ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2022] 57 ᠳ᠋ᠤᠭ᠋ᠠᠷ ᠲᠣᠭ᠋ᠠᠲᠤ
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ
ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠠᠵᠢᠯ ᠦᠢ᠍ᠯᠡᠰ᠎ᠤᠨ ᠨᠢᠭᠡᠴᠢ᠎ᠳᠤ᠄
《 ᠲᠥᠰᠥᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ 》 (ᠲᠥᠪ ᠲᠠᠷᠬᠠᠭ᠋ᠠᠭᠰᠠᠨ [2018] 34 ᠳ᠋ᠦ᠍ᠭᠡᠷ ᠲᠣᠭ᠋ᠠᠲᠤ ) ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠮᠠᠨ᠎ᠤ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ ᠬᠣᠲᠠ ᠬᠥᠳᠡᠭᠡ ᠵᠢᠨ ᠦᠨᠳᠦᠰᠦᠨ ᠣᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ ᠵᠢ ᠲᠡᠩᠴᠡᠭᠦᠷᠢ᠎ᠲᠠᠢ ᠪᠣᠯᠭ᠋ᠠᠬᠤ ᠵᠢ ᠠᠬᠢᠭᠤᠯᠬᠤ ᠵᠢᠨ ᠲᠤᠰᠠᠳᠠ ᠂ 《ᠬᠣᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [2015] 67 ᠳ᠋ᠤᠭ᠋ᠠᠷ ᠲᠣᠭ᠋ᠠᠲᠤ) ᠂ 《ᠰᠤᠷᠭ᠋ᠠᠨ ᠬᠥᠮᠦᠵᠢᠯ᠎ᠤᠨ ᠬᠦᠷᠢᠶ᠎ᠡ ᠴᠠᠷᠠᠭ᠋ᠠᠨ᠎ᠳᠠᠬᠢ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2019] 27 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠡᠳᠦᠭᠡ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠪᠡ ᠃
ᠨᠢᠭᠡ ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠤᠳᠠᠭ᠎ᠠ ᠪᠦᠷᠢ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠨᠠᠮ᠎ᠤᠨ ᠲᠥᠪ ᠬᠣᠷᠢᠶ᠎ᠠ ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠦᠴᠦᠯᠡᠨ ᠪᠠᠲᠤᠵᠢᠭᠤᠯᠵᠤ ᠂ ᠡᠷᠬᠡ ᠲᠡᠭᠰᠢ ᠪᠠᠢ᠌ᠬᠤ ᠵᠢ ᠠᠬᠢᠭᠤᠯᠬᠤ ᠂ ᠶᠠᠰᠤ ᠴᠢᠨᠠᠷ᠎ᠢ ᠳᠡᠭᠡᠭᠰᠢᠯᠡᠭᠦᠯᠬᠦ᠎ᠪᠠᠷ ᠡᠬᠢᠯᠡᠴᠡ ᠪᠠ ᠲᠤᠰᠤᠯᠲᠠ ᠪᠣᠯᠭ᠋ᠠᠨ ᠂ ᠬᠣᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ ᠂ ᠬᠣᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠴᠢᠨᠠᠷ ᠰᠠᠢ᠌ᠲᠠᠢ ᠪᠥᠭᠡᠳ ᠲᠡᠩᠴᠡᠭᠦᠷᠢᠲᠡᠢ ᠬᠥᠭᠵᠢᠯᠲᠡ ᠵᠢ ᠴᠢᠷᠮᠠᠢ᠌ᠨ ᠪᠡᠶᠡᠯᠡᠭᠦᠯᠵᠦ ᠂ ᠦᠨᠳᠦᠰᠦᠨ ᠣᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ ᠵᠢ ᠲᠡᠩᠴᠡᠭᠦᠷᠢ᠎ᠲᠠᠢ ᠪᠣᠯᠭ᠋ᠠᠬᠤ ᠵᠢ ᠤᠯᠠᠮ ᠨᠢᠭᠡ ᠠᠯᠬᠤᠮ ᠠᠬᠢᠭᠤᠯᠤᠨ᠎ᠠ ᠃
ᠬᠣᠶᠠᠷ ᠂ ᠭᠣᠣᠯ ᠠᠭᠤᠯᠭ᠎ᠠ
(ᠨᠢᠭᠡ) ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠬᠣᠶᠠᠷ᠎ᠢ ᠬᠡᠯᠲᠦᠷᠢᠭᠦᠯᠵᠦ ᠬᠣᠶᠠᠷ᠎ᠢ ᠨᠥᠬᠥᠪᠦᠷᠢᠯᠡᠬᠦ》 ᠲᠥᠷᠥ ᠵᠢᠨ ᠪᠣᠳᠣᠯᠭ᠎ᠠ ᠃
ᠬᠣᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ 《ᠬᠣᠶᠠᠷ᠎ᠢ ᠬᠡᠯᠲᠦᠷᠢᠭᠦᠯᠵᠦ ᠬᠣᠶᠠᠷ᠎ᠢ ᠨᠥᠬᠥᠪᠦᠷᠢᠯᠡᠬᠦ》 ᠲᠥᠷᠥ ᠵᠢᠨ ᠪᠣᠳᠣᠯᠭ᠎ᠠ (ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠭᠴᠢ ᠵᠢᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠂ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠬᠤ ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠭᠴᠢ ᠪᠠ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠢ᠌ᠷᠢ᠎ᠳᠤ ᠰᠠᠭᠤᠭ᠎ᠠ ᠰᠤᠷᠤᠭᠴᠢ᠎ᠳᠤ ᠠᠮᠢᠳᠤᠷᠠᠯ᠎ᠤᠨ ᠵᠠᠷᠤᠳᠠᠯ ᠨᠥᠬᠥᠪᠦᠷᠢᠯᠡᠬᠦ ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠢ᠌ᠷᠢ᠎ᠳᠤ ᠰᠠᠭᠤᠭ᠎ᠠ ᠰᠤᠷᠤᠭᠴᠢ᠎ᠳᠤ ᠬᠣᠨᠣᠭ᠎ᠤᠨ ᠵᠠᠷᠤᠳᠠᠯ ᠨᠥᠬᠥᠪᠦᠷᠢᠯᠡᠬᠦ ) ᠵᠢ ᠨᠢᠭᠡᠳᠦᠯᠲᠡᠢ ᠬᠡᠷᠡᠭᠵᠢᠭᠦᠯᠬᠦ ᠬᠡᠷᠡᠭᠲᠡᠢ ᠃ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢ ᠰᠤᠷᠭ᠋ᠠᠭᠤᠯᠢ ᠵᠢᠨ ᠨᠡᠢ᠌ᠲᠡ ᠵᠢᠨ ᠬᠡᠷᠡᠭᠯᠡᠭᠡᠨ᠎ᠤ ᠵᠠᠷᠤᠳᠠᠯ᠎ᠢ ᠨᠥᠬᠥᠪᠦᠷᠢᠯᠡᠬᠦ᠎ᠪᠠᠷ ᠳᠠᠮᠵᠢᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ; ᠤᠯᠤᠰ᠎ᠠᠴᠠ ᠲᠣᠭᠲᠠᠭ᠋ᠠᠭᠰᠠᠨ ᠰᠤᠷᠬᠤ ᠪᠢᠴᠢᠭ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠬᠤ ᠪᠠ ᠪᠠᠭ᠎ᠠ ᠰᠤᠷᠭ᠋ᠠᠭᠤᠯᠢ ᠵᠢᠨ ᠨᠢᠭᠡᠳᠦᠭᠡᠷ ᠣᠨ᠎ᠤ ᠰᠢᠨ᠎ᠡ ᠰᠤᠷᠤᠭᠴᠢᠳ᠎ᠲᠤ ᠵᠢᠩᠬᠢᠨᠢ ᠬᠡᠪᠯᠡᠯ᠎ᠤᠨ ᠰᠤᠷᠤᠭᠴᠢ ᠵᠢᠨ ᠲᠣᠯᠢ ᠪᠢᠴᠢᠭ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠬᠤ᠎ᠳᠤ ᠬᠡᠷᠡᠭᠰᠡᠬᠦ ᠪᠡᠯᠡ ᠮᠥᠩᠭᠥ ᠵᠢ ᠲᠥᠪ᠎ᠤᠨ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ; ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠬᠢᠴᠢᠶᠡᠯ᠎ᠳᠤ ᠬᠡᠷᠡᠭᠯᠡᠬᠦ ᠰᠤᠷᠬᠤ ᠪᠢᠴᠢᠭ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠬᠤ ᠪᠠ ᠦᠨᠳᠦᠰᠦᠲᠡᠨ᠎ᠤ ᠬᠡᠯᠡ ᠪᠢᠴᠢᠭ ᠰᠤᠷᠴᠤ ᠪᠠᠢ᠌ᠭ᠎ᠠ ᠪᠠᠭ᠎ᠠ ᠰᠤᠷᠭ᠋ᠠᠭᠤᠯᠢ ᠵᠢᠨ ᠨᠢᠭᠡᠳᠦᠭᠡᠷ ᠣᠨ᠎ᠤ ᠰᠢᠨ᠎ᠡ ᠰᠤᠷᠤᠭᠴᠢᠳ᠎ᠲᠤ ᠵᠢᠩᠬᠢᠨᠢ ᠬᠡᠪᠯᠡᠯ᠎ᠤᠨ 《ᠰᠤᠷᠤᠭᠴᠢ ᠵᠢᠨ ᠮᠣᠩᠭᠣᠯ ᠬᠡᠯᠡᠨ᠎ᠤ ᠲᠣᠯᠢ》 ᠵᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠬᠤ᠎ᠳᠤ ᠬᠡᠷᠡᠭᠰᠡᠬᠦ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ; ᠠᠢ᠌ᠮᠠᠭ ᠬᠣᠲᠠ ᠵᠢᠨ ᠲᠣᠭᠲᠠᠭ᠋ᠠᠭᠰᠠᠨ ᠰᠤᠷᠬᠤ ᠪᠢᠴᠢᠭ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠬᠤ᠎ᠳᠤ ᠬᠡᠷᠡᠭᠰᠡᠬᠦ ᠪᠡᠯᠡ ᠮᠥᠩᠭᠥ ᠵᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ ᠃
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠨᠥᠬᠥᠪᠦᠷᠢ ᠃ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠪᠠᠢ᠌ᠷᠢ᠎ᠳᠤ ᠰᠠᠭᠤᠭ᠎ᠠ ᠰᠤᠷᠤᠭᠴᠢ ᠵᠢ ᠥᠪᠡᠷᠲᠡᠭᠡᠨ ᠵᠠᠰᠠᠬᠤ ᠣᠷᠣᠨ᠎ᠠᠴᠠ ᠪᠠᠢ᠌ᠷᠢ᠎ᠳᠤ ᠰᠠᠭᠤᠭ᠎ᠠ ᠰᠤᠷᠤᠭᠴᠢ ᠵᠢᠨ 60 %᠎ᠪᠠᠷ ᠲᠥᠰᠥᠭᠡᠯᠡᠨ ᠪᠣᠳᠣᠵᠤ ᠂ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠪᠠᠢ᠌ᠷᠢ᠎ᠳᠤ ᠥᠯᠥ ᠰᠠᠭᠤᠭ᠎ᠠ ᠰᠤᠷᠤᠭᠴᠢ ᠵᠢ ᠥᠪᠡᠷᠲᠡᠭᠡᠨ ᠵᠠᠰᠠᠬᠤ ᠣᠷᠣᠨ᠎ᠠᠴᠠ ᠪᠠᠢ᠌ᠷᠢ᠎ᠳᠤ ᠥᠯᠥ ᠰᠠᠭᠤᠭ᠎ᠠ ᠰᠤᠷᠤᠭᠴᠢ ᠵᠢᠨ 20 %᠎ᠪᠠᠷ ᠲᠥᠰᠥᠭᠡᠯᠡᠨ ᠪᠣᠳᠣᠨ᠎ᠠ ᠂ ᠡᠯ᠎ᠡ ᠠᠢ᠌ᠮᠠᠭ ᠬᠣᠲᠠ᠎ᠨᠢ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠬᠣᠰᠢᠭᠤ ᠰᠢᠶᠠᠨ (ᠬᠣᠲᠠ ᠂ ᠲᠣᠭᠣᠷᠢᠭ) ᠂ ᠰᠤᠷᠭ᠋ᠠᠭᠤᠯᠢ ᠬᠤᠪᠢᠶᠠᠵᠤ ᠪᠠᠢ᠌ᠭ᠋ᠠᠳ ᠲᠥᠰᠥᠭᠡᠯᠡᠨ ᠪᠤᠳᠤᠬᠤ ᠬᠡᠷᠡᠭᠲᠡᠢ ᠃ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠪᠠᠢ᠌ᠷᠢ᠎ᠳᠤ ᠰᠠᠭᠤᠭ᠎ᠠ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠨᠥᠬᠥᠪᠦᠷᠢ ᠵᠢᠨ ᠪᠠᠷᠢᠮᠵᠢᠶ᠎ᠠ ᠵᠢ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠪᠠᠭ᠎ᠠ ᠰᠤᠷᠭ᠋ᠠᠭᠤᠯᠢ᠎ᠳᠤ ᠪᠣᠯ 1000 ᠲᠥᠭᠥᠷᠢᠭ ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠣᠯ 1250 ᠲᠥᠭᠥᠷᠢᠭ ᠵᠶ᠋ᠠᠷ ᠬᠡᠷᠡᠭᠵᠢᠭᠦᠯᠵᠦ ᠂ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠪᠠᠢ᠌ᠷᠢ᠎ᠳᠤ ᠥᠯᠥ ᠰᠠᠭᠤᠭ᠎ᠠ ᠰᠤᠷᠤᠭᠴᠢᠳ᠎ᠤᠨ ᠠᠮᠢᠳᠤᠷᠠᠯ᠎ᠤᠨ ᠵᠠᠷᠤᠳᠠᠯ᠎ᠤᠨ ᠨᠥᠬᠥᠪᠦᠷᠢ ᠵᠢᠨ ᠪᠠᠷᠢᠮᠵᠢᠶ᠎ᠠ ᠵᠢ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠪᠠᠭ᠎ᠠ ᠰᠤᠷᠭ᠋ᠠᠭᠤᠯᠢ᠎ᠳᠤ ᠪᠣᠯ 500 ᠲᠥᠭᠥᠷᠢᠭ ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠣᠯ 625 ᠲᠥᠭᠥᠷᠢᠭ ᠵᠶ᠋ᠡᠷ ᠬᠡᠷᠡᠭᠵᠢᠭᠦᠯᠬᠦ ᠬᠡᠷᠡᠭᠲᠡᠢ ᠃ ᠬᠡᠷᠡᠭᠰᠡᠬᠦ ᠪᠡᠯᠡ ᠮᠥᠩᠭᠥ ᠵᠢ ᠲᠥᠪ ᠪᠠ ᠣᠷᠣᠨ ᠨᠤᠲᠤᠭ 5᠄ 5 ᠵᠢᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠬᠦ ᠬᠡᠷᠡᠭᠲᠡᠢ ᠃ ᠣᠷᠣᠨ ᠨᠤᠲᠤᠭ᠎ᠤᠨ ᠬᠤᠪᠢᠳᠠᠨ ᠡᠭᠦᠷᠭᠡᠯᠡᠬᠦ 50 % ᠵᠢᠨ ᠬᠡᠰᠡᠭ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠤᠷᠤᠭᠴᠢ ᠵᠢᠨ ᠬᠡᠷᠡᠭᠰᠡᠬᠦ ᠵᠠᠷᠤᠳᠠᠯ ᠪᠦᠬᠦᠨ᠎ᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠵᠦ ᠂ ᠪᠤᠰᠤᠳ ᠰᠤᠷᠤᠭᠴᠢᠳ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠬᠠᠷᠢᠴᠠᠯ ᠶᠣᠰᠣᠭ᠋ᠠᠷ ᠬᠤᠪᠢᠳᠠᠨ ᠡᠭᠦᠷᠭᠡᠯᠡᠬᠦ ᠬᠡᠷᠡᠭᠲᠡᠢ ᠃ ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠢ᠌ᠷᠢ᠎ᠳᠤ ᠰᠠᠭᠤᠭ᠎ᠠ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠨᠥᠬᠥᠪᠦᠷᠢ ᠵᠢᠨ ᠪᠠᠷᠢᠮᠵᠢᠶ᠎ᠠ ᠵᠢ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠪᠠᠭ᠎ᠠ ᠰᠤᠷᠭ᠋ᠠᠭᠤᠯᠢ᠎ᠳᠤ ᠪᠣᠯ 1350 ᠲᠥᠭᠥᠷᠢᠭ ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠣᠯ 1620 ᠲᠥᠭᠥᠷᠢᠭ ᠵᠶ᠋ᠠᠷ ᠬᠡᠷᠡᠭᠵᠢᠭᠦᠯᠵᠦ ᠂ ᠬᠡᠷᠡᠭᠰᠡᠬᠦ ᠪᠡᠯᠡ ᠮᠥᠩᠭᠥᠨ᠎ᠤ ᠲᠥᠪ᠎ᠤᠨ ᠨᠥᠬᠥᠪᠦᠷᠢ ᠵᠢᠨ ᠪᠠᠷᠢᠮᠵᠢᠶ᠎ᠠ᠎ᠠᠴᠠ ᠬᠡᠲᠦᠷᠡᠭᠰᠡᠨ ᠬᠡᠰᠡᠭ᠎ᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ ᠃ ᠪᠠᠢ᠌ᠷᠢ᠎ᠳᠤ ᠰᠠᠭᠤᠭ᠎ᠠ ᠰᠤᠷᠤᠭᠴᠢ ᠵᠢᠨ ᠬᠣᠨᠣᠭ᠎ᠤᠨ ᠵᠠᠷᠤᠳᠠᠯ᠎ᠤᠨ ᠨᠥᠬᠥᠪᠦᠷᠢ ᠵᠢᠨ ᠪᠠᠷᠢᠮᠵᠢᠶ᠎ᠠ᠎ᠨᠢ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠪᠠᠭ᠎ᠠ ᠰᠤᠷᠭ᠋ᠠᠭᠤᠯᠢ᠎ᠳᠤ ᠪᠣᠯ 100 ᠲᠥᠭᠥᠷᠢᠭ ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠣᠯ 120 ᠲᠥᠭᠥᠷᠢᠭ ᠪᠠᠢ᠌ᠵᠤ ᠂ ᠬᠡᠷᠡᠭᠰᠡᠬᠦ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ ᠃
(ᠬᠣᠶᠠᠷ) ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠥᠪᠦᠷᠢ ᠵᠢᠨ ᠲᠥᠷᠥ ᠵᠢᠨ ᠪᠣᠳᠣᠯᠭ᠎ᠠ ᠃
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠤᠷᠤᠭᠴᠢ ᠵᠢᠨ ᠳᠤᠮᠳᠠᠴᠢ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠰᠠᠭᠤᠷᠢ ᠪᠠᠷᠢᠮᠵᠢᠶᠠᠲᠤ ᠲᠣᠭᠲᠠᠭ᠋ᠠᠭᠰᠠᠨ ᠲᠣᠭ᠎ᠠ᠎ᠨᠢ᠄ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠪᠠᠭ᠎ᠠ ᠰᠤᠷᠭ᠋ᠠᠭᠤᠯᠢ᠎ᠳᠤ ᠪᠣᠯ 650 ᠲᠥᠭᠥᠷᠢᠭ ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠣᠯ 850 ᠲᠥᠭᠥᠷᠢᠭ ᠪᠣᠯᠣᠨ᠎ᠠ ᠃ ᠡᠭᠦᠨ᠎ᠤ ᠰᠠᠭᠤᠷᠢᠨ ᠳᠡᠭᠡᠷ᠎ᠡ ᠂ ᠪᠠᠢ᠌ᠷᠢ᠎ᠳᠤ ᠰᠠᠭᠤᠬᠤ ᠳᠦᠷᠢᠮᠲᠦ ᠰᠤᠷᠭ᠋ᠠᠭᠤᠯᠢ᠎ᠳᠤ ᠪᠣᠯ ᠪᠠᠢ᠌ᠷᠢ᠎ᠳᠤ ᠰᠠᠭᠤᠬᠤ ᠰᠣᠷᠣᠭᠴᠢ ᠨᠢᠭᠡᠪᠦᠷᠢ᠎ᠳᠤ ᠵᠢᠯ᠎ᠳᠤ᠎ᠪᠠᠨ ᠳᠤᠮᠳᠠᠴᠢ᠎ᠪᠠᠷ 200 ᠲᠥᠭᠥᠷᠢᠭ᠎ᠤᠨ ᠪᠠᠷᠢᠮᠵᠢᠶ᠎ᠠ᠎ᠪᠠᠷ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠥᠪᠦᠷᠢ ᠵᠢ᠎ᠨᠢ ᠨᠡᠮᠡᠭᠳᠡᠭᠦᠯᠬᠦ ᠬᠡᠷᠡᠭᠲᠡᠢ; ᠲᠠᠷᠢᠶᠠᠯᠠᠬᠤ ᠮᠠᠯᠵᠢᠬᠤ ᠣᠷᠣᠨ᠎ᠤ 100 ᠬᠥᠮᠥᠨ ᠬᠦᠷᠬᠦ ᠦᠭᠡᠢ ᠬᠡᠪᠴᠢᠶ᠎ᠡ᠎ᠪᠠᠷ ᠨᠡᠯᠢᠶᠡᠳ ᠪᠠᠭ᠎ᠠ ᠰᠤᠷᠭ᠋ᠠᠭᠤᠯᠢ ᠵᠢᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠥᠪᠦᠷᠢ ᠵᠢ 100 ᠬᠥᠮᠥᠨ ᠵᠶ᠋ᠡᠷ ᠬᠠᠷᠭᠤᠭᠤᠯᠤᠨ ᠲᠣᠭᠲᠠᠭ᠋ᠠᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ; ᠣᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠰᠣᠷᠣᠨᠨᠴᠢ ᠪᠠ ᠠᠩᠭᠢ ᠳᠠᠭ᠋ᠠᠵᠤ ᠰᠤᠷᠤᠯᠴᠠᠵᠤ ᠪᠠᠢ᠌ᠭ᠎ᠠ ᠵᠡᠮᠳᠡᠭ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ 6000 ᠲᠥᠭᠥᠷᠢᠭ᠎ᠤᠨ ᠪᠠᠷᠢᠮᠵᠢᠶ᠎ᠠ᠎ᠪᠠᠷ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠥᠪᠦᠷᠢ ᠣᠯᠭᠣᠬᠤ ᠬᠡᠷᠡᠭᠲᠡᠢ ᠃ ᠥᠨᠳᠥᠷᠯᠢᠭ ᠬᠦᠢ᠍ᠲᠡᠨ ᠣᠷᠣᠨ (ᠬᠥᠯᠥᠨ ᠪᠤᠶ᠋ᠢᠷ ᠬᠣᠲᠠ ᠂ ᠬᠢᠩᠭ᠋ᠠᠨ ᠠᠢ᠌ᠮᠠᠭ ᠂ ᠰᠢᠯᠢ ᠵᠢᠨ ᠭᠣᠣᠯ ᠠᠢ᠌ᠮᠠᠭ ᠂ ᠮᠠᠨᠵᠤᠤᠷ ᠬᠣᠲᠠ ᠂ ᠡᠷᠢᠶᠡᠨ ᠬᠣᠲᠠ) ᠪᠠ ᠪᠤᠰᠤᠳ ᠭᠠᠵᠠᠷ ᠣᠷᠣᠨ᠎ᠳᠤ ᠲᠤᠰ ᠲᠤᠰ ᠰᠤᠷᠤᠭᠴᠢ ᠨᠢᠭᠡᠪᠦᠷᠢ᠎ᠳᠤ ᠵᠢᠯ᠎ᠳᠤ᠎ᠪᠠᠨ ᠳᠤᠮᠳᠠᠴᠢ᠎ᠪᠠᠷ 235 ᠲᠥᠭᠥᠷᠢᠭ ᠪᠠ 215 ᠲᠥᠭᠥᠷᠢᠭ ᠵᠶ᠋ᠠᠷ ᠳᠤᠯᠠᠭ᠋ᠠᠯᠠᠭ᠎ᠠ ᠵᠢᠨ ᠵᠠᠷᠤᠳᠠᠯ᠎ᠤᠨ ᠨᠥᠬᠥᠪᠦᠷᠢ ᠣᠯᠭᠣᠬᠤ ᠬᠡᠷᠡᠭᠲᠡᠢ ᠃ ᠰᠤᠷᠤᠭᠴᠢ ᠵᠢᠨ ᠳᠤᠮᠳᠠᠴᠢ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠰᠠᠭᠤᠷᠢ ᠪᠠᠷᠢᠮᠵᠢᠶᠠᠲᠤ ᠲᠣᠭᠲᠠᠭ᠋ᠠᠭᠰᠠᠨ ᠲᠣᠭ᠎ᠠ ᠪᠠ ᠳᠤᠯᠠᠭ᠋ᠠᠯᠠᠭ᠎ᠠ ᠵᠢᠨ ᠵᠠᠷᠤᠳᠠᠯ᠎ᠤᠨ ᠨᠥᠬᠥᠪᠦᠷᠢ᠎ᠳᠤ ᠬᠡᠷᠡᠭᠰᠡᠬᠦ ᠪᠡᠯᠡ ᠮᠥᠩᠭᠥ ᠵᠢ ᠲᠥᠪ ᠪᠠ ᠣᠷᠣᠨ ᠨᠤᠲᠤᠭ 8᠄ 2 ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠵᠦ ᠂ ᠥᠪᠡᠷᠲᠡᠭᠡᠨ ᠵᠠᠰᠠᠬᠤ ᠣᠷᠣᠨ 20 % ᠵᠢᠨ ᠬᠡᠰᠡᠭ᠎ᠢ᠎ᠨᠢ ᠬᠤᠪᠢᠳᠠᠨ ᠡᠭᠦᠷᠭᠡᠯᠡᠨ᠎ᠡ ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠬᠡᠷᠡᠭᠰᠡᠬᠦ ᠵᠠᠷᠤᠳᠠᠯ ᠪᠦᠬᠦᠨ᠎ᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ ᠂ ᠪᠤᠰᠤᠳ ᠰᠤᠷᠭ᠋ᠠᠭᠤᠯᠢ ᠵᠢᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠶᠣᠰᠣᠭ᠋ᠠᠷ ᠬᠤᠪᠢᠳᠠᠨ ᠡᠭᠦᠷᠭᠡᠯᠡᠬᠦ ᠬᠡᠷᠡᠭᠲᠡᠢ ᠃
ᠲᠠᠷᠢᠶᠠᠯᠠᠬᠤ ᠮᠠᠯᠵᠢᠬᠤ ᠣᠷᠣᠨ ᠂ ᠬᠢᠯᠢ ᠬᠢᠵᠠᠭ᠋ᠠᠷ ᠣᠷᠣᠨ᠎ᠤ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠣᠳᠣ ᠵᠢᠨ ᠬᠡᠷᠡᠭᠵᠢᠭᠦᠯᠵᠦ ᠪᠠᠢ᠌ᠭ᠎ᠠ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠥᠪᠦᠷᠢ ᠵᠢᠨ ᠪᠠᠷᠢᠮᠵᠢᠶ᠎ᠠ᠎ᠨᠢ ᠰᠠᠭᠤᠷᠢ ᠪᠠᠷᠢᠮᠵᠢᠶᠠᠲᠤ ᠲᠣᠭᠲᠠᠭ᠋ᠠᠭᠰᠠᠨ ᠲᠣᠭ᠎ᠠ᠎ᠠᠴᠠ ᠳᠡᠭᠡᠭᠦᠷ ᠪᠠᠢ᠌ᠪᠠᠯ ᠂ ᠲᠦᠪᠰᠢᠨ᠎ᠢ᠎ᠨᠢ ᠪᠠᠭᠤᠷᠠᠭᠤᠯᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠵᠢᠨ ᠬᠠᠮᠲᠤ ᠂ ᠡᠯ᠎ᠡ ᠭᠠᠵᠠᠷ ᠣᠷᠣᠨ ᠪᠣᠳᠠᠲᠠᠢ᠎ᠲᠠᠢ᠎ᠪᠠᠨ ᠤᠶᠠᠯᠳᠤᠭᠤᠯᠤᠨ ᠨᠡᠶ᠋ᠢᠲᠡ ᠵᠢᠨ ᠬᠡᠷᠡᠭᠯᠡᠭᠡᠨ᠎ᠤ ᠵᠠᠷᠤᠳᠠᠯ᠎ᠤᠨ ᠨᠥᠬᠥᠪᠦᠷᠢ ᠵᠢᠨ ᠪᠠᠷᠢᠮᠵᠢᠶ᠎ᠠ᠎ᠪᠠᠨ ᠳᠡᠭᠡᠭᠰᠢᠯᠡᠭᠦᠯᠬᠦ ᠵᠢ ᠵᠣᠷᠢᠭᠵᠢᠭᠤᠯᠬᠤ ᠬᠡᠷᠡᠭᠲᠡᠢ ᠃
(ᠭᠤᠷᠪᠠ) ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠢ᠌ᠷᠢ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠤᠷᠲᠤ ᠬᠤᠭᠤᠴᠠᠭ᠋ᠠᠨ᠎ᠤ ᠪᠦᠲᠦᠮᠵᠢ᠎ᠲᠠᠢ ᠲᠣᠭᠲᠠᠴᠠ ᠃
ᠠᠯᠪᠠᠨ᠎ᠠᠴᠠ ᠡᠷᠬᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠢ᠌ᠷᠢ ᠵᠢᠴᠢ ᠲᠡᠭᠦᠨ᠎ᠤ ᠳᠠᠭ᠋ᠠᠯᠲᠠ ᠪᠡᠯᠡᠳᠬᠡᠮᠵᠢ᠎ᠪᠠᠨ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ ᠂ ᠭᠠᠵᠠᠷ ᠬᠥᠳᠡᠯᠦᠯᠲᠡ ᠵᠢ ᠳᠠᠭ᠋ᠠᠭ᠋ᠠᠯᠭ᠋ᠠᠬᠤ᠎ᠪᠠᠷ ᠪᠡᠬᠢᠵᠢᠭᠦᠯᠬᠦ ᠂ ᠰᠢᠨᠡᠳᠬᠡᠵᠦ ᠥᠷᠭᠡᠳᠬᠡᠨ ᠪᠠᠶ᠋ᠢᠭᠤᠯᠬᠤ ᠵᠢ ᠲᠡᠮᠵᠢᠬᠦ ᠬᠡᠷᠡᠭᠲᠡᠢ ᠃ ᠲᠠᠷᠢᠶᠠᠯᠠᠬᠤ ᠮᠠᠯᠵᠢᠬᠤ ᠣᠷᠣᠨ᠎ᠤ ᠠᠯᠪᠠᠨ᠎ᠠᠴᠠ ᠡᠷᠬᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠢ᠌ᠷᠢ ᠵᠢ ᠰᠡᠯᠪᠢᠨ ᠵᠠᠰᠠᠵᠤ ᠥᠭᠡᠷᠡᠴᠢᠯᠡᠨ ᠰᠢᠨᠡᠳᠬᠡᠬᠦ ᠳᠤ ᠨᠥᠬᠥᠪᠦᠷᠢ ᠣᠯᠭᠣᠵᠤ ᠂ ᠨᠥᠬᠥᠪᠦᠷᠢ ᠵᠢᠨ ᠪᠠᠷᠢᠮᠵᠢᠶ᠎ᠠ ᠵᠢ ᠤᠯᠤᠰ᠎ᠤᠨ ᠨᠢᠭᠡᠳᠦᠯᠲᠡᠢ ᠪᠠᠷᠢᠮᠵᠢᠶ᠎ᠠ᠎ᠪᠠᠷ ᠬᠡᠷᠡᠭᠵᠢᠭᠦᠯᠦᠨ ᠂ ᠬᠡᠷᠡᠭᠰᠡᠬᠦ ᠪᠡᠯᠡ ᠮᠥᠩᠭᠥ ᠵᠢ ᠲᠥᠪ ᠪᠠ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ 8᠄ 2 ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠬᠦ ᠬᠡᠷᠡᠭᠲᠡᠢ ᠃ ᠡᠯ᠎ᠡ ᠠᠢ᠌ᠮᠠᠭ ᠬᠣᠲᠠ᠎ᠨᠢ ᠬᠣᠲᠠ ᠵᠢᠨ ᠠᠯᠪᠠᠨ᠎ᠠᠴᠠ ᠡᠷᠬᠢᠯᠡᠭᠰᠡᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠪᠠᠢ᠌ᠷᠢ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠲᠣᠭᠲᠠᠴᠠ ᠵᠢ ᠪᠠᠢ᠌ᠭᠤᠯᠵᠤ ᠂ ᠬᠡᠷᠡᠭᠰᠡᠬᠦ ᠪᠡᠯᠡ ᠮᠥᠩᠭᠥ ᠵᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ ᠃
(ᠳᠥᠷᠪᠡ) ᠬᠣᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠴᠠᠯᠢᠩ᠎ᠢ ᠲᠣᠭ᠎ᠠ ᠶᠣᠰᠣᠭ᠋ᠠᠷ ᠭᠦᠢ᠍ᠴᠡᠳ ᠣᠯᠭᠣᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠦᠷᠭᠦᠯᠵᠢᠯᠡᠨ ᠡᠩ᠎ᠤᠨ ᠴᠢᠨᠠᠷᠲᠠᠢ ᠰᠢᠯᠵᠢᠭᠦᠯᠦᠨ ᠥᠭᠬᠦ᠎ᠪᠠᠷ ᠳᠠᠮᠵᠢᠭᠤᠯᠤᠨ ᠠᠢ᠌ᠮᠠᠭ ᠬᠣᠲᠠ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠴᠠᠯᠢᠩ᠎ᠤᠨ ᠵᠠᠷᠤᠳᠠᠯ᠎ᠢ ᠨᠢᠭᠡᠳᠦᠯᠲᠡᠢ ᠲᠥᠯᠥᠪᠯᠡᠬᠦ᠎ᠳᠤ ᠳᠡᠮᠵᠢᠯᠭᠡ ᠦᠵᠡᠭᠦᠯᠬᠦ ᠬᠡᠷᠡᠭᠲᠡᠢ ᠃ ᠠᠢ᠌ᠮᠠᠭ ᠬᠣᠲᠠ ᠵᠢᠨ ᠡᠳ᠋᠎ᠤᠨ ᠵᠠᠰᠠᠭ᠎ᠨᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠ ᠲᠣᠰ ᠱᠠᠲᠤᠨ᠎ᠤ ᠡᠳ᠋᠎ᠤᠨ ᠬᠦᠴᠦᠨ᠎ᠢ ᠨᠢᠭᠡᠳᠦᠯᠲᠡᠢ ᠲᠥᠯᠥᠪᠯᠡᠨ ᠬᠡᠷᠡᠭᠯᠡᠵᠦ ᠪᠠᠢ᠌ᠭ᠋ᠠᠳ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠪᠠᠭᠰᠢ ᠵᠢᠨ ᠴᠠᠯᠢᠩ᠎ᠢ ᠴᠠᠭ ᠲᠤᠬᠠᠢᠳᠤᠨᠢ ᠲᠣᠭ᠎ᠠ ᠶᠣᠰᠣᠭ᠋ᠠᠷ ᠭᠦᠢ᠍ᠴᠡᠳ ᠣᠯᠭᠣᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠠᠴᠠ ᠤᠤᠯ᠎ᠤᠨ ᠲᠥᠪᠯᠡᠷᠡᠨ ᠵᠠᠯᠭ᠋ᠠᠯᠳᠤᠭᠰᠠᠨ ᠣᠨᠴᠠ ᠬᠦᠴᠢᠷᠳᠡᠯᠲᠡᠢ ᠭᠠᠵᠠᠷ ᠣᠷᠣᠨ᠎ᠤ ᠬᠥᠳᠡᠭᠡ ᠲᠣᠰᠬᠣᠨ᠎ᠤ ᠪᠠᠭᠰᠢ᠎ᠳᠤ ᠦᠷᠭᠦᠯᠵᠢᠯᠡᠨ ᠠᠮᠢᠳᠤᠷᠠᠯ᠎ᠤᠨ ᠨᠥᠬᠥᠪᠦᠷᠢ ᠣᠯᠭᠣᠵᠤ ᠂ ᠨᠥᠬᠥᠪᠦᠷᠢ ᠵᠢᠨ ᠪᠠᠷᠢᠮᠵᠢᠶ᠎ᠠ᠎ᠨᠢ ᠰᠤᠮᠤ ᠰᠢᠶᠠᠩ ᠪᠠᠯᠭ᠋ᠠᠰᠤᠨ᠎ᠤ ᠰᠤᠷᠭ᠋ᠠᠭᠤᠯᠢ ᠵᠢᠨ ᠪᠠᠭᠰᠢ ᠪᠦᠷᠢ᠎ᠳᠤ ᠰᠠᠷ᠎ᠠ᠎ᠳᠤ᠎ᠪᠠᠨ 300 ᠲᠥᠭᠥᠷᠢᠭ ᠂ ᠲᠣᠰᠬᠣᠨ᠎ᠤ ᠪᠠᠭ᠎ᠠ ᠰᠤᠷᠭ᠋ᠠᠭᠤᠯᠢ ᠵᠢᠴᠢ ᠵᠢᠭ᠋ᠠᠨ ᠰᠤᠷᠭ᠋ᠠᠯᠲᠠ ᠵᠢᠨ ᠴᠡᠭ᠎ᠤᠨ ᠪᠠᠭᠰᠢ ᠪᠦᠷᠢ᠎ᠳᠤ ᠰᠠᠷ᠎ᠠ᠎ᠳᠤ᠎ᠪᠠᠨ 400 ᠲᠥᠭᠥᠷᠢᠭ ᠪᠠᠢ᠌ᠵᠤ ᠂ ᠬᠡᠷᠡᠭᠰᠡᠬᠦ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠬᠦ ᠬᠡᠷᠡᠭᠲᠡᠢ ᠃
ᠬᠣᠢ᠌ᠰᠢᠳᠠ ᠵᠢᠨ ᠣᠨ ᠵᠢᠯ᠎ᠤᠳ᠎ᠳᠤ ᠂ ᠲᠥᠪ᠎ᠤᠨ ᠲᠥᠷᠥ ᠵᠢᠨ ᠪᠣᠳᠣᠯᠭ᠎ᠠ ᠪᠠ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠶᠠᠪᠤᠴᠠ᠎ᠳᠤ ᠢᠯᠡᠷᠡᠭᠰᠡᠨ ᠰᠢᠨ᠎ᠡ ᠪᠠᠢ᠌ᠳᠠᠯ ᠂ ᠰᠢᠨ᠎ᠡ ᠠᠰᠠᠭᠤᠳᠠᠯ᠎ᠢ ᠦᠨᠳᠦᠰᠦᠯᠡᠨ ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠴᠠᠭᠲᠤᠨᠢ ᠲᠣᠬᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠢ ᠃
