ᠦᠨᠳᠦᠰᠦᠲᠡᠨ ᠵᠶ᠋ᠡᠨ ᠰᠡᠷᠭᠦᠭᠡᠨ ᠮᠠᠨᠳᠤᠭᠤᠯᠬᠤ᠎ᠳᠤ ᠬᠥᠳᠡᠭᠡ ᠲᠣᠰᠬᠣᠨ᠎ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ ᠃ 2021 ᠣᠨ᠎ᠤ 4 ᠰᠠᠷ᠎ᠠ ᠵᠢᠨ 29 ᠤ ᠡᠳᠦᠷ ᠂ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠣᠷᠢᠨ ᠨᠠᠢ᠍ᠮᠠᠳᠤᠭ᠋ᠠᠷ ᠬᠤᠷᠠᠯ᠎ᠠᠴᠠ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠵᠢ ᠲᠣᠭᠲᠠᠪᠠ ᠃
ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠪᠠᠷ ᠳᠤᠷᠠᠳᠤᠭᠰᠠᠨ᠎ᠠᠴᠠ ᠨᠠᠰᠢ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠵᠢᠯᠤᠭᠣᠳᠬᠤ ᠠᠯᠢ ᠤᠯᠠᠨ ᠴᠢᠬᠤᠯᠠ ᠲᠦᠷᠦ ᠵᠢᠨ ᠪᠣᠳᠣᠯᠭ᠎ᠠ ᠵᠢᠨ 2018 ᠣᠨ᠎ᠤ 7 ᠰᠠᠷ᠎ᠠ᠎ᠳᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠥᠯᠢ》 ᠵᠢᠨ ᠬᠠᠥᠯᠢ ᠲᠣᠭᠲᠠᠭ᠋ᠠᠬᠤ ᠵᠢᠷᠤᠮ᠎ᠢ ᠲᠦᠷᠦᠭᠦᠯᠡᠨ ᠡᠬᠢᠯᠡᠭᠦᠯᠦᠭᠰᠡᠨ᠎ᠠᠴᠠ ᠠᠪᠤᠭ᠋ᠠᠳ᠂ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠲᠣᠰ ᠬᠠᠥᠯᠢ ᠲᠣᠭᠲᠠᠭ᠋ᠠᠯᠲᠠ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ 2020 ᠣᠨ᠎ᠤ 6 ᠰᠠᠷ᠎ᠠ ᠵᠢᠨ 18᠎ᠤ ᠡᠳᠦᠷ᠎ᠤᠨ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠥᠯᠢ (ᠲᠥᠰᠥᠯ)》 ᠵᠢ ᠬᠢᠨᠠᠨ ᠶᠠᠷᠢᠯᠴᠠᠭᠤᠯᠬᠤ᠎ᠪᠠᠷ ᠳᠡᠪᠰᠢᠭᠦᠯᠬᠦ ᠬᠦᠷᠲᠡᠯ᠎ᠡ ᠂ ᠳᠠᠬᠢᠭ᠋ᠠᠳ 6 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠬᠦ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠥᠯᠢ》 ᠬᠦᠷᠲᠡᠯ᠎ᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠥᠯᠢ》᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠵᠢᠷᠤᠮᠯᠠᠬᠤ ᠬᠠᠥᠯᠢ᠎ᠲᠠᠢ ᠪᠠᠢ᠌ᠬᠤ ᠵᠢ ᠬᠠᠷᠠᠭᠤᠯᠵᠤ ᠂ ᠬᠠᠤᠯᠢᠴᠢᠯᠠᠭᠰᠠᠨ ᠵᠠᠮ ᠮᠥᠷ ᠵᠢᠡᠷ ᠶᠠᠪᠤᠬᠤ ᠡᠬᠢᠯᠡᠯᠲᠡ ᠪᠣᠯᠵᠠᠢ ᠃
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠠᠤᠯᠢ ᠲᠣᠭᠲᠠᠭ᠋ᠠᠬᠤ ᠰᠢᠰᠲ᠋ᠧᠮ᠎ᠢ ᠪᠠᠢ᠌ᠭᠤᠯᠤᠨ
《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠥᠳᠡᠭᠡ ᠠᠵᠤ ᠠᠬᠤᠢ ᠵᠢᠨ ᠪᠦᠬᠦ ᠲᠠᠯ᠎ᠠ ᠵᠢᠨ ᠲᠡᠰ ᠲᠡᠪᠰᠢᠯᠳᠡ᠂ ᠬᠥᠳᠡᠭᠡ ᠲᠣᠰᠬᠣᠨ᠎ᠤ ᠪᠦᠬᠦ ᠲᠠᠯ᠎ᠠ ᠵᠢᠨ ᠲᠠᠪᠰᠢᠯᠳᠡ᠂ ᠲᠠᠷᠢᠶᠠᠴᠢᠳ᠎ᠤᠨ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠵᠦ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ᠂ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠪᠣᠯ ᠳᠠᠷᠤᠢ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠭᠰᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠬᠠᠤᠯᠢ ᠴᠠᠭ᠋ᠠᠵᠠ ᠵᠢᠨ ᠬᠡᠯᠪᠡᠷᠢ᠎ᠪᠠᠷ ᠲᠣᠭᠲᠠᠭ᠋ᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠬᠠᠤᠯᠢᠵᠢᠭᠤᠯᠬᠤ ᠵᠢᠨ ᠲᠥᠯᠥᠭᠡ ᠶᠤᠮ》 ᠭᠡᠵᠦ ᠬᠡᠯᠡᠪᠡ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠥᠭᠵᠢᠯᠲᠡ ᠵᠢᠨ ᠰᠤᠳᠤᠯᠭ᠋ᠠᠨ᠎ᠤ ᠲᠥᠪ᠎ᠤᠨ ᠬᠥᠳᠡᠭᠡ ᠲᠣᠰᠬᠣᠨ᠎ᠤ ᠠᠵᠤ ᠠᠬᠤᠢ ᠵᠢᠨ ᠰᠤᠳᠤᠯᠭ᠋ᠠᠨ᠎ᠤ ᠬᠡᠯᠲᠡᠰ᠎ᠤᠨ ᠲᠠᠰᠤᠭ᠎ᠤᠨ ᠡᠷᠬᠢᠯᠡᠭᠴᠢ᠂ ᠰᠤᠳᠤᠯᠤᠭᠴᠢ ᠬᠠᠨ ᠶᠠᠩ 《ᠳᠤᠮᠳᠠᠳᠤ ᠤᠯᠤᠰ᠎ᠤᠨ ᠬᠥᠭᠵᠢᠯᠲᠡ ᠵᠢᠨ ᠠᠵᠢᠭᠯᠠᠯᠲᠠ》 ᠰᠡᠳᠬᠦᠯ᠎ᠤᠨ ᠰᠤᠷᠪᠤᠯᠵᠢᠯᠠᠭᠴᠢ ᠵᠢᠨ ᠡᠨᠡ᠎ᠨᠢ ᠬᠠᠤᠯᠢ ᠴᠠᠭ᠋ᠠᠵᠠ ᠵᠢᠨ ᠵᠢᠷᠤᠮᠵᠢᠯ ᠵᠶ᠋ᠠᠷ ᠳᠠᠮᠵᠢᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠤᠬᠠᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠬᠦᠴᠦᠲᠡᠢ ᠨᠠᠢ᠌ᠳᠠᠪᠤᠷᠢᠵᠢᠭᠤᠯᠤᠨ ᠬᠡᠷᠡᠭᠵᠢᠭᠦᠯᠵᠦ ᠂ ᠡᠭᠦᠨ᠎ᠤ ᠤᠯᠠᠮ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠠᠪᠤᠴᠠ᠎ᠳᠠᠬᠢ ᠬᠠᠤᠯᠢ ᠲᠣᠭᠲᠠᠭ᠋ᠠᠯᠲᠠ ᠵᠢᠨ ᠪᠠᠲᠤᠯᠠᠭ᠎ᠠ ᠪᠠ ᠠᠬᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠮ᠎ᠤᠨ ᠲᠥᠪ ᠬᠣᠷᠢᠶᠠᠨ᠎ᠤ ᠶᠡᠬᠡ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠪᠦᠲᠦᠮᠵᠢᠲᠡᠢ ᠨᠠᠢ᠌ᠳᠠᠪᠤᠷᠢᠵᠢᠭᠤᠯᠬᠤ᠂ ᠠᠯᠳᠠᠭ᠎ᠠ ᠪᠤᠷᠤᠭᠤ ᠦᠭᠡᠢ᠂ ᠶᠠᠩᠵᠤ ᠵᠢ᠎ᠨᠢ ᠬᠤᠪᠢᠷᠠᠭᠤᠯᠬᠤ ᠦᠭᠡᠢ ᠪᠠᠢ᠌ᠬᠤ ᠵᠢ ᠪᠠᠲᠤᠯᠠᠬᠤ᠎ᠳᠤ ᠠᠰᠢᠭᠲᠠᠢ ᠶᠤᠮ ᠃
《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠥᠯᠢ》 ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠵᠢᠯᠤᠭᠣᠳᠬᠤ ᠬᠠᠥᠯᠢ ᠮᠥᠨ᠂ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠬᠤ ᠠᠵᠢᠯᠯᠠᠭ᠎ᠠ ᠵᠢᠨ ᠬᠠᠥᠯᠢ ᠮᠥᠨ ᠂ ᠲᠠᠷᠢᠶᠠᠴᠢᠳ᠎ᠤᠨ ᠠᠰᠢᠭ ᠲᠤᠰᠠ ᠵᠢ ᠬᠠᠮᠠᠭ᠋ᠠᠯᠠᠬᠤ ᠪᠠᠲᠤᠯᠠᠭ᠎ᠠ ᠵᠢᠨ ᠬᠠᠥᠯᠢ ᠮᠥᠨ᠂ ᠬᠣᠲᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠬᠤ ᠬᠠᠥᠯᠢ ᠮᠥᠨ ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠥᠮᠥᠨ ᠰᠣᠶᠣᠯ ᠬᠢᠭᠡᠳ ᠬᠥᠭᠵᠢᠯᠲᠡ ᠵᠢᠨ ᠳᠡᠭᠡᠳᠦ ᠰᠤᠷᠭ᠋ᠠᠭᠤᠯᠢ ᠵᠢᠨ ᠫᠷᠤᠹᠧᠰᠰᠤᠷ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠠᠷᠢᠶᠠᠯᠠᠩ ᠬᠢᠭᠡᠳ ᠬᠥᠳᠡᠭᠡ ᠲᠣᠰᠬᠣᠨ᠎ᠤ ᠬᠠᠤᠯᠢ ᠳᠦᠷᠢᠮ᠎ᠤᠨ ᠰᠤᠳᠤᠯᠭ᠋ᠠᠨ᠎ᠤ ᠳᠤᠮᠳᠠᠳᠤ ᠤᠯᠤᠰ᠎ᠤᠨ ᠲᠠᠷᠢᠶᠠᠯᠠᠩ᠎ᠤᠨ ᠠᠵᠤ ᠠᠬᠤᠢ ᠵᠢᠨ ᠬᠠᠤᠯᠢ ᠵᠢᠨ ᠰᠤᠳᠤᠯᠭ᠋ᠠᠨ᠎ᠤ ᠨᠡᠢ᠌ᠭᠡᠮᠯᠢᠭ᠎ᠤᠨ ᠳᠡᠳ᠋ ᠳᠠᠷᠤᠭ᠎ᠠ ᠪᠥᠭᠡᠳ ᠡᠷᠳᠡᠮ ᠰᠢᠨᠵᠢᠯᠡᠭᠡᠨ᠎ᠤ ᠠᠵᠢᠯ᠎ᠤᠨ ᠵᠥᠪᠯᠡᠯ᠎ᠤᠨ ᠡᠷᠬᠢᠯᠡᠭᠴᠢ ᠷᠧᠨ ᠳ᠋ᠡ ᠫᠧᠩ᠎ᠤᠨ ᠦᠵᠡᠬᠦ᠎ᠪᠠᠷ᠂ ᠡᠨᠡ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠠᠯᠢ ᠤᠯᠠᠨ ᠳᠦᠷᠢᠮ ᠪᠠ ᠠᠷᠭ᠎ᠠ ᠬᠡᠮᠵᠢᠶ᠎ᠡ ᠬᠠᠩᠭ᠋ᠠᠵᠠᠢ᠂ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠠ ᠬᠢᠨᠠᠯᠲᠠ ᠪᠠᠢ᠌ᠴᠠᠭ᠋ᠠᠯᠲᠠ ᠵᠢᠨ ᠳᠦᠷᠢᠮ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠤ ᠬᠠᠤᠯᠢ ᠴᠠᠭ᠋ᠠᠵᠠ᠎ᠪᠠᠷ ᠲᠣᠭᠲᠠᠭ᠋ᠠᠭᠰᠠᠨ ᠵᠠᠷᠴᠢᠮ ᠪᠠ ᠳᠦᠷᠢᠮ᠎ᠢ ᠵᠢᠷᠤᠮᠯᠠᠬᠤ ᠵᠢ ᠪᠦᠲᠦᠮᠵᠢᠲᠡᠢ ᠪᠠᠲᠤᠯᠠᠵᠤ ᠴᠢᠳᠠᠨ᠎ᠠ ᠃
ᠲᠥᠷᠥ ᠵᠢᠨ ᠪᠣᠳᠣᠯᠭ᠎ᠠ᠎ᠲᠠᠢ ᠬᠠᠷᠢᠴᠠᠭᠤᠯᠪᠠᠯ᠂ ᠬᠠᠤᠯᠢ ᠴᠠᠭ᠋ᠠᠵᠠ᠎ᠨᠢ ᠳᠦᠷᠢᠮᠵᠢᠯᠲᠦ ᠴᠢᠨᠠᠷ᠂ ᠴᠢᠩᠭ᠎ᠠ ᠨᠢᠮᠪᠠᠢ ᠴᠢᠨᠠᠷ᠂ ᠠᠯᠪᠠᠳᠠᠯᠭ᠎ᠠ ᠵᠢᠨ ᠴᠢᠨᠠᠷ᠂ ᠬᠡᠷᠡᠭᠵᠢᠭᠦᠯᠵᠦ ᠪᠣᠯᠬᠤᠢ᠌ᠴᠠ ᠴᠢᠨᠠᠷ ᠵᠡᠷᠭᠡ ᠣᠨᠴᠠᠯᠢᠭ ᠲᠠᠢ᠂ ᠲᠤᠰᠬᠠᠢ《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠵᠢ ᠲᠣᠭᠲᠠᠭ᠋ᠠᠵᠤ ᠂ ᠠᠵᠤ ᠦᠢ᠍ᠯᠡᠰ᠎ᠤᠨ ᠬᠥᠭᠵᠢᠯᠲᠡ᠂ ᠴᠢᠳᠠᠪᠤᠷᠢᠲᠠᠨ᠎ᠤ ᠲᠤᠯᠭ᠋ᠠᠭᠤᠷᠢᠯᠠᠯ᠂ ᠰᠣᠶᠣᠯ᠎ᠤᠨ ᠴᠡᠴᠡᠭᠯᠡᠯᠲᠡ᠂ ᠠᠮᠢ ᠠᠬᠤᠢ ᠵᠢᠨ ᠬᠠᠮᠠᠭ᠋ᠠᠯᠠᠯᠲᠠ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ᠂ ᠬᠣᠲᠠ ᠬᠥᠳᠡᠭᠡ ᠵᠢᠨ ᠠᠭᠤᠰᠤᠯᠴᠠᠯ ᠵᠡᠷᠭᠡ ᠲᠠᠯ᠎ᠠ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ᠎ᠳᠤ ᠬᠠᠤᠯᠢ ᠳᠦᠷᠢᠮ᠎ᠤᠨ ᠪᠠᠲᠤᠯᠠᠭ᠎ᠠ ᠬᠠᠩᠭ᠋ᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ ᠴᠠᠭ᠋ᠠᠵᠠ ᠵᠢᠨ ᠵᠠᠷᠴᠢᠮ ᠂ ᠬᠠᠤᠯᠢ ᠴᠠᠭ᠋ᠠᠵᠠ ᠵᠢᠨ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠠᠬᠢ ᠲᠤᠰᠢᠶᠠᠯ ᠬᠠᠷᠢᠭᠤᠴᠠᠯᠭ᠎ᠠ ᠪᠠ ᠦᠢ᠍ᠯᠡ ᠠᠵᠢᠯᠯᠠᠭ᠎ᠠ ᠵᠢᠨ ᠵᠢᠷᠤᠮᠵᠢᠯ᠎ᠢ ᠲᠣᠭᠲᠠᠭ᠋ᠠᠵᠤ᠂ ᠲᠣᠭᠲᠠᠭᠤᠨ᠂ ᠪᠦᠲᠦᠮᠵᠢᠲᠡᠢ᠂ ᠦᠷᠭᠦᠯᠵᠢᠯᠡᠬᠦ ᠪᠠᠲᠤᠯᠠᠭ᠎ᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ ᠂ ᠲᠠᠷᠢᠶᠠᠴᠢᠳ᠎ᠤᠨ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠭᠦᠢ᠍ᠴᠡᠳ ᠬᠦᠨᠳᠦᠳᠬᠡᠵᠦ᠂ ᠲᠠᠷᠢᠶᠠᠯᠠᠩ᠎ᠤᠨ ᠪᠦᠬᠦ ᠲᠠᠯ᠎ᠠ᠎ᠪᠠᠷ ᠳᠡᠰ ᠳᠡᠪᠰᠢᠬᠦ ᠂ ᠬᠥᠳᠡᠭᠡ ᠲᠣᠰᠬᠣᠨ᠎ᠤ ᠪᠦᠬᠦ ᠲᠠᠯ᠎ᠠ᠎ᠪᠠᠷ ᠳᠠᠪᠰᠢᠬᠤ ᠂ ᠲᠠᠷᠢᠶᠠᠴᠢᠳ᠎ᠤᠨ ᠪᠦᠬᠦ ᠲᠠᠯ᠎ᠠ᠎ᠪᠠᠷ ᠬᠥᠭᠵᠢᠬᠦ ᠵᠢ ᠠᠬᠢᠭᠤᠯᠬᠤ ᠬᠠᠤᠯᠢ ᠲᠣᠭᠲᠠᠭ᠋ᠠᠬᠤ ᠬᠠᠷᠠᠯᠲᠠ ᠵᠢ ᠪᠡᠶᠡᠯᠡᠭᠦᠯᠬᠦ ᠬᠡᠷᠡᠭᠲᠡᠢ ᠃
