ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2023-02-01

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ  ᠪᠢᠴᠢᠭ ᠮᠠᠲ᠋ᠧᠷᠢᠶᠠᠯ

                                  ᠥᠪᠥᠷ ᠵᠠᠰᠠᠭ ᠲᠠᠷᠬᠠᠭ᠋ᠠᠭᠰᠠᠨ [2022] 17 ᠳ᠋ᠤᠭ᠋ᠠᠷ ᠲᠣᠭ᠋ᠠᠲᠤ

 

 

ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ᠄

       ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂  ᠪᠣᠳᠠᠲᠠᠢ᠎ᠲᠠᠢ᠎ᠪᠠᠨ ᠤᠶᠠᠯᠳᠤᠭᠤᠯᠤᠨ ᠂  ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ ᠃

 

 

                                                    2022 ᠣᠨ᠎ᠤ 5  ᠳ᠋ᠤᠭ᠋ᠠᠷ ᠰᠠᠷ᠎ᠠ ᠵᠢᠨ 25᠎ᠤ ᠡᠳᠦᠷ

                                                             (ᠲᠤᠰ ᠪᠢᠴᠢᠭ ᠮᠠᠲ᠋ᠧᠷᠢᠶᠠᠯ ᠎ᠢ ᠢᠯᠡ ᠨᠡᠢ᠌ᠲᠡᠯᠡᠨ᠎ᠡ)

 

 

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ  ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ ᠬᠡᠷᠡᠭᠵᠢᠭᠦᠯᠬᠦ ᠲᠥᠰᠥᠯ

 

      《 〈  ᠠᠷᠪᠠᠨ ᠳᠥᠷᠪᠡᠳᠦᠭᠡᠷ ᠲᠠᠪᠤᠨ ᠵᠢᠯ 〉᠎ᠤᠨ  ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠶᠡᠷᠦᠩᠬᠡᠢ᠌ᠯᠡᠭᠰᠡᠨ ᠠᠵᠢᠯ᠎ᠤᠨ  ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (  ᠲᠥᠷᠥ ᠲᠠᠷᠬᠠᠭ᠋ᠠᠭᠰᠠᠨ [2021] 33  ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠵᠢ ᠶᠡᠬᠡ᠎ᠪᠠᠷ ᠠᠬᠢᠭᠤᠯᠤᠨ ᠂  ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠤᠷᠬᠢᠯ ᠬᠡᠮᠵᠢᠭᠳᠡᠯ᠎ᠠᠴᠠ᠎ᠨᠢ ᠪᠠᠭᠤᠷᠠᠭᠤᠯᠬᠤ ᠂  ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠬᠦ ᠵᠢᠨ ᠲᠤᠰᠠᠳᠠ ᠂  ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ ᠂  ᠲᠤᠰ ᠲᠥᠰᠥᠯ᠎ᠢ ᠲᠣᠭᠲᠠᠭ᠋ᠠᠪᠠ ᠃

       ᠨᠢᠭᠡ ᠂  ᠶᠡᠷᠦᠩᠬᠡᠢ ᠱᠠᠭ᠋ᠠᠷᠳᠠᠯᠭ᠎ᠠ

       ᠰᠢ ᠵᠢᠨ ᠫᠢᠩ᠎ᠤᠨ  ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ ᠂  ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ  ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠲᠥᠪ ᠬᠣᠷᠢᠶᠠᠨ᠎ᠤ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠂  ᠰᠢ ᠵᠢᠨ ᠫᠢᠩ᠎ᠤᠨ  ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂  ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ  ᠪᠦᠬᠦ ᠲᠠᠯ᠎ᠠ ᠎ᠪᠠᠷ ᠨᠠᠢ᠌ᠳᠠᠪᠤᠷᠢᠵᠢᠭᠤᠯᠤᠨ ᠂  ᠲᠣᠭᠲᠠᠭᠤᠨ ᠪᠠᠢ᠌ᠯᠭ᠋ᠠᠬᠤ ᠵᠢ ᠲᠡᠷᠢᠭᠦᠨ᠎ᠳᠤ ᠲᠠᠯᠪᠢᠬᠤ ᠪᠠ ᠲᠣᠭᠲᠠᠭᠤᠨ ᠪᠠᠢ᠌ᠯᠭ᠋ᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠥᠭ ᠠᠶᠠᠰ᠎ᠢ  ᠪᠠᠷᠢᠮᠲᠠᠯᠠᠵᠤ ᠂  ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠪᠠ ᠪᠣᠬᠢᠷᠳᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ ᠵᠶ᠋ᠠᠷ ᠯᠠᠪᠳᠠᠭᠤᠨ ᠪᠠᠲᠤᠲᠠᠢ  ᠵᠠᠮᠨᠠᠨ ᠂  ᠪᠣᠬᠢᠷᠳᠤᠯ᠎ᠢ ᠰᠡᠷᠭᠡᠢ᠌ᠯᠡᠨ ᠵᠠᠰᠠᠬᠤ  ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠰᠠᠢ᠌ᠲᠤᠷ ᠬᠢᠵᠦ ᠂  ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠣᠷᠴᠢᠯᠲᠤ ᠬᠥᠭᠵᠢᠯᠲᠡ ᠵᠢᠨ ᠠᠵᠤ ᠠᠬᠤᠢ ᠵᠢᠨ ᠲᠣᠭᠲᠠᠯᠴᠠᠭ᠎ᠠ ᠵᠢ ᠲᠦᠷᠭᠡᠳᠬᠡᠨ ᠪᠠᠢ᠌ᠭᠤᠯᠤᠨ ᠪᠦᠷᠢᠨᠰᠢᠭᠦᠯᠵᠦ ᠂  ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠬᠡᠯᠪᠡᠷᠢ ᠲᠡᠢ᠌ᠰᠢ ᠪᠥᠬᠥ ᠲᠠᠯ᠎ᠠ᠎ᠪᠠᠷ ᠬᠤᠪᠢᠷᠠᠭᠤᠯᠬᠤ ᠵᠢ ᠠᠬᠢᠭᠤᠯᠤᠨ ᠂  ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠬᠠᠷᠠᠯᠲᠠ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠵᠤ ᠂  ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠂  ᠪᠣᠬᠢᠷᠳᠤᠯ᠎ᠢ ᠪᠠᠭ᠋ᠠᠰᠬᠠᠬᠤ ᠂  ᠨᠣᠭᠣᠭ᠋ᠠᠷᠠᠭᠤᠯᠤᠯᠲᠠ ᠎ᠪᠠᠨ ᠥᠷᠭᠡᠳᠬᠡᠬᠦ ᠂  ᠠᠵᠤ ᠠᠬᠤᠢ ᠵᠢ ᠨᠡᠮᠡᠭᠳᠡᠭᠦᠯᠬᠦ᠎ᠪᠠᠨ ᠬᠠᠮᠵᠢᠯᠴᠠᠭᠤᠯᠤᠨ ᠠᠬᠢᠭᠤᠯᠬᠤ ᠵᠢ ᠪᠡᠶᠡᠯᠡᠭᠦᠯᠵᠦ ᠂  ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠦᠨ᠎ᠡ ᠃

       ᠬᠣᠶᠠᠷ ᠂  ᠭᠣᠣᠯ ᠬᠠᠷᠠᠯᠲᠠ

      2025 ᠣᠨ ᠪᠣᠯᠬᠤ᠎ᠳᠤ ᠂  ᠪᠥᠬᠥ ᠣᠷᠣᠨ᠎ᠤ ᠨᠢᠭᠡᠴᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠡᠨᠧᠷᠭᠢ ᠵᠢᠨ ᠬᠣᠷᠣᠭᠳᠠᠯ᠎ᠢ 2020 ᠣᠨ᠎ᠤ᠎ᠬᠢ᠎ᠠᠴᠠ 15% ᠪᠠᠭᠤᠷᠠᠭᠤᠯᠵᠤ ᠂  ᠡᠨᠧᠷᠭᠢ ᠵᠢᠨ ᠬᠡᠷᠡᠭᠯᠡᠭᠡᠨ᠎ᠤ ᠶᠡᠷᠦᠩᠬᠡᠢ ᠬᠡᠮᠵᠢᠶ᠎ᠡ ᠵᠢ ᠵᠣᠬᠢᠰᠲᠠᠢ ᠬᠢᠵᠠᠭ᠋ᠠᠷᠯᠠᠨ ᠂  ᠬᠢᠮᠢ ᠵᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠂  ᠰᠢᠪᠲᠦᠷᠲᠦ ᠠᠽᠣᠲ ᠂  ᠠᠽᠣᠲ᠎ᠤᠨ ᠢᠰᠦᠮᠡᠭ ᠂  ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠭᠠᠳᠠᠭᠰᠢᠯᠠᠭᠤᠯᠤᠯᠲᠠ ᠵᠢᠨ ᠶᠡᠷᠦᠩᠬᠡᠢ ᠬᠡᠮᠵᠢᠶ᠎ᠡ ᠵᠢ 2020 ᠣᠨ᠎ᠤ᠎ᠬᠢ᠎ᠠᠴᠠ ᠲᠣᠰ ᠲᠣᠰ 8% ᠂ 8% ᠂ 10% ᠂ 10%᠎ᠠᠴᠠ  ᠳᠡᠭᠡᠭᠰᠢ ᠪᠠᠭᠤᠷᠠᠭᠤᠯᠤᠨ᠎ᠠ ᠃  ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠪᠠᠢ᠌ᠭᠤᠯᠤᠮᠵᠢ ᠲᠣᠭᠲᠠᠴᠠ ᠵᠢ  ᠨᠡᠩ ᠪᠦᠷᠢᠨᠰᠢᠭᠦᠯᠵᠦ ᠂  ᠡᠨᠧᠷᠭᠢ ᠵᠢ ᠠᠰᠢᠭᠯᠠᠭᠰᠠᠨ ᠦᠷ᠎ᠡ ᠪᠦᠲᠦᠮᠵᠢ  ᠪᠠ ᠭᠣᠣᠯ ᠪᠣᠯᠬᠤ ᠪᠣᠬᠢᠷᠳᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠲᠦᠪᠰᠢᠨ ᠵᠶ᠋ᠠᠨ ᠢᠯᠡᠳᠲᠡ ᠳᠡᠭᠡᠭᠰᠢᠯᠡᠭᠦᠯᠦᠨ ᠂  ᠭᠣᠣᠯᠳᠠᠯᠭ᠎ᠠ᠎ᠲᠠᠢ ᠠᠵᠢᠯ ᠲᠦᠷᠦᠯ᠎ᠤᠨ ᠡᠨᠧᠷᠭᠢ ᠵᠢᠨ ᠠᠰᠢᠭᠯᠠᠮᠵᠢ ᠪᠠ ᠭᠣᠣᠯ ᠪᠣᠯᠬᠤ ᠪᠣᠬᠢᠷᠳᠤᠯ  ᠪᠣᠳᠠᠰ᠎ᠤᠨ  ᠭᠠᠳᠠᠭᠰᠢᠯᠠᠭᠤᠯᠤᠯᠲᠠ ᠵᠢ ᠦᠨᠳᠦᠰᠦᠨ᠎ᠳᠤ᠎ᠪᠠᠨ ᠤᠯᠤᠰ᠎ᠤᠨ ᠳᠣᠲᠣᠭ᠋ᠠᠳᠤ ᠵᠢᠨ ᠲᠡᠷᠢᠭᠦᠨ ᠲᠦᠪᠰᠢᠨ᠎ᠳᠤ ᠬᠦᠷᠭᠡᠵᠦ ᠂  ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠡᠬᠢ ᠪᠠᠶᠠᠯᠢᠭ᠎ᠲᠤ ᠲᠦᠰᠢᠭᠯᠡᠬᠦ ᠬᠡᠯᠪᠡᠷᠢ᠎ᠲᠠᠢ ᠪᠠᠢ᠌ᠭᠰᠠᠨ᠎ᠠᠴᠠ᠎ᠨᠢ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠡᠢ᠌ᠰᠢ ᠬᠡᠯᠪᠡᠷᠢ ᠵᠢ᠎ᠨᠢ  ᠬᠤᠪᠢᠷᠠᠭᠤᠯᠬᠤ ᠂  ᠪᠦᠳᠦᠭᠦᠯᠢᠭ ᠪᠥᠭᠡᠳ ᠨᠡᠭᠦᠷᠡᠰᠦᠲᠥ᠋ᠷᠥᠭᠴᠢ ᠶᠡᠬᠡᠲᠡᠢ ᠬᠡᠯᠪᠡᠷᠢ᠎ᠲᠠᠢ ᠪᠠᠢ᠌ᠭᠰᠠᠨ᠎ᠠᠴᠠ᠎ᠨᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠲᠡᠢ᠌ᠰᠢ ᠬᠡᠯᠪᠡᠷᠢ ᠵᠢ ᠎ᠨᠢ ᠬᠤᠪᠢᠷᠠᠭᠤᠯᠬᠤ ᠂  ᠲᠠᠷᠠᠬᠠᠢ ᠪᠤᠲᠠᠷᠬᠠᠢ ᠪᠥᠭᠡᠳ ᠳᠣᠣᠷ᠎ᠠ ᠦᠷ᠎ᠡ ᠠᠰᠢᠭᠲᠤ ᠬᠡᠯᠪᠡᠷᠢ᠎ᠲᠠᠢ ᠪᠠᠢ᠌ᠭᠰᠠᠨ᠎ᠠᠴᠠ᠎ᠨᠢ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠲᠡᠢ᠌ᠰᠢ  ᠬᠡᠯᠪᠡᠷᠢ ᠵᠢ ᠎ᠨᠢ ᠬᠤᠪᠢᠷᠠᠭᠤᠯᠬᠤ ᠲᠠᠯ᠎ᠠ᠎ᠪᠠᠷ ᠮᠡᠳᠡᠭᠳᠡᠮ᠎ᠡ ᠦᠷ᠎ᠡ ᠪᠦᠲᠦᠭᠡᠮᠵᠢ᠎ᠲᠠᠢ ᠪᠣᠯᠭ᠋ᠠᠨ᠎ᠠ ᠃

       ᠭᠤᠷᠪᠠ ᠂  ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠭᠣᠣᠯᠳᠠᠯᠭ᠎ᠠ᠎ᠲᠠᠢ ᠢᠨᠵᠧᠨᠧᠷᠢᠩ᠎ᠢ ᠬᠡᠷᠡᠭᠵᠢᠭᠦᠯᠦᠨ᠎ᠡ

      (ᠨᠢᠭᠡ) ᠭᠣᠣᠯᠳᠠᠯᠭ᠎ᠠ᠎ᠲᠠᠢ ᠠᠵᠢᠯ ᠲᠥᠷᠥᠯ᠎ᠢ ᠪᠣᠬᠢᠷᠳᠤᠯ ᠦᠭᠡᠢ ᠪᠣᠯᠭ᠋ᠠᠨ ᠲᠠᠰ ᠳᠡᠪᠰᠢᠭᠦᠯᠬᠦ ᠢᠨᠵᠧᠨᠧᠷᠢᠩ ᠃  ᠬᠢᠮᠢ ᠵᠢᠨ ᠠᠵᠤ ᠦᠢ᠍ᠯᠡᠳᠪᠦᠷᠢ ᠂  ᠪᠣᠯᠣᠳ ᠲᠡᠮᠦᠷ ᠂  ᠥᠩᠭᠡᠲᠦ ᠲᠡᠮᠦᠷᠯᠢᠭ ᠂  ᠪᠠᠷᠢᠯᠭ᠎ᠠ ᠵᠢᠨ ᠮᠠᠲ᠋ᠧᠷᠢᠶᠠᠯ ᠂  ᠬᠡᠦᠷᠰᠢᠭᠦᠯᠬᠦ ᠂  ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠡᠷᠭᠡ ᠡᠨᠧᠷᠭᠢ ᠵᠢᠨ ᠬᠣᠷᠣᠭᠳᠠᠯ ᠪᠠ ᠭᠠᠳᠠᠭᠰᠢᠯᠠᠭᠤᠯᠤᠯᠲᠠ ᠶᠡᠬᠡᠲᠡᠢ ᠠᠵᠢᠯ ᠲᠦᠷᠦᠯ ᠵᠶ᠋ᠡᠷ ᠭᠣᠣᠯᠳᠠᠭᠤᠯᠵᠤ ᠂  ᠡᠨᠧᠷᠭᠢ ᠠᠷᠪᠢᠯᠠᠬᠤ ᠥᠭᠡᠷᠡᠴᠢᠯᠡᠯᠲᠡ ᠪᠠ ᠪᠣᠬᠢᠷᠳᠤᠯ ᠪᠣᠳᠠᠰ᠎ᠢ ᠭᠦᠨᠵᠡᠭᠡᠢ ᠵᠠᠰᠠᠬᠤ ᠠᠵᠢᠯ᠎ᠢ ᠪᠦᠬᠦ ᠲᠠᠯ᠎ᠠ᠎ᠪᠠᠷ ᠠᠬᠢᠭᠤᠯᠤᠨ ᠂  ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠵᠤ ᠂  ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠴᠢᠬᠤᠯᠠ ᠶᠡᠬᠡ ᠲᠦᠷᠦᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠦᠨ᠎ᠡ ᠃  ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠠᠵᠢᠯ ᠲᠥᠷᠥᠯ᠎ᠳᠠᠬᠢ ᠡᠨᠧᠷᠭᠢ ᠠᠷᠪᠢᠯᠠᠬᠤ ᠮᠡᠷᠭᠡᠵᠢᠯ᠎ᠤᠨ ᠲᠣᠨᠣᠭ ᠲᠥᠬᠦᠭᠡᠷᠦᠮᠵᠢ᠎ᠳᠤ ᠰᠢᠨ᠎ᠡ ᠵᠢ ᠡᠭᠦᠳᠬᠦ ᠪᠠ ᠲᠡᠳᠡᠭᠡᠷ᠎ᠢ ᠠᠰᠢᠭᠯᠠᠵᠤ ᠬᠡᠷᠡᠭᠯᠡᠬᠦ᠎ᠪᠠᠨ ᠴᠢᠩᠭ᠋ᠠᠳᠬᠠᠵᠤ ᠂  ᠥᠨᠳᠥᠷ ᠦᠷ᠎ᠡ  ᠪᠦᠲᠦᠮᠵᠢ᠎ᠲᠠᠢ ᠨᠠᠷᠢᠯᠢᠭ ᠨᠡᠷᠡᠬᠦ ᠰᠢᠰᠲ᠋ᠧᠮ ᠂  ᠥᠨᠳᠥᠷ ᠳᠤᠯᠠᠭ᠋ᠠᠨ ᠥᠨᠳᠥᠷ ᠳᠠᠷᠤᠯᠲᠠᠲᠤ ᠬᠠᠭᠤᠷᠠᠢ ᠤᠨᠲᠠᠷᠠᠭ᠋ᠠᠯᠲᠠ ᠵᠢᠨ ᠭᠡᠣᠷᠰᠦ ᠂  ᠡᠯᠪᠡᠭ ᠬᠦᠴᠢᠯᠲᠥ᠋ᠷᠥᠭᠴᠢᠲᠦ ᠡᠷᠴᠢᠮᠵᠢᠭᠦᠯᠦᠭᠰᠡᠨ ᠬᠠᠢ᠌ᠯᠤᠭᠤᠯᠤᠯᠲᠠ ᠵᠡᠷᠭᠡ ᠡᠨᠧᠷᠭᠢ ᠠᠷᠪᠢᠯᠠᠬᠤ ᠮᠡᠷᠭᠡᠵᠢᠯ᠎ᠢ ᠳᠡᠯᠭᠡᠷᠡᠭᠦᠯᠵᠦ ᠂  ᠥᠨᠳᠥᠷ ᠵᠤᠤᠬ᠎ᠠ — ᠡᠷᠭᠢᠭᠦᠯ ᠵᠤᠤᠬ᠎ᠠ ᠵᠢᠨ ᠣᠷᠳᠣ ᠤᠳᠠᠭ᠋ᠠᠨ ᠶᠠᠪᠤᠴᠠ᠎ᠪᠠᠷ ᠪᠣᠯᠣᠳ ᠪᠣᠯᠪᠠᠰᠤᠷᠠᠭᠤᠯᠬᠤ ᠬᠡᠯᠪᠡᠷᠢ ᠵᠢ ᠬᠤᠪᠢᠷᠠᠭᠤᠯᠤᠭ᠋ᠠᠳ ᠴᠠᠬᠢᠯᠭ᠋ᠠᠨ ᠵᠤᠤᠬ᠎ᠠ ᠵᠢᠨ ᠣᠬᠣᠷ ᠲᠦᠷᠭᠡᠨ ᠶᠠᠪᠤᠴᠠ᠎ᠪᠠᠷ ᠪᠣᠯᠣᠳ ᠪᠣᠯᠪᠠᠰᠤᠷᠠᠭᠤᠯᠬᠤ ᠪᠣᠯᠭ᠋ᠠᠨ ᠬᠡᠷᠡᠭᠯᠡᠬᠦ ᠵᠢ ᠵᠣᠷᠢᠭᠵᠢᠭᠤᠯᠤᠨ᠎ᠠ ᠃  ᠪᠣᠯᠣᠳ ᠲᠡᠮᠦᠷ ᠂  ᠱᠦᠢ᠍ᠨᠢ ᠂  ᠬᠡᠦᠷᠰᠢᠭᠦᠯᠬᠦ ᠠᠵᠢᠯ ᠲᠥᠷᠥᠯ ᠵᠢᠴᠢ ᠨᠡᠭᠦᠷᠡᠰᠦ ᠰᠢᠲᠠᠭ᠋ᠠᠬᠤ ᠵᠤᠤᠬ᠎ᠠ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠨ ᠰᠢᠨᠡᠳᠬᠡᠬᠦ ᠠᠵᠢᠯ᠎ᠢ ᠠᠬᠢᠭᠤᠯᠵᠤ ᠂ 2025 ᠣᠨ ᠪᠣᠯᠬᠤ᠎ᠳᠤ ᠂  ᠪᠥᠬᠥ ᠣᠷᠣᠨ᠎ᠤ 80%᠎ᠠᠴᠠ  ᠳᠡᠭᠡᠭᠰᠢᠬᠢ ᠪᠣᠯᠣᠳ ᠲᠡᠮᠦᠷ᠎ᠤᠨ ᠦᠢ᠍ᠯᠡᠳᠪᠦᠷᠢᠯᠡᠬᠦ ᠴᠢᠳᠠᠮᠵᠢ᠎ᠳᠤ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠨ ᠰᠢᠨᠡᠳᠬᠡᠬᠦ ᠠᠵᠢᠯ᠎ᠢ  ᠪᠡᠶᠡᠯᠡᠭᠦᠯᠦᠨ ᠂  ᠭᠣᠣᠯᠳᠠᠯᠭ᠎ᠠ᠎ᠲᠠᠢ ᠣᠷᠣᠨ ᠪᠦᠰᠡ ᠵᠢᠨ ᠦᠯᠡᠳᠡᠭᠡᠭᠰᠡᠨ ᠨᠡᠭᠦᠷᠡᠰᠦ ᠰᠢᠲᠠᠭ᠋ᠠᠬᠤ ᠵᠤᠤᠬ᠎ᠠ ᠵᠢᠴᠢ ᠪᠤᠰᠤᠳ ᠭᠠᠵᠠᠷ ᠣᠷᠣᠨ᠎ᠤ 65 ᠠᠭᠤᠷᠰᠢᠯᠲᠠ ᠵᠢᠨ ᠲᠣᠨ / ᠴᠠᠭ ᠵᠢᠴᠢ ᠲᠡᠭᠦᠨ᠎ᠠᠴᠠ ᠳᠡᠭᠡᠭᠰᠢᠬᠢ ᠨᠡᠭᠦᠷᠡᠰᠦ ᠰᠢᠲᠠᠭ᠋ᠠᠬᠤ ᠵᠤᠤᠬ᠎ᠠ (ᠴᠠᠬᠢᠯᠭ᠋ᠠᠨ ᠬᠦᠴᠦᠨ ᠪᠠᠭᠲᠠᠨ᠎ᠠ) ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢ ᠪᠥᠬᠥ ᠲᠠᠯ᠎ᠠ᠎ᠪᠠᠷ ᠪᠡᠶᠡᠯᠡᠭᠦᠯᠦᠨ᠎ᠡ ᠃  ᠭᠣᠣᠯᠳᠠᠯᠭ᠎ᠠ᠎ᠲᠠᠢ ᠠᠵᠢᠯ ᠲᠦᠷᠦᠯ᠎ᠳᠤ ᠴᠡᠪᠡᠷ ᠦᠢ᠍ᠯᠡᠳᠪᠦᠷᠢᠯᠡᠯ ᠪᠠ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠥᠭᠡᠷᠡᠴᠢᠯᠡᠯᠲᠡ ᠵᠢ ᠥᠷᠨᠢᠭᠦᠯᠦᠨ᠎ᠡ ᠃  ᠰᠢᠨ᠎ᠡ ᠬᠡᠯᠪᠡᠷᠢ ᠵᠢᠨ ᠰᠠᠭᠤᠷᠢ ᠪᠡᠯᠡᠳᠬᠡᠮᠵᠢ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠦᠨ ᠠᠬᠢᠭᠤᠯᠵᠤ ᠂  ᠨᠢᠭᠡᠨᠲᠡ ᠪᠠᠢ᠌ᠭ᠎ᠠ ᠳ᠋ᠠᠢ᠌ᠲ᠋ᠠ ᠵᠢᠨ ᠲᠥᠪ ᠎ᠢ ᠪᠣᠬᠢᠷᠳᠤᠯ ᠦᠭᠡᠢ ᠪᠣᠯᠭ᠋ᠠᠨ ᠡᠨᠧᠷᠭᠢ ᠠᠷᠪᠢᠯᠠᠬᠤ ᠲᠡᠢ᠌ᠰᠢ ᠥᠭᠡᠷᠡᠴᠢᠯᠡᠬᠦ ᠵᠢ  ᠠᠬᠢᠭᠤᠯᠤᠨ ᠂  ᠪᠣᠬᠢᠷᠳᠤᠯ ᠦᠭᠡᠢ ᠴᠠᠬᠢᠯᠭ᠋ᠠᠨ ᠵᠶ᠋ᠠᠷ ᠣᠷᠣᠯᠠᠭᠤᠯᠬᠤ ᠵᠢ ᠵᠣᠷᠢᠭᠵᠢᠭᠤᠯᠵᠤ ᠂  ᠥᠨᠳᠥᠷ ᠦᠷ᠎ᠡ ᠪᠦᠲᠦᠮᠵᠢ᠎ᠲᠠᠢ ᠬᠥᠯᠳᠡᠭᠡᠬᠦ ᠮᠡᠷᠭᠡᠵᠢᠯ ᠂  ᠲᠡᠷᠢᠭᠦᠨ᠎ᠤ ᠰᠠᠯᠬᠢ ᠨᠡᠪᠲᠡᠷᠡᠭᠦᠯᠬᠦ ᠮᠡᠷᠭᠡᠵᠢᠯ ᠂  ᠦᠯᠡᠳᠡᠪᠦᠷᠢ ᠢᠯᠴᠢ ᠵᠢ ᠠᠰᠢᠭᠯᠠᠬᠤ ᠮᠡᠷᠭᠡᠵᠢᠯ ᠂  ᠡᠨᠧᠷᠭᠢ ᠵᠢᠨ ᠬᠣᠷᠣᠭᠳᠠᠯ᠎ᠤᠨ ᠬᠠᠮᠢᠶᠠᠷᠤᠯᠲᠠ ᠵᠢᠨ ᠰᠢᠰᠲ᠋ᠧᠮ ᠵᠡᠷᠭᠡ ᠵᠢ ᠳᠡᠯᠭᠡᠷᠡᠭᠦᠯᠦᠨ᠎ᠡ ᠃  ᠳ᠋ᠠᠢ᠌ᠲ᠋ᠠ ᠵᠢᠨ ᠲᠥᠪ᠎ᠤᠨ ᠲᠥᠯᠦᠪᠵᠢᠭᠦᠯᠭᠡ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ ᠂  ᠰᠢᠨ᠎ᠡ᠎ᠪᠠᠷ ᠪᠠᠢ᠌ᠭᠤᠯᠤᠭᠰᠠᠨ ᠲᠣᠮᠣ ᠬᠡᠯᠪᠡᠷᠢ ᠵᠢᠨ ᠂  ᠬᠡᠲᠦ ᠲᠣᠮᠣ ᠬᠡᠯᠪᠡᠷᠢ ᠵᠢᠨ ᠳ᠋ᠠᠢ᠌ᠲ᠋ᠠ ᠵᠢᠨ ᠲᠥᠪ᠎ᠢ ᠵᠠᠷᠴᠢᠮ ᠳᠡᠭᠡᠷ᠎ᠡ᠎ᠪᠠᠨ ᠤᠯᠤᠰ᠎ᠤᠨ ᠵᠠᠩᠭᠢᠶᠠᠰᠤ ᠪᠣᠯᠬᠤ ᠳ᠋ᠠᠢ᠌ᠲ᠋ᠠ ᠵᠢᠨ ᠲᠥᠪ᠎ᠤᠨ ᠴᠤᠭᠯᠠᠷᠠᠯ᠎ᠤᠨ ᠬᠡᠪᠴᠢᠶᠡᠨ᠎ᠳᠤ  ᠪᠠᠢ᠌ᠷᠢᠰᠢᠭᠤᠯᠤᠨ ᠂  ᠪᠣᠬᠢᠷᠳᠤᠯ ᠦᠭᠡᠢ ᠳ᠋ᠠᠢ᠌ᠲ᠋ᠠ ᠵᠢᠨ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠦᠯᠵᠦ ᠂ PUE ᠬᠡᠮᠵᠢᠭᠳᠡᠯ (ᠴᠠᠬᠢᠯᠭ᠋ᠠᠨ ᠡᠨᠧᠷᠭᠢ ᠠᠰᠢᠭᠯᠠᠭᠰᠠᠨ ᠪᠦᠲᠦᠮᠵᠢ)᠎ᠢ 1.3᠎ᠠᠴᠠ ᠳᠠᠪᠠᠭᠤᠯᠬᠤ ᠦᠭᠡᠢ ᠃ 《  ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠂  ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠢᠭᠡᠴᠢ ᠨᠡᠮᠡᠭᠳᠡᠯ ᠦᠷᠳᠡᠭ᠎ᠤᠨ ᠡᠨᠧᠷᠭᠢ ᠵᠢᠨ ᠬᠣᠷᠣᠭᠳᠠᠯ᠎ᠢ 20% ᠪᠠᠭᠤᠷᠠᠭᠤᠯᠵᠤ ᠂  ᠠᠵᠤ ᠦᠢ᠍ᠯᠡᠳᠪᠦᠷᠢ ᠵᠢᠨ ᠲᠦᠮᠡᠨ ᠲᠥᠭᠥᠷᠢᠭ ᠪᠦᠷᠢ ᠵᠢᠨ ᠨᠡᠮᠡᠭᠳᠡᠯ ᠦᠷᠳᠡᠭ᠎ᠲᠤ ᠬᠡᠷᠡᠭᠯᠡᠬᠦ ᠣᠰᠣᠨ᠎ᠤ ᠬᠡᠮᠵᠢᠶ᠎ᠡ ᠵᠢ 13% ᠪᠠᠭᠤᠷᠠᠭᠤᠯᠤᠨ᠎ᠠ ᠃ 2025 ᠣᠨ ᠪᠣᠯᠬᠤ᠎ᠳᠤ ᠂  ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠠᠵᠢᠯᠯᠠᠭ᠎ᠠ ᠵᠢ ᠬᠡᠷᠡᠭᠵᠢᠭᠦᠯᠬᠦ᠎ᠪᠠᠷ ᠳᠠᠮᠵᠢᠭᠤᠯᠤᠨ ᠂  ᠪᠣᠯᠣᠳ ᠲᠡᠮᠦᠷ ᠂  ᠴᠠᠬᠢᠯᠭ᠋ᠠᠨ ᠵᠠᠳᠠᠯᠤᠯ᠎ᠤᠨ ᠬᠥᠩᠭᠡᠨ ᠴᠠᠭ᠋ᠠᠨ ᠂  ᠱᠦᠢ᠍ᠨᠢ ᠂  ᠬᠠᠪᠲᠠᠭ᠋ᠠᠢ ᠰᠢᠯ ᠂  ᠡᠲ᠋ᠧᠨ ᠂  ᠨᠡᠢ᠌ᠯᠡᠯᠭᠡ ᠰᠢᠪᠲᠦᠷ ᠂  ᠴᠠᠬᠢᠯᠠᠭᠤᠷ ᠴᠢᠯᠠᠭᠤ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠤᠨ ᠦᠢ᠍ᠯᠡᠳᠪᠦᠷᠢᠯᠡᠬᠦ ᠴᠢᠳᠠᠮᠵᠢ ᠪᠠ ᠳ᠋ᠠᠢ᠌ᠲ᠋ᠠ ᠵᠢᠨ ᠲᠥᠪ᠎ᠤᠨ᠎ᠬᠢᠨ᠎ᠤ ᠡᠨᠧᠷᠭᠢ ᠵᠢᠨ ᠠᠰᠢᠭᠯᠠᠮᠵᠢ ᠵᠢᠨ ᠬᠡᠪ ᠪᠠᠷᠢᠮᠵᠢᠶᠠᠨ᠎ᠤ ᠲᠦᠪᠰᠢᠨ᠎ᠳᠤ  ᠬᠦᠷᠦᠭᠰᠡᠨ ᠬᠠᠷᠢᠴᠠᠯ᠎ᠢ 30%᠎ᠠᠴᠠ ᠳᠠᠪᠠᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠡᠨᠧᠷᠭᠢ ᠵᠢᠨ ᠲᠣᠪᠴᠢᠶ᠎ᠠ ᠂  ᠲᠣᠮᠣ ᠳ᠋ᠠᠢ᠌ᠲ᠋ᠠ ᠵᠢᠨ ᠲᠥᠪ ᠵᠡᠷᠭᠡ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ ᠂  ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ ᠨᠠᠢ᠌ᠳᠠᠪᠤᠷᠢᠵᠢᠭᠤᠯᠤᠨ᠎ᠠ ᠃  ᠳᠣᠷᠣᠭᠰᠢᠬᠢ ᠵᠢ ᠴᠥᠮ ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ  ᠬᠠᠷᠢᠭᠤᠴᠠᠨ ᠨᠠᠢ᠌ᠳᠠᠪᠤᠷᠢᠵᠢᠭᠤᠯᠬᠤ ᠪᠣᠯᠬᠣᠷ ᠳᠠᠭᠢᠵᠤ ᠵᠢᠭᠰᠠᠭ᠋ᠠᠬᠤ ᠦᠭᠡᠢ)

      (ᠬᠣᠶᠠᠷ) ᠬᠦᠷᠢᠶᠡᠯᠡᠩ ᠲᠣᠭᠣᠷᠢᠭ᠎ᠤᠨ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠳᠡᠭᠡᠭᠰᠢᠯᠡᠭᠦᠯᠬᠦ ᠢᠨᠵᠧᠨᠧᠷᠢᠩ ᠃  ᠬᠦᠷᠢᠶᠡᠯᠡᠩ ᠲᠣᠭᠣᠷᠢᠭ᠎ᠲᠤ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠣᠷᠴᠢᠯᠲᠤ ᠬᠥᠭᠵᠢᠯᠲᠡ ᠵᠢᠨ ᠶᠡᠷᠦᠩᠬᠡᠢ᠌ᠯᠡᠭᠰᠡᠨ ᠣᠨᠣᠰᠢᠯᠠᠯᠲᠠ ᠵᠢ ᠥᠷᠨᠢᠭᠦᠯᠵᠦ ᠂  ᠪᠣᠬᠢᠷᠳᠤᠯ ᠦᠭᠡᠢ ᠠᠵᠤ ᠦᠢ᠍ᠯᠡᠰ᠎ᠤᠨ ᠪᠥᠭᠡᠮᠨᠡᠷᠡᠯ ᠂  ᠡᠨᠧᠷᠭᠢ ᠵᠢᠨ ᠡᠬᠢ ᠪᠠᠶᠠᠯᠢᠭ᠎ᠤᠨ ᠠᠰᠢᠭᠯᠠᠯᠲᠠ ᠂  ᠴᠡᠪᠡᠷ ᠦᠢ᠍ᠯᠡᠳᠪᠦᠷᠢᠯᠡᠯ ᠵᠡᠷᠭᠡ ᠲᠠᠯ᠎ᠠ᠎ᠪᠠᠷ ᠎ᠬᠢ ᠪᠠᠭᠤᠷᠠᠢ ᠭᠣᠭᠴᠣᠭ᠎ᠠ ᠵᠢ᠎ᠨᠢ ᠬᠠᠢ᠌ᠵᠤ ᠂  ᠬᠦᠷᠢᠶᠡᠯᠡᠩ ᠲᠣᠭᠣᠷᠢᠭ᠎ᠤᠨ ᠪᠣᠬᠢᠷᠳᠤᠯ ᠦᠭᠡᠢ ᠬᠥᠭᠵᠢᠯᠲᠡ ᠵᠢᠨ ᠨᠢᠭᠤᠭᠳᠠᠮᠠᠯ ᠬᠦᠴᠦᠨ᠎ᠢ᠎ᠨᠢ ᠰᠢᠰᠲ᠋ᠧᠮ᠎ᠲᠠᠢ᠎ᠪᠠᠷ ᠠᠭᠤᠳᠠᠯᠤᠨ ᠭᠠᠷᠭ᠋ᠠᠨ᠎ᠠ ᠃  ᠡᠨᠧᠷᠭᠢ ᠵᠢᠨ  ᠬᠣᠷᠣᠭᠳᠠᠯ ᠶᠡᠬᠡᠲᠡᠢ ᠂  ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ᠎ᠳᠤ ᠵᠠᠷᠴᠢᠮ ᠳᠡᠭᠡᠷ᠎ᠡ᠎ᠪᠠᠨ ᠬᠦᠷᠢᠶᠡᠯᠡᠩ ᠲᠣᠭᠣᠷᠢᠭ᠎ᠲᠤ ᠣᠷᠣᠭᠤᠯᠵᠤ ᠂  ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠬᠦᠷᠢᠶᠡᠯᠡᠩ ᠲᠣᠭᠣᠷᠢᠭ ᠲᠡᠢ᠌ᠰᠢ ᠪᠥᠭᠡᠮᠨᠡᠷᠡᠬᠦ ᠵᠢ ᠠᠬᠢᠭᠤᠯᠤᠨ᠎ᠠ ᠃  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠡᠨᠧᠷᠭᠢ ᠵᠢᠨ ᠰᠢᠰᠲ᠋ᠧᠮ᠎ᠢ ᠪᠦᠬᠦᠯᠢ ᠴᠣᠭᠴᠠ᠎ᠪᠠᠷ᠎ᠨᠢ ᠰᠢᠯᠢᠳᠡᠭᠵᠢᠭᠦᠯᠬᠦ ᠵᠢ ᠠᠬᠢᠭᠤᠯᠵᠤ ᠂  ᠲᠡᠬᠢᠨ ᠡᠭᠦᠰᠴᠦ ᠪᠣᠯᠬᠤ ᠡᠨᠧᠷᠭᠢ ᠵᠢ ᠡᠩ ᠲᠡᠷᠢᠭᠦᠨ᠎ᠳᠤ ᠠᠰᠢᠭᠯᠠᠬᠤ ᠵᠢ  ᠵᠣᠷᠢᠭᠵᠢᠭᠤᠯᠤᠨ᠎ᠠ ᠃  ᠬᠦᠷᠢᠶᠡᠯᠡᠩ ᠲᠣᠭᠣᠷᠢᠭ᠎ᠤᠨ ᠳᠣᠲᠣᠷᠠᠬᠢ ᠪᠣᠬᠢᠷ ᠤᠰᠤ ᠵᠢ ᠰᠢᠢ᠍ᠳᠪᠦᠷᠢᠯᠡᠬᠦ ᠂  ᠴᠡᠪᠡᠷᠵᠢᠭᠦᠨ ᠤᠰᠤ ᠵᠢ ᠡᠭᠡᠭᠦᠯᠦᠨ ᠬᠡᠷᠡᠭᠯᠡᠬᠦ ᠵᠡᠷᠭᠡ ᠣᠯᠠᠨ ᠨᠡᠶ᠋ᠢᠲᠡ ᠵᠢᠨ ᠰᠠᠭᠤᠷᠢ ᠪᠡᠯᠡᠳᠬᠡᠮᠵᠢ ᠵᠢ ᠬᠠᠮᠲᠤ᠎ᠪᠠᠷ ᠪᠠᠢ᠌ᠭᠤᠯᠤᠨ ᠬᠠᠮᠲᠤ᠎ᠳᠤ᠎ᠪᠠᠨ ᠬᠦᠷᠲᠡᠵᠦ ᠂  ᠣᠷᠣᠬᠤ ᠤᠰᠤᠨ᠎ᠤ ᠥᠳᠬᠡᠴᠡ᠎ᠨᠢ ᠬᠡᠪ᠎ᠤᠨ ᠪᠤᠰᠤ ᠪᠠᠢ᠌ᠭ᠎ᠠ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠬᠡᠰᠡᠭ ᠲᠣᠭᠣᠷᠢᠭ᠎ᠤᠨ ᠬᠣᠭᠣᠯᠠᠢ ᠲᠣᠣᠷ᠎ᠢ ᠰᠢᠰᠲ᠋ᠧᠮᠵᠢᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠵᠢ ᠥᠷᠨᠢᠭᠦᠯᠦᠨ᠎ᠡ ᠃  ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠵᠤ ᠂  ᠠᠶᠤᠯᠲᠠᠢ ᠬᠠᠶᠠᠭᠳᠠᠮᠠᠯ ᠪᠣᠳᠠᠰ᠎ᠢ ᠲᠥᠪᠯᠡᠷᠡᠭᠦᠯᠦᠨ ᠬᠠᠳᠠᠭ᠋ᠠᠯᠠᠬᠤ ᠪᠠ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ ᠃  ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ ᠂  ᠴᠠᠬᠢᠯᠭ᠋ᠠᠨ ᠦᠩᠬᠡᠯᠡᠯᠲᠡ ᠵᠢᠨ ᠬᠠᠶᠠᠭᠳᠠᠮᠠᠯ ᠤᠰᠤ ᠵᠢᠴᠢ ᠣᠨᠴᠠᠯᠢᠭᠲᠤ ᠪᠣᠬᠢᠷᠳᠤᠯ ᠪᠣᠳᠠᠰ᠎ᠢ ᠲᠥᠪᠯᠡᠷᠡᠭᠦᠯᠦᠨ ᠵᠠᠰᠠᠬᠤ ᠵᠡᠷᠭᠡ

《ᠪᠦᠷᠢᠳᠦ 》 ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠰᠠᠭᠤᠷᠢ ᠪᠡᠯᠡᠳᠬᠡᠮᠵᠢ᠎ᠨᠢ ᠪᠦᠷᠢᠨ ᠲᠡᠭᠦᠯᠳᠡᠷ ᠂  ᠴᠠᠬᠢᠯᠭ᠋ᠠᠨ ᠬᠡᠷᠡᠭᠯᠡᠬᠦ ᠳᠠᠭ᠋ᠠᠭ᠋ᠠᠴᠠ᠎ᠪᠠᠷ ᠨᠡᠯᠢᠶᠡᠳ ᠶᠡᠬᠡ ᠂  ᠣᠷᠭᠢᠯ ᠦᠶ᠎ᠡ ᠵᠢ ᠦᠪᠡᠰᠦᠪᠡᠨ ᠲᠣᠬᠢᠷᠠᠭᠤᠯᠬᠤ ᠴᠢᠳᠠᠪᠤᠷᠢ᠎ᠪᠠᠷ ᠨᠡᠯᠢᠶᠡᠳ ᠴᠢᠩᠭ᠎ᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠨᠡᠭᠦᠷᠡᠰᠦᠲᠥ᠋ᠷᠥᠭᠴᠢ  ᠪᠠᠭ᠋ᠠᠲᠠᠢ ᠵᠢᠱ᠌ᠢᠶ᠎ᠡ ᠦᠵᠡᠭᠦᠯᠬᠦ ᠪᠦᠲᠦᠭᠡᠨ ᠪᠠᠢ᠌ᠭᠤᠯᠤᠯᠲᠠ ᠥᠷᠨᠢᠭᠦᠯᠬᠦ ᠵᠢ ᠵᠣᠷᠢᠭᠵᠢᠭᠤᠯᠤᠨ᠎ᠠ ᠃ 2025 ᠣᠨ ᠪᠣᠯᠬᠤ᠎ᠳᠤ ᠂  ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ  ᠳᠡᠭᠡᠭᠰᠢᠬᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠷᠴᠢᠯᠵᠢᠭᠤᠯᠬᠤ ᠬᠢᠷᠢ ᠲᠦᠪᠰᠢᠨ ᠂  ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠬᠢᠷᠢ ᠲᠦᠪᠰᠢᠨ᠎ᠢ ᠮᠡᠳᠡᠭᠳᠡᠬᠦᠢ᠌ᠴᠡ ᠳᠡᠭᠡᠭᠰᠢᠯᠡᠭᠦᠯᠵᠦ ᠂  ᠨᠢᠭᠡ ᠪᠦᠯᠦᠭ ᠲᠥᠯᠥᠭᠡᠯᠡᠬᠦ ᠴᠢᠨᠠᠷᠲᠠᠢ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠪᠠᠢ᠌ᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠭᠤᠷᠪᠠ) ᠬᠣᠲᠠ ᠪᠠᠯᠭ᠋ᠠᠰᠤᠨ᠎ᠤ ᠪᠣᠬᠢᠷᠳᠤᠯ ᠦᠭᠡᠢ ᠡᠨᠧᠷᠭᠢ ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ ᠃  ᠪᠣᠬᠢᠷᠳᠤᠯ ᠦᠭᠡᠢ ᠲᠥᠯᠦᠪᠵᠢᠭᠦᠯᠭᠡ ᠵᠢᠨ ᠵᠢᠷᠤᠵᠤ ᠲᠥᠯᠥᠪᠯᠡᠬᠦ ᠣᠨᠣᠯᠵᠢᠬᠤᠨ᠎ᠢ ᠰᠠᠨᠠᠭ᠋ᠠᠴᠢᠯᠠᠵᠤ ᠂  ᠬᠣᠲᠠ ᠪᠠᠯᠭ᠋ᠠᠰᠤᠨ᠎ᠤ ᠪᠣᠬᠢᠷᠳᠤᠯ ᠦᠭᠡᠢ ᠲᠥᠯᠦᠪᠵᠢᠭᠦᠯᠭᠡ ᠂  ᠪᠦᠲᠦᠭᠡᠨ ᠪᠠᠢ᠌ᠭᠤᠯᠤᠯᠲᠠ ᠂  ᠠᠵᠢᠯᠯᠠᠭ᠋ᠠᠨ᠎ᠤ ᠬᠠᠮᠢᠶᠠᠷᠤᠯᠲᠠ ᠵᠢ ᠪᠥᠬᠥ ᠲᠠᠯ᠎ᠠ᠎ᠪᠠᠷ ᠠᠬᠢᠭᠤᠯᠤᠨ᠎ᠠ ᠃  ᠰᠢᠨ᠎ᠡ᠎ᠪᠠᠷ ᠪᠠᠶ᠋ᠢᠭᠤᠯᠬᠤ ᠪᠠᠷᠢᠯᠭ᠎ᠠ ᠵᠢᠨ ᠡᠨᠧᠷᠭᠢ ᠠᠷᠪᠢᠯᠠᠬᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ ᠂  ᠬᠡᠲᠦ ᠳᠣᠣᠷ᠎ᠠ ᠡᠨᠧᠷᠭᠢ ᠵᠢᠨ ᠬᠣᠷᠣᠭᠳᠠᠯ᠎ᠲᠠᠢ ᠪᠠᠷᠢᠯᠭ᠎ᠠ ᠂  ᠡᠨᠧᠷᠭᠢ ᠵᠢᠨ ᠬᠣᠷᠣᠭᠳᠠᠯ ᠪᠠᠷᠤᠭ ᠯᠡ ᠦᠭᠡᠢ ᠪᠠᠷᠢᠯᠭ᠎ᠠ ᠂  ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠥᠴᠥᠬᠡᠨ ᠴᠤ᠌ ᠦᠭᠡᠢ ᠪᠠᠷᠢᠯᠭ᠎ᠠ ᠵᠡᠷᠭᠡ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠥᠷᠨᠢᠭᠦᠯᠦᠨ᠎ᠡ ᠃  ᠬᠣᠲᠠ ᠪᠠᠯᠭ᠋ᠠᠰᠤᠨ᠎ᠤ ᠪᠠᠷᠢᠯᠭ᠎ᠠ᠎ᠳᠤ ᠨᠡᠷᠡᠨ ᠡᠨᠧᠷᠭᠢ ᠵᠢᠨ ᠬᠡᠷᠡᠯ ᠴᠡᠨᠡᠭ᠎ᠢ ᠨᠢᠭᠡ ᠴᠣᠭᠴᠠᠵᠢᠭᠤᠯᠤᠨ ᠬᠡᠷᠡᠭᠯᠡᠬᠦ ᠵᠢ ᠳᠡᠯᠭᠡᠷᠡᠭᠦᠯᠦᠨ᠎ᠡ ᠃  ᠲᠥᠪ ᠠᠭ᠋ᠠᠷᠵᠢᠭᠤᠯᠤᠭᠴᠢ ᠂  ᠳ᠋ᠠᠢ᠌ᠲ᠋ᠠ ᠵᠢᠨ ᠲᠥᠪ ᠂  ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ ᠂  ᠬᠥᠯᠳᠡᠭᠦᠦ᠎ᠪᠠᠷ ᠲᠡᠭᠡᠭᠡᠪᠦᠷᠢᠯᠡᠬᠦ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ ᠵᠡᠷᠭᠡ ᠪᠣᠬᠢᠷᠳᠤᠯ ᠦᠭᠡᠢ ᠥᠭᠡᠷᠡᠴᠢᠯᠡᠯᠲᠡ ᠵᠢᠨ ᠭᠣᠣᠯᠳᠠᠯᠭ᠎ᠠ᠎ᠲᠠᠢ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ ᠂  ᠬᠥᠯᠳᠡᠭᠡᠬᠦ ᠰᠢᠰᠲ᠋ᠧᠮ᠎ᠤᠨ ᠡᠨᠧᠷᠭᠢ ᠵᠢᠨ ᠠᠰᠢᠭᠯᠠᠮᠵᠢ ᠵᠢᠨ ᠬᠢᠷᠢ ᠬᠡᠮᠵᠢᠶ᠎ᠡ ᠵᠢ ᠶᠡᠬᠡ᠎ᠪᠠᠷ ᠳᠡᠭᠡᠭᠰᠢᠯᠡᠭᠦᠯᠦᠨ ᠂  ᠬᠣᠲᠠ ᠪᠠᠯᠭ᠋ᠠᠰᠤᠨ᠎ᠤ ᠢᠯᠴᠢ  ᠬᠠᠩᠭ᠋ᠠᠯᠲᠠ᠎ᠳᠤ ᠴᠡᠪᠡᠷ ᠳᠤᠯᠠᠭ᠋ᠠᠯᠠᠭ᠎ᠠ ᠂  ᠠᠵᠤ ᠦᠢ᠍ᠯᠡᠳᠪᠦᠷᠢ ᠵᠢᠨ ᠦᠯᠡᠳᠡᠪᠦᠷᠢ ᠢᠯᠴᠢ ᠂  ᠳᠠᠬᠢᠨ ᠡᠭᠦᠰᠴᠦ ᠪᠣᠯᠬᠤ ᠡᠨᠧᠷᠭᠢ ᠵᠡᠷᠭᠡ ᠵᠢ ᠬᠡᠪᠴᠢᠶᠡᠵᠢᠭᠦᠯᠦᠨ ᠬᠡᠷᠡᠭᠯᠡᠬᠦ᠎ᠪᠠᠨ ᠠᠬᠢᠭᠤᠯᠵᠤ ᠂  ᠬᠣᠲᠠ ᠪᠠᠯᠭ᠋ᠠᠰᠤᠨ᠎ᠤ ᠴᠡᠪᠡᠷ ᠳᠤᠯᠠᠭ᠋ᠠᠯᠠᠭ᠎ᠠ ᠵᠢᠨ ᠬᠠᠷᠢᠴᠠᠯ ᠪᠠ ᠪᠣᠬᠢᠷᠳᠤᠯ ᠦᠭᠡᠢ ᠥᠨᠳᠥᠷ ᠪᠦᠳᠦᠮᠵᠢᠳᠡᠢ ᠬᠥᠯᠳᠡᠭᠡᠬᠦ ᠦᠢ᠍ᠯᠡᠳᠬᠦᠨ᠎ᠤ ᠵᠠᠬ᠎ᠠ ᠳᠡᠯᠭᠡᠭᠦᠷ᠎ᠤᠨ ᠡᠵᠡᠯᠡᠬᠦ ᠨᠣᠷᠮ᠎ᠠ ᠵᠢ ᠶᠡᠬᠡ᠎ᠪᠠᠷ ᠳᠡᠭᠡᠭᠰᠢᠯᠡᠭᠦᠯᠦᠨ᠎ᠡ ᠃  ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠢ ᠲᠣᠣᠷ᠎ᠤᠨ ᠭᠣᠭᠣᠵᠢᠵᠤ ᠰᠦᠢ᠍ᠳᠦᠭᠰᠡᠨ᠎ᠢ᠎ᠨᠢ ᠵᠠᠰᠠᠬᠤ ᠠᠵᠢᠯ᠎ᠢ ᠥᠷᠨᠢᠭᠦᠯᠵᠦ ᠂  ᠤᠯᠤᠰ᠎ᠤᠨ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢ ᠴᠢᠷᠮᠠᠢ᠌ᠨ ᠣᠯᠣᠨ᠎ᠠ ᠃ 2025 ᠣᠨ ᠪᠣᠯᠬᠤ᠎ᠳᠤ ᠂  ᠬᠣᠲᠠ ᠪᠠᠯᠭ᠋ᠠᠰᠤᠨ᠎ᠤ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ᠎ᠳᠤ ᠪᠣᠬᠢᠷᠳᠤᠯ ᠦᠭᠡᠢ ᠪᠠᠷᠢᠯᠭ᠎ᠠ ᠵᠢᠨ ᠪᠠᠷᠢᠮᠵᠢᠶ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ ᠂  ᠨᠢᠭᠡᠨᠲᠡ ᠪᠠᠢ᠌ᠭ᠎ᠠ ᠣᠷᠣᠨ ᠰᠠᠭᠤᠴᠠ ᠵᠢᠨ ᠪᠠᠷᠢᠯᠭ᠎ᠠ᠎ᠳᠤ ᠡᠨᠧᠷᠭᠢ ᠠᠷᠪᠢᠯᠠᠬᠤ ᠥᠭᠡᠷᠡᠴᠢᠯᠡᠯᠲᠡ ᠵᠢ 1000 ᠲᠦᠮᠡᠨ ᠲᠡᠭᠰᠢ ᠳᠥᠷᠪᠡᠯᠵᠢᠨ ᠮᠧᠲᠷ  ᠪᠡᠶᠡᠯᠡᠭᠦᠯᠵᠦ ᠂  ᠪᠣᠬᠢᠷᠳᠤᠯ ᠦᠭᠡᠢ ᠪᠠᠷᠢᠯᠭ᠎ᠠ ᠵᠢ ᠲᠠᠩ ᠭᠠᠭᠴᠠ ᠂  ᠰᠦᠷᠦᠭ ᠪᠦᠯᠦᠭ ᠵᠶ᠋ᠡᠷ ᠪᠠᠷᠢᠵᠤ ᠪᠠᠢ᠌ᠭᠰᠠᠨ᠎ᠠᠴᠠ ᠎ᠨᠢ ᠰᠠᠭᠤᠭ᠋ᠠᠯᠢ ᠲᠣᠭᠣᠷᠢᠭᠵᠢᠭᠤᠯᠬᠤ ᠪᠠ ᠣᠷᠣᠨ ᠪᠦᠰᠡᠵᠢᠭᠦᠯᠬᠦ ᠪᠣᠯᠭ᠋ᠠᠨ ᠪᠠᠷᠢᠬᠤ ᠲᠡᠢ᠌ᠰᠢ  ᠬᠥᠭᠵᠢᠭᠦᠯᠦᠨ᠎ᠡ ᠃  ᠨᠡᠭᠦᠷᠡᠰᠦᠲᠥ᠋ᠷᠥᠭᠴᠢ  ᠪᠠᠭ᠋ᠠᠲᠠᠢ ᠬᠤᠳᠠ ᠂  ᠬᠤᠷ᠎ᠠ ᠤᠰᠤ ᠵᠢ ᠪᠦᠲᠦᠮᠵᠢᠲᠡᠢ ᠠᠰᠢᠭᠯᠠᠬᠤ ᠬᠤᠳᠠ ᠂ 《  ᠬᠠᠶᠠᠭᠳᠠᠮᠠᠯ ᠪᠣᠳᠠᠰ ᠦᠭᠡᠢ

