ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-02-06

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ

ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲᠸ ᠷᠢᠶᠠᠯ

             ᠥᠪᠥᠷ ᠵᠠᠰᠠᠭ ᠠᠯᠪᠠᠨ ᠲᠠᠷᠬᠠᠭ᠋ᠠᠭᠰᠠᠨ[ 2022 ] 17 ᠳ᠋ᠤᠭ᠋ᠠᠷ ᠲᠣᠭ᠋ᠠᠲᠤ

 

            《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ

             ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠠᠷᠭ᠎ᠠ 》 ᠵᠢ

             ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

             ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ᠄

       ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠠᠷᠭ᠎ᠠ 》 ᠵᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂  ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ ᠂  ᠪᠣᠳᠠᠲᠠᠢ᠎ᠲᠠᠢ᠎ᠪᠠᠨ ᠤᠶᠠᠯᠳᠤᠭᠤᠯᠤᠨ ᠂  ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠲᠦᠭᠡᠢ ᠃

                  2022 ᠣᠨ᠎ᠤ 2 ᠳ᠋ᠤᠭ᠋ᠠᠷ ᠰᠠᠷ᠎ᠠ ᠵᠢᠨ 24 ᠎ᠤ ᠡᠳᠦᠷ

      (  ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ )

 

             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ

             ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠠᠷᠭ᠎ᠠ

                   ᠨᠢᠭᠡᠳᠦᠭᠡᠷ ᠪᠦᠯᠦᠭ   ᠶᠡᠷᠦᠩᠬᠡᠢ ᠳᠦᠷᠢᠮ

       ᠨᠢᠭᠡᠳᠦᠭᠡᠷ ᠵᠦᠢ᠍ᠯ 《ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ᠎ᠤᠳ 》 (  ᠲᠥᠷᠥ ᠲᠠᠷᠬᠠᠭ᠋ᠠᠭᠰᠠᠨ [ 2020 ] 7 ᠳ᠋ᠤᠭ᠋ᠠᠷ ᠲᠣᠭ᠋ᠠᠲᠤ) ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ (ᠳᠣᠷᠣᠭᠰᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠭᠡᠵᠦ ᠲᠣᠪᠴᠢᠯᠠᠨ᠎ᠠ ) ᠎ᠢ ᠪᠠᠶ᠋ᠢᠭᠤᠯᠬᠤ ᠪᠠ ᠬᠠᠮᠢᠶᠠᠷᠬᠤ ᠵᠢ ᠤᠯᠠᠮ ᠨᠢᠭᠡ ᠠᠯᠬᠤᠮ ᠵᠢᠷᠤᠮᠵᠢᠭᠤᠯᠵᠤ ᠂  ᠪᠥᠬᠥ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠤᠰᠠᠳᠠ ᠂ 《ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ 》 《ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠶᠡᠷᠦᠩᠬᠡᠢ᠌ᠯᠡᠭᠰᠡᠨ ᠦᠨᠡᠯᠡᠯᠲᠡ ᠵᠢᠨ ᠭᠦᠢ᠍ᠴᠡᠳᠬᠡᠯ  ᠲᠣᠭ᠋ᠠᠨ᠎ᠤ  ᠲᠣᠭᠲᠠᠯᠴᠠᠭ᠎ᠠ 》 ᠎ᠪᠠᠷ ᠯᠠᠪᠯᠠᠯᠲᠠ ᠪᠣᠯᠭ᠋ᠠᠵᠤ ᠂  ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠂  ᠲᠣᠰ ᠠᠷᠭ᠎ᠠ ᠵᠢ ᠲᠣᠭᠲᠠᠭ᠋ᠠᠪᠠ ᠃

       ᠬᠣᠶᠠᠳᠤᠭ᠋ᠠᠷ ᠵᠦᠢ᠍ᠯ  ᠲᠣᠰ ᠠᠷᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠠᠬᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠮᠠᠭ᠋ᠠᠳᠯᠠᠨ ᠲᠣᠭᠲᠠᠭ᠋ᠠᠬᠤ ᠂  ᠦᠨᠡᠯᠡᠬᠦ ᠂  ᠬᠠᠮᠢᠶᠠᠷᠬᠤ᠎ᠳᠤ ᠬᠡᠷᠡᠭᠯᠡᠭᠳᠡᠨ᠎ᠡ ᠃

       ᠭᠤᠷᠪᠠᠳᠤᠭ᠋ᠠᠷ ᠵᠦᠢ᠍ᠯ  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ᠎ᠳᠤ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ ᠂  ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠂ 《ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠬᠥᠭᠵᠢᠭᠦᠯᠦᠨ ᠮᠠᠨᠳᠤᠭᠤᠯᠬᠤ 》 ᠠᠵᠢᠯᠯᠠᠭ᠎ᠠ᠎ᠪᠠᠷ ᠳᠠᠭ᠋ᠠᠭᠤᠯᠤᠭᠴᠢ ᠪᠣᠯᠭ᠋ᠠᠵᠦ ᠂  ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠭᠣᠣᠯ ᠪᠣᠯᠭ᠋ᠠᠨ ᠂  ᠰᠢᠨ᠎ᠡ ᠵᠢ ᠡᠭᠦᠳᠴᠦ ᠦᠢ᠍ᠯᠡᠰ ᠴᠣᠭᠴᠠᠯᠠᠬᠤ ᠰᠠᠢ᠌ᠨ ᠰᠠᠢ᠌ᠬᠠᠨ  ᠣᠷᠴᠢᠨ ᠠᠬᠤᠢ ᠵᠢ ᠢᠳᠡᠪᠬᠢᠲᠡᠢ ᠪᠣᠶ ᠪᠣᠯᠭ᠋ᠠᠵᠤ ᠂  ᠣᠲᠣ ᠦᠶ᠎ᠡ ᠵᠢᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠪᠥᠬᠥ ᠲᠠᠯ᠎ᠠ᠎ᠪᠠᠷ ᠪᠠᠢ᠌ᠭᠤᠯᠤᠨ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠵᠢᠱ᠌ᠢᠶ᠎ᠡ ᠦᠵᠡᠭᠦᠯᠬᠦ ᠲᠣᠭᠣᠷᠢᠭ ᠪᠠ ᠴᠢᠨᠠᠷ ᠰᠠᠢ᠌ᠲᠠᠢ ᠬᠥᠭᠵᠢᠯᠲᠡ ᠵᠢᠨ  ᠤᠷᠢᠳᠠᠴᠢ ᠣᠷᠣᠨ ᠪᠣᠯᠭ᠋ᠠᠨ ᠪᠦᠲᠦᠭᠡᠨ ᠪᠠᠶ᠋ᠢᠭᠤᠯᠬᠤ ᠬᠡᠷᠡᠭᠲᠡᠢ ᠃

                   ᠬᠣᠶᠠᠳᠤᠭ᠋ᠠᠷ ᠪᠦᠯᠦᠭ   ᠮᠠᠭ᠋ᠠᠳᠯᠠᠨ ᠲᠣᠭᠲᠠᠭ᠋ᠠᠬᠤ 

       ᠳᠥᠷᠪᠡᠳᠦᠭᠡᠷ ᠵᠦᠢ᠍ᠯ  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠵᠶ᠋ᠠᠷ ᠭᠤᠶᠤᠴᠢᠯᠠᠨ ᠮᠡᠳᠡᠭᠦᠯᠬᠦ᠎ᠳᠤ ᠳᠣᠣᠷᠠᠬᠢ ᠨᠥᠬᠥᠴᠡᠯ᠎ᠳᠤ ᠨᠡᠢ᠌ᠴᠡᠭᠦ ᠬᠡᠷᠡᠭᠲᠡᠢ᠄

      (  ᠨᠢᠭᠡ) ᠰᠠᠭᠤᠷᠢ ᠨᠥᠬᠥᠴᠡᠯ᠎ᠨᠢ ᠪᠦᠷᠢᠨ ᠲᠡᠭᠦᠯᠳᠡᠷ ᠪᠠᠢ᠌ᠬᠤ ᠬᠡᠷᠡᠭᠲᠡᠢ ᠃

      1. ᠠᠢ᠌ᠮᠠᠭ ᠬᠣᠲᠠ ᠵᠢᠨ ᠬᠡᠪᠴᠢᠶᠡᠨ᠎ᠳᠠᠬᠢ ᠰᠢᠨ᠎ᠡ ᠵᠢ ᠡᠭᠦᠳᠬᠦ ᠡᠬᠢ ᠪᠠᠶᠠᠯᠢᠭ ᠂  ᠠᠵᠤ ᠦᠢ᠍ᠯᠡᠰ᠎ᠤᠨ ᠬᠥᠭᠵᠢᠯᠲᠡ᠎ᠪᠠᠷ ᠬᠠᠮᠤᠭ᠎ᠤᠨ ᠰᠠᠢ᠌ᠨ ᠪᠣᠯᠬᠤ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠲᠥᠷᠥᠯ᠎ᠤᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠬᠠᠷᠢᠶᠠᠯᠠᠭᠳᠠᠭᠰᠠᠨ ᠪᠠᠢ᠌ᠬᠤ;

      2. ᠪᠠᠢ᠌ᠭ᠎ᠠ ᠠᠢ᠌ᠮᠠᠭ ᠬᠣᠲᠠ ᠵᠢᠨ ᠵᠶ᠋ᠠᠨ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ ᠂  ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠂  ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ᠎ᠳᠤ ᠨᠡᠢ᠌ᠴᠡᠭᠰᠡᠨ ᠪᠠᠶ᠋ᠢᠬᠤ;

      3. ᠭᠠᠵᠠᠷ ᠰᠢᠷᠣᠢ ᠵᠢ ᠠᠷᠪᠢᠲᠠᠢ ᠪᠥᠭᠡᠳ ᠡᠷᠴᠢᠮᠯᠢᠭ ᠠᠰᠢᠭᠯᠠᠬᠤ ᠵᠡᠷᠭᠡ ᠵᠢᠨ ᠲᠤᠬᠠᠢ ᠤᠯᠤᠰ᠎ᠤᠨ ᠱᠠᠭ᠋ᠠᠷᠳᠠᠯᠭ᠎ᠠ᠎ᠳᠤ ᠨᠡᠢ᠌ᠴᠡᠵᠦ ᠂  ᠭᠠᠵᠠᠷ ᠬᠡᠷᠡᠭᠯᠡᠬᠦ ᠪᠠᠢ᠌ᠷᠢᠰᠢᠭᠤᠯᠤᠯ᠎ᠨᠢ ᠲᠥᠪᠯᠡᠷᠡᠩᠭᠦᠢ ᠂  ᠬᠡᠪᠴᠢᠶ᠎ᠡ ᠪᠠ ᠭᠠᠵᠠᠷ ᠰᠢᠷᠣᠢ ᠠᠰᠢᠭᠯᠠᠬᠤ ᠪᠦᠲᠦᠴᠡ᠎ᠨᠢ ᠵᠦᠢ ᠵᠣᠬᠢᠰᠲᠠᠢ ᠂  ᠳᠥᠷᠪᠡᠨ ᠵᠠᠬ᠎ᠠ ᠵᠢᠨ ᠬᠡᠪᠴᠢᠶ᠎ᠡ᠎ᠨᠢ ᠲᠣᠳᠣᠷᠬᠠᠢ ᠂  ᠬᠥᠭᠵᠢᠯᠲᠡ ᠵᠢᠨ ᠣᠷᠣᠨ ᠵᠠᠢ᠎ᠨᠢ  ᠬᠠᠩᠭ᠋ᠠᠯᠲᠠ᠎ᠲᠠᠢ ᠂  ᠰᠠᠭᠤᠷᠢ ᠪᠡᠯᠡᠳᠬᠡᠮᠵᠢ ᠵᠢᠨ ᠲᠦᠬᠦᠷᠵᠢᠭᠦᠯᠦᠯᠲᠡ᠎ᠨᠢ ᠲᠡᠭᠦᠯᠳᠡᠷ ᠂  ᠠᠵᠤ ᠦᠢ᠍ᠯᠡᠰ ᠪᠠ ᠬᠣᠲᠠ ᠵᠢ ᠠᠭᠤᠰᠤᠯᠴᠠᠭᠤᠯᠬᠤ ᠲᠥᠯᠦᠪᠵᠢᠭᠦᠯᠭᠡ᠎ᠨᠢ ᠰᠢᠨᠵᠢᠯᠡᠬᠦ ᠤᠬᠠᠭ᠋ᠠᠨᠴᠢ ᠪᠠᠢ᠌ᠵᠤ ᠂  ᠥᠨᠢᠳᠡ ᠵᠢᠨ ᠦᠨᠳᠦᠰᠦᠨ ᠲᠠᠷᠢᠶᠠᠨ ᠭᠠᠵᠠᠷ᠎ᠢ ᠡᠵᠡᠯᠡᠨ ᠬᠡᠷᠡᠭᠯᠡᠭᠰᠡᠨ ᠦᠭᠡᠢ ᠪᠠᠢ᠌ᠬᠤ;      4. ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠠᠶᠤᠯ ᠦᠭᠡᠢ ᠦᠢ᠍ᠯᠡᠳᠪᠦᠷᠢᠯᠡᠯ ᠵᠡᠷᠭᠡ ᠵᠢᠨ ᠱᠠᠭ᠋ᠠᠷᠳᠠᠯᠭ᠎ᠠ᠎ᠳᠤ ᠨᠡᠢ᠌ᠴᠡᠵᠦ ᠂  ᠣᠢ᠌ᠷ᠎ᠠ ᠵᠢᠨ ᠭᠤᠷᠪᠠᠨ ᠵᠢᠯ᠎ᠳᠤ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ ᠂  ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠲᠠᠯ᠎ᠠ᠎ᠪᠠᠷ ᠬᠦᠨᠳᠦ ᠣᠨᠴᠠ ᠶᠡᠬᠡ ᠡᠨᠳᠡᠯ ᠭᠠᠷᠤᠭᠰᠠᠨ ᠦᠭᠡᠢ ᠪᠠᠢ᠌ᠬᠤ ᠃

      (  ᠬᠣᠶᠠᠷ) ᠠᠵᠤ ᠦᠢ᠍ᠯᠡᠰ᠎ᠤᠨ ᠳᠠᠪᠠᠭᠤᠯᠢᠭ ᠵᠶ᠋ᠠᠷ ᠲᠣᠪᠣᠢ᠌ᠮ᠎ᠠ ᠪᠠᠢ᠌ᠬᠤ ᠬᠡᠷᠡᠭᠲᠡᠢ ᠃

      1. ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠯ ᠲᠣᠭ᠋ᠠᠨ᠎ᠤ ᠨᠡᠮᠡᠭᠳᠡᠯ᠎ᠤᠨ ᠬᠤᠷᠳᠤᠴᠠ᠎ᠨᠢ ᠥᠪᠡᠷᠲᠡᠭᠡᠨ ᠵᠠᠰᠠᠬᠤ ᠣᠷᠣᠨ᠎ᠤ ᠳᠤᠮᠳᠠᠴᠢ ᠬᠢᠷᠢ ᠲᠦᠪᠰᠢᠨ᠎ᠠᠴᠠ ᠳᠡᠭᠡᠭᠦᠷ ᠪᠠᠢ᠌ᠬᠤ;

      2. ᠬᠦᠷᠢᠶᠡᠯᠡᠩ ᠲᠣᠭᠣᠷᠢᠭ᠎ᠤᠨ ᠡᠵᠡᠩᠨᠡᠯᠲᠡ ᠵᠢᠨ ᠶᠡᠷᠦᠩᠬᠡᠢ ᠣᠷᠣᠯᠭ᠎ᠠ᠎ᠳᠠᠬᠢ ᠭᠣᠣᠯᠯᠠᠬᠤ ᠠᠵᠤ ᠦᠢ᠍ᠯᠡᠰ᠎ᠤᠨ ᠡᠵᠡᠩᠨᠡᠯᠲᠡ ᠵᠢᠨ ᠶᠡᠷᠦᠩᠬᠡᠢ ᠣᠷᠣᠯᠭ᠎ᠠ ᠵᠢᠨ ᠡᠵᠡᠯᠡᠬᠦ ᠬᠠᠷᠢᠴᠠᠯ᠎ᠨᠢ 70 %᠎ᠠᠴᠠ ᠳᠣᠣᠷ᠎ᠠ  ᠪᠢᠰᠢ ;

      3. ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠵᠤ ᠂  ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠡᠵᠡᠩᠨᠡᠯᠲᠡ ᠵᠢᠨ ᠶᠡᠷᠦᠩᠬᠡᠢ ᠣᠷᠣᠯᠭ᠎ᠠ᠎ᠨᠢ ᠬᠦᠷᠢᠶᠡᠯᠡᠩ ᠲᠣᠭᠣᠷᠢᠭ᠎ᠤᠨ ᠡᠵᠡᠩᠨᠡᠯᠲᠡ ᠵᠢᠨ ᠶᠡᠷᠦᠩᠬᠡᠢ ᠣᠷᠣᠯᠭ᠎ᠠ ᠵᠢᠨ 30 %᠎ᠠᠴᠠ ᠳᠡᠭᠡᠭᠰᠢᠬᠢ ᠵᠢ ᠡᠵᠡᠯᠡᠭᠰᠡᠨ ᠪᠥᠭᠡᠳ ᠵᠢᠯ ᠳᠠᠷᠠᠭ᠋ᠠᠯᠠᠨ ᠨᠡᠮᠡᠭᠳᠡᠭᠰᠡᠨ ᠪᠠᠢ᠌ᠬᠤ ᠃

      (  ᠭᠤᠷᠪᠠ) ᠰᠢᠨ᠎ᠡ ᠵᠢ ᠡᠭᠦᠳᠬᠦ ᠲᠣᠭᠲᠠᠯᠴᠠᠭ᠎ᠠ᠎ᠨᠢ ᠲᠡᠭᠦᠯᠳᠡᠷᠵᠢᠭᠰᠡᠨ ᠪᠠᠢ᠌ᠬᠤ ᠬᠡᠷᠡᠭᠲᠡᠢ ᠃

      1. ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠵᠢᠨ ᠨᠡᠮᠡᠭᠳᠡᠯ᠎ᠤᠨ ᠬᠡᠮᠵᠢᠶ᠎ᠡ᠎ᠨᠢ ᠪᠠᠢ᠌ᠭ᠎ᠠ ᠠᠢ᠌ᠮᠠᠭ ᠬᠣᠲᠠ ᠵᠢᠨ ᠨᠡᠮᠡᠭᠳᠡᠯ᠎ᠤᠨ ᠬᠢᠷᠢ ᠲᠦᠪᠰᠢᠨ᠎ᠠᠴᠠ ᠳᠡᠭᠡᠭᠦᠷ ᠪᠠᠢ᠌ᠬᠤ ;

      2. ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ ᠪᠠ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ᠎ᠨᠢ ᠬᠦᠷᠢᠶᠡᠯᠡᠩ ᠲᠣᠭᠣᠷᠢᠭ᠎ᠤᠨ ᠠᠵᠤ ᠠᠬᠤᠢ᠌ᠯᠠᠯ᠎ᠤᠨ ᠶᠡᠷᠦᠩᠬᠡᠢ ᠲᠣᠭ᠋ᠠᠨ᠎ᠤ 30 %᠎ᠠᠴᠠ ᠳᠡᠭᠡᠭᠰᠢᠬᠢ ᠵᠢ ᠡᠵᠡᠯᠡᠭᠰᠡᠨ ᠪᠠᠢ᠌ᠬᠤ;

      3. ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠴᠢ ᠲᠡᠭᠦᠨ᠎ᠠᠴᠠ ᠳᠡᠭᠡᠭᠰᠢᠬᠢ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ ᠪᠤᠶᠤ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ᠎ᠨᠢ 20 ᠎ᠠᠴᠠ ᠢᠯᠡᠭᠦᠦ ᠪᠣᠯᠵᠤ ᠂  ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠵᠢᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠲᠠᠢ ᠂  ᠤᠯᠤᠰ ᠂  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠬᠦ ᠴᠢᠳᠠᠪᠤᠷᠢ᠎ᠲᠠᠢ ᠪᠠᠢ᠌ᠬᠤ ;

