ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠪᠠᠶᠠᠵᠢᠯ᠎ᠤᠨ ᠬᠤᠰᠢᠭᠤᠴᠢ
ᠢᠯᠡ ᠵᠠᠰᠠᠭ   -   ᠪᠢᠴᠢᠭ ᠮᠠᠲ᠋ᠧᠷᠢᠶᠠᠯ
ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠤ ᠡᠮᠴᠢᠯᠡᠭᠡᠨ᠎ᠤ ᠳᠠᠭ᠋ᠠᠳᠬᠠᠯ ᠪᠠ ᠠᠪᠤᠷᠠᠨ ᠲᠤᠰᠠᠯᠠᠬᠤ ᠳᠦᠷᠢᠮ᠎ᠢ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2023-02-07

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ
ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲ᠋ᠧᠷᠢᠶᠠᠯ

 

                            ᠥᠪᠥᠷ ᠵᠠᠰᠠᠭ ᠠᠯᠪᠠᠨ ᠲᠠᠷᠬᠠᠭ᠋ᠠᠭᠰᠠᠨ [2022] 41 ᠳ᠋ᠦ᠍ᠭᠡᠷ ᠲᠣᠭ᠋ᠠᠲᠤ

 

      ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠤ ᠡᠮᠴᠢᠯᠡᠭᠡᠨ᠎ᠤ ᠳᠠᠭ᠋ᠠᠳᠬᠠᠯ ᠪᠠ ᠠᠪᠤᠷᠠᠨ ᠲᠤᠰᠠᠯᠠᠬᠤ

      ᠳᠦᠷᠢᠮ᠎ᠢ ᠪᠦᠷᠢᠨᠰᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

      ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ

 

ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
      《ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠤ ᠡᠮᠴᠢᠯᠡᠭᠡᠨ᠎ᠤ ᠳᠠᠭ᠋ᠠᠳᠬᠠᠯ ᠪᠠ ᠠᠪᠤᠷᠠᠨ ᠲᠤᠰᠠᠯᠠᠬᠤ ᠳᠦᠷᠢᠮ᠎ᠢ ᠪᠦᠷᠢᠨᠰᠢᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2021] 42 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠦᠴᠢᠷᠳᠡᠯᠲᠡᠢ ᠣᠯᠠᠨ ᠲᠦᠮᠡᠨ ᠪᠠ ᠬᠦᠨᠳᠦ ᠡᠪᠡᠳᠴᠢᠲᠡᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠤᠯᠠᠮ ᠨᠢᠭᠡ ᠠᠯᠬᠤᠮ ᠬᠥᠩᠭᠡᠷᠡᠭᠦᠯᠦᠨ᠂ ᠡᠪᠡᠳᠴᠢᠨ᠎ᠠᠴᠠ ᠪᠣᠯᠵᠤ ᠶᠠᠳᠠᠭᠤᠷᠠᠬᠤ ᠪᠠ ᠪᠤᠴᠠᠭ᠋ᠠᠳ ᠶᠠᠳᠠᠭᠤᠷᠠᠬᠤ ᠵᠢ ᠰᠡᠷᠭᠡᠢ᠌ᠯᠡᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠰᠠᠭᠤᠷᠢ ᠱᠤᠭᠤᠮ᠎ᠢ ᠪᠡᠬᠢᠵᠢᠭᠦᠯᠦᠨ᠂ ᠡᠮᠴᠢᠯᠡᠭᠡᠨ᠎ᠤ ᠪᠠᠲᠤᠯᠠᠭ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃
      ᠨᠢᠭᠡ᠂ ᠶᠡᠷᠦᠩᠬᠡᠢ ᠱᠠᠭ᠋ᠠᠷᠳᠠᠯᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠣᠷᠢᠶᠠᠨ᠎ᠤ ᠤᠳᠠᠭ᠎ᠠ ᠪᠦᠷᠢ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠬᠠᠮᠲᠤ᠎ᠪᠠᠷ ᠴᠢᠨᠡᠭᠡᠯᠢᠭᠵᠢᠬᠦ ᠴᠢᠭᠯᠡᠯ᠎ᠢ ᠪᠠᠷᠢᠮᠲᠠᠯᠠᠵᠤ᠂ ᠪᠠᠲᠤᠯᠠᠪᠠᠰᠤ ᠵᠣᠬᠢᠬᠤ ᠵᠢ᠎ᠨᠢ ᠴᠢᠳᠠᠬᠤ ᠵᠢᠨ ᠬᠢᠷᠢ᠎ᠪᠠᠷ ᠪᠠᠲᠤᠯᠠᠬᠤ᠂ ᠦᠨᠳᠦᠰᠦᠨ ᠵᠦᠢ᠍ᠯ᠎ᠢ ᠪᠠᠲᠤᠯᠠᠬᠤ ᠵᠢ ᠪᠠᠷᠢᠮᠲᠠᠯᠠᠵᠤ᠂ ᠴᠢᠳᠠᠯ᠎ᠤᠨ ᠵᠶ᠋ᠠᠨ ᠬᠢᠷᠢ᠎ᠪᠠᠷ ᠴᠢᠷᠮᠠᠢ᠌ᠨ ᠠᠵᠢᠯᠯᠠᠵᠤ᠂ ᠠᠷᠠᠳ᠎ᠤᠨ ᠠᠮᠢᠳᠤᠷᠠᠯ᠎ᠤᠨ ᠰᠠᠢ᠌ᠵᠢᠷᠠᠯᠲᠠ ᠵᠢ ᠦᠷᠭᠦᠯᠵᠢᠯᠡᠭᠦᠯᠬᠦ ᠵᠢ ᠠᠬᠢᠭᠤᠯᠬᠤ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ᠎ᠤ ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ ᠬᠥᠩᠭᠡᠷᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠪᠡᠳᠴᠢᠨ᠎ᠠᠴᠠ ᠪᠣᠯᠵᠤ ᠶᠠᠳᠠᠭᠤᠷᠠᠬᠤ ᠪᠠ ᠪᠤᠴᠠᠭ᠋ᠠᠳ ᠶᠠᠳᠠᠭᠤᠷᠠᠬᠤ ᠵᠢ ᠰᠡᠷᠭᠡᠢ᠌ᠯᠡᠵᠦ ᠠᠷᠢᠯᠭ᠋ᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠡᠮᠴᠢᠯᠡᠭᠡᠨ᠎ᠤ ᠦᠨᠳᠦᠰᠦᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ (ᠳᠣᠷᠣᠭᠰᠢ ᠭᠤᠷᠪᠠᠨ ᠳᠠᠪᠬᠤᠷ ᠳᠦᠷᠢᠮ ᠭᠡᠵᠦ ᠶᠡᠷᠦᠩᠬᠡᠢ᠌ᠯᠡᠨ ᠨᠡᠷᠡᠢ᠌ᠳᠦᠨ᠎ᠡ) ᠵᠢᠨ ᠶᠡᠷᠦᠩᠬᠡᠢ᠌ᠯᠡᠭᠰᠡᠨ ᠪᠠᠲᠤᠯᠠᠭ᠎ᠠ ᠵᠢ ᠴᠢᠩᠭ᠋ᠠᠳᠬᠠᠵᠤ᠂ ᠬᠦᠴᠢᠷᠳᠡᠯᠲᠡᠢ ᠣᠯᠠᠨ ᠲᠦᠮᠡᠨ᠎ᠤ ᠡᠮᠴᠢᠯᠡᠭᠡᠨ᠎ᠤ ᠪᠠᠲᠤᠯᠠᠭ᠎ᠠ ᠵᠢᠨ ᠣᠯᠭᠣᠮᠵᠢ ᠵᠢᠨ ᠪᠠᠷᠢᠮᠵᠢᠶ᠎ᠠ ᠵᠢ ᠦᠨᠡᠨ ᠮᠥᠨ ᠵᠶ᠋ᠡᠷ ᠲᠣᠭᠲᠠᠭ᠋ᠠᠨ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠡᠮᠴᠢᠯᠡᠭᠡᠨ᠎ᠤ ᠪᠠᠲᠤᠯᠠᠭ᠎ᠠ᠎ᠲᠠᠢ ᠪᠠᠢ᠌ᠬᠤ ᠵᠢ ᠦᠨᠡᠨ ᠬᠦ᠌ ᠪᠠᠲᠤᠯᠠᠵᠤ᠂ ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠳᠤ ᠨᠡᠷᠪᠡᠭᠳᠡᠭᠰᠡᠨ ᠪᠣᠯᠪᠠᠴᠤ ᠦᠨᠳᠦᠰᠦᠨ ᠠᠮᠢᠳᠤᠷᠠᠯ᠎ᠨᠢ ᠨᠥᠯᠥᠭᠡᠯᠡᠭᠳᠡᠬᠦ ᠦᠭᠡᠢ ᠪᠠᠢ᠌ᠬᠤ ᠵᠢᠨ ᠬᠠᠮᠲᠤ ᠬᠡᠲᠦ ᠶᠡᠬᠡ ᠪᠠᠲᠤᠯᠠᠬᠤ᠎ᠠᠴᠠ ᠵᠠᠢ᠌ᠯᠠᠰᠬᠢᠬᠦ ᠬᠡᠷᠡᠭᠲᠡᠢ᠃ ᠭᠤᠷᠪᠠᠨ ᠳᠠᠪᠬᠤᠷ ᠳᠦᠷᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠬᠢᠭᠡᠳ ᠨᠢᠭᠦᠯᠡᠰᠦᠩᠭᠦᠢ ᠵᠢᠨ ᠠᠪᠤᠷᠠᠨ ᠲᠤᠰᠠᠯᠠᠬᠤ᠂ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ ᠵᠡᠷᠭᠡ ᠵᠢᠨ ᠬᠠᠮᠵᠢᠯᠴᠠᠨ ᠬᠥᠭᠵᠢᠬᠦ ᠪᠠ ᠪᠦᠲᠦᠮᠵᠢᠲᠡᠶ ᠵᠣᠯᠭ᠋ᠠᠯᠳᠤᠬᠤ ᠵᠢ ᠠᠬᠢᠭᠤᠯᠵᠤ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠤᠭᠰᠠᠨ᠂ ᠣᠯᠠᠨ ᠲᠠᠯ᠎ᠠ ᠵᠢᠨ ᠣᠷᠣᠯᠴᠠᠭᠰᠠᠨ ᠣᠯᠠᠨ ᠲᠠᠰ ᠳᠠᠪᠬᠤᠷᠭ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢ ᠪᠠᠢ᠌ᠭᠣᠯᠬᠣ ᠬᠡᠷᠡᠭᠲᠡᠢ᠃
      ᠬᠣᠶᠠᠷ᠂ ᠭᠣᠣᠯᠳᠠᠯᠭ᠎ᠠ ᠪᠣᠯᠬᠣ ᠠᠵᠢᠯ
      (ᠨᠢᠭᠡ) ᠡᠮᠴᠢᠯᠡᠭᠡᠨ᠎ᠤ ᠠᠪᠤᠷᠠᠨ ᠲᠤᠰᠠᠯᠠᠬᠤ ᠡᠲᠡᠭᠡᠳ᠎ᠤᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠢ᠃ ᠰᠠᠯᠠᠭ᠎ᠠ ᠮᠥᠴᠢᠷ᠎ᠤᠨ ᠬᠣᠭᠣᠷᠣᠨᠳᠣᠬᠢ ᠮᠡᠳᠡᠭᠡ ᠵᠠᠩᠭᠢ ᠵᠢ ᠬᠠᠮᠲᠤ᠎ᠪᠠᠷ ᠭᠦᠷᠲᠡᠬᠦ᠎ᠪᠠᠨ ᠴᠢᠩᠭ᠋ᠠᠳᠬᠠᠵᠤ᠂ ᠠᠪᠤᠷᠠᠨ ᠲᠤᠰᠠᠯᠠᠬᠤ ᠡᠲᠡᠭᠡᠳ᠎ᠢ ᠴᠠᠭ ᠲᠤᠬᠠᠢ᠎ᠳᠤ᠎ᠨᠢ ᠲᠤᠢ᠌ᠯ᠎ᠤᠨ ᠣᠨᠣᠴᠠᠲᠠᠢ ᠢᠯᠭ᠋ᠠᠨ ᠲᠠᠨᠢᠬᠤ ᠲᠣᠭᠲᠠᠴᠠ ᠵᠢ ᠪᠠᠢ᠌ᠭᠤᠯᠬᠤ ᠬᠡᠷᠡᠭᠲᠡᠢ᠃ ᠡᠮᠴᠢᠯᠡᠭᠡᠨ᠎ᠤ ᠠᠪᠤᠷᠠᠨ ᠲᠤᠰᠠᠯᠠᠯᠲᠠ᠎ᠨᠢ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠨᠡᠯᠢᠶᠡᠳ ᠬᠦᠨᠳᠦ ᠪᠠᠢ᠌ᠭ᠎ᠠ ᠬᠦᠴᠢᠷᠳᠡᠯᠲᠡᠢ ᠠᠵᠢᠯᠲᠠᠨ ᠠᠵᠢᠯᠴᠢᠨ ᠪᠠ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠢ ᠭᠤᠤᠯᠴᠢ᠎ᠪᠠᠷ ᠬᠠᠮᠤᠷᠴᠤ᠂ ᠠᠪᠤᠷᠠᠨ ᠲᠤᠰᠠᠯᠠᠬᠤ ᠡᠲᠡᠭᠡᠳ᠎ᠤᠨ ᠲᠥᠷᠥᠯ ᠢᠯᠭ᠋ᠠᠯ᠎ᠢ ᠦᠨᠳᠦᠰᠦᠯᠡᠨ ᠲᠥᠷᠥᠯ ᠬᠤᠪᠢᠶᠠᠨ ᠠᠪᠤᠷᠠᠨ ᠲᠤᠰᠠᠯᠠᠬᠤ ᠬᠡᠷᠡᠭᠲᠡᠢ᠃ ᠣᠨᠴᠠ ᠬᠦᠴᠢᠷᠳᠡᠯᠲᠡᠢ ᠬᠥᠮᠥᠰ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠵᠦ ᠪᠠᠢ᠌ᠭ᠎ᠠ ᠡᠲᠡᠭᠡᠳ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠬᠦ ᠵᠠᠬ᠎ᠠ᠎ᠳᠤ ᠪᠠᠢ᠌ᠭ᠎ᠠ ᠭᠡᠷ ᠪᠦᠯᠢ ᠵᠢᠨ ᠪᠦᠷᠢᠯᠳᠦᠭᠦᠨ ᠪᠠ ᠲᠠᠷᠢᠶᠠᠯᠠᠬᠤ ᠮᠠᠯᠵᠢᠬᠤ ᠣᠷᠣᠨ᠎ᠤ ᠬᠢᠯᠪᠠᠷᠬᠠᠨ ᠪᠤᠴᠠᠭ᠋ᠠᠳ ᠶᠠᠳᠠᠭᠤᠷᠠᠬᠤ ᠪᠠ ᠶᠠᠳᠠᠭᠤᠷᠠᠬᠤ ᠵᠢᠨ ᠬᠢᠨᠠᠨ ᠰᠢᠨᠵᠢᠬᠦ ᠬᠡᠪᠴᠢᠶᠡᠨ᠎ᠳᠤ ᠣᠷᠣᠭᠰᠠᠨ ᠬᠥᠮᠥᠨ ᠠᠮᠠ᠎ᠳᠤ ᠲᠣᠭᠲᠠᠭ᠋ᠠᠯ ᠶᠣᠰᠣᠭ᠋ᠠᠷ ᠲᠤᠰᠠᠯᠠᠮᠵᠢ ᠣᠯᠭᠣᠬᠤ ᠬᠡᠷᠡᠭᠲᠡᠢ᠃ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠤᠶᠤ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠬᠦ ᠵᠠᠬ᠎ᠠ᠎ᠳᠤ ᠪᠠᠢ᠌ᠭ᠎ᠠ ᠭᠡᠷ ᠪᠦᠯᠢ ᠵᠢᠨ ᠨᠥᠬᠥᠴᠡᠯ᠎ᠳᠤ ᠨᠡᠢ᠌ᠴᠡᠬᠦ ᠦᠭᠡᠢ ᠪᠣᠯᠪᠠᠴᠣ ᠶᠡᠬᠡ ᠲᠣᠭ᠋ᠠᠨ᠎ᠤ ᠡᠮ ᠡᠮᠨᠡᠯᠭᠡ ᠵᠢᠨ ᠵᠠᠷᠤᠳᠠᠯ᠎ᠤᠨ ᠵᠠᠷᠤᠯᠭ᠎ᠠ᠎ᠠᠴᠠ ᠪᠣᠯᠵᠤ ᠭᠡᠷ ᠪᠦᠯᠢ ᠵᠢᠨ ᠦᠨᠳᠦᠰᠦᠨ ᠠᠮᠢᠳᠤᠷᠠᠯ᠎ᠨᠢ ᠬᠦᠨᠳᠦ ᠨᠣᠴᠢᠲᠠᠢ ᠬᠦᠴᠢᠷᠳᠡᠯ᠎ᠳᠤ ᠤᠴᠠᠷᠠᠭᠰᠠᠨ ᠬᠦᠨᠳᠦ ᠡᠪᠡᠳᠴᠢᠲᠡᠨ (ᠳᠣᠷᠣᠭᠰᠢ ᠡᠪᠡᠳᠴᠢᠨ᠎ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠭᠡᠨ᠎ᠡ᠂ ᠡᠨᠡ᠎ᠨᠢ ᠶᠡᠷᠦ᠎ᠳᠤ᠎ᠪᠠᠨ ᠲᠤᠬᠠᠢ ᠵᠢᠨ ᠭᠠᠵᠠᠷ᠎ᠤᠨ ᠡᠷᠦᠬᠡ ᠠᠮᠠ ᠵᠢᠨ ᠳᠠᠩᠰᠠ᠎ᠲᠠᠢ᠂ ᠭᠡᠷ ᠪᠦᠯᠢ ᠵᠢᠨ ᠬᠥᠮᠥᠨ ᠪᠦᠷᠢ ᠵᠢᠨ ᠳᠤᠮᠳᠠᠴᠢ ᠣᠷᠣᠯᠭ᠎ᠠ᠎ᠨᠢ ᠳᠡᠭᠡᠷ᠎ᠡ ᠨᠢᠭᠡ ᠵᠢᠯ᠎ᠤᠨ ᠲᠤᠬᠠᠢ ᠵᠢᠨ ᠭᠠᠵᠠᠷ᠎ᠤᠨ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠥᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ᠎ᠠᠴᠠ ᠳᠣᠣᠷ᠎ᠠ᠂ ᠡᠮᠴᠢᠯᠡᠭᠡᠨ᠎ᠤ ᠦᠨᠳᠦᠰᠦᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ᠎ᠪᠠᠷ ᠵᠠᠷᠤᠴᠠᠭᠤᠯᠤᠭᠰᠠᠨ ᠬᠤᠪᠢ ᠬᠥᠮᠥᠨ᠎ᠤ ᠡᠭᠦᠷᠭᠡᠯᠡᠬᠦ ᠡᠮᠨᠡᠯᠬᠡ ᠵᠢᠨ ᠵᠠᠷᠤᠳᠠᠯ᠎ᠢ ᠬᠠᠰᠤᠵᠤ ᠠᠪᠤᠭᠰᠠᠨ᠎ᠤ ᠳᠠᠷᠠᠭ᠎ᠠ᠂ ᠭᠡᠷ ᠪᠦᠯᠢ ᠵᠢᠨ ᠬᠥᠮᠥᠨ ᠪᠦᠷᠢ ᠵᠢᠨ ᠳᠤᠮᠳᠠᠴᠢ ᠣᠷᠣᠯᠭ᠎ᠠ᠎ᠨᠢ ᠲᠤᠬᠠᠢ ᠵᠢᠨ ᠭᠠᠵᠠᠷ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢᠨ 1.5 ᠳᠠᠬᠢᠨ᠎ᠠᠴᠠ ᠳᠣᠣᠷ᠎ᠠ ᠮᠥᠷᠲᠡᠭᠡᠨ ᠭᠡᠷ ᠪᠦᠯᠢ ᠵᠢᠨ ᠡᠳ᠋ ᠬᠥᠷᠥᠩᠭᠡ ᠵᠢᠨ ᠪᠠᠢ᠌ᠳᠠᠯ᠎ᠨᠢ ᠬᠠᠮᠢᠶ᠎ᠠ ᠪᠦᠬᠦᠢ ᠲᠣᠭᠲᠠᠭ᠋ᠠᠯ᠎ᠳᠤ ᠨᠡᠶ᠋ᠢᠴᠡᠬᠦ ᠬᠦᠨᠳᠦ ᠡᠪᠡᠳᠴᠢᠲᠡᠨ᠎ᠢ ᠵᠢᠭ᠋ᠠᠵᠤ ᠪᠣᠢ)᠎ᠳᠤ᠂ ᠪᠣᠳᠠᠲᠤ ᠪᠠᠢ᠌ᠳᠠᠯ᠎ᠢ᠎ᠨᠢ ᠦᠨᠳᠦᠰᠦᠯᠡᠨ ᠵᠣᠬᠢᠬᠤ ᠬᠡᠮᠵᠢᠶᠡᠨ᠎ᠤ ᠲᠤᠰᠠᠯᠠᠮᠵᠢ ᠦᠵᠡᠭᠦᠯᠦᠨ᠎ᠡ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ ᠪᠤᠰᠤᠳ ᠣᠨᠴᠠᠭ᠋ᠠᠢ ᠬᠦᠴᠢᠷᠳᠡᠯᠲᠡᠢ ᠬᠥᠮᠥᠰ᠎ᠲᠤ ᠳᠡᠭᠡᠷ᠎ᠡ ᠳᠤᠷᠠᠳᠤᠭᠰᠠᠨ ᠠᠪᠤᠷᠠᠨ ᠲᠤᠰᠠᠯᠠᠬᠤ ᠡᠲᠡᠭᠡᠳ᠎ᠤᠨ ᠲᠥᠷᠥᠯ ᠢᠯᠭ᠋ᠠᠯ ᠵᠶ᠋ᠠᠷ ᠵᠣᠬᠢᠬᠤ ᠠᠪᠤᠷᠠᠨ ᠲᠤᠰᠠᠯᠠᠯᠲᠠ ᠣᠯᠭᠣᠬᠤ ᠬᠡᠷᠡᠭᠲᠡᠢ᠃