ᠬᠤᠳᠠ 》 ᠵᠢᠨ ᠵᠢᠱ᠌ᠢᠶ᠎ᠡ ᠦᠵᠡᠭᠦᠯᠬᠦ ᠲᠤᠷᠰᠢᠯᠲᠠ ᠵᠢᠨ ᠴᠡᠭ᠎ᠢ ᠲᠤᠰ ᠪᠦᠷᠢ 1-2 ᠪᠣᠢ ᠪᠣᠯᠭ᠋ᠠᠨ᠎ᠠ ᠃ (ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠳᠥᠷᠪᠡ) ᠵᠠᠮ ᠬᠠᠷᠢᠯᠴᠠᠭ᠎ᠠ ᠪᠠᠷᠠᠭ᠋ᠠᠨ᠎ᠤ ᠭᠦᠢ᠍ᠯᠭᠡᠭᠡᠨ᠎ᠤ ᠡᠨᠧᠷᠭᠢ ᠠᠷᠪᠢᠯᠠᠵᠤ ᠪᠣᠬᠢᠷᠳᠤᠯ  ᠭᠠᠳᠠᠭᠰᠢᠯᠠᠭᠤᠯᠬᠤ ᠵᠢ ᠪᠠᠭ᠋ᠠᠰᠬᠠᠬᠤ ᠢᠨᠵᠧᠨᠧᠷᠢᠩ ᠃  ᠪᠣᠬᠢᠷᠳᠤᠯ ᠦᠭᠡᠢ ᠶᠡᠷᠦᠩᠬᠡᠢ᠌ᠯᠡᠭᠰᠡᠨ ᠵᠠᠮ ᠬᠠᠷᠢᠯᠴᠠᠭ᠋ᠠᠨ᠎ᠤ  ᠲᠣᠭᠲᠠᠯᠴᠠᠭ᠎ᠠ ᠵᠢᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠵᠦ ᠂  ᠴᠠᠬᠢᠯᠭ᠋ᠠᠨ ᠴᠡᠨᠡᠭᠯᠡᠵᠦ  ᠳ᠋ᠢᠶᠠᠨ ᡂᠢ ᠰᠣᠯᠢᠬᠤ ᠂  ᠬᠡᠢ ᠨᠡᠮᠡᠬᠦ ᠂  ᠤᠰᠤᠲᠥ᠋ᠷᠥᠭᠴᠢ ᠨᠡᠮᠡᠬᠦ ᠂  ᠨᠢᠰᠬᠡᠯ᠎ᠤᠨ ᠪᠠᠭᠤᠳᠠᠯ᠎ᠤᠨ ᠡᠷᠭᠢ ᠵᠠᠬ᠎ᠠ ᠵᠢᠨ ᠴᠠᠬᠢᠯᠭ᠋ᠠᠨ ᠵᠡᠷᠭᠡ ᠰᠠᠭᠤᠷᠢ ᠪᠡᠯᠡᠳᠬᠡᠮᠵᠢ ᠵᠢ ᠲᠡᠭᠦᠯᠳᠡᠷᠵᠢᠭᠦᠯᠦᠨ ᠂  ᠲᠡᠭᠡᠭᠡᠪᠦᠷᠢ ᠵᠢᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠬᠤ ᠪᠠ ᠭᠠᠳᠠᠭᠰᠢ ᠶᠠᠪᠤᠵᠤ ᠰᠠᠭᠤᠬᠤ ᠠᠷᠭ᠎ᠠ ᠮᠠᠶᠢᠭ ᠵᠶ᠋ᠠᠨ ᠬᠤᠪᠢᠷᠠᠭᠤᠯᠬᠤ ᠵᠢ ᠲᠦᠷᠭᠡᠳᠬᠡᠵᠦ ᠂  ᠴᠡᠪᠡᠷ ᠡᠨᠧᠷᠭᠢ᠎ᠪᠠᠷ ᠣᠷᠣᠯᠠᠭᠤᠯᠬᠤ ᠵᠢ ᠬᠡᠷᠡᠭᠵᠢᠭᠦᠯᠦᠨ᠎ᠡ ᠃ 《ᠨᠡᠶ᠋ᠢᠲᠡ ᠵᠢᠨ ᠵᠠᠮ ᠬᠠᠷᠢᠯᠴᠠᠭ᠎ᠠ᠎ᠪᠠᠷ ᠶᠠᠪᠤᠵᠤ ᠰᠠᠭᠤᠬᠤ ᠵᠢ ᠰᠠᠨᠠᠭ᠋ᠠᠴᠢᠯᠠᠬᠤ》 ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠵᠤ ᠂  ᠣᠯᠠᠨ ᠨᠡᠶ᠋ᠢᠲᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠠᠶᠠᠯᠠᠯ᠎ᠤᠨ ᠠᠷᠭ᠎ᠠ ᠮᠠᠶᠢᠭ᠎ᠢ ᠤᠷᠢᠳ ᠵᠶ᠋ᠠᠷ ᠰᠣᠩᠭᠣᠭᠤᠯᠤᠨ᠎ᠠ ᠃  ᠪᠥᠭᠡᠮ ᠪᠠᠷᠠᠭ᠋ᠠᠨ᠎ᠤ ᠲᠡᠭᠡᠭᠡᠪᠦᠷᠢ ᠵᠢᠨ 《  ᠵᠠᠰᠠᠮᠠᠯ ᠵᠠᠮ ᠵᠶ᠋ᠠᠷ ᠲᠡᠭᠡᠭᠡᠪᠦᠷᠢᠯᠡᠬᠦ ᠵᠢ ᠲᠡᠮᠦᠷ ᠵᠠᠮ ᠵᠶ᠋ᠡᠷ  ᠲᠡᠭᠡᠭᠡᠪᠦᠷᠢᠯᠡᠬᠦ ᠲᠡᠢ᠌ᠰᠢ ᠰᠢᠯᠵᠢᠭᠦᠯᠬᠦ 》 ᠵᠢ  ᠦᠷᠭᠦᠯᠵᠢᠯᠡᠨ ᠠᠬᠢᠭᠤᠯᠵᠤ ᠂  ᠴᠡᠪᠡᠷ ᠲᠡᠭᠡᠭᠡᠪᠦᠷᠢ ᠵᠢᠨ ᠬᠠᠷᠢᠴᠠᠯ᠎ᠢ ᠳᠡᠭᠡᠭᠰᠢᠯᠡᠭᠦᠯᠦᠨ᠎ᠡ ᠃  ᠲᠡᠮᠦᠷ ᠵᠠᠮ᠎ᠤᠨ ᠴᠠᠬᠢᠯᠭ᠋ᠠᠨᠵᠢᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ ᠂  ᠡᠨᠧᠷᠭᠢ ᠵᠢᠨ ᠬᠣᠷᠣᠭᠳᠠᠯ ᠪᠠᠭ᠋ᠠᠲᠠᠢ ᠲᠡᠭᠡᠭᠡᠪᠦᠷᠢ ᠵᠢᠨ ᠲᠣᠨᠣᠭᠯᠠᠯ᠎ᠢ ᠳᠡᠯᠭᠡᠷᠡᠭᠦᠯᠦᠨ᠎ᠡ ᠃  ᠵᠠᠮ ᠲᠡᠭᠡᠭᠡᠪᠦᠷᠢ ᠵᠢᠨ ᠬᠠᠭᠤᠴᠢᠨ ᠪᠠᠭ᠋ᠠᠵᠢ ᠬᠡᠷᠡᠭᠰᠡᠯ᠎ᠢ ᠬᠡᠷᠡᠭᠯᠡᠭᠡᠨ᠎ᠠᠴᠠ ᠭᠠᠷᠭ᠋ᠠᠬᠤ ᠪᠠ ᠰᠢᠨᠡᠳᠬᠡᠬᠦ ᠳᠦᠷᠢᠮ᠎ᠢ ᠴᠢᠩᠭ᠎ᠠ ᠬᠡᠷᠡᠭᠵᠢᠭᠦᠯᠦᠨ᠎ᠡ ᠃  ᠮᠠᠰᠢᠨ ᠲᠡᠷᠭᠡᠨ᠎ᠤ ᠤᠯᠤᠰ᠎ᠤᠨ ᠵᠢᠷᠭᠤᠳᠤᠭ᠋ᠠᠷ ᠤᠳᠠᠭ᠋ᠠᠨ᠎ᠤ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠪᠠ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ  ᠲᠦᠯᠡᠰᠢᠨ ᠲᠤᠰᠤᠨ ᠮᠧᠬᠠᠨᠢᠭ᠎ᠤᠨ ᠤᠯᠤᠰ᠎ᠤᠨ ᠳᠥᠷᠪᠡᠳᠦᠭᠡᠷ ᠤᠳᠠᠭ᠋ᠠᠨ᠎ᠤ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ ᠂  ᠬᠠᠭᠤᠴᠢᠷᠠᠭᠰᠠᠨ ᠮᠠᠰᠢᠨᠲᠤ ᠲᠡᠷᠭᠡ ᠵᠢ ᠤᠷᠢᠳᠴᠢᠯᠠᠨ ᠰᠢᠭᠰᠢᠭᠳᠡᠭᠦᠯᠵᠦ ᠰᠢᠨᠡᠳᠬᠡᠬᠦ ᠵᠢ ᠶᠡᠬᠡ᠎ᠪᠠᠷ ᠠᠬᠢᠭᠤᠯᠤᠨ᠎ᠠ ᠃  ᠴᠡᠪᠡᠷ ᠲᠦᠯᠡᠰᠢ ᠵᠢᠨ ᠲᠤᠰᠤᠨ ᠮᠠᠰᠢᠨ᠎ᠤ ᠠᠵᠢᠯᠯᠠᠭ᠋ᠠᠨ᠎ᠢ ᠭᠦᠨᠵᠡᠭᠡᠢ ᠬᠡᠷᠡᠭᠵᠢᠭᠦᠯᠵᠦ ᠂  ᠬᠦᠨᠳᠦ ᠬᠡᠯᠪᠡᠷᠢ ᠵᠢᠨ ᠲᠦᠯᠡᠰᠢ ᠵᠢᠨ ᠲᠣᠰᠣᠨ᠎ᠤ ᠪᠠᠷᠠᠭ᠋ᠠᠨ᠎ᠤ ᠲᠡᠷᠭᠡ ᠵᠢ ᠰᠢᠨᠡᠳᠬᠡᠨ ᠰᠣᠯᠢᠬᠤ ᠵᠢ᠎ᠨᠢ ᠵᠣᠷᠢᠭᠵᠢᠭᠤᠯᠤᠨ᠎ᠠ ᠃  ᠮᠠᠰᠢᠨ ᠲᠡᠷᠭᠡᠨ᠎ᠤ ᠭᠠᠳᠠᠭᠰᠢᠯᠠᠭᠤᠯᠤᠯᠲᠠ ᠵᠢᠨ ᠰᠢᠯᠭ᠋ᠠᠨ ᠪᠠᠢ᠌ᠴᠠᠭ᠋ᠠᠯᠲᠠ ᠪᠠ ᠬᠠᠮᠠᠭ᠋ᠠᠯᠠᠯᠲᠠ ᠵᠢᠨ ᠳᠦᠷᠢᠮ᠎ᠢ ᠬᠡᠷᠡᠭᠵᠢᠭᠦᠯᠵᠦ ᠂  ᠭᠠᠳᠠᠭᠰᠢᠯᠠᠭᠤᠯᠤᠯᠲᠠ ᠶᠡᠬᠡᠲᠡᠢ ᠮᠠᠰᠢᠨ ᠲᠡᠷᠭᠡ ᠵᠢ ᠡᠭᠡᠭᠦᠯᠦᠨ ᠠᠪᠴᠢᠷᠠᠬᠤ ᠬᠠᠮᠢᠶᠠᠷᠤᠯᠲᠠ ᠵᠢ ᠴᠢᠩᠭ᠋ᠠᠳᠬᠠᠨ᠎ᠠ ᠃  ᠣᠶᠤᠨᠴᠢ ᠵᠠᠮ ᠬᠠᠷᠢᠯᠴᠠᠭ᠎ᠠ ᠵᠢ ᠶᠡᠬᠡ᠎ᠪᠠᠷ ᠬᠥᠭᠵᠢᠭᠦᠯᠵᠦ ᠂  ᠲᠣᠮᠣ ᠳ᠋ᠠᠢ᠌ᠲ᠋ᠠ ᠵᠢ ᠢᠳᠡᠪᠬᠢᠲᠡᠢ ᠬᠡᠷᠡᠭᠯᠡᠨ ᠲᠡᠭᠡᠭᠡᠪᠦᠷᠢ ᠵᠢᠨ ᠵᠣᠬᠢᠶᠠᠨ ᠪᠠᠢ᠌ᠭᠤᠯᠤᠯᠲᠠ ᠵᠢᠨ ᠵᠠᠭᠪᠤᠷ᠎ᠢ ᠰᠢᠯᠢᠳᠡᠭᠵᠢᠭᠦᠯᠦᠨ᠎ᠡ ᠃  ᠪᠣᠬᠢᠷᠳᠤᠯ ᠦᠭᠡᠢ ᠬᠦᠮᠦᠷᠭᠡᠯᠡᠯᠲᠡ ᠵᠢ ᠪᠦᠲᠦᠭᠡᠨ ᠪᠠᠢ᠌ᠭᠤᠯᠬᠤ᠎ᠪᠠᠨ ᠲᠦᠷᠭᠡᠳᠬᠡᠵᠦ ᠂  ᠪᠣᠬᠢᠷᠳᠤᠯ ᠦᠭᠡᠢ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠪᠠᠶ᠋ᠢᠭᠤᠯᠬᠤ ᠵᠢ ᠵᠣᠷᠢᠭᠵᠢᠭᠤᠯᠤᠨ᠎ᠠ ᠃  ᠪᠠᠷᠢᠮᠵᠢᠶᠠᠵᠢᠭᠤᠯᠤᠭᠰᠠᠨ ᠪᠠᠷᠠᠭ᠋ᠠᠨ᠎ᠤ ᠭᠦᠢ᠍ᠯᠭᠡᠭᠡᠨ᠎ᠤ ᠡᠷᠭᠢᠯᠲᠡ ᠵᠢᠨ ᠬᠠᠢ᠌ᠷᠴᠠᠭ᠎ᠢ ᠳᠡᠯᠭᠡᠷᠡᠭᠦᠯᠦᠨ ᠬᠡᠷᠡᠭᠯᠡᠬᠦ᠎ᠪᠠᠨ ᠲᠦᠷᠭᠡᠳᠬᠡᠨ᠎ᠡ ᠃  ᠪᠣᠬᠢᠷᠳᠤᠯ ᠦᠭᠡᠢ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢ ᠪᠥᠬᠥ ᠲᠠᠯ᠎ᠠ᠎ᠪᠠᠷ ᠳᠡᠯᠭᠡᠷᠡᠭᠦᠯᠵᠦ ᠂  ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ ᠂  ᠰᠢᠤᠳᠠᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠣᠬᠢᠷᠳᠤᠯ ᠦᠭᠡᠢ ᠭᠡᠷᠡᠴᠢᠯᠡᠯ ᠣᠯᠣᠭᠰᠠᠨ ᠲᠦᠷᠭᠡᠨ ᠬᠦᠷᠭᠡᠯᠲᠡ ᠵᠢᠨ ᠪᠣᠭᠣᠳᠠᠯ ᠪᠠᠭᠯᠠᠭ᠎ᠠ ᠵᠢᠨ ᠦᠢ᠍ᠯᠡᠳᠬᠦᠨ᠎ᠢ   ᠰᠣᠩᠭᠣᠵᠤ ᠬᠤᠳᠠᠯᠳᠤᠨ ᠠᠪᠤᠭᠤᠯᠵᠤ  ᠬᠡᠷᠡᠭᠯᠡᠭᠦᠯᠦᠨ᠎ᠡ ᠃ 2025 ᠣᠨ ᠪᠣᠯᠬᠤ᠎ᠳᠤ ᠂  ᠤᠯᠤᠰ᠎ᠤᠨ ᠭᠤᠷᠪᠠᠳᠤᠭ᠋ᠠᠷ ᠤᠳᠠᠭ᠋ᠠᠨ᠎ᠤ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠵᠢᠴᠢ ᠲᠡᠭᠦᠨ᠎ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ᠎ᠲᠠᠢ ᠲᠦᠯᠡᠰᠢ ᠵᠢᠨ ᠲᠣᠰᠣᠨ᠎ᠤ ᠮᠠᠰᠢᠨ ᠲᠡᠷᠭᠡ ᠵᠢ ᠦᠨᠳᠦᠰᠦᠨ᠎ᠳᠤ᠎ᠪᠠᠨ ᠰᠢᠭᠰᠢᠭᠳᠡᠭᠦᠯᠵᠦ ᠂  ᠪᠥᠬᠥ ᠣᠷᠣᠨ᠎ᠤ ᠰᠢᠨ᠎ᠡ ᠡᠨᠧᠷᠭᠢ ᠵᠢᠴᠢ ᠴᠡᠪᠡᠷ ᠡᠨᠧᠷᠭᠢ ᠵᠢᠨ ᠨᠡᠶ᠋ᠢᠲᠡ ᠵᠢᠨ ᠮᠠᠰᠢᠨ ᠲᠡᠷᠭᠡᠨ᠎ᠤ ᠬᠠᠷᠢᠴᠠᠯ᠎ᠢ 80%᠎ᠳᠤ ᠬᠦᠷᠦᠭᠦᠯᠵᠦ ᠂  ᠲᠡᠮᠦᠷ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠵᠢ 2020 ᠣᠨ᠎ᠤ᠎ᠬᠢ᠎ᠠᠴᠠ 10% ᠣᠷᠴᠢᠮ ᠵᠶ᠋ᠠᠷ ᠨᠡᠮᠡᠭᠳᠡᠭᠦᠯᠦᠨ᠎ᠡ﹔ 12 ᠠᠢ᠌ᠮᠠᠭ ᠬᠣᠲᠠ ᠵᠢᠨ ᠭᠣᠣᠯ ᠬᠣᠲᠠ ᠵᠢᠨ ᠲᠣᠭᠣᠷᠢᠭ᠎ᠤᠨ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ᠎ᠪᠠᠷ ᠵᠣᠷᠴᠢᠬᠤ ᠨᠣᠷᠮ᠎ᠠ ᠵᠢ 20%᠎ᠳᠤ ᠬᠦᠷᠦᠭᠦᠯᠵᠦ ᠂  ᠬᠣᠲᠠ ᠵᠢᠨ ᠭᠣᠣᠯ ᠲᠣᠭᠣᠷᠢᠭ᠎ᠤᠨ ᠵᠠᠮ ᠬᠠᠷᠢᠯᠴᠠᠭ᠋ᠠᠨ᠎ᠤ ᠪᠣᠬᠢᠷᠳᠤᠯ ᠦᠭᠡᠢ  ᠵᠣᠷᠴᠢᠬᠤ ᠨᠣᠷᠮ᠎ᠠ ᠵᠢ 65%᠎ᠳᠤ ᠬᠦᠷᠭᠡᠨ᠎ᠡ ᠃ (  ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠡᠨᠧᠷᠭᠢ ᠵᠢᠨ ᠲᠣᠪᠴᠢᠶ᠎ᠠ ᠂  ᠥᠪᠥᠷ ᠮᠣᠩᠭᠣᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠂  ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠂  ᠥᠪᠥᠷ ᠮᠣᠩᠭᠣᠯ᠎ᠤᠨ ᠵᠢᠢ ᠲᠦᠩ ᠲᠡᠮᠦᠷ ᠵᠠᠮ᠎ᠤᠨ [ᠪᠦᠯᠦᠭᠯᠡᠯ]᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠲᠠᠪᠤ) ᠲᠠᠷᠢᠶᠠᠯᠠᠩ ᠮᠠᠯ ᠠᠵᠤ ᠠᠬᠤᠢ ᠵᠢᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠢᠨᠵᠧᠨᠧᠷᠢᠩ ᠃  ᠲᠣᠰᠣ ᠠᠷᠪᠢᠯᠠᠬᠤ ᠂  ᠣᠷᠴᠢᠨ ᠠᠬᠤᠢ ᠵᠢ ᠬᠠᠮᠠᠭ᠋ᠠᠯᠠᠬᠤ ᠲᠠᠷᠢᠶᠠᠯᠠᠩ᠎ᠤᠨ ᠮᠠᠰᠢᠨ ᠪᠠ ᠲᠥᠬᠦᠭᠡᠷᠦᠮᠵᠢ ᠵᠢ ᠳᠡᠯᠭᠡᠷᠡᠭᠦᠯᠦᠨ ᠬᠡᠷᠡᠭᠯᠡᠵᠦ ᠂  ᠡᠨᠧᠷᠭᠢ ᠠᠷᠪᠢᠯᠠᠬᠤ ᠲᠠᠷᠢᠶᠠᠯᠠᠩ᠎ᠤᠨ ᠬᠦᠯᠡᠮᠵᠢ ᠵᠢ ᠬᠥᠭᠵᠢᠭᠦᠯᠦᠨ ᠂  ᠬᠥᠳᠡᠭᠡ ᠲᠣᠰᠬᠣᠨ᠎ᠤ ᠣᠷᠣᠨ ᠰᠠᠭᠤᠴᠠ᠎ᠳᠤ ᠰᠢᠨ᠎ᠡ ᠮᠠᠶᠢᠭ᠎ᠤᠨ ᠪᠠᠷᠢᠯᠭ᠎ᠠ ᠵᠢᠨ ᠮᠡᠷᠭᠡᠵᠢᠯ ᠂  ᠪᠣᠬᠢᠷᠳᠤᠯ ᠦᠭᠡᠢ ᠪᠠᠷᠢᠯᠭ᠎ᠠ ᠵᠢᠨ ᠮᠠᠲ᠋ᠧᠷᠢᠶᠠᠯ ᠂  ᠭᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ ᠰᠢᠰᠲ᠋ᠧᠮ ᠪᠠ ᠴᠡᠪᠡᠷ ᠳᠤᠯᠠᠭ᠋ᠠᠯᠠᠭ᠎ᠠ ᠵᠢᠨ ᠲᠥᠬᠦᠭᠡᠷᠦᠮᠵᠢ ᠬᠡᠷᠡᠭᠯᠡᠬᠦ ᠵᠢ ᠵᠣᠷᠢᠭᠵᠢᠭᠤᠯᠤᠨ᠎ᠠ ᠃  ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠠᠬᠤᠢ ᠵᠢ ᠴᠡᠭᠴᠡᠯᠡᠨ ᠰᠠᠢ᠌ᠵᠢᠷᠠᠭᠤᠯᠬᠤ ᠠᠵᠢᠯᠯᠠᠭ᠎ᠠ ᠵᠢ ᠥᠷᠨᠢᠭᠦᠯᠵᠦ ᠂  ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠬᠣᠭ ᠨᠣᠪᠰᠢ ᠵᠢ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ ᠂  ᠬᠥᠳᠡᠭᠡ ᠲᠣᠰᠬᠣᠨ᠎ᠤ ᠨᠡᠯᠢᠶᠡᠳ ᠶᠡᠬᠡ ᠪᠣᠬᠢᠷ ᠦᠮᠡᠬᠡᠢ ᠤᠰᠤᠨ ᠴᠣᠭᠴᠠ ᠵᠢ ᠦᠨᠳᠦᠰᠦᠨ᠎ᠳᠤ᠎ᠪᠠᠨ ᠠᠷᠢᠯᠭ᠋ᠠᠵᠤ ᠂  ᠲᠣᠰᠬᠣᠨ᠎ᠤ ᠳᠦᠷᠰᠦ ᠪᠠᠢ᠌ᠳᠠᠯ᠎ᠢ ᠮᠡᠳᠡᠭᠳᠡᠬᠦᠢ᠌ᠴᠡ ᠳᠡᠭᠡᠭᠰᠢᠯᠡᠭᠦᠯᠦᠨ᠎ᠡ ᠃  ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠢ ᠰᠡᠷᠭᠡᠢ᠌ᠯᠡᠨ ᠵᠠᠰᠠᠬᠤ ᠠᠵᠢᠯ᠎ᠢ ᠴᠢᠩᠭ᠋ᠠᠳᠬᠠᠵᠤ ᠂  ᠬᠢᠮᠢ ᠵᠢᠨ ᠪᠣᠷᠳᠣᠭᠤᠷ ᠬᠢᠮᠢ ᠵᠢᠨ ᠲᠠᠷᠢᠶᠠᠨ ᠡᠮ᠎ᠤᠨ ᠬᠡᠮᠵᠢᠶ᠎ᠡ ᠵᠢ ᠪᠠᠭ᠋ᠠᠰᠬᠠᠬᠤ ᠂  ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠵᠤ ᠂  ᠲᠠᠷᠢᠶᠠᠯᠠᠩ᠎ᠤᠨ ᠵᠤᠯᠤᠮ᠎ᠠ ᠪᠦᠷᠬᠦᠪᠴᠢ ᠪᠠ ᠲᠠᠷᠢᠶᠠᠨ ᠡᠮ᠎ᠤᠨ ᠪᠣᠭᠣᠳᠠᠯ  ᠪᠠᠨᠨᠯᠠᠭ᠋ᠠᠨ᠎ᠤ ᠬᠠᠶᠠᠭᠳᠠᠮᠠᠯ ᠪᠣᠳᠠᠰ᠎ᠢ ᠬᠣᠷᠢᠶᠠᠨ ᠠᠪᠴᠤ ᠰᠢᠢ᠍ᠳᠪᠦᠷᠢᠯᠡᠬᠦ ᠠᠵᠢᠯ᠎ᠢ ᠲᠦᠷᠭᠡᠳᠬᠡᠨ᠎ᠡ ᠃  ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠵᠢᠨ ᠮᠠᠯ ᠵᠢᠭᠦᠷᠲᠡᠨ᠎ᠤ ᠰᠢᠭᠢᠭ ᠰᠠᠩᠭ᠋ᠠᠰᠤᠨ᠎ᠤ ᠪᠣᠬᠢᠷᠳᠤᠯ᠎ᠢ ᠶᠡᠷᠦᠩᠬᠡᠢ᠌ᠯᠡᠨ ᠠᠰᠢᠭᠯᠠᠬᠤ ᠵᠢ ᠭᠦᠨᠵᠡᠭᠡᠢ ᠠᠬᠢᠭᠤᠯᠤᠨ᠎ᠠ ᠃ 2025 ᠣᠨ ᠪᠣᠯᠬᠤ᠎ᠳᠤ ᠂  ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠵᠤ ᠰᠢᠢ᠍ᠳᠪᠦᠷᠢᠯᠡᠭᠰᠡᠨ ᠨᠣᠷᠮ᠎ᠠ ᠵᠢ 32% ᠣᠷᠴᠢᠮ᠎ᠳᠤ ᠬᠦᠷᠦᠭᠦᠯᠵᠦ ᠂  ᠡᠰᠢ ᠰᠦᠷᠡᠯ᠎ᠢ ᠶᠡᠷᠦᠩᠬᠡᠢ᠌ᠯᠡᠨ ᠠᠰᠢᠭᠯᠠᠭᠰᠠᠨ ᠨᠣᠷᠮ᠎ᠠ ᠵᠢ 90%᠎ᠠᠴᠠ  ᠳᠡᠭᠡᠭᠰᠢ᠎ᠳᠤ ᠲᠣᠭᠲᠠᠪᠤᠷᠢᠵᠢᠭᠤᠯᠵᠤ ᠂  ᠭᠣᠣᠯ ᠪᠣᠯᠬᠤ ᠲᠠᠷᠢᠮᠠᠯ᠎ᠤᠨ ᠬᠢᠮᠢ ᠵᠢᠨ ᠪᠣᠷᠳᠣᠭᠤᠷ ᠂  ᠲᠠᠷᠢᠶᠠᠨ ᠡᠮ  ᠠᠰᠢᠭᠯᠠᠬᠤ ᠨᠣᠷᠮ᠎ᠠ ᠵᠢ ᠴᠥᠮ 43%᠎ᠠᠴᠠ  ᠳᠡᠭᠡᠭᠰᠢ᠎ᠳᠤ ᠬᠦᠷᠦᠭᠦᠯᠵᠦ ᠂  ᠮᠠᠯ ᠵᠢᠭᠦᠷᠲᠡᠨ᠎ᠤ ᠰᠢᠭᠢᠭ ᠰᠠᠩᠭ᠋ᠠᠰᠤᠨ᠎ᠤ ᠪᠣᠬᠢᠷᠳᠤᠯ᠎ᠢ ᠶᠡᠷᠦᠩᠬᠡᠢ᠌ᠯᠡᠨ ᠠᠰᠢᠭᠯᠠᠭᠰᠠᠨ ᠨᠣᠷᠮ᠎ᠠ ᠵᠢ 84%᠎ᠠᠴᠠ  ᠳᠡᠭᠡᠭᠰᠢ᠎ᠳᠤ ᠬᠦᠷᠦᠭᠦᠯᠵᠦ ᠂  ᠪᠣᠬᠢᠷᠳᠤᠯ ᠦᠭᠡᠢ ᠰᠡᠷᠭᠡᠢ᠌ᠯᠡᠨ ᠡᠵᠡᠮᠳᠡᠬᠦ ᠂  ᠨᠢᠭᠡᠳᠦᠯᠲᠡᠢ ᠰᠡᠷᠭᠡᠢ᠌ᠯᠡᠨ ᠵᠠᠰᠠᠬᠤ ᠪᠦᠷᠬᠦᠴᠡ ᠵᠢ ᠲᠣᠰ ᠲᠣᠰ 55% ᠂ 45%᠎ᠳᠤ ᠬᠦᠷᠦᠭᠦᠯᠦᠨ᠎ᠡ ᠃ (  ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠡᠨᠧᠷᠭᠢ ᠵᠢᠨ ᠲᠣᠪᠴᠢᠶ᠎ᠠ ᠂  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠲᠦᠷᠦᠭᠦᠯᠡᠵᠦ ᠂  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠤᠰᠤᠨ ᠠᠰᠢᠭᠯᠠᠯᠲᠠ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠵᠢᠷᠭᠤᠭ᠎ᠠ) ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ ᠢᠨᠵᠧᠨᠧᠷᠢᠩ ᠃  ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠨᠢᠭᠡᠨᠲᠡ ᠪᠠᠢ᠌ᠭ᠎ᠠ ᠪᠠᠷᠢᠯᠭ᠎ᠠ ᠵᠢᠨ  ᠪᠦᠲᠦᠴᠡ ᠵᠢ ᠬᠦᠷᠢᠶᠡᠯᠡᠨ ᠬᠠᠮᠠᠭ᠋ᠠᠯᠠᠬᠤ ᠂  ᠢᠯᠴᠢ ᠬᠠᠩᠭ᠋ᠠᠬᠤ ᠂  ᠬᠥᠯᠳᠡᠭᠡᠬᠦ ᠂  ᠭᠡᠷᠡᠯᠲᠦᠭᠦᠯᠬᠦ ᠵᠡᠷᠭᠡ ᠪᠡᠯᠡᠳᠬᠡᠮᠵᠢ ᠲᠥᠬᠦᠭᠡᠷᠦᠮᠵᠢ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠲᠦᠷᠭᠡᠳᠬᠡᠵᠦ ᠂  ᠡᠨᠧᠷᠭᠢ ᠠᠷᠪᠢᠯᠠᠬᠤ ᠰᠢᠨ᠎ᠡ ᠦᠢ᠍ᠯᠡᠳᠬᠦᠨ ᠰᠢᠨ᠎ᠡ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠨ᠎ᠡ ᠃  ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠠᠷᠪᠢᠯᠠᠬᠤ ᠬᠠᠮᠢᠶᠠᠷᠤᠯᠲᠠ ᠵᠢᠨ ᠵᠠᠭᠪᠤᠷ᠎ᠲᠤ ᠰᠢᠨ᠎ᠡ ᠵᠢ ᠡᠭᠦᠳᠴᠦ ᠂  ᠡᠨᠧᠷᠭᠢ ᠵᠢᠨ ᠵᠠᠷᠤᠳᠠᠯ᠎ᠢ ᠨᠠᠢ᠌ᠳᠠᠨ ᠬᠠᠮᠢᠶᠠᠷᠤᠭᠤᠯᠬᠤ ᠵᠡᠷᠭᠡ ᠭᠡᠷᠡᠲᠦ ᠡᠨᠧᠷᠭᠢ ᠵᠢᠨ ᠬᠠᠮᠢᠶᠠᠷᠤᠯᠲᠠ ᠵᠢᠨ ᠵᠠᠭᠪᠤᠷ ᠬᠡᠷᠡᠭᠯᠡᠬᠦ ᠵᠢ ᠵᠣᠷᠢᠭᠵᠢᠭᠤᠯᠤᠨ᠎ᠠ ᠃  ᠤᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠠᠯᠪᠠᠨ ᠠᠵᠢᠯ ᠠᠮᠢᠳᠤᠷᠠᠯ᠎ᠳᠤ ᠬᠡᠷᠡᠭᠯᠡᠬᠦ ᠡᠨᠧᠷᠭᠢ ᠵᠢ ᠴᠡᠪᠡᠷᠰᠢᠭᠦᠯᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠵᠦ ᠂  ᠨᠡᠷᠡᠨ᠎ᠤ ᠡᠨᠧᠷᠭᠢ ᠂  ᠰᠠᠯᠬᠢᠨ᠎ᠤ ᠡᠨᠧᠷᠭᠢ ᠵᠡᠷᠭᠡ ᠴᠡᠪᠡᠷ ᠡᠨᠧᠷᠭᠢ ᠵᠢ ᠳᠡᠯᠭᠡᠷᠡᠭᠦᠯᠦᠨ ᠬᠡᠷᠡᠭᠯᠡᠨ᠎ᠡ ᠃  ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠮᠡᠷᠭᠡᠵᠢᠯ᠎ᠤᠨ ᠬᠡᠷᠡᠭᠯᠡᠭᠡᠨ᠎ᠤ ᠵᠢᠱ᠌ᠢᠶ᠎ᠡ ᠦᠵᠡᠭᠦᠯᠦᠭᠰᠡᠨ ᠬᠡᠷᠡᠭ᠎ᠤᠨ ᠵᠢᠱ᠌ᠢᠶ᠎ᠡ ᠵᠢᠨ ᠤᠬᠠᠭᠤᠯᠭ᠎ᠠ ᠵᠢ ᠢᠳᠡᠪᠬᠢᠲᠡᠢ ᠥᠷᠨᠢᠭᠦᠯᠵᠦ ᠂  ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠮᠡᠷᠭᠡᠵᠢᠯ᠎ᠤᠨ ᠬᠡᠷᠡᠭᠯᠡᠭᠡᠨ᠎ᠢ ᠠᠬᠢᠭᠤᠯᠤᠨ᠎ᠠ ᠃  ᠡᠨᠧᠷᠭᠢ ᠠᠷᠪᠢᠯᠠᠵᠤ ᠣᠷᠴᠢᠨ ᠠᠬᠤᠢ ᠵᠢ ᠬᠠᠮᠠᠭ᠋ᠠᠯᠠᠬᠤ ᠦᠢ᠍ᠯᠡᠳᠬᠦᠨ᠎ᠢ ᠤᠷᠢᠳ ᠵᠶ᠋ᠠᠷ ᠬᠤᠳᠠᠯᠳᠤᠨ ᠠᠪᠤᠭᠤᠯᠬᠤ ᠪᠠ ᠠᠯᠪᠠᠳᠠᠯᠭ᠎ᠠ᠎ᠪᠠᠷ ᠬᠤᠳᠠᠯᠳᠤᠨ ᠠᠪᠤᠭᠤᠯᠬᠤ ᠳᠦᠷᠢᠮ᠎ᠢ ᠴᠢᠩᠭ᠎ᠠ ᠬᠡᠷᠡᠭᠵᠢᠭᠦᠯᠵᠦ ᠂  ᠣᠯᠠᠨ ᠨᠡᠶ᠋ᠢᠲᠡ ᠵᠢᠨ ᠪᠠᠢ᠌ᠭᠤᠯᠤᠮᠵᠢ᠎ᠨᠤᠭᠤᠳ ᠡᠨᠧᠷᠭᠢ ᠠᠷᠪᠢᠯᠠᠬᠤ ᠂  ᠨᠡᠭᠦᠷᠡᠰᠦᠲᠥ᠋ᠷᠥᠭᠴᠢ ᠪᠠᠭ᠋ᠠᠲᠠᠢ ᠂  ᠤᠷᠴᠢᠯᠳᠤᠭᠤᠯᠵᠦ ᠪᠠᠢ᠌ᠭ᠋ᠠᠳ ᠳᠠᠬᠢᠨ ᠠᠰᠢᠭᠯᠠᠵᠤ ᠪᠣᠯᠬᠣ ᠵᠡᠷᠭᠡ ᠪᠣᠬᠢᠷᠳᠤᠯ ᠦᠭᠡᠢ ᠦᠢ᠍ᠯᠡᠳᠬᠦᠨ᠎ᠢ ᠲᠦᠷᠦᠭᠦᠯᠡᠵᠦ ᠬᠤᠳᠠᠯᠳᠤᠨ ᠠᠪᠤᠨ᠎ᠠ ᠃  ᠶᠠᠭᠤᠨ᠎ᠤ ᠤᠷᠢᠳ ᠬᠠᠭᠤᠴᠢᠷᠠᠭᠰᠠᠨ ᠮᠠᠰᠢᠨ ᠲᠡᠷᠭᠡ ᠵᠢ ᠰᠢᠭᠰᠢᠭᠳᠡᠭᠦᠯᠵᠦ ᠂  ᠶᠠᠭᠤᠨ᠎ᠤ ᠤᠷᠢᠳ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠵᠢᠨ ᠮᠠᠰᠢᠨ ᠲᠡᠷᠭᠡ ᠵᠢ ᠬᠤᠳᠠᠯᠳᠤᠨ ᠠᠪᠴᠤ ᠬᠡᠷᠡᠭᠯᠡᠨ ᠂  ᠰᠢᠨ᠎ᠡ᠎ᠪᠠᠷ ᠪᠠᠶ᠋ᠢᠭᠤᠯᠬᠤ ᠪᠠ ᠨᠢᠭᠡᠨᠲᠡ ᠪᠠᠢ᠌ᠭ᠎ᠠ ᠲᠡᠷᠭᠡᠨ ᠵᠣᠭᠰᠣᠭ᠋ᠠᠯ᠎ᠤᠨ ᠭᠠᠵᠠᠷ᠎ᠲᠤ ᠴᠠᠬᠢᠯᠭ᠋ᠠᠨ ᠬᠥᠳᠡᠯᠭᠡᠭᠦᠷᠲᠦ ᠮᠠᠰᠢᠨ ᠲᠡᠷᠭᠡᠨ᠎ᠤ ᠴᠠᠬᠢᠯᠭ᠋ᠠᠨ ᠴᠡᠨᠡᠭᠯᠡᠬᠦ ᠪᠡᠯᠡᠳᠬᠡᠮᠵᠢ ᠲᠣᠬᠢᠷᠠᠭᠤᠯᠬᠤ ᠪᠤᠶᠤ ᠴᠠᠬᠢᠯᠭ᠋ᠠᠨ ᠴᠡᠨᠡᠭᠯᠡᠬᠦ ᠪᠡᠯᠡᠳᠬᠡᠮᠵᠢ ᠵᠢᠨ ᠤᠭᠰᠠᠷᠠᠬᠤ ᠨᠥᠬᠥᠴᠡᠯ᠎ᠢ ᠤᠷᠢᠳᠴᠢᠯᠠᠨ  ᠪᠦᠷᠢᠳᠦᠭᠦᠯᠦᠨ᠎ᠡ ᠃  ᠡᠨᠧᠷᠭᠢ ᠠᠷᠪᠢᠯᠠᠬᠤ ᠥᠨᠳᠥᠷ ᠪᠦᠲᠦᠮᠵᠢᠲᠡᠶ ᠠᠯᠪᠠᠨ ᠠᠵᠢᠯ᠎ᠤᠨ ᠲᠥᠬᠦᠭᠡᠷᠦᠮᠵᠢ ᠵᠢ ᠢᠳᠡᠪᠬᠢᠲᠡᠢ᠎ᠪᠠᠷ ᠳᠡᠯᠭᠡᠷᠡᠭᠦᠯᠵᠦ ᠂  ᠠᠭ᠋ᠠᠷ ᠵᠤᠬᠢᠴᠠᠭᠤᠯᠤᠭᠤᠷ ᠂  ᠴᠠᠬᠢᠯᠭ᠋ᠠᠨ ᠱᠠᠲᠤ ᠵᠡᠷᠭᠡ ᠡᠨᠧᠷᠭᠢ ᠬᠣᠷᠣᠭᠳᠠᠭᠤᠯᠬᠤ ᠲᠥᠬᠦᠭᠡᠷᠦᠮᠵᠢ ᠵᠢ ᠵᠦᠢ ᠵᠣᠬᠢᠰᠲᠠᠢ᠎ᠪᠠᠷ ᠬᠡᠷᠡᠭᠯᠡᠨ᠎ᠡ ᠃  ᠵᠢᠱ᠌ᠢᠶ᠎ᠡ ᠦᠵᠡᠬᠦᠯᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ ᠂  ᠠᠷᠪᠢᠯᠠᠨ ᠭᠠᠮᠨᠠᠬᠤ ᠬᠡᠯᠪᠡᠷᠢ ᠪᠦᠬᠦᠢ ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠵᠢᠱ᠌ᠢᠶ᠎ᠡ ᠦᠵᠡᠭᠦᠯᠬᠦ ᠨᠢᠭᠡᠴᠢ ᠵᠢ ᠡᠭᠦᠳᠦᠨ ᠪᠠᠶ᠋ᠢᠭᠤᠯᠬᠤ ᠪᠠ ᠡᠨᠧᠷᠭᠢ ᠵᠢᠨ ᠠᠰᠢᠭᠯᠠᠮᠵᠢ ᠵᠢᠨ

