ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2022] 39 ᠳ᠋ᠦ᠍ᠭᠡᠷ ᠲᠣᠭ᠋ᠠᠲᠤ
ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠦᠷᠭᠡᠨ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄
《ᠠᠵᠤ ᠠᠬᠤᠢ ᠵᠢ ᠯᠠᠪᠳᠠᠭᠤᠨ ᠪᠠᠲᠤᠲᠠᠢ ᠲᠣᠭᠲᠠᠭᠤᠨ ᠪᠠᠢ᠌ᠯᠭ᠋ᠠᠬᠤ ᠪᠦᠭᠦᠨ᠎ᠢ ᠬᠠᠮᠤᠷᠤᠭᠰᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠮᠡᠳᠡᠭᠳᠡᠯ》 (ᠲᠥᠷᠥ ᠲᠠᠷᠬᠠᠭ᠋ᠠᠭᠰᠠᠨ [2022] 12 ᠳ᠋ᠤᠭ᠋ᠠᠷ ᠲᠣᠭ᠋ᠠᠲᠤ)᠎ᠤᠨ ᠪᠠᠢ᠌ᠷᠢᠯᠠᠭᠤᠯᠤᠯᠲᠠ ᠲᠣᠬᠢᠷᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠪᠥᠬᠥ ᠣᠷᠣᠨ᠎ᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠦᠷᠭᠡᠨ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠠᠤᠯᠢ》 ᠪᠠ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠬᠣᠯᠪᠣᠭᠳᠠᠯ ᠪᠦᠬᠦᠢ ᠠᠷᠭ᠎ᠠ ᠬᠡᠮᠵᠢᠶ᠎ᠡ ᠵᠢ ᠳᠣᠣᠷᠠᠬᠢ ᠮᠡᠲᠦ ᠮᠡᠳᠡᠭᠳᠡᠪᠡ᠃
ᠨᠢᠭᠡ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠠᠪᠴᠠᠩ᠎ᠢ ᠲᠦᠷᠭᠡᠳᠬᠡᠨ ᠬᠥᠭᠵᠢᠭᠦᠯᠬᠦ ᠬᠡᠷᠡᠭᠲᠡᠢ
(ᠨᠢᠭᠡ) ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠠᠪᠴᠠᠩ᠎ᠳᠠᠬᠢ ᠪᠡᠯᠡ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢ ᠬᠥᠲᠥᠯᠥᠨ ᠵᠢᠯᠤᠭᠣᠳᠬᠤ ᠵᠢᠨ ᠰᠠᠭᠤᠷᠢ ᠮᠥᠩᠭᠥᠨ᠎ᠤ ᠦᠢ᠍ᠯᠡᠳᠦᠯ᠎ᠢ ᠪᠠᠳᠠᠷᠠᠭᠤᠯᠵᠤ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠴᠢᠬᠤᠯᠠ ᠶᠡᠬᠡ ᠳᠠᠢ᠌ᠴᠢᠯᠠᠬᠤ ᠨᠥᠯᠥᠭᠡᠯᠡᠯ᠎ᠲᠠᠢ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠠᠪᠴᠠᠩ᠎ᠤᠨ ᠠᠵᠤ ᠠᠬᠤᠢ᠌ᠯᠠᠯ᠎ᠳᠤ᠂ ᠠᠵᠤ ᠦᠢ᠍ᠯᠡᠰ᠎ᠤᠨ ᠬᠥᠭᠵᠢᠯᠲᠡ ᠵᠢᠨ ᠲᠤᠰᠬᠠᠢ ᠰᠠᠭᠤᠷᠢ ᠮᠥᠩᠭᠥ ᠪᠠᠢ᠌ᠭᠤᠯᠬᠤ ᠪᠤᠶᠤ ᠠᠵᠤ ᠠᠬᠤᠢ᠌ᠯᠠᠯ᠎ᠢ ᠵᠣᠷᠢᠭᠵᠢᠭᠤᠯᠵᠤ ᠪᠠᠢ᠌ᠭ᠋ᠠᠳ ᠬᠤᠪᠢ ᠣᠷᠣᠭᠤᠯᠬᠤ᠂ ᠨᠡᠢ᠌ᠯᠡᠭᠦᠯᠦᠨ ᠬᠤᠳᠠᠯᠳᠤᠨ ᠠᠪᠬᠤ᠂ ᠳᠠᠬᠢᠨ ᠵᠣᠬᠢᠶᠠᠨ ᠪᠠᠢ᠌ᠭᠤᠯᠬᠤ ᠵᠡᠷᠭᠡ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠠᠪᠴᠠᠩ᠎ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠬᠣᠶᠠᠷ) ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠬᠦ ᠬᠡᠷᠡᠭᠲᠡᠢ᠃ ᠰᠢᠨ᠎ᠡ᠎ᠪᠠᠷ ᠪᠠᠢ᠌ᠭᠤᠯᠤᠭᠰᠠᠨ ᠣᠷᠣᠨ ᠪᠦᠰᠡ ᠵᠢᠨ ᠲᠠᠰ᠎ᠤᠨ᠂ ᠠᠵᠢᠯ ᠲᠥᠷᠥᠯ᠎ᠤᠨ ᠲᠠᠰ᠎ᠤᠨ᠂ ᠠᠵᠤ ᠠᠬᠤᠢ᠌ᠯᠠᠯ᠎ᠤᠨ ᠲᠠᠰ᠎ᠤᠨ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠪᠴᠠᠩ᠎ᠳᠤ ᠪᠣᠳᠠᠲᠠᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠵᠢᠨ ᠲᠣᠭ᠋ᠠᠨ᠎ᠤ 20%᠎ᠪᠠᠷ᠂ ᠲᠠᠩ ᠭᠠᠭᠴᠠ ᠲᠥᠷᠥᠯ ᠵᠦᠢ᠍ᠯ᠎ᠳᠤ ᠶᠡᠬᠡᠳᠡᠬᠦᠳᠤᠪᠠᠨ 500 ᠲᠦᠮᠡᠨ ᠲᠥᠭᠥᠷᠢᠭ᠂ 400 ᠲᠦᠮᠡᠨ ᠲᠥᠭᠥᠷᠢᠭ᠂ 300 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ᠎ᠪᠠᠷ ᠱᠠᠩᠨᠠᠨ ᠨᠥᠬᠥᠪᠦᠷᠢᠯᠡᠨ᠎ᠡ᠃ ᠰᠢᠨ᠎ᠡ᠎ᠪᠠᠷ ᠪᠠᠢ᠌ᠭᠤᠯᠤᠭᠰᠠᠨ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠢᠯᠭ᠋ᠠᠬᠤ ᠲᠡᠮᠳᠡᠭ᠎ᠤᠨ ᠵᠠᠳᠠᠯᠤᠯᠲᠠ ᠵᠢᠨ ᠬᠣᠶᠠᠳᠤᠭ᠋ᠠᠷ ᠳᠡᠰ᠎ᠤᠨ ᠬᠣᠯᠪᠣᠭ᠋ᠠᠰᠤ ᠴᠡᠭ ᠪᠣᠯᠬᠣ ᠪᠥᠭᠡᠳ ᠤᠯᠤᠰ᠎ᠤᠨ ᠳᠡᠭᠡᠳᠦ ᠲᠠᠰ᠎ᠤᠨ ᠬᠣᠯᠪᠣᠭ᠋ᠠᠰᠤ ᠴᠡᠭᠯᠦᠭᠡ ᠬᠣᠯᠪᠣᠯᠳᠤᠨ ᠨᠡᠪᠲᠡᠷᠡᠯᠴᠡᠬᠦ ᠵᠢ ᠪᠡᠶᠡᠯᠡᠭᠦᠯᠦᠭᠰᠡᠨ ᠠᠵᠤ ᠠᠬᠤᠢ᠌ᠯᠠᠯ᠎ᠳᠤ 500 ᠲᠦᠮᠡᠨ ᠲᠥᠭᠥᠷᠢᠭ᠎ᠤᠨ ᠨᠢᠭᠡ ᠯᠡ ᠤᠳᠠᠭ᠋ᠠᠨ᠎ᠤ ᠴᠢᠨᠠᠷᠲᠠᠢ ᠨᠥᠬᠥᠪᠦᠷᠢ ᠥᠭᠭᠦᠨ᠎ᠡ᠃ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠢᠯᠭ᠋ᠠᠬᠤ ᠲᠡᠮᠳᠡᠭ᠎ᠤᠨ ᠵᠠᠳᠠᠯᠤᠯᠲᠠ ᠵᠢᠨ ᠰᠢᠨ᠎ᠡ ᠵᠢ ᠡᠭᠦᠳᠴᠦ ᠬᠡᠷᠡᠭᠯᠡᠬᠦ ᠵᠢ ᠥᠷᠨᠢᠭᠦᠯᠦᠭᠰᠡᠨ ᠠᠵᠤ ᠠᠬᠤᠢ᠌ᠯᠠᠯ᠎ᠳᠤ᠂ ᠬᠡᠷᠡᠭᠯᠡᠭᠡᠨ᠎ᠤ ᠦᠷ᠎ᠡ ᠪᠦᠲᠦᠮᠵᠢ ᠵᠢ᠎ᠨᠢ ᠦᠨᠳᠦᠰᠦᠯᠡᠨ ᠨᠥᠬᠥᠪᠦᠷᠢ ᠥᠭᠴᠦ᠂ ᠲᠠᠩ ᠭᠠᠭᠴᠠ ᠠᠵᠤ ᠠᠬᠤᠢ᠌ᠯᠠᠯ᠎ᠳᠤ ᠶᠡᠬᠡᠳᠡᠬᠦᠳᠤᠪᠠᠨ 300 ᠲᠦᠮᠡᠨ ᠲᠥᠭᠥᠷᠢᠭ᠎ᠠᠴᠠ ᠬᠡᠲᠦᠷᠡᠭᠦᠯᠵᠦ ᠪᠣᠯᠬᠣ ᠦᠭᠡᠢ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠬᠣᠶᠠᠷ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ
(ᠭᠤᠷᠪᠠ) ᠨᠢᠭᠡ ᠪᠦᠯᠦᠭ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠦᠢ᠍ᠯᠡᠰ᠎ᠤᠨ ᠪᠥᠭᠡᠮᠨᠡᠷᠡᠭᠰᠡᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠢ ᠲᠦᠷᠭᠡᠳᠬᠡᠨ ᠪᠠᠢ᠌ᠭᠤᠯᠬᠤ ᠬᠡᠷᠡᠭᠲᠡᠢ᠃ ᠡᠯ᠎ᠡ ᠠᠢ᠌ᠮᠠᠭ ᠬᠣᠲᠠ (ᠨᠡᠭᠡᠭᠡᠯᠲᠡ ᠵᠢᠨ ᠲᠣᠭᠣᠷᠢᠭ ᠪᠠᠭᠲᠠᠨ᠎ᠠ) ᠵᠢ ᠵᠣᠷᠢᠭᠵᠢᠭᠤᠯᠵᠤ ᠪᠠᠢ᠌ᠭ᠋ᠠᠳ ᠥᠪᠡᠷ᠎ᠤᠨ ᠵᠶ᠋ᠡᠨ ᠬᠥᠭᠵᠢᠯᠲᠡ ᠵᠢᠨ ᠣᠨᠴᠠᠯᠢᠭ᠎ᠲᠠᠢ᠎ᠪᠠᠨ ᠤᠶᠠᠯᠳᠤᠭᠤᠯᠤᠨ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠣᠷᠣᠨ ᠵᠠᠢ ᠵᠢ ᠵᠦᠢ ᠵᠣᠬᠢᠰᠲᠠᠢ ᠲᠥᠯᠥᠪᠵᠢᠭᠦᠯᠬᠦ ᠪᠠ ᠪᠠᠢ᠌ᠷᠢᠰᠢᠭᠤᠯᠵᠤ᠂ ᠥᠭᠡᠷᠡᠴᠢᠯᠡᠵᠦ ᠵᠠᠰᠠᠬᠤ᠂ ᠰᠢᠨ᠎ᠡ᠎ᠪᠠᠷ ᠪᠠᠢ᠌ᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠳᠠᠪᠠᠭᠤᠯᠢᠭ ᠡᠬᠢ ᠪᠠᠶᠠᠯᠢᠭ᠎ᠢ ᠨᠡᠢ᠌ᠯᠡᠭᠦᠯᠵᠦ᠂ ᠨᠢᠭᠡ ᠪᠦᠯᠦᠭ ᠵᠣᠬᠢᠬᠤ ᠬᠡᠪᠴᠢᠶ᠎ᠡ᠎ᠲᠠᠢ᠂ ᠠᠵᠤ ᠦᠢ᠍ᠯᠡᠰ᠎ᠨᠢ ᠪᠦᠷᠢᠨ ᠲᠥᠬᠥᠷ᠂ ᠴᠢᠳᠠᠮᠵᠢ᠎ᠨᠢ ᠣᠯᠠᠨ᠂ ᠡᠵᠡᠩᠨᠡᠯᠲᠡ ᠵᠢᠨ ᠪᠠᠢ᠌ᠳᠠᠯ᠎ᠨᠢ ᠤᠯᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠦᠢ᠍ᠯᠡᠰ᠎ᠤᠨ ᠪᠥᠭᠡᠮᠨᠡᠷᠡᠭᠰᠡᠨ ᠬᠦᠷᠢᠶᠡᠯᠡᠩ ᠲᠣᠭᠣᠷᠢᠭ᠎ᠢ ᠪᠠᠢ᠌ᠭᠤᠯᠬᠤ ᠬᠡᠷᠡᠭᠲᠡᠢ᠃ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠦᠢ᠍ᠯᠡᠰ᠎ᠤᠨ ᠪᠥᠭᠡᠮᠨᠡᠷᠡᠭᠰᠡᠨ ᠬᠦᠷᠢᠶᠡᠯᠡᠩ ᠲᠣᠭᠣᠷᠢᠭ᠎ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠶ᠋ᠠᠷ ᠭᠤᠶᠤᠴᠢᠯᠠᠨ ᠮᠡᠳᠡᠭᠦᠯᠬᠦ ᠵᠢ ᠳᠡᠮᠵᠢᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠤᠯᠤᠰ᠎ᠤᠨ ᠲᠠᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠵᠶ᠋ᠠᠷ ᠵᠥᠪᠰᠢᠶᠡᠷᠡᠭᠳᠡᠭᠰᠡᠨ ᠪᠠᠢ᠌ᠪᠠᠯ᠂ ᠵᠣᠬᠢᠬᠤ ᠱᠠᠩᠨᠠᠯ ᠬᠥᠬᠢᠭᠦᠯᠦᠯ ᠣᠯᠭᠣᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠥᠷᠪᠡ) ᠠᠵᠤ ᠠᠬᠤᠢ᠌ᠯᠠᠯ᠎ᠤᠨ ᠲᠣᠭ᠋ᠠᠵᠢᠭᠤᠯᠤᠭᠰᠠᠨ ᠬᠥᠭᠵᠢᠯᠲᠡ ᠵᠢ ᠢᠳᠡᠪᠬᠢᠲᠡᠢ ᠬᠥᠲᠥᠯᠥᠨ ᠵᠢᠯᠤᠭᠣᠳᠬᠤ ᠬᠡᠷᠡᠭᠲᠡᠢ᠃ ᠲᠣᠭ᠋ᠠᠵᠢᠭᠤᠯᠤᠭᠰᠠᠨ ᠬᠤᠳᠠᠯᠳᠤᠭ᠋ᠠᠨ᠎ᠤ ᠶᠠᠪᠤᠳᠠᠯ᠎ᠢ ᠢᠳᠡᠪᠬᠢᠲᠡᠢ ᠬᠥᠭᠵᠢᠭᠦᠯᠵᠦ᠂ ᠠᠵᠤ ᠠᠬᠤᠢ᠌ᠯᠠᠯ᠎ᠢ ᠵᠣᠷᠢᠭᠵᠢᠭᠤᠯᠬᠤ ᠪᠠ ᠬᠥᠲᠥᠯᠥᠨ ᠵᠢᠯᠤᠭᠣᠳᠴᠤ ᠪᠠᠢ᠌ᠭ᠋ᠠᠳ ᠲᠡᠷᠢᠭᠦᠨ᠎ᠤ ᠮᠡᠳᠡᠭᠡ ᠵᠠᠩᠭᠢ ᠵᠢᠨ ᠮᠡᠷᠭᠡᠵᠢᠯ᠎ᠢ ᠬᠡᠷᠡᠭᠯᠡᠨ ᠰᠢᠨ᠎ᠡ ᠵᠢ ᠡᠭᠦᠳᠦᠨ ᠬᠥᠭᠵᠢᠭᠦᠯᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠬᠥᠲᠥᠯᠵᠦ ᠪᠠᠢ᠌ᠭ᠋ᠠᠳ ᠲᠣᠭ᠋ᠠᠵᠢᠭᠤᠯᠬᠤ᠂ ᠰᠦᠯᠵᠢᠶᠡᠵᠢᠭᠦᠯᠬᠦ᠂ ᠣᠶᠤᠨᠴᠢᠯᠠᠬᠤ ᠲᠡᠢ᠌ᠰᠢ ᠬᠥᠭᠵᠢᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ)
ᠭᠤᠷᠪᠠ᠂ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠵᠢᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ
(ᠲᠠᠪᠤ) ᠤᠯᠠᠮᠵᠢᠯᠠᠯᠲᠤ ᠠᠵᠤ ᠦᠢ᠍ᠯᠡᠰ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠡᠷᠡᠭᠯᠡᠭᠡᠨ᠎ᠢ ᠭᠦᠨᠵᠡᠭᠡᠢ᠌ᠷᠡᠭᠦᠯᠦᠨ ᠪᠠᠶᠠᠯᠢᠭᠵᠢᠭᠤᠯᠬᠤ ᠬᠡᠷᠡᠭᠲᠡᠢ᠃ ᠶᠠᠪᠠᠭ᠋ᠠᠨ ᠵᠡᠭᠡᠯᠢ ᠵᠢ ᠥᠭᠡᠷᠡᠴᠢᠯᠡᠨ ᠵᠠᠰᠠᠵᠤ ᠲᠠᠰ ᠳᠡᠪᠰᠢᠭᠦᠯᠬᠦ ᠵᠢ᠎ᠨᠢ ᠲᠦᠷᠭᠡᠳᠬᠡᠵᠦ᠂ 《ᠲᠦᠷᠦᠭᠦᠴᠢ ᠳᠡᠯᠭᠡᠭᠦᠷ᠎ᠤᠨ ᠠᠵᠤ ᠠᠬᠤᠢ》 ᠵᠢ ᠪᠣᠢ᠌ᠵᠢᠭᠤᠯᠤᠨ ᠬᠥᠭᠵᠢᠭᠦᠯᠵᠦ᠂ ᠵᠢᠵᠢᠭᠯᠡᠨ ᠬᠤᠳᠠᠯᠳᠤᠬᠤ ᠦᠢ᠍ᠯᠡᠰ᠎ᠤᠨ ᠰᠢᠨ᠎ᠡ ᠵᠢ ᠡᠭᠦᠳᠴᠦ ᠬᠡᠯᠪᠡᠷᠢ᠎ᠪᠠᠨ ᠬᠤᠪᠢᠷᠠᠭᠤᠯᠬᠤ ᠵᠢ᠎ᠨᠢ ᠲᠡᠮᠵᠢᠬᠦ ᠬᠡᠷᠡᠭᠲᠡᠢ᠃ ᠰᠣᠶᠣᠯ ᠪᠠ ᠵᠢᠭᠤᠯᠴᠢᠯᠠᠯ᠎ᠤᠨ ᠬᠤᠳᠠᠯᠳᠤᠭ᠋ᠠᠨ᠎ᠤ ᠦᠢ᠍ᠯᠡᠳᠦᠯᠴᠡᠨ ᠠᠭᠤᠰᠤᠯᠴᠠᠬᠤ ᠵᠢ ᠴᠢᠩᠭ᠋ᠠᠳᠬᠠᠵᠤ᠂ ᠢᠳᠡᠭᠡᠨ ᠤᠮᠳᠠᠭ᠋ᠠᠨ᠎ᠤ ᠠᠵᠤ ᠠᠬᠤᠢ᠌ᠯᠠᠯ᠎ᠤᠨ ᠡᠵᠡᠩᠨᠡᠯᠲᠡ ᠵᠢᠨ ᠵᠠᠭᠪᠤᠷ᠎ᠲᠤ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠂ ᠬᠣᠨᠣᠭ ᠪᠠᠭᠤᠳᠠᠯ᠎ᠤᠨ ᠠᠵᠢᠯ ᠲᠥᠷᠥᠯ᠎ᠤᠨ 《ᠲᠣᠭ᠋ᠠᠵᠢᠭᠤᠯᠬᠤ᠂ ᠣᠶᠤᠨᠴᠢᠯᠠᠬᠤ᠂ ᠰᠦᠯᠵᠢᠶᠡᠵᠢᠭᠦᠯᠬᠦ》᠎ᠪᠠᠷ ᠭᠣᠣᠯ ᠱᠤᠭᠤᠮ ᠪᠣᠯᠭ᠋ᠠᠭᠰᠠᠨ ᠪᠠᠭᠤᠳᠠᠯ᠎ᠤᠨ ᠬᠠᠮᠢᠶᠠᠷᠤᠯᠲᠠ ᠵᠢᠨ ᠵᠠᠭᠪᠤᠷ᠎ᠢ ᠪᠠᠢ᠌ᠭᠤᠯᠬᠤ ᠵᠢ ᠬᠥᠲᠥᠯᠥᠨ ᠵᠢᠯᠤᠭᠣᠳᠴᠤ ᠲᠡᠮᠵᠢᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠵᠢᠷᠭᠤᠭ᠎ᠠ) ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠬᠡᠷᠡᠭᠲᠡᠢ᠃ ᠪᠦᠬᠦ ᠣᠷᠣᠨ᠎ᠤ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠵᠤ᠂ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠣᠭᠲᠠᠯᠴᠠᠭ᠎ᠠ ᠵᠢᠨ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠰᠢᠶᠠᠨ᠎ᠢ ᠪᠠᠢ᠌ᠭᠤᠯᠬᠤ ᠵᠢ ᠭᠣᠣᠯᠳᠠᠯᠭ᠎ᠠ᠎ᠲᠠᠢ ᠳᠡᠮᠵᠢᠬᠦ ᠬᠡᠷᠡᠭᠲᠡᠢ᠃ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠣᠭᠲᠠᠯᠴᠠᠭ᠎ᠠ ᠵᠢᠨ ᠵᠢᠱ᠌ᠢᠶ᠎ᠡ ᠦᠵᠡᠭᠦᠯᠬᠦ ᠰᠢᠶᠠᠨ (ᠬᠣᠰᠢᠭᠤ)᠎ᠤ ᠴᠣᠯᠠ ᠣᠯᠣᠭᠰᠠᠨ ᠵᠢᠱ᠌ᠢᠶ᠎ᠡ ᠦᠵᠡᠭᠦᠯᠬᠦ ᠭᠠᠵᠠᠷ ᠣᠷᠣᠨ᠎ᠳᠤ ᠵᠣᠬᠢᠬᠤ ᠳᠡᠮᠵᠢᠯᠭᠡ ᠦᠵᠡᠭᠦᠯᠬᠦ ᠬᠡᠷᠡᠭᠲᠡᠢ᠃ ᠲᠥᠪ᠎ᠤᠨ ᠦᠢ᠍ᠯᠡᠴᠢᠯᠡᠭᠡᠨ᠎ᠤ ᠦᠢ᠍ᠯᠡᠰ᠎ᠲᠠᠬᠢ ᠲᠤᠰᠬᠠᠢ ᠪᠡᠯᠡ ᠮᠥᠩᠭᠥᠨ᠎ᠤ ᠲᠡᠳᠬᠦᠨ ᠳᠡᠮᠵᠢᠬᠦ ᠪᠠ ᠬᠥᠲᠥᠯᠥᠨ ᠵᠢᠯᠤᠭᠣᠳᠬᠤ ᠦᠢ᠍ᠯᠡᠳᠦᠯ᠎ᠢ ᠪᠠᠳᠠᠷᠠᠭᠤᠯᠤᠨ᠂ ᠰᠢᠶᠠᠨ᠎ᠤ ᠬᠡᠪᠴᠢᠶᠡᠨ᠎ᠤ ᠣᠯᠠᠨ ᠨᠡᠶ᠋ᠢᠲᠡ ᠵᠢᠨ ᠨᠠᠷᠠᠲᠤ ᠲᠡᠮᠳᠡᠭ ᠡᠭᠦᠳᠦᠨ ᠪᠠᠢ᠌ᠭᠤᠯᠬᠤ ᠵᠢ ᠦᠷᠭᠦᠯᠵᠢᠯᠡᠨ ᠠᠬᠢᠭᠤᠯᠵᠤ᠂ ᠴᠢᠨᠠᠷ ᠰᠠᠢ᠌ᠲᠠᠢ ᠲᠠᠷᠢᠶᠠᠯᠠᠩ᠎ᠤᠨ ᠣᠨᠴᠠ ᠭᠠᠷᠤᠯᠲᠠ ᠵᠢᠨ ᠮᠡᠳᠡᠭᠡ ᠵᠠᠩᠭᠢᠴᠢᠯᠠᠯᠲᠠ᠂ ᠪᠠᠷᠢᠮᠵᠢᠶᠠᠵᠢᠯᠲᠠ ᠵᠢᠨ ᠪᠠᠢ᠌ᠭᠤᠯᠤᠯᠲᠠ ᠵᠢ ᠠᠬᠢᠭᠤᠯᠤᠨ᠂ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠠᠵᠤ ᠠᠬᠤᠢ᠌ᠯᠠᠯ᠎ᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠭᠠᠷᠤᠯᠲᠠ ᠵᠢᠨ ᠣᠷᠣᠨ᠎ᠯᠤᠭ᠎ᠠ ᠵᠠᠯᠭ᠋ᠠᠯᠳᠤᠭᠤᠯᠬᠤ᠎ᠳᠤ ᠦᠢ᠍ᠯᠡᠴᠢᠯᠡᠵᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠭᠦᠢ᠍ᠯᠭᠡᠭᠡᠨ᠎ᠤ 《ᠡᠬᠢᠨ᠎ᠤ ᠨᠢᠭᠡ ᠺᠢᠯᠣᠮᠧᠲᠷ》 ᠪᠠ 《ᠡᠴᠦᠰ᠎ᠤᠨ ᠨᠢᠭᠡ ᠺᠢᠯᠣᠮᠧᠲᠷ》᠎ᠤᠨ ᠳᠤᠲᠠᠭᠤᠳᠠᠯ᠎ᠢ ᠨᠥᠬᠥᠪᠦᠷᠢᠯᠡᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ᠎ᠤ ᠭᠦᠢ᠍ᠯᠭᠡᠭᠡᠨ᠎ᠤ ᠲᠣᠣᠷ ᠰᠦᠯᠵᠢᠶ᠎ᠡ ᠵᠢ ᠪᠦᠷᠢᠨᠰᠢᠭᠦᠯᠵᠦ᠂ ᠡᠵᠡᠩᠨᠡᠯᠲᠡ ᠵᠢᠨ ᠦᠢ᠍ᠯᠡᠴᠢᠯᠡᠭᠡᠨ᠎ᠤ ᠲᠥᠬᠥᠷ ᠪᠡᠯᠡᠳᠬᠡᠮᠵᠢ ᠪᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠵᠢᠵᠢᠭᠯᠡᠨ ᠬᠤᠳᠠᠯᠳᠤᠬᠤ ᠲᠣᠣᠷ ᠴᠡᠭ᠎ᠤᠨ ᠪᠠᠢ᠌ᠷᠢᠰᠢᠭᠤᠯᠤᠯ᠎ᠢ ᠲᠡᠭᠦᠯᠳᠡᠷᠵᠢᠭᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠣᠯᠣᠭ᠎ᠠ) ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠵᠢ ᠠᠭᠤᠰᠤᠯᠴᠠᠭᠤᠯᠤᠨ ᠪᠣᠷᠤᠯᠠᠭᠤᠯᠭ᠎ᠠ ᠵᠢ ᠠᠬᠢᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠬᠦ ᠬᠡᠷᠡᠭᠲᠡᠢ᠃ ᠥᠪᠥᠷ ᠮᠣᠩᠭᠣᠯ᠎ᠤᠨ ᠬᠡᠷᠡᠭᠯᠡᠭᠡ ᠵᠢᠨ ᠣᠨᠴᠠᠯᠢᠭ᠎ᠢ ᠲᠣᠪᠤᠢ᠌ᠯᠭ᠋ᠠᠨ᠂ ᠡᠯ᠎ᠡ ᠠᠢ᠌ᠮᠠᠭ ᠬᠣᠲᠠ᠎ᠯᠤᠭ᠎ᠠ ᠬᠣᠯᠪᠣᠯᠳᠤᠨ ᠬᠥᠳᠡᠯᠦᠯᠴᠡᠵᠦ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠲᠠᠢ ᠬᠣᠯᠪᠤᠭ᠋ᠠᠯᠠᠨ᠂ ᠣᠯᠠᠨ ᠠᠵᠢᠯ ᠲᠥᠷᠥᠯ᠎ᠢ ᠳᠠᠶ᠋ᠢᠴᠢᠯᠠᠵᠤ᠂ ᠰᠦᠯᠵᠢᠶᠡᠨ᠎ᠳᠠᠬᠢ ᠪᠠ ᠰᠦᠯᠵᠢᠶᠡᠨ᠎ᠠᠴᠠ ᠭᠠᠳᠠᠭᠤᠷᠬᠢ ᠵᠢᠨ ᠬᠠᠷᠢᠯᠴᠠᠨ ᠠᠭᠤᠰᠤᠯᠴᠠᠭᠰᠠᠨ 《ᠥᠪᠥᠷ ᠮᠣᠩᠭᠣᠯ᠎ᠤᠨ ᠪᠠᠷᠠᠭ᠎ᠠ ᠲᠠᠨ᠎ᠤ ᠠᠮᠢᠳᠤᠷᠠᠯ᠎ᠤᠨ ᠬᠠᠨᠢ》 ᠭᠡᠬᠦ ᠬᠡᠷᠡᠭᠯᠡᠭᠡ ᠵᠢ ᠠᠬᠢᠭᠤᠯᠬᠤ ᠰᠢᠷᠢᠰ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠰᠢᠨ᠎ᠡ ᠵᠢᠯ ᠵᠶ᠋ᠡᠨ ᠤᠭᠲᠤᠵᠤ ᠪᠠᠷᠠᠭ᠎ᠠ ᠬᠤᠳᠠᠯᠳᠤᠨ ᠠᠪᠬᠤ ᠤᠯᠠᠷᠢᠯ᠂ ᠥᠪᠥᠷ ᠮᠣᠩᠭᠣᠯ᠎ᠤᠨ ᠬᠡᠷᠡᠭᠯᠡᠭᠡ ᠵᠢ ᠠᠬᠢᠭᠤᠯᠬᠤ ᠰᠠᠷ᠎ᠠ᠂ ᠠᠯᠲᠠᠨ ᠨᠠᠮᠤᠷ᠎ᠤᠨ ᠬᠣᠣᠰ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠤᠨ ᠬᠡᠷᠡᠭᠯᠡᠭᠡ ᠵᠢᠨ ᠤᠯᠠᠷᠢᠯ᠂ ᠮᠥᠰᠥ ᠴᠠᠰᠤᠨ᠎ᠤ ᠬᠡᠷᠡᠭᠯᠡᠭᠡ ᠵᠢᠨ ᠪᠠᠶᠠᠷ᠎ᠤᠨ ᠡᠳᠦᠷ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢ ᠭᠣᠣᠯᠳᠠᠯᠭ᠎ᠠ᠎ᠲᠠᠢ ᠰᠠᠢ᠌ᠲᠤᠷ ᠬᠢᠬᠦ ᠬᠡᠷᠡᠭᠲᠡᠢ᠃ ᠠᠵᠤ ᠠᠬᠤᠢ᠌ᠯᠠᠯ᠎ᠤᠨ 《ᠰᠢᠭᠢᠳᠦᠨ ᠣᠷᠣᠬᠤ ᠮᠠᠶᠢᠭ᠂ ᠪᠡᠶᠡᠴᠢᠯᠡᠨ ᠣᠢ᠌ᠯᠠᠭ᠋ᠠᠬᠤ ᠮᠠᠶᠢᠭ》᠎ᠤᠨ ᠰᠦᠯᠵᠢᠶᠡᠨ᠎ᠠᠴᠠ ᠭᠠᠳᠠᠭᠤᠷᠬᠢ ᠣᠢ᠌ᠷᠠᠳᠴᠤ ᠣᠢ᠌ᠯᠠᠭ᠋ᠠᠬᠤ ᠲᠠᠯᠠᠪᠠᠢ ᠪᠠᠢ᠌ᠳᠠᠯ ᠪᠣᠢ ᠪᠣᠯᠭ᠋ᠠᠬᠤ ᠵᠢ ᠳᠡᠮᠵᠢᠵᠦ᠂ ᠬᠡᠷᠡᠭᠯᠡᠭᠡ ᠵᠢᠨ 《ᠨᠠᠭ᠋ᠠᠯᠳᠤᠩᠭᠢ ᠴᠢᠨᠠᠷ》᠎ᠢ ᠴᠢᠩᠭ᠋ᠠᠷᠠᠭᠤᠯᠬᠤ ᠬᠡᠷᠡᠭᠲᠡᠢ᠃ ᠡᠵᠡᠩᠨᠡᠯᠲᠡ ᠵᠢᠨ ᠵᠠᠭᠪᠤᠷ᠎ᠲᠤ ᠰᠢᠨ᠎ᠡ ᠵᠢ ᠡᠭᠦᠳᠬᠦ ᠵᠢ ᠵᠣᠷᠢᠭᠵᠢᠭᠤᠯᠵᠤ᠂ ᠰᠦᠯᠵᠢᠶᠡᠨ᠎ᠠᠴᠠ ᠭᠠᠳᠠᠭᠤᠷᠬᠢ ᠠᠵᠢᠯᠯᠠᠭ᠎ᠠ ᠵᠢ ᠥᠷᠨᠢᠭᠦᠯᠬᠦ ᠵᠢᠨ ᠬᠠᠮᠲᠤ᠂ ᠥᠪᠡᠰᠦᠪᠡᠨ ᠪᠠᠢ᠌ᠭᠤᠯᠤᠭᠰᠠᠨ ᠰᠦᠯᠵᠢᠶᠡᠨ᠎ᠤ ᠲᠠᠪᠴᠠᠩ᠎ᠢ ᠭᠦᠢ᠍ᠴᠡᠳ ᠨᠡᠭᠡᠭᠡᠨ ᠬᠥᠭᠵᠢᠭᠦᠯᠵᠦ ᠠᠰᠢᠭᠯᠠᠨ᠂ ᠰᠦᠯᠵᠢᠶᠡᠨ᠎ᠤ ᠪᠣᠷᠤᠯᠠᠭᠤᠯᠭ᠎ᠠ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ᠂ ᠨᠡᠢ᠌ᠭᠡᠮ᠎ᠤᠨ ᠬᠠᠷᠢᠯᠴᠠᠭ᠋ᠠᠨ᠎ᠤ ᠡᠵᠡᠩᠨᠡᠨ ᠪᠣᠷᠤᠯᠠᠭᠤᠯᠭ᠎ᠠ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠣᠷᠤᠯᠠᠭᠤᠯᠭ᠎ᠠ ᠵᠢ ᠠᠬᠢᠭᠤᠯᠬᠤ ᠠᠵᠢᠯᠯᠠᠭ᠎ᠠ ᠵᠢ ᠵᠡᠷᠭᠡ᠎ᠪᠠᠷ ᠥᠷᠨᠢᠭᠦᠯᠵᠦ᠂ ᠰᠦᠯᠵᠢᠶᠡᠨ᠎ᠳᠠᠬᠢ ᠬᠡᠷᠡᠭᠯᠡᠭᠡ ᠵᠢᠨ ᠬᠡᠪᠴᠢᠶ᠎ᠡ ᠵᠢ ᠥᠷᠭᠡᠳᠬᠡᠨ᠂ ᠰᠦᠯᠵᠢᠶᠡᠨ ᠳᠡᠭᠡᠷ᠎ᠡ ᠤᠷᠤᠰᠴᠠ ᠳᠠᠭ᠋ᠠᠭᠤᠯᠬᠤ᠂ ᠰᠦᠯᠵᠢᠶᠡᠨ᠎ᠠᠴᠠ ᠭᠠᠳᠠᠭᠤᠷ ᠬᠡᠷᠡᠭᠯᠡᠭᠡ ᠵᠢ ᠭᠦᠳᠦᠯᠬᠦ ᠣᠷᠴᠢᠯᠲᠤ ᠬᠥᠭᠵᠢᠯᠲᠡ ᠵᠢ ᠠᠬᠢᠭᠤᠯᠬᠤ ᠬᠡᠷᠡᠭᠲᠡᠢ᠃ ᠭᠣᠣᠯ ᠰᠡᠳᠦᠪᠲᠦ ᠮᠠᠶᠢᠭ᠎ᠤᠨ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠵᠦ᠂ ᠠᠢ᠌ᠮᠠᠭ ᠬᠣᠲᠠ ᠵᠢᠨ ᠲᠠᠰ᠎ᠤᠨ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢᠨ ᠨᠠᠷᠠᠲᠤ ᠲᠡᠮᠳᠡᠭ᠎ᠢ 6᠎ᠠᠴᠠ ᠢᠯᠡᠭᠦᠦ ᠴᠣᠭᠴᠠᠯᠠᠨ᠂ 100 ᠢᠯᠡᠭᠦᠦ ᠤᠯᠠᠮᠵᠢᠯᠠᠯᠲᠤ ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠢ᠌ᠯᠠᠯ᠎ᠢ ᠬᠠᠪᠰᠤᠷᠤᠨ ᠲᠡᠳᠬᠦᠵᠦ ᠪᠠᠢ᠌ᠭ᠋ᠠᠳ ᠰᠦᠯᠵᠢᠶ᠎ᠡ᠎ᠪᠠᠷ ᠪᠣᠷᠣᠯᠠᠭᠤᠯᠬᠤ ᠠᠷᠭ᠎ᠠ ᠵᠠᠮ᠎ᠢ᠎ᠨᠢ ᠨᠡᠭᠡᠭᠡᠨ ᠥᠭᠴᠦ᠂ ᠤᠭ ᠭᠠᠷᠤᠯᠲᠠ ᠵᠢᠨ ᠭᠠᠵᠠᠷ᠎ᠤᠨ 100 ᠢᠯᠡᠭᠦᠦ ᠫᠦᠰᠡ ᠳᠡᠯᠭᠡᠭᠦᠷ᠎ᠤᠨ ᠠᠵᠢᠯᠯᠠᠭ᠋ᠠᠨ᠎ᠢ ᠲᠤᠰᠠᠯᠠᠨ ᠳᠡᠮᠵᠢᠵᠦ᠂ ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠢ᠌ᠯᠠᠯ᠎ᠤᠨ 100 ᠢᠯᠡᠭᠦᠦ ᠣᠬᠣᠷ ᠸᠢᠳᠢᠤ᠋ ᠵᠢᠨ ᠲᠠᠩᠰᠠᠨ ᠨᠣᠮᠧᠷ᠎ᠢ ᠨᠡᠭᠡᠭᠡᠬᠦ ᠵᠢ ᠳᠡᠮᠵᠢᠨ᠂ 1000 ᠭᠠᠷᠤᠢ ᠵᠦᠢ᠍ᠯ᠎ᠤᠨ ᠭᠠᠭᠴᠠ ᠲᠦᠷᠦᠯ᠎ᠤᠨ ᠲᠠᠸᠠᠷ᠎ᠢ ᠭᠣᠣᠯ ᠰᠡᠳᠦᠪᠲᠦ ᠬᠡᠷᠡᠭᠯᠡᠭᠡ ᠵᠢ ᠠᠬᠢᠭᠤᠯᠬᠤ᠎ᠳᠤ ᠤᠷᠤᠯᠴᠠᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ)
(ᠨᠠᠢ᠍ᠮᠠ) 《ᠨᠡᠷᠡᠳᠦ ᠲᠡᠮᠳᠡᠭ᠎ᠤᠨ ᠪᠠ ᠴᠢᠨᠠᠷᠵᠢᠭᠤᠨ ᠬᠡᠷᠡᠭᠯᠡᠭᠡ ᠵᠢᠨ ᠰᠦᠯᠵᠢᠶ᠎ᠡ᠎ᠪᠠᠷ ᠬᠤᠳᠠᠯᠳᠤᠨ ᠠᠪᠬᠤ ᠪᠠᠶᠠᠷ᠎ᠤᠨ ᠡᠳᠦᠷ᠎ᠤᠨ ᠠᠵᠢᠯᠯᠠᠭ᠋ᠠᠨ》᠎ᠢ ᠪᠠᠢ᠌ᠩᠭᠤᠵᠢᠭᠤᠯᠤᠨ ᠡᠷᠬᠢᠯᠡᠬᠦ ᠬᠡᠷᠡᠭᠲᠡᠢ᠃ ᠣᠨ ᠵᠶ᠋ᠠᠷ 《ᠨᠡᠷᠡᠳᠦ ᠲᠡᠮᠳᠡᠭ᠎ᠤᠨ ᠪᠠ ᠴᠢᠨᠠᠷᠵᠢᠭᠤᠨ ᠬᠡᠷᠡᠭᠯᠡᠭᠡ ᠵᠢᠨ ᠰᠦᠯᠵᠢᠶ᠎ᠡ᠎ᠪᠠᠷ ᠬᠤᠳᠠᠯᠳᠤᠨ ᠠᠪᠬᠤ ᠪᠠᠶᠠᠷ᠎ᠤᠨ ᠡᠳᠦᠷ᠎ᠤᠨ ᠠᠵᠢᠯᠯᠠᠭ᠋ᠠᠨ》᠎ᠢ ᠡᠷᠭᠢᠯᠡᠵᠦ᠂ ᠡᠯᠧᠺᠲᠷᠣᠨ ᠬᠤᠳᠠᠯᠳᠤᠭ᠋ᠠᠨ᠎ᠤ ᠬᠡᠷᠡᠭᠯᠡᠭᠡ ᠵᠢᠨ ᠬᠠᠯᠠᠮᠰᠢᠯ ᠴᠡᠭ᠎ᠢ ᠢᠳᠡᠪᠬᠢᠲᠡᠢ ᠪᠣᠢ᠌ᠵᠢᠭᠤᠯᠤᠨ᠂ ᠬᠡᠷᠡᠭᠯᠡᠭᠡ ᠵᠢᠨ ᠵᠢᠱ᠌ᠢᠯᠲᠡ ᠵᠢ ᠬᠥᠲᠥᠯᠥᠨ ᠵᠢᠯᠤᠭᠣᠳᠴᠤ᠂ ᠰᠠᠢ᠌ᠨ ᠨᠠᠷᠠᠲᠤ ᠲᠡᠮᠳᠡᠭ᠂ ᠴᠢᠨᠠᠷᠵᠢᠭᠤᠨ ᠪᠠ ᠪᠣᠬᠢᠷᠳᠤᠯ ᠦᠭᠡᠢ ᠬᠡᠷᠡᠭᠯᠡᠭᠡ ᠵᠢᠨ ᠣᠨᠣᠯᠵᠢᠬᠤᠨ᠎ᠢ ᠰᠠᠨᠠᠭ᠋ᠠᠴᠢᠯᠠᠨ᠂ ᠥᠪᠥᠷ ᠮᠣᠩᠭᠣᠯ᠎ᠤᠨ ᠴᠢᠨᠠᠷ ᠰᠠᠢ᠌ᠲᠠᠢ ᠣᠨᠴᠠᠯᠢᠭᠲᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠰᠦᠯᠵᠢᠶ᠎ᠡ᠎ᠪᠠᠷ ᠪᠣᠷᠣᠯᠠᠭᠤᠯᠬᠤ ᠵᠠᠮ ᠮᠥᠷ᠎ᠢ ᠥᠷᠭᠡᠳᠬᠡᠬᠦ ᠬᠡᠷᠡᠭᠲᠡᠢ᠃ 30 – 50 ᠭᠣᠣᠯ ᠴᠣᠭᠴᠠᠲᠤ ᠠᠵᠤ ᠠᠬᠤᠢ᠌ᠯᠠᠯ᠎ᠢ ᠪᠣᠢ᠌ᠵᠢᠭᠤᠯᠵᠤ 《ᠵᠢᠩ ᠳ᠋ᠦᠩ ·ᠳᠤᠮᠳᠠᠳᠤ ᠤᠯᠤᠰ᠎ᠤᠨ ᠣᠨᠴᠠ ᠭᠠᠷᠤᠯᠲᠠ ᠵᠢᠨ ᠥᠪᠥᠷ ᠮᠣᠩᠭᠣᠯ᠎ᠤᠨ ᠣᠷᠳᠣᠨ》 《ᠵᠢᠩ ᠳ᠋ᠦᠩ· ᠳᠤᠮᠳᠠᠳᠤ ᠤᠯᠤᠰ᠎ᠤᠨ ᠣᠨᠴᠠ ᠭᠠᠷᠤᠯᠲᠠ ᠵᠢᠨ ᠬᠥᠬᠡᠬᠣᠲᠠ ᠣᠷᠳᠣᠨ》᠂ ᠳᠤᠮᠳᠠᠳᠤ ᠤᠯᠤᠰ᠎ᠤᠨ ᠪᠠᠩᠬᠢ ᠵᠢᠨ ᠬᠠᠮ ᠺᠠᠷᠲ᠎ᠤᠨ ᠡᠭᠦᠯᠡᠨ ᠭᠢᠯᠠᠰᠬᠢᠯ ᠲᠤᠰᠢᠶᠠᠯᠲᠠ ᠵᠢᠨ 《ᠥᠪᠥᠷ ᠮᠣᠩᠭᠣᠯ᠎ᠤᠨ ᠦᠨᠦᠷ ᠠᠮᠲᠠᠲᠤ ᠣᠷᠳᠣᠨ》 ᠵᠡᠷᠭᠡ ᠲᠠᠪᠴᠠᠩ᠎ᠳᠤ ᠰᠦᠯᠵᠢᠶᠡᠨ᠎ᠳᠠᠬᠢ ᠠᠵᠢᠯᠯᠠᠭ᠎ᠠ ᠵᠢᠨ ᠠᠷᠭ᠎ᠠ ᠵᠠᠮ᠎ᠢ ᠨᠡᠭᠡᠭᠡᠵᠦ᠂ ᠥᠪᠥᠷ ᠮᠣᠩᠭᠣᠯ᠎ᠤᠨ ᠣᠨᠴᠠᠯᠢᠭᠲᠤ ᠰᠠᠢ᠌ᠨ ᠨᠡᠷᠡᠳᠦ ᠲᠡᠮᠳᠡᠭ ᠪᠣᠯᠬᠤᠢ᠌ᠴᠠ ᠴᠢᠨᠠᠷᠵᠢᠭᠤᠨ ᠦᠢ᠍ᠯᠡᠳᠬᠦᠨ ᠵᠶ᠋ᠡᠨ 《ᠭᠠᠳᠠᠭᠰᠢ ᠭᠠᠷᠭ᠋ᠠᠬᠤ》 ᠵᠢ᠎ᠨᠢ ᠠᠬᠢᠭᠤᠯᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ)
(ᠶᠢᠰᠦ) ᠴᠢᠨᠠᠷ ᠰᠠᠢ᠌ᠲᠠᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠵᠠᠮ ᠮᠥᠷ ᠵᠶ᠋ᠠᠨ ᠨᠡᠭᠡᠭᠡᠨ ᠥᠷᠭᠡᠳᠬᠡᠬᠦ ᠵᠢ ᠠᠬᠢᠭᠤᠯᠬᠤ ᠬᠡᠷᠡᠭᠲᠡᠢ᠃ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ᠎ᠲᠠᠢ ᠤᠶᠠᠯᠳᠤᠭᠤᠯᠤᠨ᠂ ᠣᠷᠣᠨ ᠪᠦᠰᠡ ᠵᠢᠨ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠲᠠᠯ᠎ᠠ᠎ᠪᠠᠷ᠎ᠬᠢ ᠡᠯᠧᠺᠲᠷᠣᠨ ᠬᠤᠳᠠᠯᠳᠤᠭ᠋ᠠᠨ᠎ᠤ ᠴᠢᠨᠠᠷ ᠰᠠᠢ᠌ᠲᠠᠢ ᠨᠡᠷᠡᠲᠦ ᠲᠡᠮᠳᠡᠭ᠎ᠢ ᠬᠦᠴᠦᠯᠡᠨ ᠪᠣᠢ᠌ᠵᠢᠭᠤᠯᠵᠤ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠨᠡᠮᠡᠯᠲᠡ ᠥᠷᠲᠡᠭ ᠪᠠ ᠥᠷᠢᠰᠦᠯᠳᠦᠬᠦ ᠬᠦᠴᠦᠨ᠎ᠢ᠎ᠨᠢ ᠳᠡᠬᠡᠭᠰᠢᠯᠡᠬᠦᠯᠬᠦ ᠬᠡᠷᠡᠭᠲᠡᠢ᠃ ᠬᠥᠳᠡᠭᠡ ᠲᠣᠰᠬᠣᠨ᠎ᠤ ᠶᠡᠷᠦᠩᠬᠡᠢ᠌ᠯᠡᠭᠰᠡᠨ ᠵᠢᠱ᠌ᠢᠶ᠎ᠡ ᠦᠵᠡᠭᠦᠯᠬᠦ ᠬᠣᠰᠢᠭᠤ ᠰᠢᠶᠠᠨ (ᠬᠣᠲᠠ᠂ ᠲᠣᠭᠣᠷᠢᠭ)᠎ᠳᠤ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠢ ᠨᠡᠪᠲᠡᠷᠡᠭᠦᠯᠬᠦ ᠵᠢ ᠵᠣᠷᠢᠭᠵᠢᠭᠤᠯᠬᠤ ᠪᠠ ᠬᠥᠲᠥᠯᠥᠨ ᠵᠢᠯᠤᠭᠣᠳᠴᠤ ᠪᠠᠢ᠌ᠭ᠋ᠠᠳ ᠲᠦᠷᠭᠡᠨ ᠬᠦᠷᠭᠡᠬᠦ ᠠᠵᠤ ᠠᠬᠤᠢ᠌ᠯᠠᠯ᠎ᠳᠤ ᠡᠯᠧᠺᠲᠷᠣᠨ ᠬᠤᠳᠠᠯᠳᠤᠭ᠋ᠠᠨ᠎ᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠪ᠎ᠢ ᠴᠢᠯᠦᠭᠡᠲᠡᠢ ᠲᠠᠯᠪᠢᠵᠤ᠂ ᠲᠠᠷᠢᠶᠠᠯᠠᠬᠤ ᠮᠠᠯᠵᠢᠬᠤ ᠣᠷᠣᠨ᠎ᠤ ᠪᠡᠶᠡᠲᠦ ᠳᠡᠯᠭᠡᠭᠦᠷ᠂ ᠡᠯᠧᠺᠲᠷᠣᠨ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠥᠷᠲᠡᠭᠡ ᠴᠡᠭ᠎ᠢ ᠲᠡᠮᠵᠢᠵᠦ ᠪᠠᠢ᠌ᠭ᠋ᠠᠳ ᠰᠢᠤᠳᠠᠨ᠎ᠤ ᠲᠦᠷᠭᠡᠨ ᠬᠦᠷᠭᠡᠯᠲᠡ ᠵᠡᠷᠭᠡ ᠣᠯᠠᠨ ᠡᠰᠢᠲᠦ ᠦᠢ᠍ᠯᠡᠴᠢᠯᠡᠭᠡᠨ᠎ᠤ ᠴᠢᠳᠠᠮᠵᠢ ᠵᠢ ᠠᠴᠢᠶᠠᠯᠠᠵᠤ᠂ ᠲᠠᠷᠢᠶᠠᠯᠠᠬᠤ ᠮᠠᠯᠵᠢᠬᠤ ᠣᠷᠣᠨ᠎ᠤ ᠡᠯᠧᠺᠲᠷᠣᠨ ᠬᠤᠳᠠᠯᠳᠤᠭ᠎ᠠ ᠲᠦᠷᠭᠡᠨ ᠬᠦᠷᠭᠡᠯᠲᠡ ᠵᠢᠨ ᠬᠠᠮᠵᠢᠯᠴᠠᠨ ᠬᠥᠭᠵᠢᠬᠦ ᠵᠢ ᠠᠬᠢᠭᠤᠯᠬᠤ ᠬᠡᠷᠡᠭᠲᠡᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠠᠨᠳᠤᠭᠤᠯᠤᠭᠰᠠᠨ ᠨᠢᠭᠡ ᠪᠦᠯᠦᠭ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠠᠬᠤᠢ᠌ᠯᠠᠯ᠎ᠢ ᠬᠠᠪᠰᠤᠷᠤᠨ ᠲᠡᠳᠬᠦᠵᠦ ᠪᠠᠢ᠌ᠭ᠋ᠠᠳ 《ᠨᠡᠶ᠋ᠢᠲᠡ᠎ᠳᠤ ᠬᠣᠣᠷᠳᠠᠭᠳᠠᠯ ᠦᠭᠡᠢ ᠪᠦᠲᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠲᠠᠷᠢᠶᠠᠯᠠᠩ᠎ᠤᠨ ᠣᠷᠭ᠋ᠠᠨᠢᠭ ᠪᠦᠲᠦᠭᠡᠭᠳᠡᠬᠦᠨ ᠪᠠ ᠲᠠᠷᠢᠶᠠᠯᠠᠩ᠎ᠤᠨ ᠪᠦᠲᠦᠭᠡᠭᠳᠡᠬᠦᠨ᠎ᠤ ᠭᠠᠵᠠᠷ ᠵᠦᠢ ᠵᠢᠨ ᠲᠡᠮᠳᠡᠭ》᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠥᠷᠨᠢᠭᠦᠯᠵᠦ᠂ ᠡᠯᠧᠺᠲᠷᠣᠨ ᠬᠤᠳᠠᠯᠳᠤᠭ᠋ᠠᠴᠢᠯᠠᠵᠤ ᠪᠣᠯᠬᠤᠢ᠌ᠴᠠ ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠪᠠᠷᠢᠮᠵᠢᠶᠠᠵᠢᠭᠰᠠᠨ ᠬᠢᠷᠢ ᠬᠡᠮᠵᠢᠶ᠎ᠡ ᠵᠢ ᠲᠡᠬᠡᠭᠰᠢᠯᠡᠬᠦᠯᠬᠦ ᠬᠡᠷᠡᠭᠲᠡᠢ᠃ ᠥᠪᠥᠷ ᠮᠣᠩᠭᠣᠯ᠎ᠤᠨ ᠣᠨᠴᠠᠯᠢᠭᠲᠤ ᠪᠦᠲᠦᠭᠡᠭᠳᠡᠬᠦᠨ᠎ᠤ ᠳᠠᠪᠠᠭᠤᠯᠢᠭ᠎ᠢ ᠤᠯᠠᠮ ᠨᠢᠭᠡ ᠠᠯᠬᠤᠮ ᠥᠷᠭᠡᠳᠬᠡᠵᠦ᠂ ᠪᠣᠬᠢᠷᠳᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ ᠵᠡᠷᠭᠡ᠎ᠪᠠᠷ ᠭᠣᠣᠯ ᠪᠣᠯᠭ᠋ᠠᠨ᠂ ᠰᠦᠯᠵᠢᠶᠡᠨ᠎ᠠᠴᠠ ᠭᠠᠳᠠᠭᠤᠷᠬᠢ ᠳᠡᠯᠭᠡᠨ ᠦᠵᠡᠭᠦᠯᠵᠦ ᠪᠡᠶᠡᠴᠢᠯᠡᠨ ᠣᠢ᠌ᠯᠠᠭ᠋ᠠᠬᠤ ᠲᠣᠭᠣᠷᠢᠭ᠎ᠢ ᠲᠡᠳᠬᠦᠨ ᠲᠡᠮᠵᠢᠵᠦ᠂ ᠰᠦᠯᠵᠢᠶᠡᠨ ᠳᠡᠭᠡᠷ᠎ᠡ ᠥᠪᠥᠷ ᠮᠣᠩᠭᠣᠯ᠎ᠤᠨ ᠣᠨᠴᠠᠯᠢᠭᠲᠤ ᠪᠦᠲᠦᠭᠡᠭᠳᠡᠬᠦᠨ᠎ᠤ ᠣᠷᠳᠣᠨ᠎ᠢ ᠨᠡᠭᠡᠭᠡᠵᠦ᠂ ᠥᠪᠥᠷ ᠮᠣᠩᠭᠣᠯ᠎ᠤᠨ ᠦᠨᠦᠷ ᠠᠮᠲᠠᠲᠤ ᠤᠭ ᠭᠠᠷᠤᠯᠲᠠ ᠵᠢᠨ ᠭᠠᠵᠠᠷ᠎ᠤᠨ ᠨᠡᠷᠡᠲᠦ ᠲᠡᠮᠳᠡᠭᠴᠢᠯᠡᠨ ᠭᠦᠭᠵᠢᠬᠦ ᠵᠢ ᠠᠬᠢᠭᠤᠯᠤᠨ᠂ ᠨᠢᠭᠡ ᠪᠦᠯᠦᠭ ᠭᠣᠣᠯ ᠤᠷᠤᠰᠬᠠᠯᠲᠤ ᠲᠠᠪᠴᠠᠩ᠎ᠳᠤ ᠨᠡᠭᠡᠭᠡᠭᠰᠡᠨ ᠬᠥᠭᠵᠢᠶᠡᠨᠲᠦ ᠬᠡᠯᠪᠡᠷᠢ ᠵᠢᠨ ᠣᠨᠴᠠᠯᠢᠭᠲᠤ ᠣᠷᠳᠣᠨ ᠪᠠ ᠤᠭ ᠭᠠᠷᠤᠯᠲᠠ ᠵᠢᠨ ᠭᠠᠵᠠᠷ᠎ᠤᠨ ᠫᠦᠰᠡ ᠳᠡᠯᠭᠡᠭᠦᠷ᠎ᠢ ᠨᠡᠶ᠋ᠢᠲᠡ 100 ᠢᠯᠡᠭᠦᠦ ᠪᠣᠯᠭ᠋ᠠᠬᠣ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠨ᠎ᠠ)
(ᠠᠷᠪᠠ) ᠳᠠᠪᠠᠭᠤᠯᠢᠭ ᠠᠵᠤ ᠦᠢ᠍ᠯᠡᠰ ᠪᠠ ᠦᠢ᠍ᠯᠡᠳᠬᠦᠨ᠎ᠢ ᠡᠯᠧᠺᠲᠷᠣᠨ ᠬᠤᠳᠠᠯᠳᠤᠭ᠋ᠠᠴᠢᠯᠠᠬᠤᠪᠠᠷ ᠥᠭᠡᠷᠡᠴᠢᠯᠡᠬᠦ ᠵᠢ ᠠᠬᠢᠭᠤᠯᠬᠤ ᠬᠡᠷᠡᠭᠲᠡᠢ᠃ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ᠎ᠤᠨ ᠲᠤᠬᠠᠢ ᠵᠢᠨ ᠭᠠᠵᠠᠷ᠎ᠤᠨ ᠳᠠᠪᠠᠭᠤᠯᠢᠭ ᠠᠵᠤ ᠦᠢ᠍ᠯᠡᠰ᠂ ᠦᠢ᠍ᠯᠡᠳᠬᠦᠨ᠎ᠢ ᠡᠯᠧᠺᠲᠷᠣᠨ ᠬᠤᠳᠠᠯᠳᠤᠭ᠋ᠠᠴᠢᠯᠠᠬᠤᠪᠠᠷ ᠥᠭᠡᠷᠡᠴᠢᠯᠡᠬᠦ ᠵᠢ ᠵᠣᠷᠢᠭᠵᠢᠭᠤᠯᠵᠤ᠂ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠮᠠᠭ᠋ᠠᠳᠯᠠᠨ ᠲᠣᠭᠲᠠᠭ᠋ᠠᠯᠭ᠋ᠠᠭᠰᠠᠨ ᠪᠠᠢ᠌ᠪᠠᠯ᠂ ᠵᠢᠯ ᠪᠦᠷᠢ 100 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ᠎ᠪᠠᠷ ᠱᠠᠩᠨᠠᠵᠤ᠂ ᠬᠠᠮᠤᠭ ᠤᠷᠳᠤ᠎ᠳᠤ᠎ᠪᠠᠨ 3 ᠵᠢᠯ ᠳᠠᠷᠠᠭ᠋ᠠᠯᠠᠨ ᠳᠡᠮᠵᠢᠨ᠎ᠡ᠃ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ᠎ᠢ ᠵᠣᠷᠢᠭᠵᠢᠭᠤᠯᠵᠤ ᠪᠠᠢ᠌ᠭ᠋ᠠᠳ ᠣᠷᠣᠨ᠎ᠤ ᠳᠣᠲᠣᠷᠠᠬᠢ ᠠᠵᠤ ᠠᠬᠤᠢ᠌ᠯᠠᠯ᠎ᠤᠳ᠎ᠢ ᠵᠣᠬᠢᠶᠠᠨ ᠪᠠᠢ᠌ᠭᠤᠯᠵᠤ ᠠᠯᠳᠠᠷᠰᠢᠭᠰᠠᠨ ᠢᠨᠲ᠋ᠧᠷ ᠰᠦᠯᠵᠢᠶ᠎ᠡ ᠵᠢᠨ ᠡᠬᠢ ᠪᠠᠶᠠᠯᠢᠭ᠎ᠲᠠᠢ ᠵᠣᠯᠭ᠋ᠠᠭᠤᠯᠵᠤ᠂ ᠬᠣᠯᠪᠤᠭ᠋ᠠᠯᠠᠨ ᠡᠵᠡᠩᠨᠡᠵᠦ ᠪᠣᠷᠣᠯᠠᠭᠤᠯᠬᠤ ᠪᠠ ᠨᠠᠷᠠᠲᠤ ᠲᠡᠮᠳᠡᠭ᠎ᠢ ᠳᠡᠯᠭᠡᠷᠡᠭᠦᠯᠬᠦ ᠵᠡᠷᠭᠡ ᠠᠵᠢᠯᠯᠠᠭ᠎ᠠ ᠥᠷᠨᠢᠭᠦᠯᠦᠨ᠂ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠮᠠᠭ᠋ᠠᠳᠯᠠᠨ ᠲᠣᠭᠲᠠᠭ᠋ᠠᠯᠭ᠋ᠠᠭᠰᠠᠨ ᠪᠠᠢ᠌ᠪᠠᠯ᠂ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ᠎ᠳᠤ ᠲᠡᠳᠡᠨᠦᠰ᠎ᠤᠨ ᠦᠢ᠍ᠯᠡᠴᠢᠯᠡᠭᠡᠨ ᠬᠠᠩᠭ᠋ᠠᠭᠰᠠᠨ ᠥᠪᠡᠷ᠎ᠤᠨ ᠥᠷᠲᠡᠭ᠎ᠤᠨ 20%᠂ ᠶᠡᠬᠡᠳᠦᠬᠦᠳᠤᠪᠠᠨ 200 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ᠎ᠪᠠᠷ ᠪᠡᠯᠡ ᠮᠥᠩᠭᠥᠨ᠎ᠤ ᠳᠡᠮᠵᠢᠯᠭᠡ ᠦᠵᠡᠭᠦᠯᠦᠨ᠎ᠡ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠨᠢᠭᠡ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ ᠵᠶ᠋ᠡᠨ ᠥᠷᠭᠡᠳᠬᠡᠬᠦ ᠵᠢ᠎ᠨᠢ ᠵᠣᠷᠢᠭᠵᠢᠭᠤᠯᠬᠤ ᠬᠡᠷᠡᠭᠲᠡᠢ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢ ᠳᠡᠮᠵᠢᠵᠦ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠡᠷᠡᠭᠯᠡᠭᠡᠨ᠎ᠤ ᠠᠵᠤ ᠠᠬᠤᠢ᠌ᠯᠠᠯ᠎ᠤᠨ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠠᠯᠳᠠᠷᠰᠢᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠤᠰᠬᠠᠢ ᠴᠤᠭᠯᠠᠭ᠋ᠠᠨ ᠦᠵᠡᠰᠭᠦᠯᠡᠩᠳᠤ ᠣᠷᠤᠯᠴᠠᠬᠤ ᠵᠢ ᠵᠣᠷᠢᠭᠵᠢᠭᠤᠯᠤᠨ᠂ ᠠᠵᠤ ᠠᠬᠤᠢ᠌ᠯᠠᠯ᠎ᠤᠨ᠎ᠬᠢᠨ᠎ᠤ ᠴᠤᠭᠯᠠᠭ᠋ᠠᠨ ᠦᠵᠡᠰᠬᠦᠯᠡᠩ᠂ ᠨᠡᠢ᠌ᠭᠡᠮ᠎ᠤᠨ ᠬᠠᠷᠢᠯᠴᠠᠭ᠋ᠠᠨ᠎ᠤ ᠵᠠᠭᠤᠴᠢᠯᠠᠭᠤᠷ᠂ ᠡᠷᠢᠯᠲᠡ ᠬᠥᠳᠡᠯᠭᠡᠭᠦᠷ ᠵᠡᠷᠭᠡ ᠵᠠᠮ ᠮᠥᠷ᠎ᠢ ᠠᠰᠢᠭᠯᠠᠨ ᠵᠠᠬ᠎ᠠ ᠳᠡᠯᠭᠡᠭᠦᠷ ᠵᠶ᠋ᠡᠨ ᠥᠷᠭᠡᠳᠬᠡᠬᠦ ᠵᠢ᠎ᠨᠢ ᠲᠡᠮᠵᠢᠬᠦ ᠬᠡᠷᠡᠭᠲᠡᠢ᠃ ᠬᠥᠬᠡᠬᠣᠲᠠ᠂ ᠤᠯᠠᠭ᠋ᠠᠨᠬᠠᠳᠠ᠂ ᠮᠠᠨᠵᠤᠤᠷ᠂ ᠣᠷᠳᠣᠰ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠶᠡᠷᠦᠩᠬᠡᠢ᠌ᠯᠡᠭᠰᠡᠨ ᠲᠤᠷᠰᠢᠯᠲᠠ ᠵᠢᠨ ᠲᠣᠭᠣᠷᠢᠭ᠎ᠤᠨ ᠲᠣᠭᠣᠷᠢᠨ᠎ᠳᠤ ᠣᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠲᠤᠯᠭ᠋ᠠᠭᠤᠷᠢᠯᠠᠬᠤ ᠲᠣᠭᠲᠠᠯᠴᠠᠭ᠎ᠠ ᠵᠢ ᠪᠠᠢ᠌ᠭᠤᠯᠵᠤ᠂ ᠠᠵᠤ ᠠᠬᠤᠢ᠌ᠯᠠᠯ᠎ᠤᠨ ᠭᠠᠳᠠᠭ᠋ᠠᠳᠤ᠎ᠳᠠᠬᠢ ᠰᠠᠩ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ᠃ 2000 ᠲᠦᠮᠡᠨ ᠲᠥᠭᠥᠷᠢᠭ᠎ᠤᠨ ᠪᠡᠯᠡ ᠮᠥᠩᠭᠥ ᠲᠣᠬᠢᠷᠠᠭᠤᠯᠤᠨ ᠬᠥᠬᠡᠬᠣᠲᠠ᠂ ᠤᠯᠠᠭ᠋ᠠᠨᠬᠠᠳᠠ᠂ ᠣᠷᠳᠣᠰ᠎ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠶᠡᠷᠦᠩᠬᠡᠢ᠌ᠯᠡᠭᠰᠡᠨ ᠲᠤᠷᠰᠢᠯᠲᠠ ᠵᠢᠨ ᠲᠣᠭᠣᠷᠢᠭ᠎ᠤᠨ ᠵᠢᠱ᠌ᠢᠶ᠎ᠡ ᠦᠵᠡᠭᠦᠯᠬᠦ ᠦᠢ᠍ᠯᠡᠳᠦᠯ ᠵᠶ᠋ᠠᠨ ᠪᠠᠳᠠᠷᠠᠭᠤᠯᠬᠤ᠎ᠳᠤᠨᠢ ᠳᠡᠮᠵᠢᠯᠭᠡ ᠦᠵᠡᠬᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)᠃
ᠳᠥᠷᠪᠡ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠤᠯᠭ᠋ᠠᠭᠤᠷᠢᠯᠠᠬᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠬᠡᠷᠡᠭᠲᠡᠢ
(ᠠᠷᠪᠠᠨ ᠬᠣᠶᠠᠷ) ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠬᠢᠭᠡᠳ ᠨᠡᠢ᠌ᠭᠡᠮ ᠲᠣᠭᠣᠷᠢᠭ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ ᠬᠡᠷᠡᠭᠲᠡᠢ᠃ ᠨᠡᠢ᠌ᠭᠡᠮ ᠲᠣᠭᠣᠷᠢᠭ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠠᠷᠠᠳ᠎ᠲᠤ ᠳᠥᠭᠥᠮ ᠦᠵᠡᠭᠦᠯᠬᠦ ᠬᠥᠭᠵᠢᠯᠲᠡ ᠵᠢ ᠠᠬᠢᠭᠤᠯᠵᠤ᠂ ᠳᠥᠲᠡ ᠳᠡᠯᠭᠡᠭᠦᠷ᠂ ᠨᠡᠢ᠌ᠭᠡᠮ ᠲᠣᠭᠣᠷᠢᠭ᠎ᠤᠨ ᠢᠳᠡᠰᠢᠨ ᠨᠣᠭᠣᠭ᠋ᠠᠨ᠎ᠤ ᠳᠡᠯᠭᠡᠭᠦᠷ᠂ ᠠᠷᠠᠳ᠎ᠲᠤ ᠳᠥᠭᠥᠮ ᠦᠵᠡᠭᠦᠯᠬᠦ ᠥᠷᠯᠥᠭᠡ (ᠦᠳᠡᠰᠢ) ᠵᠢᠨ ᠵᠠᠬ᠎ᠠ ᠳᠡᠯᠭᠡᠭᠦᠷ ᠵᠡᠷᠭᠡ ᠨᠡᠢ᠌ᠭᠡᠮ ᠲᠣᠭᠣᠷᠢᠭ᠎ᠤᠨ ᠬᠤᠳᠠᠯᠳᠤᠭ᠋ᠠᠨ᠎ᠤ ᠵᠠᠭᠪᠤᠷ᠎ᠢ ᠶᠡᠬᠡ᠎ᠪᠠᠷ ᠬᠥᠭᠵᠢᠭᠦᠯᠵᠦ᠂ ᠠᠷᠠᠳ᠎ᠲᠤ ᠳᠥᠭᠥᠮ ᠦᠵᠡᠭᠦᠯᠬᠦ ᠠᠮᠢᠳᠤᠷᠠᠯ᠎ᠤᠨ ᠲᠣᠭᠣᠷᠢᠭ᠎ᠤᠨ ᠳᠥᠭᠥᠮ ᠦᠵᠡᠭᠦᠯᠬᠦ᠂ ᠪᠠᠷᠢᠮᠵᠢᠶᠠᠵᠢᠭᠤᠯᠬᠤ᠂ ᠣᠶᠤᠨᠴᠢᠯᠠᠬᠤ᠂ ᠴᠢᠨᠠᠷᠵᠢᠭᠤᠯᠬᠤ ᠬᠢᠷᠢ ᠬᠡᠮᠵᠢᠶ᠎ᠡ ᠵᠢ ᠳᠡᠬᠡᠭᠰᠢᠯᠡᠬᠦᠯᠬᠦ ᠬᠡᠷᠡᠭᠲᠡᠢ᠃ 《ᠰᠦᠯᠵᠢᠶ᠎ᠡ᠎ᠪᠠᠷ ᠵᠠᠬᠢᠶᠠᠯᠠᠵᠤ ᠳᠡᠯᠭᠡᠭᠦᠷ᠎ᠠᠴᠠ ᠠᠪᠬᠤ》 ᠵᠡᠷᠭᠡ ᠦᠢ᠍ᠯᠡᠴᠢᠯᠡᠭᠡᠨ᠎ᠤ ᠴᠢᠳᠠᠮᠵᠢ ᠵᠢ ᠬᠠᠩᠭ᠋ᠠᠬᠤ ᠬᠡᠷᠡᠭᠲᠡᠢ᠃ ᠨᠡᠢ᠌ᠭᠡᠮ ᠲᠣᠭᠣᠷᠢᠭ᠎ᠤᠨ ᠬᠤᠳᠠᠯᠳᠤᠭ᠋ᠠᠨ᠎ᠤ ᠪᠡᠯᠡᠳᠬᠡᠮᠵᠢ ᠵᠢᠨ ᠳᠤᠲᠠᠭᠤᠳᠠᠯ᠎ᠢ ᠨᠥᠬᠥᠪᠦᠷᠢᠯᠡᠬᠦ᠂ ᠬᠤᠳᠠᠯᠳᠤᠭ᠋ᠠᠨ᠎ᠤ ᠡᠵᠡᠩᠨᠡᠯᠲᠡ ᠵᠢᠨ ᠪᠠᠢ᠌ᠳᠠᠯ᠎ᠢ ᠪᠠᠶᠠᠯᠢᠭᠵᠢᠭᠤᠯᠬᠤ᠂ ᠨᠡᠢ᠌ᠭᠡᠮ ᠲᠣᠭᠣᠷᠢᠭ᠎ᠤᠨ ᠬᠤᠳᠠᠯᠳᠤᠭ᠋ᠠᠨ᠎ᠤ ᠬᠠᠮ ᠴᠣᠭᠴᠠ᠂ ᠬᠡᠲᠦ ᠳᠡᠯᠭᠡᠭᠦᠷ᠂ ᠨᠠᠷᠠᠲᠤ ᠲᠡᠮᠳᠡᠭ᠎ᠤᠨ ᠬᠡᠯᠬᠢᠶ᠎ᠡ ᠳᠡᠯᠭᠡᠭᠦᠷ᠂ ᠢᠳᠡᠰᠢᠨ ᠨᠣᠭᠣᠭ᠋ᠠᠨ᠎ᠤ ᠵᠠᠬ᠎ᠠ ᠳᠡᠯᠭᠡᠭᠦᠷ ᠵᠡᠷᠭᠡ ᠲᠥᠷᠥᠯ ᠵᠦᠢ᠍ᠯ᠎ᠢ ᠰᠢᠨ᠎ᠡ᠎ᠪᠠᠷ ᠪᠠᠢ᠌ᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ᠎ᠳᠤ᠂ ᠠᠵᠤ ᠠᠬᠤᠢ᠌ᠯᠠᠯ (ᠨᠢᠭᠡᠴᠢ)᠎ᠤᠨ ᠪᠣᠳᠠᠲᠠᠢ ᠵᠠᠷᠤᠯᠭ᠎ᠠ᠎ᠪᠠᠷ ᠵᠣᠬᠢᠬᠤ ᠳᠡᠮᠵᠢᠯᠭᠡ ᠦᠵᠡᠬᠦᠯᠬᠦ ᠬᠡᠷᠡᠭᠲᠡᠢ᠃ ᠲᠠᠪᠤᠨ ᠨᠢᠭᠡ ᠮᠥᠴᠡ ᠵᠢᠨ ᠬᠡᠪᠴᠢᠶᠡᠨ᠎ᠳᠤ ᠭᠦᠢ᠍ᠴᠡᠳᠬᠡᠬᠦ ᠠᠷᠠᠳ᠎ᠲᠤ ᠳᠥᠭᠥᠮ ᠦᠵᠡᠭᠦᠯᠬᠦ ᠠᠮᠢᠳᠤᠷᠠᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠳᠠᠮᠵᠢᠵᠤ᠂ ᠠᠮᠢᠳᠤᠷᠠᠯ᠎ᠤᠨ ᠲᠣᠭᠣᠷᠢᠭ ᠪᠦᠷᠢ᠎ᠳᠤ᠎ᠨᠢ 200 ᠲᠦᠮᠡᠨ ᠲᠥᠭᠥᠷᠢᠭ᠎ᠠᠴᠠ ᠳᠣᠣᠷ᠎ᠠ ᠪᠢᠰᠢ᠎ᠪᠠᠷ ᠱᠠᠩᠨᠠᠨ ᠨᠥᠬᠥᠪᠦᠷᠢᠯᠡᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠭᠤᠷᠪᠠ) ᠰᠦᠯᠵᠢᠶᠡᠨ᠎ᠤ ᠠᠴᠢᠶ᠎ᠠ ᠲᠡᠭᠡᠭᠡᠪᠦᠷᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠲᠡᠮᠵᠢᠬᠦ ᠬᠡᠷᠡᠭᠲᠡᠢ᠃ 1500 ᠲᠦᠮᠡᠨ ᠲᠥᠭᠥᠷᠢᠭ᠎ᠤᠨ ᠱᠠᠩᠨᠠᠯ ᠨᠥᠬᠥᠪᠦᠷᠢ ᠵᠢᠨ ᠪᠡᠯᠡ ᠮᠥᠩᠭᠥ ᠲᠣᠬᠢᠷᠠᠭᠤᠯᠵᠤ᠂ ᠰᠦᠯᠵᠢᠶᠡᠨ᠎ᠤ ᠠᠴᠢᠶ᠎ᠠ ᠲᠡᠭᠡᠭᠡᠪᠦᠷᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠭᠦ ᠬᠡᠷᠡᠭᠲᠡᠢ᠃ ᠥᠪᠥᠷ ᠮᠣᠩᠭᠣᠯ᠎ᠳᠤ ᠡᠷᠦᠬᠡ ᠠᠮᠠ᠎ᠪᠠᠨ ᠳᠠᠩᠰᠠᠯᠠᠭᠤᠯᠤᠭᠰᠠᠨ ᠰᠦᠯᠵᠢᠶᠡᠨ᠎ᠤ ᠠᠴᠢᠶ᠎ᠠ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠵᠢᠯ᠎ᠤᠨ ᠲᠤᠰᠢᠶᠠᠬᠤ ᠭᠠᠢ᠌ᠯᠢ᠎ᠳᠠᠬᠢ ᠥᠪᠡᠷᠲᠡᠭᠡᠨ ᠵᠠᠰᠠᠬᠤ ᠣᠷᠣᠨ᠎ᠤ ᠬᠤᠪᠢᠳᠠᠯ᠎ᠤᠨ ᠨᠡᠮᠡᠭᠳᠡᠭᠰᠡᠨ ᠬᠡᠰᠡᠭ ᠵᠶ᠋ᠠᠷ ᠳᠠᠩᠰᠠᠯᠠᠭᠤᠯᠤᠭᠰᠠᠨ ᠪᠠᠢ᠌ᠭ᠎ᠠ ᠭᠠᠵᠠᠷ᠎ᠤᠨ ᠠᠢ᠌ᠮᠠᠭ ᠬᠣᠲᠠ᠎ᠳᠤ ᠱᠠᠩᠨᠠᠨ ᠨᠥᠬᠥᠪᠦᠷᠢᠯᠡᠵᠦ᠂ ᠭᠠᠢ᠌ᠯᠢ ᠵᠢᠨ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠪᠠᠢ᠌ᠭᠤᠯᠭ᠎ᠠ᠎ᠠᠴᠠ ᠰᠦᠯᠵᠢᠶᠡᠨ᠎ᠤ ᠠᠴᠢᠶ᠎ᠠ ᠲᠡᠭᠡᠭᠡᠪᠦᠷᠢ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠬᠦᠷᠢᠶ᠎ᠡ ᠴᠠᠷᠠᠭ᠎ᠠ ᠪᠠ ᠬᠡᠪᠴᠢᠶ᠎ᠡ ᠵᠢ ᠦᠨᠳᠦᠰᠦᠯᠡᠨ᠂ ᠠᠪᠬᠤ ᠪᠠᠷᠢᠮᠲᠠ ᠵᠢᠨ ᠲᠥᠷᠥᠯ ᠵᠦᠢ᠍ᠯ᠂ ᠲᠣᠭ᠎ᠠ ᠬᠡᠮᠵᠢᠶ᠎ᠡ᠎ᠪᠠᠨ ᠲᠣᠭᠲᠠᠭ᠋ᠠᠬᠤ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠳᠥᠷᠪᠡ) ᠭᠠᠴᠠᠭ᠎ᠠ ᠲᠣᠰᠬᠣᠨ᠎ᠳᠤ ᠲᠦᠷᠭᠡᠨ ᠬᠦᠷᠭᠡᠯᠲᠡ᠎ᠲᠠᠢ ᠪᠣᠯᠬᠣ ᠵᠢ ᠲᠡᠮᠵᠢᠬᠦ ᠬᠡᠷᠡᠭᠲᠡᠢ᠃ ᠨᠡᠮᠡᠭᠦᠷᠢ ᠦᠵᠡᠭᠦᠯᠦᠭᠰᠡᠨ᠎ᠤ ᠳᠠᠷᠠᠭ᠋ᠠᠬᠢ ᠣᠷᠣᠨ ᠪᠦᠰᠡ᠎ᠳᠠᠬᠢ ᠲᠤᠬᠠᠢ᠌ᠯᠠᠭᠰᠠᠨ ᠠᠵᠢᠯ᠎ᠤᠨ ᠣᠯᠵᠤ ᠠᠯᠳᠠᠭᠰᠠᠨ᠎ᠢ ᠶᠡᠷᠦᠩᠬᠡᠢ᠎ᠳᠤ᠎ᠨᠢ ᠲᠡᠩᠴᠡᠭᠦᠷᠢᠲᠡᠢ ᠪᠠᠢ᠌ᠯᠭ᠋ᠠᠬᠤ ᠪᠠ ᠪᠡᠶ᠎ᠡ᠎ᠪᠠᠨ ᠳᠠᠭ᠋ᠠᠭ᠋ᠠᠵᠤ ᠦᠷᠭᠦᠯᠵᠢᠯᠡᠨ ᠡᠵᠡᠩᠨᠡᠬᠦ ᠵᠡᠷᠭᠡ ᠵᠠᠷᠴᠢᠮ ᠵᠶ᠋ᠠᠷ᠂ ᠲᠦᠷᠭᠡᠨ ᠬᠦᠷᠭᠡᠯᠲᠡ ᠵᠢᠨ ᠲᠣᠰᠬᠣᠨ᠎ᠳᠤ ᠬᠦᠷᠭᠡᠭᠰᠡᠨ ᠤᠳᠠᠭ᠎ᠠ ᠪᠦᠷᠢ ᠵᠢᠨ ᠪᠠᠷᠠᠭ᠋ᠠᠨ᠎ᠤ ᠲᠣᠭ᠎ᠠ ᠬᠡᠮᠵᠢᠶ᠎ᠡ᠂ ᠭᠠᠭᠴᠠ ᠲᠦᠷᠦᠯ᠎ᠤᠨ ᠲᠠᠸᠠᠷ᠎ᠤᠨ ᠥᠪᠡᠷ᠎ᠤᠨ ᠥᠷᠲᠡᠭ᠂ ᠬᠦᠷᠭᠡᠭᠰᠡᠨ ᠵᠠᠢ ᠪᠠ ᠬᠦᠷᠲᠡᠭᠡᠭᠰᠡᠨ ᠦᠢ᠍ᠯᠡᠴᠢᠯᠡᠭᠡᠨ᠎ᠤ ᠬᠦᠷᠢᠶ᠎ᠡ ᠬᠡᠪᠴᠢᠶ᠎ᠡ ᠵᠡᠷᠭᠡ᠎ᠪᠠᠷ ᠦᠨᠳᠦᠰᠦᠯᠡᠯ ᠪᠣᠯᠭ᠋ᠠᠵᠤ᠂ ᠲᠦᠷᠭᠡᠨ ᠬᠦᠷᠭᠡᠯᠲᠡ ᠵᠢᠨ ᠲᠣᠰᠬᠣᠨ᠎ᠳᠤ ᠬᠦᠷᠭᠡᠭᠰᠡᠨ ᠲᠤᠬᠠᠢ᠌ᠯᠠᠭᠰᠠᠨ ᠠᠵᠢᠯ᠎ᠤᠨ ᠪᠣᠳᠠᠲᠠᠢ ᠦᠢ᠍ᠯᠡᠴᠢᠯᠡᠭᠡ᠎ᠳᠤᠨᠢ ᠤᠳᠠᠭ᠎ᠠ ᠪᠦᠷᠢ 0.3 ᠲᠥᠭᠥᠷᠢᠭ᠎ᠠᠴᠠ ᠬᠡᠲᠦᠷᠡᠭᠦᠯᠬᠦ ᠦᠭᠡᠢ᠎ᠪᠠᠷ᠂ ᠡᠯ᠎ᠡ ᠠᠢ᠌ᠮᠠᠭ ᠬᠣᠲᠠ᠎ᠨᠢ ᠬᠣᠵᠢᠭᠤ ᠨᠡᠮᠡᠭᠦᠷᠢ ᠵᠢᠨ ᠵᠦᠷᠢᠶᠡᠴᠢᠯᠡᠭᠰᠡᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠬᠦ ᠬᠡᠷᠡᠭᠲᠡᠢ᠃ (ᠥᠪᠥᠷ ᠮᠣᠩᠭᠣᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠬᠠᠷᠢᠭᠤᠴᠠᠨ᠎ᠠ)
