ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ᠎ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2023-01-29

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲᠸᠷᠢᠶᠠᠯ

            ᠥᠪᠥᠷ ᠵᠠᠰᠠᠭ ᠠᠯᠪᠠᠨ ᠲᠠᠷᠬᠠᠭ᠋ᠠᠭᠰᠠᠨ [2022] 37 ᠳ᠋ᠤᠭ᠋ᠠᠷ  ᠲᠣᠭ᠋ᠠᠲᠤ

           

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ

            ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ᠎ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ

            ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ ᠄

      《ᠲᠥᠪ᠎ᠤᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ᠎ᠳᠤ ᠥᠭᠡᠷᠡᠴᠢᠯᠡᠯᠲᠡ ᠬᠢᠵᠦ ᠲᠡᠭᠦᠯᠳᠡᠷᠵᠢᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ ᠎ᠤ ᠠᠯᠪᠠᠨ ᠲᠢᠩᠬᠢᠮ᠎ᠤᠨ ᠰᠠᠨᠠᠯ᠎ᠤᠳ 》 (ᠲᠥᠷᠥ ᠠᠯᠪᠠᠨ ᠲᠠᠷᠬᠠᠭ᠋ᠠᠭᠰᠠᠨ [ 2021 ] 32 ᠳ᠋ᠤᠭ᠋ᠠᠷ  ᠲᠣᠭ᠋ᠠᠲᠤ ) ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠵᠦ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠡᠷᠡᠭᠯᠡᠯᠲᠡ ᠵᠢᠨ ᠡᠵᠡ ᠮᠡᠳᠡᠬᠦ ᠡᠷᠬᠡ ᠵᠢ ᠥᠷᠭᠡᠳᠬᠡᠵᠦ ᠂  ᠰᠢᠨᠵᠢᠯᠡᠬᠦ ᠤᠬᠠᠭ᠋ᠠᠨ᠎ᠤ ᠰᠤᠳᠤᠯᠤᠭᠴᠢᠳ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠬᠦ ᠵᠢᠨ  ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠡᠳᠦᠭᠡ ᠳᠣᠣᠷᠠᠬᠢ ᠰᠠᠨᠠᠯ᠎ᠤᠳ᠎ᠢ ᠳᠤᠷᠠᠳᠪᠠ ᠃

       ᠨᠢᠭᠡ ᠂  ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ  ᠲᠣᠳᠣᠷᠬᠠᠢ᠌ᠯᠠᠨ᠎ᠠ      

       ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠲᠥᠷᠦᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠪᠠ ᠲᠥᠷᠥᠯ ᠵᠦᠢ᠍ᠯ᠎ᠤᠨ ᠬᠠᠷᠢᠭᠤᠴᠠᠯᠭ᠋ᠠᠲᠠᠳ 

《ᠬᠡᠷᠡᠭᠯᠡᠬᠦ ᠬᠥᠮᠥᠨ ᠬᠠᠷᠢᠭᠤᠴᠠᠬᠤ 》 ᠵᠠᠷᠴᠢᠮ ᠶᠣᠰᠣᠭ᠋ᠠᠷ ᠥᠪᠡᠷᠲᠡᠭᠡᠨ ᠡᠵᠡ ᠮᠡᠳᠡᠨ ᠬᠠᠮᠢᠶᠠᠷᠴᠤ ᠬᠡᠷᠡᠭᠯᠡᠨ᠎ᠡ; ᠲᠥᠷᠦᠯ ᠵᠦᠢ᠍ᠯ᠎ᠢ ᠬᠠᠮᠢᠶᠠᠷᠬᠤ ᠰᠠᠯᠠᠭ᠎ᠠ ᠮᠥᠴᠢᠷ᠎ᠨᠢ 《ᠬᠡᠨ ᠲᠥᠷᠦᠯ ᠵᠦᠢ᠍ᠯ ᠲᠣᠭᠲᠠᠭᠰᠠᠨ ᠪᠣᠯ ᠲᠡᠷᠡ ᠬᠢᠨᠠᠨ ᠬᠠᠮᠢᠶᠠᠷᠬᠤ 》 ᠵᠠᠷᠴᠢᠮ ᠶᠣᠰᠣᠭ᠋ᠠᠷ ᠵᠢᠭ᠋ᠠᠨ ᠵᠢᠯᠤᠭᠣᠳᠬᠤ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠡᠭᠦᠷᠭᠡᠯᠡᠨ᠎ᠡ ᠃

      (ᠨᠢᠭᠡ ) ᠲᠥᠷᠥᠯ ᠵᠦᠢ᠍ᠯ᠎ᠢ ᠬᠠᠷᠢᠭᠤᠴᠠᠬᠤ ᠨᠢᠭᠡᠴᠢ ᠵᠢᠨ ᠡᠭᠦᠷᠭᠡ ᠬᠠᠷᠢᠭᠤᠴᠠᠯᠭ᠎ᠠ ᠃  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠪᠣᠯ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠬᠠᠮᠢᠶᠠᠷᠬᠤ ᠬᠠᠷᠢᠭᠤᠴᠠᠯᠭ᠎ᠠ᠎ᠲᠠᠢ ᠭᠣᠣᠯ ᠴᠣᠭᠴᠠ ᠮᠥᠨ ᠂  ᠲᠤᠰ ᠨᠢᠭᠡᠴᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ ᠵᠶ᠋ᠠᠨ 《ᠡᠷᠬᠡ ᠬᠠᠷᠢᠭᠤᠴᠠᠯᠭ᠎ᠠ ᠵᠢ ᠨᠢᠭᠡᠳᠦᠯᠲᠡᠢ ᠪᠠᠢ᠌ᠯᠭ᠋ᠠᠬᠤ ᠂  ᠥᠪᠡᠷ᠎ᠢ᠎ᠪᠠᠨ ᠬᠢᠵᠠᠭ᠋ᠠᠷᠯᠠᠬᠤ ᠂  ᠥᠪᠡᠷ᠎ᠢ᠎ᠪᠠᠨ ᠵᠢᠷᠤᠮᠵᠢᠭᠤᠯᠬᠤ ᠂  ᠲᠥᠷᠦᠯ ᠵᠦᠢ᠍ᠯ᠎ᠢ ᠭᠥᠯᠢᠶᠡᠨ ᠠᠪᠴᠤ ᠰᠠᠢ᠌ᠲᠤᠷ ᠬᠠᠮᠢᠶᠠᠷᠬᠤ 》 ᠵᠠᠷᠴᠢᠮ ᠶᠣᠰᠣᠭ᠋ᠠᠷ ᠥᠪᠡᠰᠦᠪᠡᠨ ᠬᠠᠮᠢᠶᠠᠷᠤᠨ ᠬᠡᠷᠡᠭᠯᠡᠨ᠎ᠡ ᠃  ᠪᠣᠳᠠᠲᠠᠢ ᠡᠭᠦᠷᠭᠡ ᠬᠠᠷᠢᠭᠤᠴᠠᠯᠭ᠎ᠠ᠎ᠨᠢ ᠳᠣᠣᠷᠠᠬᠢ ᠮᠡᠲᠦ ᠄

      1.  ᠬᠠᠮᠢᠶ᠎ᠠ ᠪᠦᠬᠦᠢ ᠠᠵᠢᠯ᠎ᠤᠨ ᠲᠣᠭᠲᠠᠯᠴᠠᠭ᠎ᠠ ᠪᠠ ᠲᠥᠬᠥᠷ ᠳᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ ᠃  ᠳᠤᠰ ᠨᠢᠭᠡᠴᠢ ᠵᠢᠨ ᠡᠳ᠋᠎ᠤᠨ ᠶᠠᠪᠤᠳᠠᠯ ᠂  ᠬᠥᠷᠥᠩᠭᠡ ᠂  ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠂  ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠂  ᠦᠷ᠎ᠡ ᠪᠦᠲᠦᠭᠡᠯ᠎ᠢ ᠤᠯᠠᠷᠢᠭᠤᠯᠬᠤ ᠵᠢᠴᠢ ᠡᠳᠡᠭᠡᠷ᠎ᠲᠠᠢ ᠬᠣᠯᠪᠣᠭᠳᠠᠬᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠂  ᠠᠵᠢᠯᠲᠠᠨ᠎ᠤ ᠶᠠᠪᠤᠳᠠᠯ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠨᠡᠨᠴᠢ ᠢᠲᠡᠭᠡᠮᠵᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠶᠣᠰᠣ ᠰᠤᠷᠲᠠᠬᠤᠨ ᠵᠡᠷᠭᠡ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ ᠪᠠ ᠬᠡᠷᠡᠭᠵᠢᠭᠦᠯᠬᠦ ᠠᠷᠭ᠎ᠠ ᠵᠢ ᠲᠣᠭᠲᠠᠭ᠋ᠠᠬᠤ ᠮᠥᠷᠲᠡᠭᠡᠨ ᠲᠡᠭᠦᠯᠳᠡᠷᠵᠢᠭᠦᠯᠦᠨ᠎ᠡ ᠃

      2.  ᠲᠤᠰ ᠨᠢᠭᠡᠴᠢ ᠵᠢᠨ ᠵᠶ᠋ᠠᠨ ᠪᠣᠳᠠᠲᠤ ᠪᠠᠢ᠌ᠳᠠᠯ᠎ᠳᠤ ᠲᠣᠬᠢᠷᠠᠭᠰᠠᠨ ᠳᠣᠲᠣᠭ᠋ᠠᠳᠤ ᠡᠵᠡᠮᠰᠢᠯ᠎ᠤᠨ ᠲᠣᠭᠲᠠᠯᠴᠠᠭ᠎ᠠ ᠵᠢ ᠪᠠᠢ᠌ᠭᠤᠯᠬᠤ ᠮᠥᠷᠲᠡᠭᠡᠨ ᠲᠡᠭᠦᠯᠳᠡᠷᠵᠢᠭᠦᠯᠦᠨ ᠂  ᠳᠣᠲᠣᠭ᠋ᠠᠳᠤ ᠵᠢᠨ ᠴᠤᠪᠤᠷᠠᠯ᠎ᠤᠨ ᠡᠵᠡᠮᠰᠢᠯ᠎ᠢ ᠴᠢᠩᠭ᠋ᠠᠳᠬᠠᠨ᠎ᠠ ᠃  ᠲᠤᠰ ᠨᠢᠭᠡᠴᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ  ᠵᠠᠷᠤᠳᠠᠯ᠎ᠤᠨ ᠲᠥᠰᠥᠪ᠎ᠢ ᠲᠣᠬᠢᠷᠠᠭᠤᠯᠬᠤ ᠂  ᠳᠠᠮ ᠵᠠᠷᠤᠳᠠᠯ᠎ᠢ ᠨᠢᠭᠡᠳᠦᠯᠲᠡᠢ ᠲᠥᠯᠥᠪᠯᠡᠬᠦ ᠂  ᠬᠦᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠪᠠ ᠠᠵᠢᠯᠲᠠᠨ᠎ᠤ ᠵᠠᠷᠤᠳᠠᠯ᠎ᠤᠨ ᠵᠠᠷᠤᠯᠭ᠎ᠠ ᠵᠢᠨ ᠬᠠᠮᠢᠶᠠᠷᠤᠯᠲᠠ ᠂  ᠠᠵᠢᠯ᠎ᠤᠨ ᠠᠮᠵᠢᠯᠲᠠ ᠪᠦᠲᠦᠮᠵᠢ ᠵᠢᠨ ᠵᠠᠷᠤᠯᠭ᠎ᠠ ᠵᠢᠨ ᠬᠤᠪᠢᠶᠠᠷᠢᠯᠠᠯᠲᠠ ᠂  ᠰᠤᠳᠤᠯᠭ᠋ᠠᠨ᠎ᠤ ᠰᠡᠳᠦᠪ ᠵᠶ᠋ᠡᠨ ᠲᠡᠭᠦᠰᠬᠡᠬᠦ ᠡᠳ᠋᠎ᠤᠨ ᠶᠠᠪᠤᠳᠠᠯ᠎ᠤᠨ ᠬᠢᠨᠠᠨ ᠪᠣᠳᠣᠯᠲᠠ ᠂  ᠦᠯᠡᠳᠡᠪᠦᠷᠢ ᠪᠡᠯᠡ ᠮᠥᠩᠭᠥᠨ᠎ᠤ ᠬᠡᠷᠡᠭᠯᠡᠯᠲᠡ ᠂  ᠪᠠᠴᠢᠮ ᠬᠡᠷᠡᠭᠰᠡᠬᠦ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠡᠯᠡᠳᠬᠡᠮᠵᠢ ᠬᠣᠷᠣᠭᠳᠠᠯ ᠮᠠᠲᠸᠷᠢᠶᠠᠯ ᠬᠤᠳᠠᠯᠳᠤᠨ ᠠᠪᠬᠤ ᠵᠡᠷᠭᠡ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠪᠠ ᠬᠢᠨᠠᠨ ᠬᠠᠷᠭᠤᠭᠤᠯᠬᠤ ᠴᠤᠪᠤᠷᠠᠯ᠎ᠢ ᠲᠣᠳᠣᠷᠬᠠᠢ᠌ᠯᠠᠨ᠎ᠠ ᠃

      3.  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠡᠷᠡᠭᠯᠡᠯᠲᠡ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ ᠃  ᠲᠤᠰ ᠨᠢᠭᠡᠴᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ᠎ᠪᠠᠨ ᠲᠡᠭᠦᠯᠳᠡᠷᠵᠢᠭᠦᠯᠵᠦ ᠂  ᠲᠤᠰᠬᠠᠢ ᠳᠠᠩᠰᠠ ᠵᠢᠨ ᠬᠠᠮᠢᠶᠠᠷᠤᠯᠲᠠ ᠵᠢ ᠬᠡᠷᠡᠭᠵᠢᠭᠦᠯᠦᠨ ᠂  ᠥᠪᠡᠷᠲᠡᠭᠡᠨ ᠵᠠᠰᠠᠬᠤ ᠣᠷᠣᠨ᠎ᠤ ᠲᠥᠷᠦᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠲᠥᠷᠦᠯ ᠵᠦᠢ᠍ᠯ᠎ᠤᠨ ᠬᠡᠷᠡᠭᠵᠢᠭᠦᠯᠦᠯᠲᠡ ᠂  ᠪᠡᠯᠡ  ᠮᠥᠩᠭᠥᠨ᠎ᠤ ᠬᠡᠷᠡᠭᠯᠡᠯᠲᠡ ᠂  ᠠᠵᠢᠯ᠎ᠤᠨ ᠠᠮᠵᠢᠯᠲᠠ ᠪᠦᠲᠦᠮᠵᠢ ᠵᠢᠨ ᠥᠪᠡᠷ᠎ᠤᠨ ᠦᠨᠡᠯᠡᠯᠲᠡ ᠵᠡᠷᠭᠡ ᠪᠠᠢ᠌ᠳᠠᠯ᠎ᠤᠳ ᠵᠶ᠋ᠠᠨ ᠴᠠᠭ ᠲᠤᠬᠠᠢ᠎ᠳᠤ᠎ᠨᠢ ᠮᠡᠳᠡᠭᠦᠯᠬᠦ ᠬᠡᠷᠡᠭᠲᠡᠢ ᠃  ᠶᠠᠮᠠᠷ ᠨᠢᠭᠡᠨ ᠰᠢᠯᠲᠠᠭ᠋ᠠᠨ ᠎ᠠᠴᠠ ᠪᠣᠯᠵᠤ ᠵᠣᠭᠰᠤᠭ᠋ᠠᠬᠤ ᠪᠤᠶᠤ ᠬᠦᠴᠦᠨ ᠦᠭᠡᠢ ᠪᠣᠯᠭ᠋ᠠᠬᠤ ᠲᠥᠷᠥᠯ ᠵᠦᠢ᠍ᠯ᠎ᠢ ᠡᠷᠬᠡᠪᠰᠢ ᠴᠠᠭ ᠲᠤᠬᠠᠢ᠎ᠳᠤ᠎ᠨᠢ ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠬᠦ ᠵᠢᠨ ᠬᠠᠮᠲᠤ ᠱᠠᠭ᠋ᠠᠷᠳᠠᠯᠭ᠎ᠠ ᠶᠣᠰᠣᠭ᠋ᠠᠷ ᠡᠳ᠋᠎ᠤᠨ ᠵᠠᠰᠠᠭ᠎ᠤᠨ ᠪᠡᠯᠡ ᠮᠥᠩᠭᠥ ᠵᠢ᠎ᠨᠢ ᠪᠤᠴᠠᠭ᠋ᠠᠬᠤ ᠬᠡᠷᠡᠭᠲᠡᠢ ᠃  ᠬᠡᠷᠡᠭᠴᠡᠭᠡ᠎ᠪᠠᠨ ᠦᠨᠳᠦᠰᠦᠯᠡᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠳ᠋᠎ᠤᠨ ᠶᠠᠪᠤᠳᠠᠯ᠎ᠤᠨ ᠲᠤᠰᠠᠯᠠᠭᠴᠢ ᠵᠢᠨ ᠠᠵᠢᠯ᠎ᠤᠨ ᠪᠠᠢ᠌ᠷᠢ ᠲᠣᠬᠢᠷᠠᠭᠤᠯᠤᠨ ᠂  ᠬᠠᠮᠢᠶ᠎ᠠ ᠪᠦᠬᠦᠢ ᠲᠥᠬᠥᠷ ᠳᠦᠷᠢᠮ᠎ᠢ ᠲᠡᠭᠦᠯᠳᠡᠷᠵᠢᠭᠦᠯᠵᠦ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ᠎ᠲᠤ ᠲᠤᠰᠬᠠᠢ᠌ᠵᠢᠭᠰᠠᠨ ᠦᠢ᠍ᠯᠡᠴᠢᠯᠡᠭᠡ ᠬᠠᠩᠭ᠋ᠠᠨ᠎ᠠ ᠃

      4.  ᠳᠣᠲᠣᠭ᠋ᠠᠳᠤ᠎ᠳᠤ᠎ᠪᠠᠨ ᠢᠯᠡ ᠪᠣᠯᠭ᠋ᠠᠬᠤ ᠳᠦᠷᠢᠮ᠎ᠢ ᠬᠡᠷᠡᠭᠵᠢᠭᠦᠯᠦᠨ᠎ᠡ ᠃  ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠂  ᠴᠢᠬᠤᠯᠠ ᠶᠡᠬᠡ ᠠᠵᠢᠯ ᠶᠠᠪᠤᠳᠠᠯ ᠂  ᠴᠢᠬᠤᠯᠠ ᠳᠦᠷᠢᠮ ᠵᠡᠷᠭᠡ ᠵᠢ ᠢᠯᠡ ᠪᠣᠯᠭ᠋ᠠᠬᠤ ᠵᠢ ᠢᠳᠡᠪᠬᠢᠲᠡᠢ ᠠᠬᠢᠭᠤᠯᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠡᠯᠡ ᠮᠥᠩᠭᠥ ᠵᠢᠨ ᠬᠡᠷᠡᠭᠯᠡᠯᠲᠡ ᠂  ᠦᠯᠡᠳᠡᠪᠦᠷᠢ ᠪᠡᠯᠡ ᠮᠥᠩᠭᠥ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠷ᠎ᠡ ᠪᠦᠲᠦᠭᠡᠯ ᠵᠡᠷᠭᠡ ᠮᠡᠳᠡᠭᠡ ᠵᠠᠩᠭᠢ᠎ᠨᠤᠭᠤᠳ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠢᠯᠡ ᠪᠣᠯᠭ᠋ᠠᠨ ᠂  ᠡᠯ᠎ᠡ ᠲᠠᠯ᠎ᠠ ᠵᠢᠨ᠎ᠬᠢᠨ᠎ᠤ ᠬᠢᠨᠠᠯᠲᠠ ᠵᠢ ᠤᠬᠠᠮᠰᠠᠷ᠎ᠠᠴᠠ᠎ᠪᠠᠨ ᠬᠦᠯᠢᠶᠡᠨ᠎ᠡ ᠃

      (ᠬᠣᠶᠠᠷ ) ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠃  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠡᠷᠡᠭᠯᠡᠯᠲᠡ ᠵᠢᠨ ᠰᠢᠭᠤᠳ ᠬᠠᠷᠢᠭᠤᠴᠠᠯᠭ᠋ᠠᠲᠠᠨ ᠪᠠᠢ᠌ᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠯᠠᠭ᠎ᠠ ᠪᠠ ᠲᠥᠷᠥᠯ ᠵᠦᠢ᠍ᠯ᠎ᠤᠨ ᠪᠡᠯᠡ ᠮᠥᠩᠭᠥᠨ᠎ᠤ ᠬᠡᠷᠡᠭᠯᠡᠯᠲᠡ ᠵᠢᠨ ᠦᠨᠡᠨ ᠪᠣᠳᠠᠲᠤ ᠴᠢᠨᠠᠷ ᠂  ᠬᠠᠤᠯᠢ ᠶᠣᠰᠣᠴᠢ ᠴᠢᠨᠠᠷ ᠂  ᠲᠣᠭᠲᠠᠭ᠋ᠠᠯ᠎ᠳᠤ ᠨᠡᠶ᠋ᠢᠴᠡᠬᠦ ᠴᠢᠨᠠᠷ ᠪᠠ ᠬᠣᠯᠪᠣᠭᠳᠠᠯᠲᠤ ᠴᠢᠨᠠᠷ᠎ᠲᠤ ᠠᠵᠤ ᠠᠬᠤᠢ ᠬᠢᠭᠡᠳ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠡᠭᠦᠷᠭᠡᠯᠡᠨ᠎ᠡ ᠂  ᠪᠣᠳᠠᠲᠠᠢ ᠡᠭᠦᠷᠭᠡ ᠬᠠᠷᠢᠭᠤᠴᠠᠯᠭ᠎ᠠ᠎ᠨᠢ ᠳᠣᠣᠷᠠᠬᠢ ᠮᠡᠲᠦ ᠄

      1.  ᠲᠥᠷᠥᠯ ᠵᠦᠢ᠍ᠯ᠎ᠤᠨ ᠲᠥᠰᠥᠪ ᠪᠠ ᠠᠮᠵᠢᠯᠲᠠ ᠪᠦᠲᠦᠮᠵᠢ ᠵᠢᠨ ᠬᠠᠷᠠᠯᠲᠠ ᠵᠢ ᠵᠦᠢ ᠵᠣᠬᠢᠰᠲᠠᠢ ᠨᠠᠢ᠌ᠷᠠᠭᠤᠯᠤᠨ ᠵᠣᠬᠢᠶᠠᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠬᠠᠤᠯᠢ ᠲᠣᠭᠲᠠᠭ᠋ᠠᠯ᠎ᠳᠤ ᠨᠡᠢ᠌ᠴᠡᠭᠦᠯᠦᠨ ᠬᠡᠷᠡᠭᠯᠡᠨ᠎ᠡ ᠃

      2.  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠯᠠᠭ᠎ᠠ ᠵᠢᠨ ᠣᠣᠷ ᠲᠡᠮᠳᠡᠭᠯᠡᠯ᠎ᠢ ᠴᠢᠩᠭ᠋ᠠᠳᠬᠠᠨ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ ᠵᠢᠴᠢ ᠵᠠᠷᠤᠳᠠᠯ᠎ᠢ ᠬᠡᠷᠡᠭᠯᠡᠭᠰᠡᠨ ᠬᠠᠮᠢᠶ᠎ᠠ ᠪᠦᠬᠦᠢ ᠠᠭᠤᠯᠭ᠎ᠠ ᠵᠢ ᠦᠨᠡᠨ ᠪᠣᠳᠠᠲᠠᠢ᠎ᠪᠠᠷ ᠲᠡᠮᠳᠡᠭᠯᠡᠨ᠎ᠡ ᠃  ᠲᠥᠷᠥᠯ ᠵᠦᠢ᠍ᠯ᠎ᠤᠨ ᠲᠥᠰᠥᠪ᠎ᠤᠨ ᠭᠦᠢ᠍ᠴᠡᠳᠬᠡᠯ᠎ᠢ ᠦᠨᠡᠨ ᠮᠥᠨ ᠵᠶ᠋ᠡᠷ ᠨᠠᠢ᠌ᠷᠠᠭᠤᠯᠤᠨ ᠵᠣᠬᠢᠶᠠᠵᠤ ᠂  ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠢᠨᠠᠯᠲᠠ ᠂  ᠪᠠᠢ᠌ᠴᠠᠭ᠋ᠠᠯᠲᠠ ᠂  ᠬᠢᠨᠠᠨ ᠪᠣᠳᠣᠯᠲᠠ ᠪᠠ ᠠᠵᠢᠯ᠎ᠤᠨ ᠦᠷ᠎ᠡ ᠪᠦᠲᠦᠮᠵᠢ ᠵᠢᠨ ᠬᠠᠮᠢᠶᠠᠷᠤᠯᠲᠠ ᠵᠢ ᠤᠬᠠᠮᠰᠠᠷ ᠎ᠠᠴᠠ᠎ᠪᠠᠨ ᠬᠦᠯᠢᠶᠡᠨ᠎ᠡ ᠃

      3.  ᠶᠠᠮᠠᠷ ᠨᠢᠭᠡᠨ ᠰᠢᠯᠲᠠᠭ᠋ᠠᠨ ᠎ᠠᠴᠠ ᠪᠣᠯᠵᠤ ᠵᠣᠭᠰᠤᠭ᠋ᠠᠬᠤ ᠪᠤᠶᠤ ᠬᠦᠴᠦᠨ ᠦᠭᠡᠢ ᠪᠣᠯᠭ᠋ᠠᠬᠤ ᠴᠢᠬᠤᠯᠠᠲᠠᠢ ᠲᠥᠷᠥᠯ ᠵᠦᠢ᠍ᠯ᠎ᠢ ᠡᠷᠬᠡᠪᠰᠢ ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠵᠢᠴᠢ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠲᠥᠷᠥᠯ ᠵᠦᠢ᠍ᠯ ᠵᠶ᠋ᠠᠨ ᠵᠣᠭᠰᠤᠭ᠋ᠠᠬᠤ ᠪᠤᠶᠤ ᠬᠦᠴᠦᠨ ᠦᠭᠡᠢ ᠪᠣᠯᠭ᠋ᠠᠬᠤ ᠭᠤᠶᠤᠴᠢᠯᠠᠯ᠎ᠤᠨ ᠪᠢᠴᠢᠭ ᠳᠡᠪᠰᠢᠭᠦᠯᠬᠦ ᠵᠢᠨ ᠬᠠᠮᠲᠤ ᠰᠢᠯᠲᠠᠭ᠋ᠠᠨ ᠵᠶ᠋ᠡᠨ ᠲᠣᠳᠣᠷᠬᠠᠢ᠌ᠯᠠᠬᠤ ᠬᠡᠷᠡᠭᠲᠡᠢ ᠃

      (ᠭᠤᠷᠪᠠ ) ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠃  ᠲᠥᠷᠥᠯ ᠵᠦᠢ᠍ᠯ᠎ᠤᠨ  ᠬᠠᠮᠢᠶᠠᠷᠤᠯᠲᠠ ᠵᠢᠨ ᠰᠠᠯᠠᠭ᠎ᠠ ᠮᠥᠴᠢᠷ ᠪᠣᠯ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠲᠥᠰᠥᠪ᠎ᠢ ᠭᠦᠢ᠍ᠴᠡᠳᠬᠡᠬᠦ ᠂  ᠲᠤᠰᠬᠠᠢ ᠵᠦᠢ᠍ᠯ᠎ᠤᠨ ᠪᠡᠯᠡ ᠮᠥᠩᠭᠥ ᠵᠢ ᠬᠤᠪᠢᠶᠠᠷᠢᠯᠠᠬᠤ ᠂  ᠲᠥᠷᠥᠯ ᠵᠦᠢ᠍ᠯ᠎ᠢ ᠬᠢᠨᠠᠨ ᠬᠠᠮᠢᠶᠠᠷᠬᠤ ᠪᠠ ᠠᠵᠢᠯ᠎ᠤᠨ ᠠᠮᠵᠢᠯᠲᠠ ᠪᠦᠲᠦᠮᠵᠢ ᠵᠢ ᠬᠠᠮᠢᠶᠠᠷᠬᠤ ᠭᠣᠣᠯ ᠴᠣᠭᠴᠠ ᠮᠥᠨ ᠃  ᠪᠣᠳᠠᠲᠠᠢ ᠡᠭᠦᠷᠭᠡ ᠬᠠᠷᠢᠭᠤᠴᠠᠯᠭ᠎ᠠ᠎ᠨᠢ  ᠳᠣᠣᠷᠠᠬᠢ ᠮᠡᠲᠦ ᠄

      1.  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠳᠤ ᠨᠤᠲᠠᠯᠠᠯᠲᠠ ᠬᠢᠵᠦ ᠦᠨᠡᠯᠡᠨ ᠬᠢᠨᠠᠬᠤ ᠵᠢ ᠵᠣᠬᠢᠶᠠᠨ ᠪᠠᠢ᠌ᠭᠤᠯᠵᠤ ᠂  ᠪᠡᠯᠡ ᠮᠥᠩᠭᠥ ᠵᠢ ᠬᠤᠪᠢᠶᠠᠷᠢᠯᠠᠬᠤ ᠲᠥᠰᠥᠯ ᠰᠤᠳᠤᠯᠤᠨ ᠳᠤᠷᠠᠳᠴᠤ ᠂  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠵᠢᠯᠴᠠᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠪᠠᠭᠤᠯᠭ᠋ᠠᠵᠤ ᠥᠭᠭᠦᠨ᠎ᠡ ᠃

      2.  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠵᠢ ᠵᠢᠯᠣᠭᠣᠳᠤᠨ ᠲᠥᠷᠥᠯ ᠵᠦᠢ᠍ᠯ᠎ᠤᠨ ᠬᠠᠮᠢᠶᠠᠷᠤᠯᠲᠠ ᠂  ᠳᠣᠲᠣᠭ᠋ᠠᠳᠤ ᠡᠵᠡᠮᠳᠡᠯ᠎ᠤᠨ ᠳᠦᠷᠢᠮ᠎ᠢ᠎ᠨᠢ ᠲᠡᠭᠦᠯᠳᠡᠷᠵᠢᠭᠦᠯᠵᠦ ᠂  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠳᠤ ᠬᠢᠨᠠᠯᠲᠠ ᠲᠠᠯᠪᠢᠵᠤ ᠪᠠᠢ᠌ᠭ᠋ᠠᠳ ᠬᠠᠮᠢᠶᠠᠷᠤᠯᠲᠠ ᠵᠢ᠎ᠨᠢ ᠵᠢᠷᠤᠮᠵᠢᠭᠤᠯᠤᠨ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠃

      3.  ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠪᠠ ᠲᠦᠷᠦᠯ ᠵᠦᠢ᠍ᠯ᠎ᠢ ᠬᠡᠷᠡᠭᠵᠢᠭᠦᠯᠬᠦ ᠰᠡᠭᠦᠯᠴᠢ ᠵᠢᠨ ᠬᠤᠭᠤᠴᠠᠭ᠋ᠠᠨ᠎ᠳᠤ ᠠᠮᠵᠢᠯᠲᠠ ᠪᠦᠲᠦᠮᠵᠢ ᠵᠢᠨ ᠶᠡᠷᠦᠩᠬᠡᠢ᠌ᠯᠡᠭᠰᠡᠨ ᠦᠨᠡᠯᠡᠯᠲᠡ ᠵᠢ ᠵᠣᠬᠢᠶᠠᠨ ᠪᠠᠢ᠌ᠭᠤᠯᠤᠨ ᠥᠷᠨᠢᠭᠦᠯᠵᠦ ᠂  ᠦᠨᠡᠯᠡᠭᠰᠡᠨ ᠦᠷ᠎ᠡ ᠳ᠋ᠦᠩ᠎ᠤᠨ ᠬᠡᠷᠡᠭᠯᠡᠯᠲᠡ ᠵᠢ ᠲᠡᠭᠦᠯᠳᠡᠷᠵᠢᠭᠦᠯᠦᠨ᠎ᠡ ᠃

      4.  ᠲᠥᠷᠥᠯ ᠵᠦᠢ᠍ᠯ᠎ᠳᠤ ᠬᠡᠷᠡᠭᠵᠢᠭᠦᠯᠬᠦ ᠴᠢᠬᠤᠯᠠ ᠶᠡᠬᠡ ᠠᠵᠢᠯ ᠶᠠᠪᠤᠳᠠᠯ᠎ᠢ ᠬᠢᠨᠠᠨ ᠵᠥᠪᠰᠢᠶᠡᠷᠡᠨ᠎ᠡ ᠃  ᠶᠠᠮᠠᠷ ᠨᠢᠭᠡᠨ ᠰᠢᠯᠲᠠᠭ᠋ᠠᠨ ᠎ᠠᠴᠠ ᠪᠣᠯᠵᠤ ᠵᠣᠭᠰᠤᠭ᠋ᠠᠬᠤ ᠪᠤᠶᠤ ᠬᠦᠴᠦᠨ ᠦᠭᠡᠢ ᠪᠣᠯᠭ᠋ᠠᠬᠤ ᠴᠢᠬᠤᠯᠠᠲᠠᠢ ᠲᠥᠷᠥᠯ ᠵᠦᠢ᠍ᠯ ᠎ᠤᠨ ᠦᠯᠡᠳᠡᠪᠦᠷᠢ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠲᠤᠷᠠᠨ ᠬᠠᠷᠭᠤᠭᠤᠯᠤᠨ ᠲᠣᠭᠲᠠᠭ᠋ᠠᠬᠤ ᠵᠢᠨ ᠬᠠᠮᠲᠤ ᠰᠢᠢ᠍ᠳᠪᠦᠷᠢᠯᠡᠬᠦ ᠰᠠᠨᠠᠯ ᠳᠤᠷᠠᠳᠴᠤ ᠂  ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠠᠢ ᠬᠠᠮᠵᠢᠯᠴᠠᠨ ᠦᠯᠡᠳᠡᠪᠦᠷᠢ ᠪᠡᠯᠡ ᠮᠥᠩᠭᠥ ᠵᠢ᠎ᠨᠢ ᠲᠣᠭᠲᠠᠭ᠋ᠠᠯ ᠶᠣᠰᠣᠭ᠋ᠠᠷ ᠬᠣᠷᠢᠶᠠᠨ ᠠᠪᠤᠨ᠎ᠠ ᠃

      5.  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠨᠡᠨᠴᠢ ᠢᠲᠡᠭᠡᠮᠵᠢ ᠵᠢᠨ ᠬᠠᠮᠢᠶᠠᠷᠤᠯᠲᠠ ᠪᠠ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠨᠠᠢ᠌ᠳᠠᠪᠤᠷᠢᠵᠢᠭᠤᠯᠵᠤ ᠂  ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠨᠡᠨᠴᠢ ᠢᠲᠡᠭᠡᠮᠵᠢ ᠪᠠ ᠶᠣᠰᠣ ᠰᠤᠷᠲᠠᠬᠤᠨ᠎ᠤ ᠱᠠᠭ᠋ᠠᠷᠳᠠᠯᠭ᠎ᠠ ᠵᠢ ᠬᠦᠨᠳᠦ ᠨᠣᠴᠢᠲᠠᠢ ᠵᠥᠷᠢᠴᠡᠭᠰᠡᠨ ᠲᠦᠷᠦᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠵᠢᠴᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ᠎ᠠᠴᠠ ᠬᠠᠷᠢᠭᠤᠴᠠᠯᠭ᠎ᠠ ᠨᠡᠬᠡᠮᠵᠢᠯᠡᠬᠦ ᠵᠢᠨ ᠬᠠᠮᠲᠤ ᠬᠣᠯᠪᠣᠭ᠋ᠠᠯᠠᠵᠤ ᠵᠠᠯᠬᠠᠭ᠋ᠠᠨ ᠴᠡᠭᠡᠷᠯᠡᠭᠦᠯᠦᠨ᠎ᠡ ᠃

      (ᠳᠥᠷᠪᠡ ) ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠃  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠣᠯ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠲᠥᠰᠥᠪ᠎ᠢ ᠨᠠᠢ᠌ᠷᠠᠭᠤᠯᠤᠨ ᠵᠣᠬᠢᠶᠠᠬᠤ ᠂  ᠵᠠᠷᠤᠯᠭ᠎ᠠ ᠵᠢᠨ ᠲᠥᠷᠥ ᠵᠢᠨ ᠪᠣᠳᠣᠯᠭ᠎ᠠ ᠵᠢ ᠬᠢᠨᠠᠨ ᠬᠠᠷᠭᠤᠭᠤᠯᠬᠤ ᠪᠠ ᠲᠥᠰᠥᠪ᠎ᠤᠨ ᠠᠮᠵᠢᠯᠲᠠ ᠪᠦᠲᠦᠮᠵᠢ ᠵᠢ ᠬᠠᠮᠢᠶᠠᠷᠬᠤ ᠭᠣᠣᠯ ᠴᠣᠭᠴᠠ ᠪᠣᠯᠣᠨ᠎ᠠ ᠂  ᠪᠣᠳᠠᠲᠠᠢ ᠡᠭᠦᠷᠭᠡ ᠬᠠᠷᠢᠭᠤᠴᠠᠯᠭ᠎ᠠ᠎ᠨᠢ ᠳᠣᠣᠷᠠᠬᠢ ᠮᠡᠲᠦ ᠄

      1.  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠣᠨ᠎ᠤ ᠲᠥᠰᠥᠪ᠎ᠢ ᠨᠠᠢ᠌ᠷᠠᠭᠤᠯᠤᠨ ᠵᠣᠬᠢᠶᠠᠵᠤ ᠂  ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠳᠤᠷᠠᠳᠤᠭᠰᠠᠨ ᠪᠡᠯᠡ ᠮᠥᠩᠭᠥ ᠬᠤᠪᠢᠶᠠᠷᠢᠯᠠᠬᠤ ᠰᠠᠨᠠᠯ᠎ᠢ ᠬᠢᠨᠠᠨ ᠬᠠᠷᠭᠤᠭᠤᠯᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠴᠠᠭ ᠲᠤᠬᠠᠢ᠎ᠳᠤ᠎ᠨᠢ ᠪᠠᠭᠤᠯᠭ᠋ᠠᠨ᠎ᠠ ᠃

      2.  ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ᠎ᠨᠤᠭᠤᠳ᠎ᠢ ᠲᠣᠭᠲᠠᠭ᠋ᠠᠨ᠎ᠠ ᠃

      3.  ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠬᠡᠷᠡᠭᠯᠡᠭᠰᠡᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠠᠵᠢᠯ᠎ᠢ ᠥᠷᠨᠢᠭᠦᠯᠦᠨ᠎ᠡ ᠃

      4.  ᠥᠪᠡᠷᠲᠡᠭᠡᠨ ᠵᠠᠰᠠᠬᠤ ᠣᠷᠣᠨ᠎ᠤ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠣᠭᠰᠤᠭ᠋ᠠᠬᠤ ᠪᠤᠶᠤ ᠬᠦᠴᠦᠨ ᠦᠭᠡᠢ ᠪᠣᠯᠭ᠋ᠠᠬᠤ᠎ᠪᠠᠷ ᠨᠤᠲᠠᠯᠠᠨ ᠲᠣᠭᠲᠠᠭ᠋ᠠᠭᠰᠠᠨ ᠲᠥᠷᠥᠯ ᠵᠦᠢ᠍ᠯ᠎ᠤᠨ ᠦᠯᠡᠳᠡᠪᠦᠷᠢ ᠪᠡᠯᠡ ᠮᠥᠩᠭᠥ ᠵᠢ ᠴᠠᠭ ᠲᠤᠬᠠᠢ᠎ᠳᠤ᠎ᠨᠢ ᠬᠣᠷᠢᠶᠠᠨ ᠠᠪᠤᠨ᠎ᠠ ᠃

       ᠬᠣᠶᠠᠷ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠵᠠᠷᠤᠳᠠᠯ᠎ᠢ ᠬᠠᠮᠢᠶᠠᠷᠬᠤ ᠡᠵᠡ ᠮᠡᠳᠡᠬᠦ ᠡᠷᠬᠡ᠎ᠶᠢ ᠥᠷᠭᠡᠳᠬᠡᠨ᠎ᠡ

      (  ᠨᠢᠭᠡ ) ᠲᠥᠰᠥᠪ᠎ᠢ ᠨᠠᠢ᠌ᠷᠠᠭᠤᠯᠤᠨ ᠵᠣᠬᠢᠶᠠᠬᠤ ᠠᠵᠢᠯ᠎ᠢ ᠴᠣᠮᠬᠠᠳᠬᠠᠨ᠎ᠠ ᠃  ᠲᠥᠰᠥᠪ᠎ᠢ ᠨᠠᠢ᠌ᠷᠠᠭᠤᠯᠤᠨ ᠵᠣᠬᠢᠶᠠᠬᠤ ᠵᠦᠢ᠍ᠯ ᠢᠯᠭ᠋ᠠᠯ᠎ᠢ ᠤᠯᠠᠮ ᠨᠢᠭᠡ ᠠᠯᠬᠤᠮ ᠴᠣᠮᠬᠠᠳᠬᠠᠵᠤ ᠂  ᠰᠢᠭᠤᠳ ᠵᠠᠷᠤᠳᠠᠯ᠎ᠤᠨ ᠲᠥᠰᠥᠪ᠎ᠢ ᠲᠥᠬᠦᠭᠡᠷᠦᠮᠵᠢ ᠵᠢᠨ ᠵᠠᠷᠤᠳᠠᠯ ᠂  ᠲᠤᠬᠠᠢ᠌ᠯᠠᠭᠰᠠᠨ ᠠᠵᠢᠯ᠎ᠤᠨ ᠵᠠᠷᠤᠳᠠᠯ ᠂  ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠭᠡᠬᠦ ᠭᠤᠷᠪᠠᠨ ᠶᠡᠬᠡ ᠲᠦᠷᠦᠯ ᠬᠤᠪᠢᠶᠠᠨ ᠨᠠᠢ᠌ᠷᠠᠭᠤᠯᠤᠨ ᠵᠣᠬᠢᠶᠠᠨ᠎ᠠ ᠃

       ᠲᠥᠬᠦᠭᠡᠷᠦᠮᠵᠢ ᠵᠢᠨ ᠵᠠᠷᠤᠳᠠᠯ᠎ᠳᠤ ᠭᠣᠣᠯᠳᠠᠭᠤ ᠲᠦᠷᠦᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠠᠬᠢ ᠲᠤᠰᠬᠠᠢ ᠬᠡᠮᠵᠢᠭᠦᠷᠯᠢᠭ ᠲᠥᠬᠦᠭᠡᠷᠦᠮᠵᠢ ᠵᠢ ᠬᠤᠳᠠᠯᠳᠤᠨ ᠠᠪᠬᠤ ᠪᠤᠶᠤ ᠲᠤᠷᠰᠢᠨ ᠦᠢ᠍ᠯᠡᠳᠬᠦ ᠂  ᠤᠳᠤ ᠵᠢᠨ ᠪᠠᠢ᠌ᠭ᠎ᠠ ᠬᠡᠮᠵᠢᠭᠦᠷᠯᠢᠭ ᠲᠥᠬᠦᠭᠡᠷᠦᠮᠵᠢ᠎ᠪᠠᠨ ᠲᠡᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠵᠢᠴᠢ ᠪᠤᠰᠤᠳ ᠨᠢᠭᠡᠴᠢ᠎ᠠᠴᠠ ᠬᠡᠮᠵᠢᠭᠦᠷᠯᠢᠭ ᠲᠥᠬᠦᠭᠡᠷᠦᠮᠵᠢ ᠲᠦᠷᠢᠶᠡᠰᠦᠯᠡᠬᠦ  ᠵᠠᠷᠤᠳᠠᠯ ᠎ᠢ ᠪᠠᠭᠲᠠᠭ᠋ᠠᠨ᠎ᠠ ᠃  ᠪᠣᠳᠣᠯᠭ᠎ᠠ ᠵᠢᠨ ᠲᠦᠷᠦᠯ᠎ᠤᠨ ᠬᠡᠮᠵᠢᠭᠦᠷᠯᠢᠭ ᠲᠥᠬᠦᠭᠡᠷᠦᠮᠵᠢ ᠪᠠ ᠵᠥᠭᠡᠯᠡᠨ ᠲᠣᠨᠣᠭ᠎ᠤᠨ ᠪᠠᠭ᠋ᠠᠵᠢ ᠵᠢ ᠲᠥᠬᠦᠭᠡᠷᠦᠮᠵᠢ ᠵᠢᠨ ᠵᠠᠷᠤᠳᠠᠯ᠎ᠤᠨ ᠵᠦᠢ᠍ᠯ ᠢᠯᠭ᠋ᠠᠯ᠎ᠳᠤ ᠵᠢᠭᠰᠠᠭ᠋ᠠᠵᠤ ᠪᠣᠯᠣᠨ᠎ᠠ ᠃

       ᠲᠤᠬᠠᠢ᠌ᠯᠠᠭᠰᠠᠨ ᠠᠵᠢᠯ᠎ᠤᠨ ᠵᠠᠷᠤᠳᠠᠯ᠎ᠳᠤ ᠭᠣᠣᠯᠳᠠᠭᠤ ᠲᠥᠷᠥᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠠᠬᠢ ᠡᠯ᠎ᠡ ᠵᠦᠢ᠍ᠯ᠎ᠤᠨ ᠬᠣᠷᠣᠭᠳᠠᠯ ᠮᠠᠲ᠋ᠧᠷᠢᠶᠠᠯ ᠂  ᠬᠠᠪᠰᠤᠷᠤᠯᠲᠠ ᠮᠠᠲ᠋ᠧᠷᠢᠶᠠᠯ ᠮᠡᠲᠦ ᠵᠢᠨ ᠳᠣᠣᠷ᠎ᠠ ᠥᠷᠲᠡᠭᠲᠦ ᠬᠣᠷᠣᠭᠳᠠᠯ ᠶᠡᠬᠡᠲᠡᠢ ᠡᠳ᠋᠎ᠢ ᠬᠤᠳᠠᠯᠳᠤᠨ ᠠᠪᠬᠤ ᠂  ᠵᠥᠭᠡᠭᠡᠪᠦᠷᠢᠯᠡᠬᠦ ᠂  ᠠᠴᠢᠶᠠᠯᠠᠬᠤ ᠪᠠᠭᠤᠯᠭ᠋ᠠᠬᠤ ᠂  ᠲᠢᠭᠯᠢᠬᠦ ᠵᠡᠷᠭᠡ ᠵᠠᠷᠤᠳᠠᠯ ᠂  ᠬᠡᠮᠵᠢᠨ ᠲᠤᠷᠰᠢᠵᠤ ᠰᠢᠨᠵᠢᠯᠡᠨ ᠰᠢᠯᠭ᠋ᠠᠬᠤ ᠪᠠ ᠡᠳ᠋ᠰᠢᠭᠦᠯᠵᠦ ᠪᠣᠯᠪᠠᠰᠤᠷᠠᠭᠤᠯᠬᠤ ᠵᠠᠷᠤᠳᠠᠯ ᠂  ᠲᠦᠯᠡᠰᠢ ᠰᠢᠲᠠᠭ᠋ᠠᠯᠭ᠎ᠠ ᠵᠢᠨ ᠬᠥᠳᠡᠯᠭᠡᠭᠦ ᠬᠦᠴᠦᠨ ᠂  ᠬᠡᠪᠯᠡᠯ/ ᠰᠤᠷᠪᠤᠯᠵᠢ ᠪᠢᠴᠢᠭ/ ᠮᠡᠳᠡᠭᠡ ᠵᠠᠩᠭᠢ ᠵᠢᠨ ᠳᠠᠮᠵᠢᠭᠤᠯᠭ᠎ᠠ/ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠠᠵᠢᠯ ᠶᠠᠪᠤᠳᠠᠯ ᠂  ᠬᠤᠷᠠᠯ/ ᠠᠯᠪᠠᠨ ᠠᠵᠢᠯ ᠵᠶ᠋ᠠᠷ ᠭᠠᠳᠠᠭᠰᠢ ᠭᠠᠷᠬᠤ/ ᠣᠯᠠᠨ ᠤᠯᠤᠰ᠎ᠤᠨ ᠬᠣᠭᠤᠷᠤᠨᠳᠤᠬᠢ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠵᠢᠨ ᠵᠠᠷᠤᠳᠠᠯ ᠵᠢᠴᠢ ᠬᠣᠯᠪᠣᠭᠳᠠᠯ ᠪᠦᠬᠦᠢ ᠪᠤᠰᠤᠳ ᠵᠠᠷᠤᠯᠭ᠎ᠠ᠎ᠨᠤᠭᠤᠳ᠎ᠢ ᠪᠠᠭᠲᠠᠭ᠋ᠠᠨ᠎ᠠ ᠃

       ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ᠎ᠳᠤ ᠭᠣᠣᠯᠳᠠᠭᠤ ᠲᠦᠷᠦᠯ ᠵᠦᠢ᠍ᠯ᠎ᠢ ᠬᠡᠷᠡᠭᠵᠢᠭᠦᠯᠬᠦ ᠶᠠᠪᠤᠴᠠ᠎ᠳᠤ ᠲᠦᠷᠦᠯ ᠵᠦᠢ᠍ᠯ᠎ᠳᠤ ᠣᠷᠣᠯᠴᠠᠭᠰᠠᠨ ᠰᠤᠳᠤᠯᠬᠤ ᠰᠤᠷᠤᠭᠴᠢ ᠂  ᠫᠤᠰᠲ ᠳ᠋ᠣᠺᠲ᠋ᠣᠷ ᠂  ᠵᠣᠴᠢᠨ ᠡᠷᠳᠡᠮᠲᠡᠨ ᠪᠠ ᠤᠷᠢᠨ ᠬᠡᠷᠡᠭᠯᠡᠬᠦ ᠰᠤᠳᠤᠯᠤᠭᠴᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠳᠤ ᠲᠤᠰᠠᠯᠠᠬᠤ ᠠᠵᠢᠯᠲᠠᠨ ᠵᠡᠷᠭᠡ ᠬᠥᠮᠥᠰ᠎ᠲᠤ ᠥᠭᠬᠦ ᠬᠥᠳᠡᠯᠮᠦᠷᠢ ᠦᠢ᠍ᠯᠡᠴᠢᠯᠡᠭᠡᠨ᠎ᠤ ᠴᠢᠨᠠᠷᠲᠠᠢ ᠵᠠᠷᠤᠳᠠᠯ ᠵᠢᠴᠢ ᠲᠦᠷ ᠴᠠᠭ ᠤᠷᠢᠭᠰᠠᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ᠎ᠳᠤ ᠥᠭᠬᠦ ᠵᠠᠷᠤᠳᠠᠯ ᠵᠡᠷᠭᠡ ᠵᠢ ᠪᠠᠭᠲᠠᠭ᠋ᠠᠨ᠎ᠠ ᠃

      50 ᠲᠦᠮᠡᠨ ᠲᠥᠭᠥᠷᠢᠭ᠎ᠠᠴᠠ ᠳᠡᠭᠡᠭᠰᠢᠬᠢ ᠲᠥᠬᠦᠭᠡᠷᠦᠮᠵᠢ ᠵᠢᠨ ᠵᠠᠷᠤᠳᠠᠯ᠎ᠠᠴᠠ ᠪᠤᠰᠤᠳ ᠰᠢᠭᠤᠳ ᠵᠠᠷᠤᠳᠠᠯ᠎ᠨᠢ ᠵᠥᠪᠬᠡᠨ ᠦᠨᠳᠦᠰᠦᠨ ᠲᠥᠰᠥᠭᠡᠯᠡᠨ ᠪᠤᠳᠤᠭᠰᠠᠨ ᠲᠣᠳᠣᠷᠬᠠᠢ᠌ᠯᠠᠯᠲᠠ ᠬᠠᠩᠭ᠋ᠠᠪᠠᠯ ᠪᠣᠯᠴᠢᠬᠠᠨ᠎ᠠ ᠂  ᠨᠠᠷᠢᠨ ᠳᠠᠩᠰᠠ ᠬᠠᠩᠭ᠋ᠠᠬᠤ ᠴᠢᠬᠤᠯᠠ ᠦᠭᠡᠢ ᠃  ᠲᠥᠷᠥᠯ ᠵᠦᠢ᠍ᠯ᠎ᠢ ᠬᠢᠨᠠᠨ ᠲᠣᠭᠲᠠᠭ᠋ᠠᠬᠤ ᠪᠠ ᠲᠥᠰᠥᠪ᠎ᠢ ᠬᠢᠨᠠᠨ ᠲᠣᠭᠲᠠᠭ᠋ᠠᠬᠤ ᠵᠢ ᠨᠡᠢ᠌ᠯᠡᠭᠦᠯᠵᠦ ᠂  ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠲᠥᠷᠥᠯ ᠵᠦᠢ᠍ᠯ ᠪᠠ ᠲᠥᠰᠥᠪ᠎ᠢ ᠵᠡᠷᠭᠡ᠎ᠪᠠᠷ ᠬᠢᠨᠠᠨ ᠲᠣᠭᠲᠠᠭ᠋ᠠᠨ᠎ᠠ ᠃  ᠲᠥᠷᠥᠯ ᠵᠦᠢ᠍ᠯ᠎ᠤᠨ ᠲᠥᠰᠥᠪ᠎ᠢ ᠬᠢᠨᠠᠨ ᠲᠣᠭᠲᠠᠭ᠋ᠠᠬᠤ ᠠᠵᠢᠯ᠎ᠤᠨ ᠭᠣᠣᠯᠳᠠᠯᠭ᠎ᠠ᠎ᠨᠢ ᠲᠥᠷᠥᠯ ᠵᠦᠢ᠍ᠯ᠎ᠤᠨ ᠲᠥᠰᠥᠪ᠎ᠤᠨ ᠬᠠᠷᠠᠯᠲᠠ ᠵᠢᠨ ᠬᠣᠯᠪᠣᠭᠳᠠᠯᠲᠤ ᠴᠢᠨᠠᠷ ᠂  ᠲᠥᠷᠥ ᠵᠢᠨ ᠪᠣᠳᠣᠯᠭ᠎ᠠ ᠵᠢᠨ ᠬᠠᠷᠢᠯᠴᠠᠨ ᠨᠡᠶ᠋ᠢᠴᠡᠬᠦ ᠴᠢᠨᠠᠷ ᠂  ᠠᠵᠤ ᠠᠬᠤᠢ ᠵᠢᠨ ᠵᠦᠢ ᠶᠣᠰᠣᠴᠢ ᠴᠢᠨᠠᠷ ᠪᠣᠯᠣᠨ᠎ᠠ ᠂  ᠲᠥᠰᠥᠪ᠎ᠢ ᠨᠠᠢ᠌ᠷᠠᠭᠤᠯᠤᠨ ᠵᠣᠬᠢᠶᠠᠭᠰᠠᠨ ᠨᠠᠷᠢᠯᠢᠭ᠎ᠤᠨ ᠬᠡᠮᠵᠢᠶ᠎ᠡ ᠵᠢ ᠲᠥᠰᠥᠪ᠎ᠢ ᠬᠢᠨᠠᠨ ᠲᠣᠭᠲᠠᠭ᠋ᠠᠬᠤ ᠬᠦᠴᠦᠨ ᠵᠦᠢ᠍ᠯ ᠪᠣᠯᠭ᠋ᠠᠵᠤ ᠪᠣᠯᠬᠤ ᠦᠭᠡᠢ ᠃ (ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠷᠢᠭᠤᠴᠠᠨ ᠨᠠᠢ᠌ᠳᠠᠪᠤᠷᠢᠵᠢᠭᠤᠯᠤᠨ᠎ᠠ)

      (ᠬᠣᠶᠠᠷ) ᠲᠥᠰᠥᠪ᠎ᠤᠨ ᠲᠣᠬᠢᠷᠠᠭᠤᠯᠤᠯᠲᠠ ᠵᠢᠨ ᠡᠷᠬᠡ ᠵᠢ ᠳᠣᠣᠷ᠎ᠠ ᠱᠠᠲᠤᠨ᠎ᠳᠤ ᠣᠯᠭᠣᠨ᠎ᠠ ᠃  ᠲᠥᠰᠥᠪ᠎ᠢ ᠲᠣᠬᠢᠷᠠᠭᠤᠯᠬᠤ ᠡᠷᠬᠡ ᠮᠡᠳᠡᠯ᠎ᠤᠨ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠨ ᠂  ᠲᠥᠬᠦᠭᠡᠷᠦᠮᠵᠢ ᠵᠢᠨ ᠵᠠᠷᠤᠳᠠᠯ᠎ᠤᠨ ᠲᠥᠰᠥᠪ᠎ᠢ ᠲᠣᠬᠢᠷᠠᠭᠤᠯᠬᠤ ᠪᠦᠬᠦ ᠡᠷᠬᠡ ᠵᠢ ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠳᠤ ᠣᠯᠭᠣᠵᠤ ᠂  ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠥᠰᠥᠪ᠎ᠤᠨ ᠲᠣᠬᠢᠷᠠᠭᠤᠯᠤᠯᠲᠠ ᠵᠢᠨ ᠨᠡᠮᠡᠭᠳᠡᠯ᠎ᠢ ᠬᠢᠨᠠᠨ ᠵᠥᠪᠰᠢᠶᠡᠷᠡᠬᠦ ᠠᠵᠢᠯ᠎ᠢ ᠲᠠᠬᠢᠵᠤ ᠬᠠᠷᠢᠭᠤᠴᠠᠬᠤ ᠦᠭᠡᠢ ᠃  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠢ ᠣᠲᠣ ᠵᠢᠨ ᠪᠠᠢ᠌ᠭ᠎ᠠ ᠲᠥᠬᠦᠭᠡᠷᠦᠮᠵᠢ ᠵᠢᠨ ᠲᠣᠬᠢᠷᠠᠭᠤᠯᠤᠯᠲᠠ ᠵᠢᠨ ᠪᠠᠢ᠌ᠳᠠᠯ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠪᠣᠳᠠᠲᠠᠢ ᠬᠡᠷᠡᠭᠴᠡᠭᠡ ᠵᠡᠷᠭᠡ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠭ᠋ᠠᠳ ᠲᠣᠬᠢᠷᠠᠭᠤᠯᠬᠤ ᠭᠠᠷᠳᠠᠮ ᠵᠶ᠋ᠠᠨ ᠴᠠᠭ ᠲᠤᠬᠠᠢ᠎ᠳᠤ᠎ᠨᠢ ᠭᠦᠢ᠍ᠴᠡᠳᠬᠡᠬᠦ ᠬᠡᠷᠡᠭᠲᠡᠢ ᠃  ᠲᠦᠷᠦᠯ ᠵᠦᠢ᠍ᠯ᠎ᠢ ᠬᠠᠷᠢᠭᠤᠴᠠᠬᠤ ᠨᠢᠭᠡᠴᠢ᠎ᠨᠢ ᠲᠥᠬᠦᠭᠡᠷᠦᠮᠵᠢ ᠵᠢᠨ ᠵᠠᠷᠤᠳᠠᠯ᠎ᠠᠴᠠ ᠪᠤᠰᠤᠳ ᠰᠢᠭᠤᠳ ᠵᠠᠷᠤᠳᠠᠯ᠎ᠢ ᠲᠣᠬᠢᠷᠠᠭᠤᠯᠬᠤ ᠪᠦᠬᠦ ᠡᠷᠬᠡ ᠵᠢ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ᠎ᠳᠤ ᠣᠯᠭᠣᠵᠤ ᠂  ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ᠎ᠨᠢ ᠰᠤᠳᠤᠯᠭ᠋ᠠᠨ᠎ᠤ ᠠᠵᠢᠯᠯᠠᠭ᠎ᠠ ᠵᠢᠨ ᠪᠣᠳᠠᠲᠤ ᠬᠡᠷᠡᠭᠴᠡᠭᠡ᠎ᠪᠠᠨ ᠦᠨᠳᠦᠰᠦᠯᠡᠨ ᠥᠪᠡᠷᠲᠡᠭᠡᠨ ᠲᠣᠬᠢᠷᠠᠭᠤᠯᠤᠨ᠎ᠠ ᠃  ᠲᠥᠷᠥᠯ ᠵᠦᠢ᠍ᠯ᠎ᠤᠨ ᠳᠠᠮ ᠵᠠᠷᠤᠳᠠᠯ᠎ᠤᠨ ᠲᠥᠰᠥᠪ᠎ᠤᠨ ᠶᠡᠷᠦᠩᠬᠡᠢ ᠲᠣᠭ᠎ᠠ ᠵᠢ ᠵᠠᠷᠴᠢᠮ ᠳᠡᠭᠡᠷ᠎ᠡ᠎ᠪᠠᠨ ᠨᠡᠮᠡᠨ ᠲᠣᠬᠢᠷᠠᠭᠤᠯᠵᠤ ᠪᠣᠯᠬᠤ ᠦᠭᠡᠢ ᠂  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠬᠢᠭᠡᠳ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠨᠢ ᠵᠥᠪᠳᠡᠯᠴᠡᠭᠡᠳ ᠰᠠᠨᠠᠯ ᠨᠢᠭᠡᠳᠦᠭᠰᠡᠨ᠎ᠤ ᠳᠠᠷᠠᠭ᠎ᠠ ᠂  ᠳᠠᠮ ᠵᠠᠷᠤᠳᠠᠯ᠎ᠢ ᠲᠣᠬᠢᠷᠠᠭᠤᠯᠤᠨ ᠬᠠᠰᠤᠭ᠋ᠠᠳ ᠰᠢᠭᠤᠳ ᠵᠠᠷᠤᠳᠠᠯ ᠵᠶ᠋ᠠᠷ ᠬᠡᠷᠡᠭᠯᠡᠵᠦ ᠪᠣᠯᠣᠨ᠎ᠠ ᠃ (ᠲᠥᠷᠦᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠂  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠭᠤᠷᠪᠠ ) ᠵᠠᠷᠤᠳᠠᠯ᠎ᠤᠨ ᠳᠠᠭ᠋ᠠᠭ᠋ᠠᠴᠢᠯᠠᠯᠲᠠ ᠵᠢᠨ ᠳᠦᠷᠢᠮ᠎ᠢ ᠬᠡᠷᠡᠭᠵᠢᠭᠦᠯᠬᠦ ᠬᠡᠪᠴᠢᠶ᠎ᠡ ᠵᠢ ᠥᠷᠭᠡᠳᠬᠡᠨ᠎ᠡ ᠃  ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ 《ᠰᠣᠳᠣᠨ ᠵᠠᠯᠠᠭᠤᠴᠤᠳ 》 ᠎ᠤᠨ ᠲᠥᠷᠥᠯ᠎ᠤᠨ ᠲᠥᠷᠥᠯ ᠵᠦᠢ᠍ᠯ᠎ᠤᠳ᠎ᠲᠤ ᠵᠠᠷᠤᠳᠠᠯ᠎ᠤᠨ ᠳᠠᠭ᠋ᠠᠭ᠋ᠠᠴᠢᠯᠠᠯᠲᠠ ᠵᠢᠨ ᠳᠦᠷᠢᠮ᠎ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ ᠂  ᠳᠠᠭ᠋ᠠᠭ᠋ᠠᠴᠢᠯᠠᠯᠲᠠ ᠵᠢᠨ ᠳᠦᠷᠢᠮ᠎ᠤᠨ ᠬᠡᠪᠴᠢᠶ᠎ᠡ ᠵᠢ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠪᠣᠶ ᠪᠦᠬᠦᠢ ᠲᠥᠷᠥᠯ ᠵᠦᠢ᠍ᠯ ᠂  ᠴᠢᠳᠠᠪᠤᠷᠢᠲᠠᠨ᠎ᠤ ᠲᠥᠷᠥᠯ᠎ᠤᠨ ᠲᠥᠷᠥᠯ ᠵᠦᠢ᠍ᠯ ᠪᠠ ᠵᠥᠭᠡᠯᠡᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠳᠤ ᠬᠦᠷᠲᠡᠯ᠎ᠡ ᠥᠷᠭᠡᠳᠬᠡᠵᠦ ᠂  ᠲᠥᠷᠥᠯ ᠵᠦᠢ᠍ᠯ᠎ᠤᠨ ᠲᠥᠰᠥᠪ᠎ᠢ ᠳᠠᠭᠢᠵᠤ ᠨᠠᠢ᠌ᠷᠠᠭᠤᠯᠤᠨ ᠵᠣᠬᠢᠶᠠᠬᠤ ᠦᠭᠡᠢ ᠃  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠶᠣᠰᠣ ᠰᠤᠷᠲᠠᠬᠤᠨ ᠡᠰᠢ ᠮᠣᠷᠠᠯ ᠪᠠ ᠠᠵᠢᠯ ᠠᠮᠢᠳᠤᠷᠠᠯ ᠰᠤᠳᠤᠯᠭ᠋ᠠᠨ᠎ᠤ ᠣᠪᠣᠷ ᠪᠠᠢ᠌ᠳᠠᠯ ᠦᠨᠡᠨᠴᠢ ᠢᠲᠡᠭᠡᠮᠵᠢᠲᠡᠢ ᠪᠠᠢ᠌ᠬᠤ ᠱᠠᠭ᠋ᠠᠷᠳᠠᠯᠭ᠎ᠠ ᠵᠢ ᠵᠢᠷᠤᠮᠯᠠᠨ ᠰᠠᠬᠢᠵᠤ ᠂  ᠪᠦᠬᠦ ᠵᠠᠷᠤᠳᠠᠯ᠎ᠢ ᠲᠣᠰ ᠲᠥᠷᠥᠯ ᠵᠦᠢ᠍ᠯ᠎ᠤᠨ ᠰᠤᠳᠤᠯᠤᠯ᠎ᠤᠨ ᠠᠵᠢᠯ᠎ᠤᠨ ᠬᠠᠮᠢᠶ᠎ᠠ ᠪᠦᠬᠦᠢ ᠵᠠᠷᠤᠯᠭ᠎ᠠ᠎ᠳᠤ ᠬᠡᠷᠡᠭᠯᠡᠬᠦ᠎ᠪᠠᠷ ᠠᠮᠠᠯᠠᠭᠰᠠᠨ ᠰᠠᠭᠤᠷᠢᠨ ᠳᠡᠭᠡᠷ᠎ᠡ ᠂  ᠲᠥᠷᠥᠯ ᠵᠦᠢ᠍ᠯ᠎ᠤᠨ ᠵᠠᠷᠤᠳᠠᠯ᠎ᠤᠨ ᠬᠡᠷᠡᠭᠯᠡᠯᠲᠡ ᠵᠢ ᠥᠪᠡᠷᠲᠡᠭᠡᠨ ᠡᠵᠡ ᠮᠡᠳᠡᠨ ᠲᠣᠭᠲᠠᠭ᠋ᠠᠵᠤ ᠂  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠢ ᠵᠠᠷᠤᠳᠠᠯ᠎ᠤᠨ ᠳᠠᠭ᠋ᠠᠭ᠋ᠠᠴᠢᠯᠠᠯᠲᠠ ᠵᠢᠨ ᠳᠦᠷᠢᠮ᠎ᠤᠨ ᠬᠠᠮᠢᠶ᠎ᠠ ᠪᠦᠬᠦᠢ ᠳᠣᠲᠣᠭ᠋ᠠᠳᠤ ᠬᠠᠮᠢᠶᠠᠷᠤᠯᠲᠠ ᠵᠢᠨ ᠲᠣᠭᠲᠠᠭ᠋ᠠᠯ᠎ᠢ ᠲᠣᠭᠲᠠᠭ᠋ᠠᠨ᠎ᠠ ᠃ (ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠂  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠂  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠠᠢ᠌ᠮᠠᠭ ᠬᠣᠲᠠ ᠬᠠᠷᠢᠭᠤᠴᠠᠨ ᠨᠠᠢ᠌ᠳᠠᠪᠤᠷᠢᠵᠢᠭᠤᠯᠤᠨ᠎ᠠ )

       ᠭᠤᠷᠪᠠ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠵᠠᠷᠤᠳᠠᠯ᠎ᠢ ᠰᠠᠯᠭ᠋ᠠᠨ ᠥᠭᠬᠦ ᠲᠣᠭᠲᠠᠴᠠ ᠵᠢ ᠰᠠᠢ᠌ᠵᠢᠷᠠᠭᠤᠯᠤᠨ᠎ᠠ

      (ᠨᠢᠭᠡ) ᠵᠠᠷᠤᠳᠠᠯ ᠰᠠᠯᠭ᠋ᠠᠨ ᠥᠭᠬᠦ ᠠᠬᠢᠴᠠ ᠵᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠰᠠᠯᠠᠭ᠎ᠠ ᠮᠥᠴᠢᠷ᠎ᠤᠨ ᠲᠥᠰᠥᠪ᠎ᠲᠤ ᠴᠣᠬᠣᠯᠲᠠ ᠥᠭᠬᠦ ᠎ᠠᠴᠠ ᠡᠮᠦᠨ᠎ᠡ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠤᠷᠢᠳᠴᠢᠯᠠᠨ ᠰᠠᠯᠭ᠋ᠠᠨ ᠥᠭᠴᠦ ᠪᠣᠯᠣᠨ᠎ᠠ ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠢᠭᠡᠳ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠰᠠᠯᠭ᠋ᠠᠨ ᠥᠭᠬᠦ ᠠᠬᠢᠴᠠ᠎ᠪᠠᠨ ᠦᠨᠡᠨ ᠬᠦ᠌ ᠲᠦᠷᠭᠡᠳᠬᠡᠵᠦ᠂ ᠣᠨᠴᠠᠭ᠋ᠠᠢ ᠪᠠᠢ᠌ᠳᠠᠯ ᠦᠭᠡᠢ ᠪᠣᠯ ᠂ ᠵᠠᠷᠴᠢᠮ ᠳᠡᠭᠡᠷ᠎ᠡ᠎ᠪᠠᠨ ᠪᠡᠯᠡ ᠮᠥᠩᠭᠥ ᠵᠢ ᠪᠠᠭᠤᠯᠭ᠋ᠠᠬᠤ ᠪᠢᠴᠢᠭ ᠮᠠᠲ᠋ᠧᠷᠢᠶᠠᠯ᠎ᠢ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠋ᠠᠬᠢ 30 ᠡᠳᠦᠷ᠎ᠤᠨ ᠳᠣᠲᠣᠷ᠎ᠠ ᠭᠦᠢ᠍ᠴᠡᠳᠬᠡᠯ ᠲᠣᠭ᠎ᠠ᠎ᠪᠠᠨ ᠲᠣᠰ ᠱᠠᠲᠤᠨ᠎ᠤ ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠳᠤ ᠪᠠᠭᠤᠯᠭ᠋ᠠᠵᠤ ᠥᠭᠬᠦ ᠬᠡᠷᠡᠭᠲᠡᠢ᠃ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠳᠣᠷᠣᠭᠰᠢ ᠰᠢᠯᠵᠢᠭᠦᠯᠦᠨ ᠥᠭᠬᠦ᠎ᠳᠤ᠎ᠪᠠᠨ ᠲᠤᠰᠠᠭ᠋ᠠᠷ ᠰᠢᠯᠵᠢᠭᠦᠯᠦᠨ ᠥᠭᠬᠦ᠂ ᠲᠤᠰᠠᠭ᠋ᠠᠷ ᠢᠯᠭ᠋ᠠᠷᠠᠭᠤᠯᠤᠨ ᠪᠤᠳᠤᠬᠤ ᠬᠠᠮᠢᠶᠠᠷᠤᠯᠲᠠ ᠵᠢᠨ ᠵᠠᠭᠪᠤᠷ᠎ᠢ ᠰᠦᠪᠡᠭᠴᠢᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠲᠤᠰᠬᠠᠢ ᠲᠠᠩᠰᠠᠨ ᠡᠷᠦᠬᠡ᠎ᠪᠠᠷ ᠬᠠᠮᠢᠶᠠᠷᠬᠤ᠂ ᠪᠢᠲᠡᠭᠦᠮᠵᠢᠯᠡᠨ ᠠᠵᠢᠯᠯᠠᠭᠤᠯᠬᠤ ᠵᠢ ᠪᠡᠶᠡᠯᠡᠭᠦᠯᠦᠨ᠎ᠡ᠃ ᠲᠥᠷᠥᠯ ᠵᠦᠢ᠍ᠯ᠎ᠢ   ᠲᠦᠷᠦᠭᠦᠯᠡᠨ ᠬᠢᠬᠦ ᠨᠢᠭᠡᠴᠢ᠎ᠨᠢ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠤ ᠰᠠᠨᠠᠯ᠎ᠢ ᠦᠨᠳᠦᠰᠦᠯᠡᠨ᠂ ᠲᠥᠷᠥᠯ ᠵᠦᠢ᠍ᠯ᠎ᠳᠤ ᠣᠷᠣᠯᠴᠠᠭᠰᠠᠨ ᠨᠢᠭᠡᠴᠢ᠎ᠳᠤ ᠵᠠᠷᠤᠳᠠᠯ᠎ᠢ᠎ᠨᠢ ᠴᠠᠭ ᠲᠤᠬᠠᠢ᠎ᠳᠤ᠎ᠨᠢ ᠰᠢᠯᠵᠢᠭᠦᠯᠦᠨ ᠥᠭᠬᠦ ᠵᠢᠨ ᠬᠠᠮᠲᠤ᠂ ᠳᠣᠲᠣᠭ᠋ᠠᠳᠤ ᠡᠵᠡᠮᠳᠡᠯ᠎ᠤᠨ ᠳᠦᠷᠢᠮ᠎ᠢ ᠰᠠᠢ᠌ᠲᠤᠷ ᠨᠠᠢ᠌ᠳᠠᠪᠤᠷᠢᠵᠢᠭᠤᠯᠵᠤ᠂ ᠪᠡᠯᠡ ᠮᠥᠩᠭᠥ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ᠎ᠳᠤ᠂ ᠨᠢᠭᠡᠴᠢ ᠵᠢᠨ ᠰᠤᠳᠤᠯᠤᠯ᠎ᠤᠨ ᠵᠠᠷᠤᠳᠠᠯ᠎ᠤᠨ ᠳᠣᠲᠣᠭ᠋ᠠᠳᠤ᠎ᠳᠤ᠎ᠪᠠᠨ ᠰᠢᠯᠵᠢᠭᠦᠯᠦᠨ ᠥᠭᠬᠦ ᠴᠤᠪᠤᠷᠠᠯ᠎ᠢ ᠴᠣᠮᠬᠠᠳᠬᠠᠬᠤ ᠬᠡᠷᠡᠭᠲᠡᠢ᠃ ᠲᠥᠷᠥᠯ ᠵᠦᠢ᠍ᠯ᠎ᠢ ᠬᠠᠷᠢᠭᠤᠴᠠᠬᠤ ᠨᠢᠭᠡᠴᠢ ᠵᠢᠨ᠎ᠬᠢᠨ᠎ᠤ 《ᠢᠯᠭ᠋ᠠᠬᠤ ᠲᠡᠮᠳᠡᠭ᠎ᠲᠠᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠪᠡᠯᠡ ᠮᠥᠩᠭᠥ》 ᠵᠢᠨ ᠪᠡᠯᠡ ᠮᠥᠩᠭᠥ ᠵᠢ᠎ᠨᠢ ᠨᠢᠭᠡᠴᠢ ᠵᠢᠨ ᠪᠣᠳᠠᠲᠠᠢ ᠪᠠᠢ᠌ᠭ᠎ᠠ ᠪᠡᠯᠡ ᠮᠥᠩᠭᠥᠨ᠎ᠤ ᠲᠠᠩᠰᠠᠨ ᠡᠷᠦᠬᠡ᠎ᠳᠤ ᠰᠢᠯᠵᠢᠭᠦᠯᠦᠨ ᠥᠭᠬᠦ ᠵᠢ ᠵᠥᠪᠰᠢᠶᠡᠷᠡᠨ᠎ᠡ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ  ᠵᠠᠰᠠᠭ᠎ᠤᠨ ᠲᠢᠩᠬᠢᠮ᠂ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠢ᠌ᠳᠠᠪᠤᠷᠢᠵᠢᠭᠤᠯᠤᠨ᠎ᠠ)