      (ᠬᠣᠶᠠᠷ) ᠬᠦᠴᠢᠷᠳᠡᠯᠲᠡᠢ ᠣᠯᠠᠨ ᠲᠦᠮᠡᠨ᠎ᠤ ᠪᠠᠲᠤᠯᠠᠪᠠᠰᠤ ᠵᠣᠬᠢᠬᠤ ᠵᠢ᠎ᠨᠢ ᠴᠢᠳᠠᠬᠤ ᠵᠢᠨ ᠬᠢᠷᠢ᠎ᠪᠠᠷ ᠪᠠᠲᠤᠯᠠᠬᠤ ᠬᠡᠷᠡᠭᠲᠡᠢ᠃ ᠪᠥᠬᠥ ᠠᠷᠠᠳ᠎ᠢ ᠬᠠᠮᠤᠷᠤᠭᠰᠠᠨ᠂ ᠬᠠᠤᠯᠢ ᠶᠣᠰᠣᠭ᠋ᠠᠷ ᠣᠷᠤᠯᠴᠠᠬᠤ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠤᠨ ᠳᠦᠷᠢᠮ᠎ᠢ ᠲᠡᠭᠦᠯᠳᠡᠷᠵᠢᠭᠦᠯᠬᠦ ᠵᠢ ᠪᠠᠷᠢᠮᠲᠠᠯᠠᠵᠤ᠂ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ ᠵᠢ 95%᠎ᠠᠴᠠ ᠳᠡᠭᠡᠭᠰᠢ ᠲᠣᠭᠲᠠᠭᠤᠨ ᠪᠠᠢ᠌ᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠤᠯᠴᠠᠬᠤ ᠲᠥᠯᠥᠪᠯᠡᠭᠡ ᠪᠠ ᠬᠠᠤᠯᠢ ᠶᠣᠰᠣᠭ᠋ᠠᠷ ᠳᠠᠭ᠋ᠠᠳᠬᠠᠯ᠎ᠳᠤ ᠣᠷᠤᠯᠴᠠᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ᠂ ᠰᠢᠯᠭ᠋ᠠᠨ ᠬᠢᠨᠠᠬᠤ ᠵᠢ ᠴᠢᠩᠭ᠋ᠠᠳᠬᠠᠬᠤ ᠵᠢ ᠪᠠᠷᠢᠮᠲᠠᠯᠠᠨ᠂ ᠵᠠᠰᠠᠭ᠎ᠤᠨ ᠣᠷᠳᠣᠨ᠎ᠤ ᠭᠣᠣᠯ ᠴᠣᠭᠴᠠ ᠵᠢᠨ ᠬᠠᠷᠢᠭᠤᠴᠠᠯᠭ᠎ᠠ ᠪᠠ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯ᠎ᠤᠨ ᠬᠠᠷᠢᠭᠤᠴᠠᠯᠭ᠎ᠠ ᠵᠢ ᠲᠠᠰᠤᠷᠠᠯᠲᠠ ᠦᠭᠡᠢ ᠴᠢᠩᠭ᠋ᠠᠷᠠᠭᠤᠯᠬᠤ ᠬᠡᠷᠡᠭᠲᠡᠢ᠃ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠰᠤᠷᠭ᠋ᠠᠨ ᠬᠥᠮᠦᠵᠢᠯ᠂ ᠳᠣᠲᠣᠭ᠋ᠠᠳᠤ ᠵᠢ ᠬᠠᠮᠠᠭ᠋ᠠᠯᠠᠬᠤ᠂ ᠠᠷᠠᠳ᠎ᠤᠨ ᠶᠠᠪᠤᠳᠠᠯ᠂ ᠬᠠᠤᠯᠢ ᠴᠠᠭ᠋ᠠᠵᠠ ᠵᠠᠰᠠᠭ ᠵᠠᠬᠢᠷᠭ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠭᠠᠢ᠌ᠯᠢ ᠵᠢᠨ ᠶᠠᠪᠤᠳᠠᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠯᠦᠭᠡ ᠲᠣᠭ᠎ᠠ ᠪᠠᠷᠢᠮᠲᠠ ᠵᠢ ᠬᠠᠮᠲᠤ᠎ᠪᠠᠷ ᠬᠦᠷᠲᠡᠬᠦ ᠪᠠ ᠰᠣᠯᠢᠯᠴᠠᠬᠤ ᠲᠣᠭᠲᠠᠴᠠ ᠵᠢ ᠲᠡᠭᠦᠯᠳᠡᠷᠵᠢᠭᠦᠯᠵᠦ᠂ ᠳᠠᠭ᠋ᠠᠳᠬᠠᠯ᠎ᠳᠤ ᠣᠷᠤᠯᠴᠠᠬᠤ ᠬᠥᠮᠥᠰ᠎ᠤᠨ ᠮᠡᠳᠡᠭᠡ ᠵᠠᠩᠭᠢ ᠵᠢ ᠬᠠᠷᠭᠤᠭᠤᠯᠬᠤ᠎ᠪᠠᠨ ᠴᠢᠩᠭ᠋ᠠᠳᠬᠠᠨ᠂ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠳᠤ ᠣᠷᠤᠯᠴᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃ ᠬᠦᠴᠢᠷᠳᠡᠯᠲᠡᠢ ᠣᠯᠠᠨ ᠲᠦᠮᠡᠨ ᠦᠨᠳᠦᠰᠦᠨ ᠡᠮᠴᠢᠯᠡᠭᠡᠨ᠎ᠤ ᠳᠠᠭ᠋ᠠᠳᠬᠠᠯ᠎ᠳᠤ ᠬᠠᠤᠯᠢ ᠶᠣᠰᠣᠭ᠋ᠠᠷ ᠣᠷᠣᠯᠴᠠᠨᠨᠰᠠᠨ ᠪᠣᠯ᠂ ᠲᠣᠭᠲᠠᠭ᠋ᠠᠯ ᠶᠣᠰᠣᠭ᠋ᠠᠷ ᠭᠤᠷᠪᠠᠨ ᠳᠠᠪᠬᠤᠷ ᠳᠦᠷᠢᠮ᠎ᠤᠨ ᠪᠠᠲᠤᠯᠠᠭ᠎ᠠ ᠵᠢᠨ ᠡᠷᠬᠡ ᠠᠰᠢᠭ᠎ᠢ ᠭᠥᠷᠳᠡᠨ᠎ᠡ᠃ ᠬᠥᠮᠥᠨ ᠠᠮᠠ ᠵᠢᠨ ᠨᠡᠭᠦᠳᠡᠯ ᠪᠠ ᠳᠠᠭ᠋ᠠᠳᠬᠠᠯ᠎ᠳᠤ ᠣᠷᠤᠯᠴᠠᠬᠤ ᠬᠡᠷᠡᠭᠴᠡᠭᠡ ᠱᠠᠭ᠋ᠠᠷᠳᠠᠯᠭ᠎ᠠ ᠵᠢᠨ ᠬᠤᠪᠢᠷᠠᠯᠲᠠ᠎ᠳᠤ ᠲᠣᠬᠢᠷᠠᠭᠤᠯᠤᠨ᠂ ᠠᠪᠤᠷᠠᠨ ᠲᠤᠰᠠᠯᠠᠬᠤ ᠡᠲᠡᠭᠡᠳ᠎ᠤᠨ ᠳᠠᠭ᠋ᠠᠳᠬᠠᠯ᠎ᠳᠤ ᠣᠷᠤᠯᠴᠠᠬᠤ᠎ᠪᠠᠷ ᠰᠦᠢ᠍ᠳᠬᠡᠯ ᠲᠤᠰᠢᠶᠠᠬᠤ ᠠᠷᠭ᠎ᠠ ᠮᠠᠶᠢᠭ᠎ᠢ ᠠᠮᠢᠳᠤᠯᠢᠭ ᠵᠶ᠋ᠠᠷ ᠲᠣᠬᠢᠷᠠᠭᠤᠯᠵᠤ᠂ ᠬᠤᠪᠢ ᠬᠥᠮᠥᠨ᠎ᠤ ᠳᠠᠭ᠋ᠠᠳᠬᠠᠯ᠎ᠳᠤ ᠣᠷᠤᠯᠴᠠᠬᠤ᠎ᠪᠠᠷ ᠰᠦᠢ᠍ᠳᠬᠡᠯ ᠲᠤᠰᠢᠶᠠᠬᠤ ᠦᠢ᠍ᠯᠡᠴᠢᠯᠡᠭᠡᠨ᠎ᠤ ᠲᠣᠭᠲᠠᠴᠠ ᠵᠢ ᠲᠡᠭᠦᠯᠳᠡᠷᠵᠢᠭᠦᠯᠦᠨ᠂ ᠡᠮᠴᠢᠯᠡᠭᠡᠨ᠎ᠤ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠠᠵᠢᠯ᠎ᠢ ᠰᠠᠢ᠌ᠲᠤᠷ ᠬᠢᠵᠦ᠂ ᠴᠠᠭ ᠲᠤᠬᠠᠢ᠎ᠳᠤ᠎ᠨᠢ ᠳᠠᠭ᠋ᠠᠳᠬᠠᠯ᠎ᠳᠤ ᠣᠷᠤᠯᠴᠠᠬᠤ᠂ ᠳᠠᠭ᠋ᠠᠳᠬᠠᠯ᠎ᠳᠤ ᠣᠷᠤᠯᠴᠠᠬᠤ ᠴᠢᠬᠠᠤᠯᠠᠳᠠᠢ ᠵᠢ᠎ᠨᠢ ᠴᠢᠳᠠᠬᠤ ᠵᠢᠨ ᠬᠢᠷᠢ᠎ᠪᠠᠷ ᠳᠠᠭ᠋ᠠᠳᠬᠠᠯ᠎ᠳᠤ ᠤᠷᠤᠯᠴᠠᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
      (ᠭᠤᠷᠪᠠ) ᠳᠠᠭ᠋ᠠᠳᠬᠠᠯ᠎ᠳᠤ ᠣᠷᠤᠯᠴᠠᠬᠤ ᠵᠢ ᠲᠥᠷᠥᠯ ᠬᠤᠪᠢᠶᠠᠨ ᠵᠣᠭᠣᠰ ᠵᠶ᠋ᠠᠷ ᠲᠤᠰᠠᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠳᠤ ᠣᠷᠤᠯᠴᠠᠬᠤ ᠵᠢᠨ ᠡᠳ᠋᠎ᠤᠨ ᠵᠠᠰᠠᠭ᠎ᠤᠨ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠤᠪᠢ ᠬᠥᠮᠥᠨ ᠰᠦᠢ᠍ᠳᠬᠡᠯ ᠲᠤᠰᠢᠶᠠᠬᠤ᠎ᠳᠤ ᠦᠨᠡᠨ ᠬᠦ᠌ ᠬᠦᠴᠢᠷᠳᠡᠯᠲᠡᠢ ᠣᠯᠠᠨ ᠲᠦᠮᠡᠨ᠎ᠢ ᠲᠥᠷᠥᠯ ᠬᠤᠪᠢᠶᠠᠨ ᠵᠣᠭᠣᠰ ᠵᠶ᠋ᠠᠷ ᠲᠤᠰᠠᠯᠠᠨ᠎ᠠ᠃ ᠣᠨᠴᠠ ᠬᠦᠴᠢᠷᠳᠡᠯᠲᠡᠢ ᠬᠥᠮᠥᠰ᠎ᠢ ᠪᠥᠬᠥ ᠲᠣᠭ᠎ᠠ᠎ᠪᠠᠷ᠎ᠨᠢ ᠲᠤᠰᠠᠯᠠᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠰᠡᠳ᠂ ᠪᠤᠴᠠᠭ᠋ᠠᠳ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠥᠨ ᠠᠮᠠ ᠵᠢ ᠲᠣᠭᠲᠠᠭᠰᠠᠨ ᠲᠣᠭ᠎ᠠ᠎ᠪᠠᠷ ᠲᠤᠰᠠᠯᠠᠵᠤ᠂ ᠲᠣᠭᠲᠠᠭᠰᠠᠨ ᠲᠣᠭ᠎ᠠ᠎ᠪᠠᠷ ᠲᠤᠰᠠᠯᠠᠬᠤ ᠪᠠᠷᠢᠮᠵᠢᠶ᠎ᠠ᠎ᠨᠢ ᠲᠤᠰ ᠬᠤᠭᠤᠴᠠᠭ᠋ᠠᠨ᠎ᠤ ᠰᠠᠭᠤᠭ᠋ᠠᠯᠢ ᠠᠷᠠᠳ᠎ᠤᠨ ᠡᠮᠴᠢᠯᠡᠭᠡᠨ᠎ᠤ ᠳᠠᠭ᠋ᠠᠳᠬᠠᠯ᠎ᠤᠨ ᠬᠤᠪᠢ ᠬᠥᠮᠥᠨ᠎ᠤ ᠲᠤᠰᠢᠶᠠᠬᠤ ᠰᠦᠢ᠍ᠳᠬᠡᠯ᠎ᠤᠨ ᠪᠠᠷᠢᠮᠵᠢᠶ᠎ᠠ ᠵᠢᠨ 45%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠂ ᠪᠣᠳᠠᠲᠠᠢ ᠵᠣᠭᠣᠰ ᠵᠶ᠋ᠠᠷ ᠲᠤᠰᠠᠯᠠᠬᠤ ᠲᠥᠷᠥ ᠵᠢᠨ ᠪᠣᠳᠣᠯᠭ᠎ᠠ ᠵᠢ ᠥᠪᠡᠷᠲᠡᠭᠡᠨ ᠵᠠᠰᠠᠬᠤ ᠣᠷᠣᠨ᠎ᠠᠴᠠ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠰᠠᠭᠤᠷᠢ ᠮᠥᠩᠭᠥ ᠵᠢ ᠴᠤᠭᠯᠠᠭᠤᠯᠤᠨ ᠬᠡᠷᠡᠭᠯᠡᠬᠦ ᠪᠠ ᠬᠦᠴᠢᠷᠳᠡᠯᠲᠡᠢ ᠣᠯᠠᠨ ᠲᠦᠮᠡᠨ᠎ᠤ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢᠨ ᠪᠠᠢ᠌ᠳᠠᠯ᠎ᠢ ᠦᠨᠳᠦᠰᠦᠯᠡᠨ ᠴᠠᠭ ᠲᠤᠬᠠᠢ᠎ᠳᠤ᠎ᠨᠢ ᠲᠣᠬᠢᠷᠠᠭᠤᠯᠤᠯᠲᠠ ᠬᠢᠨ᠎ᠡ᠃ ᠬᠦᠴᠢᠷᠳᠡᠯᠲᠡᠢ ᠣᠯᠠᠨ ᠲᠦᠮᠡᠨ᠎ᠳᠤ ᠣᠯᠠᠨ ᠳᠠᠪᠬᠤᠷ ᠣᠨᠴᠠᠭ᠋ᠠᠢ ᠪᠡᠶ᠎ᠡ ᠵᠢᠨ ᠬᠠᠷᠢᠶᠠᠯᠠᠯᠳᠣ ᠴᠢᠨᠠᠷ᠎ᠲᠠᠢ ᠪᠣᠯ 《ᠥᠨᠳᠥᠷ ᠪᠠᠷᠢᠮᠵᠢᠶ᠎ᠠ᠎ᠪᠠᠷ᠎ᠨᠢ ᠭᠦᠢ᠍ᠴᠡᠳᠬᠡᠬᠦ》 ᠵᠠᠷᠴᠢᠮ ᠶᠣᠰᠣᠭ᠋ᠠᠷ ᠳᠠᠭ᠋ᠠᠳᠬᠠᠯ᠎ᠳᠤ ᠣᠷᠣᠯᠴᠠᠨᠨᠰᠠᠨ ᠲᠤᠰᠠᠯᠠᠮᠵᠢ ᠬᠦᠷᠲᠡᠭᠡᠨ᠎ᠡ᠂ ᠳᠠᠪᠬᠤᠷᠳᠠᠭᠤᠯᠤᠨ ᠲᠤᠰᠠᠯᠠᠵᠤ ᠪᠣᠯᠬᠤ ᠦᠭᠡᠢ᠃
      (ᠳᠥᠷᠪᠡ) ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠣᠯᠠᠨ ᠡᠰᠢᠲᠦ ᠪᠡᠯᠡ ᠴᠤᠭᠯᠠᠭᠤᠯᠬᠤ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠰᠠᠭᠤᠷᠢ ᠮᠥᠩᠭᠥ ᠵᠢ ᠣᠯᠠᠨ ᠨᠡᠶ᠋ᠢᠲᠡ ᠵᠢᠨ ᠡᠳ᠋᠎ᠤᠨ ᠵᠠᠰᠠᠭ᠎ᠤᠨ ᠲᠥᠰᠥᠪ᠂ ᠱᠠᠩᠨᠠᠯᠲᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠪᠠ ᠨᠡᠢ᠌ᠭᠡᠮ᠎ᠤᠨ ᠡᠯ᠎ᠡ ᠡᠲᠡᠭᠡᠳ᠎ᠤᠨ ᠬᠠᠨᠳᠢᠪᠯᠡᠯ ᠵᠡᠷᠭᠡ ᠠᠷᠭ᠎ᠠ ᠮᠠᠶᠢᠭ ᠵᠶ᠋ᠠᠷ ᠴᠤᠭᠯᠠᠭᠤᠯᠵᠤ᠂ ᠢᠯᠡ ᠲᠣᠳᠣ᠂ ᠣᠯᠠᠨ ᠨᠡᠶ᠋ᠢᠲᠡ ᠵᠢᠨ᠂ ᠲᠥᠪ ᠭᠤᠤᠯᠴᠢ᠂ ᠲᠤᠰᠬᠠᠢ ᠵᠣᠭᠣᠰ᠎ᠢ ᠲᠤᠰᠬᠠᠢ᠌ᠯᠠᠨ ᠬᠡᠷᠡᠭᠯᠡᠬᠦ᠂ ᠣᠷᠣᠯᠭ᠎ᠠ ᠵᠠᠷᠤᠯᠭ᠎ᠠ ᠵᠢ ᠲᠡᠩᠴᠡᠭᠦᠷᠢᠲᠡᠢ ᠪᠠᠢ᠌ᠯᠭ᠋ᠠᠬᠤ ᠵᠠᠷᠴᠢᠮ ᠶᠣᠰᠣᠭ᠋ᠠᠷ ᠬᠠᠮᠢᠶᠠᠷᠴᠤ ᠬᠡᠷᠡᠭᠯᠡᠬᠦ ᠬᠡᠷᠡᠭᠲᠡᠢ᠃ ᠳᠦᠷᠢᠮ ᠪᠠ ᠲᠥᠷᠥ ᠵᠢᠨ ᠪᠣᠳᠣᠯᠭ᠎ᠠ ᠵᠢ ᠨᠢᠭᠡᠳᠦᠯᠲᠡᠢ ᠪᠠᠢ᠌ᠯᠭ᠋ᠠᠬᠤ᠂ ᠰᠠᠭᠤᠷᠢ ᠮᠥᠩᠭᠥ ᠵᠢ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ᠂ ᠬᠠᠮᠢᠶᠠᠷᠤᠯᠲᠠ ᠦᠢ᠍ᠯᠡᠴᠢᠯᠡᠭᠡ ᠵᠢ ᠨᠢᠭᠡ ᠴᠣᠭᠴᠠᠵᠢᠭᠤᠯᠬᠤ ᠪᠠᠷᠢᠮᠵᠢᠶ᠎ᠠ ᠶᠣᠰᠣᠭ᠋ᠠᠷ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠠᠢ᠌ᠮᠠᠭ ᠬᠣᠲᠠ ᠵᠢᠨ ᠱᠠᠲᠤᠨ᠎ᠳᠠᠬᠢ ᠨᠢᠭᠡᠳᠦᠯᠲᠡᠢ ᠲᠥᠯᠥᠪᠯᠡᠬᠦ ᠵᠢ ᠪᠥᠬᠥ ᠲᠠᠯ᠎ᠠ᠎ᠪᠠᠷ ᠪᠣᠳᠠᠲᠠᠢ ᠨᠠᠷᠢᠯᠢᠭ ᠬᠢᠬᠦ ᠬᠡᠷᠡᠭᠲᠡᠢ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠪᠠᠲᠤᠯᠠᠭ᠎ᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠬᠡᠷᠡᠭᠴᠡᠭᠡ ᠱᠠᠭ᠋ᠠᠷᠳᠠᠯᠭ᠎ᠠ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠡᠭᠦᠷᠭᠡᠯᠡᠬᠦ ᠴᠢᠳᠠᠪᠤᠷᠢ ᠵᠡᠷᠭᠡ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠨ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠲᠤᠰᠠᠯᠠᠮᠵᠢ ᠵᠢᠨ ᠪᠡᠯᠡ ᠮᠥᠩᠭᠥ ᠵᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠲᠣᠬᠢᠷᠠᠭᠤᠯᠵᠤ᠂ ᠬᠦᠷᠦᠯᠴᠡᠬᠦ ᠦᠭᠡᠢ ᠬᠡᠰᠡᠭ᠎ᠢ᠎ᠨᠢ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠠᠴᠠ ᠳᠠᠭ᠋ᠠᠭ᠋ᠠᠨ ᠪᠠᠲᠤᠯᠠᠬᠤ ᠬᠡᠷᠡᠭᠲᠡᠢ᠃ ᠪᠡᠯᠡ ᠮᠥᠩᠭᠥ ᠴᠤᠭᠯᠠᠭᠤᠯᠬᠤ ᠠᠷᠭ᠎ᠠ ᠵᠠᠮ ᠵᠶ᠋ᠠᠨ ᠥᠷᠭᠡᠳᠬᠡᠵᠦ᠂ ᠨᠡᠢ᠌ᠭᠡᠮ᠎ᠤᠨ ᠬᠦᠴᠦᠨ᠎ᠢ ᠳᠠᠶ᠋ᠢᠴᠢᠯᠠᠨ᠂ ᠨᠢᠭᠦᠯᠡᠰᠦᠩᠭᠦᠢ ᠦᠢ᠍ᠯᠡᠰ ᠬᠢᠭᠡᠳ ᠨᠡᠢ᠌ᠭᠡᠮ᠎ᠤᠨ ᠲᠤᠰᠠᠯᠠᠮᠵᠢ ᠵᠡᠷᠭᠡ ᠣᠯᠠᠨ ᠵᠠᠮ ᠮᠥᠷ ᠵᠶ᠋ᠡᠷ ᠳᠠᠮᠵᠢᠭᠤᠯᠤᠨ ᠪᠡᠯᠡ ᠮᠥᠩᠭᠥ ᠴᠤᠭᠯᠠᠭᠤᠯᠤᠨ᠎ᠠ᠃
