ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2022] 56 ᠳ᠋ᠤᠭ᠋ᠠᠷ ᠲᠣᠭ᠋ᠠᠲᠤ
ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠠᠵᠢᠯ ᠦᠢ᠍ᠯᠡᠰ᠎ᠤᠨ ᠨᠢᠭᠡᠴᠢ᠎ᠳᠤ᠄
《 ᠲᠥᠰᠥᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠠᠨᠠᠯ 》 ( ᠲᠥᠪ ᠲᠠᠷᠬᠠᠭ᠋ᠠᠭᠰᠠᠨ[2018] 34 ᠳ᠋ᠦ᠍ᠭᠡᠷ ᠲᠣᠭ᠋ᠠᠲᠤ )᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠤᠨᠨᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠤᠰᠠᠳᠠ ᠂ 《ᠰᠤᠷᠭ᠋ᠠᠨ ᠬᠥᠮᠦᠵᠢᠯ᠎ᠤᠨ ᠬᠦᠷᠢᠶ᠎ᠡ ᠴᠠᠷᠠᠭ᠋ᠠᠨ᠎ᠳᠠᠬᠢ ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢ ᠬᠤᠪᠢᠶᠠᠷᠢᠯᠠᠬᠤ ᠥᠭᠡᠷᠡᠴᠢᠯᠡᠯᠲᠡ ᠵᠢᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2019] 27 ᠳ᠋ᠤᠭ᠋ᠠᠷ ᠲᠣᠭ᠋ᠠᠲᠤ) ᠂ 《ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠳᠠᠩᠰᠠ ᠡᠪᠬᠡᠮᠡᠯ ᠪᠠᠢ᠌ᠭᠤᠯᠤᠨ ᠺᠠᠷᠲ᠎ᠲᠤ ᠣᠷᠣᠭᠤᠯᠤᠭᠰᠠᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠭᠴᠢᠣᠨ᠎ᠤᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠲᠤᠬᠠᠢ ᠡᠳ᠋᠎ᠤᠨ ᠵᠠᠰᠠᠭ᠎ᠤᠨ ᠶᠠᠮᠤᠨ ᠰᠤᠷᠭ᠋ᠠᠨ ᠬᠥᠮᠦᠵᠢᠯ᠎ᠤᠨ ᠶᠠᠮᠤᠨ᠎ᠤ ᠰᠠᠨᠠᠯ》 (ᠡᠳ᠋᠎ᠤᠨ ᠵᠠᠰᠠᠭ ᠰᠤᠷᠭ᠋ᠠᠨ ᠬᠥᠮᠦᠵᠢᠯ [2016] 292 ᠳ᠋ᠤᠭ᠋ᠠᠷ ᠲᠣᠭ᠋ᠠᠲᠤ ) ᠂ 《 〈 ᠰᠤᠷᠤᠨᠨᠴᠢ ᠵᠢ ᠮᠥᠩᠭᠥ᠎ᠪᠠᠷ ᠲᠤᠰᠠᠯᠠᠬᠤ ᠵᠢᠨ ᠪᠡᠯᠡ ᠮᠥᠩᠭᠥᠨ᠎ᠤ ᠬᠠᠮᠢᠶᠠᠷᠤᠯᠲᠠ ᠵᠢᠨ ᠠᠷᠭ᠎ᠠ 〉 ᠵᠢ ᠳᠠᠷᠤᠮᠠᠯᠯᠠᠨ ᠶᠠᠪᠤᠭᠤᠯᠬᠤ ᠲᠤᠬᠠᠢ ᠡᠳ᠋᠎ᠤᠨ ᠵᠠᠰᠠᠭ᠎ᠤᠨ ᠶᠠᠮᠤᠨ ᠰᠤᠷᠭ᠋ᠠᠨ ᠬᠥᠮᠦᠵᠢᠯ᠎ᠤᠨ ᠶᠠᠮᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠮᠤᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠳᠠᠢ᠌ᠴᠢᠯᠠᠯᠲᠠ ᠵᠢᠨ ᠶᠠᠮᠤᠨ᠎ᠤ ᠮᠡᠳᠡᠭᠳᠡᠯ》 ( ᠡᠳ᠋᠎ᠤᠨ ᠵᠠᠰᠠᠭ ᠰᠤᠷᠭ᠋ᠠᠨ ᠬᠥᠮᠦᠵᠢᠯ [2021] 310 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠳ᠎ᠤᠨ ᠱᠠᠭ᠋ᠠᠷᠳᠠᠯᠭ᠎ᠠ ᠶᠣᠰᠣᠭ᠋ᠠᠷ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠡᠳᠦᠭᠡ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠬᠦ ᠵᠢᠨ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ ᠃
ᠨᠢᠭᠡ ᠂ ᠶᠡᠷᠦᠩᠬᠡᠢ ᠱᠠᠭ᠋ᠠᠷᠳᠠᠯᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠣᠷᠢᠶᠠᠨ᠎ᠤ ᠤᠳᠠᠭ᠎ᠠ ᠪᠦᠷᠢ ᠵᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠲᠤᠬᠠᠢ ᠴᠢᠬᠤᠯᠠ ᠥᠭᠦᠯᠡᠯᠲᠡ ᠪᠠ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠨᠠᠮ᠎ᠤᠨ ᠲᠥᠪ ᠬᠣᠷᠢᠶ᠎ᠠ ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠤᠨ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠦᠴᠦᠯᠡᠨ ᠪᠠᠲᠤ ᠴᠣᠭᠴᠠᠯᠠᠵᠤ ᠂ ᠰᠤᠷᠭ᠋ᠠᠨ ᠬᠥᠮᠦᠵᠢᠯ᠎ᠤᠨ ᠭᠣᠣᠯᠴᠢ ᠪᠠᠢ᠌ᠬᠤ ᠵᠢ ᠠᠬᠢᠭᠤᠯᠬᠤ ᠂ ᠰᠤᠷᠭ᠋ᠠᠨ ᠬᠥᠮᠦᠵᠢᠯ᠎ᠤᠨ ᠪᠦᠲᠦᠴᠡ ᠵᠢ ᠰᠢᠯᠢᠳᠡᠭᠵᠢᠭᠦᠯᠬᠦ ᠂ ᠬᠥᠳᠡᠯᠮᠦᠷᠢᠴᠢᠳ᠎ᠤᠨ ᠬᠡᠪ ᠴᠢᠨᠠᠷ᠎ᠢ ᠳᠡᠭᠡᠭᠰᠢᠯᠡᠭᠦᠯᠬᠦ᠎ᠪᠠᠷ ᠡᠭᠦᠰᠴᠡ ᠪᠠ ᠲᠤᠰᠤᠯᠲᠠ ᠪᠣᠯᠭ᠋ᠠᠵᠤ ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠤᠨᠨᠴᠢ ᠵᠢ ᠮᠥᠩᠭᠥ᠎ᠪᠠᠷ ᠲᠤᠰᠠᠯᠠᠬᠤ ᠲᠦᠷᠦ ᠵᠢᠨ ᠪᠣᠳᠣᠯᠭ᠎ᠠ ᠵᠢ ᠲᠣᠬᠢᠷᠠᠭᠤᠯᠤᠨ ᠲᠡᠭᠦᠯᠳᠡᠷᠵᠢᠭᠦᠯᠵᠦ ᠂ ᠬᠤᠳᠠ ᠬᠥᠳᠡᠭᠡ ᠵᠢᠨ ᠵᠣᠩᠬᠢᠯᠠᠬᠤ ᠲᠣᠭ᠋ᠠᠨ᠎ᠤ ᠰᠢᠨ᠎ᠡ᠎ᠪᠠᠷ ᠨᠡᠮᠡᠭᠳᠡᠭᠰᠡᠨ ᠬᠥᠳᠡᠯᠮᠦᠷᠢ ᠬᠦᠴᠦᠨ᠎ᠤ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ ᠬᠥᠷᠳᠡᠬᠥ ᠵᠢ ᠪᠡᠶᠡᠯᠡᠭᠦᠯᠵᠦ ᠂ ᠤᠯᠠᠨ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠦᠨᠳᠦᠰᠦᠨ ᠦᠢ᠍ᠯᠡᠴᠢᠯᠡᠭᠡᠨ᠎ᠤ ᠠᠳᠠᠯᠢ ᠲᠡᠭᠰᠢ ᠪᠣᠯᠬᠣ ᠵᠢ ᠤᠯᠠᠮ ᠨᠢᠭᠡ ᠠᠯᠬᠤᠮ ᠠᠬᠢᠭᠤᠯᠤᠨ᠎ᠠ ᠃