《ᠳᠠᠭ᠋ᠠᠭᠤᠯᠤᠭᠴᠢ》 ᠵᠢ ᠢᠳᠡᠪᠬᠢᠲᠡᠢ᠎ᠪᠠᠷ ᠰᠢᠯᠢᠨ ᠰᠣᠩᠭᠣᠨ᠎ᠠ ᠃ 2025 ᠣᠨ ᠪᠣᠯᠬᠤ᠎ᠳᠤ ᠂ 80%᠎ᠠᠴᠠ  ᠳᠡᠭᠡᠭᠰᠢᠬᠢ ᠨᠠᠮ ᠵᠠᠰᠠᠭ᠎ᠤᠨ ᠪᠠᠢ᠌ᠭᠤᠯᠭ᠎ᠠ ᠵᠢ ᠠᠷᠪᠢᠯᠠᠨ ᠭᠠᠮᠨᠠᠬᠤ ᠬᠡᠯᠪᠡᠷᠢ ᠪᠦᠬᠦᠢ ᠪᠠᠢ᠌ᠭᠤᠯᠭ᠎ᠠ ᠪᠣᠯᠭ᠋ᠠᠨ ᠡᠭᠦᠳᠦᠨ ᠪᠠᠶ᠋ᠢᠭᠤᠯᠬᠤ᠎ᠪᠠᠷ ᠴᠢᠷᠮᠠᠢ᠌ᠵᠤ ᠂  ᠣᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠰᠤᠷᠭ᠋ᠠᠨ ᠬᠥᠮᠦᠵᠢᠯ᠎ᠤᠨ ᠲᠢᠩᠬᠢᠮ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠂  ᠪᠡᠶ᠎ᠡ ᠵᠢᠨ ᠲᠠᠮᠢᠷ᠎ᠤᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (  ᠲᠤᠯᠤᠭ᠎ᠠ ) ᠭᠣᠣᠯᠳᠠᠯᠭ᠎ᠠ᠎ᠲᠠᠢ ᠣᠷᠣᠨ ᠪᠦᠰᠡ ᠵᠢᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠢᠨᠵᠧᠨᠧᠷᠢᠩ ᠃  ᠠᠭ᠋ᠠᠷ ᠮᠠᠨᠳᠠᠯ᠎ᠤᠨ ᠪᠣᠬᠢᠷᠳᠤᠯ᠎ᠢ ᠰᠡᠷᠭᠡᠢ᠌ᠯᠡᠨ ᠵᠠᠰᠠᠬᠤ ᠭᠣᠣᠯᠳᠠᠯᠭ᠎ᠠ᠎ᠲᠠᠢ ᠣᠷᠣᠨ ᠪᠦᠰᠡ ᠵᠢᠨ ᠨᠠᠮᠤᠷ ᠡᠪᠦᠯ᠎ᠤᠨ ᠤᠯᠠᠷᠢᠯ᠎ᠳᠠᠬᠢ ᠪᠣᠭᠣᠮᠲᠠ ᠰᠢᠪᠲᠤᠯᠬᠤ ᠠᠵᠢᠯᠯᠠᠭ᠋ᠠᠨ᠎ᠢ ᠦᠷᠭᠦᠯᠵᠢᠯᠡᠨ ᠠᠬᠢᠭᠤᠯᠵᠤ ᠂  ᠭᠣᠣᠯᠳᠠᠯᠭ᠎ᠠ᠎ᠲᠠᠢ ᠠᠵᠢᠯ ᠲᠦᠷᠦᠯ᠎ᠤᠨ ᠪᠦᠲᠦᠴᠡ ᠵᠢ ᠲᠣᠬᠢᠷᠠᠭᠤᠯᠬᠤ ᠪᠠ ᠪᠣᠬᠢᠷᠳᠤᠯ᠎ᠢ ᠵᠠᠰᠠᠬᠤ ᠡᠷᠴᠢᠮ ᠵᠶ᠋ᠠᠨ ᠴᠢᠩᠭ᠋ᠠᠷᠠᠭᠤᠯᠤᠨ᠎ᠠ ᠃  ᠥᠪᠡᠷᠲᠡᠭᠡᠨ ᠵᠠᠰᠠᠬᠤ ᠣᠷᠣᠨ᠎ᠤ ᠳᠤᠮᠳᠠ ᠪᠠ ᠪᠠᠷᠠᠭᠤᠨ ᠪᠡᠶ᠎ᠡ ᠵᠢᠨ ᠭᠠᠵᠠᠷ ᠣᠷᠣᠨ ᠵᠶ᠋ᠠᠷ ᠭᠣᠣᠯᠳᠠᠯᠭ᠎ᠠ ᠪᠣᠯᠭ᠋ᠠᠵᠤ ᠂  ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ ᠪᠠ ᠠᠽᠣᠲ᠎ᠤᠨ ᠢᠰᠦᠮᠡᠭ᠎ᠤᠨ ᠭᠠᠳᠠᠭᠰᠢᠯᠠᠭᠤᠯᠤᠯᠲᠠ ᠵᠢ ᠬᠠᠮᠵᠢᠯᠴᠠᠭᠤᠯᠤᠨ ᠪᠠᠭ᠋ᠠᠰᠬᠠᠬᠤ ᠠᠵᠢᠯ᠎ᠢ ᠬᠦᠴᠦᠯᠡᠨ ᠠᠬᠢᠭᠤᠯᠵᠤ ᠂  ᠵᠢᠵᠢᠭ ᠮᠥᠬᠥᠯᠢᠭᠲᠦ ᠪᠣᠳᠠᠰ ᠪᠠ ᠣᠽᠣᠨ᠎ᠢ ᠬᠠᠮᠵᠢᠯᠴᠠᠨ ᠡᠵᠡᠮᠳᠡᠬᠦ᠎ᠪᠠᠨ ᠴᠢᠩᠭ᠋ᠠᠳᠬᠠᠨ᠎ᠠ ᠃  ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂  ᠬᠣᠲᠠ ᠪᠠᠯᠭ᠋ᠠᠰᠤᠨ᠎ᠤ ᠪᠣᠬᠢᠷ ᠤᠰᠤ ᠬᠣᠭ ᠨᠣᠪᠰᠢ ᠵᠢ ᠰᠢᠢ᠍ᠳᠪᠦᠷᠢᠯᠡᠬᠦ ᠪᠠ ᠠᠵᠤ ᠦᠢ᠍ᠯᠡᠳᠪᠦᠷᠢ ᠂  ᠲᠠᠷᠢᠶᠠᠯᠠᠩ᠎ᠤᠨ ᠣᠯᠠᠨ ᠡᠬᠢᠲᠦ ᠂  ᠦᠯᠡᠳᠡᠭᠳᠡᠯ ᠰᠢᠬᠠᠳᠠᠰᠤ ᠵᠢᠨ ᠠᠭᠤᠷᠬᠠᠢ ᠲᠠᠯᠠᠪᠠᠢ ᠵᠡᠷᠭᠡ ᠪᠣᠬᠢᠷᠳᠤᠯ᠎ᠢ ᠵᠠᠰᠠᠬᠤ ᠢᠨᠵᠧᠨᠧᠷᠢᠩ᠎ᠢ ᠯᠠᠪᠳᠠᠭᠤᠨ ᠪᠠᠲᠤᠲᠠᠢ ᠠᠬᠢᠭᠤᠯᠵᠤ ᠂  ᠬᠠᠲᠤᠨ ᠭᠣᠣᠯ᠎ᠤᠨ ᠠᠮᠢ ᠠᠬᠤᠢ ᠵᠢ ᠬᠠᠮᠠᠭ᠋ᠠᠯᠠᠵᠤ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠬᠦᠴᠦᠯᠡᠨ ᠰᠠᠢ᠌ᠲᠤᠷ ᠬᠢᠨ᠎ᠡ﹔ ᠤᠰᠤ  ᠠᠷᠪᠢᠯᠠᠬᠤ ᠪᠠ ᠡᠵᠡᠮᠳᠡᠬᠦ ᠭᠦᠨᠴᠡ᠎ᠲᠠᠢ ᠠᠵᠢᠯᠯᠠᠭ᠋ᠠᠨ᠎ᠢ ᠬᠡᠷᠡᠭᠵᠢᠭᠦᠯᠦᠨ ᠂  ᠴᠢᠬᠤᠯᠠ ᠰᠠᠯᠪᠤᠷᠢ ᠤᠷᠤᠰᠬᠠᠯ᠎ᠤᠨ ᠪᠣᠬᠢᠷᠳᠤᠯ᠎ᠢ ᠵᠠᠰᠠᠬᠤ ᠎ᠪᠠᠨ ᠴᠢᠩᠭ᠋ᠠᠳᠬᠠᠵᠤ ᠂  ᠭᠣᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠᠰᠠᠷ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ ᠂ 2025 ᠣᠨ ᠪᠣᠯᠬᠤ᠎ᠳᠤ ᠂  ᠬᠠᠲᠤᠨ ᠭᠣᠣᠯ᠎ᠤᠨ ᠭᠣᠣᠯ ᠤᠷᠤᠰᠬᠠᠯ᠎ᠤᠨ ᠤᠰᠤᠨ᠎ᠤ ᠴᠢᠨᠠᠷ᠎ᠢ Ⅱ ᠲᠥᠷᠥᠯ᠎ᠳᠤ ᠬᠦᠷᠦᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠤᠰᠤᠨ ᠠᠰᠢᠭᠯᠠᠯᠲᠠ ᠵᠢᠨ ᠲᠢᠩᠬᠢᠮ ᠲᠦᠷᠦᠭᠦᠯᠡᠵᠦ ᠂  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠨᠠᠢ᠍ᠮᠠ) ᠨᠡᠭᠦᠷᠡᠰᠦ ᠵᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠢᠨᠵᠧᠨᠧᠷᠢᠩ ᠃  ᠥᠪᠥᠷ ᠮᠣᠩᠭᠣᠯ᠎ᠤᠨ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠬᠤ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠨ ᠂  ᠤᠯᠤᠰ᠎ᠤᠨ ᠡᠨᠧᠷᠭᠢ ᠵᠢᠨ ᠠᠮᠤᠷ ᠲᠦᠪᠰᠢᠨ ᠂  ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠢᠨ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠣᠷ᠎ᠠ ᠂  ᠤᠷᠢᠳ ᠵᠶ᠋ᠠᠷ ᠲᠣᠭᠲᠠᠭ᠋ᠠᠵᠤ ᠳᠠᠷᠠᠭ᠎ᠠ᠎ᠨᠢ ᠬᠦᠴᠦᠨ ᠦᠭᠡᠢ ᠪᠤᠯᠭ᠋ᠠᠬᠤ ᠵᠢ ᠪᠠᠷᠢᠮᠲᠠᠯᠠᠨ ᠂  ᠨᠡᠭᠦᠷᠡᠰᠦᠨ᠎ᠤ ᠬᠡᠷᠡᠭᠯᠡᠭᠡᠨ᠎ᠤ ᠨᠡᠮᠡᠭᠳᠡᠯ᠎ᠢ ᠴᠢᠩᠭ᠎ᠠ ᠪᠥᠭᠡᠳ ᠵᠦᠢ ᠵᠣᠬᠢᠰᠲᠠᠢ ᠬᠢᠵᠠᠭ᠋ᠠᠷᠯᠠᠵᠤ ᠂  ᠨᠡᠭᠦᠷᠡᠰᠦ ᠵᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠵᠢ ᠰᠠᠢ᠌ᠲᠤᠷ ᠠᠳᠬᠤᠨ ᠂  ᠪᠠᠢ᠌ᠭ᠎ᠠ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠨᠡᠭᠦᠷᠡᠰᠦ ᠵᠢ ᠠᠷᠪᠢᠯᠠᠵᠤ ᠨᠡᠭᠦᠷᠡᠰᠦᠨ᠎ᠤ ᠬᠣᠷᠣᠭᠳᠠᠯ᠎ᠢ ᠪᠠᠭ᠋ᠠᠰᠬᠠᠬᠤ ᠥᠭᠡᠷᠡᠴᠢᠯᠡᠯᠲᠡ ᠂  ᠢᠯᠴᠢ ᠬᠠᠩᠭ᠋ᠠᠬᠤ ᠥᠭᠡᠷᠡᠴᠢᠯᠡᠯᠲᠡ ᠂  ᠠᠮᠢᠳᠤᠯᠢᠭ ᠴᠢᠨᠠᠷᠲᠠᠢ ᠥᠭᠡᠷᠡᠴᠢᠯᠡᠯᠲᠡ ᠵᠢᠨ 《ᠭᠤᠷᠪᠠᠨ ᠥᠭᠡᠷᠡᠴᠢᠯᠡᠯᠲᠡ ᠵᠢᠨ ᠬᠣᠯᠪᠤᠭ᠋ᠠᠯᠠᠨ ᠬᠥᠳᠡᠯᠦᠯᠴᠡᠬᠦ》 ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ ᠠᠬᠢᠭᠤᠯᠵᠤ ᠂  ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠤᠨ᠎ᠠ ᠃  ᠨᠡᠭᠦᠷᠡᠰᠦ ᠰᠢᠲᠠᠭ᠋ᠠᠬᠤ ᠵᠢᠵᠢᠭ ᠲᠣᠭᠣᠭ᠋ᠠᠲᠤ ᠵᠤᠤᠬ᠎ᠠ ᠪᠠ  ᠨᠡᠭᠦᠷᠡᠰᠦ ᠰᠢᠲᠠᠭ᠋ᠠᠬᠤ ᠢᠯᠴᠢ ᠴᠠᠬᠢᠯᠭ᠋ᠠᠨ᠎ᠤ  ᠬᠣᠴᠤᠷᠤᠩᠭᠤᠢ ᠦᠢ᠍ᠯᠡᠳᠪᠦᠷᠢ (ᠪᠡᠯᠡᠳᠬᠡᠯ ᠴᠠᠬᠢᠯᠭ᠋ᠠᠨ᠎ᠤ ᠦᠢ᠍ᠯᠡᠳᠪᠦᠷᠢ ᠪᠠᠭᠲᠠᠨ᠎ᠠ ) ᠵᠢ ᠰᠢᠭᠰᠢᠭᠳᠡᠭᠦᠯᠬᠦ ᠡᠷᠴᠢᠮ ᠵᠶ᠋ᠠᠨ ᠨᠡᠮᠡᠭᠳᠡᠭᠦᠯᠦᠨ᠎ᠡ ᠂ 30 ᠲᠦᠮᠡᠨ ᠺᠢᠯᠣᠸᠠᠲ ᠵᠢᠴᠢ ᠲᠡᠭᠦᠨ᠎ᠠᠴᠠ ᠳᠡᠭᠡᠭᠰᠢᠬᠢ ᠢᠯᠴᠢ ᠴᠠᠬᠢᠯᠭ᠋ᠠᠨ᠎ᠢ ᠵᠡᠷᠭᠡ᠎ᠪᠠᠷ ᠭᠠᠷᠭ᠋ᠠᠬᠤ ᠴᠠᠬᠢᠯᠭ᠋ᠠᠨ᠎ᠤ ᠦᠢ᠍ᠯᠡᠳᠪᠦᠷᠢ ᠵᠢᠨ ᠢᠯᠴᠢ ᠬᠠᠩᠭ᠋ᠠᠬᠤ ᠷᠠᠳᠢᠤᠰ᠎ᠨᠢ 15 ᠺᠢᠯᠣᠮᠧᠲᠷ᠎ᠤᠨ ᠬᠡᠪᠴᠢᠶᠡᠨ ᠳᠣᠲᠣᠷᠠᠬᠢ ᠨᠡᠭᠦᠷᠡᠰᠦ ᠰᠢᠲᠠᠭ᠋ᠠᠬᠤ ᠵᠤᠤᠬ᠎ᠠ ᠵᠢ᠎ᠨᠢ  ᠬᠡᠷᠡᠭᠯᠡᠭᠡᠨ᠎ᠠᠴᠠ ᠭᠠᠷᠭ᠋ᠠᠵᠤ ᠡᠮᠬᠢᠯᠡᠵᠦ ᠨᠡᠶ᠋ᠢᠯᠡᠭᠦᠯᠬᠦ ᠡᠭᠦᠷᠭᠡ ᠵᠢ ᠪᠡᠶᠡᠯᠡᠭᠦᠯᠦᠨ᠎ᠡ ᠃  ᠪᠣᠯᠣᠳ ᠲᠡᠮᠦᠷ ᠂  ᠴᠢᠳᠬᠤᠯᠲᠠ ᠂  ᠪᠠᠷᠢᠯᠭ᠎ᠠ ᠵᠢᠨ ᠮᠠᠲ᠋ᠧᠷᠢᠶᠠᠯ ᠵᠡᠷᠭᠡ ᠨᠡᠭᠦᠷᠡᠰᠦ ᠬᠣᠷᠣᠭᠳᠠᠭᠤᠯᠬᠤ ᠭᠣᠣᠯᠳᠠᠯᠭ᠎ᠠ᠎ᠲᠠᠢ ᠠᠵᠢᠯ ᠲᠥᠷᠥᠯ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠵᠤ ᠂  ᠴᠠᠬᠢᠯᠭ᠋ᠠᠨ ᠡᠨᠧᠷᠭᠢ᠎ᠪᠠᠷ ᠣᠷᠣᠯᠠᠭᠤᠯᠬᠤ ᠵᠢ ᠠᠬᠢᠭᠤᠯᠤᠨ᠎ᠠ ᠃  ᠢᠯᠴᠢ ᠴᠠᠬᠢᠯᠭ᠋ᠠᠨ᠎ᠢ  ᠵᠡᠷᠭᠡ᠎ᠪᠠᠷ ᠭᠠᠷᠭ᠋ᠠᠵᠤ ᠲᠥᠪᠯᠡᠷᠡᠭᠦᠯᠦᠨ ᠢᠯᠴᠢ ᠬᠠᠩᠭ᠋ᠠᠬᠤ ᠲᠠᠯᠠᠪᠠᠢ ᠵᠢ ᠦᠷᠭᠦᠯᠵᠢᠯᠡᠨ ᠥᠷᠭᠡᠳᠬᠡᠵᠦ ᠂  ᠠᠵᠤ ᠦᠢ᠍ᠯᠡᠳᠪᠦᠷᠢ ᠵᠢᠨ  ᠦᠯᠡᠳᠡᠭᠡᠯ ᠢᠯᠴᠢ᠎ᠪᠠᠷ ᠲᠥᠪᠯᠡᠷᠡᠭᠦᠯᠦᠨ ᠢᠯᠴᠢ ᠬᠠᠩᠭ᠋ᠠᠬᠤ ᠵᠢ  ᠳᠡᠯᠭᠡᠷᠡᠭᠦᠯᠦᠨ᠎ᠡ ᠂ 

《ᠬᠡᠮᠬᠡᠷᠬᠡᠢ ᠨᠡᠭᠦᠷᠡᠰᠦ ᠵᠢ  ᠴᠠᠬᠢᠯᠭ᠋ᠠᠨ ᠡᠨᠧᠷᠬᠢ ᠪᠠ ᠰᠢᠲᠠᠮᠠᠬᠠᠢ ᠬᠡᠢ᠎ᠪᠠᠷ ᠣᠷᠣᠯᠠᠭᠤᠯᠬᠤ》 ᠵᠢ ᠰᠢᠨᠵᠢᠯᠡᠬᠦ ᠤᠬᠠᠭ᠋ᠠᠨᠴᠢ ᠪᠥᠭᠡᠳ ᠡᠮᠬᠢ ᠵᠢᠷᠤᠮ᠎ᠲᠠᠢ᠎ᠪᠠᠷ ᠠᠬᠢᠭᠤᠯᠵᠤ ᠂  ᠬᠤᠳᠠ ᠬᠥᠳᠡᠭᠡ ᠵᠢᠨ ᠠᠭᠤᠯᠵᠠᠷ ᠬᠡᠰᠡᠭ ᠪᠠ ᠢᠯᠴᠢ ᠵᠢᠨ ᠬᠦᠴᠦᠨ᠎ᠤ ᠬᠣᠭᠣᠯᠠᠢ ᠲᠣᠣᠷ ᠬᠦᠷᠴᠦ ᠳᠡᠶ᠋ᠢᠯᠬᠦ ᠦᠭᠡᠢ ᠬᠠᠭᠤᠴᠢᠨ ᠬᠤᠳᠠ ᠲᠣᠭᠣᠷᠢᠭ᠎ᠲᠤ ᠴᠠᠬᠢᠯᠭ᠋ᠠᠨ ᠵᠤᠤᠬ᠎ᠠ ᠂  ᠢᠯᠴᠢ ᠵᠢᠨ ᠬᠥᠭᠡᠷᠭᠡ ᠂  ᠲᠠᠷᠠᠬᠠᠢ ᠮᠠᠶᠢᠭ᠎ᠤᠨ ᠴᠠᠬᠢᠯᠭ᠋ᠠᠨ ᠳᠤᠯᠠᠭ᠋ᠠᠴᠠᠭᠤᠯᠤᠭ᠎ᠠ ᠵᠢ ᠳᠡᠯᠭᠡᠷᠡᠭᠦᠯᠦᠨ ᠬᠡᠷᠡᠭᠯᠡᠵᠦ ᠂  ᠳᠤᠯᠠᠭ᠋ᠠᠯᠠᠭ᠎ᠠ᠎ᠳᠤ ᠬᠡᠷᠡᠭᠯᠡᠬᠦ ᠨᠡᠭᠦᠷᠡᠰᠦᠨ᠎ᠤ ᠬᠡᠷᠡᠭᠴᠡᠭᠡ ᠵᠢ ᠪᠠᠭ᠋ᠠᠰᠬᠠᠨ᠎ᠠ ᠃ 2025 ᠣᠨ ᠪᠣᠯᠬᠤ᠎ᠳᠤ ᠂ 2000 ᠲᠦᠮᠡᠨ  ᠺᠢᠯᠣᠸᠠᠲ᠎ᠤᠨ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠪᠡᠶᠡᠯᠡᠭᠦᠯᠵᠦ ᠂ 3000 ᠲᠦᠮᠡᠨ ᠺᠢᠯᠣᠸᠠᠲ᠎ᠤᠨ ᠠᠮᠢᠳᠤᠯᠢᠭ ᠴᠢᠨᠠᠷᠲᠠᠢ ᠥᠭᠡᠷᠡᠴᠢᠯᠡᠯᠲᠡ ᠵᠢ ᠪᠡᠶᠡᠯᠡᠭᠦᠯᠦᠨ᠎ᠡ﹔ ᠪᠤᠭᠤᠲᠤ ᠂  ᠬᠥᠬᠡᠬᠣᠲᠠ ᠂  ᠤᠯᠠᠭ᠋ᠠᠨᠴᠠᠪ ᠂  ᠪᠠᠶᠠᠨᠨᠠᠭᠤᠷ ᠵᠡᠷᠭᠡ ᠴᠡᠪᠡᠷ ᠳᠤᠯᠠᠭ᠋ᠠᠯᠠᠭ᠎ᠠ ᠵᠢᠨ ᠵᠢᠱ᠌ᠢᠶ᠎ᠡ ᠦᠵᠡᠭᠦᠯᠬᠦ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ ᠂ 

《ᠥᠪᠥᠷ ᠮᠣᠩᠭᠣᠯ᠎ᠳᠤ ᠰᠢᠲᠠᠮᠠᠬᠠᠢ ᠬᠡᠢ ᠵᠢ ᠪᠦᠷᠢᠨ ᠪᠦᠷᠬᠦᠭᠦᠯᠬᠦ》᠎ᠤᠨ ᠠᠵᠢᠯᠯᠠᠭ᠋ᠠᠨ᠎ᠢ ᠠᠬᠢᠭᠤᠯᠵᠤ ᠂  ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠭᠠᠵᠠᠷ ᠣᠷᠣᠨ᠎ᠳᠤ ᠳᠠᠮᠵᠢᠭᠤᠯᠬᠤ ᠬᠣᠭᠣᠯᠠᠢ ᠵᠢᠨ ᠪᠠᠢ᠌ᠭ᠋ᠠᠯᠢ ᠵᠢᠨ ᠰᠢᠲᠠᠮᠠᠬᠠᠢ ᠬᠡᠢ ᠵᠢ  《ᠰᠢᠶᠠᠨ ᠪᠣᠯᠭ᠋ᠠᠨ᠎ᠳᠤ ᠨᠡᠪᠲᠡᠷᠡᠭᠦᠯᠬᠦ》 ᠵᠢ ᠦᠨᠳᠦᠰᠦᠨ᠎ᠳᠤ᠎ᠪᠠᠨ ᠪᠡᠶᠡᠯᠡᠭᠦᠯᠵᠦ ᠂  ᠵᠡᠭᠦᠨ ᠬᠡᠰᠡᠭ᠎ᠤᠨ ᠭᠠᠵᠠᠷ ᠣᠷᠣᠨ᠎ᠳᠤ ᠳᠠᠮᠵᠢᠭᠤᠯᠬᠤ  ᠬᠣᠭᠣᠯᠠᠢ ᠵᠢᠨ ᠪᠠᠢ᠌ᠭ᠋ᠠᠯᠢ ᠵᠢᠨ ᠰᠢᠲᠠᠮᠠᠬᠠᠢ ᠬᠡᠢ ᠵᠢ 《ᠬᠣᠲᠠ ᠪᠣᠯᠭ᠋ᠠᠨ᠎ᠳᠤ ᠨᠡᠪᠲᠡᠷᠡᠭᠦᠯᠬᠦ》 ᠵᠢ ᠪᠡᠶᠡᠯᠡᠭᠦᠯᠦᠨ᠎ᠡ﹔ ᠪᠥᠬᠥ ᠣᠷᠣᠨ᠎ᠤ ᠨᠡᠭᠦᠷᠡᠰᠦᠨ᠎ᠤ ᠬᠡᠷᠡᠭᠯᠡᠭᠡᠨ᠎ᠤ ᠬᠤᠪᠢ ᠵᠢᠨ ᠵᠢᠩ᠎ᠢ 75%᠎ᠠᠴᠠ  ᠳᠣᠷᠣᠭᠰᠢ ᠪᠣᠯᠲᠠᠯ᠎ᠠ ᠪᠠᠭᠤᠷᠠᠭᠤᠯᠵᠤ ᠂  ᠡᠨᠧᠷᠭᠢ ᠵᠢᠨ ᠬᠡᠷᠡᠭᠯᠡᠭᠡᠨ᠎ᠳᠠᠬᠢ ᠴᠢᠯᠠᠭᠤᠵᠢᠮᠠᠯ᠎ᠤᠨ ᠪᠤᠰᠤ ᠡᠨᠧᠷᠭᠢ ᠵᠢᠨ ᠡᠵᠡᠯᠡᠬᠦ ᠬᠤᠪᠢ ᠵᠢᠨ ᠵᠢᠩ᠎ᠢ 18% ᠣᠷᠴᠢᠮ ᠬᠦᠷᠭᠡᠨ᠎ᠡ ᠃ (ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ  ᠵᠠᠩᠭᠢᠴᠢᠯᠠᠯᠲᠠ ᠵᠢᠨ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠶᠢᠰᠦ)  ᠳᠡᠭᠳᠡᠮᠡᠬᠡᠢ ᠣᠷᠭ᠋ᠠᠨᠢᠭ ᠪᠣᠳᠠᠰ᠎ᠢ ᠶᠡᠷᠦᠩᠬᠡᠢ᠌ᠯᠡᠵᠦ ᠴᠡᠭᠴᠡᠯᠡᠨ ᠵᠠᠰᠠᠬᠤ ᠢᠨᠵᠧᠨᠧᠷᠢᠩ ᠃ VOCs ᠪᠠᠭ᠋ᠠᠲᠠᠢ ᠲᠦᠭᠦᠬᠡᠢ ᠮᠠᠲ᠋ᠧᠷᠢᠶᠠᠯ ᠪᠠ ᠲᠤᠰᠠᠯᠠᠬᠤ ᠮᠠᠲ᠋ᠧᠷᠢᠶᠠᠯ ᠵᠶ᠋ᠠᠷ  ᠣᠷᠣᠯᠠᠭᠤᠯᠬᠤ ᠪᠣᠯᠣᠨ ᠦᠢ᠍ᠯᠡᠳᠬᠦᠨ᠎ᠤ ᠡᠬᠢ ᠰᠤᠷᠪᠤᠯᠵᠢ ᠵᠢ᠎ᠨᠢ ᠣᠷᠣᠯᠠᠭᠤᠯᠬᠤ ᠢᠨᠵᠧᠨᠧᠷᠢᠩ᠎ᠢ ᠠᠬᠢᠭᠤᠯᠵᠤ ᠂  ᠪᠦᠬᠦ ᠶᠠᠪᠤᠴᠠ᠎ᠳᠤ᠎ᠨᠢ ᠪᠣᠬᠢᠷᠳᠤᠯ ᠪᠣᠳᠠᠰ᠎ᠢ ᠵᠠᠰᠠᠬᠤ ᠵᠢ ᠬᠡᠷᠡᠭᠵᠢᠭᠦᠯᠦᠨ᠎ᠡ ᠃  ᠠᠵᠤ ᠦᠢ᠍ᠯᠡᠳᠪᠦᠷᠢ ᠵᠢᠨ ᠲᠦᠷᠬᠢᠨ ᠰᠠᠪᠠᠯᠠᠬᠤ ᠂  ᠪᠣᠭᠣᠳᠠᠯᠯᠠᠨ ᠳᠠᠷᠤᠮᠠᠯᠯᠠᠬᠤ ᠵᠡᠷᠭᠡ ᠠᠵᠢᠯ ᠲᠦᠷᠦᠯ ᠵᠶ᠋ᠡᠷ ᠭᠣᠣᠯᠳᠠᠯᠭ᠎ᠠ ᠪᠣᠯᠭ᠋ᠠᠨ ᠂  ᠳᠡᠭᠳᠡᠮᠡᠬᠡᠢ ᠣᠷᠭ᠋ᠠᠨᠢᠭ ᠪᠣᠳᠠᠰ᠎ᠤᠨ ᠠᠭᠤᠯᠤᠭᠳᠠᠴᠠ᠎ᠪᠠᠷ ᠪᠠᠭ᠋ᠠᠲᠠᠢ ᠰᠢᠷ ᠂  ᠲᠤᠰᠤᠨ ᠪᠡᠬᠡ ᠂  ᠨᠠᠭ᠋ᠠᠯᠳᠤᠭᠤᠯᠤᠭᠴᠢ ᠂  ᠤᠬᠢᠶᠠᠨ ᠴᠡᠪᠡᠷᠯᠡᠬᠦ ᠡᠳ᠋  ᠬᠡᠷᠡᠭᠯᠡᠬᠦ ᠵᠢ  ᠠᠬᠢᠭᠤᠯᠤᠨ᠎ᠠ ᠃  ᠴᠢᠯᠠᠭᠤᠨ ᠲᠣᠰᠣ ᠪᠠ ᠬᠢᠮᠢ ᠂  ᠬᠢᠮᠢ ᠵᠢᠨ ᠠᠵᠤ ᠦᠢ᠍ᠯᠡᠳᠪᠦᠷᠢ ᠵᠡᠷᠭᠡ ᠠᠵᠢᠯ ᠲᠥᠷᠥᠯ᠎ᠳᠠᠬᠢ ᠳᠡᠭᠳᠡᠮᠡᠬᠡᠢ ᠣᠷᠭ᠋ᠠᠨᠢᠭ ᠪᠣᠳᠠᠰ᠎ᠤᠨ ᠪᠣᠬᠢᠷᠳᠤᠯ᠎ᠤᠨ ᠵᠠᠰᠠᠯᠲᠠ᠎ᠪᠠᠨ ᠭᠦᠨᠵᠡᠭᠡᠢ᠌ᠷᠡᠭᠦᠯᠵᠦ ᠂  ᠬᠠᠶᠠᠭᠳᠠᠮᠠᠯ ᠬᠡᠢ ᠵᠢ ᠬᠣᠷᠢᠶᠠᠨ ᠴᠤᠭᠯᠠᠭᠤᠯᠬᠤ ᠨᠣᠷᠮ᠎ᠠ ᠂  ᠵᠠᠰᠠᠬᠤ ᠪᠡᠯᠡᠳᠬᠡᠮᠵᠢ ᠵᠢ ᠵᠡᠷᠭᠡ᠎ᠳᠤ᠎ᠨᠢ ᠠᠵᠢᠯᠯᠠᠭᠤᠯᠬᠤ ᠨᠣᠷᠮ᠎ᠠ ᠪᠠ  ᠲᠠᠶᠠᠭᠳᠠᠬᠤ ᠨᠣᠷᠮ᠎ᠠ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ ᠃  ᠠᠮᠠᠷᠬᠠᠨ ᠳᠡᠭᠳᠡᠳᠡᠭ ᠣᠷᠭ᠋ᠠᠨᠢᠭ ᠰᠢᠩᠭᠡᠨ ᠪᠡᠶᠡᠲᠦ ᠬᠠᠳᠠᠭ᠋ᠠᠯᠠᠬᠤ ᠰᠠᠪᠠ ᠵᠢ ᠰᠢᠨᠡᠳᠬᠡᠨ ᠥᠭᠡᠷᠡᠴᠢᠯᠡᠵᠦ ᠂  ᠬᠥᠪᠥᠮᠡᠯ ᠳᠡᠭᠡᠪᠦᠷ᠎ᠲᠠᠢ ᠲᠣᠰᠣ ᠬᠠᠳᠠᠭ᠋ᠠᠯᠠᠬᠤ ᠰᠠᠪᠠ᠎ᠳᠤ ᠪᠦᠷᠢᠨ ᠵᠠᠯᠭ᠋ᠠᠮᠠᠯ ᠰᠢᠩᠭᠡᠨ᠎ᠤ ᠬᠥᠪᠥᠮᠡᠯ ᠲᠠᠪᠠᠭ ᠪᠠ ᠥᠨᠳᠥᠷ ᠪᠦᠳᠦᠮᠵᠢᠳᠡᠢ ᠳᠠᠪᠬᠤᠷ ᠪᠢᠲᠡᠭᠦᠮᠵᠢᠯᠡᠬᠦ ᠮᠡᠷᠭᠡᠵᠢᠯ᠎ᠢ ᠬᠡᠷᠡᠭᠯᠡᠨ ᠳᠡᠯᠭᠡᠷᠡᠭᠦᠯᠦᠨ᠎ᠡ ᠂  ᠬᠠᠶᠠᠭᠳᠠᠮᠠᠯ ᠤᠰᠤᠨ᠎ᠤ ᠰᠢᠰᠲ᠋ᠧᠮ᠎ᠤᠨ ᠥᠳᠬᠡᠴᠡ ᠶᠡᠬᠡᠲᠡᠢ ᠬᠠᠶᠠᠭᠳᠠᠮᠠᠯ ᠬᠡᠢ ᠵᠢ ᠲᠤᠰᠠᠭ᠋ᠠᠷ ᠬᠣᠷᠢᠶᠠᠨ ᠴᠤᠭᠯᠠᠭᠤᠯᠵᠤ ᠰᠢᠢ᠍ᠳᠪᠦᠷᠢᠯᠡᠨ᠎ᠡ ᠃ 2025 ᠣᠨ ᠪᠣᠯᠬᠤ᠎ᠳᠤ ᠂  ᠠᠭᠤᠰᠬᠠᠭᠴᠢ ᠬᠡᠯᠪᠡᠷᠢ ᠵᠢᠨ ᠠᠵᠤ ᠦᠢ᠍ᠯᠡᠳᠪᠦᠷᠢ ᠵᠢᠨ ᠰᠢᠷ ᠪᠤᠳᠤᠭ ᠂  ᠲᠣᠰᠣᠨ ᠪᠡᠬᠡ ᠵᠢᠨ ᠬᠡᠷᠡᠭᠯᠡᠬᠦ ᠬᠠᠷᠢᠴᠠᠯ᠎ᠢ ᠲᠣᠰ ᠲᠣᠰ 20 ᠵᠠᠭᠤᠨ᠎ᠤ ᠴᠡᠭ ᠂ 10 ᠵᠠᠭᠤᠨ᠎ᠤ ᠴᠡᠭ ᠪᠠᠭᠤᠷᠠᠭᠤᠯᠵᠤ ᠂  ᠠᠭᠤᠰᠬᠠᠭᠴᠢ ᠬᠡᠯᠪᠡᠷᠢ ᠵᠢᠨ ᠨᠠᠭ᠋ᠠᠯᠳᠤᠭᠤᠯᠤᠭᠴᠢ ᠡᠳ᠋᠎ᠤᠨ ᠬᠡᠷᠡᠭᠯᠡᠬᠦ ᠬᠡᠮᠵᠢᠶ᠎ᠡ ᠵᠢ 20%  ᠪᠠᠭᠤᠷᠠᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ

ᠬᠠᠷᠢᠭᠤᠴᠠᠨ᠎ᠠ)

      (ᠠᠷᠪᠠ) ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠢᠨᠵᠧᠨᠧᠷᠢᠩ ᠃  ᠬᠣᠲᠠ ᠪᠠᠯᠭ᠋ᠠᠰᠤᠨ᠎ᠤ ᠤᠰᠤ ᠲᠠᠲᠠᠷᠠᠭᠤᠯᠬᠤ ᠬᠣᠭᠣᠯᠠᠢ  ᠲᠣᠣᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂  ᠬᠠᠭᠤᠴᠢᠷᠠᠭᠰᠠᠨ ᠬᠣᠭᠣᠯᠠᠢ ᠲᠣᠣᠷ᠎ᠢ ᠰᠢᠨᠡᠳᠬᠡᠨ ᠥᠭᠡᠷᠡᠴᠢᠯᠡᠬᠦ ᠵᠢ ᠠᠬᠢᠭᠤᠯᠵᠤ ᠂  ᠬᠠᠲᠤᠨ ᠭᠣᠣᠯ᠎ᠤᠨ ᠭᠣᠣᠯ ᠤᠷᠤᠰᠬᠠᠯ ᠳᠠᠭ᠋ᠠᠤ ᠬᠣᠳᠠ ᠵᠢᠨ ᠪᠠᠢ᠌ᠭᠤᠯᠤᠭᠰᠠᠨ ᠲᠣᠭᠣᠷᠢᠭ᠎ᠤᠨ ᠬᠣᠭᠣᠯᠠᠢ ᠲᠣᠣᠷ᠎ᠢ ᠬᠣᠯᠢᠯᠳᠤᠭᠤᠯᠤᠨ ᠵᠠᠯᠭ᠋ᠠᠬᠤ ᠥᠭᠡᠷᠡᠴᠢᠯᠡᠯᠲᠡ ᠵᠢ ᠶᠡᠬᠡ᠎ᠪᠠᠷ ᠠᠬᠢᠭᠤᠯᠵᠤ ᠂  ᠪᠣᠷᠣᠭ᠋ᠠᠨ᠎ᠤ ᠤᠰᠤ ᠪᠠ ᠪᠣᠬᠢᠷ ᠤᠰᠤ ᠵᠢ ᠰᠠᠯᠭ᠋ᠠᠨ ᠤᠷᠤᠰᠬᠠᠬᠤ ᠥᠭᠡᠷᠡᠴᠢᠯᠡᠯᠲᠡ ᠵᠢ ᠭᠠᠵᠠᠷ ᠣᠷᠣᠨ᠎ᠤ ᠪᠠᠢ᠌ᠳᠠᠯ ᠎ᠳᠤ᠎ᠨᠢ ᠲᠣᠬᠢᠷᠠᠭᠤᠯᠤᠨ ᠠᠬᠢᠭᠤᠯᠤᠨ᠎ᠠ ᠃  ᠪᠣᠬᠢᠷ ᠤᠰᠤ ᠂  ᠬᠣᠭ ᠨᠣᠪᠰᠢ ᠂  ᠬᠠᠲᠠᠭᠤ ᠪᠡᠶᠡᠲᠦ ᠬᠠᠶᠠᠭᠳᠠᠮᠠᠯ ᠪᠣᠳᠠᠰ ᠂  ᠠᠶᠤᠯᠲᠠᠢ ᠬᠠᠶᠠᠭᠳᠠᠮᠠᠯ ᠪᠣᠳᠠᠰ ᠂  ᠡᠮ ᠡᠮᠨᠡᠯᠭᠡ ᠵᠢᠨ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠪᠡᠯᠡᠳᠬᠡᠮᠵᠢ ᠪᠠ ᠬᠢᠨᠠᠨ ᠰᠢᠨᠵᠢᠵᠦ ᠬᠢᠨᠠᠨ ᠬᠠᠮᠢᠶᠠᠷᠬᠤ ᠴᠢᠳᠠᠪᠤᠷᠢ ᠵᠢ ᠨᠢᠭᠡ ᠴᠣᠭᠴᠠᠵᠢᠭᠤᠯᠤᠭᠰᠠᠨ ᠣᠷᠴᠢᠨ ᠠᠬᠤᠢ ᠵᠢᠨ ᠰᠠᠭᠤᠷᠢ  ᠪᠡᠯᠡᠳᠬᠡᠮᠵᠢ ᠵᠢᠨ ᠲᠣᠭᠲᠠᠯᠴᠠᠭ᠎ᠠ ᠵᠢ ᠲᠦᠷᠭᠡᠪᠴᠢᠯᠡᠨ ᠪᠠᠢ᠌ᠭᠤᠯᠵᠤ ᠂  ᠡᠭᠡᠭᠦᠯᠦᠨ ᠬᠤᠷᠢᠶᠠᠵᠤ ᠪᠣᠯᠬᠤ ᠪᠣᠳᠠᠰ᠎ᠢ ᠲᠠᠬᠢᠨ ᠠᠰᠢᠭᠯᠠᠬᠤ ᠪᠠ ᠡᠬᠢ ᠪᠠᠶᠠᠯᠢᠭᠵᠢᠭᠤᠯᠬᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠎ᠡ ᠃  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠠᠬᠢ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠢᠴᠢ ᠶᠡᠷᠦᠩᠬᠡᠢ᠌ᠯᠡᠨ ᠠᠰᠢᠭᠯᠠᠬᠤ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠂  ᠡᠭᠡᠭᠦᠯᠦᠨ ᠬᠤᠷᠢᠶᠠᠵᠤ ᠪᠣᠯᠬᠤ ᠪᠣᠳᠠᠰ᠎ᠢ ᠡᠭᠡᠭᠦᠯᠦᠨ ᠬᠤᠷᠢᠶᠠᠬᠤ ᠂  ᠢᠯᠭ᠋ᠠᠬᠤ ᠂  ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ ᠃  ᠲᠣᠭᠣᠭ᠋ᠠᠨ ᠭᠡᠷ᠎ᠤᠨ ᠬᠣᠭ ᠨᠣᠪᠰᠢ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠎ᠠ ᠃  ᠠᠮᠢᠳᠤᠷᠠᠯ᠎ᠤᠨ ᠬᠣᠭ ᠨᠣᠪᠰᠢ ᠵᠢᠨ ᠲᠥᠷᠥᠯ ᠬᠤᠪᠢᠶᠠᠬᠤ ᠳᠦᠷᠢᠮ᠎ᠤᠨ  ᠲᠣᠭᠲᠠᠯᠴᠠᠭ᠎ᠠ ᠪᠠ ᠲᠥᠷᠥᠯ ᠬᠤᠪᠢᠶᠠᠨ ᠲᠠᠯᠪᠢᠬᠤ ᠂  ᠴᠤᠭᠯᠠᠭᠤᠯᠬᠤ ᠂  ᠲᠡᠭᠡᠭᠡᠪᠦᠷᠢᠯᠡᠬᠦ ᠂  ᠰᠢᠢ᠍ᠳᠪᠦᠷᠢᠯᠡᠬᠦ ᠰᠢᠰᠲ᠋ᠧᠮ᠎ᠢ ᠪᠠᠢ᠌ᠭᠤᠯᠤᠨ ᠲᠡᠭᠦᠯᠳᠡᠷᠵᠢᠭᠦᠯᠵᠦ ᠂  ᠲᠥᠷᠥᠯ ᠬᠤᠪᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠵᠢᠨ ᠲᠠᠯ᠎ᠠ᠎ᠪᠠᠷ᠎ᠬᠢ ᠳᠤᠲᠠᠭᠤᠳᠠᠯ᠎ᠢ ᠨᠥᠬᠥᠪᠦᠷᠢᠯᠡᠨ᠎ᠡ ᠃ 2025 ᠣᠨ ᠪᠣᠯᠬᠤ᠎ᠳᠤ ᠂  ᠬᠣᠲᠠ ᠵᠢᠨ ᠪᠣᠬᠢᠷ ᠰᠢᠪᠠᠷ᠎ᠢ ᠬᠣᠣᠷ ᠦᠭᠡᠢ᠌ᠳᠡᠭᠦᠯᠦᠨ ᠰᠢᠢ᠍ᠳᠪᠦᠷᠢᠯᠡᠬᠦ ᠨᠣᠷᠮ᠎ᠠ ᠵᠢ 90%᠎ᠠᠴᠠ  ᠳᠡᠭᠡᠭᠰᠢ ᠪᠤᠯᠭ᠋ᠠᠵᠤ ᠂  ᠬᠣᠲᠠ ᠵᠢᠨ ᠠᠮᠢᠳᠤᠷᠠᠯ᠎ᠤᠨ ᠬᠣᠭ ᠨᠣᠪᠰᠢ ᠵᠢ ᠰᠢᠲᠠᠭ᠋ᠠᠵᠤ ᠰᠢᠢ᠍ᠳᠪᠦᠷᠢᠯᠡᠬᠦ ᠴᠢᠳᠠᠪᠤᠷᠢ ᠵᠢᠨ ᠡᠵᠡᠯᠡᠬᠦ ᠬᠤᠪᠢ ᠵᠢᠨ ᠵᠢᠩ᠎ᠢ 65% ᠣᠷᠴᠢᠮ᠎ᠳᠤ ᠬᠦᠷᠦᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