      (ᠲᠠᠪᠤ) ᠭᠤᠷᠪᠠᠨ ᠳᠠᠪᠬᠤᠷ ᠳᠦᠷᠢᠮ᠎ᠤᠨ ᠬᠠᠷᠢᠯᠴᠠᠨ ᠨᠥᠬᠥᠪᠦᠷᠢᠯᠡᠵᠦ ᠵᠣᠯᠭ᠋ᠠᠭᠤᠯᠬᠤ ᠵᠢ ᠠᠬᠢᠭᠤᠯᠬᠤ ᠬᠡᠷᠡᠭᠲᠡᠢ᠃ ᠤᠯᠠᠨ ᠲᠡᠰ ᠳᠠᠪᠬᠤᠷᠭ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ᠂ ᠭᠤᠷᠪᠠᠨ ᠳᠠᠪᠬᠤᠷ ᠳᠦᠷᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠴᠢᠳᠠᠮᠵᠢ ᠵᠢ ᠴᠢᠩᠭ᠋ᠠᠳᠬᠠᠬᠤ ᠬᠡᠷᠡᠭᠲᠡᠢ᠃ ᠤᠯᠤᠰ᠎ᠠᠴᠠ ᠲᠣᠭᠲᠠᠭ᠋ᠠᠭᠰᠠᠨ ᠡᠮᠴᠢᠯᠡᠭᠡᠨ᠎ᠤ ᠪᠠᠲᠤᠯᠠᠭ᠎ᠠ ᠵᠢᠨ ᠦᠨᠳᠦᠰᠦᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠦᠨᠳᠦᠰᠦᠨ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠣᠭᠲᠠᠭ᠋ᠠᠭᠰᠠᠨ ᠡᠮᠴᠢᠯᠡᠭᠡᠨ᠎ᠤ ᠳᠠᠭ᠋ᠠᠳᠬᠠᠯ᠎ᠤᠨ ᠰᠠᠭᠤᠷᠢ ᠮᠥᠩᠭᠥ ᠵᠢᠨ ᠲᠣᠭ᠋ᠠᠴᠠᠭ᠎ᠠ ᠬᠢᠬᠦ ᠬᠡᠪᠴᠢᠶ᠎ᠡ ᠪᠠ ᠲᠣᠭ᠋ᠠᠴᠠᠭ᠎ᠠ ᠬᠢᠬᠦ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠤᠨ ᠭᠣᠣᠯ ᠴᠣᠭᠴᠠ ᠵᠢᠨ ᠪᠠᠲᠤᠯᠠᠭ᠎ᠠ ᠵᠢᠨ ᠴᠢᠳᠠᠮᠵᠢ ᠵᠢ ᠭᠦᠢ᠍ᠴᠡᠳ ᠪᠠᠳᠠᠷᠠᠭᠤᠯᠵᠤ᠂ ᠡᠮᠨᠡᠯᠭᠡ᠎ᠳᠤ ᠰᠠᠭᠤᠬᠤ ᠣᠯᠭᠣᠮᠵᠢ ᠵᠢᠨ ᠪᠠᠲᠤᠯᠠᠭ᠎ᠠ ᠵᠢᠨ ᠬᠢᠷᠢ ᠲᠦᠪᠰᠢᠨ᠎ᠢ ᠪᠡᠬᠢᠵᠢᠭᠦᠯᠦᠨ᠂ ᠡᠭᠦᠳᠡᠨ ᠡᠮᠨᠡᠯᠭᠡ ᠵᠢᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ ᠬᠡᠷᠡᠭᠲᠡᠢ᠃ ᠬᠦᠨᠳᠦ ᠡᠪᠡᠳᠴᠢᠨ᠎ᠤ ᠳᠠᠭ᠋ᠠᠳᠬᠠᠯ᠎ᠤᠨ ᠳᠠᠷᠤᠭ᠋ᠠᠰᠤ ᠵᠢ ᠬᠥᠩᠭᠡᠷᠡᠭᠦᠯᠬᠦ ᠴᠢᠳᠠᠮᠵᠢ ᠵᠢ ᠴᠢᠩᠭ᠋ᠠᠷᠠᠭᠤᠯᠵᠤ᠂ ᠡᠬᠢᠯᠡᠵᠦ ᠲᠦᠯᠦᠬᠦ ᠪᠠᠷᠢᠮᠵᠢᠶ᠎ᠠ᠎ᠪᠠᠨ ᠨᠢᠭᠡᠳᠦᠯᠲᠡᠢ ᠪᠠᠢ᠌ᠯᠭ᠋ᠠᠨ᠂ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠥᠭᠬᠦ ᠬᠠᠷᠢᠴᠠᠯ᠎ᠢ 60%᠎ᠠᠴᠠ ᠳᠣᠣᠷ᠎ᠠ ᠪᠠᠢ᠌ᠯᠭ᠋ᠠᠬᠤ ᠦᠭᠡᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ; ᠣᠨᠴᠠ ᠬᠦᠴᠢᠷᠳᠡᠯᠲᠡᠢ ᠬᠥᠮᠥᠰ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠰᠡᠳ᠂ ᠪᠤᠴᠠᠭ᠋ᠠᠳ ᠶᠠᠳᠠᠭᠤᠷᠠᠬᠤ ᠪᠠ ᠶᠠᠳᠠᠭᠤᠷᠠᠭᠰᠠᠨ ᠬᠥᠮᠥᠨ ᠠᠮᠠ ᠵᠢᠨ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠳᠥᠯᠥᠬᠦ ᠪᠠᠷᠢᠮᠵᠢᠶ᠎ᠠ ᠵᠢ 50%᠎ᠪᠠᠷ ᠪᠠᠭᠤᠷᠠᠭᠤᠯᠵᠤ᠂ ᠳᠥᠯᠥᠬᠦ ᠬᠠᠷᠢᠴᠠᠯ᠎ᠢ 5 ᠵᠠᠭᠤᠨ᠎ᠤ ᠨᠢᠭᠡᠴᠢ ᠳᠡᠭᠡᠭᠰᠢᠯᠡᠭᠦᠯᠬᠦ ᠵᠢᠨ ᠬᠠᠮᠲᠤ᠂ ᠳᠥᠯᠥᠬᠦ ᠬᠠᠮᠤᠭ᠎ᠤᠨ ᠥᠨᠳᠥᠷ ᠬᠢᠵᠠᠭ᠋ᠠᠷ ᠲᠣᠭ᠎ᠠ ᠵᠢ ᠬᠦᠴᠦᠨ ᠦᠭᠡᠢ ᠪᠣᠯᠭ᠋ᠠᠨ᠎ᠠ᠃ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠦᠨᠳᠦᠰᠦᠨ ᠵᠦᠢ᠍ᠯ᠎ᠤᠨ ᠪᠠᠲᠤᠯᠠᠭ᠎ᠠ ᠵᠢᠨ ᠴᠢᠳᠠᠮᠵᠢ ᠵᠢ ᠪᠠᠲᠤᠳᠬᠠᠵᠤ᠂ ᠨᠢᠭᠡᠳᠦᠯᠲᠡᠢ ᠵᠢᠷᠤᠮᠵᠢᠭᠰᠠᠨ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠳᠦᠷᠢᠮ᠎ᠢ ᠲᠡᠭᠦᠯᠳᠡᠷᠵᠢᠭᠦᠯᠦᠨ᠂ ᠠᠪᠤᠷᠠᠨ ᠲᠤᠰᠠᠯᠠᠯᠲᠠ ᠵᠢᠨ ᠬᠢᠷᠢ ᠲᠦᠪᠰᠢᠨ ᠪᠠ ᠣᠨ᠎ᠤ ᠠᠪᠤᠷᠠᠨ ᠲᠤᠰᠠᠯᠠᠯᠲᠠ ᠵᠢᠨ ᠬᠢᠵᠠᠭ᠋ᠠᠷ ᠲᠣᠭ᠎ᠠ ᠵᠢ ᠵᠦᠢ ᠵᠣᠬᠢᠰᠲᠠᠢ ᠲᠣᠭᠲᠠᠭ᠋ᠠᠵᠤ᠂ ᠲᠥᠷᠥᠯ ᠬᠤᠪᠢᠶᠠᠨ ᠠᠪᠤᠷᠠᠨ ᠲᠤᠰᠠᠯᠠᠬᠤ ᠵᠢ ᠰᠠᠢ᠌ᠲᠤᠷ ᠬᠢᠬᠦ ᠬᠡᠷᠡᠭᠲᠡᠢ᠃ ᠲᠣᠭᠲᠠᠭ᠋ᠠᠯ ᠶᠣᠰᠣᠭ᠋ᠠᠷ ᠲᠠᠷᠢᠶᠠᠯᠠᠬᠤ ᠮᠠᠯᠵᠢᠬᠤ ᠣᠷᠣᠨ᠎ᠤ ᠬᠢᠯᠪᠠᠷᠬᠠᠨ ᠪᠤᠴᠠᠭ᠋ᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠵᠤ᠂ ᠡᠮᠴᠢᠯᠡᠭᠡᠨ᠎ᠤ ᠪᠠᠲᠤᠯᠠᠭ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ᠎ᠪᠠᠨ ᠪᠡᠬᠢᠵᠢᠭᠦᠯᠦᠨ ᠥᠷᠭᠡᠳᠬᠡᠬᠦ ᠬᠡᠷᠡᠭᠲᠡᠢ᠃
      (ᠵᠢᠷᠭᠤᠭ᠎ᠠ) ᠠᠪᠤᠷᠠᠨ ᠲᠤᠰᠠᠯᠠᠬᠤ ᠵᠠᠷᠤᠳᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠲᠣᠳᠣᠷᠬᠠᠢ᠌ᠯᠠᠬᠤ ᠬᠡᠷᠡᠭᠲᠡᠢ᠃ ᠦᠨᠳᠦᠰᠦᠨ ᠵᠦᠢ᠍ᠯ᠎ᠢ ᠪᠠᠲᠤᠯᠠᠬᠤ ᠵᠢ ᠪᠠᠷᠢᠮᠲᠠᠯᠠᠵᠤ᠂ ᠠᠪᠤᠷᠠᠨ ᠲᠤᠰᠠᠯᠠᠬᠤ ᠡᠲᠡᠭᠡᠳ᠎ᠤᠨ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠦᠨᠳᠦᠰᠦᠨ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠲᠣᠬᠢᠲᠠᠢ ᠰᠢᠢ᠍ᠳᠪᠦᠷᠢᠯᠡᠬᠦ ᠬᠡᠷᠡᠭᠲᠡᠢ᠃ ᠠᠪᠤᠷᠠᠨ ᠲᠤᠰᠠᠯᠠᠬᠤ ᠵᠠᠷᠤᠳᠠᠯ᠎ᠨᠢ ᠭᠣᠣᠯᠳᠠᠭᠤ ᠠᠪᠤᠷᠠᠨ ᠲᠤᠰᠠᠯᠠᠯᠲᠠ ᠵᠢ ᠭᠦᠷᠲᠡᠬᠦ ᠡᠲᠡᠭᠡᠳ᠎ᠤᠨ ᠲᠣᠭᠲᠠᠭᠰᠠᠨ ᠴᠡᠭ᠎ᠤᠨ ᠡᠮ ᠡᠮᠨᠡᠯᠭᠡ ᠵᠢᠨ ᠪᠠᠢ᠌ᠭᠤᠯᠤᠮᠵᠢ᠎ᠳᠤ ᠡᠭᠦᠰᠦᠭᠰᠡᠨ ᠡᠮᠨᠡᠯᠭᠡ᠎ᠳᠤ ᠰᠠᠭᠤᠭᠰᠠᠨ ᠵᠠᠷᠤᠳᠠᠯ᠂ ᠤᠳᠠᠭ᠋ᠠᠨ ᠴᠢᠨᠠᠷᠲᠠᠢ ᠡᠪᠡᠳᠴᠢᠨ᠎ᠠᠴᠠ ᠪᠣᠯᠵᠤ ᠤᠷᠲᠤ ᠬᠤᠭᠤᠴᠠᠭ᠎ᠠ᠎ᠪᠠᠷ ᠡᠮ ᠤᠤᠭᠤᠭᠰᠠᠨ ᠪᠤᠶᠤ ᠬᠦᠨᠳᠦ ᠬᠡᠴᠡᠭᠦᠦ ᠣᠨᠴᠠᠭ᠋ᠠᠢ ᠡᠪᠡᠳᠴᠢᠨ ᠡᠮᠭᠡᠭ᠎ᠲᠤ ᠨᠡᠷᠪᠡᠭᠳᠡᠵᠦ ᠤᠷᠲᠤ ᠬᠤᠭᠤᠴᠠᠭ᠎ᠠ᠎ᠪᠠᠷ ᠡᠭᠦᠳᠡᠨ ᠡᠮᠨᠡᠯᠭᠡ᠎ᠳᠤ ᠡᠮᠨᠡᠭᠦᠯᠬᠦ ᠴᠢᠬᠤᠯᠠᠲᠠᠢ ᠵᠠᠷᠤᠳᠠᠯ᠎ᠢ ᠬᠠᠮᠤᠷᠤᠨ᠎ᠠ᠃ ᠡᠮᠴᠢᠯᠡᠭᠡᠨ᠎ᠤ ᠦᠨᠳᠦᠰᠦᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ᠎ᠤᠨ ᠡᠬᠢᠯᠡᠵᠦ ᠲᠦᠯᠦᠬᠦ ᠱᠤᠭᠤᠮ᠎ᠠᠴᠠ ᠳᠣᠷᠣᠭᠰᠢᠬᠢ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠬᠤᠪᠢ ᠬᠥᠮᠥᠨ᠎ᠤ ᠥᠪᠡᠷ ᠵᠶ᠋ᠡᠨ ᠥᠭᠬᠦ ᠵᠠᠷᠤᠳᠠᠯ᠎ᠢ ᠲᠣᠭᠲᠠᠭ᠋ᠠᠯ ᠶᠣᠰᠣᠭ᠋ᠠᠷ ᠡᠮᠴᠢᠯᠡᠭᠡᠨ᠎ᠤ ᠠᠪᠤᠷᠠᠨ ᠲᠤᠰᠠᠯᠠᠯᠲᠠ᠎ᠳᠤ ᠣᠷᠣᠭᠣᠯᠬᠤ ᠬᠡᠷᠡᠭᠲᠡᠢ᠃ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠰᠠᠭᠤᠷᠢ ᠮᠥᠩᠭᠥ ᠵᠢ ᠵᠠᠷᠤᠬᠤ ᠬᠡᠪᠴᠢᠶ᠎ᠡ᠎ᠨᠢ ᠵᠠᠷᠴᠢᠮ ᠳᠡᠭᠡᠷ᠎ᠡ᠎ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠤᠨ ᠲᠦᠯᠦᠬᠦ ᠬᠡᠪᠴᠢᠶᠡᠨ᠎ᠤ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃ ᠤᠯᠤᠰ᠎ᠤᠨ ᠠᠰᠲᠠᠭ᠋ᠠᠨ ᠲᠣᠳᠣᠷᠬᠠᠢ ᠲᠣᠭᠲᠠᠭ᠋ᠠᠯ ᠪᠠᠢ᠌ᠬᠤ᠎ᠠᠴᠠ ᠭᠠᠳᠠᠨ᠎ᠠ᠂ ᠡᠯ᠎ᠡ ᠭᠠᠵᠠᠷ ᠣᠷᠣᠨ ᠦᠪᠡᠰᠦᠪᠡᠨ ᠲᠣᠭᠲᠠᠭ᠋ᠠᠬᠤ ᠪᠤᠶᠤ ᠦᠬᠡᠷᠡᠳᠡᠬᠦᠯᠬᠦ ᠠᠷᠭ᠎ᠠ᠎ᠪᠠᠷ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠵᠠᠷᠤᠳᠠᠯ᠎ᠤᠨ ᠪᠠᠲᠤᠯᠠᠭ᠎ᠠ ᠵᠢᠨ ᠬᠡᠪᠴᠢᠶ᠎ᠡ ᠵᠢ ᠳᠤᠷ᠎ᠠ᠎ᠪᠠᠷ ᠵᠶ᠋ᠠᠨ ᠶᠡᠬᠡᠰᠬᠡᠵᠦ ᠪᠣᠯᠬᠤ ᠦᠭᠡᠢ᠃
      (ᠳᠣᠯᠣᠭ᠎ᠠ) ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠪᠠᠷᠢᠮᠵᠢᠶ᠎ᠠ ᠵᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠠᠪᠤᠷᠠᠨ ᠲᠤᠰᠠᠯᠠᠯᠲᠠ ᠭᠦᠷᠲᠡᠬᠦ ᠡᠲᠡᠭᠡᠳ᠎ᠤᠨ ᠭᠡᠷ ᠪᠦᠯᠢ ᠵᠢᠨ ᠬᠦᠴᠢᠷᠳᠡᠯ᠎ᠤᠨ ᠪᠠᠢ᠌ᠳᠠᠯ᠎ᠢ ᠦᠨᠳᠦᠰᠦᠯᠡᠨ᠂ ᠣᠨ᠎ᠤ ᠠᠪᠤᠷᠠᠨ ᠲᠤᠰᠠᠯᠠᠯᠲᠠ ᠵᠢᠨ ᠡᠬᠢᠯᠡᠵᠦ ᠥᠭᠬᠦ ᠪᠠᠷᠢᠮᠵᠢᠶ᠎ᠠ (ᠳᠣᠷᠣᠭᠰᠢ ᠡᠬᠢᠯᠡᠵᠦ ᠥᠭᠬᠦ ᠪᠠᠷᠢᠮᠵᠢᠶ᠎ᠠ ᠭᠡᠵᠦ ᠲᠣᠪᠴᠢᠯᠠᠨ᠎ᠠ) ᠵᠢ ᠲᠥᠷᠥᠯ ᠬᠤᠪᠢᠶᠠᠨ ᠲᠣᠭᠲᠠᠭ᠋ᠠᠬᠤ ᠬᠡᠷᠡᠭᠲᠡᠢ᠃ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ᠎ᠲᠤ ᠵᠠᠷᠴᠢᠮ ᠳᠡᠭᠡᠷ᠎ᠡ᠎ᠪᠠᠨ ᠡᠬᠢᠯᠡᠵᠦ ᠥᠭᠬᠦ ᠪᠠᠷᠢᠮᠵᠢᠶ᠎ᠠ ᠵᠢ ᠬᠦᠴᠦᠨ ᠦᠭᠡᠢ ᠪᠣᠯᠭ᠋ᠠᠵᠤ᠂ ᠲᠦᠷ ᠨᠥᠬᠥᠴᠡᠯ ᠪᠦᠷᠢᠯᠳᠦᠭᠦᠯᠦᠭᠡᠳᠦᠢ ᠭᠠᠵᠠᠷ ᠣᠷᠣᠨ᠎ᠤ ᠡᠬᠢᠯᠡᠵᠦ ᠥᠭᠬᠦ ᠪᠠᠷᠢᠮᠵᠢᠶ᠎ᠠ᠎ᠨᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ᠎ᠤ ᠳᠡᠭᠡᠷ᠎ᠡ ᠵᠢᠯ᠎ᠤᠨ ᠪᠥᠬᠥ ᠰᠠᠭᠤᠭ᠋ᠠᠯᠢ ᠠᠷᠠᠳ᠎ᠤᠨ ᠬᠥᠮᠥᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢᠨ 5%᠎ᠠᠴᠠ ᠥᠨᠳᠥᠷ ᠪᠠᠢ᠌ᠵᠤ ᠪᠣᠯᠬᠤ ᠦᠭᠡᠢ ᠪᠥᠭᠡᠳ ᠡᠬᠢᠯᠡᠵᠦ ᠥᠭᠬᠦ ᠪᠠᠷᠢᠮᠵᠢᠶ᠎ᠠ ᠵᠢ ᠬᠦᠴᠦᠨ ᠦᠭᠡᠢ ᠪᠣᠯᠭ᠋ᠠᠬᠤ ᠵᠢ ᠠᠯᠬᠤᠮ ᠠᠯᠬᠤᠮ ᠵᠶ᠋ᠠᠷ ᠰᠦᠪᠡᠭᠴᠢᠯᠡᠬᠦ ᠬᠡᠷᠡᠭᠲᠡᠢ᠃ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠬᠦ ᠵᠠᠬ᠎ᠠ ᠵᠢᠨ ᠭᠡᠷ ᠪᠦᠯᠢ ᠵᠢᠨ ᠪᠦᠷᠢᠯᠳᠦᠭᠦᠨ᠎ᠤ ᠡᠬᠢᠯᠡᠵᠦ ᠥᠭᠬᠦ ᠪᠠᠷᠢᠮᠵᠢᠶ᠎ᠠ ᠵᠢ ᠠᠢ᠌ᠮᠠᠭ ᠬᠣᠲᠠ ᠵᠢᠨ ᠳᠡᠭᠡᠷ᠎ᠡ ᠵᠢᠯ᠎ᠤᠨ ᠪᠦᠬᠦ ᠰᠠᠭᠤᠭ᠋ᠠᠯᠢ ᠠᠷᠠᠳ᠎ᠤᠨ ᠬᠥᠮᠥᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢᠨ 10% ᠣᠷᠴᠢᠮ ᠵᠶ᠋ᠠᠷ ᠲᠣᠭᠲᠠᠭ᠋ᠠᠵᠤ᠂ ᠡᠪᠡᠳᠴᠢᠨ᠎ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ᠎ᠢ ᠠᠢ᠌ᠮᠠᠭ ᠬᠣᠲᠠ ᠵᠢᠨ ᠳᠡᠭᠡᠷ᠎ᠡ ᠵᠢᠯ᠎ᠤᠨ ᠪᠦᠬᠦ ᠰᠠᠭᠤᠭ᠋ᠠᠯᠢ ᠠᠷᠠᠳ᠎ᠤᠨ ᠬᠥᠮᠥᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠢᠨ 25% ᠣᠷᠴᠢᠮ ᠵᠶ᠋ᠠᠷ ᠲᠣᠭᠲᠠᠭ᠋ᠠᠬᠤ ᠬᠡᠷᠡᠭᠲᠡᠢ᠃ 《ᠤᠷᠢᠳ ᠵᠶ᠋ᠠᠷ ᠳᠠᠭ᠋ᠠᠳᠬᠠᠯ ᠵᠶ᠋ᠠᠷ ᠲᠥᠯᠥᠵᠦ ᠳᠠᠷᠠᠭ᠎ᠠ᠎ᠨᠢ ᠠᠪᠤᠷᠠᠨ ᠲᠤᠰᠠᠯᠠᠯᠲᠠ ᠬᠢᠬᠦ》 ᠵᠠᠷᠴᠢᠮ ᠶᠣᠰᠣᠭ᠋ᠠᠷ᠂ ᠡᠮᠴᠢᠯᠡᠭᠡᠨ᠎ᠤ ᠦᠨᠳᠦᠰᠦᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ᠎ᠪᠠᠷ ᠲᠥᠯᠥᠭᠰᠡᠨ᠎ᠤ ᠳᠠᠷᠠᠭ᠎ᠠ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠬᠤᠪᠢ ᠬᠥᠮᠥᠨ᠎ᠤ ᠥᠪᠡᠰᠦᠪᠡᠨ ᠥᠭᠬᠦ ᠡᠮᠴᠢᠯᠡᠭᠡᠨ᠎ᠤ ᠵᠠᠷᠤᠳᠠᠯ᠎ᠨᠢ ᠮᠥᠨᠴᠦ ᠨᠡᠯᠢᠶᠡᠳ ᠬᠦᠨᠳᠦ ᠪᠠᠢ᠌ᠭ᠎ᠠ ᠠᠪᠤᠷᠠᠨ ᠲᠤᠰᠠᠯᠠᠬᠤ ᠡᠲᠡᠭᠡᠳ᠎ᠲᠤ ᠲᠣᠭᠲᠠᠭ᠋ᠠᠯ ᠶᠣᠰᠣᠭ᠋ᠠᠷ ᠠᠪᠤᠷᠠᠨ ᠲᠤᠰᠠᠯᠠᠯᠲᠠ ᠬᠦᠷᠲᠡᠭᠡᠵᠦ᠂ ᠡᠪᠡᠳᠴᠢᠨ᠎ᠠᠴᠠ ᠪᠣᠯᠵᠤ ᠶᠠᠳᠠᠭᠤᠷᠠᠬᠤ ᠪᠠ ᠪᠤᠴᠠᠭ᠋ᠠᠳ ᠶᠠᠳᠠᠭᠤᠷᠠᠬᠤ ᠲᠦᠭᠰᠢᠭᠦᠷᠢ ᠵᠢ ᠬᠦᠴᠦ᠎ᠪᠠᠨ ᠬᠠᠮᠲᠤᠳᠬᠠᠨ ᠰᠡᠷᠭᠡᠢ᠌ᠯᠡᠬᠦ ᠬᠡᠷᠡᠭᠲᠡᠢ᠃ ᠣᠨ᠎ᠤ ᠠᠪᠤᠷᠠᠨ ᠲᠤᠰᠠᠯᠠᠯᠲᠠ ᠵᠢᠨ ᠬᠢᠵᠠᠭ᠋ᠠᠷ ᠲᠣᠭ᠋ᠠᠨ᠎ᠤ ᠳᠣᠲᠣᠷ᠎ᠠ᠂ ᠣᠨᠴᠠ ᠬᠦᠴᠢᠷᠳᠡᠯᠲᠡᠢ ᠬᠥᠮᠥᠰ᠎ᠲᠤ ᠪᠥᠬᠥ ᠲᠣᠭ᠋ᠠᠨ᠎ᠤ ᠠᠪᠤᠷᠠᠨ ᠲᠤᠰᠠᠯᠠᠯᠲᠠ ᠵᠢ ᠬᠡᠷᠡᠭᠵᠢᠭᠦᠯᠵᠦ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠬᠦ ᠡᠲᠡᠭᠡᠳ᠎ᠲᠤ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠵᠠᠷᠤᠳᠠᠯ᠎ᠢ᠎ᠨᠢ 70%᠎ᠠᠴᠠ ᠳᠣᠣᠷ᠎ᠠ ᠪᠠᠢ᠌ᠯᠭ᠋ᠠᠬᠤ ᠦᠭᠡᠢ ᠬᠠᠷᠢᠴᠠᠯ ᠵᠶ᠋ᠠᠷ ᠠᠪᠤᠷᠠᠨ ᠲᠤᠰᠠᠯᠠᠵᠤ᠂ ᠪᠤᠰᠤᠳ ᠠᠪᠤᠷᠠᠨ ᠲᠤᠰᠠᠯᠠᠬᠤ ᠡᠲᠡᠭᠡᠳ᠎ᠲᠤ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠵᠠᠷᠤᠳᠠᠯ᠎ᠤᠨ ᠠᠪᠤᠷᠠᠨ ᠲᠤᠰᠠᠯᠠᠬᠤ ᠬᠠᠷᠢᠴᠠᠯ᠎ᠢ᠎ᠨᠢ 60%᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠃ ᠡᠯ᠎ᠡ ᠠᠢ᠌ᠮᠠᠭ ᠬᠣᠲᠠ᠎ᠨᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠂ ᠠᠷᠠᠳ ᠲᠦᠮᠡᠨ᠎ᠤ ᠡᠷᠡᠭᠦᠯ ᠮᠡᠨᠳᠦ ᠵᠢᠨ ᠬᠡᠷᠡᠭᠴᠡᠭᠡ ᠱᠠᠭ᠋ᠠᠷᠳᠠᠯᠭ᠎ᠠ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠰᠠᠭᠤᠷᠢ ᠮᠥᠩᠭᠥ ᠵᠢᠨ ᠲᠤᠯᠭ᠋ᠠᠭᠤᠷᠢᠯᠠᠬᠤ ᠴᠢᠳᠠᠪᠤᠷᠢ᠎ᠪᠠᠨ ᠦᠨᠳᠦᠰᠦᠯᠡᠨ᠂ ᠲᠤᠬᠠᠢ ᠵᠢᠨ ᠭᠠᠵᠠᠷ᠎ᠤᠨ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠬᠠᠷᠢᠴᠠᠯ ᠪᠠ ᠣᠨ᠎ᠤ ᠠᠪᠤᠷᠠᠨ ᠲᠤᠰᠠᠯᠠᠯᠲᠠ ᠵᠢᠨ ᠬᠢᠵᠠᠭ᠋ᠠᠷ ᠲᠣᠭ᠎ᠠ ᠵᠢ ᠵᠦᠢ ᠵᠣᠬᠢᠰᠲᠠᠢ ᠲᠣᠭᠲᠠᠭ᠋ᠠᠵᠤ᠂ ᠨᠠᠷᠮᠠᠢ ᠠᠰᠠᠷᠠᠮᠵᠢ ᠵᠢᠨ ᠴᠢᠨᠠᠷᠲᠠᠢ ᠪᠣᠯᠬᠤ᠎ᠠᠴᠠ ᠰᠡᠷᠭᠡᠢ᠌ᠯᠡᠬᠦ ᠬᠡᠷᠡᠭᠲᠡᠢ᠃ ᠲᠠᠷᠢᠶᠠᠯᠠᠬᠤ ᠮᠠᠯᠵᠢᠬᠤ ᠣᠷᠣᠨ᠎ᠤ ᠬᠢᠯᠪᠠᠷᠬᠠᠨ ᠪᠤᠴᠠᠭ᠋ᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ ᠵᠢ ᠠᠪᠤᠷᠠᠨ ᠲᠤᠰᠠᠯᠠᠬᠤ ᠲᠦᠪᠰᠢᠨ᠎ᠢ ᠪᠣᠯ᠂ ᠡᠮᠴᠢᠯᠡᠭᠡᠨ᠎ᠤ ᠪᠠᠲᠤᠯᠠᠭ᠎ᠠ᠎ᠪᠠᠷ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ᠎ᠯᠤᠭ᠎ᠠ ᠪᠦᠲᠦᠮᠵᠢᠲᠡᠢ ᠵᠣᠯᠭ᠋ᠠᠭᠤᠯᠬᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠬᠦᠴᠢᠷᠳᠡᠯᠲᠡᠢ ᠣᠯᠠᠨ ᠲᠦᠮᠡᠨ᠎ᠳᠤ ᠣᠯᠠᠨ ᠳᠠᠪᠬᠤᠷ ᠣᠨᠴᠠᠭ᠋ᠠᠢ ᠪᠡᠶ᠎ᠡ ᠵᠢᠨ ᠬᠠᠷᠢᠶᠠᠯᠠᠯᠳᠤ ᠴᠢᠨᠠᠷ᠎ᠲᠠᠢ ᠪᠣᠯ 《ᠥᠨᠳᠥᠷ ᠪᠠᠷᠢᠮᠵᠢᠶ᠎ᠠ᠎ᠪᠠᠷ᠎ᠨᠢ ᠭᠦᠢ᠍ᠴᠡᠳᠬᠡᠬᠦ》 ᠵᠠᠷᠴᠢᠮ ᠶᠣᠰᠣᠭ᠋ᠠᠷ ᠠᠪᠤᠷᠠᠨ ᠲᠤᠰᠠᠯᠠᠯᠲᠠ ᠵᠢ ᠬᠦᠷᠲᠡᠭᠡᠵᠦ᠂ ᠳᠠᠪᠬᠤᠷᠳᠠᠭᠤᠯᠤᠨ ᠠᠪᠤᠷᠠᠨ ᠲᠤᠰᠠᠯᠠᠵᠤ ᠪᠣᠯᠬᠤ ᠦᠭᠡᠢ᠃
      (ᠨᠠᠢ᠍ᠮᠠ) ᠦᠨᠳᠦᠰᠦᠨ ᠵᠦᠢ᠍ᠯ᠎ᠢ ᠪᠠᠲᠤᠯᠠᠬᠤ ᠠᠷᠭ᠎ᠠ ᠬᠡᠮᠵᠢᠶ᠎ᠡ ᠵᠢ ᠨᠢᠭᠡᠳᠦᠯᠲᠡᠢ ᠲᠥᠯᠥᠪᠯᠡᠨ ᠲᠡᠭᠦᠯᠳᠡᠷᠵᠢᠭᠦᠯᠬᠦ ᠬᠡᠷᠡᠭᠲᠡᠢ᠃ ᠡᠮᠨᠡᠯᠭᠡ᠎ᠳᠤ ᠰᠠᠭᠤᠬᠤ᠂ ᠡᠩ᠎ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠵᠢᠨ ᠤᠵᠢᠭ ᠤᠨᠴᠠᠭ᠋ᠠᠢ ᠡᠪᠡᠳᠴᠢᠨ᠎ᠢ ᠠᠪᠤᠷᠠᠨ ᠲᠤᠰᠠᠯᠠᠬᠤ ᠪᠠᠲᠤᠯᠠᠭ᠎ᠠ᠎ᠪᠠᠨ ᠴᠢᠩᠭ᠋ᠠᠳᠬᠠᠵᠤ᠂ ᠡᠭᠦᠳᠡᠨ ᠡᠮᠨᠡᠯᠭᠡ ᠪᠠ ᠡᠮᠨᠡᠯᠭᠡ᠎ᠳᠤ ᠰᠠᠭᠤᠬᠤ ᠠᠪᠤᠷᠠᠨ ᠲᠤᠰᠠᠯᠠᠯᠲᠠ᠎ᠳᠤ ᠣᠨ᠎ᠤ ᠠᠪᠤᠷᠠᠨ ᠲᠤᠰᠠᠯᠠᠬᠤ ᠬᠢᠵᠠᠭ᠋ᠠᠷ ᠲᠣᠭ᠎ᠠ ᠵᠢ ᠬᠠᠮᠲᠤ᠎ᠪᠠᠷ ᠬᠡᠷᠡᠭᠯᠡᠨ᠎ᠡ᠃ ᠵᠢᠷᠤᠮᠵᠢᠯ᠎ᠲᠠᠢ ᠰᠢᠯᠵᠢᠭᠦᠯᠦᠨ ᠡᠮᠨᠡᠭᠦᠯᠦᠭᠰᠡᠨ ᠮᠥᠷᠲᠡᠭᠡᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ᠎ᠲᠤ ᠭᠤᠷᠪᠠᠨ ᠳᠠᠪᠬᠤᠷ ᠳᠦᠷᠢᠮ ᠵᠶ᠋ᠠᠷ ᠶᠡᠷᠦᠩᠬᠡᠢ᠌ᠯᠡᠭᠰᠡᠨ ᠪᠠᠲᠤᠯᠠᠭ᠎ᠠ ᠬᠠᠩᠭ᠋ᠠᠭᠰᠠᠨ᠎ᠤ ᠳᠠᠷᠠᠭ᠎ᠠ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠤ ᠬᠤᠪᠢ ᠬᠥᠮᠥᠨ᠎ᠤ ᠳᠠᠷᠤᠭ᠋ᠠᠰᠤ ᠮᠥᠨ ᠯᠡ ᠨᠡᠯᠢᠶᠡᠳ ᠬᠦᠨᠳᠦ ᠪᠠᠢ᠌ᠭ᠎ᠠ ᠵᠢ᠎ᠨᠢ ᠲᠤᠰᠠᠯᠠᠬᠤ᠎ᠪᠠᠷ ᠬᠡᠯᠪᠡᠢ᠌ᠵᠦ᠂ ᠲᠤᠰᠠᠯᠠᠬᠤ᠎ᠪᠠᠨ ᠬᠡᠯᠪᠡᠢ᠌ᠯᠭᠡᠬᠦ᠎ᠳᠤ ᠥᠭᠬᠦ ᠵᠠᠭ᠋ᠠᠭ ᠬᠢᠵᠠᠭ᠋ᠠᠷ᠎ᠢ ᠬᠦᠨᠳᠦ ᠡᠪᠡᠳᠴᠢᠨ᠎ᠤ ᠳᠠᠭ᠋ᠠᠳᠬᠠᠯ᠎ᠤᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ᠎ᠪᠠᠷ ᠯᠠᠪᠯᠠᠯᠲᠠ ᠪᠣᠯᠭ᠋ᠠᠨ ᠲᠣᠭᠲᠠᠭ᠋ᠠᠵᠤ᠂ ᠪᠣᠳᠠᠲᠠᠢ ᠲᠤᠰᠠᠯᠠᠬᠤ ᠨᠥᠬᠥᠴᠡᠯ ᠪᠠ ᠪᠠᠷᠢᠮᠵᠢᠶ᠎ᠠ ᠵᠢ ᠡᠯ᠎ᠡ ᠠᠢ᠌ᠮᠠᠭ ᠬᠣᠲᠠ᠎ᠨᠢ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠰᠠᠭᠤᠷᠢ ᠮᠥᠩᠭᠥ ᠵᠢᠨ ᠪᠡᠯᠡ ᠴᠤᠭᠯᠠᠭᠤᠯᠤᠭᠰᠠᠨ ᠪᠠᠢ᠌ᠳᠠᠯ ᠵᠶ᠋ᠠᠨ ᠦᠨᠳᠦᠰᠦᠯᠡᠨ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠬᠡᠳᠦ ᠪᠠᠲᠤᠯᠠᠬᠤ᠎ᠠᠴᠠ ᠵᠠᠢ᠌ᠯᠠᠰᠬᠢᠬᠦ ᠬᠡᠷᠡᠭᠲᠡᠢ᠃
      (ᠶᠢᠰᠦ) ᠡᠮᠴᠢᠯᠡᠭᠡᠨ᠎ᠤ ᠶᠡᠬᠡ ᠲᠣᠭ᠋ᠠᠨ᠎ᠤ ᠵᠠᠷᠤᠳᠠᠯ᠎ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ᠎ᠪᠠᠨ ᠴᠢᠩᠭ᠋ᠠᠷᠠᠭᠤᠯᠬᠤ ᠬᠡᠷᠡᠭᠲᠡᠢ᠃ ᠡᠮᠴᠢᠯᠡᠭᠡᠨ ᠵᠶ᠋ᠠᠷ ᠠᠪᠤᠷᠠᠨ ᠲᠤᠰᠠᠯᠠᠬᠤ ᠡᠲᠡᠭᠡᠳ᠎ᠤᠨ ᠮᠡᠳᠡᠭᠡ ᠵᠠᠩᠭᠢ ᠵᠢᠨ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠡᠪᠡᠳᠴᠢᠨ᠎ᠠᠴᠠ ᠪᠣᠯᠵᠤ ᠶᠠᠳᠠᠭᠤᠷᠠᠬᠤ ᠪᠠ ᠡᠪᠡᠳᠴᠢᠨ᠎ᠠᠴᠠ ᠪᠣᠯᠵᠤ ᠪᠤᠴᠠᠭ᠋ᠠᠳ ᠶᠠᠳᠠᠭᠤᠷᠠᠬᠤ ᠵᠢᠨ ᠳᠠᠪᠬᠤᠷ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠲᠥᠷᠥᠯ ᠬᠤᠪᠢᠶᠠᠨ ᠪᠦᠷᠢᠨᠰᠢᠭᠦᠯᠵᠦ᠂ ᠨᠥᠬᠥᠴᠡᠯ᠎ᠳᠤ ᠨᠡᠢ᠌ᠴᠡᠭᠰᠡᠨ᠎ᠢ᠎ᠨᠢ ᠴᠠᠭ ᠲᠤᠬᠠᠢ᠎ᠳᠤ᠎ᠨᠢ ᠠᠪᠤᠷᠠᠨ ᠲᠤᠰᠠᠯᠠᠬᠤ ᠬᠡᠪᠴᠢᠶᠡᠨ᠎ᠳᠤ ᠣᠷᠣᠭᠣᠯᠬᠤ ᠬᠡᠷᠡᠭᠲᠡᠢ᠃ ᠣᠨ᠎ᠤ ᠡᠮᠴᠢᠯᠡᠭᠡᠨ᠎ᠤ ᠵᠠᠷᠤᠳᠠᠯ᠎ᠢ ᠡᠮᠴᠢᠯᠡᠭᠡᠨ᠎ᠤ ᠦᠨᠳᠦᠰᠦᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ᠎ᠪᠠᠷ ᠳᠡᠮᠵᠢᠨ ᠲᠥᠯᠥᠭᠰᠡᠨ᠎ᠤ ᠳᠠᠷᠠᠭ᠎ᠠ᠂ ᠬᠤᠪᠢ ᠬᠥᠮᠥᠨ᠎ᠤ ᠪᠦᠭᠦᠳᠡ ᠳᠠᠷᠤᠭ᠋ᠠᠰᠤ᠎ᠨᠢ ᠲᠤᠬᠠᠢ ᠵᠢᠨ ᠭᠠᠵᠠᠷ᠎ᠤᠨ ᠳᠡᠭᠡᠷ᠎ᠡ ᠵᠢᠯ᠎ᠤᠨ ᠲᠠᠷᠢᠶᠠᠯᠠᠬᠤ ᠮᠠᠯᠵᠢᠬᠤ ᠣᠷᠣᠨ᠎ᠤ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ᠎ᠠᠴᠠ ᠬᠡᠲᠦᠷᠡᠭᠰᠡᠨ ᠪᠠᠢ᠌ᠪᠠᠯ᠂ ᠡᠪᠡᠳᠴᠢᠨ᠎ᠠᠴᠠ ᠪᠣᠯᠵᠤ ᠶᠠᠳᠠᠭᠤᠷᠠᠬᠤ ᠵᠢ ᠬᠢᠨᠠᠨ ᠰᠢᠨᠵᠢᠬᠦ᠎ᠳᠤ ᠣᠷᠣᠭᠤᠯᠤᠨ᠎ᠠ; ᠬᠤᠪᠢ ᠬᠥᠮᠥᠨ᠎ᠤ ᠪᠦᠭᠦᠳᠡ ᠳᠠᠷᠤᠭ᠋ᠠᠰᠤ᠎ᠨᠢ ᠲᠤᠬᠠᠢ ᠵᠢᠨ ᠭᠠᠵᠠᠷ᠎ᠤᠨ ᠳᠡᠭᠡᠷ᠎ᠡ ᠵᠢᠯ᠎ᠤᠨ ᠲᠠᠷᠢᠶᠠᠯᠠᠬᠤ ᠮᠠᠯᠵᠢᠬᠤ ᠣᠷᠣᠨ᠎ᠤ ᠪᠠᠢ᠌ᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ 50%᠎ᠠᠴᠠ ᠬᠡᠲᠦᠷᠡᠭᠰᠡᠨ ᠪᠠᠢ᠌ᠪᠠᠯ᠂ ᠡᠪᠡᠳᠴᠢᠨ᠎ᠠᠴᠠ ᠪᠣᠯᠵᠤ ᠪᠤᠴᠠᠭ᠋ᠠᠳ ᠶᠠᠳᠠᠭᠤᠷᠠᠬᠤ ᠵᠢ ᠬᠢᠨᠠᠨ ᠰᠢᠨᠵᠢᠬᠦ᠎ᠳᠤ ᠣᠷᠣᠭᠤᠯᠤᠨ᠎ᠠ᠃ ᠡᠮᠴᠢᠯᠡᠭᠡᠨ᠎ᠤ ᠦᠨᠳᠦᠰᠦᠨ ᠳᠠᠭ᠋ᠠᠳᠬᠠᠯ᠂ ᠬᠦᠨᠳᠦ ᠡᠪᠡᠳᠴᠢᠨ᠎ᠤ ᠳᠠᠭ᠋ᠠᠳᠬᠠᠯ ᠵᠡᠷᠭᠡ᠎ᠪᠠᠷ ᠲᠥᠯᠥᠭᠰᠡᠨ᠎ᠤ ᠳᠠᠷᠠᠭ᠎ᠠ ᠬᠤᠪᠢ ᠬᠥᠮᠥᠨ᠎ᠤ ᠣᠨ᠎ᠤ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠮᠥᠨ ᠯᠡ ᠨᠡᠯᠢᠶᠡᠳ ᠬᠦᠨᠳᠦ ᠪᠠᠢ᠌ᠭ᠎ᠠ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠬᠦ ᠵᠠᠬ᠎ᠠ ᠵᠢᠨ ᠭᠡᠷ ᠪᠦᠯᠢ ᠵᠢᠨ ᠪᠦᠷᠢᠯᠳᠦᠭᠦᠨ ᠪᠠ ᠲᠠᠷᠢᠶᠠᠯᠠᠬᠤ ᠮᠠᠯᠵᠢᠬᠤ ᠣᠷᠣᠨ᠎ᠤ ᠬᠢᠯᠪᠠᠷᠬᠠᠨ ᠪᠤᠴᠠᠭ᠋ᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ ᠵᠢ ᠭᠣᠣᠯᠳᠠᠯᠭ᠎ᠠ᠎ᠲᠠᠢ ᠬᠢᠨᠠᠨ ᠰᠢᠨᠵᠢᠵᠦ᠂ ᠴᠠᠭ ᠲᠤᠬᠠᠢ᠎ᠳᠤ᠎ᠨᠢ ᠰᠡᠷᠡᠮᠵᠢᠯᠡᠭᠦᠯᠬᠦ ᠵᠢ ᠪᠡᠶᠡᠯᠡᠭᠦᠯᠬᠦ ᠬᠡᠷᠡᠭᠲᠡᠢ᠃ ᠡᠮᠴᠢᠯᠡᠭᠡᠨ᠎ᠤ ᠳᠠᠭ᠋ᠠᠳᠬᠠᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠠᠷᠠᠳ᠎ᠤᠨ ᠶᠠᠪᠤᠳᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠵᠡᠮᠳᠡᠭᠴᠦᠳ᠎ᠤᠨ ᠬᠣᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠪᠠ ᠰᠢᠢ᠍ᠳᠪᠦᠷᠢᠯᠡᠬᠦ ᠠᠵᠢᠯ ᠵᠶ᠋ᠠᠨ ᠰᠠᠢ᠌ᠲᠤᠷ ᠬᠢᠵᠦ᠂ ᠬᠦᠴᠢᠷᠳᠡᠯᠲᠡᠢ ᠣᠯᠠᠨ ᠲᠦᠮᠡᠨ᠎ᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ᠂ ᠬᠥᠳᠡᠯᠦᠩᠭᠦᠢ᠎ᠪᠠᠷ ᠬᠢᠨᠠᠨ ᠰᠢᠨᠵᠢᠬᠦ᠂ ᠪᠠᠢ᠌ᠴᠠᠭ᠋ᠠᠨ ᠬᠠᠷᠭᠤᠭᠤᠯᠵᠤ ᠬᠠᠷᠢᠴᠠᠭᠤᠯᠬᠤ ᠪᠠ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ᠎ᠪᠠᠨ ᠴᠢᠩᠭ᠋ᠠᠳᠬᠠᠬᠤ ᠬᠡᠷᠡᠭᠲᠡᠢ᠃
