ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭ᠋ᠠᠭᠰᠠᠨ [ 2023 ] 11 ᠳ᠋ᠦ᠍ᠭᠡᠷ ᠲᠣᠭ᠋ᠠᠲᠤ
ᠪᠦᠬᠦ ᠣᠷᠣᠨ᠎ᠤ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠢ᠌ᠮᠠᠭ᠎ᠤᠨ ᠵᠠᠬᠢᠷᠭ᠎ᠠ ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠢ᠌ᠯᠠᠯ ᠂ ᠠᠵᠢᠯ ᠦᠢ᠍ᠯᠡᠰ᠎ᠤᠨ ᠨᠢᠭᠡᠴᠢ᠎ᠳᠤ ᠄
ᠠᠯᠠᠱ᠌ᠠ ᠵᠢᠨ ᠰᠢᠨ ᠵᠢᠩ ᠨᠡᠭᠦᠷᠡᠰᠦᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠵᠠᠳᠠᠭ᠋ᠠᠢ ᠨᠡᠭᠦᠷᠡᠰᠦᠨ ᠠᠭᠤᠷᠬᠠᠢ ᠵᠢᠨ 《 2 · 22 》᠎ᠤᠨ ᠣᠨᠴᠠ ᠬᠦᠨᠳᠦ ᠶᠡᠬᠡ ᠶᠡᠭᠦᠷᠡᠭᠰᠡᠨ ᠠᠳᠡᠯ᠎ᠤᠨ ᠰᠤᠷᠭ᠋ᠠᠮᠵᠢ ᠵᠢ ᠭᠦᠨᠵᠡᠭᠡᠢ ᠲᠣᠭᠲᠠᠭ᠋ᠠᠵᠤ ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ ᠂ ᠠᠶᠤᠯ ᠦᠭᠡᠢ ᠦᠢ᠍ᠯᠡᠳᠪᠦᠷᠢᠯᠡᠯ᠎ᠤᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠤᠨ ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠠᠳᠡᠯ ᠭᠠᠷᠬᠤ ᠵᠢ ᠡᠷᠡᠰ ᠰᠡᠷᠭᠡᠢ᠌ᠯᠡᠨ ᠬᠣᠷᠢᠭᠯᠠᠬᠤ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ ᠂ ᠡᠳᠦᠭᠡ ᠪᠦᠬᠦ ᠣᠷᠣᠨ᠎ᠤ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠠᠷᠭ᠎ᠠ ᠬᠡᠮᠵᠢᠶ᠎ᠡ᠎ᠨᠦᠭᠦᠳ᠎ᠢ ᠳᠣᠣᠷᠠᠬᠢ ᠮᠡᠲᠦ ᠮᠡᠳᠡᠭᠳᠡᠶ᠎ᠡ ᠃
ᠨᠢᠭᠡ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠶᠠᠭ᠋ᠠᠬᠢᠭᠰᠠᠨ ᠴᠤ᠌ ᠠᠮᠤᠷ ᠲᠦᠪᠰᠢᠨ᠎ᠢ ᠦᠷᠡᠭᠳᠡᠭᠦᠯᠬᠦ᠎ᠪᠠᠷ ᠦᠨ᠎ᠡ ᠦᠷᠲᠡᠭ ᠪᠣᠯᠭ᠋ᠠᠵᠤ ᠪᠣᠯᠬᠤ ᠦᠭᠡᠢ ᠤᠯᠠᠭ᠋ᠠᠨ ᠱᠤᠭᠤᠮ᠎ᠤᠨ ᠤᠬᠠᠮᠰᠠᠷ᠎ᠢ ᠪᠠᠲᠤ ᠪᠤᠢ ᠪᠣᠯᠭ᠋ᠠᠨ ᠂ 《 ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ 》᠎ᠢ ᠴᠢᠩᠭ᠎ᠠ ᠬᠡᠷᠡᠭᠵᠢᠭᠦᠯᠵᠦ ᠂ ᠬᠢᠨᠠᠯᠲᠠ ᠬᠠᠮᠢᠶᠠᠷᠤᠯᠲᠠ ᠵᠢᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠨ ᠂ ᠬᠢᠨᠠᠯᠲᠠ ᠬᠠᠮᠢᠶᠠᠷᠤᠯᠲᠠ ᠵᠢᠨ ᠠᠵᠢᠯᠲᠠᠨ᠎ᠢ ᠭᠦᠢ᠍ᠴᠡᠳ ᠴᠢᠩᠭ᠎ᠠ ᠲᠣᠬᠢᠷᠠᠭᠤᠯᠵᠤ ᠂ ᠬᠠᠷᠢᠶ᠎ᠠ ᠭᠠᠵᠠᠷ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠬᠤ ᠬᠡᠷᠡᠭᠲᠡᠢ ᠃ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ ᠬᠡᠷᠡᠭᠯᠡᠬᠦ ᠭᠠᠵᠠᠷ᠎ᠢ ᠵᠦᠢ ᠵᠣᠬᠢᠰᠲᠠᠢ ᠲᠥᠬᠥᠷᠵᠢᠭᠦᠯᠦᠨ ᠲᠣᠬᠢᠷᠠᠭᠤᠯᠵᠤ ᠂ ᠨᠡᠭᠦᠷᠡᠰᠦᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠪᠠᠢ᠌ᠷᠢᠰᠢᠯ᠎ᠢ ᠰᠢᠯᠢᠳᠡᠭᠵᠢᠭᠦᠯᠦᠨ ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠬᠣᠯᠪᠤᠭ᠋ᠠᠯᠠᠨ ᠳᠠᠬᠢᠨ ᠵᠣᠬᠢᠶᠠᠨ ᠪᠠᠢ᠌ᠭᠤᠯᠬᠤ ᠵᠢ ᠳᠡᠮᠵᠢᠵᠦ ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ ᠃
ᠬᠣᠶᠠᠷ ᠂ ᠡᠯ᠎ᠡ ᠱᠠᠲᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠺᠣᠮᠢᠰ ᠂ ᠡᠨᠧᠷᠭᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠺᠣᠮᠢᠰ᠎ᠨᠢ ᠲᠦᠷᠦᠭᠦᠯᠡᠨ ᠠᠵᠢᠯᠯᠠᠵᠤ ᠶᠡᠷᠦᠩᠬᠡᠢ᠎ᠳᠤ ᠨᠢ ᠠᠳᠬᠤᠬᠤ ᠦᠢ᠍ᠯᠡᠳᠦᠯ ᠵᠶ᠋ᠡᠨ ᠪᠠᠳᠠᠷᠠᠭᠤᠯᠤᠨ ᠂ ᠡᠯ᠎ᠡ ᠰᠠᠯᠠᠭ᠎ᠠ ᠮᠥᠴᠢᠷ᠎ᠢ ᠰᠢᠮᠳᠠᠭᠤᠯᠵᠤ ᠪᠠᠢ᠌ᠭ᠋ᠠᠳ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ ᠂ ᠭᠠᠵᠠᠷ ᠬᠥᠳᠡᠯᠦᠯᠲᠡ ᠂ ᠴᠠᠭ ᠠᠭᠤᠷ ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠬᠢᠭᠡᠳ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠲᠠᠢ ᠰᠠᠯᠠᠭ᠎ᠠ ᠮᠥᠴᠢᠷ᠎ᠯᠦᠭᠡ ᠵᠢᠨ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠢ᠌ᠭᠤᠯᠵᠤ ᠂ ᠲᠡᠷᠢᠭᠦᠨ᠎ᠤ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠲᠦᠭᠰᠢᠭᠦᠷᠢ ᠵᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠵᠢ ᠴᠢᠩᠭ᠋ᠠᠳᠬᠠᠵᠤ ᠂ ᠭᠠᠵᠠᠷ ᠬᠥᠳᠡᠯᠦᠯᠲᠡ ᠂ ᠲᠤᠢ᠌ᠯ᠎ᠤᠨ ᠭᠠᠢ ᠭᠠᠮᠰᠢᠭ᠎ᠲᠤ ᠴᠠᠭ ᠠᠭᠤᠷ ᠂ ᠭᠠᠵᠠᠷ ᠰᠢᠨᠵᠢᠯᠡᠭᠡᠨ᠎ᠤ ᠭᠠᠢ ᠭᠠᠮᠰᠢᠭ ᠂ ᠳᠠᠭ᠋ᠠᠭᠤᠯᠢ ᠣᠳᠣᠨ᠎ᠤ ᠵᠢᠷᠤᠭ ᠳᠦᠷᠰᠦ ᠵᠡᠷᠭᠡ ᠵᠢᠨ ᠬᠢᠨᠠᠨ ᠰᠢᠨᠵᠢᠭᠰᠡᠨ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠯᠴᠡᠵᠦ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠬᠦ ᠬᠡᠷᠡᠭᠲᠡᠢ ᠃
ᠭᠤᠷᠪᠠ ᠂ ᠡᠯ᠎ᠡ ᠱᠠᠲᠤᠨ᠎ᠤ ᠨᠡᠭᠦᠷᠡᠰᠦᠨ᠎ᠤ ᠠᠵᠢᠯ ᠲᠥᠷᠥᠯ᠎ᠤᠨ ᠬᠠᠮᠢᠶᠠᠷᠤᠯᠲᠠ ᠂ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠂ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠢ᠌ᠴᠠᠭ᠋ᠠᠯᠲᠠ ᠵᠡᠷᠭᠡ ᠰᠠᠯᠠᠭ᠎ᠠ ᠮᠥᠴᠢᠷ ᠨᠢ ᠱᠠᠲᠤ ᠬᠤᠪᠢᠶᠠᠨ ᠬᠢᠨᠠᠨ ᠬᠠᠮᠢᠶᠠᠷᠬᠤ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠬᠠᠤᠯᠢ ᠵᠢ ᠴᠢᠩᠭ᠎ᠠ ᠬᠡᠷᠡᠭᠵᠢᠭᠦᠯᠦᠨ ᠂ ᠬᠢᠨᠠᠯᠲᠠ ᠬᠠᠮᠢᠶᠠᠷᠤᠯᠲᠠ ᠬᠢᠨᠠᠨ ᠪᠠᠢ᠌ᠴᠠᠭ᠋ᠠᠯᠲᠠ ᠬᠢᠬᠦ ᠪᠠ ᠬᠠᠤᠯᠢ ᠬᠡᠷᠡᠭᠵᠢᠭᠦᠯᠬᠦ ᠦᠷ᠎ᠡ ᠴᠢᠳᠠᠮᠵᠢ᠎ᠪᠠᠨ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ; ᠵᠠᠳᠠᠭ᠋ᠠᠢ ᠨᠡᠭᠦᠷᠡᠰᠦᠨ ᠠᠭᠤᠷᠬᠠᠢ ᠵᠢᠨ ᠬᠦᠨᠳᠦ ᠶᠡᠬᠡ ᠭᠠᠢ ᠭᠠᠮᠰᠢᠭ᠎ᠤᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂ ᠦᠢ᠍ᠯᠡᠳᠪᠦᠷᠢᠯᠡᠯ᠎ᠤᠨ ᠪᠠᠢ᠌ᠳᠠᠯ ᠪᠠ ᠠᠮᠤᠷ ᠲᠦᠪᠰᠢᠨ᠎ᠤ ᠪᠠᠢ᠌ᠳᠠᠯ᠎ᠢ ᠴᠠᠭ ᠲᠤᠬᠠᠢᠳᠤᠨᠢ ᠬᠢᠨᠠᠨ ᠡᠵᠡᠮᠳᠡᠬᠦ ᠬᠡᠷᠡᠭᠲᠡᠢ ; ᠬᠠᠤᠯᠢ ᠪᠤᠰᠤ ᠠᠵᠢᠯᠯᠠᠭ᠎ᠠ᠎ᠳᠤ ᠴᠣᠬᠢᠯᠲᠠ ᠥᠭᠴᠦ ᠬᠠᠤᠯᠢ᠎ᠠᠴᠠ ᠵᠥᠷᠢᠴᠡᠭᠰᠡᠨ᠎ᠢ ᠵᠠᠰᠠᠬᠤ ᠥᠨᠳᠥᠷ ᠳᠠᠷᠤᠯᠲᠠᠲᠤ ᠪᠠᠢ᠌ᠳᠠᠯ᠎ᠢ ᠢᠮᠠᠭᠲᠠ ᠪᠠᠲᠤᠯᠠᠵᠤ ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠪᠣᠳᠠᠲᠠᠢ ᠡᠵᠡᠮᠳᠡᠭᠴᠢ ᠪᠠ ᠪᠣᠳᠠᠲᠠᠢ ᠪᠡᠯᠡ ᠭᠠᠷᠭ᠋ᠠᠭᠴᠢ ᠵᠡᠷᠭᠡ 《 ᠵᠠᠩᠭᠢᠯᠠᠭ᠎ᠠ ᠵᠢᠨ ᠬᠥᠮᠥᠨ 》 ᠪᠠ ᠠᠭᠤᠷᠬᠠᠢ ᠵᠢᠨ ᠳᠠᠷᠤᠭ᠎ᠠ ᠂ ᠶᠡᠷᠦᠩᠬᠡᠢ ᠢᠨᠵᠧᠨᠧᠷ ᠵᠡᠷᠭᠡ 《 ᠵᠠᠩᠭᠢᠯᠠᠭ᠎ᠠ ᠵᠢᠨ ᠴᠥᠭᠡᠨ ᠲᠣᠭ᠋ᠠᠲᠠᠨ 》᠎ᠢ ᠴᠢᠩᠭ᠎ᠠ ᠠᠩᠬᠠᠷᠤᠨ ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠬᠡᠯᠡᠯᠴᠡᠬᠦ ᠵᠢ ᠴᠢᠩᠭ᠋ᠠᠷᠠᠭᠤᠯᠵᠤ ᠂ ᠶᠠᠯ᠎ᠠ ᠬᠢᠭᠰᠡᠨ ᠵᠶ᠋ᠠᠷ ᠰᠡᠵᠢᠭᠯᠡᠭᠳᠡᠭᠰᠡᠨ ᠬᠡᠷᠡᠭ᠎ᠢ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ ᠡᠯ᠎ᠡ ᠱᠠᠲᠤᠨ᠎ᠤ ᠪᠠᠢ᠌ᠭ᠋ᠠᠯᠢ ᠵᠢᠨ ᠡᠬᠢ ᠪᠠᠶᠠᠯᠢᠭ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠨ᠎ᠡ ᠃ ᠡᠯ᠎ᠡ ᠱᠠᠲᠤᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠺᠣᠮᠢᠰ᠎ᠤᠨ ᠠᠯᠪᠠᠨ ᠭᠡᠷ᠎ᠨᠢ ᠬᠢᠨᠠᠯᠲᠠ ᠲᠠᠯᠪᠢᠨ ᠵᠢᠯᠤᠭᠣᠳᠴᠤ ᠵᠣᠬᠢᠴᠠᠭᠤᠯᠬᠤ ᠠᠵᠢᠯ ᠵᠶ᠋ᠠᠨ ᠴᠢᠩᠭ᠋ᠠᠳᠬᠠᠬᠤ ᠬᠡᠷᠡᠭᠲᠡᠢ ᠃
