ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠡᠲᠸᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [ 2022 ] 72 ᠳ᠋ᠤᠭ᠋ᠠᠷ ᠲᠣᠭ᠋ᠠᠲᠤ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ ᠄
《ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠦᠨᠡᠨ ᠬᠦ᠌ ᠴᠢᠩᠭ᠋ᠠᠳᠬᠠᠨ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ 》 (ᠲᠦᠷᠦ ᠠᠯᠪᠠᠨ ᠲᠠᠷᠬᠠᠭ᠋ᠠᠭᠰᠠᠨ
[ 2019 ] 50 ᠳ᠋ᠤᠭ᠋ᠠᠷ ᠲᠣᠭ᠋ᠠᠲᠤ )᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠮᠠᠨ᠎ᠤ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ (ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠰᠢᠨ᠎ᠡ᠎ᠪᠠᠷ ᠪᠠᠢ᠌ᠭᠤᠯᠬᠤ ᠂ ᠥᠭᠡᠷᠡᠴᠢᠯᠡᠨ ᠪᠠᠢ᠌ᠭᠤᠯᠵᠤ ᠰᠠᠢ᠌ᠵᠢᠷᠠᠭᠤᠯᠬᠤ ᠪᠠ ᠵᠡᠭᠦᠨ ᠬᠣᠢ᠌ᠲᠤ ᠣᠷᠣᠨ᠎ᠤ ᠬᠠᠷ᠎ᠠ ᠬᠥᠷᠥᠰᠥᠲᠦ ᠭᠠᠵᠠᠷ᠎ᠢ ᠬᠠᠮᠠᠭ᠋ᠠᠯᠠᠬᠤ ᠪᠦᠲᠦᠭᠡᠨ ᠪᠠᠢ᠌ᠭᠤᠯᠤᠯᠲᠠ ᠵᠢ ᠪᠠᠭᠲᠠᠭ᠋ᠠᠨ᠎ᠠ ) ᠵᠢ ᠲᠦᠷᠭᠡᠨ ᠠᠬᠢᠭᠤᠯᠵᠤ ᠂ ᠠᠮᠤ ᠪᠤᠳᠠᠭ᠋ᠠᠨ᠎ᠤ ᠶᠡᠷᠦᠩᠬᠡᠢ ᠦᠢ᠍ᠯᠡᠳᠪᠦᠷᠢᠯᠡᠯ᠎ᠤᠨ ᠴᠢᠳᠠᠪᠤᠷᠢ ᠵᠢ ᠪᠡᠬᠢᠵᠢᠭᠦᠯᠬᠦ ᠪᠠ ᠳᠡᠭᠡᠭᠰᠢᠯᠡᠭᠦᠯᠵᠦ ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠡᠳᠦᠭᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠣᠣᠷᠠᠬᠢ ᠮᠡᠲᠦ ᠮᠡᠳᠡᠭᠳᠡᠶ᠎ᠡ ᠃
ᠨᠢᠭᠡ ᠂ ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠠᠬᠢ ᠲᠥᠪ᠎ᠤᠨ ᠲᠥᠰᠥᠪ᠎ᠤᠨ ᠳᠣᠲᠣᠷᠠᠬᠢ ᠪᠠ ᠲᠥᠪ᠎ᠤᠨ ᠡᠳ᠋᠎ᠤᠨ ᠵᠠᠰᠠᠭ᠎ᠤᠨ ᠰᠢᠯᠵᠢᠭᠦᠯᠦᠨ ᠲᠥᠯᠦᠬᠦ ᠬᠣᠶᠠᠷ ᠠᠷᠭ᠎ᠠ ᠵᠠᠮ᠎ᠤᠨ ᠪᠡᠯᠡ ᠣᠷᠣᠭᠤᠯᠤᠯᠲᠠ ᠵᠢ ᠨᠢᠭᠡᠳᠦᠯᠲᠡᠢ ᠲᠥᠯᠥᠪᠯᠡᠵᠦ ᠡᠮᠬᠢᠯᠡᠨ ᠨᠡᠢ᠌ᠯᠡᠭᠦᠯᠬᠦ ᠬᠡᠷᠡᠭᠲᠡᠢ ᠃ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠣᠷᠣᠭᠤᠯᠬᠤ ᠵᠠᠷᠤᠯᠭ᠎ᠠ ᠵᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ ᠬᠠᠷᠢᠭᠤᠴᠠᠵᠤ ᠂ ᠠᠢ᠌ᠮᠠᠭ ᠬᠣᠲᠠ ᠂ ᠬᠣᠰᠢᠭᠤ ᠰᠢᠶᠠᠨ (ᠬᠣᠲᠠ ᠂ ᠲᠣᠭᠣᠷᠢᠭ ) ᠲᠠᠬᠢᠵᠤ ᠲᠦᠬᠦᠷᠵᠢᠭᠦᠯᠬᠦ ᠦᠭᠡᠢ ᠃ 2022 ᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠮᠦ᠍ ᠪᠦᠷᠢ ᠵᠢᠨ ᠲᠡᠭᠰᠢᠳᠬᠡᠭᠰᠡᠨ ᠡᠳ᠋᠎ᠤᠨ ᠵᠠᠰᠠᠭ᠎ᠤᠨ ᠨᠥᠬᠥᠪᠦᠷᠢ ᠵᠢᠨ ᠪᠠᠷᠢᠮᠵᠢᠶ᠎ᠠ᠎ᠨᠢ ᠤᠰᠤᠨ ᠲᠠᠷᠢᠶ᠎ᠠ ᠵᠢ 1700 ᠲᠥᠭᠥᠷᠢᠭ᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ ᠂ ᠬᠠᠭᠤᠷᠠᠢ ᠲᠠᠷᠢᠶ᠎ᠠ ᠵᠢ 1200 ᠲᠥᠭᠥᠷᠢᠭ᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ ᠂ 2023 ᠣᠨ᠎ᠠᠴᠠ ᠡᠬᠢᠯᠡᠨ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ ᠬᠥᠳᠡᠯᠦᠩᠭᠦᠢ ᠲᠣᠬᠢᠷᠠᠭᠤᠯᠤᠯᠲᠠ ᠬᠢᠵᠦ ᠂ ᠪᠠᠲᠤᠯᠠᠭ᠎ᠠ ᠵᠢᠨ ᠡᠷᠴᠢᠮ ᠵᠶ᠋ᠠᠨ ᠴᠢᠩᠭ᠋ᠠᠳᠬᠠᠬᠤ ᠬᠡᠷᠡᠭᠲᠡᠢ ᠃
(ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ )
ᠬᠣᠶᠠᠷ ᠂ ᠳᠠᠭ᠋ᠠᠭ᠋ᠠᠴᠢᠯᠠᠯᠲᠠ ᠵᠠᠷᠯᠠᠬᠤ ᠪᠠ ᠳᠠᠭ᠋ᠠᠭ᠋ᠠᠴᠢᠯᠠᠯᠲᠠ ᠬᠦᠯᠢᠶᠡᠬᠦ ᠵᠢ ᠵᠢᠷᠤᠮᠵᠢᠭᠤᠯᠬᠤ ᠬᠡᠷᠡᠭᠲᠡᠢ ᠃ ᠵᠠᠷᠴᠢᠮ ᠳᠡᠭᠡᠷ᠎ᠡ᠎ᠪᠠᠨ ᠪᠠᠷᠢᠯᠭ᠎ᠠ ᠪᠠᠷᠢᠬᠤ ᠨᠢᠭᠡᠴᠢ ᠵᠢᠨ ᠳᠠᠭ᠋ᠠᠭ᠋ᠠᠴᠢᠯᠠᠯᠲᠠ ᠬᠦᠯᠢᠶᠡᠬᠦ ᠳᠠᠭ᠋ᠠᠭ᠋ᠠᠴᠢᠯᠠᠯᠲᠠ ᠵᠢᠨ ᠬᠡᠰᠡᠭ᠎ᠤᠨ ᠲᠠᠯᠠᠪᠠᠢ ᠵᠢ 5000 ᠮᠦ᠍᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ ᠂ ᠬᠠᠮᠲᠤᠷᠠᠭᠰᠠᠨ ᠴᠣᠭᠴᠠ ᠳᠠᠭ᠋ᠠᠭ᠋ᠠᠴᠢᠯᠠᠯᠲᠠ ᠬᠦᠯᠢᠶᠡᠬᠦ ᠵᠢ ᠵᠥᠪᠰᠢᠶᠡᠷᠡᠬᠦ ᠦᠭᠡᠢ ᠃ ᠪᠦᠬᠦ ᠶᠠᠪᠤᠴᠠ᠎ᠳᠤ ᠡᠯᠧᠺᠲᠷᠣᠨ ᠵᠶ᠋ᠡᠷ ᠳᠠᠭ᠋ᠠᠭ᠋ᠠᠴᠢᠯᠠᠯᠲᠠ ᠵᠠᠷᠯᠠᠵᠤ ᠂ ᠳᠠᠭ᠋ᠠᠭ᠋ᠠᠴᠢᠯᠠᠯᠲᠠ ᠬᠦᠯᠢᠶᠡᠬᠦ ᠪᠠ ᠠᠯᠤᠰ᠎ᠠᠴᠠ ᠣᠨᠳᠣᠣ ᠭᠠᠵᠠᠷ᠎ᠲᠤ ᠳᠠᠭ᠋ᠠᠭ᠋ᠠᠴᠢᠯᠠᠯᠲᠠ ᠦᠨᠡᠯᠡᠬᠦ ᠵᠢ ᠬᠡᠷᠡᠭᠵᠢᠭᠦᠯᠬᠦ ᠬᠡᠷᠡᠭᠲᠡᠢ ᠃ ᠪᠠᠷᠢᠯᠭ᠎ᠠ ᠪᠠᠷᠢᠬᠤ ᠭᠡᠷ᠎ᠡ ᠵᠢ ᠢᠯᠡ᠎ᠪᠠᠷ ᠨᠡᠢ᠌ᠲᠡᠯᠡᠨ ᠂ 《ᠦᠨᠡᠨ ᠬᠤᠳᠠᠯ ᠭᠡᠷ᠎ᠡ》 《ᠬᠢᠮᠳᠠ᠎ᠪᠠᠷ ᠣᠯᠵᠤ ᠥᠨᠳᠥᠷ ᠦᠨ᠎ᠡ᠎ᠪᠠᠷ ᠳ᠋ᠦᠩᠨᠡᠨ ᠪᠣᠳᠤᠬᠤ》 ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ᠎ᠨᠤᠭᠤᠳ᠎ᠢ ᠡᠷᠡᠰ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ ᠃ ᠲᠦᠷᠢᠶᠡᠰᠦᠯᠡᠭᠦᠯᠦᠨ ᠵᠢᠭᠡᠯᠡᠭᠦᠯᠬᠦ ᠂ ᠲᠦᠰᠢᠭᠯᠡᠬᠦ ᠂ ᠰᠢᠯᠵᠢᠭᠦᠯᠦᠨ ᠳᠠᠭ᠋ᠠᠭ᠋ᠠᠴᠢᠯᠠᠭᠤᠯᠬᠤ ᠂ ᠠᠵᠢᠯ᠎ᠤᠨ ᠪᠦᠲᠦᠮᠵᠢ᠎ᠪᠠᠨ ᠬᠤᠳᠠᠯ ᠵᠶ᠋ᠠᠷ ᠮᠡᠳᠡᠭᠦᠯᠬᠦ ᠵᠡᠷᠭᠡ ᠬᠡᠯᠪᠡᠷᠢ ᠮᠠᠶᠢᠭ ᠵᠶ᠋ᠠᠷ ᠬᠤᠳᠠᠯ ᠬᠠᠭᠤᠷᠮᠠᠭ ᠵᠣᠬᠢᠶᠠᠭᠰᠠᠨ᠎ᠢ ᠪᠠᠢ᠌ᠴᠠᠭ᠋ᠠᠨ ᠢᠯᠡᠷᠡᠭᠦᠯᠦᠮᠡᠭᠴᠡ ᠳᠠᠭ᠋ᠠᠭ᠋ᠠᠴᠢᠯᠠᠯᠲᠠ ᠬᠦᠯᠢᠶᠡᠬᠦ
(ᠳᠠᠭ᠋ᠠᠭ᠋ᠠᠴᠢᠯᠠᠯᠲᠠ ᠣᠯᠬᠤ) ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠵᠤ ᠂ 3 ᠵᠢᠯ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ ᠠᠵᠢᠯᠯᠠᠭ᠎ᠠ᠎ᠳᠤ ᠣᠷᠤᠯᠴᠠᠬᠤ ᠵᠢ᠎ᠨᠢ ᠴᠠᠭ᠋ᠠᠵᠠᠯᠠᠨ᠎ᠠ ᠃ (ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠡᠳ᠋᠎ᠤᠨ ᠵᠠᠰᠠᠭ᠎ᠤᠨ ᠲᠢᠩᠬᠢᠮ )
ᠭᠤᠷᠪᠠ ᠂ ᠡᠮᠦᠨᠡᠬᠢ ᠬᠤᠭᠤᠴᠠᠭ᠋ᠠᠨ᠎ᠤ ᠠᠵᠢᠯ᠎ᠢ ᠰᠢᠯᠢᠳᠡᠭᠵᠢᠭᠦᠯᠬᠦ ᠬᠡᠷᠡᠭᠲᠡᠢ ᠃ ᠨᠥᠬᠥᠴᠡᠯ᠎ᠳᠤ ᠨᠡᠢ᠌ᠴᠡᠭᠰᠡᠨ ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠴᠥᠮ ᠠᠯᠬᠤᠮ ᠠᠯᠬᠤᠮ ᠵᠶ᠋ᠠᠷ ᠲᠥᠷᠥᠯ ᠵᠦᠢ᠍ᠯ᠎ᠤᠨ ᠨᠥᠭᠡᠴᠡ ᠬᠥᠮᠥᠷᠭᠡ᠎ᠳᠤ ᠳᠠᠩᠰᠠᠯᠠᠨ ᠣᠷᠣᠭᠤᠯᠵᠤ ᠂ ᠲᠤᠬᠠᠢ ᠵᠢᠨ ᠵᠢᠯ᠎ᠤᠨ ᠪᠦᠲᠦᠭᠡᠨ ᠪᠠᠢ᠌ᠭᠤᠯᠬᠤ ᠡᠭᠦᠷᠭᠡ ᠵᠢ ᠡᠮᠦᠨᠡᠬᠢ ᠵᠢᠯ᠎ᠤᠨ 9 ᠳ᠋ᠦ᠍ᠭᠡᠷ ᠰᠠᠷ᠎ᠠ᠎ᠳᠤ ᠳᠠᠩᠰᠠᠯᠠᠨ ᠣᠷᠣᠭᠤᠯᠵᠤ ᠳᠠᠭᠤᠰᠬᠠᠬᠤ ᠬᠡᠷᠡᠭᠲᠡᠢ ᠂ 2022 ᠣᠨ᠎ᠠᠴᠠ ᠬᠣᠢ᠌ᠰᠢ ᠨᠥᠭᠡᠴᠡ ᠬᠥᠮᠥᠷᠭᠡ ᠵᠢᠨ ᠬᠠᠮᠢᠶᠠᠷᠤᠯᠲᠠ᠎ᠳᠤ ᠣᠷᠣᠭᠤᠯᠤᠭ᠋ᠠᠳᠤᠢ ᠲᠥᠷᠦᠯ ᠵᠦᠢ᠍ᠯ᠎ᠢ ᠣᠨ᠎ᠤ ᠪᠦᠲᠦᠭᠡᠨ ᠪᠠᠢ᠌ᠭᠤᠯᠬᠤ ᠡᠭᠦᠷᠭᠡ᠎ᠳᠤ ᠵᠢᠭᠰᠠᠭ᠋ᠠᠬᠤ ᠦᠭᠡᠢ ᠃ ᠬᠣᠰᠢᠭᠤ ᠰᠢᠶᠠᠨ (ᠬᠣᠲᠠ ᠂ ᠲᠣᠭᠣᠷᠢᠭ )᠎ᠤ ᠵᠢᠷᠤᠭᠯᠠᠨ ᠲᠥᠯᠥᠪᠯᠡᠵᠦ ᠳᠠᠭ᠋ᠠᠭ᠋ᠠᠴᠢᠯᠠᠯᠲᠠ ᠵᠠᠷᠯᠠᠬᠤ ᠂ ᠠᠩᠬ᠎ᠠ ᠠᠯᠬᠤᠮ ᠵᠢᠷᠤᠭᠯᠠᠨ ᠲᠥᠯᠥᠪᠯᠡᠬᠦ ᠂ ᠨᠤᠲᠠᠯᠠᠯᠲᠠ ᠬᠢᠵᠦ ᠬᠢᠨᠠᠨ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭ᠋ᠠᠨ᠎ᠤ ᠠᠵᠢᠯ᠎ᠤᠳ ᠵᠶ᠋ᠠᠨ ᠤᠷᠢᠳᠴᠢᠯᠠᠨ ᠥᠷᠨᠢᠭᠦᠯᠬᠦ ᠵᠢ ᠠᠬᠢᠭᠤᠯᠵᠤ ᠂ ᠲᠤᠬᠠᠢ ᠵᠢᠨ ᠵᠢᠯ᠎ᠤᠨ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠠᠵᠢᠯ ᠡᠬᠢᠯᠡᠭᠦᠯᠬᠦ ᠨᠥᠬᠥᠴᠡᠯ ᠵᠶ᠋ᠠᠨ ᠪᠦᠷᠢᠳᠦᠭᠦᠯᠬᠦ ᠵᠢ ᠪᠠᠲᠤᠯᠠᠵᠤ ᠂ 《ᠵᠣᠭᠣᠰ᠎ᠨᠢ ᠲᠥᠷᠥᠯ ᠵᠦᠢ᠍ᠯ ᠵᠶ᠋ᠡᠨ ᠬᠦᠯᠢᠶᠡᠬᠦ 》᠎ᠠᠴᠠ ᠵᠠᠢ᠌ᠯᠠᠰᠬᠢᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠬᠤ ᠳᠤᠮᠳᠠ ᠣᠢ᠌ᠲᠤ ᠭᠠᠵᠠᠷ ᠡᠪᠡᠰᠦ ᠪᠡᠯᠴᠢᠭᠡᠷ᠎ᠢ ᠡᠵᠡᠯᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠂ ᠬᠠᠢ᠌ᠷ ᠴᠢᠯᠠᠭᠤᠨ ᠮᠠᠲᠸᠷᠢᠶᠠᠯ᠎ᠢ ᠠᠪᠴᠤ ᠬᠡᠷᠡᠭᠯᠡᠬᠦ ᠵᠥᠪᠰᠢᠶᠡᠷᠡᠯ ᠂ ᠤᠰᠤ ᠲᠠᠲᠠᠬᠤ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠵᠡᠷᠭᠡ᠎ᠳᠤ ᠰᠠᠭ᠋ᠠᠳ ᠦᠭᠡᠢ ᠨᠡᠪᠲᠡᠷᠡᠬᠦ ᠵᠠᠮ᠎ᠤᠨ ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠢ ᠃ (ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂ ᠤᠰᠤᠨ ᠠᠰᠢᠭᠯᠠᠯᠲᠠ ᠵᠢᠨ ᠲᠢᠩᠬᠢᠮ ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ )
ᠳᠥᠷᠪᠡ ᠂ ᠪᠡᠯᠡ ᠮᠥᠩᠭᠥᠨ᠎ᠤ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠪᠡᠯᠡ ᠮᠥᠩᠭᠥᠨ᠎ᠳᠤ ᠲᠤᠰᠬᠠᠢ ᠲᠠᠩᠰᠠ ᠡᠷᠦᠬᠡ ᠵᠢᠨ ᠬᠠᠮᠢᠶᠠᠷᠤᠯᠲᠠ ᠬᠡᠷᠡᠭᠵᠢᠭᠦᠯᠵᠦ ᠂ ᠪᠠᠷᠢᠯᠭ᠎ᠠ ᠵᠢᠨ ᠠᠬᠢᠴᠠ ᠪᠠᠷ ᠪᠡᠯᠡ ᠮᠥᠩᠭᠥᠨ ᠲᠣᠭ᠋ᠠᠴᠠᠭ᠎ᠠ ᠬᠢᠵᠦ ᠂ ᠪᠠᠷᠢᠯᠭ᠎ᠠ ᠵᠢᠨ ᠠᠬᠢᠴᠠ᠎ᠪᠠᠷ ᠲᠣᠭ᠋ᠠᠴᠠᠭ᠎ᠠ ᠬᠢᠬᠦ ᠵᠣᠭᠣᠰᠤᠨ᠎ᠤ ᠬᠠᠷᠢᠴᠠᠯ᠎ᠢ ᠨᠢᠭᠡᠨᠲᠡ ᠳᠠᠭᠤᠰᠤᠭᠰᠠᠨ ᠪᠠᠷᠢᠯᠭ᠎ᠠ ᠵᠢᠨ ᠦᠨ᠎ᠡ ᠮᠥᠩᠭᠥᠨ᠎ᠤ 80%᠎ᠠᠴᠠ ᠳᠣᠣᠷ᠎ᠠ ᠪᠠᠢ᠌ᠯᠭ᠋ᠠᠵᠤ ᠪᠣᠯᠬᠣ ᠦᠭᠡᠢ ᠂ ᠪᠤᠰᠤᠳ ᠲᠣᠭ᠋ᠠᠴᠠᠬᠤ ᠶᠣᠰᠣᠲᠠᠢ ᠪᠠᠷᠢᠯᠭ᠎ᠠ ᠵᠢᠨ ᠵᠣᠭᠣᠰ᠎ᠢ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠬᠤᠷᠢᠶᠠᠭ᠋ᠠᠳ ᠬᠢᠷᠢ ᠲᠡᠩᠴᠡᠭᠰᠡᠨ᠎ᠤ ᠳᠠᠷᠠᠭ᠋ᠠᠬᠢ 30 ᠡᠳᠦᠷ᠎ᠤᠨ ᠳᠣᠲᠣᠷ᠎ᠠ ᠲᠣᠭ᠋ᠠᠴᠠᠭ᠎ᠠ ᠬᠢᠬᠦ ᠬᠡᠷᠡᠭᠲᠡᠢ ᠃ ᠡᠳ᠋᠎ᠤᠨ ᠵᠠᠰᠠᠭ᠎ᠤᠨ ᠪᠡᠯᠡ ᠣᠷᠣᠭᠤᠯᠤᠯᠲᠠ ᠵᠢᠨ ᠬᠢᠨᠠᠵᠤ ᠬᠠᠰᠤᠬᠤ ᠪᠠ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠭᠰᠡᠨ ᠦᠯᠡᠳᠡᠪᠦᠷᠢ ᠪᠡᠯᠡ ᠮᠥᠩᠭᠥ ᠵᠢ ᠴᠥᠮ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠬᠡᠷᠡᠭᠲᠡᠢ ᠃ ᠪᠠᠷᠢᠯᠭ᠎ᠠ ᠵᠢᠨ ᠠᠬᠢᠴᠠ᠎ᠨᠢ ᠤᠳᠠᠭ᠋ᠠᠨ ᠂ ᠡᠭᠦᠷᠭᠡ᠎ᠪᠠᠨ ᠦᠯᠦ ᠪᠡᠶᠡᠯᠡᠭᠦᠯᠦᠭᠰᠡᠨ ᠂ ᠲᠤᠰᠬᠠᠢ ᠵᠦᠢ᠍ᠯ᠎ᠤᠨ ᠪᠡᠯᠡ ᠮᠥᠩᠭᠥ ᠵᠢ ᠰᠢᠬᠠᠨ ᠡᠵᠡᠯᠡᠵᠦ ᠰᠢᠯᠵᠢᠭᠦᠯᠦᠨ ᠬᠡᠷᠡᠭᠯᠡᠭᠰᠡᠨ ᠂ ᠪᠠᠷᠢᠯᠭ᠎ᠠ ᠵᠢᠨ ᠵᠣᠭᠣᠰ᠎ᠢ ᠬᠤᠭᠤᠴᠠᠭ᠎ᠠ ᠬᠡᠲᠦᠷᠡᠭᠡᠳ ᠲᠣᠭ᠋ᠠᠴᠠᠭ᠎ᠠ ᠬᠢᠭᠡᠳᠦᠢ ᠬᠣᠰᠢᠭᠤ ᠰᠢᠶᠠᠨ (ᠬᠣᠲᠠ ᠂ ᠲᠣᠭᠣᠷᠢᠭ )᠎ᠤ ᠲᠤᠬᠠᠢ ᠵᠢᠨ ᠵᠢᠯ᠎ᠤᠨ ᠡᠳ᠋᠎ᠤᠨ ᠵᠠᠰᠠᠭ᠎ᠤᠨ ᠨᠥᠬᠥᠪᠦᠷᠢ ᠪᠡᠯᠡ ᠮᠥᠩᠭᠥ ᠵᠢ᠎ᠨᠢ ᠪᠤᠴᠠᠭ᠋ᠠᠨ ᠠᠪᠴᠤ ᠂ ᠳᠠᠷᠠᠭ᠎ᠠ ᠵᠢᠯ᠎ᠤᠨ ᠲᠥᠷᠥᠯ ᠵᠦᠢ᠍ᠯ᠎ᠤᠨ ᠪᠡᠯᠡ ᠮᠥᠩᠭᠥ ᠵᠢ᠎ᠨᠢ ᠲᠣᠬᠢᠷᠠᠭᠤᠯᠤᠨ ᠪᠠᠭ᠋ᠠᠰᠬᠠᠬᠤ ᠪᠥᠭᠡᠳ ᠪᠠᠢ᠌ᠳᠠᠯ᠎ᠢ ᠦᠨᠳᠦᠰᠦᠯᠡᠨ ᠬᠣᠯᠪᠣᠭᠳᠠᠯ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃
(ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ )
ᠲᠠᠪᠤ ᠂ ᠭᠠᠵᠠᠷ ᠰᠢᠷᠣᠢ ᠵᠢ ᠨᠡᠮᠡᠭᠳᠡᠭᠦᠯᠬᠦ ᠳᠠᠯᠳᠠ ᠬᠦᠴᠦᠨ᠎ᠢ ᠠᠭᠤᠳᠠᠯᠬᠤ ᠬᠡᠷᠡᠭᠲᠡᠢ ᠃ 《ᠭᠤᠷᠪᠠ ᠵᠢ ᠡᠪᠳᠡᠨ ᠂ ᠲᠠᠪᠤ ᠵᠢ ᠨᠢᠭᠡᠳᠬᠡᠵᠦ ᠂ ᠨᠢᠭᠡ ᠵᠢ ᠲᠠᠬᠢᠨ ᠬᠤᠪᠢᠶᠠᠷᠢᠯᠠᠬᠤ 》 ᠴᠡᠭᠴᠡᠯᠡᠨ ᠵᠠᠰᠠᠬᠤ ᠵᠠᠭᠪᠤᠷ᠎ᠢ ᠶᠠᠪᠤᠭᠳᠠᠭᠤᠯᠵᠤ ᠂ ᠲᠠᠷᠢᠶᠠᠯᠠᠬᠤ ᠡᠷᠦᠬᠡ ᠵᠢᠨ ᠳᠠᠭ᠋ᠠᠭ᠋ᠠᠴᠢᠯᠠᠯᠲᠠ ᠵᠢᠨ ᠵᠠᠭ᠋ᠠᠭ ᠬᠢᠵᠠᠭ᠋ᠠᠷ᠎ᠢ ᠡᠪᠳᠡᠨ ᠂ ᠡᠮᠬᠢ ᠵᠠᠮᠪᠠᠷᠠᠭ᠎ᠠ ᠦᠭᠡᠢ ᠲᠠᠷᠢᠶᠠᠨ ᠭᠠᠵᠠᠷ᠎ᠤᠨ ᠵᠠᠭ᠋ᠠᠭ ᠬᠢᠵᠠᠭ᠋ᠠᠷ᠎ᠢ ᠡᠪᠳᠡᠵᠦ ᠡᠮᠬᠢ ᠳᠢᠭᠯᠢᠮ ᠦᠭᠡᠢ ᠭᠤᠤ ᠰᠤᠪᠠᠭ᠎ᠤᠨ ᠵᠠᠮ ᠱᠤᠭᠤᠮ᠎ᠤᠨ ᠪᠠᠢ᠌ᠷᠢᠰᠢᠭᠤᠯᠤᠯᠲᠠ ᠵᠢ ᠡᠪᠳᠡᠬᠦ ᠬᠡᠷᠡᠭᠲᠡᠢ ; ᠰᠢᠨ᠎ᠡ ᠲᠥᠯᠦᠪᠵᠢᠭᠦᠯᠭᠡ ᠵᠢᠨ ᠶᠣᠰᠣᠭ᠋ᠠᠷ ᠂ ᠭᠤᠤ ᠰᠤᠪᠠᠭ᠎ᠢ ᠨᠢᠭᠡᠳᠦᠯᠲᠡᠢ ᠮᠠᠯᠲᠠᠵᠤ ᠂ ᠵᠠᠮ᠎ᠢ ᠨᠢᠭᠡᠳᠦᠯᠲᠡᠢ ᠵᠠᠰᠠᠵᠤ ᠂ ᠮᠣᠳᠣ ᠲᠠᠷᠢᠵᠤ ᠣᠢ᠌ᠵᠢᠭᠤᠯᠬᠤ ᠵᠢ ᠨᠢᠭᠡᠳᠦᠯᠲᠡᠢ ᠬᠢᠵᠦ ᠂ ᠭᠠᠵᠠᠷ ᠬᠥᠷᠥᠰᠥ ᠵᠢ ᠨᠢᠭᠡᠳᠦᠯᠲᠡᠢ ᠲᠡᠭᠰᠢᠯᠡᠵᠦ ᠂ ᠭᠠᠵᠠᠷ ᠬᠡᠰᠡᠭ᠎ᠢ ᠨᠢᠭᠡᠳᠦᠯᠲᠡᠢ ᠬᠤᠪᠢᠶᠠᠷᠢᠯᠠᠬᠤ ᠬᠡᠷᠡᠭᠲᠡᠢ ; ᠴᠡᠭᠴᠡᠯᠡᠨ ᠵᠠᠰᠠᠵᠤ ᠳᠠᠭᠤᠰᠤᠭᠰᠠᠨ᠎ᠤ ᠳᠠᠷᠠᠭ᠎ᠠ ᠲᠠᠬᠢᠨ ᠬᠤᠪᠢᠶᠠᠷᠢᠯᠠᠨ ᠡᠵᠡᠩᠨᠡᠭᠦᠯᠵᠦ ᠂ ᠲᠠᠷᠢᠶᠠᠯᠠᠬᠤ ᠭᠠᠵᠠᠷ᠎ᠤᠨ ᠲᠣᠭ᠎ᠠ ᠬᠡᠮᠵᠢᠶ᠎ᠡ ᠵᠢ ᠬᠠᠮᠤᠭ᠎ᠤᠨ ᠶᠡᠬᠡ ᠬᠡᠪᠴᠢᠶ᠎ᠡ᠎ᠪᠠᠷ ᠨᠡᠮᠡᠭᠳᠡᠭᠦᠯᠬᠦ ᠬᠡᠷᠡᠭᠲᠡᠢ ᠃ (ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ )
ᠵᠢᠷᠭᠤᠭ᠎ᠠ ᠂ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠪᠠᠲᠤᠯᠠᠬᠤ ᠬᠡᠷᠡᠭᠲᠡᠢ ᠃ 《ᠬᠣᠶᠠᠷ᠎ᠢ ᠲᠠᠰᠢᠷᠠᠮ ᠵᠶ᠋ᠠᠷ ᠰᠤᠭᠤᠴᠢᠨ ᠂ ᠨᠢᠭᠡ ᠵᠢ ᠢᠯᠡ ᠪᠣᠯᠭ᠋ᠠᠬᠤ》 ᠲᠥᠷᠥᠯ ᠵᠦᠢ᠍ᠯ᠎ᠤᠨ ᠰᠤᠭᠤᠴᠢᠨ ᠪᠠᠢ᠌ᠴᠠᠭ᠋ᠠᠬᠤ ᠲᠣᠭᠲᠠᠴᠠ ᠵᠢ ᠪᠠᠢ᠌ᠭᠤᠯᠤᠨ ᠂ ᠠᠰᠠᠭᠤᠳᠠᠯ ᠢᠯᠡᠷᠡᠭᠦᠯᠪᠡᠯ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ ᠵᠢᠨ ᠰᠢᠰᠲᠸᠮ᠎ᠳᠤ ᠲᠡᠮᠳᠡᠭᠯᠡᠨ ᠣᠷᠣᠭᠤᠯᠵᠤ ᠲᠣᠭᠲᠠᠭᠰᠠᠨ ᠬᠤᠭᠤᠴᠠᠭ᠋ᠠᠨ᠎ᠳᠤ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ ᠃ ᠪᠦᠲᠦᠭᠡᠨ ᠪᠠᠢ᠌ᠭᠤᠯᠤᠯᠲᠠ ᠳᠤ ᠣᠷᠣᠯᠴᠠᠭᠰᠠᠨ ᠠᠵᠤ ᠠᠬᠤᠢ᠌ᠯᠠᠯ᠎ᠤᠳ᠎ᠤᠨ ᠢᠲᠡᠭᠡᠮᠵᠢ ᠵᠢᠨ ᠦᠨᠡᠯᠡᠯᠲᠡ ᠵᠢ ᠥᠷᠨᠢᠭᠦᠯᠵᠦ ᠂ ᠢᠲᠡᠭᠡᠯ ᠠᠯᠳᠠᠭᠰᠠᠳ ᠪᠠ ᠢᠲᠡᠭᠡᠮᠵᠢᠲᠡᠢ ᠳᠠᠩᠰᠠ ᠵᠢ ᠪᠠᠢ᠌ᠭᠤᠯᠤᠨ ᠂ ᠢᠲᠡᠭᠡᠯ ᠠᠯᠳᠠᠭᠰᠠᠳ᠎ᠢ ᠲᠣᠷᠭᠣᠨ ᠰᠢᠢ᠍ᠳᠬᠡᠬᠦ᠎ᠪᠠᠨ ᠴᠢᠩᠭ᠋ᠠᠳᠬᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠪᠠ ᠠᠢ᠌ᠮᠠᠭ ᠬᠣᠲᠠ ᠬᠣᠶᠠᠷ ᠱᠠᠲᠤᠨ᠎ᠤ ᠲᠠᠷᠢᠶᠠᠯᠠᠩ᠎ᠤᠨ ᠪᠡᠯᠡ ᠣᠷᠣᠭᠤᠯᠤᠯᠲᠠ ᠂ ᠨᠡᠭᠡᠭᠡᠨ ᠬᠥᠭᠵᠢᠭᠦᠯᠦᠯᠲᠡ ᠂ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠰᠦᠪᠡᠭᠴᠢᠯᠡᠨ ᠪᠠᠢ᠌ᠭᠤᠯᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠠᠢ᠌ᠭᠤᠯᠤᠨ ᠬᠦᠴᠦᠷᠬᠡᠭᠵᠢᠭᠦᠯᠵᠦ ᠂ ᠮᠡᠷᠭᠡᠵᠢᠯ᠎ᠤᠨ ᠲᠤᠯᠭ᠋ᠠᠭᠤᠷᠢᠯᠠᠬᠤ ᠦᠢ᠍ᠯᠡᠴᠢᠯᠡᠭᠡᠨ᠎ᠢ ᠰᠠᠢ᠌ᠲᠤᠷ ᠬᠢᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠠᠴᠠ ᠬᠢᠨᠠᠯᠲᠠ ᠲᠠᠯᠪᠢᠬᠤ ᠬᠠᠯᠠᠮᠰᠢᠯ ᠤᠲᠠᠰᠤ ᠲᠣᠬᠢᠷᠠᠭᠤᠯᠤᠨ ᠂ ᠬᠣᠰᠢᠭᠤ ᠰᠢᠶᠠᠨ
(ᠬᠣᠲᠠ ᠂ ᠲᠣᠭᠣᠷᠢᠭ)᠎ᠠᠴᠠ ᠬᠢᠨᠠᠯᠲᠠ ᠲᠠᠯᠪᠢᠭᠴᠢ ᠲᠠᠷᠢᠶᠠᠴᠢᠨ ᠮᠠᠯᠴᠢᠨ᠎ᠤ ᠨᠡᠢ᠌ᠲᠡ ᠵᠢᠨ ᠠᠰᠢᠭ᠎ᠲᠤ ᠠᠵᠢᠯ᠎ᠤᠨ ᠪᠠᠢ᠌ᠷᠢ ᠲᠣᠬᠢᠷᠠᠭᠤᠯᠵᠤ ᠂ ᠵᠠᠭᠤᠴᠢᠯᠠᠭᠤᠷ᠎ᠤᠨ ᠬᠢᠨᠠᠯᠲᠠ ᠲᠠᠯᠪᠢᠬᠤ ᠵᠢ ᠴᠢᠩᠭ᠋ᠠᠷᠠᠭᠤᠯᠵᠤ ᠂ ᠠᠰᠠᠭᠤᠳᠠᠯ᠎ᠢ ᠳᠠᠷᠤᠢ᠌ᠬᠠᠨ ᠢᠯᠡᠷᠡᠭᠦᠯᠵᠦ ᠂ ᠲᠦᠷᠭᠡᠨ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ ᠃ (ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠂ ᠨᠠᠮ᠎ᠤᠨ ᠬᠣᠷᠢᠶᠠᠨ᠎ᠤ ᠪᠠᠢ᠌ᠭᠤᠯᠤᠮᠵᠢ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ )
ᠳᠣᠯᠣᠭ᠎ᠠ ᠂ ᠰᠢᠯᠭ᠋ᠠᠨ ᠬᠤᠷᠢᠶᠠᠵᠤ ᠬᠥᠮᠥᠷᠭᠡᠯᠡᠬᠦ ᠵᠢ ᠵᠢᠷᠤᠮᠵᠢᠭᠤᠯᠬᠤ ᠬᠡᠷᠡᠭᠲᠡᠢ ᠃ ᠠᠢ᠌ᠮᠠᠭ ᠬᠣᠲᠠ ᠵᠢᠨ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠬᠤᠷᠢᠶᠠᠭᠰᠠᠨ ᠲᠥᠷᠥᠯ ᠵᠦᠢ᠍ᠯ᠎ᠤᠨ ᠬᠠᠷᠢᠴᠠᠯ᠎ᠢ 100% ᠬᠦᠷᠦᠭᠦᠯᠵᠦ ᠂ ᠥᠪᠡᠷᠲᠡᠭᠡᠨ ᠵᠠᠰᠠᠬᠤ ᠣᠷᠣᠨ᠎ᠠᠴᠠ ᠰᠤᠭᠤᠴᠢᠨ ᠪᠠᠢ᠌ᠴᠠᠭ᠋ᠠᠭᠰᠠᠨ ᠬᠠᠷᠢᠴᠠᠯ᠎ᠢ 10%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ ᠃ ᠪᠦᠲᠦᠭᠡᠨ ᠪᠠᠢ᠌ᠭᠤᠯᠤᠭᠰᠠᠨ ᠶᠠᠰᠤ ᠴᠢᠨᠠᠷ᠎ᠨᠢ ᠪᠠᠷᠢᠮᠵᠢᠶᠠᠨ᠎ᠳᠤ ᠡᠰᠡ ᠬᠦᠷᠦᠭᠰᠡᠨ ᠪᠣᠯ ᠂ ᠬᠣᠰᠢᠭᠤ ᠰᠢᠶᠠᠨ
(ᠬᠣᠲᠠ ᠂ ᠲᠣᠭᠣᠷᠢᠭ )᠎ᠠᠴᠠ ᠥᠪᠡᠰᠦᠪᠡᠨ ᠪᠡᠯᠡ ᠭᠠᠷᠭ᠋ᠠᠨ ᠲᠤᠰ ᠪᠦᠲᠦᠭᠡᠨ ᠪᠠᠢ᠌ᠭᠤᠯᠬᠤ ᠬᠤᠭᠤᠴᠠᠭ᠋ᠠᠨ᠎ᠳᠤ ᠴᠡᠭᠴᠡᠯᠡᠨ ᠰᠠᠢ᠌ᠵᠢᠷᠠᠭᠤᠯᠬᠤ ᠪᠤᠶᠤ ᠨᠥᠬᠥᠵᠦ ᠪᠠᠷᠢᠭᠤᠯᠬᠤ᠎ᠪᠠᠨ ᠪᠡᠶᠡᠯᠡᠭᠦᠯᠵᠦ ᠂ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠵᠦ ᠳᠡᠢ᠌ᠯᠬᠦ ᠦᠭᠡᠢ ᠪᠣᠯ ᠡᠳ᠋᠎ᠤᠨ ᠵᠠᠰᠠᠭ᠎ᠤᠨ ᠨᠥᠬᠥᠪᠦᠷᠢ ᠪᠡᠯᠡ ᠮᠥᠩᠭᠥ ᠵᠢ᠎ᠨᠢ ᠪᠤᠴᠠᠭ᠋ᠠᠨ ᠠᠪᠬᠤ ᠬᠡᠷᠡᠭᠲᠡᠢ ᠃ ᠲᠥᠷᠥᠯ ᠵᠦᠢ᠍ᠯ ᠲᠣᠭᠲᠠᠭ᠋ᠠᠬᠤ ᠂ ᠪᠠᠷᠢᠯᠭ᠎ᠠ ᠪᠠᠷᠢᠵᠤ ᠳᠠᠭᠤᠰᠬᠠᠬᠤ ᠂ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠬᠤᠷᠢᠶᠠᠬᠤ ᠭᠤᠷᠪᠠᠨ ᠱᠠᠲᠤ ᠦᠶ᠎ᠡ᠎ᠳᠤ ᠂ ᠬᠣᠰᠢᠭᠤ ᠰᠢᠶᠠᠨ (ᠬᠣᠲᠠ ᠂ ᠲᠣᠭᠣᠷᠢᠭ )᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠠᠴᠠ ᠪᠥᠬᠦ ᠤᠯᠤᠰ᠎ᠤᠨ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠶᠡᠷᠦᠩᠬᠡᠢ ᠬᠢᠨᠠᠨ ᠰᠢᠯᠭ᠋ᠠᠵᠤ ᠬᠢᠨᠠᠨ ᠬᠠᠮᠢᠶᠠᠷᠬᠤ ᠲᠠᠪᠴᠠᠩ ᠵᠶ᠋ᠠᠷ ᠳᠠᠮᠵᠢᠭᠤᠯᠤᠨ ᠴᠠᠭ ᠲᠤᠬᠠᠢᠳᠤᠨᠢ ᠮᠡᠳᠡᠭᠡ ᠵᠠᠩᠭᠢ ᠵᠢ᠎ᠨᠢ ᠲᠡᠮᠳᠡᠭᠯᠡᠨ ᠣᠷᠣᠭᠤᠯᠬᠤ ᠵᠢᠨ ᠬᠠᠮᠲᠤ ᠵᠢᠷᠤᠭ᠎ᠢ᠎ᠨᠢ ᠬᠥᠮᠥᠷᠭᠡ ᠳᠤ ᠣᠷᠣᠭᠤᠯᠬᠤ ᠬᠡᠷᠡᠭᠲᠡᠢ ᠃
(ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ)
ᠨᠠᠢ᠍ᠮᠠ ᠂ ᠪᠠᠢ᠌ᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠢ ᠃ ᠪᠠᠷᠢᠯᠭ᠎ᠠ ᠵᠢ ᠬᠠᠮᠢᠶᠠᠷᠤᠨ ᠬᠠᠮᠠᠭ᠋ᠠᠯᠠᠬᠤ ᠣᠯᠠᠨ ᠡᠰᠢᠲᠦ ᠲᠣᠭᠲᠠᠴᠠ ᠵᠢ ᠪᠦᠷᠢᠨᠰᠢᠭᠦᠯᠵᠦ ᠂ ᠬᠣᠰᠢᠭᠤ ᠰᠢᠶᠠᠨ (ᠬᠣᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ ᠂ ᠭᠠᠴᠠᠭ᠎ᠠ ᠲᠤᠰᠬᠤᠨ᠎ᠤ ᠬᠠᠮᠲᠤ ᠵᠢᠨ ᠵᠣᠬᠢᠶᠠᠨ ᠪᠠᠢ᠌ᠭᠤᠯᠤᠯᠲᠠ᠎ᠨᠢ ᠬᠠᠮᠢᠶᠠᠷᠤᠨ ᠬᠠᠮᠠᠭ᠋ᠠᠯᠠᠬᠤ ᠭᠣᠣᠯ ᠴᠣᠭᠴᠠ ᠪᠠᠢ᠌ᠵᠤ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ ᠬᠢᠨᠠᠯᠲᠠ ᠲᠠᠯᠪᠢᠬᠤ ᠵᠢ ᠬᠠᠷᠢᠭᠤᠴᠠᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ᠎ᠪᠠᠷ ᠳᠠᠮᠵᠢᠨ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠤᠨ ᠤᠯᠤᠰ᠎ᠤᠨ ᠥᠮᠴᠢᠯᠡᠯ᠎ᠠᠴᠠ ᠪᠤᠰᠤᠳ᠎ᠢ᠎ᠨᠢ ᠴᠥᠮ ᠭᠠᠴᠠᠭ᠎ᠠ ᠲᠣᠰᠬᠣᠨ᠎ᠤ ᠬᠠᠮᠲᠤ ᠵᠢᠨ ᠡᠵᠡᠩᠨᠡᠯᠲᠡ ᠬᠠᠮᠢᠶᠠᠷᠤᠯᠲᠠ᠎ᠳᠤ ᠬᠣᠷᠢᠶᠠᠨ ᠣᠷᠣᠭᠤᠯᠵᠤ ᠂ ᠣᠯᠣᠭᠰᠠᠨ ᠠᠰᠢᠭ ᠣᠷᠣᠯᠭ᠎ᠠ ᠵᠢ᠎ᠨᠢ ᠳᠠᠷᠠᠭ᠋ᠠᠴᠢ ᠵᠢᠨ ᠬᠠᠮᠢᠶᠠᠷᠤᠯᠲᠠ ᠬᠠᠮᠠᠭ᠋ᠠᠯᠠᠯᠲᠠ᠎ᠳᠤ ᠬᠡᠷᠡᠭᠯᠡᠬᠦ ᠬᠡᠷᠡᠭᠲᠡᠢ ; ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠪᠠ ᠰᠢᠨ᠎ᠡ᠎ᠪᠠᠷ ᠨᠡᠮᠡᠭᠳᠡᠭᠰᠡᠨ ᠠᠮᠤ ᠪᠤᠳᠠᠭ᠋ᠠᠨ᠎ᠤ ᠤᠨᠠᠯᠲᠠ ᠵᠢᠨ ᠭᠦᠢ᠍ᠴᠡᠳᠬᠡᠯ ᠲᠣᠭ᠎ᠠ ᠵᠢ ᠬᠠᠷᠭᠤᠭᠤᠯᠤᠨ ᠲᠣᠭᠲᠠᠭ᠋ᠠᠬᠤ ᠠᠵᠢᠯ᠎ᠢ ᠴᠠᠭ ᠲᠤᠬᠠᠢᠳᠤᠨᠢ ᠰᠠᠢ᠌ᠲᠤᠷ ᠬᠢᠵᠦ ᠂ ᠨᠥᠬᠥᠪᠦᠷᠢᠯᠡᠬᠦ ᠲᠠᠷᠢᠶᠠᠨ ᠭᠠᠵᠠᠷ᠎ᠤᠨ ᠭᠦᠢ᠍ᠴᠡᠳᠬᠡᠯ ᠲᠣᠭ᠋ᠠᠨ᠎ᠤ ᠬᠥᠮᠥᠷᠭᠡ᠎ᠳᠤ ᠬᠠᠮᠤᠷᠤᠨ ᠣᠷᠣᠭᠤᠯᠤᠭ᠋ᠠᠳ ᠬᠡᠷᠡᠭᠯᠡᠭᠰᠡᠨ ᠭᠠᠵᠠᠷ ᠵᠶ᠋ᠠᠷ ᠨᠥᠬᠥᠪᠦᠷᠢᠯᠡᠨ ᠲᠡᠩᠴᠡᠭᠦᠷᠢᠰᠢᠭᠦᠯᠬᠦ᠎ᠳᠤ ᠬᠡᠷᠡᠭᠯᠡᠵᠦ ᠂ ᠣᠯᠣᠭᠰᠠᠨ ᠠᠰᠢᠭ ᠣᠷᠣᠯᠭ᠎ᠠ ᠵᠢ᠎ᠨᠢ ᠶᠠᠭᠤᠨ᠎ᠤ ᠤᠷᠢᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠠᠬᠢᠨ ᠣᠷᠣᠭᠤᠯᠤᠯᠲᠠ ᠪᠠ ᠵᠢᠭᠡᠯᠡᠯᠭᠡ ᠵᠢᠨ ᠲᠡᠮᠳᠡᠭᠲᠦ ᠵᠢ ᠲᠥᠯᠥᠬᠦ᠎ᠳᠤ ᠬᠡᠷᠡᠭᠯᠡᠬᠦ ᠬᠡᠷᠡᠭᠲᠡᠢ ᠃ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠵᠢ ᠰᠦᠪᠡᠭᠴᠢᠯᠡᠨ ᠬᠡᠷᠡᠭᠯᠡᠵᠦ ᠂ ᠭᠤᠷᠪᠠᠳᠠᠭᠴᠢ ᠡᠲᠡᠭᠡᠳ᠎ᠤᠨ ᠪᠠᠢ᠌ᠭᠤᠯᠤᠮᠵᠢ᠎ᠪᠠᠷ ᠲᠤᠰᠬᠠᠢ᠌ᠵᠢᠭᠰᠠᠨ ᠬᠠᠮᠢᠶᠠᠷᠤᠯᠲᠠ ᠬᠠᠮᠠᠭ᠋ᠠᠯᠠᠯᠲᠠ ᠬᠢᠯᠭᠡᠬᠦ ᠬᠡᠷᠡᠭᠲᠡᠢ ᠃ ᠪᠠᠷᠢᠯᠭ᠎ᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠬᠦ ᠬᠡᠷᠡᠭᠲᠡᠢ ᠃ (ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ )
ᠶᠢᠰᠦ ᠂ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠢ᠌ᠷᠡᠭᠦᠯᠬᠦ ᠬᠡᠷᠡᠭᠲᠡᠢ ᠃ ᠤᠷᠢᠳ ᠵᠶ᠋ᠠᠷ ᠰᠢᠯᠵᠢᠭᠦᠯᠦᠨ ᠡᠷᠭᠢᠯᠳᠦᠭᠦᠯᠵᠦ ᠳᠠᠷᠠᠭ᠎ᠠ᠎ᠨᠢ ᠲᠥᠷᠥᠯ ᠵᠦᠢ᠍ᠯ ᠲᠣᠭᠲᠠᠭ᠋ᠠᠬᠤ ᠪᠠ ᠤᠷᠢᠳ ᠵᠶ᠋ᠠᠷ ᠲᠡᠭᠰᠢᠯᠡᠨ ᠳᠠᠷᠠᠭ᠎ᠠ᠎ᠨᠢ ᠪᠦᠲᠦᠭᠡᠨ ᠪᠠᠢ᠌ᠭᠤᠯᠬᠤ ᠵᠢ ᠵᠣᠷᠢᠭᠵᠢᠭᠤᠯᠵᠤ ᠂ ᠪᠦᠬᠦ ᠲᠤᠰᠬᠤᠨ ᠪᠦᠬᠦ ᠳᠤᠭᠤᠢ᠌ᠯᠠᠩ ᠪᠦᠬᠦᠯᠢ ᠬᠡᠰᠡᠭ᠎ᠤᠨ ᠲᠠᠷᠢᠶᠠᠯᠠᠬᠤ ᠭᠠᠵᠠᠷ᠎ᠢ ᠪᠦᠬᠦᠯᠢ᠎ᠪᠠᠷ᠎ᠨᠢ ᠰᠢᠯᠵᠢᠭᠦᠯᠦᠨ ᠡᠷᠭᠢᠯᠳᠦᠭᠦᠯᠬᠦ ᠵᠢ ᠠᠬᠢᠭᠤᠯᠬᠤ ᠬᠡᠷᠡᠭᠲᠡᠢ ᠃ ᠲᠠᠷᠢᠶᠠᠴᠢᠳ ᠮᠠᠯᠴᠢᠳ᠎ᠤᠨ ᠬᠣᠷᠰᠢᠨ ᠡᠵᠡᠩᠨᠡᠬᠦ ᠵᠢ ᠬᠥᠭᠵᠢᠭᠦᠯᠬᠦ ᠵᠢ ᠵᠣᠷᠢᠭᠵᠢᠭᠤᠯᠵᠤ ᠂ ᠪᠦᠬᠦᠯᠢ ᠪᠠᠢ᠌ᠭᠤᠯᠤᠮᠵᠢᠲᠤ ᠳᠦᠷᠢᠮ᠎ᠤᠨ ᠲᠠᠷᠢᠶᠠᠯᠠᠬᠤ ᠵᠢ ᠨᠠᠢ᠌ᠳᠠᠨ ᠬᠠᠮᠢᠶᠠᠷᠤᠭᠤᠯᠬᠤ ᠵᠢ ᠳᠡᠯᠭᠡᠷᠡᠭᠦᠯᠬᠦ ᠬᠡᠷᠡᠭᠲᠡᠢ ᠃ ᠤᠷᠢᠳ ᠵᠶ᠋ᠠᠷ ᠪᠠᠢ᠌ᠭᠤᠯᠤᠨ ᠳᠠᠷᠠᠭ᠎ᠠ᠎ᠨᠢ ᠨᠥᠬᠥᠵᠦ ᠪᠠᠢ᠌ᠭᠤᠯᠬᠤ ᠵᠠᠭᠪᠤᠷ᠎ᠢ ᠵᠣᠷᠢᠭᠵᠢᠭᠤᠯᠬᠤ ᠬᠡᠷᠡᠭᠲᠡᠢ ᠃ ᠭᠠᠴᠠᠭ᠎ᠠ ᠲᠣᠰᠬᠣᠨ ᠵᠶ᠋ᠠᠷ ᠰᠠᠭᠤᠷᠢ ᠪᠣᠯᠭ᠋ᠠᠵᠤ ᠂ ᠰᠤᠮᠤ ᠰᠢᠶᠠᠩ ᠪᠠᠯᠭ᠋ᠠᠰᠤ᠎ᠪᠠᠷ ᠨᠢᠭᠡᠴᠢ ᠪᠣᠯᠭ᠋ᠠᠨ ᠂ ᠪᠦᠬᠦ ᠬᠣᠰᠢᠭᠤ ᠰᠢᠶᠠᠨ (ᠬᠣᠲᠠ ᠂ ᠲᠣᠭᠣᠷᠢᠭ ) ᠵᠶ᠋ᠠᠷ ᠠᠬᠢᠭᠤᠯᠬᠤ ᠵᠢ᠎ᠨᠢ ᠡᠩ ᠲᠡᠷᠢᠭᠦᠨ᠎ᠳᠤ ᠳᠡᠮᠵᠢᠵᠦ ᠂ ᠪᠦᠬᠦ ᠬᠡᠪᠴᠢᠶᠡᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠢ᠌ᠭᠤᠯᠵᠤ ᠂ ᠨᠢᠭᠡ ᠨᠢᠭᠡ ᠤᠴᠢᠷ ᠵᠶ᠋ᠠᠷ ᠵᠥᠪᠯᠡᠬᠦ ᠠᠷᠭ᠎ᠠ᠎ᠪᠠᠷ ᠬᠥᠬᠢᠭᠦᠯᠬᠦ ᠬᠡᠷᠡᠭᠲᠡᠢ ᠃
(ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠡᠳ᠋᠎ᠤᠨ ᠵᠠᠰᠠᠭ᠎ᠤᠨ ᠲᠢᠩᠬᠢᠮ)
ᠠᠷᠪᠠ ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠬᠡᠷᠡᠭᠲᠡᠢ ᠃ ᠵᠠᠰᠠᠭ᠎ᠤᠨ ᠣᠷᠳᠣᠨ᠎ᠤ ᠭᠣᠣᠯ ᠤᠳᠤᠷᠢᠳᠤᠯᠭ᠎ᠠ ᠶᠡᠷᠦᠩᠬᠡᠢ᠎ᠳᠤ᠎ᠨᠢ ᠬᠠᠷᠢᠭᠤᠴᠠᠵᠤ ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠢᠭᠤᠳ ᠬᠠᠷᠢᠭᠤᠴᠠᠬᠤ ᠵᠢ ᠪᠠᠷᠢᠮᠲᠠᠯᠠᠬᠤ ᠬᠡᠷᠡᠭᠲᠡᠢ ; ᠬᠣᠰᠢᠭᠤ ᠰᠢᠶᠠᠨ (ᠬᠣᠲᠠ ᠂ ᠲᠣᠭᠣᠷᠢᠭ )᠎ᠤ ᠠᠷᠠᠳ᠎ᠤᠨ ᠵᠠᠰᠠᠭ᠎ᠤᠨ ᠣᠷᠳᠣᠨ᠎ᠨᠢ ᠲᠥᠷᠦᠯ ᠵᠦᠢ᠍ᠯ᠎ᠢ ᠬᠡᠷᠡᠭᠵᠢᠭᠦᠯᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠭᠦᠢ᠍ᠴᠡᠳᠬᠡᠬᠦ ᠬᠡᠷᠡᠭᠲᠡᠢ ; ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠰᠠᠯᠠᠭ᠎ᠠ ᠮᠥᠴᠢᠷ᠎ᠨᠢ ᠠᠵᠢᠯ ᠲᠥᠷᠥᠯ᠎ᠢ ᠬᠠᠮᠢᠶᠠᠷᠬᠤ ᠪᠠ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠵᠢᠨ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ ; ᠰᠤᠮᠤ ᠰᠢᠶᠠᠩ ᠪᠠᠯᠭ᠋ᠠᠰᠤᠨ᠎ᠤ ᠵᠠᠰᠠᠭ᠎ᠤᠨ ᠣᠷᠳᠣᠨ᠎ᠨᠢ ᠲᠥᠷᠦᠯ ᠵᠦᠢ᠍ᠯ᠎ᠢ ᠬᠢᠨᠠᠨ ᠬᠠᠮᠢᠶᠠᠷᠬᠤ ᠰᠢᠭᠤᠳ ᠬᠠᠷᠢᠭᠤᠴᠠᠯᠭ᠎ᠠ ᠵᠢ ᠡᠭᠦᠷᠭᠡᠯᠡᠬᠦ ᠬᠡᠷᠡᠭᠲᠡᠢ ᠃ ᠭᠠᠴᠠᠭ᠎ᠠ ᠲᠣᠰᠬᠤᠨ᠎ᠤ ᠠᠷᠠᠳ᠎ᠤᠨ ᠵᠥᠪᠯᠡᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠠᠷᠠᠳ ᠲᠦᠮᠡᠨ᠎ᠢ ᠢᠳᠡᠪᠬᠢᠲᠡᠢ ᠵᠣᠬᠢᠶᠠᠨ ᠪᠠᠢ᠌ᠭᠤᠯᠵᠤ ᠣᠷᠣᠯᠴᠠᠭᠤᠯᠬᠤ ᠂ ᠵᠥᠷᠢᠴᠡᠯ ᠮᠥᠷᠭᠦᠯᠳᠦᠭᠡᠨ᠎ᠢ ᠵᠣᠬᠢᠴᠠᠭᠤᠯᠤᠨ ᠰᠢᠢ᠍ᠳᠪᠦᠷᠢᠯᠡᠬᠦ ᠂ ᠪᠠᠢ᠌ᠴᠠᠭ᠋ᠠᠵᠤ ᠰᠢᠯᠭ᠋ᠠᠨ ᠬᠤᠷᠢᠶᠠᠬᠤ᠎ᠳᠤ ᠣᠷᠣᠯᠴᠠᠭᠤᠯᠬᠤ ᠬᠡᠷᠡᠭᠲᠡᠢ ᠃ (ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ )
ᠠᠷᠪᠠᠨ ᠨᠢᠭᠡ ᠂ ᠬᠥᠬᠢᠭᠦᠯᠬᠦ ᠲᠣᠭᠲᠠᠴᠠ ᠵᠢ ᠪᠠᠢ᠌ᠭᠤᠯᠬᠤ ᠬᠡᠷᠡᠭᠲᠡᠢ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠦᠨᠡᠯᠡᠨ ᠬᠦᠬᠢᠭᠦᠯᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠡᠮᠦᠨᠡᠬᠢ ᠬᠤᠭᠤᠴᠠᠭ᠋ᠠᠨ᠎ᠤ ᠠᠵᠢᠯ ᠂ ᠪᠦᠲᠦᠭᠡᠨ ᠪᠠᠢ᠌ᠭᠤᠯᠤᠭᠰᠠᠨ ᠲᠠᠯᠠᠪᠠᠢ ᠬᠢᠭᠡᠳ ᠶᠠᠰᠤ ᠴᠢᠨᠠᠷ ᠂ ᠪᠡᠯᠡ ᠮᠥᠩᠭᠥᠨ᠎ᠤ ᠣᠷᠣᠭᠤᠯᠤᠯᠲᠠ ᠪᠠ ᠵᠠᠷᠤᠯᠭ᠎ᠠ ᠂ ᠪᠠᠷᠢᠯᠭ᠎ᠠ ᠵᠢᠨ ᠠᠵᠢᠯ ᠳᠠᠭᠤᠰᠴᠤ ᠰᠢᠯᠭ᠋ᠠᠨ ᠬᠤᠷᠢᠶᠠᠬᠤ ᠪᠠ ᠵᠢᠷᠤᠭ᠎ᠢ ᠬᠥᠮᠥᠷᠭᠡ᠎ᠳᠤ ᠣᠷᠣᠭᠤᠯᠬᠤ ᠂ ᠪᠠᠢ᠌ᠭᠤᠯᠤᠭᠰᠠᠨ᠎ᠤ ᠳᠠᠷᠠᠭ᠎ᠠ ᠬᠠᠮᠢᠶᠠᠷᠴᠤ ᠬᠠᠮᠠᠭ᠋ᠠᠯᠠᠬᠤ ᠪᠠ ᠳᠦᠷᠢᠮ᠎ᠤᠨ ᠪᠦᠲᠦᠭᠡᠨ ᠪᠠᠢ᠌ᠭᠤᠯᠤᠯᠲᠠ ᠵᠡᠷᠭᠡ ᠵᠢ ᠶᠡᠷᠦᠩᠬᠡᠢ᠌ᠯᠡᠨ ᠦᠨᠡᠯᠡᠵᠦ ᠂ ᠬᠥᠬᠢᠭᠦᠯᠬᠦ ᠬᠡᠪᠴᠢᠶᠡᠨ᠎ᠳᠤ ᠣᠷᠣᠭᠰᠠᠨ ᠭᠠᠵᠠᠷ ᠣᠷᠣᠨ ᠪᠣᠯ ᠢᠷᠡᠬᠦ ᠵᠢᠯ᠎ᠳᠤᠨᠢ ᠲᠥᠷᠥᠯ ᠵᠦᠢ᠍ᠯ᠎ᠤᠨ ᠪᠡᠯᠡ ᠮᠥᠩᠭᠥ ᠬᠤᠪᠢᠶᠠᠷᠢᠯᠠᠬᠤ᠎ᠳᠤ᠎ᠪᠠᠨ ᠢᠯᠡᠭᠦᠦ ᠪᠣᠳᠣᠯᠬᠢᠯᠠᠬᠤ ᠬᠡᠷᠡᠭᠲᠡᠢ ᠃ ᠡᠭᠦᠨ᠎ᠤ ᠬᠠᠮᠲᠤ ᠂ ᠥᠪᠡᠷᠲᠡᠭᠡᠨ ᠵᠠᠰᠠᠬᠤ ᠣᠷᠣᠨ᠎ᠠᠴᠠ ᠵᠢᠯ ᠪᠦᠷᠢ 1000 ᠲᠦᠮᠡᠨ ᠲᠥᠭᠥᠷᠢᠭ ᠲᠣᠬᠢᠷᠠᠭᠤᠯᠵᠤ ᠲᠤᠬᠠᠢ ᠵᠢᠨ ᠵᠢᠯ᠎ᠤᠨ ᠲᠥᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ᠎ᠪᠠᠷ ᠰᠠᠢ᠌ᠨ ᠬᠣᠰᠢᠭᠤ ᠰᠢᠶᠠᠨ (ᠬᠣᠲᠠ ᠂ ᠲᠣᠭᠣᠷᠢᠭ )᠎ᠢ ᠬᠥᠬᠢᠭᠦᠯᠦᠨ ᠂ 1000 ᠲᠦᠮᠡᠨ ᠲᠥᠭᠥᠷᠢᠭ ᠲᠣᠬᠢᠷᠠᠭᠤᠯᠤᠨ ᠪᠦᠲᠦᠭᠡᠨ ᠪᠠᠢ᠌ᠭᠤᠯᠤᠭᠰᠠᠨ ᠲᠥᠷᠥᠯ ᠵᠦᠢ᠍ᠯ᠎ᠢ ᠬᠠᠮᠢᠶᠠᠷᠤᠨ ᠬᠠᠮᠠᠭ᠋ᠠᠯᠠᠭᠰᠠᠨ ᠦᠷ᠎ᠡ ᠪᠦᠲᠦᠮᠵᠢ᠎ᠪᠠᠷ ᠰᠠᠢ᠌ᠨ ᠭᠠᠴᠠᠭ᠎ᠠ ᠲᠣᠰᠬᠣᠨ᠎ᠤ ᠬᠠᠮᠲᠤ ᠨᠡᠢ᠌ᠲᠡ ᠵᠢ ᠬᠥᠬᠢᠭᠦᠯᠬᠦ ᠬᠡᠷᠡᠭᠲᠡᠢ ᠃ (ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂ ᠡᠳ᠋᠎ᠤᠨ ᠵᠠᠰᠠᠭ᠎ᠤᠨ ᠲᠢᠩᠬᠢᠮ)
2022 ᠣᠨ᠎ᠤ 9 ᠳ᠋ᠦ᠍ᠭᠡᠷ ᠰᠠᠷ᠎ᠠ ᠵᠢᠨ 26᠎ᠤ ᠡᠳᠦᠷ
(ᠲᠤᠰ ᠪᠢᠴᠢᠭ ᠮᠠᠲᠸᠷᠢᠶᠠᠯ᠎ᠢ ᠢᠯᠡ ᠨᠡᠢ᠌ᠲᠡᠯᠡᠨ᠎ᠡ)
ᠬᠠᠭᠤᠯᠤᠨ ᠢᠯᠡᠭᠡᠬᠦ᠎ᠨᠢ ᠄
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ ᠂ ᠤᠯᠤᠰ ᠲᠥᠷᠦ ᠵᠢᠨ ᠵᠥᠪᠯᠡᠯᠭᠡᠨ᠎ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠂ ᠪᠠᠢ᠌ᠴᠠᠭ᠋ᠠᠬᠤ ᠬᠣᠷᠢᠶ᠎ᠠ ᠃
ᠡᠯ᠎ᠡ ᠠᠷᠠᠳ᠎ᠤᠨ ᠪᠦᠯᠬᠦᠮ ᠂ ᠰᠣᠨᠢᠨ ᠮᠡᠳᠡᠭᠡᠨ᠎ᠤ ᠨᠢᠭᠡᠴᠢ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2022 ᠣᠨ᠎ᠤ 9 ᠳ᠋ᠦ᠍ᠭᠡᠷ ᠰᠠᠷ᠎ᠠ ᠵᠢᠨ 28᠎ᠤ ᠡᠳᠦᠷ ᠳᠠᠷᠤᠮᠠᠯᠯᠠᠨ ᠲᠠᠷᠬᠠᠭ᠋ᠠᠪᠠ