᠢ ᠳᠡᠮᠵᠢᠬᠦ ᠬᠡᠷᠡᠭᠲᠡᠢ᠃ ᠣᠨᠴᠠ ᠬᠦᠴᠢᠷᠳᠡᠯᠲᠡᠢ ᠨᠠᠰᠤᠲᠠᠢ᠌ᠴᠤᠳ᠎ᠤᠨ ᠭᠡᠷ ᠪᠦᠯᠢ᠎ᠳᠤ ᠥᠲᠡᠭᠦᠰ᠎ᠲᠤ ᠲᠣᠬᠢᠷᠠᠭᠤᠯᠤᠭᠰᠠᠨ ᠥᠭᠡᠷᠡᠴᠢᠯᠡᠯᠲᠡ ᠰᠢᠨᠡᠴᠢᠯᠡᠯᠲᠡ ᠬᠢᠬᠦ᠎ᠳᠤ ᠨᠥᠬᠥᠪᠦᠷᠢ ᠥᠭᠴᠦ᠂ ᠨᠠᠰᠤᠲᠠᠨ᠎ᠢ ᠠᠰᠠᠷᠠᠬᠤ ᠠᠵᠢᠯ᠎ᠤᠨ ᠭᠡᠷ ᠪᠦᠯᠢ ᠵᠢᠨ ᠦᠢ᠍ᠯᠡᠴᠢᠯᠡᠭᠡᠨ᠎ᠤ ᠣᠷᠣ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠬᠠᠷᠢᠭᠤᠴᠠᠨ᠎ᠠ)
(ᠳᠥᠷᠪᠡ) ᠥᠲᠡᠭᠦᠰ᠎ᠤᠨ ᠰᠤᠷᠭ᠋ᠠᠨ ᠬᠥᠮᠦᠵᠢᠯ᠎ᠤᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠢ᠃ ᠨᠥᠬᠥᠴᠡᠯ᠎ᠲᠠᠢ ᠰᠤᠷᠭ᠋ᠠᠭᠤᠯᠢ᠎ᠨᠤᠭᠤᠳ᠎ᠤᠨ ᠥᠲᠡᠭᠦᠰ᠎ᠤᠨ ᠰᠤᠷᠭ᠋ᠠᠨ ᠬᠥᠮᠦᠵᠢᠯ᠎ᠢ ᠥᠷᠨᠢᠭᠦᠯᠬᠦ ᠵᠢ᠎ᠨᠢ ᠵᠣᠷᠢᠭᠵᠢᠭᠤᠯᠵᠤ᠂ ᠨᠡᠢ᠌ᠭᠡᠮ᠎ᠤᠨ ᠬᠦᠴᠦᠨ᠎ᠤ ᠥᠲᠡᠭᠦᠰ᠎ᠤᠨ ᠶᠡᠬᠡ ᠰᠤᠷᠭ᠋ᠠᠭᠤᠯᠢ ᠡᠷᠬᠢᠯᠡᠬᠦ ᠵᠢ ᠳᠡᠮᠵᠢᠵᠦ᠂ ᠥᠲᠡᠭᠦᠰ᠎ᠤᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠥᠷᠭᠡᠳᠬᠡᠬᠦ ᠬᠡᠷᠡᠭᠲᠡᠢ᠃ ᠥᠲᠡᠭᠦᠰ᠎ᠤᠨ ᠲᠣᠭ᠋ᠠᠵᠢᠯᠲᠤ ᠰᠤᠷᠭ᠋ᠠᠨ ᠬᠥᠮᠦᠵᠢᠯ᠎ᠤᠨ ᠰᠢᠨ᠎ᠡ ᠡᠵᠡᠩᠨᠡᠯᠲᠡ ᠵᠢᠨ ᠪᠠᠢ᠌ᠳᠠᠯ᠎ᠢ ᠵᠣᠷᠢᠭᠵᠢᠭᠤᠯᠤᠨ ᠬᠥᠭᠵᠢᠭᠦᠯᠵᠦ᠂ ᠠᠵᠤ ᠠᠬᠤᠢ᠌ᠯᠠᠯ ᠪᠠ ᠡᠯ᠎ᠡ ᠲᠥᠷᠥᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠦᠯᠵᠢᠶᠡᠨ ᠥᠷᠲᠡᠭᠡ᠂ ᠭᠠᠷ ᠤᠲᠠᠰᠤᠨ᠎ᠤ APP ᠵᠶ᠋ᠠᠷ ᠳᠠᠮᠵᠢᠭᠤᠯᠤᠨ ᠰᠦᠯᠵᠢᠶ᠎ᠡ᠎ᠪᠠᠷ ᠰᠤᠷᠤᠯᠴᠠᠬᠤ᠂ ᠬᠠᠷᠢᠯᠴᠠᠨ ᠬᠥᠳᠡᠯᠦᠯᠴᠡᠵᠦ ᠣᠢ᠌ᠯᠠᠭ᠋ᠠᠯᠴᠠᠬᠤ ᠵᠡᠷᠭᠡ ᠰᠢᠨ᠎ᠡ ᠵᠢ ᠡᠭᠦᠳᠦᠭᠰᠡᠨ ᠰᠤᠷᠭ᠋ᠠᠨ ᠬᠥᠮᠦᠵᠢᠯ᠎ᠤᠨ ᠨᠡᠷᠡᠳᠭᠦᠨ᠎ᠢ ᠨᠡᠭᠡᠭᠡᠨ ᠬᠥᠭᠵᠢᠭᠦᠯᠬᠦ ᠵᠢ ᠳᠡᠮᠵᠢᠵᠦ᠂ ᠵᠠᠰᠠᠭ᠎ᠤᠨ ᠣᠷᠳᠣᠨ ᠬᠤᠳᠠᠯᠳᠤᠨ ᠠᠪᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠥᠲᠡᠭᠦᠰ᠎ᠤᠨ ᠰᠤᠷᠭ᠋ᠠᠨ ᠬᠥᠮᠦᠵᠢᠯ᠎ᠢ ᠬᠥᠭᠵᠢᠭᠦᠯᠬᠦ ᠵᠢ᠎ᠨᠢ ᠳᠡᠮᠵᠢᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠠᠴᠠ ᠬᠠᠷᠢᠭᠤᠴᠠᠨ᠎ᠠ)
(ᠲᠠᠪᠤ) ᠡᠷᠡᠭᠦᠯ ᠡᠩᠬᠡ ᠵᠢᠭᠤᠯᠴᠢᠯᠠᠨ ᠰᠠᠭᠤᠬᠤ ᠨᠠᠰᠤᠵᠢᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠡᠷᠡᠭᠦᠯᠵᠢᠭᠦᠯᠵᠦ ᠰᠤᠪᠢᠯᠠᠬᠤ ᠵᠢᠭᠤᠯᠴᠢᠯᠠᠯ᠂ ᠨᠡᠭᠦᠳᠡᠯ ᠬᠡᠯᠪᠡᠷᠢ ᠵᠢᠨ ᠵᠢᠭᠤᠯᠴᠢᠯᠠᠯ᠂ ᠬᠤᠪᠢᠰᠬᠠᠯ᠎ᠤᠨ ᠳᠤᠷᠠᠰᠬᠠᠯᠲᠤ ᠭᠠᠵᠠᠷ᠎ᠤᠨ ᠵᠢᠭᠤᠯᠴᠢᠯᠠᠯ ᠵᠡᠷᠭᠡ ᠨᠠᠰᠤᠲᠠᠢ᠌ᠴᠤᠳ᠎ᠲᠤ ᠲᠣᠬᠢᠷᠠᠬᠤ ᠵᠢᠭᠤᠯᠴᠢᠯᠠᠯ᠎ᠤᠨ ᠲᠥᠷᠥᠯ ᠵᠦᠢ᠍ᠯ᠎ᠢ ᠶᠡᠬᠡ᠎ᠪᠠᠷ ᠬᠥᠭᠵᠢᠭᠦᠯᠬᠦ ᠬᠡᠷᠡᠭᠲᠡᠢ᠃ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠣᠨᠴᠠᠯᠢᠭᠲᠤ ᠡᠵᠡᠩᠨᠡᠯᠲᠡ ᠵᠢᠨ ᠵᠠᠭᠪᠤᠷ ᠪᠠᠢ᠌ᠭᠤᠯᠵᠤ᠂ ᠨᠠᠩ ᠣᠯᠠᠨ ᠨᠠᠰᠤᠲᠠᠢ᠌ᠴᠤᠳ᠎ᠲᠤ ᠲᠣᠬᠢᠷᠠᠬᠤ ᠵᠢᠭᠤᠯᠴᠢᠯᠠᠯ᠎ᠤᠨ ᠨᠡᠷᠡᠳᠭᠦᠨ᠎ᠢ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠬᠤ ᠬᠡᠷᠡᠭᠲᠡᠢ᠃ ᠦᠵᠡᠮᠵᠢ ᠵᠢᠨ ᠣᠷᠣᠨ᠂ ᠪᠠᠭᠤᠳᠠᠯ ᠵᠡᠷᠭᠡ ᠵᠢᠨ ᠬᠠᠷᠰᠢ ᠰᠠᠭ᠋ᠠᠳ ᠦᠭᠡᠢ ᠪᠡᠯᠡᠳᠬᠡᠮᠵᠢ ᠵᠢᠨ ᠪᠠᠢ᠌ᠭᠤᠯᠤᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠵᠤ᠂ ᠦᠢ᠍ᠯᠡᠴᠢᠯᠡᠭᠡᠨ᠎ᠤ ᠬᠢᠷᠢ ᠲᠦᠪᠰᠢᠨ ᠪᠠ ᠴᠢᠳᠠᠪᠤᠷᠢ᠎ᠪᠠᠨ ᠳᠡᠭᠡᠭᠰᠢᠯᠡᠭᠦᠯᠦᠨ᠂ ᠨᠠᠰᠤᠲᠠᠢ᠌ᠴᠤᠳ᠎ᠤᠨ ᠵᠢᠭᠤᠯᠴᠢᠯᠠᠨ ᠰᠠᠭᠤᠬᠤ ᠠᠮᠤᠷ ᠲᠦᠪᠰᠢᠨ᠂ ᠳᠥᠭᠥᠮ ᠳᠥᠲᠡ ᠣᠷᠴᠢᠨ ᠨᠥᠬᠥᠴᠡᠯ᠎ᠢ ᠪᠣᠶ ᠪᠤᠯᠭ᠋ᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ᠎ᠠᠴᠠ ᠬᠠᠷᠢᠭᠤᠴᠠᠨ᠎ᠠ)
ᠬᠣᠶᠠᠷ᠂ ᠬᠦᠴᠦᠨ ᠵᠦᠢ᠍ᠯ᠎ᠤᠨ ᠪᠠᠲᠤᠯᠠᠭ᠎ᠠ ᠵᠢᠨ ᠲᠤᠯᠭ᠋ᠠᠭᠤᠷᠢᠯᠠᠯ᠎ᠢ ᠴᠢᠩᠭ᠋ᠠᠷᠠᠭᠤᠯᠬᠤ ᠬᠡᠷᠡᠭᠲᠡᠢ
(ᠵᠢᠷᠭᠤᠭ᠎ᠠ) ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠢ ᠬᠥᠮᠥᠵᠢᠭᠦᠯᠦᠨ ᠪᠣᠯᠪᠠᠰᠣᠷᠠᠭᠣᠯᠬᠣ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃ ᠨᠥᠬᠥᠴᠡᠯ᠎ᠲᠠᠢ ᠶᠡᠬᠡ ᠳᠡᠭᠡᠳᠦ ᠰᠤᠷᠭ᠋ᠠᠭᠤᠯᠢ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠥᠲᠡᠭᠦᠰ᠎ᠤᠨ ᠰᠤᠷᠭ᠋ᠠᠨ ᠬᠥᠮᠦᠵᠢᠯ᠎ᠤᠨ ᠬᠠᠮᠢᠶ᠎ᠠ ᠪᠦᠬᠦᠢ ᠲᠤᠰᠬᠠᠢ ᠮᠡᠷᠭᠡᠵᠢᠯ ᠪᠠ ᠬᠢᠴᠢᠶᠡᠯ ᠲᠣᠬᠢᠷᠠᠭᠤᠯᠬᠤ ᠵᠢ ᠵᠣᠷᠢᠭᠵᠢᠭᠤᠯᠵᠤ᠂ ᠥᠲᠡᠭᠦᠰ᠎ᠤᠨ ᠬᠢᠴᠢᠶᠡᠯ ᠰᠢᠨᠵᠢᠯᠡᠭᠡᠨ᠎ᠤ ᠲᠤᠰᠬᠠᠢ ᠮᠡᠷᠭᠡᠵᠢᠯ᠎ᠤᠨ ᠪᠠᠢ᠌ᠭᠤᠯᠤᠯᠲᠠ ᠪᠠ ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠬᠦ᠎ᠪᠠᠨ ᠴᠢᠩᠭ᠋ᠠᠳᠬᠠᠬᠤ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠮᠢᠶ᠎ᠠ ᠪᠦᠬᠦᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠯᠤᠭ᠎ᠠ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠵᠢ ᠠᠬᠢᠭᠤᠯᠵᠤ᠂ ᠨᠠᠰᠤᠲᠠᠨ᠎ᠢ ᠠᠰᠠᠷᠠᠬᠤ ᠭᠠᠵᠠᠷ᠎ᠤᠨ ᠳᠠᠷᠤᠭ᠎ᠠ᠂ ᠨᠠᠰᠤᠲᠠᠨ᠎ᠢ ᠠᠰᠠᠷᠠᠬᠤ ᠰᠤᠪᠢᠯᠠᠭᠴᠢ ᠪᠠ ᠨᠠᠰᠤᠲᠠᠢ᠌ᠴᠤᠳ᠎ᠤᠨ ᠠᠵᠢᠯᠲᠠᠨ᠎ᠤ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠪᠠᠢ᠌ᠭᠤᠯᠤᠨ᠂ ᠠᠵᠢᠯ᠎ᠤᠨ ᠪᠠᠢ᠌ᠷᠢᠨ᠎ᠳᠤ ᠭᠠᠷᠬᠤ᠂ ᠠᠵᠢᠯ᠎ᠤᠨ ᠪᠠᠢ᠌ᠷᠢ ᠰᠢᠯᠵᠢᠬᠦ᠂ ᠮᠡᠷᠭᠡᠵᠢᠯ ᠴᠢᠳᠠᠪᠤᠷᠢ᠎ᠪᠠᠨ ᠳᠡᠭᠡᠭᠰᠢᠯᠡᠭᠦᠯᠬᠦ ᠵᠡᠷᠭᠡ ᠡᠯ᠎ᠡ ᠲᠥᠷᠥᠯ᠎ᠤᠨ ᠪᠣᠯᠪᠠᠰᠤᠷᠠᠯ᠎ᠢ ᠢᠳᠡᠪᠬᠢᠲᠡᠢ ᠥᠷᠨᠢᠭᠦᠯᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠡᠷᠬᠢᠯᠡᠭᠰᠡᠳ᠎ᠤᠨ ᠮᠡᠷᠭᠡᠵᠢᠯ ᠴᠢᠳᠠᠪᠤᠷᠢ ᠵᠢᠨ ᠪᠣᠯᠪᠠᠰᠤᠷᠠᠯ᠎ᠤᠨ ᠨᠥᠬᠥᠪᠦᠷᠢ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠵᠡᠷᠭᠡ ᠳᠡᠰ᠎ᠢ ᠦᠨᠡᠯᠡᠬᠦ ᠨᠥᠬᠥᠪᠦᠷᠢ ᠵᠡᠷᠭᠡ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠬᠠᠷᠢᠭᠤᠴᠠᠨ᠎ᠠ)
(ᠳᠣᠯᠣᠭ᠎ᠠ) ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠪᠠ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠠᠩᠭ᠋ᠠᠯᠭ᠎ᠠ ᠵᠢᠨ ᠪᠠᠲᠤᠯᠠᠭ᠎ᠠ ᠵᠢ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠎ᠨᠢ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠲᠥᠯᠦᠪᠵᠢᠭᠦᠯᠭᠡ᠎ᠪᠠᠨ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠪᠠᠲᠤᠯᠠᠬᠤ ᠬᠡᠷᠡᠭᠲᠡᠢ᠃ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠪᠣᠯ ᠤᠯᠤᠰ᠎ᠤᠨ ᠥᠮᠴᠢᠯᠡᠯᠲᠦ ᠵᠢᠨ ᠬᠤᠪᠢᠶᠠᠷᠢᠯᠠᠨ ᠰᠠᠯᠭ᠋ᠠᠭᠰᠠᠨ ᠭᠠᠵᠠᠷ ᠪᠤᠶᠤ ᠬᠠᠮᠲᠤ ᠵᠢᠨ ᠥᠮᠴᠢᠯᠡᠯ᠎ᠤᠨ ᠭᠠᠵᠠᠷ᠎ᠢ ᠬᠠᠤᠯᠢ ᠶᠣᠰᠣᠭ᠋ᠠᠷ ᠬᠡᠷᠡᠭᠯᠡᠵᠦ ᠪᠣᠯᠣᠨ᠎ᠠ; ᠠᠰᠢᠭ ᠣᠯᠵᠠᠪᠤᠷᠢ ᠵᠢᠨ ᠴᠢᠨᠠᠷᠲᠠᠢ ᠨᠠᠰᠤᠵᠢᠯ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠲᠦᠷᠢᠶᠡᠰᠦᠯᠡᠭᠦᠯᠬᠦ᠂ ᠲᠥᠯᠥᠪᠦᠷᠢᠲᠡᠢ ᠰᠢᠯᠵᠢᠭᠦᠯᠬᠦ ᠵᠡᠷᠭᠡ ᠠᠷᠭ᠎ᠠ ᠮᠠᠶᠢᠭ ᠵᠶ᠋ᠠᠷ ᠬᠠᠩᠭ᠋ᠠᠬᠤ ᠵᠢᠨ ᠬᠠᠮᠲᠤ᠂ ᠬᠠᠮᠢᠶ᠎ᠠ ᠪᠦᠬᠦᠢ ᠭᠠᠢ᠌ᠯᠢ ᠰᠦᠢ᠍ᠳᠬᠡᠯ᠎ᠤᠨ ᠲᠥᠷᠥ ᠵᠢᠨ ᠪᠣᠳᠣᠯᠭ᠎ᠠ ᠵᠢ ᠬᠦᠷᠲᠡᠭᠡᠬᠦ ᠬᠡᠷᠡᠭᠲᠡᠢ; ᠲᠠᠷᠢᠶᠠᠯᠠᠬᠤ ᠮᠠᠯᠵᠢᠬᠤ ᠣᠷᠣᠨ᠎ᠤ ᠬᠠᠮᠲᠤ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠨᠠᠰᠤᠵᠢᠯ᠎ᠤᠨ ᠦᠢ᠍ᠯᠡᠴᠢᠯᠡᠭᠡᠨ᠎ᠢ ᠬᠥᠭᠵᠢᠭᠦᠯᠬᠦ᠎ᠳᠤ ᠤᠷᠢᠳ ᠵᠶ᠋ᠠᠷ ᠬᠡᠷᠡᠭᠯᠡᠬᠦ ᠵᠢ ᠵᠣᠷᠢᠭᠵᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠠᠴᠠ ᠬᠠᠷᠢᠭᠤᠴᠠᠨ᠎ᠠ)
(ᠨᠠᠢ᠍ᠮᠠ) ᠨᠠᠰᠤᠵᠢᠯ᠎ᠤᠨ ᠠᠵᠤ ᠦᠢ᠍ᠯᠡᠰ᠎ᠤᠨ ᠪᠡᠯᠡ ᠲᠣᠬᠢᠷᠠᠭᠤᠯᠬᠤ ᠴᠢᠳᠠᠪᠤᠷᠢ ᠪᠠ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠭᠦ ᠬᠡᠷᠡᠭᠲᠡᠢ᠃ ᠬᠤᠳᠠᠯᠳᠤᠭ᠋ᠠᠨ᠎ᠤ ᠪᠠᠩᠬᠢ ᠪᠠ ᠲᠥᠷᠥ ᠵᠢᠨ ᠪᠣᠳᠣᠯᠭ᠎ᠠ ᠵᠢᠨ ᠴᠢᠨᠠᠷᠲᠠᠢ ᠪᠠᠩᠬᠢ ᠵᠢᠨ ᠨᠠᠰᠤᠵᠢᠯ᠎ᠤᠨ ᠠᠵᠤ ᠦᠢ᠍ᠯᠡᠰ᠎ᠲᠤ ᠬᠠᠨᠳᠤᠭᠤᠯᠤᠭᠰᠠᠨ ᠲᠤᠰᠬᠠᠢ ᠢᠲᠡᠭᠡᠮᠵᠢᠲᠦ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠭᠠᠷᠭ᠋ᠠᠬᠤ ᠵᠢ᠎ᠨᠢ ᠵᠣᠷᠢᠭᠵᠢᠭᠤᠯᠵᠤ᠂ ᠨᠠᠰᠤᠵᠢᠯ᠎ᠤᠨ ᠠᠵᠤ ᠠᠬᠤᠢ᠌ᠯᠠᠯ᠎ᠳᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠪᠠ ᠣᠨᠣᠪᠴᠢ ᠵᠢᠨ ᠬᠡᠮᠵᠢᠶ᠎ᠡ ᠵᠢ᠎ᠨᠢ ᠴᠢᠩᠭ᠋ᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠵᠠᠰᠠᠭ᠎ᠤᠨ ᠣᠷᠳᠣᠨ᠎ᠤ ᠬᠥᠲᠥᠯᠥᠨ ᠵᠢᠯᠤᠭᠣᠳᠬᠤ ᠰᠠᠭᠤᠷᠢ ᠮᠥᠩᠭᠥ ᠵᠢᠨ ᠬᠥᠰᠢᠭᠦᠷᠭᠡ ᠵᠢᠨ ᠦᠢ᠍ᠯᠡᠳᠦᠯ᠎ᠢ᠎ᠨᠢ ᠢᠳᠡᠪᠬᠢᠲᠡᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶᠢᠭ ᠵᠶ᠋ᠠᠷ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠢ ᠬᠥᠭᠵᠢᠭᠦᠯᠬᠦ ᠵᠢ ᠠᠬᠢᠭᠤᠯᠬᠤ ᠬᠡᠷᠡᠭᠲᠡᠢ᠃ ᠵᠠᠰᠠᠭ᠎ᠤᠨ ᠣᠷᠳᠣᠨ᠎ᠤ ᠴᠢᠨᠠᠷᠲᠠᠢ ᠪᠡᠯᠡ ᠲᠣᠬᠢᠷᠠᠭᠤᠯᠭ᠎ᠠ ᠵᠢᠨ ᠳᠠᠭ᠋ᠠᠭ᠋ᠠᠯᠲᠠ ᠵᠢᠨ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠨᠠᠰᠤᠵᠢᠯ᠎ᠤᠨ ᠠᠵᠤ ᠦᠢ᠍ᠯᠡᠰ ᠵᠢᠴᠢ ᠬᠠᠮᠢᠶ᠎ᠠ ᠪᠦᠬᠦᠢ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠢ ᠳᠡᠮᠵᠢᠬᠦ ᠡᠷᠴᠢᠮ᠎ᠢ᠎ᠨᠢ ᠴᠢᠩᠭ᠋ᠠᠷᠠᠭᠤᠯᠬᠤ ᠬᠡᠷᠡᠭᠲᠡᠢ᠃ ᠪᠠᠩᠬᠢ ᠵᠢᠨ ᠪᠤᠰᠤ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠵᠣᠷᠢᠭᠵᠢᠭᠤᠯᠵᠤ ᠪᠠᠢ᠌ᠭ᠋ᠠᠳ ᠢᠲᠡᠭᠡᠮᠵᠢ᠂ ᠪᠡᠯᠡ ᠲᠣᠬᠢᠷᠠᠭᠤᠯᠭ᠎ᠠ ᠵᠢᠨ ᠲᠦᠷᠢᠶᠡᠰᠦᠯᠡᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠠᠰᠤᠵᠢᠯ᠎ᠤᠨ ᠠᠵᠤ ᠦᠢ᠍ᠯᠡᠰ᠎ᠲᠤ ᠪᠡᠯᠡ ᠲᠣᠬᠢᠷᠠᠭᠤᠯᠭ᠎ᠠ ᠵᠢᠨ ᠳᠡᠮᠵᠢᠯᠭᠡ ᠦᠵᠡᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ᠎ᠠ)
(ᠶᠢᠰᠦ) ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠠᠬᠢ ᠡᠳ᠋᠎ᠤᠨ ᠵᠠᠰᠠᠭ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢᠨ ᠳᠡᠮᠵᠢᠭᠦ ᠡᠷᠴᠢᠮ᠎ᠢ ᠴᠢᠩᠭ᠋ᠠᠷᠠᠭᠤᠯᠬᠤ ᠬᠡᠷᠡᠭᠲᠡᠢ᠃ ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠲᠥᠰᠥᠪ᠂ ᠠᠰᠠᠷᠠᠮᠵᠢ ᠵᠢᠨ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠵᠡᠷᠭᠡ ᠲᠤᠰᠬᠠᠢ ᠪᠡᠯᠡ ᠮᠥᠩᠭᠥᠨ᠎ᠤ ᠬᠥᠲᠥᠯᠥᠨ ᠵᠢᠯᠤᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠥᠬᠥᠴᠡᠯ᠎ᠳᠤ ᠨᠡᠶ᠋ᠢᠴᠡᠬᠦ ᠨᠠᠰᠤᠵᠢᠯ᠎ᠤᠨ ᠦᠢ᠍ᠯᠡᠴᠢᠯᠡᠭᠡᠨ᠂ ᠡᠷᠡᠭᠦᠯᠵᠢᠯ᠎ᠤᠨ ᠬᠠᠪᠰᠤᠷᠤᠮᠵᠢ ᠬᠡᠷᠡᠭᠰᠡᠯ᠂ ᠣᠶᠤᠨᠯᠢᠭ ᠵᠶ᠋ᠠᠷ ᠨᠠᠰᠤᠲᠠᠨ᠎ᠢ ᠠᠰᠠᠷᠠᠬᠤ ᠵᠡᠷᠭᠡ ᠠᠵᠤ ᠠᠬᠤᠢ᠌ᠯᠠᠯ ᠪᠠ ᠲᠥᠷᠥᠯ ᠵᠦᠢ᠍ᠯ᠎ᠳᠤ ᠳᠡᠮᠵᠢᠯᠭᠡ ᠦᠵᠡᠭᠦᠯᠭᠦ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠵᠢᠵᠢᠭ ᠪᠢᠴᠢᠯ ᠠᠵᠤ ᠠᠬᠤᠢ᠌ᠯᠠᠯ᠎ᠢ ᠲᠡᠳᠬᠦᠬᠦ ᠬᠠᠮᠢᠶ᠎ᠠ ᠪᠦᠬᠦᠢ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠵᠤ᠂ ᠨᠥᠬᠥᠴᠡᠯ᠎ᠳᠤ ᠨᠡᠶ᠋ᠢᠴᠡᠬᠦ ᠵᠢᠵᠢᠭ ᠬᠡᠯᠪᠡᠷᠢ ᠵᠢᠨ ᠠᠰᠢᠭ ᠣᠯᠵᠠᠪᠤᠷᠢ ᠪᠠᠭ᠋ᠠᠲᠠᠢ ᠨᠠᠰᠤᠵᠢᠯ᠎ᠤᠨ ᠦᠢ᠍ᠯᠡᠴᠢᠯᠡᠭᠡᠨ᠎ᠤ ᠠᠵᠤ ᠠᠬᠤᠢ᠌ᠯᠠᠯ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠤᠯᠤᠰ᠎ᠤᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠥᠷᠳᠡᠭ ᠨᠡᠮᠡᠭᠳᠡᠯ᠎ᠤᠨ ᠭᠠᠢ᠌ᠯᠢ᠂ ᠣᠯᠵᠠᠪᠤᠷᠢ ᠵᠢᠨ ᠭᠠᠢ᠌ᠯᠢ ᠵᠡᠷᠭᠡ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠬᠠᠷᠢᠭᠤᠴᠠᠨ᠎ᠠ)
(ᠠᠷᠪᠠ) ᠣᠶᠤᠨᠴᠢ ᠡᠷᠡᠭᠦᠯ ᠡᠩᠬᠡ ᠨᠠᠰᠤᠵᠢᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ᠂ ᠪᠣᠳᠠᠰᠯᠢᠭ ᠬᠣᠯᠪᠣᠭ᠋ᠠᠲᠤ ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠳ᠋ᠠᠢ᠌ᠲ᠋ᠠ ᠵᠡᠷᠭᠡ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ ᠪᠠ ᠣᠶᠤᠨᠴᠢ ᠵᠥᠭᠡᠯᠡᠨ ᠬᠠᠲᠠᠭᠤ ᠲᠣᠨᠣᠭ᠎ᠤᠨ ᠦᠢ᠍ᠯᠡᠳᠬᠦᠨ᠎ᠢ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶᠡᠨ᠎ᠳᠤ ᠭᠦᠨᠵᠡᠭᠡᠢ ᠬᠡᠷᠡᠭᠯᠡᠬᠦ ᠵᠢ ᠠᠬᠢᠭᠤᠯᠤᠨ᠎ᠠ᠃ ᠠᠵᠤ ᠠᠬᠤᠢ᠌ᠯᠠᠯ᠎ᠤᠨ᠎ᠬᠢᠨ᠎ᠤ ᠨᠠᠰᠤᠲᠠᠢ᠌ᠴᠤᠳ᠎ᠤᠨ ᠬᠡᠷᠡᠭᠯᠡᠬᠦ᠎ᠳᠤ ᠲᠣᠬᠢᠷᠠᠬᠤ ᠣᠶᠤᠨᠴᠢ ᠲᠥᠬᠦᠭᠡᠷᠦᠮᠵᠢ ᠰᠤᠳᠤᠯᠤᠨ ᠨᠡᠭᠡᠭᠡᠬᠦ ᠵᠢ ᠳᠡᠮᠵᠢᠵᠦ᠂ ᠨᠠᠰᠤᠲᠠᠢ᠌ᠴᠤᠳ᠎ᠤᠨ ᠡᠳᠦᠷ ᠲᠤᠲᠤᠮ᠎ᠤᠨ ᠠᠮᠢᠳᠤᠷᠠᠯ᠎ᠯᠤᠭ᠎ᠠ ᠨᠢᠭᠲᠠ ᠬᠣᠯᠪᠣᠭ᠎ᠠ᠎ᠲᠠᠢ ᠰᠦᠯᠵᠢᠶᠡᠨ ᠥᠷᠲᠡᠭᠡ᠂ APP ᠵᠡᠷᠭᠡ᠎ᠳᠤ ᠥᠲᠡᠭᠦᠰ᠎ᠲᠤ ᠲᠣᠬᠢᠷᠠᠭᠤᠯᠤᠨ ᠥᠭᠡᠷᠡᠴᠢᠯᠡᠵᠦ ᠰᠢᠨᠡᠴᠢᠯᠡᠬᠦ ᠵᠢ ᠠᠬᠢᠭᠤᠯᠤᠨ᠂ 《ᠲᠣᠭ᠋ᠠᠵᠢᠭᠣᠯᠬᠤ ᠲᠠᠯ᠎ᠠ ᠵᠢᠨ ᠵᠠᠭ᠋ᠠᠭ》᠎ᠢ ᠠᠯᠬᠤᠮ ᠠᠯᠬᠤᠮ ᠵᠶ᠋ᠠᠷ ᠪᠠᠭ᠋ᠠᠰᠬᠠᠵᠤ᠂ ᠨᠠᠰᠤᠲᠠᠢ᠌ᠴᠤᠳ᠎ᠤᠨ ᠣᠶᠤᠨᠴᠢ ᠮᠡᠷᠭᠡᠵᠢᠯ᠎ᠢ ᠬᠡᠷᠡᠭᠯᠡᠬᠦ ᠵᠢᠨ ᠬᠦᠴᠢᠷᠳᠡᠯ᠎ᠢ ᠦᠨᠡᠨ ᠬᠦ᠌ ᠰᠢᠢ᠍ᠳᠪᠦᠷᠢᠯᠡᠨ᠂ ᠨᠠᠰᠤᠲᠠᠢ᠌ᠴᠤᠳ᠎ᠢ ᠬᠥᠲᠥᠯᠥᠨ ᠵᠢᠯᠤᠭᠣᠳᠬᠤ ᠪᠠ ᠬᠠᠪᠰᠤᠷᠴᠤ ᠪᠠᠢ᠌ᠭ᠋ᠠᠳ ᠮᠡᠳᠡᠭᠡ ᠵᠠᠩᠭᠢᠴᠢᠯᠠᠯᠲᠠ ᠵᠢᠨ ᠨᠡᠢ᠌ᠭᠡᠮ᠎ᠳᠤ ᠠᠭᠤᠰᠤᠯᠴᠠᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠲᠣᠮᠣ ᠳ᠋ᠠᠢ᠌ᠲ᠋ᠠ ᠵᠢᠨ ᠲᠥᠪ᠎ᠠᠴᠠ ᠬᠠᠷᠢᠭᠤᠴᠠᠨ᠎ᠠ)
ᠭᠤᠷᠪᠠ᠂ ᠨᠠᠰᠤᠵᠢᠯ᠎ᠤᠨ ᠦᠢ᠍ᠯᠡᠴᠢᠯᠡᠭᠡᠨ᠎ᠤ ᠬᠡᠷᠡᠭᠯᠡᠭᠡ ᠵᠢ ᠥᠷᠭᠡᠳᠬᠡᠬᠦ ᠬᠡᠷᠡᠭᠲᠡᠢ
(ᠠᠷᠪᠠᠨ ᠨᠢᠭᠡ) ᠣᠯᠠᠨ ᠳᠡᠰ ᠳᠠᠪᠬᠤᠷᠭ᠎ᠠ ᠪᠦᠬᠦᠢ ᠨᠠᠰᠤᠵᠢᠯ᠎ᠤᠨ ᠳᠠᠭ᠋ᠠᠳᠬᠠᠯ᠎ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠡᠯ᠎ᠡ ᠲᠥᠷᠥᠯ᠎ᠤᠨ ᠬᠤᠳᠠᠯᠳᠤᠭ᠋ᠠᠨ᠎ᠤ ᠨᠠᠰᠤᠵᠢᠯ᠎ᠤᠨ ᠳᠠᠭ᠋ᠠᠳᠬᠠᠯ᠎ᠢ ᠶᠡᠬᠡ᠎ᠪᠠᠷ ᠬᠥᠭᠵᠢᠭᠦᠯᠵᠦ᠂ ᠬᠤᠳᠠᠯᠳᠤᠭ᠋ᠠᠨ᠎ᠤ ᠳᠠᠭ᠋ᠠᠳᠬᠠᠯ᠎ᠤᠨ ᠪᠠᠢ᠌ᠭᠤᠯᠤᠮᠵᠢ ᠵᠢᠨ ᠪᠦᠯᠬᠦᠮ ᠨᠡᠢ᠌ᠲᠡ ᠵᠢᠨ ᠬᠡᠯᠪᠡᠷᠢ ᠪᠦᠬᠦᠢ ᠬᠦᠨᠳᠦ ᠨᠣᠴᠢᠲᠠᠢ ᠡᠪᠡᠳᠴᠢᠨ ᠡᠮᠭᠡᠭ᠎ᠤᠨ ᠳᠠᠭ᠋ᠠᠳᠬᠠᠯ᠂ ᠡᠮᠴᠢᠯᠡᠭᠡᠨ᠎ᠤ ᠳᠠᠭ᠋ᠠᠳᠬᠠᠯ ᠵᠡᠷᠭᠡ ᠳᠠᠭ᠋ᠠᠳᠬᠠᠯ᠎ᠤᠨ ᠵᠦᠢ᠍ᠯ᠎ᠢ ᠨᠡᠭᠡᠭᠡᠨ ᠬᠥᠭᠵᠢᠭᠦᠯᠬᠦ ᠵᠢ᠎ᠨᠢ ᠳᠠᠮᠵᠢᠵᠤ᠂ ᠬᠤᠳᠠᠯᠳᠤᠭ᠋ᠠᠨ᠎ᠤ ᠳᠠᠭ᠋ᠠᠳᠬᠠᠯ᠎ᠤᠨ ᠪᠠᠢ᠌ᠭᠤᠯᠤᠮᠵᠢ ᠵᠢᠨ ᠨᠠᠰᠤᠲᠠᠢ᠌ᠴᠤᠳ᠎ᠤᠨ ᠡᠨᠳᠡᠭᠳᠡᠯ᠎ᠤᠨ ᠳᠠᠭ᠋ᠠᠳᠬᠠᠯ᠂ ᠨᠠᠰᠤᠲᠠᠢ᠌ᠴᠤᠳ᠎ᠤᠨ ᠵᠢᠭᠤᠯᠴᠢᠯᠠᠯ᠎ᠤᠨ ᠳᠠᠭ᠋ᠠᠳᠬᠠᠯ ᠵᠡᠷᠭᠡ ᠨᠠᠰᠤᠲᠠᠢ᠌ᠴᠤᠳ᠎ᠤᠨ ᠣᠨᠴᠠᠯᠢᠭᠲᠤ ᠨᠡᠢ᠌ᠴᠡᠭᠰᠡᠨ ᠳᠠᠭ᠋ᠠᠳᠬᠠᠯ᠎ᠤᠨ ᠵᠦᠢ᠍ᠯ᠎ᠢ ᠨᠡᠭᠡᠭᠡᠨ ᠬᠥᠭᠵᠢᠭᠦᠯᠬᠦ ᠵᠢ᠎ᠨᠢ ᠵᠣᠷᠢᠭᠵᠢᠭᠤᠯᠵᠤ᠂ ᠣᠯᠠᠨ ᠵᠠᠮ ᠮᠥᠷ ᠵᠶ᠋ᠡᠷ ᠨᠠᠰᠤᠲᠠᠢ᠌ᠴᠤᠳ᠎ᠲᠤ ᠪᠠᠲᠤᠯᠠᠭ᠎ᠠ ᠬᠠᠩᠭ᠋ᠠᠬᠤ ᠬᠡᠷᠡᠭᠲᠡᠢ᠃ ᠣᠯᠠᠨ ᠳᠡᠰ ᠳᠠᠪᠬᠤᠷᠭ᠎ᠠ ᠪᠦᠬᠦᠢ ᠨᠠᠰᠤᠵᠢᠯ᠎ᠤᠨ ᠳᠠᠭ᠋ᠠᠳᠬᠠᠯ᠎ᠤᠨ ᠲᠣᠭᠲᠠᠯᠴᠠᠭ᠎ᠠ ᠵᠢᠨ ᠬᠥᠭᠵᠢᠯᠲᠡ ᠵᠢ ᠠᠬᠢᠭᠤᠯᠵᠤ᠂ ᠬᠤᠪᠢ ᠬᠥᠮᠥᠨ᠎ᠤ ᠨᠠᠰᠤᠵᠢᠯ᠎ᠤᠨ ᠮᠥᠩᠭᠥ ᠵᠢᠨ ᠬᠥᠭᠵᠢᠯᠲᠡ ᠵᠢ ᠠᠬᠢᠭᠤᠯᠬᠤ ᠲᠤᠬᠠᠢ ᠤᠯᠤᠰ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠬᠤᠪᠢ ᠬᠥᠮᠥᠨ᠎ᠤ ᠨᠠᠰᠤᠵᠢᠯ᠎ᠤᠨ ᠮᠥᠩᠭᠥ ᠵᠢᠨ ᠳᠦᠷᠢᠮ᠎ᠢ ᠪᠣᠳᠠᠲᠠᠢ᠌ᠵᠢᠭᠤᠯᠤᠨ ᠬᠡᠷᠡᠭᠵᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ᠎ᠠ)
(ᠠᠷᠪᠠᠨ ᠬᠣᠶᠠᠷ) ᠨᠠᠰᠤᠵᠢᠯ᠎ᠤᠨ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ ᠮᠥᠩᠭᠥᠨ ᠭᠦᠢ᠍ᠯᠭᠡᠭᠡᠨ᠎ᠢ ᠵᠣᠷᠢᠭᠵᠢᠭᠤᠯᠤᠨ ᠬᠥᠭᠵᠢᠭᠦᠯᠬᠦ ᠬᠡᠷᠡᠭᠲᠡᠢ᠃ ᠪᠠᠩᠬᠢ᠂ ᠳᠠᠭ᠋ᠠᠳᠬᠠᠯ ᠵᠡᠷᠭᠡ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠰᠦᠯᠵᠢᠶ᠎ᠡ ᠪᠠ ᠰᠦᠯᠵᠢᠶᠡᠨ᠎ᠠᠴᠠ ᠭᠠᠳᠠᠭᠤᠷᠬᠢ ᠦᠢ᠍ᠯᠡᠴᠢᠯᠡᠭᠡᠨ᠎ᠤ ᠴᠤᠪᠤᠷᠠᠯ ᠵᠶ᠋ᠠᠨ ᠰᠢᠯᠢᠳᠡᠭᠵᠢᠭᠦᠯᠬᠦ ᠵᠢ᠎ᠨᠢ ᠵᠣᠷᠢᠭᠵᠢᠭᠤᠯᠵᠤ᠂ ᠤᠯᠠᠮᠵᠢᠯᠠᠯᠲᠤ ᠦᠢ᠍ᠯᠡᠴᠢᠯᠡᠭᠡᠨ᠎ᠤ ᠠᠷᠭ᠎ᠠ ᠮᠠᠶᠢᠭ ᠪᠠ ᠣᠶᠤᠨᠴᠢ ᠦᠢ᠍ᠯᠡᠴᠢᠯᠡᠭᠡᠨ᠎ᠤ ᠠᠷᠭ᠎ᠠ ᠮᠠᠶᠢᠭ᠎ᠢ ᠵᠡᠷᠭᠡ᠎ᠪᠠᠷ ᠶᠠᠪᠤᠭᠳᠠᠭᠤᠯᠬᠤ ᠵᠢ ᠪᠠᠷᠢᠮᠲᠠᠯᠠᠨ᠂ ᠥᠲᠡᠭᠦᠰ ᠬᠡᠷᠡᠭᠯᠡᠭᠴᠢᠳ᠎ᠲᠤ ᠨᠠᠩ ᠳᠥᠭᠥᠮ ᠳᠥᠲᠡ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠨ᠎ᠠ᠃ ᠲᠣᠭᠲᠠᠭᠤᠨ ᠴᠢᠨᠠᠷ ᠪᠠ ᠠᠰᠢᠭ ᠣᠯᠵᠠᠪᠤᠷᠢ ᠵᠢᠨ ᠴᠢᠨᠠᠷ᠎ᠢ ᠬᠠᠮᠲᠤᠳᠤᠨᠢ ᠬᠠᠷᠠᠭ᠋ᠠᠯᠵᠠᠵᠤ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠨᠠᠰᠤᠲᠠᠢ᠌ᠴᠤᠳ᠎ᠲᠤ ᠲᠣᠬᠢᠷᠠᠬᠤ ᠨᠠᠰᠤᠵᠢᠯ᠎ᠤᠨ ᠬᠡᠯᠪᠡᠷᠢ ᠪᠦᠬᠦᠢ ᠬᠥᠷᠥᠩᠭᠡ ᠮᠥᠩᠭᠥ ᠠᠬᠤᠢ᠌ᠯᠠᠬᠤ᠂ ᠢᠲᠡᠭᠡᠮᠵᠢ ᠵᠡᠷᠭᠡ ᠮᠥᠩᠭᠥᠨ ᠭᠦᠢ᠍ᠯᠭᠡᠭᠡᠨ᠎ᠤ ᠨᠡᠷᠡᠳᠭᠦᠨ ᠨᠡᠭᠡᠭᠡᠨ ᠬᠥᠭᠵᠢᠭᠦᠯᠬᠦ᠎ᠳᠤ ᠳᠡᠮᠵᠢᠯᠭᠡ ᠦᠵᠡᠭᠦᠯᠬᠦ ᠬᠡᠷᠡᠭᠲᠡᠢ᠃ ᠨᠠᠰᠤᠲᠠᠢ᠌ᠴᠤᠳ᠎ᠲᠤ ᠮᠥᠩᠭᠥᠨ ᠭᠦᠢ᠍ᠯᠭᠡᠭᠡᠨ᠎ᠤ ᠮᠡᠳᠡᠯᠭᠡ ᠵᠢᠨ ᠤᠬᠠᠭᠤᠯᠭ᠎ᠠ ᠬᠢᠬᠦ᠎ᠪᠠᠨ ᠴᠢᠩᠭ᠋ᠠᠳᠬᠠᠵᠤ᠂ ᠤᠬᠠᠮᠵᠢ᠎ᠲᠠᠢ ᠬᠥᠷᠥᠩᠭᠡ ᠮᠥᠩᠭᠥ ᠠᠬᠤᠢ᠌ᠯᠠᠬᠤ ᠦᠵᠡᠯᠲᠡ ᠪᠦᠷᠢᠯᠳᠦᠭᠦᠯᠬᠦ ᠵᠢ ᠰᠠᠨᠠᠭ᠋ᠠᠴᠢᠯᠠᠨ᠎ᠠ᠃ (ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ᠂ ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ᠎ᠠ)
(ᠠᠷᠪᠠᠨ ᠭᠤᠷᠪᠠ) ᠣᠷᠳᠣ ᠬᠤᠭᠤᠴᠠᠭ᠎ᠠ᠎ᠪᠠᠷ ᠬᠠᠷᠠᠭ᠋ᠠᠯᠵᠠᠨ ᠠᠰᠠᠷᠠᠬᠤ ᠪᠠᠲᠤᠯᠠᠭ᠎ᠠ ᠵᠢᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠳᠦᠷᠢᠮ᠎ᠤᠨ ᠲᠤᠷᠰᠢᠯᠲᠠ ᠵᠢᠨ ᠴᠡᠭ᠎ᠢ ᠯᠠᠪᠳᠠᠭᠤᠨ ᠵᠶ᠋ᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠳᠤ ᠨᠡᠢ᠌ᠴᠡᠭᠰᠡᠨ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠳᠦᠷᠢᠮ᠎ᠢ ᠢᠳᠡᠪᠬᠢᠲᠡᠢ ᠰᠦᠪᠡᠭᠴᠢᠯᠡᠨ ᠪᠠᠢ᠌ᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠨᠥᠬᠥᠪᠦᠷᠢ ᠵᠢᠨ ᠲᠥᠷᠥ ᠵᠢᠨ ᠪᠣᠳᠣᠯᠭ᠎ᠠ᠎ᠯᠤᠭ᠎ᠠ ᠵᠣᠯᠭ᠋ᠠᠭᠤᠯᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠳᠠᠭ᠋ᠠᠳᠬᠠᠯ᠎ᠤᠨ ᠪᠠᠢ᠌ᠭᠤᠯᠤᠮᠵᠢ ᠵᠢᠨ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠨᠡᠷᠡᠳᠭᠦᠨ᠎ᠢ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠵᠤ᠂ ᠬᠤᠳᠠᠯᠳᠤᠭ᠋ᠠᠨ᠎ᠤ ᠳᠠᠭ᠋ᠠᠳᠬᠠᠯ᠎ᠤᠨ ᠺᠣᠮᠫᠠᠨᠢ ᠵᠢᠨ ᠤᠷᠲᠤ ᠬᠤᠭᠤᠴᠠᠭ᠋ᠠᠨ᠎ᠤ ᠰᠤᠪᠢᠯᠠᠯᠲᠠ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡ᠎ᠳᠤ ᠣᠷᠤᠯᠴᠠᠬᠤ ᠵᠢ᠎ᠨᠢ ᠳᠡᠮᠵᠢᠨ ᠠᠬᠢᠭᠤᠯᠤᠨ᠎ᠠ᠃ ᠨᠡᠢ᠌ᠭᠡᠮ᠎ᠤᠨ ᠠᠪᠤᠷᠠᠨ ᠲᠤᠰᠠᠯᠠᠬᠤ᠂ ᠨᠡᠢ᠌ᠭᠡᠮ᠎ᠤᠨ ᠠᠰᠠᠷᠠᠮᠵᠢ᠂ ᠨᠢᠭᠦᠯᠡᠰᠦᠩᠭᠦᠢ ᠵᠢᠨ ᠦᠢ᠍ᠯᠡᠰ᠂ ᠬᠤᠳᠠᠯᠳᠤᠭ᠋ᠠᠨ᠎ᠤ ᠳᠠᠭ᠋ᠠᠳᠬᠠᠯ᠎ᠤᠨ ᠨᠥᠬᠥᠪᠦᠷᠢᠯᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠳᠠᠯᠢ ᠪᠤᠰᠤ ᠳᠡᠰ ᠳᠠᠪᠬᠤᠷᠭ᠎ᠠ ᠵᠢᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠠᠷᠭ᠋ᠠᠴᠠᠭ᠋ᠠᠨ ᠰᠢᠢ᠍ᠳᠪᠦᠷᠢᠯᠡᠵᠦ᠂ ᠳᠠᠭ᠋ᠠᠳᠬᠠᠯ᠂ ᠠᠰᠠᠷᠠᠮᠵᠢ ᠪᠠ ᠠᠪᠤᠷᠠᠨ ᠲᠤᠰᠠᠯᠠᠬᠤ ᠵᠢ ᠬᠠᠷᠢᠯᠴᠠᠨ ᠵᠣᠯᠭ᠋ᠠᠭᠤᠯᠤᠭᠰᠠᠨ ᠤᠷᠲᠤ ᠬᠤᠭᠤᠴᠠᠭ᠋ᠠᠨ᠎ᠤ ᠬᠠᠷᠠᠭ᠋ᠠᠯᠵᠠᠨ ᠠᠰᠠᠷᠠᠬᠤ ᠪᠠᠲᠤᠯᠠᠭ᠎ᠠ ᠵᠢᠨ ᠳᠦᠷᠢᠮ ᠪᠠᠶ᠋ᠢᠭᠤᠯᠬᠤ ᠵᠢ ᠠᠬᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ᠎ᠠ)
(ᠠᠷᠪᠠᠨ ᠳᠥᠷᠪᠡ) ᠳᠠᠯᠳᠠ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠥᠭᠵᠢᠭᠡᠬᠦ ᠬᠡᠷᠡᠭᠲᠡᠢ᠃ ᠡᠷᠡᠭᠦᠯ ᠡᠩᠬᠡ ᠪᠥᠭᠡᠳ ᠰᠢᠨᠵᠢᠯᠡᠬᠦ ᠤᠬᠠᠭ᠋ᠠᠨᠴᠢ ᠨᠠᠰᠤᠵᠢᠯ᠎ᠤᠨ ᠣᠨᠣᠯᠵᠢᠬᠤᠨ᠎ᠢ ᠰᠠᠨᠠᠭ᠋ᠠᠴᠢᠯᠠᠵᠤ᠂ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠪᠠ ᠨᠠᠰᠤᠲᠠᠢ᠌ᠴᠤᠳ᠎ᠤᠨ ᠬᠡᠷᠡᠭᠯᠡᠭᠡᠨ᠎ᠤ ᠨᠥᠬᠥᠪᠦᠷᠢ ᠦᠭᠭᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠥᠬᠥᠴᠡᠯ᠎ᠲᠠᠢ ᠨᠠᠰᠤᠲᠠᠢ᠌ᠴᠤᠳ᠎ᠤᠨ ᠲᠣᠬᠢᠷᠠᠮᠵᠢᠲᠠᠢ ᠲᠤᠰᠬᠠᠢ ᠦᠢ᠍ᠯᠡᠴᠢᠯᠡᠭᠡ ᠪᠠ ᠬᠠᠪᠰᠤᠷᠤᠮᠵᠢ ᠬᠡᠷᠡᠭᠰᠡᠯ ᠬᠤᠳᠠᠯᠳᠤᠨ ᠠᠪᠬᠤ᠎ᠳᠤ ᠬᠥᠲᠥᠯᠥᠨ ᠵᠢᠯᠣᠭᠣᠳᠤᠨ᠎ᠠ᠃ ᠥᠲᠡᠭᠦᠰ᠎ᠤᠨ ᠡᠳ᠋ᠯᠡᠯ ᠬᠡᠷᠡᠭᠰᠡᠯ᠎ᠢ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠂ ᠦᠵᠡᠭᠦᠯᠭᠡ᠂ ᠬᠤᠳᠠᠯᠳᠤᠭ᠋ᠠᠨ᠎ᠤ ᠲᠠᠯᠠᠪᠤᠷ᠂ ᠪᠠᠢ᠌ᠭᠤᠯᠤᠮᠵᠢ᠂ ᠨᠡᠢ᠌ᠭᠡᠮ ᠲᠣᠭᠣᠷᠢᠭ ᠪᠠ ᠭᠡᠷ ᠪᠦᠯᠢ᠎ᠳᠤ ᠣᠷᠣᠭᠤᠯᠬᠤ ᠵᠢ ᠠᠬᠢᠭᠤᠯᠤᠨ᠎ᠠ᠃ ᠡᠯ᠎ᠡ ᠲᠣᠮᠣ ᠡᠯᠧᠺᠲᠷᠣᠨ ᠬᠤᠳᠠᠯᠳᠤᠭ᠋ᠠᠨ᠎ᠤ ᠲᠠᠪᠴᠠᠩ᠂ ᠵᠢᠵᠢᠭᠯᠡᠨ ᠬᠤᠳᠠᠯᠳᠤᠬᠤ ᠠᠵᠤ ᠠᠬᠤᠢ᠌ᠯᠠᠯ᠎ᠤᠨ 《ᠨᠠᠰᠤᠲᠠᠨ᠎ᠢ ᠠᠴᠢᠯᠠᠵᠤ ᠨᠠᠰᠤᠲᠠᠨ᠎ᠢ ᠬᠠᠢ᠌ᠷᠠᠯᠠᠨ ᠬᠠᠯᠠᠮᠵᠢᠯᠠᠬᠤ》 ᠪᠠᠷᠠᠭ᠎ᠠ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠵᠤ᠂ ᠨᠠᠰᠤᠲᠠᠢ᠌ᠴᠤᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠭᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠬᠠᠷᠢᠭᠤᠴᠠᠨ᠎ᠠ)
ᠳᠥᠷᠪᠡ᠂ ᠠᠵᠤ ᠦᠢ᠍ᠯᠡᠰ᠎ᠤᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠬᠦ ᠬᠡᠷᠡᠭᠲᠡᠢ