       ᠳᠥᠷᠪᠡ ᠂  ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠳᠦᠷᠦ ᠵᠢᠨ ᠪᠣᠳᠣᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ

      (ᠨᠢᠭᠡ) ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠬᠡᠮᠵᠢᠶ᠎ᠡ ᠵᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ ᠃  ᠡᠨᠧᠷᠭᠢ ᠠᠷᠪᠢᠯᠠᠬᠤ ᠵᠢ ᠡᠩ ᠲᠡᠷᠢᠭᠦᠨ᠎ᠳᠤ ᠪᠣᠳᠣᠯᠬᠢᠯᠠᠬᠤ ᠵᠢ ᠪᠠᠷᠢᠮᠲᠠᠯᠠᠨ ᠂  ᠡᠨᠧᠷᠭᠢ ᠵᠢᠨ  ᠬᠣᠷᠣᠭᠳᠠᠯ᠎ᠤᠨ ᠬᠦᠴᠦᠯᠡᠴᠡ ᠵᠢᠨ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠋ᠠᠨ᠎ᠤ ᠬᠠᠮᠢᠶᠠᠷᠤᠯᠲᠠ ᠵᠢ ᠴᠢᠩᠭ᠋ᠠᠷᠠᠭᠤᠯᠵᠤ ᠂  ᠡᠨᠧᠷᠭᠢ ᠵᠢᠨ ᠭᠠᠷᠭ᠋ᠠᠯᠲᠠ ᠵᠢᠨ ᠨᠤᠷᠮ᠎ᠠ᠎ᠪᠠᠷ ᠴᠢᠬᠤᠯᠠ ᠦᠨᠳᠦᠰᠦᠯᠡᠯ ᠪᠣᠯᠭ᠋ᠠᠨ ᠂  ᠬᠥᠭᠵᠢᠯᠲᠡ ᠵᠢᠨ ᠱᠠᠲᠤ ᠦᠶ᠎ᠡ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ ᠂  ᠡᠯ᠎ᠡ ᠠᠢ᠌ᠮᠠᠭ ᠬᠤᠳᠠ ᠵᠢᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠬᠠᠷᠠᠯᠲᠠ ᠵᠢ ᠵᠦᠢ ᠵᠣᠬᠢᠰᠲᠠᠢ ᠲᠣᠭᠲᠠᠭ᠋ᠠᠨ᠎ᠠ ᠃  ᠡᠨᠧᠷᠭᠢ ᠵᠢᠨ ᠬᠡᠷᠡᠭᠯᠡᠭᠡᠨ᠎ᠤ ᠶᠡᠷᠦᠩᠬᠡᠢ ᠬᠡᠮᠵᠢᠶ᠎ᠡ ᠵᠢᠨ ᠬᠠᠮᠢᠶᠠᠷᠤᠯᠲᠠ ᠵᠢᠨ ᠬᠠᠷᠢᠮᠠᠬᠠᠢ ᠴᠢᠨᠠᠷ᠎ᠢ ᠪᠦᠲᠦᠮᠵᠢᠲᠡᠶ ᠴᠢᠩᠭ᠋ᠠᠷᠠᠭᠤᠯᠵᠤ ᠂  ᠡᠯ᠎ᠡ ᠠᠢ᠌ᠮᠠᠭ ᠬᠣᠲᠠ ᠎ᠨᠢ ᠥᠪᠡᠷᠲᠡᠭᠡᠨ ᠵᠠᠰᠠᠬᠤ ᠣᠷᠣᠨ᠎ᠤ ᠪᠠᠭᠤᠯᠭ᠋ᠠᠭᠰᠠᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠣᠨ᠎ᠤ ᠬᠠᠷᠠᠯᠲᠠ ᠪᠠ ᠲᠣᠰ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠨᠡᠮᠡᠭᠳᠡᠯ᠎ᠤᠨ ᠬᠤᠷᠳᠤᠴᠠ ᠵᠢᠨ ᠣᠨ᠎ᠤ ᠬᠠᠷᠠᠯᠲᠠ᠎ᠪᠠᠨ ᠦᠨᠳᠦᠰᠦᠯᠡᠨ ᠂  ᠲᠣᠰ ᠭᠠᠵᠠᠷ ᠣᠷᠣᠨ᠎ᠤ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠵᠢᠨ ᠣᠨ᠎ᠤ ᠬᠠᠷᠠᠯᠲᠠ᠎ᠪᠠᠨ ᠵᠣᠬᠢᠰᠲᠠᠢ ᠲᠣᠭᠲᠠᠭ᠋ᠠᠨ᠎ᠠ﹔ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠵᠢᠨ ᠬᠠᠷᠠᠯᠲᠠ᠎ᠨᠢ ᠵᠢᠱ᠌ᠢᠯᠲᠡ ᠵᠢᠨ ᠴᠢᠨᠠᠷᠲᠠᠢ ᠭᠦᠢ᠍ᠴᠡᠳᠬᠡᠯ ᠲᠣᠭ᠎ᠠ ᠪᠠᠢ᠌ᠵᠤ ᠂  ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ᠎ᠨᠢ ᠵᠢᠱ᠌ᠢᠭᠰᠡᠨ ᠬᠠᠷᠠᠯᠲᠠ᠎ᠠᠴᠠ  ᠳᠠᠪᠠᠭᠰᠠᠨ ᠠᠢ᠌ᠮᠠᠭ ᠬᠣᠲᠠ᠎ᠨᠢ ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ᠎ᠪᠠᠨ ᠵᠣᠬᠢᠴᠠᠩᠭᠤᠢ᠎ᠪᠠᠷ ᠲᠣᠬᠢᠷᠠᠭᠤᠯᠵᠤ ᠪᠣᠯᠣᠨ᠎ᠠ ᠃  ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠵᠢᠨ ᠤᠷᠮᠠᠰᠢᠭᠤᠯᠬᠤ ᠬᠠᠷᠠᠯᠲᠠ ᠵᠢ ᠪᠡᠶᠡᠯᠡᠭᠦᠯᠦᠭᠰᠡᠨ ᠠᠢ᠌ᠮᠠᠭ ᠬᠣᠲᠠ ᠵᠢ ᠪᠣᠯ ᠡᠨᠧᠷᠭᠢ ᠵᠢᠨ ᠬᠡᠷᠡᠭᠯᠡᠭᠡᠨ᠎ᠤ ᠶᠡᠷᠦᠩᠬᠡᠢ ᠬᠡᠮᠵᠢᠶ᠎ᠡ ᠵᠢ ᠰᠢᠯᠭ᠋ᠠᠨ ᠬᠢᠨᠠᠬᠤ᠎ᠠᠴᠠ  ᠬᠡᠯᠲᠦᠷᠢᠭᠦᠯᠦᠨ᠎ᠡ ᠃  ᠡᠯ᠎ᠡ ᠭᠠᠵᠠᠷ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠰᠢᠨ᠎ᠡ᠎ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠵᠢᠨ ᠴᠠᠬᠢᠯᠭ᠋ᠠᠨ ᠬᠦᠴᠦᠨ᠎ᠤ ᠬᠡᠷᠡᠭᠯᠡᠭᠡᠨ᠎ᠤ ᠬᠡᠮᠵᠢᠶ᠎ᠡ ᠵᠢ ᠡᠨᠧᠷᠭᠢ ᠵᠢᠨ  ᠬᠣᠷᠣᠭᠳᠠᠯ᠎ᠤᠨ ᠶᠡᠷᠦᠩᠬᠡᠢ ᠬᠡᠮᠵᠢᠶ᠎ᠡ ᠵᠢᠨ ᠰᠢᠯᠭ᠋ᠠᠨ ᠬᠢᠨᠠᠬᠤ᠎ᠳᠤ ᠣᠷᠣᠭᠤᠯᠬᠤ ᠦᠭᠡᠢ ᠂  ᠲᠦᠭᠦᠬᠡᠢ  ᠡᠳ᠋ ᠵᠶ᠋ᠠᠷ ᠬᠡᠷᠡᠭᠯᠡᠭᠰᠡᠨ ᠡᠨᠧᠷᠭᠢ ᠵᠢ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠪᠠ ᠶᠡᠷᠦᠩᠬᠡᠢ ᠬᠡᠮᠵᠢᠶᠡᠨ᠎ᠤ ᠬᠣᠣᠰ ᠡᠵᠡᠮᠳᠡᠯ᠎ᠤᠨ ᠬᠢᠨᠠᠨ ᠰᠢᠯᠭ᠋ᠠᠯᠲᠠ᠎ᠳᠤ ᠣᠷᠣᠭᠤᠯᠬᠤ ᠦᠭᠡᠢ ᠃  ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠡᠨᠧᠷᠭᠢ ᠵᠢᠨ ᠬᠣᠷᠣᠭᠳᠠᠯ᠎ᠢ ᠠᠰ᠎ᠲᠤ᠎ᠨᠢ ᠵᠢᠭᠰᠠᠭ᠋ᠠᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ ᠂  ᠡᠨᠧᠷᠭᠢ ᠵᠢᠨ ᠬᠣᠷᠣᠭᠳᠠᠯ᠎ᠢ ᠠᠰ᠎ᠲᠤ᠎ᠨᠢ ᠵᠢᠭᠰᠠᠭ᠋ᠠᠬᠤ ᠬᠡᠪᠴᠢᠶᠡᠨ᠎ᠳᠤ ᠵᠢᠭᠰᠠᠭ᠋ᠠᠨ ᠣᠷᠣᠭᠤᠯᠤᠭᠰᠠᠨ ᠴᠢᠬᠤᠯᠠ ᠶᠡᠬᠡ ᠲᠥᠷᠥᠯ ᠵᠦᠢ᠍ᠯ᠎ᠳᠠᠬᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠭᠦᠷᠭᠡᠯᠡᠬᠦ ᠡᠨᠧᠷᠭᠢ ᠵᠢᠨ ᠬᠣᠷᠣᠭᠳᠠᠯ᠎ᠢ ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠰᠢᠯᠭ᠋ᠠᠨ ᠬᠢᠨᠠᠯᠲᠠ᠎ᠳᠤ  ᠬᠠᠷᠭᠤᠭᠤᠯᠤᠨ ᠬᠠᠰᠤᠨ᠎ᠠ ᠃  ᠡᠨᠧᠷᠭᠢ ᠬᠡᠷᠡᠭᠯᠡᠬᠦ ᠲᠥᠰᠥᠪ᠎ᠤᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠵᠦ ᠂  ᠡᠨᠧᠷᠭᠢ ᠵᠢᠨ ᠬᠣᠷᠣᠭᠳᠠᠯ᠎ᠤᠨ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠪᠠᠢ᠌ᠭᠰᠠᠨ᠎ᠠᠴᠠ᠎ᠪᠠᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠲᠡᠩᠴᠡᠭᠦᠷᠢᠰᠢᠭᠦᠯᠬᠦ ᠲᠡᠢ᠌ᠰᠢ ᠬᠤᠪᠢᠷᠠᠭᠤᠯᠬᠤ ᠵᠢ ᠪᠡᠶᠡᠯᠡᠭᠦᠯᠵᠦ ᠂  ᠰᠢᠨ᠎ᠡ᠎ᠪᠠᠷ ᠭᠠᠷᠭ᠋ᠠᠬᠤ ᠲᠥᠷᠥᠯ ᠵᠦᠢ᠍ᠯ᠎ᠤᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ᠎ᠳᠤ ᠬᠡᠪ ᠳᠠᠭᠤᠷᠢᠶᠠᠯ ᠵᠶ᠋ᠠᠷ ᠬᠥᠲᠥᠯᠥᠨ ᠵᠢᠯᠤᠭᠣᠳᠬᠤ ᠵᠢ ᠴᠢᠩᠭ᠋ᠠᠷᠠᠭᠤᠯᠤᠨ ᠂  ᠡᠨᠧᠷᠭᠢ ᠵᠢᠨ  ᠬᠣᠷᠣᠭᠳᠠᠯ᠎ᠤᠨ ᠬᠦᠴᠦᠯᠡᠴᠡ᠎ᠪᠠᠷ ᠪᠠᠭ᠎ᠠ ᠰᠢᠯᠢᠳᠡᠭ ᠲᠥᠷᠥᠯ ᠵᠦᠢ᠍ᠯ᠎ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠵᠦᠢ ᠵᠣᠬᠢᠰᠲᠠᠢ ᠪᠠᠲᠤᠯᠠᠵᠤ ᠂  ᠭᠠᠵᠠᠷ ᠣᠷᠣᠨ᠎ᠤ ᠡᠨᠧᠷᠭᠢ ᠵᠢᠨ ᠬᠣᠷᠣᠭᠳᠠᠯ᠎ᠤᠨ ᠬᠦᠴᠦᠯᠡᠴᠡ᠎ᠳᠤ ᠦᠵᠡᠭᠦᠯᠬᠦ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠶᠡᠬᠡᠲᠡᠢ ᠲᠥᠷᠥᠯ ᠵᠦᠢ᠍ᠯ᠎ᠤᠨ ᠨᠥᠯᠥᠭᠡ ᠵᠢ ᠪᠦᠲᠦᠮᠵᠢᠲᠡᠶ ᠠᠷᠢᠯᠭ᠋ᠠᠨ᠎ᠠ ᠃  ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠰᠢᠯᠭ᠋ᠠᠨ ᠬᠢᠨᠠᠬᠤ ᠳᠠᠪᠲᠠᠮᠵᠢ ᠵᠢ ᠰᠢᠯᠢᠳᠡᠭᠵᠢᠭᠦᠯᠵᠦ ᠂ 《  ᠣᠨ᠎ᠤ ᠦᠨᠡᠯᠡᠯᠲᠡ ᠂  ᠤᠷᠲᠤᠪᠲᠤᠷ ᠬᠤᠭᠤᠴᠠᠭ᠋ᠠᠨ᠎ᠤ ᠦᠨᠡᠯᠡᠨ ᠵᠢᠱ᠌ᠢᠯᠲᠡ ᠂  ᠲᠠᠪᠤᠨ ᠵᠢᠯ᠎ᠤᠨ ᠰᠢᠯᠭ᠋ᠠᠨ ᠬᠢᠨᠠᠯᠲᠠ 》 ᠵᠢ ᠬᠡᠷᠡᠭᠵᠢᠭᠦᠯᠵᠦ ᠂  ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢᠨ ᠬᠠᠷᠠᠯᠲᠠ ᠵᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠨᠢᠭᠡᠳᠦᠯᠲᠡᠢ ᠲᠥᠯᠥᠪᠯᠡᠨ ᠰᠢᠯᠭ᠋ᠠᠨ ᠬᠢᠨᠠᠨ᠎ᠠ ᠃  ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠲᠥᠷᠥ ᠵᠢᠨ ᠪᠣᠳᠣᠯᠭ᠎ᠠ ᠵᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ᠎ᠢ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠬᠠᠷᠠᠯᠲᠠ ᠡᠭᠦᠷᠭᠡ᠎ᠯᠦᠭᠡ ᠵᠣᠯᠭ᠋ᠠᠭᠤᠯᠬᠤ᠎ᠪᠠᠨ ᠴᠢᠩᠭ᠋ᠠᠳᠬᠠᠨ᠎ᠠ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠲᠦᠷᠦᠭᠦᠯᠡᠵᠦ ᠂  ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠲᠣᠭ᠎ᠠ ᠪᠦᠷᠢᠳᠬᠡᠯ᠎ᠤᠨ ᠲᠣᠪᠴᠢᠶ᠎ᠠ ᠂  ᠡᠨᠧᠷᠭᠢ ᠵᠢᠨ ᠲᠣᠪᠴᠢᠶ᠎ᠠ ᠵᠡᠷᠭᠡ  ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠬᠣᠶᠠᠷ) ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠳᠦᠷᠢᠮ᠎ᠢ ᠪᠦᠷᠢᠨᠰᠢᠭᠦᠯᠦᠨ᠎ᠡ ᠃  ᠪᠣᠬᠢᠷᠳᠤᠯ᠎ᠢ ᠲᠤᠢ᠌ᠯ᠎ᠤᠨ ᠣᠨᠣᠴᠠᠲᠠᠢ᠎ᠪᠠᠷ ᠵᠠᠰᠠᠬᠤ ᠂  ᠰᠢᠨᠵᠢᠯᠡᠬᠦ ᠤᠬᠠᠭ᠋ᠠᠨᠴᠢ᠎ᠪᠠᠷ ᠵᠠᠰᠠᠬᠤ ᠂  ᠬᠠᠤᠯᠢ ᠶᠣᠰᠣᠭ᠋ᠠᠷ ᠵᠠᠰᠠᠬᠤ ᠵᠢ ᠪᠠᠷᠢᠮᠲᠠᠯᠠᠵᠤ ᠂  ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠳᠦᠷᠢᠮ᠎ᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠬᠥᠭᠵᠢᠯᠲᠡ ᠵᠢ ᠲᠦᠷᠭᠡᠳᠬᠡᠬᠦ ᠂  ᠪᠦᠲᠦᠴᠡ ᠵᠢ ᠰᠢᠯᠢᠳᠡᠭᠵᠢᠭᠦᠯᠦᠨ ᠲᠣᠬᠢᠷᠠᠭᠤᠯᠬᠤ ᠵᠢ ᠠᠬᠢᠭᠤᠯᠬᠤ ᠂  ᠣᠷᠴᠢᠨ ᠠᠬᠤᠢ ᠵᠢᠨ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠴᠢᠬᠤᠯᠠ ᠭᠠᠷᠳᠠᠴᠠ ᠪᠣᠯᠭ᠋ᠠᠵᠤ ᠂  ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠭᠣᠣᠯᠳᠠᠯᠭ᠎ᠠ᠎ᠲᠠᠢ ᠢᠨᠵᠧᠨᠧᠷᠢᠩ᠎ᠢ ᠠᠬᠢᠭᠤᠯᠤᠨ ᠬᠡᠷᠡᠭᠵᠢᠭᠦᠯᠵᠦ ᠂  ᠪᠣᠬᠢᠷᠳᠤᠯ  ᠭᠠᠳᠠᠭᠰᠢᠯᠠᠭᠤᠯᠬᠤ ᠵᠢ ᠪᠦᠲᠦᠮᠵᠢᠲᠡᠶ ᠪᠠᠭ᠋ᠠᠰᠬᠠᠬᠤ ᠴᠢᠳᠠᠪᠤᠷᠢ ᠵᠢ ᠪᠤᠢ ᠪᠣᠯᠭ᠋ᠠᠨ᠎ᠠ ᠃  ᠨᠡᠭᠦᠷᠡᠰᠦᠲᠥ᠋ᠷᠥᠭᠴᠢ  ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ ᠭᠦᠢ᠍ᠴᠡᠳᠬᠡᠯ ᠲᠣᠭ᠎ᠠ ᠵᠢ ᠵᠠᠳᠠᠯᠬᠤ ᠠᠷᠭ᠎ᠠ ᠮᠠᠶᠢᠭ ᠵᠶ᠋ᠠᠨ ᠰᠢᠯᠢᠳᠡᠭᠵᠢᠭᠦᠯᠵᠦ ᠂  ᠬᠢᠨᠠᠨ ᠬᠡᠮᠵᠢᠵᠦ ᠪᠣᠯᠬᠤ ᠂  ᠬᠠᠷᠭᠤᠭᠤᠯᠤᠨ ᠪᠠᠢ᠌ᠴᠠᠭ᠋ᠠᠵᠤ ᠪᠣᠯᠬᠤ ᠂  ᠰᠢᠯᠭ᠋ᠠᠨ ᠬᠢᠨᠠᠵᠤ ᠪᠣᠯᠬᠤ ᠵᠠᠷᠴᠢᠮ ᠶᠣᠰᠣᠭ᠋ᠠᠷ ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠭᠣᠣᠯ ᠪᠣᠯᠬᠤ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ  ᠠᠵᠢᠯᠯᠠᠭ᠋ᠠᠨ᠎ᠤ ᠲᠥᠰᠥᠯ᠎ᠢ ᠨᠠᠢ᠌ᠷᠠᠭᠤᠯᠤᠨ ᠵᠣᠬᠢᠶᠠᠵᠤ ᠂  ᠭᠣᠣᠯᠳᠠᠯᠭ᠎ᠠ᠎ᠲᠠᠢ ᠪᠠᠷᠢᠯᠭ᠎ᠠ ᠵᠢᠨ ᠪᠣᠬᠢᠷᠳᠤᠯ ᠪᠣᠳᠠᠰ ᠭᠠᠳᠠᠭᠰᠢᠯᠠᠭᠤᠯᠬᠤ ᠵᠢ ᠪᠠᠭ᠋ᠠᠰᠬᠠᠬᠤ ᠬᠡᠮᠵᠢᠶ᠎ᠡ ᠵᠢ ᠣᠷᠣᠨ ᠨᠤᠲᠤᠭ᠎ᠲᠤ ᠪᠠᠭᠤᠯᠭ᠋ᠠᠵᠤ ᠂  ᠪᠣᠬᠢᠷᠳᠤᠯ᠎ᠢ ᠵᠠᠰᠠᠬᠤ ᠡᠭᠦᠷᠭᠡ ᠨᠡᠯᠢᠶᠡᠳ ᠬᠦᠨᠳᠦ ᠪᠠᠢ᠌ᠭ᠎ᠠ ᠭᠠᠵᠠᠷ ᠣᠷᠣᠨ᠎ᠨᠢ ᠪᠣᠬᠢᠷᠳᠤᠯ ᠭᠠᠳᠠᠭᠰᠢᠯᠠᠭᠤᠯᠬᠤ ᠎ᠪᠠᠨ ᠪᠠᠭ᠋ᠠᠰᠬᠠᠬᠤ ᠡᠭᠦᠷᠭᠡ ᠵᠢ ᠬᠠᠷᠢᠴᠠᠩᠭᠤᠢ  ᠢᠯᠡᠭᠦᠬᠡᠨ ᠡᠭᠦᠷᠭᠡᠯᠡᠨ᠎ᠡ ᠃  ᠡᠯ᠎ᠡ ᠭᠠᠵᠠᠷ ᠣᠷᠣᠨ᠎ᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠢᠨᠵᠧᠨᠧᠷᠢᠩ ᠵᠶ᠋ᠡᠨ ᠣᠨ ᠵᠢᠯ ᠵᠶ᠋ᠡᠷ ᠨᠠᠢ᠌ᠳᠠᠪᠤᠷᠢᠵᠢᠭᠤᠯᠬᠤ ᠵᠢ ᠵᠢᠯᠤᠭᠣᠳᠴᠤ ᠂  ᠪᠣᠬᠢᠷᠳᠤᠯ ᠭᠠᠳᠠᠭᠰᠢᠯᠠᠭᠤᠯᠬᠤ ᠶᠡᠷᠦᠩᠬᠡᠢ  ᠬᠡᠮᠵᠢᠶ᠎ᠡ ᠵᠢ  ᠪᠠᠭ᠋ᠠᠰᠬᠠᠬᠤ ᠵᠢ ᠬᠠᠷᠭᠤᠭᠤᠯᠤᠨ ᠪᠠᠢ᠌ᠴᠠᠭ᠋ᠠᠵᠤ ᠲᠣᠭ᠋ᠠᠴᠠᠭ᠎ᠠ ᠬᠢᠬᠦ ᠵᠢ ᠴᠢᠩᠭ᠋ᠠᠷᠠᠭᠤᠯᠤᠨ᠎ᠠ ᠃  ᠤᠯᠤᠰ᠎ᠤᠨ ᠨᠢᠭᠡᠳᠦᠯᠲᠡᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠳᠣᠣᠷ᠎ᠠ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠂  ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠵᠦ ᠬᠢᠨᠠᠨ ᠵᠥᠪᠰᠢᠶᠡᠷᠡᠬᠦ ᠵᠡᠷᠭᠡ ᠳᠦᠷᠢᠮ᠎ᠯᠦᠭᠡ ᠵᠣᠯᠭ᠋ᠠᠭᠤᠯᠬᠤ ᠵᠢ ᠠᠬᠢᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠬᠠᠷᠢᠭᠤᠴᠠᠨ᠎ᠠ)

      (  ᠭᠤᠷᠪᠠ ) ᠡᠨᠧᠷᠭᠢ ᠵᠢᠨ ᠬᠣᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠬᠢᠷᠢ ᠲᠦᠪᠰᠢᠨ ᠵᠶ᠋ᠡᠷ ᠳᠣᠣᠷ᠎ᠠ ᠲᠦᠷᠦᠯ ᠵᠦᠢ᠍ᠯ᠎ᠢ ᠰᠣᠬᠣᠷ ᠪᠠᠯᠠᠢ᠎ᠪᠠᠷ ᠬᠥᠭᠵᠢᠭᠦᠯᠬᠦ ᠵᠢ ᠡᠷᠡᠰ ᠬᠣᠷᠢᠭᠯᠠᠨ᠎ᠠ ᠃  ᠠᠵᠤ ᠦᠢ᠍ᠯᠡᠰ᠎ᠤᠨ ᠵᠥᠪᠰᠢᠶᠡᠷᠡᠨ ᠣᠷᠣᠭᠤᠯᠬᠤ ᠂  ᠡᠨᠧᠷᠭᠢ ᠠᠷᠪᠢᠯᠠᠬᠤ ᠵᠢ ᠬᠢᠨᠠᠨ ᠪᠠᠢ᠌ᠴᠠᠭ᠋ᠠᠬᠤ ᠂  ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠂  ᠠᠵᠤ ᠦᠢ᠍ᠯᠡᠰ᠎ᠤᠨ ᠬᠡᠯᠬᠢᠶᠡᠨ᠎ᠤ ᠲᠠᠯ᠎ᠠ᠎ᠪᠠᠷ ᠡᠨᠧᠷᠭᠢ ᠵᠢᠨ ᠬᠣᠷᠣᠭᠳᠠᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠲᠥᠷᠥᠯ ᠵᠦᠢ᠍ᠯ 

(  ᠳᠣᠷᠣᠭᠰᠢ 《ᠬᠣᠶᠠᠷ  ᠶᠡᠬᠡᠲᠡᠢ》 ᠲᠥᠷᠥᠯ ᠵᠦᠢ᠍ᠯ ᠭᠡᠵᠦ ᠲᠣᠪᠴᠢᠯᠠᠨ᠎ᠠ )᠎ᠢ ᠴᠢᠩᠭ᠎ᠠ ᠬᠢᠵᠠᠭ᠋ᠠᠷᠯᠠᠨ᠎ᠠ ᠃  ᠤᠯᠤᠰ᠎ᠤᠨ ᠠᠵᠤ ᠦᠢ᠍ᠯᠡᠰ᠎ᠤᠨ ᠲᠥᠯᠦᠪᠵᠢᠭᠦᠯᠭᠡ ᠪᠠᠢ᠌ᠷᠢᠰᠢᠭᠤᠯᠤᠯᠲᠠ ᠵᠢᠨ ᠲᠥᠰᠥᠯ᠎ᠳᠤ ᠵᠢᠭᠰᠠᠭ᠋ᠠᠨ ᠣᠷᠣᠭᠤᠯᠤᠭᠰᠠᠨ᠎ᠠᠴᠠ  ᠪᠤᠰᠤᠳ᠎ᠢ᠎ᠨᠢ ᠥᠪᠡᠷᠲᠡᠭᠡᠨ ᠵᠠᠰᠠᠬᠤ ᠣᠷᠣᠨ᠎ᠤ 《〈ᠠᠷᠪᠠᠨ ᠳᠥᠷᠪᠡᠳᠦᠭᠡᠷ ᠲᠠᠪᠤᠨ

