ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [2022] 21 ᠳ᠋ᠦ᠍ᠭᠡᠷ ᠲᠣᠭ᠋ᠠᠲᠤ
ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠠᠵᠢᠯ᠎ᠢ ᠭᠦᠨᠵᠡᠭᠡᠢ᠌ᠷᠡᠭᠦᠯᠵᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢ᠌ᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠠᠵᠢᠯ᠎ᠢ ᠭᠦᠨᠵᠡᠭᠡᠢ᠌ᠷᠡᠭᠦᠯᠵᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠥᠯ》᠎ᠢ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2022 ᠣᠨ᠎ᠤ 7 ᠳ᠋ᠤᠭ᠋ᠠᠷ ᠰᠠᠷ᠎ᠠ ᠵᠢᠨ 14᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠠᠵᠢᠯ᠎ᠢ ᠭᠦᠨᠵᠡᠭᠡᠢ᠌ᠷᠡᠭᠦᠯᠵᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠬᠡᠷᠡᠭᠵᠢᠭᠦᠯᠬᠦ ᠲᠥᠰᠥᠯ
《ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠠᠵᠢᠯ᠎ᠢ ᠭᠦᠨᠵᠡᠭᠡᠢ᠌ᠷᠡᠭᠦᠯᠵᠦ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠢᠯᠤᠭᠣᠳᠬᠤ ᠰᠠᠨᠠᠯ》᠎ᠤᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠌ᠵᠢᠭᠤᠯᠤᠨ ᠦᠷ᠎ᠡ ᠪᠦᠲᠦᠮᠵᠢ᠎ᠲᠠᠢ ᠪᠣᠯᠬᠤ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃
ᠨᠢᠭᠡ᠂ ᠬᠠᠷᠠᠯᠲᠠ ᠡᠭᠦᠷᠭᠡ
ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ᠂ ᠦᠯᠡᠳᠡᠭᠡᠯ ᠡᠬᠢ ᠪᠠᠶᠠᠯᠢᠭ᠎ᠢ ᠴᠢᠯᠦᠭᠡᠲᠡᠢ ᠭᠦᠢ᠍ᠯᠭᠡᠭᠡᠬᠦ᠂ ᠭᠠᠵᠠᠷ᠎ᠤᠨ ᠦᠨ᠎ᠡ ᠵᠢᠨ ᠲᠣᠬᠢᠷᠠᠭᠤᠯᠭ᠎ᠠ ᠡᠵᠡᠮᠰᠢᠯ᠎ᠢ ᠴᠢᠩᠭ᠋ᠠᠷᠠᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠪᠥᠬᠥ ᠣᠷᠣᠨ᠎ᠤ ᠭᠠᠵᠠᠷ ᠰᠢᠷᠣᠢ ᠵᠢᠨ ᠡᠬᠢ ᠪᠠᠶᠠᠯᠢᠭ᠎ᠤᠨ ᠥᠷᠲᠡᠭ ᠪᠠ ᠦᠨ᠎ᠡ ᠬᠠᠩᠰᠢ ᠵᠢᠨ ᠳᠡᠭᠡᠭᠰᠢᠯᠡᠯᠲᠡ ᠵᠢ ᠠᠬᠢᠭᠤᠯᠵᠤ᠂ ᠥᠷᠲᠡᠭ᠎ᠢ ᠪᠡᠶᠡᠯᠡᠭᠦᠯᠬᠦ ᠠᠷᠭ᠎ᠠ ᠵᠠᠮ᠎ᠢ᠎ᠨᠢ ᠤᠯᠠᠮ ᠨᠢᠭᠡ ᠠᠯᠬᠤᠮ ᠲᠣᠳᠣᠷᠬᠠᠢ ᠪᠣᠯᠭ᠋ᠠᠨ᠂ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠢᠳᠡᠪᠬᠢ ᠴᠢᠨᠠᠷ᠎ᠢ ᠦᠷᠭᠦᠯᠵᠢᠯᠡᠨ ᠴᠢᠩᠭ᠋ᠠᠷᠠᠭᠤᠯᠵᠤ᠂ ᠮᠤᠵᠢ ᠣᠷᠣᠨ ᠠᠯᠤᠰᠯᠠᠨ ᠠᠷᠠᠯᠵᠢᠶᠠᠯᠠᠬᠤ ᠠᠷᠭ᠎ᠠ ᠵᠠᠮ᠎ᠢ ᠪᠥᠬᠥ ᠲᠠᠯ᠎ᠠ᠎ᠪᠠᠷ ᠨᠠᠪᠲᠠᠷᠡᠭᠦᠯᠵᠦ᠂ ᠣᠯᠠᠨ ᠡᠰᠢᠵᠢᠭᠰᠡᠨ ᠠᠷᠠᠯᠵᠢᠶᠠᠨ᠎ᠤ ᠵᠠᠭᠪᠤᠷ᠎ᠢ ᠪᠣᠶ ᠪᠣᠯᠭ᠋ᠠᠬᠤ ᠵᠢᠨ ᠬᠠᠮᠲᠤ ᠪᠦᠲᠦᠮᠵᠢᠲᠡᠶ ᠬᠡᠷᠡᠭᠵᠢᠭᠦᠯᠦᠨ᠂ ᠣᠷᠣᠨ ᠨᠤᠲᠤᠭ᠎ᠤᠨ ᠡᠳ᠋᠎ᠤᠨ ᠬᠦᠴᠦᠨ᠎ᠢ ᠲᠣᠭᠲᠠᠭᠤᠨ ᠵᠶ᠋ᠠᠷ ᠨᠡᠮᠡᠭᠳᠡᠭᠦᠯᠦᠨ᠎ᠡ; ᠭᠠᠵᠠᠷ ᠰᠢᠷᠣᠢ ᠵᠢ ᠶᠡᠷᠦᠩᠬᠡᠢ᠌ᠯᠡᠨ ᠠᠰᠢᠭᠯᠠᠬᠤ ᠦᠷ᠎ᠡ ᠪᠦᠲᠦᠮᠵᠢ᠎ᠪᠠᠨ ᠢᠯᠡᠳᠲᠡ ᠳᠡᠭᠡᠭᠰᠢᠯᠡᠭᠦᠯᠵᠦ᠂ ᠦᠯᠡᠳᠡᠭᠡᠯ ᠭᠠᠵᠠᠷ ᠰᠢᠷᠣᠢ ᠵᠢᠨ ᠡᠬᠢ ᠪᠠᠶᠠᠯᠢᠭ᠎ᠢ ᠪᠦᠲᠦᠮᠵᠢᠲᠡᠶ ᠴᠢᠯᠦᠭᠡᠲᠡᠢ ᠭᠦᠢ᠍ᠯᠭᠡᠭᠡᠨ᠂ ᠭᠠᠵᠠᠷ ᠰᠢᠷᠣᠢ ᠵᠢ ᠠᠷᠪᠢᠲᠠᠢ ᠡᠷᠴᠢᠮᠯᠢᠭ ᠠᠰᠢᠭᠯᠠᠬᠤ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠴᠢᠳᠠᠪᠤᠷᠢ ᠵᠢ᠎ᠨᠢ ᠤᠯᠠᠮ ᠨᠢᠭᠡ ᠠᠯᠬᠤᠮ ᠨᠡᠮᠡᠭᠳᠡᠭᠦᠯᠬᠦ ᠵᠢ ᠪᠠᠲᠤᠯᠠᠨ᠎ᠠ᠃
ᠬᠣᠶᠠᠷ᠂ ᠠᠵᠢᠯ᠎ᠤᠨ ᠠᠷᠭ᠎ᠠ ᠬᠡᠮᠵᠢᠶ᠎ᠡ
(ᠨᠢᠭᠡ) ᠪᠠᠢ᠌ᠴᠠᠭ᠋ᠠᠯᠲᠠ ᠬᠢᠵᠦ ᠪᠠᠢ᠌ᠳᠠᠯ᠎ᠢ᠎ᠨᠢ ᠣᠢ᠌ᠯᠠᠭ᠋ᠠᠬᠤ ᠵᠢ ᠪᠡᠶᠡᠯᠡᠭᠦᠯᠵᠦ᠂ ᠲᠥᠷᠥ ᠵᠢᠨ ᠪᠣᠳᠣᠯᠭ᠎ᠠ ᠵᠢᠨ ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠦᠨ᠎ᠡ᠃
1. ᠲᠠᠷᠢᠶᠠᠨ ᠭᠠᠵᠠᠷ᠎ᠤᠨ ᠪᠡᠯᠡᠳᠬᠡᠯ ᠡᠬᠢ ᠪᠠᠶᠠᠯᠢᠭ᠎ᠤᠨ ᠪᠠᠢ᠌ᠴᠠᠭ᠋ᠠᠯᠲᠠ ᠵᠡᠷᠭᠡ ᠠᠵᠢᠯ᠎ᠲᠠᠢ ᠤᠶᠠᠯᠳᠤᠭᠤᠯᠤᠨ᠂ ᠲᠠᠷᠢᠶᠠᠨ ᠭᠠᠵᠠᠷ᠎ᠤᠨ ᠪᠡᠯᠡᠳᠬᠡᠯ ᠡᠬᠢ ᠪᠠᠶᠠᠯᠢᠭ᠎ᠤᠨ ᠳᠠᠯᠳᠠ ᠬᠦᠴᠦᠨ ᠪᠠ ᠠᠰᠢᠭᠯᠠᠭ᠋ᠠᠳᠤᠢ ᠭᠠᠵᠠᠷ ᠰᠢᠷᠣᠢ ᠵᠡᠷᠭᠡ ᠪᠠᠢ᠌ᠳᠠᠯ᠎ᠢ ᠲᠣᠳᠣᠷᠬᠠᠢ ᠣᠢ᠌ᠯᠠᠭ᠋ᠠᠬᠤ ᠬᠡᠷᠡᠭᠲᠡᠢ; ᠠᠢ᠌ᠯ ᠲᠣᠰᠬᠣᠨ᠎ᠤ ᠲᠥᠷᠥᠯ ᠠᠩᠭᠢᠯᠠᠯ ᠵᠢᠴᠢ ᠠᠢ᠌ᠯ ᠲᠣᠰᠬᠣᠨ᠎ᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠲᠠᠢ ᠤᠶᠠᠯᠳᠤᠭᠤᠯᠤᠨ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠭᠰᠡᠨ ᠦᠷ᠎ᠡ ᠠᠰᠢᠭ ᠵᠶ᠋ᠠᠷ ᠪᠠᠷᠤᠭᠲᠠᠢ ᠭᠠᠵᠠᠷ ᠰᠢᠷᠣᠢ᠂ ᠰᠤᠯᠠ ᠲᠠᠯᠪᠢᠭᠳᠠᠵᠤ ᠪᠠᠢ᠌ᠭ᠎ᠠ ᠣᠷᠣᠨ ᠰᠠᠭᠤᠴᠠ ᠵᠢᠨ ᠭᠠᠵᠠᠷ ᠵᠡᠷᠭᠡ ᠪᠠᠢ᠌ᠳᠠᠯ᠎ᠢ ᠲᠣᠳᠣᠷᠬᠠᠢ ᠣᠢ᠌ᠯᠠᠭ᠋ᠠᠨ᠎ᠠ᠃ ᠭᠠᠵᠠᠷ ᠰᠢᠷᠣᠢ ᠵᠢ ᠬᠢᠨᠠᠨ ᠵᠥᠪᠰᠢᠶᠡᠷᠡᠬᠦ ᠵᠢᠴᠢ ᠨᠡᠭᠡᠭᠡᠯᠲᠡ ᠵᠢᠨ ᠲᠣᠭᠣᠷᠢᠭ᠎ᠢ ᠠᠷᠪᠢᠲᠠᠢ ᠡᠷᠴᠢᠮᠯᠢᠭ ᠠᠰᠢᠭᠯᠠᠭᠰᠠᠨ ᠡᠰᠡᠬᠦ ᠵᠢ ᠦᠨᠡᠯᠡᠬᠦ ᠠᠵᠢᠯ᠎ᠲᠠᠢ ᠤᠶᠠᠯᠳᠤᠭᠤᠯᠤᠨ᠂ ᠬᠣᠲᠠ ᠪᠠᠯᠭ᠋ᠠᠰᠤ ᠵᠢᠨ ᠵᠥᠪᠰᠢᠶᠡᠷᠡᠭᠰᠡᠨ ᠪᠠᠢ᠌ᠲᠠᠯ᠎ᠠ ᠦᠯᠦ ᠬᠠᠩᠭ᠋ᠠᠭᠰᠠᠨ᠂ ᠬᠠᠩᠭ᠋ᠠᠭᠰᠠᠨ ᠪᠠᠢ᠌ᠲᠠᠯ᠎ᠠ ᠦᠯᠦ ᠬᠡᠷᠡᠭᠯᠡᠭᠰᠡᠨ᠂ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ ᠵᠢᠴᠢ ᠨᠡᠭᠡᠭᠡᠯᠲᠡ ᠵᠢᠨ ᠲᠣᠭᠣᠷᠢᠭ᠎ᠤᠨ ᠦᠷ᠎ᠡ ᠪᠦᠲᠦᠮᠵᠢ᠎ᠪᠠᠷ ᠪᠠᠷᠤᠭᠲᠠᠢ ᠬᠡᠷᠡᠭᠯᠡᠵᠦ ᠪᠠᠢ᠌ᠭ᠎ᠠ ᠭᠠᠵᠠᠷ ᠰᠢᠷᠣᠢ ᠵᠡᠷᠭᠡ ᠵᠢᠨ ᠪᠠᠢ᠌ᠳᠠᠯ᠎ᠢ ᠲᠣᠳᠣᠷᠬᠠᠢ ᠣᠢ᠌ᠯᠠᠭ᠋ᠠᠬᠤ ᠬᠡᠷᠡᠭᠲᠡᠢ᠃ ᠥᠩᠭᠡᠷᠡᠭᠰᠡᠨ᠎ᠤ ᠦᠯᠡᠳᠡᠭᠳᠡᠵᠦ ᠪᠠᠢ᠌ᠭᠰᠠᠨ ᠠᠭᠤᠷᠬᠠᠢ ᠵᠢ ᠬᠠᠷᠭᠤᠭᠤᠯᠤᠨ ᠪᠠᠢ᠌ᠴᠠᠭ᠋ᠠᠬᠤ ᠠᠵᠢᠯ᠎ᠲᠠᠢ ᠤᠶᠠᠯᠳᠤᠭᠤᠯᠤᠨ᠂ ᠠᠭᠤᠷᠬᠠᠢ᠎ᠳᠤ ᠬᠡᠷᠡᠭᠯᠡᠭᠰᠡᠨ ᠭᠠᠵᠠᠷ ᠰᠢᠷᠣᠢ ᠬᠢᠭᠡᠳ ᠳᠠᠬᠢᠨ ᠬᠠᠭ᠋ᠠᠯᠪᠤᠷᠢᠯᠠᠭᠰᠠᠨ ᠪᠠᠢ᠌ᠳᠠᠯ᠎ᠢ ᠲᠣᠳᠣᠷᠬᠠᠢ ᠣᠢ᠌ᠯᠠᠭ᠋ᠠᠬᠤ ᠬᠡᠷᠡᠭᠲᠡᠢ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠂ ᠡᠯ᠎ᠡ ᠱᠠᠲᠤᠨ᠎ᠤ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ
2. ᠪᠠᠢ᠌ᠴᠠᠭ᠋ᠠᠨ ᠰᠤᠳᠤᠯᠤᠯᠲᠠ ᠵᠢ ᠥᠷᠨᠢᠭᠦᠯᠵᠦ᠂ ᠱᠠᠨᠳᠦ᠋ᠩ᠂ ᠾᠧᠨᠠᠨ᠂ ᠾᠧᠪᠧᠢ ᠵᠡᠷᠭᠡ ᠮᠤᠵᠢ (ᠣᠷᠣᠨ᠂ ᠬᠣᠲᠠ) ᠵᠢᠨ ᠲᠡᠷᠢᠭᠦᠨ᠎ᠤ ᠲᠤᠷᠰᠢᠯᠭ᠎ᠠ ᠠᠷᠭ᠎ᠠ ᠬᠢᠳᠡᠯ᠎ᠢ ᠰᠤᠷᠤᠯᠴᠠᠨ ᠲᠣᠯᠢᠳᠠᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠨ᠎ᠠ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
(ᠬᠣᠶᠠᠷ) ᠬᠠᠮᠢᠶ᠎ᠠ ᠪᠦᠬᠦᠢ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ᠂ ᠬᠡᠷᠡᠭᠴᠡᠭᠡ ᠵᠢᠨ ᠵᠠᠬᠢᠷᠤᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠢ᠃
1. ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠠᠰᠢᠭᠯᠠᠬᠤ ᠬᠣᠷᠢᠭ᠎ᠠ ᠱᠤᠭᠤᠮ᠎ᠢ ᠲᠣᠳᠣᠷᠬᠠᠢ᠌ᠯᠠᠨ᠂ ᠬᠣᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠵᠦ ᠪᠦᠲᠦᠭᠡᠨ ᠪᠠᠶ᠋ᠢᠭᠤᠯᠬᠤ ᠣᠷᠣᠨ ᠵᠠᠢ ᠵᠢ ᠣᠨᠢᠰᠤᠯᠠᠨ ᠲᠣᠭᠲᠠᠭ᠋ᠠᠵᠤ᠂ ᠬᠣᠲᠠ ᠪᠠᠯᠭ᠋ᠠᠰᠤᠨ᠎ᠤ ᠡᠮᠬᠢ ᠵᠢᠷᠤᠮ ᠦᠭᠡᠢ ᠥᠷᠭᠡᠵᠢᠬᠦ ᠵᠢ ᠬᠢᠵᠠᠭ᠋ᠠᠷᠯᠠᠨ᠎ᠠ᠃ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠨᠠᠷᠢᠨ ᠲᠥᠯᠦᠪᠵᠢᠭᠦᠯᠭᠡ ᠵᠢᠨ ᠨᠠᠢ᠌ᠷᠠᠭᠤᠯᠤᠨ ᠵᠣᠬᠢᠶᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠦᠯᠡᠳᠡᠭᠡᠯ᠎ᠢ ᠴᠢᠯᠦᠭᠡᠲᠡᠢ ᠭᠦᠢ᠍ᠯᠭᠡᠭᠡᠨ᠂ ᠨᠡᠮᠡᠭᠳᠡᠯ᠎ᠢ ᠰᠢᠯᠢᠳᠡᠭᠵᠢᠭᠦᠯᠵᠦ᠂ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ 《ᠨᠢᠭᠡ ᠵᠢᠷᠤᠭ》 ᠵᠶ᠋ᠡᠷ ᠬᠢᠨᠠᠯᠲᠠ ᠲᠠᠯᠪᠢᠯᠲᠠ ᠵᠢ ᠬᠡᠷᠡᠭᠵᠢᠭᠦᠯᠬᠦ ᠮᠡᠳᠡᠭᠡ ᠵᠠᠩᠭᠢ ᠵᠢᠨ ᠰᠢᠰᠲ᠋ᠧᠮ᠎ᠢ ᠵᠡᠷᠭᠡ᠎ᠪᠠᠷ ᠪᠠᠢ᠌ᠭᠤᠯᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ ᠲᠥᠯᠦᠪᠵᠢᠭᠦᠯᠭᠡ᠂ ᠨᠠᠷᠢᠨ ᠲᠥᠯᠦᠪᠵᠢᠭᠦᠯᠭᠡ᠂ 《ᠭᠤᠷᠪᠠᠨ ᠣᠷᠣᠨ ᠵᠠᠢ ᠭᠤᠷᠪᠠᠨ ᠬᠢᠵᠠᠭ᠋ᠠᠷ ᠱᠤᠭᠤᠮ》 ᠵᠢᠴᠢ ᠣᠷᠣᠨ ᠵᠠᠢ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠬᠣᠯᠪᠣᠭᠳᠠᠬᠤ ᠡᠯ᠎ᠡ ᠲᠥᠷᠥᠯ᠎ᠤᠨ ᠲᠤᠰᠬᠠᠢ ᠲᠥᠯᠦᠪᠵᠢᠭᠦᠯᠭᠡ ᠵᠢ ᠨᠢᠭᠡᠳᠦᠯᠲᠡᠢ ᠲᠥᠯᠥᠪᠵᠢᠭᠦᠯᠦᠭᠰᠡᠨᠤ ᠳᠠᠷᠠᠭ᠎ᠠ ᠵᠢᠷᠤᠭ ᠵᠶ᠋ᠠᠷ ᠬᠥᠮᠥᠷᠭᠡ᠎ᠳᠤ ᠣᠷᠣᠭᠤᠯᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠬᠡᠷᠡᠭᠴᠡᠭᠡ ᠵᠢᠨ ᠵᠠᠬᠢᠷᠤᠯᠲᠠ ᠬᠠᠮᠢᠶᠠᠷᠤᠯᠲᠠ ᠵᠢ ᠨᠢᠭᠡᠳᠬᠡᠬᠦ᠂ ᠲᠥᠯᠦᠪᠵᠢᠭᠦᠯᠭᠡ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠬᠤ᠎ᠳᠤ ᠦᠨᠳᠦᠰᠦᠯᠡᠯ ᠪᠠ ᠲᠤᠯᠭ᠋ᠠᠭᠤᠷᠢᠯᠠᠯ ᠬᠠᠩᠭ᠋ᠠᠨ᠎ᠠ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠲᠥᠯᠦᠪᠵᠢᠭᠦᠯᠭᠡ ᠵᠢᠨ ᠵᠥᠪᠯᠡᠯ᠎ᠤᠨ ᠡᠯ᠎ᠡ ᠪᠦᠷᠢᠯᠳᠦᠭᠦᠨ ᠨᠢᠭᠡᠴᠢ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ
ᠪᠡᠶᠡᠯᠡᠭᠦᠯᠬᠦ ᠴᠠᠭ᠎ᠤᠨ ᠬᠢᠵᠠᠭ᠋ᠠᠷ᠄ 2022 ᠣᠨ᠎ᠤ ᠰᠡᠭᠦᠯᠴᠢ᠎ᠠᠴᠠ ᠡᠮᠦᠨ᠎ᠡ ᠪᠡᠶᠡᠯᠡᠭᠦᠯᠦᠨ᠎ᠡ