(ᠠᠷᠪᠠᠨ ᠲᠠᠪᠤ) ᠡᠮᠴᠢᠯᠡᠭᠡ ᠰᠤᠪᠢᠯᠠᠯᠲᠠ ᠡᠷᠡᠭᠦᠯᠵᠢᠭᠦᠯᠬᠦ ᠰᠤᠪᠢᠯᠠᠯᠲᠠ ᠵᠢᠨ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠨᠠᠰᠤᠵᠢᠯ᠎ᠤᠨ ᠪᠠᠢ᠌ᠭᠤᠯᠤᠮᠵᠢ᠂ ᠡᠮᠴᠢᠯᠡᠭᠡᠨ᠎ᠤ ᠪᠠᠢ᠌ᠭᠤᠯᠤᠮᠵᠢ ᠵᠢᠨ ᠡᠯ᠎ᠡ ᠲᠥᠷᠥᠯ᠎ᠤᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠪᠣᠯᠵᠣᠨ ᠡᠮᠨᠡᠭᠦᠯᠬᠦ᠂ ᠬᠣᠶᠠᠷ ᠲᠡᠢ᠌ᠰᠢ ᠰᠢᠯᠵᠢᠭᠦᠯᠦᠨ ᠡᠮᠨᠡᠭᠦᠯᠬᠦ᠂ ᠲᠦᠷᠭᠡᠨ ᠡᠮᠨᠡᠯᠭᠡ᠎ᠳᠤ ᠡᠮᠨᠡᠭᠦᠯᠬᠦ ᠵᠡᠷᠭᠡ ᠡᠮᠴᠢᠯᠡᠭᠡᠨ᠎ᠤ ᠦᠢ᠍ᠯᠡᠴᠢᠯᠡᠭᠡ ᠵᠢᠨ ᠰᠠᠭ᠋ᠠᠳ ᠦᠭᠡᠢ ᠨᠡᠪᠲᠡᠷᠡᠬᠦ ᠵᠠᠮ᠎ᠢ ᠪᠠᠢ᠌ᠭᠤᠯᠵᠤ᠂ ᠨᠠᠰᠤᠲᠠᠢ᠌ᠴᠤᠳ᠎ᠤᠨ ᠡᠮᠴᠢᠯᠡᠭᠡᠨ᠎ᠤ ᠦᠢ᠍ᠯᠡᠴᠢᠯᠡᠭᠡ ᠭᠥᠷᠳᠡᠬᠦ᠎ᠳᠤ ᠲᠥᠬᠥᠮ ᠦᠵᠡᠭᠦᠯᠭᠦ ᠬᠡᠷᠡᠭᠲᠡᠢ᠃ ᠲᠣᠭᠲᠠᠭ᠋ᠠᠯ᠎ᠳᠤ ᠨᠡᠢ᠌ᠴᠡᠭᠰᠡᠨ ᠨᠠᠰᠤᠵᠢᠯ᠎ᠤᠨ ᠪᠠᠢ᠌ᠭᠤᠯᠤᠮᠵᠢ ᠵᠢᠨ ᠡᠷᠬᠢᠯᠡᠭᠰᠡᠨ ᠡᠮᠴᠢᠯᠡᠭᠡᠨ᠎ᠤ ᠪᠠᠢ᠌ᠭᠤᠯᠤᠮᠵᠢ ᠵᠢ ᠴᠠᠭ ᠲᠤᠬᠠᠢᠳᠤᠨᠢ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠭᠰᠠᠨ ᠴᠡᠭ᠎ᠤᠨ ᠬᠡᠪᠴᠢᠶᠡᠨ᠎ᠳᠤ ᠣᠷᠣᠭᠤᠯᠤᠨ᠎ᠠ᠃ ᠡᠷᠡᠭᠦᠯᠵᠢᠯ ᠰᠤᠪᠢᠯᠠᠯᠲᠠ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠵᠦ᠂ ᠡᠮᠴᠢᠯᠡᠭᠡ᠂ ᠡᠷᠡᠭᠦᠯ ᠡᠩᠬᠡ᠂ ᠰᠤᠪᠢᠯᠠᠯᠲᠠ᠂ ᠨᠠᠰᠤᠵᠢᠯ᠂ ᠰᠤᠷᠭ᠋ᠠᠨ ᠬᠥᠮᠦᠵᠢᠯ᠂ ᠵᠤᠭ᠎ᠠ ᠴᠡᠩᠭᠡᠯ᠂ ᠵᠢᠭᠤᠯᠴᠢᠯᠠᠯ ᠵᠡᠷᠭᠡ ᠦᠢ᠍ᠯᠡᠳᠦᠯ ᠴᠢᠳᠠᠮᠵᠢ᠎ᠲᠠᠢ ᠡᠷᠡᠭᠦᠯᠵᠢᠭᠦᠯᠬᠦ ᠰᠤᠪᠢᠯᠠᠯᠲᠠ ᠵᠢᠨ ᠠᠵᠤ ᠦᠢ᠍ᠯᠡᠰ᠎ᠤᠨ ᠲᠥᠷᠥᠯ ᠵᠦᠢ᠍ᠯ᠎ᠢ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮᠴᠢᠯᠡᠭᠡᠨ᠎ᠤ ᠳᠠᠭ᠋ᠠᠳᠬᠠᠯ᠎ᠤᠨ ᠲᠣᠪᠴᠢᠶ᠎ᠠ᠎ᠠᠴᠠ ᠬᠠᠷᠢᠭᠤᠴᠠᠨ᠎ᠠ)
(ᠠᠷᠪᠠᠨ ᠵᠢᠷᠭᠤᠭ᠎ᠠ) ᠨᠠᠰᠤᠵᠢᠯ᠎ᠤᠨ ᠠᠵᠤ ᠦᠢ᠍ᠯᠡᠰ᠎ᠤᠨ ᠲᠣᠭ᠎ᠠ ᠪᠦᠷᠢᠳᠬᠡᠯ ᠬᠢᠨᠠᠨ ᠰᠢᠨᠵᠢᠬᠦ ᠠᠵᠢᠯ᠎ᠢ ᠦᠨᠡᠨ ᠬᠦ᠌ ᠰᠠᠢ᠌ᠲᠤᠷ ᠬᠢᠬᠦ ᠬᠡᠷᠡᠭᠲᠡᠢ᠃ ᠤᠯᠤᠰ᠎ᠤᠨ ᠨᠠᠰᠤᠵᠢᠯ᠎ᠤᠨ ᠠᠵᠤ ᠦᠢ᠍ᠯᠡᠰ᠎ᠤᠨ ᠲᠣᠭ᠎ᠠ ᠪᠦᠷᠢᠳᠬᠡᠯ᠎ᠤᠨ ᠲᠥᠷᠥᠯ ᠬᠤᠪᠢᠶᠠᠷᠢᠯᠠᠯ᠎ᠢ ᠦᠨᠳᠦᠰᠦᠯᠡᠨ᠂ ᠨᠠᠰᠤᠵᠢᠯ᠎ᠤᠨ ᠠᠵᠤ ᠦᠢ᠍ᠯᠡᠰ᠎ᠤᠨ ᠪᠦᠷᠢᠳᠬᠡᠬᠦ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠵᠤ᠂ ᠨᠠᠰᠤᠵᠢᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠢ ᠣᠨᠣᠪᠴᠢᠲᠠᠶ ᠲᠤᠰᠬᠠᠬᠤ ᠬᠡᠷᠡᠭᠲᠡᠢ᠃ ᠨᠠᠰᠤᠵᠢᠯ᠎ᠤᠨ ᠠᠵᠤ ᠦᠢ᠍ᠯᠡᠰ᠎ᠤᠨ ᠲᠣᠭ᠎ᠠ ᠪᠠᠷᠢᠮᠲᠠ ᠵᠢᠨ ᠪᠦᠷᠢᠳᠬᠡᠵᠦ ᠬᠢᠨᠠᠨ ᠰᠢᠨᠵᠢᠬᠦ ᠠᠵᠢᠯ᠎ᠢ ᠢᠳᠡᠪᠬᠢᠲᠡᠢ ᠮᠥᠷᠳᠡᠨ ᠨᠠᠢ᠌ᠳᠠᠪᠤᠷᠢᠵᠢᠭᠤᠯᠵᠤ᠂ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ᠎ᠢ ᠥᠷᠨᠢᠭᠦᠯᠦᠨ᠂ ᠴᠠᠭᠲᠤᠨᠢ ᠲᠣᠬᠢᠷᠠᠭᠤᠯᠤᠨ ᠨᠡᠢ᠌ᠭᠡᠮ ᠨᠡᠶ᠋ᠢᠲᠡ᠎ᠳᠤ ᠨᠠᠰᠤᠵᠢᠯ᠎ᠤᠨ ᠠᠵᠤ ᠦᠢ᠍ᠯᠡᠰ᠎ᠤᠨ ᠬᠠᠮᠢᠶ᠎ᠠ ᠪᠦᠬᠦᠢ ᠲᠣᠭ᠎ᠠ ᠪᠦᠷᠢᠳᠬᠡᠯ᠎ᠢ ᠨᠡᠢ᠌ᠲᠡᠯᠡᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠷᠠᠳ᠎ᠤᠨ ᠶᠠᠪᠤᠳᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠬᠠᠷᠢᠭᠤᠴᠠᠨ᠎ᠠ)
(ᠠᠷᠪᠠᠨ ᠳᠣᠯᠣᠭ᠎ᠠ) ᠨᠠᠰᠤᠵᠢᠯ᠎ᠤᠨ ᠦᠢ᠍ᠯᠡᠴᠢᠯᠡᠭᠡᠨ᠎ᠤ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠡᠷᠡᠭᠲᠡᠢ᠃ ᠨᠡᠭᠡᠭᠡᠯᠲᠡ᠎ᠲᠠᠢ᠂ ᠥᠷᠢᠰᠦᠯᠳᠦᠭᠡᠨ᠎ᠲᠠᠢ᠂ ᠡᠷᠬᠡ ᠲᠡᠭᠰᠢ᠂ ᠡᠮᠬᠢ ᠵᠢᠷᠤᠮ᠎ᠲᠠᠢ ᠨᠠᠰᠤᠵᠢᠯ᠎ᠤᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠢ ᠪᠠᠢ᠌ᠭᠤᠯᠵᠤ᠂ ᠨᠠᠰᠤᠵᠢᠯ᠎ᠤᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠲᠤ ᠵᠥᠪᠰᠢᠶᠡᠷᠡᠨ ᠣᠷᠣᠭᠤᠯᠬᠤ ᠨᠥᠬᠥᠴᠡᠯ ᠵᠶ᠋ᠡᠨ ᠠᠭᠤᠵᠢᠭᠤ ᠪᠤᠯᠭ᠋ᠠᠬᠤ ᠬᠡᠷᠡᠭᠲᠡᠢ᠃ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠤ ᠲᠣᠳᠣᠷᠬᠠᠢ ᠬᠠᠭᠤᠳᠠᠰᠤ ᠵᠢ ᠲᠣᠭᠲᠠᠭ᠋ᠠᠬᠤ ᠵᠢᠨ ᠬᠠᠮᠲᠤ ᠨᠡᠢ᠌ᠲᠡᠯᠡᠵᠦ᠂ ᠦᠨᠳᠦᠰᠦᠨ ᠨᠠᠰᠤᠵᠢᠯ᠎ᠤᠨ ᠦᠢ᠍ᠯᠡᠴᠢᠯᠡᠭᠡᠨ᠎ᠢ ᠵᠠᠰᠠᠭ᠎ᠤᠨ ᠣᠷᠳᠣᠨ᠎ᠠᠴᠠ ᠦᠢ᠍ᠯᠡᠴᠢᠯᠡᠭᠡᠨ ᠬᠤᠳᠠᠯᠳᠤᠨ ᠠᠪᠬᠤ ᠵᠢᠨ ᠵᠢᠯᠤᠭᠣᠳᠬᠤ ᠴᠢᠨᠠᠷᠲᠠᠢ ᠭᠠᠷᠴᠠᠭ᠎ᠲᠤ ᠣᠷᠣᠭᠣᠯᠬᠣ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠬᠡᠷᠡᠭᠴᠡᠭᠡ ᠵᠢᠨ ᠵᠦᠭᠯᠡᠭᠦᠷ ᠪᠠ ᠦᠢ᠍ᠯᠡᠴᠢᠯᠡᠭᠡᠨ᠎ᠤ ᠪᠠᠷᠢᠮᠵᠢᠶ᠎ᠠ ᠵᠢ ᠨᠡᠢ᠌ᠲᠡᠯᠡᠵᠦ᠂ ᠨᠠᠰᠤᠵᠢᠯ᠎ᠤᠨ ᠦᠢ᠍ᠯᠡᠴᠢᠯᠡᠭᠡᠨ᠎ᠤ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ ᠪᠠ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠨᠡᠢ᠌ᠭᠡᠮ ᠲᠣᠭᠣᠷᠢᠭ᠎ᠤᠨ ᠭᠡᠷ᠎ᠲᠤ᠎ᠪᠠᠨ ᠠᠰᠠᠷᠠᠭᠤᠯᠬᠤ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠨᠠᠰᠤᠵᠢᠯ᠎ᠤᠨ ᠪᠠᠢ᠌ᠭᠤᠯᠤᠮᠵᠢ ᠵᠢᠨ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ᠂ ᠨᠠᠰᠤᠵᠢᠯ᠎ᠤᠨ ᠪᠠᠢ᠌ᠭᠤᠯᠤᠮᠵᠢ ᠵᠢᠴᠢ ᠬᠤᠪᠢ ᠬᠥᠮᠥᠨ᠎ᠢ ᠰᠠᠢ᠌ᠰᠢᠶᠠᠨ ᠬᠥᠬᠢᠭᠦᠯᠵᠦ ᠱᠠᠩᠨᠠᠨ ᠬᠥᠬᠢᠭᠦᠯᠦᠭᠰᠡᠨᠢᠨᠢ ᠪᠠᠢ᠌ᠴᠠᠭ᠋ᠠᠨ ᠯᠠᠪᠯᠠᠬᠤ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶᠡᠨ᠎ᠳᠠᠬᠢ ᠬᠠᠮᠢᠶ᠎ᠠ ᠪᠦᠬᠦᠢ ᠲᠡᠳᠬᠦᠨ ᠳᠡᠮᠵᠢᠬᠦ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ᠎ᠠ)
(ᠠᠷᠪᠠᠨ ᠨᠠᠢ᠍ᠮᠠ) ᠠᠵᠢᠯ ᠲᠥᠷᠥᠯ᠎ᠤᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶᠡᠨ᠎ᠳᠠᠬᠢ ᠬᠠᠤᠯᠢ ᠪᠤᠰᠤ᠎ᠪᠠᠷ ᠪᠡᠯᠡ ᠴᠤᠭᠯᠠᠭᠤᠯᠬᠤ ᠵᠢ ᠴᠡᠭᠴᠡᠯᠡᠨ ᠵᠠᠰᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠨᠠᠰᠤᠲᠠᠢ᠌ᠴᠤᠳ᠎ᠲᠤ ᠡᠯ᠎ᠡ ᠲᠥᠷᠥᠯ᠎ᠤᠨ ᠦᠢ᠍ᠯᠡᠳᠬᠦᠨ ᠪᠠ ᠦᠢ᠍ᠯᠡᠴᠢᠯᠡᠭᠡ ᠵᠢ ᠮᠡᠬᠡᠯᠡᠨ ᠪᠣᠷᠣᠯᠠᠭᠤᠯᠬᠤ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠨᠠᠰᠤᠲᠠᠢ᠌ᠴᠤᠳ᠎ᠤᠨ ᠮᠡᠬᠡᠯᠡᠭᠳᠡᠬᠦ᠎ᠠᠴᠠ ᠰᠡᠷᠭᠡᠢ᠌ᠯᠡᠬᠦ ᠤᠬᠠᠭᠤᠯᠭ᠎ᠠ ᠵᠢᠨ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠦᠨ᠂ ᠨᠠᠰᠤᠲᠠᠢ᠌ᠴᠤᠳ᠎ᠤᠨ ᠬᠡᠷᠡᠭᠯᠡᠭᠡ ᠵᠢᠨ ᠡᠷᠬᠡ ᠠᠰᠢᠭ᠎ᠢ ᠦᠨᠡᠨ ᠬᠦ᠌ ᠪᠠᠲᠤᠯᠠᠬᠤ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶᠡᠨ᠎ᠳᠠᠬᠢ ᠨᠡᠢ᠌ᠭᠡᠮ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠲᠦᠷᠭᠡᠳᠬᠡᠵᠦ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠪᠠ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠨ ᠴᠢᠩᠭ᠋ᠠᠳᠬᠠᠨ᠂ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶᠡᠨ᠎ᠳᠠᠬᠢ ᠠᠵᠤ ᠠᠬᠤᠢ᠌ᠯᠠᠯ᠎ᠤᠨ ᠢᠲᠡᠭᠡᠮᠵᠢ ᠵᠢᠨ ᠲᠡᠮᠳᠡᠭᠯᠡᠯ ᠪᠠ ᠠᠵᠢᠯᠲᠠᠨ᠎ᠤ ᠲᠠᠩᠰᠠ ᠡᠪᠬᠡᠮᠡᠯ᠎ᠤᠨ ᠳ᠋ᠠᠢ᠌ᠲ᠋ᠠ ᠵᠢᠨ ᠬᠥᠮᠥᠷᠭᠡ ᠵᠢ ᠲᠡᠭᠦᠯᠳᠡᠷᠵᠢᠭᠦᠯᠬᠦ ᠬᠡᠷᠡᠭᠲᠡᠢ᠃ ᠡᠷᠬᠡ ᠠᠰᠢᠭ᠎ᠢ ᠬᠠᠮᠠᠭ᠋ᠠᠯᠠᠬᠤ᠂ ᠵᠢᠭᠤᠷᠠᠯᠳᠤᠭ᠋ᠠᠨ᠎ᠢ ᠰᠢᠢ᠍ᠳᠪᠦᠷᠢᠯᠡᠬᠦ᠂ ᠠᠵᠢᠯ ᠲᠥᠷᠥᠯ᠎ᠤᠨ ᠢᠲᠡᠭᠡᠮᠵᠢ ᠵᠢᠨ ᠪᠠᠢ᠌ᠭᠤᠯᠤᠯᠲᠠ ᠵᠡᠷᠭᠡ ᠲᠠᠯ᠎ᠠ᠎ᠪᠠᠷ᠎ᠬᠢ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠢᠳᠡᠪᠬᠢᠲᠡᠢ ᠪᠠᠳᠠᠷᠠᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ᠎ᠠ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2022 ᠣᠨ᠎ᠤ 7 ᠳ᠋ᠤᠭ᠋ᠠᠷ ᠰᠠᠷ᠎ᠠ ᠵᠢᠨ 7᠎ᠤ ᠡᠳᠦᠷ ᠳᠠᠷᠤᠮᠠᠯᠯᠠᠨ ᠲᠠᠷᠬᠠᠭ᠋ᠠᠪᠠ