      (ᠠᠷᠪᠠ) ᠭᠤᠶᠤᠴᠢᠯᠠᠯ ᠶᠣᠰᠣᠭ᠋ᠠᠷ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃ ᠭᠤᠶᠤᠴᠢᠯᠠᠯ ᠵᠶ᠋ᠠᠷ ᠠᠪᠤᠷᠠᠨ ᠲᠤᠰᠠᠯᠠᠬᠤ ᠲᠣᠭᠲᠠᠴᠠ ᠵᠢ ᠪᠦᠬᠦ ᠲᠠᠯ᠎ᠠ᠎ᠪᠠᠷ ᠪᠠᠢ᠌ᠭᠤᠯᠵᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠬᠦ ᠵᠠᠬ᠎ᠠ ᠵᠢᠨ ᠭᠡᠷ ᠪᠦᠯᠢ ᠵᠢᠨ ᠪᠦᠷᠢᠯᠳᠦᠭᠦᠨ ᠪᠠ ᠲᠠᠷᠢᠶᠠᠯᠠᠬᠤ ᠮᠠᠯᠵᠢᠬᠤ ᠣᠷᠣᠨ᠎ᠤ ᠬᠢᠯᠪᠠᠷᠬᠠᠨ ᠪᠤᠴᠠᠭ᠋ᠠᠳ ᠶᠠᠳᠠᠭᠤᠷᠠᠬᠤ ᠪᠠ ᠶᠠᠳᠠᠭᠤᠷᠠᠬᠤ ᠬᠥᠮᠥᠨ ᠠᠮᠠ᠂ ᠡᠪᠡᠳᠴᠢᠨ᠎ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ᠎ᠤ ᠠᠪᠤᠷᠠᠨ ᠲᠤᠰᠠᠯᠠᠭᠤᠯᠬᠤ᠎ᠪᠠᠷ ᠭᠤᠶᠤᠴᠢᠯᠠᠬᠤ ᠵᠠᠮ ᠮᠥᠷ᠎ᠢ ᠰᠢᠯᠤᠭᠤᠳᠬᠠᠨ᠂ ᠭᠤᠶᠤᠴᠢᠯᠠᠬᠤ ᠳᠡᠰ ᠳᠠᠷᠠᠭ᠋ᠠᠯᠠᠯ᠎ᠢ ᠳᠥᠭᠥᠮᠴᠢᠯᠡᠵᠦ᠂ ᠠᠪᠤᠷᠠᠨ ᠲᠤᠰᠠᠯᠠᠯᠲᠠ ᠵᠢᠨ ᠴᠠᠭ ᠬᠤᠭᠤᠴᠠᠭ᠋ᠠᠲᠤ ᠴᠢᠨᠠᠷ᠎ᠢ ᠳᠡᠬᠡᠭᠰᠢᠯᠡᠬᠦᠯᠬᠦ ᠬᠡᠷᠡᠭᠲᠡᠢ᠃ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ ᠵᠶ᠋ᠡᠷ ᠨᠢᠭᠡᠨᠲᠡ ᠮᠠᠭ᠋ᠠᠳᠯᠠᠨ ᠲᠣᠭᠲᠠᠭ᠋ᠠᠭᠰᠠᠨ ᠪᠠᠢ᠌ᠪᠠᠯ᠂ ᠰᠢᠭᠤᠳ ᠡᠮᠴᠢᠯᠡᠭᠡᠨ᠎ᠤ ᠠᠪᠤᠷᠠᠨ ᠲᠤᠰᠠᠯᠠᠯᠲᠠ ᠬᠦᠷᠲᠡᠭᠡᠵᠦ ᠪᠣᠯᠣᠨ᠎ᠠ᠃ ᠨᠡᠢ᠌ᠭᠡᠮ᠎ᠤᠨ ᠬᠦᠴᠦᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠠᠪᠤᠷᠠᠨ ᠲᠤᠰᠠᠯᠠᠬᠤ᠎ᠳᠤ ᠣᠷᠤᠯᠴᠠᠭᠤᠯᠬᠤ ᠲᠣᠭᠲᠠᠴᠠ᠎ᠪᠠᠨ ᠪᠦᠷᠢᠨᠰᠢᠭᠦᠯᠦᠨ᠂ ᠡᠮᠴᠢᠯᠡᠭᠡᠨ᠎ᠤ ᠠᠪᠤᠷᠠᠨ ᠲᠤᠰᠠᠯᠠᠯᠲᠠ᠂ ᠲᠦᠷ ᠴᠠᠭ᠎ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠢ ᠵᠢᠨ ᠠᠪᠤᠷᠠᠨ ᠲᠤᠰᠠᠯᠠᠯᠲᠠ ᠵᠡᠷᠭᠡ ᠶᠡᠷᠦᠩᠬᠡᠢ᠌ᠯᠡᠭᠰᠡᠨ ᠴᠢᠨᠠᠷᠲᠠᠢ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠤᠨ᠂ ᠡᠯ᠎ᠡ ᠭᠠᠵᠠᠷ ᠣᠷᠣᠨ᠎ᠨᠢ ᠠᠪᠤᠷᠠᠨ ᠲᠤᠰᠠᠯᠠᠬᠤ ᠡᠲᠡᠭᠡᠳ᠎ᠤᠨ ᠪᠣᠳᠠᠲᠠᠢ ᠪᠠᠢ᠌ᠳᠠᠯ ᠵᠶ᠋ᠠᠨ ᠦᠨᠳᠦᠰᠦᠯᠡᠨ᠂ 《ᠨᠢᠭᠡ ᠤᠴᠢᠷ᠎ᠢ ᠨᠢᠭᠡ ᠵᠥᠪᠯᠡᠬᠦ》 ᠠᠷᠭ᠎ᠠ ᠮᠠᠶᠢᠭ ᠵᠶ᠋ᠠᠷ᠂ ᠲᠠᠰ ᠳᠠᠪᠬᠤᠷᠭ᠎ᠠ ᠲᠥᠷᠥᠯ ᠵᠦᠢ᠍ᠯ ᠬᠤᠪᠢᠶᠠᠨ ᠬᠠᠪᠰᠤᠷᠤᠨ ᠲᠡᠳᠬᠦᠬᠦ ᠵᠢ ᠲᠤᠢ᠌ᠯ᠎ᠤᠨ ᠣᠨᠣᠴᠠᠲᠠᠢ ᠥᠷᠨᠢᠭᠦᠯᠬᠦ ᠬᠡᠷᠡᠭᠲᠡᠢ᠃ ᠶᠡᠷᠦᠩᠬᠡᠢ᠌ᠯᠡᠨ ᠠᠪᠤᠷᠠᠨ ᠲᠤᠰᠠᠯᠠᠬᠤ ᠬᠢᠷᠢ ᠲᠦᠪᠰᠢᠨ᠎ᠢ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠂ ᠬᠤᠪᠢ ᠬᠥᠮᠥᠨ᠎ᠤ ᠪᠣᠳᠠᠲᠠᠢ ᠵᠠᠷᠤᠳᠠᠯ ᠡᠭᠦᠷᠭᠡᠯᠡᠵᠦ ᠪᠠᠢ᠌ᠭ᠎ᠠ ᠪᠠᠢ᠌ᠳᠠᠯ᠎ᠢ᠎ᠨᠢ ᠦᠨᠳᠦᠰᠦᠯᠡᠨ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ᠃ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠬᠡᠪᠴᠢᠶᠡᠨ᠎ᠳᠤ ᠣᠷᠣᠭᠤᠯᠤᠭᠰᠠᠨ ᠬᠥᠮᠥᠰ᠎ᠲᠤ ᠲᠣᠭᠲᠠᠭ᠋ᠠᠯ ᠶᠣᠰᠣᠭ᠋ᠠᠷ ᠡᠮᠴᠢᠯᠡᠭᠡᠨ᠎ᠤ ᠠᠪᠤᠷᠠᠨ ᠲᠤᠰᠠᠯᠠᠯᠲᠠ ᠣᠯᠭᠣᠬᠤ ᠬᠡᠷᠡᠭᠲᠡᠢ᠃
      (ᠠᠷᠪᠠᠨ ᠨᠢᠭᠡ) ᠨᠢᠭᠦᠯᠡᠰᠦᠩᠭᠦᠢ ᠵᠢᠨ ᠠᠪᠤᠷᠠᠨ ᠲᠤᠰᠠᠯᠠᠯᠲᠠ ᠵᠢ ᠬᠥᠭᠵᠢᠭᠦᠯᠦᠨ ᠪᠤᠵᠠᠭ᠋ᠠᠢ᠌ᠷᠠᠭᠤᠯᠬᠤ ᠬᠡᠷᠡᠭᠲᠡᠢ᠃ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠪᠠ ᠨᠡᠢ᠌ᠭᠡᠮ᠎ᠤᠨ ᠪᠤᠰᠤᠳ ᠵᠣᠬᠢᠶᠠᠨ ᠪᠠᠢ᠌ᠭᠤᠯᠤᠯᠲᠠ ᠵᠢᠨ ᠬᠦᠨᠳᠦ ᠡᠪᠡᠳᠴᠢᠨ᠎ᠢ ᠠᠪᠤᠷᠠᠨ ᠲᠤᠰᠠᠯᠠᠬᠤ ᠲᠦᠷᠦᠯ ᠵᠦᠢ᠍ᠯ ᠪᠠᠢ᠌ᠭᠤᠯᠬᠤ᠎ᠪᠠᠷ ᠵᠣᠷᠢᠭᠵᠢᠭᠤᠯᠵᠤ᠂ ᠠᠪᠤᠷᠠᠨ ᠲᠤᠰᠠᠯᠠᠯᠲᠠ᠎ᠳᠤ ᠨᠥᠬᠥᠪᠦᠷᠢᠯᠡᠬᠦ ᠦᠢ᠍ᠯᠡᠳᠦᠯ᠎ᠢ᠎ᠨᠢ ᠪᠠᠳᠠᠷᠠᠭᠤᠯᠤᠨ᠎ᠠ᠃ ᠢᠨᠲ᠋ᠧᠷ ᠰᠦᠯᠵᠢᠶ᠎ᠡ ᠵᠢᠨ ᠢᠯᠡ᠎ᠪᠠᠷ ᠬᠠᠨᠳᠢᠪ ᠴᠤᠭᠯᠠᠭᠤᠯᠬᠤ ᠮᠡᠳᠡᠭᠡ ᠵᠠᠩᠭᠢ ᠵᠢᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠮᠡᠳᠡᠭᠡ ᠵᠠᠩᠭᠢ ᠨᠡᠢ᠌ᠲᠡᠯᠡᠬᠦ ᠵᠢ ᠵᠢᠷᠤᠮᠵᠢᠭᠤᠯᠤᠨ᠂ ᠢᠯᠡ ᠪᠣᠯᠭ᠋ᠠᠬᠤ ᠡᠷᠴᠢᠮ ᠵᠶ᠋ᠠᠨ ᠨᠡᠮᠡᠭᠳᠡᠭᠦᠯᠦᠨ᠂ ᠢᠯᠡ᠎ᠪᠠᠷ ᠠᠪᠤᠷᠠᠨ ᠲᠤᠰᠠᠯᠠᠬᠤ ᠵᠢ ᠬᠡᠷᠡᠭᠵᠢᠭᠦᠯᠦᠨ᠎ᠡ᠃ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠬᠦᠷᠢᠶ᠎ᠡ ᠴᠠᠷᠠᠭ᠎ᠠ ᠵᠢᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡ ᠪᠠ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠥᠭᠵᠢᠯᠲᠡ ᠵᠢ ᠳᠠᠮᠵᠢᠵᠤ᠂ ᠠᠪᠤᠷᠠᠨ ᠲᠤᠰᠠᠯᠠᠬᠤ ᠦᠢ᠍ᠯᠡᠴᠢᠯᠡᠭᠡᠨ᠎ᠤ ᠠᠭᠤᠯᠭ᠎ᠠ ᠵᠢ ᠪᠠᠶᠠᠯᠢᠭᠵᠢᠭᠤᠯᠬᠤ ᠬᠡᠷᠡᠭᠲᠡᠢ᠃ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ ᠪᠠ ᠡᠯ᠎ᠡ ᠲᠠᠯ᠎ᠠ ᠵᠢᠨ ᠳᠠᠭ᠋ᠠᠭ᠋ᠠᠬᠤ ᠴᠢᠳᠠᠪᠤᠷᠢ ᠵᠢ ᠦᠨᠳᠦᠰᠦᠯᠡᠨ᠂ ᠬᠣᠪᠣᠷ ᠲᠣᠬᠢᠶᠠᠯᠳᠤᠬᠤ ᠡᠪᠡᠳᠴᠢᠨ᠎ᠳᠤ ᠡᠮ ᠬᠡᠷᠡᠭᠯᠡᠬᠦ ᠪᠠᠲᠤᠯᠠᠭ᠎ᠠ ᠵᠢᠨ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠡᠮᠴᠢᠯᠡᠭᠡᠨ᠎ᠤ ᠪᠠᠲᠤᠯᠠᠭ᠎ᠠ᠂ ᠨᠡᠢ᠌ᠭᠡᠮ᠎ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠢ ᠵᠢᠨ ᠬᠠᠪᠰᠤᠷᠤᠨ ᠲᠡᠳᠬᠦᠬᠦ ᠵᠡᠷᠭᠡ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠶᠡᠷᠦᠩᠬᠡᠢ᠌ᠯᠡᠭᠰᠡᠨ ᠪᠠᠲᠤᠯᠠᠭ᠎ᠠ ᠵᠢ ᠬᠡᠷᠡᠭᠵᠢᠭᠦᠯᠦᠨ᠎ᠡ᠃ ᠨᠢᠭᠦᠯᠡᠰᠦᠩᠭᠦᠢ ᠵᠢᠨ ᠠᠵᠢᠯᠯᠠᠭ᠎ᠠ᠎ᠳᠤ ᠣᠷᠤᠯᠴᠠᠬᠤ ᠵᠢ ᠤᠷᠮᠠᠰᠢᠭᠤᠯᠬᠤ ᠲᠣᠭᠲᠠᠴᠠ ᠵᠢ ᠪᠠᠢ᠌ᠭᠤᠯᠵᠤ᠂ ᠵᠣᠬᠢᠴᠠᠩᠭᠤᠢ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠬᠦ᠂ ᠵᠠᠷᠤᠳᠠᠯ᠎ᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃
      (ᠠᠷᠪᠠᠨ ᠬᠣᠶᠠᠷ) ᠡᠮᠴᠢᠯᠡᠭᠡᠨ᠎ᠤ ᠬᠠᠷᠢᠯᠴᠠᠨ ᠬᠠᠪᠰᠤᠷᠤᠯᠴᠠᠬᠤ ᠪᠠ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠤᠨ ᠬᠥᠭᠵᠢᠯᠲᠡ ᠵᠢ ᠵᠣᠷᠢᠭᠵᠢᠭᠤᠯᠬᠤ ᠬᠡᠷᠡᠭᠲᠡᠢ᠃ ᠠᠵᠢᠯᠲᠠᠨ ᠠᠵᠢᠯᠴᠢᠨ᠎ᠤ ᠡᠮᠴᠢᠯᠡᠭᠡᠨ᠎ᠤ ᠬᠠᠪᠰᠤᠷᠤᠯᠴᠠᠭ᠎ᠠ ᠥᠷᠨᠢᠭᠦᠯᠬᠦ ᠵᠢ ᠳᠡᠮᠵᠢᠨ᠂ ᠢᠨᠲ᠋ᠧᠷ ᠰᠦᠯᠵᠢᠶᠡᠨ᠎ᠤ ᠲᠠᠪᠴᠠᠩ᠎ᠤᠨ ᠬᠠᠪᠰᠤᠷᠤᠯᠴᠠᠭ᠎ᠠ ᠵᠢ ᠵᠢᠷᠤᠮᠵᠢᠭᠤᠯᠤᠨ᠂ ᠲᠦᠭᠰᠢᠭᠦᠷᠢ ᠵᠢ ᠬᠠᠮᠢᠶᠠᠷᠤᠨ ᠡᠵᠡᠮᠳᠡᠬᠦ᠎ᠪᠠᠨ ᠴᠢᠩᠭ᠋ᠠᠳᠬᠠᠨ᠂ ᠡᠮᠴᠢᠯᠡᠭᠡᠨ᠎ᠤ ᠬᠠᠪᠰᠤᠷᠤᠯᠴᠠᠭ᠎ᠠ ᠵᠢᠨ ᠡᠷᠡᠭᠦᠯ ᠵᠶ᠋ᠡᠷ ᠬᠥᠭᠵᠢᠬᠦ ᠵᠢ ᠬᠥᠲᠥᠯᠥᠨ ᠵᠢᠯᠣᠭᠣᠳᠤᠨ᠎ᠠ᠃ ᠣᠯᠠᠨ ᠲᠠᠰ ᠳᠠᠪᠬᠤᠷᠭ᠎ᠠ ᠵᠢᠨ ᠡᠮᠴᠢᠯᠡᠭᠡᠨ᠎ᠤ ᠪᠠᠲᠤᠯᠠᠭ᠎ᠠ ᠵᠢᠨ ᠲᠣᠭᠲᠠᠯᠴᠠᠭ᠎ᠠ᠎ᠳᠠᠬᠢ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠤᠨ ᠬᠥᠭᠵᠢᠯᠲᠡ ᠵᠢ ᠳᠡᠮᠵᠢᠵᠦ᠂ ᠡᠮᠴᠢᠯᠡᠭᠡᠨ᠎ᠤ ᠰᠢᠨ᠎ᠡ ᠮᠡᠷᠭᠡᠵᠢᠯ᠂ ᠰᠢᠨ᠎ᠡ ᠡᠮ᠎ᠤᠨ ᠵᠦᠢ᠍ᠯ᠂ ᠰᠢᠨ᠎ᠡ ᠪᠠᠭ᠋ᠠᠵᠢ ᠬᠡᠷᠡᠭᠰᠡᠯ᠎ᠤᠨ ᠬᠡᠷᠡᠭᠯᠡᠯᠲᠡ ᠵᠢ ᠠᠯᠬᠤᠮ ᠠᠯᠬᠤᠮ ᠵᠶ᠋ᠠᠷ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠤᠨ ᠪᠠᠲᠤᠯᠠᠭ᠎ᠠ ᠵᠢᠨ ᠬᠦᠷᠢᠶ᠎ᠡ ᠬᠡᠪᠴᠢᠶ᠎ᠡ᠎ᠳᠤ ᠣᠷᠣᠭᠤᠯᠤᠨ᠎ᠠ᠃ ᠬᠤᠳᠠᠯᠳᠤᠭ᠋ᠠᠨ᠎ᠤ ᠳᠠᠭ᠋ᠠᠳᠬᠠᠯ᠎ᠤᠨ ᠪᠠᠢ᠌ᠭᠤᠯᠤᠮᠵᠢ ᠵᠢᠨ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠯᠤᠭ᠎ᠠ ᠬᠠᠷᠢᠯᠴᠠᠨ ᠵᠣᠯᠭ᠋ᠠᠯᠳᠤᠭᠰᠠᠨ ᠬᠤᠳᠠᠯᠳᠤᠭ᠋ᠠᠨ᠎ᠤ ᠡᠷᠡᠭᠦᠯ ᠮᠡᠨᠳᠦ ᠵᠢᠨ ᠳᠠᠭ᠋ᠠᠳᠬᠠᠯ᠎ᠤᠨ ᠨᠡᠷᠡᠳᠬᠦᠨ᠎ᠢ ᠨᠡᠭᠡᠭᠡᠨ ᠬᠥᠭᠵᠢᠭᠦᠯᠬᠦ ᠵᠢ᠎ᠨᠢ ᠳᠡᠮᠵᠢᠵᠦ᠂ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠤᠨ ᠲᠦᠯᠦᠬᠦ ᠬᠡᠪᠴᠢᠶᠡᠨ᠎ᠳᠤ ᠪᠠᠢ᠌ᠬᠤ ᠦᠭᠡᠢ ᠵᠠᠷᠤᠳᠠᠯ᠎ᠢ ᠨᠠᠩ ᠰᠠᠢ᠌ᠨ ᠬᠠᠮᠤᠷᠤᠭᠤᠯᠬᠤ ᠬᠡᠷᠡᠭᠲᠡᠢ᠃
      (ᠠᠷᠪᠠᠨ ᠭᠤᠷᠪᠠ) ᠨᠢᠭᠡ ᠴᠣᠭᠴᠠᠵᠢᠭᠤᠯᠤᠭᠰᠠᠨ ᠭᠠᠷᠲᠠᠨ ᠭᠦᠢ᠍ᠴᠡᠳᠬᠡᠬᠦ ᠬᠠᠮᠢᠶᠠᠷᠤᠯᠲᠠ ᠵᠢᠨ ᠦᠢ᠍ᠯᠡᠴᠢᠯᠡᠭᠡᠨ᠎ᠢ ᠲᠦᠷᠭᠡᠳᠬᠡᠨ ᠠᠬᠢᠭᠤᠯᠬᠤ ᠬᠡᠷᠡᠭᠲᠡᠢ᠃ ᠪᠥᠬᠥ ᠣᠷᠣᠨ᠎ᠤ ᠨᠢᠭᠡᠳᠦᠯᠲᠡᠢ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠭᠠᠷᠲᠠᠨ ᠭᠦᠢ᠍ᠴᠡᠳᠬᠡᠬᠦ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠳᠦᠷᠢᠮ ᠲᠣᠭᠲᠠᠭ᠋ᠠᠯ ᠪᠠ ᠦᠢ᠍ᠯᠡᠴᠢᠯᠡᠭᠡᠨ᠎ᠤ ᠵᠦᠢ᠍ᠯᠡᠰ᠎ᠤᠨ ᠨᠠᠷᠢᠨ ᠬᠠᠭᠤᠳᠠᠰᠤ ᠵᠢ ᠲᠣᠭᠲᠠᠭ᠋ᠠᠵᠤ᠂ ᠠᠪᠤᠷᠠᠨ ᠲᠤᠰᠠᠯᠠᠬᠤ ᠡᠲᠡᠭᠡᠳ᠎ᠤᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠵᠦ ᠬᠠᠷᠢᠯᠴᠠᠨ ᠮᠡᠳᠡᠷᠡᠬᠦ᠂ ᠵᠣᠭᠣᠰ ᠵᠶ᠋ᠠᠷ ᠲᠤᠰᠠᠯᠠᠨ ᠳᠠᠭ᠋ᠠᠳᠬᠠᠯ᠎ᠳᠤ ᠣᠷᠣᠯᠴᠠᠭᠤᠯᠬᠤ᠂ ᠣᠯᠭᠣᠮᠵᠢ ᠣᠯᠭᠣᠬᠤ ᠵᠡᠷᠭᠡ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠢ ᠰᠠᠢ᠌ᠲᠤᠷ ᠬᠢᠬᠦ ᠬᠡᠷᠡᠭᠲᠡᠢ᠃ ᠪᠥᠬᠥ ᠤᠯᠤᠰ᠎ᠤᠨ ᠨᠢᠭᠡᠳᠦᠯᠲᠡᠢ ᠡᠮᠴᠢᠯᠡᠭᠡᠨ᠎ᠤ ᠪᠠᠲᠤᠯᠠᠭ᠎ᠠ ᠵᠢᠨ ᠮᠡᠳᠡᠭᠡ ᠵᠠᠩᠭᠢ ᠵᠢᠨ ᠲᠠᠪᠴᠠᠩ᠎ᠳᠤ ᠲᠦᠰᠢᠭᠯᠡᠨ᠂ ᠲᠣᠭ᠎ᠠ ᠪᠠᠷᠢᠮᠲᠠ ᠵᠢ ᠰᠢᠰᠲ᠋ᠧᠮᠵᠢᠭᠦᠯᠦᠨ ᠬᠠᠮᠢᠶᠠᠷᠬᠤ ᠵᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠋ᠠᠳᠬᠠᠨ᠂ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠤᠨ ᠦᠢ᠍ᠯᠡᠴᠢᠯᠡᠭᠡ᠎ᠯᠦᠭᠡ ᠠᠭᠤᠰᠤᠯᠴᠠᠭᠤᠯᠬᠤ ᠵᠢ ᠴᠢᠩᠭ᠋ᠠᠳᠬᠠᠨ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠳ᠋ᠦᠩᠨᠡᠨ ᠪᠤᠳᠤᠬᠤ ᠬᠠᠮᠢᠶᠠᠷᠤᠯᠲᠠ ᠵᠢᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ᠎ᠤ ᠳᠠᠭ᠋ᠠᠳᠬᠠᠯ᠎ᠤᠨ ᠵᠥᠪᠯᠡᠯᠴᠡᠭᠡᠷ᠎ᠤᠨ ᠬᠠᠮᠢᠶᠠᠷᠤᠯᠲᠠ ᠵᠢ ᠨᠢᠭᠡᠳᠬᠡᠨ᠂ ᠡᠮᠴᠢᠯᠡᠭᠡᠨ᠎ᠤ ᠠᠪᠤᠷᠠᠨ ᠲᠤᠰᠠᠯᠠᠬᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠠᠭᠤᠯᠭ᠎ᠠ ᠵᠢ ᠵᠥᠪᠯᠡᠯᠴᠡᠭᠡᠷ᠎ᠤᠨ ᠬᠡᠪᠴᠢᠶᠡᠨ᠎ᠳᠤ ᠣᠷᠣᠭᠤᠯᠵᠤ᠂ ᠵᠥᠪᠯᠡᠯᠴᠡᠭᠡᠷ᠎ᠤᠨ ᠭᠦᠢ᠍ᠴᠡᠳᠬᠡᠬᠦ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠠᠷᠭ᠎ᠠ ᠵᠢ ᠲᠡᠭᠦᠯᠳᠡᠷᠵᠢᠭᠦᠯᠦᠨ᠂ ᠡᠮᠴᠢᠯᠡᠭᠡᠨ᠎ᠤ ᠵᠢᠷᠤᠮᠵᠢᠯ᠂ ᠦᠢ᠍ᠯᠡᠴᠢᠯᠡᠭᠡᠨ᠎ᠤ ᠶᠠᠰᠤ ᠴᠢᠨᠠᠷ᠂ ᠵᠠᠷᠤᠳᠠᠯ᠎ᠢ ᠡᠵᠡᠮᠳᠡᠬᠦ ᠵᠡᠷᠭᠡ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠭᠦᠢ᠍ᠴᠡᠳᠬᠡᠯ ᠲᠣᠭ᠎ᠠ ᠵᠢ ᠲᠣᠳᠣᠷᠬᠠᠢ᠌ᠯᠠᠵᠤ᠂ ᠡᠳᠦᠷ ᠲᠤᠲᠤᠮ᠎ᠤᠨ ᠬᠢᠨᠠᠨ ᠪᠠᠢ᠌ᠴᠠᠭ᠋ᠠᠯᠲᠠ ᠵᠢ ᠴᠢᠩᠭ᠋ᠠᠳᠬᠠᠨ᠂ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠵᠠᠷᠤᠳᠠᠯ᠎ᠢ ᠬᠠᠮᠢᠶᠠᠷᠤᠨ ᠡᠵᠡᠮᠳᠡᠬᠦ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠬᠤ ᠬᠡᠷᠡᠭᠲᠡᠢ᠃ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠰᠠᠭᠤᠷᠢ ᠮᠥᠩᠭᠥ ᠵᠢᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠮᠡᠬᠡᠯᠡᠵᠦ ᠬᠤᠳᠠᠯ ᠵᠶ᠋ᠠᠷ ᠳᠠᠭ᠋ᠠᠳᠬᠠᠯ ᠠᠪᠬᠤ᠎ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠢ᠌ᠳᠠᠯ᠎ᠢ ᠪᠠᠲᠤᠯᠠᠨ᠂ ᠬᠡᠷᠡᠭ᠎ᠤᠨ ᠡᠮᠦᠨ᠎ᠡ ᠰᠠᠨᠠᠭᠤᠯᠬᠤ᠂ ᠬᠡᠷᠡᠭ᠎ᠤᠨ ᠳᠤᠮᠳᠠ ᠰᠡᠷᠡᠮᠵᠢᠯᠡᠭᠦᠯᠬᠦ᠂ ᠬᠡᠷᠡᠭ᠎ᠤᠨ ᠳᠠᠷᠠᠭ᠎ᠠ ᠬᠢᠨᠠᠨ ᠬᠠᠮᠢᠶᠠᠷᠬᠤ ᠵᠢᠨ ᠨᠢᠭᠡ ᠴᠣᠭᠴᠠᠵᠢᠭᠤᠯᠤᠭᠰᠠᠨ ᠣᠶᠤᠨᠴᠢ ᠬᠢᠨᠠᠨ ᠡᠵᠡᠮᠳᠡᠬᠦ ᠲᠣᠭᠲᠠᠯᠴᠠᠭ᠎ᠠ ᠵᠢ ᠲᠡᠭᠦᠯᠳᠡᠷᠵᠢᠭᠦᠯᠬᠦ ᠬᠡᠷᠡᠭᠲᠡᠢ᠃ ᠪᠠᠢ᠌ᠴᠠᠭ᠋ᠠᠵᠤ ᠬᠢᠨᠠᠨ ᠬᠠᠷᠭᠤᠭᠤᠯᠬᠤ ᠠᠵᠢᠯ᠎ᠢ ᠰᠠᠢ᠌ᠲᠤᠷ ᠬᠢᠵᠦ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠦᠢ᠍ᠯᠡᠴᠢᠯᠡᠭᠡᠨ᠎ᠢ ᠥᠷᠨᠢᠭᠦᠯᠵᠦ ᠪᠠᠢ᠌ᠭ᠎ᠠ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ᠎ᠳᠤ ᠭᠣᠣᠯᠳᠠᠯᠭ᠎ᠠ᠎ᠲᠠᠢ ᠬᠢᠨᠠᠨ ᠡᠵᠡᠮᠳᠡᠬᠦ ᠵᠢ ᠬᠡᠷᠡᠭᠵᠢᠭᠦᠯᠦᠨ᠂ ᠰᠠᠭᠤᠷᠢ ᠮᠥᠩᠭᠥ ᠵᠢᠨ ᠠᠮᠤᠷ ᠲᠦᠪᠰᠢᠨ᠂ ᠥᠨᠳᠥᠷ ᠪᠦᠲᠦᠮᠵᠢᠲᠡᠶ᠂ ᠵᠦᠢ ᠵᠣᠬᠢᠰᠲᠠᠢ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ 《ᠲᠥᠪᠯᠡᠷᠡᠩᠭᠦᠢ》 ᠦᠢ᠍ᠯᠡᠴᠢᠯᠡᠭᠡ᠂ 《ᠨᠢᠭᠡ ᠴᠣᠩᠬᠣᠪᠴᠢ》᠎ᠪᠠᠷ ᠭᠦᠢ᠍ᠴᠡᠳᠬᠡᠬᠦ ᠵᠢ ᠬᠡᠷᠡᠭᠵᠢᠭᠦᠯᠬᠦ᠎ᠪᠠᠨ ᠠᠬᠢᠭᠤᠯᠵᠤ᠂ ᠳ᠋ᠦᠩᠨᠡᠨ ᠪᠤᠳᠤᠬᠤ ᠦᠢ᠍ᠯᠡᠴᠢᠯᠡᠭᠡᠨ᠎ᠤ ᠳᠥᠭᠥᠮ ᠳᠥᠲᠡ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃
      (ᠠᠷᠪᠠᠨ ᠳᠥᠷᠪᠡ) ᠠᠪᠤᠷᠠᠨ ᠲᠤᠰᠠᠯᠠᠬᠤ᠎ᠪᠠᠷ ᠭᠤᠶᠤᠴᠢᠯᠠᠭᠰᠠᠨ᠎ᠢ ᠬᠢᠨᠠᠨ ᠬᠠᠷᠭᠤᠭᠤᠯᠬᠤ ᠳᠡᠰ ᠳᠠᠷᠠᠭ᠋ᠠᠯᠠᠯ ᠵᠶ᠋ᠠᠨ ᠰᠢᠯᠢᠳᠡᠭᠵᠢᠭᠦᠯᠬᠦ ᠬᠡᠷᠡᠭᠲᠡᠢ᠃ ᠭᠦᠢ᠍ᠴᠡᠳᠬᠡᠬᠦ ᠲᠠᠰ ᠳᠠᠷᠠᠭ᠋ᠠᠯᠠᠯ᠎ᠢ ᠰᠢᠯᠢᠳᠡᠭᠵᠢᠭᠦᠯᠦᠨ᠂ ᠭᠤᠶᠤᠴᠢᠯᠠᠬᠤ᠂ ᠬᠢᠨᠠᠨ ᠬᠠᠷᠭᠤᠭᠤᠯᠬᠤ᠂ ᠠᠪᠤᠷᠠᠨ ᠲᠤᠰᠠᠯᠠᠭᠰᠠᠨ ᠮᠥᠩᠭᠥ ᠥᠭᠬᠦ ᠴᠤᠪᠤᠷᠠᠯ᠎ᠢ ᠳᠥᠭᠥᠮᠴᠢᠯᠡᠨ᠂ ᠡᠮᠴᠢᠯᠡᠭᠡᠨ᠎ᠤ ᠠᠪᠤᠷᠠᠨ ᠲᠤᠰᠠᠯᠠᠬᠤ ᠡᠲᠡᠭᠡᠳ᠎ᠤᠨ ᠬᠦᠷᠢᠶ᠎ᠡ ᠬᠡᠪᠴᠢᠶ᠎ᠡ᠎ᠳᠤ ᠨᠡᠢ᠌ᠴᠡᠵᠦ ᠪᠠᠢ᠌ᠪᠠᠯ 《ᠲᠥᠪᠯᠡᠷᠡᠩᠭᠦᠢ》᠎ᠪᠠᠷ ᠳ᠋ᠦᠩᠨᠡᠨ ᠪᠤᠳᠤᠬᠤ᠎ᠳᠤ ᠣᠷᠣᠭᠤᠯᠬᠤ ᠬᠡᠷᠡᠭᠲᠡᠢ᠃ ᠰᠠᠯᠠᠭ᠎ᠠ ᠮᠥᠴᠢᠷ᠎ᠤᠨ ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠨ᠂ ᠨᠡᠢ᠌ᠭᠡᠮ᠎ᠤᠨ ᠠᠪᠤᠷᠠᠨ ᠲᠤᠰᠠᠯᠠᠬᠤ ᠵᠢᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡ ᠵᠢ ᠪᠥᠬᠥ ᠲᠠᠯ᠎ᠠ᠎ᠪᠠᠷ ᠵᠣᠯᠭ᠋ᠠᠭᠤᠯᠵᠤ᠂ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠬᠦᠴᠢᠷᠳᠡᠯᠲᠡᠢ ᠣᠯᠠᠨ ᠲᠦᠮᠡᠨ᠎ᠤ ᠨᠡᠢ᠌ᠭᠡᠮ᠎ᠠᠴᠠ ᠠᠪᠤᠷᠠᠨ ᠲᠤᠰᠠᠯᠠᠬᠤ ᠵᠢ ᠭᠤᠶᠤᠴᠢᠯᠠᠭᠰᠠᠨ᠎ᠢ ᠭᠥᠯᠢᠶᠡᠨ ᠠᠪᠴᠤ ᠰᠢᠢ᠍ᠳᠪᠦᠷᠢᠯᠡᠬᠦ᠂ ᠬᠤᠪᠢᠳᠠᠨ ᠭᠦᠢ᠍ᠴᠡᠳᠬᠡᠬᠦ ᠰᠢᠯᠵᠢᠭᠦᠯᠦᠨ ᠭᠦᠢ᠍ᠴᠡᠳᠬᠡᠬᠦ ᠵᠢᠴᠢ ᠦᠷ᠎ᠡ ᠳ᠋ᠦᠩ᠎ᠤᠨ ᠬᠠᠷᠢᠭᠤ ᠲᠤᠰᠬᠠᠯ᠎ᠢ ᠰᠠᠢ᠌ᠲᠤᠷ ᠬᠢᠬᠦ ᠬᠡᠷᠡᠭᠲᠡᠢ᠃ ᠦᠨᠳᠦᠰᠦᠨ ᠱᠠᠲᠤᠨ᠎ᠤ ᠺᠠᠳ᠋ᠷ᠎ᠢ ᠳᠠᠶ᠋ᠢᠴᠢᠯᠠᠨ᠂ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠳᠤ ᠲᠦᠰᠢᠭᠯᠡᠨ᠂ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠪᠠ ᠠᠪᠤᠷᠠᠨ ᠲᠤᠰᠠᠯᠠᠬᠤ ᠭᠤᠶᠤᠴᠢᠯᠠᠯ᠎ᠢ ᠨᠠᠢ᠌ᠳᠠᠵᠤ ᠣᠷᠣᠯᠠᠨ ᠭᠦᠢ᠍ᠴᠡᠳᠬᠡᠭᠦᠯᠬᠦ ᠵᠡᠷᠭᠡ ᠵᠢ ᠰᠠᠢ᠌ᠲᠤᠷ ᠬᠢᠵᠦ᠂ ᠬᠦᠴᠢᠷᠳᠡᠯᠲᠡᠢ ᠣᠯᠠᠨ ᠲᠦᠮᠡᠨ᠎ᠢ ᠴᠠᠭ ᠲᠤᠬᠠᠢ᠎ᠳᠤ᠎ᠨᠢ ᠰᠠᠨᠠᠭ᠋ᠠᠴᠢᠯᠠᠭ᠎ᠠ᠎ᠠᠴᠠ᠎ᠪᠠᠨ ᠬᠠᠪᠰᠤᠷᠬᠤ ᠬᠡᠷᠡᠭᠲᠡᠢ᠃
      (ᠠᠷᠪᠠᠨ ᠲᠠᠪᠤ) ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠵᠶ᠋ᠠᠷ ᠠᠪᠤᠷᠠᠨ ᠲᠤᠰᠠᠯᠠᠬᠤ ᠡᠲᠡᠭᠡᠳ᠎ᠤᠨ ᠡᠪᠡᠳᠴᠢᠨ ᠦᠵᠡᠭᠦᠯᠬᠦ ᠠᠵᠢᠯᠯᠠᠭ᠎ᠠ ᠵᠢ ᠬᠥᠲᠥᠯᠥᠨ ᠵᠢᠯᠤᠭᠣᠳᠬᠤ᠎ᠪᠠᠨ ᠴᠢᠩᠭ᠋ᠠᠳᠬᠠᠨ᠂ ᠦᠨᠳᠦᠰᠦᠨ ᠱᠠᠲᠤᠨ᠎ᠳᠤ ᠤᠷᠢᠳ ᠵᠶ᠋ᠠᠷ ᠡᠮᠨᠡᠭᠦᠯᠬᠦ ᠪᠠ ᠰᠢᠯᠵᠢᠭᠦᠯᠦᠨ ᠡᠮᠨᠡᠭᠦᠯᠬᠦ ᠵᠢ ᠵᠢᠷᠤᠮᠵᠢᠭᠤᠯᠤᠨ ᠬᠡᠷᠡᠭᠵᠢᠭᠦᠯᠵᠦ᠂ ᠵᠦᠢ ᠵᠣᠬᠢᠰᠲᠠᠢ ᠡᠮᠨᠡᠭᠦᠯᠬᠦ ᠵᠢ ᠠᠬᠢᠭᠤᠯᠬᠤ ᠬᠡᠷᠡᠭᠲᠡᠢ᠃ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠦᠢ᠍ᠯᠡᠴᠢᠯᠡᠭᠡᠨ᠎ᠤ ᠠᠭᠤᠯᠭ᠎ᠠ ᠵᠢ ᠲᠡᠭᠦᠯᠳᠡᠷᠵᠢᠭᠦᠯᠦᠨ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠡᠮᠴᠢᠯᠡᠭᠡᠨ᠎ᠤ ᠦᠨᠳᠦᠰᠦᠨ ᠳᠠᠭ᠋ᠠᠳᠬᠠᠯ ᠪᠠ ᠡᠮᠴᠢᠯᠡᠭᠡᠨ᠎ᠤ ᠠᠪᠤᠷᠠᠨ ᠲᠤᠰᠠᠯᠠᠬᠤ ᠵᠠᠷᠤᠳᠠᠯ᠎ᠢ ᠳ᠋ᠦᠩᠨᠡᠨ ᠪᠤᠳᠤᠬᠤ᠎ᠪᠠᠨ ᠲᠣᠭᠲᠠᠭ᠋ᠠᠯ ᠶᠣᠰᠣᠭ᠋ᠠᠷ ᠰᠠᠢ᠌ᠲᠤᠷ ᠬᠢᠬᠦ ᠬᠡᠷᠡᠭᠲᠡᠢ᠃ ᠣᠨᠣᠰᠢᠯᠠᠨ ᠡᠮᠨᠡᠬᠦ ᠲᠥᠰᠥᠯ ᠵᠶ᠋ᠠᠨ ᠲᠣᠳᠣᠷᠬᠠᠢ᠌ᠯᠠᠬᠤ᠂ ᠭᠠᠷᠴᠠᠭ᠎ᠠᠴᠠ ᠭᠠᠳᠠᠨᠠᠬᠢ ᠵᠠᠷᠤᠳᠠᠯ᠎ᠢ ᠬᠢᠵᠠᠭ᠋ᠠᠷᠯᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠡᠮᠴᠢᠯᠡᠭᠡᠨ᠎ᠤ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠵᠦᠢ ᠵᠣᠬᠢᠰᠲᠠᠢ᠂ ᠴᠢᠬᠤᠯᠠ ᠪᠦᠬᠦᠢ ᠡᠮᠴᠢᠯᠡᠭᠡᠨ᠎ᠤ ᠦᠢ᠍ᠯᠡᠴᠢᠯᠡᠭᠡ ᠬᠠᠩᠭ᠋ᠠᠯᠭ᠋ᠠᠵᠤ᠂ ᠵᠣᠬᠢᠰ ᠦᠭᠡᠢ ᠡᠮᠴᠢᠯᠡᠭᠡᠨ᠎ᠤ ᠵᠠᠷᠤᠳᠠᠯ᠎ᠤᠨ ᠵᠠᠷᠤᠯᠭ᠎ᠠ ᠵᠢ ᠴᠢᠩᠭ᠎ᠠ ᠬᠢᠵᠠᠭ᠋ᠠᠷᠯᠠᠵᠤ᠂ ᠲᠥᠷᠥ ᠵᠢᠨ ᠪᠣᠳᠣᠯᠭ᠎ᠠ ᠵᠢᠨ ᠬᠡᠪᠴᠢᠶᠡᠨ᠎ᠳᠠᠬᠢ ᠥᠪᠡᠰᠦᠪᠡᠨ ᠲᠤᠰᠢᠶᠠᠬᠤ ᠵᠠᠷᠤᠳᠠᠯ᠎ᠤᠨ ᠬᠠᠷᠢᠴᠠᠯ᠎ᠢ ᠵᠣᠬᠢᠰᠲᠠᠢ ᠡᠵᠡᠮᠳᠡᠵᠦ᠂ ᠠᠪᠤᠷᠠᠨ ᠲᠤᠰᠠᠯᠠᠯᠲᠠ ᠬᠦᠷᠲᠡᠬᠦ ᠡᠲᠡᠭᠡᠳ᠎ᠤᠨ ᠡᠮᠴᠢᠯᠡᠭᠡᠨ᠎ᠤ ᠵᠠᠷᠤᠳᠠᠯ᠎ᠤᠨ ᠳᠠᠷᠤᠭ᠋ᠠᠰᠤ ᠵᠢ᠎ᠨᠢ ᠬᠦᠴᠦᠯᠡᠨ ᠬᠥᠩᠭᠡᠷᠡᠭᠦᠯᠵᠦ᠂ ᠬᠣᠶᠠᠳᠤᠭ᠋ᠠᠷ ᠳᠡᠰ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠭᠠᠷᠴᠠᠭ᠎ᠠᠴᠠ ᠭᠠᠳᠠᠨᠠᠬᠢ ᠬᠠᠷᠢᠴᠠᠯ᠎ᠢ 5%᠎ᠠᠴᠠ ᠬᠡᠲᠦᠷᠡᠭᠦᠯᠵᠦ ᠪᠣᠯᠬᠤ ᠦᠭᠡᠢ᠂ ᠭᠤᠷᠪᠠᠳᠤᠭ᠋ᠠᠷ ᠳᠡᠰ᠎ᠤᠨ ᠡᠮᠴᠢᠯᠡᠭᠡᠨ᠎ᠤ ᠪᠠᠢ᠌ᠭᠤᠯᠤᠮᠵᠢ ᠵᠢᠨ ᠭᠠᠷᠴᠠᠭ᠎ᠠᠴᠠ ᠭᠠᠳᠠᠨᠠᠬᠢ ᠵᠠᠷᠤᠳᠠᠯ᠎ᠤᠨ ᠬᠠᠷᠢᠴᠠᠯ᠎ᠢ 10%᠎ᠠᠴᠠ ᠬᠡᠲᠦᠷᠡᠭᠦᠯᠵᠦ ᠪᠣᠯᠬᠤ ᠦᠭᠡᠢ᠃ ᠦᠨᠳᠦᠰᠦᠨ ᠱᠠᠲᠤᠨ᠎ᠳᠤ ᠤᠷᠢᠳ ᠵᠶ᠋ᠠᠷ ᠡᠮᠨᠡᠭᠦᠯᠦᠭᠡᠳ ᠰᠢᠯᠵᠢᠨ ᠡᠮᠨᠡᠬᠦᠯᠦᠭᠰᠡᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠬᠦ ᠡᠲᠡᠭᠡᠳ᠂ ᠣᠨᠴᠠ ᠬᠦᠴᠢᠷᠳᠡᠯᠲᠡᠢ ᠬᠥᠮᠥᠰ ᠬᠣᠲᠠ ᠵᠢᠨ ᠬᠡᠪᠴᠢᠶᠡᠨ᠎ᠳᠠᠬᠢ ᠲᠣᠭᠲᠠᠭᠰᠠᠨ ᠴᠡᠭ᠎ᠤᠨ ᠡᠮᠴᠢᠯᠡᠭᠡᠨ᠎ᠤ ᠪᠠᠢ᠌ᠭᠤᠯᠤᠮᠵᠢ᠎ᠳᠤ ᠰᠠᠭᠤᠬᠤ᠎ᠳᠤ᠂ 《ᠤᠷᠢᠳ ᠵᠶ᠋ᠠᠷ ᠡᠮᠨᠡᠭᠦᠯᠵᠦ ᠳᠠᠷᠠᠭ᠎ᠠ᠎ᠨᠢ ᠰᠦᠢ᠍ᠳᠬᠡᠯ ᠲᠤᠰᠢᠶᠠᠬᠤ》 ᠵᠢ ᠬᠡᠷᠡᠭᠵᠢᠭᠦᠯᠵᠦ᠂ ᠲᠡᠭᠦᠨ᠎ᠤ ᠡᠮᠨᠡᠯᠭᠡ᠎ᠳᠤ ᠰᠠᠭᠤᠬᠤ ᠪᠡᠷᠢᠴᠠᠭ᠋ᠠᠨ᠎ᠤ ᠮᠥᠩᠭᠥ ᠵᠢ ᠪᠦᠭᠦᠨ ᠵᠶ᠋ᠡᠷ᠎ᠨᠢ ᠬᠡᠯᠲᠦᠷᠢᠭᠦᠯᠬᠦ ᠬᠡᠷᠡᠭᠲᠡᠢ᠃ ᠣᠨᠳᠣᠣ ᠭᠠᠵᠠᠷ ᠲᠥᠪᠬᠢᠨᠡᠭᠦᠯᠬᠦ ᠪᠠ ᠣᠨᠳᠣᠣ ᠭᠠᠵᠠᠷ ᠰᠢᠯᠵᠢᠵᠦ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ᠎ᠢ ᠳᠠᠩᠰᠠᠯᠠᠨ ᠲᠡᠮᠳᠡᠭᠯᠡᠬᠦ᠂ ᠡᠮᠨᠡᠭᠦᠯᠦᠭᠰᠡᠨ᠎ᠢ ᠳ᠋ᠦᠩᠨᠡᠨ ᠪᠣᠳᠣᠬᠤ ᠠᠵᠢᠯ᠎ᠢ ᠰᠠᠢ᠌ᠲᠤᠷ ᠬᠢᠵᠦ᠂ ᠲᠣᠭᠲᠠᠭ᠋ᠠᠯ ᠶᠣᠰᠣᠭ᠋ᠠᠷ ᠰᠢᠯᠵᠢᠵᠦ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ᠎ᠲᠤ ᠡᠷᠦᠬᠡ ᠠᠮᠠ ᠵᠢᠨ ᠪᠠᠢ᠌ᠭ᠎ᠠ ᠭᠠᠵᠠᠷ᠎ᠤᠨ ᠠᠪᠤᠷᠠᠨ ᠲᠤᠰᠠᠯᠠᠬᠤ ᠪᠠᠷᠢᠮᠵᠢᠶ᠎ᠠ᠎ᠪᠠᠷ ᠬᠡᠷᠡᠭᠵᠢᠭᠦᠯᠬᠦ ᠬᠡᠷᠡᠭᠲᠡᠢ᠃ ᠲᠣᠭᠲᠠᠭ᠋ᠠᠯ ᠶᠣᠰᠣᠭ᠋ᠠᠷ ᠰᠢᠯᠵᠢᠭᠦᠯᠦᠨ ᠡᠮᠨᠡᠭᠦᠯᠦᠭᠰᠡᠨ ᠦᠭᠡᠢ ᠠᠪᠤᠷᠠᠨ ᠲᠤᠰᠠᠯᠠᠬᠤ ᠡᠲᠡᠭᠡᠳ᠎ᠤᠨ ᠡᠮᠴᠢᠯᠡᠭᠡᠨ᠎ᠤ ᠵᠠᠷᠤᠳᠠᠯ᠎ᠢ ᠵᠠᠷᠴᠢᠮ ᠳᠡᠭᠡᠷ᠎ᠡ᠎ᠪᠠᠨ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠬᠡᠪᠴᠢᠶᠡᠨ᠎ᠳᠤ ᠣᠷᠣᠭᠤᠯᠬᠤ