      (ᠬᠣᠶᠠᠷ) ᠦᠯᠡᠳᠡᠪᠦᠷᠢ ᠪᠡᠯᠡ ᠮᠥᠩᠭᠥᠨ᠎ᠤ ᠬᠠᠮᠢᠶᠠᠷᠤᠯᠲᠠ ᠵᠢ ᠰᠢᠯᠢᠳᠡᠭᠵᠢᠭᠦᠯᠦᠨ᠎ᠡ᠃  ᠲᠥᠷᠥᠯ ᠵᠦᠢ᠍ᠯ᠎ᠤᠨ ᠡᠭᠦᠷᠭᠡ ᠬᠠᠷᠠᠯᠲᠠ᠎ᠪᠠᠨ ᠪᠡᠶᠡᠯᠡᠭᠦᠯᠦᠭᠰᠡᠨ ᠮᠥᠷᠲᠡᠭᠡᠨ ᠶᠡᠷᠦᠩᠬᠡᠢ᠌ᠯᠡᠭᠰᠡᠨ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠬᠢᠷᠢ ᠲᠡᠩᠴᠡᠭᠰᠡᠨ᠎ᠤ ᠳᠠᠷᠠᠭ᠎ᠠ᠂ ᠦᠯᠡᠳᠡᠪᠦᠷᠢ ᠪᠡᠯᠡ ᠮᠥᠩᠭᠥ ᠵᠢ ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠳᠤ ᠦᠯᠡᠳᠡᠭᠡᠨ ᠥᠭᠴᠦ ᠬᠡᠷᠡᠭᠯᠡᠭᠦᠯᠦᠨ᠎ᠡ᠃ ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠢ ᠦᠯᠡᠳᠡᠪᠦᠷᠢ ᠪᠡᠯᠡ ᠮᠥᠩᠭᠥ᠎ᠪᠠᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠯᠠᠭ᠎ᠠ ᠵᠢᠨ ᠰᠢᠭᠤᠳ ᠵᠠᠷᠤᠯᠭ᠎ᠠ᠎ᠳᠤ ᠬᠡᠷᠡᠭᠯᠡᠬᠦ᠎ᠪᠠᠷ ᠨᠢᠭᠡᠳᠦᠯᠲᠡᠢ   ᠲᠥᠯᠥᠪᠯᠡᠨ ᠲᠣᠬᠢᠷᠠᠭᠤᠯᠵᠤ᠂ ᠤᠤᠯ᠎ᠤᠨ ᠲᠥᠷᠥᠯ ᠵᠦᠢ᠍ᠯ᠎ᠤᠨ ᠰᠤᠳᠤᠯᠤᠯ᠎ᠤᠨ ᠪᠦᠯᠬᠦᠮ᠎ᠤᠨ ᠬᠡᠷᠡᠭᠴᠡᠭᠡ ᠱᠠᠭ᠋ᠠᠷᠳᠠᠯᠭ᠎ᠠ ᠵᠢ ᠤᠷᠢᠳ ᠵᠶ᠋ᠠᠷ ᠪᠣᠳᠣᠯᠬᠢᠯᠠᠵᠤ᠂ ᠦᠯᠡᠳᠡᠪᠦᠷᠢ ᠪᠡᠯᠡ ᠮᠥᠩᠭᠥ ᠵᠢᠨ ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠨ᠂ ᠦᠯᠡᠳᠡᠪᠦᠷᠢ ᠪᠡᠯᠡ ᠮᠥᠩᠭᠥ ᠵᠢ ᠴᠢᠯᠦᠭᠡᠲᠡᠢ ᠭᠦᠢ᠍ᠯᠭᠡᠭᠡᠵᠦ᠂ ᠪᠡᠯᠡ ᠮᠥᠩᠭᠥ ᠵᠢᠨ ᠬᠡᠷᠡᠭᠯᠡᠯᠲᠡ ᠵᠢᠨ ᠠᠬᠢᠴᠠ ᠵᠢ ᠲᠦᠷᠭᠡᠳᠬᠡᠨ᠎ᠡ᠃ (ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠢ᠌ᠳᠠᠪᠤᠷᠢᠵᠢᠭᠤᠯᠤᠨ᠎ᠠ)

       ᠳᠥᠷᠪᠡ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ᠎ᠢ ᠤᠷᠮᠠᠰᠢᠭᠤᠯᠬᠤ ᠡᠷᠴᠢᠮ᠎ᠢ ᠴᠢᠩᠭ᠋ᠠᠷᠠᠭᠤᠯᠤᠨ᠎ᠠ

      (ᠨᠢᠭᠡ) ᠳᠠᠮ ᠵᠠᠷᠤᠳᠠᠯ᠎ᠤᠨ ᠬᠠᠷᠢᠴᠠᠯ᠎ᠢ ᠳᠡᠭᠡᠭᠰᠢᠯᠡᠭᠦᠯᠦᠨ᠎ᠡ ᠃  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠢ ᠰᠢᠭᠤᠳ ᠵᠠᠷᠤᠳᠠᠯ ᠎ᠠᠴᠠ ᠲᠥᠬᠦᠭᠡᠷᠦᠮᠵᠢ ᠬᠤᠳᠠᠯᠳᠤᠨ ᠠᠪᠤᠭᠰᠠᠨ ᠵᠠᠷᠤᠳᠠᠯ᠎ᠢ ᠰᠠᠭᠤᠯᠭ᠋ᠠᠨ ᠠᠪᠤᠭᠰᠠᠨ᠎ᠤ ᠳᠠᠷᠠᠭ᠋ᠠᠬᠢ ᠬᠡᠰᠡᠭ᠎ᠤᠨ ᠵᠣᠬᠢᠬᠤ ᠬᠠᠷᠢᠴᠠᠯ ᠵᠶ᠋ᠠᠷ ᠳᠠᠮ ᠵᠠᠷᠤᠳᠠᠯ᠎ᠢ ᠬᠠᠷᠭᠤᠭᠤᠯᠤᠨ ᠲᠣᠭᠲᠠᠭ᠋ᠠᠬᠤ ᠪᠥᠭᠡᠳ ᠨᠢᠭᠡᠳᠦᠯᠲᠡᠢ ᠲᠥᠯᠥᠪᠯᠡᠵᠦ ᠲᠣᠬᠢᠷᠠᠭᠤᠯᠤᠨ ᠬᠡᠷᠡᠭᠯᠡᠨ᠎ᠡ ᠂  ᠡᠭᠦᠨ᠎ᠳᠤ ᠂ 500 ᠲᠦᠮᠡᠨ ᠲᠥᠭᠥᠷᠢᠭ᠎ᠠᠴᠠ ᠳᠣᠷᠣᠭᠰᠢᠬᠢ (500 ᠲᠦᠮᠡᠨ ᠲᠥᠭᠥᠷᠢᠭ᠎ᠢ ᠪᠠᠭᠲᠠᠭ᠋ᠠᠨ᠎ᠠ) ᠬᠡᠰᠡᠭ᠎ᠤᠨ ᠳᠠᠮ ᠵᠠᠷᠤᠳᠠᠯ᠎ᠢ ᠬᠠᠮᠤᠭ᠎ᠤᠨ ᠶᠡᠬᠡ᠎ᠳᠤ᠎ᠪᠠᠨ 30%᠎ᠳᠤ ᠬᠦᠷᠲᠡᠯ᠎ᠡ ᠳᠡᠭᠡᠭᠰᠢᠯᠡᠭᠦᠯᠵᠦ ᠂ 500 ᠲᠦᠮᠡᠨ ᠲᠥᠭᠥᠷᠢᠭ᠎ᠠᠴᠠ 1000 ᠲᠦᠮᠡᠨ ᠲᠥᠭᠥᠷᠢᠭ (1000 ᠲᠦᠮᠡᠨ ᠲᠥᠭᠥᠷᠢᠭ᠎ᠢ ᠪᠠᠭᠲᠠᠭ᠋ᠠᠨ᠎ᠠ) ᠎ᠤᠨ ᠬᠡᠰᠡᠭ᠎ᠤᠨ ᠳᠠᠮ ᠵᠠᠷᠤᠳᠠᠯ᠎ᠢ ᠬᠠᠮᠤᠭ᠎ᠤᠨ ᠶᠡᠬᠡ᠎ᠳᠤ᠎ᠪᠠᠨ 25% ᠬᠦᠷᠲᠡᠯ᠎ᠡ ᠳᠡᠭᠡᠭᠰᠢᠯᠡᠭᠦᠯᠵᠦ ᠂ 1000 ᠲᠦᠮᠡᠨ ᠲᠥᠭᠥᠷᠢᠭ᠎ᠠᠴᠠ ᠳᠡᠭᠡᠭᠰᠢᠬᠢ ᠬᠡᠰᠡᠭ᠎ᠤᠨ ᠳᠠᠮ ᠵᠠᠷᠤᠳᠠᠯ᠎ᠢ ᠬᠠᠮᠤᠭ᠎ᠤᠨ ᠶᠡᠬᠡ᠎ᠳᠤ᠎ᠪᠠᠨ 20% ᠬᠦᠷᠲᠡᠯ᠎ᠡ ᠳᠡᠭᠡᠭᠰᠢᠯᠡᠭᠦᠯᠵᠦ ᠪᠣᠯᠤᠨ᠎ᠠ ;  ᠲᠣᠭ᠋ᠠᠨ᠎ᠤ ᠤᠬᠠᠭ᠋ᠠᠨ ᠵᠡᠷᠭᠡ ᠴᠤᠯ ᠤᠨᠤᠯ᠎ᠤᠨ ᠰᠠᠭᠤᠷᠢ ᠰᠤᠳᠤᠯᠤᠯ᠎ᠤᠨ ᠲᠥᠷᠦᠯ ᠵᠦᠢ᠍ᠯ᠎ᠤᠨ ᠲᠠᠮ ᠵᠠᠷᠤᠳᠠᠯ᠎ᠤᠨ ᠬᠠᠷᠢᠴᠠᠯ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠂  ᠭᠡᠬᠦ᠎ᠳᠤ᠎ᠪᠠᠨ 60%᠎ᠠᠴᠠ ᠬᠡᠲᠦᠷᠡᠭᠦᠯᠬᠦ ᠦᠭᠡᠢ ᠃  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠢ ᠳᠠᠮ ᠵᠠᠷᠤᠳᠠᠯ᠎ᠢ ᠪᠦᠬᠦᠨ᠎ᠢ ᠠᠵᠢᠯ᠎ᠤᠨ ᠠᠮᠵᠢᠯᠲᠠ ᠪᠦᠲᠦᠮᠵᠢ ᠵᠢᠨ ᠵᠠᠷᠤᠯᠭ᠎ᠠ᠎ᠳᠤ ᠬᠡᠷᠡᠭᠯᠡᠵᠦ ᠪᠣᠯᠬᠤ ᠪᠥᠭᠡᠳ ᠰᠢᠨ᠎ᠡ ᠵᠢ ᠡᠭᠦᠳᠦᠭᠰᠡᠨ ᠠᠵᠢᠯ᠎ᠤᠨ ᠠᠮᠵᠢᠯᠲᠠ ᠪᠦᠲᠦᠮᠵᠢ᠎ᠪᠠᠷ ᠲᠣᠪᠣᠢ᠌ᠮ᠎ᠠ ᠨᠡᠶ᠋ᠢᠲᠡ ᠪᠠ ᠬᠤᠪᠢ ᠬᠥᠮᠥᠨ ᠲᠡᠢ᠌ᠰᠢ ᠬᠡᠯᠪᠡᠢ᠌ᠯᠭᠡᠨ᠎ᠡ ᠃ (ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠂  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠢ᠌ᠳᠠᠪᠤᠷᠢᠵᠢᠭᠤᠯᠤᠨ᠎ᠠ)

      (ᠬᠣᠶᠠᠷ) ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ᠎ᠢ ᠵᠠᠷᠤᠬᠤ ᠬᠡᠪᠴᠢᠶ᠎ᠡ ᠵᠢ ᠥᠷᠭᠡᠳᠬᠡᠨ᠎ᠡ ᠃  ᠲᠥᠷᠥᠯ ᠵᠦᠢ᠍ᠯ᠎ᠳᠤ ᠤᠷᠢᠨ ᠬᠡᠷᠡᠭᠯᠡᠭᠰᠡᠨ ᠬᠥᠮᠥᠰ᠎ᠤᠨ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ᠎ᠤᠨ ᠵᠠᠷᠤᠯᠭ᠎ᠠ ᠵᠢᠨ ᠪᠠᠷᠢᠮᠵᠢᠶ᠎ᠠ ᠵᠢ ᠲᠤᠬᠠᠢ ᠵᠢᠨ ᠭᠠᠵᠠᠷ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ ᠡᠷᠬᠢᠯᠡᠭᠰᠡᠳ᠎ᠤᠨ ᠳᠤᠮᠳᠠᠴᠢ ᠴᠠᠯᠢᠩ᠎ᠤᠨ ᠬᠢᠷᠢ ᠲᠦᠪᠰᠢᠨ ᠵᠶ᠋ᠡᠷ ᠯᠠᠪᠯᠠᠯᠲᠠ ᠪᠣᠯᠭ᠋ᠠᠵᠤ ᠂  ᠲᠡᠳᠡᠨᠦᠰ᠎ᠤᠨ ᠲᠥᠷᠥᠯ ᠵᠦᠢ᠍ᠯ᠎ᠤᠨ ᠰᠤᠳᠤᠯᠤᠯ᠎ᠳᠤ ᠡᠭᠦᠷᠭᠡᠯᠡᠭᠰᠡᠨ ᠡᠭᠦᠷᠭᠡ ᠵᠢ᠎ᠨᠢ ᠦᠨᠳᠦᠰᠦᠯᠡᠨ ᠲᠣᠭᠲᠠᠭ᠋ᠠᠵᠤ ᠂  ᠪᠠᠢ᠌ᠭᠤᠯᠭ᠎ᠠ ᠨᠢᠭᠡᠴᠢ ᠵᠢᠨ ᠲᠤᠰᠢᠶᠠᠭᠰᠠᠨ ᠨᠡᠢ᠌ᠭᠡᠮ᠎ᠤᠨ ᠳᠠᠭ᠋ᠠᠳᠬᠠᠯ᠎ᠤᠨ ᠨᠥᠬᠥᠪᠦᠷᠢ ᠂  ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠡᠷᠭᠡ ᠵᠢ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ᠎ᠤᠨ ᠵᠦᠢ᠍ᠯ᠎ᠳᠤ ᠣᠷᠣᠭᠤᠯᠤᠨ᠎ᠠ ᠃ 

(ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠂  ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠷᠢᠭᠤᠴᠠᠨ ᠨᠠᠢ᠌ᠳᠠᠪᠤᠷᠢᠵᠢᠭᠤᠯᠤᠨ᠎ᠠ)

      (ᠭᠤᠷᠪᠠ) ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠢ ᠬᠡᠮᠵᠢᠶ᠎ᠡ᠎ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ ᠃  ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠶᠡᠬᠡ ᠳᠡᠭᠡᠳᠦ ᠰᠤᠷᠭ᠋ᠠᠭᠤᠯᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ  ᠭᠠᠵᠠᠷ᠎ᠤᠨ ᠬᠥᠭᠵᠢᠯᠲᠡ ᠵᠢᠨ ᠱᠠᠲᠤ ᠦᠶ᠎ᠡ ᠂  ᠲᠥᠷᠥᠯ ᠬᠡᠯᠪᠡᠷᠢ ᠵᠢᠨ ᠪᠠᠢ᠌ᠷᠢ ᠲᠣᠭᠲᠠᠭ᠋ᠠᠯᠲᠠ ᠂  ᠡᠭᠦᠷᠭᠡᠯᠡᠬᠦ ᠡᠭᠦᠷᠭᠡ ᠂  ᠴᠢᠳᠠᠪᠤᠷᠢᠲᠠᠳ᠎ᠤᠨ ᠪᠦᠲᠦᠴᠡ ᠂  ᠪᠠᠢ᠌ᠭ᠎ᠠ ᠭᠠᠵᠠᠷ ᠣᠷᠣᠨ ᠂  ᠣᠲᠣ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠤᠨ ᠬᠢᠷᠢ ᠲᠦᠪᠰᠢᠨ ᠂  ᠡᠳ᠋᠎ᠤᠨ ᠶᠠᠪᠤᠳᠠᠯ᠎ᠤᠨ ᠪᠠᠢ᠌ᠳᠠᠯ ᠢᠯᠠᠩᠭᠤᠶ᠎ᠠ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠠᠵᠢᠯᠲᠠᠨ᠎ᠤ ᠠᠵᠢᠯ᠎ᠤᠨ ᠠᠮᠵᠢᠯᠲᠠ ᠪᠦᠲᠦᠮᠵᠢ᠎ᠳᠤ ᠬᠡᠷᠡᠭᠯᠡᠵᠦ ᠪᠣᠯᠬᠤ ᠳᠠᠮ ᠵᠠᠷᠤᠳᠠᠯ ᠵᠡᠷᠭᠡ ᠪᠣᠳᠠᠲᠤ ᠪᠠᠢ᠌ᠳᠠᠯ᠎ᠤᠳ᠎ᠲᠠᠢ ᠤᠶᠠᠯᠳᠤᠭᠤᠯᠤᠨ ᠂  ᠠᠮᠵᠢᠯᠲᠠ ᠪᠦᠲᠦᠮᠵᠢ ᠵᠢᠨ ᠴᠠᠯᠢᠩ᠎ᠤᠨ ᠬᠢᠷᠢ ᠲᠦᠪᠰᠢᠨ ᠪᠠ ᠶᠡᠷᠦᠩᠬᠡᠢ ᠬᠡᠮᠵᠢᠶ᠎ᠡ᠎ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ ᠃  ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠢ ᠬᠤᠪᠢᠶᠠᠷᠢᠯᠠᠬᠤ᠎ᠳᠤ᠎ᠪᠠᠨ ᠂  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠭᠦᠷᠭᠡ ᠵᠢ ᠨᠡᠯᠢᠶᠡᠳ ᠣᠯᠠᠨ ᠡᠭᠦᠷᠭᠡᠯᠡᠭᠰᠡᠨ ᠂  ᠦᠷ᠎ᠡ ᠪᠦᠲᠦᠮᠵᠢ᠎ᠪᠠᠷ ᠲᠣᠪᠣᠢ᠌ᠮ᠎ᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ ᠲᠡᠢ᠌ᠰᠢ ᠬᠡᠯᠪᠡᠢ᠌ᠯᠭᠡᠬᠦ ᠬᠡᠷᠡᠭᠲᠡᠢ ᠃  ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠵᠠᠩᠭᠢᠯᠠᠭ᠎ᠠ ᠵᠢᠨ ᠬᠦᠷᠢᠶᠡᠨ᠎ᠳᠠᠬᠢ ᠭᠣᠣᠯᠯᠠᠬᠤ ᠮᠡᠷᠭᠡᠵᠢᠯ᠎ᠤᠨ ᠰᠢᠪᠲᠤᠯᠤᠯᠲᠠ ᠬᠢᠬᠦ ᠡᠭᠦᠷᠭᠡ ᠵᠢ ᠡᠭᠦᠷᠭᠡᠯᠡᠵᠦ ᠪᠠᠢ᠌ᠭ᠎ᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠣᠨ᠎ᠤ ᠴᠠᠯᠢᠩ᠎ᠤᠨ ᠳᠦᠷᠢᠮ᠎ᠤᠨ ᠲᠤᠷᠰᠢᠯᠭ᠎ᠠ᠎ᠪᠠᠷ ᠲᠣᠯᠢ ᠪᠣᠯᠭ᠋ᠠᠨ ᠂  ᠪᠠᠴᠢᠮ ᠬᠡᠷᠡᠭᠰᠡᠭᠳᠡᠵᠦ ᠪᠠᠢ᠌ᠭ᠎ᠠ ᠂  ᠠᠵᠢᠯ ᠲᠥᠷᠥᠯ᠎ᠳᠤ᠎ᠪᠠᠨ ᠮᠡᠳᠡᠷᠡᠭᠳᠡᠭᠰᠡᠨ ᠂  ᠠᠵᠢᠯ᠎ᠤᠨ ᠠᠮᠵᠢᠯᠲᠠ ᠪᠦᠲᠦᠮᠵᠢ᠎ᠪᠠᠷ ᠲᠣᠪᠣᠢ᠌ᠮ᠎ᠠ ᠲᠤᠢ᠌ᠯ᠎ᠤᠨ ᠴᠥᠭᠡᠨ ᠲᠣᠭ᠋ᠠᠨ᠎ᠤ ᠳᠡᠭᠡᠳᠦ ᠲᠠᠰ᠎ᠤᠨ ᠴᠢᠳᠠᠪᠤᠷᠢᠲᠠᠳ᠎ᠲᠤ ᠣᠨ᠎ᠤ ᠴᠠᠯᠢᠩ᠎ᠤᠨ ᠳᠦᠷᠢᠮ ᠬᠡᠷᠡᠭᠵᠢᠭᠦᠯᠬᠦ ᠵᠢ ᠰᠦᠪᠡᠭᠴᠢᠯᠡᠨ᠎ᠡ ᠃ (ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠂  ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠂  ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢ ᠬᠢᠨᠠᠨ ᠬᠠᠮᠢᠶᠠᠷᠬᠤ ᠵᠥᠪᠯᠡᠯ ᠂  ᠲᠦᠷᠦᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠳᠥᠷᠪᠡ ) ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢ ᠱᠠᠩᠨᠠᠨ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ ᠃  ᠡᠯ᠎ᠡ ᠨᠢᠭᠡᠴᠢ᠎ᠨᠦᠭᠦᠳ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢ ᠠᠬᠢᠭᠤᠯᠬᠤ ᠬᠠᠤᠯᠢ 》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠵᠢ ᠠᠬᠢᠭᠤᠯᠬᠤ ᠳᠦᠷᠢᠮ 》 ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠤᠳ᠎ᠢ ᠬᠢᠨᠠᠮᠠᠭ᠋ᠠᠢ ᠨᠠᠢ᠌ᠳᠠᠪᠤᠷᠢᠵᠢᠭᠤᠯᠵᠤ ᠂  ᠵᠥᠪᠳᠡᠯᠴᠡᠭᠡᠷ ᠵᠶ᠋ᠡᠷ ᠦᠨ᠎ᠡ ᠲᠣᠭᠲᠠᠭ᠋ᠠᠬᠤ ᠂  ᠮᠡᠷᠭᠡᠵᠢᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠫᠠᠢ᠌ᠰᠠ ᠡᠯᠭᠦᠨ ᠠᠷᠠᠯᠵᠢᠶᠠᠯᠠᠬᠤ ᠂  ᠦᠨ᠎ᠡ ᠬᠠᠶᠠᠯᠴᠠᠨ ᠬᠤᠳᠠᠯᠳᠤᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶᠢᠭ ᠵᠶ᠋ᠠᠷ  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠳᠣ ᠪᠠᠢ᠌ᠭ᠎ᠠ ᠦᠷ᠎ᠡ ᠪᠦᠲᠦᠭᠡᠯ ᠵᠶ᠋ᠡᠨ ᠤᠯᠠᠷᠢᠭᠤᠯᠬᠤ ᠬᠡᠷᠡᠭᠲᠡᠢ ᠃  ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠂  ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ ᠭᠠᠷᠭ᠋ᠠᠭᠴᠢ ᠪᠠ ᠤᠯᠠᠷᠢᠭᠤᠯᠤᠯᠲᠠ᠎ᠳᠤ ᠴᠢᠬᠤᠯᠠ ᠬᠤᠪᠢ ᠨᠡᠮᠡᠷᠢᠯᠡᠭᠰᠡᠨ ᠬᠥᠮᠥᠰ᠎ᠲᠤ ᠤᠯᠠᠷᠢᠭᠤᠯᠤᠯᠲᠠ᠎ᠠᠴᠠ ᠣᠯᠣᠭᠰᠠᠨ ᠠᠰᠢᠭ ᠣᠷᠣᠯᠭ᠎ᠠ ᠵᠢ ᠱᠠᠩᠨᠠᠯ ᠬᠥᠬᠢᠭᠦᠯᠦᠯ ᠪᠠ ᠬᠠᠷᠠᠮᠵᠢ ᠪᠣᠯᠭ᠋ᠠᠨ ᠣᠯᠭᠣᠵᠤ ᠂  ᠦᠯᠡᠳᠡᠭᠰᠡᠨ ᠬᠡᠰᠡᠭ᠎ᠢ᠎ᠨᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠤᠳᠤᠯᠤᠨ ᠨᠡᠭᠡᠭᠡᠯᠲᠡ ᠬᠢᠭᠡᠳ ᠦᠷ᠎ᠡ ᠪᠦᠲᠦᠭᠡᠯ᠎ᠢ ᠤᠯᠠᠷᠢᠭᠤᠯᠬᠤ ᠵᠡᠷᠭᠡ ᠬᠠᠮᠢᠶ᠎ᠠ ᠪᠦᠬᠦᠢ ᠠᠵᠢᠯ᠎ᠳᠤ ᠬᠡᠷᠡᠭᠯᠡᠭᠦᠯᠬᠦ᠎ᠪᠠᠷ ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠳᠤ ᠦᠯᠡᠳᠡᠭᠡᠨ ᠥᠭᠭᠦᠨ᠎ᠡ ᠂  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠭᠰᠠᠨ  ᠠᠰᠢᠭ ᠣᠷᠣᠯᠭ᠎ᠠ ᠵᠢ ᠬᠤᠪᠢᠶᠠᠷᠢᠯᠠᠬᠤ ᠪᠣᠳᠠᠲᠠᠢ ᠠᠷᠭ᠎ᠠ ᠮᠠᠶᠢᠭ ᠪᠠ ᠬᠠᠷᠢᠴᠠᠯ᠎ᠢ ᠲᠣᠰ ᠨᠢᠭᠡᠴᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ᠎ᠤᠨ ᠰᠠᠨᠠᠯ᠎ᠢ ᠭᠦᠢ᠍ᠴᠡᠳ ᠰᠣᠨᠣᠰᠤᠭᠰᠠᠨ ᠰᠠᠭᠤᠷᠢᠨ ᠳᠡᠭᠡᠷ᠎ᠡ ᠬᠡᠯᠡᠯᠴᠡᠨ ᠲᠣᠬᠢᠷᠠᠨ᠎ᠠ ᠃  ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠭᠰᠠᠨ ᠪᠡᠯᠡᠨ ᠮᠥᠩᠭᠥᠨ᠎ᠤ ᠱᠠᠩᠨᠠᠯ᠎ᠢ ᠪᠠᠢ᠌ᠭ᠎ᠠ ᠨᠢᠭᠡᠴᠢ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠢ ᠬᠡᠮᠵᠢᠶᠡᠨ᠎ᠳᠤ ᠪᠤᠳᠤᠵᠤ ᠣᠷᠣᠭᠤᠯᠤᠨ᠎ᠠ ᠂  ᠭᠡᠪᠡᠴᠦ ᠨᠢᠭᠡᠨᠲᠡ ᠬᠠᠷᠭᠤᠭᠤᠯᠤᠨ ᠲᠣᠭᠲᠠᠭ᠋ᠠᠭᠰᠠᠨ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠢ ᠬᠡᠮᠵᠢᠶᠡᠨ᠎ᠳᠤ ᠬᠢᠵᠠᠭ᠋ᠠᠷᠯᠠᠭᠳᠠᠬᠤ ᠦᠭᠡᠢ ᠂  ᠳᠠᠷᠠᠭ᠎ᠠ ᠵᠢᠯ᠎ᠤᠨ ᠠᠵᠢᠯ᠎ᠤᠨ ᠠᠮᠵᠢᠯᠲᠠ ᠪᠦᠲᠦᠮᠵᠢ ᠵᠢᠨ ᠴᠠᠯᠢᠩ᠎ᠤᠨ ᠶᠡᠷᠦᠩᠬᠡᠢ ᠬᠡᠮᠵᠢᠶ᠎ᠡ ᠵᠢ ᠲᠣᠭᠲᠠᠭ᠋ᠠᠬᠤ ᠰᠠᠭᠤᠷᠢ ᠲᠣᠭ᠎ᠠ ᠪᠣᠯᠭ᠋ᠠᠵᠤ ᠪᠣᠯᠬᠤ ᠦᠭᠡᠢ ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠠᠷᠢᠭᠤᠴᠠᠨ ᠨᠠᠢ᠌ᠳᠠᠪᠤᠷᠢᠵᠢᠭᠤᠯᠤᠨ᠎ᠠ )

       ᠲᠠᠪᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ᠎ᠤᠨ ᠠᠵᠢᠯ ᠶᠠᠪᠤᠳᠠᠯ᠎ᠤᠨ ᠴᠢᠨᠠᠷᠲᠠᠢ ᠳᠠᠷᠤᠭ᠋ᠠᠰᠤ ᠵᠢ ᠬᠥᠩᠭᠡᠷᠡᠭᠦᠯᠦᠨ᠎ᠡ

      (ᠨᠢᠭᠡ ) ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠳ᠋᠎ᠤᠨ ᠶᠠᠪᠤᠳᠠᠯ᠎ᠤᠨ ᠲᠤᠰᠠᠯᠠᠭᠴᠢ ᠵᠢᠨ ᠳᠦᠷᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠎ᠠ ᠃  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠯᠠᠭ᠎ᠠ ᠵᠢᠨ ᠬᠡᠷᠡᠭᠴᠡᠭᠡ᠎ᠪᠠᠨ ᠦᠨᠳᠦᠰᠦᠯᠡᠨ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠳ᠋᠎ᠤᠨ ᠶᠠᠪᠤᠳᠠᠯ᠎ᠤᠨ ᠲᠤᠰᠠᠯᠠᠭᠴᠢ ᠵᠢᠨ ᠳᠣᠲᠣᠭ᠋ᠠᠳᠤ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠵᠤ ᠂  ᠣᠯᠠᠨ ᠵᠦᠢ᠍ᠯ᠎ᠤᠨ ᠬᠡᠯᠪᠡᠷᠢ᠎ᠪᠠᠷ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠳ᠋᠎ᠤᠨ ᠶᠠᠪᠤᠳᠠᠯ᠎ᠤᠨ ᠲᠤᠰᠠᠯᠠᠭᠴᠢ ᠤᠷᠢᠨ ᠬᠡᠷᠡᠭᠯᠡᠬᠦ ᠵᠢ ᠡᠵᠡ ᠮᠡᠳᠡᠨ ᠰᠣᠩᠭᠣᠵᠤ ᠂  ᠲᠥᠷᠥᠯ ᠵᠦᠢ᠍ᠯ ᠨᠢᠭᠡ ᠪᠦᠷᠢ᠎ᠳᠤ ᠬᠠᠷᠢᠴᠠᠩᠭᠤᠢ ᠲᠣᠭᠲᠠᠪᠤᠷᠢᠲᠠᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠳ᠋᠎ᠤᠨ ᠶᠠᠪᠤᠳᠠᠯ᠎ᠤᠨ ᠲᠤᠰᠠᠯᠠᠭᠴᠢ᠎ᠲᠠᠢ ᠪᠠᠢ᠌ᠬᠤ ᠵᠢ ᠦᠨᠡᠨ ᠬᠦ᠌ ᠪᠠᠲᠤᠯᠠᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ᠎ᠲᠤ ᠲᠥᠰᠥᠪ ᠨᠠᠢ᠌ᠷᠠᠭᠤᠯᠤᠨ ᠵᠣᠬᠢᠶᠠᠬᠤ ᠂  ᠵᠠᠷᠤᠳᠠᠯ᠎ᠤᠨ ᠲᠠᠩᠰᠠ ᠲᠠᠢ᠌ᠯᠬᠤ ᠵᠡᠷᠭᠡ ᠲᠠᠯ᠎ᠠ᠎ᠪᠠᠷ ᠲᠤᠰᠬᠠᠢ᠌ᠵᠢᠭᠰᠠᠨ ᠦᠢ᠍ᠯᠡᠴᠢᠯᠡᠭᠡ ᠬᠠᠩᠭ᠋ᠠᠨ᠎ᠠ ᠃  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠳ᠋᠎ᠤᠨ ᠶᠠᠪᠤᠳᠠᠯ᠎ᠤᠨ ᠲᠤᠰᠠᠯᠠᠭᠴᠢ ᠤᠷᠢᠨ ᠬᠡᠷᠡᠭᠯᠡᠬᠦ᠎ᠳᠤ ᠬᠡᠷᠡᠭᠰᠡᠬᠦ ᠬᠥᠮᠥᠨ᠎ᠤ ᠬᠦᠴᠦᠨ᠎ᠤ ᠥᠪᠡᠷ᠎ᠤᠨ ᠥᠷᠲᠡᠭ᠎ᠤᠨ ᠵᠠᠷᠤᠳᠠᠯ (ᠨᠡᠢ᠌ᠭᠡᠮ᠎ᠤᠨ ᠳᠠᠭ᠋ᠠᠳᠬᠠᠯ᠎ᠤᠨ ᠨᠥᠬᠥᠪᠦᠷᠢ ᠂  ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠪᠠᠭᠲᠠᠨ᠎ᠠ ) ᠎ᠢ ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠢ ᠪᠠᠢ᠌ᠳᠠᠯ ᠵᠶ᠋ᠠᠨ ᠦᠨᠳᠦᠰᠦᠯᠡᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠵᠠᠷᠤᠳᠠᠯ᠎ᠠᠴᠠ ᠭᠠᠷᠭ᠋ᠠᠬᠤ ᠵᠡᠷᠭᠡ ᠠᠷᠭ᠎ᠠ᠎ᠪᠠᠷ ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠵᠦ ᠪᠣᠯᠣᠨ᠎ᠠ ᠃ (ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠬᠣᠶᠠᠷ ) ᠡᠳ᠋᠎ᠤᠨ ᠶᠠᠪᠤᠳᠠᠯ᠎ᠤᠨ ᠲᠠᠩᠰᠠ ᠲᠠᠢ᠌ᠯᠬᠤ ᠬᠠᠮᠢᠶᠠᠷᠤᠯᠲᠠ ᠵᠢᠨ ᠠᠷᠭ᠎ᠠ ᠮᠠᠶᠢᠭ᠎ᠢ ᠰᠠᠢ᠌ᠵᠢᠷᠠᠭᠤᠯᠤᠨ᠎ᠠ ᠃  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠣᠳᠠᠲᠤ ᠬᠡᠷᠡᠭᠴᠡᠭᠡ᠎ᠳᠤ ᠨᠡᠢ᠌ᠴᠡᠭᠰᠡᠨ ᠳᠣᠲᠣᠭ᠋ᠠᠳᠤ ᠵᠢᠨ ᠲᠠᠩᠰᠠ ᠲᠠᠢ᠌ᠯᠬᠤ ᠲᠣᠭᠲᠠᠭ᠋ᠠᠯ᠎ᠢ ᠲᠣᠭᠲᠠᠭ᠋ᠠᠨ᠎ᠠ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠯᠠᠭ᠎ᠠ ᠵᠢᠨ ᠪᠣᠳᠠᠲᠤ ᠬᠡᠷᠡᠭᠴᠡᠭᠡᠨ᠎ᠠᠴᠠ ᠪᠣᠯᠵᠤ ᠂  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠤᠰᠬᠠᠢ ᠮᠡᠷᠭᠡᠵᠢᠯᠲᠡᠳ ᠂  ᠡᠷᠳᠡᠮᠲᠡᠳ ᠪᠠ ᠬᠣᠯᠪᠣᠭᠳᠠᠯ ᠪᠦᠬᠦᠢ ᠬᠥᠮᠥᠰ᠎ᠢ ᠭᠣᠣᠯᠯᠠᠨ ᠡᠷᠭᠢᠯᠡᠭᠰᠡᠨ ᠬᠤᠷᠠᠯ ᠵᠡᠷᠭᠡ᠎ᠳᠤ᠎ᠪᠠᠨ ᠤᠷᠢᠨ ᠣᠷᠣᠯᠴᠠᠭᠤᠯᠬᠤ᠎ᠳᠤ ᠭᠠᠷᠤᠭᠰᠠᠨ ᠵᠠᠪᠠᠯ ᠬᠠᠷᠢᠭᠤᠴᠠᠬᠤ ᠴᠢᠬᠤᠯᠠᠲᠠᠢ ᠬᠣᠲᠠ ᠬᠣᠭᠣᠷᠣᠨᠳᠣᠬᠢ ᠪᠠ ᠤᠯᠤᠰ ᠬᠣᠭᠣᠷᠣᠨᠳᠣᠬᠢ ᠵᠠᠮ ᠬᠠᠷᠢᠯᠴᠠᠭ᠋ᠠᠨ᠎ᠤ ᠵᠠᠷᠤᠳᠠᠯ᠎ᠢ ᠬᠤᠷᠠᠯ᠎ᠤᠨ ᠵᠠᠷᠤᠳᠠᠯ ᠵᠡᠷᠭᠡ᠎ᠠᠴᠠ ᠭᠠᠷᠭ᠋ᠠᠵᠤ ᠪᠣᠯᠣᠨ᠎ᠠ ᠃  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠵᠢᠨ᠎ᠬᠢᠨ ᠤᠯᠤᠰ᠎ᠤᠨ ᠳᠣᠲᠣᠭ᠋ᠠᠳᠤ ᠵᠢᠨ ᠵᠠᠮ᠎ᠤᠨ ᠵᠠᠷᠤᠳᠠᠯ᠎ᠤᠨ ᠳᠣᠲᠣᠷᠠᠬᠢ ᠬᠣᠭᠣᠯᠠᠨ᠎ᠤ ᠨᠥᠬᠥᠪᠦᠷᠢ ᠂  ᠬᠣᠲᠠ ᠵᠢᠨ ᠳᠣᠲᠣᠷᠠᠬᠢ ᠵᠠᠮ ᠬᠠᠷᠢᠯᠴᠠᠭ᠋ᠠᠨ᠎ᠤ ᠵᠠᠷᠤᠳᠠᠯ ᠪᠠ ᠪᠠᠷᠢᠮᠲᠠ ᠣᠯᠬᠤ᠎ᠳᠤ ᠬᠦᠴᠢᠷᠲᠡᠢ ᠬᠣᠨᠣᠭ᠎ᠤᠨ ᠵᠠᠷᠤᠳᠠᠯ᠎ᠳᠤ ᠳᠠᠭ᠋ᠠᠭ᠋ᠠᠴᠢᠯᠠᠯᠲᠠ ᠵᠢᠨ ᠳᠦᠷᠢᠮ ᠬᠡᠷᠡᠭᠵᠢᠭᠦᠯᠬᠦ ᠵᠢ ᠵᠥᠪᠰᠢᠶᠡᠷᠡᠨ᠎ᠡ ᠃ (ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠭᠤᠷᠪᠠ ) ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠴᠠᠭ᠋ᠠᠰᠤ ᠬᠡᠷᠡᠭᠯᠡᠬᠦ ᠦᠭᠡᠢ᠎ᠪᠠᠷ ᠲᠠᠩᠰᠠ ᠲᠠᠢ᠌ᠯᠬᠤ ᠲᠤᠷᠰᠢᠯᠲᠠ ᠵᠢᠨ ᠴᠡᠭ᠎ᠢ ᠬᠡᠷᠡᠭᠵᠢᠭᠦᠯᠦᠨ᠎ᠡ ᠃  ᠡᠯᠧᠺᠲᠷᠣᠨ ᠫᠢᠶᠣᠣ ᠪᠠᠷᠢᠮᠲᠠ ᠵᠢ ᠭᠥᠯᠢᠶᠡᠨ ᠠᠪᠬᠤ ᠂  ᠲᠠᠩᠰᠠᠨ᠎ᠳᠤ ᠣᠷᠣᠭᠤᠯᠬᠤ ᠂  ᠲᠠᠩᠰᠠ ᠡᠪᠬᠡᠮᠡᠯ᠎ᠳᠤ ᠣᠷᠣᠭᠤᠯᠤᠨ ᠰᠢᠢ᠍ᠳᠪᠦᠷᠢᠯᠡᠬᠦ ᠠᠵᠢᠯ᠎ᠤᠨ ᠬᠡᠮᠵᠢᠶ᠎ᠡ᠎ᠪᠠᠷ ᠨᠡᠯᠢᠶᠡᠳ ᠶᠡᠬᠡ ᠪᠠᠢ᠌ᠳᠠᠭ ᠬᠡᠰᠡᠭ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠶᠡᠬᠡ ᠳᠡᠭᠡᠳᠦ ᠰᠤᠷᠭ᠋ᠠᠭᠤᠯᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠂  ᠠᠵᠤ ᠠᠬᠤᠢ᠌ᠯᠠᠯ᠎ᠢ ᠰᠣᠩᠭᠣᠨ ᠂  ᠲᠠᠩᠰᠠᠨ᠎ᠳᠤ ᠣᠷᠣᠭᠤᠯᠤᠭᠰᠠᠨ ᠡᠯᠧᠺᠲᠷᠣᠨ ᠭᠡᠷᠡᠴᠢ ᠪᠠᠷᠢᠮᠲᠠ ᠵᠢ ᠨᠢᠭᠲᠠᠯᠠᠨ ᠪᠣᠳᠣᠬᠣ ᠲᠣᠭ᠎ᠠ ᠪᠠᠷᠢᠮᠲᠠ ᠵᠢᠨ ᠪᠠᠷᠢᠮᠵᠢᠶ᠎ᠠ ᠵᠢ ᠳᠡᠯᠭᠡᠷᠡᠭᠦᠯᠬᠦ ᠬᠡᠪᠴᠢᠶᠡᠨ᠎ᠳᠤ ᠣᠷᠣᠭᠤᠯᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠲᠠᠩᠰᠠ ᠲᠠᠢ᠌ᠯᠬᠤ ᠵᠢ ᠲᠣᠭ᠋ᠠᠵᠢᠭᠤᠯᠬᠤ ᠂  ᠴᠠᠭ᠋ᠠᠰᠤ ᠬᠡᠷᠡᠭᠯᠡᠬᠦ ᠦᠭᠡᠢ ᠪᠣᠯᠭ᠋ᠠᠬᠤ ᠵᠢ ᠠᠬᠢᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠂  ᠲᠦᠷᠦᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠳᠥᠷᠪᠡ ) ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠢ ᠰᠢᠯᠭ᠋ᠠᠨ ᠬᠤᠷᠢᠶᠠᠵᠤ ᠠᠪᠬᠤ ᠰᠤᠳᠤᠯᠭ᠋ᠠᠨ᠎ᠤ ᠰᠡᠳᠦᠪ᠎ᠢ ᠲᠡᠭᠦᠰᠬᠡᠬᠦ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢ ᠬᠢᠯᠪᠠᠷᠴᠢᠯᠠᠨ᠎ᠠ ᠃  ᠡᠳ᠋᠎ᠤᠨ ᠶᠠᠪᠤᠳᠠᠯ ᠪᠠ ᠮᠡᠷᠭᠡᠵᠢᠯ᠎ᠤᠨ ᠰᠢᠯᠭ᠋ᠠᠨ ᠬᠣᠷᠢᠶᠠᠨ ᠠᠪᠤᠯᠲᠠ ᠵᠢ ᠨᠡᠢ᠌ᠯᠡᠭᠦᠯᠵᠦ ᠂  ᠠᠮᠵᠢᠯᠲᠠ ᠪᠦᠲᠦᠮᠵᠢ ᠵᠢᠨ ᠶᠡᠷᠦᠩᠬᠡᠢ᠌ᠯᠡᠭᠰᠡᠨ ᠦᠨᠡᠯᠡᠯᠲᠡ ᠵᠢ ᠲᠥᠷᠥᠯ ᠵᠦᠢ᠍ᠯ᠎ᠢ ᠬᠡᠷᠡᠭᠵᠢᠭᠦᠯᠬᠦ ᠬᠤᠭᠤᠴᠠᠭ᠋ᠠᠨ᠎ᠤ ᠡᠴᠦᠰ᠎ᠲᠤ ᠨᠢᠭᠡ ᠯᠠ ᠤᠳᠠᠭ᠎ᠠ ᠵᠢᠨ  ᠴᠢᠨᠠᠷᠲᠠᠢ ᠬᠢᠨ᠎ᠡ ᠃  ᠲᠦᠷᠦᠯ ᠵᠦᠢ᠍ᠯ᠎ᠢ ᠰᠢᠯᠭ᠋ᠠᠨ ᠬᠤᠷᠢᠶᠠᠵᠤ ᠠᠪᠬᠤ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠡᠳᠦᠪ᠎ᠢ ᠲᠡᠭᠦᠰᠬᠡᠬᠦ ᠠᠵᠢᠯᠯᠠᠭ᠋ᠠᠨ᠎ᠤ ᠵᠦᠭᠯᠡᠭᠦᠷ᠎ᠢ ᠲᠡᠭᠦᠯᠳᠡᠷᠵᠢᠭᠦᠯᠵᠦ ᠂  ᠲᠥᠰᠥᠪ᠎ᠤᠨ ᠲᠣᠬᠢᠷᠠᠭᠤᠯᠤᠯᠲᠠ ᠂  ᠲᠥᠬᠦᠭᠡᠷᠦᠮᠵᠢ ᠵᠢᠨ ᠬᠠᠮᠢᠶᠠᠷᠤᠯᠲᠠ ᠂  ᠠᠵᠢᠯᠲᠠᠨ᠎ᠤ ᠵᠠᠷᠤᠳᠠᠯ ᠵᠡᠷᠭᠡ ᠡᠳ᠋᠎ᠤᠨ ᠶᠠᠪᠤᠳᠠᠯ ᠂  ᠨᠢᠭᠲᠠᠯᠠᠨ ᠪᠤᠳᠤᠬᠤ ᠂  ᠬᠢᠨᠠᠨ ᠪᠤᠳᠤᠬᠤ ᠲᠠᠯ᠎ᠠ ᠵᠢᠨ ᠪᠣᠳᠠᠲᠠᠢ ᠱᠠᠭ᠋ᠠᠷᠳᠠᠯᠭ᠎ᠠ᠎ᠨᠤᠭᠤᠳ᠎ᠢ ᠨᠠᠷᠢᠯᠢᠭᠵᠢᠭᠤᠯᠤᠨ ᠲᠣᠳᠣᠷᠬᠠᠢ᠌ᠯᠠᠵᠤ ᠂  ᠬᠣᠯᠪᠣᠭᠳᠠᠯ ᠪᠦᠬᠦᠢ ᠪᠠᠢ᠌ᠭᠤᠯᠤᠮᠵᠢ ᠪᠠ ᠠᠵᠢᠯᠲᠠᠨ ᠲᠥᠷᠥᠯ ᠵᠦᠢ᠍ᠯ᠎ᠢ ᠰᠢᠯᠭ᠋ᠠᠨ ᠬᠤᠷᠢᠶᠠᠵᠤ ᠠᠪᠬᠤ ᠪᠠ ᠪᠠᠢ᠌ᠴᠠᠭ᠋ᠠᠬᠤ᠎ᠳᠤ᠎ᠪᠠᠨ  ᠲᠥᠷᠥ ᠵᠢᠨ ᠪᠣᠳᠣᠯᠭ᠎ᠠ ᠵᠢ ᠡᠨᠳᠡᠭᠦᠦ ᠣᠢ᠌ᠯᠠᠭ᠋ᠠᠨ ᠪᠤᠷᠤᠭᠤ ᠬᠡᠷᠡᠭᠵᠢᠭᠦᠯᠬᠦ᠎ᠠᠴᠠ ᠵᠠᠢ᠌ᠯᠠᠰᠬᠢᠨ᠎ᠡ ᠃  ᠰᠢᠨ᠎ᠡ ᠵᠢ ᠡᠭᠦᠳᠬᠦ ᠴᠢᠳᠠᠪᠤᠷᠢ ᠪᠠ ᠳᠠᠯᠳᠠ ᠬᠦᠴᠦᠨ ᠵᠶ᠋ᠡᠷ ᠲᠣᠪᠣᠢ᠌ᠮ᠎ᠠ ᠂  ᠰᠢᠨ᠎ᠡ ᠵᠢ ᠡᠭᠦᠳᠦᠭᠰᠡᠨ ᠠᠵᠢᠯ᠎ᠤᠨ ᠠᠮᠵᠢᠯᠲᠠ ᠪᠦᠲᠦᠮᠵᠢ ᠢᠯᠡᠳᠲᠡ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠳᠤ᠎ᠪᠠᠨ ᠦᠨᠡᠨᠴᠢ ᠢᠲᠡᠭᠡᠮᠵᠢᠲᠡᠢ ᠬᠡᠰᠡᠭ ᠶᠡᠬᠡ ᠳᠡᠭᠡᠳᠦ ᠰᠤᠷᠭ᠋ᠠᠭᠤᠯᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠂  ᠠᠵᠤ ᠠᠬᠤᠢ᠌ᠯᠠᠯ᠎ᠢ ᠰᠣᠩᠭᠣᠨ ᠲᠤᠷᠰᠢᠯᠲᠠ ᠵᠢᠨ ᠨᠢᠭᠡᠴᠢ ᠪᠣᠯᠭ᠋ᠠᠵᠤ ᠂  ᠲᠡᠳᠡᠨᠦᠰ᠎ᠤᠨ ᠭᠠᠷᠭ᠋ᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠵᠠᠷᠤᠳᠠᠯ᠎ᠤᠨ ᠲᠥᠰᠥᠪ᠎ᠤᠨ ᠭᠦᠢ᠍ᠴᠡᠳᠬᠡᠯ ᠮᠡᠳᠡᠭᠦᠯᠬᠦ ᠬᠦᠰᠦᠨᠦᠭᠲᠦ᠎ᠪᠠᠷ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠰᠡᠳᠦᠪ ᠲᠡᠭᠦᠰᠬᠡᠬᠦ ᠦᠨᠳᠦᠰᠦᠯᠡᠯ ᠪᠣᠯᠭ᠋ᠠᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠰᠡᠳᠦᠪ ᠲᠡᠭᠦᠰᠬᠡᠬᠦ ᠡᠳ᠋᠎ᠤᠨ ᠶᠠᠪᠤᠳᠠᠯ᠎ᠤᠨ ᠬᠢᠨᠠᠨ ᠪᠣᠳᠣᠯᠲᠠ ᠵᠢ ᠬᠦᠴᠦᠨ ᠦᠭᠡᠢ ᠪᠣᠯᠭ᠋ᠠᠨ᠎ᠠ ᠃  ᠲᠤᠷᠰᠢᠯᠲᠠ ᠵᠢᠨ ᠴᠡᠭ ᠪᠣᠯᠬᠤ ᠨᠢᠭᠡᠴᠢ᠎ᠨᠦᠭᠦᠳ᠎ᠨᠢ ᠵᠠᠷᠤᠳᠠᠯ᠎ᠤᠨ ᠲᠥᠰᠥᠪ᠎ᠤᠨ ᠭᠦᠢ᠍ᠴᠡᠳᠬᠡᠯ ᠮᠡᠳᠡᠭᠦᠯᠬᠦ ᠬᠦᠰᠦᠨᠦᠭᠲᠦ ᠵᠢᠨ ᠦᠨᠡᠨ ᠪᠣᠳᠠᠲᠤ ᠴᠢᠨᠠᠷ ᠂  ᠪᠦᠷᠢᠨ ᠪᠦᠲᠦᠨ ᠴᠢᠨᠠᠷ ᠂  ᠣᠨᠣᠪᠴᠢᠲᠤ ᠴᠢᠨᠠᠷ᠎ᠲᠤ ᠬᠠᠷᠢᠭᠤᠴᠠᠵᠤ ᠂  ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠰᠤᠭᠤᠴᠢᠨ ᠪᠠᠢ᠌ᠴᠠᠭ᠋ᠠᠬᠤ ᠠᠵᠢᠯ᠎ᠢ ᠲᠣᠬᠢᠷᠠᠮᠵᠢᠲᠠᠢ ᠴᠠᠭ᠎ᠲᠤ᠎ᠨᠢ ᠵᠣᠬᠢᠶᠠᠨ ᠪᠠᠢ᠌ᠭᠤᠯᠤᠨ᠎ᠠ ᠃ (ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠲᠠᠪᠤ ) ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠠᠵᠢᠯ᠎ᠢ ᠬᠢᠯᠪᠠᠷᠴᠢᠯᠠᠨ᠎ᠠ ᠃  ᠶᠡᠬᠡ ᠳᠡᠭᠡᠳᠦ ᠰᠤᠷᠭ᠋ᠠᠭᠤᠯᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠨ ᠰᠤᠳᠤᠯᠭ᠋ᠠᠨ᠎ᠤ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠠᠵᠢᠯ᠎ᠳᠤ ᠰᠢᠨ᠎ᠡ ᠵᠢ ᠡᠭᠦᠳᠦᠨ᠎ᠡ ᠃  ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠶᠡᠬᠡ ᠳᠡᠭᠡᠳᠦ ᠰᠤᠷᠭ᠋ᠠᠭᠤᠯᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠤᠳ ᠰᠤᠳᠤᠯᠭ᠋ᠠᠨ᠎ᠤ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠠᠵᠢᠯ᠎ᠤᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ ᠂ 《ᠬᠤᠳᠠᠯᠳᠤᠨ ᠠᠪᠬᠤ ᠬᠥᠮᠥᠨ ᠬᠠᠷᠢᠭᠤᠴᠠᠬᠤ 》 ᠵᠠᠷᠴᠢᠮ ᠶᠣᠰᠣᠭ᠋ᠠᠷ ᠂  ᠬᠤᠳᠠᠯᠳᠤᠨ ᠠᠪᠤᠭᠴᠢ ᠬᠤᠳᠠᠯᠳᠤᠨ ᠠᠪᠬᠤ ᠱᠠᠭ᠋ᠠᠷᠳᠠᠯᠭ᠎ᠠ ᠪᠠ ᠬᠤᠳᠠᠯᠳᠤᠨ ᠠᠪᠤᠭᠰᠠᠨ ᠦᠷ᠎ᠡ ᠳ᠋ᠦᠩ᠎ᠳᠤ ᠬᠠᠷᠢᠭᠤᠴᠠᠬᠤ ᠲᠣᠭᠲᠠᠴᠠ ᠵᠢ ᠨᠠᠢ᠌ᠳᠠᠪᠤᠷᠢᠵᠢᠭᠤᠯᠤᠨ ᠂  ᠳᠣᠲᠣᠭ᠋ᠠᠳᠤ ᠵᠢᠨ ᠬᠢᠨᠠᠨ ᠵᠥᠪᠰᠢᠶᠡᠷᠡᠬᠦ ᠴᠤᠪᠤᠷᠠᠯ᠎ᠢ ᠴᠣᠮᠬᠠᠳᠬᠠᠵᠤ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ 》 ᠎ᠠᠴᠠ ᠵᠢᠭ᠋ᠠᠨ ᠲᠣᠭᠲᠠᠭ᠋ᠠᠭᠰᠠᠨ ᠵᠠᠭᠤᠴᠢᠯᠠᠭᠤᠷ ᠪᠠ ᠲᠤᠰᠬᠠᠢ ᠰᠦᠯᠵᠢᠶᠡᠨ᠎ᠤ ᠳᠠᠪᠠᠭᠤᠯᠢᠭ᠎ᠢ ᠭᠦᠢ᠍ᠴᠡᠳ ᠠᠰᠢᠭᠯᠠᠨ ᠶᠡᠬᠡ ᠳᠡᠭᠡᠳᠦ ᠰᠤᠷᠭ᠋ᠠᠭᠤᠯᠢ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠲᠤ ᠬᠤᠳᠠᠯᠳᠤᠨ ᠠᠪᠬᠤ ᠮᠡᠳᠡᠭᠡ ᠵᠠᠩᠭᠢ ᠵᠢ ᠢᠯᠡ ᠨᠡᠢ᠌ᠲᠡᠯᠡᠬᠦ ᠠᠷᠭ᠎ᠠ ᠵᠠᠮ ᠬᠠᠩᠭ᠋ᠠᠨ᠎ᠠ; ᠨᠢᠭᠡᠨᠲᠡ ᠪᠠᠢ᠌ᠭᠤᠯᠤᠭᠳᠠᠭᠰᠠᠨ ᠡᠯᠧᠺᠲᠷᠣᠨ ᠬᠤᠳᠠᠯᠳᠤᠭ᠋ᠠᠨ᠎ᠤ ᠲᠠᠯᠠᠪᠤᠷ᠎ᠤᠨ ᠲᠠᠪᠴᠠᠩ᠎ᠤᠨ ᠳᠠᠪᠠᠭᠤᠯᠢᠭ᠎ᠢ ᠠᠰᠢᠭᠯᠠᠨ ᠪᠠᠭ᠎ᠠ ᠬᠡᠮᠵᠢᠶᠡᠨ᠎ᠤ ᠵᠢᠵᠢᠭ ᠰᠠᠵᠢᠭ ᠰᠤᠳᠤᠯᠭ᠋ᠠᠨ᠎ᠤ ᠬᠡᠮᠵᠢᠭᠦᠷᠯᠢᠭ ᠲᠥᠬᠦᠭᠡᠷᠦᠮᠵᠢ ᠪᠠ ᠬᠣᠷᠣᠭᠳᠠᠯ ᠮᠠᠲ᠋ᠧᠷᠢᠶᠠᠯ ᠬᠤᠳᠠᠯᠳᠤᠨ ᠠᠪᠬᠤ᠎ᠳᠤ ᠲᠥᠬᠥᠮ ᠦᠵᠡᠭᠦᠯᠬᠦ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠦᠨ᠎ᠡ ᠃  ᠰᠢᠨᠵᠢᠯᠡᠬᠦ ᠤᠬᠠᠭ᠋ᠠᠨ᠎ᠤ ᠰᠤᠳᠤᠯᠤᠯ᠎ᠳᠤ ᠪᠠᠴᠢᠮ ᠬᠡᠷᠡᠭᠰᠡᠬᠦ ᠲᠥᠬᠦᠭᠡᠷᠦᠮᠵᠢ ᠪᠠ ᠬᠣᠷᠣᠭᠳᠠᠯ ᠮᠠᠲ᠋ᠧᠷᠢᠶᠠᠯ᠎ᠳᠤ 《ᠣᠨᠴᠠᠭ᠋ᠠᠶ ᠬᠡᠷᠡᠭ᠎ᠢ ᠣᠨᠴᠠᠭ᠋ᠠᠶ ᠰᠢᠢ᠍ᠳᠪᠦᠷᠢᠯᠡᠬᠦ ᠂  ᠪᠠᠴᠢᠮ ᠬᠡᠷᠡᠭ᠎ᠢ ᠪᠠᠴᠢᠮ ᠰᠢᠢ᠍ᠳᠪᠦᠷᠢᠯᠡᠬᠦ 》 ᠬᠤᠳᠠᠯᠳᠤᠨ ᠠᠪᠬᠤ ᠲᠣᠭᠲᠠᠴᠠ ᠵᠢ ᠬᠡᠷᠡᠭᠵᠢᠭᠦᠯᠵᠦ ᠂  ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ᠎ᠳᠤ ᠣᠷᠣᠬᠤ ᠠᠯᠬᠤᠮ ᠳᠠᠷᠠᠭ᠋ᠠᠯᠠᠯ ᠵᠶ᠋ᠠᠷ ᠶᠠᠪᠤᠭᠤᠯᠬᠤ ᠦᠭᠡᠢ ᠪᠠᠢ᠌ᠵᠤ ᠪᠣᠯᠣᠨ᠎ᠠ ᠃  ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠲᠣᠭ᠎ᠠ ᠬᠡᠮᠵᠢᠶᠡᠨ᠎ᠤ ᠪᠠᠷᠢᠮᠵᠢᠶ᠎ᠠ᠎ᠳᠤ ᠬᠦᠷᠦᠭᠰᠡᠨ ᠪᠣᠯᠪᠠᠴᠤ ᠳᠠᠭ᠋ᠠᠭ᠋ᠠᠴᠢᠯᠠᠯᠲᠠ ᠵᠠᠷᠯᠠᠬᠤ ᠪᠤᠰᠤ ᠠᠷᠭ᠎ᠠ ᠮᠠᠶᠢᠭ᠎ᠢ ᠬᠡᠷᠡᠭᠯᠡᠭᠰᠡᠨ᠎ᠳᠤ᠎ᠨᠢ ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠬᠠᠤᠯᠢ ᠶᠣᠰᠣᠭ᠋ᠠᠷ ᠭᠤᠶᠤᠴᠢᠯᠠᠯ ᠭᠠᠷᠭ᠋ᠠᠨ ᠂  ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠣᠭᠲᠠᠭᠰᠠᠨ ᠴᠠᠭ᠎ᠲᠤ ᠭᠦᠢ᠍ᠴᠡᠳᠬᠡᠵᠦ ᠳᠠᠭᠤᠰᠬᠠᠬᠤ ᠳᠦᠷᠢᠮ᠎ᠢ ᠬᠡᠷᠡᠭᠵᠢᠭᠦᠯᠦᠨ᠎ᠡ ᠂  ᠵᠠᠷᠴᠢᠮ ᠳᠡᠭᠡᠷ᠎ᠡ᠎ᠪᠠᠨ ᠭᠤᠶᠤᠴᠢᠯᠠᠯ᠎ᠢ ᠣᠯᠣᠭᠰᠠᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠭᠦᠢ᠍ᠴᠡᠳᠬᠡᠵᠦ ᠳᠠᠭᠤᠰᠬᠠᠬᠤ ᠬᠡᠷᠡᠭᠲᠡᠢ ᠃  ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠂  ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ ᠵᠡᠷᠭᠡ ᠬᠠᠮᠢᠶ᠎ᠠ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠂  ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠠᠵᠢᠯ᠎ᠢ ᠰᠤᠳᠤᠯᠤᠨ ᠠᠬᠢᠭᠤᠯᠵᠤ ᠂  ᠪᠤᠰᠤᠳ ᠵᠦᠢ᠍ᠯ ᠵᠤᠷᠪᠤᠰ᠎ᠤᠳ᠎ᠢ ᠤᠯᠠᠮ ᠨᠢᠭᠡ ᠠᠯᠬᠤᠮ ᠲᠣᠳᠣᠷᠬᠠᠢ ᠲᠣᠭᠲᠠᠭ᠋ᠠᠬᠤ ᠬᠡᠷᠡᠭᠲᠡᠢ ᠃ (ᠲᠥᠷᠦᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠵᠢᠷᠭᠤᠭ᠎ᠠ ) ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠠᠯᠪᠠᠨ ᠠᠵᠢᠯ ᠵᠶ᠋ᠠᠷ ᠭᠠᠳᠠᠭ᠋ᠠᠳᠤ᠎ᠳᠤ (ᠬᠢᠯᠢ᠎ᠠᠴᠠ ) ᠭᠠᠷᠬᠤ ᠬᠠᠮᠢᠶᠠᠷᠤᠯᠲᠠ ᠵᠢᠨ ᠠᠷᠭ᠎ᠠ ᠮᠠᠶᠢᠭ᠎ᠢ ᠰᠠᠢ᠌ᠵᠢᠷᠠᠭᠤᠯᠤᠨ᠎ᠠ ᠃  ᠣᠯᠠᠨ ᠤᠯᠤᠰ᠎ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠥᠷᠨᠢᠭᠦᠯᠬᠦ ᠠᠯᠪᠠᠨ᠎ᠤ ᠠᠵᠢᠯ ᠵᠶ᠋ᠠᠷ ᠭᠠᠳᠠᠭ᠋ᠠᠳᠤ᠎ᠳᠤ (ᠬᠢᠯᠢ᠎ᠠᠴᠠ ) ᠭᠠᠷᠬᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ᠎ᠤᠨ ᠬᠠᠮᠢᠶᠠᠷᠤᠯᠲᠠ ᠵᠢ ᠵᠠᠰᠠᠭ ᠵᠠᠬᠢᠷᠭ᠋ᠠᠨ᠎ᠤ ᠠᠵᠢᠯᠲᠠᠳ᠎ᠤᠨ᠎ᠠᠴᠠ ᠢᠯᠭ᠋ᠠᠭ᠎ᠠ᠎ᠲᠠᠢ ᠪᠠᠢ᠌ᠯᠭ᠋ᠠᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠡᠭᠦᠷᠭᠡ ᠬᠠᠷᠠᠯᠲᠠ᠎ᠪᠠᠨ ᠪᠡᠶᠡᠯᠡᠭᠦᠯᠦᠭᠡᠳᠦᠢ ᠪᠠᠢ᠌ᠳᠠᠯ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ ᠎ᠠᠴᠠ ᠵᠠᠷᠤᠳᠠᠯ ᠭᠠᠷᠭ᠋ᠠᠭᠰᠠᠨ ᠣᠯᠠᠨ ᠤᠯᠤᠰ᠎ᠤᠨ ᠬᠠᠮᠲᠤᠷᠠᠯᠴᠠᠭ᠎ᠠ ᠬᠢᠭᠡᠳ ᠰᠣᠯᠢᠯᠴᠠᠭ᠎ᠠ ᠵᠢ ᠲᠤᠬᠠᠢ᠌ᠯᠠᠭᠰᠠᠨ ᠠᠵᠢᠯ ᠵᠶ᠋ᠠᠷ ᠲᠤᠰᠠᠭ᠋ᠠᠷ ᠬᠠᠮᠢᠶᠠᠷᠴᠤ ᠂  ᠬᠡᠷᠡᠭᠴᠡᠭᠡ᠎ᠪᠠᠨ ᠦᠨᠳᠦᠰᠦᠯᠡᠨ ᠠᠵᠢᠯ ᠥᠷᠨᠢᠭᠦᠯᠦᠨ᠎ᠡ ᠃  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠠᠴᠠ ᠭᠠᠷᠭ᠋ᠠᠭᠰᠠᠨ ᠤᠯᠠᠨ ᠤᠯᠤᠰ᠎ᠤᠨ ᠬᠠᠮᠲᠤᠷᠠᠯᠴᠠᠭ᠎ᠠ ᠪᠠ ᠰᠣᠯᠢᠯᠴᠠᠭ᠋ᠠᠨ᠎ᠤ ᠵᠠᠷᠤᠳᠠᠯ᠎ᠢ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ 》 ᠎ᠤᠨ ᠪᠦᠷᠢᠳᠬᠡᠯ᠎ᠤᠨ ᠬᠡᠪᠴᠢᠶᠡᠨ᠎ᠳᠤ ᠣᠷᠣᠭᠤᠯᠬᠤ ᠦᠭᠡᠢ ᠂  ᠥᠰᠦᠯᠲᠡ ᠦᠭᠡᠢ ᠪᠠᠢ᠌ᠯᠭ᠋ᠠᠬᠤ ᠱᠠᠭ᠋ᠠᠷᠳᠠᠯᠭ᠎ᠠ᠎ᠳᠤ ᠬᠢᠵᠠᠭ᠋ᠠᠷᠯᠠᠭᠳᠠᠬᠤ ᠦᠭᠡᠢ ᠃ (ᠲᠥᠷᠦᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂  ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ ᠨᠠᠢ᠌ᠳᠠᠪᠤᠷᠢᠵᠢᠭᠤᠯᠤᠨ᠎ᠠ )