ᠳᠤᠮᠳᠠᠳᠤ ᠤᠯᠤᠰ᠎ᠤᠨ ᠬᠣᠷᠸ᠎ᠠ ᠠᠵᠤ ᠠᠬᠤᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠠᠵᠤ ᠦᠢ᠍ᠯᠡᠰ᠎ᠤᠨ ᠠᠵᠤ ᠠᠬᠤᠢ ᠪᠣᠯᠣᠨ ᠮᠡᠷᠭᠡᠵᠢᠯ᠎ᠤᠨ ᠠᠵᠤ ᠠᠬᠤᠢ ᠵᠢᠨ ᠰᠤᠳᠤᠯᠭ᠋ᠠᠨ᠎ᠤ ᠭᠠᠵᠠᠷ᠎ᠤᠨ ᠬᠥᠳᠡᠭᠡ ᠲᠣᠰᠬᠣᠨ᠎ᠤ ᠲᠠᠰᠤᠭ᠎ᠤᠨ ᠰᠤᠳᠤᠯᠤᠭᠴᠢ ᠯᠠᠨ ᠬᠠᠢ ᠲᠤᠤ᠄ 《〈ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ〉〉᠎ᠤ ᠲᠤᠰ ᠪᠡᠶ᠎ᠡ᠎ᠨᠢ ᠤᠷᠳᠤ ᠬᠤᠭᠤᠴᠠᠭ᠋ᠠᠨ᠎ᠤ ᠪᠠᠢ᠌ᠯᠳᠤᠬᠤ ᠪᠣᠳᠣᠯᠭ᠎ᠠ ᠵᠢᠨ ᠠᠰᠠᠭᠤᠳᠠᠯ ᠪᠣᠯᠣᠨ᠎ᠠ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ ᠬᠦᠷᠲᠡᠯ᠎ᠡ ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭ᠋ᠠᠭᠤᠯᠬᠤ ᠵᠢ ᠴᠢᠨᠠᠭᠰᠢᠳᠠ ᠰᠠᠢ᠌ᠲᠤᠷ ᠬᠢᠬᠦ ᠬᠡᠷᠡᠭᠲᠡᠢ ᠥᠭᠡᠷᠡᠴᠢᠯᠡᠯᠲᠡ ᠬᠥᠭᠵᠢᠯᠲᠡ ᠵᠢᠨ ᠠᠬᠢᠴᠠ ᠵᠢ ᠳᠠᠭ᠋ᠠᠯᠳᠤᠨ᠂ ᠵᠠᠷᠢᠮ ᠲᠦᠷᠦ ᠵᠢᠨ ᠪᠣᠳᠣᠯᠭ᠎ᠠ᠎ᠨᠢ ᠨᠢᠭᠡᠨᠲᠡ ᠲᠡᠦᠬᠡᠲᠦ ᠡᠭᠦᠷᠭᠡ᠎ᠪᠠᠨ ᠳᠠᠭᠤᠰᠬᠠᠭᠰᠠᠨ ᠪᠣᠯᠪᠠᠴᠤ ᠵᠠᠷᠢᠮ ᠲᠦᠷᠦ ᠵᠢᠨ ᠪᠣᠳᠣᠯᠭ᠎ᠠ᠎ᠨᠢ ᠵᠣᠬᠢᠬᠤ ᠤᠷᠳᠤ ᠬᠤᠭᠤᠴᠠᠭ᠋ᠠᠨ᠎ᠤ ᠴᠢᠨᠠᠷᠲᠠᠢ ᠪᠠᠢ᠌ᠵᠤ ᠂ ᠤᠯᠤᠰ᠎ᠠᠴᠠ ᠰᠠᠢ᠌ᠨ ᠲᠦᠷᠦ ᠵᠢᠨ ᠪᠣᠳᠣᠯᠭ᠎ᠠ ᠵᠢ ᠬᠠᠤᠯᠢ ᠴᠠᠭ᠋ᠠᠵᠠ᠎ᠪᠠᠷ ᠢᠯᠡᠷᠡᠭᠦᠯᠬᠦ ᠵᠢᠨ ᠬᠠᠮᠲᠤ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠤᠢ ᠪᠣᠯᠭ᠋ᠠᠭᠰᠠᠨ ᠪᠠᠢ᠌ᠨ᠎ᠠ᠃ ᠵᠢᠱ᠌ᠢᠶᠡᠯᠡᠪᠡᠯ ᠲᠣᠰ ᠬᠠᠥᠯᠢ ᠵᠢᠨ ᠪᠥᠬᠥ ᠠᠭᠤᠯᠭ᠎ᠠ᠎ᠳᠤ 29 〈ᠵᠣᠷᠢᠭᠵᠢᠭᠤᠯᠬᠤ〉᠂ 38 〈ᠳᠡᠮᠵᠢᠬᠦ〉 ᠪᠠᠢ᠌ᠳᠠᠯ ᠢᠯᠡᠷᠡᠵᠦ᠂ ᠵᠠᠰᠠᠭ᠎ᠤᠨ ᠣᠷᠳᠣᠨ ᠠᠴᠠ ᠬᠥᠲᠥᠯᠥᠨ ᠵᠢᠯᠤᠭᠣᠳᠬᠤ᠎ᠪᠠᠷ ᠳᠠᠮᠵᠢᠭᠤᠯᠤᠨ᠂ ᠬᠥᠳᠡᠭᠡ ᠲᠣᠰᠬᠣᠨ᠎ᠤ ᠬᠥᠭᠵᠢᠯᠲᠡ ᠪᠠ ᠬᠥᠭᠵᠢᠯ ᠮᠠᠨᠳᠤᠯ ᠢ ᠲᠣᠭᠲᠠᠪᠤᠷᠢᠵᠢᠭᠤᠯᠤᠨ ᠪᠠᠲᠤᠯᠠᠵᠤ᠂ ᠡᠯ᠎ᠡ ᠲᠠᠯ᠎ᠠ ᠵᠢᠨ ᠬᠦᠴᠦᠨ ᠢ ᠨᠢᠭᠡᠳᠦᠯᠲᠡᠢ ᠲᠥᠯᠥᠪᠯᠡᠨ᠂ ᠤᠯᠤᠰ᠎ᠤᠨ ᠬᠥᠳᠡᠭᠡ ᠲᠣᠰᠬᠣᠨ ᠢ ᠬᠥᠭᠵᠢᠭᠦᠯᠦᠨ ᠮᠠᠨᠳᠤᠭᠤᠯᠬᠤ ᠶᠡᠬᠡ ᠴᠢᠭᠯᠡᠯ ᠪᠠ ᠪᠣᠳᠠᠲᠠᠢ ᠵᠢᠯᠣᠭᠣᠳᠤᠯᠭ᠎ᠠ ᠶᠣᠰᠣᠭ᠋ᠠᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ 〈ᠠᠬᠢᠭᠤᠯᠬᠤ〉᠎ᠨᠢ ᠦᠨᠡᠨ᠎ᠳᠡᠭᠡᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠵᠠᠰᠠᠭ᠎ᠤᠨ ᠣᠷᠳᠣᠨ᠂ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠡᠷᠭᠡ ᠵᠢ ᠪᠠᠭᠲᠠᠭ᠋ᠠᠭᠰᠠᠨ ᠣᠯᠠᠨ ᠡᠰᠢᠲᠦ ᠪᠡᠶᠡᠴᠢ ᠴᠣᠭᠴᠠ ᠵᠢᠨ ᠬᠠᠮᠲᠤ᠎ᠪᠠᠷ ᠣᠷᠤᠯᠴᠠᠬᠤ ᠶᠠᠪᠤᠳᠠᠯ ᠮᠥᠨ ᠭᠡᠳᠡᠭ᠎ᠢ ᠴᠢᠬᠤᠯᠠᠴᠢᠯᠠᠳᠠᠭ 》 ᠭᠡᠵᠡᠢ ᠃
ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠠᠷᠢᠶᠠᠯᠠᠩ ᠪᠠ ᠬᠥᠳᠡᠭᠡ ᠳᠤᠮᠳᠠᠳᠤ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠥᠳᠡᠭᠡ ᠲᠣᠰᠬᠣᠨ᠎ᠤ ᠬᠥᠭᠵᠢᠯᠲᠡ ᠵᠢᠨ ᠰᠤᠳᠤᠯᠬᠤ ᠭᠠᠵᠠᠷ᠎ᠤᠨ ᠳᠠᠷᠤᠭ᠎ᠠ᠂ ᠰᠤᠳᠤᠯᠤᠭᠴᠢ ᠸᠧᠢ ᠾᠧᠦ ᠺᠠᠢ ᠵᠢᠨ ᠦᠵᠡᠬᠦ᠎ᠪᠠᠷ᠂ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠵᠢᠨ ᠰᠠᠭᠤᠷᠢ ᠴᠢᠨᠠᠷᠲᠠᠢ᠂ ᠶᠡᠷᠦᠩᠬᠡᠢ᠌ᠯᠡᠭᠰᠡᠨ ᠴᠢᠨᠠᠷᠲᠠᠢ ᠬᠠᠤᠯᠢ ᠴᠠᠭ᠋ᠠᠵᠠ ᠵᠢᠨ ᠪᠢᠴᠢᠭ ᠮᠠᠲᠧᠷᠢᠶᠠᠯ ᠪᠣᠯᠣᠨ᠎ᠠ᠃ ᠲᠡᠭᠦᠨ᠎ᠢ ᠨᠡᠢ᠌ᠲᠡᠯᠡᠨ ᠬᠡᠷᠡᠭᠵᠢᠭᠦᠯᠬᠦ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠳᠦᠷᠢᠮᠵᠢᠭᠦᠯᠬᠦ ᠂ ᠬᠠᠤᠯᠢᠵᠢᠭᠤᠯᠬᠤ ᠵᠠᠮ᠎ᠳᠤ ᠣᠷᠣᠭᠤᠯᠬᠤ ᠪᠣᠯᠣᠨ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠪᠠᠲᠤ ᠪᠡᠬᠢ ᠬᠠᠤᠯᠢᠵᠢᠯ᠎ᠤᠨ ᠪᠠᠲᠤᠯᠠᠭ᠎ᠠ ᠬᠠᠩᠭ᠋ᠠᠵᠤ᠂ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠤᠷᠳᠤ ᠬᠤᠭᠤᠴᠠᠭ᠋ᠠᠨ᠎ᠤ ᠬᠠᠲᠠᠭᠤᠵᠢᠯᠲᠠᠢ ᠡᠭᠦᠷᠭᠡ ᠪᠣᠯᠣᠨ᠎ᠠ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠪᠠᠷ ᠳᠤᠷᠠᠳᠤᠭᠰᠠᠨ᠎ᠠᠴᠠ ᠨᠠᠰᠢ᠂ ᠤᠯᠤᠰ᠎ᠠᠴᠠ ᠠᠯᠢ ᠤᠯᠠᠨ ᠰᠠᠨᠠᠯ᠂ ᠲᠥᠯᠦᠪᠵᠢᠭᠦᠯᠭᠡ ᠪᠣᠯᠣᠨ ᠲᠦᠷᠦ ᠵᠢᠨ ᠪᠣᠳᠣᠯᠭ᠎ᠠ ᠵᠢ ᠲᠣᠭᠲᠠᠭ᠋ᠠᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠦᠷᠢᠮ᠎ᠤᠨ ᠪᠣᠷᠣ ᠲᠥᠯᠥᠪ ᠪᠣᠯᠣᠨ ᠲᠦᠷᠦ ᠵᠢᠨ ᠪᠣᠳᠣᠯᠭ᠎ᠠ ᠵᠢᠨ ᠰᠢᠰᠲ᠋ᠧᠮ᠎ᠢ ᠦᠨᠳᠦᠰᠦᠨ᠎ᠳᠡᠭᠡᠨ ᠪᠦᠷᠢᠯᠳᠦᠭᠦᠯᠵᠦ᠂ ᠡᠳᠡᠭᠡᠷ ᠳᠦᠷᠢᠮ ᠪᠣᠯᠣᠨ ᠲᠦᠷᠦ ᠵᠢᠨ ᠪᠣᠳᠣᠯᠭ᠎ᠠ ᠵᠢ ᠬᠠᠤᠯᠢ ᠴᠠᠭ᠋ᠠᠵᠠ ᠵᠢᠨ ᠬᠡᠯᠪᠡᠷᠢ᠎ᠪᠠᠷ ᠲᠣᠭᠲᠠᠪᠤᠷᠢᠵᠢᠭᠤᠯᠬᠤ ᠬᠡᠷᠡᠭᠲᠡᠢ》 ᠃
ᠮᠠᠨ᠎ᠤ ᠤᠯᠤᠰ᠎ᠤᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠬᠦᠷᠢᠶᠡᠨ᠎ᠳᠠᠬᠢ ᠶᠡᠷᠦᠩᠬᠡᠢ᠌ᠯᠡᠨ ᠵᠠᠬᠢᠷᠬᠤ ᠴᠢᠨᠠᠷᠲᠠᠢ ᠬᠠᠤᠯᠢ ᠴᠠᠭ᠋ᠠᠵᠠ ᠵᠢᠨ ᠪᠢᠴᠢᠭ ᠮᠠᠲ᠋ᠧᠷᠢᠶᠠᠯ ᠪᠣᠯᠤᠭᠰᠠᠨ᠎ᠤ ᠬᠤᠪᠢ᠎ᠳᠤ᠂ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》᠎ᠨᠢ ᠢᠯᠡ ᠲᠣᠳᠣ ᠣᠨᠴᠠᠯᠢᠭ᠎ᠲᠠᠢ ᠶᠤᠮ ᠄
ᠨᠢᠭᠡ᠎ᠳᠤ ᠰᠠᠭᠤᠷᠢᠯᠠᠬᠤ ᠴᠢᠨᠠᠷ ᠪᠠ ᠶᠡᠷᠦᠩᠬᠡᠢ᠌ᠯᠡᠭᠰᠡᠨ ᠴᠢᠨᠠᠷ᠎ᠢ ᠢᠯᠡᠷᠡᠭᠦᠯᠪᠡ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠳᠦᠷᠢᠮᠵᠢᠭᠦᠯᠬᠦ ᠂ ᠬᠠᠤᠯᠢᠵᠢᠭᠤᠯᠬᠤ ᠵᠠᠮ ᠵᠶ᠋ᠠᠷ ᠵᠠᠮᠨᠠᠭᠤᠯᠬᠤ ᠵᠢ ᠠᠬᠢᠭᠤᠯᠵᠤ᠂ ᠠᠯᠢ ᠤᠯᠠᠨ ᠬᠠᠤᠯᠢ ᠴᠠᠭ᠋ᠠᠵᠠ ᠵᠢᠨ ᠪᠢᠴᠢᠭ ᠮᠠᠲ᠋ᠧᠷᠢᠶᠠᠯ ᠵᠶ᠋ᠠᠷ ᠪᠠᠲᠤᠯᠠᠭ᠎ᠠ ᠪᠣᠯᠭ᠋ᠠᠬᠤ ᠴᠢᠬᠤᠯᠠᠲᠠᠢ᠂ ᠭᠡᠬᠦ᠎ᠳᠤ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠪᠣᠯ ᠶᠡᠷᠦᠩᠬᠡᠢ᠌ᠯᠡᠨ ᠵᠢᠯᠤᠭᠣᠳᠬᠤ ᠦᠢ᠍ᠯᠡᠳᠦᠯ᠎ᠲᠠᠢ ᠰᠠᠭᠤᠷᠢᠯᠠᠬᠤ ᠴᠢᠨᠠᠷᠲᠠᠢ ᠂ ᠶᠡᠷᠦᠩᠬᠡᠢ᠌ᠯᠡᠭᠰᠡᠨ ᠴᠢᠨᠠᠷᠲᠠᠢ ᠬᠠᠤᠯᠢ ᠴᠠᠭ᠋ᠠᠵᠠ ᠪᠣᠯᠣᠨ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ ᠱᠠᠭ᠋ᠠᠷᠳᠠᠯᠭ᠎ᠠ᠂ ᠵᠠᠷᠴᠢᠮ᠂ ᠴᠢᠭᠯᠡᠯᠲᠡ᠂ ᠭᠣᠣᠯ ᠠᠭᠤᠯᠭ᠎ᠠ ᠪᠣᠯᠣᠨ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ᠎ᠳᠤ ᠭᠣᠣᠯᠳᠠᠯᠭ᠎ᠠ᠎ᠲᠠᠢ ᠳᠦᠷᠢᠮ᠎ᠤᠨ ᠴᠢᠨᠠᠷᠲᠠᠢ ᠲᠣᠬᠢᠷᠠᠭᠤᠯᠤᠯᠲᠠ ᠬᠢᠬᠦ ᠬᠡᠷᠡᠭᠲᠡᠢ ᠂ ᠲᠡᠷᠡ᠎ᠨᠢ ᠲᠠᠷᠢᠶᠠᠯᠠᠩ᠎ᠳᠤ ᠬᠣᠯᠪᠣᠭᠳᠠᠬᠤ ᠪᠤᠰᠤᠳ ᠬᠠᠤᠯᠢ ᠴᠠᠭ᠋ᠠᠵᠠ ᠵᠢ ᠣᠷᠣᠯᠠᠬᠤ ᠪᠢᠰᠢ᠂ ᠠᠯᠢ ᠴᠢᠳᠠᠬᠤ᠎ᠪᠠᠷ ᠳᠠᠪᠬᠤᠷᠳᠠᠭᠤᠯᠬᠤ ᠦᠭᠡᠢ ᠪᠠᠢ᠌ᠬᠤ ᠬᠡᠷᠡᠭᠲᠡᠢ᠃ ᠬᠣᠶᠠᠷ᠎ᠲᠤ ᠴᠢᠬᠤᠯᠠ ᠶᠡᠬᠡ ᠴᠢᠭᠯᠡᠯᠲᠡ ᠲᠦᠷᠦ ᠵᠢᠨ ᠪᠣᠳᠣᠯᠭ᠎ᠠ ᠵᠢ ᠬᠠᠤᠯᠢ ᠴᠠᠭ᠋ᠠᠵᠠ᠎ᠪᠠᠷ ᠲᠣᠭᠲᠠᠪᠤᠷᠢᠵᠢᠭᠤᠯᠤᠨ᠎ᠠ ᠃ ᠣᠢ᠌ᠷ᠎ᠠ ᠵᠢᠨ ᠵᠢᠯ᠎ᠠᠴᠠ᠂ ᠲᠥᠪ᠎ᠠᠴᠠ ᠠᠯᠢ ᠤᠯᠠᠨ ᠴᠢᠭᠯᠡᠯᠲᠡ ᠲᠦᠷᠦ ᠵᠢᠨ ᠪᠣᠳᠣᠯᠭ᠎ᠠ ᠵᠢ ᠳᠤᠷᠠᠳᠴᠠᠢ᠂ ᠵᠢᠱ᠌ᠢᠶᠡᠯᠡᠪᠡᠯ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠮ ᠵᠶ᠋ᠠᠷ ᠵᠠᠮᠨᠠᠬᠤ ᠵᠢ ᠪᠠᠷᠢᠮᠲᠠᠯᠠᠬᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠢ ᠤᠷᠢᠳᠠᠪᠠᠷ ᠬᠥᠭᠵᠢᠭᠦᠯᠬᠦ ᠵᠢ ᠪᠠᠷᠢᠮᠲᠠᠯᠠᠬᠤ᠂ ᠲᠠᠷᠢᠶᠠᠴᠢᠨ᠎ᠤ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠬᠤ᠂ ᠠᠮᠤ ᠪᠤᠳᠠᠭ᠎ᠠ ᠵᠢ ᠭᠠᠵᠠᠷ ᠰᠢᠷᠣᠢ᠎ᠳᠤ ᠬᠠᠳᠠᠭ᠋ᠠᠯᠠᠬᠤ᠂ ᠠᠮᠤ ᠪᠤᠳᠠᠭ᠎ᠠ ᠵᠢ ᠮᠡᠷᠭᠡᠵᠢᠯ᠎ᠳᠤ ᠬᠠᠳᠠᠭ᠋ᠠᠯᠠᠬᠤ ᠵᠢ ᠪᠠᠷᠢᠮᠲᠠᠯᠠᠬᠤ ᠵᠡᠷᠭᠡ ᠴᠢᠭᠯᠡᠯᠲᠡ ᠲᠦᠷᠦ ᠵᠢᠨ ᠪᠣᠳᠣᠯᠭ᠎ᠠ ᠵᠢ ᠳᠤᠷᠠᠳᠴᠠᠢ ᠂ ᠡᠳᠡᠭᠡᠷ ᠴᠢᠭᠯᠡᠯᠲᠡ ᠲᠦᠷᠦ ᠵᠢᠨ ᠪᠣᠳᠣᠯᠭ᠎ᠠ ᠵᠢ ᠬᠠᠤᠯᠢ ᠴᠠᠭ᠋ᠠᠵᠠ ᠵᠢᠨ ᠬᠡᠯᠪᠡᠷᠢ᠎ᠪᠠᠷ ᠲᠣᠭᠲᠠᠪᠤᠷᠢᠵᠢᠭᠤᠯᠬᠤ᠎ᠨᠢ ᠲᠡᠭᠦᠨ᠎ᠤ ᠪᠦᠲᠦᠮᠵᠢᠲᠡᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠳᠤ ᠠᠰᠢᠭᠲᠠᠢ ᠶᠤᠮ᠃ ᠭᠤᠷᠪᠠ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠴᠢᠬᠤᠯᠠᠴᠢᠯᠠᠨ᠎ᠠ ᠃ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠨᠢ ᠬᠠᠤᠯᠢ ᠴᠠᠭ᠋ᠠᠵᠠ ᠵᠢᠨ ᠲᠠᠯ᠎ᠠ᠎ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠭᠤᠯᠤᠮᠵᠢ ᠲᠣᠭᠲᠠᠴᠠ᠎ᠳᠤ ᠪᠦᠬᠦ ᠲᠠᠯ᠎ᠠ ᠵᠢᠨ ᠳᠦᠷᠢᠮ᠎ᠤᠨ ᠲᠣᠬᠢᠷᠠᠭᠤᠯᠤᠯᠲᠠ ᠬᠢᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠬᠢᠨᠠᠨ ᠰᠢᠯᠭ᠋ᠠᠵᠤ ᠦᠨᠡᠯᠡᠬᠦ ᠳᠦᠷᠢᠮ᠂ ᠠᠵᠢᠯ᠎ᠤᠨ ᠣᠨ᠎ᠤ ᠮᠡᠳᠡᠭᠦᠯᠦᠯᠲᠡ ᠵᠢᠨ ᠳᠦᠷᠢᠮ ᠪᠠ ᠬᠢᠨᠠᠯᠲᠠ ᠲᠠᠯᠪᠢᠵᠤ ᠪᠠᠢ᠌ᠴᠠᠭ᠋ᠠᠬᠤ ᠳᠦᠷᠢᠮ᠎ᠢ ᠪᠠᠶ᠋ᠢᠭᠤᠯᠬᠤ ᠵᠢ ᠲᠣᠳᠣᠷᠬᠠᠢ ᠳᠤᠷᠠᠳᠴᠤ᠂ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠳᠦᠷᠢᠮ᠎ᠢ ᠬᠡᠷᠡᠭᠵᠢᠭᠦᠯᠵᠦ ᠂ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠪᠠᠲᠤᠯᠠᠭ᠎ᠠ ᠵᠢᠨ ᠳᠦᠷᠢᠮ᠎ᠢ ᠬᠡᠷᠡᠭᠵᠢᠭᠦᠯᠵᠦ᠂ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠠᠮᠲᠤᠯᠢᠭ᠎ᠤᠨ ᠠᠮᠤᠷ ᠲᠦᠪᠰᠢᠨ ᠣᠷᠣᠨ ᠰᠠᠭᠤᠴᠠ ᠵᠢᠨ ᠪᠠᠲᠤᠯᠠᠭ᠎ᠠ ᠵᠢᠨ ᠲᠣᠭᠲᠠᠴᠠ ᠵᠢ ᠪᠠᠢ᠌ᠭᠤᠯᠵᠤ᠂ ᠲᠠᠷᠢᠶᠠᠴᠢᠳ᠎ᠤᠨ ᠣᠷᠣᠯᠭ᠎ᠠ ᠵᠢᠨ ᠲᠣᠭᠲᠠᠭᠤᠨ ᠵᠶ᠋ᠠᠷ ᠲᠣᠰ ᠬᠠᠥᠯᠢ᠎ᠳᠤ 《ᠳᠦᠷᠢᠮ》 17᠂ 《ᠲᠣᠭᠲᠠᠴᠠ》 31 ᠪᠣᠶ᠂ ᠡᠭᠦᠨ᠎ᠠᠴᠠ ᠲᠣᠰ ᠬᠠᠥᠯᠢ ᠳᠦᠷᠢᠮ ᠪᠠ ᠪᠠᠢ᠌ᠭᠤᠯᠤᠯ ᠲᠣᠭᠲᠠᠴᠠ ᠵᠢᠨ ᠪᠠᠢ᠌ᠭᠤᠯᠤᠯᠲᠠ ᠵᠢ ᠮᠠᠰᠢ ᠴᠢᠬᠤᠯᠠᠴᠢᠯᠠᠵᠤ ᠪᠠᠢ᠌ᠬᠤ ᠵᠢ ᠮᠡᠳᠡᠵᠦ ᠪᠣᠯᠣᠨ᠎ᠠ ᠃