ᠬᠣᠶᠠᠷ ᠂ ᠭᠣᠣᠯ ᠠᠭᠤᠯᠭ᠎ᠠ
(ᠨᠢᠭᠡ) ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠃
1. ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠣᠷᠣᠭᠴᠢ ᠵᠢᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠵᠢᠨ ᠬᠠᠮᠲᠤ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠨ᠎ᠠ ᠃
ᠪᠥᠬᠥ ᠣᠷᠣᠨ᠎ᠤ ᠰᠤᠷᠭ᠋ᠠᠭᠤᠯᠢ ᠵᠢᠨ ᠬᠠᠷᠢᠶ᠎ᠠ᠎ᠪᠠᠨ ᠵᠢᠩᠬᠢᠨᠢ᠎ᠪᠠᠷ ᠳᠠᠩᠰᠠᠯᠠᠭᠤᠯᠤᠭᠰᠠᠨ ᠪᠤᠢ ᠪᠦᠬᠦᠢ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ᠎ᠠᠴᠠ ᠰᠤᠷᠤᠯᠭ᠎ᠠ ᠵᠢᠨ ᠰᠤᠯᠠ ᠵᠠᠷᠤᠳᠠᠯ ᠬᠤᠷᠢᠶᠠᠬᠤ ᠦᠭᠡᠢ ᠮᠥᠷᠲᠡᠭᠡᠨ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠨ᠎ᠠ ᠃
ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭ᠋ᠠᠨ᠎ᠳᠤ ᠵᠢᠯ ᠪᠦᠷᠢ 2000 ᠲᠥᠭᠥᠷᠢᠭ ᠪᠣᠯᠣᠨ᠎ᠠ ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠡᠷ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠠᠷᠠᠳ᠎ᠠᠴᠠ ᠡᠷᠭᠢᠯᠡᠭᠰᠡᠨ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠤᠯᠴᠠᠵᠤ ᠪᠠᠢ᠌ᠭ᠎ᠠ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢᠨ ᠨᠥᠬᠥᠴᠡᠯ᠎ᠳᠤ ᠨᠡᠢ᠌ᠴᠡᠭᠰᠡᠨ ᠰᠣᠷᠣᠭᠴᠢ᠎ᠳᠤ ᠥᠪᠡᠷᠲᠡᠭᠡᠨ ᠵᠠᠰᠠᠬᠤ ᠣᠷᠣᠨ᠎ᠠᠴᠠ ᠠᠳᠠᠯᠢ ᠪᠠᠷᠢᠮᠵᠢᠶ᠎ᠠ᠎ᠪᠠᠷ ᠲᠡᠳᠬᠦᠮᠵᠢ ᠦᠵᠡᠭᠦᠯᠵᠦ ᠂ ᠬᠤᠷᠢᠶᠠᠬᠤ ᠰᠤᠷᠤᠯᠭ᠎ᠠ ᠵᠢᠨ ᠰᠤᠯᠠ ᠵᠠᠷᠤᠳᠠᠯ᠎ᠨᠢ ᠲᠡᠳᠬᠦᠮᠵᠢ ᠵᠢᠨ ᠪᠠᠷᠢᠮᠵᠢᠶ᠎ᠠ᠎ᠠᠴᠠ ᠳᠡᠭᠡᠭᠦᠷ ᠪᠠᠢ᠌ᠪᠠᠯ ᠂ ᠰᠤᠷᠭ᠋ᠠᠭᠤᠯᠢ ᠨᠢ ᠲᠣᠭᠲᠠᠭ᠋ᠠᠯ ᠶᠣᠰᠣᠭ᠋ᠠᠷ ᠰᠤᠷᠤᠭᠴᠢᠳ᠎ᠠᠴᠠ ᠵᠥᠷᠢᠶᠡᠲᠦ ᠲᠣᠭ᠋ᠠᠨ᠎ᠤ ᠬᠡᠰᠡᠭ᠎ᠢ ᠨᠢ ᠦᠷᠭᠦᠯᠵᠢᠯᠡᠨ ᠬᠤᠷᠢᠶᠠᠵᠤ ᠪᠣᠯᠣᠨ᠎ᠠ ᠃ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ᠎ᠳᠤ ᠬᠡᠷᠡᠭᠰᠡᠬᠦ ᠵᠠᠷᠤᠳᠠᠯ᠎ᠳᠤ ᠂ ᠤᠯᠤᠰ᠎ᠠᠴᠠ ᠲᠣᠭᠲᠠᠭ᠋ᠠᠭᠰᠠᠨ ᠬᠡᠰᠡᠭ᠎ᠲᠤ ᠤᠯᠤᠰ᠎ᠤᠨ ᠰᠠᠭᠤᠷᠢ ᠪᠠᠷᠢᠮᠵᠢᠶ᠎ᠠ ᠵᠢ ᠬᠡᠷᠡᠭᠵᠢᠭᠦᠯᠦᠨ ᠂ ᠲᠥᠪ ᠪᠠ ᠣᠷᠣᠨ ᠨᠤᠲᠤᠭ 8᠄ 2᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠵᠦ ᠂ ᠣᠷᠣᠨ ᠨᠤᠲᠤᠭ᠎ᠤᠨ ᠬᠤᠪᠢᠳᠠᠨ ᠡᠭᠦᠷᠭᠡᠯᠡᠬᠦ 20% ᠵᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠎ᠪᠠᠷ ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠣᠷᠣᠭᠴᠢ ᠵᠢᠨ ᠬᠡᠷᠡᠭᠰᠡᠬᠦ ᠵᠠᠷᠤᠳᠠᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ ᠂ ᠪᠤᠰᠤᠳ ᠰᠣᠷᠣᠭᠴᠢᠣᠨ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠡᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠶᠣᠰᠣᠭ᠋ᠠᠷ ᠬᠤᠪᠢᠳᠠᠨ ᠡᠭᠦᠷᠭᠡᠯᠡᠨ᠎ᠡ ᠃
ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠬᠤ ᠪᠠᠷᠢᠮᠵᠢᠶ᠎ᠠ ᠪᠣᠯ ᠥᠨᠳᠥᠷ ᠳᠤᠮᠳᠠᠳᠤ ᠵᠢᠨ ᠨᠢᠭᠡᠳᠦᠭᠡᠷ ᠣᠨ ᠂ ᠥᠨᠳᠥᠷ ᠳᠤᠮᠳᠠᠳᠤ ᠵᠢᠨ ᠬᠣᠶᠠᠳᠤᠭ᠋ᠠᠷ ᠣᠨ᠎ᠤ ᠰᠣᠷᠣᠭᠴᠢ ᠪᠣᠯᠭ᠋ᠠᠨ᠎ᠳᠤ ᠵᠢᠯ ᠪᠦᠷᠢ 550 ᠲᠥᠭᠥᠷᠢᠭ ᠂ ᠥᠨᠳᠥᠷ ᠳᠤᠮᠳᠠᠳᠤ ᠵᠢᠨ ᠭᠤᠷᠪᠠᠳᠤᠭ᠋ᠠᠷ ᠣᠨ᠎ᠤ ᠰᠣᠷᠣᠭᠴᠢ ᠪᠣᠯᠭ᠋ᠠᠨ᠎ᠳᠤ ᠵᠢᠯ ᠪᠦᠷᠢ 100 ᠲᠥᠭᠥᠷᠢᠭ ᠪᠣᠯᠣᠨ᠎ᠠ ᠃ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠬᠤ᠎ᠳᠤ ᠬᠡᠷᠡᠭᠰᠡᠬᠦ ᠵᠠᠷᠤᠳᠠᠯ᠎ᠳᠠᠬᠢ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠣᠷᠣᠭᠴᠢ ᠂ ᠤᠤᠯ᠎ᠨᠢ ᠮᠣᠩᠭᠣᠯ ᠬᠡᠯᠡ᠎ᠪᠠᠷ ᠬᠢᠴᠢᠶᠡᠯᠯᠡᠵᠦ ᠪᠠᠢ᠌ᠭᠰᠠᠨ ᠪᠠ ᠰᠣᠯᠣᠩᠭᠣᠰ ᠬᠡᠯᠡ᠎ᠪᠠᠷ ᠬᠢᠴᠢᠶᠡᠯᠯᠡᠵᠦ ᠪᠠᠢ᠌ᠭᠰᠠᠨ ᠰᠣᠷᠣᠭᠴᠢ ᠵᠢᠨ ᠬᠡᠷᠡᠭᠰᠡᠬᠦ ᠵᠠᠷᠤᠳᠠᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ ᠂ ᠪᠤᠰᠤᠳ ᠰᠣᠷᠣᠭᠴᠢᠣᠨ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠡᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠶᠣᠰᠣᠭ᠋ᠠᠷ ᠬᠤᠪᠢᠳᠠᠨ ᠡᠭᠦᠷᠭᠡᠯᠡᠨ᠎ᠡ ᠃
2. ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥ ᠃
ᠪᠥᠬᠥ ᠣᠷᠣᠨ᠎ᠤ ᠰᠤᠷᠭ᠋ᠠᠭᠤᠯᠢ ᠵᠢᠨ ᠬᠠᠷᠢᠶ᠎ᠠ᠎ᠪᠠᠨ ᠵᠢᠩᠬᠢᠨᠢ᠎ᠪᠠᠷ ᠳᠠᠩᠰᠠᠯᠠᠭᠤᠯᠤᠭᠰᠠᠨ ᠪᠤᠢ ᠪᠦᠬᠦᠢ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠪᠠᠢ᠌ᠭ᠎ᠠ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠨᠨᠴᠢ᠎ᠳᠤ ᠬᠠᠨᠳᠤᠭᠤᠯᠵᠤ ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥᠨ᠎ᠤ ᠳᠦᠷᠢᠮ ᠪᠠᠢ᠌ᠭᠤᠯᠵᠤ ᠂ ᠮᠥᠩᠭᠥ᠎ᠪᠠᠷ ᠲᠤᠰᠠᠯᠠᠬᠤ ᠵᠢᠨ ᠳᠤᠮᠳᠠᠴᠢ ᠪᠠᠷᠢᠮᠵᠢᠶ᠎ᠠ᠎ᠨᠢ ᠰᠣᠷᠣᠭᠴᠢ ᠪᠣᠯᠭ᠋ᠠᠨ᠎ᠳᠤ ᠵᠢᠯ ᠪᠦᠷᠢ 2000 ᠲᠥᠭᠥᠷᠢᠭ ᠂ ᠪᠣᠳᠠᠲᠠᠢ ᠪᠠᠷᠢᠮᠵᠢᠶ᠎ᠠ ᠵᠢ ᠡᠯ᠎ᠡ ᠭᠠᠵᠠᠷ ᠣᠷᠣᠨ᠎ᠨᠢ ᠪᠣᠳᠠᠲᠠᠢ᠎ᠲᠠᠢ᠎ᠪᠠᠨ ᠤᠶᠠᠯᠳᠤᠭᠤᠯᠵᠤ 1000 ᠲᠥᠭᠥᠷᠢᠭ — 3000 ᠲᠥᠭᠥᠷᠢᠭ᠎ᠤᠨ ᠬᠡᠪᠴᠢᠶᠡᠨ᠎ᠳᠤ ᠲᠣᠭᠲᠠᠭ᠋ᠠᠵᠤ ᠂ 2 — 3 ᠲᠠᠰ ᠬᠤᠪᠢᠶᠠᠵᠤ ᠪᠣᠯᠣᠨ᠎ᠠ ᠃ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠭᠴᠢ ᠵᠢ ᠥᠪᠡᠷᠲᠡᠭᠡᠨ ᠵᠠᠰᠠᠬᠤ ᠣᠷᠣᠨ ᠰᠤᠷᠭ᠋ᠠᠭᠤᠯᠢ᠎ᠳᠤ ᠪᠠᠢ᠌ᠭ᠎ᠠ ᠰᠤᠷᠤᠨᠨᠴᠢ ᠵᠢᠨ 30%᠎ᠪᠠᠷ ᠲᠥᠰᠥᠭᠡᠯᠡᠨ ᠪᠤᠳᠤᠵᠤ ᠂ ᠡᠯ᠎ᠡ ᠠᠢ᠌ᠮᠠᠭ ᠬᠣᠲᠠ᠎ᠨᠢ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠬᠣᠰᠢᠭᠤ ᠰᠢᠶᠠᠨ (ᠬᠣᠲᠠ ᠂ ᠲᠣᠭᠣᠷᠢᠭ) ᠵᠶ᠋ᠡᠷ ᠂ ᠰᠤᠷᠭ᠋ᠠᠭᠤᠯᠢ᠎ᠪᠠᠷ ᠲᠥᠰᠥᠭᠡᠯᠡᠨ ᠪᠣᠳᠣᠨ᠎ᠡ ᠃ ᠬᠡᠷᠡᠭᠰᠡᠬᠦ ᠵᠠᠷᠤᠳᠠᠯ᠎ᠢ ᠲᠥᠪ ᠪᠠ ᠣᠷᠣᠨ ᠨᠤᠲᠤᠭ 8᠄ 2᠎ᠤᠨ ᠬᠠᠷᠢᠴᠠᠯ ᠵᠶ᠋ᠡᠷ ᠬᠤᠪᠢᠳᠠᠨ ᠡᠭᠦᠷᠭᠡᠯᠡᠵᠦ ᠂ ᠣᠷᠣᠨ ᠨᠤᠲᠤᠭ᠎ᠤᠨ ᠬᠤᠪᠢᠳᠠᠨ ᠡᠭᠦᠷᠭᠡᠯᠡᠬᠦ 20% ᠵᠢᠨ ᠬᠡᠰᠡᠭ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠣᠷᠣᠭᠴᠢ ᠵᠢᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ ᠂ ᠪᠤᠰᠤᠳ ᠰᠤᠷᠭ᠋ᠠᠭᠤᠯᠢ ᠵᠢᠨ ᠰᠣᠷᠣᠭᠴᠢᠣᠨ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠡᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠨ᠎ᠡ ᠃
(ᠬᠣᠶᠠᠷ) ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠃
1. ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠨᠨᠴᠢ ᠵᠢᠨ ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ ᠵᠢᠨ ᠬᠠᠮᠲᠤ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠨ᠎ᠠ ᠃
ᠪᠥᠬᠥ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ( ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ ᠪᠠᠭᠲᠠᠨ᠎ᠠ ᠂ ᠳᠣᠷᠣᠭᠰᠢ ᠠᠳᠠᠯᠢ ) ᠵᠢᠨ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ᠎ᠲᠠᠢ ᠰᠤᠷᠭ᠋ᠠᠨ ᠬᠥᠮᠦᠵᠢᠯ᠎ᠤᠨ ᠵᠢᠩᠬᠢᠨᠢ ᠰᠤᠷᠭ᠋ᠠᠭᠤᠯᠢ ᠵᠢᠨ ᠬᠠᠷᠢᠶ᠎ᠠ᠎ᠲᠠᠢ ᠰᠤᠷᠭ᠋ᠠᠭᠤᠯᠢ᠎ᠳᠤ ᠪᠠᠢ᠌ᠭ᠎ᠠ ᠰᠣᠷᠣᠭᠴᠢ᠎ᠠᠴᠠ ᠰᠤᠷᠤᠯᠭ᠎ᠠ ᠵᠢᠨ ᠰᠦᠢ᠍ᠳᠬᠡᠯ ᠬᠤᠷᠢᠶᠠᠬᠤ ᠦᠭᠡᠢ ᠮᠥᠷᠲᠡᠭᠡᠨ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠨ᠎ᠠ ᠃
ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭ᠋ᠠᠨ᠎ᠳᠤ ᠵᠢᠯ ᠪᠦᠷᠢ 2000 ᠲᠥᠭᠥᠷᠢᠭ ᠪᠣᠯᠣᠨ᠎ᠠ ᠃ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠡᠷ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠠᠷᠠᠳ᠎ᠠᠴᠠ ᠡᠷᠭᠢᠯᠡᠭᠰᠡᠨ ᠰᠤᠷᠭ᠋ᠠᠭᠤᠯᠢ ᠪᠣᠯᠣᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠡᠷ ᠬᠠᠤᠯᠢ ᠶᠣᠰᠣᠭ᠋ᠠᠷ ᠵᠥᠪᠰᠢᠶᠡᠷᠡᠭᠦᠯᠦᠭᠰᠡᠨ ᠠᠷᠠᠳ᠎ᠠᠴᠠ ᠡᠷᠭᠢᠯᠡᠭᠰᠡᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠎ᠳᠤ ᠰᠤᠷᠤᠯᠴᠠᠵᠤ ᠪᠠᠢ᠌ᠭ᠎ᠠ ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ ᠲᠥᠷᠥ ᠵᠢᠨ ᠪᠣᠳᠣᠯᠭ᠎ᠠ ᠵᠢᠨ ᠨᠥᠬᠥᠴᠡᠯ᠎ᠳᠤ ᠨᠡᠢ᠌ᠴᠡᠭᠰᠡᠨ ᠰᠣᠷᠣᠭᠴᠢᠣᠨ᠎ᠲᠤ ᠥᠪᠡᠷᠲᠡᠭᠡᠨ ᠵᠠᠰᠠᠬᠤ ᠣᠷᠣᠨ᠎ᠠᠴᠠ ᠠᠳᠠᠯᠢ ᠪᠠᠷᠢᠮᠵᠢᠶ᠎ᠠ᠎ᠪᠠᠷ ᠲᠡᠳᠬᠦᠮᠵᠢ ᠦᠵᠡᠭᠦᠯᠵᠦ ᠂ ᠰᠤᠷᠤᠯᠭ᠎ᠠ ᠵᠢᠨ ᠰᠦᠢ᠍ᠳᠬᠡᠯ᠎ᠨᠢ ᠲᠡᠳᠬᠦᠮᠵᠢ ᠵᠢᠨ ᠪᠠᠷᠢᠮᠵᠢᠶ᠎ᠠ᠎ᠠᠴᠠ ᠳᠡᠭᠡᠭᠦᠷ ᠪᠠᠢ᠌ᠪᠠᠯ ᠂ ᠰᠤᠷᠭ᠋ᠠᠭᠤᠯᠢ᠎ᠨᠢ ᠲᠣᠭᠲᠠᠭ᠋ᠠᠯ ᠶᠣᠰᠣᠭ᠋ᠠᠷ ᠰᠤᠷᠤᠨᠨᠴᠢ᠎ᠠᠴᠠ ᠵᠥᠷᠢᠶᠡᠲᠦ ᠲᠣᠭ᠋ᠠᠨ᠎ᠤ ᠬᠡᠰᠡᠭ᠎ᠢ᠎ᠨᠢ ᠦᠷᠭᠦᠯᠵᠢᠯᠡᠨ ᠬᠤᠷᠢᠶᠠᠵᠤ ᠪᠣᠯᠣᠨ᠎ᠠ ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠤᠨᠴᠠᠭ᠋ᠠᠢ ᠲᠥᠷᠥᠯ᠎ᠤᠨ ᠲᠤᠰᠬᠠᠢ ᠮᠡᠷᠭᠡᠵᠢᠯ᠎ᠤᠨ ᠰᠣᠷᠣᠭᠴᠢ ᠵᠢᠨ ᠰᠤᠷᠤᠯᠭ᠎ᠠ ᠵᠢᠨ ᠰᠦᠢ᠍ᠳᠬᠡᠯ᠎ᠤᠨ ᠪᠠᠷᠢᠮᠵᠢᠶ᠎ᠠ ᠵᠢᠨ ᠥᠪᠡᠷᠲᠡᠭᠡᠨ ᠵᠠᠰᠠᠬᠤ ᠣᠷᠣᠨ᠎ᠤ ᠰᠦᠢ᠍ᠳᠬᠡᠯ ᠥᠯᠥ ᠬᠤᠷᠢᠶᠠᠬᠤ ᠪᠠᠷᠢᠮᠵᠢᠶ᠎ᠠ᠎ᠠᠴᠠ ᠳᠡᠭᠡᠭᠦᠷ ᠭᠠᠷᠤᠭᠰᠠᠨ ᠬᠡᠰᠡᠭ᠎ᠢ᠎ᠨᠢ ᠬᠤᠪᠢ ᠬᠥᠮᠥᠨ ᠦᠪᠡᠰᠦᠪᠡᠨ ᠡᠭᠦᠷᠭᠡᠯᠡᠬᠦ ᠬᠡᠷᠡᠭᠲᠡᠢ ᠃ ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ᠎ᠳᠤ ᠬᠡᠷᠡᠭᠰᠡᠬᠦ ᠵᠠᠷᠤᠳᠠᠯ᠎ᠳᠤ ᠂ ᠤᠯᠤᠰ᠎ᠠᠴᠠ ᠲᠣᠭᠲᠠᠭ᠋ᠠᠭᠰᠠᠨ ᠬᠡᠰᠡᠭ᠎ᠲᠤ ᠤᠯᠤᠰ᠎ᠤᠨ ᠰᠠᠭᠤᠷᠢ ᠪᠠᠷᠢᠮᠵᠢᠶ᠎ᠠ ᠵᠢ ᠬᠡᠷᠡᠭᠵᠢᠭᠦᠯᠵᠦ ᠂ ᠲᠥᠪ ᠬᠢᠭᠡᠳ ᠣᠷᠣᠨ ᠨᠤᠲᠤᠭ 8᠄ 2᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠵᠦ ᠂ ᠣᠷᠣᠨ ᠨᠤᠲᠤᠭ᠎ᠤᠨ ᠬᠤᠪᠢᠳᠠᠨ ᠡᠭᠦᠷᠭᠡᠯᠡᠬᠦ 20% ᠵᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠰᠦᠢ᠍ᠳᠬᠡᠯ᠎ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠎ᠪᠠᠷ ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠣᠷᠣᠭᠴᠢ ᠵᠢᠨ ᠬᠡᠷᠡᠭᠰᠡᠬᠦ ᠵᠠᠷᠤᠳᠠᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ ᠂ ᠪᠤᠰᠤᠳ ᠰᠤᠷᠭ᠋ᠠᠭᠤᠯᠢ ᠵᠢᠨ ᠰᠣᠷᠣᠭᠴᠢᠣᠨᠤ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠠᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠵᠶ᠋ᠡᠷ ᠬᠤᠪᠢᠳᠠᠨ ᠡᠭᠦᠷᠭᠡᠯᠡᠨ᠎ᠡ ᠃
ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠬᠤ ᠪᠠᠷᠢᠮᠵᠢᠶ᠎ᠠ ᠪᠣᠯ ᠨᠢᠭᠡ ᠬᠣᠶᠠᠳᠤᠭ᠋ᠠᠷ ᠣᠨ᠎ᠤ ᠰᠣᠷᠣᠭᠴᠢ ᠪᠣᠯᠭ᠋ᠠᠨ᠎ᠳᠤ ᠵᠢᠯ ᠪᠦᠷᠢ 550 ᠲᠥᠭᠥᠷᠢᠭ ᠂ ᠭᠤᠷᠪᠠᠳᠤᠭ᠋ᠠᠷ ᠣᠨ᠎ᠤ ᠰᠣᠷᠣᠭᠴᠢ ᠪᠣᠯᠭ᠋ᠠᠨ᠎ᠳᠤ ᠵᠢᠯ ᠪᠦᠷᠢ 100 ᠲᠥᠭᠥᠷᠢᠭ ᠪᠣᠯᠣᠨ᠎ᠠ ᠃ ᠰᠦᠢ᠍ᠳᠬᠡᠯ ᠬᠤᠷᠢᠶᠠᠬᠤ ᠦᠭᠡᠢ᠎ᠪᠠᠷ ᠰᠤᠷᠬᠤ ᠪᠢᠴᠢᠭ ᠬᠠᠩᠭ᠋ᠠᠬᠤ᠎ᠳᠤ ᠬᠡᠷᠡᠭᠰᠡᠬᠦ ᠵᠠᠷᠤᠳᠠᠯ᠎ᠳᠤ ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠤᠷᠤᠨᠨᠴᠢ ᠵᠢᠨ ᠬᠡᠷᠡᠭᠰᠡᠬᠦ ᠵᠠᠷᠤᠳᠠᠯ᠎ᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ ᠂ ᠪᠤᠰᠤᠳ ᠰᠣᠷᠣᠭᠴᠢᠣᠨ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠠᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠨ᠎ᠡ ᠃
2. ᠤᠯᠤᠰ᠎ᠤᠨ ᠰᠤᠷᠤᠯᠭ᠎ᠠ ᠵᠢᠨ ᠬᠦᠬᠢᠭᠦᠯᠬᠦ ᠮᠥᠩᠭᠥ ᠃
ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠠᠬᠢ ᠰᠣᠷᠣᠭᠴᠢ ᠵᠢᠨ ᠰᠤᠷᠤᠯᠭ᠎ᠠ ᠵᠢᠨ ᠬᠢᠷᠢ ᠪᠦᠲᠦᠮᠵᠢ ᠂ ᠮᠡᠷᠭᠡᠵᠢᠯ ᠴᠢᠳᠠᠪᠤᠷᠢ ᠵᠢᠨ ᠢᠯᠡᠷᠡᠯ ᠵᠡᠷᠭᠡ ᠲᠠᠯ᠎ᠠ᠎ᠳᠤ ᠣᠨᠴᠠ ᠰᠢᠯᠢᠳᠡᠭ ᠪᠠᠢ᠌ᠭ᠎ᠠ ᠰᠤᠷᠤᠨᠨᠴᠢ ᠵᠢ ᠱᠠᠩᠨᠠᠨ ᠬᠥᠬᠢᠭᠦᠯᠵᠦ ᠂ ᠱᠠᠩᠨᠠᠨ ᠬᠥᠬᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭ᠋ᠠᠨ᠎ᠳᠤ ᠵᠢᠯ ᠪᠦᠷᠢ 6000 ᠲᠥᠭᠥᠷᠢᠭ ᠂ ᠬᠡᠷᠡᠭᠰᠡᠬᠦ ᠵᠠᠷᠤᠳᠠᠯ᠎ᠢ ᠲᠥᠪ᠎ᠤᠨ ᠡᠳ᠋᠎ᠤᠨ ᠵᠠᠰᠠᠭ᠎ᠠᠴᠠ ᠳᠠᠭ᠋ᠠᠭ᠋ᠠᠨ ᠡᠭᠦᠷᠭᠡᠯᠡᠨ᠎ᠡ ᠃
3. ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥ ᠃
ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ᠎ᠲᠠᠢ ᠰᠤᠷᠭ᠋ᠠᠨ ᠬᠥᠮᠦᠵᠢᠯ᠎ᠤᠨ ᠵᠢᠩᠬᠢᠨᠢ ᠰᠤᠷᠭ᠋ᠠᠭᠤᠯᠢ ᠵᠢᠨ ᠬᠠᠷᠢᠶ᠎ᠠ᠎ᠲᠠᠢ ᠨᠢᠭᠡ ᠬᠣᠶᠠᠳᠤᠭ᠋ᠠᠷ ᠣᠨ᠎ᠤ ᠪᠣᠶ ᠪᠦᠬᠦᠢ ᠲᠠᠷᠢᠶᠠᠯᠠᠬᠤ ᠮᠠᠯᠵᠢᠬᠤ ᠣᠷᠣᠨ (ᠰᠢᠶᠠᠨ ᠪᠠᠯᠭ᠋ᠠᠰᠤ ᠪᠠᠭᠲᠠᠨ᠎ᠠ)᠎ᠤ ᠰᠤᠷᠭ᠋ᠠᠭᠤᠯᠢ᠎ᠳᠤ ᠪᠠᠢ᠌ᠭ᠎ᠠ ᠰᠣᠷᠣᠭᠴᠢ ᠵᠢᠴᠢ ᠬᠣᠲᠠ ᠵᠢᠨ ᠲᠠᠷᠢᠶᠠᠯᠠᠩ᠎ᠳᠤ ᠬᠣᠯᠪᠣᠭᠳᠠᠬᠤ ᠲᠤᠰᠬᠠᠢ ᠮᠡᠷᠭᠡᠵᠢᠯ᠎ᠤᠨ ᠰᠣᠷᠣᠭᠴᠢ ᠪᠠ ᠲᠠᠷᠢᠶᠠᠯᠠᠩ᠎ᠳᠤ ᠦᠯᠦ ᠬᠣᠯᠪᠣᠭᠳᠠᠬᠤ ᠲᠤᠰᠬᠠᠢ ᠮᠡᠷᠭᠡᠵᠢᠯ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠨᠨᠴᠢ᠎ᠳᠤ ᠬᠠᠨᠳᠤᠭᠤᠯᠵᠤ ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥᠨ᠎ᠤ ᠳᠦᠷᠢᠮ᠎ᠢ ᠪᠠᠢ᠌ᠭᠤᠯᠵᠤ ᠂ ᠮᠥᠩᠭᠥ᠎ᠪᠠᠷ ᠲᠤᠰᠠᠯᠠᠬᠤ ᠪᠠᠷᠢᠮᠵᠢᠶ᠎ᠠ ᠪᠣᠯ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ᠎ᠲᠠᠢ ᠰᠤᠷᠭ᠋ᠠᠨ ᠬᠥᠮᠦᠵᠢᠯ᠎ᠤᠨ ᠵᠢᠩᠬᠢᠨᠢ ᠰᠤᠷᠭ᠋ᠠᠭᠤᠯᠢ ᠵᠢᠨ ᠬᠠᠷᠢᠶ᠎ᠠ ᠲᠠᠢ ᠂ ᠨᠢᠭᠡ ᠬᠣᠶᠠᠳᠤᠭ᠋ᠠᠷ ᠣᠨ᠎ᠤ ᠲᠠᠷᠢᠶᠠᠯᠠᠩ᠎ᠳᠤ ᠬᠣᠯᠪᠣᠭᠳᠠᠬᠤ ᠲᠤᠰᠬᠠᠢ ᠮᠡᠷᠭᠡᠵᠢᠯ ᠪᠠ ᠲᠠᠷᠢᠶᠠᠯᠠᠩ᠎ᠳᠤ ᠦᠯᠦ ᠬᠣᠯᠪᠣᠭᠳᠠᠬᠤ ᠲᠤᠰᠬᠠᠢ ᠮᠡᠷᠭᠡᠵᠢᠯ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠭᠴᠢ ᠵᠢᠴᠢ ᠶᠡᠬᠡ ᠬᠢᠩᠭ᠋ᠠᠨ ᠳᠠᠪᠠᠭ᠋ᠠᠨ᠎ᠤ ᠡᠮᠦᠨ᠎ᠡ ᠬᠣᠷᠮᠣᠢ ᠵᠢᠨ ᠠᠭᠤᠯᠠᠷᠬᠠᠭ ᠣᠷᠣᠨ ( ᠷᠠᠰᠢᠶᠠᠨ ᠬᠣᠲᠠ ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠂ ᠵᠠᠯᠠᠢ᠌ᠳ ᠬᠣᠰᠢᠭᠤ ᠂ ᠲᠦᠴᠢᠦᠸᠠᠨ ᠰᠢᠶᠠᠨ) ᠂ ᠶᠠᠨ ᠱᠠᠨ —ᠲᠠᠢ ᠬᠠᠩ ᠱᠠᠨ ᠠᠭᠤᠯᠠᠷᠬᠠᠭ ᠣᠷᠣᠨ (ᠬᠤᠸᠠᠳᠧ ᠰᠢᠶᠠᠨ ᠂ ᠱᠠᠩᠳᠤ ᠰᠢᠶᠠᠨ ᠂ ᠰᠢᠨᠭᠾᠸ ᠰᠢᠶᠠᠨ)᠎ᠤ ᠲᠠᠷᠢᠶᠠᠯᠠᠬᠤ ᠮᠠᠯᠵᠢᠬᠤ ᠣᠷᠣᠨ (ᠰᠢᠶᠠᠨ᠎ᠤ ᠬᠣᠲᠠ ᠵᠢ ᠪᠠᠭᠲᠠᠭ᠋ᠠᠬᠤ ᠦᠭᠡᠢ)᠎ᠤ ᠰᠣᠷᠣᠭᠴᠢ ᠪᠣᠯᠭ᠋ᠠᠨ᠎ᠳᠤ ᠵᠢᠯ ᠪᠦᠷᠢ 2000 ᠲᠥᠭᠥᠷᠢᠭ ᠂ ᠪᠤᠰᠤᠳ ᠰᠣᠷᠣᠭᠴᠢ᠎ᠳᠤ ᠬᠥᠮᠥᠨ ᠪᠣᠯᠭ᠋ᠠᠨ᠎ᠳᠤ ᠵᠢᠯ ᠪᠦᠷᠢ 1500 ᠲᠥᠭᠥᠷᠢᠭ ᠪᠣᠯᠣᠨ᠎ᠠ ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥᠨ᠎ᠤ ᠤᠯᠤᠰ᠎ᠠᠴᠠ ᠲᠣᠭᠲᠠᠭ᠋ᠠᠭᠰᠠᠨ ᠬᠡᠰᠡᠭ᠎ᠲᠤ ᠤᠯᠤᠰ᠎ᠤᠨ ᠰᠠᠭᠤᠷᠢ ᠪᠠᠷᠢᠮᠵᠢᠶ᠎ᠠ ᠵᠢ ᠬᠡᠷᠡᠭᠵᠢᠭᠦᠯᠵᠦ ᠂ ᠬᠡᠷᠡᠭᠰᠡᠬᠦ ᠵᠠᠷᠤᠳᠠᠯ᠎ᠢ ᠲᠥᠪ ᠪᠠ ᠣᠷᠣᠨ ᠨᠤᠲᠤᠭ 8᠄ 2᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠵᠦ ᠂ ᠣᠷᠣᠨ ᠨᠤᠲᠤᠭ᠎ᠤᠨ ᠬᠤᠪᠢᠳᠠᠨ ᠡᠭᠦᠷᠭᠡᠯᠡᠬᠦ 20% ᠵᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠤᠯᠤᠰ᠎ᠤᠨ ᠰᠤᠷᠤᠯᠭ᠎ᠠ ᠵᠢᠨ ᠲᠡᠳᠬᠦᠪᠦᠷᠢ ᠮᠥᠩᠭᠥᠨ᠎ᠤ ᠲᠥᠷᠥ ᠵᠢᠨ ᠪᠣᠳᠣᠯᠭ᠎ᠠ᠎ᠪᠠᠷ ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠤᠷᠭ᠋ᠠᠭᠤᠯᠢ ᠵᠢᠨ ᠰᠣᠷᠣᠭᠴᠢ ᠵᠢᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠵᠦ ᠂ ᠪᠤᠰᠤᠳ ᠰᠤᠷᠭ᠋ᠠᠭᠤᠯᠢ ᠵᠢᠨ ᠰᠣᠷᠣᠭᠴᠢᠣᠨ᠎ᠤᠨ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠵᠶ᠋ᠡᠷ ᠥᠪᠡᠷᠲᠡᠭᠡᠨ ᠵᠠᠰᠠᠬᠤ ᠣᠷᠣᠨ ᠬᠢᠭᠡᠳ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠠᠵᠢᠯ ᠶᠠᠪᠤᠳᠠᠯ᠎ᠤᠨ ᠡᠷᠬᠡ ᠪᠠ ᠵᠠᠷᠤᠯᠭ᠎ᠠ ᠵᠢᠨ ᠬᠠᠷᠢᠭᠤᠴᠠᠯᠭ᠎ᠠ ᠵᠢᠨ ᠬᠤᠪᠢᠶᠠᠷᠢᠯᠠᠯ᠎ᠤᠨ ᠬᠠᠷᠢᠴᠠᠯ ᠵᠶ᠋ᠠᠷ ᠬᠤᠪᠢᠳᠠᠨ ᠡᠭᠦᠷᠭᠡᠯᠡᠨ᠎ᠡ ᠃
