ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ
258 ᠳ᠋ᠤᠭ᠋ᠠᠷ ᠲᠣᠭ᠋ᠠᠲᠤ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠷᠭ᠎ᠠ》 ᠵᠢ 2022 ᠣᠨ᠎ᠤ 12 ᠳ᠋ᠤᠭ᠋ᠠᠷ ᠰᠠᠷ᠎ᠠ ᠵᠢᠨ 19᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠤᠴᠢᠨ ᠲᠠᠪᠤᠳᠤᠭ᠋ᠠᠷ ᠤᠳᠠᠭ᠋ᠠᠨ᠎ᠤ ᠪᠠᠢ᠌ᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ ᠂ ᠡᠳᠦᠭᠡ ᠨᠡᠢ᠌ᠲᠡᠯᠡᠪᠡ ᠂ 2023 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ ᠃
ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠸᠠᠩ ᠯᠢ ᠰᠢᠶᠠ
2022 ᠣᠨ᠎ᠤ 12 ᠳ᠋ᠤᠭ᠋ᠠᠷ ᠰᠠᠷ᠎ᠠ ᠵᠢᠨ 28᠎ᠤ ᠡᠳᠦᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠲᠡᠭᠡᠭᠡᠪᠦᠷᠢ ᠵᠢᠨ ᠲᠡᠷᠭᠡ
ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠷᠭ᠎ᠠ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠦᠢ᠍ᠯᠡ ᠠᠵᠢᠯᠯᠠᠭ᠎ᠠ ᠵᠢ ᠵᠠᠰᠠᠵᠤ ᠂ ᠵᠠᠰᠠᠮᠠᠯ ᠵᠠᠮ᠎ᠤᠨ ᠠᠮᠤᠷ ᠲᠦᠪᠰᠢᠨ ᠂ ᠬᠡᠪ ᠵᠶ᠋ᠡᠷ ᠪᠠ ᠰᠠᠭ᠋ᠠᠳ ᠦᠭᠡᠢ ᠨᠡᠪᠲᠡᠷᠡᠬᠦ ᠵᠢ ᠪᠠᠲᠤᠯᠠᠨ ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢᠨ ᠲᠤᠰᠠᠳᠠ ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ》 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 《ᠵᠠᠰᠠᠮᠠᠯ ᠵᠠᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠂ ᠬᠠᠤᠯᠢ ᠲᠣᠭᠲᠠᠭ᠋ᠠᠯ᠎ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ ᠂ ᠲᠣᠰ ᠠᠷᠭ᠎ᠠ ᠵᠢ ᠲᠣᠭᠲᠠᠭ᠋ᠠᠪᠠ ᠃
ᠬᠣᠶᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠳᠠᠬᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ᠎ᠳᠤ ᠲᠣᠰ ᠠᠷᠭ᠎ᠠ ᠵᠢ ᠲᠣᠬᠢᠷᠠᠭᠤᠯᠤᠨ ᠬᠡᠷᠡᠭᠯᠡᠨ᠎ᠡ ᠃
ᠲᠤᠰ ᠠᠷᠭ᠎ᠠ᠎ᠳᠤ ᠬᠡᠯᠡᠵᠦ ᠪᠠᠢ᠌ᠭ᠎ᠠ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠭᠡᠳᠡᠭ᠎ᠨᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠪᠠᠷᠠᠭ᠋ᠠᠨ᠎ᠤ ᠭᠠᠳᠠᠷ ᠬᠦᠪᠡᠭᠡ ᠵᠢᠨ ᠬᠡᠮᠵᠢᠶ᠎ᠡ ᠂ ᠲᠡᠩᠭᠡᠯᠢᠭ᠎ᠤᠨ ᠳᠠᠭ᠋ᠠᠭ᠋ᠠᠴᠠ ᠂ ᠶᠡᠷᠦᠩᠬᠡᠢ ᠮᠠᠰ᠎ᠨᠢ ᠤᠯᠤᠰ᠎ᠤᠨ ᠲᠣᠭᠲᠠᠭ᠋ᠠᠭᠰᠠᠨ ᠪᠠᠷᠢᠮᠵᠢᠶ᠎ᠠ᠎ᠠᠴᠠ ᠬᠡᠲᠦᠷᠡᠭᠰᠡᠨ ᠪᠤᠶᠤ ᠵᠠᠰᠠᠮᠠᠯ ᠵᠠᠮ ᠂ ᠵᠠᠰᠠᠮᠠᠯ ᠵᠠᠮ᠎ᠤᠨ ᠬᠥᠭᠥᠷᠭᠡ ᠂ ᠵᠠᠰᠠᠮᠠᠯ ᠵᠠᠮ᠎ᠤᠨ ᠨᠦᠬᠡᠨ ᠵᠠᠮ᠎ᠤᠨ ᠵᠠᠮ ᠬᠠᠷᠢᠯᠴᠠᠭ᠋ᠠᠨ᠎ᠤ ᠲᠡᠮᠳᠡᠭ᠎ᠲᠤ ᠲᠣᠳᠣᠷᠬᠠᠢ᠌ᠯᠠᠭᠰᠠᠨ ᠳᠠᠭ᠋ᠠᠭ᠋ᠠᠴᠠ ᠵᠢ ᠬᠢᠵᠠᠭ᠋ᠠᠷᠯᠠᠬᠤ ᠂ ᠥᠨᠳᠥᠷ᠎ᠢ ᠬᠢᠵᠠᠭ᠋ᠠᠷᠯᠠᠬᠤ ᠂ ᠥᠷᠭᠡᠨ᠎ᠢ ᠬᠢᠵᠠᠭ᠋ᠠᠷᠯᠠᠬᠤ ᠂ ᠤᠷᠳᠤ ᠵᠢ ᠬᠢᠵᠠᠭ᠋ᠠᠷᠯᠠᠬᠤ ᠪᠠᠷᠢᠮᠵᠢᠶ᠎ᠠ᠎ᠠᠴᠠ ᠬᠡᠲᠦᠷᠡᠭᠰᠡᠨ᠎ᠢ ᠵᠢᠭ᠋ᠠᠵᠤ ᠪᠤᠢ ᠃
ᠭᠤᠷᠪᠠᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ᠎ᠳᠤ ᠵᠠᠰᠠᠭ᠎ᠤᠨ ᠣᠷᠳᠣᠨ ᠤᠳᠤᠷᠢᠳᠬᠤ ᠂ ᠰᠠᠯᠠᠭ᠎ᠠ ᠮᠥᠴᠢᠷ᠎ᠤᠳ ᠬᠠᠮᠲᠤᠷᠠᠨ ᠬᠥᠳᠡᠯᠦᠯᠴᠡᠬᠦ ᠂ ᠦᠨᠭᠭᠡᠨ ᠲᠠᠯ᠎ᠠ ᠪᠠ ᠤᠭ ᠦᠨᠳᠦᠰᠦ ᠵᠢ᠎ᠨᠢ ᠵᠡᠷᠭᠡ᠎ᠪᠠᠷ ᠵᠠᠰᠠᠬᠤ ᠂ ᠤᠷᠳᠤ ᠬᠤᠭᠤᠴᠠᠭ᠎ᠠ᠎ᠪᠠᠷ ᠦᠷ᠎ᠡ ᠪᠦᠲᠦᠮᠵᠢᠲᠡᠢ ᠵᠠᠰᠠᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ ᠃
ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠲᠣᠰ ᠵᠠᠰᠠᠭ ᠵᠠᠬᠢᠷᠭ᠋ᠠᠨ᠎ᠤ ᠣᠷᠣᠨ᠎ᠳᠠᠬᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ᠎ᠢ ᠤᠳᠤᠷᠢᠳᠬᠤ᠎ᠪᠠᠨ ᠴᠢᠩᠭ᠋ᠠᠳᠬᠠᠵᠤ ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠠᠶᠤᠯ ᠦᠭᠡᠢ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ᠎ᠤᠨ ᠬᠠᠮᠲᠤᠷᠠᠭᠰᠠᠨ ᠬᠤᠷᠠᠯ ᠪᠠ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ᠎ᠢ ᠣᠨ᠎ᠤ ᠠᠵᠢᠯ᠎ᠤᠨ ᠬᠠᠷᠠᠯᠲᠠ ᠵᠢᠨ ᠰᠢᠯᠭ᠋ᠠᠨ ᠬᠢᠨᠠᠯᠲᠠ᠎ᠳᠤ᠎ᠪᠠᠨ ᠣᠷᠣᠭᠤᠯᠬᠤ ᠬᠡᠷᠡᠭᠲᠡᠢ ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ᠎ᠳᠤ ᠬᠡᠷᠡᠭᠰᠡᠬᠦ ᠵᠠᠷᠤᠳᠠᠯ᠎ᠢ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ᠎ᠪᠠᠨ ᠣᠷᠣᠭᠤᠯᠬᠤ ᠬᠡᠷᠡᠭᠲᠡᠢ ᠃
ᠲᠠᠪᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭ᠋ᠠᠷ ᠂ ᠲᠣᠰ ᠵᠠᠰᠠᠭ ᠵᠠᠬᠢᠷᠭ᠋ᠠᠨ᠎ᠤ ᠣᠷᠣᠨ᠎ᠳᠠᠬᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ ᠵᠶ᠋ᠠᠨ ᠬᠠᠷᠢᠭᠤᠴᠠᠬᠤ ᠬᠡᠷᠡᠭᠲᠡᠢ ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠳ᠋᠎ᠤᠨ ᠵᠠᠰᠠᠭ ᠂ ᠪᠠᠢ᠌ᠭ᠋ᠠᠯᠢ ᠵᠢᠨ ᠡᠬᠢ ᠪᠠᠶᠠᠯᠢᠭ ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠂ ᠡᠨᠧᠷᠭᠢ ᠪᠠ ᠬᠤᠳᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠶᠣᠰᠣᠭ᠋ᠠᠷ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠬᠠᠮᠢᠶ᠎ᠠ ᠪᠦᠬᠦᠢ ᠠᠵᠢᠯ᠎ᠢ ᠰᠠᠢ᠌ᠲᠤᠷ ᠬᠢᠬᠦ ᠬᠡᠷᠡᠭᠲᠡᠢ ᠃
ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ ᠥᠷᠨᠢᠭᠦᠯᠬᠦ ᠵᠢ᠎ᠨᠢ ᠳᠡᠮᠵᠢᠬᠦ ᠪᠠ ᠲᠡᠭᠦᠨ᠎ᠳᠤ ᠬᠠᠮᠵᠢᠬᠤ ᠬᠡᠷᠡᠭᠲᠡᠢ ᠃
ᠵᠢᠷᠭᠤᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ᠎ᠤᠨ ᠮᠡᠳᠡᠭᠡ ᠵᠠᠩᠭᠢᠵᠢᠭᠤᠯᠬᠤ ᠂ ᠣᠶᠤᠨᠴᠢᠯᠠᠬᠤ ᠪᠠᠢ᠌ᠭᠤᠯᠤᠯᠲᠠ᠎ᠪᠠᠨ ᠴᠢᠩᠭ᠋ᠠᠳᠬᠠᠵᠤ ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠮᠡᠳᠡᠭᠡ ᠵᠠᠩᠭᠢ ᠵᠢᠨ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠵᠤ ᠂ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠂ ᠬᠥᠭᠵᠢᠭᠦᠯᠦᠯᠲᠡ ᠪᠠ ᠥᠭᠡᠷᠡᠴᠢᠯᠡᠯᠲᠡ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠡᠳ᠋᠎ᠤᠨ ᠵᠠᠰᠠᠭ ᠂ ᠪᠠᠢ᠌ᠭ᠋ᠠᠯᠢ ᠵᠢᠨ ᠡᠬᠢ ᠪᠠᠶᠠᠯᠢᠭ ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠂ ᠡᠨᠧᠷᠭᠢ ᠪᠠ ᠬᠣᠲᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠵᠢᠴᠢ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠠᠵᠤ ᠠᠬᠤᠢ᠌ᠯᠠᠯ ᠂ ᠪᠠᠷᠠᠭ᠎ᠠ ᠲᠡᠭᠡᠭᠡᠪᠦᠷᠢ ᠵᠢᠨ ᠡᠵᠡᠩᠨᠡᠭᠴᠢ ᠵᠡᠷᠭᠡ ᠵᠢ ᠮᠡᠳᠡᠭᠡ ᠵᠠᠩᠭᠢ ᠬᠠᠮᠲᠤ᠎ᠳᠤ᠎ᠪᠠᠨ ᠬᠦᠷᠲᠡᠬᠦ ᠲᠠᠪᠴᠠᠩ᠎ᠳᠤ᠎ᠪᠠᠨ ᠣᠷᠣᠭᠤᠯᠵᠤ ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ ᠂ ᠵᠠᠰᠠᠯᠲᠠ ᠵᠢᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠬᠦ ᠬᠡᠷᠡᠭᠲᠡᠢ ᠃
ᠳᠣᠯᠣᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ ᠂ ᠪᠠᠷᠠᠭ᠎ᠠ ᠲᠡᠭᠡᠭᠡᠪᠦᠷᠢ ᠵᠢᠨ ᠡᠵᠡᠩᠨᠡᠭᠴᠢ᠎ᠨᠢ ᠠᠶᠤᠯ ᠦᠭᠡᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ ᠬᠡᠷᠡᠭᠲᠡᠢ ᠃
ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ ᠂ ᠪᠠᠷᠠᠭ᠎ᠠ ᠲᠡᠭᠡᠭᠡᠪᠦᠷᠢ ᠵᠢᠨ ᠡᠵᠡᠩᠨᠡᠭᠴᠢ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠵᠢᠯᠣᠭᠣᠴᠢ᠎ᠨᠢ ᠤᠯᠤᠰ᠎ᠠᠴᠠ ᠲᠣᠭᠲᠠᠭ᠋ᠠᠭᠰᠠᠨ ᠲᠡᠷᠭᠡ ᠬᠥᠰᠬᠡ ᠵᠢᠨ ᠠᠴᠢᠶᠠᠯᠠᠬᠤ ᠬᠢᠵᠠᠭ᠋ᠠᠷ ᠬᠡᠮᠵᠢᠭᠳᠡᠯ ᠪᠠ ᠵᠠᠰᠠᠮᠠᠯ ᠵᠠᠮ᠎ᠤᠨ ᠵᠠᠮ ᠬᠠᠷᠢᠯᠴᠠᠭ᠋ᠠᠨ᠎ᠤ ᠲᠡᠮᠳᠡᠭ᠎ᠤᠨ ᠲᠣᠳᠣᠷᠬᠠᠢ᠌ᠯᠠᠭᠰᠠᠨ ᠳᠠᠭ᠋ᠠᠭ᠋ᠠᠴᠠ ᠵᠢ ᠬᠢᠵᠠᠭ᠋ᠠᠷᠯᠠᠬᠤ ᠂ ᠥᠨᠳᠥᠷ᠎ᠢ ᠬᠢᠵᠠᠭ᠋ᠠᠷᠯᠠᠬᠤ ᠂ ᠥᠷᠭᠡᠨ᠎ᠢ ᠬᠢᠵᠠᠭ᠋ᠠᠷᠯᠠᠬᠤ ᠂ ᠤᠷᠳᠤ ᠵᠢ ᠬᠢᠵᠠᠭ᠋ᠠᠷᠯᠠᠬᠤ ᠪᠠᠷᠢᠮᠵᠢᠶ᠎ᠠ᠎ᠪᠠᠷ ᠠᠴᠢᠶᠠᠯᠠᠬᠤ ᠂ ᠲᠡᠭᠡᠭᠡᠪᠦᠷᠢᠯᠡᠬᠦ ᠪᠠ ᠡᠵᠡᠩᠨᠡᠬᠦ᠎ᠪᠠᠨ ᠵᠢᠷᠤᠮᠵᠢᠭᠤᠯᠬᠤ ᠬᠡᠷᠡᠭᠲᠡᠢ ᠃
ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ᠎ᠳᠤ ᠵᠠᠮ ᠭᠣᠳᠣᠰ᠎ᠤᠨ ᠪᠠᠷᠠᠭ᠎ᠠ ᠲᠡᠭᠡᠭᠡᠪᠦᠷᠢ ᠵᠢᠨ ᠦᠷᠳᠡᠬᠡ (ᠲᠠᠯᠠᠪᠤᠷ) ᠂ ᠪᠠᠷᠠᠭ᠋ᠠᠨ᠎ᠤ ᠭᠦᠢ᠍ᠯᠭᠡᠭᠡᠨ᠎ᠤ ᠬᠦᠷᠢᠶᠡᠯᠡᠩ ᠲᠣᠭᠣᠷᠢᠭ ᠂ ᠦᠢ᠍ᠯᠡᠳᠪᠦᠷᠢ ᠠᠭᠤᠷᠬᠠᠢ ᠵᠢᠨ ᠠᠵᠤ ᠠᠬᠤᠢ᠌ᠯᠠᠯ ᠵᠡᠷᠭᠡ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠴᠢ ᠨᠡᠭᠦᠷᠡᠰᠦ ᠂ ᠬᠦᠳᠡᠷ ᠂ ᠪᠣᠯᠣᠳ ᠮᠠᠲ᠋ᠧᠷᠢᠶᠠᠯ ᠂ ᠱᠦᠢ᠍ᠨᠢ ᠂ ᠪᠸᠲ᠋ᠤᠨ ᠂ ᠬᠠᠢ᠌ᠷ ᠴᠢᠯᠠᠭᠤ ᠂ ᠰᠢᠪᠠᠷ ᠰᠢᠷᠣᠢ ᠂ ᠲᠠᠸᠠᠷ᠎ᠤᠨ ᠲᠡᠷᠭᠡ ᠂ ᠬᠦᠨᠳᠦ ᠶᠡᠬᠡ ᠲᠣᠨᠣᠭ ᠲᠥᠬᠦᠭᠡᠷᠦᠮᠵᠢ ᠵᠡᠷᠭᠡ ᠪᠠᠷᠠᠭ᠎ᠠ ᠠᠴᠢᠶᠠᠯᠠᠬᠤ ᠭᠠᠵᠠᠷ ᠪᠠᠭᠲᠠᠨ᠎ᠠ ᠃
ᠨᠠᠢ᠍ᠮᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠲᠠᠯ᠎ᠠ ᠵᠢᠨ ᠢᠲᠡᠭᠡᠮᠵᠢ ᠵᠢᠨ ᠳᠦᠷᠢᠮ᠎ᠢ ᠪᠠᠢ᠌ᠭᠤᠯᠵᠤ ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ᠎ᠤᠨ ᠨᠢᠭᠡᠴᠢ ᠂ ᠪᠠᠷᠠᠭ᠎ᠠ ᠲᠡᠭᠡᠭᠡᠪᠦᠷᠢ ᠵᠢᠨ ᠡᠵᠡᠩᠨᠡᠭᠴᠢ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠂ ᠵᠢᠯᠣᠭᠣᠴᠢ ᠵᠡᠷᠭᠡ ᠵᠢ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠯᠴᠠᠭ᠎ᠠ᠎ᠳᠤ᠎ᠪᠠᠨ ᠣᠷᠣᠭᠤᠯᠵᠤ ᠂ ᠬᠠᠮᠢᠶ᠎ᠠ ᠪᠦᠬᠦᠢ ᠢᠲᠡᠭᠡᠮᠵᠢ ᠵᠢᠨ ᠮᠡᠳᠡᠭᠡ ᠵᠠᠩᠭᠢ ᠵᠢ ᠢᠲᠡᠭᠡᠮᠵᠢ ᠵᠢᠨ ᠮᠡᠳᠡᠭᠡ ᠵᠠᠩᠭᠢ ᠵᠢᠨ ᠲᠠᠪᠴᠠᠩ᠎ᠳᠤ ᠣᠷᠣᠭᠣᠯᠬᠣ ᠬᠡᠷᠡᠭᠲᠡᠢ ᠃
ᠶᠢᠰᠦᠳᠦᠭᠡᠷ ᠵᠦᠢ᠍ᠯ ᠷᠠᠳᠢᠣ᠋ ᠂ ᠲᠧᠯᠸᠢᠰ ᠂ ᠰᠣᠨᠢᠨ ᠰᠡᠳᠬᠦᠯ ᠂ ᠰᠦᠯᠵᠢᠶ᠎ᠡ ᠵᠡᠷᠭᠡ ᠵᠠᠭᠤᠴᠢᠯᠠᠭᠤᠷ᠎ᠨᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠬᠠᠤᠯᠢ ᠴᠠᠭ᠋ᠠᠵᠠ ᠂ ᠬᠠᠤᠯᠢ ᠲᠣᠭᠲᠠᠭ᠋ᠠᠯ ᠬᠢᠭᠡᠳ ᠬᠠᠮᠢᠶ᠎ᠠ ᠪᠦᠬᠦᠢ ᠮᠡᠳᠡᠯᠭᠡ ᠵᠢᠨ ᠤᠬᠠᠭᠤᠯᠭ᠎ᠠ ᠥᠷᠨᠢᠭᠦᠯᠵᠦ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠦᠢ᠍ᠯᠡ ᠠᠵᠢᠯᠯᠠᠭ᠎ᠠ᠎ᠳᠠᠬᠢ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠯᠲᠠ᠎ᠪᠠᠨ ᠴᠢᠩᠭ᠋ᠠᠳᠬᠠᠬᠤ ᠬᠡᠷᠡᠭᠲᠡᠢ ᠃
ᠠᠷᠪᠠᠳᠤᠭ᠋ᠠᠷ ᠵᠦᠢ᠍ᠯ ᠶᠠᠮᠠᠷᠪᠠ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ ᠴᠥᠮ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠭ᠋ᠠᠯᠳᠤᠬᠤ ᠂ ᠢᠯᠡᠴᠢᠯᠡᠨ ᠮᠡᠳᠡᠭᠦᠯᠬᠦ ᠡᠷᠬᠡ᠎ᠲᠠᠢ ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠵᠠᠭ᠋ᠠᠯᠳᠤᠬᠤ ᠂ ᠢᠯᠡᠴᠢᠯᠡᠨ ᠮᠡᠳᠡᠭᠦᠯᠬᠦ ᠵᠢ ᠭᠥᠯᠢᠶᠡᠨ ᠠᠪᠴᠤ ᠰᠢᠢ᠍ᠳᠪᠦᠷᠢᠯᠡᠬᠦ ᠠᠷᠭ᠎ᠠ ᠵᠠᠮ ᠵᠶ᠋ᠡᠨ ᠨᠡᠢ᠌ᠭᠡᠮ᠎ᠳᠤ ᠢᠯᠡ ᠨᠡᠢ᠌ᠲᠡᠯᠡᠵᠦ ᠂ ᠬᠠᠤᠯᠢ ᠶᠣᠰᠣᠭ᠋ᠠᠷ ᠴᠠᠭ ᠲᠤᠬᠠᠢᠳᠤᠨᠢ ᠰᠢᠢ᠍ᠳᠪᠦᠷᠢᠯᠡᠬᠦ ᠵᠢᠨ ᠬᠠᠮᠲᠤ ᠂ ᠵᠠᠭ᠋ᠠᠯᠳᠤᠭᠴᠢ ᠢᠯᠡᠴᠢᠯᠡᠨ ᠮᠡᠳᠡᠭᠦᠯᠦᠭᠴᠢ᠎ᠳᠤ ᠰᠢᠢ᠍ᠳᠪᠦᠷᠢᠯᠡᠭᠰᠡᠨ ᠦᠷ᠎ᠡ ᠳ᠋ᠦᠩ ᠵᠶ᠋ᠠᠨ ᠬᠠᠷᠢᠭᠤ ᠲᠤᠰᠬᠠᠬᠤ ᠬᠡᠷᠡᠭᠲᠡᠢ ᠃
ᠬᠣᠶᠠᠳᠤᠭ᠋ᠠᠷ ᠪᠦᠯᠦᠭ ᠡᠬᠢ ᠡᠭᠦᠰᠦᠯ᠎ᠠᠴᠠ᠎ᠨᠢ ᠵᠠᠰᠠᠬᠤ
ᠠᠷᠪᠠᠨ ᠨᠢᠭᠡᠳᠦᠭᠡᠷ ᠵᠦᠢ᠍ᠯ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠦᠢ᠍ᠯᠡᠳᠪᠦᠷᠢᠯᠡᠬᠦ ᠂ ᠥᠭᠡᠷᠡᠴᠢᠯᠡᠨ ᠤᠭᠰᠠᠷᠠᠬᠤ᠎ᠳᠤ ᠲᠡᠷᠭᠡ ᠵᠢᠨ ᠭᠠᠳᠠᠷ ᠬᠦᠪᠡᠭᠡ ᠵᠢᠨ ᠬᠡᠮᠵᠢᠶ᠎ᠡ ᠂ ᠲᠡᠩᠭᠡᠯᠢᠭ᠎ᠤᠨ ᠳᠠᠭ᠋ᠠᠭ᠋ᠠᠴᠠ ᠂ ᠮᠠᠰ᠎ᠤᠨ ᠬᠢᠵᠠᠭ᠋ᠠᠷ ᠬᠡᠮᠵᠢᠭᠳᠡᠯ ᠵᠡᠷᠭᠡ ᠵᠢᠨ ᠲᠤᠬᠠᠢ ᠤᠯᠤᠰ᠎ᠤᠨ ᠮᠠᠰᠢᠨᠲᠤ ᠲᠡᠷᠭᠡ ᠵᠢᠨ ᠠᠮᠤᠷ ᠲᠦᠪᠰᠢᠨ᠎ᠤ ᠮᠡᠷᠭᠡᠵᠢᠯ᠎ᠤᠨ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠢ ᠃ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ᠎ᠳᠤ ᠥᠯᠥ ᠨᠡᠢ᠌ᠴᠡᠭᠰᠡᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠦᠢ᠍ᠯᠡᠳᠪᠦᠷᠢᠯᠡᠬᠦ ᠂ ᠬᠡᠷᠡᠭᠯᠡᠬᠦ ᠂ ᠪᠣᠷᠣᠯᠠᠭᠤᠯᠬᠤ ᠵᠢ ᠴᠠᠭ᠋ᠠᠵᠠᠯᠠᠨ᠎ᠠ ᠃
ᠶᠠᠮᠠᠷᠪᠠ ᠵᠣᠬᠢᠶᠠᠨ ᠪᠠᠢ᠌ᠭᠤᠯᠤᠯᠲᠠ ᠪᠠ ᠬᠤᠪᠢ ᠬᠥᠮᠥᠨ ᠭᠡᠳ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠨᠡᠢ᠌ᠯᠡᠭᠦᠯᠵᠦ ᠤᠭᠰᠠᠷᠠᠬᠤ ᠪᠤᠶᠤ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠭᠤᠯᠤᠭᠰᠠᠨ ᠬᠣᠯᠪᠣᠭᠳᠠᠯ ᠪᠦᠬᠦᠢ ᠮᠡᠷᠭᠡᠵᠢᠯ᠎ᠤᠨ ᠲᠣᠭ᠎ᠠ ᠪᠠᠷᠢᠮᠲᠠ ᠵᠢ ᠳᠤᠷ᠎ᠠ᠎ᠪᠠᠷ ᠵᠶ᠋ᠡᠨ ᠬᠤᠪᠢᠷᠠᠭᠤᠯᠵᠤ ᠪᠣᠯᠬᠤ ᠦᠭᠡᠢ ᠃
ᠵᠠᠳᠠᠷᠠᠵᠤ ᠪᠣᠯᠣᠰᠢ ᠦᠭᠡᠢ ᠪᠣᠳᠠᠰ᠎ᠢ ᠲᠡᠭᠡᠭᠡᠪᠦᠷᠢᠯᠡᠬᠦ᠎ᠳᠤ ᠲᠡᠷᠭᠡ ᠬᠥᠰᠬᠡ ᠵᠢ ᠥᠭᠡᠷᠡᠴᠢᠯᠡᠨ ᠤᠭᠰᠠᠷᠠᠬᠤ ᠴᠢᠬᠤᠯᠠᠲᠠᠢ ᠪᠣᠯ ᠂ ᠵᠣᠬᠢᠬᠤ ᠬᠢᠷᠢ ᠬᠡᠮ᠎ᠲᠠᠢ ᠲᠡᠷᠭᠡ ᠬᠥᠰᠬᠡ ᠦᠢ᠍ᠯᠡᠳᠪᠦᠷᠢᠯᠡᠬᠦ ᠠᠵᠤ ᠠᠬᠤᠢ᠌ᠯᠠᠯ ᠵᠶ᠋ᠠᠷ ᠲᠣᠭᠲᠠᠭ᠋ᠠᠭᠰᠠᠨ ᠲᠡᠷᠭᠡᠨ᠎ᠤ ᠬᠡᠯᠪᠡᠷᠢ ᠪᠠ ᠮᠡᠷᠭᠡᠵᠢᠯ᠎ᠤᠨ ᠫᠠᠷᠠᠮᠸᠲᠷ ᠵᠶ᠋ᠠᠷ ᠥᠭᠡᠷᠡᠴᠢᠯᠡᠨ ᠤᠭᠰᠠᠷᠠᠭᠤᠯᠬᠤ ᠵᠢᠨ ᠬᠠᠮᠲᠤ ᠂ ᠬᠠᠤᠯᠢ ᠶᠣᠰᠣᠭ᠋ᠠᠷ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠳᠤ ᠬᠤᠪᠢᠷᠠᠭᠤᠯᠬᠤ ᠳᠠᠩᠰᠠᠯᠠᠯᠲᠠ ᠬᠢᠯᠭᠡᠬᠦ᠎ᠪᠠᠷ ᠭᠤᠶᠤᠴᠢᠯᠠᠬᠤ ᠬᠡᠷᠡᠭᠲᠡᠢ ᠃
ᠠᠷᠪᠠᠨ ᠬᠣᠶᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠳᠠᠩᠰᠠᠯᠠᠨ ᠲᠡᠮᠳᠡᠭᠯᠡᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢ᠌ᠴᠠᠭ᠋ᠠᠨ ᠰᠢᠯᠭ᠋ᠠᠬᠤ ᠲᠤᠬᠠᠢ᠌ᠯᠠᠭᠰᠠᠨ ᠠᠵᠢᠯ ᠵᠶ᠋ᠡᠨ ᠭᠦᠢ᠍ᠴᠡᠳᠬᠡᠬᠦ᠎ᠳᠤ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠨᠡᠢ᠌ᠯᠡᠭᠦᠯᠵᠦ ᠤᠭᠰᠠᠷᠠᠭᠰᠠᠨ ᠂ ᠥᠭᠡᠷᠡᠴᠢᠯᠡᠨ ᠤᠭᠰᠠᠷᠠᠭᠰᠠᠨ ᠪᠠᠢ᠌ᠳᠠᠯ᠎ᠢ ᠪᠠᠢ᠌ᠴᠠᠭ᠋ᠠᠨ ᠰᠢᠯᠭ᠋ᠠᠬᠤ ᠬᠡᠷᠡᠭᠲᠡᠢ ᠂ ᠤᠯᠤᠰ᠎ᠤᠨ ᠠᠮᠤᠷ ᠲᠦᠪᠰᠢᠨ᠎ᠤ ᠮᠡᠷᠭᠡᠵᠢᠯ᠎ᠤᠨ ᠪᠠᠷᠢᠮᠵᠢᠶ᠎ᠠ᠎ᠳᠤ ᠨᠡᠢ᠌ᠴᠡᠬᠦ ᠦᠭᠡᠢ ᠪᠠ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠳᠠᠩᠰᠠᠯᠠᠯᠲᠠ ᠬᠢᠬᠦ ᠂ ᠦᠨᠡᠮᠯᠡᠯ ᠪᠠ ᠣᠨ᠎ᠤ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠭᠡᠷᠡᠴᠢ ᠣᠯᠭᠣᠵᠤ ᠪᠣᠯᠬᠤ
ᠦᠭᠡᠢ ᠃
ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠳᠠᠩᠰᠠᠯᠠᠭᠤᠯᠤᠭ᠋ᠠᠳᠤᠢ ᠪᠠ ᠨᠡᠢ᠌ᠯᠡᠭᠦᠯᠵᠦ ᠤᠭᠰᠠᠷᠠᠭᠰᠠᠨ ᠂ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠡᠵᠡᠩᠨᠡᠯᠲᠡ ᠵᠢᠨ ᠦᠨᠡᠮᠯᠡᠯ ᠭᠦᠢ᠍ᠴᠡᠳᠬᠡᠨ ᠥᠭᠴᠦ ᠪᠣᠯᠬᠤ ᠦᠭᠡᠢ ᠃
ᠠᠷᠪᠠᠨ ᠭᠤᠷᠪᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠂ ᠡᠨᠧᠷᠭᠢ ᠵᠡᠷᠭᠡ ᠰᠠᠯᠠᠭ᠎ᠠ ᠮᠥᠴᠢᠷ᠎ᠨᠢ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠡᠨ ᠶᠣᠰᠣᠭ᠋ᠠᠷ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠨᠡᠢ᠌ᠯᠡᠭᠦᠯᠵᠦ ᠤᠭᠰᠠᠷᠠᠬᠤ ᠂ ᠬᠠᠤᠯᠢ ᠪᠤᠰᠤ᠎ᠪᠠᠷ ᠥᠭᠡᠷᠡᠴᠢᠯᠡᠵᠦ ᠤᠭᠰᠠᠷᠠᠬᠤ ᠠᠵᠢᠯ ᠡᠷᠬᠢᠯᠡᠵᠤ ᠪᠠᠢ᠌ᠭ᠎ᠠ ᠪᠤᠶᠤ ᠡᠢ᠌ᠮᠦᠷᠬᠦᠦ ᠲᠡᠷᠭᠡ ᠵᠢ ᠬᠡᠷᠡᠭᠯᠡᠵᠦ ᠪᠠᠢ᠌ᠭ᠎ᠠ ᠦᠢ᠍ᠯᠡ ᠠᠵᠢᠯᠯᠠᠭ᠎ᠠ ᠵᠢ ᠴᠠᠭ ᠲᠤᠬᠠᠢᠳᠤᠨᠢ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ ᠃ ᠪᠠᠢ᠌ᠴᠠᠭ᠋ᠠᠨ ᠮᠡᠳᠡᠭᠰᠡᠨ ᠨᠡᠢ᠌ᠯᠡᠭᠦᠯᠵᠦ ᠤᠭᠰᠠᠷᠠᠭᠰᠠᠨ ᠂ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠨᠢᠭᠡᠴᠢ ᠪᠤᠶᠤ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠥᠮᠴᠢᠯᠡᠭᠴᠢ ᠵᠢ ᠬᠠᠤᠯᠢ ᠶᠣᠰᠣᠭ᠋ᠠᠷ ᠵᠠᠷᠯᠢᠭᠳᠠᠵᠤ ᠥᠪᠡᠷᠰᠡᠳ ᠵᠶ᠋ᠡᠷ᠎ᠨᠢ ᠵᠠᠳᠠᠯᠤᠨ ᠰᠠᠯᠭ᠋ᠠᠭᠣᠯᠬᠣ ᠬᠡᠷᠡᠭᠲᠡᠢ ᠃
ᠠᠷᠪᠠᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠢ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠂ ᠡᠨᠧᠷᠭᠢ ᠵᠡᠷᠭᠡ ᠰᠠᠯᠠᠭ᠎ᠠ ᠮᠥᠴᠢᠷ᠎ᠤᠳ᠎ᠢ ᠵᠣᠬᠢᠶᠠᠨ ᠪᠠᠢ᠌ᠭᠤᠯᠵᠤ ᠂ ᠲᠣᠰ ᠵᠠᠰᠠᠭ ᠵᠠᠬᠢᠷᠭ᠋ᠠᠨ᠎ᠤ ᠣᠷᠣᠨ᠎ᠳᠠᠬᠢ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ ᠵᠢ᠎ᠪᠠᠨ ᠬᠠᠷᠭᠤᠭᠤᠯᠤᠨ ᠪᠠᠢ᠌ᠴᠠᠭ᠋ᠠᠵᠤ ᠂ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ ᠵᠢᠨ ᠨᠡᠷᠡᠰ᠎ᠢ ᠨᠠᠢ᠌ᠷᠠᠭᠤᠯᠤᠨ ᠲᠣᠭᠲᠠᠭ᠋ᠠᠵᠤ ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠬᠠᠤᠯᠢ᠎ᠠᠴᠠ ᠵᠥᠷᠢᠴᠡᠭᠰᠡᠨ ᠲᠡᠮᠳᠡᠭᠯᠡᠯ ᠵᠡᠷᠭᠡ ᠪᠠᠢ᠌ᠳᠠᠯ᠎ᠢ ᠦᠨᠳᠦᠰᠦᠯᠡᠨ ᠂ ᠭᠣᠣᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ ᠵᠢ ᠲᠣᠭᠲᠠᠭ᠋ᠠᠵᠤ ᠂ ᠨᠡᠢ᠌ᠭᠡᠮ᠎ᠳᠤ ᠨᠡᠢ᠌ᠲᠡᠯᠡᠬᠦ ᠵᠢᠨ ᠬᠠᠮᠲᠤ ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠬᠦ ᠬᠡᠷᠡᠭᠲᠡᠢ ᠃
ᠠᠷᠪᠠᠨ ᠲᠠᠪᠤᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ᠎ᠨᠢ ᠳᠣᠣᠷ᠎ᠠ ᠵᠢᠭᠰᠠᠭ᠋ᠠᠭᠰᠠᠨ ᠲᠣᠭᠲᠠᠭ᠋ᠠᠯ᠎ᠤᠳ᠎ᠢ ᠵᠢᠷᠤᠮᠯᠠᠬᠤ ᠬᠡᠷᠡᠭᠲᠡᠢ ᠄
(ᠨᠢᠭᠡ) ᠬᠣᠯᠪᠣᠭᠳᠠᠯ ᠪᠦᠬᠦᠢ ᠠᠵᠢᠯ ᠡᠷᠬᠢᠯᠡᠭᠰᠡᠳ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠪᠠᠢ᠌ᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ ;
(ᠬᠣᠶᠠᠷ) ᠪᠠᠷᠠᠭ᠎ᠠ ᠲᠡᠭᠡᠭᠡᠪᠦᠷᠢ ᠵᠢ ᠬᠡᠮᠵᠢᠵᠦ ᠬᠦᠨᠳᠦ ᠵᠢ ᠬᠡᠮᠵᠢᠬᠦ ᠪᠠ ᠬᠢᠨᠠᠨ ᠡᠵᠡᠮᠳᠡᠬᠦ ᠵᠢᠨ ᠤᠯᠤᠰ᠎ᠤᠨ ᠪᠠᠷᠢᠮᠵᠢᠶ᠎ᠠ᠎ᠳᠤ ᠨᠡᠢ᠌ᠴᠡᠭᠰᠡᠨ ᠲᠥᠬᠦᠭᠡᠷᠦᠮᠵᠢ ᠵᠢ ᠲᠣᠭᠲᠠᠭ᠋ᠠᠯ ᠶᠣᠰᠣᠭ᠋ᠠᠷ ᠳᠦᠬᠦᠷᠵᠢᠭᠦᠯᠦᠨ ᠲᠣᠬᠢᠷᠠᠭᠤᠯᠬᠤ ᠵᠢᠨ ᠬᠠᠮᠲᠤ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠮᠡᠳᠡᠭᠡ ᠵᠠᠩᠭᠢ ᠵᠢᠨ ᠲᠠᠪᠴᠠᠩ᠎ᠯᠤᠭ᠎ᠠ ᠰᠦᠯᠵᠢᠶᠡᠵᠢᠭᠦᠯᠬᠦ ᠬᠡᠷᠡᠭᠲᠡᠢ ;
( ᠭᠤᠷᠪᠠ) ᠪᠠᠷᠠᠭ᠎ᠠ ᠠᠴᠢᠶᠠᠯᠠᠬᠤ ᠂ ᠬᠦᠨᠳᠦ ᠵᠢ ᠬᠡᠮᠵᠢᠬᠦ ᠂ ᠪᠠᠷᠢᠮᠲᠠ ᠭᠠᠷᠭ᠋ᠠᠬᠤ ᠵᠡᠷᠭᠡ ᠬᠣᠯᠪᠣᠭᠳᠠᠯ ᠪᠦᠬᠦᠢ ᠠᠵᠢᠯ ᠡᠷᠬᠢᠯᠡᠭᠰᠡᠳ᠎ᠲᠤ ᠪᠣᠯᠪᠠᠰᠤᠷᠠᠯ ᠬᠢᠬᠦ ᠬᠡᠷᠡᠭᠲᠡᠢ ;
(ᠳᠥᠷᠪᠡ) ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠬᠢᠭᠡᠳ ᠵᠢᠯᠣᠭᠣᠴᠢ ᠵᠢᠨ ᠲᠡᠷᠭᠡ ᠵᠠᠮᠨᠠᠭᠤᠯᠬᠤ ᠦᠨᠡᠮᠯᠡᠯ ᠂ ᠵᠠᠮ ᠲᠡᠭᠡᠭᠡᠪᠦᠷᠢ ᠵᠢᠨ ᠦᠨᠡᠮᠯᠡᠯ ᠪᠠ ᠵᠠᠮ ᠲᠡᠭᠡᠭᠡᠪᠦᠷᠢ ᠵᠢᠨ ᠠᠵᠢᠯ ᠡᠷᠬᠢᠯᠡᠬᠥ ᠬᠢᠷᠢ ᠬᠡᠮ᠎ᠤᠨ ᠦᠨᠡᠮᠯᠡᠯ᠎ᠢ᠎ᠨᠢ ᠳᠠᠩᠰᠠᠯᠠᠨ ᠲᠡᠮᠳᠡᠭᠯᠡᠬᠦ ᠬᠡᠷᠡᠭᠲᠡᠢ ;
(ᠲᠠᠪᠤ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ᠎ᠤᠨ ᠳᠠᠩᠰᠠᠯᠠᠯᠲᠠ ᠲᠡᠮᠳᠡᠭᠯᠡᠯ ᠂ ᠪᠦᠷᠢᠳᠬᠡᠯ ᠪᠠ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠵᠤ ᠪᠦᠷᠢᠨᠰᠢᠭᠦᠯᠬᠦ ᠵᠢᠨ ᠬᠠᠮᠲᠤ ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠮᠢᠶ᠎ᠠ ᠪᠦᠬᠦᠢ ᠮᠡᠳᠡᠭᠡ ᠵᠠᠩᠭᠢ᠎ᠪᠠᠨ ᠮᠡᠳᠡᠭᠦᠯᠬᠦ ᠬᠡᠷᠡᠭᠲᠡᠢ ;
(ᠵᠢᠷᠭᠤᠭ᠎ᠠ) ᠬᠠᠤᠯᠢ ᠬᠡᠷᠡᠭᠵᠢᠭᠦᠯᠦᠭᠴᠢ ᠵᠢᠨ ᠬᠢᠨᠠᠨ ᠪᠠᠢ᠌ᠴᠠᠭ᠋ᠠᠯᠲᠠ ᠵᠢ ᠬᠦᠯᠢᠶᠡᠵᠦ ᠂ ᠲᠣᠭᠣᠷᠢᠨ ᠪᠠᠢ᠌ᠴᠠᠭ᠋ᠠᠬᠤ ᠪᠠ ᠬᠤᠸᠠᠷᠠᠩᠨᠠᠬᠤ ᠬᠥᠮᠥᠰ᠎ᠲᠤ ᠴᠢᠬᠤᠯᠠ ᠪᠦᠬᠦᠢ ᠲᠥᠬᠥᠮ ᠨᠥᠬᠥᠴᠡᠯ ᠬᠠᠩᠭ᠋ᠠᠵᠤ ᠂ ᠬᠣᠯᠪᠣᠭᠳᠠᠯ ᠪᠦᠬᠦᠢ ᠪᠠᠢ᠌ᠳᠠᠯ ᠪᠠ ᠮᠠᠲ᠋ᠧᠷᠢᠶᠠᠯ᠎ᠢ ᠦᠨᠡᠨ ᠪᠣᠳᠠᠲᠠᠢ᠎ᠪᠠᠷ ᠬᠠᠩᠭ᠋ᠠᠬᠤ ᠬᠡᠷᠡᠭᠲᠡᠢ ᠃
ᠠᠷᠪᠠᠨ ᠵᠢᠷᠭᠤᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ᠎ᠳᠤ ᠳᠣᠣᠷᠠᠬᠢ ᠦᠢ᠍ᠯᠡ ᠠᠵᠢᠯᠯᠠᠭ᠎ᠠ ᠪᠠᠢ᠌ᠵᠤ ᠪᠣᠯᠬᠤ ᠦᠭᠡᠢ ᠄
(ᠨᠢᠭᠡ) ᠲᠡᠷᠭᠡ ᠵᠠᠮᠨᠠᠭᠤᠯᠬᠤ ᠦᠨᠡᠮᠯᠡᠯ ᠂ ᠵᠠᠮ ᠲᠡᠭᠡᠭᠡᠪᠦᠷᠢ ᠵᠢᠨ ᠦᠨᠡᠮᠯᠡᠯ ᠦᠭᠡᠢ ᠪᠤᠶᠤ ᠪᠤᠰᠤᠳ ᠳᠠᠩᠰᠠᠯᠠᠭᠤᠯᠤᠨ ᠪᠦᠷᠢᠳᠬᠡᠭᠦᠯᠦᠭᠡᠳᠦᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠤᠭᠰᠠᠨ ;
(ᠬᠣᠶᠠᠷ) ᠵᠠᠮ ᠲᠡᠭᠡᠭᠡᠪᠦᠷᠢ ᠵᠢᠨ ᠠᠵᠢᠯ ᠡᠷᠬᠢᠯᠡᠬᠥ ᠬᠢᠷᠢ ᠬᠡᠮ ᠣᠯᠣᠭ᠋ᠠᠳᠤᠢ ᠵᠢᠯᠣᠭᠣᠴᠢ ᠵᠢᠨ ᠵᠢᠯᠣᠭᠣᠳᠤᠭᠰᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠤᠭᠰᠠᠨ ;
(ᠭᠤᠷᠪᠠ) ᠨᠡᠢ᠌ᠯᠡᠭᠦᠯᠵᠦ ᠤᠭᠰᠠᠷᠠᠭᠰᠠᠨ ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ ᠬᠣᠯᠪᠣᠭᠳᠠᠯ ᠪᠦᠬᠦᠢ ᠮᠡᠷᠭᠡᠵᠢᠯ᠎ᠤᠨ ᠲᠣᠭ᠎ᠠ ᠪᠠᠷᠢᠮᠲᠠ ᠵᠢ ᠳᠤᠷ᠎ᠠ᠎ᠪᠠᠷ ᠵᠶ᠋ᠡᠨ ᠬᠤᠪᠢᠷᠠᠭᠤᠯᠤᠭᠰᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠤᠭᠰᠠᠨ ;
( ᠳᠥᠷᠪᠡ) ᠪᠠᠷᠢᠮᠵᠢᠶ᠎ᠠ᠎ᠠᠴᠠ ᠬᠡᠲᠦᠷᠡᠲᠡᠯ᠎ᠡ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠤᠭᠰᠠᠨ ;
(ᠲᠠᠪᠤ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠳᠤᠷ᠎ᠠ᠎ᠪᠠᠷ ᠵᠶ᠋ᠡᠨ ᠲᠠᠯᠪᠢᠵᠤ ᠶᠠᠪᠤᠭᠤᠯᠤᠭᠰᠠᠨ ;
(ᠵᠢᠷᠭᠤᠭ᠎ᠠ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠬᠤ᠎ᠪᠠᠷ ᠬᠤᠳᠠᠯ ᠬᠠᠭᠤᠷᠮᠠᠭ ᠭᠡᠷᠡᠴᠢ ᠬᠠᠩᠭ᠋ᠠᠭᠰᠠᠨ ᠃
ᠠᠷᠪᠠᠨ ᠳᠣᠯᠣᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠤᠸᠠᠷᠠᠩᠨᠠᠬᠤ ᠪᠤᠶᠤ ᠲᠣᠭᠣᠷᠢᠨ ᠪᠠᠢ᠌ᠴᠠᠭ᠋ᠠᠬᠤ ᠵᠡᠷᠭᠡ ᠠᠷᠭ᠎ᠠ᠎ᠪᠠᠷ ᠳᠠᠮᠵᠢᠭᠤᠯᠤᠨ ᠂ ᠭᠣᠣᠯᠳᠠᠯᠭ᠎ᠠ ᠪᠣᠯᠬᠤ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ᠎ᠳᠤ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠢ ᠃
ᠠᠷᠪᠠᠨ ᠨᠠᠢ᠍ᠮᠠᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠬᠠᠮᠢᠶ᠎ᠠ ᠪᠦᠬᠦᠢ ᠰᠠᠯᠠᠭ᠎ᠠ ᠮᠥᠴᠢᠷ᠎ᠨᠢ ᠲᠣᠰ ᠠᠵᠢᠯ ᠲᠦᠷᠦᠯ᠎ᠤᠨ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ ᠵᠢᠨ ᠪᠠᠷᠠᠭ᠎ᠠ ᠠᠴᠢᠶᠠᠯᠠᠭᠰᠠᠨ ᠂ ᠲᠡᠭᠡᠭᠡᠪᠦᠷᠢ ᠲᠣᠬᠢᠷᠠᠭᠤᠯᠤᠭᠰᠠᠨ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠬᠡᠷᠡᠭᠲᠡᠢ ᠃ ᠬᠢᠨᠠᠯᠲᠠ ᠲᠠᠯᠪᠢᠵᠤ ᠪᠠᠢ᠌ᠴᠠᠭ᠋ᠠᠬᠤ᠎ᠳᠤ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠣᠯᠵᠤ ᠮᠡᠳᠡᠪᠡᠯ ᠂ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ ᠵᠢ ᠴᠡᠭᠴᠡᠯᠡᠨ ᠵᠠᠰᠠᠬᠤ᠎ᠪᠠᠷ ᠱᠠᠭ᠋ᠠᠷᠳᠠᠬᠤ ᠬᠡᠷᠡᠭᠲᠡᠢ ; ᠲᠣᠰ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠤ ᠬᠠᠷᠢᠶᠠᠯᠠᠭᠳᠠᠬᠤ ᠦᠭᠡᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠮᠢᠶ᠎ᠠ ᠪᠦᠬᠦᠢ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ ᠃
ᠠᠷᠪᠠ ᠶᠢᠰᠦᠳᠦᠭᠡᠷ ᠵᠦᠢ᠍ᠯ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠵᠥᠪᠰᠢᠶᠡᠷᠡᠯ᠎ᠤᠨ ᠰᠠᠯᠠᠭ᠎ᠠ ᠮᠥᠴᠢᠷ ᠂ ᠳᠠᠨᠭ᠌ᠰᠠᠯᠠᠨ ᠲᠡᠮᠳᠡᠭᠯᠡᠬᠦ ᠰᠠᠯᠠᠭ᠎ᠠ ᠮᠥᠴᠢᠷ ᠵᠡᠷᠭᠡ ᠠᠵᠢᠯ ᠲᠦᠷᠦᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢ ᠬᠠᠮᠵᠢᠵᠤ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ᠎ᠢ ᠰᠠᠢ᠌ᠲᠤᠷ ᠬᠢᠵᠦ ᠂ ᠲᠡᠭᠦᠨ᠎ᠤ ᠰᠢᠯᠵᠢᠭᠦᠯᠦᠨ ᠬᠦᠷᠭᠡᠭᠰᠡᠨ ᠬᠡᠷᠡᠭ᠎ᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ ᠃
ᠬᠣᠷᠢᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢ ᠵᠢᠨ ᠡᠵᠡᠩᠨᠡᠭᠴᠢ ᠳᠣᠣᠷ᠎ᠠ ᠵᠢᠭᠰᠠᠭ᠋ᠠᠭᠰᠠᠨ ᠲᠣᠭᠲᠠᠭ᠋ᠠᠯ᠎ᠤᠳ᠎ᠢ ᠵᠢᠷᠤᠮᠯᠠᠬᠤ ᠬᠡᠷᠡᠭᠲᠡᠢ ᠄
(ᠨᠢᠭᠡ) ᠬᠠᠷᠢᠶ᠎ᠠ ᠪᠦᠬᠦᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠵᠢᠯᠣᠭᠣᠴᠢ᠎ᠳᠤ ᠠᠮᠤᠷ ᠲᠦᠪᠰᠢᠨ᠎ᠤ ᠮᠡᠳᠡᠯᠭᠡ ᠵᠢᠨ ᠪᠣᠯᠪᠠᠰᠤᠷᠠᠯ ᠬᠢᠵᠦ ᠂ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠲᠡᠷᠭᠡ ᠬᠠᠩᠭ᠋ᠠᠵᠤ ᠲᠡᠭᠡᠭᠡᠪᠦᠷᠢ ᠡᠵᠡᠩᠨᠡᠯᠲᠡ ᠵᠢᠨ ᠠᠵᠢᠯᠯᠠᠭ᠎ᠠ ᠥᠷᠨᠢᠭᠦᠯᠦᠨ᠎ᠡ ;
(ᠬᠣᠶᠠᠷ) ᠤᠯᠤᠰ᠎ᠤᠨ ᠪᠠᠷᠢᠮᠵᠢᠶ᠎ᠠ ᠪᠤᠶᠤ ᠠᠵᠢᠯ ᠲᠦᠷᠦᠯ᠎ᠤᠨ ᠪᠠᠷᠢᠮᠵᠢᠶ᠎ᠠ᠎ᠳᠤ ᠲᠣᠭᠲᠠᠭ᠋ᠠᠭᠰᠠᠨ ᠲᠡᠷᠭᠡ ᠬᠥᠰᠬᠡ ᠵᠢᠨ ᠳᠠᠭ᠋ᠠᠭ᠋ᠠᠵᠤ ᠳᠡᠢ᠌ᠯᠬᠦ ᠬᠢᠵᠠᠭ᠋ᠠᠷ ᠬᠡᠮᠵᠢᠭᠳᠡᠯ ᠵᠶ᠋ᠡᠷ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠨ᠎ᠠ ;
(ᠭᠤᠷᠪᠠ) ᠠᠵᠢᠯ ᠡᠷᠬᠢᠯᠡᠬᠥ ᠬᠢᠷᠢ ᠬᠡᠮ᠎ᠤᠨ ᠦᠨᠡᠮᠯᠡᠯ ᠣᠯᠣᠭ᠋ᠠᠳᠤᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠵᠢᠯᠣᠭᠣᠴᠢ ᠵᠢ ᠤᠷᠢᠨ ᠬᠡᠷᠡᠭᠯᠡᠵᠦ ᠪᠣᠯᠬᠤ ᠦᠭᠡᠢ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠵᠢᠯᠣᠭᠣᠴᠢ ᠵᠢ ᠵᠢᠭ᠋ᠠᠨ ᠳᠣᠬᠢᠵᠤ ᠂ ᠠᠯᠪᠠᠳᠠᠵᠤ ᠪᠠᠢ᠌ᠭ᠋ᠠᠳ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠪᠠᠷᠠᠭ᠎ᠠ ᠠᠴᠢᠶᠠᠯᠠᠵᠤ ᠲᠡᠭᠡᠭᠡᠪᠦᠷᠢᠯᠡᠭᠦᠯᠵᠦ ᠪᠣᠯᠬᠤ ᠦᠭᠡᠢ ;
(ᠳᠥᠷᠪᠡ) ᠪᠠᠷᠠᠭ᠎ᠠ ᠠᠴᠢᠶᠠᠯᠠᠭᠰᠠᠨ ᠡᠬᠢ ᠡᠭᠦᠰᠦᠯ᠎ᠤᠨ ᠨᠢᠭᠡᠴᠢ ᠠᠶᠤᠯ ᠦᠭᠡᠢ ᠦᠢ᠍ᠯᠡᠳᠪᠦᠷᠢᠯᠡᠯ᠎ᠤᠨ ᠡᠭᠦᠷᠭᠡ᠎ᠪᠠᠨ ᠭᠦᠢ᠍ᠴᠡᠳᠬᠡᠬᠦ ᠦᠭᠡᠢ ᠪᠤᠶᠤ ᠠᠮᠤᠷ ᠲᠦᠪᠰᠢᠨ᠎ᠤ ᠠᠰᠠᠭᠤᠳᠠᠯ ᠣᠷᠣᠰᠢᠵᠤ ᠪᠠᠢ᠌ᠬᠤ ᠵᠢ ᠣᠯᠵᠤ ᠮᠡᠳᠡᠪᠡᠯ ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠳᠡᠬᠦ ᠬᠡᠷᠡᠭᠲᠡᠢ ;
( ᠲᠠᠪᠤ) ᠬᠠᠤᠯᠢ ᠴᠠᠭ᠋ᠠᠵᠠ ᠂ ᠬᠠᠤᠯᠢ ᠲᠣᠭᠲᠠᠭ᠋ᠠᠯ ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠭᠦᠷᠭᠡ᠎ᠤᠳ ᠃
ᠭᠤᠷᠪᠠᠳᠤᠭ᠋ᠠᠷ ᠪᠦᠯᠦᠭ ᠵᠠᠮ ᠳᠡᠭᠡᠷᠡᠬᠢ ᠵᠢ ᠵᠠᠰᠠᠬᠤ
ᠬᠣᠷᠢᠨ ᠨᠢᠭᠡᠳᠦᠭᠡᠷ ᠵᠦᠢ᠍ᠯ ᠬᠠᠤᠯᠢ᠎ᠠᠴᠠ ᠵᠥᠷᠢᠴᠡᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠠᠮ᠎ᠳᠤ ᠭᠠᠷᠬᠤ ᠵᠢ ᠴᠠᠭ᠋ᠠᠵᠠᠯᠠᠨ᠎ᠠ ᠃
ᠵᠠᠳᠠᠷᠠᠵᠤ ᠪᠣᠯᠣᠰᠢ ᠦᠭᠡᠢ ᠪᠣᠳᠠᠰ᠎ᠢ ᠲᠡᠭᠡᠭᠡᠪᠦᠷᠢᠯᠡᠭᠰᠡᠨ ᠪᠥᠭᠡᠳ ᠤᠯᠤᠰ᠎ᠤᠨ ᠵᠠᠰᠠᠮᠠᠯ ᠵᠡᠮ᠎ᠤᠨ ᠲᠡᠷᠭᠡ ᠬᠥᠰᠬᠡ ᠵᠢᠨ ᠨᠡᠪᠲᠡᠷᠡᠬᠦ ᠬᠢᠵᠠᠭ᠋ᠠᠷ ᠬᠡᠮᠵᠢᠭᠳᠡᠯ᠎ᠠᠴᠠ ᠬᠡᠲᠦᠷᠡᠭᠦᠯᠲᠡᠯᠡ ᠠᠴᠢᠶᠠᠯᠠᠭᠰᠠᠨ ᠲᠡᠭᠡᠭᠡᠪᠦᠷᠢ ᠵᠢᠨ ᠲᠡᠷᠭᠡ ᠬᠥᠰᠬᠡ᠎ᠨᠢ ᠵᠠᠰᠠᠮᠠᠯ ᠵᠡᠮ᠎ᠤᠨ ᠬᠡᠮᠵᠢᠶ᠎ᠡ᠎ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ᠎ᠢ ᠬᠠᠤᠯᠢ ᠶᠣᠰᠣᠭ᠋ᠠᠷ ᠭᠦᠢ᠍ᠴᠡᠳᠬᠡᠵᠦ ᠂ ᠵᠢᠭ᠋ᠠᠨ ᠲᠣᠭᠲᠠᠭ᠋ᠠᠭᠰᠠᠨ ᠴᠠᠭ ᠂ ᠵᠠᠮ ᠱᠤᠭᠤᠮ ᠂ ᠬᠤᠷᠳᠤᠴᠠ᠎ᠪᠠᠷ ᠶᠠᠪᠤᠬᠤ ᠵᠢᠨ ᠬᠠᠮᠲᠤ ᠂ ᠢᠯᠡᠷᠬᠡᠢ ᠲᠡᠮᠳᠡᠭ ᠡᠯᠭᠦᠬᠦ ᠬᠡᠷᠡᠭᠲᠡᠢ ᠃
ᠬᠣᠷᠢᠨ ᠬᠣᠶᠠᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠬᠤ᠎ᠳᠤ᠎ᠪᠠᠨ ᠂ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠦᠷᠲᠡᠭᠡ᠎ᠠᠴᠠ ᠪᠠᠢ᠌ᠴᠠᠭ᠋ᠠᠨ ᠰᠢᠨᠵᠢᠬᠦ ᠂ ᠰᠢᠯᠵᠢᠯᠲᠡᠲᠠᠢᠪᠠᠷ ᠪᠠᠢ᠌ᠴᠠᠭ᠋ᠠᠨ ᠰᠢᠨᠵᠢᠬᠦ ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ᠎ᠪᠠᠷ ᠪᠠᠢ᠌ᠴᠠᠭ᠋ᠠᠨ ᠰᠢᠨᠵᠢᠬᠦ ᠵᠡᠷᠭᠡ ᠠᠷᠭ᠎ᠠ ᠵᠢ ᠠᠪᠴᠤ ᠪᠣᠯᠣᠨ᠎ᠠ ᠃
ᠬᠣᠷᠢᠨ ᠭᠤᠷᠪᠠᠳᠤᠭ᠋ᠠᠷ ᠵᠦᠢ᠍ᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠢᠭᠡᠳᠦᠯᠲᠡᠢ ᠲᠥᠯᠥᠪᠵᠢᠭᠦᠯᠬᠦ ᠂ ᠵᠦᠢ ᠵᠣᠬᠢᠰᠲᠠᠢ ᠪᠠᠢ᠌ᠷᠢᠰᠢᠭᠤᠯᠬᠤ ᠂ ᠶᠡᠷᠦᠩᠬᠡᠢ ᠬᠡᠮᠵᠢᠶ᠎ᠡ ᠵᠢ᠎ᠨᠢ ᠬᠢᠵᠠᠭ᠋ᠠᠷᠯᠠᠬᠤ ᠂ ᠴᠠᠭ ᠲᠤᠬᠠᠢᠳᠤᠨᠢ ᠲᠣᠬᠢᠷᠠᠭᠤᠯᠤᠯᠲᠠ ᠬᠢᠬᠦ ᠵᠠᠷᠴᠢᠮ ᠶᠣᠰᠣᠭ᠋ᠠᠷ ᠂ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠦᠷᠳᠡᠭᠡ ᠴᠡᠭ ᠲᠣᠬᠢᠷᠠᠭᠤᠯᠤᠨ ᠪᠠᠢ᠌ᠷᠢᠯᠠᠭᠤᠯᠬᠤ ᠲᠥᠰᠥᠯ ᠳᠤᠷᠠᠳᠬᠤ ᠵᠢᠨ ᠬᠠᠮᠲᠤ ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠰᠠᠨᠠᠯ ᠬᠤᠷᠢᠶᠠᠵᠤ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠲᠠᠷᠠᠭ᠎ᠠ ᠬᠡᠷᠡᠭᠵᠢᠭᠦᠯᠬᠦ ᠬᠡᠷᠡᠭᠲᠡᠢ ᠃
ᠵᠠᠰᠠᠮᠠᠯ ᠵᠠᠮ᠎ᠢ ᠰᠢᠨ᠎ᠡ᠎ᠪᠠᠷ ᠪᠠᠢ᠌ᠭᠤᠯᠬᠤ ᠂ ᠥᠭᠡᠷᠡᠴᠢᠯᠡᠨ ᠪᠠᠢ᠌ᠭᠤᠯᠬᠤ ᠂ ᠥᠷᠭᠡᠳᠬᠡᠨ ᠪᠠᠢ᠌ᠭᠤᠯᠬᠤ᠎ᠳᠤ ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠥᠷᠳᠡᠭᠡ ᠴᠡᠭ᠎ᠤᠨ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠶᠣᠰᠣᠭ᠋ᠠᠷ ᠂ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ᠎ᠪᠠᠨ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠥᠷᠳᠡᠭᠡ ᠴᠡᠭ ᠂ ᠲᠡᠷᠭᠡ ᠬᠥᠰᠬᠡ ᠵᠢ ᠪᠠᠢ᠌ᠴᠠᠭ᠋ᠠᠨ ᠰᠢᠨᠵᠢᠬᠦ ᠂ ᠲᠡᠷᠭᠡ ᠬᠥᠰᠬᠡ ᠵᠢᠨ ᠬᠦᠨᠳᠦ ᠵᠢ ᠵᠢᠩᠯᠡᠬᠦ ᠵᠡᠷᠭᠡ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠵᠢ ᠵᠠᠰᠠᠮᠠᠯ ᠵᠠᠮ᠎ᠤᠨ ᠳᠠᠭ᠋ᠠᠯᠲᠠ ᠪᠡᠯᠡᠳᠬᠡᠮᠵᠢ᠎ᠪᠠᠷ ᠬᠠᠮᠲᠤᠳᠤᠨᠢ ᠪᠠᠷᠢᠯᠭ᠎ᠠ ᠵᠢᠨ ᠲᠥᠰᠥᠪ᠎ᠲᠤ ᠣᠷᠣᠭᠤᠯᠵᠤ ᠂ ᠵᠠᠰᠠᠮᠠᠯ ᠵᠠᠮ᠎ᠤᠨ ᠭᠣᠣᠯ ᠴᠣᠭᠴᠠ ᠵᠢᠨ ᠪᠠᠷᠢᠯᠭ᠎ᠠ᠎ᠯᠤᠭ᠎ᠠ ᠵᠡᠷᠭᠡ᠎ᠳᠤ᠎ᠨᠢ ᠵᠢᠷᠤᠭᠯᠠᠨ ᠲᠥᠯᠥᠪᠯᠡᠵᠦ ᠂ ᠵᠡᠷᠭᠡ᠎ᠳᠤ᠎ᠨᠢ ᠪᠦᠲᠦᠭᠡᠨ ᠪᠠᠢ᠌ᠭᠤᠯᠵᠤ ᠂ ᠵᠡᠷᠭᠡ᠎ᠳᠤ᠎ᠨᠢ ᠰᠢᠯᠭ᠋ᠠᠨ ᠠᠪᠴᠤ ᠠᠵᠢᠯᠯᠠᠭᠤᠯᠬᠤ ᠬᠡᠷᠡᠭᠲᠡᠢ ᠃
ᠬᠣᠷᠢᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠲᠦᠷᠭᠡᠨ᠎ᠤ ᠵᠠᠮ᠎ᠤᠨ ᠣᠷᠤᠴᠠ ᠭᠠᠷᠴᠠ ᠂ ᠲᠡᠷᠭᠡᠨ᠎ᠤ ᠵᠣᠭᠰᠣᠭ᠋ᠠᠯ ᠂ ᠦᠢ᠍ᠯᠡᠴᠢᠯᠡᠭᠡᠨ᠎ᠤ ᠲᠣᠭᠣᠷᠢᠭ ᠵᠢᠴᠢ ᠡᠩ᠎ᠤᠨ ᠵᠠᠰᠠᠮᠠᠯ ᠵᠠᠮ᠎ᠤᠨ ᠰᠦᠢ᠍ᠳᠬᠡᠯ ᠬᠤᠷᠢᠶᠠᠬᠤ ᠦᠷᠳᠡᠭᠡ ᠵᠡᠷᠭᠡ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠦᠢ᠍ᠯᠡ ᠠᠵᠢᠯᠯᠠᠭ᠎ᠠ ᠤᠯᠠᠨ ᠡᠭᠦᠰᠳᠡᠭ ᠵᠠᠮ᠎ᠤᠨ ᠬᠡᠰᠡᠭ ᠂ ᠵᠠᠩᠭᠢᠯᠠᠭ᠎ᠠ ᠴᠡᠭ᠎ᠲᠤ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠥᠷᠳᠡᠭᠡ᠎ᠠᠴᠠ ᠵᠠᠢ᠌ᠯᠠᠵᠤ ᠲᠣᠭᠣᠷᠢᠵᠤ ᠶᠠᠪᠤᠬᠤ ᠂ ᠣᠢ᠌ᠷ᠎ᠠ ᠵᠠᠮ᠎ᠳᠤ ᠳᠠᠮᠵᠢᠭᠤᠯᠤᠨ ᠲᠡᠭᠡᠭᠡᠬᠦ ᠵᠡᠷᠭᠡ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠨᠵᠢᠵᠦ ᠪᠣᠯᠣᠨ᠎ᠠ ᠃ ᠰᠢᠯᠵᠢᠯᠲᠡᠲᠠᠢᠪᠠᠷ ᠪᠠᠢ᠌ᠴᠠᠭ᠋ᠠᠨ ᠰᠢᠨᠵᠢᠭᠰᠡᠨ ᠬᠡᠮᠵᠢᠶ᠎ᠡ ᠳᠠᠭ᠋ᠠᠭ᠋ᠠᠴᠠ᠎ᠠᠴᠠ᠎ᠪᠠᠨ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠪᠣᠯ ᠣᠢ᠌ᠷ᠎ᠠ ᠬᠠᠪᠢ ᠵᠢᠨ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ᠎ᠪᠠᠨ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠥᠷᠲᠡᠭᠡ ᠴᠡᠭ ᠪᠤᠶᠤ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠪᠥᠭᠡᠳ ᠨᠡᠢ᠌ᠲᠡᠯᠡᠭᠰᠡᠨ ᠬᠠᠤᠯᠢ ᠬᠡᠷᠡᠭᠵᠢᠭᠦᠯᠬᠦ ᠥᠷᠲᠡᠭᠡ ᠭᠠᠵᠠᠷ ᠂ ᠲᠡᠷᠭᠡᠨ᠎ᠤ ᠵᠣᠭᠰᠣᠭ᠋ᠠᠯ ᠂ ᠪᠠᠷᠠᠭ᠎ᠠ ᠪᠠᠭᠤᠯᠭ᠋ᠠᠬᠤ ᠲᠠᠯᠠᠪᠠᠶ ᠵᠡᠷᠭᠡ ᠲᠡᠷᠭᠡ ᠵᠣᠭᠰᠤᠭ᠋ᠠᠬᠤ ᠵᠢᠴᠢ ᠪᠠᠷᠠᠭ᠎ᠠ ᠪᠠᠭᠤᠯᠭ᠋ᠠᠬᠤ ᠨᠥᠬᠥᠴᠡᠯ᠎ᠲᠠᠢ ᠭᠠᠵᠠᠷ ᠪᠤᠶᠤ ᠲᠠᠯᠠᠪᠤᠷ᠎ᠲᠤ ᠳᠠᠭ᠋ᠠᠭᠤᠯᠤᠨ ᠬᠦᠷᠭᠡᠵᠦ ᠰᠢᠢ᠍ᠳᠪᠦᠷᠢᠯᠡᠨ᠎ᠡ ᠃