《ᠠᠬᠢᠭᠤᠯᠬᠤ ᠬᠠᠥᠯᠢ ᠪᠣᠯᠤᠭᠰᠠᠨ᠎ᠤ ᠬᠤᠪᠢ᠎ᠳᠤ ᠲᠡᠭᠦᠨ᠎ᠤ ᠭᠤᠤᠯᠳᠠᠯᠠᠭ᠎ᠠ᠎ᠨᠢ ᠠᠬᠢᠭᠤᠯᠬᠤ᠎ᠳᠤ ᠪᠠᠢ᠌ᠬᠤ᠎ᠨᠢ ᠮᠠᠰᠢ ᠢᠯᠡᠷᠬᠡᠢ ᠶᠤᠮ᠂ ᠲᠠᠷᠢᠶᠠᠯᠠᠩ᠎ᠳᠤ ᠬᠣᠯᠪᠣᠭᠳᠠᠬᠤ ᠪᠤᠰᠤᠳ ᠬᠠᠥᠯᠢ ᠴᠠᠭ᠋ᠠᠵᠠ᠎ᠲᠠᠢ ᠠᠳᠠᠯᠢ ᠦᠭᠡᠢ᠎ᠨᠢ ᠭᠡᠪᠡᠯ᠂ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠥᠯᠢ》᠎ᠳᠤ ᠶᠠᠭᠤ ᠵᠢ ᠠᠬᠢᠭᠤᠯᠬᠤ᠂ ᠬᠡᠨ ᠠᠬᠢᠭᠤᠯᠬᠤ᠂ ᠬᠡᠷᠬᠢᠨ ᠠᠬᠢᠭᠤᠯᠬᠤ ᠵᠡᠷᠭᠡ ᠵᠠᠩᠭᠢᠯᠠᠭ᠎ᠠ ᠵᠢᠨ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠᠲᠠᠢ ᠪᠠᠢ᠌ᠨ᠎ᠠ》 ᠭᠡᠵᠡᠢ ᠃ ᠸᠧᠢ ᠾᠧᠦ ᠺᠠᠢ ᠵᠢᠭ᠋ᠠᠵᠤ ᠭᠠᠷᠭ᠋ᠠᠭᠰᠠᠨ᠎ᠨᠢ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠪᠠ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠪᠣᠯ ᠶᠠᠭᠤ ᠵᠢ ᠠᠬᠢᠭᠤᠯᠬᠤ ᠲᠠᠯ᠎ᠠ᠎ᠪᠠᠷ ᠭᠤᠤᠯᠳᠠᠯᠠᠭ᠎ᠠ ᠪᠣᠯᠬᠤ ᠪᠣᠶ᠂ ᠡᠢ᠌ᠮᠦ᠎ᠠᠴᠠ ᠲᠣᠰ ᠬᠠᠥᠯᠢ᠎ᠳᠤ 《ᠲᠠᠪᠤᠨ》᠎ᠢ ᠬᠥᠭᠵᠢᠭᠦᠯᠦᠨ ᠮᠠᠨᠳᠤᠭᠤᠯᠬᠤ ᠶᠣᠰᠣᠭ᠋ᠠᠷ ᠵᠢᠷᠭᠤᠭ᠋ᠠᠨ ᠪᠦᠯᠦᠭ ᠬᠤᠪᠢᠶᠠᠵᠤ ᠠᠵᠤ ᠦᠢ᠍ᠯᠡᠰ᠎ᠤᠨ ᠬᠥᠭᠵᠢᠯᠲᠡ᠂ ᠴᠢᠳᠠᠪᠤᠷᠢᠲᠠᠨ᠎ᠤ ᠲᠤᠯᠭ᠋ᠠᠭᠤᠷᠢᠯᠠᠯ᠂ ᠰᠣᠶᠣᠯ᠎ᠤᠨ ᠴᠡᠴᠡᠭᠯᠡᠯᠲᠡ᠂ ᠠᠮᠢ ᠠᠬᠤᠢ ᠵᠢᠨ ᠬᠠᠮᠠᠭ᠋ᠠᠯᠠᠯᠲᠠ᠂ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠪᠠ ᠬᠣᠲᠠ ᠬᠥᠳᠡᠭᠡ ᠵᠢᠨ ᠠᠭᠤᠰᠤᠯᠴᠠᠯ ᠵᠡᠷᠭᠡ ᠠᠭᠤᠯᠭ᠎ᠠ ᠵᠢ ᠲᠣᠳᠣᠷᠬᠠᠢ᠌ᠯᠠᠨ ᠥᠭᠦᠯᠡᠭᠰᠡᠨ ᠪᠠᠢ᠌ᠨ᠎ᠠ᠃
ᠬᠡᠨ ᠠᠬᠢᠭᠤᠯᠬᠤ ᠪᠤᠢ? ᠲᠣᠰ ᠬᠠᠥᠯᠢ᠎ᠳᠤ ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠶ᠎ᠠ ᠰᠠᠯᠠᠭ᠎ᠠ ᠮᠥᠴᠢᠷ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠳᠤᠮᠳᠠᠬᠢ ᠦᠢ᠍ᠯᠡᠳᠦᠯ ᠪᠠ ᠬᠠᠷᠢᠭᠤᠴᠠᠯᠭ᠎ᠠ ᠵᠢ ᠣᠨᠴᠠᠭ᠋ᠠᠢ᠌ᠯᠠᠨ ᠴᠢᠬᠤᠯᠠᠴᠢᠯᠠᠵᠤ᠂ ᠲᠥᠪ᠎ᠠᠴᠠ ᠨᠢᠭᠡᠳᠦᠯᠲᠡᠢ ᠲᠥᠯᠥᠪᠯᠡᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠣᠲᠠ ᠰᠢᠶᠠᠨ ᠰᠢᠶᠠᠩ ᠠᠴᠠ ᠨᠠᠢ᠌ᠳᠠᠪᠤᠷᠢᠵᠢᠭᠤᠯᠤᠯᠲᠠ ᠵᠢ ᠠᠳᠬᠤᠬᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠵᠢ ᠲᠣᠳᠣᠷᠬᠠᠢ ᠳᠤᠷᠠᠳᠤᠨ ᠭᠠᠷᠭ᠋ᠠᠭᠰᠠᠨ᠎ᠤ ᠬᠠᠮᠲᠤ ᠠᠷᠠᠳ᠎ᠤᠨ ᠪᠦᠯᠬᠦᠮ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠡᠷᠭᠡ ᠨᠡᠢ᠌ᠭᠡᠮ᠎ᠤᠨ ᠡᠯ᠎ᠡ ᠲᠠᠯ᠎ᠠ ᠵᠢᠨ᠎ᠬᠢᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠮᠢᠶ᠎ᠠ ᠪᠦᠬᠦᠢ ᠠᠵᠢᠯᠯᠠᠭ᠎ᠠ᠎ᠳᠤ ᠣᠷᠤᠯᠴᠠᠬᠤ ᠵᠢ ᠵᠣᠷᠢᠭᠵᠢᠭᠤᠯᠤᠨ ᠳᠡᠮᠵᠢᠨ᠎ᠡ ᠃
ᠬᠡᠷᠬᠢᠨ ᠠᠬᠢᠭᠤᠯᠬᠤ ᠪᠤᠢ? ᠲᠣᠰ ᠬᠠᠥᠯᠢ᠎ᠨᠢ ᠬᠠᠥᠯᠢ ᠴᠠᠭ᠋ᠠᠵᠠ ᠵᠢᠨ ᠲᠠᠯ᠎ᠠ ᠠᠴᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠠᠷᠭ᠎ᠠ ᠵᠠᠮ᠂ ᠪᠠᠢ᠌ᠭᠤᠯᠤᠯ ᠲᠣᠭᠲᠠᠴᠠ ᠪᠠ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠳᠣᠷᠬᠠᠢ ᠲᠣᠭᠲᠠᠭ᠋ᠠᠵᠠᠢ ᠃
ᠬᠡᠯᠡᠯᠭᠡᠨ ᠦᠭᠡᠢ《ᠠᠬᠢᠭᠤᠯᠬᠤ》 ᠭᠡᠳᠡᠭ ᠦᠭᠡ ᠵᠢ ᠰᠢᠨᠵᠢᠯᠡᠬᠦ ᠤᠬᠠᠭ᠋ᠠᠨᠴᠢ᠎ᠪᠠᠷ ᠪᠦᠬᠦ ᠲᠠᠯ᠎ᠠ᠎ᠪᠠᠷ ᠣᠢ᠌ᠯᠠᠭ᠋ᠠᠬᠤ ᠬᠡᠷᠡᠭᠲᠡᠢ᠃ ᠵᠥᠪᠬᠡᠨ ᠵᠣᠷᠢᠭᠵᠢᠭᠤᠯᠬᠤ ᠪᠠ ᠤᠷᠮᠠᠰᠢᠭᠤᠯᠬᠤ ᠲᠡᠳᠦᠢ ᠪᠢᠰᠢ᠂ ᠪᠠᠰᠠ ᠵᠣᠬᠢᠬᠤ ᠬᠢᠵᠠᠭ᠋ᠠᠷᠯᠠᠬᠤ ᠪᠠ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠴᠤ᠂ ᠡᠯ᠎ᠡ ᠭᠣᠣᠯ ᠴᠣᠭᠴᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠵᠢᠷᠤᠮᠵᠢᠭᠤᠯᠬᠤ ᠬᠡᠷᠡᠭᠲᠡᠢ᠃ ᠲᠣᠰ ᠬᠠᠥᠯᠢ᠎ᠳᠤ 《ᠬᠠᠥᠯᠢ ᠵᠢ ᠵᠥᠷᠢᠴᠡᠨ ᠲᠠᠷᠢᠶᠠᠨ ᠭᠠᠵᠠᠷ᠎ᠢ ᠡᠵᠡᠯᠡᠨ ᠭᠡᠷ ᠪᠠᠷᠢᠬᠤ ᠵᠢ ᠴᠢᠩᠭ᠎ᠠ ᠴᠠᠭ᠋ᠠᠵᠠᠯᠠᠨ᠎ᠠ》 《ᠭᠠᠵᠠᠷ ᠰᠢᠷᠣᠢ ᠳᠠᠭ᠋ᠠᠭ᠋ᠠᠴᠢᠯᠠᠨ ᠡᠵᠡᠩᠨᠡᠬᠦ ᠡᠷᠬᠡ᠂ ᠣᠷᠣᠨ ᠰᠠᠭᠤᠴᠠ ᠵᠢᠨ ᠭᠠᠵᠠᠷ᠎ᠢ ᠬᠡᠷᠡᠭᠯᠡᠬᠦ ᠡᠷᠬᠡ᠂ ᠬᠠᠮᠲᠤ ᠵᠢᠨ ᠠᠰᠢᠭ ᠣᠷᠣᠯᠭ᠎ᠠ ᠵᠢ ᠬᠤᠪᠢᠶᠠᠷᠢᠯᠠᠬᠤ ᠡᠷᠬᠡ᠎ᠠᠴᠠ ᠤᠬᠤᠷᠢᠨ ᠭᠠᠷᠬᠤ ᠵᠡᠷᠭᠡ᠎ᠪᠠᠷ ᠲᠠᠷᠢᠶᠠᠴᠢᠳ᠎ᠤᠨ ᠬᠣᠲᠠ᠎ᠳᠤ ᠡᠷᠦᠬᠡ ᠠᠮᠠ ᠣᠷᠣᠬᠤ ᠵᠢᠨ ᠨᠥᠬᠥᠴᠡᠯ ᠪᠣᠯᠭ᠋ᠠᠵᠤ ᠪᠣᠯᠬᠤ ᠦᠭᠡᠢ》 《ᠲᠠᠷᠢᠶᠠᠴᠢᠳ᠎ᠤᠨ ᠬᠦᠰᠡᠯ ᠰᠠᠨᠠᠭ᠎ᠠ᠎ᠠᠴᠠ ᠵᠥᠷᠢᠴᠡᠵᠦ᠂ ᠬᠠᠥᠯᠢ᠎ᠳᠤ ᠲᠣᠭᠲᠠᠭ᠋ᠠᠭᠰᠠᠨ ᠵᠢᠷᠤᠮ᠎ᠢ ᠵᠥᠷᠢᠴᠡᠨ ᠠᠢ᠌ᠯ ᠲᠣᠰᠬᠣᠨ᠎ᠢ ᠬᠠᠰᠤᠵᠤ ᠨᠡᠶ᠋ᠢᠯᠡᠭᠦᠯᠬᠦ ᠵᠢ ᠴᠢᠩᠭ᠎ᠠ ᠴᠠᠭ᠋ᠠᠵᠠᠯᠠᠨ᠎ᠠ》 ᠭᠡᠵᠦ ᠲᠣᠳᠣᠷᠬᠠᠢ ᠲᠣᠭᠲᠠᠭ᠋ᠠᠵᠠᠢ ᠃
ᠦᠨᠡᠨ᠎ᠢ ᠪᠠᠷᠢᠮᠲᠠᠯᠠᠵᠤ ᠪᠣᠳᠠᠲᠠᠢ ᠵᠢ ᠪᠠᠷᠢᠮᠲᠠᠯᠠᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠤᠨ᠎ᠠ
ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠴᠢᠳᠠᠪᠤᠷᠢᠲᠠᠨ᠎ᠠᠴᠠ ᠰᠠᠯᠵᠤ ᠴᠢᠳᠠᠬᠤ ᠦᠭᠡᠢ᠂ ᠢᠯᠠᠩᠭᠤᠶ᠎ᠠ ᠦᠨᠳᠦᠰᠦᠨ ᠱᠠᠲᠤᠨ᠎ᠤ ᠲᠣᠰᠬᠣᠨ᠎ᠤ ᠺᠠᠳ᠋ᠷ᠎ᠤᠨ ᠳᠠᠭ᠋ᠠᠭᠤᠯᠤᠭᠴᠢ᠎ᠠᠴᠠ ᠰᠠᠯᠵᠤ ᠴᠢᠳᠠᠬᠤ ᠦᠭᠡᠢ ᠶᠤᠮ᠂ ᠤᠳᠤ ᠨᠠᠰᠤᠵᠢᠬᠤ᠂ ᠬᠢᠬᠦ ᠳᠤᠷᠠᠲᠠᠢ ᠬᠥᠮᠥᠨ ᠪᠠᠢ᠌ᠬᠤ ᠦᠭᠡᠢ ᠪᠠᠢ᠌ᠳᠠᠯ᠎ᠳᠤ ᠲᠤᠯᠭ᠋ᠠᠷᠠᠵᠤ ᠪᠠᠢ᠌ᠨ᠎ᠠ ᠃ ᠯᠠᠨ ᠬᠠᠢ ᠲᠤᠸ᠋ ᠵᠢᠨ ᠦᠵᠡᠬᠦ᠎ᠪᠠᠷ᠂ ᠡᠭᠦᠨ᠎ᠤ ᠭᠣᠣᠯ ᠰᠢᠯᠲᠠᠭ᠋ᠠᠨ᠎ᠨᠢ ᠭᠠᠴᠠᠭ᠋ᠠᠨ᠎ᠤ ᠺᠠᠳ᠋ᠷᠴᠤᠳ᠎ᠤᠨ ᠨᠡᠢ᠌ᠭᠡᠮ᠎ᠤᠨ ᠪᠠᠲᠤᠯᠠᠭ᠎ᠠ ᠵᠢᠨ ᠲᠣᠭᠲᠠᠴᠠ ᠲᠡᠭᠦᠯᠳᠡᠷ ᠪᠤᠰᠤ ᠂ ᠴᠠᠯᠢᠩ ᠣᠯᠭᠣᠮᠵᠢ ᠳᠣᠣᠷ᠎ᠠ ᠂ ᠲᠠᠲᠠᠬᠤ ᠬᠦᠴᠦᠨ ᠵᠶ᠋ᠡᠷ ᠳᠤᠲᠠᠮᠠᠭ ᠪᠠᠢ᠌ᠬᠤ ᠵᠡᠷᠭᠡ᠎ᠠᠴᠠ ᠪᠣᠯᠵᠠᠢ᠃ ᠢᠷᠡᠭᠡᠳᠦᠢ᠎ᠳᠤ᠂ ᠭᠠᠴᠠᠭ᠋ᠠᠨ᠎ᠤ ᠺᠠᠳ᠋ᠷᠴᠤᠳ᠎ᠤᠨ ᠬᠠᠮᠲᠤᠯᠢᠭ᠎ᠨᠢ ᠬᠣᠲᠠ ᠵᠢᠨ ᠨᠡᠢ᠌ᠭᠡᠮ ᠲᠣᠭᠣᠷᠢᠭ᠎ᠤᠨ ᠠᠵᠢᠯᠲᠠᠨ᠎ᠲᠠᠢ ᠠᠳᠠᠯᠢ᠎ᠪᠠᠷ ᠡᠢ᠌ᠮᠦᠷᠬᠦ ᠬᠠᠷᠠᠭ᠋ᠠᠯᠵᠠᠯ᠎ᠢ ᠬᠦᠷᠲᠡᠵᠦ ᠴᠢᠳᠠᠬᠤ ᠡᠰᠡᠬᠦ ᠵᠢ ᠤᠯᠠᠮ ᠨᠢᠭᠡ ᠠᠯᠬᠤᠮ ᠰᠤᠳᠤᠯᠤᠨ ᠶᠠᠷᠢᠯᠴᠠᠬᠤ ᠴᠢᠬᠤᠯᠠᠲᠠᠢ ᠪᠠᠢ᠌ᠨ᠎ᠠ᠂ 《ᠭᠠᠴᠠᠭ᠋ᠠᠨ᠎ᠤ ᠠᠷᠠᠳ᠎ᠤᠨ ᠵᠥᠪᠯᠡᠯ᠎ᠨᠢ ᠬᠡᠳᠦᠢ᠌ᠪᠡᠷ ᠣᠯᠠᠨ ᠲᠦᠮᠡᠨᠴᠢ ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠪᠣᠯᠬᠤ ᠪᠣᠯᠪᠠᠴᠤ ᠠᠵᠢᠯᠯᠠᠭ᠋ᠠᠨ᠎ᠤ ᠵᠠᠷᠤᠳᠠᠯ᠎ᠢ ᠡᠳ᠋᠎ᠤᠨ ᠵᠠᠰᠠᠭ᠎ᠠᠴᠠ ᠨᠢᠭᠡᠳᠦᠯᠲᠡᠢ ᠪᠠᠲᠤᠯᠠᠬᠤ ᠬᠡᠷᠡᠭᠲᠡᠢ᠂ ᠡᠨᠡ᠎ᠨᠢ ᠮᠥᠨ ᠴᠦ᠍ ᠮᠠᠨ᠎ᠤ ᠤᠯᠤᠰ᠎ᠤᠨ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠴᠢᠭᠯᠡᠯ ᠪᠣᠯᠣᠨ᠎ᠠ᠂ ᠵᠢᠱ᠌ᠢᠶᠡᠯᠡᠪᠡᠯ ᠺᠣᠷᠢᠶᠠ ᠵᠢᠨ ᠭᠠᠴᠠᠭ᠋ᠠᠨ᠎ᠤ ᠲᠣᠰᠬᠣᠨ᠎ᠤ ᠥᠪᠡᠷᠲᠡᠭᠡᠨ ᠵᠠᠰᠠᠬᠤ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠵᠠᠷᠤᠳᠠᠯ᠎ᠢ ᠲᠣᠰ ᠤᠯᠤᠰ᠎ᠤᠨ ᠡᠳ᠋᠎ᠤᠨ ᠵᠠᠰᠠᠭ᠎ᠠᠴᠠ ᠪᠠᠲᠤᠯᠠᠨ᠎ᠠ》 ᠃
ᠠᠮᠢ ᠠᠬᠤᠢ ᠵᠢᠨ ᠬᠠᠮᠠᠭ᠋ᠠᠯᠠᠯᠲᠠ ᠵᠢᠨ ᠲᠠᠯ᠎ᠠ᠎ᠪᠠᠷ᠂ ᠬᠥᠳᠡᠭᠡ ᠲᠣᠰᠬᠣᠨ᠎ᠤ ᠳᠦᠷᠰᠦ ᠪᠠᠢ᠌ᠳᠠᠯ ᠬᠡᠳᠦᠢ᠌ᠪᠡᠷ ᠲᠡᠭᠷᠢ ᠭᠠᠵᠠᠷ᠎ᠢ ᠳᠣᠩᠰᠣᠯᠭ᠋ᠠᠮ᠎ᠠ ᠬᠤᠪᠢᠷᠠᠯᠲᠠ ᠭᠠᠷᠤᠭᠰᠠᠨ ᠪᠣᠯᠪᠠᠴᠤ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠳᠠᠬᠢ ᠪᠣᠬᠢᠷ ᠤᠰᠤ ᠪᠣᠯᠣᠨ ᠬᠣᠭ ᠨᠣᠪᠰᠢ ᠵᠢ ᠰᠢᠢ᠍ᠳᠪᠦᠷᠢᠯᠡᠬᠦ ᠵᠡᠷᠭᠡ ᠠᠰᠠᠭᠤᠳᠠᠯ᠎ᠨᠢ ᠬᠤᠳᠠ ᠵᠢᠨ᠎ᠬᠢ᠎ᠲᠠᠢ ᠨᠡᠯᠢᠶᠡᠳ ᠶᠡᠬᠡ ᠵᠥᠷᠢᠶ᠎ᠡ᠎ᠲᠠᠢ ᠪᠠᠢ᠌ᠵᠤ᠂ ᠲᠤᠯᠭ᠋ᠠᠷᠠᠵᠤ ᠪᠠᠢ᠌ᠭ᠎ᠠ ᠬᠠᠮᠤᠭ᠎ᠤᠨ ᠶᠡᠬᠡ ᠠᠰᠠᠭᠤᠳᠠᠯ ᠪᠣᠯ ᠪᠡᠯᠡ ᠮᠥᠩᠭᠥᠨ᠎ᠤ ᠢᠷᠡᠯᠲᠡ ᠪᠣᠯᠣᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ᠎ᠪᠠᠷ ᠳᠤᠲᠠᠮᠠᠭ ᠪᠠᠢ᠌ᠬᠤ ᠶᠠᠪᠤᠳᠠᠯ ᠪᠣᠯᠣᠨ᠎ᠠ; ᠬᠣᠲᠠ ᠬᠥᠳᠡᠭᠡ ᠵᠢ ᠠᠭᠤᠰᠤᠯᠴᠠᠭᠤᠯᠬᠤ ᠲᠠᠯ᠎ᠠ᠎ᠪᠠᠷ ᠂ ᠭᠣᠣᠯ ᠠᠰᠠᠭᠤᠳᠠᠯ ᠪᠣᠯ ᠭᠠᠵᠠᠷ ᠰᠢᠷᠣᠢ ᠵᠢ ᠠᠭᠤᠰᠤᠯᠴᠠᠭᠤᠯᠬᠤ ᠦᠭᠡᠢ᠂ ᠢᠯᠠᠩᠭᠤᠶ᠎ᠠ ᠬᠥᠳᠡᠭᠡ ᠲᠣᠰᠬᠣᠨ᠎ᠤ ᠣᠷᠣᠨ ᠰᠠᠭᠤᠴᠠ ᠵᠢᠨ ᠭᠠᠵᠠᠷ᠎ᠢ ᠬᠡᠷᠬᠢᠨ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ᠂ ᠬᠤᠪᠢᠶᠠᠷᠢᠯᠠᠬᠤ ᠪᠠ ᠡᠷᠭᠢᠯᠲᠡ᠎ᠳᠤ ᠣᠷᠣᠭᠤᠯᠬᠤ ᠠᠰᠠᠭᠤᠳᠠᠯ ᠪᠣᠯᠣᠨ᠎ᠠ᠂ ᠣᠳᠣᠬᠠᠨ᠎ᠳᠤ ᠬᠠᠢ᠌ᠨ ᠰᠦᠪᠡᠭᠴᠢᠯᠡᠵᠦ ᠳᠡᠢ᠌ᠯᠦᠭᠡᠳᠦᠢ ᠂ ᠪᠦᠬᠦᠢ᠌ᠯᠡ ᠭᠠᠵᠠᠷ ᠰᠢᠷᠣᠢ ᠵᠢᠨ ᠳᠦᠷᠢᠮ᠎ᠤᠨ ᠰᠢᠨ᠎ᠡ ᠵᠢ ᠡᠭᠦᠳᠬᠦ᠎ᠳᠤ ᠵᠣᠬᠢᠬᠤ ᠬᠡᠮᠵᠢᠶᠡᠨ᠎ᠤ ᠬᠠᠷᠰᠢ ᠰᠠᠭ᠋ᠠᠳ ᠲᠤᠯᠭ᠋ᠠᠷᠠᠵᠤ ᠪᠠᠢ᠌ᠨ᠎ᠠ ᠃