ᠭᠤᠷᠪᠠ ᠂ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ
(ᠨᠢᠭᠡ) ᠬᠡᠷᠡᠭᠵᠢᠭᠦᠯᠬᠦ ᠬᠡᠪᠴᠢᠶ᠎ᠡ᠄ ᠪᠦᠬᠦ ᠣᠷᠣᠨ᠎ᠤ ᠪᠤᠶ ᠪᠦᠬᠦᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ (ᠠᠷᠠᠳ᠎ᠠᠴᠠ ᠡᠷᠬᠢᠯᠡᠭᠰᠡᠨ ᠰᠤᠷᠭ᠋ᠠᠭᠤᠯᠢ ᠪᠠᠭᠲᠠᠨ᠎ᠠ) ᠃
(ᠬᠣᠶᠠᠷ) ᠬᠡᠷᠡᠭᠵᠢᠭᠦᠯᠬᠦ ᠴᠠᠭ ᠬᠤᠭᠤᠴᠠᠭ᠎ᠠ᠄ 2022 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠵᠦ ᠬᠡᠷᠡᠭᠵᠢᠭᠦᠯᠦᠨ᠎ᠡ ᠃ ᠳᠥᠷᠪᠡ ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠬᠤ ᠬᠡᠷᠡᠭᠲᠡᠢ ᠃ ᠡᠯ᠎ᠡ ᠭᠠᠵᠠᠷ ᠣᠷᠣᠨ᠎ᠨᠢ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ ᠂ ᠨᠠᠷᠢᠨ ᠨᠢᠭᠲᠠ ᠲᠣᠬᠢᠷᠠᠭᠤᠯᠤᠨ ᠪᠠᠢ᠌ᠷᠢᠯᠠᠭᠤᠯᠵᠤ ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠠᠵᠢᠯ᠎ᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ ᠂ ᠦᠨᠡᠨ ᠬᠦ᠌ ᠬᠡᠷᠡᠭᠵᠢᠭᠦᠯᠦᠭᠦᠰᠢᠲᠡᠢ ᠲᠥᠰᠥᠯ᠎ᠢ ᠲᠣᠭᠲᠠᠭ᠋ᠠᠬᠤ ᠬᠡᠷᠡᠭᠲᠡᠢ ᠃
(ᠬᠣᠶᠠᠷ) ᠪᠡᠯᠡ ᠮᠥᠩᠭᠥᠨ᠎ᠤ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠵᠠᠷᠤᠳᠠᠯ᠎ᠢ ᠬᠤᠪᠢᠳᠠᠨ ᠡᠭᠦᠷᠭᠡᠯᠡᠬᠦ ᠬᠠᠷᠢᠭᠤᠴᠠᠯᠭ᠎ᠠ ᠵᠢᠨ ᠶᠣᠰᠣᠭ᠋ᠠᠷ ᠡᠭᠦᠷᠭᠡᠯᠡᠪᠡᠰᠦ ᠵᠣᠬᠢᠬᠤ ᠪᠡᠯᠡ ᠮᠥᠩᠭᠥ ᠵᠢ ᠲᠣᠭ᠎ᠠ ᠶᠣᠰᠣᠭ᠋ᠠᠷ᠎ᠨᠢ ᠭᠦᠢ᠍ᠴᠡᠳ ᠨᠠᠢ᠌ᠳᠠᠪᠤᠷᠢᠵᠢᠭᠤᠯᠵᠤ ᠂ ᠪᠡᠯᠡ ᠮᠥᠩᠭᠥ ᠵᠢ ᠴᠠᠭ ᠲᠤᠬᠠᠢᠳᠤᠨᠢ ᠲᠣᠭ᠎ᠠ ᠶᠣᠰᠣᠭ᠋ᠠᠷ ᠭᠦᠢ᠍ᠴᠡᠳ ᠰᠠᠯᠭ᠋ᠠᠨ ᠥᠭᠴᠦ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠡᠯ᠎ᠡ ᠬᠣᠰᠢᠭᠤ ᠰᠢᠶᠠᠨ (ᠬᠣᠲᠠ ᠂ ᠲᠣᠭᠣᠷᠢᠭ) ᠤ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠭᠠᠵᠠᠷ ᠣᠷᠣᠨ᠎ᠤ᠎ᠪᠠᠨ ᠰᠤᠷᠭ᠋ᠠᠨ ᠬᠥᠮᠦᠵᠢᠯ᠎ᠤᠨ ᠵᠠᠷᠤᠳᠠᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠎ᠪᠠᠨ ᠴᠢᠩᠭ᠋ᠠᠳᠬᠠᠵᠤ ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠬᠡᠪ᠎ᠤᠨ ᠠᠵᠢᠯᠯᠠᠭ᠋ᠠᠨ᠎ᠢ ᠦᠨᠡᠨ ᠬᠦ᠌ ᠪᠠᠲᠤᠯᠠᠬᠤ ᠬᠡᠷᠡᠭᠲᠡᠢ; ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠲᠥᠰᠥᠪ᠎ᠤᠨ ᠬᠠᠮᠢᠶᠠᠷᠤᠯᠲᠠ ᠵᠢ ᠴᠢᠩᠭ᠋ᠠᠳᠬᠠᠨ ᠂ ᠲᠥᠰᠥᠪ᠎ᠢ ᠨᠠᠷᠢᠯᠢᠭᠵᠢᠭᠤᠯᠤᠨ ᠨᠠᠢ᠌ᠷᠠᠭᠤᠯᠤᠨ ᠵᠣᠬᠢᠶᠠᠵᠤ ᠂ ᠲᠥᠰᠥᠪ᠎ᠤᠨ ᠬᠡᠷᠡᠭᠵᠢᠭᠦᠯᠦᠯᠲᠡ ᠵᠢ ᠴᠢᠩᠳᠠᠯᠠᠵᠤ ᠂ ᠲᠥᠰᠥᠪ᠎ᠤᠨ ᠬᠢᠨᠠᠯᠲᠠ ᠲᠠᠯᠪᠢᠯᠲᠠ ᠵᠢ ᠴᠢᠩᠭ᠋ᠠᠳᠬᠠᠬᠤ ᠬᠡᠷᠡᠭᠲᠡᠢ; ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠵᠢᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢ ᠵᠢᠷᠤᠮᠵᠢᠭᠤᠯᠤᠨ ᠂ ᠬᠠᠮᠢᠶᠠᠷᠤᠯᠲᠠ ᠵᠢᠨ ᠣᠨᠣᠯᠵᠢᠬᠤᠨ᠎ᠳᠤ ᠰᠢᠨ᠎ᠡ ᠵᠢ ᠡᠭᠦᠳᠴᠦ ᠂ ᠠᠮᠵᠢᠯᠲᠠ ᠪᠦᠲᠦᠮᠵᠢ ᠵᠢᠨ ᠲᠥᠰᠥᠪ᠎ᠢ ᠵᠠᠷᠤᠳᠠᠯ᠎ᠤᠨ ᠬᠡᠷᠡᠭᠯᠡᠯᠲᠡ ᠬᠠᠮᠢᠶᠠᠷᠤᠯᠲᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠤᠨ ᠂ ᠵᠠᠷᠤᠳᠠᠯ᠎ᠤᠨ ᠬᠡᠷᠡᠭᠯᠡᠯᠲᠡ ᠵᠢᠨ ᠦᠷ᠎ᠡ ᠠᠰᠢᠭ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠃
(ᠭᠤᠷᠪᠠ) ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠬᠤ ᠬᠡᠷᠡᠭᠲᠡᠢ ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠤᠬᠠᠭᠤᠯᠬᠤ ᠠᠵᠢᠯ ᠵᠶ᠋ᠠᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠡᠯ᠎ᠡ ᠵᠦᠢ᠍ᠯ᠎ᠤᠨ ᠤᠬᠠᠭᠤᠯᠭ᠎ᠠ ᠵᠢᠨ ᠵᠠᠭᠤᠴᠢ ᠵᠢ ᠥᠷᠭᠡᠨ ᠵᠶ᠋ᠡᠷ ᠠᠰᠢᠭᠯᠠᠨ ᠂ ᠣᠯᠠᠨ ᠵᠦᠢ᠍ᠯ᠎ᠤᠨ ᠠᠷᠭ᠎ᠠ ᠬᠡᠯᠪᠡᠷᠢ ᠵᠢ ᠠᠪᠴᠤ ᠪᠠᠢ᠌ᠭ᠋ᠠᠳ ᠨᠡᠢ᠌ᠭᠡᠮ᠎ᠳᠤ ᠭᠦᠨᠵᠡᠭᠡᠢ ᠤᠬᠠᠭᠤᠯᠤᠨ ᠂ ᠨᠠᠮ ᠪᠠ ᠵᠠᠰᠠᠭ᠎ᠤᠨ ᠣᠷᠳᠣᠨ᠎ᠤ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠡᠷᠦᠬᠡ ᠪᠣᠯᠭ᠋ᠠᠨ᠎ᠳᠤ ᠮᠡᠳᠡᠭᠦᠯᠵᠦ ᠂ ᠬᠥᠮᠥᠰ᠎ᠤᠨ ᠰᠡᠳᠬᠢᠯ᠎ᠳᠤ ᠬᠠᠳᠠᠩᠰᠢᠭᠤᠯᠤᠨ ᠂ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢᠨ ᠡᠯ᠎ᠡ ᠵᠦᠢ᠍ᠯ᠎ᠤᠨ ᠠᠵᠢᠯ᠎ᠢ ᠨᠠᠢ᠌ᠳᠠᠪᠤᠷᠢᠵᠢᠭᠤᠯᠵᠤ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃
ᠲᠤᠰ ᠮᠡᠳᠡᠭᠳᠡᠯ᠎ᠢ 2022 ᠣᠨ᠎ᠤ ᠨᠠᠮᠤᠷ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠵᠦ ᠬᠡᠷᠡᠭᠵᠢᠭᠦᠯᠦᠨ᠎ᠡ ᠃ ᠤᠤᠯ᠎ᠤᠨ 《ᠬᠣᠲᠠ ᠬᠥᠳᠡᠭᠡ ᠵᠢᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠵᠠᠷᠤᠳᠠᠯ᠎ᠤᠨ ᠪᠠᠲᠤᠯᠠᠭ᠎ᠠ ᠵᠢᠨ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2016] 32 ᠳ᠋ᠤᠭ᠋ᠠᠷ ᠲᠣᠭ᠋ᠠᠲᠤ) ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ ᠃
2022 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
—— —— —— —— —— —— —— —— —— —— —— —— —— —— ——
ᠬᠠᠭᠤᠯᠤᠨ ᠢᠯᠡᠭᠡᠬᠦ᠎ᠨᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ ᠂
ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ ᠂ ᠤᠯᠤᠰ ᠳᠣᠷᠣ ᠵᠢᠨ ᠵᠥᠪᠯᠡᠯᠭᠡᠨ᠎ᠤ ᠠᠯᠪᠠᠨ ᠲᠢᠩᠬᠢᠮ ᠂
ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ ᠂ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠂ ᠪᠠᠢ᠌ᠴᠠᠭ᠋ᠠᠬᠤ ᠬᠣᠷᠢᠶ᠎ᠠ ᠃
ᠡᠯ᠎ᠡ ᠠᠷᠠᠳ᠎ᠤᠨ ᠪᠦᠯᠬᠦᠮ ᠂ ᠰᠣᠨᠢᠨ ᠮᠡᠳᠡᠭᠡᠨ᠎ᠤ ᠨᠢᠭᠡᠴᠢ ᠃
—— —— —— —— —— —— —— —— —— —— —— —— —— —— ——
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2022 ᠣᠨ᠎ᠤ 8 ᠳ᠋ᠤᠭ᠋ᠠᠷ ᠰᠠᠷ᠎ᠠ ᠵᠢᠨ 1 ᠤ ᠡᠳᠦᠷ ᠳᠠᠷᠤᠮᠠᠯᠯᠠᠨ ᠲᠠᠷᠬᠠᠭ᠋ᠠᠪᠠ