ᠦᠭᠡᠢ᠃
      ᠭᠤᠷᠪᠠ᠂ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ
      (ᠠᠷᠪᠠᠨ ᠵᠢᠷᠭᠤᠭ᠎ᠠ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠬᠤ ᠬᠡᠷᠡᠭᠲᠡᠢ᠃ ᠨᠠᠮ᠎ᠤᠨ ᠬᠣᠷᠢᠶᠠᠨ᠎ᠤ ᠤᠳᠤᠷᠢᠳᠤᠭᠰᠠᠨ᠂ ᠵᠠᠰᠠᠭ᠎ᠤᠨ ᠣᠷᠳᠣᠨ ᠵᠶ᠋ᠠᠷ ᠭᠣᠣᠯᠯᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠡᠢ᠌ᠭᠡᠮ᠎ᠤᠨ᠎ᠬᠢᠨ ᠣᠷᠣᠯᠴᠠᠭᠰᠠᠨ ᠬᠦᠨᠳᠦ ᠬᠡᠴᠡᠭᠦᠦ ᠣᠨᠴᠠᠭ᠋ᠠᠢ ᠡᠪᠡᠳᠴᠢᠨ ᠡᠮᠭᠡᠭ᠎ᠤᠨ ᠪᠠᠲᠤᠯᠠᠭ᠎ᠠ ᠵᠢᠨ ᠠᠵᠢᠯ᠎ᠤᠨ ᠲᠣᠭᠲᠠᠴᠠ ᠵᠢ ᠴᠢᠩᠭ᠋ᠠᠷᠠᠭᠤᠯᠤᠨ᠎ᠠ᠃ ᠬᠦᠴᠢᠷᠳᠡᠯᠲᠡᠢ ᠣᠯᠠᠨ ᠲᠦᠮᠡᠨ᠎ᠤ ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠤ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠦᠨᠳᠦᠰᠦᠨ ᠵᠦᠢ᠍ᠯ᠎ᠢ ᠪᠠᠲᠤᠯᠠᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ ᠵᠶ᠋ᠡᠨ ᠠᠷᠠᠳ᠎ᠤᠨ ᠠᠮᠢᠳᠤᠷᠠᠯ᠎ᠢ ᠴᠢᠩᠭ᠋ᠠᠳᠬᠠᠬᠤ ᠪᠠ ᠰᠠᠢ᠌ᠵᠢᠷᠠᠭᠤᠯᠬᠤ ᠵᠢᠨ ᠴᠢᠬᠤᠯᠠ ᠭᠦᠢ᠍ᠴᠡᠳᠬᠡᠯ ᠲᠣᠭ᠎ᠠ ᠪᠣᠯᠭ᠋ᠠᠵᠤ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠠᠵᠢᠯ᠎ᠤᠨ ᠠᠮᠵᠢᠯᠲᠠ ᠪᠦᠲᠦᠮᠵᠢ ᠵᠢᠨ ᠦᠨᠡᠯᠡᠯᠲᠡ᠎ᠳᠤ ᠣᠷᠣᠭᠣᠯᠬᠤ ᠬᠡᠷᠡᠭᠲᠡᠢ᠃ ᠡᠯ᠎ᠡ ᠠᠢ᠌ᠮᠠᠭ ᠬᠣᠲᠠ᠎ᠨᠢ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠤᠨ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ᠂ 2022 ᠣᠨ᠎ᠤ 11 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠬᠡᠷᠡᠭᠵᠢᠭᠦᠯᠬᠦ ᠲᠥᠰᠥᠯ ᠵᠶ᠋ᠠᠨ ᠨᠡᠢ᠌ᠲᠡᠯᠡᠵᠦ᠂ 2023 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠬᠤ᠂ ᠣᠯᠭᠣᠮᠵᠢ ᠵᠢ ᠨᠠᠢ᠌ᠳᠠᠪᠤᠷᠢᠵᠢᠭᠤᠯᠬᠤ᠂ ᠣᠯᠠᠨ ᠲᠦᠮᠡᠨ᠎ᠳᠤ ᠪᠣᠳᠠᠲᠤ ᠠᠰᠢᠭ ᠬᠦᠷᠲᠡᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠮᠴᠢᠯᠡᠭᠡᠨ᠎ᠤ ᠪᠠᠲᠤᠯᠠᠭ᠎ᠠ ᠵᠢᠨ ᠬᠠᠷᠠᠭ᠋ᠠᠯᠵᠠᠯ᠎ᠤᠨ ᠨᠠᠷᠢᠨ ᠳᠠᠩᠰᠠᠨ᠎ᠤ ᠳᠦᠷᠢᠮ᠎ᠢ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠪᠠᠲᠤᠯᠠᠭ᠎ᠠ ᠵᠢᠨ ᠬᠡᠪᠴᠢᠶ᠎ᠡ ᠵᠢ ᠦᠨᠡᠨ ᠬᠦ᠌ ᠵᠢᠷᠤᠮᠵᠢᠭᠤᠯᠵᠤ᠂ ᠦᠨᠳᠦᠰᠦᠨ ᠪᠠᠲᠤᠯᠠᠭ᠎ᠠ ᠵᠢᠨ ᠪᠠᠷᠢᠮᠵᠢᠶ᠎ᠠ ᠵᠢ ᠪᠠᠷᠢᠮᠲᠠᠯᠠᠵᠤ᠂ ᠳᠦᠷᠢᠮ᠎ᠤᠨ ᠦᠷᠭᠦᠯᠵᠢᠯᠡᠨ ᠭᠦᠭᠵᠢᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠠᠢ᠌ᠮᠠᠭ ᠬᠣᠲᠠ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ ᠪᠠᠢ᠌ᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠳᠠᠭ᠋ᠠᠳᠬᠠᠯ᠎ᠤᠨ ᠬᠠᠮᠢᠶᠠᠷᠤᠯᠲᠠ ᠵᠢᠨ ᠲᠣᠪᠴᠢᠶ᠎ᠠ᠎ᠳᠤ ᠴᠠᠭ ᠲᠤᠬᠠᠢ᠎ᠳᠤ᠎ᠨᠢ ᠮᠡᠳᠡᠭᠦᠯᠬᠦ ᠵᠢᠨ ᠬᠠᠮᠲᠤ᠂ 2024 ᠣᠨ᠎ᠤ ᠰᠡᠭᠦᠯᠴᠢ᠎ᠠᠴᠠ ᠡᠮᠦᠨ᠎ᠡ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠬᠦᠨᠳᠦ ᠬᠡᠴᠡᠭᠦᠦ ᠣᠨᠴᠠᠭ᠋ᠠᠢ ᠡᠪᠡᠳᠴᠢᠨ᠎ᠤ ᠡᠮᠴᠢᠯᠡᠭᠡᠨ᠎ᠤ ᠳᠠᠭ᠋ᠠᠳᠬᠠᠯ ᠪᠠ ᠠᠪᠤᠷᠠᠨ ᠲᠤᠰᠠᠯᠠᠬᠤ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃
      (ᠠᠷᠪᠠᠨ ᠳᠣᠯᠣᠭ᠎ᠠ) ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠲᠣᠭᠲᠠᠴᠠ ᠵᠢ ᠪᠦᠷᠢᠨᠰᠢᠭᠦᠯᠦᠨ᠂ ᠡᠮᠴᠢᠯᠡᠭᠡᠨ᠎ᠤ ᠪᠠᠲᠤᠯᠠᠭ᠎ᠠ᠂ ᠨᠡᠢ᠌ᠭᠡᠮ᠎ᠤᠨ ᠠᠪᠤᠷᠠᠨ ᠲᠤᠰᠠᠯᠠᠯᠲᠠ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠳᠦᠷᠢᠮ ᠪᠠ ᠲᠥᠷᠥ ᠵᠢᠨ ᠪᠣᠳᠣᠯᠭ᠎ᠠ ᠵᠢᠴᠢ ᠭᠠᠷᠲᠠᠨ ᠭᠦᠢ᠍ᠴᠡᠳᠬᠡᠬᠦ ᠦᠢ᠍ᠯᠡᠴᠢᠯᠡᠭᠡ ᠵᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠬᠤ ᠬᠡᠷᠡᠭᠲᠡᠢ᠃ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠨᠢ ᠡᠮᠴᠢᠯᠡᠭᠡᠨ᠎ᠤ ᠳᠠᠭ᠋ᠠᠳᠬᠠᠯ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠳᠦᠷᠢᠮ᠎ᠤᠨ ᠥᠭᠡᠷᠡᠴᠢᠯᠡᠯᠲᠡ ᠪᠠ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠮᠴᠢᠯᠡᠭᠡᠨ᠎ᠤ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠬᠦ ᠡᠲᠡᠭᠡᠳ᠂ ᠣᠨᠴᠠ ᠬᠦᠴᠢᠷᠳᠡᠯᠲᠡᠢ ᠬᠥᠮᠥᠰ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠬᠦ ᠵᠠᠬ᠎ᠠ ᠵᠢᠨ ᠭᠡᠷ ᠪᠦᠯᠢ ᠵᠢᠨ ᠪᠦᠷᠢᠯᠳᠦᠭᠦᠨ ᠵᠡᠷᠭᠡ ᠠᠪᠤᠷᠠᠨ ᠲᠤᠰᠠᠯᠠᠭᠤᠯᠬᠤ ᠡᠲᠡᠭᠡᠳ᠎ᠢ ᠮᠠᠭ᠋ᠠᠳᠯᠠᠨ ᠲᠣᠭᠲᠠᠭ᠋ᠠᠬᠤ ᠠᠵᠢᠯ ᠵᠶ᠋ᠠᠨ ᠰᠠᠢ᠌ᠲᠤᠷ ᠬᠢᠵᠦ᠂ ᠨᠡᠢ᠌ᠭᠡᠮ᠎ᠤᠨ ᠠᠪᠤᠷᠠᠨ ᠲᠤᠰᠠᠯᠠᠯᠲᠠ᠎ᠯᠤᠭ᠎ᠠ ᠵᠣᠯᠭ᠋ᠠᠭᠤᠯᠬᠤ ᠵᠢ ᠴᠢᠩᠭ᠋ᠠᠳᠬᠠᠨ᠂ ᠡᠪᠡᠳᠴᠢᠨ᠎ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ᠎ᠢ ᠮᠠᠭ᠋ᠠᠳᠯᠠᠨ ᠲᠣᠭᠲᠠᠭ᠋ᠠᠬᠤ ᠪᠠ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠬᠠᠮᠵᠢᠯᠴᠠᠨ ᠰᠠᠢ᠌ᠲᠤᠷ ᠬᠢᠵᠦ᠂ ᠨᠢᠭᠦᠯᠡᠰᠦᠩᠭᠦᠢ ᠵᠢᠨ ᠦᠢ᠍ᠯᠡᠰ᠎ᠤᠨ ᠬᠥᠭᠵᠢᠯᠲᠡ ᠵᠢ ᠳᠡᠮᠵᠢᠬᠦ ᠬᠡᠷᠡᠭᠲᠡᠢ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠨᠢ ᠲᠣᠭᠲᠠᠭ᠋ᠠᠯ ᠶᠣᠰᠣᠭ᠋ᠠᠷ ᠪᠡᠯᠡ ᠮᠥᠩᠭᠥ ᠵᠢᠨ ᠳᠡᠮᠵᠢᠯᠭᠡ ᠵᠢᠨ ᠠᠵᠢᠯ ᠵᠶ᠋ᠠᠨ ᠰᠠᠢ᠌ᠲᠤᠷ ᠬᠢᠬᠦ ᠬᠡᠷᠡᠭᠲᠡᠢ᠃ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠨᠢ ᠡᠮᠴᠢᠯᠡᠭᠡᠨ᠎ᠤ ᠪᠠᠢ᠌ᠭᠤᠯᠤᠮᠵᠢ ᠵᠢᠨ ᠠᠵᠢᠯ ᠲᠥᠷᠥᠯ᠎ᠤᠨ ᠬᠠᠮᠢᠶᠠᠷᠤᠯᠲᠠ ᠵᠢ ᠴᠢᠩᠭ᠋ᠠᠷᠠᠭᠤᠯᠵᠤ᠂ ᠣᠨᠣᠰᠢᠯᠠᠨ ᠡᠮᠨᠡᠬᠦ ᠵᠠᠮ ᠮᠥᠷ ᠵᠶ᠋ᠡᠨ ᠵᠢᠷᠤᠮᠵᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠵᠢ ᠠᠬᠢᠭᠤᠯᠬᠤ ᠬᠡᠷᠡᠭᠲᠡᠢ᠃ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠨᠢ ᠡᠮᠴᠢᠯᠡᠭᠡᠨ᠎ᠤ ᠦᠨᠳᠦᠰᠦᠨ ᠳᠠᠭ᠋ᠠᠳᠬᠠᠯ᠎ᠤᠨ ᠰᠦᠢ᠍ᠳᠬᠡᠯ᠎ᠢ ᠲᠠᠲᠠᠪᠤᠷᠢᠯᠠᠨ ᠲᠤᠰᠢᠶᠠᠬᠤ ᠬᠣᠯᠪᠣᠭᠳᠠᠯ ᠪᠦᠬᠦᠢ ᠠᠵᠢᠯ ᠵᠶ᠋ᠡᠨ ᠰᠠᠢ᠌ᠲᠤᠷ ᠬᠢᠵᠦ᠂ ᠡᠮᠴᠢᠯᠡᠭᠡᠨ᠎ᠤ ᠳᠠᠭ᠋ᠠᠳᠬᠠᠯ᠎ᠤᠨ ᠰᠠᠯᠠᠭ᠎ᠠ ᠮᠥᠴᠢᠷ᠎ᠯᠦᠭᠡ ᠨᠢᠭᠲᠠ ᠬᠠᠮᠵᠢᠯᠴᠠᠵᠤ᠂ ᠡᠮᠴᠢᠯᠡᠭᠡᠨ᠎ᠤ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠ ᠰᠦᠢ᠍ᠳᠬᠡᠯ ᠲᠤᠰᠢᠶᠠᠬᠤ ᠲᠤᠬᠠᠢ᠌ᠯᠠᠭᠰᠠᠨ ᠠᠵᠢᠯ᠎ᠤᠨ ᠴᠤᠪᠤᠷᠠᠯ᠎ᠢ ᠰᠢᠯᠢᠳᠡᠭᠵᠢᠭᠦᠯᠵᠦ᠂ ᠳᠥᠭᠥᠮ ᠳᠥᠲᠡ ᠥᠨᠳᠥᠷ ᠪᠦᠲᠦᠮᠵᠢᠲᠡᠶ ᠦᠢ᠍ᠯᠡᠴᠢᠯᠡᠭᠡ ᠬᠠᠩᠭ᠋ᠠᠬᠤ ᠬᠡᠷᠡᠭᠲᠡᠢ᠃ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠳᠠᠭ᠋ᠠᠳᠬᠠᠯ᠎ᠤᠨ ᠪᠠᠢ᠌ᠭᠤᠯᠤᠮᠵᠢ ᠵᠢᠨ ᠬᠦᠨᠳᠦ ᠡᠪᠡᠳᠴᠢᠨ᠎ᠤ ᠳᠠᠭ᠋ᠠᠳᠬᠠᠯ᠎ᠢ ᠳᠠᠭ᠋ᠠᠭ᠋ᠠᠨ ᠡᠷᠬᠢᠯᠡᠬᠦ᠎ᠳᠠᠬᠢ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠳᠠᠭ᠋ᠠᠳᠬᠠᠯ᠎ᠤᠨ ᠪᠠᠢ᠌ᠭᠤᠯᠤᠮᠵᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠬᠦᠴᠢᠷᠳᠡᠯᠲᠡᠢ ᠣᠯᠠᠨ ᠲᠦᠮᠡᠨ ᠲᠡᠢ᠌ᠰᠢ ᠳᠡᠮᠵᠢᠯᠭᠡ ᠦᠵᠡᠭᠦᠯᠵᠦ᠂ ᠲᠥᠯᠥᠪᠦᠷᠢᠯᠡᠬᠦ ᠭᠠᠷᠳᠠᠮ ᠵᠶ᠋ᠠᠨ ᠳᠥᠭᠥᠮᠴᠢᠯᠡᠵᠦ᠂ ᠰᠠᠭ᠋ᠠᠳ ᠦᠭᠡᠢ ᠨᠡᠪᠲᠡᠷᠡᠬᠦ ᠵᠠᠮ ᠭᠠᠷᠭ᠋ᠠᠵᠤ᠂ ᠬᠦᠴᠢᠷᠳᠡᠯᠲᠡᠢ ᠣᠯᠠᠨ ᠲᠦᠮᠡᠨ᠎ᠤ ᠣᠯᠭᠣᠮᠵᠢ᠎ᠪᠠᠨ ᠴᠠᠭ ᠲᠤᠬᠠᠢ᠎ᠳᠤ᠎ᠨᠢ᠂ ᠳᠥᠭᠥᠮ ᠳᠥᠲᠡ ᠬᠦᠷᠲᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ᠎ᠨᠢ ᠪᠤᠴᠠᠭ᠋ᠠᠳ ᠶᠠᠳᠠᠭᠤᠷᠠᠬᠤ ᠵᠢ ᠰᠡᠷᠭᠡᠢ᠌ᠯᠡᠬᠦ ᠬᠥᠳᠡᠯᠦᠩᠭᠦᠢ᠎ᠪᠠᠷ ᠬᠢᠨᠠᠨ ᠰᠢᠨᠵᠢᠬᠦ ᠠᠵᠢᠯ ᠵᠶ᠋ᠠᠨ ᠴᠢᠩᠭ᠋ᠠᠳᠬᠠᠵᠤ᠂ ᠶᠠᠳᠠᠭᠤ᠎ᠠᠴᠠ ᠲᠤᠢ᠌ᠯᠪᠤᠷᠢᠲᠠᠢ ᠠᠩᠭᠢᠵᠢᠷᠠᠭ᠋ᠠᠳᠤᠢ ᠡᠷᠦᠬᠡ᠂ ᠳᠠᠬᠢᠭ᠋ᠠᠳ ᠬᠢᠯᠪᠠᠷᠬᠠᠨ ᠶᠠᠳᠠᠭᠤᠷᠠᠬᠤ ᠡᠷᠦᠬᠡ ᠪᠠ ᠭᠡᠨᠡᠳᠲᠡ ᠵᠢᠨ ᠬᠡᠷᠡᠭ᠎ᠠᠴᠠ ᠬᠦᠨᠳᠦ ᠨᠣᠴᠢᠲᠠᠢ ᠬᠦᠴᠢᠷᠳᠡᠯᠲᠡᠢ ᠡᠷᠦᠬᠡ ᠵᠡᠷᠭᠡ ᠭᠣᠣᠯᠳᠠᠯᠭ᠎ᠠ ᠪᠣᠯᠬᠤ ᠬᠥᠮᠥᠰ᠎ᠲᠤ ᠬᠥᠳᠡᠯᠦᠩᠭᠦᠢ᠎ᠪᠠᠷ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠠᠵᠢᠯ᠎ᠢ ᠭᠣᠣᠯᠳᠠᠯᠭ᠎ᠠ᠎ᠲᠠᠢ ᠥᠷᠨᠢᠭᠦᠯᠵᠦ᠂ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠬᠠᠮᠲᠤ᠎ᠪᠠᠷ ᠭᠦᠷᠲᠡᠭᠦ ᠬᠡᠷᠡᠭᠲᠡᠢ᠃ ᠠᠵᠢᠯᠴᠢᠨ᠎ᠤ ᠡᠪᠯᠡᠯ᠎ᠨᠢ ᠬᠦᠴᠢᠷᠳᠡᠯᠲᠡᠢ ᠠᠵᠢᠯᠲᠠᠨ ᠠᠵᠢᠯᠴᠢᠨ᠎ᠢ ᠬᠠᠪᠰᠤᠷᠤᠨ ᠲᠡᠳᠬᠦᠬᠦ ᠲᠣᠭᠲᠠᠴᠠ ᠵᠢᠨ ᠦᠢ᠍ᠯᠡᠳᠦᠯ ᠵᠶ᠋ᠡᠨ ᠪᠠᠳᠠᠷᠠᠭᠤᠯᠵᠤ᠂ ᠬᠦᠨᠳᠦ ᠡᠪᠡᠳᠴᠢᠨ᠎ᠳᠤ ᠨᠡᠷᠪᠡᠭᠳᠡᠭᠰᠡᠨ᠂ ᠨᠥᠬᠥᠴᠡᠯ᠎ᠳᠤ ᠨᠡᠶ᠋ᠢᠴᠡᠬᠦ ᠬᠦᠴᠢᠷᠳᠡᠯᠲᠡᠢ ᠠᠵᠢᠯᠲᠠᠨ ᠠᠵᠢᠯᠴᠢᠨ᠎ᠢ ᠬᠠᠪᠰᠤᠷᠤᠨ ᠲᠡᠳᠬᠦᠬᠦ ᠠᠵᠢᠯ ᠵᠶ᠋ᠠᠨ ᠰᠠᠢ᠌ᠲᠤᠷ ᠬᠢᠵᠦ᠂ ᠠᠵᠢᠯᠲᠠᠨ ᠠᠵᠢᠯᠴᠢᠨ᠎ᠤ ᠡᠮᠴᠢᠯᠡᠭᠡᠨ᠎ᠤ ᠬᠠᠷᠢᠯᠴᠠᠨ ᠬᠠᠪᠰᠤᠷᠤᠯᠴᠠᠵᠤ ᠡᠷᠡᠭᠦᠯ ᠵᠶ᠋ᠡᠷ ᠬᠥᠭᠵᠢᠬᠦ ᠠᠵᠢᠯ᠎ᠢ ᠢᠳᠡᠪᠬᠢᠲᠡᠢ ᠳᠡᠮᠵᠢᠬᠦ ᠬᠡᠷᠡᠭᠲᠡᠢ᠃ ᠳᠣᠲᠣᠭ᠋ᠠᠳᠤ ᠵᠢ ᠬᠠᠮᠠᠭ᠋ᠠᠯᠠᠬᠤ᠂ ᠰᠤᠷᠭ᠋ᠠᠨ ᠬᠥᠮᠦᠵᠢᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠨᠢ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ᠎ᠯᠦᠭᠡ ᠬᠠᠮᠵᠢᠯᠴᠠᠨ ᠬᠣᠯᠪᠣᠭᠳᠠᠯ ᠪᠦᠬᠦᠢ ᠬᠥᠮᠥᠰ᠎ᠤᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠠᠵᠢᠯ᠎ᠢ ᠰᠠᠢ᠌ᠲᠤᠷ ᠬᠢᠬᠦ ᠬᠡᠷᠡᠭᠲᠡᠢ᠃
      (ᠠᠷᠪᠠᠨ ᠨᠠᠢ᠍ᠮᠠ) ᠰᠠᠭᠤᠷᠢ ᠮᠥᠩᠭᠥᠨ᠎ᠤ ᠲᠥᠰᠥᠪ᠎ᠤᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠣᠷᠣᠭᠤᠯᠤᠯᠲᠠ ᠵᠢᠨ ᠪᠠᠲᠤᠯᠠᠭ᠎ᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠰᠠᠭᠤᠷᠢ ᠮᠥᠩᠭᠥ ᠵᠢᠨ ᠣᠷᠣᠯᠭ᠎ᠠ ᠵᠠᠷᠤᠯᠭ᠎ᠠ ᠵᠢᠨ ᠲᠥᠰᠥᠪ᠎ᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠵᠣᠬᠢᠶᠠᠵᠤ᠂ ᠲᠥᠰᠥᠪ᠎ᠤᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠰᠠᠭᠤᠷᠢ ᠮᠥᠩᠭᠥ ᠵᠢᠨ ᠠᠶᠤᠯ ᠦᠭᠡᠢ ᠠᠵᠢᠯᠯᠠᠭ᠋ᠠᠨ᠎ᠢ ᠦᠨᠡᠨ ᠬᠦ᠌ ᠪᠠᠲᠤᠯᠠᠬᠤ ᠬᠡᠷᠡᠭᠲᠡᠢ᠃ ᠲᠥᠰᠥᠪ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠮᠵᠢᠯᠲᠠ ᠪᠦᠲᠦᠮᠵᠢ ᠵᠢ ᠬᠢᠨᠠᠨ ᠡᠵᠡᠮᠳᠡᠬᠦ᠂ ᠦᠨᠡᠯᠡᠬᠦ ᠪᠠ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠵᠤ᠂ ᠠᠪᠤᠷᠠᠨ ᠲᠤᠰᠠᠯᠠᠯᠲᠠ ᠵᠢᠨ ᠰᠠᠭᠤᠷᠢ ᠮᠥᠩᠭᠥ ᠵᠢ ᠬᠡᠷᠡᠭᠯᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠬᠦ ᠬᠡᠷᠡᠭᠲᠡᠢ᠃
      (ᠠᠷᠪᠠ ᠶᠢᠰᠦ) ᠦᠨᠳᠦᠰᠦᠨ ᠱᠠᠲᠤᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠦᠨᠳᠦᠰᠦᠨ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠭᠠᠷᠲᠠᠨ ᠭᠦᠢ᠍ᠴᠡᠳᠬᠡᠬᠦ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠡᠮᠴᠢᠯᠡᠭᠡᠨ᠎ᠤ ᠪᠠᠲᠤᠯᠠᠭ᠎ᠠ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠵᠦ᠂ ᠵᠣᠬᠢᠴᠠᠩᠭᠤᠢ ᠪᠠᠲᠤᠯᠠᠭ᠎ᠠ ᠵᠢ ᠰᠠᠢ᠌ᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠢ ᠬᠠᠮᠤᠷᠤᠭᠰᠠᠨ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡᠨ᠎ᠤ ᠲᠣᠣᠷ ᠰᠦᠯᠵᠢᠶ᠎ᠡ ᠵᠢ ᠪᠠᠢ᠌ᠭᠤᠯᠬᠤ ᠬᠡᠷᠡᠭᠲᠡᠢ᠃ ᠨᠡᠢ᠌ᠭᠡᠮ᠎ᠤᠨ ᠬᠦᠴᠦᠨ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ ᠭᠠᠷᠲᠠᠨ ᠭᠦᠢ᠍ᠴᠡᠳᠬᠡᠬᠦ ᠦᠢ᠍ᠯᠡᠴᠢᠯᠡᠭᠡ᠎ᠳᠤ ᠣᠷᠣᠯᠴᠠᠭᠤᠯᠵᠤ᠂ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ ᠵᠢ ᠬᠦᠴᠦᠯᠡᠨ ᠠᠬᠢᠭᠤᠯᠵᠤ᠂ ᠮᠡᠳᠡᠭᠡ ᠵᠠᠩᠭᠢᠴᠢᠯᠠᠯᠲᠠ ᠪᠠ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠬᠢᠷᠢ ᠲᠦᠪᠰᠢᠨ᠎ᠢ ᠭᠣᠣᠯᠳᠠᠯᠭ᠎ᠠ᠎ᠲᠠᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ᠎ᠤ ᠠᠪᠤᠷᠠᠨ ᠲᠤᠰᠠᠯᠠᠯᠲᠠ ᠵᠢᠨ ᠲᠥᠷᠥ ᠵᠢᠨ ᠪᠣᠳᠣᠯᠭ᠎ᠠ ᠪᠠ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢᠨ ᠪᠣᠯᠪᠠᠰᠤᠷᠠᠯ ᠵᠶ᠋ᠠᠨ ᠴᠢᠩᠭ᠋ᠠᠳᠬᠠᠨ᠂ ᠶᠡᠷᠦᠩᠬᠡᠢ᠌ᠯᠡᠭᠰᠡᠨ ᠬᠡᠪ ᠴᠢᠨᠠᠷ ᠵᠶ᠋ᠠᠷ ᠥᠨᠳᠥᠷ᠂ ᠠᠵᠢᠯ᠎ᠤᠨ ᠰᠤᠷᠲᠠᠯ ᠰᠠᠢ᠌ᠨ᠂ ᠲᠤᠬᠠᠢ᠌ᠯᠠᠭᠰᠠᠨ ᠠᠵᠢᠯ᠎ᠤᠨ ᠴᠢᠳᠠᠪᠤᠷᠢ᠎ᠪᠠᠷ ᠴᠢᠩᠭ᠎ᠠ ᠦᠨᠳᠦᠰᠦᠨ ᠱᠠᠲᠤᠨ᠎ᠤ ᠭᠠᠷᠲᠠᠨ ᠭᠦᠢ᠍ᠴᠡᠳᠬᠡᠬᠦ ᠡᠩᠨᠡᠭᠡ ᠵᠢ ᠴᠢᠷᠮᠠᠢ᠌ᠨ ᠪᠠᠢ᠌ᠭᠤᠯᠬᠤ ᠬᠡᠷᠡᠭᠲᠡᠢ᠃
      (ᠬᠣᠷᠢ) ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠬᠤ ᠬᠡᠷᠡᠭᠲᠡᠢ᠃ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠰᠣᠨᠢᠨ ᠮᠡᠳᠡᠭᠡ ᠨᠡᠢ᠌ᠲᠡᠯᠡᠬᠦ ᠠᠵᠢᠯ᠎ᠢ ᠰᠠᠢ᠌ᠲᠤᠷ ᠬᠢᠵᠦ᠂ ᠡᠷᠬᠡ ᠰᠦᠷᠲᠦ ᠮᠡᠳᠡᠭᠡ ᠵᠠᠩᠭᠢ ᠵᠢ ᠣᠨᠣᠪᠴᠢᠲᠠᠢ ᠨᠡᠢ᠌ᠲᠡᠯᠡᠨ᠂ ᠨᠡᠢ᠌ᠭᠡᠮ᠎ᠤᠨ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠳᠤ ᠴᠠᠭ ᠲᠤᠬᠠᠢ᠎ᠳᠤ᠎ᠨᠢ ᠬᠠᠷᠢᠭᠤᠯᠲᠠ ᠥᠭᠬᠦ ᠬᠡᠷᠡᠭᠲᠡᠢ᠃ ᠣᠯᠠᠨ ᠬᠡᠯᠪᠡᠷᠢ ᠪᠦᠬᠦᠢ ᠤᠬᠠᠭᠤᠯᠭ᠎ᠠ ᠵᠢᠨ ᠠᠵᠢᠯᠯᠠᠭ᠎ᠠ ᠵᠢ ᠢᠳᠡᠪᠬᠢᠲᠡᠢ ᠥᠷᠨᠢᠭᠦᠯᠦᠨ᠂ ᠲᠥᠷᠥ ᠵᠢᠨ ᠪᠣᠳᠣᠯᠭ᠎ᠠ ᠵᠢ ᠣᠢ᠌ᠯᠠᠭ᠋ᠠᠭᠤᠯᠬᠤ᠎ᠪᠠᠨ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃


                                2022 ᠣᠨ᠎ᠤ 6 ᠳ᠋ᠤᠭ᠋ᠠᠷ ᠰᠠᠷ᠎ᠠ ᠵᠢᠨ 11᠎ᠤ ᠡᠳᠦᠷ
                                (ᠲᠣᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)

 

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
      2022 ᠣᠨ᠎ᠤ 6 ᠳ᠋ᠤᠭ᠋ᠠᠷ ᠰᠠᠷ᠎ᠠ ᠵᠢᠨ 15᠎ᠤ ᠡᠳᠦᠷ ᠳᠠᠷᠤᠮᠠᠯᠯᠠᠨ ᠲᠠᠷᠬᠠᠭ᠋ᠠᠪᠠ

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠠᠵᠢᠯ᠎ᠢ ᠭᠦᠨᠵᠡᠭᠡᠢ᠌ᠷᠡᠭᠦᠯᠵᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠠᠷᠪᠠᠨ ᠨᠢᠭᠡᠨ ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶᠡᠨ᠎ᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠲᠦᠷᠭᠡᠨ ᠬᠥᠭᠵᠢᠯᠲᠡ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠵᠢᠯᠤᠭᠣᠳᠬᠤ ᠰᠠᠨᠠᠯ
 
            