ᠲᠡᠷᠡ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠥᠯᠢ》 ᠵᠢᠨ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠬᠤ ᠬᠡᠷᠡᠭᠲᠡᠢ ᠭᠡᠵᠦ ᠰᠠᠨᠠᠭᠤᠯᠵᠠᠢ ᠃ ᠬᠡᠷᠡᠭ ᠵᠶ᠋ᠡᠷ ᠬᠠᠤᠯᠢ ᠳᠦᠷᠢᠮ᠎ᠢ ᠬᠡᠷᠡᠭᠵᠢᠭᠦᠯᠵᠦ᠂ ᠤᠬᠠᠭᠤᠯᠭ᠎ᠠ ᠵᠢ ᠴᠢᠩᠭ᠋ᠠᠳᠬᠠᠵᠤ᠂ ᠵᠠᠯᠬᠠᠭ᠋ᠠᠨ ᠰᠢᠳᠬᠡᠬᠦ ᠪᠠ ᠬᠥᠬᠢᠭᠦᠯᠦᠨ ᠰᠠᠢ᠌ᠰᠢᠶᠠᠬᠤ᠎ᠳᠤ ᠲᠣᠭᠲᠠᠴᠠ ᠪᠦᠷᠢᠯᠳᠦᠭᠦᠯᠬᠦ ᠬᠡᠷᠡᠭᠲᠡᠢ᠂ ᠡᠳᠡᠭᠡᠷ᠎ᠨᠢ ᠴᠥᠮ 《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ》 ᠳᠤ ᠬᠣᠯᠪᠣᠭᠳᠠᠭᠰᠠᠨ ᠠᠭᠤᠯᠭ᠎ᠠ ᠪᠣᠯᠣᠨ᠎ᠠ ᠃
《 ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ᠂ ᠬᠥᠳᠡᠭᠡ ᠲᠣᠰᠬᠣᠨ᠎ᠤ ᠠᠮᠢ ᠠᠬᠤᠢ ᠵᠢᠨ ᠣᠷᠴᠢᠨ ᠲᠣᠭᠣᠷᠢᠨ᠂ ᠬᠥᠳᠡᠭᠡ ᠲᠣᠰᠬᠣᠨ᠎ᠤ ᠦᠨᠳᠦᠰᠦᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠭᠤᠷᠪᠠᠨ ᠲᠠᠯ᠎ᠠ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠦᠬᠦ ᠲᠠᠯ᠎ᠠ ᠵᠢᠨ ᠰᠢᠪᠲᠤᠯᠤᠯᠲᠠ ᠵᠢ ᠠᠬᠢᠭᠤᠯᠬᠤ ᠬᠡᠷᠡᠭᠲᠡᠢ》 ᠭᠡᠵᠦ ᠷᠧᠨ ᠳ᠋ᠡ ᠹᠧᠩ 《ᠳᠤᠮᠳᠠᠳᠤ ᠤᠯᠤᠰ᠎ᠤᠨ ᠬᠥᠭᠵᠢᠯᠲᠡ ᠵᠢᠨ ᠠᠵᠢᠭᠯᠠᠯᠲᠠ 》ᠰᠡᠳᠬᠦᠯ᠎ᠤᠨ ᠰᠤᠷᠪᠤᠯᠵᠢᠯᠠᠭᠴᠢ᠎ᠳᠤ ᠢᠯᠡᠳᠬᠡᠪᠡ ᠃
ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠠᠯ᠎ᠠ᠎ᠠᠴᠠ ᠦᠵᠡᠪᠡᠯ ᠂ ᠤᠷᠲᠤ ᠬᠤᠭᠤᠴᠠᠭ᠋ᠠᠨ᠎ᠤ ᠲᠤᠷᠰᠢ ᠂ ᠨᠠᠷᠢᠨ ᠪᠤᠳᠤᠯᠢᠶᠠᠨᠲᠠᠢ ᠲᠡᠦᠬᠡ ᠵᠢᠨ ᠰᠢᠯᠲᠠᠭ᠋ᠠᠨ᠎ᠠᠴᠠ ᠪᠣᠯᠵᠤ ᠂ ᠬᠥᠳᠡᠭᠡ ᠲᠣᠰᠬᠣᠨ ᠬᠢᠭᠡᠳ ᠬᠤᠳᠠ ᠵᠢᠨ ᠬᠣᠭᠣᠷᠣᠨᠳᠣᠬᠢ ᠬᠥᠭᠵᠢᠯᠲᠡ ᠲᠡᠩᠴᠡᠭᠦᠷᠢ ᠦᠭᠡᠢ ᠪᠠᠢ᠌ᠬᠤ ᠦᠵᠡᠭᠳᠡᠯ ᠲᠤᠢ᠌ᠯ᠎ᠤᠨ ᠲᠣᠪᠣᠢ᠌ᠮ᠎ᠠ ᠪᠠᠢ᠌ᠵᠤ ᠂ ᠬᠥᠳᠡᠭᠡ ᠲᠣᠰᠬᠣᠨ᠎ᠤ ᠰᠢᠯᠢᠳᠡᠭ ᠴᠢᠳᠠᠪᠤᠷᠢᠲᠠᠨ ᠪᠠ ᠰᠢᠯᠢᠳᠡᠭ ᠬᠥᠳᠡᠯᠮᠦᠷᠢ ᠵᠢᠨ ᠬᠦᠴᠦᠨ ᠬᠤᠳᠠ᠎ᠳᠤ ᠣᠷᠣᠵᠤ ᠠᠵᠢᠯ ᠣᠯᠬᠤ ᠂ ᠬᠥᠳᠡᠭᠡ ᠲᠣᠰᠬᠣᠨ᠎ᠤ ᠪᠡᠯᠡ ᠮᠥᠩᠭᠥ ᠵᠢ ᠡᠯ᠎ᠡ ᠵᠦᠢ᠍ᠯ᠎ᠤᠨ ᠠᠷᠭ᠎ᠠ ᠵᠠᠮ ᠵᠶ᠋ᠠᠷ ᠲᠠᠷᠢᠶᠠᠯᠠᠩ᠎ᠤᠨ ᠪᠤᠰᠤ ᠠᠵᠤ ᠦᠢ᠍ᠯᠡᠰ᠎ᠲᠤ ᠰᠢᠯᠵᠢᠭᠦᠯᠬᠦ ᠂ ᠬᠥᠳᠡᠭᠡ ᠲᠣᠰᠬᠣᠨ᠎ᠤ ᠬᠠᠮᠲᠤ ᠵᠢᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠭᠦᠢ᠍ᠴᠡᠳᠬᠡᠬᠦ ᠲᠣᠭ᠎ᠠ ᠵᠢ ᠭᠠᠵᠠᠷ ᠰᠢᠷᠣᠢ ᠲᠠᠲᠠᠪᠤᠷᠢᠯᠠᠬᠤ ᠵᠡᠷᠭᠡ ᠠᠷᠭ᠎ᠠ ᠮᠠᠶᠢᠭ ᠵᠶ᠋ᠠᠷ ᠬᠤᠳᠠ᠎ᠳᠤ ᠰᠢᠯᠵᠢᠭᠦᠯᠵᠦ ᠂ ᠬᠥᠮᠥᠨ ᠳᠤᠲᠠᠭᠳᠠᠬᠤ ᠂ ᠪᠡᠯᠡ ᠮᠥᠩᠭᠥ ᠳᠤᠲᠠᠭᠳᠠᠬᠤ ᠂ ᠭᠠᠵᠠᠷ ᠰᠢᠷᠣᠢ ᠳᠤᠲᠠᠭᠳᠠᠬᠤ᠎ᠨᠢ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢ ᠬᠢᠵᠠᠭ᠋ᠠᠷᠯᠠᠬᠤ ᠪᠣᠭᠣᠮᠢ ᠪᠣᠯᠵᠤ ᠪᠠᠢ᠌ᠨ᠎ᠠ ᠃ ᠬᠥᠳᠡᠭᠡ ᠲᠣᠰᠬᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠠᠯ᠎ᠠ᠎ᠠᠴᠠ ᠦᠵᠡᠪᠡᠯ ᠂ ᠣᠷᠣᠭᠤᠯᠤᠯᠲᠠ ᠬᠦᠷᠦᠯᠴᠡᠬᠦ ᠦᠭᠡᠢ ᠂ ᠬᠠᠮᠠᠭ᠋ᠠᠯᠠᠯᠲᠠ ᠰᠤᠯᠠ ᠂ ᠬᠢᠨᠠᠨ ᠬᠠᠮᠢᠶᠠᠷᠤᠯᠲᠠ ᠭᠦᠢ᠍ᠴᠡᠳ ᠦᠭᠡᠢ ᠵᠡᠷᠭᠡ ᠰᠢᠯᠲᠠᠭ᠋ᠠᠨ᠎ᠠᠴᠠ ᠪᠣᠯᠵᠤ ᠂ ᠵᠠᠷᠢᠮ ᠪᠣᠬᠢᠷᠳᠤᠯ ᠲᠠᠢ ᠠᠵᠤ ᠠᠬᠤᠢ᠌ᠯᠠᠯ᠎ᠨᠢ ᠬᠣᠲᠠ ᠵᠢᠨ ᠬᠢᠨᠠᠯᠲᠠ ᠬᠠᠮᠢᠶᠠᠷᠤᠯᠲᠠ ᠤᠯᠠᠮ᠎ᠠᠴᠠ ᠤᠯᠠᠮ ᠴᠢᠩᠭ᠎ᠠ ᠪᠣᠯᠵᠤ ᠪᠠᠢ᠌ᠭ᠎ᠠ ᠪᠠᠢ᠌ᠳᠠᠯ ᠳᠣᠣᠷ᠎ᠠ ᠬᠥᠳᠡᠭᠡ ᠲᠣᠰᠬᠣᠨ ᠵᠦᠭ ᠰᠢᠯᠵᠢᠵᠦ ᠂ ᠲᠠᠷᠢᠶᠠᠯᠠᠩ᠎ᠤᠨ ᠲᠤᠰ ᠪᠡᠶ᠎ᠡ᠎ᠨᠢ ᠪᠣᠬᠢᠷᠳᠤᠯ᠎ᠳᠤ ᠲᠤᠯᠭ᠋ᠠᠷᠠᠵᠤ ᠪᠠᠢ᠌ᠬᠤ ᠪᠥᠭᠡᠳ ᠬᠢᠮᠢ ᠵᠢᠨ ᠪᠣᠳᠠᠰ᠎ᠢ ᠬᠡᠷᠡᠭᠯᠡᠬᠦ᠎ᠳᠤ ᠬᠡᠳᠦ ᠣᠷᠣᠭᠤᠯᠤᠭᠰᠠᠨ᠎ᠢ ᠴᠤ᠌ ᠪᠠᠭᠲᠠᠭ᠋ᠠᠵᠤ ᠪᠠᠢ᠌ᠨ᠎ᠠ ᠂ ᠡᠨᠡ᠎ᠨᠢ ᠪᠠᠰᠠ ᠬᠥᠳᠡᠭᠡ ᠲᠣᠰᠬᠣᠨ᠎ᠤ ᠣᠷᠴᠢᠨ ᠠᠬᠤᠢ ᠵᠢᠨ ᠮᠠᠭᠤᠳᠠᠬᠤ ᠬᠠᠨᠳᠤᠰᠢ ᠵᠢ ᠵᠣᠬᠢᠬᠤ ᠬᠡᠮᠵᠢᠶ᠎ᠡ᠎ᠪᠠᠷ ᠬᠤᠷᠴᠠᠳᠬᠠᠵᠤ ᠪᠠᠢ᠌ᠨ᠎ᠠ ᠂ ᠬᠡᠷᠪᠡ ᠲᠠᠷᠢᠶᠠᠨ ᠭᠠᠵᠠᠷ᠎ᠤᠨ ᠡᠬᠢ ᠪᠠᠶᠠᠯᠢᠭ ᠂ ᠤᠰᠤᠨ᠎ᠤ ᠡᠬᠢ ᠪᠠᠶᠠᠯᠢᠭ ᠂ ᠠᠮᠢᠳᠤ ᠪᠣᠳᠠᠰ᠎ᠤᠨ ᠲᠦᠷᠦᠯ᠎ᠤᠨ ᠡᠬᠢ ᠪᠠᠶᠠᠯᠢᠭ᠎ᠢ ᠪᠦᠲᠦᠮᠵᠢᠲᠡᠶ ᠬᠠᠮᠠᠭ᠋ᠠᠯᠠᠵᠤ ᠴᠢᠳᠠᠬᠤ ᠦᠭᠡᠢ ᠪᠣᠯ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠣᠷᠣᠰᠢᠨ ᠰᠠᠭᠤᠬᠤ ᠣᠷᠴᠢᠨ ᠨᠥᠬᠥᠴᠡᠯ ᠴᠦ᠍ ᠤᠷᠳᠤ ᠬᠤᠭᠤᠴᠠᠭ᠎ᠠ᠎ᠪᠠᠷ ᠰᠠᠢ᠌ᠵᠢᠷᠠᠵᠤ ᠴᠢᠳᠠᠬᠤ ᠦᠭᠡᠢ ᠶᠤᠮ ᠃ ᠬᠥᠳᠡᠭᠡ ᠲᠣᠰᠬᠣᠨ᠎ᠤ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠲᠠᠯ᠎ᠠ᠎ᠠᠴᠠ ᠦᠵᠡᠪᠡᠯ ᠂ ᠬᠥᠳᠡᠭᠡ ᠲᠣᠰᠬᠣᠨ᠎ᠤ ᠰᠤᠷᠭ᠋ᠠᠨ ᠬᠥᠮᠦᠵᠢᠯ ᠂ ᠡᠮ ᠡᠮᠨᠡᠯᠭᠡ ᠡᠷᠡᠭᠦᠯ ᠬᠠᠮᠠᠭ᠋ᠠᠯᠠᠯ ᠂ ᠰᠣᠶᠣᠯ ᠪᠡᠶ᠎ᠡ ᠵᠢᠨ ᠲᠠᠮᠢᠷ ᠵᠡᠷᠭᠡ ᠵᠢᠨ ᠬᠥᠭᠵᠢᠯᠲᠡ ᠬᠣᠴᠤᠷᠤᠩᠭᠤᠢ ᠂ ᠲᠠᠷᠢᠶᠠᠴᠢᠳ᠎ᠤᠨ ᠡᠳ᠋ᠯᠡᠬᠦ ᠨᠡᠢ᠌ᠭᠡᠮ᠎ᠤᠨ ᠪᠠᠲᠤᠯᠠᠭ᠎ᠠ ᠂ ᠠᠵᠢᠯ ᠣᠯᠭᠣᠯᠲᠠ ᠵᠡᠷᠭᠡ᠎ᠨᠢ ᠬᠤᠳᠠ ᠵᠢᠨ ᠰᠠᠭᠤᠭ᠋ᠠᠯᠢ ᠠᠷᠠᠳᠯᠤᠭᠠ ᠵᠢᠨ ᠵᠥᠷᠢᠶ᠎ᠡ ᠳᠡᠩᠳᠡᠭᠦᠦ ᠶᠡᠬᠡ ᠪᠠᠢ᠌ᠨ᠎ᠠ ᠃ ᠡᠳᠡᠭᠡᠷ ᠠᠰᠠᠭᠤᠳᠠᠯ ᠪᠣᠯ ᠬᠥᠳᠡᠭᠡ ᠲᠣᠰᠬᠣᠨ᠎ᠤ ᠬᠥᠭᠵᠢᠯᠲᠡ ᠵᠢᠨ ᠳᠤᠲᠠᠭᠤᠳᠠᠯ ᠮᠥᠨ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠪᠠᠰᠠ ᠡᠳᠡᠭᠡᠷ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠣᠣᠯᠳᠠᠯᠭ᠎ᠠ ᠪᠣᠯᠭ᠋ᠠᠬᠤ ᠬᠡᠷᠡᠭᠲᠡᠢ ᠃ 《 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠥᠯᠢ 》᠎ᠳᠤ ᠡᠲᠡᠭᠡᠷ ᠠᠰᠠᠭᠤᠳᠠᠯ᠎ᠳᠤ ᠴᠢᠭᠯᠡᠭᠦᠯᠦᠨ ᠴᠥᠮ ᠲᠣᠳᠣᠷᠬᠠᠢ ᠲᠣᠭᠲᠠᠭ᠋ᠠᠯ ᠭᠠᠷᠭ᠋ᠠᠵᠤ ᠂ ᠬᠥᠳᠡᠭᠡ ᠲᠣᠰᠬᠣᠨ᠎ᠤ ᠰᠣᠶᠣᠯ᠎ᠤᠨ ᠴᠡᠴᠡᠭᠯᠡᠯᠲᠡ ᠂ ᠬᠥᠳᠡᠭᠡ ᠲᠣᠰᠬᠣᠨ᠎ᠤ ᠠᠮᠢ ᠠᠬᠤᠢ ᠵᠢᠨ ᠬᠠᠮᠠᠭ᠋ᠠᠯᠠᠯᠲᠠ ᠂ ᠬᠥᠳᠡᠭᠡ ᠲᠣᠰᠬᠣᠨ᠎ᠤ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠂ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢᠴᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠴᠤ᠌ ᠴᠥᠮ ᠬᠥᠳᠡᠭᠡ ᠲᠣᠰᠬᠣᠨ᠎ᠤ ᠬᠥᠭᠵᠢᠯᠲᠡ ᠵᠢᠨ ᠪᠣᠭᠣᠮᠢ ᠵᠢᠨ ᠠᠰᠠᠭᠤᠳᠠᠯ᠎ᠢ ᠰᠢᠢ᠍ᠳᠪᠦᠷᠢᠯᠡᠬᠦ᠎ᠳᠤ ᠴᠢᠬᠤᠯᠠ ᠳᠦᠷᠢᠮ᠎ᠤᠨ ᠪᠠᠲᠤᠯᠠᠭ᠎ᠠ ᠬᠠᠩᠭ᠋ᠠᠭᠰᠠᠨ ᠪᠠᠢ᠌ᠨ᠎ᠠ ᠃
ᠸᠧᠢ ᠾᠧᠦ ᠺᠠᠢ ᠵᠢᠨ ᠦᠵᠡᠬᠦ᠎ᠪᠠᠷ ᠂ 《 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠥᠯᠢ 》᠎ᠳᠤ ᠬᠡᠷᠡᠭᠯᠡᠬᠦ ᠬᠡᠪᠴᠢᠶ᠎ᠡ ᠵᠢ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠂ ᠬᠣᠲᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠬᠤ ᠵᠡᠷᠭᠡ᠎ᠪᠠᠷ ᠬᠢᠵᠠᠭ᠋ᠠᠷᠯᠠᠵᠠᠢ ᠃ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠴᠤ᠌ ᠲᠡᠷᠡ ᠂ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ᠎ᠳᠤ ᠴᠦ᠍ ᠲᠡᠷᠡ ᠂ ᠬᠣᠯᠪᠣᠭᠳᠠᠬᠤ ᠠᠭᠤᠯᠭ᠎ᠠ᠎ᠨᠢ ᠴᠥᠮ ᠮᠠᠰᠢ ᠥᠷᠭᠡᠨ ᠳᠡᠯᠭᠡᠷ ᠶᠤᠮ ᠃ ᠡᠯ᠎ᠡ ᠭᠠᠵᠠᠷ ᠣᠷᠣᠨ᠎ᠤ ᠬᠥᠳᠡᠭᠡ ᠲᠣᠰᠬᠣᠨ᠎ᠤ ᠬᠥᠭᠵᠢᠯᠲᠡ ᠵᠢᠨ ᠪᠠᠢ᠌ᠳᠠᠯ ᠮᠠᠰᠢ ᠶᠡᠬᠡ ᠵᠥᠷᠢᠶ᠎ᠡ᠎ᠲᠠᠢ ᠪᠣᠯᠬᠣᠷ ᠡᠷᠬᠡᠪᠰᠢ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠵᠤ ᠂ ᠲᠦᠷᠦᠯ ᠬᠤᠪᠢᠶᠠᠨ ᠵᠢᠯᠤᠭᠣᠳᠴᠤ ᠂ ᠤᠨᠢᠨ ᠳᠡᠭᠡᠷ᠎ᠡ᠎ᠨᠢ ᠲᠦᠷᠦ ᠵᠢᠨ ᠪᠣᠳᠣᠯᠭ᠎ᠠ ᠵᠢ ᠬᠡᠷᠡᠭᠵᠢᠭᠦᠯᠵᠦ ᠂ ᠲᠤᠰ ᠲᠤᠰ᠎ᠤᠨ ᠡᠬᠢ ᠪᠠᠶᠠᠯᠢᠭ᠎ᠤᠨ ᠳᠠᠪᠠᠭᠤᠯᠢᠭ ᠂ ᠣᠷᠣᠨ ᠪᠠᠢ᠌ᠷᠢ ᠵᠢᠨ ᠨᠥᠬᠥᠴᠡᠯ ᠪᠣᠯᠣᠨ ᠬᠥᠭᠵᠢᠯᠲᠡ ᠵᠢᠨ ᠰᠠᠭᠤᠷᠢ᠎ᠪᠠᠨ ᠦᠨᠳᠦᠰᠦᠯᠡᠵᠦ ᠂ ᠤᠯᠠᠨ ᠡᠰᠢᠴᠢᠯᠡᠭᠰᠡᠨ ᠵᠠᠭᠪᠤᠷ᠎ᠢ ᠠᠪᠴᠤ ᠂ ᠵᠦᠷᠢᠶᠡᠵᠢᠬᠦᠯᠦᠨ ᠠᠬᠢᠭᠤᠯᠬᠤ ᠠᠷᠭ᠎ᠠ ᠪᠣᠳᠣᠯᠭ᠎ᠠ ᠵᠢ ᠬᠡᠷᠡᠭᠵᠢᠭᠦᠯᠬᠦ ᠬᠡᠷᠡᠭᠲᠡᠢ ᠃ ᠵᠢᠱ᠌ᠢᠶᠡᠯᠡᠪᠡᠯ ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠂ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠂ ᠰᠣᠶᠣᠯ᠎ᠢ ᠬᠥᠭᠵᠢᠭᠦᠯᠦᠨ ᠮᠠᠨᠳᠤᠭᠤᠯᠬᠤ ᠂ ᠠᠮᠢ ᠠᠬᠤᠢ ᠵᠢ ᠬᠥᠭᠵᠢᠭᠦᠯᠦᠨ ᠮᠠᠨᠳᠤᠭᠤᠯᠬᠤ ᠪᠠ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠲᠠᠯ᠎ᠠ᠎ᠪᠠᠷ ᠂ ᠡᠯ᠎ᠡ ᠭᠠᠵᠠᠷ ᠣᠷᠣᠨ᠎ᠤ᠎ᠬᠢᠨ ᠴᠥᠮ ᠥᠪᠡᠷ᠎ᠤᠨ ᠪᠣᠳᠠᠲᠤ ᠪᠠᠢ᠌ᠳᠠᠯ᠎ᠠᠴᠠ᠎ᠪᠠᠨ ᠡᠭᠦᠰᠴᠦ ᠂ ᠰᠢᠪᠲᠤᠯᠤᠯᠲᠠ ᠵᠢᠨ ᠴᠡᠭ᠎ᠢ ᠡᠷᠢᠨ ᠣᠯᠵᠤ ᠂ ᠥᠪᠡᠷ ᠥᠪᠡᠷ᠎ᠤᠨ ᠣᠨᠴᠠᠯᠢᠭ᠎ᠲᠠᠢ ᠬᠡᠷᠡᠭᠵᠢᠭᠦᠯᠵᠦ ᠪᠣᠯᠬᠤᠢ᠌ᠴᠠ ᠠᠷᠭ᠎ᠠ ᠵᠠᠮ ᠪᠠ ᠵᠠᠭᠪᠤᠷ᠎ᠢ ᠬᠠᠢ᠌ᠨ ᠰᠦᠪᠡᠭᠴᠢᠯᠡᠬᠦ ᠬᠡᠷᠡᠭᠲᠡᠢ ᠂ ᠬᠠᠷᠢᠨ ᠰᠣᠬᠣᠷ ᠪᠠᠯᠠᠢ᠎ᠪᠠᠷ ᠲᠡᠷᠡ ᠬᠡᠪ ᠵᠶ᠋ᠡᠷ᠎ᠨᠢ ᠨᠡᠭᠦᠯᠭᠡᠨ ᠬᠡᠷᠡᠭᠯᠡᠵᠦ ᠂ ᠨᠢᠭᠡ ᠯᠡ ᠳᠣᠣᠷ᠎ᠠ ᠳᠦᠷᠭᠢᠯᠳᠦᠨ ᠬᠢᠵᠦ ᠪᠣᠯᠬᠤ ᠦᠭᠡᠢ ᠂ ᠨᠡᠩ ᠴᠤ᠌ ᠬᠤᠳᠠ ᠵᠢᠨ ᠵᠠᠭᠪᠤᠷ ᠪᠠ ᠠᠷᠭ᠎ᠠ ᠵᠢ ᠲᠡᠷᠡ ᠬᠡᠪ ᠵᠶ᠋ᠡᠷ᠎ᠨᠢ ᠨᠡᠭᠦᠯᠭᠡᠨ ᠬᠡᠷᠡᠭᠯᠡᠵᠦ ᠪᠣᠯᠬᠤ ᠦᠭᠡᠢ ᠃ ᠡᠭᠦᠨ᠎ᠤ ᠬᠠᠮᠲᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠪᠠᠰᠠ ᠵᠠᠰᠠᠭ᠎ᠤᠨ ᠣᠷᠳᠣᠨ ᠪᠣᠯᠣᠨ ᠵᠠᠬ᠎ᠠ ᠳᠡᠯᠭᠡᠭᠦᠷ᠎ᠤᠨ ᠬᠠᠷᠢᠴᠠᠭ᠎ᠠ ᠵᠢ ᠰᠠᠢ᠌ᠲᠤᠷ ᠰᠢᠢ᠍ᠳᠪᠦᠷᠢᠯᠡᠵᠦ ᠂ ᠵᠠᠬ᠎ᠠ ᠳᠡᠯᠭᠡᠭᠦᠷ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠳᠠᠬᠢ ᠰᠢᠢ᠍ᠳᠪᠦᠷᠢᠯᠡᠭᠴᠢ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠬᠠᠮᠲᠤ ᠳᠦᠷᠢᠮ᠎ᠤᠨ ᠲᠣᠬᠢᠷᠠᠭᠤᠯᠤᠯᠲᠠ᠎ᠪᠠᠷ ᠳᠠᠮᠵᠢᠨ ᠪᠦᠬᠦ ᠨᠡᠢ᠌ᠭᠡᠮ᠎ᠤᠨ ᠡᠬᠢ ᠪᠠᠶᠠᠯᠢᠭ᠎ᠢ ᠲᠠᠢ᠍ᠢ᠍ᠴᠢᠯᠠᠵᠤ ᠂ ᠡᠯ᠎ᠡ ᠲᠦᠷᠦᠯ᠎ᠤᠨ ᠭᠣᠣᠯ ᠴᠣᠭᠴᠠ ᠵᠢᠨ ᠥᠷᠭᠡᠨ ᠵᠶ᠋ᠡᠷ ᠣᠷᠤᠯᠴᠠᠬᠤ ᠵᠢ ᠵᠣᠷᠢᠭᠵᠢᠭᠤᠯᠬᠤ ᠬᠡᠷᠡᠭᠲᠡᠢ ᠃ ᠡᠭᠦᠨ᠎ᠠᠴᠠ ᠭᠠᠳᠠᠨ᠎ᠠ ᠂ ᠪᠠᠰᠠ ᠭᠠᠵᠠᠷ ᠣᠷᠣᠨ᠎ᠤ ᠬᠥᠭᠵᠢᠯᠲᠡ ᠵᠢᠨ ᠱᠠᠲᠤ ᠦᠶ᠎ᠡ ᠵᠢ ᠦᠨᠳᠦᠰᠦᠯᠡᠨ ᠂ ᠠᠯᠬᠤᠮ ᠲᠠᠷᠠᠭ᠎ᠠ᠎ᠲᠠᠢ᠎ᠪᠠᠷ ᠤᠷᠤᠭᠰᠢᠯᠠᠵᠤ ᠂ ᠯᠠᠪᠳᠠᠭᠤᠨ ᠪᠠᠲᠤᠲᠠᠢ ᠬᠢᠬᠦ ᠬᠡᠷᠡᠭᠲᠡᠢ ᠂ ᠬᠠᠷᠢᠨ ᠲᠦᠷᠭᠡᠨ ᠪᠦᠲᠦᠭᠡᠬᠦ᠎ᠪᠠᠷ ᠶᠠᠭ᠋ᠠᠷᠠᠵᠤ ᠂ ᠰᠣᠬᠣᠷ ᠪᠠᠯᠠᠢ᠎ᠪᠠᠷ ᠭᠡᠨᠡᠨ ᠵᠶ᠋ᠡᠷ ᠤᠷᠤᠭᠰᠢᠯᠠᠵᠤ ᠂ ᠨᠤᠷᠠᠭ᠋ᠠᠯᠲᠠ ᠵᠢᠨ ᠴᠢᠨᠠᠷᠲᠠᠢ ᠠᠯᠳᠠᠭ᠎ᠠ ᠭᠠᠷᠭ᠋ᠠᠬᠤ᠎ᠠᠴᠠ ᠵᠠᠢ᠌ᠯᠠᠰᠬᠢᠬᠦ ᠬᠡᠷᠡᠭᠲᠡᠢ ᠃
《 ᠬᠥᠳᠡᠭᠡ ᠲᠣᠰᠬᠣᠨ᠎ᠤ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠂ ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠂ ᠬᠥᠳᠡᠭᠡ ᠲᠣᠰᠬᠣᠨ᠎ᠤ ᠰᠣᠶᠣᠯ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠂ ᠬᠥᠳᠡᠭᠡ ᠲᠣᠰᠬᠣᠨ᠎ᠤ ᠠᠮᠢ ᠠᠬᠤᠢ ᠵᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ ᠂ ᠬᠥᠳᠡᠭᠡ ᠲᠣᠰᠬᠣᠨ᠎ᠤ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢᠨ ᠭᠣᠣᠯ ᠠᠭᠤᠯᠤᠭᠳᠠᠬᠤᠨ ᠪᠠ ᠭᠣᠣᠯ ᠭᠠᠷᠳᠠᠴᠠ ᠵᠢ ᠣᠢ᠌ᠯᠠᠭ᠋ᠠᠨ ᠡᠵᠡᠮᠰᠢᠬᠦ ᠬᠠᠨ ᠶᠠᠩ᠎ᠤᠨ ᠦᠵᠡᠬᠦ᠎ᠪᠠᠷ ᠂ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠳᠬᠠᠬᠤ᠎ᠪᠠᠷ ᠳᠠᠮᠵᠢᠨ ᠬᠥᠳᠡᠭᠡ ᠲᠣᠰᠬᠣᠨ᠎ᠤ ᠵᠠᠰᠠᠯᠲᠠ ᠵᠢᠨ ᠴᠢᠳᠠᠪᠤᠷᠢ ᠂ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ ᠂ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲ᠋ᠧᠮ᠎ᠢ ᠲᠦᠷᠭᠡᠨ ᠪᠠᠢ᠌ᠭᠤᠯᠵᠤ ᠂ ᠤᠷᠳᠤ ᠬᠤᠭᠤᠴᠠᠭ᠋ᠠᠨ᠎ᠤ ᠲᠤᠷᠰᠢᠬᠢ ᠬᠥᠳᠡᠭᠡ ᠲᠣᠰᠬᠣᠨ᠎ᠤ ᠵᠠᠰᠠᠯᠲᠠ ᠵᠢᠨ ᠲᠠᠯ᠎ᠠ ᠵᠢᠨ ᠪᠠᠭᠤᠷᠠᠢ ᠲᠠᠯ᠎ᠠ ᠵᠢ ᠴᠢᠩᠭ᠋ᠠᠳᠬᠠᠬᠤ᠎ᠪᠠᠷ ᠳᠠᠮᠵᠢᠭᠤᠯᠵᠤ ᠂ ᠬᠥᠳᠡᠭᠡ ᠲᠣᠰᠬᠣᠨ᠎ᠤ ᠵᠠᠰᠠᠯᠲᠠ ᠵᠢᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ ᠂ ᠬᠥᠳᠡᠭᠡ ᠲᠣᠰᠬᠣᠨ᠎ᠤ ᠵᠠᠰᠠᠯᠲᠠ ᠵᠢᠨ ᠲᠦᠪᠰᠢᠨ᠎ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠃
《 〈 ᠲᠠᠪᠤ ᠵᠢ ᠬᠥᠭᠵᠢᠭᠦᠯᠦᠨ ᠮᠠᠨᠳᠤᠭᠤᠯᠬᠤ 〉ᠪᠣᠯᠣᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠶᠡᠷᠦᠩᠬᠡᠢ ᠱᠠᠭ᠋ᠠᠷᠳᠠᠯᠭ᠎ᠠ᠎ᠨᠢ ᠬᠠᠷᠢᠯᠴᠠᠨ ᠦᠩᠭᠡᠨ ᠲᠠᠯ᠎ᠠ ᠪᠣᠯᠵᠤ ᠂ ᠬᠠᠷᠢᠯᠴᠠᠨ ᠨᠥᠬᠥᠴᠡᠯᠳᠦᠵᠦ ᠪᠠᠢ᠌ᠳᠠᠭ ᠂ ᠡᠭᠦᠨ᠎ᠳᠤ〈 ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ 〉ᠪᠣᠯ ᠦᠨᠳᠦᠰᠦ ᠪᠠ ᠪᠠᠲᠤᠯᠠᠭ᠎ᠠ ᠪᠣᠯᠣᠨ᠎ᠠ ᠂ ᠭᠣᠣᠯᠳᠠᠭᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠵᠢ ᠵᠢᠭ᠋ᠠᠨ᠎ᠠ 》 ᠃ ᠱᠠᠨᠳᠦ᠋ᠩ ᠮᠤᠵᠢ ᠵᠢᠨ ᠢᠦᠢ᠎ᠲᠠᠢ ᠰᠢᠶᠠᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ ᠂ ᠵᠣᠬᠢᠶᠠᠨ ᠪᠠᠶ᠋ᠢᠭᠤᠯᠬᠤ ᠬᠡᠯᠲᠡᠰ᠎ᠤᠨ ᠳᠠᠷᠤᠭ᠎ᠠ ᠸᠠᠩ ᠴᠧᠩ ᠭᠤᠸᠠᠩ《 ᠳᠤᠮᠳᠠᠳᠤ ᠤᠯᠤᠰ᠎ᠤᠨ ᠬᠥᠭᠵᠢᠯᠲᠡ ᠵᠢᠨ ᠠᠵᠢᠭᠯᠠᠯᠲᠠ 》ᠰᠡᠳᠬᠦᠯ᠎ᠤᠨ ᠰᠤᠷᠪᠤᠯᠵᠢᠯᠠᠭᠴᠢ ᠵᠢᠨ ᠰᠣᠷᠪᠤᠯᠵᠢᠯᠠᠭ᠎ᠠ ᠵᠢ ᠬᠦᠯᠢᠶᠡᠬᠦ᠎ᠳᠡᠭᠡᠨ ᠂ ᠣᠢ᠌ᠷ᠎ᠠ ᠵᠢᠨ ᠵᠢᠯ᠎ᠳᠤ ᠂ ᠱᠠᠨᠳᠦ᠋ᠩ ᠮᠤᠵᠢ ᠵᠢᠨ ᠢᠦᠢ᠎ᠲᠠᠢ ᠰᠢᠶᠠᠨ᠎ᠤ᠎ᠬᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠤᠮᠳᠠᠬᠢ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠭᠣᠣᠯᠯᠠᠭᠴᠢ ᠪᠠᠢ᠌ᠷᠢ ᠰᠠᠭᠤᠷᠢ ᠵᠢ ᠭᠦᠨᠵᠡᠭᠡᠢ ᠡᠵᠡᠮᠳᠡᠵᠦ ᠂ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠵᠢᠨ ᠡᠯᠧᠮᠧᠨ᠋ᠲ᠎ᠢ ᠴᠢᠩᠭ᠎ᠠ ᠠᠩᠬᠠᠷᠴᠤ ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠯᠡᠵᠦ ᠂ ᠪᠦᠬᠦ ᠬᠦᠴᠦᠨ ᠵᠶ᠋ᠡᠷ ᠠᠬᠢᠭᠤᠯᠵᠤ ᠂ ᠬᠥᠳᠡᠭᠡ ᠲᠣᠰᠬᠣᠨ᠎ᠤ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠤᠭᠰᠠᠨ ᠪᠠᠢ᠌ᠨ᠎ᠠ ᠃ ᠲᠦᠷᠦᠭᠦᠬᠡᠨ ᠂ ᠰᠢᠨ᠎ᠡ ᠨᠢᠭᠡ ᠬᠤᠭᠤᠴᠠᠭ᠋ᠠᠨ᠎ᠤ ᠲᠣᠰᠬᠣᠨ (ᠨᠡᠢ᠌ᠭᠡᠮ ᠲᠣᠭᠣᠷᠢᠭ)᠎ᠤ 《ᠬᠣᠶᠠᠷ ᠵᠥᠪᠯᠡᠯ》᠎ᠤᠨ ᠬᠤᠭᠤᠴᠠᠭ᠎ᠠ ᠰᠣᠯᠢᠬᠤ ᠠᠵᠢᠯ᠎ᠤᠨ ᠳᠤᠮᠳᠠ ᠂ 《 ᠵᠠᠬᠢᠳᠠᠯ ᠰᠣᠷᠪᠤᠯᠵᠢᠯᠠᠭ᠎ᠠ ᠦᠭᠡᠢ 》 《 ᠶᠠᠷᠢᠶ᠎ᠠ ᠬᠡᠯᠡᠯᠴᠡᠭᠡᠨ᠎ᠤ ᠪᠠᠢ᠌ᠳᠠᠯ ᠦᠭᠡᠢ 》 ᠪᠠᠢ᠌ᠵᠤ ᠂ ᠪᠥᠬᠥ ᠰᠢᠶᠠᠨ᠎ᠤ 244 ᠲᠣᠰᠬᠣᠨ ( ᠨᠡᠢ᠌ᠭᠡᠮ ᠲᠣᠭᠣᠷᠢᠭ )᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠲᠣᠰᠬᠣᠨ ( ᠰᠠᠭᠤᠭ᠋ᠠᠯᠢ ᠠᠷᠠᠳ)᠎ᠤ ᠵᠥᠪᠯᠡᠯ᠎ᠤᠨ ᠬᠤᠭᠤᠴᠠᠭ᠎ᠠ ᠰᠣᠯᠢᠬᠤ ᠰᠣᠩᠭᠣᠭᠤᠯᠢ ᠵᠢᠨ ᠡᠭᠦᠷᠭᠡ ᠵᠢ ᠴᠢᠨᠠᠷ ᠰᠠᠢ᠌ᠲᠠᠢ ᠪᠡᠶᠡᠯᠡᠭᠦᠯᠵᠦ ᠂ ᠵᠣᠬᠢᠶᠠᠨ ᠪᠠᠢ᠌ᠭᠤᠯᠤᠯᠲᠠ ᠵᠢ ᠬᠥᠭᠵᠢᠭᠦᠯᠦᠨ ᠮᠠᠨᠳᠤᠭᠤᠯᠬᠤ᠎ᠪᠠᠷ ᠳᠠᠮᠵᠢᠭᠤᠯᠤᠨ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠲᠦᠯᠬᠢᠨ ᠠᠬᠢᠭᠤᠯᠬᠤ ᠬᠦᠴᠦᠷᠬᠡᠭ ᠶᠡᠬᠡ 《 ᠬᠤᠪᠢᠰᠬᠠᠯᠲᠤ ᠬᠥᠳᠡᠯᠭᠡᠭᠦᠷ 》᠎ᠢ ᠪᠣᠶ ᠪᠣᠯᠭ᠋ᠠᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠳᠠᠬᠢ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠬᠤ᠎ᠳᠤ ᠪᠠᠲᠤ ᠴᠢᠩᠭ᠎ᠠ ᠦᠨᠳᠦᠰᠦᠨ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠃
《 ᠲᠣᠰᠬᠣᠨ᠎ᠤ ᠺᠠᠳ᠋ᠷ᠎ᠢ ᠰᠠᠢ᠌ᠲᠤᠷ ᠰᠣᠩᠭᠣᠵᠤ ᠂ ᠮᠠᠨᠳᠤᠯᠲᠠ ᠵᠢᠨ ᠵᠠᠮ ᠵᠶ᠋ᠠᠷ ᠬᠠᠮᠲᠤ᠎ᠪᠠᠷ ᠵᠠᠮᠨᠠᠨ᠎ᠠ》 ᠃ ᠸᠠᠩ ᠴᠧᠩ ᠭᠤᠸᠠᠩ᠎ᠤᠨ ᠦᠵᠡᠬᠦ᠎ᠪᠠᠷ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠶᠠᠪᠤᠴᠠ᠎ᠳᠤ ᠂ ᠲᠤᠬᠠᠢ ᠵᠢᠨ ᠭᠠᠵᠠᠷ᠎ᠤᠨ ᠰᠢᠶᠠᠨ᠎ᠤ ᠬᠡᠪᠴᠢᠶᠡᠨ᠎ᠤ ᠪᠣᠳᠠᠲᠠᠢ᠎ᠲᠠᠢ ᠤᠶᠠᠯᠳᠤᠭᠤᠯᠵᠤ ᠂ ᠳᠣᠣᠷᠠᠬᠢ ᠬᠡᠳᠦᠨ ᠲᠠᠯ᠎ᠠ ᠵᠢᠨ ᠠᠵᠢᠯ᠎ᠢ ᠴᠢᠷᠮᠠᠢ᠌ᠨ ᠰᠠᠢ᠌ᠲᠤᠷ ᠬᠢᠬᠦ ᠬᠡᠷᠡᠭᠲᠡᠢ ᠃ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠵᠢᠨ ᠰᠢᠯᠢᠳᠡᠭ᠎ᠢ ᠰᠣᠩᠭᠣᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ《 ᠲᠦᠷᠦᠭᠦᠴᠢ ᠭᠠᠯᠠᠭᠤ ᠵᠢᠨ ᠦᠢ᠍ᠯᠡᠳᠦᠯ 》 》᠎ᠢ ᠪᠠᠳᠠᠷᠠᠭᠤᠯᠤᠨ᠎ᠠ ᠃ ᠲᠣᠰᠬᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠦᠵᠢ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ《 ᠳᠠᠭ᠋ᠠᠭᠤᠯᠤᠭᠴᠢ 》ᠪᠣᠯᠣᠨ᠎ᠠ ᠃ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《 ᠲᠠᠢ᠍ᠢ᠍ᠴᠢᠨ ᠪᠡᠬᠢᠯᠡᠯᠲᠡ 》ᠵᠢ ᠪᠡᠬᠢᠵᠢᠭᠦᠯᠦᠨ᠎ᠡ ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠳᠤ ᠦᠨᠳᠦᠰᠦᠨ ᠵᠦᠢ᠍ᠯ᠎ᠨᠢ ᠡᠯ᠎ᠡ ᠱᠠᠲᠤᠨ᠎ᠤ ᠵᠣᠬᠢᠶᠠᠨ ᠪᠠᠢ᠌ᠭᠤᠯᠤᠯᠲᠠ ᠵᠢᠨ ᠪᠠᠲᠤ ᠴᠢᠩᠭ᠎ᠠ ᠤᠳᠤᠷᠢᠳᠤᠯᠭ᠎ᠠ᠎ᠳᠤ ᠲᠦᠰᠢᠭᠯᠡᠬᠦ ᠬᠡᠷᠡᠭᠲᠡᠢ ᠃ ᠨᠠᠮ᠎ᠤᠨ ᠭᠡᠰᠢᠭᠦᠨ᠎ᠤ ᠬᠦᠴᠦᠨ᠎ᠢ ᠨᠢᠭᠲᠠᠷᠠᠭᠤᠯᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ《 ᠳᠣᠲᠣᠭ᠋ᠠᠳᠤ ᠵᠢᠨ ᠬᠥᠳᠡᠯᠭᠡᠭᠦ ᠬᠦᠴᠦᠨ 》 ᠢ ᠬᠥᠭᠵᠢᠭᠡᠬᠦ ᠬᠡᠷᠡᠭᠲᠡᠢ ᠃ ᠬᠥᠳᠡᠭᠡ ᠲᠣᠰᠬᠣᠨ᠎ᠤ ᠨᠠᠮ᠎ᠤᠨ ᠭᠡᠰᠢᠭᠦᠨ ᠪᠣᠯ ᠨᠠᠮ᠎ᠤᠨ ᠬᠥᠳᠡᠭᠡ ᠲᠣᠰᠬᠣᠨ᠎ᠤ ᠡᠯ᠎ᠡ ᠵᠦᠢ᠍ᠯ᠎ᠤᠨ ᠠᠵᠢᠯ᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠯᠭ᠋ᠠᠭᠤᠷᠢ ᠬᠦᠴᠦᠨ ᠮᠥᠨ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠨᠠᠮ᠎ᠤᠨ ᠭᠡᠰᠢᠭᠦᠨ᠎ᠤ ᠦᠢ᠍ᠯᠡᠳᠦᠯ᠎ᠢ ᠪᠠᠳᠠᠷᠠᠭᠤᠯᠬᠤ᠎ᠠᠴᠠ ᠰᠠᠯᠵᠤ ᠴᠢᠳᠠᠬᠤ ᠦᠭᠡᠢ ᠶᠤᠮ ᠃ ᠬᠠᠮᠲᠤ ᠵᠢᠨ ᠠᠵᠤ ᠠᠬᠤᠢ ᠵᠢ ᠪᠤᠵᠠᠭ᠋ᠠᠢ᠌ᠷᠠᠭᠤᠯᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠰᠦᠷ ᠳᠠᠯᠠᠢ᠌ᠴᠠᠲᠠᠢ ᠬᠥᠳᠡᠯᠭᠡᠭᠦ ᠬᠦᠴᠦᠨ᠎ᠢ ᠬᠥᠭᠵᠢᠭᠡᠬᠦ ᠬᠡᠷᠡᠭᠲᠡᠢ ᠃ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠭᠣᠣᠯᠳᠠᠯᠭ᠎ᠠ ᠪᠠ ᠤᠷᠢᠲᠠᠯ ᠪᠣᠯᠣᠨ᠎ᠠ ᠂ ᠭᠠᠭᠴᠠ᠎ᠬᠦ ᠲᠣᠰᠬᠣᠨ᠎ᠤ ᠱᠠᠲᠤᠨ᠎ᠤ ᠬᠠᠮᠲᠤ ᠵᠢᠨ ᠠᠵᠤ ᠠᠬᠤᠢ ᠵᠢ ᠪᠤᠵᠠᠭ᠋ᠠᠢ᠌ᠷᠠᠭᠤᠯᠪᠠᠯ ᠰᠠᠢ᠍ᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ ᠴᠢᠳᠠᠨ᠎ᠠ ᠃
ᠠᠩᠬᠠᠷᠤᠯ ᠵᠶ᠋ᠠᠨ ᠲᠥᠪᠯᠡᠷᠡᠭᠦᠯᠦᠨ ᠬᠦᠴᠦ᠎ᠪᠠᠨ ᠬᠠᠮᠲᠤᠳᠬᠠᠵᠤ ᠬᠦᠴᠢᠷ ᠠᠰᠠᠭᠤᠳᠠᠯ᠎ᠢ ᠬᠠᠮᠲᠤ᠎ᠪᠠᠷ ᠰᠢᠪᠲᠤᠯᠬᠤ ᠵᠢᠨ ᠭᠣᠣᠯᠳᠠᠯᠭ᠎ᠠ ᠵᠢ ᠨᠠᠢ᠌ᠳᠠᠪᠤᠷᠢᠵᠢᠭᠤᠯᠤᠨ᠎ᠠ
《 ᠨᠠᠮ᠎ᠤᠨ ᠬᠣᠷᠢᠶ᠎ᠠ ᠤᠳᠤᠷᠢᠳᠴᠤ ᠂ ᠵᠠᠰᠠᠭ᠎ᠤᠨ ᠣᠷᠳᠣᠨ᠎ᠠᠴᠠ ᠭᠣᠣᠯᠯᠠᠨ ᠤᠳᠤᠷᠢᠳᠴᠤ ᠂ ᠲᠠᠷᠢᠶᠠᠴᠢᠨ ᠵᠶ᠋ᠠᠷ ᠭᠣᠣᠯ ᠴᠣᠭᠴᠠ ᠪᠣᠯᠭ᠋ᠠᠨ᠎ᠠ 》 ᠂ ᠸᠧᠢ ᠾᠧᠦ ᠺᠠᠢ《 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ 》 》᠎ᠳᠤ ᠡᠢ᠌ᠮᠦ ᠬᠤᠷᠢᠶᠠᠩᠭᠤᠢ᠌ᠯᠠᠯ ᠬᠢᠭᠰᠡᠨ ᠪᠠᠢ᠌ᠨ᠎ᠠ ᠃ ᠡᠩ ᠲᠡᠷᠢᠭᠦᠨ᠎ᠳᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠳᠤ ᠨᠠᠮ᠎ᠤᠨ ᠤᠳᠤᠷᠢᠳᠬᠤ ᠪᠠᠢ᠌ᠷᠢ ᠰᠠᠭᠤᠷᠢ ᠵᠢ ᠴᠢᠩᠭ᠋ᠠᠳᠬᠠᠬᠤ ᠴᠢᠬᠤᠯᠠᠲᠠᠢ ᠃ ᠳᠠᠷᠠᠭ᠋ᠠᠯᠠᠪᠠᠯ ᠂ ᠬᠥᠳᠡᠭᠡ ᠠᠵᠤ ᠠᠬᠤᠢ ᠵᠢᠨ ᠣᠳᠣᠬᠢᠴᠢᠯᠠᠯᠲᠠ ᠪᠣᠯ《 ᠲᠦᠷᠪᠡᠨ ᠣᠳᠣᠬᠢᠴᠢᠯᠠᠯᠲᠠ 》ᠵᠢ ᠵᠡᠷᠭᠡ᠎ᠪᠡᠷ ᠶᠠᠪᠤᠭᠳᠠᠭᠤᠯᠬᠤ ᠵᠢᠨ ᠳᠤᠲᠠᠭᠤᠳᠠᠯ ᠮᠥᠨ ᠂ ᠬᠥᠳᠡᠭᠡ ᠲᠣᠰᠬᠣᠨ᠎ᠤ ᠣᠳᠣᠬᠢᠴᠢᠯᠠᠯᠲᠠ ᠪᠣᠯ ᠳᠤᠮᠳᠠᠳᠤ ᠤᠯᠤᠰ᠎ᠤᠨ ᠣᠳᠣᠬᠢᠴᠢᠯᠠᠯᠲᠠ ᠵᠢᠨ ᠲᠣᠪᠣᠢ᠌ᠮ᠎ᠠ ᠳᠤᠲᠠᠭᠤᠳᠠᠯ ᠮᠥᠨ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠵᠦ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠬᠦ᠎ᠳᠤ ᠵᠠᠰᠠᠭ᠎ᠤᠨ ᠣᠷᠳᠣᠨ᠎ᠤ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠵᠤ ᠂ ᠡᠯ᠎ᠡ ᠱᠠᠲᠤᠨ᠎ᠤ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠬᠤ ᠴᠢᠬᠤᠯᠠᠲᠠᠢ ᠃ ᠭᠤᠷᠪᠠᠳᠤᠭ᠋ᠠᠷ᠎ᠲᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠳᠤ ᠲᠠᠷᠢᠶᠠᠴᠢᠳ᠎ᠤᠨ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠬᠤ ᠬᠡᠷᠡᠭᠲᠡᠢ ᠂ ᠲᠤᠰ ᠬᠠᠤᠯᠢ᠎ᠳᠤ ᠲᠡᠭᠦᠨ᠎ᠢ ᠵᠢᠷᠤᠮᠯᠠᠬᠤ ᠴᠢᠬᠤᠯᠠᠲᠠᠢ ᠲᠠᠪᠤᠨ ᠵᠠᠷᠴᠢᠮ᠎ᠤᠨ ᠨᠢᠭᠡ ᠪᠣᠯᠭ᠋ᠠᠭᠰᠠᠨ ᠪᠥᠭᠡᠳ ᠲᠠᠷᠢᠶᠠᠴᠢᠳ᠎ᠤᠨ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠪᠠᠲᠤᠯᠠᠬᠤ ᠂ ᠲᠠᠷᠢᠶᠠᠴᠢᠳ᠎ᠤᠨ ᠬᠦᠰᠡᠯ ᠰᠠᠨᠠᠭ᠎ᠠ ᠵᠢ ᠬᠦᠨᠳᠦᠳᠬᠡᠬᠦ ᠂ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢ ᠲᠣᠪᠣᠢ᠌ᠮ᠎ᠠ ᠪᠠᠢ᠌ᠷᠢᠨ᠎ᠳᠤ ᠲᠠᠯᠪᠢᠵᠤ ᠂ ᠪᠦᠬᠦᠢ᠌ᠯᠡ ᠬᠠᠤᠯᠢ ᠴᠠᠭ᠋ᠠᠵᠠ᠎ᠳᠤ ᠲᠤᠤᠱᠯᠠᠭᠤᠯᠪᠠ ᠃ ᠡᠭᠦᠨ᠎ᠠᠴᠠ ᠭᠠᠳᠠᠨ᠎ᠠ ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦ᠎ᠳᠤ ᠂ ᠵᠠᠰᠠᠭ᠎ᠤᠨ ᠣᠷᠳᠣᠨ᠎ᠠᠴᠠ ᠭᠣᠣᠯᠯᠠᠨ ᠤᠳᠤᠷᠢᠳᠬᠤ ᠂ ᠲᠠᠷᠢᠶᠠᠴᠢᠳ᠎ᠤᠨ ᠭᠣᠣᠯ ᠴᠣᠭᠴᠠ ᠵᠢᠨ ᠦᠢ᠍ᠯᠡᠳᠦᠯ᠎ᠢ ᠪᠠᠳᠠᠷᠠᠭᠤᠯᠬᠤ᠎ᠠᠴᠠ ᠭᠠᠳᠠᠨ᠎ᠠ ᠪᠠᠰᠠ ᠪᠦᠬᠦ ᠨᠡᠢ᠌ᠭᠡᠮ᠎ᠢ ᠬᠥᠲᠥᠯᠥᠨ ᠵᠢᠯᠤᠭᠣᠳᠴᠤ ᠥᠷᠭᠡᠨ ᠵᠶ᠋ᠡᠷ ᠣᠷᠣᠯᠴᠠᠭᠤᠯᠬᠤ ᠬᠡᠷᠡᠭᠲᠡᠢ ᠃
《ᠵᠠᠰᠠᠭ᠎ᠤᠨ ᠣᠷᠳᠣᠨ ᠬᠡᠳᠦᠢ᠌ᠪᠡᠷ ᠬᠡᠷᠡᠭᠵᠢᠭᠦᠯᠬᠦ ᠪᠡᠶᠡᠴᠢ ᠴᠣᠭᠴᠠ ᠪᠢᠰᠢ ᠪᠣᠯᠪᠠᠴᠤ ᠵᠠᠮᠴᠢᠯᠠᠭᠴᠢ ᠪᠠ ᠪᠠᠲᠤᠯᠠᠭᠴᠢ ᠵᠢᠨ ᠬᠣᠣᠰ ᠳᠦᠷᠢ᠎ᠲᠠᠢ ᠶᠤᠮ ᠂ ᠲᠠᠷᠢᠶᠠᠴᠢᠨ ᠪᠣᠯ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠭᠴᠢ ᠪᠠ ᠠᠰᠢᠭ ᠬᠦᠷᠲᠡᠭᠴᠢ ᠮᠥᠨ》 ᠃ ᠯᠠᠨ ᠬᠠᠢ ᠲᠤᠸ᠋ 《 ᠳᠤᠮᠳᠠᠳᠤ ᠤᠯᠤᠰ᠎ᠤᠨ ᠬᠥᠭᠵᠢᠯᠲᠡ ᠵᠢᠨ ᠠᠵᠢᠭᠯᠠᠯᠲᠠ 》 ᠰᠡᠳᠬᠦᠯ᠎ᠤᠨ ᠰᠤᠷᠪᠤᠯᠵᠢᠯᠠᠭᠴᠢ᠎ᠳᠤ ᠢᠯᠡᠷᠬᠡᠢ᠌ᠯᠡᠬᠦ᠎ᠳᠡᠭᠡᠨ ᠂ ᠵᠠᠰᠠᠭ᠎ᠤᠨ ᠣᠷᠳᠣᠨ ᠲᠠᠷᠢᠶᠠᠴᠢᠳ᠎ᠢ ᠤᠯᠠᠮ ᠨᠢᠭᠡ ᠠᠯᠬᠤᠮ ᠵᠣᠬᠢᠶᠠᠨ ᠪᠠᠢ᠌ᠭᠤᠯᠵᠤ ᠂ ᠳᠠᠭ᠋ᠠᠭᠤᠯᠵᠤ ᠂ ᠬᠥᠲᠥᠯᠥᠨ ᠵᠢᠯᠤᠭᠣᠳᠴᠤ ᠪᠠᠢ᠌ᠭ᠋ᠠᠳ ᠠᠵᠢᠯᠯᠠᠭᠤᠯᠤᠨ᠎ᠠ ᠂ ᠪᠦᠲᠦᠭᠡᠨ ᠪᠠᠢ᠌ᠭᠤᠯᠵᠤ ᠡᠵᠡᠩᠨᠡᠬᠦ ᠶᠠᠪᠤᠴᠠ᠎ᠳᠤ ᠲᠡᠳᠡᠨ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ᠎ᠳᠤ ᠡᠷᠬᠡᠪᠰᠢ ᠪᠠᠲᠤᠯᠠᠭ᠎ᠠ ᠵᠢ ᠰᠠᠢ᠌ᠲᠤᠷ ᠬᠢᠬᠦ ᠬᠡᠷᠡᠭᠲᠡᠢ ᠂ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠡᠷᠭᠡ ᠵᠢ ᠪᠠᠭᠲᠠᠭ᠋ᠠᠭᠰᠠᠨ ᠶᠠᠭᠤ ᠳᠤᠲᠠᠭᠳᠠᠪᠠᠯ ᠲᠡᠭᠦᠨ᠎ᠢ ᠨᠥᠬᠥᠪᠦᠷᠢᠯᠡᠬᠦ ᠬᠡᠷᠡᠭᠲᠡᠢ ᠂ 《 ᠵᠠᠰᠠᠭ᠎ᠤᠨ ᠣᠷᠳᠣᠨ ᠡᠲᠡᠭᠡᠷ ᠪᠠᠲᠤᠯᠠᠭ᠎ᠠ ᠵᠢ ᠰᠠᠢ᠌ᠲᠤᠷ ᠬᠢᠴᠢᠬᠡᠪᠡᠯ ᠲᠠᠷᠢᠶᠠᠴᠢᠳ ᠰᠠᠶᠢ ᠨᠠᠩ ᠶᠡᠬᠡ ᠳᠠᠯᠳᠠ ᠬᠦᠴᠦᠨ ᠵᠶ᠋ᠡᠨ ᠪᠠᠳᠠᠷᠠᠭᠤᠯᠵᠤ ᠴᠢᠳᠠᠨ᠎ᠠ 》 ᠭᠡᠵᠡᠢ ᠃
ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠠᠴᠠ ᠲᠠᠷᠢᠶᠠᠴᠢᠳ᠎ᠢ ᠵᠣᠬᠢᠶᠠᠨ ᠪᠠᠢ᠌ᠭᠤᠯᠤᠨ ᠬᠥᠮᠦᠵᠢᠯ ᠪᠣᠯᠪᠠᠰᠤᠷᠠᠭᠤᠯᠤᠯ ᠵᠶ᠋ᠠᠷ ᠳᠠᠮᠵᠢᠭᠤᠯᠤᠨ ᠦᠯᠡᠮᠵᠢ ᠤᠯᠠᠨ ᠣᠳᠣᠬᠢᠴᠢᠯᠠᠭᠰᠠᠨ ᠲᠠᠷᠢᠶᠠᠴᠢᠳ᠎ᠢ ᠤᠯᠠᠮ ᠨᠢᠭᠡ ᠠᠯᠬᠤᠮ ᠬᠥᠲᠥᠯᠥᠨ ᠵᠢᠯᠤᠭᠣᠳᠴᠤ ᠪᠣᠢ᠌ᠵᠢᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠭᠤᠯᠤᠨ᠎ᠠ ᠃ ᠠᠵᠤ ᠦᠢ᠍ᠯᠡᠰ᠎ᠤᠨ ᠬᠥᠭᠵᠢᠯᠲᠡ᠎ᠠᠴᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠬᠦᠷᠲᠡᠯ᠎ᠡ ᠂ ᠬᠥᠳᠡᠭᠡ ᠲᠣᠰᠬᠣᠨ᠎ᠤ ᠵᠠᠩ ᠰᠤᠷᠲᠠᠯ᠎ᠤᠨ ᠪᠣᠯᠪᠠᠰᠤᠨ᠎ᠠᠴᠠ ᠨᠡᠢ᠌ᠭᠡᠮ᠎ᠤᠨ ᠪᠣᠯᠪᠠᠰᠤᠨ ᠬᠦᠷᠲᠡᠯ᠎ᠡ ᠂ ᠤᠯᠠᠮᠵᠢᠯᠠᠯᠲᠤ ᠲᠠᠷᠢᠶᠠᠴᠢᠨ᠎ᠤ ᠭᠣᠣᠯ ᠴᠣᠭᠴᠠ ᠵᠢᠴᠢ ᠤᠤᠯ᠎ᠤᠨ ᠪᠠᠢ᠌ᠭᠰᠠᠨ ᠦᠵᠡᠯ ᠰᠠᠨᠠᠭ᠎ᠠ ᠣᠢ᠌ᠯᠠᠭ᠋ᠠᠭᠳᠠᠬᠤᠨ ᠪᠣᠯᠣᠨ ᠴᠢᠳᠠᠪᠤᠷᠢ᠎ᠨᠢ ᠨᠢᠭᠡᠨᠲᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠡᠯ᠎ᠡ ᠲᠠᠯ᠎ᠠ᠎ᠳᠤ ᠵᠣᠬᠢᠴᠠᠬᠤ ᠦᠭᠡᠢ ᠪᠣᠯᠪᠠ ᠂ ᠡᠭᠦᠨ᠎ᠳᠤ ᠣᠳᠣᠬᠢᠴᠢᠯᠠᠭᠰᠠᠨ ᠲᠠᠷᠢᠶᠠᠴᠢᠳ ᠣᠷᠤᠯᠴᠠᠬᠤ ᠵᠢ ᠱᠠᠭ᠋ᠠᠷᠳᠠᠵᠤ ᠂ ᠣᠳᠣᠬᠢᠴᠢᠯᠠᠭᠰᠠᠨ ᠲᠠᠷᠢᠶᠠᠴᠢᠳ ᠣᠳᠣᠬᠢᠴᠢᠯᠠᠭᠰᠠᠨ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠬᠤ ᠵᠢᠨ ᠬᠠᠮᠲᠤ ᠭᠣᠣᠯ ᠬᠦᠴᠦᠨ ᠪᠣᠯᠵᠤ ᠴᠢᠨᠠᠭᠰᠢᠳᠠ ᠬᠥᠲᠥᠯᠥᠨ ᠳᠠᠭ᠋ᠠᠭᠤᠯᠵᠤ ᠵᠢᠱ᠌ᠢᠶ᠎ᠡ ᠦᠵᠡᠭᠦᠯᠬᠦ ᠬᠡᠷᠡᠭᠲᠡᠢ ᠃ ᠨᠢᠭᠡ ᠲᠠᠯ᠎ᠠ᠎ᠪᠠᠷ ᠲᠠᠷᠢᠶᠠᠴᠢᠳ᠎ᠤᠨ ᠲᠤᠰ ᠪᠡᠶ᠎ᠡ᠎ᠠᠴᠠ ᠠᠪᠴᠤ ᠬᠡᠯᠡᠪᠡᠯ ᠂ ᠡᠨᠡ ᠬᠦ᠌ ᠲᠠᠨᠢᠯᠲᠠ᠎ᠪᠠᠨ ᠤᠬᠠᠮᠰᠠᠷ᠎ᠠᠴᠠ᠎ᠪᠠᠨ ᠳᠡᠭᠡᠭᠰᠢᠯᠡᠭᠦᠯᠬᠦ ᠬᠡᠷᠡᠭᠲᠡᠢ ᠂ ᠨᠦᠭᠦᠭᠡ ᠲᠠᠯ᠎ᠠ᠎ᠪᠠᠷ ᠨᠡᠯᠢᠶᠡᠳ ᠶᠡᠬᠡ ᠬᠡᠮᠵᠢᠶᠡᠨ ᠳᠡᠭᠡᠷ᠎ᠡ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠵᠢᠴᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠥᠮᠦᠵᠢᠯ ᠪᠣᠯᠪᠠᠰᠤᠷᠠᠭᠤᠯᠤᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠬᠦᠷᠦᠯᠴᠡᠬᠦ ᠦᠭᠡᠢ ᠲᠠᠯ᠎ᠠ᠎ᠪᠠᠨ ᠨᠥᠬᠥᠪᠦᠷᠢᠯᠡᠬᠦ᠎ᠳᠤ ᠲᠦᠰᠢᠭᠯᠡᠬᠦ ᠬᠡᠷᠡᠭᠲᠡᠢ ᠃ ᠡᠭᠦᠨ᠎ᠠᠴᠠ ᠭᠠᠳᠠᠨ᠎ᠠ ᠂ ᠲᠠᠷᠢᠶᠠᠴᠢᠳ᠎ᠤᠨ ᠨᠢᠳᠦᠨ᠎ᠳᠤ ᠦᠵᠡᠭᠳᠡᠵᠦ ᠭᠠᠷ᠎ᠲᠤ ᠪᠠᠷᠢᠭᠳᠠᠮ᠎ᠠ ᠴᠢᠬᠤᠯᠠ ᠪᠠᠶᠠᠷ ᠳᠤᠷᠠᠰᠬᠠᠯ᠎ᠤᠨ ᠠᠵᠢᠯᠯᠠᠭ᠎ᠠ᠎ᠨᠤᠭᠤᠳ ᠢ ᠡᠷᠭᠢᠯᠡᠬᠦ᠎ᠪᠠᠷ ᠳᠠᠮᠵᠢᠭᠤᠯᠤᠨ ᠂ ᠲᠡᠳᠡᠨ ᠢ ᠣᠷᠣᠯᠴᠠᠭᠤᠯᠵᠤ ᠂ ᠰᠣᠶᠣᠯ᠎ᠤᠨ ᠬᠡᠪ ᠴᠢᠨᠠᠷ᠎ᠤᠨ ᠲᠠᠯ᠎ᠠ᠎ᠪᠠᠷ᠎ᠬᠢ ᠵᠡᠷᠭᠡ ᠵᠢ ᠪᠠᠭᠲᠠᠭ᠋ᠠᠭᠰᠠᠨ ᠣᠳᠣ ᠦᠶ᠎ᠡ ᠵᠢᠨ ᠷᠢᠳᠢ ᠰᠢᠳᠢ ᠵᠢ ᠣᠢ᠌ᠯᠠᠭ᠋ᠠᠭᠤᠯᠵᠤ ᠪᠣᠯᠣᠨ᠎ᠠ ᠃
