ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠪᠢᠴᠢᠭ ᠮᠠᠲᠸᠷᠢᠶᠠᠯ
ᠥᠪᠥᠷ ᠵᠠᠰᠠᠭ ᠠᠯᠪᠠᠨ ᠲᠠᠷᠬᠠᠭ᠋ᠠᠭᠰᠠᠨ [2022] 85 ᠳ᠋ᠤᠭ᠋ᠠᠷ ᠲᠣᠭ᠋ᠠᠲᠤ
ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠵᠢᠯᠤᠭᠣᠳᠬᠤ ᠰᠠᠨᠠᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ ᠄
《ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠢᠳᠡᠭᠡᠨ᠎ᠤ ᠠᠮᠤᠷ ᠲᠦᠪᠰᠢᠨ᠎ᠤ ᠠᠵᠢᠯ᠎ᠢ ᠴᠢᠩᠭ᠋ᠠᠳᠬᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ 》 (ᠲᠥᠪ ᠲᠠᠷᠬᠠᠭ᠋ᠠᠭᠰᠠᠨ [2019] 17 ᠳ᠋ᠤᠭ᠋ᠠᠷ ᠲᠣᠭ᠋ᠠᠲᠤ )᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠰᠡᠷᠡᠮᠵᠢᠯᠡᠨ ᠠᠷᠢᠯᠭ᠋ᠠᠬᠤ ᠴᠢᠳᠠᠪᠤᠷᠢ ᠵᠢ ᠳᠡᠭᠡᠭᠰᠢᠯᠡᠭᠦᠯᠵᠦ ᠂ ᠨᠡᠢ᠌ᠭᠡᠮ᠎ᠤᠨ ᠬᠠᠮᠲᠤ ᠵᠢᠨ ᠵᠠᠰᠠᠯᠲᠠ ᠵᠢᠨ ᠪᠡᠶᠡᠯᠡᠭᠳᠡᠯᠢ ᠠᠬᠢᠭᠤᠯᠬᠤ ᠵᠢᠨ ᠲᠤᠰᠠᠳᠠ ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ 》 ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠵᠦ ᠂ ᠡᠳᠦᠭᠡ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠳᠣᠣᠷᠠᠬᠢ ᠮᠡᠲᠦ ᠰᠠᠨᠠᠯ᠎ᠢ ᠳᠤᠷᠠᠳᠪᠠ ᠃
ᠨᠢᠭᠡ ᠂ ᠶᠡᠷᠦᠩᠬᠡᠢ ᠱᠠᠭ᠋ᠠᠷᠳᠠᠯᠭ᠎ᠠ
(ᠨᠢᠭᠡ) ᠵᠢᠯᠤᠭᠣᠳᠬᠤ ᠦᠵᠡᠯ ᠰᠠᠨᠠᠭ᠎ᠠ ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠨ ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ 《ᠲᠥᠷᠥ ᠵᠢᠨ ᠪᠣᠳᠣᠯᠭ᠎ᠠ᠎ᠪᠠᠷ ᠬᠥᠲᠥᠯᠥᠨ ᠵᠢᠯᠤᠭᠣᠳᠬᠤ ᠂ ᠵᠠᠬ᠎ᠠ ᠳᠡᠯᠭᠡᠭᠦᠷ ᠵᠶ᠋ᠠᠷ ᠠᠵᠢᠯᠯᠠᠭᠤᠯᠬᠤ ᠂ ᠵᠠᠰᠠᠭ᠎ᠤᠨ ᠣᠷᠳᠣᠨ᠎ᠠᠴᠠ ᠠᠬᠢᠭᠤᠯᠬᠤ ᠂ ᠡᠷᠬᠡ ᠲᠡᠭᠰᠢ᠎ᠪᠠᠷ ᠥᠷᠢᠰᠦᠯᠳᠦᠬᠦ ᠂ ᠣᠯᠠᠨ ᠲᠠᠯ᠎ᠠ ᠵᠢᠨ᠎ᠬᠢᠨ ᠬᠦᠷᠲᠡᠬᠦ 》 ᠵᠠᠷᠴᠢᠮ ᠶᠣᠰᠣᠭ᠋ᠠᠷ ᠂ ᠢᠳᠡᠭᠡᠨ᠎ᠤ ᠠᠮᠤᠷ ᠲᠦᠪᠰᠢᠨ᠎ᠳᠠᠬᠢ ᠬᠠᠷᠢᠶᠠᠲᠤ ᠣᠷᠣᠨ᠎ᠤ ᠬᠠᠷᠢᠭᠤᠴᠠᠯᠭ᠎ᠠ ᠪᠠ ᠦᠢ᠍ᠯᠡᠳᠪᠦᠷᠢᠯᠡᠭᠴᠢ ᠡᠵᠡᠩᠨᠡᠭᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠨ ᠂ ᠳᠠᠭ᠋ᠠᠳᠬᠠᠯ᠎ᠤᠨ ᠲᠦᠭᠰᠢᠭᠦᠷᠢ ᠵᠢᠨ ᠬᠠᠮᠢᠶᠠᠷᠤᠯᠲᠠ ᠪᠠ ᠠᠵᠤ ᠠᠬᠤᠢ ᠵᠢᠨ ᠨᠥᠬᠥᠪᠦᠷᠢ ᠵᠢᠨ ᠴᠢᠳᠠᠮᠵᠢ ᠵᠢ ᠪᠠᠳᠠᠷᠠᠭᠤᠯᠵᠤ ᠂ ᠢᠳᠡᠭᠡᠨ᠎ᠤ ᠠᠮᠤᠷ ᠲᠦᠪᠰᠢᠨ᠎ᠤ ᠡᠨᠳᠡᠯ ᠭᠠᠷᠬᠤ ᠵᠢ ᠤᠷᠢᠳᠴᠢᠯᠠᠨ ᠰᠡᠷᠭᠡᠢ᠌ᠯᠡᠬᠦ ᠬᠢᠷᠢ ᠲᠦᠪᠰᠢᠨ᠎ᠢ ᠳᠡᠭᠡᠭᠰᠢᠯᠡᠭᠦᠯᠦᠨ ᠂ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠨᠡᠷᠡᠳᠬᠦᠨ ᠂ ᠦᠢ᠍ᠯᠡᠴᠢᠯᠡᠭᠡ ᠂ ᠬᠠᠮᠢᠶᠠᠷᠤᠯᠲᠠ ᠪᠠ ᠮᠡᠷᠭᠡᠵᠢᠯ᠎ᠤᠨ ᠰᠢᠨᠡᠴᠢᠯᠡᠯᠲᠡ ᠵᠢᠨ ᠴᠢᠳᠠᠪᠤᠷᠢ ᠵᠢ ᠴᠢᠩᠭ᠋ᠠᠳᠬᠠᠵᠤ ᠂ ᠢᠳᠡᠭᠡᠨ ᠦᠢ᠍ᠯᠡᠳᠪᠦᠷᠢᠯᠡᠭᠴᠢ ᠡᠵᠡᠩᠨᠡᠭᠴᠢᠳ᠎ᠢ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠢ ᠳᠠᠭ᠋ᠠᠳᠬᠠᠭᠤᠯᠬᠤ᠎ᠪᠠᠷ ᠤᠷᠮᠠᠰᠢᠭᠤᠯᠤᠨ ᠵᠣᠷᠢᠭᠵᠢᠭᠤᠯᠬᠤ ᠪᠠ ᠬᠥᠲᠥᠯᠥᠨ ᠵᠢᠯᠤᠭᠣᠳᠴᠤ ᠂ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠡᠯᠪᠡᠷᠢ ᠵᠢ ᠰᠢᠯᠢᠳᠡᠭᠵᠢᠭᠦᠯᠵᠦ ᠂ ᠨᠡᠢ᠌ᠭᠡᠮ᠎ᠤᠨ ᠵᠠᠰᠠᠯᠲᠠ ᠵᠢᠨ ᠲᠣᠭᠲᠠᠯᠴᠠᠭ᠋ᠠᠨ᠎ᠤ ᠪᠠᠢ᠌ᠭᠤᠯᠤᠯᠲᠠ ᠵᠢ ᠲᠡᠭᠦᠯᠳᠡᠷᠵᠢᠭᠦᠯᠦᠨ ᠂ ᠢᠳᠡᠭᠡᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ ᠃
(ᠬᠣᠶᠠᠷ ) ᠠᠵᠢᠯ᠎ᠤᠨ ᠬᠠᠷᠠᠯᠲᠠ ᠃ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠪᠠᠲᠤᠯᠠᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠵᠦ ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠢ ᠲᠦᠭᠡᠮᠡᠯᠵᠢᠭᠦᠯᠬᠦ ᠵᠠᠭᠪᠤᠷ᠎ᠢ ᠪᠠᠢ᠌ᠭᠤᠯᠤᠨ ᠂ 《ᠳᠠᠭ᠋ᠠᠳᠬᠠᠯ᠎ᠤᠨ ᠵᠠᠷᠤᠳᠠᠯ ᠪᠠᠭ᠎ᠠ ᠂ ᠳᠠᠭ᠋ᠠᠳᠬᠠᠯ᠎ᠤᠨ ᠮᠥᠩᠭᠥ ᠶᠡᠬᠡ ᠂ ᠪᠠᠲᠤᠯᠠᠬᠤ ᠬᠡᠪᠴᠢᠶ᠎ᠡ ᠥᠷᠭᠡᠨ 》 ᠢᠳᠡᠭᠡᠨ᠎ᠤ ᠠᠮᠤᠷ ᠲᠦᠪᠰᠢᠨ᠎ᠤ ᠬᠠᠮ ᠳᠠᠭ᠋ᠠᠳᠬᠠᠯ᠎ᠢ ᠰᠤᠳᠤᠯᠵᠤ ᠬᠥᠭᠵᠢᠭᠦᠯᠬᠦ ᠵᠢ ᠵᠣᠷᠢᠭᠵᠢᠭᠤᠯᠵᠤ ᠂ ᠣᠯᠠᠨ ᠡᠰᠢᠲᠦ ᠨᠡᠷᠡᠳᠬᠦᠨ᠎ᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠲᠥᠰᠥᠪᠯᠡᠵᠦ ᠂ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠥᠷᠭᠡᠳᠬᠡᠨ ᠂ 2025 ᠣᠨ ᠪᠣᠯᠬᠤ᠎ᠳᠤ ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠡᠷᠬᠡ ᠲᠡᠭᠰᠢ ᠨᠢᠭᠡᠳᠦᠯᠲᠡᠢ ᠂ ᠠᠮᠤᠷ ᠲᠦᠪᠰᠢᠨ ᠵᠢᠷᠤᠮᠵᠢᠭᠤᠨ ᠂ ᠦᠷᠭᠦᠯᠵᠢᠯᠡᠬᠦᠢ᠌ᠴᠡ ᠰᠢᠨ᠎ᠡ ᠬᠥᠭᠵᠢᠯᠲᠡ ᠵᠢᠨ ᠪᠠᠢ᠌ᠷᠢᠰᠢᠭᠤᠯᠤᠯᠲᠠ ᠵᠢ ᠠᠩᠬ᠎ᠠ ᠠᠯᠬᠤᠮ ᠪᠠᠢ᠌ᠭᠤᠯᠬᠤ᠎ᠪᠠᠷ ᠴᠢᠷᠮᠠᠢ᠌ᠨ᠎ᠠ ᠃
ᠬᠣᠶᠠᠷ ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠲᠣᠭᠲᠠᠯᠴᠠᠭ᠋ᠠᠨ᠎ᠤ ᠪᠠᠢ᠌ᠭᠤᠯᠤᠯᠲᠠ ᠵᠢ ᠴᠢᠩᠭ᠋ᠠᠳᠬᠠᠨ᠎ᠠ
(ᠭᠤᠷᠪᠠ) ᠳᠠᠭ᠋ᠠᠳᠬᠠᠯ᠎ᠤᠨ ᠨᠡᠷᠡᠳᠬᠦᠨ᠎ᠢ ᠰᠢᠯᠢᠳᠡᠭᠵᠢᠭᠦᠯᠦᠨ᠎ᠡ ᠃ ᠳᠠᠭ᠋ᠠᠳᠬᠠᠯ᠎ᠤᠨ ᠪᠠᠢ᠌ᠭᠤᠯᠤᠮᠵᠢ᠎ᠨᠢ ᠳᠠᠭ᠋ᠠᠳᠬᠠᠯ᠎ᠳᠤ ᠳᠠᠭ᠋ᠠᠣᠡᠬᠠᠭᠣᠯᠬᠣ ᠠᠵᠤ ᠠᠬᠤᠢ᠌ᠯᠠᠯ᠎ᠤᠨ ᠠᠵᠢᠯ ᠲᠥᠷᠥᠯ᠎ᠤᠨ ᠲᠥᠷᠥᠯ ᠬᠡᠯᠪᠡᠷᠢ ᠂ ᠦᠢ᠍ᠯᠡᠳᠪᠦᠷᠢᠯᠡᠨ ᠡᠵᠡᠩᠨᠡᠬᠦ ᠬᠡᠪᠴᠢᠶ᠎ᠡ ᠂ ᠥᠩᠭᠡᠷᠡᠭᠰᠡᠨ᠎ᠤ ᠬᠣᠬᠢᠷᠠᠯ ᠵᠡᠷᠭᠡ ᠪᠠᠢ᠌ᠳᠠᠯ᠎ᠢ ᠶᠡᠷᠦᠩᠬᠡᠢ᠌ᠯᠡᠨ ᠪᠣᠳᠣᠯᠬᠢᠯᠠᠵᠤ ᠂ ᠲᠦᠭᠰᠢᠭᠦᠷᠢ ᠵᠢᠨ ᠬᠣᠬᠢᠷᠠᠯ᠎ᠤᠨ ᠵᠠᠷᠴᠢᠮ ᠶᠣᠰᠣᠭ᠋ᠠᠷ ᠂ ᠳᠠᠭ᠋ᠠᠳᠬᠠᠯ᠎ᠤᠨ ᠰᠠᠭᠤᠷᠢ ᠵᠠᠷᠤᠳᠠᠯ᠎ᠤᠨ ᠨᠣᠷᠮ᠎ᠠ ᠵᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠲᠣᠭᠲᠠᠭ᠋ᠠᠬᠤ ᠬᠡᠷᠡᠭᠲᠡᠢ ᠃ ᠳᠠᠭ᠋ᠠᠳᠬᠠᠯ᠎ᠤᠨ ᠵᠠᠷᠤᠳᠠᠯ᠎ᠤᠨ ᠨᠤᠷᠮ᠎ᠠ ᠵᠢᠨ ᠬᠡᠯᠪᠡᠯᠵᠡᠯᠲᠡ ᠵᠢᠨ ᠲᠣᠭᠲᠠᠴᠠ ᠵᠢ ᠪᠠᠢ᠌ᠭᠤᠯᠵᠤ ᠂ ᠳᠠᠭ᠋ᠠᠳᠬᠠᠯ᠎ᠤᠨ ᠵᠠᠷᠤᠳᠠᠯ᠎ᠤᠨ ᠨᠤᠷᠮ᠎ᠠ ᠵᠢᠨ ᠬᠥᠰᠢᠭᠦᠷᠭᠡ ᠵᠢᠨ ᠲᠣᠬᠢᠷᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠂ 《ᠦᠨᠳᠦᠰᠦᠨ ᠬᠠᠷᠢᠭᠤᠴᠠᠯᠭ᠎ᠠ ᠵᠢᠨ ᠳᠠᠭ᠋ᠠᠳᠬᠠᠯ + ᠨᠡᠮᠡᠯᠲᠡ ᠳᠠᠭ᠋ᠠᠳᠬᠠᠯ 》 ᠵᠶ᠋ᠠᠷ ᠪᠦᠲᠦᠴᠡ ᠪᠣᠯᠭ᠋ᠠᠨ ᠂ 《ᠰᠦᠢ᠍ᠳᠦᠯ᠎ᠤᠨ ᠲᠥᠯᠥᠪᠦᠷᠢ + ᠵᠠᠷᠤᠳᠠᠯ᠎ᠤᠨ ᠨᠥᠬᠥᠪᠦᠷᠢ 》᠎ᠪᠠᠷ ᠴᠢᠭᠯᠡᠯ ᠪᠣᠯᠭ᠋ᠠᠵᠤ ᠂ ᠳᠠᠭ᠋ᠠᠳᠬᠠᠯ᠎ᠤᠨ ᠰᠢᠨ᠎ᠡ ᠨᠡᠷᠡᠳᠬᠦᠨ ᠢ ᠢᠳᠡᠪᠬᠢᠲᠡᠢ ᠨᠡᠭᠡᠭᠡᠨ ᠬᠥᠭᠵᠢᠭᠦᠯᠬᠦ ᠬᠡᠷᠡᠭᠲᠡᠢ ᠃ ᠢᠳᠡᠭᠡᠨ ᠦᠢ᠍ᠯᠡᠳᠪᠦᠷᠢᠯᠡᠬᠦ ᠡᠵᠡᠩᠨᠡᠬᠦ ᠨᠢᠭᠡᠴᠢ ᠵᠢᠨ ᠬᠡᠪᠴᠢᠶ᠎ᠡ ᠂ ᠡᠵᠡᠩᠨᠡᠯᠲᠡ ᠵᠢᠨ ᠪᠠᠢ᠌ᠳᠠᠯ ᠲᠥᠯᠥᠪ ᠂ ᠲᠦᠭᠰᠢᠭᠦᠷᠢ ᠵᠢᠨ ᠣᠨᠴᠠᠯᠢᠭ ᠵᠡᠷᠭᠡ ᠵᠢ ᠦᠨᠳᠦᠰᠦᠯᠡᠨ ᠨᠡᠷᠡᠳᠬᠦᠨ᠎ᠤ ᠳᠠᠭ᠋ᠠᠳᠬᠠᠯ ᠂ ᠡᠭᠡᠭᠦᠯᠦᠨ ᠠᠪᠴᠤ ᠲᠥᠯᠥᠪᠦᠷᠢ ᠥᠭᠬᠦ ᠳᠠᠭ᠋ᠠᠳᠬᠠᠯ ᠂ ᠬᠠᠮᠲᠤ ᠴᠣᠭᠴᠠ ᠵᠢᠨ ᠳᠠᠭ᠋ᠠᠳᠬᠠᠯ ᠮᠡᠲᠦ ᠵᠢᠨ ᠣᠯᠠᠨ ᠡᠰᠢᠲᠦ ᠳᠠᠭ᠋ᠠᠳᠬᠠᠯ᠎ᠤᠨ ᠨᠡᠷᠡᠳᠬᠦᠨ᠎ᠢ ᠲᠥᠯᠥᠪᠯᠡᠨ ᠨᠡᠭᠡᠭᠡᠨ ᠬᠥᠭᠵᠢᠭᠦᠯᠵᠦ ᠂ ᠳᠠᠭ᠋ᠠᠳᠬᠠᠯ᠎ᠤᠨ ᠬᠠᠷᠢᠭᠤᠴᠠᠯᠭ᠎ᠠ ᠵᠢᠨ ᠬᠡᠪᠴᠢᠶ᠎ᠡ ᠪᠠ ᠲᠥᠯᠥᠪᠦᠷᠢ ᠲᠥᠯᠥᠬᠦ ᠶᠠᠪᠤᠴᠠ ᠵᠢ ᠲᠣᠳᠣᠷᠬᠠᠢ᠌ᠯᠠᠵᠤ ᠂ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠵᠦᠢ᠍ᠯ ᠵᠤᠷᠪᠤᠰ᠎ᠢ ᠵᠣᠬᠢᠰᠲᠠᠢ᠎ᠪᠠᠷ ᠴᠥᠭᠡᠳᠬᠡᠨ ᠂ ᠵᠠᠬ᠎ᠠ ᠳᠡᠯᠭᠡᠭᠦᠷ᠎ᠤᠨ ᠡᠯ᠎ᠡ ᠲᠥᠷᠥᠯ᠎ᠤᠨ ᠭᠣᠣᠯ ᠴᠣᠭᠴᠠ ᠵᠢᠨ ᠠᠳᠠᠯᠢ ᠪᠤᠰᠤ ᠱᠠᠭ᠋ᠠᠷᠳᠠᠯᠭ᠎ᠠ ᠵᠢ ᠬᠠᠩᠭ᠋ᠠᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ᠎ᠤ ᠲᠤᠰᠬᠠᠢ ᠬᠠᠷᠢᠶᠠᠯᠠᠯ᠎ᠤᠨ ᠳᠠᠭ᠋ᠠᠳᠬᠠᠯ᠎ᠤᠨ ᠨᠡᠷᠡᠳᠬᠦᠨ᠎ᠢ ᠨᠡᠭᠡᠭᠡᠨ ᠬᠥᠭᠵᠢᠭᠦᠯᠵᠦ ᠂ ᠤᠤᠯ᠎ᠤᠨ ᠳᠠᠭ᠋ᠠᠳᠬᠠᠯ᠎ᠤᠨ ᠨᠡᠷᠡᠳᠬᠦᠨ᠎ᠤ ᠬᠠᠨᠳᠤᠯᠭ᠋ᠠᠲᠤ ᠴᠢᠨᠠᠷ ᠰᠤᠯᠠ ᠂ ᠪᠠᠲᠤᠯᠠᠭ᠎ᠠ ᠴᠥᠭᠡᠨ ᠂ ᠬᠠᠩᠰᠢ ᠥᠨᠳᠥᠷ ᠂ ᠲᠥᠯᠥᠪᠦᠷᠢ ᠲᠥᠯᠥᠬᠦ᠎ᠳᠤ ᠬᠦᠴᠢᠷ ᠵᠡᠷᠭᠡ ᠠᠰᠠᠭᠤᠳᠠᠯ᠎ᠤᠳ᠎ᠢ ᠭᠣᠣᠯᠳᠠᠯᠭ᠎ᠠ᠎ᠲᠠᠢ ᠰᠢᠢ᠍ᠳᠪᠦᠷᠢᠯᠡᠨ᠎ᠡ ᠃ ᠳᠠᠭ᠋ᠠᠳᠬᠠᠯ᠎ᠳᠤ ᠥᠷᠭᠦᠯᠵᠢᠯᠡᠨ ᠣᠷᠤᠯᠴᠠᠬᠤ ᠠᠵᠤ ᠠᠬᠤᠢ᠌ᠯᠠᠯ ᠨᠢᠭᠡᠴᠢ᠎ᠨᠦᠭᠦᠳ᠎ᠲᠤ ᠤᠷᠮᠠᠰᠢᠭᠤᠯᠤᠯ᠎ᠤᠨ ᠳᠥᠷᠥ ᠵᠢᠨ ᠪᠣᠳᠣᠯᠭ᠎ᠠ ᠬᠠᠩᠭ᠋ᠠᠵᠤ ᠂ ᠢᠳᠡᠭᠡᠨ ᠦᠢ᠍ᠯᠡᠳᠪᠦᠷᠢᠯᠡᠭᠴᠢ ᠡᠵᠡᠩᠨᠡᠭᠴᠢᠳ᠎ᠤᠨ ᠤᠬᠠᠮᠰᠠᠷ᠎ᠠᠴᠠ᠎ᠪᠠᠨ ᠳᠠᠭ᠋ᠠᠳᠬᠠᠯ᠎ᠳᠤ ᠣᠷᠤᠯᠴᠠᠬᠤ ᠳᠣᠲᠣᠭ᠋ᠠᠳᠤ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ ᠃