       ᠵᠢᠷᠭᠤᠭ᠎ᠠ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠳ᠋᠎ᠤᠨ ᠵᠠᠰᠠᠭ᠎ᠤᠨ ᠵᠠᠷᠤᠳᠠᠯ᠎ᠳᠠᠬᠢ ᠣᠷᠣᠭᠤᠯᠤᠯᠲᠠ ᠵᠢ ᠳᠡᠮᠵᠢᠬᠦ ᠠᠷᠭ᠎ᠠ ᠮᠠᠶᠢᠭ᠎ᠲᠤ ᠰᠢᠨ᠎ᠡ ᠵᠢ ᠡᠭᠦᠳᠦᠨ᠎ᠡ

      (ᠨᠢᠭᠡ ) ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠳ᠋᠎ᠤᠨ ᠵᠠᠰᠠᠭ᠎ᠤᠨ ᠵᠠᠷᠤᠳᠠᠯ᠎ᠳᠠᠬᠢ ᠣᠷᠣᠭᠤᠯᠤᠯᠲᠠ ᠵᠢᠨ ᠠᠷᠭ᠎ᠠ ᠵᠠᠮ᠎ᠢ ᠥᠷᠭᠡᠳᠬᠡᠨ᠎ᠡ ᠃  ᠡᠳ᠋᠎ᠤᠨ ᠵᠠᠰᠠᠭ᠎ᠤᠨ ᠵᠠᠷᠤᠳᠠᠯ᠎ᠤᠨ ᠬᠥᠰᠢᠭᠦᠷᠭᠡ ᠵᠢᠨ ᠨᠥᠯᠥᠭᠡᠯᠡᠯ ᠪᠠ ᠤᠳᠤᠷᠢᠳᠤᠮᠵᠢ ᠵᠢᠨ ᠦᠢ᠍ᠯᠡᠳᠦᠯ᠎ᠢ ᠪᠠᠳᠠᠷᠠᠭᠤᠯᠵᠤ ᠂  ᠠᠵᠤ ᠠᠬᠤᠢ᠌ᠯᠠᠯ ᠣᠷᠤᠯᠴᠠᠬᠤ ᠵᠢ ᠬᠥᠲᠥᠯᠥᠨ ᠵᠢᠯᠤᠭᠣᠳᠴᠤ ᠂  ᠮᠥᠩᠭᠥᠨ ᠭᠦᠢ᠍ᠯᠭᠡᠭᠡᠨ᠎ᠤ ᠪᠡᠯᠡ ᠮᠥᠩᠭᠥᠨ᠎ᠤ ᠦᠢ᠍ᠯᠡᠳᠦᠯ᠎ᠢ ᠪᠠᠳᠠᠷᠠᠭᠤᠯᠤᠨ ᠂  ᠠᠷᠠᠳ᠎ᠤᠨ ᠳᠤᠮᠳᠠᠬᠢ ᠬᠥᠷᠥᠩᠭᠡ ᠵᠢ ᠲᠠᠲᠠᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠦᠨ ᠦᠢ᠍ᠯᠡᠰ ᠴᠣᠭᠴᠠᠯᠠᠬᠤ ᠵᠢ ᠳᠡᠮᠵᠢᠨ᠎ᠡ ᠃  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ᠎ᠤᠨ ᠰᠠᠭᠤᠷᠢ ᠮᠥᠩᠭᠥ ᠵᠢ ᠰᠠᠢ᠌ᠲᠤᠷ ᠠᠰᠢᠭᠯᠠᠨ ᠂  ᠡᠯ᠎ᠡ ᠲᠥᠷᠥᠯ᠎ᠤᠨ ᠨᠡᠢ᠌ᠭᠡᠮ᠎ᠤᠨ ᠬᠥᠷᠥᠩᠭᠡ ᠵᠢ ᠳᠠᠶ᠋ᠢᠴᠢᠯᠠᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠤ ᠠᠬᠤᠢ᠌ᠯᠠᠯ᠎ᠳᠤ ᠪᠡᠯᠡ ᠣᠷᠣᠭᠤᠯᠵᠤ ᠂  ᠨᠡᠢ᠌ᠭᠡᠮ᠎ᠤᠨ ᠬᠦᠴᠦᠨ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠢ ᠲᠠᠲᠠᠵᠤ ᠪᠠᠢ᠌ᠭ᠋ᠠᠳ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠠᠵᠤ ᠠᠬᠤᠢ᠌ᠯᠠᠯ᠎ᠢ ᠲᠡᠳᠬᠦᠬᠦ ᠡᠷᠴᠢᠮ᠎ᠢ ᠴᠢᠩᠭ᠋ᠠᠷᠠᠭᠤᠯᠵᠤ ᠂  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠤᠯᠠᠷᠢᠭᠤᠯᠤᠯᠲᠠ ᠪᠠ ᠬᠡᠷᠡᠭᠯᠡᠭᠡ ᠵᠢ ᠲᠦᠷᠭᠡᠳᠬᠡᠨ᠎ᠡ ᠃  ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠮᠥᠩᠭᠥᠨ ᠭᠦᠢ᠍ᠯᠭᠡᠭᠡᠨ᠎ᠤ ᠦᠢ᠍ᠯᠡᠳᠬᠦᠨ ᠪᠠ ᠦᠢ᠍ᠯᠡᠴᠢᠯᠡᠭᠡ᠎ᠳᠤ ᠰᠢᠨ᠎ᠡ ᠵᠢ ᠡᠭᠦᠳᠬᠦ ᠵᠢ ᠵᠣᠷᠢᠭᠵᠢᠭᠤᠯᠵᠤ ᠂  ᠲᠠᠸᠠᠷ᠎ᠤᠨ ᠲᠡᠮᠳᠡᠭ᠎ᠤᠨ ᠲᠤᠰᠬᠠᠢ ᠬᠡᠷᠡᠭᠯᠡᠬᠦ ᠡᠷᠬᠡ ᠂  ᠲᠤᠰᠬᠠᠢ ᠠᠰᠢᠭ᠎ᠤᠨ ᠡᠷᠬᠡ ᠂  ᠬᠤᠷᠢᠶᠠᠪᠠᠰᠤ ᠵᠣᠬᠢᠬᠤ ᠲᠠᠩᠰᠠᠨ ᠵᠣᠭᠣᠰ ᠵᠡᠷᠭᠡ ᠳᠠᠨᠵᠢᠯᠠᠭ᠎ᠠ᠎ᠲᠠᠢ ᠵᠢᠭᠡᠯᠡᠯᠭᠡ ᠵᠢᠨ ᠲᠤᠬᠠᠢ᠌ᠯᠠᠭᠰᠠᠨ ᠠᠵᠢᠯ᠎ᠢ ᠢᠳᠡᠪᠬᠢᠲᠡᠢ ᠥᠷᠨᠢᠭᠦᠯᠵᠦ ᠂  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠠᠬᠢᠭᠤᠯᠤᠨ᠎ᠠ ᠃  ᠠᠵᠤ ᠠᠬᠤᠢ᠌ᠯᠠᠯ ᠪᠠ ᠨᠡᠢ᠌ᠭᠡᠮ᠎ᠤᠨ ᠬᠦᠴᠦᠨ᠎ᠤ ᠰᠠᠭᠤᠷᠢ ᠰᠤᠳᠤᠯᠤᠯ ᠎ᠳᠤ ᠣᠷᠣᠭᠤᠯᠤᠯᠲᠠ ᠬᠢᠬᠦ ᠡᠷᠴᠢᠮ ᠵᠶ᠋ᠡᠨ ᠴᠢᠩᠭ᠋ᠠᠷᠠᠭᠤᠯᠬᠤ ᠵᠢ ᠵᠣᠷᠢᠭᠵᠢᠭᠤᠯᠵᠤ ᠂  ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ ᠪᠠ ᠠᠷᠠᠳ᠎ᠤᠨ ᠠᠮᠢᠳᠤᠷᠠᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠂  ᠪᠥᠬᠥ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠳᠠᠪᠠᠭᠤᠯᠢᠭ ᠬᠦᠴᠦᠨ᠎ᠢ ᠲᠠᠲᠠᠵᠤ ᠪᠠᠢ᠌ᠭ᠋ᠠᠳ ᠨᠢᠭᠡ ᠪᠦᠯᠦᠭ 《ᠠᠮᠢᠨ ᠭᠣᠣᠯ 》 ᠮᠡᠷᠭᠡᠵᠢᠯ᠎ᠢ ᠲᠥᠪᠯᠡᠷᠡᠭᠦᠯᠦᠨ ᠡᠵᠡᠮᠰᠢᠵᠦ ᠂  ᠰᠠᠭᠤᠷᠢ ᠰᠤᠳᠤᠯᠤᠯ ᠬᠢᠭᠡᠳ ᠬᠡᠷᠡᠭᠴᠡᠭᠡ ᠱᠠᠭ᠋ᠠᠷᠳᠠᠯᠭ᠎ᠠ ᠵᠢᠨ ᠤᠳᠤᠷᠢᠳᠤᠮᠵᠢ ᠵᠢᠨ ᠰᠠᠢ᠌ᠨ ᠨᠥᠯᠦᠭᠡᠯᠡᠯᠴᠢᠯ᠎ᠢ ᠠᠬᠢᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ ᠂  ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠯ᠎ᠤᠨ ᠡᠷᠬᠡ ᠵᠢᠨ  ᠲᠣᠪᠴᠢᠶ᠎ᠠ ᠂  ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ ᠂  ᠥᠪᠡᠷᠲᠡᠭᠡᠨ ᠵᠠᠰᠠᠬᠤ ᠣᠷᠣᠨ᠎ᠤ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠥᠪᠡᠷᠲᠡᠭᠡᠨ ᠵᠠᠰᠠᠬᠤ ᠣᠷᠣᠨ᠎ᠤ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠬᠣᠶᠠᠷ ) ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢᠨ 《ᠲᠥᠰᠥᠪ + ᠠᠯᠳᠠᠭᠳᠠᠯ᠎ᠲᠠᠢ ᠵᠦᠢ᠍ᠯᠡᠰ᠎ᠤᠨ ᠨᠠᠷᠢᠨ ᠲᠠᠩᠰᠠ 》 ᠵᠢᠨ ᠬᠠᠮᠢᠶᠠᠷᠤᠯᠲᠠ ᠵᠢᠨ ᠵᠠᠭᠪᠤᠷ ᠬᠡᠷᠡᠭᠵᠢᠭᠦᠯᠬᠦ ᠵᠢ ᠳᠡᠮᠵᠢᠨ᠎ᠡ ᠃  ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢᠨ ᠵᠠᠬ᠎ᠠ ᠳᠡᠯᠭᠡᠭᠦᠷᠴᠢᠯᠡᠭᠰᠡᠨ ᠠᠵᠢᠯᠯᠠᠭ᠋ᠠᠨ᠎ᠤ ᠲᠣᠭᠲᠠᠴᠠ ᠬᠡᠷᠡᠭᠯᠡᠬᠦ ᠵᠢ ᠵᠣᠷᠢᠭᠵᠢᠭᠤᠯᠵᠤ ᠂  ᠬᠡᠷᠡᠭ ᠡᠷᠬᠢᠯᠡᠭᠴᠢᠳ᠎ᠤᠨ ᠵᠥᠪᠯᠡᠯ (ᠬᠡᠷᠡᠭ ᠮᠡᠳᠡᠭᠴᠢᠳ᠎ᠤᠨ ᠵᠥᠪᠯᠡᠯ ) ᠎ᠤᠨ ᠤᠳᠤᠷᠢᠳᠤᠯᠭ᠎ᠠ ᠳᠣᠣᠷᠠᠬᠢ ᠬᠦᠷᠢᠶᠡᠯᠡᠩ (ᠭᠠᠵᠠᠷ ) ᠎ᠤᠨ ᠳᠠᠷᠤᠭ᠎ᠠ ᠬᠠᠷᠢᠭᠤᠴᠠᠬᠤ ᠳᠦᠷᠢᠮ᠎ᠢ ᠬᠡᠷᠡᠭᠵᠢᠭᠦᠯᠦᠨ᠎ᠡ ᠃  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠳ᠋᠎ᠤᠨ ᠵᠠᠰᠠᠭ᠎ᠤᠨ ᠵᠠᠷᠤᠳᠠᠯ᠎ᠤᠨ ᠳᠡᠮᠵᠢᠯᠭᠡ ᠵᠢᠨ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠴᠦ ᠂  ᠪᠡᠯᠡ  ᠮᠥᠩᠭᠥᠨ᠎ᠤ ᠲᠠᠯ᠎ᠠ᠎ᠳᠤ ᠲᠣᠭᠲᠠᠪᠤᠷᠢᠲᠠᠢ ᠳᠡᠮᠵᠢᠯᠭᠡ ᠦᠵᠡᠭᠦᠯᠵᠦ ᠂  ᠠᠯᠳᠠᠭᠳᠠᠯ᠎ᠲᠠᠢ ᠵᠦᠢ᠍ᠯᠡᠰ᠎ᠤᠨ ᠨᠠᠷᠢᠨ ᠳᠠᠩᠰᠠ ᠵᠢᠨ ᠬᠠᠮᠢᠶᠠᠷᠤᠯᠲᠠ ᠵᠢ ᠰᠦᠪᠡᠭᠴᠢᠯᠡᠨ ᠬᠡᠷᠡᠭᠵᠢᠭᠦᠯᠵᠦ ᠂  ᠡᠵᠡ ᠮᠡᠳᠡᠨ ᠵᠠᠷᠤᠳᠠᠯ ᠬᠡᠷᠡᠭᠯᠡᠬᠦ ᠲᠠᠯ᠎ᠠ᠎ᠪᠠᠷ ᠨᠡᠩ ᠶᠡᠬᠡ ᠡᠷᠬᠡ ᠣᠯᠭᠣᠨ᠎ᠠ ᠃  ᠠᠮᠵᠢᠯᠲᠠ ᠪᠦᠲᠦᠮᠵᠢ ᠵᠢᠨ ᠦᠨᠡᠯᠡᠯᠲᠡ ᠵᠢ ᠵᠣᠬᠢᠶᠠᠨ ᠪᠠᠢ᠌ᠭᠤᠯᠤᠨ ᠥᠷᠨᠢᠭᠦᠯᠵᠦ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠣᠷᠣᠭᠤᠯᠤᠯᠲᠠ ᠂  ᠰᠢᠨ᠎ᠡ ᠵᠢ ᠡᠭᠦᠳᠬᠦ ᠦᠢ᠍ᠯᠡᠳᠪᠦᠷᠢᠯᠡᠯ᠎ᠤᠨ ᠶᠠᠰᠤ ᠴᠢᠨᠠᠷ ᠂  ᠦᠷ᠎ᠡ ᠪᠦᠲᠦᠭᠡᠯ᠎ᠤᠨ ᠤᠯᠠᠷᠢᠭᠤᠯᠤᠯᠲᠠ ᠂  ᠠᠩᠬᠠᠨ᠎ᠤ ᠡᠭᠦᠳᠦᠯᠲᠡ ᠵᠢᠨ ᠥᠷᠲᠡᠭ ᠂  ᠪᠣᠳᠠᠲᠠᠢ ᠬᠤᠪᠢ ᠨᠡᠮᠡᠷᠢ ᠂  ᠴᠢᠳᠠᠪᠤᠷᠢᠲᠠᠨ᠎ᠢ ᠲᠥᠪᠯᠡᠷᠡᠭᠦᠯᠬᠦ ᠪᠠ ᠬᠥᠮᠥᠵᠢᠭᠦᠯᠬᠦ ᠵᠡᠷᠭᠡ ᠲᠠᠯ᠎ᠠ᠎ᠪᠠᠷ ᠭᠣᠣᠯᠯᠠᠭᠤᠯᠵᠤ ᠦᠨᠡᠯᠡᠨ ᠵᠢᠱ᠌ᠢᠨ᠎ᠡ ᠃  ᠣᠨᠴᠠᠭ᠋ᠠᠶ ᠲᠣᠭᠲᠠᠭ᠋ᠠᠯ᠎ᠲᠠᠢ ᠎ᠠᠴᠠ ᠭᠠᠳᠠᠨ᠎ᠠ ᠂  ᠡᠳ᠋᠎ᠤᠨ ᠵᠠᠰᠠᠭ᠎ᠤᠨ ᠪᠡᠯᠡ ᠮᠥᠩᠭᠥᠨ᠎ᠤ ᠳᠡᠮᠵᠢᠯᠭᠡ᠎ᠪᠠᠷ ᠪᠣᠶ ᠪᠣᠯᠤᠭᠰᠠᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ ᠵᠢᠴᠢ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ᠎ᠠᠴᠠ ᠬᠠᠤᠯᠢ ᠶᠣᠰᠣᠭ᠋ᠠᠷ ᠣᠯᠬᠤ ᠂  ᠡᠵᠡ ᠮᠡᠳᠡᠨ ᠬᠤᠪᠢᠷᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠵᠢ ᠲᠣᠭᠲᠠᠭ᠋ᠠᠨ᠎ᠠ ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ ᠵᠢᠯᠣᠭᠣᠳᠤᠨ᠎ᠠ )

       ᠲᠤᠯᠤᠭ᠎ᠠ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠪᠠ ᠬᠢᠨᠠᠯᠲᠠ ᠪᠠᠢ᠌ᠴᠠᠭ᠋ᠠᠯᠲᠠ ᠵᠢ ᠬᠠᠯᠠᠨ ᠰᠠᠢ᠌ᠵᠢᠷᠠᠭᠤᠯᠤᠨ᠎ᠠ

      (ᠨᠢᠭᠡ ) ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠦᠨ᠎ᠡ ᠃  ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠵᠢᠯ᠎ᠤᠨ ᠠᠮᠵᠢᠯᠲᠠ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ ᠂  ᠶᠠᠪᠤᠴᠠ ᠵᠢ ᠴᠢᠬᠤᠯᠠᠴᠢᠯᠠᠵᠤ ᠪᠠᠢ᠌ᠭᠰᠠᠨ ᠎ᠠᠴᠠ ᠦᠷ᠎ᠡ ᠳ᠋ᠦᠩ᠎ᠢ ᠴᠢᠬᠤᠯᠠᠴᠢᠯᠠᠬᠤ ᠲᠡᠢ᠌ᠰᠢ ᠬᠤᠪᠢᠷᠠᠭᠤᠯᠵᠤ ᠂  ᠲᠥᠷᠥᠯ ᠬᠤᠪᠢᠶᠠᠨ ᠠᠵᠢᠯ᠎ᠤᠨ ᠠᠮᠵᠢᠯᠲᠠ ᠪᠦᠲᠦᠮᠵᠢ ᠦᠨᠡᠯᠡᠬᠦ ᠵᠢ ᠴᠢᠩᠭ᠋ᠠᠳᠬᠠᠵᠤ ᠂  ᠰᠠᠭᠤᠷᠢ ᠰᠤᠳᠤᠯᠤᠯ ᠂  ᠮᠡᠷᠭᠡᠵᠢᠯ᠎ᠤᠨ ᠰᠤᠳᠤᠯᠤᠨ ᠨᠡᠭᠡᠭᠡᠯᠲᠡ ᠂  ᠦᠷ᠎ᠡ ᠪᠦᠲᠦᠭᠡᠯ᠎ᠤᠨ ᠤᠯᠠᠷᠢᠭᠤᠯᠤᠯᠲᠠ ᠵᠡᠷᠭᠡ ᠠᠳᠠᠯᠢ ᠪᠤᠰᠤ ᠲᠥᠷᠥᠯ ᠬᠡᠯᠪᠡᠷᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠦᠢ᠍ᠯ ᠢᠯᠭ᠋ᠠᠯ᠎ᠳᠤ ᠵᠥᠷᠢᠶᠡᠴᠢᠯᠡᠭᠰᠡᠨ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ ᠵᠢᠨ ᠭᠦᠢ᠍ᠴᠡᠳᠬᠡᠯ ᠲᠣᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠎ᠡ; ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠵᠤ ᠂  ᠠᠮᠵᠢᠯᠲᠠ ᠪᠦᠲᠦᠮᠵᠢ ᠵᠢ ᠦᠨᠡᠯᠡᠭᠰᠡᠨ ᠦᠷ᠎ᠡ ᠳ᠋ᠦᠩ᠎ᠢ ᠲᠥᠷᠥᠯ ᠵᠦᠢ᠍ᠯ᠎ᠳᠤ ᠲᠣᠬᠢᠷᠠᠭᠤᠯᠤᠯᠲᠠ ᠬᠢᠬᠦ ᠂  ᠦᠷᠭᠦᠯᠵᠢᠯᠡᠨ ᠳᠡᠮᠵᠢᠬᠦ ᠵᠢᠨ ᠴᠢᠬᠤᠯᠠ ᠦᠨᠳᠦᠰᠦᠯᠡᠯ ᠪᠣᠯᠭ᠋ᠠᠨ᠎ᠠ ᠃  ᠲᠦᠷᠦᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠦᠭᠦᠳ ᠠᠮᠵᠢᠯᠲᠠ ᠪᠦᠲᠦᠮᠵᠢ ᠵᠢᠨ ᠬᠠᠮᠢᠶᠠᠷᠤᠯᠲᠠ᠎ᠪᠠᠨ ᠦᠨᠡᠨ ᠬᠦ᠌ ᠴᠢᠩᠭ᠋ᠠᠳᠬᠠᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠬᠢ ᠪᠠᠶᠠᠯᠢᠭ᠎ᠢ ᠬᠥᠲᠥᠯᠥᠨ ᠵᠢᠯᠤᠭᠣᠳᠴᠤ ᠪᠠᠢ᠌ᠭ᠋ᠠᠳ ᠰᠢᠯᠢᠳᠡᠭ ᠴᠢᠳᠠᠪᠤᠷᠢᠲᠠᠨ ᠪᠠ ᠪᠦᠯᠬᠦᠮ ᠨᠡᠢ᠌ᠲᠡ ᠲᠡᠢ᠌ᠰᠢ ᠬᠡᠯᠪᠡᠢ᠌ᠯᠭᠡᠵᠦ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠡᠷᠡᠭᠯᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠎ᠡ ᠃ (ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠂  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠬᠣᠶᠠᠷ ) ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠵᠠᠷᠤᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠴᠢᠩᠭ᠋ᠠᠷᠠᠭᠤᠯᠤᠨ᠎ᠠ ᠃  ᠬᠢᠨᠠᠨ ᠪᠤᠳᠤᠬᠤ ᠂  ᠡᠳ᠋᠎ᠤᠨ ᠵᠠᠰᠠᠭ ᠂  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ  ᠪᠠ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠲᠣᠰ ᠪᠦᠷᠢ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ ᠂  ᠬᠢᠨᠠᠨ ᠪᠣᠳᠣᠯᠲᠠ᠎ᠳᠤ ᠬᠢᠨᠠᠯᠲᠠ ᠲᠠᠯᠪᠢᠬᠤ ᠂  ᠡᠳ᠋᠎ᠤᠨ ᠶᠠᠪᠤᠳᠠᠯ᠎ᠳᠤ ᠬᠢᠨᠠᠯᠲᠠ ᠲᠠᠯᠪᠢᠬᠤ ᠬᠢᠭᠡᠳ ᠡᠳᠦᠷ ᠲᠤᠲᠤᠮ᠎ᠤᠨ ᠬᠢᠨᠠᠯᠲᠠ ᠲᠠᠯᠪᠢᠬᠤ ᠵᠢᠨ ᠨᠡᠪᠲᠡᠷᠡᠯᠴᠡᠨ ᠵᠣᠬᠢᠴᠠᠭᠤᠯᠬᠤ ᠵᠢ ᠴᠢᠩᠭ᠋ᠠᠳᠬᠠᠨ ᠂  ᠬᠢᠨᠠᠯᠲᠠ ᠲᠠᠯᠪᠢᠬᠤ ᠨᠡᠢ᠌ᠯᠡᠮᠡᠯ ᠬᠦᠴᠦᠨ᠎ᠢ ᠴᠢᠩᠭ᠋ᠠᠷᠠᠭᠤᠯᠵᠤ ᠂  ᠰᠠᠬᠢᠯᠭ᠎ᠠ ᠪᠠᠲᠤ ᠳᠦᠷᠢᠮ ᠲᠣᠭᠲᠠᠭ᠋ᠠᠯ ᠎ᠠᠴᠠ ᠵᠥᠷᠢᠴᠡᠭᠰᠡᠨ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠨ᠎ᠡ ᠃  ᠠᠵᠢᠯ ᠶᠠᠪᠤᠳᠠᠯ᠎ᠤᠨ ᠳᠤᠮᠳᠠᠬᠢ ᠪᠠ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠂  ᠬᠢᠨᠠᠯᠲᠠ ᠲᠠᠯᠪᠢᠵᠤ ᠪᠠᠢ᠌ᠴᠠᠭ᠋ᠠᠬᠤ ᠠᠷᠭ᠎ᠠ ᠮᠠᠶᠢᠭ᠎ᠲᠤ ᠰᠢᠨ᠎ᠡ ᠵᠢ ᠡᠭᠦᠳᠴᠦ ᠂  ᠲᠠᠰᠢᠷᠠᠮ ᠳᠠᠭ᠋ᠠᠤ ᠰᠤᠭᠤᠴᠢᠨ ᠪᠠᠢ᠌ᠴᠠᠭ᠋ᠠᠬᠤ ᠪᠠ ᠪᠠᠢ᠌ᠴᠠᠭ᠋ᠠᠯᠲᠠ ᠬᠢᠬᠦ ᠵᠢ ᠬᠡᠷᠡᠭᠵᠢᠭᠦᠯᠦᠨ ᠂  ᠬᠢᠨᠠᠯᠲᠠ ᠲᠠᠯᠪᠢᠵᠤ ᠪᠠᠢ᠌ᠴᠠᠭ᠋ᠠᠭᠰᠠᠨ ᠲᠣᠭ᠎ᠠ ᠪᠠᠷᠢᠮᠲᠠ ᠵᠢ ᠬᠤᠷᠢᠶᠠᠩᠭᠤᠢ᠌ᠯᠠᠨ ᠲᠤᠰᠢᠶᠠᠵᠤ ᠬᠠᠮᠲᠤ᠎ᠪᠠᠷ ᠭᠥᠷᠳᠡᠬᠦ ᠪᠠ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠠᠬᠢᠭᠤᠯᠤᠨ᠎ᠠ ᠃  ᠶᠠᠪᠤᠴᠠ ᠵᠢᠨ ᠪᠠᠢ᠌ᠴᠠᠭ᠋ᠠᠯᠲᠠ ᠵᠢ ᠴᠥᠭᠡᠳᠬᠡᠵᠦ ᠂  ᠲᠣᠮᠣ ᠳ᠋ᠠᠢ᠌ᠲ᠋ᠠ ᠵᠡᠷᠭᠡ ᠮᠡᠳᠡᠭᠡ ᠵᠠᠩᠭᠢ ᠵᠢᠨ ᠮᠡᠷᠭᠡᠵᠢᠯ᠎ᠤᠨ ᠠᠷᠭ᠎ᠠ ᠵᠢ ᠭᠦᠢ᠍ᠴᠡᠳ ᠠᠰᠢᠭᠯᠠᠨ ᠂  ᠬᠢᠨᠠᠯᠲᠠ ᠲᠠᠯᠪᠢᠨ ᠪᠠᠢ᠌ᠴᠠᠭ᠋ᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠃  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠵᠢᠨ ᠬᠠᠤᠯᠢ ᠵᠢᠨ ᠡᠷᠬᠡᠲᠡᠨ᠎ᠤ ᠬᠠᠷᠢᠭᠤᠴᠠᠯᠭ᠎ᠠ ᠵᠢ ᠴᠢᠩᠭ᠋ᠠᠷᠠᠭᠤᠯᠵᠤ ᠂  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠢ ᠵᠠᠷᠤᠳᠠᠯ᠎ᠤᠨ ᠬᠡᠷᠡᠭᠯᠡᠯᠲᠡ ᠵᠢ ᠬᠥᠳᠡᠯᠦᠩᠭᠦᠢ᠎ᠪᠠᠷ ᠬᠢᠨᠠᠨ ᠬᠠᠮᠢᠶᠠᠷᠬᠤ ᠵᠢᠨ ᠬᠠᠮᠲᠤ ᠴᠠᠭ ᠲᠤᠬᠠᠢ᠎ᠳᠤ᠎ᠨᠢ ᠰᠡᠷᠡᠮᠵᠢᠯᠡᠭᠦᠯᠦᠨ ᠰᠠᠨᠠᠭᠤᠯᠵᠤ ᠂  ᠵᠠᠷᠤᠳᠠᠯ᠎ᠢ ᠵᠦᠢ ᠵᠣᠬᠢᠰᠲᠠᠢ ᠵᠢᠷᠤᠮᠵᠢᠭᠤᠯᠤᠨ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ; ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠢ ᠬᠠᠮᠢᠶᠠᠷᠴᠤ ᠬᠡᠷᠡᠭᠯᠡᠬᠦ ᠶᠠᠪᠤᠴᠠ᠎ᠳᠤ ᠢᠯᠡᠷᠡᠭᠰᠡᠨ ᠢᠲᠡᠭᠡᠮᠵᠢ ᠠᠯᠳᠠᠭᠰᠠᠨ ᠪᠠᠢ᠌ᠳᠠᠯ᠎ᠢ ᠢᠲᠡᠭᠡᠮᠵᠢ ᠵᠢᠨ ᠲᠡᠮᠳᠡᠭᠯᠡᠯ᠎ᠤᠨ ᠬᠠᠮᠢᠶᠠᠷᠤᠯᠲᠠ᠎ᠳᠤ ᠣᠷᠣᠭᠤᠯᠵᠤ ᠂  ᠬᠦᠨᠳᠦ ᠨᠣᠴᠢᠲᠠᠢ ᠢᠲᠡᠭᠡᠮᠵᠢ ᠠᠯᠳᠠᠭᠰᠠᠨ ᠠᠵᠢᠯᠯᠠᠭ᠎ᠠ᠎ᠠᠴᠠ ᠬᠠᠷᠢᠭᠤᠴᠠᠯᠭ᠎ᠠ ᠨᠡᠬᠡᠮᠵᠢᠯᠡᠬᠦ ᠪᠠ ᠵᠠᠯᠬᠠᠭ᠋ᠠᠨ ᠴᠡᠭᠡᠷᠯᠡᠭᠦᠯᠦᠨ᠎ᠡ ᠃  ᠬᠠᠮᠢᠶ᠎ᠠ ᠪᠦᠬᠦᠢ ᠠᠯᠳᠠᠭᠳᠠᠯ᠎ᠲᠠᠢ ᠵᠦᠢ᠍ᠯᠡᠰ᠎ᠤᠨ ᠨᠠᠷᠢᠨ ᠲᠠᠩᠰᠠ ᠵᠢ ᠰᠦᠪᠡᠭᠴᠢᠯᠡᠨ ᠲᠣᠭᠲᠠᠭ᠋ᠠᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠦᠷᠦᠯ ᠵᠦᠢ᠍ᠯ᠎ᠤᠨ ᠵᠠᠷᠤᠳᠠᠯ᠎ᠤᠨ ᠬᠡᠷᠡᠭᠯᠡᠯᠲᠡ ᠵᠢᠨ ᠴᠠᠭ᠋ᠠᠵᠠᠯᠠᠬᠤ ᠴᠢᠨᠠᠷᠲᠠᠢ ᠠᠵᠢᠯᠯᠠᠭ᠎ᠠ ᠵᠢ ᠲᠣᠳᠣᠷᠬᠠᠢ᠌ᠯᠠᠵᠤ ᠂  ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠠᠯᠳᠠᠭᠳᠠᠯ᠎ᠲᠠᠢ ᠵᠦᠢ᠍ᠯᠡᠰ᠎ᠤᠨ ᠨᠠᠷᠢᠨ ᠲᠠᠩᠰᠠ ᠵᠢ ᠦᠨᠳᠦᠰᠦᠯᠡᠨ ᠪᠠᠢ᠌ᠴᠠᠭ᠋ᠠᠬᠤ ᠂  ᠬᠢᠨᠠᠨ ᠲᠣᠭᠲᠠᠭ᠋ᠠᠬᠤ ᠂  ᠰᠢᠯᠭ᠋ᠠᠨ ᠬᠤᠷᠢᠶᠠᠵᠤ ᠠᠪᠬᠤ ᠂  ᠬᠢᠨᠠᠨ ᠪᠤᠳᠤᠬᠤ ᠠᠵᠢᠯ ᠬᠢᠵᠦ ᠂  ᠲᠤᠰᠢᠶᠠᠯ ᠵᠶ᠋ᠠᠨ ᠭᠦᠢ᠍ᠴᠡᠳᠬᠡᠬᠦ᠎ᠳᠤ ᠣᠰᠣᠯ ᠪᠤᠷᠤᠭᠤ ᠦᠭᠡᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ᠎ᠠᠴᠠ ᠬᠠᠷᠢᠭᠤᠴᠠᠯᠭ᠎ᠠ ᠨᠡᠬᠡᠮᠵᠢᠯᠡᠬᠦ᠎ᠠᠴᠠ ᠬᠡᠯᠲᠦᠷᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠂  ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠂  ᠲᠦᠷᠦᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠨ ᠨᠠᠢ᠌ᠳᠠᠪᠤᠷᠢᠵᠢᠭᠤᠯᠤᠨ᠎ᠠ )

       ᠨᠠᠢ᠍ᠮᠠ ᠂  ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ

      (ᠨᠢᠭᠡ ) ᠬᠠᠮᠢᠶ᠎ᠠ ᠪᠦᠬᠦᠢ ᠲᠣᠭᠲᠠᠭ᠋ᠠᠯ᠎ᠢ ᠴᠠᠭ ᠲᠤᠬᠠᠢ᠎ᠳᠤ᠎ᠨᠢ ᠢᠯᠭ᠋ᠠᠷᠠᠭᠤᠯᠤᠨ ᠵᠠᠰᠠᠪᠤᠷᠢ ᠣᠷᠣᠭᠤᠯᠤᠨ᠎ᠠ ᠃  ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠰᠠᠨᠠᠯ᠎ᠤᠨ ᠵᠣᠷᠢᠭ ᠰᠠᠨᠠᠭ᠎ᠠ ᠶᠣᠰᠣᠭ᠋ᠠᠷ ᠂  ᠲᠤᠰ ᠰᠠᠯᠠᠭ᠎ᠠ ᠮᠥᠴᠢᠷ᠎ᠤᠨ ᠵᠶ᠋ᠠᠨ ᠭᠣᠣᠯᠴᠢᠯᠠᠨ ᠬᠠᠮᠢᠶᠠᠷᠴᠤ ᠪᠦᠬᠦᠢ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠠᠷᠭ᠎ᠠ ᠵᠢ ᠴᠠᠭ ᠲᠤᠬᠠᠢ᠎ᠳᠤ᠎ᠨᠢ ᠡᠮᠬᠢᠯᠡᠨ ᠲᠢᠭᠯᠡᠬᠥ ᠵᠢᠨ ᠬᠠᠮᠲᠤ ᠵᠠᠰᠠᠪᠤᠷᠢ ᠣᠷᠣᠭᠤᠯᠬᠤ ᠬᠡᠷᠡᠭᠲᠡᠢ ᠃  ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ᠎ᠨᠦᠭᠦᠳ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠪᠠ ᠵᠠᠷᠤᠳᠠᠯ᠎ᠢ ᠬᠠᠮᠢᠶᠠᠷᠴᠤ ᠬᠡᠷᠡᠭᠯᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ ᠂  ᠳᠣᠲᠣᠭ᠋ᠠᠳᠤ ᠵᠢᠨ ᠬᠠᠮᠢᠶᠠᠷᠤᠯᠲᠠ ᠵᠢᠨ ᠳᠦᠷᠢᠮ᠎ᠤᠨ ᠪᠠᠢ᠌ᠭᠤᠯᠤᠯᠲᠠ ᠬᠢᠭᠡᠳ ᠲᠡᠭᠦᠯᠳᠡᠷᠵᠢᠭᠦᠯᠦᠯᠲᠡ ᠵᠢ ᠴᠢᠩᠭ᠋ᠠᠳᠬᠠᠨ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ 》 ᠥᠭᠡᠷᠡᠴᠢᠯᠡᠯᠲᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃

      (ᠬᠣᠶᠠᠷ ) ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠪᠠ ᠪᠣᠯᠪᠠᠰᠤᠷᠠᠯ  ᠬᠢᠬᠦ ᠡᠷᠴᠢᠮ᠎ᠢ ᠴᠢᠩᠭ᠋ᠠᠷᠠᠭᠤᠯᠤᠨ᠎ᠠ ᠃  ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠰᠦᠯᠵᠢᠶᠡᠨ ᠥᠷᠲᠡᠭᠡ ᠂  ᠰᠢᠨ᠎ᠡ ᠵᠠᠭᠤᠴᠢᠯᠠᠭᠤᠷ ᠵᠡᠷᠭᠡ ᠣᠯᠠᠨ ᠵᠦᠢ᠍ᠯ᠎ᠤᠨ ᠠᠷᠭ᠎ᠠ ᠵᠠᠮ ᠵᠢᠴᠢ ᠲᠤᠰᠬᠠᠢ ᠪᠤᠯᠤᠩ ᠨᠡᠭᠡᠭᠡᠬᠦ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠂  ᠲᠥᠪ ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠤᠮᠵᠢ ᠵᠢ  ᠴᠢᠩᠭ᠋ᠠᠳᠬᠠᠵᠤ ᠂  ᠨᠡᠢ᠌ᠭᠡᠮ᠎ᠳᠤ ᠣᠢ᠌ᠯᠠᠭ᠋ᠠᠭᠤᠯᠬᠤ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ ᠃  ᠡᠭᠦᠨ᠎ᠤ ᠬᠠᠮᠲᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ ᠂  ᠡᠳ᠋᠎ᠤᠨ ᠶᠠᠪᠤᠳᠠᠯ᠎ᠤᠨ ᠠᠵᠢᠯᠲᠠᠳ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠡᠳ᠋᠎ᠤᠨ ᠶᠠᠪᠤᠳᠠᠯ᠎ᠤᠨ ᠲᠤᠰᠠᠯᠠᠭᠴᠢ ᠨᠠᠷ ᠂  ᠬᠢᠨᠠᠨ ᠪᠤᠳᠤᠬᠤ ᠠᠵᠢᠯᠲᠠᠳ ᠵᠡᠷᠭᠡ ᠬᠥᠮᠥᠰ᠎ᠲᠤ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠬᠦ ᠡᠷᠴᠢᠮ᠎ᠢ ᠴᠢᠩᠭ᠋ᠠᠷᠠᠭᠤᠯᠵᠤ ᠂  ᠭᠠᠷᠲᠠᠨ ᠭᠦᠢ᠍ᠴᠡᠳᠬᠡᠵᠦ ᠦᠢ᠍ᠯᠡᠴᠢᠯᠡᠵᠦ ᠴᠢᠳᠠᠪᠤᠷᠢ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠵᠤ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠭᠤᠷᠪᠠ ) ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠰᠢᠮᠳᠠᠭᠤᠯᠤᠨ ᠵᠢᠯᠤᠭᠣᠳᠬᠤ ᠵᠢ ᠴᠢᠩᠭ᠋ᠠᠳᠬᠠᠨ᠎ᠠ ᠃  ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠡᠭᠦᠷᠭᠡ ᠴᠢᠳᠠᠪᠬᠢ᠎ᠪᠠᠨ ᠬᠤᠪᠢᠷᠠᠭᠤᠯᠬᠤ ᠵᠢ ᠲᠦᠷᠭᠡᠳᠬᠡᠵᠦ ᠂  ᠦᠢ᠍ᠯᠡᠴᠢᠯᠡᠭᠡᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ ᠂  ᠮᠦᠷᠳᠡᠨ ᠳᠠᠭ᠋ᠠᠵᠤ ᠵᠢᠭ᠋ᠠᠨ ᠵᠢᠯᠤᠭᠣᠳᠬᠤ᠎ᠪᠠᠨ ᠴᠢᠩᠭ᠋ᠠᠳᠬᠠᠵᠤ ᠂  ᠲᠦᠷᠦᠯ ᠵᠦᠢ᠍ᠯ᠎ᠢ ᠬᠠᠷᠢᠭᠤᠴᠠᠬᠤ ᠨᠢᠭᠡᠴᠢ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠪᠠᠢ᠌ᠴᠠᠭ᠋ᠠᠯᠲᠠ ᠬᠢᠬᠦ ᠵᠢ ᠲᠣᠬᠢᠷᠠᠮᠵᠢᠲᠠᠢ ᠴᠠᠭ᠎ᠲᠤ ᠵᠣᠬᠢᠶᠠᠨ ᠪᠠᠢ᠌ᠭᠤᠯᠤᠨ ᠥᠷᠨᠢᠭᠦᠯᠵᠦ ᠂  ᠬᠣᠯᠪᠣᠭᠳᠠᠯ ᠪᠦᠬᠦᠢ ᠠᠰᠠᠭᠤᠳᠠᠯ᠎ᠤᠳ᠎ᠢ ᠴᠠᠭ ᠲᠤᠬᠠᠢ᠎ᠳᠤ᠎ᠨᠢ ᠢᠯᠡᠷᠡᠭᠦᠯᠬᠦ ᠵᠢᠨ ᠬᠠᠮᠲᠤ ᠵᠣᠬᠢᠴᠠᠭᠤᠯᠤᠨ ᠰᠢᠢ᠍ᠳᠪᠦᠷᠢᠯᠡᠵᠦ ᠂  ᠥᠭᠡᠷᠡᠴᠢᠯᠡᠯᠲᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ ᠃  ᠬᠣᠯᠪᠣᠭᠳᠠᠯ ᠪᠦᠬᠦᠢ ᠲᠤᠷᠰᠢᠯᠲᠠ ᠵᠢᠨ ᠳᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠬᠢᠷᠠᠮᠵᠢᠲᠠᠢ ᠴᠠᠭ᠎ᠲᠤ ᠳ᠋ᠦᠩᠨᠡᠨ ᠦᠨᠡᠯᠡᠵᠦ ᠂  ᠪᠦᠲᠦᠮᠵᠢᠲᠡᠶ ᠲᠤᠷᠰᠢᠯᠭ᠎ᠠ ᠪᠠ ᠠᠷᠭ᠎ᠠ ᠬᠢᠳᠡᠯ᠎ᠢ ᠴᠠᠭ ᠲᠤᠬᠠᠢ᠎ᠳᠤ᠎ᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ ᠃

(ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠵᠤ ᠬᠠᠷᠢᠭᠤᠴᠠᠨ ᠨᠠᠢ᠌ᠳᠠᠪᠤᠷᠢᠵᠢᠭᠤᠯᠤᠨ᠎ᠠ )

      (ᠳᠥᠷᠪᠡ ) ᠰᠢᠨ᠎ᠡ ᠬᠠᠭᠤᠴᠢᠨ ᠲᠦᠷᠦ ᠵᠢᠨ ᠪᠣᠳᠣᠯᠭ᠎ᠠ ᠵᠢ ᠰᠠᠢ᠌ᠲᠤᠷ ᠵᠣᠯᠭ᠋ᠠᠭᠤᠯᠬᠤ ᠬᠡᠷᠡᠭᠲᠡᠢ ᠃  ᠲᠤᠰ ᠰᠠᠨᠠᠯ᠎ᠢ ᠳᠠᠷᠤᠮᠠᠯᠯᠠᠨ ᠲᠠᠷᠬᠠᠭ᠋ᠠᠬᠤ ᠦᠶ᠎ᠡ᠎ᠳᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠬᠤᠭᠤᠴᠠᠭ᠎ᠠ ᠨᠢᠭᠡᠨᠲᠡ ᠳᠠᠭᠤᠰᠴᠤ ᠂ ᠰᠤᠳᠤᠯᠤᠯ᠎ᠤᠨ ᠰᠡᠳᠦᠪ᠎ᠢ ᠰᠢᠯᠭ᠋ᠠᠨ ᠬᠤᠷᠢᠶᠠᠵᠤ ᠠᠪᠬᠤ ᠭᠣᠭᠴᠣᠭ᠋ᠠᠨ᠎ᠳᠤ ᠣᠷᠣᠭᠰᠠᠨ ᠲᠥᠷᠥᠯ ᠵᠦᠢ᠍ᠯ᠎ᠤᠨ ᠬᠠᠮᠢᠶ᠎ᠠ ᠪᠦᠬᠦᠢ ᠵᠠᠷᠤᠳᠠᠯ᠎ᠤᠨ ᠬᠠᠮᠢᠶᠠᠷᠤᠯᠲᠠ ᠪᠠ ᠵᠠᠷᠤᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ ᠂  ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠦᠷᠦᠯ ᠵᠦᠢ᠍ᠯ᠎ᠤᠨ ᠵᠠᠷᠤᠳᠠᠯ᠎ᠤᠨ ᠬᠠᠮᠢᠶᠠᠷᠤᠯᠲᠠ ᠵᠡᠷᠭᠡ ᠲᠦᠷᠦ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠰᠠᠨᠠᠯ 》 ᠎ᠤᠨ ᠶᠣᠰᠣᠭ᠋ᠠᠷ ᠵᠢᠴᠢ 2018 ᠣᠨ᠎ᠳᠤ ᠵᠠᠰᠠᠪᠤᠷᠢ ᠣᠷᠣᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠤᠰᠬᠠᠢ ᠪᠡᠯᠡ ᠮᠥᠩᠭᠥ ᠵᠢᠨ ᠡᠯ᠎ᠡ ᠲᠥᠷᠥᠯ᠎ᠤᠨ ᠬᠠᠮᠢᠶᠠᠷᠤᠯᠲᠠ ᠵᠢᠨ ᠠᠷᠭ᠎ᠠ ᠪᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ᠎ᠤᠨ 《ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠥᠷᠥᠯ ᠵᠦᠢ᠍ᠯ᠎ᠤᠨ ᠪᠡᠯᠡ ᠮᠥᠩᠭᠥᠨ᠎ᠤ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ 》 (ᠥᠪᠥᠷ ᠰᠢᠨᠵᠢᠯᠡᠬᠦ ᠬᠥᠭᠵᠢᠭᠦᠯᠦᠯᠲᠡ ᠪᠡᠯᠡ ᠥᠰᠥᠭ [2021] 1 ᠳ᠋ᠦ᠍ᠭᠡᠷ ᠲᠣᠭ᠋ᠠᠲᠤ ) ᠵᠡᠷᠭᠡ ᠤᠤᠯ᠎ᠤᠨ ᠲᠥᠷᠥ ᠵᠢᠨ ᠪᠣᠳᠣᠯᠭ᠎ᠠ᠎ᠳᠤ ᠵᠣᠬᠢᠴᠠᠭᠤᠯᠤᠨ ᠬᠡᠷᠡᠭᠵᠢᠭᠦᠯᠵᠦ ᠂  ᠳᠠᠭᠢᠵᠤ ᠲᠣᠬᠢᠷᠠᠭᠤᠯᠤᠯᠲᠠ ᠬᠢᠬᠦ ᠦᠭᠡᠢ; ᠣᠳᠤ ᠶᠠᠭ ᠬᠡᠷᠡᠭᠵᠢᠭᠦᠯᠬᠦ ᠬᠤᠭᠤᠴᠠᠭ᠋ᠠᠨ᠎ᠳᠤ ᠪᠠᠢ᠌ᠭ᠎ᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠢ ᠪᠣᠯ ᠳᠠᠭ᠋ᠠᠭ᠋ᠠᠨ ᠬᠠᠷᠢᠭᠤᠴᠠᠬᠤ ᠨᠢᠭᠡᠴᠢ᠎ᠨᠢ ᠲᠣᠰ ᠨᠢᠭᠡᠴᠢ ᠵᠢᠨ ᠵᠶ᠋ᠡᠨ ᠪᠣᠳᠠᠲᠤ ᠪᠠᠢ᠌ᠳᠠᠯ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ ᠂  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠳ᠎ᠲᠠᠢ ᠭᠦᠢ᠍ᠴᠡᠳ ᠵᠥᠪᠳᠡᠯᠴᠡᠭᠰᠡᠨ᠎ᠤ ᠳᠠᠷᠠᠭ᠎ᠠ ᠂  ᠤᠤᠯ᠎ᠤᠨ ᠲᠥᠷᠥ ᠵᠢᠨ ᠪᠣᠳᠣᠯᠭ᠎ᠠ ᠪᠤᠶᠤ ᠰᠢᠨ᠎ᠡ ᠲᠥᠷᠥ ᠵᠢᠨ ᠪᠣᠳᠣᠯᠭ᠎ᠠ ᠵᠢ ᠰᠣᠩᠭᠣᠨ ᠬᠡᠷᠡᠭᠵᠢᠭᠦᠯᠵᠦ ᠪᠣᠯᠣᠨ᠎ᠠ ᠂  ᠰᠣᠩᠭᠣᠨ ᠲᠣᠭᠲᠠᠭ᠋ᠠᠭᠰᠠᠨ᠎ᠤ ᠳᠠᠷᠠᠭ᠎ᠠ ᠳᠤᠷ᠎ᠠ᠎ᠪᠠᠷ ᠵᠶ᠋ᠠᠨ ᠰᠣᠯᠢᠵᠤ ᠪᠣᠯᠬᠤ ᠦᠭᠡᠢ ᠃  ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠬᠦ ᠴᠢᠬᠤᠯᠠᠲᠠᠢ ᠵᠦᠢ᠍ᠯᠡᠰ᠎ᠢ ᠬᠠᠮᠢᠶ᠎ᠠ ᠪᠦᠬᠦᠢ ᠠᠯᠬᠤᠮ ᠳᠠᠷᠠᠭ᠋ᠠᠯᠠᠯ᠎ᠢ ᠭᠦᠢ᠍ᠴᠡᠳᠬᠡᠭᠰᠡᠨ᠎ᠤ ᠳᠠᠷᠠᠭ᠎ᠠ ᠬᠡᠷᠡᠭᠵᠢᠭᠦᠯᠦᠨ᠎ᠡ; ᠰᠢᠨ᠎ᠡ᠎ᠪᠠᠷ ᠲᠣᠭᠲᠠᠭ᠋ᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠢ ᠰᠢᠨ᠎ᠡ  ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ ᠃ (ᠲᠥᠷᠥᠯ ᠵᠦᠢ᠍ᠯ᠎ᠢ ᠳᠠᠭ᠋ᠠᠭ᠋ᠠᠨ ᠬᠠᠷᠢᠭᠤᠴᠠᠬᠤ ᠨᠢᠭᠡᠴᠢ ᠂  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠲᠠᠢ ᠬᠠᠮᠲᠤᠷᠠᠵᠤ ᠬᠠᠷᠢᠭᠤᠴᠠᠨ ᠨᠠᠢ᠌ᠳᠠᠪᠤᠷᠢᠵᠢᠭᠤᠯᠤᠨ᠎ᠠ )

       ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂  ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠰᠤᠳᠤᠯᠤᠯ᠎ᠤᠨ ᠲᠥᠷᠥᠯ ᠵᠦᠢ᠍ᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠢᠮ᠎ᠡ ᠶᠣᠰᠣ ᠪᠠ ᠣᠨᠴᠠᠯᠢᠭ᠎ᠲᠠᠢ ᠤᠶᠠᠯᠳᠤᠭᠤᠯᠤᠨ ᠂  ᠲᠣᠰ ᠰᠠᠨᠠᠯ ᠵᠶ᠋ᠠᠷ ᠯᠠᠪᠯᠠᠯᠲᠠ ᠪᠣᠯᠭ᠋ᠠᠵᠤ ᠪᠠᠢ᠌ᠭ᠋ᠠᠳ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ  ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠲᠥᠷᠥᠯ᠎ᠤᠨ ᠰᠤᠳᠤᠯᠤᠯ᠎ᠤᠨ ᠲᠥᠷᠥᠯ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ ᠵᠢ ᠲᠦᠷᠭᠡᠬᠡᠨ ᠲᠣᠭᠲᠠᠭ᠋ᠠᠬᠤ ᠬᠡᠷᠡᠭᠲᠡᠢ ᠃

       ᠡᠯ᠎ᠡ ᠠᠢ᠌ᠮᠠᠭ ᠬᠣᠲᠠ᠎ᠨᠢ ᠲᠣᠰ ᠰᠠᠨᠠᠯ᠎ᠤᠨ ᠵᠣᠷᠢᠭ ᠰᠠᠨᠠᠭ᠎ᠠ᠎ᠪᠠᠷ ᠯᠠᠪᠯᠠᠯᠲᠠ ᠪᠣᠯᠭ᠋ᠠᠵᠤ ᠂  ᠪᠣᠳᠠᠲᠠᠢ᠎ᠲᠠᠢ᠎ᠪᠠᠨ ᠤᠶᠠᠯᠳᠤᠭᠤᠯᠤᠨ ᠂  ᠲᠣᠰ ᠭᠠᠵᠠᠷ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠬᠦ ᠬᠡᠷᠡᠭᠲᠡᠢ ᠃

                                    2022 ᠣᠨ᠎ᠤ 5 ᠳ᠋ᠤᠭ᠋ᠠᠷ ᠰᠠᠷ᠎ᠠ ᠵᠢᠨ 31᠎ᠤ ᠡᠳᠦᠷ

                                    (ᠲᠤᠰ ᠪᠢᠴᠢᠭ ᠮᠠᠲᠸᠷᠢᠶᠠᠯ᠎ᠢ ᠢᠯᠡ ᠨᠡᠢ᠌ᠲᠡᠯᠡᠨ᠎ᠡ )

 

ᠬᠠᠭᠤᠯᠤᠨ ᠢᠯᠡᠭᠡᠬᠦ᠎ᠨᠢ ᠄ 

       ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ ᠂  ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ ᠂  ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ ᠃

       ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ ᠂  ᠤᠯᠤᠰ ᠲᠥᠷᠦ ᠵᠢᠨ ᠵᠥᠪᠯᠡᠯᠭᠡᠨ᠎ᠤ ᠠᠯᠪᠠᠨ ᠲᠢᠩᠬᠢᠮ ᠂  ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠂  ᠠᠷᠠᠳ᠎ᠤᠨ ᠪᠠᠢ᠌ᠴᠠᠭ᠋ᠠᠬᠤ ᠬᠣᠷᠢᠶ᠎ᠠ

       ᠡᠯ᠎ᠡ ᠠᠷᠠᠳ᠎ᠤᠨ ᠪᠦᠯᠬᠦᠮ ᠂  ᠰᠣᠨᠢᠨ ᠮᠡᠳᠡᠭᠡᠨ᠎ᠤ ᠨᠢᠭᠡᠴᠢ ᠃

 

                                     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

                                    2022 ᠣᠨ᠎ᠤ 6 ᠳ᠋ᠤᠭ᠋ᠠᠷ ᠰᠠᠷ᠎ᠠ ᠵᠢᠨ 1᠎ᠤ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠤ ᠡᠮᠴᠢᠯᠡᠭᠡᠨ᠎ᠤ ᠳᠠᠭ᠋ᠠᠳᠬᠠᠯ ᠪᠠ ᠠᠪᠤᠷᠠᠨ ᠲᠤᠰᠠᠯᠠᠬᠤ ᠳᠦᠷᠢᠮ᠎ᠢ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠠᠵᠢᠯ᠎ᠢ ᠭᠦᠨᠵᠡᠭᠡᠢ᠌ᠷᠡᠭᠦᠯᠵᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
            