ᠲᠦᠷᠭᠡᠨ᠎ᠤ ᠵᠠᠮ᠎ᠤᠨ ᠡᠵᠡᠩᠨᠡᠯᠲᠡ ᠵᠢᠨ ᠨᠢᠭᠡᠴᠢ᠎ᠨᠢ ᠬᠠᠷᠢᠶᠠᠨ᠎ᠳᠠᠬᠢ ᠲᠦᠷᠭᠡᠨ᠎ᠤ ᠵᠠᠮ᠎ᠤᠨ ᠣᠷᠤᠴᠠ ᠭᠠᠷᠴᠠ᠎ᠳᠠᠬᠢ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ᠎ᠠᠴᠠ ᠴᠤᠭᠯᠠᠭᠤᠯᠤᠭᠰᠠᠨ ᠬᠠᠤᠯᠢ᠎ᠠᠴᠠ ᠵᠥᠷᠢᠴᠡᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠲᠡᠷᠭᠡ ᠬᠥᠰᠬᠡ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠮᠡᠳᠡᠭᠡ ᠵᠠᠩᠭᠢ ᠵᠢᠨ ᠲᠠᠪᠴᠠᠩ᠎ᠳᠤ ᠴᠠᠭ ᠲᠤᠬᠠᠢᠳᠤᠨᠢ ᠳᠠᠮᠵᠢᠭᠤᠯᠤᠨ ᠬᠦᠷᠭᠡᠬᠦ ᠬᠡᠷᠡᠭᠲᠡᠢ ᠃
ᠬᠣᠷᠢᠨ ᠲᠠᠪᠤᠳᠤᠭ᠋ᠠᠷ ᠵᠦᠢ᠍ᠯ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ᠎ᠪᠠᠨ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠦᠷᠲᠡᠭᠡ᠎ᠳᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠠᠮᠲᠤᠷᠠᠨ ᠬᠠᠤᠯᠢ
ᠬᠡᠷᠡᠭᠵᠢᠭᠦᠯᠦᠨ᠎ᠡ ᠃
ᠬᠣᠷᠢᠨ ᠵᠢᠷᠭᠤᠳᠤᠭ᠋ᠠᠷ ᠵᠦᠢ᠍ᠯ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ᠎ᠪᠠᠨ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠥᠷᠲᠡᠭᠡ᠎ᠳᠤ ᠥᠷᠲᠡᠭᠡᠨ᠎ᠳᠤ ᠣᠷᠣᠬᠤ᠎ᠠᠴᠠ ᠡᠮᠦᠨ᠎ᠡ ᠤᠷᠤᠰᠬᠠᠯ᠎ᠢ ᠵᠠᠯᠠᠬᠤ ᠂ ᠠᠮᠤᠷ ᠲᠦᠪᠰᠢᠨ᠎ᠤ ᠲᠥᠬᠦᠭᠡᠷᠦᠮᠵᠢ ᠲᠣᠬᠢᠷᠠᠭᠤᠯᠵᠤ ᠂ ᠴᠢᠬᠤᠯᠠ ᠪᠦᠬᠦᠢ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ ᠪᠠ ᠪᠠᠢ᠌ᠴᠠᠭ᠋ᠠᠨ ᠰᠢᠨᠵᠢᠬᠦ ᠂ ᠠᠴᠢᠶᠠᠯᠠᠵᠤ ᠪᠠᠭᠤᠯᠭ᠋ᠠᠬᠤ ᠂ ᠴᠢᠮᠡᠭᠡ ᠨᠡᠪᠲᠡᠷᠡᠯᠭᠡ ᠵᠢᠨ ᠲᠥᠬᠦᠭᠡᠷᠦᠮᠵᠢ ᠲᠠᠭ᠋ᠠᠷᠠᠭᠣᠯᠵᠣ ᠂ ᠥᠷᠲᠡᠭᠡᠨ᠎ᠳᠠᠬᠢ ᠢᠯᠡᠷᠬᠡᠢ ᠪᠠᠢ᠌ᠷᠢᠨ᠎ᠳᠤ ᠵᠥᠪᠰᠢᠶᠡᠷᠡᠭᠰᠡᠨ ᠪᠠᠢ᠌ᠭᠤᠯᠭ᠎ᠠ ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠴᠤᠪᠤᠷᠠᠯ ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠪᠠᠷᠢᠮᠵᠢᠶ᠎ᠠ ᠵᠡᠷᠭᠡ ᠮᠡᠳᠡᠭᠡ ᠵᠠᠩᠭᠢ ᠵᠢ ᠢᠯᠡ ᠨᠡᠢ᠌ᠲᠡᠯᠡᠨ᠎ᠡ ᠃
ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ᠎ᠪᠠᠨ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠦᠷᠲᠡᠭᠡ᠎ᠨᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠤᠷᠤᠰᠬᠠᠯ᠎ᠤᠨ ᠬᠡᠮᠵᠢᠶ᠎ᠡ ᠵᠢ ᠦᠨᠳᠦᠰᠦᠯᠡᠨ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠪᠠᠢ᠌ᠴᠠᠭ᠋ᠠᠨ ᠰᠢᠨᠵᠢᠬᠦ ᠨᠡᠪᠳᠡᠷᠡᠯ ᠵᠠᠮ ᠂ ᠲᠡᠷᠭᠡ ᠬᠥᠰᠬᠡ ᠵᠢ ᠵᠠᠮᠴᠢᠯᠠᠨ ᠳᠠᠭ᠋ᠠᠭᠤᠯᠬᠤ ᠵᠠᠮ ᠵᠶ᠋ᠠᠨ ᠵᠦᠢ ᠵᠣᠬᠢᠰᠲᠠᠢ ᠪᠠᠢ᠌ᠷᠢᠯᠠᠭᠤᠯᠬᠤ ᠪᠠ ᠵᠣᠬᠢᠬᠤ ᠬᠡᠪᠴᠢᠶᠡᠨ᠎ᠤ ᠲᠡᠷᠭᠡᠨ᠎ᠤ ᠵᠣᠭᠰᠣᠭ᠋ᠠᠯ ᠂ ᠪᠠᠷᠠᠭ᠎ᠠ ᠪᠠᠭᠤᠯᠭ᠋ᠠᠬᠤ ᠭᠠᠵᠠᠷ᠎ᠢ ᠲᠣᠬᠢᠷᠠᠭᠤᠯᠤᠨ ᠪᠠᠢ᠌ᠭᠤᠯᠬᠤ ᠬᠡᠷᠡᠭᠲᠡᠢ ᠂ ᠲᠡᠷᠭᠡ ᠬᠥᠰᠬᠡ ᠵᠢ ᠪᠠᠢ᠌ᠴᠠᠭ᠋ᠠᠨ ᠰᠢᠨᠵᠢᠬᠦ᠎ᠠᠴᠠ ᠪᠣᠯᠵᠤ ᠪᠤᠰᠤᠳ ᠲᠡᠷᠭᠡ ᠬᠥᠰᠬᠡ ᠵᠢᠨ ᠬᠡᠪ ᠵᠶ᠋ᠡᠷ ᠨᠡᠪᠲᠡᠷᠡᠬᠦ ᠪᠠ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠨᠥᠯᠥᠭᠡᠯᠡᠵᠦ ᠪᠣᠯᠬᠤ ᠦᠭᠡᠢ ᠃
ᠬᠣᠷᠢᠨ ᠳᠣᠯᠣᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠲᠤᠬᠠᠢ ᠵᠢᠨ ᠲᠠᠯᠠᠪᠠᠢ᠎ᠳᠤ ᠪᠠᠢ᠌ᠴᠠᠭ᠋ᠠᠨ ᠰᠢᠨᠵᠢᠵᠦ ᠮᠠᠭ᠋ᠠᠳᠯᠠᠨ ᠲᠣᠭᠲᠠᠭ᠋ᠠᠭᠰᠠᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠳᠣᠣᠷᠠᠬᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ ᠄
(ᠨᠢᠭᠡ) ᠰᠠᠯᠭ᠋ᠠᠨ ᠠᠴᠢᠶᠠᠯᠠᠵᠤ ᠪᠣᠯᠬᠤ ᠪᠠᠷᠠᠭ᠎ᠠ ᠵᠢ ᠲᠡᠭᠡᠭᠡᠪᠦᠷᠢᠯᠡᠭᠰᠡᠨ ᠮᠥᠷᠲᠡᠭᠡᠨ ᠲᠤᠬᠠᠢ ᠵᠢᠨ ᠲᠠᠯᠠᠪᠤᠷᠲᠤᠨᠢ ᠪᠠᠷᠠᠭ᠎ᠠ ᠪᠠᠭᠤᠯᠭ᠋ᠠᠬᠤ ᠨᠥᠬᠥᠴᠡᠯ᠎ᠢ ᠪᠦᠷᠢᠯᠳᠦᠭᠦᠯᠦᠭᠰᠡᠨ ᠪᠣᠯ ᠂ ᠲᠤᠬᠠᠢ ᠵᠢᠨ ᠬᠥᠮᠥᠨ᠎ᠢ ᠵᠠᠷᠯᠢᠭᠳᠠᠵᠤ ᠪᠠᠢ᠌ᠭ᠋ᠠᠳ ᠥᠪᠡᠷ ᠵᠶ᠋ᠡᠨ ᠪᠠᠷᠠᠭ᠎ᠠ᠎ᠪᠠᠨ ᠪᠠᠭᠤᠯᠭ᠋ᠠᠬᠤ ᠂ ᠰᠠᠯᠭ᠋ᠠᠨ ᠠᠴᠢᠶᠠᠯᠠᠬᠤ ᠵᠡᠷᠭᠡ ᠵᠠᠯᠠᠷᠠᠭᠤᠯᠬᠤ ᠠᠷᠭ᠎ᠠ ᠬᠡᠮᠵᠢᠶ᠎ᠡ᠎ᠪᠠᠷ ᠬᠠᠤᠯᠢ᠎ᠠᠴᠠ ᠵᠥᠷᠢᠴᠡᠭᠰᠡᠨ ᠪᠠᠢ᠌ᠳᠠᠯ᠎ᠢ ᠠᠷᠢᠯᠭ᠋ᠠᠬᠤ ᠬᠡᠷᠡᠭᠲᠡᠢ ᠃ ᠪᠠᠷᠠᠭ᠎ᠠ᠎ᠪᠠᠨ ᠪᠠᠭᠤᠯᠭ᠋ᠠᠭᠰᠠᠨ ᠂ ᠰᠠᠯᠭ᠋ᠠᠨ ᠲᠡᠭᠡᠭᠡᠪᠦᠷᠢᠯᠡᠭᠰᠡᠨᠤ ᠳᠠᠷᠠᠭ᠎ᠠ᠎ᠨᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠲᠠᠬᠢᠨ ᠪᠠᠢ᠌ᠴᠠᠭ᠋ᠠᠵᠤ ᠂ ᠲᠣᠭᠲᠠᠭ᠋ᠠᠭᠰᠠᠨ ᠪᠠᠷᠢᠮᠵᠢᠶ᠎ᠠ᠎ᠳᠤ ᠨᠡᠢ᠌ᠴᠡᠭᠰᠡᠨ᠎ᠤ ᠲᠠᠷᠠᠭ᠎ᠠ ᠵᠠᠮ᠎ᠳᠤ ᠭᠠᠷᠭ᠋ᠠᠨ ᠶᠠᠪᠤᠭᠤᠯᠵᠤ ᠪᠣᠯᠣᠨ᠎ᠠ ;
(ᠬᠣᠶᠠᠷ) ᠰᠠᠯᠭ᠋ᠠᠨ ᠠᠴᠢᠶᠠᠯᠠᠵᠤ ᠪᠣᠯᠬᠤ ᠪᠠᠷᠠᠭ᠎ᠠ ᠲᠡᠭᠡᠭᠡᠪᠦᠷᠢᠯᠡᠭᠰᠡᠨ ᠪᠣᠯᠪᠠᠴᠤ ᠲᠤᠬᠠᠢ ᠵᠢᠨ ᠲᠠᠯᠠᠪᠠᠢ᠎ᠳᠤ᠎ᠨᠢ ᠪᠠᠷᠠᠭ᠎ᠠ ᠪᠠᠭᠤᠯᠭ᠋ᠠᠬᠤ ᠨᠥᠬᠥᠴᠡᠯ᠎ᠢ ᠪᠦᠷᠢᠳᠦᠭᠦᠯᠦᠭᠰᠡᠨ ᠦᠭᠡᠢ ᠪᠣᠯ ᠲᠤᠬᠠᠢ ᠵᠢᠨ ᠬᠥᠮᠥᠨ᠎ᠢ ᠵᠠᠷᠯᠢᠭᠳᠠᠵᠤ ᠪᠠᠢ᠌ᠭ᠋ᠠᠳ ᠣᠢ᠌ᠷ᠎ᠠ ᠬᠠᠪᠢ ᠵᠢᠨ ᠪᠠᠷᠠᠭ᠎ᠠ ᠪᠠᠭᠤᠯᠭ᠋ᠠᠬᠤ ᠨᠥᠬᠥᠴᠡᠯ᠎ᠢ ᠪᠦᠷᠢᠳᠦᠭᠦᠯᠦᠭᠰᠡᠨ ᠲᠠᠯᠠᠪᠤᠷ᠎ᠲᠤ ᠬᠦᠷᠴᠦ ᠪᠠᠷᠠᠭ᠎ᠠ᠎ᠪᠠᠨ ᠪᠠᠭᠤᠯᠭ᠋ᠠᠵᠤ ᠂ ᠰᠠᠯᠭ᠋ᠠᠨ ᠲᠡᠭᠡᠭᠡᠪᠦᠷᠢᠯᠡᠭᠦᠯᠵᠦ ᠂ ᠬᠠᠤᠯᠢ᠎ᠠᠴᠠ ᠵᠥᠷᠢᠴᠡᠭᠰᠡᠨ ᠪᠠᠢ᠌ᠳᠠᠯ᠎ᠢ ᠠᠷᠢᠯᠭ᠋ᠠᠬᠤ ᠬᠡᠷᠡᠭᠲᠡᠢ ᠃ ᠪᠠᠷᠠᠭ᠎ᠠ᠎ᠪᠠᠨ ᠪᠠᠭᠤᠯᠭ᠋ᠠᠭᠰᠠᠨ ᠂ ᠰᠠᠯᠭ᠋ᠠᠨ ᠲᠡᠭᠡᠭᠡᠪᠦᠷᠢᠯᠡᠭᠰᠡᠨᠤ ᠳᠠᠷᠠᠭ᠎ᠠ᠎ᠨᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠲᠠᠬᠢᠨ ᠪᠠᠢ᠌ᠴᠠᠭ᠋ᠠᠵᠤ ᠂ ᠲᠣᠭᠲᠠᠭ᠋ᠠᠭᠰᠠᠨ ᠪᠠᠷᠢᠮᠵᠢᠶ᠎ᠠ᠎ᠳᠤ ᠨᠡᠢ᠌ᠴᠡᠭᠰᠡᠨ᠎ᠤ ᠲᠠᠷᠠᠭ᠎ᠠ ᠵᠠᠮ᠎ᠳᠤ ᠭᠠᠷᠭ᠋ᠠᠨ ᠶᠠᠪᠤᠭᠤᠯᠵᠤ ᠪᠣᠯᠣᠨ᠎ᠠ ;
( ᠭᠤᠷᠪᠠ ) ᠵᠠᠳᠠᠷᠠᠵᠤ ᠪᠣᠯᠣᠰᠢ ᠦᠭᠡᠢ ᠲᠣᠮᠣ ᠪᠣᠳᠠᠰ᠎ᠢ ᠲᠡᠭᠡᠭᠡᠪᠦᠷᠢᠯᠡᠬᠦ᠎ᠳᠤ᠎ᠪᠠᠨ ᠬᠡᠮᠵᠢᠶ᠎ᠡ᠎ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ᠎ᠤᠨ ᠭᠠᠷ ᠭᠦᠢ᠍ᠴᠡᠳᠬᠡᠯ ᠬᠢᠭᠰᠡᠨ ᠦᠭᠡᠢ ᠪᠣᠯ ᠂ ᠲᠤᠬᠠᠢ ᠵᠢᠨ ᠬᠥᠮᠥᠨ᠎ᠢ ᠵᠠᠷᠯᠢᠭᠳᠠᠵᠤ ᠪᠠᠢ᠌ᠭ᠋ᠠᠳ ᠬᠠᠤᠯᠢ᠎ᠠᠴᠠ ᠵᠥᠷᠢᠴᠡᠭᠰᠡᠨ ᠪᠠᠢ᠌ᠳᠠᠯ᠎ᠢ ᠠᠷᠢᠯᠭ᠋ᠠᠵᠤ ᠂ ᠪᠠᠢ᠌ᠴᠠᠭ᠋ᠠᠨ ᠰᠢᠢ᠍ᠳᠪᠦᠷᠢᠯᠡᠬᠦ ᠵᠢ ᠬᠦᠯᠢᠶᠡᠬᠦ ᠵᠢᠨ ᠬᠠᠮᠲᠤ ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠬᠦᠷᠴᠦ ᠬᠡᠮᠵᠢᠶ᠎ᠡ᠎ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ᠎ᠤᠨ ᠭᠠᠷ ᠭᠦᠢ᠍ᠴᠡᠳᠬᠡᠯ ᠬᠢᠯᠭᠡᠬᠦ᠎ᠪᠠᠷ ᠭᠤᠶᠤᠴᠢᠯᠠᠬᠤ ᠵᠢ ᠲᠤᠬᠠᠢ ᠵᠢᠨ ᠬᠥᠮᠥᠨ᠎ᠳᠤ ᠮᠡᠳᠡᠭᠳᠡᠬᠦ ᠬᠡᠷᠡᠭᠲᠡᠢ ;
( ᠳᠥᠷᠪᠡ) ᠨᠣᠴᠣᠮᠠᠲᠠᠭ᠋ᠠᠢ ᠂ ᠳᠡᠯᠪᠡᠷᠡᠮᠡᠲᠡᠭᠡᠢ ᠂ ᠳᠣᠭᠰᠢᠨ ᠬᠣᠣᠷ ᠂ ᠰᠠᠴᠤᠷᠠᠭ ᠢᠳᠡᠪᠬᠢ ᠴᠢᠨᠠᠷᠲᠠᠢ ᠵᠡᠷᠭᠡ ᠠᠶᠤᠯᠲᠠᠢ ᠪᠣᠳᠠᠰ᠎ᠢ ᠲᠡᠭᠡᠭᠡᠪᠦᠷᠢᠯᠡᠭᠰᠡᠨ ᠪᠤᠶᠤ ᠬᠣᠯᠢᠯᠳᠤᠭᠤᠯᠤᠨ ᠰᠠᠪᠠᠯᠠᠭᠰᠠᠨ ᠪᠣᠯ ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠂ ᠬᠠᠤᠯᠢ ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠬᠡᠷᠡᠭᠲᠡᠢ ᠃
ᠳᠠᠭ᠋ᠠᠭ᠋ᠠᠨ ᠲᠡᠭᠡᠭᠡᠪᠦᠷᠢᠯᠡᠭᠴᠢ᠎ᠠᠴᠠ ᠲᠠᠪᠤᠨ ᠡᠳᠦᠷ᠎ᠤᠨ ᠳᠣᠲᠣᠷ᠎ᠠ ᠪᠠᠭᠤᠯᠭ᠋ᠠᠭᠰᠠᠨ ᠪᠠᠷᠠᠭ᠎ᠠ᠎ᠪᠠᠨ ᠰᠢᠢ᠍ᠳᠪᠦᠷᠢᠯᠡᠬᠦ ᠬᠡᠷᠡᠭᠲᠡᠢ ; ᠬᠤᠭᠤᠴᠠᠭ᠎ᠠ ᠬᠡᠲᠦᠷᠡᠭᠡᠳ ᠰᠢᠢ᠍ᠳᠪᠦᠷᠢᠯᠡᠭᠰᠡᠨ ᠦᠭᠡᠢ ᠪᠣᠯ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ ᠃