(ᠳᠥᠷᠪᠡ ) ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠲᠣᠭᠲᠠᠴᠠ ᠵᠢ ᠵᠢᠷᠤᠮᠵᠢᠭᠤᠯᠤᠨ᠎ᠠ ᠃ ᠳᠠᠭ᠋ᠠᠳᠬᠠᠯ᠎ᠤᠨ ᠵᠠᠭᠪᠤᠷ᠎ᠤᠨ ᠰᠢᠨᠡᠴᠢᠯᠡᠯᠲᠡ ᠵᠢ ᠵᠣᠷᠢᠭᠵᠢᠭᠤᠯᠵᠤ ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠬᠠᠮᠢᠶᠠᠳᠠᠬᠤ ᠲᠠᠯ᠎ᠠ ᠵᠢᠨ᠎ᠬᠢᠨ ᠵᠠᠭᠤᠴᠢᠯᠠᠬᠤ ᠺᠤᠮᠫᠠᠨᠢ ᠵᠢ ᠲᠣᠬᠢᠷᠠᠮᠵᠢᠲᠠᠢ ᠴᠠᠭ᠎ᠲᠤ ᠣᠷᠣᠭᠤᠯᠤᠨ ᠠᠪᠴᠢᠷᠠᠵᠤ ᠂ ᠳᠠᠭ᠋ᠠᠳᠬᠠᠯ᠎ᠤᠨ ᠪᠠᠢ᠌ᠭᠤᠯᠤᠮᠵᠢ ᠵᠢᠨ 《 ᠬᠠᠮᠵᠢᠶ᠎ᠠ ᠳᠠᠭ᠋ᠠᠳᠬᠠᠯ᠎ᠤᠨ ᠴᠣᠭᠴᠠ 》 ᠬᠡᠯᠪᠡᠷᠢ᠎ᠪᠠᠷ ᠬᠠᠮᠲᠤᠷᠠᠨ ᠳᠠᠭ᠋ᠠᠳᠬᠠᠯ ᠳᠠᠭ᠋ᠠᠭ᠋ᠠᠬᠤ ᠵᠢ᠎ᠨᠢ ᠵᠣᠷᠢᠭᠵᠢᠭᠤᠯᠵᠤ ᠂ ᠨᠢᠭᠡᠳᠦᠯᠲᠡᠢ ᠳᠠᠭ᠋ᠠᠳᠬᠠᠯ᠎ᠤᠨ ᠲᠥᠷᠥᠯ ᠂ ᠨᠢᠭᠡᠳᠦᠯᠲᠡᠢ ᠵᠠᠷᠤᠳᠠᠯ᠎ᠤᠨ ᠨᠤᠷᠮ᠎ᠠ ᠂ ᠨᠢᠭᠡᠳᠦᠯᠲᠡᠢ ᠵᠦᠢ᠍ᠯ ᠵᠤᠷᠪᠤᠰ ᠂ ᠨᠢᠭᠡᠳᠦᠯᠲᠡᠢ ᠪᠠᠲᠤᠯᠠᠭ᠎ᠠ ᠵᠢᠨ ᠬᠡᠪᠴᠢᠶ᠎ᠡ ᠵᠢᠨ ᠵᠠᠭᠪᠤᠷ᠎ᠢ ᠬᠡᠷᠡᠭᠵᠢᠭᠦᠯᠵᠦ ᠂ ᠠᠵᠢᠯ ᠲᠥᠷᠥᠯ ᠵᠶ᠋ᠡᠷ᠎ᠨᠢ ᠨᠢᠭᠡᠳᠦᠯᠲᠡᠢ ᠳᠠᠭ᠋ᠠᠣᠡᠬᠠᠭᠣᠯᠬᠣ ᠂ ᠣᠷᠣᠨ ᠪᠦᠰᠡ ᠵᠢᠨ᠎ᠬᠢᠨ ᠲᠥᠪᠯᠡᠷᠡᠨ ᠳᠠᠭ᠋ᠠᠳᠬᠠᠯ᠎ᠳᠤ ᠳᠠᠭ᠋ᠠᠣᠡᠬᠠᠭᠣᠯᠬᠣ ᠵᠡᠷᠭᠡ ᠬᠡᠯᠪᠡᠷᠢ᠎ᠪᠠᠷ ᠬᠠᠮᠲᠤ ᠴᠣᠭᠴᠠ᠎ᠪᠠᠷ ᠵᠶ᠋ᠠᠨ ᠂ ᠪᠥᠭᠡᠮ ᠵᠶ᠋ᠡᠷ ᠵᠶ᠋ᠠᠨ ᠳᠠᠭ᠋ᠠᠳᠬᠠᠯ᠎ᠳᠤ ᠣᠷᠤᠯᠴᠠᠬᠤ ᠵᠢ ᠠᠬᠢᠭᠤᠯᠤᠨ ᠂ ᠳᠠᠭ᠋ᠠᠳᠬᠠᠯ᠎ᠤᠨ ᠬᠡᠪᠴᠢᠶᠡᠵᠢᠯ᠎ᠤᠨ ᠨᠥᠯᠥᠭᠡᠯᠡᠯ᠎ᠢ ᠳᠡᠭᠡᠭᠰᠢᠯᠡᠭᠦᠯᠵᠦ ᠂ ᠳᠠᠭ᠋ᠠᠳᠬᠠᠯ᠎ᠤᠨ ᠥᠪᠡᠷ᠎ᠤᠨ ᠦᠷᠲᠡᠭ᠎ᠢ ᠪᠠᠭᠤᠷᠠᠭᠤᠯᠬᠤ ᠬᠡᠷᠡᠭᠲᠡᠢ ᠃
(ᠲᠠᠪᠤ ) ᠳᠠᠭ᠋ᠠᠳᠬᠠᠯ᠎ᠤᠨ ᠲᠥᠯᠥᠪᠦᠷᠢ ᠲᠥᠯᠥᠬᠦ ᠲᠣᠭᠲᠠᠴᠠ ᠵᠢ ᠲᠡᠭᠦᠯᠳᠡᠷᠵᠢᠭᠦᠯᠦᠨ᠎ᠡ ᠃ ᠳᠠᠭ᠋ᠠᠳᠬᠠᠯ᠎ᠤᠨ ᠦᠢ᠍ᠯᠡᠴᠢᠯᠡᠭᠡᠨ᠎ᠤ ᠬᠡᠯᠪᠡᠷᠢ ᠵᠢ ᠰᠢᠨᠡᠴᠢᠯᠡᠵᠦ ᠂ ᠳᠠᠭ᠋ᠠᠳᠬᠠᠯ᠎ᠳᠤ ᠳᠠᠭ᠋ᠠᠣᠡᠬᠠᠭᠣᠯᠣᠭᠰᠠᠨ ᠢᠳᠡᠭᠡᠨ ᠦᠢ᠍ᠯᠡᠳᠪᠦᠷᠢᠯᠡᠨ ᠡᠵᠡᠩᠨᠡᠬᠦ ᠠᠵᠤ ᠠᠬᠤᠢ᠌ᠯᠠᠯ ᠨᠢᠭᠡᠴᠢ ᠨᠦᠭᠦᠳ᠎ᠲᠤ ᠲᠦᠭᠰᠢᠭᠦᠷᠢ ᠵᠢᠨ ᠬᠠᠮᠢᠶᠠᠷᠤᠯᠲᠠ ᠵᠢᠨ ᠦᠢ᠍ᠯᠡᠴᠢᠯᠡᠭᠡ ᠬᠠᠩᠭ᠋ᠠᠬᠤ᠎ᠪᠠᠨ ᠴᠢᠩᠭ᠋ᠠᠳᠬᠠᠵᠤ ᠂ ᠳᠠᠭ᠋ᠠᠳᠬᠠᠯ᠎ᠳᠤ ᠳᠠᠭ᠋ᠠᠣᠡᠬᠠᠭᠣᠯᠣᠭᠰᠠᠨ ᠠᠵᠤ ᠠᠬᠤᠢ᠌ᠯᠠᠯ ᠨᠢᠭᠡᠴᠢ᠎ᠨᠦᠭᠦᠳ᠎ᠤᠨ ᠲᠦᠭᠰᠢᠭᠦᠷᠢ ᠵᠢᠨ ᠲᠤᠬᠠᠢ ᠬᠥᠮᠦᠵᠢᠯ ᠬᠢᠬᠦ ᠪᠠ ᠡᠨᠳᠡᠯ ᠭᠠᠷᠬᠤ᠎ᠠᠴᠠ ᠰᠡᠷᠭᠡᠢ᠌ᠯᠡᠬᠦ ᠬᠠᠮᠢᠶᠠᠷᠤᠯᠲᠠ ᠥᠷᠨᠢᠭᠦᠯᠬᠦ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠢᠯᠤᠭᠣᠳᠴᠤ ᠂ ᠳᠠᠭ᠋ᠠᠳᠬᠠᠯ᠎ᠳᠤ ᠳᠠᠭ᠋ᠠᠣᠡᠬᠠᠭᠣᠯᠣᠭᠰᠠᠣᠨᠤᠨ ᠢᠳᠡᠭᠡᠨ᠎ᠤ ᠠᠮᠤᠷ ᠲᠦᠪᠰᠢᠨ᠎ᠤ ᠡᠨᠳᠡᠯ ᠭᠠᠷᠬᠤ᠎ᠠᠴᠠ ᠰᠡᠷᠭᠡᠢ᠌ᠯᠡᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ ᠃ ᠳᠠᠭ᠋ᠠᠳᠬᠠᠯ᠎ᠤᠨ ᠪᠠᠢ᠌ᠭᠤᠯᠤᠮᠵᠢ ᠵᠢᠨ ᠲᠥᠯᠥᠪᠦᠷᠢ ᠲᠥᠯᠥᠬᠦ ᠮᠡᠳᠡᠭᠡ ᠵᠠᠩᠭᠢᠵᠢᠯᠲᠠ ᠵᠢᠨ ᠵᠠᠮ ᠮᠥᠷ᠎ᠤᠨ ᠪᠠᠢ᠌ᠭᠤᠯᠤᠯᠲᠠ ᠵᠢ ᠳᠡᠮᠵᠢᠵᠦ ᠂ ᠪᠠᠭ᠎ᠠ ᠲᠣᠭ᠋ᠠᠨ᠎ᠤ ᠲᠥᠯᠥᠪᠦᠷᠢ ᠵᠢᠨ ᠲᠥᠯᠥᠬᠦ ᠶᠠᠪᠤᠴᠠ ᠵᠢ ᠴᠣᠮᠬᠠᠳᠬᠠᠵᠤ ᠂ ᠲᠦᠷᠭᠡᠨ ᠰᠢᠢ᠍ᠳᠪᠦᠷᠢᠯᠡᠬᠦ ᠴᠤᠪᠤᠷᠠᠯ᠎ᠢ ᠲᠣᠳᠣᠷᠬᠠᠢ᠌ᠯᠠᠨ ᠂ ᠳᠠᠭ᠋ᠠᠳᠬᠠᠯ᠎ᠤᠨ ᠲᠥᠯᠥᠪᠦᠷᠢ ᠲᠥᠯᠥᠬᠦ ᠬᠠᠷᠢᠭᠤᠴᠠᠯᠭ᠎ᠠ ᠵᠢ᠎ᠨᠢ ᠴᠠᠭ ᠲᠤᠬᠠᠢᠳᠤᠨᠢ ᠭᠦᠢ᠍ᠴᠡᠳᠬᠡᠯᠭᠡᠬᠦ ᠬᠡᠷᠡᠭᠲᠡᠢ ᠃ ᠬᠠᠷᠢᠭᠤᠴᠠᠯᠭ᠎ᠠ᠎ᠨᠢ ᠲᠣᠳᠣᠷᠬᠠᠢ ᠢᠳᠡᠭᠡᠨ᠎ᠤ ᠠᠮᠤᠷ ᠲᠦᠪᠰᠢᠨ᠎ᠤ ᠡᠨᠳᠡᠯ᠎ᠳᠤ ᠳᠠᠭ᠋ᠠᠳᠬᠠᠯ᠎ᠤᠨ ᠪᠠᠢ᠌ᠭᠤᠯᠤᠮᠵᠢ᠎ᠠᠴᠠ ᠬᠣᠬᠢᠷᠠᠭᠴᠢᠳ᠎ᠲᠤ ᠤᠷᠢᠳ ᠵᠶ᠋ᠠᠷ ᠲᠦᠯᠣᠭᠦ ᠪᠤᠶᠤ ᠲᠥᠯᠥᠪᠦᠷᠢ ᠵᠢᠨ ᠮᠥᠩᠭᠥ᠎ᠪᠠᠨ ᠤᠷᠢᠳᠴᠢᠯᠠᠨ ᠥᠭᠴᠦ ᠂ ᠲᠥᠯᠥᠪᠦᠷᠢ ᠲᠥᠯᠥᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ ᠂ ᠨᠡᠢ᠌ᠭᠡᠮ᠎ᠤᠨ ᠵᠥᠷᠢᠴᠡᠯ ᠵᠢᠭᠤᠷᠠᠯᠳᠤᠭ᠋ᠠᠨ᠎ᠢ ᠳᠠᠷᠤᠢ᠌ᠬᠠᠨ ᠰᠢᠢ᠍ᠳᠪᠦᠷᠢᠯᠡᠵᠦ ᠂ ᠲᠥᠯᠥᠬᠦ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠢ ᠃
(ᠵᠢᠷᠭᠤᠭ᠎ᠠ ) ᠳᠠᠭ᠋ᠠᠳᠬᠠᠯ᠎ᠳᠤ ᠣᠷᠤᠯᠴᠠᠬᠤ ᠡᠵᠡᠩᠨᠡᠯᠲᠡ ᠵᠢᠨ ᠪᠠᠢ᠌ᠳᠠᠯ ᠲᠥᠯᠥᠪ᠎ᠤᠨ ᠬᠡᠪᠴᠢᠶ᠎ᠡ ᠵᠢ ᠲᠣᠳᠣᠷᠬᠠᠢ᠌ᠯᠠᠨ᠎ᠠ ᠃ ᠡᠯ᠎ᠡ ᠭᠠᠵᠠᠷ ᠣᠷᠣᠨ᠎ᠨᠢ ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠮᠢᠬ᠎ᠠ ᠥᠨᠳᠡᠭᠡ ᠰᠦ ᠵᠢᠴᠢ ᠡᠳᠡᠭᠡᠷ᠎ᠤᠨ ᠪᠦᠲᠦᠭᠡᠭᠳᠡᠬᠦᠨ᠎ᠤᠳ (ᠨᠢᠷᠠᠢ ᠨᠢᠯᠬ᠎ᠠ ᠬᠡᠦᠬᠡᠳ᠎ᠤᠨ ᠬᠡᠷᠡᠭᠯᠡᠬᠦ ᠨᠠᠢ᠌ᠷᠠᠯᠭ᠎ᠠ᠎ᠲᠠᠢ ᠰᠦᠨ ᠲᠠᠯᠬ᠎ᠠ ᠪᠠᠭᠲᠠᠨ᠎ᠠ ) ᠪᠠ ᠬᠠᠷ᠎ᠠ ᠠᠷᠢᠬᠢ ᠦᠢ᠍ᠯᠡᠳᠪᠦᠷᠢᠯᠡᠬᠦ ᠠᠵᠤ ᠠᠬᠤᠢ᠌ᠯᠠᠯ ᠂ ᠬᠠᠮᠲᠤ᠎ᠪᠠᠷ ᠬᠣᠭᠣᠯᠠᠯᠠᠳᠠᠭ ᠨᠢᠭᠡᠴᠢ (ᠰᠤᠷᠭ᠋ᠠᠭᠤᠯᠢ ᠵᠢᠨ ᠬᠦᠷᠢᠶᠡᠨ᠎ᠳᠠᠬᠢ ᠬᠣᠭᠣᠯᠠᠨ ᠭᠡᠷ ᠂ ᠨᠠᠰᠤᠲᠠᠨ᠎ᠢ ᠠᠰᠠᠷᠠᠬᠤ ᠪᠠᠢ᠌ᠭᠤᠯᠤᠮᠵᠢ ᠵᠢᠨ ᠬᠣᠭᠣᠯᠠᠨ ᠭᠡᠷ ᠂ ᠬᠥᠳᠡᠭᠡ ᠲᠣᠰᠬᠣᠨ᠎ᠤ ᠬᠠᠮᠲᠤ᠎ᠪᠠᠷ ᠬᠣᠭᠣᠯᠠᠯᠠᠬᠤ᠎ᠳᠤ ᠡᠵᠡᠩᠨᠡᠵᠦ ᠪᠠᠢ᠌ᠭ᠎ᠠ ᠨᠢᠭᠡᠴᠢ ᠵᠡᠷᠭᠡ ᠪᠠᠭᠲᠠᠨ᠎ᠠ ) ᠂ ᠪᠥᠭᠡᠮ ᠢᠳᠡᠭᠡᠨ᠎ᠢ ᠲᠣᠬᠢᠷᠠᠭᠤᠯᠤᠨ ᠬᠦᠷᠭᠡᠬᠦ ᠨᠢᠭᠡᠴᠢ ᠂ ᠬᠣᠭᠣᠯᠠᠨ ᠭᠡᠷ᠎ᠤᠨ ᠬᠠᠮ ᠦᠢ᠍ᠯᠡᠴᠢᠯᠡᠭᠦᠷ ᠪᠠ ᠵᠠᠬᠢᠶᠠᠯᠠᠭ᠎ᠠ᠎ᠪᠠᠷ ᠪᠣᠯᠤᠭᠰᠠᠨ ᠢᠳᠡᠭᠡᠨ ᠲᠣᠬᠢᠷᠠᠭᠤᠯᠤᠨ ᠬᠦᠷᠭᠡᠬᠦ ᠨᠢᠭᠡᠴᠢ᠎ᠨᠦᠭᠦᠳ᠎ᠤᠨ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠤᠬᠠᠮᠰᠠᠷ᠎ᠠᠴᠠ᠎ᠪᠠᠨ ᠳᠠᠭ᠋ᠠᠣᠡᠬᠠᠭᠣᠯᠬᠣ ᠵᠢ ᠭᠣᠣᠯᠳᠠᠯᠭ᠎ᠠ᠎ᠲᠠᠢ ᠠᠬᠢᠭᠤᠯᠬᠤ ᠬᠡᠷᠡᠭᠲᠡᠢ ᠃ ᠨᠥᠬᠥᠴᠡᠯ᠎ᠲᠠᠢ ᠣᠷᠣᠨ ᠨᠤᠲᠤᠭ᠎ᠨᠢ ᠬᠡᠪᠴᠢᠶᠡᠵᠢᠯ᠎ᠠᠴᠠ ᠳᠡᠭᠡᠭᠰᠢᠬᠢ ᠢᠳᠡᠭᠡᠨ ᠦᠢ᠍ᠯᠡᠳᠪᠦᠷᠢᠯᠡᠬᠦ ᠠᠵᠤ ᠠᠬᠤᠢ᠌ᠯᠠᠯ ᠂ ᠲᠠᠷᠢᠶᠠᠴᠢᠳ᠎ᠤᠨ ᠲᠤᠰᠬᠠᠢ ᠮᠡᠷᠭᠡᠵᠢᠯ᠎ᠤᠨ ᠬᠣᠷᠰᠢᠶᠠᠵᠢᠯ ᠂ ᠡᠷᠡᠭᠦᠯᠵᠢᠯ᠎ᠤᠨ ᠢᠳᠡᠭᠡᠨ ᠦᠢ᠍ᠯᠡᠳᠪᠦᠷᠢᠯᠡᠬᠦ ᠠᠵᠤ ᠠᠬᠤᠢ᠌ᠯᠠᠯ ᠂ ᠲᠠᠷᠢᠶᠠᠯᠠᠩ᠎ᠤᠨ ᠢᠳᠡᠭᠡᠨ᠎ᠤ ᠪᠦᠲᠦᠭᠡᠭᠳᠡᠬᠦᠨ᠎ᠤ ᠴᠤᠭᠯᠠᠭ᠎ᠠ ᠮᠠᠢ᠌ᠮᠠᠢ ᠵᠢᠨ ᠵᠠᠬ᠎ᠠ ᠳᠡᠯᠭᠡᠭᠦᠷ ᠂ ᠢᠳᠡᠭᠡᠨ ᠪᠣᠷᠣᠯᠠᠭᠤᠯᠬᠤ ᠰᠦᠯᠵᠢᠶᠡᠨ ᠲᠠᠪᠴᠠᠩ ᠂ ᠢᠳᠡᠭᠡᠨ ᠤᠮᠳᠠᠭ᠋ᠠᠨ᠎ᠤ ᠬᠡᠯᠬᠢᠶ᠎ᠡ ᠠᠵᠤ ᠠᠬᠤᠢ᠌ᠯᠠᠯ ᠂ ᠬᠡᠯᠬᠢᠶ᠎ᠡ ᠬᠡᠳᠦ ᠳᠡᠯᠭᠡᠭᠦᠷ ᠵᠢᠴᠢ ᠲᠦᠭᠰᠢᠭᠦᠷᠢ᠎ᠪᠠᠷ ᠬᠠᠷᠢᠴᠠᠩᠭᠤᠢ ᠥᠨᠳᠥᠷ ᠪᠠᠢ᠌ᠭ᠎ᠠ ᠢᠳᠡᠭᠡᠨ ᠦᠢ᠍ᠯᠡᠳᠪᠦᠷᠢᠯᠡᠨ ᠡᠵᠡᠩᠨᠡᠬᠦ ᠪᠤᠰᠤᠳ ᠨᠢᠭᠡᠴᠢ᠎ᠨᠦᠭᠦᠳ᠎ᠤᠨ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠣᠷᠤᠯᠴᠠᠬᠤ ᠵᠢ ᠢᠳᠡᠪᠬᠢᠲᠡᠢ ᠠᠬᠢᠭᠤᠯᠬᠤ ᠬᠡᠷᠡᠭᠲᠡᠢ ᠃
ᠭᠤᠷᠪᠠ ᠂ ᠵᠣᠬᠢᠶᠠᠨ ᠪᠠᠢ᠌ᠭᠤᠯᠵᠤ ᠵᠣᠬᠢᠴᠠᠭᠤᠯᠬᠤ ᠵᠢ ᠴᠢᠩᠭ᠋ᠠᠷᠠᠭᠤᠯᠤᠨ᠎ᠠ
(ᠳᠣᠯᠣᠭ᠎ᠠ ) ᠵᠣᠬᠢᠶᠠᠨ ᠪᠠᠢ᠌ᠭᠤᠯᠵᠤ ᠵᠣᠬᠢᠴᠠᠭᠤᠯᠬᠤ ᠵᠢ ᠴᠢᠩᠭ᠋ᠠᠳᠬᠠᠨ᠎ᠠ ᠃ ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠡᠳᠦᠷ ᠲᠣᠲᠣᠮ᠎ᠤᠨ ᠭᠣᠣᠯᠳᠠᠯᠭ᠎ᠠ ᠪᠣᠯᠬᠤ ᠠᠵᠢᠯ᠎ᠳᠤ᠎ᠪᠠᠨ ᠣᠷᠣᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ ᠂ ᠠᠵᠢᠯ ᠪᠠᠢ᠌ᠷᠢᠯᠠᠭᠤᠯᠬᠤ ᠂ ᠬᠡᠷᠡᠭᠵᠢᠭᠦᠯᠬᠦ ᠪᠠᠢ᠌ᠴᠠᠭ᠋ᠠᠬᠤ ᠪᠠ ᠰᠢᠯᠭ᠋ᠠᠨ ᠬᠢᠨᠠᠬᠤ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ ; ᠨᠢᠭᠡᠳᠦᠯᠲᠡᠢ ᠲᠥᠯᠥᠪᠯᠡᠨ ᠬᠠᠮᠲᠤᠷᠠᠨ ᠠᠵᠢᠯᠯᠠᠵᠤ ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠂ ᠳᠠᠭ᠋ᠠᠳᠬᠠᠯ᠎ᠤᠨ ᠪᠠᠢ᠌ᠭᠤᠯᠤᠮᠵᠢ ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠡᠷᠭᠡ ᠣᠯᠠᠨ ᠡᠲᠡᠭᠡᠳ ᠵᠶ᠋ᠠᠷ ᠵᠶ᠋ᠠᠨ ᠣᠷᠣᠯᠴᠠᠭᠰᠠᠨ ᠠᠵᠢᠯ᠎ᠤᠨ ᠲᠣᠭᠲᠠᠴᠠ ᠵᠢ ᠪᠠᠢ᠌ᠭᠤᠯᠤᠨ ᠂ ᠬᠠᠮᠲᠤᠷᠠᠯ ᠬᠦᠴᠦᠨ᠎ᠢ ᠪᠦᠷᠢᠯᠳᠦᠭᠦᠯᠵᠦ ᠂ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠢᠳᠡᠪᠬᠢᠲᠡᠢ ᠠᠬᠢᠭᠤᠯᠤᠨ ᠂ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠤᠨ ᠡᠮᠬᠢ ᠳᠠᠷᠠᠭ᠋ᠠᠯᠠᠯ᠎ᠲᠠᠢ ᠠᠬᠢᠬᠤ ᠵᠢ ᠪᠠᠲᠤᠯᠠᠬᠤ ᠬᠡᠷᠡᠭᠲᠡᠢ ᠃