      4. ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠂  ᠣᠯᠠᠨ ᠵᠶ᠋ᠠᠷ ᠵᠶ᠋ᠠᠨ ᠰᠢᠨ᠎ᠡ ᠵᠢ ᠡᠭᠦᠳᠴᠦ ᠦᠢ᠍ᠯᠡᠰ ᠴᠣᠭᠴᠠᠯᠠᠬᠤ ᠣᠷᠣᠨ ᠵᠠᠢ ᠵᠡᠷᠭᠡ ᠰᠢᠨ᠎ᠡ ᠵᠢ ᠡᠭᠦᠳᠦᠨ ᠦᠢ᠍ᠯᠡᠰ ᠴᠣᠭᠴᠠᠯᠠᠵᠤ ᠨᠡᠪᠴᠢᠭᠦᠯᠬᠦ ᠠᠴᠢᠶᠠᠯᠠᠪᠤᠷᠢ ᠪᠠ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠦᠢ᠍ᠯᠡᠴᠢᠯᠡᠬᠦ ᠪᠡᠯᠡ ᠣᠷᠣᠭᠤᠯᠵᠤ ᠲᠣᠬᠢᠷᠠᠭᠤᠯᠬᠤ ᠪᠠᠢ᠌ᠭᠤᠯᠤᠮᠵᠢ ᠪᠠᠢ᠌ᠭᠤᠯᠤᠭᠰᠠᠨ ᠪᠠᠢ᠌ᠬᠤ;

      5. ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠦᠷ᠎ᠡ ᠪᠦᠲᠦᠭᠡᠯ᠎ᠤᠨ ᠬᠠᠮᠢᠶᠠᠷᠤᠯᠲᠠ ᠪᠠ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠢ᠌ᠭᠤᠯᠵᠤ ᠂  ᠲᠦᠮᠡᠨ ᠬᠥᠮᠥᠨ ᠪᠦᠷᠢ ᠵᠢᠨ ᠪᠦᠲᠦᠮᠵᠢᠲᠡᠶ ᠡᠭᠦᠳᠦᠯᠲᠡ ᠵᠢᠨ ᠲᠤᠰᠬᠠᠢ ᠠᠰᠢᠭ᠎ᠲᠠᠢ ᠪᠠᠢ᠌ᠬᠤ ᠬᠡᠮᠵᠢᠶ᠎ᠡ᠎ᠨᠢ ᠪᠠᠢ᠌ᠭ᠎ᠠ ᠠᠢ᠌ᠮᠠᠭ ᠬᠣᠲᠠ ᠵᠢᠨ ᠳᠤᠮᠳᠠᠴᠢ ᠬᠡᠮᠵᠢᠭᠳᠡᠯ᠎ᠠᠴᠠ ᠥᠨᠳᠥᠷ ᠪᠠᠢ᠌ᠬᠤ ;

      6.  ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠂  ᠶᠡᠬᠡ ᠳᠡᠭᠡᠳᠦ ᠰᠤᠷᠭ᠋ᠠᠭᠤᠯᠢ᠎ᠯᠤᠭ᠎ᠠ ᠤᠷᠳᠤ ᠬᠤᠭᠤᠴᠠᠭ᠋ᠠᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠠᠮᠲᠤᠷᠠᠯᠴᠠᠭ᠋ᠠᠨ᠎ᠤ ᠬᠠᠷᠢᠴᠠᠭ᠎ᠠ ᠪᠠᠢ᠌ᠭᠤᠯᠵᠤ ᠂  ᠭᠠᠳᠠᠨᠠᠬᠢ᠎ᠯᠤᠭ᠎ᠠ ᠵᠢᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠠᠮᠲᠤᠷᠠᠯᠴᠠᠭ᠎ᠠ ᠪᠠ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠤᠯ᠎ᠤᠨ ᠬᠠᠮᠲᠤᠷᠠᠯᠴᠠᠭ᠎ᠠ ᠬᠥᠭᠵᠢᠶᠡᠨᠲᠡᠢ  ᠪᠠᠢ᠌ᠬᠤ ᠃

      (  ᠳᠥᠷᠪᠡ) ᠪᠠᠲᠤᠯᠠᠭ᠎ᠠ ᠵᠢᠨ ᠠᠷᠭ᠎ᠠ ᠬᠡᠮᠵᠢᠶ᠎ᠡ᠎ᠨᠢ ᠬᠦᠴᠦᠨ ᠲᠡᠭᠦᠯᠳᠡᠷ ᠪᠠᠢ᠌ᠬᠤ ᠬᠡᠷᠡᠭᠲᠡᠢ ᠃ 

      1. ᠪᠠᠢ᠌ᠭ᠎ᠠ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠲᠤᠬᠠᠢ ᠵᠢᠨ ᠭᠠᠵᠠᠷ᠎ᠤᠨ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ ᠎ᠳᠤ ᠣᠷᠣᠭᠤᠯᠤᠭᠰᠠᠨ ᠪᠠᠢ᠌ᠬᠤ ᠬᠡᠷᠡᠭᠲᠡᠢ ᠃  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ ᠂  ᠵᠠᠰᠠᠭ᠎ᠤᠨ ᠣᠷᠳᠣᠨ ᠲᠦᠷᠦᠭᠦᠯᠡᠨ ᠬᠠᠷᠢᠭᠤᠴᠠᠵᠤ ᠂  ᠰᠠᠯᠠᠭ᠎ᠠ ᠮᠥᠴᠢᠷ᠎ᠤᠳ ᠬᠠᠷᠢᠯᠴᠠᠨ ᠬᠠᠮᠵᠢᠯᠴᠠᠭᠰᠠᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠥᠭᠵᠢᠯᠲᠡ ᠵᠢ ᠠᠬᠢᠭᠤᠯᠬᠤ ᠠᠵᠢᠯ᠎ᠤᠨ ᠲᠣᠭᠲᠠᠴᠠ ᠵᠢ ᠪᠦᠷᠢᠯᠳᠦᠭᠦᠯᠵᠦ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠰᠢᠨ᠎ᠡ ᠡᠭᠦᠳᠦᠯᠲᠡ᠎ᠲᠠᠢ ᠬᠥᠭᠵᠢᠯᠲᠡ ᠵᠢ ᠳᠡᠮᠵᠢᠬᠦ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠡᠢ᠌ᠲᠡᠯᠡᠵᠦ ᠂  ᠪᠠᠢ᠌ᠭᠤᠯᠤᠯ ᠲᠣᠭᠲᠠᠴᠠ ᠵᠢᠨ ᠲᠠᠯ᠎ᠠ᠎ᠪᠠᠷ ᠰᠢᠨ᠎ᠡ ᠵᠢ ᠡᠭᠦᠳᠴᠦ ᠂  ᠰᠢᠨ᠎ᠡ ᠵᠢ ᠡᠭᠦᠳᠬᠦ ᠡᠬᠢ ᠪᠠᠶᠠᠯᠢᠭ᠎ᠢ ᠪᠥᠭᠡᠮᠨᠡᠷᠡᠭᠦᠯᠦᠨ ᠂  ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠢ ᠤᠷᠢᠳ ᠵᠶ᠋ᠠᠷ ᠪᠠᠢ᠌ᠷᠢᠰᠢᠭᠤᠯᠵᠤ ᠬᠥᠭᠵᠢᠭᠦᠯᠦᠭᠰᠡᠨ ᠪᠠᠢ᠌ᠬᠤ;

      2. ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠪᠦᠷᠢᠨ ᠲᠥᠬᠥᠷ ᠂  ᠲᠣᠬᠢᠷᠠᠭᠤᠯᠤᠯᠲᠠ᠎ᠨᠢ ᠰᠢᠨᠵᠢᠯᠡᠬᠦ ᠤᠬᠠᠭ᠋ᠠᠨᠴᠢ ᠂  ᠴᠣᠮᠬᠠᠳᠬᠠᠭᠰᠠᠨ ᠪᠠ ᠥᠨᠳᠥᠷ ᠪᠦᠲᠦᠮᠵᠢᠲᠡᠶ ᠂  ᠬᠠᠮᠢᠶᠠᠷᠤᠯᠲᠠ ᠵᠢᠨ ᠡᠭᠦᠷᠭᠡ ᠴᠢᠳᠠᠪᠤᠷᠢ᠎ᠨᠢ ᠲᠣᠳᠣᠷᠬᠠᠢ ᠂  ᠥᠨᠳᠥᠷ ᠬᠡᠪ ᠪᠣᠯᠪᠠᠰᠤᠷᠠᠯ᠎ᠲᠠᠢ ᠂  ᠲᠤᠰᠬᠠᠢ᠌ᠵᠢᠭᠰᠠᠨ ᠬᠠᠮᠢᠶᠠᠷᠤᠯᠲᠠ ᠵᠢᠨ ᠡᠩᠨᠡᠭᠡ᠎ᠲᠠᠢ  ᠪᠠᠢ᠌ᠬᠤ ᠃  ᠬᠠᠮᠢᠶᠠᠷᠤᠯᠲᠠ ᠵᠢᠨ ᠳᠦᠷᠢᠮ᠎ᠨᠢ ᠪᠦᠷᠢᠨ ᠲᠥᠬᠥᠷ ᠂  ᠤᠷᠮᠠᠰᠢᠭᠤᠯᠬᠤ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠨᠢ ᠪᠣᠳᠠᠲᠠᠢ᠌ᠵᠢᠭᠰᠠᠨ ᠂  ᠬᠠᠮᠢᠶᠠᠷᠤᠯᠲᠠ ᠵᠢᠨ ᠠᠵᠢᠯᠯᠠᠭ᠋ᠠᠨ᠎ᠨᠢ ᠥᠨᠳᠥᠷ ᠪᠦᠲᠦᠮᠵᠢᠲᠡᠶ ᠪᠠᠢ᠌ᠵᠤ ᠂  ᠰᠢᠨ᠎ᠡ ᠵᠢ ᠡᠭᠦᠳᠦᠨ ᠦᠢ᠍ᠯᠡᠰ ᠴᠣᠭᠴᠠᠯᠠᠬᠤ ᠪᠠ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ᠎ᠳᠤ ᠴᠢᠨᠠᠷ ᠰᠠᠢ᠌ᠲᠠᠢ ᠦᠢ᠍ᠯᠡᠴᠢᠯᠡᠭᠡ ᠬᠠᠩᠭ᠋ᠠᠵᠤ ᠴᠢᠳᠠᠭᠰᠠᠨ ᠪᠠᠢ᠌ᠬᠤ;

      3. 《ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ 》 (  ᠥᠪᠥᠷ ᠵᠠᠰᠠᠭ ᠲᠠᠷᠬᠠᠭ᠋ᠠᠭᠰᠠᠨ [ 2021 ] 13 ᠳ᠋ᠤᠭ᠋ᠠᠷ ᠲᠣᠭ᠋ᠠᠲᠤ) ᠎ᠤᠨ ᠱᠠᠭ᠋ᠠᠷᠳᠠᠯᠭ᠎ᠠ ᠶᠣᠰᠣᠭ᠋ᠠᠷ ᠂  ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠵᠣᠬᠢᠬᠤ ᠬᠠᠮᠢᠶᠠᠷᠤᠯᠲᠠ ᠵᠢᠨ ᠡᠷᠬᠡ ᠮᠡᠳᠡᠯ ᠵᠶ᠋ᠡᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠲᠠᠯᠪᠢᠨ ᠥᠭᠴᠦ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠡᠶ᠎ᠡ᠎ᠪᠠᠨ ᠳᠠᠭ᠋ᠠᠭ᠋ᠠᠭᠰᠠᠨ ᠬᠠᠮᠢᠶᠠᠷᠤᠯᠲᠠ ᠵᠢᠨ ᠲᠣᠭᠲᠠᠴᠠ ᠪᠠᠶ᠋ᠢᠭᠤᠯᠬᠤ ᠵᠢ ᠠᠬᠢᠭᠤᠯᠤᠨ ᠂  ᠰᠢᠨ᠎ᠡ ᠵᠢ ᠡᠭᠦᠳᠬᠦ ᠪᠠ ᠡᠵᠡᠩᠨᠡᠨ ᠬᠤᠳᠠᠯᠳᠤᠭ᠋ᠠᠯᠠᠬᠤ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠵᠤ ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ 》 ᠠᠵᠢᠯ᠎ᠢ ᠪᠣᠳᠠᠲᠠᠢ᠌ᠵᠢᠭᠤᠯᠤᠭᠰᠠᠨ ᠪᠠᠢ᠌ᠬᠤ ᠃

       ᠲᠠᠪᠤᠳᠤᠭ᠋ᠠᠷ ᠵᠦᠢ᠍ᠯ  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠵᠶ᠋ᠠᠷ ᠭᠤᠶᠤᠴᠢᠯᠠᠨ ᠮᠡᠳᠡᠭᠦᠯᠬᠦ᠎ᠳᠤ ᠳᠣᠣᠷᠠᠬᠢ ᠮᠠᠲ᠋ᠧᠷᠢᠶᠠᠯ᠎ᠤᠳ᠎ᠢ ᠬᠠᠩᠭ᠋ᠠᠬᠤ ᠬᠡᠷᠡᠭᠲᠡᠢ᠄ 

      (  ᠨᠢᠭᠡ) ᠪᠠᠢ᠌ᠭ᠎ᠠ ᠭᠠᠵᠠᠷ᠎ᠤᠨ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠪᠠᠶ᠋ᠢᠭᠤᠯᠬᠤ᠎ᠪᠠᠷ ᠭᠤᠶᠤᠴᠢᠯᠠᠭᠰᠠᠨ ᠪᠢᠴᠢᠭ ᠮᠠᠲ᠋ᠧᠷᠢᠶᠠᠯ ᠃

      (  ᠬᠣᠶᠠᠷ) ᠬᠦᠷᠢᠶᠡᠯᠡᠩ ᠲᠣᠭᠣᠷᠢᠭ᠎ᠤᠨ ᠬᠥᠭᠵᠢᠯᠲᠡ ᠵᠢᠨ ᠦᠨᠳᠦᠰᠦᠨ ᠪᠠᠢ᠌ᠳᠠᠯ ᠂  ᠡᠭᠦᠨ᠎ᠳᠤ ᠦᠨᠳᠦᠰᠦᠨ ᠨᠥᠬᠥᠴᠡᠯ ᠂  ᠠᠵᠤ ᠦᠢ᠍ᠯᠡᠰ᠎ᠤᠨ ᠳᠠᠪᠠᠭᠤᠯᠢᠭ ᠂  ᠰᠢᠨ᠎ᠡ ᠵᠢ ᠡᠭᠦᠳᠬᠦ ᠲᠣᠭᠲᠠᠯᠴᠠᠭ᠎ᠠ ᠂  ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠪᠠᠭᠲᠠᠨ᠎ᠠ ᠃

      (  ᠭᠤᠷᠪᠠ) ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠬᠥᠭᠵᠢᠯᠲᠡ ᠵᠢᠨ ᠲᠥᠯᠦᠪᠵᠢᠭᠦᠯᠭᠡ (  ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠪᠠᠭᠲᠠᠨ᠎ᠠ)᠂  ᠡᠭᠦᠨ᠎ᠳᠤ ᠪᠠᠢ᠌ᠯᠳᠤᠬᠤ ᠪᠣᠳᠣᠯᠭ᠎ᠠ ᠵᠢᠨ ᠠᠴᠢ ᠬᠣᠯᠪᠣᠭᠳᠠᠯ ᠂  ᠶᠡᠷᠦᠩᠬᠡᠢ ᠰᠡᠳᠬᠢᠴᠡ ᠪᠠ ᠬᠠᠷᠠᠯᠲᠠ ᠵᠢᠨ ᠪᠠᠢ᠌ᠷᠢ ᠲᠣᠭᠲᠠᠭ᠋ᠠᠯᠲᠠ ᠂  ᠭᠣᠣᠯᠳᠠᠯᠭ᠎ᠠ᠎ᠲᠠᠢ ᠡᠭᠦᠷᠭᠡ ᠂  ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠪᠠᠭᠲᠠᠨ᠎ᠠ ᠃

      (  ᠳᠥᠷᠪᠡ) ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠬᠡᠷᠡᠭᠵᠢᠭᠦᠯᠬᠦ ᠲᠥᠰᠥᠯ᠎ᠳᠤ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ ᠂  ᠭᠣᠣᠯ ᠬᠠᠷᠠᠯᠲᠠ ᠂  ᠪᠦᠲᠦᠭᠡᠨ ᠪᠠᠢ᠌ᠭᠤᠯᠤᠯᠲᠠ ᠵᠢᠨ ᠰᠡᠳᠬᠢᠮᠵᠢ ᠂  ᠪᠣᠳᠠᠲᠠᠢ ᠠᠷᠭ᠎ᠠ ᠬᠡᠮᠵᠢᠶ᠎ᠡ ᠂  ᠬᠠᠮᠢᠶᠠᠷᠤᠯᠲᠠ ᠵᠢᠨ ᠪᠠᠢ᠌ᠭᠤᠯᠤᠯ ᠂  ᠠᠵᠢᠯᠯᠠᠭ᠋ᠠᠨ᠎ᠤ ᠲᠣᠭᠲᠠᠴᠠ ᠂  ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠡᠷᠭᠡ ᠪᠠᠭᠲᠠᠨ᠎ᠠ ᠃

      (  ᠲᠠᠪᠤ) ᠪᠤᠰᠤᠳ ᠬᠠᠮᠢᠶ᠎ᠠ ᠪᠦᠬᠦᠢ ᠳᠠᠭ᠋ᠠᠯᠳᠤᠭᠤᠯᠤᠯ᠄

      1. ᠬᠦᠷᠢᠶᠡᠯᠡᠩ ᠲᠣᠭᠣᠷᠢᠭ ᠪᠠᠶ᠋ᠢᠭᠤᠯᠬᠤ ᠲᠠᠯ᠎ᠠ ᠵᠢᠨ ᠬᠣᠯᠪᠣᠭᠳᠠᠯ ᠪᠦᠬᠦᠢ ᠵᠥᠪᠰᠢᠶᠡᠷᠡᠭᠰᠡᠨ ᠪᠢᠴᠢᠭ ᠮᠠᠲᠸᠷᠢᠶᠠᠯ ;

      2. ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ (  ᠭᠣᠣᠯ ᠴᠣᠭᠴᠠ ᠵᠢᠨ ᠴᠢᠳᠠᠮᠵᠢᠲᠤ ᠣᠷᠣᠨ᠎ᠤ ᠲᠥᠯᠦᠪᠵᠢᠭᠦᠯᠭᠡ ᠂  ᠭᠠᠵᠠᠷ ᠰᠢᠷᠣᠢ ᠵᠢᠨ ᠠᠰᠢᠭᠯᠠᠯᠲᠠ ᠵᠢᠨ ᠶᠡᠷᠦᠩᠬᠡᠢ ᠲᠥᠯᠦᠪᠵᠢᠭᠦᠯᠭᠡ ᠪᠠ ᠬᠣᠲᠠ ᠵᠢᠨ ᠶᠡᠷᠦᠩᠬᠡᠢ ᠲᠥᠯᠦᠪᠵᠢᠭᠦᠯᠭᠡ)᠂  ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ᠎ᠳᠤ ᠨᠡᠢ᠌ᠴᠡᠭᠰᠡᠨ ᠭᠡᠷᠡᠴᠢ ᠮᠠᠲ᠋ᠧᠷᠢᠶᠠᠯ᠎ᠢ ᠭᠠᠷᠭ᠋ᠠᠵᠤ ᠦᠵᠡᠭᠦᠯᠭᠦ;

      3. ᠪᠠᠢ᠌ᠭ᠎ᠠ ᠭᠠᠵᠠᠷ᠎ᠤᠨ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠰᠢᠨ᠎ᠡ ᠵᠢ ᠡᠭᠦᠳᠦᠨ ᠦᠢ᠍ᠯᠡᠰ ᠴᠣᠭᠴᠠᠯᠠᠬᠤ ᠣᠷᠴᠢᠨ ᠲᠣᠭᠣᠷᠢᠨ᠎ᠤ ᠪᠦᠲᠦᠭᠡᠨ ᠪᠠᠢ᠌ᠭᠤᠯᠤᠯᠲᠠ ᠵᠢ ᠳᠡᠮᠵᠢᠵᠦ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠬᠦ ᠲᠥᠷᠥ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠪᠢᠴᠢᠭ ᠮᠠᠲ᠋ᠧᠷᠢᠶᠠᠯ ;