ᠵᠢᠯ〉᠎ᠤᠨ ᠲᠥᠯᠦᠪᠵᠢᠭᠦᠯᠭᠡ ᠵᠢᠨ ᠡᠨᠧᠷᠭᠢ ᠵᠢᠨ  ᠬᠣᠷᠣᠭᠳᠠᠯ᠎ᠤᠨ ᠬᠣᠣᠰ ᠡᠵᠡᠮᠳᠡᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ ᠎ᠪᠠᠨ ᠦᠨᠡᠨ ᠬᠦ᠌ ᠪᠠᠲᠤᠯᠠᠬᠤ ᠲᠤᠬᠠᠢ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠨᠦᠭᠦᠳ》 《〈ᠬᠣᠶᠠᠷ ᠶᠡᠬᠡᠲᠡᠢ 〉 ᠲᠥᠷᠥᠯ ᠵᠦᠢ᠍ᠯ᠎ᠢ ᠳᠣᠣᠷ᠎ᠠ ᠬᠢᠷᠢ ᠲᠦᠪᠰᠢᠨ᠎ᠲᠠᠢ᠎ᠪᠠᠷ ᠰᠣᠬᠣᠷ ᠪᠠᠯᠠᠢ᠎ᠪᠠᠷ ᠬᠥᠭᠵᠢᠭᠦᠯᠬᠦ ᠵᠢ ᠡᠷᠡᠰ ᠬᠣᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ》᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ ᠂ 《ᠬᠣᠶᠠᠷ ᠶᠡᠬᠡᠲᠡᠢ 》 ᠠᠵᠢᠯ ᠲᠥᠷᠥᠯ᠎ᠤᠨ ᠰᠢᠨ᠎ᠡ᠎ᠪᠠᠷ ᠨᠡᠮᠡᠭᠳᠡᠬᠦ ᠦᠢ᠍ᠯᠡᠳᠪᠦᠷᠢᠯᠡᠬᠦ ᠴᠢᠳᠠᠪᠤᠷᠢ ᠂  ᠰᠢᠨ᠎ᠡ᠎ᠪᠠᠷ ᠭᠠᠷᠭ᠋ᠠᠬᠤ ᠲᠥᠷᠥᠯ ᠵᠦᠢ᠍ᠯ᠎ᠢ ᠴᠢᠩᠭ᠎ᠠ ᠡᠵᠡᠮᠳᠡᠨ᠎ᠡ ᠃ 《ᠬᠣᠶᠠᠷ ᠶᠡᠬᠡᠲᠡᠢ 》 ᠠᠵᠢᠯ ᠲᠥᠷᠥᠯ᠎ᠤᠨ ᠬᠠᠮᠢᠶᠠᠷᠤᠯᠲᠠ ᠵᠢᠨ ᠡᠬᠡ ᠲᠠᠩᠰᠠ ᠵᠢ ᠪᠠᠢ᠌ᠭᠤᠯᠵᠤ ᠂  ᠴᠢᠯᠠᠭᠤᠨ ᠲᠣᠰᠣ ᠪᠠ ᠬᠢᠮᠢ ᠂  ᠬᠡᠦᠷᠰᠢᠭᠦᠯᠬᠦ ᠂  ᠬᠢᠮᠢ ᠵᠢᠨ ᠠᠵᠤ ᠦᠢ᠍ᠯᠡᠳᠪᠦᠷᠢ ᠂  ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠂  ᠪᠠᠷᠢᠯᠭ᠎ᠠ ᠵᠢᠨ ᠮᠠᠲ᠋ᠧᠷᠢᠶᠠᠯ ᠂  ᠪᠣᠯᠣᠳ ᠲᠡᠮᠦᠷ ᠂  ᠥᠩᠭᠡᠲᠦ ᠲᠡᠮᠦᠷᠯᠢᠭ ᠂  ᠨᠡᠭᠦᠷᠡᠰᠦ ᠴᠠᠬᠢᠯᠭ᠋ᠠᠨ ᠵᠡᠷᠭᠡ ᠨᠠᠢ᠍ᠮᠠᠨ ᠶᠡᠬᠡ ᠠᠵᠢᠯ ᠲᠥᠷᠥᠯ᠎ᠤᠨ 5 ᠲᠦᠮᠡᠨ ᠲᠣᠨ᠎ᠤ ᠪᠠᠷᠢᠮᠵᠢᠶᠠᠲᠤ ᠨᠡᠭᠦᠷᠡᠰᠦ᠎ᠠᠴᠠ ᠳᠡᠭᠡᠭᠰᠢᠬᠢ ᠲᠥᠷᠥᠯ ᠵᠦᠢ᠍ᠯ᠎ᠢ ᠵᠢᠷᠤᠭᠯᠠᠨ ᠲᠥᠯᠥᠪᠯᠡᠬᠦ᠎ᠪᠠᠷ ᠭᠣᠣᠯᠳᠠᠯᠭ᠎ᠠ ᠪᠣᠯᠭ᠋ᠠᠨ ᠂  ᠪᠠᠢ᠌ᠭᠤᠯᠵᠤ ᠪᠠᠢ᠌ᠭ᠎ᠠ ᠂  ᠪᠠᠶ᠋ᠢᠭᠤᠯᠬᠤ᠎ᠪᠠᠷ ᠪᠠᠢ᠌ᠭ᠎ᠠ ᠂  ᠦᠯᠡᠳᠡᠭᠡᠯ 《ᠬᠣᠶᠠᠷ ᠶᠡᠬᠡᠲᠡᠢ》 ᠲᠥᠷᠥᠯ ᠵᠦᠢ᠍ᠯ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ ᠂  ᠨᠠᠷᠢᠨ ᠬᠠᠭᠤᠳᠠᠰᠤᠨ᠎ᠤ ᠬᠠᠮᠢᠶᠠᠷᠤᠯᠲᠠ ᠂  ᠲᠥᠷᠥᠯ ᠬᠤᠪᠢᠶᠠᠨ ᠰᠢᠢ᠍ᠳᠪᠦᠷᠢᠯᠡᠬᠦ ᠂  ᠬᠥᠳᠡᠯᠦᠩᠭᠦᠢ᠎ᠪᠠᠷ ᠬᠢᠨᠠᠨ ᠡᠵᠡᠮᠳᠡᠬᠦ ᠵᠢ ᠬᠡᠷᠡᠭᠵᠢᠭᠦᠯᠦᠨ᠎ᠡ ᠃ 《ᠡᠨᠧᠷᠭᠢ ᠵᠢᠨ ᠠᠰᠢᠭᠯᠠᠮᠵᠢ ᠵᠢᠨ ᠬᠢᠵᠠᠭ᠋ᠠᠷᠯᠠᠯ᠎ᠢ ᠴᠢᠩᠳᠠᠯᠠᠵᠤ ᠭᠣᠣᠯᠳᠠᠯᠭ᠎ᠠ᠎ᠲᠠᠢ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠠᠵᠢᠯ᠎ᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠥᠰᠥᠯ》᠎ᠤᠨ ᠶᠣᠰᠣᠭ᠋ᠠᠷ ᠂  ᠠᠵᠤ ᠠᠬᠤᠢ᠌ᠯᠠᠯ᠎ᠤᠨ ᠡᠨᠧᠷᠭᠢ ᠵᠢᠨ ᠠᠰᠢᠭᠯᠠᠮᠵᠢ ᠵᠢᠨ ᠨᠠᠷᠢᠨ ᠬᠠᠭᠤᠳᠠᠰᠤ ᠵᠢ ᠪᠠᠢ᠌ᠭᠤᠯᠵᠤ ᠂  ᠠᠵᠢᠯ ᠲᠥᠷᠥᠯ᠎ᠤᠨ ᠡᠨᠧᠷᠭᠢ ᠵᠢᠨ ᠠᠰᠢᠭᠯᠠᠮᠵᠢ ᠵᠢᠨ ᠰᠠᠭᠤᠷᠢ ᠪᠠᠷᠢᠮᠵᠢᠶ᠎ᠠ ᠵᠢᠨ ᠬᠢᠷᠢ ᠬᠡᠮᠵᠢᠶ᠎ᠡ᠎ᠠᠴᠠ ᠳᠣᠣᠷ᠎ᠠ ᠪᠠᠢ᠌ᠭ᠎ᠠ ᠦᠯᠡᠳᠡᠭᠡᠯ ᠲᠥᠷᠥᠯ ᠵᠦᠢ᠍ᠯ᠎ᠢ ᠮᠡᠷᠭᠡᠵᠢᠯ᠎ᠤᠨ ᠥᠭᠡᠷᠡᠴᠢᠯᠡᠯᠲᠡ᠎ᠪᠠᠷ ᠳᠠᠮᠵᠢᠭᠤᠯᠤᠨ ᠪᠦᠬᠦᠨ᠎ᠢ ᠤᠯᠤᠰ᠎ᠤᠨ ᠰᠠᠭᠤᠷᠢ ᠪᠠᠷᠢᠮᠵᠢᠶ᠎ᠠ ᠵᠢᠨ ᠬᠢᠷᠢ ᠬᠡᠮᠵᠢᠶ᠎ᠡ᠎ᠳᠤ ᠬᠦᠷᠦᠭᠦᠯᠦᠨ᠎ᠡ﹔ ᠡᠨᠧᠷᠭᠢ ᠵᠢᠨ ᠠᠰᠢᠭᠯᠠᠮᠵᠢ᠎ᠨᠢ ᠬᠡᠪ ᠳᠠᠭᠤᠷᠢᠶᠠᠯ᠎ᠤᠨ ᠬᠢᠷᠢ ᠬᠡᠮᠵᠢᠶ᠎ᠡ ᠪᠠ ᠰᠠᠭᠤᠷᠢ ᠪᠠᠷᠢᠮᠵᠢᠶ᠎ᠠ ᠵᠢᠨ ᠬᠢᠷᠢ ᠬᠡᠮᠵᠢᠶ᠎ᠡ ᠵᠢᠨ ᠬᠣᠭᠣᠷᠣᠨᠳᠤ ᠪᠠᠢ᠌ᠬᠤ ᠲᠥᠷᠥᠯ ᠵᠦᠢ᠍ᠯ᠎ᠳᠤ ᠂  ᠤᠯᠤᠰ᠎ᠤᠨ ᠬᠡᠪ ᠳᠠᠭᠤᠷᠢᠶᠠᠯ᠎ᠤᠨ ᠬᠢᠷᠢ ᠬᠡᠮᠵᠢᠶ᠎ᠡ᠎ᠪᠠᠷ ᠯᠠᠪᠯᠠᠯᠲᠠ ᠪᠣᠯᠭ᠋ᠠᠵᠤ ᠥᠭᠡᠷᠡᠴᠢᠯᠡᠨ ᠲᠠᠰ ᠳᠡᠪᠰᠢᠭᠦᠯᠬᠦ ᠵᠢ ᠵᠣᠷᠢᠭᠵᠢᠭᠤᠯᠵᠤ ᠂  ᠠᠵᠢᠯ ᠲᠥᠷᠥᠯ᠎ᠤᠨ ᠡᠨᠧᠷᠭᠢ ᠵᠢᠨ ᠠᠰᠢᠭᠯᠠᠮᠵᠢ ᠵᠢᠨ 《  ᠳᠠᠭ᠋ᠠᠭᠤᠯᠤᠭᠴᠢ 》 ᠵᠢᠨ ᠨᠡᠷᠡᠰ᠎ᠲᠤ  ᠤᠷᠤᠭᠤᠯᠬᠤ᠎ᠪᠠᠷ ᠴᠢᠷᠮᠠᠶ᠋ᠢᠨ᠎ᠠ﹔ ᠰᠢᠨ᠎ᠡ᠎ᠪᠠᠷ ᠪᠠᠶ᠋ᠢᠭᠤᠯᠬᠤ ᠲᠦᠷᠦᠯ ᠵᠦᠢ᠍ᠯ ᠪᠦᠬᠦᠨ᠎ᠢ ᠤᠯᠤᠰ᠎ᠤᠨ ᠡᠨᠧᠷᠭᠢ ᠵᠢᠨ ᠠᠰᠢᠭᠯᠠᠮᠵᠢ ᠵᠢᠨ ᠬᠡᠪ ᠳᠠᠭᠤᠷᠢᠶᠠᠯ᠎ᠤᠨ ᠬᠢᠷᠢ ᠬᠡᠮᠵᠢᠶ᠎ᠡ᠎ᠪᠠᠷ ᠵᠢᠷᠤᠵᠤ ᠲᠥᠯᠥᠪᠯᠡᠨ ᠪᠦᠲᠦᠭᠡᠨ ᠪᠠᠶ᠋ᠢᠭᠤᠯᠤᠨ᠎ᠠ﹔ ᠥᠭᠡᠷᠡᠴᠢᠯᠡᠯᠲᠡ ᠵᠢ ᠬᠤᠭᠤᠴᠠᠭ᠎ᠠ ᠶᠣᠰᠣᠭ᠋ᠠᠷ ᠪᠡᠶᠡᠯᠡᠭᠦᠯᠵᠦ ᠳᠡᠶ᠋ᠢᠯᠬᠦ ᠦᠭᠡᠢ ᠲᠥᠷᠥᠯ ᠵᠦᠢ᠍ᠯ᠎ᠢ ᠲᠠᠰᠤᠷᠬᠠᠢ ᠰᠢᠭᠰᠢᠭᠳᠡᠭᠦᠯᠵᠦ ᠂  ᠰᠢᠭᠰᠢᠭᠳᠡᠭᠦᠯᠬᠦ ᠴᠠᠭ ᠬᠤᠭᠤᠴᠠᠭ᠎ᠠ ᠵᠢ 3 ᠵᠢᠯ᠎ᠠᠴᠠ ᠬᠡᠲᠦᠷᠡᠭᠦᠯᠵᠦ ᠪᠣᠯᠬᠤ ᠦᠭᠡᠢ ᠃ 《ᠬᠣᠶᠠᠷ ᠶᠡᠬᠡᠲᠡᠢ 》 ᠲᠥᠷᠥᠯ ᠵᠦᠢ᠍ᠯ᠎ᠤᠨ ᠪᠥᠬᠥ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ ᠂  ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠂  ᠲᠣᠭᠲᠠᠭ᠋ᠠᠯ᠎ᠠᠴᠠ  ᠵᠥᠷᠢᠴᠡᠨ ᠬᠢᠨᠠᠵᠤ ᠵᠥᠪᠰᠢᠶᠡᠷᠡᠭᠰᠡᠨ ᠂  ᠵᠥᠪᠰᠢᠶᠡᠷᠡᠭᠦᠯᠦᠭᠡᠳᠦᠢ᠎ᠪᠠᠷ ᠪᠠᠢ᠌ᠭᠤᠯᠤᠭᠰᠠᠨ ᠂  ᠵᠥᠪᠰᠢᠶᠡᠷᠡᠭᠦᠯᠦᠭᠰᠡᠨ ᠪᠠ ᠪᠠᠢ᠌ᠭᠤᠯᠤᠭᠰᠠᠨ᠎ᠨᠢ  ᠬᠠᠷᠢᠯᠴᠠᠨ ᠨᠡᠶ᠋ᠢᠴᠡᠬᠦ ᠦᠭᠡᠢ ᠂  ᠴᠣᠬᠣᠯᠠᠪᠤᠷᠢ᠎ᠠᠴᠠ  ᠳᠠᠪᠠᠭᠤᠯᠤᠨ ᠡᠨᠧᠷᠭᠢ ᠬᠡᠷᠡᠭᠯᠡᠭᠰᠡᠨ ᠂  ᠪᠠᠷᠢᠮᠵᠢᠶ᠎ᠠ᠎ᠠᠴᠠ  ᠬᠡᠲᠦᠷᠡᠭᠦᠯᠦᠨ ᠭᠠᠳᠠᠭᠰᠢᠯᠠᠭᠤᠯᠤᠭᠰᠠᠨ 《ᠬᠣᠶᠠᠷ ᠶᠡᠬᠡᠲᠡᠢ》 ᠲᠥᠷᠥᠯ ᠵᠦᠢ᠍ᠯ᠎ᠢ ᠡᠷᠡᠰ ᠵᠣᠭᠰᠣᠭ᠋ᠠᠵᠤ ᠂  ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠨ᠎ᠡ ᠃  ᠡᠳ᠋᠎ᠤᠨ ᠵᠠᠰᠠᠭ ᠠᠵᠤ ᠠᠬᠤᠢ ᠵᠢᠨ ᠰᠠᠬᠢᠯᠭ᠎ᠠ ᠪᠠᠲᠤ ᠵᠢ ᠴᠢᠩᠳᠠᠯᠠᠵᠤ ᠂ 