4. ᠪᠠᠢ᠌ᠷᠢ᠎ᠳᠤ ᠰᠠᠭᠤᠭ᠎ᠠ ᠰᠤᠷᠤᠨᠨᠴᠢ᠎ᠳᠤ ᠬᠣᠨᠣᠭ᠎ᠤᠨ ᠵᠠᠷᠤᠳᠠᠯ᠎ᠤᠨ ᠲᠡᠳᠬᠦᠮᠵᠢ ᠦᠭᠭᠦ ᠃
ᠪᠥᠬᠥ ᠣᠷᠣᠨ᠎ᠤ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠤᠯᠭ᠎ᠠ ᠵᠢᠨ ᠨᠠᠮᠲᠠᠷ ᠲᠠᠢ ᠰᠤᠷᠭ᠋ᠠᠨ ᠬᠥᠮᠦᠵᠢᠯ᠎ᠤᠨ ᠵᠢᠩᠬᠢᠨᠢ ᠰᠤᠷᠭ᠋ᠠᠭᠤᠯᠢ ᠵᠢᠨ ᠬᠠᠷᠢᠶ᠎ᠠ᠎ᠲᠠᠢ ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠣᠨ᠎ᠤ ᠪᠠᠢ᠌ᠷᠢ᠎ᠳᠤ ᠰᠠᠭᠤᠭ᠎ᠠ ᠰᠣᠷᠣᠭᠴᠢ(ᠠᠵᠢᠯᠯᠠᠵᠤ ᠰᠤᠷᠤᠯᠴᠠᠬᠤ ᠵᠢᠨ ᠰᠣᠯᠪᠢᠴᠠᠬᠤ ᠵᠢ ᠬᠡᠷᠡᠭᠵᠢᠭᠦᠯᠦᠭᠰᠡᠨ ᠰᠣᠷᠣᠭᠴᠢ ᠪᠠᠭᠲᠠᠬᠤ ᠦᠭᠡᠢ)᠎ᠳᠤ ᠬᠣᠨᠣᠭ᠎ᠤᠨ ᠵᠠᠷᠤᠳᠠᠯ᠎ᠤᠨ ᠲᠡᠳᠬᠦᠮᠵᠢ ᠥᠭᠴᠦ ᠂ ᠲᠡᠳᠬᠦᠮᠵᠢ ᠵᠢᠨ ᠪᠠᠷᠢᠮᠵᠢᠶ᠎ᠠ ᠪᠣᠯ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠎ᠳᠠᠬᠢ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢ ᠪᠣᠯᠭ᠋ᠠᠨ᠎ᠳᠤ ᠵᠢᠯ ᠪᠦᠷᠢ 800 ᠲᠥᠭᠥᠷᠢᠭ; ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢ ᠪᠣᠯᠭ᠋ᠠᠨ᠎ᠳᠤ ᠵᠢᠯ ᠪᠦᠷᠢ 500 ᠲᠥᠭᠥᠷᠢᠭ ᠪᠣᠯᠣᠨ᠎ᠠ ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠠᠢ᠌ᠷᠢ᠎ᠳᠤ ᠰᠠᠭᠤᠬᠤ ᠰᠣᠷᠣᠭᠴᠢ ᠳᠤ ᠣᠯᠭᠣᠬᠤ ᠬᠣᠨᠣᠭ᠎ᠤᠨ ᠵᠠᠷᠤᠳᠠᠯ᠎ᠤᠨ ᠲᠡᠳᠬᠦᠮᠵᠢ ᠵᠢᠨ ᠪᠡᠯᠡ ᠮᠥᠩᠭᠥ ᠵᠢ ᠴᠥᠮ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ ᠳᠠᠭ᠋ᠠᠭ᠋ᠠᠨ ᠡᠭᠦᠷᠭᠡᠯᠡᠨ᠎ᠡ ᠃
ᠭᠤᠷᠪᠠ ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠬᠦ ᠬᠡᠷᠡᠭᠲᠡᠢ ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ ᠂ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠵᠤ ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ ᠃ ᠡᠯ᠎ᠡ ᠱᠠᠲᠤᠨ᠎ᠤ ᠡᠳ᠋᠎ᠤᠨ ᠵᠠᠰᠠᠭ ᠂ ᠰᠤᠷᠭ᠋ᠠᠨ ᠬᠥᠮᠦᠵᠢᠯ ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ ᠂ ᠲᠥᠷᠥ ᠵᠢᠨ ᠪᠣᠳᠣᠯᠭ᠎ᠠ ᠵᠢᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠃
(ᠬᠣᠶᠠᠷ) ᠰᠦᠢ᠍ᠳᠬᠡᠯ ᠬᠤᠷᠢᠶᠠᠬᠤ ᠠᠵᠢᠯᠯᠠᠭ᠎ᠠ ᠵᠢ ᠵᠢᠷᠤᠮᠵᠢᠭᠤᠯᠵᠤ ᠂ ᠰᠠᠭᠤᠷᠢ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ ᠃ ᠠᠯᠪᠠᠨ᠎ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠎ᠨᠤᠭᠤᠳ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠦᠭᠰᠡᠨ᠎ᠠᠴᠠ ᠪᠣᠯᠵᠤ ᠪᠤᠰᠤᠳ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠳᠡᠭᠡᠭᠰᠢᠯᠡᠭᠦᠯᠬᠦ ᠪᠤᠶᠤ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ ᠭᠠᠷᠭ᠋ᠠᠵᠤ ᠪᠣᠯᠬᠤ ᠦᠭᠡᠢ ᠃ ᠡᠯ᠎ᠡ ᠭᠠᠵᠠᠷ ᠣᠷᠣᠨ᠎ᠨᠢ 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠭᠢᠯᠡᠭᠰᠡᠨ ᠰᠤᠷᠭ᠋ᠠᠨ ᠬᠥᠮᠦᠵᠢᠯ᠎ᠢ ᠠᠬᠢᠭᠤᠯᠬᠤ ᠬᠠᠤᠯᠢ 》 ᠵᠢᠴᠢ ᠬᠡᠷᠡᠭᠵᠢᠭᠦᠯᠬᠦ ᠳᠦᠷᠢᠮ᠎ᠤᠨ ᠱᠠᠭ᠋ᠠᠷᠳᠠᠯᠭ᠎ᠠ ᠶᠣᠰᠣᠭ᠋ᠠᠷ ᠂ ᠠᠷᠠᠳ᠎ᠠᠴᠠ ᠡᠷᠭᠢᠯᠡᠭᠰᠡᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠳᠤ ᠬᠤᠷᠢᠶᠠᠬᠤ ᠡᠯ᠎ᠡ ᠵᠦᠢ᠍ᠯ᠎ᠤᠨ ᠰᠦᠢ᠍ᠳᠬᠡᠯ᠎ᠳᠠᠬᠢ ᠬᠠᠮᠢᠶᠠᠷᠤᠯᠲᠠ᠎ᠪᠠᠨ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ ᠃ ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠳᠠᠬᠢ ᠰᠤᠷᠭ᠋ᠠᠭᠤᠯᠢ ᠵᠢᠨ ᠰᠣᠷᠣᠭᠴᠢ ᠵᠢᠨ ᠰᠤᠷᠭ᠋ᠠᠭᠤᠯᠢ ᠵᠢᠨ ᠬᠠᠷᠢᠶ᠎ᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠵᠤ ᠂ ᠰᠣᠷᠣᠭᠴᠢ ᠵᠢᠨ ᠰᠤᠷᠭ᠋ᠠᠭᠤᠯᠢ ᠵᠢᠨ ᠬᠠᠷᠢᠶ᠎ᠠ ᠵᠢᠨ ᠮᠡᠳᠡᠭᠡ ᠵᠠᠩᠭᠢ ᠪᠠ ᠮᠥᠩᠭᠥ᠎ᠪᠠᠷ ᠲᠤᠰᠠᠯᠠᠬᠤ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ ᠵᠶ᠋ᠡᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ 《 ᠰᠤᠷᠭ᠋ᠠᠭᠤᠯᠢ ᠵᠢᠨ ᠳᠠᠪᠬᠤᠷ ᠬᠠᠷᠢᠶ᠎ᠠ》 ᠲᠠᠢ ᠪᠠᠢ᠌ᠬᠤ ᠦᠵᠡᠭᠳᠡᠯ᠎ᠢ ᠡᠷᠡᠰ ᠬᠣᠷᠢᠭᠯᠠᠵᠤ ᠂ ᠰᠣᠷᠣᠭᠴᠢᠣᠨ᠎ᠤᠨ ᠦᠨᠳᠦᠰᠦᠨ ᠮᠡᠳᠡᠭᠡ ᠵᠠᠩᠭᠢ ᠵᠢᠨ ᠪᠦᠷᠢᠨ ᠪᠦᠲᠦᠨ ᠪᠠ ᠣᠨᠣᠪᠴᠢᠲᠠᠶ ᠪᠠᠢ᠌ᠬᠤ ᠵᠢ ᠪᠠᠲᠤᠯᠠᠬᠤ ᠬᠡᠷᠡᠭᠲᠡᠢ ᠃ ᠠᠷᠠᠳ᠎ᠤᠨ ᠶᠠᠪᠤᠳᠠᠯ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ ᠂ ᠠᠵᠢᠯᠴᠢᠨ᠎ᠤ ᠡᠪᠯᠡᠯ ᠵᠡᠷᠭᠡ ᠰᠠᠯᠠᠭ᠎ᠠ ᠮᠥᠴᠢᠷ᠎ᠯᠦᠭᠡ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠵᠠᠯᠭ᠋ᠠᠭᠤᠯᠬᠤ ᠠᠵᠢᠯ ᠵᠶ᠋ᠡᠨ ᠰᠠᠢ᠌ᠲᠤᠷ ᠬᠢᠬᠦ ᠬᠡᠷᠡᠭᠲᠡᠢ ᠃
(ᠭᠤᠷᠪᠠ) ᠵᠠᠷᠤᠳᠠᠯ᠎ᠤᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ ᠂ ᠪᠡᠯᠡ ᠮᠥᠩᠭᠥᠨ᠎ᠤ ᠬᠠᠮᠢᠶᠠᠷᠤᠯᠲᠠ᠎ᠪᠠᠨ ᠴᠢᠩᠭ᠋ᠠᠷᠠᠭᠤᠯᠬᠤ ᠬᠡᠷᠡᠭᠲᠡᠢ ᠃ ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠲᠥᠪ ᠂ ᠥᠪᠡᠷᠲᠡᠭᠡᠨ ᠵᠠᠰᠠᠬᠤ ᠣᠷᠣᠨ᠎ᠤ ᠲᠡᠳᠬᠦᠮᠵᠢ ᠵᠢᠨ ᠪᠡᠯᠡ ᠮᠥᠩᠭᠥ ᠪᠠ ᠣᠷᠣᠨ ᠨᠤᠲᠤᠭ᠎ᠤᠨ ᠳᠠᠭ᠋ᠠᠭ᠋ᠠᠨ ᠡᠭᠦᠷᠭᠡᠯᠡᠪᠡᠰᠦ ᠵᠣᠬᠢᠬᠤ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠵᠢᠨ ᠬᠠᠮᠲᠤ ᠂ ᠴᠠᠭ ᠲᠤᠬᠠᠢᠳᠤᠨᠢ ᠲᠣᠭ᠎ᠠ ᠶᠣᠰᠣᠭ᠋ᠠᠷ ᠰᠠᠯᠭ᠋ᠠᠨ ᠥᠭᠴᠦ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ ᠵᠢᠨ ᠪᠡᠯᠡ ᠮᠥᠩᠭᠥᠨ᠎ᠤ ᠲᠥᠰᠥᠪ᠎ᠤᠨ ᠬᠠᠮᠢᠶᠠᠷᠤᠯᠲᠠ᠎ᠪᠠᠨ ᠴᠢᠩᠭ᠋ᠠᠳᠬᠠᠵᠤ ᠂ ᠲᠥᠰᠥᠪ᠎ᠢ ᠨᠠᠷᠢᠯᠢᠬ᠍ᠵᠢᠭᠤᠨ ᠨᠠᠢ᠌ᠷᠠᠭᠤᠯᠤᠨ ᠵᠣᠬᠢᠶᠠᠵᠤ ᠂ ᠲᠥᠰᠥᠪ᠎ᠤᠨ ᠬᠡᠷᠡᠭᠵᠢᠭᠦᠯᠦᠯᠲᠡ ᠵᠢ ᠴᠢᠩᠳᠠᠯᠠᠵᠤ ᠂ ᠲᠥᠰᠥᠪ᠎ᠲᠤ ᠬᠢᠨᠠᠯᠲᠠ ᠲᠠᠯᠪᠢᠬᠣ᠎ᠪᠠᠨ ᠴᠢᠩᠭ᠋ᠠᠷᠠᠭᠤᠯᠬᠤ ᠬᠡᠷᠡᠭᠲᠡᠢ ᠃ ᠰᠤᠷᠭ᠋ᠠᠭᠤᠯᠢ ᠵᠢᠨ ᠡᠳ᠋᠎ᠤᠨ ᠶᠠᠪᠤᠳᠠᠯ᠎ᠤᠨ ᠡᠳ᠋ ᠬᠥᠷᠥᠩᠭᠡ ᠵᠢᠨ ᠬᠠᠮᠢᠶᠠᠷᠤᠯᠲᠠ ᠵᠡᠷᠭᠡ ᠰᠠᠭᠤᠷᠢᠯᠠᠬᠤ ᠴᠢᠨᠠᠷᠲᠠᠢ ᠠᠵᠢᠯ ᠵᠶ᠋ᠡᠨ ᠴᠢᠩᠭ᠋ᠠᠳᠬᠠᠵᠤ ᠂ ᠨᠢᠭᠲᠠᠯᠠᠨ ᠪᠤᠳᠤᠵᠦ ᠲᠣᠭ᠋ᠠᠴᠠᠭ᠎ᠠ ᠬᠢᠬᠦ᠎ᠪᠠᠨ ᠵᠢᠷᠤᠮᠵᠢᠭᠤᠯᠤᠨ ᠂ ᠲᠣᠭᠲᠠᠭ᠋ᠠᠭᠰᠠᠨ ᠬᠡᠪᠴᠢᠶ᠎ᠡ ᠪᠠ ᠪᠠᠷᠢᠮᠵᠢᠶ᠎ᠠ ᠵᠢ ᠴᠢᠩᠭ᠎ᠠ ᠵᠢᠷᠤᠮᠯᠠᠨ ᠵᠠᠷᠤᠯᠭ᠎ᠠ ᠵᠠᠷᠤᠴᠠᠭᠤᠯᠵᠤ ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠣᠷᠣᠭᠴᠢ ᠵᠢ ᠮᠥᠩᠭᠥ᠎ᠪᠠᠷ ᠲᠤᠰᠠᠯᠠᠬᠤ ᠡᠯ᠎ᠡ ᠵᠦᠢ᠍ᠯ᠎ᠤᠨ ᠪᠡᠯᠡ ᠮᠥᠩᠭᠥᠨ᠎ᠤ ᠬᠡᠷᠡᠭᠯᠡᠯᠲᠡ ᠵᠢᠨ ᠠᠮᠤᠷ ᠲᠦᠪᠰᠢᠨ ᠂ ᠵᠢᠷᠤᠮᠵᠢᠯ᠎ᠲᠠᠢ ᠪᠥᠭᠡᠳ ᠪᠦᠲᠦᠮᠵᠢᠲᠡᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃
(ᠳᠥᠷᠪᠡ) ᠮᠡᠳᠡᠭᠡ ᠵᠠᠩᠭᠢ ᠵᠢ ᠢᠯᠡ ᠪᠣᠯᠭ᠋ᠠᠬᠤ ᠵᠢ ᠠᠬᠢᠭᠤᠯᠵᠤ ᠂ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠷᠠᠭᠤᠯᠬᠤ ᠬᠡᠷᠡᠭᠲᠡᠢ ᠃ ᠡᠯ᠎ᠡ ᠭᠠᠵᠠᠷ ᠣᠷᠣᠨ᠎ᠨᠢ ᠬᠢᠨᠠᠯᠲᠠ ᠲᠠᠯᠪᠢᠵᠤ ᠪᠠᠢ᠌ᠴᠠᠭ᠋ᠠᠬᠤ ᠪᠠ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ ᠵᠶ᠋ᠠᠨ ᠴᠢᠩᠭ᠋ᠠᠳᠬᠠᠵᠤ ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠶ᠋ᠠᠨ ᠲᠣᠭᠲᠠᠭ᠋ᠠᠯ ᠶᠣᠰᠣᠭ᠋ᠠᠷ ᠨᠡᠢ᠌ᠲᠡᠯᠡᠬᠦ ᠵᠢᠨ ᠬᠠᠮᠲᠤ ᠂ ᠨᠡᠢ᠌ᠭᠡᠮ᠎ᠤᠨ ᠬᠢᠨᠠᠯᠲᠠ ᠵᠢ ᠬᠦᠯᠢᠶᠡᠬᠦ ᠬᠡᠷᠡᠭᠲᠡᠢ ᠃ ᠰᠣᠷᠣᠭᠴᠢ ᠵᠢᠨ ᠲᠣᠭ᠎ᠠ ᠵᠢ ᠬᠤᠳᠠᠯ ᠵᠶ᠋ᠠᠷ ᠮᠡᠳᠡᠭᠦᠯᠭᠦ ᠂ ᠲᠡᠳᠬᠦᠮᠵᠢ ᠵᠢᠨ ᠪᠡᠯᠡ ᠮᠥᠩᠭᠥ ᠵᠢ ᠮᠡᠬᠡᠯᠡᠨ ᠠᠪᠬᠤ ᠵᠡᠷᠭᠡ ᠦᠢ᠍ᠯᠡ ᠠᠵᠢᠯᠯᠠᠭ᠎ᠠ ᠵᠢ 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠥᠪ᠎ᠤᠨ ᠬᠠᠤᠯᠢ 》 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠨᠠᠨ ᠪᠠᠢ᠌ᠴᠠᠭ᠋ᠠᠬᠤ ᠬᠠᠤᠯᠢ 》 《 ᠡᠳ᠋᠎ᠤᠨ ᠵᠠᠰᠠᠭ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠨ ᠲᠣᠷᠭ᠋ᠠᠬᠤ ᠳᠦᠷᠢᠮ》 ᠵᠡᠷᠭᠡ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠵᠶ᠋ᠡᠷ ᠴᠢᠩᠭ᠎ᠠ ᠰᠢᠢ᠍ᠳᠪᠦᠷᠢᠯᠡᠬᠦ ᠵᠢᠨ ᠬᠠᠮᠲᠤ ᠂ ᠬᠠᠤᠯᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠥᠰ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ ᠡᠯ᠎ᠡ ᠱᠠᠲᠤᠨ᠎ᠤ ᠬᠢᠨᠠᠨ ᠪᠤᠳᠤᠬᠤ ᠰᠠᠯᠠᠭ᠎ᠠ ᠮᠥᠴᠢᠷ᠎ᠨᠢ ᠲᠡᠳᠬᠦᠮᠵᠢ ᠵᠢᠨ ᠪᠡᠯᠡ ᠮᠥᠩᠭᠥ ᠵᠢ ᠲᠤᠰᠬᠠᠢ ᠵᠦᠢ᠍ᠯ ᠵᠶ᠋ᠡᠷ ᠬᠢᠨᠠᠨ ᠪᠤᠳᠤᠬᠤ ᠪᠠ ᠣᠨ᠎ᠤ ᠬᠢᠨᠠᠨ ᠪᠤᠳᠤᠬᠤ ᠠᠵᠢᠯ ᠵᠶ᠋ᠡᠨ ᠬᠢᠨᠠᠮᠠᠭ᠋ᠠᠢ ᠰᠠᠢ᠌ᠲᠤᠷ ᠬᠢᠵᠦ ᠂ ᠪᠡᠯᠡ ᠮᠥᠩᠭᠥ ᠵᠢ ᠨᠠᠢ᠌ᠳᠠᠪᠤᠷᠢᠵᠢᠭᠤᠯᠵᠤ ᠪᠠᠢ᠌ᠭ᠎ᠠ ᠪᠠᠢ᠌ᠳᠠᠯ᠎ᠳᠤ ᠬᠢᠨᠠᠯᠲᠠ ᠲᠠᠯᠪᠢᠬᠤ ᠬᠡᠷᠡᠭᠲᠡᠢ ᠃
(ᠲᠠᠪᠤ) ᠤᠬᠠᠭᠤᠯᠵᠤ ᠬᠥᠲᠥᠯᠥᠨ ᠵᠢᠯᠤᠭᠣᠳᠬᠤ᠎ᠪᠠᠨ ᠴᠢᠩᠭ᠋ᠠᠳᠬᠠᠵᠤ ᠂ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠦᠷᠢᠯᠳᠦᠭᠦᠯᠬᠦ ᠬᠡᠷᠡᠭᠲᠡᠢ ᠃ ᠡᠯ᠎ᠡ ᠭᠠᠵᠠᠷ ᠣᠷᠣᠨ ᠂ ᠡᠯ᠎ᠡ ᠰᠤᠷᠭ᠋ᠠᠭᠤᠯᠢ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ ᠰᠤᠷᠤᠨᠨᠴᠢ ᠵᠢ ᠮᠥᠩᠭᠥ᠎ᠪᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠤᠬᠠᠭᠤᠯᠬᠤ ᠠᠵᠢᠯ ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠂ ᠡᠯ᠎ᠡ ᠵᠦᠢ᠍ᠯ᠎ᠤᠨ ᠤᠬᠠᠭᠤᠯᠭ᠎ᠠ ᠵᠢᠨ ᠵᠠᠭᠤᠴᠢᠯᠠᠭᠤᠷ᠎ᠢ ᠥᠷᠭᠡᠨ ᠵᠶ᠋ᠡᠷ ᠠᠰᠢᠭᠯᠠᠨ ᠂ ᠣᠯᠠᠨ ᠵᠦᠢ᠍ᠯ᠎ᠤᠨ ᠠᠷᠭ᠎ᠠ ᠮᠠᠶᠢᠭ ᠵᠶ᠋ᠡᠷ ᠨᠡᠢ᠌ᠭᠡᠮ᠎ᠳᠤ ᠭᠦᠨᠵᠡᠭᠡᠢ ᠤᠬᠠᠭᠤᠯᠵᠤ ᠂ ᠨᠠᠮ ᠪᠠ ᠵᠠᠰᠠᠭ᠎ᠤᠨ ᠣᠷᠳᠣᠨ᠎ᠤ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠬᠥᠮᠥᠨ ᠪᠦᠬᠦᠨ᠎ᠳᠤ ᠮᠡᠳᠡᠭᠦᠯᠵᠦ ᠂ ᠬᠥᠮᠥᠰ᠎ᠤᠨ ᠰᠡᠳᠬᠢᠯ᠎ᠳᠤ ᠬᠠᠳᠠᠩᠰᠢᠭᠤᠯᠤᠨ ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃
ᠲᠣᠰ ᠮᠡᠳᠡᠭᠳᠡᠯ᠎ᠢ 2022 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠎ᠠ᠎ᠠᠴᠠ ᠡᠬᠢᠯᠡᠵᠦ ᠬᠡᠷᠡᠭᠵᠢᠭᠦᠯᠦᠨ᠎ᠡ ᠃ ᠤᠤᠯ᠎ᠳᠤ ᠪᠠᠨ ᠬᠡᠷᠡᠭᠵᠢᠭᠦᠯᠵᠦ ᠪᠠᠢ᠌ᠭᠰᠠᠨ 《 ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠣᠷᠣᠭᠴᠢ ᠪᠣᠯᠣᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠳᠠᠬᠢ ᠮᠣᠩᠭᠣᠯ ᠬᠡᠯᠡ ( ᠰᠣᠯᠣᠩᠭᠣᠰ ᠬᠡᠯᠡ )᠎ᠪᠠᠷ ᠬᠢᠴᠢᠶᠡᠯᠯᠡᠵᠦ ᠪᠠᠢ᠌ᠭ᠎ᠠ ᠰᠤᠷᠤᠨᠨᠴᠢ ᠵᠢᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠤᠷᠤᠭᠴᠢᠳ᠎ᠲᠤ 〈 ᠬᠣᠶᠠᠷ᠎ᠢ ᠬᠡᠯᠲᠦᠷᠢᠭᠦᠯᠬᠦ 〉 ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠲᠤᠬᠠᠢ ᠰᠠᠨᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠤᠯᠠᠮᠵᠢᠯᠠᠨ ᠶᠠᠪᠤᠭᠤᠯᠬᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ [2011] 23 ᠳ᠋ᠤᠭ᠋ᠠᠷ ᠲᠣᠭ᠋ᠠᠲᠤ) ᠂ 《 ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠨ ᠬᠥᠮᠦᠵᠢᠯ᠎ᠤᠨ 〈 ᠬᠣᠶᠠᠷ᠎ᠢ ᠬᠡᠯᠲᠦᠷᠢᠭᠦᠯᠬᠦ 〉 ᠲᠥᠷᠥ ᠵᠢᠨ ᠪᠣᠳᠣᠯᠭ᠎ᠠ ᠵᠢᠨ ᠬᠣᠯᠪᠣᠭᠳᠠᠯ ᠪᠦᠬᠦᠢ ᠵᠦᠢ᠍ᠯᠡᠰ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2012] 147 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ ᠃
2022 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠬᠠᠭᠤᠯᠤᠨ ᠢᠯᠡᠭᠡᠬᠦ᠎ᠨᠢ ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ ᠂ ᠤᠯᠤᠰ ᠲᠦᠷᠦ ᠵᠢᠨ ᠵᠥᠪᠯᠡᠯᠭᠡᠨ᠎ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠂ ᠪᠠᠢ᠌ᠴᠠᠭ᠋ᠠᠬᠤ ᠬᠣᠷᠢᠶ᠎ᠠ ᠃
ᠡᠯ᠎ᠡ ᠠᠷᠠᠳ᠎ᠤᠨ ᠪᠦᠯᠬᠦᠮ ᠂ ᠰᠣᠨᠢᠨ ᠮᠡᠳᠡᠭᠡᠨ᠎ᠤ ᠨᠢᠭᠡᠴᠢ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2022 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ ᠳᠠᠷᠤᠮᠠᠯᠯᠠᠨ ᠲᠠᠷᠬᠠᠭ᠋ᠠᠪᠠ