(ᠨᠠᠢ᠍ᠮᠠ) ᠲᠦᠭᠰᠢᠭᠦᠷᠢ ᠵᠢᠨ ᠲᠠᠯ᠎ᠠ᠎ᠳᠠᠬᠢ ᠬᠠᠮᠢᠶᠠᠷᠤᠯᠲᠠ᠎ᠪᠠᠨ ᠴᠢᠩᠭ᠋ᠠᠳᠬᠠᠨ᠎ᠠ ᠃ ᠳᠠᠭ᠋ᠠᠳᠬᠠᠯ᠎ᠤᠨ ᠪᠠᠢ᠌ᠭᠤᠯᠤᠮᠵᠢ᠎ᠨᠢ ᠲᠦᠭᠰᠢᠭᠦᠷᠢ ᠵᠢᠨ ᠲᠠᠯ᠎ᠠ᠎ᠳᠠᠬᠢ ᠬᠠᠮᠢᠶᠠᠷᠤᠯᠲᠠ ᠦᠢ᠍ᠯᠡᠴᠢᠯᠡᠭᠡ᠎ᠪᠠᠨ ᠴᠢᠩᠭ᠋ᠠᠳᠬᠠᠵᠤ ᠂ ᠲᠤᠰᠬᠠᠢ ᠮᠡᠷᠭᠡᠵᠢᠯ᠎ᠤᠨ ᠦᠢ᠍ᠯᠡᠴᠢᠯᠡᠭᠡᠨ᠎ᠤ ᠴᠢᠳᠠᠪᠤᠷᠢ᠎ᠪᠠᠨ ᠳᠡᠭᠡᠭᠰᠢᠯᠡᠭᠦᠯᠦᠨ ᠂ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠎ᠳᠤ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠂ ᠲᠦᠭᠰᠢᠭᠦᠷᠢ ᠵᠢᠨ ᠲᠠᠯ᠎ᠠ ᠵᠢᠨ ᠦᠨᠡᠯᠡᠯᠲᠡ ᠬᠢᠬᠦ ᠵᠡᠷᠭᠡ ᠬᠣᠯᠪᠣᠭᠳᠠᠯ ᠪᠦᠬᠦᠢ ᠦᠢ᠍ᠯᠡᠴᠢᠯᠡᠭᠡ ᠬᠠᠩᠭ᠋ᠠᠬᠤ ᠬᠡᠷᠡᠭᠲᠡᠢ ᠃ ᠳᠠᠭ᠋ᠠᠳᠬᠠᠯ ᠳᠠᠭ᠋ᠠᠭ᠋ᠠᠬᠤᠠᠴᠠᠪᠠᠨ ᠡᠮᠦᠨ᠎ᠡ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠢᠨᠵᠢᠯᠡᠬᠦ᠎ᠪᠠᠨ ᠴᠢᠩᠭ᠋ᠠᠳᠬᠠᠵᠤ ᠂ ᠳᠠᠭ᠋ᠠᠳᠬᠠᠯ᠎ᠳᠤ ᠳᠠᠭ᠋ᠠᠣᠡᠬᠠᠭᠣᠯᠬᠣ ᠨᠢᠭᠡᠴᠢ᠎ᠳᠤ ᠲᠦᠭᠰᠢᠭᠦᠷᠢ ᠵᠢᠨ ᠦᠨᠡᠯᠡᠯᠲᠡ ᠬᠢᠬᠦ ᠬᠡᠷᠡᠭᠲᠡᠢ ᠃ ᠡᠯ᠎ᠡ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠳᠠᠭ᠋ᠠᠳᠬᠠᠯ᠎ᠤᠨ ᠪᠠᠢ᠌ᠭᠤᠯᠤᠮᠵᠢ ᠵᠢᠨ ᠠᠵᠢᠯ᠎ᠤᠨ᠎ᠬᠢᠨ ᠱᠠᠭ᠋ᠠᠷᠳᠠᠯᠭ᠎ᠠ᠎ᠠᠴᠠ ᠪᠣᠯᠵᠤ ᠲᠠᠷᠢᠶᠠᠯᠠᠩ᠎ᠤᠨ ᠢᠳᠡᠭᠡᠨ᠎ᠤ ᠪᠦᠲᠦᠭᠡᠭᠳᠡᠬᠦᠨ ᠪᠤᠶᠤ ᠢᠳᠡᠭᠡᠨ᠎ᠤ ᠠᠵᠤ ᠠᠬᠤᠢ᠌ᠯᠠᠯ᠎ᠤᠨ ᠢᠲᠡᠭᠡᠮᠵᠢ ᠵᠢᠨ ᠲᠡᠮᠳᠡᠭᠯᠡᠯ ᠪᠠ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢ ᠬᠠᠤᠯᠢ ᠶᠣᠰᠣ᠎ᠪᠠᠷ ᠬᠦᠷᠲᠡᠬᠦ ᠵᠢ ᠳᠡᠮᠵᠢᠵᠦ ᠂ ᠲᠦᠭᠰᠢᠭᠦᠷᠢ ᠵᠢᠨ ᠳ᠋ᠠᠢ᠌ᠲ᠋ᠠ ᠬᠥᠮᠥᠷᠭᠡ ᠵᠢ ᠲᠦᠷᠭᠡᠬᠡᠨ ᠪᠠᠢ᠌ᠭᠤᠯᠵᠤ ᠂ ᠠᠵᠢᠯ ᠲᠦᠷᠦᠯ᠎ᠤᠨ ᠬᠣᠭᠣᠷᠣᠨᠳᠤ᠎ᠪᠠᠨ ᠲᠣᠭ᠎ᠠ ᠪᠠᠷᠢᠮᠲᠠ ᠵᠢ ᠬᠠᠮᠲᠤ᠎ᠳᠤ᠎ᠪᠠᠨ ᠬᠦᠷᠲᠡᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ ᠂ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠢᠯᠭ᠋ᠠᠨ ᠲᠣᠳᠣᠯᠠᠬᠤ ᠬᠢᠷᠢ ᠲᠦᠪᠰᠢᠨ ᠪᠠ ᠲᠦᠭᠰᠢᠭᠦᠷᠢ ᠵᠢᠨ ᠲᠠᠯ᠎ᠠ᠎ᠳᠠᠬᠢ ᠬᠠᠮᠢᠶᠠᠷᠤᠯᠲᠠ ᠵᠢᠨ ᠴᠢᠳᠠᠪᠤᠷᠢ᠎ᠪᠠᠨ ᠳᠡᠭᠡᠭᠰᠢᠯᠡᠭᠦᠯᠵᠦ ᠂ ᠪᠠᠢ᠌ᠴᠠᠭ᠋ᠠᠨ ᠢᠯᠡᠷᠡᠭᠦᠯᠦᠭᠰᠡᠨ ᠢᠳᠡᠭᠡᠨ᠎ᠤ ᠠᠮᠤᠷ ᠲᠦᠪᠰᠢᠨ᠎ᠤ ᠬᠦᠨᠳᠦ ᠶᠡᠬᠡ ᠲᠣᠪᠣᠢ᠌ᠮ᠎ᠠ ᠠᠰᠠᠭᠤᠳᠠᠯ᠎ᠤᠳ᠎ᠢ ᠴᠠᠭ ᠲᠤᠬᠠᠢᠳᠤᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ ᠃