ᠬᠣᠷᠢᠨ ᠨᠠᠢ᠍ᠮᠠᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠵᠢᠯᠣᠭᠣᠴᠢ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠵᠢᠭ᠋ᠠᠯᠲᠠ ᠲᠡᠮᠳᠡᠭ ᠪᠤᠶᠤ ᠬᠠᠤᠯᠢ ᠬᠡᠷᠡᠭᠵᠢᠭᠦᠯᠬᠦ ᠠᠵᠢᠯᠲᠠᠨ᠎ᠤ ᠵᠢᠯᠣᠭᠣᠳᠤᠯᠭ᠎ᠠ᠎ᠪᠠᠷ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢᠨ ᠪᠠᠢ᠌ᠴᠠᠭ᠋ᠠᠨ ᠰᠢᠨᠵᠢᠬᠦ ᠵᠢ ᠬᠦᠯᠢᠶᠡᠵᠦ ᠂ ᠨᠡᠪᠲᠡᠷᠡᠬᠦ ᠲᠡᠷᠭᠡᠨ ᠵᠠᠮ᠎ᠢ ᠵᠣᠷᠢᠭᠤᠳᠠ ᠪᠥᠭᠯᠡᠬᠦ ᠂ ᠠᠯᠪᠠᠳᠠᠯᠭ᠎ᠠ᠎ᠪᠠᠷ ᠪᠣᠭᠣᠮᠲᠠ ᠬᠣᠷᠢᠭ᠎ᠠ ᠳᠠᠭ᠋ᠠᠷᠢᠬᠤ ᠪᠤᠶᠤ ᠪᠤᠰᠤᠳ ᠠᠷᠭ᠎ᠠ᠎ᠪᠠᠷ ᠪᠠᠢ᠌ᠴᠠᠭ᠋ᠠᠨ ᠰᠢᠨᠵᠢᠬᠦ ᠵᠢᠨ ᠡᠮᠬᠢ ᠳᠢᠭᠯᠢᠮ᠎ᠢ ᠰᠠᠮᠠᠭᠤᠷᠠᠭᠤᠯᠵᠤ ᠪᠣᠯᠬᠤ ᠦᠭᠡᠢ ᠂ ᠣᠢ᠌ᠷ᠎ᠠ ᠵᠠᠮ᠎ᠳᠤ ᠳᠠᠮᠵᠢᠭᠤᠯᠤᠨ ᠲᠡᠭᠡᠭᠡᠬᠦ ᠵᠡᠷᠭᠡ ᠠᠷᠭ᠎ᠠ᠎ᠪᠠᠷ ᠪᠠᠢ᠌ᠴᠠᠭ᠋ᠠᠨ ᠰᠢᠨᠵᠢᠬᠦ᠎ᠠᠴᠠ ᠵᠠᠢ᠌ᠯᠠᠵᠤ ᠳᠤᠲᠠᠭ᠋ᠠᠵᠤ ᠪᠣᠯᠬᠤ ᠦᠭᠡᠢ ᠃
ᠬᠣᠷᠢᠨ ᠶᠢᠰᠦᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠰᠦᠢ᠍ᠳᠬᠡᠯ ᠬᠤᠷᠢᠶᠠᠬᠤ ᠵᠠᠰᠠᠮᠠᠯ ᠵᠠᠮ᠎ᠤᠨ ᠡᠵᠡᠩᠨᠡᠯᠲᠡ ᠬᠠᠮᠢᠶᠠᠷᠤᠯᠲᠠ ᠵᠢᠨ ᠨᠢᠭᠡᠴᠢ᠎ᠨᠢ ᠪᠠᠷᠠᠭ᠎ᠠ ᠲᠡᠭᠡᠭᠡᠪᠦᠷᠢ ᠵᠢᠨ ᠭᠣᠣᠯ ᠨᠡᠪᠲᠡᠷᠡᠯ ᠵᠠᠮ ᠂ ᠴᠢᠬᠤᠯᠠ ᠬᠥᠭᠥᠷᠭᠡ ᠂ ᠴᠢᠬᠤᠯᠠ ᠨᠦᠬᠡᠨ ᠵᠠᠮ᠎ᠤᠨ ᠣᠷᠤᠴᠠ ᠵᠢᠴᠢ ᠪᠠᠷᠠᠭ᠎ᠠ ᠲᠡᠭᠡᠭᠡᠪᠦᠷᠢ ᠵᠢᠨ ᠤᠷᠤᠰᠬᠠᠯ᠎ᠤᠨ ᠬᠡᠮᠵᠢᠶ᠎ᠡ ᠨᠡᠯᠢᠶᠡᠳ ᠶᠡᠬᠡ ᠵᠠᠮ᠎ᠤᠨ ᠬᠡᠰᠡᠭ ᠪᠠ ᠵᠠᠩᠭᠢᠯᠠᠭ᠎ᠠ ᠵᠢᠨ ᠴᠡᠭ᠎ᠲᠤ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠵᠢ ᠵᠣᠭᠰᠤᠭ᠋ᠠᠬᠤ ᠦᠭᠡᠢ᠎ᠪᠠᠷ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠪᠠᠢ᠌ᠷᠢᠯᠠᠭᠤᠯᠬᠤ ᠵᠢᠨ ᠬᠠᠮᠲᠤ ᠂ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠪᠠᠢ᠌ᠴᠠᠭ᠋ᠠᠨ ᠰᠢᠨᠵᠢᠭᠰᠡᠨ ᠮᠡᠳᠡᠭᠡ ᠵᠠᠩᠭᠢ᠎ᠪᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠮᠡᠳᠡᠭᠡ ᠵᠠᠩᠭᠢ ᠵᠢᠨ ᠲᠠᠪᠴᠠᠩ᠎ᠳᠤ ᠴᠠᠭ ᠲᠤᠬᠠᠢᠳᠤᠨᠢ ᠳᠠᠮᠵᠢᠭᠤᠯᠤᠨ ᠬᠦᠷᠭᠡᠵᠦ ᠂ ᠣᠯᠵᠤ ᠮᠡᠳᠡᠭᠰᠡᠨ ᠬᠠᠤᠯᠢ᠎ᠠᠴᠠ ᠵᠥᠷᠢᠴᠡᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠰᠢᠢ᠍ᠳᠪᠦᠷᠢᠯᠡᠨ᠎ᠡ ᠃
ᠭᠤᠴᠢᠳᠤᠭ᠋ᠠᠷ ᠵᠦᠢ᠍ᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠤᠯᠢ ᠴᠠᠭ᠋ᠠᠵᠠ ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠶᠣᠰᠣᠭ᠋ᠠᠷ ᠂ ᠬᠥᠳᠡᠯᠦᠩᠭᠦᠢ᠎ᠪᠠᠷ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠂ ᠲᠦᠷᠭᠡᠨ᠎ᠤ ᠵᠠᠮ᠎ᠤᠨ ᠣᠷᠤᠴᠠ ᠭᠠᠷᠴᠠ ᠮᠡᠷᠭᠡᠵᠢᠯ᠎ᠤᠨ ᠪᠠᠢ᠌ᠴᠠᠭ᠋ᠠᠨ ᠰᠢᠨᠵᠢᠵᠦ ᠬᠢᠨᠠᠨ ᠡᠵᠡᠮᠳᠡᠬᠦ ᠲᠥᠬᠦᠭᠡᠷᠦᠮᠵᠢ᠎ᠪᠠᠷ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ᠎ᠢ ᠴᠤᠭᠯᠠᠭᠤᠯᠵᠤ ᠲᠣᠭᠲᠠᠪᠤᠷᠢᠵᠢᠭᠤᠯᠤᠭᠰᠠᠨ ᠪᠣᠯ ᠂ ᠬᠠᠤᠯᠢ ᠳᠦᠷᠢᠮ ᠪᠠ ᠮᠡᠷᠭᠡᠵᠢᠯ᠎ᠤᠨ ᠬᠢᠨᠠᠨ ᠬᠠᠷᠭᠤᠭᠤᠯᠤᠯᠲᠠ᠎ᠪᠠᠷ ᠳᠠᠮᠵᠢᠭᠤᠯᠤᠨ ᠂ ᠡᠯᠧᠺᠲᠷᠣᠨ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠵᠢᠨ ᠪᠠᠷᠢᠮᠵᠢᠶ᠎ᠠ᠎ᠳᠤ ᠨᠡᠢ᠌ᠴᠡᠬᠦ ᠵᠢ ᠦᠨᠡᠨ ᠬᠦ᠌ ᠪᠠᠲᠤᠯᠠᠵᠤ ᠂ ᠲᠣᠬᠢᠷᠠᠭᠤᠯᠤᠯᠲᠠ ᠵᠢ᠎ᠨᠢ ᠵᠦᠢ ᠵᠣᠬᠢᠰᠲᠠᠢ ᠂ ᠢᠯᠡᠳᠬᠡᠮᠵᠢ ᠲᠡᠮᠳᠡᠭ᠎ᠢ᠎ᠨᠢ ᠢᠯᠡᠷᠬᠡᠢ ᠪᠠᠢ᠌ᠯᠭ᠋ᠠᠵᠤ ᠂ ᠪᠠᠢ᠌ᠷᠢᠯᠠᠭᠤᠯᠤᠭᠰᠠᠨ ᠭᠠᠵᠠᠷ᠎ᠢ ᠨᠡᠢ᠌ᠭᠡᠮ᠎ᠳᠤ ᠢᠯᠡ ᠨᠡᠢ᠌ᠲᠡᠯᠡᠬᠦ ᠬᠡᠷᠡᠭᠲᠡᠢ ᠂ ᠴᠤᠭᠯᠠᠭᠤᠯᠤᠭᠰᠠᠨ ᠡᠯᠧᠺᠲᠷᠣᠨ ᠲᠣᠭ᠎ᠠ ᠪᠠᠷᠢᠮᠲᠠ ᠵᠢ ᠬᠡᠷᠡᠭ᠎ᠤᠨ ᠪᠣᠳᠠᠲᠤ ᠶᠠᠪᠤᠳᠠᠯ᠎ᠢ ᠮᠠᠭ᠋ᠠᠳᠯᠠᠨ ᠲᠣᠭᠲᠠᠭ᠋ᠠᠬᠤ ᠭᠡᠷᠡᠴᠢ ᠪᠠᠷᠢᠮᠲᠠ ᠪᠣᠯᠭ᠋ᠠᠵᠤ ᠪᠣᠯᠣᠨ᠎ᠠ ᠃
ᠡᠯᠧᠺᠲᠷᠣᠨ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠵᠢᠨ ᠲᠡᠮᠳᠡᠭᠯᠡᠭᠰᠡᠨ ᠬᠠᠤᠯᠢ ᠵᠢ ᠵᠥᠷᠢᠴᠡᠭᠰᠡᠨ ᠪᠣᠳᠠᠲᠤ ᠬᠡᠷᠡᠭ᠎ᠨᠢ ᠦᠨᠡᠨ ᠪᠣᠳᠠᠲᠠᠢ ᠂ ᠲᠣᠳᠣᠷᠬᠠᠢ ᠂ ᠪᠦᠷᠢᠨ ᠪᠦᠲᠦᠨ ᠂ ᠣᠨᠣᠪᠴᠢᠲᠠᠢ ᠪᠠᠢ᠌ᠬᠤ ᠬᠡᠷᠡᠭᠲᠡᠢ ᠃ ᠵᠠᠮ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠰᠢᠩᠭᠡᠬᠡᠨ ᠲᠡᠮᠳᠡᠭᠯᠡᠭᠰᠡᠨ ᠠᠭᠤᠯᠭ᠎ᠠ᠎ᠨᠢ ᠱᠠᠭ᠋ᠠᠷᠳᠠᠯᠭ᠎ᠠ᠎ᠳᠤ ᠨᠡᠢ᠌ᠴᠡᠬᠦ ᠡᠰᠡᠬᠦ ᠵᠢ ᠬᠢᠨᠠᠨ ᠬᠠᠷᠭᠤᠭᠤᠯᠬᠤ ᠬᠡᠷᠡᠭᠲᠡᠢ ; ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭ᠋ᠠᠳ ᠱᠠᠭ᠋ᠠᠷᠳᠠᠯᠭ᠎ᠠ᠎ᠳᠤ ᠨᠡᠢ᠌ᠴᠡᠭᠰᠡᠨ ᠦᠭᠡᠢ ᠪᠣᠯ ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠭᠡᠷᠡᠴᠢ ᠪᠠᠷᠢᠮᠲᠠ ᠪᠣᠯᠭ᠋ᠠᠵᠤ ᠪᠣᠯᠬᠤ ᠦᠭᠡᠢ ᠃
ᠵᠠᠮ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠠᠤᠯᠢ᠎ᠠᠴᠠ ᠵᠥᠷᠢᠴᠡᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠬᠢᠨᠠᠨ ᠬᠠᠷᠭᠤᠭᠤᠯᠵᠤ ᠨᠤᠲᠠᠯᠠᠭᠰᠠᠨ ᠪᠣᠯ ᠂ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠮᠡᠳᠡᠭᠡ ᠵᠠᠩᠭᠢ ᠵᠢ ᠮᠠᠰᠢᠨᠲᠤ ᠲᠡᠷᠭᠡ ᠳᠠᠩᠰᠠᠯᠠᠭᠤᠯᠤᠭᠰᠠᠨ ᠮᠡᠳᠡᠭᠡ ᠵᠠᠩᠭᠢ᠎ᠳᠠᠬᠢ ᠬᠠᠷᠢᠯᠴᠠᠬᠤ ᠠᠷᠭ᠎ᠠ ᠮᠠᠶᠢᠭ᠎ᠤᠨ ᠶᠣᠰᠣᠭ᠋ᠠᠷ ᠪᠢᠴᠢᠭᠯᠡᠭᠰᠡᠨ ᠮᠡᠳᠡᠭᠳᠡᠯ ᠂ ᠤᠲᠠᠰᠤ ᠂ ᠭᠠᠷ ᠤᠲᠠᠰᠤᠨ᠎ᠤ ᠣᠬᠣᠷ ᠮᠡᠳᠡᠭᠡ ᠂ ᠰᠢᠯᠵᠢᠮᠡᠯ ᠢᠨᠲ᠋ᠧᠷ ᠰᠦᠯᠵᠢᠶᠡᠨ᠎ᠤ ᠬᠡᠷᠡᠭᠯᠡᠭᠡᠨ᠎ᠤ ᠫᠷᠣᠭ᠌ᠷᠠᠮ ᠵᠡᠷᠭᠡ ᠠᠷᠭ᠎ᠠ᠎ᠪᠠᠷ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠵᠢᠯᠣᠭᠣᠴᠢ᠎ᠳᠤ ᠴᠠᠭ ᠲᠤᠬᠠᠢᠳᠤᠨᠢ ᠮᠡᠳᠡᠭᠳᠡᠬᠦ ᠬᠡᠷᠡᠭᠲᠡᠢ ᠃ ᠳᠡᠭᠡᠷ᠎ᠡ ᠳᠤᠷᠠᠳᠤᠭᠰᠠᠨ ᠠᠷᠭ᠎ᠠ᠎ᠪᠠᠷ ᠳᠠᠮᠵᠢᠭᠤᠯᠤᠨ ᠮᠡᠳᠡᠭᠳᠡᠬᠦ ᠵᠢᠨ ᠠᠷᠭ᠎ᠠ ᠦᠭᠡᠢ ᠪᠣᠯ ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠦᠯᠵᠢᠶᠡᠨ ᠥᠷᠲᠡᠭᠡ᠎ᠳᠤ ᠵᠠᠷᠯᠠᠨ ᠨᠡᠢ᠌ᠲᠡᠯᠡᠬᠦ ᠠᠷᠭ᠎ᠠ᠎ᠪᠠᠷ ᠳᠠᠮᠵᠢᠭᠤᠯᠤᠨ ᠮᠡᠳᠡᠭᠳᠡᠵᠦ ᠪᠣᠯᠣᠨ᠎ᠠ ᠃ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠵᠢᠯᠣᠭᠣᠴᠢ᠎ᠨᠢ ᠮᠡᠳᠡᠭᠳᠡᠯ᠎ᠢ ᠣᠯᠣᠭᠰᠠᠨ ᠪᠤᠶᠤ ᠵᠠᠷᠯᠠᠨ ᠮᠡᠳᠡᠭᠳᠡᠭᠰᠡᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ ᠰᠢᠢ᠍ᠳᠪᠦᠷᠢᠯᠡᠬᠦ ᠬᠡᠷᠡᠭᠲᠡᠢ ᠃
ᠭᠤᠴᠢᠨ ᠨᠢᠭᠡᠳᠦᠭᠡᠷ ᠵᠦᠢ᠍ᠯ ᠵᠠᠰᠠᠮᠠᠯ ᠵᠡᠮ᠎ᠤᠨ ᠬᠡᠮᠵᠢᠶ᠎ᠡ ᠳᠠᠭ᠋ᠠᠭ᠋ᠠᠴᠠ᠎ᠠᠴᠠ᠎ᠪᠠᠨ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠪᠠᠢ᠌ᠴᠠᠭ᠋ᠠᠨ ᠰᠢᠨᠵᠢᠬᠦ ᠥᠷᠳᠡᠭᠡ ᠪᠠ ᠲᠦᠷᠭᠡᠨ᠎ᠤ ᠵᠡᠮ᠎ᠤᠨ ᠣᠷᠤᠴᠠ ᠭᠠᠷᠴᠠ᠎ᠳᠠᠬᠢ ᠭᠠᠵᠠᠷ ᠵᠢᠩᠯᠡᠭᠦᠷ ᠂ ᠳᠥᠭᠥᠮ ᠠᠪᠰᠠᠷᠬᠠᠨ ᠪᠠᠢ᠌ᠴᠠᠭ᠋ᠠᠨ ᠰᠢᠨᠵᠢᠬᠦ ᠭᠠᠵᠠᠷ ᠵᠢᠩᠯᠡᠭᠦᠷ ᠵᠢᠴᠢ ᠲᠡᠷᠭᠡ ᠵᠢ ᠵᠣᠭᠰᠤᠭ᠋ᠠᠬᠤ ᠦᠭᠡᠢ᠎ᠪᠠᠷ ᠪᠠᠢ᠌ᠴᠠᠭ᠋ᠠᠨ ᠰᠢᠨᠵᠢᠬᠦ ᠬᠡᠮᠵᠢᠭᠦᠷ᠎ᠢ ᠬᠠᠤᠯᠢ ᠶᠣᠰᠣᠭ᠋ᠠᠷ ᠬᠠᠮᠢᠶᠠᠷᠬᠤ ᠵᠢᠨ ᠬᠠᠮᠲᠤ ᠂ ᠬᠠᠤᠯᠢ᠎ᠪᠠᠷ ᠲᠣᠭᠲᠠᠭ᠋ᠠᠭᠰᠠᠨ ᠬᠢᠷᠢ ᠬᠡᠮ᠎ᠲᠠᠢ ᠬᠡᠮᠵᠢᠯᠲᠡ ᠵᠢᠨ ᠪᠠᠢ᠌ᠭᠤᠯᠤᠮᠵᠢ᠎ᠪᠠᠷ ᠬᠢᠨᠠᠨ ᠲᠣᠭᠲᠠᠭ᠋ᠠᠯᠭ᠋ᠠᠬᠤ ᠬᠡᠷᠡᠭᠲᠡᠢ ᠃ ᠲᠣᠭᠲᠠᠭ᠋ᠠᠯ ᠶᠣᠰᠣᠭ᠋ᠠᠷ ᠬᠢᠨᠠᠨ ᠲᠣᠭᠲᠠᠭ᠋ᠠᠭᠰᠠᠨ ᠦᠭᠡᠢ ᠂ ᠬᠤᠭᠤᠴᠠᠭ᠎ᠠ ᠬᠡᠲᠦᠷᠡᠭᠦᠯᠦᠭᠡᠳ ᠬᠢᠨᠠᠨ ᠲᠣᠭᠲᠠᠭ᠋ᠠᠭᠰᠠᠨ ᠦᠭᠡᠢ ᠪᠤᠶᠤ ᠬᠢᠨᠠᠨ ᠲᠣᠭᠲᠠᠭ᠋ᠠᠬᠤ᠎ᠳᠤ ᠬᠢᠷᠢ ᠲᠡᠩᠴᠡᠭᠰᠡᠨ ᠦᠭᠡᠢ ᠪᠣᠯ ᠬᠡᠷᠡᠭᠯᠡᠵᠦ ᠪᠣᠯᠬᠤ ᠦᠭᠡᠢ ᠃
ᠭᠤᠴᠢᠨ ᠬᠣᠶᠠᠳᠤᠭ᠋ᠠᠷ ᠵᠦᠢ᠍ᠯ ᠶᠠᠮᠠᠷᠪᠠ ᠵᠣᠬᠢᠶᠠᠨ ᠪᠠᠢ᠌ᠭᠤᠯᠤᠯᠲᠠ ᠪᠤᠶᠤ ᠬᠤᠪᠢ ᠬᠥᠮᠥᠨ ᠭᠡᠳ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠵᠢ ᠵᠣᠭᠰᠤᠭ᠋ᠠᠬᠤ ᠦᠭᠡᠢ᠎ᠪᠠᠷ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠵᠢ ᠡᠪᠳᠡᠵᠦ ᠪᠣᠯᠬᠤ ᠦᠭᠡᠢ ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠵᠢ ᠵᠣᠭᠰᠤᠭ᠋ᠠᠬᠤ ᠦᠭᠡᠢ᠎ᠪᠠᠷ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠵᠢᠨ ᠠᠵᠢᠯᠯᠠᠭ᠋ᠠᠨ᠎ᠢ ᠬᠠᠷᠰᠢᠯᠠᠵᠤ ᠪᠣᠯᠬᠤ ᠦᠭᠡᠢ ᠂ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠵᠠᠳᠠᠷᠠᠭᠤᠯᠵᠤ ᠂ ᠬᠠᠰᠤᠵᠤ ᠂ ᠥᠭᠡᠷᠡᠲᠦᠭᠦᠯᠵᠦ ᠪᠣᠯᠬᠤ