2. ᠬᠠᠤᠯᠢ᠎ᠠᠴᠠ ᠵᠥᠷᠢᠴᠡᠨ ᠭᠠᠵᠠᠷ ᠰᠢᠷᠣᠢ ᠬᠡᠷᠡᠭᠯᠡᠭᠰᠡᠨ᠎ᠢ ᠲᠤᠰᠬᠠᠢ᠌ᠯᠠᠨ ᠢᠯᠭ᠋ᠠᠷᠠᠭᠤᠯᠵᠤ ᠴᠡᠭᠴᠡᠯᠡᠨ ᠵᠠᠰᠠᠬᠤ ᠵᠢᠨ 《ᠪᠤᠴᠠᠵᠤ ᠪᠠᠢ᠌ᠴᠠᠭ᠋ᠠᠨ ᠦᠵᠡᠬᠦ》 ᠵᠢᠴᠢ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ ᠵᠢ ᠲᠤᠢ᠌ᠯᠪᠤᠷᠢᠲᠠᠢ ᠰᠢᠢ᠍ᠳᠪᠦᠷᠢᠯᠡᠬᠦ ᠪᠠ ᠲᠥᠪᠯᠡᠷᠡᠭᠦᠯᠦᠨ ᠰᠢᠢ᠍ᠳᠪᠦᠷᠢᠯᠡᠬᠦ ᠰᠢᠪᠲᠤᠯᠤᠯᠲᠠ ᠵᠢᠨ ᠠᠵᠢᠯᠯᠠᠭ᠋ᠠᠨ᠎ᠢ ᠪᠥᠬᠥ ᠲᠠᠯ᠎ᠠ᠎ᠪᠠᠷ ᠥᠷᠨᠢᠭᠦᠯᠵᠦ᠂ ᠪᠥᠬᠥ ᠣᠷᠣᠨ᠎ᠤ ᠣᠢ᠌ᠷ᠎ᠠ ᠵᠢᠨ 5 ᠵᠢᠯ᠎ᠳᠤ ᠬᠠᠤᠯᠢ᠎ᠠᠴᠠ ᠵᠥᠷᠢᠴᠡᠨ ᠭᠠᠵᠠᠷ ᠰᠢᠷᠣᠢ ᠬᠡᠷᠡᠭᠯᠡᠭᠰᠡᠨ ᠪᠠ ᠵᠤᠷᠰᠢᠯ ᠶᠣᠰᠣᠭ᠋ᠠᠷ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠵᠢ ᠡᠷᠴᠢᠮᠲᠡᠢ ᠶᠠᠪᠤᠭᠳᠠᠭᠤᠯᠤᠭᠰᠠᠨ ᠦᠭᠡᠢ ᠠᠰᠠᠭᠤᠳᠠᠯ᠎ᠢ ᠲᠤᠰᠬᠠᠢ᠌ᠯᠠᠨ ᠴᠡᠭᠴᠡᠯᠡᠵᠦ ᠵᠠᠰᠠᠬᠤ ᠠᠵᠢᠯ᠎ᠤᠨ ᠬᠡᠪᠴᠢᠶᠡᠨ᠎ᠳᠤ ᠪᠥᠬᠥ ᠲᠠᠯ᠎ᠠ᠎ᠪᠠᠷ ᠣᠷᠣᠭᠤᠯᠵᠤ᠂ ᠠᠰᠠᠭᠤᠳᠠᠯ᠎ᠤᠨ ᠡᠬᠡ ᠲᠠᠩᠰᠠ ᠵᠢ ᠨᠥᠬᠥᠪᠦᠷᠢᠯᠡᠵᠦ ᠪᠦᠷᠢᠨ ᠭᠦᠢ᠍ᠴᠡᠳ ᠪᠣᠯᠭ᠋ᠠᠵᠤ᠂ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠲᠣᠭᠲᠠᠴᠠ ᠵᠢ ᠴᠢᠩᠭ᠋ᠠᠳᠬᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠴᠢᠩᠭ᠋ᠠᠷᠠᠭᠤᠯᠤᠨ ᠪᠣᠳᠠᠲᠠᠢ᠌ᠵᠢᠭᠤᠯᠵᠤ᠂ 《ᠣᠭᠲᠣ ᠠᠭᠤᠴᠢᠯᠠᠬᠤ ᠦᠭᠡᠢ》 ᠣᠪᠣᠷ ᠵᠶ᠋ᠠᠷ ᠰᠢᠨ᠎ᠡ᠎ᠪᠠᠷ ᠨᠡᠮᠡᠭᠳᠡᠭᠰᠡᠨ ᠬᠠᠤᠯᠢ᠎ᠠᠴᠠ ᠵᠥᠷᠢᠴᠡᠵᠦ ᠭᠠᠵᠠᠷ ᠰᠢᠷᠣᠢ ᠬᠡᠷᠡᠭᠯᠡᠭᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠠᠤᠯᠢ᠎ᠠᠴᠠ ᠵᠥᠷᠢᠴᠡᠨ ᠭᠠᠵᠠᠷ ᠰᠢᠷᠣᠢ ᠬᠡᠷᠡᠭᠯᠡᠭᠰᠡᠨ ᠦᠯᠡᠳᠡᠭᠡᠯ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠨ᠎ᠡ᠃
ᠬᠠᠷᠢᠭᠤᠴᠠᠯᠭ᠋ᠠᠲᠤ ᠨᠢᠭᠡᠴᠢ᠄ ᠪᠥᠬᠥ ᠣᠷᠣᠨ᠎ᠤ ᠬᠠᠤᠯᠢ᠎ᠠᠴᠠ ᠵᠥᠷᠢᠴᠡᠵᠦ ᠭᠠᠵᠠᠷ ᠰᠢᠷᠣᠢ ᠬᠡᠷᠡᠭᠯᠡᠭᠰᠡᠨ᠎ᠢ ᠲᠤᠰᠬᠠᠢ᠌ᠯᠠᠨ ᠢᠯᠭ᠋ᠠᠷᠠᠭᠤᠯᠵᠤ ᠴᠡᠭᠴᠡᠯᠡᠨ ᠵᠠᠰᠠᠬᠤ ᠵᠢᠨ 《ᠪᠤᠴᠠᠵᠤ ᠪᠠᠢ᠌ᠴᠠᠭ᠋ᠠᠨ ᠦᠵᠡᠬᠦ》 ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠢᠭᠡᠴᠢ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ
ᠪᠡᠶᠡᠯᠡᠭᠦᠯᠬᠦ ᠴᠠᠭ᠎ᠤᠨ ᠬᠢᠵᠠᠭ᠋ᠠᠷ᠄ 2022 ᠣᠨ᠎ᠤ ᠰᠡᠭᠦᠯᠴᠢ᠎ᠠᠴᠠ ᠡᠮᠦᠨ᠎ᠡ ᠪᠡᠶᠡᠯᠡᠭᠦᠯᠦᠨ᠎ᠡ
(ᠭᠤᠷᠪᠠ) ᠲᠤᠯᠭ᠋ᠠᠭᠤᠷᠢᠯᠠᠬᠤ ᠪᠠᠢ᠌ᠭᠤᠯᠤᠮᠵᠢ ᠵᠢ ᠵᠣᠬᠢᠶᠠᠨ ᠪᠠᠢ᠌ᠭᠤᠯᠵᠤ᠂ ᠳᠦᠬᠦᠷᠵᠢᠭᠦᠯᠬᠦ ᠠᠷᠭ᠎ᠠ ᠬᠡᠮᠵᠢᠶ᠎ᠡ ᠵᠢ ᠲᠣᠭᠲᠠᠭ᠋ᠠᠨ᠎ᠠ᠃
1. ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠨᠥᠭᠡᠴᠡᠯᠡᠬᠦ ᠲᠥᠪ᠎ᠢ ᠵᠣᠬᠢᠶᠠᠨ ᠪᠠᠢ᠌ᠭᠤᠯᠵᠤ᠂ ᠪᠥᠬᠥ ᠣᠷᠣᠨ᠎ᠤ ᠭᠠᠵᠠᠷ ᠰᠢᠷᠣᠢ ᠨᠥᠭᠡᠴᠡᠯᠡᠬᠦ ᠠᠵᠢᠯ᠎ᠢ ᠵᠢᠯᠤᠭᠣᠳᠴᠤ᠂ ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠵᠢᠨ ᠭᠦᠢ᠍ᠴᠡᠳᠬᠡᠯ ᠲᠣᠭ᠎ᠠ᠂ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠦᠯᠡᠳᠡᠯ ᠭᠦᠢ᠍ᠴᠡᠳᠬᠡᠬᠦ ᠲᠣᠭ᠎ᠠ ᠵᠢ ᠮᠤᠵᠢ ᠵᠢᠨ ᠱᠠᠲᠤᠨ᠎ᠠᠴᠠ ᠨᠢᠭᠡᠳᠦᠯᠲᠡᠢ ᠲᠥᠯᠥᠪᠯᠡᠬᠦ ᠪᠠ ᠮᠤᠵᠢ ᠠᠯᠤᠰᠯᠠᠨ ᠠᠷᠠᠯᠵᠢᠶᠠᠯᠠᠬᠤ ᠠᠵᠢᠯ᠎ᠢ ᠡᠭᠦᠷᠭᠡᠯᠡᠨ᠎ᠡ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠭᠤᠯᠤᠮᠵᠢ ᠵᠢᠨ ᠣᠷᠣᠨ ᠲᠣᠭ᠎ᠠ ᠵᠢᠨ ᠠᠯᠪᠠᠨ ᠭᠡᠷ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
2. ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠪᠠ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ᠎ᠪᠠᠷ ᠲᠥᠯᠥᠪᠯᠡᠵᠦ ᠪᠠᠢ᠌ᠭ᠎ᠠ ᠭᠠᠵᠠᠷ᠎ᠤᠨ ᠬᠡᠪᠴᠢᠶ᠎ᠡ ᠵᠢᠨ ᠭᠦᠢ᠍ᠴᠡᠳᠬᠡᠯ ᠲᠣᠭ᠎ᠠ ᠵᠢ ᠨᠢᠭᠡᠳᠦᠯᠲᠡᠢ ᠲᠥᠯᠥᠪᠯᠡᠨ ᠬᠠᠮᠢᠶᠠᠷᠬᠤ ᠠᠷᠭ᠎ᠠ᠂ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ᠂ ᠭᠠᠵᠠᠷ ᠰᠢᠷᠣᠢ ᠵᠢᠨ ᠶᠡᠷᠦᠩᠬᠡᠢ᠌ᠯᠡᠨ ᠴᠡᠭᠴᠡᠯᠡᠵᠦ ᠵᠠᠰᠠᠬᠤ ᠵᠢ ᠭᠦᠨᠵᠡᠭᠡᠢ᠌ᠷᠡᠭᠦᠯᠵᠦ ᠭᠠᠵᠠᠷ ᠰᠢᠷᠣᠢ ᠵᠢᠨ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠬᠤ ᠵᠢ ᠴᠢᠩᠭ᠋ᠠᠳᠬᠠᠬᠤ ᠠᠵᠢᠯ᠎ᠤᠨ ᠬᠡᠷᠡᠭᠵᠢᠭᠦᠯᠬᠦ ᠨᠠᠷᠢᠨ ᠳᠦᠷᠢᠮ᠂ ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠵᠦ ᠲᠠᠷᠢᠶᠠᠨ ᠭᠠᠵᠠᠷ᠎ᠢ ᠬᠠᠮᠠᠭ᠋ᠠᠯᠠᠨ ᠠᠰᠢᠭᠯᠠᠬᠤ ᠵᠢ ᠠᠬᠢᠭᠤᠯᠬᠤ ᠠᠵᠢᠯ᠎ᠤᠨ ᠬᠡᠷᠡᠭᠵᠢᠭᠦᠯᠬᠦ ᠰᠠᠨᠠᠯ ᠵᠡᠷᠭᠡ ᠲᠥᠬᠥᠷ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ᠂ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠦᠯᠡᠳᠡᠪᠦᠷᠢ ᠭᠦᠢ᠍ᠴᠡᠳᠬᠡᠯ ᠲᠣᠭ᠎ᠠ ᠵᠢ ᠮᠤᠵᠢ ᠣᠷᠣᠨ ᠠᠯᠤᠰᠯᠠᠨ ᠲᠣᠬᠢᠷᠠᠭᠤᠯᠬᠤ ᠪᠡᠯᠡ ᠮᠥᠩᠭᠥ ᠵᠢ ᠬᠡᠷᠡᠭᠯᠡᠬᠦ ᠬᠠᠮᠢᠶᠠᠷᠤᠯᠲᠠ ᠵᠢᠨ ᠠᠷᠭ᠎ᠠ᠂ ᠮᠤᠵᠢ ᠣᠷᠣᠨ ᠠᠯᠤᠰᠯᠠᠨ ᠲᠠᠷᠢᠶᠠᠨ ᠭᠠᠵᠠᠷ ᠨᠥᠬᠥᠪᠦᠷᠢᠯᠡᠬᠦ ᠪᠡᠯᠡ ᠮᠥᠩᠭᠥ ᠵᠢᠨ ᠬᠡᠷᠡᠭᠯᠡᠯᠲᠡ ᠬᠠᠮᠢᠶᠠᠷᠤᠯᠲᠠ ᠵᠢᠨ ᠠᠷᠭ᠎ᠠ᠎ᠳᠤ ᠵᠠᠰᠠᠪᠤᠷᠢ ᠣᠷᠣᠭᠤᠯᠵᠤ᠂ 《1+1+N》 ᠲᠦᠷᠦ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠪᠠᠢ᠌ᠭᠤᠯᠤᠨ᠎ᠠ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ
ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ
ᠪᠡᠶᠡᠯᠡᠭᠦᠯᠬᠦ ᠴᠠᠭ᠎ᠤᠨ ᠬᠢᠵᠠᠭ᠋ᠠᠷ᠄ 2022 ᠣᠨ᠎ᠤ 7 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠳᠠᠭᠤᠰᠬᠠᠨ᠎ᠠ
(ᠳᠥᠷᠪᠡ) ᠲᠥᠷᠥᠯ ᠬᠤᠪᠢᠶᠠᠨ ᠣᠨᠣᠴᠢᠲᠠᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠣᠣᠯᠳᠠᠯᠭ᠎ᠠ᠎ᠲᠠᠢ ᠠᠵᠢᠯ᠎ᠢ ᠠᠬᠢᠭᠤᠯᠤᠨ᠎ᠠ᠃
1. ᠬᠥᠳᠡᠭᠡ ᠲᠣᠰᠬᠣᠨ᠎ᠤ ᠭᠠᠵᠠᠷ ᠰᠢᠷᠣᠢ ᠵᠢ ᠴᠡᠭᠴᠡᠯᠡᠨ ᠵᠠᠰᠠᠬᠤ ᠪᠠᠨ ᠴᠢᠩᠭ᠋ᠠᠳᠬᠠᠨ᠎ᠠ᠃ ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠪᠠ ᠬᠣᠲᠠ ᠬᠥᠳᠡᠭᠡ ᠵᠢᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ 100 ᠲᠦᠮᠡᠨ ᠮᠦ᠍ ᠵᠢᠨ ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠪᠠ 5 ᠲᠦᠮᠡᠨ ᠮᠦ᠍ ᠵᠢᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠠᠢ᠌ᠮᠠᠭ ᠬᠣᠲᠠ᠎ᠳᠤ ᠣᠨ ᠵᠶ᠋ᠠᠷ ᠬᠤᠪᠢᠶᠠᠷᠢᠯᠠᠬᠤ ᠵᠢᠨ ᠬᠠᠮᠲᠤ ᠱᠠᠯᠠᠪᠳᠠᠨ ᠡᠬᠢᠯᠡᠭᠦᠯᠵᠦ ᠪᠦᠲᠦᠭᠡᠨ ᠪᠠᠶ᠋ᠢᠭᠤᠯᠬᠤ ᠵᠢ ᠰᠢᠮᠳᠠᠭᠤᠯᠤᠨ᠎ᠠ᠃ ᠡᠭᠦᠨ᠎ᠳᠤ᠂ 2022 ᠣᠨ᠎ᠳᠤ ᠡᠵᠡᠯᠡᠬᠦ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠭᠦᠢ᠍ᠴᠡᠳᠬᠡᠯ ᠲᠣᠭ᠎ᠠ ᠵᠢ 25 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠬᠦ᠂ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠭᠦᠢ᠍ᠴᠡᠳᠬᠡᠯ ᠲᠣᠭ᠎ᠠ ᠵᠢ 1.29 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠬᠦ ᠵᠢ ᠦᠨᠡᠨ ᠬᠦ᠌ ᠪᠠᠲᠤᠯᠠᠨ᠎ᠠ᠃ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠢᠳᠡᠪᠬᠢᠲᠡᠢ᠎ᠪᠠᠷ ᠵᠢᠭ᠋ᠠᠪᠤᠷᠢ ᠠᠪᠴᠤ ᠬᠠᠷᠢᠭᠤ ᠮᠡᠳᠡᠭᠦᠯᠦᠨ᠂ ᠬᠣᠯᠪᠣᠭᠳᠠᠯ ᠪᠦᠬᠦᠢ ᠮᠤᠵᠢ (ᠣᠷᠣᠨ᠂ ᠬᠤᠳᠠ)᠎ᠯᠤᠭ᠎ᠠ ᠨᠡᠪᠲᠡᠷᠡᠯᠴᠡᠵᠦ ᠵᠠᠯᠭ᠋ᠠᠯᠳᠤᠭᠤᠯᠬᠤ᠎ᠪᠠᠨ ᠴᠢᠩᠭ᠋ᠠᠳᠬᠠᠵᠤ᠂ ᠮᠤᠵᠢ ᠠᠯᠤᠰᠯᠠᠨ ᠠᠷᠠᠯᠵᠢᠶᠠᠯᠠᠬᠤ ᠵᠠᠮ ᠮᠥᠷ᠎ᠢ ᠨᠡᠪᠲᠡᠷᠡᠭᠦᠯᠦᠨ᠎ᠡ᠃ ᠣᠯᠠᠨ ᠡᠰᠢᠲᠦ ᠬᠠᠮ ᠭᠠᠵᠠᠷ ᠬᠡᠷᠡᠭᠯᠡᠬᠦ ᠵᠠᠭᠪᠤᠷ᠎ᠢ ᠲᠦᠷᠭᠡᠳᠬᠡᠨ ᠪᠠᠢ᠌ᠭᠤᠯᠵᠤ᠂ ᠬᠡᠰᠡᠭᠯᠡᠯ ᠬᠡᠯᠪᠡᠷᠢ᠎ᠲᠠᠢ ᠭᠠᠵᠠᠷ ᠰᠢᠷᠣᠢ ᠬᠠᠩᠭ᠋ᠠᠬᠤ ᠲᠥᠷᠥ ᠵᠢᠨ ᠪᠣᠳᠣᠯᠭ᠎ᠠ ᠵᠢ ᠰᠦᠪᠡᠭᠴᠢᠯᠡᠵᠦ᠂ ᠬᠥᠳᠡᠭᠡ ᠲᠣᠰᠬᠣᠨ᠎ᠤ ᠭᠠᠵᠠᠷ ᠰᠢᠷᠣᠢ ᠵᠢᠨ ᠡᠬᠢ ᠪᠠᠶᠠᠯᠢᠭ᠎ᠢ ᠥᠨᠳᠥᠷ ᠦᠷ᠎ᠡ ᠪᠦᠲᠦᠮᠵᠢᠲᠡᠶ᠎ᠪᠠᠷ ᠲᠣᠬᠢᠷᠠᠭᠤᠯᠬᠤ ᠵᠢ ᠪᠡᠶᠡᠯᠡᠭᠦᠯᠦᠨ᠎ᠡ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ
ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠥᠪ
ᠪᠡᠶᠡᠯᠡᠭᠦᠯᠬᠦ ᠴᠠᠭ᠎ᠤᠨ ᠬᠢᠵᠠᠭ᠋ᠠᠷ᠄ ᠤᠷᠲᠤ ᠬᠤᠭᠤᠴᠠᠭ᠎ᠠ᠎ᠪᠠᠷ ᠪᠠᠷᠢᠮᠲᠠᠯᠠᠨ᠎ᠠ
2. ᠬᠣᠲᠠ ᠪᠠᠯᠭ᠋ᠠᠰᠤᠨ᠎ᠤ ᠦᠯᠡᠳᠡᠭᠡᠯ ᠭᠠᠵᠠᠷ᠎ᠢ ᠴᠢᠯᠦᠭᠡᠲᠡᠢ ᠭᠦᠢ᠍ᠯᠭᠡᠭᠡᠨᠠ᠃ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠦᠯᠡᠳᠡᠭᠡᠯ ᠭᠠᠵᠠᠷ᠎ᠢ ᠬᠦᠴᠦᠯᠡᠨ ᠴᠢᠯᠦᠭᠡᠲᠡᠢ ᠪᠣᠯᠭ᠋ᠠᠵᠤ᠂ ᠭᠠᠵᠠᠷ ᠰᠢᠷᠣᠢ ᠬᠠᠩᠭ᠋ᠠᠬᠤ ᠶᠡᠷᠦᠩᠬᠡᠢ ᠬᠡᠮᠵᠢᠶ᠎ᠡ᠎ᠳᠠᠬᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠦᠯᠡᠳᠡᠭᠡᠯ ᠭᠠᠵᠠᠷ᠎ᠤᠨ ᠬᠠᠷᠢᠴᠠᠯ᠎ᠢ ᠳᠡᠭᠡᠭᠰᠢᠯᠡᠭᠦᠯᠦᠨ᠎ᠡ᠃ ᠭᠠᠵᠠᠷ ᠬᠠᠩᠭ᠋ᠠᠬᠤ ᠪᠣᠳᠠᠲᠠᠢ ᠨᠣᠷᠮ᠎ᠠ ᠵᠢ ᠰᠢᠨ᠎ᠡ᠎ᠪᠠᠷ ᠨᠡᠮᠡᠭᠳᠡᠭᠦᠯᠬᠦ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠲᠥᠯᠥᠪᠯᠡᠭᠡ ᠵᠢ ᠲᠣᠬᠢᠷᠠᠭᠤᠯᠬᠤ ᠪᠠ ᠭᠠᠵᠠᠷ ᠰᠢᠷᠣᠢ ᠬᠡᠷᠡᠭᠯᠡᠬᠦ ᠬᠡᠪᠴᠢᠶ᠎ᠡ ᠵᠢᠨ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠲᠡᠢ᠃ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ ᠵᠢ ᠮᠠᠭ᠋ᠠᠳᠯᠠᠨ ᠲᠣᠭᠲᠠᠭ᠋ᠠᠬᠤ᠂ ᠨᠡᠢ᠌ᠲᠡᠯᠡᠬᠦ ᠪᠠ ᠰᠢᠢ᠍ᠳᠪᠦᠷᠢᠯᠡᠬᠦ᠎ᠪᠠᠨ ᠲᠦᠷᠭᠡᠳᠬᠡᠨ᠂ ᠠᠵᠤ ᠠᠬᠤᠢ᠌ᠯᠠᠯ᠎ᠤᠨ ᠰᠢᠯᠲᠠᠭ᠋ᠠᠨ᠎ᠠᠴᠠ ᠪᠣᠯᠤᠭᠰᠠᠨ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ ᠵᠢ ᠴᠠᠭ ᠲᠤᠬᠠᠢᠳᠤᠨᠢ ᠪᠠᠢ᠌ᠴᠠᠭ᠋ᠠᠯᠲᠠ ᠬᠢᠵᠦ ᠮᠠᠭ᠋ᠠᠳᠯᠠᠨ ᠲᠣᠭᠲᠠᠭ᠋ᠠᠵᠤ᠂ ᠭᠠᠵᠠᠷ ᠰᠢᠷᠣᠢ ᠵᠢ ᠰᠤᠯᠠ ᠲᠠᠯᠪᠢᠬᠤ ᠰᠦᠢ᠍ᠳᠬᠡᠯ᠎ᠢ ᠭᠠᠵᠠᠷ ᠰᠢᠷᠣᠢ ᠵᠢ ᠪᠤᠴᠠᠭ᠋ᠠᠨ ᠠᠪᠲᠠᠯ᠎ᠠ ᠬᠠᠤᠯᠢ ᠶᠣᠰᠣᠭ᠋ᠠᠷ ᠬᠤᠷᠢᠶᠠᠵᠤ ᠠᠪᠤᠨ᠎ᠠ; ᠠᠵᠤ ᠠᠬᠤᠢ᠌ᠯᠠᠯ᠎ᠤᠨ ᠪᠤᠰᠤ ᠰᠢᠯᠲᠠᠭ᠋ᠠᠨ᠎ᠠᠴᠠ ᠪᠣᠯᠤᠭᠰᠠᠨ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ ᠵᠢ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠷᠢᠭᠤᠴᠠᠯᠭ᠎ᠠ᠎ᠪᠠᠨ ᠢᠯᠭ᠋ᠠᠨ ᠲᠣᠳᠣᠷᠬᠠᠢ᠌ᠯᠠᠵᠤ᠂ ᠵᠠᠰᠠᠭ᠎ᠤᠨ ᠣᠷᠳᠣᠨ᠎ᠤ ᠭᠠᠵᠠᠷ ᠰᠢᠷᠣᠢ ᠵᠢ ᠬᠤᠳᠠᠯᠳᠤᠨ ᠠᠪᠴᠤ ᠨᠥᠭᠡᠴᠡᠯᠡᠬᠦ᠂ 《ᠰᠤᠯᠠ ᠲᠠᠯᠪᠢᠭᠳᠠᠵᠤ ᠪᠠᠢ᠌ᠭ᠎ᠠ ᠪᠠ ᠨᠥᠭᠡᠴᠡᠯᠡᠵᠦ ᠪᠠᠢ᠌ᠭ᠎ᠠ ᠵᠢ᠎ᠨᠢ ᠦᠨ᠎ᠡ ᠬᠠᠶᠠᠯᠴᠠᠨ ᠥᠷᠢᠰᠦᠯᠳᠦᠨ ᠰᠣᠯᠢᠬᠤ》᠂ ᠬᠡᠷᠡᠭᠴᠡᠭᠡ᠎ᠳᠤ᠎ᠨᠢ ᠲᠣᠬᠢᠷᠠᠭᠤᠯᠤᠯᠲᠠ ᠬᠢᠬᠦ ᠵᠡᠷᠭᠡ ᠠᠷᠭ᠎ᠠ ᠮᠠᠶᠢᠭ᠎ᠢ ᠠᠪᠴᠤ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃ ᠵᠥᠪᠰᠢᠶᠡᠷᠡᠭᠡᠳ ᠦᠯᠦ ᠬᠠᠩᠭ᠋ᠠᠬᠤ ᠪᠠ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ ᠵᠢ ᠰᠢᠩᠭᠡᠬᠡᠨ ᠰᠢᠢ᠍ᠳᠪᠦᠷᠢᠯᠡᠬᠦ ᠰᠢᠪᠲᠤᠯᠤᠯᠲᠠ ᠵᠢᠨ ᠠᠵᠢᠯᠯᠠᠭ᠋ᠠᠨ᠎ᠢ ᠲᠦᠷᠭᠡᠬᠡᠨ ᠡᠬᠢᠯᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠵᠥᠪᠰᠢᠶᠡᠷᠡᠭᠡᠳ ᠦᠯᠦ ᠬᠠᠩᠭ᠋ᠠᠭᠰᠠᠨ 52.02 ᠲᠦᠮᠡᠨ ᠮᠦ᠍ ᠭᠠᠵᠠᠷ ᠰᠢᠷᠣᠢ᠂ ᠰᠤᠯᠠ ᠲᠠᠯᠪᠢᠭᠳᠠᠵᠤ ᠪᠠᠢ᠌ᠭ᠎ᠠ 15.92 ᠲᠦᠮᠡᠨ ᠮᠦ᠍ ᠭᠠᠵᠠᠷ ᠰᠢᠷᠣᠢ ᠵᠢ ᠴᠢᠯᠦᠭᠡᠲᠡᠢ ᠭᠦᠢ᠍ᠯᠭᠡᠭᠡᠬᠦ᠎ᠪᠠᠷ ᠴᠢᠷᠮᠠᠢ᠌ᠨ᠎ᠠ᠂ ᠡᠭᠦᠨ᠎ᠳᠤ 2022 ᠣᠨ᠎ᠳᠤ ᠲᠣᠰ ᠲᠣᠰ 10.2 ᠲᠦᠮᠡᠨ ᠮᠦ᠍ ᠪᠠ 3.2 ᠲᠦᠮᠡᠨ ᠮᠦ᠍ ᠭᠠᠵᠠᠷ ᠰᠢᠷᠣᠢ ᠵᠢ ᠴᠢᠯᠦᠭᠡᠲᠡᠢ ᠭᠦᠢ᠍ᠯᠭᠡᠭᠡᠨᠠ᠃ ᠡᠯ᠎ᠡ ᠠᠢ᠌ᠮᠠᠭ ᠬᠣᠲᠠ᠎ᠨᠢ 2022 ᠣᠨ᠎ᠤ ᠰᠡᠭᠦᠯᠴᠢ᠎ᠠᠴᠠ ᠡᠮᠦᠨ᠎ᠡ ᠭᠠᠵᠠᠷ ᠰᠢᠷᠣᠢ ᠵᠢᠨ ᠬᠣᠶᠠᠳᠤᠭ᠋ᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠲᠠᠪᠴᠠᠩ᠎ᠤᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠵᠦ᠂ ᠠᠷᠠᠯᠵᠢᠶᠠᠨ᠎ᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠷ᠎ᠡ ᠠᠰᠢᠭ ᠵᠶ᠋ᠠᠷ ᠪᠠᠷᠤᠭᠲᠠᠢ ᠬᠡᠷᠡᠭᠯᠡᠭᠡᠨ᠎ᠤ ᠭᠠᠵᠠᠷ᠎ᠢ ᠳᠠᠬᠢᠨ ᠠᠰᠢᠭᠯᠠᠬᠤ᠎ᠪᠠᠨ ᠠᠬᠢᠭᠤᠯᠤᠨ᠎ᠠ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ
ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ
ᠪᠡᠶᠡᠯᠡᠭᠦᠯᠬᠦ ᠴᠠᠭ᠎ᠤᠨ ᠬᠢᠵᠠᠭ᠋ᠠᠷ᠄ ᠣᠷᠳᠣ ᠬᠤᠭᠤᠴᠠᠭ᠎ᠠ᠎ᠪᠠᠷ ᠪᠠᠷᠢᠮᠲᠠᠯᠠᠵᠤ᠂ 2022 ᠣᠨ᠎ᠤ ᠰᠡᠭᠦᠯᠴᠢ᠎ᠳᠤ ᠱᠠᠲᠤᠴᠢ ᠴᠢᠨᠠᠷᠲᠠᠢ ᠦᠷ᠎ᠡ ᠪᠦᠲᠦᠭᠡᠯ ᠣᠯᠣᠨ᠎ᠠ
3. ᠬᠦᠷᠢᠶᠡᠯᠡᠩ ᠲᠣᠭᠣᠷᠢᠭ᠎ᠤᠨ ᠬᠡᠷᠡᠭᠯᠡᠬᠦ ᠭᠠᠵᠠᠷ᠎ᠤᠨ ᠦᠷ᠎ᠡ ᠪᠦᠲᠦᠮᠵᠢ ᠵᠢ᠎ᠨᠢ ᠳᠡᠭᠡᠭᠰᠢᠯᠡᠭᠦᠯᠦᠨ᠎ᠡ᠃ ᠣᠷᠣᠨ ᠪᠦᠰᠡ ᠵᠢᠨ ᠦᠨᠡᠯᠡᠨ ᠵᠢᠱ᠌ᠢᠭᠰᠡᠨ ᠦᠷ᠎ᠡ ᠪᠦᠲᠦᠭᠡᠯ᠎ᠢ ᠬᠠᠷᠢᠯᠴᠠᠨ ᠮᠡᠳᠡᠷᠡᠵᠦ ᠬᠠᠮᠲᠤ᠎ᠳᠤ᠎ᠪᠠᠨ ᠭᠥᠷᠳᠡᠬᠦ ᠵᠢ ᠲᠦᠷᠭᠡᠳᠬᠡᠨ ᠠᠬᠢᠭᠤᠯᠵᠤ᠂ 《ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ᠎ᠤᠨ 〈ᠪᠠᠷᠢᠮᠵᠢᠶᠠᠲᠤ ᠭᠠᠵᠠᠷ〉᠎ᠤᠨ ᠥᠭᠡᠷᠡᠴᠢᠯᠡᠯᠲᠡ ᠵᠢ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠵᠢᠯᠤᠭᠣᠳᠬᠤ ᠰᠠᠨᠠᠯ (ᠲᠤᠷᠰᠢᠨ ᠬᠡᠷᠡᠭᠵᠢᠭᠦᠯᠬᠦ)》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 27 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠡᠯ᠎ᠡ ᠠᠢ᠌ᠮᠠᠭ ᠬᠣᠲᠠ᠎ᠨᠢ 2022 ᠣᠨ᠎ᠤ ᠰᠡᠭᠦᠯᠴᠢ᠎ᠠᠴᠠ ᠡᠮᠦᠨ᠎ᠡ ᠬᠡᠷᠡᠭᠵᠢᠭᠦᠯᠬᠦ ᠨᠠᠷᠢᠨ ᠳᠦᠷᠢᠮ ᠨᠡᠢ᠌ᠲᠡᠯᠡᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠡᠷᠴᠢᠮ᠂ ᠡᠵᠡᠯᠡᠬᠦᠨ᠎ᠤ ᠨᠣᠷᠮ᠎ᠠ᠂ ᠮᠦ᠍ ᠪᠦᠷᠢ ᠵᠢᠨ ᠳᠤᠮᠳᠠᠴᠢ ᠭᠠᠢ᠌ᠯᠢ ᠲᠠᠲᠠᠪᠤᠷᠢ ᠵᠡᠷᠭᠡ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ ᠵᠢ ᠨᠠᠷᠢᠯᠢᠭᠵᠢᠭᠤᠯᠤᠨ᠂ 《ᠪᠠᠷᠢᠮᠵᠢᠶᠠᠲᠤ ᠭᠠᠵᠠᠷ》᠎ᠢ ᠲᠥᠯᠥᠪᠦᠷᠢᠲᠡᠢ ᠰᠢᠯᠵᠢᠭᠦᠯᠬᠦ ᠵᠢᠨ ᠬᠠᠮᠲᠤ᠂ ᠲᠡᠭᠦᠨ᠎ᠤ ᠰᠢᠨ᠎ᠡ᠎ᠪᠠᠷ ᠨᠡᠮᠡᠭᠳᠡᠭᠰᠡᠨ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ᠎ᠢ ᠲᠥᠯᠥᠪᠦᠷᠢᠲᠡᠢ ᠰᠢᠯᠵᠢᠭᠦᠯᠬᠦ᠎ᠳᠠᠬᠢ ᠡᠵᠡᠯᠡᠬᠦ ᠬᠠᠷᠢᠴᠠᠯ᠎ᠢ ᠠᠯᠬᠤᠮ ᠠᠯᠬᠤᠮ ᠵᠶ᠋ᠠᠷ ᠥᠷᠭᠡᠳᠬᠡᠨ᠎ᠡ᠃ ᠨᠡᠭᠡᠭᠡᠯᠲᠡ ᠵᠢᠨ ᠲᠣᠭᠣᠷᠢᠭ᠎ᠤᠨ ᠭᠠᠵᠠᠷ ᠰᠢᠷᠣᠢ ᠵᠢ ᠠᠷᠪᠢᠲᠠᠢ ᠡᠷᠴᠢᠮᠯᠢᠭ ᠬᠡᠷᠡᠭᠯᠡᠭᠰᠡᠨ᠎ᠢ ᠦᠨᠡᠯᠡᠬᠦ ᠠᠵᠢᠯ ᠵᠶ᠋ᠠᠨ ᠪᠡᠶᠡᠯᠡᠭᠦᠯᠵᠦ᠂ ᠦᠷ᠎ᠡ ᠠᠰᠢᠭ ᠵᠶ᠋ᠠᠷ ᠳᠣᠣᠷ᠎ᠠ ᠴᠢᠨᠠᠷ ᠮᠠᠭᠤᠲᠠᠢ ᠲᠥᠷᠥᠯ ᠵᠦᠢ᠍ᠯ᠎ᠳᠤ ᠬᠡᠷᠡᠭᠯᠡᠬᠦ ᠭᠠᠵᠠᠷ᠎ᠢ ᠰᠤᠯᠠᠯᠠᠵᠤ ᠪᠤᠴᠠᠭ᠋ᠠᠬᠤ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠬᠦᠷᠢᠶᠡᠯᠡᠩ ᠲᠣᠭᠣᠷᠢᠭ᠎ᠤᠨ ᠭᠠᠵᠠᠷ ᠰᠢᠷᠣᠢ ᠵᠢᠨ ᠭᠠᠷᠭ᠋ᠠᠯᠲᠠ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠬᠡᠷᠡᠭᠲᠡᠢ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ
ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠣᠷᠴᠢᠨ ᠲᠣᠭᠣᠷᠢᠨ᠎ᠤ ᠲᠢᠩᠬᠢᠮ