      4. ᠪᠠᠢ᠌ᠭᠤᠯᠬᠤ᠎ᠪᠠᠷ ᠪᠠᠢ᠌ᠭ᠎ᠠ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠠᠬᠢ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ ᠂  ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ ᠂  ᠰᠢᠨ᠎ᠡ ᠵᠢ ᠡᠭᠦᠳᠬᠦ ᠲᠠᠪᠴᠠᠩ ᠂  ᠰᠤᠳᠤᠯᠤᠨ ᠨᠡᠭᠡᠭᠡᠬᠦ ᠪᠠᠢ᠌ᠭᠤᠯᠤᠮᠵᠢ ᠂  ᠰᠢᠨ᠎ᠡ ᠵᠢ ᠡᠭᠦᠳᠬᠦ ᠨᠡᠪᠴᠢᠭᠦᠯᠦᠭᠡ ᠵᠢᠨ ᠠᠴᠢᠶᠠᠯᠠᠪᠤᠷᠢ ᠂  ᠰᠢᠨᠵᠢᠯᠡᠬᠦ ᠤᠬᠠᠭ᠋ᠠᠨ   ᠲᠸᠭᠨᠢᠭ  ᠮᠡᠷᠭᠡᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠡᠷᠭᠡ ᠵᠢᠨ ᠲᠣᠳᠣᠷᠬᠠᠢ ᠬᠠᠭᠤᠳᠠᠰᠤ ;       5.  ᠬᠦᠷᠢᠶᠡᠯᠡᠩ ᠲᠣᠭᠣᠷᠢᠭ᠎ᠤᠨ ᠣᠢ᠌ᠷ᠎ᠠ ᠵᠢᠨ ᠭᠤᠷᠪᠠᠨ ᠵᠢᠯ᠎ᠳᠠᠬᠢ ᠭᠣᠣᠯ ᠪᠣᠯᠬᠤ ᠠᠵᠤ ᠠᠬᠤᠢ ᠵᠢᠨ ᠬᠥᠭᠵᠢᠯᠲᠡ ᠪᠠ ᠰᠢᠨ᠎ᠡ ᠵᠢ ᠡᠭᠦᠳᠦᠭᠰᠡᠨ ᠭᠦᠢ᠍ᠴᠡᠳᠬᠡᠯ ᠲᠣᠭ᠎ᠠ ;

  •       6. ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠃

           ᠵᠢᠷᠭᠤᠳᠤᠭ᠋ᠠᠷ ᠵᠦᠢ᠍ᠯ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠮᠠᠭ᠋ᠠᠳᠯᠠᠨ ᠲᠣᠭᠲᠠᠭ᠋ᠠᠬᠤ ᠳᠡᠰ ᠳᠠᠷᠠᠭ᠋ᠠᠯᠠᠯ᠄

          (ᠨᠢᠭᠡ) ᠪᠠᠢ᠌ᠭ᠎ᠠ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠎ᠠᠴᠠ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠬᠥᠭᠵᠢᠯᠲᠡ ᠵᠢᠨ ᠲᠥᠯᠦᠪᠵᠢᠭᠦᠯᠭᠡ ᠂  ᠬᠡᠷᠡᠭᠵᠢᠭᠦᠯᠬᠦ ᠲᠥᠰᠥᠯ᠎ᠢ ᠵᠣᠬᠢᠶᠠᠨ ᠪᠠᠢ᠌ᠭᠤᠯᠤᠨ ᠲᠣᠭᠲᠠᠭ᠋ᠠᠵᠤ ᠂  ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠠᠷᠭ᠎ᠠ ᠬᠡᠮᠵᠢᠶ᠎ᠡ᠎ᠨᠢ ᠨᠡᠯᠢᠶᠡᠳ ᠪᠦᠷᠢᠨ ᠲᠡᠭᠦᠯᠳᠡᠷ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠨᠥᠬᠥᠴᠡᠯ᠎ᠳᠤ ᠨᠡᠢ᠌ᠴᠡᠭᠰᠡᠨ ᠰᠠᠭᠤᠷᠢᠨ ᠳᠡᠭᠡᠷ᠎ᠡ ᠂  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ᠎ᠳᠤ ᠪᠦᠲᠦᠭᠡᠨ ᠪᠠᠶ᠋ᠢᠭᠤᠯᠬᠤ ᠰᠠᠨᠠᠮᠵᠢ᠎ᠪᠠᠨ ᠳᠤᠷᠠᠳᠤᠨ᠎ᠠ ᠃

          (  ᠬᠣᠶᠠᠷ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠂  ᠲᠣᠭ᠎ᠠ ᠪᠦᠷᠢᠳᠬᠡᠯ᠎ᠤᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠂  ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠪᠦᠲᠦᠭᠡᠨ ᠪᠠᠶ᠋ᠢᠭᠤᠯᠬᠤ ᠰᠠᠨᠠᠮᠵᠢ ᠳᠤᠷᠠᠳᠤᠭᠰᠠᠨ ᠬᠦᠷᠢᠶᠡᠯᠡᠩ ᠲᠣᠭᠣᠷᠢᠭ᠎ᠲᠤ ᠬᠦᠷᠴᠦ ᠰᠢᠨᠵᠢᠯᠡᠨ ᠪᠠᠢ᠌ᠴᠠᠭ᠋ᠠᠯᠲᠠ ᠪᠠ ᠨᠤᠲᠠᠯᠠᠯᠲᠠ ᠬᠢᠵᠦ ᠂  ᠪᠦᠲᠦᠭᠡᠨ ᠪᠠᠶ᠋ᠢᠭᠤᠯᠬᠤ ᠰᠠᠨᠠᠭᠤᠯᠭ᠎ᠠ ᠳᠤᠷᠠᠳᠤᠨ᠎ᠠ ᠃  ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠰᠢᠨᠵᠢᠯᠡᠨ ᠪᠠᠢ᠌ᠴᠠᠭ᠋ᠠᠵᠤ ᠨᠤᠲᠠᠯᠠᠯᠲᠠ ᠬᠢᠭᠰᠡᠨ ᠰᠠᠨᠠᠯ᠎ᠤᠨ ᠶᠣᠰᠣᠭ᠋ᠠᠷ ᠪᠦᠲᠦᠭᠡᠨ ᠪᠠᠢ᠌ᠭᠤᠯᠤᠯᠲᠠ ᠵᠢᠨ ᠬᠥᠭᠵᠢᠯᠲᠡ ᠵᠢᠨ ᠲᠥᠯᠦᠪᠵᠢᠭᠦᠯᠭᠡ ᠪᠠ ᠬᠡᠷᠡᠭᠵᠢᠭᠦᠯᠬᠦ ᠲᠥᠰᠥᠯ᠎ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ᠎ᠤ ᠳᠠᠷᠠᠭ᠎ᠠ ᠂  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ᠎ᠳᠤ ᠮᠡᠳᠡᠭᠦᠯᠦᠨ᠎ᠡ ᠃

          (  ᠭᠤᠷᠪᠠ) ᠪᠠᠶ᠋ᠢᠭᠤᠯᠬᠤ᠎ᠪᠠᠷ ᠪᠠᠢ᠌ᠭ᠎ᠠ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠥᠭᠵᠢᠯᠲᠡ ᠵᠢᠨ ᠲᠥᠯᠦᠪᠵᠢᠭᠦᠯᠭᠡ ᠂  ᠬᠡᠷᠡᠭᠵᠢᠭᠦᠯᠬᠦ ᠲᠥᠰᠥᠯ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ ᠵᠶ᠋ᠡᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ ᠂  ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ᠎ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠪᠦᠲᠦᠭᠡᠨ ᠪᠠᠶ᠋ᠢᠭᠤᠯᠬᠤ ᠭᠤᠶᠤᠴᠢᠯᠠᠯ ᠳᠤᠷᠠᠳᠴᠤ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠨᠠᠨ ᠬᠠᠷᠭᠤᠭᠤᠯᠵᠤ ᠪᠠᠲᠤᠯᠠᠬᠤ ᠵᠢᠨ ᠬᠠᠮᠲᠤ ᠴᠣᠬᠣᠯᠠᠪᠤᠷᠢᠯᠠᠨ᠎ᠠ ᠃

                       ᠭᠤᠷᠪᠠᠳᠤᠭ᠋ᠠᠷ ᠪᠦᠯᠦᠭ   ᠦᠨᠡᠯᠡᠯᠲᠡ ᠬᠢᠬᠦ

           ᠳᠣᠯᠣᠳᠤᠭ᠋ᠠᠷ ᠵᠦᠢ᠍ᠯ  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠶᠡᠷᠦᠩᠬᠡᠢ ᠬᠥᠭᠵᠢᠯᠲᠡ ᠵᠢᠨ ᠪᠠᠢ᠌ᠳᠠᠯ᠎ᠤᠨ ᠣᠨ᠎ᠤ ᠶᠡᠷᠦᠩᠬᠡᠢ᠌ᠯᠡᠭᠰᠡᠨ ᠦᠨᠡᠯᠡᠯᠲᠡ ᠵᠢᠨ ᠳᠦᠷᠢᠮ ᠪᠠ ᠰᠢᠯᠢᠳᠡᠭ᠎ᠢ ᠠᠬᠢᠭᠤᠯᠤᠨ ᠪᠣᠢ᠌ᠵᠢᠭᠤᠯᠬᠤ ᠲᠣᠭᠲᠠᠴᠠ ᠵᠢ ᠪᠠᠢ᠌ᠭᠤᠯᠬᠤ ᠬᠡᠷᠡᠭᠲᠡᠢ ᠃

           ᠨᠠᠢ᠍ᠮᠠᠳᠤᠭ᠋ᠠᠷ ᠵᠦᠢ᠍ᠯ  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠦᠨᠡᠯᠡᠬᠦ ᠠᠵᠢᠯ᠎ᠢ ᠥᠪᠡᠷᠲᠡᠭᠡᠨ ᠵᠠᠰᠠᠬᠤ ᠣᠷᠣᠨ ᠪᠠ ᠠᠢ᠌ᠮᠠᠭ ᠬᠣᠲᠠ ᠬᠠᠮᠲᠤ᠎ᠪᠠᠷ ᠬᠠᠷᠢᠭᠤᠴᠠᠵᠤ ᠂  ᠲᠣᠰ ᠲᠣᠰ᠎ᠲᠤ᠎ᠪᠠᠨ ᠬᠡᠷᠡᠭᠵᠢᠭᠦᠯᠬᠦ ᠬᠡᠷᠡᠭᠲᠡᠢ ᠃  ᠥᠪᠡᠷᠲᠡᠭᠡᠨ ᠵᠠᠰᠠᠬᠤ ᠣᠷᠣᠨ᠎ᠤ ᠦᠨᠡᠯᠡᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ ᠵᠶ᠋ᠡᠷ ᠲᠦᠷᠦᠭᠦᠯᠡᠭᠦᠯᠦᠨ ᠂  ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠵᠤ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠢ ᠃  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠲᠠᠢ ᠬᠠᠮᠲᠤᠷᠠᠨ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠳᠤ ᠨᠠᠢ᠌ᠳᠠᠵᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠦᠨᠡᠯᠡᠯᠲᠡ ᠬᠢᠯᠬᠡᠬᠦ ᠬᠡᠷᠡᠭᠲᠡᠢ ᠃  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠦᠨᠡᠯᠡᠬᠦ ᠠᠵᠢᠯ ᠎ᠳᠠᠬᠢ ᠠᠢ᠌ᠮᠠᠭ ᠬᠣᠲᠠ ᠵᠢᠨ ᠭᠣᠣᠯ ᠴᠣᠭᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂  ᠠᠢ᠌ᠮᠠᠭ ᠬᠣᠲᠠ᠎ᠠᠴᠠ ᠲᠣᠭᠲᠠᠮᠠᠯ ᠬᠤᠭᠤᠴᠠᠭ᠎ᠠ᠎ᠲᠠᠢ᠎ᠪᠠᠷ ᠲᠣᠰ ᠵᠠᠰᠠᠭ ᠵᠠᠬᠢᠷᠭ᠋ᠠᠨ᠎ᠤ ᠣᠷᠣᠨ᠎ᠳᠠᠬᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠦᠨᠡᠯᠡᠯᠲᠡ ᠬᠢᠬᠦ ᠬᠡᠷᠡᠭᠲᠡᠢ ᠃  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠰᠢᠨ᠎ᠡ ᠵᠢ ᠡᠭᠦᠳᠬᠦ ᠵᠢᠭ᠋ᠠᠯᠲᠠ ᠲᠣᠭ᠋ᠠᠨ᠎ᠤ ᠣᠨ᠎ᠤ ᠨᠡᠮᠡᠭᠳᠡᠯ᠎ᠤᠨ ᠪᠠᠢ᠌ᠳᠠᠯ ᠪᠠ ᠪᠠᠢ᠌ᠭ᠎ᠠ ᠠᠢ᠌ᠮᠠᠭ ᠬᠣᠲᠠ ᠵᠢᠨ ᠵᠶ᠋ᠠᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠡᠪᠴᠢᠶᠡᠨ᠎ᠳᠤ ᠣᠷᠣᠰᠢᠵᠤ ᠪᠠᠢ᠌ᠭ᠎ᠠ ᠣᠷᠣᠨ ᠪᠠᠢ᠌ᠷᠢ ᠵᠢᠨ ᠬᠤᠪᠢᠷᠠᠯᠲᠠ ᠵᠢᠨ ᠲᠤᠬᠠᠢ ᠦᠨᠡᠯᠡᠯᠲᠡ ᠵᠢ ᠴᠢᠬᠤᠯᠠᠴᠢᠯᠠᠵᠤ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠲᠤᠬᠠᠢ ᠵᠢᠨ ᠭᠠᠵᠠᠷ᠎ᠤᠨ ᠬᠦᠷᠢᠶᠡᠯᠡᠩ ᠲᠣᠭᠣᠷᠢᠭ᠎ᠤᠨ ᠵᠶ᠋ᠠᠨ ᠡᠮᠦᠨᠡᠭᠦᠷ᠎ᠨᠢ ᠵᠢᠭᠰᠠᠵᠤ ᠂  ᠥᠯᠢᠭᠡᠷ ᠳᠠᠭᠤᠷᠢᠶᠠᠯ ᠪᠣᠯᠬᠤ ᠵᠢ ᠠᠬᠢᠭᠤᠯᠬᠤ ᠬᠡᠷᠡᠭᠲᠡᠢ ᠃

           ᠶᠢᠰᠦᠳᠦᠭᠡᠷ ᠵᠦᠢ᠍ᠯ  ᠦᠨᠡᠯᠡᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ᠎ᠳᠤ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠂  ᠪᠦᠲᠦᠴᠡ ᠵᠢ ᠰᠢᠯᠢᠳᠡᠭᠵᠢᠭᠦᠯᠬᠦ ᠴᠢᠳᠠᠪᠤᠷᠢ ᠬᠢᠭᠡᠳ ᠪᠣᠬᠢᠷᠳᠤᠯ ᠦᠭᠡᠢ᠎ᠪᠠᠷ ᠬᠥᠭᠵᠢᠭᠦᠯᠬᠦ ᠬᠢᠷᠢ ᠲᠦᠪᠰᠢᠨ ᠂  ᠨᠡᠭᠡᠭᠡᠯᠲᠡ ᠬᠢᠵᠦ ᠬᠠᠮᠲᠤᠷᠠᠯᠴᠠᠨ ᠰᠢᠨ᠎ᠡ ᠵᠢ ᠡᠭᠦᠳᠬᠦ ᠴᠢᠳᠠᠪᠤᠷᠢ ᠂  ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠦᠢ᠍ᠯᠡᠴᠢᠯᠡᠭᠡᠨ᠎ᠤ ᠴᠢᠳᠠᠪᠤᠷᠢ ᠬᠡᠮᠡᠬᠦ ᠳᠥᠷᠪᠡᠨ ᠲᠠᠯ᠎ᠠ ᠪᠠᠭᠲᠠᠨ᠎ᠠ ᠂  ᠦᠨᠡᠯᠡᠬᠦ ᠭᠦᠢ᠍ᠴᠡᠳᠬᠡᠯ ᠲᠣᠭ᠋ᠠᠨ᠎ᠤ ᠶᠡᠷᠦᠩᠬᠡᠢ ᠡᠵᠡᠯᠡᠬᠦ ᠬᠤᠪᠢᠳᠠᠯ᠎ᠨᠢ 100 ᠂  ᠵᠣᠬᠢᠴᠠᠯᠳᠤᠬᠤ ᠶᠡᠷᠦᠩᠬᠡᠢ ᠬᠤᠪᠢ᠎ᠨᠢ 100 ᠬᠤᠪᠢ ᠪᠣᠯᠣᠨ᠎ᠠ ᠃

           ᠠᠷᠪᠠᠳᠤᠭ᠋ᠠᠷ ᠵᠦᠢ᠍ᠯ  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠨᠢ ᠭᠦᠢ᠍ᠴᠡᠳᠬᠡᠯ ᠲᠣᠭ᠋ᠠᠨ᠎ᠤ ᠲᠣᠭ᠎ᠠ ᠪᠠᠷᠢᠮᠲᠠ᠎ᠳᠠᠬᠢ ᠡᠳᠦᠷ ᠲᠤᠲᠤᠮ᠎ᠤᠨ ᠲᠣᠭ᠎ᠠ ᠪᠦᠷᠢᠳᠬᠡᠯ᠎ᠤᠨ ᠠᠵᠢᠯ᠎ᠢ ᠰᠠᠢ᠌ᠲᠤᠷ ᠬᠢᠵᠦ ᠂  ᠪᠦᠷᠢᠳᠬᠡᠬᠦ ᠣᠷᠣᠨ ᠪᠦᠰᠡ ᠵᠢᠨ ᠬᠡᠪᠴᠢᠶ᠎ᠡ᠎ᠨᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠣᠳᠠᠲᠠᠢ ᠬᠠᠷᠢᠶ᠎ᠠ ᠲᠠᠯᠠᠪᠠᠶ ᠪᠣᠯᠣᠨ᠎ᠠ ᠃ 

           ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠨᠢ ᠭᠦᠢ᠍ᠴᠡᠳᠬᠡᠯ ᠲᠣᠭ᠋ᠠᠨ᠎ᠤ ᠲᠣᠭ᠎ᠠ ᠪᠠᠷᠢᠮᠲᠠ ᠵᠢ ᠴᠤᠭᠯᠠᠭᠤᠯᠬᠤ ᠂  ᠬᠤᠷᠢᠶᠠᠩᠭᠤᠢ᠌ᠯᠠᠬᠤ ᠂  ᠲᠥᠰᠥᠭᠡᠯᠡᠨ ᠪᠣᠳᠣᠬᠤ ᠵᠢ ᠬᠠᠷᠢᠭᠤᠴᠠᠵᠤ ᠂  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ᠎ᠨᠢ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠳᠤ ᠨᠠᠢ᠌ᠳᠠᠨ ᠦᠨᠡᠯᠡᠨ ᠵᠢᠱ᠌ᠢᠯᠲᠡ ᠬᠢᠯᠭᠡᠬᠦ ᠵᠢ ᠬᠠᠷᠢᠭᠤᠴᠠᠬᠤ ᠬᠡᠷᠡᠭᠲᠡᠢ ᠃  ᠡᠯ᠎ᠡ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠂  ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠭᠦᠢ᠍ᠴᠡᠳᠬᠡᠯ ᠲᠣᠭ᠋ᠠᠨ᠎ᠤ ᠲᠣᠭ᠎ᠠ ᠪᠠᠷᠢᠮᠲᠠ ᠵᠢ ᠬᠠᠩᠭ᠋ᠠᠬᠤ ᠵᠢᠨ ᠬᠠᠮᠲᠤ ᠂  ᠲᠣᠭ᠎ᠠ ᠪᠠᠷᠢᠮᠲᠠ ᠵᠢᠨ ᠶᠠᠰᠤ ᠴᠢᠨᠠᠷ᠎ᠲᠤ ᠬᠠᠷᠢᠭᠤᠴᠠᠬᠤ ᠬᠡᠷᠡᠭᠲᠡᠢ ᠃

           ᠠᠷᠪᠠᠨ ᠨᠢᠭᠡᠳᠦᠭᠡᠷ ᠵᠦᠢ᠍ᠯ  ᠦᠨᠡᠯᠡᠭᠰᠡᠨ ᠦᠷ᠎ᠡ ᠳ᠋ᠦᠩ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠲᠠᠢ ᠬᠠᠮᠲᠤᠷᠠᠨ ᠬᠢᠨᠠᠨ ᠬᠠᠷᠭᠤᠭᠤᠯᠬᠤ ᠵᠢᠨ ᠬᠠᠮᠲᠤ ᠨᠡᠢ᠌ᠲᠡᠯᠡᠬᠦ ᠬᠡᠷᠡᠭᠲᠡᠢ ᠃

                       ᠳᠥᠷᠪᠡᠳᠦᠭᠡᠷ ᠪᠦᠯᠦᠭ   ᠬᠠᠮᠢᠶᠠᠷᠤᠯᠲᠠ

           ᠠᠷᠪᠠᠨ ᠬᠣᠶᠠᠳᠤᠭ᠋ᠠᠷ ᠵᠦᠢ᠍ᠯ  ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ᠎ᠨᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠰᠢᠰᠲ᠋ᠧᠮᠵᠢᠭᠦᠯᠦᠨ ᠬᠠᠮᠢᠶᠠᠷᠬᠤ ᠪᠠ ᠵᠣᠬᠢᠴᠠᠭᠤᠯᠤᠨ ᠵᠢᠯᠤᠭᠣᠳᠬᠤ ᠵᠢ ᠬᠠᠷᠢᠭᠤᠴᠠᠵᠤ ᠂  ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠂  ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ ᠂  ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠂  ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠂  ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠂  ᠲᠣᠭ᠎ᠠ ᠪᠦᠷᠢᠳᠬᠡᠯ᠎ᠤᠨ ᠲᠣᠪᠴᠢᠶ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠵᠢᠯᠣᠭᠣᠳᠤᠯᠭ᠎ᠠ ᠬᠢᠬᠦ ᠪᠠ ᠳᠡᠮᠵᠢᠯᠭᠡ ᠦᠵᠡᠬᠦᠯᠬᠦ ᠬᠡᠷᠡᠭᠲᠡᠢ ᠃

           ᠠᠷᠪᠠᠨ ᠭᠤᠷᠪᠠᠳᠤᠭ᠋ᠠᠷ ᠵᠦᠢ᠍ᠯ  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠠᠢ᠌ᠭ᠎ᠠ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠯ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠤ ᠭᠣᠣᠯ ᠴᠣᠭᠴᠠ ᠪᠣᠯᠣᠨ᠎ᠠ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠨᠡᠭᠡᠭᠡᠨ ᠬᠥᠭᠵᠢᠭᠦᠯᠦᠯᠲᠡ ᠂  ᠪᠦᠲᠦᠭᠡᠨ ᠪᠠᠢ᠌ᠭᠤᠯᠤᠯᠲᠠ ᠂  ᠬᠠᠮᠢᠶᠠᠷᠤᠯᠲᠠ ᠵᠡᠷᠭᠡ ᠠᠵᠢᠯ᠎ᠢ ᠪᠣᠳᠠᠲᠠᠢ ᠬᠠᠷᠢᠭᠤᠴᠠᠵᠤ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠥᠭᠵᠢᠯᠲᠡ ᠵᠢ ᠠᠬᠢᠭᠤᠯᠬᠤ ᠪᠣᠳᠠᠲᠠᠢ ᠬᠡᠷᠡᠭᠵᠢᠭᠦᠯᠬᠦ ᠲᠥᠰᠥᠯ ᠪᠠ ᠬᠥᠭᠵᠢᠯᠲᠡ ᠵᠢᠨ ᠲᠥᠯᠦᠪᠵᠢᠭᠦᠯᠭᠡ ᠵᠢ ᠲᠣᠭᠲᠠᠭ᠋ᠠᠨ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ ᠃

           ᠥᠪᠡᠷᠲᠡᠭᠡᠨ ᠵᠠᠰᠠᠬᠤ ᠣᠷᠣᠨ᠎ᠨᠢ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ ᠎ᠤᠨ ᠣᠷᠳᠣᠨ᠎ᠤ 《ᠨᠢᠭᠡ ᠲᠣᠭᠣᠷᠢᠭ ᠣᠯᠠᠨ ᠬᠦᠷᠢᠶᠡᠯᠡᠩ》 ᠵᠡᠷᠭᠡ ᠵᠠᠭᠪᠤᠷ ᠵᠶ᠋ᠡᠷ ᠂  ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠷᠢᠶ᠎ᠠ ᠬᠡᠪᠴᠢᠶ᠎ᠡ ᠪᠠ ᠬᠥᠭᠵᠢᠯᠲᠡ ᠵᠢᠨ ᠣᠷᠣᠨ ᠵᠠᠢ ᠵᠢ ᠥᠷᠭᠡᠳᠬᠡᠵᠦ ᠂  ᠬᠣᠯᠪᠤᠭ᠋ᠠᠯᠠᠨ ᠬᠥᠳᠡᠯᠦᠯᠴᠡᠵᠦ ᠬᠥᠭᠵᠢᠬᠦ ᠲᠣᠭᠲᠠᠴᠠ ᠵᠢ ᠪᠠᠶ᠋ᠢᠭᠤᠯᠬᠤ᠎ᠳᠤ ᠳᠡᠮᠵᠢᠯᠭᠡ ᠦᠵᠡᠬᠦᠯᠬᠦ ᠬᠡᠷᠡᠭᠲᠡᠢ ᠃  ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠥᠭᠵᠢᠯᠲᠡ ᠵᠢ ᠳᠡᠮᠵᠢᠬᠦ ᠲᠠᠯ᠎ᠠ᠎ᠪᠠᠷ᠎ᠬᠢ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠲᠥᠷᠥ ᠵᠢᠨ ᠪᠣᠳᠣᠯᠭ᠎ᠠ ᠲᠣᠭᠲᠠᠭ᠋ᠠᠬᠤ ᠵᠢ ᠵᠣᠷᠢᠭᠵᠢᠭᠤᠯᠬᠤ ᠬᠡᠷᠡᠭᠲᠡᠢ ᠃

           ᠠᠷᠪᠠᠨ ᠳᠥᠷᠪᠡᠳᠦᠭᠡᠷ ᠵᠦᠢ᠍ᠯ  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠪᠠᠢ᠌ᠭᠤᠯᠤᠮᠵᠢ᠎ᠨᠢ ᠵᠢᠯ ᠪᠦᠷᠢ ᠵᠢᠨ ᠰᠡᠭᠦᠯᠴᠢ᠎ᠠᠴᠠ ᠡᠮᠦᠨ᠎ᠡ ᠱᠠᠭ᠋ᠠᠷᠳᠠᠯᠭ᠎ᠠ ᠶᠣᠰᠣᠭ᠋ᠠᠷ ᠣᠨ᠎ᠤ ᠠᠵᠢᠯ᠎ᠤᠨ ᠮᠡᠳᠡᠭᠦᠯᠦᠯᠲᠡ᠎ᠪᠠᠨ ᠨᠠᠢ᠌ᠷᠠᠭᠤᠯᠤᠨ ᠵᠣᠬᠢᠶᠠᠵᠤ ᠂  ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠰᠠᠯᠠᠭ᠎ᠠ ᠮᠥᠴᠢᠷ ᠵᠶ᠋ᠡᠷ ᠬᠢᠨᠠᠨ ᠬᠠᠷᠭᠤᠭᠤᠯᠤᠭᠰᠠᠨ᠎ᠤ ᠳᠠᠷᠠᠭ᠎ᠠ ᠂  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠣᠨ᠎ᠤ ᠲᠣᠭ᠎ᠠ ᠪᠦᠷᠢᠳᠬᠡᠯ᠎ᠤᠨ ᠴᠢᠬᠤᠯᠠ ᠲᠣᠭ᠎ᠠ ᠪᠠᠷᠢᠮᠲᠠ᠎ᠲᠠᠢ ᠬᠠᠮᠲᠤ᠎ᠳᠤ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠲᠢᠩᠬᠢᠮ ᠂  ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠮᠡᠳᠡᠭᠦᠯᠬᠦ ᠬᠡᠷᠡᠭᠲᠡᠢ ᠃  ᠣᠨ᠎ᠤ ᠠᠵᠢᠯ᠎ᠤᠨ ᠮᠡᠳᠡᠭᠦᠯᠦᠯᠲᠡ᠎ᠳᠤ ᠶᠡᠷᠦᠩᠬᠡᠢ ᠠᠬᠢᠴᠠ ᠂  ᠴᠢᠬᠤᠯᠠ ᠶᠡᠬᠡ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠂  ᠠᠵᠢᠯᠯᠠᠭ᠋ᠠᠨ᠎ᠤ ᠠᠮᠵᠢᠯᠲᠠ ᠪᠦᠲᠦᠮᠵᠢ ᠂  ᠲᠤᠷᠰᠢᠯᠭ᠎ᠠ ᠬᠢᠭᠡᠳ ᠠᠰᠠᠭᠤᠳᠠᠯ ᠵᠢᠴᠢ ᠢᠷᠡᠬᠦ ᠵᠢᠯ᠎ᠤᠨ ᠭᠣᠣᠯᠳᠠᠯᠭ᠎ᠠ ᠪᠣᠯᠬᠣ ᠠᠵᠢᠯ ᠵᠡᠷᠭᠡ ᠪᠠᠭᠲᠠᠨ᠎ᠠ ᠃

           ᠠᠷᠪᠠᠨ ᠲᠠᠪᠤᠳᠤᠭ᠋ᠠᠷ ᠵᠦᠢ᠍ᠯ  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠦᠨ᠎ᠡ ᠃  ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠦᠨᠡᠯᠡᠯᠲᠡ ᠵᠢᠨ ᠦᠷ᠎ᠡ ᠳ᠋ᠦᠩ ᠶᠣᠰᠣᠭ᠋ᠠᠷ ᠂  ᠨᠡᠷᠡᠰ᠎ᠤᠨ ᠵᠢᠭᠰᠠᠭ᠋ᠠᠯᠲᠠ᠎ᠳᠤ ᠡᠮᠦᠨᠡᠭᠦᠷ ᠵᠢᠭᠰᠠᠭ᠋ᠠᠭᠳᠠᠭᠰᠠᠨ ᠂  ᠰᠢᠨ᠎ᠡ ᠵᠢ ᠡᠭᠦᠳᠬᠦ ᠴᠢᠳᠠᠪᠤᠷᠢ ᠴᠢᠩᠭ᠎ᠠ ᠂  ᠬᠥᠭᠵᠢᠯᠲᠡ ᠵᠢᠨ ᠶᠠᠰᠤ ᠴᠢᠨᠠᠷ ᠥᠨᠳᠥᠷ ᠂  ᠠᠵᠤ ᠦᠢ᠍ᠯᠡᠰ᠎ᠤᠨ ᠣᠨᠴᠠᠯᠢᠭ ᠢᠯᠡᠷᠬᠡᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠪᠣᠯᠭ᠋ᠠᠨ ᠲᠠᠰ ᠲᠡᠪᠰᠢᠬᠦᠯᠬᠦ ᠬᠡᠷᠡᠭᠲᠡᠢ ᠃  ᠦᠨᠡᠯᠡᠭᠰᠡᠨ ᠦᠷ᠎ᠡ ᠳ᠋ᠦᠩ᠎ᠨᠢ ᠪᠥᠬᠥ ᠣᠷᠣᠨ᠎ᠤ ᠨᠡᠷᠡᠰ᠎ᠤᠨ ᠵᠢᠭᠰᠠᠭ᠋ᠠᠯᠲᠠ᠎ᠳᠤ ᠬᠣᠢ᠌ᠭᠤᠷ ᠵᠢᠭᠰᠠᠭ᠋ᠠᠭᠳᠠᠭᠰᠠᠨ ᠪᠥᠭᠡᠳ ᠬᠤᠪᠢ᠎ᠨᠢ ᠨᠡᠯᠢᠶᠡᠳ ᠳᠣᠣᠷ᠎ᠠ ᠪᠠᠢ᠌ᠭ᠎ᠠ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠵᠠᠷᠯᠢᠭᠳᠠᠵᠤ ᠪᠠᠢ᠌ᠭ᠋ᠠᠳ ᠬᠤᠭᠤᠴᠠᠭ᠎ᠠ ᠲᠣᠭᠲᠠᠭ᠋ᠠᠨ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ; ᠦᠨᠡᠯᠡᠭᠰᠡᠨ ᠦᠷ᠎ᠡ ᠳ᠋ᠦᠩ᠎ᠨᠢ ᠵᠠᠯᠭ᠋ᠠᠭ᠎ᠠ᠎ᠪᠠᠷ ᠬᠣᠶᠠᠷ ᠤᠳᠠᠭ᠎ᠠ ᠪᠥᠬᠥ ᠣᠷᠣᠨ᠎ᠤ ᠬᠠᠮᠤᠭ᠎ᠤᠨ ᠰᠡᠭᠦᠯ᠎ᠳᠤ ᠵᠢᠭᠰᠠᠭ᠋ᠠᠭᠳᠠᠭᠰᠠᠨ ᠪᠥᠭᠡᠳ ᠬᠤᠪᠢ᠎ᠪᠠᠷ ᠨᠡᠯᠢᠶᠡᠳ ᠳᠣᠣᠷ᠎ᠠ ᠪᠠᠢ᠌ᠭ᠎ᠠ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠪᠣᠯ ᠬᠣᠯᠪᠣᠭᠳᠠᠯ ᠪᠦᠬᠦᠢ ᠲᠠᠰ ᠳᠠᠷᠠᠭ᠋ᠠᠯᠠᠯ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠵᠦ ᠲᠡᠭᠦᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠬᠤ᠎ᠪᠠᠷ ᠮᠡᠳᠡᠭᠦᠯᠬᠦ ᠬᠡᠷᠡᠭᠲᠡᠢ ᠃

                       ᠲᠠᠪᠤᠳᠤᠭ᠋ᠠᠷ ᠪᠦᠯᠦᠭ   ᠳᠠᠭ᠋ᠠᠯᠳᠤᠭᠤᠯᠤᠯ ᠳᠦᠷᠢᠮ

           ᠠᠷᠪᠠᠨ ᠵᠢᠷᠭᠤᠳᠤᠭ᠋ᠠᠷ ᠵᠦᠢ᠍ᠯ  ᠲᠤᠰ ᠠᠷᠭ᠎ᠠ ᠵᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ ᠃  ᠤᠤᠯ᠎ᠤᠨ 《  ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠠᠷᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ 》 (  ᠥᠪᠥᠷ ᠵᠠᠰᠠᠭ ᠠᠯᠪᠠᠨ ᠥᠰᠥᠭ [2003] 114 ᠳ᠋ᠦ᠍ᠭᠡᠷ ᠲᠣᠭ᠋ᠠᠲᠤ) ᠎ᠢ ᠬᠠᠮᠲᠤ᠎ᠳᠤ᠎ᠨᠢ ᠬᠦᠴᠦᠨ ᠦᠭᠡᠢ ᠪᠣᠯᠭ᠋ᠠᠨ᠎ᠠ ᠃

      

ᠳᠠᠭ᠋ᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠢ ᠦᠨᠡᠯᠡᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ

2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ  ᠲᠣᠭᠣᠷᠢᠭ᠎ᠢ ᠦᠨᠡᠯᠡᠬᠦ ᠭᠦᠢ᠍ᠴᠡᠳᠬᠡᠯ ᠲᠣᠭ᠋ᠠᠨ᠎ᠤ ᠲᠠᠢ᠌ᠯᠪᠤᠷᠢ

 

ᠳᠠᠭ᠋ᠠᠯᠳᠤᠭᠤᠯᠤᠯ 1

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ

            ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠢ ᠦᠨᠡᠯᠡᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ

 

1.jpg

 

2.jpg

3.jpg

4.jpg

     

 

ᠳᠠᠭ᠋ᠠᠯᠳᠤᠭᠤᠯᠤᠯ 2

             ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ

             ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠢ ᠦᠨᠡᠯᠡᠬᠦ ᠭᠦᠢ᠍ᠴᠡᠳᠬᠡᠯ ᠲᠣᠭ᠋ᠠᠨ᠎ᠤ ᠲᠠᠢ᠌ᠯᠪᠤᠷᠢ

 

 

      1.1 ᠡᠵᠡᠩᠨᠡᠯᠲᠡ ᠵᠢᠨ ᠣᠷᠣᠯᠭ᠎ᠠ᠎ᠳᠠᠬᠢ ᠰᠤᠳᠤᠯᠤᠨ ᠨᠡᠭᠡᠭᠡᠬᠦ ᠵᠠᠷᠤᠳᠠᠯ᠎ᠤᠨ ᠳᠣᠲᠣᠭ᠋ᠠᠳᠤ ᠵᠠᠷᠤᠯᠭ᠎ᠠ ᠵᠢᠨ ᠡᠵᠡᠯᠡᠬᠦ ᠬᠠᠷᠢᠴᠠᠯ

       ᠪᠤᠳᠤᠬᠤ ᠲᠣᠮᠢᠶ᠎ᠠ᠄ ᠠᠵᠤ ᠠᠬᠤᠢ᠌ᠯᠠᠯ᠎ᠤᠨ R& D ᠵᠠᠷᠤᠳᠠᠯ᠎ᠤᠨ ᠳᠣᠲᠣᠭ᠋ᠠᠳᠤ ᠵᠠᠷᠤᠯᠭ᠎ᠠ ᠵᠢᠨ ᠲᠣᠭ᠋ᠠᠴᠠᠭ᠎ᠠ ᠬᠢᠭᠰᠡᠨ ᠥᠷᠲᠡᠭ / ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ᠎ᠳᠤ ᠣᠷᠣᠭᠤᠯᠤᠯᠲᠠ ᠬᠢᠬᠦ ᠬᠦᠴᠦᠯᠡᠴᠡ ᠵᠢ ᠬᠡᠮᠵᠢᠬᠦ ᠨᠡᠢ᠌ᠳᠡᠮ ᠬᠡᠷᠡᠭᠯᠡᠬᠦ ᠭᠦᠢ᠍ᠴᠡᠳᠬᠡᠯ ᠲᠣᠭ᠎ᠠ ᠂  ᠡᠨᠡ᠎ᠨᠢ ᠬᠦᠷᠢᠶᠡᠯᠡᠩ ᠲᠣᠭᠣᠷᠢᠭ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠠ ᠮᠡᠷᠭᠡᠵᠢᠯ᠎ᠤᠨ ᠰᠢᠨ᠎ᠡ ᠡᠭᠦᠳᠦᠯᠲᠡ ᠵᠢ ᠴᠢᠬᠤᠯᠠᠴᠢᠯᠠᠵᠤ ᠪᠠᠢ᠌ᠭ᠎ᠠ ᠬᠡᠮᠵᠢᠶ᠎ᠡ ᠵᠢᠴᠢ ᠣᠷᠣᠭᠤᠯᠤᠯᠲᠠ ᠵᠢᠨ ᠴᠢᠳᠠᠪᠤᠷᠢ ᠵᠢ ᠲᠤᠰᠬᠠᠵᠤ ᠪᠠᠢ᠌ᠭ᠎ᠠ ᠶᠤᠮ ᠃

      1.2 ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠵᠠᠷᠤᠯᠭ᠎ᠠ᠎ᠳᠠᠬᠢ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠵᠠᠷᠤᠯᠭ᠎ᠠ ᠵᠢᠨ ᠡᠵᠡᠯᠡᠬᠦ ᠬᠠᠷᠢᠴᠠᠯ

       ᠪᠣᠳᠣᠬᠤ ᠲᠣᠮᠢᠶ᠎ᠠ᠄ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠵᠠᠷᠤᠯᠭ᠎ᠠ / ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠵᠠᠷᠤᠯᠭ᠎ᠠ × 100 %

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠵᠠᠷᠤᠯᠭ᠎ᠠ ᠭᠡᠳᠡᠭ᠎ᠨᠢ ᠲᠤᠬᠠᠢ ᠵᠢᠨ ᠵᠢᠯ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠡᠳ᠋᠎ᠤᠨ ᠵᠠᠰᠠᠭ᠎ᠠᠴᠠ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠠᠵᠢᠯᠯᠠᠭ᠎ᠠ ᠵᠢ ᠳᠡᠮᠵᠢᠬᠦ᠎ᠳᠤ ᠬᠡᠷᠡᠭᠯᠡᠭᠰᠡᠨ ᠵᠠᠷᠤᠯᠭ᠎ᠠ ᠵᠢᠨ ᠲᠥᠰᠥᠪ᠎ᠤᠨ ᠭᠦᠢ᠍ᠴᠡᠳᠬᠡᠯ ᠲᠣᠭ᠎ᠠ ᠵᠢ ᠵᠢᠭ᠋ᠠᠵᠤ ᠪᠤᠢ﹔ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠵᠠᠷᠤᠯᠭ᠎ᠠ ᠭᠡᠳᠡᠭ᠎ᠨᠢ ᠲᠤᠬᠠᠢ ᠵᠢᠨ ᠵᠢᠯ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠣᠯᠠᠨ ᠨᠡᠶ᠋ᠢᠲᠡ ᠵᠢᠨ ᠦᠢ᠍ᠯᠡᠳᠬᠦᠨ ᠪᠠ ᠦᠢ᠍ᠯᠡᠴᠢᠯᠡᠭᠡ ᠬᠠᠩᠭ᠋ᠠᠵᠤ ᠂  ᠨᠡᠢ᠌ᠭᠡᠮ᠎ᠤᠨ ᠬᠠᠮᠲᠤ ᠵᠢᠨ ᠬᠡᠷᠡᠭᠴᠡᠭᠡ ᠵᠢ ᠬᠠᠩᠭ᠋ᠠᠬᠤ ᠵᠢᠨ ᠲᠥᠯᠥᠭᠡ ᠬᠢᠭᠰᠡᠨ ᠡᠳ᠋᠎ᠤᠨ ᠵᠠᠰᠠᠭ᠎ᠤᠨ ᠪᠡᠯᠡ ᠮᠥᠩᠭᠥᠨ᠎ᠤ ᠵᠠᠷᠤᠯᠭ᠎ᠠ ᠵᠢᠨ ᠲᠥᠰᠥᠪ᠎ᠤᠨ ᠭᠦᠢ᠍ᠴᠡᠳᠬᠡᠯ ᠲᠣᠭ᠎ᠠ[ᠲᠤᠰᠠᠭ᠋ᠠᠷ ᠨᠢᠭᠡ ᠱᠠᠲᠤᠨ᠎ᠤ ᠡᠳ᠋᠎ᠤᠨ ᠵᠠᠰᠠᠭ᠎ᠲᠤ ᠥᠯᠥ ᠬᠠᠷᠢᠶᠠᠯᠠᠭᠳᠠᠬᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠨᠢ ᠲᠡᠭᠦᠨ᠎ᠤ ᠪᠠᠢ᠌ᠭ᠎ᠠ ᠬᠣᠰᠢᠭᠤ ᠰᠢᠶᠠᠨ (  ᠬᠣᠲᠠ ᠂  ᠲᠣᠭᠣᠷᠢᠭ) ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠵᠠᠷᠤᠯᠭ᠎ᠠ ᠵᠢᠨ ᠲᠥᠰᠥᠪ᠎ᠤᠨ ᠭᠦᠢ᠍ᠴᠡᠳᠬᠡᠯ ᠲᠣᠭ᠎ᠠ ᠪᠠ ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠵᠠᠷᠤᠯᠭ᠎ᠠ ᠵᠢᠨ ᠲᠥᠰᠥᠪ᠎ᠤᠨ ᠭᠦᠢ᠍ᠴᠡᠳᠬᠡᠯ ᠲᠣᠭ᠎ᠠ ] ᠵᠢ ᠵᠢᠭ᠋ᠠᠵᠤ ᠪᠣᠶ ᠃  ᠡᠨᠡ᠎ᠨᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠰᠢᠨ᠎ᠡ ᠡᠭᠦᠳᠦᠯᠲᠡ ᠵᠢ ᠴᠢᠬᠤᠯᠠᠴᠢᠯᠠᠵᠤ ᠪᠠᠢ᠌ᠭ᠎ᠠ ᠬᠡᠮᠵᠢᠶ᠎ᠡ ᠪᠠ ᠣᠷᠣᠭᠤᠯᠤᠯᠲᠠ ᠵᠢᠨ ᠡᠷᠴᠢᠮ᠎ᠢ ᠲᠤᠰᠬᠠᠵᠤ ᠪᠠᠢ᠌ᠭ᠎ᠠ ᠶᠤᠮ ᠃ 

      1.3  ᠨᠡᠪᠴᠢᠭᠦᠯᠬᠦ ᠲᠠᠯᠠᠪᠠᠶ ᠬᠢᠭᠡᠳ ᠮᠢᠩᠭ᠋ᠠᠨ ᠲᠡᠭᠰᠢ ᠳᠥᠷᠪᠡᠯᠵᠢᠨ  ᠮᠧᠲᠷ  ᠪᠦᠷᠢ ᠵᠢᠨ ᠨᠡᠪᠴᠢᠭᠦᠯᠬᠦ ᠲᠠᠯᠠᠪᠠᠶ᠎ᠳᠠᠬᠢ ᠨᠡᠪᠴᠢᠭᠦᠯᠬᠦ ᠠᠵᠤ ᠠᠬᠤᠢ᠌ᠯᠠᠯ᠎ᠤᠨ ᠲᠣᠭ᠎ᠠ

       ᠪᠣᠳᠣᠬᠤ ᠲᠣᠮᠢᠶ᠎ᠠ᠄ ᠨᠡᠪᠴᠢᠭᠦᠯᠵᠦ ᠪᠠᠢ᠌ᠭ᠎ᠠ ᠠᠵᠤ ᠠᠬᠤᠢ᠌ᠯᠠᠯ᠎ᠤᠨ ᠲᠣᠭ᠎ᠠ / (  ᠨᠡᠪᠴᠢᠭᠦᠯᠬᠦ ᠲᠠᠯᠠᠪᠠᠶ / 1000)

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠨᠡᠪᠴᠢᠭᠦᠯᠬᠦ ᠲᠠᠯᠠᠪᠠᠶ ᠭᠡᠳᠡᠭ᠎ᠨᠢ ᠮᠠᠭ᠋ᠠᠳᠯᠠᠨ ᠲᠣᠭᠲᠠᠭ᠋ᠠᠭᠰᠠᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠪᠠᠷᠢᠯᠭ᠎ᠠ ᠵᠢᠨ ᠲᠠᠯᠠᠪᠠᠶ ᠵᠢ ᠵᠢᠭ᠋ᠠᠵᠤ ᠪᠤᠢ ᠃  ᠨᠡᠪᠴᠢᠭᠦᠯᠵᠦ ᠪᠠᠢ᠌ᠭ᠎ᠠ ᠠᠵᠤ ᠠᠬᠤᠢ᠌ᠯᠠᠯ᠎ᠤᠨ ᠲᠣᠭ᠎ᠠ ᠭᠡᠳᠡᠭ᠎ᠨᠢ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠳᠣᠲᠣᠭ᠋ᠠᠳᠤ᠎ᠳᠤ᠎ᠨᠢ ᠡᠵᠡᠩᠨᠡᠬᠦ ᠵᠢᠨ ᠬᠠᠮᠲᠤ ᠲᠣᠰ ᠨᠡᠪᠴᠢᠭᠦᠯᠦᠭᠦᠷ᠎ᠤᠨ ᠬᠠᠩᠭ᠋ᠠᠭᠰᠠᠨ ᠨᠡᠪᠴᠢᠭᠦᠯᠬᠦ ᠦᠢ᠍ᠯᠡᠴᠢᠯᠡᠭᠡ ᠵᠢ ᠭᠥᠯᠢᠶᠡᠨ ᠠᠪᠬᠤ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ ᠵᠢ ᠵᠢᠭ᠋ᠠᠵᠤ ᠪᠣᠶ ᠃  ᠡᠨᠡ᠎ᠨᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠰᠢᠨ᠎ᠡ ᠵᠢ ᠡᠭᠦᠳᠴᠦ ᠦᠢ᠍ᠯᠡᠰ ᠴᠣᠭᠴᠠᠯᠠᠬᠤ ᠲᠠᠯ᠎ᠠ᠎ᠪᠠᠷ᠎ᠬᠢ ᠨᠡᠪᠴᠢᠭᠦᠯᠬᠦ ᠴᠢᠳᠠᠪᠤᠷᠢ ᠵᠢᠴᠢ ᠨᠡᠪᠴᠢᠭᠦᠯᠬᠦ ᠬᠦᠴᠦᠯᠡᠴᠡ ᠵᠢ ᠲᠤᠰᠬᠠᠵᠤ ᠪᠠᠢ᠌ᠭ᠎ᠠ ᠶᠤᠮ ᠃      1.4  ᠠᠵᠢᠯ ᠡᠷᠬᠢᠯᠡᠭᠰᠡᠳ᠎ᠤᠨ ᠳᠣᠲᠣᠷᠠᠬᠢ ᠰᠤᠳᠤᠯᠤᠨ ᠨᠡᠭᠡᠭᠡᠬᠦ ᠠᠵᠢᠯᠲᠠᠨ᠎ᠤ ᠪᠣᠳᠠᠲᠠᠢ ᠠᠵᠢᠯᠯᠠᠭᠰᠠᠨ ᠴᠠᠭ ᠵᠶ᠋ᠠᠷ ᠨᠤᠭᠤᠯᠤᠨ ᠪᠤᠳᠤᠨᠨᠰᠠᠨ ᠠᠵᠢᠯ᠎ᠤᠨ ᠬᠡᠮᠵᠢᠶᠡᠨ᠎ᠤ ᠡᠵᠡᠯᠡᠬᠦ ᠬᠠᠷᠢᠴᠠᠯ 

       ᠪᠤᠳᠤᠬᠤ ᠲᠣᠮᠢᠶ᠎ᠠ᠄ ᠠᠵᠤ ᠠᠬᠤᠢ᠌ᠯᠠᠯ᠎ᠤᠨ R & D ᠠᠵᠢᠯᠲᠠᠨ ᠎ᠤ ᠪᠣᠳᠠᠲᠠᠢ ᠠᠵᠢᠯᠯᠠᠭᠰᠠᠨ ᠴᠠᠭ ᠵᠶ᠋ᠠᠷ ᠨᠤᠭᠤᠯᠤᠨ ᠪᠤᠳᠤᠭᠰᠠᠨ ᠠᠵᠢᠯ᠎ᠤᠨ ᠬᠡᠮᠵᠢᠶ᠎ᠡ᠎ᠪᠠᠷ  ᠲᠣᠭ᠋ᠠᠴᠠᠭ᠋ᠠᠯᠠᠭᠰᠠᠨ ᠬᠡᠮᠵᠢᠭᠳᠡᠯ / ᠠᠵᠢᠯ ᠡᠷᠬᠢᠯᠡᠭᠰᠡᠳ᠎ᠤᠨ ᠬᠤᠭᠤᠴᠠᠭ᠋ᠠᠨ ᠡᠴᠦᠰ᠎ᠤᠨ ᠲᠣᠭ᠎ᠠ ᠃

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄  ᠡᠨᠡ᠎ᠨᠢ ᠬᠦᠷᠢᠶᠡᠯᠡᠩ ᠲᠣᠭᠣᠷᠢᠭ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠠᠵᠢᠯᠲᠠᠨ᠎ᠤ ᠪᠣᠳᠠᠲᠠᠢ ᠣᠷᠣᠭᠤᠯᠤᠯᠲᠠ ᠵᠢᠨ ᠡᠷᠴᠢᠮ᠎ᠢ ᠬᠡᠮᠵᠢᠶᠡᠯᠡᠵᠦ ᠂  ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠬᠥᠮᠥᠨ᠎ᠤ ᠬᠦᠴᠦᠨ᠎ᠤ ᠣᠷᠣᠭᠤᠯᠤᠯᠲᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠬᠤ᠎ᠳᠤ ᠪᠤᠢ ᠃

      1.5  ᠵᠠᠭᠤᠨ ᠡᠷᠦᠬᠡ ᠬᠠᠤᠯᠢ ᠵᠢᠨ ᠡᠷᠬᠡᠲᠡᠨ᠎ᠤ ᠠᠵᠤ ᠠᠬᠤᠢ᠌ᠯᠠᠯ ᠪᠦᠷᠢ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠰᠢᠨ᠎ᠡ ᠵᠢ ᠡᠭᠦᠳᠬᠦ ᠲᠠᠪᠴᠠᠩ᠎ᠲᠠᠢ ᠪᠠᠢ᠌ᠬᠤ ᠲᠣᠭ᠎ᠠ ᠬᠡᠮᠵᠢᠶ᠎ᠡ

       ᠪᠤᠳᠤᠬᠤ ᠲᠣᠮᠢᠶ᠎ᠠ᠄ ᠥᠪᠡᠷᠲᠡᠭᠡᠨ ᠵᠠᠰᠠᠬᠤ ᠣᠷᠣᠨ᠎ᠤ ᠳᠡᠰ᠎ᠠᠴᠠ ᠳᠡᠭᠡᠭᠰᠢᠬᠢ ᠰᠤᠳᠤᠯᠤᠨ ᠨᠡᠭᠡᠭᠡᠬᠦ ᠪᠠᠢ᠌ᠭᠤᠯᠤᠮᠵᠢ ᠵᠢᠨ ᠶᠡᠷᠦᠩᠬᠡᠢ ᠲᠣᠭ᠎ᠠ / (  ᠬᠦᠷᠢᠶᠡᠯᠡᠩ ᠲᠣᠭᠣᠷᠢᠭ᠎ᠲᠠᠬᠢ ᠬᠠᠤᠯᠢ ᠵᠢᠨ ᠡᠷᠬᠡᠲᠡᠨ ᠎ᠤ ᠠᠵᠤ ᠠᠬᠤᠢ᠌ᠯᠠᠯ᠎ᠤᠨ ᠲᠣᠭ᠎ᠠ /100)

       ᠭᠦᠢ᠍ᠴᠡᠳᠬᠡᠯ  ᠲᠣᠭ᠋ᠠᠨ᠎ᠤ ᠲᠠᠢ᠌ᠯᠪᠤᠷᠢ᠄ ᠰᠢᠨ᠎ᠡ ᠵᠢ ᠡᠭᠦᠳᠬᠦ ᠲᠠᠪᠴᠠᠩ᠎ᠤᠨ ᠲᠣᠭ᠎ᠠ ᠬᠡᠮᠵᠢᠶ᠎ᠡ ᠭᠡᠳᠡᠭ᠎ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠮᠠᠭ᠋ᠠᠳᠯᠠᠨ ᠲᠣᠭᠲᠠᠭ᠋ᠠᠭᠰᠠᠨ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ ᠂  ᠬᠠᠮᠲᠤᠷᠠᠭᠰᠠᠨ ᠲᠤᠷᠰᠢᠯᠲᠠ ᠵᠢᠨ ᠲᠠᠰᠤᠭ ᠂  ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠂  ᠢᠨᠵᠧᠨᠧᠷᠢᠩ (  ᠮᠡᠷᠭᠡᠵᠢᠯ) ᠎ᠤᠨ ᠰᠤᠳᠤᠯᠭ᠋ᠠᠨ᠎ᠤ ᠲᠥᠪ ᠂  ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ ᠂  ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠰᠤᠳᠤᠯᠭ᠋ᠠᠨ᠎ᠤ ᠲᠥᠪ ᠂  ᠬᠠᠮᠵᠢᠯᠴᠠᠨ ᠰᠢᠨ᠎ᠡ ᠵᠢ ᠡᠭᠦᠳᠬᠦ ᠲᠥᠪ ᠂  ᠠᠵᠤ ᠦᠢ᠍ᠯᠡᠰ᠎ᠤᠨ ᠰᠢᠨ᠎ᠡ ᠵᠢ ᠡᠭᠦᠳᠬᠦ ᠲᠥᠪ ᠂  ᠦᠢᠯᠡᠳᠬᠦ ᠦᠢ᠍ᠯᠡᠰ᠎ᠤᠨ ᠰᠢᠨ᠎ᠡ ᠵᠢ ᠡᠭᠦᠳᠬᠦ ᠲᠥᠪ ᠂  ᠠᠵᠤ ᠠᠬᠤᠢ᠌ᠯᠠᠯ᠎ᠤᠨ ᠮᠡᠷᠭᠡᠵᠢᠯ᠎ᠤᠨ ᠲᠥᠪ ᠂  ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡᠨ᠎ᠤ ᠲᠥᠪ ᠂  ᠶᠠᠰᠤ ᠴᠢᠨᠠᠷ᠎ᠢ ᠪᠠᠢ᠌ᠴᠠᠭ᠋ᠠᠬᠤ ᠲᠥᠪ ᠂  ᠮᠡᠷᠭᠡᠵᠢᠯ᠎ᠤᠨ ᠪᠠᠷᠢᠮᠵᠢᠶᠠᠨ᠎ᠤ ᠰᠢᠨ᠎ᠡ ᠵᠢ ᠡᠭᠦᠳᠬᠦ ᠰᠠᠭᠤᠷᠢᠨ ᠭᠠᠵᠠᠷ ᠵᠡᠷᠭᠡ ᠵᠢᠨ ᠲᠣᠭ᠎ᠠ ᠬᠡᠮᠵᠢᠶ᠎ᠡ ᠵᠢ ᠵᠢᠭ᠋ᠠᠵᠤ ᠪᠣᠶ ᠃  ᠲᠣᠰ ᠭᠦᠢ᠍ᠴᠡᠳᠬᠡᠯ ᠲᠣᠭ᠎ᠠ᠎ᠨᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠪᠣᠳᠠᠲᠤ ᠬᠦᠴᠦᠨ᠎ᠢ ᠲᠤᠰᠬᠠᠵᠤ ᠪᠠᠢ᠌ᠭ᠎ᠠ ᠶᠤᠮ ᠃     1.6  ᠲᠦᠮᠡᠨ ᠠᠵᠢᠯ ᠡᠷᠬᠢᠯᠡᠭᠰᠡᠳ ᠪᠦᠷᠢ ᠵᠢᠨ ᠡᠭᠦᠳᠦᠨ ᠪᠦᠲᠦᠭᠡᠯᠲᠡ ᠵᠢᠨ ᠲᠤᠰᠬᠠᠢ ᠠᠰᠢᠭ᠎ᠲᠠᠢ ᠪᠠᠢ᠌ᠬᠤ ᠬᠡᠮᠵᠢᠶ᠎ᠡ

       ᠪᠣᠳᠣᠬᠤ ᠲᠣᠮᠢᠶ᠎ᠠ᠄ ᠡᠭᠦᠳᠦᠨ ᠪᠦᠲᠦᠭᠡᠯᠲᠡ ᠵᠢᠨ ᠲᠤᠰᠬᠠᠢ ᠠᠰᠢᠭ᠎ᠲᠠᠢ ᠪᠠᠢ᠌ᠬᠤ ᠬᠡᠮᠵᠢᠶ᠎ᠡ / (  ᠠᠵᠤ ᠠᠬᠤᠢ᠌ᠯᠠᠯ ᠎ᠤᠨ ᠠᠵᠢᠯ ᠡᠷᠬᠢᠯᠡᠭᠰᠡᠳ᠎ᠤᠨ ᠲᠣᠭ᠎ᠠ / 10000)

       ᠭᠦᠢ᠍ᠴᠡᠳᠬᠡᠯ  ᠲᠣᠭ᠋ᠠᠨ᠎ᠤ ᠲᠠᠢ᠌ᠯᠪᠤᠷᠢ ᠄  ᠡᠭᠦᠳᠦᠨ ᠪᠦᠲᠦᠭᠡᠯᠲᠡ ᠵᠢᠨ ᠲᠤᠰᠬᠠᠢ ᠠᠰᠢᠭ᠎ᠲᠠᠢ ᠪᠠᠢ᠌ᠬᠤ ᠬᠡᠮᠵᠢᠶ᠎ᠡ ᠭᠡᠳᠡᠭ᠎ᠨᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠡᠪᠴᠢᠶᠡᠨ᠎ᠳᠤ ᠪᠠᠢ᠌ᠭ᠎ᠠ ᠬᠦᠴᠦᠨ ᠪᠦᠬᠦᠢ ᠡᠭᠦᠳᠦᠨ ᠪᠦᠲᠦᠭᠡᠯᠲᠡ ᠵᠢᠨ ᠲᠤᠰᠬᠠᠢ ᠠᠰᠢᠭ᠎ᠤᠨ ᠲᠣᠭ᠎ᠠ ᠬᠡᠮᠵᠢᠶ᠎ᠡ ᠵᠢ ᠵᠢᠭ᠋ᠠᠵᠤ ᠪᠤᠢ ᠃  ᠡᠨᠡ᠎ᠨᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠮᠡᠳᠡᠯᠭᠡ ᠵᠢᠨ ᠪᠦᠲᠦᠭᠡᠭᠳᠡᠬᠦᠨ᠎ᠤ ᠦᠮᠴᠢᠯᠡᠯ᠎ᠤᠨ ᠡᠷᠬᠡ ᠵᠢᠨ ᠡᠭᠦᠳᠦᠨ ᠪᠦᠲᠦᠭᠡᠬᠦ ᠴᠢᠳᠠᠪᠤᠷᠢ ᠵᠢ ᠲᠤᠰᠬᠠᠵᠤ ᠪᠠᠢ᠌ᠭ᠎ᠠ ᠶᠤᠮ ᠃