ᠳᠥᠷᠪᠡ ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠵᠤ ᠠᠬᠤᠢ᠌ᠯᠠᠯ᠎ᠤᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠂ ᠪᠣᠳᠠᠲᠠᠢ ᠡᠵᠡᠮᠳᠡᠭᠴᠢ ᠂ ᠪᠣᠳᠠᠲᠠᠢ ᠬᠠᠷᠢᠭᠤᠴᠠᠯᠭ᠋ᠠᠲᠠᠨ᠎ᠨᠢ ᠡᠷᠬᠡᠪᠰᠢ ᠠᠶᠤᠯ ᠦᠭᠡᠢ ᠦᠢ᠍ᠯᠡᠳᠪᠦᠷᠢᠯᠡᠯ᠎ᠤᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ ᠂ ᠲᠤᠰ ᠨᠢᠭᠡᠴᠢ ᠵᠢᠨ ᠵᠶ᠋ᠠᠨ ᠠᠶᠤᠯ ᠦᠭᠡᠢ ᠦᠢ᠍ᠯᠡᠳᠪᠦᠷᠢᠯᠡᠯ᠎ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃ 《ᠠᠭᠤᠷᠬᠠᠢ ᠵᠢᠨ ᠲᠠᠪᠤᠨ ᠳᠠᠷᠤᠭ᠎ᠠ 》᠎ᠨᠢ ᠡᠭᠦᠷᠭᠡ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ ᠂ ᠠᠭᠤᠷᠬᠠᠢ ᠵᠢᠨ ᠳᠠᠷᠤᠭ᠎ᠠ ᠵᠢᠵᠢᠭᠦᠷ ᠳᠠᠭ᠋ᠠᠭᠤᠯᠬᠤ ᠳᠦᠷᠢᠮ᠎ᠢ ᠴᠢᠩᠭ᠎ᠠ ᠬᠡᠷᠡᠭᠵᠢᠭᠦᠯᠦᠨ ᠂ ᠨᠡᠷ᠎ᠡ ᠵᠢᠨ ᠲᠡᠳᠦᠢ ᠵᠢᠵᠢᠭᠦᠷᠯᠡᠬᠦ ᠦᠢ᠍ᠯᠡ ᠠᠵᠢᠯᠯᠠᠭ᠎ᠠ ᠵᠢ ᠴᠢᠩᠭ᠎ᠠ ᠴᠠᠭ᠋ᠠᠵᠠᠯᠠᠬᠤ ᠬᠡᠷᠡᠭᠲᠡᠢ ᠃ ᠵᠠᠳᠠᠭ᠋ᠠᠢ ᠨᠡᠭᠦᠷᠡᠰᠦᠨ ᠠᠭᠤᠷᠬᠠᠢᠨᠤᠭᠤᠳ ᠵᠥᠪᠰᠢᠶᠡᠷᠡᠭᠰᠡᠨ ᠵᠢᠷᠤᠭ ᠲᠥᠯᠥᠪᠯᠡᠭᠡ ᠵᠢ ᠴᠢᠩᠭ᠎ᠠ ᠵᠢᠷᠤᠮᠯᠠᠨ ᠪᠠᠷᠢᠯᠭ᠎ᠠ ᠪᠠᠷᠢᠵᠤ ᠂ ᠬᠢᠨᠠᠨ ᠰᠢᠨᠵᠢᠬᠦ ᠲᠥᠬᠦᠭᠡᠷᠦᠮᠵᠢ ᠵᠢ ᠭᠦᠢ᠍ᠴᠡᠳ ᠲᠡᠭᠦᠯᠳᠡᠷ ᠪᠦᠷᠢᠨ ᠰᠠᠢ᠌ᠨ ᠪᠠᠢ᠌ᠯᠭ᠋ᠠᠵᠤ ᠂ ᠠᠶᠤᠯ ᠦᠭᠡᠢ ᠦᠢ᠍ᠯᠡᠳᠪᠦᠷᠢᠯᠡᠯ᠎ᠤᠨ ᠳᠦᠷᠢᠮ᠎ᠢ ᠪᠦᠷᠢᠨᠰᠢᠭᠦᠯᠬᠦ ᠵᠢᠨ ᠬᠠᠮᠲᠤ ᠪᠣᠳᠠᠲᠠᠢ᠌ᠵᠢᠭᠤᠯᠤᠨ ᠬᠡᠷᠡᠭᠵᠢᠭᠦᠯᠬᠦ ᠬᠡᠷᠡᠭᠲᠡᠢ ᠃
ᠲᠠᠪᠤ ᠂ ᠰᠢᠯᠭ᠋ᠠᠨ ᠪᠠᠢ᠌ᠴᠠᠭ᠋ᠠᠵᠤ ᠬᠡᠮᠵᠢᠨ ᠪᠠᠢ᠌ᠴᠠᠭ᠋ᠠᠬᠤ ᠂ ᠵᠢᠷᠤᠭᠯᠠᠨ ᠲᠥᠯᠥᠪᠯᠡᠬᠦ ᠂ ᠦᠨᠡᠯᠡᠬᠦ ᠂ ᠭᠠᠵᠠᠷ ᠰᠢᠨᠵᠢᠯᠡᠭᠡᠨ᠎ᠤ ᠬᠠᠢ᠌ᠨ ᠰᠢᠨᠵᠢᠬᠦ ᠵᠡᠷᠭᠡ ᠵᠠᠭᠤᠴᠢ ᠪᠠᠢ᠌ᠭᠤᠯᠤᠮᠵᠢ᠎ᠨᠤᠭᠤᠳ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠮᠡᠳᠡᠭᠦᠯᠦᠯᠲᠡ ᠭᠠᠷᠭ᠋ᠠᠵᠤ ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠢ ᠃ ᠪᠣᠳᠠᠲᠤ ᠪᠠᠢ᠌ᠳᠠᠯ᠎ᠢ ᠦᠨᠳᠦᠰᠦᠯᠡᠭᠰᠡᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭ᠋ᠠᠭᠰᠠᠨ ᠪᠠᠢ᠌ᠪᠠᠯ ᠂ 《 ᠬᠠᠷ᠎ᠠ ᠲᠠᠩᠰᠠ 》 ᠵᠢᠨ ᠬᠠᠮᠢᠶᠠᠷᠤᠯᠲᠠ᠎ᠳᠤ ᠣᠷᠣᠭᠤᠯᠵᠤ ᠂ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠬᠦ ᠬᠡᠷᠡᠭᠲᠡᠢ ᠃
ᠵᠢᠷᠭᠤᠭ᠎ᠠ ᠂ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠢ᠌ᠴᠠᠭ᠋ᠠᠬᠤ ᠲᠣᠪᠴᠢᠶ᠎ᠠ ᠵᠢᠨ ᠥᠪᠥᠷ ᠮᠣᠩᠭᠣᠯ᠎ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶ᠎ᠠ᠎ᠲᠠᠢ ᠬᠠᠮᠲᠤᠷᠠᠨ ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ ᠠᠭᠤᠷᠬᠠᠢ ᠵᠢ ᠲᠥᠷᠥᠯ ᠬᠤᠪᠢᠶᠠᠨ ᠬᠢᠨᠠᠨ ᠬᠠᠮᠢᠶᠠᠷᠴᠤ ᠬᠢᠨᠠᠨ ᠪᠠᠢ᠌ᠴᠠᠭ᠋ᠠᠬᠤ ᠵᠢᠨ ᠬᠡᠷᠡᠭᠵᠢᠭᠦᠯᠬᠦ ᠠᠷᠭ᠎ᠠ 》 ᠵᠢᠨ ᠱᠠᠭ᠋ᠠᠷᠳᠠᠯᠭ᠎ᠠ ᠶᠣᠰᠣᠭ᠋ᠠᠷ ᠂ ᠤᠯᠠᠷᠢᠯ ᠪᠦᠷᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠲᠥᠷᠥᠯ ᠬᠤᠪᠢᠶᠠᠨ ᠲᠠᠰ ᠦᠨᠡᠯᠡᠬᠦ᠎ᠳᠤ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠵᠦ ᠂ ᠲᠥᠷᠥᠯ ᠬᠤᠪᠢᠶᠠᠨ ᠲᠠᠰ ᠦᠨᠡᠯᠡᠭᠰᠡᠨ ᠪᠠᠢ᠌ᠳᠠᠯ᠎ᠢ ᠨᠡᠢ᠌ᠭᠡᠮ᠎ᠳᠤ ᠨᠡᠢ᠌ᠲᠡᠯᠡᠨ᠎ᠡ ᠃ ᠵᠠᠳᠠᠭ᠋ᠠᠢ ᠨᠡᠭᠦᠷᠡᠰᠦᠨ ᠠᠭᠤᠷᠬᠠᠢ ᠵᠢᠨ ᠲᠥᠷᠥᠯ ᠬᠤᠪᠢᠶᠠᠨ ᠳᠡᠰ ᠦᠨᠡᠯᠡᠭᠰᠡᠨ ᠦᠷ᠎ᠡ ᠳ᠋ᠦᠩ᠎ᠤᠨ ᠰᠢᠨᠵᠢᠯᠡᠬᠦ ᠤᠬᠠᠭ᠋ᠠᠨᠴᠢ ᠬᠡᠷᠡᠭᠯᠡᠯᠲᠡ ᠵᠢ ᠴᠢᠩᠭ᠋ᠠᠳᠬᠠᠵᠤ ᠂ C ᠲᠥᠷᠥᠯ᠎ᠤᠨ ᠵᠠᠳᠠᠭ᠋ᠠᠢ ᠨᠡᠭᠦᠷᠡᠰᠦᠨ ᠠᠭᠤᠷᠬᠠᠢ ᠵᠢ ᠭᠣᠣᠯᠳᠠᠯᠭ᠎ᠠ᠎ᠲᠠᠢ ᠬᠢᠨᠠᠨ ᠬᠠᠮᠢᠶᠠᠷᠴᠤ ᠬᠢᠨᠠᠨ ᠪᠠᠢ᠌ᠴᠠᠭ᠋ᠠᠬᠤ ᠡᠲᠡᠭᠡᠳ᠎ᠲᠤ ᠵᠢᠭᠰᠠᠭ᠋ᠠᠨ ᠣᠷᠣᠭᠤᠯᠵᠤ ᠂ ᠬᠦᠨᠳᠦ ᠶᠡᠬᠡ ᠠᠮᠤᠷ ᠲᠦᠪᠰᠢᠨ᠎ᠤ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠦᠭᠡᠢ ᠂ ᠬᠦᠨᠳᠦ ᠶᠡᠬᠡ ᠠᠳᠡᠯ᠎ᠤᠨ ᠳᠠᠯᠳᠠ ᠭᠡᠮ ᠣᠷᠣᠰᠢᠵᠤ ᠪᠠᠢ᠌ᠭ᠎ᠠ ᠵᠢ᠎ᠨᠢ ᠴᠥᠮ ᠬᠠᠤᠯᠢ ᠲᠣᠭᠲᠠᠭ᠋ᠠᠯ ᠶᠣᠰᠣᠭ᠋ᠠᠷ ᠵᠠᠷᠯᠢᠭᠳᠠᠵᠤ ᠪᠠᠢ᠌ᠭ᠋ᠠᠳ ᠦᠢ᠍ᠯᠡᠳᠪᠦᠷᠢᠯᠡᠯ᠎ᠢ᠎ᠨᠢ ᠵᠣᠭᠰᠣᠭ᠋ᠠᠵᠤ ᠴᠡᠭᠴᠡᠯᠡᠨ ᠰᠠᠢ᠌ᠵᠢᠷᠠᠭᠤᠯᠵᠤ ᠂ ᠡᠳᠦᠷ ᠲᠤᠲᠤᠮ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠰᠬᠠᠢ ᠬᠥᠮᠥᠨ ᠲᠣᠮᠢᠯᠠᠨ ᠬᠠᠷᠠᠭᠤᠯ᠎ᠤᠨ ᠰᠠᠬᠢᠭᠤᠯᠵᠤ ᠂ ᠴᠡᠭᠴᠡᠯᠡᠨ ᠰᠠᠢ᠌ᠵᠢᠷᠠᠭᠤᠯᠬᠤ ᠵᠢ ᠪᠣᠳᠠᠲᠠᠢ᠌ᠵᠢᠭᠤᠯᠤᠭᠰᠠᠨᠤ ᠬᠠᠮᠲᠤ ᠠᠮᠤᠷ ᠲᠦᠪᠰᠢᠨ᠎ᠤ ᠲᠠᠯ᠎ᠠ᠎ᠪᠠᠷ ᠰᠢᠯᠭ᠋ᠠᠨ ᠬᠤᠷᠢᠶᠠᠵᠤ ᠠᠪᠬᠤ᠎ᠳᠤ ᠬᠢᠷᠢ ᠲᠡᠩᠴᠡᠭᠰᠡᠨ᠎ᠤ ᠳᠠᠷᠠᠭ᠎ᠠ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢ᠎ᠨᠢ ᠰᠡᠷᠭᠦᠭᠡᠵᠦ ᠪᠣᠯᠣᠨ᠎ᠠ ᠃ ᠡᠯ᠎ᠡ ᠱᠠᠲᠤᠨ᠎ᠤ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠂ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠢ᠌ᠴᠠᠭ᠋ᠠᠯᠲᠠ ᠵᠢᠨ ᠰᠠᠯᠠᠭ᠎ᠠ ᠮᠥᠴᠢᠷ᠎ᠨᠢ C ᠲᠥᠷᠥᠯ᠎ᠤᠨ ᠨᠡᠭᠦᠷᠡᠰᠦᠨ ᠠᠭᠤᠷᠬᠠᠢ ᠵᠢᠨ ᠪᠠᠢ᠌ᠴᠠᠭ᠋ᠠᠯᠲᠠ ᠵᠢᠨ ᠳᠠᠪᠲᠠᠮᠵᠢ᠎ᠪᠠᠨ ᠨᠡᠮᠡᠭᠳᠡᠭᠦᠯᠬᠦ ᠬᠡᠷᠡᠭᠲᠡᠢ ᠃ 《 ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢᠨ ᠬᠠᠮᠢᠶᠠᠷᠤᠯᠲᠠ ᠵᠢᠨ ᠠᠷᠭ᠎ᠠ 》 ᠵᠢ ᠴᠢᠩᠭ᠎ᠠ ᠵᠢᠷᠤᠮᠯᠠᠨ C ᠲᠥᠷᠥᠯ᠎ᠤᠨ ᠨᠡᠭᠦᠷᠡᠰᠦᠨ ᠠᠭᠤᠷᠬᠠᠢ᠎ᠳᠤ ᠦᠢ᠍ᠯᠡᠳᠪᠦᠷᠢᠯᠡᠬᠦ ᠴᠢᠳᠠᠮᠵᠢ ᠵᠢ᠎ᠨᠢ ᠬᠠᠷᠭᠤᠭᠤᠯᠤᠨ ᠲᠣᠭᠲᠠᠭ᠋ᠠᠬᠤ ᠠᠵᠢᠯ᠎ᠢ ᠥᠷᠨᠢᠭᠦᠯᠬᠦ ᠬᠡᠷᠡᠭᠲᠡᠢ ᠃
ᠳᠣᠯᠤᠭ᠎ᠠ ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ 《 ᠨᠡᠭᠦᠷᠡᠰᠦᠨ ᠠᠭᠤᠷᠬᠠᠢ ᠵᠢᠨ ᠬᠦᠨᠳᠦ ᠶᠡᠬᠡ ᠠᠳᠡᠯ᠎ᠤᠨ ᠲᠠᠯᠲᠠ ᠭᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ 》᠎ᠳᠤ ᠲᠣᠳᠣᠷᠬᠠᠢ᠌ᠯᠠᠭᠰᠠᠨ ᠬᠦᠨᠳᠦ ᠶᠡᠬᠡ ᠠᠳᠡᠯ᠎ᠤᠨ ᠳᠠᠯᠳᠠ ᠭᠡᠮ᠎ᠤᠨ ᠪᠠᠢ᠌ᠳᠠᠯ᠎ᠤᠨ ᠨᠢᠭᠡ ᠨᠢ ᠪᠠᠢ᠌ᠪᠠᠯ ᠂ ᠬᠠᠤᠯᠢ ᠲᠣᠭᠲᠠᠭ᠋ᠠᠯ ᠶᠣᠰᠣᠭ᠋ᠠᠷ ᠵᠠᠷᠯᠢᠭᠳᠠᠵᠤ ᠪᠠᠢ᠌ᠭ᠋ᠠᠳ ᠦᠢ᠍ᠯᠡᠳᠪᠦᠷᠢᠯᠡᠯ᠎ᠢ᠎ᠨᠢ ᠵᠣᠭᠰᠣᠭ᠋ᠠᠵᠤ ᠴᠡᠭᠴᠡᠯᠡᠭᠦᠯᠦᠨ᠎ᠡ ; 《 ᠨᠡᠭᠦᠷᠡᠰᠦᠨ ᠠᠭᠤᠷᠬᠠᠢ ᠵᠢᠨ ᠬᠦᠨᠳᠦ ᠶᠡᠬᠡ ᠠᠳᠡᠯ᠎ᠤᠨ ᠳᠠᠯᠳᠠ ᠭᠡᠮ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ 》᠎ᠠᠴᠠ ᠭᠠᠳᠠᠨᠠᠬᠢ ᠡᠩ᠎ᠤᠨ ᠳᠠᠯᠳᠠ ᠭᠡᠮ ᠣᠷᠣᠰᠢᠵᠤ ᠪᠠᠢ᠌ᠪᠠᠯ ᠂ ᠵᠠᠷᠯᠢᠭᠳᠠᠵᠤ ᠪᠠᠢ᠌ᠭ᠋ᠠᠳ ᠳᠠᠯᠳᠠ ᠭᠡᠮ᠎ᠢ ᠲᠡᠷᠡ ᠳᠠᠷᠤᠢ᠎ᠳᠤ᠎ᠨᠢ ᠠᠷᠢᠯᠭ᠋ᠠᠬᠤ ᠪᠤᠶᠤ ᠬᠤᠭᠤᠴᠠᠭ᠎ᠠ ᠬᠢᠵᠠᠭ᠋ᠠᠷᠯᠠᠨ ᠠᠷᠢᠯᠭ᠋ᠠᠭᠤᠯᠬᠤ ᠬᠡᠷᠡᠭᠲᠡᠢ ᠂ ᠬᠡᠷᠡᠭᠵᠢᠭᠦᠯᠬᠦ ᠵᠢ ᠲᠡᠪᠴᠢᠪᠡᠯ ᠂ ᠬᠠᠤᠯᠢ ᠲᠣᠭᠲᠠᠭ᠋ᠠᠯ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ ᠃
ᠨᠠᠢ᠍ᠮᠠ ᠂ ᠵᠠᠳᠠᠭ᠋ᠠᠢ ᠨᠡᠭᠦᠷᠡᠰᠦᠨ ᠠᠭᠤᠷᠬᠠᠢ ᠨᠢ ᠰᠠᠷ᠎ᠠ ᠪᠦᠷᠢ᠎ᠳᠤ ᠬᠠᠷᠢᠶ᠎ᠠ ᠭᠠᠵᠠᠷ᠎ᠤᠨ ᠵᠶ᠋ᠠᠨ ᠨᠡᠭᠦᠷᠡᠰᠦᠨ ᠠᠭᠤᠷᠬᠠᠢ ᠵᠢᠨ ᠡᠳᠦᠷ ᠲᠤᠲᠤᠮ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠂ ᠠᠭᠤᠷᠬᠠᠢ ᠵᠢᠨ ᠠᠮᠤᠷ ᠲᠦᠪᠰᠢᠨ᠎ᠢ ᠬᠢᠨᠠᠨ ᠪᠠᠢ᠌ᠴᠠᠭ᠋ᠠᠬᠤ ᠵᠢ ᠬᠠᠷᠢᠭᠤᠴᠠᠬᠤ ᠰᠠᠯᠠᠭ᠎ᠠ ᠮᠥᠴᠢᠷ᠎ᠲᠤ ᠳᠡᠭᠲᠡᠷ᠎ᠤᠨ ᠥᠨᠳᠥᠷ᠎ᠤᠨ ᠬᠡᠮᠵᠢᠶ᠎ᠡ ᠵᠡᠷᠭᠡ ᠠᠶᠤᠯ ᠦᠭᠡᠢ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠮᠡᠳᠡᠭᠦᠯᠵᠦ ᠂ ᠪᠠᠢ᠌ᠭ᠎ᠠ ᠭᠠᠵᠠᠷ᠎ᠤᠨ ᠠᠢ᠌ᠮᠠᠭ ᠬᠣᠲᠠ ᠵᠢᠨ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠢ᠌ᠴᠠᠭ᠋ᠠᠬᠤ ᠰᠠᠯᠠᠭ᠎ᠠ ᠮᠥᠴᠢᠷ᠎ᠲᠠᠢ ᠬᠠᠮᠲᠤᠷᠠᠨ ᠨᠡᠢ᠌ᠭᠡᠮ᠎ᠳᠤ ᠨᠡᠢ᠌ᠲᠡᠯᠡᠬᠦ ᠬᠡᠷᠡᠭᠲᠡᠢ ᠃ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠎ᠢ ᠣᠯᠵᠤ ᠮᠡᠳᠡᠪᠡᠯ ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠬᠡᠯ ᠲᠣᠷᠭ᠋ᠠᠭᠤᠯᠢ ᠥᠭᠬᠦ ᠵᠢᠨ ᠬᠠᠮᠲᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠬᠦ ᠬᠡᠷᠡᠭᠲᠡᠢ ᠃
ᠶᠢᠰᠦ ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠠᠵᠠᠷ ᠬᠥᠳᠡᠯᠦᠯᠲᠡ ᠵᠢ ᠬᠢᠨᠠᠨ ᠰᠢᠨᠵᠢᠬᠦ ᠲᠤᠰᠬᠠᠢ ᠥᠷᠲᠡᠭᠡ ᠰᠦᠯᠵᠢᠶ᠎ᠡ ᠂ ᠬᠠᠵᠠᠭᠤ ᠪᠡᠯ᠎ᠤᠨ ᠷᠠᠳᠠᠷ᠎ᠢ ᠪᠠᠭᠲᠠᠭ᠋ᠠᠭᠰᠠᠨ ᠬᠠᠵᠠᠭᠤ ᠪᠡᠯ᠎ᠤᠨ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠂ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠬᠦ ᠰᠢᠰᠲ᠋ᠧᠮ ᠂ ᠲᠡᠷᠭᠡ ᠬᠥᠰᠬᠡ ᠲᠣᠬᠢᠷᠠᠭᠤᠯᠬᠤ ᠰᠢᠰᠲ᠋ᠧᠮ᠎ᠢ ᠪᠠᠢ᠌ᠭᠤᠯᠵᠤ ᠂ 24 ᠴᠠᠭ᠎ᠤᠨ ᠰᠦᠯᠵᠢᠶᠡᠨ ᠳᠡᠭᠡᠷ᠎ᠡ ᠬᠢᠨᠠᠨ ᠰᠢᠨᠵᠢᠬᠦ ᠵᠢ ᠬᠡᠷᠡᠭᠵᠢᠭᠦᠯᠬᠦ ᠵᠢᠨ ᠬᠠᠮᠲᠤ ᠠᠭᠤᠷᠬᠠᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ᠎ᠯᠦᠭᠡ ᠰᠦᠯᠵᠢᠶ᠎ᠡ᠎ᠪᠠᠨ ᠬᠣᠯᠪᠣᠬᠤ ᠬᠡᠷᠡᠭᠲᠡᠢ ᠃ ᠬᠠᠵᠠᠭᠤ ᠪᠡᠯ᠎ᠤᠨ ᠵᠥᠷᠢᠭᠳᠡᠯ ᠂ ᠮᠠᠯᠲᠠᠵᠤ ᠬᠣᠭᠣᠰᠤᠷᠠᠭᠤᠯᠤᠭᠰᠠᠨ ᠣᠷᠣᠨ ᠂ ᠬᠠᠶᠠᠭᠳᠠᠮᠠᠯ ᠭᠤᠳᠤᠮᠵᠢᠨ ᠵᠠᠮ ᠵᠡᠷᠭᠡ ᠭᠠᠮᠰᠢᠭ ᠤᠴᠠᠷᠠᠭᠤᠯᠬᠤ ᠨᠢᠭᠤᠭᠳᠠᠮᠠᠯ ᠬᠦᠴᠦᠨ ᠵᠦᠢ᠍ᠯ᠎ᠢ ᠪᠥᠬᠦ ᠲᠠᠯ᠎ᠠ᠎ᠪᠠᠷ ᠪᠠᠢ᠌ᠴᠠᠭ᠋ᠠᠨ ᠲᠣᠳᠣᠯᠠᠵᠤ ᠂ ᠵᠠᠰᠠᠬᠤ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠨ ᠂ ᠵᠠᠰᠠᠯᠲᠠ ᠵᠢ ᠪᠣᠳᠠᠲᠠᠢ᠌ᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠠᠭᠤᠷᠬᠠᠢ ᠮᠠᠯᠲᠠᠬᠤ ᠲᠠᠯᠠᠪᠤᠷ᠎ᠤᠨ ᠣᠷᠣᠵᠤ ᠭᠠᠷᠬᠤ ᠭᠠᠵᠠᠷ ᠵᠡᠷᠭᠡ ᠢᠯᠡ ᠭᠠᠵᠠᠷ᠎ᠲᠤ ᠡᠷᠬᠡᠪᠰᠢ ᠵᠠᠷᠯᠠᠨ ᠮᠡᠳᠡᠭᠳᠡᠬᠦ ᠫᠠᠢ᠌ᠰᠠ ᠲᠠᠯᠪᠢᠵᠤ ᠂ ᠲᠤᠬᠠᠢ ᠵᠢᠨ ᠲᠠᠯᠠᠪᠤᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠲᠣᠳᠣᠷᠬᠠᠢ ᠪᠢᠴᠢᠵᠦ ᠂ ᠠᠵᠢᠯᠯᠠᠬᠤ ᠬᠥᠮᠥᠰ᠎ᠲᠤ ᠠᠶᠤᠯ᠎ᠠᠴᠠ ᠪᠠᠴᠢᠮ ᠵᠠᠢ᠌ᠯᠠᠬᠤ ᠪᠠᠢ᠌ᠳᠠᠯ ᠪᠠ ᠡᠷᠬᠡ ᠵᠢ ᠲᠣᠳᠣᠷᠬᠠᠢ ᠬᠡᠯᠡᠵᠦ ᠥᠭᠬᠦ ᠬᠡᠷᠡᠭᠲᠡᠶ ; ᠪᠡᠯ ᠶᠡᠭᠦᠷᠡᠬᠦ ᠪᠠ ᠨᠤᠷᠠᠵᠤ ᠴᠥᠮᠥᠷᠡᠬᠦ ᠵᠡᠷᠭᠡ ᠠᠳᠡᠯ ᠭᠠᠷᠬᠤ ᠰᠢᠨᠵᠢ ᠮᠠᠶᠢᠭᠲᠠᠢ ᠪᠠᠢ᠌ᠪᠠᠯ ᠂ ᠡᠷᠬᠡᠪᠰᠢ ᠲᠡᠷᠡ ᠳᠠᠷᠤᠢ᠎ᠳᠤ᠎ᠨᠢ ᠠᠵᠢᠯᠯᠠᠬᠤ᠎ᠪᠠᠨ ᠪᠠᠢ᠌ᠵᠤ ᠂ ᠬᠥᠮᠥᠰ᠎ᠢ ᠵᠠᠢ᠌ᠯᠠᠭᠤᠯᠤᠨ ᠶᠠᠪᠤᠭᠤᠯᠬᠤ ᠬᠡᠷᠡᠭᠲᠡᠢ ᠃
ᠠᠷᠪᠠ ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠪᠠᠷᠢᠯᠭ᠎ᠠ ᠳᠠᠭ᠋ᠠᠭ᠋ᠠᠴᠢᠯᠠᠭᠰᠠᠨ ᠨᠢᠭᠡᠴᠢ᠎ᠳᠠᠬᠢ ᠠᠶᠤᠯ ᠦᠭᠡᠢ ᠵᠢᠨ ᠬᠠᠮᠢᠶᠠᠷᠤᠯᠲᠠ᠎ᠪᠠᠨ ᠡᠷᠬᠡᠪᠰᠢ ᠴᠢᠩᠭ᠋ᠠᠳᠬᠠᠬᠤ ᠬᠡᠷᠡᠭᠲᠡᠢ ᠃ ᠨᠡᠭᠦᠷᠡᠰᠦ ᠮᠠᠯᠲᠠᠬᠤ ᠪᠠᠷᠢᠯᠭ᠎ᠠ ᠵᠢ ᠭᠠᠳᠠᠭᠰᠢ ᠳᠠᠭ᠋ᠠᠭ᠋ᠠᠴᠢᠯᠠᠭᠤᠯᠵᠤ ᠪᠣᠯᠬᠤ ᠦᠭᠡᠢ ; ᠦᠢ᠍ᠯᠡᠳᠪᠦᠷᠢᠯᠡᠯ᠎ᠤᠨ ᠴᠢᠳᠠᠪᠤᠷᠢ᠎ᠨᠢ 500 ᠲᠦᠮᠡᠨ ᠲᠣᠨ / ᠵᠢᠯ᠎ᠠᠴᠠ ᠳᠣᠷᠣᠭᠰᠢᠬᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠱᠠᠭ᠋ᠠᠯᠬᠤ ᠪᠠᠷᠢᠯᠭ᠎ᠠ ᠵᠢ ᠳᠠᠭ᠋ᠠᠭ᠋ᠠᠴᠢᠯᠠᠬᠤ ᠨᠢᠭᠡᠴᠢ᠎ᠨᠢ 1᠎ᠠᠴᠠ ᠬᠡᠲᠦᠷᠡᠵᠦ ᠪᠣᠯᠬᠤ ᠦᠭᠡᠢ ᠂ ᠦᠢ᠍ᠯᠡᠳᠪᠦᠷᠢᠯᠡᠯ᠎ᠤᠨ ᠴᠢᠳᠠᠪᠤᠷᠢ᠎ᠨᠢ 500 ᠲᠦᠮᠡᠨ ᠲᠣᠨ / ᠵᠢᠯ ᠵᠢᠴᠢ ᠲᠡᠭᠦᠨ᠎ᠠᠴᠠ ᠳᠡᠭᠡᠭᠰᠢᠬᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠱᠠᠭ᠋ᠠᠯᠬᠤ ᠪᠠᠷᠢᠯᠭ᠎ᠠ ᠵᠢ ᠳᠠᠭ᠋ᠠᠭ᠋ᠠᠴᠢᠯᠠᠬᠤ ᠨᠢᠭᠡᠴᠢ᠎ᠨᠢ 2᠎ᠠᠴᠠ ᠬᠡᠲᠦᠷᠡᠵᠦ ᠪᠣᠯᠬᠤ ᠦᠭᠡᠢ ᠃ ᠳᠠᠭ᠋ᠠᠭ᠋ᠠᠴᠢᠯᠠᠭᠰᠠᠨ ᠨᠢᠭᠡᠴᠢ᠎ᠨᠦᠭᠦᠳ᠎ᠨᠢ ᠲᠤᠰ ᠠᠭᠤᠷᠬᠠᠢ ᠵᠢᠨ ᠡᠩᠨᠡᠭᠡ᠎ᠯᠦᠭᠡ ᠪᠠᠷᠢᠮᠵᠢᠶ᠎ᠠ᠎ᠪᠠᠨ ᠨᠢᠭᠡᠳᠦᠯᠲᠡᠢ ᠪᠣᠯᠭ᠋ᠠᠵᠤ ᠂ ᠨᠢᠭᠡᠳᠦᠯᠲᠡᠢ ᠬᠠᠮᠢᠶᠠᠷᠬᠤ ᠬᠡᠷᠡᠭᠲᠡᠢ ᠃ ᠵᠠᠳᠠᠭ᠋ᠠᠢ ᠨᠡᠭᠦᠷᠡᠰᠦᠨ ᠠᠭᠤᠷᠬᠠᠢ ᠵᠢᠨ ᠳᠠᠭ᠋ᠠᠭ᠋ᠠᠴᠢᠯᠠᠯᠲᠠ ᠵᠠᠷᠯᠠᠬᠤ᠎ᠳᠤ ᠲᠣᠰ ᠠᠭᠤᠷᠬᠠᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ ᠦᠨᠳᠦᠰᠦᠯᠡᠨ ᠂ ᠪᠠᠷᠢᠯᠭ᠎ᠠ ᠳᠠᠭ᠋ᠠᠭ᠋ᠠᠴᠢᠯᠠᠬᠤ ᠨᠢᠭᠡᠴᠢ ᠵᠢᠨ ᠬᠢᠷᠢ ᠬᠡᠮ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠬᠤ ᠬᠡᠷᠡᠭᠲᠡᠶ ; ᠳᠠᠭ᠋ᠠᠭ᠋ᠠᠴᠢᠯᠠᠯᠲᠠ ᠵᠠᠷᠯᠠᠯᠲᠠ ᠵᠢᠨ ᠳᠣᠣᠷ᠎ᠠ ᠬᠢᠵᠠᠭ᠋ᠠᠷ ᠦᠨ᠎ᠡ ᠵᠢ ᠲᠣᠭᠲᠠᠭ᠋ᠠᠬᠤ ᠵᠢᠨ ᠬᠠᠮᠲᠤ ᠳᠠᠭ᠋ᠠᠭ᠋ᠠᠴᠢᠯᠠᠯᠲᠠ ᠬᠦᠯᠢᠶᠡᠬᠦ ᠨᠢᠭᠡᠴᠢ ᠵᠢᠨ ᠠᠵᠢᠯ᠎ᠤᠨ ᠠᠮᠵᠢᠯᠲᠠ ᠪᠦᠲᠦᠮᠵᠢ ᠂ ᠴᠢᠳᠠᠪᠤᠷᠢ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ ᠪᠠᠢ᠌ᠭ᠋ᠠᠳ ᠳᠠᠭ᠋ᠠᠭ᠋ᠠᠴᠢᠯᠠᠯᠲᠠ ᠣᠨᠣᠬᠣ ᠠᠵᠤ ᠠᠬᠤᠢ᠌ᠯᠠᠯ᠎ᠢ ᠲᠣᠭᠲᠠᠭ᠋ᠠᠬᠤ ᠬᠡᠷᠡᠭᠲᠡᠢ ᠂ ᠳᠥᠭᠥᠮᠬᠡᠨ ᠵᠶ᠋ᠠᠷ ᠬᠠᠮᠤᠭ᠎ᠤᠨ ᠳᠣᠣᠷ᠎ᠠ ᠦᠨ᠎ᠡ᠎ᠪᠠᠷ ᠳᠠᠭ᠋ᠠᠭ᠋ᠠᠴᠢᠯᠠᠯᠲᠠ ᠣᠨᠣᠭ᠋ᠠᠵᠤ ᠪᠣᠯᠬᠤ ᠦᠭᠡᠢ ᠃ ᠳᠠᠭ᠋ᠠᠭ᠋ᠠᠴᠢᠯᠠᠬᠤ ᠨᠢᠭᠡᠴᠢ ᠵᠢᠨ᠎ᠬᠢᠨ ᠳᠠᠭ᠋ᠠᠭ᠋ᠠᠴᠢᠯᠠᠭᠰᠠᠨ ᠪᠠᠷᠢᠯᠭ᠎ᠠ ᠵᠢᠨ ᠭᠣᠣᠯ ᠴᠣᠭᠴᠠ ᠵᠢ ᠬᠤᠪᠢᠶᠠᠨ ᠳᠠᠭ᠋ᠠᠭ᠋ᠠᠴᠢᠯᠠᠭᠤᠯᠬᠤ ᠵᠢ᠎ᠨᠢ ᠴᠠᠭ᠋ᠠᠵᠠᠯᠠᠵᠤ ᠂ ᠳᠠᠭ᠋ᠠᠭ᠋ᠠᠴᠢᠯᠠᠭᠰᠠᠨ ᠨᠢᠭᠡᠴᠢ ᠲᠡᠭᠦᠨ᠎ᠤ ᠥᠪᠡᠷ᠎ᠤᠨ ᠳᠠᠭ᠋ᠠᠭ᠋ᠠᠨ ᠠᠪᠤᠭᠰᠠᠨ ᠪᠠᠷᠢᠯᠭ᠎ᠠ᠎ᠪᠠᠨ ᠰᠢᠯᠵᠢᠭᠦᠯᠦᠨ ᠳᠠᠭ᠋ᠠᠭ᠋ᠠᠴᠢᠯᠠᠭᠤᠯᠬᠤ ᠵᠢ ᠴᠠᠭ᠋ᠠᠵᠠᠯᠠᠬᠤ ᠬᠡᠷᠡᠭᠲᠡᠢ ᠃
ᠠᠷᠪᠠᠨ ᠨᠢᠭᠡ ᠂ ᠵᠠᠳᠠᠭ᠋ᠠᠢ ᠨᠡᠭᠦᠷᠡᠰᠦᠨ ᠠᠭᠤᠷᠬᠠᠢ ᠪᠣᠯ ᠬᠠᠤᠯᠢ ᠲᠣᠭᠲᠠᠭ᠋ᠠᠯ ᠶᠣᠰᠣᠭ᠋ᠠᠷ ᠪᠦᠬᠦ ᠠᠵᠢᠯᠯᠠᠭᠰᠠᠳ᠎ᠲᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ ᠲᠤᠰᠢᠶᠠᠨ ᠥᠭᠴᠦ ᠂ ᠠᠶᠤᠯ ᠦᠭᠡᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠠᠭ᠋ᠠᠳᠬᠠᠯ᠎ᠳᠤ ᠤᠷᠤᠭᠤᠯᠬᠤ ᠬᠡᠷᠡᠭᠲᠡᠢ ᠃
ᠠᠷᠪᠠᠨ ᠬᠣᠶᠠᠷ ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠳᠠᠯᠢ ᠨᠢᠭᠡ ᠨᠡᠭᠡᠭᠡᠨ ᠮᠠᠯᠲᠠᠬᠤ ᠲᠡᠭᠰᠢ ᠲᠠᠪᠴᠠᠩ ᠂ ᠠᠳᠠᠯᠢ ᠨᠢᠭᠡ ᠤᠬᠤᠵᠤ ᠮᠠᠯᠲᠠᠬᠤ ᠪᠦᠰᠡ ᠂ ᠮᠠᠯᠲᠠᠵᠤ ᠱᠠᠭ᠋ᠠᠯᠬᠤ ᠲᠥᠬᠦᠭᠡᠷᠦᠮᠵᠢ ᠵᠢᠨ ᠬᠣᠭᠣᠷᠣᠨᠳᠤᠬᠢ ᠠᠮᠤᠷ ᠲᠦᠪᠰᠢᠨ᠎ᠤ ᠵᠠᠢ᠎ᠨᠢ 50 ᠮᠧᠲᠷ᠎ᠠᠴᠠ ᠣᠢ᠌ᠷ᠎ᠠ ᠪᠠᠢ᠌ᠵᠤ ᠪᠣᠯᠬᠤ ᠦᠭᠡᠢ ᠂ ᠲᠡᠭᠡᠭᠡᠪᠦᠷᠢ ᠵᠢᠨ ᠲᠥᠬᠦᠭᠡᠷᠦᠮᠵᠢ ᠵᠢᠨ ᠬᠣᠭᠣᠷᠣᠨᠳᠤᠬᠢ ᠠᠮᠤᠷ ᠲᠦᠪᠰᠢᠨ᠎ᠤ ᠵᠠᠢ᠎ᠨᠢ 30 ᠮᠧᠲᠷ᠎ᠠᠴᠠ ᠪᠠᠭ᠎ᠠ ᠪᠠᠢ᠌ᠵᠤ ᠪᠣᠯᠬᠤ ᠦᠭᠡᠢ ᠃ 300 ᠮᠧᠲᠷ᠎ᠤᠨ ᠠᠵᠢᠯᠯᠠᠬᠤ ᠱᠤᠭᠤᠮ᠎ᠤᠨ ᠬᠡᠪᠴᠢᠶᠡᠨ ᠳᠣᠲᠣᠷ᠎ᠠ ᠂ ᠳᠡᠭᠡᠷ᠎ᠡ᠎ᠠᠴᠠ ᠳᠣᠷᠣᠭᠰᠢ ᠪᠦᠬᠦ ᠳᠡᠭᠲᠡᠷ᠎ᠲᠤ ᠳᠠᠩ ᠡᠭᠡᠯᠵᠢ ᠵᠢᠨ ᠠᠵᠢᠯᠯᠠᠬᠤ ᠬᠥᠮᠥᠨ᠎ᠤ ᠲᠣᠭ᠎ᠠ᠎ᠨᠢ 29 ᠬᠥᠮᠥᠨ᠎ᠠᠴᠠ ᠢᠯᠡᠭᠦᠦ ᠪᠠᠢ᠌ᠵᠤ ᠪᠣᠯᠬᠤ ᠦᠭᠡᠢ ᠃
ᠠᠷᠪᠠᠨ ᠭᠤᠷᠪᠠ ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠤᠯᠤᠰ᠎ᠤᠨ ᠠᠭᠤᠷᠬᠠᠢ ᠵᠢᠨ ᠠᠮᠤᠷ ᠲᠦᠪᠰᠢᠨ᠎ᠤ ᠬᠢᠨᠠᠨ ᠪᠠᠢ᠌ᠴᠠᠭ᠋ᠠᠬᠤ ᠲᠣᠪᠴᠢᠶ᠎ᠠ ᠵᠢᠨ ᠥᠪᠥᠷ ᠮᠣᠩᠭᠣᠯ᠎ᠤᠨ ᠲᠣᠪᠴᠢᠶ᠎ᠠ᠎ᠲᠠᠢ ᠬᠠᠮᠲᠤᠷᠠᠨ ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠠᠢ᠌ᠳᠠᠯ ᠂ ᠦᠢ᠍ᠯᠡᠳᠪᠦᠷᠢᠯᠡᠯ ᠪᠠ ᠠᠵᠢᠯ ᠵᠶ᠋ᠠᠨ ᠵᠣᠭᠰᠣᠭ᠋ᠠᠭᠰᠠᠨ ᠰᠢᠯᠲᠠᠭ᠋ᠠᠨ ᠂ ᠦᠢ᠍ᠯᠡᠳᠪᠦᠷᠢᠯᠡᠯ ᠪᠠ ᠠᠵᠢᠯ ᠵᠶ᠋ᠠᠨ ᠰᠡᠷᠭᠦᠭᠡᠭᠰᠡᠨ ᠴᠣᠬᠣᠯᠠᠪᠤᠷᠢ ᠵᠡᠷᠭᠡ ᠪᠠᠢ᠌ᠳᠠᠯ᠎ᠢ ᠴᠠᠭ ᠲᠤᠬᠠᠢᠳᠤᠨᠢ ᠨᠡᠢ᠌ᠭᠡᠮ᠎ᠳᠤ ᠢᠯᠡ ᠪᠣᠯᠭ᠋ᠠᠵᠤ ᠂ ᠨᠡᠢ᠌ᠭᠡᠮ᠎ᠤᠨ᠎ᠬᠢᠨ᠎ᠤ ᠬᠢᠨᠠᠯᠲᠠ ᠲᠠᠯᠪᠢᠯᠲᠠ ᠵᠢ ᠬᠦᠯᠢᠶᠡᠬᠦ ᠬᠡᠷᠡᠭᠲᠡᠢ ᠃