(ᠠᠷᠪᠠᠨ ᠲᠠᠪᠤ) ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠤ ᠪᠠᠷᠢᠮᠵᠢᠶᠠᠵᠢᠭᠤᠯᠬᠤ ᠬᠢᠷᠢ ᠲᠦᠪᠰᠢᠨ᠎ᠢ ᠲᠡᠬᠡᠭᠰᠢᠯᠡᠬᠦᠯᠬᠦ ᠬᠡᠷᠡᠭᠲᠡᠢ᠃ 《ᠤᠯᠤᠰ᠎ᠤᠨ ᠪᠠᠷᠢᠮᠵᠢᠶᠠᠵᠢᠭᠤᠯᠤᠨ ᠬᠥᠭᠵᠢᠭᠦᠯᠬᠦ ᠬᠥᠲᠥᠯᠪᠦᠷᠢ》 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ》 ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠬᠤᠳᠠᠯᠳᠤᠭ᠋ᠠᠨ᠎ᠤ ᠶᠠᠪᠤᠳᠠᠯ᠎ᠤᠨ ᠭᠣᠣᠯᠳᠠᠯᠭ᠎ᠠ ᠪᠣᠯᠬᠣ ᠠᠵᠢᠯ᠎ᠤᠨ ᠡᠭᠦᠷᠭᠡ᠎ᠲᠠᠢ ᠤᠶᠠᠯᠳᠤᠭᠤᠯᠤᠨ᠂ ᠪᠥᠬᠥ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠤ ᠪᠠᠷᠢᠮᠵᠢᠶᠠᠲᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠭᠦᠢ᠍ᠯᠭᠡᠭᠡ᠂ ᠠᠷᠠᠯᠵᠢᠶ᠎ᠠ ᠬᠤᠳᠠᠯᠳᠤᠭ᠎ᠠ ᠪᠠᠷᠠᠭ᠋ᠠᠨ᠎ᠤ ᠭᠦᠢ᠍ᠯᠭᠡᠭᠡ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠭᠡᠷ ᠠᠬᠤᠢ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠭᠣᠣᠯᠳᠠᠯᠭ᠎ᠠ ᠪᠣᠯᠬᠣ ᠬᠦᠷᠢᠶᠡᠨ᠎ᠤ ᠲᠣᠭᠣᠷᠢᠨ᠎ᠳᠤ᠂ ᠲᠡᠷᠢᠭᠦᠨ᠎ᠤ ᠪᠠ ᠬᠡᠷᠡᠭᠯᠡᠬᠦ᠎ᠳᠤ ᠲᠣᠬᠢᠷᠠᠬᠤ ᠣᠷᠣᠨ ᠨᠤᠲᠤᠭ᠎ᠤᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠬᠤ ᠬᠡᠷᠡᠭᠲᠡᠢ᠃ ᠤᠯᠤᠰ᠎ᠤᠨ ᠲᠠᠰ᠎ᠤᠨ ᠦᠢ᠍ᠯᠡᠴᠢᠯᠡᠭᠡᠨ᠎ᠤ ᠦᠢ᠍ᠯᠡᠰ (ᠠᠷᠠᠯᠵᠢᠶ᠎ᠠ ᠬᠤᠳᠠᠯᠳᠤᠭ᠎ᠠ ᠵᠢᠨ ᠭᠦᠢ᠍ᠯᠭᠡᠭᠡᠨ᠎ᠤ ᠲᠤᠰᠬᠠᠢ ᠵᠦᠢ᠍ᠯ)᠎ᠤᠨ ᠪᠠᠷᠢᠮᠵᠢᠶᠠᠵᠢᠭᠤᠯᠬᠤ ᠲᠤᠷᠰᠢᠯᠲᠠ ᠵᠢᠨ ᠴᠡᠭ᠎ᠲᠤ ᠵᠢᠯᠤᠭᠣᠳᠬᠤ ᠡᠷᠴᠢᠮ ᠵᠶ᠋ᠠᠨ ᠴᠢᠩᠭ᠋ᠠᠷᠠᠭᠤᠯᠵᠤ᠂ ᠲᠤᠷᠰᠢᠯᠭ᠎ᠠ᠎ᠪᠠᠨ ᠴᠠᠭ ᠲᠤᠬᠠᠢᠳᠤᠨᠢ ᠳ᠋ᠦᠩᠨᠡᠨ᠂ ᠪᠠᠷᠢᠮᠵᠢᠶ᠎ᠠ ᠵᠢ ᠬᠡᠷᠡᠭᠵᠢᠭᠦᠯᠬᠦ ᠦᠷ᠎ᠡ ᠴᠢᠳᠠᠮᠵᠢ᠎ᠪᠠᠨ ᠳᠡᠬᠡᠭᠰᠢᠯᠡᠬᠦᠯᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)᠃
(ᠠᠷᠪᠠᠨ ᠵᠢᠷᠭᠤᠭ᠎ᠠ) ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠴᠢᠳᠠᠪᠤᠷᠢᠲᠠᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ ᠵᠢ ᠵᠣᠷᠢᠭᠵᠢᠭᠤᠯᠵᠤ ᠪᠠᠢ᠌ᠭ᠋ᠠᠳ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠤᠰᠬᠠᠢ ᠮᠡᠷᠭᠡᠵᠢᠯ ᠪᠠ ᠬᠢᠴᠢᠶᠡᠯ ᠰᠢᠨᠵᠢᠯᠡᠭᠡᠨ᠎ᠤ ᠪᠠᠢ᠌ᠭᠤᠯᠤᠯᠲᠠ ᠵᠢ ᠴᠢᠩᠭ᠋ᠠᠷᠠᠭᠤᠯᠵᠤ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢᠨ ᠬᠡᠷᠡᠭᠴᠡᠭᠡ᠎ᠳᠤ ᠲᠣᠬᠢᠷᠠᠭᠰᠠᠨ ᠬᠠᠮ ᠬᠡᠯᠪᠡᠷᠢ ᠵᠢᠨ ᠤᠷ᠎ᠠ ᠴᠢᠳᠠᠪᠤᠷᠢᠲᠠᠨ᠎ᠢ ᠬᠥᠮᠥᠵᠢᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭ᠋ᠠᠭᠤᠯᠢ᠂ ᠰᠤᠳᠤᠯᠭ᠋ᠠᠨ᠎ᠤ ᠪᠠᠢ᠌ᠭᠤᠯᠤᠮᠵᠢ ᠬᠢᠭᠡᠳ ᠠᠵᠤ ᠠᠬᠤᠢ᠌ᠯᠠᠯ᠂ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠢ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠦᠷᠢᠶᠡᠨ᠎ᠳᠤ ᠬᠣᠷᠰᠢᠯᠴᠠᠨ ᠰᠤᠷᠭ᠋ᠠᠭᠤᠯᠢ ᠡᠷᠬᠢᠯᠡᠬᠦ ᠪᠠ ᠴᠢᠳᠠᠪᠤᠷᠢᠲᠠᠨ ᠬᠥᠮᠥᠵᠢᠭᠦᠯᠬᠦ ᠠᠵᠢᠯ ᠥᠷᠨᠢᠭᠦᠯᠬᠦ ᠵᠢ᠎ᠨᠢ ᠵᠣᠷᠢᠭᠵᠢᠭᠤᠯᠬᠤ ᠬᠡᠷᠡᠭᠲᠡᠢ᠃ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠢ ᠬᠠᠮᠲᠤᠷᠠᠨ ᠥᠷᠨᠢᠭᠦᠯᠬᠦ ᠵᠢ᠎ᠨᠢ ᠵᠣᠷᠢᠭᠵᠢᠭᠤᠯᠬᠤ ᠬᠡᠷᠡᠭᠲᠡᠢ᠃ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ᠎ᠤᠨ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠵᠤ ᠠᠪᠴᠢᠷᠠᠬᠤ ᠪᠠ ᠬᠥᠮᠥᠵᠢᠭᠦᠯᠬᠦ ᠵᠢ᠎ᠨᠢ ᠳᠡᠮᠵᠢᠵᠦ᠂ ᠨᠥᠬᠥᠴᠡᠯ᠎ᠳᠤ ᠨᠡᠢ᠌ᠴᠡᠭᠰᠡᠨ᠎ᠳᠤᠨᠢ ᠴᠢᠳᠠᠪᠤᠷᠢᠲᠠᠨ᠎ᠤ ᠲᠠᠯ᠎ᠠ᠎ᠪᠠᠷ᠎ᠬᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠬᠦᠷᠲᠡᠭᠡᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠳᠣᠯᠣᠭ᠎ᠠ) ᠬᠠᠮᠲᠤ᠎ᠳᠤ᠎ᠪᠠᠨ ᠭᠥᠷᠳᠡᠬᠦ ᠡᠭᠦᠯᠡᠨ ᠬᠥᠮᠥᠷᠭᠡ ᠵᠢᠨ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠵᠢ ᠪᠠᠢ᠌ᠭᠤᠯᠬᠤ ᠬᠡᠷᠡᠭᠲᠡᠢ᠃ ᠤᠯᠠᠮᠵᠢᠯᠠᠯᠲᠤ ᠪᠠᠷᠠᠭ᠋ᠠᠨ᠎ᠤ ᠭᠦᠢ᠍ᠯᠭᠡᠭᠡᠨ᠎ᠤ ᠲᠦᠷᠭᠡᠨ ᠬᠦᠷᠭᠡᠯᠲᠡ ᠵᠢᠨ ᠠᠵᠤ ᠠᠬᠤᠢ᠌ᠯᠠᠯ᠎ᠤᠨ ᠮᠡᠳᠡᠭᠡ ᠵᠠᠩᠭᠢᠴᠢᠯᠠᠯᠲᠠ᠂ ᠰᠦᠯᠵᠢᠶᠡᠵᠢᠯᠲᠡ ᠵᠢᠨ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠬᠦ ᠵᠢ᠎ᠨᠢ ᠵᠣᠷᠢᠭᠵᠢᠭᠤᠯᠵᠤ᠂ ᠪᠣᠬᠢᠷᠳᠤᠯ ᠦᠭᠡᠢ ᠪᠠᠷᠠᠭ᠋ᠠᠨ᠎ᠤ ᠭᠦᠢ᠍ᠯᠭᠡᠭᠡᠨ᠂ ᠪᠣᠬᠢᠷᠳᠤᠯ ᠦᠭᠡᠢ ᠲᠦᠷᠭᠡᠨ ᠬᠦᠷᠭᠡᠯᠲᠡ᠂ ᠪᠣᠬᠢᠷᠳᠤᠯ ᠦᠭᠡᠢ ᠪᠣᠭᠣᠳᠠᠯ ᠪᠠᠭᠯᠠᠭ᠎ᠠ ᠵᠢ ᠲᠦᠷᠭᠡᠳᠬᠡᠨ ᠠᠬᠢᠭᠤᠯᠵᠤ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠳᠤ ᠲᠤᠰᠬᠠᠢ᠌ᠵᠢᠭᠰᠠᠨ ᠲᠣᠬᠢᠷᠠᠭᠤᠯᠤᠨ ᠬᠦᠷᠭᠡᠬᠦ ᠦᠢ᠍ᠯᠡᠴᠢᠯᠡᠭᠡᠨ ᠬᠠᠩᠭ᠋ᠠᠬᠤ ᠬᠡᠷᠡᠭᠲᠡᠢ; ᠬᠥᠮᠥᠷᠭᠡᠯᠡᠨ ᠬᠠᠳᠠᠭ᠋ᠠᠯᠠᠬᠤ ᠠᠵᠤ ᠠᠬᠤᠢ᠌ᠯᠠᠯ᠎ᠤᠨ ᠭᠤᠷᠪᠠᠨ ᠵᠢᠯ᠎ᠤᠨ ᠪᠣᠳᠠᠲᠠᠢ ᠣᠷᠣᠭᠤᠯᠤᠯᠲᠠ ᠵᠢᠨ᠎ᠬᠢᠨ 30% ᠵᠢᠨ ᠶᠣᠰᠣᠭ᠋ᠠᠷ᠂ 300 ᠲᠦᠮᠡᠨ ᠲᠥᠭᠥᠷᠢᠭ᠎ᠠᠴᠠ ᠬᠡᠲᠦᠷᠡᠭᠦᠯᠬᠦ ᠦᠭᠡᠢ᠎ᠪᠠᠷ ᠨᠥᠬᠥᠪᠦᠷᠢ ᠥᠭᠴᠦ᠂ ᠨᠥᠬᠥᠪᠦᠷᠢ ᠵᠢᠨ ᠪᠡᠯᠡ ᠮᠥᠩᠭᠥ ᠵᠢ ᠡᠯᠧᠺᠲᠷᠣᠨ ᠬᠤᠳᠠᠯᠳᠤᠭ᠋ᠠᠨ᠎ᠤ ᠲᠦᠷᠭᠡᠨ ᠬᠦᠷᠭᠡᠯᠲᠡ ᠵᠢᠨ ᠪᠠᠷᠠᠭ᠋ᠠᠨ᠎ᠤ ᠭᠦᠢ᠍ᠯᠭᠡᠭᠡ ᠵᠢ ᠡᠮᠬᠢᠯᠡᠨ ᠨᠡᠶ᠋ᠢᠯᠡᠭᠦᠯᠬᠦ ᠪᠠ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ᠎ᠢ ᠪᠥᠭᠡᠮᠨᠡᠷᠡᠭᠦᠯᠬᠦ᠂ ᠴᠢᠬᠤᠯᠠ ᠪᠦᠬᠦᠢ ᠡᠵᠡᠩᠨᠡᠯᠲᠡ ᠵᠢᠨ ᠣᠷᠴᠢᠨ ᠨᠥᠬᠥᠴᠡᠯ ᠪᠠ ᠵᠥᠭᠡᠯᠡᠨ ᠬᠠᠲᠠᠭᠤ ᠲᠣᠨᠣᠭ ᠲᠥᠬᠦᠭᠡᠷᠦᠮᠵᠢ ᠵᠢᠴᠢ ᠵᠣᠬᠢᠬᠤ ᠦᠢ᠍ᠯᠡᠴᠢᠯᠡᠭᠡ ᠵᠢ ᠥᠭᠡᠷᠡᠴᠢᠯᠡᠨ ᠲᠡᠭᠦᠯᠳᠡᠷᠵᠢᠭᠦᠯᠬᠦ ᠵᠢ ᠪᠠᠭᠲᠠᠭ᠋ᠠᠭᠰᠠᠨ ᠬᠠᠮᠲᠤ᠎ᠳᠤ᠎ᠪᠠᠨ ᠭᠥᠷᠳᠡᠬᠦ ᠡᠭᠦᠯᠡᠨ ᠬᠥᠮᠥᠷᠭᠡ ᠵᠢᠨ ᠴᠢᠳᠠᠪᠤᠷᠢ ᠵᠢ ᠳᠡᠭᠡᠭᠰᠢᠯᠡᠭᠦᠯᠬᠦ᠎ᠳᠤ ᠦᠷᠭᠦᠯᠵᠢᠯᠡᠨ ᠬᠡᠷᠡᠭᠯᠡᠬᠦ ᠬᠡᠷᠡᠭᠲᠡᠢ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠥᠪᠥᠷ ᠮᠣᠩᠭᠣᠯ᠎ᠤᠨ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠲᠠᠪᠤ᠂ ᠵᠠᠰᠠᠭ᠎ᠤᠨ ᠣᠷᠳᠣᠨ᠎ᠤ ᠲᠡᠳᠬᠦᠨ ᠳᠡᠮᠵᠢᠬᠦ ᠦᠢ᠍ᠯᠡᠴᠢᠯᠡᠭᠡᠨ᠎ᠤ ᠡᠷᠴᠢᠮ᠎ᠢ ᠴᠢᠩᠭ᠋ᠠᠷᠠᠭᠤᠯᠬᠤ ᠬᠡᠷᠡᠭᠲᠡᠢ
(ᠠᠷᠪᠠᠨ ᠨᠠᠢ᠍ᠮᠠ) ᠪᠡᠯᠡ ᠮᠥᠩᠭᠥ᠎ᠪᠠᠷ ᠲᠡᠳᠬᠦᠨ ᠲᠡᠮᠵᠢᠬᠦ᠎ᠪᠠᠨ ᠰᠢᠯᠢᠳᠡᠭᠵᠢᠭᠦᠯᠬᠦ ᠬᠡᠷᠡᠭᠲᠡᠢ᠃ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠢ ᠵᠣᠷᠢᠭᠵᠢᠭᠤᠯᠵᠤ ᠪᠠᠢ᠌ᠭ᠋ᠠᠳ ᠵᠢᠯ ᠪᠦᠷᠢ ᠪᠡᠯᠡ ᠮᠥᠩᠭᠥ ᠲᠣᠬᠢᠷᠠᠭᠤᠯᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠬᠥᠭᠵᠢᠯᠲᠡ ᠵᠢ ᠠᠬᠢᠭᠤᠯᠵᠤ᠂ ᠲᠡᠳᠬᠦᠨ ᠳᠡᠮᠵᠢᠭᠰᠡᠨ ᠪᠡᠯᠡ ᠮᠥᠩᠭᠥᠨ᠎ᠤ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠵᠤ ᠦᠨᠡᠯᠡᠬᠦ᠎ᠪᠠᠨ ᠴᠢᠩᠭ᠋ᠠᠳᠬᠠᠨ᠂ ᠪᠡᠯᠡ ᠮᠥᠩᠭᠥ᠎ᠪᠠᠷ ᠲᠡᠳᠬᠦᠨ ᠳᠡᠮᠵᠢᠬᠦ ᠵᠢᠨ ᠣᠨᠣᠪᠴᠢ ᠵᠢᠨ ᠬᠡᠮᠵᠢᠶ᠎ᠡ᠎ᠪᠠᠨ ᠳᠡᠭᠡᠭᠰᠢᠯᠡᠭᠦᠯᠵᠦ᠂ ᠪᠡᠯᠡ ᠮᠥᠩᠭᠥ᠎ᠪᠠᠷ ᠲᠡᠳᠬᠦᠨ ᠳᠡᠮᠵᠢᠬᠦ ᠵᠢᠨ ᠪᠦᠲᠦᠮᠵᠢᠲᠦ ᠴᠢᠨᠠᠷ᠎ᠢ ᠴᠢᠩᠭ᠋ᠠᠷᠠᠭᠤᠯᠤᠨ᠂ ᠵᠠᠰᠠᠭ᠎ᠤᠨ ᠣᠷᠳᠣᠨ᠎ᠤ ᠪᠡᠯᠡ ᠮᠥᠩᠭᠥᠨ᠎ᠤ ᠤᠷᠮᠠᠰᠢᠭᠤᠯᠬᠤ ᠪᠠ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ (ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠨ᠎ᠠ)
(ᠠᠷᠪᠠ ᠶᠢᠰᠦ) ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ ᠵᠶ᠋ᠡᠷ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠵᠢᠴᠢ ᠬᠠᠮᠢᠶ᠎ᠠ ᠪᠦᠬᠦᠢ ᠦᠢ᠍ᠯᠡᠴᠢᠯᠡᠭᠡᠨ᠎ᠤ ᠠᠵᠤ ᠠᠬᠤᠢ᠌ᠯᠠᠯ ᠵᠶ᠋ᠠᠷ ᠮᠠᠭ᠋ᠠᠳᠯᠠᠨ ᠲᠣᠭᠲᠠᠭ᠋ᠠᠯᠭ᠋ᠠᠭᠰᠠᠨ ᠪᠠᠢ᠌ᠪᠠᠯ᠂ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠷᠲᠡᠭᠡᠬᠦ ᠬᠡᠷᠡᠭᠲᠡᠢ᠃ ᠠᠵᠤ ᠠᠬᠤᠢ᠌ᠯᠠᠯ᠎ᠤᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠳᠤ ᠬᠡᠷᠡᠭᠯᠡᠭᠰᠡᠨ ᠮᠥᠷᠲᠡᠭᠡᠨ ᠭᠠᠢ᠌ᠯᠢ ᠵᠢᠨ ᠬᠠᠤᠯᠢ ᠵᠢᠨ ᠲᠣᠭᠲᠠᠭ᠋ᠠᠯ᠎ᠳᠤ ᠨᠡᠢ᠌ᠴᠡᠭᠰᠡᠨ ᠰᠤᠳᠤᠯᠤᠨ ᠨᠡᠭᠡᠭᠡᠬᠦ ᠵᠠᠷᠤᠳᠠᠯ᠎ᠳᠤᠨᠢ ᠠᠵᠤ ᠠᠬᠤᠢ᠌ᠯᠠᠯ᠎ᠤᠨ ᠣᠯᠵᠠᠪᠤᠷᠢ ᠵᠢᠨ ᠭᠠᠢ᠌ᠯᠢ ᠵᠢ ᠨᠡᠮᠡᠨ ᠪᠣᠳᠣᠵᠤ ᠰᠠᠭᠤᠯᠭ᠋ᠠᠨ ᠠᠪᠬᠤ ᠲᠥᠷᠥ ᠵᠢᠨ ᠪᠣᠳᠣᠯᠭ᠎ᠠ ᠵᠢ ᠬᠦᠷᠲᠡᠭᠡᠵᠦ ᠪᠣᠯᠣᠨ᠎ᠠ᠃ ᠤᠯᠤᠰ᠎ᠤᠨ ᠴᠢᠳᠠᠪᠤᠷᠢᠲᠠᠨ ᠬᠥᠮᠥᠵᠢᠭᠦᠯᠬᠦ ᠵᠢ ᠳᠡᠮᠵᠢᠭᠦ ᠭᠠᠢ᠌ᠯᠢ ᠲᠠᠲᠠᠪᠤᠷᠢ ᠵᠢᠨ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ᠎ᠤᠨ ᠲᠤᠬᠠᠢ ᠵᠢᠨ ᠵᠢᠯ᠎ᠳᠤ ᠭᠠᠷᠭ᠋ᠠᠨ ᠠᠪᠤᠭᠰᠠᠨ᠎ᠤ ᠬᠠᠮᠲᠤ ᠪᠣᠳᠠᠲᠠᠢ ᠬᠡᠷᠡᠭᠯᠡᠭᠰᠡᠨ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠠᠢ᠌ᠯᠢ ᠲᠤᠰᠢᠶᠠᠬᠤ᠎ᠠᠴᠠ᠎ᠨᠢ ᠡᠮᠦᠨ᠎ᠡ ᠰᠠᠭᠤᠯᠭ᠋ᠠᠨ ᠠᠪᠬᠤ ᠬᠡᠷᠡᠭᠲᠡᠢ᠃ (ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠨ᠎ᠠ)
ᠲᠣᠰ ᠠᠷᠭ᠎ᠠ ᠬᠡᠮᠵᠢᠶ᠎ᠡ᠎ᠨᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ᠂ ᠬᠦᠴᠦᠨ ᠪᠦᠬᠦᠢ ᠬᠤᠭᠤᠴᠠᠭ᠎ᠠ᠎ᠨᠢ 3 ᠵᠢᠯ ᠪᠣᠯᠣᠨ᠎ᠠ᠂ ᠠᠷᠭ᠎ᠠ ᠬᠡᠮᠵᠢᠶ᠎ᠡ᠎ᠳᠤ ᠬᠣᠯᠪᠣᠭᠳᠠᠭᠰᠠᠨ ᠱᠠᠩᠨᠠᠯ ᠨᠥᠬᠥᠪᠦᠷᠢ ᠵᠢᠨ ᠵᠦᠢ᠍ᠯ ᠵᠤᠷᠪᠤᠰ᠎ᠤᠨ ᠬᠡᠷᠡᠭᠵᠢᠭᠦᠯᠬᠦ ᠬᠡᠪᠴᠢᠶ᠎ᠡ ᠵᠢ ᠲᠤᠬᠠᠢ ᠵᠢᠨ ᠵᠢᠯ᠎ᠤᠨ ᠳᠡᠮᠵᠢᠬᠦ ᠴᠢᠭᠯᠡᠯ ᠪᠠ ᠨᠡᠢ᠌ᠲᠡᠯᠡᠭᠰᠡᠨ ᠭᠤᠶᠤᠴᠢᠯᠠᠯ᠎ᠤᠨ ᠵᠦᠭᠯᠡᠭᠦᠷ ᠵᠶ᠋ᠡᠷ ᠪᠠᠷᠢᠮᠵᠢᠶ᠎ᠠ ᠪᠣᠯᠭ᠋ᠠᠨ᠎ᠠ; ᠱᠠᠩᠨᠠᠵᠤ ᠨᠥᠬᠥᠪᠦᠷᠢᠯᠡᠬᠦ᠎ᠳᠤ ᠬᠣᠯᠪᠣᠭᠳᠠᠭᠰᠠᠨ ᠬᠠᠷᠢᠴᠠᠯ ᠪᠠ ᠬᠢᠵᠠᠭ᠋ᠠᠷ ᠲᠣᠭ᠎ᠠ᠎ᠨᠢ ᠴᠥᠮ ᠳᠡᠭᠡᠷ᠎ᠡ ᠬᠢᠵᠠᠭ᠋ᠠᠷ ᠪᠠᠢ᠌ᠵᠤ᠂ ᠱᠠᠩᠨᠠᠵᠤ ᠨᠥᠬᠥᠪᠦᠷᠢᠯᠡᠬᠦ ᠵᠢᠨ ᠪᠣᠳᠠᠲᠠᠢ ᠬᠠᠷᠢᠴᠠᠯ ᠪᠠ ᠵᠣᠭᠣᠰ᠎ᠤᠨ ᠲᠣᠭ᠎ᠠ᠎ᠨᠢ ᠣᠨ᠎ᠤ ᠪᠡᠯᠡ ᠮᠥᠩᠭᠥᠨ᠎ᠤ ᠲᠥᠰᠥᠪ᠎ᠠᠴᠠ ᠲᠣᠭᠲᠠᠭ᠋ᠠᠭᠳᠠᠵᠤ᠂ ᠬᠡᠷᠡᠭᠵᠢᠭᠦᠯᠬᠦ ᠶᠠᠪᠤᠴᠠ᠎ᠳᠤ ᠢᠯᠡᠷᠡᠭᠦ ᠪᠣᠳᠠᠲᠠᠢ ᠠᠰᠠᠭᠤᠳᠠᠯ᠎ᠢ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠷᠢᠭᠤᠴᠠᠵᠤ ᠲᠠᠢ᠌ᠯᠪᠤᠷᠢᠯᠠᠨ᠎ᠠ᠃ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠭᠠᠵᠠᠷ ᠣᠷᠣᠨ᠎ᠤ᠎ᠪᠠᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ ᠪᠣᠯᠣᠨ᠎ᠠ᠃
2022 ᠣᠨ᠎ᠤ 6 ᠳ᠋ᠤᠭ᠋ᠠᠷ ᠰᠠᠷ᠎ᠠ ᠵᠢᠨ 6᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)