      1.7  ᠬᠥᠮᠥᠨ ᠳᠤᠮᠳᠠᠴᠢ ᠵᠢᠨ ᠮᠡᠷᠭᠡᠵᠢᠯ᠎ᠤᠨ ᠭᠡᠷ᠎ᠡ ᠵᠢᠨ ᠠᠷᠠᠯᠵᠢᠶᠠᠨ᠎ᠤ ᠲᠣᠭ᠎ᠠ

       ᠪᠤᠳᠤᠬᠤ ᠲᠣᠮᠢᠶ᠎ᠠ᠄ ᠮᠡᠷᠭᠡᠵᠢᠯ᠎ᠤᠨ ᠭᠡᠷ᠎ᠡ ᠵᠢᠨ ᠠᠷᠠᠯᠵᠢᠶᠠᠨ᠎ᠤ ᠲᠣᠭ᠎ᠠ / ᠠᠵᠢᠯ ᠡᠷᠬᠢᠯᠡᠭᠰᠡᠳ ᠎ᠤᠨ ᠬᠤᠭᠤᠴᠠᠭ᠋ᠠᠨ ᠡᠴᠦᠰ᠎ᠤᠨ ᠲᠣᠭ᠎ᠠ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠬᠦᠷᠢᠶᠡᠯᠡᠩ ᠲᠣᠭᠣᠷᠢᠭ᠎ᠤᠨ ᠮᠡᠷᠭᠡᠵᠢᠯ᠎ᠤᠨ ᠠᠷᠠᠯᠵᠢᠶᠠᠨ᠎ᠤ ᠬᠥᠭᠵᠢᠶᠡᠨᠲᠦ ᠪᠠᠢ᠌ᠳᠠᠯ᠎ᠢ ᠬᠡᠮᠵᠢᠶᠡᠯᠡᠵᠦ ᠂  ᠡᠨᠡ᠎ᠨᠢ ᠬᠦᠷᠢᠶᠡᠯᠡᠩ ᠲᠣᠭᠣᠷᠢᠭ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠰᠤᠳᠤᠯᠤᠨ ᠨᠡᠭᠡᠭᠡᠬᠦ ᠦᠢ᠍ᠯᠡᠴᠢᠯᠡᠭᠡᠨ᠎ᠤ ᠦᠢ᠍ᠯᠡᠰ ᠪᠠ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠭᠰᠠᠨ ᠬᠥᠭᠵᠢᠯᠲᠡ ᠵᠢᠨ ᠪᠠᠢ᠌ᠳᠠᠯ᠎ᠢ ᠬᠠᠷᠠᠭᠤᠯᠵᠤ ᠪᠠᠢ᠌ᠭ᠎ᠠ ᠶᠤᠮ ᠃

      2.1 ᠲᠤᠬᠠᠢ ᠵᠢᠨ ᠵᠢᠯ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠴᠡᠪᠡᠷ ᠨᠡᠮᠡᠭᠳᠡᠯ᠎ᠤᠨ ᠲᠣᠭ᠎ᠠ

       ᠪᠤᠳᠤᠬᠤ ᠲᠣᠮᠢᠶ᠎ᠠ᠄ ᠲᠤᠬᠠᠢ ᠵᠢᠨ ᠵᠢᠯ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠲᠣᠭ᠎ᠠ - ᠳᠡᠭᠡᠷ᠎ᠡ ᠵᠢᠯ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠲᠣᠭ᠎ᠠ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠠᠵᠤ ᠠᠬᠤᠢ᠌ᠯᠠᠯ᠎ᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ ᠵᠶ᠋ᠠᠷ ᠮᠡᠳᠡᠬᠦᠯᠦᠬᠦᠯᠵᠦ ᠂  ᠬᠦᠷᠢᠶᠡᠯᠡᠩ ᠲᠣᠭᠣᠷᠢᠭ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠪᠣᠢ᠌ᠵᠢᠭᠤᠯᠤᠭᠰᠠᠨ ᠪᠠᠢ᠌ᠳᠠᠯ᠎ᠢ ᠬᠡᠮᠵᠢᠵᠦ ᠂  ᠠᠵᠤ ᠦᠢ᠍ᠯᠡᠰ᠎ᠤᠨ ᠥᠷᠲᠡᠭ᠎ᠤᠨ ᠬᠡᠮᠵᠢᠶᠡᠨ᠎ᠤ ᠳᠡᠭᠡᠭᠰᠢᠯᠡᠯᠲᠡ ᠵᠢ ᠠᠬᠢᠭᠤᠯᠬᠤ᠎ᠳᠤ ᠪᠤᠢ ᠃

      2.2 ᠲᠤᠬᠠᠢ ᠵᠢᠨ ᠵᠢᠯ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠡᠯᠪᠡᠷᠢ ᠵᠢᠨ ᠳᠤᠮᠳᠠ  ᠵᠢᠵᠢᠭ ᠠᠵᠤ ᠠᠬᠤᠢ᠌ᠯᠠᠯ᠎ᠤᠨ ᠴᠡᠪᠡᠷ  ᠨᠡᠮᠡᠭᠳᠡᠯ᠎ᠤᠨ ᠲᠣᠭ᠎ᠠ

       ᠪᠤᠳᠤᠬᠤ ᠲᠣᠮᠢᠶ᠎ᠠ᠄ ᠲᠤᠬᠠᠢ ᠵᠢᠨ ᠵᠢᠯ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠲᠣᠭ᠎ᠠ - ᠳᠡᠭᠡᠷ᠎ᠡ ᠵᠢᠯ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠲᠣᠭ᠎ᠠ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ ᠵᠶ᠋ᠡᠷ ᠬᠥᠮᠥᠷᠭᠡᠯᠡᠨ ᠳᠠᠩᠰᠠᠯᠠᠭᠤᠯᠵᠤ ᠂  ᠡᠨᠡ᠎ᠨᠢ ᠬᠦᠷᠢᠶᠡᠯᠡᠩ ᠲᠣᠭᠣᠷᠢᠭ᠎ᠤᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠲᠠᠯ᠎ᠠ᠎ᠪᠠᠷ᠎ᠬᠢ ᠰᠢᠨ᠎ᠡ ᠬᠦᠴᠦᠨ᠎ᠢ ᠪᠣᠢ᠌ᠵᠢᠭᠤᠯᠤᠭᠰᠠᠨ ᠪᠠᠢ᠌ᠳᠠᠯ᠎ᠢ ᠲᠤᠰᠬᠠᠵᠤ ᠪᠠᠢ᠌ᠭ᠎ᠠ ᠶᠤᠮ ᠃

      2.3  ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ᠎ᠳᠠᠬᠢ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠵᠢᠨ ᠡᠵᠡᠯᠡᠬᠦ ᠬᠤᠪᠢ ᠵᠢᠨ ᠵᠢᠩ ᠵᠢᠴᠢ ᠵᠢᠯ᠎ᠤᠨ ᠨᠡᠮᠡᠭᠳᠡᠯ᠎ᠤᠨ ᠬᠡᠮᠵᠢᠶ᠎ᠡ

       ᠪᠤᠳᠤᠬᠤ ᠲᠣᠮᠢᠶ᠎ᠠ᠄ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠪᠦᠬᠦ ᠣᠷᠣᠯᠭ᠎ᠠ / ᠨᠢᠭᠡᠳᠦᠯᠲᠡᠢ ᠲᠥᠯᠥᠪᠯᠡᠭᠡ᠎ᠳᠤ ᠣᠷᠣᠭᠤᠯᠤᠭᠰᠠᠨ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠪᠦᠬᠦ ᠣᠷᠣᠯᠭ᠎ᠠ × 100 % × ᠵᠢᠴᠢ ᠲᠣᠰ ᠵᠢᠯ᠎ᠤᠨ ᠬᠤᠪᠢ ᠵᠢᠨ ᠵᠢᠩ - ᠳᠡᠭᠡᠷ᠎ᠡ ᠵᠢᠯ᠎ᠤᠨ ᠬᠤᠪᠢ ᠵᠢᠨ ᠵᠢᠩ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠳᠡᠭᠡᠳᠦ ᠮᠡᠷᠭᠡᠵᠢᠯ᠎ᠤᠨ ᠦᠢᠯᠡᠳᠬᠦ ᠦᠢ᠍ᠯᠡᠰ᠎ᠤᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠭᠡᠳᠡᠭ᠎ᠨᠢ ᠤᠯᠤᠰ ᠠᠷᠠᠳ᠎ᠤᠨ ᠠᠵᠤ ᠠᠬᠤᠢ ᠵᠢᠨ ᠠᠵᠢᠯ ᠲᠥᠷᠥᠯ᠎ᠳᠠᠬᠢ R & D ᠣᠷᠣᠭᠤᠯᠤᠯᠲᠠ ᠵᠢᠨ ᠡᠷᠴᠢᠮ ᠵᠶ᠋ᠡᠷ ᠬᠠᠷᠢᠴᠠᠩᠭᠤᠢ ᠥᠨᠳᠥᠷ ᠦᠢᠯᠡᠳᠬᠦ ᠦᠢ᠍ᠯᠡᠰ᠎ᠤᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠵᠢᠨ ᠬᠡᠮᠵᠢᠭᠳᠡᠯ᠎ᠢ ᠵᠢᠭ᠋ᠠᠵᠤ ᠪᠤᠢ ᠃  ᠡᠨᠡ᠎ᠨᠢ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠲᠦᠪᠰᠢᠨ᠎ᠢ ᠲᠤᠰᠬᠠᠵᠤ ᠪᠠᠢ᠌ᠭ᠎ᠠ ᠶᠤᠮ ᠃

      2.4 ᠡᠵᠡᠩᠨᠡᠯᠲᠡ ᠵᠢᠨ ᠣᠷᠣᠯᠭ᠎ᠠ᠎ᠳᠠᠬᠢ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠵᠢᠨ ᠡᠵᠡᠯᠡᠬᠦ ᠬᠠᠷᠢᠴᠠᠯ ᠵᠢᠴᠢ ᠵᠢᠯ᠎ᠤᠨ ᠨᠡᠮᠡᠭᠳᠡᠯ᠎ᠤᠨ ᠬᠡᠮᠵᠢᠶ᠎ᠡ

       ᠪᠤᠳᠤᠬᠤ ᠲᠣᠮᠢᠶ᠎ᠠ᠄ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠪᠦᠭᠦ ᠣᠷᠣᠯᠭ᠎ᠠ / ᠠᠯᠢᠪᠠ ᠨᠢᠭᠡᠳᠦᠯᠲᠡᠢ ᠲᠥᠯᠥᠪᠯᠡᠭᠡ᠎ᠳᠤ ᠣᠷᠣᠭᠤᠯᠤᠭᠰᠠᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠵᠢᠴᠢ ᠲᠣᠰ ᠵᠢᠯ᠎ᠤᠨ ᠡᠵᠡᠯᠡᠬᠦ ᠬᠠᠷᠢᠴᠠᠯ ᠬᠡᠮᠵᠢᠭᠳᠡᠯ - ᠳᠡᠭᠡᠷ᠎ᠡ  ᠵᠢᠯ᠎ᠤᠨ ᠡᠵᠡᠯᠡᠬᠦ ᠬᠠᠷᠢᠴᠠᠯ ᠬᠡᠮᠵᠢᠭᠳᠡᠯ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ᠎ᠤᠨ ᠪᠦᠲᠦᠴᠡ ᠵᠢᠨ ᠲᠣᠬᠢᠷᠠᠭᠤᠯᠤᠯᠲᠠ ᠵᠢᠨ ᠪᠠᠢ᠌ᠳᠠᠯ᠎ᠢ ᠲᠤᠰᠬᠠᠬᠤ ᠵᠢᠨ ᠬᠠᠮᠲᠤ ᠂  ᠮᠡᠳᠡᠯᠭᠡ ᠬᠤᠷᠠᠭᠰᠠᠨ ᠬᠡᠯᠪᠡᠷᠢ ᠵᠢᠨ ᠦᠢ᠍ᠯᠡᠴᠢᠯᠡᠭᠡᠨ᠎ᠤ ᠦᠢ᠍ᠯᠡᠰ ᠬᠥᠭᠵᠢᠭᠦᠯᠬᠦ ᠵᠢ ᠴᠢᠬᠤᠯᠠᠴᠢᠯᠠᠨ ᠵᠣᠷᠢᠭᠵᠢᠭᠤᠯᠬᠤ᠎ᠳᠤ ᠪᠤᠢ ᠃

      2.5 ᠲᠦᠭᠰᠢᠭᠦᠷᠢᠲᠦ ᠪᠡᠯᠡ ᠣᠷᠣᠭᠤᠯᠤᠯᠲᠠ ᠣᠯᠣᠭᠰᠠᠨ ᠠᠵᠤ ᠠᠬᠤᠢ᠌ᠯᠠᠯ᠎ᠤᠨ ᠲᠣᠭ᠎ᠠ

       ᠪᠤᠳᠤᠬᠤ ᠲᠣᠮᠢᠶ᠎ᠠ᠄ ᠲᠤᠬᠠᠢ ᠵᠢᠨ ᠵᠢᠯ᠎ᠤᠨ ᠬᠦᠷᠢᠶᠡᠯᠡᠩ ᠲᠣᠭᠣᠷᠢᠭ᠎ᠲᠠᠬᠢ ᠲᠦᠭᠰᠢᠭᠦᠷᠢᠲᠦ ᠪᠡᠯᠡ ᠣᠷᠣᠭᠤᠯᠤᠯᠲᠠ ᠣᠯᠣᠭᠰᠠᠨ ᠠᠵᠤ ᠠᠬᠤᠢ᠌ᠯᠠᠯ᠎ᠤᠨ ᠲᠣᠭ᠎ᠠ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠬᠦᠷᠢᠶᠡᠯᠡᠩ ᠲᠣᠭᠣᠷᠢᠭ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠮᠥᠩᠭᠥᠨ ᠭᠦᠢ᠍ᠯᠭᠡᠭᠡ ᠪᠠ ᠲᠦᠭᠰᠢᠭᠦᠷᠢᠳᠦ ᠪᠡᠯᠡ ᠣᠷᠣᠭᠤᠯᠤᠯᠲᠠ ᠵᠢᠨ ᠬᠥᠭᠵᠢᠯᠲᠡ ᠵᠢᠨ ᠪᠠᠢ᠌ᠳᠠᠯ᠎ᠢ ᠲᠤᠰᠬᠠᠵᠤ ᠂ 《ᠡᠬᠢᠯᠡᠬᠦ᠎ᠳᠤ ᠮᠡᠷᠭᠡᠵᠢᠯ ᠂  ᠪᠦᠳᠦᠬᠦ᠎ᠳᠤ ᠬᠥᠷᠥᠩᠭᠡ》  ᠭᠡᠳᠡᠭ᠎ᠢ ᠬᠠᠷᠠᠭᠤᠯᠤᠨ ᠂  ᠰᠢᠨ᠎ᠡ ᠠᠵᠤ ᠦᠢ᠍ᠯᠡᠰ᠎ᠤᠨ ᠪᠦᠷᠢᠯᠳᠦᠬᠦ ᠵᠢ ᠠᠬᠢᠭᠤᠯᠵᠤ ᠂  ᠰᠲ᠋ᠣᠺ᠎ᠤᠨ ᠵᠠᠬ᠎ᠠ᠎ᠳᠤ ᠭᠠᠷᠤᠭ᠋ᠠᠳᠤᠢ ᠠᠩᠬ᠎ᠠ ᠡᠭᠦᠳᠦᠭᠰᠡᠨ ᠠᠵᠤ ᠠᠬᠤᠢ᠌ᠯᠠᠯ ᠢᠯᠡᠷᠡᠬᠦ  ᠨᠢᠭᠤᠭᠳᠠᠮᠠᠯ ᠬᠦᠴᠦᠨ᠎ᠢ ᠳᠡᠭᠡᠭᠰᠢᠯᠡᠬᠦᠯᠬᠦ᠎ᠳᠤ ᠪᠤᠢ ᠃

      2.6 ᠨᠢᠭᠡᠴᠢ ᠭᠠᠵᠠᠷ ᠰᠢᠷᠣᠢ ᠵᠢᠨ ᠭᠠᠷᠭ᠋ᠠᠯᠲᠠ ᠵᠢᠨ ᠬᠦᠴᠦᠯᠡᠴᠡ ᠵᠢᠴᠢ ᠦᠯᠡᠳᠡᠭᠡᠯ ᠭᠠᠵᠠᠷ ᠰᠢᠷᠣᠢ ᠵᠢ ᠴᠢᠯᠦᠭᠡᠲᠡᠢ ᠭᠦᠢ᠍ᠯᠭᠡᠭᠡᠬᠦ ᠬᠠᠷᠢᠴᠠᠯ

       ᠪᠤᠳᠤᠬᠤ ᠲᠣᠮᠢᠶ᠎ᠠ᠄ ᠨᠢᠭᠡᠴᠢ ᠭᠠᠵᠠᠷ ᠰᠢᠷᠣᠢ ᠵᠢᠨ ᠭᠠᠷᠭ᠋ᠠᠯᠲᠠ ᠵᠢᠨ ᠬᠦᠴᠦᠯᠡᠴᠡ = ᠠᠵᠤ ᠦᠢ᠍ᠯᠡᠳᠪᠦᠷᠢ ᠵᠢᠨ ᠶᠡᠷᠦᠩᠬᠡᠢ ᠥᠷᠲᠡᠭ / ᠬᠦᠷᠢᠶᠡᠯᠡᠩ ᠲᠣᠭᠣᠷᠢᠭ᠎ᠤᠨ ᠪᠣᠳᠠᠲᠠᠢ ᠨᠡᠭᠡᠭᠡᠨ ᠠᠰᠢᠭᠯᠠᠭᠰᠠᠨ ᠲᠠᠯᠠᠪᠠᠶ﹔ ᠦᠯᠡᠳᠡᠭᠡᠯ ᠭᠠᠵᠠᠷ ᠰᠢᠷᠣᠢ ᠵᠢ ᠴᠢᠯᠦᠭᠡᠲᠡᠢ ᠭᠦᠢ᠍ᠯᠭᠡᠭᠡᠬᠦ ᠬᠠᠷᠢᠴᠠᠯ =  ᠴᠢᠯᠦᠭᠡᠲᠡᠢ ᠭᠦᠢ᠍ᠯᠭᠡᠭᠡᠬᠦ ᠦᠯᠡᠳᠡᠭᠡᠯ ᠭᠠᠵᠠᠷ ᠰᠢᠷᠣᠢ ᠵᠢᠨ ᠲᠠᠯᠠᠪᠠᠶ / ᠦᠯᠡᠳᠡᠭᠡᠯ ᠭᠠᠵᠠᠷ ᠰᠢᠷᠣᠢ ᠵᠢᠨ ᠶᠡᠷᠦᠩᠬᠡᠢ ᠲᠠᠯᠠᠪᠠᠶ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠡᠨᠡ ᠬᠦ᠌ ᠭᠦᠢ᠍ᠴᠡᠳᠬᠡᠯ ᠲᠣᠭ᠎ᠠ᠎ᠨᠢ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠢ ᠲᠤᠰᠬᠠᠵᠤ ᠪᠠᠢ᠌ᠭ᠎ᠠ ᠶᠤᠮ ᠃

      2.7 ᠬᠦᠷᠢᠶᠡᠯᠡᠩ ᠲᠣᠭᠣᠷᠢᠭ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠭᠠᠳᠠᠭᠰᠢᠯᠠᠭᠤᠯᠬᠤ ᠨᠡᠮᠡᠭᠳᠡᠯ᠎ᠤᠨ ᠨᠣᠷᠮ᠎ᠠ

       ᠪᠤᠳᠤᠬᠤ ᠲᠣᠮᠢᠶ᠎ᠠ᠄ (  ᠲᠤᠰ ᠵᠢᠯ᠎ᠤᠨ ᠬᠦᠷᠢᠶᠡᠯᠡᠩ ᠲᠣᠭᠣᠷᠢᠭ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ -  ᠳᠡᠭᠡᠷ᠎ᠡ ᠵᠢᠯ᠎ᠤᠨ ᠬᠦᠷᠢᠶᠡᠯᠡᠩ ᠲᠣᠭᠣᠷᠢᠭ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ) / ᠳᠡᠭᠡᠷ᠎ᠡ ᠵᠢᠯ᠎ᠤᠨ ᠬᠦᠷᠢᠶᠡᠯᠡᠩ ᠲᠣᠭᠣᠷᠢᠭ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ

       ᠭᠦᠢ᠍ᠴᠡᠳᠬᠡᠯ ᠲᠣᠭ᠎ᠠ ᠵᠢᠨ ᠲᠠᠢ᠌ᠯᠪᠤᠷᠢ᠄ ᠬᠦᠷᠢᠶᠡᠯᠡᠩ ᠲᠣᠭᠣᠷᠢᠭ᠎ᠤᠨ ᠬᠦᠯᠡᠮᠵᠢ ᠵᠢᠨ ᠬᠡᠢ ᠪᠡᠶᠡᠲᠦ ᠭᠠᠳᠠᠭᠰᠢᠯᠠᠭᠤᠯᠬᠤ ᠶᠡᠷᠦᠩᠬᠡᠢ ᠬᠡᠮᠵᠢᠶᠡᠨ᠎ᠤ ᠬᠤᠪᠢᠷᠠᠯᠲᠠ ᠵᠢᠨ ᠬᠠᠨᠳᠤᠰᠢ ᠵᠢ ᠬᠡᠮᠵᠢᠶᠡᠯᠡᠬᠦ ᠮᠥᠷᠲᠡᠭᠡᠨ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ ᠡᠷᠴᠢᠮ᠎ᠢ ᠴᠦ᠍ ᠲᠤᠰᠬᠠᠵᠤ ᠪᠠᠢ᠌ᠭ᠎ᠠ ᠶᠤᠮ ᠃

      2.8 ᠠᠵᠤ ᠦᠢ᠍ᠯᠡᠰ ᠪᠠ ᠬᠣᠲᠠ ᠵᠢ ᠠᠭᠤᠰᠤᠯᠴᠠᠭᠤᠯᠬᠤ ᠂  ᠬᠥᠭᠵᠢᠯᠲᠡ ᠵᠢ ᠬᠠᠮᠲᠤ᠎ᠳᠤ᠎ᠪᠠᠨ ᠭᠥᠷᠳᠡᠬᠦ ᠂  ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠂  ᠪᠣᠬᠢᠷᠳᠤᠯ ᠦᠭᠡᠢ ᠬᠥᠭᠵᠢᠭᠦᠯᠬᠦ ᠂  ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠦᠢ᠍ᠯᠡᠳᠦᠯ᠎ᠢ᠎ᠨᠢ ᠪᠠᠳᠠᠷᠠᠭᠤᠯᠬᠤ ᠵᠢ ᠠᠬᠢᠭᠤᠯᠬᠤ

       ᠪᠤᠳᠤᠬᠤ ᠠᠷᠭ᠎ᠠ᠄ ᠦᠨᠡᠯᠡᠯᠲᠡ᠎ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠯᠲᠠ ᠬᠢᠬᠦ ᠵᠢᠨ ᠬᠠᠮᠲᠤ ᠂  ᠲᠤᠰᠬᠠᠢ ᠮᠡᠷᠭᠡᠵᠢᠯᠲᠡᠨ᠎ᠤ ᠬᠤᠪᠢ ᠲᠣᠭᠲᠠᠭ᠋ᠠᠬᠤ᠎ᠲᠠᠢ ᠤᠶᠠᠯᠳᠤᠭᠤᠯᠤᠨ ᠂  ᠶᠡᠷᠦᠩᠬᠡᠢ᠌ᠯᠡᠭᠰᠡᠨ ᠮᠠᠭ᠋ᠠᠳᠯᠠᠯᠲᠠ ᠬᠢᠨ᠎ᠡ ᠃       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ ᠪᠠ ᠬᠣᠲᠠ ᠵᠢ ᠠᠭᠤᠰᠤᠯᠴᠠᠭᠤᠯᠤᠨ ᠬᠥᠭᠵᠢᠭᠦᠯᠬᠦ᠂ ᠪᠣᠬᠢᠷᠳᠤᠯ ᠦᠭᠡᠢ ᠬᠥᠭᠵᠢᠭᠦᠯᠬᠦ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠣᠷᠣᠰᠢᠨ ᠰᠠᠭᠤᠵᠤ ᠦᠢ᠍ᠯᠡᠰ ᠪᠣᠰᠬᠠᠬᠤ᠎ᠳᠤ ᠲᠣᠬᠢᠷᠠᠮᠵᠢᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠬᠣᠲᠠ ᠪᠦᠲᠦᠭᠡᠨ ᠪᠠᠢ᠌ᠭᠤᠯᠬᠤ ᠵᠢ᠎ᠨᠢ ᠬᠡᠮᠵᠢᠶᠡᠯᠡᠵᠦ᠂ ᠬᠥᠮᠥᠨ ᠵᠶ᠋ᠡᠷ ᠦᠨᠳᠦᠰᠦ ᠪᠣᠯᠭ᠋ᠠᠭᠰᠠᠨ᠂ ᠬᠥᠭᠵᠢᠯᠲᠡ ᠵᠢ ᠬᠠᠮᠲᠤ᠎ᠳᠤ᠎ᠪᠠᠨ ᠬᠦᠷᠲᠡᠬᠦ ᠵᠠᠰᠠᠭ ᠵᠠᠬᠢᠷᠭ᠋ᠠᠨ᠎ᠤ ᠦᠷ᠎ᠡ ᠴᠢᠳᠠᠮᠵᠢ ᠵᠢ ᠬᠦᠴᠦᠯᠡᠨ ᠪᠠᠶ᠋ᠢᠭᠤᠯᠬᠤ᠎ᠳᠤ ᠪᠤᠢ᠃

      3.1 ᠡᠵᠡᠩᠨᠡᠯᠲᠡ ᠵᠢᠨ ᠣᠷᠣᠯᠭ᠎ᠠ᠎ᠳᠠᠬᠢ ᠠᠵᠤ ᠠᠬᠤᠢ᠌ᠯᠠᠯ᠎ᠤᠨ ᠣᠷᠣᠨ᠎ᠤ ᠳᠣᠲᠣᠷ᠎ᠠ ᠭᠠᠳᠠᠨᠠᠬᠢ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠤᠯ᠎ᠤᠨ ᠲᠠᠯ᠎ᠠ᠎ᠳᠤ ᠬᠠᠮᠲᠤᠷᠠᠯᠴᠠᠬᠤ ᠵᠠᠷᠤᠳᠠᠯ᠎ᠤᠨ ᠵᠠᠷᠤᠯᠭ᠎ᠠ ᠵᠢᠨ ᠶᠡᠷᠦᠩᠬᠡᠢ ᠲᠣᠭ᠋ᠠᠨ᠎ᠤ ᠡᠵᠡᠯᠡᠬᠦ ᠬᠠᠷᠢᠴᠠᠯ

       ᠪᠤᠳᠤᠬᠤ ᠲᠣᠮᠢᠶ᠎ᠠ᠄ ᠠᠵᠤ ᠠᠬᠤᠢ᠌ᠯᠠᠯ᠎ᠤᠨ ᠲᠤᠬᠠᠢ ᠵᠢᠨ ᠵᠢᠯ  (ᠬᠢᠯᠢ ᠵᠢᠨ ᠳᠣᠲᠣᠷᠠᠬᠢ ᠰᠤᠳᠤᠯᠭ᠋ᠠᠨ᠎ᠤ ᠬᠦᠷᠢᠶᠡᠯᠡᠩ ᠭᠠᠵᠠᠷ᠎ᠲᠤ ᠨᠠᠢ᠌ᠳᠠᠵᠤ ᠰᠤᠳᠤᠯᠤᠨ ᠨᠡᠭᠡᠭᠡᠬᠦ ᠵᠠᠷᠤᠳᠠᠯ᠎ᠤᠨ ᠵᠠᠷᠤᠯᠭ᠎ᠠ + ᠬᠢᠯᠢ ᠵᠢᠨ ᠳᠣᠲᠣᠷᠠᠬᠢ ᠳᠡᠭᠡᠳᠦ ᠵᠡᠷᠭᠡ ᠵᠢᠨ ᠰᠤᠷᠭ᠋ᠠᠭᠤᠯᠢ᠎ᠳᠤ ᠨᠠᠢ᠌ᠳᠠᠵᠤ ᠰᠤᠳᠤᠯᠤᠨ ᠨᠡᠭᠡᠭᠡᠬᠦ ᠵᠠᠷᠤᠳᠠᠯ᠎ᠤᠨ ᠵᠠᠷᠤᠯᠭ᠎ᠠ + ᠬᠢᠯᠢ ᠵᠢᠨ ᠳᠣᠲᠣᠷᠠᠬᠢ ᠪᠤᠰᠤᠳ ᠠᠵᠤ ᠠᠬᠤᠢ᠌ᠯᠠᠯ᠎ᠳᠤ ᠨᠠᠢ᠌ᠳᠠᠵᠤ ᠰᠤᠳᠤᠯᠤᠨ ᠨᠡᠭᠡᠭᠡᠬᠦ ᠵᠠᠷᠤᠳᠠᠯ᠎ᠤᠨ ᠵᠠᠷᠤᠯᠭ᠎ᠠ + ᠬᠢᠯᠢ ᠵᠢᠨ ᠭᠠᠳᠠᠨᠠᠬᠢ ᠎ᠳᠤ ᠨᠠᠢ᠌ᠳᠠᠵᠤ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠵᠠᠷᠤᠳᠠᠯ᠎ᠤᠨ ᠵᠠᠷᠤᠯᠭ᠎ᠠ + ᠬᠢᠯᠢ ᠵᠢᠨ ᠭᠠᠳᠠᠨᠠᠬᠢ ᠮᠡᠷᠭᠡᠵᠢᠯ᠎ᠢ ᠣᠷᠣᠭᠤᠯᠤᠨ ᠠᠪᠴᠢᠷᠠᠬᠤ ᠵᠠᠷᠤᠳᠠᠯ᠎ᠤᠨ ᠵᠠᠷᠤᠯᠭ᠎ᠠ + ᠬᠢᠯᠢ ᠵᠢᠨ ᠭᠠᠳᠠᠨᠠᠬᠢ ᠮᠡᠷᠭᠡᠵᠢᠯ᠎ᠢ ᠣᠷᠣᠭᠤᠯᠤᠨ ᠠᠪᠴᠢᠷᠠᠭ᠋ᠠᠳ ᠰᠢᠩᠭᠡᠬᠡᠨ ᠡᠵᠡᠮᠰᠢᠬᠦ ᠵᠠᠷᠤᠳᠠᠯ᠎ᠤᠨ ᠵᠠᠷᠤᠯᠭ᠎ᠠ) / ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠬᠦᠷᠢᠶᠡᠯᠡᠩ ᠲᠣᠭᠣᠷᠢᠭ᠎ᠤᠨ ᠠᠵᠤ ᠠᠬᠤᠢ᠌ᠯᠠᠯ᠎ᠤᠨ ᠬᠢᠯᠢ ᠵᠢᠨ ᠭᠠᠳᠠᠨᠠᠬᠢ᠎ᠳᠤ ᠨᠠᠢ᠌ᠳᠠᠵᠤ ᠰᠤᠳᠤᠯᠤᠨ ᠨᠡᠭᠡᠭᠡᠬᠦ᠂ ᠮᠡᠷᠭᠡᠵᠢᠯ᠎ᠢ ᠣᠷᠣᠭᠤᠯᠤᠨ ᠠᠪᠴᠢᠷᠠᠬᠤ᠂ ᠰᠢᠩᠭᠡᠬᠡᠨ ᠡᠵᠡᠮᠰᠢᠵᠦ ᠳᠠᠬᠢᠨ ᠰᠢᠨ᠎ᠡ ᠵᠢ ᠡᠭᠦᠳᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ ᠪᠠᠢ᠌ᠭ᠋ᠠᠳ ᠨᠡᠭᠡᠭᠡᠯᠲᠡᠲᠤ ᠮᠠᠶᠢᠭ᠎ᠤᠨ ᠰᠢᠨ᠎ᠡ ᠡᠭᠦᠳᠦᠯᠲᠡ ᠬᠢᠭᠰᠡᠨ ᠪᠠᠢ᠌ᠳᠠᠯ᠎ᠢ ᠬᠡᠮᠵᠢᠶᠡᠯᠡᠵᠦ ᠪᠠᠢ᠌ᠬᠤ ᠮᠥᠷᠲᠡᠭᠡᠨ ᠠᠵᠤ ᠠᠬᠤᠢ᠌ᠯᠠᠯ᠎ᠤᠨ ᠭᠠᠳᠠᠷ ᠲᠠᠯ᠎ᠠ ᠵᠢᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠡᠷᠴᠢᠮ᠎ᠢ ᠴᠤ᠌ ᠲᠤᠰᠬᠠᠵᠤ ᠪᠠᠢ᠌ᠭ᠎ᠠ ᠶᠤᠮ᠃

      3.2 ᠣᠷᠣᠭᠤᠯᠤᠨ ᠠᠪᠴᠢᠷᠠᠬᠤ ᠪᠤᠶᠤ ᠬᠠᠮᠲᠤᠷᠠᠨ ᠪᠦᠲᠦᠭᠡᠨ ᠪᠠᠢ᠌ᠭᠤᠯᠤᠭᠰᠠᠨ ᠰᠢᠨ᠎ᠡ ᠵᠢ ᠡᠭᠦᠳᠬᠦ ᠲᠠᠪᠴᠠᠩ᠎ᠤᠨ ᠲᠣᠭ᠎ᠠ ᠬᠡᠮᠵᠢᠶ᠎ᠡ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠣᠷᠣᠭᠤᠯᠤᠨ ᠠᠪᠴᠢᠷᠠᠭᠰᠠᠨ ᠪᠤᠶᠤ ᠬᠠᠮᠲᠤᠷᠠᠨ ᠪᠠᠢ᠌ᠭᠤᠯᠤᠭᠰᠠᠨ ᠰᠤᠳᠤᠯᠤᠨ ᠨᠡᠭᠡᠭᠡᠬᠦ ᠂  ᠦᠷ᠎ᠡ ᠪᠦᠲᠦᠭᠡᠯ᠎ᠢ ᠤᠯᠠᠷᠢᠭᠤᠯᠤᠨ ᠬᠤᠪᠢᠷᠠᠭᠤᠯᠬᠤ᠎ᠪᠠᠷ ᠭᠣᠣᠯ ᠴᠢᠳᠠᠮᠵᠢ ᠪᠣᠯᠭ᠋ᠠᠭᠰᠠᠨ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠪᠠᠢ᠌ᠭᠤᠯᠤᠮᠵᠢ ᠵᠢ ᠵᠢᠭ᠋ᠠᠵᠤ ᠪᠤᠢ ᠃

      3.3 ᠣᠷᠣᠭᠤᠯᠤᠨ ᠠᠪᠴᠢᠷᠠᠭᠰᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠲᠣᠭ᠎ᠠ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠨᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠵᠤ ᠣᠷᠣᠭᠤᠯᠤᠨ ᠠᠪᠴᠢᠷᠠᠭᠰᠠᠨ ᠪᠤᠰᠤᠳ ᠮᠤᠵᠢ (  ᠣᠷᠣᠨ ᠂  ᠬᠣᠲᠠ) ᠎ᠳᠤ  ᠨᠢᠭᠡᠨᠲᠡ ᠮᠠᠭ᠋ᠠᠳᠯᠠᠨ ᠲᠣᠭᠲᠠᠭ᠋ᠠᠭᠰᠠ᠎ᠤ ᠬᠠᠮᠲᠤ ᠬᠦᠴᠦᠨ᠎ᠲᠠᠢ ᠬᠤᠭᠤᠴᠠᠭ᠋ᠠᠨ᠎ᠳᠤ ᠪᠠᠢ᠌ᠭ᠎ᠠ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠶᠡᠷᠦᠩᠬᠡᠢ ᠲᠣᠭ᠎ᠠ ᠵᠢ ᠵᠢᠭ᠋ᠠᠵᠤ ᠪᠤᠢ ᠃

      3.4 ᠣᠷᠣᠭᠤᠯᠤᠨ ᠠᠪᠴᠢᠷᠠᠭᠰᠠᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠲᠣᠭ᠎ᠠ ᠬᠡᠮᠵᠢᠶ᠎ᠡ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠨᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠤᠰᠤᠳ ᠮᠤᠵᠢ (  ᠣᠷᠣᠨ ᠂  ᠬᠣᠲᠠ) ᠎ᠳᠤ ᠨᠢᠭᠡᠨᠲᠡ ᠮᠠᠭ᠋ᠠᠳᠯᠠᠨ ᠲᠣᠭᠲᠠᠭ᠋ᠠᠭᠰᠠᠨ᠎ᠤ ᠬᠠᠮᠲᠤ ᠬᠥᠮᠥᠷᠭᠡᠯᠡᠨ ᠳᠠᠩᠰᠠᠯᠠᠭᠤᠯᠤᠭᠰᠠᠨ ᠰᠢᠨᠵᠢᠯᠡᠬᠦ ᠤᠬᠠᠭ᠋ᠠᠨ ᠲᠸᠭᠨᠢᠭ  ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ᠎ᠤᠨ ᠶᠡᠷᠦᠩᠬᠡᠢ ᠲᠣᠭ᠎ᠠ ᠵᠢ ᠵᠢᠭ᠋ᠠᠵᠤ ᠪᠤᠢ ᠃

      3.5 ᠡᠵᠡᠩᠨᠡᠯᠲᠡ ᠵᠢᠨ ᠣᠷᠣᠯᠭ᠎ᠠ᠎ᠳᠠᠬᠢ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠭᠠᠳᠠᠭ᠋ᠠᠳᠤ ᠭᠠᠷᠭ᠋ᠠᠯᠲᠠ ᠵᠢᠨ ᠶᠡᠷᠦᠩᠬᠡᠢ ᠲᠣᠭ᠋ᠠᠨ᠎ᠤ ᠡᠵᠡᠯᠡᠬᠦ ᠬᠠᠷᠢᠴᠠᠯ

       ᠪᠤᠳᠤᠬᠤ ᠲᠣᠮᠢᠶ᠎ᠠ᠄ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠭᠠᠳᠠᠭ᠋ᠠᠳᠤ ᠭᠠᠷᠭ᠋ᠠᠯᠲᠠ ᠵᠢᠨ ᠬᠡᠮᠵᠢᠶᠡᠨ᠎ᠤ ᠨᠡᠢ᠌ᠲᠡ ᠲᠣᠭ᠎ᠠ / ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠦᠮᠴᠢᠯᠡᠯ᠎ᠤᠨ ᠡᠷᠬᠡ᠎ᠪᠠᠷ ᠵᠶ᠋ᠡᠨ ᠣᠯᠠᠨ ᠤᠯᠤᠰ᠎ᠤᠨ ᠥᠷᠢᠰᠦᠯᠳᠦᠭᠡᠨ᠎ᠳᠤ ᠣᠷᠤᠯᠴᠠᠬᠤ ᠴᠢᠳᠠᠪᠤᠷᠢ ᠵᠢ ᠬᠡᠮᠵᠢᠶᠡᠯᠡᠵᠦ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠭᠠᠳᠠᠭ᠋ᠠᠳᠤ ᠭᠠᠷᠭ᠋ᠠᠯᠲᠠ ᠵᠢᠨ ᠬᠡᠮᠵᠢᠶ᠎ᠡ᠎ᠨᠢ ᠳᠡᠭᠡᠳᠦ ᠰᠢᠨ᠎ᠡ ᠮᠡᠷᠭᠡᠵᠢᠯ᠎ᠤᠨ ᠦᠢ᠍ᠯᠡᠳᠬᠦᠨ᠎ᠤ ᠭᠠᠳᠠᠭ᠋ᠠᠳᠤ ᠭᠠᠷᠭ᠋ᠠᠯᠲᠠ ᠵᠢᠨ ᠬᠡᠮᠵᠢᠶ᠎ᠡ᠎ᠠᠴᠠ ᠨᠡᠩ ᠢᠯᠡᠭᠦᠦ ᠨᠤᠲᠤᠭ ᠣᠰᠣᠨ᠎ᠤ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠢ᠌ᠯᠠᠯ᠎ᠤᠨ ᠣᠯᠠᠨ ᠤᠯᠤᠰ᠎ᠤᠨ ᠬᠣᠭᠣᠷᠣᠨᠳᠤᠬᠢ ᠥᠷᠢᠰᠦᠯᠳᠦᠬᠦ ᠬᠦᠴᠦᠨ᠎ᠢ ᠲᠤᠰᠬᠠᠵᠤ ᠴᠢᠳᠠᠨ᠎ᠠ᠃

      3.6 ᠣᠷᠣᠨ᠎ᠤ ᠭᠠᠳᠠᠨᠠᠬᠢ ᠮᠡᠷᠭᠡᠵᠢᠯ᠎ᠢ ᠰᠢᠩᠭᠡᠬᠡᠨ ᠠᠪᠬᠤ ᠭᠡᠷ᠎ᠡ ᠵᠢᠨ ᠠᠷᠠᠯᠵᠢᠶᠠᠨ᠎ᠤ ᠲᠣᠭ᠎ᠠ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠣᠷᠣᠨ᠎ᠤ ᠭᠠᠳᠠᠨᠠᠬᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠷᠣᠭᠤᠯᠤᠨ ᠠᠪᠴᠢᠷᠠᠵᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠤᠯᠠᠷᠢᠭᠤᠯᠤᠭᠰᠠᠨ ᠠᠷᠠᠯᠵᠢᠶᠠᠨ᠎ᠤ ᠲᠣᠭ᠎ᠠ ᠵᠢ ᠵᠢᠭ᠋ᠠᠵᠤ ᠪᠣᠶ᠃ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠥᠪᠡᠷᠲᠡᠭᠡᠨ ᠵᠠᠰᠠᠬᠤ ᠣᠷᠣᠨ᠎ᠠᠴᠠ ᠭᠠᠳᠠᠨᠠᠬᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠡᠷᠡᠭᠯᠡᠯᠲᠡ ᠵᠢᠨ ᠬᠦᠴᠦᠨ ᠴᠢᠳᠠᠪᠤᠷᠢ ᠵᠢ ᠲᠤᠰᠬᠠᠵᠤ ᠪᠠᠢ᠌ᠭ᠎ᠠ ᠶᠤᠮ᠃

      4.1 ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠴᠢᠯᠡᠭᠡ ᠵᠢ ᠪᠦᠲᠦᠮᠵᠢᠲᠠᠢ ᠥᠷᠨᠢᠭᠦᠯᠦᠭᠰᠡᠨ ᠪᠠᠢ᠌ᠭᠤᠯᠤᠮᠵᠢ ᠵᠢᠨ ᠲᠣᠭ᠎ᠠ

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠭᠡᠳᠡᠭ᠎ᠨᠢ ᠳᠣᠣᠷᠠᠬᠢ ᠦᠢ᠍ᠯᠡᠴᠢᠯᠡᠭᠡ ᠵᠢ ᠡᠷᠭᠢᠯᠡᠬᠦ ᠪᠠᠢ᠌ᠭᠤᠯᠤᠮᠵᠢ ᠵᠢ ᠵᠢᠭ᠋ᠠᠵᠤ ᠪᠣᠢ᠂ ᠡᠭᠦᠨ᠎ᠳᠤ᠄ 1. ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠨᠡᠭᠡᠭᠡᠨ ᠬᠥᠭᠵᠢᠭᠦᠯᠦᠯᠲᠡ ᠪᠠ ᠦᠢ᠍ᠯᠡᠴᠢᠯᠡᠭᠡ; 2. ᠮᠡᠷᠭᠡᠵᠢᠯ᠎ᠢ ᠰᠢᠯᠵᠢᠭᠦᠯᠬᠦ ᠦᠢ᠍ᠯᠡᠴᠢᠯᠡᠭᠡᠨ; 3. ᠦᠢ᠍ᠯᠡᠰ ᠴᠣᠭᠴᠠᠯᠠᠬᠤ ᠵᠢᠨ ᠨᠡᠪᠴᠢᠭᠦᠯᠬᠦ ᠦᠢ᠍ᠯᠡᠴᠢᠯᠡᠭᠡᠨ; 4. ᠮᠡᠳᠡᠯᠭᠡ ᠵᠢᠨ ᠪᠦᠲᠦᠭᠡᠭᠳᠡᠬᠦᠨ᠎ᠤ ᠦᠮᠴᠢᠯᠡᠯ᠎ᠤᠨ ᠡᠷᠬᠡ ᠵᠢᠨ ᠦᠢ᠍ᠯᠡᠴᠢᠯᠡᠭᠡᠨ; 5. ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠯᠠᠪᠯᠠᠭ᠎ᠠ ᠵᠢᠨ ᠦᠢ᠍ᠯᠡᠴᠢᠯᠡᠭᠡᠨ; 6. ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ; 7. ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠰᠢᠨᠵᠢᠬᠦ ᠭᠡᠷᠡᠴᠢᠯᠡᠭᠡ ᠵᠢᠨ ᠦᠢ᠍ᠯᠡᠴᠢᠯᠡᠭᠡᠨ;

8. ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ ᠨᠡᠢ᠌ᠭᠡᠮᠴᠢᠯᠡᠭᠰᠡᠨ ᠦᠢ᠍ᠯᠡᠴᠢᠯᠡᠭᠡᠨ; 9. ᠶᠡᠷᠦᠩᠬᠡᠢ᠌ᠯᠡᠭᠰᠡᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠴᠢᠯᠡᠭᠡᠨ ᠵᠡᠷᠭᠡ ᠪᠠᠭᠲᠠᠨ᠎ᠠ᠃ 《ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ᠎ᠤᠳ》 (ᠲᠥᠷᠥ ᠲᠠᠷᠬᠠᠭ᠋ᠠᠭᠰᠠᠨ [2014] 49 ᠳ᠋ᠦ᠍ᠭᠡᠷ ᠲᠣᠭ᠋ᠠᠲᠤ) ᠪᠠ 《ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠲᠦᠷᠭᠡᠳᠬᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》  (ᠥᠪᠥᠷ ᠵᠠᠰᠠᠭ ᠲᠠᠷᠬᠠᠭ᠋ᠠᠭᠰᠠᠨ [2015] 142 ᠳ᠋ᠤᠭ᠋ᠠᠷ ᠲᠣᠭ᠋ᠠᠲᠤ) ᠵᠶ᠋ᠠᠷ ᠪᠣᠳᠠᠲᠠᠢ ᠯᠠᠪᠯᠠᠯᠲᠠ ᠪᠣᠯᠭ᠋ᠠᠨ᠎ᠠ᠃

      4.2 ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠡᠷᠬᠡ᠎ᠪᠠᠨ ᠲᠠᠯᠪᠢᠨ ᠥᠭᠴᠦ ᠬᠦᠴᠦᠨ ᠴᠢᠳᠠᠮᠵᠢ ᠵᠢ ᠡᠷᠴᠢᠮᠯᠡᠭᠰᠡᠨ ᠪᠠᠢ᠌ᠳᠠᠯ

       ᠪᠤᠳᠤᠬᠤ ᠠᠷᠭ᠎ᠠ᠄ ᠦᠨᠡᠯᠡᠯᠲᠡ᠎ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠯᠲᠠ ᠬᠢᠬᠦ ᠵᠢᠨ ᠬᠠᠮᠲᠤ᠂ ᠲᠤᠰᠬᠠᠢ ᠮᠡᠷᠭᠡᠵᠢᠯᠲᠡᠨ᠎ᠤ ᠬᠤᠪᠢ ᠲᠣᠭᠲᠠᠭ᠋ᠠᠬᠤ᠎ᠲᠠᠢ ᠤᠶᠠᠯᠳᠤᠭᠤᠯᠤᠨ᠂ ᠶᠡᠷᠦᠩᠬᠡᠢ᠌ᠯᠡᠭᠰᠡᠨ ᠮᠠᠭ᠋ᠠᠳᠯᠠᠯᠲᠠ ᠬᠢᠨ᠎ᠡ᠃       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠠᠢ᠌ᠭ᠎ᠠ ᠭᠠᠵᠠᠷ᠎ᠤᠨ ᠵᠠᠰᠠᠭ᠎ᠤᠨ ᠣᠷᠳᠣᠨ᠎ᠠᠴᠠ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠵᠣᠬᠢᠴᠠᠩᠭᠤᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠠᠵᠤ ᠦᠢ᠍ᠯᠡᠰ᠎ᠢ ᠠᠬᠢᠭᠤᠯᠬᠤ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠂ ᠡᠳ᠋᠎ᠤᠨ ᠵᠠᠰᠠᠭ ᠮᠥᠩᠭᠥᠨ ᠭᠦᠢ᠍ᠯᠭᠡᠭᠡ ᠵᠡᠷᠭᠡ ᠠᠢ᠌ᠮᠠᠭ ᠬᠣᠲᠠ ᠵᠢᠨ ᠱᠠᠲᠤᠨ᠎ᠤ ᠠᠵᠤ ᠠᠬᠤᠢ ᠵᠢᠨ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠣᠯᠭᠣᠭᠰᠠᠨ᠎ᠢ ᠬᠡᠮᠵᠢᠶᠡᠯᠡᠵᠦ᠂ ᠬᠦᠷᠢᠶᠡᠯᠡᠩ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢᠨ ᠨᠢᠭᠤᠭᠳᠠᠮᠠᠯ ᠬᠦᠴᠦᠨ᠎ᠢ ᠭᠦᠨ ᠲᠠᠰ ᠳᠠᠪᠬᠤᠷᠭ᠎ᠠ᠎ᠠᠴᠠ ᠬᠥᠭᠵᠢᠭᠡᠬᠦ᠎ᠳᠤ ᠪᠤᠢ᠃

      4.3 ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠪᠠᠢ᠌ᠭᠤᠯᠤᠯ ᠲᠣᠭᠲᠠᠴᠠ ᠵᠢᠨ ᠪᠠᠢ᠌ᠳᠠᠯ

       ᠪᠤᠳᠤᠬᠤ ᠠᠷᠭ᠎ᠠ᠄ ᠦᠨᠡᠯᠡᠯᠲᠡ᠎ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠯᠲᠠ ᠬᠢᠬᠦ ᠵᠢᠨ ᠬᠠᠮᠲᠤ᠂ ᠲᠤᠰᠬᠠᠢ ᠮᠡᠷᠭᠡᠵᠢᠯᠲᠡᠨ᠎ᠤ ᠬᠤᠪᠢ ᠲᠣᠭᠲᠠᠭ᠋ᠠᠬᠤ᠎ᠲᠠᠢ ᠤᠶᠠᠯᠳᠤᠭᠤᠯᠤᠨ᠂ ᠶᠡᠷᠦᠩᠬᠡᠢ᠌ᠯᠡᠭᠰᠡᠨ ᠮᠠᠭ᠋ᠠᠳᠯᠠᠯᠲᠠ ᠬᠢᠨ᠎ᠡ᠃       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠲᠦᠷᠦᠭᠦᠯᠡᠨ ᠥᠭᠡᠷᠡᠴᠢᠯᠡᠯᠲᠡ ᠬᠢᠵᠦ ᠰᠦᠪᠡᠭᠴᠢᠯᠡᠨ ᠂  ᠶᠡᠷᠦᠩᠬᠡᠢ᠌ᠯᠡᠭᠰᠡᠨ ᠬᠠᠮᠢᠶᠠᠷᠤᠯᠲᠠ ᠪᠠ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠬᠦᠴᠦᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ᠎ᠢ ᠬᠡᠮᠵᠢᠶᠡᠯᠡᠨ᠎ᠡ ᠃

      4.4 ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠡᠵᠡᠮᠳᠡᠵᠦ ᠪᠣᠯᠬᠤ ᠡᠳ᠋ ᠎ᠤᠨ ᠬᠦᠴᠦᠨ᠎ᠤ ᠪᠠᠢ᠌ᠳᠠᠯ 

       ᠪᠤᠳᠤᠬᠤ ᠲᠣᠮᠢᠶ᠎ᠠ᠄ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠲᠤᠬᠠᠢ ᠵᠢᠨ ᠵᠢᠯ᠎ᠤᠨ ᠡᠵᠡᠮᠳᠡᠵᠦ ᠪᠣᠯᠬᠤ ᠡᠳ᠋᠎ᠤᠨ ᠬᠦᠴᠦᠨ (ᠲᠤᠰᠠᠭ᠋ᠠᠷ ᠨᠢᠭᠡ ᠱᠠᠲᠤᠨ᠎ᠤ ᠡᠳ᠋ ᠎ᠤᠨ ᠵᠠᠰᠠᠭ ᠦᠭᠡᠢ ᠳᠡᠭᠡᠳᠦ ᠰᠢᠨ᠎ᠡ ᠲᠣᠭᠣᠷᠢᠭ᠎ᠨᠢ 《ᠬᠠᠮᠢᠶᠠᠷᠤᠯᠲᠠ ᠵᠢᠨ ᠵᠥᠪᠯᠡᠯ᠎ᠤᠨ ᠬᠠᠮᠢᠶᠠᠷᠴᠤ ᠪᠠᠢ᠌ᠭ᠎ᠠ ᠪᠥᠭᠡᠳ ᠵᠠᠷᠤᠴᠠᠭᠤᠯᠤᠭᠰᠠᠨ ᠬᠦᠷᠢᠶᠡᠯᠡᠩ ᠲᠣᠭᠣᠷᠢᠭ᠎ᠤᠨ ᠬᠥᠭᠵᠢᠯᠲᠡ ᠵᠢᠨ ᠲᠤᠰᠬᠠᠢ ᠪᠡᠯᠡ ᠮᠥᠩᠭᠥ 》 ᠎ᠪᠠᠷ ᠣᠷᠣᠯᠠᠭᠤᠯᠤᠨ᠎ᠠ)

       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠭᠣᠣᠯ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠪᠦᠬᠦᠯᠢ ᠴᠣᠭᠴᠠ ᠵᠢᠨ ᠡᠳ᠋᠎ᠤᠨ ᠵᠠᠰᠠᠭ᠎ᠤᠨ ᠪᠣᠳᠠᠲᠤ ᠬᠦᠴᠦᠨ᠎ᠢ ᠬᠡᠮᠵᠢᠶᠡᠯᠡᠵᠦ ᠂  ᠬᠦᠷᠢᠶᠡᠯᠡᠩ ᠲᠣᠭᠣᠷᠢᠭ᠎ᠤᠨ ᠡᠯ᠎ᠡ ᠲᠥᠷᠥᠯ᠎ᠤᠨ ᠡᠬᠢ ᠪᠠᠶᠠᠯᠢᠭ᠎ᠢ ᠶᠡᠷᠦᠩᠬᠡᠢ᠌ᠯᠡᠨ ᠨᠢᠭᠡᠳᠦᠯᠲᠡᠢ ᠲᠥᠯᠥᠪᠵᠢᠭᠦᠯᠦᠭᠰᠡᠨ ᠡᠳ᠋᠎ᠤᠨ ᠵᠠᠰᠠᠭ᠎ᠤᠨ ᠨᠥᠭᠡᠴᠡ ᠵᠢᠨ ᠪᠠᠢ᠌ᠳᠠᠯ᠎ᠢ ᠢᠯᠡᠷᠡᠭᠦᠯᠵᠦ ᠂  ᠪᠠᠰᠠᠴᠤ ᠬᠦᠷᠢᠶᠡᠯᠡᠩ ᠲᠣᠭᠣᠷᠢᠭ᠎ᠤᠨ ᠦᠷᠭᠦᠯᠵᠢᠯᠡᠨ ᠬᠥᠭᠵᠢᠭᠦᠯᠬᠦ ᠵᠢ ᠪᠥᠬᠥ ᠲᠠᠯ᠎ᠠ᠎ᠪᠠᠷ ᠵᠣᠬᠢᠴᠠᠭᠤᠯᠤᠭᠰᠠᠨ  ᠶᠡᠷᠦᠩᠬᠡᠢ᠌ᠯᠡᠭᠰᠡᠨ ᠰᠢᠨ᠎ᠡ ᠵᠢ ᠡᠭᠦᠳᠬᠦ ᠪᠣᠳᠠᠲᠤ ᠬᠦᠴᠦᠨ᠎ᠢ ᠲᠤᠰᠬᠠᠵᠤ ᠪᠠᠢ᠌ᠭ᠎ᠠ ᠶᠤᠮ ᠃

      4.5 ᠬᠦᠷᠢᠶᠡᠯᠡᠩ ᠲᠣᠭᠣᠷᠢᠭ᠎ᠤᠨ ᠲᠥᠷᠥ ᠵᠢᠨ ᠪᠣᠳᠣᠯᠭ᠎ᠠ ᠵᠢ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠠᠵᠢᠯ᠎ᠢ ᠥᠷᠨᠢᠭᠦᠯᠦᠭᠰᠡᠨ ᠪᠠᠢ᠌ᠳᠠᠯ

       ᠪᠤᠳᠤᠬᠤ ᠠᠷᠭ᠎ᠠ᠄ ᠦᠨᠡᠯᠡᠯᠲᠡ᠎ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠯᠲᠠ ᠬᠢᠬᠦ ᠵᠢᠨ ᠬᠠᠮᠲᠤ ᠂  ᠲᠤᠰᠬᠠᠢ ᠮᠡᠷᠭᠡᠵᠢᠯᠲᠡᠨ᠎ᠤ ᠬᠤᠪᠢ ᠲᠣᠭᠲᠠᠭ᠋ᠠᠬᠤ᠎ᠲᠠᠢ ᠤᠶᠠᠯᠳᠤᠭᠤᠯᠤᠨ ᠂  ᠶᠡᠷᠦᠩᠬᠡᠢ᠌ᠯᠡᠭᠰᠡᠨ ᠮᠠᠭ᠋ᠠᠳᠯᠠᠯᠲᠠ ᠬᠢᠨ᠎ᠡ ᠃       ᠭᠦᠢ᠍ᠴᠡᠳᠬᠡᠯ ᠲᠣᠭ᠋ᠠᠨ᠎ᠤ ᠲᠠᠢ᠌ᠯᠪᠤᠷᠢ᠄ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠴᠢᠬᠤᠯᠠᠴᠢᠯᠠᠵᠤ ᠂  ᠨᠠᠮ᠎ᠤᠨ ᠰᠠᠬᠢᠯᠭ᠎ᠠ ᠪᠠᠲᠤ ᠵᠠᠰᠠᠭ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ ᠂  ᠡᠩ ᠲᠡᠷᠢᠭᠦᠨ᠎ᠳᠤ ᠥᠭᠡᠷᠡᠴᠢᠯᠡᠯᠲᠡ ᠬᠢᠵᠦ ᠰᠦᠪᠡᠭᠴᠢᠯᠡᠨ ᠂  ᠶᠡᠷᠦᠩᠬᠡᠢ᠌ᠯᠡᠭᠰᠡᠨ ᠬᠠᠮᠢᠶᠠᠷᠤᠯᠲᠠ ᠪᠠ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠬᠦᠴᠦᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ᠎ᠢ ᠬᠡᠮᠵᠢᠶᠡᠯᠡᠨ᠎ᠡ ᠃

 

—— —— —— —— —— —— —— —— —— ——

ᠬᠠᠭᠤᠯᠤᠨ ᠢᠯᠡᠭᠡᠬᠦ᠎ᠨᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ ᠂  ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ ᠂  ᠵᠡᠪᠰᠡᠭᠲᠦ ᠴᠠᠭᠳᠠᠭ᠋ᠠᠨ᠎ᠤ ᠥᠪᠥᠷ ᠮᠣᠩᠭᠣᠯ᠎ᠤᠨ ᠶᠡᠷᠦᠩᠬᠡᠢ ᠠᠩᠭᠢ ᠃

             ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ ᠂ ᠤᠯᠤᠰ ᠲᠥᠷᠥ ᠵᠢᠨ ᠵᠥᠪᠯᠡᠯᠭᠡᠨ ᠎ᠤ ᠠᠯᠪᠠᠨ ᠲᠢᠩᠬᠢᠮ ᠂  ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠂  ᠪᠠᠢ᠌ᠴᠠᠭ᠋ᠠᠬᠤ ᠬᠣᠷᠢᠶ᠎ᠠ ᠃

             ᠡᠯ᠎ᠡ ᠠᠷᠠᠳ᠎ᠤᠨ ᠪᠦᠯᠬᠦᠮ ᠂  ᠰᠣᠨᠢᠨ ᠮᠡᠳᠡᠭᠡᠨ᠎ᠤ ᠨᠢᠭᠡᠴᠢ ᠃

—— —— —— —— —— —— —— —— —— ——

       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ

            2022 ᠣᠨ᠎ᠤ 3 ᠳ᠋ᠤᠭ᠋ᠠᠷ  ᠰᠠᠷ᠎ᠠ ᠵᠢᠨ 7᠎ᠤ  ᠡᠳᠦᠷ ᠳᠠᠷᠤᠮᠠᠯᠯᠠᠨ ᠲᠠᠷᠬᠠᠭ᠋ᠠᠪᠠ

—— —— —— —— —— —— —— —— —— ——

 

 

 

 

 

 


ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠤ ᠡᠮᠴᠢᠯᠡᠭᠡᠨ᠎ᠤ ᠳᠠᠭ᠋ᠠᠳᠬᠠᠯ ᠪᠠ ᠠᠪᠤᠷᠠᠨ ᠲᠤᠰᠠᠯᠠᠬᠤ ᠳᠦᠷᠢᠮ᠎ᠢ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠠᠵᠢᠯ᠎ᠢ ᠭᠦᠨᠵᠡᠭᠡᠢ᠌ᠷᠡᠭᠦᠯᠵᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠦᠷᠭᠡᠨ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
 
            