ᠠᠷᠪᠠᠨ ᠳᠥᠷᠪᠡ ᠂ ᠡᠯ᠎ᠡ ᠱᠠᠲᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠂ ᠨᠡᠭᠦᠷᠡᠰᠦᠨ᠎ᠤ ᠠᠵᠢᠯ ᠲᠥᠷᠥᠯ᠎ᠤᠨ ᠬᠠᠮᠢᠶᠠᠷᠤᠯᠲᠠ ᠂ ᠨᠡᠭᠦᠷᠡᠰᠦᠨ ᠠᠭᠤᠷᠬᠠᠢ ᠵᠢᠨ ᠠᠶᠤᠯ ᠦᠭᠡᠢ ᠵᠢᠨ ᠬᠢᠨᠠᠯᠲᠠ ᠬᠠᠮᠢᠶᠠᠷᠤᠯᠲᠠ ᠂ ᠠᠭᠤᠷᠬᠠᠢ ᠵᠢᠨ ᠠᠶᠤᠯ ᠦᠭᠡᠢ ᠵᠢᠨ ᠬᠢᠨᠠᠨ ᠪᠠᠢ᠌ᠴᠠᠭ᠋ᠠᠬᠤ ᠵᠡᠷᠭᠡ ᠰᠠᠯᠠᠭ᠎ᠠ ᠮᠥᠴᠢᠷ᠎ᠤᠳ ᠨᠡᠭᠦᠷᠡᠰᠦᠨ ᠠᠭᠤᠷᠬᠠᠢ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠦᠨ ᠂ ᠨᠡᠢ᠌ᠭᠡᠮ᠎ᠳᠤ ᠢᠯᠡᠴᠢᠯᠡᠨ ᠮᠡᠳᠡᠭᠦᠯᠬᠦ ᠤᠲᠠᠰᠤ᠎ᠪᠠᠨ ᠢᠯᠡ ᠪᠣᠯᠭ᠋ᠠᠵᠤ ᠂ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠵᠠᠷᠤᠳᠠᠯ᠎ᠢ᠎ᠨᠢ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ ᠣᠷᠣᠭᠤᠯᠬᠤ ᠬᠡᠷᠡᠭᠲᠡᠢ ᠃
ᠠᠷᠪᠠᠨ ᠲᠠᠪᠤ ᠂ ᠵᠠᠳᠠᠭ᠋ᠠᠢ ᠨᠡᠭᠦᠷᠡᠰᠦᠨ ᠠᠭᠤᠷᠬᠠᠢ᠎ᠳᠤ 《 ᠳᠥᠷᠪᠡᠨ ᠨᠢᠭᠡ ᠪᠦᠯᠦᠭ 》 ᠰᠢᠢ᠍ᠳᠪᠦᠷᠢᠯᠡᠬᠦ ᠠᠷᠭ᠎ᠠ ᠬᠡᠮᠵᠢᠶ᠎ᠡ ᠵᠢ ᠠᠪᠬᠤ ᠬᠡᠷᠡᠭᠲᠡᠢ ᠃
( ᠨᠢᠭᠡ ) ᠨᠢᠭᠡ ᠪᠦᠯᠦᠭ᠎ᠢ ᠬᠠᠭ᠋ᠠᠯᠭ᠋ᠠᠨ ᠵᠣᠭᠰᠣᠭ᠋ᠠᠵᠤ ᠪᠤᠴᠠᠭ᠋ᠠᠨ ᠭᠠᠷᠭ᠋ᠠᠨ᠎ᠠ ᠃ ᠬᠦᠨᠳᠦ ᠶᠡᠬᠡ ᠠᠳᠡᠯ᠎ᠤᠨ ᠳᠠᠯᠳᠠ ᠭᠡᠮ ᠣᠷᠣᠰᠢᠵᠤ ᠂ ᠴᠡᠭᠴᠡᠯᠡᠨ ᠰᠠᠢ᠌ᠵᠢᠷᠠᠭᠤᠯᠤᠭᠰᠠᠨ᠎ᠤ ᠳᠠᠷᠠᠭ᠎ᠠ ᠮᠥᠨ ᠬᠦ᠌ ᠠᠮᠤᠷ ᠲᠦᠪᠰᠢᠨ᠎ᠤ ᠨᠥᠬᠥᠴᠡᠯ᠎ᠳᠤ ᠬᠦᠷᠴᠦ ᠳᠡᠶ᠋ᠢᠯᠬᠦ ᠦᠭᠡᠢ ᠵᠠᠳᠠᠭ᠋ᠠᠢ ᠨᠡᠭᠦᠷᠡᠰᠦᠨ ᠠᠭᠤᠷᠬᠠᠢ ᠵᠢ ᠬᠠᠤᠯᠢ ᠲᠣᠭᠲᠠᠭ᠋ᠠᠯ ᠶᠣᠰᠣᠭ᠋ᠠᠷ ᠬᠠᠭ᠋ᠠᠯᠭ᠋ᠠᠨ ᠵᠣᠭᠰᠣᠭ᠋ᠠᠵᠤ ᠪᠤᠴᠠᠭ᠋ᠠᠨ ᠭᠠᠷᠭ᠋ᠠᠬᠤ ᠬᠡᠷᠡᠭᠲᠡᠢ ᠃
( ᠬᠣᠶᠠᠷ ) ᠨᠢᠭᠡ ᠪᠦᠯᠦᠭ᠎ᠢ ᠡᠮᠬᠢᠯᠡᠨ ᠨᠡᠢ᠌ᠯᠡᠭᠦᠯᠵᠦ ᠳᠠᠬᠢᠨ ᠵᠣᠬᠢᠶᠠᠨ ᠪᠠᠢ᠌ᠭᠤᠯᠤᠨ᠎ᠠ ᠃ ᠡᠬᠢ ᠪᠠᠶᠠᠯᠢᠭ᠎ᠤᠨ ᠬᠤᠪᠢᠶᠠᠷᠢᠯᠠᠯᠲᠠ᠎ᠨᠢ ᠰᠢᠨᠵᠢᠯᠡᠬᠦ ᠤᠬᠠᠭ᠋ᠠᠨᠴᠢ ᠪᠤᠰᠤ ᠂ ᠵᠦᠢ ᠵᠣᠬᠢᠰ ᠦᠭᠡᠢ ᠪᠠᠢ᠌ᠵᠤ ᠂ ᠠᠭᠤᠷᠬᠠᠢ ᠵᠢᠨ ᠰᠠᠪᠠ ᠵᠢᠨ ᠲᠠᠯᠠᠪᠠᠢ ᠨᠢ ᠪᠠᠭ᠎ᠠ ᠂ ᠬᠡᠪ᠎ᠤᠨ ᠮᠠᠯᠲᠠᠵᠤ ᠴᠡᠪᠡᠷᠯᠡᠬᠦ ᠠᠵᠢᠯ᠎ᠢ ᠪᠡᠶᠡᠯᠡᠭᠦᠯᠬᠦ ᠵᠢᠨ ᠠᠷᠭ᠎ᠠ ᠦᠭᠡᠢ ᠂ ᠡᠰᠡᠬᠦᠯ᠎ᠡ ᠬᠠᠵᠠᠭᠤ ᠬᠠᠪᠢ᠎ᠪᠠᠷ᠎ᠬᠢ ᠨᠡᠭᠦᠷᠡᠰᠦᠨ ᠠᠭᠤᠷᠬᠠᠢ ᠠᠶᠤᠯ ᠦᠭᠡᠢ ᠦᠢ᠍ᠯᠡᠳᠪᠦᠷᠢᠯᠡᠯ᠎ᠢ᠎ᠨᠢ ᠨᠥᠯᠥᠭᠡᠯᠡᠵᠦ ᠪᠠᠢ᠌ᠭ᠎ᠠ ᠵᠠᠳᠠᠭ᠋ᠠᠢ ᠨᠡᠭᠦᠷᠡᠰᠦᠨ ᠠᠭᠤᠷᠬᠠᠢ ᠵᠢ ᠬᠠᠤᠯᠢ ᠲᠣᠭᠲᠠᠭ᠋ᠠᠯ ᠶᠣᠰᠣᠭ᠋ᠠᠷ ᠡᠮᠬᠢᠯᠡᠨ ᠨᠡᠢ᠌ᠯᠡᠭᠦᠯᠵᠦ ᠳᠠᠬᠢᠨ ᠵᠣᠬᠢᠶᠠᠨ ᠪᠠᠢ᠌ᠭᠤᠯᠵᠤ ᠂ ᠵᠢᠵᠢᠭ ᠬᠡᠯᠪᠡᠷᠢ ᠵᠢᠨ ᠵᠠᠳᠠᠭ᠋ᠠᠢ ᠨᠡᠭᠦᠷᠡᠰᠦᠨ ᠠᠭᠤᠷᠬᠠᠢ ᠵᠢ ᠲᠣᠮᠣ ᠬᠡᠯᠪᠡᠷᠢ ᠵᠢᠨ ᠠᠭᠤᠷᠬᠠᠢ ᠲᠡᠢ᠌ᠰᠢ ᠬᠡᠯᠪᠡᠷᠢ ᠵᠢ᠎ᠨᠢ ᠬᠤᠪᠢᠷᠠᠭᠤᠯᠬᠤ ᠵᠢ ᠠᠬᠢᠭᠤᠯᠤᠨ ᠂ ᠬᠠᠮᠢᠶᠠᠷᠤᠨ ᠡᠵᠡᠮᠳᠡᠬᠦ ᠵᠢ ᠨᠢᠭᠡ ᠴᠣᠭᠴᠠᠵᠢᠭᠤᠯᠬᠤ ᠂ ᠨᠡᠭᠡᠭᠡᠨ ᠮᠠᠯᠲᠠᠬᠤ ᠵᠢ ᠣᠶᠤᠨᠴᠢᠯᠠᠬᠤ ᠂ ᠲᠣᠨᠤᠭ ᠲᠥᠬᠦᠭᠡᠷᠦᠮᠵᠢ ᠵᠢ ᠬᠦᠨᠳᠦ ᠬᠡᠯᠪᠡᠷᠢᠵᠢᠭᠦᠯᠬᠦ ᠂ ᠡᠩᠨᠡᠭᠡ ᠵᠢ ᠲᠤᠰᠬᠠᠢ᠌ᠵᠢᠭᠤᠯᠬᠤ ᠂ ᠬᠠᠮᠢᠶᠠᠷᠤᠯᠲᠠ ᠵᠢ ᠨᠠᠷᠢᠯᠢᠭᠵᠢᠭᠤᠯᠬᠤ ᠪᠠ ᠠᠮᠢ ᠠᠬᠤᠢ ᠵᠢ ᠡᠬᠢ ᠪᠠᠶᠠᠯᠢᠭᠵᠢᠭᠤᠯᠬᠤ ᠵᠢ ᠪᠡᠶᠡᠯᠡᠭᠦᠯᠬᠦ ᠬᠡᠷᠡᠭᠲᠡᠢ ᠃
( ᠭᠤᠷᠪᠠ ) ᠨᠢᠭᠡ ᠪᠦᠯᠦᠭ᠎ᠢ ᠥᠭᠡᠷᠡᠴᠢᠯᠡᠨ ᠰᠠᠢ᠌ᠵᠢᠷᠠᠭᠤᠯᠤᠨ᠎ᠠ ᠃ ᠣᠲᠣ ᠵᠢᠨ ᠪᠠᠢ᠌ᠭ᠎ᠠ ᠬᠠᠳᠠᠭ᠋ᠠᠯᠠᠭᠳᠠᠴᠠ᠎ᠪᠠᠷ ᠠᠷᠪᠢᠨ ᠂ ᠲᠤᠬᠠᠢ ᠵᠢᠨ ᠲᠠᠯᠠᠪᠤᠷ᠎ᠢ ᠰᠠᠢ᠌ᠲᠤᠷ ᠬᠠᠮᠢᠶᠠᠷᠤᠭᠰᠠᠨ ᠂ ᠮᠡᠷᠭᠡᠵᠢᠯ᠎ᠤᠨ ᠠᠵᠢᠯᠲᠠᠨ᠎ᠤ ᠲᠣᠬᠢᠷᠠᠭᠤᠯᠤᠯᠲᠠ᠎ᠨᠢ ᠰᠠᠢ᠌ᠨ ᠪᠠᠢ᠌ᠬᠤ ᠵᠠᠳᠠᠭ᠋ᠠᠢ ᠨᠡᠭᠦᠷᠡᠰᠦᠨ ᠠᠭᠤᠷᠬᠠᠢ᠎ᠳᠤ ᠵᠢᠯᠣᠭᠣᠴᠢ ᠦᠭᠡᠢ ᠂ ᠬᠠᠵᠠᠭᠤ ᠪᠠᠯ᠎ᠤᠨ ᠷᠠᠳᠠᠷ᠎ᠤᠨ ᠬᠢᠨᠠᠨ ᠰᠢᠨᠵᠢᠯᠲᠡ ᠵᠡᠷᠭᠡ ᠲᠡᠷᠢᠭᠦᠨ᠎ᠤ ᠮᠡᠷᠭᠡᠵᠢᠯ᠎ᠤᠨ ᠬᠡᠷᠡᠭᠯᠡᠯᠲᠡ ᠵᠢ ᠠᠬᠢᠭᠤᠯᠵᠤ ᠂ ᠣᠶᠤᠨᠴᠢᠯᠠᠯᠲᠠ ᠂ ᠮᠡᠳᠡᠭᠡ ᠵᠠᠩᠭᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠥᠭᠡᠷᠡᠴᠢᠯᠡᠯᠲᠡ᠎ᠪᠠᠷ ᠳᠠᠮᠵᠢᠭᠤᠯᠤᠨ ᠂ ᠠᠶᠤᠯ ᠦᠭᠡᠢ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠃ ( ᠳᠥᠷᠪᠡ ) ᠨᠢᠭᠡ ᠪᠦᠯᠦᠭ᠎ᠢ ᠰᠢᠨ᠎ᠡ᠎ᠪᠠᠷ ᠪᠠᠢ᠌ᠭᠤᠯᠬᠤ᠎ᠪᠠᠷ ᠲᠥᠯᠥᠪᠵᠢᠭᠦᠯᠦᠨ᠎ᠡ ᠃ ᠤᠯᠤᠰ᠎ᠤᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠪᠣᠯᠣᠨ ᠨᠡᠭᠦᠷᠡᠰᠦᠨ᠎ᠤ ᠬᠠᠩᠭ᠋ᠠᠯᠭ᠎ᠠ ᠬᠡᠷᠡᠭᠴᠡᠭᠡ ᠵᠢᠨ ᠪᠠᠢ᠌ᠳᠠᠯ᠎ᠲᠠᠢ ᠭᠦᠢ᠍ᠴᠡᠳ ᠤᠶᠠᠯᠳᠤᠭᠤᠯᠤᠨ ᠂ ᠨᠡᠭᠦᠷᠡᠰᠦᠨ᠎ᠤ ᠦᠢ᠍ᠯᠡᠳᠪᠦᠷᠢᠯᠡᠯ᠎ᠤᠨ ᠴᠢᠳᠠᠮᠵᠢ ᠵᠢ ᠦᠷᠭᠦᠯᠵᠢᠯᠡᠭᠦᠯᠬᠦ ᠵᠢ ᠯᠠᠪᠳᠠᠭᠤᠨ ᠵᠶ᠋ᠠᠷ ᠠᠬᠢᠭᠤᠯᠵᠤ ᠂ ᠣᠳᠣᠬᠢᠴᠢᠯᠠᠭᠰᠠᠨ ᠲᠣᠮᠣ ᠬᠡᠯᠪᠡᠷᠢ ᠵᠢᠨ ᠵᠠᠳᠠᠭ᠋ᠠᠢ ᠨᠡᠭᠦᠷᠡᠰᠦᠨ ᠠᠭᠤᠷᠬᠠᠢ ᠵᠢ ᠰᠢᠨ᠎ᠡ᠎ᠪᠠᠷ ᠪᠠᠢ᠌ᠭᠤᠯᠬᠤ ᠬᠡᠷᠡᠭᠲᠡᠢ ᠃
ᠠᠷᠪᠠᠨ ᠵᠢᠷᠭᠤᠭ᠎ᠠ ᠂ ᠡᠯ᠎ᠡ ᠭᠠᠵᠠᠷ ᠣᠷᠣᠨ ᠨᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠶᠠᠪᠤᠴᠠ᠎ᠳᠤ ᠣᠷᠣᠰᠢᠵᠤ ᠪᠠᠢ᠌ᠭ᠎ᠠ ᠭᠠᠵᠠᠷ ᠰᠢᠷᠣᠢ ᠵᠢᠨ ᠠᠰᠢᠭᠯᠠᠯᠲᠠ ᠂ ᠠᠭᠤᠷᠬᠠᠢ ᠵᠢᠨ ᠠᠵᠢᠯ ᠲᠦᠷᠦᠯ᠎ᠤᠨ ᠡᠷᠬᠡ ᠳᠠᠪᠬᠤᠴᠠᠭᠰᠠᠨ ᠵᠡᠷᠭᠡ ᠲᠣᠪᠣᠢ᠌ᠮ᠎ᠠ ᠠᠰᠠᠭᠤᠳᠠᠯ ᠢ ᠴᠠᠭ ᠲᠤᠬᠠᠢᠳᠤᠨᠢ ᠰᠤᠳᠤᠯᠤᠨ ᠰᠢᠢ᠍ᠳᠪᠦᠷᠢᠯᠡᠵᠦ ᠂ ᠬᠠᠵᠠᠭᠤ ᠬᠠᠪᠢ᠎ᠪᠠᠷ᠎ᠬᠢ ᠵᠠᠳᠠᠭ᠋ᠠᠢ ᠨᠡᠭᠦᠷᠡᠰᠦᠨ ᠠᠭᠤᠷᠬᠠᠢ ᠵᠢᠨ ᠳᠠᠷᠤᠭᠳᠠᠵᠤ ᠪᠠᠢ᠌ᠭ᠎ᠠ ᠮᠠᠯᠲᠠᠭ᠎ᠠ ᠦᠭᠡᠢ ᠨᠡᠭᠦᠷᠡᠰᠦᠨ᠎ᠤ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢ᠍ᠳᠪᠦᠷᠢᠯᠡᠬᠦ ᠬᠡᠷᠡᠭᠲᠡᠢ ᠃
ᠠᠷᠪᠠᠨ ᠳᠣᠯᠣᠭ᠎ᠠ ᠂ ᠠᠭᠤᠷᠬᠠᠢ ᠵᠢᠨ ᠠᠵᠢᠯ ᠲᠦᠷᠦᠯ᠎ᠤᠨ ᠡᠷᠬᠡ ᠵᠢᠨ ᠲᠣᠬᠢᠷᠠᠭᠤᠯᠤᠯᠲᠠ ᠂ ᠮᠠᠯᠲᠠᠵᠤ ᠪᠣᠯᠬᠤ ᠬᠦᠷᠢᠶ᠎ᠡ ᠬᠡᠪᠴᠢᠶ᠎ᠡ ᠂ ᠭᠠᠢ ᠭᠠᠮᠰᠢᠭ᠎ᠤᠨ ᠲᠦᠭᠰᠢᠭᠦᠷᠢ ᠵᠡᠷᠭᠡ ᠬᠦᠴᠦᠨ ᠵᠦᠢ᠍ᠯ ᠤᠳ᠎ᠢ ᠶᠡᠷᠦᠩᠬᠡᠢ᠌ᠯᠡᠨ ᠪᠣᠳᠣᠯᠬᠢᠯᠠᠵᠤ ᠂ ᠰᠢᠨᠵᠢᠯᠡᠬᠦ ᠤᠬᠠᠭ᠋ᠠᠨᠴᠢ᠎ᠪᠠᠷ ᠨᠤᠲᠠᠯᠠᠨ ᠂ ᠵᠠᠳᠠᠭ᠋ᠠᠢ ᠨᠡᠭᠦᠷᠡᠰᠦᠨ ᠠᠭᠤᠷᠬᠠᠢ᠎ᠠᠴᠠ ᠠᠭᠤᠷᠬᠠᠢ ᠵᠢᠨ ᠬᠤᠳᠳᠤᠭ᠎ᠲᠤ ᠂ ᠠᠭᠤᠷᠬᠠᠢ ᠵᠢᠨ ᠬᠤᠳᠳᠤᠭ᠎ᠠᠴᠠ ᠵᠠᠳᠠᠭ᠋ᠠᠢ ᠨᠡᠭᠦᠷᠡᠰᠦᠨ ᠠᠭᠤᠷᠬᠠᠢ᠎ᠳᠤ ᠮᠠᠯᠲᠠᠬᠤ ᠪᠣᠯᠭ᠋ᠠᠨ ᠬᠤᠪᠢᠷᠠᠭ᠋ᠠᠬᠤ ᠨᠡᠭᠦᠷᠡᠰᠦᠨ ᠠᠭᠤᠷᠬᠠᠢ ᠵᠢᠨ ᠲᠥᠷᠥᠯ ᠵᠦᠢ᠍ᠯ ᠢ ᠬᠢᠨᠠᠨ ᠵᠥᠪᠰᠢᠶᠡᠷᠡᠬᠦ ᠭᠣᠭᠴᠣᠭ᠎ᠠ ᠵᠢ ᠴᠢᠩᠭ᠎ᠠ ᠠᠳᠬᠤᠬᠤ ᠬᠡᠷᠡᠭᠲᠡᠢ ᠃
ᠠᠷᠪᠠᠨ ᠨᠠᠢ᠍ᠮᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠠᠵᠢᠯᠲᠠᠳ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ ᠂ ᠵᠣᠷᠢᠭᠲᠠᠢ᠎ᠪᠠᠷ ᠲᠡᠮᠡᠴᠡᠵᠦ ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠨ ᠂ ᠵᠠᠳᠠᠭ᠋ᠠᠢ ᠨᠡᠭᠦᠷᠡᠰᠦᠨ ᠠᠭᠤᠷᠬᠠᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠤᠨ ᠶᠠᠪᠤᠴᠠ᠎ᠳᠤ ᠠᠮᠵᠢᠯᠲᠠ ᠪᠦᠲᠦᠮᠵᠢ᠎ᠪᠠᠷ ᠳᠣᠪᠣᠢ᠌ᠭᠰᠠᠨᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠵᠢᠨ ᠦᠶ᠎ᠡ᠎ᠳᠤ ᠢᠳᠡᠪᠬᠢᠲᠡᠢ᠎ᠪᠠᠷ ᠲᠠᠨᠢᠯᠴᠠᠭᠤᠯᠤᠨ ᠳᠡᠪᠰᠢᠭᠦᠯᠬᠦ ᠬᠡᠷᠡᠭᠲᠡᠢ ; ᠬᠠᠷᠢᠭᠤᠴᠠᠯᠭ᠎ᠠ ᠠᠯᠳᠠᠵᠤ ᠲᠤᠰᠢᠶᠠᠯ᠎ᠳᠤ᠎ᠪᠠᠨ ᠣᠰᠣᠯᠳᠠᠭᠰᠠᠨᠢ ᠬᠠᠤᠯᠢ ᠲᠣᠭᠲᠠᠭ᠋ᠠᠯ ᠶᠣᠰᠣᠭ᠋ᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃
2023 ᠣᠨ᠎ᠤ 4 ᠳ᠋ᠦ᠍ᠭᠡᠷ ᠰᠠᠷ᠎ᠠ ᠵᠢᠨ 27᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2023 ᠣᠨ᠎ᠤ 4 ᠳ᠋ᠦ᠍ᠭᠡᠷ ᠰᠠᠷ᠎ᠠ ᠵᠢᠨ 28᠎ᠤ ᠡᠳᠦᠷ ᠳᠠᠷᠤᠮᠠᠯᠯᠠᠨ ᠲᠠᠷᠬᠠᠭ᠋ᠠᠪᠠ
( ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)