ᠪᠡᠶᠡᠯᠡᠭᠦᠯᠬᠦ ᠴᠠᠭ᠎ᠤᠨ ᠬᠢᠵᠠᠭ᠋ᠠᠷ᠄ ᠣᠷᠳᠣ ᠬᠤᠭᠤᠴᠠᠭ᠎ᠠ᠎ᠪᠠᠷ ᠪᠠᠷᠢᠮᠲᠠᠯᠠᠵᠤ᠂ 2022 ᠣᠨ᠎ᠤ ᠰᠡᠭᠦᠯᠴᠢ᠎ᠳᠤ ᠱᠠᠲᠤᠴᠢ ᠴᠢᠨᠠᠷᠲᠠᠢ ᠦᠷ᠎ᠡ ᠪᠦᠲᠦᠭᠡᠯ ᠣᠯᠣᠨ᠎ᠠ
4. ᠭᠠᠵᠠᠷ ᠰᠢᠷᠣᠢ ᠵᠢ ᠲᠥᠯᠥᠪᠦᠷᠢᠲᠡᠢ ᠰᠢᠯᠵᠢᠭᠦᠯᠬᠦ ᠠᠷᠭ᠎ᠠ ᠮᠠᠶᠢᠭ᠎ᠢ ᠬᠤᠪᠢᠷᠠᠭᠤᠯᠤᠨ᠎ᠠ᠃ ᠡᠯ᠎ᠡ ᠭᠠᠵᠠᠷ ᠣᠷᠣᠨ᠎ᠤ ᠰᠠᠯᠬᠢᠨ ᠬᠦᠴᠦᠨ ᠪᠠ ᠭᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ ᠰᠢᠨ᠎ᠡ ᠡᠨᠧᠷᠭᠢ ᠵᠢᠨ ᠲᠥᠷᠥᠯ ᠵᠦᠢ᠍ᠯ᠂ ᠨᠡᠭᠦᠷᠡᠰᠦ ᠪᠠ ᠲᠣᠰᠣ ᠬᠡᠢ ᠵᠡᠷᠭᠡ ᠡᠨᠧᠷᠭᠢ ᠵᠢᠨ ᠲᠥᠷᠥᠯ ᠵᠦᠢ᠍ᠯ᠂ ᠴᠠᠬᠢᠯᠭ᠋ᠠᠨ ᠬᠦᠷᠭᠡᠵᠦ ᠬᠦᠴᠦᠳᠡᠯ ᠥᠭᠡᠷᠡᠴᠢᠯᠡᠬᠦ ᠢᠨᠵᠧᠨᠧᠷᠢᠩ᠎ᠤᠨ ᠲᠥᠷᠥᠯ ᠵᠦᠢ᠍ᠯ᠎ᠤᠳ᠎ᠲᠤ ᠭᠠᠵᠠᠷ ᠰᠢᠷᠣᠢ ᠵᠢ ᠪᠦᠬᠦ ᠲᠠᠯ᠎ᠠ᠎ᠪᠠᠷ ᠲᠥᠯᠦᠪᠦᠷᠢ᠎ᠲᠡᠢ ᠬᠠᠩᠭ᠋ᠠᠬᠤ ᠵᠢ ᠰᠢᠮᠳᠠᠭᠤᠯᠤᠨ ᠵᠢᠯᠣᠭᠣᠳᠤᠨ᠎ᠠ᠃ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠤ᠎ᠬᠢᠨ ᠠᠵᠤ ᠦᠢ᠍ᠯᠡᠰ᠎ᠲᠤ ᠬᠡᠷᠡᠭᠯᠡᠬᠦ ᠭᠠᠵᠠᠷ ᠰᠢᠷᠣᠢ ᠵᠢ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠬᠠᠩᠭ᠋ᠠᠬᠤ ᠵᠢ᠎ᠨᠢ ᠳᠠᠮᠵᠢᠵᠤ᠂ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠪᠠᠢ᠌ᠳᠠᠯ᠎ᠳᠤ ᠭᠠᠵᠠᠷ ᠰᠢᠷᠣᠢ ᠬᠡᠷᠡᠭᠯᠡᠬᠦ ᠵᠢ ᠳᠡᠮᠵᠢᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ ᠤᠯᠤᠰ᠎ᠤᠨ ᠥᠮᠴᠢᠯᠡᠯᠲᠦ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠬᠡᠷᠡᠭᠯᠡᠬᠦ ᠡᠷᠬᠡ ᠵᠢ ᠬᠠᠩᠰᠢᠯᠠᠵᠤ ᠪᠡᠯᠡ ᠭᠠᠷᠭ᠋ᠠᠬᠤ᠂ ᠬᠤᠪᠢ ᠣᠷᠣᠭᠤᠯᠬᠤ ᠵᠡᠷᠭᠡ ᠠᠷᠭ᠎ᠠ ᠮᠠᠶᠢᠭ ᠵᠶ᠋ᠠᠷ᠂ ᠬᠤᠪᠢᠶᠠᠷᠢᠯᠠᠨ ᠰᠠᠯᠭ᠋ᠠᠵᠤ ᠥᠭᠭᠦᠭᠰᠡᠨ ᠭᠠᠵᠠᠷ ᠰᠢᠷᠣᠢ ᠵᠢ ᠬᠡᠷᠡᠭᠯᠡᠵᠦ ᠪᠣᠯᠬᠤ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠪᠠᠲᠤᠯᠠᠭ᠎ᠠ ᠵᠢᠨ ᠴᠢᠨᠠᠷᠲᠠᠢ ᠠᠮᠤᠭᠤᠯᠠᠩ ᠣᠷᠣᠨ ᠰᠠᠭᠤᠴᠠ ᠵᠢᠨ ᠢᠨᠵᠧᠨᠧᠷᠢᠩ᠂ ᠨᠠᠰᠤᠵᠢᠯ᠂ ᠰᠤᠷᠭ᠋ᠠᠨ ᠬᠥᠮᠦᠵᠢᠯ᠂ ᠰᠣᠶᠣᠯ᠂ ᠪᠡᠶ᠎ᠡ ᠵᠢᠨ ᠲᠠᠮᠢᠷ ᠵᠢᠴᠢ ᠤᠰᠤ ᠬᠠᠩᠭ᠋ᠠᠬᠤ᠂ ᠰᠢᠲᠠᠮᠠᠬᠠᠢ ᠬᠡᠢ ᠬᠠᠩᠭ᠋ᠠᠬᠤ᠂ ᠢᠯᠴᠢ ᠬᠠᠩᠭ᠋ᠠᠬᠤ ᠪᠡᠯᠡᠳᠬᠡᠮᠵᠢ ᠵᠡᠷᠭᠡ ᠲᠥᠷᠥᠯ ᠵᠦᠢ᠍ᠯ᠎ᠳᠤ᠎ᠨᠢ ᠭᠠᠵᠠᠷ ᠰᠢᠷᠣᠢ ᠬᠠᠩᠭ᠋ᠠᠵᠤ᠂ ᠭᠠᠵᠠᠷ ᠰᠢᠷᠣᠢ ᠵᠢᠨ ᠡᠬᠢ ᠪᠠᠶᠠᠯᠢᠭ᠎ᠤᠨ ᠦᠨ᠎ᠡ ᠥᠷᠲᠡᠭ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠳᠠᠷᠠᠭᠤᠯᠬᠤ ᠬᠡᠷᠡᠭᠲᠡᠢ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ
ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ
ᠪᠡᠶᠡᠯᠡᠭᠦᠯᠬᠦ ᠴᠠᠭ᠎ᠤᠨ ᠬᠢᠵᠠᠭ᠋ᠠᠷ᠄ ᠤᠷᠲᠤ ᠬᠤᠭᠤᠴᠠᠭ᠎ᠠ᠎ᠪᠠᠷ ᠪᠠᠷᠢᠮᠲᠠᠯᠠᠨ᠎ᠠ
5. ᠳᠣᠣᠷ᠎ᠠ ᠠᠰᠢᠭᠯᠠᠮᠵᠢ᠎ᠲᠠᠢ ᠬᠡᠷᠡᠭᠯᠡᠬᠦ ᠭᠠᠵᠠᠷ ᠰᠢᠷᠣᠢ ᠵᠢᠨ ᠦᠨ᠎ᠡ ᠥᠷᠲᠡᠭ᠎ᠢ ᠳᠡᠭᠡᠭᠰᠢᠯᠡᠭᠦᠯᠦᠨ᠎ᠡ᠃ ᠰᠠᠯᠬᠢᠨ ᠬᠦᠴᠦᠨ ᠪᠠ ᠬᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ ᠲᠣᠮᠣ ᠬᠡᠯᠪᠡᠷᠢ ᠵᠢᠨ ᠲᠥᠷᠥᠯ ᠵᠦᠢ᠍ᠯ᠎ᠳᠤ ᠡᠯᠡᠰᠦ ᠮᠠᠩᠬ᠎ᠠ᠂ ᠭᠣᠪᠢ ᠴᠥᠯ᠂ ᠡᠵᠡᠭᠦᠢ ᠲᠠᠯ᠎ᠠ ᠵᠡᠷᠭᠡ ᠠᠰᠢᠭᠯᠠᠭ᠋ᠠᠳᠤᠢ ᠭᠠᠵᠠᠷ᠎ᠢ ᠬᠡᠷᠡᠭᠯᠡᠬᠦ ᠵᠢ ᠵᠣᠷᠢᠭᠵᠢᠭᠤᠯᠵᠤ᠂ 《ᠳᠡᠭᠡᠷ᠎ᠡ᠎ᠪᠠᠨ ᠰᠠᠯᠬᠢᠨ ᠬᠦᠴᠦᠨ ᠳᠣᠣᠷ᠎ᠠ᠎ᠨᠢ ᠭᠡᠷᠡᠯ ᠴᠡᠨᠡᠭ》 ᠵᠡᠷᠭᠡ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠬᠠᠮ ᠬᠡᠯᠪᠡᠷᠢ ᠵᠢᠨ ᠭᠠᠵᠠᠷ ᠰᠢᠷᠣᠢ ᠬᠡᠷᠡᠭᠯᠡᠬᠦ ᠵᠢ ᠠᠬᠢᠭᠤᠯᠵᠤ᠂ ᠭᠠᠵᠠᠷ ᠰᠢᠷᠣᠢ ᠵᠢᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ ᠪᠤᠶᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠲᠦᠷᠢᠶᠡᠰᠦᠯᠡᠬᠦ ᠪᠤᠶᠤ ᠬᠤᠪᠢ ᠣᠷᠣᠭᠤᠯᠬᠤ ᠠᠷᠭ᠎ᠠ ᠮᠠᠶᠢᠭ ᠵᠶ᠋ᠠᠷ ᠭᠠᠵᠠᠷ ᠰᠢᠷᠣᠢ ᠬᠠᠩᠭ᠋ᠠᠬᠤ ᠵᠢ ᠵᠣᠷᠢᠭᠵᠢᠭᠤᠯᠤᠨ ᠵᠢᠯᠣᠭᠣᠳᠤᠨ᠎ᠠ᠃ 《ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠳᠤ ᠨᠡᠢ᠌ᠭᠡᠮ᠎ᠤᠨ ᠬᠥᠷᠥᠩᠭᠡ ᠵᠢᠨ ᠣᠷᠤᠯᠴᠠᠬᠤ ᠵᠢ ᠵᠣᠷᠢᠭᠵᠢᠭᠤᠯᠤᠨ ᠳᠡᠮᠵᠢᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2021] 40 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠦᠮᠴᠢᠯᠡᠯ᠎ᠤᠨ ᠡᠷᠬᠡ ᠵᠢᠨ ᠬᠣᠯᠪᠣᠭᠳᠠᠬᠤ ᠡᠷᠬᠡ ᠠᠰᠢᠭ᠎ᠢ ᠢᠯᠭ᠋ᠠᠷᠠᠭᠤᠯᠵᠤ᠂ ᠦᠢ᠍ᠯᠡᠳᠪᠦᠷᠢ ᠠᠭᠤᠷᠬᠠᠢ ᠵᠢᠨ ᠬᠡᠷᠡᠭᠯᠡᠬᠦ ᠭᠠᠵᠠᠷ᠎ᠢ ᠥᠨᠳᠥᠷ ᠦᠷ᠎ᠡ ᠪᠦᠲᠦᠮᠵᠢᠲᠡᠶ᠎ᠪᠠᠷ ᠠᠰᠢᠭᠯᠠᠬᠤ ᠵᠢ ᠠᠬᠢᠭᠤᠯᠤᠨ᠎ᠠ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ
ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ
ᠪᠡᠶᠡᠯᠡᠭᠦᠯᠬᠦ ᠴᠠᠭ᠎ᠤᠨ ᠬᠢᠵᠠᠭ᠋ᠠᠷ᠄ ᠤᠷᠲᠤ ᠬᠤᠭᠤᠴᠠᠭ᠎ᠠ᠎ᠪᠠᠷ ᠪᠠᠷᠢᠮᠲᠠᠯᠠᠨ᠎ᠠ
6. ᠭᠠᠵᠠᠷ ᠰᠢᠷᠣᠢ ᠵᠢᠨ ᠦᠨ᠎ᠡ ᠬᠠᠩᠰᠢ ᠵᠢᠨ ᠲᠣᠬᠢᠷᠠᠭᠤᠯᠭ᠎ᠠ ᠡᠵᠡᠮᠰᠢᠯ᠎ᠢ ᠴᠢᠩᠭ᠋ᠠᠷᠠᠭᠤᠯᠤᠨ᠎ᠠ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠤᠰ ᠭᠠᠵᠠᠷ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠰᠠᠭᠤᠷᠢ ᠪᠠᠷᠢᠮᠵᠢᠶᠠᠲᠤ ᠭᠠᠵᠠᠷ᠎ᠤᠨ ᠦᠨ᠎ᠡ ᠵᠢ 2 ᠵᠢᠯ᠎ᠠᠴᠠ 3 ᠵᠢᠯ ᠪᠣᠯᠬᠤ ᠪᠦᠷᠢ ᠨᠢᠭᠡ ᠤᠳᠠᠭ᠎ᠠ ᠲᠣᠬᠢᠷᠠᠭᠤᠯᠵᠤ ᠰᠢᠨᠡᠳᠬᠡᠬᠦ ᠬᠡᠷᠡᠭᠲᠡᠢ᠃ ᠬᠣᠷᠸ᠎ᠠ ᠲᠣᠬᠢᠷᠠᠭᠤᠯᠭ᠎ᠠ ᠡᠵᠡᠮᠰᠢᠯ᠎ᠳᠠᠬᠢ ᠭᠠᠵᠠᠷ ᠰᠢᠷᠣᠢ ᠵᠢᠨ ᠦᠨ᠎ᠡ ᠬᠠᠩᠰᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠲᠣᠭᠲᠠᠭ᠋ᠠᠭᠰᠠᠨ ᠡᠩ ᠲᠡᠷᠢᠭᠦᠨ᠎ᠳᠤ ᠬᠥᠭᠵᠢᠭᠦᠯᠬᠦ ᠠᠵᠤ ᠦᠢ᠍ᠯᠡᠰ ᠪᠣᠯᠬᠤ ᠮᠥᠷᠲᠡᠭᠡᠨ ᠭᠠᠵᠠᠷ ᠰᠢᠷᠣᠢ ᠵᠢ ᠡᠷᠴᠢᠮᠯᠢᠭ ᠠᠰᠢᠭᠯᠠᠭᠰᠠᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠳᠤ ᠭᠠᠵᠠᠷ ᠰᠢᠷᠣᠢ ᠵᠢ ᠲᠥᠯᠥᠪᠦᠷᠢᠲᠡᠢ ᠰᠢᠯᠵᠢᠭᠦᠯᠬᠦ ᠰᠠᠭᠤᠷᠢ ᠦᠨ᠎ᠡ ᠵᠢ᠎ᠨᠢ ᠲᠣᠭᠲᠠᠭ᠋ᠠᠬᠤ᠎ᠳᠤ᠎ᠪᠠᠨ ᠪᠠᠢ᠌ᠭ᠎ᠠ ᠭᠠᠵᠠᠷ᠎ᠤᠨ ᠭᠠᠵᠠᠷ ᠰᠢᠷᠣᠢ ᠵᠢᠨ ᠳᠡᠰ ᠢᠯᠭ᠋ᠠᠯ᠎ᠤᠨ ᠬᠠᠷᠢᠴᠠᠩᠭᠤᠢ ᠪᠠᠷᠢᠮᠵᠢᠶ᠎ᠠ ᠵᠢᠨ 70 %᠎ᠠᠴᠠ ᠳᠣᠣᠷ᠎ᠠ ᠪᠠᠢ᠌ᠯᠭ᠋ᠠᠬᠤ ᠦᠭᠡᠢ᠎ᠪᠠᠷ ᠬᠡᠷᠡᠭᠵᠢᠭᠦᠯᠵᠦ᠂ ᠬᠠᠮᠤᠭ᠎ᠤᠨ ᠳᠣᠣᠷ᠎ᠠ ᠦᠨ᠎ᠡ ᠵᠢᠨ ᠪᠠᠷᠢᠮᠵᠢᠶ᠎ᠠ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠵᠥᠷᠢᠴᠡᠨ ᠠᠵᠤ ᠦᠢ᠍ᠯᠡᠳᠪᠦᠷᠢ ᠵᠢᠨ ᠬᠡᠷᠡᠭᠯᠡᠬᠦ ᠭᠠᠵᠠᠷ ᠰᠢᠷᠣᠢ ᠵᠢ ᠲᠥᠯᠥᠪᠦᠷᠢᠲᠡᠢ ᠰᠢᠯᠵᠢᠭᠦᠯᠬᠦ ᠵᠢ ᠴᠢᠩᠭ᠎ᠠ ᠴᠠᠭ᠋ᠠᠵᠠᠯᠠᠨ᠎ᠠ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ
ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ
ᠪᠡᠶᠡᠯᠡᠭᠦᠯᠬᠦ ᠴᠠᠭ᠎ᠤᠨ ᠬᠢᠵᠠᠭ᠋ᠠᠷ᠄ ᠤᠷᠲᠤ ᠬᠤᠭᠤᠴᠠᠭ᠎ᠠ᠎ᠪᠠᠷ ᠪᠠᠷᠢᠮᠲᠠᠯᠠᠨ᠎ᠠ
7. ᠭᠠᠵᠠᠷ ᠰᠢᠷᠣᠢ ᠨᠥᠭᠡᠴᠡᠯᠡᠬᠦ ᠠᠷᠭ᠎ᠠ ᠮᠠᠶᠢᠭ᠎ᠲᠤ ᠰᠢᠨ᠎ᠡ ᠵᠢ ᠡᠭᠦᠳᠦᠨ᠎ᠡ᠃ ᠭᠠᠵᠠᠷ ᠰᠢᠷᠣᠢ ᠵᠢᠨ ᠡᠬᠢ ᠪᠠᠶᠠᠯᠢᠭ᠎ᠤᠨ ᠮᠡᠳᠡᠭᠡ ᠵᠠᠩᠭᠢ ᠵᠢᠨ ᠨᠥᠭᠡᠴᠡᠯᠡᠬᠦ ᠲᠠᠪᠴᠠᠩ᠎ᠢ ᠪᠠᠢ᠌ᠭᠤᠯᠵᠤ᠂ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠭᠦᠢ᠍ᠴᠡᠳᠬᠡᠯ ᠲᠣᠭ᠎ᠠ᠂ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠭᠦᠢ᠍ᠴᠡᠳᠬᠡᠯ ᠲᠣᠭ᠎ᠠ ᠵᠢ ᠮᠡᠳᠡᠭᠡ ᠵᠠᠩᠭᠢ ᠵᠢᠨ ᠨᠥᠭᠡᠴᠡᠯᠡᠬᠦ ᠲᠠᠪᠴᠠᠩ᠎ᠳᠤ ᠣᠷᠣᠭᠤᠯᠤᠨ᠎ᠠ᠃ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠢ ᠭᠠᠵᠠᠷ ᠰᠢᠷᠣᠢ ᠵᠢᠨ ᠨᠥᠭᠡᠴᠡ ᠪᠡᠯᠡ ᠮᠥᠩᠭᠥᠨ᠎ᠤ ᠣᠷᠣᠭᠤᠯᠤᠯᠲᠠ᠎ᠪᠠᠨ ᠨᠡᠮᠡᠭᠳᠡᠭᠦᠯᠵᠦ᠂ ᠭᠠᠵᠠᠷ ᠰᠢᠷᠣᠢ ᠨᠥᠭᠡᠴᠡᠯᠡᠬᠦ ᠬᠡᠪᠴᠢᠶ᠎ᠡ᠎ᠪᠠᠨ ᠥᠷᠭᠡᠳᠬᠡᠨ᠂ ᠵᠠᠰᠠᠭ᠎ᠤᠨ ᠣᠷᠳᠣᠨ᠎ᠠᠴᠠ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠵᠠᠬ᠎ᠠ ᠳᠡᠯᠭᠡᠭᠦᠷ᠎ᠢ ᠲᠣᠬᠢᠷᠠᠭᠤᠯᠤᠨ ᠡᠵᠡᠮᠳᠡᠬᠦ ᠪᠠ ᠪᠠᠲᠤᠯᠠᠬᠤ ᠴᠢᠳᠠᠪᠤᠷᠢ᠎ᠪᠠᠨ ᠨᠡᠮᠡᠭᠳᠡᠭᠦᠯᠬᠦ ᠬᠡᠷᠡᠭᠲᠡᠢ᠃
ᠬᠠᠷᠢᠭᠤᠴᠠᠯᠭ᠋ᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ
ᠬᠠᠮᠵᠢᠯᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
ᠪᠡᠶᠡᠯᠡᠭᠦᠯᠬᠦ ᠴᠠᠭ᠎ᠤᠨ ᠬᠢᠵᠠᠭ᠋ᠠᠷ᠄ ᠣᠷᠳᠣ ᠬᠤᠭᠤᠴᠠᠭ᠎ᠠ᠎ᠪᠠᠷ ᠪᠠᠷᠢᠮᠲᠠᠯᠠᠵᠤ᠂ 2022 ᠣᠨ᠎ᠤ ᠰᠡᠭᠦᠯᠴᠢ᠎ᠠᠴᠠ ᠡᠮᠦᠨ᠎ᠡ ᠭᠠᠵᠠᠷ ᠰᠢᠷᠣᠢ ᠵᠢᠨ ᠡᠬᠢ ᠪᠠᠶᠠᠯᠢᠭ᠎ᠢ ᠨᠥᠭᠡᠴᠡᠯᠡᠬᠦ ᠮᠡᠳᠡᠭᠡ ᠵᠠᠩᠭᠢ ᠵᠢᠨ ᠲᠠᠪᠴᠠᠩ᠎ᠢ ᠪᠠᠢ᠌ᠭᠤᠯᠤᠨ᠎ᠠ
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠰᠢᠮᠳᠠᠭᠤᠯᠤᠨ ᠵᠢᠯᠤᠭᠣᠳᠴᠤ ᠪᠠᠢ᠌ᠭ᠋ᠠᠳ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯ᠎ᠢ ᠱᠠᠯᠠᠪᠳᠠᠨ ᠥᠷᠨᠢᠭᠦᠯᠬᠦ ᠬᠡᠷᠡᠭᠲᠡᠢ᠃ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ (ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠪᠠᠢ᠌ᠷᠢᠯᠠᠭᠤᠯᠤᠨ᠎ᠠ)᠎ᠨᠢ ᠠᠵᠢᠯ ᠵᠶ᠋ᠠᠨ ᠨᠢᠭᠡᠳᠦᠯᠲᠡᠢ ᠲᠥᠯᠥᠪᠯᠡᠬᠦ᠎ᠪᠠᠨ ᠴᠢᠩᠭ᠋ᠠᠷᠠᠭᠤᠯᠵᠤ᠂ ᠬᠢᠨᠠᠮᠠᠭ᠋ᠠᠢ ᠰᠢᠮᠳᠠᠭᠤᠯᠤᠨ ᠨᠠᠢ᠌ᠳᠠᠪᠤᠷᠢᠵᠢᠭᠤᠯᠵᠤ᠂ ᠠᠵᠢᠯ᠎ᠤᠨ ᠠᠬᠢᠴᠠ ᠵᠢᠨ ᠪᠠᠢ᠌ᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ᠂ ᠴᠢᠬᠤᠯᠠ ᠶᠡᠬᠡ ᠠᠰᠠᠭᠤᠳᠠᠯ᠎ᠢ ᠤᠳᠤᠷᠢᠳᠬᠤ ᠳᠤᠭᠤᠢ᠌ᠯᠠᠩ᠎ᠳᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠵᠣᠬᠢᠴᠠᠯᠳᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠨ᠂ ᠡᠯ᠎ᠡ ᠵᠦᠢ᠍ᠯ᠎ᠤᠨ ᠡᠭᠦᠷᠭᠡ ᠵᠢ ᠬᠦᠴᠦᠲᠡᠢ ᠪᠥᠭᠡᠳ ᠡᠮᠬᠢ ᠵᠢᠷᠤᠮ᠎ᠲᠠᠢ ᠪᠦᠲᠦᠮᠵᠢᠲᠡᠶ ᠠᠬᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