《ᠬᠣᠶᠠᠷ  ᠶᠡᠬᠡᠲᠡᠢ》 ᠲᠥᠷᠥᠯ ᠵᠦᠢ᠍ᠯ᠎ᠤᠨ ᠪᠡᠯᠡ ᠲᠣᠬᠢᠷᠠᠭᠤᠯᠬᠤ ᠲᠦᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠡᠨᠧᠷᠭᠢ ᠵᠢᠨ ᠲᠣᠪᠴᠢᠶ᠎ᠠ  ᠲᠦᠷᠦᠭᠦᠯᠡᠵᠦ ᠂  ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ ᠂  ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠳᠥᠷᠪᠡ) ᠬᠠᠤᠯᠢ ᠲᠣᠭᠲᠠᠭ᠋ᠠᠯ ᠪᠠ ᠪᠠᠷᠢᠮᠵᠢᠶ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠎ᠡ ᠃ 《  ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠨᠧᠷᠭᠢ ᠠᠷᠪᠢᠯᠠᠬᠤ ᠬᠠᠤᠯᠢ 》 《  ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠯ ᠠᠵᠤ ᠠᠬᠤᠢ ᠵᠢ ᠠᠬᠢᠭᠤᠯᠬᠤ ᠬᠠᠤᠯᠢ 》 《  ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠴᠡᠪᠡᠷ ᠦᠢ᠍ᠯᠡᠳᠪᠦᠷᠢᠯᠡᠯ᠎ᠢ ᠠᠬᠢᠭᠤᠯᠬᠤ ᠬᠠᠤᠯᠢ 》 《  ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠠᠤᠯᠢ 》 ᠵᠢᠴᠢ 《  ᠠᠮᠢ ᠠᠬᠤᠢ ᠣᠷᠴᠢᠨ ᠲᠣᠭᠣᠷᠢᠨ᠎ᠢ ᠬᠢᠨᠠᠨ ᠰᠢᠨᠵᠢᠬᠦ ᠳᠦᠷᠢᠮ 》 《  ᠠᠷᠠᠳ᠎ᠤᠨ ᠬᠡᠷᠡᠭᠯᠡᠭᠡᠨ᠎ᠤ ᠪᠠᠷᠢᠯᠭ᠎ᠠ ᠵᠢᠨ ᠡᠨᠧᠷᠭᠢ ᠠᠷᠪᠢᠯᠠᠬᠤ ᠳᠦᠷᠢᠮ 》 《  ᠤᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠠᠷᠪᠢᠯᠠᠬᠤ ᠳᠦᠷᠢᠮ 》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠨ᠎ᠠ ᠃  ᠨᠢᠭᠡ ᠪᠦᠯᠦᠭ 《ᠬᠣᠶᠠᠷ ᠶᠡᠬᠡᠲᠡᠢ》 ᠠᠵᠢᠯ ᠲᠥᠷᠥᠯ᠎ᠤᠨ ᠥᠪᠡᠷᠲᠡᠭᠡᠨ ᠵᠠᠰᠠᠬᠤ ᠣᠷᠣᠨ᠎ᠤ ᠡᠨᠧᠷᠭᠢ ᠠᠷᠪᠢᠯᠠᠬᠤ ᠣᠷᠣᠨ ᠨᠤᠲᠤᠭ᠎ᠤᠨ ᠪᠠᠷᠢᠮᠵᠢᠶ᠎ᠠ᠎ᠳᠤ ᠵᠠᠰᠠᠪᠤᠷᠢ ᠣᠷᠣᠭᠤᠯᠵᠤ ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠨᠧᠷᠭᠢ ᠠᠷᠪᠢᠯᠠᠬᠤ ᠬᠠᠤᠯᠢ〉 ᠵᠢ ᠬᠡᠷᠡᠭᠵᠢᠭᠦᠯᠬᠦ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠤᠨ ᠡᠨᠧᠷᠭᠢ ᠠᠷᠪᠢᠯᠠᠬᠤ ᠵᠢ ᠬᠢᠨᠠᠨ ᠪᠠᠢ᠌ᠴᠠᠭ᠋ᠠᠬᠤ ᠵᠢᠨ ᠬᠡᠷᠡᠭᠵᠢᠭᠦᠯᠬᠦ ᠠᠷᠭ᠎ᠠ》 ᠵᠡᠷᠭᠡ᠎ᠳᠤ ᠵᠠᠰᠠᠪᠤᠷᠢ ᠣᠷᠣᠭᠤᠯᠤᠨ᠎ᠠ ᠃  ᠤᠯᠤᠰ᠎ᠤᠨ ᠱᠠᠭ᠋ᠠᠷᠳᠠᠯᠭ᠎ᠠ ᠶᠣᠰᠣᠭ᠋ᠠᠷ ᠂  ᠡᠨᠧᠷᠭᠢ ᠵᠢᠨ ᠠᠰᠢᠭᠯᠠᠮᠵᠢ ᠂  ᠤᠰᠤᠨ᠎ᠤ ᠠᠰᠢᠭᠯᠠᠮᠵᠢ ᠵᠢᠨ 《ᠳᠠᠭ᠋ᠠᠭᠤᠯᠤᠭᠴᠢ》᠎ᠪᠠᠷ ᠬᠥᠲᠥᠯᠥᠨ ᠳᠠᠭ᠋ᠠᠭᠤᠯᠬᠤ ᠠᠵᠢᠯᠯᠠᠭ᠋ᠠᠨ᠎ᠢ ᠭᠦᠨᠵᠡᠭᠡᠢ ᠥᠷᠨᠢᠭᠦᠯᠦᠨ᠎ᠡ ᠃  ᠡᠨᠧᠷᠭᠢ ᠵᠢᠨ ᠬᠣᠷᠣᠭᠳᠠᠯ᠎ᠤᠨ ᠬᠢᠵᠠᠭ᠋ᠠᠷ ᠲᠣᠭ᠋ᠠᠨ᠎ᠤ ᠪᠠᠷᠢᠮᠵᠢᠶ᠎ᠠ ᠪᠠ ᠪᠣᠬᠢᠷᠳᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ ᠂  ᠤᠯᠤᠰ᠎ᠤᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠵᠦᠢ᠍ᠯ᠎ᠤᠨ ᠳᠡᠭᠳᠡᠮᠡᠬᠡᠢ ᠣᠷᠭ᠋ᠠᠨᠢᠭ ᠪᠣᠳᠠᠰ᠎ᠤᠨ ᠠᠭᠤᠯᠤᠭᠳᠠᠴᠠ ᠵᠢ ᠬᠢᠵᠠᠭ᠋ᠠᠷᠯᠠᠬᠤ ᠪᠠᠷᠢᠮᠵᠢᠶ᠎ᠠ ᠪᠠ ᠳᠡᠭᠳᠡᠮᠡᠬᠡᠢ ᠣᠷᠭ᠋ᠠᠨᠢᠭ ᠪᠣᠳᠠᠰ᠎ᠲᠤ ᠬᠣᠯᠪᠣᠭᠳᠠᠬᠤ ᠭᠣᠣᠯᠳᠠᠯᠭ᠎ᠠ᠎ᠲᠠᠢ ᠠᠵᠢᠯ ᠲᠦᠷᠦᠯ᠎ᠤᠨ ᠠᠭ᠋ᠠᠷ ᠮᠠᠨᠳᠠᠯ᠎ᠤᠨ ᠪᠣᠬᠢᠷᠳᠤᠯ᠎ᠢ ᠭᠠᠳᠠᠭᠰᠢᠯᠠᠭᠤᠯᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ ᠂  ᠭᠠᠳᠠᠭ᠋ᠠᠳᠤ᠎ᠠᠴᠠ ᠣᠷᠣᠭᠤᠯᠬᠤ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠧᠬᠠᠨᠢᠭ ᠪᠠ ᠬᠥᠳᠡᠯᠭᠡᠭᠦᠷ᠎ᠲᠤ ᠤᠯᠤᠰ᠎ᠤᠨ ᠤᠳᠤ ᠵᠢᠨ ᠬᠡᠷᠡᠭᠵᠢᠭᠦᠯᠵᠦ ᠪᠠᠢ᠌ᠭ᠎ᠠ ᠰᠢᠨ᠎ᠡ ᠦᠢ᠍ᠯᠡᠳᠪᠦᠷᠢᠯᠡᠯ᠎ᠤᠨ ᠲᠥᠬᠦᠭᠡᠷᠦᠮᠵᠢ ᠵᠢᠨ ᠭᠠᠳᠠᠭᠰᠢᠯᠠᠭᠤᠯᠬᠤ ᠪᠠᠷᠢᠮᠵᠢᠶ᠎ᠠ ᠵᠢ ᠬᠡᠷᠡᠭᠵᠢᠭᠦᠯᠦᠨ᠎ᠡ ᠃ (  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ  ᠣᠷᠴᠢᠨ ᠲᠣᠭᠣᠷᠢᠨ᠎ᠤ ᠲᠢᠩᠬᠢᠮ ᠂  ᠬᠠᠤᠯᠢ ᠴᠠᠭ᠋ᠠᠵᠠ ᠵᠢᠨ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠲᠠᠪᠤ) ᠠᠵᠤ ᠠᠬᠤᠢ ᠵᠢᠨ ᠲᠥᠷᠥ ᠵᠢᠨ ᠪᠣᠳᠣᠯᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ ᠃  ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ᠎ᠳᠤ ᠦᠵᠡᠭᠦᠯᠬᠦ ᠡᠳ᠋᠎ᠤᠨ ᠵᠠᠰᠠᠭ᠎ᠤᠨ ᠳᠡᠮᠵᠢᠯᠭᠡ ᠵᠢᠨ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠂  ᠲᠤᠰᠬᠠᠢ ᠵᠦᠢ᠍ᠯ᠎ᠤᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂  ᠡᠨᠧᠷᠭᠢ ᠠᠷᠪᠢᠯᠠᠬᠤ ᠥᠭᠡᠷᠡᠴᠢᠯᠡᠯᠲᠡ ᠂  ᠶᠡᠷᠦᠩᠬᠡᠢ᠌ᠯᠡᠭᠰᠡᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ ᠂  ᠬᠣᠴᠤᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠰᠢᠭᠰᠢᠬᠦ ᠪᠠ ᠦᠯᠡᠭᠦᠳᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠠᠷᠢᠯᠭ᠋ᠠᠬᠤ ᠂  ᠡᠨᠧᠷᠭᠢ ᠠᠷᠪᠢᠯᠠᠬᠤ ᠴᠢᠬᠤᠯᠠ ᠶᠡᠬᠡ ᠮᠡᠷᠭᠡᠵᠢᠯ᠎ᠢ ᠰᠤᠳᠤᠯᠤᠨ ᠨᠡᠭᠡᠭᠡᠬᠦ ᠪᠠ ᠠᠵᠤ ᠦᠢ᠍ᠯᠡᠰᠵᠢᠭᠦᠯᠦᠨ ᠵᠢᠱ᠌ᠢᠶ᠎ᠡ ᠦᠵᠡᠭᠦᠯᠬᠦ ᠵᠡᠷᠭᠡ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠭᠣᠣᠯᠳᠠᠯᠭ᠎ᠠ᠎ᠲᠠᠢ ᠢᠨᠵᠧᠨᠧᠷᠢᠩ᠎ᠳᠤ ᠪᠡᠯᠡ ᠮᠥᠩᠭᠥᠨ᠎ᠤ ᠳᠡᠮᠵᠢᠯᠭᠡ ᠦᠵᠡᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠎ᠠ ᠃  ᠲᠥᠪ᠎ᠤᠨ ᠲᠥᠰᠥᠪ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠬᠠᠮᠢᠶ᠎ᠠ ᠪᠦᠬᠦᠢ ᠲᠤᠰᠬᠠᠢ ᠵᠦᠢ᠍ᠯ᠎ᠤᠨ ᠪᠠ ᠤᠯᠤᠰ᠎ᠤᠨ ᠡᠨᠧᠷᠭᠢ ᠠᠷᠪᠢᠯᠠᠬᠤ ᠠᠵᠢᠯ᠎ᠤᠨ ᠲᠤᠰᠬᠠᠢ ᠵᠦᠢ᠍ᠯ᠎ᠤᠨ ᠱᠠᠩᠨᠠᠯ᠎ᠤᠨ ᠪᠡᠯᠡ ᠮᠥᠩᠭᠥ ᠵᠡᠷᠭᠡ ᠵᠢ ᠢᠳᠡᠪᠬᠢᠯᠡᠨ ᠣᠯᠵᠤ ᠂  ᠡᠨᠧᠷᠭᠢ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠵᠢᠨ ᠦᠨᠡᠯᠡᠯᠲᠡ ᠬᠢᠵᠦ ᠰᠢᠯᠭ᠋ᠠᠨ ᠬᠢᠨᠠᠭᠰᠠᠨ ᠦᠷ᠎ᠡ ᠳ᠋ᠦᠩ᠎ᠨᠢ ᠳᠠᠪᠠᠭᠤᠯᠤᠨ ᠪᠡᠶᠡᠯᠡᠭᠦᠯᠦᠭᠰᠡᠨ ᠳᠡᠰ᠎ᠲᠤ ᠬᠦᠷᠦᠭᠰᠡᠨ ᠭᠠᠵᠠᠷ ᠣᠷᠣᠨ᠎ᠢ ᠱᠠᠩᠨᠠᠨ ᠬᠥᠬᠢᠭᠦᠯᠦᠨ᠎ᠡ ᠃  ᠡᠨᠧᠷᠭᠢ ᠠᠷᠪᠢᠯᠠᠬᠤ ᠴᠠᠬᠢᠯᠭ᠋ᠠᠨ᠎ᠤ ᠦᠨ᠎ᠡ ᠵᠢᠨ ᠲᠠᠯ᠎ᠠ᠎ᠳᠠᠬᠢ ᠨᠠᠩ ᠡᠷᠴᠢᠮᠲᠡᠢ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠂  ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠥᠷᠥᠯ᠎ᠤᠨ ᠴᠠᠬᠢᠯᠭ᠋ᠠᠨ᠎ᠤ ᠦᠨ᠎ᠡ ᠵᠢᠨ ᠲᠥᠷᠥ ᠵᠢᠨ ᠪᠣᠳᠣᠯᠭ᠎ᠠ ᠪᠠ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠵᠦ ᠂ 10 ᠺᠢᠯᠤᠸᠤᠯᠲ ᠵᠢᠴᠢ ᠲᠡᠭᠦᠨ᠎ᠠᠴᠠ ᠳᠡᠭᠡᠭᠰᠢᠬᠢ ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠥᠷᠥᠯ᠎ᠤᠨ ᠬᠡᠷᠡᠭᠯᠡᠭᠴᠢᠳ ᠪᠦᠬᠦᠨ᠎ᠢ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷ᠎ᠲᠤ ᠣᠷᠣᠭᠤᠯᠵᠤ ᠂  ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠥᠷᠥᠯ᠎ᠤᠨ ᠴᠠᠬᠢᠯᠭ᠋ᠠᠨ ᠬᠡᠷᠡᠭᠯᠡᠬᠦ ᠠᠵᠤ ᠠᠬᠤᠢ᠌ᠯᠠᠯ᠎ᠤᠨ ᠠᠷᠠᠯᠵᠢᠶᠠᠯᠠᠬᠤ ᠴᠠᠬᠢᠯᠭ᠋ᠠᠨ᠎ᠤ ᠦᠨ᠎ᠡ ᠵᠢ ᠳᠡᠭᠡᠭᠰᠢᠯᠡᠭᠦᠯᠬᠦ ᠵᠢ ᠬᠢᠵᠠᠭ᠋ᠠᠷᠯᠠᠬᠤ ᠦᠭᠡᠢ ᠃  ᠵᠥᠷᠢᠶᠡᠲᠦ ᠴᠠᠬᠢᠯᠭ᠋ᠠᠨ᠎ᠤ ᠦᠨ᠎ᠡ ᠵᠢᠨ ᠲᠥᠷᠥ ᠵᠢᠨ ᠪᠣᠳᠣᠯᠭ᠎ᠠ ᠵᠢ ᠡᠮᠬᠢᠯᠡᠨ ᠨᠡᠢ᠌ᠯᠡᠭᠦᠯᠵᠦ ᠂  ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠥᠷᠥᠯ᠎ᠤᠨ ᠱᠠᠲᠤᠯᠢᠭ ᠴᠠᠬᠢᠯᠭ᠋ᠠᠨ᠎ᠤ ᠦᠨ᠎ᠡ ᠵᠢᠨ ᠨᠢᠭᠡᠳᠦᠯᠲᠡᠢ ᠳᠦᠷᠢᠮ᠎ᠢ ᠪᠠᠢ᠌ᠭᠤᠯᠤᠨ ᠂  ᠡᠨᠧᠷᠭᠢ ᠵᠢᠨ ᠠᠰᠢᠭᠯᠠᠮᠵᠢ᠎ᠨᠢ ᠰᠠᠭᠤᠷᠢ ᠪᠠᠷᠢᠮᠵᠢᠶ᠎ᠠ ᠵᠢᠨ ᠬᠢᠷᠢ ᠬᠡᠮᠵᠢᠶ᠎ᠡ᠎ᠳᠤ ᠬᠦᠷᠦᠭᠰᠡᠨ ᠤᠤᠯ᠎ᠤᠨ ᠪᠠᠢ᠌ᠭ᠎ᠠ ᠠᠵᠤ ᠠᠬᠤᠢ᠌ᠯᠠᠯ ᠪᠠ ᠡᠨᠧᠷᠭᠢ ᠵᠢᠨ ᠠᠰᠢᠭᠯᠠᠮᠵᠢ᠎ᠨᠢ ᠬᠡᠪ ᠳᠠᠭᠤᠷᠢᠶᠠᠯ᠎ᠤᠨ ᠬᠢᠷᠢ ᠬᠡᠮᠵᠢᠶ᠎ᠡ᠎ᠳᠤ ᠬᠦᠷᠦᠭᠰᠡᠨ ᠪᠠᠢ᠌ᠭᠤᠯᠵᠤ ᠪᠠᠢ᠌ᠭ᠎ᠠ ᠂  ᠪᠠᠶ᠋ᠢᠭᠤᠯᠬᠤ᠎ᠪᠠᠷ ᠪᠠᠢ᠌ᠭ᠎ᠠ ᠠᠵᠤ ᠠᠬᠤᠢ᠌ᠯᠠᠯ᠎ᠤᠨ ᠬᠡᠷᠡᠭᠯᠡᠬᠦ ᠴᠠᠬᠢᠯᠭ᠋ᠠᠨ᠎ᠤ ᠦᠨ᠎ᠡ ᠵᠢ ᠨᠡᠮᠡᠬᠦ ᠦᠭᠡᠢ ᠂  ᠡᠨᠧᠷᠭᠢ ᠵᠢᠨ ᠠᠰᠢᠭᠯᠠᠮᠵᠢ᠎ᠨᠢ ᠰᠠᠭᠤᠷᠢ ᠪᠠᠷᠢᠮᠵᠢᠶ᠎ᠠ ᠵᠢᠨ ᠬᠢᠷᠢ ᠬᠡᠮᠵᠢᠶ᠎ᠡ᠎ᠳᠤ ᠬᠦᠷᠦᠭᠰᠡᠨ ᠦᠭᠡᠢ ᠠᠵᠤ ᠠᠬᠤᠢ᠌ᠯᠠᠯ᠎ᠳᠤ ᠡᠨᠧᠷᠭᠢ ᠵᠢᠨ ᠠᠰᠢᠭᠯᠠᠮᠵᠢ ᠵᠢᠨ ᠬᠢᠷᠢ ᠬᠡᠮᠵᠢᠶ᠎ᠡ ᠵᠢᠨ ᠵᠥᠷᠢᠶ᠎ᠡ ᠵᠢ ᠦᠨᠳᠦᠰᠦᠯᠡᠨ ᠱᠠᠲᠤᠯᠢᠭ ᠴᠠᠬᠢᠯᠭ᠋ᠠᠨ᠎ᠤ ᠦᠨ᠎ᠡ ᠵᠢ ᠬᠡᠷᠡᠭᠵᠢᠭᠦᠯᠦᠨ᠎ᠡ﹔ ᠡᠨᠧᠷᠭᠢ ᠵᠢᠨ ᠬᠣᠷᠣᠭᠳᠠᠯ ᠶᠡᠬᠡᠲᠡᠢ ᠠᠵᠢᠯ ᠲᠦᠷᠦᠯ᠎ᠤᠨ ᠬᠢᠵᠠᠭ᠋ᠠᠷᠯᠠᠬᠤ ᠲᠦᠷᠦᠯ᠎ᠤᠨ ᠦᠢ᠍ᠯᠡᠳᠪᠦᠷᠢᠯᠡᠬᠦ ᠴᠢᠳᠠᠪᠤᠷᠢ (  ᠲᠣᠨᠣᠭᠯᠠᠯ )᠎ᠳᠤ ᠦᠷᠭᠦᠯᠵᠢᠯᠡᠨ ᠰᠢᠢ᠍ᠳᠬᠡᠯ᠎ᠤᠨ ᠴᠢᠨᠠᠷᠲᠠᠢ ᠠᠷᠠᠯᠵᠢᠶᠠᠨ᠎ᠤ ᠴᠠᠬᠢᠯᠭ᠋ᠠᠨ᠎ᠤ ᠦᠨ᠎ᠡ ᠵᠢ ᠬᠡᠷᠡᠭᠵᠢᠭᠦᠯᠦᠨ᠎ᠡ ᠃  ᠦᠨ᠎ᠡ ᠨᠡᠮᠡᠭᠰᠡᠨ ᠴᠠᠬᠢᠯᠭ᠋ᠠᠨ᠎ᠤ ᠰᠦᠢ᠍ᠳᠬᠡᠯ᠎ᠢ ᠠᠵᠤ ᠠᠬᠤᠢ᠌ᠯᠠᠯ᠎ᠤᠨ ᠡᠨᠧᠷᠭᠢ ᠠᠷᠪᠢᠯᠠᠨ ᠪᠣᠬᠢᠷᠳᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠮᠡᠷᠭᠡᠵᠢᠯ᠎ᠤᠨ ᠥᠭᠡᠷᠡᠴᠢᠯᠡᠯᠲᠡ ᠵᠢ ᠳᠡᠮᠵᠢᠬᠦ᠎ᠳᠤ ᠲᠤᠰᠬᠠᠢ ᠬᠡᠷᠡᠭᠯᠡᠨ᠎ᠡ ᠃  ᠨᠣᠭᠣᠭ᠋ᠠᠨ ᠮᠥᠩᠭᠥᠨ ᠭᠦᠢ᠍ᠯᠭᠡᠭᠡᠨ᠎ᠤ ᠲᠣᠭᠲᠠᠯᠴᠠᠭ᠎ᠠ ᠵᠢ ᠪᠦᠷᠢᠨᠰᠢᠭᠦᠯᠵᠦ ᠂  ᠨᠣᠭᠣᠭ᠋ᠠᠨ ᠢᠲᠡᠭᠡᠮᠵᠢᠲᠦ ᠵᠢᠭᠡᠯᠡᠯᠭᠡ ᠵᠢ ᠶᠡᠬᠡ᠎ᠪᠠᠷ ᠬᠥᠭᠵᠢᠭᠦᠯᠦᠨ ᠂  ᠭᠣᠣᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶᠡᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ᠎ᠪᠠᠨ ᠳᠡᠮᠵᠢᠵᠦ ᠂  ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠢ ᠪᠠᠭ᠋ᠠᠰᠬᠠᠬᠤ ᠵᠢ ᠳᠡᠮᠵᠢᠬᠦ ᠪᠠᠭ᠋ᠠᠵᠢ ᠪᠠ ᠨᠡᠭᠦᠷᠡᠰᠦ ᠵᠢ ᠴᠡᠪᠡᠷᠰᠢᠭᠦᠯᠦᠨ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠳᠡᠮᠵᠢᠬᠦ ᠲᠤᠰᠬᠠᠢ ᠵᠦᠢ᠍ᠯ᠎ᠤᠨ ᠳᠠᠬᠢᠨ ᠵᠢᠭᠡᠯᠡᠯᠭᠡ ᠵᠢ ᠰᠠᠢ᠌ᠲᠤᠷ ᠬᠡᠷᠡᠭᠯᠡᠨ᠎ᠡ ᠃  ᠨᠥᠬᠥᠴᠡᠯ᠎ᠲᠠᠢ ᠭᠠᠵᠠᠷ ᠣᠷᠣᠨ᠎ᠢ ᠵᠣᠷᠢᠭᠵᠢᠭᠤᠯᠵᠤ ᠪᠠᠢ᠌ᠭ᠋ᠠᠳ ᠨᠣᠭᠣᠭ᠋ᠠᠨ ᠵᠢᠭᠡᠯᠡᠯᠭᠡ᠎ᠳᠤ ᠡᠳ᠋᠎ᠤᠨ ᠵᠠᠰᠠᠭ᠎ᠤᠨ ᠳᠠᠮ ᠬᠦᠦ ᠥᠭᠬᠦ ᠂  ᠱᠠᠩᠨᠠᠵᠤ ᠨᠥᠬᠥᠪᠦᠷᠢᠯᠡᠬᠦ ᠂  ᠲᠦᠭᠰᠢᠭᠦᠷᠢ ᠵᠢᠨ ᠨᠥᠬᠥᠪᠦᠷᠢ ᠥᠭᠬᠦ ᠂  ᠢᠲᠡᠭᠡᠮᠵᠢ ᠵᠢᠨ ᠳᠠᠭ᠋ᠠᠭ᠋ᠠᠯᠲᠠ ᠬᠢᠬᠦ ᠵᠡᠷᠭᠡ ᠲᠥᠬᠥᠷ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠰᠦᠪᠡᠭᠴᠢᠯᠡᠨ  ᠪᠠᠢ᠌ᠭᠤᠯᠤᠭᠤᠯᠤᠨ᠎ᠠ ᠃  ᠨᠣᠭᠣᠭ᠋ᠠᠨ ᠵᠢᠭᠡᠯᠡᠯᠭᠡ ᠵᠢᠨ ᠲᠡᠮᠳᠡᠭᠲᠦ ᠵᠢᠨ ᠬᠥᠭᠵᠢᠯᠲᠡ ᠵᠢ ᠲᠦᠷᠭᠡᠳᠬᠡᠵᠦ ᠂  ᠨᠥᠬᠥᠴᠡᠯ᠎ᠳᠤ ᠨᠡᠢ᠌ᠴᠡᠭᠰᠡᠨ ᠠᠵᠤ ᠠᠬᠤᠢ᠌ᠯᠠᠯ᠎ᠤᠨ ᠨᠣᠭᠣᠭ᠋ᠠᠨ ᠺᠣᠮᠫᠠᠨᠢ ᠵᠢᠨ ᠵᠢᠭᠡᠯᠡᠯᠭᠡ ᠵᠢᠨ ᠲᠡᠮᠳᠡᠭ  ᠲᠠᠷᠬᠠᠭ᠋ᠠᠬᠤ ᠵᠢ᠎ᠨᠢ ᠳᠡᠮᠵᠢᠨ᠎ᠡ ᠃  ᠨᠥᠬᠥᠴᠡᠯ᠎ᠳᠤ ᠨᠡᠢ᠌ᠴᠡᠵᠦ ᠪᠠᠢ᠌ᠭ᠎ᠠ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠭᠰᠠᠨ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠲᠤ ᠭᠠᠷᠴᠤ ᠪᠡᠯᠡ ᠲᠣᠬᠢᠷᠠᠭᠤᠯᠬᠤ ᠪᠠ ᠲᠠᠬᠢᠨ ᠪᠡᠯᠡ ᠲᠣᠬᠢᠷᠠᠭᠤᠯᠭ᠎ᠠ ᠬᠢᠬᠦ ᠵᠢ ᠲᠡᠮᠵᠢᠨ᠎ᠠ ᠃  ᠣᠷᠴᠢᠨ ᠲᠣᠭᠣᠷᠢᠨ᠎ᠨᠢ ᠲᠦᠭᠰᠢᠭᠦᠷᠢ ᠶᠡᠬᠡᠲᠡᠢ ᠬᠦᠷᠢᠶᠡᠨ᠎ᠳᠠᠬᠢ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠪᠣᠬᠢᠷᠳᠤᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠤᠯᠴᠠᠬᠤ ᠵᠢ ᠢᠳᠡᠪᠬᠢᠲᠡᠢ ᠠᠬᠢᠭᠤᠯᠤᠨ᠎ᠠ ᠃  ᠣᠷᠴᠢᠨ ᠠᠬᠤᠢ ᠵᠢ ᠬᠠᠮᠠᠭ᠋ᠠᠯᠠᠬᠤ ᠂  ᠡᠨᠧᠷᠭᠢ ᠠᠷᠪᠢᠯᠠᠵᠤ ᠤᠰᠤ ᠠᠷᠪᠢᠯᠠᠬᠤ ᠂  ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯᠲᠤ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ ᠃  ᠤᠯᠤᠰ ᠭᠡᠷ᠎ᠲᠠᠢ ᠬᠠᠮᠵᠢᠯᠴᠠᠨ ᠳᠡᠭᠳᠡᠮᠡᠬᠡᠢ ᠣᠷᠭ᠋ᠠᠨᠢᠭ ᠪᠣᠳᠠᠰ᠎ᠢ ᠬᠢᠨᠠᠨ ᠰᠢᠨᠵᠢᠬᠦ ᠮᠡᠷᠭᠡᠵᠢᠯ ᠪᠠ ᠭᠠᠳᠠᠭᠰᠢᠯᠠᠭᠤᠯᠬᠤ ᠬᠡᠮᠵᠢᠶ᠎ᠡ ᠵᠢ ᠪᠤᠳᠤᠬᠤ ᠠᠷᠭ᠎ᠠ᠎ᠪᠠᠨ ᠲᠡᠭᠦᠯᠳᠡᠷᠵᠢᠭᠦᠯᠦᠨ᠎ᠡ ᠃  ᠢᠯᠴᠢ ᠬᠠᠩᠭ᠋ᠠᠬᠤ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂  ᠬᠤᠳᠠ ᠪᠠᠯᠭ᠋ᠠᠰᠤᠨ᠎ᠤ ᠢᠯᠴᠢ ᠬᠠᠩᠭ᠋ᠠᠬᠤ ᠦᠨ᠎ᠡ ᠵᠢᠨ ᠲᠣᠭᠲᠠᠴᠠ ᠵᠢ ᠲᠡᠭᠦᠯᠳᠡᠷᠵᠢᠭᠦᠯᠦᠨ᠎ᠡ ᠃  ᠬᠣᠲᠠ ᠪᠠᠯᠭ᠋ᠠᠰᠤᠨ᠎ᠤ ᠪᠣᠬᠢᠷ ᠤᠰᠤ ᠵᠢ ᠰᠢᠢ᠍ᠳᠪᠦᠷᠢᠯᠡᠬᠦ ᠰᠦᠢ᠍ᠳᠬᠡᠯ ᠲᠠᠲᠠᠪᠤᠷᠢᠯᠠᠬᠤ ᠪᠠᠷᠢᠮᠵᠢᠶ᠎ᠠ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ᠎ᠪᠠᠨ ᠪᠠᠢ᠌ᠭᠤᠯᠤᠨ ᠪᠦᠷᠢᠨᠰᠢᠭᠦᠯᠵᠦ ᠂  ᠠᠰᠢᠭ ᠭᠥᠷᠳᠡᠭᠰᠡᠨ ᠲᠠᠷᠢᠶᠠᠴᠢᠨ ᠡᠷᠦᠬᠡ ᠵᠢᠨ ᠪᠣᠬᠢᠷ ᠤᠰᠤ ᠰᠢᠢ᠍ᠳᠪᠦᠷᠢᠯᠡᠬᠦ᠎ᠳᠤ ᠰᠦᠢ᠍ᠳᠬᠡᠯ  ᠲᠤᠰᠢᠶᠠᠯᠭ᠋ᠠᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠡᠳ᠋᠎ᠤᠨ ᠵᠠᠰᠠᠭ᠎ᠤᠨ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠣᠷᠣᠨ ᠨᠤᠲᠤᠭ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠡᠨᠧᠷᠭᠢ ᠵᠢᠨ ᠲᠣᠪᠴᠢᠶ᠎ᠠ ᠂  ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ ᠂  ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠥᠪᠥᠷ ᠮᠣᠩᠭᠣᠯ᠎ᠤᠨ ᠲᠡᠮᠳᠡᠭᠲᠦ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (  ᠵᠢᠷᠭᠤᠭ᠎ᠠ )  ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠵᠢᠨ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠵᠢ ᠪᠦᠷᠢᠨᠰᠢᠭᠦᠯᠦᠨ᠎ᠡ ᠃  ᠡᠯ᠎ᠡ ᠭᠠᠵᠠᠷ ᠣᠷᠣᠨ᠎ᠤ ᠡᠨᠧᠷᠭᠢ ᠠᠷᠪᠢᠯᠠᠬᠤ ᠬᠡᠮᠵᠢᠶᠡᠨ᠎ᠤ ᠭᠦᠢ᠍ᠴᠡᠳᠬᠡᠯ ᠲᠣᠭ᠎ᠠ ᠵᠢ ᠲᠥᠯᠥᠪᠦᠷᠢ᠎ᠲᠠᠢ᠎ᠪᠠᠷ ᠬᠣᠷᠢᠶᠠᠨ ᠬᠠᠳᠠᠭ᠋ᠠᠯᠠᠬᠤ ᠲᠣᠭᠲᠠᠴᠠ ᠪᠠᠶ᠋ᠢᠭᠤᠯᠬᠤ ᠵᠢ ᠵᠣᠷᠢᠭᠵᠢᠭᠤᠯᠵᠤ ᠂  ᠡᠨᠧᠷᠭᠢ ᠵᠢᠨ ᠬᠣᠷᠣᠭᠳᠠᠯ᠎ᠢ ᠪᠠᠭ᠋ᠠᠰᠬᠠᠬᠤ ᠬᠡᠮᠵᠢᠶᠡᠨ᠎ᠤ ᠭᠦᠢ᠍ᠴᠡᠳᠬᠡᠯ ᠲᠣᠭ᠎ᠠ ᠵᠢ᠎ᠨᠢ ᠣᠷᠣᠨ ᠪᠦᠰᠡ᠎ᠪᠠᠷ ᠨᠢᠭᠡᠳᠦᠯᠲᠡᠢ  ᠲᠥᠯᠥᠪᠯᠡᠬᠦ ᠵᠢ ᠴᠢᠩᠭ᠋ᠠᠳᠬᠠᠨ᠎ᠠ ᠃  ᠡᠨᠧᠷᠭᠢ ᠠᠷᠪᠢᠯᠠᠬᠤ ᠬᠡᠮᠵᠢᠶᠡᠨ᠎ᠤ ᠭᠦᠢ᠍ᠴᠡᠳᠬᠡᠯ ᠲᠣᠭ᠎ᠠ ᠵᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠵᠢ ᠰᠦᠪᠡᠭᠴᠢᠯᠡᠨ ᠥᠷᠨᠢᠭᠦᠯᠵᠦ ᠂ 《  ᠡᠨᠧᠷᠭᠢ ᠬᠡᠷᠡᠭᠯᠡᠭᠴᠢ ᠵᠠᠷᠤᠳᠠᠯ ᠲᠤᠰᠢᠶᠠᠵᠤ ᠂  ᠡᠨᠧᠷᠭᠢ ᠠᠷᠪᠢᠯᠠᠭᠴᠢ ᠠᠰᠢᠭ ᠬᠦᠷᠳᠡᠬᠦ 》 ᠡᠨᠧᠷᠭᠢ ᠬᠡᠷᠡᠭᠯᠡᠬᠦ ᠥᠪᠡᠷ᠎ᠤᠨ ᠦᠷᠳᠡᠭ᠎ᠤᠨ ᠠᠰᠢᠭ ᠣᠷᠣᠯᠭ᠎ᠠ ᠵᠢᠨ ᠲᠣᠭᠲᠠᠴᠠ ᠵᠢ ᠠᠯᠬᠤᠮ ᠠᠯᠬᠤᠮ ᠵᠶ᠋ᠠᠷ ᠪᠤᠢ ᠪᠣᠯᠭ᠋ᠠᠵᠤ ᠂  ᠡᠨᠧᠷᠭᠢ ᠵᠢᠨ ᠬᠦᠴᠦᠨ ᠵᠦᠢ᠍ᠯ᠎ᠢ ᠴᠢᠨᠠᠷ ᠰᠠᠢ᠌ᠲᠠᠢ ᠲᠦᠷᠦᠯ ᠵᠦᠢ᠍ᠯ ᠂  ᠠᠵᠤ ᠠᠬᠤᠢ᠌ᠯᠠᠯ ᠂  ᠠᠵᠤ ᠦᠢ᠍ᠯᠡᠰ ᠵᠢᠴᠢ ᠠᠵᠤ ᠠᠬᠤᠢ ᠵᠢᠨ ᠬᠥᠭᠵᠢᠯᠲᠡ ᠵᠢᠨ ᠨᠥᠬᠥᠴᠡᠯ ᠵᠶ᠋ᠡᠷ ᠰᠠᠢ᠌ᠨ ᠭᠠᠵᠠᠷ ᠣᠷᠣᠨ ᠲᠡᠢ᠌ᠰᠢ ᠰᠢᠯᠵᠢᠭᠦᠯᠬᠦ ᠪᠠ ᠲᠥᠪᠯᠡᠷᠡᠭᠦᠯᠬᠦ ᠵᠢ ᠠᠬᠢᠭᠤᠯᠤᠨ᠎ᠠ ᠃  ᠪᠥᠬᠥ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠷᠠᠯᠵᠢᠶ᠎ᠠ ᠵᠢᠨ ᠵᠠᠬ᠎ᠠ ᠳᠡᠯᠭᠡᠭᠦᠷ᠎ᠲᠠᠢ ᠢᠳᠡᠪᠬᠢᠲᠡᠢ᠎ᠪᠠᠷ  ᠵᠠᠯᠭ᠋ᠠᠯᠳᠤᠭᠤᠯᠵᠤ ᠂  ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠠᠬ᠎ᠠ ᠳᠡᠯᠭᠡᠭᠦᠷ᠎ᠢ ᠪᠣᠢ᠌ᠵᠢᠭᠤᠯᠤᠨ ᠬᠥᠭᠵᠢᠭᠦᠯᠦᠨ᠎ᠡ ᠃  ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠣᠢ᠌ᠵᠢᠭᠤᠯᠤᠨ ᠬᠥᠭᠵᠢᠭᠦᠯᠵᠦ ᠂  ᠨᠥᠬᠥᠴᠡᠯ᠎ᠲᠠᠢ ᠭᠠᠵᠠᠷ ᠣᠷᠣᠨ᠎ᠤ ᠪᠣᠬᠢᠷᠳᠤᠯ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠲᠤᠷᠰᠢᠯᠲᠠ ᠵᠢᠨ ᠴᠡᠭ᠎ᠤᠨ ᠬᠡᠪᠴᠢᠶ᠎ᠡ᠎ᠪᠠᠨ ᠥᠷᠭᠡᠳᠬᠡᠬᠦ ᠵᠢ᠎ᠨᠢ ᠵᠣᠷᠢᠭᠵᠢᠭᠤᠯᠤᠨ᠎ᠠ ᠃  ᠪᠣᠬᠢᠷᠳᠤᠯ ᠦᠭᠡᠢ ᠴᠠᠬᠢᠯᠭ᠋ᠠᠨ ᠬᠦᠴᠦᠨ᠎ᠤ ᠦᠨᠡᠮᠯᠡᠯ᠎ᠤᠨ ᠠᠷᠠᠯᠵᠢᠶ᠎ᠠ ᠵᠢ ᠳᠡᠯᠭᠡᠷᠡᠭᠦᠯᠵᠦ ᠂  ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠵᠣᠷᠢᠭᠵᠢᠭᠤᠯᠵᠤ ᠪᠠᠢ᠌ᠭ᠋ᠠᠳ ᠪᠣᠬᠢᠷᠳᠤᠯ ᠦᠭᠡᠢ ᠴᠠᠬᠢᠯᠭ᠋ᠠᠨ ᠬᠦᠴᠦᠨ᠎ᠤ ᠦᠨᠡᠮᠯᠡᠯ᠎ᠤᠨ ᠠᠷᠠᠯᠵᠢᠶ᠎ᠠ ᠵᠢᠨ ᠠᠷᠭ᠎ᠠ ᠮᠠᠶᠢᠭ ᠵᠶ᠋ᠠᠷ ᠳᠠᠮᠵᠢᠭᠤᠯᠤᠨ ᠳᠠᠬᠢᠨ ᠡᠭᠦᠰᠴᠦ ᠪᠣᠯᠬᠤ ᠡᠨᠧᠷᠭᠢ ᠵᠢᠨ ᠴᠠᠬᠢᠯᠭ᠋ᠠᠨ ᠬᠦᠴᠦᠨ᠎ᠢ ᠠᠰᠢᠭᠯᠠᠭᠤᠯᠵᠤ ᠰᠢᠩᠭᠡᠯᠭᠡᠨ᠎ᠡ ᠃  ᠡᠨᠧᠷᠭᠢ ᠵᠢ ᠲᠥᠯᠥᠪᠦᠷᠢ᠎ᠲᠠᠢ᠎ᠪᠠᠷ ᠨᠠᠢ᠌ᠳᠠᠵᠤ ᠬᠠᠮᠢᠶᠠᠷᠤᠭᠤᠯᠬᠤ ᠵᠡᠷᠭᠡ ᠡᠨᠧᠷᠭᠢ ᠵᠢᠨ ᠭᠡᠷᠡᠲᠦ ᠬᠠᠮᠢᠶᠠᠷᠤᠯᠲᠠ ᠵᠢᠨ ᠵᠠᠭᠪᠤᠷ᠎ᠢ ᠬᠡᠷᠡᠭᠵᠢᠭᠦᠯᠵᠦ ᠂  ᠡᠨᠧᠷᠭᠢ ᠠᠷᠪᠢᠯᠠᠬᠤ ᠵᠥᠪᠯᠡᠯᠭᠡ ᠥᠭᠬᠦ ᠂  ᠣᠨᠣᠰᠢᠯᠠᠬᠤ ᠂  ᠵᠢᠷᠤᠵᠤ ᠲᠥᠯᠥᠪᠯᠡᠬᠦ ᠂  ᠪᠡᠯᠡ ᠲᠣᠬᠢᠷᠠᠭᠤᠯᠬᠤ ᠂  ᠥᠭᠡᠷᠡᠴᠢᠯᠡᠨ ᠰᠢᠨᠡᠳᠬᠡᠬᠦ ᠂  ᠨᠠᠢ᠌ᠳᠠᠵᠤ ᠬᠠᠮᠢᠶᠠᠷᠤᠭᠤᠯᠬᠤ ᠵᠡᠷᠭᠡ 《ᠲᠥᠪᠯᠡᠷᠡᠩᠭᠦᠢ 》  ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠢ᠎ᠪᠠᠷ ᠳᠡᠯᠭᠡᠷᠡᠭᠦᠯᠦᠨ᠎ᠡ ᠃  ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠬᠢᠯ ᠬᠡᠮᠵᠢᠭᠳᠡᠯ᠎ᠢ ᠪᠠᠭᠤᠷᠠᠭᠤᠯᠬᠤ ᠂  ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠦᠢ᠍ᠯᠡᠳᠦᠯ᠎ᠢ ᠪᠠᠳᠠᠷᠠᠭᠤᠯᠤᠨ᠎ᠠ ᠃  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠣᠷᠴᠢᠨ ᠲᠣᠭᠣᠷᠢᠨ᠎ᠢ  ᠶᠡᠷᠦᠩᠬᠡᠢ᠌ᠯᠡᠨ ᠵᠠᠰᠠᠬᠤ ᠵᠢᠨ ᠭᠤᠷᠪᠠᠳᠠᠭᠢ ᠡᠲᠡᠭᠡᠳ᠎ᠤᠨ ᠨᠠᠢ᠌ᠳᠠᠨ ᠬᠠᠮᠢᠶᠠᠷᠤᠭᠤᠯᠬᠤ ᠦᠢ᠍ᠯᠡᠴᠢᠯᠡᠭᠡᠨ᠎ᠢ ᠠᠬᠢᠭᠤᠯᠵᠤ ᠂  ᠡᠯ᠎ᠡ ᠲᠥᠷᠥᠯ᠎ᠤᠨ ᠬᠥᠷᠥᠩᠭᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠬᠠᠮᠢᠶᠠᠷᠤᠯᠲᠠ ᠂  ᠣᠷᠴᠢᠨ ᠲᠣᠭᠣᠷᠢᠨ᠎ᠤ ᠵᠠᠰᠠᠯᠲᠠ ᠬᠢᠭᠡᠳ ᠦᠢ᠍ᠯᠡᠴᠢᠯᠡᠭᠡᠨ ᠂  ᠪᠡᠯᠡ ᠣᠷᠣᠭᠤᠯᠤᠯᠲᠠ ᠵᠢᠨ ᠪᠦᠲᠦᠭᠡᠨ ᠪᠠᠢ᠌ᠭᠤᠯᠤᠯᠲᠠ ᠂  ᠬᠡᠷᠡᠭᠵᠢᠭᠦᠯᠦᠯᠲᠡ᠎ᠳᠤ ᠣᠷᠣᠯᠴᠠᠭᠤᠯᠤᠨ᠎ᠠ ᠃  ᠡᠨᠧᠷᠭᠢ ᠵᠢᠨ  ᠢᠯᠡᠳᠬᠡᠮᠵᠢ ᠵᠢᠨ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠵᠤ ᠂  ᠪᠣᠬᠢᠷᠳᠤᠯ ᠦᠭᠡᠢ ᠪᠦᠲᠦᠭᠡᠭᠳᠡᠬᠦᠨ᠎ᠤ ᠭᠡᠷᠡᠴᠢ ᠣᠯᠭᠣᠬᠤ ᠂  ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠋ᠠᠲᠠᠢ ᠪᠥᠭᠡᠳ ᠣᠷᠴᠢᠨ ᠲᠣᠭᠣᠷᠢᠨ᠎ᠢ ᠬᠠᠮᠠᠭ᠋ᠠᠯᠠᠬᠤ ᠪᠦᠲᠦᠭᠡᠭᠳᠡᠬᠦᠨ᠎ᠤ ᠭᠡᠷᠡᠴᠢ ᠣᠯᠭᠣᠬᠤ ᠵᠢ ᠠᠬᠢᠭᠤᠯᠤᠨ᠎ᠠ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠡᠳ᠋᠎ᠤᠨ ᠵᠠᠰᠠᠭ᠎ᠤᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠳᠣᠯᠣᠭ᠎ᠠ) ᠪᠦᠷᠢᠳᠬᠡᠵᠦ ᠬᠢᠨᠠᠨ ᠰᠢᠨᠵᠢᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ ᠃  ᠡᠨᠧᠷᠭᠢ ᠬᠡᠷᠡᠭᠯᠡᠬᠦ ᠭᠣᠣᠯᠳᠠᠯᠭ᠎ᠠ᠎ᠲᠠᠢ ᠨᠢᠭᠡᠴᠢ ᠵᠢᠨ ᠡᠨᠧᠷᠭᠢ ᠵᠢᠨ ᠠᠰᠢᠭᠯᠠᠯᠲᠠ ᠵᠢᠨ ᠪᠠᠢ᠌ᠳᠠᠯ᠎ᠢ ᠮᠡᠳᠡᠭᠦᠯᠬᠦ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ ᠂  ᠡᠨᠧᠷᠭᠢ ᠬᠡᠷᠡᠭᠯᠡᠬᠦ ᠭᠣᠣᠯᠳᠠᠯᠭ᠎ᠠ᠎ᠲᠠᠢ ᠨᠢᠭᠡᠴᠢ ᠵᠢᠨ ᠡᠨᠧᠷᠭᠢ ᠵᠢᠨ ᠬᠣᠷᠣᠭᠳᠠᠯ᠎ᠢ ᠰᠦᠯᠵᠢᠶ᠎ᠡ᠎ᠪᠠᠷ ᠬᠢᠨᠠᠨ ᠰᠢᠨᠵᠢᠬᠦ ᠰᠢᠰᠲ᠋ᠧᠮ᠎ᠤᠨ ᠪᠠᠢ᠌ᠭᠤᠯᠤᠯᠲᠠ ᠪᠠ ᠬᠡᠷᠡᠭᠯᠡᠯᠲᠡ ᠵᠢ ᠴᠢᠩᠭ᠋ᠠᠳᠬᠠᠨ ᠂  ᠡᠨᠧᠷᠭᠢ ᠵᠢᠨ ᠬᠡᠷᠡᠭᠯᠡᠭᠡ ᠵᠢ ᠬᠢᠨᠠᠨ ᠰᠢᠨᠵᠢᠵᠦ ᠵᠠᠳᠠᠯᠬᠤ ᠴᠢᠳᠠᠪᠤᠷᠢ ᠵᠢ ᠳᠡᠭᠡᠭᠰᠢᠯᠡᠭᠦᠯᠦᠨ᠎ᠡ ᠃  ᠡᠨᠧᠷᠭᠢ ᠵᠢᠨ ᠬᠡᠮᠵᠢᠯᠲᠡ ᠵᠢᠨ ᠪᠠᠭ᠋ᠠᠵᠢ ᠬᠡᠷᠡᠭᠰᠡᠯ ᠵᠶ᠋ᠠᠷ ᠬᠢᠨᠠᠨ ᠬᠠᠮᠢᠶᠠᠷᠬᠤ ᠵᠢ ᠴᠢᠩᠭ᠋ᠠᠳᠬᠠᠵᠤ ᠂  ᠡᠨᠧᠷᠭᠢ ᠵᠢᠨ ᠬᠡᠮᠵᠢᠯᠲᠡ ᠵᠢᠨ ᠮᠡᠷᠭᠡᠵᠢᠯ᠎ᠤᠨ ᠵᠢᠷᠤᠮᠵᠢᠯ ᠪᠠ ᠪᠠᠷᠢᠮᠵᠢᠶ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ ᠂  ᠡᠨᠧᠷᠭᠢ ᠬᠡᠷᠡᠭᠯᠡᠬᠦ ᠨᠢᠭᠡᠴᠢ ᠵᠢᠨ ᠬᠡᠮᠵᠢᠯᠲᠡ ᠵᠢᠨ ᠭᠣᠣᠯ ᠴᠣᠭᠴᠠ ᠪᠣᠯᠬᠤ ᠬᠠᠷᠢᠭᠤᠴᠠᠯᠭ᠎ᠠ ᠵᠢ᠎ᠨᠢ ᠴᠢᠩᠭ᠋ᠠᠷᠠᠭᠤᠯᠵᠤ ᠂  ᠪᠦᠷᠢᠳᠬᠡᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ ᠃  ᠡᠨᠧᠷᠭᠢ ᠵᠢᠨ ᠲᠦᠷᠦᠯ ᠵᠦᠢ᠍ᠯ᠎ᠢ ᠲᠦᠷᠦᠯ ᠬᠤᠪᠢᠶᠠᠨ ᠪᠦᠷᠢᠳᠬᠡᠬᠦ ᠠᠵᠢᠯ᠎ᠢ ᠲᠡᠭᠦᠯᠳᠡᠷᠵᠢᠭᠦᠯᠦᠨ ᠨᠠᠷᠢᠯᠢᠭᠵᠢᠭᠤᠯᠵᠤ ᠂  ᠠᠵᠤ ᠦᠢ᠍ᠯᠡᠳᠪᠦᠷᠢ ᠂  ᠪᠠᠷᠢᠯᠭ᠎ᠠ ᠂  ᠵᠠᠮ ᠬᠠᠷᠢᠯᠴᠠᠭ᠎ᠠ ᠵᠡᠷᠭᠡ ᠬᠦᠷᠢᠶ᠎ᠡ ᠴᠠᠷᠠᠭ᠋ᠠᠨ ᠎ᠳᠠᠬᠢ ᠡᠨᠧᠷᠭᠢ ᠵᠢᠨ ᠬᠡᠷᠡᠭᠯᠡᠭᠡ ᠵᠢ ᠪᠦᠷᠢᠳᠬᠡᠬᠦ ᠭᠦᠢ᠍ᠴᠡᠳᠬᠡᠯ ᠲᠣᠭ᠎ᠠ ᠪᠠ ᠠᠷᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ ᠂  ᠡᠨᠧᠷᠭᠢ ᠵᠢᠨ ᠪᠦᠷᠢᠳᠬᠡᠯ᠎ᠤᠨ ᠠᠵᠢᠯ᠎ᠤᠨ ᠲᠣᠭᠲᠠᠴᠠ ᠵᠢ ᠪᠦᠷᠢᠨᠰᠢᠭᠦᠯᠦᠨ ᠵᠢᠷᠤᠮᠵᠢᠭᠤᠯᠵᠤ ᠂  ᠪᠦᠷᠢᠳᠬᠡᠭᠰᠡᠨ ᠲᠣᠭ᠎ᠠ ᠪᠠᠷᠢᠮᠲᠠ ᠵᠢᠨ ᠪᠦᠬᠦ ᠲᠠᠯ᠎ᠠ ᠵᠢᠨ ᠂  ᠦᠨᠡᠨ ᠪᠣᠳᠠᠲᠠᠢ ᠪᠥᠭᠡᠳ ᠪᠤᠰᠤᠳᠴᠢ ᠪᠠᠢ᠌ᠬᠤ ᠵᠢ ᠪᠠᠲᠤᠯᠠᠨ᠎ᠠ ᠃  ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠲᠠᠢ ᠨᠢᠭᠡᠴᠢ ᠵᠢ ᠬᠠᠮᠤᠷᠤᠭᠰᠠᠨ ᠲᠣᠭᠲᠠᠮᠠᠯ ᠪᠣᠬᠢᠷᠳᠤᠯ᠎ᠤᠨ ᠡᠬᠢ ᠵᠢ ᠬᠢᠨᠠᠨ ᠬᠡᠮᠵᠢᠬᠦ ᠲᠣᠭᠲᠠᠯᠴᠠᠭ᠎ᠠ ᠵᠢ ᠪᠠᠢ᠌ᠭᠤᠯᠵᠤ ᠂  ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷᠳᠤᠯ᠎ᠤᠨ ᠡᠬᠢ ᠵᠢ ᠬᠢᠨᠠᠨ ᠬᠡᠮᠵᠢᠬᠦ᠎ᠪᠠᠨ ᠴᠢᠩᠭ᠋ᠠᠳᠬᠠᠨ ᠂  ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ᠎ᠤᠨ ᠭᠠᠳᠠᠭᠰᠢᠯᠠᠭᠤᠯᠤᠯᠲᠠ᠎ᠳᠤ ᠬᠣᠯᠪᠣᠭᠳᠠᠬᠤ ᠭᠣᠣᠯᠳᠠᠯᠭ᠎ᠠ᠎ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠢ᠎ᠳᠤ ᠰᠦᠯᠵᠢᠶ᠎ᠡ᠎ᠪᠠᠷ ᠬᠢᠨᠠᠨ ᠡᠵᠡᠮᠳᠡᠵᠦ ᠬᠢᠨᠠᠨ ᠬᠡᠮᠵᠢᠬᠦ ᠪᠡᠯᠡᠳᠬᠡᠮᠵᠢ ᠤᠭᠰᠠᠷᠠᠬᠤ ᠵᠢ ᠠᠬᠢᠭᠤᠯᠤᠨ᠎ᠠ ᠃  ᠲᠣᠭ᠎ᠠ ᠪᠦᠷᠢᠳᠬᠡᠯ᠎ᠤᠨ ᠠᠵᠢᠯ᠎ᠤᠨ ᠦᠨᠳᠦᠰᠦᠨ ᠱᠠᠲᠤᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂  ᠪᠦᠷᠢᠳᠬᠡᠯ᠎ᠤᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ᠎ᠪᠠᠨ ᠴᠢᠩᠭ᠋ᠠᠷᠠᠭᠤᠯᠤᠨ ᠂  ᠲᠣᠭ᠎ᠠ ᠪᠦᠷᠢᠳᠬᠡᠯ᠎ᠢ ᠬᠠᠭᠤᠷᠮᠠᠭ ᠵᠶ᠋ᠠᠷ ᠵᠣᠬᠢᠶᠠᠬᠤ ᠂  ᠬᠤᠳᠠᠯ ᠵᠶ᠋ᠠᠷ  ᠵᠣᠬᠢᠶᠠᠬᠤ ᠵᠢ ᠰᠡᠷᠭᠡᠢ᠌ᠯᠡᠵᠦ ᠂  ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ ᠃ 

(ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠂  ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠂  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂  ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠨᠠᠢ᠍ᠮᠠ ) ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠲᠠᠯ᠎ᠠ ᠵᠢᠨ ᠴᠢᠳᠠᠪᠤᠷᠢᠲᠠᠨ᠎ᠤ ᠡᠩᠨᠡᠭᠡ ᠵᠢ ᠪᠤᠵᠠᠭ᠋ᠠᠢ᠌ᠷᠠᠭᠤᠯᠤᠨ᠎ᠠ ᠃  ᠡᠨᠧᠷᠭᠢ ᠠᠷᠪᠢᠯᠠᠬᠤ ᠠᠵᠢᠯ᠎ᠢ ᠬᠢᠨᠠᠨ ᠪᠠᠢ᠌ᠴᠠᠭ᠋ᠠᠬᠤ ᠡᠩᠨᠡᠭᠡ ᠪᠠ  ᠦᠨᠳᠦᠰᠦᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ ᠂  ᠥᠪᠡᠷᠲᠡᠭᠡᠨ ᠵᠠᠰᠠᠬᠤ ᠣᠷᠣᠨ ᠂  ᠠᠢ᠌ᠮᠠᠭ ᠬᠤᠳᠠ ᠂  ᠬᠣᠰᠢᠭᠤ ᠰᠢᠶᠠᠨ (  ᠬᠤᠳᠠ ᠂  ᠲᠣᠭᠣᠷᠢᠭ ) ᠭᠤᠷᠪᠠᠨ ᠱᠠᠲᠤᠨ᠎ᠤ ᠡᠨᠧᠷᠭᠢ ᠠᠷᠪᠢᠯᠠᠬᠤ ᠠᠵᠢᠯ᠎ᠢ ᠬᠢᠨᠠᠨ ᠪᠠᠢ᠌ᠴᠠᠭ᠋ᠠᠬᠤ ᠲᠣᠭᠲᠠᠯᠴᠠᠭ᠎ᠠ᠎ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ ᠂  ᠡᠨᠧᠷᠭᠢ ᠠᠷᠪᠢᠯᠠᠬᠤ ᠠᠵᠢᠯ᠎ᠢ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠨᠢ ᠲᠡᠭᠦᠯᠳᠡᠷ ᠪᠤᠰᠤ ᠠᠢ᠌ᠮᠠᠭ ᠬᠤᠳᠠ ᠂  ᠬᠣᠰᠢᠭᠤ ᠰᠢᠶᠠᠨ (  ᠬᠤᠳᠠ ᠂  ᠲᠣᠭᠣᠷᠢᠭ ) ᠎ᠳᠤ ᠡᠨᠧᠷᠭᠢ ᠠᠷᠪᠢᠯᠠᠬᠤ ᠠᠵᠢᠯ᠎ᠢ ᠬᠢᠨᠠᠨ ᠪᠠᠢ᠌ᠴᠠᠭ᠋ᠠᠬᠤ ᠪᠠᠢ᠌ᠭᠤᠯᠤᠮᠵᠢ ᠪᠠᠶ᠋ᠢᠭᠤᠯᠬᠤ ᠵᠢ ᠠᠬᠢᠭᠤᠯᠵᠤ ᠂  ᠡᠨᠧᠷᠭᠢ ᠠᠷᠪᠢᠯᠠᠬᠤ ᠠᠵᠢᠯ᠎ᠢ ᠬᠢᠨᠠᠨ ᠪᠠᠢ᠌ᠴᠠᠭ᠋ᠠᠬᠤ ᠵᠣᠬᠢᠴᠠᠩᠭᠤᠢ ᠠᠵᠢᠯᠲᠠᠨ ᠪᠠ ᠲᠥᠬᠦᠭᠡᠷᠦᠮᠵᠢ ᠵᠢ ᠲᠣᠬᠢᠷᠠᠭᠤᠯᠤᠨ᠎ᠠ ᠃  ᠡᠨᠧᠷᠭᠢ ᠬᠡᠷᠡᠭᠯᠡᠬᠦ ᠭᠣᠣᠯᠳᠠᠯᠭ᠎ᠠ᠎ᠲᠠᠢ ᠨᠢᠭᠡᠴᠢ᠎ᠨᠦᠭᠦᠳ ᠱᠠᠭ᠋ᠠᠷᠳᠠᠯᠭ᠎ᠠ ᠶᠣᠰᠣᠭ᠋ᠠᠷ ᠡᠨᠧᠷᠭᠢ ᠵᠢᠨ ᠬᠠᠮᠢᠶᠠᠷᠤᠯᠲᠠ ᠵᠢᠨ ᠠᠵᠢᠯ᠎ᠤᠨ ᠪᠠᠢ᠌ᠷᠢ ᠪᠠ ᠬᠠᠷᠢᠭᠤᠴᠠᠯᠭ᠋ᠠᠲᠠᠨ᠎ᠢ ᠪᠠᠢ᠌ᠷᠢᠯᠠᠭᠤᠯᠬᠤ ᠬᠡᠷᠡᠭᠲᠡᠢ ᠃  ᠬᠣᠰᠢᠭᠤ ᠰᠢᠶᠠᠨ᠎ᠤ ᠱᠠᠲᠤ ᠵᠢᠴᠢ ᠰᠤᠮᠤ ᠰᠢᠶᠠᠩ ᠪᠠᠯᠭ᠋ᠠᠰᠤᠨ᠎ᠤ ᠦᠨᠳᠦᠰᠦᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂  ᠭᠣᠣᠯᠳᠠᠯᠭ᠎ᠠ᠎ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠢ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠠᠵᠢᠯᠲᠠᠨ᠎ᠢ ᠲᠣᠬᠢᠷᠠᠭᠤᠯᠤᠨ᠎ᠠ ᠃  ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠢᠨᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ ᠂  ᠠᠵᠤ ᠠᠬᠤᠢ᠌ᠯᠠᠯ ᠵᠡᠷᠭᠡ ᠵᠢᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠠᠵᠢᠯᠲᠠᠨ᠎ᠳᠤ ᠪᠣᠯᠪᠠᠰᠤᠷᠠᠯ ᠬᠦᠷᠲᠡᠭᠡᠬᠦ ᠡᠷᠴᠢᠮ ᠵᠶ᠋ᠠᠨ ᠴᠢᠩᠭ᠋ᠠᠷᠠᠭᠤᠯᠵᠤ ᠂  ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠂  ᠤᠷᠤᠯᠳᠤᠭ᠋ᠠᠨ ᠮᠥᠷᠥᠢ᠌ᠴᠡᠭᠡᠨ ᠂  ᠲᠤᠷᠰᠢᠯᠭ᠎ᠠ ᠰᠣᠯᠢᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠤᠬᠠᠢ᠌ᠯᠠᠭᠰᠠᠨ ᠠᠵᠢᠯ᠎ᠤᠨ ᠬᠢᠷᠢ ᠬᠡᠮᠵᠢᠶ᠎ᠡ ᠵᠢ ᠎ᠨᠢ ᠳᠡᠭᠡᠭᠰᠢᠯᠡᠭᠦᠯᠦᠨ᠎ᠡ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (  ᠶᠢᠰᠦ ) ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠲᠡᠷᠢᠭᠦᠨ᠎ᠤ ᠮᠡᠷᠭᠡᠵᠢᠯ᠎ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠡᠷᠴᠢᠮ᠎ᠢ ᠴᠢᠩᠭ᠋ᠠᠷᠠᠭᠤᠯᠤᠨ᠎ᠠ ᠃  ᠰᠢᠨ᠎ᠡ ᠬᠡᠯᠪᠡᠷᠢ ᠵᠢᠨ ᠡᠨᠧᠷᠭᠢ ᠬᠢᠭᠡᠳ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ ᠂  ᠨᠡᠭᠦᠷᠡᠰᠦᠲᠥ᠋ᠷᠥᠭᠴᠢ ᠵᠢ ᠴᠤᠭᠯᠠᠭᠤᠯᠤᠨ ᠠᠰᠢᠭᠯᠠᠬᠤ ᠬᠢᠭᠡᠳ ᠪᠢᠲᠡᠭᠦᠮᠵᠢᠯᠡᠨ ᠬᠠᠳᠠᠭ᠋ᠠᠯᠠᠬᠤ ( CCUS ) ᠮᠡᠷᠭᠡᠵᠢᠯ᠎ᠢ ᠰᠤᠳᠤᠯᠤᠨ ᠨᠡᠭᠡᠭᠡᠬᠦ᠎ᠪᠠᠨ ᠴᠢᠩᠭ᠋ᠠᠳᠬᠠᠵᠤ ᠂  ᠨᠡᠭᠦᠷᠡᠰᠦᠲᠥ᠋ᠷᠥᠭᠴᠢ ᠪᠠᠭ᠋ᠠᠲᠠᠢ ᠬᠡᠯᠪᠡᠷᠢ ᠲᠡᠢ᠌ᠰᠢ ᠬᠤᠪᠢᠷᠠᠭᠤᠯᠬᠤ ᠮᠡᠷᠭᠡᠵᠢᠯ᠎ᠢ ᠲᠡᠮᠵᠢᠨ ᠬᠥᠭᠵᠢᠭᠦᠯᠵᠦ ᠂  ᠠᠮᠢ ᠠᠬᠤᠢ ᠵᠢᠨ ᠰᠢᠰᠲ᠋ᠧᠮ᠎ᠤᠨ ᠬᠤᠷᠠᠮᠳᠤᠯ᠎ᠢ ᠨᠡᠮᠡᠭᠳᠡᠭᠦᠯᠬᠦ ᠮᠡᠷᠭᠡᠵᠢᠯ᠎ᠤᠨ ᠰᠤᠳᠤᠯᠭ᠋ᠠᠨ᠎ᠢ ᠴᠢᠩᠭ᠋ᠠᠳᠬᠠᠵᠤ ᠂  ᠴᠠᠬᠢᠯᠭ᠋ᠠᠨ᠎ᠤ ᠪᠤᠰᠤ ᠲᠠᠬᠢᠨ ᠡᠭᠦᠰᠴᠦ ᠪᠣᠯᠬᠤ ᠡᠨᠧᠷᠭᠢ ᠵᠢ ᠠᠰᠢᠭᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ ᠵᠢ ᠬᠠᠢ᠌ᠨ ᠰᠦᠪᠡᠭᠴᠢᠯᠡᠨ᠎ᠡ ᠃  ᠴᠠᠬᠢᠯᠭ᠋ᠠᠨ ᠬᠦᠴᠦᠨ ᠂  ᠪᠣᠯᠣᠳ ᠲᠡᠮᠦᠷ ᠂  ᠬᠢᠮᠢ ᠵᠢᠨ ᠠᠵᠤ ᠦᠢ᠍ᠯᠡᠳᠪᠦᠷᠢ ᠂  ᠥᠩᠭᠡᠲᠦ ᠲᠡᠮᠦᠷᠯᠢᠭ ᠂  ᠪᠠᠷᠢᠯᠭ᠎ᠠ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠤᠨ ᠲᠣᠭᠣᠷᠢᠨ᠎ᠳᠤ ᠦᠯᠡᠳᠡᠪᠦᠷᠢ ᠢᠯᠴᠢ ᠵᠢ ᠡᠭᠡᠭᠦᠯᠦᠨ ᠬᠤᠷᠢᠶᠠᠬᠤ ᠂  ᠡᠨᠧᠷᠭᠢ ᠵᠢ ᠱᠠᠲᠤᠯᠠᠨ ᠠᠰᠢᠭᠯᠠᠬᠤ ᠵᠡᠷᠭᠡ ᠮᠡᠷᠭᠡᠵᠢᠯ᠎ᠢ ᠨᠡᠭᠡᠭᠡᠨ ᠬᠥᠭᠵᠢᠭᠦᠯᠬᠦ ᠪᠠ ᠬᠡᠷᠡᠭᠯᠡᠬᠦ ᠵᠢ ᠠᠬᠢᠭᠤᠯᠤᠨ᠎ᠠ ᠃  ᠨᠡᠭᠦᠷᠡᠰᠦ ᠴᠡᠪᠡᠷᠰᠢᠭᠦᠯᠦᠨ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠬᠦ ᠴᠢᠳᠠᠪᠤᠷᠢ ᠵᠢ ᠳᠡᠭᠡᠭᠰᠢᠯᠡᠭᠦᠯᠵᠦ ᠂  ᠨᠡᠭᠦᠷᠡᠰᠦ ᠰᠢᠲᠠᠭ᠋ᠠᠬᠤ ᠲᠣᠭᠣᠭ᠋ᠠᠲᠤ ᠵᠤᠤᠬ᠎ᠠ ᠵᠢᠨ ᠡᠨᠧᠷᠭᠢ ᠠᠷᠪᠢᠯᠠᠵᠤ ᠣᠷᠴᠢᠨ ᠠᠬᠤᠢ ᠵᠢ ᠬᠠᠮᠠᠭ᠋ᠠᠯᠠᠬᠤ ᠵᠢ ᠶᠡᠷᠦᠩᠬᠡᠢ᠌ᠯᠡᠨ ᠳᠡᠭᠡᠭᠰᠢᠯᠡᠭᠦᠯᠬᠦ ᠪᠠ ᠴᠠᠬᠢᠯᠭ᠋ᠠᠨ ᠮᠠᠰᠢᠨ᠎ᠤ ᠰᠢᠰᠲ᠋ᠧᠮ᠎ᠤᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ ᠵᠠᠩᠭᠢᠯᠠᠭ᠎ᠠ ᠵᠢᠨ ᠮᠡᠷᠭᠡᠵᠢᠯ᠎ᠤᠨ ᠰᠤᠳᠤᠯᠭ᠋ᠠᠨ᠎ᠢ ᠥᠷᠨᠢᠭᠦᠯᠵᠦ ᠂  ᠣᠶᠤᠨᠯᠢᠭ ᠡᠨᠧᠷᠭᠢ ᠵᠢᠨ ᠬᠠᠮᠢᠶᠠᠷᠤᠯᠲᠠ ᠵᠢ ᠭᠦᠨᠵᠡᠭᠡᠢ᠌ᠷᠡᠭᠦᠯᠦᠨ ᠂  ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ ᠃ (  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ  ᠵᠠᠩᠭᠢᠴᠢᠯᠠᠯᠲᠠ ᠵᠢᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠡᠨᠧᠷᠭᠢ ᠵᠢᠨ ᠲᠣᠪᠴᠢᠶ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

       ᠲᠠᠪᠤ ᠂  ᠠᠵᠢᠯ᠎ᠤᠨ ᠨᠠᠢ᠌ᠳᠠᠪᠤᠷᠢᠵᠢᠭᠤᠯᠤᠯᠲᠠ ᠵᠢ  ᠴᠢᠩᠭ᠋ᠠᠳᠬᠠᠨ᠎ᠠ

      (ᠨᠢᠭᠡ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ ᠃  ᠡᠯ᠎ᠡ ᠠᠢ᠌ᠮᠠᠭ ᠬᠤᠳᠠ ᠂  ᠡᠯ᠎ᠡ ᠰᠠᠯᠠᠭ᠎ᠠ ᠮᠥᠴᠢᠷ ᠪᠠ ᠡᠯ᠎ᠡ ᠬᠣᠯᠪᠣᠭᠳᠠᠯ ᠪᠦᠬᠦᠢ ᠨᠢᠭᠡᠴᠢ᠎ᠨᠢ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠲᠤᠬᠠᠢ ᠤᠯᠤᠰ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠰᠢᠰᠲ᠋ᠧᠮ᠎ᠤᠨ ᠦᠵᠡᠯᠲᠡ ᠵᠢ ᠪᠠᠷᠢᠮᠲᠠᠯᠠᠨ ᠂  ᠬᠠᠷᠠᠯᠲᠠ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ ᠂  ᠣᠨ᠎ᠤ ᠲᠥᠯᠥᠪᠯᠡᠭᠡ ᠵᠢ ᠲᠣᠭᠲᠠᠭ᠋ᠠᠨ ᠂  ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠬᠦᠴᠦᠲᠡᠢ ᠠᠳᠬᠤᠵᠤ ᠂ 《  ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠡᠯ᠎ᠡ ᠵᠦᠢ᠍ᠯ᠎ᠤᠨ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠃  ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ  ᠪᠠᠭ᠋ᠠᠰᠬᠠᠬᠤ ᠠᠵᠢᠯ᠎ᠤᠨ ᠶᠡᠷᠦᠩᠬᠡᠢ ᠬᠠᠷᠢᠭᠤᠴᠠᠯᠭ᠎ᠠ ᠵᠢ  ᠡᠭᠦᠷᠭᠡᠯᠡᠵᠦ ᠂  ᠭᠣᠣᠯ ᠬᠠᠷᠢᠭᠤᠴᠠᠬᠤ ᠬᠥᠮᠥᠨ ᠪᠣᠯ ᠨᠢᠭᠡᠳᠦᠭᠡᠷ ᠬᠠᠷᠢᠭᠤᠴᠠᠯᠭ᠋ᠠᠲᠠᠨ ᠪᠣᠯᠬᠤ ᠲᠤᠯᠠ ᠵᠣᠬᠢᠶᠠᠨ ᠪᠠᠢ᠌ᠭᠤᠯᠵᠤ ᠤᠳᠤᠷᠢᠳᠬᠤ ᠪᠠ ᠪᠠᠢ᠌ᠷᠢᠯᠠᠭᠤᠯᠤᠨ ᠠᠬᠢᠭᠤᠯᠬᠤ᠎ᠪᠠᠨ ᠦᠨᠡᠨ ᠬᠦ᠌ ᠴᠢᠩᠭ᠋ᠠᠳᠬᠠᠵᠤ ᠂  ᠲᠤᠰ ᠭᠠᠵᠠᠷ ᠣᠷᠣᠨ᠎ᠤ᠎ᠪᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠬᠠᠷᠠᠯᠲᠠ ᠵᠢ ᠤᠯᠤᠰ ᠠᠷᠠᠳ᠎ᠤᠨ ᠠᠵᠤ ᠠᠬᠤᠢ ᠪᠣᠯᠣᠨ ᠨᠡᠢ᠌ᠭᠡᠮ᠎ᠤᠨ  ᠬᠥᠭᠵᠢᠯᠲᠡ ᠵᠢᠨ ᠲᠠᠪᠤᠨ ᠵᠢᠯ᠎ᠤᠨ ᠲᠥᠯᠦᠪᠵᠢᠭᠦᠯᠭᠡ ᠬᠢᠭᠡᠳ ᠣᠨ᠎ᠤ ᠲᠥᠯᠥᠪᠯᠡᠭᠡ᠎ᠯᠦᠭᠡ ᠭᠦᠢ᠍ᠴᠡᠳ ᠵᠣᠯᠭ᠋ᠠᠭᠤᠯᠵᠤ ᠂  ᠳᠣᠣᠷ᠎ᠠ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠂  ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠭᠣᠣᠯᠳᠠᠯᠭ᠎ᠠ᠎ᠲᠠᠢ ᠨᠢᠭᠡᠴᠢ ᠵᠢᠨ ᠬᠠᠷᠢᠭᠤᠴᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠳᠣᠷᠬᠠᠢ᠌ᠯᠠᠬᠤ ᠬᠡᠷᠡᠭᠲᠡᠢ ᠃  ᠰᠢᠨᠵᠢᠯᠡᠬᠦ ᠤᠬᠠᠭ᠋ᠠᠨᠴᠢ᠎ᠪᠠᠷ ᠰᠢᠯᠭ᠋ᠠᠨ ᠬᠢᠨᠠᠵᠤ ᠂  ᠬᠠᠷᠠᠯᠲᠠ ᠡᠭᠦᠷᠭᠡ ᠵᠢ ᠳᠥᠭᠥᠮᠬᠡᠨ ᠵᠶ᠋ᠡᠷ ᠱᠠᠲᠤ ᠱᠠᠲᠤ᠎ᠪᠠᠷ ᠢᠯᠭ᠋ᠠᠨ ᠬᠤᠪᠢᠶᠠᠷᠢᠯᠠᠬᠤ᠎ᠠᠴᠠ ᠰᠡᠷᠭᠡᠢ᠌ᠯᠡᠬᠦ ᠬᠡᠷᠡᠭᠲᠡᠢ ᠃  ᠤᠯᠤᠰ᠎ᠤᠨ  ᠥᠮᠴᠢᠯᠡᠯᠲᠦ ᠠᠵᠤ ᠠᠬᠤᠢ᠌ᠯᠠᠯ᠎ᠤᠳ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠬᠠᠷᠠᠯᠲᠠᠲᠤ ᠬᠠᠷᠢᠭᠤᠴᠠᠯᠭ᠎ᠠ ᠵᠢ ᠲᠦᠷᠦᠭᠦᠯᠡᠨ ᠨᠠᠢ᠌ᠳᠠᠪᠤᠷᠢᠵᠢᠭᠤᠯᠵᠤ ᠂  ᠨᠡᠩ ᠴᠢᠩᠭ᠎ᠠ ᠬᠠᠷᠠᠯᠲᠠᠲᠤ ᠬᠠᠮᠢᠶᠠᠷᠤᠯᠲᠠ ᠬᠡᠷᠡᠭᠵᠢᠭᠦᠯᠬᠦ ᠵᠢ ᠵᠣᠷᠢᠭᠵᠢᠭᠤᠯᠬᠤ ᠬᠡᠷᠡᠭᠲᠡᠢ ᠃  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ ᠂  ᠠᠵᠢᠯ᠎ᠤᠨ ᠵᠢᠯᠣᠭᠣᠳᠤᠯᠭ᠎ᠠ᠎ᠪᠠᠨ ᠰᠠᠢ᠌ᠲᠤᠷ ᠬᠢᠵᠦ ᠂  ᠡᠭᠦᠷᠭᠡ᠎ᠪᠠᠨ ᠡᠮᠬᠢ ᠵᠢᠷᠤᠮ᠎ᠲᠠᠢ ᠪᠦᠲᠦᠮᠵᠢᠲᠡᠶ ᠨᠠᠢ᠌ᠳᠠᠪᠤᠷᠢᠵᠢᠭᠤᠯᠬᠤ ᠵᠢ ᠠᠬᠢᠭᠤᠯᠤᠨ ᠂  ᠲᠦᠭᠰᠢᠭᠦᠷᠢ ᠵᠢ ᠴᠠᠭ ᠲᠤᠬᠠᠢ ᠎ᠳᠤ᠎ᠨᠢ ᠰᠡᠷᠭᠡᠢ᠌ᠯᠡᠨ ᠠᠷᠢᠯᠭ᠋ᠠᠵᠤ ᠂  ᠴᠢᠬᠤᠯᠠ ᠶᠡᠬᠡ ᠪᠠᠢ᠌ᠳᠠᠯ᠎ᠢ ᠴᠠᠭ ᠲᠤᠬᠠᠢ ᠎ᠳᠤ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠦᠷᠦᠭᠦᠯᠡᠵᠦ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (ᠬᠣᠶᠠᠷ) ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠳᠬᠠᠨ᠎ᠠ ᠃ 《  ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠵᠢ  ᠪᠠᠭ᠋ᠠᠰᠬᠠᠬᠤ ᠬᠠᠷᠠᠯᠲᠠᠲᠤ ᠬᠠᠷᠢᠭᠤᠴᠠᠯᠭ᠎ᠠ ᠵᠢᠨ ᠦᠨᠡᠯᠡᠯᠲᠡ ᠬᠢᠵᠦ ᠰᠢᠯᠭ᠋ᠠᠨ ᠬᠢᠨᠠᠬᠤ ᠵᠢ ᠴᠢᠩᠳᠠᠯᠠᠵᠤ ᠂  ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠤᠨ ᠂  ᠠᠵᠢᠯ᠎ᠤᠨ ᠦᠷ᠎ᠡ ᠪᠦᠲᠦᠮᠵᠢ᠎ᠪᠠᠷ ᠢᠯᠡᠳᠲᠡ ᠭᠠᠵᠠᠷ ᠣᠷᠣᠨ᠎ᠢ ᠤᠷᠮᠠᠰᠢᠭᠤᠯᠬᠤ᠎ᠪᠠᠨ ᠴᠢᠩᠭ᠋ᠠᠳᠬᠠᠵᠤ ᠂  ᠠᠵᠢᠯ᠎ᠨᠢ ᠨᠠᠢ᠌ᠳᠠᠪᠤᠷᠢᠲᠠᠢ ᠪᠢᠰᠢ  ᠭᠠᠵᠠᠷ ᠣᠷᠣᠨ᠎ᠢ ᠰᠢᠮᠳᠠᠭᠤᠯᠤᠨ ᠵᠢᠯᠤᠭᠣᠳᠬᠤ᠎ᠪᠠᠨ ᠴᠢᠩᠭ᠋ᠠᠳᠬᠠᠵᠤ ᠂  ᠰᠢᠯᠭ᠋ᠠᠨ ᠬᠢᠨᠠᠭᠰᠠᠨ ᠦᠷ᠎ᠡ ᠳ᠋ᠦᠩ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠬᠢᠨᠠᠨ ᠲᠣᠭᠲᠠᠭ᠋ᠠᠯᠭ᠋ᠠᠭᠰᠠᠨ᠎ᠤ ᠳᠠᠷᠠᠭ᠎ᠠ ᠂  ᠺᠠᠳ᠋ᠷ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠤᠰᠢᠶᠠᠵᠤ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ᠎ᠢ ᠶᠡᠷᠦᠩᠬᠡᠢ᠌ᠯᠡᠨ ᠰᠢᠯᠭ᠋ᠠᠵᠤ ᠬᠢᠨᠠᠨ ᠦᠨᠡᠯᠡᠯᠲᠡ ᠬᠢᠬᠦ ᠵᠢᠨ ᠴᠢᠬᠤᠯᠠ ᠦᠨᠳᠦᠰᠦᠯᠡᠯ ᠪᠣᠯᠭ᠋ᠠᠨ᠎ᠠ ᠃  ᠡᠨᠧᠷᠭᠢ ᠵᠢᠨ ᠬᠣᠷᠣᠭᠳᠠᠯ᠎ᠤᠨ ᠬᠣᠣᠰ ᠡᠵᠡᠮᠳᠡᠯ᠎ᠤᠨ ᠬᠢᠨᠠᠨ ᠰᠢᠯᠭ᠋ᠠᠬᠤ ᠠᠷᠭ᠎ᠠ ᠬᠡᠮᠵᠢᠶ᠎ᠡ ᠵᠢ  ᠲᠡᠭᠦᠯᠳᠡᠷᠵᠢᠭᠦᠯᠵᠦ ᠂  ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠨᠡᠮᠡᠭᠳᠡᠭᠦᠯᠦᠭᠡᠳ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ ᠵᠢᠨ ᠰᠢᠯᠭ᠋ᠠᠨ ᠬᠢᠨᠠᠬᠤ ᠬᠤᠪᠢᠳᠠᠯ᠎ᠢ ᠪᠠᠭᠤᠷᠠᠭᠤᠯᠵᠤ ᠂ 《ᠬᠣᠶᠠᠷ ᠶᠡᠬᠡᠲᠡᠢ 》 ᠲᠦᠷᠦᠯ ᠵᠦᠢ᠍ᠯ᠎ᠢ ᠳᠣᠣᠷ᠎ᠠ ᠬᠢᠷᠢ ᠲᠦᠪᠰᠢᠨ᠎ᠲᠠᠢ᠎ᠪᠠᠷ ᠰᠣᠬᠣᠷ ᠪᠠᠯᠠᠢ᠎ᠪᠠᠷ ᠬᠥᠭᠵᠢᠭᠦᠯᠬᠦ ᠵᠢ ᠡᠷᠡᠰ ᠬᠣᠷᠢᠭᠯᠠᠬᠤ ᠠᠵᠢᠯ ᠂  ᠡᠨᠧᠷᠭᠢ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠠᠬᠢᠭᠤᠯᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠂  ᠤᠯᠠᠨ ᠨᠡᠶ᠋ᠢᠲᠡ ᠵᠢᠨ ᠪᠠᠢ᠌ᠭᠤᠯᠤᠮᠵᠢ ᠵᠢᠨ ᠡᠨᠧᠷᠭᠢ ᠵᠢ ᠠᠷᠪᠢᠯᠠᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ᠎ᠨᠢ ᠰᠢᠯᠭ᠋ᠠᠨ ᠬᠢᠨᠠᠬᠤ ᠡᠷᠴᠢᠮ ᠵᠶ᠋ᠡᠨ ᠴᠢᠩᠭ᠋ᠠᠷᠠᠭᠤᠯᠵᠤ ᠂  ᠵᠠᠬ᠎ᠠ ᠳᠡᠯᠭᠡᠭᠦᠷ᠎ᠤᠨ 《ᠡᠯᠡᠢ ᠤᠯᠠᠷᠢᠯ ᠪᠠ ᠬᠥᠭᠵᠢᠶᠡᠨᠲᠦ ᠤᠯᠠᠷᠢᠯ 》 ᠂  ᠡᠨᠧᠷᠭᠢ ᠬᠡᠷᠡᠭᠯᠡᠬᠦ ᠵᠢᠨ 《ᠤᠷᠬᠢᠯ ᠤᠯᠠᠷᠢᠯ ᠪᠠ ᠰᠣᠭᠣ ᠤᠯᠠᠷᠢᠯ 》 ᠵᠡᠷᠭᠡ ᠵᠢ ᠭᠦᠢ᠍ᠴᠡᠳ ᠪᠣᠳᠣᠯᠬᠢᠯᠠᠨ ᠂  ᠬᠠᠷᠠᠯᠲᠠ᠎ᠪᠠᠨ ᠪᠡᠶᠡᠯᠡᠭᠦᠯᠬᠦ ᠠᠬᠢᠴᠠ ᠂  ᠠᠵᠤ ᠠᠬᠤᠢ ᠵᠢᠨ ᠪᠠᠢ᠌ᠳᠠᠯ ᠵᠢᠴᠢ ᠦᠶᠡᠯᠡᠯ ᠠᠯᠤᠰᠯᠠᠭᠰᠠᠨ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠵᠦ ᠂  ᠰᠢᠯᠭ᠋ᠠᠨ ᠬᠢᠨᠠᠬᠤ ᠳᠠᠪᠲᠠᠮᠵᠢ ᠵᠢ ᠰᠢᠯᠢᠳᠡᠭᠵᠢᠭᠦᠯᠦᠨ᠎ᠡ ᠃  ᠪᠣᠬᠢᠷᠳᠤᠯ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠪᠠᠭ᠋ᠠᠰᠬᠠᠬᠤ ᠬᠠᠷᠠᠯᠲᠠ ᠡᠭᠦᠷᠭᠡ᠎ᠪᠠᠨ ᠪᠡᠶᠡᠯᠡᠭᠦᠯᠦᠭᠰᠡᠨ ᠪᠠᠢ᠌ᠳᠠᠯ᠎ᠢ᠎ᠨᠢ ᠬᠢᠨᠠᠨ ᠰᠢᠯᠭ᠋ᠠᠬᠤ ᠴᠢᠬᠤᠯᠠ ᠠᠭᠤᠯᠭ᠎ᠠ ᠪᠣᠯᠭ᠋ᠠᠵᠤ ᠂  ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ ᠃ (  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠲᠦᠷᠦᠭᠦᠯᠡᠵᠦ ᠂  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

      (  ᠭᠤᠷᠪᠠ ) ᠠᠷᠠᠳ ᠨᠡᠶ᠋ᠢᠲᠡ ᠵᠢᠨ ᠠᠵᠢᠯᠯᠠᠭ᠋ᠠᠨ᠎ᠢ ᠥᠷᠨᠢᠭᠦᠯᠦᠨ᠎ᠡ ᠃  ᠨᠡᠢ᠌ᠭᠡᠮ ᠳᠠᠶᠠᠭ᠋ᠠᠷ ᠪᠣᠬᠢᠷᠳᠤᠯ ᠦᠭᠡᠢ ᠠᠮᠢᠳᠤᠷᠠᠯ᠎ᠢ ᠡᠭᠦᠳᠦᠨ ᠪᠠᠶ᠋ᠢᠭᠤᠯᠬᠤ ᠠᠵᠢᠯᠯᠠᠭ᠋ᠠᠨ᠎ᠢ ᠥᠷᠨᠢᠭᠦᠯᠵᠦ ᠂  ᠠᠷᠪᠢᠲᠠᠢ ᠪᠥᠭᠡᠳ ᠲᠣᠬᠢᠷᠠᠮᠵᠢᠲᠠᠢ ᠂  ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠂  ᠪᠣᠯᠪᠠᠰᠤᠨ ᠪᠥᠭᠡᠳ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠵᠤ ᠂  ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠋ᠠᠲᠠᠢ ᠨᠡᠢ᠌ᠭᠡᠮ᠎ᠤᠨ ᠬᠡᠪ ᠰᠤᠷᠲᠠᠯ᠎ᠢ ᠪᠣᠶ ᠪᠣᠯᠭ᠋ᠠᠨ᠎ᠠ ᠃  ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ ᠂  ᠨᠡᠭᠦᠷᠡᠰᠦᠲᠥ᠋ᠷᠥᠭᠴᠢ ᠪᠠᠭ᠋ᠠᠲᠠᠢ ᠡᠳᠦᠷ ᠂  ᠣᠷᠴᠢᠨ ᠠᠬᠤᠢ ᠵᠢᠨ ᠡᠳᠦᠷ ᠵᠡᠷᠭᠡ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠦᠨ ᠂  ᠡᠳᠦᠷ ᠲᠤᠳᠤᠮ᠎ᠤᠨ ᠴᠢᠨᠠᠷᠲᠠᠢ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠎ᠠ ᠃  ᠨᠣᠭᠣᠭ᠋ᠠᠨ ᠬᠡᠷᠡᠭᠯᠡᠭᠡᠨ᠎ᠤ ᠵᠠᠬ᠎ᠠ ᠳᠡᠯᠭᠡᠭᠦᠷ᠎ᠢ ᠢᠳᠡᠪᠬᠢᠲᠡᠢ᠎ᠪᠠᠷ ᠪᠣᠢ᠌ᠵᠢᠭᠤᠯᠵᠤ ᠂  ᠬᠡᠷᠡᠭᠯᠡᠭᠴᠢᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠵᠢᠨ ᠮᠠᠰᠢᠨ ᠲᠡᠷᠭᠡ ᠂  ᠥᠨᠳᠥᠷ ᠠᠰᠢᠭᠯᠠᠮᠵᠢ᠎ᠲᠠᠢ ᠭᠡᠷ᠎ᠤᠨ ᠴᠠᠬᠢᠯᠭ᠋ᠠᠨ ᠬᠡᠷᠡᠭᠰᠡᠯ ᠂  ᠤᠰᠤ ᠠᠷᠪᠢᠯᠠᠬᠤ ᠬᠡᠯᠪᠡᠷᠢ ᠵᠢᠨ ᠪᠠᠭ᠋ᠠᠵᠢ ᠬᠡᠷᠡᠭᠰᠡᠯ ᠵᠡᠷᠭᠡ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠳᠣᠣᠷ᠎ᠠ ᠦᠢ᠍ᠯᠡᠳᠬᠦᠨ ᠬᠤᠳᠠᠯᠳᠤᠨ ᠠᠪᠤᠭᠤᠯᠵᠤ ᠂  ᠨᠣᠭᠣᠭ᠋ᠠᠨ ᠬᠡᠷᠡᠭᠯᠡᠭᠡᠨ᠎ᠤ ᠣᠨᠣᠯᠵᠢᠬᠤᠨ᠎ᠢ ᠬᠥᠲᠥᠯᠥᠨ ᠵᠢᠯᠣᠭᠣᠳᠤᠨ᠎ᠠ ᠃  ᠪᠣᠬᠢᠷᠳᠤᠯ ᠦᠭᠡᠢ ᠪᠥᠭᠡᠳ ᠳᠣᠣᠷ᠎ᠠ ᠨᠡᠭᠦᠷᠡᠰᠦᠲᠥ᠋ᠷᠥᠭᠴᠢᠲᠦ ᠠᠶᠠᠯᠠᠯ᠎ᠢ ᠶᠡᠬᠡ᠎ᠪᠠᠷ ᠳᠡᠯᠭᠡᠷᠡᠭᠦᠯᠵᠦ ᠂  ᠪᠣᠬᠢᠷᠳᠤᠯ ᠦᠭᠡᠢ ᠠᠮᠢᠳᠤᠷᠠᠯ ᠪᠠ ᠰᠡᠯᠡᠭᠦᠴᠡᠯ᠎ᠤᠨ ᠵᠠᠭᠪᠤᠷ᠎ᠢ ᠰᠠᠨᠠᠭ᠋ᠠᠴᠢᠯᠠᠨ᠎ᠠ ᠃  ᠠᠵᠢᠯ ᠲᠦᠷᠦᠯ᠎ᠤᠨ ᠨᠡᠢ᠌ᠭᠡᠮᠯᠢᠭ ᠂  ᠬᠤᠳᠠᠯᠳᠤᠭ᠋ᠠᠨ᠎ᠤ ᠪᠦᠯᠬᠦᠮ ᠂  ᠨᠡᠶ᠋ᠢᠲᠡ ᠵᠢᠨ ᠠᠰᠠᠷᠠᠮᠵᠢ ᠵᠢᠨ ᠵᠣᠬᠢᠶᠠᠨ ᠪᠠᠢ᠌ᠭᠤᠯᠤᠯᠲᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂  ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠢ ᠬᠥᠭᠵᠢᠭᠦᠯᠵᠦ ᠂  ᠤᠯᠠᠨ ᠨᠡᠶ᠋ᠢᠲᠡ ᠵᠢᠨ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠎ᠳᠤ ᠣᠷᠤᠯᠴᠠᠬᠤ ᠵᠢ᠎ᠨᠢ ᠵᠣᠷᠢᠭᠵᠢᠭᠤᠯᠤᠨ᠎ᠠ ᠃  ᠡᠨᠧᠷᠭᠢ ᠠᠷᠪᠢᠯᠠᠬᠤ ᠵᠢ ᠰᠠᠢ᠌ᠨ ᠳᠤᠷ᠎ᠠ᠎ᠠᠴᠠ᠎ᠪᠠᠨ ᠠᠮᠠᠯᠠᠬᠤ ᠠᠵᠢᠯᠯᠠᠭ᠎ᠠ ᠵᠢ ᠥᠷᠨᠢᠭᠦᠯᠵᠦ ᠂  ᠤᠯᠠᠨ ᠨᠡᠶ᠋ᠢᠲᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠬᠠᠷᠢᠭᠤᠴᠠᠯᠭ᠎ᠠ ᠵᠢ᠎ᠨᠢ ᠭᠦᠢ᠍ᠴᠡᠳᠬᠡᠯᠭᠡᠨ᠎ᠡ ᠃ (ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ ᠂  ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠪᠠᠢ᠌ᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠢᠨ ᠲᠣᠪᠴᠢᠶ᠎ᠠ ᠂  ᠡᠮᠡᠭᠲᠡᠢ᠌ᠴᠦᠳ᠎ᠤᠨ ᠬᠣᠯᠪᠣᠭ᠎ᠠ ᠵᠡᠷᠭᠡ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)

 

      

       ᠳᠠᠭ᠋ᠠᠯᠳᠤᠭᠤᠯᠤᠯ ᠄

      1. 《  ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠦᠪᠵᠢᠭᠦᠯᠭᠡ ᠵᠢᠨ ᠡᠯ᠎ᠡ ᠠᠢ᠌ᠮᠠᠭ ᠬᠤᠳᠠ ᠵᠢᠨ ᠡᠨᠧᠷᠭᠢ ᠵᠢᠨ ᠬᠣᠷᠣᠭᠳᠠᠯ᠎ᠤᠨ ᠬᠦᠴᠦᠯᠡᠴᠡ ᠵᠢ ᠪᠠᠭᠤᠷᠠᠭᠤᠯᠬᠤ ᠬᠠᠷᠠᠯᠲᠠ  

附件1 “十四五”各盟市能耗强度降低目标.pdf

      2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠭᠣᠣᠯ ᠪᠣᠯᠬᠤ ᠠᠵᠢᠯ ᠲᠥᠷᠥᠯ᠎ᠤᠨ ᠡᠨᠧᠷᠭᠢ ᠠᠷᠪᠢᠯᠠᠬᠤ ᠭᠦᠢ᠍ᠴᠡᠳᠬᠡᠯ ᠲᠣᠭ᠎ᠠ

附件2 内蒙古自治区“十四五”主要行业节能指标.pdf

 



 

 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            