(ᠶᠢᠰᠦ ) ᠤᠬᠠᠭᠤᠯᠬᠤ ᠡᠷᠴᠢᠮ᠎ᠢ ᠴᠢᠩᠭ᠋ᠠᠳᠬᠠᠨ᠎ᠠ ᠃ ᠡᠯ᠎ᠡ ᠭᠠᠵᠠᠷ ᠣᠷᠣᠨ ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠴᠢᠬᠤᠯᠠ ᠠᠴᠢ ᠬᠣᠯᠪᠣᠭᠳᠠᠯ ᠂ ᠣᠷᠣᠨ ᠨᠤᠲᠤᠭ᠎ᠤᠨ ᠲᠤᠷᠰᠢᠯᠭ᠎ᠠ ᠂ ᠨᠡᠢ᠌ᠲᠡᠯᠢᠭ ᠵᠢᠱ᠌ᠢᠶᠡᠨᠦᠭᠦᠳᠢ ᠥᠷᠭᠡᠨ ᠵᠶ᠋ᠡᠷ ᠤᠬᠠᠭᠤᠯᠬᠤ ᠬᠡᠷᠡᠭᠲᠡᠢ ᠃ ᠳᠠᠭ᠋ᠠᠳᠬᠠᠯ᠎ᠳᠤ ᠳᠠᠭ᠋ᠠᠣᠡᠬᠠᠭᠣᠯᠣᠭᠰᠠᠨ ᠨᠢᠭᠡᠴᠢᠤᠳᠤᠨ ᠢᠳᠡᠭᠡᠨ᠎ᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠨᠢᠭᠡᠳᠦᠯᠲᠡᠢ ᠢᠯᠭ᠋ᠠᠬᠤ ᠲᠡᠮᠳᠡᠭ᠎ᠢ ᠵᠠᠷᠯᠠᠨ ᠨᠠᠭ᠋ᠠᠬᠤ ᠂ ᠵᠡᠭᠦᠯᠲᠡ ᠲᠣᠳᠣᠷᠬᠠᠢ᠌ᠯᠠᠯᠲᠠ ᠬᠢᠬᠦ ᠪᠤᠶᠤ ᠡᠯᠭᠦᠬᠦ ᠵᠢ ᠳᠡᠮᠵᠢᠨ ᠂ ᠳᠠᠭ᠋ᠠᠳᠬᠠᠯ᠎ᠳᠤ ᠣᠷᠣᠯᠴᠠᠭᠰᠠᠳ᠎ᠤᠨ ᠢᠯᠭ᠋ᠠᠨ ᠲᠠᠨᠢᠭᠳᠠᠬᠤ ᠬᠡᠮᠵᠢᠶ᠎ᠡ ᠵᠢ ᠨᠡᠮᠡᠭᠳᠡᠭᠦᠯᠵᠦ ᠂ ᠳᠠᠭ᠋ᠠᠳᠬᠠᠯ᠎ᠳᠤ ᠳᠠᠭ᠋ᠠᠣᠡᠬᠠᠭᠣᠯᠣᠭᠰᠠᠨ ᠠᠵᠤ ᠠᠬᠤᠢ᠌ᠯᠠᠯ᠎ᠤᠳ᠎ᠢ ᠵᠣᠬᠢᠶᠠᠨ ᠪᠠᠢ᠌ᠭᠤᠯᠤᠨ ᠤᠳᠤᠷᠢᠳᠴᠤ ᠢᠲᠡᠭᠡᠮᠵᠢᠲᠦ ᠲᠡᠮᠳᠡᠭᠲᠦ ᠵᠢ ᠪᠣᠢ ᠪᠣᠯᠭ᠋ᠠᠨ ᠂ ᠦᠨᠡᠨᠴᠢ ᠢᠲᠡᠭᠡᠮᠵᠢ ᠵᠢᠨ ᠰᠣᠶᠣᠯ ᠢ ᠬᠥᠮᠥᠵᠢᠭᠦᠯᠬᠦ ᠬᠡᠷᠡᠭᠲᠡᠢ ᠃ ᠨᠡᠢ᠌ᠭᠡᠮ᠎ᠤᠨ ᠬᠠᠷᠢᠭᠤᠴᠠᠯᠭ᠎ᠠ ᠡᠭᠦᠷᠭᠡ᠎ᠪᠠᠨ ᠤᠬᠠᠮᠰᠠᠷ᠎ᠠᠴᠠ᠎ᠪᠠᠨ ᠡᠭᠦᠷᠭᠡᠯᠡᠭᠰᠡᠨ ᠂ ᠳᠠᠭ᠋ᠠᠳᠬᠠᠯ᠎ᠳᠤ ᠢᠳᠡᠪᠬᠢᠲᠡᠢ ᠳᠠᠭ᠋ᠠᠣᠡᠬᠠᠭᠣᠯᠣᠭᠰᠠᠨ ᠨᠢᠭᠡ ᠪᠦᠯᠦᠭ ᠠᠵᠤ ᠠᠬᠤᠢ᠌ᠯᠠᠯ᠎ᠤᠳ ᠣᠨᠴᠠᠭ᠋ᠠᠢ᠌ᠯᠠᠨ ᠨᠡᠷ᠎ᠡ ᠨᠥᠯᠥᠭᠡ᠎ᠲᠠᠢ ᠠᠵᠤ ᠠᠬᠤᠢ᠌ᠯᠠᠯ᠎ᠤᠳ᠎ᠢ ᠰᠠᠢ᠌ᠰᠢᠶᠠᠨ ᠬᠥᠬᠢᠭᠦᠯᠵᠦ ᠂ ᠵᠢᠱ᠌ᠢᠶ᠎ᠡ ᠦᠵᠡᠭᠦᠯᠦᠨ ᠳᠠᠭ᠋ᠠᠭᠤᠯᠬᠤ ᠦᠢ᠍ᠯᠡᠳᠦᠯ᠎ᠢ᠎ᠨᠢ ᠭᠦᠢ᠍ᠴᠡᠳ ᠪᠠᠳᠠᠷᠠᠭᠤᠯᠬᠤ ᠬᠡᠷᠡᠭᠲᠡᠢ ᠃
ᠲᠤᠰ ᠰᠠᠨᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠵᠦ ᠂ 《ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠳᠠᠭ᠋ᠠᠳᠬᠠᠯ᠎ᠤᠨ ᠠᠵᠢᠯ᠎ᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ 》 (ᠥᠪᠥᠷ ᠵᠠᠰᠠᠭ ᠠᠯᠪᠠᠨ ᠲᠠᠷᠬᠠᠭ᠋ᠠᠭᠰᠠᠨ [2016] 49 ᠳ᠋ᠦ᠍ᠭᠡᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ ᠃
2022 ᠣᠨ᠎ᠤ 12 ᠳ᠋ᠤᠭ᠋ᠠᠷ ᠰᠠᠷ᠎ᠠ ᠵᠢᠨ 12᠎ᠤᠨ ᠡᠳᠦᠷ
(ᠲᠤᠰ ᠪᠢᠴᠢᠭ ᠮᠠᠲᠸᠷᠢᠶᠠᠯ᠎ᠢ ᠢᠯᠡ ᠨᠡᠢ᠌ᠲᠡᠯᠡᠨ᠎ᠡ)
ᠬᠠᠭᠤᠯᠤᠨ ᠢᠯᠡᠭᠡᠬᠦ᠎ᠨᠢ ᠄
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠣᠯ᠎ᠤᠨ ᠴᠡᠷᠢᠭ᠎ᠤᠨ ᠲᠣᠭᠣᠷᠢᠭ ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ ᠂ ᠤᠯᠤᠰ ᠲᠥᠷᠦ ᠵᠢᠨ ᠵᠥᠪᠯᠡᠯᠭᠡᠨ᠎ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶ᠎ᠠ ᠂ ᠪᠠᠢ᠌ᠴᠠᠭ᠋ᠠᠬᠤ ᠬᠣᠷᠢᠶ᠎ᠠ ᠃
ᠡᠯ᠎ᠡ ᠠᠷᠠᠳ᠎ᠤᠨ ᠪᠦᠯᠬᠦᠮ ᠂ ᠰᠣᠨᠢᠨ ᠮᠡᠳᠡᠭᠡᠨ᠎ᠤ ᠨᠢᠭᠡᠴᠢ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2022 ᠣᠨ᠎ᠤ 12 ᠳ᠋ᠤᠭ᠋ᠠᠷ ᠰᠠᠷ᠎ᠠ ᠵᠢᠨ 13᠎ᠤ ᠡᠳᠦᠷ ᠳᠠᠷᠤᠮᠠᠯᠯᠠᠨ ᠲᠠᠷᠬᠠᠭ᠋ᠠᠪᠠ