ᠦᠭᠡᠢ ᠃
ᠭᠤᠴᠢᠨ ᠭᠤᠷᠪᠠᠳᠤᠭ᠋ᠠᠷ ᠵᠦᠢ᠍ᠯ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠨᠢ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠵᠢ ᠵᠣᠭᠰᠤᠭ᠋ᠠᠬᠤ ᠦᠭᠡᠢ᠎ᠪᠠᠷ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠣᠷᠣᠨ ᠪᠦᠰᠡ᠎ᠪᠠᠷ ᠥᠩᠭᠡᠷᠡᠬᠦ᠎ᠳᠤ ᠂ ᠵᠠᠮ ᠬᠠᠷᠢᠯᠴᠠᠭ᠋ᠠᠨ᠎ᠤ ᠲᠡᠮᠳᠡᠭ ᠱᠤᠭᠤᠮ᠎ᠤᠨ ᠶᠣᠰᠣᠭ᠋ᠠᠷ ᠶᠠᠪᠤᠭᠤᠯᠬᠤ ᠬᠡᠷᠡᠭᠲᠡᠢ ᠂ ᠳᠣᠣᠷᠠᠬᠢ ᠦᠢ᠍ᠯᠡ ᠠᠵᠢᠯᠯᠠᠭ᠎ᠠ ᠪᠠᠢ᠌ᠵᠤ ᠪᠣᠯᠬᠤ ᠦᠭᠡᠢ ᠄
(ᠨᠢᠭᠡ) ᠵᠣᠷᠢᠭᠤᠳᠠ ᠬᠡᠲᠦ ᠳᠣᠣᠷ᠎ᠠ ᠬᠤᠷᠳᠤᠴᠠ᠎ᠪᠠᠷ ᠶᠠᠪᠤᠭᠤᠯᠬᠤ ᠂ ᠣᠭᠵᠣᠮ ᠵᠣᠭᠰᠤᠭ᠋ᠠᠬᠤ ᠂ ᠣᠯᠠᠨ ᠲᠡᠷᠭᠡ᠎ᠲᠠᠢ ᠵᠡᠷᠭᠡᠴᠡᠵᠦ ᠶᠠᠪᠤᠬᠤ ᠂ ᠰᠡᠭᠦᠯᠳᠡᠨ ᠳᠠᠭ᠋ᠠᠬᠤ ᠪᠤᠶᠤ ᠬᠦᠨᠳᠦ ᠵᠢ ᠵᠢᠩᠯᠡᠬᠦ ᠲᠣᠨᠣᠭᠯᠠᠯ᠎ᠠᠴᠠ ᠵᠠᠢ᠌ᠳᠠᠬᠤ ᠵᠡᠷᠭᠡ ᠠᠷᠭ᠎ᠠ᠎ᠪᠠᠷ ᠪᠠᠢ᠌ᠴᠠᠭ᠋ᠠᠨ ᠰᠢᠨᠵᠢᠬᠦ᠎ᠠᠴᠠ ᠵᠠᠢ᠌ᠯᠠᠵᠤ ᠳᠤᠲᠠᠭ᠋ᠠᠭᠰᠠᠨ ;
(ᠬᠣᠶᠠᠷ) ᠵᠠᠮ ᠠᠯᠤᠰᠯᠠᠬᠤ ᠂ ᠱᠤᠭᠤᠮ ᠳᠠᠷᠤᠬᠤ ᠂ ᠵᠣᠷᠢᠭᠤᠳᠠ ᠬᠠᠯᠬᠠᠯᠠᠬᠤ ᠂ ᠭ᠋ᠬᠢᠷᠲᠦᠭᠡᠵᠦ ᠰᠦᠢ᠍ᠳᠬᠡᠬᠦ ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡ ᠵᠢᠨ ᠨᠣᠮᠧᠷ᠎ᠤᠨ ᠫᠠᠢ᠌ᠰᠠ ᠬᠡᠷᠡᠭᠯᠡᠬᠦ ᠵᠡᠷᠭᠡ ᠠᠷᠭ᠎ᠠ᠎ᠪᠠᠷ ᠪᠠᠢ᠌ᠴᠠᠭ᠋ᠠᠨ ᠰᠢᠨᠵᠢᠬᠦ᠎ᠠᠴᠠ ᠵᠠᠢ᠌ᠯᠠᠵᠤ ᠳᠤᠲᠠᠭ᠋ᠠᠭᠰᠠᠨ ᠃
ᠭᠤᠴᠢᠨ ᠳᠥᠷᠪᠡᠳᠦᠭᠡᠷ ᠵᠦᠢ᠍ᠯ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ᠎ᠨᠢ ᠰᠢᠶᠠᠩ᠎ᠤᠨ ᠵᠠᠮ ᠂ ᠲᠣᠰᠬᠤᠨ᠎ᠤ ᠵᠠᠮ᠎ᠢ ᠬᠠᠮᠠᠭ᠋ᠠᠯᠠᠬᠤ ᠬᠡᠷᠡᠭᠴᠡᠭᠡ᠎ᠪᠠᠨ ᠦᠨᠳᠦᠰᠦᠯᠡᠨ ᠂ ᠰᠢᠶᠠᠩ᠎ᠤᠨ ᠵᠠᠮ ᠂ ᠲᠣᠰᠬᠤᠨ᠎ᠤ ᠵᠠᠮ᠎ᠤᠨ ᠣᠷᠤᠴᠠ ᠭᠠᠷᠴᠠ᠎ᠳᠤ ᠥᠨᠳᠥᠷ᠎ᠢ ᠬᠢᠵᠠᠭ᠋ᠠᠷᠯᠠᠬᠤ ᠂ ᠥᠷᠭᠡᠨ᠎ᠢ ᠬᠢᠵᠠᠭ᠋ᠠᠷᠯᠠᠬᠤ ᠴᠢᠬᠤᠯᠠ ᠪᠦᠬᠦᠢ ᠪᠡᠯᠡᠳᠬᠡᠮᠵᠢ ᠵᠢ ᠬᠠᠤᠯᠢ ᠶᠣᠰᠣᠭ᠋ᠠᠷ ᠲᠣᠬᠢᠷᠠᠭᠤᠯᠵᠤ ᠪᠣᠯᠣᠨ᠎ᠠ ᠂ ᠭᠡᠪᠡᠴᠦ ᠭᠠᠯ ᠰᠡᠷᠭᠡᠢ᠌ᠯᠡᠨ ᠤᠨᠲᠠᠷᠠᠭ᠋ᠠᠬᠤ ᠪᠠ ᠡᠷᠡᠭᠦᠯ ᠬᠠᠮᠠᠭ᠋ᠠᠯᠠᠯ᠎ᠤᠨ ᠪᠠᠴᠢᠮ ᠠᠪᠤᠷᠠᠯᠳᠠ ᠵᠡᠷᠭᠡ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠡᠷᠡᠭᠴᠡᠭᠡ ᠵᠢ ᠨᠥᠯᠥᠭᠡᠯᠡᠵᠦ ᠪᠣᠯᠬᠤ ᠦᠭᠡᠢ ᠂ ᠨᠡᠪᠲᠡᠷᠡᠨ ᠥᠩᠭᠡᠷᠡᠬᠦ ᠲᠡᠷᠭᠡ ᠬᠥᠰᠬᠡ᠎ᠠᠴᠠ ᠰᠦᠢ᠍ᠳᠬᠡᠯ ᠬᠤᠷᠢᠶᠠᠵᠤ ᠪᠣᠯᠬᠤ ᠦᠭᠡᠢ ᠃
ᠳᠥᠷᠪᠡᠳᠦᠭᠡᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠭᠤᠴᠢᠨ ᠲᠠᠪᠤᠳᠤᠭ᠋ᠠᠷ ᠵᠦᠢ᠍ᠯ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠮᠠᠯ ᠵᠠᠮ᠎ᠤᠨ ᠬᠠᠤᠯᠢ 》 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ 》 《ᠵᠠᠰᠠᠮᠠᠯ ᠵᠠᠮ᠎ᠤᠨ ᠠᠮᠤᠷ ᠲᠦᠪᠰᠢᠨ᠎ᠢ ᠬᠠᠮᠠᠭ᠋ᠠᠯᠠᠬᠤ ᠳᠦᠷᠢᠮ 》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠢ ᠰᠢᠢ᠍ᠳᠬᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠣᠯ ᠲᠡᠷᠡ ᠬᠦ᠌ ᠲᠣᠭᠲᠠᠭ᠋ᠠᠯ᠎ᠢ ᠵᠢᠷᠤᠮᠯᠠᠨ᠎ᠠ ᠃
ᠭᠤᠴᠢᠨ ᠵᠢᠷᠭᠤᠳᠤᠭ᠋ᠠᠷ ᠵᠦᠢ᠍ᠯ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ ᠂ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ᠎ᠨᠢ ᠳᠣᠣᠷᠠᠬᠢ ᠦᠢ᠍ᠯᠡ ᠠᠵᠢᠯᠯᠠᠭ᠎ᠠ᠎ᠠᠴᠠ ᠨᠢᠭᠡ᠎ᠨᠢ ᠪᠠᠢ᠌ᠪᠠᠯ ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠵᠠᠯᠠᠷᠠᠭᠤᠯᠬᠤ ᠵᠢᠨ ᠬᠠᠮᠲᠤ 1000 ᠲᠥᠭᠥᠷᠢᠭ᠎ᠠᠴᠠ ᠳᠡᠭᠡᠭᠰᠢ 3000 ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠄
(ᠨᠢᠭᠡ) ᠤᠯᠤᠰ᠎ᠤᠨ ᠪᠠᠷᠢᠮᠵᠢᠶ᠎ᠠ᠎ᠳᠤ ᠨᠡᠢ᠌ᠴᠡᠭᠰᠡᠨ ᠪᠠᠷᠠᠭ᠎ᠠ ᠲᠡᠭᠡᠭᠡᠪᠦᠷᠢ ᠵᠢᠨ ᠬᠦᠨᠳᠦ ᠵᠢ ᠬᠡᠮᠵᠢᠬᠦ ᠪᠠ ᠬᠢᠨᠠᠨ ᠡᠵᠡᠮᠳᠡᠬᠦ ᠲᠥᠬᠦᠭᠡᠷᠦᠮᠵᠢ ᠵᠢ ᠲᠣᠭᠲᠠᠭ᠋ᠠᠯ ᠶᠣᠰᠣᠭ᠋ᠠᠷ ᠲᠣᠬᠢᠷᠠᠭᠤᠯᠤᠭᠰᠠᠨ ᠦᠭᠡᠢ ;
(ᠬᠣᠶᠠᠷ) ᠴᠤᠭᠯᠠᠭᠤᠯᠤᠭᠰᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠦᠨᠳᠦ ᠵᠢ ᠬᠡᠮᠵᠢᠭᠰᠡᠨ ᠲᠣᠭ᠎ᠠ ᠪᠠᠷᠢᠮᠲᠠ ᠪᠠ ᠬᠢᠨᠠᠨ ᠡᠵᠡᠮᠳᠡᠭᠰᠡᠨ ᠲᠣᠭ᠎ᠠ ᠪᠠᠷᠢᠮᠲᠠ ᠵᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠮᠡᠳᠡᠭᠡ ᠵᠠᠩᠭᠢ ᠵᠢᠨ ᠲᠠᠪᠴᠠᠩ᠎ᠯᠤᠭ᠎ᠠ ᠰᠦᠯᠵᠢᠶᠡᠵᠢᠭᠦᠯᠦᠭᠰᠡᠨ ᠦᠭᠡᠢ ;
(ᠭᠤᠷᠪᠠ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ᠎ᠤᠨ ᠳᠠᠩᠰᠠᠯᠠᠯᠲᠠ ᠲᠡᠮᠳᠡᠭᠯᠡᠯ ᠂ ᠪᠦᠷᠢᠳᠬᠡᠯ ᠪᠠ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠬᠦᠯᠦᠭᠰᠡᠨ ᠦᠭᠡᠢ ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠠᠮᠢᠶ᠎ᠠ ᠪᠦᠬᠦᠢ ᠮᠡᠳᠡᠭᠡ ᠵᠠᠩᠭᠢ᠎ᠪᠠᠨ ᠮᠡᠳᠡᠭᠦᠯᠦᠨ ᠬᠦᠷᠭᠡᠭᠰᠡᠨ ᠦᠭᠡᠢ ᠃
ᠭᠤᠴᠢᠨ ᠳᠣᠯᠣᠳᠤᠭ᠋ᠠᠷ ᠵᠦᠢ᠍ᠯ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ ᠂ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ᠎ᠨᠢ ᠳᠣᠣᠷᠠᠬᠢ ᠦᠢ᠍ᠯᠡ ᠠᠵᠢᠯᠯᠠᠭ᠎ᠠ᠎ᠠᠴᠠ ᠨᠢᠭᠡ᠎ᠨᠢ ᠪᠠᠢ᠌ᠪᠠᠯ ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠵᠠᠯᠠᠷᠠᠭᠤᠯᠬᠤ ᠵᠢᠨ ᠬᠠᠮᠲᠤ ᠂ ᠲᠦᠮᠡᠨ ᠲᠥᠭᠥᠷᠢᠭ᠎ᠠᠴᠠ ᠳᠡᠭᠡᠭᠰᠢ 3 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ ᠄
(ᠨᠢᠭᠡ) ᠲᠡᠷᠭᠡ ᠵᠠᠮᠨᠠᠭᠤᠯᠬᠤ ᠦᠨᠡᠮᠯᠡᠯ ᠂ ᠵᠠᠮ ᠲᠡᠭᠡᠭᠡᠪᠦᠷᠢ ᠵᠢᠨ ᠦᠨᠡᠮᠯᠡᠯ ᠪᠠᠢ᠌ᠬᠤ ᠦᠭᠡᠢ ᠪᠤᠶᠤ ᠪᠤᠰᠤᠳ ᠳᠠᠩᠰᠠᠯᠠᠭᠤᠯᠤᠨ ᠪᠦᠷᠢᠳᠬᠡᠭᠦᠯᠦᠭᠰᠡᠨ ᠦᠭᠡᠢ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠭᠰᠠᠨ ;
(ᠬᠣᠶᠠᠷ) ᠨᠡᠢ᠌ᠯᠡᠭᠦᠯᠵᠦ ᠤᠭᠰᠠᠷᠠᠭᠰᠠᠨ ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠨ ᠲᠡᠮᠳᠡᠭᠯᠡᠭᠦᠯᠦᠭᠰᠡᠨ ᠬᠣᠯᠪᠣᠭᠳᠠᠯ ᠪᠦᠬᠦᠢ ᠮᠡᠷᠭᠡᠵᠢᠯ᠎ᠤᠨ ᠲᠣᠭ᠎ᠠ ᠪᠠᠷᠢᠮᠲᠠ ᠵᠢ ᠳᠤᠷ᠎ᠠ᠎ᠪᠠᠷ ᠵᠶ᠋ᠡᠨ ᠬᠤᠪᠢᠷᠠᠭᠤᠯᠤᠭᠰᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠭᠰᠠᠨ;
( ᠭᠤᠷᠪᠠ) ᠪᠠᠷᠢᠮᠵᠢᠶ᠎ᠠ ᠶᠣᠰᠣᠭ᠋ᠠᠷ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠭᠰᠠᠨ ᠦᠭᠡᠢ ;
(ᠳᠥᠷᠪᠡ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠳᠤᠷ᠎ᠠ᠎ᠪᠠᠷ ᠵᠶ᠋ᠡᠨ ᠲᠠᠯᠪᠢᠵᠤ ᠶᠠᠪᠤᠭᠤᠯᠤᠭᠰᠠᠨ ;
(ᠲᠠᠪᠤ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠪᠠᠷᠠᠭ᠎ᠠ ᠠᠴᠢᠶᠠᠯᠠᠬᠤ ᠂ ᠲᠡᠭᠡᠭᠡᠪᠦᠷᠢ ᠲᠣᠬᠢᠷᠠᠭᠤᠯᠬᠤ ᠬᠤᠳᠠᠯ ᠬᠠᠭᠤᠷᠮᠠᠭ ᠭᠡᠷᠡᠴᠢ ᠬᠠᠩᠭ᠋ᠠᠭᠰᠠᠨ ᠃
ᠭᠤᠴᠢᠨ ᠨᠠᠢ᠍ᠮᠠᠳᠤᠭ᠋ᠠᠷ ᠵᠦᠢ᠍ᠯ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ ᠂ ᠪᠠᠷᠠᠭ᠎ᠠ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠢ᠎ᠨᠢ ᠵᠠᠮ ᠲᠡᠭᠡᠭᠡᠪᠦᠷᠢ ᠵᠢᠨ ᠠᠵᠢᠯ ᠡᠷᠬᠢᠯᠡᠬᠦ ᠬᠢᠷᠢ ᠬᠡᠮ᠎ᠤᠨ ᠦᠨᠡᠮᠯᠡᠯ ᠣᠯᠣᠭ᠋ᠠᠳᠤᠢ ᠵᠢᠯᠣᠭᠣᠴᠢ᠎ᠪᠠᠷ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠯᠣᠭᠣᠳᠤᠭᠤᠯᠤᠨ ᠪᠠᠷᠠᠭ᠎ᠠ ᠠᠴᠢᠶᠠᠯᠠᠵᠤ ᠂ ᠲᠡᠭᠡᠭᠡᠪᠦᠷᠢ ᠲᠣᠬᠢᠷᠠᠭᠤᠯᠤᠭᠰᠠᠨ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠌ᠭ᠋ᠠᠳ ᠵᠠᠯᠠᠷᠠᠭᠤᠯᠬᠤ ᠵᠢᠨ ᠬᠠᠮᠲᠤ ᠂ ᠲᠡᠷᠭᠡ ᠤᠳᠠᠭ᠎ᠠ ᠪᠦᠷᠢ ᠵᠢ 1000 ᠲᠥᠭᠥᠷᠢᠭ᠎ᠤᠨ ᠵᠣᠭᠣᠰ ᠵᠶ᠋ᠠᠷ ᠲᠣᠷᠭ᠋ᠠᠨ᠎ᠠ ᠃
ᠭᠤᠴᠢ ᠶᠢᠰᠦᠳᠦᠭᠡᠷ ᠵᠦᠢ᠍ᠯ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ ᠂ ᠳᠣᠣᠷᠠᠬᠢ ᠦᠢ᠍ᠯᠡ ᠠᠵᠢᠯᠯᠠᠭ᠎ᠠ᠎ᠠᠴᠠ ᠨᠢᠭᠡ᠎ᠨᠢ ᠪᠠᠢ᠌ᠪᠠᠯ ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠡᠷᠭᠡ ᠬᠠᠤᠯᠢ ᠴᠠᠭ᠋ᠠᠵᠠ ᠂ ᠬᠠᠤᠯᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ ᠄
(ᠨᠢᠭᠡ) ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠨᠢ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠵᠢ ᠵᠣᠭᠰᠤᠭ᠋ᠠᠬᠤ ᠦᠭᠡᠢ᠎ᠪᠠᠷ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠣᠷᠣᠨ ᠪᠦᠰᠡ᠎ᠪᠠᠷ ᠥᠩᠭᠡᠷᠡᠬᠦ᠎ᠳᠤ᠎ᠪᠠᠨ ᠵᠣᠷᠢᠭᠤᠳᠠ ᠬᠡᠳᠦ ᠳᠣᠣᠷ᠎ᠠ ᠬᠤᠷᠳᠤᠴᠠ᠎ᠪᠠᠷ ᠶᠠᠪᠤᠭᠤᠯᠬᠤ ᠂ ᠣᠭᠵᠣᠮ ᠵᠣᠭᠰᠤᠭ᠋ᠠᠬᠤ ᠂ ᠤᠯᠠᠨ ᠲᠡᠷᠭᠡ᠎ᠲᠠᠢ ᠵᠡᠷᠭᠡᠴᠡᠵᠦ ᠶᠠᠪᠤᠬᠤ ᠂ ᠰᠡᠭᠦᠯᠳᠡᠨ ᠳᠠᠭ᠋ᠠᠬᠤ ᠪᠤᠶᠤ ᠬᠦᠨᠳᠦ ᠵᠢ ᠵᠢᠩᠯᠡᠬᠦ ᠲᠣᠨᠣᠭ ᠲᠥᠬᠦᠭᠡᠷᠦᠮᠵᠢ᠎ᠠᠴᠠ ᠵᠠᠢ᠌ᠳᠠᠬᠤ ᠵᠡᠷᠭᠡ ᠠᠷᠭ᠎ᠠ᠎ᠪᠠᠷ ᠪᠠᠢ᠌ᠴᠠᠭ᠋ᠠᠨ ᠰᠢᠨᠵᠢᠬᠦ᠎ᠠᠴᠠ ᠵᠠᠢ᠌ᠯᠠᠵᠤ ᠳᠤᠲᠠᠭ᠋ᠠᠭᠰᠠᠨ ;
(ᠬᠣᠶᠠᠷ) ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠨᠢ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠵᠢ ᠵᠣᠭᠰᠤᠭ᠋ᠠᠬᠤ ᠦᠭᠡᠢ᠎ᠪᠠᠷ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠣᠷᠣᠨ ᠪᠦᠰᠡ᠎ᠪᠠᠷ ᠥᠩᠭᠡᠷᠡᠬᠦ᠎ᠳᠤ᠎ᠪᠠᠨ ᠵᠠᠮ ᠠᠯᠤᠰᠯᠠᠬᠤ ᠂ ᠱᠤᠭᠤᠮ ᠳᠠᠷᠤᠬᠤ ᠂ ᠵᠣᠷᠢᠭᠤᠳᠠ ᠬᠠᠯᠬᠠᠯᠠᠬᠤ ᠂ ᠭ᠋ᠬᠢᠷᠲᠦᠭᠦᠯᠵᠦ ᠰᠦᠢ᠍ᠳᠬᠡᠬᠦ ᠪᠤᠶᠤ ᠬᠠᠭᠤᠷᠮᠠᠭᠯᠠᠨ ᠵᠣᠬᠢᠶᠠᠭᠰᠠᠨ ᠮᠠᠰᠢᠨᠲᠤ ᠲᠡᠷᠭᠡᠨ᠎ᠤ ᠨᠣᠮᠧᠷ᠎ᠤᠨ ᠫᠠᠢ᠌ᠰᠠ ᠵᠢ ᠬᠡᠷᠡᠭᠯᠡᠬᠦ ᠵᠡᠷᠭᠡ ᠠᠷᠭ᠎ᠠ᠎ᠪᠠᠷ ᠪᠠᠢ᠌ᠴᠠᠭ᠋ᠠᠨ ᠰᠢᠨᠵᠢᠬᠦ᠎ᠠᠴᠠ ᠵᠠᠢ᠌ᠯᠠᠵᠤ ᠳᠤᠲᠠᠭ᠋ᠠᠭᠰᠠᠨ ;
(ᠭᠤᠷᠪᠠ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠵᠢ ᠵᠣᠭᠰᠤᠭ᠋ᠠᠬᠤ ᠦᠭᠡᠢ᠎ᠪᠠᠷ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠵᠢ ᠡᠪᠳᠡᠵᠦ ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠵᠢ ᠵᠣᠭᠰᠤᠭ᠋ᠠᠬᠤ ᠦᠭᠡᠢ᠎ᠪᠠᠷ ᠪᠠᠢ᠌ᠴᠠᠭ᠋ᠠᠨ ᠰᠢᠨᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠂ ᠪᠡᠯᠡᠳᠬᠡᠮᠵᠢ ᠵᠢᠨ ᠠᠵᠢᠯᠯᠠᠭ᠋ᠠᠨ᠎ᠢ ᠬᠠᠷᠰᠢᠯᠠᠵᠤ ᠂ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠵᠠᠳᠠᠷᠠᠭᠤᠯᠵᠤ ᠂ ᠬᠠᠰᠤᠵᠤ ᠂ ᠥᠭᠡᠷᠡᠲᠦᠭᠦᠯᠦᠭᠰᠡᠨ ᠃
ᠳᠥᠴᠢᠳᠦᠭᠡᠷ ᠵᠦᠢ᠍ᠯ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ ᠂ ᠨᠡᠢ᠌ᠯᠡᠭᠦᠯᠵᠦ ᠤᠭᠰᠠᠷᠠᠭᠰᠠᠨ ᠪᠠ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠵᠢᠯᠣᠭᠣᠳᠤᠭᠰᠠᠨ ᠵᠢᠯᠣᠭᠣᠴᠢ ᠵᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠠᠤᠯᠢ ᠶᠣᠰᠣᠭ᠋ᠠᠷ ᠰᠢᠢ᠍ᠳᠬᠡᠨ ᠲᠣᠷᠭ᠋ᠠᠬᠤ ᠬᠡᠷᠡᠭᠲᠡᠢ ; ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠨᠡᠢ᠌ᠯᠡᠭᠦᠯᠵᠦ ᠤᠭᠰᠠᠷᠠᠬᠤ ᠪᠠ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ ᠪᠠᠢ᠌ᠭ᠎ᠠ ᠡᠵᠡᠩᠨᠡᠭᠴᠢ ᠵᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠰᠢᠢ᠍ᠳᠬᠡᠨ ᠲᠣᠷᠭ᠋ᠠᠬᠤ ᠬᠡᠷᠡᠭᠲᠡᠢ ; ᠡᠵᠡᠩᠨᠡᠯᠲᠡ ᠵᠢᠨ ᠦᠨᠡᠮᠯᠡᠯ ᠦᠭᠡᠢ᠎ᠪᠠᠷ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠨᠡᠢ᠌ᠯᠡᠭᠦᠯᠵᠦ ᠤᠭᠰᠠᠷᠠᠬᠤ ᠪᠠ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ ᠪᠠᠢ᠌ᠭ᠎ᠠ ᠡᠵᠡᠩᠨᠡᠭᠴᠢ ᠵᠢ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠰᠢᠢ᠍ᠳᠬᠡᠨ ᠲᠣᠷᠭ᠋ᠠᠬᠤ ᠬᠡᠷᠡᠭᠲᠡᠢ ᠃
ᠳᠥᠴᠢᠨ ᠨᠢᠭᠡᠳᠦᠭᠡᠷ ᠵᠦᠢ᠍ᠯ ᠲᠣᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠪᠤᠶᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠵᠢᠯᠲᠠᠨ᠎ᠳᠤ ᠳᠣᠣᠷᠠᠬᠢ ᠪᠠᠢ᠌ᠳᠠᠯ᠎ᠠᠴᠠ ᠨᠢᠭᠡ᠎ᠨᠢ ᠪᠠᠢ᠌ᠪᠠᠯ ᠂ ᠬᠠᠤᠯᠢ ᠶᠣᠰᠣᠭ᠋ᠠᠷ ᠰᠢᠢ᠍ᠳᠬᠡᠯ ᠥᠭᠭᠦᠨ᠎ᠡ ; ᠶᠠᠯᠠᠳᠤ ᠬᠥᠷᠥᠭᠰᠡᠨ ᠪᠣᠯ ᠂ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ ᠄
(ᠨᠢᠭᠡ) ᠮᠠᠰᠢᠨᠲᠤ ᠲᠡᠷᠭᠡ ᠵᠢᠨ ᠲᠤᠬᠠᠢ ᠤᠯᠤᠰ᠎ᠤᠨ ᠠᠮᠤᠷ ᠲᠦᠪᠰᠢᠨ᠎ᠤ ᠮᠡᠷᠭᠡᠵᠢᠯ᠎ᠤᠨ ᠪᠠᠷᠢᠮᠵᠢᠶ᠎ᠠ᠎ᠳᠤ ᠦᠯᠦ ᠨᠡᠢ᠌ᠴᠡᠭᠰᠡᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠳᠠᠩᠰᠠᠯᠠᠭᠤᠯᠤᠨ ᠪᠦᠷᠢᠳᠬᠡᠭᠦᠯᠬᠦ ᠪᠠ ᠨᠣᠮᠧᠷ᠎ᠤᠨ ᠫᠠᠢ᠌ᠰᠠ ᠂ ᠵᠠᠮᠨᠠᠭᠤᠯᠬᠤ ᠦᠨᠡᠮᠯᠡᠯ ᠂ ᠰᠢᠯᠭ᠋ᠠᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠲᠡᠮᠳᠡᠭ ᠂ ᠵᠠᠮ ᠲᠡᠭᠡᠭᠡᠪᠦᠷᠢ ᠵᠢᠨ ᠦᠨᠡᠮᠯᠡᠯ ᠣᠯᠭᠣᠭᠰᠠᠨ ;
(ᠬᠣᠶᠠᠷ) ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠵᠠᠰᠠᠮᠠᠯ ᠵᠠᠮ᠎ᠤᠨ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠵᠥᠪᠰᠢᠶᠡᠷᠡᠯ᠎ᠢ ᠲᠣᠭᠲᠠᠭ᠋ᠠᠯ᠎ᠠᠴᠠ ᠵᠥᠷᠢᠴᠡᠨ ᠭᠦᠢ᠍ᠴᠡᠳᠬᠡᠵᠦ ᠥᠭᠭᠦᠭᠰᠡᠨ ;
(ᠭᠤᠷᠪᠠ) ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠲᠣᠭᠲᠠᠭ᠋ᠠᠯ᠎ᠠᠴᠠ ᠵᠥᠷᠢᠴᠡᠨ ᠲᠠᠯᠪᠢᠵᠤ ᠶᠠᠪᠤᠭᠤᠯᠤᠭᠰᠠᠨ ;
(ᠳᠥᠷᠪᠡ) ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠬᠠᠤᠯᠢ᠎ᠠᠴᠠ ᠵᠥᠷᠢᠴᠡᠨ ᠦᠯᠡᠳᠡᠭᠡᠵᠦ ᠠᠪᠤᠭᠰᠠᠨ ᠪᠤᠶᠤ ᠬᠠᠤᠯᠢ ᠶᠣᠰᠣᠭ᠋ᠠᠷ ᠦᠯᠡᠳᠡᠭᠡᠵᠦ ᠠᠪᠤᠭᠰᠠᠨ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠬᠡᠷᠡᠭᠯᠡᠭᠰᠡᠨ ;
(ᠲᠠᠪᠤ) ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠵᠠᠭ᠋ᠠᠯᠳᠤᠯᠭ᠎ᠠ ᠂ ᠢᠯᠡᠴᠢᠯᠡᠨ ᠮᠡᠳᠡᠭᠦᠯᠦᠯᠲᠡ ᠵᠢ ᠣᠯᠣᠭ᠋ᠠᠳ ᠴᠠᠭ ᠲᠤᠬᠠᠢᠳᠤᠨᠢ ᠬᠠᠷᠭᠤᠭᠤᠯᠵᠤ ᠪᠠᠢ᠌ᠴᠠᠭ᠋ᠠᠬᠤ ᠵᠢ ᠵᠣᠬᠢᠶᠠᠨ ᠪᠠᠢ᠌ᠭᠤᠯᠤᠭᠰᠠᠨ ᠦᠭᠡᠢ ;
(ᠵᠢᠷᠭᠤᠭ᠎ᠠ) ᠡᠷᠬᠡ ᠲᠤᠰᠢᠶᠠᠯ ᠵᠶ᠋ᠡᠨ ᠳᠤᠷ᠎ᠠ᠎ᠪᠠᠷ ᠬᠡᠷᠡᠭᠯᠡᠭᠰᠡᠨ ᠂ ᠠᠯᠪᠠᠨ ᠲᠤᠰᠢᠶᠠᠯ᠎ᠳᠤ᠎ᠪᠠᠨ ᠠᠯᠮᠠᠢ᠌ᠷᠠᠨ ᠣᠰᠣᠯᠳᠠᠭᠰᠠᠨ ᠂ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ ᠃
ᠲᠠᠪᠤᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠳᠥᠴᠢᠨ ᠬᠣᠶᠠᠳᠤᠭ᠋ᠠᠷ ᠵᠦᠢ᠍ᠯ ᠲᠣᠰ ᠠᠷᠭ᠎ᠠ ᠵᠢ 2023 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ ᠃ 2013 ᠣᠨ᠎ᠤ 8 ᠳ᠋ᠤᠭ᠋ᠠᠷ ᠰᠠᠷ᠎ᠠ ᠵᠢᠨ 21᠎ᠤ ᠡᠳᠦᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠢ᠌ᠲᠡᠯᠡᠭᠰᠡᠨ
《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠷᠭ᠎ᠠ 》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 198 ᠳ᠋ᠤᠭ᠋ᠠᠷ ᠲᠣᠭ᠋ᠠᠲᠤ) ᠵᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
2022 ᠣᠨ᠎ᠤ 12 ᠳ᠋ᠤᠭ᠋ᠠᠷ ᠰᠠᠷ᠎ᠠ ᠵᠢᠨ 28 ᠤ ᠡᠳᠦᠷ ᠳᠠᠷᠤᠮᠠᠯᠯᠠᠨ ᠲᠠᠷᠬᠠᠭ᠋ᠠᠪᠠ