(ᠬᠣᠶᠠᠷ) ᠮᠡᠳᠡᠭᠡ ᠵᠠᠩᠭᠢ ᠵᠢᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ᠃ ᠭᠠᠵᠠᠷ ᠰᠢᠷᠣᠢ ᠵᠢᠨ ᠡᠬᠢ ᠪᠠᠶᠠᠯᠢᠭ᠎ᠤᠨ ᠮᠡᠳᠡᠭᠡ ᠵᠠᠩᠭᠢ ᠵᠢ ᠨᠥᠭᠡᠴᠡᠯᠡᠬᠦ ᠲᠠᠪᠴᠠᠩ᠎ᠢ ᠪᠠᠢ᠌ᠭᠤᠯᠵᠤ᠂ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠦᠷᠢᠯᠡᠬᠦ ᠵᠢ ᠲᠡᠩᠴᠡᠭᠦᠷᠢᠰᠢᠭᠦᠯᠬᠦ ᠭᠦᠢ᠍ᠴᠡᠳᠬᠡᠯ ᠲᠣᠭ᠎ᠠ᠂ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠬᠤ ᠦᠯᠡᠳᠡᠯ ᠭᠦᠢ᠍ᠴᠡᠳᠬᠡᠯ ᠲᠣᠭ᠎ᠠ ᠵᠢᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠲᠥᠯᠥᠪᠯᠡᠬᠦ ᠨᠡᠪᠲᠡᠷᠡᠯ ᠵᠠᠮ᠎ᠢ ᠨᠠᠪᠲᠠᠷᠡᠭᠦᠯᠵᠦ᠂ ᠮᠡᠳᠡᠭᠡ ᠵᠠᠩᠭᠢ ᠵᠢᠨ ᠲᠦᠭᠵᠢᠷᠡᠯ᠎ᠢ ᠠᠷᠢᠯᠭ᠋ᠠᠨ᠂ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠲᠣᠭ᠎ᠠ ᠪᠠᠷᠢᠮᠲᠠ ᠵᠢᠨ ᠬᠠᠷᠢᠯᠴᠠᠨ ᠬᠣᠯᠪᠣᠭ᠋ᠠᠯᠠᠵᠤ ᠬᠠᠮᠲᠤ᠎ᠪᠠᠷ ᠭᠥᠷᠳᠡᠬᠦ ᠵᠢ ᠪᠡᠶᠡᠯᠡᠭᠦᠯᠵᠦ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢᠨ ᠶᠡᠷᠦᠩᠬᠡᠢ᠌ᠯᠡᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
(ᠭᠤᠷᠪᠠ) ᠠᠵᠢᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠤᠰ᠎ᠤᠨ ᠬᠠᠮᠢᠶ᠎ᠠ ᠪᠦᠬᠦᠢ ᠶᠠᠮᠤᠨ ᠵᠥᠪᠯᠡᠯ᠎ᠯᠦᠭᠡ ᠵᠢᠨ ᠵᠣᠯᠭ᠋ᠠᠭᠤᠯᠤᠯᠲᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠪᠠ ᠪᠡᠯᠡ ᠮᠥᠩᠭᠥᠨ᠎ᠤ ᠳᠡᠮᠵᠢᠯᠭᠡ ᠵᠢ ᠪᠦᠬᠦ ᠬᠦᠴᠦᠨ ᠵᠶ᠋ᠡᠷ ᠵᠶ᠋ᠡᠨ ᠴᠢᠷᠮᠠᠢ᠌ᠨ ᠣᠯᠬᠤ ᠬᠡᠷᠡᠭᠲᠡᠢ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠠᠵᠢᠯ᠎ᠤᠨ ᠵᠠᠷᠤᠳᠠᠯ᠎ᠢ ᠨᠠᠢ᠌ᠳᠠᠪᠤᠷᠢᠵᠢᠭᠤᠯᠤᠨ᠂ ᠬᠠᠮᠢᠶ᠎ᠠ ᠪᠦᠬᠦᠢ ᠲᠥᠬᠥᠷ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠢ᠌ᠲᠡᠯᠡᠵᠦ᠂ ᠡᠯ᠎ᠡ ᠵᠦᠢ᠍ᠯ᠎ᠤᠨ ᠠᠵᠢᠯ᠎ᠢ ᠤᠷᠤᠭᠰᠢᠲᠠᠢ ᠠᠬᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠭᠠᠵᠠᠷ ᠰᠢᠷᠣᠢ ᠵᠢᠨ ᠡᠬᠢ ᠪᠠᠶᠠᠯᠢᠭ᠎ᠤᠨ ᠬᠠᠮᠢᠶᠠᠷᠤᠯᠲᠠ ᠪᠠ ᠮᠡᠷᠭᠡᠵᠢᠯ᠎ᠤᠨ ᠪᠣᠯᠪᠠᠰᠤᠷᠠᠯ᠎ᠢ ᠴᠢᠩᠭ᠋ᠠᠳᠬᠠᠵᠤ᠂ ᠠᠵᠢᠯ ᠵᠶ᠋ᠠᠨ ᠴᠢᠨᠠᠷ ᠰᠠᠢ᠌ᠲᠠᠢ ᠥᠨᠳᠥᠷ ᠦᠷ᠎ᠡ ᠪᠦᠲᠦᠮᠵᠢᠲᠡᠶ ᠥᠷᠨᠢᠭᠦᠯᠬᠦ᠎ᠳᠤ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ; ᠡᠭᠦᠷᠭᠡ ᠬᠠᠷᠠᠯᠲᠠ ᠵᠢᠨ ᠰᠢᠯᠭ᠋ᠠᠨ ᠬᠢᠨᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠰᠢᠯᠭ᠋ᠠᠨ ᠬᠢᠨᠠᠭᠰᠠᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠬᠤ ᠬᠡᠷᠡᠭᠲᠡᠢ; ᠤᠬᠠᠭᠤᠯᠭ᠎ᠠ ᠵᠢᠨ ᠠᠵᠢᠯ᠎ᠢ ᠥᠷᠭᠡᠨ ᠵᠶ᠋ᠡᠷ ᠥᠷᠨᠢᠭᠦᠯᠵᠦ᠂ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠰᠠᠢ᠌ᠨ ᠰᠠᠢ᠌ᠬᠠᠨ ᠨᠡᠢ᠌ᠭᠡᠮ᠎ᠤᠨ ᠣᠷᠴᠢᠨ ᠠᠬᠤᠢ ᠵᠢ ᠪᠣᠶ ᠪᠣᠯᠭ᠋ᠠᠬᠤ ᠬᠡᠷᠡᠭᠲᠡᠢ᠃
ᠳᠠᠭ᠋ᠠᠯᠳᠤᠭᠤᠯᠤᠯ᠄
1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠷᠣᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠭᠡᠰᠢᠭᠦᠳ᠎ᠤᠨ ᠨᠡᠷᠡᠰ
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠨᠥᠬᠥᠪᠦᠷᠢ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢᠨ ᠵᠠᠳᠠᠯᠤᠯᠲᠠ ᠵᠢᠨ ᠬᠦᠰᠦᠨᠦᠭᠲᠦ
3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢᠨ ᠨᠡᠮᠡᠭᠳᠡᠯ ᠬᠠᠰᠤᠭᠳᠠᠯ᠎ᠢ ᠬᠣᠯᠪᠣᠭᠳᠠᠭᠤᠯᠤᠨ ᠬᠠᠭᠤᠴᠢᠨ᠎ᠢ ᠨᠤᠷᠠᠭ᠋ᠠᠵᠤ ᠳᠠᠬᠢᠨ ᠬᠠᠭ᠋ᠠᠯᠪᠤᠷᠢᠯᠠᠬᠤ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢᠨ ᠵᠠᠳᠠᠯᠤᠯᠲᠠ ᠵᠢᠨ ᠬᠦᠰᠦᠨᠦᠭᠲᠦ
4. 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠵᠥᠪᠰᠢᠶᠡᠷᠡᠭᠰᠡᠨ ᠪᠣᠯᠪᠠᠴᠤ ᠦᠯᠦ ᠬᠠᠩᠭ᠋ᠠᠭᠰᠠᠨ ᠭᠠᠵᠠᠷ ᠰᠢᠷᠣᠢ ᠵᠢ ᠰᠢᠩᠭᠡᠭᠡᠬᠦ ᠬᠠᠷᠠᠯᠲᠠ ᠡᠭᠦᠷᠭᠡ ᠵᠢᠨ ᠵᠠᠳᠠᠯᠤᠯᠲᠠ ᠵᠢᠨ ᠬᠦᠰᠦᠨᠦᠭᠲᠦ
5. 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠤ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠢ ᠵᠢ ᠰᠢᠢ᠍ᠳᠪᠦᠷᠢᠯᠡᠬᠦ ᠬᠠᠷᠠᠯᠲᠠ ᠡᠭᠦᠷᠭᠡ ᠵᠢᠨ ᠵᠠᠳᠠᠯᠤᠯᠲᠠ ᠵᠢᠨ ᠬᠦᠰᠦᠨᠦᠭᠲᠦ