《 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠨᠢ ᠵᠥᠪᠬᠡᠨ ᠲᠠᠷᠢᠶᠠᠴᠢᠨ᠎ᠤ ᠶᠠᠪᠤᠳᠠᠯ ᠪᠢᠰᠢ ᠂ ᠵᠠᠰᠠᠭ᠎ᠤᠨ ᠣᠷᠳᠣᠨ ᠪᠤᠶᠤ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠵᠠᠰᠠᠭ ᠵᠠᠬᠢᠷᠭ᠋ᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠶᠠᠪᠤᠳᠠᠯ ᠴᠤ᠌ ᠪᠢᠰᠢ ᠂ ᠬᠠᠷᠢᠨ ᠪᠦᠬᠦ ᠨᠡᠢ᠌ᠭᠡᠮ ᠵᠶ᠋ᠡᠷ ᠵᠶ᠋ᠡᠨ ᠥᠷᠭᠡᠨ ᠵᠶ᠋ᠡᠷ ᠣᠷᠤᠯᠴᠠᠬᠤ ᠬᠡᠷᠡᠭᠲᠡᠢ ᠂ ᠡᠭᠦᠨ᠎ᠳᠤ ᠂ ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠶ᠎ᠠ ᠰᠠᠯᠠᠭ᠎ᠠ ᠮᠥᠴᠢᠷ᠎ᠨᠢ ᠲᠦᠷᠦ ᠵᠢᠨ ᠪᠣᠳᠣᠯᠭ᠎ᠠ ᠵᠢ ᠲᠣᠭᠲᠠᠭ᠋ᠠᠭᠴᠢ ᠪᠠ ᠪᠣᠳᠠᠲᠠᠢ ᠬᠡᠷᠡᠭᠵᠢᠭᠦᠯᠦᠭᠴᠢ ᠵᠢᠨ ᠳᠦᠷᠢ ᠵᠢ ᠡᠭᠦᠷᠭᠡᠯᠡᠵᠦ ᠪᠠᠢ᠌ᠨ᠎ᠠ 》 ᠃ ᠷᠧᠨ ᠳ᠋ᠡ ᠫᠧᠩ 《 ᠳᠤᠮᠳᠠᠳᠤ ᠤᠯᠤᠰ᠎ᠤᠨ ᠬᠥᠭᠵᠢᠯᠲᠡ ᠵᠢᠨ ᠠᠵᠢᠭᠯᠠᠯᠲᠠ 》ᠰᠡᠳᠬᠦᠯ᠎ᠤᠨ ᠰᠤᠷᠪᠤᠯᠵᠢᠯᠠᠭᠴᠢ ᠵᠢᠨ ᠰᠣᠷᠪᠤᠯᠵᠢᠯᠠᠭ᠎ᠠ ᠵᠢ ᠬᠦᠯᠢᠶᠡᠬᠦ᠎ᠳᠡᠭᠡᠨ ᠵᠢᠱ᠌ᠢᠶ᠎ᠡ ᠲᠠᠲᠠᠵᠤ ᠬᠡᠯᠡᠭᠰᠡᠨ᠎ᠨᠢ ᠂《 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠤᠯᠢ 》 》᠎ᠳᠤ 51 ᠤᠳᠠᠭ᠎ᠠ《 ᠵᠠᠰᠠᠭ᠎ᠤᠨ ᠣᠷᠳᠣᠨ ᠶᠣᠰᠣᠲᠠᠢ 》ᠪᠠᠢ᠌ᠳᠠᠯ ᠢᠯᠡᠷᠡᠵᠦ ᠂ ᠡᠯ᠎ᠡ ᠲᠠᠯ᠎ᠠ᠎ᠠᠴᠠ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠵᠢ ᠲᠣᠭᠲᠠᠭ᠋ᠠᠵᠤ ᠂ ᠬᠠᠮᠢᠶ᠎ᠠ ᠪᠦᠬᠦᠢ ᠳᠦᠷᠢᠮ᠎ᠢ ᠪᠠᠢ᠌ᠭᠤᠯᠵᠤ ᠂ ᠬᠠᠮᠢᠶ᠎ᠠ ᠪᠦᠬᠦᠢ ᠲᠦᠷᠦ ᠵᠢᠨ ᠪᠣᠳᠣᠯᠭ᠎ᠠ ᠂ ᠪᠠᠢ᠌ᠭᠤᠯᠤᠮᠵᠢ ᠪᠣᠯᠣᠨ ᠲᠣᠭᠲᠠᠴᠠ ᠵᠢ ᠲᠡᠭᠦᠯᠳᠡᠷᠵᠢᠭᠦᠯᠵᠦ ᠂ ᠡᠩᠨᠡᠭᠡ ᠪᠣᠯᠣᠨ ᠴᠢᠳᠠᠪᠤᠷᠢᠲᠠᠨ᠎ᠤ ᠪᠠᠢ᠌ᠭᠤᠯᠤᠯᠲᠠ ᠵᠢ ᠴᠢᠩᠭ᠋ᠠᠳᠬᠠᠵᠤ ᠂ ᠬᠠᠮᠢᠶᠠᠷᠤᠯᠲᠠ ᠦᠢ᠍ᠯᠡᠴᠢᠯᠡᠭᠡᠨ᠎ᠤ ᠴᠢᠳᠠᠪᠤᠷᠢ ᠪᠣᠯᠣᠨ ᠲᠦᠪᠰᠢᠨ᠎ᠢ ᠳᠡᠭᠡᠭᠰᠢᠯᠡᠭᠦᠯᠵᠦ ᠂ ᠮᠡᠳᠡᠭᠦᠯᠦᠯᠲᠡ ᠵᠢ ᠪᠠᠢ᠌ᠴᠠᠭ᠋ᠠᠬᠤ ᠡᠭᠦᠷᠭᠡ ᠵᠢ ᠭᠦᠢ᠍ᠴᠡᠳᠬᠡᠬᠦ ᠵᠡᠷᠭᠡ ᠪᠣᠯᠣᠨ᠎ᠠ ᠃
ᠲᠠᠷᠢᠶᠠᠴᠢᠨ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠬᠤᠯᠠ ᠭᠣᠣᠯ ᠴᠣᠭᠴᠠ ᠮᠥᠨ ᠂ ᠲᠠᠷᠢᠶᠠᠴᠢᠳ᠎ᠤᠨ ᠠᠰᠢᠭ ᠲᠤᠰᠠ ᠵᠢ ᠬᠠᠮᠠᠭ᠋ᠠᠯᠠᠵᠤ ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠵᠦ ᠂ ᠲᠠᠷᠢᠶᠠᠴᠢᠳ᠎ᠤᠨ ᠡᠳ᠋ᠯᠡᠪᠡᠰᠦ ᠵᠣᠬᠢᠬᠤ ᠦᠨᠳᠦᠰᠦᠨ ᠡᠷᠬᠡ ᠵᠢ ᠪᠠᠲᠤᠯᠠᠵᠤ ᠂ ᠲᠠᠷᠢᠶᠠᠴᠢᠳ᠎ᠤᠨ ᠦᠢ᠍ᠯᠡᠳᠪᠦᠷᠢᠯᠡᠯ᠎ᠤᠨ ᠨᠥᠬᠥᠴᠡᠯ ᠪᠣᠯᠣᠨ ᠠᠮᠢᠳᠤᠷᠠᠯ᠎ᠤᠨ ᠶᠠᠰᠤ ᠴᠢᠨᠠᠷ᠎ᠢ ᠰᠠᠢ᠌ᠵᠢᠷᠠᠭᠤᠯᠬᠤ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠳᠤ ᠪᠡᠶᠡᠯᠡᠭᠦᠯᠬᠦ ᠴᠢᠬᠤᠯᠠ ᠡᠭᠦᠷᠭᠡ ᠪᠣᠯᠣᠨ᠎ᠠ ᠃ 《 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠠᠥᠯᠢ 》᠎ᠳᠤ ᠂ ᠮᠠᠰᠢ ᠣᠯᠠᠨ ᠠᠭᠤᠯᠭ᠎ᠠ᠎ᠨᠢ ᠴᠥᠮ ᠡᠲᠡᠭᠡᠷ ᠲᠠᠯ᠎ᠠ᠎ᠪᠠᠷ ᠭᠣᠣᠯᠯᠠᠭᠤᠯᠤᠨ ᠲᠣᠭᠲᠠᠭ᠋ᠠᠭᠰᠠᠨ ᠬᠠᠥᠯᠢ ᠴᠠᠭ᠋ᠠᠵᠠ ᠵᠢᠨ ᠠᠷᠭ᠎ᠠ ᠬᠡᠮᠵᠢᠶ᠎ᠡ ᠪᠣᠯᠣᠨ᠎ᠠ ᠃ ᠡᠭᠦᠨ᠎ᠤ ᠵᠡᠷᠭᠡ᠎ᠪᠡᠷ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠠᠪᠤᠴᠠ᠎ᠳᠠᠬᠢ ᠲᠠᠷᠢᠶᠠᠴᠢᠳ᠎ᠤᠨ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠬᠠᠤᠯᠢ ᠴᠠᠭ᠋ᠠᠵᠠ᠎ᠳᠤ ᠣᠨᠴᠠᠭ᠋ᠠᠢ᠌ᠯᠠᠨ ᠴᠢᠬᠤᠯᠠᠴᠢᠯᠠᠪᠠ ᠃ ᠵᠢᠱ᠌ᠢᠶᠡᠯᠡᠪᠡᠯ ᠂ ᠲᠤᠰ ᠬᠠᠤᠯᠢ ᠵᠢᠨ ᠳᠥᠷᠪᠡᠳᠦᠭᠡᠷ ᠵᠦᠢ᠍ᠯ᠎ᠳᠤ ᠲᠣᠭᠲᠠᠭ᠋ᠠᠭᠰᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠷᠴᠢᠮ᠎ᠳᠤ ᠂ ᠬᠣᠶᠠᠳᠤᠭ᠋ᠠᠷ ᠵᠠᠷᠴᠢᠮ᠎ᠢ ᠣᠨᠴᠠᠭ᠋ᠠᠢ᠌ᠯᠠᠨ ᠲᠣᠭᠲᠠᠭ᠋ᠠᠪᠠ ᠂ ᠲᠤᠬᠠᠢ᠌ᠯᠠᠪᠠᠯ ᠲᠠᠷᠢᠶᠠᠴᠢᠳ᠎ᠤᠨ ᠪᠡᠶᠡᠴᠢ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠵᠤ ᠂ ᠲᠠᠷᠢᠶᠠᠴᠢᠳ᠎ᠤᠨ ᠬᠦᠰᠡᠯ ᠰᠠᠨᠠᠭ᠎ᠠ ᠵᠢ ᠭᠦᠢ᠍ᠴᠡᠳ ᠬᠦᠨᠳᠦᠳᠬᠡᠵᠦ ᠂ ᠲᠠᠷᠢᠶᠠᠴᠢᠳ᠎ᠤᠨ ᠠᠷᠠᠳᠴᠢᠯᠠᠯ᠎ᠤᠨ ᠡᠷᠬᠡ ᠪᠠ ᠪᠤᠰᠤᠳ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠵᠤ ᠂ ᠲᠠᠷᠢᠶᠠᠴᠢᠳ᠎ᠤᠨ ᠢᠳᠡᠪᠬᠢᠵᠢᠯ ᠂ ᠰᠠᠨᠠᠭ᠋ᠠᠴᠢᠯᠠᠭ᠋ᠠᠲᠤ ᠴᠢᠨᠠᠷ ᠂ ᠪᠦᠲᠦᠭᠡᠯᠴᠢ ᠴᠢᠨᠠᠷ᠎ᠢ ᠲᠠᠢ᠍ᠢ᠍ᠴᠢᠯᠠᠨ ᠂ ᠲᠠᠷᠢᠶᠠᠴᠢᠳ᠎ᠤᠨ ᠦᠨᠳᠦᠰᠦᠨ ᠠᠰᠢᠭ ᠲᠤᠰᠠ ᠵᠢ ᠬᠠᠮᠠᠭ᠋ᠠᠯᠠᠨ᠎ᠠ ᠃ ᠬᠠᠤᠯᠢ ᠴᠠᠭ᠋ᠠᠵᠠ᠎ᠳᠤ ᠠᠯᠢ ᠤᠯᠠᠨ ᠪᠣᠳᠠᠲᠠᠢ ᠳᠦᠷᠢᠮ᠎ᠤᠨ ᠪᠠᠲᠤᠯᠠᠭ᠎ᠠ ᠵᠢᠨ ᠡᠨᠡ ᠬᠦ᠌ ᠵᠠᠷᠴᠢᠮ᠎ᠤᠨ ᠪᠡᠶᠡᠯᠡᠭᠳᠡᠬᠦ ᠵᠢ ᠲᠣᠭᠲᠠᠭ᠋ᠠᠵᠠᠢ ᠃ ᠠᠷᠪᠠᠨ ᠬᠣᠶᠠᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠲᠤ ᠂ ᠬᠥᠳᠡᠭᠡ ᠲᠣᠰᠬᠣᠨ᠎ᠤ ᠬᠠᠮᠲᠤ ᠵᠢᠨ ᠥᠮᠴᠢᠯᠡᠯ᠎ᠤᠨ ᠡᠷᠬᠡ ᠵᠢᠨ ᠳᠦᠷᠢᠮ᠎ᠤᠨ ᠥᠭᠡᠷᠡᠴᠢᠯᠡᠯᠲᠡ᠎ᠨᠢ ᠡᠷᠬᠡᠪᠰᠢ ᠲᠠᠷᠢᠶᠠᠴᠢᠳ᠎ᠤᠨ ᠠᠰᠢᠭ ᠣᠷᠣᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ; ᠬᠣᠶᠠᠳᠤᠭ᠋ᠠᠷ ᠪᠠᠳᠠᠭ᠎ᠲᠤ ᠂ ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ᠎ᠳᠤ ᠲᠠᠷᠢᠶᠠᠴᠢᠨ ᠵᠶ᠋ᠠᠷ ᠭᠣᠣᠯ ᠴᠣᠭᠴᠠ ᠪᠣᠯᠭ᠋ᠠᠬᠤ ᠵᠢ ᠪᠠᠷᠢᠮᠲᠠᠯᠠᠬᠤ ᠬᠡᠷᠡᠭᠲᠡᠢ ; ᠬᠣᠷᠢᠨ ᠨᠢᠭᠡᠳᠦᠭᠡᠷ ᠵᠦᠢ᠍ᠯ᠎ᠳᠤ ᠲᠠᠷᠢᠶᠠᠴᠢᠳ᠎ᠤᠨ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠬᠦ ᠲᠣᠭᠲᠠᠴᠠ ᠵᠢ ᠪᠠᠢ᠌ᠭᠤᠯᠤᠨ᠎ᠠ ᠭᠡᠵᠦ ᠲᠣᠭᠲᠠᠭ᠋ᠠᠭ᠋ᠠᠳ ᠂ ᠬᠣᠷᠢᠨ ᠭᠤᠷᠪᠠᠳᠤᠭ᠋ᠠᠷ ᠵᠦᠢ᠍ᠯ᠎ᠳᠤ ᠬᠠᠩᠭ᠋ᠠᠨ ᠪᠣᠷᠣᠯᠠᠭᠤᠯᠬᠤ ᠬᠤᠷᠰᠢᠶ᠎ᠠ᠎ᠨᠢ ᠲᠠᠷᠢᠶᠠᠴᠢᠳᠯᠤᠭᠠ ᠵᠢᠨ ᠠᠰᠢᠭ ᠲᠤᠰᠠ ᠵᠢᠨ ᠬᠣᠯᠪᠣᠭ᠎ᠠ᠎ᠪᠠᠨ ᠴᠢᠩᠭ᠋ᠠᠳᠬᠠᠬᠤ ᠬᠡᠷᠡᠭᠲᠡᠢ; ᠭᠤᠴᠢᠨ ᠳᠣᠯᠣᠳᠤᠭ᠋ᠠᠷ ᠵᠦᠢ᠍ᠯ᠎ᠳᠤ ᠬᠥᠳᠡᠭᠡ ᠲᠣᠰᠬᠣᠨ᠎ᠤ ᠣᠷᠴᠢᠨ ᠠᠬᠤᠢ ᠵᠢ ᠶᠡᠷᠦᠩᠬᠡᠢ᠌ᠯᠡᠨ ᠴᠡᠭᠴᠡᠯᠡᠨ ᠵᠠᠰᠠᠬᠤ᠎ᠳᠤ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠬᠠᠮᠢᠶᠠᠷᠴᠤ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠶ᠋ᠢᠭᠤᠯᠬᠤ᠎ᠳᠤ ᠲᠠᠷᠢᠶᠠᠴᠢᠳ ᠣᠷᠤᠯᠴᠠᠬᠤ ᠬᠡᠷᠡᠭᠲᠡᠢ ᠭᠡᠵᠦ ᠲᠣᠭᠲᠠᠭ᠋ᠠᠵᠠᠢ; ᠲᠠᠪᠢᠨ ᠨᠢᠭᠡᠳᠦᠭᠡᠷ ᠵᠦᠢ᠍ᠯ᠎ᠳᠤ ᠠᠢ᠌ᠯ ᠲᠣᠰᠬᠣᠨ᠎ᠢ ᠬᠠᠰᠤᠵᠤ ᠨᠡᠶ᠋ᠢᠯᠡᠭᠦᠯᠬᠦ ᠵᠡᠷᠭᠡ ᠬᠥᠳᠡᠭᠡ ᠲᠣᠰᠬᠣᠨ᠎ᠤ ᠪᠠᠢ᠌ᠷᠢᠰᠢᠯ᠎ᠢ ᠲᠣᠬᠢᠷᠠᠭᠤᠯᠬᠤ᠎ᠳᠤ ᠡᠷᠬᠡᠪᠰᠢ ᠲᠠᠷᠢᠶᠠᠴᠢᠳ᠎ᠤᠨ ᠬᠦᠰᠡᠯ ᠰᠠᠨᠠᠭ᠎ᠠ ᠵᠢ ᠬᠦᠨᠳᠦᠳᠬᠡᠬᠦ ᠬᠡᠷᠡᠭᠲᠡᠢ ᠭᠡᠬᠦ ᠮᠡᠲᠦ᠎ᠪᠠᠷ ᠲᠣᠭᠲᠠᠭ᠋ᠠᠵᠠᠢ ᠃
ᠸᠧᠢ ᠾᠧᠦ ᠺᠠᠢ ᠵᠢᠨ ᠦᠵᠡᠬᠦ᠎ᠪᠠᠷ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢ ᠪᠦᠬᠦ ᠲᠠᠯ᠎ᠠ᠎ᠪᠠᠷ ᠬᠡᠷᠡᠭᠵᠢᠭᠦᠯᠬᠦ᠎ᠳᠤ ᠂ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠣᠯ ᠵᠠᠩᠭᠢᠯᠠᠭ᠎ᠠ ᠪᠣᠯᠣᠨ᠎ᠠ ᠃ ᠠᠵᠤ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢᠨ ᠰᠠᠭᠤᠷᠢ ᠮᠥᠨ ᠂ ᠭᠠᠭᠴᠠ ᠬᠦ᠌ ᠠᠵᠤ ᠦᠢ᠍ᠯᠡᠰ᠎ᠢ ᠬᠥᠭᠵᠢᠭᠦᠯᠪᠡᠯ ᠰᠠᠶᠢ ᠬᠥᠳᠡᠭᠡ ᠲᠣᠰᠬᠣᠨ᠎ᠢ ᠬᠥᠭᠵᠢᠭᠦᠯᠵᠦ ᠴᠢᠳᠠᠨ᠎ᠠ ᠃ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠢᠨ ᠦᠨᠳᠦᠰᠦᠨ ᠠᠷᠭ᠎ᠠ ᠵᠠᠮ ᠪᠣᠯ ᠤᠳᠤ ᠦᠶ᠎ᠡ ᠵᠢᠨ ᠥᠨᠳᠥᠷ ᠦᠷ᠎ᠡ ᠠᠰᠢᠭᠲᠠᠢ ᠲᠠᠷᠢᠶᠠᠯᠠᠩ᠎ᠢ ᠬᠥᠭᠵᠢᠭᠦᠯᠵᠦ ᠂ ᠬᠥᠳᠡᠭᠡ ᠲᠣᠰᠬᠣᠨ᠎ᠤ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠯ᠎ᠢ ᠲᠦᠯᠬᠢᠨ ᠠᠬᠢᠭᠤᠯᠵᠤ ᠂ ᠣᠨᠴᠠᠯᠢᠭ ᠪᠠ ᠥᠷᠢᠰᠦᠯᠳᠦᠬᠦ ᠬᠦᠴᠦᠨ᠎ᠲᠠᠢ ᠤᠳᠤ ᠦᠶ᠎ᠡ ᠵᠢᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠵᠤ ᠂ ᠡᠭᠦᠨ᠎ᠤ ᠤᠯᠠᠮ᠎ᠠᠴᠠ ᠬᠥᠳᠡᠭᠡ ᠲᠣᠰᠬᠣᠨ᠎ᠤ ᠬᠥᠮᠥᠨ ᠠᠮᠠ᠎ᠳᠤ ᠲᠣᠭᠲᠠᠪᠤᠷᠢᠲᠠᠢ ᠂ ᠦᠷᠭᠦᠯᠵᠢᠯᠡᠬᠦ ᠠᠵᠢᠯ᠎ᠤᠨ ᠪᠠᠢ᠌ᠷᠢ ᠪᠠ ᠣᠷᠣᠯᠭ᠎ᠠ᠎ᠪᠠᠨ ᠨᠡᠮᠡᠭᠳᠡᠭᠦᠯᠬᠦ ᠠᠷᠭ᠎ᠠ ᠵᠠᠮ᠎ᠢ ᠬᠠᠩᠭ᠋ᠠᠬᠤ ᠶᠠᠪᠤᠳᠠᠯ ᠪᠣᠯᠣᠨ᠎ᠠ ᠃
ᠣᠳᠣᠬᠠᠨ᠎ᠳᠤ ᠂ ᠬᠦᠴᠦ᠎ᠪᠠᠨ ᠲᠥᠪᠯᠡᠷᠡᠭᠦᠯᠦᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠬᠡᠷᠡᠭᠵᠢᠭᠦᠯᠬᠦ᠎ᠳᠤ ᠭᠣᠣᠯᠳᠠᠭᠤ ᠲᠦᠷᠪᠡᠨ ᠶᠡᠬᠡ ᠬᠦᠴᠢᠷᠳᠡᠯ ᠲᠤᠯᠭ᠋ᠠᠷᠠᠵᠤ ᠪᠠᠢ᠌ᠨ᠎ᠠ ᠄ ᠨᠢᠭᠡ᠎ᠳᠤ ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ᠎ᠳᠤ ᠬᠦᠴᠢᠷᠲᠡᠢ ᠂ ᠬᠤᠳᠠ ᠬᠥᠳᠡᠭᠡ ᠵᠢᠨ ᠣᠷᠣᠯᠭ᠎ᠠ ᠵᠢᠨ ᠵᠥᠷᠢᠶ᠎ᠡ ᠵᠢ ᠦᠷᠭᠦᠯᠵᠢᠯᠡᠨ ᠪᠠᠭ᠋ᠠᠰᠬᠠᠬᠤ ᠡᠭᠦᠷᠭᠡ ᠲᠤᠢ᠌ᠯ᠎ᠤᠨ ᠪᠡᠷᠬᠡ ᠬᠠᠲᠠᠭᠤᠵᠢᠯᠲᠠᠢ ᠪᠠᠢ᠌ᠨ᠎ᠠ ; ᠬᠣᠶᠠᠷ᠎ᠲᠤ ᠂ ᠡᠯ᠎ᠡ ᠱᠠᠲᠤᠨ᠎ᠤ ᠡᠯ᠎ᠡ ᠲᠦᠷᠦᠯ᠎ᠤᠨ ᠴᠢᠳᠠᠪᠤᠷᠢᠲᠠᠨ ᠲᠤᠲᠠᠭᠳᠠᠵᠤ ᠂ ᠲᠠᠷᠢᠶᠠᠴᠢᠳ᠎ᠤᠨ ᠰᠢᠨᠵᠢᠯᠡᠬᠦ ᠤᠬᠠᠭ᠋ᠠᠨ ᠰᠣᠶᠣᠯ᠎ᠤᠨ ᠬᠡᠪ ᠴᠢᠨᠠᠷ ᠳᠣᠣᠷ᠎ᠠ ᠪᠠᠢ᠌ᠵᠤ ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠬᠡᠷᠡᠭᠴᠡᠭᠡ᠎ᠳᠤ ᠵᠣᠬᠢᠴᠠᠬᠤ᠎ᠳᠤ ᠬᠦᠴᠢᠷ ᠪᠠᠢ᠌ᠨ᠎ᠠ ; ᠭᠤᠷᠪᠠ᠎ᠳᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠥ ᠵᠢᠨ ᠬᠡᠷᠡᠭᠴᠡᠭᠡ ᠶᠡᠬᠡ ᠪᠣᠯᠪᠠᠴᠤ ᠬᠥᠳᠡᠭᠡ ᠲᠣᠰᠬᠣᠨ᠎ᠤ ᠬᠤᠷᠠᠮᠳᠤᠯᠭ᠎ᠠ ᠵᠢᠨ ᠴᠢᠳᠠᠪᠤᠷᠢ ᠬᠢᠵᠠᠭ᠋ᠠᠷ᠎ᠲᠠᠢ ᠂ ᠪᠡᠯᠡ ᠮᠥᠩᠭᠥ ᠵᠢᠨ ᠪᠦᠲᠦᠮᠵᠢᠲᠡᠢ ᠬᠠᠩᠭ᠋ᠠᠯᠭ᠎ᠠ ᠬᠦᠷᠦᠯᠴᠡᠬᠦ ᠦᠭᠡᠢ ᠂ ᠳᠤᠲᠠᠭᠤᠳᠠᠯ ᠨᠡᠯᠢᠶᠡᠳ ᠶᠡᠬᠡ ᠪᠠᠢ᠌ᠨ᠎ᠠ ; ᠳᠥᠷᠪᠡ᠎ᠳᠤ ᠂ ᠬᠤᠳᠠ ᠬᠥᠳᠡᠭᠡ ᠵᠢ ᠰᠠᠯᠭ᠋ᠠᠭᠰᠠᠨ ᠪᠠᠢ᠌ᠭᠤᠯᠤᠮᠵᠢ ᠲᠣᠭᠲᠠᠴᠠ᠎ᠨᠢ ᠮᠥᠨ ᠯᠡ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠬᠢᠵᠠᠭ᠋ᠠᠷᠯᠠᠬᠤ ᠭᠣᠣᠯ ᠬᠠᠷᠰᠢ ᠰᠠᠭ᠋ᠠᠳ ᠪᠣᠯᠵᠤ ᠪᠠᠢ᠌ᠨ᠎ᠠ ᠃ ᠡᠭᠦᠨ᠎ᠠᠴᠠ ᠭᠠᠳᠠᠨ᠎ᠠ ᠂ ᠡᠯ᠎ᠡ ᠭᠠᠵᠠᠷ᠎ᠤᠨ᠎ᠬᠢᠨ ᠪᠠᠰᠠ ᠭᠠᠵᠠᠷ ᠣᠷᠣᠨ᠎ᠤ ᠪᠠᠢ᠌ᠳᠠᠯ᠎ᠳᠠᠭᠠᠨ ᠲᠣᠬᠢᠷᠠᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠠᠯ᠎ᠠ ᠵᠢᠨ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠂ ᠳᠦᠷᠢᠮ ᠲᠣᠭᠲᠠᠭ᠋ᠠᠯ᠎ᠢ ᠢᠵᠢ ᠪᠦᠷᠢᠳᠦᠭᠦᠯᠦᠨ ᠲᠣᠭᠲᠠᠭ᠋ᠠᠬᠤ ᠴᠢᠬᠤᠯᠠᠲᠠᠢ ᠪᠠᠢ᠌ᠨ᠎ᠠ ᠂ ᠵᠢᠱ᠌ᠢᠶᠡᠯᠡᠪᠡᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠣᠷᠣᠨ ᠨᠤᠲᠤᠭ᠎ᠤᠨ ᠴᠢᠨᠠᠷᠲᠠᠢ ᠳᠦᠷᠢᠮ᠎ᠢ ᠲᠦᠷᠭᠡᠬᠡᠨ ᠲᠣᠭᠲᠠᠭ᠋ᠠᠵᠤ ᠂ ᠰᠠᠯᠠᠭ᠎ᠠ ᠮᠥᠴᠢᠷ᠎ᠤᠨ ᠵᠣᠬᠢᠴᠠᠭᠤᠯᠭ᠎ᠠ ᠂ ᠬᠢᠨᠠᠯᠲᠠ ᠪᠠᠢ᠌ᠴᠠᠭ᠋ᠠᠯᠲᠠ ᠪᠠ ᠲᠥᠷᠥ ᠵᠢᠨ ᠪᠣᠳᠣᠯᠭ᠎ᠠ ᠵᠢᠨ ᠨᠠᠷᠢᠯᠢᠭᠵᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ ᠃
2021 ᠣᠨ᠎ᠤ ᠲᠥᠪ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠂ ᠬᠥᠳᠡᠭᠡ ᠲᠣᠰᠬᠣᠨ᠎ᠤ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ ᠂ ᠬᠥᠳᠡᠭᠡ ᠲᠣᠰᠬᠣᠨ᠎ᠤ ᠥᠮᠴᠢᠯᠡᠯ᠎ᠤᠨ ᠡᠷᠬᠡ ᠵᠢᠨ ᠳᠦᠷᠢᠮ ᠪᠠ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷ᠎ᠤᠨ ᠲᠣᠬᠢᠷᠠᠭᠤᠯᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠦᠨ ᠂ ᠬᠥᠳᠡᠭᠡ ᠲᠣᠰᠬᠣᠨ᠎ᠤ ᠬᠥᠭᠵᠢᠯᠲᠡ ᠵᠢᠨ ᠳᠣᠲᠣᠭ᠋ᠠᠳᠤ ᠵᠢᠨ ᠬᠥᠳᠡᠯᠭᠡᠭᠦ ᠬᠦᠴᠦᠨ᠎ᠢ ᠭᠦᠢ᠍ᠴᠡᠳ ᠬᠥᠭᠵᠢᠭᠡᠬᠦ ᠬᠡᠷᠡᠭᠲᠡᠢ ᠭᠡᠵᠦ ᠲᠣᠳᠣᠷᠬᠠᠢ ᠳᠤᠷᠠᠳᠤᠭᠰᠠᠨ ᠪᠠᠢ᠌ᠨ᠎ᠠ ᠃ ᠯᠠᠨ ᠬᠠᠢ ᠲᠤᠸ᠋ ᠵᠢᠭ᠋ᠠᠵᠤ ᠭᠠᠷᠭ᠋ᠠᠭᠰᠠᠨ᠎ᠨᠢ ᠂ ᠬᠥᠳᠡᠭᠡ ᠲᠣᠰᠬᠣᠨ᠎ᠤ ᠥᠭᠡᠷᠡᠴᠢᠯᠡᠯᠲᠡ᠎ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠭᠦᠨᠵᠡᠭᠡᠢ ᠲᠦᠯᠬᠢᠨ ᠠᠬᠢᠭᠤᠯᠬᠤ ᠵᠢᠨ ᠵᠡᠷᠭᠡ᠎ᠳᠤ ᠂ ᠪᠥᠬᠥ ᠤᠯᠤᠰ᠎ᠤᠨ ᠲᠠᠯ᠎ᠠ᠎ᠠᠴᠠ ᠠᠪᠴᠤ ᠬᠡᠯᠡᠪᠡᠯ ᠂ ᠲᠠᠷᠢᠶᠠᠨ ᠭᠠᠵᠠᠷ᠎ᠤᠨ ᠰᠠᠭᠤᠷᠢ ᠲᠥᠬᠦᠭᠡᠷᠦᠮᠵᠢ᠎ᠳᠤ ᠰᠢᠪᠲᠤᠯᠤᠯᠲᠠ ᠭᠠᠷᠭ᠋ᠠᠬᠤ ᠬᠡᠷᠡᠭᠲᠡᠢ ᠃ ᠭᠠᠵᠠᠷ ᠰᠢᠷᠣᠢ ᠪᠣᠯ ᠲᠠᠷᠢᠶᠠᠴᠢᠳ᠎ᠤᠨ ᠠᠮᠢ ᠭᠣᠣᠯ ᠮᠥᠨ᠂ ᠮᠥᠨᠴᠦ ᠤᠯᠤᠰ᠎ᠤᠨ ᠠᠮᠢ ᠭᠣᠣᠯ ᠮᠥᠨ᠂ ᠲᠠᠷᠢᠶᠠᠨ ᠭᠠᠵᠠᠷ᠎ᠤᠨ ᠰᠠᠭᠤᠷᠢ ᠲᠥᠬᠦᠭᠡᠷᠦᠮᠵᠢ ᠵᠢᠨ ᠳᠤᠲᠠᠭᠤᠳᠠᠯ᠎ᠨᠢ ᠲᠠᠷᠢᠶᠠᠯᠠᠩ᠎ᠤᠨ ᠠᠮᠤ ᠪᠤᠳᠠᠭ᠋ᠠᠨ᠎ᠤ ᠠᠮᠤᠷ ᠲᠦᠪᠰᠢᠨ ᠪᠠ ᠲᠠᠷᠢᠶᠠᠯᠠᠩ᠎ᠤᠨ ᠰᠠᠭᠤᠷᠢ ᠵᠢ ᠲᠣᠭᠲᠠᠪᠤᠷᠢ ᠦᠭᠡᠢ ᠪᠣᠯᠭ᠋ᠠᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠤᠮᠳᠠ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠵᠤ ᠳᠡᠶ᠋ᠢᠯᠬᠦ ᠦᠭᠡᠢ ᠪᠣᠯ ᠲᠠᠷᠢᠶᠠᠯᠠᠩ ᠭᠣᠣᠯᠯᠠᠬᠤ ᠪᠠᠢ᠌ᠷᠢ ᠰᠠᠭᠤᠷᠢ᠎ᠪᠠᠨ ᠠᠯᠳᠠᠵᠤ ᠂ ᠬᠥᠭᠵᠢᠭᠦᠯᠦᠨ ᠮᠠᠨᠳᠤᠭᠤᠯᠬᠤ ᠵᠢ ᠶᠠᠷᠢᠬᠤ ᠵᠢᠨ ᠠᠷᠭ᠎ᠠ ᠦᠭᠡᠢ ᠪᠣᠯᠣᠨ᠎ᠠ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠳᠤᠮᠳᠠ ᠂ ᠲᠠᠷᠢᠶᠠᠴᠢᠳ᠎ᠤᠨ ᠭᠣᠣᠯ ᠴᠣᠭᠴᠠ ᠵᠢᠨ ᠡᠵᠡᠨ ᠮᠡᠳᠡᠬᠦ ᠡᠷᠬᠡ ᠵᠢ ᠪᠠᠳᠠᠷᠠᠭᠤᠯᠵᠤ᠂ ᠲᠤᠰ ᠭᠠᠴᠠᠭ᠋ᠠᠨ᠎ᠤ ᠤᠯᠠᠨ ᠨᠡᠶ᠋ᠢᠲᠡ ᠵᠢᠨ ᠲᠥᠬᠦᠭᠡᠷᠦᠮᠵᠢ ᠵᠢᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠳᠤᠮᠳᠠ ᠭᠠᠴᠠᠭ᠋ᠠᠨ᠎ᠤ ᠠᠷᠠᠳ ᠥᠪᠡᠷᠲᠡᠭᠡᠨ ᠲᠦᠷᠦᠯ ᠵᠦᠢ᠍ᠯ ᠰᠣᠩᠭᠣᠨ ᠲᠦᠷᠦᠯ ᠵᠦᠢ᠍ᠯ ᠪᠠᠢ᠌ᠭᠤᠯᠵᠤ᠂ ᠠᠯᠢᠪᠠ ᠪᠦᠬᠦᠨ᠎ᠳᠤ ᠲᠠᠷᠢᠶᠠᠴᠢᠳ᠎ᠤᠨ ᠠᠰᠢᠭ ᠲᠤᠰᠠ᠎ᠠᠴᠠ ᠡᠭᠦᠰᠴᠦ᠂ ᠲᠠᠷᠢᠶᠠᠴᠢᠳ᠎ᠲᠤ ᠬᠡᠷᠡᠭᠴᠡᠭᠡ᠎ᠲᠠᠢ ᠲᠦᠷᠦᠯ ᠵᠦᠢ᠍ᠯ ᠮᠥᠨ ᠡᠰᠡᠬᠦ ᠵᠢ ᠦᠨᠡᠨᠬᠦ ᠪᠣᠳᠣᠯᠬᠢᠯᠠᠵᠤ ᠂ ᠲᠠᠷᠢᠶᠠᠴᠢᠳ᠎ᠲᠠᠢ ᠬᠡᠳᠦᠢ ᠶᠡᠬᠡ ᠲᠣᠬᠢᠷᠠᠯᠴᠠᠭ᠎ᠠ᠎ᠲᠠᠢ ᠪᠠᠢ᠌ᠬᠤ ᠵᠢ ᠦᠨᠡᠨᠬᠦ ᠪᠣᠳᠣᠯᠬᠢᠯᠠᠬᠤ ᠬᠡᠷᠡᠭᠲᠡᠢ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠡᠬᠡ ᠴᠢᠭᠯᠡᠯ᠎ᠳᠤ ᠨᠡᠢ᠌ᠴᠡᠳᠡᠭ ᠯᠡ ᠶᠤᠮ ᠪᠣᠯ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠳᠡᠩᠳᠡᠭᠦᠦ ᠤᠯᠠᠨ ᠭᠠᠷ ᠲᠦᠷᠦᠭᠦ ᠬᠡᠷᠡᠭ ᠦᠭᠡᠢ ᠃
ᠳᠦᠷᠢᠮ᠎ᠤᠨ ᠬᠠᠷᠰᠢ ᠰᠠᠭ᠋ᠠᠳ᠎ᠤᠨ ᠠᠰᠠᠭᠤᠳᠠᠯ᠎ᠳᠤ ᠰᠢᠪᠲᠤᠯᠤᠯᠲᠠ ᠭᠠᠷᠭ᠋ᠠᠬᠤ ᠬᠡᠷᠡᠭᠲᠡᠢ᠃ ᠣᠳᠣᠬᠠᠨ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠮᠠᠰᠢ ᠣᠯᠠᠨ ᠳᠦᠷᠢᠮ᠎ᠤᠨ ᠬᠠᠷᠰᠢ ᠰᠠᠭ᠋ᠠᠳ ᠲᠤᠯᠭ᠋ᠠᠷᠠᠵᠤ ᠪᠠᠢ᠌ᠨ᠎ᠠ ᠂ ᠢᠯᠠᠩᠭᠤᠶ᠎ᠠ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠤᠭᠰᠠᠨ᠎ᠤ ᠳᠠᠷᠠᠭ᠋ᠠᠬᠢ ᠬᠤᠪᠢᠶᠠᠷᠢᠯᠠᠯᠲᠠ᠂ ᠣᠷᠣᠨ ᠰᠠᠭᠤᠴᠠ ᠵᠢᠨ ᠭᠠᠵᠠᠷ᠎ᠢ ᠡᠷᠭᠢᠯᠲᠡ᠎ᠳᠤ ᠣᠷᠣᠭᠤᠯᠬᠤ ᠠᠰᠠᠭᠤᠳᠠᠯ ᠵᠡᠷᠭᠡ ᠪᠣᠯᠣᠨ᠎ᠠ ᠃ ᠡᠨᠡ ᠵᠢᠯ᠎ᠤᠨ ᠨᠢᠭᠡᠳᠦᠭᠡᠷ ᠲᠣᠭ᠋ᠠᠲᠤ ᠪᠢᠴᠢᠭ ᠮᠠᠲ᠋ᠧᠷᠢᠶᠠᠯ᠎ᠳᠤ ᠳᠠᠷᠤᠢ ᠲᠣᠭᠲᠠᠭᠤᠨ ᠪᠠᠢ᠌ᠳᠠᠯ ᠪᠠ ᠬᠥᠭᠵᠢᠯᠲᠡ ᠵᠢ ᠳᠣᠪᠣᠶ᠋ᠢᠯᠭ᠋ᠠᠭᠰᠠᠨ ᠪᠠᠢ᠌ᠨ᠎ᠠ᠂ ᠡᠭᠦᠨ᠎ᠤ ᠵᠡᠷᠭᠡ᠎ᠳᠤ ᠣᠳᠣᠬᠠᠨ᠎ᠳᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ ᠳᠡᠯᠭᠡᠭᠦᠷ᠎ᠲᠤ ᠣᠷᠣᠭᠤᠯᠬᠤ ᠬᠠᠢ᠌ᠨ ᠰᠦᠪᠡᠭᠴᠢᠯᠡᠯᠲᠡ ᠵᠢᠨ ᠣᠷᠣᠨ ᠵᠠᠢ ᠮᠠᠰᠢ ᠶᠡᠬᠡ ᠪᠠᠢ᠌ᠵᠤ᠂ ᠣᠷᠣᠨ ᠰᠠᠭᠤᠴᠠ ᠵᠢᠨ ᠭᠠᠵᠠᠷ᠎ᠤᠨ ᠲᠠᠯ᠎ᠠ᠎ᠪᠠᠷ 《ᠪᠦᠲᠦᠮᠵᠢᠲᠡᠶ ᠪᠡᠶᠡᠯᠡᠭᠳᠡᠬᠦ ᠬᠡᠯᠪᠡᠷᠢ ᠵᠢ ᠬᠠᠢ᠌ᠨ ᠰᠦᠪᠡᠭᠴᠢᠯᠡᠬᠦ 》 ᠵᠢ ᠴᠢᠬᠤᠯᠠᠴᠢᠯᠠᠵᠠᠢ ᠃ ᠢᠷᠡᠭᠡᠳᠦᠢ᠎ᠳᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠡᠯᠡ ᠣᠷᠣᠭᠤᠯᠤᠯᠲᠠ ᠵᠢ ᠬᠡᠷᠬᠢᠨ ᠬᠢᠪᠡᠯ ᠵᠣᠬᠢᠬᠤ ᠪᠤᠢ? ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠠᠴᠠ ᠨᠡᠢ᠌ᠭᠡᠮ᠎ᠤᠨ ᠬᠥᠷᠥᠩᠭᠡ ᠵᠢᠨ ᠬᠥᠳᠡᠭᠡ ᠲᠣᠰᠬᠣᠨ᠎ᠳᠠᠬᠢ ᠪᠡᠯᠡ ᠣᠷᠣᠭᠤᠯᠤᠯᠲᠠ ᠵᠢᠨ ᠨᠠᠵᠠᠭ᠋ᠠᠢ ᠲᠠᠯ᠎ᠠ ᠵᠢᠨ ᠨᠠᠷᠢᠨ ᠳᠠᠩᠰᠠ ᠵᠢ ᠨᠠᠵᠠᠭ᠋ᠠᠢ ᠲᠠᠯ᠎ᠠ ᠵᠢᠨ ᠲᠣᠳᠣᠷᠬᠠᠢ ᠬᠠᠭᠤᠳᠠᠰᠤᠨ᠎ᠳᠤ ᠬᠠᠷᠢᠶᠠᠯᠠᠭᠳᠠᠬᠤ ᠦᠭᠡᠢ ᠰᠢᠨ᠎ᠡ ᠵᠢ ᠡᠭᠦᠳᠬᠦ ᠴᠢᠨᠠᠷᠲᠠᠢ ᠨᠡᠢ᠌ᠭᠡᠮ᠎ᠤᠨ ᠪᠡᠯᠡ ᠣᠷᠣᠭᠤᠯᠤᠯᠲᠠ ᠵᠢᠨ ᠵᠦᠢ᠍ᠯᠡᠰ ᠪᠦᠬᠦᠨ᠎ᠢ ᠬᠡᠰᠡᠭ ᠭᠠᠵᠠᠷ ᠣᠷᠣᠨ᠎ᠢ ᠰᠣᠩᠭᠣᠵᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ ᠂ ᠶᠡᠬᠡ᠎ᠪᠠᠷ ᠨᠤᠷᠠᠭ᠋ᠠᠵᠤ ᠶᠡᠬᠡ᠎ᠪᠠᠷ ᠪᠠᠶ᠋ᠢᠭᠤᠯᠬᠤ᠎ᠠᠴᠠ ᠵᠠᠢ᠌ᠯᠠᠰᠬᠢᠵᠦ ᠪᠦᠷᠢᠮᠦᠰᠦᠨ ᠪᠣᠯᠣᠨ᠎ᠠ ᠂ ᠡᠰᠡ ᠲᠡᠭᠡᠪᠡᠯ ᠵᠠᠰᠠᠭ᠎ᠤᠨ ᠣᠷᠳᠣᠨ᠎ᠠᠴᠠ ᠨᠡᠢ᠌ᠭᠡᠮ᠎ᠤᠨ ᠪᠡᠯᠡ ᠣᠷᠣᠭᠤᠯᠤᠭᠴᠢ ᠵᠢᠨ ᠬᠣᠬᠢᠷᠠᠯ᠎ᠢ ᠨᠥᠬᠥᠪᠦᠷᠢᠯᠡᠭᠰᠡᠨ ᠴᠦ᠍ ᠮᠥᠨ ᠯᠡ ᠰᠣᠬᠣᠷ ᠪᠠᠯᠠᠢ᠎ᠪᠠᠷ ᠳᠡᠩᠰᠡᠯᠭᠡᠭᠰᠡᠨ ᠶᠠᠪᠤᠳᠠᠯ ᠪᠣᠯᠣᠨ᠎ᠠ᠂ ᠡᠢ᠌ᠮᠦ᠎ᠠᠴᠠ ᠠᠯᠢ ᠴᠢᠳᠠᠬᠤ᠎ᠪᠠᠷ ᠬᠣᠬᠢᠷᠠᠯ ᠭᠠᠷᠭ᠋ᠠᠬᠤ ᠪᠠ ᠨᠡᠢ᠌ᠭᠡᠮ᠎ᠤᠨ ᠵᠥᠷᠢᠴᠡᠯ ᠡᠭᠦᠰᠬᠦ᠎ᠠᠴᠠ ᠵᠠᠢ᠌ᠯᠠᠰᠬᠢᠬᠦ ᠬᠡᠷᠡᠭᠲᠡᠢ ᠃
《ᠨᠢᠭᠡ ᠬᠤᠪᠢ ᠵᠢ ᠲᠥᠷᠥ ᠵᠢᠨ ᠪᠣᠳᠣᠯᠭ᠎ᠠ ᠲᠣᠭᠲᠠᠭ᠋ᠠᠵᠤ ᠶᠢᠰᠦᠨ ᠬᠤᠪᠢ ᠵᠢᠨ ᠭᠣᠣᠯᠳᠠᠯᠭ᠎ᠠ᠎ᠨᠢ ᠨᠠᠢ᠌ᠳᠠᠪᠤᠷᠢᠵᠢᠭᠤᠯᠬᠤ᠎ᠳᠤ ᠪᠤᠶ》 ᠯᠠᠨ ᠬᠠᠢ ᠲᠤᠤ ᠵᠢᠨ ᠦᠵᠡᠬᠦ᠎ᠪᠠᠷ᠂ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》 ᠤ ᠲᠦᠷᠦ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠮᠠᠰᠢ ᠶᠡᠬᠡ ᠳᠤᠲᠠᠭᠤᠳᠠᠯ ᠣᠷᠣᠰᠢᠵᠤ ᠪᠠᠢ᠌ᠨ᠎ᠠ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠵᠢ ᠨᠢᠭᠡᠳ ᠨᠢᠭᠡ᠎ᠪᠠᠷ ᠨᠠᠢ᠌ᠳᠠᠪᠤᠷᠢᠵᠢᠭᠤᠯᠵᠤ ᠂ ᠲᠦᠷᠦ ᠵᠢᠨ ᠪᠣᠳᠣᠯᠭ᠎ᠠ ᠵᠢᠨ ᠬᠡᠢ ᠬᠣᠭᠣᠰᠤᠨ ᠪᠣᠯᠬᠤ᠎ᠠᠴᠠ ᠠᠯᠢ ᠴᠢᠳᠠᠬᠤ᠎ᠪᠠᠷ ᠵᠠᠢ᠌ᠯᠠᠰᠬᠢᠬᠦ ᠬᠡᠷᠡᠭᠲᠡᠢ᠃